2017 —2018 ᠤᠨ ᠤ ᠠᠪᠠᠭ᠎ᠠ ᠬᠤᠰᠢᠭᠤᠨ ᠤ ᠡᠪᠤᠯ ᠤᠨ ᠤᠯᠠᠷᠢᠯ ᠤᠨ ᠰᠤᠶᠤᠯ ᠲᠠᠮᠢᠷ ᠤᠨ ᠰᠢᠷᠢᠰ ᠠᠵᠢᠯᠯᠠᠭ᠎ᠠ ᠡᠶᠢᠮᠦᠷᠬᠦ ᠠᠭᠤᠯᠭ᠎ᠠ ᠪᠠᠷ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/12/1
          ᠪᠦᠬᠦ ᠬᠤᠰᠢᠭᠤᠨ ᠤ ᠡᠪᠦᠯ ᠤᠨ ᠤᠯᠠᠷᠢᠯ ᠤᠨ ᠰᠤᠶᠤᠯ ᠳᠠᠮᠢᠷ ᠤᠨ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠦ᠂ ᠨᠡᠷᠡᠳᠦ ᠳᠡᠮᠳᠡᠭᠳᠦ ᠰᠤᠶᠤᠯ ᠤᠨ ᠠᠵᠢᠯᠯᠠᠭᠠᠨ ᠤ ᠴᠤᠭᠴᠠᠯᠠᠯᠳᠠ ᠶᠢ ᠠᠬᠢᠭᠤᠯᠤᠨ᠂ ᠠᠪᠠᠭ᠎ᠠ ᠬᠤᠰᠢᠭᠤᠨ ᠤ ᠤᠨᠴᠠᠯᠢᠭᠳᠤ ᠰᠤᠶᠤᠯ ᠤᠨ ᠠᠵᠢᠯᠯᠠᠭᠠᠨ ᠤ ᠳᠠᠳᠠᠬᠤ ᠬᠦᠴᠦᠨ ᠢ ᠨᠡᠮᠡᠭᠳᠡᠬᠦᠯᠵᠦ᠂ ᠦᠪᠡᠷᠮᠢᠴᠡ ᠰᠤᠳᠤᠨ᠂ ᠰᠤᠨᠢᠷᠬᠠᠯᠳᠤ ᠡᠪᠦᠯ ᠤᠨ ᠤᠯᠠᠷᠢᠯ ᠤᠨ ᠰᠤᠶᠤᠯ ᠤᠨ ᠠᠮᠢᠳᠤᠷᠠᠯ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠳᠤᠯᠠᠳᠠ᠂ ᠠᠪᠠᠭ᠎ᠠ ᠬᠤᠰᠢᠭᠤ ᠨᠢ ᠡᠪᠦᠯ ᠤᠨ ᠤᠯᠠᠷᠢᠯ ᠤᠨ ᠰᠤᠶᠤᠯ ᠳᠠᠮᠢᠷ ᠤᠨ ᠰᠢᠷᠢᠰ ᠠᠵᠢᠯᠯᠠᠭ᠎ᠠ ᠨᠤᠭᠤᠳ ᠢ ᠡᠷᠬᠢᠯᠡᠨ ᠶᠠᠪᠤᠭᠳᠠᠭᠤᠯᠬᠤ ᠪᠠᠷ ᠪᠠᠶᠢᠨ᠎ᠠ᠃                 ᠨᠢᠬᠡ᠂ ᠴᠠᠭ         2017 ᠤᠨ ᠤ 12 ᠳ᠋ᠤᠭᠠᠷ ᠰᠠᠷ᠎ᠠ ᠠᠴᠠ 2018 ᠤᠨ ᠤ 2 ᠳ᠋ᠣᠭᠠᠷ ᠰᠠᠷ᠎ᠠ ᠶᠢᠨ ᠡᠬᠢᠨ ᠪᠤᠯᠳᠠᠯ᠎ᠠ                 ᠬᠤᠶᠠᠷ᠂ ᠠᠵᠢᠯᠯᠠᠭ᠎ᠠ ᠶᠢᠨ ᠠᠭᠤᠯᠭ᠎ᠠ ᠵᠢᠴᠢ ᠳᠠᠭᠠᠭᠠᠨ ᠡᠷᠬᠢᠯᠡᠬᠦ ᠨᠢᠬᠡᠴᠡ         1. ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠬᠦᠰᠡᠯ ᠵᠡᠬᠦᠳᠦ ᠪᠠᠨ ᠳᠡᠷᠬᠡᠯᠰᠢᠯᠡᠬᠦᠯᠬᠦ︾ ᠪᠦᠬᠦ ᠬᠤᠰᠢᠭᠤᠨ ᠤ ᠳᠠᠭᠤᠨ ᠤ ᠤᠷᠤᠯᠳᠤᠭᠠᠨ         ᠴᠠᠭ᠄ 2017 ᠤᠨ ᠤ 12 ᠳ᠋ᠤᠭᠠᠷ ᠰᠠᠷ᠎ᠠ ᠶᠢᠨ 20᠎ ᠤ ᠡᠳᠦᠷ         ᠭᠠᠵᠠᠷ᠄ ᠮᠤᠩᠭᠤᠯ ᠳᠤᠮᠳᠠᠳᠤ ᠰᠤᠷᠭᠠᠭᠤᠯᠢ ᠶᠢᠨ ᠶᠤᠰᠤᠯᠠᠯ ᠤᠨ ᠳᠢᠩᠬᠢᠮ         ᠠᠭᠤᠯᠭ᠎ᠠ᠄ ᠡᠬᠡ ᠤᠯᠤᠰ ᠨᠤᠳᠤᠭ ᠤᠰᠤ ᠪᠠᠨ ᠮᠠᠭᠳᠠᠨ ᠳᠠᠭᠤᠯᠠᠬᠤ ᠪᠠᠷ ᠭᠤᠤᠯ ᠰᠡᠳᠦᠪ ᠪᠤᠯᠭᠠᠵᠦ᠂ ᠮᠠᠨ ᠤ ᠬᠤᠰᠢᠭᠤᠨ ᠤ ᠡᠯ᠎ᠡ ᠦᠨᠳᠦᠰᠦᠳᠡᠨ ᠤ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠤᠤᠷ᠎ᠠ᠂ ᠡᠶ᠎ᠡ ᠵᠤᠬᠢᠴᠠᠯᠳᠤ᠂ ᠦᠵᠡᠰᠬᠦᠯᠡᠩᠳᠤ᠂ ᠪᠤᠯᠪᠠᠰᠤᠨ᠂ ᠪᠠᠶᠠᠨ ᠴᠢᠨᠡᠬᠡᠯᠢᠭ ᠨᠡᠶᠢᠬᠡᠮ ᠢ ᠪᠦᠳᠦᠬᠡᠨ ᠪᠠᠶᠢᠭᠤᠯᠬᠤ ᠪᠠᠷ ᠳᠡᠮᠡᠴᠡᠵᠦ ᠪᠠᠶᠢᠭ᠎ᠠ ᠤᠶᠤᠨ ᠰᠠᠨᠠᠭᠠᠨ ᠤ ᠳᠦᠷᠢ ᠳᠦᠷᠬᠦ ᠶᠢ ᠬᠠᠷᠠᠭᠤᠯᠤᠨ᠎ᠠ᠃         ᠳᠠᠭᠠᠭᠠᠨ ᠡᠷᠬᠢᠯᠡᠬᠦ ᠨᠢᠬᠡᠴᠡ᠄ ᠠᠵᠢᠯᠳᠠᠨ ᠤ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠡᠪᠯᠡᠯ ᠤᠨ ᠬᠤᠷᠢᠶ᠎ᠠ         2 . ︽12᠂ 9︾᠎ ᠤ ᠬᠦᠳᠡᠯᠬᠡᠬᠡᠨ ᠢ ᠳᠤᠷᠠᠰᠬᠠᠬᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠨ ᠠᠯᠬᠤᠬᠤ ᠵᠢᠴᠢ ᠵᠠᠯᠠᠭᠤᠴᠤᠳ ᠪᠠᠭᠠᠴᠤᠳ ᠤᠨ ᠬᠤᠯᠠ ᠬᠦᠶᠤᠬᠦ ᠤᠷᠤᠯᠳᠤᠭᠠᠨ         ᠴᠠᠭ᠄ 2017 ᠤᠨ ᠤ 12 ᠰᠠᠷ᠎ᠠ ᠶᠢᠨ 8᠎ ᠤ ᠡᠳᠦᠷ         ᠭᠠᠵᠠᠷ᠄ ᠪᠡᠯᠬᠦᠳᠡᠢ ᠪᠠᠯᠭᠠᠰᠤ         ᠠᠭᠤᠯᠭ᠎ᠠ᠄ ︽12.9︾᠎ ᠤ ᠬᠦᠳᠡᠯᠬᠡᠬᠡᠨ ᠤ 82 ᠵᠢᠯ ᠤᠨ ᠤᠢ ᠶᠢ ᠳᠤᠷᠠᠰᠬᠠᠬᠤ ᠶᠢᠨ ᠳᠤᠯᠠᠳᠠ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠨ ᠠᠯᠬᠤᠬᠤ ᠵᠢᠴᠢ ᠵᠠᠯᠠᠭᠤᠴᠤᠳ ᠪᠠᠭᠠᠴᠤᠳ ᠤᠨ ᠬᠤᠯᠠ ᠬᠦᠶᠤᠬᠦ ᠤᠷᠤᠯᠳᠤᠭᠠᠨ ᠢ ᠡᠷᠬᠢᠯᠡᠨ ᠶᠠᠪᠤᠭᠳᠠᠭᠤᠯᠤᠨ᠎ᠠ᠃         ᠳᠠᠭᠠᠭᠠᠨ ᠡᠷᠬᠢᠯᠡᠬᠦ ᠨᠢᠬᠡᠴᠡ᠄ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         3. ᠪᠦᠬᠦ ᠬᠤᠰᠢᠭᠤᠨ ᠤ ︽ᠪᠡᠯᠬᠦᠳᠡᠢ︾ ᠬᠤᠨᠳᠠᠭᠠᠳᠤ ᠱᠠᠭ᠎ᠠ ᠶᠢᠨ ᠤᠷᠤᠯᠳᠤᠭᠠᠨ         ᠴᠠᠭ  ᠄ 2017 ᠤᠨ ᠤ 12 ᠳ᠋ᠤᠭᠠᠷ ᠰᠠᠷ᠎ᠠ ᠶᠢᠨ 25᠎ ᠤ ᠡᠳᠦᠷ         ᠭᠠᠵᠠᠷ᠄ ᠠᠪᠠᠭ᠎ᠠ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ         ᠠᠭᠤᠯᠭ᠎ᠠ᠄ ᠰᠢᠬ᠎ᠠ ᠬᠠᠷᠪᠤᠬᠤ᠂ ᠵᠢᠷᠠᠨ ᠱᠠᠭ᠎ᠠ ᠤᠷᠬᠢᠬᠤ᠂ ᠪᠤᠭᠤ ᠨᠠᠭᠠᠳᠬᠤ ᠵᠡᠷᠬᠡ ᠭᠤᠷᠪᠠᠨ ᠲᠦᠷᠦᠯ ᠎ ᠤᠨ ᠤᠷᠤᠯᠳᠤᠭᠠᠨ ᠲᠠᠢ᠃ ᠤᠷᠤᠯᠳᠤᠭᠠᠨ ᠪᠦᠷᠢ ᠳᠤ 128 ᠬᠦᠮᠦᠨ ᠤᠷᠤᠯᠴᠠᠵᠦ᠂ ᠤᠷᠤᠯᠳᠤᠭᠠᠨ ᠨᠢ ᠳ᠋ᠠᠩ ᠢᠶᠠᠷ ᠰᠢᠭᠰᠢᠬᠦ ᠤᠷᠤᠯᠳᠤᠭᠠᠨ ᠤ ᠬᠡᠯᠪᠡᠷᠢ ᠪᠠᠷ ᠶᠠᠪᠤᠭᠳᠠᠨ᠎ᠠ᠃         ᠳᠠᠭᠠᠭᠠᠨ ᠡᠷᠬᠢᠯᠡᠬᠦ ᠨᠢᠬᠡᠴᠡ᠄ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         4 . ︽ᠬᠠᠮᠤᠭ ᠤᠨ ᠭᠤᠶᠤ ᠠᠪᠠᠭ᠎ᠠ ᠶᠢᠨ ᠬᠦᠮᠦᠨ︾ ᠦᠨᠳᠦᠰᠦᠳᠡᠨ ᠤ ᠬᠤᠪᠴᠠᠰᠦ ᠵᠠᠰᠠᠯ ᠤᠨ ᠬᠡᠷᠡᠯ ᠵᠢᠷᠤᠭ ᠤᠨ ᠦᠵᠡᠬᠦᠯᠦᠯᠬᠡ         ᠴᠠᠭ᠄ 2018 ᠤᠨ ᠤ 1 ᠰᠠᠷ᠎ᠠ ᠶᠢᠨ 10᠎ ᠤ ᠡᠳᠦᠷ ᠠᠴᠠ 15᠎ ᠤ ᠡᠳᠦᠷ ᠪᠤᠯᠳᠠᠯ᠎ᠠ ᠶᠠᠪᠤᠭᠳᠠᠨ᠎ᠠ᠃         ᠠᠭᠤᠯᠭ᠎ᠠ᠄ ᠠᠪᠠᠭ᠎ᠠ ᠨᠤᠳᠤᠭ ᠤᠨ ᠦᠨᠳᠦᠰᠦᠳᠡᠨ ᠤ ᠬᠤᠪᠴᠠᠰᠦ ᠵᠠᠰᠠᠯ ᠢᠶᠠᠷ ᠭᠤᠤᠯ ᠰᠡᠳᠦᠪ ᠪᠤᠯᠭᠠᠵᠦ᠂ ᠬᠡᠷᠡᠯ ᠵᠢᠷᠤᠭ ᠤᠨ ᠦᠵᠡᠬᠦᠯᠦᠯᠬᠡ ᠬᠢᠨ᠎ᠡ᠃         ᠳᠠᠭᠠᠭᠠᠨ ᠡᠷᠬᠢᠯᠡᠬᠦ ᠨᠢᠬᠡᠴᠡ᠄ ᠤᠳᠬ᠎ᠠ ᠤᠷᠠᠯᠢᠭ ᠤᠨ ᠬᠤᠯᠪᠤᠭ᠎ᠠ᠂ ᠰᠤᠶᠤᠯ ᠳᠠᠮᠢᠷ ᠷᠠᠳᠢᠤ᠋ ᠲᠧᠯᠸᠢᠰ  ᠵᠢᠭᠤᠯᠴᠢᠯᠠᠯ ᠤᠨ ᠳᠤᠪᠴᠢᠶ᠎ᠠ         5. ︽ᠠᠪᠠᠭ᠎ᠠ ᠬᠤᠰᠢᠭᠤᠨ ᠤ ᠮᠦᠩᠬᠦᠨ ᠡᠪᠦᠯ ᠤᠨ ᠨᠠᠶᠢᠷ︾᠎ ᠤᠨ ᠰᠢᠷᠢᠰ ᠠᠵᠢᠯᠯᠠᠭ᠎ᠠ         ᠴᠠᠭ᠄ 2018 ᠤᠨ ᠤ 1 ᠰᠠᠷ᠎ᠠ ᠶᠢᠨ 15᠎ ᠤ ᠡᠳᠦᠷ         ᠭᠠᠵᠠᠷ᠄ ᠴᠠᠭᠠᠨᠨᠠᠭᠤᠷ ᠪᠠᠯᠭᠠᠰᠤ         ᠠᠭᠤᠯᠭ᠎ᠠ᠄ 128 ᠪᠦᠬᠡ ᠶᠢᠨ ᠤᠷᠤᠯᠳᠤᠭᠠᠨ᠂ ᠮᠤᠷᠢᠨ ᠤ ᠤᠷᠤᠯᠳᠤᠭᠠᠨ᠂ ᠳᠡᠮᠡᠬᠡᠨ ᠤ ᠤᠷᠤᠯᠳᠤᠭᠠᠨ ᠂ 128 ᠰᠤᠷ ᠬᠠᠷᠪᠤᠯᠳᠠ ᠶᠢᠨ ᠤᠷᠤᠯᠳᠤᠭᠠᠨ᠂ ᠮᠠᠰᠢᠨ ᠳᠡᠷᠬᠡᠨ ᠤ ᠤᠷᠤᠯᠳᠤᠭᠠᠨ ᠵᠡᠷᠬᠡ ᠠᠵᠢᠯᠯᠠᠭᠠᠨ ᠤ ᠲᠦᠷᠦᠯ ᠵᠦᠢᠯ ᠲᠠᠢ᠃ᠡᠬᠦᠨ ᠤ ᠬᠠᠮᠳᠤ ᠪᠠᠰᠠ ᠬᠡᠷᠡᠯ ᠵᠢᠷᠤᠭ ᠤᠨ ᠦᠵᠡᠬᠦᠯᠦᠯᠬᠡ᠂ ᠤᠷᠳᠤ ᠶᠢᠨ ᠳᠠᠭᠤᠤ᠂ ᠴᠤᠭᠤᠷ ᠳᠠᠭᠤᠨ ᠤ ᠳᠤᠭᠯᠠᠯᠳᠠ ᠪᠤᠢ᠃         ᠳᠠᠭᠠᠭᠠᠨ ᠡᠷᠬᠢᠯᠡᠬᠦ ᠨᠢᠬᠡᠴᠡ᠄  ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ᠂ ᠴᠠᠭᠠᠨᠨᠠᠭᠤᠷ ᠪᠠᠯᠭᠠᠰᠤᠨ ᠤ ᠵᠠᠰᠠᠭ ᠤᠨ ᠤᠷᠳᠤᠨ         6. ᠠᠪᠠᠭ᠎ᠠ ᠬᠤᠰᠢᠭᠤᠨ ᠤ ᠡᠪᠤᠯ ᠤᠨ ᠵᠢᠭᠠᠰᠤᠨ ᠠᠩ ᠵᠢᠴᠢ ᠮᠦᠰᠦᠨ ᠳᠡᠬᠡᠷᠡᠬᠢ ᠰᠤᠨᠢᠷᠬᠠᠯᠳᠤ ᠠᠵᠢᠯᠯᠠᠭ᠎ᠠ         ᠴᠠᠭ᠄ 2018 ᠤᠨ ᠤ 1 ᠳ᠋ᠤᠭᠠᠷ ᠰᠠᠷ᠎ᠠ ᠶᠢᠨ 15᠎ ᠤ ᠡᠳᠦᠷ         ᠭᠠᠵᠠᠷ᠄ ᠠᠪᠠᠭ᠎ᠠ ᠬᠤᠰᠢᠭᠤᠨ ᠤ ᠴᠠᠭᠠᠠᠨᠠᠭᠤᠷ ᠪᠠᠯᠭᠠᠰᠤ         ᠠᠭᠤᠯᠭ᠎ᠠ᠄ ᠮᠦᠰᠦ ᠴᠤᠭᠤᠯᠤᠨ ᠵᠢᠭᠠᠰᠦ ᠠᠩᠨᠠᠬᠤ᠂ ᠮᠦᠰᠦᠨ ᠰᠡᠶᠢᠯᠦᠮᠡᠯ ᠤᠨ ᠦᠵᠡᠬᠦᠯᠦᠯᠭᠡ᠂ ᠴᠢᠷᠭ᠎ᠠ ᠶᠢᠨ ᠤᠷᠤᠯᠳᠤᠭᠠᠨ᠂ ᠮᠦᠰᠦᠨ ᠲᠡᠭᠡᠷᠡᠬᠢ ᠳᠤᠭᠤᠢ ᠳᠡᠷᠬᠡᠨ ᠤ ᠤᠷᠤᠯᠳᠤᠭᠠᠨ᠂ ᠮᠦᠰᠦᠨ ᠳᠡᠬᠡᠷ᠎ᠡ ᠱᠠᠭ᠎ᠠ ᠬᠠᠷᠪᠤᠬᠤ᠂ ᠳᠤᠭᠤᠷᠢᠭᠤᠯ ᠨᠠᠭᠠᠳᠤᠬᠤ ᠵᠡᠷᠬᠡ ᠶᠢᠨ ᠰᠤᠨᠢᠷᠬᠠᠯᠳᠦ ᠵᠤᠭ᠎ᠠ ᠴᠡᠩᠭᠡᠯ ᠤᠨ ᠠᠵᠢᠯᠯᠠᠭ᠎ᠠ ᠨᠤᠭᠤᠳ ᠢ ᠦᠷᠨᠢᠬᠦᠯᠵᠦ᠂ ᠦᠷᠬᠡᠨ ᠤᠯᠠᠨ ᠠᠶᠢᠮᠠᠭ ᠤᠨ ᠳᠤᠳᠤᠨ᠎ᠠ ᠭᠠᠳᠠᠨ᠎ᠠ ᠶᠢᠨ ᠵᠤᠭᠠᠴᠠᠭᠴᠢᠳ ᠵᠢᠴᠢ ᠤᠷᠤᠯᠳᠤᠭᠠᠨ ᠳᠤ ᠤᠷᠤᠯᠴᠠᠭᠰᠠᠳ ᠲᠤ ᠮᠠᠨ ᠤ ᠬᠤᠰᠢᠭᠤᠨ ᠤ ᠡᠪᠦᠯ ᠤᠨ ᠤᠯᠠᠷᠢᠯ ᠤᠨ ᠳᠠᠯ᠎ᠠ ᠨᠤᠳᠤᠭ ᠤᠨ ᠦᠵᠡᠮᠵᠢ᠂ ᠪᠠᠶᠠᠯᠢᠭ ᠮᠦᠰᠦᠨ ᠴᠠᠰᠦᠨ ᠤ ᠡᠬᠢ ᠪᠠᠶᠠᠯᠢᠭ ᠢ ᠬᠠᠷᠠᠭᠤᠯᠤᠨ᠂ ᠳᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠤᠨ᠎ᠠ᠃         ᠳᠠᠭᠠᠭᠠᠨ ᠡᠷᠬᠢᠯᠡᠬᠦ ᠨᠢᠬᠡᠴᠡ᠄ ᠤᠢ ᠰᠢᠭᠤᠢ ᠤᠰᠤᠨ ᠠᠰᠢᠭᠯᠠᠯᠳᠠ ᠶᠢᠨ ᠳᠤᠪᠴᠢᠶ᠎ᠠ᠂ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         7. ᠪᠦᠬᠦ ᠠᠶᠢᠮᠠᠭ ᠤᠨ ᠵᠠᠯᠠᠭᠤᠴᠤᠳ ᠤᠨ ᠪᠠᠭᠠᠴᠤᠳ ᠤᠨ ᠮᠦᠰᠦ ᠳᠠᠰᠢᠯᠳᠠ ᠶᠢᠨ ᠤᠷᠢᠯᠭ᠎ᠠ ᠶᠢᠨ ᠤᠷᠤᠯᠳᠤᠭᠠᠨ         ᠴᠠᠭ᠄ 2018 ᠤᠨ ᠤ 1 ᠰᠠᠷ᠎ᠠ ᠶᠢᠨ 20᠎ ᠤ ᠡᠳᠦᠷ         ᠭᠠᠵᠠᠷ᠄ ᠠᠪᠠᠭ᠎ᠠ ᠬᠤᠰᠢᠭᠤᠨ ᠤ ᠪᠡᠯᠬᠦᠳᠡᠢ ᠪᠠᠯᠭᠠᠰᠤᠨ ᠤ ᠬᠠᠷ᠎ᠠ ᠨᠠᠭᠤᠷ         ᠠᠭᠤᠯᠭ᠎ᠠ᠄ ᠤᠷᠤᠯᠳᠤᠭᠠᠨ ᠨᠢ ᠨᠠᠰᠤᠨ ᠤ ᠬᠢᠵᠠᠭᠠᠷ ᠢᠶᠠᠷ ᠭᠤᠷᠪᠠᠨ ᠳᠤᠭᠤᠶᠢᠯᠠᠩ ᠬᠤᠪᠢᠶᠠᠨ ᠤᠷᠤᠯᠳᠤᠭᠤᠯᠤᠨ᠎ᠠ᠂ ᠡᠷᠡᠭᠳᠡᠢ ᠡᠮᠡᠭᠳᠡᠢ ᠶᠢᠨ 500 ᠮᠧᠲᠷ ᠤᠨ ᠮᠦᠰᠦ ᠳᠠᠰᠢᠯᠳᠠ ᠶᠢᠨ ᠤᠷᠤᠯᠳᠤᠭᠠᠨ ᠪᠤᠯᠤᠨ ᠡᠷᠡᠭᠳᠡᠢ ᠡᠮᠡᠭᠳᠡᠢ ᠶᠢᠨ1000 ᠮᠧᠲᠷ ᠤᠨ ᠮᠦᠰᠦᠨ ᠳᠠᠰᠢᠯᠳᠡ ᠶᠢᠨ ᠤᠷᠤᠯᠳᠤᠭᠠᠨ ᠲᠠᠢ᠃ ᠡᠨᠡᠬᠦ ᠠᠵᠢᠯᠯᠠᠭ᠎ᠠ ᠨᠢ ᠮᠦᠰᠦ ᠴᠠᠰᠦᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠦ᠂ ᠦᠷᠬᠡᠨ ᠤᠯᠠᠨ ᠲᠦᠮᠡᠨ ᠤ ᠮᠦᠰᠦ ᠴᠠᠰᠦᠨ ᠤ ᠳᠠᠮᠢᠷ ᠤᠨ ᠬᠦᠳᠡᠯᠬᠡᠬᠡᠨ ᠳᠤ ᠤᠷᠤᠯᠴᠠᠬᠤ ᠢ ᠤᠷᠮᠠᠰᠢᠭᠤᠯᠤᠨ ᠳᠠᠶᠢᠴᠢᠯᠠᠵᠦ᠂ ᠠᠪᠠᠭ᠎ᠠ ᠬᠤᠰᠢᠭᠤᠨ ᠤ ᠡᠪᠦᠯ ᠤᠨ ᠤᠯᠠᠷᠢᠯ ᠤᠨ ᠮᠦᠰᠦ ᠴᠠᠰᠦᠨ ᠤ ᠳᠠᠮᠢᠷ ᠤᠨ ᠬᠦᠳᠡᠯᠬᠡᠬᠡᠨ ᠤ ᠲᠦᠷᠦᠯ ᠵᠦᠢᠯ ᠢ ᠪᠠᠶᠠᠯᠢᠭᠵᠢᠭᠤᠯᠤᠨ᠎ᠠ᠃         ᠳᠠᠭᠠᠭᠠᠨ ᠡᠷᠬᠢᠯᠡᠬᠦ ᠨᠢᠬᠡᠴᠡ᠄ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         8 . ᠪᠦᠬᠦ ᠬᠤᠰᠢᠭᠤᠨ ᠤ ︽ᠪᠡᠯᠬᠦᠳᠡᠢ︾ ᠬᠤᠨᠳᠠᠭᠠᠳᠤ ᠰᠢᠳᠠᠷ᠎ᠠ ᠶᠢᠨ ᠤᠷᠤᠯᠳᠤᠭᠠᠨ         ᠴᠠᠭ᠄ 2018 ᠤᠨ ᠤ 1 ᠰᠠᠷ᠎ᠠ ᠶᠢᠨ 25᠎ ᠤ ᠡᠳᠦᠷ         ᠠᠭᠤᠯᠭ᠎ᠠ᠄ ᠤᠷᠤᠯᠳᠤᠭᠠᠨ ᠢ ᠳᠤᠮᠤᠴᠤᠤᠯ ᠤᠨ ᠳᠤᠭᠤᠶᠢᠯᠠᠩ᠂ ᠪᠠᠭᠠᠴᠤᠳ ᠤᠨ ᠳᠤᠭᠤᠶᠢᠯᠠᠩ ᠬᠡᠵᠦ ᠬᠤᠪᠢᠶᠠᠨ᠎ᠠ᠃ ᠳᠤᠮᠤᠴᠤᠤᠯ ᠤᠨ ᠳᠤᠭᠤᠶᠢᠯᠠᠩ ᠳᠤ 128 ᠬᠦᠮᠦᠨ ᠤᠷᠤᠯᠴᠠᠵᠦ᠂ ᠪᠠᠭᠠᠴᠤᠳ ᠤᠨ ᠳᠤᠭᠤᠶᠢᠯᠠᠩ ᠎ ᠳᠤ 64 ᠬᠦᠮᠦᠨ ᠤᠷᠤᠯᠴᠠᠨ᠎ᠠ᠃ ᠺᠤᠮᠫᠢᠦ᠋ᠲ᠋ᠧᠷ ᠢᠶᠠᠷ ᠤᠨᠤᠭ᠎ᠠ ᠳᠠᠭᠠᠷᠠᠭᠤᠯᠤᠨ᠎ᠠ᠃         ᠳᠠᠭᠠᠭᠠᠨ ᠡᠷᠬᠢᠯᠡᠬᠦ ᠨᠢᠬᠡᠴᠡ᠄ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         9. ᠠᠪᠠᠭ᠎ᠠ ᠬᠤᠰᠢᠭᠤᠨ ᠤ 2018 ᠤᠨ ᠤ ᠴᠠᠭᠠᠨ ᠰᠠᠷ᠎ᠠ ᠶᠢᠨ ᠦᠳᠡᠰᠢᠯᠡᠭᠡ         ᠴᠠᠭ᠄ 2018 ᠤᠨ ᠤ 2 ᠰᠠᠷ᠎ᠠ ᠶᠢᠨ 5᠎ ᠤ ᠡᠳᠦᠷ         ᠭᠠᠵᠠᠷ᠄ ᠰᠢᠯᠢ ᠶᠢᠨ ᠭᠤᠤᠯ ᠠᠶᠢᠮᠠᠭ ᠤᠨ ᠷᠠᠳᠢᠤ᠋ ᠲᠧᠯᠸᠢᠰ ᠬᠤᠷᠢᠶᠠᠨ ᠤ ᠨᠡᠪᠲᠡᠷᠡᠬᠦᠯᠬᠡ ᠶᠢᠨ ᠳᠢᠩᠬᠢᠮ         ᠳᠠᠭᠠᠭᠠᠨ ᠡᠷᠬᠢᠯᠡᠬᠦ ᠨᠢᠬᠡᠴᠡ᠄ ᠰᠤᠶᠤᠯ ᠳᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠳᠤᠪᠴᠢᠶ᠎ᠠ         10 . ᠠᠪᠠᠭ᠎ᠠ ᠬᠤᠰᠢᠭᠤᠨ ᠤ ᠤᠯᠠᠮᠵᠢᠯᠠᠯᠳᠤ ᠬᠠᠮᠳᠦ ᠶᠢᠨ ᠭᠠᠯ ᠲᠠᠬᠢᠯᠭ᠎ᠠ         ᠴᠠᠭ᠄ 2017 ᠤᠨ ᠤ 2 ᠳ᠋ᠤᠭᠠᠷ ᠰᠠᠷ᠎ᠠ ᠶᠢᠨ 8  ᠎ ᠤ ᠡᠳᠦᠷ         ᠠᠭᠤᠯᠭ᠎ᠠ᠄ ᠪᠢᠯᠢᠭ ᠤᠨ ᠤᠯᠠᠷᠢᠯ ᠤᠨ ᠬᠦᠬᠦᠬᠡ ᠰᠠᠷ᠎ᠠ ᠶᠢᠨ ᠬᠤᠷᠢᠨ ᠭᠤᠷᠪᠠᠨ ᠳᠤ ᠪᠦᠬᠦ ᠬᠤᠰᠢᠭᠤᠨ ᠎ ᠤ ᠦᠷᠬᠡᠨ ᠤᠯᠠᠨ ᠲᠦᠮᠡᠨ ᠵᠢᠴᠢ ᠮᠠᠯᠴᠢᠨ ᠲᠦᠮᠡᠨ ᠬᠠᠮᠳᠤ ᠪᠠᠷ ᠬᠠᠮᠳᠦ ᠶᠢᠨ ᠭᠠᠯ ᠲᠠᠬᠢᠯᠭ᠎ᠠ ᠶᠢᠨ ᠠᠵᠢᠯᠯᠠᠭ᠎ᠠ  ᠎ ᠳᠤ ᠤᠷᠤᠯᠴᠠᠵᠦ᠂ ᠤᠯᠤᠰ ᠤᠷᠤᠨ ᠤ ᠡᠩᠬᠡ ᠠᠮᠤᠭᠤᠯᠠᠩ᠂ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠡᠯ ᠨᠢᠭᠳᠠᠷᠠᠯ᠂ ᠬᠤᠷ᠎ᠠ ᠪᠤᠷᠤᠭᠠᠨ ᠲᠡᠭᠰᠢ᠂ ᠦᠭᠡᠳᠡ ᠡᠰᠡᠷᠡᠭ ᠵᠡᠷᠭᠡ ᠪᠠᠨ ᠲᠠᠭᠠᠳᠬᠠᠨ᠎ᠠ᠃ ᠮᠤᠩᠭᠤᠯ ᠦᠨᠳᠦᠰᠦᠳᠡᠨ ᠤ ᠡᠨᠡᠬᠦ ᠤᠯᠠᠮᠵᠢᠯᠠᠯᠳᠤ ᠰᠤᠶᠤᠯ ᠢᠶᠠᠨ ᠬᠠᠮᠠᠭᠠᠯᠠᠨ᠂ ᠤᠯᠠᠮᠵᠢᠯᠠᠨ ᠬᠦᠭᠵᠢᠬᠦᠯᠦᠨ᠎ᠡ᠃         ᠳᠠᠭᠠᠭᠠᠨ ᠡᠷᠬᠢᠯᠡᠬᠦ ᠨᠢᠬᠡᠴᠡ᠄ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠳᠤᠪᠴᠢᠶ᠎ᠠ
 
ᠢᠷᠡᠯᠲᠡ᠄ ᠠᠪᠠᠭ᠎ᠠ ᠬᠤᠰᠢᠭᠤᠨ ᠤ ᠠᠷᠠᠣᠨ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号