10 ᠰᠠᠷ᠎ᠠ ᠶᠢᠨ 20 ᠤ ᠦᠳᠡ ᠶᠢᠨ ᠡᠮᠦᠨ᠎ᠡ᠂ ᠠᠪᠠᠭ᠎ᠠ ᠬᠤᠰᠢᠭᠤ ᠨᠢ ᠳᠡᠳ᠋ ᠭᠠᠵᠠᠷ ᠤᠨ ᠳᠡᠰ ᠠᠴᠠ | ᠳᠡᠭᠡᠭᠰᠢᠬᠢ ᠤᠳᠤᠷᠢᠳᠬᠤ ᠺᠠᠳᠠᠷ ᠤᠨ ᠬᠤᠷᠠᠯ ᠢ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ | ᠲᠤᠮᠢᠯᠠᠵᠦ ᠤᠭᠴᠠᠷᠠᠭᠤᠯᠬᠤ ᠰᠢᠢᠳᠪᠦᠷᠢ ᠶᠢ ᠨᠡᠶᠢᠳᠡᠯᠡᠭᠰᠡᠨ ᠪᠠᠶᠢᠨ᠎ᠠ᠃ | ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠡᠳ᠋ ᠳᠠᠷᠤᠭ᠎ᠠ᠂ ᠠᠶᠢᠮᠠᠭ | ᠤᠨ ᠵᠢᠩᠭᠢᠨᠢ ᠭᠠᠵᠠᠷ ᠤᠨ ᠳᠡᠰ ᠤᠨ ᠵᠤᠬᠢᠶᠠᠨ ᠪᠠᠶᠢᠭᠤᠯᠬᠤ ᠬᠡᠰᠢᠬᠦᠨ ᠳ᠋ᠠᠢ ᠭᠦᠸᠧ ᠵᠦᠩ ᠵᠢᠴᠢ ᠠᠪᠠᠭ᠎ᠠ | ᠬᠤᠰᠢᠭᠤᠨ ᠤ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳᠠᠷ ᠨᠠᠷ ᠬᠤᠷᠠᠯ ᠳᠤ ᠤᠷᠤᠯᠴᠠᠵᠦ᠂ | ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠬᠤᠷᠠᠯ ᠢ ᠡᠷᠬᠢᠯᠡᠪᠡ᠃ | ᠬᠤᠷᠠᠯ ᠤᠨ ᠲᠡᠷᠢᠬᠦᠨ ᠳᠤ᠂ ᠳ᠋ᠠᠢ ᠭᠦᠸᠧ ᠵᠦᠩ ᠠᠴᠠ ᠠᠶᠢᠮᠠᠭ ᠤᠨ ᠨᠠᠮ ᠤᠨ ᠬᠤᠷᠢᠶᠠᠨ ᠤ ᠺᠠᠳᠠᠷ ᠢ ᠲᠤᠮᠢᠯᠠᠵᠦ | ᠤᠭᠴᠠᠷᠠᠭᠤᠯᠬᠤ ᠰᠢᠢᠳᠪᠦᠷᠢ ᠶᠢ ᠤᠩᠰᠢᠨ ᠨᠠᠶᠢᠳᠠᠯᠡᠵᠠᠢ᠃ ᠰᠠᠴᠤᠷᠠᠯᠳᠦ ᠠᠪᠠᠭ᠎ᠠ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠠᠷᠤᠨᠲ ᠤᠨ ᠬᠡᠯᠳᠡᠰ ᠤᠨ ᠳᠠᠷᠤᠭ᠎ᠠ ᠪᠠᠷ᠂ ᠠᠯᠮᠠᠰ ᠠᠪᠠᠭ᠎ᠠ | ᠬᠤᠰᠢᠭᠤᠨ ᠤ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ | ᠤᠨ ᠡᠷᠬᠢᠯᠡᠭᠴᠢ ᠪᠠᠷ᠂ ᠴᠧᠨ ᠵᠢᠶᠠᠨ ᠵᠢᠶᠦ᠋ᠨ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠳᠠᠳ᠋ ᠬᠤᠰᠢᠭᠤ | ᠳᠠᠷᠤᠭ᠎ᠠ ᠶᠢᠨ ᠨᠠᠷᠠ ᠵᠢᠱᠢᠭᠳᠡᠭᠴᠢ ᠪᠠᠷ᠂ ᠪᠤᠯᠤᠳ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠨᠠᠮ ᠤᠨ | ᠲᠤᠭᠤᠶᠢᠯᠠᠩ ᠤᠨ ᠭᠡᠰᠢᠬᠦᠨ ᠢᠶᠠᠷ᠂ ᠤᠶᠤᠩᠭᠤᠸ᠎ᠠ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠨᠠᠮ ᠤᠨ | ᠲᠤᠭᠤᠶᠢᠯᠠᠩ ᠤᠨ ᠭᠡᠰᠢᠬᠦᠨ ᠢᠶᠠᠷ ᠲᠤᠰ ᠲᠤᠰ ᠲᠤᠮᠢᠯᠠᠭᠳᠠᠭᠰᠠᠨ ᠪᠠᠶᠢᠨ᠎ᠠ᠃ | ᠰᠢᠨ᠎ᠠ ᠪᠠᠷ ᠲᠤᠰᠢᠶᠠᠯ ᠳᠤ ᠲᠤᠮᠢᠯᠠᠭᠳᠠᠭᠰᠠᠨ ᠤᠳᠤᠷᠢᠳᠬᠤ ᠺᠠᠳᠠᠷ ᠨᠠᠷ ᠠᠴᠠ ᠶᠠᠷᠢᠶ᠎ᠠ ᠬᠢᠵᠦ ᠵᠤᠷᠢᠭ | ᠢᠶᠠᠨ ᠢᠯᠡᠳᠬᠡᠨ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢ ᠶᠢ ᠡᠷᠡᠰ ᠲᠠᠭᠠᠨ ᠬᠦᠷᠢᠶᠡᠯᠡᠵᠦ᠂ ᠵᠤᠬᠢᠶᠠᠨ | ᠪᠠᠶᠢᠭᠤᠯᠤᠯᠳᠠ ᠶᠢᠨ ᠢᠳᠡᠭᠡᠯ ᠬᠦᠨᠳᠦ ᠳᠤ ᠲᠠᠯᠠᠷᠬᠠᠯ ᠳᠠᠪᠰᠢᠬᠦᠯᠵᠦ ᠪᠠᠶᠢᠭ᠎ᠠ ᠪᠠᠨ ᠢᠯᠡᠷᠬᠡᠶᠢᠯᠡᠭᠰᠡᠨ ᠤ ᠬᠠᠮᠳᠤ᠂ | ᠰᠢᠨ᠎ᠠ ᠡᠬᠢᠯᠡᠯᠳᠡ ᠶᠢᠨ ᠴᠢᠭ ᠲᠤ ᠰᠢᠨ᠎ᠠ ᠲᠦᠷᠢ ᠪᠠᠶᠢᠳᠠᠯ ᠰᠢᠨ᠎ᠠ ᠦᠨᠳᠦᠷᠴᠠ ᠪᠠᠷ ᠠᠯᠢ ᠲᠦᠷᠭᠡᠨ ᠪᠠᠷ ᠠᠵᠢᠯ | ᠤᠨ ᠪᠠᠶᠢᠷᠢᠨ ᠳᠠᠭᠠᠨ ᠤᠷᠤᠵᠦ᠂ ᠨᠠᠮ ᠤᠨ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠬᠤᠶᠢᠰᠢᠳᠠ ᠶᠢᠨ | ᠠᠵᠢᠯ ᠤᠨ ᠳᠤᠮᠳᠠ ᠪᠠᠨ ᠬᠠᠮᠤᠭ ᠶᠡᠭᠡ ᠴᠢᠷᠮᠠᠶᠢᠯᠭ᠎ᠠ ᠪᠠᠨ ᠭᠠᠷᠭᠠᠨ᠂ ᠴᠡᠴᠡᠭᠯᠡᠨ ᠬᠦᠭᠵᠢᠭᠰᠡᠨ᠂ ᠦᠵᠡᠰᠬᠦᠯᠡᠩᠲᠦ | ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ ᠢ ᠴᠤᠭᠴᠠᠯᠠᠨ ᠪᠠᠶᠢᠭᠤᠯᠬᠤ ᠳᠤ ᠬᠦᠴᠦᠨ ᠨᠡᠮᠡᠷᠢ ᠪᠠᠨ | ᠦᠵᠡᠬᠦᠯᠵᠦ᠂ ᠨᠠᠮ ᠪᠤᠯᠤᠨ ᠠᠷᠠᠳ ᠲᠦᠮᠡᠨ ᠳᠤ ᠨᠢᠭᠡᠨ ᠬᠤᠪᠢ ᠬᠠᠨᠤᠮᠵᠢᠳᠠᠢ ᠬᠠᠷᠢᠭᠤᠯᠳᠠ ᠲᠤᠰᠢᠶᠠᠨ᠎ᠠ ᠬᠡᠵᠦ | ᠢᠯᠡᠷᠬᠡᠶᠢᠯᠡᠪᠡ᠃ | ᠬᠤᠷᠠᠯ ᠳᠡᠭᠡᠷ᠎ᠡ ᠬᠠᠰᠪᠠᠶᠠᠷ ᠠᠴᠠ ᠢᠯᠡᠷᠭᠡᠶᠢᠯᠡᠬᠦ ᠳᠡᠭᠡᠨ᠂ ᠳᠤᠰ ᠤᠳᠠᠭᠠᠨ ᠤ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠬᠤ ᠪᠠᠭ ᠢ ᠲᠤᠬᠢᠷᠠᠭᠤᠯᠤᠭᠰᠠᠨ ᠶᠠᠪᠤᠳᠠᠯ ᠨᠢ ᠠᠶᠢᠮᠠᠭ ᠤᠨ ᠨᠠᠮ ᠤᠨ | ᠬᠤᠷᠢᠶ᠎ᠠ ᠶᠡᠭᠡ ᠲᠠᠯ᠎ᠠ ᠠᠴᠠ ᠡᠬᠦᠰᠴᠦ᠂ ᠠᠵᠢᠯ ᠤᠨ ᠱᠠᠭᠠᠷᠳᠠᠯᠭ᠎ᠠ ᠪᠤᠯᠤᠨ ᠺᠠᠳᠠᠷ ᠢ ᠰᠤᠯᠢᠯᠴᠠᠬᠤ ᠵᠤᠷᠢᠭ ᠰᠠᠨᠠᠭ᠎ᠠ | ᠪᠠᠷ ᠦᠨᠳᠦᠰᠦᠯᠡᠯ ᠪᠤᠯᠭᠠᠨ᠂ ᠤᠳᠤᠷᠢᠳᠬᠤ ᠺᠠᠳᠠᠷ ᠤᠨ ᠡᠩᠨᠡᠭᠡᠨ ᠤ ᠨᠠᠰᠦᠨ ᠤ ᠪᠦᠲᠦᠴᠠ ᠤᠨ ᠪᠤᠳᠠᠳᠦ ᠪᠠᠶᠢᠳᠠᠯ | ᠲᠤ ᠰᠠᠭᠤᠷᠢᠯᠠᠵᠦ᠂ ᠮᠦᠨ ᠴᠦ ᠮᠠᠨ ᠤ ᠬᠤᠰᠢᠭᠤᠨ ᠤ ᠤᠷᠳᠤ ᠬᠤᠭᠤᠴᠠᠭᠠᠨ ᠤ ᠬᠦᠭᠵᠢᠯᠳᠡ ᠶᠢᠨ ᠱᠠᠭᠠᠷᠳᠠᠯᠭ᠎ᠠ | ᠳᠤ ᠬᠠᠨᠳᠤᠭᠤᠯᠤᠨ᠂ ᠳᠠᠬᠢᠨ ᠳᠠᠪᠳᠠᠨ ᠨᠠᠷᠢᠨ ᠪᠤᠳᠤᠯᠬᠢᠯᠠᠨ ᠬᠢᠴᠢᠶᠡᠩᠭᠦᠢ ᠰᠤᠳᠤᠯᠤᠨ ᠲᠤᠭᠳᠠᠭᠠᠭᠰᠠᠨ ᠶᠤᠮ᠂ ᠡᠨᠡ | ᠨᠢ ᠠᠶᠢᠮᠠᠭ ᠤᠨ ᠨᠠᠮ ᠤᠨ ᠬᠤᠷᠢᠶ᠎ᠠ ᠠᠴᠠ ᠮᠠᠨ ᠤ ᠬᠤᠰᠢᠭᠤᠨ ᠤ ᠤᠳᠤᠷᠢᠳᠬᠤ ᠪᠠᠭ᠂ ᠺᠠᠳᠠᠷ ᠤᠨ ᠡᠩᠨᠡᠭᠡ | ᠪᠤᠯᠤᠨ ᠡᠯ᠎ᠡ ᠲᠠᠯ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠵᠦ ᠪᠠᠶᠢᠭ᠎ᠠ ᠪᠠ ᠡᠷᠬᠢᠮ ᠬᠦᠰᠡᠯ ᠨᠠᠶᠢᠳᠠᠯᠭ᠎ᠠ | ᠲᠠᠯᠪᠢᠵᠦ ᠪᠠᠶᠢᠭ᠎ᠠ ᠶᠢ ᠭᠦᠢᠴᠡᠳ ᠢᠯᠡᠷᠭᠡᠶᠢᠯᠡᠵᠦ ᠪᠠᠶᠢᠨ᠎ᠠ᠃ ᠡᠬᠦᠨ ᠤ ᠬᠠᠮᠳᠦ ᠰᠢᠨ᠎ᠠ ᠪᠠᠷ ᠳᠤᠰᠢᠶᠠᠯ ᠳᠤ | ᠲᠤᠮᠢᠯᠠᠭᠳᠠᠭᠰᠠᠨ ᠡᠯ᠎ᠡ ᠤᠳᠤᠷᠢᠳᠬᠤ ᠺᠠᠳᠠᠷ ᠢ ᠬᠠᠯᠠᠭᠤᠨ ᠢᠶᠠᠷ ᠤᠭᠳᠤᠵᠦ ᠪᠠᠶᠢᠭ᠎ᠠ ᠪᠠᠨ ᠢᠯᠡᠷᠭᠡᠶᠢᠯᠡᠨ᠂ ᠠᠬᠤᠢ | ᠲᠠᠯᠠᠪᠠᠢ ᠳᠤ ᠪᠠᠶᠢᠭ᠎ᠠ ᠪᠦᠬᠦ ᠨᠦᠬᠦᠳ ᠤᠯᠤᠰ ᠲᠦᠷᠦ᠂ ᠶᠡᠭᠡ ᠲᠠᠯ᠎ᠠ ᠶᠢᠨ ᠦᠨᠳᠦᠷᠴᠠ ᠠᠴᠠ ᠡᠭᠦᠰᠴᠦ᠂ ᠪᠤᠳᠠᠳᠦ | ᠠᠵᠢᠯᠯᠠᠭ᠎ᠠ ᠪᠠᠷ ᠢᠶᠠᠨ ᠰᠢᠨ᠎ᠠ ᠪᠠᠷ ᠳᠤᠰᠢᠶᠠᠯ ᠳᠤ ᠲᠤᠮᠢᠯᠠᠭᠳᠠᠭᠰᠠᠨ ᠨᠦᠬᠦᠳ ᠤᠨ ᠠᠵᠢᠯ ᠶᠢ ᠳᠠᠮᠵᠢᠵᠦ᠂ | ᠪᠦᠯᠬᠦᠯᠳᠡᠯ ᠲᠠᠢ᠂ ᠠᠮᠤᠷ ᠲᠤᠭᠳᠠᠭᠤᠨ᠂ ᠡᠶ᠎ᠡ ᠵᠤᠬᠢᠴᠠᠯ ᠲᠠᠢ ᠤᠬᠢ ᠰᠠᠶᠢᠨ ᠪᠠᠶᠢᠳᠠᠯ ᠢ ᠪᠦᠷᠢᠯᠳᠦᠬᠦᠯᠵᠦ᠂ ᠪᠦᠬᠦ | ᠬᠤᠰᠢᠭᠤᠨ ᠤ ᠠᠵᠦ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠤᠨ ᠬᠦᠭᠵᠢᠯᠳᠡ ᠶᠢᠨ ᠤᠬᠢ ᠰᠠᠶᠢᠨ | ᠪᠠᠶᠢᠳᠠᠯ ᠢ ᠪᠠᠲᠤᠯᠠᠬᠤ ᠬᠡᠷᠡᠭᠳᠡᠢ ᠭᠡᠰᠡᠨ ᠪᠠᠶᠢᠨ᠎ᠠ᠃ | ᠬᠤᠷᠠᠯ ᠳᠤ ᠬᠠᠰᠪᠠᠶᠠᠷ ᠪᠠᠰᠠ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ | ᠨᠢᠭᠡᠳᠦᠯᠳᠡᠢ ᠦᠵᠡᠯᠳᠡ ᠲᠠᠨᠢᠯᠳᠠ ᠶᠢ ᠪᠤᠢ ᠪᠤᠯᠭᠠᠨ᠂ ᠬᠤᠯᠪᠤᠯᠳᠤᠬᠤ ᠠᠵᠢᠯ ᠤᠨ ᠤᠷᠤᠭᠰᠢᠳᠠᠢ ᠠᠬᠢᠭᠤᠯᠬᠤ ᠶᠢ | ᠪᠠᠲᠤᠯᠠᠬᠤ ᠬᠡᠷᠡᠭᠳᠡᠢ᠃ ᠬᠤᠶᠠᠷ ᠲᠤ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠠᠵᠢᠯ ᠦᠢᠯᠡᠰ ᠤᠨ | ᠬᠦᠭᠵᠢᠯᠳᠡ ᠶᠢᠨ ᠰᠢᠨ᠎ᠠ ᠬᠠᠮᠳᠤᠷᠠᠯ ᠤᠨ ᠬᠦᠴᠦᠨ ᠢ ᠨᠢᠭᠳᠠᠷᠠᠭᠤᠯᠬᠤ ᠬᠡᠷᠡᠭᠳᠡᠢ᠃ ᠭᠤᠷᠪᠠ ᠳᠤ᠂ ᠰᠢᠪᠳᠤᠯᠤᠯᠳᠠ | ᠶᠢᠨ ᠭᠤᠤᠯᠳᠠᠯᠭ᠎ᠠ ᠶᠢ ᠪᠠᠷᠢᠮᠳᠠᠯᠠᠨ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠡᠷᠡᠬᠦᠯ | ᠬᠦᠭᠵᠢᠯᠳᠡ ᠶᠢ ᠠᠬᠢᠭᠤᠯᠬᠤ ᠬᠡᠷᠡᠭᠳᠡᠢ᠃ ᠡᠬᠦᠨ ᠤ ᠬᠠᠮᠳᠦ ᠡᠯ᠎ᠡ ᠱᠠᠳᠤᠨ ᠤ ᠤᠳᠤᠷᠢᠳᠬᠤ ᠪᠠᠭ ᠨᠢ ᠦᠷᠭᠡᠨ | ᠣᠯᠠᠨ ᠺᠠᠳᠠᠷ ᠠᠵᠢᠯᠳᠠᠨ ᠢᠶᠠᠨ ᠪᠦᠯᠬᠦᠮᠳᠡᠬᠦᠯᠦᠨ ᠳᠠᠭᠠᠭᠤᠯᠵᠦ᠂ ᠨᠠᠮ ᠤᠨ ᠠᠷᠪᠠᠨ ᠶᠢᠰᠦᠳᠦᠭᠡᠷ ᠬᠤᠷᠠᠯ ᠤᠨ | ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠦᠭᠡᠯᠡᠨ᠂ | ᠬᠤᠷᠴᠠ ᠰᠡᠷᠭᠡᠭ ᠢᠶᠠᠷ ᠤᠷᠤᠭᠰᠢᠯᠠᠨ ᠳᠠᠪᠰᠢᠵᠦ᠂ ᠯᠠᠪᠳᠠᠭᠤᠨ ᠠᠵᠢᠯᠯᠠᠨ᠂ ᠰᠢᠨ᠎ᠠ ᠲᠦᠷᠰᠦ ᠪᠠᠶᠢᠳᠠᠯ ᠢ | ᠴᠤᠭᠴᠠᠯᠠᠵᠦ᠂ ᠰᠢᠨ᠎ᠠ ᠠᠵᠢᠯ ᠤᠨ ᠪᠦᠲᠦᠮᠵᠢ ᠶᠢ ᠡᠭᠦᠳᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠤᠯᠤᠨ ᠠᠷᠠᠳ ᠲᠦᠮᠡᠨ ᠤ ᠬᠠᠨᠤᠮᠵᠢ ᠳᠤ ᠬᠦᠷᠬᠦ ᠪᠠᠷ ᠴᠢᠷᠮᠠᠶᠢᠬᠤ ᠬᠡᠷᠡᠭᠳᠡᠢ ᠭᠡᠰᠡᠨ ᠪᠠᠶᠢᠨ᠎ᠠ᠃ |