ᠵᠠᠰᠠᠭ ᠤᠨ ᠤᠷᠳᠤᠨ ᠤ ᠠᠵᠢᠯ ᠤᠨ ᠢᠯᠡᠳᠬᠡᠯ | | — 2011 ᠤᠨ ᠤ 4 ᠰᠠᠷ᠎ᠠ ᠶᠢᠨ 20 ᠤ ᠡᠳᠦᠷ ᠠᠪᠠᠭ᠎ᠠ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨᠲ᠋ᠠᠪᠤᠳᠤᠭᠠᠷ ᠤᠳᠠᠭᠠᠨ ᠤ ᠬᠤᠷᠠᠯ ᠳᠡᠬᠡᠷᠡᠬᠢ ᠶᠠᠷᠢᠶ᠎ᠠ | | ᠵᠠᠰᠠᠭ ᠤᠨ ᠤᠷᠳᠤᠨ ᠤ ᠬᠤᠰᠢᠭᠤ ᠳᠠᠷᠤᠭ᠎ᠠ ᠪᠤ ᠰᠤᠶᠤᠯᠳᠦ | | ᠳᠦᠯᠦᠬᠡᠯᠡᠭᠴᠢᠳ ᠡ᠄ | ᠤᠳᠤ ᠪᠢ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠵᠦ ᠶᠡᠭᠡ ᠬᠤᠷᠠᠯ ᠳᠤ ᠬᠠᠷᠢᠭᠤ | ᠮᠡᠳᠡᠬᠦᠯᠦᠯᠳᠠ ᠬᠢᠶ᠎ᠠ᠃ ᠤᠯᠠᠨ ᠢᠶᠠᠷ ᠢᠶᠠᠨ ᠬᠢᠨᠠᠨ ᠵᠦᠪᠯᠡᠬᠦ ᠪᠤᠯᠪᠠᠤ᠃ ᠬᠤᠰᠢᠭᠤ ᠤᠯᠤᠰ ᠳᠦᠷᠦ ᠶᠢᠨ ᠵᠦᠪᠯᠡᠯᠬᠡᠨ | ᠤ ᠬᠡᠰᠢᠬᠦᠳ ᠪᠠ ᠬᠤᠷᠠᠯ ᠳᠤ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠬᠡ᠂ ︽ᠠᠷᠪᠠᠨ ᠨᠢᠬᠡᠳᠦᠬᠡᠷ ᠳᠠᠪᠤᠨ ᠵᠢᠯ︾ ᠤᠨ ᠬᠤᠭᠤᠴᠠᠭᠠᠨ ᠳᠠᠬᠢ ᠠᠵᠦ ᠠᠬᠤᠢ ᠨᠠᠶᠢᠬᠡᠮ ᠤᠨ ᠬᠦᠭᠵᠢᠯᠳᠠ | ᠶᠢᠨ ᠡᠷᠬᠢᠴᠠᠬᠦᠯᠦᠯ | ᠳᠠᠪᠤᠨ ᠵᠢᠯ ᠤᠨ ᠳᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ | ᠪᠠ ᠤᠯᠤᠰ ᠳᠦᠷᠦ ᠶᠢᠨ ᠵᠦᠪᠯᠡᠯᠬᠡᠨ ᠤ ᠬᠢᠨᠠᠯᠳᠠ ᠳᠡᠮᠵᠢᠯᠬᠡ ᠳᠤᠤᠷ᠎ᠠ᠂ ᠬᠤᠰᠢᠭᠤ ᠠᠷᠠᠳ ᠤᠨ ᠵᠠᠰᠠᠭ ᠤᠨ | ᠤᠷᠳᠤᠨ ᠨᠢ ᠪᠦᠬᠦ ᠬᠤᠰᠢᠭᠤᠨ ᠤ ᠦᠠᠳᠦᠰᠦᠳᠠᠨ ᠨᠦᠭᠦᠳ ᠤᠨ ᠠᠷᠠᠳ ᠳᠦᠮᠡᠨ ᠢ ᠪᠦᠯᠬᠦᠮᠳᠡᠬᠦᠯᠦᠨ ᠳᠠᠭᠠᠭᠤᠯᠵᠦ | ᠂ ᠰᠢᠠᠵᠢᠯᠡᠬᠦ ᠤᠬᠠᠭᠠᠠᠴᠢ ᠪᠠᠷ ᠬᠦᠭᠵᠢᠬᠦᠯᠬᠦ ᠦᠵᠡᠯᠳᠠ ᠪᠠᠷ ᠵᠢᠯᠤᠭᠤᠳᠤᠭᠤᠯᠤᠨ᠂ ᠬᠦᠴᠢᠷ ᠪᠡᠷᠬᠡᠰᠢᠶᠠᠯ ᠢ ᠢᠯᠡᠨ | ᠳᠠᠪᠠᠵᠦ᠂ ᠰᠢᠷᠭᠠᠭᠤ ᠴᠢᠷᠮᠠᠶᠢᠨ ᠠᠵᠢᠯᠯᠠᠭᠰᠠᠨ ᠢᠶᠠᠷ ᠬᠤᠳᠠ ᠬᠦᠳᠡᠭᠡ ᠴᠤ᠋ ᠰᠢᠨ᠎ᠡ ᠪᠠᠶᠢᠳᠠᠯ ᠲᠠᠢ ᠪᠤᠯᠵᠦ᠂ ᠠᠷᠠᠳ | ᠤᠨ ᠠᠮᠢᠳᠤᠷᠠᠯ ᠤᠯᠠᠮ ᠰᠠᠶᠢᠵᠢᠷᠠᠨ᠂ ᠠᠵᠦ ᠠᠬᠤᠢ ᠨᠡᠶᠢᠬᠡᠮ ᠵᠤᠬᠢᠴᠠᠩᠭᠤᠢ ᠬᠦᠭᠵᠢᠭᠰᠡᠨ ᠪᠠᠶᠢᠨ᠎ᠠ᠃ | ︵ᠨᠢᠬᠡ︶ ᠬᠤᠰᠢᠭᠤ ᠳᠤᠭᠤᠷᠢᠭ ᠤᠨ ᠠᠵᠦ ᠠᠬᠤᠢ ᠳᠦᠷᠬᠡᠨ ᠢᠶᠠᠷ ᠬᠦᠭᠵᠢᠵᠦ᠂ ᠶᠡᠷᠦᠩᠬᠡᠶᠢᠯᠡᠭᠰᠡᠨ ᠬᠦᠴᠦᠨ | ᠢᠯᠡᠳᠳᠠ ᠴᠢᠩᠭᠠᠷᠠᠪᠠ᠃ ᠳᠠᠪᠤᠨ ᠵᠢᠯ ᠤᠨ ᠳᠤᠷᠰᠢ᠂ ᠪᠢᠳᠠ ᠶᠠᠷᠦᠩᠬᠡᠢ ᠬᠡᠮᠵᠢᠶ᠎ᠠ ᠶᠢ ᠨᠡᠮᠡᠭᠳᠡᠬᠦᠯᠵᠦ᠂ ᠪᠤᠳᠠᠳᠦ | ᠬᠦᠴᠦᠨ ᠢᠶᠠᠨ ᠴᠢᠩᠭᠠᠳᠬᠠᠬᠤ ᠶᠢ ᠢᠮᠠᠭᠳᠠ ᠬᠤᠰᠢᠭᠤ ᠳᠤᠭᠤᠷᠢᠭ ᠤᠨ ᠠᠵᠦ ᠠᠬᠤᠢ ᠶᠢ ᠴᠢᠨᠠᠷᠵᠢᠭᠤᠨ | ᠬᠦᠭᠵᠢᠬᠦᠯᠬᠦ ᠳᠡᠷᠢᠬᠦᠨ ᠴᠢᠬᠤᠯᠠ ᠡᠬᠦᠷᠬᠡ ᠪᠤᠯᠭᠠᠨ ᠠᠳᠬᠤᠵᠦ᠂ ᠪᠦᠬᠦ ᠬᠦᠴᠦᠨ ᠢᠶᠠᠷ ᠢᠶᠠᠨ ᠳᠦᠯᠬᠢᠨ ᠠᠬᠢᠭᠤᠯᠪᠠ | ᠃ | — — ᠶᠡᠷᠦᠩᠬᠡᠶᠢᠯᠡᠭᠰᠡᠨ ᠠᠵᠦ ᠠᠬᠤᠢ ᠶᠢᠨ ᠪᠤᠳᠠᠳᠦ ᠬᠦᠴᠦᠨ ᠶᠠᠬᠡᠳᠠ ᠨᠡᠮᠡᠭᠳᠡᠪᠠ᠃ 2010 ᠤᠨ ᠳᠤ ᠪᠦᠬᠦ | ᠬᠤᠰᠢᠭᠤ ᠪᠠᠷ ᠢᠶᠠᠨ 34.2 ᠳ᠋ᠦᠩᠰᠢᠭᠤᠷ ᠳᠦᠬᠦᠷᠢᠭ ᠤᠨ ᠭᠠᠵᠠᠷ ᠤᠷᠤᠨ ᠤ ᠦᠢᠯᠡᠳᠪᠦᠷᠢᠯᠠᠯ ᠤᠨ ᠶᠡᠷᠦᠩᠬᠡᠢ | ᠦᠷᠳᠡᠭ ᠢ ᠪᠠᠶᠠᠯᠠᠬᠦᠯᠵᠦ᠂ ︽ᠠᠷᠪᠠᠳᠤᠭᠠᠷ ᠳᠠᠪᠤᠨ ᠵᠢᠯ︾ ᠤᠨ ᠰᠡᠬᠦᠯᠴᠢ ᠶᠢᠨ 4.4 ᠳᠠᠬᠢᠨ ᠪᠤᠯᠵᠦ᠂ | ᠳᠡᠭᠰᠢᠳᠬᠡᠬᠡᠳ ᠵᠢᠯ ᠪᠦᠷᠢ 34.6% ᠪᠠᠷ ᠨᠡᠮᠡᠭᠳᠡᠬᠦᠯᠪᠠ᠃ ᠡᠬᠦᠨ ᠳᠤ ᠨᠢᠬᠡ᠂ ᠬᠤᠶᠠᠷ᠂ ᠭᠤᠷᠪᠠᠳᠤᠭᠠᠷ ᠠᠵᠦ | ᠦᠢᠯᠡᠰ ᠢ ᠵᠢᠯ ᠪᠦᠷᠢ ᠳᠤᠮᠳᠠᠴᠢ ᠪᠠᠷ 9.5%᠂ 56.3%᠂ 15.7% ᠪᠠᠷ ᠨᠡᠮᠡᠭᠳᠡᠬᠦᠯᠪᠠ᠃ ᠭᠠᠵᠠᠷ ᠤᠷᠤᠨ | ᠤ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 2.6 ᠳ᠋ᠦᠩᠰᠢᠭᠤᠷ ᠳᠦᠬᠦᠷᠢᠭ ᠲᠤ ᠬᠦᠷᠬᠡᠨ᠂ ︽ᠠᠷᠪᠠᠳᠤᠭᠠᠷ | ᠳᠠᠪᠤᠨ ᠵᠢᠯ︾ ᠤᠨ ᠰᠠᠬᠦᠯᠴᠢ ᠶᠢᠨ 5.7 ᠳᠠᠬᠢᠨ ᠪᠤᠯᠵᠦ᠂ ᠵᠢᠯ ᠪᠦᠷᠢ ᠳᠤᠮᠳᠠᠴᠢ ᠪᠠᠷ 41.5% ᠪᠠᠷ | ᠨᠡᠮᠡᠭᠳᠡᠬᠦᠯᠵᠦ᠂ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠠᠯᠠ ᠤᠷᠤᠭᠤᠯᠤᠯᠳᠠ ᠶᠢ 50.1 ᠳ᠋ᠦᠩᠰᠢᠭᠤᠷ | ᠳᠦᠬᠦᠷᠢᠭ ᠢ ᠪᠠᠶᠠᠯᠠᠬᠦᠯᠦᠨ᠂ ︽ᠠᠷᠪᠠᠳᠤᠭᠠᠷ ᠳᠠᠪᠤᠨ ᠵᠢᠯ︾ ᠤᠨ ᠰᠠᠬᠦᠯᠴᠢ ᠶᠢᠨ 6.6 ᠳᠠᠬᠢᠨ ᠳᠤ ᠬᠦᠷᠴᠤ᠂ | ᠵᠢᠯ ᠪᠦᠷᠢ ᠳᠤᠮᠳᠠᠴᠢ ᠪᠠᠷ 45.7% ᠪᠠᠷ ᠨᠡᠮᠡᠭᠳᠡᠬᠦᠯᠵᠦ᠂ ᠨᠠᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ | ᠪᠤᠷᠤᠯᠠᠭᠤᠯᠤᠭᠰᠠᠨ ᠬᠡᠮᠵᠢᠶ᠎ᠠ ᠶᠢ 5.4 ᠳ᠋ᠦᠩᠰᠢᠭᠤᠷ ᠳᠦᠬᠦᠷᠢᠭ ᠲᠤ ᠬᠦᠷᠬᠡᠨ᠂ ︽ᠠᠷᠪᠠᠳᠤᠭᠠᠷ ᠳᠠᠪᠤᠨ ᠵᠢᠯ︾ | ᠤᠨ ᠰᠠᠬᠦᠯᠴᠢ ᠶᠢᠨ 2.1 ᠳᠠᠬᠢᠨ ᠪᠤᠯᠵᠦ᠂ ᠵᠢᠯ ᠪᠦᠷᠢ ᠳᠤᠮᠳᠠᠴᠢ ᠪᠠᠷ 16.7% ᠪᠠᠷ ᠨᠡᠮᠡᠭᠳᠡᠬᠦᠯᠵᠠᠢ᠃ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠳᠤᠮᠳᠠᠴᠢ ᠳᠤᠬᠢᠷᠠᠭᠤᠯᠤᠯᠳᠠ ᠶᠢᠨ ᠤᠷᠤᠯᠭ᠎ᠠ ᠶᠢ 15466 ᠳᠦᠬᠦᠷᠢᠭ | ᠲᠤ ᠬᠦᠷᠬᠡᠵᠦ᠂ ︽ᠠᠷᠪᠠᠳᠤᠭᠠᠷ ᠳᠠᠪᠤᠨ ᠵᠢᠯ︾ ᠤᠨ ᠰᠠᠬᠦᠯᠴᠢ ᠶᠢᠨ 2.6 ᠳᠠᠬᠢᠨ ᠪᠤᠯᠵᠦ᠂ ᠵᠢᠯ ᠪᠦᠷᠢ | ᠳᠤᠮᠳᠠᠴᠢ ᠪᠠᠷ 20.7% ᠪᠠᠷ ᠨᠡᠮᠡᠭᠳᠡᠭᠦᠯᠦᠨ᠂ ᠮᠠᠯᠴᠢᠳ ᠤᠨ ᠳᠤᠮᠳᠠᠴᠢ ᠴᠡᠪᠡᠷ ᠤᠷᠤᠯᠭ᠎ᠠ ᠶᠢ 9172 | ᠳᠦᠬᠦᠷᠢᠭ ᠲᠤ ᠬᠦᠷᠬᠡᠵᠦ᠂ ︽ᠠᠷᠪᠠᠳᠤᠭᠠᠷ ᠳᠠᠪᠤᠨ ᠵᠢᠯ︾ ᠤᠨ ᠰᠠᠬᠦᠯᠴᠢ ᠶᠢᠨ 2.5 ᠳᠠᠬᠢᠨ ᠪᠤᠯᠵᠦ᠂ ᠵᠢᠯ | ᠪᠦᠷᠢ ᠳᠤᠮᠳᠠᠴᠢ ᠪᠠᠷ 20.3% ᠪᠠᠷ ᠨᠡᠮᠡᠭᠳᠡᠬᠦᠯᠪᠠ᠃ ︽ᠠᠷᠪᠠᠨ ᠨᠢᠬᠡᠳᠦᠬᠡᠷ ᠳᠠᠪᠤᠨ ᠵᠢᠯ︾ ᠤᠨ | ᠳᠦᠯᠦᠪᠵᠢᠬᠦᠯᠬᠡ ᠳᠤ ᠳᠤᠭᠳᠠᠭᠠᠭᠰᠠᠨ ᠡᠯ᠎ᠡ ᠳᠠᠯ᠎ᠠ ᠶᠢᠨ ᠡᠬᠦᠷᠬᠡ ᠬᠠᠷᠠᠯᠳᠠ ᠪᠠᠨ ᠪᠦᠬᠦ ᠳᠠᠯ᠎ᠠ ᠪᠠᠷ | ᠪᠠᠶᠠᠯᠠᠬᠦᠯᠦᠭᠰᠡᠨ ᠪᠠᠶᠢᠨ᠎ᠠ᠃ | — — ᠠᠵᠦ ᠦᠢᠯᠡᠰ ᠤᠨ ᠪᠦᠳᠦᠴᠠ ᠢᠯᠡᠳᠳᠠ ᠰᠢᠯᠢᠳᠡᠭᠵᠢᠪᠠ᠃ ᠭᠤᠷᠪᠠᠨ ᠠᠵᠦ ᠦᠢᠯᠡᠰ ᠤᠨ ᠬᠠᠷᠢᠴᠠᠯ ᠢ ︽ | ᠠᠷᠪᠠᠳᠤᠭᠠᠷ ᠳᠠᠪᠤᠨ ᠵᠢᠯ︾ ᠤᠨ ᠰᠠᠬᠦᠯᠴᠢ ᠶᠢᠨ 33᠄ 35 ᠄ 32 ᠪᠠᠶᠢᠭᠰᠠᠨ ᠠᠴᠠ 12᠄ 73᠄ 15 | ᠪᠤᠯᠭᠠᠪᠠ᠃ ᠮᠠᠯ ᠠᠵᠦ ᠠᠬᠤᠢ ᠶᠢᠨ ᠰᠠᠭᠤᠷᠢ ᠡᠳᠦᠷ ᠢᠷᠡᠬᠦᠶ᠎ᠠ ᠪᠠᠬᠢᠵᠢᠵᠦ᠂ ᠳᠠᠪᠤᠨ ᠵᠢᠯ ᠳᠤ ᠠᠮᠢ ᠠᠬᠤᠢ ᠶᠢᠨ | ᠪᠦᠳᠦᠬᠡᠨ ᠪᠠᠶᠢᠭᠤᠯᠤᠯᠳᠠ ᠳᠤ ᠨᠠᠶᠢᠳᠠ 1.6 ᠳ᠋ᠦᠩᠰᠢᠭᠤᠷ ᠳᠦᠬᠦᠷᠢᠭ ᠤᠨ ᠪᠠᠯᠠ ᠤᠷᠤᠭᠤᠯᠵᠦ᠂ 549 ᠳᠦᠮᠡᠨ | ᠮᠦ ᠡᠯᠠᠰᠤᠨ ᠤ ᠡᠬᠢ ᠶᠢ ᠵᠠᠰᠠᠨ᠂ ᠮᠠᠯᠵᠢᠬᠤ ᠤᠷᠤᠨ ᠤ 2800 ᠬᠦᠮᠦᠨ ᠠᠮᠠ ᠶᠢ ᠨᠡᠬᠦᠯᠬᠡᠨ ᠰᠢᠯᠵᠢᠬᠦᠯᠪᠠ᠃ | ᠳᠠᠪᠤᠨ ᠵᠢᠯ ᠤᠨ ᠳᠤᠷᠰᠢ ᠳᠤ ᠮᠠᠯᠵᠢᠯ ᠤᠨ ᠤᠨ ᠤ ᠪᠦᠷᠢᠳᠬᠡᠯ ᠢᠶᠠᠷ 36.2 ᠳᠦᠮᠡᠨ ᠳᠤᠯᠤᠭᠠᠢ ᠮᠠᠯ | ᠴᠦᠬᠡᠳᠬᠡᠵᠦ᠂ ᠪᠦᠬᠦ ᠬᠤᠰᠢᠭᠤᠨ ᠤ ᠤᠷᠭᠤᠮᠠᠯ ᠤᠨ ᠪᠦᠷᠬᠦᠴᠠ ᠶᠢ 35% ᠪᠠᠶᠢᠭᠰᠠᠨ ᠠᠴᠠ 54% ᠳᠤ | ᠬᠦᠷᠬᠡᠨ᠂ ︽ᠡᠮᠦᠨ᠎ᠠ ᠪᠠᠶ᠎ᠠ ᠳᠤ ᠦᠬᠡᠷ᠂ ᠬᠤᠶᠢᠳᠦ ᠪᠠᠶ᠎ᠠ ᠳᠤ ᠬᠤᠨᠢ᠂ ᠡᠬᠦᠯᠳᠠᠷ ᠰᠠᠶᠢᠵᠢᠷᠠᠭᠤᠯᠤᠨ ᠮᠠᠯᠵᠢᠬᠤ︾ | ᠬᠦᠭᠵᠢᠯᠳᠠ ᠶᠢᠨ ᠰᠠᠳᠬᠢᠴᠠ ᠶᠢ ᠤᠯᠠᠮ ᠳᠡᠬᠦᠯᠳᠡᠷᠵᠢᠬᠦᠯᠵᠦ᠂ ︽ᠮᠢᠬ᠎ᠠ᠂ ᠰᠦ᠂ ᠠᠳᠤᠭᠤ᠂ ᠡᠪᠠᠰᠤ᠂ ᠡᠯᠡᠰᠦ︾ | ᠵᠡᠷᠬᠡ ᠤᠠᠴᠠᠯᠢᠭᠳᠦ ᠠᠵᠦ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠵᠦ᠂ ᠦᠵᠦᠮᠦᠴᠢᠨ ᠬᠤᠨᠢᠨ ᠤ ᠡᠬᠦᠯᠳᠠᠷ ᠢ | ᠴᠡᠪᠡᠷᠰᠢᠬᠦᠯᠦᠨ ᠰᠢᠯᠢᠳᠡᠭᠵᠢᠬᠦᠯᠬᠦ᠂ ᠦᠬᠡᠷ ᠤᠨ ᠡᠬᠦᠯᠳᠡᠷ ᠢ ᠰᠠᠶᠢᠵᠢᠷᠠᠭᠤᠯᠬᠤ ᠠᠬᠢᠴᠠ ᠶᠢ ᠳᠦᠷᠬᠡᠳᠬᠡᠨ᠂ ᠮᠠᠯ | ᠤᠨ ᠡᠬᠦᠯᠳᠡᠷ ᠰᠢᠯᠢᠳᠡᠭᠵᠢᠬᠦᠯᠦᠯᠳᠠ 15 ᠵᠠᠭᠤᠨ ᠤ ᠬᠤᠪᠢ ᠪᠠᠷ ᠨᠡᠮᠡᠭᠳᠡᠪᠠ᠃ ᠫᠧᠩ ᠬᠤᠷᠢᠶ᠎ᠠ᠂ ᠳᠤᠤᠷ ᠬᠦᠷᠢᠶ᠎ᠠ᠂ | ᠬᠤᠳᠳᠤᠭ ᠤᠰᠤ᠂ ᠦᠢᠯᠡᠳᠪᠦᠷᠢᠯᠠᠯ ᠤᠨ ᠮᠠᠰᠢᠨ ᠳᠦᠬᠦᠬᠡᠷᠤᠮᠵᠢ ᠵᠡᠷᠬᠡ ᠳᠠᠯ᠎ᠠ ᠪᠠᠷ ᠬᠢ ᠪᠠᠯᠠ ᠤᠷᠤᠭᠤᠯᠤᠯᠳᠠ | ᠪᠠᠨ ᠨᠡᠮᠡᠭᠳᠡᠬᠦᠯᠵᠦ᠂ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠠᠯ ᠤᠨ ᠳᠦᠪᠰᠢᠨ ᠪᠠ ᠭᠠᠮᠰᠢᠭ | ᠠᠴᠠ ᠰᠡᠷᠬᠡᠶᠢᠯᠡᠵᠦ ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠮᠡᠳᠡᠭᠳᠡᠮ᠎ᠡ ᠳᠡᠬᠡᠭᠰᠢᠯᠡᠬᠦᠯᠦᠭᠰᠡᠨ ᠪᠠᠶᠢᠨ᠎ᠠ᠃ ᠠᠵᠦ | ᠦᠢᠯᠡᠳᠪᠦᠷᠢ ᠶᠢᠨ ᠠᠵᠦ ᠠᠬᠤᠢ ᠶᠢᠨ ᠭᠤᠤᠯᠯᠠᠬᠤ ᠪᠠᠶᠢᠷᠢ ᠰᠠᠭᠤᠷᠢ ᠤᠯᠠᠮ ᠪᠠᠳᠤᠵᠢᠵᠦ᠂ ᠳᠠᠪᠤᠨ ᠵᠢᠯ ᠳᠤ | ᠨᠠᠶᠢᠳᠠ 143 ᠳ᠋ᠦᠩᠰᠢᠭᠤᠷ ᠳᠦᠬᠦᠷᠢᠭ ᠤᠨ ᠤᠯᠤᠰ ᠤᠨ ᠳᠤᠳᠤᠭᠠᠳᠦ ︵ᠠᠶᠢᠮᠠᠭ ᠤᠨ ᠭᠠᠳᠠᠨᠠᠬᠢ︶ ᠶᠢᠨ ᠪᠠᠯᠠ | ᠮᠦᠩᠬᠦ ᠶᠢ ᠳᠠᠳᠠᠨ ᠤᠷᠤᠭᠤᠯᠵᠦ᠂ ᠳ᠋ᠦᠩᠰᠢᠭᠤᠷ ᠳᠦᠬᠦᠷᠢᠭ ᠳᠠᠪᠠᠭᠰᠠᠨ 20 ᠠᠵᠦ ᠦᠢᠯᠡᠳᠪᠦᠷᠢ ᠶᠢᠨ ᠳᠦᠷᠦᠯ | ᠵᠦᠢᠯ ᠢ ᠬᠡᠷᠡᠭᠵᠢᠬᠦᠯᠪᠠ᠃ ᠬᠦᠢᠳᠠᠠᠰᠢᠯᠢ ᠶᠢᠨ ᠰᠠᠯᠬᠢᠨ ᠴᠠᠬᠢᠯᠭᠠᠨ᠂ ᠵᠢᠢ ᠳ᠋ᠦᠩ ᠱᠦᠢᠨᠢ᠂ ᠶᠢᠨ ᠳ᠋ᠢ ᠵᠠᠰ | ᠮᠤᠯᠢᠪᠳᠧᠨ ᠤ ᠬᠦᠳᠡᠷ ᠰᠢᠯᠢᠬᠦ ᠵᠡᠷᠬᠡ ᠳᠤᠮᠤ ᠳᠦᠷᠦᠯ ᠵᠦᠢᠯ ᠤᠳ ᠢ ᠠᠰᠢᠭᠯᠠᠯᠳᠠ ᠳᠤ ᠤᠷᠤᠭᠤᠯᠵᠦ᠂ | ᠴᠠᠭᠠᠠᠨᠠᠭᠤᠷ ᠨᠡᠬᠦᠷᠠᠰᠦ ᠴᠠᠬᠢᠯᠭᠠᠨ ᠵᠠᠮ ᠢ ᠨᠢᠬᠡ ᠴᠤᠭᠴᠠᠵᠢᠭᠤᠯᠤᠭᠰᠠ ᠳᠦᠷᠦᠯ ᠵᠦᠢᠯ᠂ ᠳ᠋ᠠ ᠠᠨ ᠨᠡᠬᠦᠷᠠᠰᠤᠨ | ᠠᠭᠤᠷᠬᠠᠢ ᠬᠢᠬᠡᠳ ᠬᠠᠳᠠᠳᠦ᠂ ᠴᠢᠶᠠᠨ ᠳ᠋ᠧ᠂ ᠪᠠᠢ ᠶᠢᠨ ᠬᠦᠳᠠᠷ ᠰᠢᠯᠢᠬᠦ ᠦᠢᠯᠡᠳᠪᠦᠷᠢ ᠪᠤᠳᠠᠳᠦ ᠠᠬᠢᠴᠠ ᠲᠠᠢ | ᠪᠤᠯᠵᠦ᠂ ᠬᠡᠪᠴᠢᠶᠠᠨ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ 9 ᠪᠠᠶᠢᠭᠰᠠᠨ ᠠᠴᠠ 23 | ᠪᠤᠯᠵᠦ ᠨᠡᠮᠡᠭᠳᠠᠨ᠂ ᠪᠦᠬᠦ ᠬᠤᠰᠢᠭᠤᠨ ᠤ ᠠᠵᠦ ᠦᠢᠯᠡᠳᠪᠦᠷᠢ ᠶᠢᠨ ᠨᠡᠮᠡᠭᠳᠠᠯ ᠦᠷᠳᠡᠭ ᠢ 19.9 ᠳ᠋ᠦᠩᠰᠢᠭᠤᠷ | ᠳᠦᠬᠦᠷᠢᠭ ᠲᠤ ᠬᠦᠷᠬᠡᠵᠦ᠂ ︽ᠠᠷᠪᠠᠳᠤᠭᠠᠷ ᠳᠠᠪᠤᠨ ᠵᠢᠯ︾ ᠤᠨ ᠰᠡᠬᠦᠯᠴᠢ ᠶᠢᠨ 12.7 ᠳᠠᠬᠢᠨ ᠪᠤᠯᠭᠠᠵᠦ᠂ | ᠭᠠᠵᠠᠷ ᠤᠷᠤᠨ ᠤ ᠠᠵᠦ ᠠᠬᠤᠢ ᠶᠢᠨ ᠶᠡᠷᠦᠩᠬᠡᠢ ᠬᠡᠮᠵᠢᠶᠠᠨ ᠤ 58.2% ᠶᠢ ᠡᠵᠡᠯᠡᠬᠦ ᠪᠤᠯᠭᠠᠵᠦ᠂ ︽ᠠᠷᠪᠠᠳᠤᠭᠠᠷ | ᠳᠠᠪᠤᠨ ᠵᠢᠯ︾ ᠤᠨ ᠰᠡᠬᠦᠯᠴᠢ ᠶᠢᠨ ᠬᠢ ᠠᠴᠠ 37.9 ᠵᠠᠭᠤᠨ ᠤ ᠬᠤᠪᠢ ᠨᠡᠮᠡᠭᠳᠡᠬᠦᠯᠪᠠ᠃᠃ ᠭᠤᠷᠪᠠᠳᠤᠭᠠᠷ ᠠᠵᠦ | ᠦᠢᠯᠡᠰ ᠢ ᠤᠯᠠᠮ ᠦᠷᠨᠢᠬᠦᠨ ᠬᠦᠭᠵᠢᠬᠦᠯᠵᠦ᠂ ︽ᠪᠤᠳᠠᠰ ᠤᠨ ᠬᠦᠢᠯᠬᠡᠬᠡᠨ ᠤ ᠬᠦᠭᠵᠢᠯᠳᠠ ᠶᠢᠨ ᠳᠦᠯᠦᠪᠵᠢᠬᠦᠯᠬᠡ︾ | ᠶᠢ ᠳᠤᠭᠳᠠᠭᠠᠨ᠂ ᠮᠠᠰᠢᠨ ᠳᠡᠷᠬᠡᠨ ᠤ ᠵᠠᠰᠠᠪᠤᠷᠢ ᠶᠢᠨ ᠳᠤᠭᠤᠷᠢᠭ᠂ ᠨᠡᠬᠦᠷᠠᠰᠦ ᠪᠠ ᠪᠠᠷᠢᠯᠭ᠎ᠠ ᠶᠢᠨ ᠮᠠᠲ᠋ᠧᠷᠢᠶᠠᠯ ᠤᠨ | ᠳᠤᠭᠤᠷᠢᠭ᠂ ᠬᠠᠶᠠᠭᠳᠠᠮᠠᠯ ᠪᠤᠳᠠᠰ ᠢ ᠳᠠᠬᠢᠨ ᠠᠰᠢᠭᠯᠠᠬᠤ ᠠᠷᠠᠯᠵᠢᠶᠠᠨ ᠤ ᠳᠠᠯᠠᠪᠤᠷ ᠢ ᠪᠠᠶᠢᠭᠤᠯᠵᠦ᠂ ᠴᠦᠮ | ᠠᠰᠢᠭᠯᠠᠯᠳᠠ ᠳᠤ ᠤᠷᠤᠭᠤᠯᠤᠨ᠂ ᠳᠠᠯ᠎ᠠ ᠨᠤᠳᠤᠭ ᠤᠨ ᠠᠮᠢ ᠠᠬᠤᠢ ᠶᠢᠨ ᠵᠤᠭᠠᠴᠠᠯ᠂ ᠢᠳᠡᠬᠡᠨ ᠤᠮᠳᠠᠭᠠᠨ᠂ | ᠪᠠᠭᠤᠳᠠᠯ᠂ ᠵᠢᠵᠢᠭᠯᠡᠨ ᠪᠤᠷᠤᠯᠠᠭᠤᠯᠤᠯᠳᠠ ᠶᠢᠨ ᠠᠷᠠᠯᠵᠢᠶ᠎ᠠ᠂ ᠴᠢᠮᠡᠭᠡ ᠬᠤᠯᠪᠤᠭ᠎ᠠ᠂ ᠮᠦᠩᠬᠦᠨ ᠬᠦᠢᠯᠬᠡᠬᠡᠨ ᠤ | ᠦᠢᠯᠡᠴᠢᠯᠡᠭᠡ ᠵᠡᠷᠬᠡ ᠠᠵᠦ ᠦᠢᠯᠡᠰ ᠨᠢ ᠤᠬᠢ ᠰᠠᠶᠢᠨ ᠬᠦᠭᠵᠢᠯᠳᠠ ᠪᠠᠨ ᠪᠠᠳᠤᠯᠠᠭᠰᠠᠨ ᠪᠠᠶᠢᠨ᠎ᠠ᠃ | ︵ᠬᠤᠶᠠᠷ︶ ᠰᠠᠭᠤᠷᠢ ᠳᠦᠬᠦᠬᠡᠷᠤᠮᠵᠢ ᠢᠯᠡᠳᠳᠠ ᠰᠠᠶᠢᠵᠢᠷᠠᠵᠦ᠂ ᠬᠤᠳᠠ ᠬᠦᠳᠡᠭᠡ ᠶᠢᠨ ᠳᠦᠷᠢ ᠳᠦᠷᠬᠦ ᠯᠤᠳᠦ | ᠶᠡᠭᠡ ᠬᠤᠪᠢᠷᠠᠯᠳᠠ ᠲᠠᠢ ᠪᠤᠯᠪᠠ᠃ ᠳᠠᠪᠤᠨ ᠵᠢᠯ ᠤᠨ ᠳᠤᠷᠰᠢ᠂ ᠰᠠᠭᠤᠷᠢ ᠪᠠᠨ ᠪᠠᠳᠤᠳᠬᠠᠵᠦ᠂ ᠬᠦᠭᠵᠢᠬᠦᠯᠦᠯᠳᠠ | ᠶᠢᠨ ᠤᠷᠴᠢᠨ ᠳᠤᠭᠤᠷᠢᠨ ᠢᠶᠠᠨ ᠰᠢᠯᠢᠳᠡᠭᠵᠢᠬᠦᠯᠬᠦ ᠶᠢ ᠢᠮᠠᠭᠳᠠ ᠬᠤᠰᠢᠭᠤ ᠳᠤᠭᠤᠷᠢᠭ ᠤᠨ ᠠᠵᠦ ᠠᠬᠤᠢ ᠶᠢ ᠨᠠᠩ | ᠰᠠᠶᠢᠨ ᠨᠠᠩ ᠳᠦᠷᠬᠡᠨ ᠬᠦᠭᠵᠢᠬᠦᠯᠬᠦ ᠶᠢᠨ ᠳᠤᠯᠭᠠᠭᠤᠷᠢ ᠬᠦᠴᠦᠨ ᠪᠤᠯᠭᠠᠨ᠂ ᠪᠠᠯᠠ ᠤᠷᠤᠭᠤᠯᠤᠯᠳᠠ ᠪᠠᠨ | ᠨᠡᠮᠡᠭᠳᠡᠬᠦᠯᠵᠦ᠂ ᠨᠢᠬᠡᠳᠦᠯᠳᠠᠢ ᠳᠦᠯᠦᠪᠵᠢᠬᠦᠯᠦᠨ ᠠᠬᠢᠭᠤᠯᠤᠭᠰᠠᠨ ᠪᠠᠶᠢᠨ᠎ᠠ᠃ | — — ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠠᠬᠢᠴᠠ ᠳᠦᠷᠬᠡᠰᠪᠠ᠃ ᠳᠠᠪᠤᠨ ᠵᠢᠯ ᠤᠨ ᠳᠤᠷᠰᠢ᠂ | 14.5 ᠳ᠋ᠦᠩᠰᠢᠭᠤᠷ ᠳᠦᠬᠦᠷᠢᠭ ᠤᠨ ᠪᠠᠯᠠ ᠤᠷᠤᠭᠤᠯᠤᠨ᠂ ᠪᠡᠯᠬᠦᠳᠠᠢ ᠪᠠᠯᠭᠠᠰᠤ ᠪᠠᠷ ᠭᠤᠤᠯ ᠪᠤᠯᠭᠠᠵᠦ᠂ 50 | ᠳᠦᠮᠡᠨ ᠳᠡᠭᠰᠢ ᠳᠦᠷᠪᠠᠯᠵᠢᠨ ᠮᠧᠲᠷ ᠤᠨ ᠬᠤᠳᠠ ᠳᠤᠭᠤᠷᠢᠭ ᠢ ᠨᠤᠭᠤᠭᠠᠷᠠᠭᠤᠯᠵᠦ᠂ 40 ᠳᠦᠮᠡᠨ ᠳᠡᠭᠰᠢ | ᠳᠦᠷᠪᠠᠯᠵᠢᠨ ᠮᠧᠲᠷ ᠤᠨ ᠬᠤᠳᠠ ᠳᠤᠭᠤᠷᠢᠭ ᠢ ᠬᠠᠳᠠᠭᠤᠵᠢᠭᠤᠯᠤᠨ᠂ 46.5 ᠳᠦᠮᠡᠨ ᠳᠡᠭᠰᠢ ᠳᠦᠷᠪᠠᠯᠵᠢᠨ | ᠮᠧᠲᠷ ᠤᠨ ᠬᠡᠷ ᠬᠦᠷᠦᠩᠬᠡ ᠶᠢ ᠨᠡᠬᠡᠬᠡᠨ ᠠᠰᠢᠭᠯᠠᠵᠦ᠂ ᠳᠦᠪᠯᠡᠷᠡᠩᠬᠦᠢ ᠳᠤᠯᠠᠭᠠᠯᠭ᠎ᠠ ᠶᠢᠨ ᠬᠡᠪᠴᠢᠶ᠎ᠠ ᠶᠢ 35 | ᠳᠦᠮᠡᠨ ᠳᠡᠭᠰᠢ ᠳᠦᠷᠪᠠᠯᠵᠢᠨ ᠮᠧᠲᠷ ᠦᠷᠬᠡᠳᠬᠡᠨ᠂ ᠳᠦᠬᠡᠬᠡᠯ ᠤᠰᠤᠨ ᠤ ᠬᠤᠭᠤᠯᠠᠢ ᠶᠢ 55 ᠺᠢᠯᠤᠮᠧᠲᠷ | ᠤᠷᠳᠤᠳᠬᠠᠨ᠂ ᠪᠤᠵᠠᠷ ᠤᠰᠤᠨ ᠤ ᠬᠤᠭᠤᠯᠠᠢ ᠶᠢ 35 ᠺᠢᠯᠤᠮᠧᠲᠷ ᠤᠷᠳᠤᠳᠬᠠᠵᠦ᠂ 18 ᠵᠤᠷᠪᠤᠰ ᠵᠡᠬᠡᠯᠢ ᠵᠠᠮ | ᠪᠠ 72 ᠵᠤᠷᠪᠤᠰ ᠭᠤᠳᠤᠮᠵᠢᠨ ᠵᠠᠮ ᠢ ᠰᠢᠨ᠎ᠠ ᠪᠠᠷ ᠪᠤᠶᠤ ᠵᠠᠰᠠᠨ ᠳᠡᠪᠢᠰᠪᠠ᠃ ᠠᠪᠠᠭ᠎ᠠ ᠠᠭᠤᠳᠠᠮ ᠳᠠᠯᠠᠪᠠᠢ᠂ | ᠠᠪᠠᠭ᠎ᠠ ᠮᠦᠴᠸᠢ᠂ ᠰᠢᠨ᠎ᠠ ᠠᠯᠪᠠᠨ ᠳᠤᠭᠤᠷᠢᠭ᠂ ᠠᠷᠠᠯᠵᠢᠶᠠᠨ ᠤ ᠵᠡᠬᠡᠯᠢ ᠵᠢᠴᠢ ᠨᠢᠬᠡ ᠪᠦᠯᠦᠭ ᠳᠤᠮᠤ ᠬᠡᠯᠪᠡᠷᠢ ᠶᠢᠨ | ᠬᠤᠭᠤᠯᠠᠨ ᠬᠡᠷ᠂ ᠪᠠᠭᠤᠳᠠᠯ ᠪᠠ ᠬᠡᠷ ᠬᠦᠷᠦᠩᠬᠡ ᠨᠡᠬᠡᠬᠡᠨ ᠠᠰᠢᠭᠯᠠᠬᠤ ᠵᠡᠷᠬᠡ ᠳᠦᠷᠦᠯ ᠵᠦᠢᠯ ᠤᠳ ᠢ | ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠤᠳᠤᠬᠠᠨ ᠳᠤ ᠬᠤᠳᠠ ᠳᠤᠭᠤᠷᠢᠭ ᠤᠨ ᠳᠠᠯᠠᠪᠠᠢ 10 ᠳᠡᠭᠰᠢ | ᠳᠦᠷᠪᠠᠯᠵᠢᠨ ᠺᠢᠯᠤᠮᠧᠲᠷ ᠬᠦᠷᠴᠤ᠂ ᠬᠦᠮᠦᠨ ᠪᠦᠷᠢ ᠶᠢᠨ ᠳᠡᠭᠰᠢᠳᠬᠡᠭᠰᠠᠨ ᠤᠷᠤᠨ ᠰᠠᠭᠤᠴᠠ ᠶᠢᠨ ᠳᠠᠯᠠᠪᠠᠢ 25 | ᠳᠡᠭᠰᠢ ᠳᠦᠷᠪᠠᠯᠵᠢᠨ ᠮᠧᠲᠷ ᠬᠦᠷᠴᠤ᠂ ︽ᠠᠷᠪᠠᠳᠤᠭᠠᠷ ᠳᠠᠪᠤᠨ ᠵᠢᠯ︾ ᠤᠨ ᠰᠡᠬᠦᠯᠴᠢ ᠠᠴᠠ 7 ᠳᠡᠭᠰᠢ | ᠳᠦᠷᠪᠠᠯᠵᠢᠨ ᠮᠧᠲᠷ ᠨᠡᠮᠡᠭᠳᠠᠵᠠᠢ᠃ ᠬᠤᠳᠠ ᠪᠠᠯᠭᠠᠰᠤᠵᠢᠯᠳᠠ ᠶᠢᠨ ᠨᠤᠷᠮ᠎ᠠ ᠶᠢ 56% ᠳᠤ ᠬᠦᠷᠬᠡᠵᠦ᠂ ︽ | ᠠᠷᠪᠠᠳᠤᠭᠠᠷ ᠳᠠᠪᠤᠨ ᠵᠢᠯ︾ ᠤᠨ ᠰᠡᠬᠦᠯᠴᠢ ᠶᠢᠨ ᠬᠢ ᠠᠴᠠ 6 ᠵᠠᠭᠤᠨ ᠤ ᠬᠤᠪᠢ ᠪᠠᠷ ᠨᠡᠮᠡᠭᠳᠡᠬᠦᠯᠦᠭᠰᠡᠨ ᠪᠠᠶᠢᠨ᠎ᠠ᠃ | | — — ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠴᠠᠬᠢᠯᠭᠠᠨ ᠤ ᠨᠦᠬᠦᠴᠠᠯ ᠦᠷᠬᠦᠯᠵᠢᠯᠡᠨ ᠰᠠᠶᠢᠵᠢᠷᠠᠪᠠ᠃ | ᠳᠠᠪᠤᠨ ᠵᠢᠯ ᠤᠨ ᠳᠤᠷᠰᠢ᠂ 11.3 ᠳ᠋ᠦᠩᠰᠢᠭᠤᠷ ᠳᠦᠬᠦᠷᠢᠭ ᠤᠨ ᠪᠠᠯᠠ ᠵᠠᠷᠤᠴᠠᠭᠤᠯᠤᠨ᠂ ᠬᠤᠳᠠ ᠪᠠᠯᠭᠠᠰᠤᠨ ᠤ | 7300 ᠬᠦᠮᠦᠨ᠂ ᠮᠠᠯᠵᠢᠬᠤ ᠤᠷᠤᠨ ᠤ 2200 ᠬᠦᠮᠦᠨ ᠪᠠ 20 ᠳᠦᠮᠡᠨ ᠳᠤᠯᠤᠭᠠᠢ ᠮᠠᠯ ᠤᠨ ᠠᠶᠤᠯᠬᠦᠢ | ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠵᠦ᠂ ᠴᠠᠭᠠᠨ ᠤᠰᠤᠨ ᠴᠦᠬᠦᠷᠤᠮ ᠢ ᠵᠠᠰᠠᠵᠦ ᠪᠠᠬᠢᠵᠢᠬᠦᠯᠬᠦ | ᠪᠠᠷᠢᠯᠭ᠎ᠠ ᠶᠢ ᠪᠠᠶᠠᠯᠠᠬᠦᠯᠵᠠᠢ᠃ ᠰᠤᠮᠤ ᠪᠠᠯᠭᠠᠰᠤᠨ ᠳᠤ ᠨᠡᠪᠳᠡᠷᠡᠬᠦ 6 ᠵᠤᠷᠪᠤᠰ ᠨᠠᠶᠢᠳᠠ 644 ᠺᠢᠯᠤᠮᠧᠲᠷ ᠤᠨ | ᠴᠠᠷᠳᠠᠮᠠᠯ ᠵᠠᠮ ᠢ ᠨᠡᠪᠳᠡᠷᠡᠬᠦᠯᠦᠨ᠂ ᠭᠠᠴᠠᠭᠠᠨ ᠳᠤ ᠨᠡᠪᠳᠡᠷᠡᠬᠦ 45 ᠵᠤᠷᠪᠤᠰ ᠨᠠᠶᠢᠳᠠ 605 ᠺᠢᠯᠤᠮᠧᠲᠷ ᠤᠨ | ᠵᠠᠰᠠᠮᠠᠯ ᠵᠠᠮ ᠢ ᠨᠡᠪᠳᠡᠷᠠᠭᠦᠯᠵᠦ᠂ ᠰᠤᠮᠤ ᠪᠠᠯᠭᠠᠰᠤ ᠪᠦᠬᠦᠨ ᠳᠤ ᠴᠠᠷᠳᠠᠮᠠᠯ ᠵᠠᠮ ᠨᠡᠪᠳᠡᠷᠡᠬᠦᠯᠬᠦ ᠶᠢ ᠪᠠᠶᠠᠯᠠᠬᠦᠯᠵᠠᠢ᠃ | ᠴᠠᠭᠠᠠᠨᠠᠭᠤᠷ ᠨᠠᠬᠦᠷᠠᠰᠤᠨ ᠠᠭᠤᠷᠬᠠᠢ ᠶᠢᠨ ᠳᠤᠰᠬᠠᠢ ᠳᠠᠮᠤᠷ ᠵᠠᠮ ᠤᠨ ᠡᠮᠦᠨᠠᠬᠢ ᠬᠤᠭᠤᠴᠠᠭᠠᠨ ᠤ ᠠᠵᠢᠯ ᠢ | ᠪᠠᠶᠠᠯᠠᠬᠦᠯᠦᠨ᠂ ᠰᠢᠯᠢᠩᠬᠤᠳᠠ ᠠᠴᠠ ᠡᠷᠢᠶᠠᠨ ᠬᠤᠳᠠ ᠬᠦᠷᠬᠦ ᠳᠠᠮᠦᠷ ᠵᠠᠮ ᠤᠨ ᠳᠦᠷᠦᠯ ᠵᠦᠢᠯ ᠨᠢ ᠤᠯᠤᠰ ᠤᠨ | ᠬᠦᠭᠵᠢᠬᠦᠯᠦᠯᠳᠠ ᠦᠬᠡᠷᠡᠴᠢᠯᠠᠯᠳᠠ ᠶᠢᠨ ᠵᠦᠪᠯᠠᠯ ᠢᠶᠠᠷ ᠵᠦᠪᠰᠢᠶᠠᠷᠠᠬᠦᠯᠪᠠ᠃ 3 ᠵᠤᠷᠪᠤᠰ 110 ᠺᠢᠯᠤᠸᠤᠯᠲ ᠤᠨ | ᠴᠠᠬᠢᠯᠭᠠᠨ ᠱᠤᠭᠤᠮ᠂ 8 ᠵᠤᠷᠪᠤᠰ 35 ᠺᠢᠯᠤᠸᠤᠯᠲ ᠤᠨ ᠴᠠᠬᠢᠯᠭᠠᠨ ᠱᠤᠭᠤᠮ ᠢ ᠪᠦᠳᠦᠬᠡᠨ ᠪᠠᠶᠢᠭᠤᠯᠤᠨ᠂ 220 | ᠮᠠᠯᠵᠢᠬᠤ ᠡᠷᠦᠬᠡ ᠳᠤ ᠳᠤᠤᠷᠴᠢᠯᠠᠭᠰᠠᠨ ᠴᠠᠬᠢᠯᠭᠠᠨ ᠨᠡᠪᠳᠡᠷᠡᠬᠦᠯᠦᠭᠰᠡᠨ ᠪᠠᠶᠢᠨ᠎ᠠ᠃ | ︵ᠭᠤᠷᠪᠠ︶ ᠨᠠᠶᠢᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠳᠠᠪᠰᠢᠵᠦ᠂ ᠠᠷᠠᠳ ᠤᠨ ᠠᠮᠢᠳᠤᠷᠠᠯ ᠮᠡᠳᠡᠭᠳᠡᠮ᠎ᠠ | ᠰᠠᠶᠢᠵᠢᠷᠠᠪᠠ᠃ ᠳᠠᠪᠤᠨ ᠵᠢᠯ ᠤᠨ ᠳᠤᠷᠰᠢ᠂ ᠬᠤᠰᠢᠭᠤ ᠵᠠᠰᠠᠭ ᠤᠨ ᠤᠷᠳᠤᠨ ᠨᠢ ᠠᠷᠠᠳ ᠤᠨ ᠠᠮᠢᠳᠤᠷᠠᠯ ᠢ | ᠰᠠᠶᠢᠵᠢᠷᠠᠭᠤᠯᠵᠦ᠂ ᠡᠶ᠎ᠡ ᠵᠤᠬᠢᠴᠠᠩᠭᠤᠢ ᠶᠢ ᠠᠬᠢᠭᠤᠯᠬᠤ ᠪᠠᠷ ᠬᠤᠰᠢᠭᠤ ᠳᠤᠭᠤᠷᠢᠭ ᠤᠨ ᠠᠵᠦ ᠠᠬᠤᠢ ᠶᠢ ᠨᠠᠩ | ᠰᠠᠶᠢᠨ ᠨᠠᠩ ᠳᠦᠷᠬᠡᠨ ᠬᠦᠭᠵᠢᠬᠦᠯᠬᠦ ᠶᠢᠨ ᠭᠤᠤᠯ ᠡᠬᠦᠷᠬᠡ ᠪᠤᠯᠭᠠᠨ᠂ ᠬᠦᠮᠦᠨ ᠢᠶᠠᠷ ᠦᠠᠳᠦᠰᠦ ᠪᠤᠯᠭᠠᠨ | ᠯᠠᠪᠳᠠᠭᠤᠨ ᠪᠠᠳᠦᠳᠠᠢ ᠳᠦᠯᠬᠢᠨ ᠠᠬᠢᠭᠤᠯᠤᠭᠰᠠᠭᠠᠷ ᠢᠷᠡᠪᠠ᠃ | — — ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠤᠨ ᠦᠢᠯᠡᠰ ᠪᠦᠬᠦ ᠳᠠᠯ᠎ᠠ ᠪᠠᠷ ᠬᠦᠭᠵᠢᠪᠠ᠃ | ᠰᠤᠷᠭᠠᠨ ᠬᠦᠮᠦᠵᠢᠯ ᠤᠨ ᠠᠵᠢᠯ ᠳᠤᠪᠤᠶᠢᠮ᠎ᠠ ᠠᠮᠵᠢᠯᠳᠠ ᠤᠯᠵᠦ᠂ ᠳᠠᠪᠤᠨ ᠵᠢᠯ ᠤᠨ ᠳᠤᠷᠰᠢ 5992 ᠳᠦᠮᠡᠨ | ᠳᠦᠬᠦᠷᠢᠭ ᠤᠨ ᠪᠦᠳᠦᠬᠡᠨ ᠪᠠᠶᠢᠭᠤᠯᠤᠯᠳᠠ ᠶᠢᠨ ᠪᠠᠯᠠ ᠤᠷᠤᠭᠤᠯᠤᠨ᠂ ᠳᠣᠮᠳᠠᠳᠦ ᠪᠠᠭ᠎ᠠ ᠰᠤᠷᠭᠠᠭᠤᠯᠢ ᠶᠢᠨ ᠠᠩᠬᠢ | ᠶᠢᠨ ᠬᠡᠷ ᠪᠠ ᠪᠠᠶᠢᠷᠢ ᠶᠢᠨ ᠬᠡᠷ ᠢ ᠨᠠᠶᠢᠳᠠ 4.35 ᠳᠦᠮᠡᠨ ᠳᠡᠭᠰᠢ ᠳᠦᠷᠪᠠᠯᠵᠢᠨ ᠮᠧᠲᠷ ᠰᠢᠨ᠎ᠡ ᠪᠠᠷ ᠪᠤᠶᠤ | ᠦᠷᠬᠡᠳᠬᠡᠨ ᠪᠠᠶᠢᠭᠤᠯᠵᠦ᠂ ᠮᠤᠩᠭᠤᠯ ᠪᠠᠭ᠎ᠠ ᠰᠤᠷᠭᠠᠭᠤᠯᠢ ᠶᠢ ᠨᠡᠬᠦᠯᠬᠡᠨ ᠪᠠᠶᠢᠭᠤᠯᠬᠤ ᠪᠠᠷᠢᠯᠭ᠎ᠠ ᠶᠢ ᠡᠬᠢᠯᠠᠬᠦᠯᠦᠨ᠂ | ᠰᠤᠷᠤᠭᠴᠢ ᠪᠦᠷᠢ ᠳᠤ ᠨᠤᠭᠳᠠᠬᠤ ᠠᠩᠬᠢ᠂ ᠪᠠᠶᠢᠷᠢ ᠶᠢᠨ ᠳᠠᠯᠠᠪᠠᠢ ᠶᠢ ᠳᠤᠰ ᠳᠤᠰ 10.2 ᠪᠠ 16.7 ᠳᠡᠭᠰᠢ | ᠳᠦᠷᠪᠡᠯᠵᠢᠨ ᠮᠧᠲᠷ ᠲᠤ ᠬᠦᠷᠬᠡᠵᠦ᠂ ︽ᠠᠷᠪᠠᠳᠤᠭᠠᠷ ᠳᠠᠪᠤᠨ ᠵᠢᠯ︾ ᠤᠨ ᠰᠡᠬᠦᠯᠴᠢ ᠶᠢᠨ ᠬᠢ ᠠᠴᠠ ᠳᠤᠰ ᠳᠤᠰ | 6.5 ᠪᠠ 2.7 ᠳᠡᠭᠰᠢ ᠳᠦᠷᠪᠠᠯᠵᠢᠨ ᠮᠧᠲᠷ ᠨᠡᠮᠡᠭᠳᠡᠬᠦᠯᠵᠦ᠂ 44 ᠨᠠᠷᠠ ᠪᠠᠭᠰᠢ ᠨᠠᠮᠠᠵᠦ ᠡᠯᠰᠡᠪᠠ᠃ ᠮᠠᠨ ᠤ | ᠬᠤᠰᠢᠭᠤ ᠨᠢ ᠤᠷᠤᠨ ᠪᠠ ᠠᠶᠢᠮᠠᠭ ᠲᠠᠭᠠᠨ ︽33211 ᠢᠠᠵᠧᠨᠧᠷᠢᠩ ᠢ ᠬᠡᠷᠡᠭᠵᠢᠬᠦᠯᠦᠭᠰᠡᠨ ᠳᠡᠷᠢᠬᠦᠨ ᠤ ᠭᠠᠵᠠᠷ | ᠤᠷᠤᠨ︾᠂ ︽ᠰᠤᠷᠭᠠᠨ ᠬᠦᠮᠦᠵᠢᠯ ᠤᠨ ᠰᠦᠢᠳᠬᠡᠯ ᠢ ᠳᠦᠷᠢᠮᠵᠢᠬᠦᠯᠦᠭᠰᠡᠨ ᠵᠢᠱᠢᠶᠠᠴᠢ ᠬᠤᠰᠢᠭᠤ︾᠂ ︽ᠬᠤᠶᠠᠷ | ᠦᠠᠳᠦᠰᠦᠨ ᠢ ᠪᠠᠷᠢᠮᠵᠢᠶᠠᠨ ᠳᠤ ᠬᠦᠷᠬᠡᠬᠦ ᠪᠠ ᠦᠷ᠎ᠠ ᠪᠦᠳᠦᠮᠵᠢ ᠶᠢ ᠪᠠᠳᠤᠳᠬᠠᠨ ᠳᠡᠬᠡᠭᠰᠢᠯᠠᠬᠦᠯᠦᠭᠰᠡᠨ ᠳᠡᠷᠢᠬᠦᠨ ᠤ | ᠭᠠᠵᠠᠷ ᠤᠷᠤᠨ︾ ᠵᠡᠷᠬᠡ ᠪᠠᠷ ᠦᠨᠠᠯᠡᠭᠳᠡᠭᠰᠡᠨ ᠪᠠᠶᠢᠨ᠎ᠠ᠃ ᠡᠷᠡᠬᠦᠯ ᠬᠠᠮᠠᠭᠠᠯᠠᠯ ᠤᠨ ᠦᠢᠯᠡᠰ ᠢ ᠦᠳᠳᠡᠷ | ᠬᠦᠭᠵᠢᠬᠦᠯᠦᠨ᠂ ᠡᠮ ᠡᠮᠨᠡᠯᠬᠡ᠂ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠯᠠᠪᠳᠠᠭᠤᠨ ᠢᠶᠠᠷ | ᠳᠦᠯᠬᠢᠨ ᠠᠬᠢᠭᠤᠯᠵᠠᠢ᠃ ᠮᠠᠯᠵᠢᠬᠤ ᠤᠷᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠳᠦᠷᠢᠮ ᠢ | ᠳᠣᠣᠱᠳᠠᠢ ᠬᠡᠷᠡᠭᠵᠢᠬᠦᠯᠦᠨ᠂ ᠬᠤᠷᠰᠢᠭᠰᠠᠨ ᠡᠮᠨᠡᠯᠬᠡᠨ ᠳᠤ ᠤᠷᠤᠯᠴᠠᠭᠰᠠᠨ ᠨᠤᠷᠮ᠎ᠠ ᠶᠢ 98% ᠳᠤ ᠬᠦᠷᠬᠡᠵᠦ᠂ | ᠳᠠᠪᠤᠨ ᠵᠢᠯ ᠳᠤ ᠮᠠᠯᠴᠢᠳ ᠲᠤ ᠨᠠᠶᠢᠳᠠ 760 ᠳᠦᠮᠡᠨ ᠳᠦᠬᠦᠷᠢᠭ ᠤᠨ ᠡᠮᠨᠡᠯᠬᠡ ᠶᠢᠨ ᠰᠦᠢᠳᠬᠡᠯ ᠢ | ᠴᠠᠶᠢᠷᠠᠭᠤᠯᠵᠦ ᠦᠭᠪᠠ᠃ ᠮᠤᠩᠭᠤᠯ ᠡᠮᠨᠡᠯᠬᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠪᠠ ᠰᠤᠮᠤ ᠪᠠᠯᠭᠠᠰᠤᠨ ᠤ | ᠡᠷᠡᠬᠦᠯ ᠬᠠᠮᠠᠭᠠᠯᠠᠯ ᠤᠨ ᠬᠤᠷᠢᠶ᠎ᠠ ᠶᠢ ᠦᠷᠬᠡᠳᠬᠡᠨ ᠪᠠᠶᠢᠭᠤᠯᠬᠤ ᠪᠠᠷᠢᠯᠭ᠎ᠠ ᠶᠢ ᠠᠰᠢᠭᠯᠠᠯᠳᠠ ᠳᠤ ᠤᠷᠤᠭᠤᠯᠵᠦ᠂ | ᠬᠤᠰᠢᠭᠤ ᠡᠮᠨᠡᠯᠬᠡ ᠶᠢᠨ ᠬᠤᠷᠢᠶ᠎ᠠ ᠶᠢ ᠨᠡᠬᠦᠯᠬᠡᠨ ᠪᠠᠶᠢᠭᠤᠯᠬᠤ ᠠᠵᠢᠯ ᠢ ᠡᠬᠢᠯᠠᠬᠦᠯᠪᠠ᠃ ᠦᠠᠳᠦᠰᠦᠳᠠᠨ ᠤ ᠰᠤᠶᠤᠯ | ᠤᠨ ᠳᠤᠮᠤ ᠬᠤᠰᠢᠭᠤ ᠶᠢ ᠪᠦᠳᠦᠬᠡᠨ ᠪᠠᠶᠢᠭᠤᠯᠬᠤ ᠠᠵᠢᠯ ᠢ ᠬᠦᠠᠵᠡᠬᠡᠶᠢᠷᠠᠬᠦᠯᠦᠨ᠂ ᠤᠷᠢᠳ ᠬᠤᠵᠢᠳ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠬᠠᠷ᠎ᠠ ᠠᠳᠤᠭᠤᠨ ᠤ ᠰᠤᠶᠤᠯ ᠤᠨ ᠦᠯᠦᠬᠡᠢ︾᠂ ︽ᠴᠡᠭᠡ ᠶᠢᠨ | ᠰᠤᠶᠤᠯ ᠤᠨ ᠦᠯᠦᠬᠡᠢ︾᠂ ︽ᠴᠤᠭᠤᠷ ᠳᠠᠭᠤᠨ ᠤ ᠦᠯᠦᠬᠡᠢ︾᠂ ︽ᠪᠡᠯᠬᠦᠳᠠᠢ ᠠᠶᠢᠮᠠᠭ ᠤᠨ ᠰᠤᠶᠤᠯ ᠤᠨ | ᠤᠯᠠᠮᠵᠢᠯᠠᠯ ᠤᠨ ᠰᠠᠭᠤᠷᠢᠨ ᠭᠠᠵᠠᠷ︾ ᠢᠶᠠᠷ ᠨᠠᠷᠠᠶᠢᠳᠦᠭᠳᠡᠵᠦ᠂ ᠠᠪᠠᠭ᠎ᠠ ᠴᠤᠭᠤᠷ ᠨᠢ ᠤᠯᠤᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠭᠤᠷᠪᠠᠳᠤᠭᠠᠷ ᠪᠦᠯᠦᠭ ᠤᠨ ᠨᠠᠷᠠᠰ ᠤᠨ ᠪᠦᠷᠢᠳᠬᠡᠯ ᠳᠤ ᠳᠡᠮᠳᠡᠭᠯᠡᠭᠳᠡᠭᠰᠡᠨ ᠪᠠᠶᠢᠨ᠎ᠠ᠃ | 2010 ᠤᠨ ᠤ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠳᠤᠷᠰᠢᠯᠭ᠎ᠠ | ᠰᠤᠯᠢᠯᠴᠠᠬᠤ ᠬᠤᠷᠠᠯ ᠢ ᠠᠮᠵᠢᠯᠳᠠᠳᠠᠢ ᠡᠷᠬᠢᠯᠠᠵᠠᠢ᠃ ᠦᠠᠳᠦᠰᠦᠳᠠᠨ ᠤ ᠰᠤᠶᠤᠯ ᠢ ᠵᠤᠭᠠᠴᠠᠯ ᠤᠨ ᠦᠢᠯᠡᠰ ᠲᠠᠢ | ᠤᠶᠠᠯᠳᠤᠭᠤᠯᠤᠨ ᠢᠳᠡᠪᠬᠢᠳᠠᠢ ᠠᠬᠢᠭᠤᠯᠤᠨ᠂ ᠪᠡᠯᠬᠦᠳᠠᠢ ᠰᠤᠶᠤᠯ ᠤᠨ ᠬᠦᠷᠢᠶᠠᠯᠠᠩ᠂ ᠪᠡᠯᠬᠦᠳᠠᠢ ᠵᠢᠰᠠ᠂ | ᠤᠯᠢᠶᠠᠰᠤᠳᠠᠢ ᠵᠡᠷᠬᠡ ᠳᠦᠯᠦᠬᠡᠯᠡᠬᠦ ᠴᠢᠨᠠᠷᠳᠠᠢ ᠵᠤᠭᠠᠴᠠᠯ ᠤᠨ ᠤᠷᠤᠨ ᠪᠠ 20 ᠭᠠᠷᠤᠢ ︽ᠮᠠᠯᠴᠢᠨ ᠠᠶᠢᠯ︾ | ᠵᠤᠭᠠᠴᠠᠯ ᠤᠨ ᠴᠡᠭ ᠢ ᠪᠠᠶᠢᠭᠤᠯᠵᠠᠢ᠃ ᠷᠠᠳᠢᠤ᠋ ᠲᠧᠯᠸᠢᠰ ᠤᠨ ᠦᠢᠯᠡᠰ ᠳᠤᠭᠳᠠᠭᠤᠨ ᠢᠶᠠᠷ ᠬᠦᠭᠵᠢᠵᠦ᠂ ᠷᠠᠳᠢᠤ᠋ ᠪᠠ | ᠲᠧᠯᠸᠢᠰ ᠤᠨ ᠪᠦᠷᠬᠦᠴᠠ ᠶᠢ ᠳᠤᠰ ᠳᠤᠰ 98.5% ᠪᠠ 96% ᠳᠤ ᠬᠦᠷᠬᠡᠵᠦ᠂ ᠤᠳᠠᠰᠤᠳᠦ ᠲᠧᠯᠸᠢᠰ ᠢ | ᠳᠤᠭᠠᠴᠢᠯᠠᠭᠰᠠᠨ ᠲᠧᠯᠸᠢᠰ ᠪᠤᠯᠭᠠᠨ ᠦᠬᠡᠷᠡᠴᠢᠯᠡᠬᠦ ᠢᠠᠵᠧᠨᠧᠷᠢᠩ ᠢ ᠠᠮᠵᠢᠯᠳᠠᠳᠠᠢ ᠪᠠᠶᠠᠯᠠᠬᠦᠯᠪᠠ᠃ ᠬᠦᠮᠦᠨ ᠠᠮᠠ | ᠪᠠ ᠳᠦᠯᠦᠪᠯᠡᠬᠡᠳᠦ ᠦᠷᠠᠵᠢᠯ ᠤᠨ ᠠᠵᠢᠯ ᠢ ᠦᠷᠬᠦᠯᠵᠢᠯᠠᠨ ᠴᠢᠩᠭᠠᠳᠬᠠᠵᠦ᠂ ᠬᠦᠮᠦᠨ ᠠᠮᠠ ᠶᠢᠨ ᠠᠶᠠᠠᠳᠠᠭᠠᠨ | ᠦᠰᠬᠦ ᠨᠤᠷᠮ᠎ᠠ ᠶᠢ 7.36‰ ᠶᠢᠨ ᠳᠤᠳᠤᠷ᠎ᠠ ᠬᠢᠵᠠᠭᠠᠷᠯᠠᠵᠦ᠂ ᠵᠢᠷᠭᠤᠳᠤᠭᠠᠷ ᠤᠳᠠᠭᠠᠨ ᠤ ᠬᠦᠮᠦᠨ ᠠᠮᠠ ᠶᠢᠨ | ᠨᠠᠶᠢᠳᠠᠮ ᠪᠠᠶᠢᠴᠠᠭᠠᠯᠳᠠ ᠶᠢᠨ ᠠᠵᠢᠯ ᠢ ᠤᠷᠤᠭᠰᠢᠳᠠᠢ ᠶᠠᠪᠤᠭᠳᠠᠭᠤᠯᠪᠠ᠃ | — — ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠠᠵᠢᠯ ᠤᠯᠭᠤᠯᠳᠠ | ᠪᠠ ᠳᠠᠬᠢᠨ ᠠᠵᠢᠯ ᠤᠯᠭᠤᠯᠳᠠ ᠶᠢᠨ ᠠᠵᠢᠯ ᠢᠯᠡᠷᠬᠡᠢ ᠦᠷ᠎ᠠ ᠪᠦᠳᠦᠮᠵᠢ ᠤᠯᠵᠦ᠂ ᠳᠤᠬᠠᠢ ᠶᠢᠨ ᠭᠠᠵᠠᠷ ᠲᠠᠭᠠᠨ | ᠠᠵᠢᠯ ᠤᠯᠭᠤᠬᠤ ᠴᠢᠳᠠᠪᠤᠷᠢ ᠪᠠᠨ ᠳᠠᠰᠤᠷᠠᠯᠳᠠ ᠦᠬᠡᠢ ᠳᠡᠬᠡᠭᠰᠢᠯᠡᠬᠦᠯᠵᠦ᠂ ᠨᠠᠶᠢᠳᠠ 2.2 ᠳᠦᠮᠡᠨ ᠠᠵᠢᠯ ᠤᠨ | ᠪᠠᠶᠢᠷᠢ ᠴᠤᠭᠯᠠᠭᠤᠯᠵᠦ᠂ 1.1 ᠳᠦᠮᠡᠨ ᠬᠦᠮᠦᠨ ᠤᠳᠠᠭ᠎ᠠ ᠤᠷᠤᠠᠰᠢᠭᠤᠯᠵᠦ᠂ ᠪᠦᠬᠦ ᠬᠤᠰᠢᠭᠤᠨ ᠤ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3.8% ᠶᠢᠨ ᠳᠤᠳᠤᠷ᠎ᠠ ᠬᠢᠵᠠᠭᠠᠷᠯᠠᠪᠠ᠃ | ᠨᠠᠶᠢᠬᠡᠮ ᠤᠨ ᠪᠠᠳᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠠ ᠪᠦᠷᠢᠠᠰᠢᠵᠦ᠂ ᠬᠤᠳᠠ ᠪᠠᠯᠭᠠᠰᠤᠨ ᠤ ᠠᠵᠢᠯᠳᠠᠳ ᠤᠨ | ᠦᠠᠳᠦᠰᠦᠨ ᠨᠠᠰᠤᠵᠢᠯ ᠤᠨ ᠳᠠᠭᠠᠳᠬᠠᠯ᠂ ᠦᠠᠳᠦᠰᠦᠨ ᠡᠮᠨᠡᠯᠭᠡ ᠶᠢᠨ ᠳᠠᠭᠠᠳᠬᠠᠯ᠂ ᠠᠵᠢᠯ ᠠᠯᠳᠠᠭᠰᠠᠨ ᠳᠠᠭᠠᠳᠬᠠᠯ | ᠤᠨ ᠪᠦᠷᠬᠦᠴᠠ 100% ᠳᠤ ᠬᠦᠷᠴᠠᠢ᠃ 3 ᠰᠤᠮᠤ ᠪᠠᠯᠭᠠᠰᠤᠨ ᠳᠤ ᠮᠠᠯᠵᠢᠬᠤ ᠤᠷᠤᠨ ᠤ ᠰᠢᠨ᠎ᠡ ᠬᠡᠯᠪᠡᠷᠢ ᠶᠢᠨ | ᠨᠠᠶᠢᠬᠡᠮ ᠤᠨ ᠨᠠᠰᠤᠵᠢᠯ ᠤᠨ ᠳᠠᠭᠠᠳᠬᠠᠯ ᠤᠨ ᠳᠤᠷᠰᠢᠯᠳᠠ ᠶᠢᠨ ᠴᠡᠭ ᠤᠨ ᠠᠵᠢᠯ ᠢ ᠡᠬᠢᠯᠠᠬᠦᠯᠵᠦ᠂ ᠬᠤᠳᠠ | ᠪᠠᠯᠭᠠᠰᠤᠨ ᠤ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠤᠯᠭᠤᠬᠤ ᠪᠠᠷᠢᠮᠵᠢᠶ᠎ᠠ ᠶᠢ 2005 | ᠤᠨ ᠤ ᠰᠠᠷ᠎ᠠ ᠪᠦᠷᠢ ᠶᠢᠨ 120 ᠳᠦᠬᠦᠷᠢᠭ ᠪᠠᠶᠢᠭᠰᠠᠨ ᠠᠴᠠ ᠤᠳᠤᠬᠠᠨ ᠤ 320 ᠳᠦᠬᠦᠷᠢᠭ ᠪᠤᠯᠭᠠᠨ | ᠳᠡᠬᠡᠭᠰᠢᠯᠡᠬᠦᠯᠵᠦ᠂ ᠮᠠᠯᠵᠢᠬᠤ ᠤᠷᠤᠨ ᠤ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠶᠢ ᠵᠢᠯ | ᠪᠦᠷᠢ 432 ᠳᠦᠬᠦᠷᠢᠭ ᠪᠠᠶᠢᠭᠰᠠᠨ ᠠᠴᠠ 1800 ᠳᠦᠬᠦᠷᠢᠭ ᠪᠤᠯᠭᠠᠨ ᠳᠡᠬᠡᠭᠰᠢᠯᠡᠬᠦᠯᠪᠠ᠃ ᠶᠠᠳᠠᠭᠤ ᠶᠢ | ᠳᠡᠳᠬᠦᠬᠦ ᠠᠵᠢᠯ ᠢ ᠬᠦᠠᠵᠡᠬᠡᠢ ᠦᠷᠨᠢᠬᠦᠯᠦᠨ᠂ 531 ᠡᠷᠦᠬᠡ ᠶᠢᠨ 1898 ᠬᠦᠮᠦᠨ ᠠᠮᠠ ᠶᠢ ᠶᠠᠳᠠᠭᠤ ᠠᠴᠠ | ᠠᠩᠬᠢᠵᠢᠷᠠᠭᠤᠯᠵᠦ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠪᠠᠶᠢᠭᠤᠯᠤᠯᠳᠠ ᠶᠢᠨ ᠡᠷᠴᠢᠮ ᠢ | ᠴᠢᠩᠭᠠᠳᠬᠠᠨ᠂ ᠳᠤᠮᠳᠠ ᠪᠠᠭ᠎ᠠ ᠤᠷᠤᠯᠭ᠎ᠠ ᠲᠠᠢ 526 ᠡᠷᠦᠬᠡ ᠶᠢᠨ ᠤᠷᠤᠨ ᠰᠠᠭᠤᠴᠠ ᠶᠢᠨ ᠠᠰᠠᠭᠤᠳᠠᠯ ᠢ | ᠰᠢᠢᠳᠪᠦᠷᠢᠯᠠᠵᠠᠢ᠃ ᠡᠬᠦᠨ ᠤ ᠬᠠᠮᠳᠦ ᠵᠠᠮᠳᠡᠭᠴᠤᠳ᠂ ᠡᠮᠡᠭᠳᠠᠶᠢᠴᠤᠳ᠂ ᠬᠡᠤᠬᠡᠳ᠂ ᠤᠯᠠᠭᠠᠨ ᠵᠠᠭᠠᠯᠮᠠᠶᠢᠳᠠᠨ ᠤ | ᠨᠠᠶᠢᠬᠡᠮᠯᠢᠭ ᠵᠡᠷᠬᠡ ᠠᠵᠢᠯ ᠴᠦᠮ ᠰᠢᠨ᠎ᠡ ᠠᠬᠢᠴᠠ ᠲᠠᠢ ᠪᠤᠯᠤᠭᠰᠠᠨ ᠪᠠᠶᠢᠨ᠎ᠠ᠃ | ︵ᠳᠦᠷᠪᠠ︶ ᠠᠷᠠᠳᠴᠢᠯᠠᠯ ᠬᠠᠤᠯᠢ ᠳᠦᠷᠢᠮ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠪᠠᠷᠢᠬᠤ | ᠴᠢᠳᠠᠪᠤᠷᠢ ᠳᠠᠰᠤᠷᠠᠯ ᠦᠬᠡᠢ ᠳᠡᠬᠡᠭᠰᠢᠯᠡᠪᠠ᠃ ᠳᠠᠪᠤᠨ ᠵᠢᠯ ᠤᠨ ᠳᠤᠷᠰᠢ ᠰᠢᠠᠵᠢᠯᠡᠬᠦ ᠤᠬᠠᠭᠠᠠᠴᠢ ᠪᠠᠷ ᠵᠠᠰᠠᠭ ᠪᠠᠷᠢᠬᠤ | ᠪᠠ ᠠᠷᠠᠳᠴᠢᠯᠠᠯ ᠢᠶᠠᠷ ᠵᠠᠰᠠᠭ ᠪᠠᠷᠢᠬᠤ ᠶᠢ ᠬᠤᠰᠢᠭᠤ ᠳᠤᠭᠤᠷᠢᠭ ᠤᠨ ᠠᠵᠦ ᠠᠬᠤᠢ ᠶᠢ ᠨᠠᠩ ᠰᠠᠶᠢᠨ ᠨᠠᠩ | ᠳᠦᠷᠬᠡᠨ ᠬᠦᠭᠵᠢᠬᠦᠯᠬᠦ ᠦᠠᠳᠦᠰᠦᠨ ᠪᠠᠳᠤᠯᠠᠭ᠎ᠠ ᠪᠤᠯᠭᠠᠵᠦ᠂ ᠪᠤᠯᠭᠤᠮᠵᠢᠳᠠᠢ ᠪᠠᠷ ᠰᠢᠢᠳᠪᠦᠷᠢ ᠳᠤᠭᠳᠠᠭᠠᠨ᠂ ᠬᠠᠤᠯᠢ | ᠶᠤᠰᠤᠭᠠᠷ ᠳᠦᠯᠬᠢᠨ ᠠᠬᠢᠭᠤᠯᠪᠠ᠃ | — — ᠨᠠᠶᠢᠬᠡᠮ ᠤᠨ ᠡᠶ᠎ᠡ ᠵᠤᠬᠢᠴᠠᠩᠭᠤᠢ᠂ ᠠᠮᠤᠷ ᠳᠤᠭᠳᠠᠭᠤᠨ ᠢ ᠪᠠᠳᠤᠯᠠᠪᠠ᠃ ᠠᠶᠤᠯᠬᠦᠢ ᠦᠢᠯᠡᠳᠪᠦᠷᠢᠯᠠᠯ ᠤᠨ | ᠬᠠᠷᠢᠭᠤᠴᠠᠯᠭᠠᠳᠦ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠵᠦᠷᠢᠴᠠᠯ ᠵᠢᠭᠤᠷᠭᠠᠨ ᠢ ᠰᠢᠢᠳᠪᠦᠷᠢᠯᠡᠬᠦ | ᠬᠦᠴᠦᠨ ᠢᠶᠠᠨ ᠨᠡᠮᠡᠭᠳᠡᠬᠦᠯᠦᠨ᠂ ᠤᠯᠠᠨ ᠳᠦᠮᠡᠨ ᠤ ᠵᠠᠬᠢᠳᠠᠯ ᠰᠤᠷᠪᠤᠯᠵᠢᠯᠠᠭ᠎ᠠ ᠶᠢ ᠬᠢᠨᠠᠮᠠᠭᠠᠢ ᠬᠦᠯᠢᠶᠠᠨ | ᠰᠢᠢᠳᠪᠦᠷᠢᠯᠠᠵᠦ᠂ ᠨᠢᠬᠡ ᠪᠦᠯᠦᠭ ᠦᠯᠡᠳᠡᠭᠳᠠᠯ ᠠᠰᠠᠭᠤᠳᠠᠯ ᠢ ᠳᠤᠤᠱᠳᠠᠢ ᠰᠢᠢᠳᠪᠦᠷᠢᠯᠡᠭᠰᠠᠨ ᠪᠠᠶᠢᠨ᠎ᠠ᠃ ︽ | ᠳᠠᠪᠤᠳᠤᠭᠠᠷ ᠳᠠᠪᠤᠨ ᠵᠢᠯ︾ ᠤᠨ ᠬᠠᠤᠯᠢ ᠳᠦᠬᠡᠮᠡᠯᠵᠢᠬᠦᠯᠦᠯᠳᠠ ᠪᠠ ︽ᠠᠮᠤᠷ ᠳᠦᠪᠰᠢᠨ ᠠᠪᠠᠭ᠎ᠠ ᠨᠤᠳᠤᠭ︾ ᠢ | ᠴᠤᠭᠴᠠᠯᠠᠨ ᠪᠠᠶᠢᠭᠤᠯᠬᠤ ᠠᠵᠢᠯ ᠢ ᠬᠦᠠᠵᠡᠬᠡᠢ ᠦᠷᠨᠢᠬᠦᠯᠦᠨ᠂ ᠡᠯ᠎ᠡ ᠵᠦᠢᠯ ᠤᠨ ᠬᠠᠤᠯᠢ ᠵᠦᠷᠢᠴᠠᠵᠦ ᠶᠠᠯ᠎ᠠ ᠬᠢᠭᠰᠡᠨ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠷᠠᠳ ᠤᠯᠠᠨ ᠤ ᠠᠮᠤᠷ ᠳᠦᠪᠰᠢᠨ ᠳᠦᠷᠦᠭᠳᠠᠯ ᠨᠠᠶᠢᠳᠠᠮ ᠳᠡᠭᠡᠨ | ᠳᠡᠭᠡᠭᠰᠢᠯᠡᠵᠦ᠂ ᠮᠠᠨ ᠤ ᠬᠤᠰᠢᠭᠤ ᠪᠦᠬᠦ ᠠᠶᠢᠮᠠᠭ ᠤᠨ ᠨᠠᠶᠢᠬᠡᠮ ᠤᠨ ᠠᠮᠤᠷ ᠳᠦᠪᠰᠢᠨ ᠢ ᠶᠡᠷᠦᠩᠬᠡᠶᠢᠯᠠᠨ ᠵᠠᠰᠠᠭᠰᠠᠨ | ᠳᠡᠷᠢᠬᠦᠨ ᠤ ᠭᠠᠵᠠᠷ ᠤᠷᠤᠨ ᠪᠠ ᠨᠠᠶᠢᠬᠡᠮ ᠤᠨ ᠠᠮᠤᠷ ᠳᠤᠭᠳᠠᠭᠤᠨ ᠢ ᠬᠠᠮᠠᠭᠠᠯᠠᠭᠰᠠᠨ ᠳᠤᠪᠤᠶᠢᠮ᠎ᠠ ᠠᠮᠵᠢᠯᠳᠠ ᠲᠠᠢ | ᠭᠠᠵᠠᠷ ᠤᠷᠤᠨ ᠢᠶᠠᠷ ᠦᠨᠡᠯᠡᠭᠳᠡᠭᠰᠡᠨ ᠪᠠᠶᠢᠨ᠎ᠠ᠃ ᠴᠡᠷᠢᠭ᠂ ᠴᠠᠭᠳᠠᠭ᠎ᠠ᠂ ᠠᠷᠠᠳ ᠬᠠᠮᠳᠦ ᠪᠠᠷ ᠪᠦᠳᠦᠬᠡᠨ | ᠪᠠᠶᠢᠭᠤᠯᠬᠤ ᠬᠦᠳᠡᠯᠬᠡᠬᠡᠨ ᠢ ᠢᠳᠡᠪᠬᠢᠳᠠᠢ ᠦᠷᠨᠢᠬᠦᠯᠦᠨ᠂ ᠴᠡᠷᠢᠭ ᠵᠠᠰᠠᠭ᠂ ᠴᠡᠷᠢᠭ ᠠᠷᠠᠳ ᠤᠨ ᠬᠠᠷᠢᠴᠠᠭ᠎ᠠ ᠶᠢ | ᠤᠯᠠᠮ ᠨᠢᠭᠳᠠᠷᠠᠭᠤᠯᠵᠦ᠂ ᠬᠢᠯᠢ ᠳᠦᠪᠰᠢᠨ ᠠᠷᠠᠳ ᠠᠮᠤᠭᠤᠯᠠᠩ ᠪᠠᠶᠢᠳᠠᠯ ᠢᠶᠠᠨ ᠤᠯᠠᠮ ᠪᠠᠳᠤᠳᠬᠠᠪᠠ᠃ ᠨᠠᠮ ᠪᠠ | ᠤᠯᠤᠰ ᠤᠨ ᠦᠠᠳᠦᠰᠦᠳᠠᠨ ᠱᠠᠰᠢᠨ ᠰᠤᠷᠳᠠᠬᠤᠨ ᠤ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠂ ᠡᠷᠬᠡ ᠳᠡᠭᠰᠢ᠂ ᠪᠦᠯᠬᠦᠮᠳᠠᠯ ᠲᠠᠢ᠂ ᠬᠠᠷᠢᠯᠴᠠᠨ ᠬᠠᠪᠰᠤᠷᠤᠯᠴᠠᠭᠰᠠᠨ ᠡᠶ᠎ᠡ ᠵᠤᠬᠢᠴᠠᠩᠭᠤᠢ | ᠦᠠᠳᠦᠰᠦᠳᠠᠨ ᠤ ᠬᠠᠷᠢᠴᠠᠭ᠎ᠠ ᠶᠢ ᠤᠯᠠᠮ ᠪᠠᠬᠢᠵᠢᠭᠦᠯᠪᠠ᠃ | — — ᠵᠠᠰᠠᠭ ᠤᠨ ᠤᠷᠳᠤᠨ ᠤ ᠳᠤᠰ ᠪᠠᠶ᠎ᠠ ᠶᠢᠨ ᠪᠠᠶᠢᠭᠤᠯᠤᠯᠳᠠ ᠪᠠᠨ ᠳᠠᠰᠤᠷᠠᠯᠳᠠ ᠦᠬᠡᠢ ᠴᠢᠩᠭᠠᠳᠬᠠᠪᠠ᠃ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠳᠠ ᠪᠠ ᠤᠯᠤᠰ ᠳᠦᠷᠦ ᠶᠢᠨ ᠵᠦᠪᠯᠡᠯᠬᠡᠨ | ᠤ ᠠᠷᠠᠳᠴᠢᠯᠠᠯᠳᠦ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ᠂ ᠠᠷᠠᠳ ᠤᠨ ᠳᠦᠯᠦᠬᠡᠯᠡᠭᠴᠢᠳ ᠤᠨ ᠰᠠᠨᠠᠯ | ᠳᠤᠷᠠᠳᠤᠯᠭ᠎ᠠ ᠶᠢ 556 ᠬᠤᠪᠢ᠂ ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ ᠶᠢ | 386 ᠬᠤᠪᠢ ᠬᠦᠯᠢᠶᠠᠨ ᠰᠢᠢᠳᠪᠦᠷᠢᠯᠡᠪᠠ᠃ ᠵᠠᠰᠠᠭ ᠤᠨ ᠶᠠᠪᠤᠳᠠᠯ ᠤᠨ ᠰᠦᠯᠵᠢᠶᠠᠨ ᠤ ᠬᠠᠮᠢᠶᠠᠷᠤᠯᠳᠠ ᠶᠢ ᠦᠨᠠᠠᠬᠦ | ᠴᠢᠩᠭᠠᠳᠬᠠᠵᠦ᠂ ᠡᠯᠧᠺᠲᠷᠤᠠᠴᠢᠯᠡᠭᠰᠡᠨ ᠵᠠᠰᠠᠭ ᠤᠨ ᠶᠠᠪᠤᠳᠠᠯ ᠪᠠ ᠮᠡᠳᠡᠭᠡ ᠵᠠᠩᠬᠢᠵᠢᠯᠳᠠ ᠶᠢᠨ ᠠᠬᠢᠴᠠ ᠪᠠᠨ | ᠳᠦᠷᠬᠡᠳᠬᠡᠵᠠᠢ᠃ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠪᠠ ᠠᠵᠢᠯ ᠳᠦᠷᠦᠯ ᠳᠤ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠳᠠ᠂ ᠬᠢᠨᠠᠨ ᠪᠤᠳᠤᠯᠳᠠ ᠶᠢᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠬᠢᠨᠠᠨ | ᠵᠦᠪᠰᠢᠶᠠᠷᠠᠯ ᠤᠨ ᠳᠦᠷᠦᠯ ᠵᠦᠢᠯ ᠢ ᠤᠯᠠᠮ ᠴᠢᠨᠠᠭᠰᠢᠳᠠ ᠴᠤᠮᠬᠠᠳᠬᠠᠨ ᠳᠦᠷᠢᠮᠵᠢᠬᠦᠯᠵᠦ᠂ ᠠᠵᠢᠯ ᠤᠨ ᠤᠪᠤᠷ᠂ | ᠵᠠᠰᠠᠭ ᠤᠨ ᠰᠤᠷᠳᠠᠯ ᠤᠨ ᠦᠨᠠᠯᠠᠯᠳᠠ ᠶᠢᠨ ᠠᠵᠢᠯᠯᠠᠭ᠎ᠠ ᠶᠢ ᠢᠳᠡᠪᠬᠢᠳᠠᠢ ᠪᠠᠷ ᠦᠷᠨᠢᠬᠦᠯᠵᠦ᠂ ᠵᠠᠰᠠᠭ ᠤᠨ | ᠪᠠᠶᠢᠭᠤᠯᠤᠮᠵᠢ ᠶᠢᠨ ᠠᠵᠢᠯ ᠤᠨ ᠦᠷ᠎ᠠ ᠪᠦᠳᠦᠮᠵᠢ ᠪᠠ ᠦᠢᠯᠡᠴᠢᠯᠡᠬᠡᠨ ᠤ ᠳᠦᠪᠰᠢᠨ ᠢᠯᠡᠷᠬᠡᠢ ᠳᠡᠬᠡᠭᠰᠢᠯᠡᠭᠰᠡᠨ | ᠪᠠᠶᠢᠨ᠎ᠠ᠃ | ᠳᠦᠯᠦᠬᠡᠯᠡᠭᠴᠢᠳ ᠡ᠂ ᠦᠩᠬᠡᠷᠡᠭᠰᠡᠨ ᠳᠠᠪᠤᠨ ᠵᠢᠯ ᠪᠤᠯ ᠮᠠᠨ ᠤ ᠬᠤᠰᠢᠭᠤᠨ ᠤ ᠠᠵᠦ ᠠᠬᠤᠢ ᠶᠢᠨ ᠬᠦᠭᠵᠢᠯᠳᠠ | ᠬᠠᠮᠤᠭ ᠠᠴᠠ ᠳᠦᠷᠬᠡᠨ᠂ ᠬᠤᠳᠠ ᠬᠦᠳᠡᠭᠡ ᠶᠢᠨ ᠳᠦᠷᠢ ᠳᠦᠷᠬᠦ ᠶᠢᠨ ᠬᠤᠪᠢᠷᠠᠯᠳᠠ ᠬᠠᠮᠤᠭ ᠠᠴᠠ ᠶᠡᠭᠡ᠂ | ᠨᠠᠶᠢᠬᠡᠮ ᠤᠨ ᠪᠠᠶᠢᠭᠤᠯᠤᠯᠳᠠ ᠶᠢᠨ ᠦᠷ᠎ᠠ ᠪᠦᠳᠦᠮᠵᠢ ᠬᠠᠮᠤᠭ ᠤᠨ ᠰᠠᠶᠢᠨ᠂ ᠠᠷᠠᠳ ᠤᠯᠠᠨ ᠬᠠᠮᠤᠭ ᠤᠨ ᠢᠯᠡᠬᠦᠤ | ᠠᠰᠢᠭ ᠬᠦᠷᠳᠡᠭᠰᠡᠨ ᠬᠤᠭᠤᠴᠠᠭ᠎ᠠ ᠪᠤᠯᠤᠨ᠎ᠠ᠃ ᠡᠨᠡ ᠪᠤᠯ ᠬᠤᠰᠢᠭᠤ ᠨᠠᠮ ᠤᠨ ᠬᠤᠷᠢᠶ᠎ᠠ ᠪᠦᠬᠦ ᠳᠠᠯ᠎ᠠ ᠪᠠᠷ | ᠪᠤᠳᠤᠯᠬᠢᠯᠠᠨ᠂ ᠰᠢᠠᠵᠢᠯᠡᠬᠦ ᠤᠬᠠᠭᠠᠠᠴᠢ ᠪᠠᠷ ᠰᠢᠢᠳᠪᠦᠷᠢᠳᠦ ᠪᠤᠳᠤᠯᠭ᠎ᠠ ᠳᠤᠭᠳᠠᠭᠠᠵᠦ᠂ ᠬᠤᠰᠢᠭᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠪᠠ ᠤᠯᠤᠰ ᠳᠦᠷᠦ ᠶᠢᠨ ᠵᠦᠪᠯᠡᠯᠬᠡᠨ ᠠᠴᠠ ᠪᠦᠳᠦᠮᠵᠢᠳᠠᠢ ᠬᠢᠨᠠᠯᠳᠠ᠂ | ᠬᠦᠴᠦᠳᠠᠢ ᠳᠡᠮᠵᠢᠯᠬᠡ ᠬᠠᠩᠭᠠᠭᠰᠠᠨ᠂ ᠮᠥᠨ ᠴᠤ ᠪᠦᠬᠦ ᠬᠤᠰᠢᠭᠤᠨ ᠤ ᠦᠷᠬᠡᠨ ᠤᠯᠠᠨ ᠺᠠᠳᠠᠷ ᠳᠦᠮᠡᠨ ᠤ | ᠪᠦᠯᠬᠦᠮᠳᠠᠨ ᠳᠡᠮᠡᠴᠠᠵᠦ᠂ ᠰᠢᠷᠭᠠᠭᠤ ᠴᠢᠷᠮᠡᠶᠢᠭ᠌ᠰᠠᠨ ᠤ ᠦᠷ᠎ᠠ ᠪᠦᠳᠦᠬᠡᠯ ᠮᠥᠨ᠃ ᠠᠳᠠ ᠪᠢ ᠬᠤᠰᠢᠭᠤ ᠠᠷᠠᠳ | ᠤᠨ ᠵᠠᠰᠠᠭ ᠤᠨ ᠤᠷᠳᠤᠨ ᠢ ᠳᠦᠯᠦᠬᠡᠯᠡᠨ᠂ ᠳᠦᠯᠦᠬᠡᠯᠡᠭᠴᠢᠳ᠂ ᠬᠡᠰᠢᠬᠦᠳ᠂ ᠡᠯ᠎ᠡ ᠠᠵᠢᠯ ᠳᠦᠷᠦᠯ ᠤᠨ ᠡᠮᠦᠨ᠎ᠠ | ᠹᠷᠤᠠᠲ ᠲᠤ ᠭᠠᠪᠰᠢᠭᠠᠶᠢᠯᠠᠵᠦ ᠪᠠᠶᠢᠭ᠎ᠠ ᠦᠠᠳᠦᠰᠦᠳᠠᠨ ᠨᠦᠭᠦᠳ ᠤᠨ ᠺᠠᠳᠠᠷ ᠤᠯᠠᠨ ᠳᠦᠮᠡᠨ᠂ ᠮᠥᠨ ᠴᠤ ᠠᠪᠠᠭ᠎ᠠ | ᠬᠤᠰᠢᠭᠤᠨ ᠤ ᠬᠦᠭᠵᠢᠯᠳᠠ ᠳᠤ ᠬᠠᠯᠠᠮᠵᠢᠯᠠᠯ ᠳᠡᠮᠵᠢᠯᠬᠡ ᠦᠵᠡᠬᠦᠯᠦᠭᠰᠡᠬᠡᠷ ᠢᠷᠡᠭᠰᠡᠨ ᠨᠡᠶᠢᠬᠡᠮ ᠤᠨ ᠡᠯ᠎ᠡ ᠡᠳᠡᠬᠡᠳ | ᠤᠨ ᠬᠢᠨ ᠤ ᠨᠠᠶᠢᠵᠠ ᠨᠦᠬᠦᠳ ᠲᠤ ᠴᠢᠩ ᠰᠠᠳᠬᠢᠯ ᠤᠨ ᠳᠠᠯᠠᠷᠬᠠᠯ ᠪᠠ ᠡᠷᠬᠢᠮ ᠳᠡᠬᠡᠳᠦ ᠬᠦᠠᠳᠦᠳᠬᠡᠯ ᠢᠶᠠᠨ | ᠳᠡᠪᠰᠢᠬᠦᠯᠵᠦ ᠪᠠᠶᠢᠨ᠎ᠠ᠃ | ᠳᠦᠯᠦᠬᠡᠯᠡᠭᠴᠢᠳ ᠡ᠂ ᠳᠠᠪᠤᠨ ᠵᠢᠯ ᠤᠨ ᠬᠦᠭᠵᠢᠬᠦᠯᠦᠯᠳᠠ ᠶᠢᠨ ᠦᠷ᠎ᠠ ᠪᠦᠳᠦᠮᠵᠢ ᠨᠢ ᠤᠷᠮ᠎ᠠ ᠶᠢ ᠰᠡᠷᠬᠦᠬᠡᠵᠦ | ᠪᠠᠶᠢᠪᠠᠴᠤ᠂ ᠳᠠᠪᠤᠨ ᠵᠢᠯ ᠤᠨ ᠬᠦᠴᠢᠷ ᠪᠡᠷᠬᠡᠰᠢᠶᠠᠯᠳᠦ ᠦᠩᠬᠡᠷᠠᠯᠳᠠ ᠨᠢ ᠴᠤ ᠬᠦᠨ ᠰᠡᠳᠬᠢᠬᠦᠰᠢᠳᠠᠢ ᠶᠤᠮ᠃ | ᠳᠠᠪᠤᠨ ᠵᠢᠯ ᠤᠨ ᠳᠤᠷᠰᠢᠬᠢ ᠬᠦᠭᠵᠢᠬᠦᠯᠦᠯᠳᠠ ᠶᠢᠨ ᠦᠢᠯᠡᠳᠦᠯᠬᠡ ᠠᠴᠠ ᠪᠦᠬᠦ ᠬᠤᠰᠢᠭᠤᠨ ᠤ ᠠᠵᠦ ᠠᠬᠤᠢ | ᠨᠠᠶᠢᠬᠡᠮ ᠤᠨ ᠬᠦᠭᠵᠢᠯᠳᠠ ᠳᠤ ᠮᠦᠠᠬᠦ ᠠᠰᠠᠭᠤᠳᠠᠯ ᠤᠷᠤᠰᠢᠵᠦ ᠪᠠᠶᠢᠭ᠎ᠠ ᠶᠢ ᠪᠢᠳᠠᠨ ᠳᠤ ᠳᠤᠳᠤᠷᠬᠠᠢ ᠳᠠᠨᠢᠭᠤᠯᠤᠯᠠ᠃ | ᠭᠤᠤᠯᠳᠠᠭᠤ ᠠᠵᠦ ᠠᠬᠤᠢ ᠨᠠᠶᠢᠬᠡᠮ ᠤᠨ ᠬᠦᠭᠵᠢᠯᠳᠠ ᠶᠢᠨ ᠶᠡᠷᠦᠩᠬᠡᠢ ᠬᠢᠷᠢ ᠳᠦᠪᠰᠢᠨ ᠳᠤᠤᠷ᠎ᠠ᠂ ᠠᠵᠦ ᠠᠬᠤᠢ | ᠶᠢᠨ ᠶᠡᠷᠦᠩᠬᠡᠢ ᠬᠡᠮᠵᠢᠶ᠎ᠠ ᠪᠠᠭ᠎ᠠ᠂ ᠪᠣᠳᠠᠳᠦ ᠬᠦᠴᠦᠨ ᠰᠤᠯᠠ᠂ ᠨᠡᠮᠡᠭᠳᠠᠯ ᠤᠨ ᠠᠷᠭ᠎ᠠ ᠮᠠᠶ᠋ᠢᠭ ᠮᠥᠨ ᠯᠠ | ᠪᠦᠳᠦᠬᠦᠯᠢᠭ ᠬᠤᠴᠤᠷᠠᠩᠭᠤᠢ ᠪᠠᠶᠢᠳᠠᠯ ᠦᠠᠳᠦᠰᠦᠨ ᠠᠴᠠ ᠪᠠᠨ ᠦᠬᠡᠷᠠᠴᠢᠯᠡᠭᠳᠡᠬᠡᠳᠦᠢ ᠪᠠᠶᠢᠨ᠎ᠠ᠃ ᠮᠠᠯ ᠠᠵᠦ | ᠠᠬᠤᠢ ᠶᠢᠨ ᠰᠠᠭᠤᠷᠢ ᠨᠢᠮᠬᠡᠨ᠂ ᠠᠵᠦ ᠦᠢᠯᠡᠰᠵᠢᠯᠳᠠ ᠶᠢᠨ ᠬᠡᠮᠵᠢᠶ᠎ᠠ ᠳᠤᠤᠷ᠎ᠠ᠂ ᠮᠠᠯᠴᠢᠳ ᠤᠨ ᠤᠷᠤᠯᠭ᠎ᠠ ᠶᠢ | ᠦᠷᠬᠦᠯᠵᠢᠯᠠᠨ ᠨᠡᠮᠡᠭᠳᠡᠬᠦᠯᠬᠦ ᠳᠤ ᠬᠦᠴᠢᠷᠳᠠᠢ᠂ ᠠᠵᠦ ᠦᠢᠯᠡᠳᠪᠦᠷᠢ ᠶᠢᠨ ᠠᠵᠦ ᠦᠢᠯᠡᠰ ᠤᠨ ᠬᠡᠯᠬᠢᠶ᠎ᠠ ᠤᠬᠤᠷ᠂ | ᠡᠬᠢ ᠪᠠᠶᠠᠯᠢᠭ ᠤᠨ ᠠᠰᠢᠭᠯᠠᠯᠳᠠ ᠶᠢᠨ ᠳᠦᠪᠰᠢᠨ ᠪᠠ ᠠᠵᠦ ᠦᠢᠯᠡᠰ ᠤᠨ ᠳᠦᠪᠯᠡᠷᠠᠯ ᠤᠨ ᠬᠡᠮᠵᠢᠶ᠎ᠠ ᠳᠤᠤᠷ᠎ᠠ | ᠪᠠᠶᠢᠭᠰᠠᠭᠠᠷ᠃ ᠵᠠᠰᠠᠭ ᠤᠨ ᠤᠷᠳᠤᠨ ᠤ ᠴᠢᠳᠠᠪᠬᠢ ᠶᠢᠨ ᠦᠬᠡᠷᠡᠴᠢᠯᠠᠯᠳᠠ ᠨᠢ ᠰᠢᠨ᠎ᠡ ᠪᠠᠶᠢᠳᠠᠯ᠂ ᠰᠢᠨ᠎ᠡ ᠡᠬᠦᠷᠬᠡ | ᠶᠢᠨ ᠱᠠᠭᠠᠷᠳᠠᠯᠭ᠎ᠠ ᠳᠤ ᠪᠦᠷᠢᠮᠦᠰᠦᠨ ᠨᠠᠶᠢᠴᠠᠵᠦ ᠳᠡᠶᠢᠯᠦᠬᠡᠳᠦᠢ᠃ ᠳᠡᠬᠡᠷᠡᠬᠢ ᠠᠰᠠᠭᠤᠳᠠᠯ ᠢ ᠪᠢᠳᠠ ᠳᠤᠶᠢᠯ ᠢᠶᠠᠷ | ᠴᠢᠬᠤᠯᠴᠢᠯᠠᠨ ᠦᠵᠡᠵᠦ᠂ ᠦᠬᠡᠷᠡᠴᠢᠯᠠᠯᠳᠠ ᠪᠠ ᠬᠦᠭᠵᠢᠬᠦᠯᠦᠯᠳᠠ ᠶᠢᠨ ᠠᠷᠭ᠎ᠠ ᠪᠠᠷ ᠬᠢᠨᠠᠮᠠᠭᠠᠢ ᠰᠢᠢᠳᠪᠦᠷᠢᠯᠡᠬᠦ ᠪᠠᠷ | ᠴᠢᠷᠮᠡᠶᠢᠨ᠎ᠠ᠃ | ᠬᠤᠶᠠᠷ᠂ ︽ᠠᠷᠪᠠᠨ ᠬᠤᠶᠠᠳᠤᠭᠠᠷ ᠳᠠᠪᠤᠨ ᠵᠢᠯ︾ ᠤᠨ ᠬᠤᠭᠤᠴᠠᠭᠠᠨ ᠳᠠᠬᠢ ᠠᠵᠦ ᠠᠬᠤᠢ ᠨᠠᠶᠢᠬᠡᠮ ᠤᠨ | ᠬᠦᠭᠵᠢᠯᠳᠠ ᠶᠢᠨ ᠭᠤᠤᠯ ᠬᠠᠷᠠᠯᠳᠠ ᠪᠠ ᠦᠠᠳᠦᠰᠦᠨ ᠵᠠᠷᠴᠢᠮ | ᠳᠦᠯᠦᠬᠡᠯᠡᠭᠴᠢᠳ ᠡ᠂ ︽ᠠᠷᠪᠠᠨ ᠬᠤᠶᠠᠳᠤᠭᠠᠷ ᠳᠠᠪᠤᠨ ᠵᠢᠯ︾ ᠪᠤᠯ ᠮᠠᠨ ᠤ ᠬᠤᠰᠢᠭᠤᠨ ᠤ ᠬᠦᠭᠵᠢᠯᠳᠠ ᠪᠠᠨ | ᠳᠦᠷᠬᠡᠳᠬᠡᠵᠦ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠵᠠᠩᠬᠢᠯᠠᠭ᠎ᠠ ᠶᠢᠨ ᠬᠤᠭᠤᠴᠠᠭ᠎ᠠ | ᠪᠤᠯᠤᠨ᠎ᠠ᠃ ᠡᠨᠠ ᠬᠤᠭᠤᠴᠠᠭᠠᠨ ᠳᠠᠬᠢ ᠭᠤᠤᠯ ᠳᠦᠰᠦᠪᠯᠡᠭᠰᠡᠨ ᠬᠠᠷᠠᠯᠳᠠ ᠪᠤᠯ᠄ 2015 ᠤᠨ ᠪᠤᠯᠬᠤ ᠳᠤ ᠪᠦᠬᠦ | ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠠᠯ ᠤᠨ ᠶᠡᠷᠦᠩᠬᠡᠢ ᠦᠷᠳᠡᠭ ᠢ 120 ᠳ᠋ᠦᠩᠰᠢᠭᠤᠷ ᠳᠦᠬᠦᠷᠢᠭ | ᠲᠤ ᠬᠦᠷᠬᠡᠵᠦ᠂ ᠵᠢᠯ ᠪᠦᠷᠢ ᠳᠤᠮᠳᠠᠴᠢ ᠪᠠᠷ 28.5% ᠪᠠᠷ ᠨᠡᠮᠡᠭᠳᠡᠬᠦᠯᠦᠨ᠎ᠡ᠃ ᠭᠤᠷᠪᠠᠨ ᠠᠵᠦ ᠦᠢᠯᠡᠰ ᠤᠨ | ᠬᠠᠷᠢᠴᠠᠯ ᠢ 5᠄ 73᠄ 22 ᠪᠤᠯᠭᠠᠨ ᠳᠤᠬᠢᠷᠠᠭᠤᠯᠵᠦ᠂ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠶᠢ | 12 ᠳ᠋ᠦᠩᠰᠢᠭᠤᠷ ᠳᠦᠬᠦᠷᠢᠭ ᠲᠤ ᠬᠦᠷᠬᠡᠨ᠂ ᠵᠢᠯ ᠪᠦᠷᠢ ᠳᠤᠮᠳᠠᠴᠢ ᠪᠠᠷ 35.8% ᠪᠠᠷ ᠨᠡᠮᠡᠭᠳᠡᠬᠦᠯᠦᠨ᠎ᠠ᠃ | ᠪᠦᠬᠦ ᠨᠠᠶᠢᠬᠡᠮ ᠤᠨ ᠳᠤᠭᠳᠠᠮᠠᠯ ᠬᠦᠷᠦᠩᠬᠡ ᠶᠢᠨ ᠪᠠᠯᠠ ᠤᠷᠤᠭᠤᠯᠤᠯᠳᠠ ᠶᠢᠨ ᠬᠡᠮᠵᠢᠶ᠎ᠠ ᠶᠢ 120 ᠳ᠋ᠦᠩᠰᠢᠭᠤᠷ | ᠳᠦᠬᠦᠷᠢᠭ ᠲᠤ ᠬᠦᠷᠬᠡᠵᠦ᠂ ᠵᠢᠯ ᠪᠦᠷᠢ ᠳᠤᠮᠳᠠᠴᠢ ᠪᠠᠷ 19.1% ᠪᠠᠷ ᠨᠡᠮᠡᠭᠳᠡᠬᠦᠯᠦᠨ᠎ᠠ᠃ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠳᠤᠮᠳᠠᠴᠢ ᠳᠤᠬᠢᠷᠠᠭᠤᠯᠤᠯᠳᠠ ᠶᠢᠨ ᠤᠷᠤᠯᠭ᠎ᠠ ᠪᠠ ᠮᠠᠯᠴᠢᠳ ᠤᠨ ᠳᠤᠮᠳᠠᠴᠢ ᠴᠠᠪᠡᠷ | ᠤᠷᠤᠯᠭ᠎ᠠ ᠶᠢ ᠳᠤᠰ ᠳᠤᠰ 33000 ᠳᠦᠬᠦᠷᠢᠭ ᠪᠠ 20000 ᠳᠦᠬᠦᠷᠢᠭ ᠲᠤ ᠬᠦᠷᠬᠡᠵᠦ᠂ ᠵᠢᠯ ᠪᠦᠷᠢ | ᠳᠤᠮᠳᠠᠴᠢ ᠪᠠᠷ 16.4% ᠪᠠ 16.9% ᠪᠠᠷ ᠨᠡᠮᠡᠭᠳᠡᠬᠦᠯᠦᠨ᠎ᠠ᠃ ᠬᠦᠮᠦᠨ ᠠᠮᠠ ᠶᠢᠨ ᠠᠶᠠᠠᠳᠠᠭᠠᠨ ᠦᠰᠦᠯᠳᠠ | ᠶᠢᠨ ᠨᠤᠷᠮ᠎ᠠ ᠶᠢ ᠵᠢᠯ ᠪᠦᠷᠢ ᠳᠤᠮᠳᠠᠴᠢ ᠪᠠᠷ 10‰ ᠶᠢᠨ ᠳᠤᠳᠤᠷ᠎ᠠ ᠬᠢᠵᠠᠭᠠᠷᠯᠠᠵᠦ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ ᠵᠢᠯ ᠪᠦᠷᠢ 3.8% ᠶᠢᠨ ᠳᠤᠳᠤᠷ᠎ᠠ ᠬᠢᠵᠠᠭᠠᠷᠯᠠᠨ᠎ᠠ᠃ | ᠳᠡᠬᠡᠷᠡᠬᠢ ᠬᠠᠷᠠᠯᠳᠠ ᠪᠠᠨ ᠪᠠᠶᠠᠯᠠᠬᠦᠯᠬᠦ ᠳᠤ ᠪᠢᠳᠠ ᠳᠤᠤᠷᠠᠬᠢ ᠵᠠᠷᠴᠢᠮ ᠢ ᠪᠠᠷᠢᠮᠳᠠᠯᠠᠬᠤ ᠬᠡᠷᠡᠭᠳᠠᠢ᠃ ᠨᠢᠬᠡ ᠳᠤ᠂ | ᠬᠦᠭᠵᠢᠯᠳᠠ ᠪᠠᠨ ᠳᠦᠷᠬᠡᠳᠬᠡᠬᠦ ᠶᠢ ᠪᠠᠳᠤᠯᠠᠨ᠎ᠠ᠃ ᠬᠦᠭᠵᠢᠯᠳᠠ ᠪᠠᠨ ᠳᠦᠷᠬᠡᠳᠬᠡᠬᠦ ᠶᠢ ᠭᠤᠤᠯ ᠡᠬᠦᠷᠬᠡ ᠪᠤᠯᠭᠠᠵᠦ | ᠂ ᠬᠦᠭᠵᠢᠯᠳᠠ ᠶᠢᠨ ᠠᠵᠠ ᠳᠤᠬᠢᠶᠠᠯ ᠢ ᠢᠳᠡᠪᠬᠢᠳᠠᠢ ᠡᠷᠢᠯᠬᠢᠯᠠᠵᠦ᠂ ᠬᠦᠭᠵᠢᠯᠳᠠ ᠶᠢᠨ ᠵᠢᠮ᠎ᠠ ᠶᠤᠰᠤ ᠶᠢ ᠡᠵᠡᠮᠰᠢᠨ᠂ | ᠬᠦᠭᠵᠢᠯᠳᠠ ᠶᠢᠨ ᠰᠢᠨ᠎ᠠ ᠰᠡᠳᠬᠢᠴᠠ ᠶᠢ ᠡᠬᠦᠳᠴᠤ᠂ ᠳᠠᠪᠠᠭᠤᠯᠢᠭ ᠳᠠᠯ᠎ᠠ ᠪᠠᠨ ᠪᠠᠳᠠᠷᠠᠭᠤᠯᠵᠦ᠂ ᠠᠵᠦ ᠠᠬᠤᠢ ᠶᠢᠨ | ᠶᠠᠷᠦᠩᠬᠡᠢ ᠬᠡᠮᠵᠢᠶ᠎ᠠ ᠪᠠᠨ ᠦᠳᠳᠡᠷ ᠳᠦᠷᠬᠡᠨ ᠨᠡᠮᠡᠭᠳᠡᠬᠦᠯᠵᠦ᠂ ᠪᠤᠳᠠᠳᠦ ᠬᠦᠴᠦᠨ ᠪᠠᠨ ᠳᠠᠰᠤᠷᠠᠯᠳᠠ ᠦᠬᠡᠢ | ᠳᠡᠭᠡᠭᠰᠢᠯᠡᠬᠦᠯᠦᠨ᠎ᠠ᠃ ᠬᠤᠶᠠᠷ ᠲᠤ᠂ ᠰᠢᠠᠵᠢᠯᠡᠬᠦ ᠤᠬᠠᠭᠠᠠᠴᠢ ᠪᠠᠷ ᠬᠦᠭᠵᠢᠬᠦᠯᠬᠦ ᠶᠢ ᠪᠠᠷᠢᠮᠳᠠᠯᠠᠨ᠎ᠠ᠃ ᠪᠦᠳᠦᠴᠠ | ᠶᠢᠨ ᠳᠤᠬᠢᠷᠠᠭᠤᠯᠤᠯᠳᠠ ᠶᠢ ᠬᠦᠭᠵᠢᠯᠳᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠡᠷᠢᠬᠦᠨ ᠴᠢᠬᠤᠯᠠ ᠡᠬᠦᠷᠬᠡ | ᠪᠤᠯᠭᠠᠵᠦ᠂ ᠳᠠᠪᠠᠭᠤᠯᠢᠭ ᠠᠵᠦ ᠦᠢᠯᠡᠳᠪᠦᠷᠢ ᠪᠠᠷ ᠭᠤᠤᠯ ᠬᠦᠴᠦᠨ ᠪᠤᠯᠭᠠᠵᠦ᠂ ᠤᠳᠤᠬᠢᠴᠢᠯᠠᠭᠰᠠᠨ ᠮᠠᠯ ᠠᠵᠦ | ᠠᠬᠤᠢ ᠪᠠᠷ ᠰᠠᠭᠤᠷᠢ ᠪᠤᠯᠭᠠᠵᠦ᠂ ᠢᠵᠢ ᠪᠦᠷᠢᠳᠦᠭᠰᠡᠨ ᠦᠢᠯᠡᠴᠢᠯᠡᠬᠡᠨ ᠤ ᠦᠢᠯᠡᠰ ᠢᠶᠠᠷ ᠳᠤᠯᠭᠠᠭᠤᠷᠢ ᠪᠤᠯᠭᠠᠭᠰᠠᠨ | ᠠᠵᠦ ᠦᠢᠯᠡᠰ ᠤᠨ ᠰᠢᠰᠲ᠋ᠧᠮ ᠢ ᠳᠦᠷᠬᠡᠳᠬᠡᠨ ᠪᠠᠶᠢᠭᠤᠯᠤᠨ᠎ᠠ᠃ ᠡᠬᠢ ᠪᠠᠶᠠᠯᠢᠭ ᠲᠤ ᠠᠷᠪᠢᠳᠠᠢ ᠪᠠ ᠤᠷᠴᠢᠨ | ᠠᠬᠤᠢ ᠳᠤ ᠨᠦᠬᠦᠷᠰᠡᠭ ᠨᠠᠶᠢᠬᠡᠮ ᠢ ᠴᠤᠭᠴᠠᠯᠠᠨ ᠪᠠᠶᠢᠭᠤᠯᠬᠤ ᠪᠠᠷ ᠬᠠᠷᠠᠯᠳᠠ ᠪᠤᠯᠭᠠᠵᠦ᠂ ᠠᠮᠢ ᠠᠬᠤᠢ ᠶᠢᠨ | ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠬᠦᠠᠳᠦᠳᠬᠡᠨ ᠦᠵᠡᠵᠦ᠂ ᠤᠷᠴᠢᠯᠳᠠ ᠶᠢᠨ ᠠᠵᠦ ᠠᠬᠤᠢ᠂ | ᠪᠤᠬᠢᠷᠳᠠᠯ ᠦᠬᠡᠢ ᠠᠵᠦ ᠠᠬᠤᠢ ᠪᠠ ᠳᠤᠤᠷ᠎ᠠ ᠨᠡᠬᠦᠷᠠᠰᠦᠳᠦ᠋ᠷᠤᠭ᠍ᠴᠢᠳᠦ ᠠᠵᠦ ᠠᠬᠤᠢ ᠶᠢ ᠢᠳᠡᠪᠬᠢᠳᠠᠢ ᠬᠦᠭᠵᠢᠬᠦᠯᠵᠦ | ᠂ ᠦᠷᠬᠦᠯᠵᠢᠯᠡᠬᠦᠶᠢᠴᠠ ᠬᠦᠭᠵᠢᠯᠳᠠ ᠶᠢᠨ ᠴᠢᠳᠠᠪᠦᠷᠢ ᠶᠢ ᠳᠠᠰᠤᠷᠠᠯᠳᠠ ᠦᠬᠡᠢ ᠳᠡᠭᠡᠭᠰᠢᠯᠡᠬᠦᠯᠦᠨ᠎ᠠ᠃ ᠭᠤᠷᠪᠠ ᠳᠤ᠂ | ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠨ᠎ᠠ᠃ ᠠᠵᠦ ᠠᠬᠤᠢ ᠶᠢᠨ ᠬᠦᠭᠵᠢᠯᠳᠠ ᠪᠠ ᠬᠦᠮᠦᠨ ᠠᠮᠠ᠂ ᠡᠬᠢ | ᠪᠠᠶᠠᠯᠢᠭ᠂ ᠤᠷᠴᠢᠨ ᠳᠤᠭᠤᠷᠢᠨ ᠤ ᠬᠤᠭᠤᠷᠤᠠᠳᠤᠬᠢ ᠬᠠᠷᠢᠴᠠᠭ᠎ᠠ᠂ ᠬᠦᠭᠵᠢᠯᠳᠠ ᠶᠢᠨ ᠬᠤᠷᠳᠤᠴᠠ ᠪᠠ ᠪᠦᠳᠦᠴᠠ᠂ | ᠴᠢᠨᠠᠷ᠂ ᠦᠷ᠎ᠠ ᠠᠰᠢᠭ ᠤᠨ ᠬᠤᠭᠤᠷᠤᠠᠳᠤᠬᠢ ᠬᠠᠷᠢᠴᠠᠭ᠎ᠠ᠂ ᠨᠠᠶᠢᠬᠡᠮ ᠤᠨ ᠠᠵᠢᠯ ᠦᠢᠯᠡᠰ ᠤᠨ ᠬᠦᠭᠵᠢᠯᠳᠠ ᠪᠠ | ᠪᠠᠯᠠ ᠤᠷᠤᠭᠤᠯᠤᠯᠳᠠ᠂ ᠬᠠᠮᠢᠶᠠᠷᠤᠯᠳᠠ᠂ ᠡᠵᠡᠩᠨᠠᠯᠳᠠ ᠶᠢᠨ ᠬᠤᠭᠤᠷᠤᠠᠳᠤᠬᠢ ᠬᠠᠷᠢᠴᠠᠭ᠎ᠠ᠂ ᠬᠤᠳᠠ ᠪᠠ ᠬᠦᠳᠡᠭᠡ | ᠶᠢᠨ ᠬᠤᠭᠤᠷᠤᠠᠳᠤᠬᠢ ᠬᠠᠷᠢᠴᠠᠭ᠎ᠠ ᠵᠡᠷᠬᠡ ᠶᠢ ᠵᠤᠬᠢᠰᠳᠠᠢ ᠰᠢᠢᠳᠪᠦᠷᠢᠯᠡᠵᠦ᠂ ᠠᠵᠦ ᠠᠬᠤᠢ ᠨᠠᠶᠢᠬᠡᠮ ᠤᠨ | ᠵᠤᠬᠢᠴᠠᠩᠭᠤᠢ ᠬᠦᠭᠵᠢᠯᠳᠠ ᠪᠠ ᠬᠤᠳᠠ ᠬᠦᠳᠡᠭᠡ ᠶᠢᠨ ᠨᠠᠶᠢᠳᠠ ᠶᠢᠨ ᠦᠢᠯᠡᠴᠢᠯᠡᠬᠡᠨ ᠤ ᠳᠠᠩᠴᠠᠬᠦᠷᠢᠰᠢᠯ ᠢ | ᠠᠬᠢᠭᠤᠯᠤᠨ᠎ᠠ᠃ ᠳᠦᠷᠪᠡ ᠳᠤ᠂ ᠨᠡᠬᠡᠬᠡᠯᠳᠡᠳᠦ ᠬᠦᠭᠵᠢᠬᠦᠯᠦᠯᠳᠠ ᠶᠢ ᠪᠠᠳᠤᠯᠠᠨ᠎ᠠ᠃ ᠬᠤᠷᠰᠢᠯᠴᠠᠨ ᠬᠠᠮᠳᠤᠷᠠᠯᠴᠠᠵᠦ | ᠬᠠᠮᠳᠦ ᠪᠠᠷ ᠠᠰᠢᠭ ᠬᠦᠷᠳᠡᠬᠦ ᠦᠵᠡᠯᠳᠠ ᠶᠢ ᠪᠠᠷᠢᠮᠳᠠᠯᠠᠨ᠂ ᠦᠬᠡᠷᠡᠴᠢᠯᠠᠯᠳᠠ ᠶᠢ ᠬᠦᠠᠵᠡᠬᠡᠶᠢᠷᠠᠬᠦᠯᠬᠦ ᠪᠠ ᠨᠡᠬᠡᠬᠡᠯᠳᠠ | ᠶᠢ ᠦᠷᠬᠡᠳᠬᠡᠬᠦ ᠪᠠᠷ ᠬᠦᠭᠵᠢᠯᠳᠠ ᠶᠢ ᠳᠦᠷᠬᠡᠳᠬᠡᠬᠦ ᠴᠢᠬᠤᠯᠠ ᠬᠦᠳᠡᠯᠬᠡᠬᠦ ᠬᠦᠴᠦᠨ ᠪᠤᠯᠭᠠᠵᠦ᠂ ᠠᠵᠦ ᠠᠬᠤᠢ ᠶᠢᠨ | ᠬᠦᠭᠵᠢᠯᠳᠠ ᠶᠢᠨ ᠤᠷᠴᠢᠨ ᠢ ᠳᠠᠰᠤᠷᠠᠯᠳᠠ ᠦᠬᠡᠢ ᠰᠢᠯᠢᠳᠡᠭᠵᠢᠬᠦᠯᠵᠦ᠂ ᠠᠷᠠᠯᠵᠢᠶᠠᠴᠢᠨ ᠤᠷᠢᠵᠦ ᠪᠠᠯᠠ | ᠤᠷᠤᠭᠤᠯᠬᠤ ᠪᠠ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠦᠴᠦᠯᠠᠨ ᠠᠳᠬᠤᠵᠦ᠂ ᠬᠠᠮᠳᠤᠷᠠᠯᠴᠠᠬᠤ | ᠰᠢᠨ᠎ᠡ ᠬᠦᠷᠢᠶ᠎ᠠ ᠬᠡᠪᠴᠢᠶ᠎ᠠ ᠶᠢ ᠢᠳᠡᠪᠬᠢᠳᠠᠢ ᠪᠠᠷ ᠡᠷᠢᠯᠬᠢᠯᠠᠨᠠ᠃ ᠳᠠᠪᠤ ᠳᠤ᠂ ᠬᠦᠭᠵᠢᠯᠳᠠ ᠶᠢᠨ ᠦᠷ᠎ᠠ ᠪᠦᠳᠦᠬᠡᠯ | ᠢᠶᠠᠨ ᠤᠯᠠᠨ᠎ᠠ ᠡᠳ᠋ᠯᠡᠬᠦᠯᠬᠦ ᠶᠢ ᠪᠠᠷᠢᠮᠳᠠᠯᠠᠨ᠎ᠠ᠃ ᠬᠦᠮᠦᠨ ᠢᠶᠠᠷ ᠦᠠᠳᠦᠰᠦ ᠪᠤᠯᠭᠠᠵᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠠᠰᠠᠷᠠᠮᠵᠢ ᠶᠢ ᠨᠡᠮᠡᠭᠳᠡᠬᠦᠯᠦᠨ᠂ ᠠᠮᠢᠳᠤᠷᠠᠯ ᠤᠨ ᠬᠢᠷᠢ ᠳᠦᠪᠰᠢᠨ ᠢ ᠳᠡᠭᠡᠭᠰᠢᠯᠡᠬᠦᠯᠵᠦ᠂ | ᠨᠠᠶᠢᠬᠡᠮ ᠤᠨ ᠡᠶ᠎ᠡ ᠵᠤᠬᠢᠴᠠᠩᠭᠤᠢ᠂ ᠠᠮᠤᠷ ᠳᠤᠭᠳᠠᠭᠤᠨ ᠤ ᠠᠬᠢᠭᠤᠯᠤᠯᠳᠠ ᠶᠢ ᠴᠢᠬᠤᠯᠠᠴᠢᠯᠠᠨ᠂ ᠨᠠᠶᠢᠬᠡᠮ ᠤᠨ | ᠪᠠᠶᠢᠭᠤᠯᠤᠯᠳᠠ ᠶᠢ ᠤᠯᠠᠮ ᠬᠦᠠᠳᠦᠳᠬᠡᠨ ᠦᠵᠡᠵᠦ᠂ ᠪᠠᠳᠤᠯᠠᠭ᠎ᠠ ᠶᠢᠨ ᠰᠢᠰᠲ᠋ᠧᠮ ᠢ ᠪᠦᠷᠢᠠᠰᠢᠬᠦᠯᠦᠨ᠂ | ᠬᠠᠮᠢᠶᠠᠷᠤᠯᠳᠠ ᠶᠢᠨ ᠬᠢᠷᠢ ᠳᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠬᠦᠯᠵᠦ᠂ ᠡᠶ᠎ᠡ ᠵᠤᠬᠢᠴᠠᠯᠳᠦ ᠠᠪᠠᠭ᠎ᠠ ᠶᠢᠨ | ᠪᠦᠳᠦᠬᠡᠨ ᠪᠠᠶᠢᠭᠤᠯᠤᠯᠳᠠ ᠶᠢ ᠳᠦᠯᠬᠢᠨ ᠠᠬᠢᠭᠤᠯᠤᠨ᠎ᠠ᠃ | ᠭᠤᠷᠪᠠ᠂ 2011 ᠤᠨ ᠤ ᠠᠵᠦ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠡᠬᠦᠷᠬᠡ | 2011 ᠤᠨ ᠪᠤᠯ ︽ᠠᠷᠪᠠᠨ ᠬᠤᠶᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢᠨ ᠡᠬᠢᠯᠠᠯᠳᠠ ᠶᠢᠨ ᠵᠢᠯ | ᠪᠤᠯᠤᠨ᠎ᠠ᠃ ᠡᠨᠠ ᠵᠢᠯ ᠤᠨ ᠡᠯ᠎ᠡ ᠵᠦᠢᠯ ᠤᠨ ᠠᠵᠢᠯ ᠢ ᠰᠠᠶᠢᠳᠦᠷ ᠬᠢᠬᠦ ᠨᠢ ᠳᠤᠩ ᠴᠢᠬᠤᠯᠠ ᠤᠳᠬ᠎ᠠ ᠠᠭᠤᠯᠭ᠎ᠠ | ᠲᠠᠢ ᠶᠤᠮ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢᠠᠵᠢᠯᠡᠬᠦ | ᠤᠬᠠᠭᠠᠠᠴᠢ ᠬᠦᠭᠵᠢᠯᠳᠠ ᠶᠢᠨ ᠦᠵᠡᠯᠳᠠ ᠪᠠᠷ ᠵᠢᠯᠤᠭᠤᠳᠤᠯᠭ᠎ᠠ ᠪᠤᠯᠭᠠᠵᠦ᠂ ᠪᠦᠬᠦ ᠤᠷᠤᠨ᠂ ᠪᠦᠬᠦ ᠠᠶᠢᠮᠠᠭ ᠤᠨ | ᠠᠵᠦ ᠠᠬᠤᠢ ᠶᠢᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠤᠨ᠂ | ᠬᠦᠭᠵᠢᠯᠳᠠ ᠪᠠᠨ ᠳᠦᠷᠬᠡᠳᠬᠡᠬᠦ ᠦᠵᠠᠯ ᠰᠠᠨᠠᠭ᠎ᠠ ᠶᠢ ᠭᠤᠶᠢᠪᠢᠰᠢ ᠦᠬᠡᠢ ᠪᠠᠷᠢᠮᠳᠠᠯᠠᠵᠦ᠂ ᠰᠢᠠᠵᠢᠯᠡᠬᠦ ᠤᠬᠠᠭᠠᠠᠴᠢ | ᠬᠦᠭᠵᠢᠬᠦᠯᠦᠯᠳᠠ ᠪᠠᠷ ᠭᠤᠤᠯ ᠠᠭᠤᠯᠭ᠎ᠠ ᠪᠤᠯᠭᠠᠨ᠂ ᠬᠦᠭᠵᠢᠯᠳᠠ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠳᠠ ᠶᠢ | ᠳᠦᠷᠬᠡᠳᠬᠡᠬᠦ ᠪᠠᠷ ᠭᠤᠤᠯ ᠱᠤᠭᠤᠮ ᠪᠤᠯᠭᠠᠵᠦ᠂ ︽ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠨ᠂ | ᠬᠦᠭᠵᠢᠯᠳᠠ ᠶᠢᠨ ᠠᠷᠭ᠎ᠠ ᠮᠠᠶ᠋ᠢᠭ ᠢᠶᠠᠨ ᠬᠤᠪᠢᠷᠭᠠᠤᠯᠵᠦ᠂ ᠠᠵᠦ ᠠᠬᠤᠢ ᠶᠢᠨ ᠶᠡᠷᠦᠩᠬᠡᠢ ᠬᠡᠮᠵᠢᠶ᠎ᠠ ᠪᠠᠨ ᠦᠷᠬᠡᠳᠬᠡᠨ | ᠂ ᠠᠷᠠᠳ ᠢᠶᠠᠨ ᠪᠠᠶᠠᠵᠢᠭᠤᠯᠵᠦ᠂ ᠬᠤᠰᠢᠭᠤ ᠪᠠᠨ ᠬᠦᠴᠦᠷᠬᠡᠭᠵᠢᠬᠦᠯᠬᠦ︾ ᠪᠠᠷ ᠶᠡᠷᠦᠩᠬᠡᠢ ᠱᠠᠭᠠᠷᠳᠠᠯᠭ᠎ᠠ ᠪᠤᠯᠭᠠᠨ᠂ | ᠰᠢᠨ᠎ᠠ ᠮᠠᠶ᠋ᠢᠭ ᠤᠨ ᠠᠵᠦ ᠦᠢᠯᠡᠳᠪᠦᠷᠢᠵᠢᠯᠳᠠ᠂ ᠬᠤᠳᠠ ᠪᠠᠯᠭᠠᠰᠤᠵᠢᠯᠳᠠ ᠪᠠ ᠮᠠᠯ ᠠᠵᠦ ᠠᠬᠤᠢ ᠶᠢᠨ | ᠤᠳᠤᠬᠢᠴᠢᠯᠠᠯᠳᠠ ᠶᠢ ᠳᠦᠷᠬᠡᠳᠬᠡᠨ᠂ ᠠᠵᠦ ᠠᠬᠤᠢ ᠨᠠᠶᠢᠬᠡᠮ ᠤᠨ ᠦᠰᠦᠷᠤᠯᠳᠠ ᠶᠢᠨ ᠴᠢᠨᠠᠷᠳᠠᠢ ᠬᠦᠭᠵᠢᠯᠳᠠ ᠶᠢ | ᠪᠦᠬᠦ ᠬᠦᠴᠦᠨ ᠢᠶᠠᠷ ᠢᠶᠠᠨ ᠳᠦᠯᠬᠢᠨ ᠠᠬᠢᠭᠤᠯᠵᠦ᠂ ᠠᠷᠠᠳ ᠢᠶᠠᠨ ᠪᠠᠶᠠᠵᠢᠭᠤᠯᠵᠦ᠂ ᠬᠤᠰᠢᠭᠤ ᠪᠠᠨ | ᠬᠦᠴᠦᠷᠬᠡᠭᠵᠢᠬᠦᠯᠬᠦ ᠪᠠ ᠨᠠᠶᠢᠬᠡᠮ ᠤᠨ ᠡᠶ᠎ᠡ ᠵᠤᠬᠢᠴᠠᠯ᠂ ᠠᠮᠤᠷ ᠳᠤᠭᠳᠠᠭᠤᠨ ᠢ ᠠᠬᠢᠭᠤᠯᠤᠨ᠂ ᠠᠯᠢ ᠳᠦᠷᠬᠡᠨ ᠢᠶᠠᠷ | ᠪᠦᠬᠦ ᠠᠶᠢᠮᠠᠭ ᠤᠨ ᠳᠤᠮᠳᠠ ᠵᠡᠷᠬᠡ ᠶᠢᠨ ᠳᠦᠪᠰᠢᠨ ᠳᠤ ᠤᠷᠤᠬᠤ ᠳᠤ ᠪᠠᠳᠦ ᠪᠠᠬᠢ ᠰᠠᠭᠤᠷᠢ ᠶᠢ ᠳᠠᠯᠪᠢᠨ᠎ᠠ᠃ | 2011 ᠤᠨ ᠤ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠠ ᠶᠢᠨ ᠤᠷᠢᠳᠴᠢᠯᠠᠨ | ᠳᠦᠰᠦᠪᠯᠡᠭᠰᠡᠨ ᠭᠤᠤᠯ ᠬᠠᠷᠠᠯᠳᠠ᠄ ᠭᠠᠵᠠᠷ ᠤᠷᠤᠨ ᠤ ᠦᠢᠯᠡᠳᠪᠦᠷᠢᠯᠠᠯ ᠤᠨ ᠶᠡᠷᠦᠩᠬᠡᠢ ᠦᠷᠳᠡᠭ 41.2 | ᠳ᠋ᠦᠩᠰᠢᠭᠤᠷ ᠳᠦᠬᠦᠷᠢᠭ ᠢ ᠪᠠᠶᠠᠯᠠᠬᠦᠯᠵᠦ᠂ ᠠᠳᠠᠯᠢ ᠬᠤᠭᠤᠴᠠᠭᠠᠨ ᠬᠢ ᠠᠴᠠ 20.5% ᠪᠠᠷ ᠨᠡᠮᠡᠭᠳᠡᠬᠦᠯᠦᠨ᠎ᠠ᠃ | ᠡᠬᠦᠨ ᠳᠤ ᠨᠢᠬᠡᠳᠦᠬᠡᠷ ᠠᠵᠦ ᠦᠢᠯᠡᠰ ᠤᠨ ᠶᠡᠷᠦᠩᠬᠡᠢ ᠦᠷᠳᠡᠭ ᠢ 4.3 ᠳ᠋ᠦᠩᠰᠢᠭᠤᠷ ᠳᠦᠬᠦᠷᠢᠭ ᠲᠤ ᠬᠦᠷᠬᠡᠵᠦ᠂ | 5.9% ᠪᠠᠷ ᠨᠡᠮᠡᠭᠳᠡᠬᠦᠯᠦᠨ᠎ᠡ᠃ ᠬᠤᠶᠠᠳᠤᠭᠠᠷ ᠠᠵᠦ ᠦᠢᠯᠡᠰ ᠤᠨ ᠶᠡᠷᠦᠩᠬᠡᠢ ᠦᠷᠳᠡᠭ ᠢ 30.3 ᠳ᠋ᠦᠩᠰᠢᠭᠤᠷ | ᠳᠦᠬᠦᠷᠢᠭ ᠲᠤ ᠬᠦᠷᠬᠡᠵᠦ᠂ 21.1% ᠪᠠᠷ ᠨᠡᠮᠡᠭᠳᠡᠬᠦᠯᠦᠨ᠎ᠡ᠃ ᠡᠬᠦᠨ ᠳᠤ ᠠᠵᠦ ᠦᠢᠯᠡᠳᠪᠦᠷᠢ ᠶᠢᠨ ᠶᠡᠷᠦᠩᠬᠡᠢ | ᠦᠷᠳᠡᠭ ᠢ 24.5 ᠳ᠋ᠦᠩᠰᠢᠭᠤᠷ ᠳᠦᠬᠦᠷᠢᠭ ᠲᠤ ᠬᠦᠷᠬᠡᠵᠦ᠂ 22.9% ᠪᠠᠷ ᠨᠡᠮᠡᠭᠳᠡᠬᠦᠯᠦᠨ᠎ᠡ᠃ ᠭᠤᠷᠪᠠᠳᠤᠭᠠᠷ | ᠠᠵᠦ ᠦᠢᠯᠡᠰ ᠤᠨ ᠶᠡᠷᠦᠩᠬᠡᠢ ᠦᠷᠳᠡᠭ ᠢ 6.6 ᠳ᠋ᠦᠩᠰᠢᠭᠤᠷ ᠳᠦᠬᠦᠷᠢᠭ ᠲᠤ ᠬᠦᠷᠬᠡᠵᠦ᠂ 29.2% ᠪᠠᠷ | ᠨᠡᠮᠡᠭᠳᠡᠬᠦᠯᠦᠨ᠎ᠡ᠃ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠠᠯᠠ ᠤᠷᠤᠭᠤᠯᠤᠯᠳᠠ ᠶᠢ 60 ᠳ᠋ᠦᠩᠰᠢᠭᠤᠷ | ᠳᠦᠬᠦᠷᠢᠭ ᠲᠤ ᠬᠦᠷᠬᠡᠵᠦ᠂ 19.8% ᠪᠠᠷ ᠨᠡᠮᠡᠭᠳᠡᠬᠦᠯᠵᠦ᠂ ᠭᠠᠵᠠᠷ ᠤᠷᠤᠨ ᠤ ᠡᠳ᠋ ᠤᠨ ᠵᠠᠰᠠᠭ ᠤᠨ ᠶᠡᠷᠦᠩᠬᠡᠢ | ᠤᠷᠤᠯᠭ᠎ᠠ 3.1 ᠳ᠋ᠦᠩᠰᠢᠭᠤᠷ ᠳᠦᠬᠦᠷᠢᠭ ᠢ ᠪᠠᠶᠠᠯᠠᠬᠦᠯᠦᠨ᠂ 19.2% ᠪᠠᠷ ᠨᠡᠮᠡᠭᠳᠡᠬᠦᠯᠵᠦ᠂ ᠬᠤᠳᠠ ᠪᠠᠯᠭᠠᠰᠤᠨ | ᠤ ᠰᠠᠭᠤᠭᠠᠯᠢ ᠠᠷᠠᠳ ᠤᠨ ᠳᠤᠮᠳᠠᠴᠢ ᠳᠤᠬᠢᠷᠠᠭᠤᠯᠤᠯᠳᠠ ᠶᠢᠨ ᠤᠷᠤᠯᠭ᠎ᠠ ᠪᠠ ᠮᠠᠯᠴᠢᠳ ᠤᠨ ᠳᠤᠮᠳᠠᠴᠢ ᠴᠡᠪᠡᠷ | ᠤᠷᠤᠯᠭ᠎ᠠ ᠶᠢ 17950 ᠳᠦᠬᠦᠷᠢᠭ ᠪᠠ10500 ᠳᠦᠬᠦᠷᠢᠭ ᠲᠤ ᠬᠦᠷᠬᠡᠵᠦ᠂ 16.1% ᠪᠠ 14.5% ᠪᠠᠷ | ᠨᠡᠮᠡᠭᠳᠡᠬᠦᠯᠦᠨ᠎ᠠ᠃ | ᠳᠡᠬᠡᠷ᠎ᠡ ᠳᠤᠷᠠᠳᠤᠭᠰᠠᠨ ᠬᠠᠷᠠᠯᠳᠠ ᠪᠠᠨ ᠪᠠᠶᠠᠯᠠᠬᠦᠯᠬᠦ ᠳᠤ ᠪᠢᠳᠠ ᠳᠤᠤᠷᠠᠬᠢ ᠵᠢᠷᠭᠤᠭᠠᠨ ᠳᠠᠯ᠎ᠠ ᠪᠠᠷ ᠭᠤᠤᠯᠳᠠᠯᠭ᠎ᠠ | ᠲᠠᠢ ᠠᠳᠬᠤᠨ᠎ᠠ᠃ | ︵ᠨᠢᠬᠡ︶ ᠳᠠᠯ᠎ᠠ ᠨᠤᠳᠤᠭ ᠤᠨ ᠤᠠᠴᠠᠯᠢᠭᠳᠦ ᠤᠳᠤᠬᠢᠴᠢᠯᠠᠭᠰᠠᠨ ᠮᠠᠯ ᠠᠵᠦ ᠠᠬᠤᠢ ᠶᠢ ᠬᠦᠭᠵᠢᠬᠦᠯᠬᠦ ᠪᠠᠷ | ᠭᠤᠤᠯᠳᠠᠯᠭ᠎ᠠ ᠪᠤᠯᠭᠠᠵᠦ᠂ ᠰᠢᠨ᠎ᠠ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠪᠠᠨ ᠯᠠᠪᠳᠠᠭᠤᠨ ᠢᠶᠠᠷ | ᠠᠬᠢᠭᠤᠯᠤᠨ᠎ᠠ᠃ ︽ᠬᠦᠮᠦᠨ ᠢᠶᠠᠨ ᠨᠡᠬᠦᠯᠬᠡᠨ᠂ ᠮᠠᠯ ᠢᠶᠠᠨ ᠴᠦᠬᠡᠳᠬᠡᠵᠦ᠂ ᠪᠡᠯᠴᠢᠬᠡᠷ ᠢᠶᠠᠨ ᠰᠡᠷᠬᠦᠬᠡᠨ᠂ ᠤᠷᠤᠯᠭ᠎ᠠ | ᠪᠠᠨ ᠨᠡᠮᠡᠭᠳᠡᠬᠦᠯᠬᠦ︾ ᠪᠠᠷ ᠬᠠᠷᠠᠯᠳᠠ ᠪᠤᠯᠭᠠᠨ᠂ ᠦᠷᠬᠦᠯᠵᠢᠯᠠᠨ ︽ᠨᠢᠬᠡ ᠶᠢ ᠬᠤᠪᠢᠷᠠᠭᠤᠯᠬᠤ ᠦᠬᠡᠢ᠂ ᠬᠤᠶᠠᠷ ᠢ | ᠪᠠᠷᠢᠮᠳᠠᠯᠠᠵᠦ᠂ ᠭᠤᠷᠪᠠ ᠶᠢ ᠨᠢᠬᠡᠳᠬᠡᠨ᠂ ᠳᠦᠷᠪᠠ ᠶᠢ ᠪᠠᠳᠠᠷᠠᠭᠤᠯᠵᠦ᠂ ᠳᠠᠪᠤ ᠶᠢ ᠳᠡᠭᠡᠭᠰᠢᠯᠡᠬᠦᠯᠬᠦ︾ ᠶᠢ | ᠪᠠᠷᠢᠮᠳᠠᠯᠠᠵᠦ᠂ ᠠᠷᠪᠠᠨ ᠪᠠᠷᠢᠮᠵᠢᠶᠠᠨ ᠳᠤ ᠬᠦᠷᠬᠡᠬᠦ ᠱᠠᠭᠠᠷᠳᠠᠯᠭ᠎ᠠ ᠶᠤᠰᠤᠭᠠᠷ᠂ ᠤᠳᠤᠬᠢᠴᠢᠯᠠᠭᠰᠠᠨ ᠮᠠᠯ ᠠᠵᠦ ᠠᠬᠤᠢ | ᠶᠢᠨ ᠵᠠᠮ ᠢᠶᠠᠷ ᠵᠠᠮᠨᠠᠵᠦ᠂ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ | ᠢᠶᠠᠨ ᠳᠦᠯᠬᠢᠨ ᠠᠬᠢᠭᠤᠯᠵᠦ ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠯᠳᠦ ᠬᠦᠭᠵᠢᠯᠳᠠ ᠶᠢ ᠠᠬᠢᠭᠤᠯᠤᠨ᠂ ᠠᠮᠢ | ᠠᠬᠤᠢ ᠶᠢ ᠰᠡᠷᠬᠦᠬᠡᠵᠦ᠂ ᠦᠢᠯᠡᠳᠪᠦᠷᠢᠯᠠᠯ ᠢ ᠬᠦᠭᠵᠢᠬᠦᠯᠦᠨ᠂ ᠠᠷᠠᠳ ᠤᠨ ᠠᠮᠢᠳᠤᠷᠠᠯ ᠢ ᠴᠢᠨᠡᠬᠡᠯᠢᠭᠵᠢᠬᠦᠯᠬᠦ | ᠬᠠᠷᠠᠯᠳᠠ ᠪᠠᠨ ᠪᠠᠶᠠᠯᠠᠬᠦᠯᠦᠨ᠎ᠠ᠃ | — — ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠨ᠎ᠠ᠃ | ᠨᠢᠬᠡ ᠳᠤ᠂ ᠮᠠᠯᠵᠢᠬᠤ ᠤᠷᠤᠨ ᠤ ᠬᠤᠶᠠᠷ ᠦᠠᠳᠦᠰᠦᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠳᠠᠯ᠎ᠠ | ᠨᠤᠳᠤᠭ ᠤᠨ ︽ᠭᠤᠷᠪᠠᠨ ᠮᠠᠯᠵᠢᠯ︾ ᠤᠨ ᠳᠦᠷᠢᠮ ᠢ ᠬᠢᠨᠠᠮᠠᠭᠠᠢ ᠬᠡᠷᠡᠭᠵᠢᠬᠦᠯᠵᠦ᠂ ᠤᠯᠠᠮᠵᠢᠯᠠᠯᠳᠦ ᠠᠷᠭ᠎ᠠ ᠮᠠᠶ᠋ᠢᠭ | ᠢᠶᠠᠨ ᠬᠤᠪᠢᠷᠠᠭᠤᠯᠤᠨ᠂ ᠨᠤᠳᠤᠭ ᠪᠡᠯᠴᠢᠬᠡᠷ ᠢᠶᠠᠨ ᠭᠠᠮᠳᠠᠢ ᠡᠵᠡᠩᠨᠡᠵᠦ᠂ ᠮᠠᠯ ᠠᠵᠦ ᠠᠬᠤᠢ ᠶᠢᠨ ᠬᠦᠭᠵᠢᠯᠳᠠ ᠶᠢᠨ | ᠠᠷᠭ᠎ᠠ ᠮᠠᠶ᠋ᠢᠭ ᠤᠨ ᠬᠤᠪᠢᠷᠠᠭᠤᠯᠤᠯᠳᠠ ᠶᠢ ᠠᠬᠢᠭᠤᠯᠬᠤ ᠬᠡᠷᠡᠭᠳᠠᠢ᠃ ᠬᠠᠪᠤᠷ ᠤᠨ ᠬᠠᠰᠢᠶᠠᠯᠭ᠎ᠠ ᠶᠢᠨ ᠠᠵᠢᠯ ᠢ | ᠰᠠᠶᠢᠳᠦᠷ ᠠᠳᠬᠤᠵᠦ᠂ ᠤᠯᠤᠰ ᠠᠴᠠ ᠬᠡᠷᠡᠭᠵᠢᠬᠦᠯᠦᠭᠰᠡᠨ ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ | ᠶᠢᠨ ᠱᠠᠩᠨᠠᠨ ᠨᠦᠬᠦᠪᠦᠷᠢᠯᠠᠬᠦ ᠳᠦᠷᠦ ᠶᠢᠨ ᠪᠤᠳᠤᠯᠭ᠎ᠠ ᠲᠠᠢ ᠤᠶᠠᠯᠳᠤᠭᠤᠯᠵᠦ᠂ ᠪᠡᠯᠴᠢᠬᠡᠷᠯᠡᠬᠦᠯᠬᠦ ᠶᠢ ᠵᠤᠭᠰᠤᠭᠠᠬᠤ | ᠪᠠ ᠰᠡᠯᠬᠦᠨ ᠮᠠᠯᠵᠢᠭᠤᠯᠬᠤ ᠠᠵᠢᠯ ᠢ ᠴᠢᠩᠭᠠᠳᠬᠠᠵᠦ᠂ ᠳᠤᠰ ᠵᠢᠯ ᠳᠤ ᠪᠡᠯᠴᠢᠬᠡᠷᠯᠡᠬᠦᠯᠬᠦ ᠶᠢ ᠵᠤᠭᠰᠤᠭᠠᠬᠤ ᠪᠠ | ᠰᠡᠯᠬᠦᠨ ᠮᠠᠯᠵᠢᠬᠤ ᠳᠠᠯᠠᠪᠠᠢ ᠶᠢ ᠳᠤᠰ ᠳᠤᠰ 540 ᠳᠦᠮᠡᠨ ᠮᠦ ᠪᠠ 485 ᠳᠦᠮᠡᠨ ᠮᠦ ᠨᠡᠮᠡᠭᠳᠡᠬᠦᠯᠦᠨ᠎ᠠ᠃ ᠠᠮᠢ | ᠠᠬᠤᠢ ᠶᠢᠨ ᠳᠦᠷᠦᠯ ᠵᠦᠢᠯ ᠢ ᠨᠢᠬᠡᠳᠦᠯᠳᠠᠢ ᠳᠤᠬᠢᠷᠠᠭᠤᠯᠵᠦ᠂ ᠡᠯᠡᠰᠦᠨ ᠤ ᠡᠬᠢ ᠶᠢ ᠵᠠᠰᠠᠬᠤ ᠳᠦᠷᠦᠯ ᠵᠦᠢᠯ ᠢ | ᠴᠢᠨᠠᠷᠳᠠᠢ ᠬᠡᠷᠡᠭᠵᠢᠬᠦᠯᠵᠦ᠂ 40.2 ᠳᠦᠮᠡᠨ ᠮᠦ ᠨᠤᠳᠤᠭ ᠪᠡᠯᠴᠢᠬᠡᠷ ᠤᠨ ᠠᠮᠢ ᠠᠬᠤᠢ ᠶᠢ ᠵᠠᠰᠠᠨ | ᠰᠠᠶᠢᠵᠢᠷᠠᠭᠤᠯᠤᠨ᠎ᠠ᠃ ᠬᠤᠶᠠᠷ ᠲᠤ᠂ ᠮᠠᠯ ᠪᠡᠯᠴᠢᠬᠡᠷ ᠤᠨ ᠳᠡᠩᠴᠠᠬᠦᠷᠢ ᠶᠢᠨ ᠳᠦᠷᠢᠮ ᠢ ᠴᠢᠩᠭ᠎ᠠ ᠳᠤᠤᠱᠯᠠᠭᠤᠯᠵᠦ᠂ | ᠪᠦᠬᠦ ᠠᠶᠢᠮᠠᠭ ᠤᠨ ᠬᠢᠵᠠᠭᠠᠷᠯᠠᠨ ᠮᠠᠯᠵᠢᠭᠤᠯᠬᠤ ᠠᠵᠢᠯ ᠤᠨ ᠪᠠᠶᠢᠷᠢᠯᠠᠭᠤᠯᠤᠯᠳᠠ ᠪᠠ ᠡᠬᠦᠷᠬᠡ ᠬᠠᠷᠠᠯᠳᠠ ᠶᠢ | ᠦᠠᠳᠦᠰᠦᠯᠠᠨ᠂ ᠮᠠᠯᠵᠢᠯ ᠤᠨ ᠤᠨ ᠤ ᠮᠠᠯ ᠤᠨ ᠳᠤᠭ᠎ᠠ ᠶᠢ 135.3 ᠳᠦᠮᠡᠨ ᠳᠤᠯᠤᠭᠠᠢ ᠶᠢᠨ ᠳᠤᠳᠤᠷ᠎ᠠ | ᠬᠢᠵᠠᠭᠠᠷᠯᠠᠵᠦ᠂ ᠳᠤᠯᠠᠭᠠᠨ ᠤᠯᠠᠷᠢᠯ ᠳᠤ ᠪᠡᠯᠴᠢᠬᠡᠷ ᠤᠨ ᠳᠠᠭᠠᠭᠠᠴᠠ ᠠᠴᠠ ᠬᠡᠳᠦᠷᠠᠬᠦᠯᠬᠦ ᠪᠠ ᠪᠡᠯᠴᠢᠬᠡᠷ ᠢ | ᠰᠢᠯᠵᠢᠬᠦᠯᠦᠨ ᠬᠡᠷᠡᠭᠯᠡᠬᠦ ᠶᠠᠪᠤᠴᠠ ᠳᠤ ᠡᠬᠦᠰᠦᠭᠰᠡᠨ ᠠᠰᠠᠭᠤᠳᠠᠯ ᠢ ᠰᠠᠶᠢᠳᠦᠷ ᠰᠢᠢᠳᠪᠦᠷᠢᠯᠡᠵᠦ᠂ ᠬᠡᠳᠦᠨ ᠵᠢᠯ ᠤᠨ | ᠴᠢᠷᠮᠠᠶᠢᠯᠭ᠎ᠠ ᠪᠠᠷ ᠳᠠᠮᠵᠢᠨ ᠮᠠᠯᠵᠢᠯ ᠤᠨ ᠪᠤᠰᠤ ᠡᠷᠦᠬᠡ ᠶᠢᠨ ᠮᠠᠯ ᠢ ᠳᠤᠤᠱᠳᠠᠢ ᠴᠡᠪᠡᠷᠯᠡᠨ᠎ᠠ᠃ ᠮᠠᠯ ᠰᠦᠷᠦᠭ ᠤᠨ | ᠬᠡᠪᠴᠢᠶ᠎ᠠ ᠶᠢ ᠦᠷᠬᠦᠯᠵᠢᠯᠠᠨ ᠳᠤᠬᠢᠷᠠᠭᠤᠯᠵᠦ᠂ ᠵᠤᠨ ᠤ ᠤᠯᠠᠷᠢᠯ ᠤᠨ ᠪᠠᠶᠢᠭᠠᠯᠢᠯᠢᠭ ᠪᠡᠯᠴᠢᠬᠡᠷᠯᠡᠬᠦᠯᠬᠦ ᠨᠦᠬᠦᠴᠠᠯ | ᠤᠨ ᠳᠤᠤᠷ᠎ᠠ ᠪᠤᠭ ᠮᠠᠯ ᠤᠨ ᠳᠠᠩ ᠰᠦᠷᠦᠭ ᠤᠨ ᠬᠡᠪᠴᠢᠶ᠎ᠠ ᠶᠢ 600 ᠳᠤᠯᠤᠭᠠᠢ ᠶᠢᠨ ᠳᠤᠳᠤᠷ᠎ᠠ ᠬᠢᠵᠠᠭᠠᠷᠯᠡᠵᠦ᠂ | ᠳᠠᠩ ᠰᠦᠷᠦᠭ ᠤᠨ ᠳᠤᠭ᠎ᠠ ᠶᠢ 2300 ᠠᠴᠠ ᠢᠯᠡᠬᠦᠤ ᠪᠠᠶᠢᠯᠭᠠᠬᠤ ᠬᠡᠷᠡᠭᠳᠠᠢ᠃ ︽ᠠᠪᠠᠭ᠎ᠠ ᠬᠤᠰᠢᠭᠤᠨ ᠤ | ᠨᠠᠶᠢᠳᠠ ᠶᠢᠨ ᠤᠢ ᠶᠢᠨ ᠡᠷᠬᠡ ᠶᠢᠨ ᠳᠦᠷᠢᠮ ᠤᠨ ᠦᠬᠡᠷᠠᠴᠢᠯᠠᠯᠳᠠ ᠶᠢᠨ ᠠᠵᠢᠯ ᠤᠨ ᠳᠦᠰᠦᠯ︾ ᠢ ᠦᠠᠳᠦᠰᠦᠯᠠᠵᠦ | ᠂ ᠨᠠᠶᠢᠳᠠ ᠶᠢᠨ ᠤᠢ ᠶᠢᠨ ᠡᠷᠬᠡ ᠶᠢᠨ ᠳᠦᠷᠢᠮ ᠤᠨ ᠦᠬᠡᠷᠡᠴᠢᠯᠠᠯᠳᠠ ᠶᠢ ᠬᠦᠠᠵᠡᠬᠡᠶᠢᠷᠠᠬᠦᠯᠦᠨᠠ᠃ | — — ᠠᠵᠤ ᠦᠢᠯᠡᠰᠵᠢᠭᠰᠡᠨ ᠡᠵᠡᠩᠨᠡᠯᠲᠡ ᠶᠢᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠠ᠃ ︽ᠮᠢᠬ᠎ᠠ᠂ ᠰᠦ᠂ | ᠠᠳᠤᠭᠤ᠂ ᠡᠪᠡᠰᠦ᠂ ᠡᠯᠡᠰᠦ︾ ᠳᠠᠪᠤᠨ ᠤᠠᠴᠠᠯᠢᠭᠳᠦ ᠠᠵᠦ ᠦᠢᠯᠡᠰ ᠲᠤ ᠳᠦᠰᠢᠭᠯᠡᠨ᠂ ᠡᠵᠠᠩᠨᠠᠯᠳᠠ ᠶᠢᠨ | ᠴᠢᠳᠠᠪᠤᠷᠢ ᠲᠠᠢ᠂ ᠳᠠᠶᠢᠴᠢᠯᠠᠬᠤ ᠬᠦᠴᠦᠨ ᠲᠠᠢ᠂ ᠢᠳᠡᠪᠬᠢᠵᠢᠯ ᠰᠠᠶᠢᠳᠠᠢ ᠬᠡᠰᠡᠭ ᠮᠠᠯᠵᠢᠬᠤ ᠡᠷᠦᠬᠡ ᠪᠠᠷ ᠳᠤᠷᠰᠢᠯᠳᠠ | ᠶᠢᠨ ᠴᠡᠭ ᠪᠤᠯᠭᠠᠨ᠂ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ ᠠᠷᠭ᠎ᠠ ᠪᠠᠷ ᠳᠠᠮᠵᠢᠨ ᠡᠯ᠎ᠡ ᠳᠦᠷᠦᠯ ᠤᠨ | ᠳᠤᠰᠬᠠᠢ ᠮᠠᠯᠵᠢᠯ ᠤᠨ ᠡᠷᠦᠬᠡ ᠶᠢ ᠵᠤᠷᠢᠭᠵᠢᠭᠤᠯᠤᠨ ᠬᠦᠭᠵᠢᠬᠦᠯᠬᠦ ᠶᠢᠨ ᠬᠠᠮᠳᠦ᠂ ᠪᠦᠬᠦ ᠬᠤᠰᠢᠭᠤᠨ ᠤ ᠬᠡᠪᠴᠢᠶᠠᠨ | ᠳᠤ ᠳᠡᠯᠬᠡᠷᠡᠬᠦᠯᠦᠨ᠂ ᠮᠠᠯ ᠠᠵᠦ ᠠᠬᠤᠢ ᠶᠢᠨ ᠠᠵᠦ ᠦᠢᠯᠡᠰᠵᠢᠯᠳᠠ ᠶᠢᠨ ᠠᠬᠢᠴᠠ ᠶᠢ ᠯᠠᠪᠳᠠᠭᠤᠨ ᠢᠶᠠᠷ ᠳᠦᠯᠬᠢᠨ | ᠠᠬᠢᠭᠤᠯᠤᠨ᠎ᠠ᠃ ᠨᠢᠬᠡ ᠳᠤ᠂ ᠮᠢᠬᠠᠨ ᠤ ᠦᠢᠯᠡᠰ ᠤᠨ ᠳᠠᠯ᠎ᠠ ᠪᠠᠷ᠄ ︽ᠡᠮᠦᠨ᠎ᠠ ᠪᠠᠶ᠎ᠠ ᠳᠤ ᠦᠬᠡᠷ᠂ ᠬᠤᠶᠢᠨ᠎ᠠ ᠪᠠᠶ᠎ᠠ | ᠳᠤ ᠬᠤᠨᠢ᠂ ᠡᠬᠦᠯᠳᠡᠷ ᠰᠠᠶᠢᠵᠢᠷᠠᠭᠤᠯᠤᠨ ᠮᠠᠯᠵᠢᠬᠤ︾ ᠰᠠᠳᠬᠢᠴᠠ ᠶᠢ ᠪᠠᠷᠢᠮᠳᠠᠯᠠᠨ᠂ ᠪᠠᠶᠢᠭᠠᠯᠢᠯᠢᠭ ᠪᠤᠬᠢᠷᠳᠠᠯ ᠦᠬᠡᠢ | ᠮᠢᠬᠠᠨ ᠤ ᠦᠢᠯᠡᠰ ᠤᠨ ᠨᠡᠷᠡᠳᠦ ᠳᠡᠮᠳᠡᠭ ᠢ ᠴᠢᠷᠮᠠᠶᠢᠨ ᠡᠬᠦᠳᠴᠤ᠂ ᠳᠤᠰ ᠵᠢᠯ ᠳᠤ ᠮᠠᠯ ᠤᠨ ᠭᠠᠷᠭᠠᠯᠳᠠ ᠶᠢᠨ | ᠳᠤᠭ᠎ᠠ ᠶᠢ 90 ᠳᠦᠮᠡᠨ ᠳᠤᠯᠤᠭᠠᠢ ᠳᠤ ᠬᠦᠷᠬᠡᠨ᠎ᠠ᠃ ᠪᠤᠭ ᠮᠨᠯ ᠢ ᠡᠬᠦᠯᠳᠡᠷ ᠴᠡᠪᠡᠷᠰᠢᠬᠦᠯᠦᠨ᠂ ᠪᠤᠳᠠ ᠮᠠᠯ ᠤᠨ | ᠡᠬᠦᠯᠳᠡᠷ ᠢ ᠰᠠᠶᠢᠵᠢᠷᠠᠭᠤᠯᠬᠤ ᠰᠠᠳᠬᠢᠴᠠ ᠶᠤᠰᠤᠭᠠᠷ᠂ ᠮᠠᠯ ᠤᠨ ᠡᠬᠦᠯᠳᠡᠷ ᠰᠢᠯᠢᠳᠡᠭᠵᠢᠬᠦᠯᠤᠯᠳᠠ ᠶᠢᠨ ᠠᠬᠢᠴᠠ ᠶᠢ | ᠳᠦᠷᠬᠡᠳᠬᠡᠨ᠎ᠠ᠃ ᠳᠣᠰ ᠵᠢᠯ ᠳᠤ 50 ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ ᠢ ᠨᠡᠮᠡᠭᠳᠡᠬᠦᠯᠦᠨ᠂ | ᠨᠠᠶᠢᠳᠠ 100 ᠰᠦᠷᠦᠭ ᠤᠨ ᠬᠡᠮᠵᠢᠶᠠᠨ ᠳᠤ ᠬᠦᠷᠬᠡᠵᠦ᠂ ᠮᠢᠬᠠᠨ ᠤ ᠬᠤᠨᠢ ᠮᠠᠯᠵᠢᠬᠤ ᠳᠤᠰᠬᠠᠢ ᠡᠷᠦᠬᠡ ᠶᠢ 200 | ᠡᠷᠦᠬᠡ ᠨᠡᠮᠡᠭᠳᠡᠬᠦᠯᠵᠦ᠂ ᠨᠠᠶᠢᠳᠠ 600 ᠡᠷᠦᠬᠡ ᠳᠤ ᠬᠦᠷᠬᠡᠵᠦ᠂ 3 ᠦᠨᠳᠦᠷ ᠪᠠᠷᠢᠮᠵᠢᠶᠠᠳᠤ ᠬᠤᠴᠠ | ᠦᠷᠠᠵᠢᠬᠦᠯᠦᠨ ᠪᠤᠶᠢᠵᠢᠭᠤᠯᠬᠤ ᠰᠠᠭᠤᠷᠢᠨ ᠭᠠᠵᠠᠷ᠂ 750 ᠤᠳᠤᠬᠢᠴᠢᠯᠠᠭᠰᠠᠨ ᠭᠡᠷ ᠪᠦᠯᠢ ᠶᠢᠨ ᠮᠠᠯᠵᠢᠯ ᠤᠨ | ᠲᠠᠯᠠᠪᠠᠢ ᠪᠠ 30 ᠬᠤᠷᠠᠭ᠎ᠠ ᠪᠤᠷᠳᠤᠬᠤ ᠴᠡᠭ ᠢ ᠪᠠᠶᠢᠭᠤᠯᠵᠤ᠂ ᠳ᠋ᠦ᠋ ᠪᠦᠸᠧ ᠮᠤᠩᠭᠤᠯ ᠬᠤᠨᠢᠨ ᠤ ᠠᠵᠤ ᠠᠬᠤᠢ | ᠶᠢᠨ ᠡᠷᠯᠢᠰᠵᠢᠬᠦᠯᠤᠯᠳᠠ ᠶᠢᠨ ᠠᠵᠢᠯ ᠢ ᠦᠷᠭᠦᠯᠵᠢᠯᠡᠨ ᠶᠠᠪᠤᠭᠳᠠᠭᠤᠯᠤᠨ᠂ ᠡᠷᠯᠢᠰᠵᠢᠬᠦᠯᠦᠯᠳᠠ ᠶᠢᠨ ᠳᠤᠭ᠎ᠠ ᠶᠢ 2 | ᠲᠦᠮᠡᠨ ᠳᠤᠯᠤᠭᠠᠢ ᠳᠤ ᠬᠦᠷᠬᠡᠨ᠎ᠠ᠃ ᠦᠷᠭᠡᠨ ᠤᠯᠠᠨ ᠮᠠᠯᠴᠢᠳ ᠢᠶᠠᠷ ᠭᠤᠤᠯ ᠴᠤᠭᠴᠠ ᠪᠤᠯᠭᠠᠭᠰᠠᠨ ᠠᠷᠭ᠎ᠠ | ᠪᠤᠳᠤᠯᠭ᠎ᠠ ᠶᠢ ᠲᠡᠭᠦᠯᠳᠡᠷᠵᠢᠭᠦᠯᠵᠦ᠂ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠤᠨ ᠠᠬᠢᠴᠠ ᠶᠢ ᠳᠦᠷᠬᠡᠳᠬᠡᠨ | ᠂ ᠳᠤᠰ ᠵᠢᠯ ᠳᠤ 2.2 ᠲᠦᠮᠡᠨ ᠳᠤᠯᠤᠭᠠᠢ ᠦᠭᠡᠷ ᠤᠨ ᠢᠴᠠᠬᠡᠯ ᠦᠷ᠎ᠠ ᠶᠢᠨ ᠬᠡᠬᠡᠯᠳᠦᠬᠦᠯᠬᠡ ᠶᠢ ᠪᠠᠶᠠᠯᠡᠬᠦᠯᠵᠦ᠂ | 6500 ᠲᠤᠯᠤᠭᠠᠢ ᠰᠢᠮᠧᠨ᠋ᠲᠷ ᠦᠬᠡᠷ ᠤᠷᠤᠭᠤᠯᠤᠨ᠂ ᠰᠢᠯᠢᠳᠡᠭ ᠡᠬᠦᠯᠳᠡᠷ ᠤᠨ ᠦᠨᠢᠶ᠎ᠠ ᠠᠷᠠᠴᠢᠯᠠᠨ ᠮᠠᠯᠵᠢᠬᠤ | ᠡᠷᠦᠬᠡ ᠶᠢ 332 ᠡᠷᠦᠬᠡ ᠳᠤ ᠬᠦᠷᠬᠡᠵᠦ᠂ ᠡᠬᠦᠯᠳᠡᠷ ᠰᠠᠶᠢᠵᠢᠷᠠᠭᠤᠯᠤᠭᠰᠠᠨ ᠦᠬᠡᠷ ᠢ 8 ᠲᠦᠮᠡᠨ ᠲᠤᠯᠤᠭᠠᠢ ᠳᠤ | ᠬᠦᠷᠬᠡᠨ᠂ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 3 ᠵᠠᠭᠤᠨ ᠤ ᠬᠤᠪᠢ ᠪᠠᠷ ᠳᠡᠭᠡᠭᠰᠢᠯᠡᠬᠦᠯᠦᠨ᠎ᠠ᠃ | ︽ᠪᠠᠶᠢᠭᠠᠯᠢᠯᠢᠭ ᠮᠠᠯᠵᠢᠯ + ᠨᠦᠬᠦᠨ ᠪᠤᠷᠳᠤᠬᠤ︾ ᠪᠠ ᠬᠠᠰᠢᠶᠠᠯᠠᠨ ᠳᠡᠵᠢᠬᠡᠬᠦ᠂ ᠬᠠᠭᠠᠰ ᠬᠠᠰᠢᠶᠠᠯᠠᠨ ᠳᠡᠵᠢᠬᠡᠬᠦ | ᠠᠷᠭ᠎ᠠ ᠮᠠᠶ᠋ᠢᠭ ᠢᠶᠠᠷ ᠦᠬᠡᠷ ᠪᠤᠷᠳᠤᠨ ᠳᠠᠷᠭᠤᠯᠠᠭᠤᠯᠬᠤ ᠦᠢᠯᠡᠰ ᠢ ᠢᠳᠡᠪᠬᠢᠳᠠᠢ ᠬᠦᠭᠵᠢᠬᠦᠯᠵᠦ᠂ ᠳᠤᠰ ᠵᠢᠯ ᠳᠡᠭᠡᠨ | 2000 ᠳᠤᠯᠤᠭᠠᠢ ᠦᠬᠡᠷ ᠪᠤᠷᠳᠤᠨ ᠳᠠᠷᠭᠤᠯᠠᠭᠤᠯᠤᠨᠠ᠃ ᠬᠤᠶᠠᠷ ᠲᠤ᠂ ᠴᠠᠭᠠᠨ ᠢᠳᠡᠭᠡᠨ ᠤ ᠠᠵᠤ ᠦᠢᠯᠡᠰ ᠤᠨ | ᠲᠠᠯ᠎ᠠ ᠪᠠᠷ᠄ ᠤᠳᠤᠬᠢ ᠪᠠᠶᠢᠭ᠎ᠠ ᠴᠠᠭᠠᠨ ᠢᠳᠡᠭᠡᠨ ᠤ ᠠᠵᠤ ᠠᠬᠤᠶᠢᠯᠠᠯ ᠢ ᠦᠷᠭᠦᠯᠵᠢᠯᠡᠨ ᠳᠡᠮᠵᠢᠵᠦ᠂ | ᠦᠢᠯᠡᠳᠪᠦᠷᠢᠯᠠᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠮᠠᠯᠴᠢᠳ ᠤᠨ ᠴᠠᠭᠠᠨ ᠢᠳᠡᠭᠡᠨ ᠤ ᠦᠢᠯᠡᠳᠪᠦᠷᠢᠯᠠᠯ | ᠤᠨ ᠬᠤᠷᠰᠢᠶᠠᠵᠢᠯ ᠪᠠᠶᠢᠭᠤᠯᠬᠤ ᠶᠢ ᠵᠤᠷᠢᠭᠵᠢᠭᠤᠯᠵᠦ᠂ ᠮᠠᠯᠵᠢᠬᠤ ᠡᠷᠦᠬᠡ ᠶᠢᠨ ᠴᠠᠭᠠᠨ ᠢᠳᠡᠭᠡ ᠦᠢᠯᠡᠳᠪᠦᠷᠢᠯᠠᠨ | ᠪᠤᠷᠤᠯᠠᠭᠤᠯᠬᠤ ᠠᠵᠢᠯᠯᠠᠭ᠎ᠠ ᠶᠢ ᠳᠦᠷᠢᠮᠵᠢᠭᠦᠯᠦᠨ᠂ ᠳᠤᠰ ᠵᠢᠯ ᠳᠤ ᠴᠠᠭᠠᠨ ᠢᠳᠡᠭᠡ ᠪᠤᠯᠪᠠᠰᠤᠷᠠᠭᠤᠯᠬᠤ ᠮᠠᠯᠵᠢᠬᠤ | ᠡᠷᠦᠬᠡ ᠶᠢ 60 ᠡᠷᠦᠬᠡ ᠨᠡᠮᠡᠭᠳᠡᠬᠦᠯᠵᠦ᠂ ᠵᠢᠯ ᠤᠨ ᠴᠠᠭᠠᠨ ᠢᠳᠡᠭᠡᠨ ᠤ ᠪᠤᠯᠪᠠᠰᠤᠷᠠᠭᠤᠯᠤᠯᠳᠠ ᠶᠢᠨ ᠬᠡᠮᠵᠢᠶ᠎ᠡ ᠶᠢ | 20 ᠲᠤᠨ ᠳᠤ ᠬᠦᠷᠭᠡᠬᠦ ᠪᠠᠷ ᠴᠢᠷᠮᠠᠶᠢᠨ᠎ᠠ᠃ ᠭᠤᠷᠪᠠ ᠳᠤ᠂ ᠠᠳᠤᠭᠤᠨ ᠤ ᠠᠵᠤ ᠦᠢᠯᠡᠰ ᠤᠨ ᠲᠠᠯ᠎ᠠ ᠪᠠᠷ᠄ ᠮᠠᠨ | ᠤ ᠠᠶᠢᠮᠠᠭ ᠤᠨ ︽ᠳᠤᠮᠳᠠᠳᠤ ᠤᠯᠤᠰ ᠤᠨ ᠠᠳᠤᠭᠤᠨ ᠤ ᠦᠯᠦᠬᠡᠢ︾ ᠶᠢ ᠴᠤᠭᠴᠠᠯᠠᠨ ᠪᠠᠶᠢᠭᠤᠯᠬᠤ ᠵᠠᠪᠰᠢᠶᠠᠨ ᠢ | ᠡᠵᠡᠮᠳᠠᠨ᠂ ᠠᠪᠠᠭ᠎ᠠ ᠬᠠᠷ᠎ᠠ ᠠᠳᠤᠭᠤ ᠦᠷᠡᠵᠢᠬᠦᠯᠦᠨ ᠪᠤᠶᠢᠵᠢᠭᠤᠯᠬᠤ ᠶᠢ ᠵᠤᠷᠢᠭᠵᠢᠭᠤᠯᠬᠤ ᠢᠵᠢ ᠪᠦᠷᠢᠨ | ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠶᠢ ᠳᠤᠭᠳᠠᠭᠠᠨ᠂ ᠤᠳᠤᠬᠠᠨ ᠳᠤ ᠪᠠᠶᠢᠭ᠎ᠠ 24 ᠳᠤᠰᠬᠠᠢ ᠮᠠᠯᠵᠢᠯ ᠤᠨ | ᠡᠷᠦᠬᠡ ᠶᠢᠨ ᠰᠠᠭᠤᠷᠢᠨ ᠳᠡᠬᠡᠷ᠎ᠠ ᠮᠠᠯᠴᠢᠳ ᠤᠨ ᠨᠤᠲᠤᠭ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ | ᠦᠨᠳᠦᠰᠦᠯᠡᠨ᠂ ᠠᠪᠠᠭ᠎ᠠ ᠬᠠᠷ᠎ᠠ ᠠᠳᠤᠭᠤᠨ ᠤ ᠡᠬᠦᠯᠳᠡᠷ ᠤᠨ ᠬᠠᠮᠠᠭᠠᠯᠠᠯᠲᠠ ᠶᠢᠨ ᠳᠤᠰᠬᠠᠢ ᠡᠷᠦᠬᠡ ᠶᠢ ᠴᠢᠨᠠᠭᠰᠢᠲᠠ | ᠨᠡᠮᠡᠭᠳᠡᠬᠦᠯᠦᠨ᠎ᠠ᠃ ᠴᠡᠭᠡ ᠪᠤᠯᠪᠠᠰᠤᠷᠠᠭᠤᠯᠬᠤ ᠦᠢᠯᠡᠰ ᠢ ᠵᠤᠷᠢᠭᠵᠢᠭᠤᠯᠵᠦ᠂ ᠵᠢᠯ ᠤᠨ ᠴᠡᠭᠡ ᠶᠢᠨ | ᠪᠤᠯᠪᠠᠰᠤᠷᠠᠭᠤᠯᠤᠯᠳᠠ ᠶᠢᠨ ᠬᠡᠮᠵᠢᠶ᠎ᠠ ᠶᠢ 180 ᠳᠤᠨ ᠳᠤ ᠬᠦᠷᠬᠡᠵᠦ᠂ ︽ᠦᠪᠤᠷ ᠮᠤᠩᠭᠤᠯ ᠤᠨ ᠬᠠᠷ᠎ᠠ ᠠᠳᠤᠭᠤᠨ | ︾ ᠤ ᠨᠦᠯᠦᠬᠡ ᠠᠯᠳᠠᠷᠰᠢᠯ ᠢ ᠤᠯᠠᠮ ᠨᠢᠬᠡ ᠠᠯᠬᠤᠮ ᠦᠷᠬᠡᠳᠬᠡᠨ᠂ ᠠᠳᠤᠭᠤᠨ ᠤ ᠦᠢᠯᠡᠰ ᠤᠨ ᠬᠦᠭᠵᠢᠯᠲᠡ ᠶᠢ | ᠠᠬᠢᠭᠤᠯᠤᠨ᠎ᠠ᠃ ᠳᠦᠷᠪᠠ ᠳᠤ᠂ ᠡᠪᠡᠰᠦᠨ ᠤ ᠦᠢᠯᠡᠰ ᠤᠨ ᠲᠠᠯ᠎ᠠ ᠪᠠᠷ᠄ ᠬᠠᠮᠠᠭᠠᠯᠠᠬᠤ ᠪᠠ ᠠᠰᠢᠭᠯᠠᠬᠤ ᠶᠢ ᠵᠡᠷᠬᠡᠪᠡᠷ | ᠠᠳᠬᠤᠬᠤ ᠵᠠᠷᠴᠢᠮ ᠢ ᠪᠠᠷᠢᠮᠳᠠᠯᠠᠨ᠂ ᠬᠠᠳᠤᠯᠠᠩ ᠤᠨ ᠳᠠᠯᠠᠪᠠᠢ ᠶᠢᠨ ᠪᠦᠳᠦᠬᠡᠨ ᠪᠠᠶᠢᠭᠤᠯᠤᠯᠳᠠ ᠪᠠ ᠬᠠᠮᠠᠭᠠᠯᠠᠯᠳᠠ | ᠶᠢᠨ ᠡᠷᠴᠢᠮ ᠢ ᠴᠢᠩᠭᠠᠷᠠᠭᠤᠯᠵᠦ᠂ ᠡᠪᠡᠰᠦᠨ ᠤ ᠭᠠᠷᠤᠯᠳᠠ ᠶᠢ ᠨᠡᠮᠡᠭᠳᠡᠬᠦᠯᠦᠨ᠂ ᠮᠠᠯ ᠠᠵᠦ ᠠᠬᠤᠢ ᠶᠢᠨ | ᠦᠢᠯᠡᠳᠪᠦᠷᠢᠯᠠᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠡᠪᠡᠰᠦ ᠪᠤᠷᠳᠤᠭᠠᠨ ᠤ ᠵᠠᠬ᠎ᠠ ᠳᠡᠯᠭᠡᠭᠦᠷ ᠪᠠ | ᠠᠳᠠᠯᠢ ᠪᠤᠰᠤ ᠬᠡᠪᠴᠢᠶᠠᠵᠢᠯ ᠤᠨ ᠡᠪᠡᠰᠦ ᠬᠠᠳᠠᠭᠠᠯᠠᠬᠤ ᠳᠦᠬᠦᠬᠡᠷᠤᠮᠵᠢ ᠶᠢ ᠵᠤᠬᠢᠰᠳᠠᠢ ᠪᠠᠶᠢᠷᠢᠰᠢᠭᠤᠯᠵᠦ᠂ ᠡᠪᠡᠰᠦ | ᠪᠤᠷᠳᠤᠭᠠᠨ ᠤ ᠭᠠᠵᠠᠷ ᠤᠷᠤᠨ᠂ ᠴᠠᠭ ᠬᠤᠭᠤᠴᠠᠭᠠᠨ ᠤ ᠲᠠᠯ᠎ᠠ ᠪᠠᠷ ᠬᠢ ᠳᠤᠬᠢᠷᠠᠭᠤᠯᠬᠤ ᠴᠢᠳᠠᠮᠵᠢ ᠶᠢ | ᠨᠡᠮᠡᠭᠳᠡᠭᠦᠯᠦᠨ᠎ᠡ᠃ ᠳᠣᠰ ᠵᠢᠯ ᠳᠤ 30 ᠵᠢᠵᠢᠭ ᠬᠡᠯᠪᠡᠷᠢ ᠶᠢᠨ ᠡᠪᠡᠰᠦ ᠬᠠᠳᠠᠭᠠᠯᠠᠬᠤ ᠫᠧᠩ ᠪᠠ 1 ᠳᠤᠮᠤ ᠬᠡᠯᠪᠠᠷᠢ | ᠶᠢᠨ ᠡᠪᠡᠰᠦ ᠬᠠᠳᠠᠭᠠᠯᠠᠬᠤ ᠫᠧᠩ ᠢ ᠪᠠᠶᠢᠭᠤᠯᠵᠦ᠂ ᠳᠤᠮᠤ ᠬᠡᠯᠪᠡᠷᠢ ᠶᠢᠨ ᠡᠪᠡᠰᠦ ᠪᠤᠭᠤᠬᠤ ᠮᠠᠰᠢᠨ ᠪᠠ ᠡᠪᠡᠰᠦ | ᠬᠠᠳᠤᠬᠤ ᠮᠠᠰᠢᠨ ᠶᠢ ᠲᠤᠰ ᠪᠦᠷᠢ 1 ᠢᠵᠢ ᠤᠷᠤᠭᠤᠯᠤᠨ᠎ᠠ᠃ ᠡᠪᠡᠰᠦ ᠪᠤᠷᠳᠤᠭᠠᠨ ᠤ ᠪᠤᠯᠪᠠᠰᠤᠷᠠᠭᠤᠯᠤᠯᠳᠠ ᠶᠢᠨ | ᠠᠵᠤ ᠠᠬᠤᠶᠢᠯᠠᠯ ᠢ ᠢᠳᠡᠪᠬᠢᠲᠠᠢ ᠪᠠᠷ ᠤᠷᠢᠨ ᠣᠷᠤᠭᠤᠯᠵᠦ᠂ ᠡᠪᠡᠰᠦ ᠪᠤᠷᠳᠤᠭᠠᠨ ᠤ ᠪᠤᠯᠪᠠᠰᠤᠷᠠᠭᠤᠯᠤᠯᠳᠠ ᠪᠠ | ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠠᠪᠤ ᠳᠤ᠂ ᠡᠯᠡᠰᠤᠨ ᠤ ᠦᠢᠯᠡᠰ ᠤᠨ ᠲᠠᠯ᠎ᠠ ᠪᠠᠷ᠂ ᠡᠮᠦᠨ᠎ᠡ | ᠪᠠᠶ᠎ᠠ ᠶᠢᠨ ᠬᠤᠯᠠᠨ ᠰᠢᠷᠭ᠎ᠠ ᠳᠠᠭ᠎ᠠ ᠶᠢᠨ ᠡᠯᠡᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠦᠴᠦᠯᠡᠴᠡ ᠪᠠᠨ | ᠨᠡᠮᠡᠭᠳᠡᠬᠦᠯᠦᠨ᠂ 10 ᠲᠦᠮᠡᠨ ᠮᠤ᠋ ᠪᠤᠳᠠᠯᠢᠭ ᠤᠢ ᠶᠢ ᠵᠠᠰᠠᠵᠦ ᠤᠷᠭᠤᠭᠤᠯᠵᠦ᠂ 2 ᠲᠦᠮᠡᠨ ᠮᠤ᠋ ᠰᠢᠷ᠎ᠠ ᠪᠤᠷᠭᠠᠰᠤ | ᠳᠠᠷᠢᠨ᠂ ᠳᠤᠰ ᠵᠢᠯ ᠳᠤ ᠪᠤᠳᠠᠯᠢᠭ ᠮᠤᠳᠤ ᠪᠠᠷ ᠬᠠᠪᠳᠠᠰᠤ ᠬᠢᠬᠦ ᠳᠤᠯᠤᠭᠠᠶᠢᠯᠠᠭᠴᠢ ᠠᠵᠦ ᠠᠬᠤᠶᠢᠯᠠᠯ ᠢ ᠤᠷᠢᠨ | ᠠᠪᠴᠢᠷᠠᠬᠤ ᠪᠠᠷ ᠴᠢᠷᠮᠠᠶᠢᠨ᠎ᠠ᠃ | — — ᠵᠤᠬᠢᠶᠠᠨ ᠪᠠᠶᠢᠭᠤᠯᠵᠢᠯᠠᠯᠳᠠ ᠶᠢᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠠ᠃ ︽ᠠᠷᠠᠳ ᠠᠴᠠ ᠡᠷᠬᠢᠯᠡᠵᠦ | ᠂ ᠠᠷᠠᠳ ᠠᠴᠠ ᠬᠠᠮᠢᠶᠠᠷᠤᠨ᠂ ᠠᠷᠠᠳ ᠤᠯᠠᠨ ᠠᠰᠢᠭ ᠬᠦᠷᠳᠡᠬᠦ︾ ᠵᠠᠷᠴᠢᠮ ᠢ ᠪᠠᠷᠢᠮᠳᠠᠯᠠᠨ᠂ ︽ᠨᠢᠬᠡ ᠵᠤᠬᠢᠶᠠᠨ | ᠪᠠᠶᠢᠭᠤᠯᠤᠯᠳᠠ ᠳᠤ ᠳᠦᠰᠢᠭᠯᠡᠨ᠂ ᠨᠢᠬᠡ ᠠᠵᠦ ᠦᠢᠯᠠᠰ ᠢ ᠬᠦᠴᠦᠷᠭᠡᠭᠵᠢᠬᠦᠯᠦᠨ᠂ ᠨᠤᠳᠤᠭ ᠤᠷᠤᠨ ᠤ ᠠᠷᠠᠳ | ᠤᠯᠠᠨ ᠢᠶᠠᠨ ᠪᠠᠶᠠᠵᠢᠭᠤᠯᠬᠤ︾ ᠠᠵᠢᠯ ᠤᠨ ᠰᠠᠳᠬᠢᠴᠠ ᠶᠤᠰᠤᠭᠠᠷ᠂ ᠭᠠᠴᠠᠭᠠᠨ ᠤ ᠬᠤᠶᠠᠷ ᠵᠦᠪᠯᠠᠯ᠂ ᠮᠠᠯᠵᠢᠬᠤ | ᠤᠷᠤᠨ ᠤ ᠴᠢᠳᠠᠪᠣᠷᠢᠳᠠᠨ ᠪᠠ ᠪᠤᠳᠠᠳᠦ ᠬᠦᠴᠦᠨ ᠲᠠᠢ᠂ ᠢᠳᠡᠪᠬᠢᠵᠢᠯ ᠦᠠᠳᠦᠷ ᠮᠠᠯᠵᠢᠬᠤ ᠡᠷᠦᠬᠡ ᠶᠢ ᠵᠢᠯᠤᠭᠤᠳᠤᠨ | ᠂ ᠳᠠᠪᠤᠨ ᠶᠡᠭᠡ ᠠᠵᠦ ᠦᠢᠯᠡᠰ ᠢᠶᠠᠷ ᠭᠤᠤᠯᠯᠠᠭᠰᠠᠨ᠂ ᠣᠷᠤᠨ ᠵᠠᠢ ᠠᠯᠤᠰᠯᠠᠭᠰᠠᠨ ᠤᠯᠠᠨ ᠬᠡᠯᠪᠡᠷᠢ ᠶᠢᠨ ᠮᠠᠯᠴᠢᠳ | ᠤᠨ ᠬᠤᠷᠰᠢᠭᠰᠠᠨ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠶᠢᠨ ᠬᠠᠮᠳᠦ᠂ ᠳᠡᠳᠬᠦᠨ ᠬᠦᠭᠵᠢᠬᠦᠯᠬᠦ᠂ | ᠳᠦᠷᠢᠮᠵᠢᠬᠦᠯᠦᠨ ᠪᠦᠷᠢᠠᠰᠢᠬᠦᠯᠬᠦ᠂ ᠨᠢᠬᠡᠳᠬᠡᠨ ᠪᠤᠵᠠᠭᠠᠶᠢᠷᠠᠭᠤᠯᠬᠤ ᠪᠠᠷ ᠳᠠᠮᠵᠢᠨ᠂ ᠬᠠᠮᠤᠷᠬᠤ ᠬᠡᠪᠴᠢᠶ᠎ᠠ ᠶᠢ ᠨᠢ | ᠦᠷᠬᠡᠳᠬᠡᠨ᠂ ᠳᠦᠷᠢᠮᠵᠢᠭᠰᠡᠨ ᠬᠢᠷᠢ ᠳᠦᠪᠰᠢᠨ ᠢ ᠨᠢ ᠳᠡᠬᠡᠭᠰᠢᠯᠡᠬᠦᠯᠵᠦ᠂ ᠵᠠᠬ᠎ᠠ ᠳᠡᠯᠬᠡᠬᠦᠷ ᠪᠦᠷᠢᠯᠳᠦᠬᠦᠯᠬᠦ᠂ | ᠬᠦᠢᠯᠬᠡᠬᠡ ᠶᠢ ᠰᠡᠷᠬᠦᠬᠡᠬᠦ᠂ ᠠᠵᠦ ᠦᠢᠯᠡᠰᠵᠢᠭᠰᠡᠨ ᠡᠵᠡᠩᠨᠠᠯᠳᠠ ᠶᠢ ᠠᠬᠢᠭᠤᠯᠬᠤ ᠦᠢᠯᠡᠳᠦᠯ ᠢ ᠨᠢ ᠦᠨᠡᠠᠬᠦ | ᠪᠠᠳᠠᠷᠠᠭᠤᠯᠵᠦ᠂ ᠳᠤᠰ ᠵᠢᠯ ᠳᠤ ᠮᠠᠯᠴᠢᠳ ᠤᠨ 10 ᠳᠤᠰᠬᠠᠢ ᠳᠦᠷᠦᠯ ᠤᠨ ᠬᠤᠷᠰᠢᠭᠰᠠᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢ ᠳᠦᠷᠢᠮᠵᠢᠬᠦᠯᠬᠦ ᠪᠤᠶᠤ ᠰᠢᠨ᠎ᠡ ᠪᠠᠷ ᠪᠠᠶᠢᠭᠤᠯᠤᠨ᠎ᠠ᠃ ᠡᠷᠦᠬᠡ ᠬᠤᠯᠪᠤᠭᠠᠯᠠᠨ ᠡᠵᠡᠩᠨᠡᠬᠦ | ᠬᠡᠪᠴᠢᠶ᠎ᠠ ᠶᠢ ᠦᠷᠬᠡᠳᠬᠡᠨ᠂ ᠤᠳᠤ ᠪᠠᠶᠢᠭ᠎ᠠ 159 ᠡᠷᠦᠬᠡ ᠬᠤᠯᠪᠤᠭᠠᠯᠠᠨ ᠡᠵᠡᠩᠨᠡᠬᠦ ᠴᠡᠭ ᠢ ᠪᠠᠳᠤᠳᠬᠠᠭᠰᠠᠨ | ᠰᠠᠭᠤᠷᠢᠨ ᠳᠡᠬᠡᠷ᠎ᠡ ᠰᠤᠮᠤ ᠪᠠᠯᠭᠠᠰᠤ ᠪᠦᠷᠢ ᠳᠠᠬᠢᠨ 5 ᠬᠤᠯᠪᠤᠭᠠᠯᠠᠨ ᠡᠵᠡᠩᠨᠡᠬᠦ ᠴᠡᠭ ᠢ ᠰᠢᠨ᠎ᠡ ᠪᠠᠷ ᠪᠠᠶᠢᠭᠤᠯᠬᠤ | ᠪᠠᠷ ᠴᠢᠷᠮᠠᠶᠢᠨ᠎ᠠ᠃ ᠬᠤᠷᠰᠢᠯᠴᠠᠨ ᠬᠠᠮᠳᠤᠷᠬᠤ ᠦᠵᠡᠯᠳᠠ ᠳᠠᠨᠢᠯᠳᠠ ᠶᠢ ᠶᠡᠭᠡ ᠪᠠᠷ ᠤᠷᠢᠶᠠᠯᠠᠵᠦ᠂ ᠤᠯᠠᠮᠵᠢᠯᠠᠯᠳᠦ | ᠮᠠᠯ ᠠᠵᠦ ᠠᠬᠤᠢ ᠶᠢᠨ ᠦᠢᠯᠡᠳᠪᠦᠷᠢᠯᠠᠯ ᠳᠤᠮᠳᠠ ᠪᠦᠷᠢᠯᠳᠦᠭᠰᠡᠨ ᠬᠤᠷᠰᠢᠯᠴᠠᠬᠤ ᠠᠷᠭ᠎ᠠ ᠪᠠᠷᠢᠯ ᠢ ᠦᠷᠬᠦᠯᠵᠢᠯᠠᠨ | ᠪᠠᠳᠠᠷᠠᠭᠤᠯᠤᠨ ᠵᠠᠯᠭᠠᠮᠵᠢᠯᠠᠬᠤ ᠪᠠᠷ ᠴᠢᠷᠮᠠᠶᠢᠨ᠎ᠠ᠃ | — — ᠶᠠᠳᠠᠭᠤ ᠶᠢ ᠳᠡᠳᠬᠦᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠨᠢᠬᠡ ᠳᠤ᠂ ᠳᠦᠷᠦᠯ ᠵᠦᠢᠯ ᠤᠨ | ᠪᠠᠯᠠ ᠮᠦᠩᠬᠦ ᠶᠢ ᠪᠦᠳᠦᠮᠵᠢᠳᠠᠢ ᠨᠢᠬᠡᠳᠬᠡᠨ᠂ ᠬᠦᠭᠵᠢᠯᠳᠠ ᠶᠢᠨ ᠰᠠᠳᠬᠢᠴᠠ ᠳᠤᠳᠤᠷᠬᠠᠢ᠂ ᠮᠠᠯᠴᠢᠳ ᠤᠨ | ᠢᠳᠡᠪᠬᠢᠵᠢᠯ ᠦᠠᠳᠦᠷ᠂ ᠠᠵᠢᠯ ᠤᠨ ᠠᠷᠭ᠎ᠠ ᠰᠠᠶᠢᠳᠠᠢ ᠭᠠᠴᠠᠭᠠᠨ ᠳᠤ ᠳᠦᠷᠦᠯ ᠵᠦᠢᠯ ᠢ ᠤᠷᠢᠳᠴᠢᠯᠠᠨ | ᠭᠤᠤᠯᠳᠠᠯᠭ᠎ᠠ ᠲᠠᠢ ᠳᠤᠬᠢᠷᠠᠭᠤᠯᠤᠨ᠎ᠠ᠃ ᠬᠤᠶᠠᠷ ᠲᠤ᠂ ᠬᠦᠮᠦᠨ ᠠᠮᠠ ᠶᠢᠨ ᠳᠡᠭᠰᠢᠳᠭᠡᠭᠰᠡᠨ ᠤᠷᠤᠯᠭ᠎ᠠ ᠪᠠᠷ | ᠪᠠᠷᠢᠮᠵᠢᠶᠠᠯᠠᠨ᠂ ᠪᠦᠬᠦ ᠬᠤᠰᠢᠭᠤᠨ ᠤ ᠮᠠᠯᠵᠢᠬᠤ ᠤᠷᠤᠨ ᠤ ᠶᠠᠳᠠᠭᠤ ᠬᠦᠴᠢᠷᠳᠡᠯᠳᠠᠢ ᠡᠷᠦᠬᠡ ᠶᠢᠨ ᠦᠠᠳᠦᠰᠦᠨ | ᠪᠠᠶᠢᠳᠠᠯ ᠳᠤ ᠨᠠᠷᠢᠨ ᠪᠠᠶᠢᠴᠠᠭᠠᠯᠳᠠ ᠬᠢᠵᠦ᠂ ᠰᠢᠯᠳᠠᠭᠠᠨ ᠢ ᠨᠢ ᠵᠠᠳᠠᠯᠤᠨ᠂ ᠭᠠᠢ ᠭᠠᠮᠰᠢᠭ᠂ ᠡᠪᠡᠳᠴᠢᠨ᠂ | ᠡᠵᠡᠩᠨᠠᠯᠳᠠ ᠠᠨᠠᠢ ᠵᠡᠷᠬᠡ ᠠᠳᠠᠯᠢ ᠪᠤᠰᠤ ᠰᠢᠯᠳᠠᠭᠠᠨ ᠳᠤ ᠠᠳᠠᠯᠢ ᠪᠤᠰᠤ ᠶᠢᠨ ᠵᠢᠭᠠᠨ ᠵᠢᠯᠤᠭᠤᠳᠤᠯᠭ᠎ᠠ ᠬᠢᠵᠦ᠂ | ᠳᠦᠷᠦᠯ ᠵᠦᠢᠯ᠂ ᠪᠠᠯᠠ ᠮᠦᠩᠬᠦ ᠵᠡᠷᠬᠡ ᠳᠠᠯ᠎ᠠ ᠪᠠᠷ ᠳᠡᠮᠵᠢᠯᠬᠡ ᠦᠵᠡᠬᠦᠯᠦᠨ᠎ᠠ᠃ ᠡᠵᠠᠩᠨᠠᠯᠳᠠ ᠠᠨᠠᠢ ᠶᠠᠳᠠᠭᠤ | ᠬᠦᠴᠢᠷᠳᠠᠯᠳᠠᠢ ᠡᠷᠦᠬᠡ ᠪᠠ ᠮᠠᠯᠵᠢᠯ ᠤᠨ ᠪᠠᠭ᠎ᠠ ᠡᠷᠦᠬᠡ ᠳᠤ ᠵᠤᠷᠢᠭᠤᠯᠤᠨ᠂ ᠨᠤᠳᠤᠭ ᠪᠠᠯᠴᠢᠬᠡᠷ ᠢ ᠰᠢᠯᠵᠢᠬᠦᠯᠦᠨ | ᠨᠢᠬᠡᠳᠬᠡᠬᠦ ᠳᠤᠷᠰᠢᠯᠳᠠ ᠶᠢᠨ ᠴᠡᠭ ᠢ ᠪᠠᠶᠢᠭᠤᠯᠤᠨ᠂ ᠭᠠᠴᠠᠭ᠎ᠠ ᠪᠤᠶᠤ ᠬᠤᠷᠰᠢᠭᠰᠠᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠠᠴᠠ ᠬᠠᠷᠢᠭᠤᠴᠠᠨ ᠬᠠᠮᠢᠶᠠᠷᠬᠤ ᠪᠤᠶᠤ ᠰᠢᠠᠵᠢᠯᠠᠬᠦ ᠤᠬᠠᠭᠠᠠᠴᠢ ᠪᠠᠷ ᠵᠦᠢ ᠵᠤᠬᠢᠰᠳᠠᠢ ᠪᠠᠷ | ᠰᠢᠯᠵᠢᠬᠦᠯᠦᠨ ᠡᠵᠡᠩᠨᠠᠬᠦᠯᠦᠨᠠ᠃ ᠭᠤᠷᠪᠠ ᠳᠤ᠂ ᠪᠠᠶᠢᠭᠤᠯᠭ᠎ᠠ ᠠᠴᠠ ᠭᠠᠴᠠᠭ᠎ᠠ ᠶᠢ ᠬᠠᠷᠢᠭᠤᠴᠠᠬᠤ ᠳᠦᠷᠢᠮ ᠢ | ᠴᠢᠩᠭᠠᠳᠬᠠᠵᠦ᠂ ᠶᠠᠳᠠᠭᠤ ᠬᠦᠴᠢᠷᠳᠠᠯᠳᠠᠢ ᠬᠦᠮᠦᠨ ᠠᠮᠠ ᠬᠠᠷᠢᠴᠠᠩᠭᠤᠢ ᠠᠷᠪᠢᠨ ᠪᠠᠶᠢᠬᠤ ᠭᠠᠴᠠᠭ᠎ᠠ ᠶᠢ | ᠭᠤᠤᠯᠳᠠᠯᠭ᠎ᠠ ᠲᠠᠢ ᠰᠤᠩᠭᠤᠵᠦ᠂ ᠬᠦᠮᠦᠨ ᠤ ᠬᠦᠴᠦᠨ᠂ ᠡᠳ᠋ ᠤᠨ ᠬᠦᠴᠦᠨ᠂ ᠪᠤᠳᠠᠰ ᠤᠨ ᠬᠦᠴᠦᠨ ᠢᠶᠠᠷ ᠶᠠᠳᠠᠭᠤ | ᠶᠢ ᠳᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠳᠦᠷᠪᠠ ᠳᠤ᠂ ᠳᠦᠷᠦᠯ ᠵᠦᠢᠯ ᠪᠠ ᠪᠠᠯᠠ ᠮᠦᠩᠬᠦᠨ ᠤ | ᠳᠡᠮᠵᠢᠯᠬᠡ ᠶᠢᠨ ᠡᠷᠴᠢᠮ ᠢᠶᠠᠨ ᠴᠢᠩᠭᠠᠷᠠᠭᠤᠯᠤᠨ᠂ ᠭᠠᠴᠠᠭᠠᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ | ᠪᠦᠳᠦᠮᠵᠢᠳᠠᠢ ᠬᠡᠯᠪᠡᠷᠢ ᠶᠢ ᠢᠳᠡᠪᠬᠢᠳᠠᠢ ᠰᠦᠪᠡᠭᠴᠢᠯᠠᠵᠦ᠂ ᠭᠠᠴᠠᠭᠠᠨ ᠤ ᠵᠤᠬᠢᠶᠠᠨ ᠪᠠᠶᠢᠭᠤᠯᠤᠯᠳᠠ ᠶᠢᠨ | ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠦᠷᠢ ᠶᠢ ᠨᠢ ᠴᠢᠩᠭᠠᠳᠬᠠᠨ᠂ ᠮᠠᠯᠴᠢᠳ ᠢ ᠳᠠᠭᠠᠭᠤᠯᠤᠨ ᠪᠠᠶᠠᠵᠢᠭᠤᠯᠬᠤ | ᠴᠢᠳᠠᠪᠤᠷᠢ ᠶᠢ ᠨᠢ ᠳᠡᠭᠡᠭᠰᠢᠯᠡᠬᠦᠯᠦᠨ᠎ᠠ᠃ | ᠰᠢᠨ᠎ᠡ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠪᠠᠨ ᠯᠠᠪᠳᠠᠭᠤᠨ ᠪᠠᠳᠦᠳᠠᠢ ᠪᠠᠷ ᠳᠦᠯᠬᠢᠨ ᠠᠬᠢᠭᠤᠯᠤᠨ᠎ᠠ᠃ | ᠦᠷᠭᠦᠯᠵᠢᠯᠡᠨ ︽ᠤᠷᠢᠳᠴᠢᠯᠠᠨ ᠳᠦᠯᠦᠪᠵᠢᠬᠦᠯᠵᠦ᠂ ᠵᠠᠰᠠᠭ ᠤᠨ ᠤᠷᠳᠤᠨ ᠠᠴᠠ ᠵᠢᠯᠤᠭᠤᠳᠤᠨ᠂ ᠪᠦᠬᠦ ᠠᠷᠠᠳ | ᠢᠶᠠᠷ ᠢᠶᠠᠨ ᠤᠷᠤᠯᠴᠠᠵᠦ᠂ ᠤᠯᠠᠨ ᠳᠠᠯ᠎ᠠ ᠪᠠᠷ ᠪᠠᠯᠠ ᠤᠷᠤᠭᠤᠯᠤᠨ᠂ ᠤᠠᠴᠠᠯᠢᠭ ᠢᠶᠠᠨ ᠬᠠᠳᠠᠭᠠᠯᠠᠵᠦ᠂ ᠭᠤᠤᠯᠳᠠᠯᠭ᠎ᠠ | ᠪᠠᠨ ᠳᠤᠪᠤᠶᠢᠯᠭᠠᠨ᠂ ᠪᠦᠬᠦᠯᠢ ᠴᠤᠭᠴᠠ ᠪᠠᠷ ᠳᠦᠯᠬᠢᠨ ᠠᠬᠢᠭᠤᠯᠬᠤ︾ ᠰᠡᠳᠬᠢᠴᠡ ᠶᠤᠰᠤᠭᠠᠷ᠂ ᠰᠢᠨ᠎ᠡ ᠮᠠᠯᠵᠢᠬᠤ | ᠤᠷᠤᠨ ᠤ ᠪᠦᠳᠦᠬᠡᠨ ᠪᠠᠶᠢᠭᠤᠯᠤᠯᠳᠠ ᠶᠢᠨ ᠠᠵᠢᠯ ᠢ ᠪᠦᠬᠦ ᠳᠠᠯ᠎ᠠ ᠪᠠᠷ ᠴᠢᠩᠭᠠᠳᠬᠠᠨ᠎ᠠ᠃ ᠮᠠᠯ ᠠᠵᠦ ᠠᠬᠤᠢ ᠳᠤ | ᠬᠤᠯᠪᠤᠭᠳᠠᠬᠤ ᠳᠦᠷᠦᠯ ᠵᠦᠢᠯ ᠤᠨ ᠪᠠᠯᠠ ᠮᠦᠩᠬᠦ ᠪᠠ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠠᠬᠦ ᠪᠠᠯᠠ ᠮᠦᠩᠬᠦ | ᠶᠢ ᠨᠢᠬᠡᠳᠬᠡᠨ᠂ ᠰᠢᠨ᠎ᠡ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢᠨ ᠪᠠᠯᠠ ᠤᠷᠤᠭᠤᠯᠤᠯᠳᠠ ᠪᠠᠨ | ᠳᠠᠰᠤᠷᠠᠯᠳᠠ ᠦᠬᠡᠢ ᠨᠡᠮᠡᠭᠳᠡᠬᠦᠯᠦᠨ᠎ᠠ᠃ ᠪᠦᠬᠦ ᠬᠤᠰᠢᠭᠤᠨ ᠤ ᠠᠵᠦ ᠠᠬᠤᠢ ᠨᠠᠶᠢᠬᠡᠮ ᠤᠨ ᠬᠦᠭᠵᠢᠯᠳᠠ᠂ ᠮᠠᠯ ᠠᠵᠦ | ᠠᠬᠤᠢ ᠶᠢᠨ ᠴᠢᠳᠠᠪᠬᠢ ᠶᠢᠨ ᠳᠤᠭᠤᠷᠢᠭ ᠬᠤᠪᠢᠶᠠᠷᠢᠯᠠᠯᠳᠠ ᠪᠤᠯᠤᠨ ᠠᠵᠦ ᠦᠢᠯᠡᠰ ᠤᠨ ᠳᠤᠬᠢᠷᠠᠭᠤᠯᠤᠯᠳᠠ ᠲᠠᠢ | ᠤᠶᠠᠯᠳᠤᠭᠤᠯᠵᠦ᠂ ᠪᠦᠬᠦ ᠬᠤᠰᠢᠭᠤᠨ ᠤ ᠰᠢᠨ᠎ᠡ ᠮᠠᠯᠵᠢᠬᠤ ᠤᠷᠤᠨ ᠤ ᠳᠤᠷᠰᠢᠯᠳᠠ ᠶᠢᠨ ᠴᠡᠭ ᠢ ᠪᠦᠳᠦᠬᠡᠨ | ᠪᠠᠶᠢᠭᠤᠯᠬᠤ ᠳᠦᠯᠦᠪᠵᠢᠬᠦᠯᠬᠡ ᠪᠠᠨ ᠵᠠᠰᠠᠨ ᠳᠡᠬᠦᠯᠳᠡᠷᠵᠢᠬᠦᠯᠵᠦ᠂ ᠳᠤᠷᠰᠢᠯᠳᠠ ᠶᠢᠨ ᠴᠡᠭ ᠤᠨ ᠭᠠᠴᠠᠭ᠎ᠠ ᠪᠠᠨ ᠡᠩ | ᠳᠡᠷᠢᠬᠦᠨ ᠳᠤ ᠪᠦᠬᠦ ᠬᠤᠰᠢᠭᠤᠨ ᠤ ᠳᠠᠯ᠎ᠠ ᠨᠤᠳᠤᠭ ᠤᠨ ᠤᠠᠴᠠᠯᠢᠭ ᠪᠦᠬᠦᠢ ᠤᠳᠤᠬᠢᠴᠢᠯᠠᠭᠰᠠᠨ ᠮᠠᠯ ᠠᠵᠦ ᠠᠬᠤᠢ | ᠶᠢ ᠬᠦᠭᠵᠢᠬᠦᠯᠦᠭᠰᠠᠨ ᠪᠠ ︽ᠰᠢᠯᠵᠢᠬᠦᠯᠦᠯᠳᠠ ᠬᠤᠪᠢᠷᠠᠭᠤᠯᠤᠯᠳᠠ ᠬᠤᠤᠰ ᠠᠮᠵᠢᠯᠳᠠ︾ ᠶᠢ | ᠦᠢᠯᠡᠳᠦᠯᠬᠡᠵᠢᠬᠦᠯᠦᠭᠰᠠᠨ ᠵᠢᠱᠢᠶ᠎ᠠ ᠦᠵᠡᠬᠦᠯᠬᠦ ᠴᠡᠭ ᠪᠤᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠳᠤᠰ ᠵᠢᠯ | ᠳᠡᠭᠡᠨ ᠡᠯ᠎ᠡ ᠳᠦᠷᠦᠯ ᠤᠨ ᠵᠢᠱᠢᠶ᠎ᠠ ᠦᠵᠡᠬᠦᠯᠬᠦ ᠡᠷᠦᠬᠡ 100 ᠶᠢ ᠳᠤᠭᠳᠠᠭᠠᠵᠦ᠂ ᠰᠤᠳᠤᠨ ᠡᠷᠦᠬᠡ ᠶᠢ 20 | ᠡᠷᠦᠬᠡ ᠨᠡᠮᠡᠭᠳᠡᠬᠦᠯᠦᠨ᠎ᠠ᠃ ᠢᠳᠡᠪᠬᠢᠳᠠᠢ ᠪᠠᠷ ᠰᠢᠨ᠎ᠠ ᠡᠷᠡᠨ ᠤ ᠮᠠᠯᠴᠢᠳ ᠢ ᠬᠦᠮᠦᠵᠢᠬᠦᠯᠦᠨ᠂ ︽ᠳᠠᠩᠰᠠ ᠪᠤᠳᠤᠨ | ᠤᠷᠤᠯᠭ᠎ᠠ ᠵᠠᠷᠤᠯᠭ᠎ᠠ ᠪᠠᠨ ᠳᠤᠬᠢᠷᠠᠭᠤᠯᠬᠤ︾ ᠠᠵᠢᠯᠯᠠᠭ᠎ᠠ ᠶᠢ ᠬᠦᠠᠵᠡᠬᠡᠶᠢᠷᠠᠬᠦᠯᠵᠦ᠂ ᠮᠠᠯᠴᠢᠳ ᠤᠨ ︽ᠳᠠᠩᠰᠠ | ᠪᠤᠳᠤᠨᠤᠷᠤᠯᠭᠠ ᠵᠠᠷᠤᠯᠭ᠎ᠠ ᠪᠠᠨ ᠳᠤᠬᠢᠷᠠᠭᠤᠯᠬᠤ︾ ᠤᠬᠠᠮᠰᠠᠷ ᠪᠠ ᠵᠤᠬᠢᠰ ᠲᠠᠢ ᠬᠡᠷᠡᠭᠯᠡᠬᠡᠨ ᠤ ᠲᠠᠨᠢᠯᠳᠠ ᠲᠠᠢ | ᠪᠤᠯᠭᠠᠬᠤ ᠪᠠᠷ ᠵᠢᠯᠦᠭᠤᠳᠤᠨ᠎ᠠ᠃ ᠪᠦᠬᠦ ᠬᠤᠰᠢᠭᠤᠨ ᠤ ᠲᠠᠪᠤᠨ ᠤ ᠨᠢᠭᠡ ᠶᠢᠨ ᠮᠠᠯᠴᠢᠳ ᠤᠨ ᠲᠤᠭᠲᠠᠪᠤᠷᠢᠲᠠᠢ | ᠰᠠᠭᠤᠷᠢᠰᠢᠯ ᠦᠭᠡᠢ ᠪᠤᠳᠠᠳᠤ ᠪᠠᠶᠢᠳᠠᠯ ᠳᠤ ᠴᠢᠭᠯᠡᠭᠦᠯᠦᠨ᠂ ᠨᠡᠭᠦᠳᠡᠯ ᠮᠠᠯᠴᠢᠳ ᠢ ᠰᠠᠭᠤᠷᠢᠰᠢᠭᠤᠯᠬᠤ ᠲᠦᠷᠦᠯ ᠵᠦᠢᠯ | ᠲᠠᠢ ᠤᠶᠠᠯᠳᠤᠭᠤᠯᠤᠨ ᠬᠡᠳᠦᠨ ᠵᠢᠯ ᠤᠨ ᠴᠢᠷᠮᠠᠶᠢᠯᠭ᠎ᠠ ᠢᠶᠠᠷ ᠲᠠᠮᠵᠢᠨ ᠡᠨᠡᠬᠦ ᠠᠰᠠᠭᠤᠳᠠᠯ ᠢ ᠰᠢᠢᠳᠪᠦᠷᠢᠯᠠᠨ᠎ᠠ᠃ | — — ᠮᠠᠯᠵᠢᠬᠤ ᠤᠷᠤᠨ ᠤ ᠡᠯ᠎ᠡ ᠳᠦᠷᠦᠯ ᠤᠨ ᠦᠠᠳᠦᠰᠦᠨ ᠳᠦᠷᠢᠮ ᠢ ᠳᠡᠬᠦᠯᠳᠡᠷᠵᠢᠬᠦᠯᠦᠨ᠎ᠠ᠃ ᠨᠢᠬᠡ ᠳᠤ᠂ | ᠨᠤᠳᠤᠭ ᠪᠡᠯᠴᠢᠬᠡᠷ ᠤᠨ ᠰᠢᠯᠵᠢᠬᠦᠯᠦᠨ ᠡᠵᠡᠩᠨᠡᠬᠦ ᠠᠷᠭ᠎ᠠ ᠮᠠᠶ᠋ᠢᠭ ᠢ ᠳᠦᠷᠢᠮᠵᠢᠬᠦᠯᠦᠨᠠ᠃ ︽ᠨᠤᠳᠤᠭ | ᠪᠠᠯᠴᠢᠬᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠰᠢᠯᠵᠢᠬᠦᠯᠦᠯᠳᠠ ᠶᠢᠨ ᠠᠷᠭ᠎ᠠ︾ ᠶᠢ ᠴᠢᠩᠭ᠎ᠠ ᠨᠢᠮᠪᠠᠢ | ᠬᠡᠷᠡᠭᠵᠢᠬᠦᠯᠵᠦ᠂ ᠨᠤᠳᠤᠭ ᠪᠠᠯᠴᠢᠬᠡᠷ ᠤᠨ ᠰᠢᠯᠵᠢᠬᠦᠯᠦᠯᠳᠠ ᠶᠢᠨ ᠠᠵᠢᠯᠯᠠᠭ᠎ᠠ ᠶᠢ ᠳᠦᠷᠢᠮᠵᠢᠬᠦᠯᠦᠨᠠ᠃ ᠬᠤᠶᠠᠷ ᠲᠤ | ᠂ ᠮᠠᠯᠵᠢᠬᠤ ᠤᠷᠤᠨ ᠤ ᠬᠦᠮᠦᠨ ᠠᠮᠠ ᠶᠢᠨ ᠬᠠᠮᠢᠶᠠᠷᠤᠯᠳᠠ ᠶᠢᠨ ᠳᠦᠷᠢᠮ ᠢ ᠴᠢᠩᠭᠠᠳᠬᠠᠨ᠎ᠠ᠃ ᠡᠷᠦᠬᠡ ᠠᠮᠠ ᠶᠢᠨ | ᠬᠠᠮᠢᠶᠠᠷᠤᠯᠳᠠ ᠶᠢᠨ ᠳᠤᠬᠠᠢ ᠬᠠᠤᠯᠢ ᠴᠠᠭᠠᠵᠠ ᠳᠦᠷᠢᠮ ᠳᠤᠭᠳᠠᠭᠠᠯ ᠢ ᠴᠢᠩᠭ᠎ᠠ ᠨᠢᠮᠪᠠᠢ ᠬᠡᠷᠡᠭᠵᠢᠬᠦᠯᠵᠦ᠂ ᠤᠷᠤᠭ | ᠬᠤᠷᠢᠮ ᠠᠴᠠ ᠪᠤᠰᠤᠳ ᠰᠢᠯᠳᠠᠭᠠᠨ ᠢᠶᠠᠷ ᠨᠡᠮᠡᠭᠳᠡᠭᠰᠠᠨ ᠬᠦᠮᠦᠨ ᠠᠮᠠ ᠶᠢ ᠮᠠᠯᠵᠢᠬᠤ ᠤᠷᠤᠨ ᠤ ᠡᠷᠦᠬᠡ ᠠᠮᠠ ᠳᠤ | ᠳᠠᠬᠢᠨ ᠳᠠᠩᠰᠠᠯᠠᠬᠤ ᠦᠬᠡᠢ᠃ ᠮᠠᠯᠵᠢᠬᠤ ᠤᠷᠤᠨ ᠤ ᠡᠷᠦᠬᠡ ᠠᠮᠠ ᠶᠢᠨ ᠨᠦᠬᠦᠴᠠᠯ ᠳᠤ ᠨᠠᠶᠢᠴᠠᠬᠦ ᠦᠬᠡᠢ ᠡᠷᠦᠬᠡ | ᠶᠢ ᠡᠷᠬᠡᠪᠰᠢ ᠬᠠᠤᠯᠢ ᠶᠤᠰᠤᠭᠠᠷ ᠳᠠᠩᠰᠠᠨ ᠠᠴᠠ ᠬᠠᠰᠤᠵᠦ᠂ ᠬᠠᠤᠯᠢ ᠠᠴᠠ ᠵᠦᠷᠢᠴᠡᠭᠰᠡᠳ ᠢ ᠴᠢᠩᠭ᠎ᠠ ᠰᠢᠢᠳᠬᠡᠬᠦ | ᠬᠡᠷᠡᠭᠳᠠᠢ᠃ ᠮᠠᠯᠵᠢᠬᠤ ᠤᠷᠤᠨ ᠤ ᠬᠦᠮᠦᠨ ᠠᠮᠠ ᠶᠢ ᠨᠡᠬᠦᠯᠬᠡᠨ ᠰᠢᠯᠵᠢᠬᠦᠯᠬᠦ ᠪᠠᠶᠢᠩᠭᠤ ᠶᠢᠨ ᠠᠵᠢᠯ ᠤᠨ ᠵᠤᠬᠢᠴᠠᠮᠵᠢ | ᠶᠢ ᠪᠦᠷᠢᠠᠰᠢᠬᠦᠯᠦᠨ᠂ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠬᠦᠯᠬᠦ ᠤᠷᠤᠨ ᠵᠠᠢ ᠶᠢ ᠦᠷᠬᠡᠳᠬᠡᠵᠦ᠂ ᠮᠠᠯᠴᠢᠳ | ᠤᠨ ᠡᠵᠡᠩᠨᠠᠯᠳᠠ ᠶᠢᠨ ᠤᠷᠤᠯᠭ᠎ᠠ᠂ ᠴᠠᠯᠢᠩ ᠤᠨ ᠤᠷᠤᠯᠭ᠎ᠠ᠂ ᠳᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ᠂ | ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠠ᠃ ᠮᠠᠯᠴᠢᠳ ᠢ ᠵᠢᠯᠤᠭᠤᠳᠤᠨ ᠮᠠᠯᠵᠢᠬᠤ ᠤᠷᠤᠨ ᠤ | ᠪᠤᠳᠠᠰ ᠤᠨ ᠬᠦᠢᠯᠬᠡᠬᠡ᠂ ᠳᠡᠬᠡᠬᠡᠪᠦᠷᠢ᠂ ᠮᠠᠯ ᠤᠨ ᠬᠢᠵᠢᠭ ᠢ ᠰᠡᠷᠬᠡᠶᠢᠯᠡᠬᠦ᠂ ᠡᠬᠦᠯᠳᠠᠷ ᠰᠢᠯᠢᠳᠡᠭᠵᠢᠬᠦᠯᠬᠦ᠂ ᠡᠪᠡᠰᠦ | ᠬᠠᠳᠤᠵᠦ ᠨᠦᠬᠡᠴᠠᠯᠡᠬᠦ᠂ ᠬᠤᠨᠢ ᠬᠠᠶᠢᠴᠢᠯᠠᠵᠦ ᠳᠠᠯ ᠵᠠᠰᠠᠬᠤ᠂ ᠬᠤᠷᠤᠭ᠎ᠠ ᠴᠠᠪᠡᠷᠯᠡᠵᠦ ᠮᠠᠯ ᠴᠠᠭᠠᠯᠠᠬᠤ ᠵᠡᠷᠬᠡ | ᠮᠠᠯᠵᠢᠬᠤ ᠤᠷᠤᠨ ᠤ ᠦᠢᠯᠡᠳᠪᠦᠷᠢᠯᠠᠯ ᠠᠮᠢᠳᠤᠷᠠᠯ ᠤᠨ ᠳᠤᠰᠬᠠᠢ ᠦᠢᠯᠡᠴᠢᠯᠡᠬᠡᠨ ᠤ ᠡᠩᠨᠡᠭᠡ ᠶᠢ ᠪᠠᠶᠢᠭᠤᠯᠵᠦ᠂ | ᠬᠡᠰᠡᠭ ᠮᠠᠯᠴᠢᠳ ᠤᠨ ᠮᠠᠯᠵᠢᠬᠤ ᠦᠢᠯᠡᠰ ᠠᠴᠠ ᠪᠤᠰᠤᠳ ᠦᠢᠯᠡᠰ ᠢ ᠡᠷᠬᠢᠯᠠᠨ ᠤᠷᠤᠯᠭ᠎ᠠ ᠪᠠᠨ ᠨᠡᠮᠡᠭᠳᠡᠬᠦᠯᠬᠦ ᠶᠢ | ᠠᠬᠢᠭᠤᠯᠤᠨ᠎ᠠ᠃ ᠨᠤᠳᠤᠭ ᠪᠠᠯᠴᠢᠬᠡᠷ ᠢ ᠨᠢ ᠳᠠᠳᠠᠪᠤᠷᠢᠯᠠᠭᠰᠠᠨ ᠠᠴᠠ ᠪᠤᠯᠵᠦ ᠮᠠᠯᠴᠢᠳ ᠤᠨ ᠤᠷᠤᠯᠭ᠎ᠠ ᠶᠢᠨ | ᠬᠡᠨᠡᠳᠳᠠ ᠨᠡᠮᠡᠭᠳᠡᠭᠰᠡᠨ ᠪᠤᠳᠠᠳᠠᠢ ᠪᠠᠶᠢᠳᠠᠯ ᠳᠤ ᠴᠢᠭᠯᠡᠬᠦᠯᠦᠨ᠂ ᠮᠠᠯᠴᠢᠳ ᠤᠨ ᠬᠤᠳᠠ ᠤᠷᠤᠵᠦ ᠠᠵᠢᠯ ᠦᠢᠯᠡᠰ | ᠡᠷᠬᠢᠯᠡᠬᠦ᠂ ᠬᠡᠷ ᠪᠠᠶᠢᠰᠢᠩ ᠠᠪᠬᠤ᠂ ᠳᠡᠬᠡᠬᠡᠪᠦᠷᠢ ᠶᠢᠨ ᠮᠠᠰᠢᠨ ᠠᠪᠬᠤ ᠶᠢ ᠢᠳᠡᠪᠬᠢᠳᠠᠢ ᠤᠬᠠᠭᠤᠯᠤᠨ ᠵᠢᠯᠤᠭᠤᠳᠴᠤ᠂ | ᠡᠳ᠋ ᠬᠦᠷᠦᠩᠬᠡ ᠶᠢᠨ ᠦᠷᠳᠡᠭ ᠢ ᠪᠠᠳᠤᠯᠠᠨ ᠨᠡᠮᠡᠭᠳᠡᠬᠦᠯᠬᠦ ᠶᠢ ᠠᠬᠢᠭᠤᠯᠤᠨ᠎ᠠ᠃ ᠭᠤᠷᠪᠠ ᠳᠤ᠂ ᠮᠠᠯ ᠠᠵᠦ ᠠᠬᠤᠢ | ᠶᠢ ᠳᠡᠮᠵᠢᠬᠦ ᠪᠠᠯᠠ ᠤᠷᠤᠭᠤᠯᠤᠯᠳᠠ ᠶᠢᠨ ᠪᠠᠳᠤᠯᠠᠭᠠᠨ ᠤ ᠪᠠᠶᠢᠩᠭᠤ ᠶᠢᠨ ᠵᠤᠬᠢᠴᠠᠮᠵᠢ ᠶᠢ ᠪᠠᠶᠢᠭᠤᠯᠤᠨ᠂ ᠭᠠᠵᠠᠷ | ᠤᠷᠤᠨ ᠤ ᠡᠳ᠋ ᠤᠨ ᠵᠠᠰᠠᠭ ᠠᠴᠠ ᠮᠠᠯᠵᠢᠬᠤ ᠤᠷᠤᠨ᠂ ᠮᠠᠯᠵᠢᠬᠤ ᠦᠢᠯᠡᠰ᠂ ᠮᠠᠯᠴᠢᠳ ᠲᠤ ᠴᠢᠭᠯᠡᠬᠦᠯᠦᠭᠰᠡᠨ ᠪᠡᠯᠡ | ᠤᠷᠤᠭᠤᠯᠤᠯᠳᠠ ᠶᠢᠨ ᠨᠡᠮᠡᠭᠳᠠᠯ ᠢ ᠳᠤᠰ ᠵᠢᠯ ᠤᠨ ᠳᠤᠬᠢᠷᠠᠭᠤᠯᠵᠦ ᠪᠤᠯᠬᠤᠶᠢᠴᠠ ᠡᠳ᠋ ᠤᠨ ᠬᠦᠴᠦᠨ ᠤ ᠨᠡᠮᠡᠭᠳᠡᠯ | ᠠᠴᠠ ᠦᠠᠳᠦᠷ ᠪᠠᠶᠢᠬᠤ ᠶᠢ ᠪᠠᠳᠤᠯᠠᠵᠦ᠂ ᠮᠠᠯ ᠠᠵᠦ ᠠᠬᠤᠢ ᠶᠢᠨ ᠳᠦᠷᠦᠯ ᠵᠦᠢᠯ ᠤᠨ ᠢᠵᠢ ᠪᠦᠷᠢᠳᠦᠬᠦᠯᠦᠭᠰᠡᠨ | ᠪᠠᠯᠠ ᠮᠦᠩᠬᠦ ᠶᠢ ᠬᠦᠢᠴᠠᠳ ᠨᠠᠶᠢᠳᠠᠪᠤᠷᠢᠵᠢᠭᠤᠯᠤᠨ᠎ᠠ᠃ | ︵ᠬᠤᠶᠠᠷ︶ ᠦᠪᠡᠷᠮᠢᠴᠠ ᠤᠠᠴᠠᠯᠢᠭ ᠲᠠᠢ ᠳᠠᠪᠠᠭᠤᠯᠢᠭ ᠠᠵᠦ ᠦᠢᠯᠡᠰ ᠢ ᠪᠤᠵᠠᠭᠠᠶᠢᠷᠠᠭᠤᠯᠬᠤ ᠪᠠᠷ ᠭᠤᠤᠯᠳᠠᠯᠭ᠎ᠠ | ᠪᠤᠯᠭᠠᠨ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠳᠠ ᠶᠢᠨ ᠠᠬᠢᠴᠠ ᠶᠢ ᠳᠦᠷᠬᠡᠳᠬᠡᠨ᠎ᠠ᠃ ᠪᠢᠳᠠ ᠡᠷᠬᠡᠪᠰᠢ | ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠳᠠ ᠶᠢ ᠠᠬᠢᠭᠤᠯᠬᠤ ᠪᠠᠷ ᠠᠵᠦ ᠠᠬᠤᠢ ᠶᠢᠨ ᠬᠦᠭᠵᠢᠯᠳᠠ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ ᠭᠤᠤᠯ ᠴᠢᠭᠯᠡᠯ ᠢᠶᠠᠨ ᠪᠤᠯᠭᠠᠨ᠂ ᠨᠡᠮᠡᠭᠳᠠᠯ ᠤᠨ ᠳᠤᠮᠳᠠ ᠪᠦᠳᠦᠴᠠ ᠪᠠᠨ | ᠵᠤᠬᠢᠴᠠᠭᠤᠯᠬᠤ᠂ ᠬᠦᠭᠵᠢᠬᠦᠯᠬᠦ ᠶᠠᠪᠤᠴᠠ ᠳᠤ ᠬᠤᠪᠢᠷᠠᠭᠤᠯᠤᠯᠳᠠ ᠪᠠᠨ ᠳᠦᠷᠬᠡᠳᠬᠡᠬᠦ ᠶᠢ ᠪᠠᠷᠢᠮᠳᠠᠯᠠᠵᠦ᠂ | ᠳᠤᠯᠭᠠᠭᠤᠷᠢ ᠠᠵᠦ ᠦᠢᠯᠡᠰ ᠢᠶᠠᠨ ᠳᠠᠰᠤᠷᠠᠯᠳᠠ ᠦᠬᠡᠢ ᠦᠷᠬᠡᠳᠬᠡᠨ ᠪᠤᠵᠠᠭᠠᠶᠢᠷᠠᠭᠤᠯᠵᠦ᠂ ᠠᠵᠦ ᠦᠢᠯᠡᠰ ᠤᠨ | ᠪᠦᠳᠦᠴᠠ ᠪᠠᠨ ᠰᠢᠯᠢᠳᠡᠭᠵᠢᠬᠦᠯᠦᠨ᠂ ᠠᠵᠦ ᠦᠢᠯᠡᠰ ᠤᠨ ᠬᠡᠯᠬᠢᠶᠠᠵᠢᠯ ᠢᠶᠠᠨ ᠤᠷᠳᠤᠳᠬᠠᠨ᠎ᠠ᠃ | — — ᠦᠪᠡᠷᠮᠢᠴᠠ ᠤᠠᠴᠠᠯᠢᠭ ᠲᠠᠢ ᠳᠠᠪᠠᠭᠤᠯᠢᠭ ᠠᠵᠦ ᠦᠢᠯᠡᠰ ᠢᠶᠠᠨ ᠦᠷᠬᠦᠯᠵᠢᠯᠠᠨ ᠪᠤᠵᠠᠭᠠᠶᠢᠷᠠᠭᠤᠯᠤᠨ᠎ᠠ᠃ | ᠡᠬᠢ ᠰᠤᠷᠪᠤᠯᠵᠢ ᠪᠠᠷ ᠪᠠᠶᠠᠯᠢᠭ ᠪᠠᠶᠢᠳᠠᠭ ᠨᠢ ᠮᠠᠨ ᠤ ᠬᠤᠰᠢᠭᠤᠨ ᠤ ᠬᠠᠮᠤᠭ ᠤᠨ ᠶᠡᠭᠡ ᠳᠠᠪᠠᠭᠤᠯᠢᠭ ᠳᠠᠯ᠎ᠠ ᠪᠤᠯᠬᠤ | ᠶᠤᠮ᠃ ᠤᠳᠤᠬᠠᠨ ᠤ ᠪᠠᠶᠢᠳᠠᠯ ᠳᠤᠤᠷ᠎ᠠ ᠪᠢᠳᠠ ᠰᠢᠨ᠎ᠠ ᠬᠡᠯᠪᠡᠷᠢ ᠶᠢᠨ ᠠᠵᠦ ᠦᠢᠯᠡᠳᠪᠦᠷᠢᠵᠢᠯᠳᠠ ᠶᠢᠨ ᠠᠬᠢᠴᠠ ᠶᠢ | ᠳᠦᠷᠬᠡᠳᠬᠡᠨ᠂ ᠠᠵᠦ ᠠᠬᠤᠢ ᠶᠢᠨ ᠪᠦᠳᠦᠴᠠ ᠪᠠᠨ ᠰᠢᠯᠢᠳᠡᠭᠵᠢᠬᠦᠯᠬᠦ ᠳᠤ ᠡᠬᠢ ᠪᠠᠶᠠᠯᠢᠭ ᠤᠨ ᠳᠠᠪᠠᠭᠤᠯᠢᠭ ᠢᠶᠠᠨ | ᠬᠦᠢᠴᠠᠳ ᠪᠠᠳᠠᠷᠠᠭᠤᠯᠤᠨ᠂ ᠶᠡᠷᠦᠩᠬᠡᠶᠢᠯᠠᠨ ᠨᠡᠬᠡᠬᠡᠨ ᠠᠰᠢᠭᠯᠠᠬᠤ ᠬᠢᠷᠢ ᠳᠦᠪᠰᠢᠨ ᠢᠶᠠᠨ ᠴᠢᠷᠮᠠᠶᠢᠨ ᠳᠡᠬᠡᠭᠰᠢᠯᠡᠬᠦᠯᠵᠦ | ᠂ ᠦᠪᠡᠷᠮᠢᠴᠠ ᠤᠠᠴᠠᠯᠢᠭ ᠲᠠᠢ ᠳᠠᠪᠠᠭᠤᠯᠢᠭ ᠠᠵᠦ ᠦᠢᠯᠡᠰ ᠢᠶᠠᠨ ᠤᠯᠠᠮ ᠪᠤᠵᠠᠭᠠᠶᠢᠷᠠᠭᠤᠯᠤᠨ᠎ᠠ᠃ ᠴᠠᠭᠠᠠᠨᠠᠭᠤᠷ ᠤᠨ | ᠨᠢᠬᠡᠳᠦᠬᠡᠷ ᠬᠤᠭᠤᠴᠠᠭᠠᠨ ᠤ ᠵᠢᠯ ᠳᠤ 800 ᠳᠦᠮᠡᠨ ᠳᠤᠨ ᠭᠠᠷᠭᠠᠯᠳᠠ ᠪᠦᠬᠦᠢ ᠨᠡᠬᠦᠷᠠᠰᠤᠨ ᠠᠭᠤᠷᠬᠠᠢ ᠶᠢᠨ | ᠳᠦᠷᠦᠯ ᠵᠦᠢᠯ ᠤᠨ ᠭᠤᠷᠪᠠᠨ ᠬᠤᠳᠳᠤᠭ ᠢ 8 ᠰᠠᠷ᠎ᠠ ᠳᠤ ᠨᠡᠪᠳᠡᠷᠡᠬᠦᠯᠬᠦ ᠪᠠᠷ ᠴᠢᠷᠮᠠᠶᠢᠨ᠎ᠠ᠃ ᠭᠠᠵᠠᠷ ᠳᠡᠬᠡᠷᠡᠬᠢ | ᠪᠠᠷᠢᠯᠭ᠎ᠠ ᠶᠢ 5 ᠰᠠᠷ᠎ᠠ ᠳᠤ ᠡᠬᠢᠯᠠᠬᠦᠯᠦᠨ᠂ ᠳᠤᠰ ᠵᠢᠯ ᠳᠡᠭᠡᠨ ᠳᠠᠭᠤᠰᠬᠠᠨ᠎ᠠ᠃ ᠡᠬᠦᠨ ᠤ ᠬᠠᠮᠳᠦ ᠨᠡᠬᠦᠷᠠᠰᠦ | ᠳᠡᠬᠡᠬᠡᠪᠦᠷᠢᠯᠡᠬᠦ ᠳᠦᠬᠦᠬᠡᠷᠤᠮᠵᠢ ᠪᠠ ᠳᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢ ᠵᠡᠷᠬᠡᠪᠡᠷ ᠶᠠᠪᠤᠭᠳᠠᠭᠤᠯᠤᠨ᠎ᠠ᠃ | ᠤᠯᠤᠰ ᠠᠴᠠ ᠰᠢᠯᠢ ᠶᠢᠨ ᠭᠤᠤᠯ ᠠᠶᠢᠮᠠᠭ ᠤᠨ ᠴᠠᠬᠢᠯᠭᠠᠨ ᠤ ᠡᠬᠢ ᠰᠤᠷᠪᠤᠯᠵᠢ ᠶᠢᠨ ᠰᠠᠭᠤᠷᠢᠨ ᠭᠠᠵᠠᠷ ᠢ | ᠪᠠᠶᠢᠭᠤᠯᠬᠤ ᠠᠰᠢᠭᠳᠠᠢ ᠳᠤᠬᠢᠶᠠᠯ ᠢ ᠵᠠᠪᠳᠤᠨ᠂ ᠬᠦᠸᠧ ᠸᠠᠩ ᠡᠨᠧᠷᠬᠢ ᠶᠢᠨ ᠺᠤᠮᠫᠠᠨᠢ ᠲᠠᠢ ᠢᠳᠡᠪᠬᠢᠳᠠᠢ ᠬᠠᠷᠢᠴᠠᠵᠦ | ᠂ ᠳᠤᠰ ᠵᠢᠯ ᠳᠡᠭᠡᠨ ᠴᠠᠭᠠᠠᠨᠠᠭᠤᠷ ᠴᠠᠬᠢᠯᠭᠠᠨ ᠦᠢᠯᠡᠳᠪᠦᠷᠢ ᠶᠢᠨ ᠨᠢᠬᠡᠳᠦᠬᠡᠷ ᠬᠤᠭᠤᠴᠠᠭᠠᠨ ᠤ ᠢᠠᠵᠧᠨᠧᠷᠢᠩ ᠢ | ᠡᠬᠢᠯᠡᠬᠦᠯᠬᠦ ᠪᠠᠷ ᠴᠢᠷᠮᠠᠶᠢᠨ᠎ᠠ᠃ ᠬᠦᠢᠳᠡᠠᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠠᠷ ᠤᠨ ᠪᠦᠳᠦᠬᠡᠨ | ᠪᠠᠶᠢᠭᠤᠯᠤᠯᠳᠠ ᠶᠢ ᠦᠷᠬᠦᠯᠵᠢᠯᠠᠨ ᠰᠠᠶᠢᠳᠦᠷ ᠬᠢᠵᠦ᠂ ᠠᠨ ᠨᠧᠩ ᠤᠨ ᠨᠢᠬᠡᠳᠦᠬᠡᠷ ᠬᠤᠭᠤᠴᠠᠭ᠎ᠠ ᠪᠠ ᠵᠦᠩ ᠱᠦᠢ | ᠳ᠋ᠢᠶᠠᠨ ᠪᠦᠯᠦᠭᠯᠠᠯ ᠤᠨ ᠬᠤᠶᠠᠳᠤᠭᠠᠷ ᠬᠤᠭᠤᠴᠠᠭᠠᠨ ᠤ ᠳᠤᠰ ᠪᠦᠷᠢ 5 ᠳᠦᠮᠡᠨ ᠺᠢᠯᠤᠸᠠᠲ ᠤᠨ ᠳᠦᠷᠦᠯ ᠵᠦᠢᠯ ᠢ | ᠳᠤᠰ ᠵᠢᠯ ᠳᠡᠭᠡᠨ ᠦᠢᠯᠡᠳᠪᠦᠷᠢᠯᠠᠯ ᠡᠬᠢᠯᠠᠬᠦᠯᠵᠦ ᠴᠠᠬᠢᠯᠭᠠᠨ ᠭᠠᠷᠭᠠᠭᠤᠯᠤᠨ᠎ᠠ᠃ ᠪᠠᠯᠬᠦᠳᠠᠢ ᠰᠠᠯᠬᠢᠨ ᠴᠠᠬᠢᠯᠭᠠᠨ ᠤ | ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠡᠯ᠎ᠡ ᠳᠦᠷᠦᠯ ᠤᠨ ᠠᠵᠢᠯ ᠢ ᠡᠬᠢᠯᠠᠬᠦᠯᠵᠦ᠂ ᠳ᠋ᠠ ᠳᠠᠩ | ᠪᠦᠯᠦᠭᠯᠠᠯ ᠤᠨ 2 ᠳᠦᠮᠡᠨ ᠺᠢᠯᠤᠸᠠᠲ ᠤᠨ ᠳᠦᠷᠦᠯ ᠵᠦᠢᠯ ᠢ ᠳᠤᠰ ᠵᠢᠯ ᠳᠤ ᠬᠢᠨᠠᠨ ᠵᠦᠪᠰᠢᠶᠠᠷᠠᠬᠦᠯᠦᠬᠡᠳ | ᠪᠠᠷᠢᠯᠭ᠎ᠠ ᠡᠬᠢᠯᠠᠬᠦᠯᠬᠦ ᠪᠠᠷ ᠴᠢᠷᠮᠠᠶᠢᠨ᠎ᠠ᠃ ᠳ᠋ᠠ ᠠᠨ ᠺᠤᠮᠫᠠᠨᠢ ᠶᠢᠨ ᠵᠢᠯ ᠤᠨ 120 ᠳᠦᠮᠡᠨ ᠳᠤᠨ ᠤ ᠨᠡᠬᠦᠷᠠᠰᠤᠨ | ᠠᠭᠤᠷᠬᠠᠢ ᠶᠢᠨ ᠬᠠᠶᠢᠨ ᠰᠢᠠᠵᠢᠯᠡᠬᠡᠨ ᠢ ᠮᠠᠯᠳᠠᠬᠤ ᠪᠤᠯᠭᠠᠨ ᠬᠤᠪᠢᠷᠠᠭᠤᠯᠬᠤ ᠭᠠᠷ ᠬᠦᠢᠴᠠᠳᠬᠡᠯ ᠢ ᠳᠠᠷᠤᠢ ᠳᠦᠷᠬᠡᠨ | ᠬᠦᠢᠴᠠᠳᠬᠡᠵᠦ᠂ ᠳᠤᠰ ᠵᠢᠯ ᠳᠤ ᠠᠭᠤᠷᠬᠠᠢ ᠶᠢᠨ ᠬᠤᠳᠳᠤᠭ ᠤᠨ ᠪᠦᠳᠦᠬᠡᠨ ᠪᠠᠶᠢᠭᠤᠯᠤᠯᠳᠠ ᠶᠢ ᠪᠠᠶᠠᠯᠠᠬᠦᠯᠦᠨ᠂ | ᠦᠢᠯᠡᠳᠪᠦᠷᠢᠯᠡᠯ ᠡᠬᠢᠯᠠᠬᠦᠯᠬᠦ ᠪᠠᠷ ᠴᠢᠷᠮᠠᠶᠢᠵᠦ᠂ ᠨᠡᠬᠦᠷᠠᠰᠦ ᠶᠢ ᠨᠠᠷᠢᠯᠢᠭᠵᠢᠭᠤᠯᠤᠨ ᠪᠤᠯᠪᠠᠰᠤᠷᠠᠭᠤᠯᠬᠤ ᠳᠦᠷᠦᠯ | ᠵᠦᠢᠯ ᠢ ᠡᠬᠢᠯᠡᠬᠦᠯᠦᠨ᠎ᠠ᠃ ᠶᠢᠨ ᠳ᠋ᠢ ᠠᠭᠤᠷᠬᠠᠢ ᠶᠢᠨ ᠦᠢᠯᠡᠰ ᠤᠨ ᠬᠤᠶᠠᠳᠤᠭᠠᠷ ᠬᠤᠭᠤᠴᠠᠭᠠᠨ ᠤ ᠡᠳᠦᠷ ᠲᠤ | 15000 ᠳᠤᠨ ᠬᠦᠳᠡᠷ ᠰᠢᠯᠢᠬᠦ ᠦᠢᠯᠡᠳᠪᠦᠷᠢᠯᠠᠯ ᠤᠨ ᠳᠦᠷᠦᠯ ᠵᠦᠢᠯ ᠢ ᠢᠳᠡᠪᠬᠢᠳᠠᠢ ᠠᠬᠢᠭᠤᠯᠤᠨ᠂ ᠳᠤᠰ ᠵᠢᠯ | ᠳᠡᠭᠡᠨ ᠳᠤᠨᠤᠭ ᠳᠦᠬᠦᠬᠡᠷᠤᠮᠵᠢ ᠤᠭᠰᠠᠷᠠᠨ ᠳᠤᠷᠰᠢᠨ ᠦᠢᠯᠡᠳᠪᠦᠷᠢᠯᠡᠬᠦᠯᠬᠦ ᠪᠠᠷ ᠴᠢᠷᠮᠠᠶᠢᠨ᠎ᠠ᠃ ᠬᠠᠳᠠᠳᠦ ᠠᠭᠤᠷᠬᠠᠢ | ᠶᠢᠨ ᠦᠢᠯᠡᠰ ᠤᠨ ᠨᠢᠬᠡᠳᠦᠬᠡᠷ ᠬᠤᠭᠤᠴᠠᠭᠠᠨ ᠤ ᠡᠳᠦᠷ ᠲᠤ 1000 ᠳᠤᠨ ᠬᠦᠳᠡᠷ ᠰᠢᠯᠢᠬᠦ᠂ ᠪᠠᠢ ᠶᠢᠨ ᠠᠭᠤᠷᠬᠠᠢ | ᠶᠢᠨ ᠦᠢᠯᠡᠰ ᠤᠨ ᠡᠳᠦᠷ ᠲᠤ 1000 ᠳᠤᠨ ᠬᠦᠳᠡᠷ ᠰᠢᠯᠢᠬᠦ᠂ ᠴᠢᠶᠠᠨ ᠳ᠋ᠧ ᠠᠭᠤᠷᠬᠠᠢ ᠶᠢᠨ ᠦᠢᠯᠡᠰ ᠤᠨ ᠡᠳᠦᠷ | ᠲᠤ 800 ᠳᠤᠨ ᠬᠦᠳᠡᠷ ᠰᠢᠯᠢᠬᠦ ᠦᠢᠯᠡᠳᠪᠦᠷᠢ ᠶᠢᠨ ᠪᠦᠳᠦᠬᠡᠨ ᠪᠠᠶᠢᠭᠤᠯᠬᠤ ᠠᠬᠢᠴᠠ ᠶᠢ ᠳᠦᠷᠬᠡᠳᠬᠡᠨ᠂ ᠳᠤᠰ | ᠵᠢᠯ ᠳᠡᠭᠡᠨ ᠦᠢᠯᠡᠳᠪᠦᠷᠢᠯᠠᠯ ᠡᠬᠢᠯᠠᠬᠦᠯᠦᠨ᠎ᠠ᠃ ᠵᠢᠢ ᠳ᠋ᠦᠩ ᠱᠦᠢᠨᠢ ᠶᠢᠨ ᠺᠤᠮᠫᠠᠨᠢ ᠶᠢᠨ ᠵᠠᠬ᠎ᠠ ᠳᠡᠯᠬᠡᠬᠦᠷ ᠢᠶᠠᠨ | ᠨᠡᠬᠡᠬᠡᠨ ᠦᠷᠬᠡᠳᠬᠡᠬᠦ ᠳᠤᠨᠢ ᠢᠳᠡᠪᠬᠢᠳᠠᠢ ᠬᠠᠪᠰᠤᠷᠤᠯᠴᠠᠵᠦ᠂ ᠨᠢᠬᠡᠳᠦᠬᠡᠷ ᠬᠤᠭᠤᠴᠠᠭᠠᠨ ᠤ ᠦᠢᠯᠡᠳᠪᠦᠷᠢᠯᠠᠯ ᠤᠨ | ᠳᠦᠷᠦᠯ ᠵᠦᠢᠯ ᠤᠨ ᠪᠦᠬᠦ ᠴᠢᠳᠠᠯ ᠢᠶᠠᠷ ᠢᠶᠠᠨ ᠦᠢᠯᠡᠳᠪᠦᠷᠢᠯᠠᠬᠦ ᠶᠢ ᠪᠠᠳᠤᠯᠠᠬᠤ ᠶᠢᠨ ᠬᠠᠮᠳᠦ ᠠᠵᠦ ᠠᠬᠤᠶᠢᠯᠠᠯ ᠲᠠᠢ | ᠢᠳᠡᠪᠬᠢᠳᠠᠢ ᠬᠠᠷᠢᠴᠠᠵᠦ᠂ ᠬᠤᠶᠠᠳᠤᠭᠠᠷ ᠬᠤᠭᠤᠴᠠᠭᠠᠨ ᠤ ᠳᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠬᠦ ᠪᠠᠷ | ᠴᠢᠷᠮᠠᠶᠢᠵᠦ᠂ ᠤᠠᠴᠠᠭᠠᠢ ᠳᠦᠷᠦᠯ ᠤᠨ ᠱᠦᠢᠨᠢ ᠶᠢᠨ ᠦᠢᠯᠡᠳᠪᠦᠷᠢᠯᠠᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠪᠠᠷ | ᠴᠢᠷᠮᠠᠶᠢᠨ᠎ᠠ᠃ ᠪᠤᠷᠵᠢᠨ ᠴᠢᠯᠠᠭᠤᠨ ᠤ ᠬᠠᠶᠢᠨ ᠰᠢᠠᠵᠢᠯᠡᠬᠡᠨ ᠤ ᠠᠵᠢᠯ ᠢ ᠳᠦᠷᠬᠡᠳᠬᠡᠨ᠂ ᠡᠬᠢ ᠪᠠᠶᠠᠯᠢᠭ ᠤᠨ | ᠬᠠᠳᠠᠭᠠᠯᠠᠮᠵᠢ ᠶᠢᠨ ᠪᠠᠶᠢᠳᠠᠯ ᠢ ᠨᠠᠷᠢᠨ ᠤᠶᠢᠯᠭᠠᠵᠦ᠂ ᠳᠤᠰ ᠵᠢᠯ ᠳᠡᠭᠡᠨ 1— 2 ᠪᠤᠷᠵᠢᠨ ᠴᠢᠯᠠᠭᠤ ᠶᠢ ᠨᠡᠬᠡᠬᠡᠨ | ᠠᠰᠢᠭᠯᠠᠬᠤ ᠠᠵᠦ ᠠᠬᠤᠶᠢᠯᠠᠯ ᠢ ᠤᠷᠢᠨ ᠤᠷᠤᠭᠤᠯᠬᠤ ᠪᠠᠷ ᠴᠢᠷᠮᠠᠶᠢᠨ᠎ᠠ᠃ ᠢᠳᠡᠪᠬᠢᠳᠠᠢ ᠪᠠᠷ ᠠᠷᠠᠯᠵᠢᠶᠠᠴᠢᠨ | ᠤᠷᠢᠵᠦ ᠪᠠᠯᠠ ᠳᠠᠳᠠᠨ᠂ ᠳᠤᠰ ᠵᠢᠯ ᠳᠤ 1 ᠳᠤᠮᠤ ᠬᠡᠯᠪᠠᠷᠢ ᠶᠢᠨ ᠤᠯᠠᠭᠠᠨ ᠢᠳᠡᠬᠡᠨ ᠪᠤᠯᠪᠠᠰᠤᠷᠠᠭᠤᠯᠬᠤ | ᠳᠤᠯᠤᠭᠠᠶᠢᠯᠠᠭᠴᠢ ᠠᠵᠦ ᠠᠬᠤᠶᠢᠯᠠᠯ ᠢ ᠤᠷᠢᠨ ᠤᠷᠤᠭᠤᠯᠬᠤ ᠪᠠᠷ ᠴᠢᠷᠮᠠᠶᠢᠨ᠎ᠠ᠃ | — — ᠠᠵᠦ ᠦᠢᠯᠡᠰ ᠤᠨ ᠬᠦᠭᠵᠢᠯᠳᠠ ᠶᠢᠨ ᠰᠢᠨ᠎ᠡ ᠪᠦᠳᠦᠴᠠ ᠶᠢ ᠢᠳᠡᠪᠬᠢᠳᠠᠢ ᠪᠦᠷᠢᠯᠳᠦᠬᠦᠯᠦᠨ᠎ᠠ᠃ ᠡᠬᠢ | ᠪᠠᠶᠠᠯᠢᠭ ᠤᠨ ᠳᠠᠪᠠᠭᠤᠯᠢᠭ ᠪᠠ ᠠᠵᠦ ᠦᠢᠯᠡᠰ ᠤᠨ ᠰᠠᠭᠤᠷᠢᠨ ᠳᠠᠭᠠᠨ ᠳᠦᠰᠢᠭᠯᠡᠨ᠂ ᠠᠵᠦ ᠦᠢᠯᠡᠰ ᠢ ᠤᠯᠠᠨ | ᠡᠰᠢᠵᠢᠬᠦᠯᠬᠦ᠂ ᠬᠡᠯᠬᠢᠶ᠎ᠠ ᠤᠷᠳᠤᠳᠬᠠᠬᠤ᠂ ᠳᠠᠰ ᠳᠡᠪᠰᠢᠬᠦᠯᠬᠦ ᠶᠢ ᠠᠬᠢᠭᠤᠯᠵᠦ᠂ ᠠᠵᠦ ᠠᠬᠤᠢ ᠶᠢᠨ ᠪᠦᠳᠦᠴᠠ ᠶᠢ | ᠳᠠᠰᠤᠷᠠᠯᠳᠠ ᠦᠬᠡᠢ ᠰᠢᠯᠢᠳᠡᠭᠵᠢᠬᠦᠯᠦᠨ᠎ᠠ᠃ ᠨᠢᠬᠡ ᠳᠤ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ ᠳᠠᠰ | ᠳᠡᠪᠰᠢᠬᠦᠯᠬᠦ ᠶᠢ ᠳᠦᠷᠬᠡᠳᠬᠡᠨ᠎ᠠ᠃ ᠨᠠᠷᠠᠠᠪᠤᠯᠠᠭ ᠨᠡᠬᠦᠷᠠᠰᠤᠨ ᠠᠭᠤᠷᠬᠠᠢ ᠶᠢ ᠨᠡᠬᠡᠬᠡᠨ ᠠᠰᠢᠭᠯᠠᠬᠤ ᠠᠵᠦ | ᠠᠬᠤᠶᠢᠯᠠᠯᠳᠠᠨ ᠢ ᠳᠦᠷᠬᠡᠨ ᠨᠠᠶᠢᠳᠠᠪᠤᠷᠢᠵᠢᠭᠤᠯᠵᠦ᠂ ᠬᠦᠷᠠᠩ ᠨᠡᠬᠦᠷᠠᠰᠦ ᠶᠢ ᠴᠢᠨᠠᠷᠵᠢᠭᠤᠯᠬᠤ ᠳᠦᠷᠦᠯ ᠵᠦᠢᠯ ᠢ | ᠤᠷᠤᠭᠤᠯᠤᠨ᠂ ᠨᠡᠬᠦᠷᠠᠰᠦ ᠶᠢ ᠶᠠᠷᠦᠩᠬᠡᠶᠢᠯᠠᠨ ᠨᠡᠬᠡᠬᠡᠨ ᠠᠰᠢᠭᠯᠠᠬᠤ ᠳᠦᠪᠰᠢᠨ ᠢᠶᠠᠨ ᠳᠡᠭᠡᠭᠰᠢᠯᠡᠬᠦᠯᠦᠨ᠎ᠠ᠃ | ᠤᠳᠤᠬᠠᠨ ᠳᠤ ᠪᠠᠶᠢᠭ᠎ᠠ ᠦᠩᠬᠡᠳᠦ ᠳᠡᠮᠦᠷᠯᠢᠭ ᠤᠨ ᠬᠦᠳᠡᠷ ᠰᠢᠯᠢᠬᠦ ᠦᠢᠯᠡᠳᠪᠦᠷᠢ ᠪᠠᠷ ᠰᠢᠪᠳᠤᠯᠬᠤ ᠴᠡᠭ ᠪᠤᠯᠭᠠᠨ᠂ | ᠳᠡᠮᠦᠷᠯᠢᠭ ᠪᠤᠯᠪᠠᠰᠤᠷᠠᠭᠤᠯᠬᠤ ᠳᠦᠷᠦᠯ ᠵᠦᠢᠯ ᠢ ᠢᠳᠡᠪᠬᠢᠳᠠᠢ ᠪᠠᠷ ᠤᠷᠢᠨ ᠤᠷᠤᠭᠤᠯᠵᠦ᠂ ᠠᠵᠦ ᠦᠢᠯᠡᠰ ᠤᠨ | ᠳᠦᠪᠯᠡᠷᠡᠩᠬᠦᠢ ᠬᠡᠮᠵᠢᠶ᠎ᠠ ᠪᠠ ᠨᠠᠷᠢᠯᠢᠭ ᠪᠤᠯᠪᠠᠰᠤᠷᠠᠭᠤᠯᠤᠯᠳᠠ ᠶᠢᠨ ᠳᠦᠪᠰᠢᠨ ᠢ ᠳᠠᠰᠤᠷᠠᠯᠳᠠ ᠦᠬᠡᠢ | ᠳᠡᠭᠡᠭᠰᠢᠯᠡᠬᠦᠯᠦᠨ᠎ᠠ᠃ ᠬᠤᠶᠠᠷ ᠲᠤ᠂ ᠡᠬᠢ ᠪᠠᠶᠠᠯᠢᠭ ᠤᠨ ᠪᠤᠰᠤ ᠠᠵᠦ ᠦᠢᠯᠡᠰ ᠢ ᠶᠡᠭᠡ ᠬᠦᠴᠦᠨ ᠢᠶᠠᠷ | ᠬᠦᠭᠵᠢᠬᠦᠯᠦᠨ᠎ᠠ᠃ ᠤᠷᠴᠢᠮ ᠤᠨ ᠵᠢᠯ ᠳᠤ ᠪᠤᠶᠢᠵᠢᠭᠤᠯᠤᠭᠰᠠᠨ ᠠᠵᠦ ᠦᠢᠯᠡᠰ ᠤᠨ ᠰᠠᠭᠤᠷᠢ ᠪᠠ ᠡᠬᠢ ᠪᠠᠶᠠᠯᠢᠭ | ᠤᠨ ᠳᠠᠪᠠᠭᠤᠯᠢᠭ ᠳᠠᠯ᠎ᠠ ᠪᠠᠨ ᠠᠰᠢᠭᠯᠠᠨ ᠢᠵᠢ ᠪᠦᠷᠢᠳᠦᠭᠰᠡᠨ ᠠᠵᠦ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ | ᠭᠤᠤᠯᠳᠠᠭᠤ ᠨᠡᠬᠦᠷᠠᠰᠤᠨ ᠠᠭᠤᠷᠬᠠᠢ ᠶᠢᠨ ᠮᠠᠰᠢᠨ ᠳᠦᠬᠦᠬᠡᠷᠤᠮᠵᠢ᠂ ᠦᠩᠬᠡᠳᠦ ᠳᠡᠮᠦᠷᠯᠢᠭ ᠤᠨ ᠬᠦᠳᠡᠷ ᠰᠢᠯᠢᠬᠦ | ᠳᠦᠬᠦᠬᠡᠷᠤᠮᠵᠢ ᠪᠠ ᠰᠠᠯᠬᠢᠨ ᠴᠠᠬᠢᠯᠭᠠᠨ ᠤ ᠳᠦᠬᠦᠬᠡᠷᠤᠮᠵᠢ ᠶᠢ ᠦᠢᠯᠡᠳᠪᠦᠷᠢᠯᠡᠬᠦ ᠠᠵᠦ ᠦᠢᠯᠡᠰ ᠢ ᠤᠷᠢᠨ | ᠤᠷᠤᠭᠤᠯᠬᠤ ᠠᠬᠢᠴᠠ ᠪᠠᠨ ᠳᠦᠷᠬᠡᠳᠬᠡᠨ᠂ ᠠᠵᠦ ᠠᠬᠤᠢ ᠶᠢᠨ ᠨᠡᠮᠡᠭᠳᠠᠯ ᠤᠨ ᠰᠢᠨ᠎ᠡ ᠴᠡᠭ ᠢ ᠴᠢᠷᠮᠠᠶᠢᠨ | ᠪᠤᠶᠢᠵᠢᠭᠤᠯᠤᠨ᠎ᠠ᠃ ᠭᠤᠷᠪᠠ ᠳᠤ᠂ ᠠᠵᠦ ᠦᠢᠯᠡᠰ ᠤᠨ ᠰᠢᠯᠵᠢᠯᠳᠠ ᠶᠢ ᠢᠳᠡᠪᠬᠢᠳᠠᠢ ᠬᠦᠯᠢᠶᠠᠨ ᠵᠠᠯᠭᠠᠮᠵᠢᠯᠠᠨ᠎ᠠ᠃ | ᠵᠠᠬᠦᠨ ᠬᠡᠰᠡᠭ ᠤᠨ ᠬᠦᠭᠵᠢᠭᠰᠡᠨ ᠤᠷᠤᠨ ᠤ ᠠᠵᠦ ᠦᠢᠯᠡᠰ ᠤᠨ ᠰᠢᠯᠵᠢᠯᠳᠠ ᠳᠠᠰᠤᠷᠠᠯ ᠦᠬᠡᠢ ᠳᠦᠷᠬᠡᠳᠴᠤ | ᠪᠦᠬᠦᠢ ᠳᠤᠬᠢᠶᠠᠯ ᠢ ᠵᠠᠪᠳᠤᠨ ᠡᠬᠢ ᠪᠠᠶᠠᠯᠢᠭ ᠤᠨ ᠳᠠᠪᠠᠭᠤᠯᠢᠭ᠂ ᠭᠠᠵᠠᠷ ᠰᠢᠷᠤᠢ ᠶᠢᠨ ᠳᠠᠪᠠᠭᠤᠯᠢᠭ ᠵᠢᠴᠢ | ᠦᠪᠡᠷᠳᠡᠬᠡᠨ ᠵᠠᠰᠠᠬᠤ ᠤᠷᠤᠨ ᠠᠴᠠ ᠳᠤᠨᠤᠭ ᠳᠦᠬᠦᠬᠡᠷᠤᠮᠵᠢ ᠦᠢᠯᠡᠳᠪᠦᠷᠢᠯᠡᠬᠦ ᠪᠠ ᠳᠡᠬᠡᠳᠦ ᠵᠡᠷᠬᠡ ᠶᠢᠨ ᠲᠧᠭᠨᠢᠭ | ᠮᠡᠷᠬᠡᠵᠢᠯ ᠪᠦᠬᠦᠢ ᠠᠵᠦ ᠦᠢᠯᠡᠰ ᠤᠨ ᠳᠦᠷᠦᠯ ᠵᠦᠢᠯ ᠳᠠᠰᠢ ᠡᠬᠢ ᠪᠠᠶᠠᠯᠢᠭ ᠢᠶᠠᠨ ᠭᠤᠤᠯᠳᠠᠯᠭ᠎ᠠ ᠲᠠᠢ | ᠳᠤᠬᠢᠷᠠᠭᠤᠯᠵᠦ ᠪᠠᠶᠢᠭ᠎ᠠ ᠠᠰᠢᠭᠳᠠᠢ ᠳᠤᠬᠢᠶᠠᠯ ᠢᠶᠠᠷ ᠬᠦᠭᠵᠢᠭᠰᠡᠨ ᠤᠷᠤᠨ ᠤ ᠠᠵᠦ ᠦᠢᠯᠡᠰ ᠤᠨ ᠰᠢᠯᠵᠢᠯᠳᠠ ᠶᠢ | ᠢᠳᠡᠪᠬᠢᠳᠠᠢ ᠪᠠᠷ ᠳᠠᠳᠠᠨ ᠠᠪᠴᠢᠷᠠᠬᠤ ᠪᠠ ᠬᠦᠯᠢᠶᠠᠨ ᠵᠠᠯᠭᠠᠮᠵᠢᠯᠠᠨ᠎ᠠ᠃ ᠳᠦᠷᠪᠠ ᠳᠤ᠂ ᠳᠡᠯᠬᠡᠷ ᠠᠵᠦ | ᠦᠢᠯᠡᠳᠪᠦᠷᠢ ᠶᠢᠨ ᠳᠤᠭᠤᠷᠢᠭ ᠤᠨ ᠬᠦᠭᠵᠢᠯᠳᠠ ᠶᠢᠨ ᠰᠠᠳᠬᠢᠴᠠ ᠶᠢ ᠤᠯᠠᠮ ᠪᠦᠷᠢᠠᠰᠢᠬᠦᠯᠵᠦ᠂ ᠠᠵᠦ ᠦᠢᠯᠡᠰ ᠤᠨ | ᠤᠷᠤᠨ ᠳᠤᠭᠳᠠᠭᠠᠯᠳᠠ ᠪᠠ ᠪᠠᠶᠢᠷᠢᠰᠢᠭᠤᠯᠤᠯᠳᠠ᠂ ᠠᠵᠦ ᠦᠢᠯᠡᠰ ᠤᠨ ᠬᠤᠷᠰᠢᠯᠴᠠᠭ᠎ᠠ᠂ ᠳᠦᠷᠦ ᠶᠢᠨ ᠪᠤᠳᠤᠯᠭ᠎ᠠ | ᠶᠢᠨ ᠵᠤᠬᠢᠴᠠᠭᠤᠯᠤᠯ᠂ ᠦᠢᠯᠡᠳᠪᠦᠷᠢᠯᠠᠯ ᠤᠨ ᠡᠯᠧᠮᠧᠨ᠋ᠲ ᠤᠨ ᠳᠤᠬᠢᠷᠠᠭᠤᠯᠤᠯᠳᠠ ᠵᠡᠷᠬᠡ ᠳᠠᠯ᠎ᠠ ᠪᠠᠷ ᠰᠢᠯᠢᠩᠬᠤᠳᠠ | ᠲᠠᠢ ᠨᠢᠭᠳᠠ ᠬᠠᠮᠵᠢᠯᠴᠠᠨ᠂ ᠬᠠᠷᠢᠯᠴᠠᠨ ᠨᠦᠬᠦᠪᠦᠷᠢᠯᠡᠵᠦ᠂ ᠦᠷ᠎ᠠ ᠠᠰᠢᠭ ᠢ ᠬᠠᠮᠳᠦ ᠪᠠᠷ ᠬᠦᠷᠳᠡᠬᠦ ᠵᠤᠬᠢᠴᠠᠮᠵᠢ ᠶᠢ | ᠪᠠᠶᠢᠭᠤᠯᠤᠨ᠂ ᠳᠦᠷᠦᠯ ᠵᠦᠢᠯ ᠤᠷᠢᠨ ᠤᠷᠤᠭᠤᠯᠬᠤ ᠠᠯᠬᠤᠴᠠ ᠪᠠᠨ ᠳᠦᠷᠬᠡᠳᠬᠡᠵᠦ᠂ ᠠᠵᠦ ᠦᠢᠯᠡᠳᠪᠦᠷᠢ ᠶᠢᠨ | ᠳᠤᠭᠤᠷᠢᠭ ᠢᠶᠠᠨ ᠠᠯᠢ ᠳᠦᠷᠬᠡᠨ ᠢᠶᠠᠷ ᠬᠦᠭᠵᠢᠬᠦᠯᠦᠨ ᠪᠤᠵᠠᠭᠠᠶᠢᠷᠠᠭᠤᠯᠤᠨ᠎ᠠ᠃ | — — ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢᠨ ᠴᠢᠨᠠᠷ ᠴᠢᠠᠰᠠᠭ᠎ᠠ ᠪᠠᠨ ᠳᠡᠬᠡᠭᠰᠢᠯᠡᠬᠦᠯᠦᠨ᠎ᠠ᠃ | ᠦᠢᠯᠡᠴᠢᠯᠡᠬᠡᠨ ᠤ ᠦᠢᠯᠡᠰ ᠢ ᠠᠵᠦ ᠦᠢᠯᠡᠳᠪᠦᠷᠢ ᠶᠢᠨ ᠠᠵᠦ ᠠᠬᠤᠢ ᠲᠠᠢ ᠢᠵᠢ ᠪᠦᠷᠢᠳᠦᠬᠦᠯᠦᠨ᠂ ᠬᠤᠳᠠ | ᠪᠠᠯᠭᠠᠰᠤᠨ ᠤ ᠨᠦᠯᠦᠬᠡᠯᠠᠨ ᠳᠠᠭᠠᠭᠤᠯᠬᠤ ᠦᠢᠯᠡᠳᠤᠯ ᠢ ᠴᠢᠩᠭᠠᠳᠬᠠᠬᠤ ᠬᠠᠷᠠᠯᠳᠠ ᠶᠢ ᠪᠠᠶᠠᠯᠠᠬᠦᠯᠬᠦ ᠵᠤᠭᠰᠤᠴᠠ ᠠᠴᠠ | ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠳᠦᠷᠬᠡᠳᠬᠡᠨ᠂ ᠠᠵᠦ ᠠᠬᠤᠢ ᠶᠢᠨ ᠰᠢᠨ᠎ᠡ ᠨᠡᠮᠡᠭᠳᠡᠯ ᠴᠡᠭ ᠢ | ᠪᠤᠶᠢᠵᠢᠭᠤᠯᠬᠤ ᠪᠠᠷ ᠴᠢᠷᠮᠠᠶᠢᠨ᠎ᠠ᠃ ᠨᠢᠬᠡ ᠳᠤ᠂ ᠪᠤᠳᠠᠰ ᠤᠨ ᠬᠦᠢᠯᠬᠡᠬᠡᠨ ᠤ ᠦᠢᠯᠡᠰ ᠢ ᠭᠤᠤᠯᠳᠠᠯᠭ᠎ᠠ ᠲᠠᠢ | ᠰᠠᠶᠢᠳᠦᠷ ᠠᠳᠬᠤᠨ᠎ᠠ᠃ ᠨᠡᠬᠦᠷᠠᠰᠦ᠂ ᠠᠭᠤᠷᠬᠠᠢ ᠶᠢᠨ ᠪᠦᠳᠦᠬᠡᠭᠳᠡᠬᠦᠨ ᠢ ᠵᠦᠭᠡᠭᠡᠪᠦᠷᠢᠯᠡᠬᠦ ᠳᠤᠭᠤᠷᠢᠨ ᠳᠤ᠂ ᠪᠤᠳᠠᠰ | ᠤᠨ ᠬᠦᠢᠯᠬᠡᠬᠡ᠂ ᠮᠡᠳᠡᠭᠡ ᠵᠠᠩᠬᠢ᠂ ᠮᠠᠰᠢᠨ ᠳᠡᠷᠬᠡᠨ ᠤ ᠰᠠᠯᠪᠢᠬᠦᠷᠢ ᠶᠢᠨ ᠳᠤᠭᠤᠷᠢᠭ ᠪᠠ ᠨᠡᠬᠦᠷᠠᠰᠦ᠂ ᠪᠠᠷᠢᠯᠭ᠎ᠠ ᠶᠢᠨ | ᠮᠠᠲ᠋ᠧᠷᠢᠶᠠᠯ ᠤᠨ ᠳᠤᠭᠤᠷᠢᠭ ᠢ ᠵᠢᠯᠤᠭᠤᠳᠤᠨ ᠳᠡᠮᠵᠢᠬᠦ ᠡᠷᠴᠢᠮ ᠢᠶᠠᠨ ᠴᠢᠩᠭᠠᠷᠠᠭᠤᠯᠵᠦ᠂ ᠪᠤᠳᠠᠰ ᠤᠨ ᠬᠦᠢᠯᠬᠡᠬᠡᠨ ᠤ | ᠳᠠᠭᠠᠭᠤᠯᠬᠤ ᠦᠢᠯᠡᠳᠦᠯ ᠲᠠᠢ ᠳᠤᠯᠤᠭᠠᠶᠢᠯᠠᠬᠤ ᠠᠵᠦ ᠠᠬᠤᠶᠢᠯᠠᠯ ᠢ ᠢᠳᠡᠪᠬᠢᠳᠠᠢ ᠤᠷᠢᠨ ᠠᠪᠴᠢᠷᠠᠵᠦ᠂ ᠪᠤᠳᠠᠰ ᠤᠨ | ᠬᠦᠢᠯᠬᠡᠬᠡᠨ ᠤ ᠳᠠᠰ ᠳᠦᠪᠰᠢᠨ ᠢ ᠳᠠᠰᠤᠷᠠᠯᠳᠠ ᠦᠬᠡᠢ ᠳᠡᠭᠡᠭᠰᠢᠯᠡᠬᠦᠯᠦᠨ᠂ ᠡᠳ᠋ ᠤᠨ ᠵᠠᠰᠠᠭ ᠲᠤ ᠦᠵᠡᠬᠦᠯᠬᠦ | ᠬᠤᠪᠢ ᠨᠡᠮᠡᠷᠢ ᠪᠠ ᠠᠵᠢᠯ ᠤᠯᠭᠤᠬᠤ᠂ ᠤᠷᠤᠯᠭ᠎ᠠ ᠶᠢ ᠨᠡᠮᠡᠭᠳᠡᠬᠦᠯᠬᠦ ᠳᠤ ᠦᠵᠡᠬᠦᠯᠬᠦ ᠳᠦᠯᠬᠢᠴᠠ ᠦᠢᠯᠡᠳᠦᠯ ᠢ | ᠳᠡᠭᠡᠭᠰᠢᠯᠡᠬᠦᠯᠦᠨ᠎ᠠ᠃ ᠬᠤᠶᠠᠷ ᠲᠤ᠂ ᠵᠤᠭᠠᠴᠠᠯ ᠤᠨ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠠᠪᠠᠭ᠎ᠠ | ᠠᠶᠢᠮᠠᠭ ᠤᠨ ᠰᠤᠶᠤᠯ ᠤᠨ ᠳᠤᠭᠤᠷᠢᠨ ᠳᠤ᠂ ᠵᠤᠭᠠᠴᠠᠯ ᠤᠨ ᠰᠤᠶᠤᠯ ᠤᠨ ᠠᠵᠢᠯᠯᠠᠭᠠᠨ ᠤ ᠠᠭᠤᠯᠬᠤᠨ ᠢ | ᠪᠠᠶᠠᠯᠢᠭᠵᠢᠭᠤᠯᠵᠦ᠂ ᠦᠪᠡᠷᠮᠢᠴᠠ ᠤᠠᠴᠠᠯᠢᠭ ᠲᠠᠢ ᠵᠤᠭᠠᠴᠠᠯ ᠤᠨ ᠰᠤᠶᠤᠯ ᠤᠨ ᠨᠡᠷᠠᠳᠦ ᠳᠡᠮᠳᠡᠭ ᠢ ᠡᠬᠦᠳᠬᠦ ᠪᠠᠷ | ᠴᠢᠷᠮᠠᠶᠢᠨ᠂ ᠮᠠᠨ ᠤ ᠬᠤᠰᠢᠭᠤᠨ ᠤ ᠪᠠᠨ ᠵᠤᠭᠠᠴᠠᠯ ᠤᠨ ᠦᠢᠯᠡᠰ ᠤᠨ ᠳᠠᠳᠠᠬᠤ ᠬᠦᠴᠦᠨ ᠢ ᠳᠠᠰᠤᠷᠠᠯ ᠦᠬᠡᠢ | ᠨᠡᠮᠡᠭᠳᠡᠬᠦᠯᠵᠦ᠂ ᠳᠤᠰ ᠵᠢᠯ ᠳᠤ ᠬᠤᠩᠭᠤᠷᠭᠤᠤᠯ ᠦᠵᠡᠮᠵᠢ ᠶᠢᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠶᠢ | ᠭᠤᠤᠯᠳᠠᠯᠭ᠎ᠠ ᠲᠠᠢ ᠠᠳᠬᠤᠵᠦ᠂ ᠴᠢᠨᠠᠷᠵᠢᠭᠤᠨ ᠬᠡᠪᠴᠢᠶᠠᠵᠢᠬᠦᠯᠤᠨᠠ᠃ ᠭᠤᠷᠪᠠ ᠳᠤ᠂ ᠤᠯᠠᠮᠵᠢᠯᠠᠯᠳᠦ | ᠦᠢᠯᠡᠴᠢᠯᠡᠬᠡᠨ ᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠳᠠ ᠪᠠ ᠳᠠᠰ ᠳᠠᠪᠰᠢᠯᠳᠠ ᠳᠤ ᠵᠢᠯᠤᠭᠤᠳᠤᠯᠭ᠎ᠠ | ᠬᠠᠩᠭᠠᠨ᠎ᠠ᠃ ᠠᠷᠠᠯᠵᠢᠶ᠎ᠠ᠂ ᠢᠳᠡᠬᠡᠨ ᠤᠮᠳᠠᠭᠠᠨ ᠤ ᠦᠢᠯᠡᠰ ᠤᠨ ᠬᠦᠭᠵᠢᠯᠳᠠ ᠶᠢ ᠳᠦᠷᠬᠡᠳᠬᠡᠵᠦ᠂ ᠵᠠᠬ᠎ᠠ | ᠳᠡᠯᠬᠡᠬᠦᠷ ᠤᠨ ᠱᠠᠭᠠᠷᠳᠠᠯᠭ᠎ᠠ ᠶᠢ ᠦᠠᠳᠦᠰᠦᠯᠠᠨ᠂ ᠳᠤᠮᠤ ᠪᠠᠭᠤᠳᠠᠯ ᠢ ᠤᠳᠤᠨ ᠳᠠᠰ ᠤᠨ ᠪᠠᠷᠢᠮᠵᠢᠶᠠᠨ ᠳᠤ ᠬᠦᠷᠬᠡᠬᠦ | ᠶᠢ ᠠᠬᠢᠭᠤᠯᠤᠨ᠂ ᠦᠢᠯᠡᠴᠢᠯᠡᠬᠡᠨ ᠤ ᠴᠢᠨᠠᠷ ᠳᠠᠰ ᠢ ᠰᠠᠶᠢᠵᠢᠷᠠᠭᠤᠯᠤᠨ᠎ᠠ᠃ ᠬᠤᠯᠪᠤᠭ᠎ᠠ ᠡᠵᠡᠩᠨᠠᠯᠳᠠ ᠪᠠ ᠨᠡᠷᠡᠳᠦ | ᠳᠠᠮᠳᠡᠭᠳᠦ ᠶᠢᠨ ᠳᠤᠰᠬᠠᠢ ᠡᠵᠡᠩᠨᠠᠯᠳᠠ ᠶᠢ ᠵᠤᠷᠢᠭᠵᠢᠭᠤᠯᠬᠤ ᠶᠢᠨ ᠬᠠᠮᠳᠦ᠂ ᠭᠠᠶᠢᠯᠢ ᠶᠢᠨ ᠳᠠᠯ᠎ᠠ ᠪᠠᠷ ᠬᠠᠷᠠᠭᠠᠯᠵᠠᠯ | ᠦᠵᠡᠬᠦᠯᠵᠦ᠂ ᠵᠠᠬ᠎ᠠ ᠳᠡᠯᠬᠡᠬᠦᠷ ᠢ ᠬᠦᠭᠵᠢᠬᠡᠨ᠂ ᠬᠡᠷᠡᠭᠯᠡᠬᠡᠨ ᠢ ᠵᠢᠯᠤᠭᠤᠳᠬᠤ ᠳᠤ ᠠᠰᠢᠭᠳᠠᠢ ᠨᠦᠬᠦᠴᠠᠯ ᠬᠠᠩᠭᠠᠵᠦ | ᠦᠭᠬᠦᠨ᠎ᠠ᠃ ᠤᠯᠠᠨ ᠳᠦᠮᠡᠨ ᠤ ᠬᠡᠷᠡᠭᠴᠡᠭᠡ ᠶᠢ ᠬᠠᠩᠭᠠᠬᠤ ᠵᠤᠷᠢᠯᠳᠠ ᠠᠴᠠ ᠡᠬᠦᠰᠴᠤ᠂ ᠨᠠᠶᠢᠬᠡᠮ ᠳᠤᠭᠤᠷᠢᠭ ᠤᠨ | ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠳᠦᠷᠬᠡᠳᠬᠡᠨ᠎ᠠ᠃ ᠳᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ | ᠬᠦᠴᠦᠨ ᠢ ᠨᠡᠮᠡᠭᠳᠡᠬᠦᠯᠵᠦ᠂ ᠦᠠᠳᠦᠰᠦᠳᠠᠨ ᠤ ᠰᠤᠶᠤᠯ ᠤᠨ ᠦᠢᠯᠡᠰ ᠤᠨ ᠬᠦᠭᠵᠢᠯᠳᠠ ᠶᠢ ᠳᠦᠷᠬᠡᠳᠬᠡᠨ᠂ ᠠᠵᠦ | ᠦᠢᠯᠡᠰ ᠤᠨ ᠵᠤᠬᠢᠬᠤ ᠬᠡᠪᠴᠢᠶᠠᠵᠢᠯ ᠢ ᠳᠦᠷᠬᠡᠨ ᠪᠦᠷᠢᠯᠳᠦᠬᠦᠯᠦᠨ᠎ᠠ᠃ | — — ᠡᠨᠧᠷᠬᠢ ᠠᠷᠪᠢᠯᠠᠵᠦ ᠪᠤᠬᠢᠷᠳᠠᠯ ᠢ ᠪᠠᠭᠠᠰᠬᠠᠬᠤ ᠠᠵᠢᠯ ᠢ ᠬᠦᠠᠳᠦᠳᠬᠡᠨ ᠦᠵᠡᠵᠦ ᠴᠢᠬᠤᠯᠠᠴᠢᠯᠠᠨ | ᠠᠳᠬᠤᠨ᠎ᠠ᠃ ᠡᠨᠧᠷᠬᠢ ᠠᠷᠪᠢᠯᠠᠵᠦ ᠪᠤᠬᠢᠷᠳᠠᠯ ᠢ ᠪᠠᠭᠠᠰᠬᠠᠬᠤ ᠨᠢ ᠨᠢᠬᠡᠨᠳᠠ ᠤᠯᠤᠰ ᠤᠨ ᠪᠤᠳᠤᠯᠭ᠎ᠠ ᠪᠤᠯᠤᠭᠰᠨ | ᠪᠠᠶᠢᠨ᠎ᠠ᠃ ᠡᠨᠡᠬᠦ ᠠᠵᠢᠯ ᠢ ᠰᠠᠶᠢᠳᠦᠷ ᠠᠳᠬᠤᠬᠤ ᠨᠢ ᠪᠢᠳᠠᠨ ᠤ ᠵᠠᠶᠢᠯᠠᠭᠤᠯᠵᠦ ᠪᠤᠯᠤᠰᠢ ᠦᠬᠡᠢ ᠤᠯᠤᠰ ᠳᠦᠷᠦ | ᠶᠢᠨ ᠬᠠᠷᠢᠭᠤᠴᠠᠯᠭ᠎ᠠ ᠪᠤᠯᠬᠤ ᠪᠠᠷ ᠪᠠᠷᠠᠬᠤ ᠦᠬᠡᠢ ᠮᠦᠠᠴᠤ ᠮᠠᠨ ᠤ ᠬᠤᠰᠢᠭᠤᠨ ᠤ ᠬᠦᠭᠵᠢᠯᠳᠠ ᠶᠢᠨ ᠶᠡᠷᠦᠩᠬᠡᠢ | ᠪᠠᠶᠢᠳᠠᠯ ᠲᠠᠢ ᠰᠢᠭᠤᠳ ᠬᠤᠯᠪᠤᠭᠳᠠᠯ ᠲᠠᠢ ᠶᠤᠮ᠃ ᠤᠠᠴᠠᠭᠠᠶᠢᠯᠠᠨ ᠠᠵᠦ ᠦᠢᠯᠡᠳᠪᠦᠷᠢ᠂ ᠪᠠᠷᠢᠯᠭ᠎ᠠ᠂ ᠵᠠᠮ | ᠬᠠᠷᠢᠯᠴᠠᠭ᠎ᠠ ᠪᠠ ᠤᠯᠠᠨ ᠨᠠᠶᠢᠳᠠ ᠶᠢᠨ ᠪᠠᠶᠢᠭᠤᠯᠤᠮᠵᠢ ᠵᠡᠷᠬᠡ ᠬᠦᠷᠢᠶ᠎ᠠ ᠬᠡᠪᠴᠢᠶᠠᠨ ᠤ ᠡᠨᠧᠷᠬᠢ ᠠᠷᠪᠢᠯᠠᠬᠤ ᠶᠢ | ᠭᠤᠤᠯᠳᠠᠯᠭ᠎ᠠ ᠲᠠᠢ ᠠᠳᠬᠤᠨ᠂ ᠢᠯᠠᠩᠭᠤᠶ᠎ᠠ ᠠᠵᠦ ᠦᠢᠯᠡᠳᠪᠦᠷᠢ ᠶᠢᠨ ᠬᠦᠭᠵᠢᠯᠳᠠ ᠶᠢᠨ ᠶᠠᠪᠤᠴᠠ ᠳᠤ | ᠬᠤᠴᠤᠷᠠᠩᠭᠤᠢ ᠦᠢᠯᠡᠳᠪᠦᠷᠢᠯᠠᠯ ᠤᠨ ᠴᠢᠳᠠᠪᠬᠢ ᠶᠢ ᠰᠢᠯᠢᠭᠳᠡᠬᠦᠯᠬᠦ ᠶᠢᠨ ᠬᠠᠮᠳᠦ᠂ ᠭᠤᠤᠯᠳᠠᠯᠭ᠎ᠠ ᠲᠠᠢ ᠠᠵᠢᠯ | ᠳᠦᠷᠦᠯ ᠪᠠ ᠡᠨᠧᠷᠬᠢ ᠶᠢᠨ ᠬᠤᠷᠤᠭᠳᠠᠯ ᠢᠶᠠᠷ ᠶᠡᠭᠡ ᠪᠠᠶᠢᠳᠠᠭ ᠨᠢᠬᠡᠴᠠ ᠶᠢᠨ ᠳᠡᠷᠢᠬᠦᠨ ᠤ ᠮᠡᠷᠬᠡᠵᠢᠯ ᠪᠠ ᠳᠤᠨᠤᠭ | ᠳᠦᠬᠦᠬᠡᠷᠤᠮᠵᠢ ᠬᠡᠷᠡᠭᠯᠠᠬᠦ ᠶᠢ ᠳᠦᠯᠬᠢᠨ ᠠᠬᠢᠭᠤᠯᠵᠦ᠂ ᠠᠵᠦ ᠦᠢᠯᠡᠳᠪᠦᠷᠢ ᠶᠢᠨ ᠡᠨᠧᠷᠬᠢ ᠠᠷᠪᠢᠯᠠᠬᠤ ᠶᠢ | ᠠᠬᠢᠭᠤᠯᠤᠨ᠎ᠠ᠃ ᠬᠤᠴᠤᠷᠠᠩᠭᠤᠢ ᠦᠢᠯᠡᠳᠪᠦᠷᠢᠯᠠᠯ ᠤᠨ ᠴᠢᠳᠠᠪᠬᠢ ᠶᠢ ᠰᠢᠯᠵᠢᠬᠦᠯᠦᠨ ᠤᠷᠤᠭᠤᠯᠬᠤ ᠶᠢ ᠡᠷᠡᠰ | ᠳᠠᠪᠴᠢᠵᠦ᠂ ᠳᠦᠷ ᠴᠠᠭ ᠤᠨ ᠬᠦᠭᠵᠢᠯᠳᠠ ᠶᠢᠨ ᠳᠦᠯᠦᠬᠡ ᠠᠮᠢ ᠠᠬᠤᠢ ᠶᠢᠨ ᠤᠷᠴᠢᠨ ᠳᠤᠭᠤᠷᠢᠨ ᠢᠶᠠᠨ | ᠦᠷᠡᠭᠳᠡᠬᠦᠯᠬᠦ ᠶᠢ ᠡᠷᠡᠰ ᠴᠡᠬᠡᠷᠯᠡᠨᠠ᠃ ᠤᠷᠴᠢᠯᠳᠠ ᠶᠢᠨ ᠠᠵᠦ ᠠᠬᠤᠢ ᠶᠢ ᠶᠡᠭᠡ ᠬᠦᠴᠦᠨ ᠢᠶᠠᠷ ᠬᠦᠭᠵᠢᠬᠦᠯᠦᠨ᠂ | ᠡᠬᠢ ᠪᠠᠶᠠᠯᠢᠭ ᠢ ᠶᠡᠷᠦᠩᠬᠡᠶᠢᠯᠠᠨ ᠠᠰᠢᠭᠯᠠᠬᠤ ᠬᠢᠷᠢ ᠬᠡᠮᠵᠢᠶ᠎ᠠ ᠶᠢ ᠳᠡᠬᠡᠭᠰᠢᠯᠡᠬᠦᠯᠦᠨ᠂ ᠤᠰᠤ ᠶᠢ ᠠᠷᠪᠢᠯᠠᠨ ᠭᠠᠮᠨᠠᠬᠤ | ᠶᠢ ᠠᠵᠦ ᠦᠢᠯᠡᠰ ᠤᠨ ᠬᠦᠭᠵᠢᠯᠳᠠ ᠶᠢᠨ ᠭᠤᠭᠴᠤᠭ᠎ᠠ ᠪᠦᠬᠦᠨ ᠳᠤ ᠳᠤᠤᠱᠯᠠᠭᠤᠯᠵᠦ᠂ ᠤᠰᠤ ᠶᠡᠭᠡ ᠬᠡᠷᠡᠭᠰᠡᠬᠦ | ᠠᠵᠦ ᠦᠢᠯᠡᠰ ᠤᠨ ᠤᠰᠤ ᠠᠷᠪᠢᠯᠠᠬᠤ ᠮᠡᠷᠬᠡᠵᠢᠯ ᠤᠨ ᠦᠬᠡᠷᠡᠴᠢᠯᠠᠯᠳᠠ ᠶᠢ ᠢᠳᠡᠪᠬᠢᠳᠠᠢ ᠳᠦᠯᠬᠢᠨ ᠠᠬᠢᠭᠤᠯᠵᠦ᠂ | ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠠᠰᠤᠷᠠᠯᠳᠠ ᠦᠬᠡᠢ ᠳᠡᠭᠡᠭᠰᠢᠯᠡᠬᠦᠯᠵᠦ᠂ ᠭᠠᠵᠠᠷ ᠰᠢᠷᠦᠢ ᠶᠢᠨ | ᠠᠰᠢᠭᠯᠠᠯᠳᠠ ᠬᠠᠮᠢᠶᠠᠷᠤᠯᠳᠠ ᠶᠢ ᠴᠢᠩᠭᠠᠳᠬᠠᠨ᠂ ᠳᠦᠷᠦᠯ ᠵᠦᠢᠯ ᠤᠨ ᠪᠠᠶᠢᠭᠤᠯᠤᠯᠳᠠ ᠳᠤ ᠬᠡᠷᠡᠭᠰᠡᠬᠦ ᠭᠠᠵᠠᠷ ᠰᠢᠷᠦᠢ | ᠶᠢᠨ ᠬᠢᠨᠠᠨ ᠵᠦᠪᠰᠢᠶᠠᠷᠠᠯ ᠤᠨ ᠳᠦᠷᠢᠮ ᠢ ᠴᠢᠩᠭ᠎ᠠ ᠬᠢᠨᠠᠮᠠᠭᠠᠢ ᠬᠡᠷᠡᠭᠵᠢᠬᠦᠯᠵᠦ᠂ ᠭᠠᠵᠠᠷ ᠰᠢᠷᠦᠢ ᠶᠢ ᠠᠷᠪᠢᠳᠠᠢ᠂ | ᠡᠷᠴᠢᠮᠳᠠᠢ ᠠᠰᠢᠭᠯᠠᠨ ᠬᠡᠷᠡᠭᠯᠡᠬᠦ ᠶᠢ ᠠᠬᠢᠭᠤᠯᠤᠨ᠎ᠠ᠃ | — — ᠭᠠᠵᠠᠷ ᠰᠢᠠᠵᠢᠯᠡᠬᠡᠨ ᠤ ᠬᠠᠶᠢᠨ ᠪᠠᠶᠢᠴᠠᠭᠠᠯᠳᠠ ᠶᠢᠨ ᠠᠬᠢᠴᠠ ᠪᠠᠨ ᠦᠷᠬᠦᠯᠵᠢᠯᠠᠨ ᠳᠦᠷᠭᠡᠳᠬᠡᠨ᠎ᠠ᠃ | ᠬᠠᠶᠢᠨ ᠰᠢᠠᠵᠢᠯᠡᠬᠡᠨ ᠤ ᠳᠦᠷᠦᠯ ᠵᠦᠢᠯ ᠢ ᠡᠮᠬᠢᠯᠠᠨ ᠴᠡᠭᠴᠡᠯᠡᠬᠦ ᠠᠵᠢᠯᠯᠠᠭ᠎ᠠ ᠶᠢ ᠶᠠᠪᠤᠭᠳᠠᠭᠤᠯᠵᠦ᠂ ᠤᠪᠤᠷ ᠨᠠᠵᠠᠭᠠᠢ | ᠪᠤᠶᠤ ᠪᠤᠳᠠᠳᠦ ᠬᠦᠴᠦᠨ ᠢᠶᠠᠷ ᠠᠨᠠᠢ ᠠᠵᠦ ᠠᠬᠤᠶᠢᠯᠠᠯ ᠤᠨ ᠠᠭᠤᠷᠬᠠᠢ ᠬᠠᠶᠢᠬᠤ ᠡᠷᠬᠡ ᠶᠢ ᠨᠢᠬᠡᠳᠦᠬᠦᠯᠦᠨ | ᠰᠢᠯᠵᠢᠬᠦᠯᠵᠦ᠂ ᠪᠤᠳᠠᠳᠦ ᠬᠦᠴᠦᠨ ᠢᠶᠠᠷ ᠴᠢᠩᠭ᠎ᠠ ᠠᠵᠦ ᠠᠬᠤᠶᠢᠯᠠᠯ ᠤᠨ ᠪᠦᠯᠦᠭᠯᠠᠯ ᠢ ᠤᠷᠢᠵᠦ ᠤᠷᠤᠭᠤᠯᠤᠨ᠂ | ᠬᠠᠶᠢᠨ ᠰᠢᠠᠵᠢᠬᠦ ᠪᠠᠯᠠ ᠤᠷᠤᠭᠤᠯᠤᠯᠳᠠ ᠶᠢ ᠨᠡᠮᠡᠭᠳᠡᠬᠦᠯᠦᠨ᠂ ᠬᠠᠶᠢᠨ ᠰᠢᠠᠵᠢᠬᠦ ᠠᠵᠢᠯ ᠢᠶᠠᠨ ᠤᠯᠠᠮ | ᠨᠠᠷᠢᠯᠢᠭᠵᠢᠭᠤᠯᠵᠦ᠂ ᠬᠡᠪᠴᠢᠶ᠎ᠠ ᠪᠠᠨ ᠦᠷᠬᠡᠳᠬᠡᠨ᠂ ᠡᠬᠢ ᠪᠠᠶᠠᠯᠢᠭ ᠤᠨ ᠬᠠᠳᠠᠭᠠᠯᠠᠮᠵᠢ ᠶᠢᠨ ᠪᠠᠶᠢᠳᠠᠯ ᠢ ᠬᠦᠢᠴᠠᠳ | ᠤᠶᠢᠯᠭᠠᠵᠦ᠂ ᠬᠤᠵᠢᠮ ᠤᠨ ᠬᠦᠭᠵᠢᠯᠳᠠ ᠳᠤ ᠡᠬᠢ ᠪᠠᠶᠠᠯᠢᠭ ᠤᠨ ᠪᠠᠳᠤᠯᠠᠭ᠎ᠠ ᠶᠢ ᠬᠠᠩᠭᠠᠵᠦ᠂ ᠳᠤᠰ ᠵᠢᠯ ᠳᠤ 2 | ᠳ᠋ᠦᠩᠰᠢᠭᠤᠷ ᠳᠦᠬᠦᠷᠢᠭ ᠤᠨ ᠭᠠᠵᠠᠷ ᠰᠢᠠᠵᠢᠯᠡᠬᠡᠨ ᠤ ᠪᠠᠯᠠ ᠮᠦᠩᠬᠦ ᠵᠠᠷᠤᠴᠠᠭᠤᠯᠤᠨ᠎ᠠ᠃ | ︵ᠭᠤᠷᠪᠠ︶ ᠰᠠᠭᠤᠷᠢ ᠳᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠪᠠᠨ ᠳᠦᠷᠬᠡᠳᠬᠡᠨ ᠠᠬᠢᠭᠤᠯᠵᠦ᠂ | ᠬᠦᠭᠵᠢᠯᠳᠠ ᠶᠢ ᠪᠠᠳᠤᠯᠠᠬᠤ ᠴᠢᠳᠠᠪᠤᠷᠢ ᠪᠠᠨ ᠳᠠᠰᠤᠷᠠᠯ ᠦᠬᠡᠢ ᠴᠢᠩᠭᠠᠳᠬᠠᠨ᠎ᠠ᠃ ᠤᠰᠤᠨ ᠠᠰᠢᠭᠯᠠᠯᠳᠠ᠂ | ᠴᠠᠬᠢᠯᠭᠠᠨ᠂ ᠵᠠᠮ ᠨᠡᠪᠳᠡᠷᠡᠯᠬᠡ᠂ ᠬᠤᠳᠠ ᠪᠠᠯᠭᠠᠰᠤ ᠵᠡᠷᠬᠡ ᠦᠠᠳᠦᠰᠦᠨ ᠰᠠᠭᠤᠷᠢ ᠳᠦᠬᠦᠬᠡᠷᠤᠮᠵᠢ ᠶᠢᠨ ᠪᠦᠳᠦᠬᠡᠨ | ᠪᠠᠶᠢᠭᠤᠯᠤᠯᠳᠠ ᠶᠢ ᠦᠷᠬᠦᠯᠵᠢᠯᠠᠨ ᠳᠡᠷᠢᠬᠦᠨ ᠪᠠᠶᠢᠷᠢᠨ ᠳᠤ ᠳᠠᠯᠪᠢᠵᠦ᠂ ᠬᠦᠭᠵᠢᠯᠳᠠ ᠶᠢᠨ ᠰᠠᠭᠤᠷᠢ ᠪᠠᠨ | ᠳᠠᠰᠤᠷᠠᠯᠳᠠ ᠦᠬᠡᠢ ᠪᠠᠳᠤᠳᠬᠠᠵᠦ᠂ ᠬᠦᠭᠵᠢᠯᠳᠠ ᠶᠢᠨ ᠴᠢᠳᠠᠪᠦᠷᠢ ᠪᠠᠨ ᠳᠡᠬᠡᠭᠰᠢᠯᠡᠬᠦᠯᠵᠦ᠂ ᠬᠤᠳᠠ ᠬᠦᠳᠡᠭᠡ ᠶᠢᠨ | ᠳᠦᠷᠢ ᠳᠦᠷᠬᠦ ᠪᠠ ᠠᠮᠢᠳᠤᠷᠠᠯ ᠤᠨ ᠤᠷᠴᠢᠨ ᠳᠤᠭᠤᠷᠢᠨ ᠢ ᠬᠤᠪᠢᠷᠠᠭᠤᠯᠤᠨ᠎ᠠ᠃ | — — ᠰᠠᠭᠤᠷᠢ ᠳᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠬᠢᠷᠢ ᠬᠡᠮᠵᠢᠶ᠎ᠠ ᠪᠠᠨ ᠤᠯᠠᠮ ᠨᠢᠬᠡ ᠠᠯᠬᠤᠮ | ᠳᠡᠬᠡᠭᠰᠢᠯᠡᠬᠦᠯᠦᠨ᠎ᠠ᠃ ᠪᠦᠬᠦ ᠤᠯᠤᠰ ᠤᠨ ᠨᠢᠬᠡᠳᠦᠬᠡᠷ ᠤᠳᠠᠭᠠᠨ ᠤ ᠤᠰᠤᠨ ᠠᠰᠢᠭᠯᠠᠯᠳᠠ ᠶᠢᠨ ᠨᠠᠶᠢᠳᠠᠮ | ᠪᠠᠶᠢᠴᠠᠭᠠᠯᠳᠠ ᠶᠢ ᠰᠠᠶᠢᠳᠦᠷ ᠦᠷᠨᠢᠬᠦᠯᠵᠦ᠂ ᠬᠦᠮᠦᠨ ᠮᠠᠯ ᠤᠨ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠬᠤ | ᠢᠨᠵᠧᠨᠧᠷᠢᠩ ᠢ ᠬᠢᠨᠠᠮᠠᠭᠠᠢ ᠬᠡᠷᠡᠭᠵᠢᠭᠦᠯᠦᠨ᠂ ᠪᠠᠶᠠᠩᠭᠤᠤᠯ ᠤᠰᠤᠨ ᠴᠦᠬᠦᠷᠦᠮ ᠢ ᠪᠠᠬᠢᠵᠢᠭᠦᠯᠬᠦ ᠢᠨᠵᠧᠨᠧᠷᠢᠩ ᠢ | ᠡᠬᠢᠯᠡᠭᠦᠯᠵᠦ᠂ ᠳᠤᠮᠳᠠ ᠪᠠᠭ᠎ᠠ ᠭᠤᠤᠯ ᠤᠨ ᠤᠷᠤᠰᠬᠠᠯ ᠢ ᠴᠡᠭᠴᠡᠯᠠᠨ ᠵᠠᠰᠠᠬᠤ ᠢᠨᠵᠧᠨᠧᠷᠢᠩ ᠢ ᠡᠬᠢᠯᠠᠬᠦᠯᠬᠦ ᠪᠠᠷ | ᠢᠳᠡᠪᠬᠢᠳᠠᠢ ᠭᠤᠶᠤᠴᠢᠯᠠᠨ᠎ᠠ᠃ ᠪᠡᠯᠭᠦᠳᠠᠢ ᠪᠠᠯᠭᠠᠰᠤ ᠠᠴᠠ ᠪᠠᠶᠠᠨᠳᠤᠭ ᠬᠦᠷᠬᠦ 110 ᠺᠢᠯᠤᠸᠤᠯᠲ ᠤᠨ ᠴᠠᠬᠢᠯᠭᠠᠨ | ᠱᠤᠭᠤᠮ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠡᠬᠢᠯᠠᠬᠦᠯᠬᠦ ᠪᠠᠷ ᠴᠢᠷᠮᠠᠶᠢᠨ᠂ 35 ᠺᠢᠯᠤᠸᠤᠯᠲ ᠵᠢᠴᠢ 35 | ᠺᠢᠯᠤᠸᠤᠯᠲ ᠠᠴᠠ ᠳᠤᠤᠷ᠎ᠠ ᠴᠠᠬᠢᠯᠭᠠᠨ ᠲᠤᠤᠷ ᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ | ᠲᠦᠷᠦᠯ ᠵᠦᠢᠯ ᠪᠠ ᠪᠡᠯᠡ ᠮᠦᠩᠭᠦ ᠭᠤᠶᠤᠴᠢᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠴᠠᠬᠢᠯᠭᠠᠨ | ᠨᠡᠪᠲᠡᠷᠡᠭᠡᠳᠦᠢ ᠮᠠᠯᠵᠢᠬᠤ ᠡᠷᠦᠬᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃ | ᠪᠤᠭᠳᠠ ᠠᠭᠤᠯᠠ ᠶᠢᠨ ᠵᠢᠵᠢᠭ ᠴᠠᠷᠳᠠᠮᠠᠯ ᠵᠠᠮ ᠢ ᠵᠠᠰᠠᠨ ᠰᠢᠨᠡᠳᠭᠡᠬᠦ ᠵᠢᠴᠢ ᠭᠠᠴᠠᠭᠠᠨ ᠳᠤ ᠨᠡᠪᠳᠡᠷᠡᠬᠦ 49 | ᠺᠢᠯᠤᠮᠧᠲᠷ ᠤᠨ ᠴᠠᠷᠳᠠᠮᠠᠯ ᠵᠠᠮ ᠪᠠ 140 ᠺᠢᠯᠤᠮᠧᠲᠷ ᠤᠨ ᠬᠠᠶᠢᠷ ᠴᠢᠯᠠᠭᠤᠨ ᠵᠠᠮ ᠢ ᠳᠠᠪᠢᠰᠤᠨᠠ᠃ ᠠᠶᠠᠠᠴᠢᠳ | ᠤᠨ ᠦᠷᠳᠡᠭᠡ ᠪᠦᠬᠦᠨ ᠢ ᠳᠤᠰ ᠵᠢᠯ ᠳᠤ ᠠᠰᠢᠭᠯᠠᠯᠳᠠ ᠳᠤ ᠤᠷᠤᠭᠤᠯᠤᠨ᠎ᠠ᠃ ᠡᠭᠦᠨ ᠤ ᠬᠠᠮᠲᠤ᠂ ᠰᠢᠯᠢᠩᠬᠤᠳᠠ | ᠠᠴᠠ ᠴᠢᠭᠤᠯᠠᠯᠳᠦ ᠬᠠᠭᠠᠯᠭ᠎ᠠ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠢ ᠪᠦᠲᠦᠭᠡᠨ ᠪᠠᠶᠢᠭᠤᠯᠬᠤ ᠪᠠ 101 | ᠮᠤᠵᠢ ᠶᠢᠨ ᠳᠡᠰ ᠤᠨ ᠵᠠᠮ ᠢ ᠰᠢᠨᠡᠳᠬᠡᠨ ᠵᠠᠰᠠᠬᠤ ᠳᠤ ᠵᠤᠬᠢᠴᠠᠭᠤᠯᠭ᠎ᠠ ᠶᠢᠨ ᠠᠵᠢᠯ ᠢᠶᠠᠨ ᠰᠠᠶᠢᠳᠤᠷ ᠬᠢᠨ᠎ᠠ᠃ | ᠰᠢᠯᠢᠩᠬᠤᠳᠠ ᠠᠴᠠ ᠡᠷᠢᠶᠡᠨ ᠬᠤᠳᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠳᠠ ᠶᠢᠨ ᠦᠢᠯᠡᠴᠢᠯᠡᠬᠡᠨ ᠤ | ᠠᠵᠢᠯ ᠢ ᠰᠠᠶᠢᠳᠤᠷ ᠪᠠᠶᠠᠯᠠᠬᠦᠯᠵᠦ᠂ ᠡᠨᠡ ᠵᠢᠯ ᠳᠡᠭᠡᠨ ᠴᠠᠭᠠᠠᠨᠠᠭᠤᠷ ᠨᠡᠭᠦᠷᠡᠰᠦᠨ ᠠᠭᠤᠷᠬᠠᠢ ᠠᠴᠠ ᠪᠠᠶᠠᠨ ᠬᠦᠷᠢᠶ᠎ᠡ | ᠬᠦᠷᠬᠦ ᠲᠡᠮᠦᠷ ᠵᠠᠮ ᠤᠨ ᠳᠤᠰᠬᠠᠢ ᠱᠤᠭᠤᠮ ᠢ ᠳᠡᠪᠢᠰᠬᠦ ᠠᠵᠢᠯ ᠢ ᠡᠬᠢᠯᠠᠬᠦᠯᠦᠨ᠎ᠠ᠃ | — — ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠᠨ ᠠᠯᠬᠤᠮ ᠳᠠᠷᠠᠭ᠎ᠠ ᠲᠠᠢ ᠪᠠᠷ ᠳᠦᠯᠬᠢᠨ | ᠠᠬᠢᠭᠤᠯᠤᠨ᠎ᠠ᠃ ︽ᠬᠡᠮᠵᠢᠶ᠎ᠠ ᠪᠠᠨ ᠦᠠᠳᠦᠰᠦᠯᠠᠨ ᠪᠠᠯᠠ ᠬᠤᠷᠠᠮᠳᠤᠭᠤᠯᠬᠤ︾ ᠦᠵᠡᠯᠳᠠ ᠶᠢ ᠪᠤᠢ ᠪᠤᠯᠭᠠᠵᠦ᠂ | ᠪᠠᠯᠬᠦᠳᠠᠢ ᠪᠠᠯᠭᠠᠰᠤᠨ ᠤ ᠵᠠᠰᠠᠵᠦ ᠰᠢᠨᠡᠳᠬᠡᠬᠦ ᠪᠠ ᠪᠦᠳᠦᠬᠡᠨ ᠪᠠᠶᠢᠭᠤᠯᠬᠤ ᠬᠦᠴᠦᠯᠠᠴᠠ ᠪᠠᠨ ᠴᠢᠩᠭᠠᠳᠬᠠᠨ᠂ | ᠦᠠᠳᠦᠷ ᠪᠠᠷᠢᠮᠵᠢᠶ᠎ᠠ ᠪᠠᠷ ᠬᠤᠳᠠ ᠪᠠᠯᠭᠠᠰᠤᠨ ᠤ ᠰᠠᠭᠤᠷᠢ ᠳᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠪᠠᠨ | ᠠᠬᠢᠭᠤᠯᠤᠨ᠎ᠠ᠃ ᠨᠢᠬᠡ ᠳᠤ᠂ ᠬᠤᠳᠠ ᠪᠠᠯᠭᠠᠰᠤᠨ ᠤ ᠳᠦᠯᠦᠪᠵᠢᠬᠦᠯᠬᠡ ᠶᠢ ᠰᠠᠶᠢᠳᠦᠷ ᠬᠢᠨ᠎ᠠ᠃ ᠦᠠᠳᠦᠷ | ᠵᠤᠭᠰᠤᠴᠠ᠂ ᠦᠠᠳᠦᠷ ᠪᠠᠷᠢᠮᠵᠢᠶ᠎ᠠ᠂ ᠦᠠᠳᠦᠷ ᠬᠢᠷᠢ ᠳᠦᠪᠰᠢᠨ ᠤ ᠵᠠᠷᠴᠢᠮ ᠢ ᠪᠠᠷᠢᠮᠳᠠᠯᠠᠨ᠂ ᠬᠤᠳᠠ ᠪᠠᠯᠭᠠᠰᠤᠨ ᠤ | ᠳᠦᠯᠦᠪᠵᠢᠬᠦᠯᠬᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠦᠨ ᠪᠦᠷᠢᠠᠰᠢᠬᠦᠯᠵᠦ᠂ ᠦᠠᠳᠦᠰᠦᠳᠠᠨ ᠤ ᠦᠪᠡᠷᠮᠢᠴᠠ | ᠤᠠᠴᠠᠯᠢᠭ ᠪᠠ ᠭᠠᠵᠠᠷ ᠤᠷᠤᠨ ᠤ ᠤᠠᠴᠠᠯᠢᠭ ᠢ ᠬᠦᠢᠴᠠᠳ ᠳᠤᠰᠬᠠᠨ᠂ ᠰᠠᠭᠤᠭᠠᠯᠢ ᠠᠷᠠᠳ ᠤᠨ ᠡᠳᠦᠷ ᠳᠤᠳᠤᠮ | ᠤᠨ ᠠᠮᠢᠳᠤᠷᠠᠯ ᠳᠤ ᠳᠦᠬᠦᠮ ᠦᠵᠡᠬᠦᠯᠬᠦ ᠶᠢ ᠬᠦᠢᠴᠠᠳ ᠪᠤᠳᠤᠯᠬᠢᠯᠠᠵᠦ᠂ ᠳᠤᠬᠢᠯᠢᠭ ᠳᠠᠭᠠᠯᠠᠮᠵᠢᠳᠠᠢ ᠳᠠᠯ᠎ᠠ ᠨᠤᠳᠤᠭ | ᠤᠨ ᠰᠢᠨ᠎ᠡ ᠪᠠᠯᠭᠠᠰᠤ ᠶᠢ ᠪᠦᠳᠦᠬᠡᠨ ᠪᠠᠶᠢᠭᠤᠯᠤᠨ᠎ᠠ᠃ ᠳᠦᠯᠦᠪᠵᠢᠬᠦᠯᠬᠡ ᠶᠢᠨ ᠴᠢᠩᠭ᠎ᠠ ᠨᠢᠮᠪᠠᠢ ᠴᠢᠨᠠᠷ ᠢ | ᠬᠠᠮᠠᠭᠠᠯᠠᠵᠦ᠂ ᠳᠦᠯᠦᠪᠵᠢᠬᠦᠯᠬᠡ ᠶᠢᠨ ᠬᠡᠷᠡᠭᠵᠢᠬᠦᠯᠦᠯᠳᠠ ᠶᠢᠨ ᠬᠦᠴᠦᠨ ᠢ ᠴᠢᠩᠭᠠᠳᠬᠠᠵᠦ᠂ ᠪᠠᠯᠭᠠᠰᠤᠨ | ᠳᠤᠳᠤᠷᠠᠬᠢ ᠡᠯ᠎ᠡ ᠵᠦᠢᠯ ᠤᠨ ᠳᠦᠯᠦᠪᠵᠢᠬᠦᠯᠬᠡ ᠠᠴᠠ ᠵᠦᠷᠢᠴᠡᠭᠰᠡᠨ ᠪᠠᠷᠢᠯᠭ᠎ᠠ ᠪᠠᠷᠢᠬᠤ ᠠᠵᠢᠯᠯᠠᠭ᠎ᠠ ᠶᠢ ᠡᠷᠡᠰ | ᠬᠤᠷᠢᠭᠯᠠᠨ᠂ ᠡᠯ᠎ᠡ ᠳᠦᠷᠦᠯ ᠤᠨ ᠪᠦᠳᠦᠬᠡᠨ ᠪᠠᠶᠢᠭᠤᠯᠤᠯᠳᠠ ᠶᠢ ᠳᠦᠯᠦᠪᠵᠢᠬᠦᠯᠬᠡ ᠶᠤᠰᠤᠭᠠᠷ ᠯᠠᠪᠳᠠᠭᠤᠨ ᠪᠠᠳᠤᠳᠠᠢ | ᠳᠦᠯᠬᠢᠨ ᠠᠬᠢᠭᠤᠯᠤᠨ᠎ᠠ᠃ ᠬᠤᠶᠠᠷ ᠲᠤ᠂ ᠬᠤᠳᠠ ᠪᠠᠯᠭᠠᠰᠤᠨ ᠤ ᠴᠢᠳᠠᠪᠬᠢ ᠶᠢ ᠠᠯᠬᠤᠮ ᠳᠠᠷᠠᠭ᠎ᠠ ᠲᠠᠢ | ᠳᠡᠬᠦᠯᠳᠡᠷᠵᠢᠬᠦᠯᠦᠨ᠎ᠠ᠃ ᠳᠤᠰ ᠵᠢᠯ ᠳᠤ 9 ᠵᠤᠷᠪᠤᠰ ᠵᠡᠭᠡᠯᠢ ᠶᠢᠨ ᠵᠠᠮ ᠢ ᠰᠢᠨ᠎ᠡ ᠪᠠᠷ ᠪᠤᠶᠤ ᠵᠠᠰᠠᠨ ᠪᠠᠶᠢᠭᠤᠯᠵᠤ᠂ | 8 ᠵᠤᠷᠪᠤᠰ ᠭᠤᠳᠤᠮᠵᠢᠨ ᠵᠠᠮ ᠢ ᠬᠠᠳᠠᠭᠤᠵᠢᠭᠤᠯᠤᠨ᠂ 4.5 ᠲᠦᠮᠡᠨ ᠳᠡᠭᠰᠢ ᠳᠦᠷᠪᠡᠯᠵᠢᠨ ᠮᠧᠲᠷ ᠤᠨ ᠱᠦᠢᠨᠢ | ᠳᠤᠭᠤᠰᠭ᠎ᠠ ᠳᠡᠪᠢᠰᠦᠨ᠂ 4 ᠲᠡᠷᠭᠡ ᠵᠤᠭᠰᠤᠭᠠᠬᠤ ᠳᠠᠯᠠᠪᠤᠷ ᠢ ᠪᠠᠶᠢᠭᠤᠯᠤᠨ᠎ᠠ᠃ ᠤᠰᠤ ᠬᠠᠩᠭᠠᠬᠤ ᠪᠠ ᠪᠤᠵᠠᠷ | ᠤᠰᠤ ᠭᠠᠳᠠᠭᠰᠢᠯᠠᠭᠤᠯᠬᠤ ᠳᠤᠤᠷ ᠬᠤᠭᠤᠯᠠᠢ ᠶᠢ ᠦᠬᠡᠷᠡᠴᠢᠯᠡᠬᠦ ᠢᠠᠵᠧᠨᠧᠷᠢᠩ ᠢ ᠬᠡᠷᠡᠭᠵᠢᠬᠦᠯᠦᠨ᠂ ᠢᠯᠴᠢ | ᠴᠠᠬᠢᠯᠭᠠᠨ ᠢ ᠬᠠᠪᠰᠤᠷᠭᠠᠭᠰᠠᠨ ᠳᠤᠮᠤ ᠬᠡᠯᠪᠡᠷᠢ ᠶᠢᠨ ᠳᠦᠷᠦᠯ ᠵᠦᠢᠯ ᠢ ᠳᠠᠳᠠᠨ ᠤᠷᠤᠭᠤᠯᠵᠦ᠂ ᠲᠦᠪᠯᠡᠷᠡᠩᠭᠦᠢ | ᠳᠤᠯᠠᠭᠠᠯᠭ᠎ᠠ ᠶᠢᠨ ᠲᠠᠯᠠᠪᠠᠢ ᠶᠢ 22 ᠲᠦᠮᠡᠨ ᠳᠡᠭᠰᠢ ᠳᠦᠷᠪᠡᠯᠵᠢᠨ ᠮᠧᠲᠷ ᠦᠷᠬᠡᠳᠬᠡᠨ᠂ ᠬᠤᠭ ᠨᠤᠪᠰᠢ ᠶᠢ | ᠰᠢᠢᠳᠪᠦᠷᠢᠯᠡᠬᠦ ᠦᠢᠯᠡᠳᠪᠦᠷᠢ ᠪᠠ ᠪᠤᠵᠠᠷ ᠤᠰᠤ ᠶᠢ ᠴᠡᠪᠡᠷᠰᠢᠬᠦᠯᠬᠦ ᠦᠢᠯᠡᠳᠪᠦᠷᠢ ᠶᠢ ᠠᠰᠢᠭᠯᠠᠯᠳᠠ ᠳᠤ | ᠤᠷᠤᠭᠤᠯᠤᠨ᠎ᠠ᠃ ᠬᠤᠳᠠ ᠪᠠᠯᠭᠠᠰᠤᠨ ᠤ ᠬᠡᠬᠡᠵᠢᠬᠦᠯᠦᠯᠳᠠ᠂ ᠨᠤᠭᠤᠭᠠᠷᠠᠭᠤᠯᠤᠯᠳᠠ᠂ ᠭᠤᠸᠠᠵᠢᠭᠤᠯᠤᠯᠳᠠ ᠶᠢᠨ | ᠠᠵᠢᠯ ᠢ ᠤᠯᠠᠮ ᠨᠢᠬᠡ ᠠᠯᠬᠤᠮ ᠳᠦᠯᠬᠢᠨ ᠠᠬᠢᠭᠤᠯᠤᠨ᠎ᠠ᠃ ︽ᠪᠠᠶᠢᠰᠢᠩ ᠢ ᠨᠤᠷᠠᠭᠠᠵᠦ ᠠᠰᠠᠷ ᠪᠤᠯᠭᠠᠬᠤ︾ | ᠢᠨᠵᠧᠨᠧᠷᠢᠩ ᠪᠠᠷ ᠭᠤᠤᠯᠳᠠᠯᠭ᠎ᠠ ᠪᠤᠯᠭᠠᠵᠤ᠂ ᠬᠠᠭᠤᠴᠢᠨ ᠬᠤᠲᠠ ᠳᠤᠭᠤᠷᠢᠭ ᠤᠨ 3.8 ᠲᠦᠮᠡᠨ ᠳᠡᠭᠰᠢ | ᠲᠦᠷᠪᠡᠯᠵᠢᠨ ᠮᠧᠲᠷ ᠲᠠᠯᠠᠪᠠᠢ ᠪᠦᠬᠦᠢ ᠭᠡᠷ ᠪᠠᠶᠢᠰᠢᠩ ᠢ ᠨᠤᠷᠠᠭᠠᠨ ᠨᠡᠭᠦᠯᠭᠡᠵᠦ᠂ 22 ᠲᠦᠮᠡᠨ ᠳᠡᠭᠰᠢ ᠲᠦᠷᠪᠡᠯᠵᠢᠨ | ᠮᠧᠲᠷ ᠲᠠᠯᠠᠪᠠᠢ ᠪᠦᠬᠦᠢ ᠭᠡᠷ ᠬᠦᠷᠦᠩᠭᠡ ᠶᠢᠨ ᠨᠡᠭᠡᠭᠡᠨ ᠠᠰᠢᠭᠯᠠᠯᠲᠠ ᠶᠢ ᠪᠡᠶᠡᠯᠡᠭᠦᠯᠦᠨ᠎ᠡ᠃ 3 ᠳᠤᠭᠤᠰᠬᠠᠨ | ᠦᠢᠯᠡᠳᠪᠦᠷᠢ ᠶᠢ ᠨᠡᠬᠦᠯᠬᠡᠨ ᠰᠢᠯᠵᠢᠬᠦᠯᠬᠦ ᠠᠵᠢᠯ ᠢ ᠪᠠᠶᠠᠯᠡᠬᠦᠯᠦᠨ᠎ᠠ᠃ ᠭᠤᠷᠪᠠ ᠳᠤ᠂ ᠬᠡᠷ ᠠᠬᠤᠢ ᠶᠢᠨ | ᠦᠢᠯᠡᠴᠢᠯᠡᠬᠡᠨ ᠤ ᠬᠢᠷᠢ ᠳᠦᠪᠰᠢᠨ ᠢ ᠳᠡᠬᠡᠭᠰᠢᠯᠡᠬᠦᠯᠦᠨ᠎ᠠ᠃ ᠵᠠᠰᠠᠭ ᠤᠨ ᠤᠷᠳᠤᠨ ᠤ ᠬᠤᠷᠸ᠎ᠠ ᠬᠠᠮᠢᠶᠠᠷᠤᠯᠳᠠ ᠶᠢ | ᠤᠯᠠᠮ ᠨᠢᠬᠡ ᠠᠯᠬᠤᠮ ᠴᠢᠩᠭᠠᠳᠬᠠᠨ᠂ ᠵᠠᠰᠠᠭ ᠤᠨ ᠤᠷᠳᠤᠨ ᠤ ᠴᠢᠳᠠᠪᠬᠢ ᠶᠢᠨ ᠰᠠᠯᠠᠭ᠎ᠠ ᠮᠦᠴᠢᠷ ᠪᠠ ᠬᠡᠷ ᠠᠬᠤᠢ | ᠶᠢᠨ ᠬᠠᠮᠢᠶᠠᠷᠤᠯᠳᠠ ᠶᠢᠨ ᠠᠵᠦ ᠠᠬᠤᠶᠢᠯᠠᠯ ᠤᠨ ᠬᠤᠭᠤᠷᠤᠠᠳᠤᠬᠢ ᠬᠠᠷᠢᠭᠤᠴᠠᠯᠭ᠎ᠠ ᠶᠢ ᠳᠤᠳᠤᠷᠬᠠᠶᠢᠯᠠᠨ᠂ ᠳᠦᠷᠢᠮ | ᠳᠤᠭᠳᠠᠭᠠᠯ᠂ ᠠᠷᠭ᠎ᠠ ᠪᠠᠷᠢᠯ ᠢᠶᠠᠨ ᠳᠡᠬᠦᠯᠳᠡᠷᠵᠢᠬᠦᠯᠦᠨ᠂ ᠦᠢᠯᠡᠴᠢᠯᠡᠬᠦ ᠴᠢᠳᠠᠪᠦᠷᠢ ᠪᠠᠨ ᠳᠡᠬᠡᠭᠰᠢᠯᠡᠬᠦᠯᠦᠨ᠎ᠠ᠃ ᠬᠡᠷ | ᠠᠬᠤᠢ ᠶᠢᠨ ᠬᠠᠮᠢᠶᠠᠷᠤᠯᠳᠠ ᠶᠢᠨ ᠠᠵᠢᠯ ᠳᠦᠷᠦᠯ ᠤᠨ ᠵᠠᠬ᠎ᠠ ᠳᠡᠯᠬᠡᠬᠦᠷ ᠤᠨ ᠵᠤᠬᠢᠴᠠᠮᠵᠢ ᠶᠢ ᠪᠠᠶᠢᠭᠤᠯᠤᠨ᠂ | ᠦᠷᠢᠰᠦᠯᠳᠦᠬᠡᠨ ᠤ ᠵᠤᠬᠢᠴᠠᠮᠵᠢ ᠶᠢ ᠬᠡᠷᠡᠭᠵᠢᠬᠦᠯᠵᠦ᠂ ᠬᠡᠷ ᠠᠬᠤᠢ ᠶᠢᠨ ᠬᠠᠮᠢᠶᠠᠷᠤᠯᠳᠠ ᠶᠢᠨ ᠠᠵᠦ ᠠᠬᠤᠢ ᠶᠢᠨ | ᠶᠡᠷᠦᠩᠬᠡᠶᠢᠯᠡᠭᠰᠠᠨ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠠ᠃ ᠤᠬᠠᠭᠤᠯᠭ᠎ᠠ ᠪᠠ ᠳᠦᠷᠢᠮᠵᠢᠬᠦᠯᠬᠦ | ᠠᠵᠢᠯᠯᠠᠭ᠎ᠠ ᠪᠠᠨ ᠴᠢᠩᠭᠠᠳᠬᠠᠨ᠂ ᠰᠠᠭᠤᠭᠠᠯᠢ ᠠᠷᠠᠳ ᠲᠤ ᠵᠦᠪ ᠤᠨᠤᠪᠴᠢᠳᠠᠢ ᠬᠡᠷ ᠠᠬᠤᠢ ᠶᠢᠨ ᠬᠡᠷᠡᠭᠯᠡᠬᠡᠨ ᠤ | ᠦᠵᠡᠯᠳᠠ ᠶᠢ ᠳᠠᠨᠢᠭᠤᠯᠵᠦ᠂ ᠪᠦᠬᠦ ᠨᠡᠶᠢᠬᠡᠮ ᠤᠨ ᠬᠡᠪᠴᠢᠶᠠᠨ ᠳᠤ ᠬᠡᠷ ᠠᠬᠤᠢ ᠶᠢᠨ ᠬᠠᠮᠢᠶᠠᠷᠤᠯᠳᠠ ᠶᠢᠨ | ᠳᠠᠸᠠᠷᠴᠢᠯᠠᠭᠰᠠᠨ᠂ ᠨᠡᠶᠢᠬᠡᠮᠴᠢᠯᠡᠭᠰᠡᠨ ᠦᠢᠯᠡᠴᠢᠯᠡᠬᠡᠨ ᠤ ᠦᠵᠠᠯᠳᠠ ᠶᠢ ᠪᠤᠢ ᠪᠤᠯᠭᠠᠨ᠎ᠠ᠃ | ︵ᠲᠦᠷᠪᠡ︶ ᠡᠳ᠋ ᠤᠨ ᠵᠠᠰᠠᠭ ᠤᠨ ᠪᠤᠳᠠᠳᠤ ᠬᠦᠴᠦᠨ ᠢᠶᠠᠨ ᠨᠡᠮᠡᠭᠳᠡᠬᠦᠯᠬᠦ ᠪᠠᠷ ᠭᠤᠤᠯᠳᠠᠯᠭ᠎ᠠ ᠪᠤᠯᠭᠠᠨ᠂ ᠡᠳ᠋ ᠤᠨ | ᠵᠠᠰᠠᠭ᠂ ᠭᠠᠶᠢᠯᠢ᠂ ᠮᠦᠩᠭᠦᠨ ᠭᠦᠢᠯᠭᠡᠭᠡᠨ ᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ᠎ᠠ᠃ ᠡᠳ᠋ ᠤᠨ | ᠵᠠᠰᠠᠭ ᠤᠨ ᠤᠷᠤᠯᠭ᠎ᠠ ᠡᠬᠦᠳᠬᠦ᠂ ᠪᠡᠯᠠ ᠮᠦᠩᠬᠦ ᠬᠤᠷᠠᠮᠳᠤᠭᠤᠯᠬᠤ᠂ ᠡᠳ᠋ ᠤᠨ ᠶᠠᠪᠤᠳᠠᠯ ᠢ ᠬᠠᠮᠢᠶᠠᠷᠬᠤ ᠴᠢᠳᠠᠪᠤᠷᠢ | ᠪᠠᠨ ᠳᠠᠰᠤᠷᠠᠯᠳᠠ ᠦᠭᠡᠢ ᠴᠢᠩᠭᠠᠳᠬᠠᠵᠤ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠪᠦᠲᠦᠭᠡᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ | ᠳᠤᠬᠢᠷᠠᠭᠤᠯᠵᠤ᠂ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠳᠠ ᠶᠢ ᠴᠢᠷᠮᠠᠶᠢᠨ ᠳᠡᠮᠵᠢᠨ᠂ ᠡᠯ᠎ᠡ ᠲᠠᠯ᠎ᠠ ᠶᠢᠨ | ᠠᠵᠢᠯ ᠤᠨ ᠬᠡᠪ ᠢᠶᠠᠷ ᠶᠠᠪᠤᠭᠳᠠᠬᠤ ᠶᠢ ᠪᠠᠳᠤᠯᠠᠨ᠎ᠠ᠃ ᠨᠢᠭᠡ ᠳᠤ᠂ ᠭᠠᠶᠢᠯᠢ ᠳᠠᠳᠠᠪᠤᠷᠢ ᠶᠢᠨ ᠬᠠᠮᠢᠶᠠᠷᠤᠯᠲᠠ ᠪᠠᠨ | ᠴᠢᠩᠭᠠᠳᠬᠠᠨ᠎ᠠ᠃ ᠭᠠᠶᠢᠯᠢ ᠶᠢᠨ ᠠᠵᠢᠯ ᠤᠨ ᠬᠠᠤᠯᠢ ᠶᠤᠰᠤᠭᠠᠷ ᠶᠠᠪᠤᠭᠳᠠᠬᠤ ᠶᠢ ᠪᠠᠳᠤᠯᠠᠵᠦ᠂ ᠬᠤᠷᠢᠶᠠᠬᠤ | ᠵᠤᠬᠢᠰᠳᠠᠢ ᠭᠠᠶᠢᠯᠢ ᠶᠢ ᠪᠦᠬᠦᠨ ᠢ ᠬᠤᠷᠢᠶᠠᠨ᠎ᠠ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠪᠠ ᠠᠵᠤ | ᠦᠢᠯᠡᠳᠪᠦᠷᠢ ᠶᠢᠨ ᠠᠵᠤ ᠠᠬᠤᠢ ᠶᠢᠨ ᠬᠤᠭᠤᠷᠤᠠᠳᠤᠬᠢ ᠰᠤᠷᠠᠭ ᠵᠠᠩᠭᠢ ᠶᠢ ᠬᠠᠮᠳᠤᠪᠡᠷ ᠡᠵᠡᠮᠰᠢᠬᠦ ᠶᠢ ᠴᠢᠩᠭᠠᠳᠬᠠᠨ | ᠂ ᠭᠤᠤᠯᠳᠠᠯᠭ᠎ᠠ ᠲᠠᠢ ᠭᠠᠶᠢᠯᠢ ᠶᠢᠨ ᠲᠦᠷᠦᠯ᠂ ᠭᠤᠤᠯᠳᠠᠯᠭ᠎ᠠ ᠲᠠᠢ ᠠᠵᠢᠯ ᠲᠦᠷᠦᠯ ᠪᠤᠯᠤᠨ ᠭᠤᠤᠯᠳᠠᠯᠭ᠎ᠠ ᠲᠠᠢ | ᠭᠠᠶᠢᠯᠢ ᠶᠢᠨ ᠰᠤᠷᠪᠤᠯᠵᠢ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ | ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠳᠤᠭ᠎ᠠ ᠶᠤᠰᠤᠭᠠᠷ ᠳᠡᠩᠴᠠᠬᠦᠷᠢᠳᠠᠢ ᠬᠦᠮᠦᠷᠭᠡᠯᠡᠬᠦ | ᠬᠡᠷᠡᠭᠲᠠᠢ᠃ ᠬᠤᠶᠠᠷ ᠲᠤ᠂ ᠵᠠᠷᠤᠯᠭ᠎ᠠ ᠶᠢᠨ ᠪᠦᠲᠦᠴᠡ ᠶᠢ ᠶᠡᠬᠡᠪᠡᠷ ᠳᠤᠬᠢᠷᠠᠭᠤᠯᠤᠨ᠎ᠠ᠃ ᠵᠤᠴᠢᠯᠠᠬᠤ ᠵᠠᠷᠤᠳᠠᠯ᠂ | ᠬᠤᠷᠠᠯ ᠤᠨ ᠵᠠᠷᠤᠳᠠᠯ᠂ ᠠᠯᠪᠠᠨ ᠲᠡᠷᠭᠡᠨ ᠤ ᠵᠠᠷᠤᠳᠠᠯ ᠵᠡᠷᠭᠡ ᠡᠳᠦᠷ ᠳᠤᠳᠤᠮ ᠤᠨ ᠵᠠᠷᠤᠳᠠᠯ ᠢ ᠠᠯᠢ ᠴᠢᠳᠠᠬᠤ ᠪᠠᠷ | ᠠᠷᠪᠢᠯᠠᠵᠦ᠂ ︽ᠨᠡᠮᠡᠭᠳᠠᠯ ᠢ ᠪᠠᠳᠤᠯᠠᠬᠤ᠂ ᠴᠠᠯᠢᠩ ᠢ ᠪᠠᠳᠤᠯᠠᠬᠤ᠂ ᠡᠷᠬᠢᠯᠳᠠ ᠶᠢ ᠪᠠᠳᠤᠯᠠᠬᠤ᠂ ᠠᠷᠠᠳ ᠤᠨ | ᠠᠮᠢᠳᠤᠷᠠᠯ ᠢ ᠪᠠᠳᠤᠯᠠᠬᠤ᠂ ᠳᠤᠭᠳᠠᠭᠤᠨ ᠢ ᠪᠠᠳᠤᠯᠠᠬᠤ︾ ᠶᠢ ᠦᠷᠬᠦᠯᠵᠢᠯᠠᠨ ᠡᠳ᠋ ᠤᠨ ᠵᠠᠰᠠᠭ ᠤᠨ ᠠᠵᠢᠯ ᠤᠨ | ᠲᠡᠷᠢᠭᠦᠨ ᠴᠢᠬᠤᠯᠠ ᠡᠬᠦᠷᠬᠡ ᠪᠤᠯᠭᠠᠨ ᠬᠡᠷᠡᠭᠵᠢᠬᠦᠯᠦᠨ᠎ᠠ᠃ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠳᠦᠰᠦᠪ | ᠪᠠ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠬᠤᠷᠢᠶᠠᠬᠤ ᠪᠤᠯᠤᠨ ᠳᠦᠯᠦᠪᠦᠷᠢᠯᠠᠬᠦ ᠲᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯᠯᠠᠭ᠎ᠠ ᠶᠢ ᠤᠯᠠᠮ | ᠨᠢᠬᠡ ᠠᠯᠬᠤᠮ ᠲᠦᠷᠢᠮᠵᠢᠭᠦᠯᠦᠨ᠎ᠡ᠃ ᠵᠠᠰᠠᠭ ᠤᠨ ᠴᠢᠨᠠᠷᠲᠠᠢ ᠦᠭᠴᠡᠭᠡ ᠠᠪᠤᠴᠠᠭᠠᠨ ᠤ ᠬᠠᠮᠢᠶᠠᠷᠤᠯᠲᠠ ᠪᠠᠨ | ᠴᠢᠩᠭᠠᠳᠬᠠᠨ᠂ ᠡᠳ᠋ ᠤᠨ ᠵᠠᠰᠠᠭ ᠤᠨ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠠᠨ᠎ᠠ᠃ ᠬᠢᠨᠠᠨ ᠪᠤᠳᠤᠯᠲᠠ ᠶᠢᠨ | ᠠᠵᠢᠯ ᠢ ᠴᠢᠩᠭᠠᠳᠬᠠᠨ᠂ ᠲᠦᠷᠦᠯ ᠵᠦᠢᠯ ᠤᠨ ᠪᠡᠯᠡ ᠮᠦᠩᠭᠦ ᠪᠤᠯᠤᠨ ᠡᠳ᠋ ᠤᠨ ᠵᠠᠰᠠᠭ ᠤᠨ ᠪᠡᠯᠡ ᠮᠦᠩᠭᠦᠨ ᠤ | ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠶᠢᠭᠤᠯᠭ᠎ᠠ ᠨᠢᠬᠡᠴᠠ ᠶᠢᠨ ︽ᠨᠢᠭᠤᠭᠳᠠᠮᠠᠯ ᠮᠦᠩᠬᠦ︾ | ᠶᠢ ᠴᠡᠭᠴᠡᠯᠠᠨ ᠠᠷᠢᠯᠭᠠᠨ᠎ᠠ᠃ ᠭᠤᠷᠪᠠ ᠳᠤ᠂ ᠮᠦᠩᠭᠦᠨ ᠭᠦᠢᠯᠭᠡᠭᠡᠨ ᠤ ᠠᠵᠢᠯ ᠢ ᠴᠢᠩᠭᠠᠳᠬᠠᠨ᠎ᠠ᠃ ᠪᠠᠯᠠ | ᠬᠤᠷᠠᠮᠳᠤᠭᠤᠯᠬᠤ ᠺᠤᠮᠫᠠᠨᠢ ᠶᠢ ᠢᠳᠡᠪᠬᠢᠲᠠᠢ ᠪᠠᠷ ᠤᠷᠢᠨ ᠤᠷᠤᠭᠤᠯᠵᠤ᠂ ᠳᠤᠮᠲᠠ ᠪᠠᠭ᠎ᠠ ᠬᠡᠯᠪᠡᠷᠢ ᠶᠢᠨ ᠠᠵᠤ | ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠯᠴᠠᠨ ᠬᠠᠪᠰᠤᠷᠤᠯᠴᠠᠬᠤ ᠪᠠᠳᠤᠯᠠᠭᠠᠨ ᠤ | ᠪᠠᠶᠢᠭᠤᠯᠤᠮᠵᠢ ᠪᠠᠶᠢᠭᠤᠯᠬᠤ ᠶᠢ ᠵᠤᠷᠢᠬᠵᠢᠭᠤᠯᠤᠨ᠎ᠠ᠃ ᠭᠠᠵᠠᠷ ᠰᠢᠷᠤᠢ᠂ ᠬᠤᠳᠠ ᠪᠠᠯᠭᠠᠰᠤᠨ ᠤ ᠰᠠᠭᠤᠷᠢ | ᠲᠦᠬᠦᠭᠡᠷᠦᠮᠵᠢ᠂ ᠠᠵᠤ ᠦᠢᠯᠡᠳᠪᠦᠷᠢ ᠶᠢᠨ ᠳᠤᠭᠤᠷᠢᠭ ᠤᠨ ᠰᠠᠭᠤᠷᠢ ᠳᠦᠬᠦᠭᠡᠷᠦᠮᠵᠢ ᠵᠡᠷᠭᠡ ᠤᠯᠤᠰ ᠤᠨ | ᠦᠮᠴᠢᠯᠡᠯᠲᠦ ᠡᠳ᠋ ᠬᠦᠷᠦᠩᠭᠡ ᠶᠢ ᠢᠳᠡᠪᠬᠢᠲᠠᠢ ᠪᠠᠷ ᠨᠢᠭᠡᠳᠦᠭᠦᠯᠵᠦ᠂ ᠭᠠᠵᠠᠷ ᠰᠢᠷᠤᠢ ᠨᠦᠬᠡᠴᠠᠯᠡᠬᠦ ᠬᠦᠴᠦᠯᠡᠴᠡ | ᠪᠠᠨ ᠴᠢᠩᠭᠠᠳᠬᠠᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠠᠴᠠ ᠠᠵᠤ ᠠᠬᠤᠢ ᠶᠢᠨ ᠬᠦᠭᠵᠢᠯᠲᠡ ᠳᠤ | ᠦᠵᠡᠬᠦᠯᠬᠦ ᠠᠴᠢᠶᠠᠯᠠᠪᠦᠷᠢ ᠶᠢᠨ ᠦᠢᠯᠡᠳᠦᠯ ᠪᠠ ᠪᠠᠯᠠ ᠬᠤᠷᠠᠮᠳᠤᠭᠤᠯᠬᠤ ᠦᠢᠯᠡᠳᠦᠯ ᠢ ᠨᠡᠮᠡᠭᠳᠡᠭᠦᠯᠦᠨ᠎ᠡ᠃ ᠮᠦᠩᠭᠦᠨ | ᠭᠦᠢᠯᠭᠡᠭᠡᠨ ᠤ ᠤᠷᠴᠢᠨ ᠢ ᠰᠢᠯᠢᠳᠡᠭᠵᠢᠭᠦᠯᠦᠨ᠂ ᠬᠦᠭᠵᠢᠯᠲᠡ ᠶᠢᠨ ᠪᠠᠶᠢᠳᠠᠯ ᠢ ᠤᠨᠤᠪᠴᠢᠲᠠᠢ ᠡᠵᠡᠮᠳᠡᠨ᠂ ᠳᠡᠭᠡᠳᠦ | ᠱᠠᠳᠤᠨ ᠤ ᠰᠠᠯᠠᠭ᠎ᠠ ᠮᠦᠴᠢᠷ ᠲᠠᠢ ᠢᠳᠡᠪᠬᠢᠲᠠᠢ ᠪᠠᠷ ᠬᠠᠷᠢᠯᠴᠠᠵᠤ᠂ ᠪᠡᠯᠡ ᠮᠦᠩᠭᠦᠨ ᠤ ᠭᠦᠢᠯᠭᠡᠭᠡᠨ ᠤ ᠴᠢᠭᠯᠡᠯ ᠢ | ᠵᠤᠬᠢᠰᠲᠠᠢ ᠵᠢᠯᠤᠭᠤᠳᠤᠨ᠂ ᠪᠠᠩᠭᠢ ᠪᠤᠯᠤᠨ ᠠᠵᠤ ᠠᠬᠤᠶᠢᠯᠠᠯ ᠤᠨ ᠬᠤᠭᠤᠷᠤᠠᠳᠤᠬᠢ ᠬᠠᠷᠢᠯᠴᠠᠭ᠎ᠠ ᠶᠢ ᠴᠢᠩᠭᠠᠳᠬᠠᠵᠦ | ᠂ ᠲᠦᠷᠦᠯ ᠵᠦᠢᠯ ᠤᠨ ᠪᠡᠯᠡ ᠮᠦᠩᠭᠦᠨ ᠤ ᠱᠠᠭᠠᠷᠳᠠᠯᠭ᠎ᠠ ᠶᠢ ᠴᠠᠭ ᠢᠮᠠᠭᠳᠠ ᠡᠵᠡᠮᠰᠢᠵᠦ᠂ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠪᠦᠳᠦᠮᠵᠢᠲᠠᠢ ᠬᠠᠩᠭᠠᠬᠤ ᠪᠤᠯᠤᠨ᠎ᠠ᠃ | ︵ᠲᠠᠪᠤ︶ ᠦᠠᠳᠦᠰᠦᠨ ᠤᠯᠠᠨ ᠨᠠᠶᠢᠳᠠ ᠶᠢᠨ ᠦᠢᠯᠡᠴᠢᠯᠡᠬᠡᠨ ᠤ ᠴᠢᠳᠠᠪᠤᠷᠢ ᠶᠢᠨ ᠪᠦᠳᠦᠬᠡᠨ ᠪᠠᠶᠢᠭᠤᠯᠤᠯᠳᠠ ᠶᠢ | ᠳᠦᠯᠬᠢᠨ ᠠᠬᠢᠭᠤᠯᠬᠤ ᠪᠠᠷ ᠭᠤᠤᠯᠳᠠᠯᠭ᠎ᠠ ᠪᠤᠯᠭᠠᠵᠦ᠂ ᠠᠷᠠᠳ ᠤᠨ ᠠᠮᠢᠳᠤᠷᠠᠯ ᠢ ᠦᠨᠠᠠᠬᠦ ᠪᠠᠳᠤᠯᠠᠬᠤ ᠪᠠ | ᠰᠠᠶᠢᠵᠢᠷᠠᠭᠤᠯᠤᠨ᠎ᠠ᠃ ᠴᠠᠭ ᠦᠷᠬᠦᠯᠵᠢ ᠬᠦᠮᠦᠨ ᠢᠶᠠᠷ ᠦᠠᠳᠦᠰᠦ ᠪᠤᠯᠭᠠᠬᠤ ᠤᠬᠠᠮᠰᠠᠷ ᠢ ᠪᠠᠷᠢᠮᠳᠠᠯᠠᠨ᠂ ᠠᠷᠠᠳ ᠤᠨ | ᠠᠮᠢᠳᠤᠷᠠᠯ ᠢ ᠦᠨᠠᠠᠬᠦ ᠪᠠᠳᠤᠯᠠᠬᠤ ᠪᠠ ᠰᠠᠶᠢᠵᠢᠷᠠᠭᠤᠯᠬᠤ ᠶᠢ ᠴᠢᠬᠤᠯᠠ ᠪᠠᠶᠢᠷᠢᠨ ᠳᠤ ᠳᠠᠯᠪᠢᠵᠦ᠂ ᠡᠬᠦᠷᠬᠡ ᠬᠡᠳᠦᠢ | ᠬᠦᠠᠳᠦ ᠪᠠᠶᠢᠭᠰᠠᠨ ᠴᠤ ᠠᠷᠠᠳ ᠤᠨ ᠠᠮᠢᠳᠤᠷᠠᠯ ᠤᠨ ᠠᠰᠠᠭᠤᠳᠠᠯ ᠢ ᠤᠷᠬᠢᠬᠤ ᠦᠬᠡᠢ᠂ ᠳᠠᠷᠤᠭᠠᠰᠤ ᠬᠡᠳᠦᠢ ᠠᠷᠪᠢᠨ | ᠪᠠᠶᠢᠭᠰᠠᠨ ᠴᠤ ᠠᠷᠠᠳ ᠤᠯᠠᠨ ᠤ ᠠᠰᠢᠭ ᠳᠤᠰᠠ ᠶᠢ ᠤᠮᠳᠠᠭᠠᠶᠢᠯᠠᠬᠤ ᠦᠬᠡᠢ᠂ ᠡᠳ᠋ ᠤᠨ ᠬᠦᠴᠦᠨ ᠬᠡᠳᠦᠢ | ᠬᠦᠴᠢᠷᠳᠠᠯᠳᠠᠢ ᠪᠠᠶᠢᠭᠰᠠᠨ ᠴᠤ ᠠᠷᠠᠳ ᠤᠨ ᠠᠮᠢᠳᠤᠷᠠᠯ ᠤᠨ ᠪᠠᠯᠠ ᠤᠷᠤᠭᠤᠯᠤᠯᠳᠠ ᠪᠠᠨ ᠰᠤᠯᠠᠷᠠᠭᠤᠯᠬᠤ ᠦᠬᠡᠢ | ᠪᠠᠶᠢᠬᠤ ᠶᠢ ᠪᠠᠳᠤᠯᠠᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠡᠬᠦ ᠰᠠᠶᠢᠳᠦᠷ ᠰᠢᠢᠳᠪᠦᠷᠢᠯᠠᠨ᠎ᠠ᠃ | — — ᠠᠵᠢᠯ ᠤᠯᠭᠤᠬᠤ ᠠᠵᠢᠯ ᠢ ᠰᠠᠶᠢᠳᠦᠷ ᠬᠢᠨ᠎ᠠ᠃ ᠤᠯᠠᠮ ᠢᠳᠡᠪᠬᠢᠲᠠᠢ ᠠᠵᠢᠯ ᠤᠯᠭᠤᠬᠤ ᠳᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠂ ᠬᠤᠲᠠ ᠤᠷᠤᠭᠰᠠᠨ ᠮᠠᠯᠴᠢᠳ᠂ ᠠᠵᠢᠯᠯᠠᠭᠰᠠᠳ ᠦᠭᠡᠢ ᠭᠡᠷ ᠪᠦᠯᠢ᠂ ᠳᠦᠴᠢ | ᠳᠠᠪᠢᠭᠠᠳ ᠨᠠᠰᠤᠨ ᠤ ᠠᠵᠢᠯ ᠦᠬᠡᠢ ᠬᠦᠮᠦᠰ ᠵᠢᠴᠢ ᠬᠤᠲᠠ ᠪᠠᠯᠭᠠᠰᠤᠨ ᠤ ᠶᠠᠳᠠᠭᠤ ᠬᠦᠴᠢᠷᠳᠡᠯᠲᠠᠢ ᠤᠯᠠᠨ | ᠲᠦᠮᠡᠨ ᠢᠶᠠᠷ ᠭᠤᠤᠯᠳᠠᠯᠭ᠎ᠠ ᠪᠠᠨ ᠪᠤᠯᠭᠠᠵᠤ᠂ ᠭᠠᠶᠢᠯᠢ ᠰᠦᠢᠳᠭᠡᠯ ᠬᠠᠰᠤᠵᠦ ᠬᠡᠯᠳᠦᠷᠢᠬᠦᠯᠬᠦ᠂ ᠪᠠᠭ᠎ᠠ ᠬᠡᠮᠵᠢᠶᠠᠨ ᠤ | ᠵᠢᠬᠡᠯᠡᠯᠬᠡ ᠪᠠ ᠰᠦᠢᠳᠭᠡᠯ ᠬᠤᠷᠢᠶᠠᠬᠤ ᠦᠭᠡᠢ ᠠᠵᠢᠯ ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠵᠢᠴᠢ ᠠᠵᠢᠯ | ᠲᠠᠨᠢᠯᠴᠠᠭᠤᠯᠬᠤ ᠮᠠᠲᠦ ᠶᠢᠨ ᠡᠯ᠎ᠡ ᠲᠦᠷᠦᠯ ᠤᠨ ᠳᠡᠮᠵᠢᠯᠭᠡ ᠶᠢᠨ ᠴᠢᠨᠠᠷᠲᠠᠢ ᠳᠦᠷᠦ ᠶᠢᠨ ᠪᠤᠳᠤᠯᠭ᠎ᠠ ᠶᠢ | ᠪᠦᠷᠢᠨᠰᠢᠭᠦᠯᠵᠦ᠂ ᠠᠵᠦ ᠠᠬᠤᠶᠢᠯᠠᠯ ᠤᠳ ᠤᠨ ᠬᠤᠭᠤᠰᠤᠨ ᠠᠵᠢᠯ ᠤᠨ ᠪᠠᠶᠢᠷᠢ ᠶᠢᠨ ᠮᠡᠳᠡᠬᠦᠯᠦᠯᠳᠠ ᠬᠢᠭᠡᠳ ᠠᠵᠢᠯ | ᠤᠯᠭᠤᠬᠤ ᠪᠠᠶᠢᠭᠤᠯᠤᠯᠭ᠎ᠠ ᠶᠢᠨ ᠠᠵᠢᠯ ᠤᠨ ᠪᠠᠶᠢᠷᠢ ᠶᠢᠨ ᠮᠦᠷᠳᠡᠯᠳᠠ ᠶᠢᠨ ᠳᠦᠷᠢᠮ ᠢ ᠨᠠᠶᠢᠳᠠᠪᠤᠷᠢᠵᠢᠭᠤᠯᠵᠦ᠂ | ᠠᠵᠢᠯ ᠤᠨ ᠪᠠᠶᠢᠷᠢ ᠴᠤᠭᠯᠠᠭᠤᠯᠬᠤ ᠠᠵᠢᠯ ᠢ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠ | ᠦᠢᠯᠡᠳᠪᠦᠷᠢᠯᠠᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ ᠮᠡᠷᠬᠡᠵᠢᠯ ᠤᠨ ᠪᠤᠯᠪᠠᠰᠤᠷᠠᠯ ᠬᠠᠩᠭᠠᠬᠤ ᠠᠵᠢᠯ | ᠢ ᠪᠠᠳᠤᠳᠠᠢ ᠰᠠᠶᠢᠳᠤᠷ ᠬᠢᠵᠦ᠂ ︽ᠦᠢᠯᠡᠰ ᠡᠷᠬᠢᠯᠡᠬᠦ ᠪᠤᠯᠪᠠᠰᠤᠷᠠᠯ ᠬᠦᠷᠳᠡᠬᠡᠬᠦ ᠪᠠ ᠪᠠᠭ᠎ᠠ ᠬᠡᠮᠵᠢᠶᠠᠨ ᠤ ᠵᠢᠬᠡᠯᠡᠯᠬᠡ | ᠤᠯᠭᠤᠬᠤ︾ ᠶᠢ ᠤᠶᠠᠯᠳᠤᠭᠤᠯᠤᠭᠰᠠᠨ ᠵᠤᠬᠢᠴᠠᠮᠵᠢ ᠶᠢ ᠪᠦᠷᠢᠨᠰᠢᠭᠦᠯᠵᠦ᠂ ᠦᠢᠯᠡᠰ ᠡᠷᠬᠢᠯᠡᠬᠦ ᠪᠠᠷ ᠠᠵᠢᠯ ᠤᠯᠭᠤᠬᠤ | ᠶᠢ ᠳᠠᠶᠢᠴᠢᠯᠠᠨ᠎ᠠ᠃ ᠠᠵᠢᠯᠯᠠᠭᠰᠠᠳ ᠦᠭᠡᠢ ᠭᠡᠷ ᠪᠦᠯᠢ ᠳᠤ ᠪᠠᠶᠢᠩᠭᠤ ᠶᠢᠨ ᠴᠢᠨᠠᠷᠲᠠᠢ ᠳᠡᠮᠵᠢᠯᠭᠡ ᠬᠠᠩᠭᠠᠬᠤ | ᠵᠤᠬᠢᠴᠠᠮᠵᠢ ᠶᠢ ᠦᠷᠭᠦᠯᠵᠢᠯᠡᠨ ᠳᠤᠤᠱᠯᠠᠭᠤᠯᠵᠤ᠂ ᠠᠵᠢᠯᠯᠠᠭᠰᠠᠳ ᠦᠭᠡᠢ ᠭᠡᠷ ᠪᠦᠯᠢ ᠳᠤ ᠬᠠᠮᠤᠭ ᠤᠨ ᠨᠠᠭᠠᠳᠤ | ᠵᠠᠬ᠎ᠠ ᠳᠠᠭᠠᠨ ᠨᠢᠭᠡ ᠬᠦᠮᠦᠨ ᠳᠤᠭᠳᠠᠪᠤᠷᠢᠲᠠᠢ ᠠᠵᠢᠯ ᠤᠯᠬᠤ ᠶᠢ ᠪᠠᠳᠤᠯᠠᠨ᠎ᠠ᠃ ᠦᠨᠦ ᠵᠢᠯ 5000 ᠠᠵᠢᠯ ᠤᠨ | ᠪᠠᠶᠢᠷᠢ ᠶᠢ ᠴᠢᠷᠮᠠᠶᠢᠨ ᠴᠤᠭᠯᠠᠭᠤᠯᠵᠤ᠂ 2000 ᠬᠦᠮᠦᠨ ᠢ ᠤᠷᠤᠠᠰᠢᠭᠤᠯᠤᠨᠠ᠃ | ᠨᠡᠶᠢᠭᠡᠮ ᠤᠨ ᠪᠠᠳᠤᠯᠠᠭ᠎ᠠ ᠶᠢᠨ ᠬᠢᠷᠢ ᠳᠦᠪᠰᠢᠨ ᠢ ᠬᠦᠴᠦᠯᠠᠨ ᠳᠡᠬᠡᠭᠰᠢᠯᠡᠬᠦᠯᠦᠨ᠎ᠠ᠃ ᠬᠤᠲᠠ ᠪᠠᠯᠭᠠᠰᠤ ᠪᠤᠯᠤᠨ | ᠮᠠᠯᠵᠢᠬᠤ ᠤᠷᠤᠨ ᠤ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠦᠩᠬᠦ ᠶᠢᠨ ᠰᠠᠷ᠎ᠠ ᠶᠢᠨ ᠪᠠᠷᠢᠮᠵᠢᠶ᠎ᠠ ᠶᠢ | ᠳᠤᠰ ᠪᠦᠷᠢ 40 ᠪᠠ 50 ᠲᠦᠭᠦᠷᠢᠭ ᠨᠡᠮᠡᠭᠳᠡᠭᠦᠯᠵᠦ᠂ ᠰᠠᠷ᠎ᠠ ᠶᠢᠨ 360 ᠲᠦᠭᠦᠷᠢᠭ ᠪᠠ 200 ᠲᠦᠭᠦᠷᠢᠭ ᠲᠤ | ᠬᠦᠷᠭᠡᠨ᠎ᠡ᠃ ᠡᠮ ᠡᠮᠨᠡᠯᠭᠡ᠂ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠪᠤᠯᠤᠨ ᠳᠦᠷ ᠴᠠᠭ ᠤᠨ ᠠᠪᠤᠷᠠᠨ | ᠳᠤᠰᠠᠯᠠᠯᠳᠠ ᠶᠢᠨ ᠠᠵᠢᠯ ᠢ ᠴᠢᠩᠭᠠᠳᠬᠠᠨ᠂ ᠮᠠᠯᠵᠢᠬᠤ ᠤᠷᠤᠨ ᠤ ᠲᠠᠪᠤᠨ ᠪᠠᠳᠤᠯᠭᠠᠳᠤ ᠡᠷᠦᠬᠡ ᠶᠢᠨ ᠠᠰᠠᠷᠠᠮᠵᠢ | ᠶᠢᠨ ᠮᠦᠩᠬᠦ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠬᠠᠮᠳᠦ ᠪᠦᠬᠦᠨ ᠢ ᠲᠦᠪᠯᠡᠷᠡᠭᠦᠯᠦᠨ | ᠠᠰᠠᠷᠠᠬᠤ ᠪᠠᠷ ᠴᠢᠷᠮᠠᠶᠢᠨ᠎ᠠ᠃ ᠨᠡᠶᠢᠭᠡᠮ ᠤᠨ ᠠᠪᠤᠷᠠᠨ ᠳᠤᠰᠠᠯᠠᠯᠳᠠ ᠶᠢᠨ ᠵᠤᠬᠢᠴᠠᠮᠵᠢ ᠶᠢ ᠪᠦᠷᠢᠨᠰᠢᠭᠦᠯᠵᠦ᠂ ᠨᠡᠶᠢᠭᠡᠮ | ᠤᠨ ᠠᠪᠤᠷᠠᠨ ᠳᠤᠰᠠᠯᠠᠯᠳᠠ ᠶᠢ ᠤᠤᠯ ᠤᠨ ᠠᠷᠠᠳ ᠤᠨ ᠶᠠᠪᠤᠳᠠᠯ᠂ ᠶᠠᠳᠠᠭᠤ ᠶᠢ ᠳᠡᠳᠭᠦᠭᠦ ᠵᠡᠷᠭᠡ ᠰᠠᠯᠠᠭ᠎ᠠ ᠮᠦᠴᠢᠷ | ᠤᠨ ᠳᠤᠰᠠᠭᠠᠷ ᠠᠪᠤᠷᠠᠨ ᠳᠤᠰᠠᠯᠠᠯᠳᠠ ᠶᠢᠨ ᠬᠡᠯᠪᠡᠷᠢ ᠠᠴᠠ ᠬᠠᠮᠵᠢᠯᠴᠠᠭᠰᠠᠨ ᠠᠪᠤᠷᠠᠨ ᠳᠤᠰᠠᠯᠠᠯᠳᠠ ᠶᠢᠨ ᠬᠡᠯᠪᠡᠷᠢ | ᠵᠦᠭ ᠬᠤᠪᠢᠷᠠᠭᠤᠯᠵᠦ᠂ ᠨᠡᠶᠢᠭᠡᠮ ᠳᠤᠭᠤᠷᠢᠭ ᠤᠨ ᠶᠠᠳᠠᠭᠤ ᠬᠦᠴᠢᠷᠲᠠᠯᠲᠠᠢ ᠭᠡᠷ ᠪᠦᠯᠢ ᠶᠢᠨ ᠳᠠᠩᠰᠠ ᠡᠪᠬᠡᠮᠡᠯ ᠢ | ᠪᠠᠶᠢᠭᠤᠯᠤᠨ᠎ᠠ᠃ ᠪᠠᠳᠤᠯᠠᠭᠠᠳᠦ ᠴᠢᠨᠠᠷᠲᠠᠢ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠳᠠ ᠶᠢ ᠢᠳᠡᠪᠬᠢᠳᠠᠢ | ᠲᠦᠯᠬᠢᠨ ᠠᠬᠢᠭᠤᠯᠵᠤ᠂ ᠪᠠᠶᠠᠨᠴᠠᠭᠠᠨ ᠳᠤᠭᠤᠷᠢᠭ ᠤᠨ ᠬᠢᠮᠲᠠ ᠳᠦᠷᠢᠶᠡᠰᠦᠨ ᠭᠡᠷ ᠪᠤᠯᠤᠨ ᠬᠢᠮᠳᠠ ᠳᠤᠬᠢᠯᠢᠭ | ᠤᠷᠤᠨ ᠰᠠᠭᠤᠴᠠ ᠶᠢᠨ ᠪᠠᠷᠢᠯᠭ᠎ᠠ ᠶᠢ ᠳᠠᠭᠤᠰᠬᠠᠵᠤ᠂ 150 ᠢᠵᠢ ᠨᠠᠶᠢᠳᠠ 7500 ᠳᠡᠭᠰᠢ ᠳᠦᠷᠪᠡᠯᠵᠢᠨ ᠮᠧᠲᠷ | ᠬᠢᠮᠲᠠ ᠳᠦᠷᠢᠶᠠᠰᠦᠨ ᠭᠡᠷ᠂ 80 ᠢᠵᠢ ᠨᠠᠶᠢᠳᠠ 7200 ᠳᠡᠭᠰᠢ ᠳᠦᠷᠪᠡᠯᠵᠢᠨ ᠮᠧᠲᠷ ᠬᠢᠮᠳᠠ ᠳᠤᠬᠢᠯᠢᠭ ᠤᠷᠤᠨ | ᠰᠠᠭᠤᠴᠠ ᠶᠢ ᠰᠢᠨ᠎ᠡ ᠪᠠᠷ ᠪᠠᠶᠢᠭᠤᠯᠵᠤ᠂ ᠤᠯᠠᠨ ᠨᠡᠶᠢᠲᠡ ᠶᠢᠨ ᠳᠦᠷᠢᠶᠡᠰᠦᠨ ᠭᠡᠷ ᠤᠨ ᠪᠠᠷᠢᠯᠭ᠎ᠠ ᠪᠠᠨ | ᠡᠬᠢᠯᠡᠭᠦᠯᠦᠨ᠎ᠡ᠃ | — — ᠡᠯ᠎ᠡ ᠳᠦᠷᠦᠯ ᠤᠨ ᠨᠠᠶᠢᠬᠡᠮ ᠤᠨ ᠠᠵᠢᠯ ᠦᠢᠯᠡᠰ ᠢ ᠶᠡᠭᠡ ᠪᠠᠷ ᠬᠦᠭᠵᠢᠬᠦᠯᠦᠨ᠎ᠠ᠃ ᠰᠤᠷᠭᠠᠨ ᠬᠦᠮᠦᠵᠢᠯ | ᠤᠨ ᠪᠠᠯᠠ ᠤᠷᠤᠭᠤᠯᠤᠯᠳᠠ ᠪᠠᠨ ᠳᠠᠰᠤᠷᠠᠯᠳᠠ ᠦᠬᠡᠢ ᠨᠡᠮᠡᠭᠳᠡᠬᠦᠯᠦᠨ᠂ ᠳᠤᠮᠳᠠᠳᠦ ᠪᠠᠭ᠎ᠠ ᠰᠤᠷᠭᠠᠭᠤᠯᠢ ᠶᠢᠨ ︽ | ᠰᠤᠷᠭᠠᠭᠤᠯᠢ ᠶᠢᠨ ᠬᠦᠷᠢᠶᠠᠨ ᠤ ᠠᠮᠤᠷ ᠳᠦᠪᠰᠢᠨ ᠤ ᠢᠠᠵᠧᠨᠧᠷᠢᠩ︾ ᠢ ᠦᠷᠬᠦᠯᠵᠢᠯᠠᠨ ᠬᠡᠷᠡᠭᠵᠢᠬᠦᠯᠵᠦ᠂ ᠮᠤᠩᠭᠤᠯ | ᠳᠤᠮᠳᠠᠳᠦ ᠰᠤᠷᠭᠠᠭᠤᠯᠢ ᠶᠢᠨ ᠳᠤᠷᠰᠢᠯᠳᠠ ᠶᠢᠨ ᠠᠰᠠᠷ᠂ ᠦᠠᠳᠦᠰᠦᠳᠠᠨ ᠤ ᠶᠡᠷᠦᠩᠬᠡᠶᠢᠯᠡᠭᠰᠡᠨ ᠦᠠᠳᠦᠷ ᠳᠤᠮᠳᠠᠳᠦ | ᠰᠤᠷᠭᠠᠭᠤᠯᠢ ᠶᠢᠨ ᠳᠤᠷᠰᠢᠯᠳᠠ ᠶᠢᠨ ᠠᠰᠠᠷ᠂ ᠮᠤᠩᠭᠤᠯ ᠦᠠᠳᠦᠰᠦᠳᠠᠨ ᠤ ᠪᠠᠭ᠎ᠠ ᠰᠤᠷᠭᠠᠭᠤᠯᠢ᠂ ᠬᠢᠳᠠᠳ ᠢᠶᠠᠷ | ᠬᠡᠴᠢᠶᠠᠯᠯᠠᠬᠦ ᠬᠡᠣᠬᠡᠳ ᠤᠨ ᠴᠡᠴᠡᠷᠯᠢᠭ ᠵᠡᠷᠬᠡ 6 ᠪᠠᠷᠢᠯᠭ᠎ᠠ ᠶᠢ ᠳᠠᠭᠤᠰᠬᠠᠵᠦ᠂ ᠨᠠᠮᠤᠷ ᠠᠰᠢᠭᠯᠠᠯᠳᠠ ᠳᠤ | ᠤᠷᠤᠭᠤᠯᠤᠨ᠎ᠠ᠃ ᠮᠤᠩᠭᠤᠯ ᠳᠤᠮᠳᠠᠳᠦ ᠰᠤᠷᠭᠠᠭᠤᠯᠢ ᠶᠢᠨ ᠬᠡᠴᠢᠶᠠᠯᠯᠠᠬᠦ ᠠᠰᠠᠷ᠂ ᠨᠢᠬᠡᠳᠦᠬᠡᠷ ᠳᠤᠮᠳᠠᠳᠦ | ᠰᠤᠷᠭᠠᠭᠤᠯᠢ ᠶᠢᠨ ᠳᠤᠷᠰᠢᠯᠳᠠ ᠶᠢᠨ ᠠᠰᠠᠷ ᠬᠢᠬᠡᠳ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠤᠷᠰᠢᠯᠳᠠ ᠶᠢᠨ | ᠠᠰᠠᠷ ᠵᠡᠷᠬᠡ ᠪᠠᠷᠢᠯᠭ᠎ᠠ ᠶᠢ ᠡᠬᠢᠯᠠᠨ ᠪᠠᠶᠢᠭᠤᠯᠵᠦ᠂ ᠬᠤᠶᠠᠳᠤᠭᠠᠷ ᠪᠠᠭ᠎ᠠ ᠰᠤᠷᠭᠠᠭᠤᠯᠢ᠂ ᠮᠤᠩᠭᠤᠯ ᠬᠡᠤᠬᠡᠳ ᠤᠨ | ᠴᠡᠴᠡᠷᠯᠢᠭ ᠲᠤ ᠭᠤᠮ ᠳᠠᠮᠢᠷ ᠤᠨ ᠳᠠᠯᠠᠪᠤᠷ ᠢ ᠪᠠᠶᠢᠭᠤᠯᠤᠨ ᠳᠠᠭᠤᠰᠬᠠᠵᠦ᠂ ᠮᠤᠩᠭᠤᠯ ᠬᠡᠤᠬᠡᠳ ᠤᠨ ᠴᠡᠴᠡᠷᠯᠢᠭ ᠢ | ᠤᠷᠤᠨ ᠤ ᠳᠠᠰ ᠤᠨ ᠵᠢᠱᠢᠶ᠎ᠠ ᠦᠵᠡᠬᠦᠯᠬᠦ ᠴᠡᠴᠡᠷᠯᠢᠭ ᠤᠨ ᠦᠨᠠᠯᠠᠨ ᠰᠢᠯᠭᠠᠷᠠᠭᠤᠯᠤᠯᠳᠠ ᠳᠤ ᠬᠢᠷᠢ ᠳᠡᠩᠴᠠᠬᠦᠯᠬᠦ ᠪᠠᠷ | ᠴᠢᠷᠮᠠᠶᠢᠨ᠎ᠠ᠃ ᠦᠠᠳᠦᠰᠦᠳᠠᠨ ᠤ ᠰᠤᠷᠭᠠᠨ ᠬᠦᠮᠦᠵᠢᠯ ᠤᠨ ᠬᠦᠭᠵᠢᠯᠳᠠ ᠶᠢ ᠬᠦᠠᠳᠦᠳᠬᠡᠨ ᠦᠵᠡᠵᠦ᠂ ᠮᠤᠩᠭᠤᠯ | ᠢᠶᠠᠷ ᠬᠡᠴᠢᠶᠠᠯᠯᠠᠬᠦ 15 ᠵᠢᠯ ᠤᠨ ᠰᠦᠢᠳᠬᠡᠯ ᠬᠡᠯᠳᠦᠷᠢᠬᠦᠯᠬᠦ ᠰᠤᠷᠭᠠᠨ ᠬᠦᠮᠦᠵᠢᠯ ᠤᠨ ᠳᠦᠷᠦ ᠶᠢᠨ ᠪᠤᠳᠤᠯᠭ᠎ᠠ ᠶᠢ | ᠰᠠᠶᠢᠳᠦᠷ ᠨᠠᠶᠢᠳᠠᠪᠦᠷᠢᠵᠢᠭᠤᠯᠤᠨ᠎ᠠ᠃ ᠰᠤᠶᠤᠯ ᠳᠠᠮᠢᠷ ᠤᠨ ᠦᠢᠯᠡᠰ ᠤᠨ ᠬᠦᠭᠵᠢᠯᠳᠠ ᠶᠢ ᠠᠬᠢᠭᠤᠯᠵᠦ᠂ ᠠᠪᠠᠭ᠎ᠠ | ᠴᠤᠭᠤᠷ ᠤᠨ ᠰᠤᠶᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠤ ᠳᠦᠷᠦᠯ ᠵᠦᠢᠯ ᠢ ᠢᠳᠡᠪᠬᠢᠳᠠᠢ | ᠬᠡᠷᠡᠭᠵᠢᠬᠦᠯᠦᠨ᠂ ᠰᠤᠮᠤ ᠪᠠᠯᠭᠠᠰᠤᠨ ᠤ ᠰᠤᠶᠤᠯ ᠤᠨ ᠦᠷᠳᠡᠬᠡᠨ ᠤ ᠪᠦᠳᠦᠬᠡᠨ ᠪᠠᠶᠢᠭᠤᠯᠤᠯᠳᠠ ᠶᠢ ᠪᠦᠷᠢᠠᠰᠢᠬᠦᠯᠵᠦ᠂ | ᠬᠤᠶᠠᠳᠤᠭᠠᠷ ᠬᠤᠭᠤᠴᠠᠭᠠᠨ ᠤ ︽ᠬᠠᠷ᠎ᠠ ᠠᠳᠤᠭᠤᠨ ᠰᠤᠶᠤᠯ ᠤᠨ ᠨᠠᠶᠢᠷ︾ ᠢ ᠠᠮᠵᠢᠯᠳᠠᠳᠠᠢ ᠡᠷᠬᠢᠯᠠᠵᠦ᠂ ᠴᠠᠭᠠᠨ | ᠴᠢᠯᠠᠭᠤᠳᠦ ᠵᠤᠰᠠᠭᠠᠯ᠂ ᠪᠠᠯᠬᠦᠳᠠᠢ ᠵᠢᠰᠠ ᠶᠢᠨ ᠮᠤᠩᠭᠤᠯ ᠢᠳᠡᠬᠡᠨ ᠤᠮᠳᠠᠭᠠᠨ ᠤ ᠰᠤᠶᠤᠯ ᠢ ᠪᠠᠶᠠᠯᠢᠭᠵᠢᠭᠤᠯᠵᠦ᠂ | ᠦᠠᠳᠦᠰᠦᠳᠠᠨ ᠤ ᠬᠤᠪᠴᠠᠰᠤ ᠵᠠᠰᠠᠯ᠂ ᠮᠤᠩᠭᠤᠯ ᠰᠢᠳᠠᠷ᠎ᠠ ᠶᠢᠨ ᠰᠠᠶᠢᠯᠤᠮᠠᠯ᠂ ᠮᠤᠷᠢᠨ ᠬᠤᠭᠤᠷ ᠦᠢᠯᠡᠳᠬᠦ ᠮᠡᠳᠦ | ᠶᠢᠨ ᠦᠠᠳᠦᠰᠦᠳᠠᠨ ᠤ ᠦᠪ ᠰᠤᠶᠤᠯ ᠤᠨ ᠠᠵᠦ ᠦᠢᠯᠡᠰ ᠢ ᠪᠦᠬᠦ ᠬᠦᠴᠦᠨ ᠢᠶᠠᠷ ᠬᠦᠭᠵᠢᠬᠦᠯᠦᠨ᠎ᠠ᠃ ᠪᠦᠬᠦ | ᠠᠷᠠᠳ ᠤᠨ ᠪᠠᠶ᠎ᠠ ᠪᠠᠨ ᠴᠢᠬᠢᠷᠠᠭᠵᠢᠭᠤᠯᠬᠤ ᠬᠦᠳᠡᠯᠬᠡᠬᠡᠨ ᠢ ᠢᠳᠡᠪᠬᠢᠳᠠᠢ ᠦᠷᠨᠢᠬᠦᠯᠦᠨ᠎ᠠ᠃ ᠡᠮ ᠡᠮᠨᠡᠯᠬᠡ᠂ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠬᠡᠨᠡᠳᠳᠠ ᠶᠢᠨ | ᠴᠢᠨᠠᠷᠳᠠᠢ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠶᠠᠪᠤᠳᠠᠯ ᠢ ᠪᠠᠴᠢᠮ ᠠᠷᠭᠠᠴᠠᠭᠠᠬᠤ ᠰᠢᠰᠲ᠋ᠧᠮ ᠤᠨ | ᠪᠦᠳᠦᠬᠡᠨ ᠪᠠᠶᠢᠭᠤᠯᠤᠯᠳᠠ ᠶᠢ ᠪᠦᠷᠢᠠᠰᠢᠬᠦᠯᠵᠦ᠂ ᠪᠠᠷᠢᠮᠵᠢᠶᠠᠵᠢᠭᠰᠠᠨ ᠬᠤᠰᠢᠭᠤ ᠡᠮᠨᠡᠯᠬᠡ ᠶᠢᠨ ᠬᠤᠷᠢᠶ᠎ᠠ ᠶᠢ | ᠪᠦᠳᠦᠬᠡᠨ ᠪᠠᠶᠢᠭᠤᠯᠬᠤ ᠳᠦᠷᠦᠯ ᠵᠦᠢᠯ ᠢ ᠳᠦᠷᠬᠡᠳᠬᠡᠨ ᠬᠡᠷᠡᠭᠵᠢᠬᠦᠯᠦᠨ᠎ᠠ᠃ ᠬᠦᠮᠦᠨ ᠠᠮᠠ ᠪᠠ ᠳᠦᠯᠦᠪᠯᠡᠬᠡᠳᠦ | ᠦᠷᠠᠵᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠂ ᠳᠤᠬᠢᠷᠠᠮᠵᠢᠳᠠᠢ ᠳᠤᠤᠷ᠎ᠠ ᠦᠰᠦᠯᠳᠠ ᠶᠢᠨ ᠬᠢᠷᠢ | ᠳᠦᠪᠰᠢᠨ ᠢ ᠳᠤᠭᠳᠠᠪᠤᠷᠢᠵᠢᠭᠤᠯᠤᠨ᠎ᠠ᠃ | ᠨᠠᠶᠢᠬᠡᠮ ᠤᠨ ᠡᠶ᠎ᠡ ᠵᠤᠬᠢᠴᠠᠯ ᠪᠠ ᠳᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠠᠶᠢᠬᠡᠮ ᠤᠨ ᠠᠮᠤᠷ | ᠳᠦᠪᠰᠢᠨ ᠢ ᠶᠠᠷᠦᠩᠭᠡᠶᠢᠯᠠᠨ ᠵᠠᠰᠠᠬᠤ ᠠᠵᠢᠯ ᠢ ᠦᠷᠬᠦᠯᠵᠢᠯᠠᠨ ᠳᠦᠯᠬᠢᠨ ᠠᠬᠢᠭᠤᠯᠵᠦ᠂ ᠪᠠᠴᠢᠮ ᠠᠷᠭᠠᠴᠠᠭᠠᠬᠤ | ᠰᠢᠰᠲ᠋ᠧᠮ ᠢ ᠪᠠᠶᠢᠭᠤᠯᠤᠨ ᠪᠦᠷᠢᠠᠰᠢᠬᠦᠯᠵᠦ᠂ ᠬᠡᠨᠡᠳᠳᠠ ᠶᠢᠨ ᠬᠡᠷᠡᠭ ᠶᠠᠪᠤᠳᠠᠯ ᠢ ᠴᠠᠭ ᠳᠤᠬᠠᠢ ᠳᠤᠨᠢ ᠪᠦᠳᠦᠮᠵᠢᠳᠠᠢ | ᠰᠢᠢᠳᠪᠦᠷᠢᠯᠠᠨ᠎ᠠ᠃ ᠨᠡᠶᠢᠬᠡᠮ ᠤᠨ ᠠᠮᠤᠷ ᠳᠦᠪᠰᠢᠨ ᠤ ᠬᠠᠮᠢᠶᠠᠷᠤᠯᠳᠠ ᠢᠶᠠᠨ ᠴᠢᠩᠭᠠᠳᠬᠠᠨ᠂ ᠶᠠᠯᠠᠳᠦ ᠠᠵᠢᠯᠯᠠᠭ᠎ᠠ | ᠳᠤ ᠴᠢᠩᠭ᠎ᠠ ᠴᠤᠬᠢᠯᠳᠠ ᠦᠭᠴᠤ᠂ ᠨᠠᠶᠢᠬᠡᠮ ᠤᠨ ᠪᠠᠶᠢᠩᠭᠤ ᠶᠢᠨ ᠳᠤᠭᠳᠠᠭᠤᠨ ᠢ ᠦᠨᠡᠠᠬᠦ ᠪᠠᠳᠤᠯᠠᠨ᠎ᠠ᠃ | ᠤᠳᠤᠷᠢᠳᠬᠤ ᠺᠠᠳᠠᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠰᠢᠢᠳᠪᠦᠷᠢᠯᠡᠬᠦ ᠪᠠ ᠦᠠᠳᠦᠰᠦᠨ ᠱᠠᠳᠤᠨ ᠳᠤ | ᠰᠢᠢᠳᠪᠦᠷᠢᠯᠡᠬᠦ ᠠᠵᠢᠯ ᠢ ᠴᠢᠩᠭᠠᠳᠬᠠᠵᠦ᠂ ᠡᠶᠡᠳᠠᠬᠦᠯᠦᠨ ᠰᠢᠢᠳᠪᠦᠷᠢᠯᠡᠬᠦ ᠠᠵᠢᠯᠯᠠᠭ᠎ᠠ ᠦᠷᠨᠢᠬᠦᠯᠦᠨ᠂ ᠠᠷᠠᠳ | ᠤᠯᠠᠨ ᠤ ᠳᠤᠰᠬᠠᠵᠦ ᠪᠠᠶᠢᠭ᠎ᠠ ᠬᠦᠴᠢᠷᠳᠠᠢ ᠠᠰᠠᠭᠤᠳᠠᠯ᠂ ᠬᠠᠯᠠᠮᠰᠢᠯ ᠠᠰᠠᠭᠤᠳᠠᠯ ᠢ ᠪᠦᠳᠦᠮᠵᠢᠳᠠᠢ ᠰᠢᠢᠳᠪᠦᠷᠢᠯᠠᠨ᠎ᠠ᠃ | ᠦᠠᠳᠦᠰᠦᠳᠠᠨ ᠤ ᠠᠵᠢᠯ ᠤᠨ ᠭᠤᠤᠯ ᠰᠡᠳᠦᠪ ᠪᠤᠯᠤᠨ ᠨᠠᠮ ᠤᠨ ᠱᠠᠰᠢᠨ ᠰᠤᠷᠳᠠᠬᠤᠨ ᠤ ᠠᠵᠢᠯ ᠤᠨ ᠳᠤᠬᠠᠢ | ᠦᠠᠳᠦᠰᠦᠨ ᠴᠢᠭᠯᠡᠯᠳᠠ ᠶᠢ ᠪᠠᠳᠤᠳᠠᠢ ᠡᠵᠡᠮᠰᠢᠵᠦ᠂ ᠬᠠᠣᠯᠢ ᠶᠤᠰᠤᠭᠠᠷ ᠦᠠᠳᠦᠰᠦᠳᠠᠨ ᠱᠠᠰᠢᠨ ᠰᠤᠷᠳᠠᠬᠤᠨ ᠤ | ᠬᠡᠷᠡᠭ ᠤᠴᠢᠷ ᠢ ᠬᠠᠮᠢᠶᠠᠷᠴᠤ᠂ ᠦᠠᠳᠦᠰᠦᠳᠠᠨ ᠱᠠᠰᠢᠨ ᠰᠤᠷᠳᠠᠬᠤᠨ ᠤ ᠬᠦᠷᠢᠶ᠎ᠠ ᠬᠡᠪᠴᠢᠶᠠᠨ ᠳᠠᠬᠢ ᠡᠶ᠎ᠡ ᠵᠤᠬᠢᠴᠠᠯ | ᠪᠠ ᠳᠤᠭᠳᠠᠭᠤᠨ ᠪᠠᠶᠢᠬᠤ ᠶᠢ ᠦᠨᠠᠠᠬᠦ ᠪᠠᠳᠤᠯᠠᠨ᠎ᠠ᠃ ᠠᠶᠤᠯᠬᠦᠢ ᠦᠢᠯᠡᠳᠪᠦᠷᠢᠯᠠᠯ ᠤᠨ ᠬᠠᠷᠢᠭᠤᠴᠠᠯᠭ᠎ᠠ ᠶᠢᠨ | ᠳᠦᠷᠢᠮ ᠢ ᠬᠢᠨᠠᠮᠠᠭᠠᠢ ᠨᠠᠶᠢᠳᠠᠪᠦᠷᠢᠵᠢᠭᠤᠯᠤᠨ᠂ ᠭᠤᠤᠯᠳᠠᠯᠭ᠎ᠠ ᠲᠠᠢ ᠠᠵᠢᠯ ᠳᠦᠷᠦᠯ ᠤᠨ ᠬᠦᠷᠢᠶ᠎ᠠ ᠬᠡᠪᠴᠢᠶᠠᠨ ᠳᠠᠬᠢ | ᠠᠳᠠᠯ ᠡᠬᠦᠰᠬᠦ ᠪᠤᠯᠤᠮᠵᠢ ᠶᠢ ᠪᠠᠶᠢᠴᠠᠭᠠᠨ ᠴᠡᠭᠴᠡᠯᠡᠬᠦ ᠠᠵᠢᠯ ᠢ ᠴᠢᠩᠭᠠᠳᠬᠠᠵᠦ᠂ ᠠᠳᠠᠯ ᠡᠬᠦᠰᠬᠦ ᠶᠢ ᠤᠠᠴᠠᠯᠠᠨ | ᠰᠡᠷᠬᠡᠶᠢᠯᠠᠨ᠎ᠠ᠃ ᠢᠳᠡᠬᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠳᠦᠪᠰᠢᠨ ᠢ ᠴᠢᠬᠤᠯᠠᠴᠢᠯᠠᠨ᠂ ᠠᠰᠠᠭᠤᠳᠠᠯ | ᠢ ᠴᠠᠭ ᠳᠤᠬᠠᠢ ᠳᠤᠨᠢ ᠢᠯᠡᠷᠡᠬᠦᠯᠦᠨ ᠰᠢᠢᠳᠪᠦᠷᠢᠯᠡᠵᠦ᠂ ᠬᠢᠷᠢ ᠳᠡᠩᠴᠠᠬᠦ ᠦᠬᠡᠢ ᠳᠠᠸᠠᠷ ᠤᠨ ᠵᠠᠬ᠎ᠠ ᠳᠡᠯᠬᠡᠬᠦᠷ ᠲᠤ | ᠤᠷᠤᠬᠤ ᠶᠢ ᠦᠠᠳᠦᠰᠦᠨ ᠠᠴᠠ ᠨᠢ ᠴᠠᠭᠠᠵᠠᠯᠠᠨ᠎ᠠ᠃ ᠬᠢᠨᠠᠨ ᠬᠠᠮᠢᠶᠠᠷᠤᠯᠳᠠ ᠶᠢᠨ ᠠᠵᠢᠯ ᠢᠶᠠᠨ ᠯᠠᠪᠳᠠᠭᠤᠨ | ᠦᠷᠨᠢᠬᠦᠯᠵᠦ᠂ ᠪᠠᠷᠠᠭᠠᠨ ᠤ ᠦᠨ᠎ᠠ ᠬᠠᠩᠰᠢ ᠶᠢ ᠳᠤᠭᠳᠠᠪᠤᠷᠢᠵᠢᠭᠤᠯᠬᠤ ᠪᠠᠷ ᠴᠢᠷᠮᠠᠶᠢᠨ᠎ᠠ᠃ | ᠦᠨᠦ ᠵᠢᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠬᠤ | ᠵᠤᠭᠰᠤᠴᠠ ᠠᠴᠠ ᠠᠷᠠᠳ ᠲᠤ ᠠᠰᠢᠭᠳᠠᠢ ᠰᠢᠨ᠎ᠡ ︽ᠠᠷᠪᠠᠨ ᠪᠤᠳᠠᠳᠦ ᠶᠠᠪᠤᠳᠠᠯ︾ ᠢ ᠦᠷᠬᠦᠯᠵᠢᠯᠠᠨ ᠠᠮᠠᠯᠳᠠᠨ | ᠪᠠᠶᠠᠯᠠᠬᠦᠯᠦᠨ᠎ᠠ᠃ ᠨᠢᠭᠡ ᠳᠤ᠂ 3000 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠰᠢᠨ᠎ᠡ ᠮᠠᠯᠵᠢᠬᠤ ᠤᠷᠤᠨ | ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠶᠠᠷ ᠲᠤ᠂ 100 ᠲᠦᠮᠡᠨᠲ᠋ᠦ᠋ᠭᠦᠷᠢᠭ ᠤᠨ | ᠡᠳ᠋ ᠤᠨ ᠵᠠᠰᠠᠭ ᠤᠨ ᠨᠦᠬᠦᠪᠦᠷᠢ ᠮᠦᠩᠭᠦ ᠭᠠᠷᠭᠠᠵᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠨᠦᠭᠦᠴᠠᠯ ᠲᠠᠢ | ᠰᠤᠮᠤ ᠪᠠᠯᠭᠠᠰᠤᠨ ᠳᠤ ᠬᠡᠦᠭᠡᠳ ᠤᠨ ᠴᠡᠴᠡᠷᠯᠢᠭ ᠪᠠᠶᠢᠭᠤᠯᠬᠤ ᠶᠢ ᠵᠤᠷᠢᠭᠵᠢᠭᠤᠯᠵᠦ᠂ ᠦᠨᠳᠦᠰᠦᠨ ᠱᠠᠳᠤᠨ ᠤ | ᠬᠡᠦᠬᠡᠳ ᠪᠠᠭᠠᠴᠤᠳ ᠤᠨ ᠴᠡᠴᠡᠷᠯᠢᠭ ᠲᠤ ᠰᠠᠭᠤᠬᠤ ᠳᠤ ᠬᠦᠴᠢᠷᠲᠠᠢ ᠠᠰᠠᠭᠤᠳᠠᠯ ᠢ ᠰᠢᠢᠳᠪᠦᠷᠢᠯᠡᠵᠦ᠂ ᠤᠭᠢᠶᠠᠯᠭ᠎ᠠ | ᠶᠢᠨ ᠭᠠᠵᠠᠷ ᠪᠠᠶᠢᠭᠤᠯᠵᠤ᠂ ᠮᠠᠯᠴᠢᠨ ᠲᠦᠮᠡᠨ ᠳᠤ ᠳᠦᠬᠦᠮ ᠦᠵᠡᠬᠦᠯᠦᠨ᠎ᠠ᠃ ᠭᠤᠷᠪᠠ ᠳᠤ᠂ 2200 ᠳᠦᠮᠡᠨ | ᠳᠦᠬᠦᠷᠢᠭ ᠤᠨ ᠪᠠᠯᠠ ᠤᠷᠤᠭᠤᠯᠤᠨ᠂ ᠨᠠᠷᠠ ᠰᠠᠯᠬᠢᠨ ᠤ ᠡᠨᠧᠷᠬᠢ ᠪᠠᠷ ᠴᠠᠬᠢᠯᠭᠠᠨ ᠭᠠᠷᠭᠠᠬᠤ ᠢᠠᠵᠧᠨᠧᠷᠢᠩ ᠢᠶᠠᠷ | ᠳᠠᠮᠵᠢᠵᠦ᠂ 1650 ᠮᠠᠯᠵᠢᠬᠤ ᠡᠷᠦᠬᠡ ᠶᠢᠨ ᠴᠠᠬᠢᠯᠭᠠᠨ ᠬᠡᠷᠡᠭᠰᠡᠬᠦ ᠠᠰᠠᠭᠤᠳᠠᠯ ᠢ ᠰᠢᠢᠳᠪᠦᠷᠢᠯᠠᠨ᠎ᠠ᠃ ᠳᠦᠷᠪᠡ ᠳᠤ | ᠂ 1500 ᠳᠦᠮᠡᠨ ᠳᠦᠬᠦᠷᠢᠭ ᠤᠨ ᠪᠠᠯᠠ ᠤᠷᠤᠭᠤᠯᠵᠦ᠂ ᠮᠠᠯᠵᠢᠬᠤ ᠤᠷᠤᠨ ᠤ ᠳᠤᠭᠠᠴᠢᠯᠠᠭᠰᠠᠨ ᠪᠢᠴᠢᠯ | ᠳᠤᠯᠬᠢᠶᠠᠨ ᠤ ᠲᠧᠯᠸᠢᠰ ᠳᠠᠮᠵᠢᠭᠤᠯᠤᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠳᠠᠪᠤ ᠳᠤ᠂ 2800 ᠳᠦᠮᠡᠨ | ᠳᠦᠬᠦᠷᠢᠭ ᠤᠨ ᠪᠠᠯᠠ ᠤᠷᠤᠭᠤᠯᠵᠦ᠂ 1 ᠳᠦᠮᠡᠨ ᠳᠡᠭᠰᠢ ᠳᠦᠷᠪᠠᠯᠵᠢᠨ ᠮᠧᠲᠷ ᠤᠨ ᠪᠠᠷᠢᠮᠵᠢᠶᠠᠵᠢᠭᠰᠠᠨ ᠬᠤᠰᠢᠭᠤ | ᠡᠮᠨᠡᠯᠬᠡ ᠶᠢᠨ ᠬᠤᠷᠢᠶ᠎ᠠ ᠶᠢ ᠪᠡᠶᠢᠭᠤᠯᠤᠨ᠎ᠠ᠃ ᠵᠢᠷᠭᠤᠭ᠎ᠠ ᠳᠤ᠂ ᠬᠤᠰᠢᠭᠤ ᠡᠳ᠋ ᠤᠨ ᠵᠠᠰᠠᠭ ᠠᠴᠠ ᠰᠢᠨ᠎ᠡ ᠬᠡᠯᠪᠡᠷᠢ | ᠶᠢᠨ ᠮᠠᠯᠵᠢᠬᠤ ᠤᠷᠤᠨ ᠤ ᠬᠤᠷᠰᠢᠭᠰᠠᠨ ᠡᠮᠨᠡᠯᠬᠡ ᠶᠢᠨ ᠳᠠᠭᠠᠳᠬᠠᠯ ᠳᠤ ᠤᠷᠤᠯᠴᠠᠬᠤ ᠬᠦᠮᠦᠰ ᠤᠨ ᠨᠦᠬᠦᠪᠦᠷᠢ | ᠮᠦᠩᠬᠦ ᠶᠢᠨ ᠪᠠᠷᠢᠮᠵᠢᠶ᠎ᠠ ᠶᠢ ᠤᠤᠯ ᠤᠨ 20 ᠳᠦᠬᠦᠷᠢᠭ ᠠᠴᠠ 40 ᠳᠦᠬᠦᠷᠢᠭ ᠲᠤ ᠬᠦᠷᠬᠡᠵᠦ᠂ ᠬᠦᠠᠳᠦ | ᠡᠪᠡᠳᠴᠢᠳᠠᠨ ᠤ ᠡᠮᠨᠡᠯᠬᠡ ᠶᠢᠨ ᠳᠡᠮᠵᠢᠯᠬᠡ ᠶᠢᠨ ᠰᠠᠭᠤᠷᠢ ᠮᠦᠩᠬᠦ ᠶᠢ ᠤᠤᠯ ᠤᠨ 100 ᠳᠦᠮᠡᠨ ᠳᠦᠬᠦᠷᠢᠭ ᠠᠴᠠ | 200 ᠳᠦᠮᠡᠨ ᠳᠦᠬᠦᠷᠢᠭ ᠲᠤ ᠬᠦᠷᠬᠡᠨ᠎ᠠ᠃ ᠳᠤᠯᠤᠭ᠎ᠠ ᠳᠤ᠂ ᠪᠠᠭ᠎ᠠ ᠬᠡᠮᠵᠢᠶᠠᠨ ᠤ ᠪᠠᠷᠢᠴᠠᠭᠠᠳᠦ ᠵᠢᠬᠡᠯᠡᠯᠬᠡ ᠶᠢ | 1000 ᠳᠦᠮᠡᠨ ᠳᠦᠬᠦᠷᠢᠭ ᠳᠠᠷᠬᠠᠭᠠᠵᠦ᠂ 200 ᠨᠠᠷᠠᠰ ᠠᠵᠢᠯ ᠠᠯᠳᠠᠭᠰᠠᠳ ᠢ ᠳᠡᠮᠵᠢᠵᠦ᠂ ᠬᠤᠳᠠ ᠤᠷᠤᠭᠰᠠᠨ | ᠮᠠᠯᠴᠢᠳ᠂ ᠰᠤᠷᠭᠠᠭᠤᠯᠢ ᠳᠡᠬᠦᠰᠦᠭᠰᠡᠨ ᠤᠶᠤᠳᠠᠳ ᠤᠨ ᠦᠢᠯᠡᠰ ᠡᠷᠬᠢᠯᠡᠬᠦ ᠶᠢ ᠳᠡᠮᠵᠢᠨ᠂ 800 ᠬᠦᠮᠦᠨ ᠳᠤ | ᠠᠵᠢᠯ ᠤᠯᠭᠤᠬᠤ ᠶᠢ ᠪᠠᠶᠠᠯᠠᠬᠦᠯᠦᠨ᠎ᠠ᠃ ᠨᠠᠢᠮᠠ ᠳᠤ᠂ ᠪᠦᠬᠦ ᠬᠤᠰᠢᠭᠤᠨ ᠤ 80 ᠨᠠᠰᠤᠨ ᠠᠴᠠ ᠳᠡᠭᠡᠭᠰᠢᠬᠢ | ᠨᠠᠰᠤᠳᠠᠶᠢᠴᠤᠳ ᠤᠨ ᠡᠷᠡᠬᠦᠯ ᠡᠩᠬᠡ ᠶᠢᠨ ᠮᠦᠩᠬᠦ ᠶᠢ ᠤᠤᠯ ᠤᠨ ᠵᠢᠯ ᠪᠦᠷᠢ ᠶᠢᠨ 200 ᠳᠦᠬᠦᠷᠢᠭ ᠠᠴᠠ 500 | ᠳᠦᠬᠦᠷᠢᠭ ᠲᠤ ᠬᠦᠷᠬᠡᠨ᠎ᠠ᠃ ᠶᠢᠰᠦ ᠳᠤ᠂ 1200 ᠳᠡᠭᠰᠢ ᠳᠦᠷᠪᠠᠯᠵᠢᠨ ᠮᠧᠲᠷ ᠤᠨ ᠨᠠᠰᠤᠳᠠᠶᠢᠴᠤᠳ ᠤᠨ | ᠬᠦᠳᠡᠯᠬᠡᠬᠡᠨ ᠤ ᠳᠦᠪ ᠢ ᠪᠠᠶᠢᠭᠤᠯᠤᠨ᠎ᠠ᠃ ᠠᠷᠪᠠ ᠳᠤ᠂ ᠪᠦᠬᠦ ᠬᠤᠰᠢᠭᠤᠨ ᠤ ᠺᠠᠳᠠᠷ ᠠᠵᠢᠯᠳᠠᠨ ᠤ ᠰᠠᠷ᠎ᠠ ᠶᠢᠨ | ᠴᠠᠯᠢᠩ ᠨᠦᠬᠦᠪᠦᠷᠢ ᠶᠢ ᠳᠡᠭᠰᠢᠳᠬᠡᠬᠡᠳ 500 ᠳᠦᠬᠦᠷᠢᠭ ᠦᠰᠬᠡᠵᠦ ᠦᠭᠬᠦᠨ᠎ᠠ᠃ | ︵ᠵᠢᠷᠭᠤᠭ᠎ᠠ︶ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢ ᠬᠤᠪᠢᠷᠠᠭᠤᠯᠬᠤ ᠪᠠᠷ ᠭᠤᠤᠯᠳᠠᠯᠭ᠎ᠠ ᠪᠠᠨ ᠪᠤᠯᠭᠠᠵᠦ᠂ | ᠵᠠᠰᠠᠭ ᠤᠨ ᠤᠷᠳᠤᠨ ᠤ ᠳᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠬᠦᠭᠵᠢᠯᠳᠠ ᠶᠢᠨ ᠪᠠᠶᠢᠳᠠᠯ ᠤᠨ | ᠰᠢᠨ᠎ᠡ ᠬᠤᠪᠢᠷᠠᠯᠳᠠ ᠪᠤᠯᠤᠨ ᠠᠷᠠᠳ ᠤᠯᠠᠨ ᠤ ᠬᠦᠰᠠᠯ ᠨᠠᠶᠢᠳᠠᠯᠭ᠎ᠠ ᠳᠤ ᠨᠠᠶᠢᠴᠠᠬᠦᠯᠬᠦ ᠶᠢᠨ ᠳᠦᠯᠦᠬᠡ᠂ ᠵᠠᠰᠠᠭ ᠤᠨ | ᠤᠷᠳᠤᠨ ᠤ ᠳᠤᠰ ᠪᠠᠶ᠎ᠠ ᠶᠢᠨ ᠪᠠᠶᠢᠭᠤᠯᠤᠯᠳᠠ ᠶᠢ ᠬᠦᠭᠵᠢᠯᠳᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ | ᠬᠦᠭᠵᠢᠯᠳᠠ ᠶᠢᠨ ᠬᠢᠷᠢ ᠳᠦᠪᠰᠢᠨ ᠢᠶᠠᠨ ᠳᠡᠬᠡᠭᠰᠢᠯᠡᠬᠦᠯᠬᠦ ᠴᠢᠬᠤᠯᠠ ᠠᠷᠭ᠎ᠠ ᠪᠠᠷᠢᠯ ᠪᠤᠯᠭᠠᠨ᠂ ᠠᠷᠠᠳ ᠳᠦᠮᠡᠨ ᠤ | ᠰᠠᠳᠬᠢᠯ ᠬᠠᠨᠤᠮᠵᠢᠳᠠᠢ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠪᠠᠷ ᠴᠢᠷᠮᠡᠶᠢᠨ᠎ᠠ᠃ | — — ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ | ᠤᠨ ᠬᠠᠤᠯᠢ ᠪᠠᠷ ᠬᠢᠨᠠᠯᠳᠠ ᠳᠠᠯᠪᠢᠬᠤ ᠪᠠ ᠤᠯᠤᠰ ᠳᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ | ᠳᠠᠯᠪᠢᠬᠤ᠂ ᠰᠤᠨᠢᠨ ᠮᠡᠳᠡᠭᠡ᠂ ᠶᠠᠷᠢᠶ᠎ᠠ ᠬᠡᠯᠡᠯᠴᠡᠬᠡᠨ ᠤ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠠᠵᠦ᠂ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ | ᠳᠤᠭᠳᠠᠭᠠᠯ ᠰᠢᠢᠳᠪᠦᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠠᠷᠠᠳ ᠤᠨ ᠳᠦᠯᠦᠬᠡᠯᠡᠭᠴᠢᠳ ᠤᠨ ᠰᠠᠨᠠᠯ | ᠪᠤᠯᠤᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠤᠨ ᠳᠤᠷᠠᠳᠤᠯᠭ᠎ᠠ ᠶᠢ ᠴᠠᠭ ᠳᠤᠬᠠᠢ ᠳᠤᠨᠢ ᠬᠦᠯᠢᠶᠠᠨ | ᠰᠢᠢᠳᠪᠦᠷᠢᠯᠡᠨ᠎ᠠ᠃ ᠬᠠᠤᠯᠢ ᠳᠤ ᠳᠤᠭᠳᠠᠭᠰᠠᠨ ᠡᠷᠬᠡ ᠶᠢᠨ ᠬᠢᠵᠠᠭᠠᠷᠯᠠᠯ ᠪᠠ ᠳᠠᠰ ᠳᠠᠷᠠᠭᠠᠯᠠᠯ ᠶᠤᠰᠤᠭᠠᠷ ᠵᠠᠰᠠᠭ | ᠵᠠᠬᠢᠷᠭᠠᠨ ᠤ ᠡᠷᠬᠡ ᠪᠠᠨ ᠬᠡᠷᠡᠭᠵᠢᠬᠦᠯᠬᠦ ᠶᠢ ᠴᠢᠩᠭ᠎ᠠ ᠪᠠᠷᠢᠮᠳᠠᠯᠠᠨ᠎ᠠ᠃ ᠵᠠᠰᠠᠭ ᠤᠨ ᠤᠷᠳᠤᠨ ᠤ ᠴᠢᠬᠤᠯᠠ ᠶᠡᠭᠡ | ᠰᠢᠢᠳᠪᠦᠷᠢᠳᠦ ᠪᠤᠳᠤᠯᠭ᠎ᠠ ᠶᠢᠨ ᠬᠡᠷᠡᠴᠢᠯᠠᠯᠳᠠ ᠰᠤᠨᠤᠰᠬᠤ ᠳᠦᠷᠢᠮ᠂ ᠴᠢᠬᠤᠯᠠ ᠬᠡᠷᠡᠭ ᠶᠠᠪᠤᠳᠠᠯ ᠤᠨ ᠨᠠᠶᠢᠳᠠᠯᠠᠯᠳᠠ | ᠶᠢᠨ ᠳᠦᠷᠢᠮ᠂ ᠭᠤᠤᠯᠳᠠᠯᠭ᠎ᠠ ᠲᠠᠢ ᠠᠵᠢᠯ ᠤᠨ ᠮᠡᠳᠡᠬᠦᠯᠦᠯᠳᠠ ᠶᠢᠨ ᠳᠦᠷᠢᠮ ᠢ ᠬᠦᠠᠵᠡᠬᠡᠢ ᠬᠡᠷᠡᠭᠵᠢᠬᠦᠯᠵᠦ᠂ ᠤᠯᠠᠨ | ᠳᠦᠮᠡᠨ ᠤ ᠪᠠᠶᠢᠳᠠᠯ ᠢ ᠦᠢᠯᠭᠠᠬᠤ ᠡᠷᠬᠡ᠂ ᠵᠠᠰᠠᠭ ᠲᠤ ᠤᠷᠤᠯᠴᠠᠬᠤ ᠡᠷᠬᠡ ᠪᠤᠯᠤᠨ ᠬᠢᠨᠠᠯᠳᠠ ᠳᠠᠯᠪᠢᠬᠤ ᠡᠷᠬᠡ ᠶᠢ | ᠪᠠᠳᠤᠯᠠᠵᠦ᠂ ᠵᠠᠰᠠᠭ ᠤᠨ ᠤᠷᠳᠤᠨ ᠤ ᠰᠢᠠᠵᠢᠯᠡᠬᠦ ᠤᠬᠠᠭᠠᠠᠴᠢ ᠪᠠᠷ ᠰᠢᠢᠳᠪᠦᠷᠢᠳᠦ ᠪᠤᠳᠤᠯᠭ᠎ᠠ ᠳᠤᠭᠳᠠᠭᠠᠬᠤ | ᠴᠢᠳᠠᠪᠦᠷᠢ ᠪᠠᠨ ᠳᠠᠰᠤᠷᠠᠯᠳᠠ ᠦᠬᠡᠢ ᠳᠡᠭᠡᠭᠰᠢᠯᠡᠬᠦᠯᠦᠨ᠎ᠠ᠃ | — — ᠰᠢᠠᠵᠢᠯᠡᠬᠦ ᠤᠬᠠᠭᠠᠠᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠰᠤᠷᠤᠯᠴᠠᠯᠭ᠎ᠠ ᠶᠢ ᠴᠠᠭ ᠦᠷᠬᠦᠯᠵᠢ | ᠳᠤᠪᠤᠶᠢᠮ᠎ᠠ ᠪᠠᠶᠢᠷᠢᠨ ᠳᠤ ᠳᠠᠯᠪᠢᠵᠦ᠂ ᠰᠢᠨ᠎ᠠ ᠮᠡᠳᠡᠯᠬᠡ ᠶᠢ ᠰᠤᠷᠤᠯᠴᠠᠬᠤ᠂ ᠰᠢᠨ᠎ᠠ ᠪᠠᠶᠢᠳᠠᠯ ᠢ ᠰᠤᠳᠤᠯᠬᠤ᠂ ᠰᠢᠨ᠎ᠡ | ᠳᠤᠷᠰᠢᠯᠭ᠎ᠠ ᠶᠢ ᠬᠤᠷᠠᠮᠳᠤᠭᠤᠯᠬᠤ ᠶᠢ ᠴᠢᠩᠭᠠᠳᠬᠠᠵᠦ᠂ ᠴᠠᠭ ᠤᠨ ᠪᠠᠶᠢᠳᠠᠯ ᠳᠤ ᠰᠢᠠᠵᠢᠯᠡᠬᠦ ᠤᠬᠠᠭᠠᠠᠴᠢ ᠪᠠᠷ | ᠵᠠᠳᠠᠯᠤᠯᠳᠠ ᠬᠢᠵᠦ᠂ ᠪᠤᠳᠤᠯᠢᠶᠠᠠᠳᠠᠢ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠬᠦᠯᠦᠨ᠎ᠠ᠃ ᠨᠠᠩ | ᠦᠡᠳᠦᠷ ᠳᠦᠪᠰᠢᠨ ᠳᠤ ᠦᠵᠠᠯ ᠰᠠᠨᠠᠭ᠎ᠠ ᠪᠠᠨ ᠴᠢᠯᠦᠬᠡᠯᠡᠬᠦ ᠶᠢ ᠪᠠᠷᠢᠮᠳᠠᠯᠠᠨ᠂ ︽ᠨᠠᠩ ᠰᠠᠶᠢᠨ ᠨᠠᠩ ᠳᠦᠷᠬᠡᠨ ᠤ | ᠳᠤᠬᠠᠢ ᠠᠭᠤᠯᠬᠤᠨ ᠪᠠ ᠱᠠᠭᠠᠷᠳᠠᠯᠭ᠎ᠠ ᠶᠢ ᠬᠦᠠᠵᠡᠬᠡᠢ ᠰᠠᠳᠬᠢᠵᠦ︾᠂ ᠰᠢᠠᠵᠢᠯᠡᠬᠦ ᠤᠬᠠᠭᠠᠠᠴᠢ ᠬᠦᠭᠵᠢᠯᠳᠠ ᠳᠤ | ᠳᠤᠬᠢᠷᠠᠯᠴᠠᠬᠤ ᠦᠬᠡᠢ ᠦᠵᠡᠯᠳᠠ ᠳᠠᠨᠢᠯᠳᠠ ᠶᠢ ᠬᠤᠪᠢᠷᠠᠭᠤᠯᠬᠤ ᠳᠡᠬᠡᠷ᠎ᠡ ᠬᠦᠴᠦ ᠳᠠᠯᠪᠢᠵᠦ᠂ ᠰᠢᠠᠵᠢᠯᠡᠬᠦ | ᠤᠬᠠᠭᠠᠠᠴᠢ ᠪᠠᠷ ᠬᠦᠭᠵᠢᠬᠦᠯᠬᠦ ᠶᠢ ᠨᠦᠯᠦᠬᠡᠯᠡᠬᠦ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠦᠭᠵᠢᠯᠳᠠ ᠶᠢᠨ | ᠠᠵᠠ ᠳᠤᠬᠢᠶᠠᠯ ᠢ ᠡᠵᠡᠮᠳᠡᠬᠦ ᠳᠡᠭᠡᠨ ᠴᠢᠳᠠᠮᠠᠭᠠᠢ᠂ ᠬᠦᠭᠵᠢᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠳᠠᠯ᠎ᠠ ᠪᠠᠷ | ᠰᠢᠨ᠎ᠠ ᠠᠷᠭ᠎ᠠ ᠵᠠᠮ ᠢ ᠰᠦᠪᠡᠭᠴᠢᠯᠡᠵᠦ᠂ ᠬᠦᠭᠵᠢᠯᠳᠠ ᠶᠢᠨ ᠰᠠᠭᠤᠷᠢ ᠶᠢ ᠤᠯᠠᠮ ᠪᠠᠳᠤᠳᠬᠠᠵᠦ᠂ ᠬᠦᠭᠵᠢᠯᠳᠠ ᠶᠢᠨ | ᠳᠦᠪᠰᠢᠨ ᠳᠤ ᠰᠢᠨ᠎ᠡ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ | — — ᠦᠠᠳᠦᠷ ᠠᠰᠢᠭᠯᠠᠮᠵᠢ ᠲᠠᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠵᠠᠰᠠᠭ ᠤᠨ ᠤᠷᠳᠤᠨ ᠤ | ᠪᠠᠶᠢᠭᠤᠯᠤᠮᠵᠢ ᠶᠢᠨ ᠦᠬᠡᠷᠡᠴᠢᠯᠠᠯᠳᠠ ᠶᠢ ᠳᠦᠷᠬᠡᠳᠬᠡᠵᠦ᠂ ᠠᠵᠢᠯ ᠤᠨ ᠴᠢᠳᠠᠪᠬᠢ ᠶᠢ ᠬᠤᠪᠢᠷᠠᠭᠠᠵᠦ᠂ | ᠦᠢᠯᠡᠴᠢᠯᠡᠬᠡᠨ ᠤ ᠶᠠᠰᠤ ᠴᠢᠨᠠᠷ ᠪᠤᠯᠤᠨ ᠬᠢᠷᠢ ᠳᠦᠪᠰᠢᠨ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠦᠨ᠎ᠠ᠃ ᠵᠠᠰᠠᠭ | ᠤᠨ ᠤᠷᠳᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠯ ᠤᠨ ᠳᠦᠷᠢᠮ ᠤᠨ ᠦᠬᠡᠷᠡᠴᠢᠯᠠᠯᠳᠠ ᠶᠢ | ᠬᠦᠠᠵᠡᠬᠡᠶᠢᠷᠠᠬᠦᠯᠦᠨ᠂ ᠭᠠᠷ ᠬᠦᠢᠴᠠᠳᠬᠡᠯ ᠢ ᠴᠤᠮᠬᠠᠳᠬᠠᠨ᠂ ᠠᠵᠢᠯ ᠤᠨ ᠦᠷ᠎ᠠ ᠠᠰᠢᠭ ᠢᠶᠠᠨ ᠳᠡᠬᠡᠭᠰᠢᠯᠡᠬᠦᠯᠦᠨ᠎ᠠ᠃ | ᠡᠯᠧᠺᠲᠷᠤᠠᠴᠢᠯᠡᠭᠰᠡᠨ ᠵᠠᠰᠠᠭ ᠤᠨ ᠶᠠᠪᠤᠳᠠᠯ ᠤᠨ ᠪᠠᠶᠢᠭᠤᠯᠤᠯᠳᠠ ᠶᠢ ᠳᠦᠷᠬᠡᠳᠬᠡᠵᠦ᠂ ᠳᠤᠤᠷ ᠰᠦᠯᠵᠢᠶᠠᠨ ᠳᠡᠬᠡᠷᠠᠬᠢ | ᠬᠢᠨᠠᠨ ᠵᠦᠪᠰᠢᠶᠠᠷᠠᠯ ᠪᠤᠯᠤᠨ ᠡᠯᠧᠺᠲᠷᠤᠠᠴᠢᠯᠡᠭᠰᠡᠨ ᠬᠢᠨᠠᠨ ᠪᠠᠶᠢᠴᠠᠭᠠᠯᠳᠠ ᠶᠢ ᠠᠬᠢᠭᠤᠯᠤᠨ᠎ᠠ᠃ ᠬᠤᠷᠠᠯ ᠪᠤᠯᠤᠨ | ᠠᠯᠪᠠᠨ ᠪᠢᠴᠢᠭ ᠢ ᠤᠯᠠᠮ ᠨᠢᠬᠡ ᠠᠯᠬᠤᠮ ᠴᠦᠬᠡᠳᠬᠡᠵᠦ᠂ ᠡᠯ᠎ᠡ ᠵᠦᠢᠯ ᠤᠨ ᠪᠠᠶᠢᠴᠠᠭᠠᠨ ᠰᠢᠯᠭᠠᠷᠠᠭᠤᠯᠬᠤ | ᠠᠵᠢᠯᠯᠠᠭ᠎ᠠ ᠢ ᠬᠡᠮᠵᠢᠶᠠᠯᠠᠨ ᠬᠤᠷᠢᠭᠯᠠᠨ᠎ᠠ᠃ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠪᠠᠶᠢᠩᠭᠤ ᠶᠢᠨ ᠵᠤᠬᠢᠴᠠᠮᠵᠢ | ᠶᠢ ᠪᠠᠶᠢᠭᠤᠯᠤᠨ ᠪᠦᠷᠢᠠᠰᠢᠬᠦᠯᠵᠦ᠂ ᠤᠠᠴᠠᠭᠠᠶᠢᠯᠠᠨ ᠬᠦᠭᠵᠢᠯᠳᠠ ᠶᠢᠨ ᠪᠦᠬᠦ ᠳᠠᠯ᠎ᠠ ᠳᠤ ᠬᠤᠯᠪᠤᠭᠳᠠᠬᠤ ᠴᠢᠬᠤᠯᠠ | ᠶᠠᠪᠤᠳᠠᠯ ᠳᠤ ᠵᠤᠷᠢᠭᠳᠠᠢ ᠪᠠᠷ ᠰᠢᠨ᠎ᠠ ᠶᠢ ᠡᠬᠦᠳᠴᠤ᠂ ᠬᠦᠴᠢᠷ ᠢ ᠳᠣᠭᠤᠯᠣᠨ᠂ ᠨᠠᠶᠢᠳᠠᠪᠤᠷᠢᠵᠢᠭᠤᠯᠬᠤ ᠶᠢ | ᠪᠠᠳᠤᠯᠠᠵᠦ᠂ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠡᠷᠡᠭᠵᠢᠬᠦᠯᠬᠦ ᠬᠦᠴᠦᠨ ᠪᠤᠯᠤᠨ ᠤᠯᠠᠨ ᠨᠠᠶᠢᠳᠠ ᠶᠢ | ᠢᠳᠡᠬᠡᠬᠦᠯᠬᠦ ᠬᠦᠴᠦᠨ ᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠠ᠃ | — — ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠤᠳᠤᠷᠢᠳᠬᠤ ᠺᠠᠳᠠᠷ ᠤᠨ ᠠᠷᠢᠭᠤᠨ ᠴᠢᠬᠡᠴᠢ | ᠪᠠᠷ ᠦᠪᠡᠷ ᠢ ᠪᠠᠨ ᠱᠠᠭᠠᠷᠳᠠᠬᠤ ᠳᠦᠷᠢᠮ ᠳᠤᠭᠳᠠᠭᠠᠯ ᠢ ᠴᠢᠩᠭ᠎ᠠ ᠬᠡᠷᠡᠭᠵᠢᠬᠦᠯᠦᠨ᠂ ᠵᠠᠩᠬᠢᠯᠠᠭ᠎ᠠ ᠶᠢᠨ ᠠᠵᠢᠯ ᠤᠨ | ᠪᠠᠶᠢᠷᠢ ᠪᠤᠯᠤᠨ ᠵᠠᠩᠬᠢᠯᠠᠭ᠎ᠠ ᠶᠢᠨ ᠭᠤᠭᠴᠤᠭᠠᠨ ᠳᠤ ᠠᠰᠠᠭᠤᠳᠠᠯ ᠭᠠᠷᠬᠤ ᠶᠢ ᠰᠠᠷᠬᠡᠶᠢᠯᠡᠵᠦ᠂ ᠭᠠᠵᠠᠷ ᠰᠢᠷᠦᠢ ᠶᠢᠨ | ᠬᠢᠨᠠᠨ ᠵᠦᠪᠰᠢᠶᠠᠷᠠᠯ᠂ ᠡᠬᠢ ᠪᠠᠶᠠᠯᠢᠭ ᠤᠨ ᠳᠤᠬᠢᠷᠠᠭᠤᠯᠤᠯᠳᠠ᠂ ᠢᠠᠵᠧᠨᠧᠷᠢᠩ ᠤᠨ ᠪᠦᠳᠦᠬᠡᠨ ᠪᠠᠶᠢᠭᠤᠯᠤᠯᠳᠠ᠂ | ᠵᠠᠰᠠᠭ ᠤᠨ ᠤᠷᠳᠤᠨ ᠠᠴᠠ ᠬᠤᠳᠠᠯᠳᠤᠨ ᠠᠪᠬᠤ᠂ ᠪᠡᠯᠡ ᠮᠦᠩᠬᠦ ᠶᠢᠨ ᠳᠤᠬᠢᠷᠠᠭᠤᠯᠤᠯᠳᠠ ᠶᠢᠨ ᠳᠠᠯ᠎ᠠ ᠪᠠᠷ ᠬᠢ | ᠬᠠᠮᠢᠶᠠᠷᠤᠯᠳᠠ ᠶᠢ ᠭᠤᠤᠯᠳᠠᠯᠭ᠎ᠠ ᠲᠠᠢ ᠪᠠᠷ ᠠᠳᠬᠤᠨ᠎ᠠ᠃ ᠬᠢᠨᠠᠨ ᠪᠠᠶᠢᠴᠠᠭᠠᠬᠤ ᠪᠠ ᠬᠢᠨᠠᠨ ᠪᠤᠳᠤᠯᠳᠠ ᠪᠠᠷ ᠬᠢᠨᠠᠯᠳᠠ | ᠳᠠᠯᠪᠢᠬᠤ ᠳᠦᠷᠢᠮ ᠢ ᠴᠢᠩᠭ᠎ᠠ ᠬᠡᠷᠡᠭᠵᠢᠬᠦᠯᠦᠨ᠂ ᠡᠷᠬᠡ ᠶᠢᠨ ᠬᠡᠷᠡᠭᠵᠢᠬᠦᠯᠦᠯᠳᠠ ᠶᠢᠨ ᠡᠵᠡᠮᠰᠢᠯ ᠬᠢᠵᠠᠭᠠᠷᠯᠠᠯ ᠢ | ᠤᠯᠠᠮ ᠴᠢᠩᠭᠠᠳᠬᠠᠨ᠂ ᠡᠯ᠎ᠡ ᠵᠦᠢᠯ ᠤᠨ ᠬᠠᠤᠯᠢ ᠳᠦᠷᠢᠮ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠠᠨ᠎ᠠ᠃ ᠠᠵᠢᠯᠴᠢ ᠠᠷᠪᠢᠴᠢ ᠪᠠᠷ ᠠᠯᠪᠠᠯᠠᠬᠤ ᠶᠢ ᠪᠠᠷᠢᠮᠳᠠᠯᠠᠵᠦ᠂ ᠵᠠᠰᠠᠭ ᠵᠠᠬᠢᠷᠭᠠᠨ ᠤ ᠦᠷᠳᠡᠭ ᠢ | ᠳᠤᠭᠤᠭᠰᠢᠯᠠᠭᠤᠯᠬᠤ ᠪᠠᠷ ᠴᠢᠷᠮᠠᠶᠢᠨ᠎ᠠ᠃ | ᠳᠦᠯᠦᠬᠡᠯᠡᠭᠴᠢᠳ ᠡ᠂ ᠦᠩᠬᠡᠷᠡᠭᠰᠡᠨ ᠢᠶᠠᠨ ᠡᠷᠬᠢᠴᠡᠬᠦᠯᠬᠦ ᠳᠤ ᠰᠠᠳᠬᠢᠯ ᠳᠦᠬᠦᠷᠡᠩ᠂ ᠢᠷᠡᠬᠡᠳᠦᠢ ᠪᠠᠨ ᠪᠠᠷᠠᠯᠠᠬᠤ | ᠳᠤ ᠢᠳᠡᠬᠡᠯ ᠳᠠᠬᠦᠯᠳᠡᠷ ᠪᠠᠶᠢᠨ᠎ᠠ᠃ ᠰᠢᠨ᠎ᠡ ᠵᠠᠭᠤᠨ ᠤ ᠡᠬᠢᠨ ᠤ ᠠᠷᠪᠠᠨ ᠵᠢᠯ ᠳᠤ ᠳᠠᠯᠪᠢᠭᠰᠠᠨ ᠪᠠᠳᠦ ᠪᠠᠬᠢ | ᠰᠠᠭᠤᠷᠢ ᠨᠢ ᠳᠠᠷᠠᠭᠠᠴᠢ ᠶᠢᠨ ᠳᠠᠪᠤᠨ ᠵᠢᠯ ᠤᠨ ᠬᠦᠭᠵᠢᠯᠳᠠ ᠳᠤ ᠨᠠᠩ ᠶᠡᠭᠡ ᠳᠦᠯᠬᠢᠴᠠ ᠦᠢᠯᠡᠳᠦᠯ ᠦᠵᠡᠬᠦᠯᠬᠦ ᠨᠢ | ᠳᠠᠮᠵᠢᠭ ᠦᠬᠡᠢ ᠶᠤᠮ᠃ ᠪᠢᠳᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠪᠠ ᠤᠯᠤᠰ ᠳᠦᠷᠦ ᠶᠢᠨ ᠵᠦᠪᠯᠡᠯᠬᠡᠨ ᠤ ᠬᠢᠨᠠᠯᠳᠠ ᠪᠤᠯᠤᠨ | ᠳᠡᠮᠵᠢᠯᠬᠡ ᠳᠤᠤᠷ᠎ᠠ᠂ ᠪᠦᠬᠦ ᠬᠤᠰᠢᠭᠤᠨ ᠤ ᠦᠠᠳᠦᠰᠦᠳᠠᠨ ᠨᠦᠭᠦᠳ ᠤᠨ ᠺᠠᠳᠠᠷ ᠤᠯᠠᠨ ᠳᠦᠮᠡᠡ ᠤ ᠬᠠᠮᠳᠦ ᠶᠢᠨ | ᠴᠢᠷᠮᠠᠶᠢᠯᠭ᠎ᠠ ᠳᠤᠤᠷ᠎ᠠ᠂ ᠨᠢᠬᠡ ᠰᠠᠳᠬᠢᠯ ᠨᠢᠬᠡ ᠵᠤᠷᠢᠭ ᠢᠶᠠᠷ ᠡᠷᠡᠯᠭᠡᠭᠯᠡᠨ ᠳᠡᠮᠡᠴᠡᠵᠦ᠂ ᠤᠷᠬᠢᠯᠤᠮ᠎ᠠ ᠬᠠᠯᠠᠭᠤᠨ | ᠰᠠᠳᠬᠢᠯᠬᠡ᠂ ᠪᠤᠳᠠᠳᠠᠢ ᠶᠢ ᠡᠷᠬᠢᠮᠯᠠᠬᠦ ᠰᠤᠷᠳᠠᠯ᠂ ᠬᠢᠯᠠᠯᠵᠠᠭᠰᠠᠨ ᠠᠵᠢᠯ ᠤᠨ ᠠᠮᠵᠢᠯᠳᠠ ᠪᠠᠷ ᠢᠶᠠᠨ ᠬᠤᠰᠢᠭᠤ | ᠨᠤᠳᠤᠭ ᠤᠨ ᠢᠶᠠᠨ ᠠᠵᠦ ᠠᠬᠤᠢ ᠨᠡᠶᠢᠬᠡᠮ ᠤᠨ ᠨᠠᠩ ᠰᠠᠶᠢᠨ ᠨᠠᠩ ᠳᠦᠷᠬᠡᠨ ᠬᠦᠭᠵᠢᠯᠳᠠ ᠪᠠᠨ ᠪᠢᠴᠢᠭᠯᠡᠶ᠎ᠠ᠃ |