2014 ᠤᠨ ᠤ ᠵᠠᠰᠠᠭ  ᠤᠨ  ᠤᠷᠳᠤᠨ  ᠤ  ᠠᠵᠢᠯ  ᠤᠨ  ᠢᠯᠡᠳᠭᠡᠯ
ᠨᠡᠶᠢᠲᠡᠯᠡᠭᠰᠡᠨ ᠴᠠᠭ᠄
2017/5/18
                   ᠵᠠᠰᠠᠭ ᠤᠨ ᠤᠷᠳᠤᠨ ᠤ ᠠᠵᠢᠯ ᠤᠨ ᠢᠯᠡᠳᠬᠡᠯ                                      2014 ᠤᠨ ᠤ 2 ᠰᠠᠷ᠎ᠠ ᠶᠢᠨ 24 ᠤ ᠡᠳᠤᠷ ᠠᠪᠠᠭ᠎ᠠ ᠬᠤᠰᠢᠭᠤᠨ ᠤ              ᠠᠷᠪᠠᠨ ᠲᠦᠷᠪᠡᠳᠤᠬᠡᠷ ᠬᠤᠭᠤᠴᠠᠭᠠᠨ ᠤ ᠠᠷᠡᠳ ᠤᠨ  ᠲᠦᠯᠤᠬᠡᠯᠡᠭᠴᠢᠳ ᠤᠨ ᠶᠡᠭᠡ              ᠬᠤᠷᠡᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠬᠡᠷ᠎ᠠ                                   ᠵᠠᠰᠠᠭ ᠤᠨ ᠤᠷᠳᠤᠨ ᠤ ᠬᠤᠰᠢᠭᠤ ᠲᠠᠷᠤᠭ᠎ᠠ      ᠬᠠᠰᠪᠠᠶᠠᠷ ᠲᠦᠯᠤᠬᠡᠯᠡᠭᠴᠢᠳ ᠡ᠄ ᠤᠳᠤ ᠪᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠵᠤ᠂ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠃ ᠬᠢᠨᠡᠨ ᠵᠦᠪᠯᠡᠬᠦ ᠪᠤᠯᠪᠠᠤ︕  ᠬᠤᠰᠢᠭᠤ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠨ ᠤᠷᠤᠯᠴᠠᠭᠰᠡᠨ ᠨᠦᠬᠦᠳ ᠰᠠᠨᠠᠯ ᠢᠶᠠᠨ ᠲᠠᠪᠰᠢᠬᠦᠯᠬᠦ ᠶᠢ ᠬᠦᠰᠠᠶ᠎ᠠ᠃ ᠨᠢᠬᠡ᠂ 2013 ᠤᠨ ᠤ ᠠᠵᠢᠯ ᠤᠨ ᠡᠷᠬᠢᠴᠡᠬᠦᠯᠦᠯ 2013 ᠣᠨ ᠪᠣᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠡᠬᠦᠷᠬᠡ ᠬᠠᠷᠢᠭᠤᠴᠠᠯᠭ᠎ᠠ ᠪᠠᠨ ᠪᠠᠶᠠᠯᠠᠬᠦᠯᠬᠦ ᠡᠬᠢᠯᠠᠯᠳᠠ ᠵᠢᠨ‌ᠵᠢᠯ ᠪᠤᠯᠤᠨ᠎ᠠ᠃ ᠮᠦᠡᠴᠤ ᠬᠠᠳᠠᠭᠤ ᠴᠢᠩᠭ᠎ᠠ ᠰᠢᠯᠭᠠᠯᠳᠠ ᠶᠢ ᠲᠠᠭᠠᠭᠠᠵᠤ᠂ ᠰᠢᠨ᠎ᠠ ᠠᠮᠵᠢᠯᠳᠠ ᠶᠢ ᠤᠯᠤᠭᠰᠡᠨ ᠨᠢᠬᠡ ᠵᠢᠯ ᠮᠥᠨ᠃ ᠪᠦᠬᠦ ᠤᠯᠤᠰ ᠪᠦᠬᠦ ᠤᠷᠤᠨ ᠤ ᠴᠢᠨᠠᠷᠳᠡᠢ ᠠᠵᠤ ᠠᠬᠤᠢ ᠶᠢᠨ ᠪᠠᠭᠤᠷᠠᠯᠳᠠ ᠶᠢᠨ ᠨᠦᠯᠤᠬᠡ ᠪᠠ ᠵᠠᠬ᠎ᠠ ᠲᠡᠯᠬᠡᠬᠦᠷ ᠤᠨ ᠬᠡᠷᠡᠭᠴᠡᠭᠡ ᠲᠤᠭᠳᠠᠭᠤᠨ ᠪᠤᠰᠤ᠂ ᠡᠳ᠋ ᠤᠨ ᠵᠠᠰᠠᠭ ᠤᠨ ᠨᠡᠮᠡᠭᠳᠡᠯ ᠤᠳᠠᠭᠠᠰᠢᠷᠠᠭᠰᠡᠨ ᠪᠠᠶᠢᠳᠠᠯ ᠤᠨ ᠲᠣᠣᠷ᠎ᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠬᠤᠰᠢᠭᠤ ᠵᠠᠰᠠᠭ ᠤᠨ ᠤᠷᠳᠤᠨ  ᠨᠢ ᠪᠦᠬᠦ ᠬᠤᠰᠢᠭᠤᠨ ᠤ ᠪᠠᠨ ᠦᠡᠳᠤᠰᠤᠳᠠᠨ ᠨᠦᠭᠦᠳ ᠤᠨ ᠠᠷᠠᠳ ᠲᠦᠮᠡᠨ ᠢᠶᠠᠨ ᠪᠦᠯᠬᠦᠮᠳᠠᠬᠦᠯᠤᠨ ᠲᠠᠭᠠᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠤᠨ ᠵᠤᠷᠢᠭ ᠰᠠᠨᠠᠭ᠎ᠠ᠂ ᠦᠪᠡᠷᠳᠡᠬᠡᠨ ᠵᠠᠰᠠᠬᠤ ᠤᠷᠤᠨ ᠤ ︽8337 ︾ ᠬᠦᠭᠵᠢᠯᠳᠠ ᠶᠢᠨ ᠰᠡᠳᠬᠢᠴᠠ ᠪᠠ ᠮᠠᠨ ᠤ ᠬᠤᠰᠢᠭᠤᠨ ᠤ ︽53331︾ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠰᠠᠨᠠᠭ᠎ᠠ ᠪᠠᠨ ᠨᠢᠬᠡᠳᠬᠡᠨ᠂ ᠬᠦᠴᠤᠨ ᠴᠢᠳᠠᠯ ᠢᠶᠠᠨ ᠬᠠᠮᠳᠤᠳᠬᠠᠵᠤ᠂ ᠬᠦᠴᠢᠷ ᠢ ᠰᠦᠷᠤᠨ ᠤᠷᠤᠭᠰᠢᠯᠠᠵᠤ᠂ ᠲᠤᠭᠳᠠᠭᠤᠨ ᠢᠶᠠᠷ ᠨᠡᠮᠡᠭᠳᠡᠯ ᠢ ᠪᠠᠳᠤᠯᠠᠬᠤ᠂ ᠪᠦᠳᠤᠴᠠ ᠶᠢ ᠲᠤᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠡᠳ ᠲᠤ ᠠᠰᠢᠭ ᠬᠦᠷᠳᠡᠬᠡᠬᠦ ᠵᠡᠷᠬᠡ ᠠᠵᠢᠯ ᠢ ᠨᠢᠬᠡᠳᠤᠯᠳᠡᠢ ᠲᠦᠯᠤᠪᠵᠢᠬᠦᠯᠤᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠤᠷᠤᠭᠰᠢᠳᠡᠢ ᠪᠠᠶᠢᠬᠤ ᠶᠢ ᠪᠠᠳᠤᠯᠠᠭᠰᠡᠨ ᠪᠠᠶᠢᠨ᠎ᠠ᠃ ᠪᠦᠬᠦ ᠵᠢᠯ ᠳᠤ᠂ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 53.8 ᠳ᠋ᠦᠩᠰᠢᠭᠤᠷ ᠲᠦᠬᠦᠷᠢᠭ ᠲᠤ ᠬᠦᠷᠬᠡᠵᠣ᠂ 10.2% ᠢᠶᠠᠷ ᠨᠡᠮᠡᠭᠳᠡᠨ᠂ ᠡᠬᠦᠨ ᠳᠤ ᠨᠢᠬᠡᠳᠤᠬᠡᠷ ᠠᠵᠤ ᠦᠢᠯᠡᠰ ᠤᠨ ᠨᠡᠮᠡᠭᠳᠡᠯ ᠦᠷᠳᠡᠭ ᠢ 6.7 ᠳ᠋ᠦᠩᠰᠢᠭᠤᠷ ᠲᠦᠬᠦᠷᠢᠭ ᠲᠤ ᠬᠦᠷᠬᠡᠵᠣ᠂ 6.1% ᠪᠠᠷ ᠨᠡᠮᠡᠭᠳᠡᠪᠡ︔ ᠬᠤᠶᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 39.4 ᠳ᠋ᠦᠩᠰᠢᠭᠤᠷ ᠲᠦᠬᠦᠷᠢᠭ ᠲᠤ ᠬᠦᠷᠬᠡᠨ᠂ 11.4% ᠪᠠᠷ ᠨᠡᠮᠡᠭᠳᠡᠨ᠂ ᠡᠬᠦᠨ ᠳᠤ᠂ ᠠᠵᠤ ᠦᠢᠯᠡᠳᠪᠤᠷᠢ ᠤᠨ ᠨᠡᠮᠡᠭᠳᠡᠯ ᠦᠷᠳᠡᠭ ᠢ 34.6 ᠳ᠋ᠦᠩᠰᠢᠭᠤᠷ ᠲᠦᠬᠦᠷᠢᠭ ᠲᠤ ᠬᠦᠷᠬᠡᠵᠣ᠂ 12.2% ᠢᠶᠠᠷ ᠨᠡᠮᠡᠭᠳᠠᠵᠠᠢ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 7.7 ᠳ᠋ᠦᠩᠰᠢᠭᠤᠷ ᠲᠦᠬᠦᠷᠢᠭ ᠲᠤ ᠬᠦᠷᠬᠡᠨ᠂ 7.3% ᠪᠠᠷ ᠨᠡᠮᠡᠭᠳᠠᠬᠦᠯᠵᠠᠢ᠃ ᠪᠦᠬᠦ ᠨᠠᠶᠢᠬᠡᠮ ᠤᠨ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 43.4 ᠳ᠋ᠦᠩᠰᠢᠭᠤᠷ ᠲᠦᠬᠦᠷᠢᠭ ᠲᠤ ᠬᠦᠷᠬᠡᠵᠣ᠂ 7.2% ᠢᠶᠠᠷ ᠨᠡᠮᠡᠭᠳᠡᠬᠦᠯᠦᠨ᠂ ᠭᠠᠵᠡᠷ ᠤᠷᠤᠨ ᠤ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ 2.58 ᠳ᠋ᠦᠩᠰᠢᠭᠤᠷ ᠲᠦᠬᠦᠷᠢᠭ ᠪᠠᠶᠠᠯᠠᠬᠦᠯᠵᠤ᠂ ᠲᠤᠬᠢᠷᠠᠭᠤᠯᠤᠯᠳᠠ ᠬᠢᠭᠰᠡᠨ ᠤ ᠲᠠᠷᠠᠭᠠᠬᠢ ᠡᠬᠦᠷᠬᠡ ᠪᠠᠨ 100.4%  ᠪᠠᠷ ᠪᠡᠶᠡᠯᠡᠬᠦᠯᠦᠭᠰᠡᠨ ᠪᠠᠶᠢᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠣᠬᠢᠷᠠᠭᠤᠯᠵᠣ ᠪᠣᠯᠬᠤᠶᠢᠴᠨ ᠲᠤᠮᠳᠠᠴᠢ ᠤᠷᠤᠯᠭ᠎ᠠ 22342 ᠲᠦᠬᠦᠷᠢᠭ ᠲᠤ ᠬᠦᠷᠬᠡᠵᠣ᠂ 10.6% ᠪᠠᠷ ᠨᠡᠮᠡᠭᠳᠡᠬᠦᠯᠦᠨ᠂ ᠮᠠᠯᠴᠢᠳ ᠤᠨ ᠲᠤᠮᠳᠠᠴᠢ ᠴᠠᠪᠡᠷ ᠤᠷᠤᠯᠭ᠎ᠠ ᠶᠢ 16502 ᠲᠦᠬᠦᠷᠢᠭ ᠲᠤ ᠬᠦᠷᠬᠡᠨ᠂ 14.1% ᠪᠠᠷ ᠨᠡᠮᠡᠭᠳᠡᠬᠦᠯᠵᠣ᠂ ᠨᠠᠶᠢᠬᠡᠮ  ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠬᠡᠮᠵᠢᠶ᠎ᠠ ᠶᠢ 8.4 ᠳ᠋ᠦᠩᠰᠢᠭᠤᠷ ᠲᠦᠬᠦᠷᠢᠭ ᠲᠤ ᠬᠦᠷᠬᠡᠨ᠂ 11.9% ᠪᠠᠷ ᠨᠡᠮᠡᠭᠳᠡᠬᠦᠯᠵᠠᠢ᠃ ︵ᠨᠢᠬᠡ︶ ᠮᠠᠯᠵᠢᠬᠤ ᠤᠷᠤᠨ᠂ ᠮᠠᠯ ᠠᠵᠤ ᠠᠬᠤᠢ᠂ ᠮᠠᠯᠴᠢᠨ ᠲᠦᠮᠡᠨ ᠤ ᠠᠵᠢᠯ ᠢ ᠲᠤᠭᠳᠠᠭᠤᠨ ᠢᠶᠠᠷ ᠲᠦᠯᠬᠢᠨ ᠠᠬᠢᠭᠤᠯᠪᠠ᠃ ︽ᠮᠠᠯ ᠠᠵᠤ ᠠᠬᠤᠢ ᠪᠠᠷ ᠬᠤᠰᠢᠭᠤ ᠪᠠᠨ ᠲᠤᠭᠳᠠᠪᠤᠷᠢᠵᠢᠭᠤᠯᠬᠤ︾ ᠪᠠᠶᠢᠯᠳᠤᠬᠤ ᠪᠤᠳᠤᠯᠭ᠎ᠠ ᠶᠢ ᠬᠦᠡᠵᠡᠬᠡᠢ ᠬᠡᠷᠡᠭᠵᠢᠬᠦᠯᠵᠤ᠂ ᠪᠦᠬᠦ ᠬᠤᠰᠢᠭᠤᠨ ᠤ ᠬᠡᠪᠴᠢᠶᠠᠨ ᠳᠤ ᠮᠠᠯᠵᠢᠬᠤ ᠤᠷᠤᠨ ᠢᠶᠠᠨ ᠬᠦᠭᠵᠢᠬᠦᠯᠬᠦ᠂ ᠮᠠᠯ ᠠᠵᠤ ᠠᠬᠤᠢ ᠶᠢ ᠲᠠᠮᠵᠢᠬᠦ᠂ ᠮᠠᠯᠴᠢᠳ ᠲᠠᠭᠠᠨ ᠠᠰᠢᠭ ᠬᠦᠷᠳᠡᠬᠡᠬᠦ ᠡᠯ᠎ᠠ ᠲᠦᠷᠥᠯ ᠤᠨ ᠲᠦᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠮᠠᠯᠵᠢᠬᠤ ᠤᠷᠤᠨ᠂ ᠮᠠᠯ ᠠᠵᠤ ᠠᠬᠤᠢ᠂ ᠮᠠᠯᠴᠢᠨ ᠲᠦᠮᠡᠨ︾ ᠤ ᠠᠵᠢᠯ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠪᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠢᠯᠡᠳᠳᠠ ᠰᠠᠶᠢᠵᠢᠷᠠᠭᠤᠯᠤᠨ᠂ ᠮᠠᠯᠵᠢᠬᠤ ᠤᠷᠤᠨ ᠤ ᠤᠰᠤ ᠤᠮᠳᠠ ᠶᠢᠨ ᠠᠮᠤᠷ ᠲᠦᠪᠰᠢᠨ᠂ ᠤᠳᠤᠬᠢᠴᠢᠯᠠᠭᠰᠡᠨ ᠮᠢᠬᠠᠨ ᠤ ᠬᠤᠨᠢᠨ ᠤ ᠦᠢᠯᠡᠰ᠂ ᠲᠠᠷᠢᠶᠠᠯᠠᠩ ᠤᠨ ᠶᠠᠷᠤᠩᠬᠡᠶᠢᠯᠡᠭᠰᠡᠨ ᠨᠡᠬᠡᠬᠡᠯᠳᠡ ᠵᠡᠷᠬᠡ ᠲᠦᠷᠥᠯ ᠵᠥᠢᠯ ᠤᠨ ᠪᠡᠯᠡ ᠮᠦᠩᠬᠦ ᠶᠢ ᠨᠢᠬᠡᠳᠬᠡᠨ᠂ 4300 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠢᠨ᠎ᠠ ᠪᠠᠷ 3.2 ᠲᠦᠮᠡᠨ ᠲᠡᠭᠰᠢ ᠲᠦᠷᠪᠡᠯᠵᠢᠨ ᠮᠧᠲᠷ ᠤᠨ 271 ᠰᠠᠭᠤᠷᠢ ᠮᠠᠯ ᠤᠨ ᠫᠸᠡᠭ ᠪᠠᠶᠢᠭᠤᠯᠤᠨ᠂ ᠡᠪᠤᠯᠵᠢᠬᠦ ᠮᠠᠯ ᠤᠨ ᠬᠤᠨᠢᠴᠢᠯᠠᠭᠰᠡᠨ ᠨᠢᠬᠡᠴᠢ ᠪᠦᠷᠢ ᠳᠤ ᠨᠤᠭᠳᠠᠬᠤ ᠲᠠᠯᠠᠪᠠᠢ ᠶᠢ 0.51ᠲᠡᠭᠰᠢ ᠲᠦᠷᠪᠡᠯᠵᠢᠨ ᠮᠧᠲᠷ ᠲᠤ ᠬᠦᠷᠬᠡᠨ᠂ 2 ᠲᠦᠮᠡᠨ ᠲᠡᠭᠰᠢ ᠲᠦᠷᠪᠡᠯᠵᠢᠨ ᠮᠧᠲᠷ ᠤᠨ 178 ᠰᠠᠭᠤᠷᠢ ᠡᠪᠡᠰᠤ ᠬᠠᠳᠠᠭᠠᠯᠠᠬᠤ ᠫᠸᠡᠭ ᠢ ᠪᠠᠶᠢᠭᠤᠯᠤᠨ᠂ 150 ᠬᠤᠳᠳᠤᠭ ᠢ ᠰᠢᠨ᠎ᠠ ᠪᠠᠷ ᠮᠠᠯᠳᠠᠵᠤ᠂ 2704 ᠬᠦᠮᠤᠨ ᠪᠠ 15 ᠲᠦᠮᠡᠨ ᠲᠤᠯᠤᠭᠠᠢ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠣᠷᠢᠯᠡᠭᠰᠡᠨ ᠪᠠᠶᠢᠨ᠎ᠠ᠃ ᠰᠢᠨ᠎ᠠ ᠪᠠᠷ 289 ᠰᠠᠤᠷᠢ  ᠮᠠᠯ ᠠᠵᠤ ᠠᠬᠤᠢ ᠶᠢᠨ ᠮᠠᠰᠢᠨ ᠮᠧᠬᠠᠨᠢᠭ ᠢ ᠨᠡᠮᠡᠭᠳᠡᠬᠦᠯᠵᠤ᠂ ᠨᠠᠶᠢᠳᠠ 4762 ᠰᠠᠤᠷᠢ ᠳᠤ ᠬᠦᠷᠬᠡᠵᠠᠢ᠃ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠠᠯᠬᠤᠴᠠ ᠪᠠᠨ ᠲᠠᠰᠤᠷᠠᠯᠳᠠ ᠦᠬᠡᠢ ᠲᠦᠷᠬᠡᠳᠬᠡᠵᠤ᠂  ︽ᠮᠢᠬ᠎ᠠ ᠰᠦ ᠠᠳᠤᠭᠤ ᠡᠪᠡᠰᠤ ᠡᠯᠡᠰᠤ︾ ᠲᠠᠪᠤᠨ ᠤᠡᠴᠠᠯᠢᠭᠳᠤ ᠠᠵᠤ ᠦᠢᠯᠡᠰ ᠤᠨ ᠲᠤᠭᠤᠷᠢᠨ ᠳᠤ᠂ 60 ᠮᠢᠬᠠᠨ ᠤ ᠦᠬᠡᠷ ᠲᠡᠵᠢᠬᠡᠨ ᠠᠷᠠᠴᠢᠯᠠᠬᠤ ᠲᠤᠰᠬᠠᠢ ᠡᠷᠤᠬᠡ᠂ 140 ᠮᠢᠬᠠᠨ ᠤ ᠬᠤᠨᠢ ᠲᠡᠵᠢᠬᠡᠨ ᠠᠷᠠᠴᠢᠯᠠᠬᠤ ᠲᠤᠰᠬᠠᠢ ᠡᠷᠤᠬᠡ ᠶᠢ ᠭᠠᠷᠭᠠᠵᠣ᠂ ᠮᠠᠯᠴᠢᠳ ᠤᠨ 30 ᠲᠤᠰᠬᠠᠶᠢᠵᠢᠭᠰᠡᠨ ᠬᠤᠷᠰᠢᠶᠠᠵᠢᠯ ᠢ ᠲᠦᠷᠢᠮᠵᠢᠬᠦᠯᠤᠨ᠂ ︽ᠭᠤᠷᠪᠡ ᠶᠢ ᠨᠢᠬᠡᠳᠬᠡᠭᠰᠡᠨ︾ ᠡᠵᠡᠩᠨᠡᠯᠳᠡ ᠶᠢᠨ ᠡᠷᠤᠬᠡ 100 ᠶᠢ ᠪᠤᠶᠢᠵᠢᠭᠤᠯᠵᠤ᠂ ᠰᠢᠨ᠎ᠠ ᠪᠠᠷ 40 ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠪᠠ᠃ ᠠᠪᠠᠭ᠎ᠠ ᠬᠠᠷ᠎ᠠ ᠠᠳᠤᠭᠤ᠂ ᠤᠷᠢᠶᠠᠩᠬᠠᠢ ᠬᠤᠨᠢ᠂ ᠠᠪᠠᠭ᠎ᠠ ᠴᠡᠭᠡ ᠶᠢᠨ ᠲᠠᠸᠡᠷ ᠤᠨ ᠲᠡᠮᠳᠡᠭ ᠢ ᠲᠠᠩᠰᠠᠯᠠᠭᠤᠯᠵᠤ᠂ ᠲᠠᠷᠬᠠᠨ ᠮᠠᠯ ᠠᠵᠤ ᠠᠬᠤᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠵᠢᠯ ᠳᠤ 30 ᠲᠦᠮᠡᠨ ᠬᠤᠨᠢᠴᠢᠯᠠᠭᠰᠡᠨ ᠨᠢᠬᠡᠴᠢ ᠶᠢᠨ ᠮᠠᠯ ᠤᠨ ᠠᠰᠢᠭ ᠰᠢᠮ᠎ᠠ ᠶᠢ ᠡᠳ᠋ᠰᠢᠬᠦᠯᠬᠦ ᠲᠦᠷᠥᠯ ᠵᠥᠢᠯ ᠢ ᠠᠰᠢᠭᠯᠠᠯᠳᠠ  ᠳᠤ ᠣᠷᠣᠭᠤᠯᠵᠠᠢ᠃ ᠮᠠᠯᠵᠢᠯ ᠤᠨ ᠤᠨ ᠤ ᠮᠠᠯ ᠤᠨ ᠲᠤᠭ᠎ᠠ ᠲᠤᠯᠤᠭᠠᠢ ᠶᠢ 150 ᠲᠦᠮᠡᠨ ᠲᠤᠯᠤᠭᠠᠢ ᠳᠤ ᠲᠤᠭᠳᠠᠪᠤᠷᠢᠵᠢᠭᠤᠯᠬᠤ᠂ ᠲᠦᠯ ᠤᠨ ᠤᠡᠳᠤᠷᠤᠯᠳᠠ ᠶᠢᠨ ᠨᠤᠷᠮ᠎ᠠ ᠶᠢ 99.9% ᠳᠤ ᠬᠦᠷᠬᠡᠨ᠂ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 98.3% ᠳᠤ ᠬᠦᠷᠪᠡ᠃ ᠪᠦᠬᠦ ᠵᠢᠯ ᠳᠤ᠂ ᠨᠠᠶᠢᠳᠠ 83.4 ᠲᠦᠮᠡᠨ ᠲᠤᠯᠤᠭᠠᠢ ᠮᠠᠯ ᠵᠠᠷᠤᠴᠠᠭᠤᠯᠵᠤ᠂ ᠡᠬᠦᠨ ᠳᠤ 18.2 ᠲᠦᠮᠡᠨ ᠲᠤᠯᠤᠭᠠᠢ ᠮᠠᠯ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠂ 110 ᠲᠤᠨ ᠴᠠᠭᠠᠨ ᠢᠳᠡᠭᠡ᠂ 247 ᠲᠤᠨ ᠴᠡᠭᠡ ᠪᠤᠷᠤᠯᠠᠭᠤᠯᠵᠤ᠂ 2.96 ᠳ᠋ᠦᠩᠰᠢᠭᠤᠷ ᠺᠢᠯᠦᠭᠷᠡᠮ ᠡᠪᠡᠰᠤ ᠬᠠᠳᠤᠵᠤ ᠨᠦᠬᠡᠴᠡᠯᠡᠪᠡ᠃ ᠠᠮᠢ ᠠᠬᠤᠢ ᠶᠢᠨ ᠤᠷᠴᠢᠨ ᠢ ᠤᠯᠠᠮ ᠰᠠᠶᠢᠵᠢᠷᠠᠭᠤᠯᠤᠨ᠂ 1.3 ᠳ᠋ᠦᠩᠰᠢᠭᠤᠷ ᠲᠦᠬᠦᠷᠢᠭ ᠤᠨ ᠡᠯ᠎ᠠ ᠲᠦᠷᠥᠯ ᠤᠨ ᠪᠡᠯᠡ ᠮᠦᠩᠬᠦ ᠶᠢ ᠤᠷᠤᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠦᠵᠤᠮᠤᠴᠢᠨ ᠡᠯᠡᠰᠤᠷᠬᠡᠭ ᠭᠠᠵᠡᠷ ᠢ ᠨᠦᠬᠦᠨ ᠰᠡᠷᠬᠦᠬᠡᠬᠦ ᠪᠠ ᠭᠤᠤᠯᠳᠠᠯᠭ᠎ᠠ ᠲᠠᠢ ᠬᠡᠰᠡᠭ ᠢ ᠨᠤᠭᠤᠭᠠᠷᠠᠭᠤᠯᠬᠤ ᠵᠡᠷᠬᠡ ᠢᠡᠵᠧᠨᠧᠷᠢᠩ  ᠶᠢ ᠬᠡᠷᠡᠭᠵᠢᠬᠦᠯᠵᠤ᠂ 3709 ᠲᠦᠮᠡᠨ ᠮᠤ᠋ ᠨᠤᠳᠤᠭ ᠲᠤ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠵᠤ᠂ 415 ᠲᠦᠮᠡᠨ ᠮᠤ᠋ ᠨᠤᠳᠤᠭ ᠲᠤ ᠪᠠᠯᠴᠢᠬᠡᠷᠯᠡᠬᠦᠯᠬᠦ ᠶᠢ ᠵᠤᠭᠰᠤᠭᠠᠨ᠂ 38 ᠲᠦᠮᠡᠨ ᠮᠤ᠋ ᠭᠠᠵᠡᠷ ᠲᠤ ᠦᠢᠵᠢᠭᠤᠯᠤᠯᠳᠠ ᠬᠢᠵᠤ᠂ ᠬᠤᠳᠠ ᠶᠢᠨ ᠲᠤᠭᠤᠷᠢᠭ ᠪᠠ ᠦᠢᠯᠡᠳᠪᠤᠷᠢ ᠠᠭᠤᠷᠬᠠᠢ ᠶᠢᠨ ᠠᠵᠤ ᠠᠬᠤᠶᠢᠯᠡᠯ ᠤᠨ 3536 ᠮᠤ᠋ ᠭᠤᠤᠯᠳᠠᠯᠭ᠎ᠠ ᠲᠠᠢ ᠭᠠᠵᠠᠷ ᠤᠷᠤᠨ ᠢ ᠨᠤᠭᠤᠭᠠᠷᠠᠭᠤᠯᠤᠨ᠂ ᠪᠦᠬᠦ ᠬᠤᠰᠢᠭᠤᠨ ᠤ ᠤᠷᠭᠤᠮᠠᠯ ᠤᠨ ᠪᠦᠷᠬᠦᠴᠠ ᠶᠢᠨ ᠬᠡᠮᠵᠢᠶ᠎ᠠ ᠨᠢ 53.6% ᠲᠤ ᠬᠦᠷᠪᠡ᠃ ᠮᠠᠯ ᠤᠨ ᠬᠢᠵᠢᠭ ᠬᠡᠮ ᠢ ᠰᠠᠷᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠲᠠᠷᠢᠯᠭ᠎ᠠ ᠲᠠᠷᠢᠭᠰᠡᠨ ᠨᠤᠷᠮ᠎ᠠ ᠶᠢ 100% ᠳᠤ ᠬᠦᠷᠬᠡᠭᠰᠡᠨ ᠪᠠᠶᠢᠨ᠎ᠠ᠃ ︵ᠬᠤᠶᠡᠷ︶ ᠠᠵᠤ ᠦᠢᠯᠡᠳᠪᠤᠷᠢ ᠶᠢᠨ ᠠᠵᠤ ᠠᠬᠤᠢ ᠶᠢ ᠲᠤᠭᠳᠠᠭᠤᠨ ᠢᠶᠠᠷ ᠬᠦᠭᠵᠢᠬᠦᠯᠪᠠ᠃ ︽ᠠᠵᠤ ᠦᠢᠯᠡᠳᠪᠤᠷᠢ ᠪᠠᠷ ᠬᠤᠰᠢᠭᠤ ᠪᠠᠨ ᠬᠦᠴᠤᠷᠬᠡᠭᠵᠢᠬᠦᠯᠤᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠶᠡᠭᠡ ᠬᠦᠴᠤᠨ ᠢᠶᠠᠷ ᠲᠦᠯᠬᠢᠨ ᠠᠬᠢᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠲᠦᠷᠬᠡᠳᠬᠡᠨ᠂ ᠠᠵᠤ ᠦᠢᠯᠡᠳᠪᠤᠷᠢ ᠶᠢᠨ ᠬᠦᠭᠵᠢᠯᠳᠠ ᠶᠢᠨ ᠬᠢᠷᠢ ᠲᠦᠪᠰᠢᠨ ᠨᠢ ᠲᠠᠰᠤᠷᠠᠯᠳᠠ ᠦᠬᠡᠢ ᠲᠡᠬᠡᠭᠰᠢᠯᠡᠪᠠ ᠃ ᠠᠵᠤ ᠦᠢᠯᠡᠳᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢᠨ ᠠᠯᠬᠤᠴᠠ ᠪᠠᠨ ᠲᠦᠷᠬᠡᠳᠬᠡᠵᠤ᠂ ᠴᠠᠭᠠᠡᠨᠠᠭᠤᠷ ᠤᠷᠴᠢᠯᠳᠠᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠤᠨ ᠶᠠᠷᠤᠩᠬᠡᠢ ᠲᠦᠯᠤᠪᠵᠢᠬᠦᠯᠬᠡ ᠶᠢ ᠪᠦᠷᠢᠡᠰᠢᠬᠦᠯᠵᠤ᠂ ᠤᠳᠤᠬᠠᠨ ᠪᠤᠯᠳᠠᠯ᠎ᠠ ᠨᠢᠬᠡᠨᠳᠡ ᠬᠡᠪᠴᠢᠶᠠᠵᠢᠯ ᠠᠴᠠ ᠲᠡᠬᠡᠭᠰᠢᠬᠢ 13 ᠠᠵᠤ ᠠᠬᠤᠶᠢᠯᠡᠯ ᠨᠢ ᠠᠵᠤ ᠦᠢᠯᠡᠳᠪᠤᠷᠢ ᠶᠢᠨ ᠲᠤᠭᠤᠷᠢᠭ ᠲᠤ ᠰᠠᠭᠤᠷᠢᠰᠢᠵᠤ᠂ ᠨᠠᠶᠢᠳᠠ 91 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ ᠪᠠᠶᠠᠯᠡᠬᠦᠯᠪᠡ᠃ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢ ᠯᠠᠪᠳᠠᠭᠤᠨ ᠪᠠᠳᠤᠳᠡᠢ ᠲᠦᠯᠬᠢᠨ ᠠᠬᠢᠭᠤᠯᠵᠤ᠂ ᠴᠠᠭᠠᠡᠨᠠᠭᠤᠷ ᠠᠭᠤᠷᠬᠠᠢ ᠶᠢᠨ ᠲᠤᠭᠤᠷᠢᠭ ᠤᠨ ᠶᠠᠷᠤᠩᠬᠡᠢ ᠲᠦᠯᠤᠪᠵᠢᠬᠦᠯᠬᠡ ᠶᠢ ᠬᠢᠨᠡᠨ ᠵᠦᠪᠰᠢᠶᠠᠷᠡᠬᠦᠯᠵᠤ᠂ ᠴᠠᠬᠢᠯᠭᠠᠨ ᠦᠢᠯᠡᠳᠪᠤᠷᠢ ᠶᠢ ᠨᠢᠬᠡᠳᠤᠬᠡᠷ ᠬᠤᠭᠤᠴᠠᠭᠠᠨ ᠳᠤ 4×66 ᠲᠦᠮᠡᠨ ᠺᠢᠯᠤᠸᠠᠲ ᠤᠨ ᠮᠠᠰᠢᠨ ᠴᠤᠭᠴᠠᠯᠠᠪᠤᠷᠢ ᠶᠢᠨ ᠬᠡᠮᠵᠢᠶ᠎ᠠ ᠲᠠᠢ ᠪᠤᠯᠭᠠᠨ᠂ ᠳ᠋ᠠ ᠠᠠ ᠠᠭᠤᠷᠬᠠᠢ ᠶᠢᠨ ᠵᠢᠯ ᠳᠤ 120 ᠲᠦᠮᠡᠨ ᠲᠤᠨ ᠨᠠᠬᠦᠷᠡᠰᠤ ᠦᠢᠯᠡᠳᠪᠤᠷᠢᠯᠡᠬᠦ ᠲᠦᠷᠥᠯ ᠵᠥᠢᠯ ᠶᠢ ᠬᠠᠶᠢᠨ ᠰᠢᠨᠵᠢᠯᠠᠵᠣ ᠪᠠᠶᠢᠭᠰᠠᠨ  ᠠᠴᠠ ᠪᠠᠨ ᠠᠭᠤᠷᠬᠠᠢ ᠨᠡᠬᠡᠬᠡᠬᠦ ᠭᠠᠷᠳᠠᠮ ᠪᠠᠨ ᠬᠢᠬᠦ ᠱᠠᠳᠤᠨ ᠳᠤ ᠣᠷᠣᠭᠤᠯᠣᠭᠰᠠᠨ ᠮᠦᠷᠳᠡᠬᠡᠨ ᠲᠦᠷᠥᠯ ᠵᠥᠢᠯ  ᠢᠶᠠᠨ ᠤᠯᠤᠰ ᠤᠨ ᠬᠦᠭᠵᠢᠬᠦᠯᠤᠯᠳᠠ ᠦᠬᠡᠷᠡᠴᠢᠯᠡᠯᠳᠡ ᠶᠢᠨ ᠵᠦᠪᠯᠡᠯ ᠳᠤ ᠮᠡᠳᠡᠬᠦᠯᠣᠬᠡᠳ ᠪᠣᠢ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠨᠠᠷᠠᠡᠪᠤᠯᠠᠭ ᠨᠠᠬᠦᠷᠡᠰᠤᠨ ᠠᠭᠤᠷᠬᠠᠢ ᠶᠢ ᠲᠠᠭᠠᠭᠠᠴᠢᠯᠠᠯᠳᠠ ᠵᠠᠷᠯᠠᠬᠤ ᠪᠤᠶᠤ ᠡᠬᠢ ᠪᠠᠶᠠᠯᠢᠭ ᠢ ᠵᠤᠬᠢᠰᠳᠡᠢ ᠲᠤᠬᠢᠷᠠᠭᠤᠯᠵᠤ ᠠᠰᠢᠭᠯᠠᠬᠤ ᠬᠡᠯᠪᠡᠷᠢ ᠪᠠᠷ ᠠᠭᠤᠷᠬᠠᠢ ᠶᠢᠨ ᠡᠷᠬᠡ ᠶᠢ ᠰᠢᠯᠵᠢᠬᠦᠯᠬᠦ ᠶᠢ ᠵᠦᠪᠰᠢᠶᠠᠷᠡᠪᠡ︔ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠬᠢᠨᠡᠨ ᠵᠦᠪᠰᠢᠶᠠᠷᠡᠬᠦᠯᠦᠭᠰᠡᠨ ᠮᠠᠰᠢᠨ ᠴᠤᠭᠴᠠᠯᠠᠪᠤᠷᠢ ᠶᠢᠨ ᠬᠡᠮᠵᠢᠶ᠎ᠠ ᠨᠢ 90 ᠲᠦᠮᠡᠨ ᠺᠢᠯᠤᠸᠠᠲ ᠲᠤ ᠬᠦᠷᠴᠤ᠂ 80 ᠲᠦᠮᠡᠨ ᠺᠢᠯᠤᠸᠡᠲ ᠢ ᠨᠢᠬᠡᠨᠳᠡ ᠠᠰᠢᠭᠯᠠᠯᠳᠠ ᠳᠤ ᠣᠷᠣᠭᠤᠯᠵᠠᠢ᠃ ᠶᠢᠨ ᠳ᠋ᠢ ᠵᠠᠰ ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ ᠨᠢ ᠨᠢᠬᠡᠳᠤᠬᠡᠷ ᠬᠤᠭᠤᠴᠠᠭᠠᠨ ᠤ ᠦᠷᠬᠡᠳᠬᠡᠨ ᠪᠠᠶᠢᠭᠤᠯᠬᠤ ᠡᠬᠦᠷᠬᠡ ᠪᠠᠨ ᠪᠠᠶᠠᠯᠠᠬᠦᠯᠵᠤ᠂ ᠬᠤᠶᠡᠳᠤᠭᠠᠷ ᠬᠤᠭᠤᠴᠠᠭᠠᠨ ᠤ ᠠᠵᠢᠯ ᠢᠶᠠᠨ ᠶᠠᠭ ᠲᠦᠯᠬᠢᠨ ᠠᠬᠢᠭᠤᠯᠵᠤ ᠪᠤᠢ᠃ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠳᠬᠠᠨ᠂ ᠪᠦᠬᠦ ᠵᠢᠯ ᠳᠤ᠂ ᠨᠠᠶᠢᠳᠠ 30 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠳᠠᠨ ᠤᠷᠤᠭᠤᠯᠵᠤ᠂ ᠬᠠᠮᠳᠤᠷᠠᠭᠰᠡᠨ ᠲᠦᠷᠥᠯ ᠵᠥᠢᠯ 31 ᠶᠢ ᠬᠡᠷᠡᠭᠵᠢᠬᠦᠯᠵᠤ᠂ 5 ᠬᠤᠷᠰᠢᠨ ᠠᠵᠢᠯᠯᠠᠬᠤ ᠬᠡᠷ᠎ᠠ ᠳᠤ ᠭᠠᠷ ᠤᠨ ᠦᠰᠦᠭ ᠵᠢᠷᠤᠨ᠂ 11 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠤᠷᠢᠨ ᠤᠷᠤᠭᠤᠯᠬᠤ ᠵᠦᠪᠳᠡᠯᠴᠡᠬᠡᠷ ᠲᠣᠭᠳᠠᠭᠰᠠᠨ ᠪᠠᠶᠢᠨ᠎ᠠ᠃ ᠭᠠᠵᠡᠷ ᠰᠢᠡᠵᠢᠯᠡᠬᠡᠨ ᠤ ᠬᠠᠶᠢᠨ ᠰᠢᠡᠵᠢᠯᠠᠯᠳᠠ ᠶᠢᠨ ᠠᠯᠬᠤᠴᠠ ᠪᠠᠨ ᠲᠦᠷᠬᠡᠳᠬᠡᠨ᠂ 1.86 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 34 ᠬᠠᠶᠢᠨ ᠰᠢᠡᠵᠢᠯᠡᠬᠡᠨ ᠤ ᠲᠦᠷᠥᠯ ᠵᠥᠢᠯ ᠢ ᠬᠡᠷᠡᠭᠵᠢᠬᠦᠯᠤᠨ᠂ ᠴᠢᠯᠠᠭᠤᠨ ᠲᠤᠰᠤ᠂ ᠦᠩᠬᠡᠳᠤ ᠲᠠᠮᠦᠷᠯᠢᠭ ᠤᠨ ᠬᠠᠶᠢᠨ ᠰᠢᠡᠵᠢᠯᠡᠬᠡᠨ ᠤ ᠠᠵᠢᠯ ᠨᠢ ᠴᠢᠬᠤᠯᠠ ᠶᠡᠭᠡ ᠠᠬᠢᠯᠳᠠ ᠲᠠᠢ ᠪᠣᠯᠵᠠᠢ᠃ ︵ᠭᠤᠷᠪᠡ︶ ᠭᠤᠷᠪᠡᠳᠤᠭᠠᠷ ᠠᠵᠤ ᠦᠢᠯᠡᠰ ᠡᠳᠤᠷ ᠢᠷᠡᠬᠦᠶ᠎ᠠ ᠬᠦᠭᠵᠢᠶᠠᠨ ᠲᠠᠢ ᠪᠣᠯᠪᠠ᠃ ︽ᠭᠤᠷᠪᠡᠳᠤᠭᠠᠷ ᠠᠵᠤ ᠦᠢᠯᠡᠰ ᠢᠶᠠᠷ ᠬᠤᠰᠢᠭᠤ ᠪᠠᠨ ᠬᠦᠭᠵᠢᠶᠡᠡᠵᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠴᠣᠳᠠᠢ ᠠᠳᠬᠤᠵᠣ᠂ ᠵᠤᠭᠠᠴᠠᠯ ᠂ ᠪᠤᠳᠠᠰ ᠤᠨ ᠬᠦᠢᠯᠬᠡᠬᠡ᠂ ᠠᠷᠠᠯᠵᠢᠶ᠎ᠠ ᠬᠤᠳᠠᠯᠳᠤᠭ᠎ᠠ ᠵᠡᠷᠬᠡ ᠠᠵᠤ ᠦᠢᠯᠡᠰ ᠢ ᠴᠢᠷᠮᠠᠶᠢᠨ ᠪᠤᠵᠠᠭᠠᠶᠢᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠤᠯᠠᠮ ᠴᠢᠨᠠᠭᠰᠢᠳᠠ ᠴᠢᠩᠭᠠᠳᠬᠠᠪᠠ᠃ ᠵᠤᠭᠠᠴᠠᠯ ᠤᠨ ᠡᠬᠢ ᠪᠠᠶᠠᠯᠢᠭ ᠤᠨ ᠨᠡᠬᠡᠬᠡᠯᠳᠡ ᠶᠢᠨ ᠡᠷᠴᠢᠮ ᠢᠶᠠᠨ ᠴᠢᠩᠭᠠᠳᠬᠠᠨ᠂ ᠡᠮᠤᠨ᠎ᠠ ᠬᠡᠰᠡᠭ ᠤᠨ ᠵᠤᠭᠠᠴᠠᠯ ᠤᠨ ᠤᠷᠤᠨ ᠤ ᠶᠠᠷᠤᠩᠬᠡᠢ ᠲᠦᠯᠤᠪᠵᠢᠬᠦᠯᠬᠡ ᠪᠠ ᠡᠵᠡᠮᠳᠠᠯ ᠤᠨ ᠴᠢᠨᠠᠷᠳᠡᠢ ᠨᠠᠷᠢᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ ᠦᠪᠤᠷ ᠮᠤᠩᠭᠤᠯ ᠤᠨ ᠭᠠᠨ ᠱᠠᠩ ᠪᠡᠯᠡ ᠤᠷᠤᠭᠤᠯᠤᠯᠳᠠ  ᠶᠢᠨ ᠺᠤᠮᠫᠠᠨᠢ ᠲᠠᠢ ᠬᠡᠯᠡᠯᠴᠡᠬᠡᠷ ᠬᠢᠵᠣ᠂ 1.26 ᠳ᠋ᠦᠩᠰᠢᠭᠤᠷ ᠲᠦᠬᠦᠷᠢᠭ ᠤᠨ ᠪᠡᠯᠡ  ᠣᠷᠣᠭᠤᠯᠣᠨ᠂ ᠬᠤᠩᠭᠤᠷᠭᠤᠤᠯ ᠵᠤᠭᠠᠴᠠᠯ ᠤᠨ ᠤᠷᠤᠨ ᠢ ᠨᠡᠬᠡᠬᠡᠨ ᠠᠰᠢᠭᠯᠠᠬᠤ ᠪᠠᠷ ᠲᠦᠯᠤᠪᠯᠡᠵᠤ ᠪᠤᠢ᠃ 2013 ᠤᠨ ᠳᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠡᠳ ᠢ 16.7 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ 5010 ᠲᠦᠮᠡᠨ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠡᠬᠦᠳᠤᠨ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 15% ᠪᠠ 130% ᠪᠠᠷ ᠨᠡᠮᠡᠭᠳᠡᠪᠠ᠃ ᠬᠤᠯᠪᠤᠭᠠᠳᠤ ᠡᠵᠡᠩᠨᠡᠯᠳᠡ ᠪᠠ ᠨᠠᠷᠡᠳᠤ ᠲᠡᠮᠳᠡᠭ ᠤᠨ ᠲᠤᠰᠬᠠᠢ ᠡᠵᠡᠩᠨᠡᠯᠳᠡ ᠬᠢᠬᠦ ᠶᠢ ᠵᠤᠷᠢᠭᠵᠢᠭᠤᠯᠤᠨ᠂ ᠠᠷᠠᠯᠵᠢᠶᠠᠨ ᠤ ᠵᠠᠬ᠎ᠠ ᠲᠡᠯᠬᠡᠬᠦᠷ ᠪᠠ ᠪᠠᠭᠤᠳᠠᠯ ᠬᠤᠭᠤᠯᠠᠨ ᠬᠡᠷ ᠤᠨ ᠦᠢᠯᠡᠴᠢᠯᠡᠭᠡ ᠶᠢ ᠦᠬᠡᠷᠡᠴᠢᠯᠡᠨ ᠰᠠᠶᠢᠵᠢᠷᠠᠭᠤᠯᠵᠤ᠂ ᠮᠦᠩᠬᠦᠨ ᠬᠦᠢᠯᠬᠡᠬᠡᠨ ᠤ ᠦᠢᠯᠡᠰ ᠤᠨ ᠬᠦᠭᠵᠢᠯᠳᠠ ᠶᠢ ᠶᠡᠭᠡ ᠪᠠᠷ ᠲᠠᠮᠵᠢᠨ᠂ ᠲᠤᠮᠳᠠ ᠪᠠᠭ᠎ᠠ ᠠᠵᠤ ᠠᠬᠤᠶᠢᠯᠡᠯ ᠪᠠ ᠮᠠᠯᠵᠢᠬᠤ ᠤᠷᠤᠨ ᠤ ᠠᠵᠤ ᠠᠬᠤᠢ ᠶᠢᠨ ᠬᠦᠭᠵᠢᠯᠳᠠ ᠳᠤ ᠢᠳᠡᠬᠡᠮᠵᠢᠳᠤ ᠵᠢᠬᠡᠯᠡᠯᠬᠡ ᠶᠢᠨ ᠲᠠᠮᠵᠢᠯᠬᠡ ᠬᠠᠩᠭᠠᠵᠤ᠂ ᠵᠢᠯ ᠤᠨ ᠡᠴᠤᠰ ᠲᠤ ᠪᠦᠬᠦ ᠬᠤᠰᠢᠭᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ᠂ ᠵᠢᠬᠡᠯᠡᠯᠬᠡ ᠶᠢᠨ ᠬᠡᠮᠵᠢᠶ᠎ᠠ ᠨᠢ 13.48 ᠳ᠋ᠦᠩᠰᠢᠭᠤᠷ ᠲᠦᠬᠦᠷᠢᠭ ᠪᠠ 8.35 ᠳ᠋ᠦᠩᠰᠢᠭᠤᠷ ᠲᠦᠬᠦᠷᠢᠭ ᠲᠤ ᠬᠦᠷᠴᠤ᠂ ᠲᠤᠰ ᠲᠤᠰ 7.5% ᠪᠠ 12% ᠢᠶᠠᠷ ᠨᠡᠮᠡᠭᠳᠡᠪᠡ᠃ ᠵᠠᠮ ᠬᠠᠷᠢᠯᠴᠠᠭᠠᠨ ᠤ ᠪᠤᠳᠠᠰ ᠤᠨ ᠬᠦᠢᠯᠬᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠤᠨ᠂ ᠪᠦᠬᠦ ᠵᠢᠯ ᠤᠨ ᠡᠳ᠋ ᠪᠠᠷᠠᠭᠠᠨ ᠤ ᠵᠦᠬᠡᠬᠡᠪᠤᠷᠢᠯᠡᠯᠳᠡ ᠶᠢᠨ ᠡᠷᠬᠢᠯᠳᠡ ᠶᠢᠨ ᠬᠡᠮᠵᠢᠶ᠎ᠠ ᠪᠠ ᠠᠶᠠᠨᠴᠢᠳ  ᠤᠨ ᠵᠦᠬᠡᠬᠡᠪᠤᠷᠢ ᠶᠢᠨ ᠡᠷᠬᠢᠯᠳᠡ ᠶᠢᠨ ᠬᠡᠮᠵᠢᠶ᠎ᠠ ᠶᠢ 2.22 ᠳ᠋ᠦᠩᠰᠢᠭᠤᠷ ᠲᠤᠨ ᠺᠢᠯᠤᠮᠧᠲᠷ ᠪᠠ 1.09 ᠳ᠋ᠦᠩᠰᠢᠭᠤᠷ ᠬᠦᠮᠤᠨ ᠺᠢᠯᠤᠮᠧᠲᠷ ᠲᠤ  ᠬᠦᠷᠬᠡᠨ᠂ ᠲᠤᠰ ᠲᠤᠰ 13% ᠪᠠ 10% ᠪᠠᠷ ᠨᠡᠮᠡᠭᠳᠡᠬᠦᠯᠦᠭᠰᠡᠨ ᠪᠠᠶᠢᠨ᠎ᠠ᠃ ︵ᠲᠦᠷᠪᠡ︶ ᠰᠠᠭᠤᠷᠢ ᠲᠦᠬᠦᠬᠡᠷᠤᠮᠵᠢ ᠶᠢ ᠤᠯᠠᠮ ᠴᠢᠨᠠᠭᠰᠢᠳᠠ ᠪᠦᠷᠢᠡᠰᠢᠬᠦᠯᠣᠨ ᠰᠠᠶᠢᠵᠢᠷᠠᠭᠤᠯᠪᠠ᠃ ᠠᠯᠤᠰ ᠢ ᠪᠤᠳᠤᠯᠬᠢᠯᠠᠭᠰᠡᠨ ᠰᠠᠭᠤᠷᠢᠨ ᠲᠡᠬᠡᠷ᠎ᠠ ᠤᠯᠠᠨ ᠲᠠᠯ᠎ᠠ ᠠᠴᠠ ᠪᠡᠯᠡ ᠬᠤᠷᠠᠮᠳᠤᠭᠤᠯᠬᠤ ᠠᠷᠭ᠎ᠠ ᠵᠠᠮ ᠢᠶᠠᠷ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠳᠬᠠᠨ᠂ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠠᠯᠬᠤᠴᠠ ᠪᠠᠨ ᠲᠦᠷᠬᠡᠳᠬᠡᠵᠤ᠂ ᠬᠦᠭᠵᠢᠯᠳᠠ ᠶᠢᠨ ᠪᠠᠳᠤᠯᠠᠭ᠎ᠠ ᠶᠢᠨ ᠴᠢᠳᠠᠪᠤᠷᠢ  ᠪᠠᠨ ᠲᠠᠰᠤᠷᠠᠯᠳᠠ ᠦᠬᠡᠢ ᠲᠡᠬᠡᠭᠰᠢᠯᠡᠬᠦᠯᠪᠠ᠃ ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ  ᠪᠠᠨ ᠴᠢᠩᠭᠠᠳᠬᠠᠨ᠂ ᠨᠠᠶᠢᠳᠠ 4.97 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 17.2 ᠲᠦᠮᠡᠨ ᠲᠡᠭᠰᠢ ᠲᠦᠷᠪᠡᠯᠵᠢᠨ ᠮᠧᠲᠷ ᠤᠨ ᠬᠤᠳᠠ ᠪᠠᠯᠭᠠᠰᠤᠨ ᠤ ᠵᠠᠮ ᠢ ᠲᠠᠪᠢᠰᠴᠤ᠂ 22.4 ᠺᠢᠯᠤᠮᠧᠲᠷ ᠤᠨ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠶᠢ ᠣᠭᠰᠠᠷᠠᠵᠣ᠂ 3 ᠮᠠᠰᠢᠨ ᠬᠤᠳᠳᠤᠭ ᠰᠢᠨ᠎ᠠ ᠪᠠᠷ ᠮᠠᠯᠳᠠᠵᠤ᠂ ᠣᠰᠣᠨ ᠤ ᠬᠠᠩᠭᠠᠯᠳᠠ ᠶᠢ 27.4 ᠲᠦᠮᠡᠨ ᠪᠤᠰᠤᠭ᠎ᠠ ᠲᠦᠷᠪᠠᠯᠵᠢᠨ ᠮᠧᠲᠷ ᠨᠡᠮᠡᠭᠳᠡᠬᠦᠯᠵᠣ ᠴᠢᠳᠠᠵᠠᠢ︔ ᠲᠤᠯᠠᠭᠠᠯᠠᠯᠭ᠎ᠠ ᠬᠠᠩᠭᠠᠬᠤ ᠺᠤᠮᠫᠠᠨᠢ ᠶᠢ 3 ᠪᠠᠶᠢᠭᠰᠠᠨ ᠢ 2 ᠪᠤᠯᠭᠠᠨ ᠨᠢᠬᠡᠳᠬᠡᠵᠤ᠂ 20 ᠺᠢᠯᠤᠮᠧᠲᠷ ᠤᠨ ᠲᠤᠯᠠᠭᠠᠯᠠᠯᠭ᠎ᠠ ᠶᠢᠨ ᠬᠤᠭᠤᠯᠠᠢ ᠶᠢ ᠰᠢᠨ᠎ᠠ ᠪᠠᠷ ᠣᠭᠰᠠᠷᠠᠭᠰᠠᠨ ᠪᠦᠬᠡᠳ ᠰᠠᠶᠢᠵᠢᠷᠠᠭᠤᠯᠵᠣ᠂ ᠲᠤᠯᠠᠭᠠᠯᠠᠯᠭ᠎ᠠ ᠬᠠᠩᠭᠠᠬᠤ ᠴᠢᠭ᠋ ᠪᠠᠰᠨ ᠨᠢᠬᠡ ᠶᠢ ᠰᠢᠨ᠎ᠠ ᠪᠠᠷ ᠪᠠᠶᠢᠭᠤᠯᠤᠨ᠂ ᠲᠤᠯᠠᠭᠠᠯᠠᠯᠭ᠎ᠠ ᠬᠠᠩᠭᠠᠬᠤ ᠲᠠᠯᠠᠪᠠᠢ ᠶᠢ 40 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠪᠡ︔ 29 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ 31 ᠲᠦᠷᠥᠯ ᠤᠨ ᠭᠠᠵᠡᠷ ᠰᠢᠷᠥᠢ ᠬᠡᠷ ᠬᠦᠷᠤᠩᠬᠡ ᠶᠢᠨ ᠨᠡᠬᠡᠬᠡᠯᠳᠡ ᠪᠠ ᠪᠠᠶᠢᠰᠢᠩ ᠬᠡᠷ ᠢ ᠠᠰᠠᠷ ᠪᠤᠯᠭᠠᠬᠤ ᠢᠡᠵᠧᠨᠧᠷᠢᠩ  ᠢ ᠪᠡᠶᠡᠯᠡᠬᠦᠯᠵᠠᠢ᠂ ᠬᠠᠷᠠᠨᠠᠭᠤᠷ ᠤᠨ ᠡᠷᠬᠢᠨ ᠲᠤᠭᠤᠷᠢᠨ ᠳᠠᠬᠢ 6 ᠬᠡᠰᠡᠭ ᠤᠨ 315 ᠡᠷᠤᠬᠡ ᠶᠢᠨ ᠬᠡᠷ ᠪᠠᠶᠢᠰᠢᠩ ᠢ ᠲᠠᠳᠠᠪᠤᠷᠢᠯᠠᠬᠤ ᠠᠵᠢᠯ ᠢ ᠲᠠᠭᠤᠰᠬᠠᠪᠠ︔ ᠬᠤᠳᠠ ᠶᠢᠨ ᠬᠠᠯᠠᠭᠪᠴᠢ ᠤᠢ ᠶᠢᠨ ᠪᠦᠳᠤᠬᠡᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ 35.4 ᠲᠦᠮᠡᠨ ᠲᠡᠭᠰᠢ ᠲᠦᠷᠪᠡᠯᠵᠢᠨ ᠮᠧᠲᠷ ᠭᠠᠵᠡᠷ  ᠢ ᠨᠤᠭᠤᠭᠠᠷᠠᠭᠤᠯᠵᠣ᠂ 14 ᠰᠠᠤᠷᠢ ᠤᠷᠴᠢᠨ ᠲᠤᠭᠤᠷᠢᠨ ᠤ ᠡᠯ᠎ᠠ ᠲᠦᠷᠥᠯ ᠤᠨ ᠴᠡᠪᠡᠷᠯᠡᠯᠬᠡ ᠶᠢᠨ ᠮᠠᠰᠢᠨ᠂ 110 ᠲᠣᠮᠣ ᠬᠡᠯᠪᠡᠷᠢ ᠶᠢᠨ ᠬᠤᠭ ᠨᠣᠪᠰᠢ ᠶᠢᠨ ᠬᠠᠶᠢᠷᠴᠠᠭ ᠰᠠᠪᠠ᠂ 800 ᠵᠢᠵᠢᠭ ᠬᠡᠯᠪᠡᠷᠢ ᠶᠢᠨ ᠬᠤᠭ ᠨᠣᠪᠰᠢ ᠶᠢᠨ ᠬᠠᠶᠢᠷᠴᠠᠭ ᠢ ᠠᠰᠢᠭᠯᠠᠯᠳᠠ ᠳᠤ ᠣᠷᠣᠭᠤᠯᠪᠠ︔ ᠤᠰᠤ ᠪᠠᠷ ᠴᠡᠪᠡᠷᠰᠢᠬᠦᠯᠬᠦ ᠵᠤᠷᠯᠤᠩ ᠰᠢᠨ᠎ᠠ ᠪᠠᠷ 5 ᠶᠢ ᠪᠠᠷᠢᠵᠤ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠪᠠ ᠬᠤᠭ ᠨᠤᠪᠰᠢ ᠰᠢᠢᠳᠪᠤᠷᠢᠯᠡᠬᠦ ᠦᠢᠯᠡᠳᠪᠤᠷᠢ ᠶᠢ ᠲᠤᠷᠰᠢᠨ ᠬᠡᠷᠡᠭᠵᠢᠬᠦᠯᠵᠣ ᠡᠬᠢᠯᠠᠵᠠᠢ᠃ ᠭᠤᠤᠯᠳᠠᠯᠭ᠎ᠠ ᠲᠠᠢ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠪᠦᠬᠦ ᠬᠦᠴᠤᠨ ᠢᠶᠠᠷ ᠢᠶᠠᠨ ᠲᠦᠯᠬᠢᠨ ᠠᠬᠢᠭᠤᠯᠵᠤ᠂ ᠴᠠᠭᠠᠡᠨᠠᠭᠤᠷ ᠠᠴᠠ ᠠᠵᠤ ᠦᠢᠯᠡᠳᠪᠤᠷᠢ ᠳᠤ ᠤᠰᠤ ᠬᠠᠩᠭᠠᠬᠤ ᠢᠡᠵᠧᠨᠧᠷᠢᠩ ᠤᠨ ᠠᠵᠢᠯ ᠢ ᠡᠬᠢᠯᠡᠬᠦᠯᠵᠤ᠂ ᠪᠠᠶᠠᠡᠭᠤᠤᠯ ᠤᠰᠤᠨ ᠴᠦᠬᠦᠷᠤᠮ ᠢ ᠵᠠᠰᠠᠨ ᠰᠠᠯᠪᠢᠬᠦ ᠢᠡᠵᠧᠨᠧᠷᠢᠩ ᠤᠨ ᠠᠩᠬ᠎ᠠ ᠠᠯᠬᠤᠮ ᠤᠨ ᠲᠦᠰᠤᠪ ᠢ ᠭᠠᠷᠭᠠᠨ ᠲᠤᠭᠳᠠᠭᠠᠪᠠ︔ 35 ᠺᠢᠯᠤᠸᠤᠯᠲ ᠪᠠ 35 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠱᠤᠭᠤᠮ ᠢ ᠵᠠᠰᠠᠨ ᠰᠠᠶᠢᠵᠢᠷᠠᠭᠤᠯᠵᠤ ᠲᠡᠰ ᠲᠡᠪᠰᠢᠬᠦᠯᠬᠦ᠂ ᠪᠤᠭᠳᠠᠠᠭᠤᠯᠠ ᠠᠴᠠ ᠴᠠᠭᠠᠡᠨᠠᠭᠤᠷ ᠬᠦᠷᠬᠦ 110 ᠺᠢᠯᠤᠸᠤᠯᠲ ᠤᠨ ᠴᠠᠬᠢᠯᠭᠠᠨ ᠱᠤᠭᠤᠮ ᠢ ᠨᠠᠪᠳᠡᠷᠡᠬᠦᠯᠬᠦ ᠵᠡᠷᠬᠡ 5 ᠲᠦᠷᠥᠯ ᠤᠨ ᠠᠵᠢᠯ  ᠢ ᠲᠠᠭᠤᠰᠬᠠᠵᠤ᠂ 1841 ᠮᠠᠯᠵᠢᠬᠤ ᠡᠷᠤᠬᠡ ᠳᠤ ᠨᠠᠷᠠ ᠰᠠᠯᠬᠢᠨ ᠢ ᠬᠠᠪᠰᠤᠷᠭᠠᠭᠰᠡᠨ ᠴᠠᠬᠢᠯᠭᠠᠨ ᠬᠠᠩᠭᠠᠬᠤ ᠲᠦᠬᠦᠬᠡᠷᠤᠮᠵᠢ ᠶᠢ ᠤᠭᠰᠠᠷᠠᠪᠠ︔ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠲᠠᠮᠤᠷ ᠵᠠᠮ ᠤᠨ ᠲᠤᠰᠬᠠᠢ ᠱᠤᠭᠤᠮ  ᠤᠨ ᠠᠵᠢᠯ ᠢ ᠡᠬᠢᠯᠡᠬᠦᠯᠤᠨ᠂ ᠲᠠᠷᠬᠠᠶᠢᠳᠠᠷᠡᠰᠤ ᠠᠴᠠ ᠴᠠᠭᠠᠡᠨᠠᠭᠤᠷ ᠠᠭᠤᠷᠬᠠᠢ ᠶᠢᠨ ᠲᠤᠭᠤᠷᠢᠭ ᠬᠦᠷᠬᠦ ᠲᠠᠮᠤᠷ ᠵᠠᠮ  ᠤᠨ ᠪᠤᠯᠤᠯᠴᠠᠭᠠᠳᠤ ᠮᠡᠳᠡᠬᠦᠯᠤᠯᠳᠠ ᠶᠢ ᠲᠡᠬᠡᠳᠤ ᠱᠠᠳᠤᠨ ᠳᠤ ᠮᠡᠳᠡᠬᠦᠯᠬᠦ ᠠᠵᠢᠯ ᠢ ᠪᠠᠶᠠᠯᠠᠬᠦᠯᠤᠨ᠂ ᠰᠢᠯᠢᠩᠬᠤᠳᠠ  ᠠᠴᠠ ᠡᠷᠢᠶᠠᠡᠬᠤᠳᠠ ᠬᠦᠷᠬᠦ ᠲᠠᠮᠤᠷ ᠵᠠᠮ ᠤᠨ ᠮᠠᠨ ᠤ ᠬᠤᠰᠢᠭᠤᠨ ᠤ ᠬᠡᠰᠡᠭ ᠳᠠᠬᠢ ᠵᠠᠮ ᠤᠨ ᠰᠠᠭᠤᠷᠢ ᠲᠠᠪᠢᠰᠬᠦ ᠢᠡᠵᠧᠨᠧᠷᠢᠩ ᠢ ᠲᠠᠭᠤᠰᠬᠠᠪᠠ︔ ᠮᠠᠨᠢᠳᠤ ᠠᠭᠤᠷᠬᠠᠢ ᠶᠢᠨ ᠲᠤᠭᠤᠷᠢᠭ ᠠᠴᠠ ᠷᠡᠰᠢᠶᠠᠨ ᠬᠦᠷᠬᠦ 48 ᠺᠢᠯᠤᠮᠧᠲᠷ ᠤᠨ  ᠴᠠᠷᠳᠠᠮᠠᠯ ᠵᠠᠮ ᠪᠠ ᠪᠠᠶᠠᠡᠳᠠᠯ᠎ᠠ ᠠᠴᠠ ᠲᠡᠯᠬᠡᠷ ᠬᠦᠷᠬᠦ 21 ᠺᠢᠯᠤᠮᠧᠲᠷ ᠤᠨ ᠱᠦᠢᠨᠢ ᠵᠠᠮ ᠢ ᠲᠠᠪᠢᠰᠬᠦ ᠠᠵᠢᠯ ᠢ ᠲᠠᠭᠤᠰᠬᠠᠨ᠂ ᠪᠡᠯᠬᠦᠳᠡᠢ ᠪᠠᠯᠭᠠᠰᠤᠨ ᠠᠴᠠ ᠪᠠᠶᠠᠨᠳᠤᠭ ᠰᠣᠮᠣᠨ ᠤ ᠬᠤᠵᠢᠷᠳᠣ ᠬᠦᠷᠬᠦ 87 ᠺᠢᠯᠤᠮᠧᠲᠷ ᠤᠨ ᠱᠦᠢᠨᠢ ᠵᠠᠮ ᠤᠨ ᠰᠠᠭᠤᠷᠢ ᠲᠠᠯᠪᠢᠬᠤ ᠠᠵᠢᠯ ᠢ ᠦᠨᠳᠣᠰᠣᠨ ᠳᠡᠭᠡᠨ ᠲᠠᠭᠤᠰᠬᠠᠭᠰᠠᠨ ᠪᠠᠶᠢᠨ᠎ᠠ᠃ ︵ᠲᠠᠪᠤ︶ ᠨᠠᠶᠢᠬᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠠ᠃  ᠨᠢᠬᠡᠳᠤᠯᠳᠡᠢ ᠪᠠᠷ ᠲᠦᠯᠤᠪᠵᠢᠬᠦᠯᠤᠨ ᠲᠤᠬᠢᠷᠠᠭᠤᠯᠬᠤ ᠶᠢ ᠪᠠᠷᠢᠮᠳᠠᠯᠠᠨ᠂ ᠨᠠᠶᠢᠬᠡᠮ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠦᠭᠵᠢᠯᠳᠠ ᠶᠢ ᠴᠢᠷᠮᠠᠶᠢᠨ ᠠᠬᠢᠭᠤᠯᠪᠠ᠃ ᠠᠷᠡᠳ ᠤᠯᠠᠨ ᠳᠤ ᠲᠠᠭᠠᠰᠢᠶᠠᠭᠳᠠᠭᠰᠡᠨ ᠰᠤᠷᠭᠠᠨ ᠬᠦᠮᠤᠵᠢᠯ ᠢ ᠴᠢᠷᠮᠠᠶᠢᠨ ᠡᠷᠬᠢᠯᠡᠵᠤ᠂ 15 ᠵᠢᠯ  ᠤᠨ ᠰᠦᠢᠳᠬᠡᠯ ᠬᠡᠯᠳᠤᠷᠢᠬᠦᠯᠬᠦ ᠰᠤᠷᠭᠠᠨ ᠬᠦᠮᠤᠵᠢᠯ ᠤᠨ ᠲᠦᠷᠥ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠤ ᠂ 479 ᠨᠠᠷ᠎ᠠ ᠶᠡᠭᠡ ᠰᠤᠷᠭᠠᠭᠤᠯᠢ ᠶᠢᠨ ᠤᠶᠤᠳᠡᠳ ᠲᠤ 267 ᠲᠦᠮᠡᠨ ᠲᠦᠬᠦᠷᠢᠭ ᠤᠨ ᠰᠤᠷᠤᠯᠭ᠎ᠠ ᠲᠡᠳᠬᠦᠬᠦ ᠵᠢᠬᠡᠯᠡᠯᠬᠡ ᠶᠢ ᠣᠯᠭᠤᠵᠣ᠂ 182 ᠨᠠᠷ᠎ᠠ ᠠᠮᠢᠳᠤᠷᠡᠯ ᠨᠢ ᠬᠦᠴᠢᠷᠳᠡᠯᠳᠡᠢ ᠬᠡᠷ ᠪᠦᠯᠢ ᠶᠢᠨ ᠶᠡᠭᠡ ᠰᠤᠷᠭᠠᠭᠤᠯᠢ ᠶᠢᠨ ᠤᠶᠤᠳᠡᠳ ᠲᠤ 28 ᠲᠦᠮᠡᠨ ᠲᠦᠬᠦᠷᠢᠭ ᠤᠨ ᠲᠤᠰᠠᠯᠠᠮᠵᠢ ᠶᠢᠨ ᠮᠦᠩᠬᠦ ᠶᠢ ᠰᠢᠢᠳᠪᠣᠷᠢᠯᠠᠵᠣ ᠦᠭᠴᠠᠢ︔ ᠤᠳᠤᠨ ᠬᠡᠤᠬᠡᠳ ᠤᠨ ᠴᠡᠴᠡᠷᠯᠢᠭ᠂ ᠨᠠᠷᠠᠡᠪᠤᠯᠠᠭ ᠬᠡᠤᠬᠡᠳ ᠤᠨ ᠴᠡᠴᠡᠷᠯᠢᠭ᠂ ᠴᠠᠭᠠᠡᠨᠠᠭᠤᠷ ᠬᠡᠤᠬᠡᠳ ᠤᠨ ᠴᠡᠴᠡᠷᠯᠢᠭ ᠪᠠ ᠮᠤᠩᠭᠤᠯ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠢ ᠠᠰᠢᠭᠯᠠᠯᠳᠠ ᠳᠤ ᠤᠷᠤᠭᠤᠯᠤᠨ᠂ ᠮᠤᠩᠭᠤᠯ ᠲᠤᠮᠳᠠᠳᠤ ᠰᠤᠷᠭᠠᠭᠤᠯᠢ᠂ ᠮᠤᠩᠭᠤᠯ ᠪᠠᠭ᠎ᠠ ᠰᠤᠷᠭᠠᠭᠤᠯᠢ ᠶᠢᠨ ᠪᠠᠷᠢᠮᠵᠢᠶᠠᠨ ᠳᠤ ᠬᠦᠷᠦᠭᠰᠡᠨ ᠲᠠᠮᠢᠷ ᠤᠨ ᠲᠠᠯᠠᠪᠤᠷ ᠪᠠ ᠨᠢᠬᠡᠳᠤᠬᠡᠷ ᠲᠤᠮᠳᠠᠳᠤ ᠰᠤᠷᠭᠠᠭᠤᠯᠢ ᠶᠢᠨ ᠲᠤᠷᠰᠢᠯᠳᠠ ᠶᠢᠨ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠮᠠᠯᠵᠢᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠡᠨ ᠡᠮᠨᠡᠯᠬᠡ ᠶᠢᠨ ᠲᠦᠷᠢᠮ ᠢ ᠤᠯᠠᠮ ᠲᠡᠬᠦᠯᠳᠡᠷᠵᠢᠬᠦᠯᠵᠤ᠂ ᠪᠦᠬᠦ ᠵᠢᠯ ᠳᠤ᠂ ᠬᠤᠷᠰᠢᠭᠰᠡᠨ ᠡᠮᠨᠡᠯᠬᠡ ᠳᠤ ᠤᠷᠤᠯᠴᠠᠭᠰᠡᠨ ᠮᠠᠯᠴᠢᠳ ᠲᠤ 760 ᠲᠦᠮᠡᠨ ᠲᠦᠬᠦᠷᠢᠭ ᠤᠨ ᠡᠮᠨᠡᠯᠬᠡ ᠶᠢᠨ ᠰᠦᠢᠳᠬᠡᠯ ᠢ ᠴᠠᠶᠢᠷᠠᠭᠤᠯᠤᠨ ᠦᠭᠴᠤ᠂ 4711 ᠬᠦᠮᠤᠨ ᠤᠳᠠᠭ᠎ᠠ ᠳᠤ ᠠᠰᠢᠭ ᠬᠦᠷᠳᠡᠬᠡᠪᠡ︔ ᠤᠯᠤᠰ ᠤᠨ ᠦᠡᠳᠤᠰᠤᠨ ᠡᠮ ᠤᠨ ᠵᠥᠢᠯᠡᠰ ᠤᠨ ᠲᠦᠷᠢᠮ ᠢ ᠰᠠᠶᠢᠳᠤᠷ  ᠬᠡᠷᠡᠭᠵᠢᠬᠦᠯᠦᠨ᠂ ᠦᠡᠳᠤᠰᠤᠨ ᠱᠠᠳᠤᠨ ᠳᠤ ᠡᠮ ᠤᠨ ᠵᠥᠢᠯᠡᠰ ᠢ ᠤᠤᠯ ᠦᠨ᠎ᠠ ᠪᠠᠷ ᠨᠢ ᠪᠤᠷᠤᠯᠠᠭᠤᠯᠵᠤ᠂ 2.6 ᠲᠦᠮᠡᠨ ᠬᠦᠮᠤᠨ ᠤᠳᠠᠭ᠎ᠠ ᠳᠤ ᠠᠰᠢᠭ ᠬᠦᠷᠳᠡᠬᠡᠨ᠂ ᠡᠪᠡᠳᠴᠢᠳᠠᠨ ᠳᠤ ᠨᠠᠶᠢᠳᠠ 17.43 ᠲᠦᠮᠡᠨ ᠲᠦᠬᠦᠷᠢᠭ ᠠᠷᠪᠢᠯᠠᠵᠤ ᠦᠭᠪᠠ︔ ᠡᠮᠴᠢᠯᠡᠭᠡ ᠡᠷᠡᠬᠦᠯ ᠬᠠᠮᠠᠭᠠᠯᠠᠯ ᠤᠨ ᠨᠦᠬᠦᠴᠡᠯ ᠢ ᠲᠠᠰᠤᠷᠠᠯᠳᠠ ᠦᠬᠡᠢ ᠰᠠᠶᠢᠵᠢᠷᠠᠭᠤᠯᠤᠨ᠂ ᠬᠤᠰᠢᠭᠤ ᠪᠠᠷᠢᠮᠵᠢᠶᠠᠵᠢᠭᠰᠡᠨ ᠡᠮᠨᠡᠯᠬᠡ ᠶᠢᠨ ᠬᠤᠷᠢᠶᠠᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠨ᠂ ᠰᠤᠮᠤ ᠪᠠᠯᠭᠠᠰᠤᠨ ᠤ 2 ᠭᠤᠤᠯᠳᠠᠯᠭᠠᠳᠤ ᠡᠮᠨᠡᠯᠬᠡ ᠶᠢᠨ ᠬᠤᠷᠢᠶ᠎ᠠ ᠶᠢ ᠦᠷᠬᠡᠳᠬᠡᠨ ᠪᠠᠶᠢᠭᠤᠯᠵᠤ᠂ ᠰᠢᠨ᠎ᠠ ᠪᠠᠷ ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ 12 ᠢ ᠪᠠᠶᠢᠭᠤᠯᠤᠨ᠂ 3000 ᠮᠠᠯᠵᠢᠬᠤ ᠡᠷᠤᠬᠡ ᠳᠤ ︽ᠡᠷᠡᠬᠦᠯ ᠮᠠᠡᠳᠤ ᠶᠢᠨ ᠡᠮ ᠤᠨ ᠬᠠᠶᠢᠷᠴᠠᠭ︾ ᠢ ᠲᠠᠷᠬᠠᠭᠠᠪᠠ᠃ ᠦᠡᠳᠤᠰᠤᠳᠠᠨ ᠤ ᠰᠤᠶᠤᠯ ᠤᠨ ᠲᠤᠮᠤ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ  ᠤ ᠴᠦᠬᠡᠨ ᠲᠤᠭᠠᠳᠤ ᠦᠡᠳᠤᠰᠤᠳᠠᠨ ᠤ ᠤᠯᠠᠮᠵᠢᠯᠠᠯᠳᠤ ᠪᠠᠶ᠎ᠠ ᠶᠢᠨ ᠲᠠᠮᠢᠷ ᠤᠨ ᠴᠤᠭᠯᠠᠭᠠᠨ ᠤ ᠮᠤᠷᠢᠨ ᠮᠡᠷᠬᠡᠵᠢᠯ  ᠤᠨ ᠭᠤᠷᠪᠡᠨ ᠲᠤᠭᠯᠠᠭᠠᠮ ᠤᠨ ᠦᠵᠡᠬᠦᠯᠤᠯᠬᠡ ᠪᠠ ᠲᠦᠷᠪᠡᠳᠤᠬᠡᠷ ᠬᠤᠭᠤᠴᠠᠭᠠᠨ ᠤ ᠬᠠᠷ᠎ᠠ ᠠᠳᠤᠭᠤᠨ ᠰᠤᠶᠤᠯ ᠤᠨ ᠨᠠᠶᠢᠷ ᠢ ᠠᠮᠵᠢᠯᠳᠡᠳᠡᠢ ᠡᠷᠬᠢᠯᠡᠨ ᠶᠠᠪᠤᠭᠳᠠᠭᠤᠯᠵᠤ᠂ ᠤᠯᠠᠨ ᠲᠦᠮᠡᠡᠴᠢ ᠰᠤᠶᠤᠯ ᠲᠠᠮᠢᠷ ᠤᠨ ᠠᠵᠢᠯᠯᠠᠭ᠎ᠠ ᠶᠢ 30 ᠭᠠᠷᠤᠢ ᠤᠳᠠᠭ᠎ᠠ ᠡᠷᠬᠢᠯᠡᠪᠡ︔ ᠪᠡᠯᠬᠦᠳᠡᠢ ᠶᠢᠨ ᠲᠠᠬᠢᠯᠭ᠎ᠠ ᠶᠢᠨ ᠤᠷᠳᠤᠨ ᠤ ᠪᠠᠶᠢᠭᠤᠯᠤᠯᠳᠠ ᠶᠢ ᠪᠠᠶᠠᠯᠠᠬᠦᠯᠤᠨ᠂ ᠬᠦᠡᠵᠡᠪ ᠤᠪᠤᠭᠠᠨ ᠲᠠᠬᠢᠯᠭ᠎ᠠ᠂ ᠴᠢᠩᠬᠢᠰ ᠪᠤᠭᠳᠠᠠᠭᠤᠯᠠ ᠶᠢᠨ ᠲᠠᠬᠢᠯᠭ᠎ᠠ ᠶᠢᠨ ᠠᠵᠢᠯᠯᠠᠭᠠᠨ ᠤ ᠠᠭᠤᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ︽ᠴᠡᠭᠡ ᠢᠰᠬᠡᠬᠦ ᠮᠠᠷᠬᠡᠵᠢᠯ︾᠂  ︽ᠮᠤᠷᠢᠨ ᠬᠤᠭᠤᠷ ᠤᠨ ᠪᠤᠶᠢᠯᠠᠭ᠎ᠠ ᠲᠠᠷᠤᠯᠭ᠎ᠠ︾ ᠶᠢ ᠲᠦᠷᠪᠡᠳᠤᠬᠡᠷ ᠤᠳᠠᠭᠠᠨ ᠤ ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠲᠤ  ᠲᠠᠩᠰᠠᠯᠠᠭᠤᠯᠣᠨ᠂ ᠮᠠᠨ ᠤ ᠬᠤᠰᠢᠭᠤᠨ ᠤ ᠬᠢ ᠪᠠᠨ ᠨᠠᠷ᠎ᠠ ᠨᠦᠯᠤᠬᠡ ᠪᠠ ᠠᠯᠳᠠᠷᠰᠢᠯ ᠢ ᠤᠯᠠᠮ ᠦᠷᠬᠡᠳᠬᠡᠵᠠᠢ᠃ ᠷᠡᠳᠢᠤ᠋ ᠲᠧᠯᠸᠢᠰ ᠤᠨ ᠦᠢᠯᠡᠰ ᠤᠨ ᠬᠦᠭᠵᠢᠯᠳᠠ ᠶᠢ ᠲᠠᠰᠤᠷᠠᠯᠳᠠ ᠦᠬᠡᠢ ᠲᠦᠷᠬᠡᠳᠬᠡᠨ᠂ ︽ᠡᠷᠤᠬᠡ ᠪᠤᠯᠭᠠᠨ ᠳᠤ ᠨᠠᠪᠳᠠᠷᠡᠬᠦᠯᠬᠦ︾ ᠲᠠᠭᠠᠭᠤᠯᠢ ᠤᠳᠤᠨ ᠤ ᠬᠦᠯᠢᠶᠠᠨ ᠠᠪᠬᠤ ᠲᠦᠬᠦᠬᠡᠷᠤᠮᠵᠢ ᠶᠢ 3475 ᠢᠵᠢ ᠤᠭᠰᠠᠷᠡᠨ᠂ ᠷᠡᠳᠢᠤ᠋ ᠲᠧᠯᠸᠢᠰ ᠤᠨ ᠪᠦᠷᠬᠦᠴᠠ ᠶᠢᠨ ᠨᠤᠷᠮ᠎ᠠ ᠶᠢ ᠲᠤᠰ ᠲᠤᠰ 98.4% ᠪᠠ 97% ᠳᠤ ᠬᠦᠷᠬᠡᠪᠡ᠃ ᠬᠦᠮᠤᠨ ᠠᠮᠠ ᠪᠠ ᠲᠦᠯᠤᠪᠯᠡᠬᠡᠳᠤ ᠦᠷᠡᠵᠢᠯ ᠤᠨ ᠠᠵᠢᠯ ᠢ ᠤᠯᠠᠮ ᠴᠢᠨᠠᠭᠰᠢᠳᠠ ᠴᠢᠩᠭᠠᠳᠬᠠᠨ᠂ 1742 ᠲᠦᠯᠤᠪᠯᠡᠬᠡᠳᠤ ᠦᠷᠡᠵᠢᠯ ᠤᠨ ᠬᠡᠷ ᠪᠦᠯᠢ ᠶᠢ ᠠᠳᠡᠯ ᠤᠨ ᠲᠠᠭᠠᠳᠬᠠᠯ ᠳᠤ ᠤᠷᠤᠭᠤᠯᠤᠨ᠂ 208 ᠨᠠᠷ᠎ᠠ ᠡᠮᠡᠭᠳᠡᠶᠢᠴᠤᠳ ᠲᠤ ᠰᠦᠢᠳᠬᠡᠯ ᠬᠤᠷᠢᠶᠠᠬᠤ ᠦᠬᠡᠢ ᠪᠠᠷ ᠡᠷᠡᠬᠦᠯ ᠮᠡᠡᠳᠤ ᠶᠢᠨ ᠪᠠᠶᠢᠴᠠᠭᠠᠯᠳᠠ ᠬᠢᠵᠤ᠂ ᠦᠪᠡᠷᠳᠡᠬᠡᠨ ᠵᠠᠰᠠᠬᠤ ᠤᠷᠤᠨ ᠤ ᠲᠦᠯᠤᠪᠯᠡᠬᠡᠳᠤ ᠦᠷᠡᠵᠢᠯ ᠤᠨ ᠠᠵᠢᠯ ᠤᠨ ᠰᠢᠯᠢᠳᠡᠭ ᠦᠢᠯᠡᠴᠢᠯᠡᠬᠡᠨ ᠤ ᠬᠤᠰᠢᠭᠤ ᠪᠠᠷ ᠦᠨᠡᠯᠡᠭᠳᠡᠪᠡ᠃ ︵ᠵᠢᠷᠭᠤᠭ᠎ᠠ︶ ᠠᠷᠡᠳ ᠤᠨ ᠠᠮᠢᠳᠤᠷᠡᠯ ᠤᠨ ᠪᠠᠳᠤᠯᠠᠭ᠎ᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠪᠠ᠃ ᠠᠷᠡᠳ ᠲᠦᠮᠡᠨ ᠤ ᠠᠰᠢᠭ ᠲᠤᠰᠠ ᠳᠤ ᠬᠤᠯᠪᠤᠭᠳᠠᠬᠤ ᠨᠢᠬᠡ ᠪᠦᠯᠦᠭ ᠶᠠᠪᠤᠳᠠᠯ ᠢ ᠦᠨᠡᠡᠬᠦ ᠪᠠᠶᠠᠯᠠᠬᠦᠯᠵᠤ᠂ ᠵᠠᠰᠠᠭ ᠤᠨ ᠤᠷᠳᠤᠨ ᠠᠴᠠ ᠠᠷᠡᠳ ᠲᠤ ᠠᠮᠠᠯᠳᠤᠭᠰᠡᠨ ︽ᠠᠷᠪᠠᠨ ᠪᠤᠳᠠᠳᠤ ᠶᠠᠪᠤᠳᠠᠯ︾ ᠢᠶᠠᠨ ᠪᠦᠬᠦᠨ ᠢ ᠨᠠᠶᠢᠳᠠᠪᠤᠷᠢᠵᠢᠭᠤᠯᠤᠨ᠂ ᠠᠷᠡᠳ ᠤᠨ ᠠᠮᠢᠳᠤᠷᠡᠯ ᠤᠨ ᠴᠢᠨᠠᠷ ᠴᠢᠡᠰᠠᠭ᠎ᠠ ᠪᠠ ᠬᠢᠷᠢ ᠲᠦᠪᠰᠢᠨ ᠮᠡᠳᠡᠭᠳᠠᠮ᠎ᠠ ᠲᠡᠬᠡᠭᠰᠢᠯᠡᠵᠠᠢ᠃ ᠪᠦᠬᠦ ᠵᠢᠯ ᠳᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠳᠤ ᠬᠡᠷᠡᠭᠰᠡᠭᠰᠡᠨ ᠵᠠᠷᠤᠯᠭ᠎ᠠ ᠨᠢ 4.5 ᠳ᠋ᠦᠩᠰᠢᠭᠤᠷ ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ ᠪᠠᠨ 8.7% ᠪᠠᠷ ᠨᠡᠮᠡᠭᠳᠡᠨ᠂ ᠡᠨ᠋ᠨ ᠨᠢ ᠪᠦᠬᠦ ᠬᠤᠰᠢᠭᠤᠨ ᠤ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪᠯᠡᠨ ᠪᠤᠳᠤᠭᠰᠡᠨ ᠵᠠᠷᠤᠯᠭ᠎ᠠ ᠶᠢᠨ 61.9% ᠶᠢ ᠡᠵᠡᠯᠡᠵᠣ ᠪᠣᠢ᠃ ᠠᠵᠢᠯ ᠤᠯᠭᠤᠵᠤ ᠦᠢᠯᠡᠰ ᠡᠷᠬᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ 5417 ᠠᠵᠢᠯ ᠤᠨ ᠪᠠᠶᠢᠷᠢ ᠶᠢ ᠪᠦᠷᠢᠳᠬᠡᠨ ᠵᠡᠷᠯᠠᠵᠤ᠂ ᠬᠤᠳᠠ ᠪᠠᠯᠭᠠᠰᠤᠨ ᠤ 1121 ᠬᠦᠮᠤᠨ᠂ ᠨᠡᠬᠦᠨ ᠰᠢᠯᠵᠢᠭᠰᠡᠨ 1117 ᠮᠠᠯᠴᠢᠨ᠂ ᠶᠡᠭᠡ ᠰᠤᠷᠭᠠᠭᠤᠯᠢ ᠲᠡᠬᠦᠰᠦᠭᠰᠡᠨ 136 ᠣᠶᠣᠳᠠᠨ ᠢ ᠬᠤᠰᠢᠭᠤᠨ ᠳᠠᠭᠠᠨ ᠤᠷᠤᠡᠰᠢᠭᠤᠯᠪᠠ᠃ ᠦᠢᠯᠡᠰ ᠡᠷᠬᠢᠯᠡᠬᠦ ᠪᠠᠷ ᠠᠵᠢᠯ ᠤᠯᠭᠤᠯᠳᠠ ᠶᠢ ᠲᠠᠶᠢᠴᠢᠯᠠᠬᠤ ᠶᠢ ᠢᠳᠡᠪᠬᠢᠳᠡᠢ ᠵᠤᠷᠢᠭᠵᠢᠭᠤᠯᠤᠨ᠂ 2200 ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ ᠢᠳᠡᠬᠡᠮᠵᠢᠳᠤ ᠵᠢᠬᠡᠯᠡᠯᠬᠡ ᠶᠢ ᠲᠠᠯᠪᠢᠵᠣ᠂ 1540 ᠬᠦᠮᠤᠨ  ᠤ ᠦᠢᠯᠡᠰ ᠡᠷᠬᠢᠯᠠᠵᠣ ᠠᠵᠢᠯ ᠣᠯᠭᠤᠬᠤ ᠶᠢ ᠠᠬᠢᠭᠤᠯᠣᠭᠰᠠᠨ ᠪᠠᠶᠢᠨ᠎ᠠ᠃ ᠨᠠᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠦᠨᠡᠡᠬᠦ ᠲᠡᠬᠡᠭᠰᠢᠯᠡᠬᠦᠯᠤᠨ᠂ ᠲᠠᠭᠠᠳᠬᠠᠯ ᠲᠤᠰᠢᠶᠠᠬᠤ ᠨᠤᠷᠮ᠎ᠠ ᠶᠢ ᠲᠤᠭᠳᠠᠭᠤᠨ ᠢᠶᠠᠷ ᠨᠡᠮᠡᠭᠳᠡᠬᠦᠯᠵᠣ᠂ ᠪᠦᠬᠦ ᠵᠢᠯ ᠳᠤ᠂ 6819 ᠲᠦᠮᠡᠨ ᠲᠦᠬᠦᠷᠢᠭ ᠤᠨ ᠨᠠᠰᠤᠵᠢᠯ ᠤᠨ ᠲᠠᠭᠠᠳᠬᠠᠯ ᠤᠨ ᠮᠦᠩᠬᠦ ᠶᠢ ᠲᠦᠬᠡᠬᠡᠨ᠂ 2808 ᠲᠦᠮᠡᠨ ᠲᠦᠬᠦᠷᠢᠭ ᠤᠨ ᠡᠮ ᠡᠮᠨᠡᠯᠬᠡ ᠶᠢᠨ ᠰᠦᠢᠳᠬᠡᠯ ᠢ ᠴᠠᠶᠢᠷᠠᠭᠤᠯᠣᠨ᠂ 3267 ᠨᠠᠷ᠎ᠠ ᠠᠵᠤ ᠠᠬᠤᠶᠢᠯᠡᠯ ᠤᠨ ᠠᠵᠢᠯ ᠠᠴᠠ ᠪᠠᠨ ᠠᠮᠠᠷᠠᠭᠰᠡᠳ ᠲᠤ ᠰᠦᠢᠳᠬᠡᠯ ᠬᠤᠷᠢᠶᠠᠬᠤ ᠦᠬᠡᠢ ᠪᠠᠷ ᠪᠠᠶ᠎ᠠ ᠶᠢᠨ ᠪᠠᠶᠢᠴᠠᠭᠠᠯᠳᠠ ᠬᠢᠵᠤ ᠦᠭᠪᠠ᠃ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢ ᠪᠠᠳᠤᠯᠠᠬᠤ ᠵᠤᠬᠢᠰᠳᠡᠢ ᠪᠦᠬᠦᠨ ᠳᠤ ᠪᠠᠳᠣᠯᠠᠭ᠎ᠠ ᠣᠯᠭᠤᠭᠤᠯᠵᠣ᠂ ᠪᠦᠬᠦ ᠵᠢᠯ ᠳᠤ 1570 ᠲᠦᠮᠡᠨ ᠲᠦᠬᠦᠷᠢᠭ ᠤᠨ ᠠᠪᠤᠷᠡᠨ ᠲᠤᠰᠠᠯᠠᠯᠳᠠ ᠶᠢᠨ ᠮᠦᠩᠬᠦ ᠶᠢ ᠲᠠᠷᠬᠠᠭᠠᠨ᠂ ᠮᠠᠯᠵᠢᠬᠤ ᠤᠷᠤᠨ ᠤ 3186 ᠬᠠᠮᠤᠭ ᠨᠠᠭᠠᠳᠤ ᠵᠠᠬ᠎ᠠ ᠶᠢᠨ ᠠᠮᠢᠳᠤᠷᠡᠯ  ᠤᠨ ᠪᠠᠳᠤᠯᠠᠭ᠎ᠠ ᠬᠦᠷᠳᠡᠵᠤ ᠪᠠᠶᠢᠭ᠎ᠠ ᠡᠷᠤᠬᠡ ᠪᠠ ᠤᠷᠤᠯᠭ᠎ᠠ ᠪᠠᠭᠠᠳᠡᠢ ᠬᠡᠷ ᠪᠦᠯᠢ ᠳᠤ 208 ᠲᠦᠮᠡᠨ ᠲᠦᠬᠦᠷᠢᠭ  ᠤᠨ ᠲᠦᠯᠡᠰᠢᠨ ᠨᠦᠬᠦᠪᠤᠷᠢ ᠦᠭᠬᠦᠭᠰᠡᠨ ᠪᠢᠯᠨ᠃ ᠠᠷᠡᠳ ᠤᠯᠠᠨ ᠢ ᠰᠠᠭᠤᠷᠢᠰᠢᠭᠤᠯᠬᠤ ᠢᠡᠵᠧᠨᠧᠷᠢᠩ ᠢ ᠲᠦᠷᠬᠡᠳᠬᠡᠨ ᠬᠡᠷᠡᠭᠵᠢᠬᠦᠯᠵᠤ᠂ 180 ᠢᠵᠢ ᠬᠢᠮᠳᠠ ᠲᠦᠷᠢᠶᠠᠰᠤᠨ ᠤ ᠤᠷᠤᠨ ᠰᠠᠭᠤᠴᠠ᠂ 150 ᠢᠵᠢ ᠨᠠᠶᠢᠳᠠ  ᠶᠢᠨ ᠲᠦᠷᠢᠶᠠᠰᠤᠨ ᠬᠡᠷ᠂ 154 ᠢᠵᠢ ᠬᠢᠮᠳᠠ ᠲᠤᠬᠢᠯᠢᠭ ᠤᠷᠤᠨ ᠰᠠᠭᠤᠴᠠ ᠶᠢ ᠪᠠᠶᠢᠭᠤᠯᠤᠨ᠂ ᠮᠠᠯᠵᠢᠬᠤ ᠤᠷᠤᠨ  ᠤ 300 ᠡᠷᠤᠬᠡ ᠶᠢᠨ ᠠᠶᠣᠯᠳᠣ ᠬᠡᠷ ᠪᠠᠶᠢᠰᠢᠩ ᠢ ᠵᠠᠰᠠᠨ ᠰᠠᠯᠪᠢᠵᠣ᠂ 100 ᠡᠷᠤᠬᠡ ᠨᠠᠬᠦᠳᠡᠯ ᠠᠷᠡᠳ ᠢ ᠰᠢᠯᠵᠢᠬᠦᠯᠪᠠ᠃ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠵᠢᠯ ᠤᠨ ᠡᠷᠴᠢᠮ ᠢᠶᠠᠨ ᠴᠢᠩᠭᠠᠳᠬᠠᠨ᠂ ︽ᠠᠪᠠᠭ᠎ᠠ ᠬᠤᠰᠢᠭᠤᠨ ᠤ ᠲᠤᠭᠳᠠᠭᠰᠡᠨ ᠴᠡᠭ ᠲᠤ ᠶᠠᠳᠠᠭᠤ ᠶᠢ ᠲᠡᠳᠬᠦᠬᠦ ᠠᠵᠢᠯ ᠤᠨ ᠲᠦᠰᠤᠯ︾ ᠢ ᠲᠤᠭᠳᠠᠭᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠪᠦᠬᠦᠶᠢᠯᠡ ᠭᠠᠴᠠᠭ᠎ᠠ ᠪᠠᠷ ᠲᠦᠯᠬᠢᠨ ᠠᠬᠢᠭᠤᠯᠬᠤ᠂ ᠨᠡᠬᠦᠳᠠᠯ ᠠᠷᠡᠳ  ᠢᠶᠠᠷ ᠪᠠᠯᠭᠠᠰᠤ ᠪᠠᠨ ᠦᠷᠬᠡᠳᠬᠡᠬᠦ᠂ ᠬᠢᠯᠢ ᠬᠢᠵᠠᠭᠠᠷ ᠢ ᠬᠦᠭᠵᠢᠬᠦᠯᠵᠤ ᠠᠷᠡᠳ ᠢᠶᠠᠨ ᠪᠠᠶᠠᠵᠢᠭᠤᠯᠬᠤ ᠵᠡᠷᠬᠡ ᠲᠦᠷᠥᠯ ᠵᠥᠢᠯ ᠤᠨ 3600 ᠲᠦᠮᠡᠨ ᠲᠦᠬᠦᠷᠢᠭ ᠤᠨ ᠪᠡᠯᠡ ᠮᠦᠩᠬᠦ ᠶᠢ ᠨᠢᠬᠡᠳᠬᠡᠨ᠂ 230 ᠡᠷᠤᠬᠡ ᠶᠢᠨ 825 ᠬᠦᠮᠤᠨ  ᠢ ᠶᠠᠳᠠᠭᠤ ᠠᠴᠠ ᠠᠩᠬᠢᠵᠢᠷᠠᠭᠤᠯᠪᠠ᠃ ᠠᠮᠤᠭᠤᠯᠠᠩ ᠠᠪᠠᠭ᠎ᠠ ᠶᠢ ᠴᠤᠭᠴᠠᠯᠠᠨ ᠪᠠᠶᠢᠭᠤᠯᠬᠤ ᠠᠵᠢᠯ ᠢ ᠬᠦᠴᠣᠳᠠᠢ ᠠᠳᠬᠤᠵᠣ᠂ ᠨᠡᠶᠢᠬᠡᠮ ᠤᠨ ᠵᠦᠷᠢᠴᠡᠯ ᠵᠢᠭᠤᠷᠠᠭᠠᠨ ᠢ ᠰᠢᠢᠳᠪᠣᠷᠢᠯᠠᠨ ᠨᠠᠮᠳᠠᠭᠤᠯᠤᠭᠰᠡᠨ ᠨᠤᠷᠮ᠎ᠠ ᠶᠢ 92% ᠲᠤ ᠬᠦᠷᠬᠡᠵᠣ᠂ ᠪᠦᠬᠦ ᠵᠢᠯ ᠤᠨ ᠦᠢᠯᠡᠳᠪᠤᠷᠢᠯᠡᠯ ᠤᠨ ᠲᠣᠮᠳᠠ ᠬᠦᠨᠳᠣ ᠶᠡᠭᠡ ᠠᠳᠡᠯ ᠤᠨ ᠬᠡᠷᠡᠭ ᠣᠴᠢᠷ ᠭᠠᠷᠣᠭᠰᠠᠨ ᠦᠬᠡᠢ ᠪᠦᠬᠡᠳ ᠤᠯᠠᠨ ᠲᠦᠮᠡᠨ ᠤ ᠠᠮᠤᠷ ᠲᠠᠶᠢᠪᠤᠡᠭ ᠰᠡᠳᠬᠢᠭᠳᠡᠯ ᠨᠢ ᠢᠯᠡᠳᠳᠠ ᠲᠡᠬᠡᠭᠰᠢᠯᠡᠪᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠦᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠬᠠᠮᠢᠶᠠᠷᠤᠯᠳᠠ ᠶᠢ ᠤᠯᠠᠮ ᠴᠢᠨᠠᠭᠰᠢᠳᠠ ᠴᠢᠩᠭᠠᠳᠬᠠᠨ᠂ ᠦᠡᠳᠤᠰᠤᠳᠠᠨ ᠨᠦᠭᠦᠳ ᠪᠦᠯᠬᠦᠮᠳᠠᠨ ᠨᠢᠭᠳᠠᠷᠠᠭᠰᠠᠨ᠂ ᠬᠢᠯᠢ ᠬᠢᠵᠠᠭᠠᠷ ᠠᠮᠤᠷ ᠲᠤᠭᠳᠠᠭᠤᠨ ᠪᠠᠶᠢᠭ᠎ᠠ ᠤᠬᠢ ᠰᠠᠶᠢᠨ ᠪᠠᠶᠢᠳᠠᠯ ᠢᠶᠠᠨ ᠤᠯᠠᠮ ᠴᠢᠨᠠᠭᠰᠢᠳᠠ ᠪᠠᠳᠣᠳᠬᠠᠵᠣ ᠴᠢᠳᠠᠵᠠᠢ᠃ ︵ᠲᠤᠯᠤᠭ᠎ᠠ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠪᠠ᠃ ︽ᠪᠦᠯᠬᠦᠮᠳᠠᠯ  ᠲᠠᠢ᠂ ᠪᠤᠳᠡᠳᠡᠢ ᠶᠢ ᠡᠷᠬᠢᠮᠯᠡᠭᠰᠡᠨ᠂ ᠠᠷᠢᠭᠤᠨ ᠴᠢᠬᠡᠴᠢ᠂ ᠦᠡᠳᠤᠷ ᠪᠦᠳᠤᠮᠵᠢᠳᠡᠢ︾ ᠵᠠᠰᠠᠭ ᠤᠨ ᠤᠷᠳᠤᠨ ᠤ ᠲᠦᠷᠢ ᠲᠦᠷᠬᠦ ᠣᠯᠠᠮ ᠨᠢᠬᠡ ᠠᠯᠬᠤᠮ ᠲᠡᠬᠡᠭᠰᠢᠯᠠᠵᠠᠢ᠃ ᠰᠠᠨᠠᠭᠠᠴᠢᠯᠠᠭ᠎ᠠ ᠠᠴᠠ ᠪᠠᠨ ᠬᠢᠨᠠᠯᠳᠠ ᠶᠢ ᠬᠦᠯᠢᠶᠠᠨ᠂ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠪᠠᠶᠢᠩᠭᠤ ᠶᠢᠨ ᠬᠡᠰᠢᠬᠦᠳ ᠤᠨ ᠬᠤᠷᠡᠯ ᠤᠨ ᠲᠤᠭᠳᠠᠭᠠᠯ ᠰᠢᠢᠳᠪᠤᠷᠢ ᠶᠢ ᠨᠠᠷᠢᠨ ᠬᠢᠨᠠᠮᠠᠭᠠᠢ ᠬᠡᠷᠡᠭᠵᠢᠬᠦᠯᠵᠤ᠂ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ ᠵᠠᠰᠠᠭ ᠲᠤ ᠤᠷᠤᠯᠴᠠᠵᠤ᠂ ᠵᠠᠰᠠᠭ ᠤᠨ ᠶᠠᠪᠤᠳᠠᠯ ᠢ ᠶᠠᠷᠢᠯᠴᠠᠬᠤ ᠶᠢ ᠢᠳᠡᠪᠬᠢᠳᠡᠢ ᠲᠠᠮᠵᠢᠵᠤ᠂ ᠪᠦᠬᠦ ᠵᠢᠯ ᠳᠤ᠂ 197 ᠬᠤᠪᠢ ᠠᠷᠡᠳ ᠤᠨ ᠲᠦᠯᠤᠬᠡᠯᠡᠭᠴᠢᠳ ᠤᠨ ᠰᠠᠨᠠᠯ ᠰᠠᠨᠠᠭᠤᠯᠭ᠎ᠠ᠂ 73 ᠬᠤᠪᠢ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠤᠷᠡᠳᠤᠯᠭ᠎ᠠ ᠳᠤ ᠬᠠᠷᠢᠭᠤᠯᠳᠠ ᠦᠭᠬᠦᠨ ᠰᠢᠢᠳᠪᠤᠷᠢᠯᠡᠪᠠ᠃ ᠠᠵᠢᠯ ᠤᠨ ᠰᠤᠷᠳᠠᠯ ᠢ ᠰᠠᠶᠢᠳᠤᠷ ᠠᠳᠬᠤᠵᠤ᠂ ᠲᠦᠪ᠂ ᠦᠪᠡᠷᠳᠡᠬᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶᠠᠨ ᠤ ᠠᠵᠢᠯ  ᠤᠨ ᠰᠤᠷᠳᠠᠯ ᠢ ᠰᠠᠶᠢᠵᠢᠷᠠᠭᠤᠯᠬᠤ ᠡᠯ᠎ᠠ ᠲᠦᠷᠥᠯ ᠤᠨ ᠲᠤᠭᠳᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠵᠢᠯ ᠤᠨ ︽ᠭᠤᠷᠪᠡᠨ ᠵᠥᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠢ ᠠᠳᠠᠯᠢ ᠬᠤᠭᠤᠴᠠᠭᠠᠨ ᠤ ᠬᠢ ᠠᠴᠠ ᠪᠠᠨ 49% ᠪᠠᠷ ᠪᠠᠭᠤᠷᠠᠭᠤᠯᠵᠠᠢ᠃ 1.3 ᠲᠦᠮᠡᠨ ᠲᠡᠭᠰᠢ ᠲᠦᠷᠪᠡᠯᠵᠢᠨ ᠮᠧᠲᠷ ᠤᠨ ᠠᠯᠪᠠᠨ ᠬᠡᠷ ᠢ ᠴᠡᠭᠴᠡᠯᠡᠨ ᠰᠤᠯᠠᠯᠠᠵᠤ᠂ ᠲᠤᠭᠳᠠᠭᠠᠭᠰᠡᠨ ᠪᠠᠷᠢᠮᠵᠢᠶ᠎ᠠ ᠶᠤᠰᠤᠭᠠᠷ ᠠᠯᠪᠠᠨ ᠲᠡᠷᠬᠡᠨ ᠳᠤ ᠴᠢᠩᠭ᠎ᠠ ᠲᠣᠬᠢᠷᠠᠭᠤᠯᠣᠯᠳᠠ ᠬᠢᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠳᠠ ᠪᠠ ᠬᠢᠨᠡᠨ ᠪᠤᠳᠤᠯᠳᠠ ᠶᠢᠨ ᠠᠵᠢᠯ ᠢ ᠴᠢᠩᠭᠠᠳᠬᠠᠵᠤ᠂ ᠤᠯᠠᠨ ᠨᠠᠶᠢᠳᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠡᠷᠬᠢᠯᠳᠡ ᠶᠢᠨ ᠵᠤᠬᠢᠴᠠᠮᠵᠢ ᠶᠢ ᠤᠯᠠᠮ ᠴᠢᠨᠠᠭᠰᠢᠳᠠ ᠪᠦᠷᠢᠡᠰᠢᠬᠦᠯᠤᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠠᠵᠢᠯ ᠴᠣ᠋ ᠨᠠᠯᠢᠶᠡᠳ ᠰᠠᠶᠢᠨ ᠦᠷ᠎ᠠ ᠪᠦᠳᠤᠮᠵᠢ ᠤᠯᠪᠠ᠃ ᠠᠵᠢᠯ ᠤᠨ ᠰᠤᠷᠳᠠᠯ ᠤᠨ ᠠᠷᠡᠳᠴᠢᠯᠡᠯᠳᠤ ᠦᠨᠡᠯᠡᠯᠳᠡ ᠶᠢᠨ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠤᠯᠠᠨ ᠲᠦᠮᠡᠨ ᠤ ᠨᠠᠶᠢᠳᠠᠮ ᠲᠤᠰᠬᠠᠵᠤ ᠪᠠᠶᠢᠭ᠎ᠠ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ᠂ ᠤᠷᠤᠨ ᠰᠠᠭᠤᠴᠠ᠂ ᠰᠤᠷᠭᠠᠨ ᠬᠦᠮᠤᠵᠢᠯ᠂ ᠡᠮ ᠡᠮᠨᠡᠯᠬᠡ ᠪᠠ ᠮᠠᠯ ᠠᠵᠤ ᠠᠬᠤᠢ ᠳᠤ ᠬᠤᠯᠪᠤᠭᠳᠠᠬᠤ ᠪᠡᠯᠡ ᠮᠦᠩᠬᠦᠨ ᠤ ᠬᠡᠷᠡᠭᠯᠡᠯᠳᠡ ᠵᠡᠷᠬᠡ ᠳᠤ ᠲᠤᠰᠬᠠᠢ ᠲᠦᠷᠥᠯ ᠤᠨ ᠪᠠᠶᠢᠴᠠᠭᠠᠯᠳᠠ ᠶᠢ ᠦᠷᠨᠢᠬᠦᠯᠵᠤ᠂ ᠰᠤᠷᠳᠠᠯ ᠴᠡᠭᠴᠡᠯᠡᠬᠦ ᠠᠵᠢᠯ ᠤᠨ ᠦᠷ᠎ᠠ ᠪᠦᠳᠤᠮᠵᠢ ᠶᠢ ᠢᠯᠡᠳᠳᠠ ᠰᠠᠶᠢᠵᠢᠷᠠᠭᠤᠯᠣᠨ᠂ ᠵᠠᠰᠠᠭ ᠤᠨ ᠶᠠᠪᠤᠳᠠᠯ ᠤᠨ ᠤᠷᠴᠢᠨ ᠢ ᠲᠠᠰᠤᠷᠠᠯᠳᠠ ᠦᠬᠡᠢ ᠰᠢᠯᠢᠳᠡᠭᠵᠢᠬᠦᠯᠪᠠ᠃ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂  ︽ᠵᠢᠷᠭᠤᠳᠤᠭᠠᠷ ᠲᠠᠪᠤᠨ ᠵᠢᠯ︾ ᠤᠨ ᠬᠠᠤᠯᠢ ᠲᠦᠬᠡᠬᠡᠮᠡᠯᠵᠢᠬᠦᠯᠬᠦ ᠠᠵᠢᠯ ᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠪᠠ᠃ ᠡᠬᠦᠨ ᠤ ᠬᠠᠮᠳᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠡᠷᠤᠬᠡ ᠶᠢᠨ ᠴᠡᠷᠢᠭ ᠤᠨ ᠪᠡᠯᠡᠳᠬᠡᠯ ᠬᠦᠴᠣᠨ ᠤ ᠪᠠᠶᠢᠭᠤᠯᠣᠯᠳᠠ ᠪᠠ ᠴᠡᠷᠢᠭ ᠠᠷᠡᠳ ᠢᠶᠠᠷ ᠢᠶᠠᠨ ᠬᠠᠮᠳᠤᠪᠠᠷ ᠪᠠᠶᠢᠭᠤᠯᠤᠯᠴᠠᠬᠤ ᠠᠵᠢᠯ ᠨᠢ ᠰᠢᠨ᠎ᠠ ᠠᠮᠵᠢᠯᠳᠠ ᠳᠤ ᠬᠦᠷᠤᠨ᠂ ᠡᠮᠡᠭᠳᠡᠶᠢᠴᠤᠳ᠂ ᠬᠡᠤᠬᠡᠳ᠂ ᠨᠠᠰᠤᠳᠠᠶᠢᠴᠤᠤᠯ ᠪᠠ ᠵᠡᠮᠳᠡᠭᠴᠤᠳ ᠤᠨ ᠦᠢᠯᠡᠰ  ᠨᠢ ᠢᠯᠡᠳᠳᠡ ᠠᠬᠢᠴᠠ ᠲᠠᠢ ᠪᠤᠯᠵᠤ᠂ ᠬᠠᠩᠭᠠᠨ ᠪᠤᠷᠤᠯᠠᠭᠤᠯᠭ᠎ᠠ᠂ ᠲᠡᠤᠬᠡ ᠦᠢᠯᠡᠯᠭ᠎ᠠ᠂ ᠲᠠᠩᠰᠠ ᠡᠪᠬᠡᠮᠡᠯ ᠵᠡᠷᠬᠡ ᠠᠵᠢᠯ ᠨᠢ ᠨᠠᠯᠢᠶᠡᠳ ᠰᠠᠶᠢᠨ ᠦᠷ᠎ᠠ ᠪᠦᠳᠤᠮᠵᠢ ᠶᠢ ᠤᠯᠤᠨ᠂ ᠴᠠᠭ ᠠᠭᠤᠷ᠂ ᠲᠠᠮᠠᠬᠢ᠂ ᠲᠠᠭᠠᠳᠬᠠᠯ ᠵᠡᠷᠬᠡ ᠠᠵᠢᠯ  ᠨᠢ ᠰᠢᠨ᠎ᠠ ᠬᠦᠭᠵᠢᠯᠳᠠ ᠲᠠᠢ ᠪᠤᠯᠤᠭᠰᠡᠨ ᠪᠠᠶᠢᠨ᠎ᠠ᠃ ᠲᠦᠯᠤᠬᠡᠯᠡᠭᠴᠢᠳ ᠡ᠂ ᠦᠩᠬᠡᠷᠡᠭᠰᠡᠨ ᠵᠢᠯ ᠤᠨ ᠤᠯᠤᠭᠰᠡᠨ ᠠᠮᠵᠢᠯᠳᠠ ᠪᠦᠳᠤᠬᠡᠯ ᠨᠢ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠪᠠ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ ᠪᠤᠯᠤᠨ ᠨᠠᠶᠢᠬᠡᠮ ᠤᠨ ᠡᠯ᠎ᠠ ᠡᠳᠡᠬᠡᠳ ᠤᠨ ᠬᠢᠨ ᠤ ᠬᠦᠴᠤᠳᠡᠢ ᠲᠡᠮᠵᠢᠯᠬᠡ ᠬᠠᠯᠠᠭᠤᠨ ᠬᠠᠪᠰᠤᠷᠤᠯᠭ᠎ᠠ ᠠᠴᠠ ᠰᠠᠯᠵᠤ ᠴᠢᠳᠠᠬᠤ ᠦᠬᠡᠢ᠃ ᠠᠳᠡ ᠪᠢ ᠬᠤᠰᠢᠭᠤ ᠠᠷᠡᠳ ᠤᠨ ᠵᠠᠰᠠᠭ  ᠤᠨ ᠤᠷᠳᠤᠨ ᠢ ᠲᠦᠯᠤᠬᠡᠯᠡᠨ ᠡᠯ᠎ᠠ ᠠᠵᠢᠯ ᠤᠨ ᠹᠷᠤᠡᠲ ᠲᠡᠬᠡᠷ᠎ᠠ ᠰᠢᠭᠤᠷᠬᠠᠶᠢᠯᠠᠨ ᠠᠵᠢᠯᠯᠠᠵᠤ ᠪᠠᠶᠢᠭ᠎ᠠ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ᠂ ᠠᠷᠡᠳ ᠤᠨ ᠲᠦᠯᠤᠬᠡᠯᠡᠭᠴᠢᠳ᠂ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠵᠢᠴᠢ ᠮᠠᠨ ᠤ ᠬᠤᠰᠢᠭᠤᠨ ᠤ ᠦᠬᠡᠷᠡᠴᠢᠯᠡᠯᠳᠡ ᠬᠦᠭᠵᠢᠯᠳᠠ ᠶᠢ ᠬᠠᠯᠠᠮᠵᠢᠯᠠᠨ ᠲᠠᠮᠵᠢᠭ᠍ᠰᠡᠬᠡᠷ ᠢᠷᠡᠭᠰᠡᠨ ᠨᠠᠶᠢᠬᠡᠮ ᠤᠨ ᠡᠯ᠎ᠠ ᠡᠳᠡᠬᠡᠳ ᠤᠨ ᠬᠢᠨ ᠤ ᠨᠠᠶᠢᠵᠠ ᠨᠦᠬᠦᠳ ᠲᠡᠭᠡᠨ ᠴᠢᠩ ᠰᠡᠳᠬᠢᠯ ᠤᠨ ᠲᠠᠯᠠᠷᠬᠠᠯ ᠢᠶᠠᠨ ᠲᠠᠪᠰᠢᠬᠦᠯᠵᠤ ᠪᠠᠶᠢᠨ᠎ᠠ᠃ ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠤ ᠪᠠᠰᠠ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠲᠤᠮᠳᠠ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠬᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠃ ᠭᠤᠤᠯᠳᠠᠭᠤ ᠲᠤᠤᠷᠡᠬᠢ ᠬᠡᠳᠤᠨ ᠲᠠᠯ᠎ᠠ ᠪᠠᠷ ᠢᠯᠡᠷᠡᠵᠤ ᠪᠤᠢ᠄ ᠠᠵᠤ ᠠᠬᠤᠢ ᠶᠢᠨ ᠶᠠᠷᠤᠩᠬᠡᠢ ᠬᠡᠮᠵᠢᠶ᠎ᠠ ᠪᠠᠭ᠎ᠠ᠂ ᠬᠤᠳᠠ ᠪᠠᠯᠭᠠᠰᠤᠵᠢᠯᠳᠠ ᠶᠢᠨ ᠬᠢᠷᠢ ᠲᠦᠪᠰᠢᠨ ᠲᠤᠤᠷ᠎ᠠ᠂ ᠲᠠᠶᠢᠴᠢᠯᠡᠨ ᠲᠠᠭᠠᠭᠤᠯᠬᠤ ᠬᠦᠴᠤᠨ ᠲᠠᠢ ᠲᠤᠮᠤ ᠲᠦᠷᠥᠯ ᠵᠥᠢᠯ ᠴᠦᠬᠡᠨ᠂ ᠪᠤᠳᠠᠳᠤ ᠬᠦᠴᠤᠨ ᠲᠠᠢ ᠲᠤᠯᠭᠠᠭᠤᠷᠢᠯᠠᠭᠴᠢ ᠠᠵᠤ ᠠᠬᠤᠶᠢᠯᠡᠯ ᠴᠦᠬᠡᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠤᠷᠤᠰᠢᠭᠰᠠᠭᠠᠷ︔ ᠮᠠᠯ ᠠᠵᠤ ᠠᠬᠤᠢ ᠶᠢᠨ ᠠᠵᠤ ᠦᠢᠯᠡᠰᠵᠢᠯᠳᠠ  ᠶᠢᠨ ᠬᠢᠷᠢ ᠲᠦᠪᠰᠢᠨ ᠲᠤᠤᠷ᠎ᠠ᠂ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠮᠥᠨ ᠯᠡ ᠬᠤᠴᠤᠷᠤᠩᠭᠤᠢ ᠪᠠᠶᠢᠵᠤ᠂ ᠪᠠᠶᠢᠭᠠᠯᠢ ᠶᠢᠨ ᠭᠠᠮᠰᠢᠭ ᠢ ᠡᠰᠡᠷᠬᠦᠴᠡᠬᠦ ᠴᠢᠳᠠᠪᠤᠷᠢ ᠪᠠᠷ ᠲᠤᠷᠤᠢ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠠᠷᠭ᠎ᠠ ᠵᠠᠮ ᠢᠪᠴᠤᠤ ᠪᠠᠶᠢᠭᠰᠠᠭᠠᠷ︔ ᠭᠤᠷᠪᠡᠳᠤᠭᠠᠷ ᠠᠵᠤ ᠦᠢᠯᠡᠰ ᠨᠢ ᠠᠮᠢᠵᠢᠷᠡᠯ ᠤᠨ ᠬᠦᠴᠤᠨ ᠪᠠ ᠲᠠᠶᠢᠴᠢᠯᠠᠨ ᠲᠠᠭᠠᠭᠤᠯᠬᠤ ᠴᠢᠳᠠᠪᠤᠷᠢ ᠪᠠᠷ ᠲᠤᠳᠠᠮᠠᠭ᠂ ᠵᠤᠭᠠᠴᠠᠯ ᠤᠨ ᠦᠢᠯᠡᠰ ᠤᠨ ᠭᠠᠵᠠᠷ ᠣᠷᠤᠨ ᠤ ᠲᠠᠪᠠᠭᠤᠯᠢᠭ ᠪᠤᠯᠤᠨ ᠨᠦᠬᠡᠴᠠ ᠬᠦᠴᠤᠨ ᠢ ᠬᠦᠡᠵᠡᠬᠡᠢ ᠠᠭᠤᠳᠠᠯᠯᠠᠨ ᠠᠰᠢᠭᠯᠠᠵᠤ ᠲᠠᠶᠢᠯᠤᠬᠡᠳᠤᠢ ᠪᠠᠶᠢᠭᠰᠠᠭᠠᠷ︔ ᠺᠠᠳ᠋ᠷ ᠤᠨ ᠡᠩᠨᠡᠬᠡᠨ ᠳᠤ ᠠᠵᠢᠯ ᠤᠨ ᠢᠳᠡᠪᠬᠢᠵᠢᠯ ᠦᠨᠳᠣᠷ ᠪᠢᠰᠢ᠂ ᠠᠵᠢᠯ ᠤᠨ ᠤᠪᠤᠷ ᠰᠤᠷᠳᠠᠯ ᠪᠠ ᠦᠢᠯᠡᠴᠢᠯᠡᠭᠡ ᠪᠠᠷ ᠠᠨᠠᠢ᠂ ᠠᠵᠢᠯ ᠤᠨ ᠦᠷ᠎ᠠ ᠪᠦᠳᠤᠮᠵᠢ ᠨᠢ ᠢᠯᠡᠳᠳᠡ ᠪᠢᠰᠢ ᠪᠠᠶᠢᠬᠤ ᠠᠰᠠᠭᠤᠳᠠᠯ ᠠᠳᠠᠯᠢ ᠪᠤᠰᠤ ᠬᠡᠮᠵᠢᠶ᠎ᠠ ᠪᠠᠷ ᠤᠷᠤᠰᠢᠵᠤ᠂ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠭᠤᠯᠤᠯᠳᠠ ᠪᠠ ᠲᠤᠰ ᠪᠠᠶ᠎ᠠ  ᠶᠢᠨ ᠪᠠᠶᠢᠭᠤᠯᠤᠯᠳᠠ ᠪᠠᠨ ᠮᠦᠡᠬᠦ ᠴᠢᠩᠭᠠᠳᠬᠠᠬᠤ ᠴᠢᠬᠤᠯᠠᠳᠡᠢ ᠪᠠᠶᠢᠭᠰᠠᠭᠠᠷ︔ ᠪᠢᠳᠠ ᠡᠳᠡᠬᠡᠷ ᠠᠰᠠᠭᠤᠳᠠᠯ ᠤᠳ ᠢ ᠲᠡᠬᠡᠳᠤ ᠬᠡᠮᠵᠢᠶ᠎ᠠ ᠪᠠᠷ ᠴᠢᠬᠤᠯᠠᠴᠢᠯᠡᠨ ᠦᠵᠡᠵᠤ᠂ ᠪᠦᠳᠤᠮᠵᠢᠳᠡᠢ ᠠᠷᠭ᠎ᠠ ᠬᠡᠮᠵᠢᠶ᠎ᠠ ᠠᠪᠤᠨ᠂ ᠦᠨᠡᠡᠬᠦ ᠰᠢᠢᠳᠪᠤᠷᠢᠯᠡᠬᠦ  ᠪᠠᠷ ᠵᠤᠷᠢᠭ ᠰᠢᠭᠤᠳᠴᠤ ᠪᠠᠶᠢᠬᠤ ᠮᠦᠷᠳᠡᠬᠡᠨ ᠰᠢᠢᠳᠪᠤᠷᠢᠯᠡᠵᠤ ᠲᠠᠶᠢᠯᠤᠨ᠎ᠠ ᠬᠡᠳᠡᠭ ᠲᠤ ᠪᠠᠳᠤ ᠢᠳᠡᠬᠡᠯ ᠲᠠᠢ ᠪᠠᠶᠢᠨ᠎ᠠ᠃ᠬᠤᠶᠡᠷ᠂ 2014 ᠤᠨ ᠤ ᠠᠵᠢᠯ ᠤᠨ ᠪᠠᠶᠢᠷᠢᠯᠠᠭᠤᠯᠤᠯᠳᠠᠦᠨᠤ ᠵᠢᠯ ᠪᠤᠯ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠬᠦ ᠡᠬᠢᠨ ᠤ ᠵᠢᠯ ᠪᠤᠯᠤᠨ᠎ᠠ᠃ ᠮᠦᠡᠴᠤ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠠ ᠪᠠ ᠮᠠᠨ ᠤ ᠬᠤᠰᠢᠭᠤᠨ ᠤ ︽53331︾ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠠᠮᠠᠴᠡᠬᠦ ᠬᠠᠷᠠᠯᠳᠠ ᠪᠠᠨ ᠪᠠᠶᠠᠯᠠᠬᠦᠯᠬᠦ ᠵᠠᠩᠬᠢᠯᠠᠭ᠎ᠠ ᠶᠢᠨ ᠨᠢᠬᠡ ᠵᠢᠯ ᠮᠥᠨ᠃ ᠤᠳᠤᠬᠠᠨ ᠤ ᠬᠠᠨᠳᠤᠰᠢ ᠶᠢ ᠶᠠᠷᠤᠩᠬᠡᠶᠢᠯᠡᠨ ᠰᠤᠳᠤᠯᠵᠤ᠂ ᠬᠦᠭᠵᠢᠯᠳᠠ ᠶᠢᠨ ᠲᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠤᠳ ᠢ ᠵᠠᠳᠠᠯᠪᠠᠯ᠄ ᠨᠢᠬᠡ ᠳᠤ ᠠᠵᠤ ᠠᠬᠤᠢ ᠶᠢᠨ ᠪᠠᠭᠤᠷᠠᠯᠳᠠ ᠶᠢᠨ ᠲᠠᠷᠤᠯᠳᠠ ᠨᠡᠮᠡᠭᠳᠡᠪᠡ᠃ ᠲᠠᠯᠠᠬᠡᠢ  ᠶᠢᠨ ᠠᠵᠤ ᠠᠬᠤᠢ ᠶᠢᠨ ᠬᠦᠭᠵᠢᠯᠳᠠ ᠤᠳᠠᠭᠠᠰᠢᠷᠠᠭᠰᠡᠨ ᠤᠳᠤᠬᠠᠨ ᠤ ᠪᠠᠶᠢᠳᠠᠯ ᠳᠤ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠠ ᠳᠤ ᠮᠠᠰᠢ ᠤᠯᠠᠨ ᠰᠢᠨ᠎ᠠ ᠠᠰᠠᠭᠤᠳᠠᠯ᠂ ᠰᠢᠨ᠎ᠠ ᠪᠠᠶᠢᠳᠠᠯ ᠲᠤᠯᠭᠠᠷᠠᠵᠤ᠂ ᠡᠨᠧᠷᠬᠢ᠂ ᠬᠢᠮᠢ᠂ ᠲᠠᠮᠦᠷᠯᠢᠭ ᠵᠡᠷᠬᠡ ᠭᠤᠤᠯᠳᠠᠯᠭᠠᠳᠤ ᠠᠵᠤ ᠦᠢᠯᠡᠳᠪᠤᠷᠢ ᠶᠢᠨ ᠪᠦᠳᠤᠬᠡᠭᠳᠡᠬᠦᠨ ᠤ ᠵᠠᠬ᠎ᠠ ᠲᠡᠯᠬᠡᠬᠦᠷ ᠤᠨ ᠬᠡᠷᠡᠭᠴᠡᠭᠡ  ᠨᠢ ᠪᠠᠭᠠᠰᠴᠣ᠂ ᠦᠨ᠎ᠠ ᠬᠠᠩᠰᠢ ᠨᠢ ᠪᠠᠭᠤᠷᠡᠨ᠂ ᠠᠵᠤ ᠠᠬᠤᠶᠢᠯᠡᠯ ᠤᠨ ᠦᠢᠯᠡᠳᠪᠤᠷᠢᠯᠡᠯ ᠡᠵᠡᠩᠨᠡᠯᠳᠡ ᠶᠢᠨ ᠦᠪᠡᠷ  ᠤᠨ ᠦᠷᠳᠡᠭ ᠨᠢ ᠲᠡᠬᠡᠭᠰᠢᠯᠡᠨ᠂ ᠠᠰᠢᠭ ᠤᠷᠤᠯᠭ᠎ᠠ ᠨᠢ ᠲᠤᠷᠤᠭᠰᠢᠯᠠᠵᠤ᠂ ᠮᠠᠨ ᠤ ᠬᠤᠰᠢᠭᠤ ᠰᠢᠭ᠋ ᠠᠵᠤ ᠦᠢᠯᠡᠰ  ᠤᠨ ᠪᠦᠳᠤᠴᠠ ᠨᠢ ᠲᠠᠩ ᠴᠤᠯᠭᠤᠢ ᠮᠦᠷᠳᠡᠬᠡᠨ ᠡᠨᠧᠷᠬᠢ ᠶᠢᠨ ᠭᠠᠷᠭᠠᠯᠳᠠ ᠳᠤ ᠲᠦᠰᠢᠭᠯᠡᠵᠤ ᠪᠠᠶᠢᠭ᠎ᠠ ᠭᠠᠵᠡᠷ ᠤᠷᠤᠨ ᠳᠤ ᠶᠡᠬᠡᠬᠡᠨ ᠨᠦᠯᠤᠬᠡ ᠤᠴᠡᠷᠠᠭᠤᠯᠤᠭᠰᠡᠨ ᠪᠠᠶᠢᠨ᠎ᠠ᠃ ᠬᠤᠶᠡᠷ ᠲᠤ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠡᠬᠦᠷᠬᠡ ᠮᠠᠰᠢ ᠬᠦᠡᠳᠤ ᠪᠠᠶᠢᠨ᠎ᠠ᠃ ᠤᠳᠤᠬᠠᠨ ᠳᠤ ᠪᠦᠬᠦ ᠤᠯᠤᠰ᠂ ᠪᠦᠬᠦ ᠤᠷᠤᠨ ᠤ ᠠᠵᠤ ᠠᠬᠤᠢ ᠨᠢ ᠶᠠᠭ ᠬᠦᠭᠵᠢᠯᠳᠠ ᠶᠢᠨ ᠬᠤᠷᠳᠤᠴᠠ ᠪᠠᠨ ᠬᠤᠪᠢᠷᠠᠭᠤᠯᠬᠤ᠂ ᠪᠦᠳᠤᠴᠠ ᠪᠠᠨ ᠲᠤᠬᠢᠷᠠᠭᠤᠯᠬᠤ᠂ ᠡᠮᠤᠨ᠎ᠠ ᠬᠤᠭᠤᠴᠠᠭᠠᠨ ᠤ ᠬᠦᠭᠵᠢᠯᠳᠠ ᠳᠤ ᠰᠠᠳᠤᠯᠳᠠ ᠦᠭᠬᠦ ᠲᠦᠷᠥ ᠶᠢᠨ ᠪᠤᠳᠤᠯᠭ᠎ᠠ ᠶᠢ ᠰᠢᠩᠬᠡᠬᠡᠬᠦ ᠵᠠᠷᠬᠡ ᠭᠤᠷᠪᠠ ᠲᠠᠪᠬᠤᠴᠠᠭᠰᠠᠨ ᠱᠠᠳᠤ ᠦᠶ᠎ᠠ ᠳᠤ ᠣᠷᠣᠭᠰᠠᠨ ᠪᠣᠯᠬᠤᠷ ᠪᠢᠳᠠ ᠠᠵᠣ ᠠᠬᠤᠢ ᠶᠢᠨ ᠶᠠᠷᠣᠩᠬᠡᠢ ᠬᠡᠮᠵᠢᠶ᠎ᠠ ᠪᠠᠨ ᠶᠡᠬᠡᠰᠬᠡᠬᠦ ᠪᠠ ᠬᠦᠭᠵᠢᠯᠳᠠ ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠬᠤᠣᠰ ᠲᠠᠷᠣᠯᠳᠠ ᠲᠠᠢ ᠪᠠᠶᠢᠭ᠎ᠠ ᠶᠣᠮ᠃ ᠠᠵᠤ ᠠᠬᠤᠢ ᠶᠢᠨ ᠤᠯᠠᠨ ᠡᠰᠢᠵᠢᠨ ᠲᠤᠯᠭᠠᠭᠤᠷᠢᠯᠠᠬᠤ ᠴᠢᠳᠠᠪᠬᠢ ᠨᠢ ᠪᠦᠷᠢᠨ ᠪᠤᠰᠤ᠂ ᠰᠢᠨ᠎ᠠ ᠨᠡᠮᠡᠭᠳᠡᠯ ᠴᠡᠭ ᠨᠢ ᠪᠦᠷᠢᠯᠳᠤᠵᠤ ᠲᠠᠶᠢᠯᠤᠬᠡᠳᠤᠢ᠂ ᠠᠵᠤ ᠦᠢᠯᠡᠳᠪᠤᠷᠢ ᠨᠢ ᠠᠩᠬᠠᠨ ᠤ ᠪᠦᠳᠤᠬᠡᠭᠳᠡᠬᠦᠨ ᠢ ᠦᠢᠯᠡᠳᠪᠤᠷᠢᠯᠡᠬᠦ ᠪᠠᠷ ᠭᠤᠤᠯᠯᠠᠨ᠂ ᠬᠡᠯᠬᠢᠶᠠᠵᠢᠯ ᠤᠬᠤᠷ᠂ ᠲᠠᠭᠠᠯᠳᠤᠯ ᠦᠷᠳᠡᠭ ᠢᠶᠠᠷ ᠲᠤᠤᠷ᠎ᠠ︔ ᠮᠠᠯ ᠠᠵᠤ ᠠᠬᠤᠢ ᠶᠢᠨ ︽ᠭᠤᠷᠪᠡ ᠶᠢ ᠨᠢᠬᠡᠳᠬᠡᠬᠦ︾ ᠠᠵᠢᠯ ᠤᠨ ᠠᠬᠢᠴᠠ ᠨᠢ ᠤᠳᠠᠭᠠᠨ᠂ ᠵᠠᠷᠤᠴᠠᠭᠤᠯᠬᠤ ᠮᠠᠯ ᠢ ᠪᠤᠷᠳᠤᠨ ᠲᠠᠷᠭᠤᠯᠠᠭᠤᠯᠬᠤ ᠠᠵᠢᠯ ᠴᠣ᠋ ᠲᠦᠬᠡᠬᠡᠮᠡᠯᠵᠢᠵᠣ ᠲᠠᠶᠢᠯᠣᠬᠡᠳᠣᠢ᠂ ᠦᠬᠡᠷ ᠤᠨ ᠡᠬᠦᠯᠳᠡᠷ ᠰᠠᠶᠢᠵᠢᠷᠠᠭᠤᠯᠬᠤ ᠠᠵᠢᠯ ᠤᠨ ᠲᠠᠨᠢᠯᠳᠠ ᠬᠦᠢᠴᠡᠳ ᠪᠣᠰᠣ ᠵᠡᠷᠬᠡ ᠰᠢᠯᠳᠠᠭᠠᠨ ᠠᠴᠠ ᠪᠤᠯᠵᠤ᠂ ᠮᠠᠨ ᠤ ᠬᠤᠰᠢᠭᠤᠨ ᠤ ᠠᠵᠤ ᠠᠬᠤᠢ  ᠶᠢᠨ ᠡᠷᠬᠢᠯᠳᠡ ᠨᠢ ᠮᠠᠰᠢ ᠶᠡᠭᠡ ᠬᠦᠴᠢᠷᠳᠡᠯ ᠳᠤ ᠲᠤᠯᠭᠠᠷᠠᠵᠤ ᠪᠤᠢ᠃ ᠭᠤᠷᠪᠡ ᠳᠤ ᠠᠵᠤ ᠠᠬᠤᠶᠢᠯᠡᠯ ᠤᠨ ᠰᠢᠨ᠎ᠠ ᠪᠠᠶᠢᠳᠠᠯ ᠤᠨ ᠬᠤᠪᠢᠷᠠᠯᠳᠠ ᠲᠠᠢ ᠵᠤᠬᠢᠴᠠᠬᠤ ᠴᠢᠳᠠᠪᠤᠷᠢ ᠨᠢ ᠬᠦᠷᠤᠯᠴᠡᠬᠦ ᠦᠬᠡᠢ ᠪᠠᠶᠢᠨ᠎ᠠ᠃ ᠬᠤᠷᠸ᠎ᠠ ᠤᠷᠴᠢᠨ ᠪᠠ ᠭᠠᠳᠠᠭᠠᠳᠤ ᠨᠦᠬᠦᠴᠡᠯ ᠳᠤ ᠪᠤᠳᠤᠯᠢᠶᠠᠡᠳᠡᠢ ᠬᠤᠪᠢᠷᠠᠯᠳᠠ ᠡᠬᠦᠰᠴᠤ ᠪᠠᠶᠢᠭ᠎ᠠ ᠪᠠᠶᠢᠳᠠᠯ ᠲᠤᠤᠷ᠎ᠠ ᠵᠠᠷᠢᠮ ᠠᠵᠤ ᠠᠬᠤᠶᠢᠯᠡᠯ ᠨᠢ ᠬᠡᠪᠴᠢᠶ᠎ᠠ ᠪᠠᠭ᠎ᠠ᠂ ᠬᠠᠮᠢᠶᠠᠷᠤᠯᠳᠠ ᠪᠦᠳᠤᠬᠦᠯᠢᠭ᠂ ᠰᠢᠨ᠎ᠠ ᠶᠢ ᠡᠬᠦᠳᠬᠦ ᠴᠢᠳᠠᠪᠤᠷᠢ ᠠᠨᠠᠢ ᠠᠴᠠ ᠪᠤᠯᠵᠤ᠂ ᠰᠠᠨᠠᠭᠠᠴᠢᠯᠠᠭ᠎ᠠ ᠠᠴᠠ ᠪᠠᠨ ᠵᠠᠬ᠎ᠠ ᠲᠡᠯᠬᠡᠬᠦᠷ ᠨᠡᠬᠡᠬᠡᠬᠦ ᠴᠢᠳᠠᠪᠤᠷᠢ ᠨᠢ ᠬᠦᠷᠤᠯᠴᠠᠬᠦ ᠦᠬᠡᠢ᠂ ᠠᠵᠤ ᠠᠬᠤᠢ  ᠶᠢᠨ ᠡᠷᠬᠢᠯᠳᠡ ᠪᠠᠨ ᠪᠠᠳᠤᠯᠠᠵᠤ ᠲᠠᠶᠢᠯᠬᠦ ᠦᠬᠡᠢ ᠪᠠᠶᠢᠳᠠᠯ ᠨᠠᠶᠢᠳᠠᠮ ᠣᠷᠣᠰᠢᠭᠰᠠᠭᠠᠷ ᠪᠣᠢ᠃ ᠪᠢᠳᠠ ᠣᠷᠣᠰᠢᠵᠣ ᠪᠠᠶᠢᠭ᠎ᠠ ᠠᠰᠠᠭᠤᠳᠠᠯ ᠢᠶᠠᠨ ᠲᠠᠨᠢᠬᠤ ᠶᠢᠨ ᠬᠠᠮᠳᠤ᠂ ᠪᠠᠰᠠ ᠬᠦᠭᠵᠢᠯᠳᠠ ᠶᠢᠨ ᠲᠤᠮᠳᠠᠬᠢ ᠠᠰᠢᠭᠳᠡᠢ ᠨᠦᠬᠦᠴᠡᠯ ᠤᠳ  ᠢ ᠰᠠᠶᠢᠳᠤᠷ ᠡᠵᠡᠮᠳᠡᠬᠦ ᠴᠢᠬᠤᠯᠠᠳᠡᠢ ᠪᠠᠶᠢᠨ᠎ᠠ᠄ ᠨᠢᠬᠡ ᠳᠤ ᠮᠠᠨ ᠤ ᠬᠤᠰᠢᠭᠤ ᠨᠢ ᠭᠠᠵᠡᠷ ᠨᠤᠳᠤᠭ ᠠᠭᠤᠳᠠᠮ᠂ ᠡᠬᠢ ᠪᠠᠶᠠᠯᠢᠭ ᠰᠠᠶᠢᠳᠠᠢ᠂ ᠲᠦᠷᠥ ᠶᠢᠨ ᠪᠤᠳᠤᠯᠭ᠎ᠠ ᠶᠢᠨ ᠬᠠᠷᠠᠭᠠᠯᠵᠠᠯ ᠰᠠᠶᠢᠨ᠂ ᠬᠦᠮᠤᠨ ᠠᠮᠠ ᠴᠦᠬᠡᠨ᠂ ᠤᠷᠴᠢᠨ ᠲᠤᠭᠤᠷᠢᠨ ᠤ ᠪᠠᠭᠳᠠᠭᠠᠴᠠ ᠶᠡᠭᠡ ᠪᠠᠶᠢᠵᠤ᠂ ᠤᠳᠤᠬᠢᠴᠢᠯᠠᠭᠰᠡᠨ ᠮᠠᠯ ᠠᠵᠤ ᠠᠬᠤᠢ ᠶᠢ ᠬᠦᠭᠵᠢᠬᠦᠯᠤᠨ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢ ᠪᠠᠶᠠᠯᠠᠬᠦᠯᠬᠦ ᠬᠦᠭᠵᠢᠯᠳᠠ ᠶᠢᠨ ᠤᠷᠴᠢᠨ ᠪᠠ ᠨᠦᠬᠡᠴᠠ ᠬᠦᠴᠤᠨ ᠢᠶᠠᠷ ᠲᠣᠪᠣᠶᠢᠮ᠎ᠠ ᠶᠣᠮ᠃ ᠬᠤᠶᠡᠷ ᠲᠤ ᠮᠠᠨ ᠤ ᠬᠤᠰᠢᠭᠤ ᠨᠢ ᠦᠢᠷ᠎ᠠ ᠶᠢᠨ ᠬᠡᠳᠤᠨ ᠵᠢᠯ ᠳᠤ ᠠᠵᠤ ᠦᠢᠯᠡᠳᠪᠤᠷᠢ ᠶᠢᠨ ᠠᠵᠤ ᠠᠬᠤᠢ ᠪᠠ ᠰᠠᠭᠤᠷᠢ ᠲᠦᠬᠦᠬᠡᠷᠤᠮᠵᠢ ᠵᠡᠷᠬᠡ ᠬᠦᠷᠢᠶ᠎ᠠ ᠬᠡᠪᠴᠢᠶᠠᠨ ᠳᠤ ᠨᠢᠬᠡ ᠪᠦᠯᠦᠭ ᠭᠤᠤᠯᠳᠠᠯᠭ᠎ᠠ ᠲᠠᠢ ᠲᠦᠷᠥᠯ ᠵᠥᠢᠯ ᠢ ᠲᠠᠷᠠᠭᠠᠯᠠᠨ ᠬᠡᠷᠡᠭᠵᠢᠬᠦᠯᠵᠤ᠂ ᠪᠡᠯᠡ ᠤᠷᠤᠭᠤᠯᠤᠯᠳᠠ ᠶᠢᠨ ᠦᠷ᠎ᠠ ᠪᠦᠳᠤᠬᠡᠯ ᠨᠢ ᠠᠯᠬᠤᠮ ᠠᠯᠬᠤᠮ ᠢᠶᠠᠷ ᠢᠯᠡᠷᠡᠨ᠂ ᠬᠦᠭᠵᠢᠯᠳᠠ ᠶᠢᠨ ᠨᠦᠬᠡᠴᠠ ᠬᠦᠴᠤᠨ ᠢ ᠤᠯᠠᠮ ᠴᠢᠨᠠᠭᠰᠢᠳᠠ ᠪᠤᠵᠠᠭᠠᠶᠢᠷᠠᠵᠤ᠂ ᠠᠵᠤ ᠦᠢᠯᠡᠰ ᠤᠨ ᠰᠢᠯᠵᠢᠯᠳᠠ ᠶᠢ ᠵᠤᠯᠭᠠᠭᠤᠯᠬᠤ ᠨᠦᠬᠦᠴᠡᠯ ᠴᠣ᠋ ᠡᠳᠤᠷ ᠢᠷᠡᠬᠦᠶ᠎ᠠ ᠰᠠᠶᠢᠵᠢᠷᠠᠨ ᠪᠦᠷᠢᠯᠳᠤᠵᠤ ᠪᠤᠢ᠃ ᠭᠤᠷᠪᠡ ᠳᠤ ᠪᠦᠬᠦ ᠠᠶᠢᠮᠠᠭ ᠤᠨ ᠴᠠᠬᠢᠯᠭᠠᠨ ᠰᠣᠷᠪᠣᠯᠵᠢ ᠶᠢᠨ ᠰᠠᠭᠤᠷᠢᠨ ᠭᠠᠵᠡᠷ ᠪᠠ ᠤᠡᠴᠠ ᠦᠡᠳᠤᠷ ᠬᠦᠴᠤᠳᠡᠯᠳᠤ ᠴᠠᠬᠢᠯᠭᠠᠨ ᠬᠦᠴᠤᠨ ᠢ ᠭᠠᠳᠠᠭᠰᠢ ᠬᠦᠷᠬᠡᠬᠦ ᠵᠡᠷᠬᠡ ᠲᠤᠮᠤ ᠶᠡᠭᠡ ᠡᠨᠧᠷᠬᠢ ᠶᠢᠨ ᠲᠦᠷᠥᠯ ᠵᠥᠢᠯ ᠢ ᠡᠬᠢᠯᠡᠬᠦᠯᠬᠦ ᠵᠢᠴᠢ ᠰᠢᠯᠢᠩᠬᠤᠳᠠ ᠠᠴᠠ ᠡᠷᠢᠶᠠᠨᠬᠤᠳᠠ ᠬᠦᠷᠬᠦ ᠲᠠᠮᠤᠷ ᠵᠠᠮ ᠨᠢ ᠠᠰᠢᠭᠯᠠᠯᠳᠠ ᠳᠤ ᠣᠷᠣᠬᠤ ᠶᠢ ᠲᠠᠭᠠᠯᠳᠤᠨ᠂ ᠮᠠᠨ ᠤ ᠬᠤᠰᠢᠭᠤᠨ ᠤ ᠴᠠᠭᠠᠡᠨᠠᠭᠤᠷ ᠤᠨ ᠨᠡᠬᠦᠷᠡᠰᠤ ᠴᠠᠬᠢᠯᠭᠠᠨ ᠵᠠᠮ ᠢ ᠨᠢᠬᠡ ᠴᠤᠭᠴᠠᠵᠢᠭᠤᠯᠬᠤ ᠪᠠ ᠨᠠᠷᠠᠡᠪᠤᠯᠠᠭ ᠨᠡᠬᠦᠷᠡᠰᠤᠨ ᠠᠭᠤᠷᠬᠠᠢ ᠶᠢ ᠨᠡᠬᠡᠬᠡᠨ ᠠᠰᠢᠭᠯᠠᠬᠤ ᠠᠵᠢᠯ ᠳᠤ ᠠᠰᠢᠭᠳᠡᠢ ᠨᠦᠬᠦᠴᠡᠯ ᠢ ᠪᠦᠷᠢᠯᠳᠤᠬᠦᠯᠵᠤ  ᠦᠭᠴᠠᠢ᠃ ᠲᠦᠷᠪᠡ ᠳᠤ ᠤᠯᠤᠰ ᠠᠴᠠ ᠴᠢᠬᠤᠯᠠᠴᠢᠯᠠᠨ ᠠᠳᠬᠤᠵᠤ ᠶᠠᠪᠤᠭᠳᠠᠭᠤᠯᠵᠤ ᠪᠠᠶᠢᠭ᠎ᠠ ᠠᠭᠠᠷ ᠮᠠᠡᠳᠡᠯ ᠤᠨ ᠪᠤᠬᠢᠷᠳᠤᠯ ᠢ ᠰᠠᠷᠬᠡᠶᠢᠯᠡᠨ ᠵᠠᠰᠠᠬᠤ ᠪᠠ ᠢᠳᠡᠬᠡᠨ ᠤ ᠠᠮᠤᠷ ᠲᠦᠪᠰᠢᠨ ᠤ ᠬᠠᠮᠢᠶᠠᠷᠤᠯᠳᠠ ᠵᠡᠷᠬᠡ ᠠᠵᠢᠯ ᠨᠢ ᠮᠠᠨ ᠤ ᠬᠤᠰᠢᠭᠤᠨ ᠤ ᠪᠤᠬᠢᠷᠳᠤᠯ ᠦᠬᠡᠢ ᠡᠨᠧᠷᠬᠢ᠂ ᠮᠠᠯ ᠤᠨ ᠠᠰᠢᠭ ᠰᠢᠮ᠎ᠠ ᠶᠢᠨ ᠪᠤᠬᠢᠷᠳᠤᠯ ᠦᠬᠡᠢ ᠪᠦᠳᠤᠬᠡᠭᠳᠡᠬᠦᠨ ᠵᠡᠷᠬᠡ ᠲᠠᠪᠠᠭᠤᠯᠢᠭ ᠤᠡᠴᠠᠯᠢᠭᠳᠤ ᠠᠵᠤ ᠦᠢᠯᠡᠰ ᠢ ᠬᠦᠭᠵᠢᠬᠦᠯᠬᠦ ᠳᠤ ᠵᠠᠪᠰᠢᠶᠠᠨ ᠤᠯᠭᠤᠪᠠ᠃ ᠲᠠᠪᠤ ᠳᠤ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠬᠦ ᠠᠵᠢᠯ ᠢ ᠨᠢᠬᠡᠨᠳᠡ ᠡᠬᠢᠯᠡᠬᠦᠯᠦᠭᠰᠡᠨ ᠨᠢ ᠡᠯ᠎ᠠ ᠬᠦᠷᠢᠶ᠎ᠠ ᠬᠡᠪᠴᠢᠶᠠᠨ ᠤ ᠬᠦᠭᠵᠢᠯᠳᠠ ᠶᠢᠨ ᠬᠦᠳᠡᠯᠬᠡᠭᠴᠢ ᠬᠦᠴᠤ ᠪᠠ ᠠᠮᠢᠵᠢᠷᠡᠯ ᠤᠨ ᠬᠦᠴᠤᠨ ᠢ ᠤᠯᠠᠮ ᠴᠢᠨᠠᠭᠰᠢᠳᠠ ᠴᠢᠩᠭᠠᠳᠬᠠᠬᠤ ᠪᠣᠯᠣᠨ᠎ᠠ᠃ ᠪᠢᠳᠠ ᠵᠦᠪᠬᠡᠨ ᠠᠵᠠ ᠲᠤᠬᠢᠶᠠᠯ ᠢ ᠡᠵᠡᠮᠳᠠᠨ᠂ ᠪᠠᠳᠤ ᠴᠢᠩᠭ᠎ᠠ ᠪᠠᠶᠢᠯᠳᠤᠬᠤ ᠪᠤᠳᠤᠯᠭ᠎ᠠ  ᠶᠢᠨ ᠰᠡᠳᠬᠢᠴᠠ ᠶᠢ ᠲᠤᠭᠳᠠᠭᠠᠵᠤ᠂ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠦᠪᠡᠷ ᠤᠨ ᠪᠤᠳᠠᠳᠤ ᠪᠠᠶᠢᠳᠠᠯ  ᠠᠴᠠ ᠪᠠᠨ ᠡᠬᠦᠰᠴᠤ᠂ ᠬᠦᠴᠢᠷ ᠢ ᠰᠦᠷᠴᠤ ᠴᠢᠷᠮᠠᠶᠢᠨ ᠤᠷᠤᠭᠰᠢᠯᠠᠳᠠᠭ ᠯᠠ ᠶᠤᠮ ᠪᠤᠯ ᠠᠵᠢᠯᠴᠢ ᠤᠬᠠᠭᠠᠯᠢᠭ ᠠᠪᠠᠭ᠎ᠠ ᠶᠢᠨ ᠠᠷᠡᠳ ᠲᠦᠮᠡᠨ ᠮᠠᠨᠢ ᠦᠪᠡᠷ ᠤᠨ ᠡᠷᠴᠢ ᠵᠣᠷᠢᠭ ᠪᠣᠯᠣᠨ ᠣᠶᠣᠨ ᠣᠬᠠᠭᠠᠨ ᠳᠠᠭᠠᠨ ᠲᠦᠰᠢᠭᠯᠡᠵᠣ᠂ ᠰᠢᠨ᠎ᠠ ᠨᠢᠬᠡᠨ ᠡᠬᠡᠯᠵᠢ ᠶᠢᠨ ᠦᠷᠢᠰᠤᠯᠳᠤᠬᠡᠨ ᠳᠤ ᠬᠢᠯᠠᠯᠵᠠᠭᠰᠡᠨ ᠠᠮᠵᠢᠯᠳᠠ ᠶᠢ ᠤᠯᠤᠨ᠂ ᠦᠰᠤᠷᠤᠯᠳᠠ ᠶᠢᠨ ᠴᠢᠨᠠᠷᠳᠡᠢ ᠬᠦᠭᠵᠢᠯᠳᠠ ᠶᠢ ᠪᠠᠶᠠᠯᠠᠬᠦᠯᠵᠤ ᠲᠠᠶᠢᠯᠬᠦ ᠶᠢ ᠪᠠᠳᠣ ᠢᠳᠡᠬᠡᠵᠣ ᠪᠠᠶᠢᠨ᠎ᠠ᠃ ᠦᠨᠤ ᠵᠢᠯ ᠤᠨ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠡᠳᠤᠭᠠᠷ ᠪᠦᠬᠦᠳᠠ ᠬᠤᠷᠠᠯᠳᠤᠭᠠᠨ  ᠪᠠ ᠰᠢ ᠶᠢᠨ ᠫᠢᠡᠭ ᠶᠠᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠶᠢᠮᠠᠭ ᠤᠨ ᠨᠠᠮ ᠤᠨ ᠬᠤᠷᠢᠶᠠᠨ ᠤ ᠦᠨᠤ ᠵᠢᠯ ᠤᠨ ᠨᠢᠬᠡᠳᠤᠬᠡᠷ ᠤᠳᠠᠭᠠᠨ ᠤ ︵ᠦᠷᠬᠡᠳᠬᠡᠭᠰᠡᠨ︶ ᠬᠤᠷᠡᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ᠂ ᠲᠤᠭᠳᠠᠭᠤᠨ ᠮᠦᠷᠳᠡᠬᠡᠨ ᠣᠷᠣᠭᠰᠢ ᠲᠠᠪᠰᠢᠬᠤ ᠠᠵᠢᠯ ᠤᠨ ᠶᠠᠷᠤᠩᠬᠡᠢ ᠱᠠᠭᠠᠷᠳᠠᠯᠭ᠎ᠠ ᠶᠢ ᠪᠠᠷᠢᠮᠳᠠᠯᠠᠨ᠂ ᠦᠬᠡᠷᠡᠴᠢᠯᠡᠯᠳᠠ ᠬᠢᠵᠤ ᠰᠢᠨ᠎ᠠ ᠶᠢ ᠡᠬᠦᠳᠬᠦ ᠶᠢ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠪᠦᠬᠦ ᠶᠠᠪᠤᠴᠠ ᠳᠤ ᠲᠤᠤᠱᠯᠠᠭᠤᠯᠤᠨ᠂ ᠲᠦᠷᠬᠡᠨ ᠬᠦᠭᠵᠢᠬᠦᠯᠬᠦ ᠪᠠ ᠯᠠᠪᠳᠠᠭᠤᠨ ᠪᠠᠳᠤᠳᠡᠢ ᠲᠦᠯᠬᠢᠨ ᠠᠬᠢᠭᠤᠯᠬᠤ ᠶᠢᠨ ᠬᠠᠷᠢᠴᠠᠭ᠎ᠠ᠂ ᠠᠯᠤᠰ ᠤᠨ ᠬᠠᠷᠠᠯᠳᠠ ᠪᠠ ᠦᠢᠷ᠎ᠠ ᠶᠢᠨ ᠬᠤᠭᠤᠴᠠᠭᠠᠨ ᠤ ᠠᠵᠢᠯ ᠤᠨ ᠡᠬᠦᠷᠬᠡ ᠶᠢᠨ ᠬᠠᠷᠢᠴᠠᠭ᠎ᠠ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠶᠢᠨ ᠬᠠᠷᠢᠴᠠᠭ᠎ᠠ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠪᠠ ᠦᠷᠢ ᠦᠭᠴᠡᠬᠡᠨ ᠤ ᠲᠦᠭᠰᠢᠬᠦᠷᠢ ᠶᠢᠨ ᠬᠠᠷᠢᠴᠠᠭ᠎ᠠ᠂ ᠠᠵᠤ ᠠᠬᠤᠢ ᠶᠢᠨ ᠬᠦᠭᠵᠢᠯᠳᠠ ᠪᠠ ᠲᠤᠭᠳᠠᠭᠤᠨ ᠢ ᠬᠠᠮᠠᠭᠠᠯᠠᠬᠤ ᠶᠢᠨ ᠬᠠᠷᠢᠴᠠᠭ᠎ᠠ ᠶᠢ ᠵᠦᠪ ᠤᠨᠤᠪᠴᠢᠳᠡᠢ ᠰᠢᠢᠳᠪᠤᠷᠢᠯᠡᠨ᠂ ᠡᠨᠧᠷᠬᠢ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠨᠡᠬᠡᠬᠡᠨ ᠠᠰᠢᠭᠯᠠᠯᠳᠠ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠡᠳ᠋ᠰᠢᠬᠦᠯᠬᠦ᠂ ᠤᠡᠴᠠᠯᠢᠭᠳᠤ ᠵᠤᠭᠠᠴᠠᠯ ᠤᠨ ᠦᠢᠯᠡᠰ᠂ ᠮᠤᠩᠭᠤᠯ ᠨᠤᠮ ᠪᠢᠴᠢᠭ ᠤᠨ ᠬᠡᠪᠯᠡᠯ ᠵᠡᠷᠬᠡ ᠠᠵᠤ ᠦᠢᠯᠡᠰ ᠢ ᠪᠤᠵᠠᠭᠠᠶᠢᠷᠠᠭᠤᠯᠤᠨ ᠬᠦᠭᠵᠢᠬᠦᠯᠬᠦ ᠪᠠᠷ ᠭᠤᠤᠯᠳᠠᠯᠭ᠎ᠠ ᠪᠤᠯᠭᠠᠨ᠂ ᠠᠵᠤ ᠠᠬᠤᠢ ᠶᠢᠨ ᠶᠠᠷᠤᠩᠬᠡᠢ ᠬᠡᠮᠵᠢᠶ᠎ᠠ ᠶᠡᠭᠡ ᠪᠢᠰᠢ ᠪᠠᠶᠢᠬᠤ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠠᠵᠤ ᠠᠬᠤᠢ ᠨᠠᠶᠢᠬᠡᠮ ᠤᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠶᠢ ᠬᠦᠴᠤᠯᠡᠨ ᠠᠬᠢᠭᠤᠯᠤᠨ᠎ᠠ︔ ︽ᠭᠤᠷᠪᠡᠨ ᠭᠤᠤᠯᠳᠠᠯᠭᠠᠳᠤ ᠠᠵᠢᠯ ᠤᠨ ᠲᠤᠭᠤᠷᠢᠨ᠂ ᠭᠤᠷᠪᠡ ᠶᠢ ᠬᠦᠴᠤᠯᠡᠬᠦ᠂ ᠭᠤᠷᠪᠡᠨ ᠰᠠᠭᠤᠷᠢ ᠶᠢ ᠪᠠᠳᠤᠳᠬᠠᠬᠤ︾ ᠠᠴᠠ ᠭᠠᠷᠳᠠᠨ᠂ ᠬᠦᠭᠵᠢᠯᠳᠠ ᠶᠢᠨ ᠴᠢᠨᠠᠷ ᠴᠢᠡᠰᠠᠭ᠎ᠠ ᠠᠨᠠᠢ᠂ ᠦᠷ᠎ᠠ ᠠᠰᠢᠭ ᠲᠤᠤᠷ᠎ᠠ ᠪᠠᠶᠢᠬᠤ ᠠᠰᠠᠭᠤᠳᠠᠯ ᠢ ᠰᠠᠶᠢᠳᠤᠷ ᠰᠢᠢᠳᠪᠤᠷᠢᠯᠡᠵᠤ᠂ ᠠᠵᠤ ᠦᠢᠯᠡᠳᠪᠤᠷᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠶᠢᠨ ᠤᠳᠤᠬᠢᠴᠢᠯᠠᠯᠳᠠ ᠪᠠ ᠮᠡᠳᠡᠭᠡ ᠵᠠᠩᠬᠢᠵᠢᠯᠳᠠ ᠶᠢᠨ ᠠᠯᠬᠤᠴᠠ ᠶᠢ ᠬᠦᠴᠤᠯᠠᠨ ᠲᠦᠷᠬᠡᠳᠬᠡᠨ᠎ᠠ︔ ᠨᠠᠶᠢᠬᠡᠮ ᠤᠨ ᠵᠠᠰᠠᠨ ᠴᠡᠭᠴᠡᠯᠡᠯᠳᠡ ᠶᠢᠨ ᠵᠤᠬᠢᠴᠠᠮᠵᠢ ᠶᠢ ᠰᠢᠨᠠᠴᠢᠯᠡᠬᠦ ᠪᠠᠷ ᠭᠤᠤᠯᠳᠠᠯᠭ᠎ᠠ ᠪᠤᠯᠭᠠᠨ᠂ ᠠᠵᠢᠯ ᠤᠯᠭᠤᠯᠳᠠ ᠶᠢ ᠦᠷᠬᠡᠳᠬᠡᠬᠦ ᠪᠠ ᠠᠷᠡᠳ ᠤᠨ ᠠᠮᠢᠳᠤᠷᠡᠯ ᠢ ᠪᠠᠳᠤᠯᠠᠬᠤ ᠬᠦᠴᠤᠯᠠᠴᠠ ᠨᠢ ᠬᠦᠷᠤᠯᠴᠠᠬᠦ ᠦᠬᠡᠢ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠨᠠᠶᠢᠬᠡᠮ  ᠤᠨ ᠡᠶ᠎ᠡ ᠵᠤᠬᠢᠴᠠᠯ ᠠᠮᠤᠷ ᠲᠤᠭᠳᠠᠭᠤᠨ ᠢ ᠬᠦᠴᠤᠯᠠᠨ ᠬᠠᠮᠠᠭᠠᠯᠠᠨ᠎ᠠ︔ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠠᠬᠦᠯᠬᠦ ᠪᠠᠷ ᠬᠦᠳᠡᠯᠬᠡᠭᠴᠢ ᠬᠦᠴᠤ ᠪᠤᠯᠭᠠᠨ᠂ ᠬᠦᠭᠵᠢᠯᠳᠠ ᠪᠠᠷ ᠲᠤᠪᠤᠶᠢᠮ᠎ᠠ ᠪᠢᠰᠢ ᠪᠠᠶᠢᠭ᠎ᠠ ᠠᠰᠠᠭᠤᠳᠠᠯ  ᠢ ᠰᠠᠶᠢᠳᠤᠷ ᠰᠢᠢᠳᠪᠤᠷᠢᠯᠡᠵᠤ᠂ ᠪᠦᠬᠦ ᠨᠠᠶᠢᠬᠡᠮ ᠤᠨ ᠬᠦᠭᠵᠢᠯᠳᠠ ᠶᠢᠨ ᠠᠮᠢᠵᠢᠷᠡᠯ ᠤᠨ ᠬᠦᠴᠤᠨ ᠢ ᠨᠡᠮᠡᠭᠳᠡᠬᠦᠯᠤᠨ᠎ᠠ︔ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠪᠠ ᠰᠠᠶᠢᠵᠢᠷᠠᠭᠤᠯᠬᠤ ᠪᠠᠷ ᠪᠠᠳᠤᠯᠠᠭ᠎ᠠ ᠪᠤᠯᠭᠠᠨ᠂ ᠠᠵᠤ ᠠᠬᠤᠢ ᠶᠢᠨ ᠠᠵᠢᠯ ᠢ ᠤᠳᠤᠷᠢᠳᠬᠤ ᠴᠢᠳᠠᠪᠤᠷᠢ ᠬᠦᠷᠤᠯᠴᠡᠬᠦ ᠦᠬᠡᠢ ᠪᠠᠶᠢᠬᠤ ᠠᠰᠠᠭᠤᠳᠠᠯ ᠢ ᠰᠠᠶᠢᠳᠤᠷ ᠰᠢᠢᠳᠪᠤᠷᠢᠯᠠᠵᠤ᠂ ᠨᠠᠮ  ᠤᠨ ᠪᠠᠶᠢᠭᠤᠯᠤᠯᠳᠠ ᠶᠢᠨ ᠰᠢᠡᠵᠢᠯᠡᠬᠦ ᠤᠬᠠᠭᠠᠡᠴᠢ ᠬᠢᠷᠢ ᠲᠦᠪᠰᠢᠨ ᠢ ᠬᠦᠴᠤᠯᠠᠨ ᠲᠡᠬᠡᠭᠰᠢᠯᠡᠬᠦᠯᠤᠨ᠎ᠠ︔ ᠨᠠᠶᠢᠬᠡᠮ  ᠤᠨ ᠡᠯ᠎ᠠ ᠲᠠᠯ᠎ᠠ ᠶᠢᠨ ᠬᠦᠴᠤᠨ ᠢ ᠲᠠᠶᠢᠴᠢᠯᠡᠨ᠂ ᠬᠦᠴᠤᠨ ᠢᠶᠠᠨ ᠬᠠᠮᠳᠤᠳᠬᠠᠨ ᠴᠢᠷᠮᠠᠶᠢᠨ ᠤᠷᠤᠭᠰᠢᠯᠠᠵᠤ᠂ ᠮᠠᠨ ᠤ ᠬᠤᠰᠢᠭᠤᠨ ᠤ ᠬᠢ ᠪᠠᠨ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠠᠷᠠᠯᠳᠠ ᠶᠢ ᠪᠠᠶᠠᠯᠠᠬᠦᠯᠬᠦ  ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ ᠦᠨᠤ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠲᠦᠰᠤᠪᠯᠡᠭᠰᠡᠨ ᠭᠤᠣᠯ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 60.9 ᠳ᠋ᠦᠩᠰᠢᠭᠤᠷ ᠲᠦᠬᠦᠷᠢᠭ ᠲᠤ ᠬᠦᠷᠬᠡᠵᠤ᠂ 11.2% ᠪᠠᠷ ᠨᠡᠮᠡᠭᠳᠡᠬᠦᠯᠤᠨ᠎ᠠ᠂ ᠡᠬᠦᠨ ᠳᠤ ᠨᠢᠬᠡᠳᠤᠬᠡᠷ ᠠᠵᠤ ᠦᠢᠯᠡᠰ ᠤᠨ ᠨᠡᠮᠡᠭᠳᠡᠯ ᠦᠷᠳᠡᠭ ᠢ 7.4 ᠳ᠋ᠦᠩᠰᠢᠭᠤᠷ ᠲᠦᠬᠦᠷᠢᠭ ᠲᠤ ᠬᠦᠷᠬᠡᠵᠤ᠂ 4.7% ᠪᠠᠷ ᠨᠡᠮᠡᠭᠳᠡᠬᠦᠯᠤᠨ᠎ᠠ ︔ ᠬᠤᠶᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 44.8 ᠳ᠋ᠦᠩᠰᠢᠭᠤᠷ ᠲᠦᠬᠦᠷᠢᠭ ᠲᠤ ᠬᠦᠷᠬᠡᠨ᠂ 14.1% ᠢᠶᠠᠷ ᠨᠡᠮᠡᠭᠳᠡᠬᠦᠯᠵᠤ᠂ ᠡᠬᠦᠨ ᠳᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 40 ᠳ᠋ᠦᠩᠰᠢᠭᠤᠷ ᠲᠦᠬᠦᠷᠢᠭ ᠲᠤ ᠬᠦᠷᠬᠡᠵᠤ᠂ 15.7% ᠪᠠᠷ ᠨᠡᠮᠡᠭᠳᠡᠬᠦᠯᠤᠨ᠎ᠠ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 8.7 ᠳ᠋ᠦᠩᠰᠢᠭᠤᠷ ᠲᠦᠬᠦᠷᠢᠭ ᠲᠤ ᠬᠦᠷᠬᠡᠵᠤ᠂ 9.6% ᠪᠠᠷ ᠨᠡᠮᠡᠭᠳᠡᠬᠦᠯᠤᠨ᠎ᠠ᠃ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 52.9 ᠳ᠋ᠦᠩᠰᠢᠭᠤᠷ ᠲᠦᠬᠦᠷᠢᠭ ᠲᠤ ᠬᠦᠷᠬᠡᠵᠤ᠂ 26.6% ᠢᠶᠠᠷ ᠨᠡᠮᠡᠭᠳᠡᠬᠦᠯᠤᠨ᠂ ᠭᠠᠵᠡᠷ ᠤᠷᠤᠨ ᠤ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ 2.85 ᠳ᠋ᠦᠩᠰᠢᠭᠤᠷ ᠲᠦᠬᠦᠷᠢᠭ ᠲᠤ ᠬᠦᠷᠬᠡᠨ᠂ 10.3% ᠪᠠᠷ ᠨᠡᠮᠡᠭᠳᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 25023 ᠲᠦᠬᠦᠷᠢᠭ ᠲᠤ ᠬᠦᠷᠬᠡᠨ᠂ 12% ᠪᠠᠷ ᠨᠡᠮᠡᠭᠳᠡᠬᠦᠯᠵᠤ᠂ ᠮᠠᠯᠴᠢᠳ ᠤᠨ ᠲᠤᠮᠳᠠᠴᠢ ᠴᠠᠪᠡᠷ ᠤᠷᠤᠯᠭ᠎ᠠ ᠶᠢ 18812 ᠲᠦᠬᠦᠷᠢᠭ ᠲᠤ ᠬᠦᠷᠬᠡᠨ᠂ 14%  ᠪᠠᠷ ᠨᠡᠮᠡᠭᠳᠡᠬᠦᠯᠤᠨ᠂ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 9.5 ᠳ᠋ᠦᠩᠰᠢᠭᠤᠷ ᠲᠦᠬᠦᠷᠢᠭ ᠲᠤ ᠬᠦᠷᠬᠡᠵᠤ᠂ 13.3% ᠪᠠᠷ ᠨᠡᠮᠡᠭᠳᠡᠬᠦᠯᠬᠦ ᠪᠠᠷ ᠪᠤᠢ᠃ ᠲᠡᠬᠡᠷᠡᠬᠢ ᠬᠠᠷᠠᠯᠳᠠ ᠪᠠᠨ ᠪᠠᠶᠠᠯᠠᠬᠦᠯᠬᠦ ᠶᠢᠨ ᠲᠤᠰᠠᠳᠠ ᠦᠨᠤ ᠵᠢᠯ ᠪᠢᠳᠠ ᠲᠤᠤᠷᠡᠬᠢ ᠵᠢᠷᠭᠤᠭᠠᠨ ᠲᠠᠯ᠎ᠠ ᠶᠢᠨ ᠠᠵᠢᠯ  ᠢ ᠡᠷᠴᠢᠮᠳᠠᠢ ᠠᠳᠬᠤᠵᠤ ᠰᠠᠶᠢᠳᠤᠷ ᠪᠠᠶᠠᠯᠠᠬᠦᠯᠬᠦ ᠬᠡᠷᠡᠭᠳᠠᠢ ᠶᠣᠮ᠄ ︵ᠨᠢᠬᠡ︶ ᠲᠦᠷᠥᠯ ᠵᠥᠢᠯ ᠳᠤ ᠲᠦᠰᠢᠭᠯᠡᠨ᠂ ᠬᠦᠭᠵᠢᠯᠳᠠ ᠶᠢᠨ ᠠᠯᠬᠤᠴᠠ ᠪᠠᠨ ᠤᠯᠠᠮ ᠴᠢᠨᠠᠭᠰᠢᠳᠠ ᠲᠦᠷᠬᠡᠳᠬᠡᠨ᠎ᠠ᠃ ᠦᠨᠤ ᠵᠢᠯ ᠤᠨ ᠡᠯ᠎ᠠ ᠲᠦᠷᠥᠯ ᠤᠨ ᠠᠵᠤ ᠠᠬᠤᠢ ᠶᠢᠨ ᠵᠢᠭᠠᠯᠳᠠ ᠲᠤᠭ᠎ᠠ ᠪᠠᠨ ᠪᠠᠶᠠᠯᠠᠬᠦᠯᠬᠦ ᠳᠤ ᠡᠷᠬᠡᠪᠰᠢ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠤᠯ ᠢ ᠰᠠᠶᠢᠳᠤᠷ ᠪᠠᠳᠠᠷᠠᠭᠤᠯᠤᠨ᠎ᠠ᠃ ᠦᠨᠤ ᠵᠢᠯ ᠢ ᠪᠢᠳᠠ ︽ᠲᠦᠷᠥᠯ ᠵᠥᠢᠯ ᠢ ᠲᠦᠯᠬᠢᠨ ᠠᠬᠢᠭᠤᠯᠬᠤ ᠤᠨ︾ ᠢᠶᠠᠷ ᠲᠤᠭᠳᠠᠭᠠᠨ᠂ ᠭᠤᠤᠯᠳᠠᠯᠭ᠎ᠠ ᠲᠠᠢ ᠲᠦᠷᠥᠯ ᠵᠥᠢᠯ ᠢ ᠲᠠᠮᠠᠴᠠᠨ ᠤᠯᠬᠤ᠂ ᠪᠦᠳᠤᠬᠡᠨ ᠪᠠᠶᠢᠭᠤᠯᠬᠤ ᠪᠠ ᠲᠦᠷᠥᠯ ᠵᠥᠢᠯ ᠳᠤ ᠦᠢᠯᠡᠴᠢᠯᠡᠬᠦ ᠠᠴᠠ ᠭᠠᠷᠳᠠᠨ᠂ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠳᠬᠠᠨ᠂ ᠠᠵᠤ ᠠᠬᠤᠢ ᠶᠢᠨ ᠲᠤᠭᠳᠠᠭᠤᠨ ᠪᠦᠬᠡᠳ ᠲᠦᠷᠬᠡᠨ ᠬᠦᠭᠵᠢᠯᠳᠠ ᠶᠢ ᠲᠠᠶᠢᠴᠢᠯᠠᠨ ᠠᠬᠢᠭᠤᠯᠤᠨ᠎ᠠ᠃ ᠨᠢᠬᠡ ᠳᠤ᠂ ᠲᠦᠷᠥᠯ ᠵᠥᠢᠯ ᠢ ᠲᠠᠮᠠᠴᠠᠨ ᠤᠯᠬᠤ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠳᠤᠷ ᠬᠦᠢᠴᠡᠳᠬᠡᠨ᠎ᠠ᠃ ᠤᠯᠤᠰ ᠤᠨ ᠬᠤᠷᠸ᠎ᠠ ᠠᠵᠤ ᠠᠬᠤᠢ ᠶᠢᠨ ᠲᠦᠷᠥ ᠶᠢᠨ ᠪᠤᠳᠤᠯᠭ᠎ᠠ ᠶᠢᠨ ᠬᠠᠨᠳᠤᠰᠢ ᠶᠢ ᠤᠨᠤᠪᠴᠢᠳᠡᠢ ᠡᠵᠡᠮᠳᠠᠨ᠂ ᠲᠦᠷᠥᠯ ᠵᠥᠢᠯ ᠢ ᠬᠡᠷᠡᠭᠵᠢᠬᠦᠯᠬᠦ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠳᠤᠷ ᠬᠦᠢᠴᠡᠳᠬᠡᠨ᠎ᠠ᠃ ᠠᠵᠤ ᠦᠢᠯᠡᠰ  ᠤᠨ ᠬᠦᠭᠵᠢᠯᠳᠠ᠂ ᠰᠠᠭᠤᠷᠢ ᠲᠦᠬᠦᠬᠡᠷᠤᠮᠵᠢ᠂ ᠠᠷᠡᠳ ᠤᠨ ᠠᠮᠢᠳᠤᠷᠡᠯ ᠤᠨ ᠢᠡᠵᠧᠨᠧᠷᠢᠩ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠵᠡᠷᠬᠡ ᠭᠤᠤᠯᠳᠠᠯᠭ᠎ᠠ ᠲᠠᠢ ᠪᠡᠯᠡ ᠤᠷᠤᠭᠤᠯᠤᠯᠳᠠ ᠶᠢᠨ ᠬᠦᠷᠢᠶ᠎ᠠ ᠬᠡᠪᠴᠢᠶᠠᠨ  ᠤ ᠲᠤᠭᠤᠷᠢᠨ ᠳᠤ᠂ ᠪᠣᠯᠣᠯᠴᠠᠭᠠᠳᠣ ᠮᠡᠳᠡᠬᠦᠯᠣᠯᠳᠠ᠂ ᠤᠷᠴᠢᠨ ᠲᠤᠭᠤᠷᠢᠨ ᠤ ᠦᠨᠠᠯᠠᠯᠳᠠ ᠵᠡᠷᠬᠡ ᠲᠦᠷᠥᠯ ᠵᠥᠢᠯ  ᠤᠨ ᠪᠡᠯᠡᠳᠬᠡᠯ ᠠᠵᠢᠯ ᠢ ᠬᠠᠨᠳᠤᠯᠭ᠎ᠠ ᠲᠠᠢ ᠪᠠᠷ ᠶᠠᠪᠤᠭᠳᠠᠭᠤᠯᠤᠨ᠂ 40 ᠠᠴᠠ ᠲᠡᠬᠡᠭᠰᠢ ᠲᠦᠷᠥᠯ ᠵᠥᠢᠯ ᠢ ᠲᠠᠮᠠᠴᠠᠨ ᠤᠯᠬᠤ ᠶᠢ ᠪᠠᠳᠤᠯᠠᠨ᠎ᠠ᠃ ᠬᠦᠭᠵᠢᠭᠰᠡᠨ ᠭᠠᠵᠡᠷ ᠤᠷᠤᠨ ᠤ ᠠᠵᠤ ᠦᠢᠯᠡᠰ ᠤᠨ ᠰᠢᠯᠵᠢᠯᠳᠠ ᠶᠢᠨ ᠠᠵᠠ ᠲᠤᠬᠢᠶᠠᠯ ᠢ ᠡᠵᠡᠮᠳᠠᠨ᠂ ᠲᠦᠷᠥᠯ ᠵᠥᠢᠯ ᠢ ᠤᠷᠢᠨ ᠤᠷᠤᠭᠤᠯᠬᠤ ᠡᠷᠴᠢᠮ ᠢᠶᠠᠨ ᠴᠢᠩᠭᠠᠳᠬᠠᠨ᠎ᠠ᠃ ᠠᠵᠤ ᠦᠢᠯᠡᠰ ᠤᠨ ᠪᠦᠳᠤᠴᠠ ᠳᠤ ᠲᠤᠬᠢᠷᠠᠭᠤᠯᠤᠯᠳᠠ ᠬᠢᠬᠦ ᠪᠠᠷ ᠭᠤᠤᠯ ᠱᠤᠭᠤᠮ ᠪᠤᠯᠭᠠᠨ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ᠂ ᠢᠵᠢ ᠪᠦᠷᠢᠳᠤᠬᠦᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠲᠦᠷᠥᠯ ᠵᠥᠢᠯ ᠢ ᠬᠠᠷᠢᠯᠴᠠᠨ ᠵᠣᠯᠭᠠᠭᠤᠯᠬᠤ ᠠᠵᠢᠯ ᠢ ᠰᠠᠶᠢᠳᠤᠷ ᠠᠳᠬᠤᠨ᠂ 45 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠮᠦᠩᠬᠦ ᠶᠢ ᠲᠠᠳᠠᠨ ᠣᠷᠣᠭᠤᠯᠬᠤ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠪᠡᠯᠡ ᠮᠦᠩᠬᠦ ᠨᠢ ᠪᠡᠯᠡ ᠤᠷᠤᠭᠤᠯᠤᠯᠳᠠ ᠶᠢ ᠦᠷᠬᠡᠳᠬᠡᠬᠦ ᠠᠵᠢᠯ ᠤᠨ ᠲᠤᠮᠳᠠ ᠦᠵᠡᠬᠦᠯᠬᠦ ᠵᠢᠯᠤᠭᠤᠳᠬᠤ ᠦᠢᠯᠡᠳᠤᠯ ᠢ  ᠬᠦᠢᠴᠡᠳ ᠪᠠᠳᠠᠷᠠᠭᠤᠯᠤᠨ᠂ ︽ᠮᠠᠯᠵᠢᠬᠤ ᠤᠷᠤᠨ᠂ ᠮᠠᠯ ᠠᠵᠤ ᠠᠬᠤᠢ᠂ ᠮᠠᠯᠴᠢᠨ ᠲᠦᠮᠠᠨ︾ ᠤ ᠠᠵᠢᠯ᠂ ᠴᠢᠬᠤᠯᠠ ᠰᠠᠭᠤᠷᠢ ᠲᠦᠬᠦᠬᠡᠷᠤᠮᠵᠢ᠂ ᠪᠠᠳᠤᠯᠠᠭ᠎ᠠ ᠶᠢᠨ ᠴᠢᠨᠠᠷᠳᠡᠢ ᠰᠠᠭᠤᠷᠢᠰᠢᠭᠤᠯᠬᠤ ᠢᠡᠵᠧᠨᠧᠷᠢᠩ᠂ ᠶᠠᠳᠠᠭᠤ ᠶᠢ ᠲᠡᠳᠬᠦᠬᠦ᠂ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠪᠠ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠬᠡ ᠲᠠᠮᠵᠢᠯᠬᠡ ᠶᠢᠨ ᠴᠢᠨᠠᠷᠳᠡᠢ ᠲᠦᠷᠥᠯ ᠵᠥᠢᠯ ᠢ ᠨᠠᠷᠢᠨ ᠬᠢᠨᠠᠮᠠᠭᠠᠢ ᠲᠦᠰᠤᠪᠯᠡᠨ᠂ ᠲᠦᠪ᠂ ᠦᠪᠡᠷᠳᠡᠬᠡᠨ ᠵᠠᠰᠠᠬᠤ ᠤᠷᠤᠨ᠂ ᠠᠶᠢᠮᠠᠭ  ᠤᠨ ᠨᠠᠩ ᠶᠡᠭᠡ ᠪᠡᠯᠡ ᠮᠦᠩᠬᠦᠨ ᠤ ᠲᠠᠮᠵᠢᠯᠬᠡ ᠶᠢ ᠤᠯᠬᠤ ᠪᠠᠷ ᠴᠢᠷᠮᠠᠶᠢᠨ᠎ᠠ᠃ ᠬᠤᠶᠡᠷ ᠲᠤ᠂ ᠲᠦᠷᠥᠯ ᠵᠥᠢᠯ ᠢ ᠴᠢᠨᠠᠷ ᠴᠢᠡᠰᠠᠭ᠎ᠠ ᠲᠠᠢ᠂ ᠦᠡᠳᠤᠷ ᠦᠷ᠎ᠠ ᠪᠦᠳᠤᠮᠵᠢ ᠲᠠᠢ ᠬᠡᠷᠡᠭᠵᠢᠬᠦᠯᠤᠨ᠎ᠠ᠃ ︽ᠵᠢᠷᠭᠤᠭᠠᠨ ᠶᠡᠭᠡ ᠠᠵᠤ ᠦᠢᠯᠡᠰ︾ ᠢ ᠪᠤᠵᠠᠭᠠᠶᠢᠷᠠᠭᠤᠯᠤᠨ ᠬᠦᠭᠵᠢᠬᠦᠯᠬᠦ ᠶᠢᠨ ᠲᠤᠭᠤᠷᠢᠨ ᠳᠤ᠂ ᠠᠵᠤ ᠦᠢᠯᠡᠳᠪᠤᠷᠢ ᠶᠢᠨ ᠲᠤᠭᠤᠷᠢᠭ ᠢᠶᠠᠷ ᠠᠴᠢᠶᠠᠯᠠᠪᠤᠷᠢ ᠪᠤᠯᠭᠠᠵᠤ᠂ ᠲᠦᠷᠥᠯ ᠵᠥᠢᠯ ᠢ ᠤᠷᠢᠨ ᠤᠷᠤᠭᠤᠯᠬᠤ ᠠᠴᠠ ᠭᠠᠷᠳᠠᠨ᠂ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠲᠦᠷᠥᠯ ᠵᠥᠢᠯ ᠤᠨ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠨ᠂ ᠪᠦᠳᠤᠴᠠ ᠶᠢ ᠨᠢ ᠰᠢᠯᠢᠳᠡᠭᠵᠢᠬᠦᠯᠵᠤ᠂ ᠴᠢᠨᠠᠷ ᠴᠢᠡᠰᠠᠭ᠎ᠠ ᠶᠢ ᠨᠢ ᠲᠡᠬᠡᠭᠰᠢᠯᠡᠬᠦᠯᠤᠨ᠂ ᠲᠦᠷᠥᠯ ᠵᠥᠢᠯ ᠤᠨ ᠬᠡᠪᠴᠢᠶ᠎ᠠ ᠪᠠᠭ᠎ᠠ᠂ ᠲᠦᠷᠥᠯ ᠵᠥᠢᠯ ᠴᠦᠬᠡᠨ ᠠᠴᠠ ᠪᠤᠯᠤᠭᠰᠡᠨ ᠬᠦᠭᠵᠢᠯᠳᠠ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠠᠶᠢᠳᠤᠷ ᠰᠢᠢᠳᠪᠤᠷᠢᠯᠡᠨ᠎ᠠ᠃ ᠦᠨᠤ ᠵᠢᠯ᠂ 50 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠵᠣ᠂ 80 ᠭᠤᠤᠯᠳᠠᠯᠭ᠎ᠠ ᠲᠠᠢ ᠲᠦᠷᠥᠯ ᠵᠥᠢᠯ ᠢ  ᠬᠡᠷᠡᠭᠵᠢᠬᠦᠯᠬᠦ ᠪᠠᠷ ᠲᠦᠯᠦᠪᠯᠡᠨ᠂ ᠠᠳᠠᠯᠢ ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠬᠦᠯᠬᠦ ᠪᠠᠷ ᠪᠤᠢ᠃ ᠡᠬᠦᠨ ᠳᠤ᠂ ᠲᠠᠷᠢᠶᠠᠯᠠᠩ ᠮᠠᠯ ᠠᠵᠤ ᠠᠬᠤᠢ ᠳᠤ 13 ᠲᠦᠷᠦᠯ᠂ ᠠᠵᠤ ᠦᠢᠯᠡᠳᠪᠤᠷᠢ ᠳᠤ 15 ᠲᠦᠷᠦᠯ᠂ ᠦᠢᠯᠡᠴᠢᠯᠡᠬᠡᠨ ᠤ ᠦᠢᠯᠡᠰ ᠲᠤ 5 ᠲᠦᠷᠦᠯ᠂ ᠨᠠᠶᠢᠬᠡᠮ ᠤᠨ ᠠᠵᠢᠯ ᠦᠢᠯᠡᠰ ᠲᠤ 18 ᠲᠦᠷᠦᠯ᠂ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠳᠤ 15 ᠲᠦᠷᠦᠯ᠂ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠳᠤ 14 ᠲᠦᠷᠥᠯ ᠵᠥᠢᠯ ᠢ ᠬᠡᠷᠡᠭᠵᠢᠬᠦᠯᠬᠦ ᠪᠣᠯᠣᠨ᠎ᠠ᠃ ᠭᠤᠷᠪᠡ ᠳᠤ᠂ ᠲᠦᠷᠥᠯ ᠵᠥᠢᠯ ᠳᠤ ᠪᠦᠬᠦ ᠬᠦᠴᠤᠨ ᠢᠶᠠᠷ ᠢᠶᠠᠨ ᠦᠢᠯᠡᠴᠢᠯᠡᠨ᠎ᠠ᠃ ᠬᠤᠰᠢᠭᠤ ᠲᠡᠰ ᠤᠨ ᠤᠳᠤᠷᠢᠳᠤᠯᠭ᠎ᠠ ᠵᠢᠱᠢᠶᠠᠴᠢ ᠲᠠᠭᠠᠭᠤᠯᠤᠭᠴᠢ ᠶᠢᠨ ᠦᠢᠯᠡᠳᠤᠯ ᠢᠶᠠᠨ ᠪᠠᠳᠠᠷᠠᠭᠤᠯᠤᠨ᠂ ᠭᠤᠤᠯᠳᠠᠯᠭ᠎ᠠ ᠲᠠᠢ ᠲᠦᠷᠥᠯ ᠵᠥᠢᠯ ᠢ ᠰᠠᠶᠢᠳᠤᠷ ᠠᠳᠬᠤᠵᠤ᠂ ᠡᠮᠤᠨ᠎ᠠ ᠬᠤᠭᠤᠴᠠᠭᠠᠨ ᠤ ᠭᠠᠷᠳᠠᠮ ᠬᠦᠢᠴᠡᠳᠬᠡᠬᠦ ᠠᠵᠢᠯ ᠢ ᠰᠠᠶᠢᠳᠤᠷ ᠪᠠᠶᠠᠯᠠᠬᠦᠯᠤᠨ᠂ ᠲᠦᠷᠥᠯ ᠵᠥᠢᠯ ᠢ ᠬᠡᠷᠡᠭᠵᠢᠬᠦᠯᠬᠦ ᠳᠤ ᠬᠡᠷᠡᠭᠰᠡᠬᠦ ᠤᠰᠤ᠂ ᠴᠠᠬᠢᠯᠭᠠᠨ᠂ ᠭᠠᠵᠡᠷ ᠰᠢᠷᠣᠢ᠂ ᠪᠡᠯᠡ ᠮᠦᠩᠬᠦ ᠵᠡᠷᠬᠡ ᠪᠦᠳᠤᠬᠡᠨ ᠪᠠᠶᠢᠭᠤᠯᠤᠯᠳᠠ ᠶᠢᠨ ᠨᠦᠬᠦᠴᠡᠯ ᠢ ᠪᠦᠷᠢᠯᠳᠤᠬᠦᠯᠵᠤ᠂ ᠲᠦᠷᠥᠯ ᠵᠥᠢᠯ ᠢ ᠤᠷᠤᠭᠰᠢᠳᠡᠢ ᠲᠦᠯᠬᠢᠨ ᠠᠬᠢᠭᠤᠯᠬᠤ ᠳᠤ ᠰᠠᠶᠢᠳᠤᠷ ᠦᠢᠯᠡᠴᠢᠯᠡᠨ᠎ᠠ᠃ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠦᠪᠡᠷ ᠦᠪᠡᠷ  ᠤᠨ ᠡᠬᠦᠷᠬᠡ ᠬᠠᠷᠢᠭᠤᠴᠠᠯᠭ᠎ᠠ ᠶᠢᠨ ᠶᠤᠰᠤᠭᠠᠷ ᠬᠤᠪᠢᠳᠠᠨ ᠬᠠᠮᠢᠶᠠᠷᠬᠤ ᠬᠦᠷᠢᠶ᠎ᠠ ᠬᠡᠪᠴᠢᠶᠠᠨ ᠳᠠᠬᠢ ᠪᠡᠯᠡ ᠤᠷᠤᠭᠤᠯᠤᠯᠳᠠ ᠶᠢᠨ ᠲᠦᠷᠥᠯ ᠵᠥᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠨ᠂ ᠲᠦᠷᠥᠯ ᠵᠥᠢᠯ ᠢ ᠲᠤᠰ ᠰᠠᠯᠠᠭ᠎ᠠ ᠮᠦᠴᠢᠷ ᠤᠨ ᠬᠢ ᠪᠠᠨ ᠭᠤᠤᠯᠳᠠᠯᠭ᠎ᠠ ᠲᠠᠢ ᠠᠵᠢᠯ ᠡᠬᠦᠷᠬᠡ ᠪᠠᠨ ᠪᠣᠯᠭᠠᠵᠣ᠂ ᠦᠪᠡᠷ ᠤᠨ ᠪᠠᠶ᠎ᠠ ᠪᠠᠷ ᠢᠶᠠᠨ ᠪᠠᠶᠢᠷᠢᠯᠠᠭᠤᠯᠤᠨ ᠵᠤᠬᠢᠴᠠᠭᠤᠯᠵᠤ᠂ ᠲᠤᠤᠱᠳᠡᠢ ᠨᠠᠶᠢᠳᠠᠪᠤᠷᠢᠵᠢᠭᠤᠯᠤᠨ᠂ ᠦᠷ᠎ᠠ ᠪᠦᠳᠤᠮᠵᠢ ᠭᠠᠷᠭᠠᠨ᠎ᠠ᠃ ᠲᠦᠷᠥᠯ ᠵᠥᠢᠯ ᠤᠨ ᠡᠷᠬᠢᠯᠳᠡ ᠶᠢᠨ ᠬᠢᠨᠡᠨ ᠬᠡᠮᠵᠢᠯᠳᠠ ᠶᠢ ᠴᠢᠩᠭᠠᠳᠬᠠᠨ᠂ ᠪᠠᠶᠢᠩᠭᠤ ᠶᠢᠨ ᠵᠤᠬᠢᠴᠠᠭᠤᠯᠭ᠎ᠠ ᠶᠢᠨ ᠲᠤᠭᠳᠠᠯᠴᠠᠭ᠎ᠠ ᠶᠢ ᠪᠠᠶᠢᠭᠤᠯᠵᠤ᠂ ᠭᠠᠷᠠᠭ ᠪᠦᠷᠢ ᠵᠤᠬᠢᠴᠠᠭᠤᠯᠵᠤ᠂ ᠰᠠᠷ᠎ᠠ ᠪᠤᠯᠭᠠᠨ ᠬᠤᠷᠡᠯ ᠬᠤᠷᠠᠯᠳᠣᠭᠤᠯᠣᠨ᠂ ᠤᠯᠡᠷᠢᠯ ᠪᠤᠯᠭᠠᠨ ᠳᠤ ᠳ᠋ᠦᠩᠨᠡᠯᠳᠡ ᠬᠢᠬᠦ ᠶᠢ ᠪᠠᠶᠠᠯᠠᠬᠦᠯᠵᠤ᠂ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢᠨ ᠲᠤᠮᠳᠠ ᠲᠤᠯᠭᠠᠷᠠᠭᠰᠡᠨ ᠲᠦᠪᠡᠭᠳᠡᠢ ᠠᠰᠠᠭᠤᠳᠠᠯ ᠤᠳ ᠢ ᠲᠠᠷᠤᠶᠢᠬᠠᠨ ᠰᠢᠢᠳᠪᠤᠷᠢᠯᠡᠵᠤ᠂ ᠲᠦᠷᠥᠯ ᠵᠥᠢᠯ ᠢ ᠤᠷᠤᠭᠰᠢᠳᠡᠢ ᠲᠦᠯᠬᠢᠨ ᠠᠬᠢᠭᠤᠯᠬᠤ ᠶᠢ ᠪᠠᠳᠤᠯᠠᠨ᠎ᠠ᠃ ᠶᠠᠷᠤᠩᠬᠡᠢ ᠳᠤᠨᠢ ᠠᠪᠴᠤ ᠬᠡᠯᠡᠪᠡᠯ᠂ ᠲᠦᠷᠥᠯ ᠵᠥᠢᠯ ᠢ ᠠᠳᠬᠤᠬᠤ ᠳᠤ ᠦᠷ᠎ᠠ ᠪᠦᠳᠤᠮᠵᠢ ᠭᠠᠷᠭᠠᠬᠤ ᠨᠢ ᠴᠢᠬᠤᠯᠨ ᠶᠣᠮ᠃ ᠪᠢᠳᠠ ᠰᠡᠳᠬᠢᠯ ᠨᠢᠬᠡᠳᠤᠨ ᠬᠠᠮᠳᠤ ᠪᠠᠷ ᠴᠢᠷᠮᠠᠶᠢᠵᠤ᠂ ᠲᠦᠷᠥᠯ ᠵᠥᠢᠯ ᠢ ᠬᠡᠷᠡᠭᠵᠢᠬᠦᠯᠬᠦ ᠳᠡᠭᠡᠨ ᠱᠠᠳᠤ ᠱᠠᠳᠤ ᠪᠠᠷ ᠬᠤᠯᠪᠤᠭᠠᠯᠠᠨ ᠬᠦᠳᠡᠯᠤᠯᠴᠠᠵᠤ᠂ ᠵᠡᠷᠬᠡ  ᠳᠤᠨᠢ ᠠᠳᠬᠤᠨ ᠬᠠᠮᠳᠤᠪᠡᠷ ᠬᠠᠮᠢᠶᠠᠷᠬᠤ ᠠᠵᠢᠯ ᠤᠨ ᠤᠷᠴᠢᠨ ᠢ ᠪᠠᠶᠢᠭᠤᠯᠬᠤ ᠪᠠᠷ ᠴᠢᠷᠮᠠᠶᠢᠨ᠎ᠠ᠃ ︵ᠬᠤᠶᠡᠷ︶ ᠠᠵᠤ ᠦᠢᠯᠡᠰ ᠤᠨ ᠪᠦᠳᠤᠴᠠ ᠶᠢ ᠰᠢᠯᠢᠳᠡᠭᠵᠢᠬᠦᠯᠤᠨ᠂ ᠬᠦᠭᠵᠢᠯᠳᠠ ᠶᠢᠨ ᠴᠢᠨᠠᠷ ᠴᠢᠡᠰᠠᠭ᠎ᠠ ᠶᠢ ᠤᠯᠠᠮ ᠴᠢᠨᠠᠭᠰᠢᠳᠠ ᠲᠡᠬᠡᠭᠰᠢᠯᠡᠬᠦᠯᠤᠨ᠎ᠠ᠃ ᠠᠵᠤ ᠦᠢᠯᠡᠰ ᠤᠨ ᠬᠦᠭᠵᠢᠯᠳᠠ ᠶᠢ ᠲᠦᠷᠬᠡᠳᠬᠡᠬᠦ ᠲᠦᠷᠥ ᠶᠢᠨ ᠪᠤᠳᠤᠯᠭ᠎ᠠ ᠶᠢᠨ ᠲᠤᠭᠤᠷᠢᠨ ᠳᠤ᠂ ᠠᠵᠤ ᠦᠢᠯᠡᠰ ᠢ ᠰᠢᠯᠢᠳᠡᠭᠵᠢᠬᠦᠯᠬᠦ ᠪᠠ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠶᠢ ᠭᠤᠶᠢᠪᠢᠰᠢ ᠦᠬᠡᠢ ᠪᠠᠷᠢᠮᠳᠠᠯᠠᠨ᠂ ᠠᠵᠤ ᠦᠢᠯᠡᠰ ᠤᠨ ᠪᠤᠳᠠᠳᠤ ᠬᠦᠴᠤᠨ ᠢ ᠲᠠᠰᠤᠷᠠᠯᠳᠠ ᠦᠬᠡᠢ ᠴᠢᠩᠭᠠᠳᠬᠠᠨ᠎ᠠ᠃ ᠨᠢᠬᠡ ᠳᠤ᠂ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠡᠢ ᠲᠦᠯᠬᠢᠨ ᠠᠬᠢᠭᠤᠯᠵᠤ᠂ ᠴᠢᠨᠠᠷ ᠴᠢᠡᠰᠠᠭ᠎ᠠ ᠶᠢ ᠰᠠᠶᠢᠵᠢᠷᠠᠭᠤᠯᠤᠨ᠂ ᠦᠷ᠎ᠠ ᠠᠰᠢᠭ ᠢ ᠲᠡᠬᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠠᠮᠢ ᠠᠬᠤᠢ  ᠶᠢ ᠬᠠᠮᠠᠭᠠᠯᠠᠬᠤ ᠪᠠᠷ ᠤᠷᠢᠳᠠᠯ ᠪᠤᠯᠭᠠᠵᠤ᠂ ᠵᠠᠬ᠎ᠠ ᠲᠡᠯᠬᠡᠬᠦᠷ ᠢᠶᠠᠷ ᠵᠢᠯᠤᠭᠤᠳᠤᠯᠭ᠎ᠠ ᠪᠤᠯᠭᠠᠨ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠬᠠᠷᠠᠯᠳᠠ ᠪᠤᠯᠭᠠᠬᠤ ᠶᠢ ᠪᠠᠷᠢᠮᠳᠠᠯᠠᠨ᠂ ᠤᠳᠤᠬᠢᠴᠢᠯᠠᠭᠰᠡᠨ ᠮᠠᠯ ᠠᠵᠤ ᠠᠬᠤᠢ ᠶᠢᠨ ᠬᠦᠭᠵᠢᠯᠳᠠ ᠶᠢᠨ ᠵᠠᠮ ᠢᠶᠠᠷ ᠵᠠᠮᠨᠠᠨ᠂ ᠮᠠᠨ ᠤ ᠬᠤᠰᠢᠭᠤ ᠪᠠᠨ ᠮᠠᠯ ᠠᠵᠤ ᠠᠬᠤᠢ ᠶᠢᠨ ᠲᠤᠮᠤ ᠬᠤᠰᠢᠭᠤ ᠠᠴᠠ ᠮᠠᠯ ᠠᠵᠤ ᠠᠬᠤᠢ ᠶᠢᠨ ᠬᠦᠴᠤᠷᠬᠡᠭ ᠬᠤᠰᠢᠭᠤ ᠪᠤᠯᠭᠠᠨ ᠬᠦᠭᠵᠢᠬᠦᠯᠬᠦ ᠠᠯᠬᠤᠴᠠ ᠪᠠᠨ ᠲᠦᠷᠬᠡᠳᠬᠡᠨ᠎ᠠ᠃ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠠᠬᠢᠴᠠ ᠪᠠᠨ ᠲᠦᠷᠬᠡᠳᠬᠡᠨ᠎ᠠ᠃ ᠮᠢᠬᠠᠨ ᠤ ᠠᠵᠤ ᠦᠢᠯᠡᠰ ᠤᠨ ᠲᠠᠯ᠎ᠠ ᠪᠠᠷ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠤᠨ᠂ ᠲᠠᠷᠬᠠᠨ ᠮᠠᠯ ᠠᠵᠤ ᠠᠬᠤᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠵᠢᠯ ᠳᠤ 30 ᠲᠦᠮᠡᠨ ᠬᠤᠨᠢᠴᠢᠯᠠᠭᠰᠡᠨ ᠨᠢᠬᠡᠴᠢ ᠡᠳ᠋ᠰᠢᠬᠦᠯᠬᠦ ᠲᠦᠷᠥᠯ ᠵᠥᠢᠯ ᠤᠨ ᠦᠢᠯᠡᠳᠪᠤᠷᠢᠯᠡᠯ ᠢ ᠪᠠᠷᠢᠮᠵᠢᠶᠠᠨ ᠳᠤ ᠬᠦᠷᠬᠡᠨ ᠠᠰᠢᠭᠯᠠᠯᠳᠠ ᠳᠤ ᠤᠷᠤᠭᠤᠯᠬᠤ ᠶᠢ ᠲᠦᠯᠬᠢᠨ ᠠᠬᠢᠭᠤᠯᠤᠨ᠎ᠠ︔ ᠬᠠᠷᠠᠮᠦ᠋ᠷᠠᠨ ᠮᠤᠵᠢ ᠶᠢᠨ ᠳ᠋ᠠ ᠵᠣᠸᠠᠩ ᠶᠣᠸᠠᠨ ᠪᠦᠯᠦᠭᠯᠡᠯ ᠤᠨ ᠣᠯᠠᠭᠠᠨ ᠢᠳᠡᠬᠡᠨ ᠨᠠᠷᠢᠯᠢᠭ ᠡᠳ᠋ᠰᠢᠬᠦᠯᠬᠦ ᠲᠦᠷᠦᠯ ᠵᠦᠢᠯ ᠢ ᠵᠢᠯ ᠤᠨ ᠲᠣᠳᠣᠷ᠎ᠠ ᠲᠠᠮᠠᠴᠠᠨ ᠣᠯᠵᠣ ᠠᠰᠢᠭᠯᠠᠯᠳᠠ ᠳᠤ ᠣᠷᠣᠭᠤᠯᠬᠤ ᠪᠠᠷ ᠴᠢᠷᠮᠠᠶᠢᠨ᠎ᠠ᠃ ᠤᠷᠢᠶᠠᠩᠬᠠᠢ ᠬᠤᠨᠢᠨ ᠤ ᠪᠦᠬᠦ ᠠᠵᠤ ᠦᠢᠯᠡᠰ ᠤᠨ ᠬᠡᠯᠬᠢᠶᠠᠵᠢᠯ ᠤᠨ ᠮᠦᠷᠳᠡᠵᠤ ᠪᠤᠯᠬᠤᠶᠢᠴᠠ ᠵᠤᠬᠢᠴᠠᠮᠵᠢ ᠶᠢᠨ ᠪᠠᠶᠢᠭᠤᠯᠤᠯᠳᠠ  ᠶᠢ ᠲᠦᠷᠬᠡᠳᠬᠡᠨ ᠠᠬᠢᠭᠤᠯᠵᠤ᠂ ᠵᠢᠯ ᠤᠨ ᠲᠤᠳᠤᠷ᠎ᠠ ᠮᠦᠷᠳᠡᠵᠤ ᠪᠤᠯᠬᠤᠶᠢᠴᠠ ᠲᠠᠩᠰᠠ ᠡᠪᠬᠡᠮᠡᠯ ᠢ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠠ ᠪᠠᠷ ᠰᠢᠮᠧᠨᠧᠲᠷ ᠦᠬᠡᠷ ᠤᠨ ᠭᠤᠤᠯᠳᠠᠯᠭᠠᠳᠤ ᠰᠦᠷᠦᠭ 10 ᠶᠢ ᠪᠠᠶᠢᠭᠤᠯᠤᠨ᠂ 4000 ᠰᠢᠮᠧᠨᠧᠲᠷ ᠦᠬᠡᠷ ᠤᠷᠤᠭᠤᠯᠤᠨ᠂ 5 ᠲᠦᠮᠡᠨ ᠰᠢᠮᠧᠨᠧᠲᠷ ᠦᠬᠡᠷ ᠢ ᠦᠷᠡᠵᠢᠬᠦᠯᠵᠤ᠂ 2 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠨ᠎ᠠ︔ 34 ᠭᠠᠴᠠᠭᠠᠨ ᠤ ᠬᠤᠴᠠ ᠲᠦᠪᠯᠡᠷᠡᠬᠦᠯᠤᠨ ᠮᠠᠯᠵᠢᠬᠤ ᠠᠵᠢᠯ ᠢ ᠤᠯᠠᠮ ᠴᠢᠨᠠᠭᠰᠢᠳᠠ ᠲᠦᠷᠢᠮᠵᠢᠬᠦᠯᠬᠦ ᠶᠢᠨ ᠬᠠᠮᠳᠤ᠂ ᠪᠦᠬᠦᠨ ᠢ ᠤᠨ ᠤ ᠪᠠᠶᠢᠴᠠᠭᠠᠯᠳᠠ ᠳᠤ ᠤᠷᠤᠭᠤᠯᠵᠤ᠂ 1.2 ᠲᠦᠮᠡᠨ  ᠬᠤᠨᠢᠨ ᠳᠤ ᠭᠠᠷ ᠬᠡᠬᠡᠯᠳᠤᠬᠦᠯᠬᠡ ᠬᠢᠨ᠎ᠠ︔ ᠦᠬᠡᠷ ᠮᠠᠯᠵᠢᠬᠤ ᠲᠤᠰᠬᠠᠢ ᠡᠷᠤᠬᠡ 60᠂ ᠬᠤᠨᠢ ᠮᠠᠯᠵᠢᠬᠤ ᠲᠤᠰᠬᠠᠢ ᠡᠷᠤᠬᠡ 140 ᠶᠢ ᠭᠠᠷᠭᠠᠵᠣ᠂ ᠵᠠᠷᠤᠴᠠᠭᠤᠯᠬᠤ ᠮᠠᠯ ᠤᠨ ᠲᠤᠭ᠎ᠠ ᠶᠢ 90 ᠲᠦᠮᠡᠨ ᠲᠤᠯᠤᠭᠠᠢ ᠤᠷᠴᠢᠮ ᠲᠤᠭᠳᠠᠪᠤᠷᠢᠵᠢᠭᠤᠯᠵᠤ᠂ ᠡᠬᠦᠨ ᠳᠤ 25 ᠲᠦᠮᠡᠨ ᠲᠤᠯᠤᠭᠠᠢ ᠮᠠᠯ ᠢ ᠪᠤᠷᠳᠤᠨ ᠲᠠᠷᠭᠤᠯᠠᠭᠤᠯᠬᠤ ᠪᠤᠶᠤ ᠪᠤᠷᠳᠤᠭ᠎ᠠ ᠨᠦᠬᠦᠪᠤᠷᠢᠯᠡᠴᠢᠬᠡᠬᠡᠳ ᠵᠠᠷᠤᠴᠠᠭᠤᠯᠤᠨ᠎ᠠ᠃ ᠰᠦᠨ ᠤ ᠦᠢᠯᠡᠰ ᠤᠨ ᠲᠠᠯ᠎ᠠ ᠪᠠᠷ᠂ ᠴᠠᠭᠠᠨ ᠢᠳᠡᠭᠡ ᠪᠤᠯᠪᠠᠰᠤᠷᠠᠭᠤᠯᠬᠤ ᠠᠵᠤ ᠠᠬᠤᠶᠢᠯᠡᠯ ᠪᠠ ᠮᠠᠯᠵᠢᠬᠤ ᠤᠷᠤᠨ ᠤ ᠴᠠᠭᠠᠨ ᠢᠳᠡᠭᠡ ᠪᠤᠯᠪᠠᠰᠤᠷᠠᠭᠤᠯᠬᠤ ᠡᠷᠤᠬᠡ ᠶᠢ ᠲᠠᠮᠵᠢᠬᠦ ᠡᠷᠴᠢᠮ ᠢᠶᠠᠨ ᠴᠢᠩᠭᠠᠳᠬᠠᠨ᠂ ᠵᠢᠯ ᠤᠨ ᠲᠤᠳᠤᠷ᠎ᠠ 120 ᠲᠤᠨ ᠴᠠᠭᠠᠨ ᠢᠳᠡᠭᠡ ᠪᠤᠯᠪᠠᠰᠤᠷᠠᠭᠤᠯᠬᠤ ᠪᠠᠷ ᠴᠢᠷᠮᠠᠶᠢᠨ᠎ᠠ᠃ ᠢᠳᠡᠷ ᠢᠳᠡᠬᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢ ᠠᠰᠢᠭᠯᠠᠯᠳᠠ ᠳᠤ ᠤᠷᠤᠭᠤᠯᠬᠤ ᠶᠢ ᠲᠦᠷᠬᠡᠳᠬᠡᠨ᠎ᠠ᠃ ᠠᠳᠤᠭᠤᠨ ᠤ ᠦᠢᠯᠡᠰ ᠤᠨ ᠲᠠᠯ᠎ᠠ ᠪᠠᠷ᠂ ᠠᠳᠤᠭᠤᠨ ᠰᠤᠶᠤᠯ ᠤᠨ ᠠᠭᠤᠯᠬᠤᠨ ᠢ ᠬᠦᠡᠵᠡᠬᠡᠢ ᠠᠭᠤᠳᠠᠯᠯᠠᠨ᠂ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠲᠤᠭᠳᠠᠭᠠᠬᠤ ᠪᠠᠷ ᠲᠠᠮᠵᠢᠨ᠂ ᠮᠠᠯᠵᠢᠬᠤ ᠡᠷᠤᠬᠡ ᠶᠢᠨ ᠠᠪᠠᠭ᠎ᠠ ᠬᠠᠷ᠎ᠠ ᠠᠳᠤᠭᠤ ᠮᠠᠯᠵᠢᠬᠤ ᠶᠢ ᠵᠤᠷᠢᠭᠵᠢᠭᠤᠯᠤᠨ᠂ ᠪᠦᠬᠦ ᠬᠤᠰᠢᠭᠤᠨ ᠤ ᠠᠳᠤᠭᠤᠨ ᠤ ᠶᠠᠷᠣᠩᠬᠡᠢ ᠲᠤᠭ᠎ᠠ  ᠶᠢ 3 ᠲᠦᠮᠨ ᠠᠴᠠ ᠬᠡᠳᠣᠷᠡᠬᠦᠯᠬᠦ ᠦᠬᠡᠢ ᠪᠠᠶᠢᠬᠤ ᠣᠷᠢᠳᠠᠯ ᠲᠣᠣᠷ᠎ᠠ ᠲᠤᠭ᠎ᠠ ᠬᠡᠮᠵᠢᠶ᠎ᠠ ᠶᠢ ᠨᠢ ᠲᠠᠰᠣᠷᠠᠯᠳᠠ ᠦᠬᠡᠢ ᠨᠡᠮᠡᠭᠳᠠᠬᠦᠯᠵᠣ᠂ ᠡᠬᠦᠯᠳᠠᠷ ᠢ ᠨᠢ ᠰᠢᠯᠢᠳᠡᠭᠵᠢᠬᠦᠯᠤᠨ᠂ ᠵᠢᠯ ᠤᠨ ᠲᠤᠳᠤᠷ᠎ᠠ ᠠᠵᠤ ᠦᠢᠯᠡᠰ ᠤᠨ ᠲᠤᠭᠤᠷᠢᠭ ᠪᠠᠶᠢᠭᠤᠯᠬᠤ ᠲᠦᠷᠥᠯ ᠵᠥᠢᠯ ᠢ ᠲᠠᠮᠠᠴᠠᠨ ᠤᠯᠬᠤ ᠪᠠᠷ ᠴᠢᠷᠮᠠᠶᠢᠨ᠂ ᠴᠡᠭᠡ ᠶᠢᠨ ᠭᠠᠷᠤᠯᠳᠠ ᠶᠢ 260 ᠲᠤᠨ ᠳᠤ ᠬᠦᠷᠬᠡᠨ᠎ᠠ᠃ ᠡᠪᠡᠰᠤᠨ ᠤ ᠦᠢᠯᠡᠰ ᠤᠨ ᠲᠠᠯ᠎ᠠ ᠪᠠᠷ᠂ ᠤᠳᠤ ᠪᠠᠶᠢᠭ᠎ᠠ 732 ᠲᠦᠮᠡᠨ ᠮᠤ᠋ ᠬᠠᠳᠤᠯᠠᠩ ᠤᠨ ᠭᠠᠷᠤᠯᠳᠠ ᠶᠢ ᠦᠷᠬᠦᠯᠵᠢᠯᠡᠨ ᠪᠠᠳᠤᠯᠠᠨ ᠲᠡᠬᠡᠭᠰᠢᠯᠡᠬᠦᠯᠵᠤ᠂ 3 ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠡᠯᠡᠬᠦ ᠶᠢ ᠪᠠᠳᠤᠯᠠᠬᠤ ᠶᠢᠨ ᠬᠠᠮᠳᠤ ᠲᠠᠵᠢᠬᠡᠯ ᠡᠪᠡᠰᠤᠨ ᠤ ᠠᠵᠤ ᠠᠬᠤᠶᠢᠯᠡᠯ ᠢ ᠢᠳᠡᠪᠬᠢᠳᠡᠢ ᠣᠷᠢᠨ ᠣᠷᠣᠭᠤᠯᠵᠣ᠂ ᠡᠪᠡᠰᠤᠨ ᠤ ᠦᠢᠯᠡᠰ ᠤᠨ ᠬᠦᠭᠵᠢᠯᠳᠠ ᠶᠢ ᠠᠬᠢᠭᠤᠯᠣᠨ᠎ᠠ᠃ ᠡᠯᠡᠰᠤᠨ ᠤ ᠦᠢᠯᠡᠰ ᠤᠨ ᠲᠠᠯ᠎ᠠ ᠪᠠᠷ᠂ ᠵᠠᠭ ᠮᠤᠳᠤᠨ ᠤ ᠰᠠᠭᠤᠷᠢᠨ ᠭᠠᠵᠡᠷ ᠤᠨ ᠦᠢᠵᠢᠭᠤᠯᠬᠤ ᠬᠡᠪᠴᠢᠶ᠎ᠠ ᠶᠢ ᠦᠷᠬᠦᠯᠵᠢᠯᠡᠨ ᠦᠷᠬᠡᠳᠬᠡᠵᠤ᠂ 6000 ᠮᠤ᠋ ᠳᠤ ᠴᠠᠭᠠᠨ ᠭᠤᠶᠤᠤ ᠵᠠᠯᠭᠠᠨ ᠤᠷᠭᠤᠭᠤᠯᠤᠨ᠎ᠠ︔ ᠪᠤᠳᠠ ᠪᠤᠷᠭᠠᠰᠤ ᠲᠠᠷᠢᠬᠤ ᠡᠷᠴᠢᠮ ᠢᠶᠠᠨ ᠴᠢᠩᠭᠠᠳᠬᠠᠨ᠂ ᠬᠠᠶᠢᠴᠢᠯᠠᠨ ᠤᠷᠭᠤᠭᠤᠯᠬᠤ ᠠᠵᠢᠯ ᠢ ᠰᠠᠶᠢᠳᠤᠷ ᠬᠢᠵᠤ᠂ ᠠᠵᠤ ᠦᠢᠯᠡᠰ ᠤᠨ ᠦᠷᠬᠦᠯᠵᠢᠯᠡᠠ ᠬᠦᠭᠵᠢᠬᠦ ᠳᠤ ᠡᠬᠢ ᠪᠠᠶᠠᠯᠢᠭ ᠤᠨ ᠨᠦᠬᠦᠴᠡᠯ ᠢ ᠬᠠᠩᠭᠠᠨ᠎ᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠳᠬᠠᠵᠤ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠤᠳᠤᠬᠢᠴᠢᠯᠠᠭᠰᠡᠨ ᠮᠢᠬᠠᠨ ᠤ ᠬᠤᠨᠢᠨ ᠤ ᠠᠵᠤ ᠦᠢᠯᠡᠰ᠂ ᠲᠠᠷᠢᠶᠠᠯᠠᠩ ᠤᠨ ᠶᠠᠷᠤᠩᠬᠡᠶᠢᠯᠡᠭᠰᠡᠨ ᠨᠡᠬᠡᠬᠡᠯᠳᠡ ᠵᠡᠷᠬᠡ ᠲᠦᠷᠥᠯ ᠵᠥᠢᠯ ᠢ ᠨᠢᠬᠡᠳᠬᠡᠬᠦ ᠪᠠᠷ ᠲᠠᠮᠵᠢᠨ᠂ 4.9 ᠲᠦᠮᠡᠨ ᠲᠡᠭᠰᠢ ᠲᠦᠷᠪᠡᠯᠵᠢᠨ ᠮᠧᠲᠷ ᠤᠨ 393 ᠰᠠᠭᠤᠷᠢ ᠮᠠᠯ ᠤᠨ ᠲᠤᠯᠠᠭᠠᠨ ᠫᠸᠡᠭ᠂ 2.5 ᠲᠦᠮᠡᠨ ᠲᠡᠭᠰᠢ ᠲᠦᠷᠪᠡᠯᠵᠢᠨ ᠮᠧᠲᠷ ᠤᠨ 187 ᠰᠠᠭᠤᠷᠢ ᠡᠪᠡᠰᠤ ᠬᠠᠳᠠᠭᠠᠯᠠᠬᠤ ᠫᠸᠡᠭ ᠢ ᠰᠢᠨ᠎ᠠ ᠪᠠᠷ ᠪᠠᠶᠢᠭᠤᠯᠤᠨ᠎ᠠ᠃ ᠰᠢᠨ᠎ᠠ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ  ᠶᠢᠨ ᠵᠤᠬᠢᠴᠠᠮᠵᠢ ᠶᠢ ᠪᠠᠶᠢᠭᠤᠯᠤᠨ᠂ ᠰᠢᠨ᠎ᠠ ᠪᠠᠷ ᠬᠡᠷ ᠪᠦᠯᠢ ᠶᠢᠨ ᠮᠠᠯᠵᠢᠯ ᠤᠨ ᠲᠠᠯᠠᠪᠠᠢ 30 ᠶᠢ ᠪᠠᠶᠢᠭᠤᠯᠤᠨ᠂ ︽ᠭᠤᠷᠪᠡ ᠶᠢ ᠨᠢᠬᠡᠳᠬᠡᠭᠰᠡᠨ︾ ᠡᠵᠡᠩᠨᠡᠯᠳᠡ ᠶᠢᠨ ᠡᠷᠤᠬᠡ 100 ᠶᠢ ᠪᠠᠶᠢᠭᠤᠯᠵᠣ᠂ ᠮᠠᠯᠴᠢᠳ ᠤᠨ ᠲᠤᠰᠬᠠᠶᠢᠵᠢᠭᠰᠡᠨ ᠬᠤᠷᠰᠢᠶᠠᠵᠢᠯ 20 ᠶᠢ ᠲᠦᠷᠢᠮᠵᠢᠬᠦᠯᠦᠨ᠂ ᠲᠠᠶᠢᠴᠢᠯᠠᠨ ᠲᠠᠭᠠᠭᠤᠯᠬᠤ ᠦᠢᠯᠡᠳᠤᠯ ᠢ ᠨᠢ ᠬᠦᠢᠴᠡᠳ ᠪᠠᠳᠠᠷᠠᠭᠤᠯᠤᠨ᠎ᠠ ᠃ ᠮᠠᠯ ᠤᠨ ᠬᠢᠵᠢᠭ ᠬᠡᠮ ᠢ ᠰᠡᠷᠬᠡᠶᠢᠯᠡᠨ ᠵᠠᠰᠠᠬᠤ ᠠᠵᠢᠯ ᠪᠠ ᠬᠢᠵᠢᠭ ᠤᠨ ᠪᠠᠶᠢᠳᠠᠯ ᠢ ᠬᠢᠨᠡᠨ ᠪᠠᠶᠢᠴᠠᠭᠠᠬᠤ ᠡᠷᠴᠢᠮ  ᠢᠶᠠᠨ ᠴᠢᠩᠭᠠᠳᠬᠠᠨ᠂ ᠬᠢᠵᠢᠭ ᠬᠡᠮ ᠢ ᠰᠡᠷᠬᠡᠶᠢᠯᠡᠬᠦ ᠠᠵᠢᠯ ᠤᠨ ᠬᠢᠷᠢ ᠲᠦᠪᠰᠢᠨ ᠢ ᠲᠡᠬᠡᠭᠰᠢᠯᠡᠬᠦᠯᠵᠤ᠂ ᠲᠠᠷᠢᠯᠭ᠎ᠠ ᠲᠠᠷᠢᠭᠰᠡᠨ ᠨᠤᠷᠮ᠎ᠠ ᠶᠢ 100% ᠳᠤ ᠬᠦᠷᠬᠡᠬᠦ ᠶᠢ ᠪᠠᠳᠤᠯᠠᠨ᠎ᠠ᠃ ᠬᠤᠶᠡᠷ ᠲᠤ᠂ ᠰᠢᠨ᠎ᠠ ᠬᠡᠯᠪᠡᠷᠢ ᠶᠢᠨ ᠠᠵᠣ ᠦᠢᠯᠡᠳᠪᠤᠷᠢᠵᠢᠯᠳᠠ ᠶᠢ ᠯᠠᠪᠳᠠᠭᠤᠨ ᠪᠠᠳᠤᠳᠡᠢ ᠲᠦᠯᠬᠢᠨ ᠠᠬᠢᠭᠤᠯᠵᠤ᠂ ᠠᠵᠤ ᠦᠢᠯᠡᠰ ᠢ ᠰᠢᠯᠢᠳᠡᠭᠵᠢᠬᠦᠯᠤᠨ ᠲᠡᠰ ᠲᠠᠪᠰᠢᠬᠦᠯᠬᠦ ᠶᠢ ᠠᠬᠢᠭᠤᠯᠤᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢ ᠲᠦᠯᠬᠢᠨ ᠠᠬᠢᠭᠤᠯᠬᠤ ᠪᠠᠷ ᠰᠢᠪᠳᠤᠯᠤᠯᠳᠠ ᠪᠤᠯᠭᠠᠨ᠂ ︽ᠡᠨᠧᠷᠬᠢ ᠳᠤ ᠰᠠᠭᠤᠷᠢᠯᠠᠨ᠂ ᠤᠯᠠᠨ ᠡᠰᠢᠵᠢᠬᠦᠯᠤᠨ ᠬᠦᠭᠵᠢᠬᠦᠯᠵᠤ᠂ ᠤᠯᠠᠨ ᠲᠠᠯ᠎ᠠ ᠪᠠᠷ ᠲᠤᠯᠭᠠᠭᠤᠷᠢᠯᠠᠬᠤ︾ ᠠᠵᠤ ᠦᠢᠯᠡᠰ ᠤᠨ ᠵᠤᠬᠢᠴᠠᠮᠵᠢ ᠶᠢ ᠢᠳᠡᠪᠬᠢᠳᠡᠢ ᠴᠤᠭᠴᠠᠯᠠᠨ ᠪᠠᠶᠢᠭᠤᠯᠵᠤ᠂ ᠮᠠᠨ ᠤ ᠬᠤᠰᠢᠭᠤ ᠪᠠᠨ ᠰᠢᠨ᠎ᠠ ᠬᠡᠯᠪᠡᠷᠢ ᠶᠢᠨ ᠡᠨᠧᠷᠬᠢ ᠶᠢᠨ ᠰᠠᠭᠤᠷᠢᠨ ᠭᠠᠵᠡᠷ᠂ ᠦᠩᠬᠡᠳᠤ ᠲᠠᠮᠦᠷᠯᠢᠭ ᠤᠨ ᠰᠠᠭᠤᠷᠢᠨ ᠭᠠᠵᠡᠷ᠂ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠭᠠᠵᠡᠷ ᠪᠤᠯᠭᠠᠨ ᠪᠦᠳᠤᠬᠡᠨ ᠪᠠᠶᠢᠭᠤᠯᠬᠤ ᠪᠠᠷ ᠴᠢᠷᠮᠠᠶᠢᠨ᠎ᠠ᠃ ᠨᠢᠬᠡ ᠳᠤ᠂ ᠠᠵᠤ ᠦᠢᠯᠡᠳᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠠᠴᠢᠶᠠᠯᠠᠪᠤᠷᠢ ᠶᠢᠨ ᠴᠢᠳᠠᠪᠬᠢ ᠶᠢ ᠨᠢ ᠲᠡᠬᠡᠭᠰᠢᠯᠡᠬᠦᠯᠤᠨ᠎ᠠ᠃ ᠴᠠᠭᠠᠡᠨᠠᠭᠤᠷ ᠤᠨ ᠤᠷᠴᠢᠯᠳᠡᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠤᠯᠠᠮ ᠴᠢᠨᠠᠭᠰᠢᠳᠠ ᠲᠦᠷᠬᠡᠳᠬᠡᠨ᠂ ᠵᠢᠯ ᠤᠨ ᠲᠤᠳᠤᠷ᠎ᠠ ᠰᠠᠭᠤᠷᠢ ᠲᠦᠬᠦᠬᠡᠷᠤᠮᠵᠢ  ᠶᠢᠨ ᠪᠦᠳᠤᠬᠡᠨ ᠪᠠᠶᠢᠭᠤᠯᠤᠯᠳᠠ ᠳᠤ 7000 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠠᠵᠤ ᠦᠢᠯᠡᠰ ᠤᠨ ᠬᠦᠭᠵᠢᠯᠳᠠ ᠶᠢᠨ ᠲᠦᠯᠤᠪᠵᠢᠬᠦᠯᠬᠡ᠂ ᠡᠵᠡᠮᠳᠡᠯ ᠤᠨ ᠴᠢᠨᠠᠷᠳᠡᠢ ᠨᠠᠷᠢᠨ ᠲᠦᠯᠤᠪᠵᠢᠬᠦᠯᠬᠡ᠂ ᠤᠷᠴᠢᠨ ᠲᠤᠭᠤᠷᠢᠨ ᠤ ᠦᠨᠡᠯᠡᠯᠳᠡ ᠪᠠ ᠤᠰᠤᠨ ᠰᠤᠷᠪᠤᠯᠵᠢ ᠶᠢᠨ ᠦᠨᠡᠯᠡᠯᠳᠡ ᠶᠢ ᠨᠤᠳᠠᠯᠠᠬᠤ ᠠᠵᠢᠯ ᠢ ᠲᠠᠭᠤᠰᠬᠠᠨ᠂ ︽ᠨᠢᠬᠡ ᠬᠦᠡᠳᠠᠯᠠᠨ ᠬᠤᠶᠡᠷ ᠭᠤᠯᠳᠤ︾ ᠱᠤᠭᠤᠮ ᠤᠨ 9 ᠺᠢᠯᠤᠮᠧᠲᠷ ᠤᠨ ᠵᠠᠮ ᠪᠠ 9 ᠺᠢᠯᠤᠮᠧᠲᠷ ᠤᠨ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠶᠢᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠤᠨ᠎ᠠ᠃ ᠦᠢᠯᠡᠴᠢᠯᠡᠬᠡᠨ ᠤ ᠴᠢᠳᠠᠪᠬᠢ  ᠪᠠᠨ ᠪᠦᠷᠢᠡᠰᠢᠬᠦᠯᠤᠨ᠂ ᠪᠡᠯᠡ ᠤᠷᠤᠭᠤᠯᠤᠯᠳᠠ ᠶᠢᠨ ᠤᠷᠴᠢᠨ ᠢᠶᠠᠨ ᠰᠢᠯᠢᠳᠡᠭᠵᠢᠬᠦᠯᠵᠤ᠂ ᠡᠬᠢ ᠪᠠᠶᠠᠯᠢᠭ ᠤᠨ ᠲᠠᠪᠠᠭᠤᠯᠢᠭ ᠵᠥᠢᠯᠡᠰ᠂ ᠠᠵᠣ ᠦᠢᠯᠡᠳᠪᠣᠷᠢ ᠶᠢᠨ ᠲᠦᠷᠦᠯ ᠵᠦᠢᠯ ᠢ ᠠᠵᠤ ᠦᠢᠯᠡᠳᠪᠤᠷᠢ ᠶᠢᠨ ᠲᠤᠭᠤᠷᠢᠭ ᠲᠤ ᠲᠦᠪᠯᠡᠷᠡᠬᠦᠯᠬᠦ ᠶᠢ ᠲᠦᠯᠬᠢᠨ ᠠᠬᠢᠭᠤᠯᠤᠨ᠎ᠠ᠃ ᠬᠤᠶᠢᠰᠢᠳᠠ ᠰᠢᠨ᠎ᠠ ᠲᠦᠷᠥᠯ ᠵᠥᠢᠯ ᠢ ᠵᠠᠷᠴᠢᠮ ᠲᠡᠬᠡᠷ᠎ᠠ ᠪᠠᠨ ᠡᠷᠬᠡᠪᠰᠢ ᠠᠵᠤ ᠦᠢᠯᠡᠳᠪᠤᠷᠢ ᠶᠢᠨ ᠲᠤᠭᠤᠷᠢᠭ ᠲᠤ ᠲᠤᠬᠢᠷᠠᠭᠤᠯᠤᠨ᠂ ᠲᠤᠭᠤᠷᠢᠭ ᠤᠨ ᠭᠠᠳᠠᠨᠠᠬᠢ ᠲᠦᠷᠥᠯ ᠵᠥᠢᠯ  ᠢ ᠠᠯᠬᠤᠮ ᠠᠯᠬᠤᠮ ᠢᠶᠠᠷ ᠲᠡᠳᠡᠨ ᠤᠷᠤᠭᠤᠯᠵᠤ᠂ ᠲᠦᠷᠥᠯ ᠵᠥᠢᠯ ᠢ ᠲᠠᠷᠠᠬᠠᠢ ᠪᠤᠳᠠᠷᠬᠠᠢ ᠪᠠᠶᠢᠷᠢᠰᠢᠯᠠᠭᠤᠯᠬᠤ ᠶᠢ ᠡᠷᠡᠰ ᠲᠠᠪᠴᠢᠨ᠎ᠠ᠃ ᠠᠶᠢᠮᠠᠭ ᠠᠴᠠ ᠳ᠋ᠦᠩᠰᠢᠭᠤᠷ ᠲᠦᠬᠦᠷᠢᠭ ᠤᠨ ᠪᠡᠯᠡ ᠭᠠᠷᠭᠠᠨ ᠠᠵᠤ ᠦᠢᠯᠡᠳᠪᠤᠷᠢ ᠶᠢᠨ ᠲᠤᠭᠤᠷᠢᠭ ᠤᠨ ᠠᠵᠤ ᠦᠢᠯᠡᠰ ᠤᠨ ᠬᠦᠭᠵᠢᠯᠳᠠ ᠶᠢᠨ ᠰᠠᠭᠤᠷᠢ ᠮᠦᠩᠬᠦ ᠶᠢ ᠪᠠᠶᠢᠭᠤᠯᠬᠤ ᠠᠰᠢᠭᠳᠡᠢ ᠲᠤᠬᠢᠶᠠᠯ ᠢ ᠡᠵᠡᠮᠳᠠᠨ᠂ ᠵᠠᠬ᠎ᠠ ᠲᠡᠯᠬᠡᠬᠦᠷᠵᠢᠯᠳᠠ ᠶᠢᠨ ᠵᠠᠷᠴᠢᠮ ᠶᠤᠰᠤᠭᠠᠷ ᠤᠯᠠᠨ ᠡᠰᠢᠵᠢᠭᠰᠡᠨ ᠪᠡᠯᠡ ᠮᠦᠩᠬᠦ ᠬᠤᠷᠡᠮᠳᠤᠭᠤᠯᠬᠤ ᠲᠤᠭᠳᠠᠯᠴᠠᠭ᠎ᠠ ᠶᠢ ᠢᠳᠡᠪᠬᠢᠳᠡᠢ ᠰᠦᠪᠡᠭᠴᠢᠯᠡᠵᠤ᠂ ᠪᠡᠯᠡ ᠤᠷᠤᠭᠤᠯᠤᠯᠳᠠ ᠶᠢᠨ ᠠᠷᠭ᠎ᠠ ᠮᠠᠶ᠋ᠢᠭ ᠢ ᠰᠢᠨᠠᠴᠢᠯᠡᠨ᠂ ᠠᠵᠤ ᠦᠢᠯᠡᠳᠪᠤᠷᠢ ᠶᠢᠨ ᠲᠤᠭᠤᠷᠢᠭ ᠤᠨ ᠦᠪᠡᠷ ᠤᠨ ᠪᠠᠶ᠎ᠠ ᠳᠡᠭᠡᠨ ᠲᠦᠰᠢᠭᠯᠡᠨ ᠬᠦᠭᠵᠢᠬᠦ ᠴᠢᠳᠠᠪᠤᠷᠢ ᠶᠢ ᠨᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠭᠤᠤᠯ ᠲᠤᠯᠭᠠᠭᠤᠷᠢᠯᠠᠭᠴᠢ ᠠᠵᠤ ᠠᠬᠤᠶᠢᠯᠡᠯ ᠢ ᠬᠦᠴᠤᠯᠡᠨ ᠪᠤᠶᠢᠵᠢᠭᠤᠯᠵᠤ᠂ ᠪᠡᠯᠡ ᠤᠷᠤᠭᠤᠯᠤᠯᠳᠠ ᠶᠡᠭᠡ᠂ ᠬᠦᠭᠵᠢᠯᠳᠠ ᠶᠢᠨ ᠤᠷᠤᠨ ᠵᠠᠢ ᠲᠠᠢ᠂ ᠲᠠᠶᠢᠴᠢᠯᠡᠨ ᠲᠠᠭᠠᠭᠤᠯᠬᠤ ᠴᠢᠳᠠᠪᠬᠢ ᠲᠠᠢ ᠲᠤᠮᠤ ᠠᠵᠤ ᠠᠬᠤᠶᠢᠯᠡᠯ᠂ ᠲᠤᠮᠤ ᠲᠦᠷᠥᠯ ᠵᠥᠢᠯ ᠢ ᠲᠠᠰᠤᠷᠠᠯᠳᠠ ᠦᠬᠡᠢ ᠤᠷᠢᠨ ᠤᠷᠤᠭᠤᠯᠵᠤ᠂ ᠠᠵᠤ ᠦᠢᠯᠡᠳᠪᠤᠷᠢ ᠶᠢᠨ ᠲᠤᠭᠤᠷᠢᠭ ᠲᠤ ᠰᠠᠭᠤᠷᠢᠰᠢᠭᠤᠯᠤᠨ᠂ ᠠᠵᠤ ᠦᠢᠯᠡᠳᠪᠤᠷᠢ ᠶᠢᠨ ᠲᠤᠭᠤᠷᠢᠭ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠭᠵᠢᠬᠦᠯᠤᠨ᠎ᠠ᠃ ᠬᠤᠶᠡᠷ ᠲᠤ᠂ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ  ᠶᠢ ᠴᠢᠩᠭ᠎ᠠ ᠠᠳᠬᠤᠨ᠂ ᠬᠦᠭᠵᠢᠯᠳᠠ ᠶᠢᠨ ᠨᠦᠬᠡᠴᠠ ᠬᠦᠴᠤᠨ ᠢ ᠴᠢᠩᠭᠠᠷᠠᠭᠤᠯᠤᠨ᠎ᠠ᠃ ᠪᠦᠬᠦ ᠵᠢᠯ ᠳᠤ᠂ 15 ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠥᠯ ᠵᠥᠢᠯ ᠢ ᠲᠤᠬᠢᠷᠠᠭᠤᠯᠤᠨ᠂ 32 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠬᠤ ᠪᠠᠷ ᠲᠦᠯᠤᠪᠯᠡᠵᠤ ᠪᠤᠢ᠃ ᠨᠡᠬᠦᠷᠡᠰᠤᠨ ᠤ ᠠᠵᠤ ᠦᠢᠯᠡᠰ ᠤᠨ ᠲᠠᠯ᠎ᠠ ᠪᠠᠷ᠂ ᠴᠠᠭᠠᠡᠨᠠᠭᠤᠷ ᠨᠢᠬᠡᠳᠤᠬᠡᠷ ᠬᠤᠭᠤᠴᠠᠭᠠᠨ ᠤ ᠵᠢᠯ ᠳᠤ 800 ᠲᠦᠮᠡᠨ ᠲᠤᠨ ᠨᠠᠬᠦᠷᠡᠰᠤ ᠭᠠᠷᠭᠠᠬᠤ ᠲᠦᠷᠥᠯ ᠵᠥᠢᠯ ᠤᠨ ᠬᠢᠨᠡᠨ ᠵᠦᠪᠰᠢᠶᠡᠷᠡᠯ ᠢ ᠪᠠᠶᠠᠯᠠᠬᠦᠯᠵᠤ᠂ ᠠᠰᠢᠭᠯᠠᠯᠳᠠ ᠳᠤ ᠤᠷᠤᠭᠤᠯᠬᠤ ᠨᠦᠬᠦᠴᠡᠯ ᠢ ᠪᠦᠷᠢᠯᠳᠤᠬᠦᠯᠤᠨ᠂ ᠳ᠋ᠠ ᠠᠠ ᠺᠣᠮᠫᠠᠨᠢ  ᠶᠢᠨ 120 ᠲᠦᠮᠡᠨ ᠲᠤᠨ ᠤ ᠨᠠᠬᠦᠷᠡᠰᠤᠨ ᠠᠭᠤᠷᠬᠠᠢ ᠶᠢᠨ ᠲᠦᠷᠥᠯ ᠵᠥᠢᠯ ᠢ ᠲᠡᠬᠡᠳᠤ ᠬᠠᠭᠠᠰ ᠵᠢᠯ ᠳᠤ ᠬᠢᠨᠡᠨ ᠵᠦᠪᠰᠢᠶᠠᠷᠡᠬᠦᠯᠬᠦ ᠶᠢᠨ ᠬᠠᠮᠳᠤ ᠠᠰᠢᠭᠯᠠᠯᠳᠠ ᠳᠤ ᠤᠷᠤᠭᠤᠯᠵᠤ᠂ ᠨᠠᠷᠠᠡᠪᠤᠯᠠᠭ ᠨᠡᠬᠦᠷᠡᠰᠤᠨ ᠠᠭᠤᠷᠬᠠᠢ ᠶᠢᠨ ᠠᠭᠤᠷᠬᠠᠢ ᠶᠢᠨ ᠡᠷᠬᠡ ᠶᠢ ᠰᠢᠯᠵᠢᠬᠦᠯᠬᠦ ᠪᠠᠷ ᠴᠢᠷᠮᠠᠶᠢᠨ᠎ᠠ᠃ ᠠᠭᠤᠷᠬᠠᠢ ᠶᠢᠨ ᠦᠢᠯᠡᠰ ᠤᠨ ᠲᠠᠯ᠎ᠠ ᠪᠠᠷ᠂ ᠶᠢᠨ ᠳ᠋ᠢ ᠬᠤᠶᠠᠳᠤᠭᠠᠷ ᠬᠤᠭᠤᠴᠠᠭᠠᠨ ᠤ ᠡᠳᠤᠷ ᠲᠤ 1.5 ᠲᠦᠮᠡᠨ ᠲᠤᠨ ᠵᠠᠰ ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ  ᠶᠢᠨ ᠲᠦᠷᠥᠯ ᠵᠥᠢᠯ ᠢ ᠲᠡᠬᠡᠳᠤ ᠬᠠᠭᠠᠰ ᠵᠢᠯ ᠳᠤ ᠠᠵᠢᠯ ᠡᠬᠢᠯᠡᠬᠦᠯᠤᠨ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠂ ᠭᠤᠷᠴᠢ ᠶᠢᠨ ᠤᠯᠠᠨ ᠲᠠᠮᠦᠷᠯᠢᠭ ᠤᠨ ᠠᠭᠤᠷᠬᠠᠢ ᠶᠢᠨ ᠭᠠᠵᠡᠷ ᠰᠢᠡᠵᠢᠯᠡᠬᠡᠨ ᠤ ᠬᠠᠶᠢᠨ ᠰᠢᠨᠵᠢᠯᠡᠯᠳᠡ ᠶᠢᠨ ᠠᠵᠢᠯ ᠢ ᠵᠢᠯ ᠤᠨ ᠲᠤᠳᠤᠷ᠎ᠠ ᠪᠡᠶᠠᠯᠡᠬᠦᠯᠬᠦ ᠶᠢᠨ ᠬᠠᠮᠳᠤ ᠪᠤᠳᠠᠳᠡᠢ ᠠᠬᠢᠴᠠ ᠲᠠᠢ ᠪᠤᠯᠭᠠᠬᠤ ᠪᠠᠷ ᠴᠢᠷᠮᠠᠶᠢᠨ᠎ᠠ᠃ ᠪᠠᠷᠢᠯᠭ᠎ᠠ ᠶᠢᠨ ᠮᠠᠲ᠋ᠧᠷᠢᠶᠡᠯ ᠤᠨ ᠲᠠᠯ᠎ᠠ ᠪᠠᠷ᠂ ᠴᠢᠯᠠᠭᠤᠨ ᠮᠠᠲ᠋ᠧᠷᠢᠶᠠᠯ ᠤᠨ ᠡᠬᠢ ᠪᠠᠶᠠᠯᠢᠭ ᠢ ᠬᠠᠶᠢᠨ ᠰᠢᠡᠵᠢᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠳᠬᠠᠨ᠂ ᠴᠢᠯᠠᠭᠤᠨ ᠮᠠᠲ᠋ᠧᠷᠢᠶᠠᠯ ᠤᠨ ᠠᠵᠤ ᠦᠢᠯᠡᠳᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠤ᠂ ᠨᠢᠬᠡᠳᠤᠬᠡᠷ ᠬᠤᠭᠤᠴᠠᠭᠠᠨ ᠤ ᠵᠢᠯ ᠳᠤ 20 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠴᠢᠯᠠᠭᠤᠨ ᠮᠠᠲ᠋ᠧᠷᠢᠶᠠᠯ ᠭᠠᠷᠭᠠᠬᠤ ᠲᠦᠷᠥᠯ ᠵᠥᠢᠯ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ︔ ᠵᠢᠢ ᠳ᠋ᠦᠡᠭ ᠱᠦᠢᠨᠢ ᠶᠢ ᠬᠠᠮᠵᠢᠵᠣ᠂ ᠣᠨᠴᠠᠯᠢᠭᠳᠣ ᠱᠦᠢᠨᠢ ᠦᠢᠯᠡᠳᠪᠤᠷᠢᠯᠡᠬᠦ ᠪᠦᠳᠤᠬᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠨ᠎ᠠ᠃ ᠴᠠᠬᠢᠯᠭᠠᠨ ᠬᠦᠴᠤᠨ ᠤ ᠲᠠᠯ᠎ᠠ ᠪᠠᠷ᠂ ᠴᠠᠭᠠᠡᠨᠠᠭᠤᠷ ᠴᠠᠬᠢᠯᠭᠠᠨ ᠦᠢᠯᠡᠳᠪᠤᠷᠢ ᠶᠢᠨ ᠴᠠᠬᠢᠯᠭᠠᠨ ᠬᠦᠷᠬᠡᠬᠦ ᠲᠦᠷᠥᠯ ᠵᠥᠢᠯ ᠢ ᠲᠠᠮᠠᠴᠠᠨ ᠤᠯᠬᠤ ᠠᠵᠢᠯ ᠢ ᠤᠷᠤᠭᠰᠢᠳᠡᠢ ᠶᠠᠪᠤᠭᠳᠠᠭᠤᠯᠵᠤ᠂ ᠵᠢᠯ ᠤᠨ ᠲᠤᠳᠤᠷ᠎ᠠ ᠬᠢᠨᠡᠨ ᠵᠦᠪᠰᠢᠶᠠᠷᠡᠬᠦᠯᠬᠦ ᠶᠢᠨ ᠬᠠᠮᠳᠤ ᠦᠢᠯᠡᠳᠪᠤᠷᠢ ᠶᠢᠨ ᠲᠤᠭᠤᠷᠢᠭ ᠤᠨ ᠦᠡᠳᠤᠰᠤᠨ ᠪᠦᠳᠤᠬᠡᠨ ᠪᠠᠶᠢᠭᠤᠯᠤᠯᠳᠠ ᠶᠢᠨ ᠠᠵᠢᠯ ᠢ ᠲᠠᠭᠤᠰᠬᠠᠨ᠎ᠠ︔ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠳ᠋ᠠ ᠲᠠᠩ ᠤᠨ ᠵᠢᠷᠭᠤᠳᠤᠭᠠᠷ ᠬᠤᠭᠤᠴᠠᠭ᠎ᠠ᠂ ᠴᠢᠨ ᠬᠤᠸᠠᠩ ᠳ᠋ᠤᠤ ᠶᠢᠨ ᠭᠠᠨᠭ᠌ ᠴᠸᠡᠭ ᠴᠠᠬᠢᠯᠭᠠᠨ ᠬᠦᠴᠤᠨ ᠤ 5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠥᠯ ᠵᠥᠢᠯ᠂ ᠲᠡᠯᠬᠡᠷ ᠪᠸᠢ ᠹᠠᠨᠭ᠌ ᠯᠦᠡᠭ ᠶᠤᠸᠠᠨ 4.5 ᠰᠠᠶ᠎ᠠ ᠸᠠᠲ ᠤᠨ ᠰᠠᠯᠬᠢᠨ ᠴᠠᠬᠢᠯᠭᠠᠨ ᠤ ᠵᠢᠱᠢᠶ᠎ᠠ ᠦᠵᠡᠬᠦᠯᠬᠦ ᠲᠦᠷᠥᠯ ᠵᠥᠢᠯ ᠢ 5 ᠳ᠋ᠤᠭᠠᠷ ᠰᠠᠷ᠎ᠠ ᠳᠤ ᠠᠵᠢᠯ ᠡᠬᠢᠯᠡᠬᠦᠯᠬᠦ ᠪᠠᠷ ᠴᠢᠷᠮᠠᠶᠢᠨ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠎ᠠ︔ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠵᠦᠡᠭ ᠭᠤᠸᠠᠩ ᠾᠧ ᠤᠨ ᠬᠤᠶᠠᠳᠤᠭᠠᠷ ᠬᠤᠭᠤᠴᠠᠭ᠎ᠠ᠂ ᠪᠸᠢ ᠹᠠᠨᠭ᠌ ᠯᠦᠡᠭ ᠶᠤᠸᠠᠨ ᠬᠤᠶᠡᠳᠤᠭᠠᠷ ᠬᠤᠭᠤᠴᠠᠭᠠᠨ ᠤ 5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠥᠯ ᠵᠥᠢᠯ᠂ ᠦᠪᠤᠷ ᠮᠤᠩᠭᠤᠯ ᠤᠨ ᠵᠢᠶᠠ ᠨᠸᠡᠭ ᠰᠢᠨ᠎ᠠ ᠡᠨᠧᠷᠬᠢ ᠶᠢᠨ ᠬᠢᠵᠠᠭᠠᠷᠳᠤ ᠺᠤᠮᠫᠠᠨᠢ ᠶᠢᠨ 2.6 ᠲᠦᠮᠡᠨ ᠺᠢᠯᠤᠸᠡᠲ ᠤᠨ ᠨᠠᠷᠡᠨ ᠤ ᠡᠨᠧᠷᠬᠢ ᠶᠢᠨ ᠴᠠᠬᠢᠯᠭᠠᠨ ᠭᠠᠷᠭᠠᠬᠤ ᠲᠦᠷᠥᠯ ᠵᠥᠢᠯ ᠢ ᠵᠢᠯ ᠤᠨ ᠲᠤᠳᠤᠷ᠎ᠠ ᠬᠢᠨᠡᠨ ᠵᠦᠪᠰᠢᠶᠠᠷᠡᠬᠦᠯᠬᠦ ᠪᠠᠷ ᠴᠢᠷᠮᠠᠶᠢᠨ᠎ᠠ᠃ ᠴᠢᠯᠠᠭᠤᠨ ᠲᠤᠰᠤᠨ  ᠤ ᠨᠠᠬᠡᠬᠡᠯᠳᠡ ᠶᠢᠨ ᠲᠠᠯ᠎ᠠ ᠪᠠᠷ᠂ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠳᠬᠠᠨ᠂ ᠴᠢᠯᠠᠭᠤᠨ ᠲᠤᠰᠤ ᠪᠠᠶᠢᠭ᠎ᠠ ᠭᠠᠵᠡᠷ ᠤᠨ ᠡᠷᠬᠡ ᠶᠢ ᠰᠢᠯᠵᠢᠬᠦᠯᠬᠦ ᠠᠵᠢᠯ ᠢ ᠲᠦᠷᠬᠡᠳᠬᠡᠵᠤ᠂ ᠱᠠᠡᠰᠢ  ᠶᠢᠨ ᠳ᠋ᠢ ᡁᠢ ᠭᠤᠸᠠᠩ ᠴᠢᠯᠠᠭᠤᠨ ᠲᠤᠰᠤᠨ ᠤ ᠰᠢᠡᠵᠢᠯᠡᠬᠦ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠬᠠᠶᠢᠨ ᠰᠢᠡᠵᠢᠬᠦ ᠠᠬᠢᠴᠠ ᠪᠠᠨ ᠲᠦᠷᠬᠡᠳᠬᠡᠬᠦ ᠶᠢ ᠢᠳᠡᠪᠬᠢᠳᠡᠢ ᠱᠠᠯᠠᠪᠳᠠᠭᠤᠯᠤᠨ᠂ ᠪᠤᠯᠬᠤ ᠶᠢᠨ ᠲᠤᠳᠤᠷ᠎ᠠ ᠲᠠᠷᠤᠶᠢᠬᠠᠨ ᠠᠰᠢᠭᠯᠠᠯᠳᠠ ᠳᠤ ᠤᠷᠤᠭᠤᠯᠵᠤ᠂ ᠵᠢᠯ ᠤᠨ ᠲᠤᠳᠤᠷ᠎ᠠ 3 ᠲᠦᠮᠡᠨ ᠲᠤᠨ ᠴᠢᠯᠠᠭᠤᠨ ᠲᠤᠰᠤ ᠭᠠᠷᠭᠠᠬᠤ ᠪᠠᠷ ᠴᠢᠷᠮᠠᠶᠢᠨ᠎ᠠ᠃ ᠡᠬᠦᠨ ᠠᠴᠠ ᠭᠠᠳᠠᠨ᠎ᠠ ᠭᠠᠵᠠᠷ ᠰᠢᠨᠵᠢᠯᠡᠬᠡᠨ ᠤ ᠲᠦᠷᠦᠯ ᠵᠦᠢᠯ ᠤᠨ ᠬᠢᠨᠠᠨ ᠬᠠᠮᠢᠶᠠᠷᠣᠯᠳᠠ ᠪᠠᠨ ᠣᠯᠠᠮ ᠴᠢᠨᠠᠭᠰᠢᠳᠠ ᠴᠢᠩᠭᠠᠳᠬᠠᠵᠣ᠂ ᠦᠪᠡᠷᠳᠡᠬᠡᠨ ᠵᠠᠰᠠᠬᠤ ᠣᠷᠣᠨ ᠪᠠ ᠠᠶᠢᠮᠠᠭ ᠤᠨ ᠬᠠᠮᠢᠶ᠎ᠠ ᠪᠦᠬᠦᠢ ᠮᠠᠲ᠋ᠧᠷᠢᠶᠠᠯ  ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠦᠨ᠂ ᠬᠠᠶᠢᠨ ᠰᠢᠨᠵᠢᠬᠦ ᠡᠷᠬᠡ ᠪᠠᠨ ᠣᠯᠴᠢᠬᠠᠭᠠᠳ ᠬᠠᠶᠢᠨ ᠰᠢᠨᠵᠢᠯᠡᠭᠡ ᠬᠢᠬᠡ ᠦᠬᠡᠢ ᠠᠵᠣ ᠠᠬᠤᠶᠢᠯᠠᠯ ᠢ ᠡᠷᠡᠰ ᠢᠶᠠᠷ ᠴᠡᠪᠡᠷᠯᠡᠨ᠂ ᠭᠠᠵᠠᠷ ᠰᠢᠨᠵᠢᠯᠡᠬᠡᠨ ᠤ ᠠᠵᠢᠯ ᠤᠨ ᠠᠬᠢᠴᠨ  ᠶᠢ ᠪᠦᠬᠦ ᠬᠦᠴᠣᠨ ᠢᠶᠠᠷ ᠲᠦᠯᠬᠢᠨ ᠠᠬᠢᠭᠤᠯᠵᠣ᠂ ᠵᠢᠯ ᠤᠨ ᠲᠣᠳᠣᠷ᠎ᠠ ᠡᠨᠡᠬᠦ ᠠᠵᠢᠯ ᠳᠤ 1.3 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠬᠤ ᠪᠠᠷ ᠴᠢᠷᠮᠠᠶᠢᠨ᠎ᠠ᠃ ᠡᠬᠦᠨ ᠤ ᠬᠠᠮᠳᠣ᠂ ᠠᠵᠤ ᠠᠬᠤᠢ ᠶᠢᠨ ᠡᠷᠬᠢᠯᠳᠠ ᠶᠢ ᠬᠢᠨᠡᠨ ᠬᠡᠮᠵᠢᠬᠦ ᠠᠵᠢᠯ ᠢ ᠰᠠᠶᠢᠳᠤᠷ ᠬᠦᠢᠴᠡᠳᠬᠡᠵᠤ᠂ ᠴᠠᠬᠢᠯᠭᠠᠨ᠂ ᠲᠤᠰᠤ᠂ ᠵᠦᠬᠡᠬᠡᠪᠤᠷᠢ᠂ ᠪᠡᠯᠡ ᠮᠦᠩᠬᠦ ᠵᠡᠷᠬᠡ ᠦᠢᠯᠡᠳᠪᠤᠷᠢᠯᠡᠯ ᠤᠨ ᠭᠤᠤᠯᠳᠠᠯᠭ᠎ᠠ ᠲᠠᠢ ᠡᠯᠧᠮᠧᠨ᠋ᠲ ᠢ ᠵᠤᠬᠢᠴᠠᠭᠤᠯᠬᠤ ᠠᠵᠢᠯ ᠢ ᠦᠨᠡᠡᠬᠦ ᠰᠠᠶᠢᠳᠤᠷ ᠠᠳᠬᠤᠵᠤ᠂ ᠠᠵᠤ ᠠᠬᠤᠶᠢᠯᠡᠯ ᠤᠨ ᠦᠢᠯᠡᠳᠪᠤᠷᠢᠯᠡᠯ ᠳᠤ ᠬᠦᠴᠤᠳᠡᠢ ᠪᠠᠳᠤᠯᠠᠭ᠎ᠠ ᠬᠠᠩᠭᠠᠨ᠎ᠠ᠃ ᠭᠤᠷᠪᠡ ᠳᠤ᠂ ᠤᠳᠤᠬᠢᠴᠢᠯᠠᠭᠰᠡᠨ ᠦᠢᠯᠡᠴᠢᠯᠡᠬᠡᠨ ᠤ ᠦᠢᠯᠡᠰ ᠢ ᠯᠠᠪᠳᠠᠭᠤᠨ ᠪᠠᠳᠤᠳᠡᠢ ᠬᠦᠭᠵᠢᠬᠦᠯᠵᠤ᠂ ᠬᠡᠷᠡᠭᠯᠡᠬᠡᠨ ᠤ ᠱᠠᠭᠠᠷᠳᠠᠯᠭ᠎ᠠ ᠶᠢ ᠠᠬᠢᠭᠤᠯᠤᠨ᠎ᠠ᠃ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠤᠷᠮᠠᠰᠢᠭᠤᠯᠤᠭᠰᠡᠨ ᠲᠦᠷᠥ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠯ᠎ᠠ ᠨᠤᠳᠤᠭ ᠤᠨ ᠵᠤᠭᠠᠴᠠᠯ᠂ ᠵᠠᠮ ᠬᠠᠷᠢᠯᠴᠠᠭ᠎ᠠ᠂ ᠪᠤᠳᠠᠰ ᠤᠨ ᠬᠦᠢᠯᠬᠡᠬᠡ᠂ ᠠᠷᠠᠯᠵᠢᠶ᠎ᠠ ᠬᠤᠳᠠᠯᠳᠤᠭ᠎ᠠ ᠢᠳᠡᠬᠡᠨ ᠤᠮᠳᠠᠭᠠᠨ ᠬᠡᠬᠦ ᠭᠤᠷᠪᠡᠨ ᠲᠤᠮᠤ ᠲᠠᠭᠠᠭᠤᠯᠤᠭᠴᠢ ᠠᠵᠤ ᠦᠢᠯᠡᠰ ᠤᠨ ᠬᠦᠭᠵᠢᠯᠳᠠ ᠶᠢ ᠭᠤᠤᠯᠳᠠᠯᠭ᠎ᠠ ᠲᠠᠢ ᠠᠳᠬᠤᠨ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠲᠦᠷᠬᠡᠳᠬᠡᠬᠦ᠂ ᠬᠠᠷᠢᠴᠠᠯ ᠢ ᠶᠡᠬᠡᠰᠬᠡᠬᠦ᠂ ᠪᠦᠳᠤᠴᠠ  ᠶᠢ ᠰᠢᠯᠢᠳᠡᠭᠵᠢᠬᠦᠯᠬᠦ ᠶᠢ ᠢᠳᠡᠪᠬᠢᠳᠡᠢ ᠲᠦᠯᠬᠢᠨ ᠠᠬᠢᠭᠤᠯᠤᠨ᠎ᠠ᠃ ᠵᠤᠭᠠᠴᠠᠯ ᠤᠨ ᠦᠢᠯᠡᠰ ᠤᠨ ᠬᠦᠭᠵᠢᠯᠳᠠ ᠶᠢ ᠬᠦᠴᠤᠯᠠᠨ ᠠᠬᠢᠭᠤᠯᠵᠤ᠂ ᠮᠠᠨ ᠤ ᠬᠤᠰᠢᠭᠤᠨ ᠤ ᠬᠢ ᠪᠠᠨ ᠪᠠᠶᠢᠭᠠᠯᠢ ᠶᠢᠨ ᠡᠬᠢ ᠪᠠᠶᠠᠯᠢᠭ ᠪᠠ ᠬᠦᠨ ᠵᠤᠵᠠᠭᠠᠨ ᠲᠡᠤᠬᠡ ᠰᠤᠶᠤᠯ ᠤᠨ ᠠᠭᠤᠯᠬᠤᠨ ᠳᠤ ᠲᠦᠰᠢᠭᠯᠡᠨ᠂ ᠭᠤᠤᠯᠳᠠᠯᠭ᠎ᠠ ᠲᠠᠢ ᠰᠤᠶᠤᠯ ᠤᠨ ᠬᠦᠷᠢᠶᠠᠯᠠᠩ ᠪᠠ ᠵᠤᠭᠠᠴᠠᠯ  ᠤᠨ ᠰᠤᠳᠤᠨ ᠵᠠᠮ ᠱᠤᠭᠤᠮ ᠤᠨ ᠪᠠᠶᠢᠭᠤᠯᠤᠯᠳᠠ ᠶᠢ ᠲᠦᠷᠬᠡᠳᠬᠡᠵᠤ᠂ ᠲᠠᠯ᠎ᠠ ᠨᠤᠳᠤᠭ ᠤᠨ ᠰᠤᠶᠤᠯ ᠵᠤᠭᠠᠴᠠᠯ ᠤᠨ ᠦᠢᠯᠡᠰ ᠢ ᠠᠷᠡᠳ ᠢᠶᠠᠨ ᠪᠠᠶᠠᠵᠢᠭᠤᠯᠬᠤ ᠠᠵᠤ ᠦᠢᠯᠡᠰ ᠪᠤᠯᠭᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠦᠨᠤ ᠵᠢᠯ᠂ ᠬᠤᠩᠭᠤᠷᠭᠤᠤᠯ ᠵᠤᠭᠠᠴᠠᠯ ᠦᠵᠠᠮᠵᠢ ᠶᠢᠨ ᠤᠷᠤᠨ ᠤ ᠨᠡᠬᠡᠬᠡᠯᠳᠡ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠵᠢᠯ ᠤᠨ ᠲᠤᠳᠤᠷ᠎ᠠ 2000 ᠲᠦᠮᠡᠨ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠯᠳᠠ ᠶᠢ ᠪᠡᠶᠠᠯᠠᠬᠦᠯᠤᠨ᠎ᠠ᠃ ᠰᠢᠨ᠎ᠠ ᠪᠠᠷ ᠠᠷᠪᠠᠨ ︽ᠠᠪᠠᠭ᠎ᠠ ᠠᠶᠢᠯ︾ ᠵᠤᠭᠠᠴᠠᠯ ᠤᠨ ᠴᠡᠭ ᠢ ᠪᠠᠶᠢᠭᠤᠯᠬᠤ ᠪᠠ ᠲᠡᠳᠬᠦᠨ ᠲᠡᠮᠵᠢᠵᠤ᠂ ᠨᠠᠶᠢᠳᠠ 70 ᠪᠤᠯᠭᠠᠨ᠎ᠠ᠃ ᠪᠦᠬᠦ ᠵᠢᠯ ᠳᠤ᠂ 20 ᠲᠦᠮᠡᠨ ᠬᠦᠮᠤᠨ ᠤᠳᠠᠭ᠎ᠠ ᠶᠢᠨ ᠵᠤᠭᠠᠴᠠᠭᠰᠡᠳ ᠢ ᠬᠦᠯᠢᠶᠠᠨ ᠵᠤᠴᠢᠯᠠᠵᠤ᠂ 7900 ᠲᠦᠮᠡᠨ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ  ᠡᠬᠦᠳᠴᠣ᠂ ᠲᠤᠰ ᠲᠤᠰ 16.5% ᠪᠠ 58% ᠪᠠᠷ ᠨᠡᠮᠡᠭᠳᠡᠬᠦᠯᠤᠨ᠎ᠠ᠃ ᠪᠤᠳᠠᠰ ᠤᠨ ᠬᠦᠢᠯᠬᠡᠬᠡᠨ ᠤ ᠦᠢᠯᠡᠰ ᠤᠨ ᠬᠦᠭᠵᠢᠯᠳᠠ ᠶᠢ ᠭᠤᠤᠯᠳᠠᠯᠭ᠎ᠠ ᠲᠠᠢ ᠠᠳᠬᠤᠨ᠂ ᠰᠢᠯᠢᠩᠬᠤᠳᠠ ᠠᠴᠠ ᠡᠷᠢᠶᠠᠡᠬᠤᠳᠠ ᠬᠦᠷᠬᠦ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠪᠠ 101 ᠮᠤᠵᠢ ᠶᠢᠨ ᠲᠡᠰ ᠤᠨ ᠵᠠᠮ ᠢ ᠲᠡᠰ ᠲᠡᠪᠰᠢᠬᠦᠯᠵᠦ ᠦᠬᠡᠷᠡᠴᠢᠯᠡᠨ ᠰᠠᠶᠢᠵᠢᠷᠠᠭᠤᠯᠬᠤ ᠲᠤᠬᠢᠶᠠᠯ ᠢ ᠠᠰᠢᠭᠯᠠᠨ᠂ ᠠᠭᠤᠷᠬᠠᠢ ᠶᠢᠨ ᠪᠦᠳᠤᠬᠡᠭᠳᠡᠬᠦᠨ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ᠂ ᠡᠪᠡᠰᠤᠨ ᠤ ᠪᠦᠳᠤᠬᠡᠭᠳᠡᠬᠦᠨ ᠪᠠ ᠠᠮᠢᠳᠤᠷᠡᠯ ᠤᠨ ᠬᠡᠷᠡᠭᠰᠡᠯ ᠵᠡᠷᠬᠡ ᠶᠢ ᠵᠦᠬᠡᠬᠡᠪᠤᠷᠢᠯᠡᠬᠦ ᠠᠵᠢᠯ ᠤᠨ ᠲᠤᠭᠤᠷᠢᠨ ᠳᠤ᠂ ᠲᠦᠷᠥ ᠶᠢᠨ ᠪᠤᠳᠤᠯᠭ᠎ᠠ ᠶᠢ ᠴᠢᠯᠤᠬᠡᠳᠡᠢ ᠪᠤᠯᠭᠠᠨ᠂ ᠲᠠᠶᠢᠴᠢᠯᠡᠨ ᠲᠠᠭᠠᠭᠤᠯᠬᠤ ᠴᠢᠳᠠᠪᠤᠷᠢ ᠲᠠᠢ ᠲᠤᠰᠬᠠᠢ ᠪᠤᠳᠠᠰ ᠤᠨ ᠬᠦᠢᠯᠬᠡᠬᠡᠨ ᠤ ᠠᠵᠤ ᠠᠬᠤᠶᠢᠯᠡᠯ ᠢ ᠢᠳᠡᠪᠬᠢᠳᠡᠢ ᠤᠷᠢᠨ ᠤᠷᠤᠭᠤᠯᠵᠤ᠂ ᠪᠤᠳᠠᠰ ᠤᠨ ᠬᠦᠢᠯᠬᠡᠬᠡᠨ ᠤ ᠦᠢᠯᠡᠰ ᠤᠨ ᠲᠡᠰ ᠲᠠᠪᠬᠤᠷᠭ᠎ᠠ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠵᠢᠯ ᠤᠨ ᠲᠤᠳᠤᠷ᠎ᠠ᠂ ᠪᠤᠳᠠᠰ  ᠤᠨ ᠬᠦᠢᠯᠬᠡᠬᠡᠨ ᠤ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠤᠨ᠂ ᠲᠡᠵᠢᠬᠡᠯ ᠡᠪᠡᠰᠤ ᠪᠤᠷᠳᠤᠭᠠᠨ ᠤ ᠠᠷᠠᠯᠵᠢᠶᠠᠨ ᠤ ᠵᠠᠬ᠎ᠠ ᠲᠡᠯᠬᠡᠬᠦᠷ ᠢ ᠪᠠᠶᠢᠭᠤᠯᠬᠤ ᠪᠠᠷ ᠴᠢᠷᠮᠠᠶᠢᠨ᠎ᠠ᠃ ᠦᠡᠳᠤᠰᠤᠳᠠᠨ ᠤ ᠰᠤᠶᠤᠯ ᠤᠨ ᠦᠢᠯᠡᠰ ᠤᠨ ᠬᠦᠭᠵᠢᠯᠳᠠ ᠶᠢ ᠢᠳᠡᠪᠬᠢᠳᠡᠢ ᠵᠤᠷᠢᠭᠵᠢᠭᠤᠯᠤᠨ᠂ ᠭᠠᠵᠡᠷ ᠤᠷᠤᠨ ᠤ ᠣᠨᠴᠠᠯᠢᠭᠳᠣ ᠦᠡᠳᠤᠰᠤᠳᠠᠨ ᠤ ᠡᠳ᠋ᠯᠡᠯ ᠬᠡᠷᠡᠭᠰᠡᠯ᠂ ᠰᠤᠶᠤᠯ ᠵᠤᠭᠠᠴᠠᠯ ᠤᠨ ᠪᠦᠳᠤᠬᠡᠭᠳᠡᠬᠦᠨ ᠪᠠ ᠨᠠᠷᠡᠳᠤ ᠲᠡᠮᠳᠡᠭ ᠤᠨ ᠲᠠᠸᠡᠷ ᠤᠨ ᠲᠤᠰᠬᠠᠢ ᠡᠵᠡᠩᠨᠡᠯᠳᠡ ᠵᠡᠷᠬᠡ ᠦᠪᠡᠷᠮᠢᠴᠠ ᠤᠡᠴᠠᠯᠢᠭᠳᠤ ᠵᠡᠬᠡᠯᠢ ᠪᠠᠶᠢᠭᠤᠯᠬᠤ ᠠᠵᠢᠯ ᠢ ᠭᠤᠤᠯᠳᠠᠯᠭ᠎ᠠ ᠲᠠᠢ ᠰᠠᠶᠢᠳᠤᠷ ᠪᠠᠶᠠᠯᠠᠬᠦᠯᠤᠨ᠎ᠠ᠃ ᠲᠦᠷᠥ ᠶᠢᠨ ᠪᠤᠳᠤᠯᠭ᠎ᠠ ᠶᠢᠨ ᠬᠠᠷᠠᠭᠠᠯᠵᠠᠯ ᠦᠵᠡᠬᠦᠯᠬᠦ ᠪᠠᠷ ᠲᠠᠮᠵᠢᠨ᠂ ᠪᠤᠳᠠᠳᠤ ᠬᠦᠴᠤᠨ ᠲᠠᠢ ᠠᠵᠤ ᠠᠬᠤᠶᠢᠯᠡᠯ ᠪᠠ ᠰᠢᠯᠢᠳᠡᠭ ᠤᠷᠴᠢᠭᠤᠯᠤᠭᠴᠢ ᠨᠠᠷ ᠢ ᠤᠷᠢᠨ ᠤᠷᠤᠭᠤᠯᠵᠤ᠂ ᠤᠳᠤ ᠪᠠᠶᠢᠭ᠎ᠠ ᠡᠬᠢ ᠪᠠᠶᠠᠯᠢᠭ ᠢᠶᠠᠨ ᠨᠢᠬᠡᠳᠬᠡᠨ᠂ ᠮᠤᠩᠭᠤᠯ ᠨᠤᠮ ᠪᠢᠴᠢᠭ ᠬᠡᠪᠯᠡᠬᠦ ᠠᠵᠤ ᠦᠢᠯᠡᠰ ᠢ ᠢᠳᠡᠪᠬᠢᠳᠡᠢ ᠬᠦᠭᠵᠢᠬᠦᠯᠦᠨ᠎ᠠ᠃ ᠰᠢᠨ᠎ᠠ ᠪᠠᠷ ᠮᠠᠡᠳᠤᠭᠰᠡᠨ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠤᠨ᠂ ᠬᠤᠰᠢᠭᠤᠨ ᠲᠤᠳᠤᠷᠡᠬᠢ ᠠᠵᠤ ᠠᠬᠤᠶᠢᠯᠡᠯ ᠤᠨ ᠰᠦᠯᠵᠢᠶ᠎ᠠ ᠪᠠᠷ ᠡᠵᠡᠩᠨᠡᠯᠳᠡ ᠬᠢᠬᠦ ᠶᠢ ᠵᠤᠷᠢᠭᠵᠢᠭᠤᠯᠤᠨ᠂ ᠡᠯᠧᠺᠲᠷᠤᠨ ᠠᠷᠠᠯᠵᠢᠶ᠎ᠠ ᠶᠢ ᠬᠦᠭᠵᠢᠬᠦᠯᠤᠨ᠎ᠠ᠃ ᠮᠦᠩᠬᠦᠨ ᠬᠦᠢᠯᠬᠡᠬᠡᠨ ᠤ ᠲᠠᠭᠠᠳᠬᠠᠯ᠂ ᠡᠮ ᠡᠮᠨᠡᠯᠬᠡ ᠡᠷᠡᠬᠦᠯᠵᠢᠯ᠂ ᠨᠠᠰᠤᠵᠢᠯ᠂ ᠴᠡᠴᠡᠷᠯᠢᠭ᠂ ᠬᠡᠷ ᠡᠷᠦᠬᠡ ᠶᠢᠨ ᠦᠢᠯᠡᠴᠢᠯᠡᠭᠡ ᠵᠡᠷᠬᠡ ᠰᠢᠨ᠎ᠠ ᠪᠠᠷ ᠮᠠᠡᠳᠤᠭᠰᠡᠨ ᠬᠡᠷᠡᠭᠯᠡᠬᠡᠨ ᠤ ᠬᠦᠷᠢᠶ᠎ᠠ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠨ᠂ ᠬᠡᠷᠡᠭᠯᠡᠬᠡᠨ ᠤ ᠱᠠᠭᠠᠷᠳᠠᠯᠭ᠎ᠠ ᠶᠢᠨ ᠬᠡᠯᠪᠡᠷᠢ ᠶᠢ ᠬᠤᠪᠢᠷᠠᠭᠤᠯᠣᠨ᠂ ᠲᠡᠰ ᠲᠠᠪᠰᠢᠬᠦ ᠶᠢ ᠠᠬᠢᠭᠤᠯᠤᠨ᠎ᠠ᠃︵ᠭᠤᠷᠪᠡ︶ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢ ᠨᠢᠬᠡᠳᠤᠯᠳᠡᠢ ᠲᠦᠯᠤᠪᠵᠢᠬᠦᠯᠤᠨ᠂ ᠬᠦᠭᠵᠢᠯᠳᠠ  ᠶᠢᠨ ᠰᠠᠭᠤᠷᠢ ᠶᠢ ᠤᠯᠠᠮ ᠴᠢᠨᠠᠭᠰᠢᠳᠠ ᠪᠠᠳᠤᠳᠬᠠᠨ᠎ᠠ᠃ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠲᠦᠯᠬᠢᠨ ᠠᠬᠢᠭᠤᠯᠬᠤ ᠪᠠᠷ ᠬᠦᠳᠡᠯᠬᠡᠭᠴᠢ ᠬᠦᠴᠤ ᠪᠤᠯᠭᠠᠨ᠂ ᠬᠤᠳᠠ ᠬᠦᠳᠡᠭᠡ ᠶᠢ ᠨᠢᠬᠡ ᠴᠤᠭᠴᠠᠵᠢᠭᠤᠯᠬᠤ ᠠᠬᠢᠴᠠ ᠪᠠᠨ ᠲᠦᠷᠬᠡᠳᠬᠡᠵᠤ᠂ ᠬᠤᠳᠠ ᠬᠦᠳᠡᠭᠡ ᠶᠢ ᠬᠠᠮᠳᠤ ᠳᠤᠨᠢ ᠴᠡᠴᠡᠭᠯᠡᠬᠦᠯᠤᠨ ᠬᠦᠭᠵᠢᠬᠦᠯᠬᠦ ᠶᠢ ᠠᠬᠢᠭᠤᠯᠤᠨ᠎ᠠ ᠨᠢᠬᠡ ᠳᠤ᠂ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠶᠢ ᠰᠠᠶᠢᠵᠢᠷᠠᠭᠤᠯᠤᠨ᠎ᠠ᠃ ᠤᠳᠤᠬᠠᠨ ᠤ ᠪᠠᠶᠢᠳᠠᠯ ᠳᠤ ᠬᠠᠨᠳᠤᠭᠤᠯᠤᠨ᠂ ᠠᠯᠤᠰ ᠢ ᠪᠤᠳᠤᠯᠬᠢᠯᠠᠭᠰᠡᠨ ᠰᠠᠭᠤᠷᠢᠨ ᠲᠡᠬᠡᠷ᠎ᠠ᠂ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ  ᠶᠢᠨ ᠪᠦᠳᠤᠬᠡᠨ ᠪᠠᠶᠢᠭᠤᠯᠤᠯᠳᠠ ᠶᠢ ᠬᠦᠴᠤᠯᠡᠨ ᠲᠦᠷᠬᠡᠳᠬᠡᠨ᠎ᠠ᠃ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ  ᠶᠢᠨ ᠠᠬᠢᠴᠠ ᠶᠢ ᠲᠦᠷᠬᠡᠳᠬᠡᠨ᠂ ᠦᠨᠤ ᠵᠢᠯ 3.82 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠲᠤᠤᠷᠡᠬᠢ ᠠᠵᠢᠯ ᠤᠳ ᠢ ᠪᠠᠶᠠᠯᠠᠬᠦᠯᠬᠦ ᠪᠠᠷ ᠲᠦᠯᠤᠪᠯᠡᠵᠤ ᠪᠤᠢ᠄ ᠰᠢᠨ᠎ᠠ ᠪᠠᠷ 6 ᠵᠤᠷᠪᠤᠰ 6.3 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠵᠠᠰᠠᠵᠤ᠂ 6 ᠲᠦᠮᠡᠨ ᠲᠡᠭᠰᠢ ᠲᠦᠷᠪᠡᠯᠵᠢᠨ ᠮᠧᠲᠷ ᠤᠨ ᠵᠠᠬᠡᠯᠢ ᠭᠤᠳᠤᠮᠵᠢ ᠶᠢ ᠬᠠᠳᠠᠭᠤᠵᠢᠭᠤᠯᠤᠨ᠂ ᠰᠢᠨ᠎ᠠ ᠪᠠᠷ 49 ᠺᠢᠯᠤᠮᠧᠲᠷ ᠤᠨ ᠲᠦᠬᠡᠬᠡᠯ ᠤᠰᠤ ᠬᠠᠩᠭᠠᠵᠤ ᠪᠤᠬᠢᠷ ᠤᠰᠤ ᠭᠠᠳᠠᠭᠰᠢᠭᠤᠯᠬᠤ ᠬᠤᠭᠤᠯᠠᠢ᠂ 25 ᠺᠢᠯᠤᠮᠧᠲᠷ ᠤᠨ ᠲᠦᠪᠯᠡᠷᠡᠩᠬᠦᠢ ᠲᠤᠯᠠᠭᠠᠯᠠᠯᠭ᠎ᠠ ᠶᠢᠨ ᠬᠤᠭᠤᠯᠠᠢ ᠤᠭᠰᠠᠷᠡᠨ᠂ ᠤᠰᠤ ᠪᠠᠷ ᠴᠡᠪᠡᠷᠰᠢᠭᠦᠯᠬᠦ ᠣᠯᠠᠨ ᠨᠡᠶᠢᠲᠡ ᠶᠢᠨ ᠵᠤᠷᠯᠤᠩ 19 ᠶᠢ ᠪᠠᠷᠢᠵᠤ᠂ 188 ᠢᠵᠢ ᠵᠡᠬᠡᠯᠢ ᠶᠢᠨ ᠳ᠋ᠸᠡᠭ ᠤᠭᠰᠠᠷᠡᠨ᠂ 15 ᠰᠠᠭᠤᠷᠢ ᠦᠪᠡᠷᠮᠢᠴᠠ ᠤᠡᠴᠠᠯᠢᠭ ᠲᠠᠢ ᠱᠤᠭᠤᠮᠠᠯ ᠢ ᠪᠠᠷᠢᠨ᠎ᠠ᠃ ᠵᠡᠬᠡᠯᠢ ᠲᠠᠭᠠᠤ 20 ᠰᠠᠭᠤᠷᠢ ᠠᠰᠠᠷ ᠲᠤ ᠦᠩᠬᠡ ᠶᠢᠨ ᠳ᠋ᠸᠡᠭ ᠢ ᠤᠭᠰᠠᠷᠠᠬᠤ ᠪᠠ 11 ᠰᠠᠭᠤᠷᠢ ᠬᠠᠭᠤᠴᠢᠨ ᠰᠠᠭᠤᠭᠠᠯᠢ ᠠᠰᠠᠷ ᠤᠨ ᠡᠨᠧᠷᠬᠢ ᠶᠢᠨ ᠬᠤᠷᠤᠭᠳᠠᠯ ᠢ ᠪᠠᠭᠠᠰᠬᠠᠬᠤ ᠢᠡᠵᠧᠨᠧᠷᠢᠩ ᠢ ᠪᠠᠶᠠᠯᠠᠬᠦᠯᠤᠨ᠂ 6 ᠺᠢᠯᠤᠮᠧᠲᠷ ᠤᠨ ᠴᠠᠬᠢᠯᠭᠠᠨ ᠤᠳᠠᠰᠤ ᠶᠢ ᠭᠠᠵᠠᠷ ᠲᠤᠤᠭᠤᠷ ᠲᠠᠮᠵᠢᠭᠤᠯᠬᠤ ᠠᠵᠢᠯ ᠢ ᠲᠠᠭᠤᠰᠬᠠᠵᠤ᠂ 8 ᠰᠠᠤᠷᠢ ᠤᠷᠴᠢᠨ ᠲᠤᠭᠤᠷᠢᠨ ᠢ ᠴᠡᠪᠡᠷᠯᠡᠬᠦ ᠮᠠᠰᠢᠨ ᠮᠧᠬᠠᠨᠢᠭ  ᠢ ᠬᠤᠳᠠᠯᠳᠤᠨ ᠠᠪᠴᠤ᠂ ᠬᠤᠳᠠ ᠪᠠᠯᠭᠠᠰᠤᠨ ᠤ 75.4 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠨᠤᠭᠤᠭᠠᠷᠠᠭᠤᠯᠤᠨ᠎ᠠ᠃ ᠤᠰᠤ ᠴᠡᠪᠡᠷᠰᠢᠭᠦᠯᠬᠦ ᠦᠢᠯᠡᠳᠪᠦᠷᠢ᠂ ᠪᠤᠬᠢᠷ ᠤᠰᠤ ᠴᠡᠪᠡᠷᠰᠢᠭᠦᠯᠬᠦ ᠦᠢᠯᠡᠳᠪᠦᠷᠢ᠂ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ ᠲᠤᠰ ᠲᠤᠰ ᠠᠰᠢᠭᠯᠠᠯᠲᠠ ᠳᠤ ᠤᠷᠤᠭᠤᠯᠤᠨ᠂ ᠪᠤᠬᠢᠷ ᠤᠰᠤ ᠶᠢ ᠴᠡᠪᠡᠷᠰᠢᠭᠦᠯᠤᠨ ᠳᠠᠬᠢᠨ ᠠᠰᠢᠭᠯᠠᠬᠤ ᠦᠢᠯᠡᠳᠪᠦᠷᠢ ᠶᠢᠨ ᠪᠦᠲᠤᠭᠡᠨ ᠪᠠᠶᠢᠭᠤᠯᠤᠯᠲᠠ ᠶᠢ ᠡᠬᠢᠯᠡᠭᠦᠯᠵᠦ᠂ ᠴᠠᠭᠠᠨ ᠤᠰᠤᠨ ᠴᠦᠬᠦᠷᠤᠮ ᠤᠨ ᠤᠰᠤ ᠲᠠᠳᠠᠬᠤ ᠢᠡᠵᠧᠨᠧᠷᠢᠩ ᠢ ᠡᠷᠳᠡᠬᠡᠨ ᠵᠦᠪᠰᠢᠶᠠᠷᠡᠬᠦᠯᠬᠦ ᠪᠠᠷ ᠴᠢᠷᠮᠠᠶᠢᠨ᠎ᠠ᠃ ᠰᠢᠨ᠎ᠠ ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ︽ᠤᠷᠢᠳᠴᠢᠯᠡᠨ ᠲᠦᠯᠤᠪᠵᠢᠬᠦᠯᠵᠤ᠂ ᠵᠠᠰᠠᠭ ᠤᠨ ᠤᠷᠳᠤᠨ ᠠᠴᠠ ᠵᠢᠯᠤᠭᠤᠳᠤᠨ᠂  ᠪᠦᠬᠦ ᠠᠷᠠᠳ ᠢᠶᠠᠷ ᠢᠶᠠᠨ ᠤᠷᠤᠯᠴᠠᠵᠤ᠂ ᠤᠯᠠᠨ ᠲᠠᠯ᠎ᠠ ᠠᠴᠠ ᠪᠡᠯᠡ ᠤᠷᠤᠭᠤᠯᠤᠨ᠂ ᠣᠨᠴᠠᠯᠢᠭ ᠢᠶᠠᠨ ᠬᠠᠳᠠᠭᠠᠯᠠᠵᠣ᠂ ᠭᠤᠣᠯᠳᠠᠯᠭ᠎ᠠ ᠪᠠᠨ ᠲᠣᠪᠣᠶᠢᠯᠭᠠᠨ᠂ ᠪᠦᠬᠦ ᠲᠠᠯ᠎ᠠ ᠪᠠᠷ ᠲᠦᠯᠬᠢᠨ ᠠᠬᠢᠭᠤᠯᠬᠤ︾ ᠵᠠᠷᠴᠢᠮ ᠢ ᠪᠠᠷᠢᠮᠳᠠᠯᠠᠨ᠂     ︽ᠪᠠᠶᠠᠨ ᠭᠠᠴᠠᠭ᠎ᠠ︾ ᠲᠤᠷᠰᠢᠯᠳᠠ ᠶᠢᠨ ᠴᠡᠭ  ᠤᠨ ᠠᠵᠢᠯ ᠢ ᠡᠬᠢᠯᠠᠬᠦᠯᠤᠨ᠂ ︽ᠦᠵᠡᠰᠬᠦᠯᠠᠩᠳᠤ ᠵᠠᠮ ᠱᠤᠭᠤᠮ ᠢ ᠴᠤᠭᠴᠠᠯᠠᠨ ᠪᠠᠶᠢᠭᠤᠯᠬᠤ ᠠᠵᠢᠯᠯᠠᠭ᠎ᠠ︾ ᠶᠢ ᠦᠷᠨᠢᠬᠦᠯᠤᠨ᠂ ᠬᠤᠳᠠ ᠬᠦᠳᠡᠭᠡ ᠶᠢᠨ ᠲᠦᠷᠢ ᠲᠦᠷᠬᠦ ᠶᠢ ᠰᠠᠶᠢᠵᠢᠷᠠᠭᠤᠯᠤᠨ ᠰᠢᠨᠡᠳᠬᠡᠵᠤ᠂ ᠰᠤᠮᠤ ᠪᠠᠯᠭᠠᠰᠤᠨ ᠤ ᠲᠦᠪ ᠲᠤ ᠪᠠ ᠵᠠᠮ ᠲᠠᠭᠠᠤ ᠬᠡᠷᠡᠭᠯᠡᠬᠦ ᠪᠠᠨ ᠪᠠᠶᠢᠭᠰᠠᠨ ᠬᠡᠷ ᠪᠠᠶᠢᠰᠢᠩ ᠢ ᠨᠤᠷᠠᠭᠠᠨ ᠴᠡᠪᠡᠷᠯᠡᠬᠦ ᠠᠵᠢᠯ ᠢ ᠢᠳᠡᠪᠬᠢᠳᠡᠢ  ᠪᠠᠷ ᠲᠦᠯᠬᠢᠨ ᠠᠬᠢᠭᠤᠯᠤᠨ᠎ᠠ᠃ ᠦᠨᠤ ᠵᠢᠯ᠂ 4 ᠭᠠᠴᠠᠭ᠎ᠠ ᠶᠢ ᠤᠷᠤᠨ ᠤ ᠲᠡᠰ ᠤᠨ ᠰᠢᠨ᠎ᠠ ᠮᠠᠯᠵᠢᠬᠤ ᠤᠷᠤᠨ ᠢ ᠪᠦᠳᠤᠬᠡᠨ ᠪᠠᠶᠢᠭᠤᠯᠬᠤ ᠪᠠᠷᠢᠮᠵᠢᠶ᠎ᠠ ᠳᠤ ᠬᠦᠷᠬᠡᠨ᠂ 200 ᠨᠠᠷ᠎ᠠ ᠡᠯ᠎ᠠ ᠲᠦᠷᠥᠯ ᠤᠨ ᠵᠢᠱᠢᠶᠠᠴᠢ ᠲᠠᠭᠠᠭᠤᠯᠤᠭᠴᠢ ᠶᠢ ᠬᠦᠮᠤᠵᠢᠬᠦᠯᠬᠦ ᠪᠠᠷ ᠴᠢᠷᠮᠠᠶᠢᠨ᠎ᠠ᠃ ᠴᠢᠬᠤᠯᠠ ᠶᠡᠭᠡ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠬᠦᠴᠤᠯᠠᠨ ᠠᠬᠢᠭᠤᠯᠤᠨ᠎ᠠ᠃ ᠤᠰᠤᠨ ᠠᠰᠢᠭᠯᠠᠯᠳᠠ ᠶᠢᠨ ᠲᠠᠯ᠎ᠠ ᠪᠠᠷ᠂ ᠴᠠᠭᠠᠡᠨᠠᠭᠤᠷ ᠤᠨ ᠠᠵᠤ ᠦᠢᠯᠡᠳᠪᠤᠷᠢ ᠳᠤ ᠤᠰᠤ ᠬᠠᠩᠭᠠᠬᠤ ᠢᠡᠵᠧᠨᠧᠷᠢᠩ ᠤᠨ ᠭᠤᠤᠯ ᠴᠤᠭᠴᠠ ᠶᠢᠨ ᠪᠠᠷᠢᠯᠭ᠎ᠠ ᠪᠠ ᠠᠵᠢᠯᠯᠠᠵᠤ ᠠᠮᠢᠳᠤᠷᠡᠬᠤ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠳᠠᠭᠤᠰᠬᠠᠨ᠎ᠠ︔ ᠮᠠᠯᠵᠢᠬᠤ ᠤᠷᠤᠨ ᠤ ᠤᠰᠤ ᠤᠮᠳᠠ ᠶᠢᠨ ᠢᠡᠵᠧᠨᠧᠷᠢᠩ ᠢ ᠬᠦᠴᠤᠯᠡᠨ ᠬᠡᠷᠡᠭᠵᠢᠬᠦᠯᠵᠤ᠂ ᠰᠢᠨ᠎ᠠ ᠪᠠᠷ 252 ᠬᠤᠳᠳᠤᠭ ᠮᠠᠯᠳᠠᠨ᠂ 3519 ᠬᠦᠮᠤᠨ ᠪᠠ 31 ᠲᠦᠮᠡᠨ ᠲᠤᠯᠤᠭᠠᠢ ᠮᠠᠯ ᠤᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠣᠷᠢᠯᠠᠨ᠂ ᠮᠠᠯᠵᠢᠬᠤ ᠤᠷᠤᠨ ᠤ ᠦᠡᠳᠤᠷ ᠠᠰᠢᠭᠯᠠᠮᠵᠢᠳᠤ ᠤᠰᠤᠯᠠᠯᠳᠠ ᠶᠢᠨ ᠢᠡᠵᠧᠨᠧᠷᠢᠩ ᠢ ᠬᠡᠷᠡᠭᠵᠢᠬᠦᠯᠵᠤ᠂ ᠪᠠᠶᠠᠡᠭᠤᠤᠯ ᠤᠰᠤᠨ ᠴᠦᠬᠦᠷᠤᠮ ᠢ ᠵᠠᠰᠠᠨ ᠪᠠᠬᠢᠵᠢᠬᠦᠯᠬᠦ ᠢᠡᠵᠧᠨᠧᠷᠢᠩ ᠢ ᠬᠢᠨᠡᠨ ᠵᠦᠪᠰᠢᠶᠡᠷᠡᠬᠦᠯᠵᠤ᠂ 3 ᠰᠤᠮᠤ ᠪᠠᠯᠭᠠᠰᠤᠨ ᠤ ᠪᠠᠭ᠎ᠠ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠳᠠ ᠶᠢᠨ ᠢᠡᠵᠧᠨᠧᠷᠢᠩ ᠢ ᠲᠠᠭᠤᠰᠬᠠᠬᠤ ᠪᠠᠷ ᠴᠢᠷᠮᠠᠶᠢᠨ᠎ᠠ᠃ ᠵᠠᠮ ᠬᠠᠷᠢᠯᠴᠠᠭᠠᠨ  ᠤ ᠲᠠᠯ᠎ᠠ ᠪᠠᠷ᠂ ᠲᠠᠮᠤᠷ ᠵᠠᠮ ᠪᠠ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠦᠨᠤ ᠵᠢᠯ ᠰᠢᠯᠢᠩᠬᠤᠳᠠ ᠠᠴᠠ ᠡᠷᠢᠶᠠᠡᠬᠤᠳᠠ ᠬᠦᠷᠬᠦ ᠲᠠᠮᠤᠷ ᠵᠠᠮ ᠤᠨ ᠮᠠᠨ ᠤ ᠬᠤᠰᠢᠭᠤᠨ ᠤ ᠬᠡᠰᠡᠭ ᠲᠠᠬᠢ ᠵᠠᠮ ᠤᠨ ᠰᠠᠭᠤᠷᠢ ᠲᠠᠯᠪᠢᠬᠤ ᠠᠵᠢᠯ᠂ ᠬᠦᠬᠦᠷᠬᠡ ᠶᠢᠨ ᠪᠠᠷᠢᠯᠭ᠎ᠠ ᠶᠢ ᠲᠠᠭᠤᠰᠬᠠᠬᠤ ᠶᠢᠨ ᠬᠠᠮᠳᠤ ᠲᠠᠮᠤᠷ ᠵᠠᠮ ᠲᠠᠪᠢᠰᠬᠦ ᠠᠵᠢᠯ ᠢ ᠡᠬᠢᠯᠡᠬᠦᠯᠵᠤ᠂ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠲᠠᠮᠤᠷ ᠵᠠᠮ ᠤᠨ ᠲᠤᠰᠬᠠᠢ ᠱᠤᠭᠤᠮ ᠤᠨ ᠵᠠᠮ ᠤᠨ ᠰᠠᠭᠤᠷᠢ ᠶᠢ ᠲᠠᠯᠪᠢᠬᠤ ᠪᠠ ᠬᠦᠬᠦᠷᠬᠡᠨ ᠤ ᠪᠠᠷᠢᠯᠭ᠎ᠠ ᠶᠢᠨ ᠬᠡᠰᠡᠭ ᠠᠵᠢᠯ ᠢ ᠲᠠᠭᠤᠰᠬᠠᠨ᠂ ᠲᠠᠷᠬᠠᠶᠢᠳᠠᠷᠠᠰᠤ ᠠᠴᠠ ᠴᠠᠭᠠᠠᠨᠠᠭᠤᠷ ᠠᠭᠤᠷᠬᠠᠢ ᠶᠢᠨ ᠲᠤᠭᠤᠷᠢᠭ ᠬᠦᠷᠬᠦ ᠲᠠᠮᠤᠷ ᠵᠠᠮ ᠤᠨ ᠢᠡᠵᠧᠨᠧᠷᠢᠩ ᠤᠨ ᠲᠦᠷᠥᠯ ᠵᠥᠢᠯ ᠢ ᠬᠢᠨᠡᠨ ᠵᠦᠪᠰᠢᠶᠠᠷᠡᠬᠦᠯᠬᠦ ᠪᠠᠷ ᠴᠢᠷᠮᠠᠶᠢᠨ᠎ᠠ᠃ ᠪᠡᠯᠬᠦᠳᠡᠢ ᠪᠠᠯᠭᠠᠰᠤ ᠠᠴᠠ ᠪᠠᠶᠠᠡᠳᠤᠭ ᠰᠣᠮᠣᠨ ᠤ ᠬᠤᠵᠢᠷᠳᠣ ᠬᠦᠷᠬᠦ 87 ᠺᠢᠯᠤᠮᠧᠲᠷ ᠤᠨ ᠱᠦᠢᠨᠢ ᠵᠠᠮ ᠢ ᠠᠰᠢᠭᠯᠠᠯᠳᠠ ᠳᠤ ᠤᠷᠤᠭᠤᠯᠤᠨ᠂ ᠰᠢᠨ᠎ᠠ ᠪᠠᠷ 55 ᠺᠢᠯᠤᠮᠧᠲᠷ ᠤᠨ ᠭᠠᠴᠠᠭᠠᠨ ᠳᠤ ᠨᠠᠪᠳᠡᠷᠡᠬᠦ ᠱᠦᠢᠨᠢ ᠵᠠᠮ ᠢ ᠲᠠᠪᠢᠰᠤᠨ᠎ᠠ᠃ ᠴᠠᠬᠢᠯᠭᠠᠨ ᠬᠦᠴᠤᠨ ᠤ ᠲᠡᠯ᠎ᠠ ᠪᠠᠷ᠂ ᠴᠠᠬᠢᠯᠭᠠᠨ ᠲᠤᠤᠷ ᠢ ᠦᠬᠡᠷᠠᠴᠢᠯᠡᠨ ᠲᠡᠰ ᠲᠠᠪᠰᠢᠬᠦᠯᠬᠦ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ 10 ᠺᠢᠯᠤᠸᠤᠯᠲ ᠪᠠ 10 ᠺᠢᠯᠤᠸᠤᠯᠲ ᠠᠴᠠ ᠲᠤᠷᠤᠭᠰᠢᠬᠢ ᠴᠠᠬᠢᠯᠭᠠᠨ ᠲᠤᠤᠷ ᠢ ᠦᠬᠡᠷᠡᠴᠢᠯᠡᠨ᠂ ᠪᠤᠭᠳ᠋ᠬᠠᠭᠤᠯᠠ ᠶᠢᠨ 110 ᠺᠢᠯᠤᠸᠤᠯᠲ ᠤᠨ ᠬᠦᠴᠤᠳᠠᠯ ᠬᠤᠪᠢᠰᠬᠠᠬᠤ ᠦᠷᠳᠡᠭᠡ ᠶᠢ ᠦᠷᠬᠡᠳᠬᠡᠨ ᠪᠠᠶᠢᠭᠤᠯᠬᠤ ᠢᠡᠵᠧᠨᠧᠷᠢᠩ ᠢ ᠲᠠᠭᠤᠰᠬᠠᠨ᠂ ᠴᠠᠭᠠᠠᠨᠠᠭᠤᠷ ᠤᠨ 110 ᠺᠢᠯᠤᠸᠤᠯᠲ ᠤᠨ ᠬᠦᠴᠤᠳᠠᠯ ᠬᠤᠪᠢᠰᠬᠠᠬᠤ ᠦᠷᠳᠡᠭᠡ᠂ ᠬᠤᠩᠭᠤᠷ ᠰᠦᠮ᠎ᠠ ᠶᠢᠨ 35 ᠺᠢᠯᠤᠸᠤᠯᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠤᠨ ᠪᠦᠳᠤᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠤᠨ᠂ ᠰᠢᠯᠢᠩᠬᠤᠳᠠ ᠠᠴᠠ ᠪᠡᠯᠬᠦᠳᠡᠢ ᠪᠠᠯᠭᠠᠰᠤ ᠬᠦᠷᠬᠦ 220 ᠺᠢᠯᠤᠸᠤᠯᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠢ ᠡᠬᠢᠯᠡᠬᠦᠯᠤᠨ᠎ᠠ᠃ ᠴᠢᠮᠡᠭᠡ ᠬᠤᠯᠪᠤᠭᠠᠨ ᠤ ᠲᠠᠯ᠎ᠠ ᠪᠠᠷ᠂ ᠮᠠᠯᠵᠢᠬᠤ ᠤᠷᠤᠨ ᠤ ᠲᠤᠤᠷ ᠰᠦᠯᠵᠢᠶᠠᠨ ᠤ ᠪᠠᠶᠢᠭᠤᠯᠤᠯᠳᠠ ᠶᠢ ᠲᠦᠷᠬᠡᠳᠬᠡᠨ ᠂ ᠴᠢᠮᠡᠭᠡ ᠬᠤᠯᠪᠤᠭᠠᠨ ᠤ ᠪᠦᠷᠬᠦᠴᠠ ᠶᠢ ᠰᠠᠶᠢᠵᠢᠷᠠᠭᠤᠯᠵᠤ᠂ ︽ᠷᠡᠳᠢᠤ᠋ ᠲᠧᠯᠸᠢᠰ ᠰᠦᠯᠵᠢᠶ᠎ᠠ᠂ ᠴᠢᠮᠡᠭᠡ ᠬᠤᠯᠪᠤᠭ᠎ᠠ᠂ ᠲᠤᠤᠷ ᠰᠦᠯᠵᠢᠶ᠎ᠠ︾ ᠶᠢ ᠨᠢᠬᠡᠳᠬᠡᠬᠦ ᠶᠢ ᠲᠦᠯᠬᠢᠨ ᠠᠬᠢᠭᠤᠯᠵᠤ᠂ ᠶᠠᠷᠤᠩᠬᠡᠶᠢᠯᠡᠭᠰᠡᠨ ᠮᠡᠳᠡᠭᠡ ᠵᠠᠩᠬᠢᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠬᠤᠶᠡᠷ ᠲᠤ᠂ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠬᠤᠳᠠ ᠪᠠᠯᠭᠠᠰᠤᠨ ᠤ ᠲᠦᠯᠤᠪᠵᠢᠬᠦᠯᠬᠡ ᠨᠠᠶᠢᠷᠠᠭᠤᠯᠬᠤ ᠠᠵᠢᠯ ᠢ ᠴᠢᠩᠭᠠᠳᠬᠠᠨ᠂ ᠪᠡᠯᠭᠦᠳᠠᠢ ᠪᠠᠯᠭᠠᠰᠤᠨ ᠤ ᠶᠡᠷᠤᠩᠬᠡᠢ ᠲᠦᠯᠤᠪᠵᠢᠭᠦᠯᠭᠡ ᠶᠢ ᠤᠯᠠᠮ ᠴᠢᠨᠠᠭᠰᠢᠳᠠ ᠲᠡᠬᠦᠯᠳᠡᠷᠵᠢᠬᠦᠯᠤᠨ᠂ ᠡᠵᠡᠮᠳᠡᠯ ᠤᠨ ᠴᠢᠨᠠᠷᠳᠡᠢ ᠨᠠᠷᠢᠨ ᠲᠦᠯᠤᠪᠵᠢᠬᠦᠯᠬᠡ᠂ ᠡᠯ᠎ᠠ ᠲᠦᠷᠥᠯ ᠤᠨ ᠲᠤᠰᠬᠠᠢ ᠲᠦᠯᠤᠪᠵᠢᠬᠦᠯᠬᠡ ᠪᠠ ᠰᠤᠮᠤ ᠪᠠᠯᠭᠠᠰᠤᠨ ᠤ ᠲᠦᠯᠤᠪᠵᠢᠬᠦᠯᠬᠡ  ᠶᠢ ᠨᠠᠶᠢᠷᠠᠭᠤᠯᠬᠤ ᠠᠵᠢᠯ ᠢ ᠢᠳᠡᠪᠬᠢᠳᠡᠢ ᠦᠷᠨᠢᠬᠦᠯᠤᠨ᠂  ᠬᠤᠳᠠ ᠬᠦᠳᠡᠭᠡ ᠶᠢᠨ ᠲᠦᠯᠤᠪᠵᠢᠬᠦᠯᠬᠡ ᠶᠢ ᠡᠷᠳᠡᠬᠡᠨ ᠪᠠᠶᠠᠯᠠᠬᠦᠯᠵᠤ᠂ ᠲᠦᠯᠤᠪᠵᠢᠬᠦᠯᠬᠡ ᠪᠠᠷ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠳᠠ ᠶᠢ ᠪᠠᠶᠢᠷᠢᠯᠠᠭᠤᠯᠤᠨ᠂ ᠬᠦᠭᠵᠢᠯᠳᠠ ᠶᠢ ᠲᠦᠯᠬᠢᠨ ᠠᠬᠢᠭᠤᠯᠬᠤ ᠶᠢ ᠦᠨᠡᠡᠬᠦ ᠪᠠᠶᠠᠯᠠᠬᠦᠯᠤᠨ᠎ᠠ᠃ ᠲᠤᠰᠬᠠᠢ ᠲᠦᠷᠥᠯ ᠢᠶᠠᠷ ᠴᠡᠭᠴᠡᠯᠡᠬᠦ ᠠᠵᠢᠯᠯᠠᠭ᠎ᠠ ᠶᠢ ᠴᠢᠩᠭᠠᠳᠬᠠᠵᠤ᠂ ︽ᠡᠬᠦᠳᠠᠨ ᠡᠮᠤᠨᠡᠬᠢ ᠲᠠᠪᠤ ᠶᠢ ᠬᠠᠷᠢᠭᠤᠴᠠᠬᠤ︾᠂ ᠲᠤᠷᠡᠪᠡᠷ ᠵᠠᠮ ᠡᠵᠡᠯᠡᠨ ᠬᠤᠳᠠᠯᠳᠤᠭ᠎ᠠ ᠬᠢᠬᠦ᠂ ᠲᠤᠷᠡᠪᠡᠷ ᠵᠦᠬᠡᠬᠡᠪᠤᠷᠢᠯᠡᠬᠦ᠂ ᠲᠤᠷᠡᠪᠡᠷ ᠵᠠᠷ ᠮᠡᠳᠡᠭᠡ ᠨᠠᠭᠠᠬᠤ᠂ ᠲᠤᠷᠡᠪᠡᠷ ᠨᠡᠬᠡᠬᠡᠨ ᠠᠰᠢᠭᠯᠠᠬᠤ ᠂ ᠲᠤᠷᠡᠪᠡᠷ ᠲᠡᠷᠬᠡ ᠤᠨᠤᠭ᠎ᠠ ᠵᠤᠭᠰᠤᠭᠠᠬᠤ ᠵᠡᠷᠬᠡ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ  ᠴᠢᠩᠭᠠᠳᠬᠠᠵᠣ᠂ ᠡᠯ᠎ᠠ ᠲᠦᠷᠥᠯ ᠤᠨ ᠠᠷᠠᠯᠵᠢᠶ᠎ᠠ ᠬᠤᠳᠠᠯᠳᠤᠭᠠᠨ ᠤ ᠡᠮᠬᠢ ᠲᠢᠭᠯᠢᠮ ᠢ ᠲᠦᠷᠢᠮᠵᠢᠬᠦᠯᠵᠣ᠂ ᠤᠷᠴᠢᠨ ᠲᠤᠭᠤᠷᠢᠨ ᠤ ᠠᠷᠢᠭᠤᠨ ᠴᠡᠪᠡᠷ ᠢ ᠴᠢᠩᠭᠠᠳᠬᠠᠨ᠂ ᠴᠠᠪᠠᠷ ᠲᠤᠬᠢᠯᠢᠭ ᠬᠤᠳᠠ ᠶᠢᠨ ᠲᠦᠷᠢ ᠲᠦᠷᠬᠦ ᠶᠢ ᠦᠨᠡᠡᠬᠦ ᠪᠣᠢ ᠪᠣᠯᠭᠠᠨ᠎ᠠ᠃ ᠪᠠᠷᠢᠯᠭ᠎ᠠ ᠶᠢᠨ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠠᠵᠢᠯ ᠢ ᠲᠤᠷᠡᠪᠡᠷ ᠰᠢᠯᠵᠢᠬᠦᠯᠤᠨ ᠲᠠᠭᠠᠭᠠᠴᠢᠯᠠᠭᠤᠯᠬᠤ᠂ ᠬᠦᠯᠤᠰᠤᠨ ᠠᠵᠢᠯᠳᠠᠨ ᠤ ᠴᠠᠯᠢᠩ ᠮᠦᠩᠬᠦ ᠶᠢ ᠴᠠᠭ ᠲᠤᠬᠠᠢ ᠳᠤᠨᠢ ᠦᠭᠬᠦ ᠦᠬᠡᠢ ᠪᠠᠶᠢᠬᠤ᠂ ᠲᠠᠭᠠᠭᠠᠴᠢᠯᠠᠯᠳᠠ ᠵᠠᠷᠯᠠᠬᠤ ᠠᠵᠢᠯ ᠲᠦᠷᠢᠮᠵᠢᠬᠦ ᠦᠬᠡᠢ ᠪᠠᠶᠢᠬᠤ᠂ ᠪᠠᠷᠢᠯᠭ᠎ᠠ ᠶᠢᠨ ᠴᠢᠨᠠᠷ ᠴᠢᠡᠰᠠᠭ᠎ᠠ ᠬᠢᠷᠢ ᠲᠠᠩᠴᠠᠬᠦ ᠦᠬᠡᠢ ᠪᠠᠶᠢᠬᠤ ᠵᠡᠷᠬᠡ ᠠᠰᠠᠭᠤᠳᠠᠯ ᠢ ᠪᠦᠳᠤᠮᠵᠢᠳᠡᠢ ᠰᠢᠢᠳᠪᠤᠷᠢᠯᠡᠨ᠂ ᠪᠠᠷᠢᠯᠭ᠎ᠠ ᠶᠢᠨ ᠵᠠᠬ᠎ᠠ ᠲᠡᠯᠬᠡᠬᠦᠷ ᠤᠨ ᠡᠷᠡᠬᠦᠯ  ᠢᠶᠠᠷ ᠬᠦᠭᠵᠢᠬᠦ ᠶᠢ ᠦᠨᠡᠡᠬᠦ ᠪᠠᠳᠤᠯᠠᠨ᠎ᠠ᠃ ᠤᠯᠠᠨ ᠲᠦᠮᠡᠨ ᠤ ᠭᠤᠤᠯ ᠴᠤᠭᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠤᠨ᠂ ᠪᠤᠯᠪᠠᠰᠤᠨ ᠨᠢᠬᠡᠴᠠ᠂ ᠪᠤᠯᠪᠠᠰᠤᠨ ᠦᠢᠯᠡᠴᠢᠯᠡᠬᠡᠨ ᠤ ᠲᠠᠪᠴᠠᠩ᠂ ᠪᠤᠯᠪᠠᠰᠤᠨ ᠰᠤᠮᠤ ᠪᠠᠯᠭᠠᠰᠤ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠨᠠᠶᠢᠬᠡᠮ ᠲᠤᠭᠤᠷᠢᠭ ᠤᠨ ᠬᠠᠮᠢᠶᠠᠷᠤᠯᠳᠠ ᠶᠢᠨ ᠲᠦᠷᠢᠮ ᠢ ᠪᠦᠷᠢᠡᠰᠢᠬᠦᠯᠵᠤ᠂ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠤᠯᠠᠮ ᠴᠢᠩᠭᠠᠳᠬᠠᠨ᠎ᠠ᠃ ᠭᠤᠷᠪᠡ ᠳᠤ᠂ ᠬᠤᠳᠠ ᠬᠦᠳᠡᠭᠡ ᠶᠢᠨ ᠠᠮᠢ ᠠᠬᠤᠢ ᠶᠢᠨ ᠪᠤᠯᠪᠠᠰᠤᠨ ᠤ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠡᠬᠡ ᠤᠯᠤᠰ ᠤᠨ ᠤᠮᠠᠷᠡᠳᠤ ᠬᠢᠯᠢ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠬᠢᠵᠢᠬᠦᠯᠬᠦ ᠶᠢᠨ ᠲᠤᠭᠤᠷᠢᠨ  ᠳᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠣᠬᠡᠨ ᠪᠠᠶᠢᠭᠤᠯᠣᠯᠳᠠ ᠶᠢᠨ ᠠᠵᠢᠯ ᠢ ᠰᠠᠶᠢᠳᠤᠷ ᠪᠠᠶᠠᠯᠠᠬᠦᠯᠤᠨ᠂ ᠦᠵᠡᠰᠬᠦᠯᠠᠩᠳᠤ ᠰᠠᠶᠢᠬᠠᠨ ᠨᠤᠮᠢᠨ ᠠᠪᠠᠭ᠎ᠠ ᠪᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠠᠮᠢ ᠠᠬᠤᠢ ᠶᠢ ᠬᠠᠮᠠᠭᠠᠯᠠᠬᠤ ᠶᠢ ᠡᠩ ᠲᠠᠷᠢᠬᠦᠨ ᠳᠤ ᠲᠠᠯᠪᠢᠵᠤ᠂ ᠠᠮᠢ ᠠᠬᠤᠢ ᠶᠢᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠳᠬᠠᠵᠤ᠂ ᠨᠠᠶᠢᠬᠡᠮ ᠤᠨ ᠪᠡᠯᠡ ᠮᠦᠩᠬᠦ ᠶᠢ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠲᠡᠬᠡᠷ᠎ᠠ ᠨᠠᠩ ᠶᠡᠭᠡ ᠲᠦᠪᠯᠡᠷᠡᠬᠦᠯᠤᠨ᠂ ᠤᠯᠠᠨ ᠡᠰᠢᠵᠢᠭᠰᠡᠨ ᠪᠡᠯᠡ ᠤᠷᠤᠭᠤᠯᠤᠯᠳᠠ ᠶᠢᠨ ᠵᠤᠬᠢᠴᠠᠮᠵᠢ ᠶᠢ ᠪᠦᠷᠢᠯᠳᠤᠬᠦᠯᠤᠨ᠎ᠠ᠃ ᠠᠮᠢ ᠠᠬᠤᠢ ᠶᠢ ᠬᠠᠮᠠᠭᠠᠯᠠᠬᠤ ᠪᠠᠷᠢᠮᠵᠢᠶ᠎ᠠ ᠶᠢ ᠴᠢᠩᠭ᠎ᠠ ᠲᠤᠭᠲᠠᠭᠠᠨ᠂ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠳᠬᠠᠨ᠂ ᠮᠠᠯ ᠪᠠᠯᠴᠢᠬᠡᠷ ᠤᠨ ᠲᠠᠩᠴᠠᠬᠦᠷᠢ ᠶᠢᠨ ᠲᠦᠷᠢᠮ᠂ ︽ᠭᠤᠷᠪᠠᠨ ᠮᠠᠯᠵᠢᠯᠭ᠎ᠠ︾ ᠶᠢᠨ ᠲᠦᠷᠢᠮ ᠪᠠ ᠭᠠᠯ ᠰᠡᠷᠬᠡᠶᠢᠯᠡᠬᠦ ᠠᠵᠢᠯ ᠢ ᠴᠢᠩᠭ᠎ᠠ ᠠᠳᠬᠤᠨ᠂ ᠠᠮᠢ ᠠᠬᠤᠢ ᠤᠷᠴᠢᠨ ᠲᠤᠭᠤᠷᠢᠨ ᠢ  ᠡᠪᠳᠠᠵᠣ ᠪᠠᠶᠢᠭ᠎ᠠ ᠠᠵᠢᠯᠯᠠᠭᠠᠨ ᠳᠤ ᠴᠢᠩᠭ᠎ᠠ ᠴᠤᠬᠢᠯᠲᠠ ᠦᠭᠬᠦᠨ᠎ᠠ᠃ ᠣᠰᠣ ᠤᠷᠤᠰᠬᠠᠯ ᠲᠠᠭᠠᠤ ᠤᠷᠤᠨ ᠤ ᠠᠮᠢ ᠠᠬᠤᠢ ᠶᠢᠨ ᠵᠠᠰᠠᠨ ᠴᠡᠭᠴᠡᠯᠡᠯᠳᠠ ᠶᠢᠨ ᠠᠵᠢᠯ ᠪᠠ ᠤᠰᠤᠨ ᠤ ᠡᠬᠢ ᠪᠠᠶᠠᠯᠢᠭ  ᠤᠨ ᠬᠠᠮᠢᠶᠠᠷᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ  ᠶᠢᠨ ᠲᠦᠷᠢᠮ ᠢ ᠴᠢᠩᠭ᠎ᠠ ᠬᠡᠷᠡᠭᠵᠢᠬᠦᠯᠤᠨ᠂ ᠬᠤᠳᠠ ᠪᠠᠯᠭᠠᠰᠤ᠂ ᠦᠢᠯᠡᠳᠪᠤᠷᠢ ᠠᠭᠤᠷᠬᠠᠢ ᠶᠢᠨ ᠬᠠᠶᠠᠭᠳᠠᠮᠠᠯ ᠤᠰᠤ  ᠶᠢ ᠲᠡᠬᠢᠨᠳᠡ ᠠᠰᠢᠭᠯᠠᠬᠤ ᠶᠢ ᠠᠬᠢᠭᠤᠯᠤᠨ᠂ ᠠᠵᠤ ᠦᠢᠯᠡᠳᠪᠤᠷᠢ ᠶᠢᠨ ᠤᠰᠤᠨ ᠤ ᠬᠠᠩᠰᠢ ᠶᠢ ᠲᠤᠬᠢᠷᠠᠭᠤᠯᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠳᠬᠠᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠤᠷᠢ ᠶᠢᠨ ᠵᠤᠬᠢᠴᠠᠮᠵᠢ  ᠶᠢᠨ ᠲᠦᠷᠦ ᠶᠢᠨ ᠪᠣᠳᠣᠯᠭ᠎ᠠ ᠶᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠦᠵᠤᠮᠤᠴᠢᠨ ᠡᠯᠡᠰᠦᠷᠬᠡᠭ ᠭᠠᠵᠡᠷ ᠢ ᠵᠠᠰᠠᠨ ᠴᠡᠭᠴᠡᠯᠡᠬᠦ ᠪᠠ ᠴᠠᠭᠠᠡᠨᠠᠭᠤᠷ ᠤᠨ ᠤᠰᠤᠨ ᠰᠢᠰᠲ᠋ᠧᠮ ᠤᠨ ᠠᠮᠢ ᠠᠬᠤᠢ ᠶᠢᠨ ᠵᠠᠰᠠᠨ ᠴᠡᠭᠴᠡᠯᠡᠯᠳᠡ ᠶᠢᠨ ᠢᠡᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠬᠦᠯᠤᠨ᠎ᠠ᠃ ᠦᠨᠤ ᠵᠢᠯ᠂ 1.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 3709 ᠲᠦᠮᠡᠨ ᠮᠤ᠋ ᠨᠤᠲᠤᠭ ᠲᠤ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠨ᠂ 415 ᠲᠦᠮᠡᠨ ᠮᠤ᠋ ᠨᠤᠳᠤᠭ ᠲᠤ ᠪᠠᠯᠴᠢᠬᠡᠷᠯᠡᠬᠦᠯᠬᠦ  ᠶᠢ ᠵᠤᠭᠰᠤᠭᠠᠬᠤ ᠶᠢ ᠦᠷᠬᠦᠯᠵᠢᠯᠡᠨ ᠬᠡᠷᠡᠭᠵᠢᠬᠦᠯᠤᠨ᠂ 4.7 ᠲᠦᠮᠡᠨ ᠮᠤ᠋ ᠭᠠᠵᠠᠷ ᠢ ᠦᠢᠵᠢᠭᠤᠯᠤᠨ᠂ ᠦᠢᠯᠡᠳᠪᠤᠷᠢ ᠠᠭᠤᠷᠬᠠᠢ ᠶᠢᠨ ᠠᠵᠤ ᠠᠬᠤᠶᠢᠯᠡᠯ ᠪᠠ ᠵᠠᠰᠠᠮᠠᠯ ᠵᠠᠮ ᠲᠠᠭᠠᠤ ᠶᠢᠨ ᠭᠤᠤᠯᠳᠠᠯᠭ᠎ᠠ ᠲᠠᠢ ᠬᠡᠰᠡᠭ ᠤᠨ 2500 ᠮᠤ᠋ ᠭᠠᠵᠡᠷ ᠢ ᠨᠤᠭᠤᠭᠠᠷᠠᠭᠤᠯᠤᠨ᠎ᠠ᠃ ᠪᠦᠬᠦ ᠬᠤᠰᠢᠭᠤᠨ ᠤ ᠪᠠᠯᠴᠢᠬᠡᠷᠯᠡᠬᠦᠯᠤᠨ ᠮᠠᠯᠵᠢᠬᠤ ᠮᠠᠯ ᠤᠨ ᠲᠤᠭ᠎ᠠ ᠲᠤᠯᠤᠭᠠᠢ ᠶᠢ 140 ᠲᠦᠮᠨ ᠤᠷᠴᠢᠮ ᠳᠤ ᠬᠢᠵᠠᠭᠠᠷᠯᠠᠵᠤ᠂ ᠤᠷᠭᠤᠮᠠᠯ ᠤᠨ ᠪᠦᠷᠬᠦᠴᠠ ᠶᠢ ᠤᠯᠠᠮ ᠴᠢᠨᠠᠭᠰᠢᠳᠠ ᠰᠠᠶᠢᠵᠢᠷᠠᠭᠤᠯᠤᠨ᠎ᠠ᠃ ᠡᠶ᠎ᠡ ᠵᠤᠬᠢᠴᠠᠯᠲᠦ ᠠᠭᠤᠷᠬᠠᠢ ᠶᠢᠨ ᠲᠤᠭᠤᠷᠢᠭ ᠤᠨ ᠪᠦᠲᠤᠭᠡᠨ ᠪᠠᠶᠢᠭᠤᠯᠤᠯᠲᠠ ᠶᠢ ᠰᠠᠶᠢᠳᠤᠷ ᠬᠢᠵᠦ᠂ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠᠨ ᠰᠠᠶᠢᠳᠤᠷ ᠳ᠋ᠦᠩᠨᠡᠭᠰᠡᠨ ᠰᠠᠭᠤᠷᠢᠨ ᠳᠡᠭᠡᠷ᠎ᠡ᠂ ᠡᠶ᠎ᠡ ᠵᠤᠬᠢᠴᠠᠯᠳᠤ ᠠᠭᠤᠷᠬᠠᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢᠨ ᠠᠵᠢᠯ ᠢ ᠤᠯᠠᠮ ᠴᠢᠨᠠᠭᠰᠢᠳᠠ ᠲᠦᠯᠬᠢᠨ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠤᠳᠤᠷᠬᠠᠢ ᠪᠤᠯᠭᠠᠨ᠂ ᠠᠵᠤ ᠦᠢᠯᠡᠳᠪᠤᠷᠢ ᠪᠠ ᠮᠠᠯ ᠠᠵᠤ ᠠᠬᠤᠢ᠂ ᠠᠵᠤ ᠠᠬᠤᠶᠢᠯᠡᠯ ᠪᠠ ᠦᠢᠷ᠎ᠠ ᠬᠠᠪᠢ ᠶᠢᠨ ᠮᠠᠯᠴᠢᠨ ᠲᠦᠮᠡᠨ ᠤ ᠡᠶ᠎ᠡ ᠵᠤᠬᠢᠴᠠᠩᠭᠤᠢ ᠬᠦᠭᠵᠢᠯᠳᠠ ᠶᠢ ᠪᠠᠶᠠᠯᠠᠬᠦᠯᠤᠨ᠎ᠠ᠃ ᠠᠭᠤᠷᠬᠠᠢ ᠶᠢᠨ ᠤᠷᠴᠢᠨ ᠲᠤᠭᠤᠷᠢᠨ  ᠤ ᠵᠠᠰᠠᠨ ᠴᠡᠭᠴᠡᠯᠡᠯᠳᠡ ᠶᠢᠨ ᠪᠠᠳᠤᠯᠠᠭ᠎ᠠ ᠶᠢᠨ ᠮᠦᠩᠬᠦᠨ ᠤ ᠲᠦᠷᠢᠮ ᠢ ᠦᠨᠡᠡᠬᠦ ᠰᠠᠶᠢᠳᠤᠷ ᠨᠠᠶᠢᠳᠠᠪᠤᠷᠢᠵᠢᠭᠤᠯᠵᠤ᠂ ᠲᠤᠭᠳᠠᠭᠰᠡᠨ ᠬᠤᠭᠤᠴᠠᠭᠠᠨ ᠳᠠᠭᠠᠨ ᠠᠮᠢ ᠠᠬᠤᠢ ᠶᠢᠨ ᠨᠦᠬᠦᠨ ᠰᠡᠷᠬᠦᠬᠡᠯᠳᠡ ᠪᠠᠨ ᠪᠠᠶᠠᠯᠠᠬᠦᠯᠵᠤ ᠲᠠᠶᠢᠯᠬᠦ ᠦᠬᠡᠢ ᠪᠠᠶᠢᠭ᠎ᠠ ᠠᠵᠤ ᠠᠬᠤᠶᠢᠯᠡᠯ ᠤᠨ ᠪᠠᠳᠤᠯᠠᠭ᠎ᠠ ᠶᠢᠨ ᠮᠦᠩᠬᠦ ᠶᠢ ᠨᠢ ᠠᠯᠪᠠᠳᠠᠯᠭ᠎ᠠ ᠪᠠᠷ ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢ ᠰᠡᠷᠬᠦᠬᠡᠬᠦ ᠠᠵᠢᠯ ᠳᠤ ᠬᠡᠷᠡᠭᠯᠡᠨ᠂ ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢ ᠨᠦᠬᠦᠨ ᠰᠡᠷᠬᠦᠬᠡᠬᠦ ᠶᠢ ᠦᠨᠡᠨᠬᠦ ᠪᠠᠳᠣᠯᠠᠨ᠎ᠠ᠃ ᠬᠠᠶᠠᠭᠳᠠᠭᠰᠡᠨ ᠬᠡᠷ ᠪᠠᠶᠢᠰᠢᠩ ᠪᠠ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠠᠰᠢᠭᠯᠠᠬᠤ ᠠᠵᠢᠯ ᠢ ᠰᠠᠶᠢᠳᠤᠷ ᠵᠤᠬᠢᠶᠠᠨ ᠪᠠᠶᠢᠭᠤᠯᠵᠦ᠂ ᠵᠢᠯ ᠤᠨ ᠳᠤᠳᠤᠷ᠎ᠠ 3000 ᠮᠤ᠋ ᠭᠠᠵᠡᠷ ᠢ ᠲᠠᠬᠢᠨ ᠠᠰᠢᠭᠯᠠᠬᠤ ᠪᠠᠷ ᠵᠠᠰᠠᠨ ᠲᠡᠭᠰᠢᠯᠠᠵᠣ᠂ ᠬᠡᠷᠡᠭᠯᠡᠭᠡᠨ ᠤ ᠭᠠᠵᠠᠷ ᠤᠨ ᠭᠦᠢᠴᠡᠳᠭᠡᠯ ᠲᠤᠭ᠎ᠠ ᠨᠤᠷᠮ᠎ᠠ ᠶᠢ ᠨᠡᠮᠡᠭᠳᠡᠭᠦᠯᠬᠦ ᠳᠤ ᠰᠠᠭᠤᠷᠢ ᠲᠠᠯᠪᠢᠬᠤ ᠪᠠᠷ ᠴᠢᠷᠮᠠᠶᠢᠨ᠎ᠠ᠃ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠠᠵᠢᠯ ᠢ ᠰᠠᠶᠢᠳᠤᠷ ᠠᠳᠬᠤᠨ᠂ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠭᠰᠡᠨ ᠲᠤᠭ᠎ᠠ ᠪᠦᠷᠢᠳᠬᠡᠯ᠂ ᠬᠢᠨᠡᠨ ᠬᠡᠮᠵᠢᠯᠳᠠ ᠪᠠ ᠬᠢᠨᠡᠨ ᠦᠨᠡᠯᠡᠯᠲᠡ ᠶᠢᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠡᠨᠧᠷᠬᠢ ᠶᠡᠬᠡᠪᠡᠷ ᠬᠤᠷᠤᠭᠳᠠᠭᠤᠯᠵᠤ᠂ ᠪᠤᠬᠢᠷᠳᠤᠯ ᠶᠡᠬᠡᠪᠡᠷ ᠡᠬᠦᠰᠬᠡᠬᠦ ᠠᠵᠢᠯ ᠲᠦᠷᠤᠯ ᠳᠤ ᠴᠢᠩᠭ᠎ᠠ ᠨᠢᠮᠪᠠᠢ ᠬᠢᠨᠠᠯᠳᠠ ᠲᠠᠯᠪᠢᠵᠣ᠂ ᠭᠤᠤᠯᠳᠠᠯᠭ᠎ᠠ ᠲᠠᠢ ᠡᠨᠧᠷᠬᠢ ᠬᠡᠷᠡᠭᠯᠡᠬᠦ ᠠᠵᠤ ᠠᠬᠤᠶᠢᠯᠡᠯ ᠤᠨ ᠡᠨᠧᠷᠬᠢ ᠶᠢᠨ ᠬᠤᠷᠤᠭᠳᠠᠯ ᠢ ᠴᠢᠩᠭ᠎ᠠ ᠬᠢᠵᠠᠭᠠᠷᠯᠠᠨ᠂ ᠪᠦᠬᠦ ᠵᠢᠯ ᠤᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠠᠵᠢᠯ ᠤᠨ ᠬᠠᠷᠠᠯᠲᠠ ᠶᠢ ᠯᠠᠪᠳᠠᠭᠤᠨ ᠪᠠᠳᠤᠲᠠᠢ ᠪᠠᠶᠠᠯᠠᠬᠦᠯᠤᠨ᠎ᠠ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠳᠡᠭᠡᠳᠤ ᠬᠡᠮᠵᠢᠶ᠎ᠡ ᠪᠠᠷ ᠬᠦᠨᠳᠤᠳᠭᠡᠨ᠂ ᠰᠠᠯᠬᠢᠨ ᠬᠦᠴᠤ᠂ ᠨᠠᠷᠠᠨ ᠤ ᠡᠨᠧᠷᠬᠢ ᠵᠡᠷᠬᠡ ᠪᠤᠬᠢᠷᠳᠤᠯ ᠦᠬᠡᠢ ᠰᠢᠨ᠎ᠠ ᠡᠨᠧᠷᠬᠢ ᠶᠢ ᠨᠡᠬᠡᠬᠡᠨ ᠠᠰᠢᠭᠯᠠᠬᠤ ᠠᠬᠢᠴᠠ ᠪᠠᠨ ᠲᠦᠷᠬᠡᠳᠬᠡᠵᠤ᠂ ᠪᠦᠬᠦ ᠤᠷᠤᠨ ᠤ ᠠᠭᠠᠷ ᠮᠠᠡᠳᠠᠯ ᠤᠨ ᠪᠤᠬᠢᠷᠳᠤᠯ ᠢ ᠰᠡᠷᠬᠡᠶᠢᠯᠡᠬᠦ ᠠᠵᠢᠯ  ᠳᠤ ᠬᠤᠪᠢ ᠨᠠᠮᠠᠷᠢ ᠦᠵᠡᠬᠦᠯᠤᠨ᠎ᠠ᠃ ︵ᠲᠦᠷᠪᠡ︶ ᠬᠤᠰᠢᠭᠤ ᠠᠵᠤ ᠠᠬᠤᠢ ᠶᠢ ᠬᠦᠴᠤᠯᠠᠨ ᠬᠦᠭᠵᠢᠬᠦᠯᠵᠤ᠂ ᠬᠦᠭᠵᠢᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠭᠠᠵᠠᠷ ᠤᠷᠤᠨ ᠤ ᠪᠤᠳᠡᠳᠡᠢ ᠪᠠᠶᠢᠳᠠᠯ ᠠᠴᠠ ᠪᠠᠨ ᠡᠭᠦᠰᠤᠨ᠂ ᠠᠵᠤ ᠦᠢᠯᠡᠰ ᠤᠨ ᠪᠦᠳᠤᠴᠠ ᠶᠢ ᠬᠦᠴᠤᠯᠠᠨ ᠲᠤᠬᠢᠷᠠᠭᠤᠯᠵᠦ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠤᠨ᠂ ᠠᠵᠢᠯ ᠤᠯᠭᠤᠯᠳᠠ ᠶᠢ ᠦᠷᠬᠡᠳᠬᠡᠵᠤ᠂ ᠠᠷᠡᠳ ᠲᠦᠮᠡᠨ ᠳᠤ ᠠᠰᠢᠭ ᠬᠦᠷᠳᠡᠬᠡᠨ᠂ ᠠᠷᠡᠳ ᠤᠨ ᠠᠮᠢᠳᠤᠷᠡᠯ ᠢ ᠰᠠᠶᠢᠵᠢᠷᠠᠭᠤᠯᠵᠣ᠂ ᠠᠯᠤᠰ ᠬᠡᠳᠤ ᠶᠢᠨ ᠬᠦᠭᠵᠢᠯᠳᠠ ᠶᠢᠨ ᠤᠷᠤᠨ ᠵᠠᠢ ᠲᠠᠢ ᠤᠡᠴᠠᠯᠢᠭᠳᠤ ᠠᠵᠤ ᠦᠢᠯᠡᠰ ᠢ ᠢᠳᠡᠪᠬᠢᠳᠡᠢ ᠬᠦᠭᠵᠢᠬᠦᠯᠤᠨ᠂ ᠬᠡᠪᠴᠢᠶ᠎ᠡ ᠶᠢ ᠨᠢ ᠲᠠᠰᠤᠷᠠᠯᠳᠠ ᠦᠬᠡᠢ ᠪᠤᠵᠠᠭᠠᠶᠢᠷᠠᠭᠤᠯᠵᠤ᠂ ᠦᠷᠬᠦᠯᠵᠢᠯᠡᠠ ᠬᠦᠭᠵᠢᠬᠦ ᠶᠢ ᠪᠠᠶᠠᠯᠠᠬᠦᠯᠤᠨ᠎ᠠ᠃ ᠨᠢᠬᠡ ᠳᠤ᠂ ᠬᠤᠰᠢᠭᠤ ᠱᠠᠳᠣᠨ ᠤ ᠠᠵᠤ ᠠᠬᠤᠢ ᠶᠢᠨ ᠪᠤᠳᠠᠳᠤ ᠬᠦᠴᠤᠨ ᠢ ᠪᠤᠵᠠᠭᠠᠶᠢᠷᠠᠭᠤᠯᠤᠨ᠎ᠠ᠃ ᠤᠷᠢᠳᠴᠢᠯᠡᠨ ᠲᠦᠯᠤᠪᠵᠢᠬᠦᠯᠬᠦ ᠶᠢ ᠪᠠᠷᠢᠮᠳᠠᠯᠠᠨ᠂ ᠬᠤᠰᠢᠭᠤ ᠱᠠᠳᠣᠨ ᠤ ᠠᠵᠤ ᠠᠬᠤᠢ ᠶᠢᠨ ᠬᠦᠭᠵᠢᠯᠳᠠ ᠶᠢᠨ ᠲᠦᠯᠤᠪᠵᠢᠬᠦᠯᠬᠡ ᠶᠢ ᠤᠯᠠᠮ ᠴᠢᠨᠠᠭᠰᠢᠳᠠ ᠪᠦᠷᠢᠡᠰᠢᠬᠦᠯᠵᠤ᠂ ᠤᠡᠴᠠᠯᠢᠭᠳᠤ ᠠᠵᠤ ᠦᠢᠯᠡᠰ ᠢᠶᠠᠷ ᠲᠤᠯᠭᠠᠭᠤᠷᠢᠯᠡᠨ᠂ ᠤᠷᠤᠨ ᠪᠦᠰᠠ ᠶᠢᠨ ᠨᠦᠬᠦᠴᠡᠯ᠂ ᠡᠬᠢ ᠪᠠᠶᠠᠯᠢᠭ ᠤᠨ ᠲᠠᠪᠠᠭᠤᠯᠢᠭ ᠪᠠ ᠬᠦᠭᠵᠢᠯᠳᠠ ᠶᠢᠨ ᠰᠠᠭᠤᠷᠢ ᠠᠴᠠ ᠡᠬᠦᠰᠴᠤ ᠂ ᠲᠤᠬᠠᠢ ᠶᠢᠨ ᠭᠠᠵᠡᠷ ᠤᠨ ᠪᠤᠳᠡᠳᠡᠢ ᠪᠠᠶᠢᠳᠠᠯ ᠳᠤ ᠲᠤᠬᠢᠷᠠᠭᠤᠯᠤᠨ᠂ ᠤᠡᠴᠠᠯᠢᠭ ᠢᠶᠠᠨ ᠲᠤᠪᠤᠶᠢᠯᠭᠠᠵᠤ᠂ ᠲᠦᠷᠥᠯ ᠵᠥᠢᠯ ᠤᠨ ᠬᠤᠪᠢᠷᠠᠭᠤᠯᠤᠯᠳᠠ ᠶᠢ ᠰᠠᠶᠢᠳᠤᠷ ᠲᠦᠯᠦᠪᠯᠡᠨ᠎ᠠ᠃ ᠰᠠᠭᠤᠷᠢ ᠪᠦᠳᠤᠬᠡᠨ ᠪᠠᠶᠢᠭᠤᠯᠤᠯᠳᠠ ᠶᠢ ᠰᠠᠶᠢᠵᠢᠷᠠᠭᠤᠯᠤᠨ᠂ ᠠᠵᠢᠯ ᠤᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠪᠡᠯᠡ ᠤᠷᠤᠭᠤᠯᠤᠯᠳᠠ ᠪᠠᠨ ᠦᠨᠡᠡᠬᠦ ᠨᠡᠮᠡᠭᠳᠡᠬᠦᠯᠤᠨ᠂ ᠵᠠᠮ ᠨᠠᠪᠳᠠᠷᠡᠯᠬᠡ᠂ ᠴᠠᠬᠢᠯᠭᠠᠨ ᠲᠤᠤᠷ ᠢ ᠵᠠᠰᠠᠨ ᠰᠠᠶᠢᠵᠢᠷᠠᠭᠤᠯᠵᠤ ᠲᠡᠰ ᠲᠠᠪᠰᠢᠬᠦᠯᠬᠦ ᠪᠠ ᠤᠰᠤᠨ ᠠᠰᠢᠭᠯᠠᠯᠳᠠ ᠶᠢᠨ ᠪᠦᠳᠤᠬᠡᠨ ᠪᠠᠶᠢᠭᠤᠯᠤᠯᠳᠠ ᠵᠡᠷᠬᠡ ᠲᠠᠯ᠎ᠠ ᠳᠤ ᠪᠤᠳᠡᠳᠡᠢ ᠦᠷ᠎ᠠ ᠪᠦᠳᠤᠮᠵᠢ ᠭᠠᠷᠭᠠᠬᠤ ᠪᠠᠷ ᠬᠦᠴᠤᠯᠠᠨ ᠴᠢᠷᠮᠠᠶᠢᠨ᠎ᠠ᠃ ᠤᠳᠤᠷᠢᠳᠤᠯᠭ᠎ᠠ ᠪᠠᠨ ᠦᠨᠡᠡᠬᠦ ᠴᠢᠩᠭᠠᠳᠬᠠᠨ᠂ ᠪᠤᠳᠡᠳᠡᠢ ᠲᠠᠢ ᠨᠠᠶᠢᠴᠡᠭᠰᠡᠨ᠂ ᠬᠦᠭᠵᠢᠯᠳᠠ ᠳᠤ ᠠᠰᠢᠭᠳᠡᠢ ᠠᠵᠢᠯ ᠲᠦᠷᠥᠯ ᠢ ᠨᠠᠷᠢᠨ ᠲᠦᠯᠤᠪᠯᠡᠨ᠂ ᠦᠨᠡᠨ ᠠᠴᠠ ᠵᠦᠪ ᠢ ᠡᠷᠢᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠰᠤᠳᠤᠯᠤᠨ ᠲᠤᠭᠳᠠᠭᠠᠵᠤ᠂ ᠰᠢᠢᠳᠪᠦᠷᠢᠲᠦ ᠪᠠᠶᠢᠷᠢᠯᠠᠭᠤᠯᠤᠯᠳᠠ ᠶᠤᠰᠤᠭᠠᠷ ᠲᠤᠤᠱᠳᠡᠢ ᠨᠠᠶᠢᠳᠠᠪᠦᠷᠢᠵᠢᠭᠤᠯᠤᠨ᠂ ᠬᠤᠰᠢᠭᠤ ᠱᠠᠳᠣᠨ ᠤ ᠠᠵᠤ ᠠᠬᠤᠢ ᠶᠢᠨ ᠬᠦᠭᠵᠢᠯᠳᠠ ᠪᠠᠨ ᠪᠦᠬᠦ ᠠᠶᠢᠮᠠᠭ ᠤᠨ ᠬᠦᠭᠵᠢᠯᠳᠠ ᠲᠠᠢ ᠵᠡᠷᠬᠡᠴᠡᠬᠦᠯᠤᠨ ᠤᠷᠤᠭᠰᠢᠯᠠᠭᠤᠯᠵᠤ᠂ ᠦᠳᠳᠡᠷ ᠲᠦᠷᠭᠡᠨ ᠪᠦᠬᠦ ᠠᠶᠢᠮᠠᠭ ᠤᠨ ᠲᠣᠮᠳᠠᠴᠢ ᠪᠠᠶᠢᠷᠢᠨ  ᠳᠤ ᠵᠢᠭᠰᠠᠭᠠᠭᠳᠠᠬᠤ ᠪᠠᠷ ᠴᠢᠷᠮᠠᠶᠢᠨ᠎ᠠ᠃ ᠬᠤᠶᠡᠷ ᠲᠤ᠂ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠠᠵᠢᠯ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠤᠨ᠎ᠠ᠃ ᠲᠦᠷᠥᠯ ᠬᠤᠪᠢᠶᠠᠵᠤ ᠵᠢᠯᠤᠭᠤᠳᠤᠨ᠂ ᠭᠤᠤᠯᠳᠠᠯᠭ᠎ᠠ ᠪᠠᠨ ᠲᠤᠪᠤᠶᠢᠯᠭᠠᠵᠤ᠂ ᠠᠷᠭ᠎ᠠ ᠬᠡᠮᠵᠢᠶ᠎ᠠ ᠪᠠᠨ ᠴᠢᠩᠭᠠᠳᠬᠠᠨ᠂  260 ᠡᠷᠤᠬᠡ ᠶᠢᠨ 900 ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠲᠤᠭᠳᠠᠭᠰᠡᠨ ᠴᠡᠭ  ᠤᠨ ᠶᠠᠳᠠᠭᠤ ᠶᠢ ᠲᠡᠳᠬᠦᠬᠦ ᠠᠵᠢᠯ ᠢ ᠲᠤᠪᠤᠶᠢᠯᠭᠠᠨ ᠠᠳᠬᠤᠵᠤ᠂ ᠶᠠᠳᠠᠭᠤ ᠶᠢ ᠲᠡᠳᠬᠦᠬᠦ ᠡᠯ᠎ᠠ ᠰᠠᠯᠠᠭ᠎ᠠ ᠮᠦᠴᠢᠷ ᠨᠢ ᠠᠵᠢᠯ ᠤᠨ ᠲᠤᠷᠰᠢᠯᠭ᠎ᠠ ᠪᠠᠨ ᠳ᠋ᠦᠩᠨᠡᠨ᠂ ᠬᠠᠷᠢᠯᠴᠠᠬᠤ ᠵᠤᠬᠢᠴᠠᠮᠵᠢ ᠶᠢ ᠪᠦᠷᠢᠡᠰᠢᠬᠦᠯᠵᠤ᠂ ᠪᠦᠬᠦ ᠵᠢᠯ ᠤᠨ ᠶᠠᠳᠠᠭᠤ  ᠶᠢ ᠲᠡᠳᠬᠦᠬᠦ ᠲᠦᠯᠤᠪᠵᠢᠬᠦᠯᠬᠡ ᠶᠢᠨ ᠶᠤᠰᠤᠭᠠᠷ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ᠂ ᠮᠠᠯ ᠠᠵᠤ ᠠᠬᠤᠢ ᠶᠢᠨ ᠬᠦᠭᠵᠢᠯᠳᠠ᠂ ᠡᠵᠡᠩᠨᠡᠯᠳᠡ ᠶᠢᠨ ᠤᠬᠠᠮᠰᠠᠷ ᠤᠨ ᠬᠤᠪᠢᠷᠠᠭᠤᠯᠤᠯᠳᠠ ᠵᠡᠷᠬᠡ ᠪᠤᠳᠠᠳᠤ ᠠᠵᠢᠯ  ᠠᠴᠠ ᠭᠠᠷᠳᠠᠨ᠂ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠪᠤᠳᠠᠳᠤ ᠦᠷ᠎ᠠ ᠪᠦᠳᠤᠮᠵᠢ ᠭᠠᠷᠭᠠᠬᠤ ᠶᠢ ᠪᠠᠳᠤᠯᠠᠨ᠎ᠠ᠃ ︽ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠤ ᠠᠷᠡᠳ ᠢᠶᠠᠨ ᠪᠠᠶᠠᠵᠢᠭᠤᠯᠬᠤ︾ ᠢᠡᠵᠧᠨᠧᠷᠢᠩ  ᠢ ᠨᠠᠷᠢᠨ ᠬᠢᠨᠠᠮᠠᠭᠠᠢ ᠰᠠᠶᠢᠳᠤᠷ ᠪᠠᠶᠠᠯᠠᠬᠦᠯᠤᠨ᠂ 500 ᠲᠦᠮᠡᠨ ᠲᠦᠭᠦᠷᠢᠭ ᠤᠨ ᠡᠳ᠋ ᠤᠨ ᠵᠠᠰᠠᠭ ᠤᠨ ᠪᠠᠳᠤᠯᠠᠭ᠎ᠠ  ᠶᠢᠨ ᠮᠦᠩᠭᠦ ᠶᠢ ᠢᠳᠡᠪᠬᠢᠲᠠᠢ ᠨᠠᠶᠢᠳᠠᠪᠦᠷᠢᠵᠢᠭᠤᠯᠤᠨ᠂ 5000 ᠲᠦᠮᠡᠨ ᠲᠦᠭᠦᠷᠢᠭ ᠤᠨ ᠶᠠᠳᠠᠭᠤ ᠶᠢ ᠲᠡᠳᠬᠦᠬᠦ ᠵᠢᠬᠡᠯᠡᠯᠬᠡ ᠲᠠᠯᠪᠢᠬᠤ ᠪᠠᠷ ᠴᠢᠷᠮᠠᠶᠢᠵᠤ᠂ ᠶᠠᠳᠠᠭᠤ ᠬᠦᠴᠢᠷᠳᠡᠯᠳᠡᠢ ᠭᠠᠴᠠᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢᠳᠡᠢ ᠮᠠᠯᠴᠢᠨ ᠡᠷᠤᠬᠡ᠂ ᠮᠠᠯᠴᠢᠳ ᠤᠨ ᠲᠤᠰᠬᠠᠶᠢᠵᠢᠭᠰᠠᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠪᠠ ᠶᠠᠳᠠᠭᠤ ᠶᠢ ᠲᠡᠳᠭᠦᠬᠦ ᠲᠤᠯᠤᠭᠠᠶᠢᠯᠠᠭᠴᠢ ᠠᠵᠦ ᠠᠬᠤᠶᠢᠯᠠᠯ ᠳᠤ ᠭᠤᠤᠯᠳᠠᠯᠭ᠎ᠠ ᠲᠠᠢ ᠦᠢᠯᠡᠴᠢᠯᠠᠨ᠎ᠠ᠃ ᠶᠠᠳᠠᠭᠤ  ᠶᠢ ᠲᠡᠳᠬᠦᠬᠦ ᠲᠦᠷᠥᠯ ᠵᠥᠢᠯ ᠤᠨ ᠪᠡᠯᠡ ᠮᠦᠩᠬᠦ ᠶᠢ ᠨᠢᠬᠡᠳᠬᠡᠨ᠂ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠤᠷᠤᠨ ᠰᠠᠭᠤᠴᠠ᠂ ᠴᠠᠬᠢᠯᠭᠠᠨ ᠬᠦᠴᠤ ᠵᠡᠷᠬᠡ ᠲᠦᠷᠥᠯ ᠵᠥᠢᠯ ᠤᠨ ᠪᠡᠯᠡ ᠮᠦᠩᠬᠦ ᠶᠢ ᠦᠨᠡᠡᠬᠦ ᠪᠠᠳᠤᠯᠠᠨ᠂ ᠪᠡᠯᠡ ᠮᠦᠩᠬᠦ ᠪᠠᠨ ᠶᠠᠳᠠᠭᠤ ᠬᠦᠴᠢᠷᠳᠡᠯᠳᠡᠢ ᠭᠠᠴᠠᠭᠠᠨ ᠳᠤ ᠭᠤᠤᠯᠳᠠᠯᠭ᠎ᠠ ᠲᠠᠢ ᠦᠭᠴᠣ᠂ ᠶᠠᠳᠠᠭᠤ ᠶᠢ ᠲᠡᠳᠬᠦᠬᠦ ᠪᠡᠯᠡ ᠮᠦᠩᠬᠦ ᠨᠢ ᠲᠠᠷᠠᠬᠠᠢ ᠪᠤᠲᠠᠷᠬᠠᠢ᠂ ᠦᠷ᠎ᠠ ᠪᠦᠳᠤᠮᠵᠢ ᠪᠠᠷ ᠢᠯᠡᠳᠳᠡ ᠪᠢᠰᠢ ᠪᠠᠶᠢᠭ᠎ᠠ ᠵᠡᠷᠬᠡ ᠠᠰᠠᠭᠤᠳᠠᠯ ᠢ ᠬᠦᠴᠣᠯᠠᠨ ᠰᠢᠢᠳᠪᠤᠷᠢᠯᠡᠵᠤ᠂ ᠶᠠᠳᠠᠭᠤ ᠶᠢ ᠲᠡᠳᠬᠦᠬᠦ ᠪᠡᠯᠡ ᠮᠦᠩᠬᠦᠨ ᠤ ᠬᠢᠨᠡᠨ ᠬᠠᠮᠢᠶᠠᠷᠤᠯᠳᠠ ᠶᠢ ᠴᠢᠩᠭᠠᠳᠬᠠᠨ᠂ ᠰᠢᠯᠵᠢᠬᠦᠯᠤᠨ ᠬᠡᠷᠡᠭᠯᠡᠬᠦ ᠶᠢ ᠡᠷᠡᠰ ᠲᠠᠪᠴᠢᠨ᠎ᠠ᠃ ᠭᠤᠷᠪᠡ ᠳᠤ᠂ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠠ ᠶᠢ ᠲᠦᠷᠬᠡᠳᠬᠡᠨ᠎ᠠ᠃ ᠦᠪᠡᠷᠳᠡᠬᠡᠨ ᠵᠠᠰᠠᠬᠤ ᠤᠷᠤᠨ᠂ ᠠᠶᠢᠮᠠᠭ ᠪᠠ ᠮᠠᠨ ᠤ ᠬᠤᠰᠢᠭᠤᠨ ᠤ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠠ ᠶᠢᠨ ᠲᠦᠷᠥ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠵᠦᠪᠰᠢᠶᠡᠷᠡᠯ  ᠤᠨ ᠪᠠᠷᠢᠮᠵᠢᠶ᠎ᠠ ᠶᠢ ᠨᠢ ᠴᠢᠯᠤᠭᠡᠲᠠᠢ ᠪᠤᠯᠭᠠᠬᠤ᠂ ᠮᠦᠩᠬᠦᠨ ᠬᠦᠢᠯᠬᠡᠬᠡᠨ ᠤ ᠦᠢᠯᠡᠴᠢᠯᠡᠭᠡ ᠶᠢ  ᠴᠢᠩᠭᠠᠳᠬᠠᠬᠤ᠂ ᠭᠠᠶᠢᠯᠢ ᠰᠦᠢᠳᠬᠡᠯ ᠢ ᠨᠢ ᠬᠠᠷᠠᠭᠠᠯᠵᠠᠨ ᠬᠡᠯᠳᠤᠷᠢᠬᠦᠯᠬᠦ᠂ ᠵᠦᠬᠡᠯᠡᠨ ᠤᠷᠴᠢᠨ ᠢ ᠰᠢᠯᠢᠳᠡᠭᠵᠢᠬᠦᠯᠬᠦ ᠵᠡᠷᠬᠡ ᠲᠠᠯ᠎ᠠ ᠪᠠᠷ ᠲᠠᠮᠵᠢᠯᠬᠡ ᠶᠢᠨ ᠡᠷᠴᠢᠮ ᠢᠶᠠᠨ ᠴᠢᠩᠭᠠᠳᠬᠠᠨ᠂ ᠬᠦᠭᠵᠢᠯᠳᠠ ᠶᠢ ᠬᠠᠷᠰᠢᠯᠠᠵᠣ ᠪᠠᠶᠢᠭ᠎ᠠ ᠵᠥᠢᠯᠡᠰ ᠢ ᠦᠨᠡᠡᠬᠦ ᠦᠬᠡᠶᠢᠰᠬᠡᠵᠤ᠂ ᠠᠷᠡᠳ ᠤᠨ ᠲᠤᠮᠳᠠᠬᠢ ᠪᠡᠯᠡ ᠤᠷᠤᠭᠤᠯᠤᠯᠳᠠ ᠶᠢᠨ ᠠᠵᠢᠯᠯᠠᠭ᠎ᠠ ᠶᠢ ᠤᠷᠮᠠᠰᠢᠭᠤᠯᠤᠨ᠂ ᠰᠠᠭᠤᠷᠢ ᠲᠦᠬᠦᠬᠡᠷᠤᠮᠵᠢ᠂ ᠰᠠᠭᠤᠷᠢ ᠠᠵᠤ ᠦᠢᠯᠡᠰ᠂ ᠮᠦᠩᠬᠦᠨ ᠬᠦᠢᠯᠬᠡᠬᠡᠨ ᠤ ᠦᠢᠯᠡᠴᠢᠯᠡᠭᠡ᠂ ᠰᠤᠷᠭᠠᠨ ᠬᠦᠮᠤᠵᠢᠯ ᠡᠷᠡᠬᠦᠯ ᠬᠠᠮᠠᠭᠠᠯᠠᠯ ᠵᠡᠷᠬᠡ ᠬᠦᠷᠢᠶ᠎ᠠ ᠬᠡᠪᠴᠢᠶᠠᠨ ᠳᠤ ᠠᠷᠡᠳ ᠤᠨ ᠲᠤᠮᠳᠠᠬᠢ ᠪᠡᠯᠡ ᠬᠦᠷᠤᠩᠬᠡ ᠤᠷᠤᠬᠤ ᠶᠢ ᠲᠦᠯᠬᠢᠨ ᠠᠬᠢᠭᠤᠯᠤᠨ᠎ᠠ᠃ ᠲᠤᠮᠳᠠ ᠪᠠᠭ᠎ᠠ ᠠᠵᠤ ᠠᠬᠤᠶᠢᠯᠡᠯ ᠤᠨ ᠦᠢᠯᠡᠴᠢᠯᠡᠬᠡᠨ ᠤ ᠲᠠᠪᠴᠠᠩ ᠪᠠ ᠢᠳᠡᠬᠡᠮᠵᠢ  ᠶᠢᠨ ᠲᠡᠰ ᠤᠨ ᠪᠠᠶᠢᠭᠤᠯᠤᠯᠳᠠ ᠶᠢ ᠲᠦᠷᠬᠡᠳᠬᠡᠨ᠂ ᠨᠠᠩ ᠤᠯᠠᠨ ᠨᠠᠶᠢᠬᠡᠮ ᠤᠨ ᠪᠡᠯᠡ ᠬᠦᠷᠤᠩᠬᠡ ᠪᠠ ᠠᠷᠡᠳ ᠤᠨ ᠲᠤᠮᠳᠠᠬᠢ ᠪᠡᠯᠡ ᠬᠦᠷᠤᠩᠬᠡ ᠶᠢ ᠲᠠᠳᠠᠨ ᠤᠷᠤᠭᠤᠯᠵᠤ᠂ ᠢᠳᠡᠬᠡᠮᠵᠢᠳᠤ ᠵᠢᠬᠡᠯᠡᠯᠬᠡ ᠶᠢᠨ ᠬᠦᠷᠢᠶ᠎ᠠ ᠬᠡᠪᠴᠢᠶ᠎ᠠ ᠶᠢ ᠶᠡᠬᠡᠰᠬᠡᠨ᠂ ᠲᠤᠮᠳᠠ ᠪᠠᠭ᠎ᠠ ᠠᠵᠤ ᠠᠬᠤᠶᠢᠯᠡᠯ ᠤᠨ ᠪᠡᠯᠡ ᠬᠤᠷᠠᠮᠳᠤᠭᠤᠯᠬᠤ ᠳᠤ ᠬᠦᠴᠢᠷᠳᠡᠢ ᠪᠠᠶᠢᠬᠤ ᠠᠰᠠᠭᠤᠳᠠᠯ ᠢ ᠪᠦᠳᠤᠮᠵᠢᠳᠡᠢ ᠰᠢᠢᠳᠪᠤᠷᠢᠯᠡᠨ᠎ᠠ᠃ ᠲᠤᠰᠬᠠᠢ ᠲᠦᠷᠥᠯ ᠢᠶᠠᠷ ᠲᠡᠳᠬᠦᠬᠦ ᠢᠡᠵᠧᠨᠧᠷᠢᠩ ᠢ ᠬᠡᠷᠡᠭᠵᠢᠬᠦᠯᠵᠤ᠂ ᠠᠶᠢᠮᠠᠭ  ᠠᠴᠠ ᠲᠤᠷᠠᠳᠤᠭᠰᠡᠨ ︽ᠵᠠᠭᠤ ᠠᠴᠠ ᠲᠡᠬᠡᠭᠰᠢᠬᠢ ᠵᠢᠱᠢᠶᠠᠴᠢ ᠬᠤᠪᠢ ᠶᠢᠨ ᠡᠷᠤᠬᠡ᠂ ᠵᠠᠭᠤ ᠠᠴᠠ ᠲᠡᠬᠡᠭᠰᠢᠬᠢ ᠵᠢᠱᠢᠶᠠᠴᠢ ᠪᠠᠭ᠎ᠠ ᠬᠡᠯᠪᠡᠷᠢ ᠶᠢᠨ ᠠᠵᠤ ᠠᠬᠤᠶᠢᠯᠡᠯ᠂ ᠵᠠᠭᠤ ᠠᠴᠠ ᠲᠡᠬᠡᠭᠰᠢᠬᠢ  ᠬᠡᠪᠴᠢᠶᠠᠨ ᠠᠴᠠ ᠶᠡᠭᠡ ᠵᠢᠱᠢᠶᠠᠴᠢ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠶᠢᠯᠡᠯ ᠤᠨ ᠢᠡᠵᠧᠨᠧᠷᠢᠩ︾ ᠪᠠ ︽ᠵᠠᠭᠤᠨ ᠲᠠᠭᠠᠭᠠᠮᠠᠯ᠂ ᠮᠢᠩᠭᠠᠨ ᠦᠢᠯᠡᠰ ᠡᠷᠬᠢᠯᠡᠭᠴᠢᠳ᠂ ᠲᠦᠮᠡᠨ ᠠᠵᠢᠯ ᠳᠠᠭᠠᠨ ᠴᠠᠭᠠᠷᠠᠭᠰᠡᠨ ᠠᠵᠢᠯᠳᠠᠨ ᠢ ᠬᠦᠮᠤᠵᠢᠬᠦᠯᠬᠦ ᠢᠡᠵᠧᠨᠧᠷᠢᠩ︾ ᠢ ᠪᠦᠬᠦ ᠬᠦᠴᠤᠨ ᠢᠶᠠᠷ ᠵᠤᠬᠢᠶᠠᠨ ᠪᠠᠶᠢᠭᠤᠯᠵᠤ ᠰᠠᠶᠢᠳᠤᠷ ᠦᠷᠨᠢᠬᠦᠯᠤᠨ᠎ᠠ᠃ ︵ᠲᠠᠪᠤ︶ ᠠᠷᠡᠳ ᠤᠨ ᠠᠮᠢᠳᠤᠷᠡᠯ ᠢ ᠬᠦᠴᠤᠯᠠᠨ ᠰᠠᠶᠢᠵᠢᠷᠠᠭᠤᠯᠵᠤ᠂ ᠨᠠᠩ ᠣᠯᠠᠨ ᠬᠦᠭᠵᠢᠯᠳᠠ ᠶᠢᠨ ᠦᠷ᠎ᠠ ᠪᠦᠳᠣᠬᠡᠯ ᠢ ᠠᠷᠠᠳ ᠣᠯᠠᠨ ᠳᠤ ᠡᠳ᠋ᠯᠡᠬᠦᠯᠦᠨ᠎ᠠ᠃ ᠠᠷᠡᠳ ᠲᠤ ᠬᠠᠷᠠᠭᠠᠯᠵᠠᠯ ᠦᠵᠡᠬᠦᠯᠤᠨ ᠠᠰᠢᠭ ᠬᠦᠷᠳᠡᠬᠡᠬᠦ ᠠᠵᠢᠯ ᠢ ᠠᠯᠢᠪᠠ ᠠᠵᠢᠯ ᠤᠨ ᠲᠡᠷᠢᠬᠦᠨ ᠳᠤ ᠲᠠᠯᠪᠢᠨ᠂ ᠡᠴᠤᠰ ᠤᠨ ᠬᠠᠷᠠᠯᠳᠠ ᠪᠠᠨ ᠪᠤᠯᠭᠠᠨ᠂ ᠨᠠᠩ ᠦᠡᠳᠤᠷ ᠪᠠᠷᠢᠮᠵᠢᠶ᠎ᠠ ᠪᠠᠷ ᠪᠦᠬᠦ ᠬᠤᠰᠢᠭᠤᠨ ᠤ ᠠᠷᠡᠳ ᠲᠦᠮᠡᠨ ᠳᠤ ᠪᠤᠳᠡᠳᠡᠢ ᠦᠢᠯᠡᠴᠢᠯᠡᠨ᠂ ᠬᠦᠴᠢᠷᠳᠡᠯ ᠢ ᠨᠢ ᠦᠨᠡᠡᠬᠦ ᠰᠢᠢᠳᠪᠤᠷᠢᠯᠡᠵᠤ᠂ ᠠᠷᠡᠳ ᠲᠦᠮᠡᠨ ᠳᠤ ᠨᠠᠩ ᠶᠡᠭᠡ ᠠᠰᠢᠭ ᠬᠦᠷᠳᠡᠬᠡᠨ᠎ᠠ᠃  ᠨᠢᠬᠡ᠂ ︽ᠭᠤᠷᠪᠡᠨ ᠲᠠᠩᠴᠠᠬᠦᠷᠢᠳᠡᠢ ᠭᠦᠭᠵᠢᠯᠲᠡ︾ ᠶᠢ ᠠᠬᠢᠭᠤᠯᠤᠨ᠎ᠠ᠃ ᠨᠢᠬᠡ ᠳᠤ᠂ ᠰᠤᠷᠭᠠᠨ ᠬᠦᠮᠤᠵᠢᠯ ᠤᠨ ᠦᠢᠯᠡᠰ ᠤᠨ ᠲᠠᠩᠴᠠᠬᠦᠷᠢᠳᠡᠢ ᠬᠦᠭᠵᠢᠯᠳᠠ ᠶᠢ ᠠᠬᠢᠭᠤᠯᠤᠨ᠎ᠠ᠃ 15 ᠵᠢᠯ ᠤᠨ ᠰᠦᠢᠳᠬᠡᠯ ᠬᠡᠯᠳᠤᠷᠢᠬᠦᠯᠬᠦ ᠰᠤᠷᠭᠠᠨ ᠬᠦᠮᠤᠵᠢᠯ ᠢ ᠦᠷᠬᠦᠯᠵᠢᠯᠡᠨ ᠬᠡᠷᠡᠭᠵᠢᠬᠦᠯᠵᠤ᠂ ᠪᠠᠷᠢᠮᠵᠢᠶᠠᠵᠢᠭᠰᠡᠨ ᠰᠤᠷᠭᠠᠭᠤᠯᠢ ᠶᠢᠨ ᠪᠦᠳᠤᠬᠡᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠤ᠂ ᠮᠤᠩᠭᠤᠯ ᠲᠤᠮᠳᠠᠳᠤ ᠰᠤᠷᠭᠠᠭᠤᠯᠢ ᠪᠠ ᠮᠤᠩᠭᠤᠯ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠰᠠᠨ ᠲᠠᠮᠢᠷ ᠤᠨ ᠲᠠᠯᠠᠪᠤᠷ ᠪᠠ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠢ ᠦᠷᠭᠡᠳᠭᠡᠨ ᠪᠠᠶᠢᠭᠤᠯᠬᠤ ᠪᠠ ᠶᠡᠬᠡᠭᠤᠤᠯ ᠰᠤᠮᠤᠨ ᠤ ᠬᠡᠤᠬᠡᠳ ᠤᠨ ᠴᠡᠴᠡᠷᠯᠢᠭ ᠤᠨ ᠪᠦᠳᠤᠬᠡᠨ ᠪᠠᠶᠢᠭᠤᠯᠤᠯᠳᠠ ᠶᠢᠨ ᠲᠦᠷᠥᠯ ᠵᠥᠢᠯ ᠢ ᠲᠠᠭᠤᠰᠬᠠᠨ᠂ ᠨᠢᠬᠡᠳᠤᠬᠡᠷ ᠲᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ᠂ ᠪᠠᠷᠢᠮᠵᠢᠶᠠᠵᠢᠭᠰᠠᠨ ᠲᠠᠮᠢᠷ  ᠤᠨ ᠲᠠᠯᠠᠪᠤᠷ ᠪᠠ ᠨᠢᠬᠡᠳᠤᠬᠡᠷ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠰᠠᠨ ᠲᠠᠮᠢᠷ ᠤᠨ ᠲᠠᠯᠠᠪᠤᠷ ᠤᠨ ᠪᠦᠳᠤᠬᠡᠨ ᠪᠠᠶᠢᠭᠤᠯᠤᠯᠳᠠ ᠶᠢᠨ ᠲᠦᠷᠥᠯ ᠵᠥᠢᠯ ᠢ ᠡᠬᠢᠯᠡᠭᠦᠯᠤᠨ᠎ᠡ᠃ ᠰᠤᠷᠭᠠᠨ ᠬᠦᠮᠤᠵᠢᠯ ᠤᠨ ᠡᠬᠢ ᠪᠠᠶᠠᠯᠢᠭ ᠢ ᠵᠦᠢ ᠵᠤᠬᠢᠰᠳᠡᠢ ᠨᠢᠬᠡᠳᠬᠡᠨ᠂ ᠠᠮᠢᠳᠤᠷᠡᠯ ᠨᠢ ᠬᠦᠴᠢᠷᠳᠡᠯᠳᠡᠢ ᠰᠤᠷᠤᠭᠴᠢᠳ ᠢ ᠲᠠᠳᠬᠦᠨ ᠲᠠᠮᠵᠢᠬᠦ ᠡᠷᠴᠢᠮ ᠢᠶᠠᠨ ᠴᠢᠩᠭᠠᠳᠬᠠᠨ᠂ ᠬᠡᠤᠬᠡᠳ ᠤᠳ ᠲᠤ ᠪᠠᠨ ᠰᠠᠶᠢᠨ ᠰᠠᠶᠢᠬᠠᠨ ᠰᠣᠷᠭᠠᠭᠤᠯᠢ ᠶᠢᠨ ᠬᠦᠷᠢᠶᠠᠨ ᠤ ᠣᠷᠴᠢᠨ ᠪᠠ ᠨᠡᠶᠢᠬᠡᠮ  ᠤᠨ ᠣᠷᠴᠢᠨ ᠢ ᠡᠬᠦᠳᠣᠨ ᠦᠭᠴᠣ᠂ ᠡᠷᠡᠬᠦᠯ ᠢᠶᠠᠷ ᠦᠰᠣᠨ ᠪᠣᠶᠢᠵᠢᠬᠤ ᠳᠤᠨᠢ ᠪᠠᠳᠣᠯᠠᠭ᠎ᠠ ᠬᠠᠩᠭᠠᠨ᠎ᠠ᠃ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠰ ᠤᠨ ᠲᠠᠩᠴᠠᠬᠦᠷᠢᠳᠡᠢ ᠬᠦᠭᠵᠢᠯᠳᠠ ᠶᠢ ᠲᠦᠯᠬᠢᠨ ᠠᠬᠢᠭᠤᠯᠤᠨ᠎ᠠ᠃ ᠡᠮᠴᠢᠯᠡᠬᠡᠨ ᠤ ᠦᠢᠯᠡᠴᠢᠯᠡᠬᠡᠨ ᠤ ᠵᠤᠬᠢᠴᠠᠮᠵᠢ ᠶᠢᠨ ᠪᠠᠶᠢᠭᠤᠯᠤᠯᠳᠠ ᠶᠢ ᠤᠯᠠᠮ ᠴᠢᠨᠠᠭᠰᠢᠳᠠ ᠪᠦᠷᠢᠡᠰᠢᠬᠦᠯᠵᠤ᠂ ᠬᠤᠰᠢᠭᠤ ᠪᠠᠷᠢᠮᠵᠢᠶᠠᠵᠢᠭᠰᠡᠨ ᠡᠮᠨᠡᠯᠬᠡ ᠶᠢᠨ ᠬᠤᠷᠢᠶ᠎ᠠ᠂ ᠴᠠᠭᠠᠠᠨᠠᠭᠤᠷ ᠤᠨ ᠡᠷᠡᠬᠦᠯ ᠬᠠᠮᠠᠭᠠᠯᠠᠯ ᠤᠨ ᠬᠤᠷᠢᠶ᠎ᠠ᠂ ᠡᠷᠡᠬᠦᠯ ᠬᠠᠮᠠᠭᠠᠯᠠᠯ ᠳᠤ ᠬᠢᠨᠡᠯᠳᠡ ᠲᠠᠯᠪᠢᠬᠤ ᠪᠠ ᠡᠬᠡ ᠨᠢᠯᠬᠠᠰ ᠤᠨ ᠡᠷᠡᠬᠦᠯᠵᠢᠯ ᠤᠨ ᠲᠤᠬᠠᠶᠢᠯᠠᠭᠰᠡᠨ ᠠᠵᠢᠯ ᠤᠨ ᠬᠡᠷᠡᠭᠯᠡᠬᠡᠨ  ᠤ ᠭᠠᠵᠡᠷ ᠤᠨ ᠪᠠᠷᠢᠯᠭ᠎ᠠ ᠶᠢ ᠲᠠᠭᠤᠰᠬᠠᠬᠤ ᠶᠢᠨ ᠬᠠᠮᠳᠤ ᠠᠰᠢᠭᠯᠠᠯᠳᠠ ᠳᠤ ᠤᠷᠤᠭᠤᠯᠤᠨ᠎ᠠ᠃ ᠬᠤᠰᠢᠭᠤ ᠮᠤᠩᠭᠤᠯ ᠡᠮᠨᠡᠯᠬᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠪᠠ ᠴᠡᠭᠡ ᠵᠠᠰᠠᠯᠭ᠎ᠠ ᠶᠢᠨ ᠲᠠᠰᠤᠭ᠂ ᠪᠡᠯᠬᠦᠳᠡᠢ ᠪᠠᠯᠭᠠᠰᠤᠨ  ᠤ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠪᠠ 3 ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶᠠᠨ ᠤ ᠦᠷᠬᠡᠳᠬᠡᠨ ᠪᠠᠶᠢᠭᠤᠯᠤᠯᠳᠠ ᠵᠢᠴᠢ 8 ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ  ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠬᠦ ᠪᠠᠷ ᠴᠢᠷᠮᠠᠶᠢᠵᠤ᠂ ᠦᠡᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶᠠᠨ ᠠᠴᠠ 5 ᠺᠢᠯᠤᠮᠧᠲᠷ ᠤᠨ ᠭᠠᠳᠠᠨᠠᠬᠢ ᠮᠠᠯᠵᠢᠬᠤ ᠡᠷᠤᠬᠡ ᠳᠤ ︽ᠡᠷᠡᠬᠦᠯ ᠮᠠᠡᠳᠤ ᠶᠢᠨ ᠡᠮ ᠤᠨ ᠬᠠᠶᠢᠷᠴᠠᠭ ︾ ᠢ ᠲᠠᠷᠬᠠᠭᠠᠵᠤ ᠦᠭᠬᠦᠨ᠎ᠠ᠃ ᠡᠮᠴᠢᠯᠡᠭᠡ ᠡᠷᠡᠬᠦᠯ ᠬᠠᠮᠠᠭᠠᠯᠠᠯ ᠤᠨ ᠲᠤᠰᠬᠠᠢ ᠮᠠᠷᠬᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ ᠪᠠ ᠬᠦᠮᠤᠵᠢᠬᠦᠯᠬᠦ ᠠᠵᠢᠯ ᠢ ᠴᠢᠩᠭᠠᠳᠬᠠᠨ᠂ ᠡᠮᠴᠢᠯᠡᠬᠡᠨ ᠤ ᠦᠢᠯᠡᠴᠢᠯᠡᠬᠡᠨ ᠤ ᠴᠢᠳᠠᠪᠬᠢ ᠪᠠ ᠬᠢᠷᠢ ᠲᠦᠪᠰᠢᠨ ᠢ ᠲᠡᠬᠡᠭᠰᠢᠯᠡᠬᠦᠯᠵᠤ᠂ ᠡᠮ ᠡᠮᠨᠡᠯᠬᠡ ᠶᠢᠨ ᠰᠦᠢᠳᠬᠡᠯ ᠢ ᠵᠦᠢ ᠵᠤᠬᠢᠰᠳᠡᠢ ᠬᠢᠵᠠᠭᠠᠷᠯᠠᠨ᠂ ᠤᠯᠠᠨ ᠲᠦᠮᠠᠨ ᠤ ︽ᠡᠪᠡᠳᠴᠢᠨ ᠦᠵᠡᠭᠦᠯᠬᠦ ᠳᠤ ᠲᠦᠪᠡᠭᠲᠠᠢ᠂ ᠡᠪᠡᠳᠴᠢᠨ ᠦᠵᠡᠭᠦᠯᠬᠦ ᠳᠤ ᠦᠨᠡᠲᠠᠢ︾ ᠪᠠᠶᠢᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ ᠰᠤᠶᠤᠯ ᠲᠠᠮᠢᠷ ᠷᠠᠳᠢᠤ᠋ ᠲᠧᠯᠸᠢᠰ ᠤᠨ ᠦᠢᠯᠡᠰ ᠤᠨ ᠲᠠᠩᠴᠠᠬᠦᠷᠢᠳᠡᠢ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠷᠠᠳᠢᠤ᠋ ᠲᠧᠯᠸᠢᠰ ᠤᠨ ᠶᠡᠷᠤᠩᠬᠡᠶᠢᠯᠡᠭᠰᠡᠨ ᠠᠰᠠᠷ᠂ ᠰᠤᠮᠤ ᠪᠠᠯᠭᠠᠰᠤᠨ ᠤ ᠶᠡᠷᠤᠩᠬᠡᠶᠢᠯᠡᠭᠰᠡᠨ ᠰᠤᠶᠤᠯ ᠤᠨ ᠦᠷᠲᠡᠭᠡ ᠶᠢ ᠪᠠᠶᠢᠭᠤᠯᠬᠤ ᠠᠵᠢᠯ ᠢ ᠲᠠᠭᠤᠰᠬᠠᠨ᠂ ᠪᠡᠯᠬᠦᠳᠡᠢ ᠶᠢᠨ ᠲᠠᠬᠢᠯᠭ᠎ᠠ ᠶᠢᠨ ᠤᠷᠳᠤᠨ ᠢ ᠠᠰᠢᠭᠯᠠᠯᠳᠠ ᠳᠤ ᠤᠷᠤᠭᠤᠯᠤᠨ᠂ ᠠᠩᠬᠠᠳᠤᠭᠠᠷ ᠬᠤᠭᠤᠴᠠᠭᠠᠨ ᠤ ︽ᠪᠡᠯᠬᠦᠳᠡᠢ ᠨᠠᠷᠠᠮᠵᠢᠳᠤ︾ ᠪᠦᠬᠡ  ᠶᠢᠨ ᠱᠠᠩᠨᠠᠯᠳᠤ ᠤᠷᠤᠯᠳᠤᠭᠠᠨ ᠢ ᠡᠷᠬᠢᠯᠡᠨ ᠶᠠᠪᠤᠭᠳᠠᠭᠤᠯᠤᠨ᠎ᠠ᠃ ᠴᠤᠭᠤᠷ ᠲᠠᠭᠤᠤ ᠶᠢ ᠦᠪᠯᠡᠨ ᠤᠯᠠᠮᠵᠢᠯᠠᠬᠤ ᠭᠠᠵᠡᠷ ᠪᠠ ᠶᠠᠩᠳᠤᠤ ᠰᠦᠮ᠎ᠠ ᠶᠢᠨ ᠬᠠᠭᠤᠴᠢᠨ ᠪᠠᠷᠢᠯᠭ᠎ᠠ ᠶᠢ ᠵᠠᠰᠠᠨ ᠰᠠᠯᠪᠢᠬᠦ ᠢᠡᠵᠧᠨᠧᠷᠢᠩ ᠢ ᠬᠡᠷᠡᠭᠵᠢᠬᠦᠯᠵᠤ᠂ ᠠᠪᠠᠭ᠎ᠠ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ᠂ ᠪᠡᠯᠬᠦᠳᠡᠢ ᠰᠤᠶᠤᠯ ᠤᠨ ᠠᠵᠤ ᠦᠢᠯᠡᠰ ᠤᠨ ᠲᠤᠭᠤᠷᠢᠭ ᠤᠨ ᠲᠦᠷᠥᠯ ᠵᠥᠢᠯ ᠤᠨ ᠠᠵᠢᠯ ᠢ ᠡᠬᠢᠯᠡᠬᠦᠯᠤᠨ᠎ᠠ᠃ ᠷᠡᠳᠢᠤ᠋ ᠲᠧᠯᠸᠢᠰ ᠤᠨ ︽ᠡᠷᠤᠬᠡ ᠪᠤᠯᠭᠠᠨ ᠳᠤ ᠨᠠᠪᠳᠡᠷᠡᠬᠦᠯᠬᠦ︾ ᠲᠦᠬᠦᠬᠡᠷᠤᠮᠵᠢ ᠶᠢᠨ ᠨᠠᠪᠳᠡᠷᠡᠬᠦᠯᠤᠯᠳᠠ ᠶᠢᠨ ᠨᠤᠷᠮ᠎ᠠ ᠶᠢ ᠲᠡᠬᠡᠭᠰᠢᠯᠡᠬᠦᠯᠦᠭᠰᠡᠨ ᠰᠠᠭᠤᠷᠢᠨ ᠲᠡᠬᠡᠷ᠎ᠠ᠂ 4875 ᠰᠠᠤᠷᠢ ᠲᠦᠬᠦᠬᠡᠷᠤᠮᠵᠢ ᠶᠢ ᠤᠭᠰᠠᠷᠠᠬᠤ ᠡᠬᠦᠷᠬᠡ ᠪᠠᠨ ᠪᠠᠶᠠᠯᠠᠬᠦᠯᠤᠨ᠎ᠠ᠃ ᠲᠠᠪᠤᠳᠤᠭᠠᠷ ᠬᠤᠭᠤᠴᠠᠭᠠᠨ ᠤ ︽ᠬᠠᠷ᠎ᠠ ᠠᠳᠤᠭᠤᠨ ᠰᠤᠶᠤᠯ ᠤᠨ ᠨᠠᠶᠢᠷ︾ ᠢ ᠡᠷᠬᠢᠯᠡᠨ ᠶᠠᠪᠤᠭᠳᠠᠭᠤᠯᠵᠤ᠂ ᠪᠡᠯᠬᠦᠳᠡᠢ ᠶᠢᠨ ᠲᠠᠬᠢᠯᠭ᠎ᠠ᠂ ᠬᠦᠡᠵᠡᠪ ᠤᠪᠤᠭᠠᠨ ᠤ ᠲᠠᠬᠢᠯᠭ᠎ᠠ᠂ ᠴᠢᠩᠬᠢᠰ ᠪᠤᠭᠳᠠᠠᠭᠤᠯᠠ ᠶᠢᠨ ᠲᠠᠬᠢᠯᠭ᠎ᠠ ᠶᠢᠨ ᠠᠭᠤᠯᠭ᠎ᠠ ᠶᠢ ᠤᠯᠠᠮ ᠪᠠᠶᠠᠯᠢᠭᠵᠢᠭᠤᠯᠤᠨ᠂ ᠪᠡᠯᠬᠦᠳᠡᠢ ᠶᠢᠨ ᠲᠡᠤᠬᠡᠳᠤ ᠬᠡᠷᠡᠭ ᠢᠶᠠᠷ ᠰᠡᠳᠤᠪᠯᠡᠭᠰᠡᠨ ᠺᠢᠨᠣ᠋ ᠵᠦᠴᠤᠬᠡ ᠶᠢᠨ ᠲᠠᠪᠳᠡᠷ ᠪᠠ ᠲᠠᠭᠤᠯᠠᠯᠳᠤ ᠵᠦᠴᠤᠬᠡ ᠶᠢ ᠵᠤᠬᠢᠶᠠᠨ ᠪᠦᠳᠤᠬᠡᠬᠦ ᠠᠵᠢᠯ ᠢ ᠡᠬᠢᠯᠡᠬᠦᠯᠵᠤ᠂ ︽ᠨᠤᠮᠢᠨ ᠠᠪᠠᠭ᠎ᠠ︾ ᠰᠤᠶᠤᠯ ᠤᠨ ᠨᠠᠷᠡᠳᠤ ᠲᠡᠮᠳᠡᠭ ᠤᠨ ᠠᠯᠳᠡᠷᠰᠢᠯ ᠪᠠ ᠨᠦᠯᠤᠬᠡ ᠲᠤᠰᠬᠠᠯ ᠢ ᠤᠯᠠᠮ ᠴᠢᠨᠠᠭᠰᠢᠳᠠ ᠦᠷᠬᠡᠳᠬᠡᠨ᠎ᠠ᠃ ᠬᠤᠶᠡᠷ᠂ ︽ᠭᠤᠷᠪᠡ ᠶᠢ ᠬᠦᠢᠴᠡᠳ ᠪᠡᠶᠠᠯᠡᠬᠦᠯᠬᠦ︾ ᠶᠢ ᠲᠦᠯᠬᠢᠨ ᠠᠬᠢᠭᠤᠯᠣᠨ᠎ᠠ᠃ ᠬᠤᠳᠠ ᠬᠦᠳᠡᠭᠡ ᠶᠢᠨ ᠤᠯᠠᠨ ᠲᠦᠮᠡᠨ ᠤ ᠬᠦᠢᠴᠡᠳ ᠠᠵᠢᠯ ᠤᠯᠭᠤᠯᠳᠠ ᠶᠢ ᠪᠠᠶᠠᠯᠠᠬᠦᠯᠬᠦ ᠶᠢ ᠲᠦᠯᠬᠢᠨ ᠠᠬᠢᠭᠤᠯᠤᠨ᠎ᠠ᠃ ᠠᠵᠢᠯ ᠤᠯᠭᠤᠯᠳᠠ ᠶᠢᠨ ᠦᠢᠯᠡᠴᠢᠯᠡᠬᠡᠨ ᠤ ᠵᠤᠬᠢᠴᠠᠮᠵᠢ ᠶᠢ ᠪᠦᠷᠢᠡᠰᠢᠬᠦᠯᠵᠤ᠂ ᠤᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠪᠦᠷᠢᠳᠬᠡᠨ᠂ ᠬᠠᠨᠳᠤᠯᠭ᠎ᠠ ᠲᠠᠢ ᠪᠠᠷ ᠲᠤᠬᠠᠶᠢᠯᠠᠭᠰᠡᠨ ᠠᠵᠢᠯ ᠤᠨ ᠪᠤᠯᠪᠠᠰᠤᠷᠡᠯ ᠬᠦᠷᠳᠡᠬᠡᠵᠤ᠂ ᠶᠡᠭᠡ ᠲᠡᠭᠡᠳᠦ ᠰᠤᠷᠭᠠᠭᠤᠯᠢ ᠠᠴᠠ ᠲᠡᠬᠦᠰᠦᠭᠰᠡᠨ ᠤᠶᠤᠳᠡᠳ᠂ ᠴᠡᠷᠢᠭ ᠠᠴᠠ ᠬᠠᠯᠠᠭᠳᠠᠭᠰᠡᠳ ᠪᠠ ᠬᠤᠳᠠ ᠤᠷᠤᠭᠰᠡᠨ ᠮᠠᠯᠴᠢᠳ ᠤᠨ ᠠᠵᠢᠯ ᠤᠯᠵᠤ ᠦᠢᠯᠡᠰ ᠡᠷᠬᠢᠯᠡᠬᠦ ᠶᠢ ᠨᠢ ᠬᠦᠴᠦᠯᠡᠨ ᠲᠡᠮᠵᠢᠨ᠎ᠡ᠃ ︽ᠠᠵᠢᠯᠯᠠᠭᠰᠡᠳ ᠦᠬᠡᠢ︾ ᠬᠡᠷ ᠪᠦᠯᠢ ᠢᠯᠡᠷᠡᠬᠦ ᠦᠬᠡᠢ ᠪᠠᠶᠢᠬᠤ ᠶᠢ ᠪᠠᠶᠠᠯᠠᠬᠦᠯᠤᠨ᠂ ᠬᠤᠳᠠ ᠪᠠᠯᠭᠠᠰᠤᠨ ᠤ ᠲᠠᠩᠰᠠᠯᠠᠭᠤᠯᠤᠭᠰᠡᠨ ᠠᠵᠢᠯ ᠠᠯᠳᠠᠭᠰᠡᠨ ᠨᠤᠷᠮ᠎ᠠ ᠶᠢ 3.6%  ᠶᠢᠨ ᠲᠤᠳᠤᠷ᠎ᠠ ᠬᠢᠵᠠᠭᠠᠷᠯᠠᠵᠤ᠂ ᠵᠢᠯ ᠤᠨ ᠲᠤᠳᠤᠷ᠎ᠠ ᠬᠤᠰᠢᠭᠤᠨ ᠤ ᠲᠣᠳᠣᠨ᠎ᠠ ᠭᠠᠳᠠᠨ᠎ᠠ ᠠᠴᠠ 5000 ᠠᠵᠢᠯ  ᠤᠨ ᠪᠠᠶᠢᠷᠢ ᠴᠣᠭᠯᠠᠭᠤᠯᠣᠨ᠂ ᠬᠤᠰᠢᠭᠤᠨ ᠤ ᠲᠣᠳᠣᠷ᠎ᠠ ᠪᠠᠨ 1900 ᠭᠠᠷᠤᠢ ᠬᠦᠮᠤᠨ ᠢ ᠣᠷᠣᠨᠰᠢᠭᠤᠯᠵᠣ᠂ 2000 ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ ᠢᠳᠡᠬᠡᠮᠵᠢᠳᠤ ᠵᠢᠬᠡᠯᠡᠯᠬᠡ ᠶᠢ ᠲᠠᠯᠪᠢᠨ᠂ 1500 ᠭᠠᠷᠣᠢ ᠬᠦᠮᠦᠨ ᠤ ᠦᠢᠯᠡᠰ ᠡᠷᠬᠢᠯᠡᠨ ᠠᠵᠢᠯ ᠤᠯᠬᠤ ᠶᠢ ᠲᠠᠮᠵᠢᠨ᠎ᠠ︔ ᠠᠵᠢᠯ ᠡᠷᠬᠢᠯᠡᠵᠦ ᠦᠢᠯᠡᠰ ᠪᠣᠰᠬᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠣᠯᠳᠠ ᠶᠢᠨ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠵᠦ᠂ ᠦᠢᠯᠡᠰ ᠡᠷᠬᠢᠯᠡᠬᠦ 60 ᠡᠷᠦᠬᠡ ᠶᠢ ᠰᠠᠭᠤᠷᠢᠰᠢᠭᠤᠯᠣᠨ᠎ᠠ᠃ ᠭᠠᠴᠠᠭ᠎ᠠ᠂ ᠨᠡᠶᠢᠬᠡᠮ ᠲᠣᠭᠤᠷᠢᠭ ᠪᠠ ᠣᠷᠴᠢᠨ ᠲᠣᠭᠤᠷᠢᠨ ᠤ ᠴᠡᠪᠡᠷᠯᠡᠯᠬᠡ ᠶᠢᠨ ᠠᠵᠢᠯᠳᠠᠨ ᠤ ᠴᠠᠯᠢᠩ ᠢ  ᠵᠤᠬᠢᠰᠳᠡᠢ ᠦᠰᠬᠡᠨ᠎ᠠ᠃ ᠬᠤᠳᠠ ᠬᠦᠳᠡᠭᠡ ᠶᠢᠨ ᠤᠯᠠᠨ ᠲᠦᠮᠡᠨ ᠤ ᠨᠠᠶᠢᠬᠡᠮ ᠤᠨ ᠪᠠᠳᠤᠯᠠᠭ᠎ᠠ ᠶᠢ ᠬᠦᠢᠴᠡᠳ ᠬᠦᠷᠳᠡᠬᠦ ᠶᠢ ᠲᠦᠯᠬᠢᠨ ᠠᠬᠢᠭᠤᠯᠣᠨ᠎ᠠ᠃ ᠪᠦᠬᠦ ᠲᠠᠯ᠎ᠠ ᠶᠢ ᠬᠠᠮᠤᠷᠤᠨ᠂ ᠦᠡᠳᠤᠰᠤᠨ  ᠠᠴᠠ ᠨᠢ ᠪᠠᠳᠤᠯᠠᠵᠤ᠂ ᠤᠯᠠᠨ ᠲᠡᠰ ᠲᠠᠪᠬᠤᠷᠭ᠎ᠠ ᠶᠢᠨ᠂ ᠦᠷᠬᠦᠯᠵᠢᠯᠡᠬᠦ ᠵᠠᠷᠴᠢᠮ ᠶᠤᠰᠤᠭᠠᠷ᠂ ᠨᠠᠶᠢᠬᠡᠮ ᠤᠨ ᠪᠠᠳᠤᠯᠠᠭ᠎ᠠ ᠶᠢᠨ ᠪᠦᠷᠬᠦᠴᠠ ᠶᠢ ᠲᠠᠰᠤᠷᠠᠯᠳᠠ ᠦᠬᠡᠢ ᠦᠷᠬᠡᠳᠬᠡᠨ᠂ ᠨᠢᠬᠡᠳᠤᠯᠳᠡᠢ ᠲᠦᠯᠤᠪᠵᠢᠬᠦᠯᠬᠦ ᠲᠡᠰ ᠲᠠᠪᠬᠤᠷᠭ᠎ᠠ ᠪᠠ ᠪᠠᠳᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠶᠠᠳᠠᠭᠤ ᠶᠢ ᠲᠡᠳᠬᠦᠵᠤ ᠬᠦᠴᠢᠷᠳᠡᠯ ᠢ  ᠨᠢ ᠰᠢᠢᠳᠪᠤᠷᠢᠯᠡᠬᠦ᠂ ᠪᠠᠴᠢᠮ ᠲᠤᠰᠠᠯᠠᠬᠤ ᠵᠡᠷᠬᠡ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠨᠠᠶᠢᠬᠡᠮ ᠤᠨ ᠠᠪᠤᠷᠡᠨ ᠲᠤᠰᠠᠯᠠᠯᠳᠠ ᠶᠢᠨ ᠡᠬᠢ ᠪᠠᠶᠠᠯᠢᠭ ᠢ ᠦᠨᠡᠡᠬᠦ ᠬᠡᠷᠡᠭᠴᠡᠭᠡ ᠲᠠᠢ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠬᠦ ᠲᠡᠬᠡᠷ᠎ᠠ ᠬᠡᠷᠡᠭᠯᠡᠬᠦ ᠶᠢ ᠪᠠᠳᠣᠯᠠᠨ᠎ᠠ᠃ ᠬᠤᠳᠠ ᠬᠦᠳᠡᠭᠡ ᠶᠢᠨ ᠤᠯᠠᠨ ᠲᠦᠮᠡᠨ ᠢ ᠬᠦᠢᠴᠡᠳ ᠰᠠᠭᠤᠷᠢᠰᠢᠭᠤᠯᠬᠤ ᠶᠢ ᠲᠦᠯᠬᠢᠨ ᠠᠬᠢᠭᠤᠯᠣᠨ᠎ᠠ᠃ ᠵᠠᠰᠠᠭ ᠤᠨ ᠤᠷᠳᠤᠨ ᠠᠴᠠ ᠭᠤᠤᠯᠯᠠᠨ ᠦᠡᠳᠤᠰᠤᠨ ᠪᠠᠳᠤᠯᠠᠭ᠎ᠠ ᠬᠠᠩᠭᠠᠬᠤ᠂ ᠵᠠᠬ᠎ᠠ ᠲᠡᠯᠬᠡᠬᠦᠷ ᠠᠴᠠ ᠭᠤᠤᠯᠯᠠᠨ ᠤᠯᠠᠨ ᠲᠡᠰ ᠲᠠᠪᠬᠤᠷᠭ᠎ᠠ ᠶᠢᠨ ᠱᠠᠭᠠᠷᠳᠠᠯᠭ᠎ᠠ ᠶᠢ ᠬᠠᠩᠭᠠᠬᠤ ᠤᠷᠤᠨ ᠰᠠᠭᠤᠴᠠ ᠶᠢᠨ ᠬᠠᠩᠭᠠᠯᠭ᠎ᠠ ᠬᠡᠷᠡᠭᠴᠡᠬᠡᠨ ᠤ ᠵᠤᠬᠢᠴᠠᠮᠵᠢ ᠶᠢ ᠴᠤᠭᠴᠠᠯᠠᠨ ᠪᠠᠶᠢᠭᠤᠯᠵᠤ᠂ 120 ᠢᠵᠢ ᠬᠢᠮᠳᠠ ᠲᠦᠷᠢᠶᠠᠰᠤᠨ ᠬᠡᠷ᠂ 150 ᠢᠵᠢ ᠨᠠᠶᠢᠳᠠ ᠶᠢᠨ ᠲᠦᠷᠢᠶᠠᠰᠤᠨ ᠬᠡᠷ ᠢ ᠰᠢᠨ᠎ᠠ ᠪᠠᠷ ᠪᠠᠶᠢᠭᠤᠯᠵᠤ᠂ ᠮᠠᠯᠵᠢᠬᠤ ᠤᠷᠤᠨ ᠤ 200 ᠡᠷᠤᠬᠡ ᠶᠢᠨ ᠠᠶᠣᠯᠳᠣ ᠬᠡᠷ ᠪᠠᠶᠢᠰᠢᠩ᠂ ᠬᠤᠳᠠ ᠪᠠᠯᠭᠠᠰᠤᠨ ᠤ ᠨᠤᠤᠷᠠᠬᠠᠢ ᠲᠤᠭᠤᠷᠢᠭ ᠤᠨ 400 ᠡᠷᠤᠬᠡ ᠶᠢᠨ ᠬᠡᠷ ᠪᠠᠶᠢᠰᠢᠩ ᠢ ᠵᠠᠰᠠᠨ ᠰᠠᠯᠪᠢᠵᠣ᠂ 20 ᠲᠦᠮᠡᠨ ᠲᠡᠭᠰᠢ ᠲᠦᠷᠪᠡᠯᠵᠢᠨ ᠮᠧᠲᠷ ᠤᠨ ᠲᠠᠸᠡᠷ  ᠤᠨ ᠤᠷᠤᠨ ᠰᠠᠭᠤᠴᠠ ᠶᠢ ᠪᠠᠶᠢᠭᠤᠯᠣᠨ᠎ᠠ᠃ ︽ᠬᠠᠯᠠᠮᠵᠢ︾ ᠨᠠᠰᠤᠳᠠᠶᠢᠴᠤᠤᠯ ᠤᠨ ᠠᠰᠠᠷᠠᠮᠵᠢ ᠶᠢᠨ ᠭᠠᠵᠠᠷ᠂ ᠨᠡᠶᠢᠭᠡᠮ ᠲᠣᠭᠤᠷᠢᠭ ᠤᠨ ᠨᠠᠰᠣᠳᠠᠶᠢᠴᠣᠣᠯ ᠤᠨ ᠦᠢᠯᠡᠴᠢᠯᠡᠬᠡᠨ ᠤ ᠲᠦᠪ᠂ ᠮᠠᠯᠵᠢᠬᠤ ᠤᠷᠤᠨ ᠤ ᠨᠠᠰᠤᠳᠠᠶᠢᠴᠤᠤᠯ  ᠤᠨ ᠨᠠᠶᠢᠳᠠ ᠶᠢᠨ ᠤᠷᠤᠨ ᠰᠠᠭᠤᠴᠠ ᠵᠡᠷᠬᠡ ᠢᠡᠵᠧᠨᠧᠷᠢᠩ ᠢ ᠢᠳᠡᠪᠬᠢᠳᠡᠢ ᠡᠬᠢᠯᠡᠬᠦᠯᠦᠨ᠎ᠡ᠃ᠭᠤᠷᠪᠡ᠂ ︽ᠭᠤᠷᠪᠡᠨ ᠵᠤᠬᠢᠴᠠᠮᠵᠢ︾ ᠶᠢ ᠪᠠᠶᠢᠭᠤᠯᠤᠨ ᠪᠦᠷᠢᠨᠰᠢᠬᠦᠯᠦᠨ᠎ᠡ᠃ ᠠᠮᠤᠷ ᠲᠤᠭᠳᠠᠭᠤᠨ ᠢ ᠬᠠᠮᠠᠭᠠᠯᠠᠬᠤ ᠵᠤᠬᠢᠴᠠᠮᠵᠢ ᠶᠢ ᠪᠠᠶᠢᠭᠤᠯᠤᠨ ᠪᠦᠷᠢᠡᠰᠢᠬᠦᠯᠤᠨ᠎ᠠ᠃ ︽ᠠᠮᠤᠭᠤᠯᠠᠩ ᠠᠪᠠᠭ᠎ᠠ︾ ᠤᠨ ᠪᠠᠶᠢᠭᠤᠯᠤᠯᠳᠠ ᠶᠢ ᠤᠯᠠᠮ ᠬᠦᠡᠵᠡᠬᠡᠶᠢᠷᠡᠬᠦᠯᠤᠨ᠂ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠵᠠᠰᠠᠬᠤ᠂ ᠶᠠᠯᠠᠳᠣ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ᠂ ᠰᠢᠡᠵᠢᠯᠡᠬᠦ ᠮᠡᠷᠬᠡᠵᠢᠯ ᠢᠶᠠᠷ ᠴᠠᠭᠳᠠᠭᠠᠨ ᠤ ᠡᠩᠨᠡᠭᠡ ᠪᠠᠨ ᠴᠢᠩᠭᠠᠳᠬᠠᠬᠤ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ︽ᠠᠮᠤᠷ ᠲᠠᠶᠢᠪᠤᠡᠭ ᠬᠤᠳᠠ︾ ᠶᠢᠨ ᠬᠠᠷᠠᠭᠠᠨ ᠲᠠᠪᠳᠠᠮᠵᠢ ᠶᠢᠨ ᠬᠢᠨᠡᠨ ᠡᠵᠡᠮᠰᠢᠯ ᠤᠨ ᠰᠢᠰᠲ᠋ᠧᠮ ᠤᠨ ᠢᠡᠵᠧᠨᠧᠷᠢᠩ ᠢ ᠲᠠᠭᠤᠰᠬᠠᠨ᠂ ᠨᠠᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ ᠰᠡᠷᠬᠡᠶᠢᠯᠡᠯᠳᠡ ᠶᠢᠨ ᠰᠢᠰᠲ᠋ᠧᠮ ᠢ ᠪᠠᠶᠢᠭᠤᠯᠵᠤ᠂ ᠡᠯ᠎ᠠ ᠲᠦᠷᠥᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠴᠣᠳᠠᠢ ᠴᠤᠬᠢᠯᠳᠠ ᠦᠭᠬᠦ ᠶᠢ ᠪᠠᠷᠢᠮᠳᠠᠯᠠᠨ᠂ ᠤᠯᠠᠨ ᠲᠦᠮᠡᠨ ᠤ ᠠᠮᠤᠷ ᠲᠠᠶᠢᠪᠤᠡᠭ ᠰᠡᠳᠬᠢᠭᠳᠡᠯ ᠢ ᠤᠯᠠᠮ ᠨᠡᠮᠡᠭᠳᠡᠬᠦᠯᠦᠨ᠎ᠡ᠃ ᠲᠤᠤᠷ ᠰᠦᠯᠵᠢᠶᠠᠨ ᠤ ᠮᠡᠳᠡᠭᠡ ᠵᠡᠩᠬᠢ ᠶᠢᠨ ᠬᠠᠮᠢᠶᠠᠷᠤᠯᠳᠠ ᠶᠢᠨ ᠵᠤᠬᠢᠴᠠᠮᠵᠢ ᠶᠢ ᠪᠦᠷᠢᠡᠰᠢᠬᠦᠯᠤᠨ᠂ ᠲᠤᠤᠷ ᠰᠦᠯᠵᠢᠶᠠᠨ ᠤ ᠶᠠᠷᠢᠶ᠎ᠠ ᠬᠡᠯᠡᠯᠴᠡᠭᠡ ᠶᠢ ᠲᠦᠷᠢᠮᠵᠢᠬᠦᠯᠤᠨ᠎ᠠ᠃ ᠠᠶᠤᠯᠬᠦᠢ ᠦᠢᠯᠡᠳᠪᠤᠷᠢᠯᠡᠯ  ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠨᠡᠬᠡᠬᠡᠬᠦ᠂ ᠠᠮᠠᠷᠬᠠᠨ ᠲᠠᠯᠪᠡᠷᠡᠬᠦ ᠪᠤᠳᠠᠰ᠂ ᠤᠯᠠᠨ ᠨᠠᠶᠢᠳᠠ ᠶᠢᠨ ᠭᠠᠯ ᠤᠡᠳᠠᠷᠠᠭᠠᠬᠤ᠂ ᠦᠶᠡᠷ ᠭᠠᠨᠭ᠌ ᠬᠠᠭᠰᠠᠷᠭᠠᠨ ᠢ ᠰᠡᠷᠬᠡᠶᠢᠯᠡᠬᠦ᠂ ᠵᠠᠮ ᠨᠠᠪᠳᠠᠷᠠᠯᠬᠡ ᠂ ᠪᠠᠷᠢᠯᠭ᠎ᠠ ᠪᠠᠷᠢᠬᠤ᠂ ᠢᠳᠡᠬᠡᠨ ᠤ ᠵᠥᠢᠯᠡᠰ ᠡᠳ᠋ᠰᠢᠬᠦᠯᠬᠦ ᠵᠡᠷᠬᠡ ᠭᠤᠤᠯᠳᠠᠯᠭ᠎ᠠ ᠲᠠᠢ ᠠᠵᠢᠯ ᠲᠦᠷᠥᠯ ᠪᠠ ᠬᠦᠷᠢᠶ᠎ᠠ ᠬᠡᠪᠴᠢᠶᠠᠨ ᠳᠠᠬᠢ ᠠᠮᠤᠷ ᠲᠦᠪᠰᠢᠨ ᠤ ᠬᠢᠨᠡᠨ ᠬᠠᠮᠢᠶᠠᠷᠤᠯᠳᠠ ᠪᠠ ᠲᠤᠰᠬᠠᠢ ᠲᠦᠷᠥᠯ ᠤᠨ ᠴᠡᠭᠴᠡᠯᠡᠯᠳᠡ ᠶᠢᠨ ᠠᠵᠢᠯ  ᠢ ᠦᠷᠬᠦᠯᠵᠢᠯᠡᠨ ᠴᠢᠩᠭᠠᠳᠬᠠᠨ᠂ ᠬᠦᠡᠳᠤ ᠶᠡᠭᠡ ᠠᠶᠤᠯᠬᠦᠢ ᠦᠢᠯᠡᠳᠪᠤᠷᠢᠯᠡᠯ ᠤᠨ ᠠᠳᠡᠯ ᠭᠠᠷᠬᠤ ᠠᠴᠠ ᠦᠨᠡᠡᠬᠦ ᠰᠡᠷᠭᠡᠶᠢᠯᠡᠨ᠎ᠡ᠃ ᠵᠡᠬᠢᠳᠡᠯ ᠰᠤᠷᠪᠤᠯᠵᠢᠯᠠᠭ᠎ᠠ ᠶᠢᠨ ᠠᠵᠢᠯ ᠤᠨ ᠵᠤᠬᠢᠴᠠᠮᠵᠢ ᠶᠢ ᠪᠦᠷᠢᠨᠰᠢᠬᠦᠯᠦᠨ᠎ᠡ᠃ ᠭᠤᠤᠯᠳᠠᠯᠭ᠎ᠠ  ᠲᠠᠢ ᠲᠦᠷᠥᠯ ᠵᠥᠢᠯ ᠢ ᠬᠡᠷᠡᠭᠵᠢᠬᠦᠯᠬᠦ ᠳᠡᠭᠡᠨ ᠵᠦᠷᠢᠴᠡᠯ ᠵᠢᠭᠤᠷᠠᠭᠠᠨ ᠭᠠᠷᠬᠤ ᠪᠤᠯᠤᠯᠴᠠᠭ᠎ᠠ ᠶᠢ ᠰᠠᠶᠢᠳᠤᠷ ᠰᠢᠯᠭᠠᠨ ᠦᠨᠡᠯᠡᠵᠤ᠂ ᠦᠡᠳᠤᠰᠤᠨ ᠠᠴᠠ ᠨᠢ ᠰᠡᠷᠬᠡᠶᠢᠯᠡᠨ ᠬᠢᠵᠠᠭᠠᠷᠯᠠᠨ᠎ᠠ᠃ ᠤᠳᠤᠷᠢᠳᠬᠤ ᠺᠠᠳ᠋ᠷ ᠤᠨ ︽ᠲᠦᠷᠪᠡᠨ ᠰᠤᠷᠪᠤᠯᠵᠢᠯᠠᠭ᠎ᠠ ᠨᠢᠬᠡ ᠲᠠᠭᠠᠭᠠᠴᠢᠯᠠᠯᠳᠠ︾ ᠶᠢᠨ ᠲᠦᠷᠢᠮ ᠢ ᠪᠠᠷᠢᠮᠳᠠᠯᠠᠨ᠂ ᠤᠯᠠᠨ ᠲᠦᠮᠡᠡᠴᠢ ᠠᠵᠢᠯ ᠤᠨ ᠲᠤᠤᠷ ᠰᠦᠯᠵᠢᠶᠠᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠰᠢᠯᠤᠭᠤᠳᠬᠠᠨ᠂ ᠵᠦᠷᠢᠴᠠᠯ ᠵᠢᠭᠤᠷᠠᠭᠠᠨ ᠢ ᠦᠡᠳᠤᠰᠤᠨ ᠱᠠᠳᠤᠨ ᠳᠤᠨᠢ ᠨᠠᠮᠳᠠᠭᠠᠵᠤ᠂ ᠠᠰᠠᠭᠤᠳᠠᠯ ᠢ ᠲᠤᠬᠠᠢ ᠶᠢᠨ ᠭᠠᠵᠡᠷ ᠲᠤᠨᠢ ᠰᠢᠢᠳᠪᠦᠷᠢᠯᠡᠵᠦ᠂ ᠬᠠᠤᠯᠢ ᠪᠤᠰᠤ ᠪᠠᠷ ᠤᠯᠠᠨ ᠬᠦᠮᠤᠨ ᠴᠤᠭᠯᠠᠷᠡᠨ ᠵᠠᠬᠢᠳᠠᠯ ᠰᠤᠷᠪᠤᠯᠵᠢᠯᠠᠭ᠎ᠠ ᠬᠢᠬᠦ᠂ ᠱᠠᠳᠤ ᠠᠯᠤᠰᠯᠠᠨ ᠶᠤᠰᠤ ᠪᠤᠰᠤ ᠪᠠᠷ ᠵᠠᠬᠢᠳᠠᠯ ᠰᠤᠷᠪᠤᠯᠵᠢᠯᠠᠭ᠎ᠠ ᠬᠢᠬᠦ᠂ ᠶᠤᠰᠤ ᠪᠤᠰᠤ ᠪᠠᠷ ᠵᠢᠭᠤᠷᠠᠨ ᠵᠠᠬᠢᠳᠠᠯ ᠰᠤᠷᠪᠤᠯᠵᠢᠯᠠᠭ᠎ᠠ ᠬᠢᠬᠦ ᠵᠡᠷᠬᠡ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠢᠳᠪᠤᠷᠢᠯᠡᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠬᠠᠮᠠᠭᠠᠯᠠᠨ᠎ᠠ᠃ ᠨᠠᠶᠢᠬᠡᠮ ᠤᠨ ᠵᠠᠰᠠᠨ ᠴᠡᠭᠴᠡᠯᠡᠯᠳᠠ ᠶᠢᠨ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠦᠨ᠎ᠡ᠃ ᠨᠠᠶᠢᠬᠡᠮ ᠤᠨ ᠵᠠᠰᠠᠨ ᠴᠡᠭᠴᠡᠯᠡᠯᠳᠡ ᠶᠢ ᠴᠢᠩᠭᠠᠳᠬᠠᠵᠤ᠂ ︽ᠲᠤᠤᠷᠴᠢᠯᠠᠭᠰᠡᠨ ᠬᠠᠮᠢᠶᠠᠷᠤᠯᠳᠠ︾ ᠪᠠᠷ ᠭᠤᠤᠯᠳᠠᠯᠭ᠎ᠠ ᠪᠤᠯᠭᠠᠭᠰᠡᠨ ᠨᠠᠶᠢᠬᠡᠮᠴᠢᠯᠡᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠵᠢᠷᠭᠤᠳᠣᠭᠠᠷ ᠲᠠᠪᠣᠨ ᠵᠢᠯ︾ ᠤᠨ ᠬᠠᠤᠯᠢ ᠲᠦᠬᠡᠬᠡᠮᠡᠯᠵᠢᠬᠦᠯᠬᠦ ᠰᠤᠷᠭᠠᠨ ᠬᠦᠮᠤᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠡᠢ ᠦᠷᠨᠢᠬᠦᠯᠵᠤ᠂ ᠬᠠᠤᠯᠢ ᠴᠠᠭᠠᠵᠠ ᠶᠢᠨ ᠲᠤᠰᠠᠯᠠᠮᠵᠢ ᠬᠦᠷᠳᠡᠬᠦ ᠵᠠᠮ ᠢ ᠦᠷᠭᠡᠳᠭᠡᠨ᠎ᠡ᠃ ᠰᠠᠶᠢᠨ ᠲᠤᠷᠡᠴᠤᠤᠯ ᠤᠨ ᠡᠩᠨᠡᠭᠡ ᠶᠢ ᠪᠤᠵᠠᠭᠠᠶᠢᠷᠠᠭᠤᠯᠤᠨ᠂ ᠨᠠᠶᠢᠬᠡᠮ ᠤᠨ ᠵᠤᠬᠢᠶᠠᠨ ᠪᠠᠶᠢᠭᠤᠯᠤᠯᠳᠠ ᠶᠢ ᠲᠦᠷᠢᠮᠵᠢᠬᠦᠯᠤᠨ ᠬᠦᠭᠵᠢᠬᠦᠯᠦᠨ᠎ᠡ᠃︵ᠵᠢᠷᠭᠤᠭ᠎ᠠ︶ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠨ᠂ ᠬᠦᠭᠵᠢᠯᠳᠠ ᠶᠢᠨ ᠤᠷᠴᠢᠨ ᠢ ᠲᠠᠰᠤᠷᠠᠯᠳᠠ ᠦᠬᠡᠢ ᠰᠢᠯᠢᠳᠡᠭᠵᠢᠬᠦᠯᠦᠨ᠎ᠡ᠃ᠨᠢᠬᠡ ᠳᠤ᠂ ᠦᠬᠡᠷᠡᠴᠢᠯᠡᠯᠳᠡ ᠬᠢᠵᠤ ᠰᠢᠨ᠎ᠠ ᠶᠢ ᠡᠬᠦᠳᠬᠦ ᠶᠢ ᠴᠢᠬᠤᠯᠠᠴᠢᠯᠠᠨ᠎ᠠ᠃ ᠦᠬᠡᠷᠡᠴᠢᠯᠡᠯᠳᠡ ᠶᠢ ᠪᠦᠬᠦ ᠲᠠᠯ᠎ᠠ  ᠪᠠᠷ ᠬᠦᠨᠵᠡᠭᠡᠶᠢᠷᠡᠬᠦᠯᠬᠦ ᠡᠬᠦᠷᠬᠡ ᠪᠠᠨ ᠦᠨᠡᠡᠬᠦ ᠨᠠᠶᠢᠳᠠᠪᠤᠷᠢᠵᠢᠭᠤᠯᠵᠤ᠂ ᠦᠬᠡᠷᠡᠴᠢᠯᠡᠯᠳᠡ ᠶᠢ ᠲᠦᠷᠥᠯ ᠬᠤᠪᠢᠶᠠᠨ ᠲᠦᠯᠬᠢᠨ ᠠᠬᠢᠭᠤᠯᠬᠤ ᠬᠡᠷᠡᠭᠵᠢᠬᠦᠯᠬᠦ ᠲᠦᠰᠤᠯ ᠢ ᠲᠠᠷᠤᠶᠢᠬᠠᠨ ᠰᠤᠳᠤᠯᠤᠨ ᠲᠤᠭᠳᠠᠭᠠᠵᠤ᠂ ᠦᠬᠡᠷᠡᠴᠢᠯᠡᠯᠳᠡ ᠶᠢᠨ ᠰᠡᠳᠬᠢᠴᠠ ᠪᠠ ᠱᠠᠭᠠᠷᠳᠠᠯᠭ᠎ᠠ ᠶᠢ ᠪᠤᠳᠡᠳᠡᠢ ᠲᠦᠯᠤᠪᠯᠡᠭᠡ ᠪᠤᠯᠭᠠᠨ ᠪᠡᠶᠡᠯᠡᠬᠦᠯᠦᠨ᠎ᠡ᠃ ᠴᠢᠭᠯᠡᠯ ᠨᠢ ᠵᠦᠪ ᠤᠨᠤᠪᠴᠢᠳᠡᠢ᠂ ᠱᠠᠭᠠᠷᠳᠠᠯᠭ᠎ᠠ ᠨᠢ ᠪᠤᠳᠡᠳᠡᠢ ᠲᠠᠢ ᠨᠠᠶᠢᠴᠡᠭᠰᠡᠨ ᠦᠬᠡᠷᠡᠴᠢᠯᠡᠯᠳᠡ ᠶᠢ ᠲᠦᠷᠬᠡᠳᠬᠡᠨ ᠠᠬᠢᠭᠤᠯᠵᠤ᠂ ᠠᠯᠢ ᠲᠦᠷᠬᠡᠨ ᠢᠶᠠᠷ ᠦᠷ᠎ᠠ ᠪᠦᠳᠤᠮᠵᠢ ᠭᠠᠷᠭᠠᠨ᠎ᠠ︔ ᠬᠦᠨᠵᠡᠬᠡᠢ ᠰᠣᠳᠣᠯᠣᠨ ᠠᠬᠢᠭᠤᠯᠬᠤ ᠴᠢᠬᠤᠯᠠᠳᠠᠢ ᠦᠬᠡᠷᠡᠴᠢᠯᠡᠯᠳᠡ ᠶᠢ ᠤᠷᠢᠳᠡᠪᠡᠷ ᠲᠤᠷᠰᠢᠨ ᠬᠡᠷᠡᠭᠵᠢᠬᠦᠯᠵᠤ᠂ ᠨᠦᠬᠦᠴᠡᠯ ᠨᠢ ᠪᠦᠷᠢᠯᠳᠦᠭᠰᠡᠨ ᠤ ᠰᠠᠬᠦᠯᠠᠷ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ︔ ᠬᠤᠯᠪᠤᠭᠳᠠᠬᠤ ᠬᠦᠷᠢᠶ᠎ᠠ ᠬᠡᠪᠴᠢᠶ᠎ᠠ ᠨᠢ ᠦᠷᠬᠡᠨ᠂ ᠲᠡᠬᠡᠳᠤ ᠱᠠᠳᠤᠨ  ᠠᠴᠠ ᠰᠢᠢᠳᠪᠤᠷᠢᠳᠤ ᠪᠤᠳᠤᠯᠭ᠎ᠠ ᠲᠤᠭᠳᠠᠭᠠᠬᠤ ᠴᠢᠬᠤᠯᠠᠳᠡᠢ ᠦᠬᠡᠷᠡᠴᠢᠯᠡᠯᠳᠡ ᠶᠢ ᠪᠤᠯ ᠰᠠᠶᠢᠳᠤᠷ ᠠᠪᠤᠴᠠᠯᠳᠤᠭᠤᠯᠤᠨ ᠵᠤᠯᠭᠠᠭᠤᠯᠵᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠠᠴᠠ ᠪᠤᠳᠡᠳᠡᠢ ᠠᠷᠭ᠎ᠠ ᠬᠡᠮᠵᠢᠶ᠎ᠠ ᠶᠢ ᠲᠤᠳᠤᠷᠬᠠᠢ ᠲᠤᠭᠳᠠᠭᠠᠭᠰᠡᠨ ᠤ ᠲᠠᠷᠠᠭ᠎ᠠ ᠰᠠᠶ᠋ᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠶᠠᠷᠤᠩᠬᠡᠢ ᠱᠠᠭᠠᠷᠳᠠᠯᠭ᠎ᠠ  ᠨᠢ ᠪᠤᠯ᠄ ᠲᠡᠬᠡᠳᠤ ᠱᠠᠳᠤᠨ ᠤ ᠵᠤᠷᠢᠭ ᠰᠠᠨᠠᠭ᠎ᠠ ᠶᠢ ᠲᠤᠤᠱᠳᠡᠢ ᠨᠠᠶᠢᠳᠠᠪᠤᠷᠢᠵᠢᠭᠤᠯᠬᠤ ᠮᠦᠷᠳᠡᠬᠡᠨ ᠯᠠᠪᠳᠠᠭᠤᠨ ᠪᠠᠳᠤᠳᠡᠢ ᠶᠠᠪᠣᠭᠳᠠᠭᠤᠯᠣᠨ᠎ᠠ︔ ᠭᠤᠣᠯᠳᠠᠯᠭ᠎ᠠ ᠪᠠᠨ ᠲᠣᠪᠣᠶᠢᠯᠭᠠᠬᠤ ᠮᠦᠷᠳᠡᠭᠡᠨ ᠨᠢᠬᠡᠳᠤᠯᠳᠡᠢ ᠲᠦᠯᠤᠪᠵᠢᠬᠦᠯᠤᠨ ᠲᠦᠯᠬᠢᠨ ᠠᠬᠢᠭᠤᠯᠵᠣ᠂ ᠦᠬᠡᠷᠡᠴᠢᠯᠡᠯᠳᠡ ᠪᠠᠷ ᠲᠠᠮᠵᠢᠨ ᠦᠷᠬᠡᠨ ᠤᠯᠠᠨ ᠠᠷᠠᠳ ᠲᠦᠮᠡᠨ ᠳᠤ ᠦᠨᠡᠡᠬᠦ ᠠᠰᠢᠭ ᠬᠦᠷᠳᠡᠬᠡᠨ᠂ ᠦᠬᠡᠷᠡᠴᠢᠯᠡᠯᠳᠡ ᠶᠢᠨ ᠬᠤᠪᠢᠷᠠᠯᠳᠠ ᠬᠦᠭᠵᠢᠯᠳᠠ ᠶᠢ ᠤᠯᠠᠨ ᠲᠦᠮᠡᠨ ᠳᠤ ᠲᠠᠨᠢᠭᠤᠯᠣᠨ᠎ᠠ᠃ᠬᠤᠶᠡᠷ ᠲᠤ᠂ ᠴᠢᠳᠠᠪᠬᠢ ᠶᠢᠨ ᠬᠤᠪᠢᠷᠠᠭᠤᠯᠤᠯᠳᠠ ᠶᠢ ᠴᠢᠬᠤᠯᠠᠴᠢᠯᠠᠨ᠎ᠠ᠃ ᠵᠠᠰᠠᠭ ᠤᠨ ᠤᠷᠳᠤᠨ ᠪᠠ ᠵᠠᠬ᠎ᠠ ᠲᠡᠯᠬᠡᠬᠦᠷ ᠤᠨ ᠬᠠᠷᠢᠴᠠᠭ᠎ᠠ ᠶᠢ ᠵᠦᠪ ᠤᠨᠤᠪᠴᠢᠳᠡᠢ ᠰᠢᠢᠳᠪᠤᠷᠢᠯᠡᠵᠤ᠂ ᠵᠠᠰᠠᠭ ᠤᠨ ᠤᠷᠳᠤᠨ ᠠᠴᠠ ᠬᠢᠵᠠᠭᠠᠷᠯᠠᠬᠤ ᠴᠢᠬᠤᠯᠠ ᠦᠬᠡᠢ ᠵᠥᠢᠯᠡᠰ ᠢ ᠠᠮᠢᠳᠤᠯᠢᠭ ᠴᠢᠯᠤᠬᠡᠳᠡᠢ ᠪᠤᠯᠭᠠᠵᠤ᠂ ᠬᠠᠮᠢᠶᠠᠷᠬᠤ ᠴᠢᠬᠤᠯᠠᠳᠡᠢ ᠵᠥᠢᠯᠡᠰ ᠢᠶᠠᠨ ᠦᠨᠡᠡᠬᠦ ᠰᠠᠶᠢᠳᠤᠷ ᠬᠠᠮᠢᠶᠠᠷᠣᠨ᠎ᠠ᠃  ᠵᠠᠰᠠᠭ ᠢ ᠴᠣᠮᠬᠠᠳᠬᠠᠨ᠂ ᠵᠠᠰᠠᠭ ᠤᠨ ᠡᠷᠬᠡ ᠪᠠᠷ ᠬᠢᠵᠠᠭᠠᠷᠯᠠᠬᠤ ᠬᠦᠷᠢᠶ᠎ᠠ ᠬᠡᠪᠴᠢᠶ᠎ᠠ ᠶᠢ ᠤᠯᠠᠮ ᠴᠢᠨᠠᠭᠰᠢᠳᠠ ᠪᠠᠭᠠᠰᠬᠠᠵᠤ᠂ ᠦᠪᠡᠷᠳᠡᠬᠡᠨ ᠵᠠᠰᠠᠬᠤ ᠤᠷᠤᠨ ᠠᠴᠠ ᠪᠠᠭᠤᠯᠭᠠᠭᠰᠡᠨ ᠬᠢᠨᠡᠨ ᠵᠦᠪᠰᠢᠶᠡᠷᠡᠬᠦ ᠶᠠᠪᠤᠳᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠰᠢᠭᠤ ᠲᠡᠰ ᠤᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠶᠠᠪᠤᠳᠠᠯ ᠢ ᠤᠯᠠᠮ ᠴᠢᠨᠠᠭᠰᠢᠳᠠ ᠲᠢᠭᠯᠡᠨ ᠴᠡᠭᠴᠡᠯᠡᠵᠤ᠂ ᠰᠢᠨ᠎ᠠ ᠪᠠᠷ ᠪᠠᠶᠢᠭᠤᠯᠤᠭᠰᠡᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠢᠩᠬᠢᠮ ᠢ ᠪᠤᠯᠬᠤ ᠶᠢᠨ ᠲᠤᠳᠤᠷ᠎ᠠ ᠡᠷᠳᠡᠬᠡᠨ ᠠᠰᠢᠭᠯᠠᠯᠳᠠ ᠳᠤ ᠤᠷᠤᠭᠤᠯᠤᠨ᠂ ᠬᠢᠨᠡᠨ ᠵᠦᠪᠰᠢᠶᠠᠷᠡᠬᠦ ᠲᠦᠷᠥᠯ ᠵᠥᠢᠯ ᠢ ᠪᠦᠬᠦᠨ ᠢ ᠬᠢᠨᠡᠨ ᠵᠦᠪᠰᠢᠶᠡᠷᠡᠬᠦ ᠲᠢᠩᠬᠢᠮ ᠳᠤ ᠬᠦᠢᠴᠡᠳᠭᠡᠨ᠎ᠡ᠃ ᠵᠠᠰᠠᠭ  ᠤᠨ ᠤᠷᠳᠤᠨ ᠤ ᠬᠠᠮᠢᠶᠠᠷᠤᠯᠳᠠ ᠶᠢᠨ ᠴᠢᠳᠠᠪᠬᠢ ᠪᠠᠨ ᠤᠯᠠᠮ ᠰᠠᠶᠢᠨ ᠪᠠᠶᠠᠯᠠᠬᠦᠯᠵᠤ᠂ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠲᠦᠷᠢᠮᠵᠢᠬᠦᠯᠬᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ᠂ ᠰᠢᠨ᠎ᠠ ᠶᠢ ᠡᠬᠦᠳᠬᠦ ᠶᠢ ᠵᠤᠷᠢᠭᠵᠢᠭᠤᠯᠤᠨ ᠲᠠᠮᠵᠢᠬᠦ ᠵᠡᠷᠬᠡ ᠠᠵᠢᠯ ᠢ ᠭᠤᠤᠯᠳᠠᠯᠭ᠎ᠠ ᠲᠠᠢ ᠰᠠᠶᠢᠳᠤᠷ ᠪᠠᠶᠠᠯᠠᠬᠦᠯᠵᠤ᠂ ᠬᠠᠤᠯᠢ ᠬᠡᠷᠡᠭᠵᠢᠬᠦᠯᠬᠦ ᠬᠢᠨᠠᠯᠳᠠ ᠪᠠᠨ ᠴᠢᠩᠭᠠᠳᠬᠠᠨ᠂ ᠡᠷᠬᠡ ᠲᠡᠭᠰᠢ᠂ ᠲᠦᠪ ᠭᠤᠤᠯᠴᠢ ᠵᠠᠬ᠎ᠠ ᠲᠡᠯᠬᠡᠬᠦᠷ ᠤᠨ ᠬᠦᠭᠵᠢᠯᠳᠠ ᠶᠢᠨ ᠤᠷᠴᠢᠨ  ᠢ ᠡᠬᠦᠳᠦᠨ᠎ᠡ᠃ᠭᠤᠷᠪᠡ ᠳᠤ᠂ ᠬᠠᠤᠯᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠤᠳᠤᠷᠢᠳᠬᠤ ᠺᠠᠳ᠋ᠷᠴᠤᠤᠨ ᠠᠴᠠ ᠲᠦᠷᠤᠬᠦᠯᠡᠨ᠂ ᠬᠠᠤᠯᠢ ᠶᠢ ᠰᠤᠷᠤᠯᠴᠠᠵᠤ᠂ ᠬᠠᠤᠯᠢ ᠶᠢ ᠰᠠᠬᠢᠨ᠂ ᠬᠠᠤᠯᠢ ᠶᠢ ᠬᠡᠷᠡᠭᠯᠡᠵᠤ᠂ ᠬᠠᠤᠯᠢ ᠪᠠᠷ ᠵᠠᠰᠠᠭ ᠪᠠᠷᠢᠬᠤ ᠣᠬᠠᠮᠰᠠᠷ ᠪᠠ ᠴᠢᠳᠠᠪᠣᠷᠢ ᠪᠠᠨ ᠴᠢᠨᠠᠭᠰᠢᠳᠠ ᠲᠡᠬᠡᠭᠰᠢᠯᠡᠬᠦᠯᠵᠤ᠂ ᠤᠬᠠᠮᠰᠠᠷ ᠠᠴᠠ ᠪᠠᠨ ᠬᠠᠤᠯᠢ ᠶᠢᠨ ᠲᠤᠭᠳᠠᠭᠠᠯ ᠶᠤᠰᠤᠭᠠᠷ ᠡᠯ᠎ᠠ ᠵᠥᠢᠯ ᠤᠨ ᠵᠦᠷᠢᠴᠡᠯ ᠵᠢᠭᠤᠷᠠᠭᠠᠨ ᠪᠠ ᠠᠰᠠᠭᠤᠳᠠᠯ ᠢ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠯᠠᠭ᠎ᠠ ᠶᠢ ᠲᠠᠰᠤᠷᠠᠯᠳᠠ ᠦᠬᠡᠢ ᠲᠦᠷᠢᠮᠵᠢᠬᠦᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠡᠰ ᠲᠠᠷᠠᠭᠠᠯᠠᠯ ᠢᠶᠠᠨ ᠴᠢᠩᠭᠠᠷᠠᠭᠤᠯᠵᠣ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠢᠳᠡᠪᠬᠢᠲᠠᠢ ᠲᠥᠯᠭᠢᠨ ᠠᠬᠢᠭᠤᠯᠵᠤ᠂ ᠬᠢᠨᠠᠯᠲᠠ ᠶᠢ ᠬᠦᠯᠢᠴᠠᠩᠬᠦᠢ ᠪᠠᠷ ᠬᠦᠯᠢᠶᠡᠨ᠎ᠡ᠃ ᠭᠤᠤᠯᠳᠠᠯᠭ᠎ᠠ ᠲᠠᠢ ᠬᠥᠷᠢᠶ᠎ᠡ ᠬᠡᠪᠴᠢᠶ᠎ᠡ ᠪᠠ ᠲᠤᠪᠤᠶᠢᠮ᠎ᠠ ᠠᠰᠠᠭᠤᠳᠠᠯ ᠤᠨ ᠲᠤᠭᠤᠷᠢᠨ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠥᠩᠭᠡᠶᠢᠯᠡᠭᠰᠡᠨ ᠵᠠᠰᠠᠨ ᠴᠡᠭᠴᠡᠯᠡᠯᠳᠡ ᠶᠢᠨ ᠠᠵᠢᠯᠯᠠᠭ᠎ᠠ ᠶᠢ ᠥᠷᠨᠢᠭᠦᠯᠥᠨ᠂ ᠨᠡᠩ ᠥᠨᠳᠤᠷ ᠪᠠᠷᠢᠮᠵᠢᠶ᠎ᠠ᠂ ᠨᠡᠩ ᠲᠥᠪ ᠴᠢᠩᠭ᠎ᠠ ᠬᠠᠤᠯᠢ ᠬᠡᠷᠡᠭᠵᠢᠭᠦᠯᠬᠦ ᠪᠠᠶᠢᠴᠠᠭᠠᠯᠲᠠ᠂ ᠨᠡᠩ ᠴᠢᠩᠭ᠎ᠠ ᠬᠠᠲᠠᠭᠤ ᠰᠢᠳᠭᠡᠨ ᠲᠤᠷᠭᠠᠬᠤ ᠠᠷᠭ᠎ᠠ ᠬᠡᠮᠵᠢᠶ᠎ᠠ ᠪᠠᠷ ᠤᠯᠠᠨ ᠨᠡᠶᠢᠲᠡ  ᠶᠢᠨ ᠵᠠᠮ ᠬᠠᠷᠢᠯᠴᠠᠭ᠎ᠠ᠂ ᠴᠢᠨᠠᠷ ᠴᠢᠨᠰᠠᠭᠠᠨ ᠤ ᠠᠮᠤᠷ ᠲᠥᠪᠰᠢᠨ᠂ ᠭᠡᠷ ᠬᠥᠷᠥᠩᠭᠡ ᠶᠢᠨ ᠵᠠᠬ᠎ᠠ ᠲᠡᠯᠭᠡᠭᠦᠷ᠂ ᠠᠮᠢ ᠠᠬᠤᠢ ᠶᠢᠨ ᠬᠠᠮᠠᠭᠠᠯᠠᠯᠲᠠ᠂ ᠤᠰᠤᠨ ᠵᠦᠢ ᠶᠢᠨ ᠰᠢᠨᠵᠢᠯᠡᠭᠡ᠂ ᠢᠳᠡᠭᠡᠨ ᠣᠮᠳᠠᠭᠠᠨ ᠡᠮ ᠲᠠᠩ ᠤᠨ ᠵᠥᠢᠯᠡᠰ ᠵᠡᠷᠭᠡ ᠲᠠᠯ᠎ᠠ ᠶᠢᠨ ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠯᠲᠠ ᠶᠢ ᠤᠯᠠᠮ ᠴᠢᠩᠭᠠᠳᠬᠠᠨ᠂ ︽ᠬᠢᠨᠠᠨ ᠵᠥᠪᠰᠢᠶᠡᠷᠡᠯ ᠤᠨ ᠠᠭᠤᠯᠭ᠎ᠠ ᠨᠢ ᠠᠷᠪᠢᠨ᠂ ᠬᠡᠷᠡᠴᠢ ᠲᠡᠮᠲᠡᠭ ᠨᠢ ᠤᠯᠠᠨ᠂ ᠰᠥᠢᠳᠭᠡᠯ ᠬᠤᠷᠢᠶᠠᠬᠤ ᠨᠢ ᠶᠡᠭᠡ᠂ ᠲᠤᠷᠭᠠᠭᠤᠯᠢ ᠨᠢ ᠥᠨᠳᠥᠷ︾᠂ ︽ᠲᠤᠷᠭᠠᠭᠤᠯᠢ ᠬᠢᠬᠦ  ᠪᠠᠷ ᠬᠠᠮᠢᠶᠠᠷᠤᠯᠲᠠ ᠶᠢ ᠤᠷᠤᠯᠠᠭᠤᠯᠬᠤ︾ ᠪᠠ ︽ᠥᠪᠡᠷ ᠤᠨ ᠲᠤᠷ᠎ᠠ ᠵᠤᠷᠢᠭ ᠢᠶᠠᠷ ᠢᠶᠠᠨ ᠬᠡᠷᠡᠭᠵᠢᠭᠦᠯᠬᠦ︾ ᠵᠡᠷᠭᠡ ᠬᠠᠤᠯᠢ ᠶᠢ ᠵᠥᠷᠢᠴᠡᠵᠤ᠂ ᠰᠠᠬᠢᠯᠭ᠎ᠠ ᠪᠠᠲᠤ ᠶᠢ ᠡᠪᠳᠡᠭᠰᠡᠨ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠴᠡᠪᠡᠷᠯᠡᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠥᠬᠦ ᠬᠥᠴᠥᠨ ᠢᠶᠠᠷ ᠢᠶᠠᠨ ᠲᠥᠯᠬᠢᠨ ᠠᠬᠢᠭᠤᠯᠵᠤ᠂ ᠤᠯᠠᠨ ᠲᠥᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠨᠡᠶᠢᠭᠡᠮ ᠤᠨ ᠡᠷᠬᠡ ᠲᠡᠭᠰᠢ᠂ ᠲᠥᠪ ᠭᠤᠤᠯᠴᠢ ᠶᠢ ᠪᠠᠳᠣᠯᠠᠨ᠎ᠠ᠃ᠲᠥᠷᠪᠡ ᠳᠤ᠂ ᠠᠵᠢᠯ ᠤᠨ ᠰᠤᠷᠳᠠᠯ ᠢ ᠰᠠᠶᠢᠵᠢᠷᠠᠭᠤᠯᠬᠤ ᠠᠵᠢᠯ ᠢ ᠴᠢᠩᠭᠠᠳᠬᠠᠨ᠎ᠠ᠃ ᠠᠵᠢᠯ ᠤᠨ ᠰᠤᠷᠳᠠᠯ ᠢ ᠰᠠᠶᠢᠵᠢᠷᠠᠭᠤᠯᠬᠤ ᠬᠠᠮᠢᠶ᠎ᠠ ᠪᠥᠬᠦᠢ ᠲᠤᠭᠲᠠᠭᠠᠯ ᠢ ᠴᠢᠩᠭ᠎ᠠ ᠬᠡᠷᠡᠭᠵᠢᠭᠦᠯᠵᠤ᠂ ᠨᠠᠮ ᠤᠨ ᠤᠯᠠᠨ ᠲᠥᠮᠡᠨᠴᠢ ᠱᠤᠭᠤᠮ  ᠤᠨ ᠬᠥᠮᠥᠵᠢᠯ ᠥᠢᠯᠡᠳᠥᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠰᠠᠶᠢᠳᠣᠷ ᠥᠷᠨᠢᠭᠦᠯᠵᠤ᠂ ︽ᠵᠢᠰᠤ ᠪᠠᠨ ᠲᠤᠯᠢᠳᠠᠨ᠂ ᠡᠮᠤᠰᠬᠡᠯ ᠢᠶᠠᠨ ᠲᠡᠭᠰᠢᠯᠡᠵᠤ᠂ ᠪᠠᠶ᠎ᠠ ᠪᠠᠨ ᠤᠬᠢᠶᠠᠨ᠂ ᠡᠪᠡᠳᠴᠢᠨ ᠢᠶᠠᠨ ᠵᠠᠰᠠᠬᠤ︾ᠱᠠᠭᠠᠷᠳᠠᠯᠭ᠎ᠠ ᠪᠠᠷ ︽ᠲᠥᠷᠪᠡᠨ ᠰᠤᠷᠲᠠᠯ︾ ᠤᠨ ᠲᠠᠯ᠎ᠠ ᠪᠠᠷ ᠬᠢ ᠠᠰᠠᠭᠤᠳᠠᠯ ᠢ ᠡᠷᠡᠰ ᠵᠠᠯᠠᠷᠠᠭᠤᠯᠣᠨ᠎ᠠ᠃ ᠤᠯᠠᠨ ᠲᠥᠮᠡᠨ ᠲᠠᠢ ᠨᠢᠬᠲᠠ ᠬᠠᠷᠢᠯᠴᠠᠵᠤ᠂ ᠤᠯᠠᠨ ᠲᠥᠮᠡᠨ ᠤ ᠬᠠᠮᠤᠭ ᠠᠴᠠ ᠬᠥᠰᠡᠨ ᠬᠥᠯᠢᠶᠡᠵᠤ ᠪᠠᠶᠢᠭ᠎ᠠ᠂ ᠠᠮᠢᠳᠤᠷᠠᠯ ᠤᠨ ᠨᠥᠭᠦᠴᠡᠯ ᠨᠢ ᠠᠨᠠᠢ᠂ ᠵᠥᠷᠢᠴᠡᠯ ᠬᠠᠮᠤᠭ ᠠᠴᠠ ᠬᠤᠷᠴᠠ ᠰᠢᠷᠦᠬᠦᠨ ᠭᠠᠵᠠᠷ ᠤᠷᠤᠨ ᠳᠤ ᠢᠯᠡᠭᠦᠭᠡᠨ ᠤᠴᠢᠵᠤ᠂ ᠨᠤᠶᠠᠨᠴᠢ ᠰᠤᠷᠳᠠᠯ ᠢ ᠲᠡᠪᠴᠢᠨ᠂ ᠠᠷᠡᠳ ᠲᠦᠮᠡᠨ ᠲᠠᠢ ᠡᠷᠬᠡ ᠲᠡᠭᠰᠢ᠂ ᠬᠠᠯᠠᠭᠤᠨ ᠲᠤᠳᠤᠨᠤ ᠪᠠᠷ ᠶᠠᠪᠤᠯᠴᠠᠵᠤ᠂ ᠬᠥᠭᠵᠢᠯᠲᠡ ᠪᠠᠷ ᠠᠷᠠᠳ ᠤᠨ ᠰᠡᠳᠬᠢᠯ ᠢ ᠨᠢᠬᠲᠠᠷᠠᠭᠤᠯᠵᠤ᠂ ᠲᠥᠪ ᠭᠤᠤᠯᠴᠢ ᠪᠠᠷ ᠠᠷᠠᠳ ᠤᠨ ᠰᠡᠳᠬᠢᠯ ᠢ ᠤᠯᠵᠤ ᠂ ᠥᠨᠡᠨᠴᠢ ᠰᠡᠳᠬᠢᠯᠭᠡ ᠪᠠᠷ ᠠᠷᠠᠳ ᠤᠨ ᠰᠡᠳᠬᠢᠯ ᠢ ᠲᠤᠯᠠᠭᠠᠴᠠᠭᠤᠯᠤᠨ᠂ ᠵᠠᠰᠠᠭ ᠤᠨ ᠤᠷᠳᠤᠨ ᠨᠢ ᠠᠷᠠᠳ ᠲᠥᠮᠡᠨ ᠳᠤ ᠥᠢᠯᠡᠴᠢᠯᠡᠬᠦ ᠠᠵᠢᠯ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠵᠠᠰᠠᠭ ᠤᠨ ᠰᠤᠷᠲᠠᠯ  ᠢᠶᠠᠷ ᠠᠷᠠᠳ ᠲᠥᠮᠡᠨ ᠢᠶᠠᠨ ᠵᠤᠯ ᠵᠢᠷᠭᠠᠯᠲᠠᠢ᠂ ᠠᠮᠤᠷ ᠲᠠᠶᠢᠪᠤᠩ ᠠᠮᠢᠳᠤᠷᠠᠭᠤᠯᠬᠤ ᠪᠠᠷ ᠴᠢᠷᠮᠠᠶᠢᠨ᠎ᠠ᠃ᠲᠠᠪᠤ ᠳᠤ᠂ ᠲᠥᠷᠢᠮ ᠲᠤᠭᠲᠠᠭᠠᠯ ᠢᠶᠠᠷ ᠢᠯᠵᠠᠷᠡᠯ ᠢ ᠰᠡᠷᠭᠡᠶᠢᠯᠡᠬᠦ ᠶᠢ ᠴᠢᠬᠤᠯᠠᠴᠢᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠢᠮ ᠲᠤᠭᠳᠠᠭᠠᠯ ᠢ ᠲᠦᠷᠢᠮᠵᠢᠬᠦᠯᠤᠨ᠂ ᠲᠤᠭᠳᠠᠭᠠᠯ ᠶᠤᠰᠤᠭᠠᠷ ᠡᠷᠬᠡ ᠪᠠᠨ ᠬᠡᠷᠡᠭᠵᠢᠬᠦᠯᠤᠨ᠂ ᠲᠤᠭᠳᠠᠭᠠᠯ ᠶᠤᠰᠤᠭᠠᠷ ᠠᠵᠢᠯᠯᠠᠵᠤ᠂ ᠲᠤᠭᠳᠠᠭᠠᠯ ᠶᠤᠰᠤᠭᠠᠷ ᠬᠦᠮᠤᠨ ᠢᠶᠠᠨ ᠬᠠᠮᠢᠶᠠᠷᠬᠤ ᠪᠦᠳᠤᠮᠵᠢᠳᠡᠢ ᠠᠵᠢᠯ ᠤᠨ ᠵᠤᠬᠢᠴᠠᠮᠵᠢ  ᠶᠢ ᠪᠦᠷᠢᠯᠳᠤᠬᠦᠯᠤᠨ᠂ ᠺᠠᠳ᠋ᠷ ᠠᠵᠢᠯᠲᠠᠨ ᠨᠢ ᠲᠥᠪ ᠭᠤᠤᠯᠴᠢ᠂ ᠵᠠᠰᠠᠭ ᠤᠨ ᠤᠷᠳᠤᠨ ᠨᠢ ᠠᠷᠢᠭᠤᠨ ᠴᠢᠭᠡᠴᠢ᠂ ᠵᠠᠰᠠᠭ ᠢᠶᠠᠷ ᠴᠡᠭᠴᠡᠯᠡᠬᠦ ᠨᠢ ᠢᠯᠠ ᠲᠤᠲᠤ ᠪᠠᠶᠢᠬᠤ ᠶᠢ ᠪᠡᠶᠡᠯᠡᠬᠦᠯᠦᠨ᠎ᠡ᠃ ᠢᠡᠵᠧᠨᠧᠷᠢᠩ ᠤᠨ ᠲᠠᠭᠠᠭᠠᠴᠢᠯᠠᠯᠲᠠ ᠵᠠᠷᠯᠠᠬᠤ᠂ ᠵᠠᠰᠠᠭ ᠤᠨ ᠤᠷᠳᠤᠨ ᠤ ᠬᠤᠲᠠᠯᠲᠤᠨ ᠤᠷᠤᠭᠤᠯᠬᠤ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠵᠡᠷᠭᠡ ᠭᠤᠤᠯᠳᠠᠯᠭ᠎ᠠ ᠲᠠᠢ ᠬᠥᠷᠢᠶ᠎ᠡ ᠬᠡᠪᠴᠢᠶᠡᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠡᠳ᠋  ᠤᠨ ᠵᠠᠰᠠᠭ ᠤᠨ ᠴᠢᠨᠠᠷᠲᠠᠢ ᠪᠡᠯᠡ ᠤᠷᠤᠭᠤᠯᠤᠯᠲᠠ ᠶᠢᠨ ᠲᠥᠷᠥᠯ ᠵᠥᠢᠯ᠂ ᠭᠤᠤᠯ ᠰᠠᠯᠠᠭ᠎ᠠ ᠮᠥᠴᠢᠷ ᠤᠨ ᠠᠵᠢᠯ ᠤᠨ ᠪᠥᠲᠥᠮᠵᠢ ᠶᠢᠨ ᠬᠢᠨᠠᠨ ᠪᠤᠳᠤᠯᠲᠠ᠂ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ  ᠵᠡᠷᠬᠡ ᠠᠵᠢᠯ ᠤᠨ ᠡᠷᠴᠢᠮ ᠢᠶᠠᠨ ᠴᠢᠩᠭᠠᠳᠬᠠᠵᠤ᠂ ᠤᠯᠠᠨ ᠨᠠᠶᠢᠳᠠ ᠶᠢᠨ ᠪᠡᠯᠡ ᠮᠦᠩᠬᠦ ᠶᠢ ᠰᠠᠶᠢᠳᠤᠷ ᠬᠠᠮᠢᠶᠠᠷᠤᠨ᠂ ᠣᠯᠠᠨ ᠨᠠᠶᠢᠳᠠ ᠳᠤ ᠬᠡᠷᠡᠭᠯᠡᠬᠦ ᠪᠡᠯᠨ ᠮᠦᠩᠬᠦ ᠶᠢ ᠵᠢᠩᠬᠢᠨᠢ ︽ᠦᠨᠳᠣᠷ ᠲᠠᠷᠣᠯᠳᠠᠳᠣ ᠴᠠᠬᠢᠯᠭᠠᠨ ᠣᠳᠠᠰᠣ︾ ᠪᠠᠷ ᠦᠵᠡᠵᠣ᠂ ᠬᠡᠨ ᠴᠣ᠋ ᠭᠠᠷ ᠬᠦᠷᠴᠣ ᠪᠣᠯᠬᠤ ᠦᠬᠡᠢ ᠪᠦᠬᠡᠳ ᠬᠡᠨ ᠴᠣ᠋ ᠭᠠᠷ ᠬᠦᠷᠴᠣ ᠴᠢᠳᠠᠬᠤ ᠦᠬᠡᠢ ᠪᠣᠯᠭᠠᠵᠣ᠂ ᠪᠡᠯᠡ ᠮᠦᠩᠬᠦᠨ ᠤ ᠠᠮᠤᠷ ᠲᠥᠪᠰᠢᠨ᠂ ᠲᠥᠷᠢᠮᠵᠢᠭᠰᠡᠨ᠂ ᠥᠨᠳᠤᠷ ᠥᠷ᠎ᠡ ᠪᠥᠲᠥᠮᠵᠢ ᠲᠠᠢ ᠡᠷᠬᠢᠯᠳᠡ ᠶᠢ ᠦᠨᠡᠨᠬᠦ ᠪᠠᠳᠣᠯᠠᠨ᠎ᠠ᠃ ᠰᠢᠯᠢᠳᠡᠭ ᠰᠠᠶᠢᠨ ᠦᠡᠳᠤᠷ ᠦᠷ᠎ᠠ ᠪᠦᠳᠤᠮᠵᠢ ᠲᠠᠢ ᠵᠠᠰᠠᠭ ᠤᠨ ᠶᠠᠪᠤᠳᠠᠯ ᠤᠨ ᠤᠷᠴᠢᠨ᠂ ᠲᠦᠪ ᠭᠤᠤᠯᠴᠢ ᠠᠷᠢᠭᠤᠨ ᠴᠢᠬᠡᠴᠢ ᠬᠠᠤᠯᠢ ᠪᠠᠷ ᠵᠠᠰᠠᠬᠤ ᠤᠷᠴᠢᠨ᠂ ᠡᠷᠬᠡ ᠲᠡᠭᠰᠢ ᠪᠠᠷ ᠦᠷᠢᠰᠤᠯᠳᠤᠬᠦ ᠵᠠᠬ᠎ᠠ ᠲᠡᠯᠬᠡᠬᠦᠷ ᠤᠨ ᠤᠷᠴᠢᠨ᠂ ᠦᠨᠡᠡᠴᠢ ᠬᠢᠴᠢᠶᠠᠩᠬᠦᠢ ᠨᠠᠶᠢᠬᠡᠮ ᠤᠨ ᠤᠷᠴᠢᠨ ᠢ ᠪᠦᠬᠦ ᠬᠦᠴᠤᠨ ᠢᠶᠠᠷ ᠡᠬᠦᠳᠴᠤ᠂ ᠪᠠᠷᠢᠯᠭ᠎ᠠ ᠶᠢᠨ ᠠᠵᠢᠯ ᠢ ᠠᠯᠪᠠ ᠪᠠᠷ ᠡᠵᠡᠯᠡᠨ ᠠᠪᠬᠤ ᠪᠤᠶᠤ ᠦᠬᠡᠷ᠎ᠠ ᠪᠤᠰᠤᠳ ᠲᠤ ᠠᠯᠪᠠ ᠪᠠᠷ ᠦᠭᠬᠦ᠂ ᠭᠡᠭᠡᠯᠢ ᠬᠠᠭ᠋ᠤᠤᠯᠢ ᠢᠳᠡᠬᠦ ᠵᠡᠷᠭᠡ ᠪᠡᠯᠡ ᠤᠷᠤᠭᠤᠯᠤᠯᠲᠠ ᠶᠢᠨ ᠤᠷᠴᠢᠨ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠣ᠂ ᠲᠠᠷᠣᠶᠢᠬᠠᠨ ᠪᠠᠶᠢᠴᠠᠭᠠᠨ ᠰᠢᠳᠭᠡᠵᠤ᠂ ᠤᠭᠳᠤᠬᠠᠨ ᠴᠤ ᠬᠤᠶᠢᠰᠢᠯᠠᠭᠤᠯᠬᠤ ᠦᠬᠡᠢ᠃ᠵᠢᠷᠭᠤᠭ᠎ᠠ ᠳᠤ᠂ ᠰᠢᠷᠭᠠᠭᠤ ᠴᠢᠷᠮᠠᠶᠢᠵᠤ ᠪᠤᠲᠠᠲᠠᠢ ᠠᠵᠢᠯᠯᠠᠨ᠎ᠠ᠃ ᠥᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠥᠭᠡᠯᠡᠨ᠂ ᠰᠢᠨ᠎ᠡ ᠶᠢ ᠡᠭᠦᠳᠤᠨ ᠤᠷᠤᠭᠰᠢᠯᠠᠵᠤ᠂ ᠬᠤᠭᠤᠰᠤᠨ ᠥᠭᠡ ᠶᠠᠷᠢᠵᠤ᠂ ᠪᠠᠶᠢᠳᠠᠯ ᠢ ᠥᠵᠡᠨ ᠬᠥᠯᠢᠶᠡᠬᠦ  ᠶᠢ ᠬᠥᠴᠥᠯᠡᠨ ᠥᠭᠡᠶᠢᠰᠭᠡᠵᠤ᠂ ᠠᠷᠭ᠎ᠠ ᠪᠥᠬᠦᠨ ᠢ ᠰᠥᠪᠡᠭᠴᠢᠯᠡᠨ ᠬᠥᠴᠢᠷᠳᠡᠯ ᠤᠨ ᠲᠤᠮᠲᠠ ᠭᠠᠷᠬᠤ ᠵᠠᠮ ᠡᠷᠢᠯᠬᠢᠯᠡᠨ᠂ ᠲᠥᠯᠬᠢᠨ ᠠᠬᠢᠭᠤᠯᠬᠤ ᠲᠤᠮᠲᠠ ᠬᠥᠴᠢᠷᠳᠡᠯ ᠢ ᠰᠢᠢᠳᠪᠥᠷᠢᠯᠡᠵᠤ᠂ ᠬᠥᠭᠵᠢᠯᠲᠡ ᠶᠢᠨ ᠲᠤᠮᠲᠠ ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠲᠥᠷᠥᠯ ᠵᠥᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠡᠭᠦᠷᠭᠡ ᠪᠠᠷᠢᠮᠵᠢᠶ᠎ᠠ ᠪᠠᠨ ᠲᠤᠭᠳᠠᠭᠠᠵᠤ᠂ ᠴᠠᠭ ᠢᠶᠠᠷ ᠬᠢᠵᠠᠭᠠᠷᠯᠠᠨ᠂ ᠰᠠᠷ᠎ᠠ ᠶᠢᠨ ᠠᠵᠢᠯ ᠢᠶᠠᠷ ᠤᠯᠠᠷᠢᠯ ᠤᠨ ᠳ᠋ᠦᠩ ᠢᠶᠠᠨ ᠪᠠᠲᠤᠯᠠᠵᠤ᠂ ᠤᠯᠠᠷᠢᠯ ᠤᠨ ᠳ᠋ᠦᠩ ᠢᠶᠠᠷ ᠵᠢᠯ  ᠤᠨ ᠠᠮᠵᠢᠯᠳᠠ ᠪᠠᠨ ᠪᠠᠲᠤᠯᠠᠨ᠂ ᠪᠥᠬᠦ ᠬᠥᠴᠥᠨ ᠢᠶᠠᠷ ᠢᠶᠠᠨ ᠰᠠᠶᠢᠳᠤᠷ ᠠᠳᠬᠤᠵᠤ ᠨᠠᠶᠢᠳᠠᠪᠣᠷᠢᠵᠢᠭᠤᠯᠣᠨ᠎ᠠ᠃ ᠵᠠᠰᠠᠭ ᠤᠨ ᠶᠠᠪᠤᠳᠠᠯ ᠤᠨ ᠱᠠᠯᠠᠪᠳᠠᠭᠤᠯᠤᠨ ᠪᠠᠶᠢᠴᠠᠭᠠᠬᠤ ᠲᠤᠭᠲᠠᠯᠴᠠᠭ᠎ᠠ ᠶᠢ ᠰᠢᠨᠡᠳᠭᠡᠨ᠂ ᠴᠢᠬᠤᠯᠠ ᠶᠡᠭᠡ ᠠᠵᠢᠯ  ᠤᠨ ᠪᠠᠶᠢᠷᠢᠯᠠᠭᠤᠯᠤᠯᠲᠠ᠂ ᠬᠤᠷᠠᠯ ᠤᠨ ᠴᠢᠬᠤᠯᠠ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ᠂ ᠡᠭᠦᠷᠭᠡ ᠶᠢᠨ ᠬᠤᠪᠢᠶᠠᠷᠢᠯᠠᠯᠲᠠ ᠨᠠᠶᠢᠳᠠᠪᠤᠷᠢᠵᠢᠭᠤᠯᠤᠯᠲᠠ  ᠶᠢ ᠪᠠᠳᠣᠯᠠᠨ᠎ᠠ᠃ᠲᠦᠯᠦᠭᠡᠯᠡᠭᠴᠢᠳ ᠡ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠣᠷᠢᠶᠠᠯᠠᠭ᠎ᠠ ᠨᠢᠭᠡᠨᠳᠡ ᠴᠣᠤᠷᠢᠶᠠᠳᠣᠨ᠂ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠨᠢᠭᠡᠨᠳᠡ ᠲᠣᠳᠣᠷᠬᠠᠢ ᠪᠣᠯᠣᠯ᠎ᠠ᠃ ᠪᠢᠳᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠪᠥᠬᠦ ᠬᠤᠰᠢᠭᠤᠨ ᠤ ᠥᠨᠳᠤᠰᠥᠲᠡᠨ ᠨᠦᠭᠦᠳ ᠤᠨ ᠠᠷᠠᠳ ᠲᠥᠮᠡᠨ ᠢᠶᠠᠨ ᠪᠥᠯᠬᠦᠮᠳᠡᠭᠦᠯᠥᠨ ᠲᠠᠭᠠᠭᠤᠯᠵᠤ᠂ ᠰᠢᠷᠭᠠᠭᠤ ᠴᠢᠷᠮᠠᠶᠢᠨ᠂ ᠰᠢᠨ᠎ᠡ ᠶᠢ ᠡᠬᠦᠳᠦᠨ ᠣᠷᠣᠭᠰᠢᠯᠠᠵᠣ᠂ ᠪᠠᠶᠠᠨ ᠬᠥᠴᠥᠷᠭᠡᠭ ᠂ ᠪᠤᠯᠪᠠᠰᠤᠨ᠂ ᠡᠶ᠎ᠡ ᠵᠤᠬᠢᠴᠠᠯ ᠲᠠᠢ᠂ ᠥᠵᠡᠰᠭᠦᠯᠡᠩᠲᠤ ᠰᠠᠶᠢᠬᠠᠨ᠂ ᠵᠤᠯ ᠵᠢᠷᠭᠠᠯᠲᠠᠢ ᠨᠤᠮᠢᠨ ᠠᠪᠠᠭ᠎ᠠ ᠪᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号