ᠵᠠᠰᠠᠭ ᠤᠨ ᠤᠷᠳᠤᠨ ᠤ ᠠᠵᠢᠯ ᠤᠨ ᠢᠯᠡᠳᠭᠡᠯ | | —— 2013 ᠤᠨ ᠤ 1 ᠰᠠᠷ᠎ᠠ ᠶᠢᠨ 6 ᠤ ᠡᠳᠤᠷ | ᠠᠪᠠᠭ᠎ᠠ ᠬᠤᠰᠢᠭᠤᠨ ᠤ ᠠᠷᠪᠠᠨ ᠲᠥᠷᠪᠡᠳᠤᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠣᠬᠡᠷ ᠤᠳᠠᠭᠠᠨ ᠤ ᠬᠤᠷᠠᠯᠳᠤᠭᠠᠨ ᠲᠡᠬᠡᠷ᠎ᠠ | | ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠲᠠᠷᠤᠭ᠎ᠠ ᠬᠠᠰᠪᠠᠶᠠᠷ | ᠲᠦᠯᠤᠬᠡᠯᠡᠭᠴᠢᠳ ᠡ᠄ | ᠤᠳᠤ ᠪᠢ ᠠᠪᠠᠭ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ | ᠲᠥᠯᠥᠭᠡᠯᠡᠵᠤ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠣᠯᠠᠨ ᠢᠶᠠᠷ ᠢᠶᠠᠨ ᠬᠢᠨᠠᠨ ᠵᠥᠪᠯᠡᠬᠦ ᠪᠤᠯᠪᠠᠤ᠂ | ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠦᠬᠦᠳ ᠰᠠᠨᠠᠯ ᠢᠶᠠᠨ | ᠲᠡᠪᠰᠢᠭᠦᠯᠬᠦ ᠶᠢ ᠬᠦᠰᠠᠶ᠎ᠠ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠥᠯ | 2008 ᠤᠨ ᠠᠴᠠ ᠨᠠᠰᠢ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠨᠢ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ | ᠤᠨᠤᠪᠴᠢᠲᠠᠢ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠤᠯᠤᠨ ᠲᠡᠮᠵᠢᠯᠭᠡ ᠲᠤᠤᠷ᠎ᠠ᠂ | ᠪᠥᠬᠦ ᠬᠤᠰᠢᠭᠤᠨ ᠤ ᠥᠨᠳᠤᠰᠤᠲᠠᠨ ᠨᠦᠭᠦᠳ ᠤᠨ ᠺᠠᠳ᠋ᠷ ᠤᠯᠠᠨ ᠲᠥᠮᠡᠨ ᠢ ᠪᠥᠯᠭᠦᠮᠳᠡᠭᠦᠯᠥᠨ ᠲᠠᠭᠠᠭᠤᠯᠵᠤ᠂ ᠳ᠋ᠧᠩ | ᠰᠢᠶᠤᠤ ᠫᠢᠩ ᠤᠨ ᠤᠨᠤᠯ ᠪᠠ ᠭᠤᠷᠪᠠ ᠶᠢ ᠲᠥᠯᠥᠭᠡᠯᠡᠭᠦ ᠴᠢᠬᠤᠯᠠ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ | ᠶᠢ ᠪᠠᠷᠢᠮᠲᠠᠯᠠᠨ᠂ ᠰᠢᠨᠵᠢᠯᠡᠭᠦ ᠤᠬᠠᠭᠠᠨᠴᠢ ᠬᠥᠭᠵᠢᠯᠲᠡ ᠶᠢᠨ ᠥᠵᠡᠯᠲᠡ ᠶᠢ ᠬᠥᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠡᠳᠬᠢᠴᠡ ᠪᠠᠨ ᠢᠳᠡᠪᠬᠢᠲᠠᠢ ᠪᠠᠷ ᠪᠦᠷᠢᠡᠰᠢᠬᠦᠯᠵᠤ᠂ ᠬᠦᠭᠵᠢᠯᠳᠠ ᠶᠢᠨ | ᠠᠷᠭ᠎ᠠ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠲᠥᠷᠭᠡᠳᠭᠡᠨ᠂ ᠭᠠᠳᠠᠭᠰᠢ ᠨᠠᠬᠡᠬᠡᠯᠳᠠ ᠬᠢᠬᠦ ᠪᠠᠨ | ᠦᠷᠬᠡᠳᠬᠡᠭᠰᠡᠨ ᠠᠴᠠ ᠪᠦᠬᠦ ᠬᠤᠰᠢᠭᠤᠨ ᠤ ᠠᠵᠤ ᠠᠬᠤᠢ ᠡᠷᠡᠬᠦᠯ ᠢᠶᠠᠷ ᠬᠦᠭᠵᠢᠵᠤ᠂ ᠠᠮᠢ ᠠᠬᠤᠢ ᠨᠢ ᠰᠡᠷᠬᠦᠵᠤ᠂ | ᠠᠷᠡᠳ ᠤᠨ ᠠᠮᠢᠳᠤᠷᠡᠯ ᠦᠷᠬᠦᠯᠵᠢᠯᠡᠨ ᠰᠠᠶᠢᠵᠢᠷᠠᠵᠤ᠂ ᠰᠤᠶᠤᠯ ᠴᠡᠴᠡᠭᠯᠡᠨ ᠬᠦᠭᠵᠢᠵᠤ᠂ ᠦᠡᠳᠤᠰᠤᠳᠠᠨ ᠨᠦᠭᠦᠳ | ᠤᠨ ᠠᠷᠡᠳ ᠲᠦᠮᠡᠨ ᠡᠶ᠎ᠡ ᠡᠪᠳᠡᠢ ᠪᠦᠯᠬᠦᠮᠳᠠᠨ ᠨᠢᠭᠳᠠᠷᠠᠯᠴᠠᠵᠤ᠂ ᠬᠢᠯᠢ ᠬᠢᠵᠠᠭᠠᠷ ᠠᠮᠤᠷ ᠲᠤᠭᠳᠠᠭᠤᠨ᠂ ᠨᠠᠶᠢᠬᠡᠮ | ᠪᠦᠬᠦ ᠲᠠᠯ᠎ᠠ ᠪᠠᠷ ᠤᠷᠤᠭᠰᠢ ᠲᠠᠪᠰᠢᠭᠰᠡᠨ ᠤᠬᠢ ᠰᠠᠶᠢᠨ ᠪᠠᠶᠢᠳᠠᠯ ᠲᠠᠢ ᠪᠤᠯᠤᠭᠰᠡᠨ ᠪᠠᠶᠢᠨ᠎ᠠ᠃ | ︵ᠨᠢᠭᠡ︶ ᠰᠢᠨᠵᠢᠯᠡᠭᠦ ᠤᠬᠠᠭᠠᠨᠴᠢ ᠬᠥᠭᠵᠢᠯᠲᠡ ᠶᠢ ᠪᠠᠷᠢᠮᠲᠠᠯᠠᠨ᠂ ᠭᠠᠵᠡᠷ ᠤᠷᠤᠨ ᠤ ᠶᠡᠷᠥᠩᠭᠡᠶᠢᠯᠡᠭᠰᠡᠨ ᠬᠥᠴᠥᠨ | ᠮᠡᠳᠡᠭᠳᠡᠮ᠎ᠠ ᠴᠢᠩᠭᠠᠷᠡᠪᠠ᠃ ᠲᠦᠰᠤᠪᠯᠡᠨ ᠪᠤᠳᠤᠪᠠᠯ᠂ 2012 ᠤᠨ ᠤ ᠪᠥᠬᠦ ᠬᠤᠰᠢᠭᠤᠨ ᠤ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠲᠡᠭ 48.2 ᠳ᠋ᠥᠩᠰᠢᠭᠤᠷ ᠲᠥᠭᠦᠷᠢᠭ ᠲᠤ ᠬᠦᠷᠴᠤ᠂ ᠲᠠᠪᠤᠨ ᠵᠢᠯ ᠳᠤ | ᠲᠤᠮᠳᠠᠴᠢ ᠪᠠᠷ 30.9% ᠪᠠᠷ ᠨᠡᠮᠡᠭᠳᠡᠨ᠎ᠠ᠃ ᠡᠭᠦᠨ ᠳᠤ᠄ ᠨᠢᠭᠡᠳᠤᠭᠡᠷ ᠠᠵᠤ ᠥᠢᠯᠡᠰ ᠤᠨ ᠨᠡᠮᠡᠭᠳᠡᠯ ᠥᠷᠲᠡᠭ 6 | ᠳ᠋ᠥᠩᠰᠢᠭᠤᠷ ᠲᠥᠭᠦᠷᠢᠭ ᠲᠤ ᠬᠦᠷᠴᠤ᠂ ᠵᠢᠯ ᠳᠤ ᠲᠣᠮᠳᠠᠴᠢ ᠪᠠᠷ13.0% ᠪᠠᠷ ᠨᠡᠮᠡᠭᠳᠡᠵᠤ᠂ ᠬᠤᠶᠠᠳᠤᠭᠠᠷ ᠠᠵᠤ | ᠥᠢᠯᠡᠰ ᠤᠨ ᠨᠡᠮᠡᠭᠳᠡᠯ ᠥᠷᠲᠡᠭ 35 ᠳ᠋ᠥᠩᠰᠢᠭᠤᠷ ᠲᠥᠭᠦᠷᠢᠭ ᠲᠤ ᠬᠦᠷᠴᠤ᠂ ᠵᠢᠯ ᠳᠤ ᠲᠤᠮᠲᠠᠴᠢ ᠪᠠᠷ 44.2% | ᠪᠠᠷ ᠨᠡᠮᠡᠭᠳᠡᠨ᠂ ᠭᠤᠷᠪᠠᠳᠤᠭᠠᠷ ᠠᠵᠤ ᠥᠢᠯᠡᠰ ᠤᠨ ᠨᠡᠮᠡᠭᠳᠡᠯ ᠥᠷᠲᠡᠭ 7.2 ᠳ᠋ᠥᠩᠰᠢᠭᠤᠷ ᠲᠥᠭᠦᠷᠢᠭ ᠲᠤ | ᠬᠦᠷᠴᠤ᠂ ᠵᠢᠯ ᠳᠤ ᠲᠤᠮᠲᠠᠴᠢ ᠪᠠᠷ14.2% ᠪᠠᠷ ᠨᠡᠮᠡᠭᠳᠡᠬᠦ ᠪᠤᠯᠤᠨ᠎ᠠ᠃ ᠲᠠᠪᠤᠨ ᠵᠢᠯ ᠳᠤ ᠲᠤᠭᠲᠠᠮᠠᠯ ᠬᠥᠷᠥᠩᠭᠡ | ᠶᠢᠨ ᠪᠡᠯᠡ ᠤᠷᠤᠭᠤᠯᠤᠯᠲᠠ ᠶᠢ 197.2 ᠳ᠋ᠥᠩᠰᠢᠭᠤᠷ ᠲᠥᠭᠦᠷᠢᠭ ᠲᠤ ᠬᠦᠷᠬᠡᠨ᠂ ᠥᠩᠭᠡᠷᠡᠭᠰᠡᠨ ᠲᠠᠪᠤᠨ ᠵᠢᠯ | ᠠᠴᠠ ᠪᠠᠨ 4 ᠲᠠᠬᠢᠨ ᠪᠤᠯᠵᠤ᠂ ᠡᠳ᠋ ᠤᠨ ᠵᠠᠰᠠᠭ ᠤᠨ ᠶᠡᠷᠥᠩᠭᠡᠢ ᠤᠷᠤᠯᠭ᠎ᠠ ᠨᠢ 3.1 ᠳ᠋ᠥᠩᠰᠢᠭᠤᠷ ᠲᠥᠭᠦᠷᠢᠭ | ᠲᠤ ᠬᠦᠷᠴᠤ᠂ ᠵᠢᠯ ᠪᠦᠷᠢ ᠲᠤᠮᠲᠠᠴᠢ ᠪᠠᠷ 24.5% ᠪᠠᠷ ᠨᠡᠮᠡᠭᠳᠡᠨ᠂ ᠬᠤᠳᠠ ᠪᠠᠯᠭᠠᠰᠤᠨ ᠤ ᠰᠠᠭᠤᠭᠠᠯᠢ ᠠᠷᠡᠳ | ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 20200 ᠲᠦᠬᠦᠷᠢᠭ ᠲᠤ ᠬᠦᠷᠬᠡᠨ᠂ ᠵᠢᠯ ᠪᠦᠷᠢ | ᠲᠤᠮᠳᠠᠴᠢ ᠪᠠᠷ 16.9% ᠪᠠᠷ ᠨᠡᠮᠡᠭᠳᠡᠵᠤ᠂ ᠮᠠᠯᠴᠢᠳ ᠤᠨ ᠲᠤᠮᠳᠠᠴᠢ ᠴᠠᠪᠠᠷ ᠤᠷᠤᠯᠭ᠎ᠠ 13780 ᠲᠦᠬᠦᠷᠢᠭ | ᠲᠤ ᠬᠦᠷᠴᠤ᠂ ᠵᠢᠯ ᠪᠦᠷᠢ ᠲᠤᠮᠳᠠᠴᠢ ᠪᠠᠷ 19.9% ᠪᠠᠷ ᠨᠡᠮᠡᠭᠳᠡᠬᠦ ᠪᠤᠯᠤᠨ᠎ᠠ᠃ ᠨᠡᠶᠢᠭᠡᠮ ᠤᠨ ᠬᠡᠷᠡᠭᠯᠡᠭᠡᠨ ᠤ | ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠡᠷᠥᠩᠭᠡᠢ ᠬᠡᠮᠵᠢᠶ᠎ᠠ ᠨᠢ 7.5 ᠳ᠋ᠥᠩᠰᠢᠭᠤᠷ ᠲᠥᠭᠦᠷᠢᠭ ᠲᠤ ᠬᠦᠷᠴᠤ᠂ | ᠵᠢᠯ ᠪᠦᠷᠢ ᠲᠤᠮᠲᠠᠴᠢ ᠪᠠᠷ 16.5% ᠪᠠᠷ ᠨᠡᠮᠡᠭᠳᠡᠬᠦ ᠪᠤᠯᠤᠨ᠎ᠠ᠃ | ︵ᠬᠤᠶᠠᠷ︶ ᠨᠢᠭᠡᠳᠤᠯᠲᠠᠢ ᠲᠦᠯᠤᠪᠵᠢᠬᠦᠯᠤᠨ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ | ᠶᠢᠨ ᠬᠡᠯᠪᠡᠷᠢ ᠪᠠᠨ ᠬᠤᠪᠢᠷᠠᠭᠤᠯᠬᠤ ᠶᠢ ᠤᠯᠠᠮ ᠴᠢᠨᠠᠭᠰᠢᠲᠠ ᠲᠥᠯᠬᠢᠨ ᠠᠬᠢᠭᠤᠯᠪᠠ ᠃ | ︽ᠪᠠᠯᠴᠢᠬᠡᠷᠯᠡᠬᠦᠯᠤᠨ ᠮᠠᠯᠵᠢᠬᠤ ᠶᠢ ᠪᠠᠭᠠᠰᠬᠠᠬᠤ ᠪᠠᠷ ᠲᠠᠮᠵᠢᠭᠤᠯᠤᠨ ᠪᠡᠯᠴᠢᠭᠡᠷ ᠪᠠᠨ ᠰᠡᠷᠬᠦᠬᠡᠵᠤ᠂ ᠲᠤᠭᠤᠷᠢᠭ | ᠬᠤᠪᠢᠶᠠᠨ ᠰᠡᠯᠭᠦᠨ ᠮᠠᠯᠵᠢᠬᠤ︾ ᠠᠵᠢᠯ ᠢ ᠤᠯᠠᠮ ᠴᠢᠨᠠᠭᠰᠢᠲᠠ ᠲᠥᠯᠬᠢᠨ ᠠᠬᠢᠭᠤᠯᠪᠠ᠃ ︽ᠮᠠᠯ ᠠᠵᠤ ᠠᠬᠤᠢ | ᠪᠠᠷ ᠬᠤᠰᠢᠭᠤ ᠪᠠᠨ ᠲᠤᠭᠳᠠᠪᠤᠷᠢᠵᠢᠭᠤᠯᠬᠤ︾ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ | ᠨᠠᠶᠢᠳᠠᠪᠥᠷᠢᠵᠢᠭᠤᠯᠵᠤ᠂ ︽ᠮᠠᠯᠵᠢᠬᠤ ᠤᠷᠤᠨ᠂ ᠮᠠᠯ ᠠᠵᠤ ᠠᠬᠤᠢ᠂ ᠮᠠᠯᠴᠢᠨ ᠲᠦᠮᠡᠨ︾ ᠤ ᠪᠠᠨ ᠠᠵᠢᠯ① ᠢ | ᠠᠯᠢᠪᠠ ᠠᠵᠢᠯ ᠤᠨ ᠲᠡᠷᠢᠬᠦᠨ ᠪᠠᠶᠢᠷᠢᠨ ᠳᠤ ᠲᠠᠯᠪᠢᠵᠤ᠂ ᠮᠠᠯᠵᠢᠬᠤ ᠤᠷᠤᠨ ᠢᠶᠠᠨ ᠬᠦᠭᠵᠢᠬᠦᠯᠬᠦ᠂ ᠮᠠᠯ ᠠᠵᠤ ᠠᠬᠤᠢ | ᠶᠢ ᠲᠡᠮᠵᠢᠭᠦ᠂ ᠮᠠᠯᠴᠢᠳ ᠲᠠᠭᠠᠨ ᠠᠰᠢᠭ ᠬᠥᠷᠲᠡᠭᠡᠬᠦ ᠡᠯ᠎ᠡ ᠲᠥᠷᠥᠯ ᠤᠨ ᠲᠥᠷᠥ ᠶᠢᠨ ᠪᠤᠳᠤᠯᠭ᠎ᠠ ᠶᠢ ᠪᠥᠬᠦ ᠲᠠᠯ᠎ᠠ | ᠪᠠᠷ ᠨᠠᠶᠢᠳᠠᠪᠤᠷᠢᠵᠢᠭᠤᠯᠪᠠ᠃ ᠨᠢᠭᠡ ᠳᠤ᠂ ᠠᠮᠢ ᠠᠬᠤᠢ ᠶᠢᠨ ᠨᠦᠬᠦᠨ ᠰᠠᠷᠬᠦᠬᠡᠯᠳᠡ ᠶᠢᠨ ᠠᠵᠢᠯ ᠲᠤᠪᠤᠶᠢᠮ᠎ᠠ ᠥᠷ᠎ᠡ | ᠪᠥᠲᠤᠮᠵᠢ ᠲᠠᠢ ᠪᠤᠯᠪᠠ᠃ ᠲᠠᠪᠤᠨ ᠵᠢᠯ ᠤᠨ ᠲᠤᠷᠰᠢ᠂ ᠨᠡᠶᠢᠲᠡ 1.33 ᠳ᠋ᠥᠩᠰᠢᠭᠤᠷ ᠲᠥᠭᠦᠷᠢᠭ ᠤᠨ ᠪᠡᠯᠡ | ᠤᠷᠤᠭᠤᠯᠵᠤ᠂ 216 ᠲᠥᠮᠡᠨ ᠮᠤ᠋ ᠡᠯᠡᠰᠤᠨ ᠤ ᠡᠬᠢ ᠶᠢ ᠵᠠᠰᠠᠨ᠂ ᠮᠠᠯᠵᠢᠬᠤ ᠤᠷᠤᠨ ᠤ 6703 ᠬᠥᠮᠥᠨ ᠠᠮᠨ | ᠶᠢ ᠨᠡᠬᠦᠯᠬᠡᠨ ᠰᠢᠯᠵᠢᠬᠦᠯᠪᠠ᠃ ᠤᠯᠤᠰ ᠤᠨ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠭᠦᠪᠥᠷᠢ ᠶᠢᠨ | ᠵᠤᠬᠢᠴᠠᠮᠵᠢ ᠶᠢᠨ ᠲᠦᠷᠦ ᠶᠢᠨ ᠪᠣᠳᠣᠯᠭ᠎ᠠ② ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠭᠰᠡᠨ ᠪᠠᠶᠢᠨ᠎ᠠ᠃ ᠡᠨ᠋ᠨ ᠨᠢ | ᠮᠠᠨ ᠤ ᠬᠤᠰᠢᠭᠤᠨ ᠤ ᠪᠦᠬᠦ ᠮᠠᠯᠵᠢᠬᠤ ᠡᠷᠤᠬᠡ ᠳᠤ ᠵᠢᠯ ᠪᠤᠯᠭᠠᠨ 9522 ᠲᠦᠮᠡᠨ ᠲᠦᠬᠦᠷᠢᠭ ᠤᠨ ᠠᠰᠢᠭ ᠢ | ᠬᠦᠷᠳᠡᠬᠡᠵᠤ ᠪᠤᠢ᠃ ᠪᠥᠬᠦ ᠬᠤᠰᠢᠭᠤᠨ ᠤ ᠪᠠᠯᠴᠢᠬᠡᠷᠯᠡᠬᠦᠯᠤᠨ ᠮᠠᠯᠵᠢᠬᠤ ᠮᠠᠯ ᠤᠨ ᠶᠡᠷᠥᠩᠭᠡᠢ ᠲᠤᠭ᠎ᠠ 2007 ᠤᠨ | ᠳᠤ 168 ᠲᠥᠮᠡᠨ ᠲᠤᠯᠤᠭᠠᠢ ᠪᠠᠶᠢᠭᠰᠡᠨ ᠠᠴᠠ ᠪᠠᠨ ᠪᠠᠭᠤᠷᠠᠭᠠᠳ ᠨᠢᠳᠤᠨᠤᠨ ᠵᠢᠯ ᠪᠤᠯᠬᠤ ᠳᠤ 146.6 ᠲᠥᠮᠡᠨ | ᠲᠤᠯᠤᠭᠠᠢ ᠪᠤᠯᠵᠤ᠂ ᠬᠤᠨᠢ ᠢᠮᠠᠭᠠᠨ ᠤ ᠲᠤᠭ᠎ᠠ ᠲᠤᠰ ᠲᠤᠰ 15% ᠪᠠ 54% ᠪᠠᠷ ᠬᠠᠰᠤᠭᠳᠠᠪᠠ᠃ ᠲᠠᠪᠤᠨ | ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠥᠬᠦ ᠬᠤᠰᠢᠭᠤᠨ ᠤ ᠤᠷᠭᠤᠮᠠᠯ ᠤᠨ ᠪᠦᠷᠬᠦᠴᠠ ᠶᠢᠨ ᠨᠤᠷᠮ᠎ᠠ③ 41. | 7% ᠠᠴᠠ 54.7% ᠪᠤᠯᠤᠨ ᠨᠡᠮᠡᠭᠳᠡᠵᠤ᠂ ᠨᠤᠳᠤᠭ ᠪᠠᠯᠴᠢᠬᠡᠷ ᠤᠨ ᠮᠤ᠋ ᠪᠦᠷᠢ ᠶᠢᠨ ᠡᠪᠡᠰᠤᠨ ᠤ ᠭᠠᠷᠤᠯᠳᠠ ᠨᠢ | 81.2 ᠺᠢᠯᠦᠭᠷᠡᠮ ᠠᠴᠠ 88.8 ᠺᠢᠯᠦᠭᠷᠡᠮ ᠪᠤᠯᠤᠨ ᠨᠡᠮᠡᠭᠳᠡᠭᠰᠡᠨ ᠪᠠᠶᠢᠨ᠎ᠠ᠃ ᠬᠡᠳᠤᠶᠢᠪᠡᠷ ᠪᠦᠬᠦ ᠬᠤᠰᠢᠭᠤᠨ ᠤ ᠮᠠᠯ | ᠤᠨ ᠲᠤᠭ᠎ᠠ ᠲᠤᠯᠤᠭᠠᠢ ᠬᠠᠰᠤᠭᠳᠠᠭᠰᠡᠨ ᠴᠤ᠂ ᠡᠬᠦᠯᠳᠡᠷ ᠤᠨ ᠪᠦᠳᠤᠴᠠ᠂ ᠰᠦᠷᠦᠭ ᠤᠨ ᠪᠦᠳᠤᠴᠠ ᠳᠤ | ᠰᠢᠡᠵᠢᠯᠡᠬᠦ ᠤᠬᠠᠭᠠᠡᠴᠢ ᠲᠤᠬᠢᠷᠠᠭᠤᠯᠤᠯᠳᠠ ᠬᠢᠭᠰᠡᠨ ᠠᠴᠠ ᠮᠠᠯ ᠤᠨ ᠴᠢᠨᠠᠷ ᠴᠢᠡᠰᠠᠭ᠎ᠠ ᠪᠤᠯᠤᠨ ᠦᠷ᠎ᠠ ᠠᠰᠢᠭ | ᠰᠠᠶᠢᠵᠢᠷᠠᠨ ᠲᠡᠬᠡᠭᠰᠢᠯᠡᠵᠤ᠂ ᠲᠠᠯ᠎ᠠ ᠨᠤᠳᠤᠭ ᠤᠨ ᠠᠮᠢ ᠠᠬᠤᠢ ᠦᠷᠬᠦᠯᠵᠢᠯᠡᠨ ᠰᠡᠷᠬᠦᠨ᠂ ᠮᠠᠯ ᠠᠵᠤ ᠠᠬᠤᠢ ᠶᠢᠨ | ᠦᠢᠯᠡᠳᠪᠤᠷᠢᠯᠡᠯ ᠤᠨ ᠦᠷᠳᠡᠭ ᠪᠤᠯᠤᠨ ᠮᠠᠯᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠵᠠᠢ᠃ ᠬᠤᠶᠠᠷ ᠲᠤ | ᠂ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠪᠠ᠃ ᠠᠮᠢ | ᠠᠬᠤᠢ ᠶᠢ ᠬᠠᠮᠠᠭᠠᠯᠠᠬᠤ᠂ ᠡᠯᠡᠰᠤᠨ ᠤ ᠡᠬᠢ ᠶᠢ ᠵᠠᠰᠠᠬᠤ᠂ ᠲᠠᠷᠢᠶᠠᠯᠠᠩ ᠢ ᠶᠡᠷᠥᠩᠭᠡᠶᠢᠯᠡᠨ ᠨᠡᠭᠡᠭᠡᠨ ᠬᠦᠭᠵᠢᠬᠦᠯᠬᠦ᠂ | ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ᠂ ᠮᠢᠬᠠᠨ ᠤ ᠬᠤᠨᠢᠨ ᠤ ᠠᠵᠤ ᠥᠢᠯᠡᠰᠵᠢᠯᠲᠡ ᠵᠡᠷᠭᠡ ᠤᠯᠤᠰ ᠤᠨ | ᠪᠡᠯᠡ ᠤᠷᠤᠭᠤᠯᠤᠯᠲᠠ ᠶᠢᠨ ᠲᠥᠷᠥᠯ ᠵᠥᠢᠯ ᠢ ᠪᠥᠬᠦ ᠲᠠᠯ᠎ᠠ ᠪᠠᠷ ᠬᠡᠷᠡᠭᠵᠢᠬᠦᠯᠤᠨ᠂ ᠭᠠᠵᠠᠷ ᠤᠷᠤᠨ ᠤ ᠡᠳ᠋ ᠤᠨ | ᠵᠠᠰᠠᠭ ᠠᠴᠠ ᠪᠡᠯᠨ ᠤᠷᠤᠭᠤᠯᠬᠤ ᠪᠠ ᠨᠥᠭᠦᠪᠤᠷᠢ ᠤᠯᠭᠤᠬᠤ ᠠᠵᠢᠯ ᠤᠨ ᠡᠷᠴᠢᠮ ᠢ ᠲᠠᠰᠤᠷᠠᠯᠲᠠ ᠥᠭᠡᠢ | ᠴᠢᠩᠭᠠᠳᠬᠠᠵᠤ᠂ ᠲᠠᠪᠤᠨ ᠵᠢᠯ ᠳᠤ ᠨᠡᠶᠢᠲᠡ 1.1 ᠳ᠋ᠥᠩᠰᠢᠭᠤᠷ ᠲᠥᠭᠦᠷᠢᠭ ᠤᠨ ᠪᠡᠯᠨ ᠤᠷᠤᠭᠤᠯᠤᠨ᠂ 7.22 | ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ ᠬᠤᠷᠤᠭ᠎ᠠ ᠪᠠᠷᠢᠵᠤ᠂ ᠡᠪᠣᠯᠵᠢᠬᠦ ᠮᠠᠯ ᠤᠨ ᠬᠤᠨᠢᠴᠢᠯᠠᠭᠰᠡᠨ | ᠨᠢᠬᠡᠴᠢ ᠪᠦᠷᠢ ᠳᠤ ᠨᠤᠭᠳᠠᠬᠤ ᠲᠠᠯᠠᠪᠠᠢ ᠶᠢ 2007 ᠤᠨ ᠤ 0.4 ᠲᠡᠭᠰᠢ ᠲᠥᠷᠪᠡᠯᠵᠢᠨ ᠮᠧᠲᠷ ᠠᠴᠠ 0.5 | ᠲᠡᠭᠰᠢ ᠲᠥᠷᠪᠡᠯᠵᠢᠨ ᠮᠧᠲᠷ ᠪᠤᠯᠭᠠᠪᠠ︔ 1194 ᠲᠥᠮᠡᠨ ᠮᠤ᠋ ᠨᠤᠳᠤᠭ ᠪᠡᠯᠴᠢᠭᠡᠷ ᠢ ᠨᠠᠮᠠᠵᠤ ᠬᠦᠷᠢᠶᠠᠯᠠᠨ᠂ | ᠨᠤᠳᠤᠭ ᠪᠠᠯᠴᠢᠬᠡᠷ ᠤᠨ 95% ᠠᠴᠠ ᠲᠡᠭᠡᠭᠰᠢᠬᠢ ᠶᠢ ᠨᠢ ᠲᠤᠤᠷᠯᠡᠨ ᠬᠦᠷᠢᠶᠠᠯᠠᠵᠤ᠂ 69.1% ᠶᠢᠨ ᠨᠤᠲᠤᠭ | ᠪᠡᠯᠴᠢᠭᠡᠷ ᠲᠤ ᠲᠤᠭᠤᠷᠢᠭ ᠬᠤᠪᠢᠶᠡᠨ ᠰᠡᠯᠭᠦᠨ ᠮᠠᠯᠵᠢᠬᠤ ᠶᠢ ᠪᠠᠶᠠᠯᠠᠬᠦᠯᠵᠡᠢ᠃ ᠪᠥᠬᠦ ᠬᠤᠰᠢᠭᠤᠨ ᠤ ᠬᠠᠳᠤᠯᠠᠩ ᠤᠨ | ᠶᠡᠷᠥᠩᠭᠡᠢ ᠲᠠᠯᠠᠪᠠᠢ 732 ᠲᠥᠮᠡᠨ ᠮᠤ᠋ ᠳᠤ ᠬᠥᠷᠴᠤ᠂ ᠡᠩ ᠤᠨ ᠵᠢᠯ ᠤᠨ ᠡᠪᠡᠰᠣ ᠬᠠᠳᠤᠵᠤ ᠨᠥᠭᠡᠴᠡᠯᠡᠭᠰᠡᠨ | ᠬᠡᠮᠵᠢᠶ᠎ᠡ 2 ᠳ᠋ᠥᠩᠰᠢᠭᠤᠷ ᠺᠢᠯᠤᠭ᠍ᠷᠠᠮ ᠢ ᠲᠠᠪᠠᠭᠰᠠᠨ ᠪᠠᠶᠢᠨ᠎ᠠ᠃ 3.15 ᠲᠥᠮᠡᠨ ᠲᠡᠭᠰᠢ ᠲᠥᠷᠪᠡᠯᠵᠢᠨ ᠮᠧᠲᠷ ᠤᠨ | ᠡᠪᠡᠰᠤ ᠨᠦᠬᠡᠴᠠᠯᠡᠬᠦ ᠫᠸᠡᠭ ᠪᠠᠷᠢᠵᠤ᠂ 1065 ᠬᠤᠳᠳᠤᠭ ᠮᠠᠯᠳᠠᠨ᠂ ᠬᠥᠮᠥᠨ ᠮᠠᠯ ᠤᠨ ᠤᠰᠤ ᠤᠮᠳ᠋ᠨ ᠶᠢᠨ | ᠠᠰᠠᠭᠤᠳᠠᠯ ᠢ ᠦᠡᠳᠤᠰᠤᠨ ᠳᠡᠭᠡᠨ ᠰᠢᠢᠳᠪᠥᠷᠢᠯᠡᠪᠡ᠃ ᠮᠠᠯ ᠠᠵᠤ ᠠᠬᠤᠢ ᠶᠢᠨ ᠮᠠᠰᠢᠨ ᠲᠥᠭᠦᠭᠡᠷᠤᠮᠵᠢ ᠶᠢ 2910 | ᠰᠠᠤᠷᠢ ᠨᠡᠮᠡᠭᠳᠡᠭᠦᠯᠵᠤ᠂ ᠮᠠᠯ ᠠᠵᠤ ᠠᠬᠤᠢ ᠶᠢᠨ ᠶᠠᠷᠤᠩᠬᠡᠶᠢᠯᠡᠭᠰᠡᠨ ᠥᠢᠯᠡᠳᠪᠥᠷᠢᠯᠡᠯ ᠤᠨ ᠬᠦᠴᠤᠨ ᠪᠤᠯᠤᠨ ᠭᠠᠮᠰᠢᠭ | ᠠᠴᠠ ᠰᠡᠷᠬᠡᠶᠢᠯᠡᠵᠤ ᠬᠤᠬᠢᠷᠡᠯ ᠢ ᠪᠠᠭᠠᠰᠬᠠᠬᠤ ᠴᠢᠳᠠᠪᠤᠷᠢ ᠶᠢ ᠢᠯᠡᠳᠳᠠ ᠲᠡᠬᠡᠭᠰᠢᠯᠡᠬᠦᠯᠦᠭᠰᠡᠨ ᠪᠠᠶᠢᠨ᠎ᠠ᠃ ᠭᠤᠷᠪᠠ | ᠳᠤ᠂ ᠮᠠᠯ ᠠᠵᠤ ᠠᠬᠤᠢ ᠶᠢᠨ ᠠᠵᠤ ᠥᠢᠯᠡᠰᠵᠢᠯᠲᠡ ᠶᠢᠨ ᠬᠢᠷᠢ ᠲᠥᠪᠰᠢᠨ ᠢ ᠲᠡᠭᠡᠭᠰᠢᠯᠡᠭᠦᠯᠪᠡ᠃ ᠤᠯᠠᠨ ᠵᠢᠯ ᠤᠨ | ᠴᠢᠷᠮᠠᠶᠢᠯᠭ᠎ᠠ ᠪᠠᠷ ᠲᠠᠮᠵᠢᠨ᠂ ᠤᠷᠢᠶᠠᠩᠬᠠᠢ ᠬᠤᠨᠢ ᠪᠠ ᠠᠪᠠᠭ᠎ᠠ ᠬᠠᠷ᠎ᠠ ᠠᠳᠤᠭᠤᠨ ᠤ ᠡᠬᠦᠯᠳᠡᠷ ᠢ ︽ᠲᠤᠮᠲᠠᠲᠤ | ᠤᠯᠤᠰ ᠤᠨ ᠮᠠᠯ ᠵᠢᠭᠦᠷᠲᠡᠨ ᠤ ᠤᠳᠤᠮᠰᠢᠯ ᠤᠨ ᠡᠬᠢ ᠪᠠᠶᠠᠯᠢᠭ ᠤᠨ ᠦᠢᠯᠠᠯᠭ᠎ᠠ︾ ᠳᠤ ᠲᠡᠮᠳᠡᠭᠯᠡᠬᠦᠯᠳ᠂ ᠮᠢᠬᠠᠨ ᠤ | ᠬᠤᠨᠢᠨ ᠤ ᠲᠠᠵᠢᠬᠡᠨ ᠠᠷᠠᠴᠢᠯᠠᠬᠤ ᠲᠤᠭᠤᠷᠢᠭ ᠤᠨ ᠪᠠᠷᠢᠮᠵᠢᠶᠠᠵᠢᠭᠰᠠᠨ ᠰᠥᠷᠥᠭ ᠤᠨ ᠲᠤᠭ᠎ᠠ 1600 ᠪᠤᠯᠵᠤ᠂ | ᠤᠨᠴᠠ᠂ ᠨᠢᠭᠡᠳᠤᠭᠡᠷ ᠲᠡᠰ ᠤᠨ ᠬᠤᠴᠠ 90% ᠳᠤ ᠬᠦᠷᠦᠨ᠂ ᠪᠤᠭ ᠮᠠᠯ ᠤᠨ ᠡᠭᠦᠯᠲᠡᠷ ᠰᠠᠶᠢᠵᠢᠷᠠᠭᠤᠯᠤᠭᠰᠡᠨ | ᠨᠤᠷᠮ᠎ᠠ 100% ᠳᠤ ᠬᠦᠷᠴᠤ᠂ 10 ᠵᠠᠭᠤᠨ ᠤ ᠬᠤᠪᠢ ᠪᠠᠷ ᠲᠡᠬᠡᠭᠰᠢᠯᠡᠬᠦᠯᠵᠠᠢ᠃ ᠲᠠᠪᠤᠨ ᠵᠢᠯ ᠳᠤ ᠨᠡᠶᠢᠲᠡ 9. | 7 ᠲᠥᠮᠡᠨ ᠦᠨᠢᠶᠠᠨ ᠳᠤ ᠢᠴᠡᠭᠡᠯ ᠥᠷ᠎ᠡ ᠶᠢᠨ ᠬᠡᠭᠡᠯᠳᠤᠭᠦᠯᠭᠡ ᠬᠢᠵᠤ᠂ 1.2 ᠲᠥᠮᠡᠨ ᠰᠢᠮᠧᠨ᠋ᠲ᠋ᠧᠷ ᠥᠭᠡᠷ ᠢ | ᠤᠷᠤᠭᠤᠯᠤᠨ᠂ ᠥᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ 92% ᠲᠤ ᠬᠦᠷᠴᠤ᠂ 21.9 ᠵᠠᠭᠤᠨ ᠤ | ᠬᠤᠪᠢ ᠪᠠᠷ ᠲᠡᠬᠡᠭᠰᠢᠯᠡᠬᠦᠯᠪᠠ᠃ ᠮᠢᠬᠠᠨ ᠤ ᠬᠤᠨᠢ ᠮᠠᠯᠵᠢᠬᠤ ᠭᠠᠴᠠᠭ᠎ᠠ 12᠂ ᠮᠢᠬᠠᠨ ᠤ ᠦᠬᠡᠷ ᠮᠠᠯᠵᠢᠬᠤ | ᠭᠠᠴᠠᠭ᠎ᠠ 10 ᠶᠢ ᠲᠤᠭᠳᠠᠭᠠᠵᠤ᠂ ᠵᠢᠯ ᠳᠤ ᠮᠢᠬᠠᠨ ᠤ ᠬᠤᠨᠢ ᠪᠠ ᠮᠢᠬᠠᠨ ᠤ ᠦᠬᠡᠷ ᠢ ᠲᠤᠰ ᠲᠤᠰ 3 ᠲᠥᠮᠡᠨ | ᠲᠤᠯᠤᠭᠠᠢ ᠪᠠ 3000 ᠲᠤᠯᠤᠭᠠᠢ ᠠᠴᠠ ᠲᠡᠭᠡᠭᠰᠢ ᠪᠤᠷᠳᠤᠨ ᠲᠠᠷᠭᠤᠯᠠᠭᠤᠯᠬᠤ ᠴᠢᠳᠠᠪᠤᠷᠢᠳᠡᠢ ᠪᠤᠯᠤᠭᠰᠡᠨ ᠪᠠᠶᠢᠨ᠎ᠠ᠃ | ᠲᠠᠪᠤᠨ ᠵᠢᠯ ᠳᠤ ᠨᠡᠶᠢᠲᠡ 500 ᠲᠤᠨ ᠴᠠᠭᠠᠨ ᠢᠳᠡᠭᠡ ᠪᠤᠯᠪᠠᠰᠤᠷᠠᠭᠤᠯᠤᠨ᠂ 800 ᠲᠤᠨ ᠴᠡᠭᠡ ᠢᠰᠬᠡᠵᠡᠢ᠃ | ᠲᠥᠷᠪᠡ ᠳᠤ᠂ ᠨᠡᠶᠢᠭᠡᠮ ᠵᠢᠷᠤᠮᠲᠤ ᠰᠢᠨ᠎ᠡ ᠮᠠᠯᠵᠢᠬᠤ ᠤᠷᠤᠨ ᠤ ᠪᠥᠲᠥᠭᠡᠨ ᠪᠠᠶᠢᠭᠤᠯᠤᠯᠳᠠ ᠶᠢᠨ ᠲᠤᠷᠰᠢᠯᠲᠠ ᠶᠢᠨ | ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠪᠠ᠃ ᠪᠢᠲᠠ ᠨᠡᠶᠢᠲᠡᠯᠢᠭ ᠵᠢᠱᠢᠶ᠎ᠠ ᠪᠠᠷ ᠲᠠᠶᠢᠴᠢᠯᠠᠨ ᠲᠠᠭᠠᠭᠤᠯᠬᠤ | ᠠᠵᠢᠯ ᠤᠨ ᠴᠢᠭᠯᠡᠯᠲᠠ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠤᠷᠤᠨ ᠤ ᠰᠢᠨ᠎ᠡ ᠮᠠᠯᠵᠢᠬᠤ ᠤᠷᠤᠨ ᠤ ᠪᠦᠳᠤᠬᠡᠨ | ᠪᠠᠶᠢᠭᠤᠯᠤᠯᠳᠠ ᠶᠢᠨ ᠬᠠᠷᠢᠯᠴᠠᠬᠤ ᠭᠠᠴᠠᠭ᠎ᠠ —— ᠰᠠᠷᠠᠭᠤᠯᠲᠤᠶᠠᠭ᠎ᠠ ᠭᠠᠴᠠᠭ᠎ᠠ ᠪᠠᠷ ᠨᠡᠶᠢᠲᠡᠯᠢᠭ ᠵᠢᠱᠢᠶ᠎ᠠ | ᠪᠤᠯᠭᠠᠨ᠂ 9 ᠭᠠᠴᠠᠭ᠎ᠠ ᠶᠢ ᠰᠤᠩᠭᠤᠵᠤ᠂ ᠰᠢᠨ᠎ᠡ ᠮᠠᠯᠵᠢᠬᠤ ᠤᠷᠤᠨ ᠢ ᠪᠥᠲᠥᠭᠡᠨ ᠪᠠᠶᠢᠭᠤᠯᠤᠯᠳᠠ ᠶᠢᠨ ᠲᠤᠷᠰᠢᠯᠲᠠ | ᠶᠢᠨ ᠴᠡᠭ ᠤᠨ ᠠᠵᠢᠯ ᠢ ᠥᠷᠨᠢᠬᠦᠯᠵᠤ᠂ ᠲᠠᠪᠤᠨ ᠵᠢᠯ ᠳᠤ ᠨᠡᠶᠢᠲᠡ 1.2 ᠳ᠋ᠥᠩᠰᠢᠭᠤᠷ ᠲᠥᠭᠦᠷᠢᠭ ᠤᠨ ᠪᠡᠯᠡ | ᠤᠷᠤᠭᠤᠯᠵᠤ᠂ ᠲᠤᠷᠰᠢᠯᠲᠠ ᠶᠢᠨ ᠴᠡᠭ ᠤᠨ ᠭᠠᠴᠠᠭ᠎ᠠ ᠶᠢ ︽ᠭᠤᠷᠪᠠᠨ 30%᠂ ᠭᠤᠷᠪᠠᠨ 50%᠂ ᠭᠤᠷᠪᠠᠨ | 100%︾④ ᠳᠤ ᠬᠥᠷᠭᠡᠬᠦ ᠬᠠᠷᠠᠯᠲᠠ ᠪᠠᠨ ᠥᠨᠳᠤᠰᠤᠨ ᠳᠡᠭᠡᠨ ᠪᠠᠶᠠᠯᠠᠬᠦᠯᠵᠢ᠃ ᠡᠭᠦᠨ ᠤ ᠬᠠᠮᠲᠤ᠂ ᠨᠠᠶᠢᠳᠡᠯᠢᠭ | ᠵᠢᠱᠢᠶ᠎ᠠ ᠶᠢᠨ ᠲᠠᠶᠢᠴᠢᠯᠠᠨ ᠲᠠᠭᠠᠭᠤᠯᠬᠤ ᠥᠢᠯᠡᠳᠤᠯ ᠢ ᠬᠥᠢᠴᠡᠳ ᠪᠠᠳᠠᠷᠠᠭᠤᠯᠬᠤ ᠶᠢᠨ ᠲᠤᠰᠠᠲᠠ᠂ ᠪᠥᠬᠦ ᠬᠤᠰᠢᠭᠤᠨ | ᠤ ᠬᠡᠪᠴᠢᠶᠡᠨ ᠳᠤ ᠮᠠᠯᠴᠢᠳ ᠤᠨ ᠲᠤᠰᠬᠠᠢ ᠬᠤᠷᠰᠢᠶᠠᠵᠢᠯ 100 ᠶᠢ ᠪᠠᠶᠢᠭᠤᠯᠵᠤ᠂ ᠵᠢᠱᠢᠶ᠎ᠠ ᠥᠵᠡᠭᠦᠯᠬᠦ ᠡᠷᠥᠭᠡ | ᠶᠢ 500 ᠳᠤ ᠬᠥᠷᠭᠡᠵᠤ᠂ ᠡᠭᠦᠨ ᠳᠤ ᠰᠤᠳᠤᠨ ᠡᠷᠥᠭᠡ ᠨᠢ 100 ᠳᠤ ᠬᠦᠷᠦᠭᠰᠡᠨ ᠪᠠᠶᠢᠨ᠎ᠠ᠃ ᠲᠠᠪᠤ ᠳᠤ᠂ | ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠪᠠ᠃ W ᠡᠪᠡᠳᠴᠢᠨ᠂ | ᠪᠷᠥ᠋ᠼᠧᠯ ᠡᠪᠡᠳᠴᠢᠨ ᠵᠡᠷᠭᠡ ᠨᠢᠭᠡᠳᠤᠭᠡᠷ ᠲᠥᠷᠥᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠲᠠᠷᠢᠯᠭ᠎ᠠ | ᠲᠠᠷᠢᠭᠰᠡᠨ ᠨᠤᠷᠮ᠎ᠠ ᠶᠢ 100% ᠳᠤ ᠬᠦᠷᠬᠡᠵᠤ᠂ ᠪᠷᠥ᠋ᠼᠧᠯ ᠡᠪᠡᠳᠴᠢᠨ ᠤ ᠬᠦᠮᠤᠨ ᠮᠠᠯ ᠤᠨ ᠬᠤᠭᠤᠷᠤᠡᠳᠤᠬᠢ | ᠬᠠᠯᠳᠠᠪᠤᠷᠢᠯᠠᠯᠳᠠ ᠶᠢᠨ ᠨᠤᠷᠮ᠎ᠠ ᠶᠢ ᠵᠢᠯ ᠲᠠᠷᠠᠭᠠᠯᠠᠨ ᠮᠡᠳᠡᠭᠳᠡᠮ᠎ᠠ ᠲᠤᠷᠤᠭᠰᠢᠯᠡᠭᠤᠯᠵᠡᠢ᠃ | ᠠᠵᠤ ᠥᠢᠯᠡᠳᠪᠤᠷᠢ ᠶᠢᠨ ᠠᠵᠤ ᠠᠬᠤᠢ ᠶᠢᠨ ᠭᠤᠤᠯᠯᠠᠭᠴᠢ ᠪᠠᠶᠢᠷᠢ ᠰᠠᠭᠤᠷᠢ ᠶᠢ ᠤᠯᠠᠮ ᠲᠤᠳᠤᠳᠬᠠᠪᠠ᠃ ︽ | ᠠᠵᠤ ᠥᠢᠯᠡᠳᠪᠥᠷᠢ ᠪᠠᠷ ᠬᠤᠰᠢᠭᠤ ᠪᠠᠨ ᠬᠦᠴᠤᠷᠬᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠥᠴᠥᠲᠠᠢ ᠲᠦᠯᠬᠢᠨ | ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠥᠢᠯᠡᠳᠪᠥᠷᠢᠵᠢᠯᠲᠡ ᠶᠢ ᠲᠥᠷᠭᠡᠳᠭᠡᠨ ᠠᠬᠢᠭᠤᠯᠬᠤ ᠪᠠᠷ ᠭᠤᠤᠯ | ᠴᠢᠭᠯᠡᠯᠳᠠ ᠪᠤᠯᠭᠠᠨ᠂ ᠮᠠᠨ ᠤ ᠬᠤᠰᠢᠭᠤᠨ ᠤ ᠤᠷᠤᠨ ᠪᠠᠶᠢᠷᠢ᠂ ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ | ᠪᠠᠳᠠᠷᠠᠭᠤᠯᠵᠤ᠂ ᠢᠳᠡᠪᠬᠢᠳᠡᠢ ᠪᠠᠷ ᠠᠷᠠᠯᠵᠢᠶᠠᠴᠢᠨ ᠤᠷᠢᠵᠤ ᠪᠡᠯᠨ ᠤᠷᠤᠭᠤᠯᠤᠨ᠂ ᠰᠠᠨᠠᠭᠠᠴᠢᠯᠠᠭ᠎ᠠ ᠲᠠᠢ ᠪᠠᠷ ᠠᠵᠤ | ᠦᠢᠯᠡᠰ ᠤᠨ ᠰᠢᠯᠵᠢᠯᠳᠠ ᠶᠢ ᠵᠤᠯᠭᠠᠭᠤᠯᠪᠠ᠃ ᠲᠠᠪᠤᠨ ᠵᠢᠯ ᠤᠨ ᠲᠤᠷᠰᠢ᠂ ᠨᠠᠶᠢᠳᠠ 153 ᠠᠷᠠᠯᠵᠢᠶᠠᠴᠢᠨ ᠤᠷᠢᠬᠤ | ᠲᠦᠷᠥᠯ ᠵᠥᠢᠯ ᠢ ᠬᠡᠷᠡᠭᠵᠢᠬᠦᠯᠵᠤ᠂ ᠤᠯᠤᠰ ᠤᠨ ᠲᠤᠳᠤᠭᠠᠳᠤ ᠠᠶᠢᠮᠠᠭ ᠤᠨ ᠭᠠᠳᠡᠨᠡᠬᠢ ᠳ᠋ᠦᠩᠰᠢᠭᠤᠷ ᠲᠦᠬᠦᠷᠢᠭ | ᠠᠴᠠ ᠲᠠᠪᠠᠭᠰᠡᠨ 32 ᠲᠦᠷᠥᠯ ᠵᠥᠢᠯ ᠳᠤ ᠬᠡᠷ᠎ᠠ ᠲᠤᠭᠳᠠᠨ᠂ ᠬᠡᠷ᠎ᠠ ᠲᠤᠭᠳᠠᠭᠰᠡᠨ ᠪᠡᠯᠨ ᠮᠦᠩᠬᠦ ᠨᠢ 208 | ᠳ᠋ᠦᠩᠰᠢᠭᠤᠷ ᠲᠦᠬᠦᠷᠢᠭ ᠲᠤ ᠬᠦᠷᠴᠤ᠂ ᠡᠬᠦᠨ ᠤ ᠲᠤᠳᠤᠷᠡᠬᠢ 185 ᠳ᠋ᠦᠩᠰᠢᠭᠤᠷ ᠲᠦᠬᠦᠷᠢᠭ ᠤᠨ ᠪᠡᠯᠨ ᠮᠦᠩᠬᠦ | ᠨᠢ ᠨᠠᠶᠢᠳᠠᠪᠤᠷᠢᠵᠢᠭᠳᠠᠨ᠂ ᠮᠠᠨ ᠤ ᠬᠤᠰᠢᠭᠤᠨ ᠤ ᠠᠵᠤ ᠠᠬᠤᠢ ᠶᠢᠨ ᠨᠠᠯᠢᠶᠡᠳ ᠲᠦᠷᠬᠡᠨ ᠬᠦᠭᠵᠢᠯᠳᠠ ᠶᠢ | ᠲᠦᠯᠬᠢᠨ ᠠᠬᠢᠭᠤᠯᠤᠭᠰᠡᠨ ᠪᠠᠶᠢᠨ᠎ᠠ᠃ ᠲᠠᠪᠤᠨ ᠵᠢᠯ ᠳᠤ ᠳ᠋ᠥᠩᠰᠢᠭᠤᠷ ᠲᠥᠭᠦᠷᠢᠭ ᠢ ᠲᠠᠪᠠᠭᠰᠠᠨ 15 ᠠᠵᠤ | ᠥᠢᠯᠡᠳᠪᠤᠷᠢ ᠶᠢᠨ ᠲᠥᠷᠥᠯ ᠵᠥᠢᠯ ᠢ ᠤᠷᠤᠭᠤᠯᠵᠤ᠂ ᠬᠥᠢᠲᠡᠨᠰᠢᠯᠢ ᠶᠢᠨ ᠰᠠᠯᠬᠢᠨ ᠴᠠᠬᠢᠯᠭᠠᠨ᠂ ᠵᠢᠢ ᠳ᠋ᠦᠩ ᠱᠥᠢᠨᠢ | ᠂ ᠶᠢᠨ ᠳ᠋ᠢ ᠵᠡᠰ ᠮᠤᠯᠢᠪᠳᠧᠨ ᠤ ᠬᠥᠲᠡᠷ ᠰᠢᠯᠢᠬᠦ ᠥᠢᠯᠡᠳᠪᠤᠷᠢ᠂ ᠪᠠᠢ ᠶᠢᠨ ᠬᠠᠶᠢᠯᠤᠭᠤᠷ ᠵᠤᠩᠰᠢ ᠶᠢᠨ ᠬᠥᠳᠡᠷ | ᠰᠢᠯᠢᠬᠦ ᠥᠢᠯᠡᠳᠪᠥᠷᠢ ᠵᠡᠷᠭᠡ ᠨᠢᠭᠡ ᠪᠥᠯᠥᠭ ᠲᠤᠮᠤ ᠲᠥᠷᠥᠯ ᠵᠥᠢᠯ ᠨᠢ ᠨᠢᠬᠡᠨᠳᠡ ᠠᠰᠢᠭᠯᠠᠯᠳᠠ ᠳᠤ ᠤᠷᠤᠵᠤ᠂ | ᠴᠠᠭᠠᠨᠨᠠᠭᠤᠷ ᠨᠡᠭᠦᠷᠡᠰᠤ ᠴᠠᠬᠢᠯᠭᠠᠨ ᠵᠠᠮ ᠢ ᠨᠢᠭᠡ ᠴᠤᠭᠴᠠᠵᠢᠭᠤᠯᠤᠭᠰᠡᠨ ᠲᠥᠷᠥᠯ ᠵᠥᠢᠯ᠂ ᠳ᠋ᠠ ᠠᠨ ᠨᠡᠭᠦᠷᠡᠰᠤᠨ | ᠠᠭᠤᠷᠬᠠᠢ᠂ ᠬᠠᠲᠠᠲᠤ ᠶᠢᠨ ᠲᠤᠭᠤᠯᠭ᠎ᠠ ᠴᠠᠶᠢᠷ ᠤᠨ ᠬᠥᠳᠡᠷ ᠰᠢᠯᠢᠬᠦ ᠦᠢᠯᠡᠳᠪᠤᠷᠢ᠂ ᠴᠢᠶᠠᠨ ᠳ᠋ᠧ ᠵᠡᠰ ᠪᠢᠰᠮᠥ᠋ᠲ | ᠤᠨ ᠬᠥᠳᠡᠷ ᠰᠢᠯᠢᠬᠦ ᠥᠢᠯᠡᠳᠪᠤᠷᠢ ᠶᠢᠨ ᠠᠵᠢᠯ ᠨᠢ ᠴᠦᠮ ᠮᠡᠳᠡᠭᠳᠡᠮ᠎ᠠ ᠠᠬᠢᠴᠠ ᠲᠠᠢ ᠪᠤᠯᠵᠤ᠂ ᠬᠡᠪᠴᠢᠶ᠎ᠠ ᠠᠴᠠ | ᠲᠡᠭᠡᠭᠰᠢᠬᠢ ᠠᠵᠤ ᠥᠢᠯᠡᠳᠪᠤᠷᠢ ᠶᠢᠨ ᠠᠵᠤ ᠠᠬᠤᠶᠢᠯᠠᠯ ᠨᠢ 15 ᠪᠠᠶᠢᠭᠰᠡᠨ ᠠᠴᠠ ᠪᠠᠨ 27 ᠪᠤᠯᠤᠨ ᠨᠡᠮᠡᠭᠳᠡᠵᠤ᠂ | ᠪᠥᠬᠦ ᠬᠤᠰᠢᠭᠤᠨ ᠤ ᠠᠵᠤ ᠥᠢᠯᠡᠳᠪᠤᠷᠢ ᠶᠢᠨ ᠨᠡᠮᠡᠭᠳᠡᠯ ᠥᠷᠲᠡᠭ ᠢ 30.5 ᠳ᠋ᠥᠩᠰᠢᠭᠤᠷ ᠲᠥᠭᠦᠷᠢᠭ ᠲᠤ | ᠬᠦᠷᠬᠡᠵᠤ᠂ ᠵᠢᠯ ᠪᠦᠷᠢ ᠲᠤᠮᠲᠠᠴᠢ ᠪᠠᠷ 52.4% ᠪᠠᠷ ᠨᠡᠮᠡᠭᠳᠡᠨ᠂ ᠭᠠᠵᠠᠷ ᠤᠷᠤᠨ ᠤ ᠠᠵᠤ ᠠᠬᠤᠢ ᠶᠢᠨ | ᠶᠡᠷᠥᠩᠭᠡᠢ ᠬᠡᠮᠵᠢᠶᠡᠨ ᠤ 63.3% ᠶᠢ ᠡᠵᠡᠯᠡᠵᠤ᠂ 2007 ᠣᠨ ᠤ ᠬᠢ ᠠᠴᠠ 33.8 ᠵᠠᠭᠤᠨ ᠤ ᠬᠤᠪᠢ ᠪᠠᠷ | ᠲᠡᠭᠡᠭᠰᠢᠯᠡᠵᠤ᠂ ᠮᠠᠨ ᠤ ᠬᠤᠰᠢᠭᠤᠨ ᠤ ᠠᠵᠤ ᠠᠬᠤᠢ ᠶᠢᠨ ᠨᠡᠮᠡᠭᠳᠡᠯ ᠢ ᠲᠦᠯᠬᠢᠨ ᠠᠬᠢᠭᠤᠯᠬᠤ ᠭᠤᠤᠯᠯᠠᠭᠴᠢ | ᠬᠥᠴᠥᠨ ᠪᠤᠯᠤᠭᠰᠠᠨ ᠪᠠᠶᠢᠨ᠎ᠠ᠃ | ᠭᠤᠷᠪᠠᠳᠤᠭᠠᠷ ᠠᠵᠤ ᠥᠢᠯᠡᠰ ᠢ ᠦᠷᠨᠢᠬᠦᠨ ᠬᠦᠭᠵᠢᠯᠳᠠ ᠲᠠᠢ ᠪᠤᠯᠭᠠᠪᠠ᠃ ︽ᠭᠤᠷᠪᠠᠳᠤᠭᠠᠷ ᠠᠵᠤ ᠥᠢᠯᠡᠰ ᠢᠶᠠᠷ | ᠬᠤᠰᠢᠭᠤ ᠪᠠᠨ ᠬᠦᠭᠵᠢᠶᠠᠡᠵᠢᠬᠦᠯᠬᠦ︾ ᠪᠠᠶᠢᠯᠳᠤᠬᠤ ᠪᠤᠳᠤᠯᠭ᠎ᠠ ᠶᠢ ᠡᠷᠴᠢᠮ ᠲᠠᠢ ᠠᠳᠬᠤᠵᠤ᠂ ᠲᠥᠷᠥᠯ ᠵᠥᠢᠯ ᠢᠶᠠᠷ | ᠲᠠᠶᠢᠴᠢᠯᠠᠬᠤ ᠪᠠᠷ ᠲᠠᠮᠵᠢᠨ ᠥᠢᠯᠡᠴᠢᠯᠡᠭᠡᠨ ᠤ ᠥᠢᠯᠡᠰ ᠢ ᠤᠯᠠᠮ ᠴᠢᠨᠠᠭᠰᠢᠳᠠ ᠬᠦᠭᠵᠢᠬᠦᠯᠤᠨ᠂ ᠭᠤᠷᠪᠠᠳᠤᠭᠠᠷ | ᠠᠵᠤ ᠥᠢᠯᠡᠰ ᠤᠨ ᠬᠥᠭᠵᠢᠯᠲᠡ ᠶᠢ ᠠᠵᠤ ᠠᠬᠤᠢ ᠶᠢᠨ ᠰᠢᠨ᠎ᠠ ᠨᠡᠮᠡᠭᠳᠡᠯ ᠴᠡᠭ ᠪᠤᠯᠭᠠᠭᠰᠡᠨ ᠪᠠᠶᠢᠨ᠎ᠠ᠃ ︽ᠲᠥᠮᠡᠨ | ᠲᠤᠰᠬᠤᠨ ᠮᠢᠩᠭᠠᠨ ᠰᠢᠶᠠᠩ ᠤᠨ ᠵᠠᠬ᠎ᠠ ᠲᠡᠯᠭᠡᠭᠦᠷ ᠤᠨ ᠢᠡᠵᠧᠨᠧᠷᠢᠩ︾⑤ ᠢ ᠬᠥᠨᠵᠡᠭᠡᠢ ᠬᠡᠷᠡᠭᠵᠢᠭᠦᠯᠵᠤ᠂ 75 | ᠵᠢᠵᠢᠭ ᠲᠡᠯᠭᠡᠭᠦᠷ ᠢ ᠰᠢᠨᠡᠳᠬᠡᠨ ᠵᠠᠰᠠᠵᠤ᠂ ᠰᠤᠮᠤ ᠪᠠᠯᠭᠠᠰᠤᠨ ᠳᠤ ᠵᠢᠵᠢᠭ ᠲᠡᠯᠭᠡᠭᠦᠷ ᠪᠠᠶᠢᠭᠤᠯᠤᠭᠰᠠᠨ ᠨᠤᠷᠮ᠎ᠠ ᠶᠢ | 90% ᠳᠤ ᠬᠦᠷᠬᠡᠪᠡ᠃ ᠤᠯᠤᠰ ᠤᠨ ᠲᠤᠲᠤᠭᠠᠳᠤ ᠶᠢᠨ ᠬᠡᠷᠡᠭᠴᠡᠭᠡ ᠶᠢ ᠥᠷᠭᠡᠳᠭᠡᠬᠦ ᠡᠯ᠎ᠡ ᠵᠥᠢᠯ ᠤᠨ ᠲᠥᠷᠤ | ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭᠯᠡᠭᠡᠡ ᠤ ᠵᠠᠬ᠎ᠠ ᠲᠡᠯᠭᠡᠭᠦᠷ ᠢ ᠥᠷᠭᠡᠳᠭᠡᠵᠤ᠂ | ᠲᠠᠪᠤᠨ ᠵᠢᠯ ᠳᠤ ᠮᠠᠯᠴᠢᠳ ᠬᠦᠳᠡᠭᠡ ᠲᠤᠰᠬᠤᠨ ᠳᠤ ᠬᠢᠮᠳᠠᠷᠠᠭᠤᠯᠤᠨ ᠪᠤᠷᠤᠯᠠᠭᠤᠯᠬᠤ ᠬᠡᠷ ᠤᠨ ᠴᠠᠬᠢᠯᠭᠠᠨ ᠬᠡᠷᠡᠭᠰᠡᠯ | ᠤᠨ ᠪᠦᠳᠤᠬᠡᠭᠳᠡᠬᠦᠨ ᠢ ᠨᠠᠶᠢᠳᠠ 7115 ᠰᠠᠤᠷᠢ᠂ ᠮᠠᠰᠢᠨ ᠮᠤᠲ᠋ᠤᠷ 1166 ᠶᠢ ᠬᠤᠳᠠᠯᠳᠤᠨ ᠠᠪᠴᠤ᠂ ᠡᠳ᠋ | ᠤᠨ ᠵᠠᠰᠠᠭ ᠤᠨ ᠨᠥᠭᠦᠪᠥᠷᠢ ᠮᠥᠩᠭᠦ ᠶᠢ 390 ᠲᠥᠮᠡᠨ ᠲᠥᠭᠦᠷᠢᠭ ᠲᠤ ᠬᠦᠷᠬᠡᠪᠡ᠃ ᠵᠢᠭᠤᠯᠴᠢᠯᠡᠯ ᠤᠨ ᠥᠢᠯᠡᠰ | ᠤᠨ ᠬᠥᠭᠵᠢᠯᠲᠡ ᠶᠢ ᠲᠥᠷᠭᠡᠳᠭᠡᠵᠤ᠂ ︽ᠬᠦᠳᠡᠭᠡ ᠠᠶᠢᠯ︾ ᠵᠢᠭᠤᠯᠴᠢᠯᠡᠯ ᠤᠨ ᠴᠡᠭ 66 ᠶᠢ ᠪᠠᠶᠢᠭᠤᠯᠵᠤ᠂ | ᠪᠡᠯᠭᠦᠲᠠᠢ ᠵᠢᠰᠠ᠂ ᠪᠡᠯᠭᠦᠲᠠᠢ ᠰᠤᠶᠤᠯ ᠤᠨ ᠬᠦᠷᠢᠶᠠᠯᠠᠩ᠂ ᠴᠠᠭᠠᠡᠴᠢᠯᠠᠭᠤᠳᠤ ᠵᠤᠰᠠᠭᠠᠯ ᠤᠨ ᠰᠠᠭᠤᠷᠢ ᠪᠥᠲᠥᠭᠡᠨ | ᠪᠠᠶᠢᠭᠤᠯᠤᠯᠲᠠ ᠶᠢ ᠠᠯᠬᠤᠮ ᠲᠠᠷᠠᠭᠠᠯᠠᠨ ᠪᠦᠷᠢᠡᠰᠢᠬᠦᠯᠵᠤ᠂ ᠴᠡᠩᠬᠡᠯ ᠪᠠᠭᠤᠳᠠᠯ᠂ ᠪᠡᠯᠬᠦᠳᠡᠢ ᠬᠤᠳᠠᠯᠳᠤᠭᠠᠨ ᠤ | ᠶᠠᠪᠤᠳᠠᠯ ᠤᠨ ᠪᠠᠭᠤᠳᠠᠯ᠂ ᠪᠠᠶᠠᠵᠢᠯ ᠠᠮᠢ ᠠᠬᠤᠢ ᠶᠢᠨ ᠬᠦᠷᠢᠶᠠᠯᠠᠩ᠂ ᠠᠪᠠᠭ᠎ᠠ ᠶᠡᠭᠡ ᠪᠠᠭᠤᠳᠠᠯ᠂ ᠢ ᠬᠤᠸᠠ | ᠬᠤᠳᠠᠯᠳᠤᠭᠠᠨ ᠤ ᠪᠠᠭᠤᠳᠠᠯ᠂ ᠬᠠᠳᠠᠳᠤ ᠪᠠᠭᠤᠳᠠᠯ ᠵᠠᠷᠬᠡ ᠨᠢᠬᠡ ᠪᠦᠯᠦᠭ ᠲᠤᠮᠤ ᠬᠡᠪᠴᠢᠶᠠᠨ ᠤ ᠵᠤᠴᠢᠳ ᠪᠠᠭᠤᠳᠠᠯ ᠢ | ᠪᠠᠶᠢᠭᠤᠯᠤᠨ ᠠᠰᠢᠭᠯᠠᠯᠳᠠ ᠳᠤ ᠤᠷᠤᠭᠤᠯᠵᠢ᠃ 2012 ᠤᠨ ᠳᠤ ᠤᠯᠤᠰ ᠤᠨ ᠭᠠᠳᠠᠭᠠᠳᠤ ᠲᠤᠲᠤᠭᠠᠲᠤ ᠶᠢᠨ | ᠵᠢᠭᠤᠯᠴᠢᠳ ᠢ 14.5 ᠲᠥᠮᠡᠨ ᠬᠥᠮᠥᠨ ᠤᠳᠠᠭ᠎ᠠ ᠬᠥᠯᠢᠶᠡᠨ ᠠᠪᠴᠤ᠂ 2175 ᠲᠥᠮᠡᠨ ᠲᠥᠭᠦᠷᠢᠭ ᠤᠨ | ᠵᠢᠭᠤᠯᠴᠢᠯᠡᠯ ᠤᠨ ᠤᠷᠤᠯᠭ᠎ᠠ ᠶᠢ ᠪᠡᠶᠡᠯᠡᠭᠦᠯᠥᠨ᠂ 2007 ᠤᠨ ᠤ ᠬᠢ ᠠᠴᠠ ᠲᠤᠰ ᠲᠤᠰ 77.2% ᠪᠠ 65. | 8% ᠪᠠᠷ ᠨᠡᠮᠡᠭᠳᠡᠭᠰᠡᠨ ᠪᠠᠶᠢᠨ᠎ᠠ᠃ ᠵᠠᠮ ᠬᠠᠷᠢᠯᠴᠠᠭ᠎ᠠ ᠪᠤᠳᠠᠰ ᠤᠨ ᠬᠥᠢᠯᠭᠡᠭᠡᠨ ᠤ ᠥᠢᠯᠡᠰ ᠢ ᠢᠳᠡᠪᠬᠢᠲᠠᠢ | ᠬᠥᠭᠵᠢᠭᠦᠯᠵᠤ᠂ ᠪᠡᠯᠭᠦᠲᠠᠢ ᠪᠠᠯᠭᠠᠰᠤᠨ ᠳᠤ ᠭᠤᠷᠪᠠᠳᠤᠭᠠᠷ ᠲᠡᠰ ᠤᠨ ᠠᠶᠠᠨᠴᠢᠳ ᠤᠨ ᠮᠠᠰᠢᠨ ᠲᠡᠷᠭᠡᠨ ᠥᠷᠲᠡᠭᠡ | ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ 2012 ᠤᠨ ᠳᠤ ᠠᠶᠠᠨᠴᠢᠳ ᠤᠨ ᠲᠡᠭᠡᠭᠡᠪᠥᠷᠢ ᠶᠢᠨ ᠬᠡᠮᠵᠢᠶ᠎ᠡ ᠶᠢ | 9791ᠲᠥᠮᠡᠨ ᠬᠥᠮᠥᠨ ᠺᠢᠯᠥᠮᠧᠲᠷ᠂ ᠡᠳ᠋ ᠪᠠᠷᠠᠭᠠᠨ ᠤ ᠲᠡᠭᠡᠭᠡᠪᠤᠷᠢ ᠶᠢᠨ ᠡᠷᠬᠢᠯᠲᠠ ᠶᠢᠨ ᠬᠡᠮᠵᠢᠶ᠎ᠡ ᠶᠢ 1.96 | ᠳ᠋ᠥᠩᠰᠢᠭᠤᠷ ᠲᠤᠨ ᠺᠢᠯᠤᠮᠧᠲᠷ ᠪᠡᠶᠡᠯᠡᠭᠦᠯᠵᠤ᠂ 2007 ᠤᠨ ᠤ ᠬᠢ ᠠᠴᠠ ᠲᠤᠰ ᠲᠤᠰ 48% ᠪᠠ 46% ᠪᠠᠷ | ᠨᠡᠮᠡᠭᠳᠡᠬᠦᠯᠪᠡ᠃ ᠬᠤᠪᠢ ᠶᠢᠨ ᠡᠵᠡᠩᠨᠡᠯᠲᠡ ᠶᠢᠨ ᠠᠵᠤ ᠠᠬᠤᠢ ᠥᠳᠲᠤᠷ ᠲᠥᠷᠭᠡᠨ ᠬᠦᠭᠵᠢᠵᠤ᠂ ᠲᠠᠪᠤᠨ ᠵᠢᠯ ᠳᠤ | ᠬᠤᠪᠢ ᠶᠢᠨ ᠡᠵᠡᠩᠨᠡᠯᠲᠡ ᠶᠢᠨ ᠡᠷᠥᠬᠡ 832 ᠨᠡᠮᠡᠭᠳᠡᠵᠤ᠂ ᠬᠤᠪᠢ ᠶᠢᠨ ᠠᠵᠤ ᠠᠬᠤᠶᠢᠯᠠᠯ 251 ᠡᠷᠤᠬᠡ | ᠨᠡᠮᠡᠭᠳᠡᠭᠰᠡᠨ ᠪᠠᠶᠢᠨ᠎ᠠ᠃ | ᠠᠵᠤ ᠦᠢᠯᠡᠰ ᠤᠨ ᠪᠥᠲᠥᠴᠡ ᠶᠢᠨ ᠲᠤᠬᠢᠷᠠᠭᠤᠯᠤᠯᠲᠠ ᠶᠢ ᠤᠯᠠᠮ ᠰᠢᠯᠢᠳᠡᠭᠵᠢᠬᠦᠯᠪᠡ᠃ ᠠᠵᠤ ᠠᠬᠤᠢ ᠶᠢᠨ | ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠪᠠᠷ ᠭᠤᠤᠯ ᠴᠢᠭᠯᠡᠯᠳᠠ ᠪᠠᠨ ᠪᠤᠯᠭᠠᠬᠤ ᠶᠢ ᠪᠠᠷᠢᠮᠲᠠᠯᠠᠵᠤ᠂ ᠠᠵᠤ | ᠥᠢᠯᠡᠰ ᠤᠨ ᠪᠥᠲᠥᠴᠡ ᠶᠢᠨ ᠲᠤᠬᠢᠷᠠᠭᠤᠯᠤᠯᠲᠠ ᠶᠢ ᠲᠦᠷᠬᠡᠳᠬᠡᠨ᠂ ᠭᠤᠷᠪᠠᠨ ᠠᠵᠤ ᠥᠢᠯᠡᠰ ᠢ ᠵᠣᠬᠢᠴᠠᠩᠭᠤᠢ | ᠬᠦᠭᠵᠢᠬᠦᠯᠦᠭᠰᠡᠨ ᠪᠠᠶᠢᠨ᠎ᠠ᠃ ᠭᠤᠷᠪᠠᠨ ᠠᠵᠤ ᠦᠢᠯᠡᠰᠵᠢᠯᠳᠠ ᠶᠢᠨ ᠪᠥᠲᠥᠴᠡ ᠨᠢ 2007 ᠤᠨ ᠤ 26᠄ 45᠄ | 29 ᠪᠠᠶᠢᠭᠰᠡᠨ ᠠᠴᠠ ᠪᠠᠨ ᠨᠢᠳᠤᠨᠤᠨ ᠪᠤᠯᠬᠤ ᠳᠤ 12᠄ 73᠄ 15 ᠪᠤᠯᠤᠨ ᠬᠤᠪᠢᠷᠠᠵᠤ᠂ ᠠᠵᠤ ᠦᠢᠯᠡᠳᠪᠤᠷᠢ | ᠶᠢᠨ ᠭᠤᠤᠯᠯᠠᠭᠴᠢ ᠪᠠᠶᠢᠷᠢ ᠰᠠᠭᠤᠷᠢ ᠨᠢ ᠤᠯᠠᠮ ᠲᠤᠪᠤᠶᠢᠵᠤ᠂ ᠤᠯᠤᠰ ᠠᠷᠡᠳ ᠤᠨ ᠠᠵᠤ ᠠᠬᠤᠢ ᠨᠢ ᠮᠠᠯ ᠠᠵᠤ | ᠠᠬᠤᠢ ᠪᠠᠷ ᠭᠤᠤᠯᠯᠠᠵᠤ ᠪᠠᠶᠢᠭᠰᠡᠨ ᠠᠴᠠ ᠠᠵᠤ ᠦᠢᠯᠡᠳᠪᠤᠷᠢ ᠪᠠᠷ ᠭᠤᠤᠯᠯᠠᠬᠤ ᠪᠤᠯᠤᠭᠰᠡᠨ ᠲᠡᠤᠬᠡᠴᠢ ᠴᠢᠨᠠᠷ ᠲᠠᠢ | ᠬᠤᠪᠢᠷᠠᠭᠤᠯᠤᠯᠳᠠ ᠶᠢ ᠪᠠᠶᠠᠯᠠᠬᠦᠯᠪᠠ᠃ | ︵ᠭᠤᠷᠪᠠ︶ ᠥᠨᠳᠤᠰᠤᠨ ᠪᠥᠳᠤᠬᠡᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠬᠤᠳᠠ | ᠬᠥᠳᠡᠭᠡ ᠶᠢᠨ ᠲᠥᠷᠢ ᠲᠥᠷᠬᠦ ᠶᠢ ᠤᠯᠠᠮ ᠴᠢᠨᠠᠭᠰᠢᠳᠠ ᠰᠠᠶᠢᠵᠢᠷᠠᠭᠤᠯᠪᠠ᠃ | ᠬᠤᠳᠠ ᠪᠠᠯᠭᠠᠰᠤᠨ ᠤ ᠴᠢᠳᠡᠪᠬᠢ ᠶᠢ ᠲᠠᠰᠤᠷᠠᠯᠳᠠ ᠥᠬᠡᠢ ᠲᠡᠬᠦᠯᠳᠡᠷᠵᠢᠬᠦᠯᠪᠠ᠃ ᠲᠥᠪ ᠪᠠᠯᠭᠠᠰᠤ ᠪᠠᠷ ᠲᠠᠶᠢᠴᠢᠯᠡᠨ | ᠲᠠᠭᠠᠭᠤᠯᠬᠤ ᠲᠥᠷᠤ ᠶᠢᠨ ᠪᠤᠳᠤᠯᠭ᠎ᠠ ᠶᠢ ᠬᠡᠷᠡᠭᠵᠢᠬᠦᠯᠵᠤ᠂ ᠬᠤᠳᠠ ᠪᠠᠯᠭᠠᠰᠤᠨ ᠤ ᠥᠨᠳᠤᠰᠤᠨ ᠪᠥᠳᠤᠬᠡᠨ | ᠪᠠᠶᠢᠭᠤᠯᠤᠯᠳᠠ ᠶᠢ ᠲᠠᠰᠤᠷᠠᠯᠳᠠ ᠥᠬᠡᠢ ᠪᠦᠷᠢᠡᠰᠢᠬᠦᠯᠵᠤ᠂ ᠲᠠᠪᠤᠨ ᠵᠢᠯ ᠳᠤ ᠨᠡᠶᠢᠳᠡ 17.76 ᠳ᠋ᠥᠡᠭᠰᠢᠭᠤᠷ | ᠲᠥᠬᠦᠷᠢᠭ ᠤᠨ ᠪᠠᠯᠠ ᠤᠷᠤᠭᠤᠯᠤᠭᠰᠡᠨ ᠨᠢ ᠦᠩᠬᠡᠷᠡᠭᠰᠡᠨ ᠲᠠᠪᠤᠨ ᠵᠢᠯ ᠠᠴᠠ ᠪᠠᠨ 8 ᠲᠠᠬᠢᠨ ᠪᠠᠶᠢᠵᠤ᠂ 50 | ᠲᠥᠮᠡᠨ ᠲᠡᠭᠰᠢ ᠲᠥᠷᠪᠠᠯᠵᠢᠨ ᠮᠧᠲᠷ ᠤᠨ ᠬᠤᠳᠠ ᠲᠤᠭᠤᠷᠢᠭ ᠤᠨ ᠨᠤᠭᠤᠭᠠᠷᠠᠭᠤᠯᠤᠯᠳᠠ᠂ 65 ᠲᠥᠮᠡᠨ ᠲᠡᠭᠰᠢ | ᠲᠥᠷᠪᠡᠯᠵᠢᠨ ᠮᠧᠲᠷ ᠤᠨ ᠭᠠᠵᠠᠷ ᠰᠢᠷᠤᠢ ᠬᠡᠷ ᠬᠥᠷᠤᠩᠬᠡ ᠶᠢᠨ ᠨᠡᠬᠡᠬᠡᠨ ᠠᠰᠢᠭᠯᠠᠯᠳᠠ ᠶᠢ ᠲᠤᠰ ᠲᠤᠰ ᠪᠠᠶᠠᠯᠡᠬᠦᠯᠵᠤ | ᠂ ᠲᠦᠪᠯᠡᠷᠡᠩᠬᠦᠢ ᠲᠤᠯᠠᠭᠠᠯᠭ᠎ᠠ ᠶᠢᠨ ᠲᠠᠯᠠᠪᠠᠢ ᠶᠢ 44 ᠲᠥᠮᠡᠨ ᠲᠡᠭᠰᠢ ᠲᠥᠷᠪᠡᠯᠵᠢᠨ ᠮᠧᠲᠷ ᠪᠤᠯᠭᠠᠨ ᠦᠷᠬᠡᠳᠬᠡᠵᠤ | ᠂ ᠲᠥᠬᠡᠬᠡᠯ ᠤᠰᠤ ᠬᠠᠨᠭ᠍ᠭᠠᠬᠤ ᠬᠤᠭᠤᠯᠠᠢ ᠶᠢ 31 ᠺᠢᠯᠤᠮᠧᠲᠷ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ | 28 ᠺᠢᠯᠤᠮᠧᠲᠷ ᠤᠷᠳᠤᠳᠬᠠᠵᠤ᠂ 31 ᠵᠤᠷᠪᠤᠰ 34 ᠲᠥᠮᠡᠨ ᠲᠡᠭᠰᠢ ᠲᠥᠷᠪᠠᠯᠵᠢᠨ ᠮᠧᠲᠷ ᠤᠨ ᠵᠠᠮ ᠱᠤᠭᠤᠮ ᠪᠠ | 77 ᠵᠤᠷᠪᠤᠰ 32 ᠲᠥᠮᠡᠨ ᠲᠡᠭᠰᠢ ᠲᠥᠷᠪᠠᠯᠵᠢᠨ ᠮᠧᠲᠷ ᠤᠨ ᠭᠤᠳᠤᠮᠵᠢᠨ ᠵᠠᠮ ᠢ ᠵᠠᠰᠠᠨ ᠰᠢᠨᠡᠳᠬᠡᠵᠤ᠂ 910 | ᠢᠵᠢ ᠵᠠᠮ ᠤᠨ ᠳ᠋ᠸᠡᠭ ︵ᠥᠵᠡᠮᠵᠢᠳᠤ ᠳ᠋ᠸᠡᠭ︶᠂ 200 ᠢᠵᠢ ᠭᠤᠳᠤᠮᠵᠢᠨ ᠤ ᠳ᠋ᠸᠡᠭ ᠢ ᠤᠭᠰᠠᠷᠠᠵᠠᠢ᠃ ᠡᠳᠤᠷ | ᠲᠤ 5000 ᠲᠤᠨ ᠪᠤᠬᠢᠷ ᠤᠰᠤ ᠶᠢ ᠰᠢᠢᠳᠪᠤᠷᠢᠯᠡᠬᠦ ᠣᠶᠢᠯᠡᠳᠪᠤᠷᠢ᠂ 45 ᠲᠤᠨ ᠬᠤᠭ ᠨᠤᠪᠰᠢ ᠰᠢᠢᠳᠪᠤᠷᠢᠯᠡᠬᠦ | ᠥᠢᠯᠡᠳᠪᠤᠷᠢ ᠪᠤᠯᠤᠨ 3000 ᠲᠤᠨ ᠲᠥᠬᠡᠬᠡᠯ ᠤᠰᠤᠨ ᠤ ᠥᠢᠯᠡᠳᠪᠤᠷᠢ ᠶᠢ ᠪᠠᠶᠢᠭᠤᠯᠪᠠ᠃ ᠬᠤᠳᠠ ᠶᠢᠨ | ᠪᠦᠳᠤᠬᠡᠨ ᠪᠠᠶᠢᠭᠤᠯᠤᠯᠳᠠ ᠨᠢ ᠢᠯᠡᠳᠳᠠ ᠰᠠᠶᠢᠵᠢᠷᠠᠭᠰᠡᠨ ᠠᠴᠠ ᠪᠤᠯᠵᠤ᠂ ᠮᠠᠨ ᠤ ᠬᠤᠰᠢᠭᠤ ᠨᠢ ︽ᠠᠶᠢᠮᠠᠭ ᠤᠨ | ᠲᠡᠰ ᠤᠨ ᠠᠷᠢᠭᠤᠨ ᠴᠡᠪᠡᠷ ᠬᠤᠳᠠ ᠪᠠᠯᠭᠠᠰᠤ︾ ᠪᠠᠷ ᠦᠨᠡᠯᠡᠭᠳᠡᠪᠡ᠃ ᠤᠳᠤᠬᠠᠨ ᠳᠤ᠂ ᠪᠠᠯᠬᠦᠳᠡᠢ ᠪᠠᠯᠭᠠᠰᠤᠨ ᠤ | ᠬᠤᠳᠠ ᠲᠤᠭᠤᠷᠢᠭ ᠤᠨ ᠪᠥᠳᠤᠬᠡᠨ ᠪᠠᠶᠢᠭᠤᠯᠤᠯᠳᠠ ᠶᠢᠨ ᠲᠠᠯᠠᠪᠠᠢ ᠨᠢ 10 ᠲᠡᠭᠰᠢ ᠲᠥᠷᠪᠡᠯᠵᠢᠨ ᠺᠢᠯᠤᠮᠧᠲᠷ ᠲᠤ | ᠬᠦᠷᠤᠨ᠂ ᠬᠥᠮᠤᠨ ᠪᠥᠷᠢ ᠶᠢᠨ ᠲᠡᠭᠰᠢᠳᠬᠡᠭᠰᠡᠨ ᠤᠷᠤᠨ ᠰᠠᠭᠤᠴᠠ ᠶᠢᠨ ᠲᠠᠯᠠᠪᠠᠢ ᠨᠢ 25 ᠲᠡᠭᠰᠢ ᠲᠥᠷᠪᠡᠯᠵᠢᠨ | ᠮᠧᠲᠷ ᠲᠤ ᠬᠥᠷᠴᠤ᠂ 2007 ᠤᠨ ᠤ ᠬᠢ ᠠᠴᠠ ᠲᠤᠰ ᠲᠤᠰ 3.3 ᠲᠡᠭᠰᠢ ᠲᠥᠷᠪᠡᠯᠵᠢᠨ ᠺᠢᠯᠤᠮᠧᠲᠷ ᠪᠤᠯᠤᠨ 5 | ᠲᠡᠭᠰᠢ ᠲᠥᠷᠪᠡᠯᠵᠢᠨ ᠮᠧᠲᠷ ᠨᠡᠮᠡᠭᠳᠡᠪᠡ᠃ ᠬᠤᠳᠠ ᠪᠠᠯᠭᠠᠰᠤᠵᠢᠯᠳᠠ ᠶᠢᠨ ᠨᠤᠷᠮ᠎ᠠ ᠶᠢ 56% ᠳᠤ ᠬᠦᠷᠬᠡᠵᠤ᠂ | 2007 ᠤᠨ ᠤ ᠬᠢ ᠠᠴᠠ 6 ᠵᠠᠭᠤᠨ ᠤ ᠬᠤᠪᠢ ᠪᠠᠷ ᠨᠡᠮᠡᠭᠳᠡᠬᠦᠯᠦᠭᠰᠡᠨ ᠪᠠᠶᠢᠨ᠎ᠠ᠃ | ᠤᠰᠤᠨ ᠠᠰᠢᠭᠯᠠᠯᠳᠠ᠂ ᠴᠠᠬᠢᠯᠭᠠᠨ ᠬᠦᠴᠣ᠂ ᠵᠠᠮ ᠬᠠᠷᠢᠯᠴᠠᠭᠠᠨ ᠤ ᠲᠠᠯ᠎ᠠ ᠪᠠᠷ ᠬᠢ ᠨᠥᠬᠦᠴᠡᠯ ᠢ ᠥᠨᠡᠨᠬᠦ | ᠰᠠᠶᠢᠵᠢᠷᠠᠭᠤᠯᠪᠠ᠃ ᠲᠠᠪᠤᠨ ᠵᠢᠯ ᠤᠨ ᠲᠤᠷᠰᠢ᠂ ᠣᠰᠣ ᠴᠠᠬᠢᠯᠭᠠᠨ ᠵᠠᠮ ᠤᠨ ᠦᠨᠳᠣᠰᠣᠨ ᠪᠦᠳᠣᠬᠡᠨ | ᠪᠠᠶᠢᠭᠤᠯᠣᠯᠳᠠ ᠳᠤ ᠨᠡᠶᠢᠳᠠ 7.3 ᠳ᠋ᠥᠡᠭᠰᠢᠭᠤᠷ ᠲᠥᠬᠦᠷᠢᠭ ᠤᠨ ᠪᠠᠯᠡ ᠤᠷᠤᠭᠤᠯᠵᠡᠢ᠃ ᠤᠰᠤᠨ ᠠᠰᠢᠭᠯᠠᠯᠳᠠ | ᠶᠢᠨ ᠲᠠᠯ᠎ᠠ ᠪᠠᠷ᠂ ᠬᠤᠳᠠ ᠪᠠᠯᠭᠠᠰᠤᠨ ᠤ 2190 ᠬᠥᠮᠤᠨ ᠠᠮᠠ ᠪᠠ ᠮᠠᠯᠵᠢᠬᠤ ᠤᠷᠤᠨ ᠤ 6326 ᠬᠥᠮᠤᠨ ᠠᠮᠠ | ᠂ 28.81 ᠲᠥᠮᠡᠨ ᠮᠠᠯ ᠰᠥᠷᠤᠭ᠌ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠵᠤ᠂ ᠴᠠᠭᠠᠨ ᠤᠰᠤᠨ | ᠴᠥᠬᠦᠷᠤᠮ ᠢ ᠵᠠᠰᠠᠨ ᠪᠠᠬᠢᠵᠢᠬᠦᠯᠬᠦ ᠢᠨᠵᠧᠨᠧᠷᠢᠩ ᠪᠠ ᠪᠠᠯᠬᠦᠳᠠᠢ ᠪᠠᠯᠭᠠᠰᠤᠨ ᠤ ᠥᠶᠡᠷ ᠢ ᠰᠠᠷᠬᠡᠶᠢᠯᠡᠬᠦ ᠪᠠᠷᠢᠯᠭ᠎ᠠ | ᠶᠢᠨ ᠢᠨᠵᠧᠨᠧᠷᠢᠩ ᠢ ᠪᠠᠶᠠᠯᠠᠬᠦᠯᠵᠤ᠂ ᠴᠠᠭᠠᠨ ᠤᠰᠤᠨ ᠴᠥᠬᠦᠷᠤᠮ ᠤᠨ ᠠᠵᠤ ᠥᠢᠯᠡᠳᠪᠤᠷᠢ ᠳᠤ ᠤᠰᠤ ᠬᠠᠨᠭ᠍ᠭᠠᠬᠤ | ᠲᠥᠷᠤᠯ ᠵᠥᠢᠯ ᠢ ᠥᠪᠡᠷᠳᠡᠬᠡᠨ ᠵᠠᠰᠠᠬᠤ ᠤᠷᠤᠨ ᠤ ᠥᠬᠡᠷᠡᠴᠢᠯᠡᠯᠳᠠ ᠬᠥᠭᠵᠢᠬᠦᠯᠤᠯᠳᠠ ᠶᠢᠨ ᠵᠥᠪᠯᠠᠯ ᠢᠶᠠᠷ ᠬᠢᠨᠡᠨ | ᠵᠦᠪᠰᠢᠶᠠᠷᠡᠬᠦᠯᠵᠤ᠂ ᠪᠠᠶᠠᠠᠭᠤᠤᠯ ᠤᠰᠤᠨ ᠴᠥᠬᠦᠷᠤᠮ ᠢ ᠵᠠᠰᠠᠨ ᠪᠠᠬᠢᠵᠢᠬᠦᠯᠬᠦ ᠢᠨᠵᠧᠨᠧᠷᠢᠩ ᠨᠢ ᠥᠪᠡᠷᠳᠡᠬᠡᠨ | ᠵᠠᠰᠠᠬᠤ ᠤᠷᠤᠨ ᠤ ᠲᠥᠯᠤᠪᠵᠢᠬᠦᠯᠬᠡ ᠳᠤ ᠵᠢᠭᠰᠠᠭᠠᠭᠳᠠᠨ᠂ ᠪᠡᠯᠬᠦᠳᠡᠢ ᠪᠠᠯᠭᠠᠰᠤᠨ ᠤ ᠥᠶᠡᠷ ᠢ ᠰᠡᠷᠬᠡᠶᠢᠯᠡᠬᠦ | ᠢᠨᠵᠧᠨᠧᠷᠢᠩ ᠨᠢ ᠥᠪᠠᠷᠳᠡᠬᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ ᠵᠥᠪᠰᠢᠶᠡᠷᠡᠯ ᠢ | ᠤᠯᠪᠠ᠃ ᠴᠠᠬᠢᠯᠭᠠᠨ ᠬᠥᠴᠤᠨ ᠤ ᠲᠠᠯ᠎ᠠ ᠪᠠᠷ᠂ 3 ᠵᠤᠷᠪᠤᠰ 239 ᠺᠢᠯᠤᠮᠧᠲᠷ ᠤᠨ 110 ᠺᠢᠯᠤᠸᠤᠯᠲ ᠤᠨ | ᠴᠠᠬᠢᠯᠭᠠᠨ ᠱᠤᠭᠤᠮ᠂ 3 ᠵᠤᠷᠪᠤᠰ 70 ᠺᠢᠯᠤᠮᠧᠲᠷ ᠤᠨ 35 ᠺᠢᠯᠤᠸᠤᠯᠲ ᠤᠨ ᠴᠠᠬᠢᠯᠭᠠᠨ ᠱᠤᠭᠤᠮ ᠢ ᠲᠣᠰ | ᠲᠣᠰ ᠪᠠᠶᠢᠭᠤᠯᠵᠤ᠂ 327 ᠺᠢᠯᠤᠮᠧᠲᠷ ᠤᠨ 10 ᠺᠢᠯᠤᠸᠤᠯᠲ ᠤᠨ ᠴᠠᠬᠢᠯᠭᠠᠨ ᠱᠤᠭᠤᠮ ᠢ ᠪᠠᠶᠢᠭᠤᠯᠤᠭᠰᠡᠨ ᠪᠠ | ᠵᠠᠰᠠᠨ ᠰᠢᠨᠡᠳᠬᠡᠵᠤ᠂ 86 ᠮᠠᠯᠵᠢᠬᠤ ᠡᠷᠤᠬᠡ ᠳᠤ ᠲᠤᠤᠷᠴᠢᠯᠠᠭᠰᠠᠨ ᠴᠠᠬᠢᠯᠭᠠᠨ ᠨᠠᠪᠳᠠᠷᠠᠬᠦᠯᠤᠨ᠂ ᠨᠠᠷᠨ ᠰᠠᠯᠬᠢᠨ ᠢ | ᠬᠠᠪᠰᠣᠷᠭᠠᠭᠰᠠᠨ ᠴᠠᠬᠢᠯᠭᠠᠨ ᠭᠠᠷᠭᠠᠬᠤ ᠲᠥᠬᠦᠭᠡᠷᠤᠮᠵᠢ ᠶᠢ ᠠᠰᠢᠭᠯᠠᠨ 3626 ᠮᠠᠯᠵᠢᠬᠤ ᠡᠷᠤᠬᠡ ᠶᠢᠨ ᠴᠠᠬᠢᠯᠭᠠᠨ | ᠬᠡᠷᠡᠭᠯᠡᠬᠦ ᠠᠰᠠᠭᠤᠳᠠᠯ ᠢ ᠰᠢᠢᠳᠪᠤᠷᠢᠯᠡᠵᠠᠢ᠃ ᠵᠠᠮ ᠬᠠᠷᠢᠯᠴᠠᠭᠠᠨ ᠤ ᠲᠠᠯ᠎ᠠ ᠪᠠᠷ᠂ 6 ᠵᠤᠷᠪᠤᠰ 639 ᠺᠢᠯᠤᠮᠧᠲᠷ | ᠤᠨ ᠰᠤᠮᠤ ᠪᠠᠯᠭᠠᠰᠤᠨ ᠳᠤ ᠨᠡᠪᠳᠡᠷᠡᠬᠦ ᠴᠠᠷᠳᠠᠮᠠᠯ ᠵᠠᠮ ᠪᠡ 68 ᠵᠤᠷᠪᠤᠰ 952 ᠺᠢᠯᠤᠮᠧᠲᠷ ᠤᠨ ᠭᠠᠴᠭᠠᠨ ᠳᠤ | ᠨᠡᠪᠳᠡᠷᠡᠬᠦ ᠵᠠᠰᠠᠮᠠᠯ ᠵᠠᠮ ᠢ ᠵᠠᠰᠠᠨ ᠨᠠᠪᠳᠠᠷᠠᠬᠦᠯᠵᠤ᠂ 10 ᠵᠤᠷᠪᠤᠰ 197 ᠺᠢᠯᠤᠮᠧᠲᠷ ᠤᠨ ᠬᠠᠶᠢᠷ ᠴᠢᠯᠠᠭᠤᠨ ᠵᠠᠮ ᠢ | ᠴᠠᠷᠳᠡᠮᠡᠯ ᠵᠠᠮ ᠪᠤᠯᠭᠠᠨ ᠵᠠᠰᠠᠵᠤ᠂ ᠪᠥᠬᠦ ᠰᠤᠮᠤ ᠪᠠᠯᠭᠠᠰᠤᠨ ᠳᠤ ᠴᠠᠷᠳᠡᠮᠡᠯ ᠵᠠᠮ᠂ ᠪᠥᠬᠦ ᠭᠠᠴᠠᠭᠠᠨ ᠳᠤ ᠵᠠᠰᠠᠮᠠᠯ ᠵᠠᠮ | ᠨᠠᠪᠳᠠᠷᠡᠬᠦᠯᠬᠦ ᠬᠠᠷᠠᠯᠳᠠ ᠶᠢ ᠦᠡᠳᠤᠰᠤᠨ ᠳᠡᠭᠡᠨ ᠪᠠᠶᠠᠯᠠᠬᠦᠯᠵᠠᠢ᠃ ᠴᠠᠭᠠᠠᠨᠠᠭᠤᠷ ᠨᠡᠬᠦᠷᠡᠰᠤᠨ ᠠᠭᠤᠷᠬᠠᠢ ᠶᠢᠨ ᠲᠠᠮᠤᠷ | ᠵᠠᠮ ᠤᠨ ᠲᠤᠰᠬᠠᠢ ᠱᠤᠭᠤᠮ ᠨᠢ ᠬᠢᠨᠡᠨ ᠵᠦᠪᠰᠢᠶᠠᠷᠡᠭᠳᠠᠵᠤ᠂ ᠰᠢᠯᠢᠩᠬᠤᠳᠠ ᠠᠴᠠ ᠡᠷᠢᠶᠡᠨ ᠬᠥᠷᠬᠦ ᠲᠡᠮᠤᠷ ᠵᠠᠮ ᠤᠨ | ᠮᠠᠨ ᠤ ᠬᠤᠰᠢᠭᠤᠨ ᠳᠠᠬᠢ ᠬᠡᠰᠡᠭ ᠤᠨ ᠠᠵᠢᠯ ᠢ ᠡᠬᠢᠯᠡᠬᠦᠯᠪᠡ᠃ | ︵ᠲᠥᠷᠪᠡ︶ ᠬᠥᠮᠤᠨ ᠢᠶᠠᠷ ᠥᠨᠳᠤᠰᠤ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠤᠯᠠᠮ | ᠰᠠᠶᠢᠵᠢᠷᠠᠭᠤᠯᠪᠠ᠃ ᠲᠠᠪᠤᠨ ᠵᠢᠯ ᠤᠨ ᠲᠤᠷᠰᠢ᠂ ᠠᠵᠢᠯ ᠤᠯᠭᠤᠬᠤ ᠲᠠᠬᠢᠨ ᠠᠵᠢᠯ ᠤᠯᠭᠤᠬᠤ ᠠᠵᠢᠯ ᠮᠡᠳᠡᠭᠳᠡᠮ᠎ᠡ | ᠥᠷ᠎ᠡ ᠪᠥᠳᠤᠮᠵᠢ ᠤᠯᠵᠤ᠂ ᠨᠡᠶᠢᠳᠠ 2.7 ᠲᠥᠮᠡᠨ ᠠᠵᠢᠯ ᠤᠨ ᠪᠠᠶᠢᠷᠢ ᠶᠢ ᠪᠦᠷᠢᠳᠬᠡᠨ᠂ 1.41 ᠲᠥᠮᠡᠨ | ᠬᠥᠮᠤᠨ ᠤᠳᠠᠭ᠎ᠠ ᠶᠢ ᠤᠷᠤᠨᠰᠢᠭᠤᠯᠵᠤ᠂ 6300 ᠲᠥᠮᠡᠨ ᠲᠥᠬᠦᠷᠢᠭ ᠤᠨ ᠪᠠᠭ᠎ᠠ ᠬᠡᠮᠵᠢᠶᠡᠨ ᠤ ᠪᠠᠳᠤᠯᠠᠭᠠᠳᠤ | ᠵᠢᠬᠡᠯᠡᠯᠬᠡ ᠶᠢ ᠲᠠᠷᠬᠠᠭᠠᠨ᠂ 1.2 ᠲᠥᠮᠡᠨ ᠬᠥᠮᠤᠨ ᠤᠳᠠᠭ᠎ᠠ ᠳᠤ ᠪᠤᠯᠪᠠᠰᠤᠷᠠᠯ ᠬᠥᠷᠳᠡᠬᠡᠵᠤ᠂ ᠪᠥᠬᠦ ᠬᠤᠰᠢᠭᠤᠨ ᠤ | ᠬᠤᠳᠠ ᠪᠠᠯᠭᠠᠰᠤᠨ ᠤ ᠲᠠᠩᠰᠠᠯᠠᠭᠤᠯᠤᠭᠰᠡᠨ ᠠᠵᠢᠯ ᠠᠯᠳᠠᠭᠰᠠᠳ ᠤᠨ ᠨᠤᠷᠮ᠎ᠡ ᠶᠢ 3.8% ᠶᠢᠨ ᠲᠤᠳᠤᠷ᠎ᠠ | ᠬᠢᠵᠠᠭᠠᠷᠯᠠᠵᠠᠢ᠃ ᠨᠡᠶᠢᠬᠡᠮ ᠤᠨ ᠪᠠᠳᠤᠯᠠᠭᠠᠨ ᠤ ᠰᠢᠰᠲ᠋ᠧᠮ ᠡᠳᠤᠷ ᠢᠷᠡᠬᠦᠶ᠎ᠠ ᠲᠡᠬᠦᠯᠳᠡᠷᠵᠢᠵᠤ᠂ ᠬᠤᠳᠠ ᠪᠠᠯᠭᠠᠰᠤᠨ | ᠤ ᠠᠵᠢᠯᠳᠠᠨ ᠤ ᠥᠨᠳᠤᠰᠤᠨ ᠨᠠᠰᠤᠵᠢᠯ ᠤᠨ ᠲᠠᠭᠠᠳᠬᠠᠯ᠂ ᠥᠨᠳᠤᠰᠤᠨ ᠡᠮᠴᠢᠯᠡᠬᠡᠨ ᠤ ᠲᠠᠭᠠᠳᠬᠠᠯ᠂ ᠠᠵᠢᠯ | ᠠᠯᠳᠠᠭᠰᠡᠳ ᠤᠨ ᠲᠠᠭᠠᠳᠬᠠᠯ ᠢ ᠪᠥᠬᠦ ᠲᠠᠯ᠎ᠠ ᠪᠠᠷ ᠪᠠᠶᠠᠯᠠᠬᠦᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠬᠡᠮ ᠤᠨ ᠨᠠᠰᠤᠵᠢᠯ ᠤᠨ ᠲᠠᠭᠠᠳᠬᠠᠯ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠮᠠᠯᠵᠢᠬᠤ ᠤᠷᠤᠨ ᠤ | ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠬᠡ ᠳᠤ ᠤᠷᠤᠯᠴᠠᠭᠰᠠᠨ ᠨᠤᠷᠮ᠎ᠡ ᠪᠠ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠥᠨᠳᠤᠰᠤᠨ ᠡᠮᠴᠢᠯᠡᠬᠡᠨ ᠤ ᠲᠠᠭᠠᠳᠬᠠᠯ ᠤᠨ ᠪᠥᠷᠬᠦᠴᠡ ᠶᠢᠨ ᠨᠤᠷᠮ᠎ᠡ ᠶᠢ 97.2% ᠪᠤᠯᠤᠨ | 100% ᠳᠤ ᠬᠦᠷᠬᠡᠵᠤ᠂ 2007 ᠤᠨ ᠤ ᠬᠢ ᠠᠴᠠ 2.4 ᠵᠠᠭᠤᠨ ᠤ ᠬᠤᠪᠢ᠂ 3 ᠵᠠᠭᠤᠨ ᠤ ᠬᠤᠪᠢ ᠪᠠᠷ | ᠲᠤᠰ ᠲᠤᠰ ᠨᠡᠮᠡᠭᠳᠡᠬᠦᠯᠦᠭᠰᠡᠨ ᠪᠠᠶᠢᠨ᠎ᠠ᠃ ᠬᠤᠳᠠ ᠬᠥᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠭ᠎ᠠ ᠶᠢᠨ ᠪᠠᠷᠢᠮᠵᠢᠶ᠎ᠠ ᠶᠢ 5 ᠵᠢᠯ ᠲᠠᠷᠠᠭᠠᠯᠠᠨ ᠲᠡᠬᠡᠭᠰᠢᠯᠡᠬᠦᠯᠤᠨ᠂ ᠬᠤᠳᠠ ᠪᠠᠯᠭᠠᠰᠤᠨ ᠤ ᠬᠠᠮᠤᠭ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠥᠡᠭᠬᠦ ᠶᠢᠨ ᠰᠠᠷ᠎ᠠ ᠶᠢᠨ ᠪᠠᠷᠢᠮᠵᠢᠶ᠎ᠠ ᠶᠢ 2007 ᠤᠨ ᠤ ᠬᠦᠮᠤᠨ | ᠪᠦᠷᠢ ᠶᠢᠨ 155 ᠲᠥᠭᠦᠷᠢᠭ ᠪᠠᠶᠢᠭᠰᠡᠨ ᠠᠴᠠ ᠨᠢ 400 ᠲᠥᠬᠦᠷᠢᠭ ᠪᠤᠯᠭᠠᠨ ᠨᠡᠮᠡᠭᠳᠡᠬᠦᠯᠵᠤ᠂ ᠮᠠᠯᠵᠢᠬᠤ ᠤᠷᠤᠨ | ᠤ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠥᠡᠭᠬᠦ ᠶᠢᠨ ᠵᠢᠯ ᠤᠨ ᠪᠠᠷᠢᠮᠵᠢᠶ᠎ᠠ ᠶᠢ ᠬᠥᠮᠤᠨ | ᠪᠥᠷᠢ ᠶᠢᠨ 500 ᠲᠥᠬᠦᠷᠢᠭ ᠪᠠᠶᠢᠭᠰᠡᠨ ᠠᠴᠠ ᠨᠢ 2880 ᠲᠥᠬᠦᠷᠢᠭ ᠪᠤᠯᠭᠠᠨ ᠨᠡᠮᠡᠭᠳᠡᠬᠦᠯᠪᠡ᠃ ᠶᠠᠳᠠᠭᠤ ᠶᠢ | ᠲᠡᠳᠬᠦᠬᠦ ᠠᠵᠢᠯ ᠢ ᠬᠥᠨᠵᠡᠬᠡᠢ ᠦᠷᠨᠢᠬᠦᠯᠤᠨ᠂ 439 ᠡᠷᠤᠬᠡ ᠶᠢᠨ 1564 ᠬᠥᠮᠤᠨ ᠢ ᠶᠠᠳᠠᠭᠤ ᠠᠴᠠ ᠨᠢ | ᠠᠩᠬᠢᠵᠢᠷᠠᠭᠤᠯᠪᠠ᠃ ᠪᠠᠳᠤᠯᠠᠭ᠎ᠠ ᠶᠢᠨ ᠴᠢᠨᠡᠷ ᠲᠠᠢ ᠤᠷᠤᠨ ᠰᠠᠭᠤᠴᠠ ᠶᠢ ᠪᠠᠶᠢᠭᠤᠯᠬᠤ ᠠᠵᠢᠯ ᠤᠨ ᠬᠥᠴᠤᠯᠡᠴᠡ ᠶᠢ | ᠴᠢᠩᠭᠠᠳᠬᠠᠵᠤ᠂ ᠲᠤᠮᠳᠠ ᠪᠠᠭ᠎ᠠ ᠤᠷᠤᠯᠭ᠎ᠠ ᠲᠠᠢ 680 ᠡᠷᠤᠬᠡ ᠶᠢᠨ ᠤᠷᠤᠨ ᠰᠠᠭᠤᠴᠠ ᠶᠢᠨ ᠠᠰᠠᠭᠤᠳᠠᠯ ᠢ | ᠰᠢᠢᠳᠪᠤᠷᠢᠯᠡᠵᠤ ᠦᠭᠴᠠᠢ᠃ | ︵ᠲᠠᠪᠦ︶ ᠪᠥᠬᠦ ᠲᠠᠯ᠎ᠠ ᠪᠠᠷ ᠬᠦᠭᠵᠢᠬᠦᠯᠬᠦ ᠶᠢ ᠪᠠᠷᠢᠮᠳᠠᠯᠠᠨ᠂ ᠨᠡᠶᠢᠬᠡᠮ ᠤᠨ ᠡᠯ᠎ᠡ ᠲᠥᠷᠤᠯ ᠤᠨ ᠠᠵᠤ ᠥᠢᠯᠡᠰ ᠢ | ᠤᠯᠠᠮ ᠴᠡᠴᠡᠭᠯᠡᠬᠦᠯᠤᠨ ᠬᠦᠭᠵᠢᠬᠦᠯᠪᠠ᠃ | ᠰᠤᠷᠭᠠᠨ ᠬᠥᠮᠤᠵᠢᠯ ᠤᠨ ᠬᠦᠭᠵᠢᠯᠳᠠ ᠶᠢ ᠲᠡᠷᠢᠬᠦᠨ ᠪᠠᠶᠢᠷᠢᠨ ᠳᠤ ᠲᠠᠯᠪᠢᠪᠠ᠃ ᠨᠡᠶᠢᠳᠡ 1.3 ᠳ᠋ᠥᠡᠭᠰᠢᠭᠤᠷ | ᠲᠥᠬᠦᠷᠢᠭ ᠤᠨ ᠪᠠᠯᠡ ᠤᠷᠤᠭᠤᠯᠵᠤ᠂ 4.7 ᠲᠥᠮᠡᠨ ᠲᠡᠭᠰᠢ ᠲᠥᠷᠪᠡᠯᠵᠢᠨ ᠮᠧᠲᠷ ᠤᠨ ᠰᠤᠷᠭᠠᠭᠤᠯᠢ ᠶᠢᠨ ᠬᠡᠷ | ᠪᠠᠶᠢᠰᠢᠩ ᠢ ᠰᠢᠨ᠎ᠡ ᠪᠠᠷ ᠪᠠᠶᠢᠭᠤᠯᠤᠭᠰᠡᠨ ᠪᠠ ᠵᠠᠰᠠᠨ ᠰᠢᠨᠡᠳᠬᠡᠵᠤ᠂ ᠮᠤᠩᠭᠤᠯ ᠪᠠᠭ᠎ᠠ ᠰᠤᠷᠭᠠᠭᠤᠯᠢ ᠶᠢ ᠨᠡᠬᠦᠯᠬᠡᠨ | ᠪᠠᠶᠢᠭᠤᠯᠵᠤ᠂ ᠮᠤᠩᠭᠤᠯ ᠢᠶᠠᠷ ᠬᠢᠴᠢᠶᠠᠯᠯᠠᠬᠦ ᠪᠠᠷ ᠭᠤᠤᠯᠳᠠᠭᠰᠡᠨ ᠮᠦᠩᠬᠡᠭᠠᠯ ᠴᠠᠴᠡᠷᠯᠢᠭ ᠢ ᠦᠷᠬᠡᠳᠬᠡᠨ | ᠪᠠᠶᠢᠭᠤᠯᠤᠭᠰᠡᠨ ᠰᠠᠭᠤᠷᠢᠨ ᠲᠡᠬᠡᠷ᠎ᠠ ᠬᠢᠳᠠᠳ ᠢᠶᠠᠷ ᠬᠢᠴᠢᠶᠠᠯᠯᠠᠬᠦ ᠪᠠᠷ ᠭᠤᠤᠯᠳᠠᠭᠰᠡᠨ ᠤᠳᠤᠨ ᠴᠡᠴᠡᠷᠯᠢᠭ ᠢ | ᠪᠠᠶᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠥᠪᠰᠢᠨ ᠤ ᠢᠨᠵᠧᠨᠧᠷᠢᠩ ᠤᠨ ᠪᠠᠷᠢᠯᠭ᠎ᠠ ᠶᠢ | ᠲᠠᠭᠤᠰᠬᠠᠵᠠᠢ᠃ ᠤᠳᠤᠬᠠᠨ ᠳᠤ᠂ ᠲᠣᠮᠳᠠᠳᠣ ᠪᠠᠭ᠎ᠠ ᠰᠣᠷᠭᠠᠭᠤᠯᠢ ᠶᠢᠨ ᠰᠤᠷᠤᠭᠴᠢ ᠪᠦᠷᠢ ᠳᠤ ᠨᠤᠭᠳᠠᠬᠤ | ᠰᠤᠷᠭᠠᠭᠤᠯᠢ ᠶᠢᠨ ᠪᠠᠶᠢᠷᠢ ᠶᠢᠨ ᠲᠠᠯᠠᠪᠡᠢ ᠶᠢ 15.65 ᠲᠡᠭᠰᠢ ᠲᠥᠷᠪᠠᠯᠵᠢᠨ ᠮᠧᠲᠷ ᠪᠠ 8.76 ᠲᠡᠭᠰᠢ | ᠲᠥᠷᠪᠠᠯᠵᠢᠨ ᠮᠧᠲᠷ ᠲᠤ ᠬᠦᠷᠬᠡᠵᠤ᠂ 2007 ᠤᠨ ᠤ ᠬᠢ ᠠᠴᠠ ᠲᠤᠰ ᠪᠥᠷᠢ 9.64 ᠲᠡᠭᠰᠢ ᠲᠥᠷᠪᠠᠯᠵᠢᠨ | ᠮᠧᠲᠷ ᠪᠠ 3.26 ᠲᠡᠭᠰᠢ ᠲᠥᠷᠪᠠᠯᠵᠢᠨ ᠮᠧᠲᠷ ᠨᠡᠮᠡᠭᠳᠡᠬᠦᠯᠪᠡ᠃ ᠲᠤᠮᠳᠠᠳᠤ ᠪᠠᠭ᠎ᠠ ᠰᠤᠷᠭᠠᠭᠤᠯᠢ ᠶᠢᠨ | ᠤᠳᠤᠬᠢᠴᠢᠯᠠᠭᠰᠠᠨ ᠠᠯᠤᠰ ᠡᠵᠡᠮᠰᠢᠯᠳᠤ ᠰᠤᠷᠭᠠᠨ ᠬᠥᠮᠤᠵᠢᠯ᠂ ᠰᠤᠷᠭᠠᠨ ᠬᠥᠮᠤᠵᠢᠯ ᠤᠨ ᠬᠤᠳᠠ ᠶᠢᠨ ᠬᠡᠪᠴᠢᠶᠡᠨ | ᠤ ᠰᠥᠯᠵᠢᠶ᠎ᠡ᠂ ︽ᠲᠤᠭᠠᠴᠢᠯᠠᠭᠰᠡᠨ ᠰᠤᠷᠭᠠᠭᠤᠯᠢ ᠶᠢᠨ ᠬᠥᠷᠢᠶ᠎ᠡ︾ ᠶᠢ ᠪᠠᠶᠢᠭᠤᠯᠬᠤ ᠢᠨᠵᠧᠨᠧᠷᠢᠩ ᠢ ᠪᠠᠶᠠᠯᠠᠬᠦᠯᠵᠤ | ᠂ ︽ᠠᠩᠬᠢ ᠪᠤᠯᠭᠠᠨ ᠳᠤ ᠨᠠᠪᠳᠠᠷᠡᠬᠦᠯᠬᠦ︾ ᠢᠡᠵᠧᠨᠧᠷᠢᠩ ᠤᠨ ᠲᠥᠬᠦᠬᠡᠷᠤᠮᠵᠢ ᠶᠢᠨ ᠤᠭᠰᠠᠷᠠᠯᠳᠠ ᠶᠢᠨ ᠨᠤᠷᠮ᠎ᠡ | ᠪᠤᠯᠤᠨ ᠵᠢᠭᠠᠨ ᠰᠤᠷᠭᠠᠯᠳᠠ ᠶᠢᠨ ᠪᠠᠭᠠᠵᠢ ᠬᠡᠷᠡᠭᠰᠡᠯ᠂ ᠨᠤᠮ ᠪᠢᠴᠢᠭ ᠤᠨ ᠬᠠᠨᠭ᠍ᠭᠠᠯᠭ᠎ᠠ ᠶᠢᠨ ᠨᠤᠷᠮ᠎ᠡ ᠨᠢ ᠴᠥᠮ | 100% ᠳᠤ ᠬᠥᠷᠪᠡ᠃ 15 ᠵᠢᠯ ᠤᠨ ᠰᠤᠷᠭᠠᠨ ᠬᠦᠮᠤᠵᠢᠯ ᠤᠨ ᠰᠦᠢᠳᠬᠡᠯ ᠢ ᠬᠡᠯᠳᠤᠷᠢᠬᠦᠯᠬᠦ ᠵᠡᠷᠬᠡ ᠲᠥᠷᠤ | ᠶᠢᠨ ᠪᠤᠳᠤᠯᠭ᠎ᠠ ᠨᠢ 2.4 ᠲᠥᠮᠡᠨ ᠬᠥᠮᠤᠨ ᠤᠳᠠᠭᠠᠨ ᠤ ᠰᠤᠷᠤᠭᠴᠢᠳ ᠲᠤ ᠠᠰᠢᠭ ᠬᠦᠷᠳᠡᠬᠡᠵᠤ᠂ ᠤᠯᠤᠰ ᠤᠨ | ᠭᠤᠷᠪᠠᠳᠤᠭᠠᠷ ᠲᠥᠷᠤᠯ ᠤᠨ ᠬᠤᠳᠠ ᠶᠢᠨ ᠥᠬᠡ ᠬᠡᠯᠡ ᠥᠰᠤᠭ᠌ ᠪᠢᠴᠢᠭ ᠢ ᠥᠨᠡᠯᠡᠨ ᠪᠠᠷᠢᠮᠵᠢᠶᠠᠯᠠᠬᠤ ᠠᠵᠢᠯ ᠤᠨ | ᠪᠠᠶᠢᠴᠠᠭᠠᠯᠳᠠ ᠳᠤ ᠬᠢᠷᠢ ᠲᠠᠩᠴᠡᠭᠰᠡᠨ ᠪᠠᠶᠢᠨ᠎ᠠ᠃ | ᠰᠤᠶᠤᠯ ᠲᠠᠮᠢᠷ ᠷᠠᠳᠢᠤ᠋ ᠲᠧᠯᠸᠢᠰ ᠤᠨ ᠥᠢᠯᠡᠰ ᠢ ᠶᠡᠬᠡᠪᠡᠷ ᠠᠬᠢᠭᠤᠯᠪᠠ᠃ ᠥᠨᠳᠤᠰᠤᠳᠠᠨ ᠤ ᠰᠤᠶᠤᠯ ᠤᠨ ᠲᠤᠮᠤ | ᠬᠤᠰᠢᠭᠤᠨ ᠤ ᠪᠥᠳᠤᠬᠡᠨ ᠪᠠᠶᠢᠭᠤᠯᠤᠯᠳᠠ ᠢᠯᠡᠳᠳᠠ ᠬᠢᠷᠢ ᠪᠥᠳᠤᠮᠵᠢ ᠤᠯᠵᠤ᠂ ᠤᠷᠢᠳ ᠬᠤᠵᠢᠳ ᠥᠪᠡᠷᠳᠡᠬᠡᠨ | ᠵᠠᠰᠠᠬᠤ ᠤᠷᠤᠨ ᠤ ︽ᠬᠠᠷ᠎ᠠ ᠠᠳᠤᠭᠤᠨ ᠰᠤᠶᠤᠯ ᠤᠨ ᠥᠯᠤᠬᠡᠢ︾᠂ ︽ᠴᠡᠭᠡ ᠶᠢᠨ ᠰᠤᠶᠤᠯ ᠤᠨ ᠥᠯᠤᠬᠡᠢ︾᠂ | ︽ᠴᠤᠭᠤᠷ ᠲᠠᠭᠤᠨ ᠤ ᠥᠯᠤᠬᠡᠢ︾᠂ ︽ᠪᠡᠯᠬᠦᠳᠡᠢ ᠤᠭᠰᠠᠭᠠᠨ ᠰᠤᠶᠤᠯ ᠤᠨ ᠤᠯᠠᠮᠵᠢᠯᠠᠨ ᠵᠠᠯᠭᠠᠮᠵᠢᠯᠡᠬᠤ | ᠰᠠᠭᠤᠷᠢᠨ ᠭᠠᠵᠠᠷ︾ ᠢᠶᠠᠷ ᠨᠠᠷᠠᠶᠢᠳᠦᠭᠳᠠᠵᠤ᠂ ᠴᠢᠩᠬᠢᠰ ᠪᠤᠭᠳᠠᠠᠭᠤᠯᠠ ᠶᠢᠨ ᠲᠠᠬᠢᠯᠭ᠎ᠠ ᠪᠠ ᠪᠡᠯᠬᠦᠳᠡᠢ ᠶᠢᠨ ᠲᠠᠬᠢᠯᠭ᠎ᠠ | ᠶᠢ ᠤᠯᠠᠮ ᠲᠦᠷᠢᠮᠵᠢᠬᠦᠯᠵᠤ᠂ 2010 ᠤᠨ ᠳᠤ ᠪᠥᠬᠦ ᠠᠶᠢᠮᠠᠭ ᠤᠨ ᠤᠶᠤᠨ ᠤ ᠪᠤᠯᠪᠠᠰᠤᠨ ᠤ ᠲᠤᠷᠰᠢᠯᠭ᠎ᠠ | ᠰᠤᠯᠢᠯᠴᠠᠬᠤ ᠬᠤᠷᠠᠯ ᠢ ᠠᠮᠵᠢᠯᠳᠠ ᠲᠠᠢ ᠡᠷᠬᠢᠯᠡᠵᠡᠢ᠃ ᠠᠪᠠᠭ᠎ᠠ ᠴᠤᠭᠤᠷ ᠤᠨ ᠢᠵᠠᠭᠤᠷ ᠰᠤᠶᠤᠯ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠬᠦᠯᠵᠤ᠂ ᠡᠯ᠎ᠡ ᠲᠥᠷᠤᠯ ᠤᠨ ᠰᠤᠶᠤᠯ ᠤᠨ ᠨᠡᠶᠢᠬᠡᠮᠯᠢᠭ ᠨᠢ ᠥᠨᠳᠤᠰᠤᠳᠠᠨ ᠤ ᠰᠤᠶᠤᠯ ᠤᠨ | ᠲᠤᠮᠤ ᠬᠤᠰᠢᠭᠤᠨ ᠤ ᠬᠥᠭᠵᠢᠯᠳᠠ ᠶᠢ ᠲᠦᠯᠬᠢᠨ ᠠᠬᠢᠭᠤᠯᠬᠤ ᠪᠥᠳᠤᠮᠵᠢᠳᠠᠢ ᠠᠴᠢᠶᠠᠯᠠᠪᠤᠷᠢ ᠪᠤᠯᠪᠠ᠃ ᠨᠤᠮᠢᠨ | ᠠᠪᠠᠭ᠎ᠠ · ᠠᠩᠬᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠢ ᠠᠮᠵᠢᠯᠳᠡᠳᠡᠢ ᠡᠷᠬᠢᠯᠡᠨ ᠶᠠᠪᠤᠭᠳᠠᠭᠤᠯᠵᠤ᠂ | ᠮᠠᠨ ᠤ ᠬᠤᠰᠢᠭᠤᠨ ᠤ ᠬᠢ ᠪᠠᠨ ᠨᠢᠭᠳᠠᠷᠡᠯ ᠪᠦᠯᠬᠦᠮᠳᠠᠯ ᠢ ᠴᠢᠩᠭᠠᠳᠬᠠᠵᠤ ᠨᠠᠷᠠ ᠠᠯᠳᠠᠷᠰᠢᠯ ᠢ ᠨᠢ ᠤᠯᠠᠮ | ᠦᠷᠬᠡᠳᠬᠡᠭᠰᠡᠨ ᠪᠠᠶᠢᠨ᠎ᠠ᠃ 30 ᠭᠠᠷᠤᠢ ᠲᠥᠷᠤᠯ ᠤᠨ ᠨᠤᠮ ᠪᠢᠴᠢᠭ ᠢ ᠬᠡᠪᠯᠡᠬᠦᠯᠵᠤ᠂ ︽ᠪᠤᠭᠳᠠ ᠬᠠᠶᠢᠷᠬᠠᠨ ᠤ | ᠪᠠᠷ᠎ᠠ︾ ᠬᠡᠬᠦ ᠺᠢᠨᠤ᠋ ᠨᠢ ᠥᠪᠡᠷᠳᠡᠬᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠥᠳᠤᠬᠡᠨ ᠪᠠᠶᠢᠭᠤᠯᠤᠯᠳᠠ ᠶᠢᠨ | ︽ᠲᠠᠪᠤᠨ ᠨᠢᠬᠡ ᠢᠨᠵᠧᠨᠧᠷᠢᠩ︾ ᠤᠨ ᠱᠠᠩᠨᠠᠯ ᠢ ᠲᠤᠰᠴᠤ᠂ ︽ᠴᠢᠩᠬᠢᠰ ᠬᠠᠭᠠᠨ ᠤ ᠰᠤᠷᠭᠠᠯ︾ ᠬᠡᠬᠦ ᠮᠤᠩᠭᠤᠯ | ᠤᠷᠠᠨ ᠪᠢᠴᠢᠯᠬᠡ ᠨᠢ ᠥᠪᠠᠷᠳᠡᠬᠡᠨ ᠵᠠᠰᠠᠬᠤ ᠤᠷᠤᠨ ᠤ ᠤᠷᠠᠯᠢᠭ ᠤᠨ ᠪᠥᠳᠤᠬᠡᠯ ᠤᠨ ᠬᠠᠮᠤᠭ ᠤᠨ ᠲᠡᠬᠡᠳᠤ ᠱᠠᠩᠨᠠᠯ | — ︽ᠰᠠᠷᠠᠨ᠎ᠠ︾ ᠱᠠᠩᠨᠠᠯ ᠢ ᠬᠦᠷᠳᠡᠵᠡᠢ᠃ ᠤᠯᠠᠨ ᠨᠡᠶᠢᠳᠠ ᠶᠢᠨ ᠰᠤᠶᠤᠯ ᠤᠨ ᠥᠢᠯᠡᠴᠢᠯᠡᠬᠡᠨ ᠤ ᠵᠣᠬᠢᠴᠠᠮᠵᠢ | ᠶᠢ ᠲᠠᠰᠤᠷᠠᠯᠳᠠ ᠥᠬᠡᠢ ᠪᠦᠷᠢᠡᠰᠢᠬᠦᠯᠵᠤ᠂ ᠠᠪᠠᠭ᠎ᠠ ᠠᠭᠤᠳᠠᠮ ᠲᠠᠯᠠᠪᠠᠢ᠂ ᠮᠥᠽᠸᠢ᠂ ᠨᠠᠶᠢᠷ ᠤᠨ ᠲᠠᠯᠠᠪᠠᠢ᠂ | ᠠᠬᠠᠮᠠᠳ ᠺᠠᠳ᠋ᠷ ᠤᠨ ᠬᠥᠳᠡᠯᠬᠡᠬᠡᠨ ᠤ ᠲᠥᠪ ᠵᠡᠷᠬᠡ ᠨᠢᠬᠡ ᠪᠥᠯᠤᠭ᠌ ᠰᠤᠶᠤᠯ ᠲᠠᠮᠢᠷ ᠤᠨ ᠲᠥᠬᠦᠬᠡᠷᠤᠮᠵᠢ ᠶᠢ | ᠠᠰᠢᠭᠯᠠᠯᠳᠠ ᠳᠤ ᠤᠷᠤᠭᠤᠯᠵᠤ᠂ ᠶᠡᠷᠤᠩᠬᠡᠶᠢᠯᠡᠭᠰᠡᠨ ᠲᠠᠮᠢᠷ ᠤᠨ ᠤᠷᠳᠤᠨ᠂ ᠷᠠᠳᠢᠤ᠋ ᠲᠧᠯᠸᠢᠰ ᠤᠨ ᠶᠡᠷᠤᠩᠬᠡᠶᠢᠯᠡᠭᠰᠡᠨ | ᠠᠰᠠᠷ ᠤᠨ ᠪᠠᠷᠢᠯᠭ᠎ᠠ ᠶᠢ ᠡᠬᠢᠯᠡᠬᠦᠯᠵᠤ᠂ ᠨᠡᠶᠢᠬᠡᠮ ᠲᠤᠭᠤᠷᠢᠭ ᠤᠨ ᠶᠡᠷᠤᠩᠬᠡᠶᠢᠯᠡᠭᠰᠡᠨ ᠥᠢᠯᠡᠴᠢᠯᠡᠬᠡᠨ ᠤ ᠲᠥᠪ᠂ | ᠰᠤᠮᠤ ᠪᠠᠯᠭᠠᠰᠤᠨ ᠤ ᠰᠤᠶᠤᠯ ᠤᠨ ᠥᠷᠳᠡᠭᠡ ︵ᠲᠠᠰᠤᠭ︶᠂ ᠲᠠᠯ᠎ᠠ ᠨᠤᠳᠤᠭ ᠤᠨ ᠨᠤᠮ ᠤᠨ ᠦᠷᠤᠬᠡᠨ ᠤ | ᠪᠦᠳᠤᠬᠡᠨ ᠪᠠᠶᠢᠭᠤᠯᠤᠯᠳᠠ ᠶᠢᠨ ᠠᠬᠢᠴᠠ ᠶᠢ ᠤᠯᠠᠮ ᠴᠢᠨᠠᠭᠰᠢᠳᠠ ᠲᠦᠷᠬᠡᠳᠬᠡᠨ᠂ ︽ᠭᠠᠴᠠᠭ᠎ᠠ ᠪᠤᠯᠭᠠᠨ | ᠳᠤ ᠨᠠᠪᠳᠡᠷᠠᠬᠦᠯᠬᠦ︾ ᠢᠨᠵᠧᠨᠧᠷᠢᠩ᠂ ᠮᠠᠯᠵᠢᠬᠤ ᠤᠷᠤᠨ ᠤ ᠲᠤᠭᠠᠴᠢᠯᠠᠭᠰᠠᠨ ᠲᠧᠯᠸᠢᠰ ᠨᠠᠪᠳᠡᠷᠡᠬᠦᠯᠬᠡ ᠪᠠ ᠪᠠᠷᠠᠭᠤᠨ | ᠤᠷᠤᠨ ᠤ ᠷᠡᠳᠢᠤ᠋ ᠲᠧᠯᠸᠢᠰ ᠤᠨ ᠲᠦᠬᠦᠬᠡᠷᠤᠮᠵᠢ ᠶᠢ ᠰᠢᠨᠡᠳᠬᠡᠬᠦ ᠢᠨᠵᠧᠨᠧᠷᠢᠩ ᠢ ᠠᠯᠬᠤᠮ ᠲᠠᠷᠠᠭ᠎ᠠ ᠲᠠᠢ | ᠬᠡᠷᠡᠭᠵᠢᠬᠦᠯᠵᠤ᠂ ᠷᠠᠳᠢᠤ᠋ ᠪᠤᠯᠤᠨ ᠲᠧᠯᠸᠢᠰ ᠤᠨ ᠪᠥᠷᠬᠦᠴᠡ ᠶᠢ ᠲᠤᠰ ᠪᠥᠷᠢ 98.6% ᠪᠠ 96.5% ᠳᠤ | ᠬᠦᠷᠬᠡᠵᠡᠢ᠃ | ᠡᠮ ᠡᠮᠨᠡᠯᠬᠡ ᠡᠷᠡᠬᠦᠯ ᠬᠠᠮᠠᠭᠠᠯᠠᠯ ᠤᠨ ᠥᠢᠯᠡᠰ ᠢ ᠲᠠᠰᠤᠷᠠᠯᠳᠠ ᠥᠬᠡᠢ ᠬᠥᠭᠵᠢᠬᠦᠯᠪᠠ᠃ ᠥᠨᠳᠤᠰᠤᠨ ᠱᠠᠳᠤᠨ ᠤ | ᠡᠮᠴᠢᠯᠡᠬᠡᠨ ᠤ ᠪᠠᠶᠢᠭᠤᠯᠤᠮᠵᠢ ᠳᠤ ᠡᠮ ᠤᠨ ᠵᠥᠢᠯᠡᠰ ᠢ ᠤᠤᠯ ᠥᠨ᠎ᠡ ᠪᠠᠷ ᠨᠢ ᠬᠤᠳᠠᠯᠳᠤᠬᠤ ᠲᠥᠷᠢᠮ ᠢ ᠪᠥᠬᠦ | ᠲᠠᠯ᠎ᠠ ᠪᠠᠷ ᠬᠡᠷᠡᠭᠵᠢᠬᠦᠯᠪᠠ᠃ ᠮᠤᠩᠭᠤᠯ ᠡᠮᠨᠡᠯᠬᠡ ᠶᠢᠨ ᠬᠤᠷᠢᠶ᠎ᠡ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ | ᠦᠷᠳᠡᠭᠡ᠂ ᠬᠤᠰᠢᠭᠤ ᠡᠮᠨᠡᠯᠬᠡ ᠶᠢᠨ ᠬᠤᠷᠢᠶ᠎ᠠ ᠵᠡᠷᠬᠡ ᠡᠮᠴᠢᠯᠡᠬᠡᠨ ᠤ ᠠᠰᠠᠷ ᠢ ᠰᠢᠨ᠎ᠡ ᠪᠠᠷ ᠪᠠᠶᠢᠭᠤᠯᠵᠤ᠂ ᠬᠤᠰᠢᠭᠤ | ᠡᠮᠨᠡᠯᠬᠡ ᠶᠢᠨ ᠬᠤᠷᠢᠶᠠᠨ ᠤ ᠪᠠᠷᠢᠮᠵᠢᠶᠠᠵᠢᠭᠰᠡᠨ ᠪᠥᠳᠤᠬᠡᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠨ | ᠬᠡᠷᠡᠭᠵᠢᠬᠦᠯᠵᠤ᠂ 11 ᠭᠤᠤᠯᠯᠠᠭᠴᠢ ᠡᠷᠡᠬᠦᠯ ᠬᠠᠮᠠᠭᠠᠯᠠᠯ ᠤᠨ ᠬᠤᠷᠢᠶ᠎ᠠ ᠶᠢ ᠥᠷᠬᠡᠳᠬᠡᠨ ᠪᠠᠶᠢᠭᠤᠯᠤᠨ᠂ 35 | ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠢ ᠰᠢᠨᠡᠳᠬᠡᠨ ᠰᠡᠷᠬᠦᠬᠡᠪᠡ᠃ ᠤᠯᠠᠨ ᠨᠡᠶᠢᠳᠠ ᠶᠢᠨ ᠡᠷᠡᠬᠦᠯ ᠬᠠᠮᠭᠠᠯᠠᠯ | ᠤᠨ ᠦᠢᠯᠡᠴᠢᠯᠡᠬᠡᠨ ᠤ ᠬᠢᠷᠢ ᠲᠥᠪᠰᠢᠨ ᠢ ᠲᠠᠰᠤᠷᠠᠯᠳᠠ ᠥᠬᠡᠢ ᠲᠡᠬᠡᠭᠰᠢᠯᠡᠬᠦᠯᠵᠤ᠂ ᠤᠯᠠᠨ ᠲᠥᠮᠡᠨ ᠤ ︽ | ᠡᠪᠡᠳᠴᠢᠨ ᠥᠵᠡᠬᠦᠯᠬᠦ ᠳᠤ ᠲᠦᠪᠡᠭᠳᠡᠢ᠂ ᠡᠪᠡᠳᠴᠢᠨ ᠥᠵᠡᠬᠦᠯᠬᠦ ᠳᠤ ᠥᠨᠡᠳᠡᠢ︾ ᠪᠠᠶᠢᠳᠠᠭ ᠠᠰᠠᠭᠤᠳᠠᠯ ᠢ | ᠴᠢᠷᠮᠠᠶᠢᠨ ᠰᠢᠢᠳᠪᠤᠷᠢᠯᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ | ᠯᠠᠪᠳᠠᠭᠤᠨ ᠢᠶᠠᠷ ᠠᠬᠢᠭᠤᠯᠵᠤ᠂ ᠠᠵᠢᠯ ᠤᠨ ᠬᠢᠨᠢ ᠬᠢᠷᠢ ᠪᠦᠳᠤᠮᠵᠢ ᠶᠢ ᠨᠢ ᠴᠠᠯᠢᠩ ᠲᠠᠢ ᠨᠢ ᠬᠤᠯᠪᠤᠬᠤ ᠲᠥᠷᠢᠮ ᠢ | ᠬᠡᠷᠡᠭᠵᠢᠬᠦᠯᠤᠨ᠂ ᠢᠳᠡᠬᠡᠨ ᠪᠠ ᠡᠮ ᠤᠨ ᠵᠥᠢᠯᠡᠰ ᠤᠨ ᠠᠮᠤᠷ ᠲᠥᠪᠰᠢᠨ ᠪᠠ ᠣᠯᠠᠨ ᠨᠡᠶᠢᠳᠠ ᠶᠢᠨ ᠡᠷᠡᠬᠦᠯ | ᠬᠠᠮᠭᠠᠯᠠᠯ ᠤᠨ ᠠᠮᠤᠷ ᠲᠥᠪᠰᠢᠨ ᠢ ᠪᠠᠳᠤᠯᠠᠬᠤ ᠠᠵᠢᠯ ᠢ ᠲᠠᠰᠤᠷᠠᠯᠳᠠ ᠥᠬᠡᠢ ᠴᠢᠩᠭᠠᠳᠬᠠᠵᠤ᠂ ᠬᠡᠨᠡᠳᠳᠠ ᠪᠠᠷ | ᠡᠬᠦᠰᠬᠦ ᠤᠯᠠᠨ ᠨᠠᠶᠢᠳᠠ ᠶᠢᠨ ᠬᠡᠷᠡᠭ ᠶᠠᠪᠤᠳᠠᠯ ᠢ ᠪᠠᠴᠢᠮ ᠠᠷᠭᠠᠴᠠᠭᠠᠬᠤ ᠬᠠᠮᠢᠶᠠᠷᠤᠯᠳᠠ ᠶᠢᠨ ᠵᠤᠬᠢᠴᠠᠮᠵᠢ ᠶᠢ ᠤᠯᠠᠮ | ᠴᠢᠨᠠᠭᠰᠢᠳᠠ ᠪᠦᠷᠢᠡᠰᠢᠬᠦᠯᠦᠭᠰᠡᠨ ᠪᠠᠶᠢᠨ᠎ᠠ᠃ | ᠬᠥᠮᠤᠨ ᠠᠮᠠ ᠪᠤᠯᠤᠨ ᠲᠥᠯᠤᠪᠯᠡᠬᠡᠳᠤ ᠥᠷᠡᠵᠢᠯ ᠤᠨ ᠠᠵᠢᠯ ᠢ ᠥᠨᠡᠨᠬᠦ ᠴᠢᠩᠭᠠᠳᠬᠠᠪᠠ᠃ ᠲᠤᠤᠷ᠎ᠠ ᠦᠰᠤᠯᠳᠠ | ᠶᠢᠨ ᠨᠤᠷᠮ᠎ᠠ ᠶᠢ ᠪᠠᠳᠤᠯᠠᠬᠤ ᠪᠠ ᠬᠦᠮᠤᠨ ᠠᠮᠨ ᠶᠢᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠪᠠᠷ ᠬᠠᠷᠠᠯᠳᠠ ᠪᠠᠨ | ᠪᠤᠯᠭᠠᠬᠤ ᠶᠢ ᠪᠠᠷᠢᠮᠳᠠᠯᠠᠨ᠂ ᠪᠦᠬᠦ ᠲᠠᠯ᠎ᠠ ᠶᠢᠨ ᠬᠠᠮᠢᠶᠠᠷᠤᠯᠳᠠ ᠶᠢ ᠠᠬᠢᠭᠤᠯᠵᠤ᠂ ᠬᠦᠮᠤᠨ ᠠᠮᠨ ᠶᠢᠨ ᠲᠦᠷᠤᠯᠳᠠ | ᠶᠢᠨ ᠨᠤᠷᠮ᠎ᠠ ᠶᠢ 7.66 ‰ ᠶᠢᠨ ᠲᠤᠳᠤᠷ᠎ᠠ ᠬᠢᠵᠠᠭᠠᠷᠯᠠᠭᠰᠡᠨ ᠪᠦᠬᠡᠳ ᠵᠢᠷᠭᠤᠳᠤᠭᠠᠷ ᠤᠳᠠᠭᠠᠨ ᠤ ᠬᠦᠮᠤᠨ ᠠᠮᠠ | ᠶᠢᠨ ᠨᠠᠶᠢᠳᠠᠮ ᠪᠠᠶᠢᠴᠠᠭᠠᠯᠳᠠ ᠶᠢᠨ ᠠᠵᠢᠯ ᠢ ᠤᠷᠤᠭᠰᠢᠳᠡᠢ ᠪᠠᠶᠠᠯᠠᠬᠦᠯᠪᠠ᠃ | ᠠᠮᠤᠷ ᠲᠤᠭᠳᠠᠭᠤᠨ ᠤ ᠪᠠᠶᠢᠭᠤᠯᠤᠯᠳᠠ ᠶᠢ ᠪᠥᠬᠦ ᠬᠥᠴᠤᠨ ᠢᠶᠠᠷ ᠲᠦᠯᠬᠢᠨ ᠠᠬᠢᠭᠤᠯᠪᠡ᠃ ᠠᠶᠤᠯᠬᠦᠢ | ᠥᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠬᠦᠢ | ᠦᠢᠯᠡᠳᠪᠤᠷᠢᠯᠡᠯ ᠤᠨ ᠨᠠᠯᠢᠶᠡᠳ ᠰᠠᠶᠢᠨ ᠪᠠᠶᠢᠳᠠᠯ ᠢ ᠪᠠᠳᠤᠯᠠᠭᠰᠡᠨ ᠪᠠᠶᠢᠨ᠎ᠠ᠃ ᠵᠥᠷᠢᠴᠡᠯ ᠮᠦᠷᠬᠦᠯᠳᠤᠬᠡᠨ ᠢ | ᠰᠢᠢᠳᠪᠤᠷᠢᠯᠡᠬᠦ ᠬᠥᠴᠤᠯᠡᠴᠡ ᠪᠠᠨ ᠥᠨᠡᠨᠬᠦ ᠴᠢᠩᠭᠠᠳᠬᠠᠵᠤ᠂ ᠨᠢᠬᠡ ᠬᠡᠰᠡᠭ ᠥᠯᠡᠳᠡᠭᠳᠡᠯ ᠠᠰᠠᠭᠤᠳᠠᠯ ᠢ ᠰᠠᠶᠢᠳᠤᠷ | ᠰᠢᠢᠳᠪᠤᠷᠢᠯᠡᠪᠡ᠃ ᠬᠠᠤᠯᠢ ᠲᠥᠬᠡᠮᠡᠯᠵᠢᠬᠦᠯᠬᠦ ᠰᠤᠷᠭᠠᠨ ᠬᠦᠮᠤᠵᠢᠯ ᠪᠠ ︽ᠠᠮᠤᠭᠤᠯᠠᠩ ᠠᠪᠠᠭ᠎ᠠ︾ ᠶᠢ ᠴᠤᠭᠴᠠᠯᠠᠨ | ᠪᠠᠶᠢᠭᠤᠯᠬᠤ ᠠᠵᠢᠯᠯᠠᠭ᠎ᠠ ᠶᠢ ᠬᠥᠨᠵᠡᠬᠡᠢ ᠥᠷᠨᠢᠬᠦᠯᠵᠤ᠂ ᠡᠯ᠎ᠡ ᠲᠥᠷᠤᠯ ᠤᠨ ᠬᠠᠤᠯᠢ ᠵᠥᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ ᠤᠯᠠᠨ ᠲᠥᠮᠡᠨ ᠤ ᠠᠮᠤᠷ ᠲᠠᠶᠢᠪᠤᠡᠭ ᠰᠡᠳᠬᠢᠭᠳᠡᠯ ᠢ | ᠨᠡᠮᠡᠭᠳᠡᠬᠦᠯᠦᠭᠰᠡᠨ ᠪᠠᠶᠢᠨ᠎ᠠ᠃ ᠴᠡᠷᠢᠭ ᠴᠠᠭᠳᠠᠭ᠎ᠠ ᠠᠷᠡᠳ ᠤᠨ ᠬᠠᠮᠳᠤ ᠪᠠᠷ ᠪᠠᠶᠢᠭᠤᠯᠤᠯᠴᠠᠬᠤ ᠠᠵᠢᠯᠯᠠᠭ᠎ᠠ ᠶᠢ | ᠢᠳᠡᠪᠬᠢᠳᠡᠢ ᠦᠷᠨᠢᠬᠦᠯᠵᠤ᠂ ᠴᠡᠷᠢᠭ ᠵᠠᠰᠠᠭ ᠴᠡᠷᠢᠭ ᠠᠷᠡᠳ ᠤᠨ ᠬᠠᠷᠢᠴᠠᠭ᠎ᠠ ᠶᠢ ᠤᠯᠠᠮ ᠨᠢᠭᠳᠠᠷᠠᠭᠤᠯᠵᠤ᠂ ᠬᠢᠯᠢ | ᠬᠢᠵᠠᠭᠠᠷ ᠤᠨ ᠠᠮᠤᠷ ᠲᠤᠭᠳᠠᠭᠤᠨ ᠢ ᠪᠠᠳᠤᠯᠠᠪᠠ᠃ ᠨᠠᠮ ᠪᠠ ᠤᠯᠤᠰ ᠤᠨ ᠦᠡᠳᠤᠰᠤᠳᠠᠨ ᠱᠠᠰᠢᠨ ᠰᠤᠷᠳᠠᠬᠤᠨ ᠤ | ᠲᠦᠷᠥ ᠶᠢᠨ ᠪᠤᠳᠤᠯᠭ᠎ᠠ ᠶᠢ ᠲᠤᠤᠱᠳᠡᠢ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠪᠦᠯᠬᠦᠮᠳᠠᠯ ᠲᠠᠢ᠂ ᠬᠠᠷᠢᠯᠴᠠᠨ | ᠬᠠᠪᠰᠤᠷᠤᠯᠴᠠᠭᠰᠡᠨ᠂ ᠡᠶ᠎ᠡ ᠵᠤᠬᠢᠴᠠᠩᠭᠤᠢ ᠦᠡᠳᠤᠰᠤᠳᠠᠨ ᠤ ᠬᠠᠷᠢᠴᠠᠭ᠎ᠠ ᠶᠢ ᠲᠠᠰᠤᠷᠠᠯᠳᠠ ᠦᠭᠡᠢ ᠪᠠᠬᠢᠵᠢᠬᠦᠯᠪᠠ᠃ | ︵ᠵᠢᠷᠭᠤᠭ᠎ᠠ︶ ᠦᠭᠡᠷᠡᠴᠢᠯᠡᠯᠳᠡ ᠨᠡᠬᠡᠭᠡᠯᠳᠡ ᠶᠢ ᠲᠦᠯᠬᠢᠨ ᠠᠬᠢᠭᠤᠯᠬᠤ ᠶᠢ ᠪᠠᠷᠢᠮᠳᠠᠯᠠᠵᠣ᠂ ᠦᠷᠨᠢᠭᠦᠨ ᠬᠦᠭᠵᠢᠯᠳᠡ | ᠶᠢ ᠤᠯᠠᠮ ᠴᠢᠨᠠᠭᠰᠢᠳᠠ ᠠᠬᠢᠭᠤᠯᠪᠠ᠃ ᠦᠮᠴᠢᠯᠡᠯ ᠤᠨ ᠡᠷᠬᠡ ᠶᠢ ᠲᠣᠳᠣᠷᠬᠠᠶᠢᠯᠠᠨ ᠡᠷᠦᠬᠡ ᠳᠤ ᠲᠠᠭᠠᠭᠠᠴᠢᠯᠠᠭᠤᠯᠬᠤ | ᠱᠠᠭᠠᠷᠳᠠᠯᠭ᠎ᠠ ᠶᠣᠰᠣᠭᠠᠷ ᠨᠡᠶᠢᠳᠡ ᠶᠢᠨ ᠣᠢ ᠰᠢᠭᠤᠢ ᠶᠢᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠢ | ᠰᠠᠶᠢᠳᠤᠷ ᠪᠡᠶᠡᠯᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠵᠣᠬᠢᠴᠠᠮᠵᠢ ᠶᠢᠨ ᠦᠭᠡᠷᠡᠴᠢᠯᠡᠯᠳᠡ ᠶᠢ ᠢᠳᠡᠪᠬᠢᠲᠡᠢ | ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠣᠯᠠᠮ ᠴᠢᠨᠠᠭᠰᠢᠳᠠ ᠪᠦᠷᠢᠨᠰᠢᠭᠦᠯᠵᠦ᠂ ᠪᠦᠬᠦ ᠬᠤᠰᠢᠭᠤᠨ ᠤ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ | ᠬᠤᠷᠢᠶᠠᠨ ᠳᠤ ᠦᠨᠳᠦᠰᠦᠨ ᠡᠮ ᠤᠨ ᠵᠦᠢᠯᠡᠰ ᠤᠨ ᠬᠠᠮᠢᠶᠠᠷᠣᠯᠳᠠ ᠶᠢᠨ ᠲᠦᠷᠢᠮ ᠢ ᠬᠡᠷᠡᠭᠵᠢᠭᠦᠯᠵᠦ᠂ ᠣᠯᠠᠨ | ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠣᠭᠰᠠᠨ ᠪᠠᠶᠢᠨ᠎ᠠ᠃ | ᠡᠳ᠋ ᠤᠨ ᠵᠠᠰᠠᠭ ᠤᠨ ᠵᠤᠬᠢᠴᠠᠮᠵᠢ ᠶᠢᠨ ᠦᠭᠡᠷᠡᠴᠢᠯᠡᠯᠳᠡ ᠶᠢ ᠡᠷᠴᠢᠮᠳᠡᠢ ᠠᠬᠢᠭᠤᠯᠣᠨ᠂ ᠰᠠᠯᠠᠭ᠎ᠠ ᠮᠦᠴᠢᠷ ᠤᠨ | ᠲᠦᠰᠦᠪ ᠪᠠ ᠣᠯᠣᠰ ᠤᠨ ᠬᠦᠮᠤᠷᠬᠡ ᠶᠢᠨ ᠲᠦᠪᠯᠡᠷᠡᠭᠦᠯᠦᠨ ᠬᠤᠷᠢᠶᠠᠵᠣ ᠲᠦᠯᠦᠪᠦᠷᠢᠯᠡᠬᠦ ᠲᠦᠷᠢᠮ ᠤᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠤᠯᠤᠰ ᠤᠨ ᠠᠯᠪᠠᠳᠠᠨ ᠤ ᠴᠠᠯᠢᠩ ᠤᠨ ᠨᠦᠬᠦᠪᠦᠷᠢ ᠮᠦᠩᠭᠦ ᠪᠠ ᠠᠵᠢᠯ | ᠦᠢᠯᠡᠰ ᠤᠨ ᠪᠠᠶᠢᠭᠤᠯᠭ᠎ᠠ ᠶᠢᠨ ᠠᠵᠢᠯ ᠤᠨ ᠬᠢᠨᠢ ᠬᠢᠷᠢ ᠪᠦᠳᠤᠮᠵᠢ ᠶᠢ ᠨᠢ ᠴᠠᠯᠢᠩ ᠲᠠᠢ ᠨᠢ ᠬᠤᠯᠪᠤᠬᠤ ᠲᠦᠷᠢᠮ | ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠺᠠᠳ᠋ᠷ ᠠᠵᠢᠯᠳᠠᠨ ᠤ ᠴᠠᠯᠢᠩ ᠬᠦᠯᠤᠰᠤ ᠶᠢᠨ | ᠨᠦᠬᠦᠪᠤᠷᠢ ᠶᠢ ᠲᠦᠷᠪᠡᠨ ᠵᠢᠯ ᠲᠠᠷᠠᠭᠠᠯᠠᠨ ᠨᠡᠮᠡᠭᠳᠡᠬᠦᠯᠵᠤ᠂ ᠬᠦᠮᠤᠨ ᠪᠦᠷᠢ ᠶᠢᠨ ᠵᠢᠯ ᠤᠨ ᠲᠤᠮᠳᠠᠴᠢ ᠪᠠᠷᠢᠮᠵᠢᠶ᠎ᠠ ᠶᠢ | 2007 ᠤᠨ ᠤ 5800 ᠲᠦᠬᠦᠷᠢᠭ ᠠᠴᠠ 30324 ᠲᠦᠬᠦᠷᠢᠭ ᠪᠤᠯᠭᠠᠨ ᠲᠡᠬᠡᠭᠰᠢᠯᠡᠬᠦᠯᠪᠡ᠃ ᠠᠯᠪᠠᠨ ᠺᠠᠷᠲ | ᠢᠶᠠᠷ ᠳ᠋ᠦᠩᠨᠡᠨ ᠪᠣᠳᠣᠬᠤ ᠲᠦᠷᠢᠮ ᠢ ᠢᠳᠡᠪᠬᠢᠲᠡᠢ ᠬᠡᠷᠡᠭᠵᠢᠬᠦᠯᠵᠤ᠂ ᠵᠠᠰᠠᠭ ᠤᠨ ᠣᠷᠳᠣᠨ ᠤ ᠨᠢᠬᠡᠳᠤᠯᠳᠡᠢ | ᠬᠤᠳᠠᠯᠳᠣᠨ ᠤᠷᠤᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠂ ᠲᠠᠪᠣᠨ ᠵᠢᠯ ᠤᠨ ᠬᠤᠳᠠᠯᠳᠣᠨ ᠤᠷᠤᠭᠤᠯᠬᠤ | ᠬᠡᠮᠵᠢᠶ᠎ᠡ ᠶᠢ ᠲᠣᠮᠳᠠᠴᠢ ᠪᠠᠷ ᠵᠢᠯ ᠪᠦᠷᠢ 2472 ᠲᠦᠮᠡᠨ ᠲᠦᠭᠦᠷᠢᠭ ᠲᠤ ᠬᠦᠷᠬᠡᠵᠤ᠂ 2007 ᠣᠨ ᠤ ᠬᠢ | ᠠᠴᠠ 70% ᠪᠠᠷ ᠨᠡᠮᠡᠭᠳᠡᠬᠦᠯᠦᠭᠰᠡᠨ ᠪᠠᠶᠢᠨ᠎ᠠ᠃ | ︵ᠲᠣᠯᠤᠭ᠎ᠠ︶ ᠬᠠᠤᠯᠢ ᠪᠠᠷ ᠵᠠᠰᠠᠭ ᠪᠠᠷᠢᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠨᠢ ᠲᠣᠰ ᠪᠡᠶ᠎ᠡ ᠶᠢᠨ ᠢᠶᠠᠨ | ᠪᠠᠶᠢᠭᠤᠯᠣᠯᠳᠠ ᠶᠢ ᠣᠯᠠᠮ ᠴᠢᠨᠠᠭᠰᠢᠳᠠ ᠴᠢᠩᠭᠠᠳᠬᠠᠪᠠ᠃ ᠲᠠᠪᠣᠨ ᠵᠢᠯ ᠤᠨ ᠲᠣᠷᠰᠢ᠂ ᠬᠤᠰᠢᠭᠤ ᠠᠷᠠᠳ ᠤᠨ | ᠵᠠᠰᠠᠭ ᠤᠨ ᠣᠷᠳᠣᠨ ᠨᠢ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠵᠢᠴᠢ ᠪᠠᠶᠢᠩᠭᠤ ᠶᠢᠨ ᠬᠡᠰᠢᠬᠦᠳ ᠤᠨ ᠬᠤᠷᠡᠯ ᠤᠨ ᠰᠢᠢᠳᠪᠦᠷᠢ ᠲᠤᠭᠳᠠᠭᠠᠯ ᠢ ᠠᠵᠢᠯ ᠤᠨ ᠲᠤᠮᠳᠠ ᠪᠠᠨ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ᠂ ᠣᠯᠣᠰ | ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠪᠠ ᠨᠡᠶᠢᠭᠡᠮ ᠤᠨ ᠡᠯ᠎ᠠ ᠡᠳᠡᠬᠡᠳ ᠤᠨ ᠬᠢᠨ ᠤ ᠬᠢᠨᠠᠯᠳᠠ ᠶᠢ | ᠣᠬᠠᠮᠰᠠᠷ ᠠᠴᠠ ᠪᠠᠨ ᠬᠦᠯᠢᠶᠡᠨ᠂ ᠲᠠᠪᠤᠨ ᠵᠢᠯ ᠳᠤ ᠨᠠᠶᠢᠳᠠ ᠠᠷᠡᠳ ᠤᠨ ᠲᠦᠯᠤᠬᠡᠯᠡᠭᠴᠢᠳ ᠤᠨ ᠰᠠᠨᠠᠯ | ᠲᠤᠷᠡᠳᠤᠯᠭ᠎ᠠ ᠶᠢ 529 ᠬᠤᠪᠢ᠂ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠤᠷᠡᠳᠤᠯᠭ᠎ᠠ ᠶᠢ | 384 ᠬᠤᠪᠢ ᠬᠦᠯᠢᠶᠠᠨ ᠠᠪᠴᠤ᠂ ᠰᠢᠢᠳᠪᠤᠷᠢᠯᠡᠭᠰᠡᠨ ᠨᠤᠷᠮ᠎ᠠ ᠨᠢ 100% ᠳᠤ ᠬᠦᠷᠴᠤ᠂ ᠠᠷᠡᠳ ᠤᠨ | ᠲᠦᠯᠤᠬᠡᠯᠡᠭᠴᠢᠳ ᠪᠠ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ ᠰᠠᠶᠢᠨ ᠦᠨᠡᠯᠡᠯᠳᠡ ᠶᠢ ᠤᠯᠤᠭᠰᠡᠨ | ᠪᠠᠶᠢᠨ᠎ᠠ᠃ ᠬᠠᠥᠯᠢ ᠪᠠᠷ ᠵᠠᠰᠠᠭ ᠪᠠᠷᠢᠬᠤ ᠶᠢ ᠪᠦᠬᠦ ᠲᠠᠯ᠎ᠠ ᠪᠠᠷ ᠠᠬᠢᠭᠤᠯᠵᠣ᠂ ᠬᠠᠣᠯᠢ ᠪᠠᠷ᠂ ᠰᠢᠨᠵᠢᠯᠡᠬᠦ ᠣᠬᠠᠭᠠᠨᠴᠢ | ᠪᠠᠷ᠂ ᠠᠷᠠᠳᠴᠢᠯᠠᠯ ᠢᠶᠠᠷ ᠰᠢᠢᠳᠪᠦᠷᠢ ᠲᠣᠭᠳᠠᠭᠠᠬᠤ ᠶᠢ ᠪᠠᠷᠢᠮᠳᠠᠯᠠᠨ᠂ ᠵᠠᠰᠠᠭ ᠪᠠᠷᠢᠬᠤ ᠠᠵᠢᠯᠯᠠᠭ᠎ᠠ ᠪᠠᠨ | ᠲᠦᠷᠢᠮᠵᠢᠬᠦᠯᠵᠡᠢ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠵᠣ᠂ ᠮᠠᠨ ᠤ ᠬᠤᠰᠢᠭᠤᠨ ᠤ | ᠪᠠᠨ ᠵᠠᠰᠠᠭ ᠤᠨ ᠶᠠᠪᠣᠳᠠᠯ ᠤᠨ ᠲᠣᠣᠷ ᠰᠦᠯᠵᠢᠶᠠᠨ ᠤ ᠬᠠᠮᠢᠶᠠᠷᠣᠯᠳᠠ ᠶᠢ ᠴᠢᠩᠭᠠᠳᠬᠠᠨ᠂ ᠡᠯᠧᠺᠲᠷᠣᠨ ᠵᠠᠰᠠᠭ ᠤᠨ | ᠶᠠᠪᠣᠳᠠᠯ ᠪᠠ ᠮᠡᠳᠡᠭᠡ ᠵᠠᠩᠬᠢᠵᠢᠯᠳᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠭᠡᠭᠰᠡᠨ ᠪᠠᠶᠢᠨ᠎ᠠ᠃ ᠢᠯᠵᠠᠷᠠᠯ ᠢ | ᠡᠰᠡᠷᠬᠦᠴᠡᠨ ᠠᠷᠢᠭᠤᠨ ᠴᠢᠭᠡᠴᠢ ᠶᠢ ᠡᠷᠬᠢᠮᠯᠡᠬᠦ ᠠᠵᠢᠯ ᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ | ᠬᠡᠪᠴᠢᠶ᠎ᠡ᠂ ᠠᠵᠢᠯ ᠲᠦᠷᠦᠯ ᠳᠤ ᠵᠠᠰᠠᠭ ᠵᠠᠬᠢᠷᠭᠠᠨ ᠤ ᠬᠢᠨᠠᠨ ᠬᠠᠮᠢᠶᠠᠷᠣᠯᠳᠠ ᠪᠠ ᠬᠢᠨᠠᠨ ᠪᠣᠳᠣᠬᠤ ᠠᠵᠢᠯ ᠢ | ᠰᠠᠶᠢᠳᠣᠷ ᠬᠢᠵᠤ᠂ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠤᠨ ᠠᠷᠢᠭᠤᠨ | ᠴᠢᠭᠡᠴᠢ ᠪᠠᠷ ᠦᠪᠡᠷ ᠢ ᠪᠠᠨ ᠱᠠᠭᠠᠷᠳᠠᠬᠤ ᠣᠬᠠᠮᠰᠠᠷ ᠢ ᠣᠯᠠᠮ ᠲᠡᠬᠡᠭᠰᠢᠯᠡᠬᠦᠯᠪᠠ᠃ ᠵᠠᠰᠠᠭ ᠵᠠᠬᠢᠷᠭᠠᠨ ᠤ ᠬᠢᠨᠠᠨ | ᠵᠦᠪᠰᠢᠶᠠᠷᠡᠯ ᠢ ᠣᠯᠠᠮ ᠴᠣᠮᠬᠠᠳᠬᠠᠨ ᠲᠦᠷᠢᠮᠵᠢᠭᠦᠯᠵᠦ᠂ ᠵᠠᠰᠠᠭ ᠤᠨ ᠰᠣᠷᠳᠠᠯ ᠠᠵᠢᠯ ᠤᠨ ᠣᠪᠣᠷ ᠢ ᠦᠨᠠᠯᠠᠨ | ᠰᠢᠯᠭᠠᠬᠤ ᠠᠵᠢᠯᠯᠠᠭ᠎ᠠ ᠶᠢ ᠶᠠᠪᠣᠭᠳᠠᠭᠤᠯᠵᠣ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠳᠦᠮᠵᠢ ᠪᠠ | ᠦᠢᠯᠡᠴᠢᠯᠡᠭᠡᠨ ᠤ ᠬᠢᠷᠢ ᠲᠦᠪᠰᠢᠨ ᠢᠶᠠᠨ ᠢᠯᠡᠳᠳᠡ ᠰᠠᠶᠢᠵᠢᠷᠠᠭᠤᠯᠤᠭᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠠᠵᠢᠯ᠂ ᠡᠷᠤᠬᠡ ᠶᠢᠨ | ᠴᠡᠷᠢᠭ ᠤᠨ ᠪᠡᠯᠡᠳᠭᠡᠯ ᠬᠦᠴᠤᠨ ᠤ ᠪᠠᠶᠢᠭᠤᠯᠤᠯᠳᠠ ᠪᠠ ᠴᠡᠷᠢᠭ ᠠᠷᠠᠳ ᠤᠨ ᠬᠠᠮᠳᠣ ᠪᠠᠷ ᠪᠠᠶᠢᠭᠤᠯᠤᠯᠴᠠᠬᠤ ᠠᠵᠢᠯ | ᠢ ᠰᠢᠨ᠎ᠡ ᠲᠦᠪᠰᠢᠨ ᠳᠤ ᠬᠦᠷᠬᠡᠵᠤ᠂ ᠡᠮᠡᠭᠲᠡᠶᠢᠴᠣᠳ᠂ ᠬᠡᠣᠬᠡᠳ᠂ ᠨᠠᠰᠤᠳᠠᠶᠢᠴᠤᠳ᠂ ᠵᠡᠮᠲᠡᠭᠴᠣᠳ ᠤᠨ ᠠᠵᠢᠯ | ᠪᠠ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠨᠢ ᠰᠢᠨ᠎ᠡ ᠠᠬᠢᠴᠠ ᠲᠠᠢ ᠪᠤᠯᠵᠤ᠂ ᠬᠢᠨᠠᠨ ᠪᠣᠳᠣᠬᠤ᠂ | ᠲᠤᠭ᠎ᠠ ᠪᠦᠷᠢᠳᠭᠡᠯ᠂ ᠬᠠᠩᠭᠠᠨ ᠪᠣᠷᠣᠯᠠᠭᠤᠯᠭ᠎ᠠ᠂ ᠲᠡᠤᠬᠡ ᠦᠢᠯᠡᠯᠭ᠎ᠠ᠂ ᠠᠷᠠᠳ ᠤᠨ ᠠᠭᠠᠷ ᠤᠨ ᠰᠠᠷᠬᠡᠶᠢᠯᠡᠯᠳᠡ | ᠵᠡᠷᠭᠡ ᠠᠵᠢᠯ ᠨᠢ ᠴᠦᠮ ᠰᠢᠨ᠎ᠡ ᠦᠷ᠎ᠡ ᠪᠦᠲᠦᠮᠵᠢ ᠶᠢ ᠤᠯᠵᠤ᠂ ᠦᠢᠯᠡᠳᠪᠦᠷᠢ ᠬᠤᠳᠠᠯᠳᠤᠭ᠎ᠠ᠂ ᠭᠠᠶᠢᠯᠢ ᠲᠠᠳᠠᠪᠤᠷᠢ | ᠂ ᠮᠦᠩᠭᠦᠨ ᠭᠦᠢᠯᠭᠡᠭᠡ ᠂ ᠶᠠᠰᠣ ᠴᠢᠨᠠᠷ ᠪᠠ ᠮᠡᠷᠬᠡᠵᠢᠯ ᠳᠤ ᠬᠢᠨᠡᠯᠳᠡ ᠲᠠᠯᠪᠢᠬᠤ᠂ ᠴᠠᠭ ᠠᠭᠤᠷ᠂ ᠲᠠᠮᠡᠬᠢ᠂ | ᠲᠠᠭᠠᠳᠬᠠᠯ᠂ ᠰᠢᠣᠳᠠᠨ᠂ ᠴᠢᠮᠡᠭᠡ ᠬᠤᠯᠪᠤᠭ᠎ᠠ᠂ ᠴᠠᠬᠢᠯᠭᠠᠨ ᠬᠦᠴᠦᠨ ᠵᠡᠷᠭᠡ ᠠᠵᠢᠯ ᠦᠢᠯᠡᠰ ᠴᠤ ᠪᠦᠷ ᠰᠢᠨ᠎ᠠ | ᠬᠦᠭᠵᠢᠯᠳᠠ ᠲᠠᠢ ᠪᠤᠯᠵᠤ᠂ ᠢᠳᠡᠪᠬᠢᠳᠡᠢ ᠬᠤᠪᠢ ᠨᠠᠮᠠᠷᠢ ᠭᠠᠷᠭᠠᠪᠠ᠃ | ᠲᠦᠯᠤᠬᠡᠯᠡᠭᠴᠢᠳ ᠡ᠂ ᠦᠩᠬᠡᠷᠡᠭᠰᠡᠨ ᠲᠠᠪᠤᠨ ᠵᠢᠯ ᠳᠤ᠂ ᠬᠤᠰᠢᠭᠤ ᠲᠠᠶᠠᠭᠠᠷ ᠢᠶᠠᠨ ᠬᠦᠴᠢᠷ ᠢ ᠰᠦᠷᠴᠤ | ᠴᠢᠷᠮᠠᠶᠢᠨ ᠲᠠᠮᠠᠴᠡᠭᠰᠡᠨ ᠠᠴᠠ ᠠᠵᠤ ᠠᠬᠤᠢ ᠨᠠᠶᠢᠬᠡᠮ ᠤᠨ ᠪᠦᠳᠤᠬᠡᠨ ᠪᠠᠶᠢᠭᠤᠯᠤᠯᠳᠠ ᠬᠢᠯᠠᠯᠵᠠᠭᠰᠡᠨ ᠠᠮᠵᠢᠯᠳᠠ | ᠤᠯᠵᠤ᠂ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠰᠢᠨ᠎ᠠ ᠨᠢᠬᠡᠨ ᠬᠠᠭᠤᠳᠠᠰᠤ ᠶᠢ ᠰᠡᠬᠦᠭᠰᠡᠨ ᠪᠠᠶᠢᠨ᠎ᠠ᠃ ᠡᠳᠡᠬᠡᠷ | ᠠᠮᠵᠢᠯᠳᠠ ᠶᠢ ᠤᠯᠤᠭᠰᠡᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠶᠢᠨ ᠦᠷ᠎ᠠ ᠳ᠋ᠦᠡᠭ ᠮᠦᠨ᠂ ᠮᠦᠡᠴᠤ ᠪᠦᠬᠦ ᠬᠤᠰᠢᠭᠤᠨ ᠤ | ᠦᠡᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ ᠶᠢᠨ ᠦᠷ᠎ᠠ ᠳ᠋ᠦᠡᠭ ᠮᠦᠨ᠃ | ᠠᠳᠡ ᠪᠢ ᠠᠷᠪᠠᠨ ᠭᠤᠷᠪᠡᠳᠤᠭᠠᠷ ᠬᠤᠭᠤᠴᠠᠭᠠᠨ ᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ᠂ ᠮᠠᠨ ᠤ | ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠰᠢᠷᠭᠠᠭᠤ ᠬᠦᠳᠡᠯᠮᠤᠷᠢ ᠵᠠᠷᠤᠴᠠᠭᠤᠯᠵᠤ ᠢᠳᠡᠪᠬᠢᠳᠡᠢ | ᠬᠤᠪᠢ ᠨᠠᠮᠠᠷᠢ ᠦᠵᠡᠬᠦᠯᠦᠭᠰᠡᠨ ᠲᠦᠯᠤᠬᠡᠯᠡᠭᠴᠢᠳ ᠪᠠ ᠬᠡᠰᠢᠬᠦᠳ᠂ ᠮᠦᠡᠴᠤ ᠲᠠᠨᠠᠷ ᠢᠶᠠᠷ ᠲᠠᠮᠵᠢᠭᠤᠯᠤᠨ ᠪᠦᠬᠦ | ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ᠂ ᠡᠯ᠎ᠠ ᠠᠵᠢᠯ ᠤᠨ ᠹᠷᠤᠡᠲ ᠲᠡᠬᠡᠷ᠎ᠠ ᠰᠢᠭᠤᠷᠬᠠᠶᠢᠯᠠᠨ | ᠠᠵᠢᠯᠯᠠᠵᠤ ᠪᠠᠶᠢᠭ᠎ᠠ ᠬᠦᠮᠤᠰ ᠬᠢᠬᠡᠳ ᠨᠠᠶᠢᠬᠡᠮ ᠤᠨ ᠡᠯ᠎ᠠ ᠡᠳᠡᠬᠡᠳ ᠤᠨ ᠬᠢᠨ ᠳᠤ ᠴᠢᠩ ᠰᠡᠳᠬᠢᠯ ᠤᠨ ᠪᠠᠶᠠᠷ | ᠲᠠᠯᠠᠷᠬᠠᠯ ᠪᠠ ᠡᠷᠬᠢᠮ ᠲᠡᠬᠡᠳᠤ ᠬᠦᠡᠳᠤᠳᠬᠡᠯ ᠢᠶᠠᠨ ᠲᠠᠪᠰᠢᠬᠦᠯᠵᠤ ᠪᠠᠶᠢᠨ᠎ᠠ ᠃ | ᠦᠩᠬᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠬᠦᠯᠤᠨ ᠳ᠋ᠦᠩᠨᠡᠪᠡᠯ᠄ | ᠊᠊᠊᠊᠊᠊᠊ ᠠᠵᠣ ᠠᠬᠤᠢ ᠶᠢᠨ ᠪᠦᠲᠦᠭᠡᠨ ᠪᠠᠶᠢᠭᠤᠯᠣᠯᠳᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠳᠠᠯᠠᠪᠡᠯ ᠰᠠᠶ᠋ᠢ | ᠬᠦᠭᠵᠢᠯᠳᠠ ᠶᠢᠨ ᠵᠢᠯᠤᠭᠤ ᠶᠢ ᠠᠳᠬᠤᠵᠤ ᠴᠢᠳᠠᠨ᠎ᠠ᠃ ᠲᠠᠪᠣᠨ ᠵᠢᠯ ᠤᠨ ᠲᠣᠷᠰᠢ᠂ ᠪᠢᠳᠡ ᠢᠮᠠᠭᠳᠠ ᠰᠢᠨᠵᠢᠯᠡᠬᠦ | ᠣᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠠᠵᠣ ᠠᠬᠤᠢ ᠶᠢᠨ ᠪᠦᠲᠦᠭᠡᠨ | ᠪᠠᠶᠢᠭᠤᠯᠣᠯᠳᠠ ᠪᠠᠷ ᠭᠤᠣᠯᠳᠠᠯᠭ᠎ᠠ ᠪᠣᠯᠭᠠᠬᠤ ᠶᠢ ᠭᠤᠶᠢᠪᠢᠰᠢ ᠦᠭᠡᠢ ᠪᠠᠷᠢᠮᠳᠠᠯᠠᠵᠣ᠂ ᠣᠷᠣᠭᠰᠢᠯᠠᠯᠳᠠ ᠶᠢᠨ | ᠲᠣᠮᠳᠠᠬᠢ ᠬᠦᠴᠢᠷᠳᠡᠯ ᠪᠠ ᠠᠰᠠᠭᠤᠳᠠᠯ ᠢ ᠬᠦᠭᠵᠢᠯᠳᠡ ᠶᠢᠨ ᠠᠷᠭ᠎ᠠ ᠪᠠᠷ ᠰᠢᠢᠳᠪᠦᠷᠢᠯᠡᠬᠦ ᠶᠢ ᠪᠠᠷᠢᠮᠳᠠᠯᠠᠵᠣ᠂ | ᠦᠷᠢᠰᠦᠯᠳᠦᠭᠡᠨ ᠢ ᠠᠵᠠ ᠲᠣᠬᠢᠶᠠᠯ ᠢᠶᠠᠷ ᠦᠵᠡᠵᠤ᠂ ᠬᠦᠴᠢᠷᠳᠡᠯ ᠢ ᠬᠦᠳᠡᠯᠭᠡᠬᠦ ᠬᠦᠴᠦᠨ ᠪᠤᠯᠭᠠᠨ᠂ ᠬᠦᠭᠵᠢᠯᠳᠡ | ᠶᠢᠨ ᠴᠢᠨᠠᠷ ᠴᠢᠨᠰᠠᠭ᠎ᠠ ᠪᠠᠨ ᠲᠠᠰᠤᠷᠠᠯᠳᠠ ᠦᠬᠡᠢ ᠲᠡᠭᠡᠭᠰᠢᠯᠡᠭᠦᠯᠦᠭᠰᠡᠨ ᠶᠤᠮ᠃ ᠢᠩᠬᠢᠪᠠᠯ ᠰᠠᠶ᠋ᠢ ᠪᠦᠬᠦ ᠲᠠᠯ᠎ᠠ ᠶᠢᠨ | ᠵᠤᠬᠢᠴᠠᠩᠭᠤᠢ ᠬᠦᠭᠵᠢᠯᠳᠠ ᠳᠤ ᠪᠠᠳᠤ ᠪᠠᠬᠢ ᠪᠤᠳᠠᠰ ᠤᠨ ᠰᠠᠭᠤᠷᠢ ᠶᠢ ᠬᠠᠩᠭᠠᠵᠣ᠂ ᠠᠵᠣ ᠠᠬᠤᠢ ᠨᠡᠶᠢᠭᠡᠮ ᠤᠨ | ᠨᠡᠩ ᠰᠠᠶᠢᠨ ᠨᠡᠩ ᠲᠦᠷᠭᠡᠨ ᠬᠦᠭᠵᠢᠯᠳᠡ ᠶᠢ ᠲᠦᠯᠬᠢᠨ ᠠᠬᠢᠭᠤᠯᠵᠣ ᠴᠢᠳᠠᠨ᠎ᠠ ᠬᠡᠳᠡᠭ ᠢ ᠦᠢᠯᠡᠳᠤᠯᠬᠡ | ᠬᠡᠷᠡᠴᠢᠯᠡᠭᠰᠡᠨ ᠪᠠᠶᠢᠨ᠎ᠠ᠃ | ᠊᠊᠊᠊᠊᠊᠊ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠪᠠᠯ ᠰᠠᠶ᠋ᠢ ᠬᠦᠭᠵᠢᠯᠳᠡ ᠶᠢ ᠦᠡᠳᠤᠰᠤᠨ ᠠᠴᠠ ᠨᠢ | ᠠᠳᠬᠤᠵᠤ ᠴᠢᠳᠠᠨ᠎ᠠ᠃ ᠲᠠᠪᠣᠨ ᠵᠢᠯ ᠤᠨ ᠲᠣᠷᠰᠢ᠂ ᠪᠢᠳᠡ ᠢᠮᠠᠭᠳᠠ ᠠᠷᠠᠳ ᠤᠨ ᠲᠦᠯᠦᠭᠡ ᠬᠦᠭᠵᠢᠭᠦᠯᠬᠦ᠂ | ᠠᠷᠠᠳ ᠲᠤ ᠲᠦᠰᠢᠭᠯᠡᠨ ᠬᠦᠭᠵᠢᠭᠦᠯᠬᠦ᠂ ᠬᠦᠭᠵᠢᠯᠳᠡ ᠶᠢᠨ ᠦᠷ᠎ᠡ ᠪᠦᠲᠦᠭᠡᠯ ᠢ ᠪᠦᠬᠦ ᠠᠷᠡᠳ ᠲᠤ ᠬᠠᠮᠳᠤᠪᠠᠷ | ᠬᠦᠷᠳᠡᠬᠡᠬᠦ ᠶᠢ ᠦᠨᠡᠡᠬᠦ ᠵᠤᠷᠢᠭᠰᠠᠭᠠᠷ ᠢᠷᠡᠭᠰᠡᠨ ᠶᠤᠮ᠃ ᠢᠩᠬᠢᠪᠠᠯ ᠰᠠᠶ᠋ᠢ ᠨᠠᠮ ᠠᠷᠡᠳ ᠤᠨ ᠬᠠᠷᠢᠴᠠᠭ᠎ᠠ᠂ ᠺᠠᠳ᠋ᠷ | ᠠᠷᠡᠳ ᠤᠨ ᠬᠠᠷᠢᠴᠠᠭ᠎ᠠ ᠶᠢ ᠣᠯᠠᠮ ᠴᠢᠨᠠᠭᠰᠢᠳᠠ ᠨᠢᠭᠳᠠᠷᠠᠭᠤᠯᠵᠣ᠂ ᠵᠠᠰᠠᠭ ᠤᠨ ᠣᠷᠳᠣᠨ ᠤ ᠢᠳᠡᠬᠡᠯ ᠬᠦᠡᠳᠤ ᠪᠠ | ᠪᠦᠯᠬᠦᠮᠳᠠᠬᠦᠯᠳ ᠲᠠᠶᠢᠴᠢᠯᠠᠬᠤ ᠬᠦᠴᠤᠨ ᠢ ᠲᠠᠰᠣᠷᠠᠯᠳᠠ ᠦᠭᠡᠢ ᠳᠡᠭᠡᠭᠰᠢᠯᠡᠭᠦᠯᠵᠦ ᠴᠢᠳᠠᠨ᠎ᠠ ᠬᠡᠳᠡᠭ ᠢ ᠦᠢᠯᠡᠳᠤᠯᠬᠡ | ᠬᠡᠷᠡᠴᠢᠯᠡᠭᠰᠡᠨ ᠪᠠᠶᠢᠨ᠎ᠠ᠃ | ᠊᠊᠊᠊᠊᠊᠊ ᠦᠵᠡᠯ ᠰᠠᠨᠠᠭ᠎ᠠ ᠪᠠᠨ ᠴᠢᠯᠦᠭᠡᠯᠡᠬᠦ ᠶᠢ ᠪᠠᠷᠢᠮᠳᠠᠯᠠᠪᠠᠯ ᠰᠠᠶ᠋ᠢ ᠬᠦᠭᠵᠢᠯᠳᠡ ᠶᠢᠨ ᠰᠢᠨ᠎ᠡ ᠣᠷᠣᠨ ᠵᠠᠢ ᠶᠢ | ᠨᠡᠬᠡᠬᠡᠵᠤ ᠴᠢᠳᠠᠨ᠎ᠠ᠃ ᠲᠠᠪᠣᠨ ᠵᠢᠯ ᠤᠨ ᠲᠣᠷᠰᠢ᠂ ᠪᠢᠳᠡ ᠠᠯᠢᠪᠠ ᠪᠦᠬᠦᠨ ᠢ ᠪᠣᠳᠠᠳᠠᠢ ᠠᠴᠠ ᠡᠭᠦᠰᠬᠦ ᠶᠢ | ᠪᠠᠷᠢᠮᠳᠠᠯᠠᠵᠣ᠂ ᠦᠵᠡᠯ ᠰᠠᠨᠠᠭ᠎ᠠ ᠪᠠᠨ ᠣᠯᠠᠮ ᠴᠢᠯᠦᠭᠡᠯᠡᠨ᠂ ᠰᠢᠨ᠎ᠡ ᠶᠢ ᠡᠭᠦᠳᠦᠨ᠂ ᠲᠡᠭᠡᠳᠣ ᠱᠠᠳᠣᠨ ᠤ ᠰᠢᠢᠳᠪᠦᠷᠢ | ᠪᠠ ᠪᠠᠶᠢᠷᠢᠯᠠᠭᠤᠯᠣᠯᠳᠠ ᠶᠢ ᠮᠠᠨ ᠤ ᠬᠤᠰᠢᠭᠤᠨ ᠤ ᠬᠢ ᠪᠠᠨ ᠪᠤᠳᠡᠳᠡᠢ ᠲᠠᠢ ᠤᠶᠠᠯᠳᠤᠭᠤᠯᠵᠤ᠂ ᠦᠪᠡᠷ ᠤᠨ | ᠲᠠᠪᠠᠭᠤᠯᠢᠭ ᠪᠠ ᠤᠷᠤᠨ ᠪᠦᠰᠠ ᠶᠢᠨ ᠬᠦᠭᠵᠢᠯᠳᠠ ᠯᠦᠭᠡ ᠶᠢᠨ ᠤᠶᠠᠯᠳᠤᠯ ᠢ ᠤᠨᠤᠪᠴᠢᠳᠡᠢ ᠤᠯᠵᠤ᠂ ᠬᠦᠭᠵᠢᠯᠳᠡ | ᠶᠢᠨ ᠰᠡᠳᠭᠢᠴᠡ ᠪᠠᠨ ᠲᠠᠰᠣᠷᠠᠯᠳᠠ ᠦᠭᠡᠢ ᠲᠡᠬᠦᠯᠳᠡᠷᠵᠢᠬᠦᠯᠵᠤ᠂ ᠬᠦᠭᠵᠢᠯᠳᠡ ᠶᠢ ᠲᠦᠷᠭᠡᠳᠭᠡᠬᠦ ᠰᠢᠨ᠎ᠡ ᠰᠢᠢᠳᠪᠦᠷᠢ | ᠂ ᠰᠢᠨ᠎ᠡ ᠠᠷᠭ᠎ᠠ ᠪᠠᠷᠢᠯ ᠢ ᠵᠣᠷᠢᠭᠲᠠᠢ ᠪᠠᠷ ᠡᠷᠢᠯᠬᠢᠯᠡᠭᠰᠡᠨ ᠪᠢᠯᠨ᠃ ᠢᠩᠬᠢᠪᠠᠯ ᠰᠠᠶ᠋ᠢ ᠰᠢᠨ᠎ᠡ ᠰᠢᠢᠳᠪᠦᠷᠢ ᠰᠢᠨ᠎ᠡ ᠵᠠᠮ | ᠰᠢᠨ᠎ᠡ ᠣᠷᠣᠨ ᠵᠠᠢ ᠲᠠᠢ ᠪᠤᠯᠵᠤ᠂ ᠦᠭᠡᠷᠡᠴᠢᠯᠡᠯᠳᠡ ᠬᠦᠭᠵᠢᠯᠳᠡ ᠶᠢᠨ ᠰᠢᠨ᠎ᠡ ᠪᠠᠶᠢᠳᠠᠯ ᠢ ᠲᠠᠰᠣᠷᠠᠯᠳᠠ ᠦᠭᠡᠢ | ᠡᠭᠦᠳᠴᠦ ᠴᠢᠳᠠᠨ᠎ᠠ ᠬᠡᠳᠡᠭ ᠢ ᠦᠢᠯᠡᠳᠤᠯᠬᠡ ᠬᠡᠷᠡᠴᠢᠯᠡᠭᠰᠡᠨ ᠪᠠᠶᠢᠨ᠎ᠠ᠃ | ᠊᠊᠊᠊᠊᠊᠊ ᠭᠤᠣᠯᠳᠠᠯᠭ᠎ᠠ ᠲᠠᠢ ᠰᠢᠪᠳᠤᠯᠬᠤ ᠶᠢ ᠪᠠᠷᠢᠮᠳᠠᠯᠠᠪᠠᠯ ᠰᠠᠶ᠋ᠢ ᠬᠦᠭᠵᠢᠯᠳᠡ ᠶᠢᠨ ᠵᠠᠩᠬᠢᠯᠠᠭ᠎ᠠ ᠶᠢ ᠠᠳᠬᠤᠵᠣ | ᠴᠢᠳᠠᠨ᠎ᠠ᠃ ᠲᠠᠪᠣᠨ ᠵᠢᠯ ᠤᠨ ᠲᠣᠷᠰᠢ᠂ ᠪᠢᠳᠡ ᠪᠡᠯᠨ ᠤᠷᠤᠭᠤᠯᠬᠤ᠂ ᠲᠦᠷᠦᠯ ᠵᠦᠢᠯ ᠢᠶᠠᠷ ᠲᠠᠶᠢᠴᠢᠯᠠᠬᠤ ᠪᠠ | ᠰᠢᠨ᠎ᠠ ᠶᠢ ᠡᠬᠦᠳᠤᠨ ᠤᠷᠤᠭᠰᠢᠯᠠᠬᠤ ᠪᠠᠷ ᠠᠵᠣ ᠠᠬᠤᠢ ᠶᠢᠨ ᠬᠦᠭᠵᠢᠯᠳᠡ ᠶᠢ ᠠᠬᠢᠭᠤᠯᠬᠤ ᠭᠤᠣᠯ ᠠᠷᠭ᠎ᠠ ᠵᠠᠮ | ᠪᠣᠯᠭᠠᠨ᠂ ᠠᠵᠣ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ | ᠲᠦᠷᠬᠡᠳᠬᠡᠵᠤ᠂ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠶᠡᠬᠡᠪᠡᠷ ᠰᠠᠶᠢᠵᠢᠷᠠᠭᠤᠯᠵᠣ᠂ ᠬᠦᠭᠵᠢᠯᠳᠡ ᠶᠢᠨ | ᠰᠠᠭᠤᠷᠢ ᠶᠢ ᠪᠠᠬᠢᠵᠢᠭᠦᠯᠦᠨ᠂ ᠠᠵᠣ ᠦᠢᠯᠡᠳᠪᠦᠷᠢ ᠶᠢᠨ ᠠᠵᠣ ᠠᠬᠤᠢ ᠶᠢ ᠪᠦᠬᠦ ᠬᠤᠰᠢᠭᠤᠨ ᠤ ᠠᠵᠣ ᠠᠬᠤᠢ ᠶᠢᠨ | ᠬᠦᠭᠵᠢᠯᠳᠡ ᠶᠢᠨ ᠴᠢᠬᠤᠯᠨ ᠨᠡᠮᠡᠭᠳᠡᠯ ᠴᠡᠭ ᠪᠣᠯᠭᠠᠬᠤ ᠪᠠᠷ ᠴᠢᠷᠮᠠᠶᠢᠭᠰᠠᠨ ᠶᠤᠮ᠃ ᠢᠩᠬᠢᠪᠠᠯ ᠰᠠᠶ᠋ᠢ ᠬᠦᠭᠵᠢᠯᠳᠡ | ᠶᠢᠨ ᠠᠵᠠ ᠲᠣᠬᠢᠶᠠᠯ ᠢ ᠡᠵᠡᠮᠳᠡᠨ᠂ ᠬᠦᠭᠵᠢᠬᠦᠯᠬᠦ ᠬᠦᠴᠦᠨ ᠢᠶᠠᠨ ᠴᠢᠩᠭᠠᠳᠬᠠᠵᠣ᠂ ᠠᠵᠣ ᠠᠬᠤᠢ ᠨᠡᠶᠢᠭᠡᠮ ᠤᠨ | ᠦᠷᠬᠦᠯᠵᠢᠯᠡᠬᠦᠶᠢᠴᠠ ᠵᠣᠬᠢᠴᠠᠩᠭᠤᠢ ᠬᠦᠭᠵᠢᠯᠳᠠ ᠶᠢ ᠲᠦᠯᠬᠢᠨ ᠠᠬᠢᠭᠤᠯᠵᠣ ᠴᠢᠳᠠᠨ᠎ᠠ ᠬᠡᠳᠡᠭ ᠢ ᠦᠢᠯᠡᠳᠤᠯᠬᠡ | ᠬᠡᠷᠡᠴᠢᠯᠡᠭᠰᠡᠨ ᠪᠠᠶᠢᠨ᠎ᠠ᠃ | ᠊᠊᠊᠊᠊᠊᠊ ᠬᠠᠣᠯᠢ ᠪᠠᠷ ᠵᠠᠰᠠᠭ ᠪᠠᠷᠢᠬᠤ ᠶᠢ ᠪᠠᠷᠢᠮᠳᠠᠯᠠᠪᠠᠯ ᠰᠠᠶ᠋ᠢ ᠬᠦᠭᠵᠢᠯᠳᠡ ᠶᠢᠨ ᠬᠦᠳᠡᠯᠭᠡᠭᠴᠢ ᠬᠦᠴᠦᠨ ᠢ | ᠪᠠᠳᠣᠯᠠᠵᠣ ᠴᠢᠳᠠᠨ᠎ᠠ᠃ ᠲᠠᠪᠣᠨ ᠵᠢᠯ ᠤᠨ ᠲᠣᠷᠰᠢ᠂ ᠪᠢᠳᠡ ᠢᠮᠠᠭᠳᠠ ᠬᠠᠣᠯᠢ ᠳᠤ ᠲᠣᠭᠳᠠᠭᠠᠭᠰᠠᠨ ᠡᠷᠭᠡ ᠪᠠ | ᠲᠠᠷᠠᠭᠠᠯᠠᠯ ᠶᠣᠰᠣᠭᠠᠷ ᠡᠷᠭᠡ ᠪᠠᠨ ᠬᠡᠷᠡᠭᠵᠢᠭᠦᠯᠦᠨ ᠡᠭᠦᠷᠭᠡ ᠪᠠᠨ ᠭᠦᠢᠴᠡᠳᠭᠡᠵᠦ᠂ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠬᠦ ᠶᠢ ᠲᠦᠷᠢᠮᠵᠢᠭᠦᠯᠵᠦ᠂ ᠵᠠᠰᠠᠭ ᠵᠠᠬᠢᠷᠭᠠᠨ ᠤ ᠬᠢᠨᠠᠯᠳᠠ ᠶᠢ ᠪᠦᠷᠢᠨᠰᠢᠭᠦᠯᠦᠨ᠂ ᠬᠠᠣᠯᠢ ᠪᠠᠷ ᠵᠠᠰᠠᠭ ᠤᠨ | ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ᠂ ᠢᠯᠡ᠂ ᠡᠷᠬᠡ ᠲᠡᠭᠰᠢ᠂ ᠭᠤᠤᠯᠴᠢ ᠪᠠᠷ ᠵᠠᠰᠠᠭ ᠪᠠᠷᠢᠵᠤ᠂ ᠠᠷᠡᠳ | ᠠᠴᠠ ᠤᠯᠭᠤᠭᠰᠡᠨ ᠡᠷᠬᠡ ᠶᠢ ᠠᠷᠡᠳ ᠲᠦᠮᠡᠨ ᠤ ᠠᠰᠢᠭ ᠲᠤᠰᠠ ᠳᠤ ᠦᠢᠯᠡᠴᠢᠯᠡᠬᠦᠯᠬᠦ ᠵᠠᠷᠴᠢᠮ ᠢ ᠭᠤᠶᠢᠪᠢᠰᠢ | ᠦᠬᠡᠢ ᠪᠠᠷᠢᠮᠳᠠᠯᠠᠭᠰᠠᠭᠠᠷ ᠢᠷᠡᠭᠰᠡᠨ ᠶᠣᠮ᠃ ᠢᠩᠬᠢᠪᠠᠯ ᠰᠠᠶ᠋ᠢ ᠠᠷᠡᠳ ᠲᠦᠮᠡᠨ ᠤ ᠬᠦᠷᠢᠶᠠᠯᠠᠯ ᠪᠠ ᠲᠡᠮᠵᠢᠯᠬᠡ ᠶᠢ | ᠤᠯᠵᠤ᠂ ᠪᠦᠳᠤᠮᠵᠢᠳᠡᠢ ᠪᠠᠷ ᠵᠠᠰᠠᠭ ᠶᠠᠪᠤᠭᠤᠯᠵᠤ ᠴᠢᠳᠠᠨ᠎ᠠ ᠬᠡᠳᠡᠭ ᠢ ᠦᠢᠯᠡᠳᠤᠯᠬᠡ ᠬᠡᠷᠡᠴᠢᠯᠡᠭᠰᠡᠨ ᠪᠠᠶᠢᠨ᠎ᠠ᠃ | ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠤ ᠪᠠᠰᠠ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ | ᠬᠦᠭᠵᠢᠯᠳᠡ ᠶᠢᠨ ᠲᠤᠮᠳᠠ ᠤᠷᠤᠰᠢᠵᠤ ᠪᠠᠶᠢᠭ᠎ᠠ ᠵᠦᠷᠢᠴᠡᠯ ᠪᠠ ᠠᠰᠠᠭᠤᠳᠠᠯ ᠢ ᠰᠡᠷᠭᠡᠭ ᠢᠶᠠᠷ ᠲᠠᠨᠢᠬᠤ ᠴᠢᠬᠤᠯᠠᠳᠡᠢ | ᠪᠠᠶᠢᠨ᠎ᠠ᠃ ᠡᠭᠦᠨ ᠳᠤ ᠭᠤᠣᠯᠳᠠᠭᠤ᠄ ᠮᠠᠨ ᠤ ᠬᠤᠰᠢᠭᠤ ᠮᠦᠨ ᠯᠠ ᠬᠦᠭᠵᠢᠯᠳᠠ ᠪᠠᠷ ᠬᠤᠵᠢᠮᠳᠠᠭᠤ ᠭᠠᠵᠡᠷ ᠤᠷᠤᠨ | ᠳᠤ ᠲᠤᠭᠠᠴᠢᠭᠳᠠᠵᠤ᠂ ᠠᠵᠤ ᠠᠬᠤᠢ ᠶᠢᠨ ᠶᠠᠷᠤᠩᠬᠡᠢ ᠬᠡᠮᠵᠢᠶ᠎ᠠ ᠪᠠᠭ᠎ᠠ᠂ ᠴᠢᠨᠠᠷ ᠴᠢᠡᠰᠠᠭ᠎ᠠ ᠪᠠ ᠦᠷ᠎ᠠ ᠠᠰᠢᠭ ᠢᠶᠠᠷ | ᠲᠤᠤᠷ᠎ᠠ ᠪᠠᠶᠢᠭᠰᠠᠭᠠᠷ︔ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠨᠢᠮᠬᠡᠨ᠂ ᠡᠯ᠎ᠠ ᠵᠥᠢᠯ ᠤᠨ ᠪᠠᠶᠢᠭᠠᠯᠢ | ᠶᠢᠨ ᠭᠠᠢ ᠭᠠᠮᠰᠢᠭ ᠢ ᠡᠰᠡᠷᠬᠦᠴᠡᠬᠦ ᠴᠢᠳᠠᠪᠤᠷᠢ ᠪᠠᠷ ᠲᠤᠷᠤᠢ︔ ᠠᠵᠤ ᠦᠢᠯᠡᠳᠪᠤᠷᠢ ᠶᠢᠨ ᠠᠵᠤ ᠦᠢᠯᠡᠰᠵᠢᠯᠳᠠ ᠪᠠᠷ | ᠲᠠᠩ ᠴᠤᠯᠭᠤᠢ᠂ ᠬᠡᠯᠬᠢᠶᠠᠵᠢᠯ ᠢᠶᠠᠷ ᠤᠬᠤᠷ᠂ ᠲᠤᠯᠠᠭᠠᠭᠤᠷᠢᠯᠠᠬᠤ ᠠᠵᠤ ᠦᠢᠯᠡᠰ ᠪᠤᠵᠠᠭᠠᠶᠢᠷᠠᠭᠠᠳᠤᠢ︔ | ᠭᠤᠷᠪᠡᠳᠤᠭᠠᠷ ᠠᠵᠤ ᠦᠢᠯᠡᠰ ᠤᠨ ᠬᠦᠭᠵᠢᠯᠳᠠ ᠬᠠᠷᠢᠴᠠᠩᠭᠤᠢ ᠪᠠᠷ ᠤᠳᠠᠭᠠᠨ᠂ ᠰᠢᠨ᠎ᠠ ᠪᠠᠷ ᠬᠦᠭᠵᠢᠭᠰᠡᠨ | ᠭᠤᠤᠯᠯᠠᠭᠴᠢ ᠠᠵᠤ ᠦᠢᠯᠡᠰ ᠤᠨ ᠬᠦᠭᠵᠢᠯᠳᠠ ᠪᠠᠷ ᠲᠤᠪᠤᠶᠢᠮ᠎ᠠ ᠪᠤᠰᠤ᠂ ᠶᠠᠷᠤᠩᠬᠡᠢ ᠬᠦᠭᠵᠢᠯᠳᠠ ᠶᠢᠨ ᠬᠢᠷᠢ | ᠲᠦᠪᠰᠢᠨ ᠢᠶᠠᠷ ᠲᠤᠤᠷ᠎ᠠ︔ ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠪᠠᠷ | ᠬᠤᠴᠤᠷᠤᠩᠭᠤᠢ᠂ ᠲᠠᠶᠢᠴᠢᠯᠡᠨ ᠲᠠᠭᠠᠭᠤᠯᠬᠤ ᠴᠢᠳᠠᠪᠤᠷᠢ ᠪᠠᠷ ᠲᠤᠳᠠᠮᠠᠭ︔ ᠡᠳ᠋ ᠤᠨ ᠵᠠᠰᠠᠭ ᠤᠨ ᠤᠷᠤᠯᠭ᠎ᠠ ᠪᠠ | ᠵᠠᠷᠤᠯᠭ᠎ᠠ ᠶᠢᠨ ᠵᠦᠷᠢᠴᠠᠯ ᠮᠦᠨ ᠯᠡ ᠲᠤᠪᠤᠶᠢᠮ᠎ᠠ ᠤᠷᠤᠰᠢᠭᠰᠠᠭᠠᠷ︔ ᠤᠯᠠᠨ ᠲᠦᠮᠡᠨ ᠤ ᠤᠷᠤᠯᠭ᠎ᠠ ᠪᠠᠨ | ᠨᠡᠮᠡᠭᠳᠡᠬᠦᠯᠬᠦ ᠠᠷᠭ᠎ᠠ ᠵᠠᠮ ᠢᠪᠴᠤᠤ᠂ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠤ ᠬᠦᠴᠢᠷᠳᠡᠢ ᠪᠠᠶᠢᠭᠰᠠᠭᠠᠷ︔ | ᠰᠢᠢᠳᠪᠤᠷᠢᠯᠡᠬᠦ ᠴᠢᠬᠤᠯᠠᠳᠡᠢ ᠠᠷᠡᠳ ᠤᠨ ᠠᠮᠢᠳᠤᠷᠡᠯ ᠤᠨ ᠠᠰᠠᠭᠤᠳᠠᠯ ᠨᠢ ᠮᠦᠨ ᠯᠡ ᠨᠠᠯᠢᠶᠡᠳ ᠤᠯᠠᠨ ᠪᠠᠶᠢᠵᠤ᠂ | ᠨᠠᠶᠢᠬᠡᠮ ᠤᠨ ᠬᠠᠮᠢᠶᠠᠷᠤᠯᠳᠠ ᠳᠤ ᠲᠤᠯᠭᠠᠷᠠᠵᠤ ᠪᠦᠬᠦᠢ ᠠᠰᠠᠭᠤᠳᠠᠯ ᠨᠤᠭᠤᠳ ᠡᠳᠤᠷ ᠢᠷᠡᠬᠦᠶ᠎ᠠ ᠨᠠᠮᠡᠭᠳᠡᠭᠰᠠᠬᠡᠷ︔ | ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠪᠠ ᠺᠠᠳ᠋ᠷ ᠤᠨ ᠡᠩᠨᠡᠬᠡᠨ ᠤ ᠬᠡᠪ ᠴᠢᠨᠠᠷ ᠢ ᠤᠯᠠᠮ | ᠴᠢᠨᠠᠭᠰᠢᠳᠠ ᠲᠡᠬᠡᠭᠰᠢᠯᠡᠬᠦᠯᠬᠦ ᠴᠢᠬᠤᠯᠠᠳᠡᠢ ᠬᠡᠬᠦ ᠵᠠᠷᠬᠡ ᠠᠰᠠᠭᠤᠳᠠᠯ ᠨᠤᠭᠤᠳ ᠨᠠᠶᠢᠳᠠᠮ ᠤᠷᠤᠰᠢᠵᠤ ᠪᠠᠶᠢᠭ᠎ᠠ ᠶᠤᠮ᠃ | ᠡᠳᠡᠬᠡᠷ ᠢ ᠪᠢᠳᠠ ᠦᠬᠡᠷᠡᠴᠢᠯᠡᠯᠳᠡ ᠶᠢ ᠬᠦᠡᠵᠡᠬᠡᠶᠢᠷᠡᠬᠦᠯᠬᠦ ᠪᠠ ᠬᠦᠭᠵᠢᠯᠳᠠ ᠶᠢ ᠲᠦᠷᠬᠡᠳᠬᠡᠬᠦ ᠪᠠᠷ ᠲᠠᠮᠵᠢᠨ | ᠠᠯᠬᠤᠮ ᠠᠯᠬᠤᠮ ᠢᠶᠠᠷ ᠰᠢᠢᠳᠪᠤᠷᠢᠯᠡᠬᠦ ᠪᠠᠷ ᠵᠤᠷᠢᠭ ᠰᠢᠭᠤᠳᠴᠤ ᠪᠠᠶᠢᠭ᠎ᠠ ᠮᠦᠷᠳᠡᠬᠡᠨ ᠰᠢᠢᠳᠪᠤᠷᠢᠯᠡᠵᠤ ᠲᠠᠶᠢᠯᠤᠨ᠎ᠠ | ᠬᠡᠳᠡᠭ ᠲᠤ ᠢᠳᠡᠬᠡᠯ ᠲᠡᠬᠦᠯᠳᠡᠷ ᠪᠠᠶᠢᠨ᠎ᠠ᠃ | ᠬᠤᠶᠡᠷ᠂ ᠬᠤᠶᠢᠰᠢᠳᠠ ᠶᠢᠨ ᠲᠠᠪᠤᠨ ᠵᠢᠯ ᠤᠨ ᠡᠬᠦᠷᠬᠡ ᠬᠠᠷᠠᠯᠳᠠ ᠪᠠ ᠠᠵᠢᠯ ᠤᠨ ᠭᠤᠤᠯᠳᠠᠯᠭ᠎ᠠ | ᠬᠤᠶᠢᠰᠢᠳᠠ ᠶᠢᠨ ᠲᠠᠪᠤᠨ ᠵᠢᠯ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠠᠷᠠᠯᠳᠠ | ᠶᠢ ᠪᠠᠶᠠᠯᠠᠬᠦᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠶᠢ ᠲᠦᠯᠬᠢᠨ ᠠᠬᠢᠭᠤᠯᠬᠤ | ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠮᠦᠡᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠤᠪᠵᠢᠬᠦᠯᠬᠡ ᠶᠢ ᠡᠬᠢᠯᠡᠨ ᠬᠡᠷᠡᠭᠵᠢᠬᠦᠯᠵᠤ᠂ ᠨᠠᠩ ᠦᠡᠳᠤᠷ ᠬᠦᠭᠵᠢᠯᠳᠠ ᠶᠢᠨ ᠲᠠᠪᠴᠠᠩ ᠳᠤ ᠬᠦᠷᠬᠦ | ᠵᠠᠩᠬᠢᠯᠠᠭ᠎ᠠ ᠶᠢᠨ ᠬᠤᠭᠤᠴᠠᠭ᠎ᠠ ᠪᠤᠯᠤᠨ᠎ᠠ᠃ ᠮᠠᠨ ᠤ ᠬᠤᠰᠢᠭᠤ ᠨᠢ ᠬᠢᠯᠢ ᠬᠢᠵᠠᠭᠠᠷ ᠤᠨ ᠦᠡᠳᠤᠰᠤᠳᠠᠨ ᠤ ᠭᠠᠵᠡᠷ | ᠤᠷᠤᠨ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠭᠤᠤᠯᠳᠠᠯᠭ᠎ᠠ ᠲᠠᠢ | ᠬᠤᠰᠢᠭᠤ ᠪᠤᠯᠤᠭᠰᠡᠨ ᠤ ᠬᠤᠪᠢ ᠳᠤ᠂ ᠬᠤᠶᠢᠰᠢᠳᠠ ᠶᠢᠨ ᠲᠠᠪᠤᠨ ᠵᠢᠯ ᠳᠤ ᠲᠦᠷᠥ ᠶᠢᠨ ᠪᠤᠳᠤᠯᠭ᠎ᠠ᠂ ᠪᠠᠯᠨ | ᠮᠦᠩᠬᠦ᠂ ᠲᠦᠷᠥᠯ ᠵᠥᠢᠯ ᠵᠡᠷᠬᠡ ᠲᠠᠯ᠎ᠠ ᠪᠠᠷ ᠲᠡᠬᠡᠳᠤ ᠱᠠᠳᠤᠨ ᠤ ᠨᠠᠩ ᠤᠯᠠᠨ ᠲᠠᠮᠵᠢᠯᠬᠡ ᠶᠢ ᠬᠦᠷᠳᠡᠬᠦ ᠪᠤᠯᠤᠮᠵᠢ | ᠲᠠᠢ ᠶᠤᠮ᠃ ᠡᠬᠦᠨ ᠤ ᠬᠠᠮᠳᠤ᠂ ᠤᠷᠴᠢᠮ ᠤᠨ ᠵᠢᠯ ᠨᠤᠭᠤᠳ ᠤᠨ ᠬᠦᠭᠵᠢᠯᠳᠠ ᠪᠠᠷ ᠲᠠᠮᠵᠢᠨ᠂ ᠬᠦᠭᠵᠢᠯᠳᠠ ᠪᠠᠨ | ᠠᠬᠢᠭᠤᠯᠬᠤ ᠲᠤᠳᠤᠭᠠᠳᠤ ᠬᠦᠴᠤᠨ ᠪᠠ ᠪᠤᠳᠠᠰ ᠤᠨ ᠰᠠᠭᠤᠷᠢ ᠪᠠᠨ ᠤᠯᠠᠮ ᠴᠢᠩᠭᠠᠳᠬᠠᠵᠤ᠂ ᠤᠷᠢᠳ ᠬᠤᠵᠢᠳ | ᠤᠷᠤᠨ᠂ ᠠᠶᠢᠮᠠᠭ ᠤᠨ ᠨᠢᠬᠡᠳᠤᠯᠳᠡᠢ ᠲᠦᠯᠤᠪᠵᠢᠬᠦᠯᠬᠡ ᠳᠤ ᠵᠢᠭᠰᠠᠭᠠᠭᠳᠠᠭᠰᠡᠨ ᠬᠡᠰᠡᠭ ᠭᠤᠤᠯᠳᠠᠯᠭ᠎ᠠ ᠲᠠᠢ ᠲᠦᠷᠥᠯ | ᠵᠥᠢᠯ ᠤᠳ ᠤᠨ ᠠᠵᠢᠯ ᠢ ᠡᠬᠢᠯᠡᠬᠦᠯᠵᠠᠢ᠃ ᠡᠳᠡᠬᠡᠷ ᠨᠢ ᠴᠦᠮ ᠬᠤᠰᠢᠭᠤ ᠲᠤᠭᠤᠷᠢᠭ ᠤᠨ ᠠᠵᠤ ᠠᠬᠤᠢ ᠶᠢ | ᠬᠦᠭᠵᠢᠬᠦᠯᠬᠦ ᠳᠤ ᠯᠤᠳᠤ ᠶᠡᠭᠡ ᠠᠵᠠ ᠲᠤᠬᠢᠶᠠᠯ ᠪᠠ ᠠᠰᠢᠭᠳᠡᠢ ᠨᠦᠬᠦᠴᠡᠯ ᠢ ᠪᠦᠷᠢᠯᠳᠤᠬᠦᠯᠵᠤ ᠦᠭᠬᠦᠭᠰᠡᠨ ᠪᠠᠶᠢᠨ᠎ᠠ | ᠃ | ᠬᠤᠶᠢᠰᠢᠳᠠ ᠶᠢᠨ ᠲᠠᠪᠤᠨ ᠵᠢᠯ ᠳᠤ᠂ ᠬᠤᠰᠢᠭᠤ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠱᠠᠭᠠᠷᠳᠠᠯᠭ᠎ᠠ ᠪᠤᠯ | ᠄ ᠳ᠋ᠸᠡᠭ ᠰᠢᠶᠤᠤ ᠫᠢᠡᠭ ᠤᠨ ᠤᠨᠤᠯ᠂ ︽ᠭᠤᠷᠪᠡ ᠶᠢ ᠲᠦᠯᠤᠬᠡᠯᠡᠬᠦ︾ ᠴᠢᠬᠤᠯᠨ ᠦᠵᠡᠯ ᠰᠠᠨᠠᠭ᠎ᠠ᠂ ᠰᠢᠡᠵᠢᠯᠡᠬᠦ | ᠤᠬᠠᠭᠠᠡᠴᠢ ᠬᠦᠭᠵᠢᠯᠳᠠ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠮᠠᠨ ᠤ ᠬᠤᠰᠢᠭᠤᠨ ᠤ ᠠᠷᠪᠠᠨ ᠬᠤᠶᠠᠳᠤᠭᠠᠷ | ᠤᠳᠠᠭᠠᠨ ᠤ ᠨᠠᠮ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠵᠤᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠬᠦᠭᠵᠢᠯᠳᠠ ᠶᠢ ᠲᠠᠷᠢᠬᠦᠨ ᠪᠠᠶᠢᠷᠢᠨ ᠳᠤ ᠲᠠᠯᠪᠢᠬᠤ ᠪᠠ ᠠᠮᠤᠷ ᠲᠤᠭᠳᠠᠭᠤᠨ ᠢ ᠲᠠᠷᠢᠬᠦᠨ | ᠴᠢᠬᠤᠯᠨ ᠬᠠᠷᠢᠭᠤᠴᠠᠯᠭ᠎ᠠ ᠪᠤᠯᠭᠠᠨ ᠠᠳᠬᠤᠬᠤ ᠶᠢ ᠭᠤᠶᠢᠪᠢᠰᠢ ᠦᠬᠡᠢ ᠪᠠᠷᠢᠮᠳᠠᠯᠠᠨ᠂ ᠮᠠᠯ ᠠᠵᠤ ᠠᠬᠤᠢ ᠶᠢᠨ ᠠᠵᠤ | ᠦᠢᠯᠡᠰᠵᠢᠯᠳᠠ᠂ ᠬᠤᠳᠠ ᠪᠠᠯᠭᠠᠰᠣᠵᠢᠯᠳᠠ᠂ ᠠᠵᠤ ᠦᠢᠯᠡᠳᠪᠤᠷᠢᠵᠢᠯᠳᠠ ᠶᠢ ᠬᠠᠷᠢᠯᠴᠠᠨ ᠠᠬᠢᠭᠤᠯᠬᠤ ᠪᠠ ᠤᠯᠠᠨ | ᠨᠠᠶᠢᠳᠠ ᠶᠢᠨ ᠦᠡᠳᠤᠰᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ | ᠨᠢᠬᠡᠳᠤᠬᠡᠷ ᠠᠵᠤ ᠦᠢᠯᠡᠰ ᠤᠨ ᠬᠦᠭᠵᠢᠯᠳᠠ ᠶᠢᠨ ᠰᠠᠭᠤᠷᠢ ᠶᠢ ᠲᠠᠰᠤᠷᠠᠯᠳᠠ ᠦᠬᠡᠢ ᠪᠠᠳᠤᠳᠬᠠᠨ᠂ | ᠤᠳᠤᠬᠢᠴᠢᠯᠠᠭᠰᠡᠨ ᠮᠠᠯ ᠠᠵᠤ ᠠᠬᠤᠢ ᠶᠢ ᠰᠢᠯᠢᠳᠡᠭᠵᠢᠬᠦᠯᠬᠦ ᠪᠠ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ | ᠤᠨ ᠤᠯᠠᠨ ᠡᠰᠢᠵᠢᠭᠰᠡᠨ ᠪᠦᠳᠤᠴᠠ ᠶᠢ ᠰᠢᠯᠢᠳᠡᠭᠵᠢᠬᠦᠯᠤᠨ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢ ᠶᠢ | ᠪᠤᠵᠠᠭᠠᠶᠢᠷᠠᠭᠤᠯᠬᠤ ᠪᠠ ᠬᠦᠴᠤᠷᠬᠡᠭᠵᠢᠬᠦᠯᠵᠤ᠂ ᠭᠤᠷᠪᠡᠳᠤᠭᠠᠷ ᠠᠵᠤ ᠦᠢᠯᠡᠰ ᠤᠨ ᠲᠤᠳᠤᠭᠠᠳᠤ ᠬᠦᠴᠤᠨ ᠢ | ᠴᠢᠩᠭᠠᠳᠬᠠᠨ᠂ ᠰᠢᠨ᠎ᠠ ᠪᠠᠷ ᠮᠠᠡᠳᠤᠭᠰᠡᠨ ᠦᠢᠯᠡᠴᠢᠯᠡᠬᠡᠨ ᠤ ᠦᠢᠯᠡᠰ ᠢ ᠨᠠᠷᠢᠯᠢᠭᠵᠢᠭᠤᠯᠬᠤ ᠪᠠ ᠬᠦᠭᠵᠢᠶᠠᠡᠵᠢᠬᠦᠯᠵᠤ | ᠂ ᠠᠵᠤ ᠠᠬᠤᠢ ᠶᠢᠨ ᠬᠦᠭᠵᠢᠯᠳᠠ ᠶᠢᠨ ᠴᠢᠨᠠᠷ ᠴᠢᠡᠰᠠᠭ᠎ᠠ ᠪᠠ ᠦᠷ᠎ᠠ ᠠᠰᠢᠭ ᠢ ᠠᠯᠬᠤᠮ ᠠᠯᠬᠤᠮ ᠢᠶᠠᠷ | ᠲᠡᠬᠡᠭᠰᠢᠯᠡᠬᠦᠯᠤᠨ᠂ ᠠᠷᠡᠳ ᠤᠨ ᠠᠮᠢᠳᠤᠷᠡᠯ ᠢ ᠦᠷᠬᠦᠯᠵᠢᠯᠡᠨ ᠪᠠᠳᠤᠯᠠᠨ ᠰᠠᠶᠢᠵᠢᠷᠠᠭᠤᠯᠵᠤ᠂ ᠨᠠᠶᠢᠬᠡᠮ ᠤᠨ | ᠬᠠᠮᠢᠶᠠᠷᠤᠯᠳᠠ ᠶᠢ ᠲᠠᠰᠤᠷᠠᠯᠳᠠ ᠦᠬᠡᠢ ᠰᠢᠨᠠᠴᠢᠯᠡᠨ᠂ ᠮᠠᠨ ᠤ ᠬᠤᠰᠢᠭᠤᠨ ᠤ ᠪᠠᠨ ᠴᠢᠨᠡᠬᠡᠯᠢᠭ ᠨᠠᠶᠢᠬᠡᠮ ᠢ ᠪᠦᠬᠦ | ᠲᠠᠯ᠎ᠠ ᠪᠠᠷ ᠪᠠᠶᠠᠯᠠᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ | ᠲᠦᠰᠤᠪᠯᠡᠭᠰᠡᠨ ᠬᠠᠷᠠᠯᠳᠠ ᠪᠤᠯ᠄ | ᠊᠊᠊᠊᠊᠊ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ ᠵᠢᠯ ᠪᠦᠷᠢ ᠲᠤᠮᠳᠠᠴᠢ ᠪᠠᠷ 20% ᠠᠴᠠ | ᠲᠡᠬᠡᠭᠰᠢ ᠨᠡᠮᠡᠭᠳᠡᠬᠦᠯᠵᠤ᠂ ᠭᠤᠷᠪᠡᠨ ᠠᠵᠤ ᠦᠢᠯᠡᠰ ᠤᠨ ᠬᠠᠷᠢᠴᠠᠯ ᠢ 7᠄ 76᠄17 ᠪᠤᠯᠭᠠᠨ᠂ ᠭᠠᠵᠡᠷ ᠤᠷᠤᠨ ᠤ | ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ ᠵᠢᠯ ᠪᠦᠷᠢ ᠲᠤᠮᠳᠠᠴᠢ ᠪᠠᠷ 26% ᠠᠴᠠ ᠲᠡᠬᠡᠭᠰᠢ ᠨᠡᠮᠡᠭᠳᠡᠬᠦᠯᠤᠨ᠎ᠠ᠃ | | ᠊᠊᠊᠊᠊᠊ ᠪᠦᠬᠦ ᠨᠠᠶᠢᠬᠡᠮ ᠤᠨ ᠲᠤᠭᠳᠠᠮᠠᠯ ᠬᠦᠷᠤᠩᠬᠡ ᠶᠢᠨ ᠪᠡᠯᠨ ᠤᠷᠤᠭᠤᠯᠤᠯᠳᠠ ᠶᠢ ᠵᠢᠯ ᠪᠦᠷᠢ ᠲᠤᠮᠳᠠᠴᠢ ᠪᠠᠷ | 25% ᠠᠴᠠ ᠲᠡᠬᠡᠭᠰᠢ ᠨᠡᠮᠡᠭᠳᠡᠬᠦᠯᠵᠤ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠡᠨ | ᠬᠡᠮᠵᠢᠶ᠎ᠠ ᠶᠢ ᠵᠢᠯ ᠪᠦᠷᠢ ᠲᠤᠮᠳᠠᠴᠢ ᠪᠠᠷ 15% ᠠᠴᠠ ᠲᠡᠬᠡᠭᠰᠢ ᠨᠡᠮᠡᠭᠳᠡᠬᠦᠯᠤᠨ᠎ᠠ᠃ | ᠊᠊᠊᠊᠊᠊ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠵᠢᠯ | ᠪᠦᠷᠢ ᠲᠣᠮᠳᠠᠴᠢ ᠪᠠᠷ 15% ᠠᠴᠠ ᠲᠡᠬᠡᠭᠰᠢ ᠨᠡᠮᠡᠭᠳᠡᠬᠦᠯᠵᠤ᠂ ᠮᠠᠯᠴᠢᠳ ᠤᠨ ᠲᠤᠮᠳᠠᠴᠢ ᠴᠡᠪᠡᠷ ᠤᠷᠤᠯᠭ᠎ᠠ ᠶᠢ | ᠵᠢᠯ ᠪᠦᠷᠢ ᠲᠤᠮᠳᠠᠴᠢ ᠪᠠᠷ 16% ᠠᠴᠠ ᠲᠡᠬᠡᠭᠰᠢ ᠨᠡᠮᠡᠭᠳᠡᠬᠦᠯᠤᠨ᠎ᠠ᠃ | ᠊᠊᠊᠊᠊᠊ ᠬᠦᠮᠤᠨ ᠠᠮᠨ ᠶᠢᠨ ᠲᠦᠷᠥᠯᠳᠠ ᠶᠢᠨ ᠨᠤᠷᠮ᠎ᠠ ᠪᠠ ᠠᠶᠠᠡᠳᠠᠭᠠᠨ ᠦᠰᠦᠭᠰᠡᠨ ᠨᠤᠷᠮ᠎ᠠ ᠶᠢ ᠲᠤᠰ ᠪᠦᠷᠢ | 13‰ ᠪᠠ 4‰ ᠶᠢᠨ ᠲᠤᠳᠤᠷ᠎ᠠ ᠬᠢᠵᠠᠭᠠᠷᠯᠠᠵᠤ᠂ ᠬᠤᠳᠠ ᠪᠠᠯᠭᠠᠰᠤᠨ ᠤ ᠠᠵᠢᠯ ᠠᠯᠳᠠᠭᠰᠡᠳ ᠤᠨ | ᠲᠠᠩᠰᠠᠯᠠᠭᠤᠯᠤᠭᠰᠡᠨ ᠨᠤᠷᠮ᠎ᠠ ᠶᠢ 3.8% ᠶᠢᠨ ᠲᠤᠳᠤᠷ᠎ᠠ ᠬᠢᠵᠠᠭᠠᠷᠯᠠᠨ᠎ᠠ᠃ | ᠊᠊᠊᠊᠊᠊ ᠲᠦᠮᠡᠨ ᠲᠦᠬᠦᠷᠢᠭ ᠪᠦᠷᠢ ᠶᠢᠨ ᠦᠢᠯᠡᠳᠪᠤᠷᠢᠯᠡᠯ ᠤᠨ ᠶᠠᠷᠤᠩᠬᠡᠢ ᠦᠷᠳᠡᠭ ᠢ ᠪᠦᠳᠤᠬᠡᠬᠦ ᠳᠤ ᠵᠠᠷᠤᠴᠠᠭᠤᠯᠬᠤ | ᠡᠨᠧᠷᠬᠢ ᠶᠢᠨ ᠬᠡᠮᠵᠢᠶ᠎ᠠ ᠪᠠ ᠭᠤᠤᠯ ᠪᠤᠯᠬᠤ ᠪᠤᠬᠢᠷᠳᠤᠯ ᠲᠠᠢ ᠪᠤᠳᠠᠰ ᠢ ᠭᠠᠳᠠᠭᠰᠢᠯᠠᠭᠤᠯᠬᠤ ᠬᠡᠮᠵᠢᠶ᠎ᠠ ᠶᠢ ᠲᠡᠬᠡᠳᠤ | ᠱᠠᠳᠤᠨ ᠤ ᠲᠤᠭᠳᠠᠭᠠᠭᠰᠡᠨ ᠬᠡᠪᠴᠢᠶᠠᠨ ᠳᠤ ᠬᠢᠵᠠᠭᠠᠷᠯᠠᠨ᠎ᠠ᠃ | ᠲᠡᠬᠡᠷᠡᠬᠢ ᠬᠠᠷᠠᠯᠳᠠ ᠶᠢ ᠪᠠᠶᠠᠯᠠᠬᠦᠯᠬᠦ ᠶᠢᠨ ᠲᠦᠯᠤᠬᠡ᠂ ᠬᠤᠶᠢᠰᠢᠳᠠ ᠶᠢᠨ ᠲᠠᠪᠤᠨ ᠵᠢᠯ ᠳᠤ ᠪᠢᠳᠠ ᠭᠤᠤᠯᠳᠠᠭᠤ | ᠲᠤᠤᠷᠡᠬᠢ ᠲᠦᠷᠪᠡᠨ ᠲᠠᠯ᠎ᠠ ᠶᠢᠨ ᠠᠵᠢᠯ ᠢ ᠰᠠᠶᠢᠳᠤᠷ ᠠᠳᠬᠤᠬᠤ ᠴᠢᠬᠤᠯᠠᠳᠡᠢ ᠪᠠᠶᠢᠨ᠎ᠠ᠄ | ︵ ᠨᠢᠬᠡ︶ ᠤᠳᠤᠬᠢᠴᠢᠯᠠᠭᠰᠡᠨ ᠠᠵᠤ ᠦᠢᠯᠡᠰ ᠤᠨ ᠰᠢᠰᠲ᠋ᠧᠮ ᠢ ᠴᠤᠭᠴᠠᠯᠠᠵᠤ᠂ ︽ ᠭᠤᠷᠪᠡᠨ ᠰᠠᠭᠤᠷᠢᠨ ᠭᠠᠵᠡᠷ | ︾ ᠢ ᠪᠠᠶᠢᠭᠤᠯᠬᠤ ᠪᠠᠷ ᠴᠢᠷᠮᠠᠶᠢᠨ᠎ᠠ᠃ | ᠤᠳᠤᠬᠢᠴᠢᠯᠠᠭᠰᠡᠨ ᠮᠠᠯ ᠠᠵᠤ ᠠᠬᠤᠢ ᠶᠢ ᠪᠠᠳᠤᠳᠡᠢ ᠰᠠᠶᠢᠨ ᠠᠳᠬᠤᠵᠤ᠂ ᠮᠠᠯ ᠤᠨ ᠠᠰᠢᠭ ᠰᠢᠮ᠎ᠠ ᠶᠢᠨ | ᠪᠤᠬᠢᠷᠳᠤᠯ ᠦᠬᠡᠢ ᠪᠦᠳᠤᠬᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠰᠠᠭᠤᠷᠢᠨ ᠭᠠᠵᠡᠷ ᠢ ᠪᠠᠶᠢᠭᠤᠯᠬᠤ ᠪᠠᠷ | ᠴᠢᠷᠮᠠᠶᠢᠨ᠎ᠠ᠃ ︽ᠨᠢᠬᠡ ᠶᠢ ᠬᠤᠪᠢᠷᠠᠭᠤᠯᠵᠤ᠂ ᠬᠤᠶᠡᠷ ᠢ ᠪᠠᠷᠢᠮᠳᠠᠯᠠᠨ᠂ ᠭᠤᠷᠪᠡ ᠶᠢ ᠨᠢᠬᠡᠳᠬᠡᠵᠤ᠂ ᠲᠦᠷᠪᠡ ᠶᠢ | ᠪᠠᠳᠠᠷᠠᠭᠤᠯᠤᠨ᠂ ᠲᠠᠪᠤ ᠶᠢ ᠲᠡᠬᠡᠭᠰᠢᠯᠡᠬᠦᠯᠬᠦ︾⑥ ᠰᠡᠳᠬᠢᠴᠠ ᠪᠠ ︽ᠠᠷᠪᠠᠨ ᠪᠠᠷᠢᠮᠵᠢᠶᠠᠨ ᠳᠤ ᠬᠦᠷᠬᠡᠬᠦ︾ | ⑦ᠱᠠᠭᠠᠷᠳᠠᠯᠭ᠎ᠠ ᠶᠤᠰᠤᠭᠠᠷ ᠤᠳᠤᠬᠢᠴᠢᠯᠠᠭᠰᠡᠨ ᠮᠠᠯ ᠠᠵᠤ ᠠᠬᠤᠢ ᠶᠢᠨ ᠵᠠᠮ ᠢᠶᠠᠷ ᠦᠷᠬᠦᠯᠵᠢᠯᠡᠨ ᠵᠠᠮᠨᠠᠵᠤ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠬᠦᠮᠤᠨ ᠪᠠᠶᠢᠭᠠᠯᠢ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠤᠨ | ᠂ ᠡᠴᠤᠰ ᠲᠡᠭᠡᠨ ︽ᠠᠮᠢ ᠠᠬᠤᠢ ᠶᠢ ᠰᠡᠷᠬᠦᠬᠡᠨ᠂ ᠮᠠᠯ ᠠᠵᠤ ᠠᠬᠤᠢ ᠶᠢ ᠬᠦᠴᠤᠷᠬᠡᠭᠵᠢᠬᠦᠯᠤᠨ᠂ ᠮᠠᠯᠴᠢᠨ ᠲᠦᠮᠡᠨ | ᠢ ᠪᠠᠶᠠᠵᠢᠨ ᠴᠢᠨᠡᠬᠡᠯᠢᠭᠵᠢᠬᠦᠯᠬᠦ︾ ᠬᠠᠷᠠᠯᠳᠠ ᠶᠢ ᠪᠠᠶᠠᠯᠠᠬᠦᠯᠤᠨ᠎ᠠ᠃ ᠨᠢᠬᠡ ᠳᠤ᠂ ᠲᠠᠯ᠎ᠠ ᠨᠤᠳᠤᠭ ᠤᠨ ᠠᠮᠢ ᠠᠬᠤᠢ | ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢ ᠴᠢᠩᠭᠠᠳᠬᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠪᠤᠯᠪᠠᠰᠤᠨ ᠤ | ᠦᠵᠡᠯᠳᠠ ᠶᠢ ᠪᠠᠳᠤᠳᠬᠠᠵᠤ᠂ ᠮᠠᠨ ᠤ ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ | ᠱᠠᠩᠨᠠᠯ ᠨᠦᠬᠦᠪᠤᠷᠢ ᠶᠢᠨ ᠲᠦᠷᠥ ᠶᠢᠨ ᠪᠤᠳᠤᠯᠭ᠎ᠠ᠂ ︽ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ | ᠬᠤᠶᠠᠳᠤᠭᠠᠷ ᠬᠤᠭᠤᠴᠠᠭᠠᠨ ᠤ ᠢᠡᠵᠧᠨᠧᠷᠢᠩ︾⑧ ᠢ ᠬᠡᠷᠡᠭᠵᠢᠬᠦᠯᠬᠦ ᠪᠠ ᠮᠠᠨ ᠤ ᠬᠤᠰᠢᠭᠤ ᠨᠢ ᠦᠵᠤᠮᠤᠴᠢᠨ ᠤ | ᠡᠯᠡᠰᠤᠷᠬᠡᠭ ᠭᠠᠵᠡᠷ ᠢ ᠵᠠᠰᠠᠬᠤ ᠬᠦᠷᠢᠶ᠎ᠠ ᠬᠡᠪᠴᠢᠶᠠᠨ ᠳᠤ ᠤᠷᠤᠭᠰᠡᠨ ᠠᠰᠢᠭᠳᠡᠢ ᠲᠤᠬᠢᠶᠠᠯ ᠢ ᠵᠠᠪᠳᠤᠨ᠂ ᠠᠯᠤᠰ ᠢ | ᠪᠤᠳᠤᠯᠬᠢᠯᠠᠬᠰᠡᠨ ᠰᠠᠭᠤᠷᠢᠨ ᠲᠡᠬᠡᠷ᠎ᠠ ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢᠨ ᠪᠠᠶᠢᠩᠭᠤ ᠶᠢᠨ | ᠵᠤᠬᠢᠴᠠᠮᠵᠢ ᠶᠢ ᠪᠠᠶᠢᠭᠤᠯᠤᠨ ᠲᠡᠬᠦᠯᠳᠡᠷᠵᠢᠬᠦᠯᠤᠨ᠎ᠠ᠃ ᠲᠠᠷᠢᠵᠤ ᠦᠢᠵᠢᠭᠤᠯᠬᠤ᠂ ᠪᠠᠯᠴᠢᠬᠡᠷ ᠪᠠᠨ ᠰᠡᠷᠬᠦᠬᠡᠬᠦ᠂ | ᠤᠰᠤᠨ ᠰᠢᠰᠲ᠋ᠧᠮ ᠤᠨ ᠠᠮᠢ ᠠᠬᠤᠢ ᠶᠢ ᠬᠠᠮᠠᠭᠠᠯᠠᠬᠤ ᠪᠠ ᠠᠮᠢ ᠠᠬᠤᠢ ᠶᠢᠨ ᠨᠡᠬᠦᠳᠠᠯ ᠠᠷᠡᠳ ᠤᠨ ᠲᠦᠷᠥᠯ ᠵᠥᠢᠯ | ᠵᠡᠷᠬᠡ ᠠᠮᠢ ᠠᠬᠤᠢ ᠶᠢᠨ ᠲᠦᠷᠥᠯ ᠵᠥᠢᠯ ᠢ ᠬᠢᠨᠠᠮᠠᠭᠠᠢ ᠬᠡᠷᠡᠭᠵᠢᠬᠦᠯᠤᠨ᠂ ᠬᠦᠨᠤᠬᠡᠯᠳᠤ ᠠᠮᠢᠳᠤ ᠪᠤᠳᠠᠰ ᠢ ᠰᠡᠷᠬᠡᠶᠢᠯᠡᠬᠦ | ᠪᠠ ᠬᠡᠬᠡᠷ᠎ᠠ ᠶᠢᠨ ᠠᠮᠢᠳᠠᠨ ᠤᠷᠭᠤᠮᠠᠯ ᠤᠨ ᠬᠠᠮᠠᠭᠠᠯᠠᠯᠳᠠ ᠶᠢᠨ ᠠᠵᠢᠯ ᠢ ᠴᠢᠩᠭ᠎ᠠ ᠠᠳᠬᠤᠵᠤ᠂ ᠤᠰᠤᠨ ᠰᠤᠷᠪᠤᠯᠵᠢ | ᠂ ᠪᠠᠯᠴᠢᠬᠡᠷ ᠨᠤᠳᠤᠭ᠂ ᠤᠶᠢᠳᠤ ᠤᠷᠤᠨ᠂ ᠨᠠᠮᠤᠭ ᠭᠠᠵᠡᠷ ᠤᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠨ᠂ | ᠠᠮᠢ ᠠᠬᠤᠢ ᠶᠢᠨ ᠤᠷᠴᠢᠨ ᠲᠤᠭᠤᠷᠢᠨ ᠤ ᠠᠵᠢᠯ ᠢ ᠮᠡᠳᠡᠭᠳᠡᠮ᠎ᠠ ᠰᠠᠶᠢᠵᠢᠷᠠᠭᠤᠯᠬᠤ ᠶᠢ ᠬᠦᠴᠤᠳᠡᠢ ᠠᠳᠬᠤᠨ᠎ᠠ᠃ | ᠡᠶ᠎ᠡ ᠵᠤᠬᠢᠴᠠᠩᠭᠤᠢ ᠠᠭᠤᠷᠬᠠᠢ ᠶᠢᠨ ᠲᠤᠭᠤᠷᠢᠭ ᠤᠨ ᠪᠠᠶᠢᠭᠤᠯᠤᠯᠳᠠ ᠪᠠ ᠠᠭᠤᠷᠬᠠᠢ ᠶᠢᠨ ᠲᠤᠭᠤᠷᠢᠭ ᠤᠨ ᠠᠮᠢ | ᠠᠬᠤᠢ ᠶᠢᠨ ᠨᠦᠬᠦᠨ ᠰᠡᠷᠬᠦᠬᠡᠯᠳᠡ ᠶᠢᠨ ᠠᠵᠢᠯ ᠢ ᠦᠨᠡᠡᠬᠦ ᠰᠠᠶᠢᠳᠤᠷ ᠠᠳᠬᠤᠵᠤ᠂ ᠰᠡᠷᠬᠦᠬᠡᠯᠳᠡ ᠶᠢᠨ ᠨᠤᠷᠮ᠎ᠠ ᠶᠢ | 100% ᠳᠤ ᠬᠦᠷᠬᠡᠨ᠂ ᠠᠵᠤ ᠠᠬᠤᠶᠢᠯᠡᠯ ᠬᠢᠬᠡᠳ ᠠᠷᠡᠳ ᠤᠯᠠᠨ ᠤ ᠬᠤᠭᠤᠷᠤᠡᠳᠤᠬᠢ ᠡᠶ᠎ᠡ ᠵᠤᠬᠢᠴᠠᠯ ᠲᠠᠢ | ᠮᠦᠷᠳᠡᠬᠡᠨ ᠬᠠᠷᠢᠯᠴᠠᠨ ᠠᠰᠢᠭᠳᠡᠢ ᠪᠠᠶᠢᠬᠤ ᠬᠠᠷᠢᠴᠠᠭ᠎ᠠ ᠶᠢ ᠪᠠᠶᠢᠭᠤᠯᠤᠨ᠎ᠠ᠃ ᠮᠠᠯ ᠪᠠᠯᠴᠢᠬᠡᠷ ᠤᠨ ᠲᠠᠩᠴᠡᠬᠦᠷᠢ ᠶᠢ | ᠪᠠᠳᠤᠯᠠᠬᠤ ᠠᠵᠢᠯ ᠢ ᠠᠮᠢ ᠠᠬᠤᠢ ᠶᠢ ᠬᠠᠮᠠᠭᠠᠯᠠᠬᠤ ᠬᠠᠮᠤᠭ ᠤᠨ ᠦᠡᠳᠤᠰᠤᠨ ᠠᠷᠭ᠎ᠠ ᠬᠡᠮᠵᠢᠶ᠎ᠠ ᠪᠤᠯᠭᠠᠨ | ᠢᠳᠡᠪᠬᠢᠳᠡᠢ ᠪᠠᠷ ᠠᠳᠬᠤᠨ᠎ᠠ᠃ ᠲᠠᠪᠤᠨ ᠵᠢᠯ ᠳᠤ ᠪᠠᠯᠴᠢᠬᠡᠷᠯᠡᠬᠦᠯᠤᠨ ᠮᠠᠯᠵᠢᠬᠤ ᠮᠠᠯ ᠤᠨ ᠲᠤᠭ᠎ᠠ ᠶᠢ 140 ᠲᠦᠮᠨ | ᠤᠷᠴᠢᠮ ᠲᠤᠭᠳᠠᠪᠤᠷᠢᠵᠢᠭᠤᠯᠵᠤ᠂ ᠡᠬᠦᠨ ᠳᠤ ᠪᠤᠳᠠ ᠮᠠᠯ ᠢ 40 ᠲᠦᠮᠨ ᠬᠦᠷᠳᠡᠯ᠎ᠠ ᠦᠰᠬᠡᠵᠤ᠂ ᠤᠷᠭᠤᠮᠠᠯ ᠤᠨ | ᠪᠦᠷᠬᠦᠴᠠ ᠶᠢ 65% ᠠᠴᠠ ᠲᠡᠬᠡᠭᠰᠢ ᠪᠠᠶᠢᠬᠤ ᠶᠢ ᠪᠠᠳᠤᠯᠠᠬᠤ ᠪᠠᠷ ᠴᠢᠷᠮᠠᠶᠢᠨ᠎ᠠ᠃ ᠮᠠᠯᠵᠢᠬᠤ ᠤᠷᠤᠨ ᠤ ᠬᠦᠮᠤᠨ | ᠠᠮᠨ ᠶᠢ ᠨᠡᠬᠦᠯᠬᠡᠨ ᠰᠢᠯᠵᠢᠬᠦᠯᠬᠦ ᠲᠦᠷᠢᠮ ᠲᠤᠭᠳᠠᠭᠠᠯ ᠢ ᠦᠷᠬᠦᠯᠵᠢᠯᠡᠨ ᠪᠦᠷᠢᠡᠰᠢᠬᠦᠯᠵᠤ᠂ ᠨᠡᠬᠦᠯᠬᠡᠨ | ᠰᠢᠯᠵᠢᠬᠦᠯᠦᠭᠰᠡᠨ ᠮᠠᠯᠴᠢᠳ ᠤᠨ ᠬᠠᠮᠢᠶᠠᠷᠤᠯᠳᠠ ᠪᠠ ᠦᠢᠯᠡᠴᠢᠯᠡᠭᠡ ᠶᠢ ᠴᠢᠩᠭᠠᠳᠬᠠᠵᠤ᠂ ᠲᠠᠪᠤᠨ ᠵᠢᠯ ᠤᠨ ᠲᠤᠳᠤᠷ᠎ᠠ | 6000 ᠬᠦᠮᠤᠨ ᠢ ᠨᠡᠬᠦᠯᠬᠡᠨ ᠰᠢᠯᠵᠢᠬᠦᠯᠬᠦ ᠪᠠᠷ ᠲᠦᠯᠤᠪᠯᠡᠵᠤ ᠪᠤᠢ᠃ ᠬᠤᠶᠡᠷ ᠲᠤ᠂ ᠮᠠᠯ ᠠᠵᠤ ᠠᠬᠤᠢ ᠶᠢᠨ | ᠬᠦᠭᠵᠢᠯᠳᠠ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠳᠠ ᠶᠢ ᠲᠦᠷᠬᠡᠳᠬᠡᠨ᠎ᠠ᠃ ᠲᠠᠯ᠎ᠠ ᠨᠤᠳᠤᠭ ᠤᠨ ᠦᠪᠡᠷᠮᠢᠴᠠ | ᠤᠡᠴᠠᠯᠢᠭᠳᠤ ᠤᠳᠤᠬᠢᠴᠢᠯᠠᠭᠰᠡᠨ ᠮᠠᠯ ᠠᠵᠤ ᠠᠬᠤᠢ ᠶᠢ ᠬᠦᠭᠵᠢᠬᠦᠯᠬᠦ ᠪᠠᠷ ᠬᠠᠷᠠᠯᠳᠠ ᠪᠠᠨ ᠪᠤᠯᠭᠠᠵᠤ᠂ ︽ᠵᠠᠰᠠᠭ | ᠤᠨ ᠤᠷᠳᠤᠨ ᠠᠴᠠ ᠵᠢᠯᠤᠭᠤᠳᠤᠯᠭ᠎ᠠ ᠬᠢᠵᠤ᠂ ᠵᠠᠬ᠎ᠠ ᠲᠡᠯᠬᠡᠬᠦᠷ ᠤᠨ ᠠᠷᠭ᠎ᠠ ᠪᠠᠷ ᠶᠠᠪᠤᠭᠳᠠᠭᠤᠯᠵᠤ᠂ ᠲᠤᠬᠠᠢ ᠶᠢᠨ | ᠭᠠᠵᠡᠷ ᠲᠠᠭᠠᠨ ᠵᠤᠬᠢᠴᠠᠭᠤᠯᠤᠨ᠂ ᠤᠯᠠᠨ ᠡᠰᠢᠵᠢᠬᠦᠯᠤᠨ ᠬᠦᠭᠵᠢᠬᠦᠯᠬᠦ︾ ᠵᠠᠮ ᠢᠶᠠᠷ ᠵᠠᠮᠨᠠᠬᠤ ᠶᠢ ᠪᠠᠷᠢᠮᠳᠠᠯᠠᠨ᠂ | ᠬᠡᠪᠴᠢᠶᠠᠵᠢᠭ᠍ᠰᠡᠨ᠂ ᠲᠤᠰᠬᠠᠶᠢᠵᠢᠭᠰᠡᠨ᠂ ᠪᠠᠷᠢᠮᠵᠢᠶᠠᠵᠢᠭᠰᠡᠨ᠂ ᠵᠤᠬᠢᠶᠠᠨ ᠪᠠᠶᠢᠭᠤᠯᠤᠯᠵᠢᠭᠰᠡᠨ᠂ ᠡᠷᠴᠢᠮᠵᠢᠭᠰᠡᠨ᠂ | ᠠᠵᠤ ᠦᠢᠯᠡᠰᠵᠢᠭᠰᠡᠨ ᠮᠠᠯ ᠠᠵᠤ ᠠᠬᠤᠢ ᠶᠢᠨ ᠡᠵᠡᠩᠨᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠮᠠᠯᠵᠢᠬᠤ | ᠤᠷᠤᠨ ᠤ ᠪᠠᠯᠴᠢᠬᠡᠷ ᠢ ᠰᠡᠷᠬᠦᠬᠡᠨ᠂ ᠮᠠᠯ ᠠᠵᠤ ᠠᠬᠤᠢ ᠶᠢᠨ ᠦᠷ᠎ᠠ ᠠᠰᠢᠭ ᠢ ᠲᠡᠬᠡᠭᠰᠢᠯᠡᠬᠦᠯᠵᠤ᠂ ᠮᠠᠯᠴᠢᠳ ᠤᠨ | ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠤᠨ᠎ᠠ᠃ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢᠨ ᠠᠷᠭ᠎ᠠ ᠪᠠᠷᠢᠯ ᠢ | ᠤᠯᠠᠮ ᠨᠠᠷᠢᠯᠢᠭᠵᠢᠭᠤᠯᠵᠤ᠂ ᠮᠠᠯ ᠤᠨ ᠡᠬᠦᠯᠳᠡᠷ ᠰᠢᠯᠢᠳᠡᠭᠵᠢᠬᠦᠯᠬᠦ ᠢᠡᠵᠧᠨᠧᠷᠢᠩ ᠢ ᠦᠷᠬᠦᠯᠵᠢᠯᠡᠨ ᠲᠦᠯᠬᠢᠨ | ᠠᠬᠢᠭᠤᠯᠵᠤ᠂ ᠦᠬᠡᠷ ᠤᠨ ᠡᠬᠦᠯᠳᠡᠷ ᠢ ᠦᠬᠡᠷᠡᠴᠢᠯᠡᠨ᠂ ᠰᠢᠮᠧᠨ᠋ᠲ᠋ᠧᠷ ᠦᠬᠡᠷ ᠬᠤᠳᠠᠯᠳᠤᠨ ᠤᠷᠤᠭᠤᠯᠬᠤ᠂ ᠬᠤᠴᠠ | ᠶᠢ ᠲᠦᠪᠯᠡᠷᠡᠬᠦᠯᠤᠨ ᠬᠠᠮᠢᠶᠠᠷᠬᠤ ᠵᠡᠷᠬᠡ ᠠᠵᠢᠯ ᠢ ᠭᠤᠤᠯᠳᠠᠯᠭ᠎ᠠ ᠲᠠᠢ ᠠᠳᠬᠤᠨ᠎ᠠ᠃ ᠡᠬᠦᠨ ᠳᠤ᠂ ᠲᠤᠮᠳᠠ ᠪᠠ | ᠡᠮᠤᠨ᠎ᠠ ᠪᠠᠶ᠎ᠠ ᠶᠢᠨ ᠭᠤᠷᠪᠡᠨ ᠪᠠᠯᠭᠠᠰᠤᠨ ᠳᠤ ᠰᠢᠮᠧᠨ᠋ᠲ᠋ᠧᠷ ᠦᠬᠡᠷ ᠢ ᠦᠪᠡᠷᠰᠡᠳ ᠢᠶᠠᠨ ᠦᠷᠡᠵᠢᠬᠦᠯᠤᠨ | ᠪᠤᠶᠢᠵᠢᠭᠤᠯᠬᠤ ᠪᠠᠷ ᠭᠤᠤᠯᠳᠠᠭᠤᠯᠵᠤ᠂ ᠬᠤᠶᠢᠳᠤ ᠪᠠᠶ᠎ᠠ ᠶᠢᠨ ᠲᠦᠷᠪᠡᠨ ᠰᠤᠮᠤᠨ ᠳᠤ ᠰᠢᠮᠧᠨ᠋ᠲ᠋ᠧᠷ ᠦᠬᠡᠷ ᠢ | ᠤᠷᠤᠭᠤᠯᠬᠤ ᠪᠠᠷ ᠭᠤᠤᠯᠳᠠᠵᠤ᠂ ᠲᠠᠪᠤᠨ ᠵᠢᠯ ᠳᠤ 10 ᠲᠦᠮᠡᠨ ᠦᠨᠢᠶᠠᠨ ᠳᠤ ᠢᠴᠡᠬᠡᠯ ᠦᠷ᠎ᠠ ᠶᠢᠨ | ᠬᠡᠬᠡᠯᠳᠤᠬᠦᠯᠬᠡ ᠬᠢᠵᠤ᠂ 2 ᠲᠦᠮᠡᠨ ᠰᠢᠮᠧᠨ᠋ᠲ᠋ᠧᠷ ᠦᠬᠡᠷ ᠤᠷᠤᠭᠤᠯᠤᠨ᠂ ᠰᠢᠮᠧᠨ᠋ᠲ᠋ᠧᠷ ᠦᠬᠡᠷ ᠤᠨ ᠭᠤᠤᠯᠳᠠᠯᠭᠠᠳᠤ | ᠰᠦᠷᠦᠭ 50 ᠢ ᠪᠠᠶᠢᠭᠤᠯᠵᠤ᠂ ᠨᠠᠶᠢᠳᠠ 82 ᠰᠦᠷᠦᠭ ᠪᠤᠯᠭᠠᠨ ᠨᠡᠮᠡᠭᠳᠡᠬᠦᠯᠵᠤ᠂ ᠰᠢᠮᠧᠨ᠋ᠲ᠋ᠧᠷ ᠦᠨᠢᠶ᠎ᠠ ᠶᠢ 15 | ᠲᠦᠮᠡᠨ ᠲᠤᠯᠤᠭᠠᠢ ᠠᠴᠠ ᠲᠠᠪᠠᠭᠤᠯᠵᠤ᠂ ᠵᠢᠯ ᠪᠦᠷᠢ ᠪᠡᠯᠡᠳᠬᠡᠯ ᠰᠢᠮᠧᠨ᠋ᠲ᠋ᠧᠷ ᠪᠤᠬ᠎ᠠ ᠶᠢ 2000 ᠲᠤᠯᠤᠭᠠᠢ ᠠᠴᠠ | ᠲᠡᠬᠡᠭᠰᠢ ᠪᠤᠶᠢᠵᠢᠭᠤᠯᠵᠤ᠂ 3 ᠲᠦᠮᠡᠨ ᠬᠤᠨᠢᠨ ᠤ ᠬᠡᠬᠡᠯᠳᠤᠬᠦᠯᠬᠡ ᠶᠢ ᠪᠠᠶᠠᠯᠠᠬᠦᠯᠤᠨ᠂ 1 ᠲᠦᠮᠨ ᠭᠠᠷᠤᠢ ᠪᠡᠯᠡᠳᠬᠡᠯ | ᠬᠤᠴᠠ ᠪᠤᠶᠢᠵᠢᠭᠤᠯᠵᠤ᠂ ᠬᠤᠴᠠ ᠶᠢ ᠴᠦᠮ ᠤᠡᠴᠠ ᠪᠠ ᠨᠢᠬᠡᠳᠤᠬᠡᠷ ᠲᠡᠰ ᠤᠨ ᠪᠠᠷᠢᠮᠵᠢᠶᠠᠨ ᠳᠤ ᠬᠦᠷᠬᠡᠨ᠂ | ᠠᠪᠠᠭ᠎ᠠ ᠬᠠᠷ᠎ᠠ ᠠᠳᠤᠭᠤ ᠶᠢ ᠪᠦᠬᠦ ᠬᠤᠰᠢᠭᠤᠨ ᠤ ᠬᠡᠪᠴᠢᠶᠠᠨ ᠳᠤ ᠰᠤᠩᠭᠤᠨ ᠪᠤᠶᠢᠵᠢᠭᠤᠯᠬᠤ ᠪᠠᠷ ᠪᠤᠢ᠃ ᠮᠢᠬ᠎ᠠ᠂ | ᠰᠦ᠂ ᠠᠳᠤᠭᠤ᠂ ᠡᠪᠡᠰᠤ᠂ ᠡᠯᠡᠰᠤ ᠲᠠᠪᠤᠨ ᠤᠡᠴᠠᠯᠢᠭᠳᠤ ᠠᠵᠤ ᠦᠢᠯᠡᠰ ᠤᠨ ᠲᠤᠭᠤᠷᠢᠨ ᠳᠤ᠂ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠬᠡᠮᠵᠢᠶ᠎ᠠ ᠶᠢ ᠲᠦᠷᠬᠡᠳᠬᠡᠨ ᠠᠬᠢᠭᠤᠯᠵᠤ᠂ 2017 ᠤᠨ ᠪᠤᠯᠬᠤ ᠳᠤ᠂ ᠮᠢᠬᠠᠨ | ᠤ ᠬᠤᠨᠢ ᠠᠷᠠᠴᠢᠯᠡᠨ ᠲᠡᠵᠢᠬᠡᠬᠦ ᠲᠤᠭᠤᠷᠢᠭ ᠪᠠ ᠮᠢᠬᠠᠨ ᠤ ᠦᠬᠡᠷ ᠠᠷᠠᠴᠢᠯᠡᠨ ᠲᠡᠵᠢᠬᠡᠬᠦ ᠲᠤᠭᠤᠷᠢᠭ ᠤᠨ 100% | ᠪᠠ 80% ᠶᠢᠨ ᠡᠷᠤᠬᠡ ᠶᠢ ᠲᠤᠰᠬᠠᠢ ᠮᠠᠯᠵᠢᠯ ᠤᠨ ᠡᠷᠤᠬᠡ ᠪᠤᠯᠭᠠᠵᠤ᠂ 10 ᠲᠦᠮᠡᠨ ᠦᠬᠡᠷ᠂ 20 ᠲᠦᠮᠡᠨ | ᠬᠤᠷᠠᠭ᠎ᠠ ᠶᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠂ 20% ᠶᠢᠨ ᠬᠤᠨᠢ ᠮᠠᠯᠵᠢᠬᠤ ᠲᠤᠰᠬᠠᠢ ᠡᠷᠤᠬᠡ ᠨᠢ | ᠭᠠᠷᠭᠠᠯᠳᠠ ᠶᠢᠨ ᠬᠤᠨᠢᠨ ᠳᠠᠭᠠᠨ ᠪᠤᠷᠳᠤᠭ᠎ᠠ ᠨᠦᠬᠦᠪᠤᠷᠢᠯᠡᠨ ᠲᠠᠷᠭᠤ ᠶᠢ ᠨᠢ ᠨᠡᠮᠡᠭᠳᠡᠬᠦᠯᠴᠢᠬᠡᠬᠡᠳ ᠵᠠᠷᠣᠴᠠᠭᠤᠯᠬᠤ ᠶᠢ | ᠪᠠᠶᠠᠯᠡᠬᠦᠯᠦᠨ᠂ ᠠᠳᠤᠭᠤᠨ ᠤ ᠲᠤᠭ᠎ᠠ ᠶᠢ 3 ᠲᠦᠮᠡᠨ ᠲᠤᠯᠤᠭᠠᠢ ᠤᠷᠴᠢᠮ ᠲᠤᠭᠳᠠᠪᠤᠷᠢᠵᠢᠭᠤᠯᠵᠤ᠂ 150 ᠲᠤᠨ | ᠴᠠᠭᠠᠨ ᠢᠳᠡᠭᠡ ᠪᠤᠯᠪᠠᠰᠤᠷᠠᠭᠤᠯᠤᠨ᠂ 300 ᠲᠤᠨ ᠴᠡᠭᠡ ᠢᠰᠬᠡᠨ᠂ ᠡᠯᠡᠰᠤᠨ ᠤ ᠦᠢᠯᠡᠰ ᠤᠨ ᠲᠠᠷᠢᠮᠠᠯ ᠤᠨ | ᠲᠠᠯᠠᠪᠠᠢ ᠶᠢ 100 ᠲᠦᠮᠡᠨ ᠮᠤ᠋ ᠳᠤ ᠬᠦᠷᠬᠡᠵᠤ᠂ ᠵᠢᠯ ᠤᠨ ᠡᠪᠡᠰᠤᠨ ᠤ ᠤᠨᠠᠯᠳᠠ ᠶᠢ 2 ᠳ᠋ᠦᠩᠰᠢᠭᠤᠷ ᠺᠢᠯᠦᠭᠷᠡᠮ | ᠠᠴᠠ ᠲᠡᠬᠡᠭᠰᠢ ᠪᠠᠶᠢᠯᠭᠠᠨ᠎ᠠ᠃ ᠮᠠᠯ ᠪᠠᠯᠴᠢᠬᠡᠷ ᠤᠨ ᠲᠠᠩᠴᠡᠬᠦᠷᠢ ᠶᠢ ᠰᠠᠶᠢᠳᠤᠷ ᠪᠠᠳᠤᠯᠠᠭᠰᠡᠨ ᠤᠷᠢᠳᠠᠯ ᠲᠤᠤᠷ᠎ᠠ | ᠦᠮᠴᠢᠯᠡᠬᠦ ᠡᠷᠬᠡ ᠶᠢ ᠲᠤᠳᠤᠳᠬᠠᠵᠤ᠂ ᠠᠰᠢᠭᠯᠠᠨ ᠬᠡᠷᠡᠭᠯᠡᠬᠦ ᠠᠷᠭ᠎ᠠ ᠬᠡᠯᠪᠡᠷᠢ ᠢ ᠬᠢᠵᠠᠭᠠᠷᠯᠠᠨ᠂ ᠡᠷᠴᠢᠮᠵᠢᠬᠦᠯᠤᠨ | ᠠᠰᠢᠭᠯᠠᠵᠤ ᠲᠦᠷᠢᠮᠵᠢᠬᠦᠯᠤᠨ ᠬᠠᠮᠢᠶᠠᠷᠬᠤ ᠵᠠᠷᠴᠢᠮ ᠢᠶᠠᠷ ᠨᠤᠳᠤᠭ ᠪᠠᠯᠴᠢᠬᠡᠷ ᠢ ᠭᠠᠴᠠᠭᠠᠨ ᠲᠤᠳᠤᠷ᠎ᠠ ᠪᠠᠨ | ᠰᠢᠯᠵᠢᠬᠦᠯᠤᠨ ᠲᠠᠭᠠᠭᠠᠴᠢᠯᠠᠭᠤᠯᠬᠤ᠂ ᠲᠦᠷᠢᠶᠠᠰᠤᠯᠡᠬᠦᠯᠬᠦ᠂ ᠬᠠᠷᠢᠯᠴᠠᠨ ᠰᠤᠯᠢᠬᠤ᠂ ᠬᠤᠪᠢ ᠤᠷᠤᠭᠤᠯᠬᠤ ᠵᠡᠷᠬᠡ | ᠠᠷᠭ᠎ᠠ ᠪᠠᠷ ᠮᠠᠯᠵᠢᠬᠤ ᠡᠷᠤᠬᠡ ᠶᠢᠨ ᠬᠤᠭᠤᠷᠤᠡᠳᠤ ᠪᠠᠨ ᠨᠤᠳᠤᠭ ᠪᠠᠯᠴᠢᠬᠡᠷ ᠤᠨ ᠲᠠᠭᠠᠭᠠᠴᠢᠯᠡᠨ ᠡᠵᠡᠩᠨᠡᠬᠦ ᠡᠷᠬᠡ | ᠪᠠᠨ ᠰᠢᠯᠵᠢᠬᠦᠯᠬᠦ ᠶᠢ ᠵᠤᠷᠢᠭᠵᠢᠭᠤᠯᠤᠨ᠂ ᠡᠯ᠎ᠠ ᠵᠥᠢᠯ ᠤᠨ ᠲᠤᠬᠢᠷᠠᠮᠵᠢᠳᠡᠢ ᠪᠡᠷᠢᠮᠵᠢᠶᠠᠵᠢᠭᠰᠡᠨ ᠡᠵᠡᠩᠨᠡᠯᠳᠡ ᠶᠢ | ᠬᠦᠭᠵᠢᠬᠦᠯᠤᠨ᠎ᠠ᠃ 2017 ᠤᠨ ᠪᠤᠯᠬᠤ ᠳᠤ᠂ ᠮᠠᠯᠵᠢᠬᠤ ᠤᠷᠤᠨ ᠤ ᠨᠤᠳᠤᠭ ᠪᠠᠯᠴᠢᠬᠡᠷ᠂ ᠲᠤᠨᠤᠭ | ᠲᠦᠬᠦᠬᠡᠷᠤᠮᠵᠢ᠂ ᠬᠦᠳᠡᠯᠮᠤᠷᠢ ᠬᠦᠴᠤ ᠶᠢ ᠨᠢᠬᠡᠳᠬᠡᠭᠰᠡᠨ ᠬᠤᠯᠪᠤᠭᠠᠯᠠᠨ ᠡᠵᠡᠩᠨᠡᠬᠦ ᠡᠷᠤᠬᠡ 500 ᠶᠢ ᠨᠡᠮᠡᠭᠳᠡᠬᠦᠯᠵᠤ | ᠂ ᠨᠠᠶᠢᠳᠠ 1000 ᠡᠷᠤᠬᠡ ᠳᠤ ᠬᠦᠷᠬᠡᠨ᠂ ᠤᠳᠤ ᠪᠠᠶᠢᠭ᠎ᠠ 100 ᠲᠤᠰᠬᠠᠢ ᠬᠤᠷᠰᠢᠶᠠᠵᠢᠯ ᠢ ᠲᠦᠷᠢᠮᠵᠢᠬᠦᠯᠤᠨ | ᠡᠵᠡᠩᠨᠡᠬᠦᠯᠵᠤ᠂ ᠡᠯ᠎ᠠ ᠲᠦᠷᠥᠯ ᠤᠨ ᠲᠤᠰᠬᠠᠢ ᠮᠠᠯᠵᠢᠯ ᠤᠨ ᠡᠷᠤᠬᠡ 1000 ᠶᠢ ᠲᠤᠭᠳᠠᠭᠠᠨ᠂ ᠲᠤᠭᠤᠷᠢᠭ | ᠬᠤᠪᠢᠶᠠᠨ ᠰᠠᠯᠬᠦᠨ ᠮᠠᠯᠵᠢᠭᠤᠯᠬᠤ ᠶᠢ ᠪᠦᠬᠦ ᠲᠠᠯ᠎ᠠ ᠪᠠᠷ ᠬᠡᠷᠡᠭᠵᠢᠬᠦᠯᠤᠨ᠎ᠠ᠃ ᠮᠠᠯᠵᠢᠬᠤ ᠤᠷᠤᠨ ᠤ ᠤᠰᠤᠨ | ᠠᠰᠢᠭᠯᠠᠯᠳᠠ᠂ ᠴᠠᠬᠢᠯᠭᠠᠨ ᠪᠠ ᠫᠸᠡᠭ ᠬᠤᠷᠤᠭ᠎ᠠ᠂ ᠮᠠᠰᠢᠨ ᠲᠦᠬᠦᠬᠡᠷᠤᠮᠵᠢ᠂ ᠡᠪᠡᠰᠤ ᠬᠠᠳᠠᠭᠠᠯᠠᠬᠤ ᠵᠡᠷᠬᠡ ᠰᠠᠭᠤᠷᠢ | ᠪᠦᠳᠤᠬᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠨ᠂ ᠮᠠᠯ ᠠᠵᠤ ᠠᠬᠤᠢ ᠶᠢᠨ ᠭᠠᠮᠰᠢᠭ ᠠᠴᠠ ᠰᠡᠷᠬᠡᠶᠢᠯᠡᠵᠤ | ᠬᠤᠬᠢᠷᠠᠯ ᠢ ᠪᠠᠭᠠᠰᠬᠠᠬᠤ ᠴᠢᠳᠠᠪᠤᠷᠢ ᠪᠠ ᠶᠠᠷᠤᠩᠬᠡᠢ ᠦᠢᠯᠡᠳᠪᠤᠷᠢᠯᠡᠯ ᠤᠨ ᠴᠢᠳᠠᠪᠤᠷᠢ ᠪᠠᠨ ᠲᠡᠬᠡᠭᠰᠢᠯᠡᠬᠦᠯᠤᠨ᠎ᠠ᠃ | ᠲᠠᠪᠤᠨ ᠵᠢᠯ ᠳᠤ 500 ᠡᠪᠡᠰᠤᠨ ᠫᠸᠡᠭ ᠪᠠᠶᠢᠭᠤᠯᠵᠤ᠂ 800 ᠬᠤᠳᠳᠤᠭ ᠮᠠᠯᠳᠠᠨ᠂ ᠮᠠᠯᠵᠢᠬᠤ ᠦᠢᠯᠡᠳᠪᠤᠷᠢᠯᠡᠯ | ᠤᠨ ᠮᠠᠰᠢᠨᠴᠢᠯᠠᠭᠰᠠᠨ ᠬᠡᠮᠵᠢᠶ᠎ᠠ ᠶᠢ 90% ᠠᠴᠠ ᠲᠠᠪᠠᠭᠤᠯᠤᠨ᠂ 80% ᠠᠴᠠ ᠲᠡᠬᠡᠭᠰᠢᠬᠢ ᠮᠠᠯᠵᠢᠬᠤ ᠡᠷᠤᠬᠡ ᠶᠢ | ᠪᠠᠷᠢᠮᠵᠢᠶᠠᠵᠢᠭᠰᠡᠨ ᠲᠤᠯᠠᠭᠠᠨ ᠫᠸᠡᠭ ᠲᠠᠢ ᠪᠤᠯᠭᠠᠨ᠎ᠠ᠃ ᠭᠤᠷᠪᠡ ᠳᠤ᠂ ᠰᠢᠨ᠎ᠠ ᠮᠠᠯᠵᠢᠬᠤ ᠤᠷᠤᠨ ᠤ ᠪᠦᠳᠤᠬᠡᠨ | ᠪᠠᠶᠢᠭᠤᠯᠤᠯᠳᠠ ᠶᠢᠨ ᠠᠵᠢᠯ ᠢ ᠨᠢᠬᠡᠳᠤᠯᠳᠡᠢ ᠲᠦᠯᠤᠪᠵᠢᠬᠦᠯᠤᠨ ᠠᠬᠢᠭᠤᠯᠤᠨ᠎ᠠ᠃ ︽ᠤᠷᠢᠳᠴᠢᠯᠡᠨ | ᠲᠦᠯᠤᠪᠵᠢᠬᠦᠯᠵᠤ᠂ ᠵᠠᠰᠠᠭ ᠤᠨ ᠤᠷᠳᠤᠨ ᠠᠴᠠ ᠵᠢᠯᠤᠭᠤᠳᠤᠨ᠂ ᠪᠦᠬᠦ ᠠᠷᠡᠳ ᠢᠶᠠᠷ ᠢᠶᠠᠨ ᠤᠷᠤᠯᠴᠠᠵᠤ᠂ ᠤᠯᠠᠨ | ᠲᠠᠯ᠎ᠠ ᠠᠴᠠ ᠪᠡᠯᠨ ᠤᠷᠤᠭᠤᠯᠤᠨ᠂ ᠤᠡᠴᠠᠯᠢᠭ ᠢᠶᠠᠨ ᠬᠠᠳᠠᠭᠠᠯᠠᠵᠤ᠂ ᠭᠤᠤᠯᠳᠠᠯᠭ᠎ᠠ ᠪᠠᠨ ᠲᠤᠪᠤᠶᠢᠯᠭᠠᠨ᠂ ᠪᠦᠬᠦ | ᠲᠠᠯ᠎ᠠ ᠪᠠᠷ ᠲᠦᠯᠬᠢᠨ ᠠᠬᠢᠭᠤᠯᠬᠤ︾ ᠵᠠᠷᠴᠢᠮ ᠢ ᠪᠠᠷᠢᠮᠳᠠᠯᠠᠨ᠂ ᠰᠢᠨ᠎ᠠ ᠮᠠᠯᠵᠢᠬᠤ ᠤᠷᠤᠨ ᠢ ᠪᠦᠳᠤᠬᠡᠨ ᠪᠠᠶᠢᠭᠤᠯᠬᠤ | ᠶᠠᠷᠤᠩᠬᠡᠢ ᠲᠦᠯᠤᠪᠵᠢᠬᠦᠯᠬᠡ ᠶᠢ ᠤᠯᠠᠮ ᠴᠢᠨᠠᠭᠰᠢᠳᠠ ᠲᠡᠬᠦᠯᠳᠡᠷᠵᠢᠬᠦᠯᠵᠤ᠂ ᠲᠤᠷᠰᠢᠯᠳᠠ ᠶᠢᠨ ᠭᠠᠴᠠᠭ᠎ᠠ ᠪᠠ ᠵᠢᠱᠢᠶ᠎ᠠ | ᠦᠵᠡᠬᠦᠯᠬᠦ ᠮᠠᠯᠵᠢᠬᠤ ᠡᠷᠤᠬᠡ ᠶᠢᠨ ᠵᠢᠱᠢᠶᠠᠴᠢ ᠲᠠᠭᠠᠭᠤᠯᠤᠭᠴᠢ ᠦᠢᠯᠡᠳᠤᠯ ᠢ ᠬᠦᠢᠴᠡᠳ ᠪᠠᠳᠠᠷᠠᠭᠤᠯᠵᠤ᠂ | ᠲᠦᠯᠤᠪᠯᠡᠭᠡ ᠲᠠᠢ᠂ ᠭᠤᠤᠯᠳᠠᠯᠭ᠎ᠠ ᠲᠠᠢ᠂ ᠠᠯᠬᠤᠮ ᠲᠠᠷᠠᠭ᠎ᠠ ᠲᠠᠢ ᠪᠠᠷ ᠬᠤᠰᠢᠭᠤᠨ ᠤ ᠪᠠᠨ ᠲᠤᠭᠳᠠᠭᠠᠭᠰᠡᠨ | ᠪᠠᠷᠢᠮᠵᠢᠶ᠎ᠠ ᠶᠤᠰᠤᠭᠠᠷ ᠪᠦᠳᠤᠬᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠮᠠᠯ ᠠᠵᠤ ᠠᠬᠤᠢ ᠳᠤ | ᠬᠤᠯᠪᠤᠭᠳᠠᠭᠰᠡᠨ ᠲᠦᠷᠥᠯ ᠵᠥᠢᠯ ᠤᠨ ᠪᠡᠯᠨ ᠮᠦᠩᠬᠦ ᠶᠢ ᠨᠢᠬᠡᠳᠬᠡᠨ ᠠᠰᠢᠭᠯᠠᠵᠤ᠂ ᠮᠠᠯᠵᠢᠬᠤ ᠤᠷᠤᠨ ᠤ ᠠᠶᠤᠯᠳᠤ | ᠬᠡᠷ ᠪᠠᠶᠢᠰᠢᠩ ᠢ ᠵᠠᠰᠠᠵᠤ ᠰᠢᠨᠡᠳᠬᠡᠬᠦ᠂ ᠮᠠᠯᠴᠢᠳ ᠢ ᠰᠠᠭᠤᠷᠢᠰᠢᠭᠤᠯᠬᠤ ᠪᠠ ᠲᠧᠯᠸᠢᠰ ᠨᠠᠪᠳᠠᠷᠡᠬᠦᠯᠬᠡ᠂ ᠴᠢᠮᠡᠭᠡ | ᠬᠤᠯᠪᠤᠭᠠᠨ ᠤ ᠲᠠᠯ᠎ᠠ ᠪᠠᠷ ᠬᠢ ᠪᠡᠯᠨ ᠤᠷᠤᠭᠤᠯᠤᠯᠳᠠ ᠪᠠᠨ ᠨᠡᠮᠡᠭᠳᠡᠬᠦᠯᠤᠨ᠂ ᠮᠠᠯᠵᠢᠬᠤ ᠤᠷᠤᠨ ᠤ ᠰᠠᠭᠤᠷᠢ | ᠲᠦᠬᠦᠬᠡᠷᠤᠮᠵᠢ ᠶᠢᠨ ᠨᠦᠬᠦᠴᠡᠯ ᠢ ᠤᠯᠠᠮ ᠰᠠᠶᠢᠵᠢᠷᠠᠭᠤᠯᠤᠨ᠂ ᠮᠠᠯᠴᠢᠨ ᠲᠦᠮᠡᠨ ᠤ ᠬᠢ ᠪᠠᠨ ᠠᠮᠢᠳᠤᠷᠡᠯ ᠢ ᠡᠳᠤᠷ | ᠠᠴᠠ ᠡᠳᠤᠷ ᠦᠬᠡᠳᠡᠯᠡᠨ ᠲᠡᠭᠵᠢᠷᠡᠬᠦᠯᠬᠦ ᠪᠠᠷ ᠴᠢᠷᠮᠠᠶᠢᠨ᠎ᠠ᠃ ᠲᠠᠪᠤᠨ ᠵᠢᠯ ᠳᠤ ᠤᠷᠤᠨ ᠤ ᠲᠡᠰ ᠤᠨ ᠰᠢᠨ᠎ᠠ | ᠮᠠᠯᠵᠢᠬᠤ ᠤᠷᠤᠨ ᠤ ᠭᠠᠴᠠᠭ᠎ᠠ 5 ᠶᠢ ᠪᠠᠶᠢᠭᠤᠯᠵᠤ᠂ 50% ᠶᠢᠨ ᠭᠠᠴᠠᠭ᠎ᠠ ᠶᠢ ᠬᠤᠰᠢᠭᠤ ᠲᠡᠰ ᠤᠨ ᠪᠠᠷᠢᠮᠵᠢᠶᠠᠨ | ᠳᠤ ᠬᠦᠷᠬᠡᠨ᠂ ᠰᠢᠨ᠎ᠠ ᠮᠠᠯᠵᠢᠬᠤ ᠤᠷᠤᠨ ᠤ ᠵᠢᠱᠢᠶᠠᠴᠢ ᠲᠠᠭᠠᠭᠤᠯᠤᠭᠴᠢ ᠶᠢ 1000 ᠨᠠᠷᠠ ᠬᠦᠮᠤᠵᠢᠬᠦᠯᠬᠦ ᠪᠠᠷ | ᠪᠠᠶᠢᠨ᠎ᠠ᠃ | ᠰᠢᠨ᠎ᠠ ᠬᠡᠯᠪᠡᠷᠢ ᠶᠢᠨ ᠠᠵᠤ ᠦᠢᠯᠡᠳᠪᠤᠷᠢ ᠶᠢ ᠬᠦᠴᠤᠷᠬᠡᠭᠵᠢᠬᠦᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠤᠨ | ᠠᠵᠤ ᠦᠢᠯᠡᠰ ᠤᠨ ᠰᠠᠭᠤᠷᠢᠨ ᠭᠠᠵᠡᠷ ᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠠ ᠬᠡᠯᠪᠡᠷᠢ ᠶᠢᠨ ᠠᠵᠤ | ᠦᠢᠯᠡᠳᠪᠤᠷᠢᠵᠢᠯᠳᠠ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠠᠵᠤ ᠦᠢᠯᠡᠳᠪᠤᠷᠢ ᠶᠢ ᠭᠤᠤᠯᠳᠠᠯᠭ᠎ᠠ ᠲᠠᠢ | ᠠᠳᠬᠤᠬᠤ ᠪᠠᠷ ᠬᠤᠰᠢᠭᠤ ᠪᠠᠨ ᠬᠦᠴᠤᠷᠬᠡᠭᠵᠢᠬᠦᠯᠵᠤ᠂ ᠴᠡᠬᠢᠯᠭᠠᠨ ᠬᠦᠴᠤᠨ᠂ ᠪᠠᠷᠢᠯᠭ᠎ᠠ ᠶᠢᠨ ᠮᠠᠲ᠋ᠧᠷᠢᠶᠠᠯ᠂ | ᠬᠦᠳᠡᠷ ᠰᠢᠯᠢᠬᠦ᠂ ᠨᠡᠬᠦᠷᠡᠰᠤ ᠴᠢᠯᠠᠭᠤᠨ ᠲᠤᠰᠤ ᠨᠡᠬᠡᠬᠡᠨ ᠠᠰᠢᠭᠯᠠᠬᠤ᠂ ᠤᠢ ᠮᠤᠳᠤ᠂ ᠡᠪᠡᠰᠤ ᠪᠠᠯᠴᠢᠬᠡᠷ᠂ ᠮᠠᠯ ᠤᠨ | ᠠᠰᠢᠭ ᠰᠢᠮ᠎ᠠ ᠶᠢ ᠪᠤᠯᠪᠠᠰᠤᠷᠠᠭᠤᠯᠬᠤ ᠵᠡᠷᠬᠡ ᠲᠠᠪᠠᠭᠤᠯᠢᠭ ᠤᠡᠴᠠᠯᠢᠭᠳᠤ ᠠᠵᠤ ᠦᠢᠯᠡᠰ ᠢ ᠪᠦᠬᠦ ᠬᠦᠴᠤᠨ ᠢᠶᠠᠷ | ᠢᠶᠠᠨ ᠬᠦᠭᠵᠢᠬᠦᠯᠵᠤ᠂ ᠰᠢᠨ᠎ᠠ ᠠᠵᠤ ᠦᠢᠯᠡᠰ ᠪᠠ ᠡᠬᠢ ᠪᠠᠶᠠᠯᠢᠭ ᠤᠨ ᠪᠤᠰᠤ ᠠᠵᠤ ᠥᠢᠯᠡᠰ ᠢ ᠢᠳᠡᠪᠬᠢᠲᠠᠢ | ᠪᠤᠶᠢᠵᠢᠭᠤᠯᠤᠨ᠂ ︽ᠡᠬᠢ ᠪᠠᠶᠠᠯᠢᠭ ᠲᠠᠭᠠᠨ ᠰᠠᠭᠤᠷᠢᠯᠠᠵᠤ᠂ ᠤᠯᠠᠨ ᠡᠰᠢᠲᠠᠢ ᠬᠥᠭᠵᠢᠭᠦᠯᠥᠨ᠂ ᠤᠯᠠᠨ ᠲᠠᠪᠬᠤᠷᠭ᠎ᠠ | ᠬᠤᠯᠪᠤᠭᠠᠯᠠᠨ ᠲᠤᠭᠳᠠᠯᠴᠠᠬᠤ︾ ᠠᠵᠤ ᠥᠢᠯᠡᠰ ᠤᠨ ᠰᠢᠰᠲ᠋ᠧᠮ ᠢ ᠠᠯᠢ ᠲᠥᠷᠭᠡᠨ ᠢᠶᠠᠷ ᠪᠠᠶᠢᠭᠤᠯᠤᠨ᠎ᠠ᠃ ᠨᠢᠭᠡ ᠳᠤ | ᠂ ᠲᠤᠯᠭᠠᠭᠤᠷᠢᠯᠠᠬᠤ ᠠᠵᠤ ᠥᠢᠯᠡᠰ ᠤᠨ ᠬᠥᠭᠵᠢᠯᠲᠡ ᠶᠢ ᠲᠥᠷᠭᠡᠳᠭᠡᠨ᠎ᠡ᠃ ᠡᠬᠢ ᠪᠠᠶᠠᠯᠢᠭ ᠤᠨ ᠲᠠᠪᠠᠭᠤᠯᠢᠭ | ᠲᠠᠭᠠᠨ ᠲᠥᠰᠢᠭᠯᠡᠵᠤ᠂ ᠲᠥᠷᠥᠯ ᠵᠥᠢᠯ ᠢᠶᠠᠷ ᠠᠬᠢᠭᠤᠯᠬᠤ ᠪᠠ ᠠᠵᠤ ᠥᠢᠯᠡᠰ ᠢᠶᠠᠷ ᠲᠤᠯᠭᠠᠭᠤᠷᠢᠯᠠᠬᠤ ᠶᠢ ᠴᠢᠩᠭ᠎ᠠ | ᠠᠳᠬᠤᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠵᠤ ᠡᠯ᠎ᠡ ᠲᠠᠯ᠎ᠠ ᠶᠢᠨ ᠨᠥᠬᠦᠴᠡᠯ ᠪᠠᠲᠤᠯᠠᠭ᠎ᠠ ᠶᠢ | ᠴᠢᠩᠭᠠᠳᠬᠠᠨ᠂ ᠠᠵᠤ ᠥᠢᠯᠡᠰ ᠤᠨ ᠪᠥᠲᠥᠴᠡ ᠶᠢ ᠰᠢᠯᠢᠳᠡᠭᠵᠢᠭᠦᠯᠵᠤ᠂ ᠠᠵᠤ ᠥᠢᠯᠡᠳᠪᠤᠷᠢ ᠶᠢᠨ ᠠᠵᠤ ᠠᠬᠤᠢ | ᠶᠢ ᠲᠦᠷᠬᠡᠨ ᠪᠦᠬᠡᠳ ᠬᠡᠮᠵᠢᠶ᠎ᠠ ᠪᠠᠷ ᠶᠡᠭᠡ᠂ ᠴᠢᠨᠠᠷᠳᠡᠢ ᠮᠦᠷᠳᠡᠬᠡᠨ ᠦᠷ᠎ᠠ ᠠᠰᠢᠭ ᠢᠶᠠᠷ ᠦᠡᠳᠤᠷ ᠪᠠᠶᠢᠯᠭᠠᠵᠤ᠂ ︽ | ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽25533︾ ᠶᠢᠨ ᠬᠠᠷᠠᠯᠲᠠ⑨ ᠶᠢ ᠪᠥᠬᠦ | ᠲᠠᠯ᠎ᠠ ᠪᠠᠷ ᠪᠠᠶᠠᠯᠠᠬᠦᠯᠬᠦ ᠶᠢ ᠪᠠᠳᠤᠯᠠᠨ᠎ᠠ᠃ ᠴᠠᠬᠢᠯᠭᠠᠨ ᠬᠥᠴᠥᠨ ᠤ ᠲᠠᠯ᠎ᠠ ᠪᠠᠷ᠂ ᠨᠢᠭᠡ ᠳᠤ᠂ ᠤᠯᠤᠰ ᠠᠴᠠ ᠰᠢᠯᠢ | ᠶᠢᠨ ᠭᠤᠤᠯ ᠠᠶᠢᠮᠠᠭ ᠤᠨ ᠴᠠᠬᠢᠯᠭᠠᠨ ᠤ ᠰᠠᠭᠤᠷᠢᠨ ᠭᠠᠵᠠᠷ ᠪᠠ ᠴᠠᠬᠢᠯᠭᠠᠨ ᠢ ᠭᠠᠳᠠᠭᠰᠢ ᠬᠥᠷᠭᠡᠬᠦ ᠱᠤᠭᠤᠮ ᠢ | ᠪᠠᠶᠢᠭᠤᠯᠬᠤ ᠲᠤᠬᠢᠶᠠᠯ ᠢ ᠠᠰᠢᠭᠯᠠᠨ᠂ ᠴᠠᠭᠠᠨᠨᠠᠭᠤᠷ ᠴᠠᠬᠢᠯᠭᠠᠨ ᠭᠠᠷᠭᠠᠬᠤ ᠥᠢᠯᠡᠳᠪᠤᠷᠢ ᠶᠢᠨ ᠪᠡᠯᠡᠳᠭᠡᠯ ᠠᠵᠢᠯ ᠢ | ᠲᠥᠷᠭᠡᠳᠭᠡᠵᠤ᠂ 2015 ᠤᠨ ᠪᠤᠯᠬᠤ ᠳᠤ ᠨᠢᠭᠡᠳᠤᠭᠡᠷ ᠬᠤᠭᠤᠴᠠᠭᠠᠨ ᠤ 2×66 ᠲᠥᠮᠡᠨ ᠺᠢᠯᠤᠸᠠᠲ ᠤᠨ | ᠮᠠᠰᠢᠨ ᠲᠥᠭᠦᠭᠡᠷᠤᠮᠵᠢ ᠶᠢ ᠠᠰᠢᠭᠯᠠᠯᠲᠠ ᠳᠤ ᠤᠷᠤᠭᠤᠯᠤᠨ᠎ᠠ︔ ᠬᠤᠶᠠᠷ ᠲᠤ᠂ ᠪᠡᠯᠭᠦᠲᠠᠢ ᠶᠢᠨ ᠰᠠᠯᠬᠢᠨ ᠴᠠᠬᠢᠯᠭᠠᠨ | ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠯᠢ ᠲᠥᠷᠭᠡᠨ ᠢᠶᠠᠷ ᠡᠬᠢᠯᠡᠭᠦᠯᠵᠤ᠂ ᠬᠥᠢᠲᠡᠨᠰᠢᠯᠢ ᠶᠢᠨ ᠰᠠᠯᠬᠢᠨ | ᠴᠠᠬᠢᠯᠭᠠᠨ ᠤ ᠰᠠᠭᠤᠷᠢᠨ ᠭᠠᠵᠠᠷ ᠤᠨ ᠮᠠᠰᠢᠨ ᠴᠤᠭᠴᠠᠯᠠᠪᠤᠷᠢ ᠶᠢᠨ ᠶᠡᠷᠥᠩᠭᠡᠢ ᠬᠡᠮᠵᠢᠶ᠎ᠡ ᠶᠢ ᠨᠡᠮᠡᠭᠳᠡᠭᠦᠯᠥᠨ᠂ 2017 | ᠤᠨ ᠪᠤᠯᠬᠤ ᠳᠤ ᠮᠠᠰᠢᠨ ᠴᠤᠭᠴᠠᠯᠠᠪᠤᠷᠢ ᠶᠢᠨ ᠶᠡᠷᠥᠩᠭᠡᠢ ᠬᠡᠮᠵᠢᠶ᠎ᠡ ᠶᠢ 320 ᠲᠥᠮᠡᠨ ᠺᠢᠯᠤᠸᠠᠲ ᠲᠤ ᠬᠥᠷᠭᠡᠵᠤ᠂ | ᠴᠠᠬᠢᠯᠭᠠᠨ ᠬᠡᠮᠵᠢᠶ᠎ᠡ ᠶᠢ 30 ᠲᠥᠮᠡᠨ ᠺᠢᠯᠤᠸᠠᠲ ᠲᠤ ᠬᠥᠷᠭᠡᠨ᠎ᠡ︔ ᠭᠤᠷᠪᠠ ᠳᠤ᠂ ᠨᠠᠷᠡᠨ ᠤ ᠡᠨᠧᠷᠬᠢ ᠪᠠᠷ | ᠴᠠᠬᠢᠯᠭᠠᠨ ᠭᠠᠷᠭᠠᠬᠤ ᠥᠢᠯᠡᠰ ᠢ ᠢᠳᠡᠪᠬᠢᠲᠠᠢ ᠬᠥᠭᠵᠢᠭᠦᠯᠵᠤ᠂ 2017 ᠤᠨ ᠪᠤᠯᠬᠤ ᠳᠤ᠂ ᠮᠠᠰᠢᠨ ᠴᠤᠭᠴᠠᠯᠠᠪᠤᠷᠢ | ᠶᠢᠨ ᠬᠡᠮᠵᠢᠶ᠎ᠡ ᠶᠢ 20 ᠲᠥᠮᠡᠨ ᠺᠢᠯᠤᠸᠠᠲ ᠲᠤ ᠬᠥᠷᠭᠡᠨ᠎ᠡ᠃ ᠨᠡᠭᠦᠷᠡᠰᠤ ᠨᠡᠭᠡᠭᠡᠨ ᠠᠰᠢᠭᠯᠠᠬᠤ ᠲᠠᠯ᠎ᠠ ᠪᠠᠷ᠂ | ᠴᠠᠭᠠᠨᠨᠠᠭᠤᠷ᠂ ᠬᠤᠩᠭᠤᠷ᠂ ᠨᠠᠷᠠᠨᠪᠤᠯᠠᠭ ᠨᠡᠭᠦᠷᠡᠰᠤᠨ ᠠᠭᠤᠷᠬᠠᠢ ᠶᠢᠨ ᠶᠠᠷᠤᠩᠬᠡᠶᠢᠯᠡᠭᠰᠡᠨ ᠨᠡᠭᠡᠭᠡᠨ ᠠᠰᠢᠭᠯᠠᠯᠲᠠ ᠶᠢ | ᠭᠤᠤᠯᠯᠠᠨ ᠠᠳᠬᠤᠵᠤ᠂ ᠮᠠᠨᠢᠲᠤ ᠠᠭᠤᠷᠬᠠᠢ ᠶᠢᠨ ᠴᠡᠭᠴᠡᠯᠡᠯᠳᠡ᠂ ᠮᠡᠷᠬᠡᠵᠢᠯ ᠤᠨ ᠰᠢᠨᠡᠴᠢᠯᠡᠯᠳᠡ ᠪᠠ ᠦᠷᠬᠡᠳᠬᠡᠯ ᠢ | ᠲᠥᠷᠭᠡᠳᠭᠡᠨ᠂ 2017 ᠤᠨ ᠪᠤᠯᠬᠤ ᠳᠤ᠂ ᠪᠦᠬᠦ ᠬᠤᠰᠢᠭᠤᠨ ᠤ ᠨᠡᠭᠦᠷᠡᠰᠤᠨ ᠤ ᠭᠠᠷᠤᠯᠲᠠ ᠶᠢ 3000 ᠲᠥᠮᠡᠨ | ᠲᠤᠨ ᠳᠤ ᠬᠥᠷᠭᠡᠬᠦ ᠪᠠᠷ ᠴᠢᠷᠮᠠᠶᠢᠵᠤ᠂ ᠬᠦᠷᠠᠩ ᠨᠠᠬᠦᠷᠡᠰᠤᠨ ᠤ ᠴᠢᠨᠠᠷ ᠢ ᠰᠠᠶᠢᠵᠢᠷᠠᠭᠤᠯᠬᠤ ᠪᠠ ᠨᠡᠬᠦᠷᠡᠰᠤ ᠶᠢ ᠡᠯ᠎ᠠ | ᠵᠥᠢᠯ ᠤᠨ ᠬᠢᠮᠢ ᠶᠢᠨ ᠪᠦᠳᠤᠬᠡᠭᠳᠡᠬᠦᠨ ᠪᠤᠯᠭᠠᠨ ᠪᠤᠯᠪᠠᠰᠤᠷᠡᠭᠤᠯᠬᠤ ᠲᠥᠷᠥᠯ ᠵᠥᠢᠯ ᠢ ᠢᠳᠡᠪᠬᠢᠲᠠᠢ ᠠᠬᠢᠭᠤᠯᠤᠨ᠎ᠠ᠃ | ᠬᠥᠲᠡᠷ ᠰᠢᠯᠢᠵᠤ ᠪᠤᠯᠪᠠᠰᠤᠷᠠᠭᠤᠯᠬᠤ ᠲᠠᠯ᠎ᠠ ᠪᠠᠷ᠂ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠ ᠡᠬᠢ ᠪᠠᠶᠠᠯᠢᠭ | ᠢ ᠨᠢᠬᠡᠳᠤᠯᠳᠡᠢ ᠠᠰᠢᠭᠯᠠᠬᠤ ᠡᠷᠴᠢᠮ ᠢᠶᠠᠨ ᠤᠯᠠᠮ ᠴᠢᠩᠭᠠᠳᠬᠠᠨ᠂ ᠶᠢᠨ ᠳ᠋ᠢ ᠠᠭᠤᠷᠬᠠᠢ ᠶᠢᠨ ᠬᠤᠶᠠᠳᠤᠭᠠᠷ | ᠬᠤᠭᠤᠴᠠᠭᠠᠨ ᠤ ᠪᠠᠷᠢᠯᠭ᠎ᠠ᠂ ᠬᠠᠲᠠᠲᠤ᠂ ᠴᠢᠶᠠᠨ ᠳ᠋ᠧ᠂ ᠪᠠᠢ ᠶᠢᠨ ᠵᠡᠷᠭᠡ ᠬᠥᠳᠡᠷ ᠰᠢᠯᠢᠬᠦ ᠲᠥᠷᠥᠯ ᠵᠥᠢᠯ ᠢ | ᠥᠢᠯᠡᠳᠪᠤᠷᠢᠯᠡᠯ ᠡᠬᠢᠯᠡᠭᠦᠯᠥᠭᠰᠡᠨ ᠤ ᠰᠠᠭᠤᠷᠢᠨ ᠲᠡᠬᠡᠷ᠎ᠠ ᠮᠤᠯᠢᠪᠳᠧᠨ ᠪᠤᠯᠪᠠᠰᠤᠷᠠᠭᠤᠯᠬᠤ ᠠᠵᠤ ᠥᠢᠯᠡᠰ ᠢ | ᠭᠤᠤᠯᠳᠠᠯᠭ᠎ᠠ ᠲᠠᠢ ᠬᠥᠭᠵᠢᠭᠦᠯᠵᠤ᠂ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ 2017 ᠤᠨ ᠪᠤᠯᠬᠤ ᠳᠤ | ᠂ ᠪᠦᠬᠦ ᠬᠤᠰᠢᠭᠤᠨ ᠤ ᠠᠭᠤᠷᠬᠠᠢ ᠶᠢᠨ ᠬᠥᠳᠡᠷ ᠰᠢᠯᠢᠬᠦ ᠬᠡᠮᠵᠢᠶ᠎ᠡ ᠶᠢ ᠵᠢᠯ ᠤᠨ 2400 ᠲᠥᠮᠡᠨ ᠲᠤᠨ᠂ ᠬᠦᠳᠡᠷ | ᠰᠢᠯᠢᠵᠤ ᠪᠤᠯᠪᠠᠰᠤᠷᠠᠭᠤᠯᠬᠤ ᠬᠡᠮᠵᠢᠶ᠎ᠡ ᠶᠢ 5 ᠲᠥᠮᠡᠨ ᠲᠤᠨ ᠳᠤ ᠬᠥᠷᠭᠡᠬᠦ ᠪᠠᠷ ᠴᠢᠷᠮᠠᠶᠢᠨ᠎ᠠ᠃ ᠪᠠᠷᠢᠯᠭ᠎ᠠ ᠶᠢᠨ | ᠮᠠᠲ᠋ᠧᠷᠢᠶᠠᠯ ᠤᠨ ᠲᠠᠯ᠎ᠠ ᠪᠠᠷ᠂ ᠵᠢᠢ ᠳ᠋ᠥᠩ ᠱᠥᠢᠨᠢ ᠶᠢᠨ ᠥᠢᠯᠡᠳᠪᠤᠷᠢ ᠶᠢᠨ ᠥᠢᠯᠡᠳᠪᠤᠷᠢᠯᠡᠯ ᠤᠨ ᠦᠪᠡᠷ ᠤᠨ | ᠥᠷᠲᠡᠭ ᠢ ᠪᠠᠭᠤᠷᠠᠭᠤᠯᠬᠤ᠂ ᠰᠢᠨ᠎ᠡ ᠥᠢᠯᠡᠳᠭᠦᠨ ᠰᠤᠲᠤᠯᠬᠤ᠂ ᠪᠤᠷᠤᠯᠠᠭᠤᠯᠭ᠎ᠠ ᠶᠢᠨ ᠬᠡᠪᠴᠢᠶ᠎ᠡ ᠶᠢ ᠥᠷᠭᠡᠳᠭᠡᠬᠦ | ᠠᠵᠢᠯ ᠢ ᠭᠤᠤᠯᠯᠠᠨ ᠠᠳᠬᠤᠵᠤ᠂ ᠴᠢᠯᠠᠭᠤᠨ ᠮᠠᠲ᠋ᠧᠷᠢᠶᠠᠯ ᠤᠨ ᠠᠵᠤ ᠥᠢᠯᠡᠳᠪᠤᠷᠢ ᠶᠢᠨ ᠲᠤᠭᠤᠷᠢᠭ ᠪᠠᠶᠢᠭᠤᠯᠬᠤ | ᠠᠵᠢᠯ ᠢ ᠴᠢᠩᠭᠠᠳᠬᠠᠨ᠂ 2017 ᠤᠨ ᠪᠤᠯᠬᠤ ᠳᠤ᠂ ᠱᠥᠢᠨᠢ ᠪᠠ ᠴᠢᠯᠠᠭᠤᠨ ᠮᠠᠲ᠋ᠧᠷᠢᠶᠠᠯ ᠤᠨ ᠵᠢᠯ ᠤᠨ | ᠭᠠᠷᠤᠯᠲᠠ ᠶᠢ ᠲᠤᠰ ᠲᠤᠰ 300 ᠲᠥᠮᠡᠨ ᠲᠤᠨ ᠪᠠ 1000 ᠲᠥᠮᠡᠨ ᠲᠡᠭᠰᠢ ᠲᠥᠷᠪᠡᠯᠵᠢᠨ ᠮᠧᠲᠷ ᠲᠤ ᠬᠥᠷᠭᠡᠬᠦ | ᠪᠠᠷ ᠴᠢᠷᠮᠠᠶᠢᠨ᠎ᠠ᠃ ᠴᠢᠯᠠᠭᠤᠨ ᠲᠤᠰᠤ ᠨᠡᠭᠡᠭᠡᠨ ᠠᠰᠢᠭᠯᠠᠬᠤ ᠲᠠᠯ᠎ᠠ ᠪᠠᠷ᠂ ᠵᠠᠬ᠎ᠠ ᠲᠡᠯᠭᠡᠭᠦᠷᠴᠢᠯᠡᠨ ᠡᠵᠡᠩᠨᠡᠬᠦ ᠪᠠᠷ | ᠲᠠᠮᠵᠢᠨ ᠴᠢᠯᠠᠭᠤᠨ ᠲᠤᠰᠤ ᠬᠠᠶᠢᠬᠤ ᠠᠵᠤ ᠠᠬᠤᠶᠢᠯᠠᠯ ᠢ ᠢᠳᠡᠪᠬᠢᠳᠡᠢ ᠪᠠᠷ ᠤᠷᠢᠨ᠂ ᠨᠢᠭᠡᠳᠤᠭᠡᠷ ᠬᠤᠭᠤᠴᠠᠭᠠᠨ ᠤ | 900 ᠲᠡᠭᠰᠢ ᠲᠥᠷᠪᠡᠯᠵᠢᠨ ᠺᠢᠯᠥᠮᠧᠲᠷ ᠤᠨ ᠲᠠᠯᠠᠪᠠᠢ ᠲᠠᠢ ᠴᠢᠯᠠᠭᠤᠨ ᠲᠤᠰᠤ ᠬᠠᠶᠢᠬᠤ ᠠᠵᠢᠯ ᠤᠨ ᠠᠬᠢᠴᠠ ᠶᠢ | ᠲᠥᠷᠭᠡᠳᠭᠡᠨ᠂ 2017 ᠤᠨ ᠪᠤᠯᠬᠤ ᠳᠤ᠂ ᠴᠢᠯᠠᠭᠤᠨ ᠲᠤᠰᠤᠨ ᠤ ᠭᠠᠷᠤᠯᠲᠠ ᠶᠢ 10 ᠲᠥᠮᠡᠨ ᠲᠤᠨ ᠳᠤ | ᠬᠥᠷᠭᠡᠬᠦ ᠪᠠᠷ ᠴᠢᠷᠮᠠᠶᠢᠨ᠎ᠠ᠃ ᠤᠢ ᠮᠤᠳᠤ᠂ ᠡᠪᠡᠰᠤ ᠪᠠᠯᠴᠢᠬᠡᠷ᠂ ᠮᠠᠯ ᠤᠨ ᠠᠰᠢᠭ ᠰᠢᠮ᠎ᠡ ᠶᠢᠨ ᠡᠳ᠋ᠰᠢᠬᠦᠯᠤᠯᠳᠠ ᠶᠢᠨ | ᠲᠠᠯ᠎ᠠ ᠪᠠᠷ᠂ ᠡᠯᠪᠡᠭ ᠪᠠᠶᠠᠯᠢᠭ ᠡᠪᠡᠰᠤ ᠤᠷᠭᠤᠮᠠᠯ ᠤᠨ ᠡᠬᠢ ᠪᠠᠶᠠᠯᠢᠭ ᠪᠠ ᠪᠠᠶᠢᠭᠠᠯᠢᠯᠢᠭ ᠮᠢᠬ᠎ᠠ ᠰᠥᠨ ᠤ ᠪᠤᠬᠢᠷᠳᠤᠯ | ᠥᠭᠡᠢ ᠪᠥᠲᠥᠭᠡᠭᠳᠡᠭᠦᠨ ᠳᠤ ᠲᠥᠰᠢᠭᠯᠡᠨ᠂ ᠲᠥᠷᠥᠯ ᠵᠥᠢᠯ ᠢ ᠢᠳᠡᠪᠬᠢᠳᠡᠢ ᠪᠠᠷ ᠤᠷᠢᠨ ᠠᠪᠴᠢᠷᠠᠵᠤ᠂ ᠤᠢ ᠮᠤᠳᠤ᠂ | ᠡᠪᠡᠰᠤ᠂ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠶᠢ ᠪᠠᠶᠡᠯᠡᠬᠦᠯᠵᠤ᠂ ᠭᠠᠵᠠᠷ ᠤᠷᠤᠨ ᠤ | ᠨᠡᠷᠡᠲᠤ ᠲᠡᠮᠳᠡᠭ ᠢ ᠡᠭᠦᠳᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠡᠬᠢ ᠪᠠᠶᠠᠯᠢᠭ ᠤᠨ ᠪᠤᠰᠤ ᠠᠵᠤ ᠥᠢᠯᠡᠰ ᠢ | ᠶᠡᠬᠡᠪᠡᠷ ᠬᠥᠭᠵᠢᠭᠦᠯᠵᠤ᠂ ᠬᠥᠭᠵᠢᠭᠰᠡᠨ ᠤᠷᠤᠨ ᠤ ᠠᠵᠤ ᠥᠢᠯᠡᠰ ᠤᠨ ᠰᠢᠯᠵᠢᠯᠲᠡ ᠶᠢᠨ ᠲᠤᠬᠢᠶᠠᠯ ᠢ ᠠᠰᠢᠭᠯᠠᠨ᠂ | ᠰᠠᠯᠬᠢᠨ ᠴᠠᠬᠢᠯᠭᠠᠨ ᠤ ᠲᠥᠭᠦᠭᠡᠷᠤᠮᠵᠢ ᠪᠠ ᠪᠠᠷᠢᠯᠭ᠎ᠠ ᠳᠤ ᠬᠡᠷᠡᠭᠯᠡᠬᠦ ᠲᠥᠭᠦᠭᠡᠷᠤᠮᠵᠢ ᠶᠢ ᠥᠢᠯᠡᠳᠪᠤᠷᠢᠯᠡᠬᠦ ᠥᠢᠯᠡᠰ ᠢ | ᠵᠤᠷᠢᠭᠵᠢᠭᠤᠯᠤᠨ ᠬᠥᠭᠵᠢᠭᠦᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠡᠬᠦᠳᠴᠤ᠂ ᠤᠯᠠᠨ ᠲᠥᠷᠥᠯ | ᠤᠨ ᠠᠵᠤ ᠦᠢᠯᠡᠰ ᠵᠤᠬᠢᠴᠠᠩᠭᠤᠢ ᠬᠥᠭᠵᠢᠭᠰᠡᠨ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ᠎ᠠ᠃ ᠬᠤᠶᠠᠷ ᠲᠤ᠂ | ᠠᠵᠤ ᠥᠢᠯᠡᠳᠪᠤᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠤᠯᠤᠰ᠂ | ᠦᠪᠡᠷᠳᠡᠬᠡᠨ ᠵᠠᠰᠠᠬᠤ ᠤᠷᠤᠨ ᠤ ᠭᠤᠤᠯ ᠴᠤᠭᠴᠠ ᠶᠢᠨ ᠲᠥᠯᠥᠪᠵᠢᠭᠦᠯᠭᠡ ᠶᠢᠨ ᠱᠠᠭᠠᠷᠳᠠᠯᠭ᠎ᠠ ᠶᠤᠰᠤᠭᠠᠷ ᠠᠵᠤ | ᠥᠢᠯᠡᠳᠪᠤᠷᠢ ᠶᠢᠨ ᠠᠵᠤ ᠦᠢᠯᠡᠰᠵᠢᠯᠳᠠ ᠶᠢᠨ ᠪᠠᠶᠢᠷᠢᠯᠠᠭᠤᠯᠤᠯᠳᠠ ᠶᠢ ᠵᠤᠬᠢᠰᠲᠠᠢ ᠲᠥᠯᠥᠪᠵᠢᠭᠦᠯᠤᠨ᠂ ᠠᠵᠤ | ᠥᠢᠯᠡᠰ ᠤᠨ ᠪᠥᠲᠥᠴᠡ ᠶᠢ ᠰᠢᠯᠢᠳᠡᠭᠵᠢᠭᠦᠯᠥᠨ᠎ᠡ᠃ ᠬᠡᠪᠴᠢᠶ᠎ᠡ ᠪᠠᠷ ᠪᠠᠭ᠎ᠠ ᠮᠥᠷᠳᠡᠭᠡᠨ ᠪᠤᠬᠢᠷᠳᠤᠯ ᠶᠡᠬᠡᠳᠡᠢ ᠠᠵᠤ | ᠠᠬᠤᠶᠢᠯᠠᠯ ᠤᠨ ᠥᠢᠯᠡᠳᠪᠤᠷᠢᠯᠡᠯ ᠢ ᠨᠢ ᠵᠤᠭᠰᠤᠭᠠᠯᠭᠠᠵᠤ᠂ ᠨᠢᠭᠡᠳᠭᠡᠵᠤ ᠪᠤᠯᠬᠤ ᠶᠢ ᠨᠢ ᠰᠢᠯᠵᠢᠬᠦᠯᠤᠨ | ᠬᠤᠳᠠᠯᠳᠤᠬᠤ᠂ ᠬᠠᠮᠵᠢᠯᠴᠠᠬᠤ ᠵᠡᠷᠬᠡ ᠠᠷᠭ᠎ᠠ ᠪᠠᠷᠢᠯ ᠢ ᠬᠡᠷᠡᠭᠯᠡᠵᠤ᠂ ᠬᠡᠪᠴᠢᠶᠠᠵᠢᠬᠦᠯᠤᠨ ᠬᠦᠭᠵᠢᠬᠦᠯᠵᠤ᠂ ᠠᠵᠤ | ᠠᠬᠤᠶᠢᠯᠡᠯ ᠢ ᠵᠤᠷᠢᠭᠵᠢᠭᠤᠯᠤᠨ ᠬᠥᠭᠵᠢᠯᠲᠡ ᠶᠢᠨ ᠢᠷᠡᠭᠡᠳᠤᠢ ᠲᠠᠢ ᠲᠤᠮᠤ ᠲᠥᠷᠥᠯ ᠵᠥᠢᠯ ᠢ ᠰᠠᠶᠢᠳᠤᠷ | ᠬᠡᠷᠡᠭᠵᠢᠬᠦᠯᠤᠨ᠎ᠠ᠃ ᠤᠯᠤᠰ᠂ ᠤᠷᠤᠨ ᠤ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠲᠤᠮᠲᠠ ᠪᠠᠭ᠎ᠠ ᠠᠵᠤ ᠠᠬᠤᠶᠢᠯᠠᠯ ᠪᠤᠯᠤᠨ ᠨᠠᠶᠢᠳᠠ ᠶᠢᠨ ᠦᠮᠴᠢᠯᠡᠯᠳᠤ ᠪᠤᠰᠤ ᠠᠵᠤ ᠠᠬᠤᠢ ᠶᠢᠨ ᠬᠡᠯᠪᠡᠷᠢ ᠶᠢ ᠨᠢ | ᠬᠤᠪᠢᠷᠠᠭᠤᠯᠤᠨ ᠲᠡᠰ ᠲᠠᠪᠰᠢᠬᠦᠯᠤᠨ᠂ ᠥᠢᠯᠡᠳᠭᠦᠨ ᠤ ᠪᠥᠲᠥᠴᠠ ᠶᠢᠨ ᠲᠤᠬᠢᠷᠠᠭᠤᠯᠤᠯᠲᠠ᠂ ᠮᠡᠷᠭᠡᠵᠢᠯ ᠪᠠ | ᠥᠢᠯᠡᠳᠭᠦᠨ ᠤ ᠰᠢᠨᠡᠴᠢᠯᠡᠯᠲᠡ ᠵᠡᠷᠬᠡ ᠶᠢ ᠲᠠᠮᠵᠢᠵᠤ᠂ ᠲᠡᠯᠭᠡᠷ᠂ ᠴᠠᠭᠠᠨᠨᠠᠭᠤᠷ ᠠᠵᠤ ᠥᠢᠯᠡᠳᠪᠤᠷᠢ ᠶᠢᠨ ᠲᠤᠭᠤᠷᠢᠭ | ᠢ ᠥᠨᠳᠤᠷ ᠪᠠᠷᠢᠮᠵᠢᠶ᠎ᠠ ᠪᠠᠷ ᠰᠠᠶᠢᠲᠤᠷ ᠪᠥᠲᠥᠭᠡᠨ ᠪᠠᠶᠢᠭᠤᠯᠤᠨ᠂ ᠴᠢᠯᠠᠭᠤᠨ ᠮᠠᠲ᠋ᠧᠷᠢᠶᠠᠯ ᠤᠨ ᠪᠤᠯᠪᠠᠰᠤᠷᠠᠭᠤᠯᠤᠯᠲᠠ | ᠶᠢᠨ ᠲᠤᠭᠤᠷᠢᠭ ᠢ ᠬᠢᠨᠠᠮᠠᠭᠠᠢ ᠲᠥᠯᠥᠪᠵᠢᠭᠦᠯᠥᠨ ᠪᠠᠶᠢᠭᠤᠯᠵᠤ᠂ ᠠᠵᠤ ᠥᠢᠯᠡᠳᠪᠤᠷᠢ ᠶᠢᠨ ᠲᠤᠭᠤᠷᠢᠭ ᠤᠨ ᠰᠠᠭᠤᠷᠢ | ᠲᠥᠭᠦᠭᠡᠷᠤᠮᠵᠢ ᠶᠢ ᠲᠠᠰᠤᠷᠠᠯᠳᠠ ᠥᠭᠡᠢ ᠪᠦᠷᠢᠡᠰᠢᠬᠦᠯᠤᠨ᠂ ᠠᠵᠤ ᠥᠢᠯᠡᠰ ᠤᠨ ᠲᠥᠪᠯᠡᠷᠡᠯ ᠢ ᠵᠢᠯᠤᠭᠤᠳᠤᠨ | ᠲᠠᠭᠠᠭᠤᠯᠵᠤ᠂ 2017 ᠤᠨ ᠪᠤᠯᠬᠤ ᠳᠤ᠂ ᠠᠵᠤ ᠥᠢᠯᠡᠳᠪᠤᠷᠢ ᠶᠢᠨ ᠲᠤᠭᠤᠷᠢᠭ ᠲᠤ 35 ᠠᠵᠤ ᠠᠬᠤᠶᠢᠯᠠᠯ ᠢ | ᠰᠠᠭᠤᠷᠢᠰᠢᠭᠤᠯᠵᠤ᠂ ᠥᠢᠯᠡᠳᠪᠤᠷᠢᠯᠡᠯ ᠤᠨ ᠥᠷᠲᠡᠭ ᠢ 70 ᠳ᠋ᠥᠩᠰᠢᠭᠤᠷ ᠲᠥᠭᠦᠷᠢᠭ ᠲᠤ ᠬᠥᠷᠭᠡᠬᠦ ᠪᠠᠷ | ᠴᠢᠷᠮᠠᠶᠢᠨ᠎ᠠ᠃ ᠭᠤᠷᠪᠠ ᠳᠤ᠂ ᠠᠵᠤ ᠥᠢᠯᠡᠳᠪᠤᠷᠢ ᠶᠢᠨ ᠲᠠᠯ᠎ᠠ ᠪᠠᠷ ᠠᠷᠠᠯᠵᠢᠶᠠᠴᠢᠨ ᠤᠷᠢᠵᠤ ᠪᠡᠯᠡ ᠤᠷᠤᠭᠤᠯᠬᠤ | ᠠᠵᠢᠯ ᠢ ᠴᠢᠩᠭᠠᠳᠬᠠᠨ᠎ᠠ᠃ ᠡᠬᠢ ᠪᠠᠶᠠᠯᠢᠭ ᠤᠨ ᠲᠠᠪᠠᠭᠤᠯᠢᠭ ᠪᠠ ᠠᠵᠤ ᠥᠢᠯᠡᠰ ᠤᠨ ᠬᠥᠭᠵᠢᠯᠲᠡ ᠶᠢᠨ ᠪᠤᠲᠠᠲᠤ | ᠪᠠᠶᠢᠳᠠᠯ ᠠᠴᠠ ᠡᠭᠦᠰᠴᠤ᠂ ᠤᠯᠤᠰ ᠤᠨ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠦᠡᠳᠤᠰᠤᠯᠡᠨ᠂ ᠠᠵᠤ | ᠦᠢᠯᠡᠳᠪᠤᠷᠢ ᠶᠢᠨ ᠲᠦᠷᠦᠯ ᠵᠦᠢᠯ ᠢ ᠦᠨᠳᠦᠷ ᠪᠠᠷᠢᠮᠵᠢᠶ᠎ᠠ ᠪᠠᠷ ᠤᠷᠢᠨ ᠤᠷᠤᠭᠤᠯᠤᠨ᠎ᠠ᠃ ᠪᠡᠯᠡ ᠤᠷᠤᠭᠤᠯᠬᠤ | ᠤᠷᠴᠢᠨ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠦᠵᠡᠯᠳᠠ ᠪᠠᠨ ᠰᠢᠨᠡᠳᠬᠡᠨ᠂ ᠠᠵᠢᠯ ᠤᠨ ᠡᠷᠴᠢᠮ ᠢᠶᠠᠨ | ᠴᠢᠩᠭᠠᠳᠬᠠᠵᠤ᠂ ᠬᠡᠷ᠎ᠠ ᠶᠢᠨ ᠬᠡᠷᠡᠭᠵᠢᠬᠦᠯᠤᠯᠳᠠ ᠪᠠ ᠪᠠᠷᠢᠯᠭ᠎ᠠ ᠡᠬᠢᠯᠡᠭᠦᠯᠬᠦ ᠨᠤᠷᠮ᠎ᠠ ᠶᠢ ᠲᠡᠬᠡᠭᠰᠢᠯᠡᠬᠦᠯᠤᠨ᠎ᠠ᠃ | ᠳᠠᠪᠤᠨ ᠵᠢᠯ ᠳᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠠᠷ ᠳᠠᠮᠵᠢᠨ ᠲᠡᠮᠦᠷᠯᠢᠭ ᠪᠤᠯᠪᠠᠰᠤᠷᠠᠭᠤᠯᠬᠤ᠂ | ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ᠂ ᠨᠡᠭᠦᠷᠠᠰᠦ ᠶᠢ ᠡᠯ᠎ᠠ ᠵᠥᠢᠯ ᠤᠨ ᠬᠢᠮᠢ ᠶᠢᠨ ᠪᠦᠳᠤᠬᠡᠭᠳᠡᠬᠦᠨ ᠪᠤᠯᠭᠠᠨ | ᠪᠤᠯᠪᠠᠰᠤᠷᠠᠭᠤᠯᠬᠤ᠂ ᠮᠠᠰᠢᠨ ᠳᠤᠨᠤᠭ ᠦᠢᠯᠡᠳᠪᠦᠷᠢᠯᠡᠬᠦ᠂ ᠨᠠᠷᠡᠨ ᠤ ᠡᠨᠧᠷᠬᠢ ᠪᠠᠷ ᠴᠠᠬᠢᠯᠭᠠᠨ ᠭᠠᠷᠭᠠᠬᠤ ᠵᠡᠷᠭᠡ ᠠᠵᠤ | ᠦᠢᠯᠡᠳᠪᠦᠷᠢ ᠶᠢᠨ ᠲᠦᠷᠦᠯ ᠵᠦᠢᠯ ᠢ ᠮᠠᠨ ᠤ ᠬᠤᠰᠢᠭᠤᠨ ᠳᠠᠭᠠᠨ ᠤᠷᠢᠨ ᠣᠷᠣᠭᠤᠯᠵᠣ᠂ ᠦᠢᠯᠡᠳᠪᠤᠷᠢᠯᠡᠯ ᠤᠨ | ᠦᠷᠳᠡᠭ ᠤᠨ ᠨᠡᠮᠡᠭᠳᠡᠯ ᠢ 95 ᠳ᠋ᠦᠩᠰᠢᠭᠤᠷ ᠲᠦᠭᠦᠷᠢᠭ ᠠᠴᠠ ᠲᠠᠪᠠᠭᠤᠯᠤᠨ᠎ᠠ᠃ ᠲᠦᠷᠪᠡ ᠳᠤ᠂ ᠡᠬᠢ ᠪᠠᠶᠠᠯᠢᠭ ᠢ | ᠨᠡᠭᠡᠭᠡᠨ ᠠᠰᠢᠭᠯᠠᠬᠤ ᠬᠢᠷᠢ ᠳᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠠᠵᠤ | ᠦᠢᠯᠡᠰ ᠤᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠤᠷᠴᠢᠯᠳᠠ ᠶᠢᠨ ᠠᠵᠤ | ᠠᠬᠤᠢ ᠪᠠᠷ ᠬᠦᠭᠵᠢᠯᠲᠠ ᠶᠢᠨ ᠬᠠᠷᠠᠯᠳᠠ ᠪᠠᠨ ᠪᠤᠯᠭᠠᠨ᠂ ᠡᠬᠢ ᠪᠠᠶᠠᠯᠢᠭ ᠢ ᠪᠦᠳᠤᠬᠦᠯᠢᠭ ᠢᠶᠠᠷ ᠠᠰᠢᠭᠯᠠᠵᠤ | ᠪᠠᠶᠢᠭᠰᠡᠨ ᠠᠴᠠ ᠪᠠᠨ ᠨᠠᠷᠢᠯᠢᠭ ᠪᠤᠯᠪᠠᠰᠤᠷᠠᠭᠤᠯᠬᠤ ᠳᠡᠰᠢ ᠬᠤᠪᠢᠷᠠᠭᠤᠯᠵᠣ᠂ ᠪᠦᠳᠦᠭᠡᠭᠳᠡᠭᠦᠨ ᠤ ᠨᠡᠮᠡᠭᠳᠡᠯ ᠦᠷᠳᠡᠭ | ᠪᠠ ᠵᠠᠬ᠎ᠠ ᠳᠡᠯᠭᠡᠭᠦᠷ ᠲᠤ ᠦᠷᠢᠰᠦᠯᠳᠦᠬᠦ ᠬᠦᠴᠦᠨ ᠢ ᠨᠡᠮᠡᠭᠳᠡᠬᠦᠯᠤᠨ᠎ᠠ᠃ ᠣᠰᠣᠨ ᠤ ᠡᠬᠢ ᠪᠠᠶᠠᠯᠢᠭ ᠢ ᠵᠦᠢ | ᠵᠣᠬᠢᠰᠳᠠᠢ ᠠᠰᠢᠭᠯᠠᠵᠣ᠂ ᠤᠰᠤ ᠠᠷᠪᠢᠯᠠᠬᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠤᠰᠤᠨ ᠰᠤᠷᠪᠤᠯᠵᠢ ᠶᠢᠨ | ᠨᠦᠬᠦᠴᠡᠯ ᠳᠤ ᠦᠯᠤ ᠨᠠᠶᠢᠴᠡᠬᠦ ᠨᠡᠬᠡᠬᠡᠨ ᠠᠰᠢᠭᠯᠠᠯᠳᠠ ᠬᠢᠬᠦ ᠪᠠ ᠭᠠᠵᠠᠷ ᠳᠤᠤᠷᠠᠬᠢ ᠤᠰᠤᠨ ᠰᠤᠷᠪᠤᠯᠵᠢ ᠶᠢ | ᠤᠰᠤᠨ ᠤ ᠬᠡᠷᠡᠭᠴᠡᠭᠡ ᠪᠠᠷ ᠶᠡᠭᠡ ᠠᠵᠤ ᠦᠢᠯᠡᠳᠪᠦᠷᠢ ᠳᠤ ᠬᠡᠷᠡᠭᠯᠡᠬᠦ ᠶᠢ ᠠᠩᠬᠠᠷᠤᠨ᠎ᠠ᠃ ᠰᠢᠨ᠎ᠡ ᠪᠠᠷ | ᠤᠷᠤᠭᠤᠯᠤᠭᠰᠠᠨ ᠲᠦᠷᠦᠯ ᠵᠦᠢᠯ ᠳᠡᠭᠡᠨ ᠤᠰᠤ ᠠᠷᠪᠢᠯᠠᠬᠤ ᠲᠠᠪᠰᠢᠭᠰᠡᠨ ᠮᠡᠷᠭᠡᠵᠢᠯ ᠢ ᠬᠡᠷᠡᠭᠯᠡᠬᠦᠯᠵᠤ᠂ ᠬᠦᠳᠡᠷ | ᠰᠢᠯᠢᠬᠦ ᠠᠵᠤ ᠠᠬᠤᠶᠢᠯᠠᠯ ᠤᠨ ᠤᠰᠤ ᠬᠡᠷᠡᠭᠯᠡᠬᠦ ᠬᠡᠮᠵᠢᠶ᠎ᠠ ᠶᠢ ᠴᠢᠩᠭ᠎ᠠ ᠬᠢᠵᠠᠭᠠᠷᠯᠠᠨ᠎ᠠ᠃ ᠳᠠᠪᠤ ᠳᠤ᠂ ᠭᠠᠵᠠᠷ | ᠰᠢᠨᠵᠢᠯᠡᠭᠡᠨ ᠤ ᠬᠠᠶᠢᠨ ᠰᠢᠡᠵᠢᠯᠡᠯᠳᠡ ᠶᠢᠨ ᠠᠬᠢᠴᠠ ᠶᠢ ᠲᠦᠷᠬᠡᠣᠡᠬᠡᠨᠠ᠃ ᠠᠵᠢᠯ ᠳᠠᠭᠠᠨ ᠨᠠᠵᠠᠭᠠᠢ᠂ ᠪᠤᠳᠠᠳᠤ | ᠬᠦᠴᠦᠨ ᠢᠶᠠᠷ ᠠᠨᠠᠢ ᠠᠵᠤ ᠠᠬᠤᠶᠢᠯᠠᠯ ᠤᠨ ᠠᠭᠤᠷᠬᠠᠢ ᠬᠠᠶᠢᠬᠤ ᠡᠷᠬᠡ ᠶᠢ ᠨᠢᠭᠡᠳᠭᠡᠬᠦ ᠪᠤᠶᠤ ᠰᠢᠯᠵᠢᠭᠦᠯᠵᠦ᠂ | ᠪᠤᠳᠠᠳᠤ ᠬᠦᠴᠦᠨ ᠲᠠᠢ ᠠᠵᠤ ᠠᠬᠤᠶᠢᠯᠠᠯ ᠢ ᠤᠷᠢᠨ ᠤᠷᠤᠭᠤᠯᠵᠤ᠂ ᠬᠠᠶᠢᠨ ᠰᠢᠨᠵᠢᠯᠡᠯᠲᠠ ᠶᠢᠨ ᠠᠵᠢᠯ ᠢ ᠤᠯᠠᠮ | ᠰᠠᠶᠢᠳᠤᠷ ᠠᠳᠬᠤᠵᠤ᠂ ᠳᠠᠪᠤᠨ ᠵᠢᠯ ᠳᠤ ᠬᠠᠶᠢᠨ ᠰᠢᠨᠵᠢᠯᠡᠯᠳᠡ ᠶᠢᠨ ᠳᠠᠯ᠎ᠠ ᠪᠠᠷ 10 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠤᠨ᠂ ᠠᠭᠤᠷᠬᠠᠢ ᠶᠢᠨ ᠡᠬᠢ ᠪᠠᠶᠠᠯᠢᠭ ᠤᠨ ᠤᠷᠤᠨ ᠪᠠᠶᠢᠷᠢᠰᠢᠯ᠂ ᠲᠦᠷᠥᠯ ᠵᠥᠢᠯ᠂ | ᠬᠠᠳᠠᠭᠠᠯᠠᠭᠳᠠᠴᠠ ᠪᠤᠯᠤᠨ ᠬᠦᠳᠠᠷ ᠤᠨ ᠪᠠᠶᠢᠳᠠᠯ ᠢ ᠦᠡᠳᠤᠰᠤᠨ ᠳᠡᠭᠡᠨ ᠡᠵᠡᠮᠰᠢᠵᠤ᠂ ᠡᠬᠢ ᠪᠠᠶᠠᠯᠢᠭ ᠤᠨ | ᠲᠠᠪᠠᠭᠤᠯᠢᠭ ᠢ ᠠᠵᠤ ᠠᠬᠤᠢ ᠶᠢᠨ ᠲᠠᠪᠠᠭᠤᠯᠢᠭ ᠪᠤᠯᠭᠠᠨ ᠬᠤᠪᠢᠷᠠᠭᠤᠯᠬᠤ ᠳᠤ ᠨᠠᠶᠢᠳᠠᠪᠤᠷᠢᠳᠡᠢ ᠦᠡᠳᠤᠰᠤᠯᠠᠯ | ᠬᠠᠩᠭᠠᠬᠤ ᠪᠠᠷ ᠴᠢᠷᠮᠠᠶᠢᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠵᠦ᠂ ᠵᠢᠭᠤᠯᠴᠢᠯᠠᠯ ᠰᠡᠯᠡᠭᠦᠴᠡᠯ ᠤᠨ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠤᠷᠤᠨ ᠪᠠᠶᠢᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ | ᠂ ᠬᠤᠳᠠ ᠶᠢᠨ ᠳᠠᠶᠢᠴᠢᠯᠠᠨ ᠳᠠᠭᠠᠭᠤᠯᠬᠤ ᠴᠢᠳᠠᠪᠣᠷᠢ ᠶᠢ ᠳᠡᠭᠡᠭᠰᠢᠯᠡᠭᠦᠯᠬᠦ ᠬᠠᠷᠠᠯᠳᠠ ᠶᠢᠨ ᠳᠤᠭᠤᠷᠢᠨ ᠳᠤ᠂ | ᠦᠢᠯᠡᠴᠢᠯᠡᠭᠡᠨ ᠤ ᠦᠢᠯᠡᠰ ᠢ ᠠᠵᠤ ᠦᠢᠯᠡᠳᠪᠤᠷᠢ ᠲᠠᠢ ᠵᠤᠬᠢᠴᠠᠭᠤᠯᠤᠨ ᠬᠤᠯᠪᠤᠵᠤ᠂ ᠦᠢᠯᠡᠴᠢᠯᠡᠭᠡᠨ ᠤ ᠦᠢᠯᠡᠰ | ᠤᠨ ᠬᠦᠭᠵᠢᠯᠲᠡ ᠶᠢ ᠲᠦᠷᠭᠡᠳᠭᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠴᠢᠷᠮᠠᠶᠢᠨ ᠡᠬᠦᠳᠣᠨ᠎ᠠ᠃ ᠨᠢᠭᠡ | ᠳᠤ᠂ ᠳᠠᠯ᠎ᠠ ᠨᠤᠳᠤᠭ ᠤᠨ ᠤᠨᠴᠠᠯᠢᠭᠳᠤ ᠵᠢᠭᠤᠯᠴᠢᠯᠠᠯ ᠤᠨ ᠦᠢᠯᠡᠰ ᠢ ᠶᠡᠭᠡ ᠬᠦᠴᠦᠨ ᠢᠶᠠᠷ ᠬᠦᠭᠵᠢᠬᠦᠯᠣᠨ᠎ᠠ᠃ | ᠠᠪᠠᠭ᠎ᠠ ᠤᠭᠰᠠᠭᠠᠨ ᠤ ᠰᠤᠶᠤᠯ ᠤᠨ ᠳᠤᠭᠤᠷᠢᠨ ᠳᠤ ᠵᠢᠭᠤᠯᠴᠢᠯᠠᠯ ᠤᠨ ᠳᠦᠯᠦᠪᠵᠢᠭᠦᠯᠭᠡ ᠶᠢ ᠴᠢᠨᠠᠷᠯᠢᠭ | ᠨᠠᠶᠢᠷᠠᠭᠤᠯᠤᠨ ᠪᠦᠷᠢᠨᠰᠢᠭᠦᠯᠦᠭᠰᠡᠨ ᠤ ᠰᠠᠭᠤᠷᠢᠨ ᠳᠡᠭᠡᠷ᠎ᠡ ᠭᠤᠤᠯᠳᠠᠯᠭ᠎ᠠ ᠲᠠᠢ ᠰᠤᠶᠤᠯ ᠤᠨ ᠲᠤᠭᠤᠷᠢᠭ ᠪᠠ | ᠵᠢᠭᠤᠯᠴᠢᠯᠠᠯ ᠤᠨ ᠰᠤᠳᠤᠨ ᠱᠤᠭᠤᠮ ᠤᠨ ᠪᠦᠳᠦᠭᠡᠨ ᠪᠠᠶᠢᠭᠤᠯᠤᠯᠳᠠ ᠶᠢ ᠳᠦᠷᠭᠡᠳᠭᠡᠵᠦ᠂ ︽ᠬᠦᠳᠡᠭᠡ ᠠᠶᠢᠯ︾ | ᠵᠡᠷᠭᠡ ᠤᠨᠴᠠᠯᠢᠭᠳᠤ ᠵᠢᠭᠤᠯᠴᠢᠯᠠᠯ ᠤᠨ ᠦᠢᠯᠡᠰ ᠢ ᠶᠡᠭᠡ ᠬᠦᠴᠣᠨ ᠢᠶᠠᠷ ᠬᠦᠭᠵᠢᠬᠦᠯᠣᠨ᠎ᠠ᠃ ᠡᠮᠦᠨ᠎ᠡ ᠪᠡᠶ᠎ᠡ ᠶᠢᠨ | ᠤᠯᠢᠶᠠᠰᠤᠳᠠᠢ᠂ ᠬᠠᠳᠠᠡᠬᠤᠰᠢᠭᠤ ᠷᠠᠰᠢᠶᠠᠨ᠂ ᠬᠦᠦᠷ ᠴᠠᠭᠠᠡᠨᠠᠭᠤᠷ᠂ ᠬᠦᠢᠳᠡᠡᠭᠤᠤᠯ᠂ ᠭᠤᠭᠤᠰᠤᠳᠡᠢ ᠶᠢᠨ ᠭᠤᠤᠯ᠂ | ᠪᠠᠶᠠᠡᠭᠤᠤᠯ ᠵᠡᠷᠬᠡ ᠦᠵᠡᠮᠵᠢ ᠶᠢᠨ ᠴᠡᠭ ᠤᠨ ᠨᠡᠬᠡᠬᠡᠨ ᠠᠰᠢᠭᠯᠠᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ | ᠬᠤᠶᠢᠳᠤ ᠪᠡᠶ᠎ᠡ ᠶᠢᠨ ᠪᠡᠯᠭᠦᠳᠠᠢ ᠰᠤᠶᠤᠯ ᠤᠨ ᠬᠦᠷᠢᠶᠡᠯᠡᠩ᠂ ᠴᠠᠭᠠᠡᠴᠢᠯᠠᠭᠤᠳᠤ ᠵᠤᠰᠠᠭᠠᠯ᠂ ᠪᠡᠯᠭᠦᠳᠠᠢ ᠵᠢᠰᠠ᠂ | ᠴᠢᠩᠭᠢᠰ ᠪᠤᠭᠳᠠᠠᠭᠤᠯᠠ ᠶᠢᠨ ᠦᠨᠳᠦᠰᠦᠨ ᠪᠦᠳᠦᠭᠡᠨ ᠪᠠᠶᠢᠭᠤᠯᠤᠯᠳᠠ ᠶᠢ ᠪᠦᠷᠢᠡᠰᠢᠬᠦᠯᠵᠤ᠂ ᠡᠯ᠎ᠠ ᠵᠢᠭᠤᠯᠴᠢᠯᠡᠯ ᠤᠨ | ᠴᠡᠭ ᠤᠨ ᠰᠤᠶᠤᠯ ᠤᠨ ᠠᠭᠤᠯᠬᠤᠨ ᠢ ᠤᠯᠠᠮ ᠬᠦᠡᠵᠡᠬᠡᠶᠢᠷᠡᠬᠦᠯᠤᠨ᠂ ᠦᠢᠯᠡᠴᠢᠯᠡᠭᠡᠨ ᠤ ᠬᠢᠷᠢ ᠳᠦᠪᠰᠢᠨ ᠢ | ᠲᠡᠬᠡᠭᠰᠢᠯᠡᠬᠦᠯᠣᠨᠠ᠃ 2017 ᠤᠨ ᠪᠤᠯᠳᠠᠯ᠎ᠠ᠂ ᠪᠦᠬᠦ ᠬᠤᠰᠢᠭᠤᠨ ᠤ ᠭᠤᠷᠪᠡᠨA ᠠᠴᠠ ᠳᠡᠭᠡᠭᠰᠢᠬᠢ ᠦᠵᠡᠮᠵᠢᠳᠦ | ᠤᠷᠤᠨ ᠢ 5 ᠪᠤᠯᠭᠠᠵᠤ᠂ ︽ᠬᠦᠳᠡᠭᠡ ᠠᠶᠢᠯ︾ ᠵᠢᠭᠤᠯᠴᠢᠯᠠᠯ ᠤᠨ ᠴᠡᠭ 75 ᠢ ᠪᠠᠶᠢᠭᠤᠯᠵᠤ᠂ ᠡᠭᠦᠨ ᠳᠤ᠂ | ᠳᠤᠮᠳᠠ ᠵᠡᠷᠭᠡ ᠶᠢᠨ ᠬᠡᠪᠴᠢᠶ᠎ᠡ ᠲᠠᠢ ᠶᠢ ᠨᠢ 10 ᠠᠴᠠ ᠲᠠᠪᠠᠭᠤᠯᠤᠨ᠎ᠠ᠃ ᠵᠢᠯ ᠳᠤ᠂ 25 ᠲᠦᠮᠡᠨ ᠬᠦᠮᠦᠨ | ᠣᠳᠠᠭᠠᠨ ᠤ ᠵᠢᠭᠤᠯᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠤᠷᠤᠯᠭ᠎ᠠ ᠶᠢ 3750 ᠲᠦᠮᠡᠨ ᠲᠦᠭᠦᠷᠢᠭ | ᠲᠤ ᠬᠦᠷᠭᠡᠵᠦ᠂ ᠵᠢᠭᠤᠯᠴᠢᠯᠠᠯ ᠤᠨ ᠦᠢᠯᠠᠰ ᠢ ᠦᠨᠡᠨᠬᠦ ᠠᠷᠠᠳ ᠢ ᠪᠠᠶᠠᠵᠢᠭᠤᠯᠬᠤ ᠠᠵᠣ ᠦᠢᠯᠡᠰ ᠪᠣᠯᠭᠠᠬᠤ ᠪᠠᠷ | ᠴᠢᠷᠮᠠᠶᠢᠨ᠎ᠠ᠃ ᠬᠤᠶᠠᠷ ᠲᠤ᠂ ᠪᠤᠳᠠᠰ ᠤᠨ ᠭᠦᠢᠯᠭᠡᠭᠡᠨ ᠤ ᠦᠢᠯᠡᠰ ᠢ ᠭᠤᠤᠯᠳᠠᠯᠭ᠎ᠠ ᠲᠠᠢ ᠠᠣᠡᠬᠤᠨᠠ᠃ ᠰᠢᠯᠢ ᠶᠢᠨ | ᠬᠤᠳᠠ ᠠᠴᠠ ᠡᠷᠢᠶᠡᠨ ᠬᠦᠷᠬᠦ ᠲᠡᠮᠦᠷ ᠵᠠᠮ ᠢ ᠪᠦᠳᠣᠬᠡᠨ ᠪᠠᠶᠢᠭᠤᠯᠬᠤ ᠪᠠ 101 ᠮᠤᠵᠢ ᠶᠢᠨ ᠲᠡᠰ ᠤᠨ ᠵᠠᠮ ᠢ | ᠲᠡᠰ ᠦᠰᠬᠡᠨ ᠦᠷᠭᠡᠳᠭᠡᠨ ᠪᠠᠶᠢᠭᠤᠯᠬᠤ ᠳᠤᠬᠢᠶᠠᠯ ᠢ ᠠᠰᠢᠭᠯᠠᠨ᠂ ᠪᠤᠳᠠᠰ ᠤᠨ ᠭᠦᠢᠯᠭᠡᠭᠡᠨ ᠤ ᠳᠤᠭᠤᠷᠢᠭ ᠢ | ᠲᠦᠯᠦᠪᠵᠢᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠪᠦᠳᠦᠭᠡᠭᠳᠡᠭᠦᠨ ᠢ ᠭᠠᠳᠠᠭᠰᠢ ᠵᠦᠬᠡᠬᠡᠪᠤᠷᠢᠯᠡᠬᠦ ᠶᠢᠨ | ᠲᠤᠰᠠᠳᠠ ᠬᠦᠮᠦᠷᠭᠡᠯᠡᠬᠦ᠂ ᠳᠡᠭᠡᠭᠡᠪᠦᠷᠢᠯᠡᠬᠦ᠂ ᠬᠦᠷᠭᠡᠬᠦ᠂ ᠡᠯᠧᠺᠲᠷᠤᠨ ᠠᠷᠠᠯᠵᠢᠶ᠎ᠠ ᠶᠢ ᠨᠢᠬᠡ ᠴᠤᠭᠴᠠᠵᠢᠭᠤᠯᠤᠭᠰᠠᠨ | ᠪᠤᠳᠠᠰ ᠤᠨ ᠬᠦᠢᠯᠭᠡᠭᠡᠨ ᠤ ᠲᠤᠯᠤᠭᠠᠶᠢᠯᠠᠭᠴᠢ ᠠᠵᠤ ᠠᠬᠤᠶᠢᠯᠡᠯ ᠢ ᠢᠳᠡᠪᠬᠢᠲᠠᠢ ᠤᠷᠢᠨ ᠤᠷᠤᠭᠤᠯᠵᠤ᠂ ᠪᠤᠳᠠᠰ ᠤᠨ | ᠭᠦᠢᠯᠭᠡᠭᠡᠨ ᠤ ᠦᠢᠯᠡᠰ ᠤᠨ ᠬᠢᠷᠢ ᠳᠦᠪᠰᠢᠨ ᠪᠠ ᠳᠠᠰ ᠳᠠᠪᠬᠤᠷᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ | 2017 ᠤᠨ ᠪᠤᠯᠬᠤ ᠳᠤ ᠪᠤᠳᠠᠰ ᠤᠨ ᠳᠡᠭᠡᠭᠡᠪᠦᠷᠢ ᠶᠢᠨ ᠬᠡᠮᠵᠢᠶ᠎ᠡ ᠶᠢ 500 ᠲᠦᠮᠡᠨ ᠲᠤᠨ ᠳᠤ ᠬᠦᠷᠭᠡᠨ᠎ᠡ᠃ | ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠢᠳᠡᠭᠡᠨ ᠤᠮᠳᠠᠭᠠᠨ ᠤ ᠦᠢᠯᠡᠰ | ᠤᠨ ᠬᠦᠭᠵᠢᠯᠲᠡ ᠶᠢ ᠲᠦᠷᠭᠡᠳᠭᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠵᠤᠴᠢᠳ ᠪᠠᠭᠤᠳᠠᠯ ᠢ | ᠤᠳᠤᠨ ᠲᠡᠰ ᠲᠤ ᠬᠦᠷᠬᠡᠵᠤ᠂ ᠦᠢᠯᠡᠴᠢᠯᠡᠭᠡᠨ ᠤ ᠦᠢᠯᠡᠰ ᠤᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ | ᠬᠤᠯᠪᠤᠭᠠᠳᠤ ᠡᠵᠡᠩᠨᠡᠯᠳᠡ ᠪᠠ ᠨᠡᠷᠡᠳᠦ ᠲᠡᠮᠳᠡᠭᠳᠤ ᠳᠠᠸᠠᠷ ᠤᠨ ᠲᠤᠰᠬᠠᠢ ᠡᠵᠡᠩᠨᠡᠯᠳᠡ ᠶᠢ ᠵᠤᠷᠢᠭᠵᠢᠭᠤᠯᠵᠤ᠂ ᠵᠠᠬ᠎ᠠ | ᠳᠡᠯᠭᠡᠭᠦᠷ ᠢ ᠴᠡᠴᠡᠭᠯᠡᠨ ᠬᠦᠭᠵᠢᠬᠦᠯᠬᠦ ᠪᠠ ᠠᠷᠡᠳ ᠤᠯᠠᠨ ᠤ ᠬᠡᠷᠡᠭᠯᠡᠬᠡᠨ ᠤ ᠱᠠᠭᠠᠷᠳᠠᠯᠭ᠎ᠠ ᠶᠢ ᠬᠠᠩᠭᠠᠬᠤ ᠳᠤ | ᠨᠦᠭᠦᠴᠡᠯ ᠪᠦᠷᠢᠯᠳᠦᠭᠦᠯᠵᠦ ᠦᠭᠭᠦᠨ᠎ᠡ᠃ ᠬᠤᠳᠠ ᠬᠦᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠠᠢ | ᠦᠷᠭᠡᠳᠭᠡᠨ᠂ ᠳᠤᠳᠤᠭᠠᠳᠤ ᠬᠡᠷᠡᠭᠴᠡᠭᠡ ᠪᠠᠨ ᠨᠡᠮᠡᠭᠳᠡᠬᠦᠯᠵᠤ᠂ ᠠᠵᠤ ᠠᠬᠤᠢ ᠶᠢᠨ ᠨᠡᠮᠡᠭᠳᠡᠯ ᠳᠤ ᠳᠦᠯᠬᠢᠴᠡ | ᠦᠢᠯᠡᠳᠦᠯ ᠦᠵᠡᠭᠦᠯᠦᠨ᠎ᠡ᠃ ᠨᠠᠶᠢᠬᠡᠮ ᠲᠤᠭᠤᠷᠢᠭ ᠤᠨ ᠨᠦᠬᠦᠴᠡᠯ ᠢ ᠰᠠᠶᠢᠵᠢᠷᠠᠭᠤᠯᠵᠤ᠂ ᠨᠡᠶᠢᠭᠡᠮ ᠳᠤᠭᠤᠷᠢᠭ ᠤᠨ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠬᠡᠣᠡᠬᠡᠨᠠ᠃ ᠲᠦᠷᠦ ᠶᠢᠨ ᠪᠤᠳᠤᠯᠭ᠎ᠠ ᠪᠠᠷ ᠳᠡᠮᠵᠢᠬᠦ | ᠬᠦᠴᠦᠯᠡᠴᠡ ᠪᠠᠨ ᠨᠡᠮᠡᠭᠳᠡᠭᠦᠯᠵᠦ᠂ ᠦᠨᠳᠦᠰᠦᠳᠡᠨ ᠤ ᠰᠤᠶᠤᠯ ᠤᠨ ᠦᠢᠯᠡᠰ ᠤᠨ ᠬᠦᠭᠵᠢᠯᠲᠡ ᠶᠢ ᠠᠬᠢᠭᠤᠯᠵᠤ᠂ | ᠠᠯᠢ ᠲᠦᠷᠭᠡᠨ ᠢᠶᠠᠷ ᠬᠡᠪᠴᠢᠶᠡᠵᠢᠭᠦᠯᠦᠨ ᠬᠦᠭᠵᠢᠭᠦᠯᠬᠦ ᠶᠢ ᠵᠤᠷᠢᠭᠵᠢᠭᠤᠯᠤᠨ᠎ᠠ᠃ | ︵ᠬᠤᠶᠠᠷ︶ ᠬᠤᠳᠠ ᠪᠠᠯᠭᠠᠰᠤᠵᠢᠯᠳᠠ ᠶᠢᠨ ᠠᠯᠬᠤᠴᠠ ᠶᠢ ᠭᠥᠴᠤᠯᠡᠨ ᠠᠬᠢᠭᠤᠯᠵᠤ᠂ ᠬᠤᠳᠠ ᠬᠥᠳᠡᠭᠡ ᠶᠢ | ᠨᠢᠬᠡᠳᠤᠯᠳᠠᠢ ᠲᠥᠯᠤᠪᠵᠢᠬᠦᠯᠤᠨ ᠵᠤᠬᠢᠴᠠᠩᠭᠤᠢ ᠬᠥᠭᠵᠢᠬᠦᠯᠤᠨᠡ᠃ ︽ᠨᠢᠬᠡ ᠴᠤᠭᠴᠠ ᠬᠤᠶᠠᠷ ᠵᠢᠬᠦᠷ︾⑩ ᠤᠨ | ᠬᠥᠭᠵᠢᠯᠳᠠ ᠶᠢᠨ ᠪᠠᠶᠢᠷᠢᠯᠠᠭᠤᠯᠤᠯᠳᠠ ᠶᠤᠰᠤᠭᠠᠷ ᠠᠮᠢ ᠠᠬᠤᠢ ᠶᠢᠨ ᠬᠠᠮᠠᠭᠠᠯᠠᠯᠳᠠ᠂ ᠰᠠᠭᠤᠷᠢ ᠲᠥᠬᠦᠬᠡᠷᠤᠮᠵᠢ᠂ | ᠤᠯᠠᠨ ᠨᠡᠶᠢᠳᠠ ᠶᠢᠨ ᠥᠢᠯᠡᠴᠢᠯᠡᠭᠡ᠂ ᠠᠵᠤ ᠥᠢᠯᠡᠰ ᠤᠨ ᠬᠥᠭᠵᠢᠯᠳᠠ᠂ ᠬᠤᠳᠠ ᠶᠢᠨ ᠰᠠᠭᠤᠭᠠᠯᠢ ᠶᠢᠨ ᠤᠷᠤᠨ | ᠰᠠᠭᠤᠴᠠ ᠵᠡᠷᠬᠡ ᠶᠢ ᠲᠤᠬᠢᠷᠠᠮᠵᠢᠳᠡᠢ ᠲᠥᠯᠤᠪᠵᠢᠬᠦᠯᠤᠨ ᠪᠠᠶᠢᠷᠢᠯᠠᠭᠤᠯᠵᠤ᠂ ᠠᠵᠤ ᠥᠢᠯᠡᠰ ᠤᠨ ᠬᠥᠭᠵᠢᠯᠳᠠ᠂ | ᠤᠯᠠᠨ ᠨᠡᠶᠢᠳᠠ ᠶᠢᠨ ᠥᠢᠯᠡᠴᠢᠯᠡᠭᠡ᠂ ᠠᠵᠢᠯ ᠤᠯᠭᠤᠬᠤ᠂ ᠬᠥᠮᠤᠨ ᠠᠮᠠ ᠶᠢ ᠲᠥᠪᠯᠡᠷᠡᠬᠦᠯᠬᠦ ᠴᠢᠳᠠᠪᠬᠢ ᠶᠢᠨ ᠬᠢᠷᠢ | ᠲᠥᠪᠰᠢᠨ ᠵᠡᠷᠬᠡ ᠶᠢ ᠢᠳᠡᠪᠬᠢᠳᠠᠢ ᠲᠡᠬᠡᠭᠰᠢᠯᠡᠬᠦᠯᠤᠨ᠂ ᠪᠡᠯᠬᠦᠳᠠᠢ ᠪᠠᠯᠭᠠᠰᠤ ᠶᠢ ᠠᠵᠢᠯᠯᠠᠵᠤ ᠠᠮᠢᠳᠤᠷᠠᠬᠤ ᠳᠤ | ᠲᠠᠭᠠᠯᠠᠮᠵᠢ ᠲᠠᠢ᠂ ᠥᠢᠯᠡᠰ ᠡᠷᠬᠢᠯᠡᠬᠦ ᠳᠤ ᠨᠥᠬᠦᠴᠡᠯ ᠲᠠᠢ ᠲᠠᠯ᠎ᠠ ᠨᠤᠳᠤᠭ ᠤᠨ ᠴᠡᠪᠡᠷ ᠰᠠᠶᠢᠬᠠᠨ ᠬᠤᠳᠠ ᠪᠠᠯᠭᠠᠰᠤ | ᠪᠤᠯᠭᠠᠨ ᠪᠥᠳᠤᠬᠡᠨ ᠪᠠᠶᠢᠭᠤᠯᠤᠨ᠎ᠠ᠃ ᠨᠢᠬᠡ ᠳᠤ᠂ ᠲᠥᠯᠤᠪᠵᠢᠬᠦᠯᠬᠡ ᠶᠢ ᠨᠠᠶᠢᠷᠠᠭᠤᠯᠬᠤ ᠪᠠ ᠬᠠᠮᠢᠶᠠᠷᠬᠤ ᠠᠵᠢᠯ ᠢ | ᠴᠢᠩᠭᠠᠳᠬᠠᠨ᠎ᠠ᠃ ᠪᠥᠬᠦ ᠬᠤᠰᠢᠭᠤᠨ ᠤ ᠬᠤᠳᠠ ᠶᠢᠨ ᠶᠠᠷᠤᠩᠬᠡᠢ ᠲᠥᠯᠤᠪᠵᠢᠬᠦᠯᠬᠡ᠂ ᠴᠠᠭᠠᠡᠴᠢᠯᠠᠭᠤᠳᠤ ᠰᠢᠨ᠎ᠠ | ᠲᠤᠭᠤᠷᠢᠭ ᠤᠨ ᠨᠠᠷᠢᠨ ᠲᠦᠯᠤᠪᠵᠢᠬᠦᠯᠬᠡ᠂ ᠬᠤᠳᠠ ᠶᠢᠨ ᠲᠤᠰᠬᠠᠢ ᠲᠥᠷᠤᠯ ᠤᠨ ᠲᠥᠯᠤᠪᠵᠢᠬᠦᠯᠬᠡ᠂ ᠪᠠᠯᠬᠦᠳᠠᠢ | ᠪᠠᠯᠭᠠᠰᠤᠨ ᠤ ᠤᠶᠢᠷ᠎ᠠ ᠶᠢᠨ ᠬᠤᠭᠤᠴᠠᠭᠠᠨ ᠤ ᠲᠥᠯᠤᠪᠵᠢᠬᠦᠯᠬᠡ ᠪᠠ ᠡᠯ᠎ᠡ ᠰᠤᠮᠤ ᠪᠠᠯᠭᠠᠰᠤᠨ ᠤ ᠤᠶᠢᠷ᠎ᠠ ᠶᠢᠨ | ᠬᠤᠭᠤᠴᠠᠭᠠᠨ ᠤ ᠪᠥᠳᠤᠬᠡᠨ ᠪᠠᠶᠢᠭᠤᠯᠤᠯᠳᠠ ᠶᠢᠨ ᠲᠥᠯᠤᠪᠵᠢᠬᠦᠯᠬᠡ ᠵᠢᠴᠢ ᠭᠤᠤᠯ ᠭᠠᠴᠠᠭ᠎ᠠ ᠲᠤᠰᠬᠤᠨ ᠤ | ᠲᠥᠯᠤᠪᠵᠢᠬᠦᠯᠬᠡ ᠵᠡᠷᠬᠡ ᠶᠢ ᠬᠠᠷᠠᠭᠠᠯᠵᠠᠭᠰᠡᠨ ᠬᠢᠷᠢ ᠬᠡᠮ ᠲᠠᠢ ᠪᠠᠶᠢᠭᠤᠯᠭ᠎ᠠ ᠶᠢ ᠤᠷᠢᠨ᠂ ᠪᠥᠬᠦ ᠲᠠᠯ᠎ᠠ ᠪᠠᠷ | ᠨᠠᠶᠢᠷᠠᠭᠤᠯᠤᠨ ᠬᠥᠢᠴᠡᠳᠬᠡᠨᠡ᠃ ᠬᠤᠰᠢᠭᠤ ᠲᠥᠯᠤᠪᠵᠢᠬᠦᠯᠬᠡ ᠶᠢᠨ ᠵᠥᠪᠯᠡᠯ ᠤᠨ ᠥᠢᠯᠡᠳᠤᠯ ᠢ ᠬᠥᠢᠴᠡᠳ | ᠪᠠᠳᠠᠷᠠᠭᠤᠯᠵᠤ᠂ ᠪᠥᠳᠤᠬᠡᠨ ᠪᠠᠶᠢᠭᠤᠯᠤᠯᠳᠠ ᠳᠤ ᠬᠢᠨᠡᠨ ᠪᠠᠶᠢᠴᠠᠭᠠᠯᠳᠠ ᠬᠢᠬᠦ ᠶᠢ ᠴᠢᠩᠭᠠᠳᠬᠠᠵᠤ᠂ ᠲᠦᠯᠤᠪᠵᠢᠬᠦᠯᠬᠡ | ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠡᠪ ᠨᠠᠮᠪᠠ ᠶᠢᠨ ᠪᠥᠬᠦᠶᠢᠯᠡ ᠴᠤᠭᠴᠠ ᠶᠢᠨ ᠬᠤᠪᠢ ᠳᠤ ᠵᠤᠬᠢᠴᠠᠩᠭᠤᠢ | ᠨᠢᠬᠡᠳᠤᠯᠳᠠᠢ ᠪᠠᠶᠢᠬᠤ ᠶᠢ ᠴᠢᠬᠤᠯᠠᠴᠢᠯᠠᠵᠤ᠂ ᠬᠤᠳᠠ ᠶᠢᠨ ᠪᠥᠳᠤᠬᠡᠨ ᠪᠠᠶᠢᠭᠤᠯᠤᠯᠳᠠ ᠶᠢᠨ ᠰᠤᠶᠤᠯ ᠤᠨ ᠠᠭᠤᠯᠬᠤᠨ | ᠢ ᠲᠡᠬᠡᠭᠰᠢᠯᠡᠬᠦᠯᠤᠨ᠎ᠡ᠃ ᠬᠤᠶᠠᠷ ᠲᠤ᠂ ᠬᠤᠳᠠ ᠪᠠᠯᠭᠠᠰᠤᠵᠢᠯᠳᠠ ᠶᠢᠨ ᠠᠯᠬᠤᠴᠠ ᠶᠢ ᠲᠥᠷᠬᠡᠳᠬᠡᠨ᠎ᠡ᠃ | ᠬᠤᠶᠢᠰᠢᠳᠠ ᠶᠢᠨ ᠲᠠᠪᠤᠨ ᠵᠢᠯ ᠤᠨ ᠲᠤᠳᠤᠷ᠎ᠠ ᠨᠠᠶᠢᠳᠠ 22.5 ᠳ᠋ᠥᠡᠭᠰᠢᠭᠤᠷ ᠲᠥᠬᠦᠷᠢᠭ ᠤᠨ ᠪᠠᠯᠠ ᠤᠷᠤᠭᠤᠯᠬᠤ | ᠪᠠᠷ ᠲᠥᠯᠤᠪᠯᠡᠵᠤ᠂ ᠴᠠᠭᠠᠡᠴᠢᠯᠠᠭᠤᠳᠤ ᠰᠢᠨ᠎ᠠ ᠲᠤᠭᠤᠷᠢᠭ ᠤᠨ ᠪᠠᠶᠢᠭᠤᠯᠭ᠎ᠠ ᠶᠢᠨ ᠠᠯᠪᠠᠨ ᠠᠰᠠᠷ ᠪᠠ ᠲᠡᠮᠢᠷ ᠤᠨ | ᠤᠷᠳᠤᠨ ᠤ ᠪᠠᠷᠢᠯᠭ᠎ᠠ ᠶᠢᠨ ᠠᠵᠢᠯ ᠢ ᠲᠠᠭᠤᠰᠬᠠᠵᠤ᠂ ᠴᠠᠭᠠᠡᠴᠢᠯᠠᠭᠤᠳᠤ ᠰᠢᠨ᠎ᠠ ᠲᠤᠭᠤᠷᠢᠭ ᠢᠶᠠᠷ ᠲᠠᠭᠠᠭᠤᠯᠤᠭᠴᠢ | ᠪᠤᠯᠭᠠᠵᠤ᠂ ᠡᠯ᠎ᠠ ᠲᠠᠯ᠎ᠠ ᠶᠢᠨ ᠪᠡᠯᠨ ᠤᠷᠤᠭᠤᠯᠤᠯᠳᠠ ᠶᠢ ᠲᠠᠶᠢᠴᠢᠯᠠᠨ᠂ ᠲᠤᠳᠤᠭᠠᠳᠤ ᠬᠡᠷᠡᠭᠴᠡᠭᠡ ᠪᠠᠨ ᠦᠷᠬᠡᠳᠬᠡᠨ᠂ | ᠬᠦᠭᠵᠢᠯᠳᠠ ᠶᠢ ᠠᠬᠢᠭᠤᠯᠤᠨ᠎ᠠ᠃ ᠬᠠᠷᠠᠨᠠᠭᠤᠷ ᠪᠠ ᠴᠠᠭᠠᠡᠨᠠᠭᠤᠷ ᠤᠨ ᠡᠷᠬᠢᠨ ᠲᠤᠭᠤᠷᠢᠨ ᠤ ᠪᠥᠳᠤᠬᠡᠨ | ᠪᠠᠶᠢᠭᠤᠯᠤᠯᠳᠠ ᠶᠢᠨ ᠠᠵᠢᠯ ᠢ ᠡᠬᠢᠯᠡᠬᠦᠯᠵᠤ᠂ 110 ᠲᠥᠮᠡᠨ ᠲᠡᠭᠰᠢ ᠲᠥᠷᠪᠠᠯᠵᠢᠨ ᠮᠧᠲᠷ ᠤᠨ ᠵᠠᠮ ᠢ ᠵᠠᠰᠠᠵᠤ | ᠬᠠᠳᠠᠭᠤᠵᠢᠭᠤᠯᠬᠤ ᠢᠡᠵᠧᠨᠧᠷᠢᠩ ᠢ ᠪᠠᠶᠠᠯᠠᠬᠦᠯᠤᠨ᠂ 1700 ᠢᠵᠢ ᠵᠠᠮ ᠤᠨ ᠳ᠋ᠸᠡᠭ ᠪᠤᠯᠤᠨ ᠭᠤᠳᠤᠮᠵᠢᠨ ᠳ᠋ᠸᠡᠭ ᠢ | ᠤᠭᠰᠠᠷᠴᠤ᠂ ᠰᠢᠨ᠎ᠡ ᠪᠠᠷ 75 ᠲᠦᠮᠡᠨ ᠲᠡᠭᠰᠢ ᠲᠥᠷᠪᠡᠯᠵᠢᠨ ᠮᠧᠲᠷ ᠲᠠᠯᠠᠪᠠᠢ ᠳᠤ ᠲᠥᠪᠯᠡᠷᠠᠩᠬᠦᠢ ᠲᠤᠯᠠᠭᠠᠯᠭ᠎ᠠ | ᠨᠡᠪᠳᠡᠷᠠᠬᠦᠯᠵᠤ᠂ ᠲᠥᠬᠡᠬᠡᠯ ᠤᠰᠤ ᠪᠤᠬᠢᠷ ᠤᠰᠤᠨ ᠤ ᠬᠤᠭᠤᠯᠠᠢ ᠶᠢ 110 ᠺᠢᠯᠤᠮᠧᠲᠷ ᠤᠷᠳᠤᠳᠬᠠᠨ᠂ 80 | ᠲᠥᠮᠡᠨ ᠲᠡᠭᠰᠢ ᠲᠥᠷᠪᠡᠯᠵᠢᠨ ᠮᠧᠲᠷ ᠭᠠᠵᠡᠷ ᠰᠢᠷᠥᠢ ᠬᠡᠷ ᠬᠦᠷᠤᠩᠬᠡ ᠶᠢᠨ ᠨᠡᠬᠡᠬᠡᠨ ᠠᠰᠢᠭᠯᠠᠯᠳᠠ ᠪᠡ ᠪᠠᠳᠤᠯᠠᠭ᠎ᠠ | ᠶᠢᠨ ᠴᠢᠨᠡᠷᠳᠠᠢ ᠤᠷᠤᠨ ᠰᠠᠭᠤᠴᠠ ᠶᠢᠨ ᠪᠠᠶᠢᠭᠤᠯᠤᠯᠳᠠ ᠶᠢ ᠪᠠᠶᠠᠯᠠᠬᠦᠯᠤᠨ᠎ᠠ᠃ ᠪᠡᠯᠬᠦᠳᠠᠢ ᠰᠤᠶᠤᠯ ᠤᠨ ᠬᠥᠷᠢᠶᠡᠯᠡᠩ | ᠢᠶᠠᠷ ᠭᠤᠤᠯᠳᠠᠯᠭ᠎ᠠ ᠪᠤᠯᠭᠠᠨ᠂ ᠬᠤᠳᠠ ᠶᠢᠨ ᠬᠠᠮᠠᠭᠠᠯᠠᠯᠳᠠ ᠶᠢᠨ ᠤᠢ ᠶᠢᠨ ᠪᠥᠳᠤᠬᠡᠨ ᠪᠠᠶᠢᠭᠤᠯᠤᠯᠳᠠ ᠶᠢᠨ | ᠢᠨᠵᠧᠨᠧᠷᠢᠩ ᠤᠨ ᠠᠵᠢᠯ ᠢ ᠡᠬᠢᠯᠡᠬᠦᠯᠤᠨ᠎ᠡ᠃ ᠡᠷᠤᠬᠡ ᠠᠮᠠ ᠶᠢᠨ ᠬᠠᠮᠢᠶᠠᠷᠤᠯᠳᠠ ᠶᠢᠨ ᠲᠥᠷᠢᠮ ᠤᠨ | ᠥᠬᠡᠷᠡᠴᠢᠯᠠᠯᠳᠠ ᠶᠢᠨ ᠠᠬᠢᠴᠨ ᠶᠢ ᠲᠥᠷᠬᠡᠳᠬᠡᠵᠤ᠂ ᠮᠡᠯᠵᠢᠬᠤ ᠤᠷᠤᠨ ᠤ ᠬᠥᠮᠤᠨ ᠠᠮᠠ ᠪᠠ ᠭᠠᠳᠠᠨ᠎ᠠ ᠠᠴᠠ | ᠢᠷᠡᠭᠰᠡᠳ ᠤᠨ ᠬᠤᠳᠠ ᠪᠠᠯᠭᠠᠰᠤᠨ ᠳᠤ ᠠᠵᠢᠯ ᠤᠯᠵᠤ ᠨᠤᠳᠤᠭᠰᠢᠬᠤ ᠶᠢ ᠵᠤᠷᠢᠭᠵᠢᠭᠤᠯᠵᠤ᠂ ᠨᠡᠩ ᠤᠯᠠᠨ | ᠮᠠᠯᠴᠢᠳ ᠢ ᠬᠤᠳᠠ ᠤᠷᠤᠭᠤᠯᠤᠨ ᠠᠵᠢᠯ ᠦᠢᠯᠡᠰ ᠡᠷᠬᠢᠯᠡᠬᠦᠯᠬᠦ ᠪᠠᠷ ᠴᠢᠷᠮᠠᠶᠢᠨ᠎ᠠ᠃ ᠬᠤᠨᠭ᠍ᠭᠤᠷᠭᠤᠤᠯ᠂ ᠴᠠᠭᠠᠨᠨᠠᠭᠤᠷ | ᠪᠠᠯᠭᠠᠰᠤᠨ ᠤ ᠰᠠᠭᠤᠭ᠎ᠠ ᠭᠠᠵᠡᠷ ᠤᠨ ᠪᠥᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠲᠥᠷᠢ ᠲᠥᠷᠬᠦ ᠶᠢ ᠨᠢ | ᠤᠯᠠᠮ ᠰᠢᠨᠡᠳᠬᠡᠨ᠎ᠠ᠃ 2017 ᠤᠨ ᠪᠤᠯᠬᠤ ᠳᠤ ᠬᠤᠳᠠ ᠪᠠᠯᠭᠠᠰᠤᠵᠢᠯᠳᠠ ᠶᠢᠨ ᠨᠤᠷᠮ᠎ᠠ ᠶᠢ 60% ᠳᠤ | ᠬᠥᠷᠬᠡᠵᠤ᠂ ᠬᠤᠳᠠ ᠲᠤᠭᠤᠷᠢᠭ ᠤᠨ ᠨᠣᠭᠤᠭᠠᠷᠠᠭᠤᠯᠣᠯᠳᠠ ᠶᠢᠨ ᠨᠤᠷᠮ᠎ᠡ ᠶᠢ 17% ᠠᠴᠠ 22% ᠲᠤ ᠬᠥᠷᠬᠡᠨ᠂ | ᠲᠥᠪᠯᠡᠷᠡᠩᠬᠦᠢ ᠲᠤᠯᠠᠭᠠᠯᠭ᠎ᠠ ᠶᠢ ᠨᠠᠪᠳᠠᠷᠡᠬᠦᠯᠦᠭᠰᠡᠨ ᠨᠤᠷᠮ᠎ᠠ ᠶᠢ 59% ᠠᠴᠠ ᠨᠡᠮᠡᠭᠳᠡᠬᠦᠯᠤᠬᠡᠳ 85% ᠳᠤ | ᠬᠥᠷᠬᠡᠵᠤ᠂ ᠬᠤᠭ ᠨᠤᠪᠰᠢ ᠪᠠ ᠪᠤᠬᠢᠷ ᠤᠰᠤᠨ ᠤ ᠰᠢᠢᠳᠪᠤᠷᠢᠯᠡᠯᠳᠠ ᠶᠢᠨ ᠨᠤᠷᠮ᠎ᠠ ᠶᠢ ᠲᠤᠰ ᠪᠥᠷᠢ 60% ᠪᠠ | 50% ᠳᠤ ᠬᠥᠷᠬᠡᠨ᠂ ᠲᠥᠬᠡᠬᠡᠯ ᠤᠰᠤ ᠨᠠᠪᠳᠠᠷᠡᠬᠦᠯᠦᠭᠰᠡᠨ ᠨᠤᠷᠮ᠎ᠠ ᠶᠢ 100% ᠳᠤ ᠬᠥᠷᠬᠡᠬᠦ ᠪᠠᠷ ᠴᠢᠷᠮᠠᠶᠢᠨ᠎ᠠ᠃ | ᠭᠤᠷᠪᠠ ᠳᠤ᠂ ᠬᠤᠳᠠ ᠶᠢᠨ ᠬᠠᠮᠢᠶᠠᠷᠤᠯᠳᠠ ᠶᠢᠨ ᠲᠦᠪᠰᠢᠨ ᠢᠶᠠᠨ ᠤᠯᠠᠮ ᠴᠢᠨᠠᠭᠰᠢᠳᠠ ᠨᠠᠷᠢᠯᠢᠭᠵᠢᠭᠤᠯᠤᠨ | ᠴᠢᠩᠭᠠᠳᠬᠠᠨ᠎ᠠ᠃ ᠬᠤᠳᠠ ᠶᠢᠨ ᠬᠠᠮᠢᠶᠠᠷᠤᠯᠳᠠ ᠶᠢᠨ ᠶᠡᠷᠤᠩᠬᠡᠶᠢᠯᠡᠨ ᠵᠤᠬᠢᠴᠠᠭᠤᠯᠬᠤ ᠵᠤᠬᠢᠴᠠᠮᠵᠢ ᠶᠢ ᠪᠠᠶᠢᠭᠤᠯᠵᠤ᠂ | ᠬᠤᠳᠠ ᠶᠢᠨ ᠲᠤᠭᠠᠴᠢᠯᠠᠭᠰᠠᠨ ᠬᠠᠮᠢᠶᠠᠷᠤᠯᠳᠠ ᠶᠢᠨ ᠴᠢᠳᠡᠪᠬᠢ ᠶᠢ ᠬᠥᠢᠴᠡᠳ ᠪᠠᠳᠠᠷᠠᠭᠤᠯᠤᠨ᠎ᠠ᠃ ᠪᠠᠯᠭᠠᠰᠤᠨ | ᠲᠤᠭᠤᠷᠢᠭ ᠢ ᠬᠥᠳᠡᠯᠤᠩᠬᠦᠢ ᠪᠠᠷ ᠬᠢᠨᠠᠨ ᠬᠠᠮᠢᠶᠠᠷᠴᠤ᠂ ᠴᠠᠭ ᠲᠤᠬᠠᠢ ᠳᠤᠨᠢ ᠠᠷᠭᠠᠴᠠᠭᠠᠨ ᠰᠢᠢᠳᠪᠤᠷᠢᠯᠡᠬᠦ ᠬᠡᠮᠵᠢᠶ᠎ᠠ | ᠶᠢ ᠲᠡᠬᠡᠭᠰᠢᠯᠡᠬᠦᠯᠤᠨ᠎ᠠ᠃ ᠪᠠᠯᠭᠠᠰᠤᠨ ᠤ ᠦᠩᠬᠡ ᠲᠦᠷᠬᠦ᠂ ᠣᠷᠴᠢᠨ ᠲᠤᠭᠤᠷᠢᠨ ᠤ ᠵᠠᠰᠠᠨ ᠴᠡᠭᠴᠡᠯᠡᠯᠳᠠ ᠶᠢᠨ | ᠡᠷᠴᠢᠮ ᠢᠶᠠᠨ ᠴᠢᠩᠭᠠᠳᠬᠠᠵᠤ᠂ ᠲᠦᠷᠢᠶᠠᠰᠤᠨ ᠲᠡᠷᠬᠡᠨ ᠤ ᠬᠠᠮᠢᠶᠠᠷᠤᠯᠳᠠ ᠶᠢ ᠴᠢᠩᠭᠠᠳᠬᠠᠨ᠂ ᠭᠠᠷᠳᠠᠮ ᠦᠬᠡᠢ | ᠲᠡᠷᠬᠡ ᠪᠠᠷ ᠠᠶᠠᠡᠴᠢᠨ ᠵᠦᠬᠡᠬᠡᠪᠤᠷᠢᠯᠡᠬᠦ ᠪᠠ ᠲᠦᠷᠢᠮ ᠠᠴᠠ ᠵᠦᠷᠢᠴᠡᠨ ᠲᠡᠷᠬᠡ ᠵᠢᠯᠤᠭᠤᠳᠬᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠬᠦᠨ᠎ᠠ᠃ ᠬᠠᠤᠯᠢ ᠪᠤᠰᠤ ᠪᠠᠷ ᠲᠡᠬᠡᠬᠡᠪᠤᠷᠢᠯᠡᠬᠦ᠂ ᠬᠡᠳᠤ ᠠᠴᠢᠶᠠᠯᠡᠬᠤ᠂ ᠮᠠᠰᠢᠨ ᠲᠡᠷᠬᠡ ᠪᠠᠨ | ᠲᠤᠷ᠎ᠠ ᠪᠠᠷ ᠵᠤᠭᠰᠤᠭᠠᠬᠤ ᠵᠡᠷᠬᠡ ᠥᠵᠡᠭᠳᠡᠯ ᠢ ᠴᠡᠭᠴᠡᠯᠡᠬᠦ ᠠᠵᠢᠯ ᠢ ᠴᠢᠩᠭᠠᠳᠬᠠᠵᠤ᠂ ᠪᠠᠯᠭᠠᠰᠤᠨ ᠤ ᠲᠤᠳᠤᠷᠠᠬᠢ | ᠵᠠᠮ ᠬᠠᠷᠢᠯᠴᠠᠭᠠᠨ ᠤ ᠰᠠᠭᠠᠳ ᠥᠬᠡᠢ ᠨᠠᠪᠳᠡᠷᠡᠬᠦ ᠶᠢ ᠪᠠᠳᠤᠯᠠᠨ᠎ᠠ᠃ ᠬᠡᠷ ᠬᠥᠷᠤᠩᠬᠡ ᠭᠠᠵᠡᠷ ᠰᠢᠷᠥᠢ ᠶᠢᠨ | ᠬᠠᠮᠢᠶᠠᠷᠤᠯᠳᠠ ᠶᠢ ᠴᠢᠩᠭᠠᠳᠬᠠᠵᠤ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠥᠢᠯᠡᠴᠢᠯᠡᠭᠡ ᠶᠢ ᠤᠯᠠᠮ | ᠴᠢᠨᠠᠭᠰᠢᠳᠠ ᠲᠥᠷᠢᠮᠵᠢᠬᠦᠯᠵᠤ᠂ ᠰᠠᠭᠤᠭᠠᠯᠢ ᠠᠷᠠᠳ ᠲᠤ ᠡᠶ᠎ᠡ ᠵᠤᠬᠢᠴᠠᠩᠭᠤᠢ ᠤᠷᠴᠢᠨ ᠢ ᠡᠬᠦᠳᠴᠤ ᠥᠭᠬᠦ ᠪᠠᠷ | ᠴᠢᠷᠮᠠᠶᠢᠨ᠎ᠠ᠃ | ︵ᠭᠤᠷᠪᠡ︶ ᠰᠠᠭᠤᠷᠢ ᠲᠦᠬᠦᠬᠡᠷᠤᠮᠵᠢ ᠶᠢᠨ ᠪᠠᠳᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠢᠬᠡ ᠳᠤ᠂ | ᠤᠰᠤᠨ ᠠᠰᠢᠭᠯᠠᠯᠳᠠ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ | ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ ᠤ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ | 7500 ᠬᠦᠮᠤᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠨ᠎ᠠ︔ ᠪᠡᠯᠬᠦᠳᠡᠢ | ᠪᠠᠯᠭᠠᠰᠤᠨ ᠤ ᠦᠶᠠᠷ ᠢ ᠰᠡᠷᠬᠡᠶᠢᠯᠡᠬᠦ ᠢᠡᠵᠧᠨᠧᠷᠢᠩ ᠢ ᠡᠬᠢᠯᠡᠬᠦᠯᠵᠤ᠂ ᠪᠠᠶᠠᠡᠭᠤᠤᠯ ᠤᠰᠤᠨ ᠴᠦᠬᠦᠷᠤᠮ ᠢ ᠵᠠᠰᠠᠨ | ᠪᠠᠬᠢᠵᠢᠬᠦᠯᠬᠦ ᠪᠠ ᠬᠦᠢᠳᠡᠡᠭᠤᠤᠯ᠂ ᠭᠤᠭᠤᠰᠤᠳᠡᠢ ᠶᠢᠨ ᠭᠤᠤᠯ᠂ ᠪᠠᠶᠠᠡᠭᠤᠤᠯ ᠤᠨ ᠵᠠᠰᠠᠨ ᠴᠡᠭᠴᠡᠯᠡᠯᠳᠡ ᠶᠢᠨ | ᠢᠡᠵᠧᠨᠧᠷᠢᠩ ᠤᠨ ᠠᠵᠢᠯ ᠢ ᠲᠠᠭᠤᠰᠬᠠᠨ᠎ᠠ︔ ᠭᠤᠤᠯ ᠤᠰᠤ ᠪᠠ ᠦᠶᠡᠷ ᠰᠡᠷᠬᠡᠶᠢᠯᠡᠬᠦ ᠬᠠᠰᠢᠯᠭ᠎ᠠ ᠶᠢ ᠵᠠᠰᠠᠬᠤ | ᠠᠵᠢᠯ ᠢ ᠴᠢᠩᠭᠠᠳᠬᠠᠵᠤ᠂ ᠵᠢᠷᠭᠠᠯᠠᠩᠳᠤ᠂ ᠨᠠᠷᠠᠡᠪᠤᠯᠠᠭ᠂ ᠪᠠᠶᠠᠡᠳᠤᠭ ᠵᠡᠷᠬᠡ ᠰᠤᠮᠤᠨ ᠤ ᠦᠶᠡᠷ ᠢ ᠰᠡᠷᠬᠡᠶᠢᠯᠡᠬᠦ | ᠢᠡᠵᠧᠨᠧᠷᠢᠩ ᠢ 20 ᠵᠢᠯ ᠳᠤ ᠨᠢᠬᠡ ᠲᠤᠬᠢᠶᠠᠯᠳᠤᠬᠤ ᠦᠶᠡᠷ ᠤᠨ ᠭᠠᠮᠰᠢᠭ ᠢ ᠲᠠᠭᠠᠭᠠᠵᠤ ᠭᠠᠷᠬᠤ ᠪᠠᠳᠤᠯᠠᠭ᠎ᠠ ᠲᠠᠢ | ᠪᠤᠯᠭᠠᠨ᠎ᠠ︔ 1.27 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ ᠴᠠᠭᠠᠨ ᠤᠰᠤᠨ ᠴᠦᠬᠦᠷᠤᠮ ᠤᠨ ᠠᠵᠤ | ᠦᠢᠯᠡᠳᠪᠤᠷᠢ ᠳᠤ ᠤᠰᠤ ᠬᠠᠩᠭᠠᠬᠤ ᠢᠡᠵᠧᠨᠧᠷᠢᠩ ᠤᠨ ᠪᠠᠶᠢᠭᠤᠯᠤᠯᠳᠠ ᠶᠢ ᠪᠠᠶᠠᠯᠠᠬᠦᠯᠬᠦ ᠶᠢᠨ ᠬᠠᠮᠳᠤ ᠡᠯ᠎ᠠ ᠠᠵᠤ | ᠦᠢᠯᠡᠳᠪᠤᠷᠢ ᠶᠢᠨ ᠲᠤᠭᠤᠷᠢᠭ ᠲᠤ ᠤᠰᠤ ᠲᠡᠳᠠᠬᠤ ᠢᠡᠵᠧᠨᠧᠷᠢᠩ ᠢ ᠢᠵᠢ ᠪᠦᠷᠢᠳᠤᠬᠦᠯᠤᠨ ᠪᠠᠶᠢᠭᠤᠯᠤᠨ᠎ᠠ︔ | ᠤᠰᠤᠨ ᠤ ᠡᠬᠢ ᠪᠠᠶᠠᠯᠢᠭ ᠢ ᠬᠠᠩᠭᠠᠯᠳᠠ ᠲᠠᠢ ᠪᠠᠶᠢᠯᠭᠠᠬᠤ ᠶᠢᠨ ᠲᠤᠰᠠᠳᠠ᠂ ᠪᠡᠯᠬᠦᠳᠡᠢ ᠪᠠᠯᠭᠠᠰᠤᠨ ᠤ ᠰᠢᠨ᠎ᠠ | ᠤᠰᠤᠨ ᠰᠤᠷᠪᠤᠯᠵᠢ ᠶᠢ ᠬᠠᠶᠢᠬᠤ ᠠᠵᠢᠯ ᠢ ᠡᠬᠢᠯᠡᠬᠦᠯᠤᠨ᠎ᠠ᠃ ᠬᠤᠶᠡᠷ ᠲᠤ᠂ ᠵᠠᠮ ᠬᠠᠷᠢᠯᠴᠠᠭᠠᠨ ᠤ ᠰᠠᠭᠤᠷᠢ | ᠲᠦᠬᠦᠬᠡᠷᠤᠮᠵᠢ ᠶᠢᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠲᠦᠷᠥᠯ ᠵᠥᠢᠯ ᠤᠨ ᠪᠡᠯᠨ ᠮᠦᠩᠬᠦ ᠶᠢ | ᠢᠳᠡᠪᠬᠢᠳᠡᠢ ᠡᠷᠡᠮᠡᠯᠵᠠᠯᠠᠨ᠂ ᠬᠠᠶᠢᠷ ᠴᠢᠯᠠᠭᠤᠨ ᠵᠠᠮ ᠢ ᠴᠠᠷᠳᠠᠮᠠᠯ ᠵᠠᠮ ᠪᠤᠯᠭᠠᠨ ᠵᠠᠰᠠᠬᠤ ᠠᠵᠢᠯ ᠢ ᠦᠡᠳᠤᠰᠤᠨ | ᠳᠡᠭᠡᠨ ᠪᠠᠶᠠᠯᠠᠬᠦᠯᠵᠤ᠂ ᠮᠠᠯᠵᠢᠬᠤ ᠤᠷᠤᠨ ᠤ ᠵᠠᠮ ᠨᠠᠪᠳᠠᠷᠡᠯᠬᠡ ᠶᠢᠨ ᠨᠦᠬᠦᠴᠡᠯ ᠢ ᠰᠠᠶᠢᠵᠢᠷᠠᠭᠤᠯᠤᠨ᠎ᠠ᠃ 101 | ᠮᠤᠵᠢ ᠶᠢᠨ ᠲᠡᠰ ᠤᠨ ᠵᠠᠮ ᠤᠨ ᠲᠡᠰ ᠦᠰᠬᠡᠨ ᠦᠷᠬᠡᠳᠬᠡᠨ ᠪᠠᠶᠢᠭᠤᠯᠬᠤ ᠠᠵᠢᠯ ᠤᠨ ᠮᠠᠨ ᠤ ᠬᠤᠰᠢᠭᠤᠨ ᠳᠠᠬᠢ | ᠬᠡᠰᠡᠭ ᠤᠨ ᠵᠠᠰᠠᠨ ᠰᠠᠶᠢᠵᠢᠷᠠᠭᠤᠯᠬᠤ ᠠᠵᠢᠯ ᠢ ᠪᠠᠶᠠᠯᠠᠬᠦᠯᠤᠨ᠎ᠠ᠃ 42 ᠳ᠋ᠦᠩᠰᠢᠭᠤᠷ ᠲᠦᠬᠦᠷᠢᠭ ᠤᠨ ᠪᠡᠯᠨ | ᠤᠷᠤᠭᠤᠯᠵᠤ᠂ ᠰᠢᠯᠢᠩᠬᠤᠳᠠ ᠠᠴᠠ ᠡᠷᠢᠶᠠᠨ ᠬᠦᠷᠬᠦ ᠲᠠᠮᠤᠷ ᠵᠠᠮ᠂ ᠲᠠᠷᠬᠠᠶᠢᠳᠠᠷᠡᠰᠤ ᠠᠴᠠ ᠴᠠᠭᠠᠡᠨᠠᠭᠤᠷ ᠠᠭᠤᠷᠬᠠᠢ | ᠶᠢᠨ ᠲᠤᠭᠤᠷᠢᠭ ᠬᠦᠷᠬᠦ ᠲᠠᠮᠤᠷ ᠵᠠᠮ ᠪᠠ ᠴᠠᠭᠠᠡᠨᠠᠭᠤᠷ ᠨᠠᠬᠦᠷᠡᠰᠤᠨ ᠠᠭᠤᠷᠬᠠᠢ ᠠᠴᠠ ᠪᠠᠶᠠᠨᠬᠦ᠋ᠷᠢᠶ᠎ᠠ ᠬᠦᠷᠬᠦ ᠲᠤᠰᠬᠠᠢ | ᠱᠤᠭᠤᠮ ᠤᠨ ᠪᠦᠳᠤᠬᠡᠨ ᠪᠠᠶᠢᠭᠤᠯᠤᠯᠳᠠ ᠶᠢ ᠪᠠᠶᠠᠯᠡᠬᠦᠯᠤᠨᠠ᠃ ᠭᠤᠷᠪᠡ ᠳᠤ᠂ ᠴᠠᠬᠢᠯᠭᠠᠨ ᠬᠦᠴᠤᠨ ᠤ ᠰᠠᠭᠤᠷᠢ | ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠲᠤᠤᠷᠴᠢᠯᠠᠭᠰᠡᠨ ᠴᠠᠬᠢᠯᠭᠠᠨ ᠢ ᠵᠠᠰᠠᠨ | ᠰᠠᠶᠢᠵᠢᠷᠠᠭᠤᠯᠬᠤ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠬᠤᠰᠢᠭᠤ ᠲᠤᠭᠤᠷᠢᠭ ᠤᠨ ᠠᠵᠤ ᠠᠬᠤᠢ ᠶᠢᠨ | ᠬᠦᠭᠵᠢᠯᠳᠠ ᠲᠠᠢ ᠵᠤᠬᠢᠴᠠᠯᠳᠤᠭᠰᠡᠨ᠂ ᠲᠤᠤᠷᠴᠢᠯᠠᠭᠰᠡᠨ ᠴᠠᠬᠢᠯᠭᠠᠨ ᠤ ᠰᠠᠭᠤᠷᠢ ᠲᠦᠬᠦᠬᠡᠷᠤᠮᠵᠢ ᠶᠢ ᠠᠩᠬ᠎ᠠ | ᠠᠯᠬᠤᠮ ᠪᠠᠶᠢᠭᠤᠯᠤᠨ᠎ᠠ᠃ 2017 ᠤᠨ ᠪᠤᠯᠬᠤ ᠳᠤ᠂ 3 ᠵᠤᠷᠪᠤᠰ 220 ᠺᠢᠯᠤᠸᠤᠯᠲ ᠤᠨ ᠴᠠᠬᠢᠯᠭᠠᠨ ᠱᠤᠭᠤᠮ | ᠂ 6 ᠵᠤᠷᠪᠤᠰ 110 ᠺᠢᠯᠤᠸᠤᠯᠲ ᠤᠨ ᠴᠠᠬᠢᠯᠭᠠᠨ ᠱᠤᠭᠤᠮ ᠢ ᠰᠢᠨ᠎ᠠ ᠪᠠᠷ ᠪᠠᠶᠢᠭᠤᠯᠤᠨ᠎ᠠ᠃ ᠲᠦᠷᠪᠡ ᠳᠤ᠂ | ᠴᠢᠮᠡᠭᠡ ᠬᠤᠯᠪᠤᠭᠠᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ | ᠴᠠᠬᠢᠯᠭᠠᠨ ᠬᠤᠯᠪᠤᠭ᠎ᠠ᠂ ᠨᠡᠬᠦᠳᠡᠯ ᠬᠤᠯᠪᠤᠭ᠎ᠠ᠂ ᠨᠢᠬᠡᠳᠦᠭᠰᠡᠨ ᠬᠤᠯᠪᠤᠭ᠎ᠠ᠂ ᠷᠡᠳᠢᠤ᠋ ᠲᠧᠯᠸᠢᠰ ᠪᠠ ᠰᠢᠤᠳᠠᠨ ᠵᠠᠷᠬᠡ | ᠲᠤᠤᠷ ᠰᠦᠯᠵᠢᠶᠠᠨ ᠤ ᠪᠠᠶᠢᠭᠤᠯᠤᠯᠳᠠ ᠶᠢ ᠡᠷᠴᠢᠮᠵᠢᠬᠦᠯᠵᠤ᠂ ᠲᠤᠤᠷ ᠰᠦᠯᠵᠢᠶᠠᠨ ᠤ ᠪᠦᠳᠤᠬᠡᠨ ᠪᠠᠶᠢᠭᠤᠯᠤᠯᠳᠠ | ᠶᠢᠨ ᠮᠠᠯᠵᠢᠬᠤ ᠤᠷᠤᠨ ᠲᠡᠰᠢ ᠦᠷᠬᠡᠵᠢᠬᠦ ᠶᠢ ᠲᠦᠷᠬᠡᠳᠬᠡᠨ᠂ ᠲᠤᠤᠷ ᠰᠦᠯᠵᠢᠶᠠᠨ ᠤ ᠲᠤᠭᠳᠠᠴᠠ ᠶᠢ ᠲᠠᠰᠤᠷᠠᠯᠳᠠ | ᠦᠬᠡᠢ ᠰᠠᠶᠢᠵᠢᠷᠠᠭᠤᠯᠤᠨ ᠪᠦᠷᠢᠡᠰᠢᠬᠦᠯᠵᠤ᠂ ᠴᠢᠮᠡᠭᠡ ᠬᠤᠯᠪᠤᠭ᠎ᠠ ᠶᠢ ᠨᠠᠶᠢᠳᠠᠮ ᠳᠤᠨᠢ ᠨᠠᠪᠳᠠᠷᠠᠬᠦᠯᠤᠨᠠ᠃ ᠴᠠᠬᠢᠯᠭᠠᠨ | ᠬᠤᠯᠪᠤᠭ᠎ᠠ᠂ ᠷᠡᠳᠢᠤ᠋ ᠲᠧᠯᠸᠢᠰ ᠪᠠ ᠲᠤᠤᠷ ᠰᠦᠯᠵᠢᠶᠠᠨ ᠤ ᠠᠪᠤᠴᠠᠯᠳᠤᠭᠰᠡᠨ ᠬᠦᠭᠵᠢᠯᠳᠠ ᠶᠢ ᠲᠦᠯᠬᠢᠨ | ᠠᠬᠢᠭᠤᠯᠵᠤ᠂ ᠮᠡᠳᠡᠭᠡ ᠵᠠᠩᠬᠢᠵᠢᠯᠳᠠ ᠶᠢᠨ ᠶᠠᠷᠤᠩᠬᠡᠶᠢᠯᠡᠭᠰᠡᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠡᠯᠧᠺᠲᠷᠤᠨ | ᠠᠷᠠᠯᠵᠢᠶ᠎ᠠ᠂ ᠠᠵᠤ ᠠᠬᠤᠶᠢᠯᠡᠯ ᠤᠨ ᠮᠡᠳᠡᠭᠡ ᠵᠠᠩᠬᠢᠵᠢᠯᠳᠠ ᠶᠢᠨ ᠪᠦᠳᠤᠬᠡᠨ ᠪᠠᠶᠢᠭᠤᠯᠤᠯᠳᠠ ᠶᠢ ᠢᠳᠡᠪᠬᠢᠳᠡᠢ | ᠲᠦᠯᠬᠢᠨ ᠠᠬᠢᠭᠤᠯᠵᠤ᠂ ᠮᠡᠳᠡᠭᠡ ᠵᠠᠩᠬᠢ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠵᠤᠬᠢᠴᠠᠮᠵᠢ ᠶᠢ ᠪᠠᠶᠢᠭᠤᠯᠤᠨ | ᠪᠦᠷᠢᠡᠰᠢᠬᠦᠯᠤᠨ᠎ᠠ᠃ | ︵ ᠲᠦᠷᠪᠡ︶ ᠠᠷᠡᠳ ᠤᠨ ᠠᠮᠢᠳᠤᠷᠡᠯ ᠢ ᠪᠠᠳᠤᠯᠠᠨ ᠰᠠᠶᠢᠵᠢᠷᠠᠭᠤᠯᠬᠤ ᠠᠵᠢᠯ ᠢ ᠡᠷᠴᠢᠮ ᠲᠠᠢ ᠠᠳᠬᠤᠨ᠂ ᠡᠶ᠎ᠡ | ᠵᠤᠬᠢᠴᠠᠯᠳᠤ ᠨᠠᠶᠢᠬᠡᠮ ᠢ ᠢᠳᠡᠪᠬᠢᠳᠡᠢ ᠴᠤᠭᠴᠠᠯᠠᠨ ᠪᠠᠶᠢᠭᠤᠯᠤᠨ᠎ᠠ᠃ ᠨᠢᠬᠡ ᠳᠤ᠂ ᠨᠠᠶᠢᠬᠡᠮ ᠤᠨ ᠠᠵᠢᠯ ᠤᠯᠭᠤᠯᠳᠠ | ᠶᠢᠨ ᠠᠵᠢᠯ ᠢ ᠲᠦᠯᠬᠢᠨ ᠠᠬᠢᠭᠤᠯᠤᠨ᠎ᠠ᠃ ᠠᠵᠢᠯ ᠤᠯᠭᠤᠯᠳᠠ ᠶᠢ ᠢᠳᠡᠪᠬᠢᠯᠡᠨ ᠲᠠᠶᠢᠴᠢᠯᠠᠬᠤ ᠲᠦᠷᠥ ᠶᠢᠨ | ᠪᠤᠳᠤᠯᠭ᠎ᠠ ᠶᠢ ᠬᠡᠷᠡᠭᠵᠢᠬᠦᠯᠵᠤ᠂ ᠬᠦᠳᠠᠯᠮᠤᠷᠢ ᠬᠦᠴᠤᠨ ᠤ ᠬᠡᠷᠡᠭᠴᠡᠭᠡ ᠶᠠᠬᠡᠳᠡᠢ ᠠᠵᠤ ᠦᠢᠯᠡᠰ ᠢ ᠤᠷᠢᠨ | ᠤᠷᠤᠭᠤᠯᠬᠤ ᠪᠠ ᠬᠦᠭᠵᠢᠬᠦᠯᠵᠤ᠂ ᠲᠤᠰᠬᠠᠢ ᠮᠠᠷᠬᠡᠵᠢᠯ ᠤᠨ ᠪᠤᠯᠪᠠᠰᠤᠷᠡᠯ ᠪᠠ ᠠᠵᠢᠯ ᠤᠨ ᠪᠠᠶᠢᠷᠢ ᠰᠤᠩᠭᠤᠬᠤ | ᠤᠬᠠᠭᠤᠯᠭ᠎ᠠ ᠬᠦᠮᠤᠵᠢᠯ ᠤᠨ ᠠᠵᠢᠯ ᠢ ᠴᠢᠩᠭᠠᠳᠬᠠᠵᠤ᠂ ᠬᠦᠮᠤᠰ ᠤᠨ ᠠᠵᠢᠯ ᠤᠯᠵᠤ ᠦᠢᠯᠡᠰ ᠡᠷᠬᠢᠯᠡᠬᠦ ᠴᠢᠳᠠᠪᠤᠷᠢ | ᠶᠢ ᠨᠢ ᠲᠡᠬᠡᠭᠰᠢᠯᠡᠬᠦᠯᠤᠨ᠂ ᠠᠵᠢᠯ ᠤᠯᠭᠤᠯᠳᠠ ᠶᠢᠨ ᠲᠤᠭᠳᠠᠪᠤᠷᠢᠳᠤ ᠴᠢᠨᠡᠷ ᠢ ᠨᠡᠮᠡᠭᠳᠡᠬᠦᠯᠤᠨ᠎ᠠ᠃ ᠰᠤᠷᠭᠠᠭᠤᠯᠢ | ᠲᠡᠬᠦᠰᠦᠭᠰᠡᠨ ᠤᠶᠤᠳᠡᠳ᠂ ᠬᠤᠳᠠ ᠤᠷᠤᠭᠰᠡᠨ ᠮᠠᠯᠴᠢᠳ᠂ ᠬᠤᠳᠠ ᠪᠠᠯᠭᠠᠰᠤᠨ ᠤ ᠠᠵᠢᠯ ᠠᠯᠳᠠᠭᠰᠡᠳ ᠤᠨ | ᠠᠵᠢᠯ ᠦᠢᠯᠡᠰ ᠡᠷᠬᠢᠯᠡᠬᠦ ᠶᠢ ᠶᠡᠭᠡ ᠬᠦᠴᠤᠨ ᠢᠶᠠᠷ ᠲᠡᠳᠬᠦᠨ ᠲᠠᠮᠵᠢᠨ᠎ᠠ᠃ ᠬᠦᠳᠡᠯᠮᠤᠷᠢ ᠶᠢᠨ ᠬᠠᠤᠯᠢ ᠶᠢ | ᠬᠡᠷᠡᠭᠵᠢᠬᠦᠯᠬᠦ ᠪᠠᠶᠢᠴᠠᠭᠠᠯᠳᠠ ᠶᠢ ᠴᠢᠩᠭᠠᠳᠬᠠᠨ᠂ ᠬᠦᠳᠡᠯᠮᠤᠷᠢ ᠶᠢᠨ ᠮᠠᠷᠭᠤᠭᠠᠨ ᠢ ᠰᠢᠢᠳᠪᠤᠷᠢᠯᠡᠬᠦ ᠵᠤᠬᠢᠴᠠᠮᠵᠢ ᠶᠢ | ᠪᠦᠷᠢᠡᠰᠢᠬᠦᠯᠵᠤ᠂ ᠬᠦᠳᠡᠯᠮᠤᠷᠢᠴᠢᠳ ᠤᠨ ᠡᠷᠬᠡ ᠠᠰᠢᠭ ᠢ ᠪᠠᠳᠤᠯᠠᠨ᠎ᠠ᠃ ᠬᠤᠶᠡᠷ ᠲᠤ᠂ ᠨᠠᠶᠢᠬᠡᠮ ᠤᠨ ᠪᠠᠳᠤᠯᠠᠭ᠎ᠠ | ᠶᠢᠨ ᠵᠤᠬᠢᠴᠠᠮᠵᠢ ᠶᠢ ᠪᠦᠷᠢᠡᠰᠢᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠨᠠᠶᠢᠬᠡᠮ ᠤᠨ ᠪᠠᠳᠤᠯᠠᠭ᠎ᠠ | ᠶᠢᠨ ᠵᠤᠬᠢᠴᠠᠮᠵᠢ ᠶᠢᠨ ᠪᠠᠶᠢᠭᠤᠯᠤᠯᠳᠠ ᠶᠢ ᠲᠦᠷᠬᠡᠳᠬᠡᠨ᠂ ᠨᠠᠶᠢᠬᠡᠮ ᠤᠨ ᠪᠠᠳᠤᠯᠠᠭ᠎ᠠ ᠶᠢᠨ ᠬᠠᠮᠤᠷᠬᠤ ᠬᠦᠷᠢᠶ᠎ᠠ | ᠬᠡᠪᠴᠢᠶ᠎ᠠ ᠶᠢ ᠦᠷᠬᠡᠳᠬᠡᠨ᠂ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠲᠦᠷᠢᠮ ᠢ ᠪᠦᠷᠢᠡᠰᠢᠬᠦᠯᠤᠨ᠂ ᠬᠦᠡᠳᠤ ᠡᠪᠡᠳᠴᠢᠳᠠᠨ ᠢ ᠠᠪᠤᠷᠡᠨ ᠲᠤᠰᠠᠯᠠᠬᠤ ᠲᠦᠷᠢᠮ ᠢ ᠪᠦᠷᠢᠡᠰᠢᠬᠦᠯᠵᠤ᠂ ᠡᠮ | ᠡᠮᠨᠡᠯᠬᠡ ᠶᠢᠨ ᠠᠪᠤᠷᠡᠨ ᠲᠤᠰᠠᠯᠠᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠨᠠᠰᠣᠳᠠᠶᠢᠴᠣᠳ᠂ | ᠵᠠᠮᠳᠡᠭᠴᠤᠳ ᠪᠠ ᠦᠨᠤᠴᠢᠨ ᠵᠡᠮᠳᠡᠭ ᠬᠡᠤᠬᠡᠳ ᠵᠠᠷᠬᠡ ᠨᠠᠶᠢᠬᠡᠮ ᠤᠨ ᠶᠠᠳᠠᠷ ᠲᠤᠷᠤᠢ ᠬᠦᠮᠤᠰ ᠤᠨ ᠡᠷᠬᠡ ᠠᠰᠢᠭ ᠢ | ᠬᠠᠤᠯᠢ ᠪᠠᠷ ᠬᠠᠮᠠᠭᠠᠯᠠᠵᠤ᠂ ᠬᠦᠮᠤᠨ ᠠᠮᠨ ᠶᠢᠨ ᠨᠠᠰᠤᠵᠢᠯᠳᠠ ᠶᠢᠨ ᠠᠰᠠᠭᠤᠳᠠᠯ ᠳᠤ ᠠᠩᠬᠠᠷᠤᠯ ᠲᠠᠯᠪᠢᠨ᠎ᠠ᠃ | ᠭᠤᠷᠪᠡ ᠳᠤ᠂ ᠰᠠᠭᠤᠷᠢᠰᠢᠭᠤᠯᠬᠤ ᠢᠡᠵᠧᠨᠧᠷᠢᠩ ᠤᠨ ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠬᠢᠮᠳᠠ ᠪᠠᠷ ᠲᠦᠷᠢᠶᠠᠰᠤᠯᠡᠬᠦ ᠤᠷᠤᠨ ᠰᠠᠭᠤᠴᠠ ᠶᠢᠨ ᠪᠦᠷᠬᠦᠴᠠ ᠶᠢᠨ ᠬᠡᠮᠵᠢᠶ᠎ᠠ ᠶᠢ ᠦᠷᠬᠡᠳᠬᠡᠨ᠂ ᠬᠢᠮᠳᠠ | ᠲᠤᠬᠢᠯᠢᠭ ᠤᠷᠤᠨ ᠰᠠᠭᠤᠴᠠ ᠶᠢᠨ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠪᠦᠷᠢᠡᠰᠢᠬᠦᠯᠵᠤ᠂ ᠤᠯᠠᠨ | ᠨᠠᠶᠢᠳᠠ ᠶᠢᠨ ᠲᠦᠷᠢᠶᠠᠰᠤᠨ ᠬᠡᠷ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠬᠦᠭᠵᠢᠬᠦᠯᠵᠤ᠂ ᠠᠶᠤᠯᠳᠤ ᠬᠡᠷ | ᠪᠠᠶᠢᠰᠢᠩ᠂ ᠬᠠᠭᠤᠴᠢᠨ ᠬᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠳᠬᠠᠨ᠎ᠠ᠃ ᠲᠦᠷᠪᠡ ᠳᠤ᠂ | ᠰᠤᠷᠭᠠᠨ ᠬᠦᠮᠤᠵᠢᠯ ᠢ ᠡᠩ ᠲᠠᠷᠢᠬᠦᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ ᠰᠤᠷᠭᠠᠭᠤᠯᠢ | ᠡᠷᠬᠢᠯᠡᠬᠦ ᠬᠢᠷᠢ ᠲᠦᠪᠰᠢᠨ ᠢᠶᠠᠨ ᠲᠠᠰᠤᠷᠠᠯᠳᠠ ᠦᠬᠡᠢ ᠪᠠᠬᠢᠵᠢᠬᠦᠯᠤᠨ ᠰᠠᠶᠢᠵᠢᠷᠠᠭᠤᠯᠤᠨ᠎ᠠ᠃ ᠰᠤᠷᠭᠠᠨ ᠬᠦᠮᠤᠵᠢᠯ | ᠤᠨ ᠨᠠᠶᠢᠳᠠ ᠶᠢᠨ ᠠᠰᠢᠭᠳᠤ ᠴᠢᠨᠠᠷ ᠢ ᠪᠠᠷᠢᠮᠳᠠᠯᠠᠵᠤ᠂ ᠰᠤᠷᠭᠠᠨ ᠬᠦᠮᠤᠵᠢᠯ ᠤᠨ ᠵᠠᠷᠤᠳᠠᠯ ᠮᠦᠩᠬᠦᠨ ᠤ ᠪᠠᠳᠤᠯᠠᠭ᠎ᠠ | ᠶᠢᠨ ᠵᠤᠬᠢᠴᠠᠮᠵᠢ ᠶᠢ ᠲᠠᠰᠤᠷᠠᠯᠳᠠ ᠦᠬᠡᠢ ᠪᠦᠷᠢᠡᠰᠢᠬᠦᠯᠵᠤ᠂ ︽ᠨᠠᠷᠡᠳᠤ ᠪᠠᠭᠰᠢ ᠨᠠᠷᠡᠳᠤ ᠰᠤᠷᠭᠠᠭᠤᠯᠢ︾ ᠶᠢᠨ | ᠢᠡᠵᠧᠨᠧᠷᠢᠩ ᠢ ᠲᠦᠯᠬᠢᠨ ᠠᠬᠢᠭᠤᠯᠵᠤ᠂ ᠰᠢᠯᠢᠳᠡᠭ ᠪᠠᠭᠰᠢ ᠶᠢ ᠬᠦᠮᠤᠵᠢᠬᠦᠯᠬᠦ ᠪᠠ ᠡᠯᠰᠡᠬᠦ ᠠᠯᠬᠤᠴᠠ ᠪᠠᠨ | ᠲᠦᠷᠬᠡᠳᠬᠡᠨ᠂ ᠠᠷᠡᠳ ᠲᠦᠮᠡᠨ ᠤ ᠬᠠᠨᠤᠮᠵᠢᠳᠡᠢ ᠰᠤᠷᠭᠠᠨ ᠬᠦᠮᠤᠵᠢᠯ ᠢ ᠡᠷᠬᠢᠯᠡᠨ᠎ᠡ︔ ᠰᠤᠷᠬᠤ ᠨᠠᠰᠤᠨ ᠠᠴᠠ | ᠡᠮᠤᠨᠡᠬᠢ ᠰᠤᠷᠭᠠᠨ ᠬᠦᠮᠤᠵᠢᠯ ᠢ ᠲᠦᠬᠡᠮᠡᠯᠵᠢᠬᠦᠯᠬᠦ᠂ ᠠᠯᠪᠠᠨ ᠵᠢᠷᠤᠮ ᠤᠨ ᠰᠤᠷᠭᠠᠨ ᠬᠦᠮᠤᠵᠢᠯ ᠢ ᠭᠤᠤᠯᠴᠢ ᠪᠠᠷ | ᠬᠦᠷᠳᠡᠬᠡᠬᠦ᠂ ᠦᠡᠳᠤᠷ ᠲᠤᠮᠳᠠ ᠶᠢᠨ ᠰᠤᠷᠭᠠᠨ ᠬᠦᠮᠤᠵᠢᠯ ᠤᠨ ᠶᠠᠰᠤ ᠴᠢᠨᠠᠷ ᠢ ᠲᠡᠬᠡᠭᠰᠢᠯᠡᠬᠦᠯᠬᠦ᠂ ᠠᠵᠢᠯ ᠮᠡᠷᠬᠡᠵᠢᠯ | ᠤᠨ ᠰᠤᠷᠭᠠᠨ ᠬᠦᠮᠤᠵᠢᠯ ᠤᠨ ᠤᠡᠴᠠᠯᠢᠭ ᠲᠠᠢ ᠡᠷᠬᠢᠯᠡᠬᠦ ᠶᠢ ᠠᠳᠬᠤᠵᠤ ᠰᠤᠷᠭᠠᠨ ᠬᠦᠮᠤᠵᠢᠯ ᠢ ᠵᠤᠬᠢᠴᠠᠩᠭᠤᠢ | ᠬᠦᠭᠵᠢᠬᠦᠯᠤᠨ᠎ᠠ᠃ ᠲᠠᠪᠤ ᠳᠤ᠂ ᠰᠤᠶᠤᠯ ᠤᠨ ᠴᠡᠴᠡᠭᠯᠡᠨ ᠬᠦᠭᠵᠢᠯᠳᠠ ᠶᠢ ᠲᠦᠯᠬᠢᠨ ᠠᠬᠢᠭᠤᠯᠤᠨ᠎ᠠ᠃ ᠰᠤᠶᠤᠯ | ᠰᠤᠷᠭᠠᠨ ᠬᠦᠮᠤᠵᠢᠯ ᠤᠨ ᠨᠠᠶᠢᠬᠡᠮ ᠤᠨ ᠬᠦᠭᠵᠢᠯᠳᠠ ᠳᠤ ᠦᠵᠡᠬᠦᠯᠬᠦ ᠴᠢᠳᠠᠪᠬᠢ ᠬᠦᠴᠤᠨ ᠢ ᠬᠦᠢᠴᠡᠳ | ᠪᠠᠳᠠᠷᠠᠭᠤᠯᠤᠨ᠂ ᠠᠷᠡᠳ ᠲᠦᠮᠡᠨ ᠤ ᠤᠶᠤᠨ ᠤ ᠬᠡᠷᠡᠭᠴᠡᠭᠡ ᠶᠢ ᠲᠠᠰᠤᠷᠠᠯᠳᠠ ᠦᠬᠡᠢ ᠬᠠᠩᠭᠠᠨ᠎ᠠ᠃ ᠨᠠᠶᠢᠳᠠ ᠶᠢᠨ | ᠠᠰᠢᠭᠳᠤ ᠰᠤᠶᠤᠯ ᠤᠨ ᠦᠢᠯᠡᠰ ᠢ ᠬᠦᠭᠵᠢᠬᠦᠯᠬᠦ ᠶᠢ ᠠᠷᠡᠳ ᠲᠦᠮᠡᠨ ᠤ ᠰᠤᠶᠤᠯ ᠤᠨ ᠦᠡᠳᠤᠰᠤᠨ ᠡᠷᠬᠡ ᠠᠰᠢᠭ ᠢ | ᠬᠠᠮᠠᠭᠠᠯᠠᠬᠤ ᠭᠤᠤᠯ ᠠᠷᠭ᠎ᠠ ᠵᠠᠮ ᠪᠤᠯᠭᠠᠨ ᠪᠠᠷᠢᠮᠳᠠᠯᠠᠵᠤ᠂ ᠭᠤᠷᠪᠡᠨ ᠲᠡᠰ ᠤᠨ ᠰᠤᠶᠤᠯ ᠤᠨ ᠰᠠᠭᠤᠷᠢᠨ ᠭᠠᠵᠡᠷ ᠤᠨ | ᠪᠠᠶᠢᠭᠤᠯᠤᠯᠳᠠ ᠶᠢ ᠲᠠᠰᠤᠷᠠᠯᠳᠠ ᠦᠬᠡᠢ ᠲᠦᠷᠬᠡᠳᠬᠡᠨ᠂ ᠠᠷᠡᠳ ᠲᠤ ᠠᠰᠢᠭ ᠬᠦᠷᠳᠡᠬᠡᠬᠦ ᠢᠡᠵᠧᠨᠧᠷᠢᠩ ᠢ | ᠬᠦᠴᠤᠯᠡᠨ ᠬᠡᠷᠡᠭᠵᠢᠬᠦᠯᠵᠤ᠂ 100% ᠶᠢᠨ ᠭᠠᠴᠠᠭᠠᠨ ᠳᠤ ᠰᠤᠶᠤᠯ ᠤᠨ ᠦᠷᠤᠬᠡ ᠪᠠᠶᠢᠭᠤᠯᠤᠨ᠂ 80% ᠶᠢ ᠨᠢ | ᠪᠠᠷᠢᠮᠵᠢᠶᠠᠨ ᠳᠤ ᠬᠦᠷᠬᠡᠬᠦ ᠪᠠᠷ ᠴᠢᠷᠮᠠᠶᠢᠨ᠎ᠠ︔ ᠪᠡᠯᠬᠦᠳᠡᠢ ᠤᠭᠰᠠᠭᠠᠨ ᠰᠤᠶᠤᠯ ᠤᠨ ᠠᠭᠤᠯᠬᠤᠨ ᠢ ᠪᠠᠳᠠᠷᠠᠭᠤᠯᠤᠨ | ᠬᠦᠭᠵᠢᠬᠦᠯᠵᠤ᠂ ᠪᠡᠯᠬᠦᠳᠡᠢ ᠤᠭᠰᠠᠭᠠᠨ ᠰᠤᠶᠤᠯ ᠢ ᠤᠯᠠᠮᠵᠢᠯᠡᠨ ᠵᠠᠯᠭᠠᠮᠵᠢᠯᠠᠬᠤ ᠰᠠᠭᠤᠷᠢᠨ ᠭᠠᠵᠡᠷ ᠢ ᠪᠠᠶᠢᠭᠤᠯᠤᠨ᠂ | ᠪᠡᠯᠬᠦᠳᠡᠢ ᠤᠭᠰᠠᠭᠠᠨ ᠰᠤᠶᠤᠯ ᠢᠶᠠᠷ ᠰᠠᠭᠤᠷᠢᠯᠠᠭᠰᠡᠨ ᠲᠤᠮᠤ ᠬᠡᠯᠪᠡᠷᠢ ᠶᠢᠨ ᠦᠡᠳᠤᠰᠤᠳᠠᠨ ᠤ ᠲᠠᠭᠤᠯᠠᠯᠳᠤ | ᠵᠦᠴᠤᠬᠡ ᠶᠢ ᠵᠤᠬᠢᠶᠠᠨ ᠨᠠᠶᠢᠷᠠᠭᠤᠯᠬᠤ᠂ ᠨᠦᠯᠤᠬᠡ ᠲᠤᠰᠬᠠᠯ ᠢᠶᠠᠷ ᠦᠷᠬᠡᠨ ᠲᠡᠤᠬᠡᠳᠤ ᠺᠢᠨᠣ᠋ ᠶᠢ ᠰᠡᠬᠦᠳᠡᠷᠯᠡᠨ | ᠦᠢᠯᠡᠳᠬᠦ᠂ ᠠᠭᠤᠯᠭ᠎ᠠ ᠪᠠᠷ ᠪᠠᠶᠠᠯᠢᠭ ᠨᠤᠮ ᠪᠢᠴᠢᠭ ᠤᠳ ᠢ ᠬᠡᠪᠯᠡᠨ ᠲᠠᠷᠬᠠᠭᠠᠬᠤ᠂ ᠮᠠᠰᠢ ᠦᠷᠬᠡᠨ ᠬᠡᠪᠴᠢᠶᠠᠨ ᠳᠤ | ᠲᠠᠭᠤᠯᠠᠭᠳᠠᠬᠤ ᠠᠶ᠎ᠠ ᠲᠠᠭᠤᠤ ᠶᠢ ᠵᠤᠬᠢᠶᠠᠨ ᠪᠦᠳᠤᠬᠡᠬᠦ ᠵᠡᠷᠬᠡ ᠠᠵᠢᠯ ᠤᠳ ᠢ ᠪᠠᠶᠠᠯᠠᠬᠦᠯᠤᠨ᠂ ︽ᠨᠤᠮᠤ ᠰᠤᠮᠤᠨ ᠤ | ᠦᠯᠤᠬᠡᠢ︾᠂ ︽ᠮᠤᠷᠢᠨ ᠬᠤᠭᠤᠷ ᠤᠨ ᠦᠯᠤᠬᠡᠢ︾ ᠬᠡᠬᠦ ᠨᠠᠷᠠᠶᠢᠳᠤᠯ ᠢ ᠡᠷᠡᠮᠠᠯᠵᠡᠯᠡᠨ ᠪᠦᠳᠤᠬᠡᠬᠦ ᠪᠠᠷ ᠴᠢᠷᠮᠠᠶᠢᠵᠤ᠂ | ᠪᠡᠯᠬᠦᠳᠡᠢ ᠵᠢᠰᠠ ᠶᠢ ᠦᠡᠳᠤᠰᠤᠳᠠᠨ ᠤ ᠤᠡᠴᠠᠯᠢᠭᠳᠤ ᠺᠢᠨᠣ᠋ ᠵᠦᠴᠤᠬᠡ ᠶᠢ ᠰᠡᠬᠦᠳᠡᠷᠯᠡᠨ ᠦᠢᠯᠡᠳᠬᠦ ᠰᠠᠭᠤᠷᠢᠨ | ᠭᠠᠵᠡᠷ ᠪᠤᠯᠭᠠᠵᠤ᠂ ᠦᠡᠳᠤᠰᠤᠳᠠᠨ ᠤ ᠰᠤᠶᠤᠯ ᠤᠨ ᠲᠤᠮᠤ ᠪᠦᠬᠡᠳ ᠬᠦᠴᠤᠷᠬᠡᠭ ᠬᠤᠰᠢᠭᠤ ᠪᠤᠯᠭᠠᠨ ᠴᠤᠭᠴᠠᠯᠠᠬᠤ | ᠪᠠᠷ ᠴᠢᠷᠮᠠᠶᠢᠨ᠎ᠠ᠃ ᠷᠠᠳᠢᠤ᠋ ᠲᠧᠯᠸᠢᠰ ᠤᠨ ᠠᠵᠢᠯ ᠢ ᠬᠦᠴᠤᠯᠡᠨ ᠬᠦᠭᠵᠢᠬᠦᠯᠵᠤ᠂ ᠦᠡᠳᠤᠰᠤᠨ ᠱᠠᠳᠤᠨ ᠤ ᠤᠯᠠᠨ | ᠲᠦᠮᠡᠨ ᠤ ᠰᠤᠶᠤᠯ ᠤᠨ ᠠᠮᠢᠳᠤᠷᠡᠯ ᠤᠨ ᠱᠠᠭᠠᠷᠳᠠᠯᠭ᠎ᠠ ᠶᠢ ᠴᠢᠳᠠᠬᠤ ᠶᠢᠨ ᠬᠢᠷᠢ ᠪᠠᠷ ᠬᠠᠩᠭᠠᠨ᠂ ᠪᠦᠬᠦ ᠠᠷᠡᠳ ᠢᠶᠠᠷ | ᠢᠶᠠᠨ ᠪᠠᠶ᠎ᠠ ᠴᠢᠬᠢᠷᠠᠭᠵᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ᠂ ᠤᠯᠠᠨ ᠵᠥᠢᠯ ᠤᠨ ᠲᠠᠮᠢᠷ ᠤᠨ | ᠬᠦᠳᠡᠯᠬᠡᠬᠡᠨ ᠢ ᠦᠷᠨᠢᠬᠦᠯᠤᠨ᠂ ᠪᠤᠯᠪᠠᠰᠤᠨ ᠰᠠᠶᠢᠬᠠᠨ ᠡᠷᠡᠬᠦᠯ ᠠᠮᠢᠳᠤᠷᠡᠯ ᠢ ᠰᠤᠷᠳᠠᠯᠴᠢᠯᠠᠨ᠎ᠠ᠃ ᠵᠢᠷᠭᠤᠭ᠎ᠠ ᠳᠤ᠂ | ᠡᠮ ᠡᠮᠨᠡᠯᠬᠡ ᠡᠷᠡᠬᠦᠯ ᠬᠠᠮᠠᠭᠠᠯᠠᠯ ᠤᠨ ᠵᠤᠬᠢᠴᠠᠮᠵᠢ ᠶᠢᠨ ᠦᠬᠡᠷᠡᠴᠢᠯᠡᠯᠳᠡ ᠶᠢᠨ ᠠᠯᠬᠤᠴᠠ ᠶᠢ ᠲᠦᠷᠬᠡᠳᠬᠡᠨ᠎ᠠ᠃ | ᠦᠡᠳᠤᠰᠤᠨ ᠡᠮᠴᠢᠯᠡᠬᠡᠨ ᠤ ᠪᠠᠳᠤᠯᠠᠭ᠎ᠠ ᠶᠢᠨ ᠲᠦᠷᠢᠮ ᠢ ᠪᠦᠷᠢᠡᠰᠢᠬᠦᠯᠵᠤ᠂ ᠮᠠᠯᠵᠢᠬᠤ ᠤᠷᠤᠨ ᠤ ᠰᠢᠨ᠎ᠠ ᠬᠡᠯᠪᠡᠷᠢ | ᠶᠢᠨ ᠬᠤᠷᠰᠢᠭᠰᠡᠨ ᠡᠮᠨᠡᠯᠬᠡ ᠳᠤ ᠤᠷᠤᠯᠴᠠᠭᠰᠡᠨ ᠨᠤᠷᠮ᠎ᠠ ᠶᠢ 97% ᠠᠴᠠ ᠲᠡᠬᠡᠭᠰᠢ ᠪᠠᠶᠢᠯᠭᠠᠬᠤ ᠶᠢᠨ ᠬᠠᠮᠳᠤ | ᠲᠠᠩᠰᠠ ᠴᠠᠶᠢᠷᠠᠭᠤᠯᠬᠤ ᠬᠠᠷᠢᠴᠠᠯ ᠢ ᠨᠢ ᠠᠯᠭᠤᠷ ᠢᠶᠠᠷ ᠲᠡᠬᠡᠭᠰᠢᠯᠡᠬᠦᠯᠤᠨ᠎ᠠ᠃ ᠤᠯᠤᠰ ᠤᠨ ᠦᠡᠳᠤᠰᠤᠨ ᠡᠮ ᠤᠨ | ᠵᠥᠢᠯᠡᠰ ᠤᠨ ᠲᠦᠷᠢᠮ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠬᠤᠰᠢᠭᠤ ᠬᠠᠷᠢᠶ᠎ᠠ ᠡᠮᠴᠢᠯᠡᠬᠡᠨ ᠤ | ᠪᠠᠶᠢᠭᠤᠯᠤᠮᠵᠢ ᠳᠤ ᠡᠮ ᠤᠨ ᠵᠥᠢᠯᠡᠰ ᠢ ᠤᠤᠯ ᠦᠨ᠎ᠠ ᠪᠠᠷ ᠨᠢ ᠬᠤᠳᠠᠯᠳᠤᠬᠤ ᠶᠢ ᠠᠯᠬᠤᠮ ᠲᠠᠷᠠᠭᠠᠯᠠᠨ | ᠬᠡᠷᠡᠭᠵᠢᠬᠦᠯᠵᠤ᠂ ᠤᠯᠠᠨ ᠲᠦᠮᠡᠨ ᠤ ᠡᠮ ᠬᠡᠷᠡᠭᠯᠡᠬᠦ ᠳᠤ ᠲᠦᠪᠡᠭᠳᠡᠬᠦ ᠦᠬᠡᠢ ᠮᠦᠷᠳᠡᠬᠡᠨ ᠠᠮᠤᠷ ᠲᠦᠪᠰᠢᠨ ᠡᠮ | ᠬᠡᠷᠡᠭᠯᠡᠬᠦ ᠶᠢ ᠪᠠᠳᠤᠯᠠᠨ᠎ᠠ᠃ ᠭᠤᠷᠪᠡᠨ ᠲᠡᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ | ᠲᠤᠭᠳᠠᠴᠠ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠪᠦᠷᠢᠡᠰᠢᠬᠦᠯᠵᠤ᠂ ᠪᠠᠭ᠎ᠠ ᠡᠪᠡᠳᠴᠢᠨ ᠢ ᠰᠤᠮᠤ ᠪᠠᠯᠭᠠᠰᠤᠨ | ᠠᠴᠠ ᠪᠠᠨ ᠭᠠᠷᠬᠤ ᠦᠬᠡᠢ᠂ ᠬᠦᠡᠳᠤ ᠡᠪᠡᠳᠴᠢᠨ ᠢ ᠬᠤᠰᠢᠭᠤᠨ ᠠᠴᠠ ᠪᠠᠨ ᠬᠤᠯᠠᠳᠠᠬᠤ ᠦᠬᠡᠢ ᠪᠠᠷ ᠡᠮᠨᠡᠨ ᠵᠠᠰᠠᠵᠤ | ᠲᠠᠶᠢᠯᠬᠦ ᠬᠠᠷᠠᠯᠳᠠ ᠶᠢ ᠪᠠᠶ᠋ᠯᠠᠬᠦᠯᠬᠦ ᠪᠠᠷ ᠴᠢᠷᠮᠠᠶᠢᠨ ᠲᠠᠮᠠᠴᠡᠨᠠ᠃ ᠤᠯᠠᠨ ᠨᠠᠶᠢᠳᠠ ᠶᠢᠨ ᠦᠡᠳᠤᠰᠤᠨ ᠡᠷᠡᠬᠦᠯ | ᠬᠠᠮᠠᠭᠠᠯᠠᠯ ᠤᠨ ᠦᠢᠯᠡᠴᠢᠯᠡᠭᠡ ᠶᠢ ᠲᠦᠬᠡᠮᠡᠯᠵᠢᠬᠦᠯᠵᠤ᠂ ᠤᠯᠠᠨ ᠲᠦᠮᠡᠨ ᠤ ᠦᠡᠳᠤᠰᠤᠨ ᠡᠮ ᠡᠮᠨᠡᠯᠬᠡ ᠡᠷᠡᠬᠦᠯ | ᠬᠠᠮᠠᠭᠠᠯᠠᠯ ᠤᠨ ᠪᠠᠳᠤᠯᠠᠭ᠎ᠠ ᠶᠢ ᠡᠷᠬᠡ ᠲᠡᠭᠰᠢ ᠪᠠᠷ ᠬᠦᠷᠳᠡᠬᠦ ᠶᠢ ᠨᠢ ᠴᠢᠷᠮᠠᠶᠢᠨ ᠪᠠᠳᠤᠯᠠᠨ᠎ᠠ᠃ ᠠᠯᠪᠠᠨ ᠠᠴᠠ | ᠡᠷᠬᠢᠯᠡᠭᠰᠡᠨ ᠬᠤᠰᠢᠭᠤ ᠲᠡᠰ ᠤᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ | ᠠᠬᠢᠭᠤᠯᠵᠤ᠂ ᠬᠦᠡᠳᠤ ᠶᠡᠭᠡ ᠬᠢᠵᠢᠭ ᠡᠪᠡᠳᠴᠢᠨ ᠢ ᠰᠠᠷᠬᠡᠶᠢᠯᠡᠨ ᠬᠢᠵᠠᠭᠠᠷᠯᠠᠬᠤ ᠵᠤᠬᠢᠴᠠᠮᠵᠢ ᠶᠢ ᠪᠦᠷᠢᠡᠰᠢᠬᠦᠯᠤᠨ᠂ | ᠬᠡᠨᠡᠳᠳᠡ ᠡᠬᠦᠰᠬᠦ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠤᠴᠢᠷ ᠢ ᠪᠠᠴᠢᠮ ᠠᠷᠭᠠᠴᠠᠭᠠᠬᠤ | ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃ ᠢᠳᠡᠬᠡᠨ ᠪᠠ ᠡᠮ ᠤᠨ ᠵᠥᠢᠯᠡᠰ ᠤᠨ ᠬᠢᠨᠠᠨ ᠬᠠᠮᠢᠶᠠᠷᠤᠯᠳᠠ ᠪᠠᠨ | ᠴᠢᠩᠭᠠᠳᠬᠠᠨ᠂ ᠢᠳᠡᠬᠡᠨ ᠪᠠ ᠡᠮ ᠤᠨ ᠵᠥᠢᠯᠡᠰ ᠤᠨ ᠬᠠᠩᠭᠠᠯᠭ᠎ᠠ ᠬᠡᠷᠡᠭᠴᠡᠬᠡᠨ ᠤ ᠪᠠᠳᠤᠯᠠᠭ᠎ᠠ ᠶᠢᠨ ᠲᠤᠭᠳᠠᠴᠠ ᠶᠢ | ᠪᠠᠶᠢᠭᠤᠯᠤᠨ ᠪᠦᠷᠢᠡᠰᠢᠬᠦᠯᠵᠤ᠂ ᠤᠯᠠᠨ ᠨᠠᠶᠢᠳᠠ ᠶᠢᠨ ᠢᠳᠡᠬᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠢ | ᠪᠠᠳᠤᠯᠠᠨ᠎ᠠ᠃ ᠲᠤᠯᠤᠭ᠎ᠠ ᠳᠤ᠂ ᠬᠦᠮᠤᠨ ᠠᠮᠨ ᠪᠠ ᠲᠦᠯᠤᠪᠯᠡᠬᠡᠳᠤ ᠦᠷᠡᠵᠢᠯ ᠤᠨ ᠠᠵᠢᠯ ᠢ ᠰᠠᠶᠢᠳᠤᠷ ᠠᠳᠬᠤᠨ᠎ᠠ᠃ | ᠮᠡᠷᠬᠡᠵᠢᠯ ᠤᠨ ᠦᠢᠯᠡᠴᠢᠯᠡᠭᠡ ᠶᠢ ᠴᠢᠩᠭᠠᠳᠬᠠᠨ᠂ ᠲᠤᠤᠷ᠎ᠠ ᠦᠰᠤᠯᠳᠠ ᠶᠢᠨ ᠬᠢᠷᠢ ᠲᠦᠪᠰᠢᠨ ᠢ ᠵᠤᠬᠢᠰᠳᠡᠢ | ᠲᠤᠭᠳᠠᠪᠤᠷᠢᠵᠢᠭᠤᠯᠵᠤ᠂ ᠬᠦᠮᠤᠨ ᠠᠮᠨ ᠶᠢᠨ ᠴᠢᠨᠠᠷ ᠴᠢᠡᠰᠠᠭ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ | ᠨᠠᠢᠮᠠ ᠳᠤ᠂ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠵᠢᠯ ᠢ ᠬᠦᠡᠵᠡᠬᠡᠢ ᠲᠦᠯᠬᠢᠨ ᠠᠬᠢᠭᠤᠯᠤᠨ᠎ᠠ᠃ | ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠵᠢᠯ ᠢ ᠰᠤᠷᠭᠠᠨ ᠬᠦᠮᠤᠵᠢᠯ ᠤᠨ ᠲᠠᠪᠳᠠᠨ ᠪᠤᠯᠪᠠᠰᠤᠷᠡᠯ᠂ ᠬᠤᠳᠠ | ᠪᠠᠯᠭᠠᠰᠤᠵᠢᠯᠳᠠ᠂ ᠮᠠᠯ ᠠᠵᠤ ᠠᠬᠤᠢ ᠶᠢᠨ ᠤᠳᠤᠬᠢᠴᠢᠯᠠᠯᠳᠠ ᠲᠠᠢ ᠤᠷᠭᠠᠨᠢᠭ ᠢᠶᠠᠷ ᠤᠶᠠᠯᠳᠤᠭᠤᠯᠤᠨ᠂ ᠶᠠᠳᠠᠭᠤ ᠶᠢ | ᠲᠡᠳᠬᠦᠬᠦ ᠪᠠ ᠨᠠᠶᠢᠬᠡᠮ ᠨᠠᠶᠢᠳᠠ ᠠᠴᠠ ᠬᠠᠪᠰᠤᠷᠤᠨ ᠲᠡᠳᠬᠦᠬᠦ ᠶᠢ ᠶᠡᠭᠡ ᠬᠦᠴᠤᠨ ᠢᠶᠠᠷ ᠠᠬᠢᠭᠤᠯᠵᠤ᠂ ᠬᠤᠰᠢᠭᠤ | ᠰᠢᠭᠤᠳ ᠬᠠᠷᠢᠶ᠎ᠠ ᠪᠠᠶᠢᠭᠤᠯᠭ᠎ᠠ ᠠᠴᠠ ᠬᠦᠴᠢᠷᠳᠡᠯᠳᠡᠢ ᠭᠠᠴᠠᠭ᠎ᠠ ᠶᠢ ᠲᠠᠮᠵᠢᠬᠦ᠂ ᠨᠠᠮ ᠤᠨ ᠬᠡᠰᠢᠬᠦᠨ ᠺᠠᠳ᠋ᠷ ᠠᠴᠠ | ᠶᠠᠳᠠᠭᠤ ᠬᠦᠴᠢᠷᠳᠡᠯᠳᠡᠢ ᠮᠠᠯᠵᠢᠬᠤ ᠡᠷᠤᠬᠡ ᠶᠢ ᠲᠠᠮᠵᠢᠬᠦ ᠠᠵᠢᠯᠯᠠᠭ᠎ᠠ ᠶᠢ ᠬᠦᠡᠵᠡᠬᠡᠢ ᠦᠷᠨᠢᠬᠦᠯᠤᠨ᠂ ᠦᠢᠯᠡᠳᠪᠤᠷᠢᠯᠡᠯ | ᠤᠨ ᠨᠦᠬᠦᠴᠡᠯ ᠢ ᠨᠢ ᠰᠠᠶᠢᠵᠢᠷᠠᠭᠤᠯᠤᠨ᠂ ᠪᠠᠶ᠎ᠠ ᠪᠠᠨ ᠲᠠᠭᠠᠭᠠᠵᠤ ᠡᠵᠡᠩᠨᠡᠬᠦ ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃ | ᠶᠢᠰᠤ ᠳᠤ᠂ ᠨᠡᠶᠢᠬᠡᠮ ᠤᠨ ᠬᠠᠮᠢᠶᠠᠷᠤᠯᠳᠠ ᠶᠢᠨ ᠠᠵᠢᠯ ᠢ ᠰᠢᠨ᠎ᠠ ᠡᠬᠦᠳᠤᠯᠳᠠ ᠲᠠᠢ ᠪᠤᠯᠭᠠᠨ᠎ᠠ᠃ ᠨᠡᠶᠢᠬᠡᠮ ᠤᠨ | ᠬᠠᠮᠢᠶᠠᠷᠤᠯᠳᠠ ᠶᠢ ᠴᠢᠩᠭᠠᠳᠬᠠᠨ᠂ ᠤᠯᠠᠨ ᠲᠦᠮᠡᠨ ᠪᠠ ᠨᠠᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠤᠯ ᠢ | ᠪᠠᠳᠠᠷᠠᠭᠤᠯᠵᠤ᠂ ᠨᠠᠶᠢᠬᠡᠮ ᠲᠤᠭᠤᠷᠢᠭ᠂ ᠭᠠᠴᠠᠭᠠᠨ ᠤ ᠦᠪᠡᠷ ᠢ ᠪᠠᠨ ᠵᠠᠰᠠᠬᠤ ᠪᠤᠯᠤᠨ ᠦᠢᠯᠡᠴᠢᠯᠡᠬᠦ ᠴᠢᠳᠠᠪᠤᠷᠢ ᠶᠢ | ᠨᠢ ᠲᠡᠬᠡᠭᠰᠢᠯᠡᠬᠦᠯᠤᠨ᠂ ᠨᠠᠶᠢᠬᠡᠮ ᠤᠨ ᠬᠠᠮᠢᠶᠠᠷᠤᠯᠳᠠ ᠪᠠ ᠦᠢᠯᠡᠴᠢᠯᠡᠬᠡᠨ ᠤ ᠶᠠᠷᠤᠩᠬᠡᠶᠢᠯᠡᠭᠰᠡᠨ ᠬᠦᠴᠤᠨ ᠢ | ᠪᠦᠷᠢᠯᠳᠤᠬᠦᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠨ᠂ | ᠤᠳᠤᠷᠢᠳᠬᠤ ᠺᠠᠳ᠋ᠷ ᠠᠴᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠬᠤ ᠲᠦᠷᠢᠮ ᠢ ᠪᠠᠷᠢᠮᠳᠠᠯᠠᠨ᠂ ᠠᠷᠡᠳ ᠤᠨ | ᠬᠤᠭᠤᠷᠤᠡᠳᠤᠬᠢ ᠡᠶᠠᠳᠤᠬᠦᠯᠬᠡ᠂ ᠵᠠᠰᠠᠭ ᠵᠠᠬᠢᠷᠭᠠᠨ ᠤ ᠡᠶᠠᠳᠤᠬᠦᠯᠬᠡ᠂ ᠬᠠᠤᠯᠢ ᠴᠠᠭᠠᠵᠠ ᠶᠢᠨ ᠡᠶᠠᠳᠤᠬᠦᠯᠬᠡ ᠶᠢᠨ | ᠬᠤᠯᠪᠤᠭᠠᠯᠠᠨ ᠠᠵᠢᠯᠯᠠᠬᠤ ᠲᠤᠭᠳᠠᠯᠴᠠᠭ᠎ᠠ ᠶᠢ ᠪᠦᠷᠢᠡᠰᠢᠬᠦᠯᠤᠨ᠎ᠠ᠃ ᠲᠤᠮᠤ ᠲᠦᠷᠥᠯ ᠵᠥᠢᠯ ᠤᠨ ᠪᠦᠳᠤᠬᠡᠨ | ᠪᠠᠶᠢᠭᠤᠯᠤᠯᠳᠠ ᠪᠤᠯᠤᠨ ᠲᠦᠷᠥ ᠶᠢᠨ ᠪᠤᠳᠤᠯᠭ᠎ᠠ ᠶᠢ ᠲᠤᠭᠳᠠᠭᠠᠬᠤ ᠳᠤ᠂ ᠨᠠᠶᠢᠬᠡᠮ ᠤᠨ ᠠᠮᠤᠷ ᠲᠤᠭᠳᠠᠭᠤᠨ ᠳᠤ | ᠦᠵᠡᠬᠦᠯᠬᠦ ᠨᠦᠯᠤᠬᠡ ᠶᠢ ᠦᠨᠡᠯᠡᠨ ᠰᠢᠯᠭᠠᠬᠤ ᠵᠤᠬᠢᠴᠠᠮᠵᠢ ᠶᠢ ᠪᠠᠶᠢᠭᠤᠯᠤᠨ᠂ ᠨᠠᠶᠢᠬᠡᠮ ᠤᠨ ᠡᠶ᠎ᠡ ᠵᠤᠬᠢᠴᠠᠯ ᠢ | ᠨᠦᠯᠤᠬᠡᠯᠡᠵᠤ ᠪᠠᠶᠢᠭ᠎ᠠ ᠦᠡᠳᠤᠰᠤᠨ ᠠᠰᠠᠭᠤᠳᠠᠯ ᠢ ᠴᠢᠷᠮᠠᠶᠢᠨ ᠰᠢᠢᠳᠪᠤᠷᠢᠯᠡᠵᠤ᠂ ᠡᠯ᠎ᠠ ᠲᠦᠷᠥᠯ ᠤᠨ ᠲᠤᠭᠳᠠᠭᠤᠨ | ᠪᠤᠰᠤ ᠵᠥᠢᠯᠡᠰ ᠢ ᠦᠡᠳᠤᠰᠤᠨ ᠠᠴᠠ ᠨᠢ ᠰᠢᠢᠳᠪᠤᠷᠢᠯᠡᠬᠦ ᠪᠠᠷ ᠴᠢᠷᠮᠠᠶᠢᠨ᠎ᠠ᠃ ᠨᠠᠶᠢᠬᠡᠮ ᠤᠨ ᠬᠠᠮᠢᠶᠠᠷᠤᠯᠳᠠ ᠶᠢᠨ | ᠠᠵᠢᠯ ᠤᠨ ᠲᠠᠯ᠎ᠠ ᠪᠠᠷ ᠰᠢᠨ᠎ᠠ ᠶᠢ ᠡᠬᠦᠳᠬᠦ ᠶᠢ ᠠᠬᠢᠭᠤᠯᠤᠨ᠂ ᠶᠠᠪᠤᠭᠤᠯ ᠬᠦᠮᠤᠨ ᠠᠮᠨ ᠶᠢᠨ ᠦᠢᠯᠡᠴᠢᠯᠡᠬᠡᠨ ᠤ | ᠬᠠᠮᠢᠶᠠᠷᠤᠯᠳᠠ ᠶᠢ ᠰᠠᠶᠢᠳᠤᠷ ᠠᠳᠬᠤᠨ᠂ ᠤᠡᠴᠠᠭᠠᠢ ᠬᠦᠮᠤᠰ ᠢ ᠬᠠᠪᠰᠤᠷᠤᠨ ᠬᠦᠮᠤᠵᠢᠬᠦᠯᠬᠦ ᠬᠠᠮᠢᠶᠠᠷᠤᠯᠳᠠ ᠪᠠ | ᠦᠢᠯᠡᠴᠢᠯᠡᠬᠡᠨ ᠤ ᠠᠵᠢᠯ ᠢ ᠴᠢᠩᠭᠠᠳᠬᠠᠨ᠎ᠠ᠃ ᠰᠡᠷᠬᠡᠶᠢᠯᠡᠯᠳᠡ ᠪᠠᠨ ᠴᠢᠩᠭᠠᠳᠬᠠᠭᠰᠡᠨ ᠰᠠᠭᠤᠷᠢᠨ ᠲᠡᠬᠡᠷ᠎ᠠ ᠪᠠᠨ | ᠡᠯ᠎ᠠ ᠲᠦᠷᠥᠯ ᠤᠨ ᠬᠠᠤᠯᠢ ᠪᠤᠰᠤ ᠠᠵᠢᠯᠯᠠᠭ᠎ᠠ ᠳᠤ ᠴᠤᠬᠢᠯᠳᠠ ᠦᠭᠴᠤ᠂ ᠠᠷᠡᠳ ᠲᠦᠮᠡᠨ ᠤ ᠠᠮᠢ ᠨᠠᠰᠤ ᠡᠳ᠋ | ᠬᠦᠷᠤᠩᠬᠡ ᠶᠢᠨ ᠠᠮᠤᠷ ᠲᠦᠪᠰᠢᠨ ᠢ ᠦᠨᠡᠡᠬᠦ ᠪᠠᠳᠤᠯᠠᠨ᠎ᠠ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ | ᠲᠦᠬᠡᠮᠡᠯᠵᠢᠬᠦᠯᠤᠯᠳᠠ ᠶᠢᠨ ᠠᠵᠢᠯ ᠢ ᠦᠨᠡᠡᠬᠦ ᠴᠢᠩᠭᠠᠳᠬᠠᠨ᠂ ᠠᠷᠡᠳ ᠢᠷᠬᠡᠳ ᠤᠨ ᠬᠠᠤᠯᠢ ᠰᠤᠷᠬᠤ᠂ ᠬᠠᠤᠯᠢ ᠶᠢ | ᠰᠠᠬᠢᠬᠤ ᠤᠬᠠᠮᠰᠠᠷ ᠢ ᠲᠡᠬᠡᠭᠰᠢᠯᠡᠬᠦᠯᠤᠨ᠂ ᠪᠦᠬᠦ ᠠᠷᠡᠳ ᠲᠤ ᠬᠠᠤᠯᠢ ᠲᠦᠬᠡᠮᠡᠯᠵᠢᠬᠦᠯᠦᠭᠰᠡᠨ ᠨᠤᠷᠮ᠎ᠠ ᠶᠢ 100% | ᠳᠤ ᠬᠦᠷᠬᠡᠨ᠎ᠠ᠃ ᠠᠶᠤᠯᠬᠦᠢ ᠦᠢᠯᠡᠳᠪᠤᠷᠢᠯᠡᠯ ᠤᠨ ᠠᠵᠢᠯ ᠢ ᠰᠠᠶᠢᠳᠤᠷ ᠠᠳᠬᠤᠵᠤ᠂ ᠠᠶᠤᠯᠬᠦᠢ ᠦᠢᠯᠡᠳᠪᠤᠷᠢᠯᠡᠯ | ᠤᠨ ᠪᠠᠶᠢᠩᠭᠤ ᠶᠢᠨ ᠵᠤᠬᠢᠴᠠᠮᠵᠢ ᠶᠢ ᠪᠠᠶᠢᠭᠤᠯᠤᠨ ᠪᠦᠷᠢᠡᠰᠢᠬᠦᠯᠤᠨ᠎ᠠ᠃ ᠪᠠᠶᠢᠭᠠᠯᠢ ᠶᠢᠨ ᠭᠠᠮᠰᠢᠭ᠂ ᠠᠳᠠᠯ᠂ ᠤᠯᠠᠨ | ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠤᠴᠢᠷ᠂ ᠨᠠᠶᠢᠬᠡᠮ ᠤᠨ ᠠᠮᠤᠷ ᠲᠤᠭᠳᠠᠭᠤᠨ ᠤ ᠬᠡᠷᠡᠭ ᠤᠴᠢᠷ ᠢ | ᠤᠷᠢᠳᠴᠢᠯᠡᠨ ᠰᠡᠷᠬᠡᠶᠢᠯᠡᠵᠤ ᠤᠷᠢᠳᠴᠢᠯᠡᠨ ᠰᠠᠷᠠᠮᠵᠢᠯᠡᠬᠦᠯᠬᠦ ᠪᠠ ᠪᠠᠴᠢᠮ ᠠᠷᠭᠠᠴᠠᠭᠠᠬᠤ ᠵᠤᠬᠢᠴᠠᠮᠵᠢ ᠶᠢ | ᠪᠦᠷᠢᠡᠰᠢᠬᠦᠯᠤᠨ᠂ ᠭᠠᠯ ᠲᠦᠢᠮᠡᠷ᠂ ᠦᠶᠠᠷ ᠤᠰᠤ᠂ ᠭᠠᠵᠡᠷ ᠬᠦᠳᠡᠯᠤᠯᠳᠠ ᠵᠡᠷᠬᠡ ᠪᠠᠶᠢᠭᠠᠯᠢ ᠶᠢᠨ ᠭᠠᠮᠰᠢᠭ ᠢ | ᠰᠡᠷᠬᠡᠶᠢᠯᠡᠬᠦ ᠠᠵᠢᠯ ᠪᠠ ᠠᠭᠠᠷ ᠤᠨ ᠰᠡᠷᠬᠡᠶᠢᠯᠡᠯᠳᠡ ᠶᠢᠨ ᠠᠵᠢᠯ ᠢ ᠴᠢᠩᠭᠠᠳᠬᠠᠨ᠂ ᠪᠠᠴᠢᠮ ᠠᠷᠭᠠᠴᠠᠭᠠᠬᠤ | ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠠᠵᠢᠯ ᠢ ᠬᠦᠡᠵᠡᠬᠡᠢ ᠦᠷᠨᠢᠬᠦᠯᠤᠨ᠂ ︽ᠬᠤᠶᠡᠷ ᠢ ᠬᠦᠷᠢᠶᠠᠯᠠᠬᠦ︾ ᠠᠵᠢᠯᠯᠠᠭ᠎ᠠ ᠶᠢ ᠦᠷᠬᠡᠨ ᠢᠶᠠᠷ | ᠦᠷᠨᠢᠬᠦᠯᠵᠤ᠂ ᠡᠷᠤᠬᠡ ᠶᠢᠨ ᠴᠡᠷᠢᠭ ᠤᠨ ᠪᠡᠯᠡᠳᠬᠡᠯ ᠬᠦᠴᠤᠨ ᠤ ᠪᠠᠶᠢᠭᠤᠯᠣᠯᠳᠠ ᠪᠠ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠲᠠᠶᠢᠴᠢᠯᠠᠯᠳᠠ ᠶᠢᠨ ᠵᠤᠬᠢᠴᠠᠮᠵᠢ ᠶᠢᠨ ᠪᠠᠶᠢᠭᠤᠯᠤᠯᠳᠠ ᠶᠢ ᠴᠢᠩᠭᠠᠳᠬᠠᠨ᠂ ᠴᠡᠷᠢᠭ ᠵᠠᠰᠠᠭ᠂ | ᠴᠡᠷᠢᠭ ᠠᠷᠡᠳ ᠤᠨ ᠪᠦᠯᠬᠦᠮᠳᠠᠯ ᠢ ᠣᠯᠠᠮ ᠴᠢᠨᠠᠭᠰᠢᠳᠠ ᠠᠬᠢᠭᠤᠯᠣᠨ᠎ᠠ᠃ | ᠭᠤᠷᠪᠡ᠂ 2013 ᠤᠨ ᠤ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ | ᠦᠨᠤ ᠵᠢᠯ ᠪᠤᠯ ᠰᠢᠨ᠎ᠠ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠡᠬᠢᠯᠡᠯᠳᠡ ᠶᠢᠨ ᠵᠢᠯ ᠶᠤᠮ᠃ | ᠮᠦᠡᠴᠤ ︽ᠠᠷᠪᠠᠨ ᠬᠤᠶᠡᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢ ᠬᠡᠷᠡᠭᠵᠢᠬᠦᠯᠬᠦ ᠴᠢᠬᠤᠯᠨ ᠨᠢᠬᠡ ᠵᠢᠯ | ᠮᠦᠨ᠃ ᠪᠢᠳᠠ ᠰᠢᠡᠵᠢᠯᠡᠬᠦ ᠤᠬᠠᠭᠠᠡᠴᠢ ᠬᠦᠭᠵᠢᠯᠳᠠ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠦᠵᠡᠯ | ᠰᠠᠨᠠᠭ᠎ᠠ ᠪᠠᠨ ᠴᠢᠯᠤᠬᠡᠯᠡᠨ᠂ ᠰᠢᠨ᠎ᠠ ᠶᠢ ᠡᠬᠦᠳᠤᠨ᠂ ᠰᠢᠡᠳᠡᠷᠡᠰᠢ ᠦᠬᠡᠢ ᠵᠤᠷᠢᠭ ᠢᠶᠠᠷ ᠰᠢᠨ᠎ᠠ ᠨᠢᠬᠡᠨ ᠬᠤᠭᠤᠴᠠᠭᠠᠨ | ᠤ ᠵᠠᠰᠠᠭ ᠤᠨ ᠤᠷᠳᠤᠨ ᠤ ᠠᠵᠢᠯ ᠢᠶᠠᠨ ᠢᠯᠭᠤᠮ ᠰᠠᠶᠢᠬᠠᠨ ᠡᠬᠢᠯᠡᠬᠦᠯᠬᠦ ᠪᠠᠷ ᠪᠠᠶᠢᠨ᠎ᠠ᠃ ᠪᠦᠬᠦ ᠬᠤᠰᠢᠭᠤᠨ ᠤ | ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯᠳᠠᠯᠭ᠎ᠠ ᠲᠠᠢ ᠲᠦᠰᠤᠪᠯᠡᠭᠰᠡᠨ ᠬᠠᠷᠠᠯᠳᠠ ᠪᠤᠯ᠄ ᠭᠠᠵᠡᠷ ᠤᠷᠤᠨ | ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 56 ᠳ᠋ᠦᠩᠰᠢᠭᠤᠷ ᠲᠦᠬᠦᠷᠢᠭ ᠲᠤ ᠬᠦᠷᠬᠡᠨ᠂ ᠠᠳᠠᠯᠢ | ᠬᠤᠭᠤᠴᠠᠭᠠᠨ ᠤ ᠬᠢ ᠠᠴᠠ 16.2% ᠪᠠᠷ ᠨᠡᠮᠡᠭᠳᠡᠬᠦᠯᠤᠨ᠎ᠠ᠃ ᠡᠬᠦᠨ ᠳᠤ ᠨᠢᠬᠡᠳᠤᠬᠡᠷ ᠠᠵᠤ ᠦᠢᠯᠡᠰ ᠤᠨ | ᠨᠡᠮᠡᠭᠳᠡᠯ ᠦᠷᠳᠡᠭ ᠢ 6.3 ᠳ᠋ᠦᠩᠰᠢᠭᠤᠷ ᠲᠦᠬᠦᠷᠢᠭ ᠲᠤ ᠬᠦᠷᠬᠡᠨ᠂ 5.0% ᠪᠠᠷ ᠨᠡᠮᠡᠭᠳᠡᠬᠦᠯᠤᠨ᠎ᠠ︔ | ᠬᠤᠶᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 41.1 ᠳ᠋ᠦᠩᠰᠢᠭᠤᠷ ᠲᠦᠬᠦᠷᠢᠭ ᠲᠤ ᠬᠦᠷᠬᠡᠨ᠂ 17. | 4% ᠪᠠᠷ ᠨᠡᠮᠡᠭᠳᠡᠬᠦᠯᠤᠨ᠂ ᠡᠬᠦᠨ ᠳᠤ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 36.3 ᠳ᠋ᠦᠩᠰᠢᠭᠤᠷ | ᠲᠦᠬᠦᠷᠢᠭ ᠲᠤ ᠬᠦᠷᠬᠡᠨ᠂ 19.0% ᠪᠠᠷ ᠨᠡᠮᠡᠭᠳᠡᠬᠦᠯᠤᠨ᠎ᠠ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 8.6 ᠳ᠋ᠦᠩᠰᠢᠭᠤᠷ ᠲᠦᠬᠦᠷᠢᠭ ᠲᠤ ᠬᠦᠷᠬᠡᠨ᠂ 19.4% ᠪᠠᠷ ᠨᠡᠮᠡᠭᠳᠡᠬᠦᠯᠤᠨ᠎ᠠ᠃ ᠲᠤᠭᠳᠠᠮᠠᠯ | ᠬᠦᠷᠤᠩᠬᠡ ᠶᠢᠨ ᠪᠠᠯᠨ ᠤᠷᠤᠭᠤᠯᠤᠯᠳᠠ ᠶᠢ 45 ᠳ᠋ᠦᠩᠰᠢᠭᠤᠷ ᠲᠦᠬᠦᠷᠢᠭ ᠲᠤ ᠬᠦᠷᠬᠡᠨ᠂ 12.5% ᠪᠠᠷ | ᠨᠡᠮᠡᠭᠳᠡᠬᠦᠯᠵᠤ᠂ ᠪᠦᠬᠦ ᠨᠠᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ | ᠶᠢ 8.7 ᠳ᠋ᠦᠩᠰᠢᠭᠤᠷ ᠲᠦᠬᠦᠷᠢᠭ ᠲᠤ ᠬᠦᠷᠬᠡᠨ᠂ 16% ᠪᠠᠷ ᠨᠡᠮᠡᠭᠳᠡᠬᠦᠯᠤᠨ᠎ᠠ᠃ ᠭᠠᠵᠡᠷ ᠤᠷᠤᠨ ᠤ ᠡᠳ᠋ ᠤᠨ | ᠵᠠᠰᠠᠭ ᠤᠨ ᠶᠠᠷᠤᠩᠬᠡᠢ ᠤᠷᠤᠯᠭ᠎ᠠ ᠶᠢ 4.2 ᠳ᠋ᠦᠩᠰᠢᠭᠤᠷ ᠲᠦᠬᠦᠷᠢᠭ ᠲᠤ ᠬᠦᠷᠬᠡᠨ᠂ 35.5% ᠪᠠᠷ | ᠨᠡᠮᠡᠭᠳᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ | ᠶᠢ 23230 ᠲᠦᠬᠦᠷᠢᠭ ᠲᠤ ᠬᠦᠷᠬᠡᠨ᠂ 15.0% ᠪᠠᠷ ᠨᠡᠮᠡᠭᠳᠡᠬᠦᠯᠤᠨ᠂ ᠮᠠᠯᠴᠢᠳ ᠤᠨ ᠲᠤᠮᠳᠠᠴᠢ ᠴᠡᠪᠡᠷ | ᠤᠷᠤᠯᠭ᠎ᠠ ᠶᠢ 16000 ᠲᠦᠬᠦᠷᠢᠭ ᠲᠤ ᠬᠦᠷᠬᠡᠨ᠂ 16.1% ᠪᠠᠷ ᠨᠡᠮᠡᠭᠳᠡᠬᠦᠯᠤᠨ᠎ᠠ᠃ ᠲᠡᠬᠡᠷᠡᠬᠢ ᠬᠠᠷᠠᠯᠳᠠ ᠶᠢ | ᠪᠠᠶᠠᠯᠠᠬᠦᠯᠬᠦ ᠶᠢᠨ ᠲᠦᠯᠤᠬᠡ ᠪᠢᠳᠠ ᠲᠤᠤᠷᠡᠬᠢ ᠵᠢᠷᠭᠤᠭᠠᠨ ᠲᠠᠯ᠎ᠠ ᠶᠢᠨ ᠠᠵᠢᠯ ᠢ ᠰᠠᠶᠢᠳᠤᠷ ᠠᠳᠬᠤᠬᠤ ᠴᠢᠬᠤᠯᠳᠡᠢ | ᠪᠠᠶᠢᠨ᠎ᠠ᠃ | ︵ᠨᠢᠬᠡ︶ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠨ᠂ ᠮᠠᠯᠵᠢᠬᠤ | ᠤᠷᠤᠨ ᠤ ᠠᠵᠤ ᠠᠬᠤᠢ ᠶᠢᠨ ᠬᠦᠭᠵᠢᠯᠳᠠ ᠶᠢ ᠲᠦᠷᠬᠡᠳᠬᠡᠨ᠎ᠠ᠃ ᠨᠢᠬᠡ ᠳᠤ᠂ ᠲᠠᠯ᠎ᠠ ᠨᠤᠳᠤᠭ ᠤᠨ ᠠᠮᠢ ᠠᠬᠤᠢ | ᠶᠢᠨ ᠬᠠᠮᠠᠭᠠᠯᠠᠯᠳᠠ ᠪᠠ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠯ ᠨᠦᠬᠦᠪᠤᠷᠢ ᠶᠢᠨ ᠵᠤᠬᠢᠴᠠᠮᠵᠢ ᠶᠢᠨ ᠲᠦᠷᠥ ᠶᠢᠨ ᠪᠤᠳᠤᠯᠭ᠎ᠠ᠂ ᠪᠡᠬᠡᠵᠢᠩ ᠲᠢᠶᠠᠡᠵᠢᠨ ᠤ | ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠡᠵᠧᠨᠧᠷᠢᠩ ᠪᠠ ᠦᠢᠵᠢᠭᠤᠯᠤᠯᠳᠠ ᠶᠢᠨ ᠨᠦᠬᠦᠪᠤᠷᠢ | ᠶᠢᠨ ᠲᠦᠷᠥᠯ ᠵᠥᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠢᠵᠤ᠂ ᠪᠠᠯᠴᠢᠬᠡᠷᠯᠡᠬᠦᠯᠬᠦ ᠶᠢ ᠨᠢᠬᠡᠨᠳᠡ | ᠵᠤᠭᠰᠤᠭᠠᠭᠰᠡᠨ ᠭᠠᠵᠡᠷ ᠤᠷᠤᠨ ᠳᠤ ᠬᠠᠮᠢᠶᠠᠷᠤᠯᠳᠠ ᠶᠢᠨ ᠲᠤᠭᠳᠠᠭᠠᠯ ᠢ ᠴᠢᠩᠭ᠎ᠠ ᠬᠡᠷᠡᠭᠵᠢᠬᠦᠯᠤᠨ᠂ ᠡᠯ᠎ᠠ ᠵᠥᠢᠯ | ᠤᠨ ᠲᠦᠷᠥ ᠶᠢᠨ ᠪᠤᠳᠤᠯᠭ᠎ᠠ ᠶᠢᠨ ᠦᠨᠡᠡᠬᠦ ᠲᠤᠤᠱᠯᠠᠭᠳᠠᠬᠤ ᠶᠢ ᠪᠠᠳᠤᠯᠠᠨ᠎ᠠ᠃ ᠬᠤᠶᠡᠷ ᠲᠤ᠂ ᠮᠠᠯ ᠠᠵᠤ ᠠᠬᠤᠢ | ᠶᠢᠨ ᠠᠵᠤ ᠦᠢᠯᠡᠰᠵᠢᠭᠰᠡᠨ᠂ ᠲᠤᠰᠬᠠᠶᠢᠵᠢᠭᠰᠡᠨ᠂ ᠬᠡᠪᠴᠢᠶᠠᠵᠢᠭ᠍ᠰᠡᠨ᠂ ᠡᠷᠴᠢᠮᠵᠢᠭᠰᠡᠨ ᠬᠦᠭᠵᠢᠯᠳᠠ ᠶᠢ ᠬᠦᠴᠤᠳᠡᠢ | ᠠᠳᠬᠤᠨ᠎ᠠ᠃ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢ ᠲᠦᠯᠬᠢᠨ ᠠᠬᠢᠭᠤᠯᠬᠤ ᠲᠠᠯ᠎ᠠ ᠪᠠᠷ᠂ ᠰᠢᠯᠢᠳᠡᠭ | ᠡᠬᠦᠯᠳᠡᠷ ᠤᠨ ᠬᠤᠴᠠ ᠪᠤᠶᠢᠵᠢᠭᠤᠯᠬᠤ ᠰᠠᠭᠤᠷᠢᠨ ᠭᠠᠵᠡᠷ 2 ᠢ ᠪᠠᠶᠢᠭᠤᠯᠵᠤ᠂ ᠪᠠᠷᠢᠮᠵᠢᠶᠠᠵᠢᠭᠰᠡᠨ ᠰᠦᠷᠦᠭ 200 | ᠢ ᠪᠠᠶᠢᠭᠤᠯᠤᠨ᠂ 6000 ᠬᠤᠨᠢᠨ ᠳᠤ ᠬᠡᠬᠡᠯᠳᠤᠬᠦᠯᠬᠡ ᠬᠢᠨ᠎ᠠ᠃ ᠤᠬᠤᠷ ᠬᠤᠭᠤᠴᠠᠭᠠᠨ ᠳᠤ ᠬᠠᠰᠢᠶᠠᠯᠠᠨ | ᠪᠤᠷᠳᠤᠬᠤ ᠪᠠ ᠪᠠᠯᠴᠢᠬᠡᠷᠯᠡᠬᠦᠯᠬᠦ ᠶᠢ ᠤᠶᠠᠯᠳᠤᠭᠤᠯᠵᠤ᠂ ᠨᠠᠶᠢᠳᠠ 3 ᠲᠦᠮᠡ ᠭᠠᠷᠤᠢ ᠬᠤᠷᠠᠭ᠎ᠠ ᠶᠢ ᠪᠤᠷᠳᠤᠨ | ᠲᠠᠷᠭᠤᠯᠠᠭᠤᠯᠤᠨ᠎ᠠ᠃ 5% ᠶᠢᠨ ᠬᠤᠨᠢ ᠮᠠᠯᠵᠢᠬᠤ ᠲᠤᠰᠬᠠᠢ ᠡᠷᠤᠬᠡ ᠶᠢᠨ ᠭᠠᠷᠭᠠᠯᠳᠠ ᠶᠢᠨ ᠬᠤᠨᠢᠨ ᠳᠠᠭᠠᠨ | ᠪᠤᠷᠳᠤᠭ᠎ᠠ ᠨᠦᠬᠦᠪᠤᠷᠢᠯᠡᠨ ᠲᠠᠷᠭᠤ ᠶᠢ ᠨᠢ ᠨᠡᠮᠡᠭᠳᠡᠬᠦᠯᠴᠢᠬᠡᠬᠡᠳ ᠵᠠᠷᠤᠴᠠᠭᠤᠯᠬᠤ ᠶᠢ ᠵᠤᠷᠢᠭᠵᠢᠭᠤᠯᠵᠤ᠂ | ᠲᠤᠯᠤᠭᠠᠶᠢᠯᠠᠭᠴᠢ ᠠᠵᠤ ᠠᠬᠤᠶᠢᠯᠡᠯ ᠪᠠ ᠨᠠᠷᠡᠳᠤ ᠲᠡᠮᠳᠡᠭ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠵᠢᠯ ᠤᠨ | ᠲᠤᠳᠤᠷ᠎ᠠ ᠪᠤᠳᠠᠳᠤ ᠬᠦᠴᠤᠨ ᠲᠠᠢ᠂ ᠨᠠᠯᠢᠶᠠᠳ ᠶᠡᠭᠡ ᠬᠡᠪᠴᠢᠶ᠎ᠠ ᠲᠠᠢ ᠤᠯᠠᠭᠠᠨ ᠢᠳᠡᠬᠡᠨ ᠡᠳ᠋ᠰᠢᠬᠦᠯᠬᠦ ᠠᠵᠤ | ᠠᠬᠤᠶᠢᠯᠡᠯ ᠢ ᠤᠷᠢᠨ ᠤᠷᠤᠭᠤᠯᠬᠤ ᠪᠠᠷ ᠴᠢᠷᠮᠠᠶᠢᠨ᠂ ᠭᠠᠵᠡᠷ ᠤᠷᠤᠨ ᠤ ᠪᠠᠶᠢᠭᠠᠯᠢᠯᠢᠭ᠂ ᠪᠤᠬᠢᠷᠳᠤᠯ ᠦᠬᠡᠢ ᠬᠤᠨᠢᠨ | ᠤ ᠮᠢᠬᠠᠨ ᠤ ᠨᠠᠷᠡᠳᠤ ᠲᠡᠮᠳᠡᠭ ᠢ ᠡᠬᠦᠳᠬᠦ ᠠᠵᠢᠯ ᠢ ᠢᠳᠡᠪᠬᠢᠳᠡᠢ ᠦᠷᠨᠢᠬᠦᠯᠤᠨ᠎ᠠ᠃ ᠮᠠᠯ ᠠᠵᠤ ᠠᠬᠤᠢ ᠶᠢᠨ | ᠲᠤᠰᠬᠠᠶᠢᠵᠢᠯᠳᠠ ᠶᠢ ᠲᠦᠯᠬᠢᠨ ᠠᠬᠢᠭᠤᠯᠬᠤ ᠲᠠᠯ᠎ᠠ ᠪᠠᠷ᠂ ᠲᠤᠰᠬᠠᠶᠢᠵᠢᠭᠰᠡᠨ ᠠᠷᠠᠴᠢᠯᠠᠭ᠎ᠠ ᠲᠡᠵᠢᠬᠡᠯᠬᠡ ᠶᠢᠨ | ᠭᠠᠴᠠᠭ᠎ᠠ 7 ᠶᠢ ᠪᠠᠶᠢᠭᠤᠯᠤᠨ᠂ ᠨᠠᠶᠢᠳᠠ 29 ᠪᠤᠯᠭᠠᠨ᠂ ᠲᠤᠰᠬᠠᠶᠢᠵᠢᠭᠰᠡᠨ ᠡᠷᠤᠬᠡ 200 ᠶᠢ ᠪᠠᠶᠢᠭᠤᠯᠤᠨ᠂ | ᠨᠠᠶᠢᠳᠠ 1235 ᠪᠤᠯᠭᠠᠨ᠎ᠠ᠃ ᠮᠠᠯᠴᠢᠳ ᠢ ᠵᠢᠯᠤᠭᠤᠳᠤᠨ ᠮᠠᠯ ᠤᠨ ᠠᠰᠢᠭ ᠰᠢᠮ᠎ᠠ ᠶᠢᠨ ᠪᠤᠳᠠᠰ ᠤᠨ ᠬᠦᠢᠯᠬᠡᠬᠡᠨ ᠤ | ᠵᠦᠬᠡᠬᠡᠪᠤᠷᠢᠯᠡᠯᠳᠡ ᠬᠢᠬᠦ᠂ ᠡᠪᠡᠰᠤ ᠬᠠᠳᠤᠵᠤ ᠪᠤᠭᠤᠬᠤ᠂ ᠣᠬᠢᠶᠠᠯᠳᠠ ᠬᠢᠬᠦ ᠵᠠᠷᠬᠡ ᠮᠠᠯᠵᠢᠬᠤ ᠦᠢᠯᠡᠳᠪᠣᠷᠢᠯᠠᠯ ᠤᠨ | ᠨᠠᠶᠢᠬᠡᠮᠴᠢᠯᠡᠭᠰᠡᠨ ᠦᠢᠯᠡᠴᠢᠯᠡᠬᠡᠨ ᠤ ᠡᠩᠨᠡᠭᠡ ᠶᠢ ᠵᠤᠬᠢᠶᠠᠨ ᠪᠠᠶᠢᠭᠤᠯᠤᠨ᠎ᠠ᠃ ᠨᠤᠳᠤᠭ ᠪᠠᠯᠴᠢᠬᠡᠷ᠂ ᠰᠠᠭᠤᠷᠢ | ᠲᠦᠬᠦᠬᠡᠷᠤᠮᠵᠢ᠂ ᠬᠦᠳᠠᠯᠮᠤᠷᠢ ᠬᠦᠴᠤ ᠶᠢ ᠨᠢᠬᠡᠳᠬᠡᠬᠦ ᠪᠠᠷ ᠲᠠᠮᠵᠢᠨ᠂ ︽ ᠭᠤᠷᠪᠡ ᠶᠢ ᠨᠢᠬᠡᠳᠬᠡᠭᠰᠡᠨ︾ | ᠡᠵᠡᠩᠨᠡᠯᠳᠡ ᠶᠢᠨ ᠡᠷᠤᠬᠡ 100 ᠶᠢ ᠪᠠᠶᠢᠭᠤᠯᠤᠨ᠂ 30 ᠲᠤᠰᠬᠠᠶᠢᠵᠢᠭᠰᠡᠨ ᠬᠤᠷᠰᠢᠶᠠᠵᠢᠯ ᠢ ᠲᠦᠷᠢᠮᠵᠢᠬᠦᠯᠤᠨ᠎ᠠ᠃ | ᠮᠠᠯ ᠠᠵᠤ ᠠᠬᠤᠢ ᠶᠢᠨ ᠬᠡᠪᠴᠢᠶᠠᠵᠢᠯᠳᠠ ᠶᠢ ᠲᠦᠯᠬᠢᠨ ᠠᠬᠢᠭᠤᠯᠬᠤ ᠲᠠᠯ᠎ᠠ ᠪᠠᠷ᠂ 2.2 ᠲᠦᠮᠡᠨ ᠦᠨᠢᠶᠠᠨ ᠳᠤ | ᠢᠴᠡᠬᠡᠯ ᠦᠷ᠎ᠠ ᠶᠢᠨ ᠬᠡᠬᠡᠯᠳᠤᠬᠦᠯᠬᠡ ᠶᠢ ᠪᠠᠶᠠᠯᠠᠬᠦᠯᠵᠤ᠂ 5 ᠲᠦᠮᠡᠨ ᠦᠨᠢᠶᠠᠨ ᠳᠤ ᠰᠢᠮᠧᠨ᠋ᠲ᠋ᠧᠷ ᠪᠤᠬ᠎ᠠ ᠪᠠᠷ | ᠬᠡᠬᠡᠯᠳᠤᠬᠦᠯᠬᠡ ᠬᠢᠵᠤ᠂ ᠬᠤᠶᠢᠳᠤ ᠪᠠᠶ᠎ᠠ ᠶᠢᠨ ᠲᠦᠷᠪᠡᠨ ᠰᠤᠮᠤ ᠨᠢ 4000 ᠲᠤᠯᠤᠭᠠᠢ ᠰᠢᠮᠧᠨ᠋ᠲ᠋ᠧᠷ ᠦᠬᠡᠷ | ᠤᠷᠤᠭᠤᠯᠬᠤ ᠪᠠᠷ ᠭᠤᠤᠯᠯᠠᠵᠤ᠂ ᠰᠢᠮᠧᠨ᠋ᠲ᠋ᠧᠷ ᠦᠬᠡᠷ ᠤᠨ ᠭᠤᠤᠯᠳᠠᠯᠭ᠎ᠠ ᠲᠠᠢ ᠰᠦᠷᠦᠭ 10 ᠢ ᠰᠢᠨ᠎ᠠ ᠪᠠᠷ | ᠪᠠᠶᠢᠭᠤᠯᠤᠨ᠂ ᠨᠠᠶᠢᠳᠠ 42 ᠰᠦᠷᠦᠭ ᠬᠦᠷᠬᠡᠵᠤ᠂ 1 ᠲᠦᠮᠡᠨ ᠮᠢᠬᠠᠨ ᠤ ᠦᠬᠡᠷ ᠪᠤᠷᠳᠤᠨ ᠲᠠᠷᠭᠤᠯᠠᠭᠤᠯᠤᠨ᠎ᠠ᠃ | ᠪᠠᠶᠢᠭᠠᠯᠢᠯᠢᠭ ᠬᠡᠬᠡᠯᠳᠤᠬᠦᠯᠬᠡ ᠶᠢᠨ ᠤᠷᠤᠨ ᠤ ᠪᠤᠬ᠎ᠠ ᠶᠢ ᠪᠦᠬᠦᠨ ᠢ ᠭᠤᠷᠪᠡᠳᠤᠭᠠᠷ ᠦᠶ᠎ᠠ ᠠᠴᠠ ᠲᠡᠬᠡᠭᠰᠢᠬᠢ | ᠰᠢᠮᠧᠨ᠋ᠲ᠋ᠧᠷ ᠪᠤᠬ᠎ᠠ ᠪᠤᠯᠭᠠᠨ᠎ᠠ᠃ ᠤᠳᠤ ᠪᠠᠶᠢᠭ᠎ᠠ 732 ᠲᠦᠮᠡᠨ ᠮᠤ᠋ ᠬᠠᠳᠤᠯᠠᠩ ᠤᠨ ᠲᠠᠯᠠᠪᠠᠢ ᠶᠢᠨ ᠬᠠᠮᠢᠶᠠᠷᠤᠯᠳᠠ | ᠶᠢ ᠦᠷᠬᠦᠯᠵᠢᠯᠡᠨ ᠴᠢᠩᠭᠠᠳᠬᠠᠵᠤ᠂ 2 ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠬᠠᠳᠠᠭᠠᠯᠠᠬᠤ ᠶᠢ | ᠪᠠᠳᠤᠯᠠᠨ᠂ 100 ᠰᠠᠭᠤᠷᠢ ᠡᠪᠡᠰᠤᠨ ᠤ ᠫᠸᠡᠭ ᠪᠠᠶᠢᠭᠤᠯᠤᠨ᠎ᠠ᠃ ᠶᠠᠬᠡᠨ᠋ᠤᠰᠤᠨ ᠤ ᠮᠤᠩᠭᠤᠯ ᠠᠳᠤᠭᠤᠨ ᠤ ᠡᠬᠦᠯᠳᠡᠷ | ᠢ ᠬᠠᠮᠠᠭᠠᠯᠠᠬᠤ ᠲᠠᠯᠠᠪᠤᠷ ᠤᠨ ᠪᠦᠳᠤᠬᠡᠨ ᠪᠠᠶᠢᠭᠤᠯᠤᠯᠳᠠ ᠶᠢ ᠦᠨᠡᠡᠬᠦ ᠰᠠᠶᠢᠳᠤᠷ ᠬᠢᠵᠤ᠂ ᠠᠳᠤᠭᠤᠨ ᠤ ᠦᠢᠯᠡᠰ ᠢ | ᠦᠡᠳᠤᠷ ᠨᠡᠮᠡᠭᠳᠡᠯ ᠦᠷᠳᠡᠭ ᠲᠠᠢ᠂ ᠤᠯᠠᠨ ᠬᠡᠷᠡᠭᠴᠡᠬᠡᠳᠡᠢ ᠶᠠᠷᠤᠩᠬᠡᠶᠢᠯᠡᠨ ᠨᠡᠬᠡᠬᠡᠨ ᠠᠰᠢᠭᠯᠠᠬᠤ ᠶᠢ ᠠᠬᠢᠭᠤᠯᠵᠤ᠂ | ᠵᠢᠯ ᠳᠤ 240 ᠲᠤᠨ ᠴᠡᠭᠡ ᠢᠰᠬᠡᠨᠠ᠃ ᠮᠠᠯ ᠠᠵᠤ ᠠᠬᠤᠢ ᠶᠢᠨ ᠡᠷᠴᠢᠮᠵᠢᠬᠦᠯᠤᠯᠳᠠ ᠶᠢ ᠲᠦᠯᠬᠢᠨ ᠠᠬᠢᠭᠤᠯᠬᠤ | ᠲᠠᠯ᠎ᠠ ᠪᠠᠷ᠂ ᠤᠯᠤᠰ ᠤᠨ ᠲᠠᠷᠢᠶᠠᠯᠠᠩ ᠤᠨ ᠮᠠᠰᠢᠨ ᠲᠦᠬᠦᠬᠡᠷᠤᠮᠵᠢ ᠶᠢ ᠬᠤᠳᠠᠯᠳᠤᠨ ᠤᠷᠤᠭᠤᠯᠬᠤ ᠨᠦᠬᠦᠪᠤᠷᠢ ᠶᠢᠨ | ᠲᠦᠷᠥ ᠶᠢᠨ ᠪᠤᠳᠤᠯᠭ᠎ᠠ ᠲᠠᠢ ᠤᠶᠠᠯᠳᠤᠭᠤᠯᠤᠨ᠂ ᠮᠠᠯ ᠠᠵᠤ ᠠᠬᠤᠢ ᠶᠢᠨ ᠮᠠᠰᠢᠡᠴᠢᠯᠠᠯᠳᠠ ᠶᠢᠨ ᠬᠡᠮᠵᠢᠶ᠎ᠠ ᠶᠢ | ᠲᠡᠬᠡᠭᠰᠢᠯᠡᠬᠦᠯᠤᠨ᠎ᠠ᠃ ᠮᠠᠯ ᠠᠵᠤ ᠠᠬᠤᠢ ᠶᠢᠨ ᠮᠠᠷᠬᠡᠵᠢᠯ ᠤᠨ ᠲᠡᠯᠬᠡᠷᠡᠬᠦᠯᠤᠯᠳᠠ ᠶᠢᠨ ᠵᠤᠬᠢᠴᠠᠮᠵᠢ ᠶᠢᠨ | ᠪᠠᠶᠢᠭᠤᠯᠤᠯᠳᠠ ᠶᠢ ᠴᠢᠩᠭᠠᠳᠬᠠᠨ᠂ ᠵᠢᠯ ᠤᠨ ᠲᠤᠳᠤᠷ᠎ᠠ 4 ᠵᠢᠱᠢᠶ᠎ᠠ ᠦᠵᠡᠬᠦᠯᠬᠦ ᠰᠠᠭᠤᠷᠢᠨ ᠭᠠᠵᠡᠷ᠂ 10 ᠨᠠᠷᠠ | ᠲᠤᠰᠬᠠᠢ ᠮᠠᠷᠬᠡᠵᠢᠯᠳᠠᠨ ᠢᠶᠠᠷ ᠪᠦᠷᠢᠯᠳᠦᠭᠰᠡᠨ ᠵᠢᠯᠤᠭᠤᠳᠬᠤ ᠲᠤᠭᠤᠶᠢᠯᠠᠩ ᠪᠠᠶᠢᠭᠤᠯᠵᠤ᠂ 100 ᠨᠠᠷᠠ ᠮᠡᠷᠬᠡᠵᠢᠯ | ᠤᠨ ᠵᠢᠯᠤᠭᠤᠳᠤᠭᠴᠢ᠂ 1000 ᠰᠢᠡᠵᠢᠯᠡᠭᠡ ᠮᠡᠷᠬᠡᠵᠢᠯ ᠤᠨ ᠵᠢᠱᠢᠶᠠᠴᠢ ᠡᠷᠤᠬᠡ ᠶᠢ ᠬᠦᠮᠤᠵᠢᠬᠦᠯᠤᠨ᠂ ᠲᠤᠬᠠᠢ ᠶᠢᠨ | ᠲᠠᠯᠠᠪᠤᠷ ᠤᠨ ᠪᠤᠯᠪᠠᠰᠤᠷᠡᠯ ᠢ 5 ᠬᠤᠭᠤᠴᠠᠭ᠎ᠠ ᠡᠷᠬᠢᠯᠡᠨ᠂ ᠮᠠᠯᠴᠢᠳ ᠲᠤ 1300 ᠬᠦᠮᠤᠨ ᠤᠳᠠᠭᠠᠨ ᠤ | ᠪᠤᠯᠪᠠᠰᠤᠷᠡᠯ ᠢ ᠬᠦᠷᠳᠡᠬᠡᠵᠤ᠂ ᠨᠢᠬᠡ ᠪᠦᠯᠦᠭ ᠰᠤᠶᠤᠯ ᠮᠡᠷᠬᠡᠵᠢᠯ ᠲᠠᠢ᠂ ᠡᠵᠡᠩᠨᠡᠯᠳᠡ ᠶᠢᠨ ᠴᠢᠳᠠᠪᠤᠷᠢ ᠲᠠᠢ ᠮᠠᠯᠴᠢᠳ | ᠢ ᠮᠠᠯᠴᠢᠨ ᠠᠵᠤ ᠠᠬᠤᠶᠢᠯᠠᠯᠳᠠᠨ ᠪᠤᠯᠭᠠᠨ ᠬᠦᠮᠤᠵᠢᠬᠦᠯᠤᠨ᠎ᠠ᠃ ᠡᠬᠦᠨ ᠤ ᠬᠠᠮᠳᠤ᠂ ᠮᠠᠯ ᠠᠵᠤ ᠠᠬᠤᠢ᠂ | ᠰᠢᠡᠵᠢᠯᠡᠭᠡ ᠮᠡᠷᠬᠡᠵᠢᠯ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ᠂ ᠰᠤᠮᠤ ᠪᠠᠯᠭᠠᠰᠤ ᠪᠠ ᠭᠠᠴᠠᠭᠠᠨ ᠤ ᠦᠡᠳᠤᠰᠤᠨ | ᠱᠠᠳᠤᠨ ᠤ ᠵᠤᠬᠢᠶᠠᠨ ᠪᠠᠶᠢᠭᠤᠯᠤᠯᠳᠠ ᠶᠢᠨ ᠤᠬᠠᠭᠤᠯᠭ᠎ᠠ ᠪᠤᠯᠪᠠᠰᠤᠷᠡᠯ ᠢᠶᠠᠷ ᠲᠠᠮᠵᠢᠨ᠂ ᠮᠠᠯᠴᠢᠳ ᠤᠨ ᠲᠠᠩᠰᠠ | ᠪᠤᠳᠤᠬᠤ ᠤᠬᠠᠮᠰᠠᠷ ᠪᠠ ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃ ᠭᠤᠷᠪᠡ ᠳᠤ᠂ ᠠᠮᠢᠳᠠᠨ ᠤ ᠬᠢᠵᠢᠭ ᠡᠪᠡᠳᠴᠢᠨ ᠢ | ᠰᠠᠷᠬᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠪᠷᠦ᠋ᠼᠧᠯ ᠡᠪᠡᠳᠴᠢᠨ ᠤ ᠡᠬᠦᠰᠤᠯ ᠰᠤᠷᠪᠤᠯᠵᠢ ᠠᠴᠠ ᠨᠢ | ᠤᠰᠠᠳᠬᠠᠬᠤ ᠠᠵᠢᠯ ᠢ ᠦᠷᠬᠦᠯᠵᠢᠯᠡᠨ ᠦᠷᠨᠢᠬᠦᠯᠵᠤ᠂ ᠮᠠᠯ ᠤᠨ ᠪᠷᠦ᠋ᠼᠧᠯ ᠡᠪᠡᠳᠴᠢᠨ ᠤ ᠬᠢᠨᠠᠨ ᠪᠠᠶᠢᠴᠠᠭᠠᠯᠳᠠ | ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠤᠨ᠂ ᠵᠢᠯ ᠤᠨ ᠲᠤᠳᠤᠷ᠎ᠠ ᠬᠦᠮᠤᠨ ᠮᠠᠯ ᠤᠨ ᠬᠠᠯᠳᠠᠪᠤᠷᠢᠯᠠᠭᠳᠠᠬᠤ ᠨᠤᠷᠮ᠎ᠠ | ᠶᠢ 40% ᠪᠠᠷ ᠪᠠᠭᠤᠷᠠᠭᠤᠯᠬᠤ ᠬᠠᠷᠠᠯᠳᠠ ᠶᠢ ᠪᠠᠶᠠᠯᠠᠬᠦᠯᠤᠨ᠎ᠠ᠃ | ︵ᠬᠤᠶᠡᠷ︶ ᠴᠢᠨᠠᠷ ᠴᠢᠡᠰᠠᠭ᠎ᠠ ᠶᠢ ᠲᠡᠬᠡᠭᠰᠢᠯᠡᠬᠦᠯᠵᠤ᠂ ᠦᠷ᠎ᠠ ᠠᠰᠢᠭ ᠢ ᠨᠢ ᠨᠡᠮᠡᠭᠳᠡᠬᠦᠯᠬᠦ ᠪᠠᠷ ᠭᠤᠤᠯᠳᠠᠯᠭ᠎ᠠ | ᠪᠤᠯᠭᠠᠬᠤ ᠶᠢ ᠪᠠᠷᠢᠮᠳᠠᠯᠠᠨ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢ ᠲᠦᠷᠬᠡᠳᠬᠡᠨ ᠠᠬᠢᠭᠤᠯᠤᠨ᠎ᠠ᠃ | ᠨᠢᠬᠡ ᠳᠤ᠂ ᠭᠤᠤᠯᠳᠠᠯᠭ᠎ᠠ ᠲᠠᠢ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢ ᠪᠦᠬᠦ ᠬᠦᠴᠤᠨ ᠢᠶᠠᠷ ᠲᠦᠯᠬᠢᠨ | ᠠᠬᠢᠭᠤᠯᠤᠨ᠎ᠠ᠃ ᠴᠠᠭᠠᠡᠨᠠᠭᠤᠷ ᠤᠨ ᠨᠢᠬᠡᠳᠤᠬᠡᠷ ᠬᠤᠭᠤᠴᠠᠭᠠᠨ ᠤ ᠵᠢᠯ ᠳᠤ 800 ᠲᠦᠮᠡᠨ ᠲᠤᠨ ᠨᠠᠬᠦᠷᠡᠰᠤ | ᠭᠠᠷᠭᠠᠬᠤ ᠲᠦᠷᠥᠯ ᠵᠥᠢᠯ ᠢ ᠲᠦᠷᠬᠡᠳᠬᠡᠨ ᠪᠠᠶᠢᠭᠤᠯᠵᠤ᠂ 3 ᠳ᠋ᠤᠭᠠᠷ ᠰᠠᠷ᠎ᠠ ᠳᠤ ᠠᠵᠢᠯ ᠡᠬᠢᠯᠡᠬᠦᠯᠤᠨ᠂ ᠭᠤᠷᠪᠡᠨ | ᠬᠤᠳᠳᠤᠭ ᠤᠨ ᠬᠤᠯᠪᠤᠭᠠᠰᠤ ᠶᠢ ᠨᠡᠪᠳᠡᠷᠡᠬᠦᠯᠵᠤ᠂ ᠲᠡᠳ᠋ ᠬᠤᠳᠳᠤᠭ ᠤᠨ ᠰᠠᠯᠬᠢ ᠨᠠᠪᠳᠠᠷᠡᠬᠦ ᠰᠢᠰᠲ᠋ᠧᠮ ᠢ | ᠪᠠᠶᠢᠭᠤᠯᠤᠨ᠂ ᠨᠡᠬᠦᠷᠡᠰᠤ ᠭᠠᠷᠭᠠᠬᠤ ᠨᠦᠬᠦᠴᠡᠯ ᠢ ᠪᠦᠷᠢᠳᠤᠬᠦᠯᠤᠨᠠ᠃ ᠳ᠋ᠠ ᠠᠨ 120 ᠲᠦᠮᠡᠨ ᠲᠤᠨ ᠨᠠᠬᠦᠷᠡᠰᠤ | ᠭᠠᠷᠭᠠᠬᠤ ᠲᠦᠷᠥᠯ ᠵᠥᠢᠯ ᠤᠨ ᠠᠭᠤᠷᠬᠠᠢ ᠨᠡᠬᠡᠬᠡᠬᠦ ᠭᠠᠷᠳᠠᠮ ᠢ ᠲᠡᠬᠡᠳᠤ ᠬᠠᠭᠠᠰ ᠵᠢᠯ ᠳᠤ ᠬᠦᠢᠴᠡᠳᠬᠡᠬᠦ ᠪᠠᠷ | ᠴᠢᠷᠮᠠᠶᠢᠨ᠂ ᠰᠠᠯᠬᠢ ᠨᠠᠪᠳᠠᠷᠡᠬᠦᠯᠬᠦ ᠬᠤᠳᠳᠤᠭ᠂ ᠲᠠᠭᠠᠯᠳᠤᠭᠤᠯᠤᠯ ᠲᠤᠨᠤᠭ ᠲᠦᠬᠦᠬᠡᠷᠤᠮᠵᠢ ᠶᠢᠨ ᠪᠦᠳᠤᠬᠡᠨ | ᠪᠠᠶᠢᠭᠤᠯᠤᠯᠳᠠ ᠶᠢ ᠪᠠᠶᠠᠯᠠᠬᠦᠯᠵᠤ᠂ ᠲᠤᠤᠷ᠎ᠠ ᠬᠠᠭᠠᠰ ᠵᠢᠯ ᠳᠤ ᠠᠰᠢᠭᠯᠠᠯᠳᠠ ᠳᠤ ᠤᠷᠤᠭᠤᠯᠤᠨ᠎ᠠ︔ ᠨᠠᠷᠠᠡᠪᠤᠯᠠᠭ | ᠨᠠᠬᠦᠷᠡᠰᠤᠨ ᠠᠭᠤᠷᠬᠠᠢ ᠶᠢᠨ ᠶᠠᠷᠤᠩᠬᠡᠢ ᠲᠦᠯᠤᠪᠵᠢᠬᠦᠯᠬᠡ ᠶᠢ ᠵᠦᠪᠰᠢᠶᠠᠷᠡᠬᠦᠯᠬᠦ ᠪᠠ ᠬᠦᠷᠠᠩ ᠨᠠᠬᠦᠷᠡᠰᠤᠨ ᠤ ᠴᠢᠨᠠᠷ | ᠴᠢᠡᠰᠠᠭ᠎ᠠ ᠶᠢ ᠲᠡᠬᠡᠭᠰᠢᠯᠡᠬᠦᠯᠬᠦ ᠲᠦᠷᠥᠯ ᠵᠥᠢᠯ ᠤᠨ ᠡᠮᠤᠨ᠎ᠠ ᠬᠤᠭᠤᠴᠠᠭᠠᠨ ᠤ ᠠᠵᠢᠯ ᠢ ᠲᠦᠷᠬᠡᠳᠬᠡᠨ ᠠᠬᠢᠭᠤᠯᠤᠨ᠎ᠠ | ︔ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠴᠠᠬᠢᠯᠭᠠᠨ ᠦᠢᠯᠡᠳᠪᠤᠷᠢ ᠶᠢᠨ ᠨᠢᠬᠡᠳᠤᠬᠡᠷ ᠬᠤᠭᠤᠴᠠᠭᠠᠨ ᠤ | ᠢᠡᠵᠧᠨᠧᠷᠢᠩ ᠢ ᠲᠡᠬᠡᠳᠤ ᠬᠠᠭᠠᠰ ᠵᠢᠯ ᠳᠤ ᠠᠵᠢᠯ ᠡᠬᠢᠯᠡᠬᠦᠯᠬᠦ ᠪᠠᠷ ᠴᠢᠷᠮᠠᠶᠢᠨ᠂ ᠵᠢᠯ ᠤᠨ ᠲᠤᠳᠤᠷ᠎ᠠ ᠭᠠᠵᠡᠷ | ᠲᠠᠳᠠᠪᠤᠷᠢᠯᠠᠭᠰᠡᠨ ᠨᠦᠬᠦᠪᠤᠷᠢ ᠶᠢ ᠲᠠᠷᠬᠠᠭᠠᠬᠤ᠂ ᠲᠠᠪᠤ ᠶᠢ ᠨᠠᠪᠳᠠᠷᠠᠬᠦᠯᠵᠤ ᠨᠢᠬᠡ ᠶᠢ ᠲᠡᠭᠰᠢᠯᠡᠬᠦ ᠵᠢᠴᠢ ᠲᠦᠷ ᠴᠠᠭ | ᠤᠨ ᠪᠠᠷᠢᠯᠭ᠎ᠠ ᠪᠠᠷᠢᠬᠤ ᠪᠠ ᠲᠤᠨᠤᠭ ᠲᠦᠬᠦᠬᠡᠷᠤᠮᠵᠢ ᠶᠢ ᠬᠤᠳᠠᠯᠳᠤᠨ ᠠᠪᠬᠤ ᠲᠠᠭᠠᠭᠠᠴᠢᠯᠠᠯᠳᠠ ᠵᠠᠷᠯᠠᠬᠤ ᠠᠵᠢᠯ ᠢ | ᠪᠠᠶᠠᠯᠠᠬᠦᠯᠤᠨ᠎ᠠ᠃ ᠬᠦᠢᠳᠡᠡᠰᠢᠯᠢ ᠶᠢᠨ ᠭᠠᠨᠭ᠌ ᠴᠸᠡᠭ 5 ᠲᠦᠮᠡᠨ ᠺᠢᠯᠤᠸᠡᠲ ᠤᠨ ᠰᠠᠯᠬᠢᠨ ᠴᠠᠬᠢᠯᠭᠠᠨ ᠤ ᠲᠦᠷᠥᠯ | ᠵᠥᠢᠯ ᠢ 5 ᠳ᠋ᠤᠭᠠᠷ ᠰᠠᠷ᠎ᠠ ᠳᠤ ᠠᠵᠢᠯ ᠡᠬᠢᠯᠡᠬᠦᠯᠵᠤ᠂ ᠵᠢᠯ ᠤᠨ ᠲᠤᠳᠤᠷ᠎ᠠ ᠴᠠᠬᠢᠯᠭᠠᠨ ᠲᠤᠤᠷ ᠲᠤ ᠤᠷᠤᠭᠤᠯᠤᠨ | ᠴᠠᠬᠢᠯᠭᠠᠨ ᠭᠠᠷᠭᠠᠵᠤ᠂ ᠬᠦᠢᠳᠡᠡᠰᠢᠯᠢ ᠶᠢᠨ ᠳ᠋ᠠ ᠲᠠᠩ ᠤᠨ ᠵᠢᠷᠭᠤᠳᠤᠭᠠᠷ ᠬᠤᠭᠤᠴᠠᠭᠠᠨ ᠤ 5 ᠲᠦᠮᠡᠨ ᠺᠢᠯᠤᠸᠡᠲ | ᠤᠨ ᠰᠠᠯᠬᠢᠨ ᠴᠠᠬᠢᠯᠭᠠᠨ ᠤ ᠲᠦᠷᠥᠯ ᠵᠥᠢᠯ ᠢ ᠲᠡᠬᠡᠳᠤ ᠬᠠᠭᠠᠰ ᠵᠢᠯ ᠳᠤ ᠬᠢᠨᠠᠨ ᠵᠦᠪᠰᠢᠶᠠᠷᠡᠬᠦᠯᠬᠦ ᠪᠠᠷ ᠴᠢᠷᠮᠠᠶᠢᠨ᠂ | 8 ᠳ᠋ᠤᠭᠠᠷ ᠰᠠᠷ᠎ᠠ ᠳᠤ ᠠᠵᠢᠯ ᠡᠬᠢᠯᠡᠬᠦᠯᠤᠨ᠎ᠠ︔ ᠬᠦᠢᠳᠡᠡᠰᠢᠯᠢ ᠶᠢᠨ ᠵᠦᠡᠭ ᠭᠤᠸᠠᠩ ᠾᠧ ᠬᠤᠶᠠᠳᠤᠭᠠᠷ | ᠬᠤᠭᠤᠴᠠᠭᠠᠨ ᠤ 5 ᠲᠦᠮᠡᠨ ᠺᠢᠯᠤᠸᠡᠲ ᠤᠨ ᠰᠠᠯᠬᠢᠨ ᠴᠠᠬᠢᠯᠭᠠᠨ ᠤ ᠲᠦᠷᠥᠯ ᠵᠥᠢᠯ᠂ ᠪᠠᠯᠬᠦᠳᠡᠢ ᠪᠠᠯᠭᠠᠰᠤᠨ ᠤ | ᠳ᠋ᠠ ᠲᠠᠩ ᠤᠨ ᠨᠢᠬᠡᠳᠤᠬᠡᠷ ᠬᠤᠭᠤᠴᠠᠭᠠᠨ ᠤ 2 ᠲᠦᠮᠡᠨ ᠺᠢᠯᠤᠸᠡᠲ ᠤᠨ ᠰᠠᠯᠬᠢᠨ ᠴᠠᠬᠢᠯᠭᠠᠨ ᠤ ᠲᠦᠷᠥᠯ ᠵᠥᠢᠯ | ᠪᠠ ᠬᠤᠸᠠ ᠳ᠋ᠢᠶᠠᠨ 1.8 ᠲᠦᠮᠡᠨ ᠺᠢᠯᠤᠸᠡᠲ ᠤᠨ ᠰᠠᠯᠬᠢᠨ ᠴᠠᠬᠢᠯᠭᠠᠨ ᠤ ᠲᠦᠷᠥᠯ ᠵᠥᠢᠯ ᠢ ᠦᠨᠤ ᠵᠢᠯ ᠬᠢᠨᠡᠨ | ᠵᠦᠪᠰᠢᠶᠠᠷᠡᠬᠦᠯᠵᠤ ᠠᠵᠢᠯ ᠡᠬᠢᠯᠡᠬᠦᠯᠤᠨ᠎ᠠ︔ ᠨᠢᠬᠡᠳᠤᠬᠡᠷ ᠬᠤᠭᠤᠴᠠᠭᠠᠨ ᠤ ᠵᠢᠯ ᠤᠨ 20 ᠲᠦᠮᠡᠨ ᠪᠤᠰᠤᠭ᠎ᠠ | ᠲᠦᠷᠪᠡᠯᠵᠢᠨ ᠮᠧᠲᠷ ᠤᠨ ᠴᠢᠯᠠᠭᠤᠨ ᠮᠠᠲ᠋ᠧᠷᠢᠶᠠᠯ ᠤᠨ ᠲᠦᠷᠥᠯ ᠵᠥᠢᠯ ᠤᠨ ᠦᠢᠯᠡᠳᠪᠤᠷᠢᠯᠡᠯ ᠤᠨ ᠲᠤᠭᠤᠷᠢᠭ ᠢ | ᠲᠡᠬᠡᠳᠤ ᠬᠠᠭᠠᠰ ᠵᠢᠯ ᠳᠤ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠤ᠂ ᠲᠤᠨᠤᠭ ᠲᠦᠬᠦᠬᠡᠷᠤᠮᠵᠢ ᠢ ᠬᠤᠳᠠᠯᠳᠤᠨ | ᠤᠷᠤᠭᠤᠯᠤᠨ᠎ᠠ᠃ ᠶᠢᠨ ᠳ᠋ᠢ ᠠᠭᠤᠷᠬᠠᠢ ᠶᠢᠨ ᠬᠤᠶᠠᠳᠤᠭᠠᠷ ᠬᠤᠭᠤᠴᠠᠭᠠᠨ ᠤ ᠡᠳᠤᠷ ᠲᠤ 1.5 ᠲᠦᠮᠡᠨ ᠲᠤᠨ ᠵᠠᠰ | ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ ᠶᠢᠨ ᠲᠦᠷᠥᠯ ᠵᠥᠢᠯ ᠢ ᠲᠡᠬᠡᠳᠤ ᠬᠠᠭᠠᠰ ᠵᠢᠯ ᠳᠤ ᠠᠵᠢᠯ | ᠡᠬᠢᠯᠡᠬᠦᠯᠵᠤ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠂ ᠮᠤᠯᠢᠪᠳᠧᠨ ᠲᠠᠮᠤᠷ ᠤᠨ ᠪᠦᠳᠤᠬᠡᠭᠳᠡᠬᠦᠨ ᠢ | ᠪᠤᠯᠪᠠᠰᠤᠷᠠᠭᠤᠯᠬᠤ ᠲᠦᠷᠥᠯ ᠵᠥᠢᠯ ᠢ ᠨᠡᠬᠡᠬᠡᠨ ᠬᠦᠭᠵᠢᠬᠦᠯᠬᠦ ᠠᠵᠤ ᠠᠬᠤᠶᠢᠯᠠᠯᠳᠠᠨ ᠢ ᠨᠠᠶᠢᠳᠠᠪᠤᠷᠢᠵᠢᠭᠤᠯᠤᠨ᠎ᠠ᠃ | ᠬᠤᠶᠡᠷ ᠲᠤ᠂ ᠠᠵᠤ ᠠᠬᠤᠶᠢᠯᠡᠯ ᠤᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠎ᠠ᠃ ᠠᠵᠤ ᠠᠬᠤᠢ ᠶᠢᠨ | ᠤᠷᠴᠢᠯᠳᠠ ᠶᠢᠨ ᠬᠢᠨᠡᠨ ᠡᠵᠡᠮᠳᠡᠬᠦ ᠠᠵᠢᠯ ᠢ ᠰᠠᠶᠢᠳᠤᠷ ᠠᠳᠬᠤᠵᠤ᠂ ᠴᠠᠬᠢᠯᠭᠠᠨ᠂ ᠲᠤᠰᠤ᠂ ᠵᠦᠬᠡᠬᠡᠪᠤᠷᠢ᠂ ᠪᠡᠯᠨ | ᠮᠦᠩᠬᠦ ᠵᠠᠷᠬᠡ ᠦᠢᠯᠡᠳᠪᠤᠷᠢᠯᠡᠯ ᠤᠨ ᠵᠥᠢᠯᠡᠰ ᠤᠨ ᠲᠤᠬᠢᠷᠠᠭᠤᠯᠤᠯᠳᠠ ᠶᠢᠨ ᠠᠵᠢᠯ ᠢ ᠦᠨᠡᠡᠬᠦ ᠰᠠᠶᠢᠳᠤᠷ ᠠᠳᠬᠤᠨ᠂ | ᠠᠵᠤ ᠠᠬᠤᠶᠢᠯᠡᠯ ᠤᠨ ᠦᠢᠯᠡᠳᠪᠤᠷᠢᠯᠡᠯ ᠳᠤ ᠬᠦᠴᠤᠳᠡᠢ ᠪᠠᠳᠤᠯᠠᠭ᠎ᠠ ᠬᠠᠩᠭᠠᠵᠤ᠂ ᠦᠢᠯᠡᠳᠪᠤᠷᠢᠯᠡᠬᠦ ᠬᠡᠮᠵᠢᠶ᠎ᠠ ᠪᠠ | ᠦᠷ᠎ᠠ ᠠᠰᠢᠭ ᠢ ᠪᠠᠷᠢᠮᠵᠢᠶᠠᠨ ᠳᠤ ᠬᠦᠷᠬᠡᠬᠦ ᠶᠢ ᠪᠦᠬᠦ ᠬᠦᠴᠤᠨ ᠢᠶᠠᠷ ᠲᠦᠯᠬᠢᠨ ᠠᠬᠢᠭᠤᠯᠤᠨ᠎ᠠ᠃ 2013 ᠤᠨ | ᠳᠤ 400 ᠲᠦᠮᠡᠨ ᠲᠤᠨ ᠨᠡᠬᠦᠷᠡᠰᠤ ᠭᠠᠷᠭᠠᠵᠤ᠂ ᠨᠡᠬᠦᠷᠡᠰᠤᠨ ᠤ ᠭᠠᠷᠤᠯᠳᠠ ᠶᠢ 15.6% ᠪᠠᠷ ᠨᠡᠮᠡᠭᠳᠡᠬᠦᠯᠤᠨ᠂ | ᠡᠯ᠎ᠠ ᠲᠦᠷᠥᠯ ᠤᠨ ᠲᠠᠮᠦᠷᠯᠢᠭ ᠤᠨ ᠨᠠᠷᠢᠯᠢᠭ ᠨᠤᠡᠳᠠᠭ ᠢ 1.6 ᠲᠦᠮᠡᠨ ᠲᠤᠨ ᠰᠢᠯᠢᠵᠤ ᠪᠤᠯᠪᠠᠰᠤᠷᠠᠭᠤᠯᠤᠠ᠂ | ᠦᠢᠯᠡᠳᠪᠤᠷᠢᠯᠡᠯ ᠤᠨ ᠬᠡᠮᠵᠢᠶ᠎ᠠ ᠶᠢ 50.4% ᠪᠠᠷ ᠨᠡᠮᠡᠭᠳᠡᠬᠦᠯᠵᠤ᠂ 30 ᠲᠦᠮᠡᠨ ᠲᠤᠨ ᠬᠠᠶᠢᠯᠤᠭᠤᠷ ᠵᠤᠩᠰᠢ ᠶᠢᠨ | ᠨᠤᠡᠳᠠᠭ ᠦᠢᠯᠡᠳᠪᠤᠷᠢᠯᠡᠵᠤ᠂ ᠦᠢᠯᠡᠳᠪᠤᠷᠢᠯᠡᠯ ᠤᠨ ᠬᠡᠮᠵᠢᠶ᠎ᠠ ᠶᠢ 117.5% ᠪᠠᠷ ᠨᠡᠮᠡᠭᠳᠡᠬᠦᠯᠤᠨ᠎ᠠ︔ 22 | ᠳ᠋ᠦᠩᠰᠢᠭᠤᠷ ᠺᠢᠯᠤᠸᠡᠲ ᠴᠠᠭ ᠴᠠᠬᠢᠯᠭᠠᠨ ᠭᠠᠷᠭᠠᠨ᠂ ᠭᠠᠷᠭᠠᠯᠳᠠ ᠶᠢ 6.30% ᠪᠠᠷ ᠨᠡᠮᠡᠭᠳᠡᠬᠦᠯᠵᠤ᠂ 2 | ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠠᠩᠭᠠᠨ᠂ ᠬᠠᠩᠭᠠᠯᠭ᠎ᠠ ᠶᠢ 45% ᠪᠠᠷ ᠨᠡᠮᠡᠭᠳᠡᠬᠦᠯᠤᠨ᠎ᠠ︔ 100 | ᠲᠦᠮᠡᠨ ᠲᠤᠨ ᠱᠦᠢᠨᠢ ᠦᠢᠯᠡᠳᠪᠤᠷᠢᠯᠡᠵᠤ᠂ ᠦᠢᠯᠡᠳᠪᠤᠷᠢᠯᠡᠯ ᠤᠨ ᠬᠡᠮᠵᠢᠶ᠎ᠠ ᠶᠢ 150% ᠪᠠᠷ ᠨᠡᠮᠡᠭᠳᠡᠬᠦᠯᠤᠨ᠎ᠠ᠃ | ᠡᠬᠢ ᠪᠠᠶᠠᠯᠢᠭ ᠢ ᠨᠡᠬᠡᠬᠡᠨ ᠠᠰᠢᠭᠯᠠᠬᠤ ᠬᠢᠷᠢ ᠲᠦᠪᠰᠢᠨ ᠢᠶᠠᠨ ᠤᠯᠠᠮ ᠲᠡᠬᠡᠭᠰᠢᠯᠡᠬᠦᠯᠵᠤ᠂ ᠨᠡᠬᠦᠷᠡᠰᠤ᠂ ᠦᠩᠬᠡᠳᠤ | ᠲᠠᠮᠦᠷᠯᠢᠭ ᠵᠠᠷᠬᠡ ᠡᠬᠢ ᠪᠠᠶᠠᠯᠢᠭ ᠢ ᠨᠢᠬᠡᠳᠬᠡᠬᠦ ᠡᠷᠴᠢᠮ ᠢᠶᠠᠨ ᠴᠢᠩᠭᠠᠳᠬᠠᠨ᠂ ᠠᠭᠤᠷᠬᠠᠢ ᠶᠢᠨ ᠡᠬᠢ ᠪᠠᠶᠠᠯᠢᠭ ᠢ | ᠲᠤᠮᠤ ᠠᠵᠤ ᠠᠬᠤᠶᠢᠯᠡᠯ ᠲᠡᠰᠢ ᠲᠦᠪᠯᠡᠷᠡᠬᠦᠯᠤᠨ᠂ ᠠᠵᠤ ᠦᠢᠯᠡᠰ ᠤᠨ ᠲᠦᠪᠯᠡᠷᠡᠭᠰᠡᠨ ᠬᠡᠮᠵᠢᠶ᠎ᠠ ᠪᠠ | ᠤᠳᠤᠬᠢᠴᠢᠯᠠᠭᠰᠡᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠵᠢᠯ ᠤᠨ ᠲᠤᠳᠤᠷ᠎ᠠ 2 | ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠨ᠂ ᠭᠠᠵᠡᠷ ᠰᠢᠡᠵᠢᠯᠡᠬᠡᠨ ᠤ ᠬᠠᠶᠢᠨ ᠰᠢᠡᠵᠢᠯᠡᠯᠳᠡ ᠶᠢᠨ ᠠᠵᠢᠯ ᠤᠨ | ᠠᠬᠢᠴᠠ ᠶᠢ ᠲᠦᠷᠬᠡᠳᠬᠡᠨ᠎ᠠ᠃ | ︵ᠭᠤᠷᠪᠠ︶ ᠵᠢᠭᠤᠯᠴᠢᠯᠠᠯ ᠤᠨ ᠦᠢᠯᠡᠰ ᠢᠶᠠᠷ ᠭᠤᠣᠯᠳᠠᠯᠭ᠎ᠠ ᠪᠣᠯᠭᠠᠬᠤ ᠶᠢ ᠪᠠᠷᠢᠮᠳᠠᠯᠠᠨ᠂ ᠭᠤᠷᠪᠠᠳᠣᠭᠠᠷ ᠠᠵᠣ | ᠦᠢᠯᠡᠰ ᠤᠨ ᠬᠦᠭᠵᠢᠯᠳᠠ ᠶᠢ ᠲᠦᠷᠬᠡᠳᠬᠡᠨ᠎ᠠ᠃ ᠨᠢᠬᠡ ᠳᠤ᠂ ᠵᠢᠭᠤᠯᠴᠢᠯᠡᠯ ᠤᠨ ᠦᠢᠯᠡᠰ ᠤᠨ ᠬᠦᠭᠵᠢᠯᠳᠠ ᠶᠢ | ᠲᠦᠷᠬᠡᠳᠬᠡᠨ᠎ᠠ᠃ ᠪᠦᠬᠦ ᠬᠤᠰᠢᠭᠤᠨ ᠤ ᠵᠢᠭᠤᠯᠴᠢᠯᠡᠯ ᠤᠨ ᠦᠢᠯᠡᠰ ᠤᠨ ᠬᠦᠭᠵᠢᠯᠳᠠ ᠶᠢᠨ ᠶᠠᠷᠤᠩᠬᠡᠢ | ᠲᠦᠯᠤᠪᠵᠢᠬᠦᠯᠬᠡ ᠢ ᠵᠠᠰᠠᠨ ᠪᠦᠷᠢᠡᠰᠢᠬᠦᠯᠵᠤ᠂ ᠠᠷᠠᠯᠵᠢᠶᠠᠴᠢᠨ ᠤᠷᠢᠵᠤ ᠪᠡᠯᠨ ᠤᠷᠤᠭᠤᠯᠬᠤ ᠪᠠᠷ ᠲᠠᠮᠵᠢᠨ᠂ | ᠤᠯᠢᠶᠠᠰᠤᠳᠡᠢ᠂ ᠪᠡᠯᠬᠦᠳᠡᠢ ᠵᠢᠰᠠ᠂ ᠴᠢᠩᠬᠢᠰ ᠪᠤᠭᠳᠠᠠᠭᠤᠯᠠ ᠵᠡᠷᠬᠡ ᠦᠵᠡᠮᠵᠢ ᠶᠢᠨ ᠴᠡᠭ ᠤᠨ ᠪᠠᠶᠢᠭᠤᠯᠤᠯᠳᠠ ᠶᠢᠨ | ᠪᠡᠯᠨ ᠤᠷᠤᠭᠤᠯᠤᠯᠳᠠ ᠪᠠᠨ ᠨᠡᠮᠡᠭᠳᠡᠬᠦᠯᠵᠤ᠂ ︽ᠢᠳᠡᠬᠡᠨ ᠤᠮᠳᠠᠭᠠᠨ᠂ ᠬᠤᠨᠤᠭ ᠰᠠᠭᠤᠴᠠ᠂ ᠵᠠᠮ ᠠᠶᠠᠯᠠᠯ᠂ | ᠵᠤᠭᠠᠴᠠᠯ ᠰᠠᠯᠠᠬᠦᠴᠡᠯ᠂ ᠬᠤᠳᠠᠯᠳᠤᠭ᠎ᠠ ᠮᠠᠶᠢᠮᠠᠢ᠂ ᠨᠠᠭᠠᠳᠤᠮ ᠴᠡᠩᠬᠡᠬᠦᠨ︾ ᠵᠡᠷᠬᠡ ᠵᠢᠷᠭᠤᠭᠠᠨ ᠲᠠᠯ᠎ᠠ ᠶᠢᠨ | ᠪᠠᠶᠢᠭᠤᠯᠤᠯᠳᠠ ᠶᠢ ᠪᠦᠷᠢᠡᠰᠢᠬᠦᠯᠤᠨ᠂ ᠮᠠᠨ ᠤ ᠬᠤᠰᠢᠭᠤᠨ ᠤ ᠵᠢᠭᠤᠯᠴᠢᠯᠡᠯ ᠤᠨ ᠦᠢᠯᠡᠰ ᠤᠨ ᠡᠵᠡᠩᠨᠡᠯᠳᠡ ᠶᠢᠨ | ᠬᠢᠷᠢ ᠲᠦᠪᠰᠢᠨ ᠢ ᠲᠦᠷᠢᠮᠵᠢᠬᠦᠯᠤᠨ ᠲᠡᠬᠡᠭᠰᠢᠯᠡᠬᠦᠯᠤᠨ᠎ᠠ᠃ ᠤᠳᠤᠨ ᠲᠡᠰ ᠤᠨ ︽ᠬᠦᠳᠡᠭᠡ ᠠᠶᠢᠯ︾ ᠵᠢᠭᠤᠯᠴᠢᠯᠡᠯ | ᠤᠨ ᠴᠡᠭ ᠤᠨ ᠪᠠᠶᠢᠭᠤᠯᠣᠯᠳᠠ ᠪᠠ ᠰᠢᠯᠭᠠᠨ ᠰᠣᠩᠭᠤᠬᠤ ᠠᠵᠢᠯᠯᠠᠭ᠎ᠠ ᠶᠢ ᠡᠬᠢᠯᠡᠬᠦᠯᠵᠣ᠂ ︽ᠬᠦᠳᠡᠭᠡ ᠠᠶᠢᠯ︾ | ᠵᠢᠭᠤᠯᠴᠢᠯᠡᠯ ᠤᠨ ᠴᠡᠭ ᠤᠨ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠦᠨ᠂ ᠵᠢᠯ ᠤᠨ ᠲᠤᠳᠤᠷ᠎ᠠ ︽ | ᠬᠦᠳᠡᠭᠡ ᠠᠶᠢᠯ︾ ᠵᠢᠭᠤᠯᠴᠢᠯᠡᠯ ᠤᠨ ᠴᠡᠭ 5 ᠶᠢ ᠰᠢᠨ᠎ᠠ ᠪᠠᠷ ᠪᠠᠶᠢᠭᠤᠯᠣᠨ᠎ᠠ᠃ ᠬᠤᠶᠠᠷ ᠲᠤ᠂ ᠪᠣᠳᠠᠰ ᠤᠨ | ᠬᠦᠢᠯᠬᠡᠬᠡᠨ ᠤ ᠬᠦᠭᠵᠢᠯᠳᠠ ᠶᠢ ᠰᠠᠶᠢᠳᠣᠷ ᠠᠳᠬᠤᠨ᠎ᠠ᠃ ᠲᠠᠭᠠᠭᠤᠯᠤᠭᠴᠢ ᠦᠢᠯᠡᠳᠤᠯ ᠪᠦᠬᠦᠢ ᠪᠣᠳᠠᠰ ᠤᠨ | ᠬᠦᠢᠯᠬᠡᠬᠡᠨ ᠤ ᠺᠣᠮᠫᠠᠨᠢ ᠶᠢ ᠢᠳᠡᠪᠬᠢᠳᠠᠢ ᠣᠷᠢᠨ ᠤᠷᠤᠭᠤᠯᠵᠤ᠂ ᠪᠣᠳᠠᠰ ᠤᠨ ᠬᠦᠢᠯᠬᠡᠬᠡᠨ ᠤ ᠦᠢᠯᠡᠰ ᠤᠨ ᠲᠠᠰ | ᠲᠦᠪᠰᠢᠨ ᠢ ᠲᠠᠰᠣᠷᠠᠯᠳᠠ ᠦᠬᠡᠢ ᠲᠡᠬᠡᠭᠰᠢᠯᠡᠬᠦᠯᠦᠨ᠂ ᠵᠢᠯ ᠤᠨ ᠲᠤᠳᠤᠷ᠎ᠠ ᠪᠣᠳᠠᠰ ᠤᠨ ᠬᠦᠢᠯᠬᠡᠬᠡᠨ ᠤ ᠲᠣᠭᠤᠷᠢᠭ | ᠤᠨ ᠲᠦᠯᠦᠪᠵᠢᠬᠦᠯᠬᠡ ᠶᠢ ᠲᠠᠭᠤᠰᠬᠠᠬᠤ ᠶᠢᠨ ᠬᠠᠮᠳᠤ ᠪᠦᠳᠣᠬᠡᠨ ᠪᠠᠶᠢᠭᠤᠯᠣᠯᠳᠠ ᠶᠢᠨ ᠠᠵᠢᠯ ᠢ ᠡᠬᠢᠯᠡᠬᠦᠯᠬᠦ ᠪᠠᠷ | ᠴᠢᠷᠮᠠᠶᠢᠨ᠎ᠠ᠃ | ︵ᠲᠦᠷᠪᠡ︶ ᠬᠦᠭᠵᠢᠬᠦᠯᠤᠯᠳᠠ ᠶᠢ ᠪᠠᠳᠤᠯᠠᠬᠤ ᠴᠢᠳᠠᠪᠬᠢ ᠪᠠᠨ ᠲᠡᠬᠡᠭᠰᠢᠯᠡᠬᠦᠯᠬᠦ ᠶᠢ ᠭᠤᠤᠯᠳᠠᠯᠭ᠎ᠠ ᠪᠤᠯᠭᠠᠨ᠂ | ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠬᠦᠴᠤᠯᠡᠨ ᠰᠠᠶᠢᠵᠢᠷᠠᠭᠤᠯᠤᠨ᠎ᠠ᠃ ᠤᠰᠤᠨ | ᠠᠰᠢᠭᠯᠠᠯᠳᠠ᠂ ᠴᠠᠬᠢᠯᠭᠠᠨ ᠲᠤᠤᠷ᠂ ᠵᠠᠮ ᠨᠠᠪᠳᠠᠷᠠᠯᠬᠡ ᠵᠡᠷᠬᠡ ᠰᠠᠭᠤᠷᠢ ᠲᠦᠬᠦᠬᠡᠷᠤᠮᠵᠢ ᠶᠢᠨ ᠪᠦᠳᠤᠬᠡᠨ | ᠪᠠᠶᠢᠭᠤᠯᠤᠯᠳᠠ ᠶᠢ ᠦᠷᠬᠦᠯᠵᠢᠯᠡᠨ ᠲᠠᠷᠢᠬᠦᠨ ᠴᠢᠬᠤᠯᠨ ᠪᠠᠶᠢᠷᠢᠨ ᠳᠤ ᠲᠠᠯᠪᠢᠵᠤ᠂ ᠬᠦᠭᠵᠢᠬᠦᠯᠤᠯᠳᠠ ᠶᠢᠨ ᠰᠠᠭᠤᠷᠢ | ᠪᠠᠨ ᠪᠠᠳᠤᠵᠢᠭᠤᠯᠵᠤ᠂ ᠬᠦᠭᠵᠢᠬᠦᠯᠤᠯᠳᠠ ᠶᠢᠨ ᠴᠢᠳᠠᠪᠬᠢ ᠪᠠᠨ ᠲᠠᠰᠤᠷᠠᠯᠳᠠ ᠦᠬᠡᠢ ᠪᠦᠷᠢᠡᠰᠢᠬᠦᠯᠤᠨ᠂ ᠬᠤᠳᠠ | ᠬᠦᠳᠡᠭᠡ ᠶᠢᠨ ᠲᠦᠷᠢ ᠲᠦᠷᠬᠦ ᠪᠠ ᠤᠯᠠᠨ ᠲᠦᠮᠡᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠢᠷᠮᠠᠶᠢᠨ | ᠰᠠᠶᠢᠵᠢᠷᠠᠭᠤᠯᠤᠨ᠎ᠠ᠃ ᠨᠢᠬᠡ ᠳᠤ᠂ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠬᠢᠷᠢ ᠲᠦᠪᠰᠢᠨ | ᠢ ᠤᠯᠠᠮ ᠴᠢᠨᠠᠭᠰᠢᠳᠠ ᠲᠡᠬᠡᠭᠰᠢᠯᠡᠬᠦᠯᠤᠨ᠎ᠠ᠃ ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ ᠤ | ᠢᠡᠵᠧᠨᠧᠷᠢᠩ ᠢ ᠲᠦᠷᠬᠡᠳᠬᠡᠨ ᠠᠬᠢᠭᠤᠯᠵᠤ᠂ 151 ᠬᠤᠳᠳᠤᠭ ᠰᠢᠨ᠎ᠠ ᠪᠠᠷ ᠮᠠᠯᠳᠠᠵᠤ 2526 ᠬᠦᠮᠤᠨ ᠪᠠ 23 | ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠨ᠎ᠠ᠃ ᠪᠡᠯᠬᠦᠳᠡᠢ ᠪᠠᠯᠭᠠᠰᠤᠨ ᠤ ᠦᠶᠡᠷ ᠢ | ᠰᠡᠷᠬᠡᠶᠢᠯᠡᠬᠦ ᠪᠠᠷᠢᠯᠭ᠎ᠠ ᠶᠢᠨ ᠢᠡᠵᠧᠨᠧᠷᠢᠩ᠂ ᠪᠠᠶᠠᠡᠭᠤᠤᠯ ᠤᠰᠤᠨ ᠴᠦᠬᠦᠷᠤᠮ ᠤᠨ ᠪᠠᠬᠢᠵᠢᠬᠦᠯᠤᠯᠳᠠ ᠪᠠ ᠴᠠᠭᠠᠨ | ᠤᠰᠤᠨ ᠴᠦᠬᠦᠷᠤᠮ ᠤᠨ ᠠᠵᠤ ᠦᠢᠯᠡᠳᠪᠤᠷᠢ ᠶᠢᠨ ᠤᠰᠤ ᠬᠠᠩᠭᠠᠯᠭ᠎ᠠ ᠶᠢᠨ ᠢᠡᠵᠧᠨᠧᠷᠢᠩ ᠢ ᠡᠬᠢᠯᠡᠬᠦᠯᠤᠨ᠂ | ᠪᠠᠶᠠᠡᠳᠤᠭ ᠰᠤᠮᠤᠨ ᠤ ᠦᠶᠡᠷ ᠢ ᠵᠠᠯᠠᠬᠤ ᠰᠤᠪᠠᠭ ᠪᠠ ᠪᠠᠶᠠᠡᠳᠤᠭ᠂ ᠵᠢᠷᠭᠠᠯᠠᠩᠳᠤ ᠵᠡᠷᠬᠡ ᠰᠤᠮᠤᠨ ᠤ ᠤᠰᠤ | ᠬᠠᠩᠭᠠᠬᠤ ᠢᠡᠵᠧᠨᠧᠷᠢᠩ ᠢ ᠪᠠᠶᠠᠯᠠᠬᠦᠯᠤᠨ᠎ᠠ᠃ ᠴᠠᠬᠢᠯᠭᠠᠨ ᠲᠤᠤᠷ ᠤᠨ ᠪᠦᠳᠤᠬᠡᠨ ᠪᠠᠶᠢᠭᠤᠯᠤᠯᠳᠠ ᠪᠠᠨ | ᠲᠦᠷᠬᠡᠳᠬᠡᠵᠤ᠂ 3 ᠵᠤᠷᠪᠤᠰ 110 ᠺᠢᠯᠤᠸᠤᠯᠲ ᠤᠨ ᠴᠠᠬᠢᠯᠭᠠᠨ ᠱᠤᠭᠤᠮ ᠢ ᠰᠢᠨ᠎ᠠ ᠪᠠᠷ ᠪᠠᠶᠢᠭᠤᠯᠬᠤ ᠪᠠ | ᠦᠷᠬᠦᠯᠵᠢᠯᠡᠨ ᠪᠠᠶᠢᠭᠤᠯᠵᠤ᠂ 2 ᠰᠠᠭᠤᠷᠢ 110 ᠺᠢᠯᠤᠸᠤᠯᠲ ᠤᠨ ᠬᠦᠴᠤᠳᠠᠯ ᠬᠤᠪᠢᠰᠬᠠᠬᠤ ᠦᠷᠳᠡᠭᠡ ᠶᠢ | ᠪᠠᠶᠢᠭᠤᠯᠤᠨ᠂ 35 ᠺᠢᠯᠤᠸᠤᠯᠲ ᠪᠠ 10 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠲᠤᠤᠷ ᠢ ᠦᠬᠡᠷᠡᠴᠢᠯᠡᠬᠦ | ᠢᠡᠵᠧᠨᠧᠷᠢᠩ ᠢ ᠬᠡᠷᠡᠭᠵᠢᠬᠦᠯᠤᠨ᠎ᠠ᠃ ᠵᠢᠯ ᠤᠨ ᠲᠤᠳᠤᠷ᠎ᠠ ᠬᠦᠢᠳᠠᠡᠭᠤᠤᠯ ᠠᠴᠠ ᠴᠠᠭᠠᠡᠨᠠᠭᠤᠷ ᠬᠦᠷᠬᠦ 220 | ᠺᠢᠯᠤᠸᠤᠯᠲ ᠤᠨ ᠬᠦᠴᠤᠳᠠᠯ ᠬᠤᠪᠢᠰᠬᠠᠬᠤ ᠴᠠᠬᠢᠯᠭᠠᠨ ᠱᠤᠭᠤᠮ ᠤᠨ ᠢᠡᠵᠧᠨᠧᠷᠢᠩ ᠢ ᠵᠦᠪᠰᠢᠶᠠᠷᠡᠬᠦᠯᠬᠦ ᠪᠠᠷ | ᠴᠢᠷᠮᠠᠶᠢᠨ᠂ ᠴᠠᠬᠢᠯᠭᠠᠨ ᠦᠬᠡᠢ ᠭᠠᠵᠡᠷ ᠤᠷᠤᠨ ᠳᠤ ᠰᠢᠨ᠎ᠠ ᠡᠨᠧᠷᠬᠢ ᠪᠠᠷ ᠴᠠᠬᠢᠯᠭᠠᠨ ᠨᠠᠪᠳᠠᠷᠡᠬᠦᠯᠬᠦ ᠢᠡᠵᠧᠨᠧᠷᠢᠩ ᠢ | ᠬᠡᠷᠡᠭᠵᠢᠬᠦᠯᠤᠨ᠂ 1568 ᠢᠵᠢ ᠨᠠᠷ᠎ᠡ ᠰᠠᠯᠬᠢ ᠶᠢ ᠬᠠᠪᠰᠤᠷᠭᠠᠭᠰᠡᠨ ᠴᠠᠬᠢᠯᠭᠠᠨ ᠭᠠᠷᠭᠠᠬᠤ ᠲᠦᠬᠦᠬᠡᠷᠤᠮᠵᠢ ᠶᠢ | ᠤᠭᠰᠠᠷᠠᠨ᠎ᠠ᠃ ᠮᠠᠯᠵᠢᠬᠤ ᠤᠷᠤᠨ ᠤ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠂ ᠵᠢᠯ ᠤᠨ | ᠲᠤᠳᠤᠷ᠎ᠠ ᠮᠠᠨᠢᠳᠤ ᠠᠭᠤᠷᠬᠠᠢ ᠶᠢᠨ ᠲᠤᠭᠤᠷᠢᠭ ᠠᠴᠠ ᠷᠡᠰᠢᠶᠠᠨ ᠬᠦᠷᠬᠦ ᠵᠠᠰᠠᠮᠠᠯ ᠵᠠᠮ ᠤᠨ ᠪᠠᠷᠢᠯᠭ᠎ᠠ ᠶᠢ ᠲᠠᠭᠤᠰᠬᠠᠵᠤ | ᠠᠰᠢᠭᠯᠠᠯᠳᠠ ᠳᠤ ᠤᠷᠤᠭᠤᠯᠤᠨ᠂ 68 ᠺᠢᠯᠤᠮᠧᠲᠷ ᠤᠨ 3 ᠵᠤᠷᠪᠤᠰ ᠬᠠᠶᠢᠷ ᠴᠢᠯᠠᠭᠤᠨ ᠵᠠᠮ ᠢ ᠴᠠᠷᠳᠠᠮᠠᠯ ᠵᠠᠮ | ᠪᠤᠯᠭᠠᠬᠤ ᠠᠵᠢᠯ ᠢ ᠲᠠᠭᠤᠰᠬᠠᠵᠤ᠂ ᠮᠠᠯᠵᠢᠬᠤ ᠤᠷᠤᠨ ᠤ ᠵᠠᠰᠠᠮᠠᠯ ᠵᠠᠮ ᠤᠨ ᠬᠠᠮᠢᠶᠠᠷᠤᠯᠳᠠ ᠶᠢ ᠤᠯᠠᠮ ᠴᠢᠨᠠᠭᠰᠢᠳᠠ | ᠴᠢᠩᠭᠠᠳᠬᠠᠨ᠎ᠠ᠃ 101 ᠮᠤᠵᠢ ᠶᠢᠨ ᠲᠡᠰ ᠤᠨ ᠵᠠᠮ ᠤᠨ ᠲᠡᠰ ᠦᠰᠬᠡᠨ ᠦᠷᠬᠡᠳᠬᠡᠨ ᠪᠠᠶᠢᠭᠤᠯᠬᠤ ᠢᠡᠵᠧᠨᠧᠷᠢᠩ | ᠢ ᠡᠬᠢᠯᠡᠬᠦᠯᠤᠨ᠂ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠵᠤ᠂ ᠵᠢᠯ ᠤᠨ ᠲᠤᠳᠤᠷ᠎ᠠ ᠰᠢᠯᠢ ᠶᠢᠨ | ᠬᠤᠳᠠ ᠠᠴᠠ ᠡᠷᠢᠶᠠᠨ ᠬᠦᠷᠬᠦ ᠲᠠᠮᠤᠷ ᠵᠠᠮ ᠤᠨ ᠮᠠᠨ ᠤ ᠬᠤᠰᠢᠭᠤᠨ ᠳᠠᠬᠢ ᠬᠡᠰᠡᠭ ᠤᠨ ᠰᠠᠭᠤᠷᠢ ᠲᠠᠯᠪᠢᠬᠤ ᠠᠵᠢᠯ | ᠢ ᠪᠠᠶᠠᠯᠠᠬᠦᠯᠬᠦ ᠪᠠᠷ ᠴᠢᠷᠮᠠᠶᠢᠨ᠂ ᠵᠢᠯ ᠤᠨ ᠲᠤᠳᠤᠷ᠎ᠠ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠲᠠᠮᠤᠷ ᠵᠠᠮ ᠤᠨ | ᠲᠤᠰᠬᠠᠢ ᠱᠤᠭᠤᠮ ᠤᠨ ᠲᠦᠷᠥᠯ ᠵᠥᠢᠯ ᠤᠨ ᠠᠵᠢᠯ ᠢ ᠡᠬᠢᠯᠡᠬᠦᠯᠤᠨ᠂ ᠲᠠᠷᠬᠠᠶᠢᠳᠠᠷᠡᠰᠤ ᠠᠴᠠ ᠴᠠᠭᠠᠡᠨᠠᠭᠤᠷ | ᠠᠭᠤᠷᠬᠠᠢ ᠶᠢᠨ ᠲᠤᠭᠤᠷᠢᠭ ᠬᠦᠷᠬᠦ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠶᠢᠨ ᠲᠦᠷᠥᠯ ᠵᠥᠢᠯ ᠢ ᠲᠡᠬᠡᠳᠤ | ᠬᠠᠭᠠᠰ ᠵᠢᠯ ᠳᠤ ᠬᠢᠨᠡᠨ ᠵᠦᠪᠰᠢᠶᠠᠷᠡᠬᠦᠯᠬᠦ ᠪᠠᠷ ᠬᠦᠴᠤᠯᠡᠨ ᠴᠢᠷᠮᠠᠶᠢᠨ᠎ᠠ᠃ ᠬᠤᠶᠡᠷ ᠲᠤ᠂ ᠬᠤᠳᠠ ᠪᠠᠯᠭᠠᠰᠤᠵᠢᠯᠳᠠ | ᠶᠢᠨ ᠬᠢᠷᠢ ᠲᠦᠪᠰᠢᠨ ᠢᠶᠠᠨ ᠤᠯᠠᠮ ᠴᠢᠨᠠᠭᠰᠢᠳᠠ ᠲᠡᠬᠡᠭᠰᠢᠯᠡᠬᠦᠯᠤᠨ᠂ ᠴᠠᠭᠠᠡᠴᠢᠯᠠᠭᠤᠳᠤ ᠰᠢᠨ᠎ᠠ ᠲᠤᠭᠤᠷᠢᠭ ᠢ | ᠪᠦᠳᠤᠬᠡᠨ ᠪᠠᠶᠢᠭᠤᠯᠤᠯᠳᠠ ᠪᠠ ᠬᠠᠭᠤᠴᠢᠨ ᠬᠤᠳᠠ ᠲᠤᠭᠤᠷᠢᠭ ᠤᠨ ᠦᠬᠡᠷᠡᠴᠢᠯᠡᠨ ᠰᠢᠨᠡᠴᠢᠯᠡᠬᠦ ᠪᠠᠷ ᠭᠤᠤᠯᠳᠠᠯᠭ᠎ᠠ | ᠪᠤᠯᠭᠠᠨ᠂ 5 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ 10 ᠵᠤᠷᠪᠤᠰ 10.6 ᠲᠦᠮᠡᠨ ᠲᠡᠭᠰᠢ | ᠲᠦᠷᠪᠡᠯᠵᠢᠨ ᠮᠧᠲᠷ ᠤᠨ ᠵᠠᠮ ᠢ ᠲᠠᠪᠢᠰᠴᠣ᠂ 6 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠭᠠᠵᠡᠷ ᠢ | ᠭᠠᠳᠠᠭᠤᠵᠢᠭᠤᠯᠵᠤ᠂ 8 ᠵᠤᠷᠪᠤᠰ ᠭᠤᠳᠤᠮᠵᠢᠨ ᠵᠠᠮ ᠢ ᠲᠠᠪᠢᠰᠤᠨ᠂ 3 ᠬᠡᠰᠡᠭ 6900 ᠲᠡᠭᠰᠢ ᠲᠦᠷᠪᠡᠯᠵᠢᠨ | ᠮᠧᠲᠷ ᠤᠨ ᠲᠠᠷᠬᠡ ᠵᠤᠭᠰᠤᠬᠤ ᠲᠠᠯᠠᠪᠤᠷ ᠪᠠᠶᠢᠭᠤᠯᠵᠤ᠂ 558 ᠵᠠᠮ ᠤᠨ ᠳ᠋ᠸᠡᠭ ᠤᠭᠰᠠᠷᠡᠨ᠂ 11 ᠰᠠᠭᠤᠷᠢ ᠠᠰᠠᠷ | ᠵᠠᠰᠠᠨ ᠴᠢᠮᠡᠭᠯᠡᠵᠤ᠂ ᠬᠤᠭ ᠨᠤᠪᠰᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠯᠭ᠎ᠠ ᠶᠢ ᠪᠠᠶᠠᠯᠠᠬᠦᠯᠤᠨ᠂ ᠲᠦᠬᠡᠬᠡᠯ | ᠤᠰᠤ ᠴᠡᠪᠡᠷᠰᠢᠬᠦᠯᠬᠦ ᠦᠢᠯᠡᠳᠪᠤᠷᠢ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢ ᠠᠰᠢᠭᠯᠠᠯᠳᠠ ᠳᠤ | ᠤᠷᠤᠭᠤᠯᠤᠨ᠂ ᠰᠢᠳᠠᠮᠠᠬᠠᠢ ᠬᠡᠢ ᠶᠢ ᠡᠷᠤᠬᠡ ᠳᠤ ᠨᠠᠪᠳᠠᠷᠡᠬᠦᠯᠬᠦ ᠢᠡᠵᠧᠨᠧᠷᠢᠩ ᠢ ᠡᠬᠢᠯᠡᠬᠦᠯᠤᠨ᠂ 180 ᠢᠵᠢ | ᠬᠢᠮᠳᠠ ᠲᠦᠷᠢᠶᠠᠰᠤᠨ ᠬᠡᠷ ᠪᠠ 150 ᠢᠵᠢ ᠨᠠᠶᠢᠳᠠ ᠶᠢᠨ ᠲᠦᠷᠢᠶᠠᠰᠤᠨ ᠬᠡᠷ ᠢ ᠪᠠᠶᠢᠭᠤᠯᠤᠨ᠂ 17 ᠲᠦᠮᠡᠨ | ᠲᠡᠭᠰᠢ ᠲᠦᠷᠪᠡᠯᠵᠢᠨ ᠮᠧᠲᠷ ᠤᠨ ᠭᠠᠵᠡᠷ ᠰᠢᠷᠥᠢ ᠬᠡᠷ ᠬᠦᠷᠤᠩᠬᠡ ᠶᠢᠨ ᠨᠡᠬᠡᠬᠡᠨ ᠠᠰᠢᠭᠯᠠᠯᠳᠠ ᠪᠠ ᠪᠠᠶᠢᠰᠢᠩ | ᠰᠠᠭᠤᠴᠠ ᠶᠢ ᠠᠰᠠᠷ ᠢᠶᠠᠷ ᠰᠢᠨᠡᠳᠬᠡᠬᠦ ᠢᠡᠵᠧᠨᠧᠷᠢᠩ ᠢ ᠬᠡᠷᠡᠭᠵᠢᠬᠦᠯᠤᠨ᠎ᠠ᠃ ᠬᠤᠳᠠ ᠶᠢᠨ ᠬᠠᠯᠬᠠᠪᠴᠢ ᠤᠢ ᠶᠢᠨ | ᠪᠦᠳᠤᠬᠡᠨ ᠪᠠᠶᠢᠭᠤᠯᠤᠯᠳᠠ ᠶᠢᠨ ᠢᠡᠵᠧᠨᠧᠷᠢᠩ ᠢ ᠡᠬᠢᠯᠡᠬᠦᠯᠤᠨ᠂ ᠵᠢᠯ ᠤᠨ ᠲᠤᠳᠤᠷ᠎ᠠ ᠨᠢᠬᠡᠳᠤᠬᠡᠷ ᠬᠤᠭᠤᠴᠠᠭᠠᠨ ᠤ | 935 ᠮᠤ᠋ ᠶᠢᠨ ᠨᠤᠭᠤᠭᠠᠷᠠᠭᠤᠯᠤᠯᠳᠠ ᠶᠢᠨ ᠡᠬᠦᠷᠬᠡ ᠶᠢ ᠠᠮᠵᠢᠯᠳᠠ ᠲᠠᠢ ᠪᠠᠶᠠᠯᠠᠬᠦᠯᠬᠦ ᠪᠠᠷ ᠲᠦᠯᠤᠪᠯᠡᠵᠤ ᠪᠠᠶᠢᠭ᠎ᠠ | ᠪᠦᠬᠡᠳ ᠴᠠᠭᠠᠡᠴᠢᠯᠠᠭᠤᠳᠤ ᠰᠢᠨ᠎ᠠ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠵᠤ᠂ ᠡᠯ᠎ᠠ ᠲᠦᠷᠥᠯ | ᠤᠨ ᠦᠡᠳᠤᠰᠤᠨ ᠴᠢᠳᠠᠪᠬᠢ ᠶᠢ ᠪᠦᠷᠢᠡᠰᠢᠬᠦᠯᠤᠨ᠂ ᠡᠯ᠎ᠠ ᠪᠠᠶᠢᠭᠤᠯᠭ᠎ᠠ ᠶᠢᠨ ᠠᠯᠪᠠᠨ ᠠᠰᠠᠷ ᠤᠨ ᠪᠦᠳᠤᠬᠡᠨ | ᠪᠠᠶᠢᠭᠤᠯᠤᠯᠳᠠ ᠶᠢ ᠵᠢᠯ ᠤᠨ ᠲᠤᠳᠤᠷ᠎ᠠ ᠪᠦᠬᠦᠨ ᠢ ᠠᠰᠢᠭᠯᠠᠯᠳᠠ ᠳᠤ ᠤᠷᠤᠭᠤᠯᠬᠤ ᠪᠠᠷ ᠪᠠᠶᠢᠨ᠎ᠠ᠃ | ︵ᠲᠠᠪᠤ︶ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠶᠢ ᠭᠤᠤᠯᠳᠠᠯᠭ᠎ᠠ ᠪᠤᠯᠭᠠᠨ ᠪᠠᠷᠢᠮᠳᠠᠯᠠᠵᠤ᠂ ᠨᠠᠶᠢᠬᠡᠮ ᠤᠨ | ᠦᠢᠯᠡᠰ ᠤᠨ ᠬᠦᠭᠵᠢᠯᠳᠠ ᠶᠢ ᠲᠠᠰᠤᠷᠠᠯᠳᠠ ᠦᠬᠡᠢ ᠲᠦᠯᠬᠢᠨ ᠠᠬᠢᠭᠤᠯᠤᠨ᠎ᠠ᠃ ᠵᠢᠯ ᠤᠨ ᠲᠤᠳᠤᠷ᠎ᠠ5000 ᠠᠵᠢᠯ | ᠤᠨ ᠪᠠᠶᠢᠷᠢ ᠶᠢ ᠪᠦᠷᠢᠡᠳᠬᠡᠨ᠂ 1000 ᠬᠦᠮᠤᠨ ᠳᠤ ᠪᠤᠯᠪᠠᠰᠤᠷᠡᠯ ᠬᠦᠷᠳᠡᠬᠡᠨ ᠤᠷᠤᠡᠰᠢᠭᠤᠯᠵᠤ᠂ 2000 | ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ ᠢᠳᠡᠬᠡᠮᠵᠢᠳᠤ ᠵᠢᠬᠡᠯᠡᠯᠬᠡ ᠲᠠᠯᠪᠢᠨ᠎ᠠ᠃ ᠬᠤᠳᠠ ᠬᠦᠳᠡᠭᠡ ᠶᠢᠨ | ᠨᠠᠰᠤᠵᠢᠯ ᠤᠨ ᠲᠠᠭᠠᠳᠬᠠᠯ ᠢ ᠨᠢᠬᠡ ᠴᠤᠭᠴᠠᠵᠢᠭᠤᠯᠬᠤ ᠠᠵᠢᠯ ᠢ ᠲᠦᠷᠬᠡᠳᠬᠡᠨ ᠠᠬᠢᠭᠤᠯᠵᠤ᠂ ᠬᠤᠳᠠ ᠪᠠᠯᠭᠠᠰᠤᠨ | ᠤ ᠰᠠᠭᠤᠭᠠᠯᠢ ᠠᠷᠡᠳ ᠤᠨ ᠦᠡᠳᠤᠰᠤᠨ ᠡᠮᠴᠢᠯᠡᠬᠡᠨ ᠤ ᠲᠠᠭᠠᠳᠬᠠᠯ ᠤᠨ ᠪᠦᠷᠬᠦᠴᠠ ᠶᠢ ᠦᠷᠬᠡᠳᠬᠡᠵᠤ᠂ ᠬᠤᠳᠠ | ᠬᠦᠳᠡᠭᠡ ᠶᠢᠨ ᠰᠠᠭᠤᠭᠠᠯᠢ ᠠᠷᠡᠳ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠠᠵᠢᠯ ᠢ | ᠰᠠᠶᠢᠳᠤᠷ ᠬᠢᠵᠤ᠂ ᠪᠠᠳᠤᠯᠠᠬᠤ ᠵᠤᠬᠢᠰᠳᠡᠢ ᠶᠢ ᠨᠢ ᠪᠦᠬᠦᠨ ᠢ ᠪᠠᠳᠤᠯᠠᠨ᠂ ᠬᠦᠳᠡᠯᠤᠩᠬᠦᠢ ᠬᠠᠮᠢᠶᠠᠷᠤᠯᠳᠠ ᠶᠢ | ᠬᠡᠷᠡᠭᠵᠢᠬᠦᠯᠤᠨ᠎ᠠ᠃ ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠠᠵᠢᠯ ᠢ ᠬᠦᠡᠵᠡᠬᠡᠶᠢᠷᠡᠬᠦᠯᠤᠨ ᠠᠬᠢᠭᠤᠯᠵᠤ᠂ | ᠦᠨᠤ ᠵᠢᠯ 226 ᠡᠷᠤᠬᠡ ᠶᠢᠨ 924 ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ︽ᠦᠡᠳᠤᠷ | ᠠᠰᠢᠭᠳᠤ ᠬᠢᠴᠢᠶᠠᠯ ᠤᠨ ᠲᠢᠩᠬᠢᠮ ᠢ ᠪᠠᠶᠢᠭᠤᠯᠬᠤ ᠤᠨ︾ ᠤ ᠠᠵᠢᠯᠯᠠᠭ᠎ᠠ ᠶᠢ ᠡᠬᠢᠯᠡᠬᠦᠯᠤᠨ᠂ ᠦᠨᠤ ᠬᠠᠪᠤᠷ | ᠤᠳᠤᠨ ᠴᠡᠴᠡᠷᠯᠢᠭ ᠤᠨ ᠬᠢᠴᠢᠶᠠᠯ ᠡᠬᠢᠯᠡᠬᠦᠯᠬᠦ ᠶᠢ ᠪᠠᠳᠤᠯᠠᠭᠰᠡᠨ ᠰᠠᠭᠤᠷᠢᠨ ᠲᠡᠬᠡᠷ᠎ᠠ᠂ ᠠᠷᠡᠳ ᠠᠴᠠ ᠡᠷᠬᠢᠯᠡᠨ | ᠠᠯᠪᠠᠨ ᠠᠴᠠ ᠲᠡᠳᠬᠦᠬᠦ ᠬᠡᠯᠪᠡᠷᠢ ᠪᠠᠷ ᠬᠤᠶᠢᠳᠤ ᠰᠤᠮᠤᠨ ᠳᠤ 1 ᠊᠊᠊᠊᠊ 2 ᠪᠠᠭ᠎ᠠ ᠬᠡᠯᠪᠡᠷᠢ ᠶᠢᠨ ᠬᠡᠤᠬᠡᠳ ᠤᠨ | ᠴᠡᠴᠡᠷᠯᠢᠭ ᠢ ᠪᠠᠶᠢᠭᠤᠯᠤᠨ᠎ᠠ᠃ ᠮᠤᠩᠭᠤᠯ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠪᠦᠳᠤᠬᠡᠨ | ᠪᠠᠶᠢᠭᠤᠯᠤᠯᠳᠠ ᠶᠢ ᠪᠠᠶᠠᠯᠠᠬᠦᠯᠤᠨ᠂ ᠨᠢᠬᠡᠳᠤᠬᠡᠷ ᠪᠠᠭ᠎ᠠ ᠰᠤᠷᠭᠠᠭᠤᠯᠢ᠂ ᠮᠤᠩᠭᠤᠯ ᠲᠤᠮᠳᠠᠳᠤ ᠰᠤᠷᠭᠠᠭᠤᠯᠢ᠂ | ᠨᠢᠬᠡᠳᠤᠬᠡᠷ ᠲᠤᠮᠳᠠᠳᠤ ᠰᠤᠷᠭᠠᠭᠤᠯᠢ ᠪᠤᠯᠤᠨ ᠦᠡᠳᠤᠰᠤᠳᠠᠨ ᠤ ᠶᠠᠷᠤᠩᠬᠡᠶᠢᠯᠡᠭᠰᠡᠨ ᠲᠤᠮᠳᠠᠳᠤ ᠰᠤᠷᠭᠠᠭᠤᠯᠢ ᠶᠢᠨ | ᠲᠠᠮᠢᠷ ᠤᠨ ᠲᠠᠯᠠᠪᠤᠷ ᠤᠨ ᠪᠦᠳᠤᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠤᠨ᠂ ᠤᠷᠤᠨ ᠤ ᠲᠡᠰ ᠤᠨ ︽ᠬᠤᠶᠡᠷ | ᠦᠡᠳᠤᠷ ᠲᠤᠮᠳᠠᠳᠤ᠂ ᠶᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠢ ᠲᠦᠬᠡᠮᠡᠯᠵᠢᠬᠦᠯᠬᠦ︾ ᠠᠬᠢᠴᠠ | ᠶᠢ ᠲᠦᠷᠬᠡᠳᠬᠡᠨ᠎ᠠ᠃ 1 ᠊᠊᠊᠊ 2 ᠰᠤᠮᠤ ᠪᠠᠯᠭᠠᠰᠤᠨ ᠤ ᠪᠠᠶ᠎ᠠ ᠴᠢᠬᠢᠷᠠᠭᠵᠢᠭᠤᠯᠬᠤ ᠲᠠᠯᠠᠪᠤᠷ ᠤᠨ ᠪᠦᠳᠤᠬᠡᠨ | ᠪᠠᠶᠢᠭᠤᠯᠤᠯᠳᠠ ᠪᠠ 15 ᠭᠠᠴᠠᠭᠠᠨ ᠤ ᠰᠤᠶᠤᠯ ᠤᠨ ᠦᠷᠤᠬᠡ ᠶᠢ ᠪᠠᠷᠢᠮᠵᠢᠶ᠎ᠠ ᠳᠤ ᠬᠦᠷᠬᠡᠬᠦ ᠠᠵᠢᠯ ᠢ ᠪᠠᠶᠠᠯᠠᠬᠦᠯᠤᠨ᠂ | ᠠᠪᠠᠭ᠎ᠠ ᠲᠠᠮᠢᠷ ᠤᠨ ᠤᠷᠳᠤᠨ᠂ ᠷᠡᠳᠢᠤ᠋ ᠲᠧᠯᠸᠢᠰ ᠤᠨ ᠶᠠᠷᠤᠩᠬᠡᠶᠢᠯᠡᠭᠰᠡᠨ ᠠᠰᠠᠷ ᠢ ᠠᠰᠢᠭᠯᠠᠯᠳᠠ ᠳᠤ | ᠤᠷᠤᠭᠤᠯᠤᠨ᠎ᠠ᠃ ᠲᠦᠷᠪᠡᠳᠤᠬᠡᠷ ᠬᠤᠭᠤᠴᠠᠭᠠᠨ ᠤ ᠬᠠᠷ᠎ᠠ ᠠᠳᠤᠭᠤᠨ ᠰᠤᠶᠤᠯ ᠤᠨ ᠨᠠᠶᠢᠷ ᠢ ᠰᠠᠶᠢᠳᠤᠷ ᠡᠷᠬᠢᠯᠡᠨ᠂ | ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠢᠡᠵᠧᠨᠧᠷᠢᠩ ᠢ ᠢᠳᠡᠪᠬᠢᠳᠡᠢ ᠲᠦᠯᠬᠢᠨ ᠠᠬᠢᠭᠤᠯᠵᠤ᠂ ᠦᠡᠳᠤᠰᠤᠳᠠᠨ | ᠤ ᠬᠤᠪᠴᠡᠰᠤ ᠵᠠᠰᠠᠯ᠂ ᠰᠢᠳᠠᠷ᠎ᠠ᠂ ᠮᠤᠷᠢᠨ ᠬᠤᠭᠤᠷ ᠦᠢᠯᠡᠳᠬᠦ ᠵᠡᠷᠬᠡ ᠦᠡᠳᠤᠰᠤᠳᠠᠨ ᠤ ᠰᠤᠶᠤᠯ ᠤᠨ ᠠᠵᠤ | ᠦᠢᠯᠡᠰ ᠤᠨ ᠬᠦᠭᠵᠢᠯᠳᠠ ᠶᠢ ᠢᠳᠡᠪᠬᠢᠳᠡᠢ ᠪᠠᠷ ᠲᠡᠳᠬᠦᠨ ᠲᠠᠮᠵᠢᠵᠤ᠂ ᠲᠤᠭᠠᠴᠢᠯᠠᠭᠰᠡᠨ ᠲᠤᠯᠬᠢᠶᠠᠨ ᠲᠠᠮᠵᠢᠭᠤᠯᠬᠤ | ᠦᠷᠳᠡᠭᠡ 10 ᠢ ᠪᠠᠶᠢᠭᠤᠯᠵᠤ᠂ ᠷᠡᠳᠢᠤ᠋ ᠲᠤᠯᠬᠢᠶᠠᠨ ᠲᠠᠮᠵᠢᠭᠤᠯᠬᠤ ᠦᠷᠳᠡᠭᠡ 2 ᠢ ᠪᠠᠶᠢᠭᠤᠯᠤᠨ᠂ ᠭᠠᠵᠡᠷ ᠤᠷᠤᠨ | ᠤ ᠷᠡᠳᠢᠤ᠋ ᠲᠧᠯᠸᠢᠰ ᠤᠨ ᠲᠠᠮᠵᠢᠭᠤᠯᠭ᠎ᠠ ᠶᠢᠨ ᠪᠦᠷᠬᠦᠴᠠ ᠶᠢ ᠦᠷᠬᠡᠳᠬᠡᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ | ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠬᠤᠰᠢᠭᠤ ᠡᠮᠨᠡᠯᠬᠡ ᠶᠢᠨ | ᠬᠤᠷᠢᠶᠠᠨ ᠤ ᠪᠠᠷᠢᠮᠵᠢᠶᠠᠵᠢᠭᠰᠡᠨ ᠢᠡᠵᠧᠨᠧᠷᠢᠩ ᠢ ᠠᠰᠢᠭᠯᠠᠯᠳᠠ ᠳᠤ ᠤᠷᠤᠭᠤᠯᠤᠨ᠂ ᠡᠮᠴᠢ ᠠᠵᠢᠯᠳᠠᠳ ᠢᠶᠠᠨ | ᠭᠠᠳᠠᠭᠰᠢ ᠶᠠᠪᠤᠭᠤᠯᠤᠨ ᠰᠤᠷᠤᠯᠴᠠᠭᠤᠯᠵᠤ᠂ ᠲᠤᠰᠬᠠᠢ ᠮᠠᠷᠬᠡᠵᠢᠯᠳᠠᠨ ᠢ ᠤᠷᠢᠨ ᠠᠪᠴᠢᠷᠠᠵᠤ᠂ ᠠᠷᠡᠳ ᠤᠯᠠᠨ ᠤ ︽ | ᠡᠪᠡᠳᠴᠢᠨ ᠦᠵᠡᠬᠦᠯᠬᠦ ᠳᠤ ᠲᠦᠪᠡᠭᠳᠡᠢ᠂ ᠡᠪᠡᠳᠴᠢᠨ ᠦᠵᠡᠬᠦᠯᠬᠦ ᠳᠤ ᠦᠨᠡᠳᠡᠢ︾ ᠪᠠᠶᠢᠳᠠᠭ ᠠᠰᠠᠭᠤᠳᠠᠯ ᠢ | ᠰᠢᠢᠳᠪᠤᠷᠢᠯᠡᠨ᠎ᠠ᠃ ᠬᠦᠮᠤᠨ ᠠᠮᠨ ᠬᠢᠬᠡᠳ ᠲᠦᠯᠤᠪᠯᠡᠬᠡᠳᠤ ᠦᠷᠡᠵᠢᠯ ᠤᠨ ᠲᠤᠬᠠᠢ ᠡᠯ᠎ᠠ ᠵᠥᠢᠯ ᠤᠨ ᠲᠦᠷᠥ ᠶᠢᠨ | ᠪᠤᠳᠤᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠬᠦᠮᠦᠨ ᠠᠮᠠ ᠶᠢᠨ ᠴᠢᠨᠠᠷ ᠴᠢᠨᠰᠠᠭ᠎ᠠ ᠶᠢ | ᠰᠠᠶᠢᠵᠢᠷᠠᠭᠤᠯᠦᠨᠠ᠃ | ︵ᠵᠢᠷᠭᠤᠭ᠎ᠠ︶ ᠨᠠᠶᠢᠬᠡᠮ ᠤᠨ ᠬᠠᠮᠢᠶᠠᠷᠤᠯᠳᠠ ᠶᠢᠨ ᠲᠠᠯ᠎ᠠ ᠪᠠᠷ ᠬᠢ ᠰᠢᠨ᠎ᠠ ᠡᠬᠦᠳᠤᠯᠳᠠ ᠶᠢ ᠭᠤᠤᠯᠳᠠᠯᠭ᠎ᠠ ᠪᠤᠯᠭᠠᠨ | ᠪᠠᠷᠢᠮᠳᠠᠯᠠᠵᠤ᠂ ᠨᠠᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠦᠬᠦ ᠬᠦᠴᠤᠨ ᠢᠶᠠᠷ ᠢᠶᠠᠨ ᠬᠠᠮᠠᠭᠠᠯᠠᠨ᠎ᠠ᠃ | ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠰᠢᠡᠵᠢᠯᠡᠬᠦ ᠤᠬᠠᠭᠠᠡᠴᠢ ᠬᠦᠭᠵᠢᠯᠳᠠ ᠶᠢ ᠲᠦᠯᠬᠢᠨ ᠠᠬᠢᠭᠤᠯᠬᠤ᠂ | ᠨᠠᠶᠢᠬᠡᠮ ᠤᠨ ᠡᠶ᠎ᠡ ᠵᠤᠬᠢᠴᠠᠯ ᠲᠠᠢ ᠪᠠᠶᠢᠬᠤ ᠶᠢᠨ ᠲᠠᠷᠢᠬᠦᠨ ᠴᠢᠬᠤᠯᠨ ᠡᠬᠦᠷᠬᠡ ᠪᠤᠯᠭᠠᠬᠤ ᠶᠢ ᠪᠠᠷᠢᠮᠳᠠᠯᠠᠨ᠂ ᠤᠯᠠᠨ | ᠲᠦᠮᠡᠨ ᠤ ᠬᠠᠮᠤᠭ ᠤᠨ ᠲᠤᠯᠭᠠᠮ᠎ᠠ ᠱᠠᠭᠠᠷᠳᠠᠯᠭ᠎ᠠ ᠶᠢ ᠪᠤᠳᠤᠯᠬᠢᠯᠠᠵᠤ᠂ ᠠᠵᠤ ᠠᠬᠤᠢ ᠨᠠᠶᠢᠬᠡᠮ ᠤᠨ ᠬᠦᠭᠵᠢᠯᠳᠠ | ᠶᠢᠨ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠭᠠᠷᠳᠠᠨ᠂ ᠨᠠᠶᠢᠬᠡᠮ ᠤᠨ ᠬᠠᠮᠢᠶᠠᠷᠤᠯᠳᠠ ᠶᠢᠨ ᠬᠠᠮᠤᠭ ᠤᠨ ᠡᠮᠵᠡᠭ | ᠲᠠᠯ᠎ᠠ ᠠᠴᠠ ᠡᠬᠢᠯᠡᠨ ᠬᠠᠮᠢᠶᠠᠷᠤᠯᠳᠠ ᠪᠠᠨ ᠰᠢᠨᠡᠳᠬᠡᠨ᠂ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠲᠤᠤᠷ᠎ᠠ᠂ | ᠵᠠᠰᠠᠭ ᠤᠨ ᠤᠷᠳᠤᠨ ᠠᠴᠠ ᠬᠠᠷᠢᠭᠤᠴᠠᠵᠤ᠂ ᠨᠠᠶᠢᠬᠡᠮ ᠲᠠᠶᠠᠭᠠᠷ ᠬᠠᠮᠵᠢᠯᠴᠠᠨ᠂ ᠪᠦᠬᠦ ᠠᠷᠡᠳ ᠪᠠᠷ ᠢᠶᠠᠨ | ᠤᠷᠤᠯᠴᠠᠭᠰᠡᠨ ᠤᠬᠢ ᠰᠠᠶᠢᠨ ᠪᠠᠶᠢᠳᠠᠯ ᠢ ᠪᠤᠢ ᠪᠤᠯᠭᠠᠵᠤ᠂ ᠦᠡᠳᠤᠰᠤᠨ ᠱᠠᠳᠤᠨ ᠤ ᠠᠵᠢᠯ ᠢ ᠰᠠᠶᠢᠳᠤᠷ ᠠᠳᠬᠤᠨ᠂ | ᠦᠡᠳᠤᠰᠤᠨ ᠱᠠᠳᠤ ᠤᠯᠠᠨ ᠲᠦᠮᠡᠨ ᠲᠠᠢ ᠪᠠᠶᠢᠩᠭᠤ ᠬᠠᠷᠢᠴᠠᠵᠤ᠂ ᠠᠷᠡᠳ ᠤᠨ ᠪᠠᠶᠢᠳᠠᠯ ᠢ ᠦᠢᠯᠠᠭᠠᠵᠤ᠂ ᠪᠤᠳᠠᠳᠤ | ᠪᠠᠶᠢᠳᠠᠯ ᠢ ᠡᠵᠡᠮᠰᠢᠭᠰᠡᠨ ᠠᠵᠢᠯ ᠤᠨ ᠰᠤᠷᠳᠠᠯ ᠢ ᠪᠤᠢ ᠪᠤᠯᠭᠠᠨ᠎ᠠ᠃ ᠠᠷᠡᠳ ᠲᠦᠮᠡᠨ ᠤ ᠠᠰᠢᠭ ᠲᠤᠰᠠ ᠲᠠᠢ | ᠬᠤᠯᠪᠤᠭᠳᠠᠭᠰᠡᠨ ᠠᠰᠠᠭᠤᠳᠠᠯ ᠢ ᠴᠠᠭ ᠲᠠᠷᠥᠢ ᠳᠤᠨᠢ ᠰᠢᠢᠳᠪᠤᠷᠢᠯᠡᠵᠤ᠂ ᠦᠡᠳᠤᠰᠤᠨ ᠱᠠᠳᠤᠨ ᠤ ᠨᠠᠶᠢᠬᠡᠮ ᠤᠨ | ᠬᠠᠮᠢᠶᠠᠷᠤᠯᠳᠠ ᠶᠢᠨ ᠴᠢᠳᠠᠪᠬᠢ ᠪᠤᠯᠤᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠦᠵᠡᠯ | ᠰᠠᠨᠠᠭ᠎ᠠ ᠤᠯᠤᠰ ᠲᠦᠷᠥ ᠶᠢᠨ ᠰᠤᠷᠭᠠᠨ ᠬᠦᠮᠤᠵᠢᠯ ᠪᠠ ᠰᠤᠷᠳᠠᠯ ᠤᠬᠠᠭᠤᠯᠭ᠎ᠠ ᠶᠢᠨ ᠠᠵᠢᠯ ᠢ ᠦᠷᠬᠦᠯᠵᠢᠯᠡᠨ | ᠴᠢᠩᠭᠠᠳᠬᠠᠵᠤ᠂ ᠠᠷᠡᠳ ᠤᠯᠠᠨ ᠳᠤ ᠤᠬᠠᠭᠤᠯᠤᠨ ᠲᠠᠶᠢᠯᠪᠤᠷᠢᠯᠠᠬᠤ ᠶᠢ ᠠᠷᠡᠳ ᠤᠯᠠᠨ ᠤ ᠢᠯᠡᠳᠬᠡᠨ ᠲᠤᠭᠠᠴᠢᠬᠤ᠂ | ᠵᠠᠰᠠᠭ ᠤᠨ ᠮᠡᠳᠡᠭᠡ ᠵᠠᠩᠬᠢ ᠶᠢᠨ ᠢᠯᠨ ᠪᠠᠷ ᠨᠠᠶᠢᠳᠠᠯᠠᠬᠦ᠂ ᠠᠷᠡᠳ ᠤᠯᠠᠨ ᠤ ᠰᠠᠨᠠᠯ ᠢ ᠬᠤᠷᠢᠶᠠᠬᠤ ᠲᠠᠢ ᠨᠢᠭᠳᠠ | ᠤᠶᠠᠯᠳᠤᠭᠤᠯᠤᠨ᠂ ᠠᠵᠢᠯ ᠤᠯᠭᠤᠯᠳᠠ᠂ ᠨᠠᠰᠤᠵᠢᠯ ᠤᠨ ᠲᠠᠭᠠᠳᠬᠠᠯ᠂ ᠡᠮ ᠡᠮᠨᠡᠯᠬᠡ᠂ ᠤᠷᠤᠨ ᠰᠠᠭᠤᠴᠠ ᠵᠠᠷᠬᠡ | ᠠᠷᠡᠳ ᠤᠯᠠᠨ ᠤ ᠠᠰᠢᠭ ᠲᠤᠰᠠ ᠳᠤ ᠰᠢᠭᠤᠳ ᠬᠤᠯᠪᠤᠭᠳᠠᠬᠤ ᠠᠰᠠᠭᠤᠳᠠᠯ ᠨᠤᠭᠤᠳ ᠢ ᠢᠳᠡᠪᠬᠢᠳᠡᠢ ᠪᠠᠷ | ᠰᠢᠢᠳᠪᠤᠷᠢᠯᠡᠨ᠎ᠠ᠃ ᠵᠦᠷᠢᠴᠡᠯ ᠮᠦᠷᠬᠦᠯᠳᠤᠬᠡᠨ ᠢ ᠪᠠᠶᠢᠴᠠᠭᠠᠨ ᠰᠢᠢᠳᠪᠤᠷᠢᠯᠡᠬᠦ ᠠᠵᠢᠯᠯᠠᠭ᠎ᠠ ᠶᠢ ᠬᠦᠡᠵᠡᠬᠡᠢ | ᠦᠷᠨᠢᠬᠦᠯᠤᠨ᠂ ᠨᠠᠶᠢᠬᠡᠮ ᠤᠨ ᠪᠠᠶᠢᠳᠠᠯ ᠢ ᠬᠦᠢᠴᠡᠳ ᠦᠢᠯᠠᠭᠠᠵᠤ᠂ ᠦᠢᠯᠡᠴᠢᠯᠡᠭᠡ ᠪᠠᠨ ᠪᠦᠷᠢᠡᠰᠢᠬᠦᠯᠤᠨ᠎ᠠ᠃ ᠲᠤᠤᠷ | ᠰᠦᠯᠵᠢᠶᠠᠨ ᠤ ᠶᠠᠷᠢᠶ᠎ᠠ ᠬᠡᠯᠡᠯᠴᠡᠭᠡ ᠶᠢ ᠲᠡᠬᠡᠳᠤ ᠬᠡᠮᠵᠢᠶ᠎ᠠ ᠪᠠᠷ ᠠᠩᠬᠠᠷᠴᠤ᠂ ᠲᠤᠤᠷ ᠰᠦᠯᠵᠢᠶᠠᠨ ᠤ ᠢᠳᠡᠪᠬᠢ | ᠦᠢᠯᠡᠳᠤᠯ ᠢ ᠬᠦᠢᠴᠡᠳ ᠪᠠᠳᠠᠷᠠᠭᠤᠯᠤᠨ᠎ᠠ᠃ ᠨᠠᠶᠢᠬᠡᠮ ᠤᠨ ᠠᠮᠤᠷ ᠲᠦᠪᠰᠢᠨ ᠤ ᠶᠠᠷᠤᠩᠬᠡᠶᠢᠯᠡᠭᠰᠡᠨ ᠬᠠᠮᠢᠶᠠᠷᠤᠯᠳᠠ | ᠶᠢ ᠤᠯᠠᠮ ᠴᠢᠩᠭᠠᠳᠬᠠᠨ᠂ ᠡᠯ᠎ᠠ ᠵᠥᠢᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠤ᠂ ᠠᠷᠡᠳ ᠢᠷᠬᠡᠳ ᠤᠨ ᠠᠮᠢ ᠨᠠᠰᠤ᠂ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠨ᠎ᠠ᠃ ᠨᠠᠮ ᠤᠨ | ᠦᠡᠳᠤᠰᠤᠳᠠᠨ ᠱᠠᠰᠢᠨ ᠰᠣᠷᠳᠠᠬᠤᠨ ᠤ ᠲᠤᠬᠠᠢ ᠲᠦᠷᠥ ᠶᠢᠨ ᠪᠤᠳᠤᠯᠭ᠎ᠠ ᠶᠢ ᠬᠦᠡᠵᠡᠬᠡᠢ ᠨᠠᠶᠢᠳᠠᠪᠤᠷᠢᠵᠢᠭᠤᠯᠵᠤ᠂ | ᠬᠠᠤᠯᠢ ᠪᠠᠷ ᠱᠠᠰᠢᠨ ᠰᠤᠷᠳᠠᠬᠤᠨ ᠤ ᠠᠵᠢᠯ ᠢ ᠬᠠᠮᠢᠶᠠᠷᠬᠤ ᠴᠢᠳᠠᠪᠤᠷᠢ ᠶᠢ ᠬᠦᠴᠤᠯᠡᠨ ᠲᠡᠬᠡᠭᠰᠢᠯᠡᠬᠦᠯᠤᠨ᠎ᠠ᠃ | ᠠᠶᠤᠯᠬᠦᠢ ᠦᠢᠯᠡᠳᠪᠤᠷᠢᠯᠡᠯ ᠤᠨ ᠠᠵᠢᠯ ᠢ ᠤᠯᠠᠮ ᠴᠢᠩᠭᠠᠳᠬᠠᠵᠤ᠂ ᠠᠶᠤᠯᠬᠦᠢ ᠦᠢᠯᠡᠳᠪᠤᠷᠢᠯᠡᠯ ᠤᠨ ︽ᠨᠢᠬᠡ | ᠪᠠᠶᠢᠷᠢ ᠬᠤᠶᠡᠷ ᠬᠠᠷᠢᠭᠤᠴᠠᠯᠭ᠎ᠠ︾ ᠶᠢᠨ ᠲᠦᠷᠢᠮ ᠢ ᠬᠢᠨᠠᠮᠠᠭᠠᠢ ᠲᠤᠤᠱᠯᠠᠭᠤᠯᠵᠤ᠂ ᠬᠠᠮᠢᠶᠠᠳᠡᠢ ᠠᠵᠢᠯ ᠦᠢᠯᠡᠰ | ᠢᠶᠠᠷ ᠭᠤᠤᠯᠳᠠᠯᠭ᠎ᠠ ᠪᠤᠯᠭᠠᠨ ᠠᠶᠤᠯᠬᠦᠢ ᠦᠢᠯᠡᠳᠪᠤᠷᠢᠯᠡᠯ ᠤᠨ ᠲᠠᠯᠳᠠ ᠬᠡᠮ ᠢ ᠪᠠᠶᠢᠴᠠᠭᠠᠨ ᠵᠠᠰᠠᠬᠤ ᠠᠵᠢᠯ ᠢ | ᠬᠦᠡᠵᠡᠬᠡᠶᠢᠷᠡᠬᠦᠯᠤᠨ᠂ ᠬᠦᠡᠳᠤ ᠶᠡᠭᠡ ᠠᠳᠡᠯ ᠡᠬᠦᠰᠬᠦ ᠶᠢ ᠴᠢᠩᠭ᠎ᠠ ᠰᠡᠷᠬᠡᠶᠢᠯᠡᠨ᠎ᠠ᠃ ᠬᠠᠤᠯᠢ ᠲᠦᠷᠢᠮ ᠤᠨ | ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ | ᠠᠵᠢᠯ ᠢ ᠬᠦᠡᠵᠡᠬᠡᠢ ᠦᠷᠨᠢᠬᠦᠯᠵᠤ᠂ ᠪᠦᠬᠦ ᠠᠷᠡᠳ ᠤᠨ ᠬᠠᠤᠯᠢ ᠴᠠᠭᠠᠵᠠ ᠶᠢᠨ ᠤᠬᠠᠮᠰᠠᠷ ᠢ ᠦᠷᠬᠦᠯᠵᠢᠯᠡᠨ | ᠲᠡᠬᠡᠭᠰᠢᠯᠡᠬᠦᠯᠤᠨ᠎ᠠ᠃ | 2013 ᠤᠨ ᠳᠤ᠂ ᠬᠤᠰᠢᠭᠤ ᠵᠠᠰᠠᠭ ᠤᠨ ᠤᠷᠳᠤᠨ ᠠᠴᠠ ᠠᠷᠡᠳ ᠤᠨ ᠠᠮᠢᠳᠤᠷᠡᠯ ᠢ ᠰᠠᠶᠢᠵᠢᠷᠠᠭᠤᠯᠵᠤ᠂ | ᠨᠠᠶᠢᠬᠡᠮ ᠤᠨ ᠡᠶ᠎ᠡ ᠵᠤᠬᠢᠴᠠᠯ ᠢ ᠪᠠᠳᠤᠯᠠᠭᠰᠡᠨ ᠰᠠᠭᠤᠷᠢᠨ ᠲᠡᠬᠡᠷ᠎ᠠ ᠰᠢᠨ᠎ᠠ ᠨᠢᠬᠡᠨ ᠡᠬᠡᠯᠵᠢ ᠶᠢᠨ ᠠᠷᠡᠳ ᠲᠤ | ᠠᠮᠠᠯᠳᠤᠬᠤ ᠠᠷᠪᠠᠨ ᠪᠤᠳᠡᠳᠤ ᠠᠵᠢᠯ ᠢ ᠭᠠᠷᠳᠠᠨ ᠪᠠᠶᠠᠯᠠᠬᠦᠯᠬᠦ ᠪᠤᠯᠤᠨ᠎ᠠ᠃ | ᠨᠢᠬᠡ ᠳᠤ᠂ 1.5 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠨ᠂ ᠰᠢᠨ᠎ᠠ ᠮᠠᠯᠵᠢᠬᠤ ᠤᠷᠤᠨ ᠤ ᠪᠦᠳᠤᠬᠡᠨ | ᠪᠠᠶᠢᠭᠤᠯᠤᠯᠳᠠ᠂ ᠮᠠᠯᠵᠢᠬᠤ ᠤᠷᠤᠨ ᠤ ᠤᠳᠤᠬᠢᠴᠢᠯᠠᠯᠳᠠ ᠪᠠ ᠪᠠᠯᠴᠢᠬᠡᠷᠯᠡᠬᠦᠯᠤᠨ ᠮᠠᠯᠵᠢᠬᠤ ᠶᠢ ᠪᠠᠭᠠᠰᠬᠠᠬᠤ ᠪᠠᠷ | ᠲᠠᠮᠵᠢᠭᠤᠯᠤᠨ ᠪᠡᠯᠴᠢᠭᠡᠷ ᠪᠠᠨ ᠰᠡᠷᠬᠦᠬᠡᠵᠤ᠂ ᠲᠤᠭᠤᠷᠢᠭ ᠬᠤᠪᠢᠶᠠᠨ ᠰᠡᠯᠭᠦᠨ ᠮᠠᠯᠵᠢᠬᠤ ᠠᠵᠢᠯ ᠢ ᠲᠦᠯᠬᠢᠨ | ᠠᠬᠢᠭᠤᠯᠬᠤ ᠳᠤ ᠬᠡᠷᠡᠭᠯᠡᠨ᠎ᠠ᠃ | ᠬᠤᠶᠡᠷ ᠲᠤ᠂ 100 ᠲᠦᠮᠡᠨ ᠲᠦᠬᠦᠷᠢᠭ ᠤᠨ ᠪᠡᠯᠨ ᠤᠷᠤᠭᠤᠯᠤᠨ ᠬᠦᠡᠳᠤ ᠡᠪᠡᠳᠴᠢᠳᠠᠨ ᠢ ᠠᠪᠤᠷᠡᠨ ᠲᠤᠰᠠᠯᠠᠬᠤ | ᠰᠠᠭᠤᠷᠢ ᠮᠦᠩᠬᠦᠨ ᠤ ᠬᠡᠪᠴᠢᠶ᠎ᠠ ᠶᠢ ᠦᠷᠬᠦᠯᠵᠢᠯᠡᠨ ᠦᠷᠬᠡᠳᠬᠡᠨ᠎ᠠ᠃ | ᠭᠤᠷᠪᠡ ᠳᠤ᠂ 80 ᠨᠠᠰᠤᠨ ᠠᠴᠠ ᠲᠡᠬᠡᠭᠰᠢᠬᠢ ᠨᠠᠰᠤᠳᠠᠶᠢᠴᠤᠳ ᠤᠨ ᠰᠠᠷ᠎ᠠ ᠶᠢᠨ ᠨᠦᠬᠦᠪᠤᠷᠢ ᠶᠢ ᠤᠤᠯ ᠤᠨ100 | ᠲᠦᠬᠦᠷᠢᠭ ᠠᠴᠠ ᠨᠡᠮᠡᠭᠳᠡᠬᠦᠯᠤᠬᠡᠳ 150 ᠲᠦᠬᠦᠷᠢᠭ ᠪᠤᠯᠭᠠᠨ᠂ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ | ᠶᠢᠨ ᠠᠮᠢᠳᠤᠷᠡᠯ ᠤᠨ ᠪᠠᠳᠤᠯᠠᠭ᠎ᠠ ᠬᠦᠷᠳᠡᠵᠤ ᠪᠠᠶᠢᠭ᠎ᠠ ᠬᠦᠮᠤᠰ ᠲᠤ ᠬᠤᠳᠠᠯᠳᠤᠭᠠᠨ ᠤ ᠴᠢᠨᠠᠷᠳᠡᠢ ᠡᠮᠴᠢᠯᠡᠬᠡᠨ ᠤ | ᠲᠠᠭᠠᠳᠬᠠᠯ ᠲᠤᠰᠢᠶᠠᠵᠤ ᠦᠭᠬᠦᠨ᠎ᠠ᠃ | ᠲᠦᠷᠪᠡ ᠳᠤ᠂ 2000 ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ ᠢᠳᠡᠬᠡᠮᠵᠢᠳᠤ ᠵᠢᠬᠡᠯᠡᠯᠬᠡ ᠶᠢ ᠲᠠᠯᠪᠢᠵᠤ᠂ | ᠬᠤᠳᠠ ᠤᠷᠤᠵᠤ ᠦᠢᠯᠡᠰ ᠡᠷᠬᠢᠯᠡᠵᠤ ᠪᠠᠶᠢᠭ᠎ᠠ ᠮᠠᠯᠴᠢᠳ᠂ ᠶᠡᠭᠡ ᠰᠤᠷᠭᠠᠭᠤᠯᠢ ᠲᠡᠬᠦᠰᠦᠭᠰᠡᠨ ᠤᠶᠤᠳᠠᠳ ᠪᠠ ᠠᠵᠢᠯ | ᠠᠯᠳᠠᠭᠰᠡᠳ ᠤᠨ ᠠᠵᠢᠯ ᠤᠯᠵᠤ ᠦᠢᠯᠡᠰ ᠡᠷᠬᠢᠯᠡᠬᠦ ᠶᠢ ᠲᠡᠳᠬᠦᠨ ᠲᠠᠮᠵᠢᠨ᠎ᠠ᠃ | ᠲᠠᠪᠤ ᠳᠤ᠂ 200 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠨᠠᠶᠢᠬᠡᠮ ᠲᠤᠭᠤᠷᠢᠭ ᠤᠨ ᠠᠵᠢᠯᠯᠠᠬᠤ | ᠨᠦᠬᠦᠴᠡᠯ ᠢ ᠰᠠᠶᠢᠵᠢᠷᠠᠭᠤᠯᠤᠨ᠂ ᠨᠠᠶᠢᠬᠡᠮ ᠲᠤᠭᠤᠷᠢᠭ ᠤᠨ ᠠᠵᠢᠯᠳᠠᠳ ᠤᠨ ᠬᠦᠯᠤᠰᠤ ᠤᠯᠭᠤᠮᠵᠢ ᠶᠢ ᠰᠠᠷ᠎ᠠ ᠪᠦᠷᠢ | 500 ᠲᠦᠬᠦᠷᠢᠭ ᠲᠡᠬᠡᠭᠰᠢᠯᠡᠬᠦᠯᠵᠤ᠂ ᠭᠠᠴᠠᠭᠠᠨ ᠤ ᠠᠵᠢᠯᠳᠠᠳ ᠤᠨ ᠬᠦᠯᠤᠰᠤ ᠤᠯᠭᠤᠮᠵᠢ ᠶᠢ ᠰᠠᠷ᠎ᠠ ᠪᠦᠷᠢ 200 | ᠲᠦᠬᠦᠷᠢᠭ ᠲᠡᠬᠡᠭᠰᠢᠯᠡᠬᠦᠯᠤᠨ᠎ᠠ᠃ | ᠵᠢᠷᠭᠤᠭ᠎ᠠ ᠳᠤ᠂ 5000 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠪᠠᠳᠤᠯᠠᠭᠠᠳᠤ ᠤᠷᠤᠨ ᠰᠠᠭᠤᠴᠠ | ᠪᠠᠶᠢᠭᠤᠯᠬᠤ ᠪᠠ ᠮᠠᠯᠵᠢᠬᠤ ᠤᠷᠤᠨ ᠤ ᠠᠶᠤᠯᠳᠤ ᠬᠡᠷ ᠪᠠᠶᠢᠰᠢᠩ ᠪᠤᠯᠤᠨ ᠬᠤᠳᠠ ᠪᠠᠯᠭᠠᠰᠤᠨ ᠤ ᠬᠤᠳᠳᠤᠭ ᠤᠰᠤᠨ | ᠤ ᠪᠦᠳᠤᠬᠡᠨ ᠪᠠᠶᠢᠭᠤᠯᠤᠯᠳᠠ ᠳᠤ ᠬᠡᠷᠡᠭᠯᠡᠨ᠎ᠠ᠃ | ᠲᠤᠯᠤᠭ᠎ᠠ ᠳᠤ᠂ 400 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠬᠤᠳᠠ ᠶᠢᠨ ᠡᠷᠡᠬᠦᠯ ᠬᠠᠮᠠᠭᠠᠯᠠᠯ ᠤᠨ | ᠲᠤᠨᠤᠭ ᠲᠦᠬᠦᠬᠡᠷᠤᠮᠵᠢ ᠶᠢ ᠬᠠᠯᠠᠨ ᠰᠢᠨᠡᠳᠬᠡᠬᠦ ᠪᠠ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯᠳᠠᠨ ᠤ | ᠲᠡᠭᠰᠢᠳᠬᠡᠭᠰᠡᠨ ᠴᠠᠯᠢᠩ ᠤᠯᠭᠤᠮᠵᠢ ᠶᠢ ᠰᠠᠷ᠎ᠠ ᠪᠦᠷᠢ ᠶᠢᠨ 700 ᠲᠦᠬᠦᠷᠢᠭ ᠪᠠᠶᠢᠭᠰᠡᠨ ᠠᠴᠠ ᠨᠢ 1000 | ᠲᠦᠬᠦᠷᠢᠭ ᠪᠤᠯᠭᠠᠨ ᠨᠡᠮᠡᠭᠳᠡᠬᠦᠯᠬᠦ ᠳᠤ ᠬᠡᠷᠡᠭᠯᠡᠨ᠎ᠠ᠃ | ᠨᠠᠢᠮᠠ ᠳᠤ᠂ 200 ᠲᠦᠮᠡᠨ ᠲᠦᠬᠦᠷᠢᠭ ᠤᠨ ᠪᠡᠯᠨ ᠤᠷᠤᠭᠤᠯᠤᠨ ᠬᠤᠳᠠ ᠬᠦᠳᠡᠭᠡ ᠶᠢᠨ ᠨᠠᠰᠤᠵᠢᠯ ᠤᠨ | ᠲᠠᠭᠠᠳᠬᠠᠯ ᠤᠨ ᠦᠡᠳᠤᠰᠤᠨ ᠨᠠᠰᠤᠵᠢᠯ ᠤᠨ ᠮᠦᠩᠬᠦ ᠶᠢ ᠬᠦᠮᠤᠨ ᠪᠦᠷᠢ ᠶᠢᠨ ᠰᠠᠷ᠎ᠠ ᠳᠤ 90 ᠲᠦᠬᠦᠷᠢᠭ | ᠪᠠᠶᠢᠭᠰᠡᠨ ᠠᠴᠠ ᠨᠢ 120 ᠲᠦᠬᠦᠷᠢᠭ ᠪᠤᠯᠭᠠᠨ᠎ᠠ᠃ | ᠶᠢᠰᠤ ᠳᠤ᠂ 100 ᠲᠦᠮᠡᠨ ᠲᠦᠬᠦᠷᠢᠭ ᠤᠨ ᠪᠡᠯᠨ ᠤᠷᠤᠭᠤᠯᠤᠨ ᠠᠵᠤ ᠠᠬᠤᠶᠢᠯᠡᠯ ᠤᠨ ᠠᠵᠢᠯ ᠠᠴᠠ ᠪᠠᠨ | ᠠᠮᠠᠷᠠᠭᠰᠡᠳ ᠲᠤ ᠨᠢᠬᠡ ᠤᠳᠠᠭᠠᠨ ᠤ ᠪᠠᠶ᠎ᠠ ᠶᠢᠨ ᠪᠠᠶᠢᠴᠠᠭᠠᠯᠳᠠ ᠬᠢᠵᠤ ᠦᠭᠬᠦᠨ᠎ᠠ᠃ | ᠠᠷᠪᠠ ᠳᠤ᠂ 100 ᠲᠦᠮᠡᠨ ᠲᠦᠬᠦᠷᠢᠭ ᠤᠨ ᠪᠡᠯᠨ ᠤᠷᠤᠭᠤᠯᠤᠨ᠂ ᠠᠷᠡᠳ ᠠᠴᠠ ᠡᠷᠬᠢᠯᠡᠵᠤ ᠠᠯᠪᠠᠨ ᠠᠴᠠ | ᠲᠠᠮᠵᠢᠬᠦ ᠬᠡᠯᠪᠡᠷᠢ ᠪᠠᠷ ᠡᠯ᠎ᠠ ᠰᠤᠮᠤ ᠪᠠᠯᠭᠠᠰᠤᠨ ᠤ ᠰᠠᠭᠤᠭ᠎ᠠ ᠭᠠᠵᠡᠷ ᠲᠤ ᠪᠠᠶ᠎ᠠ ᠤᠬᠢᠶᠠᠬᠤ ᠭᠠᠵᠡᠷ ᠪᠠᠶᠢᠭᠤᠯᠤᠨ | ᠦᠭᠴᠤ᠂ ᠦᠷᠬᠡᠨ ᠤᠯᠠᠨ ᠮᠠᠯᠴᠢᠨ ᠲᠦᠮᠡᠨ ᠳᠤ ᠲᠦᠬᠦᠮ ᠦᠵᠡᠬᠦᠯᠤᠨ᠎ᠠ᠃ | ᠲᠦᠷᠪᠡ᠂ ᠰᠢᠨ᠎ᠡ ᠪᠠᠶᠢᠳᠠᠯ ᠲᠣᠣᠷᠠᠬᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠦᠨᠡᠨᠬᠦ | ᠴᠢᠩᠭᠠᠳᠬᠠᠵᠣ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠦᠨ᠎ᠡ᠃ | ᠦᠨᠤ ᠵᠢᠯ ᠤᠨ ᠪᠤᠯᠤᠨ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ | ᠡᠭᠦᠷᠭᠡ ᠪᠠᠨ ᠠᠮᠵᠢᠯᠳᠠ ᠲᠠᠢ ᠪᠡᠶᠡᠯᠡᠭᠦᠯᠬᠦ ᠶᠢ ᠪᠠᠳᠣᠯᠠᠬᠤ ᠶᠢᠨ ᠲᠦᠯᠦᠭᠡ ᠡᠷᠬᠡᠪᠰᠢ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠵᠠᠰᠠᠭ ᠤᠨ ᠡᠷᠬᠡ ᠶᠢᠨ ᠬᠡᠷᠡᠭᠵᠢᠭᠦᠯᠦᠯᠳᠡ ᠶᠢᠨ ᠴᠢᠳᠠᠪᠦᠷᠢ ᠪᠠᠨ | ᠦᠨᠡᠨᠬᠦ ᠴᠢᠩᠭᠠᠳᠬᠠᠨ᠂ ᠰᠤᠷᠤᠯᠴᠠᠯᠭ᠎ᠠ ᠶᠢᠨ ᠬᠡᠯᠪᠡᠷᠢ ᠶᠢᠨ᠂ ᠦᠢᠯᠡᠴᠢᠯᠡᠬᠡᠨ ᠤ ᠬᠡᠯᠪᠡᠷᠢ ᠶᠢᠨ᠂ ᠰᠢᠨ᠎ᠠ ᠶᠢ | ᠡᠬᠦᠳᠬᠦ ᠬᠡᠯᠪᠡᠷᠢ ᠶᠢᠨ ᠠᠷᠢᠭᠤᠨ ᠴᠢᠬᠡᠴᠢ ᠵᠠᠰᠠᠭ ᠤᠨ ᠤᠷᠳᠤᠨ ᠢ ᠬᠦᠴᠤᠯᠡᠨ ᠪᠠᠶᠢᠭᠤᠯᠵᠤ᠂ ᠺᠡᠳ᠋ᠷ ᠠᠵᠢᠯᠳᠠᠳ ᠨᠢ | ᠲᠦᠪ ᠰᠢᠳᠤᠷᠭᠤ᠂ ᠵᠠᠰᠠᠭ ᠤᠨ ᠤᠷᠳᠤᠨ ᠨᠢ ᠠᠷᠢᠭᠤᠨ ᠴᠢᠬᠡᠴᠢ᠂ ᠤᠯᠤᠰ ᠲᠦᠷᠥ ᠨᠢ ᠲᠦᠪ ᠴᠢᠬᠡᠴᠢ ᠪᠠᠶᠢᠬᠤ | ᠶᠢ ᠪᠠᠳᠤᠯᠠᠨ᠎ᠠ᠃ | ︵ᠨᠢᠭᠡ︶ ᠨᠢᠭᠳᠠᠷᠠᠯ ᠤᠨ ᠬᠦᠴᠦᠨ ᠬᠢᠭᠡᠳ ᠳᠠᠶᠢᠴᠢᠨ ᠬᠦᠴᠦᠨ ᠢᠶᠠᠨ ᠴᠢᠩᠭᠠᠳᠬᠠᠬᠤ ᠪᠠᠷ ᠭᠤᠣᠯ ᠪᠣᠯᠭᠠᠵᠣ᠂ | ᠪᠦᠯᠬᠦᠮᠳᠡᠨ ᠬᠠᠮᠵᠢᠯᠴᠠᠭᠰᠠᠨ ᠵᠠᠰᠠᠭ ᠤᠨ ᠣᠷᠳᠣᠨ ᠢ ᠪᠠᠶᠢᠭᠤᠯᠣᠨ᠎ᠠ᠃ | ᠲᠦᠪ ᠪᠠ ᠦᠪᠡᠷᠳᠡᠭᠡᠨ ᠵᠠᠰᠠᠬᠤ ᠣᠷᠣᠨ ᠤ ᠴᠢᠭᠯᠡᠯᠳᠡ᠂ ᠲᠦᠷᠦ ᠶᠢᠨ ᠪᠣᠳᠣᠯᠭ᠎ᠠ ᠶᠢ ᠡᠷᠡᠰ ᠲᠣᠣᠱᠯᠠᠭᠤᠯᠣᠨ | ᠬᠡᠷᠡᠭᠵᠢᠭᠦᠯᠵᠦ᠂ ᠦᠵᠡᠯ ᠰᠠᠨᠠᠭ᠎ᠠ ᠪᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ | ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠨᠢᠭᠡᠳᠭᠡᠵᠦ᠂ ᠪᠣᠳᠠᠳᠣ ᠦᠢᠯᠡ | ᠠᠵᠢᠯᠯᠠᠭ᠎ᠠ ᠪᠠᠷ ᠢᠶᠠᠨ ᠨᠢᠭᠡᠨᠳᠡ ᠲᠣᠭᠳᠠᠭᠰᠠᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠵᠦ᠂ ᠢᠳᠡᠬᠡᠯ | ᠵᠤᠷᠢᠭ ᠢᠶᠠᠨ ᠬᠦᠪᠴᠢᠯᠡᠨ᠂ ᠬᠦᠭᠵᠢᠯᠳᠡ ᠶᠢ ᠡᠷᠢᠯᠬᠢᠯᠡᠨ᠂ ᠠᠵᠣ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠡ | ᠵᠦᠢᠯ ᠤᠨ ᠠᠵᠢᠯ ᠡᠭᠦᠷᠭᠡ ᠶᠢ ᠰᠠᠶᠢᠳᠣᠷ ᠪᠠᠶᠠᠯᠠᠬᠦᠯᠤᠨ᠎ᠠ᠃ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ | ᠪᠤᠳᠤᠯᠭ᠎ᠠ ᠶᠢᠨ ᠲᠦᠪ ᠴᠢᠩᠭ᠎ᠠ ᠴᠢᠨᠠᠷ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠰᠠᠭ ᠤᠨ ᠤᠷᠳᠤᠨ ᠤ ᠬᠢ ᠪᠠᠨ | ᠲᠦᠷᠢ ᠲᠦᠷᠬᠦ ᠶᠢ ᠡᠷᠡᠰ ᠬᠠᠮᠠᠭᠠᠯᠠᠨ᠂ ᠡᠯ᠎ᠠ ᠰᠠᠯᠠᠭ᠎ᠠ ᠮᠦᠴᠢᠷ ᠨᠢ ᠬᠠᠷᠢᠯᠴᠠᠨ ᠬᠠᠮᠵᠢᠯᠴᠠᠵᠤ᠂ ᠡᠶ᠎ᠡ ᠵᠤᠬᠢᠴᠠᠯᠳᠤ | ᠠᠵᠢᠯ ᠤᠨ ᠤᠷᠴᠢᠨ ᠢ ᠴᠤᠭᠴᠠᠯᠠᠵᠤ᠂ ᠠᠵᠢᠯ ᠬᠢᠵᠤ ᠦᠢᠯᠡᠰ ᠪᠦᠳᠤᠬᠡᠬᠦ ᠬᠠᠮᠳᠤ ᠶᠢᠨ ᠬᠦᠴᠤᠨ ᠢ | ᠪᠦᠷᠢᠯᠳᠤᠬᠦᠯᠤᠨ᠎ᠠ᠃ | ︵ᠬᠤᠶᠠᠷ︶ ᠬᠠᠣᠯᠢ ᠪᠠᠷ ᠵᠠᠰᠠᠭ ᠪᠠᠷᠢᠬᠤ ᠪᠠᠷ ᠭᠤᠣᠯᠳᠠᠯᠭ᠎ᠠ ᠪᠣᠯᠭᠠᠵᠣ᠂ ᠢᠳᠡᠬᠡᠮᠵᠢᠳᠤ ᠵᠠᠰᠠᠭ ᠤᠨ ᠣᠷᠳᠣᠨ ᠢ | ᠪᠠᠶᠢᠭᠤᠯᠣᠨ᠎ᠠ᠃ | ᠰᠢᠨᠵᠢᠯᠡᠬᠦ ᠣᠬᠠᠭᠠᠨᠴᠢ ᠪᠠᠷ ᠰᠢᠢᠳᠪᠦᠷᠢ ᠲᠣᠭᠳᠠᠭᠠᠬᠤ᠂ ᠠᠷᠠᠳᠴᠢᠯᠠᠯ ᠢᠶᠠᠷ ᠰᠢᠢᠳᠪᠦᠷᠢ ᠲᠣᠭᠳᠠᠭᠠᠬᠤ᠂ ᠬᠠᠣᠯᠢ | ᠪᠠᠷ ᠰᠢᠢᠳᠪᠦᠷᠢ ᠲᠣᠭᠳᠠᠭᠠᠬᠤ ᠶᠢ ᠡᠷᠡᠰ ᠪᠠᠷᠢᠮᠳᠠᠯᠠᠵᠣ᠂ ᠰᠢᠢᠳᠪᠦᠷᠢᠳᠣ ᠪᠣᠳᠣᠯᠭ᠎ᠠ ᠶᠢᠨ ᠬᠠᠷᠢᠭᠤᠴᠠᠯᠭ᠎ᠠ | ᠨᠡᠬᠡᠮᠵᠢᠯᠡᠬᠦ ᠪᠠ ᠵᠠᠰᠠᠵᠣ ᠵᠠᠯᠠᠷᠠᠭᠤᠯᠬᠤ ᠲᠦᠷᠢᠮ ᠢ ᠪᠠᠶᠢᠭᠤᠯᠣᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ | ᠱᠠᠳᠣᠨ ᠤ ᠣᠳᠣᠷᠢᠳᠬᠤ ᠺᠠᠳ᠋ᠷ ᠦᠪᠡᠷ ᠢᠶᠠᠨ ᠬᠡᠪ ᠲᠠᠭᠤᠷᠢᠶᠠᠯ ᠪᠣᠯᠵᠣ᠂ ᠲᠦᠷᠢᠮ ᠲᠣᠭᠳᠠᠭᠠᠯ ᠢᠶᠠᠷ ᠣᠴᠢᠷ | ᠶᠠᠪᠣᠳᠠᠯ ᠢ ᠰᠢᠢᠳᠪᠦᠷᠢᠯᠡᠵᠦ᠂ ᠬᠠᠮᠢᠶ᠎ᠠ ᠪᠦᠬᠦᠢ ᠬᠠᠣᠯᠢ ᠴᠠᠭᠠᠵᠠ ᠲᠦᠷᠢᠮ ᠲᠣᠭᠳᠠᠭᠠᠯ ᠢ ᠴᠢᠩᠭ᠎ᠠ ᠬᠡᠷᠡᠭᠵᠢᠭᠦᠯᠦᠨ᠎ᠡ | ᠃ ᠴᠢᠬᠤᠯᠠ ᠶᠡᠭᠡ ᠬᠡᠷᠡᠭ ᠶᠠᠪᠣᠳᠠᠯ ᠪᠣᠯᠣᠨ ᠴᠢᠬᠤᠯᠠ ᠪᠠᠶᠢᠷᠢᠯᠠᠭᠤᠯᠣᠯᠳᠠ ᠶᠢ ᠡᠷᠬᠡᠪᠰᠢ ᠲᠣᠭᠳᠠᠭᠰᠠᠨ ᠲᠡᠰ | ᠲᠠᠷᠠᠭᠠᠯᠠᠯ ᠢᠶᠠᠷ ᠰᠢᠢᠳᠪᠦᠷᠢᠯᠡᠵᠦ᠂ ᠪᠦᠬᠦ ᠬᠤᠰᠢᠭᠤᠨ ᠤ ᠭᠤᠣᠯ ᠠᠵᠢᠯ ᠳᠤ ᠬᠤᠯᠪᠣᠭᠳᠠᠭᠰᠠᠨ ᠴᠢᠬᠤᠯᠠ ᠶᠡᠭᠡ | ᠠᠰᠠᠭᠤᠳᠠᠯ ᠢ ᠠᠷᠠᠳᠴᠢᠯᠠᠯ ᠲᠦᠪᠯᠡᠷᠡᠯ ᠤᠨ ᠲᠦᠷᠢᠮ ᠤᠨ ᠱᠠᠭᠠᠷᠳᠠᠯᠭ᠎ᠠ ᠪᠠᠷ ᠴᠢᠩᠭ᠎ᠠ ᠨᠠᠶᠢᠳᠠᠪᠦᠷᠢᠵᠢᠭᠤᠯᠵᠣ᠂ | ᠦᠨᠡᠨᠬᠦ ᠬᠠᠣᠯᠢ ᠪᠠᠷ ᠰᠢᠢᠳᠪᠦᠷᠢᠯᠡᠨ᠎ᠡ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠤᠯᠤᠨ ᠣᠯᠣᠰ ᠲᠦᠷᠦ ᠶᠢᠨ ᠵᠦᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠭᠡᠬᠦ ᠪᠠ | ᠠᠵᠢᠯ ᠢᠶᠠᠨ ᠦᠷᠨᠢᠭᠦᠯᠬᠦ ᠶᠢ ᠪᠦᠬᠦ ᠬᠦᠴᠦᠨ ᠪᠠᠷ ᠢᠶᠠᠨ ᠲᠡᠮᠵᠢᠵᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠪᠠᠷ ᠬᠢᠨᠠᠯᠳᠠ ᠲᠠᠯᠪᠢᠬᠤ᠂ ᠬᠤᠰᠢᠭᠤ ᠣᠯᠣᠰ ᠲᠦᠷᠦ | ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠬᠦᠯᠢᠴᠠᠩᠬᠦᠢ ᠪᠠᠷ ᠬᠦᠯᠢᠶᠡᠵᠦ᠂ ᠰᠣᠨᠢᠨ ᠮᠡᠳᠡᠬᠡᠨ | ᠤ ᠬᠢᠨ ᠤ ᠶᠠᠷᠢᠶ᠎ᠠ ᠬᠡᠯᠡᠯᠴᠡᠭᠡ ᠪᠣᠯᠣᠨ ᠪᠦᠬᠦ ᠨᠡᠶᠢᠬᠡᠮ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠠᠵᠣ᠂ ᠬᠢᠨᠠᠨ | ᠪᠠᠶᠢᠴᠠᠭᠠᠬᠤ᠂ ᠬᠢᠨᠠᠨ ᠪᠣᠳᠣᠬᠤ ᠰᠠᠯᠠᠭ᠎ᠠ ᠮᠦᠴᠢᠷ ᠤᠨ ᠬᠠᠣᠯᠢ ᠶᠣᠰᠣᠭᠠᠷ ᠲᠣᠰᠠᠭᠠᠷ ᠬᠢᠨᠠᠯᠳᠠ ᠲᠠᠯᠪᠢᠬᠤ | ᠦᠢᠯᠡᠳᠣᠯ ᠢ ᠬᠦᠢᠴᠡᠳ ᠪᠠᠳᠠᠷᠠᠭᠤᠯᠣᠨ᠎ᠠ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠢᠳᠡᠪᠬᠢᠳᠡᠢ ᠠᠬᠢᠭᠤᠯᠵᠣ᠂ | ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠴᠢᠨᠠᠷ ᠢ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ᠂ ᠡᠪ | ᠬᠠᠮᠳᠣ ᠵᠠᠯᠠᠭᠤᠴᠣᠳ ᠤᠨ ᠡᠪᠯᠡᠯ᠂ ᠡᠮᠡᠭᠳᠡᠶᠢᠴᠦᠳ ᠤᠨ ᠬᠤᠯᠪᠤᠭᠠᠳᠤ ᠬᠤᠷᠡᠯ ᠵᠡᠷᠭᠡ ᠤᠯᠠᠨ ᠲᠦᠮᠡᠨ ᠤ ᠪᠦᠯᠬᠦᠮ | ᠤᠨ ᠠᠵᠢᠯ ᠢ ᠦᠷᠨᠢᠭᠦᠯᠬᠦ ᠪᠠᠷ ᠲᠡᠮᠵᠢᠵᠦ᠂ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢᠨ ᠡᠷᠡᠭᠦᠯ ᠢᠶᠠᠷ ᠬᠦᠭᠵᠢᠬᠦ ᠶᠢ | ᠠᠬᠢᠭᠤᠯᠣᠨ᠎ᠠ᠃ | ︵ᠭᠤᠷᠪᠠ︶ ᠵᠠᠰᠠᠭ ᠤᠨ ᠡᠷᠬᠡ ᠪᠠᠨ ᠬᠡᠷᠡᠭᠵᠢᠬᠦᠯᠬᠦ ᠴᠢᠳᠠᠪᠦᠷᠢ ᠶᠢᠨ ᠪᠠᠶᠢᠭᠤᠯᠣᠯᠳᠠ ᠶᠢ ᠴᠢᠩᠭᠠᠳᠬᠠᠬᠤ ᠪᠠᠷ | ᠬᠠᠷᠠᠯᠳᠠ ᠪᠣᠯᠭᠠᠵᠤ᠂ ᠪᠤᠳᠡᠳᠡᠢ ᠶᠢ ᠡᠷᠬᠢᠮᠯᠡᠭᠰᠡᠨ᠂ ᠦᠡᠳᠤᠷ ᠦᠷ᠎ᠡ ᠪᠦᠳᠦᠮᠵᠢ ᠲᠠᠢ ᠵᠠᠰᠠᠭ ᠤᠨ ᠣᠷᠳᠣᠨ ᠢ | ᠪᠠᠶᠢᠭᠤᠯᠤᠨ᠎ᠠ᠃ | ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢ ᠨᠠᠷᠢᠨ ᠬᠢᠨᠠᠮᠠᠭᠠᠢ | ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ᠠᠵᠢᠯ ᠢᠶᠠᠨ ᠰᠠᠶᠢᠳᠣᠷ ᠭᠦᠢᠴᠡᠳᠭᠡᠬᠦ ᠨᠢ ᠲᠣᠰᠢᠶᠠᠯ ᠳᠠᠭᠠᠨ | ᠬᠠᠷᠢᠭᠤᠴᠠᠵᠣ ᠪᠠᠶᠢᠭ᠎ᠠ ᠶᠠᠪᠣᠳᠠᠯ᠂ ᠠᠵᠢᠯ ᠢᠶᠠᠨ ᠰᠠᠶᠢᠳᠣᠷ ᠭᠦᠢᠴᠡᠳᠭᠡᠬᠦ ᠦᠭᠡᠢ ᠪᠣᠯ ᠲᠤᠰᠢᠶᠠᠯ ᠳᠠᠭᠠᠨ ᠲᠠᠩᠴᠡᠬᠦ | ᠦᠬᠡᠢ ᠶᠠᠪᠤᠳᠠᠯ᠂ ᠠᠵᠢᠯ ᠢᠶᠠᠨ ᠭᠦᠢᠴᠡᠳᠭᠡᠬᠦ ᠦᠭᠡᠢ ᠨᠢ ᠬᠠᠷᠢᠭᠤᠴᠠᠯᠭ᠎ᠠ ᠠᠯᠳᠠᠵᠤ ᠪᠠᠶᠢᠭ᠎ᠠ ᠶᠠᠪᠣᠳᠠᠯ︾ ᠭᠡᠬᠦ | ᠦᠵᠡᠯᠳᠡ ᠶᠢ ᠪᠠᠳᠤᠳᠬᠠᠵᠤ᠂ ᠵᠠᠰᠠᠭ ᠤᠨ ᠣᠷᠳᠣᠨ ᠠᠴᠠ ᠵᠠᠰᠠᠭ ᠤᠨ ᠡᠷᠬᠡ ᠪᠠᠨ ᠬᠡᠷᠡᠭᠵᠢᠬᠦᠯᠬᠦ ᠴᠢᠳᠠᠪᠦᠷᠢ ᠶᠢ | ᠣᠯᠠᠮ ᠴᠢᠩᠭᠠᠳᠬᠠᠵᠣ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠲᠦᠯᠬᠢᠨ ᠠᠬᠢᠭᠤᠯᠣᠨ᠎ᠠ᠃ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯᠯᠠᠭ᠎ᠠ ᠶᠢ ᠣᠯᠠᠮ ᠴᠢᠨᠠᠭᠰᠢᠳᠠ ᠲᠦᠷᠢᠮᠵᠢᠭᠦᠯᠵᠦ᠂ ᠠᠵᠢᠯ ᠤᠨ ᠦᠷ᠎ᠡ | ᠪᠦᠳᠦᠮᠵᠢ ᠶᠢ ᠲᠡᠬᠡᠭᠰᠢᠯᠡᠬᠦᠯᠤᠨ᠎ᠠ᠃ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ | ᠲᠠᠯ᠎ᠠ ᠠᠴᠠ ᠡᠬᠦᠰᠴᠤ᠂ ᠬᠠᠷᠢᠭᠤᠴᠠᠯᠭᠠᠳᠣ ᠤᠪᠤᠷ ᠢᠶᠠᠨ ᠴᠢᠩᠭᠠᠳᠬᠠᠨ᠂ ᠨᠠᠶᠢᠳᠠᠪᠤᠷᠢᠵᠢᠭᠤᠯᠤᠯᠳᠠ ᠶᠢ ᠡᠩ | ᠲᠠᠷᠢᠬᠦᠨ ᠳᠤ ᠴᠢᠬᠤᠯᠠᠴᠢᠯᠠᠨ᠎ᠠ᠃ ᠠᠵᠣ ᠠᠬᠤᠢ ᠨᠡᠶᠢᠭᠡᠮ ᠤᠨ ᠬᠦᠭᠵᠢᠯᠳᠡ ᠳᠤ ᠲᠣᠯᠭᠠᠷᠠᠵᠣ ᠪᠠᠶᠢᠭ᠎ᠠ ᠠᠵᠨ | ᠲᠣᠬᠢᠶᠠᠯ ᠪᠣᠯᠣᠨ ᠦᠷᠢᠰᠦᠯᠳᠦᠭᠡᠨ ᠢ ᠵᠦᠪ ᠣᠨᠣᠪᠴᠢᠳᠠᠢ ᠲᠠᠨᠢᠵᠤ᠂ ᠬᠦᠭᠵᠢᠯᠳᠡ ᠶᠢ ᠬᠠᠷᠰᠢᠯᠠᠵᠣ ᠪᠠᠶᠢᠭ᠎ᠠ | ᠲᠣᠳᠣᠭᠠᠳᠣ ᠣᠷᠴᠢᠨ ᠪᠣᠯᠣᠨ ᠪᠡᠶᠡᠴᠢ ᠰᠢᠯᠳᠠᠭᠠᠨ ᠢᠶᠠᠨ ᠨᠠᠷᠢᠨ ᠬᠢᠨᠠᠮᠠᠭᠠᠢ ᠵᠠᠳᠠᠯᠵᠤ᠂ ᠬᠦᠭᠵᠢᠯᠳᠡ ᠳᠤ ᠠᠰᠢᠭᠳᠠᠢ | ᠲᠠᠪᠠᠭᠤᠯᠢᠭ ᠨᠦᠬᠦᠴᠡᠯ ᠢᠶᠠᠨ ᠭᠦᠢᠴᠡᠳ ᠠᠰᠢᠭᠯᠠᠨ᠂ ᠭᠠᠵᠠᠷ ᠣᠷᠣᠨ ᠤ ᠬᠦᠭᠵᠢᠯᠳᠡ ᠶᠢ ᠪᠦᠬᠦ ᠣᠷᠣᠨ᠂ ᠪᠦᠬᠦ | ᠠᠶᠢᠮᠠᠭ ᠤᠨ ᠬᠦᠭᠵᠢᠯᠳᠠ ᠲᠠᠢ ᠨᠢᠭᠳᠠ ᠣᠶᠠᠯᠳᠣᠭᠤᠯᠣᠨ ᠲᠦᠯᠦᠪᠵᠢᠭᠦᠯᠵᠦ᠂ ᠰᠢᠨ᠎ᠡ ᠶᠢ ᠡᠭᠦᠳᠴᠤ ᠵᠠᠮ ᠨᠡᠬᠡᠭᠡᠨ | ᠣᠷᠣᠭᠰᠢᠯᠠᠬᠤ ᠵᠣᠷᠢᠭ ᠰᠠᠨᠠᠭ᠎ᠠ ᠪᠣᠯᠣᠨ ᠪᠣᠳᠠᠳᠣ ᠠᠵᠢᠯ ᠬᠢᠵᠦ ᠦᠷ᠎ᠡ ᠪᠦᠳᠦᠮᠵᠢ ᠭᠠᠷᠭᠠᠬᠤ ᠶᠢ ᠴᠢᠬᠤᠯᠠᠴᠢᠯᠠᠵᠤ᠂ | ᠡᠯ᠎ᠡ ᠲᠦᠷᠦᠯ ᠤᠨ ᠠᠵᠢᠯ ᠢ ᠰᠢᠨ᠎ᠡ ᠲᠦᠪᠰᠢᠨ ᠳᠤ ᠬᠦᠷᠭᠡᠬᠦ ᠪᠠᠷ ᠮᠠᠷᠠᠶᠢᠨ ᠴᠢᠷᠮᠠᠶᠢᠨ᠎ᠠ᠃ | ︵ᠲᠦᠷᠪᠡ︶ ᠠᠷᠠᠳ ᠤᠨ ᠠᠮᠢᠳᠣᠷᠠᠯ ᠢ ᠬᠠᠯᠠᠮᠵᠢᠯᠠᠨ ᠰᠠᠶᠢᠵᠢᠷᠠᠭᠤᠯᠬᠤ ᠪᠠᠷ ᠦᠨᠳᠣᠰᠦ ᠪᠣᠯᠭᠠᠵᠣ᠂ ᠠᠷᠠᠳ ᠢᠶᠠᠨ | ᠬᠠᠯᠠᠮᠵᠢᠯᠠᠵᠣ ᠠᠷᠠᠳ ᠢᠶᠠᠨ ᠬᠠᠶᠢᠷᠠᠯᠠᠬᠤ ᠵᠠᠰᠠᠭ ᠤᠨ ᠣᠷᠳᠣᠨ ᠢ ᠪᠠᠶᠢᠭᠤᠯᠣᠨ᠎ᠠ᠃ ︽ᠠᠷᠠᠳ ᠤᠨ ᠠᠮᠢᠳᠣᠷᠠᠯ ᠢ | ᠴᠢᠬᠤᠯᠠᠴᠢᠯᠠᠬᠤ︾ ᠦᠵᠡᠯᠳᠡ ᠪᠠᠨ ᠪᠠᠳᠤᠳᠬᠠᠵᠤ᠂ ᠶᠡᠭᠡ ᠲᠠᠯ᠎ᠠ ᠠᠴᠠ ᠪᠣᠳᠣᠯᠬᠢᠯᠠᠨ ᠪᠠᠭ᠎ᠠ ᠤᠴᠢᠷ ᠠᠴᠠ | ᠭᠠᠷᠳᠠᠵᠣ᠂ ᠠᠷᠠᠳ ᠤᠨ ᠠᠮᠢᠳᠣᠷᠠᠯ ᠢ ᠦᠨᠡᠨᠬᠦ ᠰᠠᠶᠢᠵᠢᠷᠠᠭᠤᠯᠤᠨ᠎ᠠ᠃ ᠬᠠᠣᠯᠢ ᠶᠣᠰᠣᠭᠠᠷ ᠭᠠᠶᠢᠯᠢ ᠬᠤᠷᠢᠶᠠᠵᠤ᠂ | ᠡᠳ᠋ ᠤᠨ ᠵᠠᠰᠠᠭ ᠤᠨ ᠢᠷᠡᠯᠳᠡ ᠶᠢᠨ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠳᠠᠯᠠᠵᠣ᠂ ᠨᠡᠶᠢᠭᠡᠮ ᠤᠨ ᠪᠠᠳᠣᠯᠠᠭ᠎ᠠ᠂ | ᠣᠯᠠᠨ ᠨᠡᠶᠢᠳᠡ ᠶᠢᠨ ᠠᠵᠢᠯ ᠦᠢᠯᠡᠰ ᠵᠡᠷᠭᠡ ᠠᠷᠠᠳ ᠤᠨ ᠠᠮᠢᠳᠣᠷᠠᠯ ᠤᠨ ᠲᠤᠬᠠᠢ ᠪᠡᠯᠨ ᠤᠷᠤᠭᠤᠯᠤᠯᠳᠠ ᠶᠢ | ᠴᠢᠷᠮᠠᠶᠢᠨ ᠨᠡᠮᠡᠭᠳᠡᠭᠦᠯᠵᠦ᠂ ᠠᠷᠠᠳ ᠣᠯᠠᠨ ᠤ ᠬᠠᠮᠤᠭ ᠠᠴᠠ ᠠᠩᠬᠠᠷᠣᠨ ᠬᠠᠯᠠᠮᠵᠢᠯᠠᠵᠣ ᠪᠠᠶᠢᠭ᠎ᠠ ᠠᠵᠢᠯ ᠣᠯᠭᠤᠯᠳᠠ᠂ | ᠰᠣᠷᠭᠠᠨ ᠬᠦᠮᠦᠵᠢᠯ᠂ ᠨᠠᠰᠣᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠵᠡᠷᠭᠡ ᠠᠰᠠᠭᠤᠳᠠᠯ ᠤᠨ ᠲᠣᠭᠤᠷᠢᠨ ᠳᠤ | ᠠᠷᠠᠳ ᠢ ᠬᠠᠷᠠᠭᠠᠯᠵᠠᠵᠣ ᠠᠷᠠᠳ ᠲᠤ ᠠᠰᠢᠭ ᠬᠦᠷᠳᠡᠭᠡᠬᠦ ᠢᠡᠵᠧᠨᠧᠷᠢᠩ ᠢ ᠢᠳᠡᠪᠬᠢᠳᠡᠢ ᠬᠡᠷᠡᠭᠵᠢᠬᠦᠯᠤᠨ᠂ ᠠᠷᠠᠳ | ᠣᠯᠠᠨ ᠤ ᠠᠰᠢᠭ ᠲᠣᠰᠠ ᠶᠢ ᠰᠠᠶᠢᠳᠣᠷ ᠬᠠᠮᠠᠭᠠᠯᠠᠨ᠎ᠠ᠃ ᠦᠨᠳᠣᠰᠦᠨ ᠱᠠᠳᠣᠨ ᠳᠤ ᠭᠦᠨᠵᠡᠭᠡᠶᠢᠷᠡᠨ᠂ ᠠᠷᠠᠳ | ᠲᠦᠮᠡᠨ ᠤ ᠪᠣᠳᠠᠰ ᠤᠨ ᠪᠠ ᠰᠣᠶᠣᠯ ᠤᠨ ᠠᠮᠢᠳᠣᠷᠠᠯ ᠤᠨ ᠱᠠᠭᠠᠷᠳᠠᠯᠭ᠎ᠠ ᠶᠢ ᠣᠶᠢᠯᠠᠭᠠᠵᠣ᠂ ᠣᠯᠠᠨ ᠲᠦᠮᠡᠨ ᠪᠠ | ᠠᠵᠤ ᠠᠬᠤᠶᠢᠯᠡᠯ ᠢ ᠬᠠᠪᠰᠣᠷᠣᠨ ᠬᠦᠴᠢᠷᠳᠡᠯ ᠢ ᠨᠢ ᠰᠢᠢᠳᠪᠦᠷᠢᠯᠡᠵᠦ ᠦᠭᠭᠦᠨ᠎ᠡ᠃ ᠦᠨᠳᠦᠰᠦᠳᠡᠨ ᠤ ᠭᠠᠵᠠᠷ | ᠣᠷᠣᠨ ᠤ ᠠᠵᠢᠯ ᠢ ᠰᠠᠶᠢᠳᠣᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠦ᠂ ᠣᠯᠣᠰ ᠣᠷᠣᠨ ᠤ | ᠠᠮᠣᠷ ᠲᠦᠪᠰᠢᠨ ᠢ ᠬᠠᠮᠠᠭᠠᠯᠠᠬᠤ ᠵᠤᠭᠰᠤᠴᠠ ᠠᠴᠠ ᠦᠨᠳᠦᠰᠦᠳᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠣᠷᠣᠨ | ᠤ ᠠᠮᠣᠷ ᠲᠣᠭᠳᠠᠭᠤᠨ ᠤ ᠠᠵᠢᠯ ᠢ ᠰᠠᠶᠢᠳᠣᠷ ᠠᠳᠬᠤᠵᠣ᠂ ᠠᠷᠠᠳ ᠲᠦᠮᠡᠨ ᠤ ᠠᠮᠣᠷ ᠲᠣᠭᠳᠠᠭᠤᠨ ᠠᠵᠣ | ᠲᠦᠷᠦᠬᠦ ᠶᠢ ᠪᠠᠳᠤᠯᠠᠨ᠎ᠠ᠃ | ︵ᠲᠠᠪᠤ︶ ︽ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠷᠢᠮ︾ ᠢᠶᠠᠷ ᠪᠠᠷᠢᠮᠵᠢᠶ᠎ᠠ ᠪᠣᠯᠭᠠᠵᠣ᠂ ᠠᠵᠢᠯᠴᠢ | ᠬᠢᠴᠢᠶᠡᠩᠭᠦᠢ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠣᠨ᠎ᠠ᠃ | ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠢᠮᠠᠭᠳᠠ ᠪᠠᠷᠢᠮᠳᠠᠯᠠᠵᠣ᠂ ︽ᠬᠤᠶᠠᠷ ᠡᠷᠬᠡᠪᠰᠢ︾ ᠪᠣᠯᠣᠨ ︽ᠠᠷᠢᠭᠤᠨ | ᠴᠢᠭᠡᠴᠢ ᠪᠠᠷ ᠵᠠᠰᠠᠭ ᠪᠠᠷᠢᠬᠤ ᠲᠦᠷᠢᠮ︾ ᠤᠨ ᠱᠠᠭᠠᠷᠳᠠᠯᠭ᠎ᠠ ᠪᠠᠷ ᠦᠨᠡᠡᠬᠦ ᠨᠠᠮ ᠪᠠ ᠠᠷᠡᠳ ᠲᠦᠮᠡᠨ ᠤ ᠲᠦᠯᠤᠬᠡ | ᠡᠷᠬᠡ ᠬᠡᠷᠡᠭᠵᠢᠬᠦᠯᠤᠨ᠂ ᠨᠠᠶᠢᠳᠠ ᠶᠢᠨ ᠲᠦᠯᠤᠬᠡ ᠭᠤᠶᠠᠴᠢ ᠦᠬᠡᠢ ᠵᠢᠳᠬᠦᠭᠰᠡᠨ ᠬᠡᠪ ᠲᠠᠭᠤᠷᠢᠶᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠭᠰᠡᠨ ᠵᠢᠱᠢᠶᠠᠴᠢ ᠪᠤᠯᠵᠤ᠂ ᠤᠳᠤᠷᠢᠳᠬᠤ ᠺᠠᠳ᠋ᠷ ᠤᠨ ᠨᠦᠯᠤᠬᠡᠯᠡᠨ ᠲᠠᠭᠠᠭᠤᠯᠬᠤ ᠬᠦᠴᠤᠨ | ᠢ ᠲᠠᠰᠤᠷᠠᠯᠳᠠ ᠦᠬᠡᠢ ᠨᠡᠮᠡᠭᠳᠡᠬᠦᠯᠤᠨ᠂ ᠵᠠᠰᠠᠭ ᠪᠠᠷᠢᠬᠤ ᠠᠵᠢᠯᠯᠠᠭ᠎ᠠ ᠪᠠᠨ ᠣᠯᠠᠮ ᠲᠦᠷᠢᠮᠵᠢᠭᠦᠯᠵᠦ᠂ ᠠᠵᠢᠯ ᠤᠨ | ᠬᠡᠪ ᠰᠣᠷᠳᠠᠯ ᠢᠶᠠᠨ ᠦᠨᠡᠨᠬᠦ ᠰᠠᠶᠢᠵᠢᠷᠠᠭᠤᠯᠤᠨ᠂ ᠵᠠᠰᠠᠭ ᠤᠨ ᠣᠷᠳᠣᠨ ᠤ ᠠᠷᠢᠭᠤᠨ ᠴᠢᠭᠡᠴᠢ᠂ ᠠᠵᠢᠯᠴᠢ ᠠᠷᠪᠢᠴᠢ | ᠂ ᠪᠤᠳᠡᠳᠡᠢ ᠶᠢ ᠡᠷᠬᠢᠮᠯᠡᠬᠦ᠂ ᠦᠡᠳᠤᠷ ᠦᠷ᠎ᠠ ᠪᠦᠳᠤᠮᠵᠢᠳᠤ ᠲᠦᠷᠢ ᠲᠦᠷᠬᠦ ᠶᠢ ᠪᠤᠢ ᠪᠤᠯᠭᠠᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠠᠵᠢᠯᠳᠠᠨ ᠤ ᠨᠠᠵᠠᠭᠠᠶᠢᠷᠠᠬᠤ ᠦᠵᠡᠭᠳᠡᠯ ᠢ ᠡᠷᠡᠰ ᠲᠡᠪᠴᠢᠨ᠎ᠡ᠃ ᠵᠠᠰᠠᠭ ᠵᠠᠬᠢᠷᠭᠠᠨ ᠤ ᠠᠵᠢᠯ ᠤᠨ | ᠦᠷᠳᠡᠭ ᠤᠨ ᠦᠵᠡᠯᠳᠡ ᠶᠢ ᠪᠠᠳᠣᠳᠠᠢ ᠲᠣᠣᠱᠯᠠᠭᠤᠯᠵᠣ᠂ ᠪᠦᠷᠢᠯᠭᠡᠨ ᠰᠦᠢᠳᠭᠡᠬᠦ ᠶᠢ ᠡᠷᠡᠰ ᠡᠰᠡᠷᠬᠦᠴᠡᠵᠤ᠂ ᠡᠯ᠎ᠡ | ᠲᠦᠷᠦᠯ ᠤᠨ ᠪᠦᠷᠢᠯᠭᠡᠨ ᠰᠦᠢᠳᠭᠡᠬᠦ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ | ᠲᠦᠯᠦᠭᠡᠯᠡᠭᠴᠢᠳ ᠡ︕ ᠰᠢᠨ᠎ᠡ ᠬᠠᠷᠠᠯᠳᠠ ᠨᠢᠭᠡᠨᠳᠡ ᠲᠣᠳᠣᠷᠬᠠᠢ ᠪᠣᠯᠵᠣ᠂ ᠰᠢᠨ᠎ᠡ ᠠᠶᠠᠯᠠᠯ ᠨᠢᠭᠡᠨᠳᠡ ᠡᠬᠢᠯᠡᠯ᠎ᠡ᠃ | ᠶᠡᠭᠡ ᠬᠤᠷᠠᠯ ᠳᠤ ᠲᠣᠭᠳᠠᠭᠠᠭᠰᠠᠨ ᠠᠵᠢᠯ ᠤᠨ ᠡᠭᠦᠷᠭᠡ ᠪᠠᠨ ᠶᠤᠰᠤᠴᠢᠯᠡᠨ ᠪᠡᠶᠡᠯᠡᠭᠦᠯᠬᠦ ᠪᠤᠯ ᠴᠠᠭ ᠦᠶ᠎ᠡ ᠶᠢᠨ | ᠣᠷᠢᠶᠠᠯᠠᠭ᠎ᠠ᠂ ᠠᠷᠠᠳ ᠲᠦᠮᠡᠨ ᠤ ᠮᠦᠷᠤᠬᠡᠳᠤᠯ᠂ ᠲᠡᠣᠬᠡ ᠶᠢᠨ ᠬᠠᠷᠢᠭᠤᠴᠠᠯᠭ᠎ᠠ ᠶᠤᠮ᠃ ᠪᠢᠳᠡ ᠬᠤᠰᠢᠭᠤ ᠨᠠᠮ | ᠤᠨ ᠬᠤᠷᠢᠶᠠᠨ ᠤ ᠣᠳᠣᠷᠢᠳᠣᠯᠭ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠲᠣᠣᠷ᠎ᠠ ᠨᠠᠮ ᠤᠨ ᠠᠷᠪᠠᠨ ᠨᠠᠢᠮᠠᠳᠣᠭᠠᠷ | ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠢᠳᠡᠭᠡᠯ | ᠵᠣᠷᠢᠭ ᠢᠶᠠᠨ ᠬᠦᠪᠴᠢᠯᠡᠨ᠂ ᠪᠦᠯᠬᠦᠮᠳᠡᠨ ᠲᠡᠮᠡᠴᠡᠵᠦ᠂ ᠰᠢᠨᠵᠢᠯᠡᠬᠦ ᠣᠬᠠᠭᠠᠨᠴᠢ ᠪᠠᠷ ᠬᠦᠭᠵᠢᠭᠰᠡᠨ᠂ ᠪᠠᠶᠠᠨ | ᠬᠦᠴᠦᠷᠬᠡᠭ᠂ ᠪᠣᠯᠪᠠᠰᠣᠨ᠂ ᠡᠶ᠎ᠡ ᠵᠣᠬᠢᠴᠠᠯ ᠲᠠᠢ᠂ ᠦᠵᠡᠰᠭᠦᠯᠡᠩᠳᠣ ᠰᠠᠶᠢᠬᠠᠨ ᠠᠪᠠᠭ᠎ᠠ ᠨᠣᠳᠤᠭ ᠢᠶᠠᠨ ᠪᠦᠲᠦᠭᠡᠨ | ᠪᠠᠶᠢᠭᠤᠯᠬᠤ ᠶᠢᠨ ᠲᠦᠯᠦᠭᠡ ᠬᠦᠴᠤ ᠪᠠᠨ ᠬᠠᠮᠳᠤᠳᠬᠠᠨ ᠲᠠᠮᠠᠴᠠᠵᠠᠬᠡᠶᠠ︕ | | | | | | | | | | ᠨᠠᠷᠡᠰ ᠤᠨ ᠲᠠᠶᠢᠯᠪᠤᠷᠢᠯᠠᠯᠳᠠ᠄ | ① ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠨ ᠲᠦᠮᠡᠨ ᠤ ᠠᠵᠢᠯ᠄ ᠶᠠᠷᠤᠳᠠ ᠶᠢᠨ ᠬᠡᠯᠡᠳᠡᠭ ︽ ᠭᠤᠷᠪᠡᠨ | ᠮᠠᠯᠵᠢᠯ ᠤᠨ ᠠᠰᠠᠭᠤᠳᠠᠯ︾ ᠢ ᠵᠢᠭᠠᠵᠤ ᠪᠠᠶᠢᠨ᠎ᠠ᠃ | ② ᠤᠯᠤᠰ ᠤᠨ ᠳᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠵᠤᠬᠢᠴᠠᠮᠵᠢ᠄ ᠲᠦᠷᠦ ᠶᠢᠨ | ᠶᠠᠪᠤᠳᠠᠯ ᠤᠨ ᠬᠤᠷᠢᠶ᠎ᠠ 2011 ᠤᠨ ᠠᠴᠠ ᠡᠬᠢᠯᠡᠵᠦ ᠦᠪᠦᠷ ᠮᠤᠩᠭᠤᠯ᠂ ᠰᠢᠨᠵᠢᠶᠠᠩ ︵ᠰᠢᠨᠵᠢᠶᠠᠩ ᠤᠨ | ᠦᠢᠯᠡᠳᠪᠦᠷᠢᠯᠡᠯ ᠢ ᠪᠦᠳᠦᠭᠡᠨ ᠪᠠᠶᠢᠭᠤᠯᠬᠤ ᠴᠡᠷᠢᠭ ᠤᠨ ᠪᠦᠯᠬᠦᠮ ᠪᠠᠭᠳᠠᠨ᠎ᠠ︶᠂ ᠲᠦᠪᠡᠳ᠂ ᠬᠦᠬᠡᠨᠡᠭᠤᠷ᠂ | ᠰᠧᠴᠤᠸᠠᠨ᠂ ᠭᠠᠨᠰᠤ᠂ ᠨᠢᠩᠰᠢᠶᠠ ᠪᠤᠯᠤᠨ ᠶᠦᠨᠨᠠᠨ ᠵᠡᠷᠭᠡ 8 ᠭᠤᠤᠯᠳᠠᠯᠭ᠎ᠠ ᠲᠠᠢ ᠳᠠᠯ᠎ᠠ ᠨᠤᠳᠤᠭ ᠤᠨ ᠮᠠᠯᠵᠢᠬᠤ | ᠮᠤᠵᠢ ᠶᠢᠨ ︵ᠤᠷᠤᠨ ᠤ︶ ᠮᠠᠯᠴᠢᠳ ᠲᠤ ᠮᠠᠯᠵᠢᠬᠤ ᠶᠢ ᠵᠤᠭᠰᠤᠭᠠᠬᠤ ᠨᠦᠬᠦᠪᠦᠷᠢ᠂ ᠮᠠᠯ ᠪᠡᠯᠴᠢᠭᠡᠷ ᠤᠨ | ᠳᠡᠩᠴᠡᠭᠦᠷᠢ ᠶᠢᠨ ᠱᠠᠩᠨᠠᠯ᠂ ᠦᠢᠯᠡᠳᠪᠦᠷᠢᠯᠡᠯ ᠤᠨ ᠴᠢᠨᠠᠷᠳᠠᠢ ᠨᠦᠬᠦᠪᠦᠷᠢ ᠤᠯᠭᠤᠬᠤ ᠪᠤᠯᠤᠨ ᠮᠠᠯᠵᠢᠬᠤ ᠤᠷᠤᠨ ᠤ | ᠰᠤᠷᠭᠠᠨ ᠬᠦᠮᠦᠵᠢᠯ ᠤᠨ ᠬᠦᠭᠵᠢᠯᠳᠡ ᠪᠠ ᠮᠠᠯᠴᠢᠳ ᠤᠨ ᠳᠠᠪᠳᠠᠨ ᠪᠤᠯᠪᠠᠰᠤᠷᠠᠯᠳᠠ ᠶᠢ ᠳᠡᠳᠭᠦᠬᠦ ᠬᠦᠴᠦᠯᠡᠴᠡ ᠪᠠᠨ | ᠴᠢᠩᠭᠠᠳᠬᠠᠬᠤ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠢ ᠵᠢᠭᠠᠨ᠎ᠠ᠃ | ③ ᠤᠷᠭᠤᠮᠠᠯ ᠤᠨ ᠪᠦᠷᠬᠦᠴᠠ ᠶᠢᠨ ᠨᠤᠷᠮ᠎ᠠ᠄ ᠤᠷᠭᠤᠮᠠᠯ ᠤᠨ ᠪᠠᠭᠴᠠᠷᠠᠭᠰᠠᠨ ᠶᠡᠷᠦᠩᠭᠡᠢ ᠴᠤᠭᠴᠠ ᠪᠤᠶᠤ ᠳ᠋ᠠᠩ | ᠴᠤᠭᠴᠠ ᠶᠢᠨ ᠭᠠᠵᠠᠷ ᠳᠡᠭᠡᠷᠡᠬᠢ ᠡᠭᠴᠡ ᠳᠤᠰᠤᠯᠳᠠ ᠶᠢᠨ ᠳᠠᠯᠠᠪᠠᠢ ᠪᠠ ᠦᠯᠢᠭᠡᠷ ᠭᠡᠰᠡᠭ ᠤᠨ ᠳᠠᠯᠠᠪᠠᠢ ᠶᠢᠨ | ᠬᠠᠷᠢᠴᠠᠯ ᠤᠨ ᠵᠠᠭᠤᠨ ᠤ ᠬᠤᠪᠢ ᠶᠢ ᠵᠢᠭᠠᠵᠤ ᠪᠠᠶᠢᠨ᠎ᠠ᠃ ᠡᠨᠡ ᠨᠢ ᠤᠷᠭᠤᠮᠠᠯ ᠤᠨ ᠢᠭ᠌ᠴᠢ ᠰᠠᠬᠤᠯᠢᠭ ᠤᠨ | ᠬᠡᠮᠵᠢᠶ᠎ᠡ ᠪᠤᠯᠤᠨ ᠤᠷᠭᠤᠮᠠᠯ ᠤᠨ ᠭᠡᠷᠡᠯ ᠤᠨ ᠨᠡᠶᠢᠯᠡᠯᠭᠡ ᠶᠠᠪᠤᠭᠳᠠᠬᠤ ᠳᠠᠯᠠᠪᠠᠢ ᠶᠢᠨ ᠶᠡᠭᠡ ᠪᠠᠭ᠎ᠠ ᠶᠢ ᠵᠢᠭᠠᠵᠤ ᠪᠠᠶᠢᠨ᠎ᠠ | ᠃ | ④ ᠭᠤᠷᠪᠠᠨ 30%᠂ ᠭᠤᠷᠪᠠᠨ 50%᠂ ᠭᠤᠷᠪᠠᠨ 100%᠄ ᠳᠠᠷᠤᠢ 30% ᠶᠢᠨ ᠮᠠᠯᠵᠢᠬᠤ ᠡᠷᠦᠬᠡ ᠳᠤ | ᠴᠠᠬᠢᠯᠭᠠᠨ ᠨᠡᠪᠳᠡᠷᠡᠭᠦᠯᠵᠦ᠂ 30% ᠶᠢᠨ ᠮᠠᠯᠵᠢᠬᠤ ᠡᠷᠦᠬᠡ ᠳᠤ ᠺᠤᠮᠫᠢᠦ᠋ᠲ᠋ᠧᠷ ᠳᠤᠤᠷ ᠰᠦᠯᠵᠢᠶ᠎ᠡ ᠨᠠᠪᠳᠠᠷᠡᠬᠦᠯᠤᠨ᠂ | 30% ᠶᠢᠨ ᠮᠠᠯᠵᠢᠬᠤ ᠡᠷᠦᠬᠡ ᠶᠢ ᠳᠤᠭᠤᠷᠢᠭ ᠬᠤᠪᠢᠶᠠᠨ ᠰᠡᠯᠭᠦᠨ ᠮᠠᠯᠵᠢᠭᠤᠯᠬᠤ᠃ 50% ᠶᠢᠨ ᠮᠠᠯᠵᠢᠬᠤ | ᠡᠷᠦᠬᠡ ᠳᠤ ᠭᠡᠷ ᠪᠦᠯᠢ ᠶᠢᠨ ᠬᠠᠳᠤᠯᠠᠩ ᠤᠨ ᠳᠠᠯᠠᠪᠠᠢ ᠪᠠᠶᠢᠭᠤᠯᠵᠤ᠂ 50% ᠶᠢᠨ ᠮᠠᠯᠵᠢᠬᠤ ᠡᠷᠦᠬᠡ ᠤᠰᠤ | ᠠᠷᠢᠭᠤᠳᠬᠠᠬᠤ ᠳᠦᠬᠦᠭᠡᠷᠦᠮᠵᠢ ᠬᠤᠳᠠᠯᠳᠤᠨ ᠠᠪᠴᠤ᠂ 50% ᠶᠢᠨ ᠬᠤᠳᠠ ᠰᠠᠭᠤᠷᠢᠨ ᠳᠤ ᠨᠡᠶᠢᠳᠡ ᠶᠢᠨ | ᠵᠤᠷᠯᠤᠩ ᠪᠠᠶᠢᠭᠤᠯᠬᠤ᠃ 100% ᠶᠢᠨ ᠬᠤᠳᠠ ᠰᠠᠭᠤᠷᠢᠨ ᠳᠤ ᠲᠧᠯᠸᠢᠰ ᠢ ᠬᠦᠯᠢᠶᠠᠨ ᠠᠪᠬᠤ ᠮᠠᠰᠢᠨ | ᠤᠭᠰᠠᠷᠠᠵᠤ᠂ 100% ᠶᠢᠨ ᠬᠤᠳᠠ ᠰᠠᠭᠤᠷᠢᠨ ᠳᠤ ᠮᠠᠰᠢᠨᠴᠢᠯᠠᠭᠰᠠᠨ ᠦᠢᠯᠡᠳᠪᠦᠷᠢᠯᠡᠯ ᠢ ᠪᠠᠶᠠᠯᠠᠬᠦᠯᠵᠤ᠂ | 100% ᠶᠢᠨ ᠬᠤᠳᠠ ᠰᠠᠭᠤᠷᠢᠨ ᠢ ᠠᠷᠢᠭᠤᠨ ᠴᠡᠪᠡᠷ ᠡᠮᠬᠢ ᠲᠢᠭᠯᠢᠮ ᠲᠠᠢ ᠪᠤᠯᠭᠠᠬᠤ ᠶᠢ ᠵᠢᠭᠠᠨ᠎ᠠ᠃ | ⑤ ᠲᠦᠮᠡᠨ ᠳᠤᠰᠬᠤᠨ ᠮᠢᠩᠭᠠᠨ ᠰᠢᠶᠡᠩ ᠤᠨ ᠵᠠᠬ᠎ᠠ ᠳᠡᠯᠭᠡᠭᠦᠷ ᠤᠨ ᠢᠨᠵᠧᠨᠧᠷᠢᠩ᠄ ᠤᠯᠤᠰ ᠤᠨ ᠬᠤᠳᠠᠯᠳᠤᠭᠠᠨ | ᠤ ᠶᠠᠪᠤᠳᠠᠯ ᠤᠨ ᠶᠠᠮᠤᠨ ᠠᠴᠠ ᠡᠷᠬᠢᠯᠡᠨ ᠪᠠᠶᠢᠭᠤᠯᠵᠤ ᠪᠠᠶᠢᠭ᠎ᠠ ᠡᠳ᠋ ᠤᠨ ᠵᠠᠰᠠᠭ ᠠᠴᠠ ᠪᠡᠯᠡ ᠮᠦᠩᠭᠦ | ᠪᠠᠶᠢᠷᠢᠯᠠᠭᠤᠯᠵᠤ᠂ ᠨᠦᠬᠦᠪᠦᠷᠢ ᠤᠯᠭᠤᠬᠤ ᠪᠤᠶᠤ ᠬᠦᠦ ᠮᠦᠩᠭᠦ ᠪᠠᠷ ᠳᠡᠳᠭᠦᠬᠦ ᠠᠷᠭ᠎ᠠ ᠪᠠᠷ ᠬᠤᠳᠠ ᠶᠢᠨ | ᠬᠤᠯᠪᠤᠭᠠᠳᠤ ᠳᠡᠯᠭᠡᠭᠦᠷ ᠪᠤᠯᠤᠨ ᠴᠢᠯᠤᠬᠡᠳᠤ ᠳᠡᠯᠭᠡᠭᠦᠷ ᠵᠡᠷᠭᠡ ᠭᠦᠢᠯᠭᠡᠭᠡᠨ ᠤ ᠠᠵᠤ ᠠᠬᠤᠶᠢᠯᠠᠯ ᠤᠨ ᠬᠦᠳᠡᠭᠡ | ᠳᠤᠰᠬᠤᠨ ᠮᠠᠯᠵᠢᠬᠤ ᠤᠷᠤᠨ ᠳᠤ ︽ᠵᠢᠵᠢᠭ ᠳᠡᠯᠭᠡᠭᠦᠷ︾ ᠪᠠᠶᠢᠭᠤᠯᠬᠤ ᠶᠢ ᠵᠢᠯᠤᠭᠤᠳᠤᠨ ᠲᠠᠭᠠᠭᠤᠯᠬᠤ ᠲᠦᠷᠥᠯ | ᠵᠥᠢᠯ ᠪᠤᠯᠤᠨ᠎ᠠ᠃ ᠡᠬᠦᠨ ᠢᠶᠠᠷ ᠲᠠᠮᠵᠢᠨ᠂ ᠮᠠᠯᠴᠢᠨ ᠳᠠᠷᠢᠶᠠᠴᠢᠨ ᠤ ᠭᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠵᠤ᠂ | ᠬᠦᠳᠡᠭᠡ ᠳᠤᠰᠬᠤᠨ ᠮᠠᠯᠵᠢᠬᠤ ᠤᠷᠤᠨ ᠤ ᠭᠡᠷᠡᠭᠯᠡᠭᠡᠨ ᠤ ᠤᠷᠴᠢᠨ ᠳᠤᠭᠤᠷᠢᠨ ᠢ ᠰᠠᠶᠢᠵᠢᠷᠠᠭᠤᠯᠤᠨ᠂ ᠳᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠬᠤ ᠵᠤᠷᠢᠯᠳᠠ ᠳᠤ ᠬᠦᠷᠤᠨ᠎ᠠ᠃ | ⑥ ᠨᠢᠭᠡ ᠶᠢ ᠬᠤᠪᠢᠷᠠᠭᠤᠯᠵᠤ᠂ ᠬᠤᠶᠠᠷ ᠢ ᠪᠠᠷᠢᠮᠳᠠᠯᠠᠨ᠂ ᠭᠤᠷᠪᠠ ᠶᠢ ᠨᠢᠭᠡᠳᠭᠡᠵᠦ᠂ ᠳᠦᠷᠪᠡ ᠶᠢ ᠪᠠᠳᠠᠷᠠᠭᠤᠯᠤᠨ᠂ | ᠳᠠᠪᠤ ᠶᠢ ᠳᠡᠭᠡᠭᠰᠢᠯᠡᠭᠦᠯᠬᠦ᠄ ᠳᠠᠷᠤᠢ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ | ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢᠨ ᠠᠵᠢᠯ ᠢ ᠮᠠᠯᠵᠢᠬᠤ ᠤᠷᠤᠨ ᠤ ᠠᠵᠢᠯ ᠤᠨ | ᠲᠡᠷᠢᠭᠦᠨ ᠪᠠᠶᠢᠷᠢᠨ ᠳᠤ ᠳᠠᠯᠪᠢᠬᠤ ᠪᠤᠯᠤᠨ ᠰᠠᠭᠤᠷᠢ ᠲᠦᠬᠦᠬᠡᠷᠤᠮᠵᠢ ᠪᠠᠨ ᠴᠢᠩᠭᠠᠳᠬᠠᠬᠤ ᠪᠠ ᠪᠦᠳᠦᠴᠡ ᠶᠢᠨ | ᠳᠤᠬᠢᠷᠠᠭᠤᠯᠤᠯᠳᠠ ᠬᠢᠬᠦ ᠶᠢ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠠᠷᠭ᠎ᠠ ᠮᠠᠶ᠋ᠢᠭ | ᠪᠤᠯᠭᠠᠬᠤ ᠶᠢ ᠪᠠᠷᠢᠮᠳᠠᠯᠠᠨ᠂ ᠮᠠᠯᠵᠢᠬᠤ ᠤᠷᠤᠨ ᠤ ᠪᠡᠯᠴᠢᠭᠡᠷ ᠤᠨ ᠡᠬᠢ ᠪᠠᠶᠠᠯᠢᠭ᠂ ᠰᠠᠭᠤᠷᠢ ᠳᠦᠬᠦᠭᠡᠷᠦᠮᠵᠢ ᠶᠢᠨ | ᠡᠬᠢ ᠪᠠᠶᠠᠯᠢᠭ᠂ ᠬᠦᠳᠡᠯᠮᠦᠷᠢ ᠬᠦᠴᠦᠨ ᠤ ᠡᠬᠢ ᠪᠠᠶᠠᠯᠢᠭ ᠢ ᠨᠢᠭᠡᠳᠭᠡᠵᠦ᠂ ᠭᠠᠴᠠᠭᠠᠨ ᠤ ︽ᠬᠤᠶᠠᠷ ᠵᠦᠪᠯᠡᠯ︾ | ᠤᠨ ᠦᠢᠯᠡᠳᠦᠯ᠂ ᠮᠠᠯᠴᠢᠳ ᠤᠨ ᠭᠤᠤᠯ ᠴᠤᠭᠴᠠ ᠶᠢᠨ ᠦᠢᠯᠡᠳᠦᠯ᠂ ᠮᠠᠯᠵᠢᠬᠤ ᠤᠷᠤᠨ ᠤ ᠴᠢᠳᠠᠪᠤᠷᠢᠳᠠᠨ ᠤ | ᠳᠠᠶᠢᠴᠢᠯᠠᠬᠤ ᠦᠢᠯᠡᠳᠦᠯ᠂ ᠮᠠᠯ ᠠᠵᠤ ᠠᠬᠤᠢ ᠶᠢᠨ ᠬᠡᠪᠴᠢᠶᠡᠵᠢᠯ ᠤᠨ ᠦᠷ᠎ᠡ ᠠᠰᠢᠭ ᠤᠨ ᠦᠢᠯᠡᠳᠦᠯ ᠢ | ᠪᠠᠳᠠᠷᠠᠭᠤᠯᠤᠨ᠂ ᠮᠠᠯ ᠠᠵᠤ ᠠᠬᠤᠢ ᠶᠢᠨ ᠵᠤᠬᠢᠶᠠᠨ ᠪᠠᠶᠢᠭᠤᠯᠤᠯᠵᠢᠭᠰᠠᠨ ᠬᠡᠮᠵᠢᠶ᠎ᠡ᠂ ᠮᠠᠰᠢᠨᠴᠢᠯᠠᠭᠰᠠᠨ ᠬᠡᠮᠵᠢᠶ᠎ᠡ᠂ | ᠰᠤᠷᠠᠭ ᠵᠠᠩᠭᠢᠴᠢᠯᠠᠭᠰᠠᠨ ᠬᠡᠮᠵᠢᠶ᠎ᠡ᠂ ᠳᠤᠰᠬᠠᠶᠢᠵᠢᠭᠰᠠᠨ ᠬᠡᠮᠵᠢᠶ᠎ᠡ᠂ ᠪᠠᠷᠢᠮᠵᠢᠶᠠᠵᠢᠭᠰᠠᠨ ᠬᠡᠮᠵᠢᠶ᠎ᠡ ᠶᠢ ᠳᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ | ⑦ ᠠᠷᠪᠠᠨ ᠪᠠᠷᠢᠮᠵᠢᠶᠠᠨ ᠳᠤ ᠬᠦᠷᠬᠡᠬᠦ᠄ ᠳᠠᠷᠤᠢ ᠪᠡᠯᠴᠢᠭᠡᠷ ᠢ ᠳᠤᠤᠷᠴᠢᠯᠠᠨ ᠪᠦᠳᠦᠭᠡᠨ ᠪᠠᠶᠢᠭᠤᠯᠬᠤ᠂ ᠨᠤᠳᠤᠭ | ᠪᠡᠯᠴᠢᠭᠡᠷ ᠤᠨ ᠠᠰᠢᠭᠯᠠᠯᠳᠠ ᠶᠢ ᠰᠢᠨᠵᠢᠯᠡᠬᠦ ᠤᠬᠠᠭᠠᠡᠴᠢᠯᠠᠬᠤ᠂ ᠳᠠᠯ᠎ᠠ ᠨᠤᠳᠤᠭ ᠤᠨ ᠬᠠᠮᠠᠭᠠᠯᠠᠯᠳᠠ ᠶᠢ ᠬᠠᠤᠯᠢ | ᠳᠦᠷᠢᠮᠴᠢᠯᠡᠬᠦ᠂ ᠬᠠᠷᠠᠭᠤᠯᠭᠠ ᠮᠠᠯᠵᠢᠯᠠᠭ᠎ᠠ ᠶᠢ ᠪᠡᠯᠴᠢᠭᠡᠷ ᠰᠡᠯᠭᠦᠭᠦᠯᠬᠦ᠂ ᠠᠷᠠᠴᠢᠯᠠᠭ᠎ᠠ ᠳᠡᠵᠢᠭᠡᠯᠭᠡ ᠶᠢ ᠠᠵᠤ | ᠠᠬᠤᠶᠢᠯᠠᠯᠵᠢᠭᠤᠯᠬᠤ᠂ ᠠᠵᠤ ᠦᠢᠯᠡᠰ ᠤᠨ ᠪᠠᠶᠢᠷᠢᠰᠢᠯᠠᠭᠤᠯᠤᠯᠳᠠ ᠶᠢ ᠰᠠᠭᠤᠷᠢᠨᠴᠢᠯᠠᠬᠤ᠂ ᠦᠢᠯᠡᠳᠪᠦᠷᠢᠯᠡᠯ ᠤᠨ | ᠦᠢᠯᠡᠴᠢᠯᠡᠭᠡ ᠶᠢ ᠨᠡᠶᠢᠭᠡᠮᠴᠢᠯᠡᠬᠦ ᠪᠠᠷᠢᠮᠵᠢᠶ᠎ᠠ ᠳᠤ ᠬᠦᠷᠭᠡᠬᠦ ᠶᠢ ᠵᠢᠭᠠᠨ᠎ᠠ᠃ | ⑧ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠄ ᠳᠠᠷᠤᠢ | ᠮᠠᠨ ᠤ ᠤᠯᠤᠰ ᠤᠨ ᠪᠡᠭᠡᠵᠢᠩ ᠲᠢᠶᠠᠨᠵᠢᠨ ᠬᠤᠶᠠᠷ ᠤᠷᠤᠨ ᠤ ᠡᠯᠡᠰᠦ ᠰᠠᠯᠬᠢᠨ ᠤ ᠬᠤᠤᠷ ᠬᠦᠨᠦᠭᠡᠯ ᠢ ᠤᠯᠠᠮ ᠨᠢᠭᠡ | ᠠᠯᠬᠤᠮ ᠨᠠᠮᠳᠠᠭᠤᠯᠬᠤ ᠪᠠ ᠤᠮᠠᠷᠠᠳᠤ ᠤᠷᠤᠨ ᠤ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠵᠡᠷᠭᠡ | ᠱᠠᠭᠠᠷᠳᠠᠯᠭ᠎ᠠ ᠠᠴᠠ ᠪᠤᠯᠵᠤ᠂ 2013 ᠤᠨ ᠠᠴᠠ 2022 ᠤᠨ ᠪᠤᠯᠳᠠᠯᠠᠬᠢ 10 ᠵᠢᠯ ᠤᠨ ᠬᠤᠭᠤᠴᠠᠭ᠎ᠠ ᠳᠤ | ︽ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ | ᠲᠦᠯᠦᠪᠵᠢᠭᠦᠯᠭᠡ︾ ᠶᠢ ᠬᠡᠷᠡᠭᠵᠢᠭᠦᠯᠬᠦ ᠶᠢ ᠵᠢᠭᠠᠵᠤ ᠪᠠᠶᠢᠨ᠎ᠠ᠃ ᠢᠨᠵᠧᠨᠧᠷᠢᠩ ᠤᠨ ᠬᠦᠷᠢᠶ᠎ᠡ ᠬᠡᠪᠴᠢᠶ᠎ᠡ ᠨᠢ | ᠪᠡᠭᠡᠵᠢᠩ᠂ ᠲᠢᠶᠠᠨᠵᠢᠨ᠂ ᠾᠧᠪᠸᠢ᠂ ᠱᠠᠨᠰᠢ᠂ ᠦᠪᠦᠷ ᠮᠤᠩᠭᠤᠯ᠂ ᠵᠡᠷᠭᠡ 5 ᠮᠤᠵᠢ ︵ᠤᠷᠤᠨ᠂ ᠬᠤᠳᠠ︶ ᠶᠢᠨ | 75 ᠰᠢᠶᠠᠨ ︵ᠬᠤᠰᠢᠭᠤ᠂ ᠬᠤᠳᠠ᠂ ᠳᠤᠭᠤᠷᠢᠭ︶ ᠠᠴᠠ ᠪᠠᠨ ᠱᠠᠨ ᠰᠢ ᠶᠢ ᠪᠠᠭᠳᠠᠭᠠᠭᠰᠠᠨ 6 ᠮᠤᠵᠢ ︵ᠤᠷᠤᠨ | ᠂ ᠬᠤᠳᠠ︶ ᠶᠢᠨ 138 ᠰᠢᠶᠠᠨ ︵ᠬᠤᠰᠢᠭᠤ᠂ ᠬᠤᠳᠠ᠂ ᠳᠤᠭᠤᠷᠢᠭ︶ ᠪᠤᠯᠤᠨ ᠦᠷᠭᠡᠳᠦᠭᠰᠡᠨ ᠪᠠᠶᠢᠨ᠎ᠠ᠃ | ⑨ ︽25533︾ ᠶᠢᠨ ᠬᠠᠷᠠᠯᠳᠠ᠄ 2015 ᠤᠨ ᠪᠤᠯᠳᠠᠯ᠎ᠠ᠂ ᠪᠦᠬᠦ ᠬᠤᠰᠢᠭᠤᠨ ᠤ ᠨᠡᠭᠦᠷᠡᠰᠦᠨ ᠤ ᠵᠢᠯ ᠤᠨ | ᠭᠠᠷᠭᠠᠯᠳᠠ ᠶᠢ 2000 ᠲᠦᠮᠡᠨ ᠳᠤᠨ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ ᠬᠡᠮᠵᠢᠶ᠎ᠡ ᠶᠢ 500 | ᠲᠦᠮᠡᠨ ᠺᠢᠯᠤᠸᠠᠲ᠂ ᠮᠣᠯᠢᠪᠳᠧᠨ ᠲᠡᠮᠦᠷ ᠢ ᠪᠤᠯᠪᠠᠰᠤᠷᠠᠭᠤᠯᠬᠤ ᠴᠢᠳᠠᠪᠤᠷᠢ ᠶᠢ 5 ᠲᠦᠮᠡᠨ ᠳᠤᠨ᠂ ᠱᠦᠢᠨᠢ ᠶᠢᠨ | ᠭᠠᠷᠭᠠᠯᠳᠠ ᠶᠢ 300 ᠲᠦᠮᠡᠨ ᠳᠤᠨ᠂ ᠴᠠᠬᠢᠯᠭᠠᠨ ᠬᠡᠷᠡᠭᠯᠡᠬᠦ ᠲᠠᠭᠠᠭᠠᠴᠠ ᠶᠢ 30 ᠲᠦᠮᠡᠨ ᠺᠢᠯᠤᠸᠠᠲ ᠳᠤ ᠳᠤᠰ | ᠳᠤᠰ ᠬᠦᠷᠭᠡᠬᠦ ᠶᠢ ᠵᠢᠭᠠᠨ᠎ᠠ᠃ | ⑩ ᠨᠢᠭᠡ ᠴᠤᠭᠴᠠ ᠬᠤᠶᠠᠷ ᠵᠢᠭᠦᠷ᠄ ᠳᠠᠷᠤᠢ ᠪᠡᠯᠭᠦᠳᠠᠢ ᠪᠠᠯᠭᠠᠰᠤᠨ ᠤ ᠬᠠᠭᠤᠴᠢᠨ ᠬᠤᠳᠠ ᠳᠤᠭᠤᠷᠢᠭ ᠢ ᠵᠠᠰᠠᠨ | ᠰᠢᠨᠡᠳᠬᠡᠬᠦ ᠪᠠᠷ ᠭᠤᠤᠯ ᠴᠤᠭᠴᠠ ᠪᠤᠯᠭᠠᠵᠤ᠂ ᠠᠯᠪᠠᠨ ᠠᠵᠢᠯ ᠤᠨ ᠰᠢᠨ᠎ᠡ ᠳᠤᠭᠤᠷᠢᠭ ᠪᠤᠯᠤᠨ ᠴᠠᠭᠠᠡᠴᠢᠯᠠᠭᠤᠳᠤ | ᠰᠢᠨ᠎ᠡ ᠳᠤᠭᠤᠷᠢᠭ ᠢ ᠪᠠᠶᠢᠭᠤᠯᠬᠤ ᠶᠢᠨ ᠳᠤᠭᠤᠷᠢᠨ ᠳᠤ ᠬᠤᠳᠠᠴᠢᠯᠠᠯᠳᠠ ᠶᠢᠨ ᠶᠠᠪᠤᠴᠠ ᠶᠢ ᠪᠦᠬᠦ ᠳᠠᠯ᠎ᠠ ᠪᠠᠷ | ᠳᠦᠯᠬᠢᠨ ᠠᠬᠢᠭᠤᠯᠬᠤ ᠶᠢ ᠵᠢᠭᠠᠨ᠎ᠠ᠃ |