ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠳᠤᠰᠬᠠᠢ ᠰᠡᠳᠦᠪᠳᠤ ᠰᠡᠷᠡᠮᠵᠢᠯᠡᠭᠦᠯᠬᠦ ᠤᠬᠠᠭᠤᠯᠤᠨ ᠬᠦᠮᠦᠵᠢᠭᠦᠯᠬᠦ ᠠᠵᠢᠯᠯᠠᠭ᠎ᠠ ᠨᠢ ᠠᠪᠠᠭ᠎ᠠ ᠬᠤᠰᠢᠭᠤᠨ ᠳᠤ ᠬᠦᠨᠵᠡᠭᠡᠶᠢᠷᠡᠨ ᠤᠬᠠᠭᠤᠯᠤᠨ ᠳᠡᠶᠢᠯᠪᠤᠷᠢᠯᠡᠯᠳᠡ ᠬᠢᠭᠰᠡᠨ
ᠨᠡᠶᠢᠲᠡᠯᠡᠭᠰᠡᠨ ᠴᠠᠭ᠄
2017/11/12
       11 ᠰᠠᠷ᠎ᠠ ᠶᠢᠨ 6᠎ ᠤ ᠡᠳᠤᠷ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠠᠴᠠ ᠵᠤᠬᠢᠶᠠᠨ ᠪᠠᠶᠢᠭᠤᠯᠤᠨ ᠦᠷᠨᠢᠬᠦᠯᠦᠭᠰᠡᠨ᠂ ᠶᠠᠳᠠᠭᠤ ᠶᠢ ᠳᠡᠳᠬᠦᠬᠦ ᠰᠠᠯᠠᠭ᠎ᠠ ᠮᠦᠴᠢᠷ ᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠳᠤᠰᠬᠠᠢ ᠰᠡᠳᠦᠪᠳᠤ ᠰᠡᠷᠡᠮᠵᠢᠯᠡᠭᠦᠯᠬᠦ ᠤᠬᠠᠭᠤᠯᠤᠨ ᠬᠦᠮᠦᠵᠢᠭᠦᠯᠬᠦ ᠠᠵᠢᠯᠯᠠᠭᠠᠨ ᠤ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠰᠢᠯᠢ ᠶᠢᠨ ᠭᠤᠤᠯ ᠠᠶᠢᠮᠠᠭ ᠲᠠᠬᠢ ᠮᠡᠳᠡᠭᠦᠯᠦᠯᠳᠡ ᠶᠢᠨ ᠬᠤᠷᠡᠯ  ᠎ ᠨᠢ ᠮᠠᠨ ᠤ ᠬᠤᠰᠢᠭᠤᠨ ᠳᠤ ᠬᠤᠷᠠᠯᠳᠤᠵᠠᠢ᠃        ᠦᠪᠡᠷᠳᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠡᠨ ᠤ ᠠᠯᠪᠡᠨ ᠲᠤᠰᠢᠶᠠᠯᠳᠤ ᠶᠠᠯᠠᠳᠦ ᠬᠡᠷᠡᠭ ᠢ ᠤᠷᠢᠳᠴᠢᠯᠠᠨ ᠰᠡᠷᠭᠡᠶᠢᠯᠡᠬᠦ ᠭᠠᠵᠡᠷ ᠤᠨ ᠳᠡᠳ᠋ ᠳᠠᠷᠤᠭ᠎ᠠ ᠳ᠋ᠦᠩ ᠶᠠᠨ ᠯᠢ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠡᠨ ᠭᠡᠷ ᠤᠨ ᠪᠠᠶᠢᠭᠤᠯᠭ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠡᠨ ᠤ ᠱᠦᠵᠢ ᠴᠧᠩ ᠧᠨ ᠱᠦᠨ᠂ ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠷᠢᠶᠡᠨ ᠤ ᠰᠠᠯᠪᠤᠷᠢ ᠬᠤᠷᠢᠶᠡᠨ ᠤ ᠨᠠᠮ ᠤᠨ ᠳᠤᠭᠤᠶᠢᠯᠡᠩ ᠤᠨ ᠬᠡᠰᠢᠭᠦᠨ᠂ ᠪᠠᠶᠢᠴᠠᠭᠠᠬᠤ ᠶᠠᠪᠤᠳᠡᠯ ᠤᠨ ᠬᠢᠨᠠᠨ ᠪᠠᠶᠢᠴᠠᠭᠠᠬᠤ ᠳᠠᠷᠤᠭ᠎ᠠ‌‍ᠰᠢᠶᠧ ᠸᠧᠢ ᠵᠢᠶᠦ᠋ᠨ᠂ ᠠᠶᠢᠠᠮᠭ ᠤᠨ ᠶᠠᠳᠠᠭᠤ ᠶᠢ ᠳᠡᠳᠬᠦᠬᠦ ᠠᠯᠪᠡᠨ ᠭᠡᠷ ᠤᠨ ᠳᠡᠳ᠋ ᠡᠷᠬᠢᠯᠡᠭᠴᠢ ᠶᠠᠩ ᠬᠤᠩ ᠸᠧᠢ᠂ ᠬᠤᠰᠢᠭᠤ ᠨᠠᠮ ᠤᠨ ᠬᠤᠷᠢᠶᠡᠨ ᠤ ᠪᠠᠶᠢᠡᠭᠭᠤ ᠶᠢᠨ ᠬᠡᠰᠢᠭᠦᠨ᠂ ᠤᠯᠤᠰ ᠲᠦᠷᠦ ᠬᠠᠤᠯᠢ ᠴᠠᠭᠠᠵᠡ ᠶᠢᠨ ᠵᠦᠪᠯᠡᠯ ᠤᠨ ᠱᠦᠵᠢ ᠸᠠᠩ ᠴᠢ ᠷᠦᠢ ᠵᠢᠴᠢ ᠤᠬᠠᠭᠤᠯᠤᠨ ᠳᠠᠶᠢᠯᠪᠤᠷᠢᠯᠡᠬᠤ ᠪᠦᠯᠬᠦᠮ ᠤᠨ ᠪᠦᠬᠦ ᠬᠡᠰᠢᠭᠦᠳ ᠤᠬᠠᠭᠤᠯᠤᠨ ᠳᠠᠶᠢᠯᠪᠤᠷᠢᠯᠡᠬᠤ ᠬᠤᠷᠡᠯ ᠎ ᠳᠤ ᠤᠷᠤᠯᠴᠡᠵᠤ᠂ ᠬᠤᠰᠢᠭᠤ ᠵᠠᠰᠠᠭ ᠤᠨ ᠤᠷᠳᠤᠨ ᠤ ᠨᠠᠮ ᠤᠨ ᠳᠤᠭᠤᠶᠢᠯᠡᠩ ᠤᠨ ᠬᠡᠰᠢᠭᠦᠨ ᠪᠤᠯᠤᠳ ᠬᠤᠷᠡᠯ ᠢ ᠡᠷᠬᠢᠯᠡᠵᠡᠢ᠃       ᠳ᠋ᠦᠩ ᠶᠠᠨ ᠯᠢ ᠠᠴᠠ ᠳᠤᠰ ᠤᠳᠠᠭᠠᠨ ᠤ ᠤᠬᠠᠭᠤᠯᠤᠨ ᠳᠠᠶᠢᠯᠪᠤᠷᠢᠯᠠᠬᠤ ᠠᠵᠢᠯᠯᠠᠭᠠᠨ ᠤ ᠵᠤᠷᠢᠯᠭ᠎ᠠ ᠶᠢ ᠳᠠᠨᠢᠯᠴᠠᠭᠤᠯᠵᠡᠢ᠃ ᠳᠡᠷᠡ ᠶᠠᠷᠢᠶᠡᠨ ᠳᠤ ᠪᠠᠨ᠄ ᠪᠢᠳᠠ ᠡᠷᠭᠡᠪᠰᠢ ᠨᠠᠮ ᠤᠨ ᠠᠷᠪᠡ ᠶᠢᠰᠦᠳᠦᠭᠡᠷ  ᠶᠡᠭᠡ ᠬᠤᠷᠡᠯ ᠤᠨ ᠢᠯᠡᠳᠬᠡᠯ ᠳᠠᠬᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠠᠮᠢᠶᠠᠳᠠᠢ ᠳᠤᠷᠠᠳᠤᠭᠰᠡᠨ ᠰᠢᠨ᠎ᠡ ᠰᠡᠳᠬᠢᠮᠵᠢ᠂ ᠰᠢᠨ᠎ᠠ ᠬᠠᠷᠠᠯᠳᠠ᠂ ᠰᠢᠨ᠎ᠠ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠯ ᠨᠠᠶᠢᠳᠠᠪᠤᠷᠢ ᠪᠠᠨ ᠪᠠᠳᠤᠳᠬᠠᠨ᠂ ᠵᠤᠷᠢᠭᠳᠠᠢ ᠪᠠᠷ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠵᠦ᠂ ᠴᠦᠬᠦᠷᠡᠯᠳᠡ ᠦᠭᠡᠢ ᠴᠢᠷᠮᠠᠶᠢᠵᠤ᠂ ᠠᠵᠢᠯ ᠢᠶᠠᠨ ᠤᠯᠠᠮ ᠨᠠᠷᠢᠨ ᠬᠢᠨᠠᠮᠠᠭᠠᠢ ᠰᠠᠶᠢᠳᠤᠷ ᠬᠢᠵᠦ ᠦᠷ᠎ᠡ ᠪᠦᠲᠦᠮᠵᠢ ᠭᠠᠷᠭᠠᠬᠤ ᠬᠡᠷᠡᠭᠳᠡᠢ᠃ ᠤᠯᠠᠨ ᠰᠡᠳᠬᠢᠯ ᠬᠦᠳᠡᠯᠭᠡᠮ᠎ᠡ‌ᠦᠢᠯᠡ ᠶᠠᠪᠤᠳᠠᠯ ᠪᠠᠷ ᠳᠠᠮᠵᠢᠨ ᠤᠭ ᠰᠠᠨᠠᠭ᠎ᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠵᠤᠷᠢᠭᠳᠠᠢ ᠤᠷᠤᠭᠰᠢᠯᠠᠨ ᠳᠠᠪᠰᠢᠬᠤ ᠶᠢ ᠵᠤᠷᠢᠭᠵᠢᠭᠤᠯᠤᠭᠰᠠᠨ ᠪᠠᠶᠢᠨ᠎ᠠ᠃ ᠡᠬᠦᠨ ᠤ ᠬᠠᠮᠲᠦ᠂ ᠡᠰᠡᠷᠬᠦ ᠲᠠᠯ᠎ᠠ ᠶᠢᠨ ᠬᠡᠷᠡᠭ ᠤᠨ ᠵᠢᠱᠢᠶ᠎ᠡ‌‍ᠳᠥ ᠵᠠᠳᠠᠯᠤᠯᠳᠠ ᠬᠢᠵᠦ ᠰᠡᠷᠡᠮᠵᠢᠯᠡᠬᠦᠯᠬᠦ ᠪᠠᠷ ᠳᠠᠮᠵᠢᠨ ᠤᠯᠠᠨ ᠪᠠᠷ ᠢᠶᠠᠨ ᠡᠬᠦᠪᠡᠷ ᠴᠡᠭᠡᠷᠯᠡᠯ ᠪᠤᠯᠭᠠᠨ᠂ ᠦᠷᠬᠦᠯᠵᠢ ᠰᠡᠷᠡᠮᠵᠢ ᠲᠠᠢ ᠪᠠᠶᠢᠵᠦ᠂ ᠰᠡᠷᠡᠮᠵᠢ ᠶᠢᠨ ᠱᠤᠭᠤᠮ ᠢᠶᠠᠨ ᠪᠠᠳᠤ ᠪᠠᠬᠢᠵᠢᠬᠦᠯᠦᠨ᠂ ᠢᠯᠵᠠᠷᠠᠬᠤ ᠠᠴᠠ ᠵᠢᠷᠦᠭᠡᠰᠢᠶᠡᠬᠦ᠂ ᠢᠯᠵᠠᠷᠠᠬᠤ ᠶᠢ ᠳᠡᠪᠴᠢᠬᠦ᠂ ᠢᠯᠵᠠᠷᠠᠬᠤ ᠠᠴᠠ ᠰᠡᠷᠭᠡᠶᠢᠯᠡᠬᠦ ᠰᠡᠳᠬᠢᠯ ᠲᠠᠢ ᠪᠠᠶᠢᠬᠤ ᠶᠢᠨ ᠰᠡᠷᠭᠡᠶᠢᠯᠡᠯᠳᠡ ᠶᠢᠨ ᠬᠠᠰᠢᠯᠭ᠎ᠠ ᠶᠢ ᠤᠯᠠᠮ ᠪᠠᠳᠦ ᠪᠠᠬᠢ ᠪᠤᠯᠭᠠᠵᠠᠢ᠃        ᠪᠦᠬᠦ ᠤᠷᠤᠨ ᠤ ᠡᠯ᠎ᠡ‌ᠠᠶᠢᠮᠠᠭ ᠬᠤᠳᠡ ᠶᠢᠨ ᠤᠬᠠᠭᠤᠯᠤᠨ ᠳᠠᠶᠢᠯᠪᠤᠷᠢᠯᠠᠭᠴᠢ ᠠᠴᠠ ᠳᠡᠷᠭᠡᠳᠡᠬᠢ ᠦᠨᠡᠨ ᠪᠤᠳᠡᠳᠤ ᠬᠡᠷᠡᠭ ᠤᠨ ᠵᠢᠱᠢᠶ᠎ᠡ ᠪᠤᠯᠤᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠤᠨ ᠳᠤᠮᠳᠠ ᠢᠯᠡᠷᠡᠭᠰᠡᠨ ᠰᠡᠳᠬᠢᠯ ᠬᠦᠳᠡᠯᠭᠡᠮ᠎ᠡ‌ᠦᠢᠯᠡ ᠶᠠᠪᠤᠳᠡᠯ ᠪᠠᠷ ᠤᠬᠠᠭᠤᠯᠤᠨ ᠳᠡᠶᠢᠯᠪᠤᠷᠢᠯᠡᠯᠳᠡ ᠪᠠᠨ ᠬᠢᠵᠠᠢ᠃  ᠪᠠᠰᠠ ︽ᠲᠠᠷᠢᠶᠠᠯᠠᠩ ᠤᠨ ᠲᠤᠨᠤᠭ ᠲᠦᠭᠦᠭᠡᠷᠦᠮᠵᠢ ᠶᠢᠨ ᠨᠦᠬᠦᠪᠤᠷᠢ ᠮᠦᠩᠭᠦ ᠶᠢᠨ  ᠳᠡᠯᠳᠠ ᠠᠷᠡᠯᠵᠢᠶ᠎ᠠ︾ ᠭᠡᠬᠦ ᠰᠠᠷᠡᠮᠵᠢᠯᠡᠭᠦᠯᠦᠨ ᠬᠦᠮᠦᠵᠢᠭᠦᠯᠬᠦ ᠤᠬᠤᠷ ᠺᠢᠨᠤ᠋ ᠶᠢ ᠤᠯᠠᠨ ᠳᠤ ᠦᠵᠡᠬᠦᠯᠦᠭᠰᠡᠨ ᠪᠠᠶᠢᠨ᠎ᠠ᠃       ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠡ᠂ ᠶᠠᠳᠠᠭᠤ ᠶᠢ ᠳᠡᠳᠬᠦᠬᠦ ᠠᠯᠪᠡᠨ ᠭᠡᠷ ᠤᠨ ᠤᠳᠤᠷᠢᠳᠤᠯᠭ᠎ᠠ᠂ ᠡᠯ᠎ᠡ‌‍ᠰᠤᠮᠤ ᠪᠠᠯᠭᠠᠰᠤ᠂ ᠰᠢᠭᠤᠤᠨ ᠬᠠᠷᠢᠶ᠎ᠡ ᠡᠯ᠎ᠡ ᠪᠠᠶᠢᠭᠤᠯᠭ᠎ᠠ ᠨᠢᠭᠡᠴᠠ ᠶᠢᠨ ᠺᠠᠳ᠋ᠷ ᠠᠵᠢᠯᠳᠡᠨ ᠪᠤᠯᠤᠨ ᠮᠠᠯᠴᠢᠨ ᠲᠦᠯᠦᠭᠡᠯᠡᠭᠴᠢᠳ ᠨᠡᠶᠢᠳᠡ ᠵᠠᠭᠤ ᠲᠠᠯᠠᠭᠠᠳ ᠬᠦᠮᠦᠨ ᠳᠤᠰ ᠤᠳᠠᠭᠠᠨ ᠤ ᠤᠬᠠᠭᠤᠯᠤᠨ ᠳᠠᠶᠢᠯᠪᠤᠷᠢᠯᠡᠯᠳᠡ ᠶᠢ ᠬᠠᠮᠳᠤᠪᠡᠷ ᠰᠤᠨᠤᠰᠤᠭᠰᠡᠨ ᠪᠠᠶᠢᠨ᠎ᠡ᠃
 
ᠢᠷᠡᠯᠲᠡ᠄ ᠵᠤᠯᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号