ᠠᠪᠠᠭ᠎ᠠ ᠬᠤᠰᠢᠭᠤᠨ ᠤ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠪᠯᠡᠷᠡᠩᠭᠦᠢ ᠤᠬᠠᠭᠤᠯᠤᠨ ᠲᠠᠶᠢᠯᠪᠤᠷᠢᠯᠠᠬᠤ ᠰᠢᠷᠢᠰ ᠮᠡᠳᠡᠭᠡᠯᠡᠯ ︵ᠨᠢᠭᠡ︶
ᠨᠡᠶᠢᠲᠡᠯᠡᠭᠰᠡᠨ ᠴᠠᠭ᠄
2017/11/25
        11 ᠰᠠᠷ᠎ᠠ ᠶᠢᠨ 22᠂ 23 ᠬᠤᠶᠠᠷ ᠡᠳᠦᠷ᠂ ᠮᠠᠨ ᠤ ᠬᠤᠰᠢᠭᠤᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ ᠨᠢ ᠲᠤᠰ ᠲᠤᠰ ᠨᠠᠷᠡᠨᠪᠤᠯᠠᠭ ᠰᠤᠮᠤ᠂ ᠪᠠᠶᠠᠨᠲᠤᠭ ᠰᠤᠮᠤ᠂ ᠵᠢᠷᠭᠠᠯᠠᠩᠲᠦ ᠰᠤᠮᠤ᠂ ᠶᠡᠬᠡᠭᠤᠤᠯ ᠰᠤᠮᠤᠨ ᠳᠤ ᠭᠦᠨᠵᠡᠭᠡᠶᠢᠷᠡᠵᠦ᠂ ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠤᠬᠠᠭᠤᠯᠤᠨ  ᠲᠠᠶᠢᠯᠪᠤᠷᠢᠯᠠᠬᠤ ᠠᠵᠢᠯᠯᠠᠭ᠎ᠠ ᠶᠢ ᠦᠷᠨᠢᠬᠦᠯᠦᠭᠰᠡᠨ ᠢᠶᠠᠷ᠂ ᠮᠠᠨ ᠤ ᠬᠤᠰᠢᠭᠤᠨ ᠤ ᠲᠦᠪᠯᠡᠷᠡᠩᠭᠦᠢ ᠤᠬᠠᠭᠤᠯᠤᠨ ᠲᠠᠶᠢᠯᠪᠦᠷᠢᠯᠠᠬᠤ ᠠᠵᠢᠯ ᠨᠢ ᠡᠶᠢᠨᠬᠦ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃        ᠤᠬᠠᠭᠤᠯᠤᠨ ᠲᠠᠶᠢᠯᠪᠦᠷᠢᠯᠠᠬᠤ ᠪᠦᠯᠬᠦᠮ ᠤᠨ ᠬᠡᠰᠢᠬᠦᠨ᠂ ᠬᠤᠰᠢᠭᠤ ᠨᠠᠮ ᠤᠨ ᠰᠤᠷᠭᠠᠭᠤᠯᠢ ᠶᠢᠨ ᠪᠠᠶᠢᠩᠭᠤ ᠎ ᠶᠢᠨ ᠳᠡᠳ᠋ ᠵᠠᠬᠢᠷᠤᠯ ᠪᠤᠦ ᠶᠢᠨ ᠭᠠᠩ᠂ ᠵᠢᠷᠭᠠᠯᠠᠩᠲᠤ ᠰᠤᠮᠤᠨ ᠤ ᠤᠬᠠᠭᠤᠯᠬᠤ ᠬᠡᠰᠢᠭᠦᠨ ᠤᠶᠤᠨᠪᠢᠯᠢᠭ᠌ ᠠᠴᠠ ᠮᠠᠯᠵᠢᠬᠤ ᠤᠷᠤᠨ ᠤ ᠪᠤᠳᠠᠲᠤ ᠪᠠᠶᠢᠳᠠᠯ ᠎ ᠲᠠᠢ ᠤᠶᠠᠯᠳᠤᠭᠤᠯᠤᠨ᠂ ᠪᠤᠳᠠᠲᠤ ᠵᠢᠱᠢᠶ᠎ᠠ ᠶᠢ ᠠᠰᠢᠭᠯᠠᠵᠦ ᠪᠠᠶᠢᠭᠠᠳ ᠰᠤᠮᠤᠨ ᠤ ᠺᠠᠲᠠᠷᠴᠤᠳ᠂ ᠨᠠᠮ ᠤᠨ ᠬᠡᠰᠢᠬᠦᠳ ᠵᠢᠴᠢ ᠮᠠᠯᠴᠢᠨ ᠲᠦᠮᠡᠨ ᠳᠤ ᠨᠠᠮ ᠎ ᠤᠨ ᠠᠷᠪᠠ ᠶᠢᠰᠤᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ  ᠲᠠᠶᠢᠯᠪᠦᠷᠢᠯᠠᠵᠠᠢ᠃        ᠮᠡᠳᠡᠭᠦᠯᠦᠯᠲᠠ ᠶᠢᠨ ᠬᠤᠷᠠᠯ ᠳᠡᠭᠡᠷ᠎ᠡ᠂ ᠪᠤᠤ ᠶᠢᠨ ᠭᠠᠩ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠴᠢᠬᠤᠯᠠ ᠠᠴᠢ ᠬᠤᠯᠪᠤᠭᠳᠠᠯ᠂ ᠲᠠᠪᠤᠨ ᠵᠢᠯ ᠤᠨ ᠲᠤᠷᠰᠢᠬᠢ ᠬᠡᠷᠡᠯ ᠰᠠᠴᠤᠷᠠᠩᠭᠤᠢ ᠠᠮᠵᠢᠯᠲᠠ ᠪᠤᠯᠤᠨ ᠲᠡᠦᠬᠡᠲᠤ ᠴᠢᠨᠠᠷᠲᠠᠢ  ᠬᠤᠪᠢᠰᠤᠯᠳᠠ ᠶᠢᠨ ᠲᠤᠭᠤᠷᠢᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ᠂ ᠰᠢᠨ᠎ᠡ ᠴᠠᠭ ᠦᠶ᠎ᠡ ᠳᠠᠬᠢ  ᠮᠠᠨ ᠎ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠳᠤ ᠬᠤᠪᠢᠷᠠᠯᠳᠠ ᠭᠠᠷᠤᠭᠰᠠᠨ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠪᠠ ︽ᠬᠤᠶᠠᠷ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ᠂ ᠨᠠᠮ ᠢ ᠴᠢᠩᠭ᠎ᠠ ᠵᠠᠰᠠᠬᠤ ᠵᠡᠷᠭᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠤᠨ ᠢᠯᠡᠳᠭᠡᠯ ᠳᠤ ᠳᠤᠷᠠᠳᠤᠭᠰᠠᠨ ᠰᠢᠨ᠎ᠡ ᠳᠤᠷᠠᠳᠤᠯᠭ᠎ᠠ᠂ ᠰᠢᠨ᠎ᠡ ᠮᠠᠭᠠᠳᠯᠠᠯᠳᠠ᠂ ᠰᠢᠨ᠎ᠡ‌ᠦᠵᠡᠯ ᠰᠠᠨᠠᠭ᠎ᠠ᠂ ᠰᠢᠨ᠎ᠠ ᠠᠶᠠᠯᠠᠯ ᠢ ᠬᠦᠨᠵᠡᠭᠡᠢ ᠪᠦᠭᠡᠳ ᠤᠶᠢᠯᠭᠠᠮᠵᠢᠲᠠᠢ ᠤᠩᠰᠢᠨ ᠲᠠᠶᠢᠯᠪᠦᠷᠢᠯᠠᠵᠤ᠂ ᠪᠠᠰᠠ ᠮᠠᠯᠵᠢᠬᠤ ᠤᠷᠤᠨ ᠤ ᠦᠨᠳᠦᠰᠦᠨ ᠱᠠᠲᠤᠨ ᠎ ᠤ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠳᠠ ᠎ ᠶᠢᠨ ᠲᠠᠯ᠎ᠠ ᠪᠠᠷ ᠭᠤᠤᠯᠳᠠᠯᠭ᠎ᠠ ᠲᠠᠢ ᠤᠩᠰᠢᠨ ᠳᠤᠳᠤᠷᠬᠠᠶᠢᠯᠠᠵᠦ  ᠲᠠᠶᠢᠯᠪᠤᠷᠢᠯᠠᠯᠳᠠ ᠬᠢᠭᠰᠡᠨ ᠪᠠᠶᠢᠨ᠎ᠠ᠃       ᠤᠶᠤᠨᠪᠢᠯᠢᠭ᠌‌ᠡᠴᠠ ᠨᠠᠮ ᠤᠨ ᠠᠷᠪᠠ ᠶᠢᠰᠦᠳᠦᠭᠡᠷ ᠶᠡᠭᠡ‌ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠤᠨ᠂ ᠮᠠᠯᠵᠢᠬᠤ ᠤᠷᠤᠨ ᠤ ᠦᠭᠡᠷᠡᠴᠢᠯᠡᠯᠲᠠ ᠬᠦᠭᠵᠢᠯᠲᠡ ᠶᠢᠨ ᠲᠤᠭᠲᠠᠭᠤᠨ ᠪᠠᠶᠢᠳᠠᠯ ᠲᠠᠢ ᠬᠤᠯᠪᠤᠭᠳᠠᠬᠤ ᠦᠵᠡᠰᠬᠦᠯᠡᠩᠲᠤ  ᠰᠠᠶᠢᠬᠠᠨ ᠳᠤᠮᠳᠠᠳᠤ ᠤᠯᠤᠰ ᠢ ᠪᠦᠲᠤᠭᠡᠨ ᠪᠠᠶᠢᠭᠤᠯᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ  ᠪᠠᠶᠢᠯᠳᠤᠬᠤ ᠪᠤᠳᠤᠯᠭ᠎ᠠ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠦᠯᠲᠠ ᠵᠡᠷᠭᠡ ᠭᠤᠤᠯ ᠰᠡᠳᠤᠪ ᠤᠨ ᠲᠤᠭᠤᠷᠢᠨ ᠳᠤ᠂ ᠮᠠᠯᠵᠢᠬᠤ ᠤᠷᠤᠨ ᠤ ᠬᠦᠭᠵᠢᠯᠲᠡ ᠶᠢᠨ ᠤᠳᠤᠬᠢ ᠪᠠᠶᠢᠳᠠᠯ ᠲᠠᠢ ᠤᠶᠠᠯᠳᠤᠭᠤᠯᠵᠦ ᠪᠠᠶᠢᠭᠠᠳ ᠪᠦᠬᠦ ᠲᠠᠯ᠎ᠡ ᠪᠠᠷ ᠨᠠᠷᠢᠯᠢᠭ ᠤᠬᠠᠭᠤᠯᠤᠨ ᠲᠠᠶᠢᠯᠪᠤᠷᠢᠯᠠᠵᠠᠢ᠃ ᠤᠬᠠᠭᠤᠯᠤᠨ ᠲᠠᠶᠢᠯᠪᠦᠷᠢᠯᠠᠯᠲᠠ ᠶᠢ ᠰᠤᠨᠤᠰᠤᠭᠰᠠᠨ ᠤ ᠳᠠᠷᠠᠭ᠎ᠠ᠂ ᠨᠠᠷᠠᠨᠪᠤᠯᠠᠭ ᠰᠤᠮᠤᠨ ᠤ ᠪᠠᠶᠠᠨᠰᠢᠯᠢ ᠭᠠᠴᠠᠭᠠᠨ ᠤ ᠨᠠᠮ ᠤᠨ ᠡᠭᠦᠷ ᠤᠨ ᠱᠦᠵᠢ ᠭᠠᠩᠵᠤᠷᠢᠭ ᠶᠠᠷᠢᠬᠤ ᠳᠠᠭᠠᠨ : —— ᠦᠨᠦᠳᠦᠷ ᠮᠠᠨ ᠤ ᠬᠤᠰᠢᠭᠤᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ ᠮᠠᠨ ᠤ ᠰᠤᠮᠤᠨ  ᠳᠤ ᠢᠷᠡᠵᠤ ᠨᠠᠮ ‍ᠤᠨ‌ᠠᠷᠪᠠ ᠶᠢᠰᠤᠳᠦᠭᠡᠷ  ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠯ᠎ᠠ᠂ ᠮᠢᠨᠦ ᠬᠤᠪᠢ ᠳᠤ ᠤᠯᠤᠰ ᠲᠦᠷᠦ ᠶᠢᠨ ᠤᠬᠠᠮᠰᠠᠷ ᠤᠯᠠᠮ ᠦᠨᠳᠤᠷ ᠪᠤᠯᠵᠦ᠂ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠦᠮ ᠰᠢᠨ᠎ᠡ‌ᠠᠶᠠᠯᠠᠯ ᠢᠶᠠᠷ ᠵᠠᠮᠨᠠᠬᠤ᠂ ︽ ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠲᠠᠯ᠎ᠠ ᠪᠠᠷ ᠤᠯᠠᠮ ᠭᠦᠨᠵᠡᠭᠡᠢ ᠲᠠᠨᠢᠯᠲᠠ ᠲᠠᠢ ᠪᠤᠯᠵᠠᠢ᠂ ᠨᠢᠭᠡᠨ ᠨᠠᠮ ᠤᠨ ᠬᠡᠰᠢᠬᠦᠨ ᠺᠠᠲᠠᠷ ᠪᠤᠯᠤᠭᠰᠠᠨ ᠤ ᠬᠤᠪᠢ ᠳᠤ᠂ ᠭᠠᠴᠠᠭᠠᠨ ᠤ ᠮᠠᠯᠴᠢᠳ ᠢᠶᠠᠨ ᠳᠠᠭᠠᠭᠤᠯᠤᠨ᠂ ᠨᠠᠷᠢᠨ ᠬᠢᠨᠠᠮᠠᠭᠠᠢ ᠪᠠᠷ ᠨᠠᠮ ᠤᠨ ᠠᠷᠪᠠ ᠶᠢᠰᠤᠳᠦᠭᠡᠷ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠵᠦ ᠬᠤᠶᠢᠰᠢᠳᠠ ᠶᠢᠨ ᠠᠵᠢᠯ ᠪᠠᠨ ᠤᠯᠠᠮ ᠰᠠᠶᠢᠨ ᠦᠷᠨᠢᠭᠦᠯᠦᠨ᠎ᠡ  ᠭᠡᠯ᠎ᠡ᠃ ᠪᠠᠶᠠᠨᠲᠤᠭ ᠰᠤᠮᠤᠨ ᠤ ᠨᠠᠮ ᠤᠨ ᠬᠤᠷᠢᠶᠠᠨ ᠤ ᠱᠦᠵᠢ ᠴᠤᠭᠲᠤ᠄ —— ᠮᠠᠨ ᠤ ᠬᠤᠰᠢᠭᠤ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯᠯᠠᠭ᠎ᠠ ᠶᠢ  ᠲᠤᠩ ᠲᠦᠷᠭᠡᠨ ᠬᠤᠭᠤᠴᠠᠭᠠᠨ ᠳᠤ ᠲᠤᠬᠢᠷᠠᠭᠤᠯᠵᠦ᠂ ᠡᠯ᠎ᠡ ᠱᠠᠳᠤᠨ ᠎ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠤᠬᠠᠭᠤᠯᠤᠨ ᠲᠠᠶᠢᠯᠪᠤᠷᠢᠯᠠᠬᠤ ᠬᠦᠳᠡᠯᠭᠡᠭᠡᠨ ᠢᠶᠠᠨ ᠦᠷᠨᠢᠬᠦᠯᠵᠦ ᠡᠬᠢᠯᠡᠵᠠᠢ᠃ ᠬᠤᠷᠠᠯ ᠬᠤᠷᠠᠯᠳᠤᠭᠠᠳ ᠰᠠᠷ᠎ᠡ ᠪᠤᠯᠤᠭ᠎ᠠ ᠦᠭᠡᠢ ᠬᠤᠭᠤᠴᠠᠭᠠᠨ ᠳᠤ ᠪᠦᠬᠦ ᠤᠯᠤᠰ ᠤᠨ ᠡᠯ᠎ᠡ ᠱᠠᠲᠤᠨ ᠎ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠲᠠᠶᠢᠯᠪᠦᠷᠢᠯᠠᠯᠲᠠ ᠬᠢᠵᠦ ᠡᠬᠢᠯᠡᠬᠦ ᠳᠤ᠂ ᠮᠠᠨ ᠤ ᠬᠤᠰᠢᠭᠤᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ ᠴᠦ ᠰᠤᠮᠤ ᠪᠠᠯᠭᠠᠰᠤᠨ ᠤ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠠᠮ ᠤᠨ ᠠᠷᠪᠠ‌‍ᠶ᠋ᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠮᠠᠯᠴᠢᠨ ᠲᠦᠮᠡᠨ ᠳᠡᠭᠡᠨ ᠤᠬᠠᠭᠤᠯᠤᠨ ᠲᠠᠶᠢᠯᠪᠦᠷᠢᠯᠠᠵᠤ᠂ ᠴᠠᠭ ᠢ ᠵᠠᠪᠳᠤᠨ ᠲᠤᠰ ᠬᠤᠷᠠᠯ ᠢ ᠬᠢᠯ᠎ᠡ ᠭᠡᠵᠦ ᠦᠵᠡᠵᠦ ᠪᠠᠶᠢᠨ᠎ᠠ᠃  ᠳᠠᠷᠠᠭ᠎ᠠ ᠨᠢ᠂ ᠮᠠᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ ᠤᠨ ᠤᠳᠤᠷᠢᠳᠤᠯᠭ᠎ᠠ ᠪᠠᠭᠰᠢᠨᠠᠷ  ᠎ ᠤᠨ  ᠤᠬᠠᠭᠤᠯᠤᠨ ᠲᠠᠶᠢᠯᠪᠤᠷᠢᠯᠠᠯᠳᠠ ᠬᠢᠬᠦ ᠪᠡᠯᠡᠳᠬᠡᠯ ᠠᠵᠢᠯ ᠪᠦᠷᠢᠨ ᠭᠦᠢᠴᠡᠳ᠂ ᠲᠦᠭᠦᠮ ᠠᠪᠰᠠᠷᠬᠠᠨ ᠮᠦᠷᠲᠡᠭᠡᠨ ᠭᠤᠤᠯᠳᠠᠯᠭ᠎ᠠ  ᠶᠢ ᠠᠳᠬᠤᠵᠦ ᠤᠬᠠᠭᠤᠯᠤᠨ ᠲᠠᠶᠢᠯᠪᠦᠷᠢᠯᠠᠭᠰᠠᠨ ᠪᠠᠶᠢᠨ᠎ᠠ᠃ ᠡᠬᠦᠨ ᠤ ᠬᠠᠮᠳᠤ ᠬᠤᠰᠢᠭᠤᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ  ᠲᠤᠤᠷ ᠰᠦᠯᠵᠢᠶ᠎ᠡ᠂ ᠰᠤᠨᠢᠨ ᠮᠡᠳᠡᠭᠡᠨ ᠤ ᠵᠠᠭᠤᠴᠢᠯᠠᠭᠤᠷ᠂ ᠸᠢᠴᠠᠲ ᠳᠠᠪᠴᠠᠩ ᠵᠡᠷᠭᠡ ᠶᠢ ᠠᠰᠢᠭᠯᠠᠨ ᠮᠤᠩᠭᠤᠯ ᠬᠢᠲᠠᠳ ᠬᠡᠯᠡ  ᠎ ᠪᠠᠷ ᠮᠠᠨ ᠤ ᠦᠷᠭᠡᠨ ᠤᠯᠠᠨ ᠮᠠᠯᠴᠢᠨ ᠳᠤ ᠶᠡᠭᠡ ᠬᠤᠷᠠᠯ ᠤᠨ ᠵᠤᠷᠢᠭ ᠰᠠᠨᠠᠭ᠎ᠠ ᠶᠢ   ᠤᠯᠠᠮᠵᠢᠯᠠᠭᠰᠠᠨ ᠪᠠᠶᠢᠨ᠎ᠠ᠃ ᠳᠠᠷᠠᠭ᠎ᠠ ᠠᠯᠬᠤᠮ ᠳᠤ ᠮᠠᠨ ᠤ ᠰᠤᠮᠤ ᠨᠢ ᠨᠠᠮ ᠤᠨ ᠠᠷᠪᠠ ᠶᠢᠰᠦᠳᠦᠭᠡᠷ  ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠦ᠂ ᠮᠠᠨ ᠤ ᠰᠤᠮᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ᠡᠯ᠎ᠡ ᠭᠠᠴᠠᠭᠠᠨ ᠳᠤ ᠭᠦᠨᠵᠡᠭᠡᠶᠢᠷᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠮᠠᠯᠴᠢᠠ ᠲᠦᠮᠡᠨ ᠳᠡᠭᠡᠨ ᠴᠠᠭ ᠳᠤᠬᠠᠢ ᠳᠤᠨᠢ ᠤᠬᠠᠭᠤᠯᠤᠨ  ᠲᠠᠶᠢᠯᠪᠤᠷᠢᠯᠠᠬᠤ ᠪᠤᠯᠤᠨ᠎ᠠ᠃ᠨᠠᠷᠡᠨᠪᠤᠯᠠᠭ ᠰᠤᠮᠤᠨ ᠤ ᠨᠠᠷᠠᠲᠤ ᠭᠠᠴᠠᠭᠠᠨ ᠤ ᠨᠠᠮ ᠤᠨ ᠬᠡᠰᠢᠭᠦᠨ ᠤ  ᠭᠤᠤᠯᠳᠠᠯᠭᠠᠳᠤ ᠡᠷᠦᠬᠡ‌ᠤᠯᠠᠭᠠᠨᠪᠠᠶᠠᠷ  ᠄——  ᠰᠢ ᠶᠢᠨ ᠫᠢᠩ ᠶᠡᠷᠦᠩᠭᠡᠢ ᠱᠦᠵᠢ ᠶᠢᠨ ᠶᠠᠷᠢᠭᠰᠠᠨ᠂ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ  ᠪᠠᠶᠢᠭᠤᠯᠵᠦ᠂ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠶᠢ ᠤᠷᠳᠤᠳᠬᠠᠬᠤ ᠵᠡᠷᠭᠡ ᠲᠦᠷᠦ ᠶᠢᠨ ᠪᠤᠳᠤᠯᠭ᠎ᠠ ᠨᠢ ᠮᠠᠨ ᠤ ᠮᠠᠯᠴᠢᠳ ᠲᠤ ᠲᠤᠩ ᠶᠡᠭᠡ ᠠᠰᠢᠭ ᠬᠦᠷᠳᠡᠭᠡᠵᠦ᠂ ᠮᠠᠯᠴᠢᠳ ᠤᠨ ᠠᠮᠢᠳᠤᠷᠠᠯ ᠪᠠ‌ᠠᠵᠤ ᠠᠬᠤᠢ ᠶᠢᠨ ᠳᠠᠷᠤᠭᠠᠰᠦ ᠶᠢ ᠲᠤᠩ ᠶᠡᠭᠡ ᠬᠦᠩᠭᠡᠯᠡᠵᠠᠢ᠃ ᠪᠢᠳᠠᠨ ᠰᠢᠭ ᠨᠠᠮ ᠎ ᠤᠨ ᠬᠡᠰᠢᠬᠦᠨ ᠭᠤᠤᠯᠳᠠᠯᠭᠠᠳᠤ ᠡᠷᠦᠭᠡ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠠᠵᠢᠯ ᠤᠨ ᠭᠤᠤᠯ ᠡᠬᠦᠷᠭᠡ ᠪᠤᠯᠭᠠᠵᠦ᠂ ᠠᠷᠠᠳ ᠤᠯᠠᠨ ᠳᠠᠭᠠᠨ ᠰᠠᠶᠢᠳᠤᠷ ᠤᠯᠠᠮᠵᠢᠯᠠᠨ ᠤᠬᠠᠭᠤᠯᠵᠦ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠬᠡᠷᠡᠭᠳᠡᠢ ᠭᠡᠵᠦ ᠪᠤᠳᠤᠵᠦ ᠪᠠᠶᠢᠨ᠎ᠠ᠃ ᠨᠠᠷᠠᠨᠪᠤᠯᠠᠭ ᠰᠤᠮᠤ᠂ ᠪᠠᠶᠠᠨᠲᠤᠭ ᠰᠤᠮᠤ᠂ ᠶᠡᠬᠡᠭᠤᠤᠯ ᠰᠤᠮᠤ᠂ ᠵᠢᠷᠭᠠᠯᠠᠩᠲᠦ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠦᠬᠦ ᠨᠠᠮ ᠤᠨ ᠬᠡᠰᠢᠬᠦᠨ ᠺᠠᠲᠠᠷ ᠠᠵᠢᠯᠲᠠᠨ᠂ ᠡᠯ᠎ᠡ ᠭᠠᠴᠠᠭᠠᠨ ᠤ ᠬᠤᠶᠠᠷ ᠵᠦᠪᠯᠡᠯ ᠤᠨ ᠺᠠᠳᠠᠷ᠂ ᠨᠠᠮ ᠤᠨ ᠬᠡᠰᠢᠭᠦᠨ ᠤ ᠭᠤᠤᠯᠳᠠᠯᠭᠠᠳᠤ ᠡᠷᠦᠬᠡ᠂ ᠰᠤᠮᠤᠨ ᠳᠤ ᠰᠠᠭᠤᠭ᠎ᠠ ᠡᠯ᠎ᠡ ᠪᠠᠶᠢᠭᠤᠯᠭ᠎ᠠ ᠨᠢᠭᠡᠴᠠ  ᠶᠢᠨ ᠠᠵᠢᠯᠲᠠᠨ ᠵᠢᠴᠢ ᠬᠢᠯᠢ ᠶᠢᠨ ᠬᠠᠮᠠᠭᠠᠯᠠᠯᠳᠠ ᠶᠢᠨ ᠴᠡᠷᠢᠭ‌ᠠᠩᠬᠢ ᠶᠢᠨ ᠴᠡᠷᠢᠭ ᠪᠠᠶᠢᠯᠳᠤᠭᠴᠢᠳ ᠵᠡᠷᠭᠡ ᠲᠦᠷᠪᠡᠨ ᠰᠤᠮᠤᠨ ᠤ ᠨᠡᠶᠢᠳᠡ 140 ᠭᠠᠷᠤᠢ ᠬᠦᠮᠦᠨ ᠤᠬᠠᠭᠤᠯᠤᠨ ᠲᠠᠶᠢᠯᠪᠦᠷᠢᠯᠠᠬᠤ ᠮᠡᠳᠡᠭᠦᠯᠦᠯᠲᠠ ᠶᠢᠨ ᠬᠤᠷᠠᠯ ᠎ ᠳᠤ ᠤᠷᠤᠯᠴᠠᠵᠠᠢ᠃
 
ᠢᠷᠡᠯᠲᠡ᠄ ᠴᠡᠯᠮᠡᠭ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ )
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号