ᠠᠪᠠᠭ᠎ᠠ ᠬᠤᠰᠢᠭᠤ ᠨᠢ ᠭᠤᠤᠯ ᠰᠡᠳᠦᠪᠳᠦ ᠮᠡᠳᠡᠯᠬᠡ ᠶᠢᠨ ᠤᠷᠤᠯᠳᠤᠭᠠᠨ‌ᠦᠷᠨᠢᠬᠦᠯᠵᠦ ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠢ ᠪᠠᠶᠡᠷᠯᠡᠨ ᠤᠭᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2017/10/17
      10 ᠰᠠᠷ᠎ᠠ ᠶᠢᠨ 16᠎ ᠤ ᠡᠳᠤᠷ᠂ ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠢ ᠪᠠᠶᠡᠷᠯᠡᠨ ᠤᠭᠳᠤᠵᠤ᠂ ︽ᠦᠵᠡᠰᠭᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠳᠡᠷᠭᠡᠯᠰᠢᠭᠦᠯᠬᠦ︾᠂ ︽ᠬᠤᠶᠡᠷ ᠢ ᠰᠤᠷᠴᠤ ᠬᠢᠷᠢ ᠳᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠬᠦ ᠭᠤᠤᠯ ᠰᠡᠳᠦᠪᠳᠤ ᠮᠡᠳᠡᠯᠭᠡ ᠶᠢᠨ ᠤᠷᠤᠯᠳᠤᠭᠠᠨ ᠢ ᠦᠷᠨᠢᠬᠦᠯᠵᠦ᠂ ᠨᠠᠮ ᠤᠨ ᠠᠷᠪᠠᠨ ᠶᠢᠰᠦᠳᠦᠬᠡᠷ ᠶᠡᠭᠡ ᠬᠤᠷᠠᠯ ᠢ ᠪᠠᠶᠠᠷᠯᠠᠨ ᠤᠭᠳᠤᠭᠰᠠᠨ ᠪᠠᠶᠢᠨ᠎ᠠ᠃      ᠤᠷᠤᠯᠳᠤᠭᠠᠨ ᠢ ᠬᠤᠰᠢᠭᠤ ᠨᠠᠮ ᠤᠨ ᠬᠤᠷᠢᠶᠡᠨ ᠤ ᠵᠤᠬᠢᠶᠡᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠨᠢᠭᠡᠳᠦᠮᠡᠯ ᠹᠠᠷᠤᠨᠲ ᠤᠨ ᠬᠡᠯᠳᠡᠰ ᠵᠡᠷᠭᠡ ᠨᠠᠢᠮᠡᠨ ᠪᠠᠶᠢᠭᠤᠯᠭ᠎ᠠ ᠠᠴᠠ ᠬᠠᠮᠳᠤᠷᠡᠨ ᠵᠤᠬᠢᠶᠡᠨ ᠪᠠᠶᠢᠭᠤᠯᠵᠦ᠂ ᠤᠷᠤᠯᠳᠤᠭᠠᠨ ᠳᠤ ᠪᠦᠬᠦ ᠬᠤᠰᠢᠭᠤᠨ ᠤ ᠡᠯ᠎ᠡ ᠰᠠᠯᠠᠭ᠎ᠠ ᠵᠦᠪᠯᠡᠯ ᠠᠯᠪᠠᠨ ᠬᠡᠷ ᠳᠤᠪᠴᠢᠶ᠎ᠠ᠂ ᠡᠯ᠎ᠡ ᠠᠷᠠᠳ ᠤᠨ ᠪᠦᠯᠬᠦᠮ ᠪᠤᠯᠤᠨ ᠨᠠᠮ ᠤᠨ ᠬᠡᠰᠢᠬᠦᠨ ᠺᠠᠳᠠᠷ ᠤᠳ ᠤᠷᠤᠯᠴᠠᠭᠰᠠᠨ ᠪᠠᠶᠢᠨ᠎ᠠ᠃      ᠤᠷᠤᠯᠳᠤᠭᠠᠨ ᠤ ᠳᠦᠷᠢᠮ ᠢᠶᠠᠷ 12 ᠲᠦᠯᠦᠭᠡᠯᠡᠭᠴᠢ ᠤᠨ ᠳᠤᠭᠤᠶᠢᠯᠡᠩ ᠤᠨ 36 ᠤᠷᠤᠯᠴᠠᠭᠰᠠᠳ ᠬᠤᠪᠢ ᠬᠦᠮᠦᠨ ᠤ ᠵᠠᠪᠡᠯ ᠬᠠᠷᠢᠭᠤᠯᠬᠤ ᠰᠡᠳᠦᠪ᠂ ᠳᠤᠭᠤᠶᠢᠯᠡᠩ ᠤᠨ ᠵᠠᠪᠡᠯ ᠬᠠᠷᠢᠭᠤᠯᠬᠤ ᠰᠡᠳᠦᠪ᠂ ᠪᠤᠯᠢᠶᠠᠯᠴᠡᠨ ᠬᠠᠷᠢᠭᠤᠯᠬᠤ ᠰᠡᠳᠦᠪ᠂ ᠳᠦᠭᠰᠢᠬᠦᠷᠢᠳᠦ ᠰᠡᠳᠦᠪ ᠤᠳ ᠢ ᠬᠠᠷᠢᠭᠤᠯᠤᠨ᠂ ᠳᠤᠭᠤᠶᠢᠯᠡᠩ ᠪᠦᠷᠢ ᠶᠢᠨ ᠬᠠᠮᠤᠭ ᠶᠡᠭᠡ ᠬᠤᠪᠢ ᠤᠯᠤᠭᠰᠡᠨ ᠡᠮᠦᠨ᠎ᠡ ᠭᠤᠷᠪᠡᠨ ᠨᠡᠷ᠎ᠡ ᠨᠢ ᠰᠢᠢᠳᠪᠤᠷᠢᠳᠦ ᠤᠷᠤᠯᠳᠤᠭᠠᠨ ᠳᠤ ᠤᠷᠤᠬᠤ ᠪᠤᠯᠤᠨ᠎ᠡ᠃      ᠤᠷᠤᠯᠳᠤᠭᠠᠨ ᠤ ᠠᠬᠤᠢ ᠳᠠᠯᠠᠪᠠᠢ ᠳᠤ ᠤᠷᠤᠯᠴᠠᠭᠰᠡᠳ ᠮᠠᠨᠢ ᠮᠠᠷᠡᠶᠢᠨ ᠳᠡᠮᠡᠴᠡᠬᠦ ᠵᠤᠷᠢᠭ ᠰᠠᠨᠠᠭ᠎ᠠ ᠶᠢ ᠡᠪᠦᠷᠯᠡᠨ᠂ ᠨᠠᠷᠢᠨ ᠬᠢᠨᠠᠮᠠᠭᠠᠢ ᠪᠠᠷ ᠰᠡᠳᠦᠪ ᠤᠳ ᠢ ᠵᠦᠪ ᠤᠨᠤᠪᠴᠢᠳᠡᠢ ᠪᠠᠷ ᠬᠠᠷᠢᠭᠤᠯᠬᠤ ᠪᠠᠷ ᠴᠢᠷᠮᠠᠶᠢᠵᠦ ᠪᠠᠶᠢᠯ᠎ᠠ᠃      ᠤᠷᠤᠯᠳᠤᠭᠠᠨ ᠤ ᠳᠤᠮᠳᠠ ᠦᠵᠡᠭᠴᠢᠳ ᠤᠨ ᠪᠤᠯᠢᠶᠠᠯᠳᠤᠨ ᠬᠠᠷᠢᠭᠤᠯᠬᠤ ᠰᠡᠳᠦᠪ ᠳᠤᠬᠢᠷᠠᠭᠤᠯᠤᠭᠰᠠᠨ ᠤ ᠬᠠᠮᠳᠤ᠂ ᠪᠠᠰᠠ ᠠᠬᠤᠢ ᠳᠡᠯᠡᠪᠡᠢ ᠳᠤ ᠪᠢᠷ ᠤᠨ ᠰᠢᠯᠭᠠᠯᠳᠡ ᠳᠤ ᠪᠦᠷᠢᠨ ᠬᠤᠪᠢ ᠤᠯᠤᠭᠰᠡᠨ ᠰᠢᠯᠭᠠᠯᠳᠡ ᠶᠢᠨ ᠬᠠᠭᠤᠳᠡᠰᠤ ᠶᠢ ᠰᠢᠪᠠᠭ᠎ᠠ ᠰᠤᠭᠤᠯᠤᠨ ᠱᠠᠩᠨᠠᠭᠰᠠᠨ ᠨᠢ ᠤᠷᠤᠯᠳᠤᠭᠠᠨ ᠢ ᠨᠠᠩ ᠬᠦᠷ ᠬᠦᠭᠵᠢᠶᠡᠨ ᠲᠠᠢ ᠪᠤᠯᠭᠠᠵᠡᠢ᠃       ᠨᠢᠭᠡ ᠦᠳᠡ ᠶᠢᠨ ᠬᠤᠶᠢᠨ᠎ᠡ ᠶᠢᠨ ᠬᠤᠷᠴᠡ ᠰᠢᠷᠦᠭᠦᠨ ᠦᠷᠢᠰᠦᠯᠳᠦᠭᠡᠨ ᠢᠶᠠᠷ ᠳᠡᠮᠵᠢᠨ᠂ ᠤᠷᠤᠯᠳᠤᠭᠠᠨ ᠤ ᠡᠴᠦᠰ ᠲᠤ ᠴᠠᠭᠠᠨᠨᠠᠭᠤᠷ ᠪᠠᠯᠭᠠᠰᠤᠨ ᠤ ᠲᠦᠯᠦᠭᠡᠯᠡᠭᠴᠢ ᠶᠢᠨ ᠠᠩᠬᠢ ᠨᠢᠭᠡᠳᠦᠭᠡᠷ ᠪᠠᠶᠢᠷᠢᠨ ᠳᠤ ᠳᠤᠳᠤᠷᠠᠵᠦ᠂ ᠵᠠᠰᠠᠭ ᠤᠨ ᠤᠷᠳᠤᠨ ᠤ ᠠᠯᠪᠡᠨ ᠭᠡᠷ ᠪᠤᠯᠤᠨ ᠭᠠᠶᠢᠯᠢ ᠶᠢᠨ ᠳᠤᠪᠴᠢᠶ᠎ᠡ ᠬᠤᠶᠠᠳᠤᠭᠠᠷ ᠲᠤ ᠤᠷᠤᠵᠤ᠂ ᠪᠠᠯᠭᠦᠳᠡᠢ ᠪᠠᠯᠭᠠᠰᠤ᠂ ᠨᠢᠭᠡᠳᠦᠮᠡᠯ ᠹᠠᠷᠤᠨᠲ ᠤᠨ ᠬᠡᠯᠳᠡᠰ᠂  ᠵᠢᠢ ᠳ᠋ᠦᠩ ᠱᠦᠢᠨᠢ ᠶᠢᠨ ᠦᠢᠯᠡᠰ ᠳᠤᠰ ᠳᠤᠰ ᠭᠤᠷᠪᠡᠳᠤᠭᠠᠷ ᠨᠠᠷ᠎ᠠ ᠳᠤ ᠤᠷᠤᠵᠡᠢ᠃ᠴᠠᠭᠠᠨᠨᠠᠭᠤᠷ ᠪᠠᠯᠭᠠᠰᠤᠨ ᠤ ᠤᠷᠤᠯᠴᠠᠭᠴᠢ ᠵᠣᠣ ᠠᠢ ᠴᠢᠨ᠄—— ᠮᠡᠳᠡᠯᠭᠡ ᠶᠢᠨ ᠤᠷᠤᠯᠳᠤᠭᠠᠨ ᠢᠶᠠᠷ ᠳᠡᠮᠵᠢᠨ᠂  ᠪᠢ ᠨᠠᠮ ᠤᠨ ᠲᠦᠷᠢᠮ ᠳᠤᠭᠳᠠᠭᠠᠯ ᠤᠨ ᠠᠭᠤᠯᠭ᠎ᠠ ᠶᠢ ᠨᠡᠩ ᠬᠦᠨ ᠬᠦᠨᠵᠡᠭᠡᠢ ᠤᠶᠢᠯᠠᠭᠠᠵᠦ᠂ ᠪᠠᠰᠠ ᠪᠦᠯᠬᠦᠮ ᠨᠡᠶᠢᠳᠡ ᠶᠢᠨ ᠬᠠᠮᠳᠤᠷᠠᠯᠴᠠᠭᠠᠨ ᠤ ᠴᠢᠬᠤᠯᠡ ᠴᠢᠨᠠᠷ ᠢ ᠳᠠᠨᠢᠯ᠎ᠠ᠃ ᠬᠤᠶᠢᠰᠢᠳᠡ ᠠᠵᠢᠯ ᠤᠨ ᠳᠤᠮᠳᠠ ᠪᠠᠨ ᠬᠠᠮᠳᠤ ᠠᠵᠢᠯᠳᠡᠨ ᠲᠠᠢ ᠪᠠᠨ ᠪᠦᠯᠬᠦᠮᠳᠡᠨ ᠠᠵᠢᠯᠯᠠᠵᠤ᠂ ᠨᠡᠩ ᠤᠯᠡᠨ ᠨᠠᠮ ᠤᠨ ᠲᠦᠷᠢᠮ ᠳᠤᠭᠳᠠᠭᠠᠯ ᠢ ᠰᠤᠷᠤᠯᠴᠠᠵᠦ᠂ ᠰᠢᠯᠢᠳᠡᠭ ᠠᠵᠢᠯᠳᠠᠨ ᠪᠤᠯᠬᠤ ᠪᠠᠷ ᠴᠢᠷᠮᠠᠶᠢᠨ᠎ᠠ  ᠬᠡᠯ᠎ᠡ᠃          ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠬᠤᠷᠠᠯᠳᠤᠬᠤ ᠠᠴᠠ ᠡᠮᠦᠨ᠎ᠡ ᠠᠪᠠᠭ᠎ᠠ ᠬᠤᠰᠢᠭᠤ ᠨᠢ ᠭᠤᠤᠯ ᠰᠡᠳᠦᠪᠳᠦ ᠮᠡᠳᠡᠯᠭᠡ ᠶᠢᠨ ᠤᠷᠤᠯᠳᠤᠭᠠᠨ ᠬᠢᠭᠰᠡᠨ ᠨᠢ ᠰᠤᠷᠤᠯᠴᠠᠯᠭ᠎ᠠ ᠬᠦᠮᠦᠵᠢᠯ ᠤᠨ ᠠᠷᠭ᠎ᠠ  ᠬᠡᠯᠪᠡᠷᠢ ᠳᠤ ᠰᠢᠨ᠎ᠡ ᠶᠢ ᠡᠭᠦᠳᠦᠨ᠂ ᠪᠤᠳᠠᠳᠦ ᠦᠷ᠎ᠡ ᠪᠦᠳᠦᠮᠵᠢ ᠶᠢ ᠳᠡᠭᠡᠭᠰᠢᠯᠡᠬᠦᠯᠦᠭᠰᠡᠨ ᠨᠢᠬᠡ ᠤᠳᠠᠭᠠᠨ ᠤ ᠤᠳᠬ᠎ᠠ ᠠᠭᠤᠯᠭ᠎ᠠ ᠎ ᠲᠠᠢ ᠠᠵᠢᠯᠯᠠᠭ᠎ᠠ ᠪᠤᠯᠵᠦ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠪᠤᠯᠤᠨ ᠦᠷᠭᠡᠨ ᠤᠯᠡᠨ ᠨᠠᠮ ᠤᠨ ᠬᠡᠰᠢᠭᠦᠨ ᠤ ᠰᠤᠷᠤᠯᠴᠠᠬᠤ ᠤᠷᠮ᠎ᠡ ᠵᠤᠷᠢᠭ ᠢ ᠬᠦᠭᠵᠢᠬᠡᠨ᠂ ︽ᠬᠢᠷᠢ ᠳᠡᠩᠴᠡᠭᠰᠡᠨ ᠨᠠᠮ ᠎ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠤᠶᠤᠨ ᠰᠠᠨᠠᠭᠠᠨ ᠳᠤ ᠪᠠᠨ ᠰᠢᠩᠭᠡᠭᠡᠨ᠂ ᠦᠢᠯᠡ ᠠᠵᠢᠯᠯᠠᠭ᠎ᠠ ᠎ ᠳᠤ ᠪᠠᠨ ᠦᠢᠯᠡᠳᠦᠯᠭᠡᠵᠢᠭᠦᠯᠵᠤ᠂ ᠨᠠᠮ ᠤᠨ ᠲᠦᠷᠢᠮ ᠢ ᠰᠤᠷᠤᠯᠴᠡᠨ᠂ ᠨᠠᠮ ᠤᠨ ᠲᠦᠷᠢᠮ ᠳᠤᠭᠳᠠᠭᠠᠯ ᠢ  ᠵᠢᠷᠤᠮᠯᠠᠬᠤ᠂ ᠨᠠᠮ ᠤᠨ ᠰᠠᠬᠢᠯᠭ᠎ᠠ ᠲᠦᠷᠢᠮ ᠢ ᠰᠠᠬᠢᠭᠰᠡᠨ ᠠᠭᠤᠷ ᠠᠮᠢᠰᠬᠤᠯ ᠢ ᠪᠤᠢ ᠪᠤᠯᠭᠠᠵᠤ᠂ ᠡᠯ᠎ᠡ ᠲᠦᠷᠦᠯ ᠤᠨ ᠠᠵᠢᠯ ᠢ ᠠᠬᠢᠭᠤᠯᠤᠨ ᠦᠷᠨᠢᠭᠦᠯᠬᠦ ᠳᠤ ᠪᠠᠳᠤ ᠪᠠᠬᠢ ᠦᠵᠡᠯ ᠰᠠᠨᠠᠭ᠎ᠠ ᠤᠨᠤᠯ ᠤᠨ ᠰᠠᠭᠤᠷᠢ ᠶᠢ ᠳᠠᠯᠪᠢᠵᠦ ᠦᠭᠭᠦᠭᠰᠡᠨ ᠪᠠᠶᠢᠨ᠎ᠡ᠃ᠬᠤᠰᠢᠭᠤ ᠭᠠᠶᠢᠯᠢ ᠶᠢᠨ ᠳᠤᠪᠴᠢᠶᠡᠨ ᠤ ᠤᠷᠤᠯᠴᠠᠭᠴᠢ ᠯᠢᠤ ᠳ᠋ᠥᠸᠧ ᠴᠣᠣ᠄—— ᠬᠠᠮᠤᠭ ᠳᠡᠷᠢᠭᠦᠨ ᠳᠤ ᠪᠢ ᠳᠤᠰ ᠤᠳᠠᠭᠠᠨ ᠤ ᠵᠤᠬᠢᠶᠡᠨ ᠪᠠᠶᠢᠭᠤᠯᠵᠤ ᠪᠠᠶᠢᠭ᠎ᠠ ᠰᠠᠯᠠᠭ᠎ᠠ ᠮᠦᠴᠢᠷ ᠲᠤ ᠳᠠᠯᠡᠷᠬᠠᠵᠤ ᠪᠠᠶᠢᠨ᠎ᠡ᠃ ᠪᠢᠳᠡᠨ ᠢ ᠨᠠᠮ ᠤᠨ ᠪᠠᠶᠢᠭᠤᠯᠤᠯᠳᠡ᠂ ᠨᠠᠮ ᠢ ᠴᠢᠩᠭ᠎ᠠ ᠵᠠᠰᠠᠬᠤ᠂ ᠪᠠᠰᠠ ᠡᠮᠡᠭᠳᠡᠶᠢᠴᠤᠳ ᠎ ᠤᠨ ᠬᠤᠯᠪᠤᠭᠠᠠᠳᠤ ᠬᠤᠷᠡᠯ ᠪᠤᠯᠤᠨ ᠠᠵᠢᠯᠴᠢᠨ ᠤ ᠡᠪᠯᠡᠯ ᠤᠨ ᠮᠡᠳᠡᠯᠭᠡ ᠳᠤ ᠨᠡᠩ ᠪᠦᠬᠦ ᠳᠡᠯ᠎ᠡ ᠶᠢᠨ ᠬᠦᠨᠵᠡᠭᠡᠢ ᠤᠶᠢᠯᠭᠠᠯᠳᠡ ᠲᠠᠢ ᠪᠤᠯᠭᠠᠵᠤ᠂ ᠪᠢᠳᠡᠨ ᠤ ᠬᠤᠶᠢᠰᠢᠳᠡ ᠶᠢᠨ ᠠᠵᠢᠯ ᠢᠶᠠᠨ ᠦᠷᠨᠢᠭᠦᠯᠬᠦ᠂ ᠨᠠᠮ ᠤᠨ ᠠᠷᠪᠡ ᠶᠢᠰᠦᠳᠦᠭᠡᠷ ᠬᠤᠷᠡᠯ ᠢ ᠬᠤᠷᠡᠯᠳᠤᠬᠤ ᠳᠤ ᠤᠨᠤᠯ ᠤᠨ ᠰᠠᠭᠤᠷᠢ  ᠳᠠᠯᠪᠢᠵᠦ ᠦᠭᠭᠦᠯ᠎ᠡ᠃ ᠡᠨᠡ ᠤᠳᠠᠭᠠᠨ ᠤ ᠤᠷᠤᠯᠳᠤᠭᠠᠨ ᠳᠤ ᠰᠠᠶᠢᠨ ᠪᠠᠳᠠᠷᠠᠭᠤᠯᠵᠤ ᠳᠡᠶᠢᠯᠦᠭᠰᠡᠨ ᠦᠭᠡᠢ ᠨᠢ ᠬᠠᠷᠡᠮᠰᠡᠯᠳᠡᠢ ᠲᠠᠢ ᠪᠤᠯᠪᠠᠴᠤ᠂ ᠳᠡᠷᠠᠭ᠎ᠠ ᠤᠳᠠᠭ᠎ᠠ ᠪᠢᠳᠡ ᠰᠠᠶᠢᠨ ᠬᠢᠷᠢ ᠪᠦᠳᠦᠮᠵᠢ ᠤᠯᠬᠤ ᠪᠠᠷ ᠤᠯᠡᠮ ᠢᠯᠡᠭᠦᠦ ᠴᠢᠷᠮᠠᠶᠢᠨ᠎ᠡ ᠬᠡᠮᠡᠨ ᠵᠤᠷᠢᠭᠵᠢᠨ ᠶᠠᠷᠢᠯ᠎ᠠ᠃
 
ᠢᠷᠡᠯᠲᠡ᠄ ᠵᠤᠯᠠ︵ᠠᠪᠠᠭ᠎ᠠ‌ᠬᠤᠰᠢᠭᠤᠨ‌‍ᠣ‌‍ᠲ᠋ᠧᠯᠸᠢᠰ‌ᠬᠤᠷᠢᠶ᠎ᠠ ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号