ᠠᠪᠠᠭ᠎ᠠ ᠬᠤᠰᠢᠭᠤ 2017 ᠤᠨ ᠤ ᠭᠤᠤᠯᠳᠠᠯᠭ᠎ᠠ ᠲᠠᠢ ᠲᠦᠷᠦᠯ ᠵᠦᠢᠯ ᠢ ᠵᠤᠬᠢᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/11/5
         11 ᠰᠠᠷᠠᠶᠢᠨ 1᠎ ᠤ ᠡᠳᠦᠷ᠂ ᠠᠪᠠᠭ᠎ᠠ‌ᠬᠤᠰᠢᠭᠤ ᠨᠢ 2017 ᠤᠨ ᠤ ᠭᠤᠤᠯᠳᠠᠯᠭ᠎ᠠ ᠲᠠᠢ ᠲᠦᠷᠦᠯ ᠵᠦᠢᠯ ᠢ ᠵᠤᠬᠢᠴᠠᠭᠤᠯᠬᠤ ᠬᠤᠷᠠᠯ ᠬᠤᠷᠠᠯᠳᠤᠵᠠᠢ᠃ ᠬᠤᠷᠠᠯ ᠤᠨ ᠭᠤᠤᠯ ᠡᠭᠦᠷᠭᠡ ᠪᠤᠯ 2017 ᠤᠨ ᠤ 1— 9 ᠰᠠᠷᠠᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠤᠨᠤᠰᠴᠦ᠂ ᠴᠢᠬᠤᠯᠠ ᠲᠦᠷᠦᠯ ᠵᠦᠢᠯ ᠢ ᠬᠡᠷᠡᠭᠵᠢᠬᠦᠯᠬᠦ ᠶᠠᠪᠤᠴᠠ ᠳᠤ ᠤᠷᠤᠰᠢᠵᠦ ᠪᠠᠶᠢᠭ᠎ᠠ‌ᠠᠰᠠᠭᠤᠳᠠᠯ ᠳᠤ ᠵᠠᠳᠠᠯᠤᠯᠳᠠ  ᠬᠢᠬᠦ ᠶᠢᠨ ᠬᠠᠮᠳᠤ ᠰᠢᠢᠳᠪᠦᠷᠢᠯᠡᠬᠦ ᠵᠤᠬᠢᠰᠳᠠᠢ ᠠᠷᠭ᠎ᠠ ᠳᠤᠷᠠᠳᠴᠦ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠎ ᠶᠢᠨ ᠬᠠᠮᠢᠶᠠᠷᠤᠯᠳᠠ ᠶᠢ ᠴᠢᠩᠭᠠᠳᠬᠠᠨ ᠲᠦᠷᠢᠮᠵᠢᠬᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠢ ᠤᠷᠤᠭᠰᠢᠳᠠᠢ ᠠᠬᠢᠭᠤᠯᠬᠤ ᠶᠢ ᠪᠠᠲᠤᠯᠠᠭᠰᠠᠨ ᠪᠠᠶᠢᠨ᠎ᠠ᠃         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ‌ᠠᠮᠤᠭᠤᠯᠠᠩ‌ᠬᠤᠷᠠᠯ ᠢ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠪᠠᠶᠢᠩᠭᠤ ᠶᠢᠨ ᠭᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠸᠠᠩ ᠳ᠋ᠧ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠮᠠᠯᠴᠢᠨᠬᠦᠦ᠂ ᠵᠠᠨ ᠯᠢ ᠫᠢᠩ᠂ ᠬᠤᠰᠢᠭᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠭᠡᠰᠢᠬᠦᠨ ᠪᠤᠯᠤᠳ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃          2017 ᠤᠨ ᠳᠤ ᠪᠦᠬᠦ ᠬᠤᠰᠢᠭᠤᠨ ᠤ 61ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠦ᠂ ᠡᠬᠦᠨ ᠳᠤ 12 ᠲᠦᠷᠦᠯ ᠢ ᠵᠠᠯᠭᠠᠵᠦ ᠪᠠᠶᠢᠭᠤᠯᠤᠨ᠂ 49 ᠲᠦᠷᠦᠯ ᠢ ᠰᠢᠨ᠎ᠠ ᠎ ᠪᠠᠷ ᠪᠠᠶᠢᠭᠤᠯᠵᠠᠢ᠃ ᠤᠳᠤᠬᠠᠨ ᠪᠤᠯᠳᠠᠯ᠎ᠠ᠂ ᠠᠵᠢᠯ ᠢᠶᠠᠨ ᠰᠡᠷᠭᠦᠭᠡᠭᠰᠡᠨ 61 ᠲᠦᠷᠦᠯ ᠨᠢ ᠨᠢᠭᠡᠨᠳᠡ ᠠᠵᠢᠯ ᠡᠬᠢᠯᠡᠵᠦ᠂ ᠠᠵᠢᠯ ᠰᠡᠷᠭᠦᠭᠰᠡᠨ ᠨᠤᠷᠮ᠎ᠠ100%᠎ ᠳᠤ ᠬᠦᠷᠴᠠᠢ᠃ ᠵᠠᠯᠭᠠᠵᠦ ᠪᠠᠶᠢᠭᠤᠯᠤᠭᠰᠠᠨ12  ᠲᠦᠷᠦᠯ ᠵᠦᠢᠯ ᠎ ᠤᠨ ᠠᠵᠢᠯ ᠰᠡᠷᠭᠦᠭᠰᠡᠨ ᠨᠤᠷᠮ᠎ᠠ 100%᠎ ᠳᠤ ᠬᠦᠷᠴᠦ᠂  ᠰᠢᠨ᠎ᠠ ᠪᠠᠷ ᠪᠠᠶᠢᠭᠤᠯᠤᠭᠰᠠᠨ 49 ᠲᠦᠷᠦᠯ ᠵᠦᠢᠯ ᠪᠠᠶᠢᠵᠦ᠂ ᠠᠵᠢᠯ ᠡᠬᠢᠯᠡᠭᠰᠡᠨ ᠨᠤᠷᠮ᠎ᠠ100%᠎ ᠳᠤ ᠬᠦᠷᠴᠠᠢ᠃ ᠠᠶᠢᠮᠠᠭ ᠤᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ 4 ᠲᠦᠷᠦᠯ ᠨᠢ ᠠᠵᠢᠯ ᠡᠬᠢᠯᠡᠭᠰᠡᠨ ᠪᠤᠶᠤ ᠠᠵᠢᠯ ᠢᠶᠠᠨ ᠰᠡᠷᠬᠦᠭᠡᠭᠰᠡᠨ ᠪᠠᠶᠢᠵᠦ᠂ ᠠᠵᠢᠯ ᠡᠬᠢᠯᠡᠭᠰᠡᠨ ᠨᠤᠷᠮ᠎ᠠ ᠪᠠ ᠠᠵᠢᠯ  ᠰᠡᠷᠭᠦᠭᠰᠡᠨ ᠨᠤᠷᠮ᠎ᠠ 100%  ᠎ ᠳᠤ ᠬᠦᠷᠪᠠ᠃ ᠰᠢᠨ᠎ᠠ ᠡᠨᠧᠷᠬᠢ ᠶᠢᠨ ᠲᠦᠷᠦᠯ ᠵᠦᠢᠯ ᠢ ᠠᠬᠢᠭᠤᠯᠬᠤ ᠠᠵᠢᠯ ᠶᠠᠭ ᠡᠷᠴᠢᠮᠳᠠᠢ ᠶᠠᠪᠤᠭᠳᠠᠵᠦ᠂ ᠬᠤᠸᠠ ᠨᠧᠩ ᠰᠢᠨ᠎ᠠ ᠡᠨᠧᠷᠬᠢ ᠶᠢᠨ ᠴᠠᠬᠢᠯᠭᠠᠨ ᠭᠠᠷᠭᠠᠬᠤ ᠬᠢᠵᠠᠭᠠᠷᠲᠦ ᠺᠤᠮᠫᠠᠨᠢ ᠵᠡᠷᠭᠡ ᠵᠢᠷᠭᠤᠭᠠᠨ ᠰᠠᠯᠬᠢ ᠴᠠᠬᠢᠯᠭᠠᠨ ᠤ ᠠᠵᠦ ᠠᠬᠤᠶᠢᠯᠠᠯ ᠨᠢ ᠬᠢᠨᠠᠨ ᠵᠦᠪᠰᠢᠶᠡᠷᠡᠯᠳᠡ ᠶᠢ ᠤᠯᠵᠦ᠂ ᠡᠷᠢᠶᠡᠨ ᠬᠤᠳᠠ ᠶᠢᠨ ᠪᠢᠴᠢᠯ ᠴᠠᠬᠢᠯᠭᠠᠨ ᠲᠤᠤᠷ ᠤᠨ ᠬᠡᠷᠡᠯ ᠴᠠᠬᠢᠯᠭᠠᠨ ᠤ ᠲᠦᠷᠦᠯ ᠵᠦᠢᠯ ᠢ ᠨᠢᠭᠡᠨᠳᠠ ᠳᠠᠩᠰᠠᠨ ᠳᠤ ᠤᠷᠤᠭᠤᠯᠤᠨ᠂ ᠴᠠᠭᠠᠨᠨᠠᠭᠤᠷ ᠤᠨ ᠨᠡᠬᠦᠷᠡᠰᠦ ᠴᠠᠬᠢᠯᠭᠠᠨ ᠢ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠤᠨ ᠬᠢᠨᠠᠨ ᠵᠦᠪᠰᠢᠶᠡᠷᠦᠯᠳᠡ ᠶᠢ ᠬᠤᠶᠢᠰᠢᠯᠠᠭᠤᠯᠬᠤ ᠶᠢ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠵᠦᠪᠰᠢᠶᠡᠷᠡᠯ  ᠎ ᠢ ᠨᠢᠭᠡᠨᠳᠡ ᠤᠯᠪᠠ᠃         ᠡᠯ᠎ᠡ ᠬᠠᠮᠢᠶ᠎ᠠ ᠪᠦᠬᠦᠢ ᠰᠠᠯᠠᠭ᠎ᠠ‌ᠮᠦ᠋ᠴᠢᠷ ᠠᠴᠠ ᠡᠯ᠎ᠡ‌‍ᠲ᠋ᠦ᠋ᠷᠦᠯ ᠵᠦᠢᠯ ᠤᠨ ᠠᠬᠢᠴᠠ ᠶᠢᠨ ᠪᠠᠶᠢᠳᠠᠯ᠂ ᠤᠷᠤᠰᠢᠵᠦ ᠪᠠᠶᠢᠭ᠎ᠠ‌ᠠᠰᠠᠭᠤᠳᠠᠯ ᠪᠤᠯᠤᠨ ᠲᠦᠷᠦᠯ ᠵᠦᠢᠯ ᠢ ᠠᠬᠢᠭᠤᠯᠬᠤ ᠲᠦᠯᠦᠪᠯᠡᠭᠡ ᠶᠢ ᠲᠤᠬᠢᠷᠠᠭᠤᠯᠬᠤ ᠲᠠᠯ᠎ᠠ ᠪᠠᠷ ᠬᠠᠷᠢᠭᠤ ᠮᠡᠳᠡᠬᠦᠯᠦᠯᠳᠡ ᠬᠢᠵᠦ᠂ ᠵᠠᠰᠠᠭ ᠤᠨ ᠤᠷᠳᠤᠨ ᠤ ᠡᠯ᠎ᠡ ᠬᠤᠪᠢᠳᠠᠨ ᠬᠠᠮᠢᠶᠠᠷᠬᠤ ᠳᠡᠳ᠋ ᠬᠤᠰᠢᠭᠤ ᠳᠠᠷᠤᠭ᠎ᠠ ᠎ ᠠᠴᠠ ᠡᠯ᠎ᠡ ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠶᠠᠪᠤᠴᠠ ᠳᠤᠮᠳᠠ ᠤᠷᠤᠰᠢᠵᠦ ᠪᠠᠶᠢᠭ᠎ᠠ‌ᠠᠰᠠᠭᠤᠳᠠᠯ ᠲᠤ ᠵᠠᠳᠠᠯᠤᠯᠳᠠ ᠬᠢᠭᠰᠡᠨ ᠪᠠᠶᠢᠨ᠎ᠠ᠃        ᠠᠮᠤᠭᠤᠯᠠᠩ‌ᠡᠯ᠎ᠡ‌‍ᠲ᠋ᠦ᠋ᠷᠦᠯ ᠵᠦᠢᠯ ᠤᠨ ᠬᠠᠷᠢᠭᠤ ᠮᠡᠳᠡᠬᠦᠯᠦᠯᠳᠡ ᠶᠢ ᠨᠠᠷᠢᠨ ᠬᠢᠨᠠᠮᠠᠭᠠᠢ ᠰᠤᠨᠤᠰᠤᠭᠰᠠᠨ ᠤ ᠳᠠᠷᠠᠭ᠎ᠠ᠂ ᠳᠠᠷᠠᠭᠠᠴᠢ ᠶᠢᠨ ᠠᠯᠬᠤᠮ ᠤᠨ ᠠᠵᠢᠯ ᠤᠨ ᠲᠦᠰᠦᠯ ᠳᠤ ᠨᠠᠷᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠲᠡᠷᠡ ᠳ᠋ᠦᠩᠨᠡᠯᠳᠡ ᠶᠢᠨ ᠶᠠᠷᠢᠶᠠᠨ ᠳᠠᠭᠠᠨ ᠵᠢᠭᠠᠭᠰᠠᠨ ᠨᠢ᠂ ᠪᠦᠬᠦ ᠬᠤᠰᠢᠭᠤᠨ ᠤ ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠠᠵᠢᠯ ᠤᠨ ᠤᠳᠤᠷᠢᠳᠬᠤ ᠪᠠᠭ᠎ᠠ‌‍ᠲ᠋ᠤᠭᠤᠶᠢᠯᠠᠩ ᠤᠨ ᠡᠯ᠎ᠡ ᠳᠡᠳ᠋ ᠲᠤᠭᠤᠶᠢᠯᠠᠩ ᠤᠨ ᠳᠠᠷᠤᠭ᠎ᠠ ᠪᠤᠯᠤᠨ ᠡᠯ᠎ᠡ ᠭᠡᠰᠢᠬᠦᠳ᠂ ᠤᠳᠤᠷᠢᠳᠬᠤ ᠪᠠᠭ᠎ᠠ ᠲᠤᠭᠤᠶᠢᠯᠠᠩ ᠤᠨ ᠳᠠᠭᠠᠭᠤᠯᠭ᠎ᠠ ᠳᠤᠤᠷ᠎ᠠ᠂ ᠴᠢᠩ ᠰᠡᠳᠬᠢᠯ ᠢᠶᠠᠷ  ᠪᠦᠯᠬᠦᠮᠳᠡᠨ ᠨᠢᠭᠳᠠᠷᠠᠵᠦ᠂ ᠬᠠᠮᠳᠤᠪᠡᠷ ᠬᠤᠯᠪᠤᠭᠠᠯᠠᠨ ᠳᠡᠮᠡᠴᠡᠨ᠂ ᠲᠦᠷᠦᠯ ᠵᠦᠢᠯ ᠢ ᠨᠠᠷᠢᠨ ᠬᠢᠨᠠᠮᠠᠭᠠᠢ ᠪᠠᠷ ᠲᠦᠯᠦᠪᠯᠡᠵᠦ᠂ ᠲᠦᠷᠦ ᠶᠢᠨ ᠪᠤᠳᠤᠯᠭ᠎ᠠ ᠶᠢ ᠰᠠᠶᠢᠳᠤᠷ ᠤᠶᠢᠯᠠᠭᠠᠨ᠂ ᠠᠵᠠ ᠲᠤᠬᠢᠶᠠᠯ ᠢ ᠠᠳᠬᠤᠵᠦ᠂ ᠪᠤᠳᠠᠳᠦ ᠪᠠᠶᠢᠳᠠᠯ ᠳᠤ ᠰᠠᠭᠤᠷᠢᠯᠠᠨ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠶᠡᠷᠦᠩᠭᠡᠶᠢᠯᠡᠨ᠂ ᠲᠦᠷᠦᠯ ᠵᠦᠢᠯ ᠢ ᠬᠦᠨᠵᠡᠭᠡᠢ ᠠᠭᠤᠳᠠᠯᠯᠠᠬᠤ ᠶᠢ ᠬᠦᠰᠡᠵᠦ ᠪᠠᠶᠢᠨ᠎ᠠ᠃ ᠵᠤᠬᠢᠶᠠᠨ ᠪᠠᠶᠢᠭᠤᠯᠤᠯᠳᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠎ ᠢ ᠢᠯᠠᠨ ᠳᠠᠪᠠᠭ᠋ᠤ ᠪᠠᠷ ᠴᠢᠷᠮᠠᠶᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠂ ᠪᠦᠬᠦ ᠵᠢᠯ ᠤᠨ ᠡᠬᠦᠷᠭᠡ ᠶᠢ ᠬᠦᠢᠴᠡᠳᠭᠡᠬᠦ ᠶᠢ ᠪᠠᠲᠤᠯᠠᠬᠤ ᠬᠡᠷᠡᠭᠳᠡᠢ ᠬᠡᠰᠡᠨ ᠪᠠᠶᠢᠨ᠎ᠠ᠃
 
ᠢᠷᠡᠯᠲᠡ᠄ ᠰᠠᠷᠠᠨ᠎ᠠ ( ᠠᠪᠠᠭ᠎ᠠ ᠬᠤᠰᠢᠭᠤᠨ ᠤ ᠲᠧᠯᠸᠢᠰ ᠬᠤᠷᠢᠶ᠎ᠠ)
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号