ᠠᠪᠠᠭ᠎ᠠ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ‌‍ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠤᠯᠪᠠᠰᠤᠷᠠᠯ ᠡᠬᠢᠯᠡᠪᠡ
ᠨᠡᠶᠢᠲᠡᠯᠡᠭᠰᠡᠨ ᠴᠠᠭ᠄
2017/12/12
        ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠠᠭᠤᠯᠬᠤᠨ ᠢ ᠬᠦᠨᠵᠡᠭᠡᠢ ᠤᠶᠢᠯᠠᠭᠠᠨ᠂ ᠺᠠᠳᠠᠷ ᠠᠵᠢᠯᠳᠠᠳ ᠤᠨ ᠦᠵᠡᠯ ᠰᠠᠨᠠᠭ᠎ᠠ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠳᠡᠬᠡᠷ᠎ᠡ ᠨᠢᠭᠡᠳᠦᠬᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠡᠯ᠎ᠡ ᠲᠦᠷᠦᠯ ᠤᠨ ᠡᠬᠦᠷᠭᠡ ᠳᠡᠭᠡᠷ᠎ᠡ ᠬᠦᠴᠦᠨ ᠢᠶᠠᠨ ᠨᠢᠭᠳᠠᠷᠠᠭᠤᠯᠬᠤ ᠶᠢᠨ ᠲᠤᠯᠠᠳᠠ᠂ ᠠᠪᠠᠭ᠎ᠠ ᠬᠤᠰᠢᠭᠤ ᠨᠢ ᠪᠦᠬᠦ ᠬᠤᠰᠢᠭᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠪᠤᠯᠪᠠᠰᠤᠷᠠᠯ ᠢ 2 ᠬᠤᠭᠤᠴᠠᠭ᠎ᠠ ᠡᠷᠬᠢᠯᠡᠨ ᠶᠠᠪᠤᠭᠳᠠᠭᠤᠯᠬᠤ ᠪᠠᠷ ᠪᠤᠯᠤᠭᠰᠠᠨ ᠪᠠᠶᠢᠨ᠎ᠠ᠃        12 ᠰᠠᠷᠠᠶᠢᠨ 5 ᠡᠳᠦᠷ᠂ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠪᠤᠯᠪᠠᠰᠤᠷᠠᠯ ᠤᠨ ᠪᠤᠯᠪᠠᠰᠤᠷᠠᠯ ᠡᠬᠢᠯᠡᠬᠦ ᠶᠤᠰᠤᠯᠠᠯ ᠨᠠᠮ ᠤᠨ ᠰᠤᠷᠭᠠᠭᠤᠯᠢ ᠶᠢᠨ ᠬᠤᠷᠠᠯ ᠤᠨ ᠬᠡᠷ ᠲᠤ ᠶᠠᠪᠤᠭᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠪᠤᠯᠪᠠᠰᠤᠷᠠᠯ ᠡᠬᠢᠯᠡᠬᠦ ᠶᠤᠰᠤᠯᠠᠯ ᠳᠤ ᠤᠷᠤᠯᠴᠠᠵᠦ᠂ ᠨᠠᠮ ᠤᠨ ᠬᠢᠴᠢᠶᠡᠯ ᠤᠷᠤᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠯᠢᠤ ᠰᠢᠶᠤᠤ ᠮᠢᠨ᠂ ᠡᠯ᠎ᠡ ᠰᠤᠮᠤ ᠪᠠᠯᠭᠠᠰᠤ ︵ᠲᠤᠭᠤᠷᠢᠭ︶᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠎ ᠶᠢᠨ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠨᠢᠭᠡᠳᠦᠭᠡᠷ ᠬᠤᠭᠤᠴᠠᠭᠠᠨ ᠤ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠬᠤ ᠪᠤᠯᠪᠠᠰᠤᠷᠠᠯ ᠤᠨ ᠠᠩᠭᠢ ᠶᠢᠨ ᠪᠦᠬᠦ ᠬᠡᠰᠢᠬᠦᠨ ᠪᠤᠯᠪᠠᠰᠤᠷᠠᠯ ᠳᠤ ᠤᠷᠤᠯᠴᠠᠵᠠᠢ᠃ ᠯᠢᠤ ᠰᠢᠶᠤᠤ ᠮᠢᠨ ᠪᠤᠯᠪᠠᠰᠤᠷᠠᠯ ᠡᠬᠢᠯᠡᠬᠦ ᠶᠤᠰᠤᠯᠠᠯ ᠢ ᠡᠷᠬᠢᠯᠡᠪᠡ᠃        ᠬᠠᠰᠪᠠᠶᠠᠷ ᠠᠴᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠨᠡᠪᠳᠡᠷᠡᠳᠡᠯ᠎ᠡ ᠰᠤᠷᠤᠯᠴᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠡᠳᠬᠢᠯ ᠳᠡᠭᠡᠨ ᠬᠠᠳᠠᠩᠰᠢᠭᠤᠯᠬᠤ᠂ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠰᠢᠷᠢᠰ ᠰᠢᠨ᠎ᠠ ᠮᠠᠭᠠᠳᠯᠠᠯ ᠰᠢᠨ᠎ᠠ ᠪᠠᠶᠢᠷᠢᠯᠠᠭᠤᠯᠤᠯᠳᠠ ᠰᠢᠨ᠎ᠠ ᠱᠠᠭᠠᠷᠳᠠᠯᠭ᠎ᠠ ᠶᠢ ᠤᠨᠤᠪᠴᠢᠳᠠᠢ ᠤᠶᠢᠯᠠᠭᠠᠨ ᠡᠵᠡᠮᠰᠢᠵᠦ᠂ ᠮᠠᠨ ᠤ ᠬᠤᠰᠢᠭᠤᠨ ᠤ ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠪᠤᠯᠤᠨ ᠤᠳᠤᠬᠢᠴᠢᠯᠠᠭᠰᠠᠨ ᠪᠠᠶᠢᠭᠤᠯᠤᠯᠳᠠ ᠶᠢᠨ ᠰᠢᠨ᠎ᠠ ᠠᠶᠠᠨ ᠢ ᠪᠦᠬᠦ ᠲᠠᠯ᠎ᠠ ᠪᠠᠷ ᠨᠡᠭᠡᠭᠡᠬᠦ᠂ ᠰᠤᠷᠤᠯᠴᠠᠵᠦ ᠤᠶᠢᠯᠠᠭᠠᠵᠦ ᠪᠤᠳᠠᠳᠠᠶᠢᠵᠢᠭᠤᠯᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠯᠬᠤᠮ ᠪᠦᠷᠢ ᠳᠤ ᠬᠦᠨᠵᠡᠭᠡᠶᠢᠷᠡᠬᠦᠯᠬᠦ ᠶᠢ ᠲᠦᠯᠬᠢᠨ ᠠᠬᠢᠭᠤᠯᠬᠤ ᠵᠡᠷᠭᠡ ᠭᠤᠷᠪᠠᠨ ᠲᠠᠯ᠎ᠠ ᠪᠠᠷ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠠᠶᠢᠯᠪᠤᠷᠢᠯᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠪᠠᠶᠠᠯᠢᠭ ᠠᠭᠤᠯᠬᠤᠨ ᠢ ᠬᠦᠨᠵᠡᠭᠡᠢ ᠬᠦᠦᠷᠨᠢᠭᠰᠡᠨ ᠤ ᠬᠠᠮᠳᠤ᠂ ᠪᠦᠬᠦ ᠬᠤᠰᠢᠭᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠬᠤ ᠳᠠᠯ᠎ᠠ ᠪᠠᠷ ᠪᠤᠳᠠᠳᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃        ᠲᠡᠷᠡ ᠬᠡᠯᠡᠬᠦ ᠳᠡᠭᠡᠨ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠎ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠠᠭ ᠦᠶ᠎ᠡ ᠶᠢᠨ ᠠᠬᠤᠢ ᠪᠠᠶᠢᠳᠠᠯ ᠢ ᠤᠨᠤᠪᠴᠢᠳᠠᠢ ᠡᠵᠡᠮᠰᠢᠨ᠂ ᠰᠢ ᠎ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠠᠨᠠᠭ᠎ᠠ ᠶᠢ ᠬᠦᠨᠵᠡᠭᠡᠢ ᠰᠤᠷᠤᠯᠴᠠᠨ ᠨᠡᠪᠳᠡ ᠤᠶᠢᠯᠠᠭᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠤᠨᠴᠠᠯᠢᠭ ᠢ ᠡᠵᠡᠮᠰᠢᠨ ᠳᠤᠳᠤᠷᠬᠠᠶᠢᠯᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠦᠢᠯᠡᠳᠦᠯᠬᠡ ᠶᠢᠨ ᠱᠠᠭᠠᠷᠳᠠᠯᠭ᠎ᠠ ᠶᠢ ᠬᠦᠨᠵᠡᠭᠡᠢ ᠡᠵᠡᠮᠰᠢᠨ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠳᠡᠤᠬᠡ ᠶᠢᠨ ᠵᠢᠳᠬᠦᠯ ᠢ ᠬᠦᠢᠴᠡᠳ ᠲᠠᠨᠢᠬᠤ ᠬᠡᠷᠡᠭᠳᠡᠢ᠃        ᠠᠷᠪᠠ ᠶᠢᠰᠦᠳᠦᠭᠡᠷ ᠶᠡᠭᠡ ᠬᠤᠷᠠᠯ ᠳᠤ ᠳᠤᠷᠡᠳᠤᠭᠰᠠᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠴᠠᠭ ᠦᠶ᠎ᠡ ᠳᠤ ᠤᠷᠤᠭᠰᠠᠨ ᠳᠤᠬᠠᠢ ᠰᠢᠨ᠎ᠠ ᠴᠢᠬᠤᠯᠠ ᠶᠡᠭᠡ ᠮᠠᠭᠠᠳᠯᠠᠯ᠂ ᠮᠠᠨ ᠤ ᠤᠯᠤᠰ ᠤᠨ ᠨᠡᠶᠢᠭᠡᠮ ᠵᠢᠷᠤᠮ ᠤᠨ ᠭᠤᠤᠯ ᠵᠦᠷᠢᠴᠡᠯ ᠳᠤ ᠬᠤᠪᠢᠷᠠᠯᠳᠠ ᠭᠠᠷᠤᠭᠰᠠᠨ ᠰᠢᠨ᠎ᠠ ᠴᠢᠬᠤᠯᠠ ᠶᠡᠭᠡ ᠮᠠᠭᠠᠳᠯᠠᠯ᠂ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠭᠵᠢᠯᠳᠡ ᠶᠢᠨ ᠰᠢᠨ᠎ᠠ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ᠂ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠰᠢᠨ᠎ᠠ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠭᠡ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠤᠨᠤᠪᠴᠢᠳᠠᠢ ᠤᠶᠢᠯᠠᠭᠠᠨ ᠡᠵᠡᠮᠰᠢᠬᠦ ᠬᠡᠷᠡᠭᠳᠡᠢ᠃ ᠬᠦᠨᠵᠡᠭᠡᠢ ᠰᠤᠷᠤᠯᠴᠠᠨ ᠨᠡᠪᠳᠡᠷᠡᠳᠡᠯ᠎ᠡ ᠰᠤᠷᠤᠯᠴᠠᠬᠤ ᠳᠡᠭᠡᠷ᠎ᠡ ᠬᠦᠴᠦ ᠲᠠᠯᠪᠢᠵᠦ᠂ ᠤᠶᠤᠨ ᠲᠠᠷᠢᠬᠢ ᠰᠡᠳᠬᠢᠯ ᠳᠡᠭᠡᠨ ᠬᠠᠳᠠᠩᠰᠢᠭᠤᠯᠤᠨ᠂ ᠰᠢᠨ᠎ᠡ ᠶᠢ ᠡᠬᠦᠳᠬᠦ ᠬᠡᠯᠪᠡᠷᠢ ᠪᠠᠷ ᠪᠦᠬᠦ ᠲᠠᠯ᠎ᠠ ᠪᠠᠷ ᠪᠦᠷᠬᠦᠬᠦᠯᠦᠨ᠂ ᠰᠤᠷᠤᠭᠰᠠᠨ ᠢᠶᠠᠨ ᠬᠡᠷᠡᠭᠵᠢᠬᠦᠯᠵᠦ᠂ ᠤᠯᠠᠮ ᠬᠦᠨᠵᠡᠭᠡᠢ ᠰᠤᠷᠤᠯᠴᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠳᠡᠢ ᠬᠡᠵᠠᠢ᠃        ᠳᠤᠬᠠᠢ ᠶᠢᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠧᠷᠤᠹᠰᠰᠤᠷ ᠯᠢᠤ ᡁᠢ ᠮᠢᠨ ᠠᠴᠠ ᠪᠤᠯᠪᠠᠰᠤᠷᠠᠯ ᠳᠤ ᠤᠷᠤᠯᠴᠠᠭᠰᠠᠨ ᠤᠳᠤᠷᠢᠳᠬᠤ ᠺᠠᠳᠠᠷ ᠨᠠᠷ ᠲᠤ᠂ ᠰᠢᠨ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠎ ᠤ ᠳᠤᠬᠠᠢ ᠲᠤᠰᠬᠠᠢ ᠰᠡᠳᠦᠪᠳᠦ ᠲᠠᠶᠢᠯᠤᠮᠵᠢ ᠬᠢᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠭᠤᠷᠪᠠᠨ ᠡᠳᠦᠷ ᠶᠠᠪᠤᠭᠳᠠᠬᠤ ᠲᠤᠰ ᠤᠳᠠᠭᠠᠨ ᠤ ᠪᠤᠯᠪᠠᠰᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠫᠧᠷᠤᠹᠰᠰᠤᠷ ᠸᠠᠩ ᠴᠠᠭᠠᠨ᠂ ᠡᠷᠳᠡᠨᠢᠪᠠᠶᠠᠷ᠂ ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭᠠᠨ ᠤ ᠨᠠᠮ ᠤᠨ ᠬᠡᠰᠢᠬᠦᠨ ᠲᠢᠩ ᠪᠠᠭᠠᠳᠤᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠪᠠᠢ ᠰᠢᠦ ᠮᠸᠢ ᠵᠡᠷᠭᠡ ᠬᠦᠮᠦᠰ ᠢ ᠤᠨᠴᠠᠭᠠᠶᠢᠯᠠᠨ ᠤᠷᠢᠵᠦ᠂ ᠡᠪ ᠬᠠᠮᠳᠤ ᠨᠠᠮ ᠤᠨ ᠬᠡᠰᠢᠬᠦᠨ ᠰᠠᠬᠢᠭᠤᠯᠰᠤᠨ ᠢ ᠢᠳᠡᠭᠡᠵᠦ ᠪᠤᠯᠬᠤ ᠦᠭᠡᠢ᠂ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠤᠨ ᠦᠵᠡᠰᠬᠦᠯᠡᠩᠲᠦ ᠳᠤᠮᠳᠠᠳᠦ ᠤᠯᠤᠰ ᠢ ᠪᠠᠶᠢᠭᠤᠯᠬᠤ᠂ ᠠᠷᠪᠠ ᠶᠢᠰᠦᠳᠦᠭᠡᠷ ᠶᠡᠭᠡ ᠬᠤᠷᠠᠯ ᠪᠠᠷ ᠵᠢᠯᠤᠭᠤᠳᠤᠮᠵᠢ ᠪᠤᠯᠭᠠᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠨ ᠬᠢᠬᠦ ᠵᠡᠷᠭᠡ ᠠᠭᠤᠯᠭ᠎ᠠ ᠪᠠᠷ ᠤᠯᠠᠨ ᠳᠤ ᠬᠢᠴᠢᠶᠡᠯᠯᠡᠬᠦ ᠪᠤᠯᠤᠨ᠎ᠠ᠃        ᠵᠤ᠋ ᠰᠢᠶᠤᠤ ᠮᠢᠨ ᠠᠴᠠ ᠬᠤᠷᠠᠯ ᠢ ᠡᠷᠬᠢᠯᠡᠬᠦ ᠶᠠᠷᠢᠶᠠᠨ ᠳᠠᠭᠠᠨ᠂ ᠬᠠᠰᠪᠠᠶᠠᠷ ᠱᠦᠵᠢ ᠶᠢᠨ ᠤᠷᠤᠭᠰᠠᠨ ᠨᠠᠮ ᠎ ᠤᠨ ᠬᠢᠴᠢᠶᠡᠯ ᠤᠨ ᠭᠤᠤᠯ ᠰᠡᠳᠦᠪ ᠢᠯᠡ ᠳᠤᠳᠤ᠂ ᠪᠠᠶᠠᠯᠢᠭ ᠠᠭᠤᠯᠤᠭᠳᠠᠬᠤᠨ ᠲᠠᠢ᠂ ᠱᠠᠭᠠᠷᠳᠠᠯᠭ᠎ᠠ ᠳᠤᠳᠤᠷᠬᠠᠢ᠂ ᠵᠢᠯᠤᠭᠤᠳᠬᠤ ᠴᠢᠨᠠᠷ᠂ ᠬᠠᠨᠳᠤᠯᠭᠠᠳᠤ ᠴᠢᠨᠠᠷ ᠪᠤᠯᠤᠨ ᠠᠵᠢᠯᠯᠠᠭᠠᠨ ᠤ ᠴᠢᠨᠠᠷ ᠢᠶᠠᠷ ᠴᠢᠩᠭ᠎ᠠ᠃ ᠪᠤᠯᠪᠠᠰᠤᠷᠠᠯ ᠳᠤ ᠤᠷᠤᠯᠴᠠᠭᠰᠠᠨ ᠺᠠᠳ᠋ᠷ ᠨᠠᠷ ᠬᠦᠨᠵᠡᠭᠡᠢ ᠰᠤᠷᠤᠯᠴᠠᠨ ᠤᠶᠢᠯᠠᠭᠠᠵᠦ᠂ ᠪᠤᠳᠠᠳᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠳᠡᠢ ᠭᠡᠰᠡᠨ ᠪᠠᠶᠢᠨ᠎ᠠ᠃         ᠲᠡᠷᠡ ᠪᠤᠯᠪᠠᠰᠤᠷᠠᠯ ᠳᠤ ᠤᠷᠤᠯᠴᠠᠭᠰᠠᠳ ᠲᠤ ᠱᠠᠭᠠᠷᠳᠠᠯᠭ᠎ᠠ ᠳᠤᠷᠠᠳᠬᠤ ᠳᠠᠭᠠᠨ᠄ ᠰᠠᠶᠢᠳᠤᠷ ᠰᠤᠷᠤᠯᠴᠠᠨ ᠰᠡᠳᠬᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷ ᠢᠶᠠᠨ ᠦᠨᠡᠨᠬᠦ ᠳᠡᠭᠡᠭᠰᠢᠯᠡᠬᠦᠯᠵᠦ᠂ ᠵᠦᠪ ᠰᠤᠷᠤᠯᠴᠠᠬᠤ ᠤᠪᠤᠷ ᠢᠶᠠᠷ᠂ ᠪᠤᠯᠪᠠᠰᠤᠷᠠᠯ ᠤᠨ ᠦᠷ᠎ᠡ ᠪᠦᠲᠦᠮᠵᠢᠳᠦ ᠴᠢᠨᠠᠷ ᠢ ᠨᠡᠮᠡᠭᠳᠡᠬᠦᠯᠬᠦ ᠶᠢᠨ ᠬᠠᠮᠳᠤ᠂ ᠰᠤᠷᠤᠭᠰᠠᠨ ᠢᠶᠠᠨ ᠬᠡᠷᠡᠭᠯᠡᠵᠦ᠂ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢᠶᠠᠨ ᠠᠬᠢᠭᠤᠯᠬᠤ ᠬᠡᠷᠡᠭᠳᠡᠢ ᠬᠡᠵᠠᠢ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号