ᠠᠪᠠᠭ᠎ᠠ ᠬᠤᠰᠢᠭᠤᠨ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2017/5/16
      ᠠᠪᠠᠭ᠎ᠠ ᠬᠤᠰᠢᠭᠤ ᠨᠢ ᠰᠢᠯᠢ ᠶᠢᠨ ᠭᠤᠥᠯ ᠠᠶᠢᠮᠠᠭ ᠤᠨ ᠳᠤᠮᠳᠠ ᠬᠤᠶᠢᠲᠤ ᠪᠡᠶ᠎ᠡ ᠳᠤ ᠪᠠᠶᠢᠷᠢᠯᠠᠨ᠂ ᠨᠤᠳᠤᠭ ᠲᠠᠪᠢᠰᠬᠡᠷ ᠤᠨ ᠲᠠᠯᠠᠪᠠᠢ ᠨᠢ 2.75 ᠲᠦᠮᠡᠨ ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠪᠦᠬᠦ ᠠᠶᠢᠮᠠᠭ  ᠤᠨ ᠶᠠᠷᠤᠩᠬᠡᠢ ᠲᠠᠯᠠᠪᠠᠢ ᠶᠢᠨ 13.6 % ᠶᠢ ᠡᠵᠡᠯᠡᠨ᠎ᠠ᠃ ᠪᠦᠬᠦ ᠬᠤᠰᠢᠭᠤᠨ ᠤ ᠨᠤᠳᠤᠭ ᠪᠠᠯᠴᠢᠬᠡᠷ ᠤᠨ ᠶᠡᠷᠤᠩᠬᠡᠢ ᠲᠠᠯᠠᠪᠠᠢ ᠨᠢ 2.7 ᠲᠦᠮᠡᠨ ᠲᠡᠭᠰᠢ ᠲᠦᠷᠪᠡᠯᠵᠢᠨ ᠺᠢᠯᠤᠮᠧᠲᠷ ᠲᠤ ᠬᠦᠷᠴᠤ᠂ ᠶᠡᠷᠤᠩᠬᠡᠢ ᠲᠠᠯᠠᠪᠠᠢ ᠶᠢᠨ 98% ᠶᠢ ᠡᠵᠡᠯᠡᠨ᠎ᠡ᠃ ᠬᠤᠶᠢᠲᠤ ᠲᠠᠯ᠎ᠠ ᠪᠠᠷ ᠢᠶᠠᠨ ᠮᠤᠩᠭᠤᠯ ᠤᠯᠤᠰ ᠲᠠᠢ ᠬᠢᠯᠢᠯᠠᠵᠤ᠂ ᠬᠢᠯᠢ ᠶᠢᠨ ᠱᠤᠭᠤᠮ ᠤᠨ ᠤᠷᠲᠤ ᠨᠢ 175 ᠺᠢᠯᠤᠮᠧᠲᠷ᠃ ᠵᠠᠬᠦᠨ ᠲᠠᠯ᠎ᠠ ᠪᠠᠷ ᠢᠶᠠᠨ ᠵᠠᠬᠦᠨ ᠦᠵᠤᠮᠤᠴᠢᠨ ᠬᠤᠰᠢᠭᠤ ᠪᠠ ᠰᠢᠯᠢ ᠶᠢᠨ ᠬᠤᠳᠠ  ᠲᠠᠢ ᠵᠠᠬ᠎ᠠ ᠨᠠᠶᠢᠯᠠᠵᠤ᠂ ᠡᠮᠤᠨ᠎ᠠ ᠲᠠᠯ᠎ᠠ ᠪᠠᠷ ᠢᠶᠠᠨ ᠰᠢᠯᠤᠭᠤᠨ ᠬᠦᠬᠡ ᠬᠤᠰᠢᠭᠤ ᠲᠠᠢ ᠵᠠᠯᠭᠠᠯᠳᠤᠨ᠂ ᠪᠠᠷᠠᠭᠤᠨ ᠲᠠᠯ᠎ᠠ ᠪᠠᠷ ᠢᠶᠠᠨ ᠰᠦᠨᠢᠳ ᠵᠠᠬᠦᠨ ᠬᠤᠰᠢᠭᠤ ᠲᠠᠢ ᠬᠦᠷᠰᠢᠯᠠᠵᠤ ᠪᠠᠶᠢᠳᠠᠭ᠃ ᠪᠦᠬᠦ ᠬᠤᠰᠢᠭᠤᠨ ᠳᠤ 3 ᠪᠠᠯᠭᠠᠰᠦ᠂ 4 ᠰᠤᠮᠤ᠂ 1 ᠠᠭᠤᠷᠬᠠᠢ ᠶᠢᠨ ᠲᠤᠭᠤᠷᠢᠭ᠂ 71 ᠮᠠᠯᠵᠢᠬᠤ ᠭᠠᠴᠠᠭ᠎ᠠ᠂ 4 ᠨᠠᠶᠢᠬᠡᠮ ᠲᠤᠭᠤᠷᠢᠭ ᠲᠠᠢ᠂ ᠨᠠᠶᠢᠳᠠ 4.5 ᠲᠦᠮᠡᠨ ᠬᠦᠮᠤᠨ ᠠᠮᠠ ᠲᠠᠢ᠃ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠡᠷ ᠪᠡᠯᠬᠦᠳᠡᠢ ᠪᠠᠯᠭᠠᠰᠤ ᠨᠢ ᠰᠢᠯᠢ ᠶᠢᠨ ᠬᠤᠳᠠ ᠠᠴᠠ94 ᠺᠢᠯᠤᠮᠧᠲᠷ᠂ ᠰᠢᠯᠢ ᠶᠢᠨ ᠬᠤᠳᠠ ᠶᠢᠨ ᠨᠢᠰᠬᠡᠯ ᠤᠨ ᠲᠠᠯᠠᠪᠠᠢ ᠠᠴᠠ 80 ᠺᠢᠯᠤᠮᠧᠲᠷ ᠵᠠᠶᠢᠳᠡᠢ᠃ ᠬᠤᠰᠢᠭᠤᠨ ᠤ ᠡᠮᠤᠨᠡᠬᠦᠷ 207 ᠤᠯᠤᠰ ᠤᠨ ᠲᠡᠰ ᠤᠨ ᠵᠠᠮ ᠪᠠ ᠰᠢᠯᠢ ᠶᠢᠨ ᠬᠤᠳᠠ ᠠᠴᠠ ᠰᠠᠩ ᠤᠨ ᠲᠠᠯᠠᠢ ᠬᠦᠷᠬᠦ ᠲᠠᠮᠤᠷ ᠵᠠᠮ ᠦᠩᠬᠡᠷᠡᠨ᠂ 101 ᠮᠤᠵᠢ ᠶᠢᠨ ᠲᠡᠰ ᠤᠨ ᠵᠠᠮ ᠪᠦᠬᠦ ᠨᠤᠳᠤᠭ ᠲᠠᠪᠢᠰᠬᠡᠷ ᠢ ᠬᠦᠳᠡᠯᠡᠨ ᠰᠤᠡᠳᠠᠯᠠᠵᠤ᠂ ᠡᠯ᠎ᠠ ᠰᠤᠮᠤ ᠪᠠᠯᠭᠠᠰᠤᠨ ᠳᠤ ᠴᠦᠮ ᠴᠠᠷᠳᠠᠮᠠᠯ ᠵᠠᠮ ᠨᠠᠪᠳᠠᠷᠠᠪᠠ᠃ ᠠᠪᠠᠭ᠎ᠠ ᠬᠤᠰᠢᠭᠤ ᠪᠤᠯ ᠦᠨᠢ ᠡᠷᠳᠡᠨ ᠤ ᠠᠶᠢᠮᠠᠭ ᠤᠭᠰᠠᠭᠠᠨ ᠠᠴᠠ ᠤᠯᠠᠷᠢᠨ ᠬᠤᠪᠢᠰᠴᠤ ᠢᠷᠡᠭᠰᠡᠨ ᠶᠤᠮ᠃ ᠠᠪᠠᠭ᠎ᠠ ᠠᠶᠢᠮᠠᠭ ᠤᠨ ᠢᠵᠠᠭᠤᠷ ᠲᠡᠬᠡᠳᠣᠰ ᠨᠢ ᠴᠢᠩᠬᠢᠰ ᠬᠠᠭᠠᠨ ᠤ ᠲᠡᠬᠦᠣ᠂ ᠶᠡᠭᠡ ᠮᠣᠩᠭᠤᠯ ᠣᠯᠣᠰ ᠤᠨ ᠲᠦᠷᠦ ᠲᠣᠰᠠᠯᠠᠭᠴᠢ᠂  ︽ᠪᠦᠬᠡ ᠶᠢᠨ ᠠᠪᠣᠷᠭᠤ︾ ᠪᠡᠯᠬᠦᠳᠠᠢ ᠪᠠᠶᠢᠭᠰᠠᠨ ᠣᠴᠢᠷ ᠠᠴᠠ ︽ᠠᠪᠠᠭ᠎ᠠ︾ ᠬᠡᠬᠦ ᠨᠠᠷᠠᠶᠢᠳᠣᠯ ᠨᠢ ︽ᠠᠪᠠᠭ᠎ᠠ ᠠᠪᠤ︾ ᠬᠡᠮᠡᠬᠦ ᠣᠳᠬ᠎ᠠ ᠠᠭᠤᠯᠭ᠎ᠠ ᠠᠴᠠ ᠡᠬᠦᠰᠣᠯᠳᠠᠢ᠃ ᠠᠪᠠᠭ᠎ᠠ ᠠᠶᠢᠮᠠᠭ ᠨᠢ ᠲᠡᠤᠬᠡ ᠶᠢᠨ ᠤᠯᠪᠠᠭ᠎ᠠ ᠬᠤᠪᠢᠰᠣᠯᠳᠠ ᠪᠠᠷ ᠲᠠᠮᠵᠢᠭᠠᠳ ᠣᠳᠣ ᠶᠢᠨ ᠠᠪᠠᠭ᠎ᠠ ᠬᠤᠰᠢᠭᠤ ᠪᠣᠯᠵᠣ᠂ ᠡᠳᠣᠢ ᠪᠣᠯᠳᠠᠯ᠎ᠠ ︽ᠠᠪᠠᠭ᠎ᠠ ᠬᠤᠰᠢᠭᠤ︾ ᠬᠡᠵᠣ ᠨᠠᠷᠠᠶᠢᠳᠦᠭᠳᠡᠭᠰᠠᠬᠡᠷ ᠢᠷᠡᠪᠠ᠃       ᠠᠪᠠᠭ᠎ᠠ ᠨᠣᠳᠤᠭ ᠨᠢ ᠦᠨᠢ ᠣᠳᠠᠭᠠᠨ ᠲᠠᠣᠬᠡ ᠲᠠᠢ᠂ ᠦᠨᠢᠷ ᠪᠠᠶᠠᠯᠢᠭ ᠦᠪ ᠰᠣᠶᠣᠯ ᠲᠠᠢ᠂ ᠡᠯᠪᠡᠭ ᠲᠡᠯᠪᠡᠭ ᠡᠬᠢ ᠪᠠᠶᠠᠯᠢᠭ ᠲᠠᠢ ᠰᠠᠶᠢᠬᠠᠨ ᠣᠷᠣᠨ ᠪᠢᠯᠨ᠃ ᠤᠳᠤᠬᠠᠨ ᠳᠤ ᠢᠯᠡᠷᠡᠬᠦᠯᠤᠬᠡᠳ ᠪᠠᠶᠢᠭ᠎ᠠ 23 ᠲᠦᠷᠦᠯ  ᠤᠨ ᠠᠭᠤᠷᠬᠠᠢ ᠶᠢᠨ ᠡᠬᠢ ᠪᠠᠶᠠᠯᠢᠭ ᠲᠤ ᠭᠤᠤᠯᠳᠠᠭᠤ ᠠᠯᠳᠠ᠂ ᠮᠦᠩᠬᠦ᠂ ᠵᠠᠰ᠂ ᠲᠠᠮᠤᠷ᠂ ᠮᠣᠯᠢᠪᠳᠧᠨ᠂ ᠲᠤᠭᠤᠯᠭ᠎ᠠ᠂ ᠴᠠᠶᠢᠷ᠂ ᠪᠢᠰᠮᠦ᠋ᠲ᠂ ᠨᠠᠬᠦᠷᠡᠰᠤ᠂ ᠬᠠᠶᠢᠯᠤᠭᠤᠷ ᠵᠣᠩᠰᠢ᠂ ᠵᠤᠭᠠᠡᠭ᠂ ᠴᠤᠬᠤᠢ ᠶᠢᠨ ᠴᠢᠯᠠᠭᠤ ᠵᠠᠷᠬᠡ ᠪᠠᠶᠢᠵᠤ᠂ 100 ᠢᠯᠡᠬᠦᠦ ᠳ᠋ᠦᠩᠰᠢᠭᠤᠷ ᠲᠤᠨ ᠤ ᠨᠡᠬᠦᠷᠡᠰᠤ᠂ 30 ᠲᠦᠮᠡᠨ ᠲᠤᠨ ᠤ ᠮᠣᠯᠢᠪᠳᠧᠨ᠂3.8 ᠲᠦᠮᠡᠨ ᠲᠤᠨ ᠤ ᠵᠠᠰ᠂ 252 ᠲᠦᠮᠡᠨ ᠲᠤᠨ ᠤ ᠲᠠᠮᠤᠷ᠂ 12.7 ᠲᠦᠮᠡᠨ ᠲᠤᠨ ᠤ ᠲᠤᠭᠤᠯᠭ᠎ᠠ᠂ ᠴᠠᠶᠢᠷ᠂ ᠪᠢᠰᠮᠦ᠋ᠲ  ᠶᠢᠨ ᠤᠯᠠᠨ ᠲᠠᠮᠦᠷᠯᠢᠭ᠂ 409 ᠲᠦᠮᠡᠨ ᠲᠤᠨ ᠤ ᠬᠠᠶᠢᠯᠤᠭᠤᠷ ᠵᠤᠩᠰᠢ᠂ 5.6 ᠳ᠋ᠦᠩᠰᠢᠭᠤᠷ ᠲᠤᠨ ᠤ ᠴᠤᠬᠤᠢ  ᠶᠢᠨ ᠴᠢᠯᠠᠭᠤ ᠶᠢᠨ ᠬᠠᠳᠠᠭᠠᠯᠠᠭᠴᠠ ᠲᠠᠢ ᠪᠠᠶᠢᠬᠤ ᠶᠢ ᠪᠠᠶᠢᠴᠠᠭᠠᠨ ᠢᠯᠡᠷᠡᠬᠦᠯᠪᠠ᠃ ᠡᠯᠪᠡᠭ ᠪᠠᠶᠠᠯᠢᠭ ᠨᠠᠷᠠ ᠰᠠᠯᠬᠢᠨ  ᠤ ᠡᠨᠧᠷᠬᠢ ᠨᠢ ᠲᠤᠮᠤ ᠬᠡᠯᠪᠡᠷᠢ ᠶᠢᠨ ᠰᠠᠯᠬᠢᠨ ᠬᠦᠴᠤᠨ ᠪᠠ ᠨᠠᠷᠠᠨ ᠡᠨᠧᠷᠬᠢ ᠶᠢᠨ ᠴᠠᠬᠢᠯᠭᠠᠨ ᠦᠢᠯᠡᠳᠪᠤᠷᠢ ᠪᠠᠶᠢᠭᠤᠯᠬᠤ ᠳᠤ ᠮᠠᠰᠢ ᠲᠤᠬᠢᠷᠠᠮᠵᠢᠳᠡᠢ᠃ ᠮᠠᠨ ᠤ ᠬᠤᠰᠢᠭᠤ ᠨᠢ ᠮᠦᠡᠴᠤ ᠪᠦᠬᠦ ᠠᠶᠢᠮᠠᠭ ᠤᠨ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠰᠠᠭᠤᠷᠢᠨ ᠭᠠᠵᠡᠷ ᠪᠠᠶᠢᠵᠤ᠂ 2015 ᠤᠨ ᠤ ᠮᠠᠯᠵᠢᠯ ᠤᠨ ᠤᠨ  ᠤ ᠪᠦᠬᠦ ᠬᠤᠰᠢᠭᠤᠨ ᠤ ᠮᠠᠯ ᠤᠨ ᠲᠤᠭ᠎ᠠ ᠲᠤᠯᠤᠭᠠᠢ ᠨᠢ 182.5 ᠲᠦᠮᠡ ᠳᠤ ᠬᠦᠷᠪᠡ᠃ ᠠᠪᠠᠭ᠎ᠠ ᠬᠤᠰᠢᠭᠤ ᠪᠤᠯ ᠦᠨᠢᠷ ᠪᠠᠶᠠᠯᠢᠭ ᠰᠤᠶᠤᠯ ᠲᠡᠤᠬᠡ ᠲᠠᠢ᠂ ᠮᠤᠩᠭᠤᠯ ᠦᠡᠳᠤᠰᠤᠳᠠᠨ ᠤ ᠤᠯᠠᠮᠵᠢᠯᠠᠯᠳᠤ ᠰᠤᠶᠤᠯ ᠢᠷᠬᠡᠨᠰᠢᠯ ᠢᠶᠠᠨ ᠨᠠᠯᠢᠶᠠᠳ ᠪᠦᠷᠢᠨ ᠪᠦᠳᠤᠨ ᠬᠠᠳᠠᠭᠠᠯᠠᠵᠤ ᠪᠠᠶᠢᠭ᠎ᠠ ᠭᠠᠵᠡᠷ ᠤᠷᠤᠨ ᠪᠤᠯᠬᠤ ᠶᠤᠮ᠃ ᠤᠷᠢᠳ ᠬᠤᠵᠢᠳ ︽ᠬᠠᠷ᠎ᠠ ᠠᠳᠤᠭᠤᠨ ᠰᠤᠶᠤᠯ ᠤᠨ ᠦᠯᠤᠬᠡᠢ︾᠂ ︽ᠴᠡᠭᠡ ᠶᠢᠨ ᠰᠣᠶᠣᠯ ᠤᠨ ᠦᠯᠦᠬᠡᠢ︾᠂ ︽ᠴᠣᠭᠤᠷ ᠲᠠᠭᠤᠨ ᠤ ᠦᠯᠣᠬᠡᠢ︾ ᠪᠠ ︽ᠪᠡᠯᠬᠦᠳᠡᠢ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠡᠷ︾ ᠢᠶᠠᠷ ᠨᠠᠷᠠᠶᠢᠳᠦᠭᠳᠡᠵᠤ᠂ ᠠᠪᠠᠭ᠎ᠠ ᠴᠤᠭᠤᠷ ᠨᠢ ᠭᠤᠷᠪᠡᠳᠤᠭᠠᠷ ᠪᠦᠯᠦᠭ ᠤᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠬᠡᠭᠳᠡᠪᠡ᠃ 2013 ᠤᠨ ᠳᠤ ᠠᠪᠠᠭ᠎ᠠ ᠬᠠᠷ᠎ᠠ ᠠᠳᠤᠭᠤ᠂ ᠠᠪᠠᠭ᠎ᠠ ᠴᠡᠭᠡ᠂ ᠤᠷᠢᠶᠠᠩᠬᠠᠢ ᠬᠤᠨᠢ ᠨᠢ ᠤᠯᠤᠰ ᠤᠨ ᠦᠢᠯᠡᠳᠪᠤᠷᠢ ᠬᠤᠳᠠᠯᠳᠤᠭᠠᠨ ᠶᠠᠷᠤᠩᠬᠡᠢ ᠲᠤᠪᠴᠢᠶᠠᠨ ᠳᠤ ᠭᠠᠵᠡᠷ ᠤᠷᠤᠨ ᠤ ᠠᠷᠠᠯᠵᠢᠶᠠᠨ ᠤ ᠲᠠᠮᠳᠡᠭ ᠢᠶᠠᠷ ᠠᠮᠵᠢᠯᠳᠠ ᠲᠠᠢ ᠲᠠᠩᠰᠠᠯᠠᠭᠳᠠᠵᠤ᠂ 2009 ᠤᠨ ᠳᠤ ᠠᠪᠠᠭ᠎ᠠ ᠬᠠᠷ᠎ᠠ ᠠᠳᠤᠭᠤ᠂ ᠤᠷᠢᠶᠠᠩᠬᠠᠢ ᠬᠤᠨᠢ ᠶᠢ ᠲᠠᠷᠢᠶᠠᠯᠠᠩ ᠤᠨ ᠶᠠᠮᠤᠨ ᠤ ︽ᠲᠤᠮᠳᠠᠳᠤ ᠤᠯᠤᠰ ᠤᠨ ᠮᠠᠯ ᠵᠢᠬᠦᠷᠳᠠᠨ ᠤ ᠤᠳᠤᠮᠰᠢᠯ ᠤᠨ ᠡᠬᠢ ᠪᠠᠶᠠᠯᠢᠭ ᠤᠨ ᠦᠢᠯᠠᠯᠭ᠎ᠠ︾ ᠳᠤ ᠪᠦᠷᠢᠳᠬᠡᠬᠦᠯᠤᠨ᠂ 2013 ᠤᠨ ᠤ ᠰᠠᠬᠦᠯᠴᠢ ᠪᠠᠷ ᠲᠠᠷᠢᠶᠠᠯᠠᠩ ᠤᠨ ᠶᠠᠮᠤᠨ ᠳᠤ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠭᠠᠵᠡᠷ ᠤᠷᠤᠨ ᠤ ᠨᠠᠷᠡᠳᠤ ᠲᠡᠮᠳᠡᠭ ᠢᠶᠠᠷ ᠠᠮᠵᠢᠯᠳᠠ  ᠲᠠᠢ ᠲᠠᠩᠰᠠᠯᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号