ᠵᠦᠷᠢᠴᠡᠯ ᠵᠢᠭᠤᠷᠭᠠᠨ ᠢ ᠡᠶᠡᠳᠡᠬᠦᠯᠦᠨ ᠮᠠᠯᠵᠢᠬᠤ ᠤᠷᠤᠨ ᠤ ᠡᠶ᠎ᠡ ᠵᠤᠬᠢᠴᠠᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2017/10/12
           2016 ᠤᠨ ᠤ 4 ᠳ᠋ᠤᠭᠡᠷ ᠰᠠᠷ᠎ᠠ ᠠᠴᠠ ᠨᠠᠰᠢ᠂ ᠠᠪᠠᠭ᠎ᠠ ᠬᠤᠰᠢᠭᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠳᠤᠪᠴᠢᠶ᠎ᠠ ᠨᠢ ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠳᠤᠳᠤᠷᠬᠠᠶᠢᠯᠠᠬᠤ ᠬᠡᠬᠡᠷ᠎ᠡ ᠶᠢᠨ  ᠰᠢᠨᠵᠢᠯᠡᠨ ᠰᠢᠯᠭᠠᠬᠤ ᠠᠵᠢᠯ ᠤᠨ ᠳᠤᠮᠳᠠ᠂ ᠡᠯ᠎ᠡ ᠲᠦᠷᠦᠯ ᠤᠨ ᠨᠤᠳᠤᠭ ᠪᠡᠯᠴᠢᠬᠡᠷ ᠤᠨ ᠵᠦᠷᠢᠴᠡᠯ ᠵᠢᠭᠤᠷᠭᠠᠨ ᠢ ᠎ ᠳᠤ ᠪᠦᠬᠦ ᠳᠠᠯ᠎ᠠ ᠶᠢᠨ ᠨᠠᠷᠢᠯᠢᠭ ᠪᠠᠶᠢᠴᠠᠭᠠᠨ ᠵᠤᠬᠢᠴᠠᠭᠤᠯᠤᠯᠳᠠ ᠬᠢᠵᠦ᠂ ︿ᠶᠡᠭᠡ ᠳᠠᠯ᠎ᠠ ᠶᠢᠨ ᠳᠤᠭᠳᠠᠭᠤᠨ ᠢ ᠪᠠᠳᠤᠯᠠᠨ ᠪᠠᠭ᠎ᠠ ᠳᠠᠯ᠎ᠠ ᠶᠢ ᠵᠤᠬᠢᠴᠠᠭᠤᠯᠵᠦ᠂ ᠳᠡᠦᠬᠡ ᠶᠢᠨ ᠠᠵᠢᠯ ᠢ ᠬᠦᠨᠳᠦᠳᠬᠡᠬᠦ﹀ ᠠᠵᠢᠯ ᠤᠨ ᠵᠠᠷᠴᠢᠮ ᠢᠶᠠᠷ᠂ ᠡᠷᠬᠡ ᠶᠢ ᠳᠤᠳᠤᠷᠬᠠᠶᠢᠯᠠᠬᠤ ᠠᠵᠢᠯ ᠤᠨ ᠳᠤᠮᠳᠠ ᠵᠤᠬᠢᠴᠠᠭᠤᠯᠤᠨ ᠰᠢᠢᠳᠪᠤᠷᠢᠯᠡᠬᠦ᠂ ᠳᠤᠬᠠᠢ ᠶᠢᠨ ᠭᠠᠵᠠᠷ ᠲᠤ ᠰᠢᠨᠵᠢᠯᠡᠨ ᠰᠢᠯᠭᠠᠬᠤ ᠪᠤᠯᠤᠨ ᠳᠤᠳᠤᠭᠠᠳᠤ ᠶᠢᠨ ᠳᠤᠬᠢᠷᠠᠭᠤᠯᠤᠯᠳᠠ ᠬᠢᠬᠦ ᠶᠢ ᠤᠶᠠᠯᠳᠤᠭᠤᠯᠬᠤ ᠵᠡᠷᠬᠡ ᠠᠷᠭ᠎ᠠ ᠬᠡᠯᠪᠡᠷᠢ ᠪᠠᠷ ᠡᠯ᠎ᠡ ᠲᠦᠷᠦᠯ ᠤᠨ ᠵᠦᠷᠢᠴᠡᠯ ᠵᠢᠭᠤᠷᠭᠠᠨ ᠢ ᠡᠶᠡᠳᠡᠬᠦᠯᠦᠨ᠂ ᠨᠢᠬᠡ ᠨᠢᠬᠡ ᠪᠠᠷ ᠰᠢᠢᠳᠪᠤᠷᠢᠯᠡᠭᠰᠡᠨ ᠪᠠᠶᠢᠨ᠎ᠠ᠃            ᠤᠳᠤᠬᠠᠨ ᠪᠤᠯᠳᠠᠯ᠎ᠠ 270 ᠤᠳᠠᠭ᠎ᠠ ᠮᠠᠯᠵᠢᠬᠤ ᠡᠷᠦᠬᠡ ᠶᠢᠨ ᠨᠤᠳᠤᠭ ᠤᠨ ᠵᠢᠭᠤᠷᠭᠠᠨ ᠢ ᠰᠢᠢᠳᠪᠤᠷᠢᠯᠡᠵᠦ᠂ 1 ᠤᠳᠠᠭ᠎ᠠ ᠬᠤᠰᠢᠭᠤ ᠨᠤᠳᠤᠭ ᠤᠨ ᠵᠢᠭᠤᠷᠭᠠᠨ ᠢ᠂ 3 ᠤᠳᠠᠭ᠎ᠠ ᠰᠤᠮᠤᠨ ᠤ ᠳᠡᠰ ᠤᠨ ᠵᠠᠭᠠᠭ ᠱᠤᠭᠤᠮ ᠤᠨ ᠵᠢᠭᠤᠷᠭᠠᠨ ᠢ᠂ 10 ᠤᠳᠠᠭ᠎ᠠ ᠭᠠᠴᠠᠭᠠᠨ ᠤ ᠵᠠᠭᠠᠭ ᠱᠤᠭᠤᠮ ᠤᠨ ᠵᠢᠭᠤᠷᠭᠠᠨ ᠢ ᠰᠢᠢᠳᠪᠤᠷᠢᠯᠡᠭᠰᠡᠨ ᠪᠠ ᠳᠡᠦᠬᠡᠨ ᠠᠴᠠ ᠦᠯᠡᠳᠡᠭᠳᠡᠭᠰᠡᠨ ᠰᠢᠢᠳᠪᠤᠷᠢᠯᠡᠬᠦ ᠳᠤ ᠬᠡᠴᠡᠬᠦᠦ ᠠᠰᠠᠭᠤᠳᠠᠯ ᠢ 11 ᠤᠳᠠᠭ᠎ᠠ ᠰᠢᠢᠳᠪᠤᠷᠢᠯᠡᠨ᠂ ᠮᠠᠯᠵᠢᠬᠤ ᠡᠷᠦᠬᠡ ᠶᠢᠨ ᠨᠤᠳᠤᠭ ᠪᠡᠯᠴᠢᠬᠡᠷ ᠳᠤᠳᠠᠭᠤ ᠪᠤᠶᠤ ᠠᠯᠳᠠᠭᠳᠠᠭᠰᠠᠨ ᠠᠰᠠᠭᠤᠳᠠᠯ ᠢ 148 ᠤᠳᠠᠭ᠎ᠠ ᠰᠢᠢᠳᠪᠤᠷᠢᠯᠡᠨ ︵ᠬᠠᠮᠤᠷᠠᠭᠰᠠᠨ ᠨᠤᠳᠤᠭ ᠤᠨ ᠳᠠᠯᠠᠪᠠᠢ 91082 ᠮᠤ᠋︶᠂ 130 ᠡᠷᠦᠬᠡ ᠶᠢᠨ ᠨᠤᠳᠤᠭ ᠪᠡᠯᠴᠢᠬᠡᠷ ᠎ ᠲᠤ ᠳᠤᠬᠢᠷᠠᠭᠤᠯᠤᠯᠳᠠ ᠬᠢᠭᠰᠡᠨ ᠪᠠᠶᠢᠨ᠎ᠠ ︵ᠬᠠᠮᠤᠷᠠᠭᠳᠠᠭᠰᠠᠨ ᠨᠤᠳᠤᠭ ᠤᠨ ᠳᠠᠯᠠᠪᠠᠢ 89177 ᠮᠤ᠋︶᠃        ᠨᠤᠳᠤᠭ ᠪᠡᠯᠴᠢᠬᠡᠷ ᠤᠨ ᠦᠮᠴᠢᠯᠡᠬᠦ ᠡᠷᠬᠡ ᠶᠢ ᠳᠤᠳᠤᠷᠬᠠᠶᠢᠯᠠᠬᠤ ᠪᠠᠷ ᠳᠠᠮᠵᠢᠨ᠂ ᠤᠳᠤ ᠪᠠᠶᠢᠭ᠎ᠠ ᠨᠤᠳᠤᠭ ᠪᠡᠯᠴᠢᠬᠡᠷ ᠤᠨ ᠦᠮᠴᠢᠯᠡᠬᠦ ᠡᠷᠬᠡ ᠬᠠᠷᠢᠶᠠᠯᠠᠯ ᠤᠨ ᠵᠦᠷᠢᠴᠡᠯ᠂ ᠵᠠᠭ᠎ᠠ ᠱᠤᠭᠤᠮ ᠳᠤᠳᠤᠷᠬᠠᠢ ᠦᠭᠡᠢ᠂ ᠪᠤᠳᠠᠳᠠᠢ ᠭᠠᠵᠠᠷ ᠪᠤᠯᠤᠨ ᠵᠢᠷᠤᠭ ᠱᠤᠭᠤᠮ ᠬᠤᠭᠤᠷᠤᠨᠳᠦ ᠪᠠᠨ ᠨᠡᠶᠢᠴᠡᠬᠦ ᠦᠭᠡᠢ᠂ ᠤᠯᠠᠨ ᠵᠢᠯ ᠪᠤᠰᠤᠳ ᠤᠨ ᠨᠤᠳᠤᠭ ᠪᠡᠯᠴᠢᠬᠡᠷ ᠢ ᠡᠵᠡᠯᠡᠭᠰᠡᠨ ᠵᠡᠷᠬᠡ ᠮᠠᠰᠢ ᠤᠯᠠᠨ ᠵᠢᠭᠤᠷᠭᠠᠨ ᠲᠠᠢ ᠠᠰᠠᠭᠤᠳᠠᠯ ᠢ ᠪᠦᠳᠦᠮᠵᠢᠳᠡᠢ ᠪᠠᠷ ᠰᠢᠢᠳᠪᠤᠷᠢᠯᠡᠵᠦ᠂ ᠲᠦᠪ ᠭᠤᠤᠯᠴᠢ᠂ ᠡᠷᠬᠡ ᠳᠡᠭᠰᠢ ᠪᠠᠷ ᠨᠤᠳᠤᠭ ᠪᠡᠯᠴᠢᠬᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ ᠡᠷᠦᠬᠡ ᠶᠢᠨ ᠦᠨᠳᠦᠰᠦᠨ ᠡᠷᠬᠡ ᠠᠰᠢᠭ ᠢ ᠬᠠᠮᠠᠭᠠᠯᠠᠨ᠂ ᠠᠶᠢᠯ ᠰᠠᠭᠠᠬᠠᠯᠠᠳᠠ ᠶᠢᠨ ᠬᠤᠭᠤᠷᠤᠨᠳᠦᠬᠢ ᠵᠦᠷᠢᠴᠡᠯ ᠵᠢᠭᠤᠷᠭᠠᠨ ᠢ ᠡᠶᠡᠳᠡᠬᠦᠯᠵᠦ᠂ ᠮᠠᠯᠵᠢᠬᠤ ᠤᠷᠤᠨ ᠤ ᠡᠶ᠎ᠡ ᠵᠤᠬᠢᠴᠠᠯ ᠠᠮᠤᠷ ᠳᠤᠭᠳᠠᠭᠤᠨ ᠢ ᠪᠠᠳᠤᠯᠠᠭᠰᠠᠨ ᠶᠤᠮ᠃
 
ᠢᠷᠡᠯᠲᠡ᠄ ᠬᠠᠰᠭᠤᠸ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号