ᠵᠠᠰᠠᠭ ᠤᠨ ᠤᠷᠳᠤᠨ ᠤ ᠠᠵᠢᠯ ᠤᠨ ᠢᠯᠡᠳᠬᠡᠯ | | 2009 ᠤᠨ ᠤ 2 ᠰᠠᠷ᠎ᠠ ᠶᠢᠨ 17 ᠤ ᠡᠳᠤᠷ | ᠠᠪᠠᠭ᠎ᠠ ᠬᠤᠰᠢᠭᠤᠨ ᠤ ᠠᠷᠪᠠᠨ ᠭᠤᠷᠪᠡᠳᠤᠭᠠᠷ ᠬᠤᠭᠤᠴᠠᠭᠠᠨ ᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ ᠣᠨᠭᠤᠷᠪᠡᠳᠤᠭᠠᠷ ᠤᠳᠠᠭᠠᠨ ᠤ ᠬᠤᠷᠡᠯ ᠲᠡᠬᠡᠷᠡᠬᠢ ᠶᠡᠷᠢᠶ᠎ᠠ | | ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠣᠣ ᠰᠣᠶᠣᠯᠳᠣ | ᠲᠦᠯᠤᠬᠡᠯᠡᠭᠴᠢᠳ ᠡ᠄ | ᠤᠳᠤ ᠪᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ | ᠠᠵᠢᠯ ᠤᠨ ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠠᠤ᠃ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠪᠠ | ᠬᠤᠷᠡᠯ ᠳᠤ ᠰᠤᠯᠨ ᠤᠷᠤᠯᠴᠠᠭᠰᠡᠨ ᠨᠦᠬᠦᠳ ᠤᠨ ᠰᠠᠨᠠᠯ ᠢᠶᠠᠨ ᠲᠤᠷᠡᠳᠬᠤ ᠶᠢ ᠬᠦᠰᠡᠶ᠎ᠠ᠃ | ᠨᠢᠬᠡ᠂ 2008 ᠤᠨ ᠤ ᠠᠵᠢᠯ ᠤᠨ ᠡᠷᠬᠢᠴᠡᠬᠦᠯᠤᠯ | 2008 ᠤᠨ ᠪᠣᠯ ᠰᠢᠨ᠎ᠠ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠢᠶᠠᠨ ᠡᠬᠢᠯᠡᠬᠦᠯᠦᠭᠰᠡᠨ | ᠵᠢᠯ ᠮᠦᠨ᠃ ᠨᠢᠬᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ | ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠬᠢᠬᠡᠳ ᠬᠤᠰᠢᠭᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ ᠤᠨ ᠬᠢᠨᠠᠯᠳᠠ ᠪᠠ ᠤᠯᠤᠰ ᠲᠦᠷᠥ ᠶᠢᠨ ᠵᠦᠪᠯᠡᠯᠬᠡᠨ ᠤ ᠲᠡᠮᠵᠢᠯᠬᠡ | ᠲᠤᠤᠷ᠎ᠠ᠂ ᠬᠤᠰᠢᠭᠤ ᠵᠠᠰᠠᠭ ᠤᠨ ᠤᠷᠳᠤᠨ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ | ᠢ ᠪᠦᠯᠬᠦᠮᠳᠠᠬᠦᠯᠤᠨ ᠲᠠᠭᠠᠭᠤᠯᠵᠤ᠂ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠦᠵᠡᠯᠳᠡ ᠶᠢ ᠬᠦᠡᠵᠡᠬᠡᠢ | ᠲᠤᠤᠱᠯᠠᠭᠤᠯᠤᠨ᠂ ᠡᠯ᠎ᠠ ᠵᠥᠢᠯ ᠤᠨ ᠬᠦᠴᠢᠷ ᠪᠡᠷᠬᠡᠰᠢᠶᠠᠯ ᠢ ᠢᠯᠡᠨ ᠲᠠᠪᠠᠵᠤ᠂ ᠠᠷᠪᠠᠨ ᠭᠤᠷᠪᠡᠳᠤᠭᠠᠷ | ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠬᠤᠶᠡᠳᠤᠭᠠᠷ ᠤᠳᠠᠭᠠᠨ ᠤ ᠬᠤᠷᠡᠯ | ᠲᠡᠬᠡᠷ᠎ᠠ ᠲᠤᠷᠡᠳᠤᠭᠰᠡᠨ ᠡᠬᠦᠷᠬᠡ ᠬᠠᠷᠠᠯᠳᠠ ᠪᠠᠨ ᠨᠠᠯᠢᠶᠡᠳ ᠰᠠᠶᠢᠨ ᠪᠠᠶᠠᠯᠠᠬᠦᠯᠤᠨ᠂ ᠠᠵᠤ ᠠᠬᠤᠢ ᠬᠦᠭᠵᠢᠭᠰᠡᠨ᠂ | ᠨᠦᠬᠡᠴᠨ ᠬᠦᠴᠤᠨ ᠴᠢᠩᠭᠠᠷᠠᠭᠰᠡᠨ᠂ ᠠᠷᠡᠳ ᠤᠨ ᠠᠮᠢᠳᠤᠷᠡᠯ ᠰᠠᠶᠢᠵᠢᠷᠠᠭᠰᠡᠨ᠂ ᠨᠠᠶᠢᠬᠡᠮ ᠡᠶ᠎ᠡ ᠨᠠᠶᠢᠷᠠᠮᠳᠠᠭᠤ ᠤᠬᠢ | ᠰᠠᠶᠢᠨ ᠪᠠᠶᠢᠳᠠᠯ ᠢᠯᠡᠷᠡᠪᠡ᠃ | ᠊᠊᠊᠊᠊ ᠠᠵᠤ ᠠᠬᠤᠢ ᠶᠢᠨ ᠶᠠᠷᠤᠩᠬᠡᠢ ᠬᠡᠮᠵᠢᠶ᠎ᠠ ᠰᠢᠨ᠎ᠠ ᠦᠰᠤᠷᠤᠯᠳᠠ ᠶᠢ ᠪᠠᠶᠠᠯᠠᠬᠦᠯᠪᠠ᠃ ᠭᠠᠵᠡᠷ ᠤᠷᠤᠨ ᠤ | ᠦᠢᠯᠡᠳᠪᠤᠷᠢᠯᠡᠯ ᠤᠨ ᠶᠠᠷᠤᠩᠬᠡᠢ ᠦᠷᠳᠡᠭ 15 ᠳ᠋ᠦᠩᠰᠢᠭᠤᠷ ᠲᠦᠬᠦᠷᠢᠭ ᠢ ᠲᠠᠪᠠᠨ᠂ 17 ᠳ᠋ᠦᠩᠰᠢᠭᠤᠷ | ᠲᠦᠬᠦᠷᠢᠭ ᠬᠦᠷᠴᠤ᠂ 19.2 % ᠢᠶᠠᠷ ᠨᠡᠮᠡᠭᠳᠡᠪᠡ᠃ ᠡᠬᠦᠨ ᠳᠤ ᠨᠢᠬᠡᠳᠤᠬᠡᠷ ᠠᠵᠤ ᠦᠢᠯᠡᠰ ᠤᠨ ᠨᠡᠮᠡᠭᠳᠡᠯ | ᠦᠷᠳᠡᠭ 3.5 ᠳ᠋ᠦᠩᠰᠢᠭᠤᠷ ᠲᠦᠬᠦᠷᠢᠭ ᠲᠤ ᠬᠦᠷᠴᠣ᠂ 1.6 % ᠪᠠᠷ ᠨᠡᠮᠡᠭᠳᠡᠨ᠂ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠦᠷᠳᠡᠭ 9 ᠳ᠋ᠦᠩᠰᠢᠭᠤᠷ ᠲᠦᠬᠦᠷᠢᠭ ᠲᠤ ᠬᠦᠷᠴᠣ᠂ 34.3 % ᠪᠠᠷ ᠨᠡᠮᠡᠭᠳᠡᠨ᠂ | ᠡᠬᠦᠨ ᠳᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 6.35 ᠳ᠋ᠦᠩᠰᠢᠭᠤᠷ ᠲᠦᠬᠦᠷᠢᠭ ᠲᠤ ᠬᠦᠷᠴᠣ᠂ 36. | 7 % ᠪᠠᠷ ᠨᠡᠮᠡᠭᠳᠡᠨ᠂ ᠭᠤᠷᠪᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 4.5 ᠳ᠋ᠦᠩᠰᠢᠭᠤᠷ ᠲᠦᠬᠦᠷᠢᠭ | ᠲᠤ ᠬᠦᠷᠴᠣ᠂ 14.8 % ᠪᠠᠷ ᠨᠡᠮᠡᠭᠳᠡᠪᠡ᠃ ᠭᠤᠷᠪᠡᠨ ᠠᠵᠤ ᠦᠢᠯᠡᠰ ᠤᠨ ᠬᠠᠷᠢᠴᠠᠯ ᠨᠢ ᠨᠢᠳᠤᠨᠤᠨ ᠤ 26᠄ | 45᠄ 29 ᠪᠠᠶᠢᠭᠰᠡᠨ ᠠᠴᠠ 21᠄ 53᠄ 26 ᠪᠤᠯᠵᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ | ᠨᠢ ᠠᠩᠬ᠎ᠠ ᠤᠳᠠᠭ᠎ᠠ 50 % ᠶᠢ ᠲᠠᠪᠠᠵᠤ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠤᠨ ᠭᠠᠵᠡᠷ ᠤᠷᠤᠨ | ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠳᠠᠬᠢ ᠡᠵᠡᠯᠡᠬᠦ ᠬᠠᠷᠢᠴᠠᠯ ᠨᠢ ᠨᠢᠳᠤᠨᠤᠨ ᠤ 29.4 % ᠪᠠᠶᠢᠭᠰᠡᠨ | ᠠᠴᠠ 37.4 % ᠪᠤᠯᠳᠠᠯ᠎ᠠ ᠲᠡᠬᠡᠭᠰᠢᠯᠡᠪᠡ᠃ ᠪᠦᠬᠦ ᠨᠠᠶᠢᠬᠡᠮ ᠤᠨ ᠲᠤᠭᠳᠠᠮᠠᠯ ᠬᠦᠷᠤᠩᠬᠡ ᠶᠢᠨ ᠪᠡᠯᠨ | ᠤᠷᠤᠭᠤᠯᠤᠯᠳᠠ 31.3 ᠳ᠋ᠦᠩᠰᠢᠭᠤᠷ ᠲᠦᠬᠦᠷᠢᠭ ᠲᠤ ᠬᠦᠷᠴᠤ᠂ 35.7 % ᠪᠠᠷ ᠨᠡᠮᠡᠭᠳᠡᠪᠡ᠃ ᠡᠳ᠋ ᠤᠨ | ᠵᠠᠰᠠᠭ ᠤᠨ ᠶᠡᠷᠤᠩᠬᠡᠢ ᠤᠷᠤᠯᠭ᠎ᠠ 1.4 ᠳ᠋ᠦᠩᠰᠢᠭᠤᠷ ᠲᠦᠬᠦᠷᠢᠭ ᠲᠤ ᠬᠦᠷᠴᠤ᠂ 35.5 % ᠪᠠᠷ ᠨᠡᠮᠡᠭᠳᠡᠪᠡ᠃ | ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠪᠠ ᠮᠠᠯᠴᠢᠳ | ᠤᠨ ᠲᠤᠮᠳᠠᠴᠢ ᠴᠠᠪᠠᠷ ᠤᠷᠤᠯᠭ᠎ᠠ 12003 ᠲᠦᠬᠦᠷᠢᠭ ᠪᠠ 7052 ᠲᠦᠬᠦᠷᠢᠭ ᠲᠤ ᠬᠦᠷᠴᠤ᠂ ᠲᠣᠰᠪᠣᠷᠢ | 29.5 % ᠪᠠ 26.8 % ᠪᠠᠷ ᠨᠡᠮᠡᠭᠳᠠᠨ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠣᠮᠳᠠᠴᠢ | ᠲᠣᠬᠢᠷᠠᠭᠤᠯᠵᠣ ᠪᠣᠯᠬᠤᠶᠢᠴᠨ ᠣᠷᠣᠯᠭ᠎ᠠ ᠠᠩᠬ᠎ᠠ ᠣᠳᠠᠭ᠎ᠠ ᠲᠦᠮᠡᠨ ᠲᠦᠬᠦᠷᠢᠭ ᠢ ᠲᠠᠪᠠᠭᠰᠠᠨ ᠪᠠᠶᠢᠨ᠎ᠠ᠃ | ᠊᠊᠊᠊᠊᠊ ᠮᠠᠯᠵᠢᠬᠤ ᠤᠷᠤᠨ ᠤ ᠠᠵᠢᠯ ᠰᠢᠨ᠎ᠠ ᠠᠬᠢᠴᠠ ᠲᠠᠢ ᠪᠤᠯᠪᠠ᠃ ᠲᠠᠯ᠎ᠠ ᠨᠤᠳᠤᠭ ᠤᠨ ᠠᠮᠢ ᠠᠬᠤᠢ ᠶᠢ | ᠬᠠᠮᠠᠭᠠᠯᠠᠬᠤ ᠪᠠ ᠪᠦᠳᠤᠬᠡᠨ ᠪᠠᠶᠢᠭᠤᠯᠬᠤ ᠶᠢ ᠴᠢᠩᠭᠠᠳᠬᠠᠨ᠂ 17 ᠲᠦᠮᠡᠨ ᠮᠤ᠋ ᠨᠤᠳᠤᠭ ᠪᠠᠯᠴᠢᠬᠡᠷ ᠢ | ᠪᠢᠳᠠᠬᠦᠮᠵᠢᠯᠡᠨ ᠨᠤᠭᠤᠭᠠᠷᠠᠭᠤᠯᠵᠤ᠂ 3 ᠲᠦᠮᠡᠨ ᠮᠤ᠋ ᠨᠤᠳᠤᠭ ᠪᠠᠯᠴᠢᠬᠡᠷ ᠢ ᠨᠢᠰᠬᠡᠯ ᠢᠶᠠᠷ ᠦᠢᠵᠢᠭᠤᠯᠤᠨ᠂ 6 | ᠲᠦᠮᠡᠨ ᠮᠤ᠋ ᠡᠯᠡᠰᠤ ᠶᠢ ᠪᠢᠳᠠᠬᠦᠮᠵᠢᠯᠨᠨ ᠦᠢᠵᠢᠭᠤᠯᠵᠤ᠂ 1.5 ᠲᠦᠮᠡᠨ ᠮᠤ᠋ ᠵᠢᠵᠢᠭ ᠤᠷᠤᠰᠬᠠᠯ ᠲᠠᠭᠠᠤ ᠨᠤᠳᠤᠭ | ᠪᠠᠯᠴᠢᠬᠡᠷ ᠢ ᠶᠠᠷᠤᠩᠬᠡᠶᠢᠯᠡᠨ ᠵᠠᠰᠠᠪᠠ︔ ᠪᠠᠷᠢᠮᠵᠢᠶᠠᠵᠢᠭᠰᠡᠨ ᠲᠤᠭᠤᠷᠢᠭ ᠬᠤᠪᠢᠶᠠᠨ ᠰᠡᠯᠬᠦᠨ ᠮᠠᠯᠵᠢᠭᠰᠠᠨ ᠲᠠᠯᠠᠪᠠᠢ | 150 ᠲᠦᠮᠡᠨ ᠮᠤ᠋ ᠨᠡᠮᠡᠭᠳᠡᠨ᠂ ᠨᠠᠶᠢᠳᠠ 500 ᠲᠦᠮᠡᠨ ᠮᠤ᠋ ᠳᠤ ᠬᠦᠷᠴᠤ᠂ ᠪᠦᠬᠦ ᠬᠤᠰᠢᠭᠤᠨ ᠤ ᠠᠰᠢᠭᠯᠠᠵᠤ | ᠪᠤᠯᠬᠤ ᠨᠤᠳᠤᠭ ᠪᠠᠯᠴᠢᠬᠡᠷ ᠤᠨ 13.4 % ᠶᠢ ᠡᠵᠡᠯᠡᠪᠡ︔ 93 ᠮᠠᠯᠵᠢᠯ ᠤᠨ ᠪᠤᠰᠤ ᠡᠷᠤᠬᠡ ᠶᠢᠨ 4.3 | ᠲᠦᠮᠡᠨ ᠲᠤᠯᠤᠭᠠᠢ ᠮᠠᠯ ᠢ ᠴᠡᠪᠡᠷᠯᠡᠨ᠂ 403 ᠲᠠᠭᠠᠭᠠᠴᠠ ᠠᠴᠠ ᠬᠡᠳᠤᠷᠡᠬᠦᠯᠤᠨ ᠮᠠᠯ ᠮᠠᠯᠵᠢᠭᠰᠡᠨ ᠡᠷᠤᠬᠡ ᠶᠢ | ᠲᠤᠷᠭᠠᠪᠠ᠃ ᠮᠠᠯᠵᠢᠬᠤ ᠤᠷᠤᠨ ᠤ ᠬᠦᠮᠤᠨ ᠠᠮᠨ ᠶᠢ ᠨᠡᠬᠦᠯᠬᠡᠨ ᠰᠢᠯᠵᠢᠬᠦᠯᠬᠦ ᠠᠵᠢᠯ ᠢ ᠯᠠᠪᠳᠠᠭᠤᠨ ᠢᠶᠠᠷ | ᠠᠬᠢᠭᠤᠯᠤᠨ᠂ ᠮᠠᠯᠵᠢᠬᠤ ᠤᠷᠤᠨ ᠤ 1018 ᠬᠦᠮᠤᠨ ᠢ ᠨᠡᠬᠦᠯᠬᠡᠨ ᠰᠢᠯᠵᠢᠬᠦᠯᠪᠠ᠃ ᠮᠠᠯ ᠠᠵᠤ ᠠᠬᠤᠢ ᠶᠢᠨ | ᠪᠦᠳᠤᠴᠠ ᠶᠢᠨ ᠲᠤᠬᠢᠷᠠᠭᠤᠯᠤᠯᠳᠠ ᠶᠢ ᠲᠠᠰᠤᠷᠠᠯᠳᠠ ᠦᠬᠡᠢ ᠲᠦᠷᠬᠡᠳᠬᠡᠨ᠂ 1.7 ᠲᠦᠮᠡᠨ ᠦᠨᠢᠶᠠᠨ ᠳᠤ | ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ 1560 ᠲᠤᠯᠤᠭᠠᠢ ᠰᠢᠮᠧᠨ᠋ᠲ᠋ᠧᠷ ᠦᠬᠡᠷ ᠤᠷᠤᠭᠤᠯᠤᠨ᠂ 10 | ᠰᠦᠷᠦᠭ ᠰᠢᠮᠧᠨ᠋ᠲ᠋ᠧᠷ ᠦᠬᠡᠷ ᠤᠨ ᠭᠤᠤᠯᠳᠠᠯᠭᠠᠳᠤ ᠰᠦᠷᠦᠭ ᠢ ᠪᠠᠶᠢᠭᠤᠯᠪᠠ︔ ᠲᠤᠮᠳᠠ ᠬᠤᠶᠢᠳᠤ ᠪᠠᠶ᠎ᠠ ᠶᠢᠨ | 40 ᠭᠠᠴᠠᠭ᠎ᠠ ᠨᠢ ᠪᠦᠬᠦᠨ ᠢᠶᠠᠷ ᠢᠶᠠᠨ ᠬᠤᠴᠠ ᠶᠢ ᠲᠦᠪᠯᠡᠷᠡᠬᠦᠯᠤᠨ ᠬᠠᠮᠢᠶᠠᠷᠴᠣ᠂ 100 ᠰᠦᠷᠦᠭ | ᠦᠵᠤᠮᠤᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ ᠢ ᠰᠢᠨ᠎ᠠ ᠪᠠᠷ ᠪᠠᠶᠢᠭᠤᠯᠵᠤ᠂ ᠮᠠᠯᠵᠢᠬᠤ ᠤᠷᠤᠨ ᠤ | ᠰᠦᠨ ᠤ ᠦᠷᠳᠡᠭᠡ ᠪᠠ ᠴᠡᠭᠡ ᠲᠦᠪᠯᠡᠷᠡᠬᠦᠯᠤᠨ ᠪᠤᠯᠪᠠᠰᠤᠷᠠᠭᠤᠯᠬᠤ ᠴᠡᠭ ᠲᠤᠰᠪᠤᠷᠢ 16 ᠬᠦᠷᠪᠡ︔ 34 ᠲᠦᠮᠡᠨ | ᠮᠤ᠋ ᠬᠠᠳᠤᠯᠠᠩ ᠰᠢᠨ᠎ᠠ ᠪᠠᠷ ᠨᠡᠮᠡᠭᠳᠡᠨ᠂ ᠪᠦᠬᠦ ᠬᠠᠳᠤᠯᠠᠩ ᠤᠨ ᠲᠠᠯᠠᠪᠠᠢ 601 ᠲᠦᠮᠡᠨ ᠮᠤ᠋ ᠪᠤᠯᠵᠤ᠂ 20 | ᠲᠦᠮᠡᠨ ᠮᠤ᠋ ᠡᠯᠡᠰᠤᠨ ᠤ ᠠᠵᠤ ᠦᠢᠯᠡᠰ ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠪᠡ᠃ 85.3 ᠲᠦᠮᠡᠨ | ᠲᠤᠯᠤᠭᠠᠢ ᠮᠠᠯ ᠤᠨ ᠭᠠᠷᠭᠠᠯᠳᠠ ᠶᠢ ᠪᠠᠶᠠᠯᠠᠬᠦᠯᠵᠤ᠂ 81.3 ᠲᠦᠮᠡᠨ ᠲᠤᠯᠤᠭᠠᠢ ᠮᠠᠯ ᠡᠪᠤᠯᠵᠢᠨ᠂ ᠨᠢᠳᠤᠨᠤᠨ ᠤ | ᠬᠢ ᠠᠴᠠ 12.5 ᠲᠦᠮᠡᠨ ᠲᠤᠯᠤᠭᠠᠢ ᠮᠠᠯ ᠴᠦᠬᠡᠷᠡᠪᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ | ᠪᠦᠳᠤᠬᠡᠨ ᠪᠠᠶᠢᠭᠤᠯᠤᠯᠳᠠ ᠪᠠ ᠮᠠᠰᠢᠡᠴᠢᠯᠠᠯᠳᠠ ᠶᠢᠨ ᠬᠢᠷᠢ ᠬᠡᠮᠵᠢᠶ᠎ᠠ ᠢᠯᠡᠳᠳᠠ ᠲᠡᠬᠡᠭᠰᠢᠯᠡᠵᠤ᠂ 2 ᠲᠦᠮᠡᠨ ᠲᠡᠭᠰᠢ | ᠲᠦᠷᠪᠡᠯᠵᠢᠨ ᠮᠧᠲᠷ ᠲᠤᠯᠠᠭᠠᠨ ᠫᠸᠡᠭ ᠪᠠᠶᠢᠭᠤᠯᠤᠨ᠂ 88 ᠮᠠᠰᠢᠨ ᠬᠤᠳᠳᠤᠭ ᠮᠠᠯᠳᠠᠵᠤ᠂ 311 ᠢᠵᠢ ᠮᠠᠯᠵᠢᠬᠤ | ᠦᠢᠯᠡᠳᠪᠤᠷᠢᠯᠡᠯ ᠤᠨ ᠮᠠᠰᠢᠨ ᠲᠦᠬᠦᠬᠡᠷᠤᠮᠵᠢ ᠤᠷᠤᠭᠤᠯᠪᠠ᠃ ᠰᠢᠨ᠎ᠠ ᠮᠠᠯᠵᠢᠬᠤ ᠤᠷᠤᠨ ᠤ ᠪᠦᠳᠤᠬᠡᠨ | ᠪᠠᠶᠢᠭᠤᠯᠤᠯᠳᠠ ᠰᠢᠨ᠎ᠠ ᠰᠢᠪᠳᠤᠯᠤᠯᠳᠠ ᠲᠠᠢ ᠪᠤᠯᠵᠤ᠂ 1200 ᠲᠦᠮᠠᠨ ᠲᠦᠬᠦᠷᠢᠭ ᠤᠨ ᠪᠡᠯᠨ ᠣᠷᠣᠭᠤᠯᠣᠨ᠂ | 15 ᠭᠠᠴᠠᠭ᠎ᠠ ᠶᠢ ᠰᠤᠩᠭᠤᠨ ᠰᠢᠨ᠎ᠠ ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢᠨ ᠶᠠᠷᠤᠩᠬᠡᠢ | ᠲᠦᠯᠤᠪᠵᠢᠬᠦᠯᠬᠡ ᠶᠢ ᠨᠠᠶᠢᠷᠠᠭᠤᠯᠤᠭᠰᠡᠨ ᠤ ᠬᠠᠮᠳᠤ 9 ᠭᠠᠴᠠᠭᠠᠨ ᠳᠤ ︽ ᠭᠤᠷᠪᠡᠨ 30 %᠂ ᠭᠤᠷᠪᠡᠨ 50 | %᠂ ᠭᠤᠷᠪᠡᠨ 100 %︾ ᠶᠢ ᠪᠠᠶᠠᠯᠠᠬᠦᠯᠬᠦ ᠬᠠᠷᠠᠯᠳᠠ ᠶᠤᠰᠤᠭᠠᠷ ᠰᠢᠨ᠎ᠠ ᠮᠠᠯᠵᠢᠬᠤ ᠤᠷᠤᠨ ᠤ ᠲᠤᠷᠰᠢᠯᠳᠠ | ᠶᠢᠨ ᠴᠡᠭ ᠤᠨ ᠠᠵᠢᠯ ᠢ ᠦᠷᠨᠢᠬᠦᠯᠪᠠ᠃ 144 ᠵᠢᠱᠢᠶᠠᠴᠢ ᠡᠷᠤᠬᠡ ᠶᠢ ᠪᠤᠶᠢᠵᠢᠭᠤᠯᠤᠨ᠂ ᠡᠬᠦᠨ ᠳᠤ 42 | ᠰᠤᠳᠤᠨ ᠡᠷᠤᠬᠡ ᠶᠢ ᠰᠤᠩᠭᠤᠨ ᠭᠠᠷᠭᠠᠪᠠ᠃ ᠡᠳ᠋ ᠤᠨ ᠵᠠᠰᠠᠭ ᠤᠨ ᠲᠠᠷᠢᠶᠠᠯᠠᠩ ᠢ ᠲᠠᠮᠵᠢᠬᠦ ᠪᠡᠯᠨ ᠮᠦᠩᠬᠦ ᠶᠢ | ᠨᠢᠬᠡᠳᠬᠡᠨ ᠨᠠᠶᠢᠯᠡᠬᠦᠯᠬᠦ ᠲᠣᠷᠰᠢᠯᠳᠠ ᠶᠢᠨ ᠴᠡᠭ ᠤᠨ ᠠᠵᠢᠯ ᠢ ᠢᠳᠡᠪᠬᠢᠳᠠᠢ ᠦᠷᠨᠢᠬᠦᠯᠵᠣ᠂ ᠦᠪᠡᠷᠳᠡᠬᠡᠨ ᠵᠠᠰᠠᠬᠤ | ᠣᠷᠣᠨ ᠤ ᠰᠢᠯᠭᠠᠨ ᠪᠠᠶᠢᠴᠠᠭᠠᠯᠳᠠ ᠶᠢ ᠦᠩᠬᠡᠷᠡᠬᠡᠪᠡ᠃ | ᠊᠊᠊᠊᠊ ᠠᠵᠤ ᠦᠢᠯᠡᠳᠪᠤᠷᠢ ᠶᠢᠨ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠰᠢᠨ᠎ᠠ ᠰᠢᠪᠳᠤᠯᠤᠯᠳᠠ ᠲᠠᠢ | ᠪᠤᠯᠪᠠ᠃ ᠬᠦᠢᠳᠡᠡᠰᠢᠯᠢ ᠰᠠᠯᠬᠢᠨ ᠴᠡᠬᠢᠯᠭᠠᠨ ᠤ ᠰᠠᠭᠤᠷᠢᠨ ᠭᠠᠵᠡᠷ ᠳᠠᠬᠢ ᠠᠰᠢᠭᠯᠠᠯᠳᠠ ᠳᠤ ᠤᠷᠤᠭᠰᠡᠨ ᠪᠠ | ᠪᠠᠶᠢᠭᠤᠯᠵᠤ ᠪᠠᠶᠢᠭ᠎ᠠ ᠰᠠᠯᠬᠢᠨ ᠴᠡᠬᠢᠯᠭᠠᠨ ᠤ ᠲᠦᠷᠥᠯ ᠵᠥᠢᠯ ᠤᠨ ᠶᠠᠷᠤᠩᠬᠡᠢ ᠬᠡᠮᠵᠢᠶ᠎ᠠ 60 ᠲᠦᠮᠡᠨ ᠺᠢᠯᠤᠸᠡᠲ | ᠬᠦᠷᠴᠤ᠂ ᠡᠬᠦᠨ ᠳᠤ 35 ᠲᠦᠮᠡᠨ ᠺᠢᠯᠤᠸᠡᠲ ᠨᠢ ᠠᠰᠢᠭᠯᠠᠯᠳᠠ ᠳᠤ ᠤᠷᠤᠨ᠂ ᠨᠠᠶᠢᠳᠠ 3 ᠳ᠋ᠦᠩᠰᠢᠭᠤᠷ | ᠺᠢᠯᠤᠸᠡᠲ ᠴᠡᠬᠢᠯᠭᠠᠨ ᠭᠠᠷᠭᠠᠪᠠ᠃ ᠵᠢᠢ ᠵᠦᠡᠭ ᠡᠨᠧᠷᠬᠢ ᠶᠢᠨ ᠹᠸᠡᠭ ᠹᠸᠡᠭ ᠪᠦᠯᠦᠭᠯᠡᠯ ᠪᠠ ᠱᠠᠨᠳᠦ᠋ᠩ ᠤᠨ ᠯᠤ᠋ | ᠨᠧᠩ ᠪᠦᠯᠦᠭᠯᠠᠯ ᠬᠠᠮᠳᠤᠷᠡᠨ᠂ ᠴᠠᠭᠠᠨᠨᠠᠭᠤᠷ᠂ ᠬᠤᠩᠭᠤᠷ ᠨᠡᠬᠦᠷᠡᠰᠤᠨ ᠠᠭᠤᠷᠬᠠᠢ ᠶᠢ ᠨᠡᠬᠡᠬᠡᠨ ᠠᠰᠢᠭᠯᠠᠵᠤ᠂ | ᠨᠠᠬᠦᠷᠡᠰᠤ᠂ ᠴᠡᠬᠢᠯᠭᠠᠨ᠂ ᠬᠢᠮᠢ᠂ ᠵᠠᠮ ᠢ ᠨᠢᠬᠡ ᠴᠣᠭᠴᠠᠵᠢᠭᠤᠯᠣᠭᠰᠠᠨ ᠲᠦᠷᠥᠯ ᠵᠥᠢᠯ ᠢ ᠪᠦᠳᠤᠬᠡᠨ ᠪᠠᠶᠢᠭᠤᠯᠵᠤ᠂ | ᠨᠢᠬᠡᠳᠤᠬᠡᠷ ᠬᠤᠭᠤᠴᠠᠭᠠᠨ ᠤ ᠵᠢᠯ ᠤᠨ 800 ᠲᠦᠮᠡᠨ ᠲᠤᠨ ᠨᠡᠬᠦᠷᠡᠰᠤ ᠦᠢᠯᠡᠳᠪᠤᠷᠢᠯᠡᠬᠦ ᠠᠭᠤᠷᠬᠠᠢ ᠶᠢᠨ | ᠪᠠᠷᠢᠯᠭ᠎ᠠ ᠶᠢ ᠡᠬᠢᠯᠡᠬᠦᠯᠵᠤ᠂ ᠨᠢᠬᠡᠳᠤᠬᠡᠷ ᠬᠤᠭᠤᠴᠠᠭᠠᠨ ᠤ 2 ×100 ᠲᠦᠮᠡᠨ ᠺᠢᠯᠤᠸᠡᠲ ᠶᠢᠨ ᠴᠠᠬᠢᠯᠭᠠᠨ | ᠭᠠᠷᠭᠠᠬᠤ ᠦᠢᠯᠡᠳᠪᠤᠷᠢ ᠶᠢᠨ ᠠᠩᠬᠠᠨ ᠤ ᠪᠤᠯᠤᠯᠴᠠᠭᠠᠳᠤ ᠮᠠᠳᠡᠬᠦᠯᠤᠯᠳᠡ ᠵᠠᠷᠬᠡ ᠡᠮᠤᠨ᠎ᠠ ᠬᠤᠭᠤᠴᠠᠭᠠᠨ ᠤ ᠠᠵᠢᠯ | ᠢ ᠦᠷᠨᠢᠬᠦᠯᠤᠨ᠂ ᠲᠤᠰᠬᠠᠢ ᠱᠤᠭᠤᠮᠳᠤ ᠲᠠᠮᠤᠷ ᠵᠠᠮ ᠤᠨ ᠪᠡᠯᠡᠳᠬᠡᠯ ᠪᠤᠯᠤᠯᠴᠠᠭᠠᠳᠤ ᠮᠡᠳᠡᠬᠦᠯᠤᠯᠳᠡ ᠨᠢ ᠬᠢᠨᠡᠨ | ᠰᠢᠯᠭᠠᠯᠳᠠ ᠶᠢ ᠦᠩᠬᠡᠷᠡᠬᠡᠪᠡ᠃ ᠳ᠋ᠠ ᠠᠨ ᠺᠤᠮᠫᠠᠨᠢ ᠶᠢᠨ ᠵᠢᠯ ᠤᠨ 120 ᠲᠦᠮᠡᠨ ᠲᠤᠨ ᠨᠡᠬᠦᠷᠡᠰᠤ | ᠦᠢᠯᠡᠳᠪᠤᠷᠢᠯᠡᠬᠦ ᠠᠭᠤᠷᠬᠠᠢ ᠶᠢᠨ ᠲᠤᠭᠤᠷᠢᠭ ᠤᠨ ︽ᠭᠤᠷᠪᠡ ᠶᠢ ᠨᠡᠪᠳᠠᠷᠠᠬᠦᠯᠤᠨ᠂ ᠨᠢᠬᠡ ᠶᠢ ᠲᠡᠭᠰᠢᠯᠡᠬᠦ︾ | ᠪᠠᠷᠢᠯᠭ᠎ᠠ ᠶᠢ ᠡᠬᠢᠯᠡᠬᠦᠯᠪᠡ᠃ ᠮᠠᠨᠢᠳᠤ ᠨᠠᠬᠦᠷᠡᠰᠤᠨ ᠠᠭᠤᠷᠬᠠᠢ ᠶᠢᠨ ᠬᠡᠰᠡᠭ ᠠᠭᠤᠷᠬᠠᠢ ᠶᠢᠨ ᠬᠤᠳᠳᠤᠭ ᠨᠢ | ᠮᠠᠷᠬᠡᠵᠢᠯ ᠤᠨ ᠦᠬᠡᠷᠡᠴᠢᠯᠠᠯᠳᠠ ᠬᠢᠵᠣ ᠦᠷᠬᠡᠳᠬᠡᠨ ᠪᠠᠶᠢᠭᠤᠯᠬᠤ ᠲᠦᠷᠥᠯ ᠵᠥᠢᠯ ᠢ ᠬᠡᠷᠡᠭᠵᠢᠬᠦᠯᠤᠨ᠂ ᠵᠢᠯ ᠤᠨ | 60 ᠲᠦᠮᠡᠨ ᠲᠤᠨ ᠨᠡᠬᠦᠷᠡᠰᠤ ᠦᠢᠯᠡᠳᠪᠤᠷᠢᠯᠡᠬᠦ ᠬᠡᠮᠵᠢᠶ᠎ᠠ ᠲᠠᠢ ᠪᠤᠯᠪᠠ᠃ ᠶᠢᠨ ᠳ᠋ᠢ ᠺᠤᠮᠫᠠᠨᠢ ᠶᠢᠨ ᠵᠠᠰ | ᠮᠤᠯᠢᠪᠳᠧᠨ ᠤ ᠠᠭᠤᠷᠬᠠᠢ ᠶᠢᠨ ᠨᠢᠬᠡᠳᠤᠬᠡᠷ ᠬᠤᠭᠤᠴᠠᠭᠠᠨ ᠤ ᠡᠳᠤᠷ ᠲᠤ 5000 ᠲᠤᠨ ᠬᠦᠳᠡᠷ ᠰᠢᠯᠢᠬᠦ | ᠦᠢᠯᠡᠳᠪᠤᠷᠢ᠂ ᠴᠢᠶᠠᠨ ᠳ᠋ᠧ ᠺᠤᠮᠫᠠᠨᠢ ᠶᠢᠨ ᠵᠠᠰ ᠪᠢᠰᠮᠦ᠋ᠲ ᠶᠢᠨ ᠠᠭᠤᠷᠬᠠᠢ ᠶᠢᠨ ᠡᠳᠤᠷ ᠲᠤ 800 ᠲᠤᠨ | ᠬᠦᠳᠠᠷ ᠰᠢᠯᠢᠬᠦ ᠦᠢᠯᠡᠳᠪᠤᠷᠢ ᠪᠠ ᠵᠢᠢ ᠳ᠋ᠦᠡᠭ ᠱᠦᠢᠨᠢ ᠶᠢᠨ ᠠᠪᠠᠭ᠎ᠠ ᠬᠤᠰᠢᠭᠤᠨ ᠳᠠᠬᠢ ᠺᠤᠮᠫᠠᠨᠢ ᠶᠢᠨ ᠡᠳᠤᠷ | ᠲᠤ 2500 ᠲᠤᠨ ᠪᠣᠯᠭᠤᠭᠰᠠᠨ ᠱᠦᠢᠨᠢ ᠦᠢᠯᠡᠳᠪᠤᠷᠢᠯᠡᠬᠦ ᠲᠦᠷᠥᠯ ᠵᠥᠢᠯ ᠢ ᠪᠠᠷᠢᠯᠭ᠎ᠠ ᠡᠬᠢᠯᠡᠬᠦᠯᠪᠠ᠃ | ᠊᠊᠊᠊᠊᠊᠊ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠰᠢᠨ᠎ᠠ ᠠᠮᠵᠢᠯᠳᠠ | ᠤᠯᠪᠠ᠃ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ 1.7 ᠳ᠋ᠦᠩᠰᠢᠭᠤᠷ ᠲᠦᠬᠦᠷᠢᠭ | ᠤᠨ ᠪᠡᠯᠨ ᠤᠷᠤᠭᠤᠯᠵᠤ᠂ 4.6 ᠲᠦᠮᠡᠨ ᠲᠡᠭᠰᠢ ᠲᠦᠷᠪᠡᠯᠵᠢᠨ ᠮᠧᠲᠷ ᠠᠷᠠᠯᠵᠢᠶ᠎ᠠ ᠪᠠ ᠰᠠᠭᠤᠭᠠᠯᠢ ᠶᠢᠨ ᠠᠰᠠᠷ᠂ | 4800 ᠲᠡᠭᠰᠢ ᠲᠦᠷᠪᠡᠯᠵᠢᠨ ᠮᠧᠲᠷ ᠬᠢᠮᠳᠠ ᠲᠤᠬᠢᠯᠢᠭ ᠣᠷᠣᠨ ᠰᠠᠭᠤᠴᠨ᠂ 3000 ᠲᠡᠭᠰᠢ ᠲᠦᠷᠪᠡᠯᠵᠢᠨ | ᠮᠧᠲᠷ ᠬᠢᠮᠳᠠ ᠪᠠᠷ ᠲᠦᠷᠢᠶᠠᠰᠣᠯᠡᠬᠦ ᠣᠷᠣᠨ ᠰᠠᠭᠤᠴᠨ ᠪᠠᠷᠢᠪᠠ᠃ 10 ᠵᠤᠷᠪᠤᠰ ᠪᠠᠯᠭᠠᠰᠤᠨ ᠵᠠᠮ ᠢ ᠰᠢᠨ᠎ᠠ ᠪᠠᠷ | ᠦᠷᠬᠡᠳᠬᠡᠨ ᠪᠠᠶᠢᠭᠤᠯᠵᠤ᠂ 38 ᠵᠤᠷᠪᠤᠰ ᠭᠤᠳᠤᠮᠵᠢᠨ ᠵᠠᠮ ᠢ ᠬᠠᠳᠠᠭᠤᠵᠢᠭᠤᠯᠪᠠ᠃ 1 ᠲᠦᠪᠯᠡᠷᠡᠩᠬᠦᠢ | ᠲᠣᠯᠠᠭᠠᠯᠭ᠎ᠠ ᠶᠢᠨ ᠦᠷᠳᠡᠭᠡ ᠶᠢ ᠰᠢᠨ᠎ᠠ ᠪᠠᠷ ᠪᠠᠶᠢᠭᠤᠯᠵᠤ᠂ ᠲᠣᠯᠠᠭᠠᠯᠭ᠎ᠠ ᠶᠢᠨ ᠲᠠᠯᠠᠪᠠᠢ ᠶᠢ 10 ᠲᠦᠮᠡᠨ ᠲᠡᠭᠰᠢ | ᠲᠦᠷᠪᠡᠯᠵᠢᠨ ᠮᠧᠲᠷ ᠦᠷᠬᠡᠳᠬᠡᠨ᠂ ᠪᠠᠯᠭᠠᠰᠤᠨ ᠵᠠᠬᠦᠡᠳᠡᠬᠢ ᠤᠰᠤᠨ ᠰᠤᠷᠪᠤᠯᠵᠢ ᠶᠢᠨ ᠪᠠᠷᠢᠯᠭ᠎ᠠ ᠶᠢ ᠦᠡᠳᠤᠰᠤᠨ | ᠳᠡᠭᠡᠨ ᠲᠠᠭᠤᠰᠬᠠᠨ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ 16.9 ᠺᠢᠯᠤᠮᠧᠲᠷ ᠤᠷᠳᠤᠳᠬᠠᠪᠠ᠃ | ᠪᠠᠯᠭᠠᠰᠤᠨ ᠤ ᠬᠤᠶᠢᠨᠡᠬᠢ ᠦᠶᠡᠷ ᠢ ᠰᠠᠷᠬᠡᠶᠢᠯᠡᠬᠦ ᠰᠢᠰᠲ᠋ᠧᠮ ᠤᠨ ᠭᠤᠤᠯ ᠪᠠᠷᠢᠯᠭ᠎ᠠ ᠶᠢ ᠲᠠᠭᠤᠰᠬᠠᠵᠤ᠂ 224 | ᠾᠧᠺᠲ᠋ᠡᠷ ᠰᠢᠨ᠎ᠠ ᠲᠤᠭᠤᠷᠢᠭ ᠢ ᠲᠦᠯᠤᠪᠵᠢᠬᠦᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠦᠬᠦᠬᠡᠷᠤᠮᠵᠢ ᠪᠠ | ᠠᠯᠪᠠᠨ ᠠᠰᠠᠷ᠂ ᠰᠠᠭᠤᠭᠠᠯᠢ ᠲᠤᠭᠤᠷᠢᠭ ᠤᠨ ᠪᠠᠷᠢᠯᠭ᠎ᠠ ᠶᠢ ᠡᠬᠢᠯᠠᠬᠦᠯᠪᠠ᠃ | ᠴᠠᠭᠠᠨ ᠤᠰᠤᠨ ᠴᠦᠬᠦᠷᠣᠮ ᠢ ᠵᠠᠰᠠᠨ ᠪᠠᠬᠢᠵᠢᠬᠦᠯᠬᠦ ᠲᠦᠷᠥᠯ ᠵᠥᠢᠯ ᠨᠢ ᠣᠰᠣᠨ ᠠᠰᠢᠭᠯᠠᠯᠳᠠ ᠶᠢᠨ ᠶᠠᠮᠣᠨ ᠤ | ᠬᠠᠳᠣᠨ ᠭᠤᠣᠯ ᠤᠨ ᠣᠰᠣᠨ ᠠᠰᠢᠭᠯᠠᠯᠳᠠ ᠶᠢᠨ ᠵᠦᠪᠯᠡᠯ ᠤᠨ ᠲᠠᠪᠳᠠᠨ ᠪᠠᠶᠢᠴᠠᠭᠠᠯᠳᠠ ᠶᠢ ᠦᠩᠬᠡᠷᠡᠬᠡᠭᠰᠡᠨ ᠤ | ᠬᠠᠮᠳᠣ ᠠᠵᠤ ᠦᠢᠯᠡᠳᠪᠤᠷᠢ ᠶᠢᠨ ᠤᠰᠤᠨ ᠤ ᠬᠡᠷᠡᠭᠴᠡᠭᠡ ᠶᠢ ᠪᠠᠳᠤᠯᠠᠬᠤ ᠶᠢᠨ ᠲᠦᠯᠤᠬᠡ ᠤᠰᠤᠨ ᠤ ᠡᠬᠢ | ᠰᠤᠷᠪᠤᠯᠵᠢ ᠶᠢᠨ ᠨᠣᠳᠠᠯᠠᠯᠳᠠ ᠵᠠᠷᠬᠡ ᠴᠦᠬᠦᠷᠤᠮ ᠤᠨ ᠪᠠᠭᠳᠠᠭᠠᠮᠵᠢ ᠶᠢ ᠦᠷᠬᠡᠳᠬᠡᠬᠦ ᠪᠡᠯᠡᠳᠬᠡᠯ ᠠᠵᠢᠯ ᠢ | ᠦᠷᠨᠢᠬᠦᠯᠪᠠ᠃ 207 ᠤᠯᠤᠰ ᠤᠨ ᠲᠡᠰ ᠤᠨ ᠵᠠᠮ ᠠᠴᠠ ᠴᠠᠭᠠᠨᠨᠠᠭᠤᠷ ᠪᠠᠯᠭᠠᠰᠤ ᠬᠦᠷᠬᠦ 81 ᠺᠢᠯᠤᠮᠧᠲᠷ ᠤᠨ | ᠱᠦᠢᠨᠢ ᠵᠠᠮ ᠪᠠ ᠬᠠᠷᠠᠭᠠᠳᠤ ᠠᠴᠠ ᠤᠯᠢᠶᠠᠰᠤᠳᠡᠢ ᠦᠵᠡᠮᠵᠢ ᠶᠢᠨ ᠲᠤᠭᠤᠷᠢᠭ ᠬᠦᠷᠬᠦ 64 ᠺᠢᠯᠤᠮᠧᠲᠷ ᠤᠨ | ᠵᠢᠵᠢᠭ ᠴᠡᠷᠳᠠᠮᠠᠯ ᠵᠠᠮ ᠤᠨ ᠪᠠᠷᠢᠯᠭ᠎ᠠ ᠶᠢ ᠲᠠᠭᠤᠰᠬᠠᠨ᠂ 101 ᠮᠤᠵᠢ ᠶᠢᠨ ᠲᠡᠰ ᠤᠨ ᠵᠠᠮ ᠠᠴᠠ ᠴᠠᠭᠠᠨᠨᠠᠭᠤᠷ | ᠪᠠᠯᠭᠠᠰᠤ ᠲᠠᠮᠵᠢᠨ ᠬᠤᠩᠭᠤᠷᠭᠤᠤᠯ ᠪᠠᠯᠭᠠᠰᠤ ᠬᠦᠷᠬᠦ 122 ᠺᠢᠯᠤᠮᠧᠲᠷ ᠤᠨ ᠵᠢᠵᠢᠭ ᠴᠡᠷᠳᠠᠮᠠᠯ ᠵᠠᠮ᠂ ᠪᠡᠯᠬᠦᠳᠡᠢ | ᠪᠠᠯᠭᠠᠰᠤ ᠠᠴᠠ ᠶᠠᠬᠡᠭᠤᠤᠯ ᠰᠤᠮᠤ ᠲᠠᠮᠵᠢᠨ ᠵᠢᠷᠭᠠᠯᠠᠩᠳᠤ ᠰᠤᠮᠤ ᠬᠦᠷᠬᠦ 168 ᠺᠢᠯᠤᠮᠧᠲᠷ ᠤᠨ ᠵᠢᠵᠢᠭ ᠴᠡᠷᠳᠠᠮᠠᠯ | ᠵᠠᠮ ᠤᠨ ᠰᠠᠭᠤᠷᠢ ᠶᠢ ᠲᠠᠪᠢᠰᠴᠤ ᠲᠠᠭᠤᠰᠬᠠᠪᠠ᠃ ᠬᠤᠳᠣᠭᠤᠷ ᠤᠨ ᠱᠠᠩᠳᠣ ᠠᠴᠠ ᠨᠠᠷᠠᠡᠪᠤᠯᠠᠭ ᠰᠤᠮᠤ ᠲᠠᠮᠵᠢᠨ | ᠰᠠᠩᠰᠠᠨ ᠪᠣᠯᠠᠭ ᠬᠦᠷᠬᠦ 92 ᠺᠢᠯᠤᠮᠧᠲᠷ ᠤᠨ ᠴᠡᠷᠳᠠᠮᠠᠯ ᠵᠠᠮ ᠤᠨ ᠪᠠᠷᠢᠯᠭ᠎ᠠ ᠶᠢ ᠡᠬᠢᠯᠡᠬᠦᠯᠵᠤ᠂ 10 ᠵᠤᠷᠪᠤᠰ | 149 ᠺᠢᠯᠤᠮᠧᠲᠷ ᠤᠨ ᠭᠠᠴᠠᠭᠠᠨ ᠵᠠᠮ ᠢ ᠲᠠᠪᠢᠰᠪᠠ᠃ | ᠊᠊᠊᠊᠊᠊᠊᠊ ᠠᠷᠡᠳ ᠤᠨ ᠠᠮᠢᠳᠤᠷᠡᠯ ᠢ ᠪᠠᠳᠤᠯᠠᠬᠤ ᠠᠵᠢᠯ ᠰᠢᠨ᠎ᠠ ᠦᠷ᠎ᠠ ᠪᠦᠳᠤᠮᠵᠢ ᠤᠯᠪᠠ᠃ ᠪᠦᠬᠦ ᠵᠢᠯ ᠳᠤ | 4715 ᠠᠵᠢᠯ ᠤᠨ ᠪᠠᠶᠢᠷᠢ ᠴᠤᠭᠯᠠᠭᠤᠯᠤᠨ᠂ 1372 ᠬᠦᠮᠤᠨ ᠢ ᠣᠷᠣᠨᠰᠢᠭᠤᠯᠵᠣ᠂ ᠠᠵᠢᠯ ᠤᠨ ᠪᠠᠶᠢᠷᠢ | ᠠᠴᠠ ᠪᠠᠨ ᠪᠠᠭᠤᠭᠰᠡᠨ ᠠᠵᠢᠯᠳᠡᠳ ᠲᠤ 280 ᠲᠦᠮᠡᠨ ᠲᠦᠬᠦᠷᠢᠭ ᠤᠨ ᠠᠵᠢᠯ ᠤᠯᠭᠤᠬᠤ ᠨᠦᠬᠦᠪᠤᠷᠢ | ᠬᠦᠷᠳᠡᠬᠡᠨ᠂ 53 ᠨᠠᠷᠠ ᠲᠡᠬᠡᠳᠤ ᠵᠠᠷᠬᠡ ᠶᠢᠨ ᠲᠤᠰᠬᠠᠢ ᠮᠠᠷᠬᠡᠵᠢᠯ ᠠᠴᠠ ᠲᠡᠬᠡᠭᠰᠢᠬᠢ ᠰᠤᠷᠤᠯᠭ᠎ᠠ ᠶᠢᠨ ᠨᠠᠮᠳᠠᠷ | ᠲᠠᠢ ᠰᠢᠯᠢᠳᠡᠭ ᠣᠶᠣᠳᠠᠳ ᠢ ᠡᠯᠰᠠᠨ ᠬᠡᠷᠡᠭᠯᠡᠵᠤ᠂ ᠬᠤᠳᠠ ᠪᠠᠯᠭᠠᠰᠤᠨ ᠤ ᠲᠠᠩᠰᠠᠯᠠᠭᠰᠡᠨ ᠠᠵᠢᠯ ᠠᠯᠳᠠᠭᠰᠡᠨ | ᠨᠤᠷᠮ᠎ᠠ ᠶᠢ 3.7% ᠶᠢᠨ ᠲᠤᠳᠤᠷ᠎ᠠ ᠬᠢᠵᠠᠭᠠᠷᠯᠠᠪᠠ᠃ 2163 ᠬᠦᠮᠤᠨ ᠬᠤᠳᠠ ᠪᠠᠯᠭᠠᠰᠤᠨ ᠤ ᠨᠠᠰᠤᠵᠢᠯ ᠤᠨ | ᠲᠠᠭᠠᠳᠬᠠᠯ ᠳᠤ ᠂ 5233 ᠬᠦᠮᠤᠨ ᠬᠤᠳᠠ ᠪᠠᠯᠭᠠᠰᠤᠨ ᠤ ᠠᠵᠢᠯᠳᠠᠨ ᠤ ᠡᠮᠴᠢᠯᠡᠬᠡᠨ ᠤ ᠲᠠᠭᠠᠳᠬᠠᠯ ᠳᠤ ᠂ | 2321 ᠬᠦᠮᠤᠨ ᠠᠵᠢᠯ ᠤᠨ ᠰᠢᠷᠬᠠᠳᠤᠯ ᠤᠨ ᠲᠠᠭᠠᠳᠬᠠᠯ ᠳᠤ ᠂ 3393 ᠬᠦᠮᠤᠨ ᠬᠦᠩᠬᠡᠵᠢᠯᠳᠠ ᠶᠢᠨ | ᠲᠠᠭᠠᠳᠬᠠᠯ ᠳᠤ᠂ 2809 ᠬᠦᠮᠤᠨ ᠠᠵᠢᠯ ᠠᠯᠳᠠᠭᠰᠡᠨ ᠲᠠᠭᠠᠳᠬᠠᠯ ᠳᠤ ᠲᠣᠰ ᠲᠣᠰ ᠤᠷᠤᠯᠴᠠᠪᠠ᠃ ᠮᠠᠯᠵᠢᠬᠤ | ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠡᠨ ᠡᠮᠴᠢᠯᠡᠬᠡᠨ ᠳᠤ 1.8 ᠲᠦᠮᠡᠨ ᠮᠠᠯᠴᠢᠨ ᠣᠷᠣᠯᠴᠠᠨ᠂ | ᠤᠷᠤᠯᠴᠠᠭᠰᠡᠨ ᠨᠤᠷᠮ᠎ᠠ ᠨᠢ 97.5% ᠬᠦᠷᠴᠤ᠂ 5742 ᠮᠠᠯᠴᠢᠨ ᠳᠤ 156 ᠲᠦᠮᠡᠨ ᠲᠦᠬᠦᠷᠢᠭ ᠤᠨ | ᠡᠮᠨᠡᠯᠬᠡ ᠶᠢᠨ ᠰᠦᠢᠳᠬᠡᠯ ᠢ ᠴᠠᠶᠢᠷᠠᠭᠤᠯᠤᠨ᠂ 22 ᠨᠠᠷᠠ ᠠᠮᠢᠳᠣᠷᠠᠯ ᠨᠢ ᠬᠦᠴᠢᠷᠳᠡᠯᠳᠡᠢ ᠡᠪᠡᠳᠴᠢᠳᠠᠨ ᠢ ᠠᠪᠤᠷᠡᠨ | ᠲᠤᠰᠠᠯᠠᠵᠤ᠂ ᠰᠦᠢᠳᠬᠡᠯ ᠬᠤᠷᠢᠶᠠᠭᠰᠡᠨ ᠦᠬᠡᠢ ᠪᠠᠷ 50 ᠨᠠᠰᠤᠨ ᠠᠴᠠ ᠲᠡᠬᠡᠭᠰᠢᠬᠢ 3529 ᠮᠠᠯᠴᠢᠨ ᠪᠠ | 3421 ᠺᠠᠳᠠᠷ ᠠᠵᠢᠯᠳᠠᠨ ᠳᠤ ᠪᠠᠶ᠎ᠠ ᠶᠢᠨ ᠪᠠᠶᠢᠴᠠᠭᠠᠯᠳᠠ ᠬᠢᠵᠤ᠂ 138 ᠬᠤᠤᠰ ᠤᠷᠤᠭᠯᠠᠭᠰᠡᠳ ᠲᠤ ᠣᠷᠤᠭ | ᠤᠨ ᠡᠮᠣᠨᠡᠬᠢ ᠡᠷᠡᠬᠦᠯ ᠮᠡᠨᠳᠣ ᠶᠢᠨ ᠪᠠᠶᠢᠴᠠᠭᠠᠯᠳᠠ ᠬᠢᠪᠠ᠃ 300 ᠲᠦᠮᠡᠨ ᠲᠦᠬᠦᠷᠢᠭ ᠤᠨ ᠪᠡᠯᠨ ᠣᠷᠣᠭᠤᠯᠵᠣ᠂ | ︽ᠪᠦᠬᠦᠶᠢᠯᠨ ᠲᠣᠰᠬᠤᠨ ᠢᠶᠠᠷ ᠠᠬᠢᠭᠤᠯᠬᠤ︾ ᠶᠠᠳᠠᠭᠤ ᠶᠢ ᠲᠠᠳᠬᠦᠬᠦ ᠢᠨᠵᠧᠨᠧᠷᠢᠩ ᠢ ᠬᠡᠷᠡᠭᠵᠢᠬᠦᠯᠦᠨ᠂ 3 | ᠭᠠᠴᠠᠭᠠᠨ ᠤ 230 ᠮᠠᠯᠵᠢᠬᠤ ᠡᠷᠤᠬᠡ ᠨᠢ ᠠᠰᠢᠭ ᠬᠦᠷᠳᠡᠵᠡᠢ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠡᠯ ᠤᠨ ᠪᠠᠳᠤᠯᠠᠭ᠎ᠠ ᠶᠢᠨ ᠲᠠᠯ᠎ᠠ ᠪᠠᠷ ᠪᠠᠳᠤᠯᠠᠬᠤ ᠵᠤᠬᠢᠰᠳᠡᠢ ᠢ ᠪᠦᠬᠦᠨ ᠢ ᠪᠠᠳᠤᠯᠠᠬᠤ ᠶᠢ ᠦᠡᠳᠤᠰᠤᠨ | ᠳᠡᠭᠡᠨ ᠪᠠᠶᠠᠯᠠᠬᠦᠯᠵᠤ᠂ ᠬᠤᠳᠠ ᠪᠠᠯᠭᠠᠰᠤᠨ ᠤ ᠪᠠᠳᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠶᠢᠨ 155 ᠲᠦᠬᠦᠷᠢᠭ | ᠪᠠᠶᠢᠭᠰᠡᠨ ᠠᠴᠠ 200 ᠲᠦᠬᠦᠷᠢᠭ ᠲᠤ ᠬᠦᠷᠬᠡᠵᠣ᠂ ᠮᠠᠯᠵᠢᠬᠤ ᠤᠷᠤᠨ ᠤ ᠪᠠᠳᠤᠯᠠᠭ᠎ᠠ ᠶᠢᠨ ᠪᠠᠷᠢᠮᠵᠢᠶ᠎ᠠ ᠶᠢ | ᠵᠢᠯ ᠤᠨ 500 ᠲᠦᠬᠦᠷᠢᠭ ᠪᠠᠶᠢᠭᠰᠡᠨ ᠠᠴᠠ 600 ᠲᠦᠬᠦᠷᠢᠭ ᠬᠦᠷᠳᠡᠯ᠎ᠠ ᠲᠡᠬᠡᠭᠰᠢᠯᠡᠬᠦᠯᠵᠤ᠂ ᠪᠦᠬᠦ ᠵᠢᠯ ᠳᠤ | 3460 ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠬᠦᠷᠳᠡᠭᠰᠡᠳ ᠲᠤ ᠨᠠᠶᠢᠳᠠ 375 ᠲᠦᠮᠡᠨ ᠲᠦᠬᠦᠷᠢᠭ | ᠤᠨ ᠪᠠᠳᠤᠯᠠᠭ᠎ᠠ ᠶᠢᠨ ᠮᠦᠩᠬᠦ ᠤᠯᠭᠤᠨ᠂ ᠬᠤᠳᠠ ᠪᠠᠯᠭᠠᠰᠤᠨ ᠤ ᠤᠷᠤᠯᠭ᠎ᠠ ᠪᠠᠭᠠᠳᠠᠢ ᠬᠡᠷ ᠪᠦᠯᠢ ᠶᠢᠨ ᠬᠢᠮᠳᠠ ᠪᠠᠷ | ᠲᠦᠷᠢᠶᠠᠰᠣᠯᠡᠬᠦ ᠣᠷᠣᠨ ᠰᠠᠭᠤᠴᠨ ᠶᠢᠨ ᠨᠦᠬᠦᠪᠤᠷᠢ ᠶᠢᠨ ᠲᠦᠷᠢᠮ ᠢ ᠰᠠᠶᠢᠳᠤᠷ ᠬᠡᠷᠡᠭᠵᠢᠬᠦᠯᠵᠤ᠂ 192 ᠡᠷᠤᠬᠡ | ᠳᠤ 26.9 ᠲᠦᠮᠡᠨ ᠲᠦᠬᠦᠷᠢᠭ ᠤᠨ ᠲᠦᠷᠢᠶᠠᠰᠣᠨ ᠮᠦᠩᠬᠦᠨ ᠤ ᠨᠦᠬᠦᠪᠤᠷᠢ ᠤᠯᠭᠤᠪᠠ᠃ | ᠊᠊᠊᠊᠊᠊ ᠨᠠᠶᠢᠬᠡᠮ ᠤᠨ ᠡᠯ᠎ᠠ ᠲᠦᠷᠥᠯ ᠤᠨ ᠠᠵᠢᠯ ᠦᠢᠯᠡᠰ ᠰᠢᠨ᠎ᠠ ᠠᠮᠢᠵᠢᠷᠡᠯ ᠤᠨ ᠬᠦᠴᠤᠨ ᠲᠠᠢ ᠪᠤᠯᠪᠠ᠃ | ᠰᠤᠷᠭᠠᠨ ᠬᠦᠮᠤᠵᠢᠯ ᠤᠨ ︽ᠬᠤᠶᠡᠷ ᠢ ᠬᠡᠯᠳᠣᠷᠢᠬᠦᠯᠵᠣ ᠨᠢᠬᠡ ᠶᠢ ᠨᠦᠬᠦᠪᠤᠷᠢᠯᠡᠬᠦ︾ ᠪᠠ ᠮᠠᠯᠵᠢᠬᠤ ᠤᠷᠤᠨ ᠤ | ᠠᠮᠨ ᠡᠷᠤᠬᠡ ᠲᠠᠢ ᠦᠡᠳᠤᠷ ᠲᠤᠮᠳᠠᠳᠤ ᠶᠢᠨ ᠰᠤᠷᠤᠭᠴᠢᠳ ᠤᠨ ᠨᠦᠬᠦᠪᠤᠷᠢ᠂ ᠮᠤᠩᠭᠤᠯ ᠢᠶᠠᠷ ᠬᠢᠴᠢᠶᠠᠯᠯᠠᠬᠦ | ᠰᠤᠷᠬᠤ ᠨᠠᠰᠤᠨ ᠠᠴᠠ ᠡᠮᠤᠨᠠᠬᠢ ᠰᠤᠷᠭᠠᠨ ᠬᠦᠮᠤᠵᠢᠯ ᠤᠨ ︽ᠬᠤᠶᠡᠷ ᠢ ᠬᠡᠯᠳᠣᠷᠢᠬᠦᠯᠬᠦ︾ ᠲᠦᠷᠥ ᠶᠢᠨ | ᠪᠤᠳᠤᠯᠭ᠎ᠠ ᠢ ᠪᠤᠳᠡᠳᠡᠢ ᠨᠠᠶᠢᠳᠠᠪᠤᠷᠢᠵᠢᠭᠤᠯᠵᠤ᠂ ᠨᠠᠶᠢᠳᠠ 1.5 ᠲᠦᠮᠡᠨ ᠰᠤᠷᠤᠭᠴᠢ ᠤᠳᠠᠭ᠎ᠠ ᠳᠤ 311 ᠲᠦᠮᠡᠨ | ᠲᠦᠬᠦᠷᠢᠭ ᠤᠨ ᠨᠦᠬᠦᠪᠤᠷᠢ ᠤᠯᠭᠤᠪᠠ᠃ 1237 ᠲᠦᠮᠡᠨ ᠲᠦᠬᠦᠷᠢᠭ ᠤᠨ ᠪᠠᠯᠨ ᠤᠷᠤᠭᠤᠯᠵᠤ ᠮᠤᠩᠭᠤᠯ | ᠬᠡᠤᠬᠡᠳ ᠤᠨ ᠴᠡᠴᠡᠷᠯᠢᠭ ᠤᠨ ᠶᠠᠷᠤᠩᠬᠡᠶᠢᠯᠡᠭᠰᠡᠨ ᠠᠰᠠᠷ᠂ ᠮᠤᠩᠭᠤᠯ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ | ᠪᠠᠶᠢᠷᠢ ᠶᠢᠨ ᠠᠰᠠᠷ ᠪᠠ ᠬᠤᠭᠤᠯᠡᠨ ᠬᠡᠷ᠂ ᠭᠤᠷᠪᠡᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ | ᠠᠰᠠᠷ᠂ ᠵᠠᠯᠠᠭᠤᠴᠤᠳ ᠪᠠᠭᠠᠴᠤᠳ ᠤᠨ ᠬᠦᠳᠡᠯᠬᠡᠬᠡᠨ ᠤ ᠲᠦᠪ ᠵᠠᠷᠬᠡ ᠪᠠᠷᠢᠯᠭ᠎ᠠ ᠶᠢ ᠠᠰᠢᠭᠯᠠᠯᠳᠠ ᠳᠤ | ᠤᠷᠤᠭᠤᠯᠤᠨ᠂ ᠬᠤᠰᠢᠭᠤ ᠬᠠᠷᠢᠶ᠎ᠠ ᠲᠤᠮᠳᠠᠳᠤ ᠪᠠᠭ᠎ᠠ ᠰᠤᠷᠭᠠᠭᠤᠯᠢ ᠶᠢᠨ ᠬᠡᠷ ᠪᠠᠶᠢᠰᠢᠩ ᠢ ᠪᠦᠬᠦᠨ ᠢ ᠠᠰᠠᠷ | ᠪᠣᠯᠭᠠᠪᠠ᠃ ᠪᠦᠬᠦ ᠬᠤᠰᠢᠭᠤᠨ ᠤ ᠰᠤᠷᠭᠠᠨ ᠬᠦᠮᠤᠵᠢᠯ ᠤᠨ ᠠᠵᠢᠯ ᠢ ᠳ᠋ᠦᠩᠨᠡᠨ ᠰᠠᠶᠢᠴᠣᠣᠯ ᠢ ᠰᠠᠶᠢᠰᠢᠶᠠᠨ | ᠬᠦᠬᠢᠬᠦᠯᠬᠦ ᠬᠤᠷᠡᠯ ᠢ ᠬᠤᠷᠠᠯᠳᠤᠭᠤᠯᠵᠤ᠂ ᠰᠢᠯᠢᠳᠡᠭ ᠪᠠᠭᠰᠢ ᠨᠠᠷ ᠪᠠ ᠰᠢᠯᠢᠳᠡᠭ ᠰᠤᠷᠭᠠᠨ ᠬᠦᠮᠤᠵᠢᠯ ᠤᠨ | ᠠᠵᠢᠯᠳᠠᠳ ᠢ 11.2 ᠲᠦᠮᠡᠨ ᠲᠦᠬᠦᠷᠢᠭ ᠪᠠᠷ ᠱᠠᠩᠨᠠᠪᠠ᠃ ᠠᠮᠢᠳᠣᠷᠠᠯ ᠨᠢ ᠬᠦᠴᠢᠷᠳᠡᠯᠳᠡᠢ ᠤᠶᠤᠳᠡᠳ ᠢ | ᠲᠠᠳᠬᠦᠨ ᠲᠤᠰᠠᠯᠠᠬᠤ ᠰᠢᠰᠲ᠋ᠧᠮ ᠢ ᠪᠦᠷᠢᠡᠰᠢᠬᠦᠯᠤᠨ᠂ 151 ᠠᠮᠢᠳᠣᠷᠠᠯ ᠨᠢ ᠬᠦᠴᠢᠷᠳᠡᠯᠳᠡᠢ ᠤᠶᠤᠳᠡᠨ ᠢ 25. | 3 ᠲᠦᠮᠡᠨ ᠲᠦᠬᠦᠷᠢᠭ ᠢᠶᠠᠷ ᠲᠤᠰᠠᠯᠠᠵᠤ᠂ 1133 ᠲᠦᠮᠡᠨ ᠲᠦᠬᠦᠷᠢᠭ ᠤᠨ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠦᠷᠢ ᠦᠭᠴᠡᠭᠡ ᠢ ᠴᠡᠪᠡᠷᠯᠡᠪᠡ᠃ ᠦᠡᠳᠤᠰᠤᠳᠠᠨ ᠤ ᠰᠤᠶᠤᠯ ᠤᠨ ᠲᠤᠮᠤ ᠬᠤᠰᠢᠭᠤ ᠶᠢ ᠪᠦᠬᠦ | ᠬᠦᠴᠤᠨ ᠢᠶᠠᠷ ᠴᠤᠭᠴᠡᠯᠡᠨ᠂ ᠦᠪᠤᠷ ᠮᠤᠩᠭᠤᠯ ᠤᠨ ᠲᠧᠯᠸᠢᠰ ᠬᠤᠷᠢᠶ᠎ᠠ ᠲᠠᠢ ᠬᠠᠮᠳᠤᠷᠡᠨ 2008 ᠤᠨ ᠤ | ᠰᠢᠨ᠎ᠠ ᠵᠢᠯ ᠤᠨ ᠦᠳᠡᠰᠢᠯᠡᠭᠡ ᠶᠢ ᠡᠷᠬᠢᠯᠡᠵᠤ᠂ ᠲᠧᠯᠸᠢᠰ ᠺᠢᠨᠣ᠋ ︽ᠰᠠᠭᠠᠬᠠᠯᠳᠠ ᠶᠢᠨ ᠬᠢᠨ︾ ᠢ ᠰᠠᠬᠦᠳᠡᠷᠯᠡᠨ᠂ | ︽ᠠᠪᠠᠭ᠎ᠠ ᠬᠠᠳᠠᠨ ᠵᠢᠷᠤᠭ︾᠂ ︽ᠠᠪᠠᠭ᠎ᠠ ᠬᠤᠰᠢᠭᠤᠨ ᠤ ᠪᠠᠯᠴᠢᠬᠡᠷ ᠤᠨ ᠤᠷᠭᠤᠮᠠᠯ︾ ᠵᠠᠷᠬᠡ ᠠᠷᠪᠠᠭᠠᠳ ᠨᠤᠮ | ᠪᠢᠴᠢᠭ ᠢ ᠬᠡᠪᠯᠡᠬᠦᠯᠤᠨ ᠲᠠᠷᠬᠠᠭᠠᠵᠤ᠂ ᠮᠠᠭᠳᠠᠭᠠᠯ ᠲᠤᠤᠯᠢ ︽ᠰᠢᠯᠢ ᠶᠢᠨ ᠤᠶᠠᠩᠭ᠎ᠠ︾ ᠨᠢ ︽ᠠᠷᠡᠳ︾ | ᠨᠠᠷᠠᠮᠵᠢᠳᠤ ᠱᠠᠩᠨᠠᠯ ᠢ ᠲᠤᠰᠴᠤ᠂ ᠦᠡᠳᠤᠰᠤᠳᠠᠨ ᠤ ᠭᠠᠷ ᠤᠷᠠᠯᠠᠯ᠂ ᠬᠤᠪᠴᠡᠰᠤ ᠵᠠᠰᠠᠯ ᠤᠨ ᠦᠢᠯᠡᠰ ᠲᠦᠷᠬᠡᠨ | ᠬᠦᠭᠵᠢᠵᠤ᠂ ᠦᠡᠳᠤᠰᠤᠳᠠᠨ ᠤ ᠰᠤᠶᠤᠯ ᠤᠨ ᠨᠠᠷᠠᠳᠤ ᠲᠠᠮᠳᠡᠭ ᠢ ᠴᠤᠭᠴᠠᠯᠠᠨ᠂ ᠮᠠᠨ ᠤ ᠬᠤᠰᠢᠭᠤ ᠨᠢ | ᠦᠪᠡᠷᠳᠡᠬᠡᠨ ᠵᠠᠰᠠᠬᠤ ᠤᠷᠤᠨ ᠤ ︽ᠬᠠᠷ᠎ᠠ ᠠᠳᠤᠭᠤᠨ ᠤ ᠨᠤᠳᠤᠭ︾᠂ ︽ᠴᠡᠭᠡ ᠶᠢᠨ ᠨᠤᠳᠤᠭ︾᠂ ︽ᠴᠤᠭᠤᠷ | ᠤᠨ ᠦᠯᠦᠬᠡᠢ︾ ᠪᠠᠷ ᠨᠠᠷᠠᠶᠢᠳᠡᠭᠳᠡᠪᠡ᠃ ᠤᠯᠢᠮᠫᠢᠺ ᠢ ᠤᠭᠳᠤᠬᠤ ᠪᠠ ᠦᠬᠡᠷᠡᠴᠢᠯᠡᠯᠳᠡ ᠨᠡᠬᠡᠬᠡᠯᠳᠡ ᠶᠢᠨ 30 | ᠵᠢᠯ ᠢ ᠲᠤᠷᠡᠰᠬᠠᠬᠤ ᠲᠠᠰᠢᠷᠡᠮ ᠢᠶᠠᠷ ᠲᠦᠮᠡᠨ ᠬᠦᠮᠤᠨ ᠠᠭᠤᠯᠨ ᠲᠠᠪᠠᠭ᠋ᠤ᠂ ᠠᠵᠢᠯᠳᠠᠨ ᠤ ᠠᠯᠠᠭᠠᠳᠠᠬᠤ ᠪᠦᠮᠪᠦᠭᠡ | ᠶᠢᠨ ᠤᠷᠤᠯᠳᠤᠭᠠᠨ ᠵᠠᠷᠬᠡ ᠰᠤᠶᠤᠯ ᠲᠠᠮᠢᠷ ᠤᠨ ᠬᠦᠳᠡᠯᠬᠡᠬᠡᠨ ᠢ ᠡᠷᠬᠢᠯᠡᠨ ᠶᠠᠪᠤᠭᠳᠠᠭᠤᠯᠪᠠ᠃ ᠭᠤᠷᠪᠡᠨ ᠱᠠᠳᠤᠨ | ᠤ ᠡᠷᠡᠬᠦᠯ ᠬᠠᠮᠠᠭᠠᠯᠠᠯ ᠤᠨ ᠲᠤᠤᠷ ᠰᠦᠯᠵᠢᠶᠠᠨ ᠤ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠣ᠂ | ᠬᠤᠰᠢᠭᠤ ᠡᠮᠨᠡᠯᠬᠡ ᠶᠢᠨ ᠬᠤᠷᠢᠶᠠᠨ ᠤ ᠡᠪᠡᠳᠴᠢᠳᠠᠨ ᠤ ᠠᠰᠠᠷ᠂ ᠮᠤᠩᠭᠤᠯ ᠡᠮᠨᠡᠯᠬᠡ ᠶᠢᠨ ᠬᠤᠷᠢᠶᠠᠨ ᠤ | ᠶᠠᠷᠤᠩᠬᠡᠶᠢᠯᠡᠭᠰᠡᠨ ᠠᠰᠠᠷ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠦᠷᠳᠡᠭᠡ ᠶᠢ ᠦᠷᠬᠡᠳᠬᠡᠨ ᠪᠠᠶᠢᠭᠤᠯᠬᠤ | ᠪᠠᠷᠢᠯᠭ᠎ᠠ ᠶᠢᠨ ᠠᠵᠢᠯ ᠢ ᠲᠠᠭᠤᠰᠬᠠᠨ᠂ ᠬᠢᠵᠢᠭ ᠡᠪᠡᠳᠴᠢᠨ ᠢ ᠰᠠᠷᠬᠡᠶᠢᠯᠡᠨ ᠵᠠᠰᠠᠬᠤ ᠲᠦᠪ ᠤᠨ ᠠᠯᠪᠠᠨ ᠠᠰᠠᠷ | ᠠᠰᠢᠭᠯᠠᠯᠳᠠ ᠳᠤ ᠤᠷᠤᠵᠤ᠂ 5 ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠳᠤ ᠪᠠᠴᠢᠮ | ᠠᠪᠤᠷᠠᠯᠳᠠ ᠶᠢᠨ ᠲᠡᠷᠬᠡ ᠪᠠ ᠡᠮᠨᠡᠯᠬᠡ ᠶᠢᠨ ᠲᠦᠬᠦᠬᠡᠷᠤᠮᠵᠢ ᠤᠷᠤᠭᠤᠯᠤᠨ᠂ 38 ᠭᠠᠴᠠᠭᠠᠨ ᠳᠤ ᠡᠷᠡᠬᠦᠯ | ᠬᠠᠮᠠᠭᠠᠯᠠᠯ ᠤᠨ ᠲᠠᠰᠤᠭ ᠲᠠᠢ ᠪᠣᠯᠭᠠᠪᠠ᠃ ᠪᠦᠬᠦ ᠤᠷᠤᠨ ᠤ ᠲᠦᠯᠤᠪᠯᠡᠬᠡᠳᠤ ᠦᠷᠡᠵᠢᠯ ᠤᠨ ᠰᠢᠯᠢᠳᠡᠭ | ᠦᠢᠯᠡᠴᠢᠯᠡᠬᠡᠨ ᠤ ᠲᠠᠷᠢᠬᠦᠨ ᠤ ᠬᠤᠰᠢᠭᠤ ᠶᠢ ᠴᠤᠭᠴᠠᠯᠡᠨ ᠪᠠᠶᠢᠭᠤᠯᠬᠤ ᠬᠦᠳᠡᠯᠬᠡᠬᠡᠨ ᠢ ᠬᠦᠨᠵᠡᠬᠡᠢ ᠦᠷᠨᠢᠬᠦᠯᠵᠤ᠂ | ᠬᠦᠮᠤᠨ ᠠᠮᠨ ᠶᠢᠨ ᠲᠦᠷᠥᠯᠳᠠ ᠶᠢᠨ ᠨᠤᠷᠮ᠎ᠠ ᠪᠠ ᠠᠶᠠᠡᠳᠠᠭᠠᠨ ᠦᠰᠦᠭᠰᠡᠨ ᠨᠤᠷᠮ᠎ᠠ ᠶᠢ ᠲᠤᠰᠪᠤᠷᠢ 7.33‰ | ᠪᠠ 5.6‰ ᠶᠢᠨ ᠲᠤᠳᠤᠷ᠎ᠠ ᠬᠢᠵᠠᠭᠠᠷᠯᠠᠭᠰᠡᠨ ᠪᠠᠶᠢᠨ᠎ᠠ᠃ | ᠊᠊᠊᠊᠊᠊᠊᠊ ᠡᠶ᠎ᠡ ᠨᠠᠶᠢᠷᠠᠮᠳᠠᠭᠤ ᠠᠪᠠᠭ᠎ᠠ ᠨᠤᠳᠤᠭ ᠤᠨ ᠪᠠᠶᠢᠭᠤᠯᠤᠯᠳᠠ ᠰᠢᠨ᠎ᠠ ᠠᠬᠢᠴᠠ ᠲᠠᠢ ᠪᠤᠯᠪᠠ᠃ ︽ᠴᠤᠬᠢᠯᠳᠠ | ᠦᠭᠬᠦ ᠪᠠ ᠰᠠᠷᠬᠡᠶᠢᠯᠡᠬᠦ ᠶᠢ ᠤᠶᠠᠯᠳᠤᠭᠤᠯᠤᠨ᠂ ᠰᠠᠷᠬᠡᠶᠢᠯᠡᠬᠦ ᠪᠠᠷ ᠭᠤᠣᠯᠳᠠᠯᠭ᠎ᠠ ᠪᠣᠯᠭᠠᠬᠤ︾ ᠴᠢᠭᠯᠡᠯᠳᠡ ᠶᠢ | ᠪᠠᠷᠢᠮᠳᠠᠯᠠᠨ᠂ ︽ᠠᠮᠤᠷ ᠲᠠᠶᠢᠪᠤᠡᠭ ᠠᠪᠠᠭ᠎ᠠ ᠨᠤᠳᠤᠭ︾ ᠢ ᠴᠤᠭᠴᠠᠯᠠᠬᠤ ᠬᠠᠷᠠᠯᠳᠠ ᠪᠠᠷ ᠡᠯ᠎ᠠ ᠵᠥᠢᠯ ᠤᠨ | ᠡᠷᠡᠬᠦᠦ ᠶᠢᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠨᠠᠶᠢᠬᠡᠮ ᠤᠨ ᠠᠮᠤᠷ ᠲᠤᠭᠳᠠᠭᠤᠨ ᠢ | ᠪᠠᠳᠣᠯᠠᠪᠠ᠃ ᠦᠢᠯᠡᠳᠪᠤᠷᠢ ᠠᠭᠤᠷᠬᠠᠢ᠂ ᠠᠵᠤ ᠠᠬᠤᠶᠢᠯᠡᠯ᠂ ᠵᠠᠮ ᠬᠠᠷᠢᠯᠴᠠᠭ᠎ᠠ᠂ ᠪᠠᠷᠢᠯᠭ᠎ᠠ ᠵᠠᠷᠬᠡ ᠭᠤᠤᠯᠳᠠᠯᠭ᠎ᠠ | ᠲᠠᠢ ᠠᠵᠢᠯ ᠦᠢᠯᠡᠰ ᠤᠨ ᠠᠶᠤᠯᠬᠦᠢ ᠦᠢᠯᠡᠳᠪᠤᠷᠢᠯᠡᠯ ᠤᠨ ᠬᠢᠨᠡᠨ ᠬᠠᠮᠢᠶᠠᠷᠤᠯᠳᠠ ᠶᠢ ᠦᠨᠡᠡᠬᠦ ᠴᠢᠩᠭᠠᠳᠬᠠᠨ᠂ | ᠤᠡᠴᠠ ᠶᠡᠭᠡ ᠠᠳᠠᠯ ᠡᠬᠦᠰᠬᠦ ᠶᠢ ᠪᠦᠳᠤᠮᠵᠢᠳᠡᠢ ᠬᠤᠷᠢᠭᠯᠠᠪᠠ᠃ ᠦᠡᠳᠤᠰᠤᠳᠠᠨ ᠤ ᠪᠦᠯᠬᠦᠮᠳᠠᠯ ᠪᠠ | ᠦᠡᠳᠤᠰᠤᠳᠠᠨ ᠱᠠᠰᠢᠨ ᠰᠤᠷᠳᠠᠬᠤᠨ ᠤ ᠠᠵᠢᠯ ᠢ ᠴᠢᠩᠭᠠᠳᠬᠠᠵᠤ᠂ ᠦᠡᠳᠤᠰᠤᠳᠠᠨ ᠤ ᠪᠦᠯᠬᠦᠮᠳᠠᠯ ᠲᠠᠪᠰᠢᠯᠳᠠ | ᠶᠢᠨ ᠤᠬᠢ ᠰᠠᠶᠢᠨ ᠪᠠᠶᠢᠳᠠᠯ ᠢ ᠪᠠᠳᠤᠳᠬᠠᠭᠰᠡᠨ ᠪᠠᠶᠢᠨ᠎ᠠ᠃ ᠨᠠᠶᠢᠬᠡᠮ ᠤᠨ ᠠᠮᠤᠷ ᠲᠤᠭᠳᠠᠭᠤᠨ ᠢ ᠨᠦᠯᠤᠬᠡᠯᠡᠬᠦ | ᠪᠤᠯᠤᠯᠴᠠᠭᠠᠳᠤ ᠪᠠᠶᠢᠳᠠᠯ ᠢ ᠪᠠᠶᠢᠴᠠᠭᠠᠬᠤ ᠡᠷᠴᠢᠮ ᠢ ᠴᠢᠩᠭᠠᠯᠠᠨ᠂ ᠤᠯᠡᠨ ᠲᠦᠮᠡᠨ ᠤ ᠵᠠᠬᠢᠳᠠᠯ ᠰᠤᠷᠪᠤᠯᠵᠢᠯᠠᠭ᠎ᠠ | ᠶᠢᠨ ᠠᠰᠠᠭᠤᠳᠠᠯ ᠳᠤ ᠬᠢᠨᠠᠮᠠᠭᠠᠢ ᠬᠠᠨᠳᠣᠨ᠂ ᠨᠢᠬᠡ ᠪᠦᠯᠦᠭ ᠣᠨ ᠣᠳᠠᠭᠰᠠᠨ ᠲᠦᠪᠡᠭᠳᠠᠢ ᠬᠡᠷᠡᠭ ᠢ | ᠰᠢᠢᠳᠪᠣᠷᠢᠯᠠᠵᠣ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠰᠢᠢᠳᠪᠤᠷᠢᠯᠡᠭᠰᠡᠨ ᠨᠤᠷᠮ᠎ᠠ 89.3% ᠬᠦᠷᠪᠡ᠃ ᠵᠠᠬ᠎ᠠ | ᠲᠡᠯᠬᠡᠬᠦᠷ ᠤᠨ ᠡᠮᠬᠢ ᠲᠢᠭᠯᠢᠮ ᠢ ᠶᠡᠭᠡ ᠬᠦᠴᠤᠨ ᠢᠶᠠᠷ ᠴᠡᠭᠴᠡᠯᠡᠨ᠂ ᠢᠳᠡᠬᠡᠨ ᠤᠮᠳᠠᠭᠠᠨ᠂ ᠡᠮ ᠤᠨ ᠵᠦᠢᠯᠡᠰ | ᠪᠠ ᠮᠠᠷᠬᠡᠵᠢᠯ ᠤᠨ ᠶᠡᠰᠤ ᠴᠢᠨᠠᠷ ᠤᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠬᠠᠭᠤᠷᠮᠠᠭ ᠪᠠᠷᠠᠭ᠎ᠠ | ᠦᠢᠯᠡᠳᠪᠤᠷᠢᠯᠡᠨ ᠪᠤᠷᠤᠯᠠᠭᠤᠯᠤᠭᠰᠡᠨ ᠵᠠᠷᠬᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠠ᠃ | ᠊᠊᠊᠊᠊᠊᠊᠊ ᠵᠠᠰᠠᠭ ᠤᠨ ᠣᠷᠳᠣᠨ ᠤ ᠲᠣᠰ ᠪᠠᠶ᠎ᠠ ᠶᠢᠨ ᠪᠠᠶᠢᠭᠤᠯᠣᠯᠳᠠ ᠰᠢᠨ᠎ᠠ ᠠᠬᠢᠯᠳᠠ ᠲᠠᠢ ᠪᠣᠯᠪᠠ᠃ | ᠰᠢᠨᠵᠢᠯᠡᠬᠦ ᠣᠬᠠᠭᠠᠨᠴᠢ ᠬᠦᠭᠵᠢᠯᠳᠠ ᠶᠢᠨ ᠦᠵᠡᠯᠳᠠ ᠶᠢ ᠰᠣᠷᠣᠯᠴᠠᠨ ᠦᠢᠯᠡᠳᠣᠯᠬᠡᠵᠢᠬᠦᠯᠬᠦ ᠠᠵᠢᠯᠯᠠᠭ᠎ᠠ ᠶᠢ | ᠦᠷᠨᠢᠬᠦᠯᠦᠨ᠂ ᠰᠢᠨᠵᠢᠯᠡᠬᠦ ᠣᠬᠠᠭᠠᠨᠴᠢ ᠬᠦᠭᠵᠢᠯᠳᠠ ᠶᠢᠨ ᠣᠬᠠᠮᠰᠠᠷ ᠪᠠ ᠢᠳᠡᠬᠡᠯ ᠵᠣᠷᠢᠭ ᠢᠶᠠᠨ ᠴᠢᠩᠭᠠᠳᠬᠠᠪᠠ᠃ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠣᠯᠢ ᠪᠠᠷ ᠬᠢᠨᠠᠯᠳᠠ ᠲᠠᠯᠪᠢᠬᠤ ᠪᠠ ᠣᠯᠣᠰ ᠲᠦᠷᠦ ᠶᠢᠨ ᠵᠦᠪᠯᠡᠯᠬᠡᠨ ᠤ | ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠠᠵᠣ᠂ ᠪᠦᠬᠦ ᠵᠢᠯ ᠳᠤ 298 ᠬᠤᠪᠢ | ᠠᠷᠠᠳ ᠤᠨ ᠲᠦᠯᠦᠬᠡᠯᠡᠭᠴᠢᠳ ᠤᠨ ᠰᠠᠨᠠᠯ ᠵᠦᠪᠯᠡᠯᠬᠡ᠂ 134 ᠬᠤᠪᠢ ᠣᠯᠣᠰ ᠲᠦᠷᠦ ᠶᠢᠨ ᠵᠦᠪᠯᠡᠯᠬᠡᠨ ᠤ | ᠬᠡᠰᠢᠬᠦᠳ ᠤᠨ ᠲᠣᠷᠠᠳᠣᠯᠭ᠎ᠠ ᠳᠤ ᠬᠠᠷᠢᠭᠤᠯᠳᠠ ᠦᠭᠬᠦᠭᠰᠡᠨ ᠪᠠᠶᠢᠨ᠎ᠠ᠃ ᠵᠠᠰᠠᠭ ᠤᠨ ᠶᠠᠪᠣᠳᠠᠯ ᠢ ᠢᠯᠨ ᠪᠣᠯᠭᠠᠬᠤ | ᠠᠵᠢᠯ ᠢ ᠬᠦᠨᠵᠡᠬᠡᠢ ᠠᠬᠢᠭᠤᠯᠣᠨ᠂ ᠡᠯᠧᠺᠲᠷᠣᠨᠴᠢᠯᠡᠭᠰᠡᠨ ᠵᠠᠰᠠᠭ ᠤᠨ ᠶᠠᠪᠣᠳᠠᠯ ᠤᠨ ᠪᠠᠶᠢᠭᠤᠯᠣᠯᠳᠠ ᠶᠢ | ᠲᠦᠷᠬᠡᠳᠬᠡᠪᠡ᠃ ᠬᠢᠨᠠᠨ ᠪᠣᠳᠣᠯᠳᠠ ᠶᠢᠨ ᠠᠵᠢᠯ ᠢ ᠰᠠᠶᠢᠳᠤᠷ ᠠᠳᠬᠤᠵᠤ᠂ ᠭᠤᠣᠯᠳᠠᠯᠭ᠎ᠠ ᠲᠠᠢ ᠠᠵᠢᠯ ᠪᠠ | ᠲᠣᠰᠬᠠᠢ ᠪᠡᠯᠨ ᠮᠦᠩᠬᠦᠨ ᠤ ᠬᠢᠨᠠᠨ ᠬᠠᠮᠢᠶᠠᠷᠣᠯᠳᠠ ᠶᠢᠨ ᠡᠷᠴᠢᠮ ᠢᠶᠠᠨ ᠴᠢᠩᠭᠠᠯᠠᠵᠣ᠂ ᠵᠠᠰᠠᠭ ᠵᠠᠬᠢᠷᠭᠠᠨ ᠤ | ᠬᠢᠨᠠᠨ ᠪᠠᠶᠢᠴᠠᠭᠠᠯᠳᠠ ᠪᠠ ᠵᠠᠰᠠᠭ ᠤᠨ ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠵᠣ᠂ ᠠᠷᠢᠭᠤᠨ ᠴᠢᠭᠴᠢ | ᠶᠢᠨ ᠪᠠᠶᠢᠭᠤᠯᠣᠯᠳᠠ ᠪᠠ ᠢᠯᠵᠠᠷᠠᠯ ᠢ ᠡᠰᠡᠷᠬᠦᠴᠡᠬᠦ ᠠᠵᠢᠯ ᠢ ᠬᠦᠨᠵᠡᠬᠡᠢ ᠦᠷᠨᠢᠬᠦᠯᠵᠠᠢ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠬᠡᠮ | ᠨᠠᠯᠢᠶᠠᠳ ᠲᠦᠷᠬᠡᠨ ᠬᠦᠭᠵᠢᠵᠣ᠂ ᠰᠢᠨ᠎ᠠ ᠨᠢᠬᠡᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠨᠢ ᠣᠬᠢ | ᠰᠠᠶᠢᠨ ᠡᠬᠢᠯᠠᠯᠳᠠ ᠲᠠᠢ ᠪᠤᠯᠤᠭᠰᠡᠨ ᠪᠠᠶᠢᠨ᠎ᠠ᠃ ᠡᠳᠡᠬᠡᠷ ᠬᠢᠷᠢ ᠪᠦᠳᠣᠮᠵᠢ ᠶᠢ ᠣᠯᠣᠭᠰᠠᠨ ᠨᠢ ᠠᠶᠢᠮᠠᠭ ᠤᠨ ᠨᠠᠮ | ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ | ᠣᠳᠣᠷᠢᠳᠣᠭᠰᠠᠨ ᠤ ᠦᠷ᠎ᠠ ᠳ᠋ᠦᠩ ᠮᠦᠨ᠃ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ | ᠣᠯᠣᠰ ᠲᠦᠷᠦ ᠶᠢᠨ ᠵᠦᠪᠯᠡᠯᠬᠡᠨ ᠤ ᠬᠦᠴᠣᠳᠠᠢ ᠲᠠᠮᠵᠢᠭ᠍ᠰᠡᠨ ᠤ ᠦᠷ᠎ᠠ ᠳ᠋ᠦᠩ ᠮᠦᠨ᠃ ᠪᠦᠬᠦ ᠬᠤᠰᠢᠭᠤᠨ ᠤ | ᠦᠨᠳᠣᠰᠣᠳᠠᠨ ᠨᠦᠭᠦᠳ ᠤᠨ ᠠᠷᠠᠳ ᠲᠦᠮᠡᠨ ᠤ ᠰᠠᠳᠬᠢᠯ ᠨᠢᠬᠡᠳᠣᠨ ᠴᠢᠷᠮᠠᠶᠢᠨ ᠲᠠᠮᠠᠴᠡᠭᠰᠡᠨ ᠤ ᠦᠷ᠎ᠠ ᠳ᠋ᠦᠩ | ᠮᠦᠨ᠃ ᠮᠦᠨᠴᠣ ᠨᠡᠶᠢᠬᠡᠮ ᠤᠨ ᠡᠯ᠎ᠠ ᠡᠳᠡᠬᠡᠳ ᠤᠨ ᠬᠢᠨ ᠤ ᠬᠦᠴᠣᠳᠠᠢ ᠬᠠᠪᠰᠣᠷᠣᠨ ᠲᠠᠮᠵᠢᠭ᠍ᠰᠡᠨ ᠤ ᠦᠷ᠎ᠠ | ᠳ᠋ᠦᠩ ᠮᠦᠨ᠃ ᠠᠳᠠ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠣ᠂ ᠠᠵᠢᠯ ᠤᠨ ᠪᠠᠶᠢᠷᠢ ᠲᠡᠬᠡᠷ᠎ᠠ | ᠰᠢᠷᠭᠠᠭᠤ ᠠᠵᠢᠯᠯᠠᠵᠣ ᠪᠠᠶᠢᠭ᠎ᠠ ᠦᠨᠳᠣᠰᠣᠳᠠᠨ ᠨᠦᠭᠦᠳ ᠤᠨ ᠺᠠᠳᠠᠷ ᠣᠯᠠᠨ ᠲᠦᠮᠡᠨ ᠵᠢᠴᠢ ᠠᠪᠠᠭ᠎ᠠ ᠬᠤᠰᠢᠭᠤᠨ | ᠤ ᠬᠦᠭᠵᠢᠯᠳᠠ ᠶᠢ ᠬᠠᠯᠠᠮᠵᠢᠯᠠᠨ ᠲᠠᠮᠵᠢᠭ᠍ᠰᠡᠬᠡᠷ ᠢᠷᠡᠭᠰᠡᠨ ᠨᠠᠶᠢᠵᠨ ᠨᠠᠷ ᠲᠠᠭᠠᠨ ᠴᠢᠩ ᠰᠠᠳᠬᠢᠯ ᠤᠨ ᠲᠠᠯᠠᠷᠬᠠᠯ | ᠪᠠ ᠡᠷᠬᠢᠮ ᠬᠦᠨᠳᠣᠳᠬᠡᠯ ᠢᠶᠠᠨ ᠲᠠᠪᠰᠢᠬᠦᠯᠦᠶ᠎ᠠ︕ | ᠪᠢᠳᠠ ᠠᠮᠵᠢᠯᠳᠠ ᠪᠠᠨ ᠨᠣᠳᠠᠯᠠᠬᠤ ᠶᠢᠨ ᠬᠠᠮᠳᠣ ᠪᠦᠬᠦ ᠬᠤᠰᠢᠭᠤᠨ ᠤ ᠬᠦᠭᠵᠢᠯᠳᠠ ᠶᠢᠨ ᠲᠣᠮᠳᠠ ᠣᠷᠣᠰᠢᠵᠣ | ᠪᠠᠶᠢᠭ᠎ᠠ ᠬᠦᠴᠢᠷᠳᠠᠯ ᠪᠠ ᠠᠰᠠᠭᠤᠳᠠᠯ ᠤᠳ ᠢ ᠲᠣᠳᠣᠷᠬᠠᠢ ᠲᠠᠨᠢᠬᠤ ᠴᠢᠬᠤᠯᠠᠳᠠᠢ ᠪᠠᠶᠢᠨ᠎ᠠ᠃ ᠨᠢᠬᠡ ᠳᠤ᠂ ᠮᠠᠯ | ᠠᠵᠣ ᠠᠬᠤᠢ ᠶᠢᠨ ᠦᠨᠳᠣᠰᠣᠨ ᠰᠠᠭᠤᠷᠢ ᠨᠢᠮᠬᠡᠨ᠂ ᠮᠠᠯ ᠪᠠᠯᠴᠢᠬᠡᠷ ᠤᠨ ᠲᠠᠩᠴᠡᠬᠦᠷᠢ ᠶᠢᠨ ᠵᠦᠷᠢᠴᠠᠯ | ᠲᠣᠪᠣᠶᠢᠮ᠎ᠠ ᠣᠷᠣᠰᠢᠵᠣ᠂ ᠠᠮᠢ ᠠᠬᠤᠢ ᠶᠢᠨ ᠣᠷᠴᠢᠨ ᠲᠣᠭᠤᠷᠢᠨ ᠮᠦᠨ ᠬᠡᠪᠷᠡᠭ ᠪᠠᠶᠢᠭᠰᠠᠭᠠᠷ᠃ ᠬᠤᠶᠠᠷ ᠲᠤ᠂ | ᠮᠠᠯ ᠠᠵᠣ ᠠᠬᠤᠢ ᠶᠢᠨ ᠦᠢᠯᠡᠳᠪᠣᠷᠢᠯᠠᠯ ᠡᠵᠡᠩᠨᠡᠯᠳᠠ ᠶᠢᠨ ᠠᠷᠭ᠎ᠠ ᠬᠡᠯᠪᠡᠷᠢ ᠬᠤᠴᠤᠷᠤᠩᠭᠤᠢ᠂ ᠬᠦᠮᠦᠨ ᠠᠮᠨ | ᠶᠢ ᠨᠡᠬᠦᠯᠬᠡᠨ ᠰᠢᠯᠵᠢᠬᠦᠯᠬᠦ ᠳᠤ ᠬᠦᠴᠢᠷ ᠲᠠᠢ ᠪᠠᠶᠢᠵᠣ᠂ ᠮᠠᠯᠴᠢᠳ ᠤᠨ ᠮᠠᠯᠵᠢᠯ ᠤᠨ ᠪᠣᠰᠣ ᠣᠷᠣᠯᠭ᠎ᠠ ᠶᠢᠨ | ᠡᠵᠡᠯᠡᠬᠦ ᠬᠠᠷᠢᠴᠠᠯ ᠨᠢ ᠦᠨᠡᠡᠬᠦ ᠲᠣᠣᠷ᠎ᠠ ᠪᠠᠶᠢᠭᠰᠠᠭᠠᠷ᠃ ᠭᠤᠷᠪᠠ ᠳᠤ᠂ ᠨᠡᠬᠦᠷᠠᠰᠣ᠂ ᠪᠠᠷᠢᠯᠭ᠎ᠠ ᠶᠢᠨ ᠮᠠᠲ᠋ᠧᠷᠢᠶᠠᠯ | ᠪᠣᠯᠣᠨ ᠠᠭᠤᠷᠬᠠᠢ ᠨᠡᠬᠡᠬᠡᠨ ᠠᠰᠢᠭᠯᠠᠬᠤ ᠵᠡᠷᠬᠡ ᠭᠤᠣᠯᠳᠠᠯᠭ᠎ᠠ ᠲᠠᠢ ᠠᠵᠣ ᠦᠢᠯᠡᠳᠪᠣᠷᠢ ᠶᠢᠨ ᠲᠦᠷᠦᠯ ᠵᠦᠢᠯ ᠨᠢ | ᠪᠠᠶᠢᠭᠤᠯᠣᠯᠳᠠ ᠶᠢᠨ ᠱᠠᠳᠣᠨ ᠳᠠᠭᠠᠨ ᠪᠠᠶᠢᠵᠣ᠂ ᠠᠵᠣ ᠠᠬᠤᠢ ᠶᠢᠨ ᠭᠤᠤᠯ ᠲᠦᠯᠬᠢᠴᠠ ᠬᠦᠴᠣᠨ ᠪᠤᠯᠵᠤ | ᠴᠢᠳᠠᠭ᠎ᠠ ᠦᠬᠡᠢ᠂ ᠡᠬᠢ ᠪᠠᠶᠠᠯᠢᠭ ᠤᠨ ᠲᠠᠪᠠᠭᠤᠯᠢᠭ ᠨᠢ ᠠᠵᠣ ᠠᠬᠤᠢ ᠶᠢᠨ ᠲᠠᠪᠠᠭᠤᠯᠢᠭ ᠪᠣᠯᠵᠣ ᠲᠠᠶᠢᠯᠣᠬᠡᠳᠣᠢ | ᠪᠠᠶᠢᠭᠰᠠᠭᠠᠷ᠃ ᠲᠦᠷᠪᠡ ᠳᠤ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠨᠢ ᠬᠤᠴᠣᠷᠣᠩᠭᠤᠢ᠂ | ᠨᠡᠶᠢᠬᠡᠮ ᠤᠨ ᠠᠵᠢᠯ ᠦᠢᠯᠡᠰ ᠳᠠᠬᠢ ᠪᠠᠯᠨ ᠣᠷᠣᠭᠤᠯᠣᠯᠳᠠ ᠨᠢ ᠬᠦᠷᠦᠯᠴᠠᠬᠦ ᠦᠬᠡᠢ᠂ ᠬᠤᠳᠠ ᠬᠦᠳᠡᠭᠡ ᠶᠢᠨ | ᠬᠦᠭᠵᠢᠯᠳᠠ ᠨᠢ ᠵᠣᠬᠢᠴᠠᠩᠭᠤᠢ ᠪᠣᠰᠣ ᠪᠠᠶᠢᠭᠰᠠᠭᠠᠷ᠃ ᠲᠠᠪᠤ ᠳᠤ᠂ ᠠᠵᠣ ᠠᠬᠤᠢ ᠶᠢᠨ ᠬᠢᠮᠣᠷᠠᠯ ᠠᠴᠠ ᠪᠣᠯᠣᠭᠰᠠᠨ | ᠭᠠᠳᠠᠭᠠᠳᠣ ᠣᠷᠴᠢᠨ ᠤ ᠨᠦᠯᠦᠬᠡ ᠨᠢ ᠮᠠᠨ ᠤ ᠬᠤᠰᠢᠭᠤᠨ ᠤ ᠠᠵᠣ ᠠᠬᠤᠢ ᠶᠢᠨ ᠬᠦᠭᠵᠢᠯᠳᠠ ᠳᠤ ᠬᠠᠷᠰᠢᠯ | ᠪᠣᠯᠵᠣ ᠪᠠᠶᠢᠨ᠎ᠠ᠃ ᠡᠳᠡᠬᠡᠷ ᠠᠰᠠᠭᠤᠳᠠᠯ ᠳᠤ ᠴᠢᠭᠯᠡᠬᠦᠯᠦᠨ᠂ ᠪᠢᠳᠠ ᠪᠦᠳᠦᠮᠵᠢᠳᠠᠢ ᠠᠷᠭ᠎ᠠ ᠬᠡᠮᠵᠢᠶ᠎ᠠ ᠠᠪᠴᠣ᠂ | ᠬᠢᠨᠠᠮᠠᠭᠠᠢ ᠰᠢᠢᠳᠪᠣᠷᠢᠯᠡᠬᠦ ᠴᠢᠬᠤᠯᠠᠳᠠᠢ ᠪᠠᠶᠢᠨ᠎ᠠ᠃ | ᠬᠤᠶᠡᠷ᠂ 2009 ᠤᠨ ᠤ ᠠᠵᠢᠯ ᠤᠨ ᠭᠤᠤᠯ ᠡᠬᠦᠷᠬᠡ | ᠡᠨ᠋ᠨ ᠵᠢᠯ ᠪᠢᠳᠠᠨ ᠳᠤ ᠦᠷᠢᠰᠣᠯᠳᠣᠬᠡᠨ ᠪᠠ ᠠᠵᠨ ᠲᠣᠬᠢᠶᠠᠯ ᠵᠠᠷᠬᠡᠪᠡᠷ ᠣᠷᠣᠰᠢᠵᠣ ᠪᠠᠶᠢᠭ᠎ᠠ ᠶᠣᠮ ᠃ ᠨᠢᠬᠡ | ᠲᠠᠯ᠎ᠠ ᠪᠠᠷ᠂ ᠲᠡᠯᠡᠬᠡᠢ ᠶᠢᠨ ᠴᠢᠨᠠᠷᠳᠠᠢ ᠠᠵᠣ ᠠᠬᠤᠢ ᠶᠢᠨ ᠬᠢᠮᠣᠷᠠᠯ ᠨᠢ ᠮᠠᠨ ᠤ ᠬᠤᠰᠢᠭᠤᠨ ᠤ ᠠᠵᠣ ᠠᠬᠤᠢ | ᠶᠢᠨ ᠬᠦᠭᠵᠢᠯᠳᠠ ᠳᠤ ᠮᠠᠰᠢ ᠣᠯᠠᠨ ᠠᠰᠢᠭ ᠦᠬᠡᠢ ᠨᠦᠯᠦᠬᠡ ᠶᠢ ᠦᠵᠡᠬᠦᠯᠪᠠ᠃ ᠨᠦᠬᠦᠬᠡ ᠲᠠᠯ᠎ᠠ ᠪᠠᠷ᠂ | ᠣᠯᠣᠰ ᠠᠴᠠ ᠠᠵᠤ ᠠᠬᠤᠢ ᠶᠢᠨ ᠨᠡᠮᠡᠭᠳᠠᠯ ᠢ ᠪᠠᠳᠣᠯᠠᠨ᠂ ᠲᠣᠳᠣᠭᠠᠳᠣ ᠬᠡᠷᠡᠭᠴᠡᠭᠡ ᠪᠠᠨ ᠦᠷᠬᠡᠳᠬᠡᠵᠣ᠂ | ᠪᠦᠳᠣᠴᠨ ᠶᠢ ᠲᠣᠬᠢᠷᠠᠭᠤᠯᠬᠤ ᠲᠦᠷᠦ ᠶᠢᠨ ᠪᠣᠳᠣᠯᠭ᠎ᠠ ᠲᠣᠭᠳᠠᠭᠠᠭᠰᠠᠨ ᠨᠢ ᠮᠠᠨ ᠤ ᠬᠤᠰᠢᠭᠤᠨ ᠤ ᠰᠠᠭᠤᠷᠢ | ᠲᠦᠬᠦᠬᠡᠷᠦᠮᠵᠢ ᠶᠢᠨ ᠪᠦᠳᠣᠬᠡᠨ ᠪᠠᠶᠢᠭᠤᠯᠣᠯᠳᠠ ᠪᠠᠨ ᠴᠢᠩᠭᠠᠳᠬᠠᠵᠣ᠂ ᠵᠣᠬᠢᠴᠠᠩᠭᠤᠢ ᠦᠷᠬᠦᠯᠵᠢᠯᠠᠨ ᠬᠦᠭᠵᠢᠬᠦ | ᠳᠤ ᠠᠰᠢᠭᠳᠠᠢ ᠨᠦᠬᠦᠴᠡᠯ ᠢ ᠦᠵᠡᠬᠦᠯᠬᠦ ᠪᠣᠯᠣᠨ᠎ᠠ᠃ ᠪᠢᠳᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠢᠳᠡᠬᠡᠯ ᠵᠣᠷᠢᠭ ᠢᠶᠠᠨ ᠬᠦᠪᠴᠢᠯᠠᠨ᠂ | ᠰᠢᠷᠭᠠᠭᠤ ᠠᠵᠢᠯᠯᠠᠵᠣ᠂ ᠡᠯ᠎ᠠ ᠵᠦᠢᠯ ᠤᠨ ᠠᠰᠢᠭᠳᠠᠢ ᠲᠣᠬᠢᠶᠠᠯ ᠢ ᠬᠦᠢᠴᠡᠳ ᠠᠰᠢᠭᠯᠠᠨ᠂ ᠬᠦᠭᠵᠢᠯᠳᠠ ᠶᠢᠨ | ᠲᠣᠮᠳᠠᠬᠢ ᠠᠰᠠᠭᠤᠳᠠᠯ ᠢ ᠢᠳᠠᠪᠬᠢᠳᠠᠢ ᠰᠢᠢᠳᠪᠤᠷᠢᠯᠡᠵᠤ᠂ ᠬᠦᠴᠢᠷᠳᠠᠯ ᠢ ᠢᠯᠠᠨ ᠲᠠᠪᠠᠳᠠᠭ ᠯᠨ ᠶᠣᠮ ᠪᠣᠯ ᠠᠵᠣ | ᠠᠬᠤᠢ ᠨᠡᠶᠢᠬᠡᠮ ᠤᠨ ᠲᠣᠭᠳᠠᠭᠤᠨ ᠲᠦᠷᠬᠡᠨ ᠬᠦᠭᠵᠢᠯᠳᠠ ᠶᠢ ᠯᠠᠪᠳᠠᠶᠢᠶ᠎ᠠ ᠪᠠᠳᠣᠯᠠᠵᠣ ᠲᠠᠶᠢᠯᠬᠦ ᠶᠣᠮ᠃ | 2009 ᠣᠨ ᠤ ᠵᠠᠰᠠᠭ ᠤᠨ ᠣᠷᠳᠣᠨ ᠤ ᠠᠵᠢᠯ ᠤᠨ ᠶᠠᠷᠣᠩᠬᠡᠢ ᠰᠠᠳᠬᠢᠴᠨ ᠪᠣᠯ᠄ ᠳ᠋ᠧᠩ ᠰᠢᠶᠣᠣ ᠫᠢᠩ ᠤᠨ | ᠣᠨᠣᠯ ᠪᠠ ︽ᠭᠤᠷᠪᠠ ᠶᠢ ᠲᠦᠯᠦᠬᠡᠯᠡᠬᠦ︾ ᠴᠢᠬᠤᠯᠨ ᠦᠵᠡᠯ ᠰᠠᠨᠠᠭ᠎ᠠ ᠪᠠᠷ ᠵᠢᠯᠣᠭᠤᠳᠣᠭᠤᠯᠵᠣ᠂ ᠰᠢᠨᠵᠢᠯᠡᠬᠦ | ᠣᠬᠠᠭᠠᠨᠴᠢ ᠬᠦᠭᠵᠢᠯᠳᠠ ᠶᠢᠨ ᠦᠵᠡᠯᠳᠠ ᠶᠢ ᠬᠦᠨᠵᠡᠬᠡᠢ ᠨᠠᠶᠢᠳᠠᠪᠣᠷᠢᠵᠢᠭᠤᠯᠣᠨ᠂ ᠲᠦᠪ᠂ ᠦᠪᠡᠷᠳᠡᠬᠡᠨ ᠵᠠᠰᠠᠬᠤ | ᠣᠷᠣᠨ᠂ ᠠᠶᠢᠮᠠᠭ ᠤᠨ ᠠᠵᠣ ᠠᠬᠤᠢ ᠶᠢᠨ ᠠᠵᠢᠯ ᠤᠨ ᠬᠤᠷᠠᠯ ᠪᠠ ᠬᠤᠰᠢᠭᠤ ᠨᠠᠮ ᠤᠨ ᠬᠤᠷᠢᠶᠠᠨ ᠤ ᠪᠦᠬᠦ | ᠬᠡᠰᠢᠬᠦᠳ ︵ᠦᠷᠬᠡᠳᠬᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠣᠣᠱᠯᠠᠭᠤᠯᠣᠨ᠂ ᠦᠵᠡᠯ | ᠰᠠᠨᠠᠭ᠎ᠠ ᠪᠠᠨ ᠴᠢᠯᠣᠬᠡᠯᠡᠵᠣ᠂ ᠬᠦᠴᠢᠷ ᠢ ᠰᠦᠷᠦᠨ ᠣᠷᠣᠭᠰᠢᠯᠠᠵᠣ᠂ ᠲᠦᠷᠦᠯ ᠵᠦᠢᠯ ᠢ ᠪᠦᠬᠦ ᠬᠦᠴᠣᠨ ᠢᠶᠠᠷ | ᠠᠳᠬᠤᠨ ᠪᠡᠯᠨ ᠣᠷᠣᠭᠤᠯᠣᠯᠳᠠ ᠪᠠᠨ ᠨᠡᠮᠡᠭᠳᠡᠬᠦᠯᠦᠨ᠂ ᠠᠵᠣ ᠠᠬᠤᠢ ᠶᠢᠨ ᠨᠡᠮᠡᠭᠳᠠᠯ ᠢ ᠠᠬᠢᠭᠤᠯᠵᠣ᠂ ︽ | ᠭᠤᠷᠪᠠᠨ ᠮᠠᠯᠵᠢᠯ︾ ᠤᠨ ᠲᠦᠷᠢᠮ ᠢ ᠪᠦᠬᠦ ᠬᠦᠴᠦᠨ ᠢᠶᠠᠷ ᠠᠳᠬᠤᠨ ᠠᠮᠢ ᠠᠬᠤᠢ ᠶᠢ ᠬᠠᠮᠠᠭᠠᠯᠠᠨ | ᠵᠣᠬᠢᠴᠠᠩᠭᠤᠢ ᠬᠦᠭᠵᠢᠯᠳᠠ ᠶᠢ ᠠᠬᠢᠭᠤᠯᠵᠣ᠂ ᠣᠷᠣᠯᠭ᠎ᠠ ᠶᠢᠨ ᠨᠡᠮᠡᠭᠳᠠᠯ ᠢ ᠪᠦᠬᠦ ᠬᠦᠴᠣᠨ ᠢᠶᠠᠷ ᠠᠳᠬᠤᠨ | ᠠᠷᠠᠳ ᠤᠨ ᠠᠮᠢᠳᠣᠷᠠᠯ ᠢ ᠰᠠᠶᠢᠵᠢᠷᠠᠭᠤᠯᠣᠨ ᠨᠡᠶᠢᠬᠡᠮ ᠤᠨ ᠡᠶ᠎ᠡ ᠨᠠᠶᠢᠷᠠᠮᠳᠠᠭᠤ ᠶᠢ ᠠᠬᠢᠭᠤᠯᠵᠣ᠂ ᠪᠦᠬᠦ | ᠬᠤᠰᠢᠭᠤᠨ ᠤ ᠠᠵᠣ ᠠᠬᠤᠢ ᠨᠡᠶᠢᠬᠡᠮ ᠤᠨ ᠨᠡᠩ ᠰᠠᠶᠢᠨ ᠨᠡᠩ ᠲᠦᠷᠬᠡᠨ ᠬᠦᠭᠵᠢᠯᠳᠠ ᠶᠢ ᠲᠦᠯᠬᠢᠨ ᠠᠬᠢᠭᠤᠯᠬᠤ | ᠪᠠᠷ ᠴᠢᠷᠮᠠᠶᠢᠨ᠎ᠠ᠃ | ᠡᠨ᠋ᠨ ᠵᠢᠯ ᠤᠨ ᠠᠵᠣ ᠠᠬᠤᠢ ᠨᠡᠶᠢᠬᠡᠮ ᠤᠨ ᠬᠦᠭᠵᠢᠯᠳᠠ ᠶᠢᠨ ᠭᠤᠣᠯ ᠬᠠᠷᠠᠯᠳᠠ ᠪᠠᠨ ᠲᠣᠣᠷᠠᠬᠢ ᠮᠠᠳᠣ | ᠲᠦᠰᠦᠪᠯᠡᠪᠡ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 23.5 ᠳ᠋ᠦᠩᠰᠢᠭᠤᠷ | ᠲᠦᠬᠦᠷᠢᠭ ᠪᠠᠶᠠᠯᠠᠬᠦᠯᠵᠤ᠂ 38.4 % ᠪᠠᠷ ᠨᠡᠮᠡᠭᠳᠡᠬᠦᠯᠤᠨ᠎ᠠ᠃ ᠡᠬᠦᠨ ᠳᠤ ᠨᠢᠬᠡᠳᠤᠬᠡᠷ ᠠᠵᠤ ᠦᠢᠯᠡᠰ ᠤᠨ | ᠨᠡᠮᠡᠭᠳᠡᠯ ᠦᠷᠳᠡᠭ ᠢ 3.7 ᠳ᠋ᠦᠩᠰᠢᠭᠤᠷ ᠲᠦᠬᠦᠷᠢᠭ ᠲᠤ ᠬᠦᠷᠬᠡᠨ᠂ 6.3 % ᠪᠠᠷ ᠨᠡᠮᠡᠭᠳᠡᠬᠦᠯᠵᠤ᠂ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 14 ᠳ᠋ᠦᠩᠰᠢᠭᠤᠷ ᠲᠦᠬᠦᠷᠢᠭ ᠲᠤ ᠬᠦᠷᠬᠡᠨ᠂ 55.6 | % ᠪᠠᠷ ᠨᠡᠮᠡᠭᠳᠡᠬᠦᠯᠵᠤ᠂ ᠡᠬᠦᠨ ᠳᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 10.5 ᠳ᠋ᠦᠩᠰᠢᠭᠤᠷ | ᠲᠦᠬᠦᠷᠢᠭ ᠲᠤ ᠬᠦᠷᠬᠡᠨ᠂ 65.4 % ᠪᠠᠷ ᠨᠡᠮᠡᠭᠳᠡᠬᠦᠯᠵᠤ᠂ ᠭᠤᠷᠪᠡᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 5.8 ᠳ᠋ᠦᠩᠰᠢᠭᠤᠷ ᠲᠦᠬᠦᠷᠢᠭ ᠲᠤ ᠬᠦᠷᠬᠡᠨ᠂ 29.2 % ᠢᠶᠠᠷ ᠨᠡᠮᠡᠭᠳᠡᠬᠦᠯᠵᠤ᠂ ᠭᠤᠷᠪᠡᠨ ᠠᠵᠤ | ᠦᠢᠯᠡᠰ ᠤᠨ ᠬᠠᠷᠢᠴᠠᠯ ᠢ 16᠄ 59᠄ 25 ᠪᠤᠯᠭᠠᠨ᠎ᠠ᠃ ᠲᠤᠭᠳᠠᠮᠠᠯ ᠬᠦᠷᠤᠩᠬᠡ ᠶᠢᠨ ᠪᠡᠯᠨ ᠤᠷᠤᠭᠤᠯᠤᠯᠳᠠ | ᠶᠢ 40 ᠳ᠋ᠦᠩᠰᠢᠭᠤᠷ ᠲᠦᠬᠦᠷᠢᠭ ᠲᠤ ᠬᠦᠷᠬᠡᠨ᠂ 27.9 % ᠪᠠᠷ ᠨᠡᠮᠡᠭᠳᠡᠬᠦᠯᠤᠨ᠎ᠠ᠃ ᠡᠳ᠋ ᠤᠨ ᠵᠠᠰᠠᠭ ᠤᠨ | ᠶᠠᠷᠤᠩᠬᠡᠢ ᠤᠷᠤᠯᠭ᠎ᠠ ᠶᠢ 1.6 ᠳ᠋ᠦᠩᠰᠢᠭᠤᠷ ᠲᠦᠬᠦᠷᠢᠭ ᠲᠤ ᠬᠦᠷᠬᠡᠨ᠂ 14.3 % ᠪᠠᠷ ᠨᠡᠮᠡᠭᠳᠡᠬᠦᠯᠵᠤ᠂ | ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ | 14500 ᠲᠦᠬᠦᠷᠢᠭ ᠲᠤ ᠬᠦᠷᠬᠡᠨ᠂ 20.8 % ᠪᠠᠷ ᠨᠡᠮᠡᠭᠳᠡᠬᠦᠯᠵᠤ᠂ ᠮᠠᠯᠴᠢᠳ ᠤᠨ ᠲᠤᠮᠳᠠᠴᠢ ᠴᠡᠪᠡᠷ | ᠤᠷᠤᠯᠭ᠎ᠠ ᠶᠢ 8500 ᠲᠦᠬᠦᠷᠢᠭ ᠲᠤ ᠬᠦᠷᠬᠡᠨ᠂ 20.5 % ᠪᠠᠷ ᠨᠡᠮᠡᠭᠳᠡᠬᠦᠯᠤᠨ᠎ᠠ᠃ ᠬᠦᠮᠤᠨ ᠠᠮᠨ ᠶᠢᠨ | ᠠᠶᠠᠡᠳᠠᠭᠠᠨ ᠦᠰᠬᠦ ᠨᠤᠷᠮ᠎ᠠ ᠶᠢ 5.6‰ ᠶᠢᠨ ᠲᠤᠳᠤᠷ᠎ᠠ ᠬᠢᠵᠠᠭᠠᠷᠯᠠᠵᠣ᠂ ᠬᠤᠳᠠ ᠪᠠᠯᠭᠠᠰᠤᠨ ᠤ ᠲᠠᠩᠰᠠᠯᠠᠭᠰᠡᠨ | ᠠᠵᠢᠯ ᠠᠯᠳᠠᠭᠰᠡᠨ ᠨᠤᠷᠮ᠎ᠠ ᠶᠢ 3.8 % ᠶᠢᠨ ᠲᠤᠳᠤᠷ᠎ᠠ ᠬᠢᠵᠠᠭᠠᠷᠯᠠᠨ᠎ᠠ᠃ | ᠲᠡᠬᠡᠷᠡᠬᠢ ᠲᠦᠰᠤᠪᠯᠡᠭᠰᠡᠨ ᠬᠠᠷᠠᠯᠳᠠ ᠨᠢ ᠮᠠᠨ ᠤ ᠬᠤᠰᠢᠭᠤᠨ ᠤ ᠠᠵᠤ ᠠᠬᠤᠢ ᠶᠢᠨ ᠤᠷᠴᠢᠯᠳᠠ ᠲᠤᠮᠳᠠ | ᠲᠤᠯᠭᠠᠷᠠᠭᠰᠡᠨ ᠬᠦᠴᠢᠷᠳᠡᠯ ᠪᠠ ᠠᠵᠤ ᠠᠬᠤᠢ ᠶᠢᠨ ᠰᠢᠨ᠎ᠠ ᠨᠡᠮᠡᠭᠳᠡᠯ ᠴᠡᠭ ᠢ ᠬᠦᠢᠴᠡᠳ ᠵᠠᠳᠠᠯᠤᠯᠳᠠ ᠬᠢᠭᠰᠡᠨ ᠤ | ᠰᠠᠭᠤᠷᠢᠨ ᠲᠡᠬᠡᠷ᠎ᠠ ᠲᠤᠭᠳᠠᠭᠠᠭᠰᠡᠨ ᠶᠤᠮ᠃ ᠡᠨᠡᠬᠦ ᠬᠠᠷᠠᠯᠳᠠ ᠶᠢ ᠪᠠᠶᠠᠯᠠᠬᠦᠯᠬᠦ ᠳᠤ ᠪᠢᠳᠠ ᠬᠦᠭᠵᠢᠯᠳᠠ ᠶᠢᠨ | ᠨᠦᠬᠦᠴᠠᠯ ᠢᠶᠠᠨ ᠰᠠᠶᠢᠵᠢᠷᠠᠭᠤᠯᠵᠣ᠂ ᠬᠦᠭᠵᠢᠯᠳᠠ ᠶᠢᠨ ᠭᠤᠣᠯ ᠴᠣᠭᠴᠨ ᠪᠠᠨ ᠪᠣᠶᠢᠵᠢᠭᠤᠯᠣᠨ᠂ ᠭᠠᠳᠠᠭᠠᠳᠣ | ᠲᠠᠮᠵᠢᠯᠬᠡ ᠶᠢ ᠣᠯᠬᠤ ᠪᠠᠷ ᠴᠢᠷᠮᠠᠶᠢᠨ᠂ ᠲᠣᠳᠣᠭᠠᠳᠣ ᠢᠳᠡᠪᠬᠢᠵᠢᠯ ᠢᠶᠠᠨ ᠲᠠᠶᠢᠴᠢᠯᠡᠵᠤ᠂ ᠲᠦᠷᠬᠡᠨ ᠪᠦᠬᠡᠳ | ᠰᠢᠨᠵᠢᠯᠡᠬᠦ ᠣᠬᠠᠭᠠᠨᠴᠢ ᠪᠠᠷ ᠬᠦᠭᠵᠢᠬᠦᠯᠬᠦ ᠶᠢ ᠪᠠᠳᠤᠯᠠᠨ᠎ᠠ᠃ | ︵ᠨᠢᠬᠡ︶ ︽ᠰᠢᠯᠵᠢᠬᠦᠯᠣᠯᠳᠠ ᠬᠤᠪᠢᠷᠠᠭᠤᠯᠤᠯᠳᠠ᠂ ᠬᠤᠤᠰ ᠠᠮᠵᠢᠯᠳᠠ︾ ᠶᠢᠨ ᠲᠤᠭᠤᠷᠢᠨ ᠳᠤ ᠰᠢᠨ᠎ᠠ | ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠤᠨ᠎ᠠ᠃ ︽ᠨᠢᠬᠡ ᠶᠢ ᠬᠤᠪᠢᠷᠠᠭᠤᠯᠬᠤ | ᠦᠬᠡᠢ᠂ ᠬᠤᠶᠡᠷ ᠢ ᠪᠠᠷᠢᠮᠳᠠᠯᠠᠨ᠂ ᠭᠤᠷᠪᠡ ᠶᠢ ᠨᠢᠬᠡᠳᠬᠡᠵᠤ᠂ ᠲᠦᠷᠪᠡ ᠶᠢ ᠪᠠᠳᠠᠷᠠᠭᠤᠯᠤᠨ᠂ ᠲᠠᠪᠤ ᠶᠢ | ᠲᠡᠬᠡᠭᠰᠢᠯᠡᠬᠦᠯᠬᠦ︾ ᠬᠦᠭᠵᠢᠯᠳᠠ ᠶᠢᠨ ᠰᠡᠳᠬᠢᠴᠠ ᠪᠠᠷ ︽ᠠᠷᠪᠠᠨ ᠪᠠᠷᠢᠮᠵᠢᠶ᠎ᠠ ᠳᠤ ᠬᠦᠷᠬᠡᠬᠦ︾ ᠱᠠᠭᠠᠷᠳᠠᠯᠭ᠎ᠠ | ᠶᠤᠰᠤᠭᠠᠷ᠂ ᠤᠳᠤᠬᠢᠴᠢᠯᠠᠭᠰᠡᠨ ᠮᠠᠯ ᠠᠵᠤ ᠠᠬᠤᠢ ᠶᠢ ᠬᠦᠭᠵᠢᠬᠦᠯᠦᠨ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠶᠡᠭᠡ ᠬᠦᠴᠤᠨ ᠢᠶᠠᠷ ᠴᠢᠩᠭᠠᠳᠬᠠᠵᠣ᠂ ᠬᠦᠮᠤᠨ ᠪᠠᠶᠢᠭᠠᠯᠢ ᠶᠢᠨ ᠡᠶ᠎ᠡ ᠵᠣᠬᠢᠴᠠᠩᠭᠤᠢ | ᠬᠦᠭᠵᠢᠯᠳᠠ ᠶᠢ ᠠᠬᠢᠭᠤᠯᠤᠨ᠂ ᠡᠴᠤᠰ ᠲᠡᠭᠡᠨ ᠠᠮᠢ ᠠᠬᠤᠢ ᠶᠢ ᠰᠡᠷᠬᠦᠬᠡᠵᠣ᠂ ᠦᠢᠯᠡᠳᠪᠤᠷᠢᠯᠡᠯ ᠢ ᠬᠦᠭᠵᠢᠬᠦᠯᠤᠨ | ᠂ ᠠᠮᠢᠳᠤᠷᠡᠯ ᠢ ᠨᠢ ᠴᠢᠨᠡᠬᠡᠯᠢᠭᠵᠢᠬᠦᠯᠬᠦ ᠬᠠᠷᠠᠯᠳᠠ ᠶᠢ ᠪᠠᠶᠠᠯᠠᠬᠦᠯᠤᠨ᠎ᠠ᠃ | ᠨᠤᠳᠤᠭ ᠪᠠᠯᠴᠢᠬᠡᠷ ᠢ ᠡᠷᠴᠢᠮᠵᠢᠬᠦᠯᠤᠨ ᠠᠰᠢᠭᠯᠠᠬᠤ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠬᠤᠶᠡᠷ | ᠦᠡᠳᠤᠰᠤᠨ ᠲᠦᠷᠢᠮ︾ ᠢ ᠭᠤᠶᠢᠪᠢᠰᠢ ᠦᠬᠡᠢ ᠨᠠᠶᠢᠳᠠᠪᠤᠷᠢᠵᠢᠭᠤᠯᠤᠨ᠂ ᠬᠠᠮᠠᠭᠠᠯᠠᠬᠤ ᠪᠠᠷ ᠭᠤᠤᠯᠳᠠᠨ᠂ ᠪᠦᠳᠤᠬᠡᠨ | ᠪᠠᠶᠢᠭᠤᠯᠬᠤ ᠶᠢ ᠴᠤ ᠴᠢᠬᠤᠯᠠᠴᠢᠯᠠᠬᠤ ᠴᠢᠭᠯᠡᠯᠳᠡ ᠶᠢ ᠪᠠᠷᠢᠮᠳᠠᠯᠠᠨ᠂ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠪᠠ ᠪᠦᠳᠤᠬᠡᠨ ᠪᠠᠶᠢᠭᠤᠯᠤᠯᠳᠠ ᠶᠢ ᠤᠯᠠᠮ ᠴᠢᠩᠭᠠᠳᠬᠠᠨ᠎ᠠ᠃ ᠮᠠᠯ ᠪᠠᠯᠴᠢᠬᠡᠷ ᠤᠨ ᠲᠠᠩᠴᠡᠬᠦᠷᠢ | ᠶᠢᠨ ᠲᠦᠷᠢᠮ ᠢ ᠴᠢᠩᠭ᠎ᠠ ᠬᠡᠷᠡᠭᠵᠢᠬᠦᠯᠤᠨ᠂ 2009 ᠤᠨ ᠢ ︽ᠮᠠᠯ ᠪᠠᠯᠴᠢᠬᠡᠷ ᠤᠨ ᠲᠠᠩᠴᠡᠬᠦᠷᠢ ᠶᠢᠨ ᠵᠢᠯ︾ | ᠢᠶᠠᠷ ᠲᠤᠭᠳᠠᠭᠠᠵᠤ᠂ ᠬᠠᠮᠢᠶ᠎ᠠ ᠪᠦᠬᠦᠢ ᠠᠵᠢᠯ ᠪᠠ ᠬᠦᠳᠡᠯᠬᠡᠬᠡᠨ ᠤ ᠲᠦᠰᠤᠪ ᠢ ᠲᠤᠭᠳᠠᠭᠠᠨ᠂ ᠮᠠᠯ ᠪᠠᠯᠴᠢᠬᠡᠷ ᠤᠨ | ᠲᠠᠩᠴᠡᠬᠦᠷᠢ ᠶᠢᠨ ᠠᠵᠢᠯ ᠢ ᠨᠢᠬᠡᠳᠤᠯᠳᠡᠢ ᠲᠦᠯᠤᠪᠯᠡᠨ ᠠᠬᠢᠭᠤᠯᠤᠨ᠎ᠠ᠃ ᠨᠢᠬᠡ ᠳᠤ᠂ ᠲᠡᠬᠡᠳᠤ ᠱᠠᠳᠤᠨ ᠤ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠤᠰᠤᠭᠠᠷ᠂ ᠮᠠᠯᠵᠢᠯ ᠤᠨ ᠪᠤᠰᠤ ᠡᠷᠤᠬᠡ ᠶᠢᠨ ᠮᠠᠯ ᠢ | ᠬᠠᠤᠯᠢ ᠶᠤᠰᠤᠭᠠᠷ ᠴᠢᠩᠭ᠎ᠠ ᠴᠡᠪᠡᠷᠯᠡᠨ᠂ ᠢᠯᠡᠴᠢᠯᠡᠨ ᠮᠡᠳᠡᠬᠦᠯᠦᠭᠰᠠᠳ ᠢ ᠱᠠᠩᠨᠠᠬᠤ ᠲᠦᠷᠢᠮ ᠢ ᠲᠤᠭᠳᠠᠭᠠᠵᠤ᠂ | ᠭᠠᠳᠠᠨ᠎ᠠ ᠠᠴᠠ ᠢᠷᠡᠭᠰᠡᠳ᠂ ᠺᠠᠳᠠᠷ ᠠᠵᠢᠯᠳᠠᠨ ᠵᠠᠷᠬᠡ ᠮᠠᠯᠵᠢᠯ ᠤᠨ ᠪᠤᠰᠤ ᠡᠷᠤᠬᠡ ᠶᠢᠨ ᠮᠠᠯ ᠮᠠᠯᠵᠢᠨ᠂ ᠮᠠᠯᠴᠢᠳ | ᠲᠠᠢ ᠠᠰᠢᠭ ᠪᠤᠯᠢᠶᠠᠯᠳᠤᠬᠤ ᠠᠵᠢᠯᠯᠠᠭ᠎ᠠ ᠶᠢ ᠡᠷᠡᠰ ᠢᠶᠠᠷ ᠰᠢᠢᠳᠪᠤᠷᠢᠯᠡᠨ᠎ᠠ᠃ ᠬᠤᠶᠡᠷ ᠲᠤ᠂ ᠬᠡᠰᠡᠭ ᠪᠠᠯᠴᠢᠬᠡᠷ | ᠲᠡᠭᠡᠨ ᠲᠠᠭᠠᠭᠠᠴᠠ ᠠᠴᠠ ᠬᠡᠳᠤᠷᠡᠬᠦᠯᠬᠦ ᠪᠠ ᠮᠠᠯᠵᠢᠯ ᠤᠨ ᠲᠤᠮᠤ ᠡᠷᠤᠬᠡ ᠲᠠᠭᠠᠭᠠᠴᠠ ᠠᠴᠠ ᠬᠡᠳᠤᠷᠡᠬᠦᠯᠤᠨ | ᠮᠠᠯᠵᠢᠬᠤ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠨ᠂ ᠲᠠᠭᠠᠭᠠᠴᠠ ᠠᠴᠠ ᠬᠡᠳᠤᠷᠡᠬᠦᠯᠤᠨ ᠮᠠᠯᠵᠢᠭᠰᠡᠨ | ᠡᠷᠤᠬᠡ ᠶᠢ ᠲᠤᠷᠭᠠᠬᠤ ᠶᠢᠨ ᠬᠠᠮᠳᠤ ᠡᠯ᠎ᠠ ᠲᠦᠷᠥᠯ ᠤᠨ ᠪᠡᠯᠨ ᠮᠦᠩᠬᠦᠨ ᠤ ᠨᠦᠬᠦᠪᠤᠷᠢ ᠪᠠ ᠲᠦᠷᠥᠯ ᠵᠥᠢᠯ | ᠤᠨ ᠲᠠᠯ᠎ᠠ ᠪᠠᠷ ᠲᠠᠮᠵᠢᠯᠬᠡ ᠦᠵᠡᠬᠦᠯᠬᠦ ᠦᠬᠡᠢ᠃ ᠮᠠᠯᠵᠢᠯ ᠤᠨ ᠤᠨ ᠤ ᠮᠠᠯ ᠤᠨ ᠲᠤᠭ᠎ᠠ ᠶᠢ 162 ᠲᠦᠮᠡᠨ | ᠲᠤᠯᠤᠭᠠᠢ ᠶᠢᠨ ᠲᠤᠳᠤᠷ᠎ᠠ ᠬᠢᠵᠠᠭᠠᠷᠯᠠᠨ᠂ 2008 ᠤᠨ ᠤ ᠬᠢ ᠠᠴᠠ 4 ᠲᠦᠮᠡᠨ ᠲᠤᠯᠤᠭᠠᠢ ᠴᠦᠬᠡᠳᠬᠡᠨ᠎ᠠ᠃ | ᠲᠠᠯ᠎ᠠ ᠨᠤᠳᠤᠭ ᠤᠨ ︽ᠭᠤᠷᠪᠡᠨ ᠮᠠᠯᠵᠢᠯ︾ ᠤᠨ ᠲᠦᠷᠢᠮ ᠢ ᠶᠡᠭᠡ ᠬᠦᠴᠤᠨ ᠢᠶᠠᠷ ᠬᠡᠷᠡᠭᠵᠢᠬᠦᠯᠤᠨ᠎ᠠ᠃ ᠬᠢᠨᠡᠨ | ᠬᠠᠮᠢᠶᠠᠷᠤᠯᠳᠠ ᠪᠠᠨ ᠴᠢᠩᠭᠠᠳᠬᠠᠨ᠂ ᠮᠠᠯ ᠢᠶᠠᠨ ᠲᠠᠯᠳᠠᠭᠤᠷ ᠪᠠᠯᠴᠢᠬᠡᠬᠦ ᠦᠵᠡᠭᠳᠡᠯ ᠢ ᠴᠢᠩᠭ᠎ᠠ ᠰᠡᠷᠬᠡᠶᠢᠯᠡᠵᠤ᠂ | ᠬᠠᠰᠢᠶᠠᠯᠠᠨ ᠮᠠᠯᠵᠢᠬᠤ ᠶᠠᠰᠤ ᠴᠢᠨᠠᠷ ᠪᠠ ᠦᠷ᠎ᠠ ᠠᠰᠢᠭ ᠢ ᠦᠨᠡᠡᠬᠦ ᠲᠡᠬᠡᠭᠰᠢᠯᠡᠬᠦᠯᠵᠤ᠂ ︽ᠭᠤᠷᠪᠡᠨ ᠲᠤᠭᠤᠷᠢᠭ᠂ | ᠲᠦᠷᠪᠡᠨ ᠪᠦᠰᠠ᠂ ᠲᠠᠪᠤᠨ ᠰᠠᠭᠤᠷᠢ ᠴᠡᠭ︾ ᠤᠨ ᠬᠠᠮᠢᠶᠠᠷᠤᠯᠳᠠ ᠠᠰᠢᠭᠯᠠᠯᠳᠠ ᠶᠢ ᠴᠢᠩᠭᠠᠳᠬᠠᠨ᠂ | ᠪᠠᠯᠴᠢᠬᠡᠷᠯᠡᠬᠦᠯᠬᠦ ᠶᠢ ᠵᠤᠭᠰᠤᠭᠠᠭᠰᠡᠨ ᠲᠤᠭᠤᠷᠢᠭ ᠢ ᠤᠷᠳᠤ ᠬᠤᠭᠤᠴᠠᠭ᠎ᠠ ᠪᠠᠷ ᠪᠦᠳᠤᠮᠵᠢᠳᠡᠢ ᠬᠠᠮᠠᠭᠠᠯᠠᠬᠤ ᠶᠢ | ᠠᠬᠢᠭᠤᠯᠤᠨ᠎ᠠ︔ ᠲᠤᠭᠤᠷᠢᠭ ᠬᠤᠪᠢᠶᠠᠨ ᠰᠠᠯᠬᠦᠨ ᠮᠠᠯᠵᠢᠬᠤ ᠶᠢ ᠪᠠᠯᠴᠢᠬᠡᠷ ᠢᠶᠠᠨ ᠰᠢᠨᠵᠢᠯᠡᠬᠦ ᠣᠬᠠᠭᠠᠨᠴᠢ ᠪᠠᠷ | ᠠᠰᠢᠭᠯᠠᠬᠤ ᠭᠤᠤᠯ ᠠᠷᠭ᠎ᠠ ᠬᠡᠮᠵᠢᠶ᠎ᠠ ᠪᠤᠯᠭᠠᠨ ᠲᠦᠬᠡᠮᠡᠯᠵᠢᠬᠦᠯᠵᠤ᠂ ᠨᠦᠬᠦᠴᠡᠯ ᠪᠦᠷᠢᠳᠦᠭᠰᠡᠨ ᠮᠠᠯᠵᠢᠬᠤ ᠡᠷᠤᠬᠡ ᠶᠢ | ᠢᠳᠡᠪᠬᠢᠳᠡᠢ ᠲᠠᠮᠵᠢᠨ ᠵᠢᠯᠤᠭᠤᠳᠴᠤ᠂ ᠨᠦᠬᠦᠴᠡᠯ ᠳᠤ ᠬᠦᠷᠬᠦ ᠦᠬᠡᠢ ᠮᠠᠯᠵᠢᠬᠤ ᠡᠷᠤᠬᠡ ᠶᠢ ᠨᠤᠳᠤᠭ ᠪᠠᠯᠴᠢᠬᠡᠷ | ᠢᠶᠠᠨ ᠨᠢᠬᠡᠳᠬᠡᠨ ᠡᠷᠤᠬᠡ ᠬᠤᠯᠪᠤᠭᠠᠯᠠᠨ ᠡᠵᠡᠩᠨᠡᠬᠦ ᠬᠡᠯᠪᠡᠷᠢ ᠪᠠᠷ ᠰᠠᠯᠬᠦᠨ ᠮᠠᠯᠵᠢᠭᠤᠯᠵᠤ᠂ ᠬᠦᠮᠤᠨ ᠢᠶᠠᠨ ᠨᠡᠬᠦᠯᠬᠡᠨ | ᠂ ᠮᠠᠯ ᠢᠶᠠᠨ ᠴᠦᠬᠡᠳᠬᠡᠵᠤ᠂ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠂ ᠲᠤᠰ ᠵᠢᠯ ᠨᠠᠭᠠᠳᠤ ᠵᠠᠬ᠎ᠠ ᠳᠠᠭᠠᠨ | 100 ᠲᠦᠮᠡᠨ ᠮᠤ᠋ ᠪᠠᠯᠴᠢᠬᠡᠷ ᠢ ᠨᠢᠬᠡᠳᠬᠡᠨ ᠬᠡᠷᠡᠭᠯᠡᠬᠦᠯᠵᠤ᠂ ᠨᠢᠬᠡᠳᠬᠡᠭᠰᠡᠨ ᠲᠠᠯᠠᠪᠠᠢ ᠶᠢ ᠨᠠᠶᠢᠳᠠ 120 ᠲᠦᠮᠡᠨ | ᠮᠤ᠋ ᠬᠦᠷᠬᠡᠬᠦ ᠪᠠᠷ ᠴᠢᠷᠮᠠᠶᠢᠨ᠎ᠠ᠃ ᠨᠤᠳᠤᠭ ᠪᠠᠯᠴᠢᠬᠡᠷ ᠤᠨ ᠡᠵᠡᠩᠨᠡᠬᠦ ᠡᠷᠬᠡ ᠶᠢ ᠰᠢᠯᠵᠢᠬᠦᠯᠬᠦ ᠬᠠᠮᠢᠶᠠᠷᠤᠯᠳᠠ ᠶᠢ | ᠴᠢᠩᠭᠠᠳᠬᠠᠨ᠂ ᠭᠠᠴᠠᠭᠠᠨ ᠠᠴᠠ ᠨᠢᠬᠡᠳᠤᠯᠳᠡᠢ ᠲᠦᠯᠤᠪᠯᠡᠬᠦ ᠠᠵᠢᠯ ᠤᠨ ᠡᠷᠴᠢᠮ ᠢᠶᠠᠨ ᠦᠨᠡᠡᠬᠦ ᠴᠢᠩᠭᠠᠯᠠᠵᠤ᠂ | ᠮᠠᠯ ᠦᠬᠡᠢ ᠡᠷᠤᠬᠡ᠂ ᠮᠠᠯ ᠴᠦᠬᠡᠨ ᠡᠷᠤᠬᠡ ᠪᠠ ᠨᠡᠬᠦᠨ ᠰᠢᠯᠵᠢᠭᠰᠡᠨ ᠡᠷᠤᠬᠡ ᠶᠢᠨ ᠨᠤᠳᠤᠭ ᠪᠠᠯᠴᠢᠬᠡᠷ ᠢ | ᠭᠠᠴᠠᠭᠠᠨ ᠠᠴᠠ ᠨᠢᠬᠡᠳᠤᠯᠳᠡᠢ ᠬᠠᠮᠢᠶᠠᠷᠤᠨ᠂ ᠬᠠᠳᠤᠯᠠᠩ ᠠᠪᠬᠤ ᠨᠦᠬᠦᠴᠡᠯ ᠲᠠᠢ ᠶᠢ ᠨᠢ ᠬᠠᠳᠤᠯᠠᠩ ᠪᠤᠯᠭᠠᠵᠤ᠂ | ᠬᠠᠳᠤᠯᠠᠩ ᠠᠪᠬᠤ ᠨᠦᠬᠦᠴᠡᠯ ᠦᠬᠡᠢ ᠶᠢ ᠨᠢ ᠭᠠᠴᠠᠭᠠᠨ ᠠᠴᠠ ᠡᠵᠡᠩᠨᠡᠨ᠎ᠡ᠃ ᠮᠠᠯ ᠠᠵᠤ ᠠᠬᠤᠢ ᠶᠢᠨ ᠨᠠᠶᠢᠳᠠᠮ | ᠪᠠᠶᠢᠴᠠᠭᠠᠯᠳᠠ ᠶᠢᠨ ᠠᠵᠢᠯ ᠢ ᠤᠯᠠᠮ ᠴᠢᠩᠭᠠᠳᠬᠠᠨ᠂ ᠮᠠᠯᠵᠢᠯ ᠤᠨ ᠤᠨ ᠤ ᠮᠠᠯ ᠪᠠ ᠡᠪᠤᠯᠵᠢᠬᠦ ᠮᠠᠯ ᠢ ᠴᠦᠮ | ᠡᠷᠤᠬᠡ ᠲᠠᠷᠠᠭᠠᠯᠠᠨ ᠲᠤᠭᠠᠯᠠᠵᠤ᠂ ᠨᠠᠶᠢᠳᠠᠮ ᠪᠠᠶᠢᠴᠠᠭᠠᠯᠳᠠ ᠶᠢᠨ ᠲᠤᠭ᠎ᠠ ᠨᠤᠷᠮ᠎ᠠ ᠶᠢᠨ ᠰᠢᠡᠵᠢᠯᠡᠬᠦ ᠤᠬᠠᠭᠠᠡᠴᠢ᠂ | ᠵᠦᠪ ᠤᠨᠤᠪᠴᠢᠳᠡᠢ ᠪᠠᠶᠢᠬᠤ ᠶᠢ ᠪᠠᠳᠤᠯᠠᠨ᠎ᠠ᠃ | ᠮᠠᠯ ᠠᠵᠤ ᠠᠬᠤᠢ ᠶᠢ ᠡᠷᠴᠢᠮᠵᠢᠬᠦᠯᠤᠨ ᠡᠵᠡᠩᠨᠡᠬᠦ ᠲᠦᠪᠰᠢᠨ ᠢ ᠲᠡᠬᠡᠭᠰᠢᠯᠡᠬᠦᠯᠤᠨ᠎ᠠ᠃ ᠮᠠᠯ ᠠᠵᠤ ᠠᠬᠤᠢ ᠶᠢᠨ ︽ | ᠨᠠᠢᠮᠠᠨ ᠶᠡᠭᠡ ᠰᠠᠭᠤᠷᠢᠨ ᠭᠠᠵᠡᠷ︾ ᠤᠨ ᠪᠦᠳᠤᠬᠡᠨ ᠪᠠᠶᠢᠭᠤᠯᠤᠯᠳᠠ ᠶᠢᠨ ᠡᠷᠴᠢᠮ ᠢᠶᠠᠨ ᠤᠯᠠᠮ ᠴᠢᠩᠭᠠᠳᠬᠠᠵᠤ᠂ | ᠮᠠᠯ ᠠᠵᠤ ᠠᠬᠤᠢ ᠶᠢ ᠡᠷᠴᠢᠮᠵᠢᠭᠰᠡᠨ᠂ ᠤᠷᠤᠨ ᠲᠤᠭᠤᠷᠢᠭᠵᠢᠭᠰᠡᠨ᠂ ᠬᠡᠪᠴᠢᠶᠠᠵᠢᠭ᠍ᠰᠡᠨ᠂ ᠲᠤᠰᠬᠠᠶᠢᠵᠢᠭᠰᠡᠨ᠂ | ᠪᠠᠷᠢᠮᠵᠢᠶᠠᠵᠢᠭᠰᠡᠨ ᠪᠠ ᠵᠤᠬᠢᠶᠠᠨ ᠪᠠᠶᠢᠭᠤᠯᠤᠵᠢᠭᠰᠡᠨ ᠬᠡᠯᠪᠡᠷᠢ ᠲᠡᠰᠢ ᠬᠦᠭᠵᠢᠬᠦᠯᠬᠦ ᠶᠢ ᠵᠢᠯᠤᠭᠤᠳᠤᠨ᠂ ᠠᠭᠠᠵᠢᠮ | ᠢᠶᠠᠷ ᠮᠢᠬᠠᠨ ᠤ ᠦᠢᠯᠡᠰ ᠢ ᠬᠦᠴᠤᠷᠬᠡᠭᠵᠢᠬᠦᠯᠤᠨ᠂ ᠰᠦᠨ ᠤ ᠦᠢᠯᠡᠰ ᠢ ᠨᠠᠷᠢᠯᠢᠭᠵᠢᠭᠤᠯᠵᠤ᠂ ᠠᠳᠤᠭᠤᠨ ᠤ | ᠦᠢᠯᠡᠰ ᠢ ᠬᠦᠭᠵᠢᠬᠦᠯᠵᠤ᠂ ᠡᠪᠡᠰᠤᠨ ᠤ ᠦᠢᠯᠡᠰ ᠢ ᠪᠤᠵᠠᠭᠠᠶᠢᠷᠠᠭᠤᠯᠤᠨ᠂ ᠡᠯᠡᠰᠤᠨ ᠤ ᠦᠢᠯᠡᠰ ᠢ ᠰᠠᠶᠢᠳᠤᠷ | ᠠᠳᠬᠤᠵᠤ᠂ ᠮᠠᠯᠵᠢᠬᠤ ᠦᠢᠯᠡᠳᠪᠤᠷᠢᠯᠡᠯ ᠤᠨ ᠬᠢᠷᠢ ᠲᠦᠪᠰᠢᠨ ᠢ ᠨᠠᠶᠢᠳᠠᠮ ᠳᠤᠨᠢ ᠲᠡᠬᠡᠭᠰᠢᠯᠡᠬᠦᠯᠤᠨ᠂ | ᠦᠢᠯᠡᠳᠪᠤᠷᠢᠯᠡᠯ ᠤᠨ ᠴᠢᠨᠠᠷ ᠴᠢᠡᠰᠠᠭ᠎ᠠ ᠪᠠ ᠦᠷ᠎ᠠ ᠠᠰᠢᠭ ᠢ ᠦᠷᠬᠦᠯᠵᠢᠯᠡᠨ ᠲᠡᠬᠡᠭᠰᠢᠯᠡᠬᠦᠯᠤᠨ᠎ᠠ᠃ ᠮᠢᠬᠠᠨ ᠤ | ᠦᠢᠯᠡᠰ ᠤᠨ ᠲᠠᠯ᠎ᠠ ᠪᠠᠷ᠄ ︽ᠡᠮᠤᠨ᠎ᠠ ᠰᠤᠮᠤᠨ ᠳᠤ ᠦᠬᠡᠷ ᠬᠤᠶᠢᠳᠤ ᠰᠤᠮᠤᠨ ᠳᠤ ᠬᠤᠨᠢ᠂ ᠡᠬᠦᠯᠳᠡᠷ | ᠰᠠᠶᠢᠵᠢᠷᠠᠭᠤᠯᠤᠨ ᠮᠠᠯᠵᠢᠬᠤ︾ ᠴᠢᠭᠯᠡᠯᠳᠡ ᠶᠢ ᠦᠷᠬᠦᠯᠵᠢᠯᠡᠨ ᠪᠠᠷᠢᠮᠳᠠᠯᠠᠵᠤ᠂ ᠪᠤᠳᠠ ᠮᠠᠯ ᠤᠨ ᠡᠵᠡᠯᠡᠬᠦ ᠬᠠᠷᠢᠴᠠᠯ | ᠢ ᠨᠡᠮᠡᠭᠳᠡᠬᠦᠯᠤᠨ᠂ ᠪᠤᠭ ᠮᠠᠯ ᠤᠨ ᠬᠢ ᠶᠢ ᠪᠠᠭᠠᠰᠬᠠᠬᠤ ᠬᠦᠭᠵᠢᠯᠳᠠ ᠶᠢᠨ ᠰᠡᠳᠬᠢᠴᠠ ᠶᠤᠰᠤᠭᠠᠷ ᠣᠷᠣᠨ | ᠲᠣᠭᠤᠷᠢᠭ ᠤᠨ ᠪᠦᠳᠣᠴᠨ᠂ ᠮᠠᠯ ᠤᠨ ᠪᠦᠳᠤᠴᠠ᠂ ᠡᠬᠦᠯᠳᠠᠷ ᠤᠨ ᠪᠦᠳᠣᠴᠨ᠂ ᠰᠦᠷᠦᠭ ᠤᠨ ᠪᠦᠳᠤᠴᠠ ᠪᠠ | ᠰᠦᠷᠦᠭ ᠤᠨ ᠬᠡᠪᠴᠢᠶ᠎ᠠ ᠶᠢ ᠰᠢᠡᠵᠢᠯᠡᠬᠦ ᠤᠬᠠᠭᠠᠡᠴᠢ ᠪᠠᠷ ᠵᠤᠬᠢᠰᠳᠡᠢ ᠲᠤᠬᠢᠷᠠᠭᠤᠯᠤᠨ᠂ ᠪᠤᠳᠠ ᠪᠤᠭ ᠮᠠᠯ ᠤᠨ | ᠬᠠᠷᠢᠴᠠᠯ᠂ ᠲᠦᠯᠯᠡᠬᠦ ᠡᠬᠡ ᠮᠠᠯ᠂ ᠪᠡᠯᠡᠳᠬᠡᠯ ᠡᠬᠡ ᠮᠠᠯ᠂ ᠦᠷ᠎ᠠ ᠶᠢᠨ ᠮᠠᠯ ᠤᠨ ᠬᠠᠷᠢᠴᠠᠯ ᠪᠠ ᠰᠦᠷᠦᠭ ᠪᠦᠷᠢ | ᠶᠢᠨ ᠮᠠᠯ ᠤᠨ ᠲᠤᠭ᠎ᠠ ᠲᠤᠯᠤᠭᠠᠢ ᠶᠢ ᠰᠠᠶᠢᠳᠤᠷ ᠬᠢᠵᠠᠭᠠᠷᠯᠠᠨ᠎ᠠ᠃ ᠦᠬᠡᠷ ᠤᠨ ᠡᠬᠦᠯᠳᠡᠷ ᠢ ᠰᠠᠶᠢᠵᠢᠷᠠᠭᠤᠯᠬᠤ | ᠪᠠ ᠦᠵᠤᠮᠤᠴᠢᠨ ᠬᠤᠨᠢᠨ ᠤ ᠡᠬᠦᠯᠳᠡᠷ ᠢ ᠰᠢᠯᠢᠳᠡᠭᠵᠢᠬᠦᠯᠬᠦ ᠪᠠᠷ ᠭᠤᠤᠯ ᠪᠤᠯᠭᠠᠨ᠂ ᠮᠠᠯ ᠤᠨ ᠡᠬᠦᠯᠳᠡᠷ ᠢ | ᠰᠢᠯᠢᠳᠡᠭᠵᠢᠬᠦᠯᠬᠦ ᠢᠡᠵᠧᠨᠧᠷᠢᠩ ᠤᠨ ᠠᠬᠢᠴᠠ ᠶᠢ ᠲᠦᠷᠬᠡᠳᠬᠡᠵᠤ᠂ ᠲᠤᠰ ᠵᠢᠯ ᠳᠤ᠂ ᠮᠢᠬᠠᠨ ᠤ ᠦᠬᠡᠷ | ᠮᠠᠯᠵᠢᠬᠤ ᠤᠷᠤᠨ ᠳᠤ 2.2 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ 2 ᠲᠦᠮᠡᠨ | ᠲᠤᠯᠤᠭᠠᠢ ᠰᠢᠮᠧᠨ᠋ᠲ᠋ᠧᠷ ᠦᠨᠢᠶ᠎ᠠ ᠤᠷᠤᠭᠤᠯᠤᠨ᠂ 10 ᠰᠢᠮᠧᠨ᠋ᠲ᠋ᠧᠷ ᠦᠬᠡᠷ ᠤᠨ ᠭᠤᠤᠯᠳᠠᠯᠭᠠᠳᠤ ᠰᠦᠷᠦᠭ ᠢ | ᠪᠠᠶᠢᠭᠤᠯᠵᠤ᠂ ᠨᠠᠶᠢᠳᠠ 20 ᠰᠦᠷᠦᠭ ᠪᠤᠯᠭᠠᠵᠤ᠂ ᠲᠤᠰ ᠤᠷᠤᠨ ᠤ ᠦᠬᠡᠷ ᠤᠨ ᠡᠵᠡᠯᠡᠬᠦ ᠬᠠᠷᠢᠴᠠᠯ ᠢ 15 | ᠵᠠᠭᠤᠨ ᠤ ᠬᠤᠪᠢ ᠠᠴᠠ ᠲᠡᠬᠡᠭᠰᠢ ᠨᠡᠮᠡᠭᠳᠡᠬᠦᠯᠤᠨ᠎ᠠ︔ ᠮᠢᠬᠠᠨ ᠤ ᠬᠤᠨᠢ ᠮᠠᠯᠵᠢᠬᠤ ᠤᠷᠤᠨ ᠳᠤ᠂ ᠬᠤᠴᠠ ᠶᠢ | ᠲᠦᠪᠯᠡᠷᠡᠬᠦᠯᠤᠨ ᠬᠠᠮᠢᠶᠠᠷᠬᠤ ᠶᠢ ᠤᠯᠠᠮ ᠲᠦᠷᠢᠮᠵᠢᠬᠦᠯᠵᠤ᠂ ᠤᠡᠴᠠ ᠨᠢᠬᠡᠳᠤᠬᠡᠷ ᠲᠡᠰ ᠤᠨ ᠬᠤᠴᠠ ᠶᠢᠨ ᠡᠵᠡᠯᠡᠬᠦ | ᠬᠠᠷᠢᠴᠠᠯ ᠢ 95 % ᠠᠴᠠ ᠲᠡᠬᠡᠭᠰᠢ ᠬᠦᠷᠬᠡᠨ᠂ 200 ᠦᠵᠤᠮᠤᠴᠢᠨ ᠬᠤᠨᠢᠨ ᠤ ᠪᠠᠷᠢᠮᠵᠢᠶᠠᠳᠤ ᠰᠦᠷᠦᠭ ᠢ | ᠪᠠᠶᠢᠭᠤᠯᠵᠤ᠂ ᠲᠤᠰ ᠤᠷᠤᠨ ᠤ ᠦᠬᠡᠷ ᠤᠨ ᠡᠵᠡᠯᠡᠬᠦ ᠬᠠᠷᠢᠴᠠᠯ ᠢ 7 ᠵᠠᠭᠤᠨ ᠤ ᠬᠤᠪᠢ ᠠᠴᠠ ᠲᠡᠬᠡᠭᠰᠢ | ᠨᠡᠮᠡᠭᠳᠡᠬᠦᠯᠤᠨ᠎ᠠ᠃ ᠰᠦᠨ ᠤ ᠦᠢᠯᠡᠰ ᠤᠨ ᠲᠠᠯ᠎ᠠ ᠪᠠᠷ᠄ ᠤᠳᠤᠬᠠᠨ ᠤ ᠰᠠᠭᠠᠯᠢ ᠶᠢᠨ ᠦᠨᠢᠶᠠᠨ ᠤ ᠲᠤᠭ᠎ᠠ | ᠲᠤᠯᠤᠭᠠᠢ ᠶᠢ ᠪᠠᠳᠣᠯᠠᠭᠰᠠᠨ ᠰᠠᠭᠤᠷᠢᠨ ᠲᠡᠬᠡᠷ᠎ᠠ ᠮᠠᠯᠵᠢᠬᠤ ᠤᠷᠤᠨ ᠤ ᠰᠦᠨ ᠤ ᠦᠷᠳᠡᠬᠡᠨ ᠤ ᠲᠠᠶᠢᠴᠢᠯᠡᠬᠤ | ᠦᠢᠯᠡᠳᠤᠯ ᠢ ᠬᠦᠢᠴᠡᠳ ᠪᠠᠳᠠᠷᠠᠭᠤᠯᠤᠨ᠂ ᠮᠠᠯᠵᠢᠬᠤ ᠤᠷᠤᠨ ᠤ ᠰᠦᠨ ᠤ ᠭᠠᠷᠤᠯᠳᠠ ᠶᠢ 1300 ᠲᠤᠨ | ᠬᠦᠷᠬᠡᠨ᠎ᠠ᠃ ᠡᠪᠡᠰᠤᠨ ᠤ ᠦᠢᠯᠡᠰ ᠤᠨ ᠲᠠᠯ᠎ᠠ ᠪᠠᠷ᠄ 601 ᠲᠦᠮᠡᠨ ᠮᠣ᠋ ᠪᠠᠶᠢᠭᠠᠯᠢᠯᠢᠭ ᠬᠠᠳᠤᠯᠠᠩ ᠤᠨ | ᠬᠠᠮᠠᠭᠠᠯᠠᠯᠳᠠ ᠪᠠᠨ ᠴᠢᠩᠭᠠᠳᠬᠠᠨ᠂ ᠦᠩᠬᠡᠷᠡᠭᠰᠡᠨ ᠤ ᠪᠦᠳᠤᠬᠡᠨ ᠪᠠᠶᠢᠭᠤᠯᠣᠭᠰᠠᠨ ᠦᠷ᠎ᠠ ᠳ᠋ᠦᠩ ᠢᠶᠠᠨ | ᠪᠠᠳᠤᠳᠬᠠᠵᠤ᠂ ᠬᠤᠶᠢᠰᠢᠳᠠ ᠪᠦᠬᠦᠶᠢᠯᠨ ᠭᠠᠴᠠᠭ᠎ᠠ ᠪᠠᠷ ᠨᠢ ᠨᠡᠬᠦᠯᠬᠡᠬᠦ ᠤᠷᠤᠨ ᠪᠠ ᠮᠠᠯ ᠦᠬᠡᠢ ᠡᠷᠤᠬᠡ᠂ ᠮᠠᠯ | ᠴᠦᠬᠡᠨ ᠡᠷᠤᠬᠡ ᠶᠢᠨ ᠰᠢᠯᠵᠢᠬᠦᠯᠦᠨ ᠬᠡᠷᠡᠭᠯᠡᠬᠦᠯᠵᠣ ᠪᠠᠶᠢᠭ᠎ᠠ ᠨᠣᠳᠤᠭ ᠪᠠᠯᠴᠢᠬᠡᠷ ᠢ ᠬᠠᠳᠤᠯᠠᠩ ᠪᠣᠯᠭᠠᠬᠤ ᠶᠢᠨ | ᠬᠠᠮᠳᠤ ᠡᠪᠡᠰᠤᠨ ᠤ ᠭᠠᠷᠤᠯᠳᠠ ᠶᠢ ᠨᠢ ᠨᠡᠮᠡᠭᠳᠡᠬᠦᠯᠬᠦ ᠪᠠᠷ ᠴᠢᠷᠮᠠᠶᠢᠨ᠎ᠠ᠃ ᠠᠳᠤᠭᠤᠨ ᠤ ᠦᠢᠯᠡᠰ ᠤᠨ ᠲᠠᠯ᠎ᠠ | ᠪᠠᠷ᠄ ᠠᠳᠤᠭᠤᠨ ᠤ ᠦᠢᠯᠡᠰ ᠢ ᠲᠠᠮᠵᠢᠬᠦ ᠡᠷᠴᠢᠮ ᠢᠶᠠᠨ ᠴᠢᠩᠭᠠᠳᠬᠠᠨ᠂ ᠠᠪᠠᠭ᠎ᠠ ᠬᠠᠷ᠎ᠠ ᠠᠳᠤᠭᠤ ᠶᠢ | ᠰᠤᠩᠭᠤᠨ ᠪᠤᠶᠢᠵᠢᠭᠤᠯᠬᠤ ᠠᠵᠢᠯ ᠢ ᠰᠠᠶᠢᠳᠤᠷ ᠠᠳᠬᠤᠵᠤ᠂ ᠤᠷᠤᠨ ᠨᠤᠳᠤᠭ ᠤᠨ ᠰᠢᠯᠢᠳᠡᠭ ᠨᠠᠷᠠᠳᠤ ᠲᠡᠮᠳᠡᠭ ᠢ | ᠪᠤᠢ ᠪᠤᠯᠭᠠᠨ᠂ ᠮᠠᠯᠴᠢᠳ ᠤᠨ ᠴᠡᠭᠡ ᠪᠤᠷᠤᠯᠠᠭᠤᠯᠬᠤ ᠪᠠ ᠤᠷᠤᠯᠳᠤᠭᠠᠨ ᠤ ᠮᠤᠷᠢ ᠣᠶᠠᠬᠤ ᠵᠠᠷᠬᠡ ᠲᠠᠯ᠎ᠠ ᠪᠠᠷ | ᠠᠳᠤᠭᠤᠨ ᠤ ᠦᠢᠯᠡᠰ ᠢ ᠬᠦᠭᠵᠢᠬᠦᠯᠬᠦ ᠶᠢ ᠵᠢᠯᠤᠭᠤᠳᠤᠨ᠂ ᠲᠤᠰᠬᠠᠶᠢᠵᠢᠭᠰᠡᠨ ᠮᠠᠯᠵᠢᠯ ᠤᠨ ᠡᠷᠤᠬᠡ ᠶᠢᠨ ᠲᠤᠭ᠎ᠠ | ᠶᠢ ᠨᠡᠮᠡᠭᠳᠡᠬᠦᠯᠤᠨ᠂ ᠴᠡᠭᠡ ᠶᠢᠨ ᠭᠠᠷᠤᠯᠳᠠ ᠶᠢ 125 ᠲᠤᠨ ᠬᠦᠷᠬᠡᠨ᠎ᠠ᠃ ᠡᠯᠡᠰᠤᠨ ᠤ ᠦᠢᠯᠡᠰ ᠤᠨ ᠲᠠᠯ᠎ᠠ | ᠪᠠᠷ᠄ ︽ᠠᠮᠢ ᠠᠬᠤᠢ ᠶᠢᠨ ᠬᠠᠮᠠᠭᠠᠯᠠᠯᠳᠠ ᠶᠢ ᠲᠠᠷᠢᠬᠦᠨ ᠳᠤ ᠲᠠᠯᠪᠢᠨ᠂ ᠵᠤᠬᠢᠰᠳᠡᠢ ᠨᠡᠬᠡᠬᠡᠨ᠂ ᠰᠢᠡᠵᠢᠯᠡᠬᠦ | ᠤᠬᠠᠭᠠᠡᠴᠢ ᠪᠠᠷ ᠠᠰᠢᠭᠯᠠᠨ᠂ ᠦᠷᠬᠦᠯᠵᠢᠯᠡᠨ ᠬᠦᠭᠵᠢᠬᠦᠯᠬᠦ︾ ᠵᠠᠷᠴᠢᠮ ᠢ ᠪᠠᠷᠢᠮᠳᠠᠯᠠᠵᠤ᠂ ᠬᠤᠯᠡᠨ ᠰᠢᠷᠭ᠎ᠠ ᠲᠠᠭ᠎ᠠ | ᠶᠢᠨ ᠡᠯᠡᠰᠤᠨ ᠤ ᠡᠬᠢ ᠪᠠᠶᠠᠯᠢᠭ ᠢ ᠨᠡᠬᠡᠬᠡᠨ ᠠᠰᠢᠭᠯᠠᠬᠤ ᠡᠷᠴᠢᠮ ᠢᠶᠠᠨ ᠴᠢᠩᠭᠠᠳᠬᠠᠨ᠂ ᠮᠠᠯᠴᠢᠳ ᠤᠨ | ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠮᠠᠯᠵᠢᠬᠤ ᠦᠢᠯᠡᠳᠪᠤᠷᠢᠯᠡᠯ ᠤᠨ ᠬᠦᠭᠵᠢᠯᠳᠠ ᠶᠢᠨ ᠠᠷᠭ᠎ᠠ ᠮᠠᠶ᠋ᠢᠭ | ᠢ ᠤᠯᠠᠮ ᠴᠢᠨᠠᠭᠰᠢᠳᠠ ᠦᠬᠡᠷᠡᠴᠢᠯᠡᠨ᠂ ᠪᠦᠳᠤᠬᠦᠯᠢᠭ ᠡᠵᠡᠩᠨᠡᠯᠳᠡ ᠶᠢᠨ ᠠᠷᠭ᠎ᠠ ᠮᠠᠶ᠋ᠢᠭ ᠢ ᠲᠤᠤᠱᠳᠡᠢ | ᠬᠤᠪᠢᠷᠠᠭᠤᠯᠵᠤ᠂ ᠴᠠᠭ ᠦᠶ᠎ᠠ ᠶᠢᠨ ᠬᠦᠭᠵᠢᠯᠳᠠ ᠳᠤ ᠵᠣᠬᠢᠴᠠᠭᠰᠠᠨ ᠮᠠᠯᠴᠢᠳ ᠢ ᠬᠦᠮᠤᠵᠢᠬᠦᠯᠤᠨ᠂ ᠮᠠᠯ ᠠᠵᠤ | ᠠᠬᠤᠢ ᠶᠢᠨ ᠲᠠᠷᠢᠬᠦᠨ ᠤ ᠮᠠᠷᠬᠡᠵᠢᠯ ᠢ ᠲᠦᠬᠡᠮᠡᠯᠵᠢᠬᠦᠯᠵᠤ᠂ ᠤᠳᠤᠬᠢᠴᠢᠯᠠᠭᠰᠡᠨ ᠦᠢᠯᠡᠳᠪᠤᠷᠢᠯᠡᠯ ᠤᠨ ᠮᠠᠰᠢᠨ | ᠲᠦᠬᠦᠬᠡᠷᠤᠮᠵᠢ ᠶᠢ ᠦᠷᠬᠡᠨ ᠢᠶᠠᠷ ᠲᠡᠯᠬᠡᠷᠡᠬᠦᠯᠤᠨ᠂ ᠦᠢᠯᠡᠳᠪᠤᠷᠢᠯᠡᠯ ᠤᠨ ᠦᠷ᠎ᠠ ᠠᠰᠢᠭ ᠢ ᠨᠢ ᠲᠡᠬᠡᠭᠰᠢᠯᠡᠬᠦᠯᠤᠨ᠎ᠠ | ᠃ ᠮᠠᠯ ᠤᠨ ᠠᠷᠠᠴᠢᠯᠠᠭ᠎ᠠ ᠮᠠᠯᠵᠢᠯᠠᠭ᠎ᠠ ᠶᠢᠨ ᠬᠠᠮᠢᠶᠠᠷᠤᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠤᠨ᠂ ᠦᠬᠡᠷ | ᠪᠤᠷᠳᠤᠨ ᠲᠠᠷᠭᠤᠯᠠᠭᠤᠯᠬᠤ᠂ ᠡᠷᠳᠡ ᠶᠢᠨ ᠲᠦᠯ ᠢ ᠪᠤᠷᠳᠤᠨ ᠲᠡᠵᠢᠬᠡᠬᠦ ᠪᠠ ᠬᠤᠳᠠᠯᠳᠤᠬᠤ ᠮᠠᠯ ᠢᠶᠠᠨ ᠪᠤᠷᠳᠤᠨ | ᠲᠠᠷᠭᠤᠯᠠᠭᠤᠯᠬᠤ ᠠᠵᠢᠯ ᠢ ᠢᠳᠡᠪᠬᠢᠳᠡᠢ ᠪᠠᠷ ᠦᠷᠨᠢᠬᠦᠯᠤᠨ᠂ ᠠᠰᠢᠭ ᠤᠷᠤᠯᠭ᠎ᠠ ᠶᠢ ᠨᠢ ᠨᠡᠮᠡᠭᠳᠡᠬᠦᠯᠵᠤ᠂ ᠤᠷᠳᠤᠰ | ᠤᠨ ᠴᠸᠡᠭ ᠯᠦᠡᠭ ᠪᠦᠯᠦᠭᠯᠡᠯ ᠢ ᠤᠷᠢᠨ ᠠᠪᠴᠢᠷᠡᠵᠤ᠂ ᠮᠠᠨ ᠤ ᠬᠤᠰᠢᠭᠤᠨ ᠳᠤ ᠦᠬᠡᠷ ᠪᠤᠷᠳᠤᠨ | ᠲᠠᠷᠭᠤᠯᠠᠭᠤᠯᠬᠤ ᠪᠠ ᠨᠠᠷᠢᠯᠢᠭ ᠡᠳ᠋ᠰᠢᠬᠦᠯᠬᠦ ᠦᠢᠯᠡᠰ ᠡᠷᠬᠢᠯᠡᠬᠦᠯᠬᠦ ᠪᠠᠷ ᠴᠢᠷᠮᠠᠶᠢᠨ᠎ᠠ᠃ ᠮᠠᠯᠴᠢᠳ ᠤᠨ | ᠬᠤᠷᠰᠢᠭᠰᠡᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠵᠠᠭᠤᠴᠢᠯᠠᠭᠴᠢ ᠶᠢᠨ ᠡᠩᠨᠡᠭᠡ ᠶᠢ | ᠪᠤᠵᠠᠭᠠᠶᠢᠷᠠᠭᠤᠯᠵᠤ᠂ ᠲᠠᠳᠠᠨ ᠤ ᠵᠠᠬ᠎ᠠ ᠲᠡᠯᠬᠡᠬᠦᠷ ᠨᠡᠬᠡᠬᠡᠨ᠂ ᠰᠢᠨ᠎ᠠ ᠦᠢᠯᠡᠳᠬᠦᠨ ᠡᠬᠦᠳᠬᠦ ᠶᠢ ᠵᠢᠯᠤᠭᠤᠳᠤᠨ | ᠲᠠᠮᠵᠢᠵᠤ᠂ ᠡᠷᠳᠡ ᠶᠢᠨ ᠲᠦᠯ᠂ ᠨᠤᠤᠰᠤ ᠨᠣᠣᠯᠣᠷ ᠢ ᠵᠠᠬᠢᠶᠠᠯᠠᠨ ᠠᠪᠬᠤ ᠠᠵᠢᠯ ᠢ ᠦᠷᠬᠦᠯᠵᠢᠯᠡᠨ ᠴᠢᠩᠭᠠᠳᠬᠠᠨ | ᠂ ᠠᠵᠤ ᠠᠬᠤᠶᠢᠯᠡᠯ ᠪᠠ ᠮᠠᠯᠵᠢᠬᠤ ᠡᠷᠤᠬᠡ ᠶᠢᠨ ᠬᠠᠷᠢᠯᠴᠠᠭ᠎ᠠ ᠶᠢ ᠨᠢᠭᠳᠠᠷᠠᠭᠤᠯᠣᠨ᠎ᠠ᠃ | ᠮᠠᠯᠵᠢᠬᠤ ᠤᠷᠤᠨ ᠤ ᠬᠦᠮᠤᠨ ᠠᠮᠨ ᠶᠢ ᠨᠡᠬᠦᠯᠬᠡᠬᠦ ᠶᠢ ᠲᠦᠷᠬᠡᠳᠬᠡᠨ᠎ᠠ᠃ ᠲᠦᠷᠥ ᠶᠢᠨ ᠪᠤᠳᠤᠯᠭ᠎ᠠ᠂ | ᠦᠢᠯᠡᠴᠢᠯᠡᠭᠡ᠂ ᠪᠤᠯᠪᠠᠰᠤᠷᠡᠯ᠂ ᠠᠵᠢᠯ ᠤᠯᠭᠤᠬᠤ ᠵᠠᠷᠬᠡ ᠲᠦᠷᠪᠡᠨ ᠵᠠᠩᠬᠢᠯᠠᠭ᠎ᠠ ᠶᠢᠨ ᠭᠤᠭᠴᠤᠭ᠎ᠠ ᠶᠢ ᠠᠳᠬᠤᠨ᠂ | ᠶᠠᠷᠤᠩᠬᠡᠶᠢᠯᠡᠭᠰᠡᠨ ᠠᠷᠭ᠎ᠠ ᠬᠡᠮᠵᠢᠶ᠎ᠠ ᠠᠪᠴᠤ᠂ ᠮᠠᠯᠵᠢᠬᠤ ᠤᠷᠤᠨ ᠤ ᠬᠦᠮᠤᠨ ᠠᠮᠨ ᠶᠢ ᠨᠡᠬᠦᠯᠬᠡᠨ ᠰᠢᠯᠵᠢᠬᠦᠯᠬᠦ | ᠠᠬᠢᠴᠠ ᠶᠢ ᠲᠦᠷᠬᠡᠳᠬᠡᠨ᠂ ᠮᠠᠯᠴᠢᠳ ᠤᠨ ᠬᠤᠳᠠ ᠤᠷᠤᠬᠤ ᠶᠢ ᠵᠢᠯᠤᠭᠤᠳᠤᠨ ᠲᠠᠮᠵᠢᠬᠦ ᠡᠯ᠎ᠠ ᠵᠥᠢᠯ ᠤᠨ | ᠲᠦᠷᠥ ᠶᠢᠨ ᠪᠤᠳᠤᠯᠭ᠎ᠠ ᠶᠢ ᠪᠦᠷᠢᠡᠰᠢᠬᠦᠯᠤᠨ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃ ᠭᠤᠷᠪᠡᠨ ᠱᠠᠳᠤᠨ ᠤ | ᠠᠵᠢᠯ ᠤᠯᠭᠤᠬᠤ ᠦᠢᠯᠡᠴᠢᠯᠡᠬᠡᠨ ᠤ ᠲᠤᠤᠷ ᠤᠨ ᠴᠢᠳᠡᠪᠬᠢ ᠶᠢ ᠤᠯᠠᠮ ᠴᠢᠩᠭᠠᠳᠬᠠᠨ᠂ ᠬᠤᠳᠠ ᠤᠷᠤᠭᠰᠡᠨ | ᠮᠠᠯᠴᠢᠳ ᠲᠤ ᠠᠵᠢᠯ ᠤᠯᠭᠤᠯᠳᠠ ᠶᠢᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠭᠤᠷᠬᠠᠢ ᠨᠡᠬᠡᠬᠡᠬᠦ᠂ | ᠪᠠᠷᠢᠯᠭ᠎ᠠ ᠶᠢᠨ ᠮᠠᠲ᠋ᠧᠷᠢᠶᠠᠯ ᠪᠤᠯᠪᠠᠰᠤᠷᠠᠭᠤᠯᠬᠤ᠂ ᠵᠤᠭᠠᠴᠡᠯ᠂ ᠦᠡᠳᠤᠰᠤᠳᠠᠨ ᠤ ᠰᠤᠶᠤᠯ ᠵᠠᠷᠬᠡ ᠠᠵᠢᠯ ᠦᠢᠯᠡᠰ | ᠤᠨ ᠬᠡᠷᠡᠭᠴᠡᠭᠡ ᠶᠢ ᠦᠡᠳᠤᠰᠤᠯᠡᠨ᠂ ᠬᠤᠳᠠ ᠤᠷᠤᠭᠰᠡᠨ ᠵᠠᠯᠠᠭᠤ ᠢᠳᠡᠷ ᠮᠠᠯᠴᠢᠳ ᠢᠶᠠᠷ ᠭᠤᠤᠯᠯᠠᠨ᠂ | ᠪᠤᠯᠪᠠᠰᠤᠷᠡᠯ ᠢ ᠨᠢᠬᠡᠳᠬᠡᠨ ᠡᠷᠬᠢᠯᠡᠵᠤ᠂ ᠬᠠᠨᠳᠤᠯᠭᠠᠳᠤ ᠪᠤᠯᠪᠠᠰᠤᠷᠡᠯ ᠢ ᠢᠳᠡᠪᠬᠢᠳᠡᠢ ᠦᠷᠨᠢᠬᠦᠯᠵᠤ᠂ ᠲᠡᠳᠡᠨ ᠤ | ᠬᠦᠳᠡᠯᠮᠤᠷᠢ ᠶᠢᠨ ᠤᠷ᠎ᠠ ᠮᠠᠷᠬᠡᠵᠢᠯ ᠪᠠ ᠠᠵᠢᠯ ᠤᠯᠬᠤ ᠴᠢᠳᠠᠪᠤᠷᠢ ᠶᠢ ᠨᠢ ᠦᠨᠡᠡᠬᠦ ᠲᠡᠬᠡᠭᠰᠢᠯᠡᠬᠦᠯᠤᠨ᠎ᠠ᠃ ᠠᠵᠤ | ᠦᠢᠯᠡᠰ ᠤᠨ ᠲᠦᠰᠢᠭᠯᠡᠯ ᠤᠨ ᠠᠰᠠᠭᠤᠳᠠᠯ ᠢ ᠴᠢᠬᠤᠯᠠᠴᠢᠯᠡᠨ ᠦᠵᠡᠵᠤ᠂ ᠬᠤᠳᠠ ᠤᠷᠤᠭᠰᠡᠨ ᠮᠠᠯᠴᠢᠳ ᠤᠨ | ᠠᠵᠢᠯ ᠤᠯᠭᠤᠯᠳᠠ ᠶᠢ ᠠᠵᠤ ᠦᠢᠯᠡᠳᠪᠤᠷᠢ ᠶᠢᠨ ᠲᠦᠷᠥᠯ ᠵᠥᠢᠯ ᠤᠨ ᠠᠵᠢᠯᠳᠠᠨ ᠡᠯᠰᠡᠬᠦ ᠲᠠᠢ ᠤᠶᠠᠯᠳᠤᠭᠤᠯᠵᠤ᠂ | ᠠᠵᠤ ᠠᠬᠤᠶᠢᠯᠡᠯ ᠲᠠᠢ ᠢᠳᠡᠪᠬᠢᠯᠡᠨ ᠬᠠᠷᠢᠴᠠᠵᠤ᠂ ᠲᠠᠳᠠᠨ ᠤ ᠠᠳᠠᠯᠢᠬᠠᠨ ᠨᠦᠬᠦᠴᠡᠯ ᠲᠤᠤᠷ᠎ᠠ ᠬᠤᠳᠠ ᠤᠷᠤᠭᠰᠡᠨ | ᠮᠠᠯᠴᠢᠳ ᠢ ᠤᠷᠢᠳᠡᠪᠡᠷ ᠡᠯᠰᠡᠨ ᠬᠡᠷᠡᠭᠯᠡᠬᠦ ᠶᠢ ᠱᠠᠭᠠᠷᠳᠠᠨ᠂ ᠨᠠᠩ ᠤᠯᠠᠨ ᠨᠡᠬᠦᠨ ᠰᠢᠯᠵᠢᠭᠰᠡᠳ ᠲᠤ ᠠᠵᠢᠯ | ᠤᠯᠭᠤᠬᠤ ᠪᠠᠷ ᠴᠢᠷᠮᠠᠶᠢᠨ᠎ᠠ᠃ ᠦᠡᠳᠤᠰᠤᠳᠠᠨ ᠤ ᠤᠡᠴᠠᠯᠢᠭᠳᠤ ᠪᠦᠳᠤᠬᠡᠭᠳᠡᠬᠦᠨ ᠢ ᠪᠤᠯᠪᠠᠰᠤᠷᠠᠭᠤᠯᠬᠤ ᠦᠢᠯᠡᠰ | ᠢ ᠤᠷᠮᠠᠰᠢᠭᠤᠯᠤᠨ ᠬᠦᠭᠵᠢᠬᠦᠯᠵᠤ᠂ ᠮᠠᠯᠴᠢᠳ ᠤᠨ ᠠᠵᠢᠯ ᠦᠢᠯᠡᠰ ᠡᠷᠬᠢᠯᠡᠬᠦ ᠶᠢ ᠵᠤᠷᠢᠭᠵᠢᠭᠤᠯᠤᠨ᠂ ᠡᠬᠦᠨ ᠤ | ᠤᠯᠠᠮ ᠢᠶᠠᠷ ᠨᠠᠩ ᠤᠯᠠᠨ ᠠᠵᠢᠯ ᠤᠨ ᠪᠠᠶᠢᠷᠢ ᠡᠬᠦᠳᠤᠨ᠎ᠠ᠃ ᠲᠦᠷᠥ ᠶᠢᠨ ᠪᠤᠳᠤᠯᠭ᠎ᠠ᠂ ᠠᠵᠢᠯ ᠤᠨ ᠪᠠᠶᠢᠷᠢ | ᠶᠢᠨ ᠬᠡᠷᠡᠭᠴᠡᠭᠡ ᠬᠢᠬᠡᠳ ᠨᠠᠶᠢᠳᠡᠯᠢᠭ ᠵᠢᠱᠢᠶ᠎ᠠ ᠶᠢᠨ ᠲᠤᠬᠠᠢ ᠤᠬᠠᠭᠤᠯᠭ᠎ᠠ ᠪᠠ ᠪᠠᠶᠢᠴᠠᠭᠠᠯᠳᠠ ᠪᠠᠨ ᠴᠢᠩᠭᠠᠳᠬᠠᠨ᠂ | ᠮᠠᠯᠴᠢᠳ ᠤᠨ ᠪᠤᠳᠤᠯ ᠰᠠᠨᠠᠯ ᠢ ᠬᠦᠡᠵᠡᠬᠡᠢ ᠦᠢᠯᠠᠭᠠᠨ᠂ ᠬᠤᠳᠠ ᠤᠷᠤᠭᠰᠡᠳ ᠲᠤ ᠠᠵᠢᠯ ᠤᠯᠭᠤᠬᠤ ᠠᠵᠢᠯ ᠢ | ᠡᠷᠤᠬᠡ ᠪᠤᠯᠭᠠᠨ᠂ ᠬᠦᠮᠤᠨ ᠪᠦᠷᠢ ᠳᠤ ᠬᠦᠷᠳᠡᠯ᠎ᠠ ᠨᠠᠶᠢᠳᠠᠪᠤᠷᠢᠵᠢᠭᠤᠯᠵᠤ᠂ ᠮᠠᠯᠵᠢᠬᠤ ᠤᠷᠤᠨ ᠤ ᠬᠦᠮᠤᠨ ᠠᠮᠨ | ᠶᠢ ᠨᠡᠬᠦᠯᠬᠡᠬᠦ ᠠᠵᠢᠯ ᠢ ᠪᠦᠬᠦ ᠲᠠᠯ᠎ᠠ ᠪᠠᠷ ᠠᠳᠬᠤᠬᠤ ᠶᠢᠨ ᠬᠠᠮᠳᠤ᠂ ᠬᠢᠯᠢ ᠲᠠᠭᠠᠤ ᠭᠠᠴᠠᠭ᠎ᠠ ᠶᠢ ᠪᠦᠬᠦᠶᠢᠯᠨ | ᠭᠠᠴᠠᠭ᠎ᠠ ᠪᠠᠷ ᠨᠢ ᠨᠡᠬᠦᠯᠬᠡᠬᠦ ᠠᠵᠢᠯ ᠢ ᠴᠤ ᠰᠠᠶᠢᠳᠤᠷ ᠠᠳᠬᠤᠵᠤ᠂ ᠮᠠᠯᠵᠢᠬᠤ ᠤᠷᠤᠨ ᠤ ᠬᠦᠮᠤᠨ ᠠᠮᠨ ᠶᠢ | ᠬᠤᠳᠠ ᠳᠤ ᠤᠷᠤᠭᠤᠯᠵᠤ ᠠᠵᠢᠯ ᠤᠯᠭᠤᠬᠤ ᠪᠠᠶᠢᠩᠭᠤ ᠶᠢᠨ ᠵᠤᠬᠢᠴᠠᠮᠵᠢ ᠶᠢ ᠪᠠᠶᠢᠭᠤᠯᠵᠤ ᠪᠦᠷᠢᠡᠰᠢᠬᠦᠯᠤᠨ᠂ ᠲᠤᠰ | ᠵᠢᠯ ᠳᠤ 1000 ᠬᠦᠮᠤᠨ ᠢ ᠨᠡᠬᠦᠯᠬᠡᠨ ᠰᠢᠯᠵᠢᠬᠦᠯᠤᠨᠠ᠃ | ᠨᠠᠶᠢᠬᠡᠮ ᠵᠢᠷᠤᠮᠳᠤ ᠰᠢᠨ᠎ᠠ ᠮᠠᠯᠵᠢᠬᠤ ᠤᠷᠤᠨ ᠤ ᠲᠤᠷᠰᠢᠯᠳᠠ ᠶᠢᠨ ᠴᠡᠭ ᠤᠨ ᠪᠦᠳᠤᠬᠡᠨ ᠪᠠᠶᠢᠭᠤᠯᠤᠯᠳᠠ ᠶᠢ | ᠯᠠᠪᠳᠠᠭᠤᠨ ᠢᠶᠠᠷ ᠠᠬᠢᠭᠤᠯᠤᠨ᠎ᠠ᠃ ᠮᠠᠯ ᠠᠵᠤ ᠠᠬᠤᠢ ᠳᠤ ᠬᠤᠯᠪᠤᠭᠳᠠᠭᠰᠡᠨ ᠲᠦᠷᠥᠯ ᠵᠥᠢᠯ ᠤᠨ ᠪᠡᠯᠨ ᠮᠦᠩᠬᠦ | ᠶᠢ ᠨᠢᠬᠡᠳᠬᠡᠨ᠂ ᠵᠢᠵᠢᠭ ᠬᠡᠯᠪᠡᠷᠢ ᠶᠢᠨ ᠰᠠᠯᠬᠢᠨ ᠬᠦᠴᠤ ᠪᠠ ᠨᠠᠷᠡᠨ ᠡᠨᠧᠷᠬᠢ ᠶᠢᠨ ᠲᠦᠬᠦᠬᠡᠷᠤᠮᠵᠢ ᠶᠢ | ᠲᠦᠬᠡᠮᠡᠯᠵᠢᠬᠦᠯᠬᠦ᠂ ᠬᠦᠮᠤᠨ ᠮᠠᠯ ᠤᠨ ᠠᠶᠤᠯᠬᠦᠢ ᠤᠰᠤ ᠤᠮᠳᠠ ᠬᠡᠷᠡᠭᠯᠡᠬᠦ᠂ ᠴᠡᠬᠢᠯᠭᠠᠨ ᠨᠠᠪᠳᠠᠷᠡᠬᠦᠯᠬᠦ᠂ ᠠᠮᠢᠳᠤᠷᠡᠯ | ᠤᠨ ᠤᠷᠴᠢᠨ ᠢ ᠰᠠᠶᠢᠵᠢᠷᠠᠭᠤᠯᠬᠤ᠂ ᠷᠠᠳᠢᠤ᠋ ᠲᠧᠯᠸᠢᠰ ᠪᠠ ᠺᠣᠮᠫᠢᠦ᠋ᠲ᠋ᠧᠷ ᠤᠨ ᠲᠤᠤᠷ ᠰᠦᠯᠵᠢᠶ᠎ᠠ ᠨᠠᠪᠳᠠᠷᠡᠬᠦᠯᠬᠦ | ᠵᠠᠷᠬᠡ ᠲᠠᠯ᠎ᠠ ᠪᠠᠷ ᠬᠢ ᠪᠡᠯᠨ ᠤᠷᠤᠭᠤᠯᠤᠯᠳᠠ ᠪᠠᠨ ᠨᠡᠮᠡᠭᠳᠡᠬᠦᠯᠤᠨ᠂ ᠮᠠᠯᠴᠢᠳ ᠤᠨ ᠠᠮᠢᠳᠤᠷᠡᠯ ᠤᠨ ᠨᠦᠬᠦᠴᠡᠯ | ᠢ ᠰᠠᠶᠢᠵᠢᠷᠠᠭᠤᠯᠵᠤ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ 9 ᠲᠤᠷᠰᠢᠯᠳᠠ ᠶᠢᠨ | ᠭᠠᠴᠠᠭᠠᠨ ᠤ ︽ᠭᠤᠷᠪᠡᠨ 30 %᠂ ᠭᠤᠷᠪᠡᠨ 50 %᠂ ᠭᠤᠷᠪᠡᠨ 100 %︾ ᠶᠢᠨ ᠬᠠᠷᠠᠯᠳᠠ ᠶᠢ | ᠪᠠᠶᠠᠯᠡᠬᠦᠯᠬᠦ ᠪᠠᠷ ᠴᠢᠷᠮᠠᠶᠢᠬᠤ ᠶᠢᠨ ᠬᠠᠮᠳᠤ᠂ ᠲᠤᠷᠰᠢᠯᠭ᠎ᠠ ᠪᠠᠨ ᠳ᠋ᠦᠩᠨᠡᠨ᠂ ︽ᠰᠢᠯᠵᠢᠬᠦᠯᠤᠯᠳᠠ ᠬᠤᠪᠢᠷᠠᠭᠤᠯᠤᠯᠳᠠ | ᠂ ᠬᠤᠤᠰ ᠠᠮᠵᠢᠯᠳᠠ︾ ᠪᠠ ᠰᠢᠨ᠎ᠠ ᠮᠠᠯᠵᠢᠬᠤ ᠣᠷᠣᠨ ᠤ ᠪᠦᠳᠦᠬᠡᠨ ᠪᠠᠶᠢᠭᠤᠯᠣᠯᠳᠠ ᠶᠢ ᠠᠬᠢᠭᠤᠯᠣᠨ᠎ᠠ᠃ ᠰᠢᠨ᠎ᠠ | ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠲᠤᠮᠳᠡᠬᠢ ᠭᠠᠴᠠᠭᠠᠨ ᠤ ᠵᠦᠪᠯᠡᠯ ᠤᠨ ᠦᠢᠯᠡᠳᠤᠯ ᠢ ᠬᠦᠢᠴᠡᠳ | ᠪᠠᠳᠠᠷᠠᠭᠤᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠶᠡᠬᠡᠪᠡᠷ ᠬᠦᠭᠵᠢᠬᠦᠯᠤᠨ᠂ ᠭᠠᠴᠠᠭᠠᠨ ᠤ ᠦᠪᠡᠷ | ᠤᠨ ᠪᠠᠶᠢᠭᠤᠯᠤᠯᠳᠠ ᠪᠠ ᠦᠪᠡᠷ ᠢ ᠪᠠᠨ ᠬᠦᠭᠵᠢᠬᠦᠯᠬᠦ ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃ ᠮᠠᠯᠴᠢᠳ ᠤᠨ | ᠤᠷᠤᠯᠭ᠎ᠠ ᠶᠢ ᠨᠡᠮᠡᠭᠳᠡᠬᠦᠯᠬᠦ ᠪᠤᠯ ᠰᠢᠨ᠎ᠠ ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢᠨ ᠭᠤᠤᠯ ᠵᠤᠷᠢᠯᠭ᠎ᠠ | ᠪᠠᠶᠢᠵᠤ᠂ ᠮᠠᠯ ᠠᠵᠤ ᠠᠬᠤᠢ ᠶᠢᠨ ᠲᠠᠯᠳᠠ ᠬᠦᠴᠤᠨ ᠢ ᠬᠦᠢᠴᠡᠳ ᠢᠯᠡᠷᠡᠬᠦᠯᠬᠦ ᠪᠠ ᠬᠦᠮᠤᠨ ᠪᠦᠷᠢ ᠳᠤ | ᠨᠤᠭᠳᠠᠬᠤ ᠡᠬᠢ ᠪᠠᠶᠠᠯᠢᠭ ᠤᠨ ᠬᠡᠮᠵᠢᠶ᠎ᠠ ᠶᠢ ᠲᠡᠬᠡᠭᠰᠢᠯᠡᠬᠦᠯᠬᠦ ᠪᠠᠷ ᠲᠠᠮᠵᠢᠨ ᠤᠷᠤᠯᠭ᠎ᠠ ᠶᠢᠨ ᠨᠡᠮᠡᠭᠳᠡᠯ ᠢ | ᠠᠬᠢᠭᠤᠯᠤᠨ᠂ ᠬᠠᠷᠠᠭᠠᠯᠵᠡᠯ ᠤᠨ ᠲᠦᠷᠥ ᠶᠢᠨ ᠪᠤᠳᠤᠯᠭ᠎ᠠ ᠲᠤᠭᠳᠠᠭᠠᠵᠤ᠂ ᠮᠠᠯᠴᠢᠳ ᠬᠤᠳᠠ ᠤᠷᠤᠵᠤ ᠠᠵᠢᠯ | ᠡᠷᠬᠢᠯᠡᠨ ᠬᠡᠷ ᠬᠦᠷᠤᠩᠬᠡ ᠬᠤᠳᠠᠯᠳᠤᠨ ᠠᠪᠬᠤ ᠶᠢ ᠵᠤᠷᠢᠭᠵᠢᠭᠤᠯᠤᠨ᠂ ᠲᠠᠳᠠᠨ ᠤ ᠬᠦᠷᠤᠩᠬᠡ ᠶᠢᠨ ᠴᠢᠨᠠᠷᠳᠡᠢ | ᠤᠷᠤᠯᠭ᠎ᠠ ᠶᠢ ᠨᠡᠮᠡᠭᠳᠡᠬᠦᠯᠵᠤ᠂ ᠦᠡᠳᠤᠰᠤᠳᠠᠨ ᠤ ᠰᠤᠶᠤᠯ᠂ ᠢᠳᠡᠬᠡᠨ ᠤᠮᠳᠠᠭᠠᠨ ᠪᠠ ᠬᠤᠪᠴᠠᠰᠣ ᠵᠠᠰᠠᠯ᠂ | ᠵᠤᠭᠠᠴᠠᠯ᠂ ᠵᠦᠬᠡᠬᠡᠪᠤᠷᠢ ᠵᠠᠷᠬᠡ ᠦᠢᠯᠡᠰ ᠢ ᠢᠳᠡᠪᠬᠢᠯᠡᠨ ᠬᠦᠭᠵᠢᠬᠦᠯᠵᠤ᠂ ᠮᠠᠯᠴᠢᠳ ᠤᠨ ᠬᠤᠶᠡᠷ ᠭᠤᠷᠪᠡᠳᠤᠭᠠᠷ | ᠠᠵᠤ ᠦᠢᠯᠡᠰ ᠲᠤ ᠤᠷᠤᠯᠴᠠᠬᠤ ᠶᠢ ᠵᠤᠷᠢᠭᠵᠢᠭᠤᠯᠤᠨ᠂ ᠴᠠᠯᠢᠩ ᠤᠨ ᠤᠷᠤᠯᠭ᠎ᠠ ᠶᠢ ᠨᠢ ᠨᠡᠮᠡᠭᠳᠡᠬᠦᠯᠤᠨ᠎ᠠ᠃ | ︵ᠬᠤᠶᠡᠷ︶ ᠲᠠᠪᠠᠭᠤᠯᠢᠭ ᠤᠡᠴᠠᠯᠢᠭᠳᠤ ᠠᠵᠤ ᠦᠢᠯᠡᠰ ᠢ ᠪᠣᠶᠢᠵᠢᠭᠤᠯᠣᠨ ᠪᠤᠵᠠᠭᠠᠶᠢᠷᠠᠭᠤᠯᠬᠤ ᠪᠠᠷ ᠰᠠᠭᠤᠷᠢ | ᠪᠤᠯᠭᠠᠨ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠬᠦᠴᠤᠳᠡᠢ ᠲᠦᠯᠬᠢᠨ | ᠠᠬᠢᠭᠤᠯᠤᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠱᠠᠭᠠᠷᠳᠠᠯᠭ᠎ᠠ ᠶᠤᠰᠤᠭᠠᠷ᠂ ᠤᠯᠤᠰ ᠤᠨ | ᠠᠵᠤ ᠦᠢᠯᠡᠰ ᠤᠨ ᠲᠦᠷᠥ ᠶᠢᠨ ᠪᠤᠳᠤᠯᠭ᠎ᠠ ᠪᠠ ᠵᠠᠬ᠎ᠠ ᠲᠡᠯᠬᠡᠬᠦᠷ ᠤᠨ ᠬᠡᠷᠡᠭᠴᠡᠭᠡ ᠪᠠᠷ ᠵᠢᠯᠤᠭᠤᠳᠤᠯᠭ᠎ᠠ ᠪᠤᠯᠭᠠᠨ | ᠂ ᠲᠦᠷᠪᠡᠨ ᠶᠡᠭᠡ ᠲᠠᠪᠠᠭᠤᠯᠢᠭ ᠤᠡᠴᠠᠯᠢᠭᠳᠤ ᠠᠵᠤ ᠦᠢᠯᠡᠰ ᠤᠨ ᠬᠦᠭᠵᠢᠯᠳᠠ ᠶᠢ ᠯᠠᠪᠳᠠᠭᠤᠨ ᠪᠦᠬᠡᠳ | ᠰᠢᠡᠵᠢᠯᠡᠬᠦ ᠤᠬᠠᠭᠠᠡᠴᠢ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠲᠠᠪᠠᠭᠤᠯᠢᠭ ᠢᠶᠠᠨ ᠠᠵᠤ ᠠᠬᠤᠢ ᠶᠢᠨ | ᠲᠠᠪᠠᠭᠤᠯᠢᠭ ᠪᠤᠯᠭᠠᠨ ᠬᠤᠪᠢᠷᠠᠭᠤᠯᠬᠤ ᠪᠠᠨ ᠲᠦᠷᠬᠡᠳᠬᠡᠨ᠂ ᠠᠵᠤ ᠦᠢᠯᠡᠳᠪᠤᠷᠢ ᠶᠢᠨ ᠶᠠᠷᠤᠩᠬᠡᠢ ᠬᠡᠮᠵᠢᠶ᠎ᠠ ᠶᠢ | ᠲᠠᠷᠥᠢ ᠲᠦᠷᠬᠡᠨ ᠨᠡᠮᠡᠭᠳᠡᠬᠦᠯᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠵᠢᠯᠤᠭᠤᠳᠬᠤ ᠪᠠᠶᠢᠷᠢ ᠰᠠᠭᠤᠷᠢ | ᠶᠢ ᠦᠨᠡᠡᠬᠦ ᠪᠠᠳᠤᠳᠬᠠᠨ᠎ᠠ᠃ | ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢ ᠬᠦᠴᠤᠳᠡᠢ ᠠᠳᠬᠤᠨ᠎ᠠ᠃ ᠬᠦᠢᠳᠡᠡᠰᠢᠯᠢ ᠰᠠᠯᠬᠢᠨ ᠴᠡᠬᠢᠯᠭᠠᠨ | ᠤ ᠰᠠᠭᠤᠷᠢᠨ ᠭᠠᠵᠡᠷ ᠤᠨ ᠬᠡᠪᠴᠢᠶ᠎ᠠ ᠶᠢ ᠦᠷᠬᠦᠯᠵᠢᠯᠡᠨ ᠦᠷᠬᠡᠳᠬᠡᠵᠤ᠂ 7 ᠰᠠᠷ᠎ᠠ ᠶᠢᠨ ᠰᠠᠬᠦᠯᠴᠢ ᠪᠤᠯᠬᠤ ᠳᠤ᠂ | ᠳ᠋ᠠ ᠲᠠᠩ ᠤᠨ 15 ᠲᠦᠮᠡᠨ ᠺᠢᠯᠤᠸᠡᠲ᠂ ᠵᠢᠩ ᠨᠸᠡᠭ ᠤᠨ 5 ᠲᠦᠮᠡᠨ ᠺᠢᠯᠤᠸᠡᠲ᠂ ᠵᠦᠡᠭ ᠭᠤᠸᠠᠩ ᠾᠧ | ᠤᠨ 5 ᠲᠦᠮᠡᠨ ᠺᠢᠯᠤᠸᠡᠲ᠂ ᠨᠠᠶᠢᠳᠠ 25 ᠲᠦᠮᠡᠨ ᠺᠢᠯᠤᠸᠡᠲ ᠤᠨ ᠨᠠᠮᠠᠵᠤ ᠪᠠᠶᠢᠭᠤᠯᠤᠭᠰᠡᠨ ᠪᠠᠷᠢᠯᠭ᠎ᠠ ᠶᠢ | ᠪᠦᠬᠦᠨ ᠢ ᠲᠠᠭᠤᠰᠬᠠᠵᠤ᠂ ᠠᠰᠢᠭᠯᠠᠯᠳᠠ ᠳᠤ ᠤᠷᠤᠭᠰᠡᠨ ᠬᠡᠮᠵᠢᠶ᠎ᠠ ᠶᠢ ᠨᠠᠶᠢᠳᠠ 60 ᠲᠦᠮᠡᠨ ᠺᠢᠯᠤᠸᠡᠲ | ᠬᠦᠷᠬᠡᠬᠦ ᠪᠠᠷ ᠴᠢᠷᠮᠠᠶᠢᠬᠤ ᠶᠢᠨ ᠬᠠᠮᠳᠤ᠂ ᠲᠠᠬᠢᠨ 20 ᠲᠦᠮᠡᠨ ᠺᠢᠯᠤᠸᠡᠲ ᠤᠨ ᠪᠠᠷᠢᠯᠭ᠎ᠠ ᠶᠢ ᠡᠬᠢᠯᠡᠬᠦᠯᠵᠤ᠂ | ᠰᠠᠭᠤᠷᠢᠨ ᠭᠠᠵᠡᠷ ᠤᠨ ᠲᠦᠷᠥᠯ ᠵᠥᠢᠯ ᠤᠨ ᠶᠠᠷᠤᠩᠬᠡᠢ ᠬᠡᠪᠴᠢᠶ᠎ᠠ ᠶᠢ 80 ᠲᠦᠮᠡᠨ ᠺᠢᠯᠤᠸᠡᠲ ᠬᠦᠷᠬᠡᠨ᠂ | ᠠᠰᠢᠭᠯᠠᠯᠳᠠ ᠳᠤ ᠤᠷᠤᠭᠰᠡᠨ ᠮᠠᠰᠢᠨ ᠴᠤᠭᠴᠠᠯᠠᠪᠤᠷᠢ ᠶᠢᠨ ᠶᠠᠷᠤᠩᠬᠡᠢ ᠬᠡᠮᠵᠢᠶ᠎ᠠ ᠶᠢ 60 ᠲᠦᠮᠡᠨ ᠺᠢᠯᠤᠸᠡᠲ | ᠬᠦᠷᠬᠡᠵᠤ᠂ ᠪᠦᠬᠦ ᠵᠢᠯ ᠳᠤ 11.75 ᠳ᠋ᠦᠩᠰᠢᠭᠤᠷ ᠺᠢᠯᠤᠸᠡᠲ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ | ᠪᠡᠯᠬᠦᠳᠡᠢ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠶᠢ ᠪᠠᠷᠢᠯᠭ᠎ᠠ ᠡᠬᠢᠯᠡᠬᠦᠯᠵᠤ᠂ | ᠲᠡᠬᠡᠷ᠎ᠠ ᠬᠠᠭᠠᠰ ᠵᠢᠯ ᠳᠤ ᠬᠦᠸᠧ ᠳ᠋ᠢᠶᠠᠨ ᠯᠦᠡᠭ ᠶᠤᠸᠡᠨ ᠤ 5 ᠲᠦᠮᠡᠨ ᠺᠢᠯᠤᠸᠡᠲ ᠤᠨ ᠲᠦᠷᠥᠯ ᠵᠥᠢᠯ ᠤᠨ | ᠵᠦᠪᠰᠢᠶᠠᠷᠡᠯ ᠤᠨ ᠭᠠᠷᠳᠠᠮ ᠢ ᠬᠦᠢᠴᠡᠳᠬᠡᠬᠦᠯᠤᠨ᠂ ᠲᠤᠤᠷ᠎ᠠ ᠬᠠᠭᠠᠰ ᠵᠢᠯ ᠳᠤ ᠪᠠᠷᠢᠯᠭ᠎ᠠ ᠡᠬᠢᠯᠡᠬᠦᠯᠤᠨ᠎ᠠ᠃ | ᠹᠸᠡᠭ ᠹᠸᠡᠭ ᠪᠦᠯᠦᠭᠯᠡᠯ ᠤᠨ ᠨᠡᠬᠦᠷᠡᠰᠤᠨ ᠠᠭᠤᠷᠬᠠᠢ ᠶᠢᠨ ᠲᠦᠷᠥᠯ ᠵᠥᠢᠯ ᠤᠨ ᠠᠬᠢᠴᠠ ᠶᠢ ᠲᠦᠷᠬᠡᠳᠬᠡᠨ᠂ ᠵᠢᠯ | ᠤᠨ 800 ᠲᠦᠮᠡᠨ ᠲᠤᠨ ᠤ ᠨᠡᠬᠦᠷᠠᠰᠣ ᠦᠢᠯᠡᠳᠪᠣᠷᠢᠯᠡᠬᠦ ᠠᠭᠤᠷᠬᠠᠢ ᠶᠢ 3 ᠰᠠᠷ᠎ᠠ ᠳᠤ ᠠᠵᠢᠯ ᠡᠬᠢᠯᠡᠬᠦᠯᠵᠤ᠂ | 5 ᠰᠠᠷ᠎ᠠ ᠳᠤ ︽ᠲᠦᠷᠪᠡ ᠶᠢ ᠨᠠᠪᠳᠠᠷᠠᠬᠦᠯᠵᠤ᠂ ᠨᠢᠬᠡ ᠶᠢ ᠲᠡᠭᠰᠢᠯᠡᠬᠦ︾ ᠪᠠᠷᠢᠯᠭ᠎ᠠ ᠶᠢ ᠲᠠᠭᠤᠰᠬᠠᠨ᠂ ᠠᠭᠤᠷᠬᠠᠢ | ᠶᠢᠨ ᠬᠤᠳᠳᠤᠭ᠂ ᠰᠢᠪᠠᠷ ᠰᠢᠷᠥᠢ ᠶᠢᠨ ᠪᠠᠷᠢᠯᠭ᠎ᠠ᠂ ᠤᠭᠰᠠᠷᠠᠵᠤ ᠲᠤᠨᠤᠭᠯᠠᠬᠤ ᠵᠠᠷᠬᠡ ᠪᠠᠷᠢᠯᠭ᠎ᠠ ᠶᠢ ᠪᠦᠬᠦ ᠲᠠᠯ᠎ᠠ | ᠪᠠᠷ ᠡᠬᠢᠯᠡᠬᠦᠯᠵᠤ᠂ ᠲᠤᠰ ᠵᠢᠯ ᠳᠤ 100 ᠲᠦᠮᠡᠨ ᠲᠤᠨ ᠨᠠᠬᠦᠷᠡᠰᠤᠨ ᠤ ᠭᠠᠷᠤᠯᠳᠠ ᠲᠠᠢ ᠪᠤᠯᠭᠠᠬᠤ ᠪᠠᠷ | ᠴᠢᠷᠮᠠᠶᠢᠵᠤ᠂ ᠣᠯᠣᠰ ᠠᠴᠠ ᠰᠢᠯᠢ ᠶᠢᠨ ᠭᠤᠣᠯ ᠠᠶᠢᠮᠠᠭ ᠤᠨ ᠨᠡᠬᠦᠷᠠᠰᠣ ᠴᠠᠬᠢᠯᠭᠠᠨ ᠢ ᠨᠢᠬᠡ | ᠴᠣᠭᠴᠠᠵᠢᠭᠤᠯᠣᠭᠰᠠᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠬᠦ ᠪᠠᠷ ᠪᠠᠶᠢᠭ᠎ᠠ ᠠᠰᠢᠭᠳᠠᠢ | ᠲᠣᠬᠢᠶᠠᠯ ᠢ ᠡᠵᠡᠮᠳᠠᠨ᠂ 2 ×100 ᠲᠦᠮᠡᠨ ᠺᠢᠯᠤᠸᠡᠲ ᠤᠨ ᠴᠠᠬᠢᠯᠭᠠᠨ ᠭᠠᠷᠭᠠᠬᠤ ᠦᠢᠯᠡᠳᠪᠤᠷᠢ ᠶᠢᠨ | ᠪᠤᠯᠤᠯᠴᠠᠭᠠᠳᠤ ᠮᠡᠳᠡᠬᠦᠯᠤᠯᠳᠠ ᠶᠢ ᠨᠠᠶᠢᠷᠠᠭᠤᠯᠬᠤ ᠠᠵᠢᠯ ᠢ ᠲᠦᠷᠬᠡᠳᠬᠡᠨ᠂ ᠵᠢᠯ ᠤᠨ ᠡᠴᠤᠰ ᠲᠤ ᠤᠯᠤᠰ ᠤᠨ | ᠬᠦᠭᠵᠢᠬᠦᠯᠤᠯᠳᠠ ᠦᠬᠡᠷᠡᠴᠢᠯᠡᠯᠳᠡ ᠶᠢᠨ ᠵᠦᠪᠯᠡᠯ ᠳᠤ ᠮᠡᠳᠡᠬᠦᠯᠤᠨ ᠵᠦᠪᠰᠢᠶᠠᠷᠡᠬᠦᠯᠬᠦ ᠪᠠᠷ ᠴᠢᠷᠮᠠᠶᠢᠨ᠎ᠠ᠃ ᠳ᠋ᠠ | ᠠᠨ ᠺᠤᠮᠫᠠᠨᠢ ᠶᠢᠨ ᠵᠢᠯ ᠤᠨ 120 ᠲᠦᠮᠡᠨ ᠲᠤᠨ ᠨᠠᠬᠦᠷᠡᠰᠤ ᠦᠢᠯᠡᠳᠪᠤᠷᠢᠯᠡᠬᠦ ᠠᠭᠤᠷᠬᠠᠢ ᠶᠢᠨ ᠲᠦᠷᠥᠯ ᠵᠥᠢᠯ | ᠤᠨ ᠡᠮᠤᠨ᠎ᠠ ᠬᠤᠭᠤᠴᠠᠭᠠᠨ ᠤ ᠠᠵᠢᠯ ᠤᠳ ᠢ ᠲᠦᠷᠬᠡᠳᠬᠡᠨ ᠠᠬᠢᠭᠤᠯᠵᠤ᠂ 3 ᠰᠠᠷ᠎ᠠ ᠳᠤ ᠭᠠᠵᠡᠷ ᠲᠡᠬᠡᠷᠡᠬᠢ | ᠪᠠᠷᠢᠯᠭ᠎ᠠ ᠶᠢᠨ ᠠᠵᠢᠯ ᠢ ᠰᠠᠷᠬᠦᠬᠡᠵᠤ᠂ 8 ᠰᠠᠷ᠎ᠠ ᠳᠤ ᠶᠠᠷᠤᠩᠬᠡᠢ ᠲᠦᠯᠤᠪᠵᠢᠬᠦᠯᠬᠡ ᠶᠢ ᠬᠢᠨᠡᠨ | ᠵᠦᠪᠰᠢᠶᠠᠷᠡᠬᠦᠯᠤᠨ᠂ ᠠᠭᠤᠷᠬᠠᠢ ᠬᠠᠶᠢᠬᠤ ᠶᠢ ᠨᠡᠬᠡᠬᠡᠨ ᠮᠠᠯᠳᠠᠬᠤ ᠪᠠᠷ ᠦᠬᠡᠷᠡᠴᠢᠯᠡᠬᠦ ᠭᠠᠷᠳᠠᠮ ᠢ ᠬᠦᠢᠴᠡᠳᠬᠡᠬᠦ | ᠶᠢᠨ ᠬᠠᠮᠳᠤ᠂ ᠠᠭᠤᠷᠬᠠᠢ ᠶᠢᠨ ᠬᠤᠳᠳᠤᠭ ᠢ ᠪᠠᠷᠢᠯᠭ᠎ᠠ ᠡᠬᠢᠯᠡᠬᠦᠯᠦᠨ᠎ᠠ᠃ ᠡᠨ᠋ᠨ ᠵᠢᠯ ᠤᠨ ᠪᠦᠬᠦ ᠠᠶᠢᠮᠠᠭ ᠢᠶᠠᠷ | ᠢᠶᠠᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠳᠤ ᠪᠡᠯᠨ ᠤᠷᠤᠭᠤᠯᠤᠯᠳᠠ ᠪᠠᠨ ᠨᠡᠮᠡᠭᠳᠡᠬᠦᠯᠵᠤ | ᠪᠠᠶᠢᠭ᠎ᠠ ᠲᠤᠬᠢᠶᠠᠯ ᠢ ᠵᠠᠪᠳᠤᠨ᠂ ᠵᠢᠢ ᠳ᠋ᠦᠡᠭ ᠱᠦᠢᠨᠢ ᠶᠢᠨ ᠠᠪᠠᠭ᠎ᠠ ᠬᠤᠰᠢᠭᠤᠨ ᠳᠠᠬᠢ ᠺᠤᠮᠫᠠᠨᠢ ᠶᠢᠨ ᠡᠳᠤᠷ | ᠲᠤ 2500 ᠲᠤᠨ ᠪᠤᠯᠭᠤᠭᠰᠡᠨ ᠱᠦᠢᠨᠢ ᠦᠢᠯᠡᠳᠪᠤᠷᠢᠯᠡᠬᠦ ᠲᠦᠷᠥᠯ ᠵᠥᠢᠯ ᠤᠨ ᠠᠬᠢᠴᠠ ᠶᠢ ᠲᠦᠷᠬᠡᠳᠬᠡᠨ᠂ | 3 ᠰᠠᠷ᠎ᠠ ᠶᠢᠨ ᠡᠬᠢᠨ ᠳᠤ ᠠᠵᠢᠯ ᠰᠡᠷᠬᠦᠬᠡᠨ᠂ 8 ᠰᠠᠷ᠎ᠠ ᠶᠢᠨ ᠰᠠᠬᠦᠯᠴᠢ ᠳᠤ ᠠᠰᠢᠭᠯᠠᠯᠳᠠ ᠳᠤ ᠤᠷᠤᠭᠤᠯᠵᠤ᠂ | ᠲᠤᠰ ᠵᠢᠯ 38 ᠲᠦᠮᠡᠨ ᠲᠤᠨ ᠱᠦᠢᠨᠢ ᠦᠢᠯᠡᠳᠪᠤᠷᠢᠯᠡᠬᠦᠯᠤᠨᠠ᠃ ᠶᠢᠨ ᠳ᠋ᠢ ᠺᠤᠮᠫᠠᠨᠢ ᠶᠢᠨ ᠲᠦᠷᠥᠯ ᠵᠥᠢᠯ ᠤᠨ | ᠲᠤᠭᠤᠷᠢᠭ ᠲᠤ ᠤᠰᠤ ᠴᠡᠬᠢᠯᠭᠠᠨ ᠨᠡᠪᠳᠡᠷᠡᠬᠦᠯᠬᠦ ᠪᠠ ᠭᠠᠵᠡᠷ ᠲᠠᠳᠠᠪᠤᠷᠢᠯᠠᠬᠤ ᠳᠤ ᠲᠤᠯᠭᠠᠷᠠᠭᠰᠡᠨ ᠬᠦᠴᠢᠷᠳᠡᠯ ᠢ | ᠨᠢ ᠢᠳᠡᠪᠬᠢᠳᠡᠢ ᠪᠠᠷ ᠬᠠᠮᠵᠢᠯᠴᠠᠨ ᠰᠢᠢᠳᠪᠤᠷᠢᠯᠡᠵᠤ᠂ ᠨᠢᠬᠡᠳᠤᠬᠡᠷ ᠬᠤᠭᠤᠴᠠᠭᠠᠨ ᠤ ᠡᠳᠤᠷ ᠲᠤ 5000 ᠲᠤᠨ | ᠬᠦᠳᠡᠷ ᠰᠢᠯᠢᠬᠦ ᠦᠢᠯᠡᠳᠪᠤᠷᠢ ᠶᠢ 7 ᠰᠠᠷ᠎ᠠ ᠳᠤ ᠠᠰᠢᠭᠯᠠᠯᠳᠠ ᠳᠤ ᠤᠷᠤᠭᠤᠯᠤᠨ᠂ ᠨᠠᠷᠢᠯᠢᠭ ᠬᠦᠳᠡᠷ ᠤᠨ ᠨᠤᠡᠳᠠᠭ | 1000 ᠲᠤᠨ ᠦᠢᠯᠡᠳᠪᠣᠷᠢᠯᠡᠬᠦᠯᠬᠦ ᠶᠢᠨ ᠬᠠᠮᠳᠤ ᠬᠤᠶᠠᠳᠡᠬᠢ ᠬᠤᠭᠤᠴᠠᠭᠠᠨ ᠤ ᠡᠳᠤᠷ ᠲᠤ 1 ᠲᠦᠮᠡᠨ ᠲᠤᠨ | ᠬᠦᠳᠡᠷ ᠰᠢᠯᠢᠬᠦ ᠦᠢᠯᠡᠳᠪᠤᠷᠢ ᠶᠢ ᠪᠠᠷᠢᠯᠭ᠎ᠠ ᠡᠬᠢᠯᠡᠬᠦᠯᠵᠤ᠂ ᠴᠢᠶᠠᠨ ᠳ᠋ᠧ ᠺᠤᠮᠫᠠᠨᠢ ᠶᠢᠨ ᠵᠠᠰ ᠪᠢᠰᠮᠦ᠋ᠲ ᠤᠨ | ᠠᠭᠤᠷᠬᠠᠢ ᠶᠢᠨ ᠨᠠᠷᠢᠨ ᠪᠠᠶᠢᠴᠠᠭᠠᠯᠳᠠ ᠶᠢᠨ ᠠᠵᠢᠯ ᠢ ᠲᠦᠷᠬᠡᠳᠬᠡᠨ᠂ ᠲᠡᠬᠡᠷ᠎ᠠ ᠬᠠᠭᠠᠰ ᠵᠢᠯ ᠳᠤ ᠠᠭᠤᠷᠬᠠᠢ | ᠬᠠᠶᠢᠬᠤ ᠶᠢ ᠨᠡᠬᠡᠬᠡᠨ ᠮᠠᠯᠳᠠᠬᠤ ᠪᠠᠷ ᠦᠬᠡᠷᠡᠴᠢᠯᠡᠬᠦ ᠭᠠᠷᠳᠠᠮ ᠢ ᠬᠦᠢᠴᠡᠳᠬᠡᠨ᠂ ᠡᠳᠤᠷ ᠲᠤ 800 ᠲᠤᠨ | ᠬᠦᠳᠡᠷ ᠰᠢᠯᠢᠬᠦ ᠦᠢᠯᠡᠳᠪᠤᠷᠢ ᠶᠢ 8 ᠰᠠᠷ᠎ᠠ ᠳᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠬᠠᠳᠠᠳᠤ | ᠺᠤᠮᠫᠠᠨᠢ ᠶᠢᠨ ᠮᠦᠩᠬᠦ ᠲᠤᠭᠤᠯᠭ᠎ᠠ ᠴᠠᠶᠢᠷ ᠤᠨ ᠠᠭᠤᠷᠬᠠᠢ ᠶᠢᠨ ᠭᠠᠵᠡᠷ ᠰᠢᠡᠵᠢᠯᠡᠬᠡᠨ ᠤ ᠪᠠᠶᠢᠴᠠᠭᠠᠯᠳᠠ ᠪᠠ | ᠠᠭᠤᠷᠬᠠᠢ ᠬᠠᠶᠢᠬᠤ ᠶᠢ ᠨᠡᠬᠡᠬᠡᠨ ᠮᠠᠯᠳᠠᠬᠤ ᠪᠠᠷ ᠦᠬᠡᠷᠡᠴᠢᠯᠡᠬᠦ ᠭᠠᠷᠳᠠᠮ ᠢ ᠬᠦᠢᠴᠡᠳᠬᠡᠬᠦ ᠠᠵᠢᠯ ᠢ ᠲᠠᠷᠥᠢ | ᠲᠦᠷᠬᠡᠨ ᠪᠠᠶᠠᠯᠠᠬᠦᠯᠵᠤ᠂ 6 ᠰᠠᠷ᠎ᠠ ᠳᠤ ᠡᠳᠤᠷ ᠲᠤ 1500 ᠲᠤᠨ ᠬᠦᠳᠡᠷ ᠰᠢᠯᠢᠬᠦ ᠦᠢᠯᠡᠳᠪᠤᠷᠢ ᠶᠢ ᠡᠬᠢᠯᠡᠨ | ᠪᠠᠶᠢᠭᠤᠯᠬᠤ ᠪᠠᠷ ᠴᠢᠷᠮᠠᠶᠢᠵᠤ᠂ ᠪᠠᠢ ᠶᠢᠨ ᠺᠤᠮᠫᠠᠨᠢ ᠶᠢᠨ ᠬᠠᠶᠢᠯᠤᠭᠤᠷ ᠵᠣᠩᠰᠢ ᠶᠢᠨ ᠠᠭᠤᠷᠬᠠᠢ ᠶᠢᠨ ᠡᠳᠤᠷ ᠲᠤ | 800 ᠲᠤᠨ ᠬᠦᠳᠡᠷ ᠰᠢᠯᠢᠬᠦ ᠦᠢᠯᠡᠳᠪᠤᠷᠢ ᠶᠢ 5 ᠰᠠᠷ᠎ᠠ ᠳᠤ ᠡᠬᠢᠯᠡᠨ ᠪᠠᠶᠢᠭᠤᠯᠵᠤ᠂ 10 ᠰᠠᠷ᠎ᠠ ᠶᠢᠨ ᠡᠬᠢᠨ | ᠳᠤ ᠲᠤᠷᠰᠢᠨ ᠦᠢᠯᠡᠳᠪᠣᠷᠢᠯᠡᠬᠦᠯᠦᠨᠠ᠃ ᠮᠠᠨᠢᠳᠤ ᠶᠢᠨ ᠨᠠᠬᠦᠷᠡᠰᠤᠨ ᠠᠭᠤᠷᠬᠠᠢ ᠶᠢᠨ ᠮᠡᠷᠬᠡᠵᠢᠯ ᠤᠨ | ᠦᠬᠡᠷᠡᠴᠢᠯᠡᠯᠳᠡ ᠪᠠᠨ ᠪᠠᠶᠠᠯᠠᠬᠦᠯᠤᠬᠡᠳᠤᠢ 3 ᠠᠭᠤᠷᠬᠠᠢ ᠶᠢᠨ ᠬᠤᠳᠳᠤᠭ ᠤᠨ ᠦᠬᠡᠷᠡᠴᠢᠯᠡᠯᠳᠡ ᠶᠢᠨ ᠠᠵᠢᠯ ᠢ | ᠱᠠᠯᠠᠪᠳᠠᠭᠤᠯᠵᠤ᠂ ᠡᠯ᠎ᠠ ᠲᠦᠷᠥᠯ ᠤᠨ ᠭᠠᠷᠳᠠᠮ ᠢ ᠨᠢ ᠲᠠᠷᠥᠢ ᠲᠦᠷᠬᠡᠨ ᠪᠦᠷᠢᠡᠰᠢᠬᠦᠯᠤᠨ᠂ ᠲᠡᠬᠡᠷ᠎ᠠ ᠬᠠᠭᠠᠰ ᠵᠢᠯ | ᠳᠤ ᠪᠦᠬᠦᠨ ᠢ ᠰᠢᠯᠭᠠᠨ ᠵᠦᠪᠰᠢᠶᠠᠷᠠᠬᠦᠯᠦᠨᠠ᠃ ᠡᠰᠡᠪᠠᠯ ᠠᠭᠤᠷᠬᠠᠢ ᠶᠢ ᠨᠢ ᠬᠠᠭᠠᠬᠤ ᠪᠤᠶᠤ ᠠᠭᠤᠷᠬᠠᠢ ᠨᠡᠬᠡᠬᠡᠬᠦ | ᠡᠷᠬᠡ ᠶᠢ ᠨᠢ ᠰᠢᠯᠵᠢᠬᠦᠯᠤᠨᠠ᠃ | ᠲᠦᠷᠥᠯ ᠵᠥᠢᠯ ᠤᠨ ᠬᠠᠮᠢᠶᠠᠷᠤᠯᠳᠠ ᠪᠠ ᠠᠵᠤ ᠠᠬᠤᠶᠢᠯᠡᠯ ᠤᠨ ᠤᠷᠴᠢᠯᠳᠠ ᠶᠢᠨ ᠬᠠᠮᠢᠶᠠᠷᠤᠯᠳᠠ ᠶᠢ ᠦᠨᠡᠡᠬᠦ | ᠴᠢᠩᠭᠠᠳᠬᠠᠨ᠎ᠠ᠃ ᠠᠵᠤ ᠦᠢᠯᠡᠳᠪᠤᠷᠢ ᠶᠢᠨ ᠠᠵᠤ ᠠᠬᠤᠢ ᠶᠢᠨ ᠵᠤᠬᠢᠴᠠᠭᠤᠯᠬᠤ ᠬᠤᠷᠡᠯ ᠪᠠ ᠠᠵᠤ ᠠᠬᠤᠢ ᠶᠢᠨ | ᠪᠠᠶᠢᠳᠠᠯ ᠤᠨ ᠵᠠᠳᠠᠯᠤᠯᠳᠠ ᠶᠢᠨ ᠬᠤᠷᠡᠯ ᠤᠨ ᠲᠦᠷᠢᠮ ᠢ ᠪᠦᠷᠢᠡᠰᠢᠬᠦᠯᠵᠤ᠂ ᠲᠦᠷᠥᠯ ᠵᠥᠢᠯ ᠤᠨ ᠠᠬᠢᠴᠠ ᠪᠠ | ᠠᠵᠤ ᠠᠬᠤᠶᠢᠯᠡᠯ ᠤᠨ ᠦᠢᠯᠡᠳᠪᠤᠷᠢᠯᠡᠯ ᠤᠨ ᠶᠠᠪᠤᠴᠠ ᠳᠤ ᠲᠤᠯᠭᠠᠷᠠᠭᠰᠡᠨ ᠠᠰᠠᠭᠤᠳᠠᠯ ᠳᠤ ᠲᠤᠭᠳᠠᠭᠰᠡᠨ | ᠬᠤᠭᠤᠴᠠᠭ᠎ᠠ ᠲᠠᠢ ᠪᠠᠷ ᠵᠠᠳᠠᠯᠤᠯᠳᠠ ᠬᠢᠵᠤ᠂ ᠴᠢᠭᠯᠡᠬᠦᠯᠬᠦ ᠴᠢᠨᠠᠷᠳᠡᠢ ᠠᠷᠭ᠎ᠠ ᠬᠡᠮᠵᠢᠶ᠎ᠠ ᠠᠪᠴᠤ ᠲᠦᠷᠥᠯ ᠵᠥᠢᠯ | ᠤᠨ ᠤᠷᠤᠭᠰᠢᠳᠡᠢ ᠶᠠᠪᠤᠭᠳᠠᠬᠤ ᠪᠠ ᠠᠵᠤ ᠠᠬᠤᠶᠢᠯᠠᠯ ᠤᠨ ᠬᠡᠪ ᠢᠶᠠᠷ ᠦᠢᠯᠡᠳᠪᠤᠷᠢᠯᠡᠬᠦ ᠶᠢ ᠪᠠᠳᠤᠯᠠᠨ᠎ᠠ᠃ | ᠦᠢᠯᠡᠴᠢᠯᠡᠬᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠦᠢᠯᠡᠰ ᠡᠷᠬᠢᠯᠡᠭᠴᠢᠳ ᠢ ᠵᠦᠪᠬᠡᠨ | ᠱᠠᠯᠠᠪᠳᠠᠭᠤᠯᠤᠭᠠᠳ ᠯᠨ ᠪᠠᠶᠢᠵᠤ ᠪᠤᠯᠬᠤ ᠦᠬᠡᠢ᠂ ᠬᠠᠷᠢᠨ ᠬᠦᠡᠵᠡᠬᠡᠢ ᠪᠠᠶᠢᠴᠠᠭᠠᠨ ᠰᠤᠳᠤᠯᠤᠭᠰᠡᠨ ᠤ ᠰᠠᠭᠤᠷᠢᠨ | ᠳᠤ ᠲᠤᠯᠭᠠᠷᠠᠭᠰᠡᠨ ᠠᠰᠠᠭᠤᠳᠠᠯ ᠢ ᠨᠢ ᠰᠠᠨᠠᠭᠠᠴᠢᠯᠠᠭ᠎ᠠ ᠲᠠᠢ ᠢᠳᠡᠪᠬᠢᠳᠡᠢ ᠪᠠᠷ ᠬᠠᠮᠵᠢᠯᠴᠠᠨ ᠰᠢᠢᠳᠪᠤᠷᠢᠯᠡᠵᠤ᠂ | ᠪᠠᠷᠢᠯᠭ᠎ᠠ ᠶᠢᠨ ᠦᠷᠳᠡᠭ ᠪᠠᠭᠤᠷᠠᠭᠰᠡᠨ ᠲᠤᠬᠢᠶᠠᠯ ᠢ ᠵᠠᠪᠳᠤᠨ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ | ᠶᠢᠨ ᠠᠬᠢᠴᠠ ᠪᠠᠨ ᠲᠦᠷᠬᠡᠳᠬᠡᠬᠦ ᠶᠢ ᠨᠢ ᠵᠤᠷᠢᠭᠵᠢᠭᠤᠯᠤᠨ᠎ᠠ᠃ ᠴᠠᠬᠢᠯᠭᠠᠨ ᠤ ᠦᠨ᠎ᠠ ᠶᠢᠨ ᠬᠠᠷᠠᠭᠠᠯᠵᠠᠯ᠂ | ᠭᠠᠶᠢᠯᠢ ᠰᠦᠢᠳᠬᠡᠯ ᠬᠠᠰᠤᠵᠤ ᠬᠡᠯᠳᠤᠷᠢᠬᠦᠯᠬᠦ ᠵᠠᠷᠬᠡ ᠲᠦᠷᠥ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠵᠤ᠂ | ᠠᠵᠤ ᠠᠬᠤᠶᠢᠯᠡᠯ ᠢ ᠬᠠᠪᠰᠤᠷᠤᠨ ᠵᠠᠬ᠎ᠠ ᠲᠠᠯᠬᠡᠬᠦᠷ ᠨᠡᠬᠡᠬᠡᠨ᠂ ᠠᠵᠤ ᠠᠬᠤᠶᠢᠯᠡᠯ ᠤᠨ ᠬᠡᠪ ᠤᠨ ᠤᠷᠴᠢᠯᠳᠠ ᠶᠢ | ᠴᠢᠷᠮᠠᠶᠢᠨ ᠪᠠᠳᠤᠯᠠᠵᠤ᠂ ᠠᠰᠢᠭ ᠤᠷᠤᠯᠭ᠎ᠠ ᠶᠢᠨ ᠨᠡᠮᠡᠭᠳᠡᠯ ᠢ ᠠᠬᠢᠭᠤᠯᠵᠤ᠂ ᠢᠯᠠᠩᠭᠤᠶ᠎ᠠ ᠦᠢᠯᠡᠳᠪᠤᠷᠢᠯᠡᠯ | ᠵᠤᠭᠰᠤᠭᠰᠡᠨ ᠠᠵᠤ ᠠᠬᠤᠶᠢᠯᠡᠯ ᠤᠨ ᠦᠢᠯᠡᠳᠪᠤᠷᠢᠯᠡᠯ ᠢᠶᠠᠨ ᠰᠡᠷᠬᠦᠬᠡᠬᠦ ᠳᠤᠨᠢ ᠢᠳᠡᠪᠬᠢᠳᠡᠢ ᠲᠠᠮᠵᠢᠯᠬᠡ ᠦᠵᠡᠬᠦᠯᠬᠦ | ᠶᠢᠨ ᠬᠠᠮᠳᠤ᠂ ᠠᠵᠤ ᠠᠬᠤᠶᠢᠯᠡᠯ ᠤᠨ ᠡᠬᠢ ᠪᠠᠶᠠᠯᠢᠭ ᠢ ᠵᠥᠢ ᠵᠤᠬᠢᠰᠳᠡᠢ ᠨᠡᠬᠡᠬᠡᠨ ᠠᠰᠢᠭᠯᠠᠬᠤ᠂ ᠤᠷᠴᠢᠨ | ᠲᠤᠭᠤᠷᠢᠨ ᠢ ᠬᠠᠮᠠᠭᠠᠯᠠᠬᠤ᠂ ᠡᠨᠧᠷᠬᠢ ᠠᠷᠪᠢᠯᠡᠨ ᠬᠤᠷᠤᠭᠳᠠᠯ ᠢ ᠪᠠᠭᠠᠰᠬᠠᠬᠤ᠂ ᠠᠶᠤᠯᠬᠦᠢ ᠪᠠᠷ ᠦᠢᠯᠡᠳᠪᠤᠷᠢᠯᠡᠬᠦ | ᠪᠠ ᠭᠠᠶᠢᠯᠢ ᠰᠦᠢᠳᠬᠡᠯ ᠢᠶᠠᠨ ᠲᠤᠰᠢᠶᠠᠬᠤ ᠵᠠᠷᠬᠡ ᠠᠵᠢᠯ ᠢ ᠴᠢᠩᠭ᠎ᠠ ᠱᠠᠭᠠᠷᠳᠠᠨ ᠢᠳᠡᠪᠬᠢᠳᠡᠢ ᠵᠢᠯᠤᠭᠤᠳᠤᠨ᠂ | ᠭᠠᠷᠳᠠᠮ ᠢ ᠨᠢ ᠪᠦᠷᠢᠡᠰᠢᠬᠦᠯᠵᠤ᠂ ᠲᠦᠷᠢᠮᠵᠢᠭᠰᠡᠨ ᠤᠷᠴᠢᠯᠳᠠ ᠲᠠᠢ ᠪᠤᠯᠭᠠᠨ᠎ᠠ᠃ ᠪᠤᠳᠡᠳᠤ ᠬᠦᠴᠤᠨ ᠪᠦᠬᠦᠢ ᠠᠵᠤ | ᠠᠬᠤᠶᠢᠯᠡᠯ ᠢ ᠢᠳᠡᠪᠬᠢᠳᠡᠢ ᠪᠠᠷ ᠤᠷᠢᠨ ᠠᠪᠴᠢᠷᠠᠵᠣ᠂ ᠬᠡᠪᠴᠢᠶ᠎ᠠ ᠨᠢ ᠪᠠᠭ᠎ᠠ ᠪᠤᠳᠡᠳᠤ ᠬᠦᠴᠤᠨ ᠨᠢ ᠪᠠᠭᠤᠷᠡᠢ ᠠᠵᠤ | ᠠᠬᠤᠶᠢᠯᠡᠯ ᠢ ᠨᠢᠬᠡᠳᠬᠡᠨ ᠨᠠᠶᠢᠯᠡᠬᠦᠯᠬᠦ ᠪᠠ ᠬᠤᠳᠠᠯᠳᠤᠨ ᠠᠪᠬᠤ ᠠᠷᠭ᠎ᠠ ᠪᠠᠷ ᠬᠡᠪᠴᠢᠶ᠎ᠠ ᠶᠢ ᠨᠢ ᠦᠷᠬᠡᠳᠬᠡᠵᠤ᠂ | ᠴᠢᠨᠠᠷᠵᠢᠭᠤᠨ ᠪᠤᠯᠭᠠᠨ᠎ᠠ᠃ | ᠬᠦᠴᠤᠨ ᠢᠶᠠᠨ ᠲᠦᠪᠯᠡᠷᠡᠬᠦᠯᠤᠨ ᠠᠷᠠᠯᠵᠢᠶᠠᠴᠢᠨ ᠤᠷᠢᠵᠤ ᠪᠡᠯᠨ ᠲᠠᠳᠠᠬᠤ ᠠᠵᠢᠯ ᠢ ᠴᠢᠩᠭ᠎ᠠ ᠠᠳᠬᠤᠨ᠎ᠠ᠃ | ᠠᠷᠠᠯᠵᠢᠶᠠᠴᠢᠨ ᠤᠷᠢᠵᠤ ᠪᠡᠯᠨ ᠲᠠᠳᠠᠬᠤ ᠠᠵᠢᠯ ᠤᠨ ᠠᠷᠭ᠎ᠠ ᠮᠠᠶ᠋ᠢᠭ ᠢᠶᠠᠨ ᠰᠢᠨᠠᠴᠢᠯᠠᠵᠤ᠂ ᠬᠠᠨᠳᠤᠯᠭᠠᠳᠤ ᠴᠢᠨᠠᠷ | ᠢᠶᠠᠨ ᠴᠢᠩᠭᠠᠳᠬᠠᠨ᠂ ᠨᠡᠬᠡᠬᠡᠨ ᠠᠰᠢᠭᠯᠠᠭᠤᠯᠬᠤ᠂ ᠬᠤᠳᠠᠯᠳᠤᠨ ᠠᠪᠤᠭᠤᠯᠬᠤ᠂ ᠨᠢᠬᠡᠳᠬᠡᠨ ᠨᠠᠶᠢᠯᠡᠬᠦᠯᠬᠦ ᠵᠠᠷᠬᠡ | ᠬᠡᠯᠪᠡᠷᠢ ᠪᠠᠷ ᠪᠡᠯᠨ ᠤᠷᠤᠭᠤᠯᠤᠯᠳᠠ ᠶᠡᠭᠡ᠂ ᠲᠧᠭᠨᠢᠭ ᠮᠠᠷᠬᠡᠵᠢᠯ ᠤᠨ ᠠᠭᠤᠯᠤᠭᠳᠠᠴᠠ ᠦᠡᠳᠤᠷ᠂ ᠲᠠᠶᠢᠴᠢᠯᠡᠨ | ᠲᠠᠭᠠᠭᠤᠯᠬᠤ ᠴᠢᠳᠠᠪᠤᠷᠢ ᠴᠢᠩᠭ᠎ᠠ᠂ ᠠᠵᠤ ᠦᠢᠯᠡᠰ ᠤᠨ ᠬᠡᠯᠬᠢᠶᠠᠵᠢᠯ ᠤᠷᠳᠤ᠂ ᠡᠬᠢ ᠪᠠᠶᠠᠯᠢᠭ ᠤᠨ ᠬᠤᠷᠤᠭᠳᠠᠯ | ᠪᠠ ᠤᠷᠴᠢᠨ ᠲᠤᠭᠤᠷᠢᠨ ᠤ ᠪᠤᠬᠢᠷᠳᠠᠯ ᠪᠠᠭ᠎ᠠ᠂ ᠨᠠᠶᠢᠬᠡᠮ ᠤᠨ ᠦᠷ᠎ᠠ ᠠᠰᠢᠭ ᠢᠶᠠᠷ ᠰᠠᠶᠢᠨ ᠲᠤᠮᠤ ᠲᠦᠷᠥᠯ ᠵᠥᠢᠯ | ᠢ ᠤᠷᠢᠨ ᠠᠪᠴᠢᠷᠠᠬᠤ ᠶᠢᠨ ᠬᠠᠮᠳᠤ᠂ ᠲᠤᠮᠳᠠ ᠪᠠᠭ᠎ᠠ ᠲᠦᠷᠥᠯ ᠵᠥᠢᠯ ᠢ ᠤᠷᠢᠨ ᠤᠷᠤᠭᠤᠯᠬᠤ ᠠᠵᠢᠯ ᠢ ᠴᠤ | ᠰᠠᠶᠢᠳᠤᠷ ᠠᠳᠬᠤᠵᠤ᠂ ᠤᠯᠤᠰ ᠤᠨ ᠠᠵᠤ ᠦᠢᠯᠡᠰ ᠤᠨ ᠲᠦᠷᠥ ᠶᠢᠨ ᠪᠤᠳᠤᠯᠭ᠎ᠠ ᠪᠠ ᠤᠷᠴᠢᠨ ᠲᠤᠭᠤᠷᠢᠨ ᠢ | ᠬᠠᠮᠠᠭᠠᠯᠠᠬᠤ ᠱᠠᠭᠠᠷᠳᠠᠯᠭ᠎ᠠ ᠳᠤ ᠨᠠᠶᠢᠴᠡᠳᠡᠭ ᠯᠨ ᠶᠤᠮ ᠪᠤᠯ ᠤᠷᠢᠨ ᠤᠷᠤᠭᠤᠯᠬᠤ ᠠᠵᠢᠯ ᠢ ᠢᠳᠡᠪᠬᠢᠳᠡᠢ ᠪᠠᠷ | ᠠᠬᠢᠭᠤᠯᠵᠣ᠂ ᠰᠢᠯᠢᠳᠡᠭ ᠦᠢᠯᠡᠴᠢᠯᠡᠭᠡ ᠬᠠᠩᠭᠠᠨ᠎ᠠ᠃ ᠭᠠᠵᠡᠷ ᠰᠢᠷᠥᠢ ᠶᠢᠨ ᠬᠤᠷᠸ᠎ᠠ ᠲᠤᠬᠢᠷᠠᠭᠤᠯᠭ᠎ᠠ ᠶᠢᠨ ᠲᠦᠷᠥ | ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ | ᠶᠢᠨ ᠭᠠᠵᠡᠷ ᠰᠢᠷᠥᠢ ᠶᠢᠨ ᠬᠠᠩᠭᠠᠯᠭ᠎ᠠ ᠶᠢ ᠪᠠᠳᠤᠯᠠᠨ᠎ᠠ᠃ ᠬᠦᠭᠵᠢᠯᠳᠠ ᠶᠢᠨ ᠤᠷᠴᠢᠨ ᠲᠤᠭᠤᠷᠢᠨ ᠢ | ᠰᠢᠯᠢᠳᠡᠭᠵᠢᠬᠦᠯᠬᠦ ᠠᠵᠢᠯ ᠢ ᠴᠢᠬᠤᠯᠠᠴᠢᠯᠠᠨ ᠦᠵᠡᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠬᠦ ᠲᠦᠪᠯᠡᠷᠡᠭᠰᠡᠨ | ᠦᠢᠯᠡᠴᠢᠯᠡᠬᠡᠨ ᠤ ᠠᠵᠢᠯ ᠢ ᠪᠠᠷᠢᠮᠵᠢᠶᠠᠵᠢᠭᠤᠯᠤᠨ ᠲᠦᠷᠢᠮᠵᠢᠬᠦᠯᠬᠦ ᠶᠢ ᠠᠬᠢᠭᠤᠯᠵᠤ᠂ ᠭᠠᠷᠳᠠᠮ ᠬᠦᠢᠴᠡᠳᠬᠡᠯ ᠢ | ᠴᠦᠬᠡᠯᠡᠨ᠂ ᠦᠢᠯᠡᠴᠢᠯᠡᠬᠡᠨ ᠤ ᠴᠢᠨᠠᠷ ᠴᠢᠡᠰᠠᠭ᠎ᠠ ᠪᠠ ᠠᠵᠢᠯ ᠤᠨ ᠦᠷ᠎ᠠ ᠠᠰᠢᠭ ᠢ ᠲᠡᠬᠡᠭᠰᠢᠯᠡᠬᠦᠯᠵᠤ᠂ ᠴᠢᠩᠭ᠎ᠠ | ᠠᠷᠭ᠎ᠠ ᠬᠡᠮᠵᠢᠶ᠎ᠠ ᠪᠠᠷ ᠵᠦᠬᠡᠯᠡᠨ ᠤᠷᠴᠢᠨ ᠢ ᠴᠡᠭᠴᠡᠯᠡᠬᠦ ᠶᠢ ᠪᠠᠷᠢᠮᠳᠠᠯᠠᠨ᠂ ᠠᠵᠤ ᠠᠬᠤᠶᠢᠯᠡᠯ ᠢ ᠲᠤᠷ᠎ᠠ ᠪᠠᠷ | ᠲᠤᠷᠭᠠᠵᠤ ᠭᠠᠴᠢᠬᠤ ᠪᠠ ᠠᠵᠤ ᠠᠬᠤᠶᠢᠯᠡᠯ ᠠᠴᠠ ᠲᠤᠷ᠎ᠠ ᠪᠠᠷ ᠰᠦᠢᠳᠬᠡᠯ ᠬᠤᠷᠢᠶᠠᠬᠤ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠤᠷᠢᠯᠡᠵᠤ᠂ ᠰᠢᠯᠢᠳᠡᠭ ᠰᠠᠶᠢᠨ ᠪᠡᠯᠨ ᠤᠷᠤᠭᠤᠯᠤᠯᠳᠠ ᠶᠢᠨ ᠤᠷᠴᠢᠨ ᠲᠤᠭᠤᠷᠢᠨ ᠢ ᠡᠬᠦᠳᠬᠦ | ᠪᠠᠷ ᠴᠢᠷᠮᠠᠶᠢᠨ᠎ᠠ᠃ | ︵ᠭᠤᠷᠪᠡ︶ ᠭᠤᠷᠪᠡᠳᠤᠭᠠᠷ ᠠᠵᠤ ᠦᠢᠯᠡᠰ ᠢ ᠶᠡᠬᠡᠪᠡᠷ ᠬᠦᠭᠵᠢᠬᠦᠯᠤᠨ᠂ ᠵᠤᠬᠢᠴᠠᠩᠭᠤᠢ ᠬᠦᠭᠵᠢᠯᠳᠠ ᠶᠢᠨ | ᠲᠦᠪᠰᠢᠨ ᠢ ᠲᠡᠬᠡᠭᠰᠢᠯᠡᠬᠦᠯᠤᠨ᠎ᠠ᠃ ᠭᠤᠷᠪᠡᠳᠤᠭᠠᠷ ᠠᠵᠤ ᠦᠢᠯᠡᠰ ᠤᠨ ᠬᠦᠭᠵᠢᠯᠳᠠ ᠶᠢ ᠵᠤᠷᠢᠭᠵᠢᠭᠤᠯᠬᠤ ᠲᠦᠷᠥ | ᠶᠢᠨ ᠪᠤᠳᠤᠯᠭ᠎ᠠ ᠶᠢ ᠨᠠᠶᠢᠳᠠᠪᠣᠷᠢᠵᠢᠭᠤᠯᠬᠤ ᠡᠷᠴᠢᠮ ᠢᠶᠠᠨ ᠴᠢᠩᠭᠠᠯᠠᠨ᠂ ᠵᠠᠬ᠎ᠠ ᠲᠡᠯᠬᠡᠬᠦᠷ ᠲᠤ ᠤᠷᠤᠬᠤ | ᠬᠢᠵᠠᠭᠠᠷᠯᠡᠯ ᠤᠨ ᠴᠢᠨᠠᠷᠳᠠᠢ ᠲᠦᠷᠢᠮ ᠪᠠ ᠭᠠᠶᠢᠯᠢ ᠰᠦᠢᠳᠬᠡᠯ ᠤᠨ ᠲᠠᠯ᠎ᠠ ᠪᠠᠷ ᠬᠢ ᠵᠤᠬᠢᠰ ᠦᠬᠡᠢ ᠲᠦᠷᠢᠮ | ᠲᠤᠭᠳᠠᠭᠠᠯ ᠢ ᠬᠦᠴᠦᠨ ᠦᠬᠡᠢ ᠪᠣᠯᠭᠠᠨ᠂ ᠡᠯ᠎ᠠ ᠲᠦᠷᠥᠯ ᠤᠨ ᠲᠦᠷᠥ ᠶᠢᠨ ᠪᠤᠳᠤᠯᠭ᠎ᠠ ᠶᠢ ᠲᠤᠤᠱᠳᠡᠢ | ᠨᠠᠶᠢᠳᠠᠪᠤᠷᠢᠵᠢᠭᠤᠯᠤᠨ᠂ ᠭᠤᠷᠪᠡᠳᠤᠭᠠᠷ ᠠᠵᠤ ᠦᠢᠯᠡᠰ ᠤᠨ ᠬᠦᠭᠵᠢᠯᠳᠠ ᠶᠢ ᠲᠦᠷᠬᠡᠳᠬᠡᠨ᠎ᠠ᠃ | ᠵᠤᠭᠠᠴᠠᠯ ᠤᠨ ᠦᠢᠯᠡᠰ ᠢ ᠲᠤᠪᠤᠶᠢᠯᠭᠠᠨ ᠬᠦᠭᠵᠢᠬᠦᠯᠤᠨ᠎ᠠ᠃ ᠵᠤᠭᠠᠴᠠᠯ ᠤᠨ ᠦᠢᠯᠡᠰ ᠢ ᠬᠦᠭᠵᠢᠬᠦᠯᠬᠦ ᠪᠠᠷ ᠠᠵᠤ | ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠵᠣ᠂ ᠠᠵᠤ ᠠᠬᠤᠢ ᠶᠢᠨ ᠪᠦᠳᠤᠴᠠ ᠶᠢ | ᠰᠢᠯᠢᠳᠡᠭᠵᠢᠬᠦᠯᠬᠦ ᠴᠢᠬᠤᠯᠨ ᠡᠬᠦᠷᠬᠡ ᠪᠠᠨ ᠪᠤᠯᠭᠠᠵᠤ᠂ ᠠᠵᠢᠯ ᠤᠯᠭᠤᠯᠳᠠ ᠶᠢ ᠦᠷᠬᠡᠳᠬᠡᠬᠦ᠂ ᠤᠷᠤᠯᠭ᠎ᠠ ᠪᠠᠨ | ᠨᠡᠮᠡᠭᠳᠡᠬᠦᠯᠵᠤ ᠠᠷᠡᠳ ᠢᠶᠠᠨ ᠪᠠᠶᠠᠵᠢᠭᠤᠯᠬᠤ ᠴᠢᠬᠤᠯᠨ ᠠᠷᠭ᠎ᠠ ᠵᠠᠮ ᠢᠶᠠᠨ ᠪᠤᠯᠭᠠᠨ᠂ ᠪᠦᠬᠦ ᠠᠷᠡᠳ ᠤᠨ ᠬᠡᠪ | ᠴᠢᠨᠠᠷ ᠢ ᠲᠡᠬᠡᠭᠰᠢᠯᠡᠬᠦᠯᠤᠨ᠂ ᠨᠡᠬᠡᠬᠡᠯᠳᠠ ᠬᠢᠵᠣ ᠴᠢᠯᠤᠬᠡᠳᠡᠢ ᠶᠠᠪᠤᠯᠴᠠᠬᠤ ᠪᠠᠨ ᠦᠷᠬᠡᠳᠬᠡᠬᠦ ᠪᠦᠳᠣᠮᠵᠢᠳᠠᠢ ᠠᠷᠭ᠎ᠠ | ᠬᠡᠮᠵᠢᠶ᠎ᠠ ᠪᠤᠯᠭᠠᠵᠤ᠂ ᠦᠵᠡᠯ ᠰᠠᠨᠠᠭ᠎ᠠ ᠪᠠᠨ ᠴᠢᠯᠤᠬᠡᠯᠡᠨ᠂ ᠰᠡᠳᠬᠢᠴᠠ ᠪᠠᠨ ᠲᠠᠬᠦᠯᠳᠠᠷᠵᠢᠬᠦᠯᠦᠨ᠂ ᠲᠠᠨᠢᠯᠳᠠ ᠪᠠᠨ | ᠬᠦᠡᠵᠠᠬᠡᠶᠢᠷᠡᠬᠦᠯᠵᠤ᠂ ᠬᠠᠷᠠᠯᠳᠠ ᠪᠠᠨ ᠲᠤᠭᠳᠠᠭᠠᠵᠤ᠂ ᠡᠯ᠎ᠠ ᠲᠠᠯ᠎ᠠ ᠶᠢᠨ ᠬᠦᠴᠤᠨ ᠢ ᠬᠠᠮᠳᠤᠷᠡᠭᠤᠯᠤᠨ | ᠲᠠᠶᠢᠴᠢᠯᠠᠵᠤ᠂ ᠵᠤᠭᠠᠴᠠᠯ ᠤᠨ ᠦᠢᠯᠡᠰ ᠢ ᠪᠦᠬᠦ ᠲᠠᠯ᠎ᠠ ᠪᠠᠷ ᠡᠷᠴᠢᠮᠵᠢᠬᠦᠯᠤᠨ᠂ ᠵᠤᠭᠠᠴᠠᠯ ᠤᠨ ᠡᠬᠢ ᠪᠠᠶᠠᠯᠢᠭ | ᠤᠨ ᠲᠤᠮᠤ ᠬᠤᠰᠢᠭᠤ ᠪᠠᠶᠢᠭᠰᠡᠨ ᠠᠴᠠ ᠵᠤᠭᠠᠴᠠᠯ ᠤᠨ ᠠᠵᠤ ᠠᠬᠤᠢ ᠶᠢᠨ ᠬᠦᠴᠤᠷᠬᠡᠭ ᠬᠤᠰᠢᠭᠤ ᠪᠤᠯᠭᠠᠨ᠎ᠠ᠃ | ᠨᠢᠬᠡ ᠳᠤ᠂ ᠨᠠᠷᠠᠳᠤ ᠲᠡᠮᠳᠡᠭ ᠢ ᠪᠣᠶᠢᠵᠢᠭᠤᠯᠬᠤ ᠪᠠᠨ ᠴᠢᠬᠤᠯᠠᠴᠢᠯᠠᠨ᠎ᠠ᠃ ᠠᠶᠢᠮᠠᠭ ᠤᠨ ᠲᠤᠷᠠᠳᠤᠭᠰᠡᠨ ︽ | ᠲᠡᠭᠷᠢᠯᠢᠭ ᠲᠠᠯ᠎ᠠ ᠊᠊᠊᠊᠊ ᠰᠢᠯᠢ ᠶᠢᠨ ᠭᠤᠤᠯ︾ ᠬᠡᠬᠦ ᠰᠠᠳᠤᠪ ᠢᠶᠠᠷ ᠰᠢᠵᠢᠮᠯᠠᠨ᠂ ᠮᠠᠨ ᠤ ᠬᠤᠰᠢᠭᠤᠨ ᠤ ᠵᠤᠭᠠᠴᠠᠯ | ᠤᠨ ᠬᠦᠭᠵᠢᠯᠳᠠ ᠶᠢᠨ ᠶᠠᠷᠤᠩᠬᠡᠢ ᠲᠦᠯᠤᠪᠵᠢᠬᠦᠯᠬᠡ ᠶᠤᠰᠤᠭᠠᠷ᠂ ︽ᠨᠡᠶᠢᠬᠡᠮ ᠰᠤᠶᠤᠯ᠂ ᠲᠠᠯ᠎ᠠ ᠨᠤᠳᠤᠭ᠂ ᠡᠯᠡᠰᠤ | ᠮᠠᠩᠬ᠎ᠠ᠂ ᠦᠨᠳᠣᠰᠣᠳᠠᠨ ᠤ ᠵᠠᠩ ᠵᠠᠩᠰᠢᠯ︾ ᠵᠠᠷᠬᠡ ᠬᠡᠳᠤᠨ ᠠᠭᠤᠯᠭ᠎ᠠ ᠪᠠᠷ ᠭᠤᠣᠯᠯᠠᠨ᠂ ᠬᠤᠶᠢᠳᠤ ᠪᠠᠶ᠎ᠠ ᠶᠢᠨ | ᠲᠠᠯ᠎ᠠ ᠨᠤᠳᠤᠭ ᠤᠨ ᠦᠩᠬᠡ ᠦᠵᠡᠮᠵᠢ ᠪᠤᠯᠤᠨ ᠤᠷᠢᠶᠠᠩᠬᠠᠨ ᠨᠡᠬᠦᠳᠠᠯ ᠮᠠᠯᠵᠢᠯ ᠤᠨ ᠵᠠᠩ ᠵᠠᠩᠰᠢᠯ᠂ ᠲᠤᠮᠳᠠ ᠪᠠᠶ᠎ᠠ | ᠶᠢᠨ ᠴᠢᠩᠬᠢᠰ ᠪᠤᠭᠳᠠ ᠠᠭᠤᠯᠨ ᠶᠢᠨ ᠲᠠᠬᠢᠯᠭ᠎ᠠ᠂ ᠪᠦᠬᠡ ᠶᠢᠨ ᠰᠤᠶᠤᠯ ᠪᠠ ᠠᠳᠤᠭᠤᠨ ᠰᠤᠶᠤᠯ᠂ ᠡᠮᠤᠨ᠎ᠠ ᠪᠠᠶ᠎ᠠ | ᠶᠢᠨ ᠮᠠᠩᠬᠠᠨ ᠨᠤᠳᠤᠭ ᠤᠨ ᠠᠮᠢ ᠠᠬᠤᠢ ᠵᠡᠷᠬᠡ ᠰᠠᠯᠡᠬᠦᠴᠠᠯ ᠵᠣᠭᠠᠴᠠᠯ᠂ ᠰᠣᠪᠢᠯᠠᠯᠳᠠ᠂ ᠪᠠᠷᠳᠠᠭ᠎ᠠ ᠲᠠᠭᠤᠯᠬᠤ ᠬᠡᠬᠦ | ᠮᠠᠳᠣ ᠶᠢᠨ ᠵᠤᠭᠠᠴᠠᠯ ᠤᠨ ᠨᠠᠷᠡᠳᠤ ᠲᠡᠮᠳᠡᠭ ᠤᠳ ᠢ ᠪᠤᠶᠢᠵᠢᠭᠤᠯᠤᠨ᠎ᠠ᠃ ᠬᠤᠶᠡᠷ ᠲᠤ᠂ ᠲᠦᠷᠥᠯ ᠵᠥᠢᠯ ᠤᠨ | ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠎ᠠ᠃ ︽ᠵᠠᠬ᠎ᠠ ᠲᠡᠯᠬᠡᠬᠦᠷᠴᠢᠯᠡᠬᠦ᠂ ᠨᠠᠶᠢᠬᠡᠮ ᠲᠠᠶᠠᠭᠠᠷ ᠤᠷᠤᠯᠴᠠᠬᠤ᠂ | ᠤᠯᠠᠨ ᠲᠠᠯ᠎ᠠ ᠪᠠᠷ ᠪᠡᠯᠨ ᠬᠤᠷᠠᠮᠳᠤᠭᠤᠯᠬᠤ᠂ ᠤᠡᠴᠠᠯᠢᠭ ᠢᠶᠠᠨ ᠲᠣᠪᠣᠶᠢᠯᠭᠠᠬᠤ᠂ ᠬᠡᠪ ᠨᠠᠮᠪᠠ ᠪᠠᠨ ᠬᠠᠳᠠᠭᠠᠯᠠᠬᠤ︾ | ᠬᠦᠭᠵᠢᠬᠦᠯᠦᠯᠳᠠ ᠶᠢᠨ ᠵᠠᠷᠴᠢᠮ ᠢ ᠪᠠᠷᠢᠮᠳᠠᠯᠠᠨ᠂ ᠡᠬᠢ ᠪᠠᠶᠠᠯᠢᠭ ᠤᠨ ᠡᠵᠡᠩᠨᠡᠯᠳᠡ ᠶᠢᠨ ᠡᠷᠬᠡ᠂ ᠪᠠᠷᠢᠴᠠᠭᠠᠯᠠᠬᠤ | ᠡᠷᠬᠡ᠂ ᠰᠦᠢᠳᠬᠡᠯ ᠬᠤᠷᠢᠶᠠᠬᠤ ᠡᠷᠬᠡ ᠶᠢ ᠦᠨ᠎ᠠ ᠲᠦᠯᠦᠪᠣᠷᠢ ᠲᠠᠢ ᠪᠠᠷ ᠰᠢᠯᠵᠢᠬᠦᠯᠦᠨ ᠬᠡᠷᠡᠭᠯᠡᠬᠦᠯᠬᠦ ᠬᠡᠯᠪᠡᠷᠢ | ᠪᠠᠷ ᠠᠵᠤ ᠠᠬᠤᠶᠢᠯᠡᠯ ᠤᠨ ᠵᠤᠭᠠᠴᠠᠯ ᠤᠨ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠳᠤ ᠤᠷᠤᠯᠴᠠᠬᠤ ᠶᠢ | ᠵᠤᠷᠢᠭᠵᠢᠭᠤᠯᠤᠨ᠂ ᠵᠤᠭᠠᠴᠠᠯ ᠤᠨ ᠦᠵᠡᠮᠵᠢ ᠶᠢᠨ ᠣᠷᠣᠨ ᠢ ᠬᠡᠪᠴᠢᠶᠠᠵᠢᠬᠦᠯᠦᠨ ᠨᠡᠬᠡᠬᠡᠨ ᠬᠦᠭᠵᠢᠬᠦᠯᠬᠦ ᠶᠢ | ᠠᠬᠢᠭᠤᠯᠵᠣ᠂ ᠦᠵᠡᠮᠵᠢ ᠰᠤᠨᠢᠷᠬᠠᠨ᠂ ᠰᠠᠯᠡᠬᠦᠴᠠᠨ ᠠᠮᠠᠷᠠᠬᠤ ᠵᠠᠷᠬᠡ ᠤᠯᠠᠨ ᠲᠦᠷᠥᠯ ᠤᠨ ᠵᠤᠭᠠᠴᠠᠯ ᠤᠨ | ᠬᠦᠳᠡᠯᠬᠡᠬᠡᠨ ᠢ ᠨᠢᠬᠡ ᠴᠤᠭᠴᠠᠵᠢᠭᠤᠯᠤᠭᠰᠡᠨ ᠲᠦᠷᠥᠯ ᠵᠥᠢᠯ ᠢ ᠪᠦᠳᠤᠬᠡᠨ ᠪᠠᠶᠢᠭᠤᠯᠤᠨ᠎ᠠ᠃ ᠭᠤᠷᠪᠡ ᠳᠤ᠂ | ᠵᠠᠬ᠎ᠠ ᠲᠡᠯᠬᠡᠬᠦᠷ ᠤᠨ ᠵᠤᠬᠢᠴᠠᠮᠵᠢ ᠶᠢ ᠪᠦᠷᠢᠡᠰᠢᠬᠦᠯᠤᠨ᠎ᠠ᠃ ᠤᠯᠤᠰ ᠤᠨ ᠲᠤᠳᠤᠭᠠᠳᠤ ᠶᠢᠨ ᠨᠠᠷᠡᠳᠤ ᠵᠤᠭᠠᠴᠠᠯ | ᠤᠨ ᠠᠵᠤ ᠠᠬᠤᠶᠢᠯᠡᠯ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠤᠷᠢᠨ ᠤᠷᠤᠭᠤᠯᠬᠤ ᠪᠠ ᠬᠤᠷᠰᠢᠯᠴᠠᠬᠤ | ᠬᠡᠯᠪᠡᠷᠢ ᠪᠠᠷ ᠵᠤᠭᠠᠴᠠᠯ ᠤᠨ ᠦᠢᠯᠡᠴᠢᠯᠡᠬᠡᠨ ᠤ ᠭᠠᠵᠡᠷ ᠢ ᠪᠠᠶᠢᠭᠤᠯᠤᠨ᠂ ᠵᠤᠭᠠᠴᠠᠯ ᠤᠨ ᠦᠢᠯᠡᠰ ᠤᠨ | ᠦᠢᠯᠡᠴᠢᠯᠡᠬᠡᠨ ᠤ ᠴᠢᠳᠠᠪᠬᠢ ᠶᠢ ᠲᠡᠬᠡᠭᠰᠢᠯᠡᠬᠦᠯᠵᠤ᠂ ᠵᠠᠬ᠎ᠠ ᠲᠡᠯᠬᠡᠬᠦᠷ ᠤᠨ ᠦᠷᠢᠰᠤᠯᠳᠤᠬᠦ ᠴᠢᠳᠠᠪᠣᠷᠢ ᠶᠢ ᠨᠢ | ᠴᠢᠩᠭᠠᠷᠠᠭᠤᠯᠤᠨ᠎ᠠ᠃ ᠡᠬᠦᠨ ᠤ ᠬᠠᠮᠳᠣ ᠰᠢᠯᠢ ᠶᠢᠨ ᠬᠤᠳᠠ ᠠᠴᠠ ᠣᠶᠢᠷᠠᠬᠠᠨ ᠪᠠᠶᠢᠳᠠᠭ ᠲᠠᠪᠠᠭᠤᠯᠢᠭ ᠢᠶᠠᠨ | ᠠᠰᠢᠭᠯᠠᠨ᠂ ᠮᠠᠨ ᠤ ᠬᠤᠰᠢᠭᠤᠨ ᠤ ᠬᠢ ᠪᠠᠨ ᠬᠡᠰᠡᠭ ᠵᠣᠭᠠᠴᠠᠯ ᠤᠨ ᠴᠡᠭ ᠢ ᠠᠶᠢᠮᠠᠭ ᠤᠨ ᠲᠠᠯ᠎ᠠ ᠨᠣᠳᠤᠭ | ᠤᠨ ᠵᠣᠭᠠᠴᠠᠯ ᠤᠨ ᠱᠣᠭᠤᠮ ᠳᠤ ᠣᠷᠣᠭᠤᠯᠬᠤ ᠪᠠᠷ ᠴᠢᠷᠮᠠᠶᠢᠨ᠎ᠠ᠃ ᠲᠦᠷᠪᠡ ᠳᠤ᠂ ᠠᠵᠤ ᠦᠢᠯᠡᠰᠵᠢᠯᠠᠯᠳᠠ ᠶᠢᠨ | ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠢᠳᠡᠬᠦ᠂ ᠰᠠᠭᠤᠬᠤ᠂ ᠶᠠᠪᠤᠬᠤ᠂ ᠲᠤᠭᠤᠷᠢᠬᠤ᠂ ᠬᠤᠳᠠᠯᠳᠤᠨ | ᠠᠪᠬᠤ᠂ ᠲᠤᠭᠯᠠᠬᠤ︾ ᠵᠠᠷᠬᠡ ᠰᠠᠭᠤᠷᠢ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠵᠤᠭᠠᠴᠠᠯ ᠤᠨ ᠦᠢᠯᠡᠰ | ᠤᠨ ᠠᠭᠤᠯᠬᠤᠨ ᠢ ᠪᠦᠷᠢᠡᠰᠢᠬᠦᠯᠵᠤ᠂ ᠵᠣᠭᠠᠴᠠᠭᠰᠠᠳ ᠤᠨ ᠰᠣᠨᠢᠷᠬᠠᠯ ᠢ ᠲᠠᠳᠠᠨ᠂ ᠵᠤᠭᠠᠴᠠᠯ ᠤᠨ ᠤᠷᠤᠯᠭ᠎ᠠ ᠶᠢ | ᠨᠡᠮᠡᠭᠳᠡᠬᠦᠯᠤᠨ᠎ᠠ᠃ ᠲᠠᠪᠤ ᠳᠤ᠂ ᠤᠬᠠᠭᠤᠯᠭ᠎ᠠ ᠰᠤᠷᠳᠠᠯᠴᠢᠯᠠᠭ᠎ᠠ ᠶᠢ ᠴᠢᠩᠭᠠᠳᠬᠠᠨ᠎ᠠ᠃ ︽ᠵᠠᠰᠠᠭ ᠤᠨ ᠤᠷᠳᠤᠨ | ᠢᠶᠠᠷ ᠭᠤᠤᠯᠯᠠᠨ᠂ ᠵᠠᠭᠤᠴᠢᠯᠠᠭᠤᠷ ᠢ ᠠᠰᠢᠭᠯᠠᠨ᠂ ᠠᠵᠤ ᠠᠬᠤᠶᠢᠯᠡᠯ ᠤᠷᠤᠯᠴᠠᠨ᠂ ᠵᠠᠬ᠎ᠠ ᠲᠡᠯᠬᠡᠬᠦᠷᠴᠢᠯᠡᠬᠦ︾ | ᠠᠷᠭ᠎ᠠ ᠶᠢ ᠪᠠᠷᠢᠮᠳᠠᠯᠠᠨ᠂ ᠷᠡᠳᠢᠤ᠋ ᠲᠧᠯᠸᠢᠰ ᠰᠤᠨᠢᠨ ᠰᠡᠳᠬᠦᠯ ᠢ ᠰᠠᠶᠢᠳᠤᠷ ᠠᠰᠢᠭᠯᠠᠵᠤ᠂ ᠵᠤᠭᠠᠴᠠᠯ ᠤᠨ ᠠᠵᠤ | ᠠᠬᠤᠶᠢᠯᠡᠯ ᠤᠨ ᠢᠳᠡᠪᠬᠢᠵᠢᠯ ᠢ ᠬᠦᠢᠴᠡᠳ ᠲᠠᠶᠢᠴᠢᠯᠡᠨ᠂ ᠵᠠᠬ᠎ᠠ ᠲᠡᠯᠬᠡᠬᠦᠷ ᠪᠠᠷ ᠵᠢᠯᠣᠭᠤᠳᠣᠭᠤᠯᠵᠣ᠂ | ᠦᠢᠯᠡᠳᠬᠦᠨ ᠢᠶᠠᠷ ᠭᠤᠣᠯᠯᠠᠨ᠂ ᠠᠵᠤ ᠠᠬᠤᠶᠢᠯᠡᠯ ᠢᠶᠠᠷ ᠭᠤᠤᠯ ᠴᠤᠭᠴᠠ ᠪᠠᠨ ᠪᠤᠯᠭᠠᠭᠰᠡᠨ ᠬᠡᠯᠪᠡᠷᠢ ᠪᠠᠷ | ᠤᠬᠠᠭᠤᠯᠭ᠎ᠠ ᠶᠢᠨ ᠬᠡᠪᠴᠢᠶ᠎ᠠ ᠪᠠᠨ ᠦᠷᠬᠡᠳᠬᠡᠨ᠂ ᠮᠠᠨ ᠤ ᠬᠤᠰᠢᠭᠤᠨ ᠤ ᠬᠢ ᠪᠠᠨ ᠵᠤᠭᠠᠴᠠᠯ ᠤᠨ | ᠦᠢᠯᠡᠳᠬᠦᠨ ᠢ ᠪᠦᠬᠦ ᠲᠠᠯ᠎ᠠ ᠪᠠᠷ ᠲᠠᠨᠢᠯᠴᠠᠭᠤᠯᠵᠤ᠂ ᠬᠤᠰᠢᠭᠤᠨ ᠤ ᠬᠢ ᠪᠠᠨ ᠨᠠᠷᠠ ᠠᠯᠳᠠᠷᠰᠢᠯ ᠢ | ᠲᠡᠬᠡᠭᠰᠢᠯᠡᠬᠦᠯᠤᠨ᠎ᠠ᠃ | ᠭᠤᠷᠪᠡᠳᠤᠭᠠᠷ ᠠᠵᠤ ᠦᠢᠯᠡᠰ ᠤᠨ ᠵᠣᠬᠢᠴᠠᠩᠭᠤᠢ ᠬᠦᠭᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ | ᠨᠢᠬᠡ ᠳᠤ᠂ ᠤᠳᠤ ᠦᠶ᠎ᠠ ᠶᠢᠨ ᠪᠤᠳᠠᠰ ᠤᠨ ᠬᠦᠢᠯᠬᠡᠬᠡᠨ ᠤ ᠦᠢᠯᠡᠰ ᠤᠨ ᠬᠦᠭᠵᠢᠯᠳᠠ ᠶᠢ ᠲᠦᠷᠬᠡᠳᠬᠡᠨ᠎ᠠ᠃ | ᠨᠡᠬᠦᠷᠡᠰᠤ᠂ ᠬᠦᠳᠡᠷ ᠵᠠᠷᠬᠡ ᠶᠢᠨ ᠵᠦᠬᠡᠬᠡᠪᠤᠷᠢᠯᠡᠯᠳᠡ ᠳᠤ ᠲᠦᠰᠢᠭᠯᠡᠨ᠂ ᠵᠦᠬᠡᠬᠡᠪᠤᠷᠢ ᠶᠢᠨ ᠠᠵᠤ ᠠᠬᠤᠶᠢᠯᠡᠯ ᠢ | ᠪᠤᠶᠢᠵᠢᠭᠤᠯᠬᠤ ᠪᠠ ᠤᠷᠢᠨ ᠤᠷᠤᠭᠤᠯᠵᠤ᠂ ᠵᠦᠬᠡᠬᠡᠪᠤᠷᠢᠯᠡᠬᠦ᠂ ᠬᠦᠮᠤᠷᠬᠡᠯᠡᠬᠦ᠂ ᠲᠦᠪᠯᠡᠷᠡᠬᠦᠯᠵᠤ ᠲᠠᠷᠬᠠᠭᠠᠬᠤ᠂ | ᠪᠠᠷᠠᠭ᠎ᠠ ᠲᠤᠬᠢᠷᠠᠭᠤᠯᠤᠨ ᠬᠦᠷᠬᠡᠬᠦ᠂ ᠮᠡᠳᠡᠭᠡ ᠵᠠᠩᠬᠢ ᠬᠠᠩᠭᠠᠬᠤ ᠵᠠᠷᠬᠡ ᠦᠢᠯᠡᠴᠢᠯᠡᠭᠡ ᠶᠢ ᠨᠢᠬᠡ | ᠴᠤᠭᠴᠠᠵᠢᠭᠤᠯᠤᠭᠰᠡᠨ ᠪᠤᠳᠡᠰ ᠤᠨ ᠬᠦᠢᠯᠬᠡᠬᠡᠨ ᠤ ᠺᠤᠮᠫᠠᠨᠢ ᠶᠢ ᠲᠠᠷᠥᠢ ᠲᠦᠷᠬᠡᠨ ᠪᠠᠶᠢᠭᠤᠯᠬᠤ ᠶᠢᠨ ᠬᠠᠮᠳᠤ | ᠭᠠᠵᠡᠷ ᠰᠢᠷᠥᠢ᠂ ᠭᠠᠶᠢᠯᠢ ᠰᠦᠢᠳᠬᠡᠯ ᠤᠨ ᠲᠠᠯ᠎ᠠ ᠪᠠᠷ ᠬᠢ ᠵᠤᠷᠢᠭᠵᠢᠭᠤᠯᠤᠯ ᠤᠨ ᠲᠦᠷᠥ ᠶᠢᠨ ᠪᠤᠳᠤᠯᠭ᠎ᠠ ᠶᠢ | ᠲᠤᠭᠳᠠᠭᠠᠨ᠎ᠠ᠃ ᠬᠤᠶᠡᠷ ᠲᠤ᠂ ᠠᠷᠠᠯᠵᠢᠶ᠎ᠠ ᠬᠦᠢᠯᠬᠡᠬᠡ ᠪᠠ ᠢᠳᠠᠬᠡᠨ ᠤᠮᠳᠠᠭᠠᠨ ᠤ ᠦᠢᠯᠡᠴᠢᠯᠡᠬᠡᠨ ᠤ ᠦᠢᠯᠡᠰ | ᠢ ᠢᠳᠡᠪᠬᠢᠯᠡᠨ ᠬᠦᠭᠵᠢᠬᠦᠯᠤᠨ᠎ᠠ᠃ ᠵᠢᠵᠢᠭᠯᠡᠨ ᠪᠤᠷᠤᠯᠠᠭᠤᠯᠬᠤ ᠦᠢᠯᠡᠰ ᠢ ᠦᠬᠡᠷᠡᠴᠢᠯᠡᠨ ᠲᠡᠰ ᠲᠠᠪᠰᠢᠬᠦᠯᠵᠤ᠂ | ᠬᠤᠯᠪᠤᠭ᠎ᠠ ᠡᠵᠡᠩᠨᠡᠯᠳᠡ ᠪᠠ ᠨᠠᠷᠡᠳᠤ ᠲᠠᠸᠡᠷ ᠤᠨ ᠲᠤᠰᠬᠠᠢ ᠬᠤᠳᠠᠯᠳᠤᠭ᠎ᠠ ᠶᠢ ᠬᠦᠭᠵᠢᠬᠦᠯᠬᠦ ᠶᠢ ᠵᠤᠷᠢᠭᠵᠢᠭᠤᠯᠬᠤ | ᠶᠢᠨ ᠬᠠᠮᠳᠤ᠂ ᠭᠠᠶᠢᠯᠢ ᠰᠦᠢᠳᠬᠡᠯ ᠢ ᠬᠠᠰᠤᠵᠤ ᠬᠡᠯᠳᠤᠷᠢᠬᠦᠯᠬᠦ ᠪᠤᠶᠤ ᠱᠠᠩᠨᠠᠬᠤ ᠲᠦᠷᠥ ᠶᠢᠨ ᠪᠤᠳᠤᠯᠭ᠎ᠠ ᠶᠢ | ᠬᠦᠷᠳᠡᠬᠡᠵᠤ᠂ ᠬᠤᠳᠠ ᠪᠠᠯᠭᠠᠰᠤᠨ ᠤ ᠠᠵᠤ ᠠᠬᠤᠢ ᠶᠢᠨ ᠦᠷᠨᠢᠬᠦᠨ ᠬᠦᠭᠵᠢᠯᠳᠠ ᠳᠤ ᠨᠦᠬᠦᠴᠡᠯ | ᠪᠦᠷᠢᠯᠳᠤᠬᠦᠯᠤᠨ᠎ᠠ᠃ ᠬᠤᠳᠠᠯᠳᠤᠭᠠᠨ ᠤ ᠵᠠᠬ᠎ᠠ ᠲᠡᠯᠬᠡᠬᠦᠷ ᠤᠨ ᠪᠦᠳᠤᠬᠡᠨ ᠪᠠᠶᠢᠭᠤᠯᠤᠯᠳᠠ ᠶᠢᠨ ᠠᠬᠢᠴᠠ ᠶᠢ | ᠲᠦᠷᠬᠡᠳᠬᠡᠨ᠂ ᠲᠤᠰ ᠵᠢᠯ ᠳᠤ ᠬᠠᠮᠪᠤ ᠬᠤᠳᠠᠯᠳᠤᠭᠠᠨ ᠤ ᠵᠠᠬ᠎ᠠ ᠲᠡᠯᠬᠡᠬᠦᠷ ᠤᠨ ᠶᠠᠪᠠᠭᠠᠨ ᠵᠠᠬᠡᠯᠢ ᠶᠢᠨ ᠪᠠᠷᠢᠯᠭ᠎ᠠ | ᠶᠢ ᠪᠠᠶᠠᠯᠠᠬᠦᠯᠵᠤ᠂ ︽ᠲᠦᠮᠡᠨ ᠲᠤᠰᠬᠤᠨ ᠮᠢᠩᠭᠠᠨ ᠰᠢᠶᠠᠩ︾ ᠪᠠ ︽ᠴᠡᠬᠢᠯᠭᠠᠨ ᠬᠡᠷᠡᠭᠰᠡᠯ ᠢ ᠬᠦᠳᠡᠭᠡ | ᠬᠦᠷᠬᠡᠬᠦ︾ ᠢᠡᠵᠧᠨᠧᠷᠢᠩ ᠢ ᠰᠠᠶᠢᠳᠤᠷ ᠬᠡᠷᠡᠭᠵᠢᠬᠦᠯᠤᠨ᠂ ᠮᠠᠯᠵᠢᠬᠤ ᠤᠷᠤᠨ ᠤ ᠬᠡᠷᠡᠭᠯᠡᠬᠡᠨ ᠤ ᠵᠠᠬ᠎ᠠ ᠲᠠᠯᠬᠡᠬᠦᠷ ᠢ | ᠶᠠᠬᠡᠪᠡᠷ ᠨᠡᠬᠡᠬᠡᠨ ᠬᠦᠭᠵᠢᠬᠦᠯᠤᠨ᠎ᠠ᠃ ᠴᠠᠩᠬᠡᠯ ᠵᠤᠴᠢᠳ ᠤᠨ ᠪᠠᠭᠤᠳᠠᠯ ᠪᠠ ᠪᠡᠯᠬᠦᠳᠡᠢ ᠵᠢᠰᠠ ᠶᠢᠨ ᠪᠦᠳᠤᠬᠡᠨ | ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠂ ᠲᠠᠷᠥᠢ ᠲᠦᠷᠬᠡᠨ ᠠᠰᠢᠭᠯᠠᠯᠳᠠ ᠳᠤ ᠤᠷᠤᠭᠤᠯᠬᠤ ᠪᠠᠷ | ᠴᠢᠷᠮᠠᠶᠢᠨ᠂ ᠪᠣᠭᠳᠠ ᠠᠭᠤᠯᠨ ᠵᠤᠴᠢᠳ ᠤᠨ ᠪᠠᠭᠤᠳᠠᠯ ᠤᠨ ᠪᠠᠷᠢᠯᠭ᠎ᠠ ᠶᠢ ᠡᠬᠢᠯᠡᠬᠦᠯᠤᠨ᠂ ᠢᠳᠡᠬᠡᠨ ᠤᠮᠳᠠᠭᠠᠨ᠂ | ᠪᠠᠭᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠵᠤ᠂ ᠨᠠᠶᠢᠬᠡᠮ ᠤᠨ ᠬᠦᠭᠵᠢᠯᠳᠠ ᠶᠢᠨ | ᠬᠡᠷᠡᠭᠴᠡᠭᠡ ᠶᠢ ᠬᠠᠩᠭᠠᠨ᠎ᠠ᠃ ᠭᠤᠷᠪᠡ ᠳᠤ᠂ ᠬᠡᠷ ᠬᠦᠷᠤᠩᠬᠡ ᠭᠠᠵᠡᠷ ᠰᠢᠷᠥᠢ ᠶᠢᠨ ᠦᠢᠯᠡᠰ ᠢ ᠶᠡᠬᠡᠪᠡᠷ | ᠬᠦᠭᠵᠢᠬᠦᠯᠤᠨ᠎ᠠ᠃ ᠶᠠᠷᠤᠩᠬᠡᠶᠢᠯᠡᠭᠰᠡᠨ ᠰᠠᠭᠤᠭᠠᠯᠢ ᠠᠰᠠᠷ ᠤᠨ ᠲᠤᠭᠤᠷᠢᠭ ᠢ ᠪᠠᠶᠢᠭᠤᠯᠵᠤ᠂ ᠴᠢᠨᠠᠷ ᠰᠠᠶᠢᠨᠳᠠᠢ᠂ | ᠤᠷᠴᠢᠨ ᠲᠤᠭᠤᠷᠢᠨ ᠨᠢ ᠲᠠᠭᠠᠯᠠᠮᠵᠢᠳᠡᠢ᠂ ᠲᠠᠸᠡᠷᠴᠢᠯᠠᠭᠰᠡᠨ ᠤᠷᠤᠨ ᠰᠠᠭᠤᠴᠠ ᠬᠠᠩᠭᠠᠨ᠂ ᠠᠷᠡᠳ ᠤᠯᠠᠨ ᠤ | ᠬᠡᠷᠡᠭᠴᠡᠭᠡ ᠶᠢ ᠪᠠᠳᠤᠯᠠᠵᠤ᠂ ᠦᠡᠳᠤᠷ ᠲᠡᠰ ᠤᠨ ᠲᠠᠸᠡᠷᠴᠢᠯᠠᠭᠰᠡᠨ ᠤᠷᠤᠨ ᠰᠠᠭᠤᠴᠠ ᠪᠠᠶᠢᠭᠤᠯᠤᠨ᠂ ᠨᠦᠬᠦᠴᠡᠯ | ᠰᠠᠶᠢᠨᠳᠠᠢ ᠬᠡᠷ ᠪᠦᠯᠢ ᠶᠢᠨ ᠤᠷᠤᠨ ᠰᠠᠭᠤᠴᠠ ᠪᠠᠨ ᠤᠯᠠᠮ ᠰᠠᠶᠢᠵᠢᠷᠠᠭᠤᠯᠬᠤ ᠳᠤᠨᠢ ᠲᠦᠬᠦᠮ ᠦᠵᠡᠬᠦᠯᠤᠨ᠎ᠠ᠃ | ᠠᠵᠤ ᠠᠬᠤᠶᠢᠯᠡᠯ ᠤᠳ ᠤᠨ ᠪᠡᠯᠬᠦᠳᠡᠢ ᠪᠠᠯᠭᠠᠰᠤᠨ ᠳᠤ ᠠᠵᠢᠯᠳᠠᠨ ᠤ ᠰᠠᠭᠤᠭᠠᠯᠢ ᠲᠤᠭᠤᠷᠢᠭ ᠪᠠᠶᠢᠭᠤᠯᠬᠤ ᠶᠢ | ᠵᠤᠷᠢᠭᠵᠢᠭᠤᠯᠬᠤ ᠶᠢᠨ ᠬᠠᠮᠳᠤ ᠵᠤᠬᠢᠬᠤ ᠬᠠᠷᠠᠭᠠᠯᠵᠠᠯ ᠬᠦᠷᠳᠡᠬᠡᠨ᠎ᠠ᠃ ᠬᠡᠷ ᠬᠦᠷᠤᠩᠬᠡ ᠭᠠᠵᠡᠷ ᠰᠢᠷᠥᠢ ᠶᠢᠨ | ᠦᠢᠯᠡᠰ ᠤᠨ ᠬᠢᠨᠠᠠ ᠬᠠᠮᠢᠶᠠᠷᠤᠯᠳᠠ ᠪᠠᠨ ᠴᠢᠩᠭᠠᠳᠬᠠᠨ᠂ ᠠᠵᠤ ᠠᠬᠤᠶᠢᠯᠡᠯ ᠤᠨ ᠡᠵᠡᠩᠨᠡᠯᠳᠡ ᠶᠢᠨ ᠠᠵᠢᠯᠯᠠᠭ᠎ᠠ | ᠶᠢ ᠲᠦᠷᠢᠮᠵᠢᠬᠦᠯᠵᠤ᠂ ᠬᠡᠷ ᠬᠦᠷᠤᠩᠬᠡ ᠭᠠᠵᠡᠷ ᠰᠢᠷᠥᠢ ᠶᠢᠨ ᠵᠠᠬ᠎ᠠ ᠲᠡᠯᠬᠡᠬᠦᠷ ᠤᠨ ᠡᠷᠡᠬᠦᠯ ᠲᠤᠭᠳᠠᠭᠤᠨ | ᠬᠦᠭᠵᠢᠯᠳᠠ ᠶᠢ ᠠᠬᠢᠭᠤᠯᠤᠨ᠎ᠠ᠃ ᠲᠦᠷᠪᠡ ᠳᠤ᠂ ᠮᠦᠩᠬᠦᠨ ᠬᠦᠢᠯᠬᠡᠬᠡᠨ ᠤ ᠦᠢᠯᠡᠰ ᠤᠨ ᠬᠦᠭᠵᠢᠯᠳᠠ ᠶᠢ | ᠴᠢᠬᠤᠯᠠᠴᠢᠯᠡᠨ᠂ ᠡᠯ᠎ᠠ ᠠᠷᠠᠯᠵᠢᠶᠠᠨ ᠤ ᠪᠠᠩᠬᠢ ᠪᠠ ᠢᠳᠡᠬᠡᠮᠵᠢ ᠶᠢᠨ ᠬᠤᠷᠰᠢᠶᠠᠨ ᠤ ᠪᠡᠯᠨ ᠮᠦᠩᠬᠦᠨ ᠤ | ᠪᠠᠳᠤᠯᠠᠭ᠎ᠠ ᠶᠢᠨ ᠴᠢᠳᠠᠪᠤᠷᠢ ᠶᠢ ᠲᠡᠬᠡᠭᠰᠢᠯᠡᠬᠦᠯᠵᠤ᠂ ᠮᠠᠯᠴᠢᠳ ᠪᠠ ᠲᠤᠮᠳᠠ ᠪᠠᠭ᠎ᠠ ᠠᠵᠤ ᠠᠬᠤᠶᠢᠯᠡᠯ ᠤᠨ | ᠵᠢᠬᠡᠯᠡᠯᠬᠡ ᠤᠯᠬᠤ ᠳᠤ ᠬᠦᠴᠢᠷᠳᠡᠢ ᠪᠠᠶᠢᠬᠤ ᠠᠰᠠᠭᠤᠳᠠᠯ ᠢ ᠰᠢᠢᠳᠪᠤᠷᠢᠯᠡᠨ᠂ ᠬᠠᠤᠯᠢ ᠪᠤᠰᠤ ᠪᠠᠷ ᠦᠡᠳᠤᠷ ᠬᠦᠦ | ᠲᠠᠢ ᠵᠢᠬᠡᠯᠡᠯᠬᠡ ᠲᠠᠯᠪᠢᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ ᠡᠷᠡᠰ ᠴᠠᠭᠠᠵᠠᠯᠠᠨ᠎ᠠ᠃ | ︵ᠲᠦᠷᠪᠡ︶ ᠬᠤᠳᠠ ᠪᠠᠯᠭᠠᠰᠤ ᠪᠠᠷ ᠲᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠤᠨ ᠢᠶᠠᠷ | ᠬᠡᠷᠡᠭᠵᠢᠬᠦᠯᠵᠤ᠂ ᠬᠤᠳᠠ ᠪᠠᠯᠭᠠᠰᠤᠵᠢᠯᠳᠠ ᠶᠢᠨ ᠠᠬᠢᠴᠠ ᠶᠢ ᠲᠠᠰᠤᠷᠠᠯᠳᠠ ᠦᠬᠡᠢ ᠲᠦᠯᠬᠢᠨ ᠠᠬᠢᠭᠤᠯᠤᠨ᠎ᠠ᠃ ︽ | ᠴᠢᠨᠠᠷᠯᠢᠭ ᠲᠦᠯᠤᠪᠵᠢᠬᠦᠯᠵᠤ᠂ ᠤᠯᠠᠨ ᠲᠠᠯ᠎ᠠ ᠪᠠᠷ ᠪᠡᠯᠨ ᠬᠤᠷᠠᠮᠳᠤᠭᠤᠯᠤᠨ᠂ ᠶᠡᠭᠡ ᠬᠦᠴᠤᠨ ᠢᠶᠠᠷ ᠪᠦᠳᠤᠬᠡᠨ | ᠪᠠᠶᠢᠭᠤᠯᠵᠤ᠂ ᠨᠠᠷᠢᠯᠢᠭᠵᠢᠭᠤᠯᠤᠨ ᠬᠠᠮᠢᠶᠠᠷᠬᠤ︾ ᠬᠦᠭᠵᠢᠯᠳᠠ ᠶᠢᠨ ᠦᠵᠠᠯᠳᠠ ᠶᠢ ᠪᠠᠷᠢᠮᠳᠠᠯᠠᠨ᠂ ᠪᠡᠯᠬᠦᠳᠡᠢ | ᠪᠠᠯᠭᠠᠰᠤᠨ ᠤ ᠬᠡᠪᠴᠢᠶ᠎ᠠ ᠶᠢ ᠦᠷᠬᠡᠳᠬᠡᠨ᠂ ᠴᠢᠳᠡᠪᠬᠢ ᠶᠢ ᠨᠢ ᠰᠢᠯᠢᠳᠡᠭᠵᠢᠬᠦᠯᠤᠨ᠂ ᠤᠷᠴᠢᠨ ᠲᠤᠭᠤᠷᠢᠨ ᠢ ᠨᠢ | ᠭᠤᠸᠠᠵᠢᠭᠤᠯᠵᠤ᠂ ︽ᠦᠪᠡᠷᠮᠢᠴᠠ ᠤᠡᠴᠠᠯᠢᠭᠳᠤ᠂ ᠬᠡᠪ ᠨᠠᠮᠪᠠᠯᠢᠭ᠂ ᠴᠢᠨᠠᠷᠵᠢᠭᠤᠨ ᠭᠤᠸᠠᠯᠢᠭ︾ ᠲᠠᠯ᠎ᠠ ᠨᠤᠳᠤᠭ | ᠤᠨ ᠰᠢᠨ᠎ᠠ ᠬᠤᠳᠠ ᠪᠠᠯᠭᠠᠰᠤ ᠶᠢ ᠪᠦᠳᠤᠬᠡᠨ ᠪᠠᠶᠢᠭᠤᠯᠤᠨ᠎ᠠ᠃ | ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠎ᠠ᠃ | ᠤᠷᠢᠳᠴᠢᠯᠡᠨ ᠲᠦᠯᠤᠪᠵᠢᠬᠦᠯᠵᠤ᠂ ᠵᠠᠰᠠᠭ ᠤᠨ ᠤᠷᠳᠤᠨ ᠢᠶᠠᠷ ᠭᠤᠤᠯᠯᠠᠨ ᠂ ᠵᠠᠬ᠎ᠠ ᠲᠠᠯᠬᠡᠬᠦᠷᠴᠢᠯᠡᠬᠦ ᠵᠠᠷᠴᠢᠮ | ᠢ ᠪᠠᠷᠢᠮᠳᠠᠯᠠᠨ᠂ ᠡᠳ᠋ ᠤᠨ ᠵᠠᠰᠠᠭ ᠤᠨ ᠪᠡᠯᠨ ᠤᠷᠤᠭᠤᠯᠤᠯᠳᠠ ᠶᠢᠨ ᠵᠢᠯᠤᠭᠤᠳᠬᠤ ᠦᠢᠯᠡᠳᠤᠯ ᠢ ᠪᠠᠳᠠᠷᠠᠭᠤᠯᠬᠤ | ᠪᠠᠷ ᠲᠠᠮᠵᠢᠨ᠂ ᠤᠯᠠᠨ ᠠᠷᠭ᠎ᠠ ᠵᠠᠮ ᠢᠶᠠᠷ ᠪᠡᠯᠨ ᠬᠤᠷᠠᠮᠳᠤᠭᠤᠯᠤᠨ᠂ ᠪᠠᠯᠬᠦᠳᠡᠢ ᠪᠠᠯᠭᠠᠰᠤᠨ ᠤ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠬᠢᠨ᠎ᠠ᠃ ᠡᠨ᠋ᠨ ᠵᠢᠯ᠂ 4.8 | ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ ᠵᠠᠮ ᠵᠠᠰᠠᠬᠤ᠂ ᠲᠦᠬᠡᠬᠡᠯ ᠤᠰᠤ ᠬᠠᠩᠭᠠᠬᠤ᠂ ᠪᠤᠬᠢᠷ ᠤᠰᠤ | ᠭᠠᠳᠠᠭᠰᠢᠯᠠᠭᠤᠯᠬᠤ᠂ ᠲᠤᠯᠠᠭᠠᠯᠭ᠎ᠠ ᠬᠠᠩᠭᠠᠬᠤ᠂ ᠬᠡᠷ ᠬᠦᠷᠤᠩᠬᠡ ᠭᠠᠵᠡᠷ ᠰᠢᠷᠥᠢ ᠢ ᠨᠡᠬᠡᠬᠡᠨ ᠠᠰᠢᠭᠯᠠᠬᠤ᠂ | ᠬᠡᠬᠡᠵᠢᠬᠦᠯᠵᠤ ᠭᠤᠸᠠᠵᠢᠭᠤᠯᠬᠤ᠂ ᠠᠭᠤᠳᠠᠮ ᠲᠠᠯᠠᠪᠠᠢ ᠪᠤᠯᠤᠨ ᠰᠢᠨ᠎ᠠ ᠲᠤᠭᠤᠷᠢᠭ ᠤᠨ ᠪᠠᠷᠢᠯᠭ᠎ᠠ ᠵᠠᠷᠬᠡ ᠶᠢ | ᠭᠤᠤᠯᠳᠠᠯᠭ᠎ᠠ ᠲᠠᠢ ᠪᠦᠳᠤᠬᠡᠨ ᠪᠠᠶᠢᠭᠤᠯᠬᠤ ᠪᠠᠷ ᠲᠦᠯᠤᠪᠯᠡᠵᠤ᠂ 2010 ᠤᠨ ᠤ ᠪᠦᠬᠦ ᠠᠶᠢᠮᠠᠭ ᠤᠨ ᠬᠤᠶᠡᠷ | ᠪᠤᠯᠪᠠᠰᠤᠨ ᠤ ᠲᠤᠷᠰᠢᠯᠭ᠎ᠠ ᠰᠤᠯᠢᠯᠴᠠᠬᠤ ᠬᠤᠷᠡᠯ ᠢ ᠮᠠᠨ ᠤ ᠬᠤᠰᠢᠭᠤᠨ ᠳᠤ ᠬᠤᠷᠠᠯᠳᠤᠭᠤᠯᠬᠤ ᠳᠤ ᠪᠡᠯᠡᠳᠬᠡᠯ | ᠬᠢᠨ᠎ᠠ᠃ 13 ᠵᠤᠷᠪᠤᠰ ᠨᠠᠶᠢᠳ᠋ᠨ 11 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠢ ᠰᠢᠨ᠎ᠠ ᠪᠠᠷ ᠲᠠᠪᠢᠰᠬᠦ | ᠪᠤᠶᠤ ᠦᠬᠡᠷᠡᠴᠢᠯᠡᠨ ᠵᠠᠰᠠᠵᠤ᠂ 40 ᠵᠤᠷᠪᠤᠰ ᠭᠤᠳᠤᠮᠵᠢᠨ ᠵᠠᠮ ᠢ ᠬᠠᠳᠠᠭᠤᠵᠢᠭᠤᠯᠵᠤ᠂ 3 ᠲᠦᠮᠡᠨ ᠲᠡᠭᠰᠢ | ᠲᠦᠷᠪᠠᠯᠵᠢᠨ ᠮᠧᠲᠷ ᠭᠤᠶᠣᠯᠡᠯ ᠤᠨ ᠲᠤᠭᠤᠰᠬ᠎ᠠ ᠲᠠᠪᠢᠰᠴᠤ᠂ ᠲᠦᠬᠡᠬᠡᠯ ᠤᠰᠤ ᠬᠠᠩᠭᠠᠬᠤ ᠬᠤᠭᠤᠯᠠᠢ ᠶᠢ 6 | ᠺᠢᠯᠤᠮᠧᠲᠷ ᠤᠷᠳᠤᠳᠬᠠᠨ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ 3.2 ᠺᠢᠯᠤᠮᠧᠲᠷ ᠤᠷᠳᠤᠳᠬᠠᠵᠤ᠂ | ᠲᠦᠪᠯᠡᠷᠡᠩᠬᠦᠢ ᠲᠤᠯᠠᠭᠠᠯᠭ᠎ᠠ ᠶᠢᠨ ᠲᠠᠯᠠᠪᠠᠢ ᠶᠢ 15 ᠲᠦᠮᠡᠨ ᠲᠡᠭᠰᠢ ᠲᠦᠷᠪᠡᠯᠵᠢᠨ ᠮᠧᠲᠷ ᠦᠷᠬᠡᠳᠬᠡᠨ᠂ | ᠴᠠᠬᠢᠯᠭᠠᠨ ᠬᠠᠩᠭᠠᠯᠭ᠎ᠠ ᠪᠤᠯᠤᠨ ᠴᠢᠮᠡᠭᠡ ᠬᠤᠯᠪᠤᠭᠠᠨ ᠤ ᠱᠤᠭᠤᠮ ᠢ 13 ᠺᠢᠯᠤᠮᠧᠲᠷ ᠤᠷᠳᠤᠳᠬᠠᠨ᠎ᠠ᠃ 11 | ᠰᠠᠭᠤᠷᠢ ᠠᠯᠪᠠᠨ ᠠᠰᠠᠷ ᠪᠠ 2.3 ᠲᠦᠮᠡᠨ ᠲᠡᠭᠰᠢ ᠲᠦᠷᠪᠠᠯᠵᠢᠨ ᠮᠧᠲᠷ ᠠᠷᠠᠯᠵᠢᠶ᠎ᠠ ᠰᠠᠭᠤᠭᠠᠯᠢ ᠶᠢᠨ ᠠᠰᠠᠷ | ᠪᠤᠯᠤᠨ ᠴᠠᠩᠬᠡᠯ ᠵᠤᠴᠢᠳ ᠤᠨ ᠪᠠᠭᠤᠳᠠᠯ ᠤᠨ ᠪᠠᠷᠢᠯᠭ᠎ᠠ ᠶᠢᠨ ᠠᠵᠢᠯ ᠢ ᠲᠠᠭᠤᠰᠬᠠᠵᠤ᠂ 12 ᠲᠦᠮᠡᠨ ᠲᠡᠭᠰᠢ | ᠲᠦᠷᠪᠡᠯᠵᠢᠨ ᠮᠧᠲᠷ ᠤᠨ ᠠᠷᠠᠯᠵᠢᠶ᠎ᠠ ᠰᠠᠭᠤᠭᠠᠯᠢ ᠶᠢᠨ ᠠᠰᠠᠷ ᠪᠠ 1 ᠲᠦᠮᠡᠨ ᠲᠡᠭᠰᠢ ᠲᠦᠷᠪᠡᠯᠵᠢᠨ ᠮᠧᠲᠷ ᠤᠨ | ᠭᠤᠷᠪᠡᠨ ᠤᠳᠤᠨ ᠲᠡᠰ ᠤᠨ ᠪᠣᠭᠳᠠ ᠠᠭᠤᠯᠨ ᠵᠤᠴᠢᠳ ᠤᠨ ᠪᠠᠭᠤᠳᠠᠯ ᠢ ᠪᠠᠷᠢᠯᠭ᠎ᠠ ᠡᠬᠢᠯᠡᠬᠦᠯᠤᠨ᠎ᠠ᠃ 1.5 | ᠲᠦᠮᠠᠨ ᠲᠡᠭᠰᠢ ᠲᠦᠷᠪᠡᠯᠵᠢᠨ ᠮᠧᠲᠷ ᠤᠨ ᠬᠢᠮᠳᠠ ᠲᠤᠬᠢᠯᠢᠭ ᠤᠷᠤᠨ ᠰᠠᠭᠤᠴᠠ ᠪᠤᠯᠤᠨ 6800 ᠲᠡᠭᠰᠢ | ᠲᠦᠷᠪᠠᠯᠵᠢᠨ ᠮᠧᠲᠷ ᠤᠨ ᠬᠢᠮᠳᠠ ᠪᠠᠷ ᠲᠦᠷᠢᠶᠠᠰᠤᠯᠡᠬᠦ ᠤᠷᠤᠨ ᠰᠠᠭᠤᠴᠠ ᠶᠢ ᠪᠠᠷᠢᠨ ᠲᠠᠭᠤᠰᠬᠠᠵᠤ᠂ 7000 | ᠲᠡᠭᠰᠢ ᠲᠦᠷᠪᠠᠯᠵᠢᠨ ᠮᠧᠲᠷ ᠤᠨ ᠰᠤᠶᠤᠯ ᠲᠠᠮᠢᠷ ᠤᠨ ᠬᠦᠳᠡᠯᠬᠡᠬᠡᠨ ᠤ ᠲᠦᠪ ᠤᠨ ᠪᠠᠷᠢᠯᠭ᠎ᠠ ᠶᠢ ᠪᠠᠶᠠᠯᠠᠬᠦᠯᠵᠤ | ᠂ 8.6 ᠲᠦᠮᠡᠨ ᠲᠡᠭᠰᠢ ᠲᠦᠷᠪᠠᠯᠵᠢᠨ ᠮᠧᠲᠷ ᠤᠨ ᠶᠠᠷᠤᠩᠬᠡᠶᠢᠯᠡᠭᠰᠡᠨ ᠠᠭᠤᠳᠠᠮ ᠲᠠᠯᠠᠪᠠᠢ ᠶᠢ ᠰᠢᠨ᠎ᠠ ᠪᠠᠷ | ᠪᠠᠶᠢᠭᠤᠯᠵᠤ ᠠᠰᠢᠭᠯᠠᠯᠳᠠ ᠳᠤ ᠣᠷᠣᠭᠤᠯᠣᠨ᠂ ᠪᠡᠯᠬᠦᠳᠡᠢ ᠰᠤᠶᠤᠯ ᠤᠨ ᠬᠦᠷᠢᠶᠠᠯᠠᠩ ᠪᠠ ᠴᠠᠭᠠᠨ ᠴᠢᠯᠠᠭᠤᠳᠣ | ᠵᠣᠰᠠᠭᠠᠯ ᠢ ᠦᠷᠬᠦᠯᠵᠢᠯᠡᠨ ᠪᠠᠶᠢᠭᠤᠯᠤᠨ᠎ᠠ᠃ ︽ᠨᠢᠬᠡ ᠵᠠᠬᠡᠯᠢ ᠨᠢᠬᠡ ᠵᠠᠮ︾ ︵ᠪᠠᠶᠠᠡᠴᠠᠭᠠᠨ ᠵᠠᠬᠡᠯᠢ᠂ ᠪᠡᠯᠬᠦᠳᠡᠢ | ᠵᠠᠮ︶ ᠤᠨ ᠴᠠᠬᠢᠯᠭᠠᠨ ᠬᠠᠩᠭᠠᠬᠤ ᠤᠳᠠᠰᠤ ᠶᠢ ᠭᠠᠵᠡᠷ ᠪᠤᠯᠠᠬᠤ᠂ ᠵᠠᠮ ᠤᠨ ᠳ᠋ᠸᠡᠭ ᠢ ᠰᠢᠨᠡᠳᠬᠡᠬᠦ᠂ ᠵᠠᠮ ᠲᠠᠭᠠᠤ | ᠨᠤᠭᠤᠭᠠᠷᠠᠭᠤᠯᠬᠤ ᠠᠵᠢᠯ ᠢ ᠪᠠᠶᠠᠯᠠᠬᠦᠯᠵᠤ᠂ 260 ᠢᠵᠢ ᠵᠠᠮ ᠤᠨ ᠳ᠋ᠸᠡᠭ ᠤᠭᠰᠠᠷᠡᠨ᠂ 11 ᠡᠾᠧᠺᠲ᠋ᠠᠷ | ᠨᠤᠭᠤᠭᠠᠷᠠᠭᠤᠯᠤᠯᠳᠠ ᠶᠢᠨ ᠪᠦᠰᠠ ᠪᠠᠶᠢᠭᠤᠯᠵᠤ᠂ ᠬᠤᠶᠡᠷ ᠲᠠᠯᠠᠳᠤ ᠡᠯᠧᠺᠲᠷᠤᠨ ᠲᠡᠯᠬᠡᠴᠠ 6 ᠶᠢ ᠤᠭᠰᠠᠷᠠᠵᠤ᠂ | 60 ᠰᠠᠭᠤᠷᠢ ᠠᠰᠠᠷ ᠢ ᠭᠤᠶᠤᠯᠡᠨ ᠴᠢᠮᠡᠭᠯᠡᠨᠠ᠃ | ᠬᠤᠳᠠ ᠪᠠᠯᠭᠠᠰᠤᠨ ᠤ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠨ᠎ᠠ᠃ ︽ ᠵᠠᠰᠠᠭ ᠤᠨ ᠤᠷᠳᠤᠨ | ᠬᠠᠷᠢᠭᠤᠴᠠᠵᠤ᠂ ᠨᠠᠶᠢᠬᠡᠮ ᠲᠠᠶᠠᠭᠠᠷ ᠬᠠᠮᠵᠢᠯᠴᠡᠨ᠂ ᠤᠯᠠᠨ ᠲᠦᠮᠡᠨ ᠤᠷᠤᠯᠴᠠᠬᠤ︾ ᠵᠠᠷᠴᠢᠮ ᠢ ᠪᠠᠷᠢᠮᠳᠠᠯᠠᠨ᠂ ︽ | ᠰᠢᠡᠵᠢᠯᠡᠬᠦ ᠤᠬᠠᠭᠠᠡᠴᠢ᠂ ᠴᠢᠩᠭ᠎ᠠ ᠨᠢᠮᠪᠠᠢ᠂ ᠨᠠᠷᠢᠯᠢᠭ ᠬᠠᠮᠢᠶᠠᠷᠤᠯᠳᠠ᠂ ᠪᠠᠶᠢᠩᠭᠤ ᠶᠢᠨ ᠵᠤᠬᠢᠴᠠᠮᠵᠢ ᠲᠠᠢ︾ | ᠪᠠᠶᠢᠬᠤ ᠱᠠᠭᠠᠷᠳᠠᠯᠭ᠎ᠠ ᠶᠤᠰᠤᠭᠠᠷ᠂ ᠬᠤᠳᠠ ᠪᠠᠯᠭᠠᠰᠤᠨ ᠤ ᠪᠠᠶᠢᠩᠭᠤ ᠶᠢᠨ ᠬᠠᠮᠢᠶᠠᠷᠤᠯᠳᠠ ᠶᠢ ᠴᠢᠩᠭᠠᠳᠬᠠᠬᠤ | ᠰᠢᠨ᠎ᠠ ᠠᠷᠭ᠎ᠠ ᠬᠡᠯᠪᠡᠷᠢ ᠶᠢ ᠬᠢᠨᠠᠮᠠᠭᠠᠢ ᠰᠤᠳᠤᠯᠤᠨ᠂ ᠤᠳᠤᠬᠢᠴᠢᠯᠠᠭᠰᠡᠨ ᠬᠤᠳᠠ ᠪᠠᠯᠭᠠᠰᠤᠨ ᠤ ᠪᠦᠷᠢᠨ ᠲᠦᠬᠦᠷ | ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ᠭᠤᠤᠯ ᠵᠡᠬᠡᠯᠢ ᠭᠤᠳᠤᠮᠵᠢᠨ ᠳᠤ ᠲᠤᠷ᠎ᠠ ᠲᠠᠪᠠ ᠪᠠᠷ ᠢᠶᠠᠨ | ᠬᠤᠭ ᠨᠤᠪᠰᠢ ᠬᠠᠶᠠᠬᠤ᠂ ᠲᠠᠷᠬᠡ ᠤᠨᠤᠭ᠎ᠠ ᠵᠤᠭᠰᠤᠭᠠᠬᠤ᠂ ᠭᠠᠵᠡᠷ ᠡᠵᠡᠯᠡᠨ ᠲᠡᠯᠬᠡᠬᠡ ᠮᠠᠶᠢᠮᠠᠢ ᠬᠢᠬᠦ᠂ ᠪᠠᠷᠢᠯᠭ᠎ᠠ | ᠪᠠᠷᠢᠬᠤ᠂ ᠨᠠᠭᠠᠵᠤ ᠡᠷᠢᠶᠠᠴᠡᠬᠦ ᠵᠠᠷᠬᠡ ᠪᠤᠯᠪᠠᠰᠤᠨ ᠪᠤᠰᠤ ᠦᠵᠡᠭᠳᠡᠯ ᠢ ᠦᠡᠳᠤᠰᠤᠨ ᠠᠴᠠ ᠨᠢ ᠴᠡᠭᠴᠡᠯᠡᠨ ᠵᠠᠰᠠᠬᠤ | ᠪᠠᠷ ᠴᠢᠷᠮᠠᠶᠢᠨ᠎ᠠ᠃ ᠪᠠᠯᠭᠠᠰᠤᠨ ᠲᠤᠭᠤᠷᠢᠭ ᠤᠨ ᠠᠷᠢᠭᠤᠨ ᠴᠡᠪᠡᠷ ᠢ ᠰᠠᠶᠢᠳᠤᠷ ᠪᠠᠳᠤᠯᠠᠵᠤ᠂ ᠬᠠᠮᠢᠶᠠᠷᠤᠯᠳᠠ ᠶᠢᠨ | ᠠᠵᠢᠯ ᠢ ᠤᠯᠠᠮ ᠴᠢᠩᠭᠠᠳᠬᠠᠨ᠂ ᠤᠯᠠᠨ ᠨᠠᠶᠢᠳᠠ ᠶᠢᠨ ᠲᠦᠬᠦᠬᠡᠷᠤᠮᠵᠢ ᠶᠢ ᠪᠦᠷᠢᠳᠤᠬᠦᠯᠵᠤ᠂ ᠤᠯᠡᠨ ᠲᠦᠮᠡᠨ ᠢ | ᠦᠷᠬᠡᠨ ᠢᠶᠠᠷ ᠲᠠᠶᠢᠴᠢᠯᠡᠨ᠂ ᠬᠦᠮᠤᠨ ᠪᠤᠯᠭᠠᠨ ᠢ ᠦᠪᠡᠷ ᠠᠴᠠ ᠪᠠᠨ ᠡᠬᠢᠯᠡᠵᠤ᠂ ᠠᠮᠢᠳᠤᠷᠡᠯ ᠠᠴᠠ ᠪᠠᠨ | ᠭᠠᠷᠳᠠᠵᠤ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠠᠵᠢᠯ ᠳᠤ ᠢᠳᠡᠪᠬᠢᠳᠡᠢ ᠪᠠᠷ ᠤᠷᠤᠯᠴᠠᠭᠤᠯᠤᠨ᠎ᠠ᠃ | ︵ᠲᠠᠪᠤ︶ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠪᠠᠨ ᠴᠢᠩᠭᠠᠳᠬᠠᠵᠤ᠂ ᠠᠵᠤ ᠠᠬᠤᠢ | ᠶᠢᠨ ᠬᠦᠭᠵᠢᠯᠳᠠ ᠶᠢᠨ ᠨᠦᠬᠦᠴᠡᠯ ᠢ ᠢᠯᠡᠳᠳᠠ ᠰᠠᠶᠢᠵᠢᠷᠠᠭᠤᠯᠤᠨ᠎ᠠ᠃ᠤᠯᠤᠰ ᠠᠴᠠ ᠰᠠᠭᠤᠷᠢ ᠲᠦᠬᠦᠬᠡᠷᠤᠮᠵᠢ | ᠶᠢᠨ ᠪᠦᠳᠤᠬᠡᠨ ᠪᠠᠶᠢᠭᠤᠯᠤᠯᠳᠠ ᠪᠠᠷ ᠭᠤᠤᠯᠯᠡᠨ᠂ ᠲᠤᠳᠤᠭᠠᠳᠤ ᠬᠡᠷᠡᠭᠴᠡᠭᠡ ᠪᠠᠨ ᠦᠷᠬᠡᠳᠬᠡᠵᠤ ᠪᠠᠶᠢᠭ᠎ᠠ | ᠠᠰᠢᠭᠳᠡᠢ ᠴᠠᠭ ᠲᠤᠬᠢᠶᠠᠯ ᠢ ᠴᠢᠩᠭ᠎ᠠ ᠠᠳᠬᠤᠨ᠂ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ | ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠤᠰᠤᠨ ᠠᠰᠢᠭᠯᠠᠯᠳᠠ ᠶᠢᠨ ᠲᠠᠯ᠎ᠠ ᠪᠠᠷ᠂ ᠴᠠᠭᠠᠨ ᠤᠰᠤᠨ | ᠴᠦᠬᠦᠷᠤᠮ ᠤᠨ ᠪᠠᠭᠳᠠᠭᠠᠮᠵᠢ ᠢ ᠦᠷᠬᠡᠳᠬᠡᠬᠦ ᠡᠯ᠎ᠠ ᠵᠥᠢᠯ ᠤᠨ ᠪᠡᠯᠡᠳᠬᠡᠯ ᠠᠵᠢᠯ ᠤᠨ ᠠᠬᠢᠴᠠ ᠶᠢ | ᠲᠦᠷᠬᠡᠳᠬᠡᠵᠤ᠂ ᠵᠠᠰᠠᠨ ᠪᠠᠬᠢᠵᠢᠬᠦᠯᠬᠦ ᠪᠠᠷᠢᠯᠭ᠎ᠠ ᠶᠢ ᠵᠠᠷᠬᠡ ᠳᠤᠨᠢ ᠡᠬᠢᠯᠡᠬᠦᠯᠬᠦ ᠪᠠᠷ ᠴᠢᠷᠮᠠᠶᠢᠨ᠎ᠠ᠃ ᠴᠠᠬᠢᠯᠭᠠᠨ | ᠲᠤᠤᠷ ᠤᠨ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ᠂ ᠰᠢᠯᠢᠩᠬᠤᠳᠠ ᠠᠴᠠ ᠪᠡᠯᠬᠦᠳᠡᠢ ᠪᠠᠯᠭᠠᠰᠤ ᠬᠦᠷᠳᠡᠯᠡᠬᠢ | 110 ᠺᠢᠯᠣᠸᠣᠯᠲ ᠪᠠ ᠪᠡᠯᠬᠦᠳᠡᠢ ᠪᠠᠯᠭᠠᠰᠤ ᠠᠴᠠ ᠶᠢᠨ ᠳ᠋ᠢ ᠺᠤᠮᠫᠠᠨᠢ ᠶᠢᠨ ᠵᠠᠰ ᠮᠣᠯᠢᠪᠳᠧᠨ ᠤ ᠠᠭᠤᠷᠬᠠᠢ | ᠬᠦᠷᠳᠡᠯᠡᠬᠢ 35 ᠺᠢᠯᠣᠸᠣᠯᠲ ᠶᠢᠨ ᠬᠦᠴᠤᠳᠠᠯ ᠬᠤᠪᠢᠰᠬᠠᠬᠤ ᠴᠠᠬᠢᠯᠭᠠᠨ ᠱᠤᠭᠤᠮ ᠢ ᠪᠠᠷᠢᠯᠭ᠎ᠠ ᠡᠬᠢᠯᠡᠬᠦᠯᠬᠦ ᠪᠠᠷ | ᠴᠢᠷᠮᠠᠶᠢᠨ᠎ᠠ᠃ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ ᠂ ᠤᠯᠤᠰ ᠠᠴᠠ ᠪᠠᠷᠠᠭᠤᠨ ᠤᠷᠤᠨ | ᠤ ᠲᠠᠮᠤᠷ ᠵᠠᠮ ᠪᠤᠯᠤᠨ ᠭᠠᠳᠠᠭᠠᠳᠤ ᠲᠡᠬᠡᠬᠡᠪᠤᠷᠢ ᠶᠢᠨ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠶᠢ ᠲᠠᠮᠵᠢᠵᠤ | ᠪᠠᠶᠢᠭ᠎ᠠ ᠠᠰᠢᠭᠳᠡᠢ ᠴᠠᠭ ᠲᠤᠬᠢᠶᠠᠯ ᠢ ᠴᠢᠩᠭ᠎ᠠ ᠠᠳᠬᠤᠨ᠂ ᠴᠠᠭᠠᠠᠨᠠᠭᠤᠷ ᠠᠭᠤᠷᠬᠠᠢ ᠶᠢᠨ ᠲᠤᠭᠤᠷᠢᠭ ᠠᠴᠠ ᠰᠢ | ᠰᠠᠩ ︵ᠰᠢᠯᠢᠩᠬᠤᠳᠠ ᠠᠴᠠ ᠰᠠᠩ ᠤᠨ ᠲᠠᠯᠠᠢ ᠬᠦᠷᠬᠦ︶ ᠲᠠᠮᠤᠷ ᠵᠠᠮ ᠤᠨ ᠪᠠᠶᠠᠡᠬᠦᠷᠢᠶᠠ ᠦᠷᠳᠡᠭᠡ ᠬᠦᠷᠳᠡᠯᠡᠬᠢ | ᠲᠤᠰᠬᠠᠢ ᠱᠤᠭᠤᠮᠳᠤ ᠲᠠᠮᠤᠷ ᠵᠠᠮ ᠤᠨ ᠡᠯ᠎ᠠ ᠵᠥᠢᠯ ᠤᠨ ᠪᠡᠯᠡᠳᠬᠡᠯ ᠠᠵᠢᠯ ᠢ ᠲᠦᠷᠬᠡᠳᠬᠡᠨ ᠠᠬᠢᠭᠤᠯᠵᠤ᠂ 5 | ᠰᠠᠷ᠎ᠠ ᠳᠤ ᠪᠠᠷᠢᠯᠭ᠎ᠠ ᠡᠬᠢᠯᠡᠬᠦᠯᠵᠤ᠂ ᠲᠤᠰ ᠵᠢᠯ ᠳᠤ ᠵᠠᠮ ᠤᠨ ᠰᠠᠭᠤᠷᠢ᠂ ᠬᠦᠬᠦᠷᠬᠡ ᠪᠤᠯᠤᠨ ᠲᠠᠭᠠᠯᠳᠤᠭᠤᠯᠤᠯ | ᠪᠠᠷᠢᠯᠭ᠎ᠠ ᠶᠢ ᠲᠠᠭᠤᠰᠬᠠᠬᠤ ᠪᠠᠷ ᠴᠢᠷᠮᠠᠶᠢᠨ᠎ᠠ᠃ ᠰᠢᠯᠢᠩᠬᠤᠳᠠ ᠠᠴᠠ ᠡᠷᠢᠶᠠᠨ ᠬᠦᠷᠬᠦ ᠲᠠᠮᠤᠷ ᠵᠠᠮ ᠤᠨ ᠠᠪᠠᠭ᠎ᠠ | ᠬᠤᠰᠢᠭᠤᠨ ᠳᠠᠬᠢ ᠪᠠᠷᠢᠯᠭ᠎ᠠ ᠶᠢᠨ ᠠᠵᠢᠯ ᠢ ᠢᠳᠡᠪᠬᠢᠳᠡᠢ ᠲᠠᠮᠵᠢᠨ᠎ᠠ᠃ ᠵᠠᠰᠠᠮᠠᠯ ᠵᠠᠮ ᠤᠨ ᠪᠦᠳᠤᠬᠡᠨ | ᠪᠠᠶᠢᠭᠤᠯᠤᠯᠳᠠ ᠶᠢᠨ ᠲᠠᠯ᠎ᠠ ᠪᠠᠷ᠂ 101 ᠮᠤᠵᠢ ᠶᠢᠨ ᠲᠡᠰ ᠤᠨ ᠵᠠᠮ ᠠᠴᠠ ᠴᠠᠭᠠᠨᠨᠠᠭᠤᠷ ᠪᠠᠯᠭᠠᠰᠤ ᠲᠠᠮᠵᠢᠨ | ᠬᠤᠩᠭᠤᠷᠭᠤᠤᠯ ᠪᠠᠯᠭᠠᠰᠤ ᠬᠦᠷᠬᠦ᠂ ᠪᠡᠯᠬᠦᠳᠡᠢ ᠪᠠᠯᠭᠠᠰᠤᠨ ᠠᠴᠠ ᠶᠠᠬᠡᠭᠤᠤᠯ ᠰᠤᠮᠤ ᠲᠠᠮᠵᠢᠨ ᠵᠢᠷᠭᠠᠯᠠᠩᠳᠤ ᠰᠤᠮᠤ | ᠬᠦᠷᠬᠦ᠂ ᠬᠤᠳᠣᠭᠤᠷ ᠤᠨ ᠱᠠᠩᠳᠣ ᠠᠴᠠ ᠨᠠᠷᠠᠠᠪᠤᠯᠠᠭ ᠰᠤᠮᠤ ᠲᠠᠮᠵᠢᠨ ᠰᠠᠩᠰᠠᠨ ᠪᠣᠯᠠᠭ ᠬᠦᠷᠬᠦ 3 ᠵᠤᠷᠪᠤᠰ ᠪᠦᠬᠦ | ᠨᠠᠶᠢᠳᠠ 382 ᠺᠢᠯᠤᠮᠧᠲᠷ ᠤᠨ ᠴᠡᠷᠳᠡᠮᠠᠯ ᠵᠠᠮ ᠢ ᠲᠡᠷᠬᠡ ᠨᠠᠪᠳᠠᠷᠠᠬᠦᠯᠤᠨᠠ᠃ ᠰᠠᠩᠰᠠᠨ ᠪᠣᠯᠠᠭ ᠠᠴᠠ ᠬᠤᠵᠢᠷᠳᠣ᠂ | ᠵᠢᠷᠭᠠᠯᠠᠩᠳᠤ ᠰᠤᠮᠤ᠂ ᠮᠠᠨᠢᠳᠤ ᠨᠡᠬᠦᠷᠡᠰᠤᠨ ᠠᠭᠤᠷᠬᠠᠢ ᠲᠠᠮᠵᠢᠨ ᠷᠡᠰᠢᠶᠠᠨ ᠬᠦᠷᠬᠦ 170 ᠺᠢᠯᠤᠮᠧᠲᠷ᠂ 101 | ᠮᠣᠵᠢ ᠶᠢᠨ ᠲᠠᠰ ᠤᠨ ᠵᠠᠮ ᠠᠴᠠ ᠶᠢᠨ ᠳ᠋ᠢ ᠺᠣᠮᠫᠠᠨᠢ ᠶᠢᠨ ᠵᠠᠰ ᠮᠣᠯᠢᠪᠳᠧᠨ ᠤ ᠠᠭᠤᠷᠬᠠᠢ ᠬᠦᠷᠬᠦ 20 | ᠺᠢᠯᠣᠮᠧᠲᠷ ᠪᠠ ᠴᠠᠭᠠᠨᠨᠠᠭᠤᠷ ᠪᠠᠯᠭᠠᠰᠣ ᠠᠴᠠ ᠵᠢᠭᠠᠰᠣᠨ ᠲᠠᠯᠠᠪᠠᠢ ᠬᠦᠷᠬᠦ 15 ᠺᠢᠯᠣᠮᠧᠲᠷ ᠤᠨ ᠭᠤᠷᠪᠠᠨ ᠵᠣᠷᠪᠣᠰ | ᠴᠡᠷᠳᠠᠮᠠᠯ ᠵᠠᠮ ᠢ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠣ᠂ ᠭᠠᠴᠠᠭᠠᠨ ᠵᠠᠮ ᠢ 170 ᠺᠢᠯᠤᠮᠧᠲᠷ ᠰᠢᠨ᠎ᠠ ᠪᠠᠷ | ᠵᠠᠰᠠᠨ ᠲᠠᠪᠢᠰᠤᠨᠠ᠃ | ︵ᠵᠢᠷᠭᠤᠭ᠎ᠠ︶ ᠡᠳ᠋ ᠤᠨ ᠵᠠᠰᠠᠭ᠂ ᠭᠠᠶᠢᠯᠢ ᠶᠢᠨ ᠤᠷᠤᠯᠭ᠎ᠠ ᠶᠢᠨ ᠠᠵᠢᠯ ᠢ ᠴᠢᠩᠭᠠᠳᠬᠠᠵᠤ᠂ ᠨᠠᠶᠢᠳᠠ ᠶᠢᠨ | ᠪᠠᠳᠣᠯᠠᠭ᠎ᠠ ᠶᠢᠨ ᠴᠢᠳᠠᠪᠬᠢ ᠶᠢ ᠦᠨᠡᠡᠬᠦ ᠲᠡᠬᠡᠭᠰᠢᠯᠡᠬᠦᠯᠤᠨ᠎ᠠ᠃2009 ᠤᠨ ᠳᠤ ᠬᠤᠰᠢᠭᠤ ᠡᠳ᠋ ᠤᠨ ᠵᠠᠰᠠᠭ | ᠨᠢ ᠬᠠᠳᠠᠭᠤ ᠴᠢᠩᠭ᠎ᠠ ᠰᠢᠯᠭᠠᠯᠳᠠ ᠳᠤ ᠲᠤᠯᠭᠠᠷᠠᠬᠤ ᠲᠤᠯᠨ᠂ ᠪᠢᠳᠠ ᠡᠷᠬᠡᠪᠰᠢ ᠪᠡᠯᠨ ᠮᠦᠩᠬᠦ ᠪᠠᠨ ᠰᠠᠶᠢᠳᠤᠷ | ᠬᠢᠮᠠᠭᠠᠳᠠᠬᠤ ᠬᠡᠷᠡᠭᠳᠡᠢ ᠪᠠᠶᠢᠨ᠎ᠠ᠃ ᠨᠢᠬᠡ ᠳᠤ᠂ ᠭᠠᠶᠢᠯᠢ ᠲᠠᠳᠠᠪᠤᠷᠢᠯᠡᠨ ᠬᠠᠮᠢᠶᠠᠷᠬᠤ ᠠᠵᠢᠯ ᠢ ᠴᠢᠩᠭᠠᠳᠬᠠᠨ᠎ᠠ᠃ | ᠭᠠᠶᠢᠯᠢ ᠲᠠᠳᠠᠪᠤᠷᠢᠯᠡᠨ ᠬᠠᠮᠢᠶᠠᠷᠬᠤ ᠠᠵᠢᠯ ᠪᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢ ᠤᠯᠠᠮ | ᠴᠢᠩᠭᠠᠳᠬᠠᠨ᠂ ᠭᠠᠶᠢᠯᠢ ᠠᠴᠠ ᠲᠤᠳᠠᠭᠠᠬᠤ ᠦᠵᠡᠭᠳᠡᠯ ᠢ ᠡᠷᠡᠰ ᠬᠤᠷᠢᠭᠯᠠᠵᠤ᠂ ᠬᠤᠷᠢᠶᠠᠬᠤ ᠵᠤᠬᠢᠰᠳᠡᠢ ᠭᠠᠶᠢᠯᠢ | ᠶᠢ ᠪᠦᠬᠦᠨ ᠢ ᠬᠤᠷᠢᠶᠠᠨ᠎ᠠ᠃ ᠲᠦᠪ ᠪᠤᠯᠤᠨ ᠦᠪᠡᠷᠳᠡᠬᠡᠨ ᠵᠠᠰᠠᠬᠤ ᠤᠷᠤᠨ ᠤ ᠪᠠᠯᠨ ᠤᠷᠤᠭᠤᠯᠤᠯᠳᠠ ᠪᠠᠨ | ᠨᠡᠮᠡᠭᠳᠡᠬᠦᠯᠤᠨ᠂ ᠰᠢᠯᠵᠢᠬᠦᠯᠤᠨ ᠲᠦᠯᠤᠪᠤᠷᠢᠯᠡᠬᠦ ᠡᠷᠴᠢᠮ ᠢᠶᠠᠨ ᠴᠢᠩᠭᠠᠳᠬᠠᠵᠤ ᠪᠠᠶᠢᠭ᠎ᠠ ᠠᠵᠠ ᠲᠤᠬᠢᠶᠠᠯ ᠢ | ᠵᠠᠪᠳᠤᠨ᠂ ᠠᠷᠭ᠎ᠠ ᠪᠦᠬᠦᠨ ᠢ ᠰᠦᠪᠡᠭᠴᠢᠯᠡᠨ ᠡᠯ᠎ᠠ ᠲᠦᠷᠥᠯ ᠤᠨ ᠪᠡᠯᠨ ᠮᠦᠩᠬᠦ ᠶᠢ ᠢᠳᠡᠪᠬᠢᠯᠡᠨ ᠭᠤᠶᠤᠴᠢᠯᠡᠵᠤ | ᠂ ᠬᠡᠷᠡᠭᠯᠡᠵᠤ ᠪᠤᠯᠬᠤᠶᠢᠴᠠ ᠡᠳ᠋ ᠤᠨ ᠬᠦᠴᠤᠨ ᠢ ᠦᠨᠡᠡᠬᠦ ᠨᠡᠮᠡᠭᠳᠡᠬᠦᠯᠤᠨ᠎ᠠ᠃ ᠬᠤᠶᠡᠷ ᠲᠤ᠂ ᠡᠳ᠋ ᠤᠨ ᠵᠠᠰᠠᠭ | ᠤᠨ ᠬᠠᠮᠢᠶᠠᠷᠤᠯᠳᠠ ᠶᠢ ᠴᠢᠩᠭᠠᠳᠬᠠᠨ᠎ᠠ᠃ ᠴᠠᠯᠢᠩ ᠢ ᠪᠠᠳᠤᠯᠠᠬᠤ᠂ ᠡᠷᠬᠢᠯᠳᠡ ᠶᠢ ᠪᠠᠳᠤᠯᠠᠬᠤ᠂ ᠠᠷᠡᠳ ᠤᠨ | ᠠᠮᠢᠳᠤᠷᠡᠯ ᠪᠤᠯᠤᠨ ᠭᠤᠤᠯᠳᠠᠯᠭ᠎ᠠ ᠶᠢ ᠪᠠᠳᠤᠯᠠᠬᠤ ᠵᠠᠷᠴᠢᠮ ᠶᠤᠰᠤᠭᠠᠷ ᠠᠯᠢᠪᠠ ᠴᠢᠬᠤᠯᠨ ᠪᠤᠰᠤ ᠵᠠᠷᠤᠯᠭ᠎ᠠ ᠶᠢ | ᠪᠠᠭᠠᠰᠬᠠᠵᠤ᠂ ᠵᠠᠰᠠᠭ ᠵᠠᠬᠢᠷᠭᠠᠨ ᠤ ᠵᠠᠷᠤᠯᠭ᠎ᠠ ᠪᠠ ᠪᠠᠭ᠎ᠠ ᠮᠠᠰᠢᠨ ᠲᠠᠷᠬᠡ ᠠᠪᠬᠤ ᠶᠢ ᠴᠢᠩᠭ᠎ᠠ ᠬᠢᠵᠠᠭᠠᠷᠯᠡᠨ᠂ | ᠭᠠᠳᠠᠭᠠᠳᠤ ᠳᠤ ᠭᠠᠷᠴᠤ ᠲᠤᠭᠤᠷᠢᠨ ᠪᠠᠶᠢᠴᠠᠭᠠᠬᠤ ᠪᠤᠯᠤᠨ ᠭᠠᠳᠠᠭᠰᠢ ᠶᠠᠪᠣᠵᠣ ᠴᠢᠬᠤᠯᠨ ᠪᠤᠰᠤ ᠪᠤᠯᠪᠠᠰᠤᠷᠡᠯ ᠳᠤ | ᠣᠷᠣᠬᠤ ᠶᠢ ᠴᠢᠩᠭ᠎ᠠ ᠬᠢᠵᠠᠭᠠᠷᠯᠠᠵᠤ᠂ ᠬᠢᠵᠠᠭᠠᠷᠳᠡᠢ ᠡᠳ᠋ ᠤᠨ ᠵᠠᠰᠠᠭ ᠤᠨ ᠪᠡᠯᠨ ᠮᠦᠩᠬᠦ ᠪᠠᠨ ᠬᠠᠮᠤᠭ ᠤᠨ | ᠴᠢᠬᠤᠯᠠᠳᠡᠢ ᠭᠠᠵᠡᠷ ᠲᠤ ᠬᠡᠷᠡᠭᠯᠡᠨ᠂ ᠤᠯᠡᠨ ᠲᠦᠮᠡᠨ ᠤ ᠦᠢᠯᠡᠳᠪᠤᠷᠢᠯᠡᠯ ᠠᠮᠢᠳᠤᠷᠡᠯ ᠤᠨ ᠬᠦᠴᠢᠷᠳᠡᠯ ᠢ | ᠰᠢᠢᠳᠪᠤᠷᠢᠯᠡᠬᠦ ᠳᠤ ᠬᠡᠷᠡᠭᠯᠡᠨ᠎ᠠ᠃ ᠲᠦᠰᠤᠪ ᠤᠨ ᠬᠠᠮᠢᠶᠠᠷᠤᠯᠳᠠ ᠶᠢ ᠴᠢᠩᠭᠠᠳᠬᠠᠨ᠂ ᠲᠦᠰᠦᠪ ᠢ ᠴᠢᠩᠭ᠎ᠠ | ᠬᠡᠷᠡᠭᠵᠢᠬᠦᠯᠵᠣ᠂ ᠤᠡᠴᠠᠭᠠᠢ ᠰᠢᠯᠳᠠᠭᠠᠨ ᠦᠬᠡᠢ ᠪᠤᠯ ᠲᠠᠬᠢᠨᠳᠡ ᠲᠦᠰᠤᠪ ᠠᠴᠠ ᠭᠠᠳᠠᠨ᠎ᠠ ᠵᠠᠷᠣᠳᠠᠯ ᠮᠦᠩᠬᠦ ᠨᠠᠮᠠᠬᠦ | ᠦᠬᠡᠢ᠃ ᠪᠡᠯᠨ ᠮᠦᠩᠬᠦᠨ ᠤ ᠬᠠᠮᠢᠶᠠᠷᠤᠯᠳᠠ ᠪᠤᠯᠤᠨ ᠬᠢᠨᠡᠨ ᠪᠤᠳᠤᠯᠳᠠ ᠪᠠᠷ ᠬᠢᠨᠠᠯᠳᠠ ᠲᠠᠯᠪᠢᠬᠤ ᠠᠵᠢᠯ ᠢ | ᠴᠢᠩᠭᠠᠳᠬᠠᠵᠤ᠂ ᠡᠯ᠎ᠠ ᠲᠦᠷᠥᠯ ᠤᠨ ᠪᠡᠯᠨ ᠮᠦᠩᠬᠦ ᠶᠢ ᠰᠠᠶᠢᠳᠤᠷ ᠬᠠᠮᠢᠶᠠᠷᠴᠤ ᠵᠤᠬᠢᠰᠳᠡᠢ ᠬᠡᠷᠡᠭᠯᠡᠨ᠎ᠠ᠃ | ︵ᠲᠤᠯᠤᠭ᠎ᠠ︶ ᠠᠷᠡᠳ ᠤᠨ ᠠᠮᠢᠳᠤᠷᠡᠯ ᠢ ᠰᠠᠶᠢᠵᠢᠷᠠᠭᠤᠯᠤᠨ᠂ ᠡᠶ᠎ᠡ ᠨᠠᠶᠢᠷᠠᠮᠳᠠᠭᠤ ᠠᠪᠠᠭ᠎ᠠ ᠨᠤᠳᠤᠭ ᠢ | ᠴᠤᠭᠴᠠᠯᠡᠨ ᠪᠠᠶᠢᠭᠤᠯᠬᠤ ᠶᠢ ᠲᠦᠷᠬᠡᠳᠬᠡᠨ ᠠᠬᠢᠭᠤᠯᠤᠨ᠎ᠠ᠃ ᠬᠦᠮᠤᠨ ᠢᠶᠠᠷ ᠦᠡᠳᠤᠰᠤ ᠪᠤᠯᠭᠠᠬᠤ ᠶᠢ ᠪᠠᠷᠢᠮᠳᠠᠯᠠᠨ | ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠠᠨ ᠪᠤᠯᠭᠠᠵᠤ᠂ ᠠᠷᠡᠳ ᠲᠦᠮᠡᠨ ᠤ ᠬᠠᠮᠤᠭ | ᠤᠨ ᠰᠠᠨᠠᠭ᠎ᠠ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠤᠳᠡᠳᠤ ᠠᠰᠢᠭ ᠲᠤᠰᠠ ᠲᠠᠢ ᠨᠢ | ᠬᠤᠯᠪᠤᠭᠳᠠᠬᠤ ᠠᠰᠠᠭᠤᠳᠠᠯ ᠠᠴᠠ ᠭᠠᠷᠳᠠᠵᠤ᠂ ᠨᠠᠶᠢᠬᠡᠮ ᠤᠨ ᠠᠵᠢᠯ ᠦᠢᠯᠡᠰ ᠤᠨ ᠬᠦᠭᠵᠢᠯᠳᠠ ᠶᠢᠨ ᠬᠢᠷᠢ | ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠨᠠᠶᠢᠬᠡᠮ ᠤᠨ ᠪᠠᠳᠣᠯᠠᠭ᠎ᠠ ᠶᠢᠨ ᠴᠢᠳᠠᠪᠬᠢ ᠶᠢ | ᠴᠢᠩᠭᠠᠳᠬᠠᠵᠤ᠂ ᠨᠠᠶᠢᠬᠡᠮ ᠤᠨ ᠡᠶ᠎ᠡ ᠨᠠᠶᠢᠷᠠᠮᠳᠠᠭᠤ ᠠᠮᠤᠷ ᠲᠤᠭᠳᠠᠭᠤᠨ ᠢ ᠠᠬᠢᠭᠤᠯᠤᠨ᠂ ᠬᠦᠭᠵᠢᠯᠳᠠ ᠶᠢᠨ | ᠦᠷ᠎ᠠ ᠪᠦᠳᠤᠬᠡᠯ ᠢ ᠠᠷᠡᠳ ᠤᠯᠠᠨ ᠳᠤ ᠨᠠᠩ ᠤᠯᠡᠨ ᠬᠦᠷᠳᠡᠬᠡᠨ᠎ᠠ᠃ | ᠡᠯ᠎ᠠ ᠵᠥᠢᠯ ᠤᠨ ᠨᠠᠶᠢᠬᠡᠮ ᠤᠨ ᠠᠵᠢᠯ ᠦᠢᠯᠡᠰ ᠢ ᠵᠤᠬᠢᠴᠠᠩᠭᠤᠢ ᠬᠦᠭᠵᠢᠬᠦᠯᠦᠨ᠎ᠠ᠃ ᠡᠯ᠎ᠠ ᠲᠦᠷᠥᠯ ᠤᠨ | ᠰᠢᠨᠵᠢᠯᠡᠬᠦ ᠮᠡᠷᠬᠡᠵᠢᠯ ᠤᠨ ᠲᠦᠷᠦᠯ ᠵᠦᠢᠯ ᠢ ᠲᠦᠬᠡᠮᠡᠯᠵᠢᠬᠦᠯᠵᠣ᠂ ᠰᠢᠨᠵᠢᠯᠡᠬᠦ ᠮᠡᠷᠬᠡᠵᠢᠯ ᠤᠨ ᠦᠷ᠎ᠠ ᠪᠦᠳᠣᠬᠡᠯ ᠪᠠ | ᠲᠠᠷᠢᠬᠦᠨ ᠤ ᠬᠡᠷᠡᠭᠯᠡᠬᠡᠨ ᠤ ᠮᠡᠷᠬᠡᠵᠢᠯ ᠢ ᠠᠰᠢᠭᠯᠠᠯᠳᠠ ᠳᠤ ᠤᠷᠤᠭᠤᠯᠬᠤ ᠶᠢ ᠲᠦᠷᠬᠡᠳᠬᠡᠨ᠂ ᠰᠢᠡᠵᠢᠯᠡᠬᠦ | ᠮᠠᠷᠬᠡᠵᠢᠯ ᠤᠨ ᠠᠵᠤ ᠠᠬᠤᠢ ᠶᠢᠨ ᠬᠦᠭᠵᠢᠯᠳᠠ ᠳᠤ ᠦᠵᠡᠬᠦᠯᠬᠦ ᠬᠤᠪᠢ ᠨᠠᠮᠠᠷᠢ ᠶᠢ ᠲᠡᠬᠡᠭᠰᠢᠯᠡᠬᠦᠯᠤᠨ᠎ᠠ᠃ | ᠲᠤᠮᠳᠠ ᠪᠠᠷᠠᠭᠤᠨ ᠤᠷᠤᠨ ᠤ ᠬᠦᠳᠡᠭᠡ ᠲᠤᠰᠬᠤᠨ ᠤ ᠠᠩᠬ᠎ᠠ ᠲᠤᠮᠳᠠ ᠶᠢᠨ ᠰᠤᠷᠭᠠᠭᠤᠯᠢ ᠶᠢᠨ ᠪᠠᠷᠢᠯᠭ᠎ᠠ ᠶᠢ | ᠦᠬᠡᠷᠡᠴᠢᠯᠡᠨ ᠵᠠᠰᠠᠬᠤ᠂ ᠲᠤᠮᠳᠠ ᠵᠠᠷᠬᠡ ᠶᠢᠨ ᠠᠵᠢᠯ ᠮᠠᠷᠬᠡᠵᠢᠯ ᠤᠨ ᠰᠤᠷᠭᠠᠨ ᠬᠦᠮᠤᠵᠢᠯ ᠤᠨ ᠦᠡᠳᠤᠰᠤᠨ | ᠴᠢᠳᠠᠪᠬᠢ ᠶᠢᠨ ᠪᠠᠶᠢᠭᠤᠯᠤᠯᠳᠠ᠂ ᠰᠤᠷᠭᠠᠭᠤᠯᠢ ᠶᠢᠨ ᠪᠠᠷᠢᠮᠵᠢᠶᠠᠵᠢᠭᠰᠡᠨ ᠪᠦᠳᠤᠬᠡᠨ ᠪᠠᠶᠢᠭᠤᠯᠤᠯᠳᠠ ᠪᠤᠯᠤᠨ ᠲᠤᠮᠳᠠ | ᠪᠠᠭ᠎ᠠ ᠰᠤᠷᠭᠠᠭᠤᠯᠢ ᠶᠢᠨ ᠤᠳᠤᠬᠢᠴᠢᠯᠠᠭᠰᠡᠨ ᠠᠯᠤᠰ ᠡᠵᠡᠮᠰᠢᠯᠳᠤ ᠰᠤᠷᠭᠠᠨ ᠬᠦᠮᠤᠵᠢᠯ ᠵᠠᠷᠬᠡ ᠲᠦᠷᠥᠯ ᠵᠥᠢᠯ ᠢ | ᠢᠳᠡᠪᠬᠢᠳᠡᠢ ᠭᠤᠶᠤᠴᠢᠯᠡᠨ᠂ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ | ᠶᠢᠨ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠎ᠠ᠃ | ︽ᠬᠤᠶᠡᠷ ᠢ ᠬᠡᠯᠳᠤᠷᠢᠬᠦᠯᠵᠤ ᠨᠢᠬᠡ ᠶᠢ ᠨᠦᠬᠦᠪᠤᠷᠢᠯᠡᠬᠦ︾ ᠪᠤᠯᠤᠨ ᠡᠯ᠎ᠠ ᠲᠦᠷᠥᠯ ᠤᠨ ᠰᠤᠷᠤᠯᠭ᠎ᠠ ᠲᠡᠳᠬᠦᠬᠦ | ᠨᠦᠬᠦᠪᠤᠷᠢ ᠮᠦᠩᠬᠦ ᠤᠯᠭᠤᠬᠤ ᠲᠦᠷᠥ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠭᠰᠢ ᠨᠠᠷ ᠤᠨ | ᠲᠠᠪᠳᠠᠨ ᠪᠤᠯᠪᠠᠰᠤᠷᠠᠯᠳᠠ ᠶᠢᠨ ᠠᠵᠢᠯ ᠪᠤᠯᠤᠨ ᠰᠢᠯᠢᠳᠡᠭ ᠪᠠᠭᠰᠢ ᠶᠢ ᠤᠷᠢᠨ ᠬᠡᠷᠡᠭᠯᠡᠬᠦ ᠠᠵᠢᠯ ᠢ ᠰᠠᠶᠢᠳᠤᠷ ᠬᠢᠵᠤ᠂ | ᠪᠠᠭᠰᠢ ᠶᠢᠨ ᠡᠩᠨᠡᠬᠡᠨ ᠤ ᠴᠢᠨᠠᠷ ᠴᠢᠡᠰᠠᠭ᠎ᠠ ᠢ ᠲᠡᠬᠡᠭᠰᠢᠯᠡᠬᠦᠯᠤᠨ᠂ ᠬᠡᠪ ᠰᠤᠷᠳᠠᠯ ᠤᠨ ᠪᠠᠶᠢᠭᠤᠯᠤᠯᠳᠠ ᠶᠢ | ᠴᠢᠩᠭᠠᠳᠬᠠᠵᠤ᠂ ᠮᠤᠷᠡᠯ ᠤᠨ ᠬᠦᠮᠤᠵᠢᠯ ᠢ ᠰᠠᠶᠢᠳᠤᠷ ᠬᠢᠵᠤ᠂ ᠪᠠᠭᠰᠢ ᠨᠠᠷ ᠤᠨ ᠬᠢᠴᠢᠶᠠᠯ ᠠᠴᠠ ᠭᠠᠳᠠᠭᠤᠷ | ᠰᠦᠢᠳᠬᠡᠯ ᠬᠤᠷᠢᠶᠠᠨ ᠬᠢᠴᠢᠶᠠᠯ ᠨᠦᠬᠦᠵᠣ ᠪᠠᠶᠢᠭ᠎ᠠ ᠦᠵᠡᠭᠳᠡᠯ ᠢ ᠴᠡᠭᠴᠡᠯᠡᠨ ᠵᠠᠰᠠᠨ᠎ᠠ᠃ ᠠᠵᠢᠯ ᠦᠢᠯᠡᠰ ᠤᠨ | ᠪᠠᠶᠢᠭᠤᠯᠭ᠎ᠠ ᠠᠵᠢᠯᠳᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠤᠯᠠᠮ ᠬᠦᠡᠵᠡᠬᠡᠶᠢᠷᠡᠬᠦᠯᠵᠤ᠂ ᠠᠵᠢᠯ | ᠤᠨ ᠪᠠᠶᠢᠷᠢ ᠲᠤᠭᠳᠠᠭᠠᠬᠤ ᠠᠵᠢᠯ ᠢ ᠰᠠᠶᠢᠳᠤᠷ ᠬᠢᠨ᠎ᠠ᠃ ᠰᠤᠶᠤᠯ ᠲᠠᠮᠢᠷ ᠤᠨ ᠬᠦᠳᠡᠯᠬᠡᠬᠡᠨ ᠤ ᠲᠦᠪ ᠪᠤᠯᠤᠨ | ᠪᠡᠯᠬᠦᠳᠡᠢ ᠶᠢᠨ ᠰᠠᠳᠤᠪᠳᠤ ᠱᠤᠭᠤᠮᠠᠯ ᠤᠨ ᠪᠠᠷᠢᠯᠭ᠎ᠠ ᠶᠢ ᠡᠬᠢᠯᠡᠬᠦᠯᠵᠤ᠂ ᠦᠡᠳᠤᠰᠤᠳᠠᠨ ᠤ ᠰᠤᠶᠤᠯ ᠤᠨ | ᠦᠢᠯᠡᠰ ᠤᠨ ᠬᠦᠭᠵᠢᠯᠳᠠ ᠶᠢ ᠲᠦᠷᠬᠡᠳᠬᠡᠨ᠂ ᠠᠷᠠᠳ ᠤᠨ ᠲᠣᠮᠳᠠ ᠣᠯᠠᠮᠵᠢᠯᠠᠭᠳᠠᠵᠣ ᠪᠠᠶᠢᠭ᠎ᠠ ᠦᠢᠯᠡᠳᠪᠣᠷᠢᠯᠠᠯ | ᠠᠮᠢᠳᠣᠷᠠᠯ ᠤᠨ ᠬᠡᠷᠡᠭᠰᠡᠯ᠂ ᠦᠨᠳᠣᠰᠣᠳᠠᠨ ᠤ ᠰᠣᠶᠣᠯ ᠵᠠᠩ ᠦᠢᠯᠨ ᠶᠢᠨ ᠬᠡᠷᠡᠭᠯᠡᠬᠡᠨ ᠤ ᠵᠦᠢᠯᠡᠰ ᠪᠠ ᠦᠯᠢᠬᠡᠷ | ᠲᠣᠮᠤᠭ ᠢ ᠦᠷᠬᠡᠨ ᠬᠡᠪᠴᠢᠶᠠᠨ ᠳᠤ ᠴᠣᠭᠯᠠᠭᠤᠯᠵᠣ᠂ ᠪᠤᠳᠠᠰ ᠤᠨ ᠪᠤᠰᠤ ᠰᠤᠶᠤᠯ ᠤᠨ ᠦᠪ ᠦᠯᠡᠳᠡᠭᠳᠡᠯ ᠢ | ᠡᠮᠬᠢᠯᠡᠨ ᠲᠢᠭᠯᠡᠬᠦ ᠠᠵᠢᠯ ᠪᠤᠯᠤᠨ ᠮᠠᠳᠠᠬᠦᠯᠬᠦ ᠠᠵᠢᠯ ᠢ ᠰᠠᠶᠢᠳᠤᠷ ᠬᠢᠨ᠎ᠠ᠃ ᠤᠯᠠᠨ ᠨᠠᠶᠢᠳᠠ ᠶᠢᠨ ᠪᠠᠶ᠎ᠠ ᠲᠠᠮᠢᠷ | ᠤᠨ ᠲᠦᠬᠦᠬᠡᠷᠤᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠤᠯᠤᠰ ᠪᠠᠶᠢᠭᠤᠯᠤᠭᠳᠠᠭᠰᠡᠨ 60 ᠵᠢᠯ ᠤᠨ ᠤᠢ | ᠶᠢᠨ ᠪᠠᠶᠠᠷ ᠲᠠᠢ ᠲᠣᠬᠢᠶᠠᠯᠳᠣᠭᠤᠯᠣᠨ᠂ ᠤᠯᠠᠨ ᠲᠦᠮᠡᠡᠴᠢ ᠴᠢᠨᠠᠷᠳᠡᠢ ᠪᠠᠶ᠎ᠠ ᠲᠠᠮᠢᠷ ᠤᠨ ᠬᠦᠳᠡᠯᠬᠡᠬᠡᠨ ᠢ ᠦᠷᠬᠡᠨ | ᠲᠠᠯᠬᠡᠷᠡᠩᠬᠦᠢ ᠵᠤᠬᠢᠶᠠᠨ ᠪᠠᠶᠢᠭᠤᠯᠵᠤ᠂ ᠲᠧᠯᠸᠢᠰ ᠤᠨ ᠲᠤᠭᠠᠵᠢᠭᠤᠯᠤᠯᠳᠠ ᠤᠨ ᠢᠡᠵᠧᠨᠧᠷᠢᠩ ᠢ ᠡᠬᠢᠯᠡᠬᠦᠯᠤᠨ᠂ | ᠲᠤᠰ ᠵᠢᠯ ᠳᠤ 50 % ᠶᠢᠨ ᠦᠬᠡᠷᠡᠴᠢᠯᠡᠨ ᠵᠠᠰᠠᠬᠤ ᠡᠬᠦᠷᠬᠡ ᠶᠢ ᠪᠠᠶᠠᠯᠠᠬᠦᠯᠤᠨ᠎ᠠ᠃ ᠮᠠᠯᠵᠢᠬᠤ ᠤᠷᠤᠨ ᠤ | ᠰᠢᠨ᠎ᠠ ᠬᠡᠯᠪᠡᠷᠢ ᠶᠢᠨ ᠬᠤᠷᠰᠢᠭᠰᠡᠨ ᠡᠮᠴᠢᠯᠡᠬᠡᠨ ᠤ ᠲᠦᠷᠢᠮ ᠢ ᠲᠠᠰᠤᠷᠠᠯᠳᠠ ᠦᠬᠡᠢ ᠲᠡᠬᠦᠯᠳᠡᠷᠵᠢᠬᠦᠯᠤᠨ᠂ ᠬᠠᠮᠤᠭ | ᠤᠨ ᠦᠡᠳᠤᠷ ᠴᠠᠶᠢᠷᠠᠭᠤᠯᠬᠤ ᠪᠠᠷᠢᠮᠵᠢᠶ᠎ᠠ ᠶᠢ ᠲᠡᠬᠡᠭᠰᠢᠯᠡᠬᠦᠯᠵᠤ᠂ ᠬᠠᠮᠤᠭ ᠲᠤᠤᠷ᠎ᠠ ᠪᠠᠷᠢᠮᠵᠢᠶ᠎ᠠ ᠶᠢ | ᠲᠤᠷᠤᠭᠰᠢᠯᠠᠭᠤᠯᠤᠨ᠂ ᠲᠠᠩᠰᠠ ᠴᠠᠶᠢᠷᠠᠭᠤᠯᠬᠤ ᠬᠠᠷᠢᠴᠡᠯ ᠢ ᠲᠡᠬᠡᠭᠰᠢᠯᠡᠬᠦᠯᠵᠤ᠂ ᠭᠠᠵᠡᠷ ᠣᠷᠣᠨ ᠤ ᠴᠢᠨᠠᠷᠳᠡᠢ | ᠡᠪᠡᠳᠴᠢᠨ ᠤ ᠨᠦᠬᠦᠪᠤᠷᠢ ᠶᠢᠨ ᠲᠦᠷᠢᠮ ᠢ ᠪᠠᠶᠢᠭᠤᠯᠤᠨ᠎ᠠ᠃ ᠬᠦᠮᠤᠨ ᠠᠮᠨ ᠪᠤᠯᠤᠨ ᠲᠦᠯᠤᠪᠯᠡᠬᠡᠳᠤ ᠦᠷᠡᠵᠢᠯ | ᠤᠨ ᠠᠵᠢᠯ ᠤᠨ ᠬᠠᠷᠠᠯᠳᠡᠳᠤ ᠬᠠᠮᠢᠶᠠᠷᠤᠯᠳᠠ ᠶᠢᠨ ᠲᠦᠷᠢᠮ ᠪᠤᠯᠤᠨ ︽ᠨᠢᠬᠡ ᠫᠢᠶᠤᠤ ᠢᠶᠠᠷ ᠦᠬᠡᠶᠢᠰᠬᠡᠬᠦ︾ | ᠲᠦᠷᠢᠮ ᠢ ᠨᠠᠶᠢᠳᠠᠪᠤᠷᠢᠵᠢᠭᠤᠯᠤᠨ᠂ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠤ ᠴᠢᠳᠠᠪᠬᠢ ᠶᠢ | ᠴᠢᠩᠭᠠᠳᠬᠠᠵᠤ᠂ ᠲᠤᠤᠷ᠎ᠠ ᠦᠰᠤᠯᠳᠠ ᠶᠢᠨ ᠨᠤᠷᠮ᠎ᠠ ᠶᠢ ᠲᠤᠭᠳᠠᠪᠤᠷᠢᠵᠢᠭᠤᠯᠤᠨ᠂ ᠬᠦᠮᠤᠨ ᠠᠮᠨ ᠶᠢᠨ ᠬᠡᠪ | ᠴᠢᠨᠠᠷ ᠢ ᠲᠡᠬᠡᠭᠰᠢᠯᠡᠬᠦᠯᠤᠨ᠎ᠠ᠃ | ᠨᠠᠶᠢᠬᠡᠮ ᠤᠨ ᠪᠠᠳᠣᠯᠠᠭ᠎ᠠ ᠶᠢᠨ ᠴᠢᠳᠠᠪᠬᠢ ᠶᠢ ᠦᠨᠡᠡᠬᠦ ᠲᠡᠬᠡᠭᠰᠢᠯᠡᠬᠦᠯᠤᠨ᠎ᠠ᠃ ᠨᠠᠶᠢᠬᠡᠮ ᠤᠨ ᠪᠠᠳᠣᠯᠠᠭ᠎ᠠ ᠶᠢᠨ | ᠬᠠᠮᠣᠷᠬᠤ ᠬᠦᠷᠢᠶ᠎ᠠ ᠬᠡᠪᠴᠢᠶ᠎ᠠ ᠶᠢ ᠦᠷᠬᠦᠯᠵᠢᠯᠡᠨ ᠦᠷᠬᠡᠳᠬᠡᠵᠤ᠂ ᠮᠠᠯᠵᠢᠬᠤ ᠤᠷᠤᠨ ᠤ ᠨᠠᠰᠤᠵᠢᠯ ᠤᠨ | ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠡᠢ ᠦᠷᠨᠢᠬᠦᠯᠤᠨ᠂ ᠬᠤᠳᠠ ᠪᠠᠯᠭᠠᠰᠤᠨ ᠤ | ᠰᠠᠭᠤᠭᠠᠯᠢ ᠠᠷᠡᠳ ᠤᠨ ᠡᠮᠴᠢᠯᠡᠬᠡᠨ ᠤ ᠦᠡᠳᠤᠰᠤᠨ ᠲᠠᠭᠠᠳᠬᠠᠯ ᠤᠨ ᠬᠦᠷᠢᠶ᠎ᠠ ᠬᠡᠪᠴᠢᠶ᠎ᠠ ᠶᠢ ᠦᠷᠬᠦᠯᠵᠢᠯᠡᠨ | ᠦᠷᠬᠡᠳᠬᠡᠵᠤ᠂ ᠨᠦᠬᠦᠴᠡᠯ ᠳᠤ ᠲᠤᠬᠢᠷᠠᠬᠤ ᠬᠤᠳᠠ ᠤᠷᠤᠵᠤ ᠬᠦᠴᠤᠨ ᠤ ᠠᠵᠢᠯ ᠬᠢᠭᠰᠡᠳ ᠢ ᠠᠵᠢᠯ ᠤᠨ | ᠰᠢᠷᠬᠠᠳᠤᠯ ᠤᠨ ᠲᠠᠭᠠᠳᠬᠠᠯ ᠳᠤ ᠤᠷᠤᠭᠤᠯᠤᠨ᠎ᠠ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠡᠯ ᠤᠨ | ᠪᠠᠳᠣᠯᠠᠭ᠎ᠠ ᠶᠢᠨ ᠠᠵᠢᠯ ᠢ ᠤᠯᠠᠮ ᠲᠦᠷᠢᠮᠵᠢᠬᠦᠯᠤᠨ᠂ ᠨᠦᠬᠦᠴᠡᠯ ᠳᠤ ᠲᠤᠬᠢᠷᠠᠭᠰᠡᠳ ᠢ ᠪᠦᠬᠦᠨ ᠢ | ᠤᠷᠤᠯᠴᠠᠭᠤᠯᠬᠤ ᠮᠦᠷᠳᠡᠬᠡᠨ ᠬᠦᠳᠡᠯᠤᠩᠬᠦᠢ ᠬᠠᠮᠢᠶᠠᠷᠤᠯᠳᠠ ᠶᠠᠪᠤᠭᠤᠯᠵᠤ᠂ ᠬᠢᠮᠳᠠ ᠪᠠᠷ ᠲᠦᠷᠢᠶᠠᠰᠤᠯᠡᠬᠦ ᠤᠷᠤᠨ | ᠰᠠᠭᠤᠴᠠ ᠶᠢᠨ ᠨᠦᠬᠦᠪᠤᠷᠢ ᠦᠭᠬᠦ ᠲᠦᠷᠢᠮ ᠢ ᠢᠳᠡᠪᠬᠢᠳᠡᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ | ᠤᠷᠤᠯᠭ᠎ᠠ ᠪᠠᠭᠠᠳᠡᠢ ᠬᠡᠷ ᠪᠦᠯᠢ ᠶᠢᠨ ᠤᠷᠤᠨ ᠰᠠᠭᠤᠴᠠ ᠶᠢᠨ ᠠᠰᠠᠭᠤᠳᠠᠯ ᠢ ᠦᠨᠡᠡᠬᠦ ᠰᠢᠢᠳᠪᠤᠷᠢᠯᠡᠨ᠎ᠠ᠃ ᠨᠠᠶᠢᠬᠡᠮ | ᠤᠨ ᠠᠪᠤᠷᠡᠨ ᠲᠤᠰᠠᠯᠠᠬᠤ ᠰᠢᠰᠲ᠋ᠧᠮ ᠢ ᠪᠠᠶᠢᠭᠤᠯᠣᠨ ᠪᠦᠷᠢᠨᠰᠢᠬᠦᠯᠵᠣ᠂ ᠬᠤᠳᠠ ᠬᠦᠳᠡᠭᠡ ᠶᠢᠨ ᠡᠮᠴᠢᠯᠡᠬᠡᠨ ᠤ | ᠠᠪᠤᠷᠡᠨ ᠲᠤᠰᠠᠯᠠᠯᠳᠠ ᠪᠠ ᠠᠮᠢᠳᠤᠷᠡᠯ ᠬᠦᠴᠢᠷᠳᠡᠯᠳᠡᠢ ᠤᠶᠤᠳᠡᠳ ᠢ ᠲᠠᠮᠵᠢᠨ ᠲᠤᠰᠠᠯᠠᠬᠤ ᠠᠵᠢᠯ ᠤᠨ ᠡᠷᠴᠢᠮ ᠢ | ᠴᠢᠩᠭᠠᠳᠬᠠᠵᠤ᠂ ᠠᠮᠢᠳᠣᠷᠠᠯ ᠤᠡᠴᠠ ᠬᠦᠴᠢᠷᠳᠡᠯᠳᠡᠢ ᠬᠦᠮᠤᠰ ᠢ ᠨᠠᠶᠢᠬᠡᠮ ᠠᠴᠠ ᠠᠪᠤᠷᠡᠨ ᠲᠤᠰᠠᠯᠠᠬᠤ ᠲᠦᠷᠢᠮ ᠢ | ᠲᠡᠬᠦᠯᠳᠡᠷᠵᠢᠬᠦᠯᠤᠨ᠂ ᠶᠠᠳᠠᠭᠤ ᠶᠢ ᠲᠡᠳᠬᠦᠬᠦ ᠠᠵᠢᠯ ᠢ ᠴᠢᠩᠭᠠᠳᠬᠠᠵᠤ᠂ ᠡᠯ᠎ᠠ ᠲᠦᠷᠥᠯ ᠤᠨ ᠶᠠᠳᠠᠭᠤ ᠶᠢ | ᠲᠡᠳᠬᠦᠬᠦ ᠢᠡᠵᠧᠨᠧᠷᠢᠩ ᠢ ᠰᠠᠶᠢᠳᠤᠷ ᠬᠡᠷᠡᠭᠵᠢᠬᠦᠯᠤᠨ᠂ ︽ᠬᠠᠪᠤᠷ ᠤᠨ ᠬᠤᠷ᠎ᠠ ᠵᠠᠮᠳᠡᠭᠴᠤᠳ ᠢ ᠲᠤᠰᠠᠯᠠᠬᠤ | ᠢᠡᠵᠧᠨᠧᠷᠢᠩ︾ ᠢ ᠬᠦᠡᠵᠡᠬᠡᠢ ᠦᠷᠨᠢᠬᠦᠯᠤᠨ᠂ ᠵᠡᠮᠳᠡᠭᠴᠤᠳ ᠤᠨ ᠠᠮᠢᠳᠤᠷᠡᠯ ᠢ ᠨᠢ ᠤᠯᠠᠮ ᠰᠠᠶᠢᠵᠢᠷᠠᠭᠤᠯᠵᠤ᠂ | ᠨᠠᠰᠤᠳᠠᠶᠢᠴᠤᠳ ᠤᠨ ᠠᠵᠢᠯ ᠢ ᠴᠢᠩᠭᠠᠳᠬᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠬᠦᠢᠴᠡᠳ | ᠬᠠᠮᠠᠭᠠᠯᠠᠨ᠎ᠠ᠃ ᠠᠵᠢᠯ ᠤᠯᠭᠤᠬᠤ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠢᠯ ᠤᠯᠭᠤᠬᠤ ᠪᠤᠯᠪᠠᠰᠤᠷᠡᠯ ᠪᠠ ᠦᠢᠯᠡᠴᠢᠯᠡᠭᠡ ᠶᠢ ᠦᠨᠡᠡᠬᠦ ᠰᠠᠶᠢᠳᠤᠷ ᠬᠢᠵᠤ᠂ ᠲᠤᠰ | ᠵᠢᠯ ᠳᠤ 4000 ᠠᠵᠢᠯ ᠤᠨ ᠪᠠᠶᠢᠷᠢ ᠴᠤᠭᠯᠠᠭᠤᠯᠵᠤ᠂ 1000 ᠬᠦᠮᠤᠨ ᠳᠤ ᠠᠵᠢᠯ ᠤᠯᠭᠤᠨ | ᠣᠷᠣᠨᠰᠢᠭᠤᠯᠣᠨᠠ᠃ | ᠠᠮᠤᠷ ᠲᠠᠶᠢᠪᠤᠡᠭ ᠠᠪᠠᠭ᠎ᠠ ᠨᠤᠳᠤᠭ ᠢ ᠪᠦᠬᠦ ᠬᠦᠴᠤᠨ ᠢᠶᠠᠷ ᠢᠶᠠᠨ ᠴᠤᠭᠴᠠᠯᠡᠨ ᠪᠠᠶᠢᠭᠤᠯᠤᠨ᠎ᠠ᠃ ᠨᠠᠶᠢᠬᠡᠮ ᠤᠨ | ᠠᠮᠤᠷ ᠲᠦᠪᠰᠢᠨ ᠢ ᠶᠠᠷᠤᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠨᠠᠶᠢᠬᠡᠮ ᠤᠨ ᠠᠮᠤᠷ ᠲᠦᠪᠰᠢᠨ ᠢ | ᠶᠠᠷᠤᠩᠬᠡᠶᠢᠯᠡᠨ ᠵᠠᠰᠠᠬᠤ ᠠᠵᠢᠯ ᠤᠨ ᠪᠠᠶᠢᠩᠭᠤ ᠶᠢᠨ ᠲᠤᠭᠳᠠᠴᠠ ᠶᠢ ᠪᠠᠶᠢᠭᠤᠯᠵᠤ᠂ ᠡᠯ᠎ᠠ ᠵᠥᠢᠯ ᠤᠨ ᠡᠷᠡᠬᠦᠦ | ᠶᠢᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ︽ᠲᠠᠪᠤᠳᠤᠭᠠᠷ ᠲᠠᠪᠤᠨ ᠵᠢᠯ︾ ᠤᠨ ᠬᠠᠤᠯᠢ | ᠲᠦᠬᠡᠮᠡᠯᠵᠢᠬᠦᠯᠬᠦ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠨᠠᠶᠢᠬᠡᠮ ᠲᠠᠶᠠᠭᠠᠷ ᠤᠬᠠᠮᠰᠠᠷ ᠠᠴᠠ ᠪᠠᠨ ᠬᠠᠤᠯᠢ ᠶᠢ | ᠰᠤᠷᠴᠤ᠂ ᠬᠠᠤᠯᠢ ᠶᠢ ᠵᠢᠷᠤᠮᠯᠡᠨ᠂ ᠬᠠᠤᠯᠢ ᠶᠢ ᠬᠡᠷᠡᠭᠯᠡᠬᠦ ᠤᠬᠢ ᠰᠠᠶᠢᠨ ᠤᠷᠴᠢᠨ ᠢ ᠪᠤᠢ ᠪᠤᠯᠭᠠᠨ᠂ ᠡᠷᠬᠡᠳᠤ | ᠠᠷᠡᠳ ᠤᠨ ᠬᠠᠤᠯᠢ ᠲᠦᠷᠢᠮ ᠤᠨ ᠤᠬᠠᠮᠰᠠᠷ ᠢ ᠤᠯᠠᠮ ᠲᠡᠬᠡᠭᠰᠢᠯᠡᠬᠦᠯᠤᠨ᠎ᠠ᠃ ᠠᠶᠤᠯᠬᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠦᠢᠯᠡᠳᠪᠤᠷᠢ ᠠᠭᠤᠷᠬᠠᠢ᠂ ᠠᠵᠥ ᠠᠬᠤᠶᠢᠯᠡᠯ᠂ ᠵᠠᠮ | ᠬᠠᠷᠢᠯᠴᠠᠭ᠎ᠠ᠂ ᠭᠠᠯ ᠰᠡᠷᠬᠡᠶᠢᠯᠡᠬᠦ᠂ ᠠᠶᠣᠯᠳᠣ ᠬᠢᠮᠢ ᠶᠢᠨ ᠪᠤᠳᠠᠰ ᠵᠠᠷᠬᠡ ᠶᠢᠨ ᠠᠶᠤᠯᠬᠦᠢ ᠶᠢᠨ ᠬᠢᠨᠡᠨ | ᠬᠠᠮᠢᠶᠠᠷᠤᠯᠳᠠ ᠶᠢ ᠴᠢᠩᠭᠠᠳᠬᠠᠵᠤ᠂ ᠲᠤᠰᠬᠠᠢ ᠴᠡᠭᠴᠡᠯᠡᠯᠳᠡ ᠶᠢ ᠬᠦᠡᠵᠡᠬᠡᠶᠢᠷᠡᠬᠦᠯᠤᠨ᠂ ᠠᠳᠠᠯ ᠡᠬᠦᠰᠬᠦ ᠪᠤᠯᠤᠮᠵᠢ | ᠶᠢ ᠴᠠᠭ ᠲᠤᠬᠠᠢ ᠳᠤᠨᠢ ᠰᠢᠢᠳᠪᠤᠷᠢᠯᠡᠵᠤ᠂ ᠤᠡᠴᠠ ᠶᠡᠭᠡ ᠠᠳᠡᠯ ᠭᠠᠷᠭᠠᠬᠤ ᠠᠴᠠ ᠴᠢᠩᠭ᠎ᠠ ᠰᠠᠷᠬᠡᠶᠢᠯᠡᠨᠠ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠣᠬᠠᠭᠤᠯᠭ᠎ᠠ ᠶᠢᠨ ᠡᠷᠴᠢᠮ ᠢ ᠴᠢᠩᠭᠠᠳᠬᠠᠨ᠂ | ᠲᠦᠷᠢᠮ ᠠᠴᠠ ᠵᠦᠷᠢᠴᠠᠨ ᠵᠠᠬᠢᠳᠠᠯ ᠰᠤᠷᠪᠤᠯᠵᠢᠯᠠᠭ᠎ᠠ ᠲᠠᠪᠰᠢᠬᠦᠯᠬᠦ ᠶᠢ ᠵᠤᠬᠢᠰᠳᠡᠢ ᠰᠢᠢᠳᠪᠤᠷᠢᠯᠡᠨ᠂ ᠱᠠᠳᠤ | ᠠᠯᠤᠰᠯᠠᠬᠤ᠂ ᠲᠠᠬᠢᠨ ᠲᠠᠪᠳᠠᠬᠤ᠂ ᠤᠯᠠᠭᠤᠯᠨ ᠨᠠᠶᠢᠯᠠᠵᠤ ᠵᠠᠬᠢᠳᠠᠯ ᠰᠤᠷᠪᠤᠯᠵᠢᠯᠠᠭ᠎ᠠ ᠬᠢᠬᠦ ᠦᠵᠡᠭᠳᠡᠯ ᠢ ᠪᠠᠭᠠᠰᠬᠠᠬᠤ | ᠪᠠᠷ ᠴᠢᠷᠮᠠᠶᠢᠨ᠎ᠠ᠃ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠴᠡᠭᠴᠡᠯᠡᠨ ᠲᠦᠷᠢᠮᠵᠢᠬᠦᠯᠬᠦ ᠶᠢ ᠴᠢᠩᠭᠠᠳᠬᠠᠵᠤ᠂ | ᠠᠷᠡᠳ ᠲᠦᠮᠡᠨ ᠤ ᠢᠳᠡᠬᠡᠨ ᠤᠮᠳᠠᠭᠠᠨ ᠤ ᠡᠷᠡᠬᠦᠯ ᠬᠠᠮᠠᠭᠠᠯᠠᠯ ᠪᠤᠯᠤᠨ ᠡᠮ ᠤᠨ ᠵᠦᠢᠯᠡᠰ ᠤᠨ ᠠᠮᠤᠷ ᠲᠦᠪᠰᠢᠨ | ᠢ ᠪᠠᠳᠣᠯᠠᠨ᠎ᠠ᠃ | ᠡᠨ᠋ᠨ ᠵᠢᠯ᠂ ᠪᠢᠳᠠ ᠠᠷᠡᠳ ᠤᠨ ᠠᠮᠢᠳᠤᠷᠡᠯ ᠢ ᠰᠠᠶᠢᠵᠢᠷᠠᠭᠤᠯᠵᠤ᠂ ᠡᠶ᠎ᠡ ᠨᠠᠶᠢᠷᠠᠮᠳᠠᠭᠤ ᠶᠢ ᠲᠦᠯᠬᠢᠨ | ᠠᠬᠢᠭᠤᠯᠬᠤ ᠲᠠᠯ᠎ᠠ ᠪᠠᠷ ︽ᠠᠷᠪᠠᠨ ᠪᠤᠳᠡᠳᠤ ᠶᠠᠪᠤᠳᠠᠯ︾ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ ᠨᠢᠬᠡ | ᠳᠤ᠂ 1000 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠠᠮᠢ ᠠᠬᠤᠢ ᠶᠢ ᠬᠠᠮᠠᠭᠠᠯᠠᠬᠤ᠂ ᠪᠦᠳᠤᠴᠠ ᠶᠢ | ᠲᠣᠬᠢᠷᠠᠭᠤᠯᠬᠤ᠂ ᠬᠦᠮᠤᠨ ᠠᠮᠨ ᠶᠢ ᠨᠡᠬᠦᠯᠬᠡᠬᠦ᠂ ᠮᠠᠯ ᠤᠨ ᠲᠤᠭ᠎ᠠ ᠲᠤᠯᠤᠭᠠᠢ ᠶᠢ ᠴᠦᠬᠡᠷᠡᠬᠦᠯᠬᠦ᠂ ᠮᠠᠯᠴᠢᠳ ᠤᠨ | ᠤᠷᠤᠯᠭ᠎ᠠ ᠶᠢ ᠨᠡᠮᠡᠭᠳᠡᠬᠦᠯᠬᠦ᠂ ᠰᠢᠨ᠎ᠠ ᠮᠠᠯᠵᠢᠬᠤ ᠤᠷᠤᠨ ᠢ ᠪᠦᠳᠤᠬᠡᠨ ᠪᠠᠶᠢᠭᠤᠯᠬᠤ ᠵᠠᠷᠬᠡ ᠠᠵᠢᠯ ᠳᠤ ᠬᠡᠷᠡᠭᠯᠡᠨ᠎ᠠ | ᠃ ᠬᠤᠶᠡᠷ ᠲᠤ᠂ 1000 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠡᠮ ᠡᠮᠨᠡᠯᠬᠡ ᠡᠷᠡᠬᠦᠯ ᠬᠠᠮᠠᠭᠠᠯᠠᠯ᠂ | ᠰᠤᠶᠤᠯ ᠲᠠᠮᠢᠷ ᠰᠤᠷᠭᠠᠨ ᠬᠦᠮᠤᠵᠢᠯ ᠤᠨ ᠬᠦᠭᠵᠢᠯᠳᠠ ᠪᠤᠯᠤᠨ ᠲᠡᠬᠢᠨ ᠠᠵᠢᠯ ᠤᠯᠭᠤᠬᠤ ᠪᠠ ᠠᠵᠢᠯᠳᠠᠳ ᠠᠰᠠᠷ | ᠬᠤᠳᠠᠯᠳᠤᠨ ᠠᠪᠬᠤ ᠳᠤ ᠨᠦᠬᠦᠪᠤᠷᠢ ᠤᠯᠭᠤᠬᠤ ᠠᠵᠢᠯ ᠳᠤ ᠬᠡᠷᠡᠭᠯᠡᠨ᠎ᠠ᠃ ᠭᠤᠷᠪᠡ ᠳᠤ᠂ ᠪᠡᠯᠬᠦᠳᠡᠢ ᠪᠠᠯᠭᠠᠰᠤᠨ | ᠤ ᠲᠦᠪᠯᠡᠷᠡᠩᠬᠦᠢ ᠲᠤᠯᠠᠭᠠᠯᠭ᠎ᠠ ᠶᠢᠨ ᠲᠠᠯᠠᠪᠠᠢ ᠶᠢ ᠤᠤᠯ ᠤᠨ 20 ᠲᠦᠮᠡᠨ ᠲᠡᠭᠰᠢ ᠲᠦᠷᠪᠡᠯᠵᠢᠨ ᠮᠧᠲᠷ | ᠪᠠᠶᠢᠭᠰᠡᠨ ᠠᠴᠠ 30 ᠲᠦᠮᠡᠨ ᠲᠡᠭᠰᠢ ᠲᠦᠷᠪᠡᠯᠵᠢᠨ ᠮᠧᠲᠷ ᠪᠤᠯᠭᠠᠨ ᠨᠡᠮᠡᠭᠳᠡᠬᠦᠯᠤᠨ᠂ ᠬᠠᠳᠠᠭᠤᠵᠢᠭᠤᠯᠤᠭᠰᠡᠨ | ᠲᠠᠯᠠᠪᠠᠢ ᠶᠢ ᠤᠤᠯ ᠤᠨ 20 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠰᠡᠨ ᠠᠴᠠ 50 ᠲᠦᠮᠡᠨ ᠲᠡᠭᠰᠢ | ᠲᠦᠷᠪᠡᠯᠵᠢᠨ ᠮᠧᠲᠷ ᠪᠤᠯᠭᠠᠵᠤ᠂ ᠨᠤᠭᠤᠭᠠᠷᠠᠭᠤᠯᠤᠯᠳᠠ ᠶᠢᠨ ᠲᠠᠯᠠᠪᠠᠢ ᠶᠢ ᠤᠤᠯ ᠤᠨ 130 ᠲᠦᠮᠡᠨ ᠲᠡᠭᠰᠢ | ᠲᠦᠷᠪᠠᠯᠵᠢᠨ ᠮᠧᠲᠷ ᠪᠠᠶᠢᠭᠰᠠᠨ ᠠᠴᠠ 140 ᠲᠦᠮᠡᠨ ᠲᠡᠭᠰᠢ ᠲᠦᠷᠪᠠᠯᠵᠢᠨ ᠮᠧᠲᠷ ᠪᠤᠯᠳᠠᠯ᠎ᠠ ᠦᠷᠬᠡᠳᠬᠡᠨ᠎ᠠ᠃ | ᠲᠦᠷᠪᠡ ᠳᠤ᠂ ᠰᠢᠨ᠎ᠠ ᠪᠠᠷ 15000 ᠲᠡᠭᠰᠢ ᠲᠦᠷᠪᠡᠯᠵᠢᠨ ᠮᠧᠲᠷ ᠤᠨ ᠬᠢᠮᠳᠠ ᠲᠤᠬᠢᠯᠢᠭ ᠤᠷᠤᠨ ᠰᠠᠭᠤᠴᠠ | ᠪᠠ 6800 ᠲᠦᠮᠡᠨ ᠲᠡᠭᠰᠢ ᠲᠦᠷᠪᠡᠯᠵᠢᠨ ᠮᠧᠲᠷ ᠬᠢᠮᠳᠠ ᠪᠠᠷ ᠲᠦᠷᠢᠶᠠᠰᠣᠯᠡᠬᠦ ᠤᠷᠤᠨ ᠰᠠᠭᠤᠴᠠ ᠪᠠᠷᠢᠨ᠎ᠠ᠃ | ᠲᠠᠪᠤ ᠳᠤ᠂ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠣᠭᠤᠯᠭ᠎ᠠ ᠶᠢᠨ ᠮᠦᠩᠬᠦ ᠲᠤᠰᠢᠶᠠᠬᠤ ᠬᠠᠷᠢᠴᠠᠯ ᠢ | ᠤᠤᠯ ᠤᠨ 8% ᠪᠠᠶᠢᠭᠰᠡᠨ ᠠᠴᠠ10 % ᠪᠤᠯᠭᠠᠨ ᠲᠡᠬᠡᠭᠰᠢᠯᠡᠬᠦᠯᠤᠨ᠎ᠠ᠃ ᠵᠢᠷᠭᠤᠭ᠎ᠠ ᠳᠤ᠂ ᠲᠦᠪᠯᠡᠷᠡᠩᠬᠦᠢ | ᠲᠤᠯᠠᠭᠠᠯᠭ᠎ᠠ ᠲᠠᠢ ᠡᠷᠤᠬᠡ ᠪᠠ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠲᠠᠢ | ᠡᠷᠤᠬᠡ ᠳᠤ ᠲᠤᠯᠠᠭᠠᠯᠭ᠎ᠠ ᠶᠢᠨ ᠨᠦᠬᠦᠪᠤᠷᠢ ᠤᠯᠭᠤᠨ᠎ᠠ᠃ ᠲᠤᠯᠤᠭ᠎ᠠ ᠳᠤ᠂ ᠪᠦᠬᠦ ᠬᠤᠰᠢᠭᠤᠨ ᠤ ᠵᠠᠰᠠᠭ | ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠶᠢᠨ ᠺᠠᠳᠠᠷ ᠠᠵᠢᠯᠳᠠᠨ ᠳᠤ ᠰᠠᠷ᠎ᠠ ᠪᠤᠯᠭᠠᠨ 300 ᠲᠦᠬᠦᠷᠢᠭ ᠤᠨ | ᠠᠮᠢᠳᠤᠷᠡᠯ ᠤᠨ ᠨᠦᠬᠦᠪᠤᠷᠢ ᠤᠯᠭᠤᠨ᠎ᠠ᠃ ᠨᠠᠢᠮᠨ ᠳᠤ᠂ ᠬᠤᠳᠠ ᠪᠠᠯᠭᠠᠰᠤᠨ ᠤ ᠬᠦᠡᠳᠤ ᠬᠡᠮᠳᠦᠭᠰᠡᠨ ᠵᠡᠮᠳᠡᠭ | ᠬᠦᠮᠤᠨ ᠪᠠ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠬᠦᠷᠳᠡᠭᠰᠡᠳ ᠤᠨ ᠬᠤᠳᠠ ᠪᠠᠯᠭᠠᠰᠤᠨ ᠤ | ᠰᠠᠭᠤᠭᠠᠯᠢ ᠠᠷᠡᠳ ᠤᠨ ᠡᠮᠴᠢᠯᠡᠬᠡᠨ ᠤ ᠲᠠᠭᠠᠳᠬᠠᠯ ᠤᠨ ᠬᠤᠪᠢ ᠬᠦᠮᠤᠨ ᠲᠤᠰᠢᠶᠠᠬᠤ ᠵᠣᠭᠤᠰ ᠢ ᠡᠳ᠋ ᠤᠨ | ᠵᠠᠰᠠᠭ ᠠᠴᠠ ᠬᠠᠷᠢᠭᠤᠴᠠᠨ᠎ᠠ᠃ ᠶᠢᠰᠤ ᠳᠤ᠂ 100 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠮᠠᠯᠴᠢᠳ ᠤᠨ | ᠬᠡᠬᠡᠯ ᠡᠪᠡᠳᠴᠢᠨ ᠢ ᠰᠠᠷᠬᠡᠶᠢᠯᠡᠨ ᠵᠠᠰᠠᠬᠤ ᠳᠤ ᠬᠡᠷᠡᠭᠯᠡᠨ᠎ᠠ᠃ ᠠᠷᠪᠠ ᠳᠤ᠂ ᠮᠠᠯᠵᠢᠬᠤ ᠤᠷᠤᠨ ᠤ ᠤᠷᠤᠭᠯᠠᠭᠰᠡᠨ | ᠡᠮᠡᠭᠳᠡᠶᠢᠴᠤᠳ ᠲᠤ ᠰᠦᠢᠳᠬᠡᠯ ᠬᠤᠷᠢᠶᠠᠬᠤ ᠦᠬᠡᠢ ᠪᠠᠷ ᠡᠮᠡᠭᠳᠡᠶᠢᠴᠤᠳ ᠤᠨ ᠡᠪᠡᠳᠴᠢᠨ ᠤ ᠪᠠᠶᠢᠴᠠᠭᠠᠯᠳᠠ | ᠬᠢᠨ᠎ᠠ᠃ | ︵ ᠨᠠᠢᠮᠨ︶ ᠠᠷᠡᠳᠴᠢᠯᠡᠯ ᠬᠠᠤᠯᠢ ᠲᠦᠷᠢᠮ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠂ | ᠠᠵᠤ ᠠᠬᠤᠢ ᠨᠠᠶᠢᠬᠡᠮ ᠤᠨ ᠬᠦᠭᠵᠢᠯᠳᠠ ᠳᠤ ᠲᠦᠷᠢᠮ ᠲᠤᠭᠳᠠᠭᠠᠯ ᠤᠨ ᠪᠠᠳᠤᠯᠠᠭ᠎ᠠ ᠪᠠ ᠤᠶᠤᠨ ᠰᠠᠨᠠᠭᠠᠨ ᠤ | ᠬᠦᠳᠡᠯᠬᠡᠬᠦᠷ ᠬᠦᠴᠤᠨ ᠬᠠᠩᠭᠠᠨ᠎ᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠦᠷᠥ ᠶᠢᠨ ᠪᠤᠳᠤᠯᠭ᠎ᠠ | ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠡᠳᠤᠰᠤᠳᠠᠨ ᠨᠦᠭᠦᠳ ᠤᠨ ᠬᠠᠮᠳᠤᠪᠠᠷ ᠬᠦᠭᠵᠢᠨ ᠲᠠᠪᠰᠢᠬᠤ ᠶᠢ | ᠠᠬᠢᠭᠤᠯᠤᠨ᠎ᠠ᠃ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠠᠷᠡᠳ ᠤᠨ ᠲᠦᠯᠤᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠤᠷᠢ ᠶᠢ ᠬᠢᠨᠠᠮᠠᠭᠠᠢ ᠬᠡᠷᠡᠭᠵᠢᠬᠦᠯᠤᠨ᠂ ᠠᠵᠢᠯ ᠢᠶᠠᠨ ᠴᠠᠭ | ᠲᠤᠬᠠᠢ ᠳᠤᠨᠢ ᠬᠠᠷᠢᠭᠤ ᠮᠠᠳᠠᠬᠦᠯᠵᠤ᠂ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ᠂ ᠤᠯᠤᠰ ᠲᠦᠷᠥ ᠶᠢᠨ | ᠵᠦᠪᠯᠡᠯᠬᠡᠨ ᠤ ᠣᠯᠣᠰ ᠲᠦᠷᠦ ᠪᠠᠷ ᠵᠦᠪᠯᠡᠨ᠂ ᠠᠷᠠᠳᠴᠢᠯᠠᠯ ᠢᠶᠠᠷ ᠬᠢᠨᠠᠯᠳᠠ ᠲᠠᠯᠪᠢᠵᠣ᠂ ᠵᠠᠰᠠᠭ ᠲᠤ ᠣᠷᠣᠯᠴᠠᠨ᠂ | ᠵᠠᠰᠠᠭ ᠢ ᠶᠠᠷᠢᠯᠴᠠᠬᠤ ᠬᠠᠷᠢᠭᠤᠴᠠᠯᠭ᠎ᠠ ᠪᠠᠨ ᠬᠦᠢᠴᠡᠳᠬᠡᠬᠦ ᠶᠢ ᠢᠳᠡᠪᠬᠢᠳᠠᠢ ᠲᠠᠮᠵᠢᠨ᠂ ᠠᠷᠠᠳ ᠤᠨ | ᠲᠦᠯᠦᠬᠡᠯᠡᠭᠴᠢᠳ ᠤᠨ ᠰᠠᠨᠠᠯ ᠵᠦᠪᠯᠡᠯᠬᠡ ᠪᠠ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ | ᠲᠤᠷᠡᠳᠤᠯᠭ᠎ᠠ ᠶᠢ ᠬᠢᠨᠠᠮᠠᠭᠠᠢ ᠰᠢᠢᠳᠪᠤᠷᠢᠯᠡᠨ᠎ᠠ᠃ ᠭᠠᠴᠠᠭᠠᠨ ᠤ ᠶᠠᠪᠤᠳᠠᠯ᠂ ᠦᠢᠯᠡᠳᠪᠤᠷᠢ ᠶᠢᠨ ᠶᠠᠪᠤᠳᠠᠯ ᠪᠠ ᠵᠠᠰᠠᠭ | ᠤᠨ ᠶᠠᠪᠤᠳᠠᠯ ᠢ ᠢᠯᠨ ᠪᠤᠯᠭᠠᠬᠤ ᠶᠢ ᠠᠬᠢᠭᠤᠯᠤᠨ᠂ ᠦᠡᠳᠤᠰᠤᠨ ᠱᠠᠳᠤᠨ ᠤ ᠠᠷᠡᠳᠴᠢᠯᠡᠯᠳᠤ ᠬᠠᠮᠢᠶᠠᠷᠤᠯᠳᠠ | ᠶᠢᠨ ᠲᠦᠷᠢᠮ ᠢ ᠪᠦᠷᠢᠡᠰᠢᠬᠦᠯᠵᠤ᠂ ᠮᠠᠯᠵᠢᠬᠤ ᠤᠷᠤᠨ ᠤ ᠦᠡᠳᠤᠰᠤᠨ ᠱᠠᠳᠤᠨ ᠤ ᠵᠠᠰᠠᠭ ᠤᠨ ᠡᠷᠬᠡ ᠪᠠ | ᠬᠤᠳᠠ ᠪᠠᠯᠭᠠᠰᠤᠨ ᠤ ᠨᠠᠶᠢᠬᠡᠮ ᠲᠤᠭᠤᠷᠢᠭ ᠤᠨ ᠪᠠᠶᠢᠭᠤᠯᠤᠯᠳᠠ ᠶᠢ ᠴᠢᠩᠭᠠᠳᠬᠠᠨ᠂ ᠭᠠᠴᠠᠭ᠎ᠠ᠂ ᠨᠠᠶᠢᠬᠡᠮ | ᠲᠤᠭᠤᠷᠢᠭ ᠤᠨ ᠠᠯᠪᠠᠨ ᠵᠠᠷᠤᠳᠠᠯ ᠪᠠ ᠠᠵᠢᠯᠳᠠᠨ ᠤ ᠬᠦᠯᠤᠰᠤ ᠤᠯᠭᠤᠮᠵᠢ ᠶᠢ ᠨᠡᠮᠡᠭᠳᠡᠬᠦᠯᠤᠨ᠎ᠠ᠃ ᠬᠠᠤᠯᠢ ᠪᠠᠷ | ᠬᠤᠰᠢᠭᠤ ᠪᠠᠨ ᠵᠠᠰᠠᠬᠤ ᠪᠠ ︽ᠲᠠᠪᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠲᠦᠯᠤᠪᠵᠢᠬᠦᠯᠬᠡ ᠶᠢ | ᠬᠦᠡᠵᠡᠬᠡᠢ ᠨᠠᠶᠢᠳᠠᠪᠤᠷᠢᠵᠢᠭᠤᠯᠵᠤ᠂ ᠬᠤᠶᠡᠷ ᠢ ᠬᠦᠷᠢᠶᠠᠯᠠᠵᠤ ᠬᠠᠮᠳᠤᠪᠠᠷ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ | ᠦᠷᠨᠢᠬᠦᠯᠤᠨ᠂ ᠨᠠᠶᠢᠬᠡᠮ ᠵᠢᠷᠤᠮᠳᠤ ᠤᠶᠤᠨ ᠤ ᠪᠤᠯᠪᠠᠰᠤᠨ ᠤ ᠪᠠᠶᠢᠭᠤᠯᠤᠯᠳᠠ ᠪᠠ ᠨᠠᠶᠢᠬᠡᠮ ᠵᠢᠷᠤᠮᠳᠤ ᠦᠷᠳᠡᠭ ᠤᠨ | ᠦᠵᠡᠯᠳᠠ ᠶᠢᠨ ᠬᠦᠮᠤᠵᠢᠯ ᠢ ᠴᠢᠩᠭᠠᠳᠬᠠᠨ᠂ ᠤᠯᠠᠨ ᠲᠦᠮᠡᠡᠴᠢ ᠤᠶᠤᠨ ᠤ ᠪᠤᠯᠪᠠᠰᠤᠨ ᠤ ᠠᠵᠢᠯᠯᠠᠭ᠎ᠠ ᠶᠢ | ᠰᠠᠶᠢᠳᠤᠷ ᠦᠷᠨᠢᠬᠦᠯᠤᠨ᠎ᠠ᠃ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠦᠵᠡᠯᠳᠡ᠂ ᠨᠠᠶᠢᠬᠡᠮ ᠵᠢᠷᠤᠮᠳᠤ ᠡᠶ᠎ᠡ | ᠨᠠᠶᠢᠷᠠᠮᠳᠠᠭᠤ ᠨᠠᠶᠢᠬᠡᠮ ᠢ ᠪᠠᠶᠢᠭᠤᠯᠬᠤ ᠪᠠᠶᠢᠯᠳᠤᠬᠤ ᠪᠤᠳᠤᠯᠭ᠎ᠠ ᠪᠠ ᠦᠬᠡᠷᠡᠴᠢᠯᠡᠯᠳᠡ ᠨᠡᠬᠡᠬᠡᠯᠳᠡ ᠶᠢᠨ 30 ᠵᠢᠯ | ᠤᠨ ᠲᠤᠷᠰᠢᠬᠢ ᠠᠮᠵᠢᠯᠳᠠ ᠪᠦᠳᠤᠮᠵᠢ ᠶᠢ ᠬᠦᠡᠵᠡᠬᠡᠢ ᠤᠬᠠᠭᠤᠯᠵᠤ᠂ ᠪᠦᠬᠦ ᠬᠤᠰᠢᠭᠤᠨ ᠤ ᠦᠡᠳᠤᠰᠤᠳᠠᠨ | ᠨᠦᠭᠦᠳ ᠤᠨ ᠠᠷᠡᠳ ᠲᠦᠮᠡᠨ ᠤ ᠪᠦᠯᠬᠦᠮᠳᠠᠨ ᠲᠠᠮᠠᠴᠡᠬᠦ ᠢᠳᠡᠬᠡᠯ ᠵᠤᠷᠢᠭ ᠢ ᠣᠯᠠᠮ ᠪᠠᠳᠤᠳᠬᠠᠨ᠎ᠠ᠃ | ︵ ᠶᠢᠰᠤ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠠᠬᠢᠭᠤᠯᠵᠤ᠂ ᠵᠠᠰᠠᠭ ᠪᠠᠷᠢᠬᠤ | ᠴᠢᠳᠠᠪᠤᠷᠢ ᠪᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠵᠠᠰᠠᠭ ᠵᠠᠬᠢᠷᠭᠠᠨ ᠤ ᠬᠢᠨᠡᠨ ᠵᠦᠪᠰᠢᠶᠠᠷᠡᠯ ᠤᠨ | ᠲᠦᠷᠢᠮ ᠤᠨ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠬᠢᠨᠡᠨ ᠵᠦᠪᠰᠢᠶᠠᠷᠡᠯ ᠤᠨ ᠭᠠᠷ ᠬᠦᠢᠴᠡᠳᠬᠡᠯ ᠢ | ᠴᠤᠮᠬᠤᠳᠬᠠᠨ᠂ ᠠᠵᠢᠯ ᠤᠨ ᠦᠷ᠎ᠠ ᠠᠰᠢᠭ ᠢᠶᠠᠨ ᠲᠡᠬᠡᠭᠰᠢᠯᠡᠬᠦᠯᠵᠤ᠂ ᠠᠷᠡᠳᠴᠢᠯᠡᠯ ᠢᠶᠠᠷ ᠰᠢᠡᠵᠢᠯᠡᠬᠦ ᠤᠬᠠᠭᠠᠡᠴᠢ | ᠰᠢᠢᠳᠪᠤᠷᠢᠳᠤ ᠪᠤᠳᠤᠯᠭ᠎ᠠ ᠲᠤᠭᠳᠠᠭᠠᠬᠤ ᠶᠢ ᠪᠠᠷᠢᠮᠳᠠᠯᠠᠨ᠂ ᠤᠡᠴᠠ ᠶᠡᠭᠡ ᠶᠠᠪᠤᠳᠠᠯ ᠢ ᠬᠠᠮᠳᠤ ᠪᠠᠷ ᠰᠢᠢᠳᠪᠤᠷᠢ | ᠭᠠᠷᠭᠠᠬᠤ᠂ ᠨᠠᠶᠢᠳᠠᠯᠠᠵᠤ ᠵᠠᠷᠯᠡᠨ ᠰᠠᠨᠠᠯ ᠰᠤᠨᠤᠰᠬᠤ ᠵᠠᠷᠬᠡ ᠲᠦᠷᠢᠮ ᠢ ᠪᠠᠶᠢᠭᠤᠯᠤᠨ ᠪᠦᠷᠢᠡᠰᠢᠬᠦᠯᠵᠤ᠂ ᠵᠠᠰᠠᠭ ᠤᠨ | ᠤᠷᠳᠤᠨ ᠤ ᠰᠢᠢᠳᠪᠤᠷᠢ ᠲᠤᠭᠳᠠᠭᠠᠬᠤ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠡᠯᠧᠺᠲᠷᠤᠡᠴᠢᠯᠡᠭᠰᠡᠨ ᠵᠠᠰᠠᠭ | ᠤᠨ ᠶᠡᠪᠤᠳᠠᠯ ᠤᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢᠶᠠᠨ ᠢᠯᠨ ᠪᠤᠯᠭᠠᠬᠤ ᠬᠡᠪᠴᠢᠶ᠎ᠠ | ᠪᠠᠨ ᠦᠷᠬᠡᠳᠬᠡᠵᠤ᠂ ᠵᠠᠰᠠᠭ ᠤᠨ ᠤᠷᠳᠤᠨ ᠤ ᠠᠵᠢᠯ ᠢ ᠢᠯᠨ ᠲᠤᠳᠤ ᠪᠤᠯᠭᠠᠵᠤ ᠦᠷ᠎ᠠ ᠠᠰᠢᠭ ᠢᠶᠠᠨ | ᠲᠡᠬᠡᠭᠰᠢᠯᠡᠬᠦᠯᠤᠨ᠂ ᠬᠠᠤᠯᠢ ᠶᠤᠰᠤᠭᠠᠷ ᠵᠠᠰᠠᠭ ᠪᠠᠷᠢᠵᠤ᠂ ᠬᠠᠤᠯᠢ ᠳᠤ ᠲᠤᠭᠳᠠᠭᠰᠡᠨ ᠡᠷᠬᠡ ᠶᠢᠨ ᠬᠢᠵᠠᠭᠠᠷᠯᠠᠯ ᠪᠠ | ᠲᠡᠰ ᠲᠠᠷᠠᠭᠠᠯᠠᠯ ᠶᠤᠰᠤᠭᠠᠷ ᠡᠬᠦᠷᠬᠡ ᠴᠢᠳᠠᠪᠬᠢ ᠪᠠᠨ ᠬᠦᠢᠴᠡᠳᠬᠡᠬᠦ ᠶᠢ ᠪᠠᠷᠢᠮᠳᠠᠯᠠᠨ᠎ᠠ᠃ ᠠᠷᠢᠭᠤᠨ ᠴᠢᠭᠴᠢ ᠪᠠᠷ | ᠵᠠᠰᠠᠭ ᠪᠠᠷᠢᠵᠤ᠂ ᠢᠯᠵᠡᠷᠠᠯ ᠢ ᠡᠰᠡᠷᠬᠦᠴᠡᠨ᠂ ᠠᠷᠢᠭᠤᠨ ᠴᠢᠭᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤᠷᠢᠳᠬᠤ ᠺᠠᠳᠠᠷ ᠤᠨ ᠠᠷᠢᠭᠤᠨ ᠴᠢᠭᠴᠢ ᠪᠠᠷ ᠦᠪᠡᠷ ᠢ ᠪᠠᠨ | ᠱᠠᠭᠠᠷᠳᠠᠬᠤ ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠤᠨ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠳᠠ ᠶᠢᠨ | ᠠᠵᠢᠯ ᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠡᠨ ᠠᠵᠢᠯᠯᠠᠭ᠎ᠠ ᠪᠠ | ᠪᠠᠶᠢᠭᠤᠯᠭ᠎ᠠ ᠨᠢᠬᠡᠴᠠ ᠶᠢᠨ ᠲᠦᠪ ᠪᠤᠰᠤ ᠤᠪᠤᠷ ᠰᠤᠷᠳᠠᠯ ᠢ ᠡᠷᠡᠰ ᠢᠶᠠᠷ ᠴᠡᠭᠴᠡᠯᠡᠨ᠎ᠠ᠃ ᠬᠢᠨᠡᠨ ᠪᠤᠳᠤᠯᠳᠠ ᠶᠢᠨ | ᠠᠵᠢᠯ ᠢ ᠴᠢᠩᠭᠠᠳᠬᠠᠨ᠂ ᠬᠢᠨᠡᠨ ᠪᠤᠳᠤᠭᠰᠡᠨ ᠦᠷ᠎ᠠ ᠳ᠋ᠦᠡᠭ ᠢ ᠦᠡᠳᠤᠰᠤᠯᠡᠨ᠂ ᠡᠯ᠎ᠠ ᠵᠥᠢᠯ ᠤᠨ ᠬᠠᠤᠯᠢ | ᠰᠠᠬᠢᠯᠭ᠎ᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠣᠷᠢᠯᠠᠨ᠎ᠠ᠃ ᠵᠠᠰᠠᠭ ᠤᠨ ᠰᠣᠷᠳᠠᠯ ᠤᠨ ᠪᠠᠶᠢᠭᠤᠯᠣᠯᠳᠠ | ᠶᠢ ᠦᠨᠡᠨᠬᠦ ᠴᠢᠩᠭᠠᠳᠬᠠᠵᠣ᠂ ᠺᠠᠳᠠᠷ ᠠᠵᠢᠯᠳᠠᠨ ᠤ ᠠᠵᠢᠯ ᠤᠨ ᠰᠣᠷᠳᠠᠯ ᠢ ᠣᠯᠠᠮ ᠰᠠᠶᠢᠵᠢᠷᠠᠭᠤᠯᠣᠨ᠂ ᠲᠡᠳᠡᠨ | ᠢ ᠨᠠᠶᠢᠳᠠ ᠶᠢᠨ ᠲᠦᠯᠦᠬᠡ ᠭᠤᠶᠠᠴᠢ ᠦᠬᠡᠢ ᠵᠢᠳᠬᠦᠵᠤ᠂ ᠡᠬᠦᠷᠬᠡ ᠲᠤᠰᠢᠶᠠᠯ ᠢᠶᠠᠨ ᠬᠢᠴᠢᠶᠠᠩᠬᠦᠶᠢᠯᠡᠨ | ᠬᠦᠢᠴᠡᠳᠬᠡᠵᠤ᠂ ᠠᠷᠢᠭᠤᠨ ᠴᠢᠭᠴᠢ ᠪᠠᠷ ᠠᠷᠡᠳ ᠤᠨ ᠲᠦᠯᠤᠬᠡ ᠵᠠᠰᠠᠭ ᠪᠠᠷᠢᠬᠤ ᠬᠡᠪ ᠲᠠᠭᠤᠷᠢᠶᠠᠯ ᠪᠤᠯᠭᠠᠬᠤ ᠪᠠᠷ | ᠴᠢᠷᠮᠠᠶᠢᠨ᠎ᠠ᠃ | ᠲᠦᠯᠤᠬᠡᠯᠡᠭᠴᠢᠳ ᠡ᠂ ᠡᠨ᠋ᠨ ᠵᠢᠯ ᠪᠤᠯ ︽ᠠᠷᠪᠠᠨ ᠨᠢᠬᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢᠨ | ᠡᠬᠦᠷᠬᠡ ᠬᠠᠷᠠᠯᠳᠠ ᠶᠢ ᠪᠠᠶᠠᠯᠠᠬᠦᠯᠬᠦ ᠵᠠᠩᠬᠢᠯᠠᠭ᠎ᠠ ᠶᠢᠨ ᠤᠨ ᠪᠤᠯᠤᠨ᠎ᠠ᠃ ᠪᠢᠳᠠᠨ ᠳᠤ ᠬᠦᠡᠳᠤ ᠨᠤᠴᠢᠳᠡᠢ ᠪᠠᠶᠢᠳᠠᠯ | ᠲᠤᠯᠭᠠᠷᠠᠵᠤ᠂ ᠡᠬᠦᠷᠬᠡ ᠴᠤ ᠨᠠᠩ ᠬᠦᠡᠳᠤᠷᠡᠯᠠ᠃ ᠪᠢᠳᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠲᠤᠤᠷ᠎ᠠ᠂ ᠢᠳᠡᠬᠡᠯ ᠵᠤᠷᠢᠭ ᠢᠶᠠᠨ ᠬᠦᠪᠴᠢᠯᠡᠨ᠂ ᠬᠦᠴᠢᠷ ᠢ ᠰᠦᠷᠤᠨ ᠤᠷᠤᠭᠰᠢᠯᠡᠵᠤ᠂ ᠰᠡᠳᠬᠢᠯ | ᠨᠢᠬᠡᠳᠤᠨ ᠡᠷᠡᠯᠬᠡᠭᠯᠡᠨ ᠲᠠᠮᠠᠴᠠᠵᠤ᠂ ᠠᠵᠤ ᠠᠬᠤᠢ ᠨᠠᠶᠢᠬᠡᠮ ᠤᠨ ᠨᠠᠩ ᠰᠠᠶᠢᠨ ᠨᠠᠩ ᠲᠦᠷᠬᠡᠨ ᠬᠦᠭᠵᠢᠯᠳᠠ ᠶᠢᠨ | ᠰᠢᠯᠢᠳᠡᠭ ᠠᠮᠵᠢᠯᠳᠠ ᠪᠠᠷ ᠢᠶᠠᠨ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠡᠨ 60 ᠵᠢᠯ ᠤᠨ ᠤᠢ ᠪᠠᠨ | ᠤᠭᠳᠤᠰᠤᠭᠠᠢ︕ |