ᠠᠪᠠᠭ᠎ᠠ ᠬᠤᠰᠢᠭᠤ ᠨᠢ ︽ᠦᠬᠢᠳ ᠢ ᠬᠠᠯᠠᠮᠵᠢᠯᠠᠵᠦ᠂ ᠰᠤᠷᠤᠯᠭ᠎ᠠ ᠶᠢ ᠳᠡᠳᠬᠦᠬᠦ︾ ᠶᠠᠳᠠᠭᠤ ᠬᠦᠴᠢᠷᠳᠡᠯᠳᠡᠢ ᠰᠤᠤᠷᠤᠭᠴᠢᠳ ᠲᠤ ᠳᠡᠳᠬᠦᠮᠵᠢ ᠶᠢᠨ ᠮᠦᠩᠬᠦ ᠳᠠᠷᠬᠠᠭᠠᠬᠤ ᠶᠤᠰᠤᠯᠠᠯ ᠬᠢᠭᠰᠡᠨ
ᠨᠡᠶᠢᠲᠡᠯᠡᠭᠰᠡᠨ ᠴᠠᠭ᠄
2017/11/20
          ︽ᠦᠬᠢᠳ ᠢ ᠬᠠᠯᠠᠮᠵᠢᠯᠠᠵᠦ᠂ ᠰᠤᠷᠤᠯᠭ᠎ᠠ ᠶᠢ ᠳᠡᠳᠬᠦᠬᠦ︾ ᠠᠵᠢᠯᠯᠠᠭᠠᠨ ᠤ ᠱᠠᠭᠠᠷᠳᠠᠯᠭ᠎ᠠ ᠶᠤᠰᠤᠭᠠᠷ ᠂ ᠡᠮᠡᠭᠳᠡᠢ ᠬᠡᠦᠬᠡᠳ ᠵᠢᠴᠢ ᠬᠡᠷ ᠪᠦᠯᠢ ᠶᠢᠨ ᠬᠦᠭᠵᠢᠯᠳᠡ ᠶᠢᠨ ᠠᠰᠢᠭ ᠳᠤᠰᠠ ᠶᠢᠨ ᠳᠤᠯᠠᠳᠠ ᠠᠰᠢᠭ ᠲᠠᠢ ᠵᠢᠯᠤᠭᠤᠳᠤᠮᠵᠢ ᠶᠢᠨ ᠪᠠᠶᠢᠭᠤᠯᠤᠮᠵᠢ ᠶᠢ ᠤᠯᠠᠮ ᠨᠢᠬᠡ ᠠᠯᠬᠤᠮ ᠪᠠᠶᠢᠭᠤᠯᠵᠦ᠂ ᠡᠮᠡᠭᠳᠡᠶᠢᠴᠤᠳ ᠤᠨ ᠬᠦᠭᠵᠢᠯᠳᠡ ᠪᠤᠯᠤᠨ ᠡᠷᠡᠭᠳᠡᠢ ᠡᠮᠡᠭᠳᠡᠢ ᠡᠷᠬᠡ ᠳᠡᠭᠰᠢ ᠪᠠᠶᠢᠬᠤ ᠶᠢ ᠠᠬᠢᠭᠤᠯᠵᠦ᠂ ᠶᠠᠳᠠᠭᠤ ᠬᠦᠴᠢᠷᠳᠡᠯᠳᠡᠢ ᠬᠡᠷ ᠪᠦᠯᠢ ᠳᠤ ᠨᠠᠮ ᠪᠠ ᠤᠯᠤᠰ ᠤᠨ ᠬᠠᠶᠢᠷ᠎ᠠ ᠬᠠᠯᠠᠮᠵᠢ ᠶᠢ ᠨᠡᠩ ᠢᠯᠡᠬᠦᠦ ᠪᠠᠷ ᠬᠦᠷᠳᠡᠬᠡᠬᠦ ᠶᠢᠨ ᠳᠤᠯᠠᠳᠠ᠂ 11 ᠰᠠᠷ᠎ᠠ ᠶᠢᠨ 16᠎ ᠤ ᠡᠳᠦᠷ᠂ ᠠᠪᠠᠭ᠎ᠠ ᠬᠤᠰᠢᠭᠤ ᠨᠢ ︽ᠦᠬᠢᠳ ᠢ ᠬᠠᠯᠠᠮᠵᠢᠯᠠᠵᠦ᠂ ᠰᠤᠷᠤᠯᠭ᠎ᠠ ᠶᠢ ᠳᠡᠳᠬᠦᠬᠦ︾ ᠶᠠᠳᠠᠭᠤ ᠬᠦᠴᠢᠷᠳᠡᠯᠳᠡᠢ ᠰᠤᠷᠤᠭᠴᠢᠳ ᠲᠤ ᠳᠡᠳᠬᠦᠮᠵᠢ ᠶᠢᠨ ᠮᠦᠩᠬᠦ ᠳᠠᠷᠬᠠᠭᠠᠬᠤ ᠶᠤᠰᠤᠯᠠᠯ ᠬᠢᠵᠦ᠂ ᠪᠦᠬᠦ ᠬᠤᠰᠢᠭᠤᠨ ᠤ ᠳᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠶᠢᠨ ᠳᠤᠳᠤᠷᠠᠬᠢ ᠲᠦᠯᠦᠪᠯᠡᠯᠬᠡᠳᠦ ᠦᠷᠡᠵᠢᠯ ᠤᠨ ᠭᠠᠭᠴᠠ ᠦᠬᠢᠨ ᠲᠠᠢ ᠬᠡᠷ ᠪᠦᠯᠢ ᠪᠤᠯᠤᠨ ᠬᠤᠶᠠᠷ ᠦᠬᠢᠨ ᠲᠠᠢ ᠬᠡᠷ ᠪᠦᠯᠢ ᠶᠢᠨ 57 ᠰᠤᠷᠤᠭᠴᠢ ᠲᠤ ᠰᠤᠷᠤᠭᠴᠢ ᠨᠢᠬᠡᠪᠦᠷᠢ ᠶᠢᠨ 500 ᠳᠦᠬᠦᠷᠢᠭ ᠤᠨ ᠰᠤᠷᠤᠯᠭ᠎ᠠ ᠳᠡᠳᠬᠦᠬᠦ ᠮᠦᠩᠬᠦ ᠳᠠᠷᠬᠠᠭᠭᠠᠰᠠᠨ ᠪᠠᠶᠢᠨ᠎ᠠ᠃          ᠶᠤᠰᠤᠯᠠᠯ ᠳᠡᠬᠡᠷ᠎ᠡ ᠬᠤᠰᠢᠭᠤ ᠲᠡᠳ᠋ ᠳᠠᠷᠤᠭ᠎ᠠ ᠮᠠᠯᠴᠢᠨᠬᠦᠦ ᠶᠠᠷᠢᠶ᠎ᠠ ᠬᠢᠵᠦ ᠵᠢᠭᠠᠬᠤ ᠳᠠᠭᠠᠨ᠄ ︽ᠦᠬᠢᠳ ᠢ ᠬᠠᠯᠠᠮᠵᠢᠯᠠᠵᠦ᠂ ᠰᠤᠷᠤᠯᠭ᠎ᠠ ᠶᠢ ᠳᠡᠳᠬᠦᠬᠦ︾ ᠠᠵᠢᠯᠯᠠᠭ᠎ᠠ ᠪᠤᠯ ᠬᠦᠮᠦᠨ ᠠᠮᠠ ᠶᠢᠨ ᠠᠮᠤᠷ ᠳᠦᠪᠰᠢᠨ ᠢ ᠪᠠᠳᠤᠯᠠᠵᠦ᠂ ᠡᠶ᠎ᠡ ᠵᠤᠬᠢᠴᠠᠯᠳᠤ ᠨᠡᠶᠢᠬᠡᠮ ᠢ ᠴᠤᠭᠴᠠᠯᠠᠬᠤ ᠶᠢᠨ ᠱᠠᠭᠠᠷᠳᠠᠯᠭ᠎ᠠ᠂ ᠡᠮᠡᠭᠳᠡᠶᠢᠴᠤᠳ ᠤᠨ ᠬᠠᠤᠯᠢ ᠶᠤᠰᠤᠨ ᠎ ᠤ ᠡᠷᠬᠡ ᠠᠰᠢᠭ ᠢ ᠬᠠᠮᠠᠭᠠᠯᠠᠵᠦ᠂ ᠰᠢᠨ᠎ᠡ ᠬᠡᠯᠪᠡᠷᠢ ᠶᠢᠨ ᠲᠦᠯᠦᠪᠯᠡᠯᠬᠡᠳᠦ ᠦᠷᠡᠵᠢᠯ ᠤᠨ ᠰᠤᠶᠤᠯ ᠢ ᠪᠦᠳᠦᠬᠡᠨ ᠪᠠᠶᠢᠭᠤᠯᠬᠤ ᠶᠢᠨ ᠱᠠᠭᠠᠷᠳᠠᠯᠭ᠎ᠠ᠂ ᠮᠦᠨ ᠴᠤ ᠶᠠᠳᠠᠭᠤ ᠬᠦᠴᠢᠷᠳᠡᠯᠳᠡᠢ ᠬᠦᠮᠦᠰ ᠢ ᠳᠡᠳᠡᠬᠦᠵᠦ᠂ ᠶᠠᠳᠠᠭᠤ ᠠᠴᠠ ᠠᠩᠬᠢᠵᠢᠷᠠᠭᠤᠯᠵᠦ ᠪᠠᠬᠢᠯᠡᠯᠳᠡ ᠰᠢᠪᠳᠤᠯᠬᠤ ᠶᠢᠨ ᠱᠠᠭᠠᠷᠳᠠᠯᠭ᠎ᠠ ᠮᠦᠨ᠃ ᠰᠤᠷᠤᠯᠭ᠎ᠠ ᠳᠡᠳᠬᠦᠬᠦ ᠮᠦᠩᠬᠦ ᠶᠢ ᠬᠦᠷᠳᠡᠭᠰᠡᠨ ᠶᠠᠳᠠᠭᠤ ᠬᠦᠴᠢᠷᠳᠡᠯᠳᠡᠢ ᠬᠡᠷ ᠪᠦᠯᠢ ᠶᠢᠨ ᠡᠮᠡᠭᠳᠡᠢ ᠬᠡᠦᠬᠡᠳ ᠤᠳ ᠰᠤᠷᠤᠯᠭ᠎ᠠ ᠬᠢᠴᠢᠶᠡᠯ ᠳᠡᠭᠡᠨ ᠰᠢᠮᠳᠠᠵᠦ᠂ ᠡᠷᠡᠬᠦᠯ ᠴᠢᠬᠢᠷᠠᠭ ᠦᠰᠦᠨ ᠪᠤᠶᠢᠵᠢᠭᠠᠷᠠᠢ ᠬᠡᠵᠦ ᠬᠦᠰᠡᠨ ᠨᠠᠶᠢᠳᠠᠭᠰᠠᠨ ᠪᠠᠶᠢᠨ᠎ᠠ᠃ ᠡᠬᠦᠨ ᠤ ᠬᠠᠮᠳᠤ᠂ ᠨᠡᠶᠢᠬᠡᠮ ᠤᠨ ᠡᠯ᠎ᠡ ᠡᠳᠡᠬᠡᠳ ᠤᠨ ᠬᠢᠨ ᠰᠢᠨ᠎ᠡ ᠬᠡᠯᠪᠡᠷᠢ ᠶᠢᠨ ᠲᠦᠯᠦᠪᠯᠡᠯᠬᠡᠳᠦ ᠦᠷᠡᠵᠢᠯ ᠤᠨ ᠰᠤᠶᠤᠯ ᠪᠤᠯᠤᠨ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠢᠨᠵᠧᠨᠧᠷᠢᠩ ᠢ ᠦᠷᠬᠦᠯᠵᠢᠯᠡᠨ ᠬᠠᠯᠠᠮᠵᠢᠯᠠᠵᠦ᠂ ᠡᠮᠡᠭᠳᠡᠢ ᠬᠡᠦᠬᠡᠳ ᠤᠨ ᠤᠷᠤᠰᠢᠨ ᠳᠤᠭᠳᠠᠨᠢᠵᠦ ᠬᠦᠭᠵᠢᠬᠦ ᠳᠤ ᠳᠤᠬᠢᠷᠠᠮᠵᠢᠳᠠᠢ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠪᠠ ᠨᠡᠶᠢᠬᠡᠮ ᠤᠨ ᠤᠷᠴᠢᠨ ᠢ ᠪᠦᠷᠢᠯᠳᠦᠬᠦᠯᠵᠦ᠂ ᠨᠡᠩ ᠤᠯᠠᠨ ᠲᠦᠯᠦᠪᠯᠡᠯᠬᠡᠳᠦ ᠦᠷᠡᠵᠢᠯ ᠤᠨ ᠬᠡᠷ ᠪᠦᠯᠢ ᠪᠤᠯᠤᠨ ᠶᠠᠳᠠᠭᠤ ᠬᠦᠴᠢᠷᠳᠡᠯᠳᠡᠢ ᠬᠡᠷ ᠪᠦᠯᠢ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠳᠡᠭᠡᠬᠦ ᠶᠢ ᠬᠦᠰᠡᠨ ᠨᠠᠶᠢᠳᠠᠭᠰᠠᠨ ᠪᠠᠶᠢᠨ᠎ᠠ᠃        ᠪᠡᠯᠬᠦᠳᠡᠢ ᠪᠠᠯᠭᠠᠰᠤᠨ ᠤ ᠪᠤᠨᠳᠠᠷᠢ ᠭᠠᠴᠠᠭᠠᠨ ᠤ ᠰᠤᠷᠤᠯᠭ᠎ᠠ ᠳᠡᠳᠬᠦᠬᠦ ᠮᠦᠩᠬᠦ ᠶᠢ ᠬᠦᠷᠳᠡᠭᠰᠡᠨ ᠰᠤᠷᠤᠭᠴᠢ ᠶᠢᠨ ᠬᠡᠷ ᠤᠨ ᠠᠬᠠᠮᠠᠳ ᠰᠡᠷᠬᠦᠯᠡᠩ᠄—— ᠨᠠᠮ ᠵᠠᠰᠠᠭ ᠤᠨ ᠳᠤᠰᠠᠯᠠᠮᠵᠢ ᠳᠤ ᠳᠤᠩ ᠳᠠᠯᠠᠷᠬᠠᠵᠦ ᠪᠠᠶᠢᠨ᠎ᠠ᠂ ᠡᠶᠢᠮᠦ ᠰᠠᠶᠢᠨ ᠲᠦᠷᠦ ᠶᠢᠨ ᠪᠤᠳᠤᠯᠭ᠎ᠠ ᠎ ᠶᠢᠨ ᠳᠤᠤᠷ᠎ᠠ᠂ ᠮᠢᠨᠦ ᠦᠬᠢᠨ ᠤᠯᠠᠮ ᠴᠢᠷᠮᠠᠶᠢᠨ ᠰᠤᠷᠤᠯᠴᠠᠵᠦ᠂ ᠤᠯᠤᠰ ᠨᠡᠶᠢᠬᠡᠮ ᠳᠡᠭᠡᠨ ᠬᠡᠷᠡᠭᠴᠡᠭᠡ ᠲᠠᠢ ᠬᠦᠮᠦᠨ ᠪᠤᠯᠤᠨ᠎ᠠ ᠬᠡᠳᠡᠭ ᠲᠤ ᠢᠳᠡᠬᠡᠯ ᠲᠠᠢ ᠪᠠᠶᠢᠨ᠎ᠠ ᠬᠡᠵᠦ ᠪᠦᠬᠦ ᠳᠤᠰᠠᠯᠠᠮᠵᠢ ᠬᠦᠷᠳᠡᠭᠰᠡᠨ ᠰᠤᠷᠤᠭᠴᠢᠳ ᠢ ᠲᠦᠯᠦᠬᠡᠯᠡᠨ ᠶᠠᠷᠢᠯ᠎ᠠ᠃
 
ᠢᠷᠡᠯᠲᠡ᠄ ᠬᠠᠰᠭᠤᠸ᠎ᠠ ᠵᠤᠤ ᠵᠢᠶᠠ ᠰᠢᠨ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号