ᠵᠠᠰᠠᠭ ᠤᠨ ᠤᠷᠳᠤᠨ ᠤ ᠠᠵᠢᠯ ᠤᠨ ᠢᠯᠡᠳᠬᠡᠯ | | 2010 ᠤᠨ ᠤ 1ᠰᠠᠷ᠎ᠠ ᠶᠢᠨ 27 ᠤ ᠡᠳᠤᠷ ᠤᠨ ᠠᠪᠠᠭ᠎ᠠ ᠬᠤᠰᠢᠭᠤᠨ ᠤ | ᠠᠷᠪᠠᠨ ᠭᠤᠷᠪᠡᠳᠤᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ | ᠶᠡᠭᠡ ᠬᠤᠷᠡᠯ ᠤᠨ ᠲᠦᠷᠪᠡᠳᠤᠬᠡᠷ ᠤᠳᠠᠭᠠᠨ ᠤ ᠬᠤᠷᠡᠯ ᠲᠡᠬᠡᠷᠡᠬᠢ ᠶᠠᠷᠢᠶ᠎ᠠ | | | ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠤᠤ᠂ ᠰᠤᠶᠤᠯᠳᠤ | | ᠲᠦᠯᠤᠬᠡᠯᠡᠭᠴᠢᠳ ᠡ᠄ | ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠤᠬᠡᠯᠡᠵᠤ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠃ | ᠤᠯᠠᠨ ᠢᠶᠠᠷ ᠢᠶᠠᠨ ᠬᠢᠨᠡᠨ ᠵᠦᠪᠯᠡᠬᠦ ᠪᠤᠯᠪᠠᠤ᠃ ᠡᠬᠦᠨ ᠤ ᠬᠠᠮᠳᠤ ᠬᠤᠰᠢᠭᠤ ᠤᠯᠤᠰ ᠲᠦᠷᠥ ᠶᠢᠨ ᠵᠦᠪᠯᠡᠯᠬᠡᠨ ᠤ | ᠬᠡᠰᠢᠬᠦᠳ ᠪᠠ ᠬᠤᠷᠡᠯ ᠳᠤ ᠰᠤᠯᠨ ᠤᠷᠤᠯᠴᠠᠵᠤ ᠪᠠᠶᠢᠭ᠎ᠠ ᠨᠦᠬᠦᠳ ᠰᠠᠨᠠᠯ ᠢᠶᠠᠨ ᠲᠤᠷᠡᠳᠬᠤ ᠶᠢ ᠬᠦᠰᠠᠵᠤ ᠪᠠᠶᠢᠨ᠎ᠠ᠃ | | ᠨᠢᠬᠡ᠂ 2009 ᠤᠨ ᠤ ᠠᠵᠢᠯ ᠤᠨ ᠡᠷᠬᠢᠴᠡᠬᠦᠯᠤᠯ | ᠦᠩᠬᠡᠷᠡᠭᠰᠡᠨ ᠨᠢᠬᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ | ᠬᠤᠷᠡᠯ ᠤᠨ ᠬᠢᠨᠠᠯᠳᠠ ᠪᠠ ᠤᠯᠤᠰ ᠲᠦᠷᠥ ᠶᠢᠨ ᠵᠦᠪᠯᠡᠯᠬᠡᠨ ᠤ ᠲᠠᠮᠵᠢᠯᠬᠡ ᠪᠠᠷ᠂ ᠬᠤᠰᠢᠭᠤ ᠵᠠᠰᠠᠭ ᠤᠨ ᠤᠷᠳᠤᠨ ᠨᠢ | ︽ᠲᠦᠷᠥᠯ ᠵᠥᠢᠯ ᠢ ᠠᠳᠬᠤᠨ ᠪᠡᠯᠨ ᠤᠷᠤᠭᠤᠯᠤᠯᠳᠠ ᠶᠢ ᠪᠠᠳᠤᠯᠠᠬᠤ᠂ ᠭᠤᠷᠪᠡᠨ ᠮᠠᠯᠵᠢᠯ ᠢ ᠠᠳᠬᠤᠨ ᠠᠮᠢ | ᠠᠬᠤᠢ ᠶᠢ ᠬᠠᠮᠠᠭᠠᠯᠠᠬᠤ᠂ ᠤᠷᠤᠯᠭ᠎ᠠ ᠶᠢᠨ ᠨᠡᠮᠡᠭᠳᠡᠯ ᠢ ᠠᠳᠬᠤᠨ ᠠᠷᠡᠳ ᠤᠨ ᠠᠮᠢᠳᠤᠷᠡᠯ ᠢ ᠰᠠᠶᠢᠵᠢᠷᠠᠭᠤᠯᠬᠤ︾ | ᠠᠵᠢᠯ ᠤᠨ ᠲᠤᠭᠤᠷᠢᠨ ᠳᠤ᠂ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ ᠢ | ᠪᠦᠯᠬᠦᠮᠳᠠᠬᠦᠯᠤᠨ ᠲᠠᠭᠠᠭᠤᠯᠵᠤ᠂ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠦᠵᠡᠯᠳᠡ ᠶᠢ ᠬᠦᠡᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠠ ᠵᠥᠢᠯ ᠤᠨ ᠬᠦᠴᠢᠷ ᠪᠠᠷᠬᠡᠰᠢᠶᠠᠯ ᠢ ᠢᠯᠡᠨ ᠲᠠᠪᠠᠵᠤ᠂ ᠬᠤᠰᠢᠭᠤ | ᠠᠷᠪᠠᠨ ᠭᠤᠷᠪᠡᠳᠤᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠭᠤᠷᠪᠡᠳᠤᠭᠠᠷ | ᠤᠳᠠᠭᠠᠨ ᠤ ᠬᠤᠷᠡᠯ ᠠᠴᠠ ᠲᠤᠷᠡᠳᠤᠭᠰᠡᠨ ᠬᠠᠷᠠᠯᠳᠠ ᠪᠠ ᠡᠬᠦᠷᠬᠡ ᠶᠢ ᠨᠠᠯᠢᠶᠡᠳ ᠰᠠᠶᠢᠨ ᠪᠠᠶᠠᠯᠠᠬᠦᠯᠤᠨ᠂ ᠠᠵᠤ | ᠠᠬᠤᠢ ᠬᠦᠭᠵᠢᠭᠰᠡᠨ᠂ ᠨᠦᠬᠡᠴᠠ ᠬᠦᠴᠤᠨ ᠴᠢᠩᠭᠠᠷᠠᠭᠰᠡᠨ᠂ ᠠᠷᠡᠳ ᠤᠨ ᠠᠮᠢᠳᠤᠷᠡᠯ ᠰᠠᠶᠢᠵᠢᠷᠠᠭᠰᠡᠨ᠂ ᠨᠠᠶᠢᠬᠡᠮ | ᠡᠶ᠎ᠡ ᠵᠤᠬᠢᠴᠠᠩᠭᠤᠢ ᠰᠠᠶᠢᠨ ᠰᠠᠶᠢᠬᠠᠨ ᠪᠠᠶᠢᠳᠠᠯ ᠢᠯᠡᠷᠡᠭᠰᠡᠨ ᠪᠠᠶᠢᠨ᠎ᠠ᠃ | ││ᠤᠯᠤᠰ ᠠᠷᠡᠳ ᠤᠨ ᠠᠵᠤ ᠠᠬᠤᠢ ᠶᠢᠨ ᠶᠠᠷᠤᠩᠬᠡᠶᠢᠯᠡᠭᠰᠡᠨ ᠬᠦᠴᠤᠨ ᠢᠯᠡᠳᠳᠡ ᠴᠢᠩᠭᠠᠷᠠᠪᠠ᠃ | ᠲᠠᠯᠠᠬᠡᠢ ᠶᠢᠨ ᠮᠦᠩᠬᠦᠨ ᠬᠦᠢᠯᠬᠡᠬᠡᠨ ᠤ ᠬᠢᠮᠤᠷᠡᠯ ᠤᠨ ᠠᠰᠢᠭ ᠦᠬᠡᠢ ᠪᠠᠶᠢᠳᠠᠯ ᠢ ᠢᠳᠡᠪᠬᠢᠳᠡᠢ ᠪᠠᠷ ᠲᠤᠭᠤᠯᠵᠤ᠂ | ᠪᠦᠬᠦ ᠬᠤᠰᠢᠭᠤᠨ ᠤ ᠠᠵᠤ ᠠᠬᠤᠢ ᠨᠢ ᠬᠦᠴᠢᠷᠳᠡᠯ ᠤᠨ ᠲᠤᠮᠳᠠ ᠨᠠᠯᠢᠶᠡᠳ ᠰᠠᠶᠢᠨ ᠬᠦᠭᠵᠢᠯᠳᠠ ᠶᠢᠨ ᠬᠠᠨᠳᠤᠰᠢ | ᠪᠠᠨ ᠪᠠᠳᠤᠯᠠᠵᠤ᠂ ᠲᠦᠷᠪᠠᠨ ᠰᠢᠪᠳᠤᠯᠤᠯᠳᠠ ᠶᠢ ᠪᠠᠶᠠᠯᠡᠬᠦᠯᠦᠭᠰᠡᠨ ᠪᠠᠶᠢᠨ᠎ᠠ᠃ ᠭᠠᠵᠡᠷ ᠤᠷᠤᠨ ᠤ ᠦᠢᠯᠡᠳᠪᠤᠷᠢᠯᠡᠯ | ᠤᠨ ᠶᠠᠷᠤᠩᠬᠡᠢ ᠦᠷᠳᠡᠭ 20 ᠳ᠋ᠦᠩᠰᠢᠭᠤᠷ ᠲᠦᠬᠦᠷᠢᠭ ᠢ ᠲᠠᠪᠠᠨ᠂ 23.5 ᠳ᠋ᠦᠩᠰᠢᠭᠤᠷ ᠲᠦᠬᠦᠷᠢᠭ ᠲᠤ | ᠬᠦᠷᠴᠤ᠂ ᠨᠢᠳᠤᠨᠤᠨ ᠤ ᠬᠢ ᠠᠴᠠ 38.4% ᠪᠠᠷ ᠨᠡᠮᠡᠭᠳᠡᠵᠤ᠂ ᠭᠤᠷᠪᠡᠨ ᠠᠵᠤ ᠦᠢᠯᠡᠰ ᠤᠨ ᠬᠠᠷᠢᠴᠠᠯ 16᠄ | 59᠄ 25 ᠪᠤᠯᠪᠠ᠃ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 10 ᠳ᠋ᠦᠩᠰᠢᠭᠤᠷ ᠲᠦᠬᠦᠷᠢᠭ ᠢ ᠲᠠᠪᠠᠨ᠂ | 10.5 ᠳ᠋ᠦᠩᠰᠢᠭᠤᠷ ᠲᠦᠬᠦᠷᠢᠭ ᠲᠤ ᠬᠦᠷᠴᠤ᠂ 65.4% ᠪᠠᠷ ᠨᠡᠮᠡᠭᠳᠡᠪᠡ᠃ ᠲᠤᠭᠳᠠᠮᠠᠯ ᠬᠦᠷᠤᠩᠬᠡ ᠶᠢᠨ | ᠪᠡᠯᠨ ᠤᠷᠤᠭᠤᠯᠤᠯᠳᠠ 40 ᠳ᠋ᠦᠩᠰᠢᠭᠤᠷ ᠲᠦᠬᠦᠷᠢᠭ ᠢ ᠲᠠᠪᠠᠨ᠂ 40.8 ᠳ᠋ᠦᠩᠰᠢᠭᠤᠷ ᠲᠦᠬᠦᠷᠢᠭ ᠲᠤ ᠬᠦᠷᠴᠤ | ᠂ 30.5% ᠪᠠᠷ ᠨᠡᠮᠡᠭᠳᠡᠪᠡ᠃ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠬᠢᠷᠠᠭᠤᠯᠵᠤ ᠪᠤᠯᠬᠤᠶᠢᠴᠠ | ᠲᠤᠮᠳᠠᠴᠢ ᠤᠷᠤᠯᠭ᠎ᠠ 14500 ᠲᠦᠬᠦᠷᠢᠭ ᠲᠤ ᠬᠦᠷᠴᠤ᠂ 20.8% ᠪᠠᠷ ᠨᠡᠮᠡᠭᠳᠡᠨ᠂ ᠮᠠᠯᠴᠢᠳ ᠤᠨ | ᠲᠤᠮᠳᠠᠴᠢ ᠴᠡᠪᠡᠷ ᠤᠷᠤᠯᠭ᠎ᠠ 8500 ᠲᠦᠬᠦᠷᠢᠭ ᠲᠤ ᠬᠦᠷᠴᠤ᠂ 20.5% ᠪᠠᠷ ᠨᠡᠮᠡᠭᠳᠡᠪᠡ᠃ ᠭᠠᠵᠡᠷ ᠤᠷᠤᠨ | ᠤ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ 1.87 ᠳ᠋ᠦᠩᠰᠢᠭᠤᠷ ᠲᠦᠬᠦᠷᠢᠭ ᠲᠤ ᠬᠦᠷᠴᠤ᠂ 32.9% | ᠪᠠᠷ ᠨᠡᠮᠡᠭᠳᠡᠪᠠ᠃ ᠪᠦᠬᠦ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠬᠡᠮᠵᠢᠶ᠎ᠠ 5 | ᠳ᠋ᠦᠩᠰᠢᠭᠤᠷ ᠲᠦᠬᠦᠷᠢᠭ ᠢ ᠲᠠᠪᠠᠵᠤ᠂ 16.6% ᠪᠠᠷ ᠨᠡᠮᠡᠭᠳᠡᠭᠰᠡᠨ ᠪᠠᠶᠢᠨ᠎ᠠ᠃ ᠡᠯ᠎ᠠ ᠵᠥᠢᠯ ᠤᠨ ᠠᠵᠤ ᠠᠬᠤᠢ | ᠶᠢᠨ ᠬᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠦᠮ ᠪᠦᠬᠦ ᠠᠶᠢᠮᠠᠭ ᠤᠨ ᠲᠡᠭᠰᠢᠳᠬᠡᠭᠰᠡᠨ | ᠬᠡᠮᠵᠢᠶ᠎ᠠ ᠠᠴᠠ ᠦᠡᠳᠤᠷ ᠪᠠᠶᠢᠵᠤ᠂ ᠵᠠᠷᠢᠮ ᠬᠦᠢᠴᠡᠳᠬᠡᠯ ᠲᠤᠭᠠᠨ ᠤ ᠶᠠᠷᠤᠩᠬᠡᠢ ᠬᠡᠮᠵᠢᠶ᠎ᠠ ᠶᠢᠨ ᠪᠦᠬᠦ ᠠᠶᠢᠮᠠᠭ | ᠲᠠᠬᠢ ᠡᠵᠡᠯᠡᠬᠦ ᠬᠠᠷᠢᠴᠠᠯ ᠪᠤᠯᠤᠨ ᠲᠠᠷᠠᠭᠠᠯᠠᠯ ᠨᠢ ᠤᠷᠤᠭᠰᠢ ᠲᠠᠪᠰᠢᠵᠤ᠂ ᠨᠡᠮᠡᠭᠳᠡᠯ ᠢ ᠪᠠᠳᠤᠯᠠᠬᠤ ᠬᠠᠷᠠᠯᠳᠠ ᠪᠠᠨ | ᠪᠠᠶᠠᠯᠠᠬᠦᠯᠦᠭᠰᠡᠨ ᠪᠠᠶᠢᠨ᠎ᠠ᠃ | ││ᠮᠠᠯᠵᠢᠬᠤ ᠤᠷᠤᠨ ᠤ ᠠᠵᠢᠯ ᠰᠢᠨ᠎ᠠ ᠠᠬᠢᠴᠠ ᠲᠠᠢ ᠪᠤᠯᠪᠠ᠃ ︽ᠭᠤᠷᠪᠡᠨ ᠮᠠᠯᠵᠢᠯ︾ ᠤᠨ ᠠᠵᠢᠯ ᠢ | ᠡᠷᠴᠢᠮᠳᠡᠢ ᠠᠳᠬᠤᠵᠤ᠂ ︽ᠬᠦᠮᠤᠨ ᠢᠶᠠᠨ ᠨᠡᠬᠦᠯᠬᠡᠵᠤ᠂ ᠮᠠᠯ ᠢᠶᠠᠨ ᠴᠦᠬᠡᠳᠬᠡᠨ᠂ ᠪᠠᠯᠴᠢᠬᠡᠷ ᠢ ᠰᠡᠷᠬᠦᠬᠡᠵᠤ᠂ | ᠤᠷᠤᠯᠭ᠎ᠠ ᠶᠢ ᠨᠡᠮᠡᠭᠳᠡᠬᠦᠯᠬᠦ︾ ᠠᠵᠢᠯ ᠢ ᠴᠢᠩᠭᠠᠳᠬᠠᠨ᠂ ᠬᠤᠳᠠ ᠬᠦᠳᠡᠭᠡ ᠶᠢ ᠨᠢᠬᠡᠳᠤᠯᠳᠡᠢ ᠲᠦᠯᠤᠪᠵᠢᠬᠦᠯᠵᠤ | ᠵᠤᠬᠢᠴᠠᠩᠭᠤᠢ ᠬᠦᠭᠵᠢᠬᠦᠯᠦᠭᠰᠡᠨ ᠪᠠᠶᠢᠨ᠎ᠠ᠃ 26.6 ᠲᠦᠮᠡᠨ ᠮᠤ᠋ ᠡᠯᠡᠰᠤᠨ ᠤ ᠡᠬᠢ ᠶᠢ ᠵᠠᠰᠠᠵᠤ᠂ | ᠪᠠᠷᠢᠮᠵᠢᠶᠠᠵᠢᠭᠰᠡᠨ ᠲᠤᠭᠤᠷᠢᠭ ᠬᠤᠪᠢᠶᠠᠨ ᠰᠠᠯᠬᠦᠨ ᠮᠠᠯᠵᠢᠭᠰᠡᠨ ᠲᠠᠯᠠᠪᠠᠢ 22 ᠲᠦᠮᠡᠨ ᠮᠤ᠋ ᠰᠢᠨ᠎ᠠ ᠪᠠᠷ ᠨᠡᠮᠡᠭᠳᠡᠨ᠂ | ᠨᠠᠶᠢᠳᠠ 526 ᠲᠦᠮᠡᠨ ᠮᠤ᠋ ᠬᠦᠷᠪᠡ︔ ᠪᠠᠯᠴᠢᠬᠡᠷ ᠰᠡᠷᠬᠦᠬᠡᠭᠰᠡᠨ ᠪᠠ ᠪᠠᠯᠴᠢᠬᠡᠷᠯᠡᠬᠦᠯᠬᠦ ᠶᠢ ᠵᠤᠭᠰᠤᠭᠠᠭᠰᠡᠨ | ᠲᠠᠯᠠᠪᠠᠢ 4052 ᠲᠦᠮᠡᠨ ᠮᠤ᠋ ᠬᠦᠷᠴᠤ᠂ ᠪᠦᠬᠦ ᠬᠤᠰᠢᠭᠤᠨ ᠤ ᠠᠰᠢᠭᠯᠠᠵᠤ ᠪᠤᠯᠬᠤᠶᠢᠴᠠ ᠨᠤᠳᠤᠭ ᠪᠠᠯᠴᠢᠬᠡᠷ ᠤᠨ | 100% ᠶᠢ ᠡᠵᠡᠯᠡᠪᠡ︔ 3.1 ᠲᠦᠮᠡᠨ ᠲᠤᠯᠤᠭᠠᠢ ᠪᠠᠯᠴᠢᠬᠡᠷ ᠤᠨ ᠲᠠᠭᠠᠭᠠᠴᠠ ᠠᠴᠠ ᠬᠡᠳᠤᠷᠡᠭᠰᠡᠨ ᠮᠠᠯ ᠢ | ᠴᠡᠪᠡᠷᠯᠡᠵᠤ᠂ ᠲᠠᠭᠠᠭᠠᠴᠠ ᠠᠴᠠ ᠬᠡᠳᠤᠷᠡᠬᠦᠯᠤᠨ ᠮᠠᠯ ᠮᠠᠯᠵᠢᠭᠰᠡᠨ 110 ᠡᠷᠤᠬᠡ ᠳᠤ ᠬᠠᠤᠯᠢ ᠶᠤᠰᠤᠭᠠᠷ | ᠠᠯᠪᠠᠳᠠᠯᠭ᠎ᠠ ᠶᠢᠨ ᠴᠢᠨᠠᠷᠳᠡᠢ ᠠᠷᠭ᠎ᠠ ᠬᠡᠮᠵᠢᠶ᠎ᠠ ᠠᠪᠤᠭᠰᠡᠨ ᠪᠠᠶᠢᠨ᠎ᠠ᠃ ᠮᠠᠯᠵᠢᠬᠤ ᠤᠷᠤᠨ ᠤ ᠬᠦᠮᠤᠨ ᠠᠮᠨ ᠶᠢ | ᠨᠡᠬᠦᠯᠬᠡᠬᠦ ᠠᠵᠢᠯ ᠤᠨ ᠠᠬᠢᠴᠠ ᠶᠢ ᠲᠦᠷᠬᠡᠳᠬᠡᠵᠤ᠂ 1721 ᠬᠦᠮᠤᠨ ᠢ ᠨᠡᠬᠦᠯᠬᠡᠨ ᠰᠢᠯᠵᠢᠬᠦᠯᠪᠠ᠃ ᠮᠠᠯ ᠠᠵᠤ | ᠠᠬᠤᠢ ᠶᠢᠨ ᠪᠦᠳᠤᠴᠠ ᠶᠢᠨ ᠲᠤᠬᠢᠷᠠᠭᠤᠯᠤᠯᠳᠠ ᠶᠢᠨ ᠠᠵᠢᠯ ᠢᠯᠡᠳᠳᠡ ᠦᠷ᠎ᠠ ᠪᠦᠳᠤᠮᠵᠢ ᠤᠯᠵᠤ᠂ ᠮᠢᠬᠠᠨ ᠤ | ᠦᠬᠡᠷ ᠲᠡᠵᠢᠬᠡᠬᠦ ᠲᠤᠭᠤᠷᠢᠭ ᠲᠤ 2.2 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ | 3129 ᠲᠤᠯᠤᠭᠠᠢ ᠰᠢᠮᠧᠨ᠋ᠲ᠋ᠧᠷ ᠦᠬᠡᠷ ᠤᠷᠤᠭᠤᠯᠤᠨ᠂ 10 ᠰᠦᠷᠦᠭ ᠰᠢᠮᠧᠨ᠋ᠲ᠋ᠧᠷ ᠦᠬᠡᠷ ᠤᠨ ᠭᠤᠤᠯᠳᠠᠯᠭᠠᠳᠤ | ᠰᠦᠷᠦᠭ ᠢ ᠪᠠᠶᠢᠭᠤᠯᠪᠠ︔ ᠮᠢᠬᠠᠨ ᠤ ᠬᠤᠨᠢ ᠲᠡᠵᠢᠬᠡᠬᠦ ᠲᠤᠭᠤᠷᠢᠭ ᠲᠠᠬᠢ 34 ᠭᠠᠴᠠᠭᠠᠨ ᠳᠤ ᠴᠦᠮ ᠬᠤᠴᠠ ᠶᠢ | ᠲᠦᠪᠯᠡᠷᠡᠬᠦᠯᠤᠨ ᠬᠠᠮᠢᠶᠠᠷᠤᠨ᠂ ᠤᠡᠴᠠ ᠨᠢᠬᠡᠳᠤᠬᠡᠷ ᠲᠡᠰ ᠤᠨ ᠬᠤᠴᠠ ᠶᠢᠨ ᠬᠠᠷᠢᠴᠠᠯ 88% ᠳᠤ ᠬᠦᠷᠴᠤ᠂ | 200 ᠰᠦᠷᠦᠭ ᠦᠵᠤᠮᠤᠴᠢᠨ ᠬᠤᠨᠢᠨ ᠤ ᠪᠠᠷᠢᠮᠵᠢᠶᠠᠵᠢᠭᠰᠡᠨ ᠰᠦᠷᠦᠭ ᠢ ᠰᠢᠨ᠎ᠠ ᠪᠠᠷ ᠪᠠᠶᠢᠭᠤᠯᠤᠨ᠂ ᠳ᠋ᠦ᠋ ᠮᠸᠡᠭ | ᠬᠤᠨᠢᠨ ᠤ ᠠᠵᠤ ᠠᠬᠤᠢ ᠶᠢᠨ ᠡᠷᠯᠢᠰᠵᠢᠬᠦᠯᠤᠯᠳᠠ ᠶᠢ 1.2 ᠲᠦᠮᠡᠨ ᠲᠤᠯᠤᠭᠠᠢ ᠪᠠᠶᠠᠯᠠᠬᠦᠯᠪᠠ᠃ ᠤᠷᠢᠶᠠᠩᠬᠠᠨ | ᠬᠤᠨᠢ ᠪᠠ ᠠᠪᠠᠭ᠎ᠠ ᠬᠠᠷ᠎ᠠ ᠠᠳᠤᠭᠤᠨ ᠤ ᠡᠬᠦᠯᠳᠡᠷ ᠢ ︽ᠲᠤᠮᠳᠠᠳᠤ ᠤᠯᠤᠰ ᠤᠨ ᠮᠠᠯ ᠲᠡᠵᠢᠬᠡᠪᠤᠷᠢ ᠶᠢᠨ | ᠤᠳᠤᠮᠰᠢᠯ ᠤᠨ ᠡᠬᠢ ᠰᠤᠷᠪᠤᠯᠵᠢ ᠶᠢᠨ ᠦᠢᠯᠠᠯᠭ᠎ᠠ︾ ᠳᠤ ᠤᠷᠤᠭᠤᠯᠪᠠ᠃ ᠮᠠᠯᠵᠢᠯ ᠤᠨ ᠤᠨ ᠤ ᠮᠠᠯ ᠤᠨ ᠲᠤᠭ᠎ᠠ | ᠲᠤᠯᠤᠭᠠᠢ ᠶᠢ ᠨᠢᠳᠤᠨᠤᠨ ᠤ ᠬᠢ ᠠᠴᠠ 6.1 ᠲᠦᠮᠨ ᠴᠦᠬᠡᠳᠬᠡᠵᠤ᠂ ᠡᠬᠦᠨ ᠳᠤ ᠪᠤᠭ ᠮᠠᠯ ᠢ 7.3 ᠲᠦᠮᠨ | ᠴᠦᠬᠡᠳᠬᠡᠵᠤ᠂ ᠪᠤᠳᠠ ᠮᠠᠯ ᠢ 1.2 ᠲᠦᠮᠡᠨ ᠲᠤᠯᠤᠭᠠᠢ ᠨᠡᠮᠡᠭᠳᠡᠬᠦᠯᠵᠤ᠂ ᠡᠬᠦᠯᠳᠡᠷ ᠰᠠᠶᠢᠵᠢᠷᠠᠭᠰᠡᠨ ᠨᠤᠷᠮ᠎ᠠ ᠢ | ᠨᠢᠳᠤᠨᠤᠨ ᠤ ᠬᠢ ᠠᠴᠠ 2.6 ᠵᠠᠭᠤᠨ ᠤ ᠬᠤᠪᠢ ᠪᠠᠷ ᠨᠡᠮᠡᠭᠳᠡᠬᠦᠯᠵᠤ᠂ 93.9% ᠳᠤ ᠬᠦᠷᠬᠡᠭᠰᠡᠨ ᠪᠠᠶᠢᠨ᠎ᠠ᠃ | ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢ ᠯᠠᠪᠳᠠᠭᠤᠨ ᠢᠶᠠᠷ ᠠᠬᠢᠭᠤᠯᠤᠨ᠂ 600 ᠲᠤᠯᠤᠭᠠᠢ ᠮᠢᠬᠠᠨ ᠤ | ᠦᠬᠡᠷ ᠪᠤᠷᠳᠤᠬᠤ ᠬᠡᠪᠴᠢᠶ᠎ᠠ ᠲᠠᠢ ᠰᠠᠭᠤᠷᠢᠨ ᠭᠠᠵᠡᠷ ᠨᠢᠬᠡ ᠶᠢ ᠪᠠᠶᠢᠭᠤᠯᠵᠤ᠂ ᠬᠡᠷ ᠪᠦᠯᠢ ᠶᠢᠨ ᠮᠢᠬᠠᠨ ᠤ ᠦᠬᠡᠷ | ᠪᠤᠷᠳᠤᠬᠤ ᠴᠢᠭ᠋ 6 ᠶᠢ ᠪᠠᠶᠢᠭᠤᠯᠤᠨ᠂ 153 ᠲᠤᠯᠤᠭᠠᠢ ᠮᠢᠬᠠᠨ ᠤ ᠦᠬᠡᠷ ᠪᠤᠷᠳᠤᠨ ᠲᠠᠷᠭᠤᠯᠠᠭᠤᠯᠵᠤ᠂ ᠪᠦᠬᠦ | ᠵᠢᠯ ᠳᠤ 87.3 ᠲᠦᠮᠡᠨ ᠮᠠᠯ ᠵᠠᠷᠤᠴᠠᠭᠤᠯᠪᠠ᠃ ᠰᠦᠨ ᠤ ᠭᠠᠷᠤᠯᠳᠠ 2000 ᠭᠠᠷᠤᠢ ᠲᠤᠨ ᠬᠦᠷᠴᠤ᠂ 1635 | ᠲᠤᠨ ᠴᠠᠭᠠᠨ ᠢᠳᠡᠭᠡ ᠪᠤᠷᠤᠯᠠᠭᠤᠯᠤᠨ᠂ 77 ᠲᠦᠮᠡᠨ ᠮᠤ᠋ ᠬᠠᠳᠤᠯᠠᠩ ᠢ ᠰᠢᠨ᠎ᠠ ᠪᠠᠷ ᠬᠦᠷᠢᠶᠠᠯᠠᠵᠤ᠂ ᠬᠠᠳᠤᠯᠠᠩ | ᠤᠨ ᠲᠠᠯᠠᠪᠠᠢ ᠨᠠᠶᠢᠳᠠ 678 ᠲᠦᠮᠡᠨ ᠮᠤ᠋ ᠬᠦᠷᠴᠤ᠂ 2.3 ᠳ᠋ᠦᠩᠰᠢᠭᠤᠷ ᠺᠢᠯᠦᠭᠷᠡᠮ ᠡᠪᠡᠰᠤ ᠬᠠᠳᠤᠵᠤ | ᠨᠦᠬᠡᠴᠡᠯᠡᠭᠰᠡᠨ ᠪᠠᠶᠢᠨ᠎ᠠ᠃ ︽ᠦᠪᠤᠷ ᠮᠤᠩᠭᠤᠯ ᠤᠨ ᠬᠠᠷ᠎ᠠ ᠠᠳᠤᠭᠤᠨ ᠤ ᠦᠯᠤᠬᠡᠢ︾ ᠪᠠᠷ ᠨᠠᠷᠠᠶᠢᠳᠬᠦ ᠶᠤᠰᠤᠯᠠᠯ | ᠵᠢᠴᠢ ᠠᠩᠬᠠᠳᠤᠭᠠᠷ ᠤᠳᠠᠭᠠᠨ ᠤ ︽ᠬᠠᠷ᠎ᠠ ᠠᠳᠤᠭᠤᠨ︾ ᠰᠤᠶᠤᠯ ᠤᠨ ᠨᠠᠶᠢᠷ ᠢ ᠠᠮᠵᠢᠯᠳᠠ ᠲᠠᠢ ᠡᠷᠬᠢᠯᠡᠨ᠂ | ᠠᠳᠤᠭᠤ ᠮᠠᠯᠵᠢᠬᠤ ᠲᠤᠰᠬᠠᠢ ᠡᠷᠤᠬᠡ 30 ᠡᠷᠤᠬᠡ ᠶᠢ ᠬᠦᠮᠤᠵᠢᠬᠦᠯᠵᠤ᠂ 135 ᠲᠤᠨ ᠴᠡᠭᠡ ᠪᠤᠷᠤᠯᠠᠭᠤᠯᠪᠠ᠃13 | ᠲᠦᠮᠡᠨ ᠮᠤ᠋ ᠰᠢᠷ᠎ᠠ ᠪᠤᠷᠭᠠᠰᠤ ᠶᠢ ᠬᠠᠳᠤᠵᠤ ᠠᠷᠠᠴᠢᠯᠡᠨ᠂ 1 ᠲᠦᠮᠡᠨ ᠮᠤ᠋ ᠰᠢᠷ᠎ᠠ ᠪᠤᠷᠭᠠᠰᠤ ᠶᠢ ᠰᠢᠨ᠎ᠠ ᠪᠠᠷ ᠲᠠᠷᠢᠵᠤ | ᠂ 2000 ᠰᠢᠷᠬᠡᠭ ᠵᠢᠮᠢᠰ ᠤᠨ ᠮᠤᠳᠤ ᠨᠦᠬᠦᠵᠤ ᠲᠠᠷᠢᠪᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠪᠠ | ᠮᠠᠰᠢᠡᠴᠢᠯᠡᠯᠳᠡ ᠶᠢᠨ ᠬᠡᠮᠵᠢᠶ᠎ᠠ ᠢᠯᠡᠳᠳᠡ ᠰᠠᠶᠢᠵᠢᠷᠡᠨ᠂ 2 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠫᠸᠡᠭ | ᠪᠠᠶᠢᠭᠤᠯᠵᠤ᠂ 58 ᠬᠤᠳᠳᠤᠭ ᠮᠠᠯᠳᠠᠨ᠂ 180 ᠢᠵᠢ ᠲᠠᠷᠢᠶᠠᠯᠠᠩ ᠤᠨ ᠮᠠᠰᠢᠨ ᠲᠦᠬᠦᠬᠡᠷᠤᠮᠵᠢ ᠬᠤᠳᠠᠯᠳᠤᠨ | ᠤᠷᠤᠭᠤᠯᠵᠤ ᠮᠠᠯᠴᠢᠳ ᠲᠤ ᠲᠠᠷᠬᠠᠭᠠᠪᠠ᠃ ᠰᠢᠨ᠎ᠠ ᠮᠠᠯᠵᠢᠬᠤ ᠤᠷᠤᠨ ᠤ ᠲᠤᠷᠰᠢᠯᠳᠠ ᠶᠢᠨ ᠴᠢᠭ᠋ ᠤᠨ ᠪᠦᠳᠤᠬᠡᠨ | ᠪᠠᠶᠢᠭᠤᠯᠤᠯᠳᠠ ᠤᠯᠠᠮ ᠲᠡᠬᠦᠯᠳᠡᠷᠵᠢᠵᠤ᠂ 1481 ᠲᠦᠮᠡᠨ ᠲᠦᠬᠦᠷᠢᠭ ᠤᠨ ᠪᠡᠯᠨ ᠤᠷᠤᠭᠤᠯᠤᠨ᠂ 9 | ᠲᠤᠷᠰᠢᠯᠳᠠ ᠶᠢᠨ ᠴᠢᠭ᠋ ᠤᠨ ᠭᠠᠴᠠᠭᠠᠨ ᠤ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ 142 ᠵᠢᠱᠢᠶᠠᠴᠢ | ᠡᠷᠤᠬᠡ ᠶᠢ ᠬᠦᠮᠤᠵᠢᠬᠦᠯᠤᠨ᠂ ᠡᠬᠦᠨ ᠤ ᠲᠤᠳᠤᠷ᠎ᠠ 18 ᠡᠷᠤᠬᠡ ᠶᠢ ᠰᠤᠳᠤᠨ ᠡᠷᠤᠬᠡ ᠪᠠᠷ ᠲᠤᠭᠳᠠᠭᠠᠵᠤ᠂ | 189 ᠮᠠᠯᠵᠢᠬᠤ ᠡᠷᠤᠬᠡ ᠳᠤ ᠰᠢᠨ᠎ᠠ ᠤᠷᠤᠨ ᠰᠠᠭᠤᠴᠠ ᠪᠠᠷᠢᠵᠤ ᠦᠭᠪᠠ᠃ ᠮᠠᠯ ᠤᠨ ᠲᠤᠭ᠎ᠠ ᠲᠤᠯᠤᠭᠠᠢ ᠶᠢ | ᠴᠦᠬᠡᠳᠬᠡᠭᠰᠡᠨ ᠪᠠᠶᠢᠳᠠᠯ ᠲᠤᠤᠷ᠎ᠠ᠂ ᠮᠠᠯ ᠤᠨ ᠡᠬᠦᠯᠳᠡᠷ ᠢ ᠰᠢᠯᠢᠳᠡᠭᠵᠢᠬᠦᠯᠬᠦ ᠢᠡᠵᠧᠨᠧᠷᠢᠩ ᠪᠠ ᠠᠵᠤ | ᠦᠢᠯᠡᠰᠵᠢᠬᠦᠯᠦᠭᠰᠡᠨ ᠡᠵᠡᠩᠨᠡᠯᠳᠡ ᠶᠢ ᠴᠢᠩᠭ᠎ᠠ ᠠᠳᠬᠤᠭᠰᠡᠨ ᠠᠴᠠ ᠮᠠᠯ ᠠᠵᠤ ᠠᠬᠤᠢ ᠶᠢᠨ ᠦᠢᠯᠡᠳᠪᠤᠷᠢᠯᠡᠯ ᠤᠨ | ᠦᠷᠳᠡᠭ ᠪᠠ ᠮᠠᠯᠴᠢᠳ ᠤᠨ ᠤᠷᠤᠯᠭ᠎ᠠ ᠴᠦᠮ ᠲᠤᠭᠳᠠᠭᠤᠨ ᠢᠶᠠᠷ ᠨᠡᠮᠡᠭᠳᠡᠭᠰᠡᠨ ᠪᠠᠶᠢᠨ᠎ᠠ᠃ | ││ᠠᠵᠤ ᠦᠢᠯᠡᠳᠪᠤᠷᠢ ᠶᠢᠨ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠰᠢᠨ᠎ᠠ ᠰᠢᠪᠳᠤᠯᠤᠯᠳᠠ ᠲᠠᠢ | ᠪᠤᠯᠪᠠ᠃ ᠵᠠᠬ᠎ᠠ ᠲᠡᠯᠬᠡᠬᠦᠷ ᠤᠨ ᠬᠡᠷᠡᠭᠴᠡᠭᠡ ᠪᠠᠭᠠᠰᠴᠤ᠂ ᠠᠵᠤ ᠦᠢᠯᠡᠳᠪᠤᠷᠢ ᠶᠢᠨ ᠦᠢᠯᠡᠳᠬᠦᠨ ᠤ ᠦᠨ᠎ᠠ | ᠪᠠᠭᠤᠷᠡᠨ᠂ ᠪᠡᠯᠨ ᠤᠷᠤᠭᠤᠯᠬᠤ ᠢᠳᠡᠬᠡᠯ ᠪᠠᠷᠤᠭᠳᠡᠢ ᠪᠠᠶᠢᠳᠠᠯ ᠲᠤᠤᠷ᠎ᠠ᠂ ᠪᠢᠳᠠ ᠤᠯᠠᠨ ᠵᠥᠢᠯ ᠤᠨ ᠠᠷᠭ᠎ᠠ | ᠬᠡᠮᠵᠢᠶ᠎ᠠ ᠠᠪᠴᠤ᠂ ᠠᠵᠤ ᠠᠬᠤᠶᠢᠯᠡᠯ ᠢ ᠬᠠᠪᠰᠤᠷᠤᠨ ᠲᠦᠷᠥᠯ ᠵᠥᠢᠯ ᠤᠨ ᠪᠠᠶᠢᠭᠤᠯᠤᠯᠳᠠ ᠶᠢ ᠠᠬᠢᠭᠤᠯᠤᠭᠰᠡᠨ | ᠪᠠᠶᠢᠨ᠎ᠠ᠃ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ 70 ᠲᠦᠮᠡᠨ ᠺᠢᠯᠤᠸᠡᠲ ᠤᠨ ᠲᠦᠷᠥᠯ | ᠵᠥᠢᠯ ᠢ ᠬᠢᠨᠡᠨ ᠵᠦᠪᠰᠢᠶᠠᠷᠡᠬᠦᠯᠵᠤ᠂ 60 ᠲᠦᠮᠡᠨ ᠺᠢᠯᠤᠸᠡᠲ ᠢ ᠨᠢ ᠠᠰᠢᠭᠯᠠᠯᠳᠠ ᠳᠤ ᠤᠷᠤᠭᠤᠯᠤᠨ᠂ ᠪᠦᠬᠦ | ᠵᠢᠯ ᠳᠤ ᠨᠠᠶᠢᠳᠠ 12.1 ᠳ᠋ᠦᠩᠰᠢᠭᠤᠷ ᠺᠢᠯᠤᠸᠡᠲ ᠴᠠᠬᠢᠯᠭᠠᠨ ᠭᠠᠷᠭᠠᠪᠠ᠃ ᠹᠸᠡᠭ ᠹᠸᠡᠭ ᠪᠦᠯᠦᠭᠯᠡᠯ ᠤᠨ | ᠨᠢᠬᠡᠳᠤᠬᠡᠷ ᠬᠤᠭᠤᠴᠠᠭᠠᠨ ᠤ ᠵᠢᠯ ᠳᠤ 800 ᠲᠦᠮᠡᠨ ᠲᠤᠨ ᠤ ᠭᠠᠷᠤᠯᠳᠠ ᠲᠠᠢ ᠨᠠᠬᠦᠷᠡᠰᠤᠨ ᠠᠭᠤᠷᠬᠠᠢ ᠶᠢᠨ | ᠭᠠᠵᠡᠷ ᠲᠡᠬᠡᠷᠡᠬᠢ ᠪᠠᠷᠢᠯᠭ᠎ᠠ ᠪᠠ ᠠᠭᠤᠷᠬᠠᠢ ᠶᠢᠨ ᠬᠤᠳᠳᠤᠭ ᠤᠨ ᠪᠠᠷᠢᠯᠭ᠎ᠠ ᠶᠢ ᠡᠬᠢᠯᠡᠬᠦᠯᠪᠡ᠃ ᠯᠤ᠋ ᠨᠸᠡᠭ | ᠪᠦᠯᠦᠭᠯᠡᠯ ᠤᠨ ᠨᠢᠬᠡᠳᠤᠬᠡᠷ ᠬᠤᠭᠤᠴᠠᠭᠠᠨ ᠤ 2×66 ᠲᠦᠮᠡᠨ ᠺᠢᠯᠤᠸᠡᠲ ᠤᠨ ᠴᠡᠬᠢᠯᠭᠠᠨ ᠭᠠᠷᠭᠠᠬᠤ | ᠦᠢᠯᠡᠳᠪᠤᠷᠢ ᠶᠢᠨ ᠪᠤᠯᠤᠮᠵᠢᠳᠤ ᠮᠡᠳᠡᠬᠦᠯᠤᠯᠳᠡ ᠶᠢ ᠤᠯᠤᠰ ᠤᠨ ᠴᠡᠬᠢᠯᠭᠠᠨ ᠬᠦᠴᠤᠨ ᠤ ᠲᠦᠯᠤᠪᠵᠢᠬᠦᠯᠬᠡ ᠶᠢᠨ | ᠶᠠᠷᠤᠩᠬᠡᠢ ᠬᠦᠷᠢᠶᠠᠯᠠᠩ ᠪᠠᠷ ᠬᠢᠨᠡᠨ ᠪᠠᠶᠢᠴᠠᠭᠠᠯᠭᠠᠵᠤ᠂ ᠤᠷᠤᠨ ᠤ ᠬᠦᠭᠵᠢᠬᠦᠯᠤᠯᠳᠠ ᠦᠬᠡᠷᠡᠴᠢᠯᠡᠯᠳᠡ ᠶᠢᠨ | ᠵᠦᠪᠯᠡᠯ ᠤᠨ ᠡᠮᠤᠨᠡᠬᠢ ᠬᠤᠭᠤᠴᠠᠭᠠᠨ ᠤ ᠠᠵᠢᠯ ᠢᠶᠠᠨ ᠦᠷᠨᠢᠬᠦᠯᠬᠦ ᠵᠦᠪᠰᠢᠶᠠᠷᠡᠯ ᠤᠨ ᠪᠢᠴᠢᠭ ᠢ ᠤᠯᠤᠭᠰᠡᠨ ᠪᠠᠶᠢᠨ᠎ᠠ | ᠃ ᠳ᠋ᠠ ᠠᠨ ᠺᠤᠮᠫᠠᠨᠢ ᠶᠢᠨ ᠵᠢᠯ ᠳᠤ 120 ᠲᠦᠮᠡᠨ ᠲᠤᠨ ᠨᠡᠬᠦᠷᠡᠰᠤ ᠮᠠᠯᠳᠠᠬᠤ ᠭᠤᠤᠯ ᠬᠤᠳᠳᠤᠭ ᠪᠠ ᠪᠡᠯᠡᠳᠬᠡᠯ | ᠬᠤᠳᠳᠤᠭ ᠢ ᠲᠤᠰᠪᠤᠷᠢ 443 ᠮᠧᠲᠷ᠂ 370 ᠮᠧᠲᠷ ᠮᠠᠯᠳᠠᠵᠤ᠂ ᠮᠠᠨᠢᠳᠤ ᠨᠠᠬᠦᠷᠡᠰᠤᠨ ᠠᠭᠤᠷᠬᠠᠢ ᠶᠢᠨ 3 | ᠠᠭᠤᠷᠬᠠᠢ ᠶᠢᠨ ᠬᠤᠳᠳᠤᠭ ᠨᠢ ᠮᠠᠷᠬᠡᠵᠢᠯ ᠤᠨ ᠦᠬᠡᠷᠡᠴᠢᠯᠡᠯᠳᠡ ᠶᠢᠨ ᠬᠢᠨᠡᠨ ᠰᠢᠯᠭᠠᠯᠳᠠ ᠳᠤ ᠬᠢᠷᠢ ᠲᠠᠩᠴᠠᠵᠤ᠂ | ᠨᠡᠬᠦᠷᠡᠰᠤ ᠮᠠᠯᠳᠠᠬᠤ ᠴᠢᠳᠠᠪᠤᠷᠢ ᠶᠢ 105 ᠲᠦᠮᠡᠨ ᠲᠤᠨ ᠬᠦᠷᠬᠡᠪᠡ᠃ ᠶᠢᠨ ᠳ᠋ᠢ ᠺᠤᠮᠫᠠᠨᠢ ᠶᠢᠨ ᠨᠢᠬᠡᠳᠤᠬᠡᠷ | ᠬᠤᠭᠤᠴᠠᠭᠠᠨ ᠤ ᠡᠳᠤᠷ ᠲᠤ 5000 ᠲᠤᠨ ᠵᠠᠰ ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ ᠶᠢᠨ | ᠪᠠᠷᠢᠯᠭ᠎ᠠ ᠶᠢᠨ ᠠᠵᠢᠯ ᠢ ᠲᠠᠭᠤᠰᠬᠠᠵᠤ᠂ ᠤᠳᠤᠬᠠᠨ ᠳᠤ ᠲᠦᠬᠦᠬᠡᠷᠤᠮᠵᠢ ᠪᠠᠨ ᠲᠤᠷᠰᠢᠬᠤ ᠱᠠᠳᠤᠨ ᠳᠤ ᠤᠷᠤᠭᠠᠳ | ᠪᠠᠶᠢᠨ᠎ᠠ᠃ ᠵᠢᠢ ᠳ᠋ᠦᠡᠭ ᠺᠤᠮᠫᠠᠨᠢ ᠶᠢᠨ ᠡᠳᠤᠷ ᠲᠤ 2500 ᠲᠤᠨ ᠪᠤᠯᠭᠤᠭᠰᠡᠨ ᠱᠦᠢᠨᠢ ᠦᠢᠯᠡᠳᠪᠤᠷᠢᠯᠡᠬᠦ | ᠦᠢᠯᠡᠳᠪᠤᠷᠢᠯᠡᠯ ᠤᠨ ᠱᠤᠭᠤᠮ ᠤᠨ ᠲᠤᠷᠰᠢᠨ ᠦᠢᠯᠡᠳᠪᠤᠷᠢᠯᠡᠯᠳᠡ ᠨᠢ ᠠᠮᠵᠢᠯᠳᠠ ᠤᠯᠵᠤ᠂ ᠴᠢᠶᠠᠨ ᠳ᠋ᠧ | ᠺᠤᠮᠫᠠᠨᠢ ᠶᠢᠨ ᠡᠳᠤᠷ ᠲᠤ 800 ᠲᠤᠨ ᠵᠠᠰ ᠪᠢᠰᠮᠦ᠋ᠲ ᠤᠨ ᠬᠦᠳᠡᠷ ᠰᠢᠯᠢᠬᠦ ᠦᠢᠯᠡᠳᠪᠤᠷᠢ᠂ ᠬᠠᠳᠠᠳᠤ ᠺᠤᠮᠫᠠᠨᠢ ᠶᠢᠨ | ᠨᠢᠬᠡᠳᠤᠬᠡᠷ ᠬᠤᠭᠤᠴᠠᠭᠠᠨ ᠤ ᠡᠳᠤᠷ ᠲᠤ 1500 ᠲᠤᠨ ᠮᠦᠩᠬᠦ ᠲᠤᠭᠤᠯᠭ᠎ᠠ ᠴᠠᠶᠢᠷ ᠤᠨ ᠬᠦᠳᠡᠷ ᠰᠢᠯᠢᠬᠦ | ᠦᠢᠯᠡᠳᠪᠤᠷᠢ ᠪᠠ ᠪᠠᠢ ᠶᠢᠨ ᠺᠤᠮᠫᠠᠨᠢ ᠶᠢᠨ ᠡᠳᠤᠷ ᠲᠤ 1000 ᠲᠤᠨ ᠬᠠᠶᠢᠯᠤᠭᠤᠷ ᠵᠤᠩᠰᠢ ᠶᠢᠨ ᠬᠦᠳᠡᠷ ᠰᠢᠯᠢᠬᠦ | ᠦᠢᠯᠡᠳᠪᠤᠷᠢ ᠶᠢ ᠴᠦᠮ ᠪᠠᠷᠢᠯᠭ᠎ᠠ ᠡᠬᠢᠯᠡᠬᠦᠯᠦᠭᠰᠡᠨ ᠪᠠᠶᠢᠨ᠎ᠠ᠃ | ││ ᠭᠤᠷᠪᠡᠳᠤᠭᠠᠷ ᠠᠵᠤ ᠦᠢᠯᠡᠰ ᠰᠢᠨ᠎ᠠ ᠦᠷᠨᠢᠯᠳᠠ ᠲᠠᠢ ᠪᠤᠯᠪᠠ᠃ ᠵᠤᠭᠠᠴᠠᠯ ᠤᠨ ᠦᠢᠯᠡᠰ ᠤᠨ | ᠬᠦᠭᠵᠢᠯᠳᠠ ᠶᠢ ᠲᠦᠷᠬᠡᠳᠬᠡᠵᠤ᠂ ᠤᠯᠢᠶᠠᠰᠤᠳᠡᠢ ᠦᠵᠡᠮᠵᠢ ᠶᠢᠨ ᠲᠤᠭᠤᠷᠢᠭ ᠤᠨ ᠪᠠᠷᠢᠯᠭ᠎ᠠ ᠶᠢ ᠡᠬᠢᠯᠡᠬᠦᠯᠵᠤ᠂ | ᠪᠡᠯᠬᠦᠳᠡᠢ ᠵᠢᠰᠠ ᠶᠢ ᠠᠰᠢᠭᠯᠠᠯᠳᠠ ᠳᠤ ᠤᠷᠤᠭᠤᠯᠤᠨ᠂ ᠪᠡᠯᠬᠦᠳᠡᠢ ᠰᠤᠶᠤᠯ ᠤᠨ ᠬᠦᠷᠢᠶᠠᠯᠠᠩ᠂ ᠴᠠᠭᠠᠨ ᠴᠢᠯᠠᠭᠤᠳᠤ | ᠵᠤᠰᠠᠭᠠᠯ ᠤᠨ ᠰᠠᠭᠤᠷᠢ ᠪᠦᠳᠤᠬᠡᠨ ᠪᠠᠶᠢᠭᠤᠯᠤᠯᠳᠠ ᠶᠢ ᠤᠯᠠᠮ ᠪᠦᠷᠢᠡᠰᠢᠬᠦᠯᠵᠤ᠂ ᠴᠠᠭᠠᠨ ᠴᠢᠯᠠᠭᠤᠳᠤ ᠵᠤᠰᠠᠭᠠᠯ ᠨᠢ | ᠤᠯᠤᠰ ᠤᠨAA ᠲᠡᠰ ᠤᠨ ᠦᠵᠡᠮᠵᠢ ᠶᠢᠨ ᠴᠢᠭ᠋ ᠢᠶᠠᠷ ᠦᠨᠡᠯᠡᠭᠳᠡᠨ᠂ ᠴᠡᠩᠬᠡᠯ ᠵᠤᠴᠢᠳ ᠤᠨ ᠪᠠᠭᠤᠳᠠᠯ᠂ | ᠪᠤᠭᠳ᠋ᠬᠠᠭᠤᠯᠨ ᠵᠤᠴᠢᠳ ᠤᠨ ᠪᠠᠭᠤᠳᠠᠯ᠂ ᠰᠤᠶᠤᠯ ᠤᠬᠠᠭᠤᠯᠭ᠎ᠠ ᠶᠢᠨ ᠲᠦᠪ᠂ ᠶᠠᠷᠤᠩᠬᠡᠶᠢᠯᠡᠭᠰᠡᠨ ᠠᠭᠤᠳᠠᠮ | ᠲᠠᠯᠠᠪᠠᠢ ᠵᠠᠷᠬᠡ ᠪᠠᠷᠢᠯᠭ᠎ᠠ ᠶᠢ ᠡᠬᠢᠯᠡᠬᠦᠯᠤᠨ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ | ᠵᠤᠭᠠᠴᠠᠭᠰᠡᠳ ᠢ 4.2 ᠲᠦᠮᠡᠨ ᠬᠦᠮᠤᠨ ᠤᠳᠠᠭ᠎ᠠ ᠬᠦᠯᠢᠶᠠᠨ ᠠᠪᠴᠤ᠂ ᠵᠤᠭᠠᠴᠠᠯ ᠤᠨ ᠦᠢᠯᠡᠰ ᠤᠨ ᠤᠷᠤᠯᠭ᠎ᠠ ᠨᠢ | 945 ᠲᠦᠮᠡᠨ ᠲᠦᠬᠦᠷᠢᠭ ᠲᠤ ᠬᠦᠷᠪᠡ᠃ ᠠᠵᠤ ᠦᠢᠯᠡᠳᠪᠤᠷᠢ ᠶᠢᠨ ᠪᠦᠳᠤᠬᠡᠭᠳᠡᠬᠦᠨ ᠪᠠ ᠲᠦᠬᠦᠬᠡᠢ | ᠮᠠᠲ᠋ᠧᠷᠢᠶᠠᠯ ᠤᠨ ᠵᠦᠬᠡᠬᠡᠪᠤᠷᠢᠯᠡᠯᠳᠡ ᠶᠢ ᠲᠠᠭᠠᠯᠳᠤᠨ᠂ ᠪᠤᠳᠠᠰ ᠤᠨ ᠬᠦᠢᠯᠬᠡᠬᠡᠨ ᠤ ᠦᠢᠯᠡᠰ ᠨᠢ ᠰᠢᠨ᠎ᠠ ᠨᠢᠬᠡᠨ | ᠬᠦᠭᠵᠢᠯᠳᠠ ᠶᠢᠨ ᠱᠠᠳᠤᠨ ᠳᠤ ᠤᠷᠤᠵᠤ᠂ ᠪᠦᠬᠦ ᠵᠢᠯ ᠤᠨ ᠪᠤᠳᠠᠰ ᠤᠨ ᠬᠦᠢᠯᠬᠡᠬᠡᠨ ᠤ ᠡᠷᠬᠢᠯᠳᠡ ᠶᠢᠨ ᠬᠡᠮᠵᠢᠶ᠎ᠠ ᠨᠢ | 1.4 ᠳ᠋ᠦᠩᠰᠢᠭᠤᠷ ᠲᠤᠨ ᠺᠢᠯᠤᠮᠧᠲᠷ ᠲᠤ ᠬᠦᠷᠦᠭᠰᠡᠨ ᠪᠠᠶᠢᠨ᠎ᠠ᠃ ᠵᠢᠵᠢᠭᠯᠡᠨ ᠪᠤᠷᠤᠯᠠᠭᠤᠯᠬᠤ ᠦᠢᠯᠡᠰ ᠤᠨ | ᠬᠦᠭᠵᠢᠯᠳᠠ ᠶᠢ ᠲᠦᠷᠬᠡᠳᠬᠡᠨ᠂ ᠲᠤᠮᠤ ᠬᠡᠯᠪᠡᠷᠢ ᠶᠢᠨ ᠴᠢᠯᠤᠬᠡᠳᠤ ᠬᠤᠳᠠᠯᠳᠤᠭ᠎ᠠ ᠪᠠ ᠶᠠᠪᠠᠭᠠᠨ ᠵᠠᠬᠡᠯᠢ ᠶᠢᠨ | ᠪᠠᠷᠢᠯᠭ᠎ᠠ ᠶᠢ ᠡᠬᠢᠯᠡᠬᠦᠯᠵᠤ᠂ 20 ᠵᠢᠵᠢᠭ ᠲᠡᠯᠬᠡᠬᠦᠷ ᠢ ᠦᠬᠡᠷᠡᠴᠢᠯᠡᠨ ᠵᠠᠰᠠᠵᠤ᠂ 110 ᠲᠦᠮᠡᠨ ᠲᠦᠬᠦᠷᠢᠭ ᠤᠨ | ᠮᠤᠲ᠋ᠤᠷ᠂ ᠮᠠᠰᠢᠨ ᠲᠡᠷᠬᠡ᠂ ᠴᠠᠬᠢᠯᠭᠠᠨ ᠬᠡᠷᠡᠭᠰᠡᠯ ᠢ ᠬᠦᠳᠡᠭᠡ ᠪᠠᠭᠤᠯᠭᠠᠬᠤ ᠨᠦᠬᠦᠪᠤᠷᠢ ᠶᠢ ᠲᠠᠷᠬᠠᠭᠠᠪᠠ᠃ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠦᠢᠯᠡᠴᠢᠯᠡᠬᠡᠨ ᠤ ᠴᠢᠳᠠᠪᠤᠷᠢ ᠤᠯᠠᠮ ᠴᠢᠩᠭᠠᠷᠠᠵᠤ᠂ ᠵᠢᠯ ᠤᠨ | ᠡᠴᠤᠰ ᠲᠤ ᠪᠦᠬᠦ ᠬᠤᠰᠢᠭᠤᠨ ᠤ ᠪᠠᠩᠬᠢᠨ ᠤ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠤᠷᠢ ᠨᠢ 8.4 | ᠳ᠋ᠦᠩᠰᠢᠭᠤᠷ ᠲᠦᠬᠦᠷᠢᠭ ᠪᠠ 4 ᠳ᠋ᠦᠩᠰᠢᠭᠤᠷ ᠲᠦᠬᠦᠷᠢᠭ ᠲᠤ ᠬᠦᠷᠴᠤ᠂ ᠲᠤᠰᠪᠤᠷᠢ 37.9% ᠪᠠ 137. | 9% ᠪᠠᠷ ᠨᠡᠮᠡᠭᠳᠡᠪᠡ᠃ ᠪᠠᠭ᠎ᠠ ᠬᠡᠮᠵᠢᠶᠠᠨ ᠤ ᠢᠳᠡᠬᠡᠮᠵᠢᠳᠤ ᠵᠢᠬᠡᠯᠡᠯᠬᠡ ᠶᠢᠨ ᠪᠠᠳᠤᠯᠠᠭ᠎ᠠ ᠶᠢᠨ ᠺᠤᠮᠫᠠᠨᠢ ᠨᠢᠬᠡ ᠶᠢ | ᠤᠷᠢᠨ ᠤᠷᠤᠭᠤᠯᠵᠤ᠂ ᠲᠤᠮᠳᠠ ᠪᠠᠭ᠎ᠠ ᠠᠵᠤ ᠠᠬᠤᠶᠢᠯᠡᠯ ᠳᠤ 900 ᠲᠦᠮᠡᠨ ᠲᠦᠬᠦᠷᠢᠭ ᠤᠨ ᠪᠠᠳᠤᠯᠠᠭᠠᠳᠤ | ᠵᠢᠬᠡᠯᠡᠯᠬᠡ ᠤᠯᠭᠤᠪᠠ᠃ | ││ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠨᠦᠬᠦᠴᠡᠯ ᠢᠯᠡᠳᠳᠡ ᠰᠠᠶᠢᠵᠢᠷᠠᠪᠠ᠃ ᠬᠤᠳᠠ | ᠪᠠᠯᠭᠠᠰᠤᠨ ᠤ ᠪᠦᠳᠤᠬᠡᠨ ᠪᠠᠶᠢᠭᠤᠯᠤᠯᠳᠠ ᠳᠤ 4 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ 7 | ᠵᠤᠷᠪᠤᠰ ᠵᠠᠮ ᠰᠢᠨ᠎ᠠ ᠪᠠᠷ ᠵᠠᠰᠠᠵᠤ᠂ 20 ᠵᠤᠷᠪᠤᠰ ᠭᠤᠳᠤᠮᠵᠢᠨ ᠵᠠᠮ ᠢ ᠬᠠᠳᠠᠭᠤᠵᠢᠭᠤᠯᠵᠤ᠂ 2 ᠲᠦᠮᠡᠨ ᠲᠡᠭᠰᠢ | ᠲᠦᠷᠪᠡᠯᠵᠢᠨ ᠮᠧᠲᠷ ᠭᠤᠶᠤᠯᠡᠯ ᠤᠨ ᠲᠤᠭᠤᠰᠬ᠎ᠠ ᠲᠠᠪᠢᠰᠪᠠ᠃ ᠲᠦᠬᠡᠬᠡᠯ ᠤᠰᠤᠨ ᠤ ᠬᠤᠭᠤᠯᠠᠢ᠂ ᠪᠤᠬᠢᠷ ᠤᠰᠤ | ᠭᠠᠳᠠᠭᠰᠢᠯᠠᠭᠤᠯᠬᠤ ᠬᠤᠭᠤᠯᠠᠢ ᠶᠢ ᠲᠤᠰᠪᠤᠷᠢ 7.3 ᠺᠢᠯᠤᠮᠧᠲᠷ ᠪᠠ 7 ᠺᠢᠯᠤᠮᠧᠲᠷ ᠤᠷᠳᠤᠳᠬᠠᠨ᠂ ᠲᠦᠪᠯᠡᠷᠡᠩᠬᠦᠢ | ᠲᠤᠯᠠᠭᠠᠯᠠᠯᠭ᠎ᠠ ᠶᠢ 10 ᠲᠦᠮᠡᠨ ᠲᠡᠭᠰᠢ ᠲᠦᠷᠪᠡᠯᠵᠢᠨ ᠮᠧᠲᠷ ᠦᠷᠬᠡᠳᠬᠡᠪᠡ᠃ ᠲᠤᠰ ᠵᠢᠯ ᠳᠤ 72 ᠰᠠᠤᠷᠢ ᠠᠰᠠᠷ | ᠪᠠᠷᠢᠵᠤ᠂ ᠨᠠᠶᠢᠳᠠ ᠲᠠᠯᠠᠪᠠᠢ ᠨᠢ 29 ᠲᠦᠮᠡᠨ ᠲᠡᠭᠰᠢ ᠲᠦᠷᠪᠡᠯᠵᠢᠨ ᠮᠧᠲᠷ ᠬᠦᠷᠪᠡ᠃ ᠡᠬᠦᠨ ᠳᠤ 18.5 | ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠰᠢᠷᠥᠢ ᠬᠡᠷ ᠬᠦᠷᠤᠩᠬᠡ ᠶᠢ ᠨᠡᠬᠡᠬᠡᠨ ᠠᠰᠢᠭᠯᠠᠵᠤ᠂ 1.8 ᠲᠦᠮᠡᠨ | ᠲᠡᠭᠰᠢ ᠲᠦᠷᠪᠡᠯᠵᠢᠨ ᠮᠧᠲᠷ ᠵᠤᠴᠢᠳ ᠤᠨ ᠪᠠᠭᠤᠳᠠᠯ ᠪᠠᠶᠢᠭᠤᠯᠤᠨ᠂ 6280 ᠲᠡᠭᠰᠢ ᠲᠦᠷᠪᠡᠯᠵᠢᠨ ᠮᠧᠲᠷ ᠬᠢᠮᠳᠠ | ᠲᠤᠬᠢᠯᠢᠭ ᠤᠷᠤᠨ ᠰᠠᠭᠤᠴᠠ᠂ 9750 ᠲᠡᠭᠰᠢ ᠲᠦᠷᠪᠡᠯᠵᠢᠨ ᠮᠧᠲᠷ ᠬᠢᠮᠳᠠ ᠪᠠᠷ ᠲᠦᠷᠢᠶᠠᠰᠤᠯᠡᠬᠦ ᠤᠷᠤᠨ | ᠰᠠᠭᠤᠴᠠ ᠪᠠᠷᠢᠵᠤ᠂ 7.1 ᠲᠦᠮᠡᠨ ᠲᠡᠭᠰᠢ ᠲᠦᠷᠪᠡᠯᠵᠢᠨ ᠮᠧᠲᠷ ᠤᠨ ᠠᠯᠪᠠᠨ ᠠᠰᠠᠷ ᠪᠠᠷᠢᠪᠠ᠃ ᠴᠠᠬᠢᠯᠭᠠᠨ | ᠤᠳᠠᠰᠤ᠂ ᠴᠢᠮᠡᠭᠡ ᠨᠠᠪᠳᠠᠷᠠᠯᠬᠡ ᠶᠢᠨ ᠤᠳᠠᠰᠤ ᠪᠠ ᠵᠠᠮ ᠤᠨ ᠳ᠋ᠸᠡᠭ ᠢ ᠦᠬᠡᠷᠡᠴᠢᠯᠡᠵᠤ ᠵᠠᠰᠠᠨ᠂ 6 ᠰᠠᠤᠷᠢ ᠠᠰᠠᠷ | ᠢ ᠴᠢᠮᠡᠭᠯᠡᠪᠡ᠃ 9.1 ᠲᠦᠮᠡᠨ ᠲᠡᠭᠰᠢ ᠲᠦᠷᠪᠡᠯᠵᠢᠨ ᠮᠧᠲᠷ ᠤᠨ ᠠᠭᠤᠳᠠᠮ ᠲᠠᠯᠠᠪᠠᠢ ᠶᠢ ᠪᠠᠶᠢᠭᠤᠯᠤᠨ᠂ | ᠪᠡᠯᠬᠦᠳᠡᠢ ᠰᠤᠶᠤᠯ ᠤᠨ ᠬᠦᠷᠢᠶᠠᠯᠠᠩ ᠤᠨ ᠴᠠᠭᠠᠨ ᠰᠤᠪᠤᠷᠭ᠎ᠠ᠂ ᠬᠦᠷᠡᠯ ᠬᠤᠩᠬᠤ᠂ ᠬᠦᠳᠤᠬᠦᠷ ᠰᠠᠶᠢᠯᠤᠮᠠᠯ᠂ ᠪᠦᠬᠡ | ᠪᠡᠯᠬᠦᠳᠡᠢ ᠶᠢᠨ ᠱᠤᠭᠤᠮᠠᠯ ᠵᠠᠷᠬᠡ ᠪᠠᠷᠢᠯᠭ᠎ᠠ ᠤᠳ ᠢ ᠲᠠᠭᠤᠰᠬᠠᠭᠰᠡᠨ ᠪᠠᠶᠢᠨ᠎ᠠ᠃ | ᠴᠠᠭᠠᠨ ᠤᠰᠤᠨ ᠴᠦᠬᠦᠷᠤᠮ ᠢ ᠵᠠᠰᠠᠨ ᠪᠠᠬᠢᠵᠢᠬᠦᠯᠬᠦ ᠪᠠᠷᠢᠯᠭ᠎ᠠ ᠶᠢᠨ ᠰᠢᠪᠡᠷ ᠰᠢᠷᠥᠢ ᠶᠢᠨ ᠠᠵᠢᠯ ᠢ ᠨᠢᠬᠡᠨᠳᠡ | ᠲᠠᠭᠤᠰᠬᠠᠵᠤ᠂ ᠤᠰᠤᠨ ᠤ ᠰᠤᠷᠪᠤᠯᠵᠢ ᠶᠢ ᠦᠬᠡᠷᠡᠴᠢᠯᠡᠨ ᠵᠠᠰᠠᠬᠤ ᠪᠤᠯᠤᠮᠵᠢᠳᠤ ᠮᠡᠳᠡᠬᠦᠯᠤᠯᠳᠠ ᠨᠢ ᠤᠷᠤᠨ ᠤ | ᠤᠰᠤᠨ ᠠᠰᠢᠭᠯᠠᠯᠳᠠ ᠶᠢᠨ ᠲᠢᠩᠬᠢᠮ ᠤᠨ ᠬᠢᠨᠡᠨ ᠰᠢᠯᠭᠠᠯᠳᠠ ᠶᠢ ᠦᠩᠬᠡᠷᠡᠬᠡᠪᠡ᠃ ᠪᠡᠯᠬᠦᠳᠡᠢ ᠪᠠᠯᠭᠠᠰᠤᠨ ᠤ | 110 ᠺᠢᠯᠤᠸᠤᠯᠲ᠂ ᠶᠢᠨ ᠳ᠋ᠢ ᠠᠭᠤᠷᠬᠠᠢ ᠶᠢᠨ ᠦᠢᠯᠡᠰ ᠤᠨ ᠵᠠᠰ ᠮᠤᠯᠢᠪᠳᠧᠨ ᠤ ᠠᠭᠤᠷᠬᠠᠢ ᠶᠢᠨ 35 | ᠺᠢᠯᠤᠸᠤᠯᠲ᠂ ᠴᠠᠭᠠᠡᠨᠠᠭᠤᠷ ᠨᠡᠬᠦᠷᠡᠰᠤᠨ ᠠᠭᠤᠷᠬᠠᠢ ᠶᠢᠨ110 ᠺᠢᠯᠤᠸᠤᠯᠲ ᠤᠨ ᠭᠤᠷᠪᠡᠨ ᠵᠤᠷᠪᠤᠰ ᠬᠦᠴᠤᠳᠡᠯ | ᠬᠤᠪᠢᠰᠬᠠᠬᠤ ᠴᠠᠬᠢᠯᠭᠠᠨ ᠱᠤᠭᠤᠮ ᠨᠢ ᠨᠢᠬᠡᠨᠳᠡ ᠠᠰᠢᠭᠯᠠᠯᠳᠠ ᠳᠤ ᠤᠷᠤᠭᠰᠡᠨ ᠪᠠᠶᠢᠨ᠎ᠠ᠃ 101ᠮᠤᠵᠢ ᠶᠢᠨ ᠵᠠᠮ | ᠠᠴᠠ ᠴᠠᠭᠠᠡᠨᠠᠭᠤᠷ ᠪᠠᠯᠭᠠᠰᠤ ᠲᠠᠮᠵᠢᠨ ᠬᠤᠩᠭᠤᠷᠭᠤᠤᠯ ᠪᠠᠯᠭᠠᠰᠤ ᠬᠦᠷᠬᠦ᠂ 101ᠮᠤᠵᠢ ᠶᠢᠨ ᠵᠠᠮ ᠠᠴᠠ | ᠨᠠᠷᠠᠡᠪᠤᠯᠠᠭ ᠰᠤᠮᠤ ᠬᠦᠷᠬᠦ᠂ ᠲᠡᠯᠬᠡᠷ ᠠᠴᠠ ᠤᠯᠢᠶᠠᠰᠤᠳᠡᠢ ᠬᠦᠷᠬᠦ 3 ᠵᠤᠷᠪᠤᠰ ᠨᠠᠶᠢᠳᠠ 278 ᠺᠢᠯᠤᠮᠧᠲᠷ ᠵᠠᠰᠠᠮᠠᠯ | ᠵᠠᠮ ᠢ ᠲᠡᠷᠬᠡ ᠨᠠᠪᠳᠠᠷᠠᠬᠦᠯᠵᠤ᠂ ᠪᠡᠯᠬᠦᠳᠡᠢ ᠪᠠᠯᠭᠠᠰᠤ ᠠᠴᠠ ᠶᠠᠬᠡᠭᠤᠤᠯ ᠰᠤᠮᠤ ᠲᠠᠮᠵᠢᠨ ᠵᠢᠷᠭᠠᠯᠠᠩᠳᠤ ᠰᠤᠮᠤ ᠬᠦᠷᠬᠦ | 168 ᠺᠢᠯᠤᠮᠧᠲᠷ ᠵᠠᠰᠠᠮᠠᠯ ᠵᠠᠮ ᠤᠨ ᠶᠡᠬᠡᠩᠬᠢ ᠪᠠᠷᠢᠯᠭ᠎ᠠ ᠶᠢ ᠲᠠᠭᠤᠰᠬᠠᠨ᠂ ᠰᠠᠩᠰᠠᠨ ᠰᠦᠮ᠎ᠠ ︵ᠤᠤᠯ ᠤᠨ | ᠴᠠᠩᠬᠡᠯᠪᠤᠯᠠᠭ ᠰᠤᠮᠤᠨ ᠤ ᠰᠠᠭᠤᠭ᠎ᠠ ᠭᠠᠵᠡᠷ︶ ᠠᠴᠠ ᠵᠢᠷᠭᠠᠯᠠᠩᠳᠤ ᠰᠤᠮᠤ ᠬᠦᠷᠬᠦ 100 ᠺᠢᠯᠤᠮᠧᠲᠷ ᠤᠨ | ᠵᠠᠰᠠᠮᠠᠯ ᠵᠠᠮ ᠢ ᠨᠢᠬᠡᠨᠳᠡ ᠪᠠᠷᠢᠯᠭ᠎ᠠ ᠡᠬᠢᠯᠡᠬᠦᠯᠪᠠ᠃ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠲᠠᠮᠤᠷ ᠵᠠᠮ ᠤᠨ | ᠲᠤᠰᠬᠠᠢ ᠱᠤᠭᠤᠮ ᠤᠨ ᠪᠤᠯᠤᠮᠵᠢᠳᠤ ᠮᠡᠳᠡᠬᠦᠯᠤᠯᠳᠡ ᠨᠢ ᠨᠢᠬᠡᠨᠳᠡ ᠲᠠᠮᠤᠷ ᠵᠠᠮ ᠤᠨ ᠶᠠᠮᠤᠨ ᠤ ᠬᠢᠨᠡᠨ ᠰᠢᠯᠭᠠᠯᠳᠠ | ᠶᠢ ᠦᠩᠬᠡᠷᠡᠬᠡᠵᠤ᠂ ᠰᠢᠯᠢᠩᠬᠤᠳᠠ ᠠᠴᠠ ᠡᠷᠢᠶᠠᠨ ᠬᠦᠷᠬᠦ ᠲᠠᠮᠤᠷ ᠵᠠᠮ ᠨᠢ ᠤᠯᠤᠰ ᠤᠨ ᠬᠦᠭᠵᠢᠬᠦᠯᠤᠯᠳᠠ | ᠦᠬᠡᠷᠡᠴᠢᠯᠡᠯᠳᠡ ᠶᠢᠨ ᠵᠦᠪᠯᠡᠯ ᠤᠨ ᠵᠦᠪᠰᠢᠶᠠᠷᠡᠯ ᠢ ᠤᠯᠤᠭᠰᠡᠨ ᠪᠠᠶᠢᠨ᠎ᠠ᠃ | ││ᠠᠷᠡᠳ ᠤᠨ ᠠᠮᠢᠳᠤᠷᠡᠯ ᠤᠨ ᠪᠠᠳᠤᠯᠠᠭ᠎ᠠ ᠶᠢ ᠰᠢᠨ᠎ᠠ ᠬᠢᠷᠢ ᠲᠦᠪᠰᠢᠨ ᠳᠤ ᠬᠦᠷᠬᠡᠪᠡ᠃ ᠤᠷᠤᠯᠭ᠎ᠠ ᠶᠢ | ᠨᠢ ᠨᠡᠮᠡᠭᠳᠡᠬᠦᠯᠤᠨ ᠠᠷᠡᠳ ᠤᠨ ᠠᠮᠢᠳᠤᠷᠡᠯ ᠢ ᠪᠠᠳᠤᠯᠠᠬᠤ ᠠᠵᠢᠯ ᠢ ᠪᠦᠬᠦ ᠬᠦᠴᠤᠨ ᠢᠶᠠᠷ ᠠᠳᠬᠤᠨ᠂ ᠨᠠᠶᠢᠬᠡᠮ ᠤᠨ | ᠡᠶ᠎ᠡ ᠵᠤᠬᠢᠴᠠᠩᠭᠤᠢ ᠬᠦᠭᠵᠢᠯᠳᠠ ᠶᠢ ᠴᠢᠷᠮᠠᠶᠢᠨ ᠠᠬᠢᠭᠤᠯᠪᠠ᠃ ᠪᠦᠬᠦ ᠵᠢᠯ ᠳᠤ ᠨᠠᠶᠢᠳᠠ 5192 ᠠᠵᠢᠯ ᠤᠨ | ᠪᠠᠶᠢᠷᠢ ᠴᠤᠭᠯᠠᠭᠤᠯᠤᠨ᠂ 3483 ᠬᠦᠮᠤᠨ ᠢ ᠤᠷᠤᠡᠰᠢᠭᠤᠯᠵᠤ᠂ ᠬᠤᠳᠠ ᠪᠠᠯᠭᠠᠰᠤᠨ ᠤ ᠲᠠᠩᠰᠠᠯᠠᠭᠰᠡᠨ ᠠᠵᠢᠯ | ᠠᠯᠳᠠᠭᠰᠡᠨ ᠨᠤᠷᠮ᠎ᠠ ᠶᠢ 3.88% ᠶᠢᠨ ᠲᠤᠳᠤᠷ᠎ᠠ ᠬᠢᠵᠠᠭᠠᠷᠯᠠᠪᠠ᠃ ᠬᠤᠳᠠ ᠪᠠᠯᠭᠠᠰᠤᠨ ᠤ ᠬᠠᠮᠤᠭ ᠨᠠᠭᠠᠳᠤ | ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠦᠮᠤᠨ ᠪᠦᠷᠢ ᠶᠢᠨ 220 ᠲᠦᠬᠦᠷᠢᠭ | ᠪᠠᠶᠢᠭᠰᠡᠨ ᠠᠴᠠ 250 ᠲᠦᠬᠦᠷᠢᠭ ᠪᠤᠯᠭᠠᠵᠤ᠂ ᠮᠠᠯᠵᠢᠬᠤ ᠤᠷᠤᠨ ᠤ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ | ᠪᠠᠳᠤᠯᠠᠭ᠎ᠠ ᠶᠢ ᠵᠢᠯ ᠳᠤ ᠬᠦᠮᠤᠨ ᠪᠦᠷᠢ ᠶᠢᠨ 1000 ᠲᠦᠬᠦᠷᠢᠭ ᠪᠠᠶᠢᠭᠰᠡᠨ ᠠᠴᠠ 1500 ᠲᠦᠬᠦᠷᠢᠭ ᠪᠤᠯᠭᠠᠪᠠ᠃ | ᠬᠤᠳᠠ ᠪᠠᠯᠭᠠᠰᠤᠨ ᠤ ᠠᠵᠢᠯᠳᠠᠨ ᠤ ᠦᠡᠳᠤᠰᠤᠨ ᠨᠠᠰᠤᠵᠢᠯ ᠤᠨ ᠲᠠᠭᠠᠳᠬᠠᠯ᠂ ᠦᠡᠳᠤᠰᠤᠨ ᠡᠮᠴᠢᠯᠡᠬᠡᠨ ᠤ | ᠲᠠᠭᠠᠳᠬᠠᠯ᠂ ᠠᠵᠢᠯ ᠤᠨ ᠰᠢᠷᠬᠠᠳᠤᠯ ᠤᠨ ᠲᠠᠭᠠᠳᠬᠠᠯ᠂ ᠬᠦᠩᠬᠡᠵᠢᠯᠳᠠ ᠶᠢᠨ ᠲᠠᠭᠠᠳᠬᠠᠯ ᠤᠨ ᠪᠦᠷᠬᠦᠴᠠ ᠶᠢᠨ | ᠬᠡᠮᠵᠢᠶ᠎ᠠ ᠶᠢ ᠤᠯᠠᠮ ᠦᠷᠬᠡᠳᠬᠡᠵᠤ᠂ ᠪᠡᠯᠬᠦᠳᠡᠢ ᠪᠠᠯᠭᠠᠰᠤᠨ ᠳᠤ ᠮᠠᠯᠵᠢᠬᠤ ᠤᠷᠤᠨ ᠤ ᠰᠢᠨ᠎ᠠ ᠬᠡᠯᠪᠡᠷᠢ ᠶᠢᠨ | ᠨᠠᠰᠤᠵᠢᠯ ᠤᠨ ᠲᠠᠭᠠᠳᠬᠠᠯ ᠤᠨ ᠲᠤᠷᠰᠢᠯᠳᠠ ᠶᠢᠨ ᠴᠢᠭ᠋ ᠤᠨ ᠠᠵᠢᠯ ᠢ ᠦᠷᠨᠢᠬᠦᠯᠤᠬᠡᠳ᠂ 3099 ᠬᠦᠮᠤᠨ | ᠲᠠᠭᠠᠳᠬᠠᠯ ᠳᠤ ᠤᠷᠤᠯᠴᠠᠪᠠ᠃ ᠡᠯ᠎ᠠ ᠲᠦᠷᠥᠯ ᠤᠨ ᠰᠤᠷᠤᠯᠭ᠎ᠠ ᠲᠡᠳᠬᠦᠬᠦ ᠲᠦᠷᠥ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ 569 ᠲᠦᠮᠡᠨ ᠲᠦᠬᠦᠷᠢᠭ ᠤᠨ ᠨᠦᠬᠦᠪᠤᠷᠢ ᠶᠢ ᠲᠠᠷᠬᠠᠭᠠᠨ᠂ ᠠᠰᠢᠭ ᠬᠦᠷᠳᠡᠭᠰᠡᠨ | ᠰᠤᠷᠤᠭᠴᠢ 5400 ᠬᠦᠮᠤᠨ ᠤᠳᠠᠭ᠎ᠠ ᠳᠤ ᠬᠦᠷᠪᠡ᠃ ᠮᠠᠯᠵᠢᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠡᠨ | ᠡᠮᠴᠢᠯᠡᠬᠡᠨ ᠳᠤ ᠤᠷᠤᠯᠴᠠᠭᠰᠡᠨ ᠨᠤᠷᠮ᠎ᠠ ᠨᠢ 99.3% ᠳᠤ ᠬᠦᠷᠴᠤ᠂ ᠡᠪᠡᠳᠴᠢᠳᠡᠳ ᠲᠤ 204 ᠲᠦᠮᠡᠨ | ᠲᠦᠬᠦᠷᠢᠭ ᠤᠨ ᠡᠮᠨᠡᠯᠬᠡ ᠶᠢᠨ ᠰᠦᠢᠳᠬᠡᠯ ᠴᠠᠶᠢᠷᠠᠭᠤᠯᠵᠤ ᠦᠭᠪᠠ᠃ ᠬᠦᠬᠡ ᠬᠡᠯᠪᠡᠷᠢ ᠶᠢᠨ H1N1 | ᠬᠠᠯᠳᠠᠪᠤᠷᠢᠳᠤ ᠲᠠᠭᠰᠢᠭᠤᠷ ᠢ ᠰᠠᠷᠬᠡᠶᠢᠯᠡᠨ ᠬᠢᠵᠠᠭᠠᠷᠯᠠᠬᠤ ᠠᠵᠢᠯ ᠢ ᠬᠢᠨᠠᠮᠠᠭᠠᠢ ᠬᠢᠭᠰᠡᠨ ᠠᠴᠠ ᠪᠦᠬᠦ ᠬᠤᠰᠢᠭᠤᠨ ᠳᠤ | ᠬᠦᠡᠳᠤ ᠡᠪᠡᠳᠴᠢᠳᠡᠨ ᠪᠠ ᠬᠦᠡᠳᠤ ᠶᠡᠭᠡ ᠬᠢᠵᠢᠭ ᠤᠨ ᠪᠠᠶᠢᠳᠠᠯ ᠢᠯᠡᠷᠡᠭᠰᠡᠨ ᠦᠬᠡᠢ᠃ 300 ᠲᠦᠮᠡᠨ | ᠲᠦᠬᠦᠷᠢᠭ ᠤᠨ ᠪᠡᠯᠨ ᠤᠷᠤᠭᠤᠯᠵᠤ᠂ ︽ᠪᠦᠬᠦᠶᠢᠯᠨ ᠭᠠᠴᠠᠭ᠎ᠠ ᠪᠠᠷ ᠨᠢ ᠲᠦᠯᠬᠢᠨ ᠠᠬᠢᠭᠤᠯᠬᠤ︾ ᠶᠠᠳᠠᠭᠤ ᠶᠢ | ᠲᠡᠳᠬᠦᠬᠦ ᠢᠡᠵᠧᠨᠧᠷᠢᠩ ᠢ ᠬᠡᠷᠡᠭᠵᠢᠬᠦᠯᠤᠨ᠂ 3 ᠭᠠᠴᠠᠭᠠᠨ ᠤ 179 ᠮᠠᠯᠵᠢᠬᠤ ᠡᠷᠤᠬᠡ ᠠᠰᠢᠭ ᠬᠦᠷᠳᠡᠪᠡ᠃ | ᠵᠠᠰᠠᠭ ᠤᠨ ᠤᠷᠳᠤᠨ ᠠᠴᠠ ᠠᠷᠡᠳ ᠲᠤ ᠠᠮᠠᠯᠳᠤᠭᠰᠡᠨ ︽ᠠᠷᠪᠠᠨ ᠪᠤᠳᠠᠳᠤ ᠶᠠᠪᠤᠳᠠᠯ︾ ᠢᠶᠠᠨ ᠪᠦᠬᠦᠨ ᠢ | ᠪᠠᠶᠠᠯᠠᠬᠦᠯᠪᠡ᠃ | ││ ᠡᠯ᠎ᠠ ᠲᠦᠷᠥᠯ ᠤᠨ ᠨᠠᠶᠢᠬᠡᠮ ᠤᠨ ᠠᠵᠢᠯ ᠦᠢᠯᠡᠰ ᠰᠢᠨ᠎ᠠ ᠠᠬᠢᠯᠳᠠ ᠲᠠᠢ ᠪᠤᠯᠪᠠ᠃ ᠰᠢᠡᠵᠢᠯᠡᠬᠦ ᠤᠬᠠᠭᠠᠨ | ᠲᠧᠭᠨᠢᠭ ᠮᠠᠷᠬᠡᠵᠢᠯ ᠤᠨ ᠪᠤᠯᠪᠠᠰᠤᠷᠡᠯ ᠤᠨ ᠠᠩᠬᠢ ᠶᠢ 66 ᠬᠤᠭᠤᠴᠠᠭ᠎ᠠ ᠡᠷᠬᠢᠯᠡᠨ᠂ 3150 ᠬᠦᠮᠤᠨ ᠤᠳᠠᠭ᠎ᠠ ᠳᠤ | ᠪᠤᠯᠪᠠᠰᠤᠷᠡᠯ ᠬᠦᠷᠳᠡᠬᠡᠪᠡ᠃ ᠪᠦᠬᠦ ᠲᠠᠯᠠᠪᠠᠢ ᠨᠢ 8491 ᠲᠡᠭᠰᠢ ᠲᠦᠷᠪᠡᠯᠵᠢᠨ ᠮᠧᠲᠷ ᠪᠤᠯᠬᠤ ᠮᠤᠩᠭᠤᠯ ᠪᠠᠭ᠎ᠠ | ᠰᠤᠷᠭᠠᠭᠤᠯᠢ᠂ ᠠᠵᠢᠯ ᠮᠠᠷᠬᠡᠵᠢᠯ ᠤᠨ ᠲᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠪᠠ ᠬᠤᠭᠤᠯᠠᠨ ᠬᠡᠷ᠂ | ᠮᠤᠩᠭᠤᠯ ᠲᠤᠮᠳᠠᠳᠤ ᠰᠤᠷᠭᠠᠭᠤᠯᠢ ᠶᠢᠨ ᠬᠤᠭᠤᠯᠡᠨ ᠬᠡᠷ ᠤᠨ ᠪᠠᠷᠢᠯᠭ᠎ᠠ ᠶᠢ ᠡᠬᠢᠯᠡᠬᠦᠯᠪᠡ᠃ ᠠᠯᠪᠠᠨ ᠵᠢᠷᠤᠮ ᠤᠨ | ᠰᠤᠷᠭᠠᠨ ᠬᠦᠮᠤᠵᠢᠯ ᠤᠨ ᠰᠤᠷᠭᠠᠭᠤᠯᠢ ᠶᠢᠨ ᠠᠵᠢᠯ ᠤᠨ ᠦᠷ᠎ᠠ ᠪᠦᠳᠤᠮᠵᠢ ᠪᠠᠷ ᠴᠠᠯᠢᠩ ᠤᠯᠭᠤᠬᠤ | ᠦᠬᠡᠷᠡᠴᠢᠯᠡᠯᠳᠡ ᠶᠢᠨ ᠠᠵᠢᠯ ᠢ ᠪᠠᠶᠠᠯᠠᠬᠦᠯᠦᠭᠰᠡᠨ ᠪᠠᠶᠢᠨ᠎ᠠ᠃ ︽ᠦᠡᠳᠤᠰᠤᠳᠠᠨ ᠤ ᠰᠤᠶᠤᠯ ᠤᠨ ᠲᠤᠮᠤ ᠬᠤᠰᠢᠭᠤ︾ | ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠂ ᠦᠪᠤᠷ ᠮᠤᠩᠭᠤᠯ ᠤᠨ ᠲᠧᠯᠸᠢᠰ ᠬᠤᠷᠢᠶ᠎ᠠ ᠲᠠᠢ ᠬᠠᠮᠳᠤᠷᠡᠵᠤ | ᠰᠡᠬᠦᠳᠡᠷᠯᠡᠨ ᠦᠢᠯᠡᠳᠦᠭᠰᠡᠨ ︽ᠪᠤᠭᠳᠠ ᠠᠭᠤᠯᠨ ᠶᠢᠨ ᠪᠠᠷ᠎ᠠ︾ ᠬᠡᠬᠦ ᠺᠢᠨᠤ᠋ ᠨᠢ ᠰᠢᠶᠠᠩᠭᠠᠡᠭ ᠳᠤ ᠶᠠᠪᠤᠭᠳᠠᠭᠰᠡᠨ | ᠠᠽᠢᠶ᠎ᠠ ᠶᠢᠨ ᠺᠢᠨᠤ᠋ ᠶᠢᠨ ᠪᠡᠯᠨ ᠤᠷᠤᠭᠤᠯᠤᠯᠳᠠ ᠶᠢᠨ ᠬᠤᠷᠡᠯ ᠳᠤ ᠲᠡᠯᠬᠡᠨ ᠦᠵᠡᠬᠦᠯᠤᠯᠬᠡ ᠬᠢᠭᠰᠡᠨ ᠪᠦᠬᠡᠳ | ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠲᠠᠪᠤᠨ ᠨᠢᠬᠡ︾ ᠶᠢᠨ ᠢᠡᠵᠧᠨᠧᠷᠢᠩ ᠤᠨ ᠱᠠᠩᠨᠠᠯ ᠢ | ᠬᠦᠷᠳᠡᠵᠤ᠂ ︽ᠴᠢᠩᠬᠢᠰ ᠤᠨ ᠰᠤᠷᠭᠠᠯ ᠦᠬᠡ︾ ᠮᠤᠩᠭᠤᠯ ᠤᠷᠡᠨ ᠪᠢᠴᠢᠯᠬᠡ ᠪᠠ ︽ᠠᠪᠠᠭ᠎ᠠ ᠨᠤᠳᠤᠭ︾ ᠬᠡᠬᠦ | ᠲᠠᠭᠤᠤ ᠨᠢ ᠤᠷᠤᠨ ᠤ ᠤᠷᠠᠯᠢᠭ ᠤᠨ ᠪᠦᠳᠤᠬᠡᠯ ᠤᠨ ᠬᠠᠮᠤᠭ ᠤᠨ ᠲᠡᠬᠡᠳᠤ ᠱᠠᠩᠨᠠᠯ ᠊᠊᠊᠊᠊᠊ ︽ᠰᠠᠷᠠᠨ᠎ᠠ︾ ᠱᠠᠩᠨᠠᠯ ᠢ | ᠬᠦᠷᠳᠡᠨ᠂ ︽ᠴᠤᠭᠤᠷ ᠲᠠᠭᠤᠤ︾ ᠶᠢ ᠪᠦᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠷᠬᠡᠳᠬᠡᠯ | ᠲᠦᠷᠥᠯ ᠵᠥᠢᠯ ᠢᠶᠠᠷ ᠭᠤᠶᠤᠴᠢᠯᠠᠵᠤ᠂ ︽ᠠᠪᠠᠭ᠎ᠠ ᠴᠤᠭᠤᠷ ᠲᠠᠭᠤᠤ︾ ᠶᠢ ᠤᠷᠤᠨ ᠤ ᠬᠤᠶᠠᠳᠡᠬᠢ ᠪᠦᠯᠦᠭ ᠤᠨ | ᠰᠤᠶᠤᠯ ᠤᠨ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠭᠠᠵᠡᠷ ᠤᠨ ᠲᠦᠷᠥᠯ ᠵᠥᠢᠯ ᠳᠤ ᠤᠷᠤᠭᠤᠯᠤᠨ᠂ | ᠰᠢᠯᠵᠢᠬᠦᠯᠵᠤ ᠦᠯᠤ ᠪᠤᠯᠬᠤ 52 ᠬᠠᠭᠤᠴᠢ ᠦᠯᠡᠳᠡᠭᠳᠡᠯ ᠢ ᠢᠯᠡᠷᠡᠬᠦᠯᠪᠡ᠃ ᠷᠡᠳᠢᠤ᠋ ᠲᠧᠯᠸᠢᠰ ᠤᠨ ᠦᠢᠯᠡ᠊ ᠤᠨ | ᠬᠦᠭᠵᠢᠯᠳᠠ ᠶᠢ ᠲᠦᠷᠬᠡᠳᠬᠡᠵᠤ᠂ ᠷᠡᠳᠢᠤ᠋ ᠪᠠ ᠲᠧᠯᠸᠢᠰ ᠤᠨ ᠪᠦᠷᠬᠦᠴᠠ ᠶᠢᠨ ᠨᠤᠷᠮ᠎ᠠ ᠲᠤᠰ ᠲᠤᠰ 98% ᠪᠠ | 94% ᠳᠤ ᠬᠦᠷᠪᠡ᠃ ᠭᠤᠷᠪᠡᠨ ᠱᠠᠳᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠯᠳᠠ ᠶᠢ ᠴᠢᠩᠭᠠᠳᠬᠠᠵᠤ᠂ | ᠬᠤᠰᠢᠭᠤ ᠡᠮᠨᠡᠯᠬᠡ ᠶᠢᠨ ᠬᠤᠷᠢᠶᠠᠨ ᠤ ᠡᠪᠡᠳᠴᠢᠳᠠᠨ ᠤ ᠠᠰᠠᠷ᠂ ᠮᠤᠩᠭᠤᠯ ᠡᠮᠨᠡᠯᠬᠡ ᠶᠢᠨ ᠬᠤᠷᠢᠶᠠᠨ ᠤ | ᠶᠠᠷᠤᠩᠬᠡᠶᠢᠯᠡᠭᠰᠡᠨ ᠡᠬᠦᠳᠠᠨ ᠡᠮᠨᠡᠯᠬᠡ ᠶᠢᠨ ᠠᠰᠠᠷ ᠪᠠ ᠡᠬᠡ ᠨᠢᠯᠬᠠᠰ ᠤᠨ ᠡᠷᠡᠬᠦᠯᠵᠢᠯ ᠤᠨ ᠦᠷᠳᠡᠭᠡ ᠶᠢ ᠦᠷᠬᠡᠳᠬᠡᠨ | ᠪᠠᠶᠢᠭᠤᠯᠬᠤ ᠪᠠᠷᠢᠯᠭ᠎ᠠ ᠶᠢ ᠲᠠᠭᠤᠰᠬᠠᠵᠣ ᠠᠰᠢᠭᠯᠠᠯᠳᠠ ᠳᠤ ᠣᠷᠣᠭᠤᠯᠣᠨ᠂ ᠨᠠᠷᠠᠨᠪᠣᠯᠠᠭ ᠰᠣᠮᠣᠨ ᠤ ᠡᠮᠨᠡᠯᠬᠡ ᠶᠢᠨ | ᠬᠤᠷᠢᠶ᠎ᠠ ᠶᠢ ᠦᠷᠬᠡᠳᠬᠡᠬᠦ ᠪᠠᠷᠢᠯᠭ᠎ᠠ ᠶᠢ ᠡᠬᠢᠯᠡᠬᠦᠯᠦᠭᠰᠡᠨ ᠤ ᠬᠠᠮᠳᠣ ᠪᠦᠬᠦ ᠬᠤᠰᠢᠭᠤᠨ ᠤ ᠡᠮᠨᠡᠯᠬᠡ ᠶᠢᠨ ᠰᠠᠯᠠᠭ᠎ᠠ | ᠮᠦᠴᠢᠷ ᠲᠤ CT ᠮᠠᠰᠢᠨ᠂ ᠬᠤᠳᠣᠭᠤᠳᠣ ᠬᠡᠳᠡᠰᠣᠨ ᠤ ᠪᠠᠶᠢᠴᠠᠭᠠᠯᠳᠠ ᠶᠢᠨ ᠮᠠᠰᠢᠨ ᠵᠡᠷᠬᠡ ᠲᠦᠬᠦᠬᠡᠷᠦᠮᠵᠢ ᠶᠢ | ᠤᠷᠤᠭᠤᠯᠪᠠ᠃ ᠬᠦᠮᠦᠨ ᠠᠮᠨ ᠪᠠ ᠲᠦᠯᠦᠪᠯᠡᠬᠡᠳᠣ ᠦᠷᠠᠵᠢᠯ ᠤᠨ ᠬᠠᠷᠠᠯᠳᠠᠳᠣ ᠬᠠᠮᠢᠶᠠᠷᠣᠯᠳᠠ ᠶᠢᠨ | ᠬᠠᠷᠢᠭᠤᠴᠠᠯᠭᠠᠳᠣ ᠲᠦᠷᠢᠮ ᠢ ᠴᠢᠩᠭ᠎ᠠ ᠬᠡᠷᠡᠭᠵᠢᠬᠦᠯᠦᠨ᠂ ᠬᠦᠮᠦᠨ ᠠᠮᠨ ᠶᠢᠨ ᠬᠦᠩᠬᠡᠵᠢᠯᠳᠠ ᠶᠢᠨ ᠨᠣᠷᠮ᠎ᠠ ᠪᠠ | ᠠᠶᠠᠨᠳᠠᠭᠠᠨ ᠦᠰᠬᠦ ᠨᠣᠷᠮ᠎ᠠ ᠶᠢ ᠲᠣᠰ ᠲᠣᠰ 7.45‰ ᠪᠠ 5.01‰ ᠶᠢᠨ ᠲᠣᠳᠣᠷ᠎ᠠ ᠬᠢᠵᠠᠭᠠᠷᠯᠠᠪᠠ᠃ | ││ᠠᠮᠤᠭᠤᠯᠠᠩ ᠲᠠᠶᠢᠪᠤᠡᠭ ᠠᠪᠠᠭ᠎ᠠ ᠨᠤᠳᠤᠭ ᠤᠨ ᠪᠠᠶᠢᠭᠤᠯᠤᠯᠳᠠ ᠰᠢᠨ᠎ᠠ ᠦᠷ᠎ᠠ ᠪᠦᠳᠤᠮᠵᠢ ᠲᠠᠢ ᠪᠤᠯᠪᠠ᠃ ︽ | ᠴᠤᠬᠢᠯᠳᠠ ᠦᠭᠬᠦ ᠪᠠ ᠰᠡᠷᠬᠡᠶᠢᠯᠡᠬᠦ ᠶᠢ ᠤᠶᠠᠯᠳᠤᠭᠤᠯᠤᠨ᠂ ᠰᠡᠷᠬᠡᠶᠢᠯᠡᠬᠦ ᠪᠠᠷ ᠭᠤᠤᠯᠳᠠᠯᠭ᠎ᠠ ᠪᠤᠯᠭᠠᠬᠤ︾ | ᠴᠢᠭᠯᠡᠯᠳᠡ ᠶᠢ ᠪᠠᠷᠢᠮᠳᠠᠯᠠᠨ᠂ ︽ᠠᠮᠤᠭᠤᠯᠠᠩ ᠲᠠᠶᠢᠪᠤᠡᠭ ᠠᠪᠠᠭ᠎ᠠ ᠨᠤᠳᠤᠭ︾ ᠢ ᠴᠤᠭᠴᠠᠯᠠᠬᠤ ᠬᠠᠷᠠᠯᠳᠠ ᠪᠠᠷ | ᠨᠠᠶᠢᠬᠡᠮ ᠤᠨ ᠠᠮᠤᠷ ᠲᠤᠭᠳᠠᠭᠤᠨ ᠢ ᠶᠠᠷᠤᠩᠬᠡᠶᠢᠯᠡᠨ ᠵᠠᠰᠠᠬᠤ ᠠᠵᠢᠯ ᠤᠨ ᠵᠤᠬᠢᠴᠠᠮᠵᠢ ᠶᠢ ᠤᠯᠠᠮ ᠪᠦᠷᠢᠡᠰᠢᠬᠦᠯᠤᠨ᠂ | ᠨᠠᠶᠢᠬᠡᠮ ᠤᠨ ᠠᠮᠤᠷ ᠲᠤᠭᠳᠠᠭᠤᠨ ᠢ ᠪᠠᠳᠤᠯᠠᠪᠠ᠃ ᠨᠠᠶᠢᠬᠡᠮ ᠤᠨ ᠠᠮᠤᠷ ᠲᠤᠭᠳᠠᠭᠤᠨ ᠢ ᠨᠦᠯᠤᠬᠡᠯᠡᠬᠦ ᠪᠤᠯᠤᠯᠴᠠᠭᠠᠳᠤ | ᠪᠠᠶᠢᠳᠠᠯ ᠢ ᠪᠠᠶᠢᠴᠠᠭᠠᠬᠤ ᠡᠷᠴᠢᠮ ᠢᠶᠠᠨ ᠴᠢᠩᠭᠠᠯᠠᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ | ᠳᠤ ᠬᠢᠨᠠᠮᠠᠭᠠᠢ ᠬᠠᠨᠳᠤᠨ᠂ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠤᠷᠢᠯᠡᠭᠰᠡᠨ ᠨᠤᠷᠮ᠎ᠠ ᠨᠢ 85.2% | ᠲᠤ ᠬᠦᠷᠪᠡ᠃ ᠬᠢᠯᠢ ᠶᠢᠨ ᠬᠠᠮᠢᠶᠠᠷᠤᠯᠳᠠ ᠶᠢ ᠴᠢᠩᠭᠠᠳᠬᠠᠨ᠂ ᠬᠢᠯᠢ ᠬᠢᠵᠠᠭᠠᠷ ᠤᠨ ᠠᠮᠤᠷ ᠲᠤᠭᠳᠠᠭᠤᠨ ᠢ | ᠪᠠᠳᠤᠯᠠᠵᠤ᠂ ᠦᠡᠳᠤᠰᠤᠳᠠᠨ ᠱᠠᠰᠢᠨ ᠰᠤᠷᠳᠠᠬᠤᠨ ᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ | ᠦᠡᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠤᠬᠢ ᠰᠠᠶᠢᠨ ᠪᠠᠶᠢᠳᠠᠯ ᠢ ᠪᠠᠳᠤᠳᠬᠠᠨ ᠬᠦᠭᠵᠢᠬᠦᠯᠦᠭᠰᠡᠨ ᠪᠠᠶᠢᠨ᠎ᠠ᠃ | ᠦᠢᠯᠡᠳᠪᠤᠷᠢ ᠠᠭᠤᠷᠬᠠᠢ᠂ ᠠᠵᠤ ᠠᠬᠤᠶᠢᠯᠡᠯ᠂ ᠵᠠᠮ ᠬᠠᠷᠢᠯᠴᠠᠭ᠎ᠠ᠂ ᠪᠠᠷᠢᠯᠭ᠎ᠠ ᠵᠠᠷᠬᠡ ᠭᠤᠤᠯᠳᠠᠯᠭ᠎ᠠ ᠲᠠᠢ ᠠᠵᠢᠯ | ᠦᠢᠯᠡᠰ ᠤᠨ ᠠᠶᠤᠯᠬᠦᠢ ᠶᠢᠨ ᠦᠢᠯᠡᠳᠪᠤᠷᠢᠯᠡᠯ ᠤᠨ ᠬᠢᠨᠡᠨ ᠬᠠᠮᠢᠶᠠᠷᠤᠯᠳᠠ ᠶᠢ ᠦᠨᠡᠡᠬᠦ ᠴᠢᠩᠭᠠᠳᠬᠠᠨ᠂ ᠤᠡᠴᠠ | ᠶᠡᠭᠡ ᠠᠳᠠᠯ ᠡᠬᠦᠰᠬᠦ ᠶᠢ ᠪᠦᠳᠤᠮᠵᠢᠳᠡᠢ ᠬᠤᠷᠢᠭᠯᠠᠪᠠ᠃ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠴᠡᠭᠴᠡᠯᠡᠨ | ᠲᠦᠷᠢᠮᠵᠢᠬᠦᠯᠵᠤ᠂ ᠢᠳᠡᠬᠡᠨ ᠤᠮᠳᠠᠭᠠᠨ᠂ ᠡᠮ ᠤᠨ ᠵᠥᠢᠯᠡᠰ ᠤᠨ ᠠᠶᠤᠯᠬᠦᠢ ᠶᠢᠨ ᠬᠠᠮᠢᠶᠠᠷᠤᠯᠳᠠ ᠪᠠ ᠮᠠᠷᠬᠡᠵᠢᠯ | ᠶᠠᠰᠤ ᠴᠢᠨᠠᠷ ᠤᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠬᠠᠭᠤᠷᠮᠠᠭ ᠪᠤᠳᠠᠰ ᠦᠢᠯᠡᠳᠪᠤᠷᠢᠯᠡᠵᠤ | ᠪᠤᠷᠤᠯᠠᠭᠤᠯᠤᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠠ᠃ | ││ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠪᠠ᠃ ᠰᠢᠡᠵᠢᠯᠡᠬᠦ ᠤᠬᠠᠭᠠᠡᠴᠢ | ᠬᠦᠭᠵᠢᠯᠳᠠ ᠶᠢᠨ ᠦᠵᠡᠯᠳᠠ ᠶᠢ ᠰᠤᠷᠤᠯᠴᠠᠨ ᠦᠢᠯᠡᠳᠤᠯᠬᠡᠵᠢᠬᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠵᠠᠰᠠᠭ ᠤᠨ | ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠤ᠂ ᠠᠵᠢᠯ ᠤᠨ ᠦᠷ᠎ᠠ | ᠠᠰᠢᠭ ᠢᠶᠠᠨ ᠲᠡᠬᠡᠭᠰᠢᠯᠡᠬᠦᠯᠪᠠ᠃ ᠬᠤᠰᠢᠭᠤ ᠨᠠᠮ ᠤᠨ ᠬᠤᠷᠢᠶᠠᠨ ᠤ ᠨᠢᠬᠡᠳᠤᠯᠳᠡᠢ ᠤᠳᠤᠷᠢᠳᠤᠯᠭ᠎ᠠ ᠶᠢ ᠲᠠᠭᠠᠨ᠂ | ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ᠂ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠪᠠᠶᠢᠩᠭᠤ | ᠶᠢᠨ ᠬᠤᠷᠢᠶᠠᠨ ᠤ ᠬᠠᠤᠯᠢ ᠪᠠᠷ ᠬᠢᠨᠡᠯᠳᠡ ᠲᠠᠯᠪᠢᠬᠤ ᠪᠠ ᠤᠯᠤᠰ ᠲᠦᠷᠥ ᠶᠢᠨ ᠵᠦᠪᠯᠡᠯᠬᠡᠨ ᠤ ᠠᠷᠡᠳᠴᠢᠯᠡᠯ ᠢᠶᠠᠷ | ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠵᠤ᠂ 115 ᠬᠤᠪᠢ ᠠᠷᠡᠳ ᠤᠨ ᠲᠦᠯᠤᠬᠡᠯᠡᠭᠴᠢᠳ ᠤᠨ | ᠰᠠᠨᠠᠯ ᠵᠦᠪᠯᠡᠯᠬᠡ᠂ 51 ᠬᠤᠪᠢ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ ᠲᠤᠷᠡᠳᠤᠯᠭ᠎ᠠ ᠳᠤ | ᠬᠠᠷᠢᠭᠤᠯᠳᠠ ᠦᠭᠴᠤ᠂ ᠰᠢᠢᠳᠪᠤᠷᠢᠯᠡᠭᠰᠡᠨ ᠨᠤᠷᠮ᠎ᠠ ᠨᠢ 100% ᠳᠤ ᠬᠦᠷᠪᠡ᠃ ᠴᠢᠬᠤᠯᠨ ᠶᠡᠭᠡ ᠰᠢᠢᠳᠪᠤᠷᠢᠳᠤ | ᠪᠤᠳᠤᠯᠭ᠎ᠠ ᠶᠢᠨ ᠰᠠᠨᠠᠯ ᠰᠤᠨᠤᠰᠬᠤ ᠲᠦᠷᠢᠮ᠂ ᠬᠤᠰᠢᠭᠤ ᠲᠠᠷᠤᠭ᠎ᠠ ᠶᠢᠨ ᠠᠯᠪᠠᠨ ᠬᠤᠷᠡᠯ ᠪᠠ ᠵᠠᠰᠠᠭ ᠤᠨ | ᠤᠷᠳᠤᠨ ᠤ ᠪᠠᠶᠢᠩᠭᠤ ᠶᠢᠨ ᠬᠤᠷᠡᠯ ᠤᠨ ᠲᠦᠷᠢᠮ ᠢ ᠪᠦᠷᠢᠡᠰᠢᠬᠦᠯᠤᠨ᠂ ᠵᠠᠰᠠᠭ ᠤᠨ ᠤᠷᠳᠤᠨ ᠤ ᠰᠢᠢᠳᠪᠤᠷᠢᠳᠤ | ᠪᠤᠳᠤᠯᠭ᠎ᠠ ᠲᠤᠭᠳᠠᠭᠠᠬᠤ ᠠᠵᠢᠯᠯᠠᠭ᠎ᠠ ᠶᠢ ᠨᠠᠩ ᠰᠢᠡᠵᠢᠯᠡᠬᠦ ᠤᠬᠠᠭᠠᠡᠴᠢ ᠪᠠᠷ ᠲᠦᠷᠢᠮᠵᠢᠬᠦᠯᠪᠡ᠃ ᠠᠪᠠᠭ᠎ᠠ | ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠠ ᠪᠠ ᠡᠯᠧᠺᠲᠷᠤᠡᠴᠢᠯᠡᠭᠰᠡᠨ ᠵᠠᠰᠠᠭ ᠤᠨ ᠶᠠᠪᠤᠳᠠᠯ ᠤᠨ | ᠪᠠᠶᠢᠭᠤᠯᠤᠯᠳᠠ ᠶᠢ ᠴᠢᠩᠭᠠᠳᠬᠠᠨ᠂ ᠬᠤᠰᠢᠭᠤ ᠲᠠᠷᠤᠭ᠎ᠠ ᠲᠠᠢ ᠰᠢᠭᠤᠳ ᠬᠠᠷᠢᠯᠴᠠᠬᠤ ᠤᠳᠠᠰᠤ ᠶᠢᠨ ᠬᠠᠷᠢᠭᠤ ᠦᠭᠬᠦ | ᠵᠤᠬᠢᠴᠠᠮᠵᠢ ᠶᠢ ᠪᠦᠷᠢᠡᠰᠢᠬᠦᠯᠤᠨ᠂ ᠡᠯ᠎ᠠ ᠲᠦᠷᠥᠯ ᠤᠨ ᠠᠵᠢᠯ ᠤᠨ ᠲᠦᠷᠢᠮ ᠢ ᠤᠯᠠᠮ ᠲᠡᠬᠦᠯᠳᠡᠷᠵᠢᠬᠦᠯᠵᠤ᠂ ᠡᠳ᠋ | ᠤᠨ ᠵᠠᠰᠠᠭ ᠤᠨ ᠪᠡᠯᠨ ᠮᠦᠩᠬᠦ ᠪᠠ ᠤᠯᠤᠰ ᠤᠨ ᠡᠳ᠋ ᠬᠦᠷᠤᠩᠬᠡ ᠶᠢᠨ ᠬᠠᠮᠢᠶᠠᠷᠤᠯᠳᠠ ᠶᠢᠨ ᠠᠷᠭ᠎ᠠ ᠶᠢ ᠴᠢᠩᠭ᠎ᠠ | ᠬᠡᠷᠡᠭᠵᠢᠬᠦᠯᠤᠨ᠂ ᠬᠠᠮᠢᠶ᠎ᠠ ᠪᠦᠬᠦᠢ ᠬᠢᠨᠡᠨ ᠪᠤᠳᠤᠯᠳᠠ ᠶᠢᠨ ᠲᠦᠷᠢᠮ ᠢ ᠴᠢᠩᠭ᠎ᠠ ᠵᠢᠷᠤᠮᠯᠠᠪᠠ᠃ ᠪᠠᠴᠢᠮ ᠠᠷᠭᠠᠴᠠᠭᠠᠬᠤ | ᠵᠤᠬᠢᠴᠠᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠡᠨᠡᠳᠳᠠ ᠪᠠᠷ ᠡᠬᠦᠰᠬᠦ ᠬᠡᠷᠡᠭ ᠢ ᠰᠢᠢᠳᠪᠤᠷᠢᠯᠡᠬᠦ | ᠴᠢᠳᠠᠪᠤᠷᠢ ᠪᠠᠨ ᠲᠡᠬᠡᠭᠰᠢᠯᠡᠬᠦᠯᠪᠡ᠃ ᠵᠠᠰᠠᠭ ᠵᠠᠬᠢᠷᠭᠠᠨ ᠤ ᠬᠢᠨᠠᠯᠳᠠ ᠪᠠ ᠵᠠᠰᠠᠭ ᠤᠨ ᠰᠤᠷᠳᠠᠯ ᠤᠨ ᠪᠠᠶᠢᠭᠤᠯᠤᠯᠳᠠ ᠶᠢ | ᠴᠢᠩᠭᠠᠳᠬᠠᠵᠤ᠂ ᠠᠷᠢᠭᠤᠨ ᠴᠢᠭᠴᠢ ᠪᠠᠷ ᠵᠠᠰᠠᠭ ᠪᠠᠷᠢᠵᠤ᠂ ᠢᠯᠵᠡᠷᠡᠯ ᠢ ᠡᠰᠡᠷᠬᠦᠴᠡᠬᠦ ᠠᠵᠢᠯᠯᠠᠭ᠎ᠠ ᠶᠢ ᠬᠦᠡᠵᠡᠬᠡᠢ | ᠦᠷᠨᠢᠬᠦᠯᠪᠠ᠃ ᠵᠠᠰᠠᠭ ᠤᠨ ᠶᠠᠪᠤᠳᠠᠯ ᠤᠨ ᠱᠠᠯᠠᠪᠳᠠᠨ ᠪᠠᠶᠢᠴᠠᠭᠠᠯᠳᠠ᠂ ᠵᠠᠭᠠᠯᠳᠤᠯᠭ᠎ᠠ ᠶᠢ ᠰᠢᠢᠳᠪᠤᠷᠢᠯᠡᠬᠦ ᠪᠠ ᠵᠠᠰᠠᠭ | ᠵᠠᠬᠢᠷᠭᠠᠨ ᠤ ᠴᠢᠳᠠᠪᠬᠢ ᠶᠢ ᠬᠢᠨᠡᠨ ᠪᠠᠶᠢᠴᠠᠭᠠᠬᠤ ᠠᠵᠢᠯ ᠢᠶᠠᠨ ᠴᠢᠩᠭᠠᠳᠬᠠᠨ᠂ ᠵᠠᠰᠠᠭ ᠤᠨ ᠤᠷᠳᠤᠨ ᠤ ᠰᠠᠯᠠᠭ᠎ᠠ | ᠮᠦᠴᠢᠷ ᠤᠨ ᠦᠢᠯᠡᠴᠢᠯᠡᠬᠡᠨ ᠤ ᠤᠬᠠᠮᠰᠠᠷ ᠪᠠ ᠠᠵᠢᠯ ᠤᠨ ᠦᠷ᠎ᠠ ᠠᠰᠢᠭ ᠢ ᠲᠠᠰᠤᠷᠠᠯᠳᠠ ᠦᠬᠡᠢ ᠲᠡᠬᠡᠭᠰᠢᠯᠡᠬᠦᠯᠪᠠ᠃ | ᠨᠠᠮ ᠤᠨ ᠲᠦᠪ ᠬᠤᠷᠢᠶᠠᠨ ᠤ ᠠᠷᠪᠢᠯᠠᠨᠭᠠᠮᠨᠠᠬᠤ ︽ᠨᠠᠢᠮᠠᠨᠵᠥ᠋ᠢᠯ ᠤᠨ ᠱᠠᠭᠠᠷᠳᠠᠯᠭ᠎ᠠ︾ ᠶᠢ ᠴᠢᠩᠭ᠎ᠠ | ᠬᠡᠷᠡᠭᠵᠢᠬᠦᠯᠤᠨ᠂ ︽ᠨᠢᠭᠤᠭᠳᠠᠮᠠᠯ ᠮᠦᠩᠬᠦ︾ ᠶᠢ ᠲᠤᠰᠬᠠᠢ ᠴᠡᠭᠴᠡᠯᠡᠬᠦ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ | ᠡᠳ᠋ ᠤᠨ ᠵᠠᠰᠠᠭ ᠤᠨ ᠠᠵᠢᠯᠯᠠᠭ᠎ᠠ ᠶᠢ ᠢᠯᠡᠳᠳᠡ ᠲᠦᠷᠢᠮᠵᠢᠬᠦᠯᠦᠭᠰᠡᠨ ᠪᠠᠶᠢᠨ᠎ᠠ᠃ | ᠭᠠᠶᠢᠯᠢ᠂ ᠦᠢᠯᠡᠳᠪᠤᠷᠢ ᠬᠤᠳᠠᠯᠳᠤᠭ᠎ᠠ᠂ ᠬᠢᠨᠡᠨ ᠪᠤᠳᠤᠬᠤ᠂ ᠲᠤᠭ᠎ᠠ ᠪᠦᠷᠢᠳᠬᠡᠯ᠂ ᠭᠠᠵᠡᠷ ᠰᠢᠷᠥᠢ᠂ ᠠᠮᠤ | ᠪᠤᠳᠠᠭ᠎ᠠ᠂ ᠬᠠᠩᠭᠠᠯᠭ᠎ᠠ ᠶᠢᠨ ᠬᠤᠷᠰᠢᠶ᠎ᠠ ᠂ ᠴᠠᠭ ᠠᠭᠤᠷ᠂ ᠭᠠᠯ ᠰᠡᠷᠬᠡᠶᠢᠯᠡᠯᠳᠡ᠂ ᠤᠯᠤᠰ ᠢᠶᠠᠨ ᠬᠠᠶᠢᠷᠠᠯᠠᠬᠤ | ᠡᠷᠡᠬᠦᠯ ᠬᠠᠮᠠᠭᠠᠯᠠᠯ᠂ ᠠᠷᠡᠳ ᠤᠨ ᠠᠭᠠᠷ ᠤᠨ ᠰᠡᠷᠬᠡᠶᠢᠯᠡᠯᠳᠡ᠂ ᠵᠠᠮᠳᠡᠭᠴᠤᠳ ᠤᠨ ᠠᠵᠢᠯ ᠵᠠᠷᠬᠡ ᠠᠵᠢᠯ ᠦᠢᠯᠡᠰ | ᠨᠢ ᠴᠦᠮ ᠰᠢᠨ᠎ᠠ ᠦᠷ᠎ᠠ ᠪᠦᠳᠤᠮᠵᠢ ᠤᠯᠤᠭᠰᠡᠨ ᠪᠠᠶᠢᠨ᠎ᠠ᠃ | ᠲᠦᠯᠤᠬᠡᠯᠡᠭᠴᠢᠳ ᠡ᠂ 2009 ᠤᠨ ᠳᠤ ᠪᠢᠳᠠ ᠲᠠᠯᠠᠬᠡᠢ ᠶᠢᠨ ᠴᠢᠨᠠᠷᠳᠡᠢ ᠮᠦᠩᠬᠦᠨ ᠬᠦᠢᠯᠬᠡᠬᠡᠨ ᠤ ᠬᠢᠮᠤᠷᠡᠯ | ᠤᠨ ᠨᠦᠯᠤᠬᠡ ᠪᠠ ᠠᠵᠤ ᠠᠬᠤᠢ ᠶᠢᠨ ᠲᠤᠭᠳᠠᠭᠤᠨ ᠲᠦᠷᠬᠡᠨ ᠬᠦᠭᠵᠢᠯᠳᠠ ᠶᠢ ᠪᠠᠳᠤᠯᠠᠬᠤ ᠬᠦᠡᠳᠤ ᠲᠠᠷᠤᠯᠳᠠ | ᠶᠢᠨ ᠲᠤᠤᠷ᠎ᠠ ᠡᠶᠢᠮᠤᠷᠬᠦ ᠠᠮᠵᠢᠯᠳᠠ ᠢ ᠤᠯᠤᠭᠰᠡᠨ ᠨᠢ ᠬᠢᠯᠪᠡᠷ ᠪᠤᠰᠤ ᠶᠤᠮ᠃ ᠡᠳᠡᠬᠡᠷ ᠦᠷ᠎ᠠ ᠪᠦᠳᠤᠮᠵᠢ ᠶᠢ | ᠤᠯᠤᠭᠰᠡᠨ ᠨᠢ ᠬᠤᠰᠢᠭᠤ ᠨᠠᠮ ᠤᠨ ᠬᠤᠷᠢᠶᠠᠨ ᠤ ᠰᠢᠡᠵᠢᠯᠡᠬᠦ ᠤᠬᠠᠭᠠᠡᠴᠢ ᠪᠠᠷ ᠰᠢᠢᠳᠪᠤᠷᠢᠳᠤ ᠪᠤᠳᠤᠯᠭ᠎ᠠ | ᠲᠤᠭᠳᠠᠭᠠᠨ᠂ ᠵᠦᠪ ᠤᠨᠤᠪᠴᠢᠳᠡᠢ ᠤᠳᠤᠷᠢᠳᠤᠭᠰᠡᠨ ᠤ ᠦᠷ᠎ᠠ ᠳ᠋ᠦᠡᠭ ᠮᠦᠨ᠃ ᠬᠤᠰᠢᠭᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠥ ᠶᠢᠨ ᠵᠦᠪᠯᠡᠯᠬᠡᠨ ᠤ ᠴᠢᠩᠭ᠎ᠠ ᠬᠢᠨᠡᠯᠳᠡ ᠪᠠ ᠬᠦᠴᠤᠳᠡᠢ | ᠲᠡᠮᠵᠢᠯᠬᠡ ᠶᠢᠨ ᠦᠷ᠎ᠠ ᠳ᠋ᠦᠡᠭ ᠮᠦᠨ᠃ ᠨᠠᠩ ᠴᠤ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ | ᠲᠦᠮᠡᠨ ᠤ ᠰᠡᠳᠬᠢᠯ ᠨᠢᠬᠡᠳᠤᠨ ᠴᠢᠷᠮᠠᠶᠢᠨ ᠲᠠᠮᠠᠴᠡᠵᠤ ᠰᠢᠭᠤᠷᠬᠠᠶᠢᠯᠠᠨ ᠠᠵᠢᠯᠯᠠᠭᠰᠡᠨ ᠤ ᠦᠷ᠎ᠠ ᠳ᠋ᠦᠡᠭ ᠮᠦᠨ᠃ | ᠠᠳᠡ ᠪᠢ ᠬᠤᠰᠢᠭᠤ ᠵᠠᠰᠠᠭ ᠤᠨ ᠤᠷᠳᠤᠨ ᠪᠠ ᠪᠦᠷᠢᠯᠳᠤᠬᠦᠨ ᠬᠡᠰᠢᠬᠦᠳ ᠢᠶᠠᠨ ᠲᠦᠯᠤᠬᠡᠯᠡᠵᠤ᠂ ᠵᠠᠰᠠᠭ ᠤᠨ | ᠤᠷᠳᠤᠨ ᠤ ᠠᠵᠢᠯ ᠢ ᠬᠠᠯᠠᠮᠵᠢᠯᠡᠨ ᠲᠠᠮᠵᠢᠭ᠍ᠰᠡᠬᠡᠷ ᠢᠷᠡᠭᠰᠡᠨ ᠤᠳᠤᠷᠢᠳᠤᠯᠭ᠎ᠠ ᠨᠠᠷ ᠪᠠ ᠡᠯ᠎ᠠ ᠠᠵᠢᠯ ᠤᠨ ᠹᠷᠤᠡᠲ | ᠲᠡᠬᠡᠷ᠎ᠠ ᠵᠢᠳᠬᠦᠯ ᠦᠵᠡᠬᠦᠯᠤᠨ ᠰᠢᠷᠭᠠᠬᠤ ᠠᠵᠢᠯᠯᠠᠵᠤ ᠪᠠᠶᠢᠭ᠎ᠠ ᠦᠡᠳᠤᠰᠤᠳᠠᠨ ᠨᠦᠭᠦᠳ ᠤᠨ ᠺᠠᠳᠠᠷ ᠤᠯᠠᠨ ᠲᠦᠮᠡᠨ | ᠵᠢᠴᠢ ᠮᠠᠨ ᠤ ᠬᠤᠰᠢᠭᠤᠨ ᠳᠤ ᠢᠷᠡᠵᠤ ᠦᠢᠯᠡᠰ ᠪᠤᠰᠬᠠᠵᠤ ᠪᠠᠶᠢᠭ᠎ᠠ ᠪᠡᠯᠨ ᠤᠷᠤᠭᠤᠯᠤᠭᠴᠢᠳ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠬᠦᠡᠳᠤᠳᠬᠡᠯ ᠢᠶᠠᠨ ᠲᠠᠪᠰᠢᠬᠦᠯᠦᠶ᠎ᠠ᠃ | ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠤ ᠬᠤᠰᠢᠭᠤᠨ ᠤ ᠬᠢ ᠪᠠᠨ ᠠᠵᠤ ᠠᠬᠤᠢ ᠨᠠᠶᠢᠬᠡᠮ ᠤᠨ | ᠬᠦᠭᠵᠢᠯᠳᠠ ᠶᠢᠨ ᠲᠤᠮᠳᠠ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠳ ᠢ ᠲᠤᠳᠤᠷᠬᠠᠢ ᠲᠠᠨᠢᠬᠤ | ᠴᠢᠬᠤᠯᠠᠳᠡᠢ ᠪᠠᠶᠢᠨ᠎ᠠ᠃ ᠭᠤᠤᠯᠳᠠᠭᠤ᠄ ᠨᠢᠬᠡ ᠳᠤ᠂ ᠠᠵᠤ ᠠᠬᠤᠢ ᠶᠢᠨ ᠶᠠᠷᠤᠩᠬᠡᠢ ᠬᠡᠮᠵᠢᠶ᠎ᠠ ᠪᠠᠰᠠ ᠨᠠᠯᠢᠶᠡᠳ | ᠪᠠᠭ᠎ᠠ ᠪᠠᠶᠢᠭᠰᠠᠭᠠᠷ᠃ ᠮᠠᠨ ᠤ ᠬᠤᠰᠢᠭᠤᠨ ᠤ ᠠᠵᠤ ᠠᠬᠤᠢ ᠶᠢᠨ ᠶᠠᠷᠤᠩᠬᠡᠢ ᠬᠡᠮᠵᠢᠶ᠎ᠠ ᠶᠢᠨ ᠰᠠᠭᠤᠷᠢ ᠨᠢᠮᠬᠡᠨ | ᠤᠴᠢᠷ ᠠᠴᠠ ᠬᠦᠭᠵᠢᠯᠳᠠ ᠶᠢᠨ ᠬᠤᠷᠳᠤᠴᠠ ᠨᠢ ᠬᠡᠳᠤᠶᠢᠪᠡᠷ ᠨᠠᠯᠢᠶᠡᠳ ᠲᠦᠷᠬᠡᠨ ᠪᠤᠯᠪᠠᠴᠤ ᠮᠦᠨ ᠪᠦᠬᠦ ᠠᠶᠢᠮᠠᠭ | ᠲᠠᠭᠠᠨ ᠬᠤᠶᠢᠭᠤᠷ ᠵᠢᠭᠰᠠᠭᠠᠭᠳᠠᠵᠤ ᠪᠤᠢ᠃ ᠬᠤᠶᠡᠷ ᠲᠤ᠂ ᠠᠮᠢ ᠠᠬᠤᠢ ᠶᠢᠨ ᠤᠷᠴᠢᠨ ᠲᠤᠭᠤᠷᠢᠨ ᠮᠦᠨ | ᠬᠡᠪᠡᠷᠡᠭ ᠪᠠᠶᠢᠵᠤ᠂ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠨᠢ | ᠬᠤᠴᠤᠷᠤᠩᠭᠤᠢ︔ ᠮᠠᠯ ᠠᠵᠤ ᠠᠬᠤᠢ ᠶᠢᠨ ᠡᠷᠴᠢᠮᠵᠢᠭᠰᠡᠨ ᠡᠵᠡᠩᠨᠡᠯᠳᠡ ᠶᠢᠨ ᠬᠢᠷᠢ ᠲᠦᠪᠰᠢᠨ ᠪᠠ ᠮᠠᠯᠵᠢᠬᠤ | ᠤᠷᠤᠨ ᠤ ᠤᠯᠠᠨ ᠨᠠᠶᠢᠳᠠ ᠶᠢᠨ ᠠᠵᠢᠯ ᠦᠢᠯᠡᠰ ᠤᠨ ᠬᠦᠭᠵᠢᠯᠳᠠ ᠶᠢᠨ ᠬᠢᠷᠢ ᠲᠦᠪᠰᠢᠨ ᠨᠢ ᠲᠤᠤᠷ᠎ᠠ︔ | ᠮᠠᠯᠴᠢᠳ ᠤᠨ ᠠᠮᠢᠳᠤᠷᠡᠯ ᠤᠨ ᠨᠦᠬᠦᠴᠡᠯ ᠨᠢ ᠠᠨᠠᠢ᠂ ᠮᠠᠯᠵᠢᠯ ᠤᠨ ᠪᠤᠰᠤ ᠤᠷᠤᠯᠭ᠎ᠠ ᠪᠠᠭ᠎ᠠ᠃ ᠮᠠᠯᠵᠢᠬᠤ ᠤᠷᠤᠨ ᠤ | ᠬᠦᠮᠤᠨ ᠠᠮᠨ ᠶᠢ ᠨᠡᠬᠦᠯᠬᠡᠬᠦ ᠪᠤᠯᠤᠨ ᠮᠠᠯᠵᠢᠬᠤ ᠦᠢᠯᠡᠳᠪᠤᠷᠢᠯᠡᠯ ᠳᠤ ᠪᠡᠯᠨ ᠬᠤᠷᠠᠮᠳᠤᠭᠤᠯᠬᠤ ᠳᠤ ᠬᠦᠴᠢᠷᠳᠡᠯᠳᠡᠢ | ᠪᠠᠶᠢᠭᠰᠠᠭᠠᠷ᠃ ᠭᠤᠷᠪᠡ ᠳᠤ᠂ ᠠᠵᠤ ᠦᠢᠯᠡᠳᠪᠤᠷᠢ ᠶᠢᠨ ᠡᠬᠢᠯᠡᠯᠳᠡ ᠨᠢ ᠤᠷᠤᠢ᠂ ᠬᠡᠯᠬᠢᠶᠠᠵᠢᠯ ᠨᠢ ᠤᠬᠤᠷ᠃ | ᠮᠠᠨ ᠤ ᠬᠤᠰᠢᠭᠤᠨ ᠤ ᠠᠵᠤ ᠦᠢᠯᠡᠳᠪᠤᠷᠢ ᠶᠢᠨ ᠠᠵᠤ ᠠᠬᠤᠢ ᠤᠳᠤᠬᠠᠨ ᠳᠤ ᠡᠬᠢ ᠪᠠᠶᠠᠯᠢᠭ ᠢ ᠨᠡᠬᠡᠬᠡᠬᠦ ᠪᠤᠯᠤᠨ | ᠠᠩᠬᠠᠨ ᠤ ᠪᠤᠯᠪᠠᠰᠤᠷᠠᠭᠤᠯᠤᠯᠳᠠ ᠶᠢᠨ ᠱᠠᠳᠤᠨ ᠳᠤ ᠪᠠᠶᠢᠵᠤ᠂ ᠡᠬᠢ ᠪᠠᠶᠠᠯᠢᠭ ᠢ ᠶᠠᠷᠤᠩᠬᠡᠶᠢᠯᠡᠨ ᠠᠰᠢᠭᠯᠠᠬᠤ | ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ ᠲᠠᠶᠢᠯᠤᠬᠡᠳᠤᠢ᠂ ᠠᠵᠤ ᠦᠢᠯᠡᠰ ᠤᠨ ᠬᠡᠯᠬᠢᠶᠠᠵᠢᠯ ᠨᠢ ᠤᠬᠤᠷ᠂ | ᠪᠦᠳᠤᠴᠠ ᠨᠢ ᠲᠠᠩ ᠴᠤᠯᠭᠤᠢ ᠪᠠᠶᠢᠬᠤ ᠠᠰᠠᠭᠤᠳᠠᠯ ᠮᠦᠡᠬᠦ ᠤᠷᠤᠰᠢᠵᠤ᠂ ᠵᠠᠬ᠎ᠠ ᠲᠡᠯᠬᠡᠬᠦᠷ ᠤᠨ ᠲᠦᠭᠰᠢᠬᠦᠷᠢ ᠶᠢ | ᠡᠰᠡᠷᠬᠦᠴᠡᠬᠦ ᠪᠠ ᠦᠪᠡᠷ ᠢ ᠢᠶᠠᠨ ᠲᠦᠰᠢᠭᠯᠡᠨ ᠬᠦᠭᠵᠢᠬᠦ ᠴᠢᠳᠠᠪᠤᠷᠢ ᠨᠢ ᠠᠨᠠᠢ ᠪᠠᠶᠢᠭᠰᠠᠭᠠᠷ᠃ ᠲᠦᠷᠪᠡ ᠳᠤ᠂ | ᠦᠢᠯᠡᠴᠢᠯᠡᠬᠡᠨ ᠤ ᠦᠢᠯᠡᠰ ᠤᠨ ᠬᠦᠭᠵᠢᠯᠳᠠ ᠨᠢ ᠤᠳᠠᠭᠠᠨ᠃ ᠪᠦᠬᠦ ᠬᠤᠰᠢᠭᠤᠨ ᠤ ᠤᠯᠠᠨ ᠲᠦᠮᠡᠨ ᠤ | ᠠᠮᠢᠳᠤᠷᠡᠯ ᠤᠨ ᠬᠢᠷᠢ ᠲᠦᠪᠰᠢᠨ ᠲᠡᠬᠡᠭᠰᠢᠯᠡᠬᠦ ᠶᠢ ᠲᠠᠭᠠᠯᠳᠤᠨ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠨᠢ | ᠨᠢᠬᠡᠨᠳᠡ ᠬᠦᠮᠤᠰ ᠤᠨ ᠱᠠᠭᠠᠷᠳᠠᠯᠭ᠎ᠠ ᠶᠢ ᠬᠠᠩᠭᠠᠵᠤ ᠲᠠᠶᠢᠯᠬᠦ ᠦᠬᠡᠢ ᠪᠤᠯᠵᠤ᠂ ᠤᠯᠠᠩᠬᠢ ᠬᠦᠮᠤᠰ | ᠰᠢᠯᠢᠩᠬᠤᠳᠠ ᠠᠴᠠ ᠮᠠᠶᠢᠮᠠᠢ ᠬᠢᠵᠤ᠂ ᠪᠦᠬᠦᠶᠢᠯᠨ ᠭᠤᠷᠪᠡᠳᠤᠭᠠᠷ ᠠᠵᠤ ᠦᠢᠯᠡᠰ ᠤᠨ ᠬᠦᠭᠵᠢᠯᠳᠠ ᠶᠢ | ᠨᠦᠯᠤᠬᠡᠯᠡᠭᠰᠡᠨ ᠪᠠᠶᠢᠨ᠎ᠠ᠃ ᠲᠡᠪᠤ ᠳᠤ᠂ ᠤᠷᠤᠨ ᠨᠤᠳᠤᠭ ᠤᠨ ᠠᠵᠤ ᠠᠬᠤᠶᠢᠯᠡᠯ ᠤᠨ ᠪᠤᠳᠠᠳᠤ ᠬᠦᠴᠤᠨ ᠨᠢ | ᠪᠤᠵᠠᠭᠠᠶᠢᠷᠠᠭᠠᠳᠤᠢ᠃ ᠤᠳᠤᠬᠠᠨ ᠳᠤ ᠮᠠᠨ ᠤ ᠬᠤᠰᠢᠭᠤᠨ ᠤ ᠤᠷᠤᠨ ᠨᠤᠳᠤᠭ ᠤᠨ ᠠᠵᠤ ᠠᠬᠤᠶᠢᠯᠡᠯ ᠴᠦᠬᠡᠨ᠂ | ᠪᠤᠳᠠᠳᠤ ᠬᠦᠴᠤᠨ ᠢᠶᠠᠷ ᠪᠠᠭᠤᠷᠡᠢ᠂ ᠬᠦᠭᠵᠢᠯᠳᠠ ᠶᠢ ᠠᠬᠢᠭᠤᠯᠬᠤ ᠳᠤ ᠭᠤᠤᠯᠳᠠᠭᠤ ᠭᠠᠳᠠᠨ᠎ᠠ ᠶᠢᠨ ᠪᠡᠯᠨ | ᠤᠷᠤᠭᠤᠯᠤᠭᠴᠢ ᠳᠤ ᠲᠦᠰᠢᠭᠯᠡᠵᠤ ᠪᠠᠶᠢᠬᠤ ᠤᠴᠢᠷ ᠠᠴᠠ ᠲᠤᠬᠠᠢ ᠶᠢᠨ ᠭᠠᠵᠡᠷ ᠤᠨ ᠠᠵᠤ ᠠᠬᠤᠶᠢᠯᠡᠯᠳᠡᠳ ᠪᠦᠬᠦ | ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠲᠦᠯᠬᠢᠨ ᠠᠬᠢᠭᠤᠯᠬᠤ ᠴᠢᠳᠠᠪᠤᠷᠢ ᠪᠠᠨ ᠤᠯᠠᠮ | ᠴᠢᠨᠠᠭᠰᠢᠳᠠ ᠲᠡᠬᠡᠭᠰᠢᠯᠡᠬᠦᠯᠬᠦ ᠴᠢᠬᠤᠯᠠᠳᠡᠢ ᠪᠠᠶᠢᠨ᠎ᠠ᠃ ᠵᠢᠷᠭᠤᠭ᠎ᠠ ᠳᠤ᠂ ᠰᠠᠭᠤᠷᠢ ᠲᠦᠬᠦᠬᠡᠷᠤᠮᠵᠢ ᠶᠢᠨ ᠪᠦᠳᠤᠬᠡᠨ | ᠪᠠᠶᠢᠭᠤᠯᠤᠯᠳᠠ ᠬᠤᠴᠤᠷᠤᠩᠭᠤᠢ᠃ ᠮᠠᠨ ᠤ ᠬᠤᠰᠢᠭᠤ ᠨᠢ ᠭᠠᠵᠡᠷ ᠠᠭᠤᠳᠠᠮ ᠬᠦᠮᠤᠨ ᠴᠦᠬᠡᠨ ᠮᠦᠷᠳᠡᠬᠡᠨ ᠲᠡᠬᠡᠷ᠎ᠠ | ᠵᠠᠭᠤᠨ ᠤ ᠵᠢᠷᠠᠭᠠᠳ ᠤᠨ ᠠᠴᠠ ᠨᠠᠰᠢᠬᠢ ᠨᠠᠯᠢᠶᠡᠳ ᠤᠷᠳᠤ ᠬᠤᠭᠤᠴᠠᠭᠠᠨ ᠳᠤ᠂ ᠤᠯᠤᠰ ᠤᠨ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ ᠬᠢ ᠪᠡᠯᠨ ᠤᠷᠤᠭᠤᠯᠤᠯᠳᠠ ᠦᠡᠳᠤᠰᠤᠨ ᠳᠡᠭᠡᠨ | ᠪᠠᠶᠢᠬᠤ ᠦᠬᠡᠢ᠂ ᠲᠡᠤᠬᠡᠨ ᠠᠴᠠ ᠪᠠᠨ ᠤᠮᠳᠤᠭᠠᠶᠢᠯᠠᠭᠳᠠᠵᠤ᠂ ᠤᠰᠤ ᠴᠡᠬᠢᠯᠭᠠᠨ᠂ ᠵᠠᠮ ᠨᠠᠪᠳᠠᠷᠡᠯᠬᠡ ᠵᠠᠷᠬᠡ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠪᠤᠭᠤᠮᠢ ᠬᠢᠵᠠᠭᠠᠷᠯᠠᠯ ᠢ ᠪᠦᠷᠢᠮᠤᠰᠤᠨ ᠰᠢᠢᠳᠪᠤᠷᠢᠯᠡᠵᠤ | ᠲᠠᠶᠢᠯᠤᠬᠡᠳᠤᠢ ᠪᠠᠶᠢᠭᠰᠠᠭᠠᠷ᠃ ᠡᠳᠡᠬᠡᠷ ᠬᠦᠴᠢᠷᠳᠡᠯ ᠪᠠ ᠠᠰᠠᠭᠤᠳᠠᠯ ᠳᠤ ᠴᠢᠭᠯᠡᠬᠦᠯᠤᠨ᠂ ᠪᠢᠳᠠ ᠬᠤᠶᠢᠰᠢᠳᠠ ᠶᠢᠨ | ᠠᠵᠢᠯ ᠤᠨ ᠲᠤᠮᠳᠠ ᠪᠠᠨ ᠪᠦᠳᠤᠮᠵᠢᠳᠡᠢ ᠠᠷᠭ᠎ᠠ ᠬᠡᠮᠵᠢᠶ᠎ᠠ ᠠᠪᠤᠨ᠂ ᠬᠢᠨᠠᠮᠠᠭᠠᠢ ᠰᠢᠢᠳᠪᠤᠷᠢᠯᠡᠬᠦ ᠴᠢᠬᠤᠯᠠᠳᠡᠢ ᠪᠠᠶᠢᠨ᠎ᠠ | ᠃ | ᠬᠤᠶᠡᠷ᠂ 2010 ᠤᠨ ᠤ ᠵᠠᠰᠠᠭ ᠤᠨ ᠤᠷᠳᠤᠨ ᠤ ᠠᠵᠢᠯ ᠤᠨ ᠭᠤᠤᠯ ᠡᠬᠦᠷᠬᠡ | 2010 ᠤᠨ ᠪᠤᠯ ︽ᠠᠷᠪᠠᠨ ᠨᠢᠬᠡᠳᠤᠬᠡᠷ ᠲᠠᠪᠤᠨ︾ ᠵᠢᠯ ᠤᠨ ᠲᠦᠯᠤᠪᠵᠢᠬᠦᠯᠬᠡ ᠶᠢᠨ ᠡᠴᠤᠰ ᠤᠨ ᠨᠢᠬᠡ ᠵᠢᠯ | ᠪᠤᠯᠤᠨ᠎ᠠ᠂ ᠮᠦᠡᠴᠤ ︽ᠠᠷᠪᠠᠨ ᠨᠢᠬᠡᠳᠤᠬᠡᠷ ᠲᠠᠪᠤᠨ︾ ᠵᠢᠯ ᠤᠨ ᠲᠦᠯᠤᠪᠵᠢᠬᠦᠯᠬᠡ ᠪᠠᠨ ᠠᠮᠵᠢᠯᠳᠠ ᠲᠠᠢ | ᠪᠠᠶᠠᠯᠠᠬᠦᠯᠵᠤ᠂ ︽ᠠᠷᠪᠠᠨ ᠬᠤᠶᠡᠳᠤᠭᠠᠷ ᠲᠠᠪᠤᠨ︾ ᠵᠢᠯ ᠤᠨ ᠬᠦᠭᠵᠢᠯᠳᠠ ᠶᠢᠨ ᠰᠠᠭᠤᠷᠢ ᠶᠢ ᠲᠠᠯᠪᠢᠬᠤ | ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠡᠨ᠋ᠨ ᠵᠢᠯ ᠤᠨ ᠡᠯ᠎ᠠ ᠲᠦᠷᠥᠯ ᠤᠨ ᠠᠵᠢᠯ ᠢᠶᠠᠨ ᠰᠠᠶᠢᠳᠤᠷ ᠬᠢᠬᠦ ᠨᠢ | ᠪᠦᠬᠦ ᠬᠤᠰᠢᠭᠤᠨ ᠤ ᠠᠵᠤ ᠠᠬᠤᠢ ᠶᠢᠨ ᠬᠤᠷᠡᠯ ᠳᠤ ᠲᠤᠭᠳᠠᠭᠠᠭᠰᠡᠨ ᠶᠠᠷᠤᠩᠬᠡᠢ ᠰᠡᠳᠬᠢᠴᠠ ᠪᠠ ᠠᠵᠢᠯ ᠤᠨ | ᠭᠤᠤᠯᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠨᠠᠶᠢᠬᠡᠮ ᠤᠨ ᠬᠦᠭᠵᠢᠯᠳᠠ ᠶᠢᠨ | ᠰᠢᠨ᠎ᠠ ᠪᠠᠶᠢᠳᠠᠯ ᠢ ᠡᠬᠦᠳᠬᠦ ᠳᠤ ᠲᠦᠢᠯ ᠤᠨ ᠴᠢᠬᠤᠯᠨ ᠠᠴᠢ ᠬᠤᠯᠪᠤᠭᠳᠠᠯ ᠲᠠᠢ ᠶᠤᠮ᠃ | 2010 ᠤᠨ ᠤ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠰᠡᠳᠬᠢᠴᠠ ᠪᠤᠯ᠄ ᠰᠢᠡᠵᠢᠯᠡᠬᠦ ᠤᠬᠠᠭᠠᠡᠴᠢ | ᠬᠦᠭᠵᠢᠯᠳᠠ ᠶᠢᠨ ᠦᠵᠡᠯᠳᠡ ᠪᠠᠷ ᠵᠢᠯᠤᠭᠤᠳᠤᠭᠤᠯᠵᠤ᠂ ᠤᠷᠤᠨ ᠠᠶᠢᠮᠠᠭ ᠤᠨ ᠠᠵᠤ ᠠᠬᠤᠢ ᠶᠢᠨ ᠠᠵᠢᠯ ᠤᠨ | ᠬᠤᠷᠡᠯ ᠤᠨ ᠵᠤᠷᠢᠭ ᠰᠠᠨᠠᠭ᠎ᠠ ᠶᠢ ᠬᠢᠨᠡᠮᠡᠭᠠᠢ ᠲᠤᠤᠱᠯᠠᠭᠤᠯᠤᠨ᠂ ︽ᠠᠵᠤ ᠠᠬᠤᠢ ᠶᠢᠨ ᠶᠠᠷᠤᠩᠬᠡᠢ ᠬᠡᠮᠵᠢᠶ᠎ᠠ ᠶᠢ | ᠨᠡᠮᠡᠭᠳᠡᠬᠦᠯᠵᠤ᠂ ᠬᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠬᠦᠭᠵᠢᠯᠳᠠ ᠶᠢᠨ ᠶᠠᠰᠤ ᠴᠢᠨᠠᠷ ᠢ | ᠲᠡᠬᠡᠭᠰᠢᠯᠡᠬᠦᠯᠵᠤ᠂ ᠠᠮᠢ ᠠᠬᠤᠢ ᠶᠢ ᠬᠠᠮᠠᠭᠠᠯᠠᠨ᠂ ᠠᠷᠡᠳ ᠢᠶᠠᠨ ᠪᠠᠶᠠᠵᠢᠭᠤᠯᠵᠤ᠂ ᠬᠤᠰᠢᠭᠤ ᠪᠠᠨ | ᠬᠦᠴᠤᠷᠬᠡᠭᠵᠢᠬᠦᠯᠬᠦ︾ ᠶᠢ ᠪᠠᠷᠢᠮᠳᠠᠯᠠᠵᠤ᠂ ᠬᠦᠭᠵᠢᠯᠳᠠ ᠶᠢ ᠲᠦᠷᠬᠡᠳᠬᠡᠬᠦ ᠵᠤᠷᠢᠭ ᠰᠠᠨᠠᠭ᠎ᠠ ᠶᠢ ᠭᠤᠶᠢᠪᠢᠰᠢ ᠦᠬᠡᠢ | ᠪᠠᠷᠢᠮᠳᠠᠯᠠᠨ᠂ ᠠᠵᠠ ᠲᠤᠬᠢᠶᠠᠯ ᠢ ᠡᠵᠡᠮᠳᠠᠨ ᠰᠢᠨ᠎ᠠ ᠶᠢ ᠡᠬᠦᠳᠴᠤ᠂ ᠠᠵᠤ ᠠᠬᠤᠢ ᠶᠢᠨ ᠬᠦᠭᠵᠢᠯᠳᠠ ᠶᠢᠨ ᠠᠷᠭ᠎ᠠ | ᠬᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠤᠨ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠡᠷ ᠪᠠ ᠦᠷ᠎ᠠ | ᠠᠰᠢᠭ ᠢ ᠲᠡᠬᠡᠭᠰᠢᠯᠡᠬᠦᠯᠵᠤ᠂ ᠬᠤᠳᠠ ᠬᠦᠳᠡᠭᠡ ᠶᠢᠨ ᠬᠦᠭᠵᠢᠯᠳᠠ ᠶᠢ ᠨᠢᠬᠡᠳᠤᠯᠳᠡᠢ ᠲᠦᠯᠤᠪᠵᠢᠬᠦᠯᠤᠨ᠂ ᠡᠨᠧᠷᠬᠢ | ᠠᠷᠪᠢᠯᠠᠨ ᠪᠤᠬᠢᠷᠳᠤᠯ ᠢ ᠪᠠᠭᠠᠰᠬᠠᠬᠤ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠠᠬᠢᠭᠤᠯᠵᠤ᠂ | ᠠᠷᠡᠳ ᠤᠨ ᠠᠮᠢᠳᠤᠷᠡᠯ ᠢ ᠰᠠᠶᠢᠵᠢᠷᠠᠭᠤᠯᠤᠨ᠂ ᠨᠠᠶᠢᠬᠡᠮ ᠤᠨ ᠡᠶ᠎ᠡ ᠵᠤᠬᠢᠴᠠᠯ ᠢ ᠠᠬᠢᠭᠤᠯᠤᠨ᠂ ᠪᠦᠬᠦ ᠬᠤᠰᠢᠭᠤᠨ ᠤ | ᠠᠵᠤ ᠠᠬᠤᠢ ᠨᠠᠶᠢᠬᠡᠮ ᠤᠨ ᠨᠠᠩ ᠰᠠᠶᠢᠨ ᠨᠠᠩ ᠲᠦᠷᠬᠡᠨ ᠬᠦᠭᠵᠢᠯᠳᠠ ᠶᠢ ᠲᠦᠯᠬᠢᠨ ᠠᠬᠢᠭᠤᠯᠬᠤ ᠪᠠᠷ ᠴᠢᠷᠮᠠᠶᠢᠵᠤ᠂ | ᠬᠦᠭᠵᠢᠯᠳᠠ ᠶᠢᠨ ᠬᠡᠮᠵᠢᠶ᠎ᠠ ᠪᠠᠨ ᠪᠦᠬᠦ ᠠᠶᠢᠮᠠᠭ ᠤᠨ ᠲᠤᠮᠳᠠ ᠲᠦᠪᠰᠢᠨ ᠳᠤ ᠬᠦᠷᠬᠡᠬᠦ ᠳᠤ ᠪᠠᠳᠤ ᠪᠠᠬᠢ | ᠰᠠᠭᠤᠷᠢ ᠶᠢ ᠲᠠᠯᠪᠢᠨ᠎ᠠ᠃ | ᠠᠵᠤ ᠠᠬᠤᠢ ᠶᠢᠨ ᠬᠦᠭᠵᠢᠯᠳᠠ ᠶᠢᠨ ᠲᠠᠮᠠᠴᠡᠬᠦ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ | ᠶᠠᠷᠤᠩᠬᠡᠢ ᠦᠷᠳᠡᠭ ᠢ 33 ᠳ᠋ᠦᠩᠰᠢᠭᠤᠷ ᠲᠦᠬᠦᠷᠢᠭ ᠪᠠᠶᠠᠯᠠᠬᠦᠯᠵᠤ᠂ 40.3% ᠪᠠᠷ ᠨᠡᠮᠡᠭᠳᠡᠬᠦᠯᠤᠨ᠎ᠠ᠃ ᠡᠬᠦᠨ | ᠳᠤ ᠨᠢᠬᠡᠳᠤᠬᠡᠷ ᠠᠵᠤ ᠦᠢᠯᠡᠰ ᠤᠨ ᠨᠡᠮᠡᠭᠳᠡᠯ ᠦᠷᠳᠡᠭ ᠢ 4 ᠳ᠋ᠦᠩᠰᠢᠭᠤᠷ ᠲᠦᠬᠦᠷᠢᠭ ᠲᠤ ᠬᠦᠷᠬᠡᠨ᠂ 7. | 5% ᠪᠠᠷ ᠨᠡᠮᠡᠭᠳᠡᠬᠦᠯᠵᠤ᠂ ᠬᠤᠶᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 21.5 ᠳ᠋ᠦᠩᠰᠢᠭᠤᠷ | ᠲᠦᠬᠦᠷᠢᠭ ᠲᠤ ᠬᠦᠷᠬᠡᠨ᠂ 53.6% ᠪᠠᠷ ᠨᠡᠮᠡᠭᠳᠡᠬᠦᠯᠵᠤ᠂ ᠡᠬᠦᠨ ᠳᠤ ᠠᠵᠤ ᠦᠢᠯᠡᠳᠪᠤᠷᠢ ᠶᠢᠨ ᠨᠡᠮᠡᠭᠳᠡᠯ | ᠦᠷᠳᠡᠭ ᠢ 16 ᠳ᠋ᠦᠩᠰᠢᠭᠤᠷ ᠲᠦᠬᠦᠷᠢᠭ ᠲᠤ ᠬᠦᠷᠬᠡᠨ᠂ 52.4% ᠪᠠᠷ ᠨᠡᠮᠡᠭᠳᠡᠬᠦᠯᠵᠤ᠂ ᠭᠤᠷᠪᠡᠳᠤᠭᠠᠷ ᠠᠵᠤ | ᠦᠢᠯᠡᠰ ᠤᠨ ᠨᠡᠮᠡᠭᠳᠡᠯ ᠦᠷᠳᠡᠭ ᠢ 7.5 ᠳ᠋ᠦᠩᠰᠢᠭᠤᠷ ᠲᠦᠬᠦᠷᠢᠭ ᠲᠤ ᠬᠦᠷᠬᠡᠨ᠂ 29.3% ᠪᠠᠷ | ᠨᠡᠮᠡᠭᠳᠡᠬᠦᠯᠵᠤ᠂ ᠭᠤᠷᠪᠡᠨ ᠠᠵᠤ ᠦᠢᠯᠡᠰ ᠤᠨ ᠬᠠᠷᠢᠴᠠᠯ ᠢ 12᠄ 65᠄ 23 ᠪᠤᠯᠭᠠᠨ᠎ᠠ᠃ ᠲᠤᠭᠳᠠᠮᠠᠯ | ᠬᠦᠷᠤᠩᠬᠡ ᠶᠢᠨ ᠪᠡᠯᠨ ᠤᠷᠤᠭᠤᠯᠤᠯᠳᠠ ᠶᠢ 50 ᠳ᠋ᠦᠩᠰᠢᠭᠤᠷ ᠲᠦᠬᠦᠷᠢᠭ ᠲᠤ ᠬᠦᠷᠬᠡᠨ᠂ 22.5% ᠪᠠᠷ | ᠨᠡᠮᠡᠭᠳᠡᠬᠦᠯᠤᠨ᠎ᠠ᠃ ᠭᠠᠵᠡᠷ ᠤᠷᠤᠨ ᠤ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ 3.3 ᠳ᠋ᠦᠩᠰᠢᠭᠤᠷ | ᠲᠦᠬᠦᠷᠢᠭ ᠲᠤ ᠬᠦᠷᠬᠡᠨ᠂ 76.7% ᠪᠠᠷ ᠨᠡᠮᠡᠭᠳᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ | ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 17000 ᠲᠦᠬᠦᠷᠢᠭ ᠲᠤ ᠬᠦᠷᠬᠡᠨ᠂ 17.2% ᠢᠶᠠᠷ | ᠨᠡᠮᠡᠭᠳᠡᠬᠦᠯᠵᠤ᠂ ᠮᠠᠯᠴᠢᠳ ᠤᠨ ᠲᠤᠮᠳᠠᠴᠢ ᠴᠠᠪᠡᠷ ᠤᠷᠤᠯᠭ᠎ᠠ ᠶᠢ 9800 ᠲᠦᠬᠦᠷᠢᠭ ᠲᠤ ᠬᠦᠷᠬᠡᠨ᠂ 15. | 3% ᠪᠠᠷ ᠨᠡᠮᠡᠭᠳᠡᠬᠦᠯᠤᠨ᠎ᠠ᠃ ᠪᠦᠬᠦ ᠬᠤᠰᠢᠭᠤᠨ ᠤ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠬᠡᠮᠵᠢᠶ᠎ᠠ | ᠶᠢ 5.85 ᠳ᠋ᠦᠩᠰᠢᠭᠤᠷ ᠲᠦᠬᠦᠷᠢᠭ ᠲᠤ ᠬᠦᠷᠬᠡᠨ᠂ 17% ᠪᠠᠷ ᠨᠡᠮᠡᠭᠳᠡᠬᠦᠯᠤᠨ᠎ᠠ᠃ | ᠡᠨ᠋ᠨ ᠵᠢᠯ ᠤᠨ ᠠᠵᠢᠯ ᠤᠨ ᠰᠡᠳᠬᠢᠴᠠ ᠪᠠ ᠲᠠᠮᠠᠴᠡᠬᠦ ᠬᠠᠷᠠᠯᠳᠠ ᠪᠠᠨ ᠦᠡᠳᠤᠰᠤᠯᠡᠨ᠂ ᠲᠤᠤᠷᠡᠬᠢ ᠵᠢᠷᠭᠤᠭᠠᠨ | ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ | ︵ᠨᠢᠬᠡ︶ ᠮᠠᠯ ᠠᠵᠤ ᠠᠬᠤᠢ ᠶᠢᠨ ᠰᠠᠭᠤᠷᠢᠯᠠᠭᠴᠢ ᠪᠠᠶᠢᠷᠢ ᠰᠠᠭᠤᠷᠢ ᠶᠢ ᠴᠢᠩᠭᠠᠳᠬᠠᠨ᠂ ᠮᠠᠯᠵᠢᠬᠤ ᠤᠷᠤᠨ ᠤ | ᠠᠵᠢᠯ ᠤᠨ ᠰᠢᠨ᠎ᠠ ᠬᠠᠭᠤᠳᠠᠰᠤ ᠶᠢ ᠰᠠᠬᠦᠬᠦ ᠪᠠᠷ ᠴᠢᠷᠮᠠᠶᠢᠨ᠎ᠠ᠃ᠮᠠᠯ ᠠᠵᠤ ᠠᠬᠤᠢ ᠪᠤᠯ ᠮᠠᠨ ᠤ ᠬᠤᠰᠢᠭᠤᠨ ᠤ | ᠰᠠᠭᠤᠷᠢᠯᠠᠭᠴᠢ ᠠᠵᠤ ᠦᠢᠯᠡᠰ ᠪᠤᠯᠤᠨ᠎ᠠ᠃ ᠮᠠᠯ ᠠᠵᠤ ᠠᠬᠤᠢ ᠶᠢᠨ ᠪᠠᠶᠢᠷᠢ ᠰᠠᠭᠤᠷᠢ ᠶᠢ ᠤᠯᠠᠮ ᠪᠠᠳᠤᠳᠬᠠᠬᠤ | ᠳᠤ ︽ᠬᠦᠮᠤᠨ ᠢᠶᠠᠨ ᠰᠢᠯᠵᠢᠬᠦᠯᠤᠨ᠂ ᠮᠠᠯ ᠢᠶᠠᠨ ᠴᠦᠬᠡᠳᠬᠡᠵᠤ᠂ ᠪᠠᠯᠴᠢᠬᠡᠷ ᠢ ᠰᠡᠷᠬᠦᠬᠡᠨ᠂ ᠤᠷᠤᠯᠭ᠎ᠠ ᠪᠠᠨ | ᠨᠡᠮᠡᠭᠳᠡᠬᠦᠯᠬᠦ︾ ᠶᠢ ᠭᠤᠤᠯᠳᠠᠯᠭ᠎ᠠ ᠲᠠᠢ ᠠᠳᠬᠤᠨ᠂ ᠦᠷᠬᠦᠯᠵᠢᠯᠡᠨ ︽ᠨᠢᠬᠡ ᠶᠢ ᠬᠤᠪᠢᠷᠠᠭᠤᠯᠬᠤ ᠦᠬᠡᠢ᠂ | ᠬᠤᠶᠡᠷ ᠢ ᠪᠠᠷᠢᠮᠳᠠᠯᠠᠨ᠂ ᠭᠤᠷᠪᠡ ᠶᠢ ᠨᠢᠬᠡᠳᠬᠡᠵᠤ᠂ ᠲᠦᠷᠪᠡ ᠶᠢ ᠪᠠᠳᠠᠷᠠᠭᠤᠯᠤᠨ᠂ ᠲᠠᠪᠤ ᠶᠢ ᠲᠡᠬᠡᠭᠰᠢᠯᠡᠬᠦᠯᠬᠦ︾ | ᠦᠵᠡᠯᠳᠡ ᠶᠢᠨ ᠲᠤᠭᠤᠷᠢᠨ ᠳᠤ ︽ᠠᠷᠪᠠᠨ ᠪᠠᠷᠢᠮᠵᠢᠶ᠎ᠠ ᠳᠤ ᠬᠦᠷᠬᠡᠬᠦ︾ ᠱᠠᠭᠠᠷᠳᠠᠯᠭ᠎ᠠ ᠶᠤᠰᠤᠭᠠᠷ | ᠤᠳᠤᠬᠢᠴᠢᠯᠠᠭᠰᠡᠨ ᠮᠠᠯ ᠠᠵᠤ ᠠᠬᠤᠢ ᠶᠢᠨ ᠵᠠᠮ ᠢᠶᠠᠷ ᠵᠠᠮᠨᠠᠨ᠂ ᠠᠮᠢ ᠠᠬᠤᠢ ᠶᠢᠨ ᠪᠤᠯᠪᠠᠰᠤᠨ ᠤ ᠪᠦᠳᠤᠬᠡᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠦᠮᠤᠨ ᠪᠠ ᠪᠠᠶᠢᠭᠠᠯᠢ ᠶᠢᠨ ᠡᠶ᠎ᠡ ᠵᠤᠬᠢᠴᠠᠯᠳᠡᠢ ᠬᠦᠭᠵᠢᠯᠳᠠ ᠶᠢ | ᠠᠬᠢᠭᠤᠯᠤᠨ᠂ ᠬᠠᠮᠤᠭ ᠤᠨ ᠡᠴᠤᠰ ᠲᠡᠭᠡᠨ ︽ᠭᠤᠷᠪᠡᠨ ᠶᠡᠭᠡ ᠬᠠᠷᠠᠯᠳᠠ︾ ᠶᠢ ᠪᠠᠶᠠᠯᠠᠬᠦᠯᠤᠨ᠎ᠠ᠃ | ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠤᠬᠡᠨ ᠪᠠᠶᠢᠭᠤᠯᠤᠯᠳᠠ ᠶᠢ ᠦᠷᠬᠦᠯᠵᠢᠯᠡᠨ | ᠴᠢᠩᠭᠠᠳᠬᠠᠨ᠎ᠠ᠃ ︽ᠪᠡᠯᠴᠢᠬᠡᠷ ᠰᠡᠷᠬᠦᠬᠡᠬᠦ᠂ ᠪᠠᠯᠴᠢᠬᠡᠷᠯᠡᠬᠦᠯᠬᠦ ᠶᠢ ᠵᠤᠭᠰᠤᠭᠠᠬᠤ᠂ ᠪᠠᠯᠴᠢᠬᠡᠷ ᠰᠡᠯᠬᠦᠨ ᠮᠠᠯᠵᠢᠭᠤᠯᠬᠤ | ︾ ᠠᠵᠢᠯ ᠢ ᠬᠢᠨᠠᠮᠠᠭᠠᠢ ᠰᠠᠶᠢᠳᠤᠷ ᠬᠢᠵᠤ᠂ ᠪᠠᠯᠴᠢᠬᠡᠷᠯᠡᠬᠦᠯᠬᠦ ᠶᠢ ᠵᠤᠭᠰᠤᠭᠠᠬᠤ ᠪᠠ ᠪᠠᠯᠴᠢᠬᠡᠷ ᠰᠡᠷᠬᠦᠬᠡᠬᠦ ᠠᠵᠢᠯ ᠢ | ᠰᠠᠶᠢᠳᠤᠷ ᠠᠳᠬᠤᠭᠰᠡᠨ ᠰᠠᠭᠤᠷᠢᠨ ᠲᠡᠬᠡᠷ᠎ᠠ ᠲᠤᠭᠤᠷᠢᠭ ᠬᠤᠪᠢᠶᠠᠨ ᠰᠠᠯᠬᠦᠨ ᠮᠠᠯᠵᠢᠬᠤ ᠬᠦᠷᠢᠶ᠎ᠠ ᠬᠡᠪᠴᠢᠶ᠎ᠠ ᠶᠢ | ᠤᠯᠠᠮ ᠦᠷᠬᠡᠳᠬᠡᠨ᠎ᠠ᠃ ᠪᠠᠷᠢᠮᠵᠢᠶᠠᠵᠢᠭᠰᠡᠨ ᠲᠤᠭᠤᠷᠢᠭ ᠬᠤᠪᠢᠶᠠᠨ ᠰᠠᠯᠬᠦᠨ ᠮᠠᠯᠵᠢᠬᠤ ᠶᠢ ᠲᠡᠯᠬᠡᠷᠡᠬᠦᠯᠤᠨ | ᠬᠡᠷᠡᠭᠵᠢᠬᠦᠯᠬᠦ ᠶᠠᠪᠤᠴᠠ ᠲᠤᠮᠳᠠ᠂ ᠠᠳᠠᠯᠢ ᠪᠤᠰᠤ ᠭᠠᠵᠡᠷ ᠤᠷᠤᠨ ᠤ ᠤᠡᠴᠠᠯᠢᠭ ᠲᠤᠨᠢ ᠴᠢᠭᠯᠡᠬᠦᠯᠤᠨ᠂ ᠠᠳᠠᠯᠢ | ᠪᠤᠰᠤ ᠲᠦᠯᠤᠪᠯᠡᠭᠡ ᠪᠠ ᠰᠠᠯᠬᠦᠨ ᠮᠠᠯᠵᠢᠬᠤ ᠪᠠᠷᠢᠮᠵᠢᠶ᠎ᠠ ᠶᠢ ᠲᠤᠭᠳᠠᠭᠠᠬᠤ ᠶᠢᠨ ᠬᠠᠮᠳᠤ ᠲᠤᠤᠷ ᠬᠦᠷᠢᠶ᠎ᠠ᠂ | ᠬᠤᠳᠳᠤᠭ ᠤᠰᠤ ᠵᠠᠷᠬᠡ ᠰᠠᠭᠤᠷᠢ ᠲᠦᠬᠦᠬᠡᠷᠤᠮᠵᠢ ᠶᠢ ᠵᠤᠬᠢᠰᠳᠡᠢ ᠠᠰᠢᠭᠯᠠᠬᠤ ᠪᠤᠶᠤ ᠰᠠᠯᠪᠢᠨ ᠵᠠᠰᠠᠵᠤ᠂ ᠪᠦᠳᠤᠬᠡᠨ | ᠪᠠᠶᠢᠭᠤᠯᠤᠯᠳᠠ ᠶᠢᠨ ᠦᠷᠳᠡᠭ ᠢ ᠲᠤᠷᠤᠭᠰᠢᠯᠠᠭᠤᠯᠤᠨ᠂ ᠲᠤᠰ ᠵᠢᠯ ᠳᠤ ᠪᠠᠷᠢᠮᠵᠢᠶᠠᠵᠢᠭᠰᠡᠨ ᠲᠤᠭᠤᠷᠢᠭ ᠬᠤᠪᠢᠶᠠᠨ | ᠰᠠᠯᠬᠦᠨ ᠮᠠᠯᠵᠢᠭᠰᠡᠨ ᠲᠠᠯᠠᠪᠠᠢ ᠶᠢ 100 ᠲᠦᠮᠡᠨ ᠮᠤ᠋ ᠨᠡᠮᠡᠭᠳᠡᠬᠦᠯᠤᠨ᠂ ᠨᠠᠶᠢᠳᠠ 626 ᠲᠦᠮᠡᠨ ᠮᠤ᠋ ᠬᠦᠷᠬᠡᠨ᠎ᠠ᠃ | ᠤᠯᠠᠷᠢᠯ ᠤᠨ ᠴᠢᠨᠠᠷᠳᠡᠢ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠮᠠᠯᠵᠢᠯ ᠤᠨ ᠪᠤᠰᠤ ᠡᠷᠤᠬᠡ ᠪᠠ ᠺᠠᠳᠠᠷ ᠠᠵᠢᠯᠳᠠᠨ ᠤ ᠮᠠᠯ ᠢ ᠴᠡᠪᠡᠷᠯᠡᠵᠤ᠂ ᠬᠡᠰᠡᠭ ᠭᠠᠵᠡᠷ ᠲᠠᠭᠠᠨ | ᠲᠠᠭᠠᠭᠠᠴᠠ ᠠᠴᠠ ᠬᠡᠳᠤᠷᠡᠬᠦᠯᠬᠦ ᠪᠠ ᠮᠠᠯᠵᠢᠯ ᠤᠨ ᠲᠤᠮᠤ ᠡᠷᠤᠬᠡ ᠶᠢᠨ ᠲᠠᠭᠠᠭᠠᠴᠠ ᠠᠴᠠ ᠬᠡᠳᠤᠷᠡᠬᠦᠯᠤᠨ ᠮᠠᠯ | ᠮᠠᠯᠵᠢᠬᠤ ᠦᠵᠡᠭᠳᠡᠯ ᠢ ᠭᠤᠤᠯᠳᠠᠯᠭ᠎ᠠ ᠲᠠᠢ ᠰᠢᠢᠳᠪᠤᠷᠢᠯᠡᠵᠤ᠂ ᠮᠠᠯ ᠪᠠᠯᠴᠢᠬᠡᠷ ᠤᠨ ᠬᠦᠳᠡᠯᠤᠩᠬᠦᠢ ᠲᠠᠩᠴᠡᠬᠦᠷᠢ ᠶᠢ | ᠦᠨᠡᠡᠬᠦ ᠪᠠᠳᠤᠯᠠᠨ᠎ᠠ᠃ ᠪᠦᠬᠦ ᠠᠶᠢᠮᠠᠭ ᠤᠨ ᠮᠠᠯ ᠤᠨ ᠲᠤᠭ᠎ᠠ ᠶᠢ ᠬᠢᠵᠠᠭᠠᠷᠯᠠᠬᠤ ᠪᠠᠶᠢᠷᠢᠯᠠᠭᠤᠯᠤᠯᠳᠠ ᠪᠠ ᠡᠬᠦᠷᠬᠡ | ᠬᠠᠷᠠᠯᠳᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯᠵᠢᠯ ᠤᠨ ᠤᠨ ᠤ ᠮᠠᠯ ᠤᠨ ᠲᠤᠭ᠎ᠠ ᠲᠤᠯᠤᠭᠠᠢ ᠶᠢ 150 | ᠲᠦᠮᠨ ᠶᠢᠨ ᠲᠤᠳᠤᠷ᠎ᠠ ᠬᠢᠵᠠᠭᠠᠷᠯᠠᠨ᠂ ᠨᠢᠳᠤᠨᠤᠨ ᠤ ᠬᠢ ᠠᠴᠠ 10 ᠲᠦᠮᠡᠨ ᠲᠤᠯᠤᠭᠠᠢ ᠴᠦᠬᠡᠳᠬᠡᠨ᠎ᠠ᠃ ᠮᠠᠯ | ᠠᠵᠤ ᠠᠬᠤᠢ ᠶᠢᠨ ᠴᠢᠳᠠᠪᠬᠢ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠲᠦᠷᠥᠯ ᠵᠥᠢᠯ ᠢ | ᠨᠢᠬᠡᠳᠤᠯᠳᠡᠢ ᠲᠦᠯᠤᠪᠵᠢᠬᠦᠯᠵᠤ᠂ ᠡᠯᠡᠰᠤᠨ ᠤ ᠡᠬᠢ ᠶᠢ ᠵᠠᠰᠠᠬᠤ ᠲᠦᠷᠥᠯ ᠵᠥᠢᠯ ᠢ ᠰᠠᠶᠢᠳᠤᠷ ᠬᠡᠷᠡᠭᠵᠢᠬᠦᠯᠤᠨ᠂ | 40.2 ᠲᠦᠮᠡᠨ ᠮᠤ᠋ ᠨᠤᠳᠤᠭ ᠪᠠᠯᠴᠢᠬᠡᠷ ᠤᠨ ᠠᠮᠢ ᠠᠬᠤᠢ ᠶᠢ ᠰᠡᠷᠬᠦᠬᠡᠨ᠎ᠠ᠃ ᠮᠠᠯ ᠠᠵᠤ ᠠᠬᠤᠢ ᠶᠢᠨ ᠨᠠᠶᠢᠳᠠᠮ | ᠪᠠᠶᠢᠴᠠᠭᠠᠯᠳᠠ ᠶᠢᠨ ᠠᠵᠢᠯ ᠢ ᠤᠯᠠᠮ ᠴᠢᠩᠭᠠᠳᠬᠠᠨ᠂ ᠮᠠᠯᠵᠢᠯ ᠤᠨ ᠤᠨ ᠪᠠ ᠡᠪᠤᠯᠵᠢᠬᠦ ᠮᠠᠯ ᠤᠨ ᠲᠤᠭ᠎ᠠ | ᠪᠦᠷᠢᠳᠬᠡᠯ ᠢ ᠴᠦᠮ ᠡᠷᠤᠬᠡ ᠲᠠᠷᠠᠭᠠᠯᠠᠨ ᠲᠤᠭᠠᠯᠠᠵᠤ᠂ ᠨᠠᠶᠢᠳᠠᠮ ᠪᠠᠶᠢᠴᠠᠭᠠᠯᠳᠠ ᠶᠢᠨ ᠲᠤᠭ᠎ᠠ ᠨᠤᠷᠮ᠎ᠠ ᠶᠢᠨ | ᠰᠢᠡᠵᠢᠯᠡᠬᠦ ᠤᠬᠠᠭᠠᠡᠴᠢ ᠦᠨᠡᠨ ᠪᠤᠳᠡᠳᠡᠢ ᠪᠠᠶᠢᠬᠤ ᠶᠢ ᠪᠠᠳᠤᠯᠠᠨ᠎ᠠ᠃ | ᠮᠠᠯ ᠠᠵᠤ ᠠᠬᠤᠢ ᠶᠢᠨ ᠬᠡᠪᠴᠢᠶᠠᠵᠢᠭ᠍ᠰᠡᠨ ᠡᠵᠡᠩᠨᠡᠯᠳᠡ ᠶᠢᠨ ᠬᠢᠷᠢ ᠲᠦᠪᠰᠢᠨ ᠢ ᠤᠯᠠᠮ ᠲᠡᠬᠡᠭᠰᠢᠯᠡᠬᠦᠯᠤᠨ᠎ᠠ᠃ | ᠬᠤᠷᠰᠢᠯᠴᠠᠬᠤ ᠦᠵᠡᠯ ᠰᠠᠨᠠᠭ᠎ᠠ ᠶᠢ ᠶᠡᠭᠡ ᠪᠠᠷ ᠤᠷᠢᠶᠠᠯᠡᠨ᠂ ᠮᠠᠯᠵᠢᠬᠤ ᠤᠷᠤᠨ ᠤ ᠨᠤᠳᠤᠭ ᠪᠠᠯᠴᠢᠬᠡᠷ᠂ ᠰᠠᠭᠤᠷᠢ | ᠲᠦᠬᠦᠬᠡᠷᠤᠮᠵᠢ᠂ ᠬᠦᠳᠡᠯᠮᠤᠷᠢ ᠬᠦᠴᠤᠨ ᠤ ᠡᠬᠢ ᠪᠠᠶᠠᠯᠢᠭ ᠢ ᠨᠢᠬᠡᠳᠬᠡᠬᠦ ᠠᠵᠢᠯ ᠤᠨ ᠡᠷᠴᠢᠮ ᠢ | ᠴᠢᠩᠭᠠᠷᠠᠭᠤᠯᠤᠨ᠂ ᠡᠯ᠎ᠠ ᠵᠥᠢᠯ ᠤᠨ ᠡᠬᠢ ᠪᠠᠶᠠᠯᠢᠭ ᠢ ᠬᠠᠮᠤᠭ ᠤᠨ ᠵᠤᠬᠢᠰᠳᠡᠢ ᠪᠠᠷ ᠨᠢᠬᠡᠳᠬᠡᠵᠤ᠂ ᠡᠷᠤᠬᠡ | ᠬᠤᠯᠪᠤᠭᠠᠯᠠᠨ ᠡᠵᠡᠩᠨᠡᠬᠦ ᠶᠢ ᠬᠦᠭᠵᠢᠬᠦᠯᠬᠦ᠂ ᠪᠠᠯᠴᠢᠬᠡᠷ ᠢ ᠬᠤᠯᠪᠤᠭᠠᠯᠠᠨ ᠬᠠᠮᠠᠭᠠᠯᠠᠬᠤ᠂ ᠡᠪᠡᠰᠤᠨ ᠤ ᠦᠢᠯᠡᠰ ᠢ | ᠬᠦᠭᠵᠢᠬᠦᠯᠬᠦ᠂ ᠨᠠᠩ ᠤᠯᠠᠨ ᠦᠯᠡᠬᠦᠦ ᠬᠦᠳᠡᠯᠮᠤᠷᠢ ᠬᠦᠴᠤ ᠶᠢ ᠮᠠᠯᠵᠢᠯ ᠤᠨ ᠪᠤᠰᠤ ᠦᠢᠯᠡᠰ ᠲᠤ ᠰᠢᠯᠵᠢᠬᠦᠯᠬᠦ᠂ | ᠬᠤᠳᠠ ᠪᠠᠯᠭᠠᠰᠤᠵᠢᠯᠳᠠ ᠶᠢ ᠠᠬᠢᠭᠤᠯᠬᠤ ᠳᠤ ᠰᠠᠭᠤᠷᠢ ᠲᠠᠯᠪᠢᠨ᠎ᠠ᠃ ᠡᠬᠦᠨ ᠤ ᠤᠯᠠᠮ ᠢᠶᠠᠷ ᠮᠠᠯᠵᠢᠬᠤ ᠤᠷᠤᠨ ᠤ | ᠵᠤᠬᠢᠶᠠᠨ ᠪᠠᠶᠢᠭᠤᠯᠤᠯᠵᠢᠭᠰᠡᠨ ᠬᠡᠮᠵᠢᠶ᠎ᠠ ᠪᠠ ᠮᠠᠯ ᠠᠵᠤ ᠠᠬᠤᠢ ᠶᠢᠨ ᠬᠡᠪᠴᠢᠶᠠᠵᠢᠯᠳᠠ ᠶᠢᠨ ᠲᠦᠪᠰᠢᠨ ᠢ | ᠲᠡᠬᠡᠭᠰᠢᠯᠡᠬᠦᠯᠤᠨ᠂ ᠮᠠᠯᠴᠢᠳ ᠤᠨ ᠦᠢᠯᠡᠳᠪᠤᠷᠢᠯᠡᠯ ᠠᠮᠢᠳᠤᠷᠡᠯ ᠤᠨ ᠦᠪᠡᠷ ᠤᠨ ᠦᠷᠳᠡᠭ ᠢ ᠨᠢ | ᠲᠤᠷᠤᠭᠰᠢᠯᠠᠭᠤᠯᠵᠤ᠂ ᠤᠷᠤᠯᠭ᠎ᠠ ᠶᠢᠨ ᠨᠡᠮᠡᠭᠳᠡᠯ ᠢ ᠨᠢ ᠠᠬᠢᠭᠤᠯᠤᠨ᠎ᠠ᠃ ᠲᠤᠰ ᠵᠢᠯ ᠳᠤ 450 ᠡᠷᠤᠬᠡ ᠶᠢ | ᠬᠤᠯᠪᠤᠭᠠᠯᠠᠭᠤᠯᠤᠨ᠂ 130 ᠲᠦᠮᠡᠨ ᠮᠤ᠋ ᠨᠤᠳᠤᠭ ᠪᠠᠯᠴᠢᠬᠡᠷ ᠢ ᠨᠢᠬᠡᠳᠬᠡᠨ ᠡᠵᠡᠩᠨᠡᠬᠦᠯᠤᠨᠠ᠃ ᠨᠤᠳᠤᠭ ᠪᠠᠯᠴᠢᠬᠡᠷ | ᠤᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠳᠠ ᠶᠢ ᠴᠢᠩᠭᠠᠳᠬᠠᠨ᠂ ᠭᠠᠴᠠᠭᠠᠨ ᠠᠴᠠ ᠨᠢᠬᠡᠳᠤᠯᠳᠡᠢ | ᠲᠦᠯᠤᠪᠵᠢᠬᠦᠯᠬᠦ ᠠᠵᠢᠯ ᠤᠨ ᠡᠷᠴᠢᠮ ᠢ ᠦᠨᠡᠡᠬᠦ ᠴᠢᠩᠭᠠᠷᠠᠭᠤᠯᠵᠤ᠂ ᠮᠠᠯ ᠦᠬᠡᠢ ᠡᠷᠤᠬᠡ᠂ ᠮᠠᠯ ᠴᠦᠬᠡᠨ ᠡᠷᠤᠬᠡ ᠪᠠ | ᠨᠡᠬᠦᠨ ᠰᠢᠯᠵᠢᠭᠰᠡᠨ ᠡᠷᠤᠬᠡ ᠶᠢᠨ ᠨᠤᠳᠤᠭ ᠪᠠᠯᠴᠢᠬᠡᠷ ᠢ ᠨᠢᠬᠡᠳᠬᠡᠵᠤ ᠪᠤᠯᠬᠤ ᠶᠢ ᠨᠢ ᠨᠢᠬᠡᠳᠬᠡᠨ ᠡᠵᠡᠩᠨᠡᠵᠤ᠂ | ᠨᠢᠬᠡᠳᠬᠡᠵᠤ ᠦᠯᠤ ᠪᠤᠯᠬᠤ ᠶᠢ ᠨᠢ ᠭᠠᠴᠠᠭᠠᠨ ᠠᠴᠠ ᠡᠵᠡᠩᠨᠡᠯᠳᠡ ᠶᠢᠨ ᠡᠷᠬᠡ ᠶᠢ ᠨᠢ ᠨᠢᠬᠡᠳᠤᠯᠳᠡᠢ ᠰᠢᠯᠵᠢᠬᠦᠯᠤᠨᠠ | ᠃ | ᠮᠠᠯᠵᠢᠬᠤ ᠤᠷᠤᠨ ᠤ ᠬᠦᠮᠤᠨ ᠠᠮᠨ ᠶᠢ ᠨᠡᠬᠦᠯᠬᠡᠨ ᠰᠢᠯᠵᠢᠬᠦᠯᠬᠦ ᠠᠵᠢᠯ ᠢ ᠦᠨᠡᠡᠬᠦ ᠴᠢᠩᠭᠠᠳᠬᠠᠨ᠎ᠠ᠃ ᠨᠡᠬᠦᠯᠬᠡᠨ | ᠰᠢᠯᠵᠢᠬᠦᠯᠦᠭᠰᠡᠨ ᠮᠠᠯᠴᠢᠳ ᠤᠨ ᠪᠤᠳᠡᠳᠡᠢ ᠪᠠᠶᠢᠳᠠᠯ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠬᠦᠢᠴᠡᠳ | ᠪᠤᠳᠤᠯᠬᠢᠯᠠᠭᠰᠡᠨ ᠰᠠᠭᠤᠷᠢᠨ ᠲᠡᠬᠡᠷ᠎ᠠ ᠮᠠᠯᠴᠢᠳ ᠢ ᠵᠤᠬᠢᠶᠠᠨ ᠪᠠᠶᠢᠭᠤᠯᠤᠯᠳᠠ ᠲᠠᠢ᠂ ᠲᠦᠯᠤᠪᠯᠡᠭᠡ ᠲᠠᠢ᠂ ᠠᠯᠬᠤᠮ | ᠲᠠᠷᠠᠭ᠎ᠠ ᠲᠠᠢ ᠪᠠᠷ ᠬᠤᠳᠠ ᠳᠤ ᠤᠷᠤᠭᠤᠯᠤᠨ᠂ ᠬᠤᠶᠡᠷ᠂ ᠭᠤᠷᠪᠡᠳᠤᠭᠠᠷ ᠠᠵᠤ ᠦᠢᠯᠡᠰ ᠲᠤ ᠰᠢᠯᠵᠢᠬᠦᠯᠵᠤ᠂ ︽ | ᠨᠡᠬᠦᠨ ᠭᠠᠷᠴᠤ᠂ ᠲᠤᠭᠳᠠᠭᠤᠨ ᠰᠠᠭᠤᠷᠢᠰᠢᠬᠤ︾ ᠶᠢ ᠨᠢ ᠪᠠᠳᠤᠯᠠᠨ᠎ᠠ᠃ ᠤᠳᠤᠬᠠᠨ ᠤ ᠮᠠᠨ ᠤ ᠬᠤᠰᠢᠭᠤᠨ ᠤ ᠠᠵᠤ | ᠦᠢᠯᠡᠰ ᠤᠨ ᠬᠦᠭᠵᠢᠯᠳᠠ ᠶᠢᠨ ᠱᠠᠭᠠᠷᠳᠠᠯᠭ᠎ᠠ ᠶᠢ ᠦᠡᠳᠤᠰᠤᠯᠠᠨ᠂ ᠨᠡᠬᠦᠨ ᠰᠢᠯᠵᠢᠭᠰᠡᠨ ᠮᠠᠯᠴᠢᠳ ᠲᠤ ᠠᠵᠢᠯ | ᠮᠠᠷᠬᠡᠵᠢᠯ ᠤᠨ ᠪᠤᠯᠪᠠᠰᠤᠷᠡᠯ ᠬᠦᠷᠳᠡᠬᠡᠬᠦ ᠠᠵᠢᠯ ᠢ ᠬᠠᠨᠳᠤᠯᠭ᠎ᠠ ᠲᠠᠢ ᠪᠠᠷ ᠠᠳᠬᠤᠨ᠂ ᠤᠡᠴᠠᠭᠠᠶᠢᠯᠡᠨ ᠠᠭᠤᠷᠬᠠᠢ ᠶᠢᠨ | ᠬᠦᠳᠡᠷ ᠰᠢᠯᠢᠬᠦ᠂ ᠪᠠᠷᠢᠯᠭ᠎ᠠ ᠶᠢᠨ ᠮᠠᠲ᠋ᠧᠷᠢᠶᠠᠯ ᠡᠳ᠋ᠰᠢᠬᠦᠯᠬᠦ ᠵᠠᠷᠬᠡ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ | ᠲᠦᠷᠥᠯ ᠵᠥᠢᠯ ᠳᠤ ᠲᠦᠰᠢᠭᠯᠡᠨ᠂ ᠭᠤᠤᠯᠳᠠᠭᠤ ᠦᠡᠳᠤᠷ ᠲᠤᠮᠳᠠ ᠠᠴᠠ ᠲᠡᠬᠦᠰᠦᠭᠰᠡᠳ ᠪᠠ ᠵᠠᠯᠠᠭᠤ ᠢᠳᠡᠷ | ᠮᠠᠯᠴᠢᠳ ᠲᠤ ᠬᠠᠨᠳᠤᠭᠤᠯᠤᠭᠰᠡᠨ ᠪᠤᠯᠪᠠᠰᠤᠷᠡᠯ ᠢ ᠢᠳᠡᠪᠬᠢᠳᠡᠢ ᠦᠷᠨᠢᠬᠦᠯᠬᠦ ᠶᠢᠨ ᠬᠠᠮᠳᠤ ᠬᠤᠰᠢᠭᠤᠨ ᠤ ᠲᠤᠳᠤᠷᠡᠬᠢ | ᠠᠵᠤ ᠠᠬᠤᠶᠢᠯᠡᠯ ᠳᠤ ᠠᠳᠠᠯᠢᠬᠠᠨ ᠨᠦᠬᠦᠴᠡᠯ ᠲᠤᠤᠷ᠎ᠠ ᠨᠡᠬᠦᠨ ᠰᠢᠯᠵᠢᠭᠰᠡᠨ ᠮᠠᠯᠴᠢᠳ ᠢ ᠤᠷᠢᠳᠴᠢᠯᠡᠨ ᠡᠯᠰᠡᠨ | ᠬᠡᠷᠡᠭᠯᠡᠬᠦᠯᠬᠦ ᠶᠢ ᠱᠠᠭᠠᠷᠳᠠᠵᠤ᠂ ᠨᠠᠩ ᠤᠯᠠᠨ ᠮᠠᠯᠴᠢᠳ ᠲᠤ ᠠᠵᠢᠯ ᠤᠯᠭᠤᠬᠤ ᠶᠢ ᠪᠠᠶᠠᠯᠠᠬᠦᠯᠤᠨ᠎ᠠ᠃ ᠮᠠᠯᠵᠢᠬᠤ | ᠤᠷᠤᠨ ᠤ ᠬᠦᠮᠤᠨ ᠠᠮᠨ ᠶᠢ ᠬᠤᠳᠠ ᠤᠷᠤᠭᠤᠯᠬᠤ ᠡᠯ᠎ᠠ ᠲᠦᠷᠥᠯ ᠤᠨ ᠬᠠᠷᠠᠭᠠᠯᠵᠠᠯ ᠤᠨ ᠲᠦᠷᠥ ᠶᠢᠨ ᠪᠤᠳᠤᠯᠭ᠎ᠠ | ᠶᠢ ᠪᠦᠷᠢᠡᠰᠢᠬᠦᠯᠤᠨ᠂ ᠨᠤᠳᠤᠭ ᠪᠠᠯᠴᠢᠬᠡᠷ ᠤᠨ ᠨᠦᠬᠦᠪᠤᠷᠢ᠂ ᠦᠷ᠎ᠠ ᠬᠡᠤᠬᠡᠳ ᠢᠶᠠᠨ ᠰᠤᠷᠭᠠᠭᠤᠯᠢ ᠳᠤ ᠰᠠᠭᠤᠯᠭᠠᠬᠤ᠂ | ᠡᠮᠴᠢᠯᠡᠭᠡ᠂ ᠡᠷᠡᠬᠦᠯ ᠬᠠᠮᠠᠭᠠᠯᠠᠯ᠂ ᠠᠵᠢᠯ ᠤᠯᠭᠤᠬᠤ ᠪᠤᠯᠪᠠᠰᠤᠷᠡᠯ ᠬᠦᠷᠳᠡᠬᠦ᠂ ᠤᠷᠤᠨ ᠰᠠᠭᠤᠴᠠ ᠬᠤᠳᠠᠯᠳᠤᠨ | ᠠᠪᠬᠤ ᠵᠠᠷᠬᠡ ᠲᠠᠯ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠵᠤ᠂ ᠤᠡᠴᠠᠭᠠᠶᠢᠯᠠᠨ ᠮᠠᠯᠴᠢᠳ ᠬᠡᠷ | ᠬᠤᠳᠠᠯᠳᠤᠨ ᠠᠪᠬᠤ ᠳᠤ ᠪᠡᠯᠨ ᠶᠡᠭᠡ ᠬᠡᠷᠡᠭᠰᠡᠬᠦ ᠪᠠᠶᠢᠳᠠᠯ ᠳᠤ ᠴᠢᠭᠯᠡᠬᠦᠯᠤᠨ᠂ ᠦᠨᠤ ᠵᠢᠯ ᠪᠢᠳᠠ ᠬᠤᠳᠠ ᠤᠷᠤᠭᠰᠡᠨ | ᠮᠠᠯᠴᠢᠳ ᠲᠤ ᠠᠪᠬᠤ ᠨᠦᠬᠦᠪᠤᠷᠢ ᠬᠠᠩᠭᠠᠬᠤ ᠪᠠᠷ ᠲᠦᠯᠤᠪᠯᠡᠵᠤ ᠪᠠᠶᠢᠨ᠎ᠠ᠃ ᠬᠦᠮᠤᠨ ᠠᠮᠨ ᠨᠡᠬᠦᠯᠬᠡᠨ ᠰᠢᠯᠵᠢᠬᠦᠯᠬᠦ | ᠠᠵᠢᠯ ᠢ ᠶᠡᠭᠡ ᠬᠦᠴᠤᠨ ᠢᠶᠠᠷ ᠲᠦᠯᠬᠢᠨ ᠠᠬᠢᠭᠤᠯᠬᠤ ᠪᠠᠷ ᠲᠠᠮᠵᠢᠨ᠂ ᠬᠤᠶᠢᠰᠢᠳᠠ ᠮᠠᠯᠵᠢᠬᠤ ᠤᠷᠤᠨ ᠤ ᠬᠦᠮᠤᠨ | ᠠᠮᠨ ᠶᠢ 16000 ᠬᠦᠮᠤᠨ ᠤ ᠲᠤᠳᠤᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ ᠢᠩᠬᠢᠪᠠᠯ ᠰᠠᠶ᠋ᠢ ᠮᠠᠯᠵᠢᠬᠤ ᠤᠷᠤᠨ ᠤ | ᠦᠷᠬᠦᠯᠵᠢᠯᠡᠭᠰᠡᠨ ᠬᠦᠭᠵᠢᠯᠳᠠ ᠪᠠ ᠮᠠᠯᠴᠢᠳ ᠤᠨ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠪᠠᠳᠤᠯᠠᠵᠤ ᠴᠢᠳᠠᠨ᠎ᠠ᠃ | | ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠢᠷᠢ ᠲᠦᠪᠰᠢᠨ ᠢ ᠦᠷᠬᠦᠯᠵᠢᠯᠡᠨ ᠲᠡᠬᠡᠭᠰᠢᠯᠡᠬᠦᠯᠤᠨ᠎ᠠ᠃ ︽ᠮᠢᠬ᠎ᠠ᠂ | ᠰᠦ᠂ ᠠᠳᠤᠭᠤ᠂ ᠡᠪᠡᠰᠣ᠂ ᠡᠯᠡᠰᠤ︾ ᠵᠠᠷᠬᠡ ᠲᠠᠪᠤᠨ ᠤᠡᠴᠠᠯᠢᠭᠳᠤ ᠠᠵᠤ ᠦᠢᠯᠡᠰ ᠤᠨ ᠲᠤᠭᠤᠷᠢᠨ ᠳᠤ᠂ ᠮᠠᠯ | ᠠᠵᠤ ᠠᠬᠤᠢ ᠶᠢᠨ ᠠᠵᠤ ᠦᠢᠯᠡᠰᠵᠢᠭᠰᠡᠨ ᠬᠢᠷᠢ ᠲᠦᠪᠰᠢᠨ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠤᠨ᠎ᠠ᠃ ︽ | ᠡᠮᠤᠨ᠎ᠠ ᠲᠠᠯ᠎ᠠ ᠪᠠᠷ ᠢᠶᠠᠨ ᠦᠬᠡᠷ᠂ ᠬᠤᠶᠢᠳᠤ ᠲᠠᠯ᠎ᠠ ᠪᠠᠷ ᠢᠶᠠᠨ ᠬᠤᠨᠢ᠂ ᠡᠬᠦᠯᠳᠡᠷ ᠰᠢᠯᠢᠳᠡᠭᠵᠢᠬᠦᠯᠤᠨ ᠮᠠᠯᠵᠢᠬᠤ︾ | ᠬᠦᠭᠵᠢᠯᠳᠠ ᠶᠢᠨ ᠰᠡᠳᠬᠢᠴᠠ ᠶᠤᠰᠤᠭᠠᠷ᠂ ᠬᠤᠰᠢᠭᠤ ᠨᠠᠮ ᠤᠨ ᠬᠤᠷᠢᠶᠠᠨ ᠤ ﹇2009﹈ 1 ᠳ᠋ᠤᠬᠡᠷ ᠲᠤᠭᠠᠳᠤ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠪᠠᠷ ᠤᠷᠤᠨ ᠲᠤᠭᠤᠷᠢᠭ ᠤᠨ ᠪᠦᠳᠤᠴᠠ᠂ ᠮᠠᠯ ᠤᠨ ᠡᠬᠦᠯᠳᠡᠷ ᠤᠨ | ᠪᠦᠳᠤᠴᠠ᠂ ᠰᠦᠷᠦᠭ ᠤᠨ ᠪᠦᠳᠤᠴᠠ᠂ ᠰᠦᠷᠦᠭ ᠤᠨ ᠬᠡᠪᠴᠢᠶ᠎ᠠ ᠳᠤ ᠰᠢᠡᠵᠢᠯᠡᠬᠦ ᠤᠬᠠᠭᠠᠡᠴᠢ ᠵᠦᠢ ᠵᠤᠬᠢᠰᠳᠡᠢ | ᠲᠤᠬᠢᠷᠠᠭᠤᠯᠤᠯᠳᠠ ᠬᠢᠵᠤ᠂ ᠪᠤᠳᠠ ᠪᠤᠭ ᠮᠠᠯ ᠤᠨ ᠬᠠᠷᠢᠴᠠᠯ ᠪᠠ ᠲᠦᠯᠯᠡᠬᠦ ᠡᠬᠡ ᠮᠠᠯ᠂ ᠪᠡᠯᠡᠳᠬᠡᠯ ᠡᠬᠡ ᠮᠠᠯ᠂ | ᠦᠷ᠎ᠠ ᠶᠢᠨ ᠮᠠᠯ ᠤᠨ ᠬᠠᠷᠢᠴᠠᠯ ᠵᠢᠴᠢ ᠰᠦᠷᠦᠭ ᠤᠨ ᠬᠡᠪᠴᠢᠶ᠎ᠠ ᠶᠢ ᠰᠠᠶᠢᠳᠤᠷ ᠲᠤᠬᠢᠷᠠᠭᠤᠯᠤᠨ᠎ᠠ᠃ ᠦᠬᠡᠷ ᠤᠨ | ᠡᠬᠦᠯᠳᠡᠷ ᠢ ᠰᠠᠶᠢᠵᠢᠷᠠᠭᠤᠯᠬᠤ ᠪᠠ ᠦᠵᠤᠮᠤᠴᠢᠨ ᠬᠤᠨᠢ ᠶᠢᠨ ᠡᠬᠦᠯᠳᠡᠷ ᠢ ᠴᠡᠪᠡᠷᠰᠢᠬᠦᠯᠬᠦ ᠪᠠᠷ ᠭᠤᠤᠯᠳᠠᠯᠭ᠎ᠠ ᠪᠤᠯᠭᠠᠨ | ᠂ ᠡᠬᠦᠯᠳᠡᠷ ᠰᠢᠯᠢᠳᠡᠭᠵᠢᠬᠦᠯᠬᠦ ᠢᠡᠵᠧᠨᠧᠷᠢᠩ ᠢ ᠲᠦᠷᠬᠡᠳᠬᠡᠨ ᠠᠬᠢᠭᠤᠯᠤᠨ᠎ᠠ᠃ ᠲᠤᠰ ᠵᠢᠯ ᠳᠤ 2.12 ᠲᠦᠮᠡᠨ | ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ 6700 ᠲᠤᠯᠤᠭᠠᠢ ᠰᠢᠮᠧᠨ᠋ᠲ᠋ᠧᠷ ᠦᠬᠡᠷ ᠤᠷᠤᠭᠤᠯᠤᠨ᠂ | 6 ᠰᠦᠷᠦᠭ ᠰᠢᠮᠧᠨ᠋ᠲ᠋ᠧᠷ ᠦᠬᠡᠷ ᠤᠨ ᠭᠤᠤᠯᠳᠠᠯᠭᠠᠳᠤ ᠰᠦᠷᠦᠭ ᠢ ᠪᠠᠶᠢᠭᠤᠯᠵᠤ᠂ 300 ᠲᠤᠯᠤᠭᠠᠢ ᠰᠢᠮᠧᠨ᠋ᠲ᠋ᠧᠷ | ᠦᠬᠡᠷ ᠢ ᠲᠠᠵᠢᠬᠡᠨ ᠦᠷᠡᠵᠢᠬᠦᠯᠬᠦ ᠬᠡᠪᠴᠢᠶ᠎ᠠ ᠲᠠᠢ ᠰᠠᠭᠤᠷᠢᠨ ᠭᠠᠵᠡᠷ ᠨᠢᠬᠡ ᠶᠢ ᠪᠠᠶᠢᠭᠤᠯᠤᠨ᠎ᠠ᠃ ᠬᠤᠴᠠ ᠶᠢ | ᠲᠦᠪᠯᠡᠷᠡᠬᠦᠯᠤᠨ ᠬᠠᠮᠢᠶᠠᠷᠬᠤ ᠠᠵᠢᠯ ᠢ ᠤᠯᠠᠮ ᠲᠦᠷᠢᠮᠵᠢᠬᠦᠯᠤᠨ ᠪᠦᠷᠢᠡᠰᠢᠬᠦᠯᠵᠤ᠂ ᠭᠠᠴᠠᠭ᠎ᠠ ᠨᠠᠶᠢᠬᠡᠮᠯᠢᠭ ᠠᠴᠠ | ᠦᠮᠴᠢᠯᠡᠨ ᠬᠠᠮᠢᠶᠠᠷᠬᠤ ᠪᠤᠶᠤ ᠬᠤᠯᠪᠤᠭᠠᠯᠠᠨ ᠡᠵᠡᠩᠨᠡᠬᠦ ᠡᠷᠤᠬᠡ ᠠᠴᠠ ᠦᠮᠴᠢᠯᠡᠨ ᠬᠠᠮᠢᠶᠠᠷᠬᠤ ᠠᠷᠭ᠎ᠠ ᠬᠡᠯᠪᠡᠷᠢ ᠶᠢ | ᠢᠳᠡᠪᠬᠢᠳᠡᠢ ᠠᠪᠴᠤ᠂ ᠬᠡᠰᠡᠭ ᠲᠤᠰᠬᠠᠢ ᠡᠷᠤᠬᠡ ᠶᠢᠨ ᠲᠦᠪᠯᠡᠷᠡᠬᠦᠯᠤᠨ ᠬᠠᠮᠢᠶᠠᠷᠬᠤ ᠳᠤ ᠬᠦᠴᠢᠷᠳᠡᠯᠳᠡᠢ ᠪᠠᠶᠢᠬᠤ | ᠠᠰᠠᠭᠤᠳᠠᠯ ᠢ ᠰᠢᠢᠳᠪᠤᠷᠢᠯᠡᠨ᠎ᠠ︔ ᠬᠤᠴᠠ ᠲᠡᠵᠢᠬᠡᠨ ᠦᠷᠡᠵᠢᠬᠦᠯᠬᠦ ᠰᠠᠭᠤᠷᠢᠨ ᠭᠠᠵᠡᠷ ᠢ ᠪᠠᠶᠢᠭᠤᠯᠤᠨ᠂ ᠬᠤᠴᠠ ᠶᠢ | ᠰᠢᠯᠢᠭᠳᠡᠬᠦᠯᠵᠤ ᠰᠤᠯᠢᠬᠤ ᠠᠵᠢᠯ ᠢ ᠲᠦᠷᠬᠡᠳᠬᠡᠵᠤ᠂ ᠤᠡᠴᠠ ᠨᠢᠬᠡᠳᠤᠬᠡᠷ ᠲᠡᠰ ᠤᠨ ᠬᠤᠴᠠ ᠶᠢ 90% ᠠᠴᠠ | ᠲᠡᠬᠡᠭᠰᠢ ᠬᠦᠷᠬᠡᠨ᠎ᠠ︔ ᠲᠤᠰ ᠵᠢᠯ᠂ ᠪᠦᠬᠦ ᠬᠤᠰᠢᠭᠤᠨ ᠤ ᠮᠠᠯ ᠤᠨ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ | ᠨᠢᠳᠤᠨᠤᠨ ᠤ ᠬᠢ ᠠᠴᠠ 1.1 ᠵᠠᠭᠤᠨ ᠤ ᠬᠤᠪᠢ ᠪᠠᠷ ᠨᠡᠮᠡᠭᠳᠡᠬᠦᠯᠤᠨ᠂ 95% ᠳᠤ ᠬᠦᠷᠬᠡᠨ᠎ᠠ᠃ ᠮᠢᠬᠠᠨ ᠤ ᠦᠬᠡᠷ | ᠪᠤᠷᠳᠤᠨ ᠲᠠᠷᠭᠤᠯᠠᠭᠤᠯᠬᠤ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠱᠠᠡᠰᠢ ᠶᠢᠨ ᠱᠧᠨ | ᠮᠤ᠋ ᠶᠢᠨ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠰᠠᠭᠤᠷᠢᠨ ᠭᠠᠵᠡᠷ ᠪᠠ 16 ᠬᠡᠷ ᠪᠦᠯᠢ ᠶᠢᠨ ᠦᠬᠡᠷ ᠪᠤᠷᠳᠤᠨ | ᠲᠠᠷᠭᠤᠯᠠᠭᠤᠯᠬᠤ ᠴᠢᠭ᠋ ᠲᠤ ᠨᠠᠶᠢᠳᠠ 1200 ᠲᠤᠯᠤᠭᠠᠢ ᠮᠢᠬᠠᠨ ᠤ ᠦᠬᠡᠷ ᠢ ᠪᠤᠷᠳᠤᠨ ᠲᠠᠷᠭᠤᠯᠠᠭᠤᠯᠤᠨ᠎ᠠ᠃ | ᠮᠠᠯᠴᠢᠳ ᠤᠨ ᠰᠦᠨ ᠤ ᠦᠢᠯᠡᠰ ᠪᠤᠶᠤ ᠴᠠᠭᠠᠨ ᠢᠳᠡᠬᠡᠨ ᠤ ᠬᠤᠷᠰᠢᠭᠰᠡᠨ ᠨᠠᠶᠢᠬᠡᠮᠯᠢᠭ ᠪᠠᠶᠢᠭᠤᠯᠬᠤ ᠶᠢ | ᠵᠤᠷᠢᠭᠵᠢᠭᠤᠯᠤᠨ ᠲᠠᠮᠵᠢᠵᠤ᠂ ᠪᠦᠬᠦ ᠬᠤᠰᠢᠭᠤᠨ ᠤ ᠮᠠᠯᠵᠢᠬᠤ ᠤᠷᠤᠨ ᠤ ᠰᠦᠨ ᠤ ᠪᠦᠳᠤᠬᠡᠭᠳᠡᠬᠦᠨ ᠤ | ᠭᠠᠷᠤᠯᠳᠠ ᠶᠢ 16 ᠲᠤᠨ ᠳᠤ ᠬᠦᠷᠬᠡᠨ᠎ᠠ᠃ ᠠᠪᠠᠭ᠎ᠠ ᠬᠠᠷ᠎ᠠ ᠠᠳᠤᠭᠤ ᠶᠢ ᠰᠤᠩᠭᠤᠨ ᠪᠤᠶᠢᠵᠢᠭᠤᠯᠬᠤ ᠠᠵᠢᠯ ᠢ | ᠰᠠᠶᠢᠳᠤᠷ ᠬᠢᠬᠦ ᠶᠢᠨ ᠬᠠᠮᠳᠤ ︽ᠬᠠᠷ᠎ᠠ ᠠᠳᠤᠭᠤᠨ︾ ᠰᠤᠶᠤᠯ ᠤᠨ ᠨᠠᠶᠢᠷ ᠢ ᠦᠷᠬᠦᠯᠵᠢᠯᠡᠨ ᠡᠷᠬᠢᠯᠡᠨ | ᠶᠠᠪᠤᠭᠳᠠᠭᠤᠯᠵᠤ᠂ ᠮᠠᠯᠴᠢᠳ ᠢ ᠵᠢᠯᠤᠭᠤᠳᠤᠨ ᠴᠡᠭᠡ ᠪᠤᠯᠪᠠᠰᠤᠷᠠᠭᠤᠯᠬᠤ᠂ ᠤᠷᠤᠯᠳᠤᠭᠠᠨ ᠤ ᠮᠤᠷᠢ ᠤᠶᠠᠬᠤ ᠵᠠᠷᠬᠡ | ᠲᠠᠯ᠎ᠠ ᠪᠠᠷ ᠠᠳᠤᠭᠤᠨ ᠤ ᠦᠢᠯᠡᠰ ᠢ ᠬᠦᠭᠵᠢᠬᠦᠯᠤᠨ᠂ ᠲᠤᠰ ᠵᠢᠯ ᠳᠤ 140 ᠲᠤᠨ ᠴᠡᠭᠡ ᠪᠤᠷᠤᠯᠠᠭᠤᠯᠬᠤ ᠪᠠᠷ | ᠴᠢᠷᠮᠠᠶᠢᠨ᠎ᠠ᠃ ᠪᠠᠶᠢᠭᠠᠯᠢᠯᠢᠭ ᠬᠠᠳᠤᠯᠠᠩ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠪᠦᠳᠤᠬᠡᠨ | ᠪᠠᠶᠢᠭᠤᠯᠤᠭᠰᠡᠨ ᠦᠷ᠎ᠠ ᠪᠦᠳᠤᠮᠵᠢ ᠪᠠᠨ ᠪᠠᠳᠤᠳᠬᠠᠵᠤ᠂ ᠡᠪᠡᠰᠤᠨ ᠤ ᠭᠠᠷᠤᠯᠳᠠ ᠶᠢ ᠨᠡᠮᠡᠭᠳᠡᠬᠦᠯᠤᠨ᠂ ᠦᠷᠳᠡᠭ ᠢ | ᠨᠢ ᠪᠠᠭᠤᠷᠠᠭᠤᠯᠵᠤ᠂ ᠤᠷᠤᠯᠭ᠎ᠠ ᠶᠢ ᠨᠢ ᠨᠡᠮᠡᠭᠳᠡᠬᠦᠯᠤᠨ᠎ᠠ᠃ ᠡᠬᠦᠨ ᠤ ᠬᠠᠮᠳᠤ᠂ ᠭᠠᠴᠠᠭᠠᠨ ᠤ ᠬᠠᠮᠳᠤ ᠶᠢᠨ | ᠪᠠᠯᠴᠢᠬᠡᠷ ᠪᠤᠯᠤᠨ ᠮᠠᠯ ᠦᠬᠡᠢ ᠡᠷᠤᠬᠡ᠂ ᠮᠠᠯ ᠴᠦᠬᠡᠨ ᠡᠷᠤᠬᠡ ᠶᠢᠨ ᠨᠤᠳᠤᠭ ᠪᠠᠯᠴᠢᠬᠡᠷ ᠤᠨ ᠡᠵᠡᠩᠨᠡᠬᠦ ᠡᠷᠬᠡ ᠶᠢ | ᠰᠢᠯᠵᠢᠬᠦᠯᠬᠦ ᠠᠷᠭ᠎ᠠ ᠶᠢ ᠰᠠᠶᠢᠳᠤᠷ ᠠᠰᠢᠭᠯᠠᠵᠤ᠂ ᠰᠢᠨ᠎ᠠ ᠬᠠᠳᠤᠯᠠᠩ ᠤᠨ ᠲᠠᠯᠠᠪᠠᠢ ᠶᠢ ᠪᠦᠳᠤᠬᠡᠨ ᠪᠠᠶᠢᠭᠤᠯᠤᠨ᠎ᠠ᠃ | ᠡᠮᠤᠨ᠎ᠠ ᠪᠠᠶ᠎ᠠ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠡᠬᠢ ᠪᠠᠶᠠᠯᠢᠭ ᠢ ᠨᠡᠬᠡᠬᠡᠨ ᠠᠰᠢᠭᠯᠠᠬᠤ ᠡᠷᠴᠢᠮ ᠢᠶᠠᠨ | ᠴᠢᠩᠭᠠᠷᠠᠭᠤᠯᠤᠨ᠂ 10 ᠲᠦᠮᠡᠨ ᠮᠤ᠋ ᠤᠯᠠᠭᠠᠨ ᠪᠤᠷᠭᠠᠰᠤ᠂ ᠰᠢᠷ᠎ᠠ ᠪᠤᠷᠭᠠᠰᠤ ᠪᠠ ᠬᠠᠷᠭᠠᠨ᠎ᠠ ᠶᠢ ᠬᠠᠳᠤᠵᠤ | ᠠᠷᠠᠴᠢᠯᠡᠨ᠂ 2 ᠲᠦᠮᠡᠨ ᠮᠤ᠋ ᠰᠢᠷ᠎ᠠ ᠪᠤᠷᠭᠠᠰᠤ ᠲᠡᠷᠢᠵᠤ᠂ 200 ᠮᠤ᠋ ᠶᠢᠨ ᠠᠷᠴᠠ ᠶᠢᠨ ᠴᠢᠬᠢ ᠪᠤᠶᠢᠵᠢᠭᠤᠯᠬᠤ | ᠰᠠᠭᠤᠷᠢᠨ ᠭᠠᠵᠡᠷ ᠢ ᠪᠠᠶᠢᠭᠤᠯᠤᠨ᠎ᠠ᠃ | ᠨᠠᠶᠢᠬᠡᠮ ᠵᠢᠷᠤᠮᠳᠤ ᠰᠢᠨ᠎ᠠ ᠮᠠᠯᠵᠢᠬᠤ ᠤᠷᠤᠨ ᠤ ᠲᠤᠷᠰᠢᠯᠳᠠ ᠶᠢᠨ ᠴᠢᠭ᠋ ᠤᠨ ᠪᠦᠳᠤᠬᠡᠨ ᠪᠠᠶᠢᠭᠤᠯᠤᠯᠳᠠ ᠶᠢ | ᠯᠠᠪᠳᠠᠭᠤᠨ ᠪᠡᠳᠤᠳᠡᠢ ᠠᠬᠢᠭᠤᠯᠤᠨ᠎ᠠ᠃ ︽ᠲᠦᠯᠤᠪᠵᠢᠬᠦᠯᠬᠡ ᠶᠢ ᠲᠠᠷᠢᠬᠦᠨ ᠳᠤ ᠲᠠᠯᠪᠢᠨ᠂ ᠵᠠᠰᠠᠭ ᠤᠨ | ᠤᠷᠳᠤᠨ ᠠᠴᠠ ᠵᠢᠯᠤᠭᠤᠳᠤᠨ ᠲᠠᠭᠠᠭᠤᠯᠵᠤ᠂ ᠪᠦᠬᠦ ᠠᠷᠡᠳ ᠢᠶᠠᠷ ᠢᠶᠠᠨ ᠤᠷᠤᠯᠴᠠᠨ᠂ ᠤᠯᠠᠨ ᠲᠠᠯ᠎ᠠ ᠪᠠᠷ ᠪᠡᠯᠨ | ᠬᠤᠷᠡᠮᠳᠤᠭᠤᠯᠵᠤ᠂ ᠤᠡᠴᠠᠯᠢᠭ ᠢᠶᠠᠨ ᠬᠠᠳᠠᠭᠠᠯᠠᠨ᠂ ᠭᠤᠤᠯᠳᠠᠯᠭ᠎ᠠ ᠪᠠᠨ ᠲᠤᠪᠤᠶᠢᠯᠭᠠᠵᠤ᠂ ᠪᠦᠬᠦᠶᠢᠯᠨ ᠴᠤᠭᠴᠠ ᠪᠠᠷ | ᠠᠬᠢᠭᠤᠯᠬᠤ︾ ᠵᠠᠷᠴᠢᠮ ᠶᠤᠰᠤᠭᠠᠷ᠂ ᠰᠢᠨ᠎ᠠ ᠮᠠᠯᠵᠢᠬᠤ ᠤᠷᠤᠨ ᠤ ᠲᠤᠷᠰᠢᠯᠳᠠ ᠶᠢᠨ ᠴᠢᠭ᠋ ᠤᠨ ᠭᠠᠴᠠᠭᠠᠨ ᠤ ︽ | ᠭᠤᠷᠪᠡᠨ 30%᠂ ᠭᠤᠷᠪᠡᠨ 50%᠂ ᠭᠤᠷᠪᠡᠨ 100%︾ ᠶᠢᠨ ᠬᠠᠷᠠᠯᠳᠠ ᠶᠢᠨ ᠪᠦᠳᠤᠬᠡᠨ ᠪᠠᠶᠢᠭᠤᠯᠤᠯᠳᠠ ᠶᠢ | ᠪᠦᠬᠦ ᠬᠦᠴᠤᠨ ᠢᠶᠠᠷ ᠠᠳᠬᠤᠨ᠎ᠠ᠃ ᠮᠠᠯᠵᠢᠬᠤ ᠦᠢᠯᠡᠳᠪᠤᠷᠢᠯᠡᠯ ᠤᠨ ᠲᠦᠷᠥᠯ ᠵᠥᠢᠯ ᠤᠨ ᠪᠡᠯᠨ ᠮᠦᠩᠬᠦ ᠶᠢ | ᠨᠢᠬᠡᠳᠬᠡᠨ᠂ ᠮᠠᠯᠵᠢᠬᠤ ᠤᠷᠤᠨ ᠤ ᠵᠢᠱᠢᠶ᠎ᠠ ᠦᠵᠡᠬᠦᠯᠬᠦ ᠡᠷᠤᠬᠡ ᠶᠢ ᠰᠢᠨ᠎ᠠ ᠪᠠᠷ 114 ᠡᠷᠤᠬᠡ ᠨᠡᠮᠡᠭᠳᠡᠬᠦᠯᠵᠤ᠂ | ᠨᠠᠶᠢᠳᠠ 400 ᠡᠷᠤᠬᠡ ᠳᠤ ᠬᠦᠷᠬᠡᠨ᠎ᠠ᠃ ᠡᠬᠦᠨ ᠤ ᠬᠠᠮᠳᠤ ᠮᠠᠯᠴᠢᠳ ᠢ ᠰᠠᠭᠤᠷᠢᠰᠢᠭᠤᠯᠬᠤ ᠢᠡᠵᠧᠨᠧᠷᠢᠩ ᠳᠤ | ᠲᠦᠰᠢᠭᠯᠡᠨ᠂ ᠮᠠᠯᠴᠢᠳ ᠲᠤ 292 ᠰᠢᠨ᠎ᠠ ᠤᠷᠤᠨ ᠰᠠᠭᠤᠴᠠ ᠪᠠᠶᠢᠭᠤᠯᠵᠤ ᠦᠭᠬᠦᠨ᠎ᠠ᠃ | ︵ᠬᠤᠶᠡᠷ︶ ᠲᠠᠪᠠᠭᠤᠯᠢᠭ ᠤᠡᠴᠠᠯᠢᠭᠳᠤ ᠠᠵᠤ ᠦᠢᠯᠡᠰ ᠤᠨ ᠪᠤᠶᠢᠵᠢᠭᠤᠯᠤᠯᠳᠠ ᠶᠢ ᠲᠦᠷᠬᠡᠳᠬᠡᠨ᠂ ᠰᠢᠨ᠎ᠠ ᠬᠡᠯᠪᠡᠷᠢ | ᠶᠢᠨ ᠠᠵᠤ ᠦᠢᠯᠡᠳᠪᠤᠷᠢᠵᠢᠯᠳᠠ ᠶᠢ ᠪᠦᠬᠦ ᠬᠦᠴᠤᠨ ᠢᠶᠠᠷ ᠲᠦᠯᠬᠢᠨ ᠠᠬᠢᠭᠤᠯᠤᠨ᠎ᠠ᠃ᠤᠳᠤᠬᠠᠨ ᠳᠤ ᠪᠦᠳᠤᠬᠡᠨ | ᠪᠠᠶᠢᠭᠤᠯᠵᠤ ᠪᠠᠶᠢᠭ᠎ᠠ ᠵᠢᠢ ᠳ᠋ᠦᠡᠭ ᠱᠦᠢᠨᠢ᠂ ᠶᠢᠨ ᠳ᠋ᠢ ᠵᠠᠰ ᠮᠤᠯᠢᠪᠳᠧᠨ ᠤ ᠠᠭᠤᠷᠬᠠᠢ ᠪᠠ ᠹᠸᠡᠭ ᠹᠸᠡᠭ | ᠪᠦᠯᠦᠭᠯᠡᠯ ᠤᠨ ᠨᠡᠬᠦᠷᠡᠰᠤᠨ ᠠᠭᠤᠷᠬᠠᠢ ᠵᠠᠷᠬᠡ ᠲᠦᠷᠥᠯ ᠵᠥᠢᠯ ᠨᠢ ᠮᠠᠨ ᠤ ᠬᠤᠰᠢᠭᠤᠨ ᠤ ᠠᠵᠤ | ᠦᠢᠯᠡᠳᠪᠤᠷᠢᠵᠢᠯᠳᠠ ᠶᠢᠨ ᠡᠬᠢᠯᠡᠯᠳᠡ ᠨᠢ ᠤᠷᠤᠢ ᠪᠤᠯᠪᠠᠴᠤ ᠪᠠᠷᠢᠮᠵᠢᠶ᠎ᠠ ᠨᠢ ᠦᠡᠳᠤᠷ ᠪᠠᠶᠢᠬᠤ ᠶᠢ ᠲᠤᠰᠬᠠᠵᠤ | ᠪᠠᠶᠢᠨ᠎ᠠ᠃ ᠬᠤᠶᠢᠰᠢᠳᠠ ᠦᠷᠬᠦᠯᠵᠢᠯᠡᠨ ᠦᠡᠳᠤᠷ ᠱᠠᠭᠠᠷᠳᠠᠯᠭ᠎ᠠ᠂ ᠦᠡᠳᠤᠷ ᠬᠢᠷᠢ ᠲᠦᠪᠰᠢᠨ ᠢᠶᠠᠷ ᠪᠦᠳᠤᠬᠡᠨ | ᠪᠠᠶᠢᠭᠤᠯᠬᠤ ᠶᠢ ᠪᠠᠷᠢᠮᠳᠠᠯᠠᠭᠰᠡᠨ ᠰᠠᠭᠤᠷᠢᠨ ᠲᠡᠬᠡᠷ᠎ᠠ᠂ ᠰᠢᠡᠵᠢᠯᠡᠬᠦ ᠮᠠᠷᠬᠡᠵᠢᠯ ᠤᠨ ᠠᠭᠤᠯᠤᠭᠳᠠᠴᠠ ᠦᠡᠳᠤᠷ᠂ ᠠᠵᠤ | ᠠᠬᠤᠢ ᠶᠢᠨ ᠦᠷ᠎ᠠ ᠠᠰᠢᠭ ᠰᠠᠶᠢᠨ᠂ ᠡᠬᠢ ᠪᠠᠶᠠᠯᠢᠭ ᠤᠨ ᠬᠤᠷᠤᠭᠳᠠᠯ ᠲᠤᠤᠷ᠎ᠠ᠂ ᠤᠷᠴᠢᠨ ᠲᠤᠭᠤᠷᠢᠨ ᠤ | ᠪᠤᠬᠢᠷᠳᠤᠯ ᠪᠠᠭ᠎ᠠ᠂ ᠬᠦᠳᠡᠯᠮᠤᠷᠢ ᠬᠦᠴᠤᠨ ᠤ ᠲᠠᠪᠠᠭᠤᠯᠢᠭ ᠢ ᠪᠦᠷᠢᠮᠤᠰᠤᠨ ᠪᠠᠳᠠᠷᠠᠭᠤᠯᠵᠤ ᠴᠢᠳᠠᠬᠤ ᠰᠢᠨ᠎ᠠ ᠬᠡᠯᠪᠡᠷᠢ | ᠶᠢᠨ ᠠᠵᠤ ᠦᠢᠯᠡᠳᠪᠤᠷᠢᠵᠢᠯᠳᠠ ᠶᠢᠨ ᠱᠠᠭᠠᠷᠳᠠᠯᠭ᠎ᠠ ᠶᠢ ᠦᠡᠳᠤᠰᠤᠯᠡᠨ᠂ ᠮᠠᠨ ᠤ ᠬᠤᠰᠢᠭᠤᠨ ᠤ ᠡᠬᠢ ᠰᠤᠷᠪᠤᠯᠵᠢ᠂ | ᠤᠷᠤᠨ ᠪᠠᠶᠢᠷᠢ ᠵᠠᠷᠬᠡ ᠲᠠᠪᠠᠭᠤᠯᠢᠭ ᠲᠠᠯ᠎ᠠ ᠪᠠᠨ ᠠᠰᠢᠭᠯᠠᠨ᠂ ᠰᠠᠭᠤᠷᠢ ᠲᠦᠬᠦᠬᠡᠷᠤᠮᠵᠢ ᠬᠤᠴᠤᠷᠤᠩᠭᠤᠢ᠂ ᠪᠠᠷᠢᠯᠭ᠎ᠠ | ᠶᠢᠨ ᠬᠤᠭᠤᠴᠠᠭ᠎ᠠ ᠤᠬᠤᠷ ᠪᠠᠶᠢᠳᠠᠭ ᠵᠠᠷᠬᠡ ᠠᠰᠢᠭ ᠦᠬᠡᠢ ᠪᠠᠶᠢᠳᠠᠯ ᠢ ᠲᠠᠪᠴᠢᠵᠤ᠂ ᠲᠠᠪᠠᠭᠤᠯᠢᠭ ᠤᠡᠴᠠᠯᠢᠭᠳᠤ | ᠠᠵᠤ ᠦᠢᠯᠡᠰ ᠤᠨ ᠬᠦᠭᠵᠢᠯᠳᠠ ᠶᠢ ᠲᠦᠯᠬᠢᠨ ᠠᠬᠢᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ | ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠨ᠎ᠠ᠃ | ᠦᠡᠳᠤᠷ ᠪᠠᠷᠢᠮᠵᠢᠶ᠎ᠠ᠂ ᠦᠡᠳᠤᠷ ᠬᠢᠷᠢ ᠲᠦᠪᠰᠢᠨ ᠢᠶᠠᠷ ᠪᠠᠶᠢᠭᠤᠯᠬᠤ ᠳᠤ ᠰᠠᠭᠤᠷᠢᠯᠡᠨ᠂ ᠲᠠᠪᠠᠭᠤᠯᠢᠭ ᠤᠡᠴᠠᠯᠢᠭᠳᠤ | ᠠᠵᠤ ᠦᠢᠯᠡᠰ ᠢ ᠦᠷᠬᠦᠯᠵᠢᠯᠡᠨ ᠬᠦᠴᠤᠷᠬᠡᠭᠵᠢᠬᠦᠯᠤᠨᠠ᠃ ᠬᠦᠳᠡᠷ ᠰᠢᠯᠢᠬᠦ᠂ ᠨᠡᠬᠦᠷᠡᠰᠤ ᠮᠠᠯᠳᠠᠬᠤ᠂ ᠴᠠᠬᠢᠯᠭᠠᠨ | ᠭᠠᠷᠭᠠᠬᠤ ᠪᠠ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠮᠠᠨ ᠤ ᠬᠤᠰᠢᠭᠤᠨ ᠤ ᠠᠵᠤ ᠦᠢᠯᠡᠳᠪᠤᠷᠢ ᠶᠢᠨ | ᠠᠵᠤ ᠠᠬᠤᠢ ᠶᠢᠨ ᠬᠦᠭᠵᠢᠯᠳᠠ ᠳᠠᠬᠢ ᠭᠤᠤᠯᠯᠠᠬᠤ ᠪᠠᠶᠢᠷᠢ ᠰᠠᠭᠤᠷᠢ ᠶᠢ ᠤᠯᠠᠮ ᠪᠠᠳᠤᠳᠬᠠᠨ᠎ᠠ᠃ ᠬᠦᠢᠳᠡᠡᠰᠢᠯᠢ ᠶᠢᠨ | ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠬᠦᠸᠧ ᠼᠧ ᠨᠢᠬᠡᠳᠤᠬᠡᠷ ᠬᠤᠭᠤᠴᠠᠭ᠎ᠠ ᠪᠤᠯᠤᠨ ᠠᠨ ᠨᠸᠡᠭ | ᠨᠢᠬᠡᠳᠤᠬᠡᠷ ᠬᠤᠭᠤᠴᠠᠭᠠᠨ ᠤ ᠨᠠᠶᠢᠳᠠ 10 ᠲᠦᠮᠡᠨ ᠺᠢᠯᠤᠸᠡᠲ ᠴᠠᠬᠢᠯᠭᠠᠨ ᠭᠠᠷᠭᠠᠬᠤ ᠲᠦᠷᠥᠯ ᠵᠥᠢᠯ ᠤᠨ | ᠪᠡᠯᠡᠳᠬᠡᠯ ᠠᠵᠢᠯ ᠢ ᠲᠦᠷᠬᠡᠳᠬᠡᠨ᠂ 4 ᠰᠠᠷ᠎ᠠ ᠳᠤ ᠠᠵᠢᠯ ᠡᠬᠢᠯᠡᠬᠦᠯᠤᠨ᠂ ᠰᠠᠭᠤᠷᠢᠨ ᠭᠠᠵᠡᠷ ᠤᠨ ᠮᠠᠰᠢᠨ | ᠴᠤᠭᠴᠠᠯᠠᠪᠤᠷᠢ ᠶᠢᠨ ᠶᠠᠷᠤᠩᠬᠡᠢ ᠬᠡᠮᠵᠢᠶ᠎ᠠ ᠶᠢ 70 ᠲᠦᠮᠡᠨ ᠺᠢᠯᠤᠸᠡᠲ ᠬᠦᠷᠬᠡᠨ᠂ ᠠᠰᠢᠭᠯᠠᠯᠳᠠ ᠳᠤ ᠤᠷᠤᠭᠰᠡᠨ | ᠮᠠᠰᠢᠨ ᠴᠤᠭᠴᠠᠯᠠᠪᠤᠷᠢ ᠶᠢᠨ ᠶᠠᠷᠤᠩᠬᠡᠢ ᠬᠡᠮᠵᠢᠶ᠎ᠠ ᠶᠢ 65 ᠲᠦᠮᠡᠨ ᠺᠢᠯᠤᠸᠡᠲ ᠬᠦᠷᠬᠡᠬᠦ ᠪᠠᠷ ᠴᠢᠷᠮᠠᠶᠢᠨ᠎ᠠ᠃ | ᠡᠬᠦᠨ ᠤ ᠵᠠᠷᠬᠡᠪᠡᠷ᠂ ᠪᠤᠰᠤᠳ ᠲᠦᠷᠥᠯ ᠵᠥᠢᠯ ᠢ ᠬᠢᠨᠡᠨ ᠵᠦᠪᠰᠢᠶᠠᠷᠡᠬᠦᠯᠬᠦ ᠠᠵᠢᠯ ᠢ ᠢᠳᠡᠪᠬᠢᠳᠡᠢ ᠠᠬᠢᠭᠤᠯᠵᠤ᠂ | ᠪᠡᠯᠬᠦᠳᠡᠢ ᠪᠠᠯᠭᠠᠰᠤᠨ ᠤ 110 ᠺᠢᠯᠤᠸᠤᠯᠲ ᠤᠨ ᠬᠦᠴᠤᠳᠠᠯ ᠬᠤᠪᠢᠰᠬᠠᠬᠤ ᠦᠷᠳᠡᠭᠡ ᠪᠠᠶᠢᠭᠤᠯᠤᠭᠳᠠᠭᠰᠡᠨ | ᠲᠤᠬᠢᠶᠠᠯ ᠢᠶᠠᠷ ᠪᠡᠯᠬᠦᠳᠡᠢ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ | ᠃ ᠴᠠᠭᠠᠡᠨᠠᠭᠤᠷ ᠨᠡᠬᠦᠷᠡᠰᠤᠨ ᠠᠭᠤᠷᠬᠠᠢ ᠶᠢᠨ ᠶᠠᠷᠤᠩᠬᠡᠶᠢᠯᠡᠭᠰᠡᠨ ᠨᠡᠬᠡᠬᠡᠯᠳᠡ ᠶᠢᠨ ᠲᠦᠷᠥᠯ ᠵᠥᠢᠯ ᠤᠨ ᠠᠬᠢᠴᠠ ᠶᠢ | ᠲᠦᠷᠬᠡᠳᠬᠡᠨ᠂ ᠲᠤᠰ ᠵᠢᠯ ᠳᠤ ᠹᠸᠡᠭ ᠹᠸᠡᠭ ᠪᠦᠯᠦᠭᠯᠡᠯ ᠤᠨ ᠨᠢᠬᠡᠳᠤᠬᠡᠷ ᠬᠤᠭᠤᠴᠠᠭᠠᠨ ᠤ ᠵᠢᠯ ᠳᠤ 800 ᠲᠦᠮᠡᠨ | ᠲᠤᠨ ᠨᠠᠬᠦᠷᠡᠰᠤ ᠮᠠᠯᠳᠠᠬᠤ ᠲᠦᠷᠥᠯ ᠵᠥᠢᠯ ᠤᠨ ᠠᠭᠤᠷᠬᠠᠢ ᠶᠢᠨ ᠭᠤᠤᠯ ᠬᠤᠳᠳᠤᠭ᠂ ᠰᠠᠯᠬᠢ ᠨᠡᠪᠳᠡᠷᠡᠬᠦ | ᠬᠤᠳᠳᠤᠭ ᠪᠤᠯᠤᠨ ᠪᠡᠯᠡᠳᠬᠡᠯ ᠬᠤᠳᠳᠤᠭ ᠤᠨ ᠪᠠᠷᠢᠯᠭ᠎ᠠ ᠶᠢ ᠲᠠᠭᠤᠰᠬᠠᠬᠤ ᠶᠢᠨ ᠬᠠᠮᠳᠤ ᠭᠠᠵᠡᠷ ᠲᠡᠬᠡᠷᠡᠬᠢ ᠰᠢᠪᠠᠷ | ᠰᠢᠷᠥᠢ ᠶᠢᠨ ᠪᠠᠷᠢᠯᠭ᠎ᠠ ᠪᠤᠯᠤᠨ ᠭᠤᠤᠯ ᠪᠤᠯᠬᠤ ᠲᠦᠬᠦᠬᠡᠷᠤᠮᠵᠢ ᠶᠢ ᠤᠭᠰᠠᠷᠠᠵᠤ ᠲᠠᠭᠤᠰᠬᠠᠨ᠎ᠠ᠃ ᠲᠡᠬᠡᠳᠤ ᠬᠠᠭᠠᠰ | ᠵᠢᠯ ᠳᠤ ᠯᠤ᠋ ᠨᠸᠡᠭ ᠪᠦᠯᠦᠭᠯᠡᠯ ᠤᠨ ᠨᠢᠬᠡᠳᠤᠬᠡᠷ ᠬᠤᠭᠤᠴᠠᠭ᠎ᠠ ᠶᠢᠨ 2×66 ᠲᠦᠮᠡᠨ ᠺᠢᠯᠤᠸᠡᠲ ᠤᠨ ᠴᠠᠬᠢᠯᠭᠠᠨ | ᠦᠢᠯᠡᠳᠪᠤᠷᠢ ᠤᠨ ᠲᠦᠷᠥᠯ ᠵᠥᠢᠯ ᠢ ᠤᠯᠤᠰ ᠤᠨ ᠬᠦᠭᠵᠢᠬᠦᠯᠤᠯᠳᠠ ᠦᠬᠡᠷᠡᠴᠢᠯᠡᠯᠳᠡ ᠶᠢᠨ ᠵᠦᠪᠯᠡᠯ ᠢᠶᠠᠷ ᠬᠢᠨᠡᠨ | ᠵᠦᠪᠰᠢᠶᠠᠷᠡᠬᠦᠯᠬᠦ ᠶᠢᠨ ᠬᠠᠮᠳᠤ ︽ᠲᠠᠪᠤ ᠶᠢ ᠨᠠᠪᠳᠠᠷᠠᠬᠦᠯᠵᠤ᠂ ᠨᠢᠬᠡ ᠶᠢ ᠲᠡᠭᠰᠢᠯᠡᠬᠦ︾ ᠪᠠᠷᠢᠯᠭ᠎ᠠ ᠶᠢ ᠲᠠᠭᠤᠰᠬᠠᠨ᠂ | ᠲᠤᠤᠷᠡᠳᠤ ᠬᠠᠭᠠᠰ ᠵᠢᠯ ᠳᠤ ᠭᠤᠤᠯ ᠦᠢᠯᠡᠳᠪᠤᠷᠢ ᠶᠢᠨ ᠲᠠᠰᠤᠭ ᠤᠨ ᠪᠠᠷᠢᠯᠭ᠎ᠠ ᠶᠢ ᠡᠬᠢᠯᠡᠬᠦᠯᠤᠨ᠎ᠠ᠃ ᠳ᠋ᠠ ᠠᠨ | ᠺᠤᠮᠫᠠᠨᠢ ᠶᠢᠨ ᠵᠢᠯ ᠳᠤ 120 ᠲᠦᠮᠡᠨ ᠲᠤᠨ ᠤ ᠨᠠᠬᠦᠷᠡᠰᠤ ᠦᠢᠯᠡᠳᠪᠤᠷᠢᠯᠡᠬᠦ ᠠᠭᠤᠷᠬᠠᠢ ᠶᠢᠨ ᠠᠭᠤᠷᠬᠠᠢ ᠬᠠᠶᠢᠬᠤ | ᠶᠢ ᠨᠡᠬᠡᠬᠡᠨ ᠮᠠᠯᠳᠠᠬᠤ ᠪᠠᠷ ᠦᠬᠡᠷᠡᠴᠢᠯᠡᠬᠦ ᠭᠠᠷ ᠬᠦᠢᠴᠡᠳᠬᠡᠯ ᠢ ᠲᠠᠷᠤᠶᠢᠬᠠᠨ ᠬᠦᠢᠴᠡᠳᠬᠡᠵᠤ᠂ ᠲᠤᠰ ᠵᠢᠯ ᠳᠤ | ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠲᠤᠰ ᠵᠢᠯ ᠳᠤ ᠮᠠᠨᠢᠳᠤ ᠨᠠᠬᠦᠷᠡᠰᠤᠨ ᠠᠭᠤᠷᠬᠠᠢ ᠶᠢᠨ 4 ᠊᠊᠊᠊ 5 | ᠨᠤᠮᠧᠷᠳᠤ ᠬᠤᠳᠳᠤᠭ ᠪᠠ ᠰᠢᠶᠠᠩ ᠪᠠᠯᠭᠠᠰᠤᠨ ᠤ ᠠᠭᠤᠷᠬᠠᠢ ᠶᠢᠨ ᠮᠠᠷᠬᠡᠵᠢᠯ ᠤᠨ ᠦᠬᠡᠷᠡᠴᠢᠯᠡᠯᠳᠡ ᠶᠢ ᠬᠢᠨᠡᠨ | ᠵᠦᠪᠰᠢᠶᠠᠷᠡᠬᠦᠯᠤᠨᠠ᠃ ᠲᠤᠰ ᠵᠢᠯ ᠳᠤ ᠨᠠᠷᠠᠡᠪᠤᠯᠠᠭ ᠨᠠᠬᠦᠷᠡᠰᠤᠨ ᠠᠭᠤᠷᠬᠠᠢ ᠶᠢ ᠨᠡᠬᠡᠬᠡᠨ ᠡᠵᠡᠩᠨᠡᠭᠴᠢ ᠶᠢ ᠤᠷᠢᠨ | ᠤᠷᠤᠭᠤᠯᠵᠤ᠂ ᠡᠮᠤᠨᠡᠬᠢ ᠬᠤᠭᠤᠴᠠᠭᠠᠨ ᠤ ᠠᠵᠢᠯ ᠢ ᠡᠬᠢᠯᠡᠬᠦᠯᠬᠦ ᠪᠠᠷ ᠴᠢᠷᠮᠠᠶᠢᠨ᠎ᠠ᠃ ᠡᠯ᠎ᠠ ᠵᠥᠢᠯ ᠤᠨ ᠬᠦᠳᠡᠷ | ᠰᠢᠯᠢᠬᠦ ᠲᠦᠷᠥᠯ ᠵᠥᠢᠯ ᠤᠨ ᠠᠬᠢᠴᠠ ᠶᠢ ᠲᠦᠷᠬᠡᠳᠬᠡᠨ᠂ ᠶᠢᠨ ᠳ᠋ᠢ ᠺᠤᠮᠫᠠᠨᠢ ᠶᠢᠨ ᠨᠢᠬᠡᠳᠤᠬᠡᠷ ᠬᠤᠭᠤᠴᠠᠭᠠᠨ ᠤ | ᠡᠳᠤᠷ ᠲᠤ 5000 ᠲᠤᠨ ᠵᠠᠰ ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ ᠶᠢ ᠬᠦᠢᠴᠡᠳ | ᠦᠢᠯᠡᠳᠪᠤᠷᠢᠯᠡᠬᠦᠯᠬᠦ ᠶᠢᠨ ᠰᠠᠭᠤᠷᠢᠨ ᠲᠡᠬᠡᠷ᠎ᠠ ᠬᠤᠶᠠᠳᠤᠭᠠᠷ ᠬᠤᠭᠤᠴᠠᠭᠠᠨ ᠤ ᠡᠳᠤᠷ ᠲᠤ 10000 ᠲᠤᠨ ᠬᠦᠳᠡᠷ | ᠰᠢᠯᠢᠬᠦ ᠦᠢᠯᠡᠳᠪᠤᠷᠢ ᠶᠢᠨ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ᠃ ᠬᠠᠳᠠᠳᠤ ᠺᠤᠮᠫᠠᠨᠢ ᠶᠢᠨ ᠨᠢᠬᠡᠳᠤᠬᠡᠷ | ᠬᠤᠭᠤᠴᠠᠭᠠᠨ ᠤ ᠡᠳᠤᠷ ᠲᠤ 1500 ᠲᠤᠨ ᠮᠦᠩᠬᠦ ᠲᠤᠭᠤᠯᠭ᠎ᠠ ᠴᠠᠶᠢᠷ ᠤᠨ ᠬᠦᠳᠡᠷ ᠰᠢᠯᠢᠬᠦ᠂ ᠴᠢᠶᠠᠨ ᠳ᠋ᠧ | ᠺᠤᠮᠫᠠᠨᠢ ᠶᠢᠨ ᠡᠳᠤᠷ ᠲᠤ 800 ᠲᠤᠨ ᠵᠠᠰ ᠪᠢᠰᠮᠦ᠋ᠲ ᠤᠨ ᠬᠦᠳᠡᠷ ᠰᠢᠯᠢᠬᠦ᠂ ᠪᠠᠢ ᠶᠢᠨ ᠺᠤᠮᠫᠠᠨᠢ ᠶᠢᠨ ᠡᠳᠤᠷ ᠲᠤ | 1000 ᠲᠤᠨ ᠬᠠᠶᠢᠯᠤᠭᠤᠷ ᠵᠤᠩᠰᠢ ᠶᠢᠨ ᠬᠦᠳᠡᠷ ᠰᠢᠯᠢᠬᠦ ᠦᠢᠯᠡᠳᠪᠤᠷᠢ ᠵᠠᠷᠬᠡ ᠶᠢ ᠲᠤᠰ ᠵᠢᠯ ᠳᠡᠭᠡᠨ ᠠᠰᠢᠭᠯᠠᠯᠳᠠ | ᠳᠤ ᠤᠷᠤᠭᠤᠯᠬᠤ ᠶᠢᠨ ᠬᠠᠮᠳᠤ ᠬᠠᠳᠠᠳᠤ ᠺᠤᠮᠫᠠᠨᠢ ᠶᠢᠨ ᠬᠤᠶᠡᠳᠤᠭᠠᠷ ᠬᠤᠭᠤᠴᠠᠭᠠᠨ ᠤ ᠡᠳᠤᠷ ᠲᠤ 2000 ᠲᠤᠨ | ᠬᠦᠳᠡᠷ ᠰᠢᠯᠢᠬᠦ ᠦᠢᠯᠡᠳᠪᠤᠷᠢ ᠶᠢ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃ ᠪᠠᠷᠢᠯᠭ᠎ᠠ ᠶᠢᠨ ᠮᠠᠲ᠋ᠧᠷᠢᠶᠠᠯ ᠡᠳ᠋ᠰᠢᠬᠦᠯᠬᠦ | ᠦᠢᠯᠡᠰ ᠤᠨ ᠬᠦᠭᠵᠢᠯᠳᠠ ᠶᠢ ᠲᠦᠷᠬᠡᠳᠬᠡᠨ᠂ ᠵᠢᠢ ᠳ᠋ᠦᠡᠭ ᠱᠦᠢᠨᠢ ᠶᠢᠨ ᠨᠢᠬᠡᠳᠤᠬᠡᠷ ᠬᠤᠭᠤᠴᠠᠭᠠᠨ ᠤ ᠡᠳᠤᠷ ᠲᠤ | 2500 ᠲᠤᠨ ᠪᠤᠯᠭᠤᠭᠰᠡᠨ ᠱᠦᠢᠨᠢ ᠦᠢᠯᠡᠳᠪᠤᠷᠢᠯᠡᠬᠦ ᠦᠢᠯᠡᠳᠪᠤᠷᠢᠯᠡᠯ ᠤᠨ ᠱᠤᠭᠤᠮ ᠢ 3 ᠰᠠᠷ᠎ᠠ ᠠᠴᠠ ᠡᠬᠢᠯᠡᠨ | ᠦᠢᠯᠡᠳᠪᠤᠷᠢᠯᠡᠬᠦᠯᠵᠤ᠂ 4 ᠰᠠᠷ᠎ᠠ ᠠᠴᠠ ᠡᠬᠢᠯᠡᠨ ᠦᠯᠡᠳᠡᠪᠤᠷᠢ ᠢᠯᠴᠢ ᠪᠠᠷ ᠨᠢ ᠴᠠᠬᠢᠯᠭᠠᠨ ᠭᠠᠷᠭᠠᠬᠤ ᠪᠠᠷ | ᠴᠢᠷᠮᠠᠶᠢᠨ᠎ᠠ᠃ | ᠲᠤᠮᠳᠠ ᠪᠠᠭ᠎ᠠ ᠲᠦᠷᠥᠯ ᠵᠥᠢᠯ ᠢ ᠲᠠᠳᠠᠨ ᠤᠷᠤᠭᠤᠯᠬᠤ ᠪᠠ ᠪᠤᠶᠢᠵᠢᠭᠤᠯᠬᠤ ᠠᠵᠢᠯ ᠢ ᠡᠷᠴᠢᠮᠳᠡᠢ ᠠᠳᠬᠤᠨ᠎ᠠ᠃ | ᠲᠤᠮᠳᠠ ᠪᠠᠭ᠎ᠠ ᠲᠦᠷᠥᠯ ᠵᠥᠢᠯ ᠨᠢ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠬᠤ᠂ ᠠᠵᠢᠯ ᠤᠯᠭᠤᠯᠳᠠ ᠶᠢ | ᠦᠷᠬᠡᠳᠬᠡᠬᠦ᠂ ᠤᠷᠤᠯᠭ᠎ᠠ ᠶᠢ ᠨᠡᠮᠡᠭᠳᠡᠬᠦᠯᠬᠦ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ᠂ ᠤᠷᠤᠨ ᠨᠤᠳᠤᠭ ᠤᠨ | ᠠᠵᠤ ᠠᠬᠤᠶᠢᠯᠳᠡᠳ ᠢ ᠬᠦᠮᠤᠵᠢᠬᠦᠯᠬᠦ ᠵᠠᠷᠬᠡ ᠲᠠᠯ᠎ᠠ ᠪᠠᠷ ᠴᠢᠬᠤᠯᠨ ᠦᠢᠯᠡᠳᠤᠯ ᠦᠵᠡᠬᠦᠯᠳᠡᠭ ᠶᠤᠮ᠃ | ᠲᠠᠷᠠᠭᠠᠴᠢ ᠪᠠᠷ ᠪᠢᠳᠠ ᠲᠤᠮᠤ ᠲᠦᠷᠥᠯ ᠵᠥᠢᠯ ᠳᠤ ᠰᠠᠶᠢᠳᠤᠷ ᠦᠢᠯᠡᠴᠢᠯᠡᠬᠦ ᠶᠢᠨ ᠬᠠᠮᠳᠤ ᠲᠤᠮᠳᠠ ᠪᠠᠭ᠎ᠠ ᠲᠦᠷᠥᠯ | ᠵᠥᠢᠯ ᠢ ᠤᠷᠢᠨ ᠤᠷᠤᠭᠤᠯᠬᠤ ᠪᠤᠯᠤᠨ ᠲᠤᠮᠳᠠ ᠪᠠᠭ᠎ᠠ ᠠᠵᠤ ᠠᠬᠤᠶᠢᠯᠡᠯ ᠤᠨ ᠬᠦᠭᠵᠢᠯᠳᠠ ᠶᠢ ᠭᠤᠤᠯᠳᠠᠯᠭ᠎ᠠ ᠲᠠᠢ | ᠠᠳᠬᠤᠵᠤ᠂ ᠡᠯ᠎ᠠ ᠲᠦᠷᠥᠯ ᠤᠨ ᠬᠠᠷᠠᠭᠠᠯᠵᠡᠯ ᠤᠨ ᠲᠦᠷᠥ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ | ᠦᠢᠯᠡᠴᠢᠯᠡᠭᠡ ᠶᠢᠨ ᠲᠦᠪᠰᠢᠨ ᠢᠶᠠᠨ ᠲᠡᠬᠡᠭᠰᠢᠯᠡᠬᠦᠯᠵᠤ᠂ ᠲᠤᠮᠳᠠ ᠪᠠᠭ᠎ᠠ ᠠᠵᠤ ᠠᠬᠤᠶᠢᠯᠠᠯ ᠢ ᠤᠷᠤᠨ ᠨᠤᠳᠤᠭ ᠤᠨ | ᠠᠵᠤ ᠠᠬᠤᠢ ᠶᠢᠨ ᠬᠦᠭᠵᠢᠯᠳᠠ ᠶᠢᠨ ᠭᠤᠤᠯ ᠪᠤᠯᠬᠤ ᠨᠦᠬᠡᠴᠠ ᠬᠦᠴᠤᠨ ᠪᠤᠯᠭᠠᠨ᠎ᠠ᠃ ᠤᠳᠤᠬᠠᠨ ᠳᠤ ᠡᠯ᠎ᠠ | ᠲᠦᠷᠥᠯ ᠤᠨ ᠵᠤᠷᠢᠭᠵᠢᠭᠤᠯᠤᠯ ᠤᠨ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠭᠤᠤᠯᠳᠠᠯᠭ᠎ᠠ ᠲᠠᠢ | ᠰᠠᠶᠢᠳᠤᠷ ᠠᠳᠬᠤᠨ᠎ᠠ᠃ | ᠭᠠᠵᠡᠷ ᠰᠢᠡᠵᠢᠯᠡᠬᠡᠨ ᠤ ᠠᠵᠢᠯ ᠤᠨ ᠠᠬᠢᠴᠠ ᠶᠢ ᠦᠷᠬᠦᠯᠵᠢᠯᠡᠨ ᠲᠦᠷᠬᠡᠳᠬᠡᠨ᠎ᠠ᠃ ᠭᠠᠵᠡᠷ ᠰᠢᠡᠵᠢᠯᠡᠬᠡᠨ ᠤ ᠲᠦᠷᠥᠯ | ᠵᠥᠢᠯ ᠢ ᠡᠮᠬᠢᠯᠡᠨ ᠴᠡᠭᠴᠡᠯᠡᠬᠦ ᠠᠵᠢᠯ ᠢ ᠦᠷᠨᠢᠬᠦᠯᠵᠤ᠂ ᠠᠵᠢᠯ ᠤᠨ ᠠᠬᠢᠴᠠ ᠤᠳᠠᠭᠠᠨ᠂ ᠪᠤᠳᠠᠳᠤ ᠬᠦᠴᠤᠨ ᠨᠢ | ᠪᠠᠭᠤᠷᠡᠢ ᠠᠵᠤ ᠠᠬᠤᠶᠢᠯᠡᠯ ᠤᠨ ᠠᠭᠤᠷᠬᠠᠢ ᠬᠠᠶᠢᠬᠤ ᠡᠷᠬᠡ ᠶᠢ ᠨᠢ ᠨᠢᠬᠡᠳᠬᠡᠬᠦ ᠪᠤᠶᠤ ᠰᠢᠯᠵᠢᠬᠦᠯᠬᠦ ᠶᠢ ᠱᠠᠭᠠᠷᠳᠠᠨ᠂ | ᠪᠤᠳᠠᠳᠤ ᠬᠦᠴᠤᠨ ᠲᠠᠢ ᠠᠵᠤ ᠠᠬᠤᠶᠢᠯᠡᠯ ᠪᠤᠶᠤ ᠪᠦᠯᠦᠭᠯᠡᠯ ᠢ ᠤᠷᠢᠨ ᠤᠷᠤᠭᠤᠯᠵᠤ᠂ ᠭᠠᠵᠡᠷ ᠰᠢᠡᠵᠢᠯᠡᠬᠡᠨ ᠤ ᠪᠡᠯᠨ | ᠤᠷᠤᠭᠤᠯᠤᠯᠳᠠ ᠶᠢ ᠨᠡᠮᠡᠭᠳᠡᠬᠦᠯᠤᠨ᠂ ᠭᠠᠵᠡᠷ ᠰᠢᠡᠵᠢᠯᠡᠬᠡᠨ ᠤ ᠠᠵᠢᠯ ᠢ ᠤᠯᠠᠮ ᠨᠠᠷᠢᠯᠢᠭᠵᠢᠭᠤᠯᠵᠤ᠂ ᠲᠠᠷᠥᠢ | ᠲᠦᠷᠬᠡᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠪᠠᠶᠢᠳᠠᠯ ᠢᠶᠠᠨ ᠦᠢᠯᠠᠭᠠᠨ᠂ ᠬᠤᠶᠢᠰᠢᠳᠠ ᠶᠢᠨ ᠬᠦᠭᠵᠢᠯᠳᠠ | ᠳᠤ ᠡᠬᠢ ᠪᠠᠶᠠᠯᠢᠭ ᠤᠨ ᠪᠠᠳᠤᠯᠠᠭ᠎ᠠ ᠬᠠᠩᠭᠠᠵᠤ᠂ ᠲᠤᠰ ᠵᠢᠯ 1.55 ᠳ᠋ᠦᠩᠰᠢᠭᠤᠷ ᠲᠦᠬᠦᠷᠢᠭ ᠤᠨ ᠭᠠᠵᠡᠷ | ᠰᠢᠡᠵᠢᠯᠡᠬᠡᠨ ᠤ ᠪᠡᠯᠨ ᠤᠷᠤᠭᠤᠯᠤᠯᠳᠠ ᠶᠢ ᠪᠠᠶᠠᠯᠠᠬᠦᠯᠤᠨ᠎ᠠ᠃ | ᠠᠵᠢᠯ ᠤᠨ ᠵᠤᠬᠢᠴᠠᠮᠵᠢ ᠪᠠᠨ ᠤᠯᠠᠮ ᠲᠡᠬᠦᠯᠳᠡᠷᠵᠢᠬᠦᠯᠤᠨ᠂ ᠲᠦᠷᠥᠯ ᠵᠥᠢᠯ ᠤᠨ ᠨᠠᠶᠢᠳᠠᠪᠤᠷᠢᠵᠢᠭᠤᠯᠤᠯᠳᠠ ᠶᠢ | ᠲᠦᠯᠬᠢᠨ ᠠᠬᠢᠭᠤᠯᠤᠨ᠎ᠠ᠃ ᠠᠵᠤ ᠦᠢᠯᠡᠳᠪᠤᠷᠢ ᠶᠢᠨ ᠠᠵᠤ ᠠᠬᠤᠢ ᠶᠢᠨ ᠪᠠᠶᠢᠷᠢᠯᠠᠭᠤᠯᠤᠯᠳᠠ ᠶᠢᠨ ᠬᠤᠷᠡᠯ ᠪᠠ | ᠠᠵᠤ ᠠᠬᠤᠢ ᠶᠢᠨ ᠪᠠᠶᠢᠳᠠᠯ ᠤᠨ ᠵᠠᠳᠠᠯᠤᠯᠳᠠ ᠶᠢᠨ ᠬᠤᠷᠡᠯ ᠤᠨ ᠲᠦᠷᠢᠮ ᠢ ᠦᠷᠬᠦᠯᠵᠢᠯᠡᠨ ᠪᠦᠷᠢᠡᠰᠢᠬᠦᠯᠵᠤ᠂ | ᠲᠦᠷᠥᠯ ᠵᠥᠢᠯ ᠤᠨ ᠡᠬᠦᠷᠬᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠠᠯᠳᠠ ᠪᠠᠨ | ᠲᠤᠳᠤᠷᠬᠠᠶᠢᠯᠠᠵᠤ᠂ ᠡᠬᠦᠷᠬᠡ ᠪᠠᠨ ᠲᠤᠳᠤᠳᠬᠠᠨ᠎ᠠ᠃ ᠲᠦᠷᠥᠯ ᠵᠥᠢᠯ ᠪᠦᠬᠦᠨ ᠢ ᠱᠠᠳᠤ ᠬᠤᠪᠢᠶᠠᠨ ᠬᠤᠭᠤᠴᠠᠭ᠎ᠠ | ᠲᠤᠭᠳᠠᠭᠠᠵᠤ᠂ ᠨᠢᠬᠡ ᠨᠢᠬᠡ ᠲᠦᠷᠥᠯ ᠵᠥᠢᠯ ᠢᠶᠠᠷ ᠬᠠᠷᠢᠯᠴᠠᠨ᠂ ᠨᠢᠬᠡ ᠨᠢᠬᠡ ᠭᠤᠭᠴᠤᠭ᠎ᠠ ᠪᠠᠷ | ᠨᠠᠶᠢᠳᠠᠪᠤᠷᠢᠵᠢᠭᠤᠯᠤᠨ᠎ᠠ᠃ ᠦᠢᠯᠡᠴᠢᠯᠡᠬᠡᠨ ᠤ ᠦᠷ᠎ᠠ ᠠᠰᠢᠭ ᠢᠶᠠᠨ ᠲᠡᠬᠡᠭᠰᠢᠯᠡᠬᠦᠯᠵᠤ᠂ ᠠᠵᠤ ᠠᠬᠤᠶᠢᠯᠡᠯ ᠤᠨ | ᠲᠦᠷᠥᠯ ᠵᠥᠢᠯ ᠤᠨ ᠪᠠᠶᠢᠭᠤᠯᠤᠯᠳᠠ ᠶᠢᠨ ᠶᠠᠪᠤᠴᠠ ᠳᠠᠬᠢ ᠭᠠᠵᠡᠷ ᠰᠢᠷᠥᠢ ᠲᠠᠳᠠᠪᠤᠷᠢᠯᠡᠨ ᠬᠡᠷᠡᠭᠯᠡᠬᠦ᠂ ᠪᠡᠯᠨ ᠮᠦᠩᠬᠦ | ᠬᠤᠷᠠᠮᠳᠤᠭᠤᠯᠬᠤ᠂ ᠭᠠᠷᠳᠠᠮ ᠬᠦᠢᠴᠡᠳᠬᠡᠬᠦ ᠵᠢᠴᠢ ᠨᠡᠬᠦᠷᠡᠰᠤ ᠴᠡᠬᠢᠯᠭᠠᠨ ᠲᠤᠰᠤ ᠵᠦᠬᠡᠬᠡᠪᠤᠷᠢ ᠵᠠᠷᠬᠡ ᠠᠰᠠᠭᠤᠳᠠᠯ ᠢ | ᠨᠢ ᠢᠳᠡᠪᠬᠢᠳᠡᠢ ᠬᠠᠪᠰᠤᠷᠤᠨ ᠰᠢᠢᠳᠪᠤᠷᠢᠯᠡᠵᠤ᠂ ᠲᠦᠷᠬᠡᠨ ᠪᠠᠷᠢᠯᠭ᠎ᠠ ᠡᠬᠢᠯᠡᠬᠦᠯᠵᠤ ᠠᠰᠢᠭᠯᠠᠯᠳᠠ ᠳᠤ ᠤᠷᠤᠭᠤᠯᠬᠤ | ᠶᠢ ᠨᠢ ᠪᠠᠳᠤᠯᠠᠨ᠎ᠠ᠃ ᠡᠬᠦᠨ ᠤ ᠬᠠᠮᠳᠤ ᠡᠨᠧᠷᠬᠢ ᠠᠷᠪᠢᠯᠡᠨ ᠪᠤᠬᠢᠷᠳᠤᠯ ᠢ ᠪᠠᠭᠠᠰᠬᠠᠬᠤ ᠠᠵᠢᠯ ᠢ ᠰᠠᠶᠢᠳᠤᠷ | ᠠᠳᠬᠤᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠭᠤᠷᠪᠡ ᠶᠢ ᠵᠠᠷᠬᠡᠪᠡᠷ ᠪᠠᠶᠠᠯᠠᠬᠦᠯᠬᠦ︾ ᠲᠦᠷᠢᠮ ᠢ | ᠴᠢᠩᠭ᠎ᠠ ᠬᠡᠷᠡᠭᠵᠢᠬᠦᠯᠤᠨ᠂ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ ᠠᠵᠢᠯ ᠢ ᠬᠢᠨᠡᠨ ᠪᠠᠶᠢᠴᠠᠭᠠᠬᠤ | ᠰᠢᠰᠲ᠋ᠧᠮ ᠢ ᠪᠠᠶᠢᠭᠤᠯᠵᠤ᠂ ᠡᠨᠧᠷᠬᠢ ᠠᠷᠪᠢᠯᠠᠬᠤ ᠰᠢᠨ᠎ᠠ ᠮᠠᠷᠬᠡᠵᠢᠯ᠂ ᠰᠢᠨ᠎ᠠ ᠲᠦᠬᠦᠬᠡᠷᠤᠮᠵᠢ ᠶᠢ ᠢᠳᠡᠪᠬᠢᠳᠡᠢ | ᠲᠦᠬᠡᠮᠡᠯᠵᠢᠬᠦᠯᠤᠨᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠤᠯᠳᠠ ᠶᠢ ᠲᠦᠷᠢᠮᠵᠢᠬᠦᠯᠤᠨ᠂ ᠠᠵᠤ ᠠᠬᠤᠶᠢᠯᠡᠯ | ᠳᠤ ᠬᠤᠯᠪᠤᠭᠳᠠᠬᠤ ᠪᠠᠶᠢᠴᠠᠭᠠᠯᠳᠠ ᠰᠢᠯᠭᠠᠷᠠᠭᠤᠯᠤᠯᠳᠠ ᠶᠢ ᠴᠦᠬᠡᠳᠬᠡᠵᠤ᠂ ᠵᠠᠰᠠᠭ ᠵᠠᠬᠢᠷᠭᠠᠨ ᠤ ᠴᠢᠳᠠᠪᠬᠢ ᠶᠢᠨ | ᠬᠢᠨᠡᠨ ᠪᠠᠶᠢᠴᠠᠭᠠᠯᠳᠠ ᠶᠢ ᠴᠢᠩᠭᠠᠳᠬᠠᠨ᠂ ᠠᠵᠤ ᠠᠬᠤᠶᠢᠯᠡᠯ ᠳᠤ ᠬᠤᠯᠪᠤᠭᠳᠠᠭᠰᠡᠨ ᠰᠦᠢᠳᠬᠡᠯ ᠢ ᠴᠡᠪᠡᠷᠯᠡᠵᠤ᠂ | ᠠᠵᠤ ᠠᠬᠤᠶᠢᠯᠡᠯ ᠤᠨ ᠲᠠᠷᠤᠭᠠᠰᠤ ᠶᠢ ᠬᠦᠩᠬᠡᠷᠡᠬᠦᠯᠬᠦ ᠠᠵᠢᠯ ᠢ ᠴᠢᠩᠭ᠎ᠠ ᠠᠳᠬᠤᠨ᠎ᠠ᠃ | ᠠᠷᠠᠯᠵᠢᠶᠠᠴᠢᠨ ᠤᠷᠢᠵᠤ ᠪᠠᠯᠨ ᠲᠠᠳᠠᠬᠤ ᠠᠵᠢᠯ ᠢ ᠦᠷᠬᠦᠯᠵᠢᠯᠡᠨ ᠴᠢᠩᠭ᠎ᠠ ᠠᠳᠬᠤᠨ᠎ᠠ᠃ ᠪᠦᠬᠦ ᠬᠤᠰᠢᠭᠤᠨ ᠤ | ᠠᠵᠤ ᠦᠢᠯᠡᠰ ᠤᠨ ᠬᠦᠭᠵᠢᠯᠳᠠ ᠶᠢᠨ ᠪᠠᠶᠢᠷᠢᠰᠢᠭᠤᠯᠤᠯᠳᠠ ᠶᠢ ᠦᠡᠳᠤᠰᠤᠯᠡᠵᠤ᠂ ᠠᠭᠤᠷᠬᠠᠢ ᠂ ᠰᠠᠯᠬᠢᠨ ᠬᠦᠴᠤᠨ | ᠤ ᠡᠬᠢ ᠰᠤᠷᠪᠤᠯᠵᠢ ᠪᠤᠯᠤᠨ ᠭᠠᠵᠡᠷ ᠵᠥᠢ ᠶᠢᠨ ᠪᠠᠶᠢᠷᠢᠰᠢᠯ ᠵᠠᠷᠬᠡ ᠲᠠᠪᠠᠭᠤᠯᠢᠭ ᠲᠠᠯ᠎ᠠ ᠪᠠᠨ ᠬᠦᠢᠴᠡᠳ | ᠪᠠᠳᠠᠷᠠᠭᠤᠯᠵᠤ᠂ ᠵᠠᠬᠦᠨ ᠬᠡᠰᠡᠭ ᠤᠨ ᠲᠠᠯᠠᠢ ᠲᠠᠭᠠᠤ ᠤᠷᠤᠨ ᠤ ᠠᠵᠤ ᠦᠢᠯᠡᠰ ᠤᠨ ᠪᠦᠳᠤᠴᠠ ᠶᠢᠨ | ᠲᠤᠬᠢᠷᠠᠭᠤᠯᠤᠯᠳᠠ ᠵᠢᠴᠢ ᠡᠮᠤᠨᠡᠳᠤ ᠤᠷᠤᠨ ᠤ ᠠᠷᠠᠯᠵᠢᠶᠠᠴᠢᠨ ᠤᠮᠠᠷᠡᠳᠤ ᠤᠷᠤᠨ ᠳᠤ ᠦᠢᠯᠡᠰ ᠪᠦᠳᠤᠬᠡᠬᠦ᠂ | ᠵᠠᠬᠦᠨ ᠤᠷᠤᠨ ᠤ ᠪᠡᠯᠨ ᠮᠦᠩᠬᠦ ᠪᠠᠷᠠᠭᠤᠨ ᠤᠷᠤᠨ ᠲᠠᠰᠢ ᠰᠢᠯᠵᠢᠵᠤ ᠪᠠᠶᠢᠭ᠎ᠠ ᠠᠵᠠ ᠲᠤᠬᠢᠶᠠᠯ ᠢ ᠡᠵᠡᠮᠳᠡᠨ᠂ | ᠠᠭᠤᠷᠬᠠᠢ ᠶᠢᠨ ᠡᠬᠢ ᠪᠠᠶᠠᠯᠢᠭ ᠢ ᠨᠠᠷᠢᠯᠢᠭ ᠡᠳ᠋ᠰᠢᠬᠦᠯᠬᠦ ᠪᠠ ᠠᠵᠤ ᠠᠬᠤᠢ ᠶᠢᠨ ᠬᠡᠯᠬᠢᠶᠠᠵᠢᠯ ᠢ ᠤᠷᠳᠤᠳᠬᠠᠬᠤ | ᠳᠤ ᠠᠰᠢᠭᠳᠡᠢ ᠨᠢᠬᠡ ᠪᠦᠯᠦᠭ ᠭᠤᠤᠯᠳᠠᠯᠭ᠎ᠠ ᠲᠠᠢ ᠲᠦᠷᠥᠯ ᠵᠥᠢᠯ ᠢ ᠨᠦᠬᠡᠴᠡᠯᠠᠵᠤ᠂ ᠵᠠᠬᠦᠨ ᠤᠷᠤᠨ ᠤ ᠲᠠᠯᠠᠢ | ᠲᠠᠭᠠᠤ ᠤᠷᠤᠨ ᠡᠰᠡᠬᠦᠯ᠎ᠠ ᠪᠦᠬᠦ ᠤᠯᠤᠰ ᠤᠨ ᠬᠡᠪᠴᠢᠶᠠᠨ ᠠᠴᠠ ᠠᠷᠠᠯᠵᠢᠶᠠᠴᠢᠨ ᠤᠷᠢᠵᠤ ᠪᠡᠯᠨ ᠲᠠᠳᠠᠬᠤ ᠠᠵᠢᠯ ᠢ | ᠬᠠᠨᠳᠤᠯᠭ᠎ᠠ ᠲᠠᠢ ᠪᠠᠷ ᠦᠷᠨᠢᠬᠦᠯᠤᠨ᠂ ᠮᠠᠨ ᠤ ᠬᠤᠰᠢᠭᠤᠨ ᠤ ᠠᠵᠤ ᠦᠢᠯᠡᠰ ᠪᠤᠯᠤᠨ ᠡᠬᠢ ᠪᠠᠶᠠᠯᠢᠭ ᠤᠨ | ᠲᠠᠪᠠᠭᠤᠯᠢᠭ ᠲᠠᠢ ᠬᠤᠯᠪᠤᠭᠳᠠᠭᠰᠡᠨ ᠲᠤᠮᠤ ᠠᠵᠤ ᠠᠬᠤᠶᠢᠯᠡᠯ ᠢ ᠢᠳᠡᠪᠬᠢᠳᠡᠢ ᠤᠷᠢᠵᠤ ᠤᠷᠤᠭᠤᠯᠤᠨ᠂ ᠠᠵᠤ | ᠦᠢᠯᠡᠰ ᠤᠨ ᠤᠬᠢ ᠰᠠᠶᠢᠨ ᠤᠷᠴᠢᠯᠳᠠ ᠶᠢ ᠪᠦᠷᠢᠯᠳᠤᠬᠦᠯᠤᠨ᠎ᠠ᠃ | ︵ᠭᠤᠷᠪᠡ︶ ᠦᠢᠯᠡᠴᠢᠯᠡᠬᠡᠨ ᠤ ᠦᠢᠯᠡᠰ ᠢ ᠶᠡᠭᠡ ᠪᠠᠷ ᠬᠦᠭᠵᠢᠬᠦᠯᠵᠤ᠂ ᠠᠵᠤ ᠦᠢᠯᠡᠰ ᠤᠨ ᠪᠦᠳᠤᠴᠠ ᠶᠢ ᠤᠯᠠᠮ | ᠰᠢᠯᠢᠳᠡᠭᠵᠢᠬᠦᠯᠤᠨ᠎ᠠ᠃ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠲᠦᠷᠬᠡᠰᠴᠤ᠂ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠡᠷᠴᠢᠮ ᠴᠢᠩᠭᠠᠷᠠᠬᠤ ᠶᠢ ᠲᠠᠭᠠᠯᠳᠤᠨ᠂ ᠪᠤᠳᠠᠰ ᠤᠨ ᠬᠦᠢᠯᠬᠡᠬᠡ | ᠂ ᠪᠡᠯᠨ ᠮᠦᠩᠬᠦᠨ ᠤ ᠬᠦᠢᠯᠬᠡᠬᠡ᠂ ᠰᠤᠷᠠᠭ ᠮᠡᠳᠡᠬᠡᠨ ᠤ ᠰᠤᠯᠢᠯᠴᠠᠭ᠎ᠠ ᠪᠠ ᠬᠦᠮᠤᠨ ᠤ ᠰᠢᠯᠵᠢᠯᠳᠠ ᠵᠢᠯ ᠠᠴᠠ ᠵᠢᠯ | ᠨᠡᠮᠡᠭᠳᠡᠵᠤ᠂ ᠮᠠᠨ ᠤ ᠬᠤᠰᠢᠭᠤᠨ ᠤ ᠦᠢᠯᠡᠴᠢᠯᠡᠬᠡᠨ ᠤ ᠦᠢᠯᠡᠰ ᠢ ᠬᠦᠭᠵᠢᠬᠦᠯᠬᠦ ᠳᠤ ᠨᠦᠬᠦᠴᠡᠯ ᠪᠦᠷᠢᠯᠳᠤᠬᠦᠯᠦᠭᠰᠡᠨ | ᠪᠠᠶᠢᠨ᠎ᠠ᠃ ᠡᠶᠢᠮᠤ ᠠᠴᠠ ᠪᠢᠳᠠ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠵᠤᠷᠢᠭᠵᠢᠭᠤᠯᠬᠤ ᠲᠦᠷᠥ ᠶᠢᠨ | ᠪᠤᠳᠤᠯᠭ᠎ᠠ ᠤᠳ ᠢᠰᠠᠶᠢᠳᠤᠷᠰᠤᠳᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠵᠤᠭᠠᠴᠠᠯ᠂ ᠵᠠᠮ ᠬᠠᠷᠢᠯᠴᠠᠭ᠎ᠠ᠂ | ᠪᠤᠳᠠᠰ ᠤᠨ ᠬᠦᠢᠯᠬᠡᠬᠡ᠂ ᠠᠷᠠᠯᠵᠢᠶ᠎ᠠ ᠬᠤᠳᠠᠯᠳᠤᠭ᠎ᠠ᠂ ᠢᠳᠡᠬᠡᠨ ᠤᠮᠳᠠᠭᠠᠨ ᠵᠠᠷᠬᠡ ᠭᠤᠤᠯᠯᠠᠭᠴᠢ ᠠᠵᠤ ᠦᠢᠯᠡᠰ ᠤᠨ | ᠬᠦᠭᠵᠢᠯᠳᠠ ᠶᠢ ᠰᠠᠶᠢᠳᠤᠷ ᠠᠳᠬᠤᠨ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢᠨ ᠬᠤᠷᠳᠤᠴᠠ ᠶᠢ | ᠲᠦᠷᠬᠡᠳᠬᠡᠵᠤ᠂ ᠬᠠᠷᠢᠴᠠᠯ ᠢ ᠨᠡᠮᠡᠭᠳᠡᠬᠦᠯᠤᠨ᠂ ᠪᠦᠳᠤᠴᠠ ᠶᠢ ᠰᠢᠯᠢᠳᠡᠭᠵᠢᠬᠦᠯᠬᠦ ᠶᠢ ᠠᠬᠢᠭᠤᠯᠤᠨ᠎ᠠ᠃ | ᠵᠤᠭᠠᠴᠠᠯ ᠤᠨ ᠦᠢᠯᠡᠰ ᠤᠨ ᠬᠦᠭᠵᠢᠯᠳᠠ ᠶᠢ ᠪᠦᠬᠦ ᠬᠦᠴᠤᠨ ᠢᠶᠠᠷ ᠠᠬᠢᠭᠤᠯᠤᠨ᠎ᠠ᠃ ᠮᠠᠨ ᠤ ᠬᠤᠰᠢᠭᠤᠨ ᠤ | ᠵᠤᠭᠠᠴᠠᠯ ᠤᠨ ᠡᠬᠢ ᠰᠤᠷᠪᠤᠯᠵᠢ ᠡᠯᠪᠡᠭ᠂ ᠦᠡᠳᠤᠰᠤᠳᠠᠨ ᠤ ᠰᠤᠶᠤᠯ ᠤᠨ ᠠᠭᠤᠯᠬᠤᠨ ᠬᠦᠨ ᠵᠤᠵᠠᠭᠠᠨ᠂ ᠤᠷᠤᠨ | ᠪᠠᠶᠢᠷᠢ ᠠᠰᠢᠭᠳᠡᠢ ᠪᠠᠶᠢᠬᠤ ᠨᠦᠬᠦᠴᠡᠯ ᠢ ᠠᠰᠢᠭᠯᠡᠨ᠂ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ | ᠢᠶᠠᠨ ᠤᠯᠠᠮ ᠴᠢᠩᠭᠠᠯᠠᠨ᠂ ᠬᠤᠳᠠ ᠳᠤ ᠤᠬᠠᠭᠤᠯᠬᠤ ᠪᠠᠷ ᠭᠤᠤᠯᠯᠠᠬᠤ ᠪᠤᠷᠤᠯᠠᠭᠤᠯᠭ᠎ᠠ ᠶᠢᠨ ᠪᠠᠶᠢᠯᠳᠤᠬᠤ | ᠪᠤᠳᠤᠯᠭ᠎ᠠ ᠶᠢ ᠲᠤᠭᠳᠠᠭᠠᠵᠤ᠂ ᠪᠦᠬᠦ ᠠᠶᠢᠮᠠᠭ ᠤᠨ ︽ᠲᠡᠭᠷᠢᠯᠢᠭ ᠲᠠᠯ᠎ᠠ ᠊᠊᠊᠊ ᠰᠢᠯᠢ ᠶᠢᠨ ᠭᠤᠤᠯ︾ ᠨᠠᠷᠡᠳᠤ | ᠲᠡᠮᠳᠡᠭ ᠤᠨ ᠲᠤᠭᠤᠷᠢᠨ ᠳᠤ᠂ ᠪᠡᠯᠬᠦᠳᠡᠢ ᠶᠢᠨ ᠲᠠᠬᠢᠯᠭ᠎ᠠ᠂ ᠬᠠᠷ᠎ᠠ ᠠᠳᠤᠭᠤᠨ ᠰᠤᠶᠤᠯ ᠤᠨ ᠨᠠᠶᠢᠷ᠂ ᠴᠡᠭᠡ ᠶᠢᠨ | ᠰᠤᠶᠤᠯ ᠤᠨ ᠨᠠᠶᠢᠷ ᠢ ᠰᠠᠶᠢᠳᠤᠷ ᠡᠷᠬᠢᠯᠡᠨ᠂ ᠭᠠᠵᠡᠷ ᠤᠷᠤᠨ ᠤ ᠤᠡᠴᠠᠯᠢᠭ ᠪᠦᠬᠦᠢ ︽ᠪᠡᠯᠬᠦᠳᠡᠢ ᠰᠤᠶᠤᠯ︾ ᠤᠨ | ᠨᠠᠷᠠᠳᠤ ᠲᠡᠮᠳᠡᠭ ᠢ ᠡᠬᠦᠳᠴᠤ᠂ ᠮᠠᠨ ᠤ ᠬᠤᠰᠢᠭᠤᠨ ᠤ ᠵᠤᠭᠠᠴᠠᠯ ᠤᠨ ᠦᠢᠯᠡᠰ ᠤᠨ ᠨᠠᠷᠠ ᠠᠯᠳᠠᠷᠰᠢᠯ ᠪᠠ | ᠨᠦᠯᠤᠬᠡᠯᠡᠬᠦ ᠬᠦᠴᠤᠨ ᠢ ᠲᠠᠰᠤᠷᠠᠯᠳᠠ ᠦᠬᠡᠢ ᠦᠷᠬᠡᠳᠬᠡᠨ᠎ᠠ᠃ ︽ᠵᠠᠬ᠎ᠠ ᠲᠡᠯᠬᠡᠬᠦᠷᠴᠢᠯᠡᠬᠦ᠂ ᠨᠠᠶᠢᠬᠡᠮ ᠲᠠᠶᠠᠭᠠᠷ | ᠤᠷᠤᠯᠴᠠᠬᠤ᠂ ᠤᠯᠠᠨ ᠲᠠᠯ᠎ᠠ ᠪᠠᠷ ᠪᠡᠯᠨ ᠬᠤᠷᠠᠮᠳᠤᠭᠤᠯᠬᠤ︾ ᠬᠦᠭᠵᠢᠬᠦᠯᠤᠯᠳᠠ ᠶᠢᠨ ᠰᠡᠳᠬᠢᠴᠠ ᠪᠠᠷ ᠪᠤᠳᠠᠳᠤ | ᠬᠦᠴᠤᠨ ᠪᠦᠬᠦᠢ ᠠᠵᠤ ᠠᠬᠤᠶᠢᠯᠡᠯ ᠢ ᠤᠷᠢᠵᠤ᠂ ᠵᠤᠭᠠᠴᠠᠯ ᠤᠨ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠳᠤ | ᠤᠷᠤᠯᠴᠠᠭᠤᠯᠤᠨ᠂ ᠵᠤᠭᠠᠴᠠᠯ ᠤᠨ ᠦᠵᠡᠮᠵᠢ ᠶᠢᠨ ᠤᠷᠤᠨ ᠢ ᠬᠡᠪᠴᠢᠶᠠᠵᠢᠬᠦᠯᠤᠨ ᠨᠡᠬᠡᠬᠡᠨ ᠠᠰᠢᠭᠯᠠᠬᠤ ᠶᠢ | ᠠᠬᠢᠭᠤᠯᠵᠤ᠂ ᠲᠠᠷᠥᠢ ᠲᠦᠷᠬᠡᠨ ᠨᠢᠬᠡᠨ ᠪᠦᠯᠦᠭ ︽ᠤᠡᠴᠠᠯᠢᠭ ᠢᠶᠠᠨ ᠲᠤᠪᠤᠶᠢᠯᠭᠠᠵᠤ᠂ ᠬᠡᠪ ᠨᠠᠮᠪᠠ ᠪᠠᠨ | ᠬᠠᠳᠠᠭᠠᠯᠠᠭᠰᠡᠨ︾ ᠵᠤᠭᠠᠴᠠᠯ ᠤᠨ ᠲᠦᠷᠥᠯ ᠵᠥᠢᠯ ᠢ ᠪᠠᠶᠢᠭᠤᠯᠤᠨ᠎ᠠ᠃ ᠤᠯᠤᠰ ᠤᠨ ᠲᠤᠳᠤᠭᠠᠳᠤ ᠶᠢᠨ ᠨᠠᠷᠡᠳᠤ | ᠵᠤᠭᠠᠴᠠᠯ ᠤᠨ ᠠᠵᠤ ᠠᠬᠤᠶᠢᠯᠡᠯ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠤᠷᠢᠨ ᠤᠷᠤᠭᠤᠯᠬᠤ ᠪᠠ ᠨᠠᠶᠢᠳᠠᠬᠤ | ᠬᠡᠯᠪᠡᠷᠢ ᠪᠠᠷ ᠵᠤᠭᠠᠴᠠᠯ ᠤᠨ ᠦᠢᠯᠡᠴᠢᠯᠡᠬᠡᠨ ᠤ ᠪᠠᠶᠢᠭᠤᠯᠤᠮᠵᠢ ᠶᠢ ᠪᠠᠶᠢᠭᠤᠯᠤᠨ᠂ ᠵᠤᠭᠠᠴᠠᠯ ᠤᠨ ᠦᠢᠯᠡᠰ ᠤᠨ | ᠦᠢᠯᠡᠴᠢᠯᠡᠬᠡᠨ ᠤ ᠴᠢᠳᠠᠪᠬᠢ ᠶᠢ ᠲᠡᠬᠡᠭᠰᠢᠯᠡᠬᠦᠯᠵᠤ᠂ ᠵᠠᠬ᠎ᠠ ᠲᠡᠯᠬᠡᠬᠦᠷ ᠤᠨ ᠦᠷᠢᠰᠤᠯᠳᠤᠬᠦ ᠴᠢᠳᠠᠪᠤᠷᠢ ᠶᠢ | ᠴᠢᠩᠭᠠᠷᠠᠭᠤᠯᠤᠨ᠎ᠠ᠃ ᠵᠤᠭᠠᠴᠠᠯ ᠤᠨ ᠲᠠᠸᠡᠷ ᠤᠨ ᠨᠡᠬᠡᠬᠡᠨ ᠠᠰᠢᠭᠯᠠᠯᠳᠠ ᠶᠢ ᠬᠦᠴᠤᠳᠡᠢ ᠲᠠᠮᠵᠢᠵᠤ᠂ ︽ᠢᠳᠡᠬᠦ᠂ | ᠠᠮᠠᠷᠠᠬᠤ᠂ ᠶᠠᠪᠤᠬᠤ᠂ ᠲᠤᠭᠤᠷᠢᠬᠤ᠂ ᠬᠤᠳᠠᠯᠳᠤᠨ ᠠᠪᠬᠤ᠂ ᠲᠤᠭᠯᠠᠬᠤ︾ ᠵᠢᠷᠭᠤᠭᠠᠨ ᠭᠤᠭᠴᠤᠭᠠᠨ ᠤ | ᠪᠠᠶᠢᠭᠤᠯᠤᠯᠳᠠ ᠶᠢ ᠲᠦᠷᠬᠡᠳᠬᠡᠵᠤ᠂ ᠵᠤᠭᠠᠴᠠᠯ ᠤᠨ ᠦᠢᠯᠡᠰ ᠤᠨ ᠠᠭᠤᠯᠤᠭᠳᠠᠬᠤᠨ ᠢ ᠪᠦᠷᠢᠡᠰᠢᠬᠦᠯᠵᠤ᠂ | ᠵᠤᠭᠠᠴᠠᠯ ᠤᠨ ᠦᠢᠯᠡᠰ ᠤᠨ ᠤᠷᠤᠯᠭ᠎ᠠ ᠶᠢ ᠨᠡᠮᠡᠭᠳᠡᠬᠦᠯᠤᠨ᠂ ᠵᠤᠭᠠᠴᠠᠯ ᠤᠨ ᠬᠠᠮᠢᠶᠠᠷᠤᠯᠳᠠ ᠶᠢᠨ ᠪᠠᠶᠢᠭᠤᠯᠤᠮᠵᠢ | ᠶᠢᠨ ᠪᠦᠳᠤᠬᠡᠨ ᠪᠠᠶᠢᠭᠤᠯᠤᠯᠳᠠ ᠢ ᠴᠢᠩᠭᠠᠳᠬᠠᠨ᠂ ᠵᠤᠭᠠᠴᠠᠯ ᠤᠨ ᠦᠢᠯᠡᠰ ᠤᠨ ᠲᠦᠷᠬᠡᠨ ᠬᠦᠭᠵᠢᠯᠳᠠ ᠶᠢ | ᠠᠬᠢᠭᠤᠯᠤᠨ᠎ᠠ᠃ | ᠪᠤᠳᠠᠰ ᠤᠨ ᠬᠦᠢᠯᠬᠡᠬᠡᠨ ᠤ ᠦᠢᠯᠡᠰ ᠢ ᠬᠦᠭᠵᠢᠬᠦᠯᠤᠨ᠎ᠠ᠃ ᠨᠡᠬᠦᠷᠡᠰᠤ᠂ ᠬᠦᠳᠡᠷ᠂ ᠮᠠᠯ ᠤᠨ ᠠᠰᠢᠭ ᠰᠢᠮ᠎ᠠ ᠶᠢᠨ | ᠪᠦᠳᠤᠬᠡᠭᠳᠡᠬᠦᠨ ᠪᠠ ᠠᠮᠢᠳᠤᠷᠡᠯ ᠤᠨ ᠬᠡᠷᠡᠭᠯᠡᠬᠡᠨ ᠤ ᠪᠤᠳᠠᠰ ᠢ ᠵᠦᠬᠡᠬᠡᠪᠤᠷᠢᠯᠡᠬᠦ ᠪᠠᠷ ᠲᠠᠮᠵᠢᠨ᠂ ᠵᠦᠬᠡᠬᠡᠪᠤᠷᠢ ᠶᠢᠨ | ᠠᠵᠤ ᠠᠬᠤᠶᠢᠯᠡᠯ ᠢ ᠪᠤᠶᠢᠵᠢᠭᠤᠯᠬᠤ ᠪᠤᠶᠤ ᠤᠷᠢᠨ ᠤᠷᠤᠭᠤᠯᠵᠤ᠂ ᠵᠦᠬᠡᠬᠡᠪᠤᠷᠢᠯᠡᠬᠦ᠂ ᠬᠦᠮᠤᠷᠬᠡᠯᠡᠬᠦ᠂ | ᠲᠦᠪᠯᠡᠷᠡᠬᠦᠯᠵᠤ ᠲᠠᠷᠬᠠᠭᠠᠬᠤ᠂ ᠪᠠᠷᠠᠭ᠎ᠠ ᠲᠤᠬᠢᠷᠠᠭᠤᠯᠤᠨ ᠬᠦᠷᠬᠡᠬᠦ᠂ ᠮᠡᠳᠡᠭᠡ ᠵᠠᠩᠬᠢ ᠬᠠᠩᠭᠠᠬᠤ ᠵᠠᠷᠬᠡ ᠦᠢᠯᠡᠴᠢᠯᠡᠭᠡ | ᠶᠢ ᠨᠢᠬᠡ ᠴᠤᠭᠴᠠᠵᠢᠭᠤᠯᠤᠭᠰᠡᠨ ᠪᠤᠳᠠᠰ ᠤᠨ ᠬᠦᠢᠯᠬᠡᠬᠡᠨ ᠤ ᠺᠤᠮᠫᠠᠨᠢ ᠶᠢ ᠲᠠᠷᠥᠢ ᠲᠦᠷᠬᠡᠨ ᠪᠠᠶᠢᠭᠤᠯᠬᠤ ᠶᠢᠨ | ᠬᠠᠮᠳᠤ᠂ ᠭᠠᠵᠡᠷ ᠰᠢᠷᠥᠢ᠂ ᠭᠠᠶᠢᠯᠢ ᠰᠦᠢᠳᠬᠡᠯ ᠤᠨ ᠲᠠᠯ᠎ᠠ ᠪᠠᠷ ᠬᠢ ᠶᠢ ᠬᠠᠷᠠᠭᠠᠯᠵᠡᠯ ᠤᠨ ᠲᠦᠷᠥ ᠶᠢᠨ | ᠪᠤᠳᠤᠯᠭ᠎ᠠ ᠶᠢ ᠲᠤᠭᠳᠠᠭᠠᠵᠤ᠂ ᠲᠤᠰ ᠵᠢᠯ ᠳᠤ ᠪᠤᠳᠠᠰ ᠤᠨ ᠬᠦᠢᠯᠬᠡᠬᠡᠨ ᠤ ᠲᠤᠭᠤᠷᠢᠭ ᠢ ᠡᠬᠢᠯᠡᠨ | ᠪᠠᠶᠢᠭᠤᠯᠬᠤ ᠪᠠᠷ ᠴᠢᠷᠮᠠᠶᠢᠨ᠎ᠠ᠃ | ᠠᠷᠠᠯᠵᠢᠶ᠎ᠠ ᠬᠤᠳᠠᠯᠳᠤᠭ᠎ᠠ ᠢᠳᠡᠬᠡᠨ ᠤᠮᠳᠠᠭᠠᠨ ᠵᠠᠷᠬᠡ ᠦᠢᠯᠡᠴᠢᠯᠡᠬᠡᠨ ᠤ ᠦᠢᠯᠡᠰ ᠤᠨ ᠬᠢᠷᠢ ᠲᠦᠪᠰᠢᠨ ᠢ | ᠲᠡᠬᠡᠭᠰᠢᠯᠡᠬᠦᠯᠤᠨ᠎ᠠ᠃ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠲᠤᠭᠳᠠᠭᠠᠵᠤ᠂ ᠬᠤᠯᠪᠤᠭ᠎ᠠ ᠡᠵᠡᠩᠨᠡᠯᠳᠡ ᠪᠠ | ᠨᠠᠷᠠᠳᠤ ᠲᠠᠸᠡᠷ ᠤᠨ ᠲᠤᠰᠬᠠᠢ ᠬᠤᠳᠠᠯᠳᠤᠭ᠎ᠠ ᠶᠢ ᠬᠦᠭᠵᠢᠬᠦᠯᠬᠦ ᠶᠢ ᠵᠤᠷᠢᠭᠵᠢᠭᠤᠯᠤᠨ᠂ ᠵᠢᠵᠢᠭᠯᠡᠨ ᠬᠤᠳᠠᠯᠳᠤᠬᠤ | ᠦᠢᠯᠡᠰᠣᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠠᠷᠠᠯᠵᠢᠶ᠎ᠠ ᠬᠤᠳᠠᠯᠳᠤᠭᠠᠨ ᠤ ᠵᠠᠬ᠎ᠠ ᠲᠡᠯᠬᠡᠬᠦᠷ ᠤᠨ | ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠂ ᠲᠤᠰ ᠵᠢᠯ ᠳᠤ ᠨᠠᠮ ᠵᠠᠰᠠᠭ ᠤᠨ ᠠᠯᠪᠠᠨ ᠠᠰᠠᠷ ᠤᠨ | ᠡᠮᠤᠨᠡᠬᠢ ᠶᠠᠷᠤᠩᠬᠡᠶᠢᠯᠡᠭᠰᠡᠨ ᠴᠢᠯᠤᠬᠡᠳᠤ ᠬᠤᠳᠠᠯᠳᠤᠭ᠎ᠠ ᠪᠠ ᠶᠠᠪᠠᠭᠠᠨ ᠵᠠᠬᠡᠯᠢ ᠶᠢᠨ ᠪᠠᠷᠢᠯᠭ᠎ᠠ ᠶᠢ ᠪᠠᠶᠠᠯᠠᠬᠦᠯᠤᠨ᠎ᠠ᠃ | ᠵᠤᠴᠢᠳ ᠤᠨ ᠪᠠᠭᠤᠳᠠᠯ᠂ ᠬᠤᠭᠤᠯᠠᠨ ᠬᠡᠷ ᠤᠨ ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠠᠵᠢᠯ | ᠡᠬᠢᠯᠡᠭᠰᠡᠨ ᠪᠠᠷᠢᠯᠭ᠎ᠠ ᠨᠤᠭᠤᠳ ᠢ ᠲᠤᠰ ᠵᠢᠯ ᠳᠤ ᠪᠦᠬᠦᠨ ᠢ ᠠᠰᠢᠭᠯᠠᠯᠳᠠ ᠳᠤ ᠤᠷᠤᠭᠤᠯᠤᠨ᠎ᠠ᠃ ︽ᠲᠦᠮᠡᠨ | ᠲᠤᠰᠬᠤᠨ ᠮᠢᠩᠭᠠᠨ ᠰᠢᠶᠠᠩ︾ ᠤᠨ ᠵᠠᠬ᠎ᠠ ᠲᠡᠯᠬᠡᠬᠦᠷ ᠤᠨ ᠢᠡᠵᠧᠨᠧᠷᠢᠩ ᠪᠠ ᠴᠠᠬᠢᠯᠭᠠᠨ ᠬᠡᠷᠡᠭᠰᠡᠯ ᠮᠤᠲ᠋ᠤᠷ | ᠮᠠᠰᠢᠨ ᠢ ᠬᠦᠳᠡᠭᠡ ᠪᠠᠭᠤᠯᠭᠠᠬᠤ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ ᠮᠠᠯᠵᠢᠬᠤ ᠤᠷᠤᠨ ᠤ ᠬᠡᠷᠡᠭᠯᠡᠬᠡᠨ ᠤ | ᠵᠠᠬ᠎ᠠ ᠲᠡᠯᠬᠡᠬᠦᠷ ᠢ ᠶᠡᠬᠡᠪᠡᠷ ᠨᠡᠬᠡᠬᠡᠨ ᠬᠦᠭᠵᠢᠬᠦᠯᠤᠨ᠎ᠠ᠃ | ᠬᠡᠷᠡᠭᠯᠡᠬᠡᠨ ᠤ ᠤᠷᠮᠠᠰᠢᠯ ᠢ ᠢᠳᠡᠪᠬᠢᠳᠡᠢ ᠬᠦᠭᠵᠢᠬᠡᠨ᠎ᠠ᠃ ᠤᠯᠤᠰ ᠤᠨ ᠬᠤᠳᠠ ᠪᠠᠯᠭᠠᠰᠤᠨ ᠤ ᠰᠠᠭᠤᠭᠠᠯᠢ ᠠᠷᠡᠳ ᠤᠨ | ᠤᠷᠤᠯᠭ᠎ᠠ ᠶᠢ ᠨᠡᠮᠡᠭᠳᠡᠬᠦᠯᠵᠤ᠂ ᠬᠡᠷᠡᠭᠯᠡᠬᠡᠨ ᠤ ᠪᠤᠳᠠᠰ ᠢ ᠬᠤᠳᠠᠯᠳᠤᠨ ᠠᠪᠬᠤ ᠤᠷᠮᠠᠰᠢᠯ ᠢ ᠬᠦᠭᠵᠢᠬᠡᠬᠦ ᠲᠦᠷᠥ ᠶᠢᠨ | ᠪᠤᠳᠤᠯᠭ᠎ᠠ ᠤᠳ ᠢ ᠨᠠᠶᠢᠳᠠᠪᠤᠷᠢᠵᠢᠭᠤᠯᠵᠤ᠂ ᠰᠠᠭᠤᠭᠠᠯᠢ ᠠᠷᠡᠳ ᠤᠨ ᠬᠤᠳᠠᠯᠳᠤᠨ ᠠᠪᠬᠤ ᠴᠢᠳᠠᠪᠤᠷᠢ ᠶᠢ | ᠲᠡᠬᠡᠭᠰᠢᠯᠡᠬᠦᠯᠤᠨ᠂ ᠪᠤᠷᠤᠯᠠᠭᠤᠯᠭ᠎ᠠ ᠶᠢᠨ ᠬᠡᠮᠵᠢᠶ᠎ᠠ ᠶᠢ ᠨᠡᠮᠡᠭᠳᠡᠬᠦᠯᠤᠨ᠎ᠠ᠃ ᠬᠡᠷ ᠬᠦᠷᠤᠩᠬᠡ ᠭᠠᠵᠡᠷ ᠰᠢᠷᠥᠢ ᠶᠢᠨ ᠵᠠᠬ᠎ᠠ | ᠲᠡᠯᠬᠡᠬᠦᠷ ᠤᠨ ᠬᠠᠮᠢᠶᠠᠷᠤᠯᠳᠠ ᠶᠢ ᠴᠢᠩᠭᠠᠳᠬᠠᠵᠤ᠂ ᠪᠡᠯᠨ ᠤᠷᠤᠭᠤᠯᠬᠤ ᠤᠷᠴᠢᠨ ᠲᠤᠭᠤᠷᠢᠨ ᠢ ᠰᠢᠯᠢᠳᠡᠭᠵᠢᠬᠦᠯᠤᠨ | ᠂ ᠬᠡᠷ ᠬᠦᠷᠤᠩᠬᠡ ᠭᠠᠵᠡᠷ ᠰᠢᠷᠥᠢ ᠶᠢᠨ ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠤᠨ᠎ᠠ᠃ ᠲᠠᠪᠰᠢᠩᠭᠤᠢ | ᠬᠡᠷᠡᠭᠯᠡᠬᠡᠨ ᠤ ᠦᠢᠯᠠᠭᠠᠭᠳᠠᠬᠤᠨ ᠢ ᠰᠠᠨᠠᠭᠠᠴᠢᠯᠡᠨ᠂ ᠮᠠᠰᠢᠨ ᠲᠡᠷᠬᠡ᠂ ᠴᠢᠮᠡᠭᠡ ᠬᠤᠯᠪᠤᠭ᠎ᠠ᠂ ᠡᠷᠡᠬᠦᠯᠵᠢᠯ᠂ ᠰᠤᠶᠤᠯ | ᠪᠤᠯᠪᠠᠰᠤᠷᠡᠯ ᠤᠨ ᠬᠡᠷᠡᠭᠯᠡᠬᠡᠨ ᠢ ᠵᠤᠬᠢᠰᠳᠡᠢ ᠪᠠᠷ ᠵᠢᠯᠤᠭᠤᠳᠴᠤ᠂ ᠮᠦᠩᠬᠦᠨ ᠬᠦᠢᠯᠬᠡᠬᠡ᠂ ᠲᠠᠭᠠᠳᠬᠠᠯ᠂ ᠠᠰᠠᠭᠤᠨ | ᠯᠠᠪᠯᠠᠬᠤ ᠵᠠᠷᠬᠡ ᠰᠢᠨ᠎ᠠ ᠬᠡᠯᠪᠡᠷᠢ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠤᠨ᠎ᠠ᠃ | ︵ᠲᠦᠷᠪᠡ︶ ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ | ᠬᠦᠭᠵᠢᠯᠳᠠ ᠶᠢᠨ ᠤᠷᠴᠢᠨ ᠢ ᠦᠨᠡᠡᠬᠦ ᠰᠠᠶᠢᠵᠢᠷᠠᠭᠤᠯᠤᠨ᠎ᠠ᠃ ᠤᠯᠠᠨ ᠡᠰᠢᠳᠤ ᠪᠡᠯᠨ ᠤᠷᠤᠭᠤᠯᠬᠤ ᠵᠤᠬᠢᠴᠠᠮᠵᠢ ᠶᠢ | ᠪᠠᠶᠢᠭᠤᠯᠤᠨ ᠲᠡᠬᠦᠯᠳᠡᠷᠵᠢᠬᠦᠯᠵᠤ᠂ ᠪᠡᠯᠨ ᠤᠷᠤᠭᠤᠯᠤᠯᠳᠠ ᠪᠠᠨ ᠨᠡᠮᠡᠭᠳᠡᠬᠦᠯᠤᠨ᠂ ᠬᠤᠳᠠ ᠪᠠᠯᠭᠠᠰᠤᠨ ᠤ ᠪᠦᠳᠤᠬᠡᠨ | ᠪᠠᠶᠢᠭᠤᠯᠤᠯᠳᠠ᠂ ᠤᠰᠤᠨ ᠠᠰᠢᠭᠯᠠᠯᠳᠠ᠂ ᠴᠠᠬᠢᠯᠭᠠᠨ ᠲᠤᠤᠷ᠂ ᠵᠠᠰᠠᠮᠠᠯ ᠵᠠᠮ᠂ ᠲᠠᠮᠤᠷ ᠵᠠᠮ ᠵᠠᠷᠬᠡ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠬᠦᠭᠵᠢᠯᠳᠠ ᠶᠢᠨ ᠤᠷᠴᠢᠨ ᠢ | ᠰᠠᠶᠢᠵᠢᠷᠠᠭᠤᠯᠤᠨ᠎ᠠ᠃ | ᠬᠦᠴᠤᠨ ᠢᠶᠠᠨ ᠲᠦᠪᠯᠡᠷᠡᠬᠦᠯᠤᠨ ᠪᠡᠯᠬᠦᠳᠡᠢ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠎ᠠ᠃ ︽ | ᠴᠢᠨᠠᠷᠯᠢᠭ ᠲᠦᠯᠤᠪᠵᠢᠬᠦᠯᠵᠤ᠂ ᠤᠯᠠᠨ ᠲᠠᠯ᠎ᠠ ᠪᠠᠷ ᠪᠡᠯᠨ ᠬᠤᠷᠠᠮᠳᠤᠭᠤᠯᠤᠨ᠂ ᠶᠡᠭᠡ ᠬᠦᠴᠤᠨ ᠢᠶᠠᠷ ᠪᠦᠳᠤᠬᠡᠨ | ᠪᠠᠶᠢᠭᠤᠯᠵᠤ᠂ ᠨᠠᠷᠢᠯᠢᠭᠵᠢᠭᠤᠯᠤᠨ ᠬᠠᠮᠢᠶᠠᠷᠬᠤ︾ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠨ᠂ ᠪᠡᠯᠬᠦᠳᠡᠢ | ᠪᠠᠯᠭᠠᠰᠤᠨ ᠤ ᠬᠡᠪᠴᠢᠶ᠎ᠠ ᠶᠢ ᠨᠢ ᠦᠷᠬᠡᠳᠬᠡᠨ᠂ ᠴᠢᠳᠠᠪᠬᠢ ᠶᠢ ᠨᠢ ᠰᠢᠯᠢᠳᠡᠭᠵᠢᠬᠦᠯᠤᠨ᠂ ᠤᠷᠴᠢᠨ ᠲᠤᠭᠤᠷᠢᠨ ᠢ ᠨᠢ | ᠭᠤᠸᠡᠵᠢᠭᠤᠯᠵᠤ᠂ ︽ᠦᠪᠡᠷᠮᠢᠴᠠ ᠤᠡᠴᠠᠯᠢᠭᠳᠤ᠂ ᠬᠡᠪ ᠨᠠᠮᠪᠠᠯᠢᠭ᠂ ᠴᠢᠨᠡᠷᠵᠢᠭᠤᠨ ᠭᠤᠸᠠᠯᠢᠭ᠂ ᠰᠠᠭᠤᠷᠢᠰᠢᠬᠤ ᠳᠤ | ᠲᠤᠬᠢᠯᠢᠭ︾ ᠲᠠᠯ᠎ᠠ ᠨᠤᠳᠤᠭ ᠤᠨ ᠰᠢᠨ᠎ᠠ ᠬᠤᠳᠠ ᠪᠠᠯᠭᠠᠰᠤ ᠶᠢ ᠪᠦᠳᠤᠬᠡᠨ ᠪᠠᠶᠢᠭᠤᠯᠤᠨ᠎ᠠ᠃ ᠡᠨ᠋ᠨ ᠵᠢᠯ ᠳᠤ ᠪᠦᠬᠦ | ᠠᠶᠢᠮᠠᠭ ᠤᠨ ᠬᠤᠶᠡᠷ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠡᠯ ᠢ ᠤᠭᠳᠤᠬᠤ ᠪᠠᠷ | ᠲᠤᠬᠢᠶᠠᠯ ᠪᠤᠯᠭᠠᠵᠤ᠂ ︽ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠰᠢᠯᠢᠳᠡᠭᠵᠢᠬᠦᠯᠬᠦ | ᠤᠨ︾ ᠤ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠬᠦᠴᠤᠨ ᠢᠶᠠᠨ ᠲᠦᠪᠯᠡᠷᠡᠬᠦᠯᠤᠨ ᠬᠤᠳᠠ ᠪᠠᠯᠭᠠᠰᠤᠨ ᠤ | ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠰᠠᠶᠢᠵᠢᠷᠠᠭᠤᠯᠤᠨ᠂ ᠴᠢᠳᠠᠪᠬᠢ ᠶᠢ ᠨᠢ ᠲᠡᠬᠦᠯᠳᠡᠷᠵᠢᠬᠦᠯᠤᠨ᠎ᠠ᠃ ᠲᠤᠰ | ᠵᠢᠯ ᠳᠤ᠂ 4.5 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ ᠵᠠᠮ ᠵᠠᠰᠠᠬᠤ᠂ ᠲᠦᠬᠡᠬᠡᠯ ᠤᠰᠤ ᠬᠠᠩᠭᠠᠬᠤ᠂ | ᠪᠤᠬᠢᠷ ᠤᠰᠤ ᠭᠠᠳᠠᠭᠰᠢᠯᠠᠭᠤᠯᠬᠤ᠂ ᠲᠤᠯᠠᠭᠠᠯᠠᠯᠭ᠎ᠠ ᠬᠠᠩᠭᠠᠬᠤ᠂ ᠬᠡᠷ ᠬᠦᠷᠤᠩᠬᠡ ᠭᠠᠵᠡᠷ ᠰᠢᠷᠥᠢ ᠶᠢ ᠨᠡᠬᠡᠬᠡᠨ | ᠠᠰᠢᠭᠯᠠᠬᠤ᠂ ᠬᠡᠬᠡᠵᠢᠬᠦᠯᠵᠤ ᠭᠤᠸᠠᠵᠢᠭᠤᠯᠬᠤ᠂ ᠬᠠᠭᠤᠴᠢᠨ ᠬᠤᠳᠠ ᠲᠤᠭᠤᠷᠢᠭ ᠢ ᠰᠢᠨᠡᠳᠬᠡᠨ ᠵᠠᠰᠠᠬᠤ ᠪᠠ ᠰᠢᠨ᠎ᠠ | ᠲᠤᠭᠤᠷᠢᠭ ᠤᠨ ᠪᠦᠳᠤᠬᠡᠨ ᠪᠠᠶᠢᠭᠤᠯᠤᠯᠳᠠ ᠵᠠᠷᠬᠡ ᠶᠢ ᠭᠤᠤᠯᠳᠠᠯᠭ᠎ᠠ ᠲᠠᠢ ᠬᠡᠷᠡᠭᠵᠢᠬᠦᠯᠬᠦ ᠪᠠᠷ ᠲᠦᠯᠤᠪᠯᠡᠵᠤ ᠪᠠᠶᠢᠨ᠎ᠠ᠃ | 6 ᠵᠤᠷᠪᠤᠰ ᠵᠠᠮ ᠢ ᠰᠢᠨ᠎ᠠ ᠪᠠᠷ ᠲᠠᠪᠢᠰᠬᠦ ᠪᠤᠶᠤ ᠦᠬᠡᠷᠡᠴᠢᠯᠡᠨ ᠵᠠᠰᠠᠵᠤ᠂ 9 ᠵᠤᠷᠪᠤᠰ ᠭᠤᠳᠤᠮᠵᠢᠨ ᠵᠠᠮ ᠢ | ᠬᠠᠳᠠᠭᠤᠵᠢᠭᠤᠯᠵᠤ᠂ 8.5 ᠲᠦᠮᠡᠨ ᠲᠡᠭᠰᠢ ᠲᠦᠷᠪᠡᠯᠵᠢᠨ ᠮᠧᠲᠷ ᠭᠤᠶᠤᠯᠡᠯ ᠤᠨ ᠲᠤᠭᠤᠰᠬ᠎ᠠ ᠲᠠᠪᠢᠰᠤᠨᠠ᠃ | ᠲᠦᠬᠡᠬᠡᠯ ᠤᠰᠤ ᠬᠠᠩᠭᠠᠬᠤ ᠬᠤᠭᠤᠯᠠᠢ ᠶᠢ 2.5 ᠺᠢᠯᠤᠮᠧᠲᠷ ᠤᠷᠳᠤᠳᠬᠠᠨ᠂ ᠲᠦᠪᠯᠡᠷᠡᠩᠬᠦᠢ ᠲᠤᠯᠠᠭᠠᠯᠠᠯᠭ᠎ᠠ ᠶᠢᠨ | ᠬᠤᠭᠤᠯᠠᠢ ᠶᠢ 14 ᠺᠢᠯᠤᠮᠧᠲᠷ ᠤᠷᠳᠤᠳᠬᠠᠵᠤ᠂ ᠲᠠᠯᠠᠪᠠᠢ ᠶᠢ ᠨᠢ 15 ᠲᠦᠮᠡᠨ ᠲᠡᠭᠰᠢ ᠲᠦᠷᠪᠡᠯᠵᠢᠨ ᠮᠧᠲᠷ | ᠦᠷᠬᠡᠳᠬᠡᠨ᠎ᠠ᠃ ᠪᠠᠯᠭᠠᠰᠤᠨ ᠳᠠᠬᠢ 3 ᠲᠤᠭᠤᠰᠬᠠᠨ ᠤ ᠦᠢᠯᠡᠳᠪᠤᠷᠢ ᠵᠢᠴᠢ 1.8 ᠲᠦᠮᠡᠨ ᠲᠡᠭᠰᠢ ᠲᠦᠷᠪᠡᠯᠵᠢᠨ | ᠮᠧᠲᠷ ᠬᠡᠷ ᠪᠠᠶᠢᠰᠢᠩ ᠢ ᠨᠤᠷᠠᠭᠠᠨ ᠨᠡᠬᠦᠯᠬᠡᠬᠦ ᠠᠵᠢᠯ ᠢ ᠪᠠᠶᠠᠯᠠᠬᠦᠯᠤᠨ᠎ᠠ᠃ ᠬᠡᠷ ᠬᠦᠷᠤᠩᠬᠡ ᠭᠠᠵᠡᠷ ᠰᠢᠷᠥᠢ ᠶᠢᠨ | ᠨᠡᠬᠡᠬᠡᠨ ᠠᠰᠢᠭᠯᠠᠯᠳᠠ ᠶᠢᠨ ᠲᠠᠯᠠᠪᠠᠢ ᠶᠢ 24 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠬᠡᠵᠤ᠂ 8100 | ᠲᠡᠭᠰᠢ ᠲᠦᠷᠪᠡᠯᠵᠢᠨ ᠮᠧᠲᠷ ᠤᠨ ᠵᠤᠴᠢᠳ ᠤᠨ ᠪᠠᠭᠤᠳᠠᠯ ᠢ ᠪᠦᠳᠤᠬᠡᠨ ᠪᠠᠶᠢᠭᠤᠯᠤᠨ᠎ᠠ᠃ ᠨᠤᠭᠤᠭᠠᠷᠠᠭᠤᠯᠤᠯᠳᠠ ᠶᠢᠨ | ᠲᠠᠯᠠᠪᠠᠢ ᠶᠢ 14 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠵᠤ᠂ ︽ᠨᠢᠬᠡ ᠵᠠᠬᠡᠯᠢ ᠨᠢᠬᠡ ᠵᠠᠮ︾ ᠤᠨ | ᠴᠠᠬᠢᠯᠭᠠᠨ ᠤᠳᠠᠰᠤ ᠶᠢ ᠭᠠᠵᠡᠷ ᠪᠤᠯᠠᠵᠤ᠂ ᠵᠠᠬᠡᠯᠢ ᠶᠢᠨ ᠳ᠋ᠸᠡᠭ ᠢ ᠰᠢᠨᠡᠳᠬᠡᠨ᠂ ᠭᠤᠤᠯ ᠵᠠᠬᠡᠯᠢ ᠲᠠᠭᠠᠤ ᠠᠰᠠᠷ ᠤᠳ ᠢ | ᠭᠤᠶᠤᠯᠡᠨ ᠴᠢᠮᠡᠭᠯᠡᠨᠠ᠃ ᠰᠢᠨ᠎ᠠ ᠲᠤᠭᠤᠷᠢᠭ ᠤᠨ ᠠᠯᠪᠠᠨ ᠠᠰᠠᠷ ᠪᠠ 9.1 ᠲᠦᠮᠡᠨ ᠲᠡᠭᠰᠢ ᠲᠦᠷᠪᠡᠯᠵᠢᠨ | ᠮᠧᠲᠷ ᠤᠨ ᠶᠠᠷᠤᠩᠬᠡᠶᠢᠯᠡᠭᠰᠡᠨ ᠠᠭᠤᠳᠠᠮ ᠲᠠᠯᠠᠪᠠᠢ ᠤᠨ ᠪᠠᠷᠢᠯᠭ᠎ᠠ ᠶᠢ ᠲᠠᠭᠤᠰᠬᠠᠨ᠂ ᠡᠳᠤᠷ ᠲᠤ 5000 ᠲᠤᠨ | ᠪᠤᠬᠢᠷ ᠤᠰᠤ ᠴᠠᠪᠠᠷᠰᠢᠬᠦᠯᠬᠦ ᠦᠢᠯᠡᠳᠪᠤᠷᠢ ᠪᠠ 45 ᠲᠤᠨ ᠬᠤᠭ ᠨᠤᠪᠰᠢ ᠰᠢᠢᠳᠪᠤᠷᠢᠯᠡᠬᠦ ᠦᠢᠯᠡᠳᠪᠤᠷᠢ ᠶᠢᠨ | ᠪᠠᠷᠢᠯᠭ᠎ᠠ ᠶᠢ ᠡᠬᠢᠯᠡᠬᠦᠯᠤᠨ᠎ᠠ᠃ | ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ ᠶᠠᠪᠤᠴᠠ ᠳᠤ ᠲᠤᠤᠷᠡᠬᠢ ᠬᠡᠳᠤᠨ ᠵᠠᠷᠴᠢᠮ ᠢ ᠰᠠᠶᠢᠳᠤᠷ | ᠵᠢᠷᠤᠮᠯᠠᠨ᠎ᠠ᠃ ᠨᠢᠬᠡ ᠳᠤ᠂ ᠰᠢᠡᠵᠢᠯᠡᠬᠦ ᠤᠬᠠᠭᠠᠡᠴᠢ ᠵᠥᠢ ᠵᠤᠬᠢᠰᠳᠡᠢ ᠲᠦᠯᠤᠪᠵᠢᠬᠦᠯᠬᠡ ᠶᠢ ᠰᠠᠶᠢᠳᠤᠷ ᠬᠢᠨ᠎ᠠ᠃ | ᠬᠤᠳᠠ ᠪᠠᠯᠭᠠᠰᠤᠨ ᠤ ᠪᠠᠭᠳᠠᠭᠠᠮᠵᠢ ᠪᠠ ᠴᠢᠳᠠᠪᠬᠢ ᠶᠢ ᠰᠠᠶᠢᠳᠤᠷ ᠲᠦᠯᠤᠪᠵᠢᠬᠦᠯᠬᠦ ᠪᠠᠷ ᠪᠠᠷᠠᠬᠤ ᠦᠬᠡᠢ ᠬᠤᠳᠠ | ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢᠨ ᠬᠡᠪ ᠨᠠᠮᠪᠠ ᠶᠢ ᠰᠠᠶᠢᠳᠤᠷ ᠲᠤᠭᠳᠠᠭᠠᠨ᠂ ᠲᠠᠯ᠎ᠠ ᠨᠤᠳᠤᠭ ᠤᠨ | ᠤᠡᠴᠠᠯᠢᠭ ᠪᠠ ᠦᠡᠳᠤᠰᠤᠳᠠᠨ ᠤ ᠰᠤᠶᠤᠯ ᠢ ᠲᠤᠪᠤᠶᠢᠯᠭᠠᠬᠤ ᠶᠢᠨ ᠬᠠᠮᠳᠤ ᠦᠪᠡᠷᠮᠢᠴᠠ ᠤᠡᠴᠠᠯᠢᠭ ᠢ ᠨᠢ | ᠬᠠᠳᠠᠭᠠᠯᠠᠨ᠎ᠠ᠃ ᠬᠤᠶᠡᠷ ᠲᠤ᠂ ᠤᠬᠢ ᠰᠢᠯᠢᠳᠡᠭ ᠪᠠᠷᠢᠯᠭ᠎ᠠ ᠶᠢ ᠪᠠᠶᠢᠭᠤᠯᠬᠤ ᠪᠠᠷ ᠴᠢᠷᠮᠠᠶᠢᠨ᠎ᠠ᠃ ᠵᠡᠬᠡᠯᠢ ᠭᠤᠳᠤᠮᠵᠢ᠂ | ᠠᠰᠠᠷ ᠪᠦᠬᠦᠨ ᠢ ᠦᠡᠳᠤᠷ ᠪᠠᠷᠢᠮᠵᠢᠶ᠎ᠠ ᠪᠠᠷ ᠲᠦᠯᠤᠪᠵᠢᠬᠦᠯᠵᠤ᠂ ᠰᠢᠯᠢᠳᠡᠭ ᠶᠠᠰᠤ ᠴᠢᠨᠡᠷ ᠲᠠᠢ ᠪᠠᠷᠢᠨ᠂ ᠰᠤᠳᠤᠨ | ᠪᠠᠷᠢᠯᠭ᠎ᠠ ᠪᠠᠶᠢᠭᠤᠯᠤᠨ᠎ᠠ᠃ ᠭᠤᠷᠪᠡ ᠳᠤ᠂ ᠬᠠᠭᠤᠴᠢᠨ ᠲᠤᠭᠤᠷᠢᠭ ᠢ ᠦᠬᠡᠷᠡᠴᠢᠯᠡᠨ ᠵᠠᠰᠠᠬᠤ ᠪᠠ ᠰᠢᠨ᠎ᠠ | ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠵᠠᠷᠬᠡᠪᠡᠷ ᠠᠳᠬᠤᠨ᠎ᠠ᠃ ᠤᠳᠤᠬᠠᠨ ᠳᠤ᠂ ᠮᠠᠨ ᠤ ᠬᠤᠰᠢᠭᠤᠨ ᠤ | ᠬᠤᠳᠠ ᠪᠠᠯᠭᠠᠰᠤᠨ ᠤ ᠬᠦᠮᠤᠨ ᠠᠮᠨ ᠶᠢᠨ ᠶᠡᠬᠡᠩᠬᠢ ᠨᠢ ᠬᠠᠭᠤᠴᠢᠨ ᠲᠤᠭᠤᠷᠢᠭ ᠲᠤ ᠲᠦᠪᠯᠡᠷᠡᠵᠤ᠂ ᠬᠠᠭᠤᠴᠢᠨ | ᠲᠤᠭᠤᠷᠢᠭ ᠤᠨ ᠦᠬᠡᠷᠡᠴᠢᠯᠡᠨ ᠵᠠᠰᠠᠬᠤ ᠠᠵᠢᠯ ᠢ ᠲᠦᠷᠬᠡᠳᠬᠡᠬᠦ ᠨᠢ ᠬᠤᠳᠠ ᠪᠠᠯᠭᠠᠰᠤᠨ ᠤ ᠪᠦᠳᠤᠬᠡᠨ | ᠪᠠᠶᠢᠭᠤᠯᠤᠯᠳᠠ ᠶᠢᠨ ᠠᠰᠠᠭᠤᠳᠠᠯ ᠪᠤᠯᠬᠤ ᠮᠦᠷᠳᠡᠬᠡᠨ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠠᠰᠠᠭᠤᠳᠠᠯ | ᠪᠤᠯᠤᠨ᠎ᠠ᠃ ᠬᠠᠭᠤᠴᠢᠨ ᠲᠤᠭᠤᠷᠢᠭ ᠤᠨ ᠪᠠᠶᠢᠰᠢᠩ ᠢ ᠨᠤᠷᠠᠭᠠᠵᠤ ᠠᠰᠠᠷ ᠪᠤᠯᠭᠠᠬᠤ ᠠᠵᠢᠯ ᠢ ᠲᠦᠷᠬᠡᠳᠬᠡᠬᠦ ᠶᠢᠨ | ᠬᠠᠮᠳᠤ ᠬᠤᠳᠠ ᠶᠢᠨ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠤᠮᠵᠢ ᠶᠢ ᠪᠦᠷᠢᠡᠰᠢᠬᠦᠯᠵᠤ᠂ ᠨᠤᠭᠤᠭᠠᠷᠠᠭᠤᠯᠤᠯᠳᠠ᠂ | ᠬᠠᠳᠠᠭᠤᠵᠢᠭᠤᠯᠤᠯᠳᠠ᠂ ᠬᠡᠬᠡᠵᠢᠬᠦᠯᠤᠯᠳᠠ ᠪᠠ ᠭᠤᠸᠡᠵᠢᠭᠤᠯᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠂ | ᠤᠯᠡᠨ ᠲᠦᠮᠡᠨ ᠳᠤ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠠ ᠬᠦᠭᠵᠢᠯᠳᠠ ᠶᠢᠨ ᠦᠷ᠎ᠠ ᠪᠦᠳᠤᠮᠵᠢ ᠶᠢ | ᠦᠨᠡᠡᠬᠦ ᠬᠦᠷᠳᠡᠬᠡᠨ᠎ᠠ᠃ ᠲᠦᠷᠪᠡ ᠳᠤ᠂ ᠪᠦᠳᠤᠬᠡᠨ ᠪᠠᠶᠢᠭᠤᠯᠬᠤ ᠪᠠ ᠬᠠᠮᠢᠶᠠᠷᠬᠤ ᠶᠢ ᠵᠠᠷᠬᠡᠪᠡᠷ ᠠᠳᠬᠤᠬᠤ ᠶᠢ | ᠪᠠᠷᠢᠮᠳᠠᠯᠠᠨ᠎ᠠ᠃ ᠬᠤᠳᠠ ᠪᠠᠯᠭᠠᠰᠤᠨ ᠤ ᠬᠠᠮᠢᠶᠠᠷᠤᠯᠳᠠ ᠪᠠ ᠬᠠᠮᠠᠭᠠᠯᠠᠯᠳᠠ ᠶᠢᠨ ᠠᠵᠢᠯ ᠢ ᠤᠯᠠᠮ ᠴᠢᠩᠭᠠᠳᠬᠠᠨ᠂ | ᠤᠯᠠᠨ ᠨᠠᠶᠢᠳᠠ ᠶᠢᠨ ᠲᠦᠬᠦᠬᠡᠷᠤᠮᠵᠢ ᠶᠢ ᠬᠠᠮᠢᠶᠠᠷᠴᠤ ᠬᠠᠮᠠᠭᠠᠯᠠᠬᠤ᠂ ᠤᠷᠴᠢᠨ ᠲᠤᠭᠤᠷᠢᠨ ᠤ ᠡᠷᠡᠬᠦᠯ ᠬᠠᠮᠠᠭᠠᠯᠠᠯ | ᠤᠨ ᠪᠠᠶᠢᠳᠠᠯ ᠢ ᠴᠡᠭᠴᠡᠯᠡᠬᠦ ᠵᠠᠷᠬᠡ ᠲᠠᠯ᠎ᠠ ᠪᠠᠷ ᠬᠢ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠠᠵᠤ᠂ | ᠤᠷᠳᠤ ᠬᠤᠭᠤᠴᠠᠭᠠᠳᠤ ᠬᠠᠮᠢᠶᠠᠷᠤᠯᠳᠠ ᠶᠢᠨ ᠵᠤᠬᠢᠴᠠᠮᠵᠢ ᠶᠢ ᠪᠠᠶᠢᠭᠤᠯᠤᠨ᠂ ᠨᠠᠷᠢᠯᠢᠭ ᠬᠠᠮᠢᠶᠠᠷᠤᠯᠳᠠ ᠶᠢᠨ ᠬᠢᠷᠢ | ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ | ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠤᠯᠠᠮ ᠪᠦᠷᠢᠡᠰᠢᠬᠦᠯᠤᠨ᠎ᠠ᠃ ᠤᠰᠤᠨ ᠠᠰᠢᠭᠯᠠᠯᠳᠠ | ᠶᠢᠨ ᠲᠠᠯ᠎ᠠ ᠪᠠᠷ᠂ ᠴᠠᠭᠠᠨ ᠤᠰᠤᠨ ᠴᠦᠬᠦᠷᠤᠮ ᠢ ᠵᠠᠰᠠᠵᠤ ᠪᠠᠬᠢᠵᠢᠬᠦᠯᠬᠦ ᠢᠡᠵᠧᠨᠧᠷᠢᠩ ᠢ ᠦᠷᠬᠦᠯᠵᠢᠯᠡᠨ ᠰᠠᠶᠢᠳᠤᠷ | ᠬᠡᠷᠡᠭᠵᠢᠬᠦᠯᠬᠦ ᠶᠢᠨ ᠬᠠᠮᠳᠤ ᠦᠬᠡᠷᠡᠴᠢᠯᠡᠨ ᠵᠠᠰᠠᠬᠤ ᠡᠯ᠎ᠠ ᠲᠦᠷᠥᠯ ᠤᠨ ᠪᠡᠯᠡᠳᠬᠡᠯ ᠠᠵᠢᠯ ᠤᠨ ᠠᠬᠢᠴᠠ ᠶᠢ | ᠲᠦᠷᠬᠡᠳᠬᠡᠨ᠂ ᠲᠤᠰ ᠵᠢᠯ ᠳᠤ ᠪᠠᠷᠢᠯᠭ᠎ᠠ ᠶᠢᠨ ᠠᠵᠢᠯ ᠢ ᠲᠠᠭᠤᠰᠬᠠᠬᠤ ᠪᠠᠷ ᠴᠢᠷᠮᠠᠶᠢᠨ᠎ᠠ᠃ ᠴᠡᠬᠢᠯᠭᠠᠨ ᠬᠦᠴᠤᠨ ᠤ | ᠲᠠᠯ᠎ᠠ ᠪᠠᠷ᠂ ᠪᠡᠯᠬᠦᠳᠡᠢ ᠪᠠᠯᠭᠠᠰᠤ ᠠᠴᠠ ᠪᠠᠶᠠᠡᠳᠤᠭ ᠬᠦᠷᠬᠦ 110 ᠺᠢᠯᠤᠸᠤᠯᠲ ᠪᠠ ᠰᠢᠯᠢᠩᠬᠤᠳᠠ ᠠᠴᠠ ᠪᠡᠯᠬᠦᠳᠡᠢ | ᠪᠠᠯᠭᠠᠰᠤ ᠬᠦᠷᠬᠦ 220 ᠺᠢᠯᠤᠸᠤᠯᠲ ᠤᠨ ᠬᠦᠴᠤᠳᠠᠯ ᠬᠤᠪᠢᠰᠬᠠᠬᠤ ᠴᠡᠬᠢᠯᠭᠠᠨ ᠱᠤᠭᠤᠮ ᠢ ᠠᠵᠢᠯ ᠡᠬᠢᠯᠠᠬᠦᠯᠬᠦ ᠪᠠᠷ | ᠴᠢᠷᠮᠠᠶᠢᠵᠤ᠂ ᠲᠦᠷᠥᠯ ᠵᠥᠢᠯ ᠪᠠ ᠪᠡᠯᠨ ᠮᠦᠩᠬᠦ ᠭᠤᠶᠤᠴᠢᠯᠠᠬᠤ ᠡᠷᠴᠢᠮ ᠢᠶᠠᠨ ᠴᠢᠩᠭᠠᠯᠠᠨ᠂ ᠴᠡᠬᠢᠯᠭᠠᠨ | ᠤᠷᠤᠭᠤᠯᠬᠤ ᠪᠠ ᠨᠠᠷᠨ ᠰᠠᠯᠬᠢᠨ ᠤ ᠡᠨᠧᠷᠬᠢ ᠶᠢ ᠠᠰᠢᠭᠯᠠᠬᠤ ᠵᠠᠷᠬᠡ ᠠᠷᠭ᠎ᠠ ᠬᠡᠯᠪᠡᠷᠢ ᠪᠠᠷ 3311 ᠮᠠᠯᠵᠢᠬᠤ | ᠡᠷᠤᠬᠡ ᠶᠢᠨ ᠴᠠᠬᠢᠯᠭᠠᠨ ᠤ ᠠᠰᠠᠭᠤᠳᠠᠯ ᠢ ᠰᠢᠢᠳᠪᠤᠷᠢᠯᠡᠨ᠎ᠠ᠃ ᠵᠠᠰᠠᠮᠠᠯ ᠵᠠᠮ ᠤᠨ ᠲᠠᠯ᠎ᠠ ᠪᠠᠷ᠂ ᠪᠡᠯᠬᠦᠳᠡᠢ ᠪᠠᠯᠭᠠᠰᠤ | ᠠᠴᠠ ᠵᠢᠷᠭᠠᠯᠠᠩᠳᠤ ᠰᠤᠮᠤ ᠬᠦᠷᠬᠦ 168 ᠺᠢᠯᠤᠮᠧᠲᠷ ᠤᠨ ᠴᠡᠷᠳᠠᠮᠠᠯ ᠵᠠᠮ ᠪᠠ ᠰᠠᠩᠰᠠᠨ ᠰᠦᠮ᠎ᠠ ︵ᠤᠤᠯ ᠤᠨ | ᠴᠠᠩᠬᠡᠯᠪᠤᠯᠠᠭ ᠰᠤᠮᠤᠨ ᠤ ᠰᠠᠭᠤᠭ᠎ᠠ ᠭᠠᠵᠡᠷ︶ ᠠᠴᠠ ᠵᠢᠷᠭᠠᠯᠠᠩᠳᠤ ᠰᠤᠮᠤ ᠬᠦᠷᠬᠦ 100 ᠺᠢᠯᠤᠮᠧᠲᠷ ᠤᠨ ᠴᠠᠷᠳᠠᠮᠠᠯ | ᠵᠠᠮ ᠤᠨ ᠪᠦᠳᠤᠬᠡᠨ ᠪᠠᠶᠢᠭᠤᠯᠤᠯᠳᠠ ᠶᠢ ᠲᠠᠭᠤᠰᠬᠠᠨ᠂ ᠰᠤᠮᠤ ᠪᠠᠯᠭᠠᠰᠤ ᠪᠦᠬᠦᠨ ᠳᠤ ᠴᠠᠷᠳᠠᠮᠠᠯ ᠵᠠᠮ ︵ᠱᠦᠢᠨᠠᠢ ᠵᠠᠮ | ︶ ᠨᠠᠪᠳᠠᠷᠡᠬᠦᠯᠬᠦ ᠶᠢ ᠪᠠᠶᠠᠯᠡᠬᠦᠯᠤᠨ᠂ 5 ᠵᠤᠷᠪᠤᠰ ᠨᠠᠶᠢᠳᠠ 109 ᠺᠢᠯᠤᠮᠧᠲᠷ ᠤᠨ ᠭᠠᠴᠠᠭᠠᠨ ᠵᠠᠮ ᠢ ᠲᠠᠪᠢᠰᠤᠨᠠ᠃ | ᠡᠬᠦᠨ ᠤ ᠬᠠᠮᠳᠤ ᠮᠠᠨᠢᠳᠤ ᠨᠠᠬᠦᠷᠡᠰᠤᠨ ᠠᠭᠤᠷᠬᠠᠢ ᠠᠴᠠ ᠷᠡᠰᠢᠶᠠᠨ ᠪᠠᠯᠭᠠᠰᠤ ᠬᠦᠷᠬᠦ 82 ᠺᠢᠯᠤᠮᠧᠲᠷ ᠤᠨ ᠴᠠᠷᠳᠠᠮᠠᠯ | ᠵᠠᠮ ᠢ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠲᠠᠮᠤᠷ ᠵᠠᠮ ᠤᠨ ᠲᠠᠯ᠎ᠠ ᠪᠠᠷ᠂ ᠴᠠᠭᠠᠡᠨᠠᠭᠤᠷ ᠨᠡᠬᠦᠷᠡᠰᠤᠨ | ᠠᠭᠤᠷᠬᠠᠢ ᠠᠴᠠ ᠰᠢᠯᠢᠩᠬᠤᠳᠠ ᠊᠊᠊᠊ ᠰᠠᠩ ᠤᠨ ᠲᠠᠯᠠᠢ ᠶᠢᠨ ᠲᠠᠮᠤᠷ ᠵᠠᠮ ᠬᠦᠷᠬᠦ ᠲᠤᠰᠬᠠᠢ ᠱᠤᠭᠤᠮᠳᠤ ᠲᠠᠮᠤᠷ ᠵᠠᠮ ᠢ | ᠲᠤᠰ ᠵᠢᠯ ᠠᠵᠢᠯ ᠡᠬᠢᠯᠡᠬᠦᠯᠬᠦ ᠶᠢ ᠪᠠᠳᠤᠯᠠᠬᠤ ᠶᠢᠨ ᠬᠠᠮᠳᠤ ᠰᠢᠯᠢᠩᠬᠤᠳᠠ ᠠᠴᠠ ᠡᠷᠢᠶᠠᠨ ᠬᠤᠳᠠ ᠬᠦᠷᠬᠦ ᠲᠠᠮᠤᠷ ᠵᠠᠮ | ᠪᠠ ᠰᠢᠯᠢᠩᠬᠤᠳᠠ ᠠᠴᠠ ᠲᠤᠯᠤᠨ ᠨᠠᠭᠤᠷ ᠬᠦᠷᠬᠦ ᠲᠠᠮᠤᠷ ᠵᠠᠮ ᠤᠨ ᠮᠠᠨ ᠤ ᠬᠤᠰᠢᠭᠤᠨ ᠳᠠᠬᠢ ᠪᠦᠳᠤᠬᠡᠨ | ᠪᠠᠶᠢᠭᠤᠯᠤᠯᠳᠠ ᠶᠢᠨ ᠠᠵᠢᠯ ᠢ ᠪᠦᠬᠦ ᠬᠦᠴᠤᠨ ᠢᠶᠠᠷ ᠲᠠᠮᠵᠢᠨ᠎ᠠ᠃ | ︵ᠲᠠᠪᠤ︶ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠳᠠ ᠶᠢ ᠴᠢᠩᠭᠠᠳᠬᠠᠨ᠂ ᠡᠳ᠋ ᠤᠨ ᠵᠠᠰᠠᠭ᠂ ᠮᠦᠩᠬᠦᠨ | ᠬᠦᠢᠯᠬᠡᠬᠡᠨ ᠤ ᠪᠠᠳᠤᠯᠠᠭ᠎ᠠ ᠶᠢᠨ ᠴᠢᠳᠠᠪᠤᠷᠢ ᠶᠢ ᠲᠡᠬᠡᠭᠰᠢᠯᠡᠬᠦᠯᠤᠨ᠎ᠠ᠃ᠭᠤᠤᠯᠳᠠᠯᠭ᠎ᠠ ᠲᠠᠢ ᠠᠵᠢᠯ ᠪᠠ ᠬᠦᠭᠵᠢᠯᠳᠠ ᠶᠢᠨ | ᠶᠡᠭᠡ ᠲᠠᠯ᠎ᠠ ᠠᠴᠠ ᠡᠬᠦᠰᠴᠤ᠂ ᠡᠳ᠋ ᠤᠨ ᠵᠠᠰᠠᠭ ᠤᠨ ᠬᠦᠴᠤᠨ ᠢᠶᠠᠨ ᠲᠡᠬᠡᠭᠰᠢᠯᠡᠬᠦᠯᠬᠦ ᠬᠠᠷᠢᠭᠤᠴᠠᠯᠭᠠᠳᠤ ᠤᠪᠤᠷ ᠢᠶᠠᠨ | ᠤᠯᠠᠮ ᠴᠢᠩᠭᠠᠳᠬᠠᠵᠤ᠂ ᠡᠳ᠋ ᠤᠨ ᠵᠠᠰᠠᠭ ᠤᠨ ᠰᠡᠳᠬᠢᠴᠠ ᠪᠠᠨ ᠲᠠᠰᠤᠷᠠᠯᠳᠠ ᠦᠬᠡᠢ ᠪᠦᠷᠢᠡᠰᠢᠬᠦᠯᠤᠨ᠂ ᠡᠳ᠋ ᠤᠨ | ᠵᠠᠰᠠᠭ ᠤᠨ ᠠᠵᠢᠯ ᠤᠨ ᠰᠢᠨ᠎ᠠ ᠰᠢᠪᠳᠤᠯᠤᠯᠳᠠ ᠶᠢ ᠪᠠᠶᠠᠯᠡᠬᠦᠯᠬᠦ ᠪᠠᠷ ᠴᠢᠷᠮᠠᠶᠢᠨ᠎ᠠ᠃ | ᠭᠠᠶᠢᠯᠢ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠤᠷᠤᠯᠭ᠎ᠠ ᠶᠢᠨ ᠶᠠᠷᠤᠩᠬᠡᠢ ᠬᠡᠮᠵᠢᠶ᠎ᠠ ᠪᠠ ᠶᠠᠰᠤ ᠴᠢᠨᠠᠷ ᠢ | ᠲᠡᠬᠡᠭᠰᠢᠯᠡᠬᠦᠯᠤᠨ᠎ᠠ᠃ ᠤᠯᠤᠰ ᠤᠨ ᠡᠯ᠎ᠠ ᠲᠦᠷᠥᠯ ᠤᠨ ᠭᠠᠶᠢᠯᠢ ᠶᠢᠨ ᠲᠦᠷᠥ ᠶᠢᠨ ᠪᠤᠳᠤᠯᠭ᠎ᠠ ᠪᠠ ᠤᠳᠤᠬᠠᠨ ᠤ | ᠭᠠᠶᠢᠯᠢ ᠶᠢᠨ ᠢᠷᠠᠯᠳᠠ᠂ ᠰᠢᠨ᠎ᠠ ᠪᠠᠷ ᠨᠡᠮᠡᠭᠳᠡᠬᠦ ᠭᠠᠶᠢᠯᠢ ᠶᠢᠨ ᠢᠷᠠᠯᠳᠠ ᠶᠢᠨ ᠪᠠᠶᠢᠳᠠᠯ ᠢ ᠲᠤᠳᠤᠷᠬᠠᠢ ᠦᠢᠯᠠᠭᠠᠵᠤ᠂ | ᠰᠢᠡᠵᠢᠯᠡᠬᠦ ᠤᠬᠠᠭᠠᠡᠴᠢ ᠪᠠᠷ ᠲᠦᠰᠤᠪᠯᠡᠨ ᠪᠤᠳᠤᠵᠤ᠂ ᠲᠦᠷᠥ ᠶᠢᠨ ᠪᠤᠳᠤᠯᠭ᠎ᠠ ᠶᠢ ᠡᠵᠡᠮᠰᠢᠨ᠂ ᠰᠠᠭᠤᠷᠢ ᠲᠤᠭ᠎ᠠ ᠶᠢ | ᠲᠤᠳᠤᠷᠬᠠᠢ ᠦᠢᠯᠠᠭᠠᠵᠤ᠂ ᠬᠤᠷᠢᠶᠠᠬᠤ ᠵᠤᠬᠢᠰᠳᠡᠢ ᠶᠢ ᠪᠦᠬᠦᠨ ᠢ ᠬᠤᠷᠢᠶᠠᠨ᠎ᠠ᠃ ᠪᠡᠯᠨ ᠤᠷᠤᠭᠤᠯᠤᠯᠳᠠ ᠪᠠᠷ | ᠡᠳ᠋ ᠤᠨ ᠵᠠᠰᠠᠭ ᠤᠨ ᠨᠡᠮᠡᠭᠳᠡᠯ ᠢ ᠠᠬᠢᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠭᠤᠤᠯᠳᠠᠯᠭ᠎ᠠ ᠲᠠᠢ ᠠᠵᠢᠯ | ᠲᠦᠷᠥᠯ᠂ ᠭᠤᠤᠯᠳᠠᠯᠭ᠎ᠠ ᠲᠠᠢ ᠭᠠᠶᠢᠯᠢ ᠶᠢᠨ ᠢᠷᠠᠯᠳᠠ ᠶᠢᠨ ᠬᠢᠨᠡᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠯᠠᠨ᠂ | ᠡᠯ᠎ᠠ ᠲᠦᠷᠥᠯ ᠤᠨ ᠭᠠᠶᠢᠯᠢ ᠰᠦᠢᠳᠬᠡᠯ᠂ ᠡᠳ᠋ ᠤᠨ ᠵᠠᠰᠠᠭ ᠤᠨ ᠴᠢᠨᠠᠷᠳᠡᠢ ᠰᠦᠢᠳᠬᠡᠯ | ᠬᠤᠷᠢᠶᠠᠬᠤᠬᠠᠮᠢᠶᠠᠷᠤᠯᠳᠠ ᠵᠢᠨᠠᠵᠢᠯ ᠢ ᠴᠢᠩᠭᠠᠳᠬᠠᠨ᠎ᠠ᠃ ᠬᠠᠤᠯᠢ ᠶᠤᠰᠤᠭᠠᠷ ᠭᠠᠶᠢᠯᠢ ᠬᠤᠷᠢᠶᠠᠬᠤ ᠪᠠ ᠪᠡᠯᠨ | ᠤᠷᠤᠭᠤᠯᠤᠯᠳᠠ ᠶᠢᠨ ᠤᠷᠴᠢᠨ ᠢ ᠰᠢᠯᠢᠳᠡᠭᠵᠢᠬᠦᠯᠬᠦ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠵᠤ᠂ ᠭᠠᠶᠢᠯᠢ ᠶᠢᠨ | ᠶᠠᠪᠤᠳᠠᠯ ᠳᠤ ᠬᠠᠤᠯᠢ ᠪᠠᠷ ᠬᠢᠨᠡᠯᠳᠡ ᠲᠠᠯᠪᠢᠬᠤ ᠶᠢ ᠴᠢᠩᠭᠠᠳᠬᠠᠨ᠂ ᠭᠠᠶᠢᠯᠢ ᠠᠴᠠ ᠲᠤᠳᠠᠭᠠᠬᠤ ᠵᠠᠷᠬᠡ ᠦᠵᠡᠭᠳᠡᠯ | ᠡᠬᠦᠰᠬᠦ ᠶᠢ ᠴᠢᠩᠭ᠎ᠠ ᠬᠤᠷᠢᠭᠯᠠᠨ᠎ᠠ᠃ ᠡᠳ᠋ ᠤᠨ ᠵᠠᠰᠠᠭ᠂ ᠭᠠᠶᠢᠯᠢ᠂ ᠦᠢᠯᠡᠳᠪᠤᠷᠢ ᠬᠤᠳᠠᠯᠳᠤᠭ᠎ᠠ᠂ ᠭᠠᠵᠡᠷ | ᠰᠢᠷᠥᠢ ᠵᠡᠷᠬᠡ ᠰᠠᠯᠠᠭ᠎ᠠ ᠮᠦᠴᠢᠷ ᠨᠢ ᠬᠠᠷᠢᠯᠴᠠᠭ᠎ᠠ ᠪᠠᠨ ᠴᠢᠩᠭᠠᠳᠬᠠᠨ᠂ ᠭᠠᠶᠢᠯᠢ ᠳᠤ ᠬᠤᠯᠪᠤᠭᠳᠠᠬᠤ ᠮᠡᠳᠡᠭᠡ ᠵᠠᠩᠬᠢ | ᠶᠢ ᠬᠠᠮᠳᠤ ᠪᠠᠷ ᠠᠰᠢᠭᠯᠠᠬᠤ ᠵᠤᠬᠢᠴᠠᠮᠵᠢ ᠶᠢ ᠤᠯᠠᠮ ᠲᠡᠬᠦᠯᠳᠡᠷᠵᠢᠬᠦᠯᠵᠤ᠂ ᠭᠠᠶᠢᠯᠢ ᠰᠦᠢᠳᠬᠡᠯ ᠤᠨ ᠬᠢᠨᠡᠯᠳᠡ | ᠬᠠᠮᠢᠶᠠᠷᠤᠯᠳᠠ ᠶᠢ ᠴᠢᠩᠭᠠᠳᠬᠠᠨ᠎ᠠ᠃ ᠤᠯᠤᠰ ᠠᠴᠠ ᠲᠤᠳᠤᠭᠠᠳᠤ ᠬᠡᠷᠡᠭᠴᠡᠭᠡ ᠶᠢ ᠦᠷᠬᠡᠳᠬᠡᠵᠤ ᠪᠠᠶᠢᠬᠤ ᠲᠤᠬᠢᠶᠠᠯ | ᠢ ᠰᠠᠶᠢᠳᠤᠷ ᠠᠳᠬᠤᠨ᠂ ᠰᠢᠯᠵᠢᠬᠦᠯᠤᠨ ᠲᠦᠯᠤᠪᠤᠷᠢᠯᠡᠬᠦ᠂ ᠲᠤᠰᠬᠠᠢ ᠲᠦᠷᠥᠯ ᠤᠨ ᠨᠦᠬᠦᠪᠤᠷᠢ᠂ ᠲᠦᠷᠥᠯ ᠵᠥᠢᠯ ᠢ | ᠢᠵᠢ ᠪᠦᠷᠢᠳᠤᠬᠦᠯᠬᠦ᠂ ᠪᠠᠩᠬᠢ ᠶᠢᠨ ᠵᠢᠬᠡᠯᠡᠯᠬᠡ ᠵᠠᠷᠬᠡ ᠲᠠᠯ᠎ᠠ ᠠᠴᠠ ᠭᠠᠷᠳᠠᠵᠤ᠂ ᠪᠡᠯᠨ ᠮᠦᠩᠬᠦ ᠭᠤᠶᠤᠴᠢᠯᠠᠬᠤ | ᠡᠷᠴᠢᠮ ᠢᠶᠠᠨ ᠦᠨᠡᠡᠬᠦ ᠴᠢᠩᠭᠠᠯᠠᠨ᠎ᠠ᠃ | ᠵᠠᠷᠤᠯᠭ᠎ᠠ ᠶᠢᠨ ᠪᠦᠳᠤᠴᠠ ᠶᠢ ᠲᠤᠬᠢᠷᠠᠭᠤᠯᠤᠨ ᠰᠢᠯᠢᠳᠡᠭᠵᠢᠬᠦᠯᠵᠤ᠂ ᠭᠤᠤᠯᠳᠠᠯᠭ᠎ᠠ ᠲᠠᠢ ᠵᠠᠷᠤᠳᠠᠯ ᠢ ᠪᠠᠳᠤᠯᠠᠨ᠎ᠠ᠃ | ᠺᠠᠳᠠᠷ ᠠᠵᠢᠯᠳᠠᠨ ᠤ ᠴᠠᠯᠢᠩ ᠢ ᠴᠠᠭ ᠲᠤᠬᠠᠢ ᠳᠤᠨᠢ ᠤᠯᠭᠤᠬᠤ ᠪᠠ ᠬᠡᠪ ᠤᠨ ᠨᠡᠮᠡᠭᠳᠡᠯ ᠢ ᠪᠠᠳᠤᠯᠠᠬᠤ ᠶᠢᠨ ᠬᠠᠮᠳᠤ | ᠰᠤᠷᠭᠠᠨ ᠬᠦᠮᠤᠵᠢᠯ᠂ ᠡᠮ ᠡᠮᠨᠡᠯᠬᠡ᠂ ᠨᠠᠶᠢᠬᠡᠮ ᠤᠨ ᠪᠠᠳᠤᠯᠠᠭ᠎ᠠ ᠪᠠ ᠰᠠᠭᠤᠷᠢ ᠲᠦᠬᠦᠬᠡᠷᠤᠮᠵᠢ ᠵᠠᠷᠬᠡ ᠭᠤᠤᠯᠳᠠᠯᠭ᠎ᠠ | ᠲᠠᠢ ᠤᠯᠠᠨ ᠨᠠᠶᠢᠳᠠ ᠶᠢᠨ ᠵᠠᠷᠤᠳᠠᠯ ᠢ ᠴᠢᠬᠤᠯᠠᠴᠢᠯᠡᠨ᠂ ᠶᠠᠳᠠᠷᠠᠭᠤ ᠬᠦᠮᠤᠰ ᠢ ᠬᠠᠯᠠᠮᠵᠢᠯᠠᠨ ᠲᠠᠮᠵᠢᠬᠦ ᠡᠷᠴᠢᠮ ᠢᠶᠠᠨ | ᠦᠷᠬᠦᠯᠵᠢᠯᠡᠨ ᠴᠢᠩᠭᠠᠳᠬᠠᠨ᠎ᠠ᠃ ᠮᠠᠯᠵᠢᠬᠤ ᠦᠢᠯᠡᠳᠪᠤᠷᠢᠯᠡᠯ ᠢ ᠲᠠᠮᠵᠢᠬᠦ ᠪᠡᠯᠨ ᠤᠷᠤᠭᠤᠯᠤᠯᠳᠠ ᠪᠠ ᠪᠡᠯᠨ ᠮᠦᠩᠬᠦ | ᠶᠢ ᠨᠢᠬᠡᠳᠬᠡᠨ ᠬᠡᠷᠡᠭᠯᠡᠬᠦ ᠡᠷᠴᠢᠮ ᠢᠶᠠᠨ ᠤᠯᠠᠮ ᠴᠢᠩᠭᠠᠯᠠᠵᠤ᠂ ᠮᠠᠯᠴᠢᠳ ᠤᠨ ᠦᠢᠯᠡᠳᠪᠤᠷᠢᠯᠡᠯ ᠠᠮᠢᠳᠤᠷᠡᠯ ᠤᠨ | ᠨᠦᠬᠦᠴᠡᠯ ᠢ ᠰᠠᠶᠢᠵᠢᠷᠠᠭᠤᠯᠬᠤ ᠪᠠᠷ ᠴᠢᠷᠮᠠᠶᠢᠨ᠂ ᠠᠷᠪᠢᠯᠡᠨ ᠭᠠᠮᠨᠠᠬᠤ ᠤᠬᠠᠮᠰᠠᠷ ᠢ ᠴᠢᠩᠭ᠎ᠠ ᠵᠢᠷᠤᠮᠯᠠᠨ᠂ ᠡᠯ᠎ᠠ | ᠲᠦᠷᠥᠯ ᠤᠨ ᠡᠳ᠋ ᠤᠨ ᠵᠠᠰᠠᠭ ᠤᠨ ᠵᠠᠷᠤᠯᠭ᠎ᠠ ᠶᠢ ᠵᠤᠬᠢᠰᠳᠡᠢ ᠬᠢᠵᠠᠭᠠᠷᠯᠠᠨ᠂ ᠬᠡᠮᠵᠢᠶ᠎ᠠ ᠲᠠᠢ ᠪᠡᠯᠨ ᠮᠦᠩᠬᠦ ᠶᠢ ᠬᠠᠮᠤᠭ | ᠴᠢᠬᠤᠯᠠᠳᠡᠢ ᠭᠠᠵᠡᠷ ᠨᠢ ᠬᠡᠷᠡᠭᠯᠠᠵᠤ᠂ ᠤᠯᠤᠰ ᠤᠨ ᠡᠳ᠋ ᠬᠦᠷᠤᠩᠬᠡ ᠶᠢᠨ ᠬᠠᠮᠢᠶᠠᠷᠤᠯᠳᠠ ᠶᠢ ᠤᠯᠠᠮ ᠴᠢᠩᠭᠠᠳᠬᠠᠨ᠂ | ᠬᠡᠬᠡᠭᠳᠠᠵᠤ ᠬᠤᠬᠢᠷᠠᠬᠤ ᠠᠴᠠ ᠰᠡᠷᠬᠡᠶᠢᠯᠡᠨ᠂ ᠠᠰᠢᠭᠯᠠᠯᠳᠠ ᠶᠢᠨ ᠨᠤᠷᠮ᠎ᠠ ᠶᠢ ᠨᠢ ᠲᠡᠬᠡᠭᠰᠢᠯᠡᠬᠦᠯᠤᠨ᠎ᠠ᠃ | ᠡᠳ᠋ ᠤᠨ ᠵᠠᠰᠠᠭ ᠤᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ | ᠬᠠᠮᠢᠶᠠᠷᠬᠤ ᠬᠢᠷᠢ ᠲᠦᠪᠰᠢᠨ ᠢᠶᠠᠨ ᠲᠡᠬᠡᠭᠰᠢᠯᠡᠬᠦᠯᠤᠨ᠎ᠠ᠃ ᠤᠷᠤᠯᠭ᠎ᠠ ᠵᠠᠷᠤᠯᠭ᠎ᠠ ᠶᠢᠨ ᠬᠤᠶᠡᠷ ᠱᠤᠭᠤᠮᠳᠤ | ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠡᠳ᠋ ᠤᠨ ᠶᠠᠪᠤᠳᠠᠯ ᠤᠨ ᠲᠦᠷᠢᠮ ᠤᠨ ᠬᠠᠮᠢᠶᠠᠷᠤᠯᠳᠠ ᠪᠠ | ᠲᠤᠰᠬᠠᠢ ᠲᠦᠷᠤᠯᠳᠤ ᠪᠡᠯᠨ ᠮᠦᠩᠬᠦᠨ ᠤ ᠬᠠᠮᠢᠶᠠᠷᠤᠯᠳᠠ ᠶᠢ ᠴᠢᠩᠭᠠᠳᠬᠠᠨ᠂ ᠲᠦᠪ ᠤᠨ ᠲᠤᠳᠤᠭᠠᠳᠤ | ᠬᠡᠷᠡᠭᠴᠡᠭᠡ ᠶᠢ ᠦᠷᠬᠡᠳᠬᠡᠬᠦ ᠪᠡᠯᠨ ᠤᠷᠤᠭᠤᠯᠤᠯᠳᠠ ᠶᠢᠨ ᠲᠤᠰᠬᠠᠢ ᠪᠡᠯᠨ ᠮᠦᠩᠬᠦ ᠶᠢ ᠲᠤᠰᠬᠠᠢ ᠬᠡᠷᠡᠭᠯᠡᠬᠦ ᠶᠢ | ᠪᠠᠳᠤᠯᠠᠨ᠎ᠠ᠃ ᠬᠢᠨᠡᠨ ᠪᠤᠳᠤᠬᠤ ᠠᠵᠢᠯ ᠤᠨ ᠠᠵᠤ ᠠᠬᠤᠢ ᠶᠢᠨ ᠬᠦᠭᠵᠢᠯᠳᠠ ᠳᠠᠬᠢ ᠴᠢᠬᠤᠯᠨ ᠦᠢᠯᠡᠳᠤᠯ ᠢ | ᠬᠦᠢᠴᠡᠳ ᠪᠠᠳᠠᠷᠠᠭᠤᠯᠵᠤ᠂ ᠲᠤᠰᠬᠠᠢ ᠲᠦᠷᠤᠯᠳᠤ ᠪᠡᠯᠨ ᠮᠦᠩᠬᠦ ᠪᠠ ᠵᠠᠰᠠᠭ ᠤᠨ ᠤᠷᠳᠤᠨ ᠤ ᠪᠡᠯᠨ | ᠤᠷᠤᠭᠤᠯᠤᠭᠰᠡᠨ ᠲᠦᠷᠥᠯ ᠵᠥᠢᠯ ᠢ ᠬᠢᠨᠡᠨ ᠪᠤᠳᠤᠬᠤ ᠠᠵᠢᠯ ᠢᠶᠠᠨ ᠦᠷᠬᠦᠯᠵᠢᠯᠡᠨ ᠴᠢᠩᠭᠠᠳᠬᠠᠵᠤ᠂ ᠪᠡᠯᠨ | ᠮᠦᠩᠬᠦᠨ ᠤ ᠦᠷ᠎ᠠ ᠠᠰᠢᠭ ᠢ ᠪᠠᠳᠠᠷᠠᠭᠤᠯᠤᠨ᠂ ᠬᠢᠨᠡᠨ ᠪᠤᠳᠤᠭᠰᠡᠨ ᠰᠢᠢᠳᠪᠤᠷᠢ ᠶᠢ ᠨᠠᠶᠢᠳᠠᠪᠤᠷᠢᠵᠢᠭᠤᠯᠬᠤ ᠡᠷᠴᠢᠮ | ᠢᠶᠠᠨ ᠴᠢᠩᠭᠠᠯᠠᠵᠤ᠂ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠢ ᠡᠷᠡᠰ ᠢᠶᠠᠷ ᠵᠠᠰᠠᠨ ᠴᠡᠭᠴᠡᠯᠡᠨ᠎ᠠ᠃ ᠮᠦᠩᠬᠦᠨ | ᠬᠦᠢᠯᠬᠡᠬᠡᠨ ᠤ ᠠᠵᠢᠯ ᠢ ᠲᠠᠮᠵᠢᠵᠤ᠂ ᠪᠡᠩᠬᠢ ᠪᠠ ᠠᠵᠤ ᠠᠬᠤᠶᠢᠯᠡᠯ ᠤᠨ ᠬᠤᠷᠰᠢᠯᠴᠠᠭ᠎ᠠ ᠶᠢ ᠢᠳᠡᠪᠬᠢᠳᠡᠢ | ᠠᠬᠢᠭᠤᠯᠤᠨ᠂ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠠ᠂ ᠶᠠᠳᠠᠭᠤ ᠶᠢ | ᠲᠡᠳᠬᠦᠬᠦ ᠠᠵᠢᠯ ᠪᠠ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠠ ᠳᠤ ᠵᠢᠬᠡᠯᠡᠯᠬᠡ ᠶᠢᠨ | ᠲᠠᠮᠵᠢᠯᠬᠡ ᠪᠠ ᠪᠡᠯᠨ ᠮᠦᠩᠬᠦᠨ ᠤ ᠪᠠᠳᠤᠯᠠᠭ᠎ᠠ ᠬᠠᠩᠭᠠᠨ᠎ᠠ᠃ | ︵ᠵᠢᠷᠭᠤᠭ᠎ᠠ︶ ᠠᠷᠡᠳ ᠤᠨ ᠠᠮᠢᠳᠤᠷᠡᠯ ᠢ ᠰᠠᠶᠢᠵᠢᠷᠠᠭᠤᠯᠵᠤ᠂ ᠨᠠᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ | ᠠᠬᠢᠭᠤᠯᠤᠨ᠎ᠠ᠃ ᠠᠵᠤ ᠠᠬᠤᠢ ᠶᠢᠨ ᠲᠦᠷᠬᠡᠨ ᠬᠦᠭᠵᠢᠯᠳᠠ ᠶᠢ ᠠᠬᠢᠭᠤᠯᠬᠤ ᠶᠢᠨ ᠬᠠᠮᠳᠤ ᠠᠷᠡᠳ ᠤᠨ ᠠᠮᠢᠳᠤᠷᠡᠯ | ᠢ ᠨᠠᠩ ᠬᠠᠯᠠᠮᠵᠢᠯᠠᠵᠤ᠂ ᠨᠠᠶᠢᠬᠡᠮ ᠤᠨ ᠠᠵᠢᠯ ᠦᠢᠯᠡᠰ ᠤᠨ ᠵᠤᠬᠢᠴᠠᠩᠭᠤᠢ ᠬᠦᠭᠵᠢᠯᠳᠠ ᠶᠢ ᠴᠤ ᠴᠢᠬᠤᠯᠠᠴᠢᠯᠠᠨ | ᠂ ᠠᠷᠡᠳ ᠲᠦᠮᠡᠨ ᠤ ᠬᠠᠮᠤᠭ ᠤᠨ ᠰᠠᠨᠠᠭ᠎ᠠ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠤᠳᠠᠳᠤ | ᠠᠰᠢᠭ ᠲᠤᠰᠠ ᠲᠠᠢ ᠨᠢ ᠬᠤᠯᠪᠤᠭᠳᠠᠬᠤ ᠠᠰᠠᠭᠤᠳᠠᠯ ᠢ ᠰᠠᠶᠢᠳᠤᠷ ᠰᠢᠢᠳᠪᠤᠷᠢᠯᠡᠨ᠎ᠠ᠃ | ᠨᠠᠶᠢᠬᠡᠮ ᠤᠨ ᠪᠠᠳᠤᠯᠠᠭᠠᠨ ᠤ ᠰᠢᠰᠲ᠋ᠧᠮ ᠢ ᠪᠦᠷᠢᠡᠰᠢᠬᠦᠯᠤᠨ᠂ ᠬᠤᠳᠠ ᠬᠦᠳᠡᠭᠡ ᠶᠢᠨ ᠰᠠᠭᠤᠭᠠᠯᠢ ᠠᠷᠡᠳ ᠤᠨ | ᠤᠷᠤᠯᠭ᠎ᠠ ᠶᠢ ᠲᠡᠬᠡᠭᠰᠢᠯᠡᠬᠦᠯᠬᠦ ᠪᠠᠷ ᠴᠢᠷᠮᠠᠶᠢᠨ᠎ᠠ᠃ ᠠᠵᠢᠯ ᠤᠯᠭᠤᠬᠤ ᠠᠷᠭ᠎ᠠ ᠵᠠᠮ ᠢ ᠤᠯᠠᠮ ᠦᠷᠬᠡᠳᠬᠡᠨ᠂ | ᠠᠵᠢᠯ ᠤᠨ ᠪᠠᠶᠢᠷᠢ ᠴᠤᠭᠯᠠᠭᠤᠯᠬᠤ ᠠᠵᠢᠯ ᠢ ᠭᠤᠤᠯ ᠲᠦᠷᠥᠯ ᠵᠥᠢᠯ᠂ ᠭᠤᠤᠯᠳᠠᠯᠭᠠᠳᠤ ᠠᠵᠤ ᠠᠬᠤᠶᠢᠯᠡᠯ ᠤᠨ | ᠪᠡᠯᠡᠳᠬᠡᠯ ᠤᠨ ᠱᠠᠳᠤ ᠠᠴᠠ ᠠᠰᠢᠭᠯᠠᠯᠳᠠ ᠳᠤ ᠤᠷᠤᠬᠤ ᠬᠦᠷᠳᠡᠯᠡᠬᠢ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ | ᠲᠤᠮᠳᠠ ᠪᠠᠭ᠎ᠠ ᠠᠵᠤ ᠠᠬᠤᠶᠢᠯᠡᠯ ᠤᠨ ᠬᠦᠭᠵᠢᠯᠳᠠ ᠶᠢ ᠦᠷᠬᠦᠯᠵᠢᠯᠡᠨ ᠲᠠᠮᠵᠢᠵᠤ᠂ ᠪᠤᠯᠪᠠᠰᠤᠷᠡᠯ ᠬᠦᠷᠳᠡᠬᠡᠬᠦ ᠪᠠ | ᠪᠠᠭ᠎ᠠ ᠬᠡᠮᠵᠢᠶᠠᠨ ᠤ ᠵᠢᠬᠡᠯᠡᠯᠬᠡ ᠬᠠᠩᠭᠠᠬᠤ ᠵᠤᠬᠢᠴᠠᠮᠵᠢ ᠶᠢ ᠤᠯᠠᠮ ᠲᠡᠬᠦᠯᠳᠡᠷᠵᠢᠬᠦᠯᠤᠨ᠂ ᠦᠪᠡᠷᠳᠡᠬᠡᠨ ᠦᠢᠯᠡᠰ | ᠪᠦᠳᠤᠬᠡᠬᠦ ᠶᠢ ᠵᠤᠷᠢᠭᠵᠢᠭᠤᠯᠤᠨ᠂ ᠠᠵᠢᠯᠯᠠᠬᠤ ᠪᠠᠶᠢᠷᠢ ᠤᠯᠤᠭ᠎ᠠ ᠦᠬᠡᠢ ᠬᠡᠷ ᠪᠦᠯᠢ ᠶᠢ ᠬᠠᠪᠰᠤᠷᠤᠨ ᠲᠠᠮᠵᠢᠬᠦ | ᠤᠷᠳᠤ ᠬᠤᠭᠤᠴᠠᠭᠠᠳᠤ ᠵᠤᠬᠢᠴᠠᠮᠵᠢ ᠶᠢ ᠦᠷᠬᠦᠯᠵᠢᠯᠡᠨ ᠪᠦᠷᠢᠡᠰᠢᠬᠦᠯᠤᠨ᠎ᠠ᠃ ᠡᠨ᠋ᠨ ᠵᠢᠯ᠂ 5000 ᠠᠵᠢᠯ ᠤᠨ | ᠪᠠᠶᠢᠷᠢ ᠴᠤᠭᠯᠠᠭᠤᠯᠵᠤ᠂ 2000 ᠬᠦᠮᠤᠨ ᠢ ᠤᠷᠤᠡᠰᠢᠭᠤᠯᠬᠤ ᠪᠠᠷ ᠴᠢᠷᠮᠠᠶᠢᠨ᠎ᠠ᠃ ᠬᠦᠳᠡᠯᠮᠤᠷᠢ ᠶᠢᠨ ᠬᠢᠨᠡᠨ | ᠪᠠᠶᠢᠴᠠᠭᠠᠯᠳᠠ ᠶᠢᠨ ᠬᠠᠤᠯᠢ ᠬᠡᠷᠡᠭᠵᠢᠬᠦᠯᠬᠦ ᠡᠷᠴᠢᠮ ᠢᠶᠠᠨ ᠦᠨᠡᠡᠬᠦ ᠴᠢᠩᠭᠠᠯᠠᠨ᠂ ᠠᠵᠤ ᠠᠬᠤᠶᠢᠯᠡᠯ ᠤᠡᠴᠤᠭᠤᠶᠢᠯᠠᠨ | ᠪᠠᠷᠢᠯᠭ᠎ᠠ ᠶᠢᠨ ᠠᠵᠤ ᠠᠬᠤᠶᠢᠯᠡᠯ ᠠᠴᠠ ᠬᠦᠳᠠᠯᠮᠤᠷᠢ ᠶᠢᠨ ᠪᠠᠳᠤᠯᠠᠭᠠᠨ ᠤ ᠮᠦᠩᠬᠦ ᠶᠢ ᠬᠦᠢᠴᠡᠳ ᠬᠤᠷᠢᠶᠠᠵᠤ᠂ | ᠬᠦᠳᠡᠯᠮᠤᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠬᠤᠳᠠ ᠬᠦᠳᠡᠭᠡ ᠶᠢ ᠬᠠᠮᠤᠷᠤᠭᠰᠡᠨ | ᠨᠠᠶᠢᠬᠡᠮ ᠤᠨ ᠪᠠᠳᠤᠯᠠᠭᠠᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠂ 2009 ᠤᠨ ᠳᠤ ᠪᠡᠯᠬᠦᠳᠡᠢ | ᠪᠠᠯᠭᠠᠰᠤᠨ ᠳᠤ ᠮᠠᠯᠵᠢᠬᠤ ᠤᠷᠤᠨ ᠤ ᠰᠢᠨ᠎ᠠ ᠬᠡᠯᠪᠡᠷᠢ ᠶᠢᠨ ᠨᠠᠰᠤᠵᠢᠯ ᠤᠨ ᠲᠠᠭᠠᠳᠬᠠᠯ ᠤᠨ ᠲᠤᠷᠰᠢᠯᠳᠠ ᠶᠢᠨ | ᠴᠢᠭ᠋ ᠤᠨ ᠠᠵᠢᠯ ᠦᠷᠨᠢᠬᠦᠯᠦᠭᠰᠡᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠲᠡᠬᠡᠷ᠎ᠠ ᠰᠢᠨ᠎ᠠ ᠪᠠᠷ 2 ᠰᠤᠮᠤ | ᠪᠠᠯᠭᠠᠰᠤᠨ ᠳᠤ ᠲᠤᠷᠰᠢᠯᠳᠠ ᠶᠢᠨ ᠴᠢᠭ᠋ ᠤᠨ ᠠᠵᠢᠯ ᠢ ᠦᠷᠨᠢᠬᠦᠯᠤᠨ᠎ᠠ᠃ ᠡᠯ᠎ᠠ ᠲᠦᠷᠥᠯ ᠤᠨ ᠴᠠᠯᠢᠩ ᠦᠰᠬᠡᠬᠦ | ᠲᠦᠷᠥ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠺᠠᠳᠠᠷ ᠠᠵᠢᠯᠳᠠᠨ ᠤ ᠴᠠᠯᠢᠩ ᠢ ᠦᠷᠬᠦᠯᠵᠢᠯᠡᠨ | ᠨᠡᠮᠡᠭᠳᠡᠬᠦᠯᠤᠨ᠂ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠮᠦᠩᠬᠦ᠂ | ᠬᠢᠮᠳᠠ ᠲᠦᠷᠢᠶᠠᠰᠤᠨ ᠬᠡᠷ ᠤᠨ ᠨᠦᠬᠦᠪᠤᠷᠢ ᠵᠠᠷᠬᠡ ᠡᠯ᠎ᠠ ᠲᠦᠷᠥᠯ ᠤᠨ ᠨᠦᠬᠦᠪᠤᠷᠢ ᠮᠦᠩᠬᠦ ᠶᠢ ᠴᠠᠭ ᠲᠤᠬᠠᠢ | ᠳᠤᠨᠢ ᠤᠯᠭᠤᠨ᠎ᠠ᠃ | ᠨᠠᠶᠢᠬᠡᠮ ᠤᠨ ᠠᠵᠢᠯ ᠦᠢᠯᠡᠰ ᠤᠨ ᠬᠦᠭᠵᠢᠯᠳᠠ ᠶᠢ ᠲᠦᠷᠬᠡᠳᠬᠡᠨ᠂ ᠤᠯᠠᠨ ᠨᠠᠶᠢᠳᠠ ᠶᠢᠨ ᠦᠢᠯᠡᠴᠢᠯᠡᠬᠡᠨ ᠤ | ᠴᠢᠳᠠᠪᠤᠷᠢ ᠶᠢ ᠲᠡᠬᠡᠭᠰᠢᠯᠡᠬᠦᠯᠤᠨ᠎ᠠ᠃ ᠪᠠᠷᠢᠮᠵᠢᠶᠠᠵᠢᠭᠰᠡᠨ ᠲᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠵᠤ᠂ ᠭᠤᠷᠪᠡᠳᠤᠭᠠᠷ ᠪᠠᠭ᠎ᠠ ᠰᠤᠷᠭᠠᠭᠤᠯᠢ ᠪᠠ ᠮᠤᠩᠭᠤᠯ ᠪᠠᠭ᠎ᠠ ᠰᠤᠷᠭᠠᠭᠤᠯᠢ ᠶᠢ ᠨᠠᠶᠢᠯᠡᠬᠦᠯᠤᠨ᠂ | 1.3 ᠲᠦᠮᠡᠨ ᠲᠡᠭᠰᠢ ᠲᠦᠷᠪᠡᠯᠵᠢᠨ ᠮᠧᠲᠷ ᠤᠨ ᠦᠡᠳᠤᠰᠤᠳᠠᠨ ᠤ ᠶᠠᠷᠤᠩᠬᠡᠶᠢᠯᠡᠭᠰᠡᠨ ᠪᠠᠭ᠎ᠠ ᠰᠤᠷᠭᠠᠭᠤᠯᠢ ᠶᠢ | ᠪᠠᠶᠢᠭᠤᠯᠬᠤ ᠪᠠᠷ ᠲᠦᠯᠤᠪᠯᠡᠵᠤ ᠪᠠᠶᠢᠨ᠎ᠠ᠃ ᠨᠠᠶᠢᠳᠠ 1 ᠲᠦᠮᠡᠨ ᠲᠡᠭᠰᠢ ᠲᠦᠷᠪᠡᠯᠵᠢᠨ ᠮᠧᠲᠷ ᠤᠨ ᠬᠤᠶᠠᠳᠤᠭᠠᠷ | ᠪᠠᠭ᠎ᠠ ᠰᠤᠷᠭᠠᠭᠤᠯᠢ ᠶᠢᠨ ᠲᠤᠷᠰᠢᠯᠳᠠ ᠶᠢᠨ ᠠᠰᠠᠷ᠂ ᠮᠤᠩᠭᠤᠯ ᠲᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠳᠠ ᠶᠢᠨ ᠠᠰᠠᠷ ᠪᠠ ᠲᠤᠷᠰᠢᠯᠳᠠ ᠶᠢᠨ ᠠᠰᠠᠷ ᠢ ᠰᠢᠨ᠎ᠠ ᠪᠠᠷ ᠪᠠᠶᠢᠭᠤᠯᠤᠨ᠎ᠠ︔ ᠬᠢᠳᠡᠳ ᠢᠶᠠᠷ ᠬᠢᠴᠢᠶᠠᠯᠯᠠᠬᠦ | ᠠᠯᠪᠠᠨ ᠠᠴᠠ ᠡᠷᠬᠢᠯᠡᠭᠰᠡᠨ ᠴᠡᠴᠡᠷᠯᠢᠭ ᠢ ᠪᠠᠶᠢᠭᠤᠯᠵᠤ᠂ ᠬᠤᠰᠢᠭᠤᠨ ᠳᠤ ᠬᠢᠳᠡᠳ ᠢᠶᠠᠷ ᠬᠢᠴᠢᠶᠠᠯᠯᠠᠬᠦ ᠠᠯᠪᠠᠨ ᠠᠴᠠ | ᠡᠷᠬᠢᠯᠡᠭᠰᠡᠨ ᠴᠡᠴᠡᠷᠯᠢᠭ ᠦᠬᠡᠢ ᠠᠰᠠᠭᠤᠳᠠᠯ ᠢ ᠰᠢᠢᠳᠪᠤᠷᠢᠯᠡᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠡᠯ | ᠢ ᠤᠯᠠᠮ ᠰᠠᠶᠢᠵᠢᠷᠠᠭᠤᠯᠵᠤ᠂ 1 ᠲᠦᠮᠡᠨ ᠲᠡᠭᠰᠢ ᠲᠦᠷᠪᠡᠯᠵᠢᠨ ᠮᠧᠲᠷ ᠤᠨ ᠪᠠᠷᠢᠮᠵᠢᠶᠠᠵᠢᠭᠰᠡᠨ ᠡᠮᠨᠡᠯᠬᠡ ᠶᠢᠨ | ᠬᠤᠷᠢᠶ᠎ᠠ ᠶᠢ ᠰᠢᠨ᠎ᠠ ᠪᠠᠷ ᠪᠠᠶᠢᠭᠤᠯᠤᠨ᠂ ᠲᠠᠷᠢᠬᠦᠨ ᠤ ᠡᠮᠴᠢᠯᠡᠬᠡᠨ ᠤ ᠲᠦᠬᠦᠬᠡᠷᠤᠮᠵᠢ ᠶᠢ ᠲᠤᠬᠢᠷᠠᠭᠤᠯᠵᠤ᠂ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠪᠠ ᠡᠮᠴᠢᠯᠡᠬᠡᠨ ᠤ ᠲᠤᠰᠬᠠᠢ ᠮᠠᠷᠬᠡᠵᠢᠯ ᠤᠨ ᠪᠠᠶᠢᠭᠤᠯᠤᠮᠵᠢ ᠶᠢᠨ ᠬᠠᠮᠢᠶᠠᠷᠤᠯᠳᠠ ᠶᠢ | ᠴᠢᠩᠭᠠᠳᠬᠠᠨ᠂ ᠡᠮᠴᠢᠯᠡᠬᠡᠨ ᠤ ᠲᠤᠰᠬᠠᠢ ᠮᠠᠷᠬᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ ᠪᠠ | ᠪᠤᠯᠪᠠᠰᠤᠷᠠᠭᠤᠯᠬᠤ ᠠᠵᠢᠯ ᠢ ᠰᠠᠶᠢᠳᠤᠷ ᠬᠢᠵᠤ᠂ ᠦᠢᠯᠡᠴᠢᠯᠡᠬᠡᠨ ᠤ ᠬᠢᠷᠢ ᠲᠦᠪᠰᠢᠨ ᠢ ᠨᠢ ᠲᠡᠬᠡᠭᠰᠢᠯᠡᠬᠦᠯᠤᠨ᠎ᠠ᠃ | ᠬᠦᠮᠤᠨ ᠠᠮᠨ ᠪᠠ ᠲᠦᠯᠤᠪᠯᠡᠬᠡᠳᠤ ᠦᠷᠡᠵᠢᠯ ᠤᠨ ᠠᠵᠢᠯ ᠢ ᠯᠠᠪᠳᠠᠭᠤᠨ ᠠᠬᠢᠭᠤᠯᠵᠤ᠂ ᠠᠷᠭ᠎ᠠ ᠪᠦᠬᠦᠨ ᠢ | ᠰᠦᠪᠡᠭᠴᠢᠯᠡᠨ ᠲᠤᠤᠷ᠎ᠠ ᠦᠷᠡᠵᠢᠯ ᠤᠨ ᠲᠦᠪᠰᠢᠨ ᠢ ᠪᠠᠳᠤᠯᠠᠨ᠎ᠠ᠃ ᠰᠤᠶᠤᠯ ᠪᠠᠶ᠎ᠠ ᠲᠠᠮᠢᠷ ᠤᠨ ᠦᠢᠯᠡᠰ ᠤᠨ | ᠬᠦᠭᠵᠢᠯᠳᠠ ᠶᠢ ᠲᠦᠷᠬᠡᠳᠬᠡᠨ᠂ ᠰᠤᠶᠤᠯ ᠪᠠᠶ᠎ᠠ ᠲᠠᠮᠢᠷ ᠤᠨ ᠬᠦᠳᠡᠯᠬᠡᠬᠡᠨ ᠢ ᠦᠷᠬᠡᠨ ᠲᠡᠯᠬᠡᠷᠡᠩᠬᠦᠢ ᠦᠷᠨᠢᠬᠦᠯᠵᠤ᠂ | ᠤᠯᠠᠨ ᠳᠦᠮᠡᠨ ᠤ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠤᠨ᠂ ᠲᠤᠰ ᠵᠢᠯ ᠳᠤ 7100 ᠲᠡᠭᠰᠢ ᠲᠦᠷᠪᠡᠯᠵᠢᠨ | ᠮᠧᠲᠷ ᠤᠨ ᠰᠤᠶᠤᠯ ᠤᠬᠠᠭᠤᠯᠭ᠎ᠠ ᠶᠢᠨ ᠲᠦᠪ ᠢ ᠠᠰᠢᠭᠯᠠᠯᠳᠠ ᠳᠤ ᠤᠷᠤᠭᠤᠯᠤᠨ᠎ᠠ᠃ | ᠤᠯᠠᠨ ᠨᠠᠶᠢᠳᠠ ᠶᠢᠨ ᠬᠠᠮᠢᠶᠠᠷᠤᠯᠳᠠ ᠶᠢ ᠤᠯᠠᠮ ᠴᠢᠩᠭᠠᠳᠬᠠᠨ᠂ ᠨᠠᠶᠢᠬᠡᠮ ᠤᠨ ᠠᠮᠤᠷ ᠲᠤᠭᠳᠠᠭᠤᠨ ᠢ ᠪᠦᠬᠦ ᠬᠦᠴᠤᠨ | ᠢᠶᠠᠷ ᠬᠠᠮᠠᠭᠠᠯᠠᠨ᠎ᠠ᠃ ᠨᠠᠶᠢᠬᠡᠮ ᠤᠨ ᠵᠦᠷᠢᠴᠡᠯ ᠵᠢᠭᠤᠷᠠᠭᠠᠨ ᠢ ᠪᠠᠶᠢᠴᠠᠭᠠᠨ ᠡᠶᠠᠳᠡᠬᠦᠯᠬᠦ ᠵᠤᠬᠢᠴᠠᠮᠵᠢ ᠶᠢ ᠤᠯᠠᠮ | ᠪᠦᠷᠢᠡᠰᠢᠬᠦᠯᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠡᠬᠦ ᠴᠢᠩᠭᠠᠳᠬᠠᠵᠤ᠂ ᠤᠳᠤᠷᠢᠳᠤᠯᠭ᠎ᠠ ᠶᠢᠨ | ᠬᠠᠷᠢᠭᠤᠴᠠᠯᠭᠠᠳᠤ ᠲᠦᠷᠢᠮ ᠢ ᠴᠢᠩᠭᠠᠳᠬᠨ᠎ᠠ᠃ ᠨᠠᠶᠢᠬᠡᠮ ᠤᠨ ᠠᠮᠤᠷ ᠲᠦᠪᠰᠢᠨ ᠢ ᠰᠠᠷᠬᠡᠶᠢᠯᠡᠨ ᠡᠵᠡᠮᠰᠢᠬᠦ | ᠰᠢᠰᠲ᠋ᠧᠮ ᠢ ᠪᠦᠷᠢᠡᠰᠢᠬᠦᠯᠵᠤ᠂ ᠦᠡᠳᠤᠰᠤᠨ ᠱᠠᠳᠤᠨ ᠤ ᠲᠤᠳᠤᠭᠠᠳᠤ ᠶᠢ ᠬᠠᠮᠠᠭᠠᠯᠠᠬᠤ ᠰᠠᠭᠤᠷᠢ ᠪᠦᠳᠤᠬᠡᠨ | ᠪᠠᠶᠢᠭᠤᠯᠤᠯᠳᠠ ᠪᠠ ᠨᠠᠶᠢᠬᠡᠮ ᠤᠨ ᠠᠮᠤᠷ ᠲᠦᠪᠰᠢᠨ ᠢ ᠶᠠᠷᠤᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠡᠯ᠎ᠠ | ᠲᠦᠷᠥᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ︽ᠠᠮᠤᠭᠤᠯᠠᠩ ᠲᠠᠶᠢᠪᠤᠡᠭ ᠠᠪᠠᠭ᠎ᠠ ᠨᠤᠳᠤᠭ | ︾ ᠢ ᠴᠤᠭᠴᠠᠯᠠᠬᠤ ᠠᠵᠢᠯᠯᠠᠭ᠎ᠠ ᠶᠢ ᠬᠦᠡᠵᠡᠬᠡᠢ ᠦᠷᠨᠢᠬᠦᠯᠤᠨ᠂ ᠠᠮᠤᠷ ᠲᠦᠪᠰᠢᠨ ᠤ ᠰᠠᠷᠬᠡᠶᠢᠯᠡᠯᠳᠡ ᠶᠢᠨ ᠠᠷᠭ᠎ᠠ | ᠬᠡᠮᠵᠢᠶ᠎ᠠ ᠨᠦᠭᠦᠳ ᠢ ᠨᠠᠶᠢᠳᠠᠪᠤᠷᠢᠵᠢᠭᠤᠯᠤᠨ᠎ᠠ᠃ ᠬᠠᠤᠯᠢ ᠲᠦᠷᠢᠮ ᠢ ᠤᠬᠠᠭᠤᠯᠤᠨ ᠲᠦᠬᠡᠮᠡᠯᠵᠢᠬᠦᠯᠬᠦ ᠡᠷᠴᠢᠮ ᠢᠶᠠᠨ | ᠴᠢᠩᠭᠠᠯᠠᠨ᠂ ᠺᠠᠳᠠᠷ ᠠᠵᠢᠯᠳᠠᠨ ᠪᠠ ᠮᠠᠯᠴᠢᠨ ᠲᠦᠮᠡᠨ ᠤ ᠬᠠᠤᠯᠢ ᠶᠢᠨ ᠤᠬᠠᠮᠰᠠᠷ ᠢ ᠲᠡᠬᠡᠭᠰᠢᠯᠡᠬᠦᠯᠵᠤ᠂ ᠨᠠᠮ ᠤᠨ | ᠦᠡᠳᠤᠰᠤᠳᠠᠨ ᠱᠠᠰᠢᠨ ᠰᠤᠷᠳᠠᠬᠤᠨ ᠤ ᠴᠢᠭᠯᠡᠯᠳᠡ᠂ ᠲᠦᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ | ᠦᠡᠳᠤᠰᠤᠳᠠᠨ ᠨᠦᠭᠦᠳ ᠤᠨ ᠠᠷᠡᠳ ᠲᠦᠮᠡᠨ ᠤ ᠪᠦᠯᠬᠦᠮᠳᠠᠨ ᠲᠠᠪᠰᠢᠵᠤ᠂ ᠬᠠᠮᠳᠤ ᠪᠠᠷ ᠬᠦᠭᠵᠢᠬᠦ ᠶᠢ | ᠠᠬᠢᠭᠤᠯᠤᠨ᠎ᠠ᠃ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ | ᠦᠢᠯᠡᠳᠪᠤᠷᠢ ᠠᠭᠤᠷᠬᠠᠢ᠂ ᠵᠠᠮ ᠬᠠᠷᠢᠯᠴᠠᠭ᠎ᠠ᠂ ᠲᠡᠬᠡᠬᠡᠪᠤᠷᠢ᠂ ᠪᠠᠷᠢᠯᠭ᠎ᠠ ᠶᠢᠨ ᠭᠠᠵᠡᠷ ᠵᠠᠷᠬᠡ ᠭᠤᠤᠯᠳᠠᠯᠭ᠎ᠠ ᠲᠠᠢ | ᠠᠵᠢᠯ ᠲᠦᠷᠥᠯ ᠤᠨ ᠠᠶᠤᠯᠬᠦᠢ ᠶᠢᠨ ᠬᠢᠨᠡᠨ ᠬᠠᠮᠢᠶᠠᠷᠤᠯᠳᠠ ᠶᠢ ᠴᠢᠩᠭ᠎ᠠ ᠠᠳᠬᠤᠨ᠂ ᠤᠡᠴᠠ ᠶᠡᠭᠡ ᠠᠳᠡᠯ | ᠡᠬᠦᠰᠬᠦ ᠶᠢ ᠡᠷᠡᠰ ᠬᠤᠷᠢᠭᠯᠠᠵᠤ᠂ ᠢᠳᠡᠬᠡᠨ ᠤᠮᠳᠠᠭᠠᠨ ᠡᠮ ᠤᠨ ᠵᠥᠢᠯᠡᠰ ᠤᠨ ᠠᠶᠤᠯᠬᠦᠢ ᠶᠢ ᠲᠤᠰᠬᠠᠢ | ᠴᠡᠭᠴᠡᠯᠡᠨ ᠵᠠᠰᠠᠬᠤ ᠠᠵᠢᠯ ᠢ ᠬᠦᠡᠵᠡᠬᠡᠢ ᠦᠷᠨᠢᠬᠦᠯᠵᠤ᠂ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠦᠷᠬᠦᠯᠵᠢᠯᠡᠨ | ᠴᠡᠭᠴᠡᠯᠡᠨ ᠲᠦᠷᠢᠮᠵᠢᠬᠦᠯᠵᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠡᠨ ᠬᠠᠤᠯᠢ ᠪᠤᠰᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠬᠦᠨ᠎ᠠ᠃ ᠬᠡᠨᠡᠳᠳᠡ ᠶᠢᠨ ᠬᠡᠷᠡᠭ ᠶᠠᠪᠤᠳᠠᠯ ᠢ ᠪᠠᠴᠢᠮ ᠠᠷᠭᠠᠴᠠᠭᠠᠬᠤ ᠰᠢᠰᠲ᠋ᠧᠮ ᠢ ᠤᠯᠠᠮ | ᠪᠦᠷᠢᠡᠰᠢᠬᠦᠯᠤᠨ᠂ ᠬᠡᠨᠡᠳᠳᠡ ᠶᠢᠨ ᠬᠡᠷᠡᠭ ᠶᠠᠪᠤᠳᠠᠯ ᠢ ᠰᠠᠷᠬᠡᠶᠢᠯᠡᠨ ᠰᠢᠢᠳᠪᠤᠷᠢᠯᠡᠬᠦ ᠴᠢᠳᠠᠪᠤᠷᠢ ᠪᠠᠨ ᠲᠡᠬᠡᠭᠰᠢᠯᠡᠬᠦᠯᠤᠨ᠎ᠠ | ᠃ | ᠡᠨ᠋ᠨ ᠵᠢᠯ᠂ ᠪᠢᠳᠠ ᠠᠷᠡᠳ ᠤᠨ ᠠᠮᠢᠳᠤᠷᠡᠯ ᠢ ᠰᠠᠶᠢᠵᠢᠷᠠᠭᠤᠯᠤᠨ᠂ ᠡᠶ᠎ᠡ ᠵᠤᠬᠢᠴᠡᠯ ᠢ ᠠᠬᠢᠭᠤᠯᠬᠤ ᠶᠢᠨ ᠲᠤᠰᠠᠳᠠ | ᠦᠷᠬᠦᠯᠵᠢᠯᠡᠨ ︽ᠠᠷᠪᠠᠨ ᠪᠤᠳᠠᠳᠤ ᠶᠠᠪᠤᠳᠠᠯ︾ ᠢ ᠰᠠᠶᠢᠳᠤᠷ ᠠᠳᠬᠤᠨ᠎ᠠ᠄ ᠨᠢᠬᠡ ᠳᠤ᠂ ᠡᠳ᠋ ᠤᠨ | ᠵᠠᠰᠠᠭ ᠠᠴᠠ2000 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠰᠢᠨ᠎ᠠ ᠮᠠᠯᠵᠢᠬᠤ ᠤᠷᠤᠨ ᠤ ᠪᠦᠳᠤᠬᠡᠨ | ᠪᠠᠶᠢᠭᠤᠯᠤᠯᠳᠠ ᠪᠠ ︽ᠮᠠᠯᠵᠢᠬᠤ ᠦᠢᠯᠡᠳᠪᠤᠷᠢᠯᠡᠯ᠂ ᠮᠠᠯᠵᠢᠬᠤ ᠤᠷᠤᠨ᠂ ᠮᠠᠯᠴᠢᠳ︾ ᠤᠨ ᠠᠵᠢᠯ ᠳᠤ ᠬᠡᠷᠡᠭᠯᠡᠨ᠎ᠠ᠃ | ᠬᠤᠶᠡᠷ ᠲᠤ᠂ ᠡᠳ᠋ ᠤᠨ ᠵᠠᠰᠠᠭ ᠠᠴᠠ 3000 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠬᠤᠳᠠ | ᠪᠠᠯᠭᠠᠰᠤᠨ ᠤ ᠵᠠᠮ᠂ ᠭᠤᠳᠤᠮᠵᠢᠨ ᠵᠠᠮ᠂ ᠶᠠᠪᠠᠭᠠᠨ ᠵᠠᠮ᠂ ᠲᠡᠷᠬᠡ ᠵᠤᠭᠰᠤᠬᠤ ᠲᠠᠯᠠᠪᠤᠷ ᠢ ᠪᠠᠶᠢᠭᠤᠯᠬᠤ ᠪᠠ | ᠰᠠᠭᠤᠭᠠᠯᠢ ᠲᠤᠭᠤᠷᠢᠭ ᠢ ᠬᠡᠬᠡᠵᠢᠬᠦᠯᠬᠦ ᠵᠢᠴᠢ ᠪᠡᠯᠬᠦᠳᠡᠢ ᠪᠠᠯᠭᠠᠰᠤᠨ ᠤ ᠲᠦᠬᠡᠬᠡᠯ ᠤᠰᠤ ᠶᠢ ᠴᠡᠪᠡᠷᠰᠢᠬᠦᠯᠬᠦ ᠳᠤ | ᠬᠡᠷᠡᠭᠯᠡᠨ᠎ᠠ᠃ ᠭᠤᠷᠪᠡ ᠳᠤ᠂ ᠪᠡᠯᠬᠦᠳᠡᠢ ᠪᠠᠯᠭᠠᠰᠤᠨ ᠤ ᠲᠦᠪᠯᠡᠷᠡᠩᠬᠦᠢ ᠲᠤᠯᠠᠭᠠᠯᠠᠯᠭ᠎ᠠ ᠶᠢᠨ ᠲᠠᠯᠠᠪᠠᠢ ᠶᠢ ᠤᠳᠤᠬᠠᠨ | ᠤ 34 ᠲᠦᠮᠡᠨ ᠲᠡᠭᠰᠢ ᠲᠦᠷᠪᠡᠯᠵᠢᠨ ᠮᠧᠲᠷ ᠪᠠᠶᠢᠬᠤ ᠰᠠᠭᠤᠷᠢᠨ ᠲᠡᠬᠡᠷ᠎ᠠ ᠲᠡᠬᠢᠨ 15 ᠲᠦᠮᠡᠨ ᠲᠡᠭᠰᠢ | ᠲᠦᠷᠪᠡᠯᠵᠢᠨ ᠮᠧᠲᠷ ᠦᠷᠬᠡᠳᠬᠡᠬᠦ ᠶᠢᠨ ᠬᠠᠮᠳᠤ ᠲᠦᠪᠯᠡᠷᠡᠩᠬᠦᠢ ᠲᠤᠯᠠᠭᠠᠯᠠᠯᠭ᠎ᠠ ᠬᠡᠷᠡᠭᠯᠡᠵᠤ ᠪᠠᠶᠢᠭ᠎ᠠ ᠡᠷᠤᠬᠡ ᠳᠤ | ᠵᠤᠬᠢᠬᠤ ᠨᠦᠬᠦᠪᠤᠷᠢ ᠤᠯᠭᠤᠨ᠎ᠠ᠃ ᠲᠦᠷᠪᠡ ᠳᠤ᠂ ᠬᠢᠮᠳᠠ ᠲᠤᠬᠢᠯᠢᠭ ᠤᠷᠤᠨ ᠰᠠᠭᠤᠴᠠ ᠪᠠ ᠬᠢᠮᠳᠠ ᠪᠠᠷ | ᠲᠦᠷᠢᠶᠠᠰᠤᠯᠡᠬᠦ ᠤᠷᠤᠨ ᠰᠠᠭᠤᠴᠠ ᠶᠢ ᠲᠤᠰᠪᠤᠷᠢ 8100 ᠲᠡᠭᠰᠢ ᠲᠦᠷᠪᠠᠯᠵᠢᠨ ᠮᠧᠲᠷ ᠪᠠ 4409 ᠲᠡᠭᠰᠢ | ᠲᠦᠷᠪᠡᠯᠵᠢᠨ ᠮᠧᠲᠷ ᠰᠢᠨ᠎ᠠ ᠪᠠᠷ ᠪᠠᠶᠢᠭᠤᠯᠵᠤ᠂ ᠬᠤᠳᠠ ᠶᠢᠨ ᠲᠤᠮᠳᠠ ᠪᠠᠭ᠎ᠠ ᠤᠷᠤᠯᠭ᠎ᠠ ᠲᠠᠢ 180 ᠬᠡᠷ ᠪᠦᠯᠢ | ᠶᠢᠨ ᠤᠷᠤᠨ ᠰᠠᠭᠤᠴᠠ ᠶᠢᠨ ᠠᠰᠠᠭᠤᠳᠠᠯ ᠢ ᠰᠢᠢᠳᠪᠤᠷᠢᠯᠡᠨ᠎ᠠ᠃ ᠲᠠᠪᠤ ᠳᠤ᠂ ᠬᠢᠳᠡᠳ ᠢᠶᠠᠷ ᠬᠢᠴᠢᠶᠠᠯᠯᠡᠬᠦ | ᠠᠯᠪᠠᠨ ᠠᠴᠠ ᠡᠷᠬᠢᠯᠡᠭᠰᠡᠨ ᠴᠠᠴᠡᠷᠯᠢᠭ ᠢ ᠪᠠᠶᠢᠭᠤᠯᠤᠨ᠎ᠠ᠃ ᠵᠢᠷᠭᠤᠭ᠎ᠠ ᠳᠤ᠂ ᠬᠦᠡᠳᠤ ᠡᠪᠡᠳᠴᠢᠳᠡᠨ ᠢ | ᠠᠪᠤᠷᠡᠨ ᠲᠤᠰᠠᠯᠠᠬᠤ 100 ᠲᠦᠮᠡᠨ ᠲᠦᠬᠦᠷᠢᠭ ᠤᠨ ᠰᠠᠭᠤᠷᠢ ᠮᠦᠩᠬᠦ ᠶᠢ ᠪᠠᠶᠢᠭᠤᠯᠤᠨ᠎ᠠ᠃ ᠲᠤᠯᠤᠭ᠎ᠠ ᠳᠤ᠂ | ᠺᠠᠳᠠᠷ ᠠᠵᠢᠯᠳᠠᠨ ᠪᠦᠷᠢ ᠳᠤ ᠰᠠᠷ᠎ᠠ ᠶᠢᠨ 500 ᠲᠦᠬᠦᠷᠢᠭ ᠤᠨ ᠨᠦᠬᠦᠪᠤᠷᠢ ᠨᠠᠮᠠᠵᠤ ᠤᠯᠭᠤᠨ᠎ᠠ᠃ ᠨᠠᠢᠮᠨ ᠳᠤ᠂ | ᠡᠳ᠋ ᠤᠨ ᠵᠠᠰᠠᠭ ᠠᠴᠠ 700 ᠲᠦᠮᠡᠨ ᠲᠦᠬᠦᠷᠢᠭ ᠤᠨ ᠪᠡᠯᠨ ᠤᠷᠤᠭᠤᠯᠵᠤ᠂ ᠪᠡᠯᠬᠦᠳᠡᠢ ᠪᠠᠯᠭᠠᠰᠤᠨ ᠳᠤ | ᠰᠢᠯᠵᠢᠨ ᠤᠷᠤᠭᠰᠡᠨ ᠮᠠᠯᠴᠢᠳ ᠲᠤ ᠤᠷᠤᠨ ᠰᠠᠭᠤᠴᠠ ᠬᠤᠳᠠᠯᠳᠤᠨ ᠠᠪᠬᠤ ᠨᠦᠬᠦᠪᠤᠷᠢ ᠤᠯᠭᠤᠨ᠎ᠠ᠃ ᠶᠢᠰᠤ ᠳᠤ | ᠂ ᠵᠠᠰᠠᠭ ᠤᠨ ᠤᠷᠳᠤᠨ ᠠᠴᠠ ᠰᠦᠢᠳᠬᠡᠯ ᠬᠤᠷᠢᠶᠠᠬᠤ ᠦᠬᠡᠢ ᠪᠠᠷ ᠠᠵᠤ ᠠᠬᠤᠶᠢᠯᠡᠯ ᠤᠨ ᠠᠵᠢᠯ ᠠᠴᠠ ᠪᠠᠨ | ᠠᠮᠠᠷᠠᠭᠰᠡᠳ ᠲᠤ ᠪᠠᠶ᠎ᠠ ᠶᠢᠨ ᠪᠠᠶᠢᠴᠠᠭᠠᠯᠳᠠ ᠬᠢᠯᠬᠡᠨ᠎ᠠ︔ ᠦᠮᠴᠢᠯᠡᠯ ᠬᠤᠪᠢᠷᠠᠬᠤ ᠠᠴᠠ ᠡᠮᠤᠨ᠎ᠠ ᠠᠵᠢᠯ ᠠᠴᠠ | ᠪᠠᠨ ᠠᠮᠠᠷᠠᠭᠰᠡᠨ ᠬᠠᠮᠳᠤ ᠶᠢᠨ ᠦᠮᠴᠢᠯᠡᠯᠳᠤ ᠠᠵᠤ ᠠᠬᠤᠶᠢᠯᠡᠯ ᠤᠨ ᠠᠵᠢᠯᠳᠠᠨ ᠢ ᠡᠮᠴᠢᠯᠡᠬᠡᠨ ᠤ ᠲᠠᠭᠠᠳᠬᠠᠯ | ᠳᠤ ᠤᠷᠤᠭᠤᠯᠵᠤ᠂ ᠤᠤᠯ ᠤᠨ ᠪᠠᠶᠢᠭᠤᠯᠭ᠎ᠠ ᠠᠴᠠ ᠨᠢ ᠡᠬᠦᠷᠬᠡᠯᠡᠬᠦ 6% ᠶᠢᠨ ᠰᠦᠢᠳᠬᠡᠯ ᠲᠤᠰᠢᠶᠠᠬᠤ ᠬᠡᠰᠡᠭ ᠢ | ᠡᠳ᠋ ᠤᠨ ᠵᠠᠰᠠᠭ ᠠᠴᠠ ᠡᠬᠦᠷᠬᠡᠯᠡᠨ᠎ᠠ᠃ ᠠᠷᠪᠠ ᠳᠤ᠂ ᠭᠠᠵᠡᠷ ᠤᠷᠤᠨ ᠤ ᠡᠳ᠋ ᠤᠨ ᠵᠠᠰᠠᠭ ᠠᠴᠠ 100 | ᠲᠦᠮᠡᠨ ᠲᠦᠬᠦᠷᠢᠭ ᠤᠨ ᠪᠠᠯᠨ ᠭᠠᠷᠭᠠᠵᠤ᠂ ᠮᠠᠨ ᠤ ᠬᠤᠰᠢᠭᠤᠨ ᠤ ᠮᠦᠴᠢ ᠵᠡᠮᠳᠡᠭ ᠬᠦᠮᠤᠰ ᠲᠤ ᠬᠢᠮᠡᠯ ᠮᠦᠴᠢ | ᠤᠭᠰᠠᠷᠡᠨ ᠦᠭᠬᠦᠨ᠎ᠠ᠃ | ᠲᠦᠯᠤᠬᠡᠯᠡᠭᠴᠢᠳ ᠡ᠂ ᠵᠤᠷᠢᠭᠰᠡᠨ ᠬᠠᠷᠠᠯᠳᠠ ᠵᠤᠷᠢᠭ ᠢ ᠬᠦᠪᠴᠢᠯᠡᠵᠤ ᠪᠠᠶᠢᠨ᠎ᠠ᠃ ᠪᠢᠳᠠ ᠬᠤᠰᠢᠭᠤ ᠨᠠᠮ ᠤᠨ | ᠬᠤᠷᠢᠶᠠᠨ ᠤ ᠤᠳᠤᠷᠢᠳᠤᠯᠭ᠎ᠠ ᠲᠤᠤᠷ᠎ᠠ᠂ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠦᠵᠡᠯᠳᠡ ᠶᠢ ᠬᠦᠡᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠡᠳᠤᠰᠤᠳᠠᠨ ᠨᠦᠭᠦᠳ ᠤᠨ ᠠᠷᠡᠳ ᠲᠦᠮᠡᠨ ᠢ ᠪᠦᠯᠬᠦᠮᠳᠠᠬᠦᠯᠤᠨ | ᠲᠠᠭᠠᠭᠤᠯᠵᠤ᠂ ᠨᠤᠭᠤᠷᠡᠰᠢ ᠦᠬᠡᠢ ᠵᠤᠷᠢᠭ ᠢᠶᠠᠷ ᠬᠠᠳᠠᠭᠤᠵᠢᠯᠳᠡᠢ ᠠᠵᠢᠯᠯᠠᠨ᠂ ᠦᠨᠡᠨ ᠠᠴᠠ ᠵᠦᠪ ᠢ ᠡᠷᠢᠵᠤ᠂ | ᠠᠪᠠᠭ᠎ᠠ ᠬᠤᠰᠢᠭᠤᠨ ᠤ ᠠᠵᠤ ᠠᠬᠤᠢ ᠨᠠᠶᠢᠬᠡᠮ ᠤᠨ ᠴᠤ᠋ ᠰᠢᠨ᠎ᠠ ᠬᠠᠭᠤᠳᠠᠰᠤ ᠶᠢ ᠰᠡᠬᠦᠬᠦ ᠪᠠᠷ ᠴᠢᠷᠮᠠᠶᠢᠨ | ᠲᠠᠮᠠᠴᠡᠵᠡᠬᠡᠶᠠ︕ | |