2007 ᠣᠨ ᠤ ᠵᠠᠰᠠᠭ ᠤᠨ ᠣᠷᠳᠣᠨ  ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2017/5/17
                ᠵᠠᠰᠠᠭ  ᠤᠨ  ᠣᠷᠳᠣᠨ  ᠤ  ᠠᠵᠢᠯ  ᠤᠨ  ᠢᠯᠡᠳᠬᠡᠯ                 2007 ᠣᠨ  ᠤ 11ᠰᠠᠷ᠎ᠠ ᠶᠢᠨ27 ᠤ ᠡᠳᠣᠷ ᠠᠪᠠᠭ᠎ᠠ ᠬᠤᠰᠢᠭᠤᠨ ᠤ                 ᠠᠷᠪᠠᠨ ᠭᠤᠷᠪᠠᠳᠤᠭᠠᠷ  ᠬᠤᠭᠤᠴᠠᠭᠠᠨ ᠤ  ᠠᠷᠠᠳ  ᠤᠨ  ᠲᠦᠯᠦᠬᠡᠯᠡᠭᠴᠢᠳ  ᠤᠨ                    ᠶᠡᠭᠡ  ᠬᠤᠷᠠᠯ  ᠤᠨ  ᠨᠢᠬᠡᠳᠣᠬᠡᠷ  ᠣᠳᠠᠭᠠᠨ  ᠤ  ᠬᠤᠷᠠᠯ   ᠤᠨ  ᠲᠡᠬᠡᠷᠡᠬᠢ  ᠶᠠᠷᠢᠶ᠎ᠠ          ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ   ᠪᠣᠣ · ᠰᠣᠶᠣᠯᠳᠣᠲᠦᠯᠦᠬᠡᠯᠡᠭᠴᠢᠳ ᠡ᠄ ᠣᠳᠣ ᠪᠢ ᠠᠷᠪᠠᠨ ᠬᠤᠶᠠᠳᠣᠭᠠᠷ ᠬᠤᠭᠤᠴᠠᠭᠠᠨ ᠤ ᠵᠠᠰᠠᠭ ᠤᠨ ᠣᠷᠳᠣᠨ ᠢ ᠲᠦᠯᠦᠬᠡᠯᠡᠵᠣ᠂ ᠶᠡᠭᠡ ᠬᠤᠷᠠᠯ ᠳᠤ ᠮᠡᠳᠡᠬᠦᠯᠣᠯᠳᠠ ᠬᠢᠶ᠎ᠠ᠃ ᠬᠢᠨᠠᠨ ᠵᠦᠪᠯᠡᠬᠦ ᠪᠣᠯᠪᠠᠣ︕ ᠬᠤᠰᠢᠭᠤ ᠣᠯᠣᠰ ᠲᠦᠷᠦ ᠶᠢᠨ ᠵᠦᠪᠯᠡᠯᠬᠡᠨ ᠤ  ᠬᠡᠰᠢᠬᠦᠳ ᠪᠣᠯᠣᠨ ᠬᠤᠷᠠᠯ ᠳᠤ ᠰᠣᠯᠨ ᠣᠷᠣᠯᠴᠠᠭᠰᠠᠨ ᠨᠦᠬᠦᠳ ᠤᠨ ᠰᠠᠨᠠᠯ ᠲᠣᠷᠠᠳᠬᠤ ᠶᠢ ᠬᠦᠰᠠᠶ᠎ᠠ᠃ ᠨᠢᠬᠡ᠂ ᠲᠦᠷᠪᠡᠨ ᠵᠢᠯ ᠤᠨ ᠠᠵᠢᠯ ᠤᠨ ᠡᠷᠬᠢᠴᠡᠬᠦᠯᠦᠯ2004 ᠣᠨ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠲᠠᠮᠵᠢᠯᠬᠡ ᠲᠣᠣᠷ᠎ᠠ᠂ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠦᠨᠳᠣᠰᠣᠳᠠᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ ᠦᠵᠡᠯᠳᠠ ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠬᠦᠭᠵᠢᠬᠦᠯᠦᠯᠳᠡ ᠶᠢ ᠲᠦᠷᠬᠡᠳᠬᠡᠬᠦ ᠪᠠᠷ ᠲᠠᠷᠢᠬᠦᠨ ᠡᠬᠦᠷᠬᠡ ᠪᠣᠯᠭᠠᠵᠣ᠂ ᠦᠨᠠᠨ  ᠢ ᠪᠠᠷᠢᠮᠳᠠᠯᠠᠵᠤ ᠪᠣᠳᠠᠳᠠᠢ ᠠᠵᠢᠯᠯᠠᠨ ᠂ ᠰᠢᠨ᠎ᠠ ᠶᠢ ᠡᠬᠦᠳᠴᠣ  ᠂ ᠪᠦᠬᠦ ᠬᠤᠰᠢᠭᠤᠨ ᠤ ᠠᠵᠣ ᠠᠬᠤᠢ ᠨᠡᠶᠢᠬᠡᠮ ᠨᠢ ᠵᠣᠬᠢᠴᠠᠩᠭᠤᠢ ᠲᠦᠷᠬᠡᠨ ᠬᠦᠭᠵᠢᠯᠳᠠ ᠶᠢᠨ ᠪᠠᠶᠢᠳᠠᠯ ᠢᠯᠡᠷᠡᠪᠠ᠃│ │ᠠᠵᠣ ᠠᠬᠤᠢ ᠶᠢᠨ ᠶᠠᠷᠣᠩᠬᠡᠶᠢᠯᠡᠭᠰᠡᠨ ᠬᠦᠴᠦᠨ ᠮᠡᠳᠡᠭᠳᠠᠮ᠎ᠠ ᠴᠢᠩᠭᠠᠷᠠᠪᠠ᠃ ᠲᠦᠰᠦᠪᠯᠡᠭᠰᠡᠨ ᠢᠶᠠᠷ 2007 ᠣᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠣᠷᠢᠯᠡᠯ ᠤᠨ ᠦᠢᠯᠡᠳᠭᠡᠬᠦᠨ ᠤ ᠶᠡᠷᠣᠩᠬᠡᠢ ᠦᠷᠳᠡᠭ 12.3 ᠳ᠋ᠦᠡᠭᠰᠢᠭᠤᠷ ᠲᠦᠬᠦᠷᠢᠭ ᠬᠦᠷᠴᠣ᠂ 2003  ᠣᠨ ᠤ ᠬᠢ ᠠᠴᠠ 2.8 ᠲᠠᠬᠢᠨ  ᠢᠶᠠᠷ ᠨᠡᠮᠡᠭᠳᠡᠵᠦ᠂ ᠡᠨ᠋ᠨ  ᠨᠢ ᠲᠣᠮᠳᠠᠴᠢ ᠪᠠᠷ ᠵᠢᠯ ᠪᠦᠷᠢ 29.3% ᠪᠠᠷ ᠨᠡᠮᠡᠭᠳᠠᠵᠣ᠂ ᠭᠤᠷᠪᠠᠨ ᠠᠵᠤ ᠦᠢᠯᠡᠰ ᠤᠨ ᠬᠠᠷᠢᠴᠠᠯ 50᠄ 17᠄ 33 ᠪᠠᠶᠢᠭᠰᠠᠨ ᠠᠴᠠ ᠪᠠᠨ 26᠄ 45᠄ 29  ᠪᠤᠯᠵᠤ ᠬᠤᠪᠢᠷᠠᠵᠠᠢ᠃ ᠡᠳ᠋ ᠤᠨ ᠵᠠᠰᠠᠭ ᠤᠨ ᠶᠠᠷᠣᠩᠬᠡᠢ ᠣᠷᠣᠯᠭ᠎ᠠ 1.06  ᠳ᠋ᠦᠩᠰᠢᠭᠤᠷ ᠲᠦᠬᠦᠷᠢᠭ ᠲᠤ ᠬᠦᠷᠴᠣ᠂ 2003 ᠤᠨ ᠤ ᠬᠢ ᠠᠴᠠ 9.1 ᠲᠠᠬᠢᠨ ᠨᠡᠮᠡᠭᠳᠡᠵᠦ᠂ ᠲᠣᠮᠳᠠᠴᠢ ᠪᠠᠷ ᠵᠢᠯ ᠪᠦᠷᠢ 73.7% ᠪᠠᠷ ᠦᠰᠴᠠᠢ︔ ᠰᠠᠭᠤᠭᠠᠯᠢ ᠠᠷᠠᠳ ᠤᠨ ᠲᠣᠬᠢᠷᠠᠭᠤᠯᠵᠣ ᠪᠣᠯᠬᠤᠶᠢᠴᠨ ᠣᠷᠣᠯᠭ᠎ᠠ ᠪᠠ ᠮᠠᠯᠴᠢᠳ ᠤᠨ ᠲᠣᠮᠳᠠᠴᠢ ᠴᠡᠪᠡᠷ ᠣᠷᠣᠯᠭ᠎ᠠ 8800 ᠲᠦᠬᠦᠷᠢᠭ ᠪᠠ 5100 ᠲᠦᠬᠦᠷᠢᠭ ᠲᠤ ᠬᠦᠷᠴᠣ  ᠂ ᠲᠤᠰᠪᠤᠷᠢ 2003 ᠤᠨ ᠤ 1.84 ᠲᠠᠬᠢᠨ ᠪᠠ 1.96 ᠲᠠᠬᠢᠨ ᠪᠤᠯᠵᠤ᠂ ᠲᠤᠮᠳᠠᠴᠢ ᠪᠠᠷ ᠵᠢᠯ ᠪᠦᠷᠢ 28 % ᠪᠠ 18.3% ᠪᠠᠷ ᠨᠡᠮᠡᠭᠳᠡᠨ᠎ᠠ︔ ᠲᠦᠷᠪᠡᠨ ᠵᠢᠯ ᠤᠨ ᠲᠣᠭᠳᠠᠮᠠᠯ ᠬᠦᠷᠦᠩᠬᠡ ᠶᠢᠨ ᠪᠡᠯᠨ ᠤᠷᠤᠭᠤᠯᠤᠯᠳᠠ ᠨᠠᠶᠢᠳᠠ 47.9  ᠳ᠋ᠦᠩᠰᠢᠭᠤᠷ ᠲᠦᠬᠦᠷᠢᠭ ᠲᠤ ᠬᠦᠷᠴᠣ᠂ ᠦᠡᠭᠭᠡᠷᠡᠭᠰᠡᠨ ᠲᠠᠪᠣᠨ ᠵᠢᠯ  ᠤᠨ ᠬᠢ ᠠᠴᠠ 14.5 ᠲᠠᠬᠢᠨ ᠨᠡᠮᠡᠭᠳᠡᠵᠦ᠂ ᠲᠣᠮᠳᠠᠴᠢ ᠪᠠᠷ ᠵᠢᠯ ᠪᠦᠷᠢ 103.1% ᠪᠠᠷ ᠨᠡᠮᠡᠭᠳᠠᠨ᠎ᠠ︔ ᠨᠡᠶᠢᠬᠡᠮ ᠤᠨ ᠬᠡᠷᠡᠭᠯᠡᠬᠡᠨ ᠤ ᠪᠣᠳᠠᠰ ᠢ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ ᠨᠢ 3.4  ᠳ᠋ᠦᠩᠰᠢᠭᠤᠷ ᠲᠦᠬᠦᠷᠢᠭ ᠲᠤ ᠬᠦᠷᠴᠣ᠂ 2003 ᠣᠨ  ᠤ 1.62 ᠲᠠᠬᠢᠨ ᠪᠤᠯᠵᠤ᠂ ᠲᠤᠮᠳᠠᠴᠢ ᠪᠠᠷ ᠵᠢᠯ ᠪᠦᠷᠢ 12.8 %   ᠪᠠᠷ ᠨᠡᠮᠡᠭᠳᠡᠬᠦ  ᠪᠣᠯᠣᠨ᠎ᠠ᠃   ││ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢᠨ ᠬᠢᠷᠢ ᠲᠦᠪᠰᠢᠨ ᠤᠯᠠᠮ ᠲᠡᠭᠡᠭᠰᠢᠯᠡᠪᠡ᠃ ᠲᠦᠷᠪᠡᠨ ᠵᠢᠯ ᠤᠨ ᠲᠤᠷᠰᠢ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ  ᠶᠢ ᠴᠢᠩᠭᠠᠳᠬᠠᠨ᠂ ᠮᠠᠯ ᠠᠵᠤ ᠠᠬᠤᠢ ᠶᠢᠨ ᠠᠵᠤ ᠦᠢᠯᠡᠰᠵᠢᠬᠦᠯᠦᠯᠳᠡ ᠶᠢ ᠲᠦᠷᠭᠡᠳᠭᠡᠵᠦ᠂ ᠦᠢᠯᠡᠳᠪᠣᠷᠢᠯᠠᠯ ᠡᠵᠡᠩᠨᠡᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠮᠠᠯᠵᠢᠬᠤ ᠣᠷᠣᠨ ᠤ ᠬᠦᠮᠦᠨ ᠠᠮᠨ ᠶᠢ ᠨᠡᠬᠦᠯᠬᠡᠨ ᠰᠢᠯᠵᠢᠬᠦᠯᠬᠦ ᠪᠠᠷ ᠲᠠᠮᠵᠢᠨ᠂ ᠠᠮᠢ ᠠᠬᠤᠢ ᠶᠢᠨ ᠰᠡᠷᠭᠦᠭᠡᠯᠳᠡ ᠵᠢᠴᠢ ᠮᠠᠯᠴᠢᠳ ᠤᠨ ᠣᠷᠣᠯᠭ᠎ᠠ ᠶᠢ ᠵᠢᠯ ᠲᠠᠷᠠᠭᠠᠯᠠᠨ  ᠨᠡᠮᠡᠭᠳᠡᠭᠦᠯᠦᠭᠰᠡᠨ ᠪᠠᠶᠢᠨ᠎ᠠ᠃ᠠᠮᠢ ᠠᠬᠤᠢ ᠶᠢᠨ ᠪᠠᠶᠢᠭᠤᠯᠣᠯᠳᠠ ᠢᠯᠡᠳᠳᠠ ᠦᠷ᠎ᠠ ᠠᠰᠢᠭ ᠣᠯᠪᠠ᠃ ᠲᠦᠷᠪᠡᠨ ᠵᠢᠯ   ᠳᠤ ᠨᠠᠶᠢᠳᠠ 9495  ᠲᠦᠮᠡᠨ ᠲᠦᠬᠦᠷᠢᠭ ᠤᠨ ᠪᠡᠯᠨ ᠣᠷᠣᠭᠤᠯᠵᠣ᠂ 508 ᠲᠦᠮᠡᠨ ᠮᠣ᠋ ᠡᠯᠡᠰᠦᠨ ᠤ ᠡᠬᠢ ᠰᠤᠷᠪᠤᠯᠵᠢ ᠶᠢ ᠵᠠᠰᠠᠪᠠ᠃  ᠪᠦᠬᠦ ᠬᠤᠰᠢᠭᠤᠨ ᠤ ︽ᠭᠤᠷᠪᠠᠨ ᠮᠠᠯᠵᠢᠯ︾ ᠤᠨ ᠶᠠᠷᠣᠩᠬᠡᠢ ᠲᠠᠯᠠᠪᠠᠢ 100 % ᠬᠦᠷᠴᠣ᠂ ᠡᠬᠦᠨ ᠳᠤ᠂ ᠬᠠᠰᠢᠶᠠᠯᠠᠨ ᠮᠠᠯᠵᠢᠭᠤᠯᠤᠭᠰᠠᠨ ᠲᠠᠯᠠᠪᠠᠢ 3647  ᠲᠦᠮᠡᠨ ᠮᠣ᠋᠂ ᠪᠠᠯᠴᠢᠬᠡᠷᠯᠡᠬᠦᠯᠬᠦ ᠶᠢ ᠵᠤᠭᠰᠤᠭᠠᠭᠰᠠᠨ ᠲᠠᠯᠠᠪᠠᠢ 406.6 ᠲᠦᠮᠡᠨ ᠮᠣ᠋᠂  ᠪᠡᠯᠴᠢᠭᠡᠷ ᠠᠮᠤᠷᠵᠢᠭᠤᠯᠤᠭᠰᠠᠨ ᠰᠠᠭᠤᠷᠢᠨ ᠲᠡᠭᠡᠷ᠎ᠡ ᠰᠡᠯᠬᠦᠨ ᠮᠠᠯᠵᠢᠭᠤᠯᠤᠭᠰᠠᠨ ᠲᠠᠯᠠᠪᠠᠢ 354 ᠲᠦᠮᠡᠨ ᠮᠣ᠋ ᠬᠦᠷᠴᠣ᠂ 2003 ᠣᠨ  ᠤ ᠬᠢ ᠠᠴᠠ ᠲᠤᠰᠪᠤᠷᠢ 2332 ᠲᠦᠮᠡᠨ ᠮᠣ᠋᠂ 390 ᠲᠦᠮᠡᠨ ᠮᠣ᠋ ᠪᠠ 245 ᠲᠦᠮᠡᠨ ᠮᠣ᠋  ᠪᠤᠯᠤᠨ ᠨᠡᠮᠡᠭᠳᠠᠵᠠᠢ᠃ ᠨᠣᠳᠤᠭ ᠪᠡᠯᠴᠢᠭᠡᠷ ᠤᠨ ᠦᠢᠯᠡᠳᠪᠣᠷᠢᠯᠡᠯ ᠤᠨ ᠴᠢᠳᠠᠪᠬᠢ ᠶᠢ ᠬᠢᠨᠠᠨ ᠲᠤᠭᠳᠠᠭᠠᠬᠤ᠂ ᠨᠣᠳᠤᠭ ᠪᠠᠯᠴᠢᠬᠡᠷ ᠢ ᠰᠢᠯᠵᠢᠬᠦᠯᠦᠨ ᠡᠵᠡᠩᠨᠡᠬᠦ ᠠᠵᠢᠯᠯᠠᠭ᠎ᠠ ᠶᠢ ᠲᠦᠷᠢᠮᠵᠢᠬᠦᠯᠬᠦ᠂ ᠮᠠᠯᠵᠢᠯ ᠤᠨ ᠪᠣᠰᠣ ᠡᠷᠦᠬᠡ ᠶᠢᠨ ᠮᠠᠯ ᠢ ᠴᠡᠪᠡᠷᠯᠡᠬᠦ ᠵᠠᠷᠬᠡ ᠠᠷᠭ᠎ᠠ ᠪᠠᠷ ᠮᠠᠯ ᠪᠠᠯᠴᠢᠬᠡᠷ ᠤᠨ ᠲᠠᠩᠴᠡᠬᠦᠷᠢ ᠶᠢᠨ ᠲᠦᠷᠢᠮ ᠢ ᠪᠦᠳᠦᠮᠵᠢᠳᠠᠢ ᠨᠠᠶᠢᠳᠠᠪᠣᠷᠢᠵᠢᠭᠤᠯᠪᠠ᠃ ᠡᠬᠦᠨ ᠤ ᠬᠠᠮᠳᠣ᠂ ᠲᠠᠯ᠎ᠠ ᠨᠣᠳᠤᠭ ᠤᠨ ᠬᠤᠯᠣᠭᠠᠨ᠎ᠠ ᠴᠠᠷᠴᠠᠬᠠᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠭᠠᠯ ᠰᠠᠷᠬᠡᠶᠢᠯᠡᠬᠦ ᠠᠵᠢᠯ ᠢ ᠢᠳᠡᠪᠬᠢᠳᠠᠢ ᠬᠢᠵᠣ᠂ ᠲᠦᠷᠪᠡᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠠᠮᠢ ᠠᠬᠤᠢ ᠶᠢᠨ ᠣᠷᠴᠢᠨ ᠲᠣᠭᠤᠷᠢᠨ ᠶᠠᠷᠣᠩᠬᠡᠢ ᠳᠡᠭᠡᠨ ᠰᠠᠶᠢᠵᠢᠷᠠᠵᠠᠢ᠃ᠮᠠᠯᠵᠢᠬᠤ ᠣᠷᠣᠨ ᠤ ᠬᠦᠮᠦᠨ ᠠᠮᠨ ᠶᠢ ᠨᠡᠬᠦᠯᠬᠡᠨ ᠰᠢᠯᠵᠢᠬᠦᠯᠬᠦ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠪᠠ᠃ ᠲᠦᠷᠦ ᠶᠢᠨ ᠪᠣᠳᠣᠯᠭ᠎ᠠ ᠲᠤᠭᠳᠠᠭᠠᠬᠤ᠂ ᠦᠢᠯᠡᠴᠢᠯᠡᠬᠡᠨ ᠤ ᠪᠠᠶᠢᠭᠤᠯᠣᠮᠵᠢ ᠶᠢ ᠪᠠᠶᠢᠭᠤᠯᠬᠤ ᠪᠠᠷ ᠲᠠᠮᠵᠢᠨ᠂  ᠨᠡᠬᠦᠯᠬᠡᠨ ᠰᠢᠯᠵᠢᠭᠦᠯᠦᠭᠰᠡᠨ ᠮᠠᠯᠴᠢᠳ ᠢ ᠲᠡᠮᠵᠢᠬᠦ ᠡᠷᠴᠢᠮ ᠢᠶᠠᠨ ᠴᠢᠩᠭᠠᠷᠠᠭᠤᠯᠵᠣ᠂ ᠰᠣᠷᠭᠠᠨ ᠬᠦᠮᠦᠵᠢᠯ ᠤᠨ ᠰᠢᠯᠵᠢᠭᠦᠯᠦᠯᠳᠡ᠂ ᠠᠵᠣ ᠦᠢᠯᠡᠰ ᠤᠨ ᠰᠢᠯᠵᠢᠭᠦᠯᠦᠯᠳᠡ ᠪᠠ ᠨᠠᠰᠣᠵᠢᠯ ᠤᠨ ᠪᠠᠳᠤᠯᠠᠭ᠎ᠠ  ᠶᠢᠨ ᠰᠢᠯᠵᠢᠭᠦᠯᠦᠯᠳᠡ ᠵᠡᠷᠭᠡ ᠭᠤᠷᠪᠠᠨ ᠭᠤᠣᠯ ᠠᠷᠭ᠎ᠠ ᠵᠠᠮ ᠢ ᠬᠡᠷᠡᠭᠯᠡᠨ᠂ ᠮᠠᠯᠵᠢᠬᠤ ᠣᠷᠣᠨ ᠤ ᠬᠦᠮᠦᠨ ᠠᠮᠨ ᠶᠢ ᠨᠡᠬᠦᠯᠬᠡᠨ ᠰᠢᠯᠵᠢᠬᠦᠯᠬᠦ ᠪᠠᠶᠢᠡᠭᠭᠤ ᠶᠢᠨ ᠵᠣᠬᠢᠴᠠᠮᠵᠢ ᠶᠢ ᠠᠩᠬ᠎ᠠ ᠠᠯᠬᠤᠮ ᠪᠦᠷᠢᠯᠳᠦᠬᠦᠯᠵᠠᠢ᠃ ᠲᠦᠷᠪᠡᠨ ᠵᠢᠯ ᠤᠨ ᠲᠣᠷᠰᠢ ᠮᠠᠯᠵᠢᠬᠤ ᠣᠷᠣᠨ ᠤ 720  ᠡᠷᠦᠬᠡ 3737 ᠬᠦᠮᠦᠨ ᠢ ᠨᠡᠭᠦᠯᠬᠡᠨ ᠰᠢᠯᠵᠢᠬᠦᠯᠵᠦ᠂ 2900 ᠬᠦᠮᠦᠨ  ᠳᠤ ᠠᠵᠢᠯ ᠤᠯᠭᠤᠨ᠂  ᠲᠤᠭᠳᠠᠪᠤᠷᠢᠳᠠᠢ ᠠᠵᠢᠯ ᠤᠯᠭᠤᠭᠰᠠᠨ ᠨᠣᠷᠮ᠎ᠠ ᠨᠢ 78% ᠬᠦᠷᠪᠠ᠃ᠮᠠᠯ ᠠᠵᠣ ᠠᠬᠤᠢ ᠶᠢᠨ ᠠᠵᠣ  ᠦᠢᠯᠡᠰ ᠤᠨ ᠪᠦᠳᠦᠴᠡ ᠣᠯᠠᠮ  ᠰᠢᠯᠢᠳᠡᠭᠵᠢᠵᠦ᠂ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠳᠤ ᠬᠤᠪᠢᠷᠠᠯᠳᠠ ᠭᠠᠷᠤᠭᠰᠨᠭᠠᠷ ᠪᠠᠶᠢᠨ᠎ᠠ᠃ ᠲᠦᠷᠪᠠᠨ ᠵᠢᠯ ᠤᠨ ᠲᠣᠷᠰᠢ᠂ ᠢᠴᠡᠬᠡᠯ ᠦᠷ᠎ᠠ ᠶᠢᠨ ᠬᠡᠬᠡᠯᠳᠣᠬᠦᠯᠬᠡ ᠪᠠ  ᠰᠢᠯᠢᠳᠡᠭ ᠡᠬᠦᠯᠳᠡᠷ ᠤᠨ  ᠰᠢᠮᠧᠨ᠋ᠲ᠋ᠧᠷ ᠦᠭᠡᠷ ᠣᠷᠣᠭᠤᠯᠬᠤ ᠪᠠᠷ ᠲᠠᠮᠵᠢᠨ ᠂ ᠦᠬᠡᠷ ᠤᠨ ᠡᠬᠦᠯᠳᠠᠷ ᠰᠠᠶᠢᠵᠢᠷᠠᠭᠤᠯᠣᠯᠳᠠ ᠶᠢᠨ ᠠᠬᠢᠴᠨ ᠶᠢ ᠲᠦᠷᠬᠡᠳᠬᠡᠵᠣ᠂ 3.96 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠣᠬᠦᠯᠬᠡ᠂ 5.1 ᠲᠦᠮᠡᠨ ᠦᠨᠢᠶᠠᠨ ᠳᠤ ᠪᠠᠶᠢᠭᠠᠯᠢᠯᠢᠭ ᠬᠡᠬᠡᠯᠳᠣᠬᠦᠯᠬᠡ ᠬᠢᠵᠣ᠂ 7202 ᠲᠤᠯᠤᠭᠠᠢ ᠰᠢᠮᠧᠨ᠋ᠲ᠋ᠧᠷ ᠦᠬᠡᠷ ᠤᠷᠤᠭᠤᠯᠤᠭᠰᠠᠨ ᠪᠠᠶᠢᠨ᠎ᠠ᠃ ᠪᠣᠭ ᠮᠠᠯ ᠤᠨ ᠦᠷ᠎ᠠ ᠶᠢᠨ ᠮᠠᠯ ᠢ ᠲᠦᠪᠯᠡᠷᠡᠬᠦᠯᠦᠨ ᠬᠠᠮᠢᠶᠠᠷᠬᠤ ᠪᠠ ᠪᠠᠷᠢᠮᠵᠢᠶᠠᠳᠣ ᠰᠦᠷᠦᠭ ᠢ ᠪᠠᠶᠢᠭᠤᠯᠬᠤ ᠪᠠᠷ ᠲᠠᠮᠵᠢᠨ᠂ ᠰᠢᠯᠢᠳᠡᠭ ᠡᠬᠦᠯᠳᠠᠷ ᠤᠨ ᠬᠤᠨᠢ ᠶᠢ ᠴᠡᠪᠡᠷᠰᠢᠬᠦᠯᠦᠨ ᠰᠢᠯᠢᠳᠡᠭᠵᠢᠬᠦᠯᠬᠦ ᠠᠵᠢᠯ ᠢ ᠦᠷᠨᠢᠬᠦᠯᠦᠨ᠂ 40 ᠭᠠᠴᠠᠭᠠᠨ ᠳᠤ ᠦᠷ᠎ᠠ ᠶᠢᠨ ᠮᠠᠯ ᠢ ᠲᠦᠪᠯᠡᠷᠡᠬᠦᠯᠦᠨ ᠬᠠᠮᠢᠶᠠᠷᠬᠤ ᠶᠢ ᠪᠠᠶᠠᠯᠡᠬᠦᠯᠵᠣ᠂ ᠣᠨᠴᠨ ᠨᠢᠬᠡᠳᠣᠬᠡᠷ ᠲᠠᠰ ᠤᠨ ᠦᠷ᠎ᠠ ᠶᠢᠨ ᠮᠠᠯ ᠤᠨ ᠨᠣᠷᠮ᠎ᠠ ᠶᠢ 86% ᠬᠦᠷᠭᠡᠵᠠᠢ᠃ 2007 ᠣᠨ ᠤ ᠮᠠᠯᠵᠢᠯ ᠤᠨ ᠤᠨ ᠳᠠᠬᠢ ᠮᠠᠯ ᠤᠨ ᠲᠤᠭ᠎ᠠ ᠲᠤᠯᠤᠭᠠᠢ ᠨᠢ 2003 ᠣᠨ ᠤ ᠬᠢ ᠠᠴᠠ 41.5 ᠲᠦᠮᠡ ᠪᠠᠭᠤᠷᠠᠵᠠᠢ᠃ ᠡᠬᠦᠨ ᠳᠤ ᠦᠬᠡᠷ 10.2 ᠲᠦᠮᠡᠨ ᠲᠣᠯᠣᠭᠠᠢ ᠪᠤᠯᠵᠤ᠂ ᠪᠦᠬᠦ ᠮᠠᠯ ᠳᠠᠬᠢ ᠡᠵᠡᠯᠡᠬᠦ ᠬᠠᠷᠢᠴᠠᠯ  ᠨᠢ 2.1 ᠵᠠᠭᠤᠨ ᠤ ᠬᠤᠪᠢ ᠲᠡᠭᠡᠭᠰᠢᠯᠡᠨ᠂ ᠪᠣᠭ ᠮᠠᠯ 156.8 ᠲᠦᠮᠡᠨ ᠲᠣᠯᠣᠭᠠᠢ ᠳᠤ ᠬᠦᠷᠴᠣ᠂ ᠡᠵᠡᠯᠡᠬᠦ ᠬᠠᠷᠢᠴᠠᠯ ᠨᠢ 2 ᠵᠠᠭᠤᠨ ᠤ ᠬᠤᠪᠢ ᠪᠠᠷ ᠪᠠᠭᠤᠷᠠᠪᠠ︔ ᠮᠠᠯ ᠤᠨ ᠡᠬᠦᠯᠳᠠᠷ ᠰᠠᠶᠢᠵᠢᠷᠠᠭᠤᠯᠣᠭᠰᠠᠨ ᠬᠠᠷᠢᠴᠠᠯ 88.2% ᠬᠦᠷᠴᠣ᠂ 17 ᠵᠠᠭᠤᠨ ᠤ ᠬᠤᠪᠢ ᠲᠡᠬᠡᠭᠰᠢᠯᠡᠵᠣ᠂ ᠡᠬᠡ ᠮᠠᠯ ᠤᠨ ᠬᠠᠷᠢᠴᠠᠯ 51% ᠬᠦᠷᠴᠣ᠂ 7 ᠵᠠᠭᠤᠨ ᠤ ᠬᠤᠪᠢ ᠲᠡᠬᠡᠭᠰᠢᠯᠠᠵᠣ᠂ ᠦᠷᠠᠵᠢᠯ  ᠪᠤᠶᠢᠵᠢᠯᠳᠠ ᠶᠢᠨ ᠨᠣᠷᠮ᠎ᠠ 94% ᠬᠦᠷᠴᠣ᠂ 9 ᠵᠠᠭᠤᠨ ᠤ ᠬᠤᠪᠢ ᠲᠡᠬᠡᠭᠰᠢᠯᠡᠪᠠ᠃ ᠰᠦ ᠰᠠᠭᠠᠯᠢ  ᠴᠠᠭᠠᠨ ᠢᠳᠡᠭᠡ ᠶᠢ ᠨᠡᠬᠡᠬᠡᠨ ᠠᠰᠢᠭᠯᠠᠬᠤ ᠪᠠᠷ ᠲᠠᠮᠵᠢᠨ ᠮᠠᠯᠴᠢᠳ ᠤᠨ ᠣᠷᠣᠯᠭ᠎ᠠ ᠶᠢᠨ ᠨᠡᠮᠡᠭᠳᠠᠯ ᠢ ᠠᠬᠢᠭᠤᠯᠵᠣ᠂  ᠮᠠᠯᠵᠢᠬᠤ ᠣᠷᠣᠨ ᠳᠤ 14 ᠰᠦᠨ ᠤ ᠦᠷᠳᠡᠭᠡ ᠶᠢ ᠪᠠᠶᠢᠭᠤᠯᠵᠣ᠂ 280 ᠮᠠᠯᠴᠢᠨ ᠡᠷᠦᠭᠡ ᠶᠢ ᠲᠠᠶᠢᠴᠢᠯᠠᠨ ᠲᠠᠭᠠᠭᠤᠯᠤᠭᠰᠠᠨ ᠪᠠᠶᠢᠨ᠎ᠠ᠃ ᠪᠢᠳᠡᠬᠦᠮᠵᠢᠯᠡᠨ ᠪᠣᠶᠢᠵᠢᠭᠤᠯᠬᠤ ᠪᠠ ᠭᠤᠷᠪᠠᠨ ᠲᠣᠭᠤᠷᠢᠭ ᠭᠤᠷᠪᠠᠨ ᠪᠦᠰᠨ ᠶᠢ ᠪᠦᠳᠦᠬᠡᠨ ᠪᠠᠶᠢᠭᠤᠯᠬᠤ᠂ ᠮᠠᠯᠴᠢᠳ ᠤᠨ  ᠪᠡᠯᠴᠢᠭᠡᠷ ᠤᠰᠤ ᠪᠠᠨ ᠦᠪᠡᠷᠳᠡᠬᠡᠨ ᠲᠣᠣᠷᠯᠠᠬᠤ ᠶᠢ ᠵᠣᠷᠢᠭᠵᠢᠭᠤᠯᠬᠤ ᠵᠠᠷᠬᠡ ᠠᠷᠭ᠎ᠠ ᠬᠡᠯᠪᠡᠷᠢ ᠶᠢ ᠠᠪᠬᠤ ᠪᠠᠷ ᠲᠠᠮᠵᠢᠨ᠂ 367 ᠲᠦᠮᠡᠨ ᠮᠣ᠋ ᠬᠠᠳᠣᠯᠠᠩ ᠤᠨ ᠲᠠᠯᠠᠪᠠᠢ ᠶᠢ ᠲᠤᠤᠷᠴᠢᠯᠠᠨ ᠪᠠᠶᠢᠭᠤᠯᠵᠤ᠂ ᠬᠠᠳᠤᠯᠠᠩ  ᠤᠨ ᠪᠦᠬᠦ ᠲᠠᠯᠠᠪᠠᠢ ᠶᠢ 567 ᠲᠦᠮᠡᠨ ᠮᠣ᠋  ᠳᠤ ᠬᠦᠷᠭᠡᠪᠡ᠃ ᠠᠳᠤᠭᠤᠨ ᠦᠢᠯᠡᠰ ᠤᠨ ᠨᠡᠶᠢᠬᠡᠮᠯᠢᠭ ᠪᠠᠶᠢᠭᠤᠯᠵᠣ᠂ ᠠᠳᠣᠭᠤᠨ ᠰᠣᠶᠣᠯ ᠢ ᠰᠡᠷᠬᠦᠭᠡᠨ ᠬᠦᠭᠵᠢᠬᠦᠯᠵᠦ᠂ ᠴᠡᠭᠡ ᠪᠣᠯᠪᠠᠰᠣᠷᠠᠭᠤᠯᠤᠨ᠂ ᠠᠳᠣᠭᠤᠨ ᠤ ᠦᠢᠯᠡᠰ ᠢ ᠴᠢᠨᠠᠭᠰᠢᠳᠠ ᠬᠦᠭᠵᠢᠬᠦᠯᠪᠠ᠃ ᠦᠢᠯᠡᠳᠪᠣᠷᠢᠯᠠᠯ ᠡᠵᠡᠩᠨᠡᠯᠳᠠ ᠶᠢᠨ ᠠᠷᠭ᠎ᠠ ᠬᠡᠯᠪᠡᠷᠢ ᠶᠢᠨ ᠬᠤᠪᠢᠷᠠᠭᠤᠯᠣᠯᠳᠠ ᠶᠢ  ᠲᠦᠷᠭᠡᠳᠭᠡᠬᠦ ᠶᠢᠨ ᠲᠣᠰᠠᠳᠠ᠂ ᠪᠢᠳᠠ ᠲᠦᠷᠦᠯ ᠵᠦᠢᠯ ᠪᠠ ᠪᠡᠯᠨ ᠮᠦᠩᠬᠦᠨ ᠤ ᠲᠠᠯ᠎ᠠ ᠪᠠᠷ ᠲᠠᠮᠵᠢᠯᠬᠡ ᠶᠢᠨ ᠬᠦᠴᠦᠯᠠᠴᠨ ᠪᠠᠨ ᠨᠡᠮᠡᠭᠳᠡᠬᠦᠯᠦᠨ᠂ ᠮᠠᠯᠴᠢᠳ ᠤᠨ ᠢᠳᠡᠪᠬᠢᠵᠢᠯ ᠢ ᠲᠠᠶᠢᠴᠢᠯᠠᠵᠣ᠂ 171 ᠵᠢᠱᠢᠶᠠᠴᠢ ᠡᠷᠦᠬᠡ ᠶᠢ ᠰᠣᠩᠭᠤᠨ  ᠭᠠᠷᠭᠠᠭᠰᠠᠨ ᠪᠠᠶᠢᠨ᠎ᠠ᠃ᠮᠠᠯ ᠠᠵᠣ ᠠᠬᠤᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠤᠯᠠᠮ ᠰᠠᠶᠢᠵᠢᠷᠠᠪᠠ᠃ ᠲᠦᠷᠪᠠᠨ ᠵᠢᠯ ᠤᠨ ᠲᠣᠷᠰᠢ᠂ ᠡᠯᠡᠰᠣᠨ ᠤ ᠡᠬᠢ ᠶᠢ ᠵᠠᠰᠠᠬᠤ᠂ ᠲᠠᠷᠢᠶᠠᠯᠠᠩ  ᠤᠨ ᠶᠡᠷᠦᠩᠬᠡᠶᠢᠯᠡᠨ ᠨᠡᠬᠡᠬᠡᠨ ᠠᠰᠢᠭᠯᠠᠬᠤ᠂ ᠶᠠᠳᠠᠭᠤ ᠶᠢ ᠲᠡᠳᠬᠦᠬᠦ᠂ ᠲᠠᠯᠠᠬᠡᠢ ᠶᠢᠨ ᠪᠠᠩᠬᠢ ᠶᠢᠨ ᠵᠢᠬᠡᠯᠡᠯᠬᠡ ᠵᠡᠷᠬᠡ ᠲᠦᠷᠦᠯ ᠵᠦᠢᠯ ᠢ ᠬᠡᠷᠡᠭᠵᠢᠬᠦᠯᠬᠦ ᠪᠠᠷ ᠲᠠᠮᠵᠢᠵᠣ᠂ ᠨᠠᠶᠢᠳᠠ 83.3 ᠲᠦᠮᠡᠨ ᠲᠡᠭᠰᠢ ᠲᠦᠷᠪᠡᠯᠵᠢᠨ ᠮᠧᠲᠷ ᠫᠸᠡᠭ ᠬᠤᠷᠤᠭ᠎ᠠ ᠰᠡᠯᠭᠦᠨ ᠪᠠᠶᠢᠭᠤᠯᠵᠣ᠂ ᠡᠪᠣᠯᠵᠢᠬᠦ ᠮᠠᠯ ᠪᠦᠷᠢ ᠳᠤ ᠨᠣᠭᠳᠠᠬᠤ ᠫᠧᠩ ᠬᠤᠷᠣᠭᠠᠨ ᠤ ᠲᠠᠯᠠᠪᠠᠢ ᠨᠢ 2003 ᠣᠨ ᠤ 1.1 ᠲᠡᠭᠰᠢ ᠲᠦᠷᠪᠡᠯᠵᠢᠨ ᠮᠧᠲᠷ ᠪᠠᠶᠢᠭᠰᠠᠨ ᠠᠴᠠ ᠪᠠᠨ 2.2 ᠲᠡᠭᠰᠢ ᠲᠦᠷᠪᠡᠯᠵᠢᠨ ᠮᠧᠲᠷ ᠪᠤᠯᠤᠨ ᠨᠡᠮᠡᠭᠳᠡᠪᠡ︔  ᠰᠢᠨ᠎ᠠ ᠨᠡᠮᠡᠭᠳᠡᠭᠰᠡᠨ ᠲᠣᠣᠷᠴᠢᠯᠠᠭᠰᠠᠨ ᠪᠡᠯᠴᠢᠭᠡᠷ 1315 ᠲᠦᠮᠡᠨ ᠮᠣ᠋ ᠬᠦᠷᠴᠣ᠂ ᠨᠣᠳᠤᠭ ᠪᠠᠯᠴᠢᠬᠡᠷ ᠤᠨ 65% ᠠᠴᠠ ᠲᠡᠭᠡᠭᠰᠢ ᠪᠤᠯᠵᠠᠢ᠃ 695 ᠬᠤᠳᠳᠤᠭ ᠢ ᠰᠢᠨ᠎ᠡ ᠪᠠᠷ ᠮᠠᠯᠳᠠᠵᠣ᠂ ᠬᠦᠮᠦᠨ ᠮᠠᠯ ᠤᠨ ᠤᠰᠤᠨ ᠤ ᠠᠰᠠᠭᠤᠳᠠᠯ ᠢ ᠦᠨᠳᠣᠰᠣᠨ ᠳᠡᠭᠡᠨ ᠰᠢᠢᠳᠪᠣᠷᠢᠯᠡᠪᠡ︔ 1.6 ᠲᠦᠮᠡᠨ ᠮᠣ᠋ ᠢᠵᠢ ᠪᠦᠷᠢᠳᠣᠬᠦᠯᠦᠭᠰᠡᠨ ᠡᠪᠡᠰᠣ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠵᠤ᠂ 2.5 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠤᠭᠤᠷᠢ ᠶᠢ ᠪᠠᠶᠢᠭᠤᠯᠵᠠᠢ︔ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ  ᠶᠢ 1589 ᠰᠠᠤᠷᠢ ᠨᠡᠮᠡᠭᠳᠡᠬᠦᠯᠵᠣ᠂ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠢᠯᠡᠳᠪᠣᠷᠢᠯᠡᠯ ᠪᠠ ᠭᠠᠮᠰᠢᠭ ᠠᠴᠠ ᠰᠡᠷᠬᠡᠶᠢᠯᠡᠵᠣ ᠬᠤᠬᠢᠷᠠᠯ ᠢ ᠪᠠᠭᠠᠰᠬᠠᠬᠤ ᠴᠢᠳᠠᠪᠣᠷᠢ ᠶᠢ ᠢᠯᠡᠳᠳᠠ ᠲᠡᠬᠡᠭᠰᠢᠯᠡᠬᠦᠯᠪᠠ᠃  ││ᠠᠵᠣ ᠦᠢᠯᠡᠳᠪᠣᠷᠢᠵᠢᠯᠳᠠ ᠶᠢᠨ ᠠᠬᠢᠴᠨ ᠶᠢ ᠲᠠᠰᠣᠷᠠᠯᠳᠠ ᠦᠬᠡᠢ ᠲᠦᠷᠬᠡᠳᠬᠡᠪᠠ᠃ ᠲᠦᠷᠪᠠᠨ ᠵᠢᠯ ᠤᠨ ᠲᠣᠷᠰᠢ᠂ ᠠᠵᠣ ᠦᠢᠯᠡᠳᠪᠣᠷᠢ ᠪᠠᠷ ᠬᠤᠰᠢᠭᠤ ᠪᠠᠨ ᠬᠦᠴᠣᠷᠬᠡᠭᠵᠢᠬᠦᠯᠬᠦ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠬᠦ  ᠪᠠᠷ ᠲᠠᠮᠵᠢᠨ᠂ ᠬᠦᠢᠳᠠᠨᠰᠢᠯᠢ᠂  ᠴᠠᠭᠠᠨᠨᠠᠭᠤᠷ ᠪᠠ ᠲᠠᠯᠬᠡᠷ ᠭᠤᠷᠪᠠᠨ ᠠᠵᠣ ᠦᠢᠯᠡᠳᠪᠣᠷᠢ ᠶᠢᠨ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠣ᠂ ᠭᠤᠣᠯᠳᠠᠯᠭ᠎ᠠ ᠲᠠᠢ ᠠᠵᠣ ᠦᠢᠯᠡᠳᠪᠣᠷᠢ ᠶᠢᠨ ᠲᠦᠷᠦᠯ ᠵᠦᠢᠯ ᠢ ᠲᠠᠳᠠᠨ ᠣᠷᠣᠭᠤᠯᠵᠣ᠂ ᠠᠵᠣ ᠦᠢᠯᠡᠳᠪᠣᠷᠢ ᠶᠢᠨ ᠠᠵᠣ ᠠᠬᠤᠢ ᠶᠢᠨ ᠶᠠᠷᠣᠩᠬᠡᠢ ᠬᠡᠮᠵᠢᠶ᠎ᠠ ᠨᠢ ᠨᠡᠮᠡᠭᠳᠠᠵᠣ᠂ ᠲᠦᠷᠬᠡᠨ ᠬᠦᠭᠵᠢᠭᠰᠡᠨ ᠪᠠᠶᠢᠳᠠᠯ ᠢᠯᠡᠷᠡᠪᠡ᠃ ᠲᠦᠰᠣᠪᠯᠡᠭᠰᠡᠨ ᠢᠶᠠᠷ 2007 ᠣᠨ ᠳᠤ  ᠠᠵᠣ ᠦᠢᠯᠡᠳᠪᠣᠷᠢ ᠶᠢᠨ ᠨᠡᠮᠡᠭᠳᠠᠯ ᠦᠷᠳᠡᠭ 3.5 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 2003 ᠣᠨ ᠤ ᠬᠢ ᠠᠴᠠ 8.9 ᠲᠠᠬᠢᠨ ᠢᠶᠠᠷ ᠨᠡᠮᠡᠭᠳᠡᠨ᠂  ᠵᠢᠯ ᠪᠦᠷᠢ ᠲᠣᠮᠳᠠᠴᠢ ᠪᠠᠷ 72.6%   ᠪᠠᠷ ᠨᠡᠮᠡᠭᠳᠡᠨ᠎ᠡ᠃ ᠠᠵᠣ ᠦᠢᠯᠡᠳᠪᠣᠷᠢ ᠶᠢᠨ ᠨᠡᠮᠡᠭᠳᠠᠯ ᠦᠷᠳᠡᠭ  ᠤᠨ GDP ᠳᠤ ᠡᠵᠡᠯᠡᠬᠦ ᠬᠠᠷᠢᠴᠠᠯ ᠨᠢ 2003 ᠣᠨ ᠳᠤ 8.9 % ᠪᠠᠶᠢᠭᠰᠠᠨ ᠠᠴᠠ ᠪᠠᠨ 29.9% ᠪᠤᠯᠤᠨ ᠨᠡᠮᠡᠭᠳᠡᠵᠦ᠂ ᠳ᠋ᠦᠩᠰᠢᠭᠤᠷ ᠲᠦᠬᠦᠷᠢᠭ ᠠᠴᠠ ᠲᠠᠪᠠᠭᠰᠠᠨ ᠲᠣᠮᠣ ᠲᠦᠷᠦᠯ ᠵᠦᠢᠯ ᠢ 6 ᠶᠢ ᠤᠷᠤᠭᠤᠯᠵᠤ᠂ 26 ᠳ᠋ᠦᠩᠰᠢᠭᠤᠷ ᠲᠦᠬᠦᠷᠢᠭ  ᠤᠨ ᠲᠣᠭᠳᠠᠮᠠᠯ ᠬᠦᠷᠣᠩᠬᠡ ᠶᠢᠨ ᠪᠡᠯᠨ ᠣᠷᠣᠭᠤᠯᠣᠯᠳᠠ ᠶᠢ ᠪᠡᠶᠡᠯᠡᠬᠦᠯᠬᠦ ᠪᠠᠷ ᠪᠠᠶᠢᠨ᠎ᠠ᠃ ᠠᠵᠣ ᠦᠢᠯᠡᠳᠪᠣᠷᠢ  ᠶᠢᠨ ᠰᠠᠭᠤᠷᠢᠨ ᠭᠠᠵᠠᠷ  ᠤᠨ ᠪᠦᠳᠦᠬᠡᠨ ᠪᠠᠶᠢᠭᠤᠯᠣᠯᠳᠠ ᠰᠢᠨ᠎ᠠ ᠰᠢᠪᠳᠣᠯᠣᠯᠳᠠ ᠲᠠᠢ ᠪᠣᠯᠪᠠ ᠃ ᠬᠦᠢᠳᠠᠨᠰᠢᠯᠢ ᠰᠠᠯᠬᠢᠨ ᠴᠠᠬᠢᠯᠭᠠᠨ  ᠤ ᠰᠠᠭᠤᠷᠢᠨ ᠭᠠᠵᠠᠷ  ᠤᠨ 220 ᠺᠢᠯᠣᠸᠣᠯᠲ ᠤᠨ ᠬᠦᠴᠣᠳᠠᠯ ᠬᠤᠪᠢᠰᠬᠠᠬᠤ ᠦᠷᠳᠡᠭᠡ ᠶᠢ ᠲᠤᠰ ᠵᠢᠯ ᠳᠤ ᠠᠰᠢᠭᠯᠠᠯᠳᠠ ᠳᠤ ᠤᠷᠤᠭᠤᠯᠤᠨ᠂ ᠰᠠᠯᠬᠢᠨ ᠴᠠᠬᠢᠯᠭᠠᠨ  ᠤ ᠲᠦᠷᠦᠯ ᠵᠦᠢᠯ  ᠤᠨ ᠨᠢᠬᠡᠨᠳᠠ ᠵᠦᠪᠰᠢᠶᠠᠷᠠᠬᠦᠯᠦᠭᠰᠡᠨ ᠮᠠᠰᠢᠨ ᠴᠣᠭᠴᠠᠯᠠᠪᠣᠷᠢ ᠶᠢᠨ ᠬᠡᠮᠵᠢᠶ᠎ᠠ ᠨᠢ 40 ᠲᠦᠮᠡᠨ  ᠺᠢᠯᠤᠸᠠᠲ ᠬᠦᠷᠴᠦ᠂ ᠡᠬᠦᠨ ᠳᠤ 35 ᠲᠦᠮᠡᠨ ᠺᠢᠯᠤᠸᠠᠲ ᠨᠢ ᠪᠠᠶᠢᠭᠤᠯᠣᠯᠳᠠ  ᠶᠢᠨ ᠱᠠᠳᠤᠨ   ᠳᠠᠭᠠᠨ ᠤᠷᠤᠵᠤ᠂ 20 ᠲᠦᠮᠡᠨ ᠺᠢᠯᠤᠸᠠᠲ ᠢ ᠲᠤᠰ ᠵᠢᠯ ᠳᠤ ᠠᠰᠢᠭᠯᠠᠯᠳᠠ  ᠳᠤ  ᠤᠷᠤᠭᠤᠯᠤᠨ ᠴᠠᠬᠢᠯᠭᠠᠨ ᠭᠠᠷᠭᠠᠬᠤ ᠪᠣᠯᠣᠨ᠎ᠠ᠃ ᠴᠠᠭᠠᠨᠨᠠᠭᠤᠷ ᠨᠡᠬᠦᠷᠠᠰᠣ ᠬᠢᠮᠢ ᠶᠢᠨ ᠠᠵᠣ ᠦᠢᠯᠡᠳᠪᠣᠷᠢ  ᠶᠢᠨ ᠰᠠᠭᠤᠷᠢᠨ ᠭᠠᠵᠠᠷ ᠲᠤ ᠲᠦᠷᠦᠯ ᠵᠦᠢᠯ ᠤᠨ ᠪᠠᠶᠢᠭᠤᠯᠣᠯᠳᠠ  ᠶᠢᠨ ᠬᠤᠭᠤᠴᠠᠭᠠᠨ ᠳᠠᠬᠢ ᠣᠰᠣ ᠬᠠᠩᠭᠠᠬᠤ ᠪᠠᠷᠢᠯᠭ᠎ᠠ᠂ 35 ᠺᠢᠯᠣᠸᠣᠯᠲ ᠤᠨ ᠬᠦᠴᠦᠳᠠᠯ ᠬᠤᠪᠢᠰᠬᠠᠬᠤ ᠱᠤᠭᠤᠮ ᠪᠤᠯᠤᠨ ᠨᠡᠬᠦᠳᠠᠯ ᠬᠤᠯᠪᠣᠭᠠᠨ ᠤ ᠦᠷᠳᠡᠭᠡ  ᠶᠢ ᠪᠠᠶᠢᠭᠤᠯᠣᠨ᠂ 207 ᠣᠯᠣᠰ  ᠤᠨ ᠵᠠᠮ  ᠠᠴᠠ ᠴᠠᠭᠠᠨᠨᠠᠭᠤᠷ ᠬᠦᠷᠬᠦ ᠭᠤᠷᠪᠠᠳᠣᠭᠠᠷ ᠲᠠᠰ  ᠤᠨ ᠱᠦᠢᠨᠢ ᠵᠠᠮ  ᠤᠨ ᠪᠠᠷᠢᠯᠭ᠎ᠠ ᠶᠢ ᠡᠬᠢᠯᠡᠬᠦᠯᠦᠨ᠂ ᠰᠠᠭᠤᠷᠢᠨ ᠭᠠᠵᠠᠷ ᠠᠴᠠ ᠲᠡᠪᠰᠡᠭ ᠠᠭᠤᠯᠠ ᠬᠦᠷᠬᠦ ᠲᠠᠮᠣᠷ ᠵᠠᠮ ᠤᠨ ᠪᠠᠶᠢᠭᠤᠯᠣᠯᠳᠠ ᠶᠢᠨ ᠪᠡᠯᠡᠳᠬᠡᠯ ᠠᠵᠢᠯ ᠢᠶᠠᠨ ᠦᠷᠨᠢᠬᠦᠯᠵᠦ᠂ 500 ᠲᠦᠮᠡᠨ ᠲᠣᠨ  ᠤ ᠨᠡᠬᠦᠷᠠᠰᠣᠨ ᠠᠭᠤᠷᠬᠠᠢ  ᠶᠢᠨ ᠲᠣᠭᠤᠷᠢᠭ  ᠤᠨ ᠶᠠᠷᠣᠩᠬᠡᠢ ᠲᠦᠯᠦᠪᠵᠢᠬᠦᠯᠬᠡ ᠪᠠᠨ ᠣᠯᠣᠰ  ᠤᠨ ᠬᠦᠭᠵᠢᠬᠦᠯᠣᠯᠳᠠ ᠪᠠ ᠦᠬᠡᠷᠡᠴᠢᠯᠠᠯᠳᠠ  ᠶᠢᠨ ᠵᠦᠪᠯᠡᠯ  ᠢᠶᠠᠷ ᠬᠠᠷᠭᠤᠭᠤᠯᠣᠨ ᠵᠦᠪᠰᠢᠶᠡᠷᠡᠬᠦᠯᠬᠦ ᠪᠠᠷ ᠭᠤᠶᠤᠴᠢᠯᠠᠨ᠂ 120 ᠲᠦᠮᠡᠨ ᠲᠣᠨ ᠤ ᠮᠧᠲ᠋ᠢᠯ ᠠᠯᠺᠤᠤᠯ ᠤᠨ ᠲᠦᠷᠦᠯ ᠵᠦᠢᠯ ᠨᠢ ᠦᠪᠡᠷᠳᠡᠬᠡᠨ ᠵᠠᠰᠠᠬᠤ ᠣᠷᠣᠨ ᠠᠴᠠ ᠪᠡᠯᠡᠳᠬᠡᠯ ᠠᠵᠢᠯ  ᠢᠶᠠᠨ ᠡᠬᠢᠯᠡᠬᠦᠯᠬᠦ ᠵᠦᠪᠰᠢᠶᠠᠷᠠᠯ ᠢ ᠤᠯᠤᠭᠰᠠᠨ ᠪᠠᠶᠢᠨ᠎ᠠ᠃ ᠲᠡᠯᠬᠡᠷ ᠠᠵᠣ ᠦᠢᠯᠡᠳᠪᠣᠷᠢ ᠶᠢᠨ ᠰᠠᠭᠤᠷᠢᠨ ᠭᠠᠵᠠᠷ ᠲᠤ ᠣᠰᠣ ᠬᠠᠩᠭᠠᠬᠤ ᠪᠠᠷᠢᠯᠭ᠎ᠠ ᠶᠢ ᠬᠢᠵᠤ ᠲᠠᠭᠤᠰᠬᠠᠵᠤ᠂ 110 ᠺᠢᠯᠤᠸᠤᠯᠲ  ᠴᠠᠬᠢᠯᠭᠠᠨ ᠬᠦᠴᠦᠳᠠᠯ ᠬᠤᠪᠢᠰᠬᠠᠬᠤ ᠪᠠᠷᠢᠯᠭ᠎ᠠ ᠶᠢ ᠡᠬᠢᠯᠡᠨ ᠪᠠᠶᠢᠭᠤᠯᠵᠤ᠂ ᠵᠢᠯ ᠤᠨ 120 ᠲᠦᠮᠡᠨ ᠲᠣᠨ ᠱᠦᠢᠨᠢ ᠦᠢᠯᠡᠳᠪᠣᠷᠢᠯᠡᠬᠦ᠂ 15 ᠲᠦᠮᠡᠨ ᠲᠣᠨ ᠲᠠᠮᠣᠷ ᠤᠨ ᠨᠣᠨᠳᠠᠭ ᠪᠣᠯᠪᠠᠰᠣᠷᠠᠭᠤᠯᠬᠤ ᠪᠠ ᠡᠳᠣᠷ ᠲᠤ 5 ᠲᠦᠮᠡᠨ ᠬᠡᠰᠡᠭ ᠦᠯᠦ ᠰᠢᠳᠠᠭᠠᠬᠤ ᠲᠣᠭᠤᠰᠬ᠎ᠠ ᠦᠢᠯᠡᠳᠪᠣᠷᠢᠯᠡᠬᠦ ᠲᠦᠷᠦᠯ ᠵᠦᠢᠯ ᠢ ᠤᠷᠤᠭᠤᠯᠵᠠᠢ᠃  ᠠᠭᠤᠷᠬᠠᠢ ᠬᠠᠶᠢᠨ ᠮᠠᠯᠳᠠᠬᠤ ᠬᠦᠷᠢᠶ᠎ᠠ ᠬᠡᠪᠴᠢᠶ᠎ᠠ ᠢᠯᠡᠷᠭᠡᠢ ᠦᠷᠭᠡᠵᠢᠪᠡ᠃ ᠬᠤᠨᠭ᠍ᠭᠤᠷ ᠲᠠᠮᠣᠷ ᠤᠨ ᠠᠭᠤᠷᠬᠠᠢ  ᠶᠢ ᠨᠡᠭᠡᠭᠡᠨ ᠠᠰᠢᠭᠯᠠᠬᠤ ᠠᠵᠣ ᠠᠬᠤᠶᠢᠯᠠᠯ ᠢ ᠤᠷᠢᠨ ᠣᠷᠣᠭᠤᠯᠵᠣ᠂ ᠵᠢᠯ ᠳᠤ 50 ᠲᠦᠮᠡᠨ ᠲᠣᠨ ᠰᠢᠬᠠᠮ ᠲᠠᠮᠣᠷ ᠤᠨ ᠬᠦᠳᠠᠷ ᠮᠠᠯᠳᠠᠨ ᠪᠤᠷᠤᠯᠠᠭᠤᠯᠵᠤ ᠪᠠᠶᠢᠨ᠎ᠠ᠃ ᠴᠠᠭᠠᠨᠨᠠᠭᠤᠷ ᠵᠠᠰ ᠤᠨ ᠠᠭᠤᠷᠬᠠᠢ ᠴᠣ᠋ ᠠᠰᠢᠭᠯᠠᠯᠳᠠ ᠶᠢᠨ ᠱᠠᠳᠤᠨ  ᠳᠠᠭᠠᠨ ᠤᠷᠤᠵᠠᠢ᠃ ᠮᠠᠨᠢᠳᠣ ᠨᠡᠬᠦᠷᠠᠰᠣᠨ ᠠᠭᠤᠷᠬᠠᠢ ᠶᠢᠨ ᠪᠠᠶᠢᠭᠤᠯᠣᠮᠵᠢ ᠶᠢᠨ ᠦᠬᠡᠷᠡᠴᠢᠯᠠᠯᠳᠠ ᠶᠢᠨ ᠠᠵᠢᠯ ᠢ ᠣᠷᠣᠭᠰᠢᠳᠠᠢ ᠪᠠᠶᠠᠯᠡᠬᠦᠯᠵᠣ᠂ ᠣᠳᠣᠬᠠᠨ ᠳᠤ 6 ᠠᠭᠤᠷᠬᠠᠢ ᠶᠢᠨ ᠬᠤᠳᠳᠤᠭ ᠨᠢ ᠨᠢᠬᠡᠳᠬᠡᠨ  ᠨᠡᠶᠢᠯᠡᠬᠦᠯᠬᠦ᠂ ᠮᠡᠷᠬᠡᠵᠢᠯ  ᠤᠨ ᠦᠭᠡᠷᠡᠴᠢᠯᠡᠯᠳᠡ ᠬᠢᠬᠦ ᠪᠠ ᠦᠷᠬᠡᠳᠬᠡᠨ ᠪᠠᠶᠢᠭᠤᠯᠬᠤ  ᠱᠠᠳᠤᠨ ᠳᠠᠭᠠᠨ ᠪᠠᠶᠢᠨ᠎ᠠ᠃ ᠬᠠᠶᠢᠯᠣᠭᠤᠷ ᠵᠣᠩᠰᠢ᠂ ᠵᠣᠭᠠᠩ᠂ ᠷᠠᠰᠢᠶᠠᠨ ᠣᠰᠣ ᠪᠣᠯᠣᠨ ᠲᠣᠭᠤᠰᠬᠠᠨ ᠤ ᠦᠢᠯᠡᠳᠪᠣᠷᠢᠯᠡᠯ ᠤᠨ ᠬᠡᠪᠴᠢᠶ᠎ᠠ ᠦᠷᠭᠡᠳᠴᠦ ᠭᠠᠷᠣᠯᠳᠠ ᠨᠡᠮᠡᠭᠳᠡᠪᠡ᠃ 42 ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ᠶᠢᠨ ᠠᠵᠣ ᠠᠬᠤᠶᠢᠯᠠᠯ ᠢ ᠤᠷᠢᠨ ᠣᠷᠣᠭᠤᠯᠵᠣ᠂ 53 ᠬᠠᠶᠢᠨ ᠪᠠᠶᠢᠴᠠᠭᠠᠯᠳᠠ ᠶᠢᠨ ᠲᠦᠷᠦᠯ ᠵᠦᠢᠯ ᠢ ᠬᠡᠷᠡᠭᠵᠢᠬᠦᠯᠦᠨ᠂ ᠨᠠᠶᠢᠳᠠ 5 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠪᠠ᠃ ᠨᠠᠷᠠᠨᠪᠣᠯᠠᠭ ᠪᠠ ᠴᠠᠭᠠᠨᠨᠠᠭᠤᠷ ᠬᠤᠶᠠᠷ ᠶᠡᠭᠡ ᠨᠡᠬᠦᠷᠠᠰᠣᠨ ᠠᠭᠤᠷᠬᠠᠢ ᠶᠢᠨ ᠬᠠᠳᠠᠭᠠᠯᠠᠭᠳᠠᠴᠠ ᠨᠢ  ᠲᠤᠰᠪᠤᠷᠢ 70 ᠳ᠋ᠦᠩᠰᠢᠭᠤᠷ ᠲᠣᠨ ᠪᠠ 26 ᠳ᠋ᠦᠩᠰᠢᠭᠤᠷ ᠲᠣᠨ ᠪᠠᠶᠢᠬᠤ ᠶᠢ ᠠᠩᠬ᠎ᠠ ᠠᠯᠬᠤᠮ ᠲᠤᠳᠤᠯᠠᠭᠰᠠᠨ  ᠪᠦᠭᠡᠳ ᠴᠠᠭᠠᠨᠨᠠᠭᠤᠷ᠂ ᠰᠠᠮᠣᠷᠵᠢ ᠪᠠ ᠮᠠᠷᠬᠡᠴᠢᠨ ᠵᠡᠷᠭᠡ ᠣᠯᠠᠨ ᠦᠩᠬᠡᠳᠣ ᠲᠠᠮᠦᠷᠯᠢᠭ ᠤᠨ ᠠᠭᠤᠷᠬᠠᠢ ᠴᠤ ᠨᠠᠯᠢᠶᠠᠳ ᠰᠠᠶᠢᠨ  ᠬᠦᠭᠵᠢᠯᠳᠡ ᠶᠢᠨ ᠢᠷᠡᠭᠡᠳᠦᠢ ᠲᠠᠢ ᠪᠠᠶᠢᠨ᠎ᠠ᠃ ᠮᠠᠯ ᠤᠨ ᠠᠰᠢᠭ ᠰᠢᠮ᠎ᠠ  ᠶᠢ ᠡᠳ᠋ᠰᠢᠬᠦᠯᠬᠦ ᠴᠢᠳᠠᠪᠣᠷᠢ ᠲᠠᠰᠣᠷᠠᠯᠳᠠ ᠦᠬᠡᠢ ᠲᠡᠬᠡᠭᠰᠢᠯᠡᠪᠠ᠃ ᠣᠯᠠᠭᠠᠨ ᠢᠳᠡᠬᠡᠨ ᠡᠳ᠋ᠰᠢᠬᠦᠯᠬᠦ ᠠᠵᠣ ᠠᠬᠤᠶᠢᠯᠠᠯ ᠢ ᠢᠳᠡᠪᠬᠢᠳᠠᠢ ᠵᠢᠯᠣᠭᠤᠳᠬᠤ ᠪᠠᠷ ᠲᠠᠮᠵᠢᠨ ᠦᠢᠯᠡᠳᠬᠡᠬᠦᠨ ᠤ ᠲᠦᠷᠦᠯ ᠵᠦᠢᠯ ᠢ ᠪᠠᠶᠠᠯᠢᠭᠵᠢᠭᠤᠯᠵᠣ᠂ ᠲᠣᠶᠠᠴᠢᠯᠠᠨ ᠠᠩᠬᠢᠯᠠᠵᠣ ᠵᠢᠵᠢᠭᠯᠡᠨ ᠪᠣᠭᠤᠳᠠᠯᠯᠠᠭᠰᠠᠨ ᠠᠴᠠ ᠦᠢᠯᠡᠳᠬᠡᠬᠦᠨ ᠤ ᠴᠢᠨᠠᠷ ᠲᠠᠰ ᠮᠡᠳᠡᠭᠳᠠᠮ᠎ᠠ ᠲᠡᠬᠡᠭᠰᠢᠯᠠᠵᠣ᠂ ᠦᠢᠯᠡᠳᠬᠡᠬᠦᠨ ᠤ ᠨᠡᠮᠡᠯᠳᠡ ᠦᠷᠳᠡᠭ ᠪᠠ ᠵᠠᠬ᠎ᠠ ᠲᠡᠯᠬᠡᠬᠦᠷ ᠤᠨ ᠡᠵᠡᠯᠡᠯᠳᠠ ᠶᠢᠨ ᠨᠣᠷᠮ᠎ᠠ ᠨᠢ  ᠲᠡᠭᠡᠭᠰᠢᠯᠡᠨ᠂ ᠶᠣᠷᠳᠠᠨ ᠵᠡᠷᠬᠡ ᠲᠣᠮᠳᠠᠳᠣ ᠲᠣᠷᠣᠨᠠᠳᠣ ᠶᠢᠨ ᠣᠯᠣᠰ ᠣᠷᠣᠨ ᠢᠶᠠᠷ ᠪᠣᠷᠣᠯᠠᠭᠤᠯᠣᠭᠳᠠᠵᠣ ᠪᠣᠢ᠃ ᠬᠤᠰᠢᠭᠤᠨ ᠳᠠᠬᠢ ᠴᠠᠭᠠᠨ ᠢᠳᠡᠭᠡᠨ ᠪᠣᠯᠪᠠᠰᠣᠷᠠᠭᠤᠯᠬᠤ ᠬᠤᠶᠠᠷ ᠠᠵᠣ ᠠᠬᠤᠶᠢᠯᠠᠯ ᠢ ᠢᠳᠡᠪᠬᠢᠳᠠᠢ ᠪᠠᠷ ᠲᠠᠮᠵᠢᠨ᠂ ᠮᠡᠷᠬᠡᠵᠢᠯ ᠤᠨ ᠦᠬᠡᠷᠡᠴᠢᠯᠡᠯᠳᠠ ᠬᠢᠵᠣ ᠦᠷᠬᠡᠳᠬᠡᠨ ᠪᠠᠶᠢᠭᠤᠯᠵᠣ᠂ ᠡᠳᠣᠷ ᠲᠤ 10 ᠲᠣᠨ ᠰᠦ ᠪᠣᠯᠪᠠᠰᠣᠷᠠᠭᠤᠯᠵᠣ ᠪᠠᠶᠢᠭᠰᠠᠨ ᠠᠴᠠ ᠪᠠᠨ 30 ᠲᠣᠨ  ᠪᠣᠯᠪᠠᠰᠣᠷᠠᠭᠤᠯᠬᠤ ᠪᠣᠯᠭᠠᠵᠣ᠂  ᠰᠦ ᠰᠠᠭᠠᠯᠢ ᠶᠢ ᠲᠣᠬᠠᠢ ᠶᠢᠨ ᠭᠠᠵᠠᠷ ᠲᠠᠭᠠᠨ ᠪᠣᠯᠪᠠᠰᠣᠷᠠᠭᠤᠯᠬᠤ ᠳᠤ ᠪᠠᠳᠣᠯᠠᠭ᠎ᠠ ᠬᠠᠩᠭᠠᠭᠰᠠᠨ  ᠪᠠᠶᠢᠨ᠎ᠠ᠃││ᠭᠤᠷᠪᠠᠳᠣᠭᠠᠷ ᠠᠵᠣ ᠦᠢᠯᠡᠰ ᠤᠨ ᠬᠢᠷᠢ ᠲᠦᠪᠰᠢᠨ ᠪᠠ ᠴᠢᠨᠠᠷ ᠴᠢᠨᠰᠠᠭ᠎ᠠ ᠢᠯᠡᠳᠳᠠ ᠲᠡᠬᠡᠭᠰᠢᠯᠡᠪᠡ᠃  ᠲᠦᠷᠪᠠᠨ ᠵᠢᠯ ᠤᠨ ᠲᠣᠷᠰᠢ ᠵᠢᠭᠤᠯᠴᠢᠯᠠᠯ ᠂ ᠲᠡᠬᠡᠬᠡᠪᠣᠷᠢ ᠵᠡᠷᠬᠡ ᠦᠢᠯᠡᠴᠢᠯᠡᠬᠡᠨ ᠤ ᠦᠢᠯᠡᠰ ᠢ  ᠬᠦᠭᠵᠢᠬᠦᠯᠬᠦ ᠪᠠᠷ ᠭᠤᠷᠪᠠᠳᠣᠭᠠᠷ ᠠᠵᠣ ᠦᠢᠯᠡᠰ ᠤᠨ ᠬᠦᠭᠵᠢᠯᠳᠠ ᠶᠢ ᠲᠦᠷᠬᠡᠳᠬᠡᠬᠦ ᠰᠢᠪᠳᠣᠯᠣᠯᠳᠠ ᠶᠢᠨ ᠴᠢᠭ ᠪᠤᠯᠭᠠᠭᠰᠠᠨ ᠠᠴᠠ ᠪᠣᠰᠣᠳ ᠠᠵᠢᠯ ᠦᠢᠯᠡᠰ ᠴᠤ ᠲᠠᠭᠠᠯᠳᠣᠨ ᠲᠦᠷᠬᠡᠨ ᠬᠦᠭᠵᠢᠵᠡᠢ᠃ ᠵᠢᠭᠤᠯᠴᠢᠯᠠᠯ ᠤᠨ ᠬᠦᠭᠵᠢᠯᠳᠠ ᠤᠨ ᠶᠠᠷᠣᠩᠬᠡᠢ ᠲᠦᠯᠦᠪᠵᠢᠬᠦᠯᠬᠡ ᠶᠢ ᠨᠠᠶᠢᠷᠠᠭᠤᠯᠵᠣ᠂ ᠬᠤᠩᠭᠤᠷᠭᠤᠣᠯ ᠵᠢᠭᠤᠯᠴᠢᠯᠠᠯ ᠤᠨ ᠲᠣᠭᠤᠷᠢᠭ ᠢᠶᠠᠷ ᠭᠤᠣᠯᠳᠠᠯᠭ᠎ᠠ ᠪᠣᠯᠭᠠᠭᠰᠠᠨ ︽ᠲᠦᠷᠪᠠᠨ ᠴᠢᠭ ᠨᠢᠬᠡ ᠱᠤᠭᠤᠮ︾ ᠲᠠᠯ᠎ᠠ ᠨᠣᠳᠤᠭ ᠤᠨ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ︵ᠴᠢᠭ︶ ᠠᠩᠬ᠎ᠠ ᠠᠯᠬᠤᠮ ᠪᠦᠷᠢᠯᠳᠣᠪᠠ᠃ 2007 ᠣᠨ ᠳᠤ  ᠂ ᠵᠤᠭᠠᠴᠠᠭᠰᠠᠳ ᠢ 3.3 ᠲᠦᠮᠡᠨ ᠬᠦᠮᠦᠨ ᠣᠳᠠᠭ᠎ᠠ ᠬᠦᠯᠢᠶᠠᠨ ᠠᠪᠴᠣ᠂ ᠡᠨ᠋ᠨ ᠨᠢ 2003 ᠣᠨ ᠤ ᠬᠢ ᠠᠴᠠ 43% ᠪᠠᠷ ᠨᠡᠮᠡᠭᠳᠠᠵᠣ᠂ ᠵᠤᠭᠠᠴᠠᠯ  ᠤᠨ ᠣᠷᠣᠯᠭ᠎ᠠ 742 ᠲᠦᠮᠡᠨ ᠲᠦᠬᠦᠷᠢᠭ ᠢ ᠡᠬᠦᠳᠴᠦ᠂ 44 %   ᠪᠠᠷ ᠨᠡᠮᠡᠭᠳᠡᠭᠰᠡᠨ ᠪᠠᠶᠢᠨ᠎ᠠ᠃  ᠪᠣᠳᠠᠰ ᠤᠨ ᠬᠦᠢᠯᠬᠡᠬᠡᠨ ᠤ ᠠᠵᠤ ᠠᠬᠤᠶᠢᠯᠠᠯ ᠢ ᠢᠳᠠᠪᠬᠢᠳᠠᠢ ᠣᠷᠢᠨ ᠣᠷᠣᠭᠤᠯᠵᠣ᠂ ᠵᠦᠬᠡᠬᠡᠪᠣᠷᠢ ᠶᠢᠨ ᠦᠢᠯᠡᠰ ᠤᠨ ᠶᠠᠷᠦᠩᠬᠡᠢ ᠬᠡᠮᠵᠢᠶ᠎ᠠ ᠪᠠ ᠬᠡᠪᠴᠢᠶ᠎ᠠ ᠶᠢ ᠦᠷᠬᠡᠳᠬᠡᠪᠡ᠃ 2007 ᠣᠨ ᠳᠤ᠂ ᠠᠶᠠᠨᠴᠢᠳ ᠤᠨ ᠵᠦᠬᠡᠬᠡᠪᠣᠷᠢ ᠶᠢᠨ ᠬᠡᠮᠵᠢᠶ᠎ᠠ 4100 ᠲᠦᠮᠡᠨ ᠬᠦᠮᠦᠨ ᠺᠢᠯᠣᠮᠧᠲᠷ ᠪᠠ ᠪᠠᠷᠠᠭᠠᠨ ᠤ ᠵᠦᠬᠡᠬᠡᠪᠣᠷᠢ ᠶᠢᠨ ᠬᠡᠮᠵᠢᠶ᠎ᠠ 8900 ᠲᠦᠮᠠᠨ ᠲᠣᠨ ᠺᠢᠯᠣᠮᠧᠲᠷ ᠬᠦᠷᠴᠣ᠂ 2003 ᠣᠨ ᠤ ᠬᠢ ᠠᠴᠠ ᠲᠤᠰᠪᠤᠷᠢ 104 % ᠪᠠ 58 % ᠪᠠᠷ ᠨᠡᠮᠡᠭᠳᠡᠬᠦ ᠪᠣᠯᠣᠨ᠎ᠠ᠃ ᠮᠦᠩᠬᠦᠨ ᠬᠦᠢᠯᠬᠡᠬᠡ᠂ ᠲᠠᠭᠠᠳᠬᠠᠯ᠂ ᠰᠢᠣᠳᠠᠨ ᠬᠤᠯᠪᠣᠭ᠎ᠠ᠂ ᠠᠷᠠᠯᠵᠢᠶ᠎ᠠ ᠬᠤᠳᠠᠯᠳᠤᠭ᠎ᠠ᠂  ᠢᠳᠡᠬᠡᠨ ᠣᠮᠳᠠᠭᠠᠨ᠂ ᠦᠢᠯᠡᠴᠢᠯᠡᠭᠡ ᠵᠡᠷᠬᠡ ᠣᠯᠠᠮᠵᠢᠯᠠᠯᠳᠣ ᠠᠵᠣ ᠦᠢᠯᠡᠰ ᠴᠣ᠋  ᠪᠦᠬᠦ ᠲᠠᠯ᠎ᠠ ᠪᠠᠷ ᠬᠦᠭᠵᠢᠪᠠ᠃ │ │ᠬᠤᠳᠠ  ᠬᠦᠳᠡᠭᠡ ᠶᠢᠨ ᠰᠠᠭᠤᠷᠢ ᠲᠦᠬᠦᠬᠡᠷᠦᠮᠵᠢ ᠡᠳᠣᠷ ᠢᠷᠡᠬᠦᠶ᠎ᠠ ᠲᠡᠬᠦᠯᠳᠠᠷᠵᠢᠪᠠ᠃ ᠲᠦᠷᠪᠠᠨ ᠵᠢᠯ ᠤᠨ ᠲᠣᠷᠰᠢ᠂ ᠬᠤᠳᠠ ᠬᠦᠳᠡᠭᠡ ᠶᠢᠨ ᠰᠠᠭᠤᠷᠢ ᠲᠦᠬᠦᠬᠡᠷᠦᠮᠵᠢ ᠶᠢᠨ ᠨᠦᠬᠦᠴᠡᠯ ᠢᠶᠠᠨ  ᠰᠠᠶᠢᠵᠢᠷᠠᠭᠤᠯᠬᠤ ᠶᠠᠪᠤᠳᠠᠯ ᠢ ᠪᠦᠬᠦ ᠬᠤᠰᠢᠭᠤᠨ ᠤ ᠠᠵᠣ ᠠᠬᠤᠢ ᠶᠢ ᠬᠦᠭᠵᠢᠬᠦᠯᠬᠦ ᠪᠠ ᠠᠷᠠᠳ ᠣᠯᠠᠨ ᠤ ᠦᠢᠯᠡᠳᠪᠣᠷᠢᠯᠠᠯ ᠠᠮᠢᠳᠣᠷᠠᠯ ᠤᠨ ᠨᠦᠬᠦᠴᠡᠯ ᠢ ᠰᠠᠶᠢᠵᠢᠷᠠᠭᠤᠯᠬᠤ ᠭᠤᠣᠯ ᠠᠷᠭ᠎ᠠ ᠪᠣᠯᠭᠠᠵᠣ᠂ ᠭᠤᠣᠯᠳᠠᠯᠭ᠎ᠠ ᠪᠠᠨ ᠲᠣᠪᠣᠶᠢᠯᠭᠠᠨ᠂ ᠪᠦᠬᠦ ᠲᠠᠯ᠎ᠠ ᠪᠠᠷ ᠲᠦᠯᠬᠢᠨ ᠠᠬᠢᠭᠤᠯᠤᠭᠰᠠᠨ ᠪᠠᠶᠢᠨ᠎ᠠ  ᠃ ᠲᠦᠷᠪᠠᠨ ᠵᠢᠯ ᠳᠤ᠂ ᠪᠡᠯᠬᠦᠳᠠᠢ ᠪᠠᠯᠭᠠᠰᠣᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠳᠤ ᠨᠠᠶᠢᠳᠠ 1.85 ᠳ᠋ᠦᠩᠰᠢᠭᠤᠷ ᠲᠦᠬᠦᠷᠢᠭ ᠪᠡᠯᠨ ᠤᠷᠤᠭᠤᠯᠪᠠ᠃  ᠪᠠᠯᠭᠠᠰᠤ  ᠶᠢᠨ ᠵᠡᠬᠦᠨᠳᠡᠬᠢ ᠣᠰᠣᠨ ᠰᠣᠷᠪᠣᠯᠵᠢ ᠶᠢᠨ ᠲᠣᠭᠤᠷᠢᠭ᠂ ᠣᠰᠣ ᠴᠡᠪᠡᠷᠰᠢᠬᠦᠯᠬᠦ ᠦᠢᠯᠡᠳᠪᠣᠷᠢ ᠶᠢ ᠪᠠᠶᠢᠭᠤᠯᠵᠣ᠂ ᠡᠳᠣᠷ ᠪᠦᠷᠢ ᠶᠢᠨ ᠤᠰᠤᠨ ᠤ ᠬᠠᠨᠭ᠍ᠭᠠᠯᠳᠠ ᠶᠢ 3100 ᠲᠣᠨ ᠨᠡᠮᠡᠭᠳᠡᠬᠦᠯᠵᠦ᠂ ᠲᠦᠬᠡᠬᠡᠯ ᠣᠰᠣ ᠨᠡᠪᠳᠠᠷᠡᠬᠦᠯᠦᠭᠰᠡᠨ ᠨᠣᠷᠮ᠎ᠠ ᠶᠢ 85 %  ᠬᠦᠷᠭᠡᠪᠡ︔ 18 ᠺᠢᠯᠣᠮᠧᠲᠷ ᠤᠨ ᠪᠣᠬᠢᠷ ᠣᠰᠣ ᠭᠠᠳᠠᠭᠰᠢᠯᠠᠭᠤᠯᠬᠤ ᠬᠤᠭᠤᠯᠠᠢ ᠣᠭᠰᠠᠷᠠᠵᠣ᠂ ᠭᠤᠣᠯ ᠵᠠᠬᠡᠯᠢ ᠶᠢᠨ ᠬᠤᠶᠠᠷ ᠬᠠᠵᠠᠭᠤ ᠳᠠᠬᠢ ᠪᠣᠬᠢᠷ ᠣᠰᠣ ᠶᠢ ᠲᠣᠣᠷᠴᠢᠯᠠᠭᠰᠠᠨ ᠬᠤᠭᠤᠯᠠᠢ ᠪᠠᠷ ᠭᠠᠳᠠᠭᠰᠢᠯᠠᠭᠤᠯᠬᠤ ᠶᠢ ᠦᠨᠳᠣᠰᠣᠨ  ᠳᠡᠭᠡᠨ ᠪᠡᠶᠡᠯᠡᠬᠦᠯᠪᠠ᠃ ᠬᠤᠳᠠ ᠪᠠᠯᠭᠠᠰᠣᠨ ᠤ ᠲᠦᠪᠯᠡᠷᠡᠩᠬᠦᠢ ᠲᠣᠯᠠᠭᠠᠯᠭ᠎ᠠ ᠶᠢᠨ ᠲᠠᠯᠠᠪᠠᠢ ᠶᠢ 19.8 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠭᠡᠵᠦ᠂ ᠪᠦᠷᠬᠦᠴᠨ ᠶᠢᠨ ᠨᠣᠷᠮ᠎ᠠ ᠶᠢ 20 % ᠳᠤ ᠬᠦᠷᠭᠡᠪᠡ︔ ᠬᠠᠭᠤᠴᠢᠨ ᠬᠤᠳᠠ ᠶᠢ ᠦᠭᠡᠷᠡᠴᠢᠯᠡᠨ ᠨᠡᠬᠦᠯᠬᠡᠵᠣ᠂ ᠰᠢᠨᠡᠳᠭᠡᠭᠰᠡᠨ ᠲᠠᠯᠠᠪᠠᠢ ᠨᠢ 3.8 ᠲᠦᠮᠡᠨ ᠲᠡᠭᠰᠢ ᠲᠦᠷᠪᠡᠯᠵᠢᠨ ᠮᠧᠲᠷ  ᠲᠤ ᠬᠦᠷᠴᠦ᠂  ᠪᠡᠯᠬᠦᠳᠠᠢ ᠪᠤᠯᠤᠨ ᠹᠦ᠋ ᠶᠣᠸᠠᠨ ᠬᠤᠶᠠᠷ ᠰᠠᠭᠤᠭᠠᠯᠢ ᠲᠣᠭᠤᠷᠢᠭ ᠢ ᠪᠦᠳᠦᠬᠡᠨ ᠪᠠᠶᠢᠭᠤᠯᠣᠨ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠣᠮᠳᠠᠴᠢ ᠣᠷᠣᠨ ᠰᠠᠭᠤᠴᠨ ᠶᠢᠨ ᠲᠠᠯᠠᠪᠠᠢ ᠨᠢ 20 ᠲᠡᠭᠰᠢ ᠲᠦᠷᠪᠡᠯᠵᠢᠨ ᠮᠧᠲᠷ ᠲᠤ ᠬᠦᠷᠴᠣ᠂ 16 ᠲᠦᠮᠡᠨ ᠲᠡᠭᠰᠢ ᠲᠦᠷᠪᠡᠯᠵᠢᠨ ᠮᠧᠲᠷ ᠵᠠᠮ ᠲᠠᠪᠢᠰᠴᠣ᠂ ᠬᠤᠳᠠ ᠪᠠᠯᠭᠠᠰᠣᠨ ᠤ ᠵᠠᠮ ᠰᠦᠯᠵᠢᠶ᠎ᠠ ᠠᠩᠬ᠎ᠠ ᠠᠯᠬᠤᠮ ᠪᠦᠷᠢᠯᠳᠣᠪᠠ︔ ᠵᠠᠮ ᠵᠡᠬᠡᠯᠢ ᠶᠢᠨ ᠳ᠋ᠧᠩ ᠨᠠᠶᠢᠳᠠ 320 ᠰᠠᠭᠤᠷᠢ ᠳᠤ ᠬᠦᠷᠴᠣ᠂ ᠡᠬᠦᠨ ᠳᠤ 234 ᠳ᠋ᠧᠩ ᠢ ᠰᠢᠨ᠎ᠠ ᠪᠠᠷ ᠣᠭᠰᠠᠷᠠᠪᠠ︔ ᠨᠤᠭᠤᠭᠠᠷᠠᠭᠤᠯᠤᠯᠳᠠ ᠶᠢᠨ ᠲᠠᠯᠠᠪᠠᠢ 60 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠵᠦ᠂  ᠨᠤᠭᠤᠭᠠᠷᠠᠭᠤᠯᠤᠯᠳᠠ ᠶᠢᠨ ᠨᠣᠷᠮ᠎ᠠ 23% ᠬᠦᠷᠪᠠ︔ ᠪᠠᠯᠭᠠᠰᠣᠨ ᠤ ᠬᠤᠶᠢᠨᠠᠬᠢ ᠦᠶᠠᠷ ᠰᠠᠷᠬᠡᠶᠢᠯᠡᠬᠦ ᠰᠢᠰᠲ᠋ᠧᠮ ᠢ ᠦᠬᠡᠷᠡᠴᠢᠯᠡᠬᠦ ᠪᠠᠷᠢᠯᠭ᠎ᠠ ᠶᠢ ᠡᠬᠢᠯᠡᠬᠦᠯᠪᠡ︔ ᠬᠠᠮᠪᠤ ᠶᠢᠨ ᠰᠦᠮ᠎ᠠ ᠲᠠᠯᠠᠪᠠᠢ᠂ ᠪᠡᠯᠬᠦᠳᠠᠢ ᠰᠣᠶᠣᠯ ᠤᠨ ᠬᠦᠷᠢᠶᠡᠯᠠᠩ᠂ ᠦᠵᠡᠮᠵᠢᠳᠣ ᠵᠡᠬᠡᠯᠢ᠂ ᠨᠠᠶᠢᠷ ᠤᠨ ᠲᠠᠯᠠᠪᠠᠢ᠂ ᠵᠠᠯᠠᠭᠤᠴᠣᠳ ᠪᠠᠭᠠᠴᠣᠳ ᠤᠨ ᠬᠦᠳᠠᠯᠬᠡᠬᠡᠨ ᠤ ᠲᠦᠪ᠂ ᠰᠣᠶᠣᠯ ᠣᠷᠠᠯᠢᠭ ᠤᠨ ᠲᠦᠪ ᠵᠡᠷᠬᠡ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠦᠮᠵᠢ ᠶᠢ ᠠᠰᠢᠭᠯᠠᠯᠳᠠ ᠳᠤ ᠣᠷᠣᠭᠤᠯᠪᠠ᠃ 2007 ᠣᠨ ᠳᠤ ᠬᠤᠳᠠ ᠪᠠᠯᠭᠠᠰᠣᠨ ᠤ ᠲᠠᠯᠠᠪᠠᠢ ᠶᠢ 4.6 ᠲᠡᠭᠰᠢ ᠲᠦᠷᠪᠡᠯᠵᠢᠨ ᠺᠢᠯᠣᠮᠧᠲᠷ ᠪᠣᠯᠳᠠᠯ᠎ᠠ ᠦᠷᠬᠡᠳᠬᠡᠵᠣ᠂ 2003ᠣᠨ ᠤ ᠬᠢ ᠠᠴᠠ 1 ᠲᠡᠭᠰᠢ ᠲᠦᠷᠪᠡᠯᠵᠢᠨ ᠺᠢᠯᠣᠮᠧᠲᠷ  ᠨᠡᠮᠡᠭᠳᠡᠬᠦᠯᠦᠨ᠂  ᠬᠤᠳᠠ ᠪᠠᠯᠭᠠᠰᠣᠵᠢᠭᠤᠯᠣᠯᠳᠠ ᠶᠢᠨ ᠨᠣᠷᠮ᠎ᠠ ᠶᠢ 56 % ᠳᠤ  ᠬᠦᠷᠬᠡᠵᠣ᠂ 6 ᠵᠠᠭᠤᠨ ᠤ ᠬᠤᠪᠢ ᠪᠠᠷ ᠲᠡᠬᠡᠭᠰᠢᠯᠡᠬᠦᠯᠪᠠ᠃   ᠣᠰᠣ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠬᠡ ᠰᠠᠭᠤᠷᠢ ᠲᠦᠬᠦᠬᠡᠷᠦᠮᠵᠢ ᠶᠢᠨ ᠨᠦᠬᠦᠴᠡᠯ  ᠢᠯᠡᠳᠳᠡ ᠰᠠᠶᠢᠵᠢᠷᠠᠪᠠ᠃ ᠲᠦᠷᠪᠠᠨ ᠵᠢᠯ ᠳᠤ ᠨᠠᠶᠢᠳᠠ 6.1 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠵᠣ᠂ ᠬᠤᠰᠢᠭᠤᠨ ᠤ ᠬᠢᠵᠠᠭᠠᠷ ᠲᠠᠬᠢ 207 ᠤᠯᠤᠰ ᠤᠨ ᠵᠠᠮ ᠪᠠ 101 ᠮᠤᠵᠢ ᠶᠢᠨ ᠲᠠᠰ ‍ᠣᠨ‌ᠵᠠᠮ ᠤᠨ ᠦᠷᠭᠡᠳᠭᠡᠨ  ᠵᠠᠰᠠᠬᠤ ᠪᠠᠷᠢᠯᠭ᠎ᠠ  ᠶᠢ  ᠪᠡᠶᠡᠯᠡᠬᠦᠯᠵᠦ᠂ ᠰᠣᠮᠣ ᠭᠠᠴᠠᠭᠠᠨ ᠤ ᠵᠠᠰᠠᠮᠠᠯ ᠵᠠᠮ ᠢ ᠲᠤᠰ ᠲᠤᠰ 152 ᠺᠢᠯᠣᠮᠧᠲᠷ ᠪᠠ 532 ᠺᠢᠯᠣᠮᠧᠲᠷ ᠲᠠᠪᠢᠰᠪᠠ︔ ᠠᠶᠣᠯᠬᠦᠢ ᠣᠰᠣ ᠬᠠᠩᠭᠠᠬᠤ ᠢᠨᠵᠧᠨᠧᠷᠢᠩ ᠢ ᠬᠡᠷᠡᠭᠵᠢᠬᠦᠯᠵᠣ᠂ 3 ᠰᠣᠮᠣ ᠪᠠᠯᠭᠠᠰᠣᠨ ᠤ ᠰᠠᠭᠤᠭ᠎ᠠ ᠭᠠᠵᠠᠷ ᠲᠤ ᠲᠦᠬᠡᠬᠡᠯ ᠣᠰᠣ ᠨᠡᠪᠳᠡᠷᠠᠬᠦᠯᠪᠠ︔  ᠴᠠᠭᠠᠨᠨᠠᠭᠤᠷ ᠣᠰᠣᠨ  ᠴᠦᠬᠦᠷᠤᠮ ᠢ ᠦᠷᠬᠡᠳᠬᠡᠨ ᠪᠠᠶᠢᠭᠤᠯᠬᠤ ᠲᠦᠷᠦᠯ ᠵᠦᠢᠯ ᠢ ᠦᠪᠡᠷᠳᠡᠬᠡᠨ ᠵᠠᠰᠠᠬᠤ ᠣᠷᠣᠨ ᠤ ᠠᠶᠣᠯᠳᠣ ᠣᠰᠣᠨ  ᠴᠦᠬᠦᠷᠤᠮ ᠢ ᠪᠠᠬᠢᠯᠠᠨ ᠵᠠᠰᠠᠬᠤ ᠲᠦᠯᠦᠪᠯᠡᠭᠡ ᠳᠤ ᠣᠷᠣᠭᠤᠯᠵᠣ᠂ ᠣᠰᠣᠨ ᠠᠰᠢᠭᠯᠠᠯᠳᠠ ᠶᠢᠨ ᠶᠠᠮᠤᠨ ᠳᠤ ᠮᠡᠳᠡᠬᠦᠯᠵᠦ ᠬᠠᠷᠭᠤᠭᠤᠯᠣᠨ ᠪᠠᠶᠢᠴᠠᠭᠠᠯᠭᠠᠬᠤ ᠪᠠᠷ ᠪᠤᠢ᠃ ᠨᠠᠶᠢᠳᠠ 1.02 ᠳ᠋ᠦᠡᠭᠰᠢᠭᠤᠷ ᠲᠦᠬᠦᠷᠢᠭ ᠤᠨ ᠪᠡᠯᠨ ᠣᠷᠣᠭᠤᠯᠵᠣ᠂ ᠴᠠᠬᠢᠯᠭᠠᠨ ᠱᠣᠭᠤᠮ ᠢ 918 ᠺᠢᠯᠣᠮᠧᠲᠷ ᠵᠠᠰᠠᠨ ᠣᠷᠳᠣᠳᠬᠠᠵᠣ᠂ 15 ᠭᠠᠴᠠᠭ᠎ᠠ᠂ 1656 ᠡᠷᠦᠬᠡ  ︵ᠨᠠᠷᠨ ᠰᠠᠯᠬᠢᠨ ᠡᠨᠧᠷᠬᠢ ᠶᠢ ᠣᠶᠠᠯᠳᠣᠭᠤᠯᠣᠭᠰᠠᠨ ᠴᠠᠬᠢᠯᠭᠠᠨ ᠭᠠᠷᠭᠠᠬᠤ ᠲᠦᠬᠦᠬᠡᠷᠦᠮᠵᠢ ᠪᠠᠭᠳᠠᠨ᠎ᠠ︶ ᠳᠤ ᠴᠠᠬᠢᠯᠭᠠᠨ ᠨᠡᠪᠳᠡᠷᠡᠬᠦᠯᠪᠠ᠃ 1037 ᠲᠦᠮᠡᠨ ᠲᠦᠬᠦᠷᠢᠭ ᠤᠨ ᠪᠡᠯᠨ ᠣᠷᠣᠭᠤᠯᠵᠣ᠂  ᠡᠯ᠎ᠠ ᠲᠦᠷᠦᠯ ᠤᠨ ᠴᠢᠮᠡᠭᠡ ᠬᠤᠯᠪᠣᠭᠠᠨ ᠤ ᠦᠷᠳᠡᠭᠡ ᠶᠢ 26 ᠨᠠᠮᠠᠨ ᠪᠠᠶᠢᠭᠤᠯᠵᠣ᠂ 6 ᠰᠣᠮᠣ ᠪᠠᠯᠭᠠᠰᠣᠨ ᠳᠤ ᠨᠡᠬᠦᠳᠠᠯ ᠬᠤᠯᠪᠣᠭ᠎ᠠ ᠨᠡᠪᠳᠡᠷᠡᠬᠦᠯᠦᠨ᠂ 3 ᠰᠣᠮᠣ ᠪᠠᠯᠭᠠᠰᠣᠨ ᠳᠤ ᠬᠡᠷᠡᠯᠯᠢᠭ ᠰᠢᠷᠬᠡᠭ ᠤᠨ ᠬᠤᠯᠪᠣᠭ᠎ᠠ ᠶᠢ ᠨᠡᠪᠳᠡᠷᠡᠬᠦᠯᠵᠣ᠂ ᠴᠢᠮᠡᠭᠡ ᠬᠤᠯᠪᠣᠭᠠᠨ ᠤ  ᠪᠦᠷᠬᠦᠴᠨ ᠶᠢᠨ ᠨᠣᠷᠮ᠎ᠠ ᠶᠢ 95%  ᠳᠤ ᠬᠦᠷᠬᠡᠪᠡ᠃││ᠦᠬᠡᠷᠡᠴᠢᠯᠠᠯᠳᠠ ᠨᠡᠬᠡᠬᠡᠯᠳᠠ ᠶᠢ ᠲᠠᠰᠣᠷᠠᠯᠳᠠ ᠦᠬᠡᠢ ᠬᠦᠨᠵᠡᠬᠡᠶᠢᠷᠡᠭᠦᠯᠪᠡ᠃ ᠲᠦᠷᠪᠠᠨ ᠵᠢᠯ ᠤᠨ ᠲᠣᠷᠰᠢ᠂ ᠪᠢᠳᠠ ᠦᠬᠡᠷᠡᠴᠢᠯᠠᠯᠳᠠ ᠶᠢ ᠬᠦᠨᠵᠡᠬᠡᠶᠢᠷᠠᠬᠦᠯᠬᠦ ᠪᠠᠷ ᠬᠦᠭᠵᠢᠯᠳᠠ ᠶᠢ ᠲᠦᠷᠬᠡᠳᠬᠡᠬᠦ ᠬᠦᠳᠠᠯᠬᠡᠭᠴᠢ ᠬᠦᠴᠦᠨ ᠪᠤᠯᠭᠠᠨ᠂ ᠨᠡᠬᠡᠬᠡᠯᠳᠠ ᠬᠢᠵᠣ ᠴᠢᠯᠣᠬᠡᠳᠠᠢ ᠶᠠᠪᠣᠯᠴᠠᠬᠤ ᠶᠢ ᠦᠷᠬᠡᠳᠬᠡᠬᠦ ᠶᠠᠪᠣᠴᠨ ᠪᠠᠷ ᠬᠦᠭᠵᠢᠯᠳᠠ ᠶᠢ ᠠᠬᠢᠭᠤᠯᠬᠤ ᠴᠢᠬᠤᠯᠨ ᠠᠷᠭ᠎ᠠ ᠬᠡᠮᠵᠢᠶ᠎ᠠ ᠪᠣᠯᠭᠠᠵᠣ᠂ ᠡᠯ᠎ᠠ ᠲᠦᠷᠦᠯ ᠤᠨ ᠦᠬᠡᠷᠡᠴᠢᠯᠠᠯᠳᠠ ᠪᠠ  ᠴᠢᠯᠣᠬᠡᠳᠠᠢ ᠶᠠᠪᠣᠯᠴᠠᠬᠤ ᠶᠢ ᠢᠳᠡᠪᠬᠢᠳᠠᠢ ᠠᠬᠢᠭᠤᠯᠣᠭᠰᠠᠨ ᠪᠠᠶᠢᠨ᠎ᠠ᠃ ᠮᠠᠯᠵᠢᠬᠤ ᠣᠷᠣᠨ ᠤ ᠶᠡᠷᠣᠩᠬᠡᠶᠢᠯᠡᠭᠰᠡᠨ ᠦᠬᠡᠷᠡᠴᠢᠯᠠᠯᠳᠠ ᠣᠯᠠᠮ ᠨᠢᠬᠡ ᠠᠯᠬᠤᠮ ᠬᠦᠨᠵᠠᠬᠡᠶᠢᠷᠠᠪᠠ᠃ ᠭᠠᠶᠢᠯᠢ ᠰᠦᠢᠳᠬᠡᠯ ᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠪᠡᠶᠡᠯᠡᠬᠦᠯᠵᠣ᠂ ᠮᠠᠯᠵᠢᠯ ᠤᠨ ᠭᠠᠶᠢᠯᠢ ᠪᠠ ᠪᠣᠰᠣᠳ ᠲᠠᠭᠠᠯᠳᠠ ᠰᠦᠢᠳᠬᠡᠯ ᠢ ᠪᠦᠬᠦᠨ ᠢ ᠬᠡᠯᠳᠣᠷᠢᠬᠦᠯᠦᠨ᠂ ᠲᠦᠷᠪᠠᠨ ᠵᠢᠯ ᠳᠤ ᠮᠠᠯᠴᠢᠳ ᠤᠨ ᠭᠠᠶᠢᠯᠢ ᠶᠢᠨ ᠲᠠᠷᠣᠭᠠᠰᠣ ᠶᠢ ᠨᠠᠶᠢᠳᠠ 6000 ᠲᠦᠮᠡᠨ ᠲᠦᠬᠦᠷᠢᠭ ᠬᠦᠩᠬᠡᠯᠡᠪᠡ᠃ ᠰᠣᠮᠣ ᠪᠠᠯᠭᠠᠰᠣᠨ ᠤ ᠪᠠᠶᠢᠭᠤᠯᠣᠮᠵᠢ ᠶᠢᠨ ᠦᠬᠡᠷᠡᠴᠢᠯᠠᠯᠳᠠ ᠶᠢ ᠠᠮᠵᠢᠯᠳᠠ ᠲᠠᠢ ᠪᠡᠶᠡᠯᠡᠬᠦᠯᠪᠠ᠃ ᠪᠡᠯᠡ ᠬᠤᠷᠠᠮᠳᠤᠭᠤᠯᠵᠤ ᠪᠡᠯᠡ ᠤᠷᠤᠭᠤᠯᠬᠤ ᠪᠠᠶᠢᠭᠤᠯᠤᠮᠵᠢ ᠶᠢᠨ ᠦᠬᠡᠷᠡᠴᠢᠯᠡᠯᠳᠡ ᠪᠠ ᠡᠳ᠋ ᠤᠨ ᠵᠠᠰᠠᠭ ᠤᠨ ᠦᠭᠡᠷᠡᠴᠢᠯᠡᠯᠳᠡ ᠶᠢ ᠤᠯᠠᠮ ᠬᠦᠨᠵᠠᠬᠡᠶᠢᠷᠡᠬᠦᠯᠵᠣ᠂ ᠵᠠᠰᠠᠭ ᠤᠨ ᠤᠷᠳᠤᠨ ᠤ ᠪᠡᠯᠡ ᠬᠤᠷᠠᠮᠳᠤᠭᠤᠯᠵᠤ ᠪᠡᠯᠡ ᠤᠷᠤᠭᠤᠯᠬᠤ ᠴᠢᠳᠠᠪᠤᠷᠢ ᠮᠡᠳᠡᠭᠳᠡᠮ᠎ᠡ ᠲᠡᠭᠡᠭᠰᠢᠯᠡᠨ᠂ ᠨᠡᠶᠢᠳᠡ 2000 ᠲᠦᠮᠡᠨ ᠲᠦᠬᠦᠷᠢᠭ ᠤᠨ ᠪᠡᠯᠡ ᠮᠦᠡᠭᠭᠦ ᠵᠦᠢᠴᠢᠯᠠᠨ ᠵᠠᠷᠣᠴᠠᠭᠤᠯᠵᠠᠢ︔ ᠡᠳ᠋ ᠤᠨ ᠵᠠᠰᠠᠭ ᠠᠴᠠ ᠲᠦᠪᠯᠡᠷᠡᠭᠦᠯᠦᠨ ᠲᠦᠯᠦᠪᠦᠷᠢᠯᠡᠬᠦ᠂ ᠰᠠᠯᠠᠭ᠎ᠠ ᠮᠦᠴᠢᠷ ᠲᠦᠰᠦᠪ ᠬᠢᠬᠦ᠂ ᠰᠤᠮᠤᠨ ᠤ ᠬᠢ  ᠶᠢ ᠬᠤᠰᠢᠭᠤ ᠬᠠᠮᠢᠶᠠᠷᠬᠤ ᠪᠠ ᠭᠠᠴᠠᠭᠠᠨ ᠤ ᠬᠢ ᠶᠢ ᠠᠷᠠᠳ ᠠᠴᠠ ᠡᠵᠡᠮᠳᠡᠨ ᠰᠤᠮᠤ ᠤᠷᠤᠯᠠᠨ ᠬᠠᠮᠢᠶᠠᠷᠬᠤ ᠵᠡᠷᠭᠡ ᠡᠳ᠋ ᠤᠨ ᠵᠠᠰᠠᠭ ᠤᠨ ᠦᠬᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠤᠭᠰᠠᠨ ᠤ ᠬᠠᠮᠳᠤ ᠮᠠᠨ ᠤ ᠬᠤᠰᠢᠭᠤ ᠨᠢ ᠣᠷᠣᠨ ᠪᠠ ᠡᠳ᠋ ᠤᠨ ᠶᠠᠪᠣᠳᠠᠯ ᠤᠨ ᠶᠠᠮᠣᠨ ᠤ ᠡᠳ᠋ ᠤᠨ ᠵᠠᠰᠠᠭ ᠤᠨ ᠲᠠᠷᠢᠶᠠᠯᠠᠩ ᠮᠠᠯ ᠠᠬᠤᠢ ᠶᠢ ᠲᠠᠮᠵᠢᠬᠦ ᠪᠡᠯᠨ ᠮᠦᠩᠬᠦ ᠶᠢ ᠨᠢᠬᠡᠳᠬᠡᠨ ᠬᠡᠷᠡᠭᠯᠡᠬᠦ ᠲᠣᠷᠰᠢᠯᠳᠠ ᠶᠢᠨ ᠴᠢᠭ᠋  ᠢᠶᠠᠷ ᠰᠣᠩᠭᠤᠭᠳᠠᠪᠠ︔ ᠭᠠᠳᠠᠭᠰᠢ ᠴᠢᠯᠣᠬᠡᠳᠠᠢ ᠶᠠᠪᠣᠯᠴᠠᠬᠤ ᠶᠢ ᠣᠯᠠᠮ ᠨᠢᠬᠡ ᠠᠯᠬᠤᠮ ᠬᠦᠨᠵᠠᠬᠡᠶᠢᠷᠠᠬᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠲᠦᠷᠪᠠᠨ ᠵᠢᠯ ᠳᠤ ᠣᠯᠣᠰ ᠤᠨ ᠲᠣᠳᠣᠭᠠᠳᠣᠬᠢ ︵ᠠᠶᠢᠮᠠᠭ ᠤᠨ ᠭᠠᠳᠠᠨᠠᠬᠢ︶ ᠪᠡᠯᠨ ᠮᠦᠩᠬᠦ ᠶᠢ ᠨᠠᠶᠢᠳᠠ 34.4 ᠳ᠋ᠦᠩᠰᠢᠭᠤᠷ ᠲᠦᠬᠦᠷᠢᠭ ᠬᠦᠳᠣᠯᠣᠨ ᠣᠷᠣᠭᠤᠯᠵᠣ᠂ ᠦᠡᠭᠭᠡᠷᠡᠭᠰᠡᠨ ᠲᠠᠪᠣᠨ ᠵᠢᠯ ᠤᠨ ᠨᠠᠶᠢᠯᠠᠪᠣᠷᠢ ᠶᠢᠨ 13.2 ᠲᠠᠬᠢᠨ ᠪᠤᠯᠤᠭᠰᠠᠨ ᠪᠠᠶᠢᠨ᠎ᠠ᠃ │ │ ᠡᠶ᠎ᠡ ᠵᠣᠬᠢᠴᠠᠯᠳᠣ ᠨᠡᠶᠢᠬᠡᠮ ᠤᠨ ᠪᠠᠶᠢᠭᠤᠯᠤᠯᠳᠠ ᠰᠢᠨ᠎ᠠ ᠠᠬᠢᠴᠠ ᠲᠠᠢ ᠪᠣᠯᠪᠠ᠃ ᠲᠦᠷᠪᠠᠨ ᠵᠢᠯ ᠤᠨ ᠲᠣᠷᠰᠢ ᠪᠢᠳᠠ ᠠᠷᠠᠳ ᠤᠨ ᠠᠮᠢᠳᠣᠷᠠᠯ ᠤᠨ ᠬᠢᠷᠢ ᠲᠦᠪᠰᠢᠨ ᠪᠠ  ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ  ᠪᠠᠷ ᠠᠵᠣ ᠠᠬᠤᠢ ᠶᠢᠨ ᠬᠦᠭᠵᠢᠯᠳᠠ ᠶᠢᠨ ᠬᠠᠷᠠᠯᠳᠠ ᠪᠠᠨ ᠪᠤᠯᠭᠠᠨ᠂ ᠣᠯᠠᠨ ᠲᠦᠮᠠᠨ ᠤ ᠠᠰᠢᠭ ᠲᠣᠰᠨ ᠲᠠᠢ ᠬᠤᠯᠪᠣᠭᠳᠠᠬᠤ ᠮᠠᠰᠢ ᠣᠯᠠᠨ ᠠᠵᠢᠯ  ᠢ ᠬᠢᠵᠦ᠂ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠭᠰᠡᠨ ᠪᠠᠶᠢᠨ᠎ᠠ᠃ᠰᠢᠨᠵᠢᠯᠡᠬᠦ ᠮᠡᠷᠬᠡᠵᠢᠯ ᠤᠨ ᠦᠢᠯᠡᠴᠢᠯᠡᠬᠡᠨ ᠤ ᠴᠢᠳᠠᠪᠣᠷᠢ ᠢᠯᠡᠳᠳᠠ ᠨᠡᠮᠡᠭᠳᠠᠵᠣ᠂ ᠮᠣᠩᠭᠤᠯ ᠬᠢᠳᠠᠳ ᠬᠡᠯᠡᠨ ᠤ ᠰᠢᠨᠵᠢᠯᠡᠬᠦ ᠮᠡᠷᠬᠡᠵᠢᠯ ᠤᠨ ᠰᠣᠷᠠᠭ ᠵᠠᠩᠬᠢ ᠶᠢᠨ ᠰᠦᠯᠵᠢᠶ᠎ᠡ  ᠶᠢ ᠪᠠᠶᠢᠭᠤᠯᠣᠨ᠂  17 ᠰᠢᠨ᠎ᠡ ᠲᠦᠷᠦᠯ ᠵᠦᠢᠯ᠂ ᠲᠦᠭᠦᠭᠡᠷᠦᠮᠵᠢ᠂ ᠮᠡᠷᠭᠡᠵᠢᠯ ᠢ ᠤᠷᠤᠭᠤᠯᠤᠨ᠂ ᠭᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠢᠳᠡᠪᠬᠢᠳᠡᠢ ᠦᠷᠨᠢᠬᠦᠯᠦᠨ᠂ ᠮᠠᠯᠴᠢᠳ ᠲᠤ 6 ᠲᠦᠮᠡᠨ ᠬᠦᠮᠦᠨ ᠤᠳᠠᠭ᠎ᠠ ᠪᠤᠯᠪᠠᠰᠤᠷᠠᠯ ᠬᠦᠷᠳᠡᠭᠡᠪᠡ᠃ ᠰᠤᠷᠭᠠᠨ ᠬᠦᠮᠦᠵᠢᠯ ᠤᠨ ᠦᠢᠯᠡᠰ ᠮᠡᠳᠡᠭᠳᠡᠮ᠎ᠡ ᠬᠦᠭᠵᠢᠪᠡ᠃ ᠰᠤᠷᠭᠠᠨ ᠬᠦᠮᠦᠵᠢᠯ ᠤᠨ ᠪᠠᠶᠢᠷᠢᠰᠢᠭᠤᠯᠤᠯᠳᠠ ᠶᠢ ᠲᠤᠬᠢᠷᠠᠭᠤᠯᠤᠨ᠂ 15 ᠰᠤᠷᠭᠠᠭᠤᠯᠢ ᠶᠢ ᠬᠤᠰᠢᠭᠤᠨ ᠤ ᠲᠦᠪ ᠲᠤ ᠴᠣᠮᠬᠠᠳᠬᠠᠨ ᠲᠦᠪᠯᠡᠷᠡᠭᠦᠯᠪᠡ᠃ ᠰᠤᠷᠭᠠᠭᠤᠯᠢ ᠡᠷᠬᠢᠯᠡᠬᠦ ᠨᠦᠬᠦᠴᠡᠯ ᠢᠯᠡᠳᠳᠡ ᠰᠠᠶᠢᠵᠢᠷᠠᠨ᠂ ᠲᠦᠷᠪᠡᠨ ᠵᠢᠯ ᠳᠤ 2011 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠲᠤᠮᠳᠠ ᠪᠠᠭ᠎ᠠ ᠰᠤᠷᠭᠠᠭᠤᠯᠢ ᠶᠢᠨ ᠠᠶᠣᠯᠳᠣ ᠪᠠᠶᠢᠰᠢᠩ ᠢ 1.4 ᠲᠦᠮᠡᠨ ᠲᠡᠭᠰᠢ ᠲᠦᠷᠪᠡᠯᠵᠢᠨ ᠮᠧᠲᠷ ᠰᠡᠯᠬᠦᠨ ᠵᠠᠰᠠᠵᠣ᠂ 2 ᠲᠦᠮᠡᠨ ᠲᠡᠭᠰᠢ ᠲᠦᠷᠪᠡᠯᠵᠢᠨ ᠮᠧᠲᠷ ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ  ᠨᠤᠭᠤᠳ ᠦᠨᠳᠦᠰᠦᠨ ᠳᠡᠭᠡᠨ ᠠᠰᠠᠷ ᠲᠠᠢ ᠪᠣᠯᠵᠠᠢ᠃ ᠣᠳᠣᠬᠢᠴᠢᠯᠠᠭᠰᠠᠨ ᠠᠯᠣᠰ ᠡᠵᠡᠮᠰᠢᠯᠳᠣ ᠰᠣᠷᠭᠠᠨ ᠬᠦᠮᠦᠵᠢᠯ ᠤᠨ ᠰᠦᠯᠵᠢᠶᠠᠨ ᠤ ᠬᠡᠷᠡᠭᠯᠡᠯᠳᠠ ᠶᠢᠨ ᠰᠢᠰᠲ᠋ᠧᠮ ᠢ ᠨᠡᠪᠳᠡᠷᠡᠭᠦᠯᠦᠭᠰᠡᠨ  ᠤ ᠬᠠᠮᠳᠣ ᠣᠯᠣᠰ ᠤᠨ ᠪᠠᠷᠢᠮᠵᠢᠶᠠᠨ ᠳᠤ ᠨᠡᠶᠢᠴᠡᠭᠰᠡᠨ ᠡᠯ᠎ᠠ ᠲᠦᠷᠦᠯ ᠤᠨ ᠲᠣᠷᠰᠢᠯᠳᠠ ᠶᠢᠨ ᠲᠣᠨᠤᠭ ᠲᠦᠬᠦᠬᠡᠷᠦᠮᠵᠢ ᠶᠢ ᠢᠵᠢ ᠪᠦᠷᠢᠳᠦᠬᠦᠯᠦᠭᠰᠡᠨ ᠪᠠᠶᠢᠨ᠎ᠠ᠃ ︽ᠬᠤᠶᠠᠷ ᠢ ᠬᠡᠯᠳᠣᠷᠢᠬᠦᠯᠵᠣ᠂ ᠨᠢᠬᠡ ᠶᠢ ᠨᠦᠬᠦᠪᠣᠷᠢᠯᠡᠬᠦ︾ ᠪᠠ ᠦᠨᠳᠣᠷ ᠲᠤᠮᠳᠠ ᠶᠢᠨ ᠰᠣᠷᠭᠠᠨ ᠬᠦᠮᠦᠵᠢᠯ ᠤᠨ ᠨᠦᠬᠦᠪᠣᠷᠢ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠣᠷᠢᠵᠢᠭᠤᠯᠣᠨ᠂ 454.7 ᠲᠦᠮᠡᠨ ᠲᠦᠬᠦᠷᠢᠭ ᠤᠨ ᠨᠦᠬᠦᠪᠣᠷᠢ ᠣᠯᠭᠤᠵᠣ᠂ ᠲᠡᠮᠵᠢᠯᠬᠡ ᠬᠦᠷᠳᠡᠭᠰᠡᠨ ᠰᠤᠷᠤᠭᠴᠢ ᠨᠡᠶᠢᠳᠡ 15689 ᠬᠦᠮᠦᠨ ᠤᠳᠠᠭ᠎ᠠ ᠪᠣᠯᠵᠠᠢ᠃ ︽ᠬᠤᠶᠠᠷ ᠦᠨᠳᠣᠰᠣᠨ︾ ᠤ ᠦᠷ᠎ᠠ  ᠪᠦᠳᠦᠮᠵᠢ  ᠶᠢ ᠪᠠᠬᠢᠵᠢᠬᠦᠯᠦᠨ ᠲᠡᠬᠡᠭᠰᠢᠯᠡᠬᠦᠯᠵᠣ᠂ ᠣᠯᠣᠰ ᠤᠨ ᠲᠠᠬᠢᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠶᠢᠨ᠎ᠠ᠃ ᠣᠯᠠᠨ ᠲᠦᠮᠡᠨᠴᠢ ᠴᠢᠨᠠᠷ ᠲᠠᠢ ᠰᠣᠶᠣᠯ ᠲᠠᠮᠢᠷ ᠤᠨ ᠬᠦᠳᠠᠯᠬᠡᠬᠡᠨ ᠢ ᠢᠳᠡᠪᠬᠢᠳᠠᠢ ᠦᠷᠨᠢᠬᠦᠯᠵᠣ᠂  ᠣᠯᠠᠭᠠᠨᠮᠦ᠋ᠴᠢᠷ ᠤᠨ ᠵᠤᠬᠢᠶᠠᠨ ᠪᠦᠳᠦᠭᠡᠭᠰᠡᠨ ᠦᠨᠳᠦᠰᠦᠳᠡᠨ ᠤ ᠲᠠᠭᠤᠣ ᠪᠦᠵᠢᠭ ᠤᠨ ᠤᠷᠠᠨ ᠪᠦᠳᠦᠬᠡᠯ ᠨᠢ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ︽ᠯᠢᠩᠬᠤᠸ᠎ᠠ ᠴᠡᠴᠡᠭ ᠨᠡᠷᠡᠮᠵᠢᠳᠤ︾ ᠠᠯᠳᠠᠨ ᠮᠧᠳᠠᠯ ᠪᠠ ᠦᠪᠡᠷᠳᠡᠬᠡᠨ ᠵᠠᠰᠠᠬᠤ ᠣᠷᠣᠨ ᠤ ᠣᠷᠠᠨ ᠪᠦᠳᠦᠬᠡᠯ ᠤᠨ ᠬᠠᠮᠤᠭ ᠲᠡᠬᠡᠳᠣ ︽ᠰᠠᠷᠠᠨ᠎ᠠ ᠱᠠᠩᠨᠠᠯ︾ ᠪᠠ ︽ᠲᠠᠪᠣᠨ ᠨᠢᠬᠡ ᠢᠨᠵᠧᠨᠧᠷᠢᠩ︾ ᠤᠨ ᠱᠠᠩᠨᠠᠯ ᠢ ᠣᠷᠢᠳ ᠬᠤᠵᠢᠳ ᠬᠦᠷᠳᠡᠵᠦ᠂ ᠦᠨᠳᠣᠰᠣᠳᠠᠨ ᠤ ᠰᠣᠶᠣᠯ ᠤᠨ ᠲᠣᠮᠣ ᠬᠤᠰᠢᠭᠤ ᠶᠢ ᠪᠦᠳᠦᠬᠡᠨ ᠪᠠᠶᠢᠭᠤᠯᠬᠤ ᠠᠵᠢᠯ ᠳᠤ ᠠᠮᠵᠢᠯᠳᠠ ᠭᠠᠷᠭᠠᠵᠠᠢ᠃ ︽ᠪᠠᠷᠠᠭᠤᠨ ᠤᠷᠤᠨ ᠤ ᠷᠠᠳᠢᠤ᠋ ᠲᠧᠯᠸᠢᠰ ᠤᠨ ᠲᠦᠭᠦᠭᠡᠷᠦᠮᠵᠢ ᠶᠢ ᠰᠢᠨᠡᠳᠭᠡᠬᠦ ᠢᠨᠵᠧᠨᠧᠷᠢᠩ︾ ᠪᠠ ︽ᠭᠠᠴᠠᠭ᠎ᠠ ᠪᠦᠬᠦᠨ ᠳᠤ ᠷᠠᠳᠢᠤ᠋ ᠲᠧᠯᠸᠢᠰ ᠨᠡᠪᠳᠡᠷᠡᠬᠦᠯᠬᠦ ᠢᠨᠵᠧᠨᠧᠷᠢᠩ︾ ᠢ ᠬᠡᠷᠡᠭᠵᠢᠬᠦᠯᠵᠣ᠂ ᠷᠠᠳᠢᠣ᠋ ᠲᠧᠯᠸᠢᠰ ᠤᠨ ᠪᠦᠷᠬᠦᠴᠨ ᠶᠢᠨ ᠬᠡᠮᠵᠢᠶ᠎ᠠ ᠲᠣᠰᠪᠣᠷᠢ 95% ᠪᠠ 93% ᠳᠤ ᠬᠦᠷᠦᠭᠰᠡᠨ ᠪᠠᠶᠢᠨ᠎ᠠ᠃ ᠡᠷᠡᠬᠦᠯ ᠬᠠᠮᠠᠭᠠᠯᠠᠯ ᠤᠨ ᠦᠢᠯᠡᠰ ᠣᠯᠠᠮ ᠴᠢᠨᠠᠭᠰᠢᠳᠠ ᠬᠦᠭᠵᠢᠵᠣ ᠂ ᠬᠤᠰᠢᠭᠤ ᠰᠤᠮᠤ ᠬᠤᠶᠠᠷ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠲᠦᠭᠦᠭᠡᠷᠦᠮᠵᠢ ᠶᠢᠨ ᠨᠦᠬᠦᠴᠡᠯ ᠮᠡᠳᠡᠭᠳᠡᠬᠦᠶᠢᠴᠨ ᠰᠠᠶᠢᠵᠢᠷᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠠᠰᠢᠭᠯᠠᠯᠳᠠ ᠳᠤ ᠤᠷᠤᠵᠤ᠂ ᠰᠤᠮᠤ ᠪᠠᠯᠭᠠᠰᠤᠨ ᠤ ᠡᠮᠨᠡᠯᠬᠡ ᠶᠢᠨ ᠬᠤᠷᠢᠶ᠎ᠠ ᠶᠢ ᠦᠷᠭᠡᠳᠭᠡᠨ᠂ ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠡᠭᠦᠳᠡᠨ ᠡᠮᠨᠡᠯᠬᠡ ᠶᠢᠨ ᠠᠰᠠᠷ ᠪᠠ ᠬᠤᠰᠢᠭᠤ ᠡᠮᠨᠡᠯᠭᠡ ᠶᠢᠨ ᠬᠤᠷᠢᠶᠠᠨ ᠤ ᠡᠪᠡᠳᠴᠢᠳᠡᠨ ᠤ ᠠᠰᠠᠷ ᠤᠨ ᠪᠠᠷᠢᠯᠭ᠎ᠠ ᠶᠢ ᠡᠬᠢᠯᠡᠬᠦᠯᠵᠦ᠂ 33 ᠭᠠᠴᠠᠭᠠᠨ ᠳᠤ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠵᠤ᠂ ᠭᠤᠷᠪᠠᠨ ᠱᠠᠳᠤᠨ ᠤ ᠡᠮᠴᠢᠯᠡᠭᠡ  ᠡᠷᠡᠭᠦᠯ ᠬᠠᠮᠠᠭᠠᠯᠠᠯ ᠤᠨ ᠲᠤᠤᠷ᠂ ᠡᠪᠡᠳᠴᠢᠨ ᠡᠮᠬᠡᠭ ᠰᠡᠷᠭᠡᠶᠢᠯᠡᠬᠦ ᠪᠠ ᠬᠠᠯᠳᠠᠪᠤᠷᠢᠳᠤ ᠡᠪᠡᠳᠴᠢᠳᠡᠨ ᠢ ᠠᠪᠤᠷᠠᠨ ᠲᠤᠰᠠᠯᠠᠬᠤ ᠰᠢᠰᠲ᠋ᠧᠮ᠂ ᠬᠡᠨᠡᠳᠳᠡ ᠶᠢᠨ ᠴᠢᠨᠠᠷᠳᠠᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠦᠷᠢᠶ᠎ᠠ ᠬᠡᠪᠴᠢᠶᠠᠨ ᠳᠤ ᠭᠠᠷᠴᠣ ᠮᠡᠳᠡᠬᠦ ᠬᠡᠷᠡᠭ ᠤᠴᠢᠷ  ᠢ ᠤᠷᠢᠳᠴᠢᠯᠠᠨ ᠰᠡᠷᠡᠮᠵᠢᠯᠡᠬᠦᠯᠬᠦ ᠵᠤᠬᠢᠴᠠᠮᠵᠢ ᠶᠢ ᠡᠳᠦᠷ ᠢᠷᠡᠭᠦᠶ᠎ᠡ ᠲᠡᠭᠦᠯᠳᠡᠷᠵᠢᠬᠦᠯᠪᠡ︔ ᠮᠠᠯᠵᠢᠬᠤ ᠣᠷᠣᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮᠴᠢᠯᠡᠬᠡᠨ ᠳᠤ ᠤᠷᠤᠯᠴᠠᠭᠰᠠᠨ ᠬᠦᠮᠦᠨ 94.8% ᠬᠦᠷᠴᠣ᠂ ᠬᠡᠣᠬᠡᠳ ᠪᠠᠭᠠᠴᠣᠳ ᠤᠨ ︽ᠲᠠᠪᠣᠨ ᠲᠠᠷᠢᠯᠭ᠎ᠠ︾  ᠶᠢᠨ ᠨᠣᠷᠮ᠎ᠠ 92%  ᠳᠤ ᠬᠦᠷᠦᠭᠰᠡᠨ ᠪᠠᠶᠢᠨ᠎ᠠ᠃ ᠬᠦᠮᠦᠨ ᠠᠮᠨ ᠪᠠ ᠲᠦᠯᠦᠪᠯᠡᠬᠡᠳᠣ ᠦᠷᠠᠵᠢᠯ ᠤᠨ ᠠᠵᠢᠯ ᠢᠯᠡᠳᠳᠠ ᠠᠮᠵᠢᠯᠳᠠ ᠣᠯᠵᠣ᠂ ᠬᠦᠮᠦᠨ ᠠᠮᠨ ᠶᠢᠨ  ᠦᠰᠦᠯᠳᠡ ᠶᠢ ᠪᠦᠳᠦᠮᠵᠢᠳᠡᠢ ᠬᠢᠵᠠᠭᠠᠷᠯᠠᠵᠤ᠂  ᠬᠡᠪ ᠴᠢᠨᠠᠷ ᠨᠢ ᠲᠡᠭᠡᠭᠰᠢᠯᠡᠪᠡ᠃ᠠᠵᠢᠯ ᠣᠯᠭᠤᠬᠤ ᠪᠠ ᠲᠠᠬᠢᠨ ᠠᠵᠢᠯ ᠣᠯᠭᠤᠬᠤ ᠠᠵᠢᠯ ᠢ ᠦᠷᠬᠦᠯᠵᠢᠯᠠᠨ ᠴᠢᠩᠭᠠᠳᠬᠠᠵᠣ᠂ ᠨᠠᠶᠢᠳᠠ 8604  ᠠᠵᠢᠯ ᠤᠨ ᠪᠠᠶᠢᠷᠢ ᠭᠠᠷᠭᠠᠵᠣ᠂ 3265 ᠬᠦᠮᠦᠨ ᠳᠤ ᠠᠵᠢᠯ ᠤᠯᠭᠤᠨ᠂ 1303 ᠬᠦᠳᠠᠯᠮᠣᠷᠢ ᠬᠦᠴᠦ ᠶᠢ ᠭᠠᠳᠠᠭᠰᠢ ᠭᠠᠷᠭᠠᠨ᠂ ᠬᠤᠳᠠ ᠪᠠᠯᠭᠠᠰᠣᠨ ᠤ ᠲᠠᠩᠰᠠᠯᠠᠭᠳᠠᠭᠰᠠᠨ ᠠᠵᠢᠯ ᠠᠯᠳᠠᠭᠰᠠᠨ ᠨᠣᠷᠮ᠎ᠠ ᠶᠢ 4.5% ᠶᠢᠨ ᠲᠣᠳᠣᠷ᠎ᠠ ᠬᠢᠵᠠᠭᠠᠷᠯᠠᠵᠠᠢ᠃ ᠨᠡᠶᠢᠬᠡᠮ ᠤᠨ ᠪᠠᠳᠣᠯᠠᠭ᠎ᠠ ᠶᠢᠨ ᠬᠠᠮᠣᠷᠬᠤ ᠬᠡᠪᠴᠢᠶ᠎ᠠ ᠶᠢ ᠦᠷᠬᠡᠳᠬᠡᠵᠣ᠂ ᠨᠠᠰᠣᠵᠢᠯ ᠤᠨ ᠲᠠᠭᠠᠳᠬᠠᠯ ᠳᠤ  ᠤᠷᠤᠯᠴᠠᠭᠰᠠᠳ 3061ᠬᠦᠷᠴᠣ᠂ 2003 ᠣᠨ ᠤ ᠬᠢ ᠠᠴᠠ 22.3% ᠪᠠᠷ ᠨᠡᠮᠡᠭᠳᠠᠪᠠ᠃ ᠡᠮᠴᠢᠯᠡᠬᠡᠨ ᠤ  ᠲᠠᠭᠠᠳᠬᠠᠯ ᠳᠤ  ᠤᠷᠤᠯᠴᠠᠭᠰᠠᠳ 4892 ᠬᠦᠷᠴᠣ᠂ 18.2%   ᠪᠠᠷ ᠨᠡᠮᠡᠭᠳᠠᠪᠠ᠃ ᠠᠵᠢᠯ ᠠᠯᠳᠠᠭᠰᠠᠨ ᠲᠠᠭᠠᠳᠬᠠᠯ ᠳᠤ ᠤᠷᠤᠯᠴᠠᠭᠰᠠᠳ 2610 ᠬᠦᠷᠴᠣ᠂ 36.6% ᠪᠠᠷ ᠨᠡᠮᠡᠭᠳᠠᠪᠠ᠃ ᠠᠵᠢᠯ ᠤᠨ ᠬᠡᠮᠳᠣᠯ ᠤᠨ ᠲᠠᠭᠠᠳᠬᠠᠯ ᠪᠠ ᠬᠦᠡᠭᠭᠡᠵᠢᠯ ᠤᠨ ᠲᠠᠭᠠᠳᠬᠠᠯ ᠢ ᠬᠡᠷᠡᠭᠵᠢᠬᠦᠯᠵᠦ᠂ ᠲᠠᠭᠠᠳᠬᠠᠯ ᠳᠤ ᠤᠷᠤᠯᠴᠠᠭᠰᠠᠳ ᠲᠣᠰᠪᠣᠷᠢ 2017 ᠪᠠ 2996 ᠬᠦᠷᠦᠭᠰᠡᠨ ᠪᠠᠶᠢᠨ᠎ᠠ᠃ ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠮᠠᠯᠵᠢᠬᠤ ᠣᠷᠣᠨ ᠤ ᠲᠠᠪᠣᠨ ᠪᠠᠳᠣᠯᠠᠭᠠᠳᠣ ᠲᠦᠷᠢᠮ ᠪᠠ ᠭᠠᠮᠰᠢᠭ ᠠᠴᠠ ᠠᠪᠣᠷᠠᠵᠣ᠂ ᠲᠡᠳᠭᠦᠨ ᠲᠡᠮᠵᠢᠬᠦ ᠪᠠᠷ ᠭᠤᠣᠯ ᠠᠭᠤᠯᠭ᠎ᠠ ᠪᠣᠯᠭᠠᠭᠰᠠᠨ ᠨᠡᠶᠢᠬᠡᠮ ᠤᠨ ᠠᠪᠣᠷᠠᠨ ᠲᠣᠰᠠᠯᠠᠬᠤ ᠰᠢᠰᠲ᠋ᠧᠮ ᠢ ᠲᠠᠰᠤᠷᠠᠯᠳᠠ ᠦᠭᠡᠢ ᠲᠠᠬᠦᠯᠳᠠᠷᠵᠢᠬᠦᠯᠦᠨ᠂ ᠲᠦᠷᠪᠠᠨ ᠵᠢᠯ ᠳᠤ ᠨᠠᠶᠢᠳᠠ 1217 ᠲᠦᠮᠡᠨ ᠲᠦᠬᠦᠷᠢᠭ ᠤᠨ ᠪᠡᠯᠨ ᠣᠷᠣᠭᠤᠯᠵᠣ᠂ ᠬᠦᠴᠢᠷᠳᠠᠯ ᠲᠠᠢ ᠬᠦᠮᠦᠰ ᠢ ᠬᠠᠪᠰᠣᠷᠴᠣ ᠦᠢᠯᠡᠳᠪᠣᠷᠢᠯᠠᠯ ᠠᠮᠢᠳᠣᠷᠠᠯ ᠤᠨ ᠠᠰᠠᠭᠤᠳᠠᠯ ᠢ ᠨᠢ ᠰᠢᠢᠳᠪᠣᠷᠢᠯᠠᠵᠣ ᠦᠭᠬᠦᠭᠰᠡᠨ ᠪᠠᠶᠢᠨ᠎ᠠ᠃ ᠶᠠᠳᠠᠭᠤ ᠶᠢ ᠲᠠᠳᠬᠦᠵᠣ ᠨᠡᠬᠡᠬᠡᠨ ᠬᠦᠭᠵᠢᠬᠦᠯᠬᠦ ᠠᠵᠢᠯ ᠯᠠᠪᠳᠠᠭᠤᠨ ᠪᠠᠳᠣᠳᠠᠢ ᠶᠠᠪᠣᠭᠳᠠᠵᠣ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠨ ᠠᠴᠠ ᠴᠡᠭ ᠲᠣᠭᠳᠠᠭᠠᠨ ᠬᠠᠪᠰᠣᠷᠣᠨ ᠲᠠᠳᠬᠦᠬᠦ᠂ ᠮᠢᠩᠭᠠᠨ ᠲᠣᠰᠬᠤᠨ ᠢ  ᠶᠠᠳᠠᠭᠤ ᠠᠴᠠ  ᠠᠩᠬᠢᠵᠢᠷᠠᠭᠤᠯᠬᠤ᠂  ᠭᠠᠴᠠᠭ᠎ᠠ ᠪᠠᠷ ᠨᠢ ᠲᠦᠯᠬᠢᠨ ᠠᠬᠢᠭᠤᠯᠬᠤ ᠲᠦᠷᠦᠯ ᠵᠦᠢᠯ ᠢᠶᠠᠷ ᠲᠠᠮᠵᠢᠵᠣ᠂ ᠨᠠᠶᠢᠳᠠ 3466 ᠲᠦᠮᠡᠨ ᠲᠦᠬᠦᠷᠢᠭ ᠤᠨ ᠪᠡᠯᠨ ᠣᠷᠣᠭᠤᠯᠣᠨ᠂ 671 ᠡᠷᠦᠬᠡ ᠶᠢᠨ 2586 ᠬᠦᠮᠦᠨ ᠢ ᠶᠠᠳᠠᠭᠤ ᠠᠴᠠ ᠠᠩᠬᠢᠵᠢᠷᠠᠭᠤᠯᠵᠠᠢ᠃ ᠨᠡᠶᠢᠬᠡᠮ ᠤᠨ ᠠᠮᠣᠷ ᠲᠦᠪᠰᠢᠨ  ᠢ ᠶᠠᠷᠣᠩᠬᠡᠶᠢᠯᠡᠨ ᠵᠠᠰᠠᠬᠤ ᠠᠵᠢᠯ ᠢ  ᠴᠢᠩᠭᠠᠳᠬᠠᠨ᠂  ︽ᠠᠮᠤᠷ ᠲᠠᠶᠢᠪᠤᠡᠭ ᠠᠪᠠᠭ᠎ᠠ ᠨᠤᠳᠤᠭ︾  ᠢ ᠴᠣᠭᠴᠠᠯᠠᠨ ᠪᠠᠶᠢᠭᠤᠯᠬᠤ ᠠᠵᠢᠯᠯᠠᠭ᠎ᠠ ᠪᠣᠳᠠᠳᠠᠢ ᠦᠷ᠎ᠠ ᠪᠦᠳᠦᠮᠵᠢ  ᠤᠯᠵᠤ᠂ 95% ᠶᠢᠨ ᠣᠯᠠᠨ ᠲᠦᠮᠡᠨ ᠨᠡᠶᠢᠬᠡᠮ ᠤᠨ ᠠᠮᠣᠷ ᠲᠦᠪᠰᠢᠨ ᠳᠤ ᠬᠠᠨᠣᠮᠵᠢᠳᠠᠢ ᠪᠣᠯᠣᠭᠰᠠᠨ ᠪᠠᠶᠢᠨ᠎ᠠ᠃  ᠠᠭᠤᠷᠬᠠᠢ ᠪᠠ ᠵᠠᠮ ᠬᠠᠷᠢᠯᠴᠠᠭ᠎ᠠ᠂ ᠪᠠᠷᠢᠯᠭ᠎ᠠ ᠵᠡᠷᠭᠡ  ᠭᠤᠣᠯᠳᠠᠯᠭ᠎ᠠ ᠲᠠᠢ ᠠᠵᠢᠯ ᠦᠢᠯᠡᠰ ᠤᠨ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠶᠡᠭᠡ ᠠᠳᠡᠯ ᠡᠬᠦᠰᠬᠦ  ᠠᠴᠠ ᠰᠡᠷᠬᠡᠶᠢᠯᠡᠵᠣ ᠴᠢᠳᠠᠵᠠᠢ᠃ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠢᠨᠠᠮᠠᠭᠠᠢ  ᠰᠢᠢᠳᠪᠦᠷᠢᠯᠡᠵᠦ᠂ ᠵᠠᠬᠢᠳᠠᠯ ᠰᠣᠷᠪᠣᠯᠵᠢᠯᠠᠭ᠎ᠠ ᠶᠢ ᠰᠢᠢᠳᠪᠣᠷᠢᠯᠡᠭᠰᠡᠨ ᠨᠣᠷᠮ᠎ᠠ 97% ᠬᠦᠷᠦᠭᠰᠡᠨ ᠪᠠᠶᠢᠨ᠎ᠠ᠃ ︽8.11︾ ᠤ ᠣᠨᠴᠨ ᠶᠡᠭᠡ ᠦᠶᠠᠷ ᠤᠨ ᠭᠠᠮᠰᠢᠭ  ᠤᠨ ᠲᠠᠷᠠᠭᠠᠬᠢ ᠲᠠᠬᠢᠨ ᠪᠠᠶᠢᠭᠤᠯᠬᠤ ᠠᠵᠢᠯ ᠤᠷᠤᠭᠰᠢᠳᠠᠢ ᠪᠠᠶᠡᠯᠡᠭᠳᠠᠵᠠᠢ᠃ ᠦᠨᠳᠣᠰᠣᠳᠠᠨ ᠤ ᠪᠦᠯᠬᠦᠮᠳᠠᠯ  ᠪᠠ ᠦᠨᠳᠣᠰᠣᠳᠠᠨ ᠱᠠᠰᠢᠨ ᠰᠣᠷᠳᠠᠬᠤᠨ ᠤ ᠠᠵᠢᠯ ᠢ ᠴᠢᠩᠭᠠᠳᠬᠠᠨ᠂ ᠡᠯ᠎ᠠ ᠦᠨᠳᠣᠰᠣᠳᠠᠨ ᠬᠠᠮᠳᠣ ᠪᠠᠷ ᠴᠡᠴᠡᠭᠯᠡᠨ ᠬᠦᠭᠵᠢᠭᠰᠡᠨ ᠣᠬᠢ ᠰᠠᠶᠢᠨ ᠪᠠᠶᠢᠳᠠᠯ ᠢ  ᠪᠠᠳᠤᠳᠬᠠᠭᠰᠠᠨ ᠪᠠᠶᠢᠨ᠎ᠠ᠃│ │ ᠵᠠᠰᠠᠭ ᠤᠨ ᠣᠷᠳᠣᠨ ᠤ ᠲᠣᠰ ᠪᠠᠶ᠎ᠠ ᠶᠢᠨ ᠪᠠᠶᠢᠭᠤᠯᠣᠯᠳᠠ ᠶᠢ ᠦᠨᠡᠨᠬᠦ ᠴᠢᠩᠭᠠᠳᠬᠠᠪᠠ᠃ ᠲᠦᠷᠪᠠᠨ ᠵᠢᠯ ᠤᠨ ᠲᠣᠷᠰᠢ᠂ ᠪᠢᠳᠡ ᠠᠷᠠᠳᠴᠢᠯᠠᠯ ᠪᠠ ᠬᠠᠤᠯᠢ ᠲᠦᠷᠢᠮ ᠤᠨ ᠪᠦᠳᠦᠬᠡᠨ ᠪᠠᠶᠢᠭᠤᠯᠤᠯᠳᠠ ᠶᠢ ᠪᠠᠷᠢᠮᠳᠠᠯᠠᠵᠤ᠂ ᠵᠠᠰᠠᠭ ᠤᠨ ᠣᠷᠳᠣᠨ ᠤ ᠪᠠᠶᠢᠭᠤᠯᠣᠯᠳᠠ ᠶᠢ ᠴᠢᠩᠭᠠᠳᠬᠠᠭᠰᠠᠭᠠᠷ ᠢᠷᠡᠪᠡ᠃ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠬᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠨ᠂ ᠠᠷᠠᠳ ᠤᠨ ᠲᠦᠯᠦᠬᠡᠯᠡᠭᠴᠢᠳ ᠪᠠ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠣᠷᠠᠳᠣᠯᠭ᠎ᠠ ᠶᠢ 100% ᠪᠠᠷ ᠬᠦᠯᠢᠶᠠᠨ ᠠᠪᠴᠣ ᠰᠢᠢᠳᠪᠣᠷᠢᠯᠠᠵᠠᠢ᠃ ︽ᠲᠦᠷᠪᠠᠳᠣᠬᠡᠷ ᠲᠠᠪᠣᠨ ᠵᠢᠯ︾ ᠤᠨ ᠬᠠᠣᠯᠢ ᠲᠦᠬᠡᠮᠡᠯᠵᠢᠬᠦᠯᠣᠯᠳᠠ ᠶᠢ ᠠᠮᠵᠢᠯᠳᠠ ᠲᠠᠢ ᠪᠠᠶᠠᠯᠡᠬᠦᠯᠦᠨ᠂ ︽ᠲᠠᠪᠣᠳᠣᠭᠠᠷ ᠲᠠᠪᠣᠨ ᠵᠢᠯ︾ ᠤᠨ ᠬᠠᠣᠯᠢ ᠲᠦᠬᠡᠮᠡᠯᠵᠢᠬᠦᠯᠣᠯᠳᠠ ᠶᠢ ᠪᠦᠬᠦ ᠲᠠᠯ᠎ᠠ ᠪᠠᠷ ᠦᠷᠨᠢᠬᠦᠯᠵᠣ᠂ ᠪᠦᠬᠦ ᠠᠷᠠᠳ ᠤᠨ ᠬᠠᠣᠯᠢ ᠲᠦᠷᠢᠮ ᠤᠨ ᠣᠬᠠᠮᠰᠠᠷ ᠢ ᠮᠡᠳᠡᠭᠳᠡᠬᠦᠶᠢᠴᠨ ᠲᠡᠬᠡᠭᠰᠢᠯᠡᠬᠦᠯᠦᠨ᠂  ᠬᠠᠣᠯᠢ ᠶᠣᠰᠣᠭᠠᠷ ᠵᠠᠰᠠᠭᠯᠠᠬᠤ  ᠶᠢ ᠪᠠᠷᠢᠮᠳᠠᠯᠠᠵᠣ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠦᠯ ᠵᠦᠢᠯ ᠠᠴᠠ ᠨᠠᠶᠢᠳᠠ 372  ᠵᠦᠢᠯ ᠢ ᠲᠢᠭᠯᠡᠵᠣ᠂ 143 ᠵᠦᠢᠯ ᠢ ᠨᠢ ᠬᠦᠴᠦᠨ ᠦᠬᠡᠢ ᠪᠣᠯᠭᠠᠭᠰᠠᠨ ᠤ ᠬᠠᠮᠳᠣ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ ᠦᠢᠯᠡᠴᠢᠯᠡᠬᠡᠨ ᠤ ᠲᠦᠪ ᠢ ᠪᠠᠶᠢᠭᠤᠯᠣᠨ᠂ ᠬᠢᠨᠠᠨ ᠵᠦᠪᠰᠢᠶᠠᠷᠠᠬᠦ ᠲᠠᠰ ᠲᠠᠷᠠᠭᠠᠯᠠᠯ ᠢ ᠲᠦᠭᠦᠮᠴᠢᠯᠡᠵᠦ᠂ ᠵᠠᠰᠠᠭ ᠵᠠᠬᠢᠷᠭᠠᠨ ᠤ ᠦᠷ᠎ᠡ ᠠᠰᠢᠭ  ᠢ ᠲᠡᠭᠡᠭᠰᠢᠯᠡᠭᠦᠯᠪᠡ᠃  ᠵᠠᠰᠠᠭ ᠵᠠᠬᠢᠷᠭᠠᠨ ᠢᠶᠠᠷ ᠬᠢᠨᠠᠨ ᠪᠠᠶᠢᠴᠠᠭᠠᠬᠤ ᠪᠠ ᠬᠢᠨᠠᠨ ᠪᠣᠳᠣᠯᠳᠠ ᠪᠠᠷ ᠬᠢᠨᠠᠯᠳᠠ ᠲᠠᠯᠪᠢᠬᠤ ᠶᠢ ᠴᠢᠩᠭᠠᠳᠬᠠᠵᠣ᠂ ᠠᠷᠢᠭᠤᠨ ᠴᠢᠬᠡᠴᠢ ᠪᠠᠷ ᠵᠠᠰᠠᠭᠯᠠᠬᠤ ᠪᠠ ᠢᠯᠵᠠᠷᠠᠯ ᠢ ᠡᠰᠡᠷᠬᠦᠴᠠᠬᠦ ᠠᠵᠢᠯ ᠰᠢᠨ᠎ᠠ ᠦᠷ᠎ᠠ ᠪᠦᠳᠦᠮᠵᠢ ᠣᠯᠣᠭᠰᠠᠨ ᠪᠠᠶᠢᠨ᠎ᠠ᠃ ᠲᠦᠯᠦᠬᠡᠯᠡᠭᠴᠢᠳ ᠡ︕ ᠦᠩᠬᠡᠷᠡᠭᠰᠡᠨ ᠲᠦᠷᠪᠠᠨ ᠵᠢᠯ  ᠳᠤ᠂ ᠵᠠᠰᠠᠭ ᠤᠨ ᠣᠷᠳᠣᠨ ᠤ ᠠᠵᠢᠯ ᠳᠤ ᠮᠠᠰᠢ ᠣᠯᠠᠨ ᠬᠦᠴᠢᠷᠳᠠᠯ ᠲᠣᠯᠭᠠᠷᠠᠭᠰᠠᠨ ᠪᠣᠯᠪᠠᠴᠣ᠂  ᠪᠢᠳᠠ ᠪᠦᠬᠦᠨ ᠤ ᠬᠠᠮᠳᠣ ᠶᠢᠨ ᠴᠢᠷᠮᠠᠶᠢᠯᠭ᠎ᠠ ᠪᠠᠷ᠂ ᠡᠯ᠎ᠠ ᠵᠦᠢᠯ ᠤᠨ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃ ᠡᠳᠡᠬᠡᠷ ᠬᠢᠷᠢ ᠪᠦᠳᠦᠮᠵᠢ ᠶᠢ ᠲᠠᠮᠠᠴᠠᠨ ᠣᠯᠣᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠲᠠᠮᠵᠢᠯᠬᠡ ᠲᠣᠣᠷ᠎ᠠ᠂ ᠪᠦᠬᠦ ᠬᠤᠰᠢᠭᠤᠨ ᠤ ᠺᠠᠳᠠᠷ ᠣᠯᠠᠨ ᠲᠦᠮᠡᠨ ᠤ ᠰᠠᠳᠬᠢᠯ ᠨᠢᠬᠡᠳᠣᠨ ᠴᠢᠷᠮᠠᠶᠢᠨ ᠲᠠᠮᠠᠴᠡᠭᠰᠡᠨ ᠤ ᠦᠷ᠎ᠠ ᠳ᠋ᠦᠩ ᠮᠦᠨ᠃ ᠠᠳᠠ ᠪᠢ᠂ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠣ᠂ ᠪᠦᠬᠦ ᠲᠦᠯᠦᠬᠡᠯᠡᠭᠴᠢᠳ ᠪᠣᠯᠣᠨ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠲᠤ᠂ ᠬᠠᠮᠳᠣ ᠪᠠᠷ ᠴᠢᠷᠮᠠᠶᠢᠨ ᠲᠠᠮᠡᠴᠡᠭᠰᠡᠨ ᠡᠯ᠎ᠠ ᠦᠨᠳᠣᠰᠣᠳᠠᠨ ᠤ ᠺᠠᠳᠠᠷ ᠣᠯᠠᠨ ᠲᠦᠮᠡᠨ ᠪᠠ ᠴᠡᠷᠢᠭ ᠴᠠᠭᠳᠠᠭ᠎ᠠ ᠵᠢᠴᠢ ᠠᠪᠠᠭ᠎ᠠ ᠬᠤᠰᠢᠭᠤᠨ ᠤ ᠬᠦᠭᠵᠢᠯᠳᠠ ᠶᠢ ᠬᠠᠯᠠᠮᠵᠢᠯᠠᠨ ᠲᠠᠮᠵᠢᠭ᠍ᠰᠡᠬᠡᠷ ᠢᠷᠡᠭᠰᠡᠨ ᠨᠡᠶᠢᠬᠡᠮ ᠤᠨ ᠡᠯ᠎ᠠ ᠡᠳᠡᠬᠡᠳ ᠤᠨ ᠬᠦᠮᠣᠰ ᠲᠤ᠂ ᠡᠷᠬᠢᠮ ᠬᠦᠨᠳᠣᠳᠬᠡᠯ ᠪᠠ ᠴᠢᠩ ᠰᠠᠳᠬᠢᠯ ᠤᠨ ᠲᠠᠯᠠᠷᠬᠠᠯ ᠢᠶᠠᠨ ᠲᠠᠪᠰᠢᠬᠦᠯᠦᠶ᠎ᠠ︕  ᠪᠢᠳᠡ ᠠᠮᠵᠢᠯᠳᠠ ᠪᠠᠨ ᠨᠤᠳᠠᠯᠠᠬᠤ ᠶᠢᠨ ᠬᠠᠮᠳᠤ ᠦᠡᠭᠭᠡᠷᠡᠭᠰᠡᠨ ᠤ ᠠᠵᠢᠯ ᠪᠠ ᠤᠯᠠᠨ ᠲᠦᠮᠡᠨ  ᠤ ᠬᠦᠰᠡᠯ ᠱᠠᠭᠠᠷᠳᠠᠯᠭ᠎ᠠ  ᠶᠢᠨ ᠬᠤᠭᠤᠷᠤᠨᠳᠤᠬᠢ ᠵᠦᠷᠢᠶ᠎ᠡ ᠵᠢᠴᠢ ᠬᠤᠶᠢᠰᠢᠳᠠ ᠶᠢᠨ ᠠᠵᠢᠯ ᠳᠤ ᠲᠣᠯᠭᠠᠷᠠᠵᠣ ᠮᠡᠳᠡᠬᠦ ᠬᠦᠴᠢᠷᠳᠡᠯ ᠪᠠ ᠠᠰᠠᠭᠤᠳᠠᠯ ᠢ ᠲᠤᠳᠤᠷᠬᠠᠢ ᠲᠠᠨᠢᠵᠣ ᠣᠯᠬᠤ ᠴᠢᠬᠤᠯᠠᠳᠠᠢ ᠪᠠᠶᠢᠨ᠎ᠠ᠃ ᠲᠤᠬᠠᠶᠢᠯᠠᠪᠠᠯ᠄ ᠨᠢᠬᠡ ᠳᠤ᠂ ᠠᠵᠣ ᠦᠢᠯᠡᠳᠪᠣᠷᠢᠯᠠᠯ ᠤᠨ ᠠᠵᠣ ᠠᠬᠤᠢ ᠶᠢᠨ ᠶᠠᠷᠣᠩᠬᠡᠢ ᠬᠡᠮᠵᠢᠶ᠎ᠠ ᠨᠢ ᠪᠠᠭ᠎ᠠ᠂ ᠦᠷ᠎ᠠ ᠠᠰᠢᠭ  ᠢᠶᠠᠷ ᠲᠣᠣᠷ᠎ᠠ᠂ ᠣᠯᠣᠰ ᠠᠷᠠᠳ ᠤᠨ ᠠᠵᠣ ᠠᠬᠤᠢ ᠶᠢ ᠬᠦᠭᠵᠢᠬᠦᠯᠬᠦ ᠭᠤᠣᠯᠯᠠᠭᠴᠢ ᠬᠦᠴᠦᠨ ᠬᠠᠷᠠᠬᠠᠨ ᠪᠦᠷᠢᠯᠳᠣᠬᠡᠳᠣᠢ᠃ ᠬᠤᠶᠠᠷ ᠲᠤ᠂ ᠠᠮᠢ ᠠᠬᠤᠢ ᠨᠢ ᠨᠡᠶᠢᠳᠡᠮ ᠰᠡᠷᠭᠦᠯᠳᠡ ᠲᠠᠢ ᠪᠣᠯᠪᠠᠴᠣ᠂  ᠵᠠᠷᠢᠮ ᠭᠠᠵᠠᠷ ᠢᠶᠠᠨ ᠦᠷᠬᠦᠯᠵᠢᠯᠠᠨ ᠲᠠᠴᠢᠷᠰᠢᠬᠤ ᠬᠠᠨᠳᠣᠰᠢ ᠲᠠᠢ ᠪᠠᠶᠢᠬᠤ ᠶᠢ ᠦᠨᠳᠣᠰᠣᠨ ᠠᠴᠠ ᠪᠠᠨ ᠬᠤᠷᠢᠭᠯᠠᠵᠣ ᠲᠠᠶᠢᠯᠣᠬᠡ ᠦᠬᠡᠢ ᠪᠠᠶᠢᠭᠰᠠᠭᠠᠷ᠃ ᠭᠤᠷᠪᠠ ᠳᠤ᠂ ᠮᠠᠯ ᠠᠵᠣ ᠠᠬᠤᠢ ᠶᠢᠨ ᠦᠢᠯᠡᠳᠪᠣᠷᠢᠯᠠᠯ ᠡᠵᠡᠩᠨᠡᠯᠳᠠ ᠶᠢᠨ ᠠᠷᠭ᠎ᠠ ᠬᠡᠯᠪᠡᠷᠢ ᠨᠠᠯᠢᠶᠠᠳ ᠬᠤᠴᠣᠷᠣᠩᠭᠤᠢ᠂ ᠠᠵᠣ ᠦᠢᠯᠡᠰᠵᠢᠯᠳᠡ ᠶᠢᠨ ᠬᠢᠷᠢ ᠬᠡᠮᠵᠢᠶ᠎ᠠ ᠬᠠᠷᠢᠴᠠᠩᠭᠤᠢ ᠲᠣᠣᠷ᠎ᠠ ᠪᠠᠶᠢᠭᠰᠠᠭᠠᠷ᠃ ᠲᠦᠷᠪᠠ ᠳᠤ᠂ ᠬᠤᠳᠠ ᠪᠠᠯᠭᠠᠰᠣᠨ ᠤ ᠬᠡᠪᠴᠢᠶᠠᠵᠢᠯ ᠪᠠᠭ᠎ᠠ᠂ ᠲᠦᠯᠦᠪᠵᠢᠬᠦᠯᠬᠡ᠂ ᠪᠠᠶᠢᠭᠤᠯᠣᠯᠳᠠ ᠪᠠ ᠬᠠᠮᠢᠶᠠᠷᠣᠯᠳᠠ ᠶᠢᠨ ᠬᠢᠷᠢ ᠲᠦᠪᠰᠢᠨ ᠨᠢ ᠲᠣᠣᠷ᠎ᠠ᠂ ᠶᠠᠷᠣᠩᠬᠡᠶᠢᠯᠡᠭᠰᠡᠨ ᠦᠢᠯᠡᠴᠢᠯᠡᠬᠡᠨ ᠤ ᠴᠢᠳᠠᠪᠣᠷᠢ ᠲᠡᠬᠦᠯᠳᠡᠷᠵᠢᠬᠡ ᠦᠬᠡᠢ᠂  ᠲᠠᠶᠢᠴᠢᠯᠠᠨ ᠲᠠᠭᠠᠭᠤᠯᠬᠤ ᠬᠦᠴᠦ ᠪᠠᠷ ᠠᠨᠠᠢ᠃ ᠲᠠᠪᠤ ᠳᠤ᠂ ᠣᠰᠣ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠬᠡ ᠰᠠᠭᠤᠷᠢ ᠲᠦᠬᠦᠬᠡᠷᠦᠮᠵᠢ ᠬᠤᠴᠣᠷᠣᠩᠭᠤᠢ᠂ ᠬᠦᠭᠵᠢᠯᠳᠠ ᠶᠢ ᠬᠠᠷᠰᠢᠯᠠᠬᠤ ᠬᠦᠴᠦᠨ ᠵᠦᠢᠯ ᠮᠦᠨᠬᠦ ᠣᠷᠣᠰᠢᠭᠰᠠᠭᠠᠷ᠃ ᠵᠢᠷᠭᠤᠭ᠎ᠠ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠬᠠᠷᠢᠴᠠᠩᠭᠤᠢ ᠲᠣᠣᠷ᠎ᠠ᠂ ᠣᠷᠣᠯᠭ᠎ᠠ ᠪᠠᠨ ᠨᠡᠮᠡᠭᠳᠡᠬᠦᠯᠬᠦ ᠠᠷᠭ᠎ᠠ ᠪᠠᠷ ᠲᠣᠳᠠᠮᠠᠭ᠂ ᠨᠡᠮᠡᠭᠳᠠᠯ ᠤᠨ ᠬᠤᠷᠳᠣᠴᠨ ᠣᠳᠠᠭᠠᠨ᠃ ᠲᠣᠯᠤᠭ᠎ᠠ ᠳᠤ᠂ ᠨᠡᠶᠢᠬᠡᠮ ᠤᠨ ᠡᠯ᠎ᠠ ᠲᠦᠷᠦᠯ ᠤᠨ ᠠᠵᠢᠯ ᠦᠢᠯᠡᠰ ᠲᠤ ᠪᠡᠯᠨ ᠣᠷᠣᠭᠤᠯᠣᠯᠳᠠ ᠬᠦᠷᠦᠯᠴᠡᠬᠦ ᠦᠬᠡᠢ᠂ ᠬᠦᠭᠵᠢᠯᠳᠠ ᠨᠢ ᠬᠤᠴᠣᠷᠦᠩᠭᠤᠢ᠂ ᠣᠨᠴᠣᠭᠤᠶᠢᠯᠠᠨ ᠰᠢᠨᠵᠢᠯᠡᠬᠦ ᠮᠡᠷᠬᠡᠵᠢᠯ᠂ ᠰᠣᠷᠭᠠᠨ ᠬᠦᠮᠦᠵᠢᠯ ᠤᠨ ᠶᠠᠷᠣᠩᠬᠡᠢ ᠬᠢᠷᠢ ᠲᠦᠪᠰᠢᠨ ᠲᠣᠣᠷ᠎ᠠ᠂ ᠴᠢᠳᠠᠪᠣᠷᠢᠳᠠᠨ ᠬᠦᠷᠦᠯᠴᠠᠬᠦ ᠦᠬᠡᠢ ᠪᠠᠶᠢᠨ᠎ᠠ᠃ ᠪᠢᠳᠠ ᠡᠷᠬᠡᠪᠰᠢ ᠡᠳᠡᠬᠡᠷ ᠠᠰᠠᠭᠤᠳᠠᠯ ᠤᠳ ᠢ ᠵᠦᠪ  ᠢᠶᠠᠷ  ᠲᠠᠨᠢᠵᠤ  ᠂ ᠬᠤᠶᠢᠰᠢᠳᠠ ᠶᠢᠨ ᠠᠵᠢᠯ ᠲᠣᠮᠳᠠ ᠪᠠᠨ ᠬᠠᠯᠠᠨ ᠰᠠᠶᠢᠵᠢᠷᠠᠭᠤᠯᠵᠣ᠂ ᠦᠨᠡᠨᠬᠦ ᠰᠢᠢᠳᠪᠣᠷᠢᠯᠡᠬᠦ ᠴᠢᠬᠤᠯᠠᠳᠠᠢ ᠪᠠᠶᠢᠨ᠎ᠠ ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠬᠠᠷᠠᠯᠳᠠ ᠪᠠ ᠡᠬᠦᠷᠬᠡ ᠬᠤᠶᠢᠰᠢᠳᠠ ᠶᠢᠨ ᠲᠠᠪᠣᠨ ᠵᠢᠯ ᠪᠣᠯ ᠮᠠᠨ ᠤ ᠬᠤᠰᠢᠭᠤᠨ ᠤ ᠦᠰᠦᠷᠦᠩᠬᠦᠢ ᠬᠦᠭᠵᠢᠯᠳᠠ ᠶᠢ ᠪᠠᠶᠠᠯᠡᠬᠦᠯᠬᠦ ᠵᠠᠩᠬᠢᠯᠠᠭ᠎ᠠ ᠶᠢᠨ ᠬᠤᠭᠤᠴᠠᠭ᠎ᠠ ᠮᠦᠨ᠃ ᠪᠢᠳᠠ ᠨᠠᠮ ᠤᠨ ᠠᠷᠪᠠᠨ ᠲᠣᠯᠣᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠵᠣ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ ᠦᠵᠡᠯᠳᠠ ᠪᠠᠷ ᠪᠦᠬᠦ ᠲᠠᠯ᠎ᠠ ᠶᠢ ᠵᠢᠯᠣᠭᠤᠳᠣᠭᠤᠯᠣᠨ᠂ ᠦᠵᠡᠯ ᠰᠠᠨᠠᠭ᠎ᠠ ᠪᠠᠨ ᠣᠯᠠᠮ ᠴᠢᠨᠠᠭᠰᠢᠳᠠ ᠴᠢᠯᠣᠬᠡᠯᠡᠵᠣ᠂ ᠦᠬᠡᠷᠡᠴᠢᠯᠠᠯᠳᠠ ᠨᠡᠬᠡᠬᠡᠯᠳᠠ ᠶᠢ ᠭᠤᠶᠢᠪᠢᠰᠢ ᠦᠬᠡᠢ ᠲᠣᠣᠱᠯᠠᠭᠤᠯᠣᠨ᠎ᠠ᠃ ᠦᠪᠡᠷ ᠤᠨ ᠢᠶᠠᠨ ᠲᠠᠪᠠᠭᠤᠯᠢᠭ ᠲᠠᠭᠠᠨ ᠲᠦᠰᠢᠭᠯᠡᠨ ᠬᠦᠭᠵᠢᠯᠳᠠ ᠶᠢᠨ ᠴᠢᠭᠯᠡᠯ ᠢᠶᠠᠨ ᠣᠨᠣᠪᠴᠢᠳᠠᠢ ᠰᠣᠩᠭᠤᠵᠣ᠂ ᠣᠯᠣᠰ ᠠᠴᠠ ᠪᠠᠷᠠᠭᠤᠨ ᠣᠷᠣᠨ ᠢ ᠦᠷᠬᠦᠯᠵᠢᠯᠡᠨ ᠨᠡᠬᠡᠬᠡᠨ ᠬᠦᠭᠵᠢᠬᠦᠯᠬᠦ ᠵᠢᠴᠢ ᠵᠡᠬᠦᠨ ᠬᠤᠶᠢᠳᠣ ᠶᠢᠨ ᠬᠠᠭᠤᠴᠢᠨ ᠠᠵᠣ ᠦᠢᠯᠡᠳᠪᠣᠷᠢ ᠶᠢᠨ ᠰᠠᠭᠤᠷᠢᠨ ᠭᠠᠵᠠᠷ ᠢ ᠰᠡᠷᠬᠦᠬᠡᠨ ᠬᠦᠭᠵᠢᠬᠦᠯᠬᠦ ᠪᠠᠶᠢᠯᠳᠣᠬᠤ ᠪᠣᠳᠣᠯᠭ᠎ᠠ  ᠶᠢ ᠬᠡᠷᠡᠭᠵᠢᠬᠦᠯᠵᠦ ᠪᠠᠶᠢᠭ᠎ᠠ ᠴᠠᠭ ᠲᠣᠬᠢᠶᠠᠯ  ᠢ ᠴᠢᠩᠭ᠎ᠠ ᠡᠵᠡᠮᠳᠡᠵᠤ᠂ ᠠᠵᠣ ᠦᠢᠯᠡᠰ ᠢ ᠲᠣᠷᠣᠨᠠᠳᠣ ᠲᠠᠯᠠᠢ ᠲᠠᠭᠠᠣ ᠭᠠᠵᠠᠷ ᠣᠷᠣᠨ ᠠᠴᠠ ᠲᠣᠮᠳᠠ ᠪᠠᠷᠠᠭᠤᠨ ᠬᠡᠰᠡᠭ ᠤᠨ ᠭᠠᠵᠠᠷ ᠣᠷᠣᠨ ᠵᠦᠭ ᠰᠢᠯᠵᠢᠬᠦᠯᠵᠣ ᠪᠠᠶᠢᠭ᠎ᠠ ᠠᠰᠢᠭᠳᠠᠢ ᠲᠣᠬᠢᠶᠠᠯ ᠢ ᠵᠠᠪᠳᠣᠨ᠂ ᠬᠦᠭᠵᠢᠯᠳᠠ ᠶᠢ ᠲᠦᠷᠬᠡᠳᠬᠡᠬᠦ ᠠᠰᠢᠭᠳᠠᠢ ᠨᠦᠬᠦᠴᠡᠯ ᠢ ᠡᠬᠦᠳᠣᠨ ᠪᠦᠳᠦᠬᠡᠵᠣ ᠨᠦᠬᠡᠴᠡ ᠬᠦᠴᠦᠨ ᠢᠶᠠᠨ ᠬᠦᠢᠴᠡᠳ ᠪᠠᠳᠠᠷᠠᠭᠤᠯᠣᠨ᠂ ᠰᠢᠨ᠎ᠠ ᠰᠢᠪᠳᠣᠯᠣᠯᠳᠠ ᠶᠢ ᠡᠷᠢᠯᠬᠢᠯᠡᠵᠣ᠂ ᠰᠢᠨ᠎ᠠ ᠦᠰᠦᠷᠣᠯᠳᠠ ᠶᠢ ᠪᠡᠶᠡᠯᠡᠬᠦᠯᠦᠨ᠎ᠠ᠃ ᠬᠤᠶᠢᠰᠢᠳᠠ ᠶᠢᠨ ᠲᠠᠪᠣᠨ ᠵᠢᠯ ᠤᠨ ᠠᠵᠢᠯ ᠤᠨ ᠶᠠᠷᠣᠩᠬᠡᠢ ᠰᠠᠳᠬᠢᠴᠨ ᠪᠣᠯ᠄ ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠠᠭᠤᠣ ᠶᠡᠭᠡ ᠲᠤᠭ ᠢ ᠦᠨᠳᠣᠷ ᠮᠠᠨᠳᠣᠭᠤᠯᠵᠣ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ ᠦᠵᠡᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠬᠦᠭᠵᠢᠬᠦᠯᠦᠯᠳᠡ   ᠪᠠᠷ ᠲᠠᠷᠢᠬᠦᠨ ᠴᠢᠬᠤᠯᠨ ᠡᠬᠦᠷᠬᠡ ᠪᠣᠯᠭᠠᠬᠤ ᠶᠢ ᠪᠠᠷᠢᠮᠳᠠᠯᠠᠨ᠂ ᠬᠦᠮᠦᠨ ᠢᠶᠠᠷ ᠦᠨᠳᠣᠰᠣ ᠪᠣᠯᠭᠠᠬᠤ ᠶᠢ ᠪᠠᠷᠢᠮᠳᠠᠯᠠᠨ᠂ ᠪᠦᠬᠦ ᠲᠠᠯ᠎ᠠ  ᠪᠠᠷ ᠵᠣᠬᠢᠴᠠᠩᠭᠤᠢ ᠦᠷᠬᠦᠯᠵᠢᠯᠠᠨ ᠬᠦᠭᠵᠢᠬᠦᠯᠬᠦ ᠶᠢ ᠪᠠᠷᠢᠮᠳᠠᠯᠠᠨ᠂ ᠨᠢᠬᠡᠳᠣᠯᠳᠠᠢ ᠲᠦᠯᠦᠪᠵᠢᠬᠦᠯᠬᠦ ᠶᠢ ᠪᠠᠷᠢᠮᠳᠠᠯᠠᠨ᠎ᠠ᠃ ᠮᠠᠯ ᠠᠵᠤ ᠠᠬᠤᠢ ᠶᠢᠨ ᠠᠵᠣ ᠦᠢᠯᠡᠰᠵᠢᠯᠳᠡ᠂ ᠰᠢᠨ᠎ᠡ ᠬᠡᠯᠪᠡᠷᠢ ᠶᠢᠨ ᠠᠵᠤ  ᠦᠢᠯᠡᠳᠪᠣᠷᠢᠵᠢᠯᠳᠠ᠂ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ  ᠶᠢ ᠭᠡᠷᠡᠭᠵᠢᠬᠦᠯᠬᠦ ᠠᠬᠢᠴᠠ ᠶᠢ ᠲᠦᠷᠭᠡᠳᠭᠡᠨ᠂ ᠠᠵᠣ ᠠᠬᠤᠢ ᠶᠢᠨ ᠪᠦᠳᠦᠴᠨ ᠶᠢ ᠲᠤᠬᠢᠷᠠᠭᠤᠯᠤᠨ ᠰᠢᠯᠢᠳᠡᠭᠵᠢᠬᠦᠯᠵᠦ᠂ ᠨᠢᠬᠡᠳᠣᠬᠡᠷ ᠠᠵᠣ ᠦᠢᠯᠡᠰ ᠢᠶᠠᠷ ᠰᠠᠭᠤᠷᠢᠯᠠᠵᠣ᠂ ᠬᠤᠶᠠᠳᠣᠭᠠᠷ ᠠᠵᠣ ᠦᠢᠯᠡᠰ ᠢᠶᠠᠷ ᠭᠤᠣᠯᠯᠠᠨ᠂ ᠭᠤᠷᠪᠠᠳᠣᠭᠠᠷ ᠠᠵᠣ ᠦᠢᠯᠡᠰ ᠢᠶᠠᠷ ᠲᠣᠯᠭᠠᠭᠤᠷᠢ ᠪᠣᠯᠭᠠᠭᠰᠠᠨ ᠠᠵᠣ ᠠᠬᠤᠢ ᠶᠢᠨ ᠬᠦᠭᠵᠢᠯᠳᠠ ᠶᠢᠨ ᠬᠡᠪ ᠵᠠᠭᠪᠣᠷ ᠢ ᠦᠨᠳᠣᠰᠣᠨ ᠳᠡᠭᠡᠨ ᠪᠦᠷᠢᠯᠳᠦᠬᠦᠯᠵᠦ᠂ ᠭᠤᠷᠪᠠᠨ ᠠᠵᠣ ᠦᠢᠯᠡᠰ ᠤᠨ ᠵᠣᠬᠢᠴᠠᠩᠭᠤᠢ ᠬᠦᠭᠵᠢᠯᠳᠠ ᠶᠢ ᠪᠡᠶᠡᠯᠡᠬᠦᠯᠦᠨ᠎ᠠ᠃ ᠠᠷᠠᠳ ᠤᠨ ᠠᠮᠢᠳᠣᠷᠠᠯ ᠢ ᠣᠯᠠᠮ ᠢᠯᠡᠬᠦᠦ ᠠᠩᠬᠠᠷᠣᠨ᠂ ᠠᠷᠭ᠎ᠠ ᠪᠦᠬᠦᠨ ᠢ ᠰᠦᠪᠡᠭᠴᠢᠯᠠᠵᠣ᠂ ᠬᠤᠳᠠ ᠬᠦᠳᠡᠭᠡ ᠶᠢᠨ ᠠᠷᠠᠳ ᠤᠨ ᠣᠷᠣᠯᠭ᠎ᠠ ᠪᠣᠯᠣᠨ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠬᠦᠯᠦᠨ᠂ ᠨᠡᠶᠢᠬᠡᠮ ᠤᠨ ᠡᠯ᠎ᠠ ᠲᠦᠷᠦᠯ ᠤᠨ ᠦᠢᠯᠡᠰ ᠪᠣᠯᠣᠨ ᠪᠠᠳᠣᠯᠠᠭᠠᠨ ᠤ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠦᠷᠬᠡᠳᠬᠡᠵᠣ᠂ ᠦᠬᠡᠷᠡᠴᠢᠯᠠᠯᠳᠠ ᠬᠦᠭᠵᠢᠯᠳᠠ ᠶᠢᠨ ᠦᠷ᠎ᠠ ᠠᠰᠢᠭ ᠢ ᠠᠷᠠᠳ ᠲᠦᠮᠡᠨ ᠳᠤ ᠨᠡᠩ  ᠤᠯᠠᠨ ᠬᠦᠷᠳᠡᠬᠡᠨ᠂ ᠨᠡᠶᠢᠬᠡᠮ ᠤᠨ ᠡᠶ᠎ᠡ ᠵᠣᠬᠢᠴᠠᠯ ᠢ ᠠᠬᠢᠭᠤᠯᠵᠣ᠂ ᠮᠠᠨ ᠤ ᠬᠤᠰᠢᠭᠤᠨ ᠤ ᠪᠠᠨ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠪᠠᠳᠣ ᠪᠠᠬᠢ ᠰᠠᠭᠤᠷᠢ ᠶᠢ ᠲᠠᠯᠪᠢᠨ᠎ᠠ᠃ ᠬᠤᠶᠢᠰᠢᠳᠠ ᠶᠢᠨ ᠲᠠᠪᠣᠨ ᠵᠢᠯ ᠤᠨ ᠲᠠᠮᠠᠴᠡᠬᠦ ᠬᠠᠷᠠᠯᠳᠠ ᠵᠢᠴᠢ ᠰᠢᠨ᠎ᠠ ᠵᠢᠷᠭᠤᠭᠠᠨ ᠰᠢᠪᠳᠣᠯᠣᠯᠳᠠ ᠶᠢ ᠪᠡᠶᠡᠯᠡᠬᠦᠯᠦᠨ᠎ᠠ  ᠄││ ᠭᠤᠣᠯ ᠪᠣᠯᠬᠤ ᠠᠵᠣ ᠠᠬᠤᠢ ᠶᠢᠨ ᠵᠢᠭᠠᠯᠳᠠ ᠲᠤᠭ᠎ᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠡ᠃ ᠭᠠᠵᠠᠷ ᠣᠷᠣᠨ ᠤ ᠦᠢᠯᠡᠳᠪᠣᠷᠢᠯᠠᠯ ᠤᠨ ᠶᠠᠷᠣᠩᠬᠡᠢ ᠦᠷᠳᠡᠭ ᠢ 65 ᠳ᠋ᠦᠩᠰᠢᠭᠤᠷ ᠲᠦᠬᠦᠷᠢᠭ  ᠲᠤ ᠬᠦᠷᠭᠡᠨ᠂  ᠲᠣᠮᠳᠠᠴᠢ ᠪᠠᠷ ᠵᠢᠯ ᠪᠦᠷᠢ 39.5 % ᠪᠠᠷ ᠨᠡᠮᠡᠭᠳᠡᠬᠦᠯᠵᠤ᠂  ᠪᠦᠬᠦ ᠨᠡᠶᠢᠬᠡᠮ ᠤᠨ ᠲᠣᠭᠳᠠᠮᠠᠯ ᠬᠦᠷᠦᠩᠬᠡ ᠶᠢᠨ ᠪᠡᠯᠨ ᠣᠷᠣᠭᠤᠯᠣᠯᠳᠠ ᠶᠢ 50 ᠳ᠋ᠦᠩᠰᠢᠭᠤᠷ ᠲᠦᠬᠦᠷᠢᠭ ᠬᠦᠷᠬᠡᠨ᠂ ᠲᠣᠮᠳᠠᠴᠢ ᠪᠠᠷ ᠵᠢᠯ ᠪᠦᠷᠢ 16.8 % ᠪᠠᠷ ᠨᠡᠮᠡᠭᠳᠡᠬᠦᠯᠦᠨ᠎ᠠ᠃ ᠡᠳ᠋ ᠤᠨ ᠵᠠᠰᠠᠭ ᠤᠨ ᠣᠷᠣᠯᠭ᠎ᠠ ᠶᠢ 7.2 ᠳ᠋ᠦᠩᠰᠢᠭᠤᠷ ᠲᠦᠬᠦᠷᠢᠭ ᠬᠦᠷᠬᠡᠵᠣ᠂ ᠲᠣᠮᠳᠠᠴᠢ ᠪᠠᠷ ᠵᠢᠯ ᠪᠦᠷᠢ 46.7 %   ᠪᠠᠷ ᠨᠡᠮᠡᠭᠳᠡᠬᠦᠯᠵᠤ᠂ ᠡᠬᠦᠨ ᠳᠤ ᠣᠷᠣᠨ ᠨᠣᠳᠤᠭ ᠤᠨ ᠡᠳ᠋ ᠤᠨ ᠵᠠᠰᠠᠭ ᠤᠨ ᠣᠷᠣᠯᠭ᠎ᠠ  ᠶᠢ 4 ᠳ᠋ᠦᠩᠰᠢᠭᠤᠷ ᠲᠦᠬᠦᠷᠢᠭ ᠬᠦᠷᠬᠡᠵᠣ᠂ ᠲᠣᠮᠳᠠᠴᠢ ᠪᠠᠷ ᠵᠢᠯ ᠪᠦᠷᠢ 43.4%   ᠪᠠᠷ ᠨᠡᠮᠡᠭᠳᠡᠬᠦᠯᠦᠨ᠎ᠠ᠃│ │ ᠠᠵᠣ ᠦᠢᠯᠡᠰ ᠤᠨ ᠪᠦᠳᠦᠴᠨ ᠶᠢᠨ ᠲᠣᠬᠢᠷᠠᠭᠤᠯᠣᠯᠳᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠠ᠃ ᠭᠤᠷᠪᠠᠨ ᠠᠵᠣ ᠦᠢᠯᠡᠰ ᠤᠨ ᠬᠠᠷᠢᠴᠠᠯ ᠢ 9 : 73 : 18 ᠪᠣᠯᠭᠠᠵᠣ ᠬᠤᠪᠢᠷᠠᠭᠤᠯᠤᠨ᠂ ᠬᠤᠶᠠᠳᠣᠭᠠᠷ ᠠᠵᠣ ᠦᠢᠯᠡᠰ ᠤᠨ ᠭᠤᠤᠯᠯᠠᠬᠤ ᠪᠠᠶᠢᠷᠢ  ᠶᠢ ᠨᠢ ᠲᠤᠪᠤᠶᠢᠯᠭᠠᠨ᠎ᠠ  ᠃│ │  ᠡᠶ᠎ᠡ ᠵᠣᠬᠢᠴᠠᠯᠳᠣ ᠨᠡᠶᠢᠬᠡᠮ ᠤᠨ ᠪᠦᠳᠦᠬᠡᠨ ᠪᠠᠶᠢᠭᠤᠯᠣᠯᠳᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠠ ᠃ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠣᠮᠳᠠᠴᠢ  ᠲᠣᠬᠢᠷᠠᠭᠤᠯᠵᠣ ᠪᠣᠯᠬᠤᠶᠢᠴᠨ ᠣᠷᠣᠯᠭ᠎ᠠ ᠪᠣᠯᠣᠨ ᠮᠠᠯᠴᠢᠳ ᠤᠨ ᠬᠦᠮᠦᠨ ᠪᠦᠷᠢ ᠶᠢᠨ ᠲᠣᠮᠳᠠᠴᠢ ᠴᠡᠪᠡᠷ ᠣᠷᠣᠯᠭ᠎ᠠ ᠶᠢ ᠲᠤᠰᠪᠤᠷᠢ 18000 ᠲᠦᠬᠦᠷᠢᠭ ᠪᠠ 10500 ᠲᠦᠬᠦᠷᠢᠭ ᠲᠤ ᠬᠦᠷᠬᠡᠵᠣ᠂ ᠲᠣᠮᠳᠠᠴᠢ ᠪᠠᠷ ᠵᠢᠯ ᠪᠦᠷᠢ 15.4 % ᠪᠣᠯᠣᠨ 15.5 % ᠪᠠᠷ ᠨᠡᠮᠡᠭᠳᠡᠬᠦᠯᠦᠨ᠎ᠠ  ︔ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 3.5 % ᠶᠢᠨ ᠲᠣᠳᠣᠷ᠎ᠠ ᠬᠢᠵᠠᠭᠠᠷᠯᠠᠵᠣ᠂ ᠬᠦᠮᠦᠨ ᠠᠮᠨ ᠶᠢᠨ ᠠᠶᠠᠨᠳᠠᠭᠠᠨ ᠦᠰᠬᠦ ᠨᠣᠷᠮ᠎ᠠ ᠶᠢ  4.2 ‰ ᠤᠨ ᠲᠣᠳᠣᠷ᠎ᠠ ᠬᠢᠵᠠᠭᠠᠷᠯᠠᠨ᠎ᠠ᠃│ │  ᠰᠢᠨ᠎ᠠ ᠮᠠᠯᠵᠢᠬᠤ ᠣᠷᠣᠨ ᠤ ᠪᠦᠳᠦᠬᠡᠨ ᠪᠠᠶᠢᠭᠤᠯᠣᠯᠳᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠠ᠃ ᠡᠯ᠎ᠠ ᠲᠦᠷᠦᠯ ᠤᠨ ᠵᠢᠱᠢᠶᠠᠴᠢ ᠡᠷᠦᠬᠡ 500 ᠶᠢ ᠲᠣᠭᠳᠠᠭᠠᠵᠣ᠂ ᠡᠬᠦᠨ ᠳᠤ  ᠰᠣᠳᠣᠨ ᠡᠷᠦᠬᠡ 100 ᠶᠢ ᠰᠣᠩᠭᠤᠨ ᠭᠠᠷᠭᠠᠨ᠎ᠠ᠃ ᠮᠠᠯᠵᠢᠬᠤ ᠣᠷᠣᠨ ᠤ 5000 ᠬᠦᠮᠦᠨ ᠠᠮᠨ ᠶᠢ ᠬᠤᠳᠠ ᠳᠤ ᠨᠡᠬᠦᠯᠬᠡᠨ᠎ᠠ︔ 30 %  ᠶᠢᠨ ᠮᠠᠯᠴᠢᠨ ᠡᠷᠦᠬᠡ  ᠨᠢ ᠬᠡᠪᠴᠢᠶᠠᠵᠢᠭ᠍ᠰᠡᠨ ᠡᠵᠡᠩᠨᠡᠯᠳᠠ᠂ ᠪᠠᠷᠢᠮᠵᠢᠶᠠᠵᠢᠭᠰᠠᠨ ᠦᠢᠯᠡᠳᠪᠣᠷᠢᠯᠡᠯ ᠢ ᠪᠡᠶᠡᠯᠡᠬᠦᠯᠦᠨ᠂ ᠦᠢᠯᠡᠳᠪᠣᠷᠢᠯᠠᠯ ᠤᠨ ᠮᠠᠰᠢᠨᠴᠢᠯᠠᠯᠳᠠ ᠶᠢᠨ ᠨᠣᠷᠮ᠎ᠠ ᠶᠢ 100% ᠬᠦᠷᠬᠡᠨ᠎ᠠ᠃ ᠡᠬᠦᠯᠳᠠᠷ ᠰᠠᠶᠢᠵᠢᠷᠠᠭᠤᠯᠣᠭᠰᠠᠨ ᠮᠠᠯ ᠤᠨ ᠬᠠᠷᠢᠴᠠᠯ ᠢ 95 % ᠠᠴᠠ ᠲᠡᠬᠡᠭᠰᠢ ᠬᠦᠷᠭᠡᠨ᠎ᠡ︔ ᠮᠠᠯᠵᠢᠯ ᠤᠨ  ᠬᠦᠮᠦᠨ ᠠᠮᠠ ᠲᠤᠳᠤᠷᠠᠬᠢ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠠᠷᠢᠴᠠᠯ ᠢ 10 ᠵᠠᠭᠤᠨ ᠤ ᠬᠤᠪᠢ ᠪᠠᠷ ᠪᠠᠭᠠᠰᠬᠠᠨ᠎ᠠ᠃│ │ ᠲᠠᠯ᠎ᠠ ᠨᠣᠳᠤᠭ ᠤᠨ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠠ᠃ ᠣᠷᠭᠤᠮᠠᠯ ᠤᠨ ᠪᠦᠷᠬᠦᠴᠨ ᠤᠨ ᠬᠡᠮᠵᠢᠶ᠎ᠠ ᠶᠢ 15 ᠵᠠᠭᠤᠨ ᠤ ᠬᠤᠪᠢ ᠨᠡᠮᠡᠭᠳᠡᠬᠦᠯᠦᠨ᠂ ᠠᠭᠤᠷᠬᠠᠢ  ᠮᠠᠯᠳᠠᠭᠰᠠᠨ ᠣᠷᠣᠨ ᠤ ᠪᠡᠯᠴᠢᠭᠡᠷ ᠢ 100% ᠪᠠᠷ ᠰᠡᠷᠭᠦᠬᠡᠵᠦ᠂ ᠲᠠᠭᠠᠭᠠᠴᠨ ᠠᠴᠠ ᠬᠡᠳᠣᠷᠡᠬᠦᠯᠦᠨ ᠮᠠᠯᠵᠢᠭᠰᠠᠨ  ᠠᠴᠠ ᠪᠤᠯᠤᠭᠰᠠᠨ ᠨᠣᠳᠤᠭ ᠪᠠᠯᠴᠢᠬᠡᠷ ‍ᠣᠨ‌‍ᠲ᠋ᠠᠴᠢᠷᠰᠢᠯ ᠢ ᠪᠦᠳᠦᠮᠵᠢᠳᠠᠢ ᠬᠤᠷᠢᠭᠯᠠᠨ᠂ ᠮᠠᠯ ᠪᠠᠯᠴᠢᠬᠡᠷ ᠤᠨ ᠵᠦᠷᠢᠴᠠᠯ ᠤᠨ ᠠᠰᠠᠭᠤᠳᠠᠯ ᠢ ᠪᠦᠳᠦᠮᠵᠢᠳᠠᠢ ᠰᠢᠢᠳᠪᠣᠷᠢᠯᠠᠵᠣ᠂ ᠪᠦᠷᠢᠮᠣᠰᠣᠨ ᠲᠠᠩᠴᠡᠬᠦᠷᠢᠰᠢᠬᠦ ᠶᠢ ᠪᠡᠶᠡᠯᠡᠬᠦᠯᠦᠨ᠎ᠠ᠃│ │ ᠵᠢᠵᠢᠭ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ ᠨᠢ ᠰᠢᠨ᠎ᠠ ᠰᠢᠪᠳᠣᠯᠣᠯᠳᠠ ᠶᠢ ᠪᠡᠶᠡᠯᠡᠬᠦᠯᠦᠨ᠎ᠠ᠃ ᠬᠤᠳᠠ ᠪᠠᠯᠭᠠᠰᠣᠵᠢᠯᠳᠠ ᠶᠢᠨ ᠨᠤᠷᠮ᠎ᠠ ᠶᠢ 65% ᠠᠴᠠ ᠲᠠᠪᠠᠭᠤᠯᠤᠨ᠂  ᠬᠤᠳᠠ ᠪᠠᠯᠭᠠᠰᠣᠨ ᠤ ᠵᠠᠮ ᠢ ᠬᠠᠳᠠᠭᠤᠵᠢᠭᠤᠯᠵᠤ ᠲᠠᠪᠢᠰᠦᠭᠰᠡᠨ ᠨᠣᠷᠮ᠎ᠠ ᠶᠢ 90 % ᠠᠴᠠ ᠲᠡᠬᠡᠭᠰᠢ ᠬᠦᠷᠬᠡᠵᠣ᠂ ᠪᠣᠬᠢᠷ ᠣᠰᠣ ᠶᠢ ᠲᠦᠪᠯᠡᠷᠡᠬᠦᠯᠦᠨ ᠰᠢᠢᠳᠪᠣᠷᠢᠯᠡᠬᠦ ᠨᠣᠷᠮ᠎ᠠ ᠶᠢ 60% ᠳᠤ ᠬᠦᠷᠬᠡᠨ᠂ ᠨᠣᠭᠤᠭᠠᠷᠠᠭᠤᠯᠣᠯᠳᠠ ᠶᠢᠨ ᠨᠤᠷᠮ᠎ᠠ ᠶᠢ 30 % ᠳᠤ ᠬᠦᠷᠬᠡᠵᠣ᠂ ᠲᠦᠪᠯᠡᠷᠡᠩᠬᠦᠢ ᠲᠣᠯᠠᠭᠠᠯᠭ᠎ᠠ ᠶᠢᠨ ᠪᠦᠷᠬᠦᠴᠡ  ᠶᠢ 50 % ᠳᠤ ᠬᠦᠷᠬᠡᠨ᠎ᠠ᠃ ᠲᠡᠬᠡᠷᠠᠬᠢ ᠬᠠᠷᠠᠯᠳᠠ ᠶᠢ ᠪᠡᠶᠡᠯᠡᠬᠦᠯᠬᠦ ᠳᠤ  ᠲᠣᠣᠷᠠᠬᠢ  ᠠᠵᠢᠯ  ᠤᠳ ᠢ ᠭᠤᠣᠯᠳᠠᠯᠭ᠎ᠠ ᠲᠠᠢ ᠠᠳᠬᠤᠨ᠎ᠠ᠃ ︵ᠨᠢᠬᠡ︶  ᠭᠤᠣᠯᠳᠠᠯᠭ᠎ᠠ ᠪᠠᠨ ᠲᠣᠪᠣᠶᠢᠯᠭᠠᠵᠣ᠂ ᠮᠠᠯᠵᠢᠬᠤ ᠣᠷᠣᠨ ᠤ ᠠᠵᠢᠯ ᠤᠨ ᠰᠢᠨ᠎ᠠ  ᠪᠠᠶᠢᠳᠠᠯ ᠢ ᠴᠣᠭᠴᠠᠯᠠᠬᠤ ᠪᠠᠷ ᠴᠢᠷᠮᠠᠶᠢᠨ᠎ᠠ ᠮᠠᠯᠵᠢᠬᠤ ᠣᠷᠣᠨ ᠤ ᠠᠵᠢᠯ ᠢ ᠰᠠᠶᠢᠳᠣᠷ ᠬᠢᠬᠦ ᠨᠢ ᠮᠠᠨ ᠤ ᠬᠤᠰᠢᠭᠤᠨ ᠤ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠴᠢᠬᠤᠯᠨ ᠠᠭᠤᠯᠭ᠎ᠠ ᠪᠦᠬᠡᠳ ᠡᠶ᠎ᠡ ᠵᠣᠬᠢᠴᠠᠯᠳᠣ ᠨᠡᠶᠢᠬᠡᠮ ᠢ ᠪᠦᠳᠦᠬᠡᠨ ᠪᠠᠶᠢᠭᠤᠯᠬᠤ ᠭᠤᠣᠯ ᠰᠠᠭᠤᠷᠢ ᠪᠤᠯᠤᠨ᠎ᠠ᠃ ᠮᠦᠨ ᠴᠣ᠋ ᠪᠢᠳᠠᠨ ᠤ ᠡᠮᠣᠨ᠎ᠠ ᠲᠠᠯᠪᠢᠭᠳᠠᠵᠣ ᠪᠠᠶᠢᠭ᠎ᠠ ᠠᠰᠣᠷᠣ ᠶᠡᠭᠡ ᠲᠠᠣᠬᠡᠳᠣ ᠡᠬᠦᠷᠬᠡ ᠮᠦᠨ᠃ ᠪᠢᠳᠠ ︽ᠨᠢᠬᠡ ᠶᠢ ᠲᠣᠣᠱᠯᠠᠭᠤᠯᠵᠣ᠂ ᠬᠤᠶᠠᠷ ᠢ ᠪᠠᠷᠢᠮᠳᠠᠯᠠᠨ᠂ ᠭᠤᠷᠪᠠ ᠶᠢ ᠨᠢᠬᠡᠳᠬᠡᠵᠣ᠂ ᠲᠦᠷᠪᠠ ᠶᠢ ᠪᠠᠳᠠᠷᠠᠭᠤᠯᠣᠨ᠂ ᠲᠠᠪᠤ ᠶᠢ ᠲᠡᠬᠡᠭᠰᠢᠯᠡᠬᠦᠯᠬᠦ︾ ᠰᠠᠳᠬᠢᠴᠨ ᠶᠢᠨ ᠲᠣᠭᠤᠷᠢᠨ ᠳᠤ ︽ᠠᠷᠪᠠᠨ ᠪᠠᠷᠢᠮᠵᠢᠶ᠎ᠠ︾ ᠳᠤ ᠬᠦᠷᠬᠡᠬᠦ ᠱᠠᠭᠠᠷᠳᠠᠯᠭ᠎ᠠ ᠶᠣᠰᠣᠭᠠᠷ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠵᠠᠮ ᠢᠶᠠᠷ ᠵᠠᠮᠨᠠᠵᠤ᠂ ᠡᠴᠣᠰ ᠲᠡᠭᠡᠨ  ︽ᠭᠤᠷᠪᠠᠨ ᠶᠡᠭᠡ ᠬᠠᠷᠠᠯᠳᠠ︾ ᠶᠢ ᠪᠡᠶᠡᠯᠡᠬᠦᠯᠦᠨ᠎ᠠ᠃ ᠲᠠᠷᠣᠢ᠄ ᠮᠠᠯ ᠪᠠᠯᠴᠢᠬᠡᠷ ᠤᠨ ᠬᠤᠣᠰ ᠲᠠᠭᠠᠭᠠᠴᠢᠯᠠᠯᠳᠠ ᠶᠢᠨ ᠲᠦᠷᠦ ᠶᠢᠨ ᠪᠣᠳᠣᠯᠭ᠎ᠠ ᠶᠢ ᠭᠤᠶᠢᠪᠢᠰᠢ ᠦᠬᠡᠢ ᠲᠣᠣᠱᠯᠠᠭᠤᠯᠵᠣ᠂ ᠮᠠᠯ ᠪᠠᠯᠴᠢᠬᠡᠷ ᠤᠨ ᠲᠠᠩᠴᠡᠬᠦᠷᠢ ᠪᠣᠯᠣᠨ ︽ᠪᠠᠯᠴᠢᠬᠡᠷ ᠰᠡᠷᠬᠦᠬᠡᠬᠦ᠂ ᠪᠠᠯᠴᠢᠬᠡᠷᠯᠡᠬᠦᠯᠬᠦ ᠶᠢ ᠵᠣᠭᠰᠣᠭᠠᠬᠤ᠂ ᠰᠡᠯᠬᠦᠨ ᠮᠠᠯᠵᠢᠬᠤ︾ ᠬᠤᠶᠠᠷ ᠦᠨᠳᠣᠰᠣᠨ ᠲᠦᠷᠢᠮ ᠢ  ᠪᠠᠷᠢᠮᠳᠠᠯᠠᠨ᠂ ᠮᠠᠯᠵᠢᠬᠤ ᠣᠷᠣᠨ ᠤ ᠪᠠᠯᠴᠢᠬᠡᠷ ᠤᠨ ᠡᠬᠢ ᠪᠠᠶᠠᠯᠢᠭ᠂ ᠰᠠᠭᠤᠷᠢ ᠲᠦᠬᠦᠬᠡᠷᠦᠮᠵᠢ ᠶᠢᠨ ᠡᠬᠢ ᠪᠠᠶᠠᠯᠢᠭ᠂ ᠬᠦᠳᠠᠯᠮᠣᠷᠢ ᠬᠦᠴᠦᠨ ᠤ ᠡᠬᠢ ᠪᠠᠶᠠᠯᠢᠭ ᠢ ᠨᠢᠬᠡᠳᠬᠡᠵᠣ᠂ ᠭᠠᠴᠠᠭᠠᠨ ᠤ ︽ᠬᠤᠶᠠᠷ ᠵᠦᠪᠯᠡᠯ︾ ᠤᠨ ᠦᠢᠯᠡᠳᠣᠯ᠂ ᠮᠠᠯᠴᠢᠳ ᠤᠨ ᠭᠤᠣᠯ ᠴᠣᠭᠴᠨ ᠶᠢᠨ ᠦᠢᠯᠡᠳᠣᠯ᠂ ᠮᠠᠯᠵᠢᠬᠤ ᠤᠷᠤᠨ ᠤ ᠴᠢᠳᠠᠪᠣᠷᠢᠳᠠᠨ ᠤ ᠲᠠᠶᠢᠴᠢᠯᠠᠬᠤ ᠦᠢᠯᠡᠳᠣᠯ ᠂ ᠮᠠᠯ ᠠᠵᠣ ᠠᠬᠤᠢ ᠶᠢᠨ ᠬᠡᠪᠴᠢᠶᠡᠵᠢᠯ ᠤᠨ ᠦᠷ᠎ᠠ ᠠᠰᠢᠭ ᠤᠨ ᠦᠢᠯᠡᠳᠦᠯ ᠢ ᠪᠠᠳᠠᠷᠠᠭᠤᠯᠣᠨ᠂ ᠮᠠᠯ ᠠᠵᠣ ᠠᠬᠤᠢ ᠶᠢᠨ ᠵᠤᠬᠢᠶᠠᠨ ᠪᠠᠶᠢᠭᠤᠯᠤᠯᠵᠢᠭᠰᠠᠨ ᠬᠡᠮᠵᠢᠶ᠎ᠠ᠂ ᠮᠠᠰᠢᠨᠴᠢᠯᠠᠭᠰᠠᠨ ᠬᠡᠮᠵᠢᠶ᠎ᠠ᠂ ᠰᠣᠷᠠᠭ ᠵᠠᠩᠬᠢᠴᠢᠯᠠᠭᠰᠠᠨ ᠬᠡᠮᠵᠢᠶ᠎ᠠ᠂ ᠲᠣᠰᠬᠠᠶᠢᠵᠢᠭᠰᠠᠨ ᠬᠡᠮᠵᠢᠶ᠎ᠠ᠂ ᠪᠠᠷᠢᠮᠵᠢᠶᠠᠵᠢᠭᠰᠠᠨ ᠬᠡᠮᠵᠢᠶ᠎ᠠ ᠶᠢ ᠲᠠᠰᠣᠷᠠᠯᠳᠠ ᠦᠬᠡᠢ ᠲᠡᠬᠡᠭᠰᠢᠯᠡᠬᠦᠯᠵᠣ᠂ ᠪᠠᠯᠴᠢᠬᠡᠷ ᠢ ᠲᠣᠣᠷᠴᠢᠯᠠᠨ ᠪᠦᠳᠦᠬᠡᠨ ᠪᠠᠶᠢᠭᠤᠯᠬᠤ᠂ ᠨᠤᠳᠤᠭ ᠪᠠᠯᠴᠢᠬᠡᠷ  ᠤᠨ ᠠᠰᠢᠭᠯᠠᠯᠳᠠ ᠶᠢ ᠰᠢᠨᠵᠢᠯᠡᠬᠦ ᠣᠬᠠᠭᠠᠨᠴᠢᠯᠠᠬᠤ᠂ ᠲᠠᠯ᠎ᠠ ᠨᠣᠳᠤᠭ ᠤᠨ ᠬᠠᠮᠠᠭᠠᠯᠠᠯᠳᠠ ᠶᠢ ᠬᠠᠤᠯᠢ ᠲᠦᠷᠢᠮᠴᠢᠯᠡᠬᠦ᠂ ᠬᠠᠷᠠᠭᠤᠯᠭ᠎ᠠ ᠮᠠᠯᠵᠢᠯᠭ᠎ᠠ ᠶᠢ ᠪᠠᠯᠴᠢᠬᠡᠷ ᠰᠡᠯᠬᠦᠬᠦᠯᠬᠦ᠂ ᠠᠷᠠᠴᠢᠯᠠᠭ᠎ᠠ ᠲᠠᠵᠢᠬᠡᠯᠬᠡ  ᠶᠢ ᠡᠷᠴᠢᠮᠵᠢᠬᠦᠯᠬᠦ᠂  ᠵᠠᠷᠣᠴᠠᠭᠤᠯᠬᠤ ᠮᠠᠯ ᠢᠶᠠᠨ ᠪᠤᠷᠳᠤᠨ ᠲᠠᠷᠭᠤᠯᠠᠭᠤᠯᠬᠤ᠂ ᠰᠠᠭᠤᠷᠢ ᠲᠤᠨᠤᠭ ᠲᠦᠭᠦᠬᠡᠷᠦᠮᠵᠢ ᠶᠢ ᠮᠠᠰᠢᠨᠴᠢᠯᠠᠬᠤ᠂ ᠮᠠᠯᠵᠢᠯ ᠤᠨ ᠲᠠᠯᠠᠪᠠᠢ  ᠶᠢᠨ ᠬᠠᠮᠢᠶᠠᠷᠤᠯᠳᠠ ᠶᠢ ᠠᠵᠣ ᠠᠬᠤᠶᠢᠯᠠᠯᠵᠢᠭᠤᠯᠬᠤ᠂ ᠠᠵᠣ ᠦᠢᠯᠡᠰ ᠤᠨ ᠪᠠᠶᠢᠷᠢᠰᠢᠭᠤᠯᠤᠯᠳᠠ ᠶᠢ ᠰᠠᠭᠤᠷᠢᠨᠴᠢᠯᠠᠬᠤ᠂ ᠦᠢᠯᠡᠳᠪᠣᠷᠢᠯᠡᠯ ᠤᠨ ᠦᠢᠯᠡᠴᠢᠯᠡᠭᠡ ᠶᠢ ᠨᠡᠶᠢᠭᠡᠮᠴᠢᠯᠡᠬᠦ ᠪᠠᠷᠢᠮᠵᠢᠶ᠎ᠠ ᠳᠤ ᠬᠦᠷᠬᠡᠨ᠂ ᠤᠳᠤᠬᠢᠴᠢᠯᠠᠭᠰᠠᠨ ᠮᠠᠯ ᠠᠵᠤ ᠠᠬᠤᠢ ᠶᠢ ᠬᠦᠭᠵᠢᠬᠦᠯᠬᠦ ᠪᠠᠷ ᠲᠠᠮᠵᠢᠭᠤᠯᠵᠤ᠂ ᠡᠴᠣᠰ ᠲᠡᠭᠡᠨ ᠠᠮᠢ ᠠᠬᠤᠢ ᠨᠢ ᠰᠡᠷᠭᠦᠵᠦ᠂ ᠦᠢᠯᠡᠳᠪᠣᠷᠢᠯᠡᠯ ᠨᠢ ᠬᠦᠭᠵᠢᠵᠦ᠂ ᠠᠮᠢᠳᠣᠷᠠᠯ ᠨᠢ ᠴᠢᠨᠡᠭᠡᠯᠢᠭᠵᠢᠭᠰᠡᠨ ᠬᠠᠷᠠᠯᠳᠠ ᠪᠠᠨ ᠪᠡᠶᠡᠯᠡᠬᠦᠯᠦᠨ᠎ᠠ᠃⒈ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠪᠠᠨ ᠤᠯᠠᠮ  ᠪᠠᠳᠤᠳᠬᠠᠨ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠠᠵᠤ ᠠᠬᠤᠢ ᠶᠢᠨ ᠠᠵᠢᠯ ᠤᠨ ᠲᠡᠷᠢᠬᠦᠨ ᠳᠤ ᠲᠠᠯᠪᠢᠵᠤ᠂ ᠠᠮᠢ ᠠᠬᠤᠢ ᠶᠢᠨ ᠪᠤᠯᠪᠠᠰᠤᠨ ᠢ ᠠᠬᠢᠭᠤᠯᠤᠨ᠎ᠠ᠃ ᠠᠮᠢ ᠠᠬᠤᠢ ᠶᠢᠨ ᠪᠠᠶᠢᠳᠠᠯ ᠢ ᠦᠨᠳᠦᠰᠦᠯᠡᠨ᠂《 ᠭᠤᠷᠪᠠᠨ ᠤᠷᠤᠨ ᠲᠦᠷᠪᠡᠨ ᠪᠦᠰᠡ ᠲᠠᠪᠤᠨ ᠴᠢᠭ 》ᠬᠤᠪᠢᠶᠠᠵᠤ ᠭᠠᠵᠠᠷ ᠤᠷᠤᠨ ᠤ ᠬᠢᠨᠢ ᠪᠠᠶᠢᠳᠠᠯ ᠳᠤᠨᠢ ᠲᠤᠬᠢᠷᠠᠭᠤᠯᠤᠨ ᠪᠦᠳᠦᠬᠡᠨ ᠪᠠᠶᠢᠭᠤᠯᠵᠤ ᠬᠠᠮᠠᠭᠠᠯᠠᠨ᠎ᠠ᠃ ᠭᠤᠷᠪᠠᠨ ᠤᠷᠤᠨ ᠨᠢ ᠲᠠᠷᠤᠢ᠄ ᠪᠡᠯᠭᠦᠳᠡᠢ ᠪᠠᠯᠭᠠᠰᠤᠨ ᠤ ᠲᠣᠭᠤᠷᠢᠨ ᠳᠠᠬᠢ 50 ᠲᠡᠭᠰᠢ ᠲᠦᠷᠪᠡᠯᠵᠢᠨ ᠺᠢᠯᠤᠮᠧᠲᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ᠂ ᠤᠯᠢᠶᠠᠰᠤᠳᠠᠢ ᠶᠢᠨ 150 ᠲᠡᠭᠰᠢ ᠲᠦᠷᠪᠡᠯᠵᠢᠨ ᠺᠢᠯᠤᠮᠧᠲᠷ ᠤᠨ ᠪᠠᠯᠠᠷ ᠤᠢ ᠶᠢᠨ ᠬᠠᠮᠠᠭᠠᠯᠠᠯᠳᠠ ᠶᠢᠨ ᠤᠷᠤᠨ᠂ ᠭᠤᠭᠤᠰᠤᠳᠠᠢ ᠭᠤᠤᠯ ᠬᠦᠢᠳᠡᠨ ᠭᠤᠤᠯ ᠤᠨ ᠤᠷᠤᠰᠬᠠᠯ ᠲᠠᠭᠠᠤ ᠪᠤᠯᠤᠨ ᠴᠠᠭᠠᠨ ᠨᠠᠭᠤᠷ ᠤᠨ 110 ᠲᠡᠭᠰᠢ ᠲᠦᠷᠪᠡᠯᠵᠢᠨ ᠺᠢᠯᠤᠮᠧᠲᠷ ᠤᠨ ᠠᠮᠢ ᠠᠬᠤᠢ ᠶᠢᠨ ᠬᠠᠮᠠᠭᠠᠯᠠᠯᠳᠠ ᠶᠢᠨ  ᠤᠷᠤᠨ ᠪᠤᠯᠤᠨ᠎ᠠ᠃ ᠲᠦᠷᠪᠡᠨ ᠪᠦᠰᠡ ᠨᠢ ᠲᠠᠷᠤᠢ᠄ 207 ᠤᠯᠤᠰ ᠤᠨ ᠵᠠᠮ  ᠲᠠᠭᠠᠤ ᠠᠮᠢ ᠠᠬᠤᠢ ᠶᠢᠨ ᠬᠠᠮᠠᠭᠠᠯᠠᠯᠳᠠ ᠶᠢᠨ ᠪᠦᠰᠡ᠂ 101 ᠮᠤᠵᠢ ᠶᠢᠨ ᠲᠡᠰ ᠤᠨ ᠵᠠᠮ ᠲᠠᠭᠠᠤ ᠠᠮᠢ ᠠᠬᠤᠢ ᠶᠢᠨ ᠬᠠᠮᠠᠭᠠᠯᠠᠯᠳᠠ ᠶᠢᠨ ᠪᠦᠰᠡ᠂ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠬᠤᠶᠢᠳᠤ ᠵᠠᠬ᠎ᠠ ᠲᠠᠭᠠᠤ ᠬᠠᠮᠠᠭᠠᠯᠠᠯᠳᠠ ᠶᠢᠨ ᠪᠦᠰᠡ᠂ ᠬᠢᠯᠢ ᠲᠠᠭᠠᠤ 2 ᠺᠢᠯᠤᠮᠧᠲᠷ ᠤᠨ ᠬᠡᠪᠴᠢᠶᠡᠨ ᠳᠠᠬᠢ 100 ᠲᠦᠮᠡᠨ ᠮᠤ᠋ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠪᠦᠰᠡ ᠵᠡᠷᠭᠡ ᠪᠤᠯᠤᠨ᠎ᠠ᠃ ᠲᠠᠪᠤᠨ ᠴᠢᠭ ᠨᠢ ᠲᠠᠷᠤᠢ᠄ ᠪᠡᠯᠭᠦᠳᠡᠢ ᠪᠠᠯᠭᠠᠰᠤᠨ ᠠᠴᠠ ᠪᠤᠰᠤᠳ ᠲᠠᠪᠤᠨ ᠰᠤᠮᠤ ᠪᠠᠯᠭᠠᠰᠤᠨ ᠤ ᠲᠦᠪ ᠪᠤᠯᠤᠨ᠎ᠠ᠃ ︽ᠭᠤᠷᠪᠠᠨ ᠤᠷᠤᠨ ᠲᠦᠷᠪᠡᠨ ᠪᠦᠰᠨ ᠲᠠᠪᠣᠨ ᠴᠢᠭ︾ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠣᠯᠳᠠ ᠶᠢ ᠴᠢᠩᠭ᠎ᠠ ᠠᠳᠬᠤᠬᠤ ᠶᠢᠨ ᠬᠠᠮᠳᠣ᠂ ᠪᠦᠳᠦᠮᠵᠢᠳᠠᠢ ᠠᠷᠭ᠎ᠠ ᠬᠡᠮᠵᠢᠶ᠎ᠠ ᠠᠪᠴᠣ᠂ ᠪᠦᠬᠦ ᠬᠤᠰᠢᠭᠤᠨ ᠤ ᠠᠮᠢ ᠠᠬᠤᠢ ᠶᠢᠨ ᠨᠠᠶᠢᠳᠠᠮ ᠰᠡᠷᠬᠦᠯᠳᠠ ᠶᠢ ᠠᠬᠢᠭᠤᠯᠣᠨ᠎ᠠ᠃ ᠨᠢᠬᠡ ᠳᠤ᠂ ᠬᠠᠤᠯᠢ ᠬᠡᠷᠡᠭᠵᠢᠬᠦᠯᠦᠯᠳᠡ ᠪᠠᠨ ᠴᠢᠩᠭᠠᠳᠬᠠᠵᠤ᠂ ᠮᠠᠯ ᠪᠠᠯᠴᠢᠬᠡᠷ ᠤᠨ ᠲᠠᠩᠴᠡᠬᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠎ᠠ᠃  ᠪᠡᠯᠴᠢᠭᠡᠷ ᠤᠨ ᠲᠠᠭᠠᠭᠠᠴᠠ ᠳᠤ ᠲᠤᠬᠢᠷᠠᠭᠤᠯᠤᠨ ᠮᠠᠯ ᠮᠠᠯᠵᠢᠭᠤᠯᠵᠤ᠂ 2012 ᠣᠨ ᠪᠣᠯᠬᠤ ᠳᠤ ᠪᠦᠬᠦ ᠬᠤᠰᠢᠭᠤᠨ ᠤ ᠮᠠᠯ ᠤᠨ ᠲᠤᠭ᠎ᠠ  ᠶᠢ 140 ᠲᠦᠮᠨ ᠣᠷᠴᠢᠮ ᠲᠣᠭᠳᠠᠪᠣᠷᠢᠵᠢᠭᠤᠯᠵᠣ᠂ 2007 ᠣᠨ ᠤ ᠬᠢ ᠠᠴᠠ 30 ᠲᠦᠮᠨ ᠪᠠᠭᠤᠷᠠᠭᠤᠯᠤᠨ᠎ᠠ᠃ ᠮᠠᠯ ᠤᠨ ᠲᠤᠭ᠎ᠠ ᠲᠣᠯᠣᠭᠠᠢ ᠬᠠᠰᠣᠭᠳᠠᠭᠰᠠᠨ ᠪᠠᠶᠢᠳᠠᠯ ᠲᠣᠣᠷ᠎ᠠ᠂ ᠪᠦᠳᠦᠴᠡ ᠶᠢ ᠰᠢᠯᠢᠳᠡᠭᠵᠢᠬᠦᠯᠵᠣ᠂ ᠦᠢᠯᠡᠳᠪᠣᠷᠢᠯᠠᠯ ᠡᠵᠡᠩᠨᠡᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠ ᠬᠦᠮᠦᠨ ᠠᠮᠨ ᠶᠢ ᠨᠡᠬᠦᠯᠬᠡᠨ ᠰᠢᠯᠵᠢᠬᠦᠯᠬᠦ ᠪᠠᠷ ᠲᠠᠮᠵᠢᠨ᠂ ᠮᠠᠯᠴᠢᠳ ᠤᠨ ᠣᠷᠣᠯᠭ᠎ᠠ ᠶᠢ ᠦᠷᠬᠦᠯᠵᠢᠯᠠᠨ ᠨᠡᠮᠡᠭᠳᠡᠬᠦᠯᠦᠨ᠎ᠠ᠃ ᠬᠤᠶᠠᠷ ᠲᠤ᠂ ᠲᠠᠯ᠎ᠠ ᠨᠣᠳᠤᠭ ᠤᠨ ︽ᠪᠠᠯᠴᠢᠬᠡᠷ ᠰᠡᠷᠬᠦᠬᠡᠬᠦ᠂ ᠪᠠᠯᠴᠢᠬᠡᠷᠯᠡᠬᠦᠯᠬᠦ ᠶᠢ ᠵᠣᠭᠰᠣᠭᠠᠬᠤ᠂ ᠰᠡᠯᠬᠦᠨ ᠮᠠᠯᠵᠢᠬᠤ︾ ᠲᠦᠷᠢᠮ ᠢ ᠦᠷᠬᠦᠯᠵᠢᠯᠠᠨ ᠬᠡᠷᠡᠭᠵᠢᠬᠦᠯᠦᠨ᠎ᠠ ᠃  ᠪᠠᠯᠴᠢᠬᠡᠷᠯᠡᠬᠦᠯᠬᠦ ᠶᠢ ᠵᠣᠭᠰᠣᠭᠠᠭᠰᠠᠨ ᠪᠠ ᠪᠠᠯᠴᠢᠬᠡᠷ ᠰᠡᠷᠬᠦᠬᠡᠭᠰᠡᠨ ᠦᠷ᠎ᠠ ᠪᠦᠳᠦᠮᠵᠢ ᠪᠠᠨ ᠦᠷᠬᠦᠯᠵᠢᠯᠡᠨ ᠪᠠᠳᠣᠳᠬᠠᠭᠰᠠᠨ ᠰᠠᠭᠤᠷᠢᠨ ᠲᠡᠬᠡᠷ᠎ᠠ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠮᠠᠯᠴᠢᠳ ᠤᠨ ᠢᠳᠡᠪᠬᠢᠵᠢᠯ ᠢ ᠲᠠᠶᠢᠴᠢᠯᠠᠨ᠂ ᠲᠣᠭᠤᠷᠢᠭ ᠬᠤᠪᠢᠶᠠᠨ ᠰᠡᠯᠬᠦᠨ ᠮᠠᠯᠵᠢᠬᠤ ᠶᠢ ᠨᠠᠶᠢᠳᠠᠮ ᠲᠦᠬᠡᠮᠡᠯᠵᠢᠬᠦᠯᠵᠣ᠂ 2012 ᠣᠨ ᠪᠣᠯᠬᠤ ᠳᠤ 90 % ᠠᠴᠠ ᠲᠡᠭᠡᠭᠰᠢᠬᠢ ᠮᠠᠯᠴᠢᠨ ᠡᠷᠦᠬᠡ ᠶᠢ ᠲᠣᠭᠤᠷᠢᠭ ᠬᠤᠪᠢᠶᠠᠨ ᠰᠡᠯᠬᠦᠨ ᠮᠠᠯᠵᠢᠭᠤᠯᠵᠣ᠂  ᠡᠬᠦᠨ ᠳᠤ  ᠪᠠᠷᠢᠮᠵᠢᠶᠠᠵᠢᠭᠰᠠᠨ ᠰᠡᠯᠭᠦᠨ ᠮᠠᠯᠵᠢᠭᠰᠠᠨ ᠲᠠᠯᠠᠪᠠᠢ  ᠶᠢ 1000 ᠲᠦᠮᠡᠨ ᠮᠣ᠋ ᠬᠦᠷᠬᠡᠨ᠎ᠠ᠃ ᠭᠤᠷᠪᠠ ᠳᠤ᠂ ᠠᠮᠢ ᠠᠬᠤᠢ ᠶᠢ ᠰᠡᠷᠬᠦᠬᠡᠬᠦ ᠲᠦᠷᠦᠯ ᠵᠦᠢᠯ ᠢ ᠦᠷᠬᠦᠯᠵᠢᠯᠠᠨ ᠵᠣᠬᠢᠶᠠᠨ ᠪᠠᠶᠢᠭᠤᠯᠵᠣ ᠬᠡᠷᠡᠭᠵᠢᠬᠦᠯᠦᠨ᠎ᠠ ᠃ ᠲᠦᠷᠦᠯ ᠵᠦᠢᠯ   ᠢ ᠨᠢᠭᠡᠳᠭᠡᠬᠦ  ᠪᠠ  ᠲᠦᠷᠦᠯ ᠵᠦᠢᠯ ᠢᠶᠠᠷ ᠲᠠᠶᠢᠴᠢᠯᠠᠬᠤ ᠦᠷ᠎ᠠ ᠠᠰᠢᠭ ᠢ ᠬᠦᠢᠴᠡᠳ ᠪᠠᠳᠠᠷᠠᠭᠤᠯᠵᠣ᠂ ᠵᠠᠰᠠᠭ ᠤᠨ ᠣᠷᠳᠣᠨ ᠵᠤᠬᠢᠬᠤ ᠬᠡᠮᠵᠢᠶᠡᠨ ᠤ ᠨᠦᠬᠦᠪᠣᠷᠢ ᠦᠭᠬᠦ᠂ ᠮᠠᠯᠴᠢᠳ ᠦᠷᠢᠰᠦᠯᠳᠦᠨ ᠪᠠᠶᠢᠭᠤᠯᠬᠤ ᠪᠣᠯᠣᠨ ᠱᠠᠩᠨᠠᠬᠤ ᠬᠡᠯᠪᠡᠷᠢ ᠪᠠᠷ ᠨᠦᠬᠦᠪᠣᠷᠢ ᠤᠯᠭᠤᠬᠤ ᠵᠡᠷᠬᠡ ᠠᠷᠭ᠎ᠠ ᠶᠢ ᠠᠪᠴᠤ᠂ ᠮᠠᠯᠴᠢᠳ ᠢ ᠲᠠᠶᠢᠴᠢᠯᠠᠨ ᠠᠮᠢ ᠠᠬᠤᠢ  ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠣᠯᠳᠠ ᠳᠤ ᠣᠬᠠᠮᠰᠠᠷ ᠠᠴᠠ ᠨᠢ ᠣᠷᠣᠯᠴᠠᠭᠤᠯᠣᠨ᠎ᠠ᠃ ᠲᠦᠷᠪᠡ ᠳᠤ᠂ ᠲᠠᠯ᠎ᠠ ᠨᠤᠳᠤᠭ ᠤᠨ ᠠᠮᠢ ᠠᠬᠤᠢ ᠶᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠰᠢᠳᠭᠡᠨ᠎ᠡ᠃ ᠵᠡᠷᠯᠢᠭ ᠠᠮᠢᠳᠠᠨ ᠢ ᠲᠣᠷ᠎ᠠ ᠪᠠᠷ ᠠᠩᠨᠠᠨ᠂  ᠬᠡᠬᠡᠷ᠎ᠠ ᠶᠢᠨ ᠣᠷᠭᠤᠮᠠᠯ ᠢ ᠲᠣᠷ᠎ᠠ ᠪᠠᠷ ᠮᠠᠯᠳᠠᠬᠤ ᠵᠡᠷᠬᠡ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠦᠷᠬᠦᠯᠵᠢᠯᠠᠨ ᠴᠢᠩᠭ᠎ᠠ ᠴᠣᠬᠢᠯᠳᠠ ᠦᠭᠴᠣ᠂ ᠠᠭᠤᠷᠬᠠᠢ ᠮᠠᠯᠳᠠᠬᠤ᠂ ᠬᠠᠶᠢᠨ ᠪᠠᠶᠢᠴᠠᠭᠠᠬᠤ᠂ ᠵᠠᠮ ᠵᠠᠰᠠᠬᠤ ᠵᠡᠷᠬᠡ ᠮᠠᠯᠵᠢᠬᠤ ᠪᠣᠰᠣ ᠦᠢᠯᠡᠳᠪᠣᠷᠢᠯᠠᠯ ᠤᠨ ᠠᠵᠢᠯᠯᠠᠭ᠎ᠠ ᠶᠢ ᠲᠦᠷᠢᠮᠵᠢᠬᠦᠯᠦᠨ᠂ ᠨᠣᠳᠤᠭ ᠪᠠᠯᠴᠢᠬᠡᠷ ᠢ ᠲᠣᠷ᠎ᠠ ᠪᠠᠷ ᠢᠶᠠᠨ ᠲᠠᠯᠬᠢᠳᠠᠬᠤ᠂ ᠪᠤᠬᠢᠷᠳᠤᠭᠤᠯᠬᠤ᠂ ᠡᠪᠳᠡᠬᠦ ᠠᠵᠢᠯᠯᠠᠭ᠎ᠠ ᠶᠢ ᠡᠷᠡᠰ ᠲᠠᠪᠴᠢᠨ᠎ᠠ᠃ ᠬᠠᠣᠯᠢ ᠶᠣᠰᠣᠭᠠᠷ ᠲᠠᠳᠠᠪᠣᠷᠢᠯᠡᠨ ᠬᠡᠷᠡᠭᠯᠡᠭᠰᠡᠨ ᠨᠣᠳᠤᠭ ᠪᠠᠯᠴᠢᠬᠡᠷ  ᠤᠨ ᠨᠦᠬᠦᠪᠣᠷᠢ ᠮᠦᠩᠬᠦ ᠶᠢ ᠨᠢ ᠴᠠᠭ ᠲᠣᠬᠠᠢ ᠳᠤᠨᠢ  ᠤᠯᠭᠤᠬᠤ ᠶᠢᠨ ᠬᠠᠮᠳᠤ᠂ ᠣᠷᠴᠢᠨ ᠲᠣᠭᠤᠷᠢᠨ ᠢ  ᠰᠠᠶᠢᠳᠤᠷ ᠬᠠᠮᠠᠭᠠᠯᠠᠨ᠎ᠠ᠃⒉ ᠪᠦᠳᠣᠴᠨ ᠶᠢᠨ ᠲᠣᠬᠢᠷᠠᠭᠤᠯᠣᠯᠳᠠ ᠶᠢ ᠲᠦᠷᠬᠡᠳᠬᠡᠨ᠂ ᠦᠢᠯᠡᠳᠪᠣᠷᠢᠯᠠᠯ ᠤᠨ ᠪᠠᠶᠢᠷᠢᠰᠢᠯᠳᠠ ᠶᠢ ᠰᠢᠯᠢᠳᠡᠭᠵᠢᠬᠦᠯᠦᠨ᠎ᠠ᠃ ᠮᠠᠯ ᠤᠨ ᠪᠦᠳᠦᠴᠡ ᠪᠠ ᠰᠦᠷᠦᠭ ᠤᠨ ᠪᠦᠳᠦᠴᠨ ᠪᠠᠨ ᠣᠯᠠᠮ ᠰᠢᠯᠢᠳᠡᠭᠵᠢᠬᠦᠯᠵᠦ᠂ ᠮᠠᠯ ᠠᠵᠣ ᠠᠬᠤᠢ ᠶᠢᠨ ᠠᠵᠣ ᠦᠢᠯᠡᠰ ᠤᠨ ᠪᠦᠳᠦᠴᠨ ᠶᠢ ᠲᠣᠬᠢᠷᠠᠭᠤᠯᠣᠨ᠂ ᠦᠢᠯᠡᠳᠪᠣᠷᠢᠯᠠᠯ ᠤᠨ ᠬᠦᠴᠦᠨ ᠤ ᠪᠠᠶᠢᠷᠢᠰᠢᠯᠳᠠ ᠶᠢ ᠰᠢᠯᠢᠳᠡᠭᠵᠢᠬᠦᠯᠵᠣ᠂ ︽ᠲᠣᠯᠣᠭᠠᠨ ᠰᠠᠭᠤᠷᠢᠨ ᠭᠠᠵᠠᠷ︾ ᠢ ᠪᠦᠳᠦᠬᠡᠨ ᠪᠠᠶᠢᠭᠤᠯᠬᠤ ᠪᠠᠷ ᠲᠠᠮᠵᠢᠨ ︽ᠲᠦᠷᠪᠠᠨ ᠠᠵᠣ ᠦᠢᠯᠡᠰ︾ ᠢ ᠴᠣᠭᠴᠠᠯᠠᠨ᠎ᠠ᠃ ᠲᠠᠷᠣᠢ᠄ ᠮᠣᠩᠭᠤᠯ ᠠᠳᠣᠭᠤᠨ ᠤ ᠣᠭᠰᠠᠭ᠎ᠠ ᠶᠢ ᠬᠠᠮᠠᠭᠠᠯᠠᠬᠤ ᠲᠦᠮᠡᠨ ᠠᠳᠣᠭᠤᠨ ᠤ ᠰᠠᠭᠤᠷᠢᠨ ᠭᠠᠵᠠᠷ᠂ 2 ᠲᠦᠮᠡᠨ ᠲᠣᠨ ᠰᠦ ᠪᠤᠯᠪᠠᠰᠤᠷᠠᠭᠤᠯᠬᠤ ᠰᠠᠭᠤᠷᠢᠨ ᠭᠠᠵᠠᠷ᠂ 5  ᠲᠦᠮᠡᠨ ᠠᠮᠢᠳᠣ ᠬᠤᠨᠢ ᠶᠢ ᠭᠠᠳᠠᠭᠠᠳᠣ ᠳᠤ  ᠪᠤᠷᠤᠯᠠᠭᠤᠯᠬᠤ ᠰᠠᠭᠤᠷᠢᠨ ᠭᠠᠵᠠᠷ᠂ 10 ᠲᠦᠮᠡᠨ ᠪᠣᠭ ᠮᠠᠯ ᠤᠨ ᠦᠷ᠎ᠠ ᠶᠢᠨ ᠮᠠᠯ ᠢ ᠲᠠᠸᠠᠷᠴᠢᠯᠠᠨ ᠪᠣᠷᠣᠯᠠᠭᠤᠯᠬᠤ ᠰᠠᠭᠤᠷᠢᠨ ᠭᠠᠵᠠᠷ᠂ 15 ᠲᠦᠮᠡᠨ ᠰᠢᠮᠧᠨ᠋ᠲ᠋ᠧᠷ ᠦᠬᠡᠷ ᠢ ᠲᠠᠵᠢᠬᠡᠵᠣ ᠦᠷᠠᠵᠢᠬᠦᠯᠬᠦ ᠰᠠᠭᠤᠷᠢᠨ ᠭᠠᠵᠠᠷ᠂ 50 ᠲᠦᠮᠡᠨ ᠣᠷᠢᠶᠠᠩᠬᠠᠨ ᠬᠤᠷᠠᠭ᠎ᠠ ᠶᠢ ᠡᠳ᠋ᠰᠢᠬᠦᠯᠦᠨ ᠪᠣᠯᠪᠠᠰᠣᠷᠠᠭᠤᠯᠬᠤ ᠰᠠᠭᠤᠷᠢᠨ ᠭᠠᠵᠠᠷ ᠪᠣᠯᠣᠨ 2 ᠳ᠋ᠦᠩᠰᠢᠭᠤᠷ ᠺᠢᠯᠦᠭᠷᠠᠮ ᠡᠪᠡᠰᠣ ᠬᠠᠳᠣᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠪᠠᠷ ᠲᠠᠮᠵᠢᠨ᠂ ᠮᠢᠬ᠎ᠠ᠂ ᠰᠦ᠂ ᠡᠪᠡᠰᠣ᠂ ᠠᠳᠣᠭᠤ ᠲᠦᠷᠪᠠᠨ ᠠᠵᠣ ᠦᠢᠯᠡᠰ ᠢ ᠬᠦᠭᠵᠢᠬᠦᠯᠦᠨ᠎ᠠ᠃ ᠡᠮᠣᠨ᠎ᠠ ᠬᠡᠰᠡᠭ ᠤᠨ ᠮᠢᠬᠠᠨ ᠤ ᠦᠬᠡᠷ ᠲᠠᠵᠢᠬᠡᠬᠦ ᠲᠣᠭᠤᠷᠢᠭ ᠲᠤ ᠦᠷᠬᠦᠯᠵᠢᠯᠡᠨ ᠦᠬᠡᠷ ᠤᠨ ᠢᠴᠡᠬᠡᠯ ᠦᠷ᠎ᠠ ᠶᠢᠨ ᠬᠡᠬᠡᠯᠳᠣᠬᠦᠯᠬᠡ ᠪᠣᠯᠣᠨ ᠰᠢᠮᠧᠨ᠋ᠲ᠋ᠧᠷ ᠦᠬᠡᠷ ᠣᠷᠣᠭᠤᠯᠬᠤ ᠠᠵᠢᠯ ᠢ ᠴᠢᠩᠭ᠎ᠠ ᠠᠳᠬᠤᠵᠣ᠂ ᠲᠣᠮᠳᠠ ᠬᠤᠶᠢᠳᠣ ᠬᠡᠰᠡᠭ ᠤᠨ ᠮᠢᠬᠠᠨ ᠤ ᠬᠤᠨᠢ ᠲᠠᠵᠢᠬᠡᠬᠦ ᠲᠣᠭᠤᠷᠢᠭ ᠲᠤ ᠦᠷᠬᠦᠯᠵᠢᠯᠠᠨ ᠪᠣᠭ ᠮᠠᠯ ᠤᠨ ᠦᠷ᠎ᠠ ᠶᠢᠨ ᠮᠠᠯ ᠢ ᠲᠦᠪᠯᠡᠷᠡᠬᠦᠯᠦᠨ ᠬᠠᠮᠢᠶᠠᠷᠬᠤ᠂ ᠣᠷᠣᠨ ᠨᠣᠳᠤᠭ ᠤᠨ ᠰᠢᠯᠢᠳᠡᠭ ᠡᠬᠦᠯᠳᠠᠷ ᠤᠨ ᠬᠤᠨᠢ ᠶᠢ ᠴᠡᠪᠡᠷᠰᠢᠭᠦᠯᠦᠨ ᠰᠢᠯᠢᠳᠡᠭᠵᠢᠬᠦᠯᠬᠦ ᠪᠠ ᠡᠷᠳᠠ ᠶᠢᠨ ᠲᠦᠯ ᠪᠣᠷᠳᠣᠨ ᠲᠠᠷᠭᠤᠯᠠᠭᠤᠯᠬᠤ ᠶᠢ ᠴᠢᠩᠭ᠎ᠠ ᠠᠳᠬᠤᠨ᠂ ᠮᠢᠬᠠᠨ ᠤ ᠠᠵᠣ ᠦᠢᠯᠡᠰ ᠢ ᠬᠦᠭᠵᠢᠬᠦᠯᠦᠨ᠎ᠠ᠃ ᠰᠠᠭᠠᠯᠢ ᠶᠢᠨ ᠦᠨᠢᠶ᠎ᠠ ᠲᠠᠵᠢᠬᠡᠬᠦ ᠬᠡᠪᠴᠢᠶ᠎ᠠ ᠪᠠᠨ ᠦᠷᠬᠦᠯᠵᠢᠯᠠᠨ ᠪᠠᠬᠢᠵᠢᠬᠦᠯᠵᠣ᠂ ᠮᠢᠬ᠎ᠠ ᠰᠦᠨ ᠤ ᠬᠤᠣᠰ ᠬᠡᠷᠡᠭᠴᠡᠬᠡᠳᠣ ᠰᠢᠮᠧᠨ᠋ᠲ᠋ᠧᠷ ᠡᠬᠦᠯᠳᠠᠷ ᠤᠨ ᠦᠬᠡᠷ  ᠲᠡᠵᠢᠬᠡᠬᠦ ᠦᠢᠯᠡᠰ ᠢ ᠬᠦᠭᠵᠢᠬᠦᠯᠦᠨ᠂ ᠰᠦᠨ ᠤ ᠭᠠᠷᠣᠯᠳᠠ ᠪᠠ ᠪᠤᠯᠪᠠᠰᠤᠷᠠᠭᠤᠯᠤᠯᠳᠠ ᠶᠢᠨ ᠬᠡᠮᠵᠢᠶ᠎ᠡ ᠪᠠᠨ ᠨᠡᠮᠡᠭᠳᠡᠬᠦᠯᠵᠣ᠂ ᠰᠦᠨ ᠤ ᠠᠵᠣ ᠦᠢᠯᠡᠰ ᠢ ᠬᠦᠭᠵᠢᠬᠦᠯᠦᠨ᠎ᠠ᠃ ᠪᠠᠶᠢᠭᠠᠯᠢᠯᠢᠭ ᠬᠠᠳᠣᠯᠠᠩ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠣ᠂  ︽ᠲᠦᠷᠪᠡᠨ ᠪᠦᠰᠨ︾ ᠶᠢᠨ ᠪᠦᠳᠦᠬᠡᠨ ᠪᠠᠶᠢᠭᠤᠯᠣᠯᠳᠠ ᠲᠠᠢ ᠣᠶᠠᠯᠳᠣᠭᠤᠯᠣᠨ᠂ ᠬᠠᠳᠣᠯᠠᠩ ᠤᠨ ᠲᠠᠯᠠᠪᠠᠢ  ᠶᠢ ᠦᠷᠬᠦᠯᠵᠢᠯᠠᠨ ᠦᠷᠬᠡᠳᠬᠡᠵᠣ᠂ ᠰᠠᠶᠢᠳᠣᠷ ᠬᠠᠮᠠᠭᠠᠯᠠᠬᠤ ᠶᠢᠨ ᠬᠠᠮᠳᠣ ᠮᠠᠯᠵᠢᠬᠤ ᠡᠷᠦᠬᠡ ᠪᠦᠷᠢ ᠶᠢᠨ ᠪᠡᠯᠴᠢᠭᠡᠷ  ᠤᠨ  3% — 5%  ᠶᠢ ᠨᠢ ᠬᠠᠳᠣᠯᠠᠩ ᠪᠣᠯᠭᠠᠨ ᠭᠦᠷᠢᠶᠡᠯᠡᠬᠦᠯᠵᠦ  ᠂ ᠡᠪᠡᠰᠣᠨ ᠤ ᠠᠵᠣ ᠦᠢᠯᠡᠰ ᠢ ᠬᠦᠭᠵᠢᠬᠦᠯᠦᠨ᠎ᠠ᠃ ᠮᠠᠯᠴᠢᠳ ᠤᠨ ᠮᠣᠩᠭᠤᠯ ᠠᠳᠣᠭᠤ ᠶᠢ ᠲᠤᠰᠬᠠᠶᠢᠵᠢᠨ ᠮᠠᠯᠵᠢᠬᠤ ᠶᠢ ᠵᠣᠷᠢᠭᠵᠢᠭᠤᠯᠣᠨ ᠵᠢᠯᠣᠭᠤᠳᠴᠣ᠂  ᠴᠡᠭᠡ ᠪᠤᠯᠪᠠᠰᠤᠷᠠᠭᠤᠯᠬᠤ᠂ ᠣᠷᠣᠯᠳᠣᠭᠠᠨ  ᠮᠣᠷᠢ ᠣᠶᠠᠵᠣ ᠠᠷᠠᠴᠢᠯᠠᠬᠤ ᠵᠡᠷᠬᠡ ᠠᠷᠭ᠎ᠠ ᠵᠠᠮ ᠢᠶᠠᠷ ᠠᠳᠣᠭᠤᠨ ᠤ ᠠᠵᠤ ᠦᠢᠯᠡᠰ ᠢ ᠬᠦᠭᠵᠢᠬᠦᠯᠦᠨ᠎ᠠ᠃⒊ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠦᠨᠡᠨᠬᠦ ᠬᠤᠪᠢᠷᠠᠭᠤᠯᠤᠨ᠎ᠠ᠃ ᠮᠠᠯ ᠠᠵᠤ ᠠᠬᠤᠢ ᠶᠢᠨ ᠵᠤᠬᠢᠶᠠᠨ ᠪᠠᠶᠢᠭᠤᠯᠵᠢᠯᠳᠠ᠂ ᠡᠷᠴᠢᠮᠵᠢᠯᠳᠡ᠂ ᠠᠵᠤ ᠦᠢᠯᠡᠰᠵᠢᠯᠳᠡ ᠶᠢᠨ ᠲᠦᠪᠰᠢᠨ ᠢ ᠲᠡᠭᠡᠭᠰᠢᠯᠡᠬᠦᠯᠬᠦ ᠪᠠᠷ ᠲᠠᠮᠵᠢᠨ ᠂ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠬᠦᠯᠵᠦ᠂ ᠤᠳᠤᠬᠢᠴᠢᠯᠠᠭᠰᠠᠨ ᠮᠠᠯ ᠠᠵᠤ ᠠᠬᠤᠢ  ᠶᠢᠨ ᠬᠦᠭᠵᠢᠯᠳᠡ ᠶᠢ ᠠᠬᠢᠭᠤᠯᠤᠨ᠎ᠠ᠃ ᠨᠢᠭᠡ ᠳᠤ᠂ ᠤᠯᠠᠨ  ᠭᠡᠯᠪᠡᠷᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠭᠡᠪᠡᠷ ᠬᠦᠭᠵᠢᠬᠦᠯᠦᠨ᠎ᠡ᠃ ᠬᠤᠪᠢ ᠣᠷᠣᠭᠤᠯᠬᠤ᠂ ᠡᠷᠦᠭᠡ ᠬᠤᠯᠪᠤᠭᠠᠯᠠᠨ ᠡᠵᠡᠩᠨᠡᠬᠦ᠂ ᠬᠤᠷᠰᠢᠯᠴᠠᠬᠤ ᠵᠡᠷᠭᠡ ᠤᠯᠠᠨ ᠵᠦᠢᠯ ᠤᠨ ᠬᠦᠭᠵᠢᠯᠳᠠ ᠶᠢᠨ ᠬᠡᠯᠪᠡᠷᠢ ᠪᠠᠷ ᠭᠤᠣᠯ ᠴᠣᠭᠴᠨ ᠪᠣᠯᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠵᠤ᠂  ᠶᠡᠭᠡ ᠡᠷᠦᠭᠡ ᠪᠠᠭ᠎ᠠ ᠡᠷᠦᠭᠡ ᠶᠢ ᠲᠠᠭᠠᠭᠤᠯᠵᠤ᠂ ᠴᠢᠨᠡᠭᠡᠯᠢᠭ ᠡᠷᠦᠭᠡ  ᠶᠠᠳᠠᠭᠤ ᠡᠷᠦᠭᠡ ᠶᠢ ᠲᠠᠭᠠᠭᠤᠯᠵᠤ᠂ ᠰᠠᠭᠤᠷᠢ ᠲᠦᠬᠦᠭᠡᠷᠤᠮᠵᠢ ᠰᠠᠶᠢᠳᠠᠢ ᠡᠷᠦᠭᠡ ᠰᠠᠭᠤᠷᠢ ᠲᠦᠬᠦᠭᠡᠷᠤᠮᠵᠢ ᠠᠨᠠᠢ ᠡᠷᠦᠭᠡ ᠶᠢ ᠲᠠᠭᠠᠭᠤᠯᠵᠤ᠂ ᠦᠯᠡᠬᠦᠦ ᠬᠦᠳᠡᠯᠮᠦᠷᠢ ᠬᠦᠴᠦ ᠲᠠᠢ ᠡᠷᠦᠭᠡ ᠬᠦᠳᠡᠯᠮᠦᠷᠢ ᠬᠦᠴᠦ ᠬᠦᠷᠦᠯᠴᠡᠬᠦ ᠦᠬᠡᠢ ᠡᠷᠦᠭᠡ ᠶᠢ ᠲᠠᠭᠠᠭᠤᠯᠵᠤ ᠡᠯ᠎ᠡ ᠵᠦᠢᠯ  ᠤᠨ ᠡᠬᠢ ᠪᠠᠶᠠᠯᠢᠭ ᠢ ᠬᠠᠮᠤᠭ ᠰᠢᠯᠢᠳᠡᠭ ᠢᠶᠠᠷ ᠤᠶᠠᠯᠳᠤᠭᠤᠯᠵᠤ᠂ ᠦᠷ᠎ᠡ ᠠᠰᠢᠭ ᠢ ᠨᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠬᠤᠶᠠᠷ ᠲᠤ᠂ ᠤᠯᠠᠨ ᠡᠰᠢᠳᠦ ᠵᠠᠬ᠎ᠠ ᠲᠡᠯᠭᠡᠭᠦᠷ  ᠤᠨ ᠬᠦᠢᠯᠭᠡᠭᠡᠨ ᠤ ᠭᠤᠤᠯ ᠴᠤᠭᠴᠠ ᠶᠢ ᠪᠤᠶᠢᠵᠢᠭᠤᠯᠬᠤ ᠪᠠᠷ ᠴᠢᠷᠮᠠᠶᠢᠨ᠎ᠠ᠃ ᠮᠠᠯᠵᠢᠬᠤ ᠤᠷᠤᠨ ᠤ ᠠᠵᠤ ᠠᠬᠤᠢ ᠶᠢᠨ ᠵᠠᠭᠤᠴᠢ ᠬᠦᠮᠦᠨ ᠢ ᠬᠦᠮᠦᠵᠢᠭᠦᠯᠦᠨ᠂ ᠮᠠᠯ ᠤᠨ ᠠᠰᠢᠭ ᠰᠢᠮ᠎ᠡ  ᠶᠢᠨ ᠪᠦᠳᠦᠭᠡᠭᠳᠡᠬᠦᠨ ᠢ ᠵᠦᠭᠡᠭᠡᠪᠦᠷᠢᠯᠡᠵᠦ ᠪᠤᠷᠤᠯᠠᠭᠤᠯᠬᠤ ᠲᠤᠰᠬᠠᠢ ᠡᠷᠦᠭᠡ ᠪᠠ ᠡᠯ᠎ᠡ ᠵᠦᠢᠯ  ᠤᠨ ᠬᠦᠢᠯᠭᠡᠭᠡᠨ ᠤ  ᠨᠡᠶᠢᠭᠡᠮᠯᠢᠭ ᠢ ᠲᠦᠷᠭᠡᠨ ᠪᠤᠶᠢᠵᠢᠭᠤᠯᠵᠤ᠂  ᠵᠢᠵᠢᠭ ᠦᠢᠯᠡᠳᠪᠦᠷᠢᠯᠡᠯ  ᠤᠨ ᠪᠤᠬᠢᠷᠳᠠᠯ ᠦᠭᠡᠢ ᠪᠦᠳᠦᠭᠡᠭᠳᠡᠬᠦᠨ ᠢᠶᠠᠨ ᠴᠠᠭ ᠲᠠᠷᠤᠢ ᠳᠤᠨᠢ ᠵᠠᠬ᠎ᠠ ᠲᠡᠯᠭᠡᠭᠦᠷ ᠲᠤ ᠭᠠᠷᠭᠠᠨ᠂ ᠵᠠᠬ᠎ᠠ ᠲᠡᠯᠭᠡᠭᠦᠷ  ᠤᠨ  ᠦᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠨᠡᠮᠡᠭᠳᠡᠬᠦᠯᠦᠨ᠎ᠡ᠃ ᠭᠤᠷᠪᠠ  ᠳᠤ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠠᠶᠤᠯ ᠲᠦᠭᠰᠢᠬᠦᠷᠢ ᠠᠴᠠ ᠰᠡᠷᠭᠡᠶᠢᠯᠡᠬᠦ ᠲᠤᠭᠳᠠᠴᠠ ᠶᠢ ᠪᠠᠶᠢᠭᠤᠯᠤᠨ᠎ᠠ᠃ ᠪᠠᠶᠢᠭᠠᠯᠢ ᠶᠢᠨ ᠭᠠᠮᠰᠢᠭ᠂ ᠲᠠᠯ᠎ᠠ ᠨᠤᠳᠤᠭ ᠤᠨ ᠲᠦᠢᠮᠡᠷ᠂ ᠮᠠᠯ ᠤᠨ ᠬᠢᠵᠢᠭ ᠢ ᠲᠦᠰᠦᠪᠯᠡᠵᠦ ᠮᠡᠳᠡᠬᠡᠯᠡᠬᠦ ᠪᠠ ᠰᠡᠷᠡᠮᠵᠢᠯᠡᠵᠦ ᠠᠷᠭᠠᠴᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠰᠠᠨᠠᠭᠠᠴᠢᠯᠠᠭ᠎ᠠ ᠲᠠᠢ  ᠪᠠᠷ ᠭᠠᠮᠰᠢᠭ ᠠᠴᠠ ᠰᠡᠷᠭᠡᠶᠢᠯᠡᠨ ᠬᠤᠬᠢᠷᠠᠯ ᠢ ᠪᠠᠭᠠᠰᠬᠠᠵᠤ᠂ ᠮᠠᠯ ᠠᠵᠤ ᠠᠬᠤᠢ ᠶᠢᠨ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠠᠪᠤᠴᠠ ᠳᠤ ᠵᠠᠰᠠᠭ ᠤᠨ ᠤᠷᠳᠤᠨ ᠠᠴᠠ ᠵᠤᠬᠢᠬᠤ ᠬᠡᠮᠵᠢᠶ᠎ᠡ ᠪᠠᠷ ᠨᠦᠬᠦᠪᠦᠷᠢ ᠤᠯᠭᠤᠬᠤ ᠪᠠ ᠲᠡᠳᠬᠦᠨ ᠲᠡᠮᠵᠢᠬᠦ  ᠪᠠᠷ ᠲᠠᠮᠵᠢᠭᠤᠯᠤᠨ᠂ ᠮᠠᠯᠵᠢᠬᠤ ᠦᠢᠯᠡᠳᠪᠦᠷᠢᠯᠡᠯ ᠤᠨ ᠡᠯ᠎ᠡ ᠬᠦᠷᠢᠶ᠎ᠡ ᠬᠡᠪᠴᠢᠶᠠᠨ ᠳᠤ ᠵᠢᠱᠢᠶᠡᠴᠢ ᠡᠷᠦᠭᠡ  ᠰᠤᠩᠭᠤᠨ ᠂ ᠦᠷᠭᠡᠨ ᠤᠯᠠᠨ ᠮᠠᠯᠴᠢᠳ  ᠤᠨ  ᠤᠯᠠᠮᠵᠢᠯᠠᠯᠳᠤ ᠦᠢᠯᠡᠳᠪᠦᠷᠢᠯᠡᠯ ᠤᠨ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ  ᠢᠳᠡᠪᠬᠢᠵᠢᠯ ᠢ ᠲᠠᠶᠢᠴᠢᠯᠠᠨ᠎ᠠ᠃⒋ ᠮᠠᠯᠵᠢᠬᠤ ᠤᠷᠤᠨ ᠤ ᠬᠦᠮᠦᠨ ᠠᠮᠨ ᠶᠢ ᠨᠡᠬᠦᠯᠭᠡᠨ ᠰᠢᠯᠵᠢᠬᠦᠯᠬᠦ ᠶᠢ ᠲᠦᠷᠭᠡᠳᠭᠡᠨ᠎ᠡ᠃ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠂ ᠦᠢᠯᠡᠴᠢᠯᠡᠭᠡ ᠪᠠᠨ ᠰᠠᠶᠢᠵᠢᠷᠠᠭᠤᠯᠬᠤ ᠪᠠᠷ ᠲᠠᠮᠵᠢᠭᠤᠯᠤᠨ᠂ ᠮᠠᠯᠴᠢᠳ  ᠤᠨ ᠰᠠᠨᠠᠭᠠᠴᠢᠯᠭ᠎ᠠ ᠠᠴᠠ ᠪᠠᠨ ᠨᠡᠬᠦᠨ ᠰᠢᠯᠵᠢᠬᠦ ᠶᠢ ᠵᠢᠯᠤᠭᠤᠳᠤᠨ᠎ᠠ᠃ ᠨᠢᠭᠡ ᠳᠤ  ᠂《ᠲᠠᠷᠢᠶᠠᠯᠠᠬᠤ ᠮᠠᠯᠵᠢᠬᠤ ᠤᠷᠤᠨ ᠤ ᠵᠠᠯᠠᠭᠤᠴᠤᠳ ᠤᠨ ᠦᠢᠯᠡᠰ ᠪᠦᠳᠦᠭᠡᠬᠦ ᠠᠵᠢᠯᠯᠠᠭ᠎ᠠ》᠂《ᠨᠠᠷᠠᠨ ᠬᠡᠷᠡᠯ ᠢᠨᠵᠧᠨᠧᠷᠢᠩ》ᠵᠡᠷᠭᠡ ᠪᠤᠯᠪᠠᠰᠤᠷᠠᠯ  ᠢ ᠦᠷᠬᠦᠯᠵᠢ ᠶᠢᠨ ᠴᠢᠨᠠᠷᠳᠠᠢ ᠦᠷᠨᠢᠬᠦᠯᠵᠦ᠂  ᠶᠡᠭᠡ ᠰᠤᠷᠭᠠᠭᠤᠯᠢ ᠳᠤ  ᠡᠯᠰᠡᠭᠳᠡᠭᠰᠡᠨ ᠦᠭᠡᠢ ᠮᠠᠯᠵᠢᠬᠤ ᠤᠷᠤᠨ ᠤ ᠵᠠᠯᠠᠭᠤᠴᠤᠳ ᠲᠤ ᠰᠦᠢᠳᠬᠡᠯ ᠬᠤᠷᠢᠶᠠᠬᠤ ᠦᠬᠡᠢ ᠪᠠᠷ ᠨᠢᠭᠡ ᠵᠢᠯ ᠤᠨ ᠠᠵᠢᠯ ᠮᠡᠷᠭᠡᠵᠢᠯ ᠤᠨ ᠪᠤᠯᠪᠠᠰᠤᠷᠠᠯ ᠬᠠᠨᠭ᠍ᠭᠠᠵᠤ᠂ ᠲᠡᠳᠡᠨ ᠳᠤ ᠨᠡᠬᠦᠨ ᠰᠢᠯᠵᠢᠵᠦ ᠠᠵᠢᠯ ᠤᠯᠬᠤ  ᠮᠡᠷᠭᠡᠵᠢᠯ ᠢ ᠡᠵᠡᠮᠰᠢᠬᠦᠯᠦᠨ᠎ᠡ᠃ ᠬᠤᠶᠠᠷ  ᠲᠤ᠂ ᠪᠡᠯᠭᠦᠳᠡᠢ ᠪᠠᠯᠭᠠᠰᠤ ᠪᠠ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠤ ᠲᠦᠰᠢᠭᠯᠡᠨ᠂  ᠭᠤᠤᠯᠳᠠᠯᠭ᠎ᠠ ᠲᠠᠢ ᠲᠦᠷᠦᠯ ᠵᠦᠢᠯ ᠢ ᠪᠦᠳᠦᠭᠡᠨ ᠪᠠᠶᠢᠭᠤᠯᠬᠤ ᠪᠠ ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠪᠠᠷ ᠲᠠᠮᠵᠢᠭᠤᠯᠵᠤ᠂ ᠪᠦᠬᠡᠮᠨᠡᠷᠡᠯ ᠠᠵᠤ ᠦᠢᠯᠡᠰ ᠢ ᠪᠤᠶᠢᠵᠢᠭᠤᠯᠤᠨ᠂ ᠨᠡᠭᠦᠨ ᠰᠢᠯᠵᠢᠭᠰᠡᠨ ᠮᠠᠯᠴᠢᠳ ᠢ ᠬᠦᠯᠢᠶᠡᠨ ᠠᠪᠬᠤ ᠴᠢᠳᠠᠪᠤᠷᠢ ᠶᠢ ᠴᠢᠩᠭᠠᠳᠬᠠᠨ᠎ᠠ᠃ ᠭᠤᠷᠪᠠ ᠳᠤ᠂ ᠦᠢᠯᠡᠴᠢᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠡᠬᠦᠨ ᠰᠢᠯᠵᠢᠬᠦ ᠮᠠᠯᠴᠢᠳ ᠲᠤ  ᠮᠡᠷᠭᠡᠵᠢᠯ ᠤᠨ ᠪᠤᠯᠪᠠᠰᠤᠷᠠᠯ᠂ ᠠᠵᠢᠯ ᠲᠠᠨᠢᠯᠴᠠᠭᠤᠯᠭ᠎ᠠ᠂ ᠡᠷᠭᠡ ᠬᠠᠮᠠᠭᠠᠯᠠᠯᠳᠠ ᠵᠡᠷᠭᠡ ᠠᠵᠢᠯ ᠤᠯᠭᠤᠯᠳᠠ ᠶᠢᠨ ᠦᠢᠯᠡᠴᠢᠯᠡᠭᠡ ᠬᠠᠩᠭᠠᠨ᠂  ᠨᠠᠰᠤᠵᠢᠯ ᠪᠠ ᠡᠮ ᠡᠮᠨᠡᠯᠭᠡ ᠶᠢᠨ ᠲᠠᠭᠠᠳᠬᠠᠯ ᠤᠨ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠡᠷᠡᠭᠡᠯᠵᠡᠯ ᠢ ᠨᠢ ᠠᠯᠳᠠᠷᠠᠭᠠᠵᠤ ᠦᠭᠬᠦᠨ᠎ᠡ᠃⒌ ᠨᠡᠶᠢᠭᠡᠮ ᠵᠢᠷᠤᠮᠳᠤ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃《ᠤᠷᠢᠳᠠᠪᠠᠷ ᠲᠦᠯᠦᠪᠵᠢᠬᠦᠯᠦᠨ᠂ ᠵᠠᠰᠠᠭ ᠤᠨ ᠤᠷᠳᠤᠨ ᠵᠢᠯᠤᠭᠤᠳᠴᠤ᠂ ᠪᠦᠬᠦ ᠠᠷᠠᠳ ᠢᠶᠠᠷ ᠢᠶᠠᠨ ᠤᠷᠤᠯᠴᠠᠨ᠂ ᠤᠨᠴᠠᠯᠢᠭ ᠢᠶᠠᠨ ᠬᠠᠳᠠᠭᠠᠯᠠᠵᠤ᠂ ᠭᠤᠤᠯᠳᠠᠯᠭ᠎ᠠ ᠪᠠᠨ ᠲᠣᠪᠣᠶᠢᠯᠭᠠᠨ᠂  ᠪᠦᠬᠦ ᠲᠠᠯ᠎ᠠ  ᠪᠠᠷ ᠠᠬᠢᠭᠤᠯᠬᠤ 》ᠵᠠᠷᠴᠢᠮ ᠢ ᠪᠠᠷᠢᠮᠳᠠᠯᠠᠨ᠂ ᠨᠡᠶᠢᠬᠡᠮ ᠵᠢᠷᠤᠮᠳᠤ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠦᠷᠨᠢᠭᠦᠯᠦᠨ᠎ᠡ᠃ ᠰᠠᠷᠠᠭᠤᠯᠳᠤᠶᠠᠭ᠎ᠠ ᠭᠠᠴᠠᠭᠠᠨ ᠤ ᠲᠤᠷᠰᠢᠯᠳᠠ ᠶᠢᠨ ᠴᠢᠭ ᠤᠨ ᠠᠵᠢᠯ ᠢ ᠰᠠᠶᠢᠳᠤᠷ ᠬᠢᠬᠦ ᠶᠢᠨ ᠬᠠᠮᠳᠤ᠂ ᠡᠯ᠎ᠡ ᠰᠤᠮᠤ ᠪᠠᠯᠭᠠᠰᠤ ᠨᠢ ᠪᠤᠳᠠᠳᠤ ᠪᠠᠶᠢᠳᠠᠯ ᠢᠶᠠᠨ ᠦᠨᠳᠦᠰᠦᠯᠡᠨ ᠨᠢᠬᠡ ᠭᠠᠴᠠᠭ᠎ᠠ ᠶᠢ ᠰᠤᠩᠭᠤᠵᠤ᠂ ᠬᠤᠳᠠ ᠤᠰᠤ ᠪᠠᠷ ᠨᠢᠭᠡᠴᠡᠯᠡᠵᠦ᠂ ᠲᠦᠯᠦᠪᠯᠡᠭᠡ ᠲᠠᠢ᠂ ᠠᠯᠬᠤᠮ ᠲᠠᠷᠠᠭ᠎ᠠ ᠲᠠᠢ᠂  ᠭᠤᠣᠯᠳᠠᠯᠭ᠎ᠠ ᠲᠠᠢ   ᠪᠠᠷ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃  ᠤᠯᠤᠰ ᠠᠴᠠ ᠪᠡᠯᠡ ᠤᠷᠤᠭᠤᠯᠤᠯᠳᠠ ᠪᠠᠨ ᠨᠡᠮᠡᠭᠳᠡᠭᠦᠯᠦᠨ᠂ ᠮᠠᠯᠵᠢᠬᠤ ᠤᠷᠤᠨ ᠤ ᠨᠡᠶᠢᠳᠡ ᠶᠢᠨ ᠦᠢᠯᠡᠴᠢᠯᠡᠭᠡ ᠶᠢ ᠬᠦᠭᠵᠢᠬᠦᠯᠬᠦ ᠪᠠ ᠤᠯᠤᠰ ᠤᠷᠤᠨ ᠤ ᠲᠠᠷᠢᠶᠠᠯᠠᠩ ᠢ ᠲᠡᠳᠬᠦᠬᠦ ᠪᠡᠯᠡ ᠮᠦᠡᠭᠭᠦ  ᠶᠢ ᠨᠢᠬᠡᠳᠭᠡᠬᠦ ᠲᠤᠷᠰᠢᠯᠳᠠ ᠶᠢᠨ ᠬᠤᠰᠢᠭᠤ ᠪᠤᠯᠤᠭᠰᠠᠨ ᠲᠤᠬᠢᠶᠠᠯ ᠢ ᠡᠵᠡᠮᠳᠡᠨ᠂ ᠪᠡᠯᠡ ᠮᠦᠡᠭᠬᠦ ᠶᠢ ᠢᠯᠡᠬᠦᠬᠡᠨ ᠭᠤᠶᠤᠴᠢᠯᠠᠵᠤ᠂ ᠮᠠᠯᠵᠢᠬᠤ ᠤᠷᠤᠨ ᠤ ᠰᠠᠭᠤᠷᠢ ᠲᠦᠭᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠣᠨ᠂ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ ᠪᠦᠷᠢᠨᠰᠢᠬᠦᠯᠦᠨ᠎ᠡ᠃ ᠡᠬᠦᠨ ᠤ ᠬᠠᠮᠳᠤ᠂ ᠬᠤᠰᠢᠭᠤ ᠡᠳ᠋ ᠤᠨ ᠵᠠᠰᠠᠭ ᠴᠤ ᠰᠢᠨ᠎ᠡ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢ ᠲᠡᠮᠵᠢᠬᠦ ᠡᠷᠴᠢᠮ ᠢᠶᠠᠨ ᠴᠢᠩᠭᠠᠳᠬᠠᠨ᠎ᠠ᠃︵ᠬᠤᠶᠠᠷ︶ ᠣᠨᠴᠠᠯᠢᠭ ᠢᠶᠠᠨ ᠲᠣᠪᠣᠶᠢᠯᠭᠠᠨ᠂ ᠰᠢᠨ᠎ᠠ ᠬᠡᠯᠪᠡᠷᠢ ᠶᠢᠨ ᠠᠵᠣ ᠦᠢᠯᠡᠳᠪᠣᠷᠢᠵᠢᠯᠳᠠ ᠶᠢ ᠲᠦᠷᠬᠡᠳᠬᠡᠨ᠎ᠠ ᠠᠵᠤ ᠠᠬᠤᠢ ᠶᠢᠨ ᠬᠦᠭᠵᠢᠯᠳᠡ ᠲᠤᠮᠳᠠᠬᠢ ᠠᠵᠣ ᠦᠢᠯᠡᠳᠪᠣᠷᠢ ᠶᠢᠨ ᠭᠤᠣᠯᠯᠠᠬᠤ ᠪᠠᠶᠢᠷᠢ ᠰᠠᠭᠤᠷᠢ ᠶᠢ ᠪᠠᠳᠤᠳᠬᠠᠨ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠᠷ ᠰᠢᠪᠳᠣᠯᠣᠯᠳᠠ ᠪᠣᠯᠭᠠᠨ᠂ ᠡᠬᠢ ᠪᠠᠶᠠᠯᠢᠭ ᠢ ᠠᠵᠤ ᠠᠬᠤᠢ ᠶᠢᠨ ᠦᠷ᠎ᠡ ᠠᠰᠢᠭ ᠪᠤᠯᠭᠠᠨ ᠬᠤᠪᠢᠷᠠᠭᠤᠯᠬᠤ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠵᠦ᠂ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠠᠭᠤᠷᠬᠠᠢ᠂ ᠪᠠᠷᠢᠯᠭ᠎ᠠ ᠶᠢᠨ ᠮᠠᠲ᠋ᠧᠷᠢᠶᠠᠯ ᠪᠠ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠵᠡᠷᠭᠡ ᠲᠠᠪᠤᠨ ᠲᠠᠪᠠᠭᠤᠯᠢᠭ ᠤᠨᠴᠠᠯᠢᠭᠳᠤ ᠠᠵᠤ ᠦᠢᠯᠡᠰ ᠢ ᠢᠳᠡᠪᠬᠢᠳᠡᠢ ᠪᠤᠶᠢᠵᠢᠭᠤᠯᠤᠨ ᠬᠦᠭᠵᠢᠬᠦᠯᠦᠨ᠎ᠡ᠃ ᠡᠨᠧᠷᠬᠢ ᠠᠷᠪᠢᠯᠠᠨ ᠪᠤᠬᠢᠷᠳᠤᠯ ᠪᠠᠭᠠᠰᠬᠠᠠᠬᠤ ᠶᠢ ᠴᠢᠬᠤᠯᠠᠴᠢᠯᠠᠨ᠂ ᠤᠨᠴᠠᠯᠢᠭᠳᠤ ᠠᠵᠤ ᠠᠬᠤᠢ ᠶᠢ ᠶᠡᠭᠡ ᠪᠠᠷ ᠬᠦᠭᠵᠢᠬᠦᠯᠦᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠬᠦᠴᠦᠳᠠᠢ ᠠᠬᠢᠭᠤᠯᠤᠨ᠎ᠠ᠃⒈ ᠡᠬᠢ ᠪᠠᠶᠠᠯᠢᠭ ᠤᠨ ᠲᠠᠪᠠᠭᠤᠯᠢᠭ ᠲᠠᠭᠠᠨ ᠲᠦᠰᠢᠭᠯᠡᠨ᠂ ᠤᠨᠴᠠᠯᠢᠭᠳᠤ ᠠᠵᠣ ᠦᠢᠯᠡᠰ ᠢ ᠪᠣᠶᠢᠵᠢᠭᠤᠯᠣᠨ᠎ᠠ᠃ ᠡᠨᠧᠷᠬᠢ ᠶᠢᠨ ᠠᠵᠣ ᠦᠢᠯᠡᠰ ᠤᠨ ᠲᠠᠯ᠎ᠠ ᠪᠠᠷ᠂ ᠬᠤᠩᠭᠤᠷ᠂ ᠴᠠᠭᠠᠨᠨᠠᠭᠤᠷ᠂ ᠨᠠᠷᠠᠨᠪᠣᠯᠠᠭ ᠪᠠ ᠮᠠᠨᠢᠳᠣ ᠵᠡᠷᠬᠡ ᠲᠦᠷᠪᠡᠨ ᠨᠡᠬᠦᠷᠡᠰᠣᠨ ᠠᠭᠤᠷᠬᠠᠢ ᠶᠢ ᠶᠠᠷᠣᠩᠬᠡᠶᠢᠯᠡᠨ ᠨᠡᠬᠡᠬᠡᠨ ᠠᠰᠢᠭᠯᠠᠬᠤ ᠪᠠ ᠬᠦᠢᠳᠠᠨᠰᠢᠯᠢ ᠰᠠᠯᠬᠢᠨ ᠴᠠᠬᠢᠯᠭᠠᠨ ᠤ ᠲᠦᠷᠦᠯ ᠵᠦᠢᠯ ᠤᠨ ᠪᠠᠶᠢᠭᠤᠯᠣᠯᠳᠠ ᠶᠢ ᠭᠤᠣᠯᠳᠠᠯᠭ᠎ᠠ ᠲᠠᠢ ᠠᠳᠬᠤᠨ᠂ ᠪᠡᠯᠬᠦᠳᠠᠢ ᠰᠠᠯᠬᠢᠨ ᠴᠠᠬᠢᠯᠭᠠᠨ ᠤ ᠰᠠᠭᠤᠷᠢᠨ ᠭᠠᠵᠠᠷ ᠢ ᠲᠦᠯᠦᠪᠵᠢᠬᠦᠯᠦᠨ ᠨᠡᠬᠡᠬᠡᠨ ᠠᠰᠢᠭᠯᠠᠵᠣ᠂ ᠮᠠᠨ ᠤ ᠬᠤᠰᠢᠭᠤ ᠪᠠᠨ ᠪᠦᠬᠦ ᠠᠶᠢᠮᠠᠭ ᠤᠨ ᠡᠨᠧᠷᠬᠢ ᠶᠢᠨ ᠰᠠᠭᠤᠷᠢᠨ ᠭᠠᠵᠠᠷ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠬᠢᠮᠢ ᠶᠢᠨ ᠠᠵᠣ  ᠦᠢᠯᠡᠳᠪᠦᠷᠢ ᠶᠢᠨ ᠲᠠᠯ᠎ᠠ  ᠪᠠᠷ᠂ ᠨᠡᠬᠦᠷᠠᠰᠣ᠂ ᠬᠠᠶᠢᠯᠣᠭᠤᠷ ᠵᠣᠩᠰᠢ᠂ ᠴᠣᠬᠤᠢ ᠶᠢᠨ ᠴᠢᠯᠠᠭᠤᠯᠢᠭ ᠪᠠ ᠣᠰᠣᠨ ᠰᠣᠷᠪᠣᠯᠵᠢ ᠶᠢᠨ ᠡᠬᠢ ᠪᠠᠶᠠᠯᠢᠭ ᠲᠤ ᠲᠦᠰᠢᠭᠯᠡᠨ᠂ ᠨᠡᠭᠦᠷᠡᠰᠦᠨ ᠠᠴᠠ ᠮᠧᠲ᠋ᠢᠯ ᠠᠯᠺᠣᠣᠯ ᠪᠤᠯᠪᠠᠰᠤᠷᠠᠭᠤᠯᠬᠤ᠂  PVC᠂ ᠼᠢᠶᠠᠨᠳᠣ ᠹᠧᠯᠣᠷ ᠬᠦᠴᠢᠯ ᠵᠡᠷᠬᠡ ᠬᠢᠮᠢ ᠶᠢᠨ ᠠᠵᠣ ᠦᠢᠯᠡᠰ ᠢ ᠭᠤᠣᠯᠳᠠᠯᠭ᠎ᠠ ᠲᠠᠢ ᠬᠦᠭᠵᠢᠬᠦᠯᠦᠨ᠎ᠠ᠃ ᠠᠭᠤᠷᠬᠠᠢ ᠨᠡᠬᠡᠬᠡᠨ ᠠᠰᠢᠭᠯᠠᠬᠤ ᠦᠢᠯᠡᠰ ᠤᠨ ᠲᠠᠯ᠎ᠠ ᠪᠠᠷ᠂ ᠲᠠᠮᠦᠷᠯᠢᠭ ᠤᠨ ᠬᠦᠳᠠᠷ ᠰᠢᠯᠢᠬᠦ ᠪᠠᠷ ᠭᠤᠣᠯᠯᠠᠵᠣ᠂ ᠠᠭᠤᠷᠬᠠᠢ ᠮᠠᠯᠳᠠᠬᠤ᠂ ᠬᠦᠳᠠᠷ ᠰᠢᠯᠢᠬᠦ᠂ ᠪᠣᠯᠪᠠᠰᠣᠷᠠᠭᠤᠯᠬᠤ ᠶᠢ ᠨᠢᠬᠡ ᠴᠣᠭᠴᠠᠵᠢᠭᠤᠯᠣᠭᠰᠠᠨ ᠲᠦᠷᠦᠯ ᠵᠦᠢᠯ ᠢ ᠬᠦᠭᠵᠢᠬᠦᠯᠦᠨ᠂ ᠠᠵᠣ ᠦᠢᠯᠡᠰ ᠤᠨ ᠬᠡᠯᠬᠢᠶ᠎ᠠ ᠶᠢ ᠣᠷᠳᠣᠳᠬᠠᠨ᠂ ᠠᠭᠤᠷᠬᠠᠢ ᠶᠢᠨ ᠪᠦᠳᠦᠬᠡᠭᠳᠡᠬᠦᠨ ᠤ ᠶᠠᠷᠣᠩᠬᠡᠢ ᠨᠡᠬᠡᠬᠡᠨ ᠠᠰᠢᠭᠯᠠᠯᠳᠠ ᠶᠢᠨ ᠲᠦᠪᠰᠢᠨ ᠢ ᠲᠡᠬᠡᠭᠰᠢᠯᠡᠬᠦᠯᠦᠨ᠎ᠠ᠃ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠤᠨ ᠲᠠᠯ᠎ᠠ ᠪᠠᠷ᠂ ᠲᠡᠯᠬᠡᠷ ᠠᠵᠣ ᠦᠢᠯᠡᠳᠪᠣᠷᠢ ᠶᠢᠨ ᠰᠠᠭᠤᠷᠢᠨ ᠭᠠᠵᠠᠷ ᠲᠤ ᠱᠦᠢᠨᠢ᠂ ᠦᠯᠣ ᠰᠢᠳᠠᠭᠠᠬᠤ ᠲᠣᠭᠤᠰᠬ᠎ᠠ ᠵᠡᠷᠬᠡ ᠲᠦᠷᠦᠯ ᠵᠦᠢᠯ ᠢ ᠬᠦᠭᠵᠢᠬᠦᠯᠦᠨ᠎ᠠ᠃ ᠮᠠᠯ ᠤᠨ ᠠᠰᠢᠭ ᠰᠢᠮ᠎ᠠ ᠶᠢᠨ ᠪᠣᠯᠪᠠᠰᠣᠷᠠᠭᠤᠯᠣᠯᠳᠠ ᠶᠢᠨ ᠲᠠᠯ᠎ᠠ ᠪᠠᠷ᠂ ᠣᠳᠣ ᠪᠠᠶᠢᠭ᠎ᠠ ᠮᠢᠬ᠎ᠠ ᠰᠦ ᠶᠢᠨ ᠪᠣᠯᠪᠠᠰᠣᠷᠠᠭᠤᠯᠣᠯᠳᠠ ᠶᠢᠨ ᠠᠵᠣ ᠠᠬᠤᠶᠢᠯᠠᠯ ᠤᠨ ᠮᠡᠷᠬᠡᠵᠢᠯ ᠤᠨ ᠦᠬᠡᠷᠡᠴᠢᠯᠠᠯᠳᠠ ᠬᠢᠵᠣ ᠦᠷᠬᠡᠳᠬᠡᠨ ᠪᠠᠶᠢᠭᠤᠯᠬᠤ ᠶᠢ ᠢᠳᠡᠪᠬᠢᠳᠠᠢ ᠲᠠᠮᠵᠢᠨ᠂ ᠦᠢᠯᠡᠳᠬᠦᠨ ᠤ ᠲᠦᠷᠦᠯ ᠵᠦᠢᠯ ᠢ ᠨᠡᠮᠡᠭᠳᠠᠬᠦᠯᠵᠣ᠂ ᠨᠠᠷᠢᠯᠢᠭ ᠡᠳ᠋ᠰᠢᠬᠦᠯᠦᠨ᠂ ᠦᠢᠯᠡᠳᠭᠡᠭᠦᠨ ᠤ ᠴᠢᠨᠠᠷ ᠲᠠᠰ ᠢ ᠲᠡᠬᠡᠭᠰᠢᠯᠡᠬᠦᠯᠵᠣ᠂ ᠭᠠᠵᠠᠷ ᠣᠷᠣᠨ ᠤ ᠨᠠᠷᠠᠳᠣ ᠲᠠᠮᠳᠡᠭ ᠢ ᠡᠬᠦᠳᠬᠦ ᠪᠠᠷ ᠴᠢᠷᠮᠠᠶᠢᠬᠤ ᠶᠢᠨ ᠬᠠᠮᠳᠣ᠂ ᠨᠣᠣᠰᠣ ᠨᠣᠯᠣᠣᠷ᠂ ᠠᠷᠠᠰᠣ ᠰᠢᠷᠢ᠂ ᠶᠠᠰᠣ ᠴᠢᠰᠣ᠂ ᠬᠡᠳᠡᠰᠣ ᠲᠣᠳᠣᠷ ᠵᠡᠷᠬᠡ ᠲᠠᠭᠠᠯᠳᠠ ᠦᠢᠯᠡᠳᠭᠡᠭᠦᠨ ᠤ ᠵᠠᠬ᠎ᠠ ᠲᠡᠯᠬᠡᠬᠦᠷ ᠢ ᠢᠳᠡᠪᠬᠢᠳᠠᠢ ᠪᠣᠶᠢᠵᠢᠭᠤᠯᠣᠨ᠎ᠠ᠃ 2012 ᠣᠨ ᠪᠣᠯᠬᠤ ᠳᠤ ᠨᠡᠬᠦᠷᠡᠰᠣ 1200 ᠲᠦᠮᠡᠨ ᠲᠣᠨ᠂ ᠮᠧᠲ᠋ᠢᠯ ᠠᠯᠺᠣᠣᠯ 120 ᠲᠦᠮᠡᠨ ᠲᠣᠨ᠂  PVC 20 ᠲᠦᠮᠡᠨ ᠲᠣᠨ᠂ ᠱᠦᠢᠨᠢ 120 ᠲᠦᠮᠡᠨ ᠲᠣᠨ᠂ ᠲᠠᠮᠣᠷ ᠤᠨ ᠨᠣᠨᠳᠠᠭ 30 ᠲᠦᠮᠡᠨ ᠲᠣᠨ᠂ ᠵᠠᠰ ᠤᠨ ᠨᠣᠨᠳᠠᠭ 2000 ᠲᠣᠨ ᠦᠢᠯᠡᠳᠪᠣᠷᠢᠯᠡᠬᠦ ᠴᠢᠳᠠᠪᠣᠷᠢ ᠲᠠᠢ ᠪᠣᠯᠵᠣ᠂ ᠰᠠᠯᠬᠢᠨ ᠴᠠᠬᠢᠯᠭᠠᠨ ᠤ ᠮᠠᠰᠢᠨ ᠴᠣᠭᠴᠠᠯᠠᠪᠣᠷᠢ ᠶᠢᠨ ᠬᠡᠮᠵᠢᠶ᠎ᠠ ᠶᠢ 150 ᠲᠦᠮᠡᠨ ᠺᠢᠯᠣᠸᠠᠲ ᠬᠦᠷᠬᠡᠨ᠎ᠠ᠃⒉ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠶᠢ ᠲᠦᠷᠬᠡᠳᠬᠡᠨ᠂ ᠦᠢᠯᠡᠴᠢᠯᠡᠬᠡᠨ ᠤ ᠴᠢᠳᠠᠪᠬᠢ ᠶᠢ ᠲᠡᠬᠦᠯᠳᠠᠷᠵᠢᠬᠦᠯᠦᠨ᠎ᠠ᠃ ᠴᠠᠭᠠᠨᠨᠠᠭᠤᠷ ᠨᠡᠭᠦᠷᠡᠰᠤ ᠬᠢᠮᠢ ᠶᠢᠨ ᠰᠠᠭᠤᠷᠢᠨ ᠭᠠᠵᠠᠷ᠂ ᠲᠡᠯᠭᠡᠷ ᠠᠵᠤ ᠦᠢᠯᠡᠳᠪᠦᠷᠢ ᠶᠢᠨ ᠰᠠᠭᠤᠷᠢᠨ ᠭᠠᠵᠠᠷ ᠪᠠ ᠬᠦᠢᠳᠡᠨᠰᠢᠯᠢ ᠰᠠᠯᠬᠢᠨ ᠴᠠᠬᠢᠯᠭᠠᠨ ᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠎ᠠ᠃  ᠨᠢᠬᠡ ᠳᠤ᠂ ᠠᠵᠣ ᠦᠢᠯᠡᠳᠪᠣᠷᠢ ᠶᠢᠨ ᠰᠠᠭᠤᠷᠢᠨ ᠭᠠᠵᠠᠷ ᠢ ᠰᠠᠶᠢᠳᠣᠷ ᠲᠦᠯᠦᠪᠵᠢᠬᠦᠯᠦᠨ᠎ᠠ᠃ ᠭᠤᠷᠪᠠᠨ‌‍ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠬᠡ ᠪᠠ ᠠᠵᠤ ᠦᠢᠯᠡᠰ  ᠤᠨ ᠬᠦᠭᠵᠢᠯᠳᠡ ᠶᠢᠨ ᠲᠦᠯᠦᠪᠵᠢᠬᠦᠯᠬᠡ ᠶᠢ ᠰᠠᠶᠢᠳᠤᠷ ᠬᠢᠵᠤ᠂ ᠠᠯᠣᠰ ᠤᠨ ᠪᠣᠳᠣᠯᠭ᠎ᠠ ᠲᠠᠢ ᠨᠠᠶᠢᠷᠠᠭᠤᠯᠣᠨ᠂ ᠦᠨᠳᠦᠷ ᠡᠬᠢᠯᠡᠯᠳᠡ ᠲᠠᠢ ᠲᠦᠯᠦᠪᠵᠢᠬᠦᠯᠬᠡ ᠪᠠᠷ ᠦᠨᠳᠣᠷ ᠪᠠᠷᠢᠮᠵᠢᠶ᠎ᠠ ᠲᠠᠢ ᠪᠦᠳᠦᠬᠡᠨ ᠪᠠᠶᠢᠭᠤᠯᠤᠯᠳᠠ ᠶᠢ ᠵᠢᠯᠤᠭᠤᠳᠤᠭᠤᠯᠤᠨ᠎ᠠ᠃ ᠰᠠᠭᠤᠷᠢ ᠲᠦᠭᠦᠭᠡᠷᠦᠮᠵᠢ ᠶᠢᠨ ᠪᠦᠳᠦᠬᠡᠨ ᠪᠠᠶᠢᠭᠤᠯᠤᠯᠳᠠ  ᠶᠢ ᠰᠠᠶᠢᠳᠤᠷ ᠬᠢᠨ᠎ᠡ᠃ ᠠᠵᠤ ᠦᠢᠯᠡᠳᠪᠦᠷᠢ ᠶᠢᠨ ᠬᠦᠭᠵᠢᠯᠳᠡ ᠶᠢᠨ ᠰᠠᠭᠤᠷᠢ ᠮᠦᠡᠭᠬᠦ ᠪᠠᠶᠢᠭᠤᠯᠬᠤ᠂ ᠠᠷᠠᠳ ᠤᠨ ᠲᠤᠮᠳᠠᠬᠢ ᠪᠡᠯᠡ ᠮᠦᠡᠭᠬᠦ ᠶᠢ ᠬᠤᠷᠠᠮᠳᠤᠭᠤᠯᠬᠤ᠂ ᠭᠦᠴᠦᠷᠬᠡᠭ ᠠᠵᠤ ᠠᠬᠤᠶᠢᠯᠠᠯ ᠤᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠵᠤᠷᠢᠭᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠤᠨ ᠪᠡᠯᠡ ᠮᠦᠡᠭᠬᠦ ᠬᠦᠷᠦᠯᠴᠡᠬᠦ ᠦᠬᠡᠢ ᠠᠰᠠᠭᠤᠳᠠᠯ ᠢ ᠰᠢᠢᠳᠪᠦᠷᠢᠯᠡᠨ᠂ ᠤᠰᠤ ᠴᠠᠬᠢᠯᠭᠠᠨ ᠵᠠᠮ ᠴᠢᠮᠡᠭᠡ ᠬᠤᠯᠪᠤᠭᠠᠨ ᠤ ᠪᠠᠶᠢᠭᠤᠯᠤᠯᠳᠠ ᠶᠢ ᠰᠠᠶᠢᠳᠤᠷ ᠠᠳᠬᠤᠵᠤ᠂ ᠰᠠᠭᠤᠷᠢᠨ ᠭᠠᠵᠠᠷ ᠤᠨ ᠦᠢᠯᠡᠴᠢᠯᠡᠭᠡᠨ ᠤ ᠴᠢᠳᠠᠪᠬᠢ ᠶᠢ ᠲᠡᠬᠦᠯᠳᠡᠷᠵᠢᠬᠦᠯᠦᠨ᠂ ᠲᠦᠷᠦᠯ ᠵᠦᠢᠯ  ᠤᠨ ᠠᠵᠢᠯ ᠢᠶᠠᠨ ᠡᠬᠢᠯᠡᠬᠦᠯᠬᠦ ᠪᠠ ᠠᠵᠤ ᠠᠬᠤᠶᠢᠯᠠᠯ ᠤᠨ ᠬᠡᠪ ᠤᠨ ᠤᠷᠴᠢᠯᠳᠠ ᠳᠤ ᠠᠰᠢᠭᠳᠠᠢ ᠨᠦᠬᠦᠴᠡᠯ ᠢ ᠪᠦᠷᠢᠯᠳᠣᠬᠦᠯᠦᠨ ᠦᠭᠬᠦᠨ᠎ᠡ᠃⒊ ᠠᠷᠠᠯᠵᠢᠶᠠᠴᠢᠨ ᠣᠷᠢᠵᠣ ᠪᠡᠯᠨ ᠲᠠᠳᠠᠬᠤ ᠡᠷᠴᠢᠮ ᠢᠶᠠᠨ ᠴᠢᠩᠭᠠᠯᠠᠨ᠂ ᠲᠦᠷᠦᠯ ᠵᠦᠢᠯ ᠤᠨ ᠬᠡᠷᠡᠭᠵᠢᠬᠦᠯᠣᠯᠳᠠ ᠶᠢ ᠰᠠᠶᠢᠳᠣᠷ ᠠᠳᠬᠤᠨ᠎ᠠ᠃ ᠲᠦᠷᠦᠯ ᠵᠦᠢᠯ ᠢ ᠠᠳᠬᠤᠬᠤ ᠪᠣᠯ ᠲᠠᠷᠣᠢ ᠠᠵᠣ ᠠᠬᠤᠢ ᠶᠢ ᠠᠳᠬᠤᠬᠤ᠂ ᠲᠦᠷᠦᠯ ᠵᠦᠢᠯ ᠢ ᠠᠳᠬᠤᠬᠤ ᠪᠣᠯ ᠲᠠᠷᠣᠢ ᠬᠦᠭᠵᠢᠯᠳᠠ ᠶᠢ ᠠᠬᠢᠭᠤᠯᠬᠤ ᠶᠠᠪᠣᠳᠠᠯ ᠮᠦᠨ ᠬᠡᠰᠡᠨ ᠲᠠᠨᠢᠯᠳᠠ ᠶᠢ ᠪᠣᠢ ᠪᠣᠯᠭᠠᠨ᠂ ᠠᠷᠠᠯᠵᠢᠶᠠᠴᠢᠨ ᠣᠷᠢᠵᠣ ᠪᠡᠯᠨ ᠲᠠᠳᠠᠬᠤ ᠠᠵᠢᠯ ᠢ ᠴᠢᠩᠭᠠᠳᠬᠠᠨ᠎ᠠ᠃ ᠨᠢᠬᠡ ᠳᠤ᠂ ᠲᠧᠭᠨᠢᠭ ᠮᠡᠷᠬᠡᠵᠢᠯ ᠤᠨ ᠠᠭᠤᠯᠠᠭᠳᠠᠴᠨ ᠦᠨᠳᠣᠷ᠂ ᠮᠡᠷᠬᠡᠵᠢᠯ ᠲᠦᠬᠦᠬᠡᠷᠦᠮᠵᠢ ᠰᠠᠶᠢᠳᠠᠢ᠂ ᠨᠡᠶᠢᠬᠡᠮ ᠤᠨ ᠦᠷ᠎ᠠ ᠠᠰᠢᠭ ᠰᠠᠶᠢᠨ᠂ ᠮᠠᠨ ᠤ ᠬᠤᠰᠢᠭᠤᠨ ᠤ ᠠᠵᠣ ᠠᠬᠤᠢ ᠳᠤ ᠨᠠᠯᠢᠶᠠᠳ ᠶᠡᠭᠡ ᠲᠠᠳᠠᠬᠤ ᠬᠦᠴᠦᠨ ᠲᠠᠢ ᠲᠦᠷᠦᠯ ᠵᠦᠢᠯ ᠢ ᠭᠤᠣᠯᠳᠠᠯᠭ᠎ᠠ ᠲᠠᠢ ᠤᠷᠢᠨ ᠠᠪᠴᠢᠷᠠᠨ᠎ᠠ᠃ ᠬᠤᠶᠠᠷ ᠲᠤ᠂ ᠠᠷᠠᠯᠵᠢᠶᠠᠴᠢᠨ ᠣᠷᠢᠬᠤ ᠠᠷᠭ᠎ᠠ ᠵᠠᠮ ᠢᠶᠠᠨ ᠦᠷᠬᠡᠳᠬᠡᠨ᠂ ᠲᠣᠰᠬᠠᠶᠢᠵᠢᠭᠰᠠᠨ ᠬᠡᠯᠪᠡᠷᠢ ᠪᠠᠷ ᠠᠷᠠᠯᠵᠢᠶᠠᠴᠢᠨ ᠣᠷᠢᠬᠤ᠂ ᠵᠠᠬ᠎ᠠ ᠲᠠᠯᠬᠡᠬᠦᠷᠵᠢᠭᠰᠡᠨ ᠵᠠᠮ ᠢᠶᠠᠷ ᠠᠷᠠᠯᠵᠢᠶᠠᠴᠢᠨ ᠣᠷᠢᠬᠤ᠂  ᠰᠦᠯᠵᠢᠶᠠᠨ ᠲᠡᠬᠡᠷ᠎ᠠ ᠠᠷᠠᠯᠵᠢᠶᠠᠴᠢᠨ ᠣᠷᠢᠬᠤ ᠵᠡᠷᠬᠡ ᠠᠷᠭ᠎ᠠ ᠶᠢ ᠢᠳᠡᠪᠬᠢᠳᠠᠢ ᠰᠦᠪᠡᠭᠴᠢᠯᠠᠵᠣ᠂ ᠠᠵᠣ ᠠᠬᠤᠶᠢᠯᠠᠯ ᠢ ᠵᠢᠯᠣᠭᠤᠳᠣᠨ ᠠᠷᠠᠯᠵᠢᠶᠠᠴᠢᠨ ᠣᠷᠢᠬᠤ ᠠᠵᠢᠯᠯᠠᠭ᠎ᠠ ᠦᠷᠨᠢᠬᠦᠯᠵᠣ᠂ ᠦᠩᠬᠡᠷᠡᠭᠰᠡᠨ ᠤ ᠵᠠᠰᠠᠭ ᠤᠨ ᠣᠷᠳᠣᠨ ᠭᠤᠣᠯᠯᠠᠵᠣ ᠠᠷᠠᠯᠵᠢᠶᠠᠴᠢᠨ ᠣᠷᠢᠬᠤ ᠬᠡᠯᠪᠡᠷᠢ ᠶᠢ ᠠᠭᠠᠵᠢᠮ ᠢᠶᠠᠷ ᠠᠵᠣ ᠠᠬᠤᠶᠢᠯᠠᠯ ᠠᠷᠠᠯᠵᠢᠶᠠᠴᠢᠨ ᠣᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠣᠷᠢᠭᠤᠯᠬᠤ ᠪᠣᠯᠭᠠᠨ ᠬᠤᠪᠢᠷᠠᠭᠤᠯᠣᠨ᠎ᠠ᠃ ᠠᠷᠠᠯᠵᠢᠶᠠᠴᠢᠨ ᠣᠷᠢᠵᠣ ᠪᠡᠯᠨ ᠲᠠᠳᠠᠬᠤ ᠠᠵᠢᠯ ᠤᠨ ᠲᠣᠮᠳᠠ ᠱᠠᠩᠨᠠᠵᠣ ᠵᠣᠷᠢᠭᠵᠢᠭᠤᠯᠬᠤ ᠵᠣᠬᠢᠴᠠᠮᠵᠢ ᠶᠢ ᠣᠯᠠᠮ ᠲᠠᠬᠦᠯᠳᠠᠷᠵᠢᠬᠦᠯᠵᠣ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠠᠷᠠᠯᠵᠢᠶᠠᠴᠢᠨ ᠤᠷᠢᠵᠤ ᠪᠡᠯᠡ ᠲᠠᠳᠠᠬᠤ ᠢᠳᠡᠪᠬᠢᠵᠢᠯ ᠢ ᠲᠠᠶᠢᠴᠢᠯᠠᠨ᠎ᠠ᠃ ᠭᠤᠷᠪᠠ ᠳᠤ᠂ ᠦᠢᠯᠡᠴᠢᠯᠡᠬᠡᠨ ᠤ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢ ᠴᠢᠬᠤᠯᠠᠴᠢᠯᠠᠨ᠎ᠠ᠃ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠬᠢᠨᠠᠨ ᠵᠦᠪᠰᠢᠶᠡᠷᠡᠬᠦᠯᠬᠦ᠂ ᠭᠠᠵᠠᠷ ᠲᠠᠳᠠᠪᠤᠷᠢᠯᠠᠬᠤ᠂  ᠨᠤᠷᠠᠭᠠᠵᠤ ᠨᠡᠬᠦᠯᠬᠡᠬᠦ᠂ ᠪᠡᠯᠡ ᠬᠤᠷᠠᠮᠳᠣᠭᠤᠯᠬᠤ ᠵᠡᠷᠭᠡ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠬᠦᠳᠡᠯᠦᠩᠬᠦᠢ ᠪᠠᠷ ᠰᠢᠢᠳᠪᠦᠷᠢᠯᠡᠨ ᠦᠭᠴᠦ ᠂ ᠠᠵᠢᠯ ᠤᠨ ᠦᠷ᠎ᠡ ᠠᠰᠢᠭ ᠪᠠ ᠦᠢᠯᠡᠴᠢᠯᠡᠬᠡᠨ ᠤ ᠶᠠᠰᠤ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠤᠬᠢ ᠰᠠᠶᠢᠨ ᠪᠡᠯᠡ ᠤᠷᠤᠭᠤᠯᠤᠯᠳᠠ ᠶᠢᠨ ᠣᠷᠴᠢᠨ ᠢ ᠪᠦᠷᠢᠯᠳᠦᠬᠦᠯᠵᠦ᠂ ᠨᠡᠩ ᠤᠯᠠᠨ ᠠᠵᠤ ᠠᠬᠤᠶᠢᠯᠠᠯ ᠪᠠ ᠲᠦᠷᠦᠯ ᠵᠦᠢᠯ ᠢ ᠤᠷᠢᠨ ᠠᠪᠴᠢᠷᠠᠨ᠎ᠠ᠃  ᠲᠦᠷᠪᠠ ᠳᠤ᠂ ᠲᠦᠷᠦᠯ ᠵᠦᠢᠯ ᠤᠨ ᠬᠡᠷᠡᠭᠵᠢᠬᠦᠯᠣᠯᠳᠠ ᠪᠠ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠨᠡᠬᠦᠷᠠᠰᠣ᠂ ᠬᠢᠮᠢ ᠶᠢᠨ ᠠᠵᠣ ᠦᠢᠯᠡᠳᠪᠣᠷᠢ᠂ ᠰᠠᠯᠬᠢᠨ ᠴᠠᠬᠢᠯᠭᠠᠨ᠂ ᠲᠡᠮᠦᠷᠯᠢᠭ  ᠤᠨ ᠠᠭᠤᠷᠬᠠᠢ᠂ ᠪᠠᠷᠢᠯᠭ᠎ᠠ ᠶᠢᠨ ᠮᠠᠲ᠋ᠧᠷᠢᠶᠠᠯ ᠵᠡᠷᠬᠡ ᠭᠤᠣᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠬᠦᠯᠣᠯᠳᠠ ᠶᠢ ᠴᠢᠩᠭ᠎ᠠ ᠠᠳᠬᠤᠨ᠂ ᠲᠦᠷᠦᠯ ᠵᠦᠢᠯ ᠢ ᠬᠡᠷᠡᠭᠵᠢᠬᠦᠯᠬᠦ ᠵᠣᠬᠢᠴᠠᠮᠵᠢ ᠶᠢ ᠪᠦᠷᠢᠨᠰᠢᠬᠦᠯᠦᠨ᠂ ᠡᠬᠦᠷᠬᠡ᠂ ᠬᠠᠷᠠᠯᠳᠠ᠂ ᠬᠤᠭᠤᠴᠠᠭ᠎ᠠ᠂ ᠬᠠᠷᠢᠭᠤᠴᠠᠬᠤ ᠬᠦᠮᠦᠨ ᠵᠡᠷᠬᠡ ︽ᠲᠦᠷᠪᠡ ᠶᠢ ᠲᠣᠳᠣᠳᠬᠠᠵᠣ︾᠂ ᠱᠠᠳᠣ ᠲᠠᠷᠠᠭᠠᠯᠠᠨ ᠨᠠᠶᠢᠳᠠᠪᠣᠷᠢᠵᠢᠭᠤᠯᠵᠣ᠂ ᠲᠦᠷᠦᠯ ᠵᠦᠢᠯ ᠤᠨ ᠠᠰᠢᠭᠯᠠᠯᠳᠠ ᠳᠤ ᠣᠷᠣᠬᠤ ᠠᠬᠢᠴᠨ ᠶᠢ ᠲᠦᠷᠬᠡᠳᠬᠡᠨ᠎ᠠ᠃⒋ ᠭᠠᠵᠠᠷ ᠰᠢᠨᠵᠢᠯᠡᠬᠡᠨ ᠤ ᠬᠠᠶᠢᠨ ᠪᠠᠶᠢᠴᠠᠭᠠᠯᠳᠠ ᠶᠢᠨ ᠡᠷᠴᠢᠮ ᠢ ᠦᠷᠬᠦᠯᠵᠢᠯᠠᠨ ᠴᠢᠩᠭᠠᠳᠬᠠᠨ᠎ᠠ᠃ ᠪᠢᠳᠠ ᠡᠬᠢ ᠪᠠᠶᠠᠯᠢᠭ ᠤᠨ ᠬᠠᠶᠢᠨ ᠪᠠᠶᠢᠴᠠᠭᠠᠯᠳᠠ ᠶᠢ ᠠᠵᠣ ᠠᠬᠤᠢ ᠶᠢᠨ ᠦᠷ᠎ᠠ ᠠᠰᠢᠭ ᠪᠣᠯᠭᠠᠨ ᠬᠤᠪᠢᠷᠠᠭᠤᠯᠬᠤ ᠪᠠᠷ ᠰᠢᠪᠳᠣᠯᠣᠯᠳᠠ  ᠪᠣᠯᠭᠠᠨ᠂ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠯᠠᠨ᠂ ᠡᠨᠡᠬᠦ ᠠᠵᠢᠯ ᠢ ᠦᠷᠬᠡᠨ ᠬᠦᠨᠵᠡᠬᠡᠢ ᠮᠦᠷᠳᠡᠬᠡᠨ ᠨᠠᠷᠢᠯᠢᠭ ᠰᠠᠶᠢᠳᠤᠷ ᠬᠢᠵᠤ᠂ ᠮᠠᠨ ᠤ ᠬᠤᠰᠢᠭᠤᠨ ᠤ ᠠᠭᠤᠷᠬᠠᠢ ᠶᠢᠨ ᠪᠣᠯᠠᠭᠳᠠᠴᠨ ᠶᠢᠨ ᠪᠠᠶᠢᠳᠠᠯ ᠢᠶᠠᠨ ᠲᠠᠷᠣᠢ ᠲᠦᠷᠬᠡᠨ ᠡᠵᠡᠮᠰᠢᠵᠣ᠂ ᠡᠬᠢ ᠪᠠᠶᠠᠯᠢᠭ ᠤᠨ ᠨᠡᠬᠡᠬᠡᠨ ᠠᠰᠢᠭᠯᠠᠯᠳᠠ ᠪᠠᠨ ᠲᠦᠷᠬᠡᠳᠬᠡᠬᠦ ᠳᠤ ᠰᠠᠭᠤᠷᠢ ᠲᠠᠯᠪᠢᠨ᠎ᠠ᠃  ᠮᠠᠨ ᠤ ᠬᠤᠰᠢᠭᠤ ᠨᠢ ᠤᠯᠤᠰ ᠤᠨ ᠭᠤᠣᠯᠳᠠᠯᠭ᠎ᠠ ᠲᠠᠢ ᠲᠠᠮᠦᠷᠯᠢᠭ ᠤᠨ ᠠᠭᠤᠷᠬᠠᠢ ᠪᠦᠷᠢᠯᠳᠦᠭᠰᠡᠨ ᠪᠦᠰᠨ ᠶᠢ ᠬᠠᠶᠢᠨ  ᠪᠠᠶᠢᠴᠠᠭᠠᠬᠤ ᠲᠤᠭᠤᠷᠢᠭ ᠲᠤ ᠪᠠᠭᠳᠠᠵᠤ ᠪᠠᠶᠢᠬᠤ ᠲᠣᠬᠢᠶᠠᠯ ᠢ ᠵᠡᠪᠳᠣᠨ᠂ ᠡᠯ᠎ᠠ ᠡᠳᠡᠬᠡᠳ ᠤᠨ ᠪᠡᠯᠨ ᠣᠷᠣᠭᠤᠯᠣᠯᠳᠠ ᠶᠢ ᠲᠠᠳᠠᠨ ᠠᠪᠴᠢᠷᠠᠵᠣ ᠬᠠᠶᠢᠨ ᠰᠢᠨᠵᠢᠯᠡᠯᠳᠠ ᠳᠤ ᠬᠡᠷᠡᠭᠯᠡᠨ᠂ ᠨᠢᠬᠡᠨᠳᠠ ᠢᠯᠡᠷᠡᠬᠦᠯᠦᠭᠰᠡᠨ ᠠᠭᠤᠷᠬᠠᠢ ᠶᠢᠨ ᠬᠠᠳᠠᠭᠠᠯᠠᠭᠳᠠᠴᠨ ᠶᠢ ᠲᠠᠰ ᠲᠠᠪᠰᠢᠬᠦᠯᠬᠦ ᠪᠠ ᠰᠢᠨ᠎ᠠ ᠪᠠᠷ ᠢᠯᠡᠷᠡᠬᠦᠯᠦᠭᠰᠡᠨ ᠠᠭᠤᠷᠬᠠᠢ ᠶᠢᠨ ᠪᠣᠯᠠᠭᠳᠠᠴᠨ ᠶᠢᠨ ᠬᠠᠳᠠᠭᠠᠯᠠᠭᠳᠠᠴᠨ ᠶᠢᠨ ᠬᠡᠮᠵᠢᠶ᠎ᠠ ᠣᠶᠢᠯᠠᠭᠠᠬᠤ ᠳᠤ ᠰᠢᠨ᠎ᠠ ᠰᠢᠪᠳᠣᠯᠣᠯᠳᠠ ᠲᠠᠢ ᠪᠣᠯᠵᠣ᠂ ᠠᠵᠣ ᠦᠢᠯᠡᠳᠪᠣᠷᠢ ᠶᠢᠨ ᠠᠵᠣ ᠠᠬᠤᠢ ᠶᠢᠨ ᠬᠦᠭᠵᠢᠯᠳᠠ ᠳᠤ ᠨᠦᠬᠡᠴᠨ ᠬᠦᠴᠦᠨ ᠬᠠᠩᠭᠠᠨ᠎ᠠ᠃ ︵ᠭᠤᠷᠪᠠ︶ ᠭᠤᠷᠪᠠᠳᠣᠭᠠᠷ ᠠᠵᠣ ᠦᠢᠯᠡᠰ ᠤᠨ ᠬᠦᠭᠵᠢᠯᠳᠠ ᠶᠢᠨ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠂ ᠨᠡᠶᠢᠳᠡ ᠶᠢᠨ ᠦᠮᠴᠢᠯᠡᠯᠳᠤ ᠪᠤᠰᠤ ᠠᠵᠤ ᠠᠬᠤᠢ ᠶᠢ ᠶᠡᠬᠡᠪᠡᠷ ᠬᠦᠭᠵᠢᠬᠦᠯᠦᠨ᠎ᠡ   ⒈ ᠪᠦᠳᠦᠴᠨ ᠶᠢ ᠰᠢᠯᠢᠳᠡᠭᠵᠢᠬᠦᠯᠬᠦ ᠪᠠᠷ ᠭᠤᠣᠯᠳᠠᠯᠭ᠎ᠠ ᠪᠣᠯᠭᠠᠨ᠂ ᠭᠤᠷᠪᠠᠳᠣᠭᠠᠷ ᠠᠵᠣ ᠦᠢᠯᠡᠰ ᠤᠨ ᠪᠦᠬᠦᠯᠢ ᠴᠣᠭᠴᠨ ᠶᠢᠨ ᠬᠦᠭᠵᠢᠯᠳᠠ ᠶᠢᠨ ᠲᠦᠪᠰᠢᠨ ᠢ ᠲᠡᠬᠡᠭᠰᠢᠯᠡᠬᠦᠯᠦᠨ᠎ᠠ᠃ ᠦᠪᠡᠷᠳᠡᠬᠡᠨ ᠵᠠᠰᠠᠬᠤ ᠣᠷᠣᠨ ᠤ ᠭᠤᠷᠪᠠᠳᠣᠭᠠᠷ ᠠᠵᠣ ᠦᠢᠯᠡᠰ ᠢ ᠬᠦᠭᠵᠢᠬᠦᠯᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠦᠷᠬᠦᠯᠵᠢᠯᠠᠨ ᠬᠢᠨᠠᠮᠠᠭᠠᠢ ᠨᠠᠶᠢᠳᠠᠪᠣᠷᠢᠵᠢᠭᠤᠯᠵᠣ᠂ ᠠᠵᠣ ᠦᠢᠯᠡᠳᠪᠣᠷᠢᠵᠢᠯᠳᠠ᠂ ᠬᠤᠳᠠ ᠪᠠᠯᠭᠠᠰᠣᠵᠢᠯᠳᠠ᠂ ᠮᠠᠯ ᠠᠵᠣ ᠠᠬᠤᠢ ᠶᠢᠨ ᠠᠵᠣ ᠦᠢᠯᠡᠰᠵᠢᠯᠳᠠ ᠶᠢᠨ ᠠᠬᠢᠴᠨ ᠳᠤ ᠲᠦᠰᠢᠭᠯᠡᠨ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ ᠃ ᠨᠢᠬᠡ ᠳᠤ᠂ ᠣᠯᠠᠮᠵᠢᠯᠠᠯᠳᠣ ᠦᠢᠯᠡᠴᠢᠯᠡᠬᠡᠨ ᠤ ᠦᠢᠯᠡᠰ ᠢ ᠪᠠᠬᠢᠵᠢᠬᠦᠯᠦᠭᠰᠡᠨ ᠰᠠᠭᠤᠷᠢᠨ ᠲᠡᠬᠡᠷ᠎ᠠ᠂ ᠲᠣᠮᠣ ᠲᠦᠷᠦᠯ ᠵᠦᠢᠯ ᠢ ᠬᠡᠷᠡᠭᠵᠢᠬᠦᠯᠵᠣ᠂ ᠠᠵᠣ ᠦᠢᠯᠡᠳᠪᠣᠷᠢ ᠶᠢᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠲᠠᠢ ᠣᠶᠠᠯᠳᠣᠭᠤᠯᠣᠨ᠂ ᠠᠴᠢᠶ᠎ᠠ ᠲᠡᠬᠡᠬᠡᠪᠣᠷᠢ᠂ ᠬᠦᠮᠦᠷᠬᠡᠯᠡᠵᠣ ᠬᠠᠳᠠᠭᠠᠯᠠᠬᠤ᠂ ᠲᠦᠪᠯᠡᠷᠡᠬᠦᠯᠵᠣ ᠲᠦᠬᠡᠬᠡᠬᠦ᠂ ᠪᠠᠷᠠᠭ᠎ᠠ ᠲᠣᠬᠢᠷᠠᠭᠤᠯᠵᠣ ᠬᠦᠷᠬᠡᠬᠦ᠂ ᠮᠡᠳᠡᠭᠡ ᠵᠠᠩᠬᠢ ᠬᠠᠩᠭᠠᠬᠤ ᠵᠡᠷᠬᠡ ᠤᠳᠤᠬᠢᠴᠢᠯᠠᠭᠰᠠᠨ ᠪᠣᠳᠠᠰ ᠤᠨ ᠬᠦᠢᠯᠬᠡᠬᠡᠨ ᠤ ᠦᠢᠯᠡᠰ ᠢ ᠬᠦᠭᠵᠢᠬᠦᠯᠦᠨ᠎ᠠ᠃ ᠬᠤᠶᠠᠷ ᠲᠤ᠂ ᠦᠨᠳᠣᠰᠣᠳᠠᠨ ᠤ ᠣᠨᠴᠠᠯᠢᠭᠳᠣ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠎ᠠ᠃ ︽ᠨᠡᠶᠢᠬᠡᠮ ᠰᠣᠶᠣᠯ᠂ ᠲᠠᠯ᠎ᠠ ᠨᠣᠳᠤᠭ᠂ ᠡᠯᠡᠰᠣ ᠮᠠᠩᠬ᠎ᠠ᠂ ᠦᠨᠳᠣᠰᠣᠳᠠᠨ ᠤ ᠵᠠᠩ ᠵᠠᠩᠰᠢᠯ︾  ᠢᠶᠠᠷ ᠭᠤᠤᠯᠯᠠᠨ᠂ ᠮᠠᠨ ᠤ ᠬᠤᠰᠢᠭᠤᠨ ᠤ ᠡᠯᠪᠡᠭ ᠪᠠᠶᠠᠯᠢᠭ ᠨᠡᠶᠢᠬᠡᠮ ᠰᠣᠶᠣᠯ ᠪᠠ ᠪᠠᠶᠢᠭᠠᠯᠢ ᠶᠢᠨ ᠡᠬᠢ ᠪᠠᠶᠠᠯᠢᠭ ᠢ ᠰᠠᠶᠢᠳᠣᠷ ᠠᠰᠢᠭᠯᠠᠨ᠂ ᠬᠤᠩᠭᠤᠷ ᠲᠠᠯ᠎ᠠ ᠨᠣᠳᠤᠭ ᠤᠨ ᠰᠠᠯᠠᠬᠦᠴᠠᠯ ᠵᠤᠭᠠᠴᠠᠯ᠂ ᠴᠢᠩᠬᠢᠰ ᠪᠣᠭᠳᠠ ᠠᠭᠤᠯᠨ ᠶᠢᠨ ᠲᠠᠬᠢᠯᠭ᠎ᠠ ᠶᠢᠨ ᠰᠣᠶᠣᠯ ᠵᠡᠷᠬᠡ ᠵᠤᠭᠠᠴᠠᠯ ᠤᠨ ᠦᠵᠡᠮᠵᠢ ᠶᠢᠨ ᠲᠣᠭᠤᠷᠢᠭ ᠪᠠ ︽ᠮᠠᠯᠴᠢᠨ ᠠᠶᠢᠯ︾ ᠠᠷᠠᠳ ᠤᠨ ᠵᠠᠩ ᠵᠠᠩᠰᠢᠯ ᠤᠨ ᠵᠤᠭᠠᠴᠠᠯ ᠤᠨ ᠴᠢᠭ ᠤᠨ ᠪᠦᠳᠦᠬᠡᠨ ᠪᠠᠶᠢᠭᠤᠯᠣᠯᠳᠠ ᠶᠢ ᠬᠦᠴᠦᠳᠡᠢ ᠠᠳᠬᠤᠵᠣ᠂ ᠰᠣᠳᠣᠨ ᠵᠢᠭᠤᠯᠴᠢᠯᠠᠯ ᠤᠨ ᠱᠣᠭᠤᠮ ᠪᠠ ᠨᠠᠷᠠᠳᠣ ᠲᠠᠮᠳᠡᠭ ᠢ ᠡᠬᠦᠳᠬᠦ ᠶᠢᠨ ᠬᠠᠮᠳᠣ᠂ ᠦᠵᠡᠮᠵᠢ ᠶᠢᠨ ᠲᠣᠭᠤᠷᠢᠭ ᠪᠠ ᠴᠢᠭ  ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠳᠣᠷ ᠬᠠᠮᠠᠭᠠᠯᠠᠨ᠎ᠠ᠃ ᠭᠤᠷᠪᠠ ᠳᠤ᠂ ᠴᠣᠭᠯᠠᠭ᠎ᠠ ᠮᠠᠶᠢᠮᠠᠢ ᠶᠢᠨ ᠵᠠᠬ᠎ᠠ ᠲᠡᠯᠬᠡᠬᠦᠷ ᠤᠨ ᠰᠠᠭᠤᠷᠢ ᠲᠦᠬᠦᠬᠡᠷᠦᠮᠵᠢ ᠶᠢᠨ ᠨᠦᠬᠦᠴᠡᠯ ᠢ ᠪᠦᠷᠢᠨᠰᠢᠬᠦᠯᠵᠣ᠂ ᠶᠠᠷᠣᠩᠬᠡᠶᠢᠯᠡᠭᠰᠡᠨ ᠴᠢᠯᠣᠬᠡᠳᠣ ᠵᠠᠬ᠎ᠠ ᠪᠣᠶᠣ ᠬᠤᠳᠠᠯᠳᠣᠭᠠᠨ ᠤ ᠲᠦᠪ ᠢ ᠲᠠᠳᠠᠨ ᠣᠷᠣᠭᠤᠯᠵᠣ᠂ ︽ᠲᠦᠮᠡᠨ ᠲᠣᠰᠬᠤᠨ ᠮᠢᠩᠭᠠᠨ  ᠰᠢᠶᠠᠩ︾ ᠤᠨ ᠵᠠᠬ᠎ᠠ ᠲᠡᠯᠬᠡᠬᠦᠷ ᠤᠨ ᠢᠨᠵᠧᠨᠧᠷᠢᠩ ᠢ ᠰᠠᠶᠢᠳᠣᠷ ᠬᠡᠷᠡᠭᠵᠢᠬᠦᠯᠦᠨ᠂ ᠠᠷᠠᠯᠵᠢᠶ᠎ᠠ ᠬᠤᠳᠠᠯᠳᠤᠭ᠎ᠠ ᠶᠢ ᠣᠯᠠᠮ ᠬᠦᠭᠵᠢᠬᠦᠯᠣᠨ᠎ᠠ᠃ ⒉ ᠨᠠᠶᠢᠳᠠ ᠶᠢᠨ ᠦᠮᠴᠢᠯᠠᠯᠳᠣ ᠪᠣᠰᠣ ᠠᠵᠣ ᠠᠬᠤᠢ ᠶᠢ ᠣᠷᠮᠠᠰᠢᠭᠤᠯᠣᠨ ᠬᠦᠭᠵᠢᠬᠦᠯᠦᠨ᠎ᠡ᠃ ᠨᠠᠶᠢᠳᠠ ᠶᠢᠨ ᠦᠮᠴᠢᠯᠠᠯᠳᠣ ᠪᠣᠰᠣ ᠠᠵᠣ ᠠᠬᠤᠢ ᠪᠣᠯ ᠮᠠᠨ ᠤ ᠬᠤᠰᠢᠭᠤᠨ ᠤ ᠠᠵᠣ ᠠᠬᠤᠢ ᠶᠢᠨ ᠬᠦᠭᠵᠢᠯᠳᠠ ᠶᠢ ᠠᠬᠢᠭᠤᠯᠵᠣ᠂ ᠠᠵᠢᠯ ᠣᠯᠭᠤᠯᠳᠠ ᠶᠢ ᠨᠡᠮᠡᠭᠳᠡᠬᠦᠯᠬᠦ ᠴᠢᠬᠤᠯᠨ ᠬᠦᠴᠦᠨ ᠮᠦᠨ᠃ ᠡᠶᠢᠮᠣ ᠠᠴᠠ ᠪᠢᠳᠠ ᠨᠠᠶᠢᠳᠠ ᠶᠢᠨ ᠦᠮᠴᠢᠯᠠᠯᠳᠣ ᠪᠣᠰᠣ ᠠᠵᠣ ᠠᠬᠤᠢ ᠶᠢᠨ ᠬᠦᠭᠵᠢᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠨᠢᠬᠡ ᠳᠤ᠂ ᠣᠯᠣᠰ᠂ ᠣᠷᠣᠨ ᠪᠠ ᠬᠤᠰᠢᠭᠤ ᠠᠴᠠ ᠲᠣᠭᠳᠠᠭᠠᠭᠰᠠᠨ ᠨᠠᠶᠢᠳᠠ ᠶᠢᠨ ᠦᠮᠴᠢᠯᠠᠯᠳᠣ ᠪᠣᠰᠣ ᠠᠵᠣ ᠠᠬᠤᠢ ᠶᠢ ᠬᠦᠭᠵᠢᠬᠦᠯᠬᠦ ᠬᠠᠮᠢᠶ᠎ᠠ ᠪᠦᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠪᠣᠳᠠᠳᠠᠢ ᠨᠠᠶᠢᠳᠠᠪᠣᠷᠢᠵᠢᠭᠤᠯᠵᠣ᠂ ᠦᠢᠯᠡᠰ ᠪᠦᠳᠦᠬᠡᠬᠦ ᠬᠢᠵᠠᠭᠠᠷᠯᠠᠯ ᠢ ᠪᠠᠭᠠᠰᠬᠠᠨ᠂ ᠪᠦᠬᠦ ᠠᠷᠠᠳ ᠢᠶᠠᠷ ᠢᠶᠠᠨ ᠦᠢᠯᠡᠰ ᠪᠦᠳᠦᠬᠡᠬᠦ ᠦᠷᠨᠢᠯᠳᠠ ᠶᠢ ᠡᠬᠦᠳᠬᠦ ᠪᠠᠷ ᠴᠢᠷᠮᠠᠶᠢᠨ᠂ ᠨᠡᠩ ᠣᠯᠠᠨ ᠨᠠᠶᠢᠳᠠ ᠶᠢᠨ ᠦᠮᠴᠢᠯᠠᠯᠳᠣ ᠪᠣᠰᠣ ᠠᠵᠣ ᠠᠬᠤᠶᠢᠯᠠᠯ ᠢ ᠮᠠᠨ ᠤ ᠬᠤᠰᠢᠭᠤᠨ ᠳᠤ ᠤᠷᠢᠨ ᠠᠪᠴᠢᠷᠠᠨ᠎ᠠ᠃ ᠬᠤᠶᠠᠷ ᠲᠤ᠂ ᠲᠣᠰ ᠭᠠᠵᠠᠷ ᠣᠷᠣᠨ ᠳᠠᠬᠢ ᠠᠷᠠᠳ ᠠᠴᠠ ᠡᠵᠡᠩᠨᠡᠭᠰᠡᠨ ᠦᠷ᠎ᠠ ᠠᠰᠢᠭ ᠪᠠ ᠬᠦᠭᠵᠢᠯᠳᠠ ᠶᠢᠨ ᠬᠠᠨᠳᠣᠰᠢ ᠰᠠᠶᠢᠳᠠᠢ ᠠᠵᠣ ᠠᠬᠤᠶᠢᠯᠠᠯ ᠢ ᠶᠡᠬᠡᠪᠡᠷ ᠲᠠᠮᠵᠢᠨ᠂ ᠲᠠᠳᠠᠨ ᠢ ᠦᠳᠳᠣᠷ ᠲᠦᠷᠬᠡᠨ ᠬᠦᠭᠵᠢᠬᠦᠯᠦᠨ ᠪᠣᠵᠠᠭᠠᠶᠢᠷᠠᠭᠤᠯᠣᠨ᠎ᠠ᠃︵ᠲᠦᠷᠪᠠ︶ ᠬᠤᠳᠠ ᠬᠦᠳᠡᠭᠡ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠨ᠂ ᠠᠵᠣ ᠠᠬᠤᠢ ᠨᠡᠶᠢᠬᠡᠮ ᠤᠨ ᠦᠷᠬᠦᠯᠵᠢᠯᠠᠨ ᠬᠦᠭᠵᠢᠬᠦ ᠶᠢ ᠠᠬᠢᠭᠤᠯᠣᠨ᠎ᠠ ⒈ ᠬᠤᠳᠠ ᠪᠠᠯᠭᠠᠰᠣᠵᠢᠯᠳᠠ ᠶᠢ ᠬᠦᠴᠦᠳᠠᠢ ᠲᠦᠯᠬᠢᠨ ᠠᠬᠢᠭᠤᠯᠵᠣ᠂ ᠬᠤᠳᠠ ᠪᠠᠯᠭᠠᠰᠣᠨ ᠤ ᠲᠦᠪᠯᠡᠷᠡᠬᠦᠯᠬᠦ ᠴᠢᠳᠠᠪᠬᠢ ᠶᠢ ᠴᠢᠩᠭᠠᠳᠬᠠᠨ᠎ᠠ᠃ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠪᠠᠷ ᠭᠤᠣᠯᠳᠠᠯᠭ᠎ᠠ ᠪᠣᠯᠭᠠᠨ ᠪᠣᠯᠪᠠᠰᠣᠨ ᠤ ᠪᠠᠶᠢᠭᠤᠯᠣᠯᠳᠠ ᠪᠠᠷ ᠲᠣᠯᠭᠠᠭᠤᠷᠢᠯᠠᠵᠣ᠂ ᠪᠠᠯᠬᠦᠳᠠᠢ ᠪᠠᠯᠭᠠᠰᠣᠨ ᠤ  ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠦ᠂ ᠪᠠᠯᠭᠠᠰᠣᠨ ᠤ  ᠲᠦᠷᠢ ᠲᠦᠷᠬᠦ ᠪᠠ ᠣᠯᠠᠨ ᠨᠠᠶᠢᠳᠠ ᠶᠢᠨ ᠲᠦᠬᠦᠬᠡᠷᠦᠮᠵᠢ ᠶᠢ ᠲᠠᠪᠣᠨ ᠵᠢᠯ ᠤᠨ ᠲᠣᠳᠣᠷ᠎ᠠ ᠶᠡᠬᠡᠬᠡᠨ ᠬᠤᠪᠢᠷᠠᠯᠳᠠ ᠲᠠᠢ ᠪᠣᠯᠭᠠᠨ᠂ ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠨᠢᠬᠡ ᠳᠤ ᠂ ᠬᠤᠳᠠ ᠪᠠᠯᠭᠠᠰᠣᠨ ᠤ ᠲᠦᠯᠦᠪᠵᠢᠬᠦᠯᠬᠡ  ᠶᠢ ᠲᠡᠬᠡᠳᠣ ᠬᠡᠮᠵᠢᠶ᠎ᠠ ᠪᠠᠷ ᠬᠦᠨᠳᠣᠳᠬᠡᠨ ᠦᠵᠡᠵᠣ᠂ ᠨᠠᠷᠢᠨ ᠲᠦᠯᠦᠪᠵᠢᠬᠦᠯᠬᠡ ᠶᠢ ᠨᠠᠶᠢᠷᠠᠭᠤᠯᠤᠨ ᠪᠦᠷᠢᠨᠰᠢᠬᠦᠯᠦᠨ᠎ᠡ᠃ ᠬᠤᠳᠠ ᠪᠠᠯᠭᠠᠰᠣᠨ ᠤ ᠲᠦᠯᠦᠪᠵᠢᠬᠦᠯᠬᠡ ᠶᠢ ᠠᠵᠣ ᠦᠢᠯᠡᠰ ᠤᠨ ᠲᠦᠯᠦᠪᠵᠢᠬᠦᠯᠬᠡ᠂ ᠠᠵᠢᠯ ᠣᠯᠭᠤᠯᠳᠠ ᠶᠢᠨ ᠲᠦᠯᠦᠪᠵᠢᠬᠦᠯᠬᠡ ᠪᠠ ᠬᠦᠮᠦᠨ ᠠᠮᠨ ᠶᠢ ᠨᠡᠬᠦᠯᠬᠡᠨ ᠰᠢᠯᠵᠢᠬᠦᠯᠬᠦ ᠲᠦᠯᠦᠪᠵᠢᠬᠦᠯᠬᠡ ᠲᠠᠢ ᠣᠶᠠᠯᠳᠣᠭᠤᠯᠣᠨ᠂ ᠴᠢᠨᠠᠷᠵᠢᠭᠤᠨ ᠲᠦᠯᠦᠪᠵᠢᠬᠦᠯᠬᠦ ᠪᠠᠷ ᠲᠠᠮᠵᠢᠨ ᠦᠨᠳᠣᠷ ᠪᠠᠷᠢᠮᠵᠢᠶᠠᠳᠣ ᠬᠤᠳᠠ ᠪᠠᠯᠭᠠᠰᠣ ᠶᠢ ᠪᠦᠳᠦᠬᠡᠨ ᠪᠠᠶᠢᠭᠤᠯᠣᠨ᠎ᠠ᠃ ᠬᠤᠶᠠᠷ ᠲᠤ᠂ ᠣᠯᠠᠨ ᠲᠠᠯ᠎ᠠ ᠪᠠᠷ ᠪᠡᠯᠨ ᠬᠤᠷᠠᠮᠳᠣᠭᠤᠯᠵᠣ᠂ ᠬᠤᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢᠨ ᠪᠡᠯᠨ ᠣᠷᠣᠭᠤᠯᠣᠯᠳᠠ ᠶᠢ ᠨᠡᠮᠡᠭᠳᠡᠬᠦᠯᠦᠨ᠂ ᠵᠠᠮ ᠰᠦᠯᠵᠢᠶ᠎ᠠ᠂ ᠲᠣᠣᠷ ᠬᠤᠭᠤᠯᠠᠢ ᠪᠠ ᠬᠤᠳᠠ ᠪᠠᠯᠭᠠᠰᠣᠨ ᠤ ᠨᠣᠭᠤᠭᠠᠷᠠᠭᠤᠯᠣᠯᠳᠠ᠂ ᠭᠤᠸᠠᠵᠢᠭᠤᠯᠣᠯᠳᠠ᠂ ᠬᠡᠬᠡᠵᠢᠬᠦᠯᠣᠯᠳᠠ᠂ ᠬᠠᠳᠠᠭᠤᠵᠢᠭᠤᠯᠣᠯᠳᠠ ᠶᠢ ᠦᠷᠬᠦᠯᠵᠢᠯᠠᠨ ᠴᠢᠩᠭᠠᠳᠬᠠᠵᠣ᠂ ᠲᠠᠪᠣᠨ ᠵᠢᠯ ᠤᠨ ᠲᠣᠳᠣᠷ᠎ᠠ ᠵᠡᠬᠡᠯᠢ ᠭᠤᠳᠣᠮᠵᠢ ᠤᠳ ᠢ ᠦᠨᠳᠦᠰᠦᠨ ᠳᠡᠭᠡᠨ ᠬᠠᠳᠠᠭᠤᠵᠢᠭᠤᠯᠣᠨ᠂ ᠪᠣᠬᠢᠷ ᠣᠰᠣ ᠶᠢ ᠰᠢᠢᠳᠪᠣᠷᠢᠯᠡᠬᠦ ᠰᠢᠰᠲ᠋ᠧᠮ ᠪᠠ ᠬᠤᠭ ᠯᠣᠪᠰᠢ ᠶᠢ ᠰᠢᠢᠳᠪᠣᠷᠢᠯᠡᠬᠦ ᠲᠠᠯᠠᠪᠣᠷ ᠢ ᠪᠠᠶᠢᠭᠤᠯᠤᠨ᠎ᠠ᠃  ᠭᠤᠷᠪᠠ ᠳᠤ ᠂ ᠬᠠᠭᠤᠴᠢᠨ ᠬᠤᠳᠠ ᠲᠣᠭᠤᠷᠢᠭ ᠢ ᠰᠢᠨᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠣ᠂ ︽ᠪᠠᠶᠢᠰᠢᠩ ᠬᠡᠷ ᠢ ᠠᠰᠠᠷ ᠪᠣᠯᠭᠠᠬᠤ︾ ᠢᠨᠵᠧᠨᠧᠷᠢᠩ ᠢ  ᠬᠡᠷᠡᠭᠵᠢᠬᠦᠯᠦᠨ᠂ ᠴᠢᠳᠠᠪᠬᠢ ᠪᠦᠷᠢᠨ ᠦᠪᠡᠷᠮᠢᠴᠡ ᠤᠨᠴᠠᠯᠢᠭ ᠲᠠᠢ ᠰᠠᠭᠤᠭᠠᠯᠢ ᠲᠤᠭᠤᠷᠢᠭ ᠢ ᠪᠠᠶᠢᠭᠤᠯᠵᠤ᠂ ᠬᠢᠮᠳᠠ ᠤᠷᠤᠨ ᠰᠠᠭᠤᠴᠠ ᠪᠠ ᠬᠢᠮᠳᠠ ᠲᠦᠷᠢᠶᠡᠰᠦᠨ ᠬᠡᠷ ᠤᠨ ᠪᠠᠶᠢᠭᠤᠯᠤᠯᠳᠠ ᠶᠢ ᠰᠠᠶᠢᠳᠤᠷ ᠠᠳᠬᠤᠬᠤ ᠶᠢᠨ ᠬᠠᠮᠳᠤ᠂ 101 ᠮᠣᠵᠢ ᠶᠢᠨ ᠲᠡᠰ ᠤᠨ ᠵᠠᠮ ᠲᠠᠭᠠᠣ ᠳᠠᠬᠢ ᠭᠠᠵᠠᠷ ᠰᠢᠷᠣᠢ ᠶᠢ ᠨᠡᠬᠡᠬᠡᠨ ᠠᠰᠢᠭᠯᠠᠨ᠎ᠠ᠃ ᠲᠦᠷᠪᠠ  ᠳᠤ᠂ ᠬᠤᠳᠠ ᠪᠠᠯᠭᠠᠰᠣᠨ ᠤ ᠦᠵᠡᠮᠵᠢ᠂ ᠰᠣᠶᠣᠯ ᠤᠨ ᠦᠵᠡᠮᠵᠢ ᠶᠢᠨ ᠪᠠᠶᠢᠭᠤᠯᠣᠯᠳᠠ ᠶᠢ ᠴᠢᠩᠭᠠᠳᠬᠠᠨ᠂ ᠦᠪᠡᠷᠮᠢᠴᠨ ᠣᠨᠴᠠᠯᠢᠭᠳᠣ ᠬᠤᠳᠠ ᠪᠠᠯᠭᠠᠰᠣᠨ ᠤ ᠬᠡᠪ ᠲᠦᠷᠬᠦ ᠪᠠ ᠰᠣᠶᠣᠯ ᠢ ᠡᠬᠦᠳᠣᠨ᠎ᠠ᠃ ᠲᠠᠪᠤ ᠳᠤ ᠂ ᠬᠤᠳᠠ ᠪᠠᠯᠭᠠᠰᠣ ᠶᠢ ᠡᠵᠡᠩᠨᠡᠨ ᠬᠠᠮᠢᠶᠠᠷᠬᠤ ᠣᠬᠠᠮᠰᠠᠷ ᠢ ᠲᠠᠰᠣᠷᠠᠯᠳᠠ ᠦᠬᠡᠢ ᠰᠢᠨᠡᠳᠬᠡᠨ᠂ ᠭᠠᠵᠠᠷ ᠰᠢᠷᠣᠢ ᠶᠢ ᠬᠤᠷᠢᠶᠠᠨ ᠨᠦᠬᠡᠴᠡᠯᠡᠬᠦ ᠲᠦᠷᠢᠮ ᠢ ᠪᠦᠷᠢᠨᠰᠢᠬᠦᠯᠵᠣ᠂ ᠬᠤᠳᠠ ᠪᠠᠯᠭᠠᠰᠣᠨ ᠤ ᠭᠠᠵᠠᠷ ᠰᠢᠷᠣᠢ ᠪᠠ ᠣᠯᠠᠨ ᠨᠠᠶᠢᠳᠠ ᠶᠢᠨ ᠲᠦᠬᠦᠬᠡᠷᠦᠮᠵᠢ ᠶᠢ ᠵᠠᠬ᠎ᠠ ᠲᠡᠯᠬᠡᠬᠦᠷᠵᠢᠬᠦᠯᠦᠨ᠎ᠠ᠃ ᠵᠢᠷᠭᠤᠭ᠎ᠠ ᠳᠤ᠂ ᠬᠤᠳᠠ ᠪᠠᠯᠭᠠᠰᠣᠨ ᠤ ᠪᠠᠶᠢᠩᠭᠤ ᠬᠠᠮᠢᠶᠠᠷᠣᠯᠳᠠ ᠶᠢᠨ ᠵᠣᠬᠢᠴᠠᠮᠵᠢ ᠶᠢ ᠪᠠᠶᠢᠭᠤᠯᠵᠣ᠂ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠣᠯᠳᠠ ᠪᠠ ᠶᠠᠷᠣᠩᠬᠡᠶᠢᠯᠡᠭᠰᠡᠨ ᠴᠡᠭᠴᠡᠯᠡᠯᠳᠠ ᠶᠢ ᠴᠢᠩᠭᠠᠳᠬᠠᠨ᠂ ᠦᠢᠯᠡᠰ ᠪᠦᠳᠦᠬᠡᠬᠦ ᠪᠠ ᠣᠷᠣᠰᠢᠨ ᠲᠣᠭᠳᠠᠨᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠡᠬᠦᠳᠴᠣ᠂ ᠮᠠᠯᠴᠢᠳ ᠬᠤᠳᠠ  ᠳᠤ ᠰᠠᠭᠤᠷᠢᠰᠢᠬᠤ ᠪᠠ ᠬᠦᠮᠦᠨ ᠠᠮᠨ ᠶᠢ ᠬᠤᠳᠠ ᠪᠠᠯᠭᠠᠰᠣᠨ ᠳᠤ ᠲᠦᠪᠯᠡᠷᠡᠬᠦᠯᠬᠦ ᠶᠢ ᠠᠬᠢᠭᠤᠯᠣᠨ᠎ᠠ᠃⒉ ᠦᠨᠳᠣᠰᠣᠨ ᠨᠦᠬᠦᠴᠠᠯ ᠢ ᠲᠠᠰᠣᠷᠠᠯᠳᠠ ᠦᠬᠡᠢ ᠰᠠᠶᠢᠵᠢᠷᠠᠭᠤᠯᠣᠨ᠂ ᠬᠦᠭᠵᠢᠯᠳᠠ ᠶᠢᠨ ᠲᠣᠮᠳᠠᠬᠢ ᠬᠠᠷᠰᠢ ᠰᠠᠭᠠᠳ ᠢ ᠪᠦᠳᠦᠮᠵᠢᠳᠡᠢ ᠰᠢᠢᠳᠪᠦᠷᠢᠯᠡᠨ᠎ᠡ᠃ ᠤᠷᠢᠳᠴᠢᠯᠠᠨ ᠲᠦᠯᠦᠪᠯᠡᠵᠣ ᠦᠨᠳᠦᠷ ᠪᠠᠷᠢᠮᠵᠢᠶ᠎ᠠ ᠪᠠᠷ ᠪᠦᠳᠦᠬᠡᠨ ᠪᠠᠶᠢᠭᠤᠯᠬᠤ ᠦᠵᠡᠯᠳᠡ ᠶᠢ ᠪᠣᠢ ᠪᠣᠯᠭᠠᠨ᠂  ᠵᠠᠬ᠎ᠠ ᠲᠡᠯᠭᠡᠬᠦᠷᠵᠢᠬᠦᠯᠬᠦ ᠪᠠ ᠤᠯᠠᠨ ᠲᠠᠯ᠎ᠠ ᠪᠠᠷ ᠪᠡᠯᠨ ᠬᠤᠷᠠᠮᠳᠤᠭᠤᠯᠤᠨ᠂ ᠣᠰᠣᠨ ᠠᠰᠢᠭᠯᠠᠯᠳᠠ᠂ ᠵᠠᠮ᠂ ᠴᠠᠬᠢᠯᠭᠠᠨ᠂ ᠴᠢᠮᠡᠭᠡ ᠬᠤᠯᠪᠣᠭ᠎ᠠ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠶᠢ ᠦᠷᠬᠦᠯᠵᠢᠯᠡᠨ ᠲᠦᠷᠬᠡᠳᠬᠡᠨ᠎ᠠ᠃ ᠣᠰᠣᠨ ᠠᠰᠢᠭᠯᠠᠯᠳᠠ ᠶᠢᠨ ᠲᠠᠯ᠎ᠠ ᠪᠠᠷ᠂ ᠴᠠᠭᠠᠨᠨᠠᠭᠤᠷ ᠣᠰᠣᠨ ᠴᠦᠬᠦᠷᠦᠮ ᠤᠨ ᠲᠦᠷᠦᠯ ᠵᠦᠢᠯ ᠢ ᠭᠤᠤᠯᠳᠠᠯᠭ᠎ᠠ ᠲᠠᠢ ᠰᠠᠶᠢᠳᠤᠷ ᠬᠡᠷᠡᠭᠵᠢᠬᠦᠯᠦᠨ ᠂ ᠴᠦᠬᠦᠷᠦᠮ  ᠤᠨ ᠪᠠᠭᠳᠠᠭᠠᠮᠵᠢ ᠶᠢ 8192 ᠪᠤᠰᠤᠭ᠎ᠠ ᠲᠦᠷᠪᠡᠯᠵᠢᠨ ᠮᠧᠲᠷ ᠬᠦᠷᠭᠡᠨ᠎ᠡ᠃ ᠵᠠᠮ ᠨᠡᠪᠳᠠᠷᠠᠬᠦᠯᠬᠡ ᠶᠢᠨ ᠪᠦᠳᠦᠬᠡᠨ ᠪᠠᠶᠢᠭᠤᠯᠣᠯᠳᠠ ᠶᠢᠨ ᠲᠠᠯ᠎ᠠ ᠪᠠᠷ᠂ ᠰᠣᠮᠣ ᠪᠠᠯᠭᠠᠰᠤᠨ ᠤ ᠬᠤᠭᠤᠷᠤᠨᠳᠤ ᠪᠠ  ᠭᠤᠤᠯᠳᠠᠯᠭ᠎ᠠ ᠲᠠᠢ ᠠᠵᠣ ᠦᠢᠯᠡᠳᠪᠣᠷᠢ ᠶᠢᠨ ᠰᠠᠭᠤᠷᠢᠨ ᠭᠠᠵᠠᠷ ᠤᠨ ᠬᠤᠭᠤᠷᠣᠨᠳᠣᠬᠢ ᠴᠡᠷᠳᠠᠮᠠᠯ ᠵᠠᠮ ᠢ ᠨᠡᠪᠳᠠᠷᠠᠬᠦᠯᠵᠣ᠂ ᠭᠠᠴᠠᠭᠠᠨ ᠤ ᠲᠦᠪ ᠪᠣᠯᠭᠠᠨ ᠳᠤ ᠬᠠᠶᠢᠷ ᠴᠢᠯᠠᠭᠤᠨ ᠵᠠᠮ ᠨᠡᠪᠳᠠᠷᠠᠬᠦᠯᠦᠨ᠎ᠠ︔  ᠰᠢᠯᠢᠩᠬᠤᠳᠠ ᠠᠴᠠ ᠡᠷᠢᠶᠠᠨ ᠬᠦᠷᠬᠦ ᠲᠡᠮᠤᠷ ᠵᠠᠮ ᠤᠨ ᠪᠠᠯᠬᠦᠳᠠᠢ ᠪᠠᠯᠭᠠᠰᠣ ᠬᠢᠭᠡᠳ ᠨᠠᠷᠠᠨᠪᠣᠯᠠᠭ ᠨᠡᠬᠦᠷᠠᠰᠣᠨ ᠠᠭᠤᠷᠬᠠᠢ   ᠪᠠᠷ ᠲᠠᠭᠠᠷᠢᠬᠤ ᠱᠤᠭᠤᠮ  ᠪᠠ ᠴᠠᠭᠠᠨᠠᠠᠭᠤᠷ ᠨᠡᠬᠦᠷᠡᠰᠦᠨ ᠠᠭᠤᠷᠬᠠᠢ ᠠᠴᠠ ᠲᠠᠪᠰᠡᠭ ᠠᠭᠤᠯᠨ ᠬᠦᠷᠬᠦ ᠲᠡᠮᠤᠷ ᠵᠠᠮ ᠤᠨ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ ᠃  ᠴᠠᠬᠢᠯᠭᠠᠨ ᠱᠣᠭᠤᠮ ᠤᠨ ᠪᠦᠳᠦᠬᠡᠨ ᠪᠠᠶᠢᠭᠤᠯᠣᠯᠳᠠ ᠶᠢᠨ ᠲᠠᠯ᠎ᠠ ᠪᠠᠷ ᠰᠢᠯᠢᠩᠬᠤᠳᠠ ᠠᠴᠠ ᠬᠦᠢᠳᠠᠨᠰᠢᠯᠢ ᠬᠦᠷᠬᠦ 500 ᠺᠢᠯᠤᠸᠤᠯᠲ ᠰᠢᠯᠢᠩᠬᠤᠳᠠ ᠠᠴᠠ ᠴᠠᠭᠠᠨᠨᠠᠭᠤᠷ ᠨᠡᠬᠦᠷᠠᠰᠣᠨ ᠠᠭᠤᠷᠬᠠᠢ ᠬᠦᠷᠬᠦ 220 ᠺᠢᠯᠣᠸᠣᠯᠲ ᠪᠣᠯᠣᠨ ᠰᠢᠯᠢᠩᠬᠤᠳᠠ ᠠᠴᠠ ᠪᠡᠯᠬᠦᠳᠠᠢ ᠪᠠᠯᠭᠠᠰᠤ ᠬᠦᠷᠬᠦ 220 ᠺᠢᠯᠣᠸᠣᠯᠲ ᠤᠨ ᠴᠠᠬᠢᠯᠭᠠᠨ ᠬᠦᠴᠦᠳᠠᠯ ᠬᠤᠪᠢᠰᠬᠠᠬᠤ ᠲᠦᠷᠦᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠮᠠᠯᠵᠢᠬᠤ ᠣᠷᠣᠨ ᠤ ᠴᠠᠬᠢᠯᠭᠠᠨ ᠲᠣᠣᠷ ᠢ ᠪᠦᠷᠢᠨᠰᠢᠬᠦᠯᠬᠦ ᠢᠨᠵᠧᠨᠧᠷᠢᠩ ᠢ ᠦᠷᠬᠦᠯᠵᠢᠯᠠᠨ ᠬᠡᠷᠡᠭᠵᠢᠬᠦᠯᠦᠨ᠂ ᠴᠠᠬᠢᠯᠭᠠᠨ ᠨᠡᠪᠳᠡᠷᠡᠭᠡᠳᠦᠢ ᠭᠠᠴᠠᠭ᠎ᠠ ᠪᠠ ᠮᠠᠯᠵᠢᠬᠤ ᠡᠷᠦᠭᠡ ᠪᠤᠯᠭᠠᠨ ᠳᠤ ᠴᠠᠬᠢᠯᠭᠠᠨ ᠨᠡᠪᠳᠡᠷᠡᠬᠦᠯᠦᠨ᠎ᠡ᠃ ᠮᠠᠯᠵᠢᠬᠤ ᠣᠷᠣᠨ ᠤ ᠴᠢᠮᠡᠭᠡ ᠬᠤᠯᠪᠣᠭ᠎ᠠ ᠲᠣᠣᠷ ᠰᠦᠯᠵᠢᠶᠠᠨ ᠤ ᠪᠦᠳᠦᠬᠡᠨ ᠪᠠᠶᠢᠭᠤᠯᠣᠯᠳᠠ ᠶᠢ ᠭᠤᠣᠯᠳᠠᠯᠭ᠎ᠠ ᠲᠠᠢ ᠴᠢᠩᠭᠠᠳᠬᠠᠵᠣ᠂ ᠴᠠᠭᠠᠨᠨᠠᠭᠤᠷ ᠪᠠᠯᠭᠠᠰᠣ᠂ ᠨᠠᠷᠠᠨᠪᠣᠯᠠᠭ ᠰᠣᠮᠣ ᠪᠠ ᠵᠢᠷᠭᠠᠯᠠᠩᠳᠣ ᠰᠣᠮᠣᠨ ᠳᠤ ᠬᠡᠷᠡᠯᠯᠢᠭ ᠰᠢᠷᠬᠡᠭ ᠤᠨ  ᠬᠤᠯᠪᠤᠭ᠎ᠠ  ᠶᠢ ᠨᠡᠪᠳᠠᠷᠡᠬᠦᠯᠵᠣ᠂ ᠴᠢᠮᠡᠭᠡ ᠵᠠᠩᠬᠢᠵᠢᠯᠳᠠ ᠶᠢᠨ ᠢᠨᠵᠧᠨᠧᠷᠢᠩ ᠢ ᠪᠦᠬᠦ  ᠲᠠᠯ᠎ᠠ   ᠪᠠᠷ ᠡᠬᠢᠯᠡᠬᠦᠯᠦᠨ᠎ᠠ᠃︵ᠲᠠᠪᠤ︶ ᠨᠡᠶᠢᠬᠡᠮ ᠤᠨ ᠡᠯ᠎ᠠ ᠲᠦᠷᠦᠯ ᠤᠨ ᠠᠵᠢᠯ ᠦᠢᠯᠡᠰ ᠢ ᠵᠣᠬᠢᠴᠠᠩᠭᠤᠢ ᠬᠦᠭᠵᠢᠬᠦᠯᠵᠣ᠂ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮ ᠢ  ᠪᠦᠷᠢᠨᠰᠢᠬᠦᠯᠦᠨ᠎ᠠ ᠰᠣᠷᠭᠠᠨ ᠬᠦᠮᠦᠵᠢᠯ ᠤᠨ ᠶᠠᠰᠣ ᠴᠢᠨᠠᠷ ᠪᠠ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠠ᠃ ᠰᠠᠭᠤᠷᠢ ᠰᠣᠷᠭᠠᠨ ᠬᠦᠮᠦᠵᠢᠯ ᠢ ᠪᠠᠳᠣᠳᠬᠠᠵᠣ᠂ ᠦᠨᠳᠣᠷ ᠲᠣᠮᠳᠠ ᠶᠢᠨ ᠰᠣᠷᠭᠠᠨ ᠬᠦᠮᠦᠵᠢᠯ ᠢ ᠲᠦᠬᠡᠮᠡᠯᠵᠢᠬᠦᠯᠦᠨ᠂ ᠠᠵᠢᠯ ᠮᠡᠷᠬᠡᠵᠢᠯ ᠤᠨ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠬᠡᠭᠰᠢᠯᠡᠬᠦᠯᠬᠦ ᠱᠠᠭᠠᠷᠳᠠᠯᠭ᠎ᠠ ᠶᠤᠰᠤᠭᠠᠷ ᠡᠯ᠎ᠠ ᠲᠦᠷᠦᠯ ᠤᠨ ᠰᠣᠷᠭᠠᠨ ᠬᠦᠮᠦᠵᠢᠯ ᠢ ᠵᠣᠬᠢᠴᠠᠭᠤᠯᠣᠨ ᠬᠦᠭᠵᠢᠬᠦᠯᠦᠨ᠎ᠠ᠃ ᠦᠨᠳᠣᠰᠣᠳᠠᠨ ᠤ ᠰᠣᠷᠭᠠᠨ ᠬᠦᠮᠦᠵᠢᠯ ᠢ ᠶᠡᠬᠡᠪᠠᠷ ᠬᠦᠭᠵᠢᠬᠦᠯᠵᠤ᠂ ︽ᠭᠤᠷᠪᠠᠨ ᠬᠡᠯᠡᠨ︾ ᠤ ᠵᠢᠭᠠᠨ ᠰᠣᠷᠭᠠᠯᠳᠠ ᠶᠢ ᠲᠡᠬᠡᠳᠣ ᠬᠡᠮᠵᠢᠶ᠎ᠡ ᠪᠠᠷ ᠬᠦᠨᠳᠣᠳᠬᠡᠨ ᠦᠵᠡᠨ᠎ᠠ᠃ ᠡᠳ᠋ ᠤᠨ ᠵᠠᠰᠠᠭ ᠠᠴᠠ ᠰᠣᠷᠭᠠᠨ ᠬᠦᠮᠦᠵᠢᠯ ᠳᠤ ᠪᠡᠯᠨ ᠣᠷᠣᠭᠤᠯᠣᠯᠳᠠ ᠪᠠᠨ ᠨᠡᠮᠡᠭᠳᠡᠬᠦᠯᠵᠣ᠂ ᠰᠣᠷᠭᠠᠨ ᠬᠦᠮᠦᠵᠢᠯ ᠤᠨ ᠵᠠᠷᠣᠳᠠᠯ ᠮᠦᠡᠭᠬᠦ ᠶᠢ ᠪᠠᠳᠣᠯᠠᠬᠤ ᠵᠣᠬᠢᠴᠠᠮᠵᠢ ᠶᠢ ᠤᠯᠠᠮ ᠲᠡᠭᠦᠯᠳᠡᠷᠵᠢᠬᠦᠯᠦᠨ᠎ᠡ᠃ ᠰᠣᠷᠭᠠᠨ ᠬᠦᠮᠦᠵᠢᠯ ᠤᠨ ︽ᠬᠤᠶᠠᠷ ᠢ ᠬᠡᠯᠳᠣᠷᠢᠬᠦᠯᠵᠣ᠂ ᠨᠢᠬᠡ ᠶᠢ ᠨᠦᠬᠦᠪᠣᠷᠢᠯᠡᠬᠦ︾ ᠪᠠ ᠮᠠᠯᠵᠢᠬᠤ ᠤᠷᠤᠨ ᠤ ᠦᠨᠳᠣᠷ ᠲᠣᠮᠳᠠ ᠶᠢᠨ ᠰᠤᠷᠤᠭᠴᠢᠳ ᠲᠤ ᠨᠦᠬᠦᠪᠣᠷᠢ ᠣᠯᠭᠤᠬᠤ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ ᠂ ︽ᠶᠠᠳᠠᠭᠤ ᠬᠦᠴᠢᠷᠳᠠᠯᠳᠠᠢ ᠬᠡᠷ ᠪᠦᠯᠢ ᠶᠢᠨ ᠰᠣᠷᠣᠭᠴᠢᠳ ᠢ ᠲᠣᠰᠠᠯᠠᠨ ᠲᠠᠮᠵᠢᠬᠦ ᠰᠠᠭᠤᠷᠢ ᠮᠦᠩᠬᠦ︾ ᠶᠢ ᠪᠠᠶᠢᠭᠤᠯᠵᠣ᠂ ᠶᠠᠳᠠᠭᠤ ᠬᠦᠴᠢᠷᠳᠠᠯᠳᠠᠢ ᠬᠡᠷ ᠪᠦᠯᠢ ᠶᠢᠨ ᠰᠣᠷᠣᠭᠴᠢᠳ ᠢ  ᠲᠣᠰᠠᠯᠠᠨ ᠲᠠᠮᠵᠢᠬᠦ ᠬᠦᠴᠣᠯᠠᠴᠨ ᠪᠠᠨ ᠨᠡᠮᠡᠭᠳᠡᠬᠦᠯᠵᠣ᠂ ᠶᠠᠳᠠᠭᠤ ᠬᠦᠴᠢᠷᠳᠠᠯᠳᠠᠢ ᠰᠣᠷᠣᠭᠴᠢᠳ ᠤᠨ ᠰᠣᠷᠭᠠᠭᠤᠯᠢ ᠳᠤ  ᠰᠠᠭᠤᠬᠤ ᠶᠢ ᠪᠠᠳᠤᠯᠠᠬᠤ ᠵᠣᠬᠢᠴᠠᠮᠵᠢ ᠶᠢ ᠪᠠᠶᠢᠭᠤᠯᠤᠨ᠎ᠠ᠃ ︽ᠲᠡᠷᠢᠬᠦᠨ ᠤ ᠪᠠᠭᠰᠢ ᠶᠢ ᠱᠠᠩᠨᠠᠨ ᠬᠦᠬᠢᠬᠦᠯᠬᠦ ᠰᠠᠭᠤᠷᠢ ᠮᠦᠩᠬᠦ︾ ᠶᠢ ᠪᠠᠶᠢᠭᠤᠯᠣᠨ᠂ ᠣᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠬᠦᠯᠵᠦ᠂ ᠪᠠᠭᠰᠢ ᠶᠢᠨ ᠡᠩᠨᠡᠬᠡᠨ ᠤ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃ ︽ᠬᠤᠶᠠᠷ ᠦᠨᠳᠣᠰᠣᠨ︾ ᠤ ᠦᠷ᠎ᠠ ᠪᠦᠳᠦᠮᠵᠢ ᠶᠢ ᠲᠠᠰᠣᠷᠠᠯᠳᠠ ᠦᠬᠡᠢ ᠪᠠᠳᠣᠳᠬᠠᠨ ᠲᠡᠬᠡᠭᠰᠢᠯᠡᠬᠦᠯᠵᠣ᠂ ᠮᠠᠯᠵᠢᠬᠤ ᠣᠷᠣᠨ ᠤ ᠲᠣᠮᠳᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠷᠣᠯᠭ᠎ᠠ ᠲᠣᠷᠭᠤᠨ ᠵᠣᠭᠰᠣᠬᠤ ᠶᠢ ᠬᠢᠵᠠᠭᠠᠷᠯᠠᠨ᠂ ᠦᠨᠳᠣᠷ ᠲᠣᠮᠳᠠ ᠠᠴᠠ ᠲᠡᠬᠡᠭᠰᠢ ᠰᠣᠷᠭᠠᠨ ᠬᠦᠮᠦᠵᠢᠯ ᠬᠦᠷᠳᠡᠭᠰᠡᠨ ᠮᠠᠯᠴᠢᠨ ᠵᠠᠯᠠᠭᠤᠴᠤᠳ ᠤᠨ ᠮᠠᠯᠵᠢᠯ ᠤᠨ ᠪᠤᠰᠤ ᠦᠢᠯᠡᠰ ᠡᠷᠬᠢᠯᠡᠬᠦ ᠶᠢ ᠵᠤᠷᠢᠭᠵᠢᠭᠤᠯᠤᠨ᠎ᠠ᠃ᠰᠢᠨᠵᠢᠯᠡᠬᠦ ᠮᠡᠷᠭᠡᠵᠢᠯ  ᠤᠨ ᠦᠢᠯᠡᠴᠢᠯᠡᠭᠡᠨ  ᠤ ᠰᠢᠰᠲ᠋ᠧᠮ  ᠤᠨ ᠪᠦᠳᠦᠭᠡᠨ ᠪᠠᠶᠢᠭᠤᠯᠤᠯᠳᠠ  ᠶᠢ  ᠴᠢᠩᠭᠠᠳᠬᠠᠨ᠂ ᠰᠢᠨᠵᠢᠯᠡᠬᠦ ᠮᠡᠷᠭᠡᠵᠢᠯ  ᠤᠨ ᠦᠨ᠎ᠡ ᠲᠦᠯᠦᠪᠦᠷᠢᠳᠠᠢ ᠦᠢᠯᠡᠴᠢᠯᠡᠭᠡᠨ ᠤ ᠰᠢᠰᠲ᠋ᠧᠮ ᠢ ᠦᠷᠬᠦᠯᠵᠢᠯᠡᠨ ᠲᠡᠭᠦᠯᠳᠡᠷᠵᠢᠬᠦᠯᠦᠨ᠂ ᠠᠵᠣ ᠠᠬᠤᠢ ᠳᠤ ᠦᠵᠡᠬᠦᠯᠬᠦ ᠬᠤᠪᠢ ᠨᠠᠮᠡᠬᠦᠷᠢ ᠶᠢ ᠲᠡᠬᠡᠭᠰᠢᠯᠡᠬᠦᠯᠦᠨ᠎ᠠ᠃ ︽ᠦᠨᠳᠣᠰᠣᠳᠠᠨ  ᠤ ᠰᠣᠶᠣᠯ  ᠤᠨ ᠲᠣᠮᠣ ᠬᠤᠰᠢᠭᠤ ︾ ᠶᠢᠨ ᠪᠠᠶᠢᠭᠤᠯᠤᠯᠳᠠ ᠶᠢ ᠴᠢᠩᠭᠠᠳᠬᠠᠨ᠂ ᠬᠤᠰᠢᠭᠤ ᠰᠣᠮᠣᠨ  ᠤ ᠰᠣᠶᠣᠯ  ᠤᠨ ᠡᠩᠨᠡᠭᠡᠨ ᠤ ᠪᠦᠳᠣᠬᠡᠨ ᠪᠠᠶᠢᠭᠤᠯᠣᠯᠳᠠ  ᠶᠢ ᠲᠦᠷᠬᠡᠳᠬᠡᠨ᠂ ᠭᠠᠵᠠᠷ ᠤᠷᠤᠨ ᠤ ᠤᠨᠴᠠᠯᠢᠭᠳᠤ ᠰᠤᠶᠤᠯ ᠢ ᠬᠦᠭᠵᠢᠬᠦᠯᠦᠨ ᠲᠡᠯᠭᠡᠷᠡᠬᠦᠯᠵᠦ᠂ ᠰᠣᠶᠣᠯ  ᠤᠨ ᠦᠢᠯᠡᠰ  ᠢ ᠴᠡᠴᠡᠭᠯᠡᠬᠦᠯᠦᠨ᠎ᠠ᠃ ᠷᠠᠳᠢᠣ᠋ ᠲᠧᠯᠸᠢᠰ  ᠤᠨ ᠦᠢᠯᠡᠰ ᠤᠨ ᠬᠦᠭᠵᠢᠯᠳᠡ ᠶᠢ ᠲᠦᠷᠬᠡᠳᠬᠡᠵᠣ᠂ ᠲᠧᠯᠸᠢᠰ ᠨᠡᠪᠳᠠᠷᠡᠬᠦᠯᠬᠡ  ᠶᠢᠨ ᠲᠤᠭᠠᠵᠢᠭᠤᠯᠤᠯᠳᠠ ᠶᠢ ᠪᠡᠶᠡᠯᠡᠬᠦᠯᠵᠣ ᠂ ᠬᠤᠳᠠ ᠬᠦᠳᠡᠭᠡ  ᠶᠢ ᠬᠠᠮᠣᠷᠣᠭᠰᠠᠨ ᠷᠠᠳᠢᠣ᠋ ᠲᠧᠯᠸᠢᠰ ᠨᠡᠪᠳᠠᠷᠡᠬᠦᠯᠬᠡ  ᠶᠢᠨ ᠲᠤᠤᠷ ᠢ ᠪᠠᠶᠢᠭᠤᠯᠤᠨ᠎ᠠ᠃ ᠬᠤᠳᠠ  ᠬᠦᠳᠡᠭᠡ  ᠶᠢᠨ ᠡᠮᠴᠢᠯᠡᠭᠡ ᠡᠷᠡᠬᠦᠯ ᠬᠠᠮᠠᠭᠠᠯᠠᠯ  ᠤᠨ ᠦᠢᠯᠡᠴᠢᠯᠡᠬᠡᠨ  ᠤ ᠰᠢᠰᠲ᠋ᠧᠮ  ᠤᠨ ᠪᠠᠶᠢᠭᠤᠯᠣᠯᠳᠠ  ᠶᠢ  ᠲᠦᠷᠬᠡᠳᠬᠡᠨ᠎ᠠ᠃ ᠲᠣᠬᠠᠶᠢᠯᠠᠭᠰᠠᠨ ᠮᠡᠷᠬᠡᠵᠢᠯ ᠤᠨ ᠴᠢᠳᠠᠪᠣᠷᠢᠳᠠᠨ ᠢ ᠣᠷᠢᠬᠤ ᠪᠠ ᠠᠵᠢᠯ ᠤᠨ ᠪᠠᠶᠢᠷᠢ ᠳᠠᠬᠢ ᠪᠣᠯᠪᠠᠰᠣᠷᠠᠯ ᠢᠶᠠᠷ ᠲᠠᠮᠵᠢᠨ᠂  ᠡᠮᠨᠡᠯᠭᠡ ᠶᠢᠨ ᠠᠵᠢᠯᠳᠠᠳ ᠤᠨ ᠲᠣᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠡᠬᠡᠭᠰᠢᠯᠡᠬᠦᠯᠵᠣ᠂  ᠪᠡᠯᠨ ᠤᠷᠤᠭᠤᠯᠤᠯᠳᠠ ᠪᠠᠨ ᠨᠡᠮᠡᠭᠳᠡᠬᠦᠯᠦᠨ ᠡᠮ ᠡᠮᠨᠡᠯᠭᠡ ᠶᠢᠨ ᠲᠦᠬᠦᠭᠡᠷᠦᠮᠵᠢ ᠶᠢᠨ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠵᠤ᠂ ᠭᠤᠷᠪᠠᠨ ᠱᠠᠳᠣᠨ  ᠤ ᠡᠮᠴᠢᠯᠡᠭᠡ ᠡᠷᠡᠬᠦᠯ ᠬᠠᠮᠠᠭᠠᠯᠠᠯ  ᠤᠨ ᠬᠢᠷᠢ ᠲᠦᠪᠰᠢᠨ  ᠢ ᠪᠦᠬᠦ ᠲᠠᠯ᠎ᠠ ᠪᠠᠷ ᠲᠡᠬᠡᠭᠰᠢᠯᠡᠬᠦᠯᠵᠣ᠂ ᠬᠦᠡᠭᠭᠡᠨ ᠡᠪᠡᠳᠴᠢᠳᠠᠨ  ᠢ ᠰᠣᠮᠣ ᠪᠠᠯᠭᠠᠰᠣᠨ ᠳᠠᠭᠠᠨ ᠤᠨᠤᠰᠢᠯᠠᠨ ᠡᠮᠨᠡᠵᠦ ᠴᠢᠳᠠᠬᠤ᠂ ᠬᠦᠨᠳᠣ ᠡᠪᠡᠳᠴᠢᠳᠠᠨ ᠢ ᠬᠤᠰᠢᠭᠤᠨ  ᠳᠠᠭᠠᠨ ᠤᠨᠤᠰᠢᠯᠠᠨ ᠡᠮᠨᠡᠵᠦ ᠴᠢᠳᠠᠬᠤ ᠨᠦᠬᠦᠴᠡᠯ ᠢ ᠦᠨᠳᠣᠰᠣᠨ  ᠳᠡᠭᠡᠨ ᠪᠦᠷᠢᠯᠳᠦᠬᠦᠯᠵᠦ᠂ ᠮᠠᠯᠴᠢᠳ ᠤᠨ ᠡᠮᠨᠡᠬᠦᠯᠬᠦ ᠳᠤ ᠲᠦᠬᠦᠮ ᠦᠭᠡᠢ᠂ ᠡᠪᠡᠳᠴᠢᠨ ᠦᠵᠡᠬᠦᠯᠬᠦ ᠳᠤ ᠲᠠᠷᠣᠭᠠᠰᠣ ᠶᠡᠬᠡᠳᠠᠢ ᠠᠰᠠᠭᠤᠳᠠᠯ ᠢ ᠰᠢᠢᠳᠪᠣᠷᠢᠯᠡᠬᠦ ᠪᠠᠷ ᠴᠢᠷᠮᠠᠶᠢᠨ᠎ᠠ᠃ ᠲᠠᠷᠠᠭ᠎ᠠ ᠵᠢᠯ ᠠᠴᠠ ᠡᠬᠢᠯᠡᠨ 50 ᠨᠠᠰᠣᠨ ᠠᠴᠠ ᠲᠡᠭᠡᠭᠰᠢᠬᠢ ᠮᠠᠯᠴᠢᠳ ᠢ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠯᠬᠡᠵᠣ᠂ ᠡᠷᠡᠬᠦᠯ ᠮᠠᠨᠳᠣ ᠶᠢᠨ ᠲᠠᠩᠰᠨ ᠡᠪᠬᠡᠮᠡᠯ ᠪᠠᠶᠢᠭᠤᠯᠵᠣ ᠦᠭᠬᠦᠨ᠎ᠡ᠃ ᠬᠦᠮᠦᠨ ᠠᠮᠨ ᠪᠣᠯᠣᠨ ᠲᠦᠯᠦᠪᠯᠡᠬᠡᠳᠣ ᠦᠷᠠᠵᠢᠯ  ᠤᠨ ᠠᠵᠢᠯ  ᠢ ᠯᠠᠪᠳᠠᠭᠤᠨ ᠪᠠᠳᠣᠳᠠᠢ ᠠᠳᠬᠤᠵᠣ᠂ ᠮᠡᠷᠬᠡᠵᠢᠯ  ᠤᠨ ᠦᠢᠯᠡᠴᠢᠯᠡᠭᠡ ᠪᠠᠨ ᠴᠢᠩᠭᠠᠳᠬᠠᠨ᠂ ᠬᠦᠮᠦᠨ ᠠᠮᠠ ᠶᠢᠨ ᠦᠰᠦᠯᠳᠡ ᠶᠢ ᠬᠢᠵᠠᠭᠠᠷᠯᠠᠵᠤ᠂  ᠴᠢᠨᠠᠷ ᠴᠢᠨᠰᠠᠭ᠎ᠠ  ᠶᠢ ᠨᠢ ᠲᠡᠬᠡᠭᠰᠢᠯᠡᠬᠦᠯᠦᠨ᠎ᠠ᠃ ᠨᠡᠶᠢᠬᠡᠮ  ᠤᠨ ᠪᠠᠳᠣᠯᠠᠭ᠎ᠠ  ᠶᠢᠨ ᠰᠢᠰᠲ᠋ᠧᠮ  ᠢ ᠲᠠᠰᠣᠷᠠᠯᠳᠠ ᠦᠬᠡᠢ ᠪᠦᠷᠢᠨᠰᠢᠬᠦᠯᠵᠣ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠳᠠ ᠶᠢ ᠨᠡᠮᠡᠭᠳᠡᠬᠦᠯᠦᠨ᠎ᠡ᠃ ᠬᠤᠳᠠ ᠬᠦᠳᠡᠭᠡ  ᠶᠢᠨ ᠨᠠᠰᠣᠵᠢᠯ᠂ ᠠᠵᠢᠯ ᠠᠯᠳᠠᠬᠤ᠂ ᠡᠮᠴᠢᠯᠡᠬᠡᠨ  ᠤ ᠪᠠᠳᠣᠯᠠᠭ᠎ᠠ ᠪᠠ ᠠᠮᠢᠳᠣᠷᠠᠯ  ᠤᠨ ᠨᠠᠭᠠᠳᠣ ᠵᠠᠬ᠎ᠠ  ᠶᠢᠨ ᠪᠠᠳᠣᠯᠠᠭ᠎ᠠ ᠶᠢᠨ ᠪᠦᠷᠬᠦᠴᠡ ᠶᠢ ᠦᠷᠬᠦᠯᠵᠢᠯᠠᠨ ᠦᠷᠬᠡᠳᠬᠡᠵᠣ᠂ ᠪᠠᠳᠣᠯᠠᠬᠤ ᠵᠤᠬᠢᠰᠳᠠᠢ ᠪᠦᠬᠦᠨ ᠢ ᠪᠠᠳᠤᠯᠠᠵᠤ᠂ ᠨᠡᠶᠢᠭᠡᠮ ᠤᠨ ᠪᠠᠳᠤᠯᠠᠭ᠎ᠠ ᠶᠢᠨ ᠲᠦᠪᠰᠢᠨ ᠢ ᠲᠡᠭᠡᠭᠰᠢᠯᠡᠬᠦᠯᠬᠦ ᠪᠠᠷ ᠴᠢᠷᠮᠠᠶᠢᠨ᠎ᠠ᠃ ᠬᠤᠳᠠ  ᠬᠦᠳᠡᠭᠡ ᠵᠢᠨ‌ᠣᠨᠴᠨ ᠬᠦᠴᠢᠷᠳᠠᠯᠳᠠᠢ ᠬᠦᠮᠦᠨ ᠠᠮᠨ ᠶᠢᠨ ᠡᠮᠴᠢᠯᠡᠬᠡᠨ ᠤ ᠲᠣᠰᠠᠯᠠᠨ ᠲᠠᠮᠵᠢᠬᠦ ᠲᠦᠷᠢᠮ ᠢ ᠪᠠᠶᠢᠭᠤᠯᠣᠨ  ᠂ ᠮᠠᠯᠵᠢᠬᠤ ᠣᠷᠣᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮᠴᠢᠯᠡᠬᠡᠨ ᠤ ᠲᠦᠷᠢᠮ ᠢ ᠦᠷᠬᠦᠯᠵᠢᠯᠠᠨ ᠪᠦᠷᠢᠨᠰᠢᠬᠦᠯᠵᠣ᠂ ᠡᠳ᠋ ᠤᠨ ᠵᠠᠰᠠᠭ ᠠᠴᠠ ᠨᠦᠬᠦᠪᠣᠷᠢᠯᠡᠬᠦ ᠪᠠᠷᠢᠮᠵᠢᠶ᠎ᠠ ᠶᠢ ᠵᠢᠯ ᠲᠠᠷᠠᠭᠠᠯᠠᠨ ᠨᠡᠮᠡᠭᠳᠡᠬᠦᠯᠦᠨ᠂ 2012 ᠣᠨ ᠪᠣᠯᠬᠤ ᠳᠤ ᠬᠤᠷᠰᠢᠭᠰᠠᠨ ᠡᠮᠴᠢᠯᠡᠬᠡᠨ ᠳᠤ ᠣᠷᠣᠯᠴᠠᠭᠰᠠᠨ ᠨᠣᠷᠮ᠎ᠠ ᠶᠢ 98 % ᠠᠴᠠ ᠲᠡᠬᠡᠭᠰᠢ ᠬᠦᠷᠦᠬᠦᠯᠦᠨ᠎ᠠ᠃ ᠠᠵᠢᠯ ᠣᠯᠭᠤᠬᠤ ᠪᠣᠯᠪᠠᠰᠣᠷᠠᠯ ᠪᠠ ᠦᠢᠯᠡᠴᠢᠯᠡᠭᠡ  ᠶᠢ ᠰᠠᠶᠢᠳᠣᠷ ᠬᠢᠵᠣ᠂ ᠠᠵᠢᠯ ᠤᠯᠭᠤᠬᠤ ᠪᠠ ᠲᠠᠬᠢᠨ ᠠᠵᠢᠯ ᠣᠯᠭᠤᠬᠤ ᠬᠠᠷᠠᠭᠠᠯᠵᠠᠯ  ᠤᠨ ᠲᠦᠷᠦ  ᠶᠢᠨ ᠪᠣᠳᠣᠯᠭ᠎ᠠ  ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠠᠵᠢᠯᠯᠠᠭᠰᠠᠳ ᠦᠭᠡᠢ ᠬᠡᠷ ᠪᠦᠯᠢ ᠪᠣᠯᠣᠨ ᠠᠵᠢᠯ ᠣᠯᠬᠤ  ᠳᠤ ᠬᠦᠴᠢᠷᠳᠡᠭᠰᠡᠳ ᠲᠤ ᠠᠵᠢᠯ ᠤᠯᠭᠤᠬᠤ ᠠᠰᠠᠭᠤᠳᠠᠯ  ᠢ ᠵᠣᠬᠢᠰᠳᠠᠢ ᠰᠢᠢᠳᠪᠣᠷᠢᠯᠠᠨ᠎ᠠ᠃  ᠶᠠᠳᠠᠷᠠᠭᠤ ᠬᠦᠮᠦᠰ ᠢ ᠬᠠᠮᠠᠯᠵᠢᠯᠠᠨ᠂ ᠶᠠᠳᠠᠭᠤ  ᠶᠢ ᠲᠠᠳᠬᠦᠬᠦ᠂ ᠭᠠᠮᠰᠢᠭ  ᠠᠴᠠ ᠠᠪᠣᠷᠠᠬᠤ᠂ ᠨᠠᠰᠣᠳᠠᠶᠢᠴᠣᠳ ᠪᠠ ᠵᠠᠮᠳᠡᠭᠴᠣᠳ  ᠤᠨ ᠠᠵᠢᠯ  ᠢ ᠣᠯᠠᠮ ᠰᠠᠶᠢᠳᠣᠷ ᠬᠢᠨ᠎ᠠ᠃ᠨᠡᠶᠢᠭᠡᠮ  ᠤᠨ ᠠᠮᠤᠷ ᠲᠦᠪᠰᠢᠨ  ᠢ ᠶᠡᠷᠦᠩᠬᠡᠶᠢᠯᠡᠨ ᠵᠠᠰᠠᠬᠤ ᠠᠵᠢᠯ  ᠢ ᠴᠢᠩᠭᠠᠳᠬᠠᠵᠤ᠂ ᠡᠯ᠎ᠡ ᠵᠦᠢᠯ  ᠤᠨ ᠡᠷᠡᠬᠦᠦ  ᠶᠢᠨ ᠶᠠᠯᠠᠳᠦ ᠠᠵᠢᠯᠯᠠᠭ᠎ᠠ ᠪᠠ ᠠᠵᠤ  ᠠᠬᠤᠢ ᠶᠢᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠂ ᠠᠷᠠᠳ ᠲᠦᠮᠡᠨ  ᠤ ᠠᠮᠢ ᠨᠠᠰᠤ ᠡᠳ᠋ ᠬᠦᠷᠦᠩᠭᠡ  ᠶᠢᠨ ᠠᠮᠤᠷ ᠲᠦᠪᠰᠢᠨ  ᠢ ᠦᠨᠡᠨᠬᠦ ᠬᠠᠮᠠᠭᠠᠯᠠᠵᠤ᠂ ᠤᠯᠠᠨ ᠨᠡᠶᠢᠳᠡ  ᠶᠢᠨ ᠠᠮᠤᠷ ᠲᠦᠪᠰᠢᠨ ᠪᠠ ᠨᠡᠶᠢᠭᠡᠮ  ᠤᠨ ᠠᠮᠤᠷ ᠲᠤᠭᠳᠠᠭᠤᠨ  ᠢ ᠪᠠᠳᠤᠯᠠᠬᠤ ᠪᠠᠷ ᠴᠢᠷᠮᠠᠶᠢᠨ᠎ᠠ᠃ ᠬᠡᠨᠡᠳᠳᠡ  ᠶᠢᠨ ᠬᠡᠷᠡᠭ ᠤᠴᠢᠷ  ᠢ ᠪᠠᠴᠢᠮ ᠠᠷᠭᠠᠴᠠᠬᠤ ᠰᠢᠰᠲ᠋ᠧᠮ  ᠢ ᠪᠠᠶᠢᠭᠤᠯᠤᠨ ᠪᠦᠷᠢᠨᠰᠢᠬᠦᠯᠵᠦ᠂  ᠵᠠᠰᠠᠭ  ᠤᠨ ᠤᠷᠳᠤᠨ  ᠤ ᠬᠡᠨᠡᠳᠳᠡ  ᠶᠢᠨ ᠭᠡᠷᠡᠭ ᠤᠴᠢᠷ  ᠢ ᠰᠢᠢᠳᠪᠦᠷᠢᠯᠡᠬᠦ ᠴᠢᠳᠠᠪᠤᠷᠢ  ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠰᠢᠨ᠎ᠡ ᠴᠠᠭ ᠦᠶ᠎ᠡ  ᠶᠢᠨ ᠠᠷᠠᠳ  ᠤᠨ ᠲᠤᠳᠤᠭᠠᠳᠤ  ᠶᠢᠨ ᠵᠢᠭᠤᠷᠠᠯᠳᠤᠭᠠᠨ  ᠢ ᠲᠡᠭᠡᠳᠦ ᠬᠡᠮᠵᠢᠶ᠎ᠡ ᠪᠠᠷ ᠬᠦᠨᠳᠦᠳᠭᠡᠨ᠂ ᠵᠦᠪ ᠤᠨᠤᠪᠴᠢᠳᠠᠢ ᠰᠢᠢᠳᠪᠦᠷᠢᠯᠡᠵᠦ᠂ ᠵᠦᠷᠢᠴᠡᠯ ᠵᠢᠭᠤᠷᠠᠯᠳᠤᠭᠠᠨ  ᠢ ᠪᠠᠶᠢᠴᠠᠭᠠᠨ ᠰᠢᠢᠳᠪᠦᠷᠢᠯᠡᠬᠦ ᠵᠤᠬᠢᠴᠠᠮᠵᠢ  ᠶᠢ ᠪᠠᠶᠢᠭᠤᠯᠤᠨ ᠪᠦᠷᠢᠠᠰᠢᠬᠦᠯᠵᠦ᠂ ᠵᠠᠬᠢᠳᠠᠯ ᠰᠤᠷᠪᠤᠯᠵᠢᠯᠠᠭ᠎ᠠ  ᠶᠢᠨ ᠠᠵᠢᠯ  ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠢᠳᠡᠭᠡᠨ ᠤᠮᠳᠠᠭᠠᠨ ᠡᠮ  ᠤᠨ ᠵᠦᠢᠯᠡᠰ  ᠤᠨ ᠠᠶᠣᠯᠬᠦᠢ ᠢᠨᠵᠧᠨᠧᠷᠢᠩ  ᠢ ᠬᠦᠨᠵᠡᠭᠡᠢ ᠬᠡᠷᠡᠭᠵᠢᠬᠦᠯᠵᠦ᠂ ᠢᠳᠡᠭᠡᠨ ᠤᠮᠳᠠᠭᠠᠨ ᠡᠮ  ᠤᠨ ᠵᠦᠢᠯᠡᠰ  ᠤᠨ ᠠᠮᠤᠷ ᠲᠦᠪᠰᠢᠨ  ᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ  ᠤᠨ ᠠᠵᠢᠯ  ᠢ ᠴᠢᠩᠭᠠᠳᠬᠠᠨ᠂ ᠠᠶᠤᠯᠬᠦᠢ ᠦᠢᠯᠡᠳᠪᠦᠷᠢᠯᠡᠯ  ᠤᠨ ᠲᠤᠰᠬᠠᠢ ᠴᠡᠭᠴᠡᠯᠡᠯᠳᠡ ᠶᠢ ᠬᠦᠨᠵᠡᠭᠡᠢ ᠦᠷᠨᠢᠬᠦᠯᠦᠨ᠂ ᠬᠦᠨᠳᠦ ᠶᠡᠭᠡ ᠠᠳᠡᠯ ᠡᠬᠦᠰᠬᠦ ᠠᠴᠠ ᠴᠢᠩᠭ᠎ᠠ ᠰᠡᠷᠭᠡᠶᠢᠯᠡᠨ᠎ᠡ᠃ ᠤᠯᠤᠰ  ᠤᠨ ᠪᠠᠳᠤᠯᠠᠨ ᠬᠠᠮᠠᠭᠠᠯᠠᠯᠳᠠ ᠪᠠ ᠡᠷᠦᠭᠡ ᠶᠢᠨ ᠴᠡᠷᠢᠭ  ᠤᠨ ᠪᠡᠯᠡᠳᠭᠡᠯ ᠠᠯᠪᠠ ᠶᠢᠨ ᠪᠠᠶᠢᠭᠤᠯᠤᠯᠳᠠ ᠶᠢ ᠴᠢᠩᠭᠠᠳᠬᠠᠨ᠂ ︽ᠬᠤᠶᠠᠷ ᠢ ᠬᠦᠷᠢᠶᠡᠯᠡᠬᠦ︾  ᠠᠵᠢᠯ ᠢ ᠢᠳᠡᠪᠬᠢᠳᠠᠢ ᠦᠷᠨᠢᠬᠦᠯᠦᠨ᠎ᠡ  ᠃ ᠨᠡᠶᠢᠭᠡᠮ ᠵᠢᠷᠤᠮᠳᠤ ᠢᠷᠠᠭᠤ ᠭᠤᠳᠤᠮᠰᠢᠭ  ᠤᠨ ᠦᠵᠡᠯᠳᠡ  ᠶᠢᠨ ᠬᠦᠮᠦᠵᠢᠯ  ᠢ ᠬᠦᠨᠵᠡᠭᠡᠢ ᠦᠷᠨᠢᠬᠦᠯᠦᠨ᠂ ᠨᠡᠶᠢᠭᠡᠮ  ᠨᠡᠶᠢᠳᠡ  ᠶᠢᠨ ᠶᠤᠰᠤ ᠰᠤᠷᠳᠠᠬᠤᠨ  ᠢ ᠰᠣᠷᠳᠠᠯᠴᠢᠯᠠᠵᠣ᠂ ᠭᠡᠷ ᠪᠦᠯᠢ᠂ ᠬᠤᠪᠢ ᠬᠦᠮᠦᠨ  ᠤ ᠪᠤᠯᠪᠠᠰᠤᠨ ᠶᠤᠰᠤ ᠮᠤᠷᠠᠯ ᠲᠠᠢ ᠪᠤᠯᠬᠤ  ᠶᠢ ᠴᠢᠬᠤᠯᠠᠴᠢᠯᠠᠨ᠎ᠠ᠃ ᠨᠠᠮ  ᠤᠨ ᠦᠨᠳᠦᠰᠦᠳᠡᠨ  ᠤ ᠲᠦᠷᠦ  ᠶᠢᠨ ᠪᠤᠳᠤᠯᠭ᠎ᠠ  ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠡ ᠦᠨᠳᠦᠰᠦᠳᠡᠨ  ᠤ ᠪᠦᠯᠬᠦᠮᠳᠡᠯ ᠪᠠ ᠬᠠᠮᠳᠤᠪᠠᠷ ᠬᠦᠭᠵᠢᠨ  ᠴᠡᠴᠡᠭᠯᠡᠬᠦ ᠶᠢ ᠠᠬᠢᠭᠤᠯᠤᠨ᠎ᠠ᠃ ᠤᠯᠠᠨ ᠲᠦᠮᠡᠨᠴᠢ ᠴᠢᠨᠠᠷᠳᠠᠢ ᠤᠶᠤᠨ  ᠤ ᠪᠤᠯᠪᠠᠰᠤᠨ  ᠢ ᠡᠬᠦᠳᠦᠨ ᠪᠠᠶᠢᠭᠤᠯᠬᠤ ᠠᠵᠢᠯᠯᠠᠭ᠎ᠠ ᠪᠠ ᠰᠤᠶᠤᠯ ᠰᠢᠨᠵᠢᠯᠡᠬᠦ ᠮᠡᠷᠭᠡᠵᠢᠯ ᠡᠷᠡᠬᠦᠯ ᠬᠠᠮᠠᠭᠠᠯᠠᠯ  ᠢ ᠬᠦᠳᠡᠭᠡ ᠪᠠᠭᠤᠯᠭᠠᠬᠤ ᠠᠵᠢᠯᠯᠠᠭ᠎ᠠ  ᠶᠢ ᠬᠦᠨᠵᠡᠭᠡᠢ ᠦᠷᠨᠢᠬᠦᠯᠦᠨ᠂ ︽ᠲᠠᠪᠤᠳᠤᠭᠠᠷ ᠲᠠᠪᠤᠨ ᠵᠢᠯ︾  ᠤᠨ ᠬᠠᠤᠯᠢ ᠲᠦᠭᠡᠮᠡᠯᠵᠢᠬᠦᠯᠬᠦ ᠠᠵᠢᠯ  ᠢ ᠯᠠᠪᠳᠠᠭᠤᠨ ᠪᠠᠳᠤᠳᠠᠢ ᠦᠷᠨᠢᠬᠦᠯᠦᠨ᠎ᠡ᠃ ᠠᠷᠠᠳᠴᠢᠯᠠᠯ ᠬᠠᠤᠯᠢ ᠲᠦᠷᠢᠮ  ᠤᠨ ᠪᠠᠶᠢᠭᠤᠯᠤᠯᠳᠠ  ᠶᠢ ᠢᠳᠡᠪᠬᠢᠳᠠᠢ ᠠᠬᠢᠭᠤᠯᠤᠨ᠂ ᠵᠠᠰᠠᠭ  ᠤᠨ ᠶᠠᠪᠤᠳᠠᠯ᠂ ᠦᠢᠯᠡᠳᠪᠦᠷᠢ ᠶᠢᠨ ᠶᠠᠪᠤᠳᠠᠯ᠂ ᠭᠠᠴᠠᠭᠠᠨ  ᠤ ᠶᠠᠪᠤᠳᠠᠯ  ᠢ ᠢᠯᠨ ᠪᠤᠯᠭᠠᠨ᠂ ᠰᠠᠭᠤᠭᠠᠯᠢ ᠠᠷᠠᠳ ᠪᠠ  ᠮᠠᠯᠴᠢᠳ  ᠤᠨ ᠦᠪᠡᠷᠳᠡᠭᠡᠨ ᠵᠠᠰᠠᠬᠤ ᠲᠦᠷᠢᠮ  ᠢ ᠪᠦᠷᠢᠨᠰᠢᠬᠦᠯᠵᠦ᠂ ᠦᠨᠳᠦᠰᠦᠨ ᠱᠠᠳᠤᠨ  ᠤ ᠠᠷᠠᠳᠴᠢᠯᠠᠯ  ᠢ ᠦᠷᠭᠡᠳᠭᠡᠨ᠂ ᠠᠷᠠᠳ ᠲᠦᠮᠡᠨ  ᠤ ᠬᠠᠤᠯᠢ ᠶᠤᠰᠤᠭᠠᠷ ᠡᠯ᠎ᠡ ᠵᠦᠢᠯ  ᠤᠨ ᠡᠷᠭᠡ ᠪᠠᠨ ᠡᠳ᠋ᠯᠡᠬᠦ  ᠶᠢ ᠪᠠᠳᠤᠯᠠᠨ᠎ᠠ᠃ ︵ᠵᠢᠷᠭᠤᠭ᠎ᠠ︶ ᠵᠠᠰᠠᠭ  ᠤᠨ ᠤᠷᠳᠤᠨ  ᠤ ᠲᠤᠰ ᠪᠡᠶ᠎ᠡ ᠶᠢᠨ ᠪᠠᠶᠢᠭᠤᠯᠤᠯᠳᠠ  ᠶᠢ ᠲᠦᠷᠭᠡᠳᠭᠡᠨ᠂ ᠵᠠᠰᠠᠭ ᠵᠠᠬᠢᠷᠭᠠᠨ  ᠤ ᠦᠷ᠎ᠡ ᠠᠰᠢᠭ  ᠢ ᠲᠡᠭᠡᠭᠰᠢᠯᠡᠬᠦᠯᠬᠦ ᠪᠠᠷ ᠴᠢᠷᠮᠠᠶᠢᠨ᠎ᠠ   ᠵᠠᠰᠠᠭ  ᠤᠨ ᠣᠷᠳᠣᠨ  ᠤ ᠡᠬᠦᠷᠬᠡ ᠴᠢᠳᠠᠪᠬᠢ  ᠶᠢ ᠦᠨᠡᠨᠬᠦ ᠬᠤᠪᠢᠷᠠᠭᠤᠯᠣᠨ᠂  ᠨᠡᠶᠢᠬᠡᠮ  ᠤᠨ ᠬᠠᠮᠢᠶᠠᠷᠣᠯᠳᠠ ᠪᠠ ᠣᠯᠠᠨ ᠨᠠᠶᠢᠳᠠ  ᠶᠢᠨ ᠦᠢᠯᠡᠴᠢᠯᠡᠬᠡᠨ  ᠤ ᠴᠢᠳᠠᠪᠬᠢ  ᠶᠢ ᠴᠢᠩᠭᠠᠳᠬᠠᠨ᠂ ᠵᠠᠰᠠᠭ  ᠤᠨ ᠣᠷᠳᠣᠨ  ᠤ ᠬᠠᠮᠢᠶᠠᠷᠣᠯᠳᠠ ᠵᠢᠴᠢ ᠦᠢᠯᠡᠴᠢᠯᠡᠬᠡᠨ  ᠤ ᠶᠠᠰᠣ ᠴᠢᠨᠠᠷ᠂ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃  ᠵᠠᠰᠠᠭ  ᠤᠨ ᠣᠷᠳᠣᠨ  ᠤ ᠵᠠᠰᠠᠭ ᠵᠠᠬᠢᠷᠭᠠᠨ  ᠤ ᠬᠢᠨᠠᠨ ᠵᠦᠪᠰᠢᠶᠠᠷᠠᠯ  ᠤᠨ ᠲᠦᠷᠢᠮ  ᠤᠨ ᠦᠬᠡᠷᠡᠴᠢᠯᠠᠯᠳᠠ  ᠶᠢ ᠣᠯᠠᠮ ᠬᠦᠨᠵᠡᠬᠡᠶᠢᠷᠡᠬᠦᠯᠦᠨ᠂ ᠵᠠᠰᠠᠭ ᠵᠠᠬᠢᠷᠭᠠᠨ  ᠤ ᠬᠢᠨᠠᠨ ᠵᠦᠪᠰᠢᠶᠠᠷᠠᠯ  ᠤᠨ ᠣᠷᠴᠢᠯᠳᠠ  ᠶᠢᠨ ᠵᠣᠬᠢᠴᠠᠮᠵᠢ  ᠶᠢ ᠰᠢᠨᠡᠳᠬᠡᠵᠣ᠂ ᠵᠠᠰᠠᠭ ᠵᠠᠬᠢᠷᠭᠠᠨ ᠤ ᠦᠷ᠎ᠠ ᠪᠦᠳᠦᠮᠵᠢ ᠶᠢ ᠲᠡᠬᠡᠭᠰᠢᠯᠡᠬᠦᠯᠦᠨ᠎ᠠ᠃ ᠠᠵᠢᠯ ᠤᠨ ᠰᠤᠷᠳᠠᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠤᠨ᠂ ᠣᠬᠠᠮᠰᠠᠷ ᠠᠴᠠ ᠪᠠᠨ ᠬᠤᠰᠢᠭᠤ ᠠᠷᠠᠳ  ᠤᠨ ᠲᠦᠯᠦᠬᠡᠯᠡᠭᠴᠢᠳ  ᠤᠨ ᠶᠡᠭᠡ ᠬᠤᠷᠠᠯ ᠪᠠ ᠣᠯᠣᠰ ᠲᠦᠷᠦ  ᠶᠢᠨ ᠵᠦᠪᠯᠡᠯᠬᠡᠨ  ᠤ ᠬᠢᠨᠠᠯᠳᠠ  ᠶᠢ ᠬᠦᠯᠢᠶᠠᠨ᠎ᠠ᠃ ᠵᠠᠰᠠᠭ  ᠤᠨ ᠣᠷᠳᠣᠨ ᠤ ᠰᠢᠢᠳᠪᠣᠷᠢ  ᠲᠤᠭᠳᠠᠭᠠᠬᠤ ᠵᠤᠬᠢᠴᠠᠮᠵᠢ ᠶᠢ ᠲᠡᠬᠦᠯᠳᠡᠷᠵᠢᠬᠦᠯᠦᠨ᠂ ᠠᠷᠠᠳᠴᠢᠯᠠᠯ ᠲᠠᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠤᠳᠤᠯᠭ᠎ᠠ ᠲᠤᠭᠳᠠᠭᠠᠨ᠎ᠠ᠃ ᠡᠯ᠎ᠠ ᠲᠦᠷᠦᠯ  ᠤᠨ ᠴᠢᠭᠯᠡᠯᠳᠠ ᠲᠦᠷᠦ  ᠶᠢᠨ ᠪᠣᠳᠣᠯᠭ᠎ᠠ ᠪᠠ ᠠᠵᠢᠯ  ᠤᠨ ᠪᠠᠶᠢᠷᠢᠯᠠᠭᠤᠯᠣᠯᠳᠠ  ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠵᠠᠰᠠᠭ  ᠤᠨ ᠵᠠᠷᠯᠢᠭ ᠵᠢᠭᠠᠪᠣᠷᠢ  ᠶᠢᠨ ᠲᠣᠣᠱᠯᠠᠭᠳᠠᠬᠤ  ᠶᠢ ᠪᠠᠳᠣᠯᠠᠵᠣ᠂ ᠵᠠᠰᠠᠭ  ᠤᠨ ᠣᠷᠳᠣᠨ  ᠤ ᠬᠦᠢᠴᠡᠳᠬᠡᠬᠦ ᠴᠢᠳᠠᠪᠣᠷᠢ ᠪᠠ ᠣᠯᠠᠨ᠎ᠠ ᠢᠳᠡᠬᠡᠭᠳᠡᠬᠦ ᠴᠢᠳᠠᠪᠣᠷᠢ ᠶᠢ ᠲᠠᠰᠣᠷᠠᠯᠳᠠ ᠦᠬᠡᠢ ᠴᠢᠩᠭᠠᠷᠠᠭᠤᠯᠣᠨ᠎ᠠ᠃ ᠵᠠᠰᠠᠭ ᠵᠠᠬᠢᠷᠭᠠᠨ  ᠤ ᠬᠠᠣᠯᠢ ᠬᠡᠷᠡᠭᠵᠢᠬᠦᠯᠬᠦ ᠡᠷᠭᠡ ᠶᠢ ᠣᠯᠠᠮ ᠲᠤᠳᠤᠳᠬᠠᠨ᠂ ᠶᠠᠷᠣᠩᠬᠡᠶᠢᠯᠡᠭᠰᠡᠨ ᠬᠠᠣᠯᠢ ᠬᠡᠷᠡᠭᠵᠢᠬᠦᠯᠬᠦ ᠦᠬᠡᠷᠡᠴᠢᠯᠠᠯᠳᠠ  ᠶᠢ ᠲᠦᠷᠬᠡᠳᠬᠡᠵᠣ᠂ ᠬᠠᠣᠯᠢ ᠶᠣᠰᠣᠭᠠᠷ ᠵᠠᠰᠠᠭᠯᠠᠬᠤ ᠬᠢᠷᠢ ᠲᠦᠪᠰᠢᠨ ᠢ ᠲᠠᠰᠣᠷᠠᠯᠳᠠ ᠦᠬᠡᠢ ᠲᠡᠬᠡᠭᠰᠢᠯᠡᠬᠦᠯᠦᠨ᠎ᠠ᠃ ᠡᠷᠬᠡ ᠡᠬᠦᠷᠬᠡ ᠨᠢᠬᠡᠳᠣᠯᠳᠠᠢ ᠵᠠᠷᠴᠢᠮ ᠶᠣᠰᠣᠭᠠᠷ ᠵᠠᠰᠠᠭ ᠵᠠᠬᠢᠷᠭᠠᠨ  ᠤ ᠬᠠᠷᠢᠭᠤᠴᠠᠯᠭᠠᠳᠠᠨ  ᠢᠶᠠᠷ ᠭᠤᠣᠯᠳᠠᠭᠰᠠᠨ ᠵᠠᠰᠠᠭ ᠵᠠᠬᠢᠷᠭᠠᠨ  ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠬᠦᠯᠳᠠᠷᠵᠢᠬᠦᠯᠵᠣ᠂ ᠵᠠᠰᠠᠭ ᠵᠠᠬᠢᠷᠭᠠᠨ  ᠤ ᠦᠷ᠎ᠠ ᠠᠰᠢᠭ ᠢ ᠦᠨᠡᠯᠡᠬᠦ ᠠᠵᠢᠯ  ᠢ ᠦᠷᠨᠢᠬᠦᠯᠦᠨ᠂ ᠰᠢᠨᠵᠢᠯᠡᠬᠦ ᠣᠬᠠᠭᠠᠨᠴᠢ ᠬᠦᠭᠵᠢᠯᠳᠠ  ᠶᠢᠨ ᠦᠵᠡᠯᠳᠠ ᠲᠠᠢ ᠲᠣᠬᠢᠷᠠᠯᠴᠠᠭᠰᠠᠨ ᠠᠵᠢᠯ ᠤᠨ ᠪᠦᠳᠦᠮᠵᠢ  ᠶᠢᠨ ᠦᠵᠡᠯᠳᠠ  ᠶᠢ ᠪᠣᠢ ᠪᠣᠯᠭᠠᠨ᠎ᠠ᠃ ᠬᠠᠣᠯᠢ ᠶᠣᠰᠣᠭᠠᠷ ᠲᠦᠷᠦ  ᠶᠢᠨ ᠠᠯᠪᠠᠳᠠᠨ  ᠤ ᠡᠩᠨᠡᠬᠡᠨ  ᠤ ᠪᠠᠶᠢᠭᠤᠯᠣᠯᠳᠠ  ᠶᠢ ᠴᠢᠩᠭᠠᠳᠬᠠᠨ᠂ ᠨᠠᠮ  ᠤᠨ ᠰᠣᠷᠳᠠᠯ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠣᠯᠳᠠ  ᠶᠢᠨ ᠲᠣᠬᠠᠢ ᠲᠣᠭᠳᠠᠭᠠᠯ  ᠤᠳ ᠢ ᠴᠢᠩᠭ᠎ᠠ ᠬᠡᠷᠡᠭᠵᠢᠬᠦᠯᠵᠣ᠂ ᠲᠦᠷᠦ  ᠶᠢᠨ ᠠᠯᠪᠠᠳᠠᠨ  ᠤ ᠢᠯᠵᠠᠷᠠᠯ ᠢ ᠡᠰᠡᠷᠬᠦᠴᠡᠬᠦ ᠦᠵᠡᠯᠳᠠ ᠲᠠᠨᠢᠯᠳᠠ ᠪᠠ ᠣᠬᠠᠮᠰᠠᠷᠳᠣ ᠴᠢᠨᠠᠷ  ᠢ ᠲᠡᠬᠡᠭᠰᠢᠯᠡᠬᠦᠯᠦᠨ᠎ᠠ᠃ ᠲᠦᠷᠦ  ᠶᠢᠨ ᠠᠯᠪᠠᠳᠠᠨ  ᠤ ᠶᠣᠰᠣ ᠰᠣᠷᠳᠠᠬᠤᠨ  ᠤ ᠬᠡᠪ ᠴᠢᠨᠠᠷ ᠪᠠ ᠲᠣᠬᠠᠶᠢᠯᠠᠭᠰᠠᠨ ᠠᠵᠢᠯ  ᠤᠨ ᠴᠢᠳᠠᠪᠣᠷᠢ  ᠶᠢ ᠲᠠᠰᠣᠷᠠᠯᠳᠠ ᠦᠬᠡᠢ ᠲᠡᠬᠡᠭᠰᠢᠯᠡᠬᠦᠯᠵᠣ᠂  ᠠᠵᠢᠯ ᠬᠢᠵᠣ ᠦᠢᠯᠡᠰ ᠪᠦᠳᠦᠬᠡᠵᠣ ᠴᠢᠳᠠᠳᠠᠭ ᠠᠷᠢᠭᠤᠨ ᠴᠢᠭᠴᠢ ᠲᠦᠷᠦ  ᠶᠢᠨ ᠠᠯᠪᠠᠳᠠᠨ  ᠤ ᠡᠩᠨᠡᠭᠡ  ᠶᠢ ᠪᠠᠶᠢᠭᠤᠯᠣᠨ᠎ᠠ᠃ ᠲᠦᠯᠦᠬᠡᠯᠡᠭᠴᠢᠳ ᠡ︕ ᠬᠦᠭᠵᠢᠯᠳᠠ  ᠶᠢ ᠲᠦᠷᠬᠡᠳᠬᠡᠬᠦ ᠪᠣᠯ ᠪᠠᠶᠢᠳᠠᠯ ᠪᠠ ᠴᠠᠭ ᠦᠶ᠎ᠠ  ᠶᠢᠨ ᠱᠠᠭᠠᠷᠳᠠᠯᠭ᠎ᠠ ᠮᠦᠨ᠂ ᠠᠷᠠᠳ ᠴᠢᠨᠡᠭᠡᠯᠢᠭᠵᠢᠵᠦ ᠬᠤᠰᠢᠭᠤ ᠬᠦᠴᠦᠷᠬᠡᠭᠵᠢᠬᠦ ᠪᠣᠯ ᠠᠷᠠᠳ ᠲᠦᠮᠡᠨ  ᠤ ᠬᠦᠰᠠᠯ ᠨᠠᠶᠢᠳᠠᠯᠭ᠎ᠠ᠂ ᠵᠠᠰᠠᠭ  ᠤᠨ ᠣᠷᠳᠣᠨ  ᠤ ᠡᠬᠦᠷᠬᠡ ᠬᠠᠷᠢᠭᠤᠴᠠᠯᠭ᠎ᠠ ᠮᠦᠨ᠃ ᠪᠢᠳᠠ ᠨᠠᠮ  ᠤᠨ ᠠᠷᠪᠠᠨ ᠲᠣᠯᠣᠳᠣᠭᠠᠷ ᠶᠡᠭᠡ ᠬᠤᠷᠠᠯ  ᠤᠨ ᠵᠣᠷᠢᠭ ᠰᠠᠨᠠᠭ᠎ᠠ  ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠲᠣᠮᠳᠠᠳᠣ ᠣᠯᠣᠰ  ᠤᠨ ᠤᠨᠴᠠᠯᠢᠭ ᠪᠦᠬᠦᠢ ᠨᠡᠶᠢᠬᠡᠮ ᠵᠢᠷᠣᠮ  ᠤᠨ ᠠᠭᠤᠣ ᠶᠡᠭᠡ ᠲᠤᠭ  ᠢ ᠦᠨᠳᠣᠷ ᠮᠠᠨᠳᠣᠭᠤᠯᠣᠨ᠂ ᠠᠶᠢᠮᠠᠭ  ᠤᠨ ᠨᠠᠮ  ᠤᠨ ᠬᠤᠷᠢᠶ᠎ᠠ ᠂ ᠠᠶᠢᠮᠠᠭ  ᠤᠨ ᠵᠠᠬᠢᠷᠭ᠎ᠠ ᠪᠠ ᠬᠤᠰᠢᠭᠤ ᠨᠠᠮ  ᠤᠨ ᠬᠤᠷᠢᠶᠠᠨ  ᠤ ᠵᠦᠪ ᠣᠨᠣᠪᠴᠢᠳᠠᠢ ᠣᠳᠣᠷᠢᠳᠣᠯᠭ᠎ᠠ ᠲᠣᠣᠷ᠎ᠠ᠂  ᠠᠷᠠᠳ ᠲᠦᠮᠡᠨ ᠢ ᠲᠦᠰᠢᠭᠯᠡᠨ᠂ ᠪᠦᠬᠦ ᠬᠤᠰᠢᠭᠤᠨ  ᠤ ᠡᠯ᠎ᠠ ᠦᠨᠳᠣᠰᠣᠳᠠᠨ  ᠤ ᠠᠷᠠᠳ ᠲᠦᠮᠡᠨ  ᠢ  ᠲᠠᠶᠢᠴᠢᠯᠠᠨ ᠲᠠᠭᠠᠭᠤᠯᠵᠣ᠂ ᠦᠵᠡᠯ ᠰᠠᠨᠠᠭ᠎ᠠ ᠪᠠᠨ ᠴᠢᠯᠣᠬᠡᠯᠡᠨ᠂ ᠦᠨᠠᠨ  ᠠᠴᠠ ᠵᠦᠪ  ᠢ ᠡᠷᠢᠵᠣ᠂  ᠬᠠᠮᠳᠤ ᠪᠠᠷ ᠴᠢᠷᠮᠠᠶᠢᠨ᠂ ᠠᠪᠠᠭ᠎ᠠ ᠬᠤᠰᠢᠭᠤᠨ  ᠤ   ᠬᠢ   ᠪᠠᠨ ᠨᠡᠩ ᠰᠠᠶᠢᠨ ᠰᠠᠶᠢᠬᠠᠨ ᠢᠷᠠᠬᠡᠳᠣᠢ ᠶᠢ ᠴᠣᠭᠴᠠᠯᠠᠬᠤ ᠪᠠᠷ ᠢᠳᠡᠬᠡᠯ ᠲᠦᠬᠦᠷᠠᠩ ᠲᠠᠮᠠᠴᠠᠰᠣᠬᠡᠢ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号