ᠠᠪᠠᠭ᠎ᠠ ᠬᠤᠰᠢᠭᠤᠨ ᠤ ︽ᠳᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠨᠢ ᠨᠠᠰᠤᠳᠠᠶᠢᠴᠤᠳ ᠢ ᠬᠠᠯᠠᠮᠵᠢᠯᠠᠬᠤ ᠠᠵᠢᠯᠯᠠᠭ᠎ᠠ  ᠦᠷᠨᠢᠬᠦᠯᠪᠡ
ᠨᠡᠶᠢᠲᠡᠯᠡᠭᠰᠡᠨ ᠴᠠᠭ᠄
2017/11/29
       11 ᠰᠠᠷᠠᠶᠢᠨ 27 ᠡᠳᠦᠷ᠂ ᠠᠪᠠᠭ᠎ᠠ ᠬᠤᠰᠢᠭᠤᠨ ᠤ ︽ᠲᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠎ ᠨᠢ ᠪᠡᠯᠬᠦᠳᠡᠢ ᠪᠠᠯᠭᠠᠰᠤᠨ ᠤ ᠪᠠᠶᠠᠨᠴᠠᠭᠠᠨ ᠨᠡᠶᠢᠬᠡᠮ ᠲᠤᠭᠤᠷᠢᠭ ᠲᠤ ︽ᠨᠠᠰᠤᠳᠠᠶᠢᠴᠤᠳ ᠢ ᠬᠠᠯᠠᠮᠵᠢᠯᠠᠬᠤ︾ ᠠᠵᠢᠯᠯᠠᠭ᠎ᠠ ᠦᠷᠨᠢᠬᠦᠯᠪᠡ᠃       ᠠᠪᠠᠭ᠎ᠠ ᠬᠤᠰᠢᠭᠤᠨ ᠤ ︽ᠲᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠪᠤᠯ ᠤᠯᠤᠰ ᠤᠨ ᠠᠯᠪᠠᠳᠠᠨ᠂ ᠶᠡᠭᠡ ᠰᠤᠷᠭᠠᠭᠤᠯᠢ ᠶᠢᠨ ᠤᠶᠤᠳᠠᠨ᠂ ᠮᠠᠯᠴᠢᠨ ᠵᠡᠷᠭᠡ ᠡᠯ᠎ᠡ ᠡᠳᠡᠭᠡᠳ ᠤᠨ ᠰᠠᠶᠢᠨ ᠳᠤᠷᠠᠴᠤᠤᠯ ᠤᠷᠤᠯᠴᠠᠭᠰᠠᠨ ᠬᠤᠯᠪᠤᠭ᠎ᠠ ᠪᠠᠶᠢᠵᠦ᠂ 2014 ᠤᠨ ᠠᠴᠠ ᠨᠠᠰᠢᠬᠢ ᠭᠤᠷᠪᠠᠨ ᠵᠢᠯ ᠤᠨ ᠳᠤᠷᠰᠢᠳᠠ᠂ ᠬᠤᠰᠢᠭᠤ ᠨᠤᠳᠤᠭ ᠤᠨ ᠨᠠᠶᠢᠷ ᠨᠠᠭᠠᠳᠤᠮ ᠤᠨ ᠲᠠᠯᠠᠪᠠᠢ ᠳᠤ ᠬᠦᠷᠴᠦ ᠬᠤᠭ ᠨᠤᠪᠰᠢ ᠴᠡᠪᠡᠷᠯᠡᠬᠦ᠂ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ ᠤᠨ ᠬᠦᠭᠰᠢᠨ ᠨᠠᠰᠤᠳᠠᠶᠢᠴᠤᠤᠯ ᠢ ᠠᠰᠠᠷᠠᠨ ᠳᠡᠮᠵᠢᠬᠦ᠂ ᠵᠡᠮᠳᠡᠭ ᠪᠠᠭᠤᠷᠠᠢ ᠬᠡᠤᠬᠡᠳ ᠢ ᠲᠤᠰᠠᠯᠠᠨ ᠳᠡᠮᠵᠢᠬᠦ ᠵᠡᠷᠭᠡ ᠤᠯᠠᠨ ᠰᠠᠶᠢᠬᠠᠨ ᠪᠤᠶᠠᠨᠰᠠᠭ ᠦᠢᠯᠡ ᠠᠵᠢᠯᠯᠠᠭ᠎ᠠ ᠪᠠᠷ ᠢᠶᠠᠨ ᠨᠡᠶᠢᠭᠡᠮ ᠳᠤ ᠬᠠᠶᠢᠷ᠎ᠠ ᠬᠠᠯᠠᠮᠵᠢ ᠬᠦᠷᠭᠡᠵᠦ᠂ ᠬᠤᠰᠢᠭᠤ ᠨᠤᠳᠤᠭ ᠤᠨ ᠤᠯᠠᠨ ᠳᠠᠭᠠᠨ ᠲᠠᠨᠢᠭᠳᠠᠵᠦ ᠢᠷᠡᠭᠰᠡᠨ ᠪᠢᠯᠡ᠃ ︽ᠳᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠨᠢ ᠳᠤᠰ ᠤᠳᠠᠭᠠᠨ ᠤ ᠠᠵᠢᠯᠯᠠᠭ᠎ᠠ ᠪᠠᠷ ᠢᠶᠠᠨ ᠮᠠᠯᠴᠢᠨ ᠨᠠᠰᠤᠳᠠᠶᠢᠴᠤᠳ ᠢᠶᠠᠨ ᠪᠠᠶᠠᠰᠬᠠᠨ᠂ ᠳᠡᠳᠡᠨ ᠢ ᠳᠤᠬᠢᠨᠢᠭᠤᠯᠬᠤ ᠶᠢᠨ ᠬᠠᠮᠳᠤ᠂ ᠤᠯᠠᠨ ᠨᠠᠰᠤᠳᠠᠳ ᠢᠶᠠᠷ ᠪᠦᠷᠢᠯᠳᠦᠭᠰᠡᠨ ᠨᠡᠶᠢᠭᠡᠮ ᠤᠨ ᠶᠠᠳᠠᠷ ᠳᠤᠷᠤᠢ ᠬᠦᠮᠦᠰ ᠲᠤ ᠲᠤᠰᠠᠯᠠᠮᠵᠢ ᠬᠦᠷᠭᠡᠵᠦ ᠢᠷᠡᠭᠰᠡᠨ ︽ᠬᠠᠶᠢᠷ᠎ᠠ︾ ᠸᠢᠴᠠᠲ ᠤᠨ ᠬᠤᠯᠪᠤᠭᠠᠨ ᠤ ᠭᠤᠷᠪᠠᠨ ᠵᠢᠯ ᠤᠨ ᠤᠢ ᠶᠢ ᠨᠢ ᠤᠳᠬ᠎ᠠ ᠠᠭᠤᠯᠭ᠎ᠠ ᠲᠠᠢ ᠳᠡᠮᠳᠡᠭᠯᠡᠵᠦ ᠦᠭᠭᠦᠭᠰᠡᠨ ᠪᠠᠶᠢᠨ᠎ᠠ᠃       ᠪᠡᠯᠬᠦᠳᠡᠢ ᠪᠠᠯᠭᠠᠰᠤᠨ ᠤ ᠪᠤᠨᠳᠠᠷᠢ ᠭᠠᠴᠠᠭᠠᠨ ᠤ ᠮᠠᠯᠴᠢᠨ᠂ ︽ᠲᠤᠯᠭ᠎ᠠ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠨᠠᠮ ᠤᠨ ᠡᠬᠦᠷ ᠤᠨ ᠱᠦᠵᠢ᠂ ︽ᠬᠠᠶᠢᠷ᠎ᠠ︾ ᠸᠢᠴᠠᠲ ᠤᠨ ᠬᠤᠯᠪᠤᠭ᠎ᠠ ᠶᠢ ᠰᠠᠨᠠᠭᠠᠴᠢᠯᠠᠨ ᠪᠠᠶᠢᠭᠤᠯᠤᠭᠴᠢ ᠤᠶᠤᠠᠭᠡᠷᠡᠯ᠄—— ᠦᠨᠦᠳᠦᠷ ︽ᠳᠤᠯᠭ᠎ᠠ︾ ᠬᠠᠶᠢᠷ᠎ᠠ ᠬᠠᠯᠠᠮᠵᠢ ᠶᠢᠨ ᠬᠤᠯᠪᠤᠭ᠎ᠠ ᠨᠢ ᠮᠠᠨ ᠤ ︽ᠬᠠᠶᠢᠷ᠎ᠠ ᠬᠤᠯᠪᠤᠭ᠎ᠠ︾ ᠎ ᠶᠢᠨ ᠮᠠᠯᠴᠢᠨ ᠨᠠᠰᠤᠳᠠᠶᠢᠴᠤᠳ ᠢ ᠳᠤᠬᠢᠨᠢᠭᠤᠯᠤᠯ᠎ᠠ᠃ ︽ᠳᠤᠯᠭ᠎ᠠ︾  ᠬᠠᠶᠢᠷ᠎ᠠ ᠬᠠᠯᠠᠮᠵᠢ ᠶᠢᠨ ᠬᠤᠯᠪᠤᠭ᠎ᠠ ᠪᠤᠯ ᠨᠡᠶᠢᠬᠡᠮ ᠤᠨ ᠤᠯᠠᠨ ᠰᠠᠶᠢᠨ ᠳᠤᠷᠠᠴᠤᠤᠯ ᠢᠶᠠᠷ ᠪᠦᠷᠢᠯᠳᠦᠭᠰᠡᠨ ᠬᠤᠯᠪᠤᠭ᠎ᠠ ᠪᠠᠶᠢᠵᠦ᠂ ᠶᠠᠳᠠᠭᠤ ᠬᠦᠴᠢᠷᠳᠡᠢ᠂ ᠬᠦᠨᠳᠦ ᠡᠪᠡᠳᠴᠢᠨ ᠲᠠᠢ ᠵᠡᠷᠬᠡ ᠬᠠᠯᠠᠮᠵᠢ ᠳᠤᠰᠠᠯᠠᠮᠵᠢ ᠬᠡᠷᠡᠭᠳᠡᠢ ᠬᠦᠮᠦᠰ ᠢ ᠳᠤᠰᠠᠯᠠᠭᠰᠠᠭᠠᠷ ᠢᠷᠡᠭᠰᠡᠨ ᠨᠡᠶᠢᠬᠡᠮ ᠳᠤ ᠨᠦᠯᠦᠬᠡ ᠳᠤᠰᠬᠠᠯ ᠲᠠᠢ ᠬᠤᠯᠪᠤᠭ᠎ᠠ ᠶᠤᠮ ᠡ ᠬᠡᠵᠦ ᠶᠠᠷᠢᠨ᠎ᠠ᠃ᠬᠦᠳᠡᠯᠭᠡᠭᠡᠨ ᠤ ᠡᠬᠢᠨ ᠳᠤ᠂ ︽ᠳᠤᠯᠭ᠎ᠠ︾᠂ ︽ᠬᠠᠶᠢᠷ᠎ᠠ︾ ᠬᠤᠶᠠᠷ ᠬᠤᠯᠪᠤᠭᠠᠨ ᠤ ᠠᠬᠠᠮᠠᠳ ᠨᠠᠮ ᠤᠨ ᠬᠡᠰᠢᠬᠦᠨ ᠂ ᠮᠠᠯᠴᠢᠳ ᠬᠠᠮᠳᠤᠪᠡᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠ ᠨᠠᠰᠤᠳᠠᠶᠢᠴᠤᠤᠯ ᠢ ᠳᠤᠬᠢᠨᠢᠭᠤᠯᠬᠤ ᠭᠠᠷ ᠤᠨ ᠪᠡᠯᠡᠭ   ᠭᠠᠷᠳᠠᠭᠤᠯᠤᠭᠰᠠᠨ ᠤ ᠬᠠᠮᠳᠤ᠂ ᠱᠠᠭ᠎ᠠ ᠨᠠᠭᠠᠳᠬᠤ ᠵᠡᠷᠭᠡ ᠤᠯᠠᠨ ᠰᠠᠶᠢᠬᠠᠨ ᠠᠵᠢᠯᠯᠭ᠎ᠠ ᠪᠠᠷ ᠳᠠᠮᠵᠢᠨ ᠠᠬᠠᠮᠠᠳ ᠨᠠᠰᠤᠳᠠᠳ ᠢᠶᠠᠨ ᠪᠠᠶᠠᠰᠬᠠᠯ᠎ᠠ᠃       ᠤᠶᠢᠯᠠᠭᠠᠭᠰᠠᠨ ᠢᠶᠠᠷ᠂ ︽ᠬᠠᠶᠢᠷ᠎ᠠ ᠬᠤᠯᠪᠤᠭ᠎ᠠ︾ ᠪᠤᠯ ᠠᠪᠠᠭ᠎ᠠ ᠬᠤᠰᠢᠭᠤᠨ ᠤ ᠲᠠᠪᠢ ᠵᠢᠷᠠᠨ ᠨᠠᠰᠤᠨ ᠤ ᠠᠬᠠᠮᠠᠳ ᠮᠠᠯᠴᠢᠨ ᠠᠴᠠ ᠠᠪᠤᠭᠠᠳ 80 ᠬᠦᠷᠦᠭᠰᠡᠨ ᠨᠠᠰᠤᠳᠠᠢ ᠪᠤᠭᠤᠷᠤᠯ ᠬᠦᠷᠳᠡᠯ᠎ᠡ ᠵᠠᠭᠤᠭᠠᠳ ᠰᠠᠶᠢᠨ ᠳᠤᠷᠠᠴᠤᠤᠯ ᠢᠶᠠᠷ ᠪᠦᠷᠢᠯᠳᠦᠭᠰᠡᠨ ᠸᠢᠴᠠᠲ ᠤᠨ ᠬᠤᠯᠪᠤᠭ᠎ᠠ ᠪᠠᠶᠢᠵᠦ᠂ ᠨᠡᠶᠢᠭᠡᠮ ᠤᠨ ᠶᠠᠳᠠᠭᠤ ᠵᠦᠳᠡᠬᠦᠦ᠂ ᠡᠪᠡᠳᠴᠢᠨ ᠵᠤᠪᠠᠯᠠᠩ ᠲᠠᠢ᠂ ᠭᠠᠮᠰᠢᠭᠳᠠᠭᠰᠠᠨ ᠭᠠᠵᠠᠷ ᠤᠷᠤᠨ ᠤ ᠬᠦᠮᠦᠰ ᠵᠡᠷᠭᠡ ᠳᠤᠷᠤᠢ ᠪᠠᠭᠤᠷᠠᠢ ᠡᠳᠡᠭᠡᠳ ᠲᠤ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠨ ᠲᠤᠰᠠᠯᠠᠮᠵᠢ ᠬᠦᠷᠬᠡᠨ᠂ ᠨᠡᠶᠢᠭᠡᠮ ᠳᠤ ᠦᠪᠡᠷ ᠤᠨ ᠬᠦᠴᠦᠨ ᠴᠢᠳᠠᠯ ᠎ ᠢᠶᠠᠨ ᠵᠤᠷᠢᠭᠤᠯᠵᠦ᠂ ᠨᠡᠮᠡᠷᠢ ᠪᠤᠯᠬᠤ ᠪᠠᠷ ᠴᠢᠷᠮᠠᠶᠢᠭᠰᠠᠭᠠᠷ ᠪᠠᠶᠢᠭ᠎ᠠ ᠶᠤᠮ᠃︽ᠬᠠᠶᠢᠷ᠎ᠠ ᠬᠤᠯᠪᠤᠭ᠎ᠠ︾᠎ ᠶᠢᠨ ᠬᠡᠰᠢᠬᠦᠨ᠂ ᠶᠡᠬᠡᠭᠤᠤᠯ ᠰᠤᠮᠤᠨ ᠤ ᠶᠡᠬᠡᠨ᠋ᠤᠰᠦ ᠭᠠᠴᠠᠭᠠᠨ ᠤ ᠮᠠᠯᠴᠢᠨ ᠴᠡᠴᠡᠭ᠄—— ᠬᠤᠶᠠᠷ ᠬᠤᠯᠪᠤᠭ᠎ᠠ ᠬᠠᠪᠰᠤᠷᠤᠭᠠᠳ ᠦᠨᠦᠳᠦᠷ ᠮᠠᠨ ᠤ ᠬᠠᠶᠢᠷ᠎ᠠ ᠬᠤᠯᠪᠤᠭ᠎ᠠ ᠶᠢᠨ ᠭᠤᠷᠪᠠᠨ ᠵᠢᠯ ᠤᠨ ᠤᠢ ᠶᠢ ᠳᠤᠷᠠᠰᠬᠠᠵᠦ ᠪᠠᠶᠢᠨ᠎ᠠ᠂ ᠡᠶᠢᠮᠦ ᠰᠠᠶᠢᠬᠠᠨ ᠠᠵᠢᠯᠯᠠᠭ᠎ᠠ ᠶᠢ ᠦᠷᠨᠢᠬᠦᠯᠵᠦ ᠪᠠᠶᠢᠭ᠎ᠠ ᠳᠤ  ᠳᠤᠩ ᠪᠠᠶᠠᠷᠯᠠᠵᠦ ᠪᠠᠶᠢᠨ᠎ᠠ᠃ ᠮᠠᠨ ᠤ ᠬᠠᠶᠢᠷ᠎ᠠ ᠬᠤᠯᠪᠤᠭ᠎ᠠ ᠨᠢ ᠦᠷᠬᠦᠯᠵᠢᠯᠡᠨ ᠰᠠᠶᠢᠬᠠᠨ ᠶᠠᠪᠤᠭᠳᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠶᠡᠷᠦᠨᠢ ᠮᠠᠨ ᠤ ᠬᠠᠶᠢᠷ᠎ᠠ ᠬᠤᠯᠪᠤᠭ᠎ᠠ ᠪᠤᠯ ᠨᠠᠷ᠎ᠠ ᠨᠢᠳᠠᠷ ᠲᠡᠭᠡᠨ ᠨᠠᠶᠢᠴᠡᠭᠰᠡᠨ ᠬᠠᠶᠢᠷ᠎ᠠ ᠨᠠᠶᠢᠷ ᠪᠢᠯᠬᠠᠭᠰᠠᠨ ᠬᠤᠯᠪᠤᠭ᠎ᠠ ᠪᠤᠯᠬᠤᠷ ᠮᠠᠨ ᠤ ᠬᠤᠯᠪᠤᠭᠠᠨ ᠳᠤ ᠤᠷᠤᠯᠴᠠᠬᠤ ᠰᠠᠶᠢᠨ ᠳᠤᠷᠠᠳᠠᠳ ᠤᠯᠠᠨ ᠪᠠᠶᠢᠳᠠᠭ᠃ ᠮᠠᠨ ᠤ ᠨᠠᠰᠤᠳᠠᠶᠢᠴᠤᠤᠯ ᠬᠤᠯᠪᠤᠭᠠᠨ ᠳᠠᠭᠠᠨ ᠦᠷᠬᠦᠯᠵᠢ ᠨᠡᠶᠢᠭᠡᠮ ᠨᠡᠶᠢᠳᠡ ᠶᠢᠨ ᠰᠠᠶᠢᠬᠠᠨ ᠶᠠᠪᠤᠳᠠᠯ᠂ ᠨᠠᠮ ᠲᠦᠷᠦ ᠎ ᠶᠢᠨ ᠰᠢᠨ᠎ᠠ ᠵᠢᠭᠠᠪᠤᠷᠢ ᠶᠢ ᠤᠯᠠᠮᠵᠢᠯᠠᠨ᠂ ᠨᠠᠩ ᠢᠯᠠᠩᠭᠤᠶ᠎ᠠ ᠮᠠᠨ ᠤ ᠬᠠᠶᠢᠷ᠎ᠠ ᠬᠤᠯᠪᠤᠭᠠᠨ ᠤ ᠱᠦᠵᠢ ᠦᠪᠡᠷ ᠤᠨ ᠪᠡᠶ᠎ᠡ ᠪᠠᠷ ᠢᠶᠠᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠵᠦ ᠦᠭᠴᠦ ᠰᠤᠷᠤᠯᠴᠠᠳᠠᠭ᠂ ᠪᠢ ᠲᠤᠰ ᠬᠠᠶᠢᠷ᠎ᠠ ᠶᠢᠨ ᠬᠤᠯᠪᠤᠭᠠᠨ ᠤ ᠨᠢᠭᠡ ᠬᠡᠰᠢᠬᠦᠨ ᠪᠤᠯᠤᠭᠰᠠᠨ ᠤ ᠬᠤᠪᠢ ᠳᠤ ᠰᠡᠳᠬᠢᠯ ᠮᠠᠰᠢ ᠶᠡᠭᠡ ᠦᠨᠳᠦᠷ ᠪᠠᠶᠢᠳᠠᠭ ᠬᠡᠵᠦ ᠰᠡᠳᠬᠢᠯ ᠳᠤᠭᠳᠤᠯᠤᠨ ᠶᠠᠷᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号