ᠮᠠᠨ ᠤ ᠬᠤᠰᠢᠭᠤᠨ ᠤ ᠡᠯ᠎ᠡ ᠦᠨᠳᠦᠰᠦᠳᠡᠨ ᠤ ᠤᠯᠠᠨ ᠲᠦᠮᠡᠨ ᠤ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠳᠤᠬᠠᠢ ᠰᠡᠳᠬᠢᠭᠳᠡᠯ
ᠨᠡᠶᠢᠲᠡᠯᠡᠭᠰᠡᠨ ᠴᠠᠭ᠄
2017/10/24
        10 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠳᠤ ᠨᠠᠮ ᠎ ᠤᠨ ᠠᠷᠪᠠ ᠶᠢᠰᠦᠳᠦᠬᠡᠷ ᠤᠳᠠᠭᠠᠨ ᠤ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠨᠢ ᠨᠡᠶᠢᠰᠯᠡᠯ ᠪᠡᠬᠡᠵᠢᠩ ᠳᠠᠬᠢ ᠠᠷᠠᠳ ᠤᠨ ᠶᠡᠭᠡ ᠬᠤᠷᠠᠯ ᠤᠨ ᠳᠢᠩᠬᠢᠮ ᠳᠤ ᠦᠪᠡᠳᠡᠭᠰᠢ ᠡᠬᠢᠯᠡᠭᠰᠡᠨ ᠶᠤᠮ᠃ ᠰᠢ ᠵᠢᠩ ᠫᠢᠩ ᠶᠡᠷᠦᠩᠬᠡᠢ ᠱᠦᠵᠢ ᠠᠴᠠ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢ ᠲᠦᠯᠦᠬᠡᠯᠡᠵᠦ ᠶᠡᠭᠡ ᠬᠤᠷᠠᠯ ᠳᠤ ᠮᠡᠳᠡᠬᠦᠯᠦᠯᠳᠡ ᠬᠢᠪᠡ᠃ ᠡᠨᠡᠬᠦ ᠮᠡᠳᠡᠬᠦᠯᠦᠯᠳᠡ ᠨᠢ ᠡᠯ᠎ᠡ ᠦᠨᠳᠦᠰᠦᠳᠡᠨ ᠤ ᠠᠷᠠᠳ ᠲᠦᠮᠡᠨ ᠤ ᠡᠷᠬᠢᠮ ᠨᠠᠨᠳᠢᠨ ᠬᠦᠰᠡᠯ ᠨᠠᠶᠢᠳᠠᠯᠭ᠎ᠠ ᠶᠢ ᠰᠢᠩᠬᠡᠬᠡᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯ ᠤᠨ ᠬᠦᠰᠡᠯ ᠵᠡᠬᠦᠳᠦ ᠶᠢ ᠪᠡᠶᠡᠯᠡᠬᠦᠯᠬᠦ ᠳᠤ ᠴᠦᠬᠦᠷᠡᠯ ᠦᠭᠡᠢ ᠤᠷᠤᠭᠰᠢᠯᠠᠨ ᠳᠡᠮᠡᠴᠡᠬᠦ ᠪᠠᠳᠤ ᠵᠤᠷᠢᠭ ᠢ ᠨᠡᠮᠡᠭᠳᠡᠬᠦᠯᠦᠭᠰᠡᠨ ᠪᠠᠶᠢᠨ᠎ᠠ᠃        ᠮᠠᠨ ᠤ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠶᠡᠭᠡ ᠬᠤᠷᠠᠯ ᠳᠠᠭᠠᠨ ᠠᠩᠬᠠᠷᠤᠯ ᠢᠶᠠᠨ ᠬᠠᠨᠳᠤᠭᠤᠯᠵᠦ᠂ ᠤᠷᠬᠢᠯᠤᠮ᠎ᠠ ᠬᠠᠯᠠᠭᠤᠨ ᠰᠡᠳᠬᠢᠯᠬᠡ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠠᠵᠢᠯ ᠶᠢᠨ ᠮᠡᠳᠡᠬᠦᠯᠦᠯᠳᠡ ᠶᠢ ᠶᠠᠷᠢᠯᠴᠠᠨ ᠰᠤᠳᠤᠯᠵᠦ᠂ ᠡᠬᠡ ᠤᠷᠤᠨ ᠤ ᠪᠠᠨ ᠢᠷᠡᠬᠡᠳᠦᠢ ᠶᠢᠨ ᠬᠦᠭᠵᠢᠯᠳᠡ ᠳᠤ ᠢᠳᠡᠬᠡᠯ ᠳᠦᠬᠦᠷᠡᠩ ᠪᠠᠶᠢᠯ᠎ᠠ᠃        ᠬᠤᠰᠢᠭᠤ ᠡᠪᠯᠡᠯ ᠤᠨ ᠬᠤᠷᠢᠶᠠᠨ ᠤ ᠶᠢᠨ ᠳ᠋ᠠᠢ ᠸᠧᠢ ᠪᠤᠯ ᠳᠤᠯᠭ᠎ᠠ ᠬᠠᠶᠢᠷ᠎ᠠ ᠬᠠᠯᠠᠮᠵᠢ ᠶᠢᠨ ᠪᠦᠯᠬᠦᠮ ᠤᠨ ᠠᠪᠠᠭ᠎ᠠ ᠬᠤᠰᠢᠭᠤᠨ ᠤ ᠬᠤᠪᠢᠶᠠᠷᠢ ᠪᠦᠯᠬᠦᠮ ᠤᠨ ᠨᠢᠬᠡᠨ ᠬᠡᠰᠢᠬᠦᠨ᠂ ᠲᠡᠷᠡ ᠬᠡᠯᠡᠬᠦ ᠳᠡᠭᠡᠨ᠄—— ᠪᠢᠳᠡ ᠠᠯᠪᠠᠨ ᠬᠡᠷ ᠲᠤ ᠪᠠᠨ ᠴᠤᠭᠯᠠᠷᠠᠨ ᠰᠢ ᠶᠢᠨ ᠫᠢᠩ ᠶᠡᠷᠦᠩᠬᠡᠢ ᠱᠦᠵᠢ ᠶᠢᠨ ᠠᠵᠢᠯ ᠤᠨ ᠮᠡᠳᠡᠬᠦᠯᠦᠯᠳᠡ ᠶᠢ ᠰᠤᠨᠤᠰᠤᠭᠠᠳ᠂ ᠳᠤᠩ ᠰᠡᠳᠬᠢᠯ ᠬᠦᠳᠡᠯᠦᠭᠰᠡᠨ᠃ ᠨᠢᠬᠡᠨ ᠵᠠᠯᠠᠭᠤᠴᠤᠳ ᠤᠨ ᠡᠪᠯᠡᠯ ᠤᠨ ᠺᠠᠳᠠᠷ ᠪᠤᠯᠤᠭᠰᠠᠨ ᠤ ᠬᠤᠪᠢ ᠳᠤ ᠨᠡᠩ ᠤᠷᠬᠢᠯᠤᠮ᠎ᠠ ᠬᠠᠯᠠᠭᠤᠨ ᠰᠡᠳᠬᠢᠯᠬᠡ ᠪᠠᠷ ᠠᠵᠢᠯ ᠢᠶᠠᠨ ᠰᠠᠶᠢᠨ ᠬᠢᠵᠦ᠂ ᠶᠡᠷᠦᠩᠬᠡᠢ ᠱᠦᠵᠢ ᠶᠢᠨ ᠶᠡᠭᠡ ᠬᠤᠷᠠᠯ ᠳᠠᠬᠢ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠦ᠂ ᠦᠪᠡᠷ ᠤᠨ ᠳᠤᠬᠠᠶᠢᠯᠠᠭᠰᠠᠨ ᠠᠵᠢᠯ ᠢᠶᠠᠨ ᠰᠠᠶᠢᠳᠤᠷ ᠪᠡᠶᠡᠯᠡᠬᠦᠯᠵᠦ᠂ ᠨᠡᠶᠢᠳᠡ ᠶᠢᠨ ᠠᠰᠢᠭᠳᠤ ᠰᠠᠶᠢᠨ ᠳᠤᠷ᠎ᠠ ᠶᠢᠨ ᠠᠵᠢᠯᠯᠠᠭ᠎ᠠ ᠳᠤ ᠢᠯᠡᠬᠦᠦ ᠤᠷᠤᠯᠴᠠᠨ᠂ ᠪᠠᠭ᠎ᠠ ᠤᠴᠢᠷ ᠢ ᠭᠠᠷᠳᠠᠨ᠂ ᠨᠡᠶᠢᠬᠡᠮ ᠳᠤ ᠵᠦᠪ ᠡᠨᠧᠷᠬᠢ ᠶᠢ ᠳᠠᠮᠵᠢᠭᠤᠯᠤᠨ᠎ᠠ᠃ ᠬᠤᠰᠢᠭᠤᠨ ᠤ ᠪᠠᠨ ᠨᠡᠶᠢᠬᠡᠮ ᠤᠨ ᠰᠠᠶᠢᠨ ᠳᠤᠷ᠎ᠠ ᠶᠢᠨ ᠪᠦᠯᠬᠦᠮ ᠤᠨ ᠤᠯᠠᠮ ᠬᠦᠴᠦᠷᠬᠡᠭᠵᠢᠨ ᠬᠦᠭᠵᠢᠬᠦ ᠶᠢ ᠬᠦᠰᠡᠵᠦ ᠪᠠᠶᠢᠨ᠎ᠠ ᠬᠡᠪᠡ᠃        ᠤᠶᠢᠷ᠎ᠠ ᠶᠢᠨ ᠵᠢᠯ ᠳᠤ ︿ᠳᠤᠯᠭ᠎ᠠ﹀ ᠬᠠᠶᠢᠷ᠎ᠠ ᠬᠠᠯᠠᠮᠵᠢ ᠶᠢᠨ ᠪᠦᠯᠬᠦᠮ ᠤᠨ ᠮᠠᠨ ᠤ ᠬᠤᠰᠢᠭᠤᠨ ᠤ ᠬᠤᠪᠢᠶᠠᠷᠢ ᠪᠦᠯᠬᠦᠮ ᠤᠨ ᠪᠦᠬᠦ ᠬᠡᠰᠢᠬᠦᠳ ᠨᠢ ᠨᠡᠶᠢᠳᠡ ᠶᠢᠨ ᠠᠰᠢᠭᠳᠤ ᠬᠠᠶᠢᠷ᠎ᠠ ᠬᠠᠯᠠᠮᠵᠢ ᠶᠢᠨ ᠠᠵᠢᠯ ᠦᠢᠯᠡᠰ ᠎ ᠤᠨ ᠳᠠᠯ᠎ᠠ ᠪᠠᠷ ᠴᠦᠬᠦᠷᠡᠯ ᠦᠭᠡᠢ ᠴᠢᠷᠮᠠᠶᠢᠨ ᠠᠵᠢᠯᠯᠠᠵᠦ᠂ ᠨᠡᠶᠢᠬᠡᠮ ᠳᠤ ᠬᠠᠶᠢᠷ᠎ᠠ ᠬᠠᠯᠠᠮᠵᠢ ᠬᠦᠷᠬᠡᠬᠦ ᠠᠵᠢᠯᠯᠠᠭ᠎ᠠ ᠶᠠᠪᠤᠭᠳᠠᠭᠤᠯᠤᠭᠰᠠᠭᠠᠷ ᠢᠷᠡᠭᠰᠡᠨ ᠪᠢᠯᠡ᠃ ᠠᠳᠡ ᠠᠴᠠ ᠨᠡᠩ ᠤᠯᠠᠨ ᠬᠦᠮᠦᠰ ᠨᠡᠶᠢᠳᠡ ᠶᠢᠨ ᠠᠰᠢᠭᠳᠤ ᠠᠵᠢᠯ ᠦᠢᠯᠡᠰ ᠲᠤ ᠤᠷᠤᠯᠴᠠᠬᠤ ᠶᠢ ᠬᠦᠰᠡᠨ ᠤᠷᠢᠶᠠᠯᠠᠵᠦ᠂ ᠬᠦᠴᠦᠨ ᠢᠶᠠᠨ ᠬᠠᠮᠳᠤᠳᠬᠠᠨ ᠪᠦᠯᠬᠦᠮᠳᠡᠨ᠂ ᠡᠶ᠎ᠡ ᠵᠤᠬᠢᠴᠠᠯᠳᠤ ᠨᠡᠶᠢᠬᠡᠮ ᠢ ᠪᠦᠳᠦᠬᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠵᠦ᠂ ᠦᠪᠡᠷ ᠤᠨ ᠪᠤᠳᠠᠳᠦ ᠠᠵᠢᠯᠯᠠᠭ᠎ᠠ ᠪᠠᠷ ᠢᠶᠠᠨ ᠬᠠᠵᠠᠭᠤᠳᠡᠬᠢ ᠬᠦᠮᠦᠰ ᠢᠶᠠᠨ ᠳᠠᠶᠢᠴᠢᠯᠠᠨ᠂ ᠲᠡᠷᠡᠴᠢᠯᠡᠨ ᠬᠤᠶᠢᠴᠢ ᠦᠶ᠎ᠡ ᠶᠢᠨ ᠬᠢᠨ ᠢᠶᠠᠨ ᠨᠡᠶᠢᠬᠡᠮ ᠤᠨ ᠨᠢᠬᠦᠯᠡᠰᠦᠩᠬᠦᠢ ᠦᠢᠯᠡᠰ ᠲᠤ ᠢᠳᠡᠪᠬᠢᠳᠡᠢ ᠤᠷᠤᠯᠴᠠᠬᠤ ᠶᠢ ᠤᠷᠢᠶᠠᠯᠠᠨ ᠳᠠᠶᠢᠴᠢᠯᠠᠵᠦ ᠪᠠᠶᠢᠨ᠎ᠠ᠃       ᠰᠢ ᠶᠢᠨ ᠫᠢᠩ ᠶᠡᠷᠦᠩᠬᠡᠢ ᠱᠦᠵᠢ ᠶᠢᠨ ᠮᠡᠳᠡᠬᠦᠯᠦᠯᠳᠡ ᠨᠢ ᠪᠦᠬᠦ ᠬᠤᠰᠢᠭᠤᠨ ᠤ ᠳᠤᠮᠳᠠ ᠪᠠᠭ᠎ᠠ ᠰᠤᠷᠭᠠᠭᠤᠯᠢ ᠶᠢᠨ ᠳᠤᠮᠳᠠ ᠴᠤ ᠬᠠᠯᠠᠭᠤᠨ  ᠦᠷᠨᠢᠯᠳᠡ ᠲᠠᠢ ᠪᠠᠶᠢᠵᠦ᠂ ᠦᠷᠬᠡᠨ ᠤᠯᠠᠨ ᠪᠠᠭᠰᠢ ᠰᠤᠷᠤᠭᠴᠢᠳ ᠨᠠᠮ ᠎ ᠢᠶᠠᠨ ᠡᠬᠦᠷᠢᠳᠡ ᠬᠦᠷᠢᠶᠡᠯᠡᠵᠦ ᠳᠠᠰᠤᠷᠠᠯᠳᠠ ᠦᠬᠡᠢ ᠰᠤᠷᠤᠯᠴᠠᠨ᠂ ᠨᠡᠶᠢᠬᠡᠮ ᠳᠤ ᠤᠶᠤᠨ ᠤ ᠢᠨᠵᠧᠨᠧᠷ ᠢ ᠬᠦᠮᠦᠵᠢᠬᠦᠯᠤᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠬᠦᠰᠡᠯᠡᠩ ᠢ ᠳᠡᠷᠬᠡᠯᠰᠢᠬᠦᠯᠬᠦ ᠪᠠᠷ ᠮᠡᠷᠡᠶᠢᠨ ᠴᠢᠷᠮᠠᠶᠢᠨ᠎ᠠ ᠬᠡᠵᠦ ᠪᠠᠶᠢᠯ᠎ᠠ᠃ᠨᠢᠬᠡᠳᠦᠬᠡᠷ ᠳᠤᠮᠳᠠᠳᠤ ᠰᠤᠷᠭᠠᠭᠤᠯᠢ ᠶᠢᠨ ᠠᠮᠢᠳᠤ ᠪᠤᠳᠠᠰ ᠤᠨ ᠪᠠᠭᠰᠢ ᠭᠤᠤ ᠯᠠ ᠮᠸᠢ᠄ —— ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠᠨ ᠶᠢᠰᠦᠳᠦᠬᠡᠷ ᠤᠳᠠᠭᠠᠨ ᠤ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠳᠡᠬᠡᠷᠡᠬᠢ ᠮᠡᠳᠡᠬᠦᠯᠦᠯᠳᠡ ᠶᠢ ᠰᠤᠨᠤᠰᠤᠯ᠎ᠠ᠃ ᠡᠨᠡ ᠨᠢ ᠨᠠᠳᠠ ᠳᠤ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠳᠤᠤᠱᠳᠠᠢ ᠪᠠᠶᠢᠭᠤᠯᠵᠦ᠂ ᠠᠤᠭ᠎ᠠ ᠶᠡᠭᠡ ᠳᠤᠮᠳᠠᠳᠤ ᠶᠢᠨ ᠬᠦᠰᠡᠯᠡᠩ ᠢ ᠳᠡᠷᠬᠡᠯᠰᠢᠬᠦᠯᠬᠦ ᠎ ᠶᠢ ᠨᠡᠩ ᠬᠦᠨ ᠤᠶᠢᠯᠠᠭᠠᠭᠤᠯᠵᠦ᠂ ᠪᠢᠳᠡᠨ ᠤ ᠠᠷᠠᠳ ᠢᠷᠬᠡᠨ ᠨᠢᠬᠡᠪᠦᠷᠢ ᠶᠢᠨ ᠬᠦᠨᠳᠦ ᠴᠢᠬᠤᠯᠠ ᠮᠦᠷᠳᠡᠬᠡᠨ ᠠᠯᠤᠰ ᠬᠡᠳᠦ ᠶᠢᠨ ᠡᠬᠦᠷᠬᠡ ᠮᠦᠨ ᠬᠡᠳᠡᠭ ᠢ ᠮᠡᠳᠡᠬᠦᠯᠵᠡᠢ᠃ ᠨᠢᠬᠡ ᠠᠷᠠᠳ ᠤᠨ ᠪᠠᠭᠰᠢ ᠮᠦᠨ ᠴᠤ ᠨᠢᠬᠡᠨ ᠡᠪ ᠬᠠᠮᠳᠤ ᠨᠠᠮ ᠎ ᠤᠨ ᠬᠡᠰᠢᠬᠦᠨ ᠪᠤᠯᠤᠭᠰᠠᠨ ᠤ ᠬᠤᠪᠢ ᠳᠤ᠂ ᠨᠠᠮ ᠤᠨ ᠬᠡᠰᠢᠬᠦᠨ ᠤ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠦ᠂ ᠰᠤᠷᠭᠠᠨ ᠬᠦᠮᠦᠵᠢᠬᠦᠯᠬᠦ ᠠᠵᠢᠯ ᠤᠨ ᠳᠤᠮᠳᠠ᠂ ᠠᠩᠬᠢ ᠶᠢᠨ ᠡᠷᠬᠢᠯᠡᠭᠴᠢ ᠶᠢᠨ ᠬᠠᠮᠢᠶᠠᠷᠤᠯᠳᠠ ᠶᠢᠨ ᠠᠵᠢᠯ ᠤᠨ ᠳᠤᠮᠳᠠ ᠪᠠᠨ᠂ ᠴᠠᠭ ᠦᠶ᠎ᠡ ᠲᠠᠢ ᠵᠡᠷᠬᠡᠴᠡᠨ ᠤᠷᠤᠭᠰᠢᠯᠠᠵᠦ᠂ ᠳᠠᠰᠤᠷᠠᠯᠳᠠ ᠦᠭᠡᠢ ᠰᠤᠷᠤᠯᠴᠠᠵᠦ᠂ ᠰᠤᠷᠤᠭᠴᠢᠳ ᠢᠶᠠᠨ ᠮᠤᠷᠠᠯ ᠰᠤᠷᠤᠯᠭ᠎ᠠ ᠳᠠᠮᠢᠷ ᠪᠦᠬᠦ ᠳᠠᠯ᠎ᠠ ᠪᠠᠷ ᠬᠦᠮᠦᠵᠢᠬᠦᠯᠦᠨ᠎ᠡ ᠬᠡᠯ᠎ᠡ᠃ᠬᠤᠰᠢᠭᠤ ᠡᠮᠨᠡᠯᠬᠡ ᠶᠢᠨ ᠬᠤᠷᠢᠶᠠᠨ ᠤ ᠲᠡᠳ᠋ ᠬᠤᠷᠢᠶᠠᠨ ᠳᠠᠷᠤᠭ᠎ᠠ ᠵᠠᠩ ᠮᠢᠩ ᠯᠢᠶᠠᠩ ᠬᠡᠯᠡᠬᠦ ᠳᠤ ᠪᠠᠨ᠄ ——10 ᠰᠠᠷ᠎ᠠ ᠶᠢᠨ 18᠎ ᠤ ᠡᠳᠦᠷ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠮᠵᠢᠯᠳᠠ ᠲᠠᠢ ᠡᠬᠢᠯᠡᠯ᠎ᠡ ᠃ ᠮᠠᠨ ᠤ ᠡᠮᠨᠡᠯᠬᠡ ᠶᠢᠨ ᠬᠤᠷᠢᠶ᠎ᠠ ᠨᠢ ᠡᠮᠨᠡᠯᠬᠡ ᠶᠢᠨ ᠠᠵᠢᠯᠳᠠᠨ ᠢᠶᠠᠨ ᠵᠤᠬᠢᠶᠠᠨ ᠪᠠᠶᠢᠭᠤᠯᠵᠦ ᠰᠢᠭᠤᠳ ᠨᠡᠪᠲᠡᠷᠡᠬᠦᠯᠬᠡ ᠶᠢ ᠬᠦᠯᠢᠶᠡᠨ ᠠᠪᠴᠢ ᠦᠵᠡᠭᠰᠡᠨ᠃ ᠨᠢᠬᠡᠨ ᠦᠨᠳᠦᠰᠦᠨ ᠱᠠᠳᠤᠨ ᠤ ᠠᠵᠢᠯᠳᠠᠨ ᠪᠤᠯᠤᠭᠰᠠᠨ ᠤ ᠬᠤᠪᠢ ᠳᠤ᠂ ᠪᠢᠳᠡ ᠠᠷᠪᠠ ᠶᠢᠰᠦᠳᠦᠬᠡᠷ ᠶᠡᠭᠡ ᠬᠤᠷᠠᠯ ᠤᠨ ᠳᠠᠶᠢᠴᠢᠯᠠᠯᠳᠠ ᠳᠤᠤᠷ᠎ᠠ᠂ ᠳᠤᠰᠬᠠᠢ ᠮᠡᠷᠬᠡᠵᠢᠯ ᠤᠨ ᠮᠡᠳᠡᠯᠬᠡ ᠶᠢ ᠴᠢᠷᠮᠠᠶᠢᠨ ᠰᠤᠷᠤᠯᠴᠠᠵᠦ᠂ ᠳᠤᠬᠠᠶᠢᠯᠠᠭᠰᠠᠨ ᠠᠵᠢᠯ ᠢᠶᠠᠨ ᠰᠠᠶᠢᠳᠤᠷ ᠬᠢᠵᠦ᠂ ᠤᠯᠠᠮ ᠨᠢᠬᠡ ᠠᠯᠬᠤᠮ ᠠᠷᠠᠳ ᠢᠷᠭᠡᠳ ᠤᠨ ᠡᠪᠡᠳᠴᠢᠨ ᠦᠵᠡᠬᠦᠯᠬᠦ ᠳᠤ ᠬᠦᠴᠢᠷᠳᠡᠢ᠂ ᠡᠪᠡᠳᠴᠢᠨ ᠦᠵᠡᠬᠦᠯᠬᠦ ᠳᠤ ᠦᠨᠡᠳᠡᠢ ᠠᠰᠠᠭᠤᠳᠠᠯ ᠎ ᠢ ᠰᠢᠢᠳᠪᠤᠷᠢᠯᠡᠬᠦ ᠨᠡᠩ ᠰᠠᠶᠢᠨ ᠠᠷᠭ᠎ᠠ ᠵᠠᠮ ᠬᠠᠶᠢᠨ᠎ᠠ ᠬᠡᠯ᠎ᠡ᠃ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ ᠪᠤᠤ ᠶᠢᠨ ᠭᠠᠩ᠄—— ᠰᠢ ᠶᠢᠨ ᠫᠢᠩ ᠶᠡᠷᠦᠩᠭᠡᠢ ᠱᠦᠵᠢ ᠪᠦᠬᠦ ᠤᠯᠤᠰ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ 13 ᠪᠦᠯᠦᠭ ᠢᠶᠠᠷ ᠮᠡᠳᠡᠬᠦᠯᠦᠯᠳᠡ ᠬᠢᠯ᠎ᠡ᠃ ᠲᠡᠬᠦᠨ ᠤ ᠮᠡᠳᠡᠬᠦᠯᠦᠯᠳᠡ ᠪᠢᠳᠡᠨ ᠤ ᠰᠡᠳᠬᠢᠯ ᠢ ᠶᠡᠭᠡ ᠲᠤᠭᠳᠤᠯᠤᠭᠤᠯᠵᠦ᠂ ᠵᠤᠷᠢᠭ ᠢ ᠶᠡᠭᠡ ᠬᠦᠪᠴᠢᠯᠡᠵᠠᠢ᠃ ᠦᠪᠡᠷ ᠢᠶᠠᠨ ᠨᠢᠭᠡᠨ ᠦᠨᠳᠦᠰᠦᠨ ᠱᠠᠳᠤᠨ ᠤ ᠨᠠᠮ ᠤᠨ ᠭᠡᠰᠢᠬᠦᠨ ᠺᠠᠳ᠋ᠷ ᠪᠤᠯᠤᠭᠰᠠᠨ ᠤ ᠬᠤᠪᠢ ᠳᠤ ᠮᠦᠨᠴᠦ ᠨᠠᠮ ᠤᠨ ᠰᠤᠷᠭᠠᠭᠤᠯᠢ ᠶᠢᠨ ᠨᠢᠭᠡ ᠠᠵᠢᠯᠳᠠᠨ ᠪᠤᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠤᠮᠠᠷᠳᠠᠬᠤ ᠦᠭᠡᠢ᠂ ᠡᠷᠴᠢ ᠵᠤᠷᠢᠭ ᠢᠶᠠᠨ ᠬᠦᠪᠴᠢᠯᠡᠨ᠂ ᠡᠬᠦᠷᠭᠡ ᠬᠠᠷᠢᠭᠤᠴᠠᠯᠭ᠎ᠠ ᠪᠠᠨ ᠤᠯᠠᠮ ᠳᠤᠳᠤᠷᠬᠠᠶᠢᠯᠠᠵᠦ᠂ ᠬᠦᠴᠦᠨ ᠢᠶᠠᠨ ᠨᠢᠬᠳᠠᠷᠠᠭᠤᠯᠤᠨ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠲᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠴᠠᠭ ᠲᠤᠬᠠᠢ ᠳᠤᠨᠢ ᠤᠬᠠᠭᠤᠯᠵᠦ ᠰᠤᠷᠳᠠᠯᠴᠢᠯᠠᠬᠤ ᠪᠠᠷ ᠦᠪᠡᠷ ᠤᠨ ᠭᠤᠤᠯ ᠡᠭᠦᠷᠭᠡ ᠪᠠᠨ ᠪᠤᠯᠭᠠᠨ᠂ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠳᠤᠷ ᠰᠤᠷᠤᠯᠴᠠᠨ᠂ ᠪᠠᠶᠠᠨ ᠴᠢᠨᠡᠭᠡᠯᠢᠭ᠂ ᠪᠤᠯᠪᠠᠰᠤᠨ᠂ ᠦᠵᠡᠰᠬᠦᠯᠡᠩᠲᠦ ᠰᠠᠶᠢᠬᠠᠨ ᠠᠪᠠᠭ᠎ᠠ ᠨᠤᠳᠤᠭ ᠢᠶᠠᠨ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠦᠨ᠎ᠡ᠃        ᠬᠠᠯᠠᠮᠵᠢ ᠮᠠᠯᠵᠢᠬᠤ ᠤᠷᠤᠨ ᠤ ᠨᠠᠰᠤᠳᠡᠶᠢᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠤᠨ ᠬᠠᠷᠢᠭᠤᠴᠠᠯᠭᠠᠳᠡᠨ ᠽᠧᠦ ᠶᠠᠨ ᠸᠧᠨ᠄ —— ᠠᠷᠪᠡ ᠶᠢᠰᠦᠳᠦᠭᠡᠷ ᠬᠤᠷᠡᠯ ᠡᠬᠢᠯᠡᠵᠤ ᠬᠤᠷᠡᠯᠳᠤᠯ᠎ᠡ᠂ ᠪᠢᠳᠡ ᠠᠷᠪᠡ ᠶᠢᠰᠦᠳᠦᠭᠡᠷ ᠶᠡᠭᠡ ᠬᠤᠷᠡᠯ ᠤᠨ ᠠᠵᠢᠯ ᠤᠨ ᠮᠡᠳᠡᠭᠦᠯᠦᠯᠳᠡ ᠶᠢᠨ ᠵᠤᠷᠢᠭ ᠰᠨᠠᠭ᠎ᠠ ᠶᠢ ᠨᠠᠷᠢᠨ ᠬᠢᠨᠠᠮᠠᠭᠠᠢ ᠰᠤᠷᠤᠯᠴᠡᠨ᠂ ᠦᠢᠯᠡᠴᠢᠯᠡᠭᠡᠨ ᠤ ᠲᠦᠪ ᠤᠨ ᠪᠦᠬᠦ ᠠᠵᠢᠯᠳᠡᠳ ᠨᠢᠭᠡ ᠰᠡᠳᠬᠢᠯ ᠨᠢᠭᠡ ᠵᠤᠷᠢᠭ ᠢᠶᠠᠷ ᠮᠠᠨ ᠤ ᠬᠠᠯᠠᠮᠵᠢ ᠶᠢᠨ ᠨᠠᠰᠤᠳᠡᠶᠢᠴᠤᠳ ᠪᠤᠯᠤᠨ ᠬᠡᠤᠬᠡᠳ ᠲᠤ ᠦᠢᠯᠡᠴᠢᠯᠡᠨ᠎ᠡ᠂ ᠮᠠᠨ ᠤ ᠡᠬᠡ ᠤᠯᠤᠰ ᠤᠨ ᠮᠠᠷᠭᠠᠰᠢ ᠨᠠᠩ ᠰᠠᠶᠢᠨ ᠰᠠᠶᠢᠬᠠᠨ ᠪᠤᠯᠬᠤ ᠪᠤᠯᠳᠤᠭᠠᠢ᠃        ᠬᠠᠯᠠᠮᠵᠢ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ ᠰᠠᠭᠤᠭ᠎ᠠ ᠮᠠᠯᠴᠢᠨ᠂ ᠵᠷᠭᠠᠯᠠᠩᠳᠦ ᠰᠤᠮᠤᠨ ᠤ ᠪᠠᠶᠡᠷᠳᠤ ᠭᠠᠴᠠᠭᠠᠨ ᠤ ᠠᠬᠠᠮᠠᠳ ᠨᠠᠮ ᠤᠨ ᠬᠡᠰᠢᠭᠦᠨ ᠮᠧᠳᠡᠭᠮ᠎ᠠ ᠪᠠᠶᠠᠷ ᠲᠠᠢ ᠪᠠᠷ᠄—— ᠨᠠᠮ ᠤᠨ ᠠᠷᠪᠡᠨ ᠨᠠᠢᠮᠠᠳᠤᠭᠠᠷ ᠶᠡᠭᠡ ᠬᠤᠷᠡᠯ ᠠᠴᠠ ᠨᠠᠰᠢ ᠪᠦᠬᠦ ᠠᠷᠡᠳ ᠤᠨ ᠠᠮᠢᠳᠤᠷᠡᠯ ᠡᠳᠦᠷ ᠠᠴᠠ ᠡᠳᠦᠷ ᠰᠠᠶᠢᠵᠢᠷᠠᠭᠰᠠᠭᠠᠷ ᠢᠷᠠᠵᠠᠢ᠂ ᠮᠠᠨ ᠤ ᠨᠠᠰᠤᠳᠠᠶᠢᠴᠤᠤᠯ ᠢᠶᠠᠷ ᠠᠪᠴᠦ ᠬᠡᠯᠡᠬᠦ ᠳᠤ ᠲᠤᠰᠬᠠᠢ ᠠᠰᠠᠷᠠᠨ ᠬᠠᠷᠠᠭᠠᠯᠵᠠᠬᠤ ᠲᠦᠪ  ᠎ ᠲᠤ ᠬᠠᠯᠠᠭᠤᠨ ᠲᠤᠯᠠᠭᠠᠨ᠂ ᠪᠠᠶᠠᠷ ᠵᠢᠷᠭᠠᠯ ᠲᠠᠢ ᠠᠮᠢᠳᠤᠷᠠᠬᠤ ᠪᠤᠯᠵᠦ᠂ ᠡᠮᠴᠢᠯᠡᠭᠡᠨ ᠤ ᠵᠠᠷᠤᠳᠠᠯ ᠴᠠᠶᠢᠷᠠᠭᠤᠯᠵᠦ ᠦᠭᠬᠦᠨ᠎ᠡ᠂ ᠭᠡᠷ ᠤᠨ ᠳᠤᠯᠠᠭᠠᠯᠭ᠎ᠠ ᠰᠠᠶᠢᠨ᠂ ᠰᠣᠷᠤᠭᠴᠢᠳ ᠢ ᠲᠤᠰᠴᠦ ᠬᠦᠷᠭᠡᠬᠦ ᠲᠤᠰᠬᠠᠢ ᠲᠡᠷᠭᠡ ᠲᠠᠢ ᠪᠤᠯᠵᠦ᠂ ᠶᠠᠭᠠᠬᠢᠬᠤ ᠠᠷᠭ᠎ᠠ ᠦᠭᠡᠢ ᠲᠦᠬᠦᠮ ᠦᠢᠯᠡᠴᠢᠯᠡᠭᠡ ᠬᠠᠩᠭᠠᠵᠦ ᠪᠠᠶᠢᠨ᠎ᠠ᠃ ᠤᠳᠤ ᠵᠠᠯᠭᠠᠭᠠᠳ ᠨᠠᠮ ᠤᠨ ᠠᠷᠪᠡ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠤᠯᠠᠮ ᠰᠠᠶᠢᠨ ᠰᠤᠷᠤᠯᠴᠠᠨ ᠳᠤᠤᠱᠯᠠᠭᠤᠯᠵᠤ᠂ ᠠᠷᠡᠳ ᠤᠨ ᠠᠮᠢᠳᠤᠷᠡᠯ ᠨᠠᠩ ᠰᠠᠶᠢᠨ ᠪᠤᠯᠵᠤ᠂ ᠠᠷᠡᠳ ᠲᠦᠮᠡᠨ ᠨᠠᠩ ᠴᠦ ᠪᠠᠶᠡᠷ ᠬᠦᠷ ᠲᠠᠢ ᠪᠤᠯᠬᠤ ᠳᠤ ᠪᠠᠳᠦ ᠢᠳᠡᠭᠡᠵᠦ ᠪᠠᠶᠢᠨ᠎ᠠ ᠬᠡᠵᠦ ᠪᠠᠶᠢᠯ᠎ᠠ᠃ᠰᠢᠨ᠎ᠡ ᠡᠷᠡᠨ ᠤ ᠪᠤᠱᠤᠭ᠎ᠠ᠂ ᠰᠢᠨ᠎ᠡ ᠠᠶᠠᠨ ᠤ ᠡᠬᠢᠯᠡᠯ᠃ ᠢᠷᠡᠬᠡᠳᠦᠢ ᠶᠢᠨ ᠳᠠᠪᠤᠨ ᠵᠢᠯ ᠳᠤ ᠡᠨᠡ ᠨᠤᠳᠤᠭ ᠤᠨ ᠬᠦᠷᠦᠰᠦᠨ ᠳᠤ ᠦᠰᠴᠦ ᠲᠦᠷᠦᠭᠰᠡᠨ ᠡᠯ᠎ᠡ ᠦᠨᠳᠦᠰᠦᠳᠡᠨ ᠤ ᠠᠷᠠᠳ ᠲᠦᠮᠡᠨ ᠤ ᠨᠡᠩ ᠰᠤᠨᠤᠰᠬᠤᠯᠠᠩᠳᠤ ᠦᠯᠢᠬᠡᠷ ᠶᠠᠪᠤᠳᠠᠯ ᠤᠳ ᠪᠢᠴᠢᠭᠯᠡᠭᠳᠡᠬᠦ ᠨᠢ ᠯᠠᠪᠳᠠᠢ︕
 
ᠢᠷᠡᠯᠲᠡ᠄ ᠰᠠᠷᠠᠨ᠎ᠠ᠂ ᠵᠤᠯᠠ᠂ ᠰᠡᠴᠡᠩᠭᠤᠸ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号