ᠠᠪᠠᠭ᠎ᠠ ᠬᠤᠰᠢᠭᠤ ︽ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ︿ᠲᠦᠷᠪᠡᠨ ᠦᠵᠡᠯ ᠤᠬᠠᠮᠰᠠᠷ﹀ ᠴᠢᠩᠭ᠎ᠠ ᠪᠤᠰᠤ ᠠᠰᠠᠭᠤᠳᠠᠯ ᠢ ᠦᠨᠡᠨᠬᠦ ᠰᠢᠢᠳᠪᠦᠷᠢᠯᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢᠨ ᠳᠠᠶᠢᠴᠢᠯᠠᠯᠳᠠ ᠶᠢᠨ ᠬᠤᠷᠠᠯ ᠬᠤᠷᠠᠯᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2017/11/15
       ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠲᠤᠭᠤᠶᠢᠯᠠᠩ ᠠᠴᠠ  ᠠᠶᠢᠮᠠᠭ ᠤᠨ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠯᠳᠠ ᠬᠢᠵᠦ ᠳᠤᠰᠬᠠᠨ ᠵᠢᠭᠠᠵᠦ ᠭᠠᠷᠭᠠᠭᠰᠠᠨ ︽ᠲᠦᠷᠪᠡᠨ ᠤᠬᠠᠮᠰᠠᠷ︾ ᠴᠢᠩᠭ᠎ᠠ ᠪᠤᠰᠤ᠂ ᠨᠠᠮ ᠤᠨ ᠤᠳᠤᠷᠢᠳᠤᠯᠭ᠎ᠠ ᠶᠢᠨ ᠦᠢᠯᠡᠳᠦᠯ ᠢᠶᠠᠨ ᠭᠦᠢᠴᠡᠳ  ᠪᠠᠳᠠᠷᠠᠭᠤᠯᠬᠤ ᠳᠠᠯ᠎ᠠ ᠪᠠᠷ ᠬᠦᠷᠦᠯᠴᠡᠬᠦ ᠦᠭᠡᠢ᠂ ᠤᠯᠤᠰ ᠲᠦᠷᠦ ᠶᠢᠨ ᠠᠮᠢ ᠠᠬᠤᠢ ᠶᠢᠨ ᠡᠷᠡᠬᠦᠯ ᠤᠨ ᠬᠡᠮᠵᠢᠶ᠎ᠡ ᠬᠦᠷᠦᠯᠴᠡᠬᠦ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠦ᠂ 11 ᠰᠠᠷ᠎ᠠ ᠶᠢᠨ 13 ᠡᠳᠦᠷ ᠂ ᠮᠠᠨ ᠤ ᠬᠤᠰᠢᠭᠤ ︽ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ︵ᠲᠦᠷᠪᠡᠨ ᠦᠵᠡᠯ ᠤᠬᠠᠮᠰᠠᠷ︶ ᠴᠢᠩᠭ᠎ᠠ ᠪᠤᠰᠤ ᠠᠰᠠᠭᠤᠳᠠᠯ ᠢ ᠦᠨᠡᠨᠬᠦ ᠰᠢᠢᠳᠪᠦᠷᠢᠯᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢᠨ ᠳᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠵᠠᠢ᠃        ᠬᠤᠰᠢᠭᠤ ᠲᠦᠷᠪᠡᠨ ᠶᠡᠭᠡ ᠤᠳᠤᠷᠢᠳᠬᠤ ᠪᠠᠭ ᠤᠨ ᠪᠦᠬᠦ ᠬᠡᠰᠢᠬᠦᠳ᠂ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤ ︵ᠲᠤᠭᠤᠷᠢᠭ︶᠎ ᠤᠨ ᠨᠠᠮ ᠤᠨ ᠬᠤᠷᠢᠶ᠎ᠠ ︵ᠨᠠᠮ ᠤᠨ ᠠᠵᠢᠯᠳᠠᠨ ᠤ ᠵᠦᠪᠯᠡᠯ︶᠎ ᠶᠢᠨ ᠱᠦᠵᠢ᠂ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤ ᠡᠯ᠎ᠡ ᠬᠡᠯᠳᠡᠰ᠂ ᠬᠤᠷᠢᠶ᠎ᠠ᠂ ᠠᠯᠪᠠᠨ ᠭᠡᠷ᠂ ᠲᠤᠪᠴᠢᠶ᠎ᠠ ᠪᠤᠯᠤᠨ ᠡᠯ᠎ᠡ ᠠᠷᠠᠳ ᠤᠨ ᠪᠦᠯᠬᠦᠮ᠂ ᠡᠯ᠎ᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠪᠤᠯᠬᠤ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠵᠠᠢ᠃ ᠬᠤᠷᠠᠯ ᠢ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠡᠷᠬᠢᠯᠡᠪᠡ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠎ ᠤ ᠱᠦᠵᠢ ᠪᠠᠢ ᠲᠢᠶᠧ ᠵᠤᠸᠠᠩ ᠠᠴᠠ ︽ᠪᠦᠬᠦ ᠬᠤᠰᠢᠭᠤᠨ ᠤ ᠡᠯ᠎ᠡ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠬᠡᠰᠢᠬᠦᠨ ᠺᠠᠳᠠᠷ ᠤᠨ ᠳᠤᠮᠳᠠ ︿ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠲᠦᠷᠪᠡᠨ ᠦᠵᠡᠯ ᠤᠬᠠᠮᠰᠠᠷ ᠴᠢᠩᠭ᠎ᠠ ᠪᠤᠰᠤ ᠠᠰᠠᠭᠤᠳᠠᠯ ᠢ ᠦᠨᠡᠨᠬᠦ ᠰᠢᠢᠳᠪᠦᠷᠢᠯᠡᠬᠦ﹀ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠬᠦ ᠶᠢ ᠬᠡᠷᠡᠭᠵᠢᠬᠦᠯᠬᠦ ᠲᠦᠰᠦᠯ︾᠎ ᠢ ᠤᠩᠰᠢᠨ ᠨᠡᠶᠢᠳᠡᠯᠡᠵᠦ᠂ ᠲᠦᠰᠦᠯ ᠳᠤ ᠠᠵᠢᠯᠯᠠᠭ᠎ᠠ ᠶᠢᠨ ᠶᠡᠷᠦᠩᠭᠡᠢ ᠱᠠᠭᠠᠷᠳᠠᠯᠭ᠎ᠠ᠂ ᠬᠠᠷᠠᠯᠳᠠ ᠡᠭᠦᠷᠭᠡ᠂ ᠭᠤᠭᠴᠤᠭ᠎ᠠ ᠠᠯᠬᠤᠮ ᠳᠠᠷᠠᠭ᠎ᠠ ᠪᠠ ᠪᠠᠲᠤᠯᠠᠭ᠎ᠠ ᠶᠢᠨ ᠠᠷᠭ᠎ᠠ ᠠᠪᠴᠠᠯ ᠢ ᠲᠤᠳᠤᠷᠬᠠᠶᠢᠯᠠᠭᠰᠠᠨ ᠪᠠᠶᠢᠨ᠎ᠠ᠃       ᠬᠠᠰᠪᠠᠶᠠᠷ ᠠᠴᠠ ᠲᠤᠰᠬᠠᠢ ᠲᠦᠷᠦᠯ ᠤᠨ ᠠᠵᠢᠯᠯᠠᠭ᠎ᠠ ᠶᠢ ᠰᠠᠶᠢᠳᠤᠷ ᠠᠳᠬᠤᠬᠤ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠤᠷᠠᠳᠴᠠᠢ᠃ ᠲᠡᠷᠡ ᠴᠢᠬᠤᠯᠠᠴᠢᠯᠠᠭᠰᠠᠨ ᠨᠢ᠄ ᠦᠵᠡᠯ ᠰᠠᠨᠠᠭ᠎ᠠ ᠪᠠᠨ ᠨᠢᠭᠡᠳᠭᠡᠵᠦ᠂ ᠬᠠᠮᠳᠤ ᠶᠢᠨ ᠲᠠᠨᠢᠯᠳᠠ ᠶᠢ ᠨᠢᠭᠳᠠᠷᠠᠭᠤᠯᠵᠦ᠂ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠬᠦ ᠬᠠᠷᠢᠭᠤᠴᠠᠯᠭᠠᠳᠤ ᠤᠪᠤᠷ ᠪᠤᠯᠤᠨ ᠡᠬᠦᠷᠭᠡ ᠳᠠᠭᠠᠭᠠᠯᠭᠠᠪᠤᠷᠢ ᠶᠢᠨ ᠤᠬᠠᠮᠰᠠᠷ ᠢᠶᠠᠨ ᠳᠡᠭᠡᠭᠰᠢᠯᠡᠬᠦᠯᠬᠦ ᠬᠡᠷᠡᠭᠳᠡᠢ᠃ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠭᠡᠰᠢᠬᠦᠨ ᠺᠠᠳᠠᠷ ︽ᠭᠤᠷᠪᠠ ᠳᠤ ᠠᠰᠢᠭᠳᠠᠢ ᠪᠠᠶᠢᠬᠤ︾ ᠦᠨᠳᠦᠷᠴᠠ ᠠᠴᠠ ᠲᠤᠰ ᠤᠳᠠᠭᠠᠨ ᠤ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠦ᠂ ᠤᠯᠠᠮ ᠨᠢᠭᠡ ᠠᠯᠬᠤᠮ ᠬᠠᠷᠢᠭᠤᠴᠠᠯᠭᠠᠳᠤ ᠤᠪᠤᠷ ᠪᠤᠯᠤᠨ ᠡᠬᠦᠷᠭᠡ ᠳᠠᠭᠠᠭᠠᠯᠭᠠᠪᠤᠷᠢ ᠶᠢᠨ ᠤᠬᠠᠮᠰᠠᠷ ᠢᠶᠠᠨ ᠨᠡᠮᠡᠭᠳᠡᠬᠦᠯᠤᠨ᠂ ᠦᠵᠡᠯ ᠰᠠᠨᠠᠭᠠᠨ ᠳᠡᠭᠡᠷ᠎ᠡ ᠬᠦᠨᠳᠦᠳᠬᠡᠨ᠂ ᠲᠦᠷᠭᠡᠨ ᠬᠦᠳᠡᠯᠦᠯᠴᠠᠵᠦ᠂ ᠬᠦᠴᠦᠳᠡᠢ ᠠᠬᠢᠭᠤᠯᠬᠤ ᠶᠢ ᠦᠨᠡᠨᠬᠦ ᠪᠡᠶᠡᠯᠡᠬᠦᠯᠬᠦ ᠬᠡᠷᠡᠭᠳᠡᠢ᠃        ᠬᠠᠷᠠᠯᠳᠠ ᠪᠠᠨ ᠳᠤᠳᠤᠷᠬᠠᠶᠢᠯᠠᠨ᠂ ᠵᠠᠩᠭᠢᠯᠠᠭ᠎ᠠ ᠶᠢ ᠠᠳᠬᠤᠵᠦ᠂ ᠲᠤᠰᠬᠠᠢ ᠲᠦᠷᠦᠯ ᠤᠨ ᠠᠵᠢᠯᠯᠠᠭ᠎ᠠ ᠯᠠᠪᠳᠠᠭᠤᠨ ᠡᠮᠬᠢ ᠴᠡᠭᠴᠠ ᠲᠠᠢ ᠤᠷᠤᠭᠰᠢᠯᠠᠬᠤ ᠶᠢ ᠪᠠᠳᠤᠯᠠᠬᠤ ᠬᠡᠷᠡᠭᠳᠡᠢ᠃ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠬᠦᠯᠬᠦ ᠪᠠᠷ ᠤᠷᠢᠳᠠᠯ ᠪᠤᠯᠭᠠᠬᠤ ᠶᠢ ᠪᠠᠷᠢᠮᠳᠠᠯᠠᠵᠦ᠂ ᠶᠡᠭᠡ ᠲᠠᠯ᠎ᠠ ᠶᠢᠨ ᠤᠬᠠᠮᠰᠠᠷ ᠢ ᠴᠢᠩᠭᠠᠳᠬᠠᠬᠤ ᠪᠠᠷ ᠵᠠᠩᠭᠢᠯᠠᠭ᠎ᠠ ᠪᠤᠯᠭᠠᠨ᠂ ᠭᠤᠤᠯᠯᠠᠬᠤ ᠤᠬᠠᠮᠰᠠᠷ ᠢ ᠴᠢᠩᠭᠠᠳᠬᠠᠬᠤ ᠪᠠᠷ ᠦᠨᠳᠦᠰᠦ ᠪᠤᠯᠭᠠᠨ᠂ ᠨᠢᠭᠡᠳᠦᠯᠳᠡᠢ ᠪᠠᠶᠢᠬᠤ ᠤᠬᠠᠮᠰᠠᠷ ᠢ ᠴᠢᠩᠭᠠᠳᠬᠠᠬᠤ ᠪᠠᠷ ᠪᠠᠳᠤᠯᠠᠭ᠎ᠠ ᠪᠤᠯᠭᠠᠵᠦ᠂ ︽ᠰᠤᠷᠤᠯᠴᠠᠬᠤ᠂ ᠪᠠᠶᠢᠴᠠᠭᠠᠬᠤ᠂ ᠦᠭᠡᠷᠡᠴᠢᠯᠡᠬᠦ︾ ᠭᠤᠷᠪᠠᠨ ᠲᠠᠯ᠎ᠠ ᠪᠠᠷ ᠬᠦᠴᠦᠨ ᠢᠶᠠᠨ ᠲᠦᠪᠯᠡᠷᠡᠬᠦᠯᠵᠦ᠂ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠦᠷ᠎ᠡ ᠪᠦᠲᠦᠮᠵᠢᠳᠠᠢ ᠪᠠᠷ ᠦᠷᠨᠢᠬᠦ ᠶᠢ ᠠᠬᠢᠭᠤᠯᠬᠤ ᠬᠡᠷᠡᠭᠳᠡᠢ᠃ᠤᠳᠤᠷᠢᠳᠤᠯᠭ᠎ᠠ ᠪᠠᠨ ᠴᠢᠩᠭᠠᠳᠭᠠᠨ᠂ ᠪᠠᠲᠤᠯᠠᠭ᠎ᠠ ᠶᠢ ᠡᠷᠴᠢᠮᠵᠢᠬᠦᠯᠦᠨ᠂ ᠲᠤᠰᠬᠠᠢ ᠲᠦᠷᠦᠯ ᠤᠨ ᠠᠵᠢᠯᠯᠠᠭ᠎ᠠ ᠶᠢᠨ ᠪᠤᠳᠠᠳᠠᠢ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ᠲᠤᠰᠬᠠᠢ ᠲᠦᠷᠦᠯ ᠤᠨ ᠠᠵᠢᠯᠯᠠᠭ᠎ᠠ ᠶᠢ ᠨᠢᠭᠡᠨ ᠭᠤᠤᠯᠳᠠᠯᠭ᠎ᠠ ᠲᠠᠢ ᠠᠵᠢᠯ ᠪᠤᠯᠭᠠᠨ ᠠᠳᠬᠤᠵᠦ᠂ ᠨᠠᠷᠢᠯᠢᠭ ᠵᠤᠬᠢᠶᠠᠨ ᠪᠠᠶᠢᠭᠤᠯᠤᠨ ᠨᠢᠮᠪᠠᠢ ᠪᠠᠶᠢᠷᠢᠯᠠᠭᠤᠯᠤᠯᠳᠠ ᠬᠢᠵᠦ ᠂ ᠨᠢᠭᠡᠳᠦᠯᠳᠡᠢ ᠲᠦᠯᠦᠪᠯᠡᠨ ᠨᠡᠶᠢᠳᠡ ᠳᠤᠨᠢ ᠬᠠᠷᠠᠭᠠᠯᠵᠠᠵᠦ᠂ ᠱᠠᠯᠠᠪᠳᠠᠨ ᠪᠠᠶᠢᠴᠠᠭᠠᠬᠤ ᠶᠢ ᠴᠢᠩᠭᠠᠳᠬᠠᠨ᠂ ᠨᠠᠶᠢᠳᠠᠪᠤᠷᠢᠵᠢᠯᠳᠠ ᠶᠢ ᠪᠦᠬᠦ ᠬᠦᠴᠦᠨ ᠢᠶᠠᠷ ᠠᠳᠬᠤᠵᠦ᠂ ᠲᠤᠰᠬᠠᠢ ᠲᠦᠷᠦᠯ ᠤᠨ ᠠᠵᠢᠯᠯᠠᠭ᠎ᠠ ᠶᠢᠨ ᠪᠤᠳᠠᠳᠠᠢ ᠦᠷ᠎ᠠ ᠠᠰᠢᠭ ᠤᠯᠬᠤ ᠶᠢ ᠪᠠᠲᠤᠯᠠᠬᠤ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠰᠠᠷᠠᠨ᠎ᠠ ᠵᠤᠤ ᠵᠢᠶᠠ ᠰᠢᠨ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号