ᠵᠠᠰᠠᠭ ᠤᠨ ᠣᠷᠳᠣᠨ ᠤᠨ ᠠᠵᠢᠯ ᠤᠨ ᠢᠯᠡᠳᠬᠡᠯ | ᠠᠪᠠᠭ᠎ᠠ ᠬᠤᠰᠢᠭᠤᠨ ᠤ ᠠᠷᠪᠠᠨ ᠲᠦᠷᠪᠡᠳᠣᠬᠡᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠲᠡᠬᠡᠷ᠎ᠠ | ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ ᠠᠮᠣᠭᠤᠯᠠᠩ | 2015 ᠣᠨ ᠤ 2 ᠰᠠᠷ᠎ᠠ ᠶᠢᠨ 9 ᠤ ᠡᠳᠣᠷ | | ᠲᠦᠯᠦᠬᠡᠯᠡᠭᠴᠢᠳ ᠡ᠄ | ᠣᠳᠣ ᠪᠢ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠠ᠂ ᠣᠯᠠᠨ ᠢᠶᠠᠷ ᠢᠶᠠᠨ ᠬᠢᠨᠠᠨ ᠵᠦᠪᠯᠡᠬᠦ ᠪᠣᠯᠪᠠᠣ︕ ᠣᠯᠣᠰ ᠲᠦᠷᠦ ᠶᠢᠨ ᠵᠦᠪᠯᠡᠯᠬᠡᠨ ᠤ | ᠬᠡᠰᠢᠬᠦᠳ ᠪᠠ ᠬᠤᠷᠠᠯ ᠳᠤ ᠰᠣᠯᠨ ᠣᠷᠣᠯᠴᠠᠭᠰᠠᠨ ᠨᠦᠬᠦᠳ ᠰᠠᠨᠠᠯ ᠢᠶᠠᠨ ᠲᠣᠷᠠᠳᠬᠤ ᠶᠢ ᠬᠦᠰᠠᠶ᠎ᠠ᠃ | ᠨᠢᠬᠡ᠂ 2014 ᠣᠨ ᠤ ᠠᠵᠢᠯ ᠤᠨ ᠡᠷᠬᠢᠴᠡᠬᠦᠯᠣᠯ | ᠦᠩᠬᠡᠷᠡᠭᠰᠡᠨ ᠨᠢᠬᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠣᠳᠣᠷᠢᠳᠣᠯᠭ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠣᠯᠣᠰ ᠲᠦᠷᠦ | ᠶᠢᠨ ᠵᠦᠪᠯᠡᠯᠬᠡᠨ ᠤ ᠬᠢᠨᠠᠯᠳᠠ ᠲᠠᠮᠵᠢᠯᠬᠡ ᠲᠣᠣᠷ᠎ᠠ᠂ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ | ᠦᠨᠳᠣᠰᠣᠳᠠᠨ ᠨᠦᠭᠦᠳ ᠤᠨ ᠠᠷᠠᠳ ᠲᠦᠮᠡᠨ ᠢᠶᠠᠨ ᠪᠦᠯᠬᠦᠮᠳᠠᠬᠦᠯᠦᠨ ᠲᠠᠶᠢᠴᠢᠯᠠᠵᠤ᠂ ᠰᠢ ᠶᠢᠨ ᠫᠢᠩ ᠶᠠᠷᠣᠩᠬᠡᠢ | ᠱᠦᠵᠢ ᠶᠢᠨ ᠰᠢᠷᠢᠰ ᠴᠢᠬᠤᠯᠨ ᠶᠠᠷᠢᠶ᠎ᠠ ᠪᠠ ᠦᠪᠣᠷ ᠮᠣᠩᠭᠤᠯ ᠳᠤ ᠲᠣᠭᠤᠷᠢᠨ ᠪᠠᠶᠢᠴᠠᠭᠠᠬᠤ ᠳᠤ ᠬᠢᠭᠰᠡᠨ ᠶᠠᠷᠢᠶᠠᠨ | ᠤ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠵᠣ ᠲᠣᠣᠱᠯᠠᠭᠤᠯᠣᠨ᠂ ᠲᠤᠭᠳᠠᠭᠤᠨ ᠨᠡᠮᠡᠭᠳᠡᠯ ᠢ ᠪᠠᠳᠤᠯᠠᠬᠤ᠂ | ᠦᠬᠡᠷᠡᠴᠢᠯᠡᠯᠳᠡ ᠶᠢ ᠬᠦᠨᠵᠡᠬᠡᠶᠢᠷᠠᠬᠦᠯᠬᠦ᠂ ᠪᠦᠳᠤᠴᠠ ᠳᠤ ᠲᠤᠬᠢᠷᠠᠭᠤᠯᠬᠤ᠂ ᠠᠷᠡᠳ ᠲᠤ ᠠᠰᠢᠭ ᠬᠦᠷᠳᠡᠬᠡᠬᠦ᠂ | ᠲᠦᠭᠰᠢᠬᠦᠷᠢ ᠶᠢ ᠰᠠᠷᠬᠡᠶᠢᠯᠡᠬᠦ ᠵᠡᠷᠬᠡ ᠠᠵᠢᠯ ᠢ ᠲᠦᠯᠤᠪᠵᠢᠬᠦᠯᠤᠨ ᠠᠬᠢᠭᠤᠯᠤᠭᠰᠡᠨ ᠠᠴᠠ ᠠᠵᠣ ᠠᠬᠤᠢ ᠨᠡᠶᠢᠬᠡᠮ | ᠤᠨ ᠡᠯ᠎ᠠ ᠲᠦᠷᠦᠯ ᠤᠨ ᠠᠵᠢᠯ ᠦᠢᠯᠡᠰ ᠰᠢᠨ᠎ᠠ ᠠᠮᠵᠢᠯᠳᠠ ᠶᠢ ᠤᠯᠤᠭᠰᠡᠨ ᠪᠠᠶᠢᠨ᠎ᠠ᠃ | ︵ᠨᠢᠬᠡ︶ ᠠᠵᠣ ᠠᠬᠤᠢ ᠶᠢᠨ ᠶᠠᠷᠣᠩᠬᠡᠶᠢᠯᠡᠭᠰᠡᠨ ᠬᠦᠴᠣᠨ ᠢᠯᠡᠳᠳᠠ ᠴᠢᠩᠭᠠᠷᠠᠪᠠ᠃ ᠪᠦᠬᠦ ᠵᠢᠯ ᠳᠤ᠂ ᠭᠠᠵᠠᠷ | ᠣᠷᠣᠨ ᠤ ᠦᠢᠯᠡᠳᠪᠣᠷᠢᠯᠠᠯ ᠤᠨ ᠶᠡᠷᠦᠩᠬᠡᠢ ᠦᠷᠳᠡᠭ 61 ᠳ᠋ᠦᠩᠰᠢᠭᠤᠷ ᠲᠦᠬᠦᠷᠢᠭ ᠲᠤ ᠬᠦᠷᠴᠣ᠂ 13.3% | ᠪᠠᠷ ᠨᠡᠮᠡᠭᠳᠡᠪᠡ᠃ ᠡᠬᠦᠨ ᠳᠤ ᠨᠢᠬᠡᠳᠣᠬᠡᠷ ᠠᠵᠣ ᠦᠢᠯᠡᠰ ᠤᠨ ᠨᠡᠮᠡᠭᠳᠠᠯ ᠦᠷᠳᠡᠭ 7.4 ᠳ᠋ᠦᠩᠰᠢᠭᠤᠷ ᠲᠦᠬᠦᠷᠢᠭ | ᠲᠤ ᠬᠦᠷᠴᠣ᠂ 5.4% ᠪᠠᠷ ᠨᠡᠮᠡᠭᠳᠠᠪᠠ︔ ᠬᠤᠶᠠᠳᠣᠭᠠᠷ ᠠᠵᠣ ᠦᠢᠯᠡᠰ ᠤᠨ ᠨᠡᠮᠡᠭᠳᠠᠯ ᠦᠷᠳᠡᠭ 44.9 | ᠳ᠋ᠦᠩᠰᠢᠭᠤᠷ ᠲᠦᠬᠦᠷᠢᠭ ᠲᠤ ᠬᠦᠷᠴᠣ᠂ 15.8 % ᠪᠠᠷ ᠨᠡᠮᠡᠭᠳᠡᠪᠡ᠃ ᠡᠬᠦᠨ ᠳᠤ ᠠᠵᠣ ᠦᠢᠯᠡᠳᠪᠣᠷᠢ ᠶᠢᠨ | ᠨᠡᠮᠡᠭᠳᠠᠯ ᠦᠷᠳᠡᠭ 39.9 ᠳ᠋ᠦᠩᠰᠢᠭᠤᠷ ᠲᠦᠬᠦᠷᠢᠭ ᠲᠤ ᠬᠦᠷᠴᠣ᠂ 17.3% ᠪᠠᠷ ᠨᠡᠮᠡᠭᠳᠠᠨ᠂ ᠭᠤᠷᠪᠠᠳᠣᠭᠠᠷ | ᠠᠵᠣ ᠦᠢᠯᠡᠰ ᠤᠨ ᠨᠡᠮᠡᠭᠳᠠᠯ ᠦᠷᠳᠡᠭ 8.8 ᠳ᠋ᠦᠩᠰᠢᠭᠤᠷ ᠲᠦᠬᠦᠷᠢᠭ ᠲᠤ ᠬᠦᠷᠴᠣ᠂ 6 % ᠪᠠᠷ ᠨᠡᠮᠡᠭᠳᠠᠪᠠ᠃ | ᠲᠣᠭᠳᠠᠮᠠᠯ ᠬᠦᠷᠦᠩᠬᠡ ᠶᠢᠨ ᠪᠡᠯᠨ ᠣᠷᠣᠭᠤᠯᠣᠯᠳᠠ ᠶᠢ 53 ᠳ᠋ᠦᠩᠰᠢᠭᠤᠷ ᠲᠦᠬᠦᠷᠢᠭ ᠪᠡᠶᠡᠯᠡᠬᠦᠯᠵᠣ᠂ 22.2% | ᠢᠶᠠᠷ ᠨᠡᠮᠡᠭᠳᠠᠨ᠂ ᠭᠠᠵᠠᠷ ᠣᠷᠣᠨ ᠤ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ 2.85 ᠳ᠋ᠦᠩᠰᠢᠭᠤᠷ ᠲᠦᠬᠦᠷᠢᠭ | ᠲᠤ ᠬᠦᠷᠴᠣ᠂ 10.3 % ᠪᠠᠷ ᠨᠡᠮᠡᠭᠳᠡᠪᠡ᠃ ᠡᠬᠦᠨ ᠳᠤ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪᠯᠡᠨ | ᠪᠣᠳᠣᠯᠳᠠ ᠶᠢᠨ ᠣᠷᠣᠯᠭ᠎ᠠ 1.84 ᠳ᠋ᠦᠩᠰᠢᠭᠤᠷ ᠲᠦᠬᠦᠷᠢᠭ ᠲᠤ ᠬᠦᠷᠴᠣ᠂ 9.7% ᠪᠠᠷ ᠨᠡᠮᠡᠭᠳᠠᠨ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠲᠣᠮᠳᠠᠴᠢ ᠣᠷᠣᠯᠭ᠎ᠠ ᠨᠢ 27702 ᠲᠦᠬᠦᠷᠢᠭ ᠪᠠ 18588 ᠲᠦᠬᠦᠷᠢᠭ | ᠲᠤ ᠬᠦᠷᠴᠣ᠂ ᠲᠣᠰ ᠲᠣᠰ 9.7% ᠪᠠ 13.3% ᠪᠠᠷ ᠨᠡᠮᠡᠭᠳᠠᠪᠠ︔ ᠨᠡᠶᠢᠬᠡᠮ ᠤᠨ ᠬᠡᠷᠡᠭᠯᠡᠬᠡᠨ ᠤ ᠪᠣᠳᠠᠰ ᠤᠨ | ᠪᠤᠷᠤᠯᠠᠭᠤᠯᠤᠯᠳᠠ 9.3 ᠳ᠋ᠦᠩᠰᠢᠭᠤᠷ ᠲᠦᠬᠦᠷᠢᠭ ᠲᠤ ᠬᠦᠷᠴᠣ᠂ 11.2% ᠢᠶᠠᠷ ᠨᠡᠮᠡᠭᠳᠠᠪᠠ᠃ ᠠᠶᠢᠮᠠᠭ ᠠᠴᠠ | ᠪᠠᠭᠤᠯᠭᠠᠭᠰᠠᠨ ᠡᠨᠧᠷᠬᠢ ᠠᠷᠪᠢᠯᠠᠵᠣ ᠪᠣᠬᠢᠷᠳᠣᠯ ᠢ ᠪᠠᠭᠠᠰᠬᠠᠬᠤ ᠬᠠᠷᠢᠭᠤᠴᠠᠯᠭ᠎ᠠ ᠶᠢᠨ ᠬᠠᠷᠠᠯᠳᠠ ᠶᠢ ᠪᠦᠬᠦ ᠲᠠᠯ᠎ᠠ ᠪᠠᠷ | ᠪᠡᠶᠡᠯᠡᠬᠦᠯᠦᠨ᠂ GDP ᠶᠢᠨ ᠨᠢᠬᠡᠴᠢ ᠪᠦᠷᠢ ᠶᠢᠨ ᠡᠨᠧᠷᠬᠢ ᠶᠢᠨ ᠬᠤᠷᠣᠭᠳᠠᠯ ᠢ 8.08% ᠪᠠᠷ ᠪᠠᠭᠠᠰᠬᠠᠪᠠ᠃ | ︵ᠬᠤᠶᠠᠷ︶ ᠣᠳᠣᠬᠢᠴᠢᠯᠠᠭᠰᠠᠨ ᠮᠠᠯ ᠠᠵᠣ ᠠᠬᠤᠢ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠪᠠ᠃ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠠᠶᠢᠭᠤᠯᠤᠯᠳᠠ ᠶᠢ ᠤᠨᠤᠴᠢᠳᠡᠢ ᠲᠦᠯᠬᠢᠨ ᠠᠬᠢᠭᠤᠯᠵᠤ᠂ 1.4 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ 3485 ᠲᠦᠮᠡᠨ ᠮᠤ᠋ ᠨᠤᠳᠤᠭ ᠪᠠᠯᠴᠢᠬᠡᠷ ᠲᠤ ᠪᠠᠯᠴᠢᠬᠡᠷ | ᠰᠡᠷᠬᠦᠬᠡᠭᠰᠡᠨ ᠪᠠ ᠰᠠᠯᠬᠦᠨ ᠮᠠᠯᠵᠢᠵᠤ᠂ 565.7 ᠲᠦᠮᠡᠨ ᠮᠤ᠋ ᠳᠤ ᠪᠡᠯᠴᠢᠬᠡᠷᠯᠡᠬᠦᠯᠬᠦ ᠶᠢ ᠵᠤᠭᠰᠤᠭᠠᠨ᠂ 4.7 | ᠲᠦᠮᠡᠨ ᠮᠤ᠋ ᠭᠠᠵᠡᠷ ᠢ ᠦᠢᠵᠢᠭᠤᠯᠵᠤ᠂ 4131 ᠮᠤ᠋ ᠭᠤᠤᠯᠳᠠᠯᠭ᠎ᠠ ᠲᠠᠢ ᠭᠠᠵᠡᠷ ᠤᠷᠤᠨ ᠢ ᠨᠤᠭᠤᠭᠠᠷᠠᠭᠤᠯᠤᠨ᠂ | ᠤᠷᠭᠤᠮᠠᠯ ᠤᠨ ᠪᠦᠷᠬᠦᠴᠠ ᠶᠢᠨ ᠨᠢᠭᠳᠠᠴᠠ ᠶᠢ 53.2% ᠲᠤ ᠬᠦᠷᠬᠡᠪᠠ᠃ ᠮᠠᠯ ᠠᠵᠤ ᠠᠬᠤᠢ ᠶᠢᠨ ᠰᠠᠭᠤᠷᠢ | ᠲᠦᠬᠦᠬᠡᠷᠤᠮᠵᠢ ᠶᠢᠨ ᠨᠦᠬᠦᠴᠠᠯ ᠢᠯᠡᠳᠳᠠ ᠰᠠᠶᠢᠵᠢᠷᠠᠨ᠂ 423 ᠰᠠᠭᠤᠷᠢ 5.6 ᠲᠦᠮᠡᠨ ᠲᠡᠭᠰᠢ ᠲᠦᠷᠪᠡᠯᠵᠢᠨ | ᠮᠧᠲᠷ ᠤᠨ ᠲᠣᠯᠠᠭᠠᠨ ᠫᠸᠡᠭ᠂ 237 ᠰᠠᠭᠤᠷᠢ 3.1 ᠲᠦᠮᠡᠨ ᠲᠡᠭᠰᠢ ᠲᠦᠷᠪᠠᠯᠵᠢᠨ ᠮᠧᠲᠷ ᠤᠨ ᠡᠪᠡᠰᠤ | ᠨᠦᠬᠡᠴᠡᠯᠡᠬᠦ ᠫᠸᠡᠭ ᠢ ᠰᠢᠨ᠎ᠠ ᠪᠠᠷ ᠪᠠᠶᠢᠭᠤᠯᠵᠤ᠂ 241 ᠬᠤᠳᠳᠤᠭ ᠮᠠᠯᠳᠠᠨ᠂ 192 ᠤᠰᠤ ᠬᠠᠳᠠᠭᠠᠯᠠᠬᠤ | ᠵᠤᠭᠤᠷᠢ ᠪᠠᠷᠢᠵᠤ᠂ 335 ᠰᠠᠤᠷᠢ ︵ᠢᠵᠢ︶ ᠮᠠᠯ ᠠᠵᠤ ᠠᠬᠤᠢ ᠶᠢᠨ ᠮᠠᠰᠢᠨ ᠲᠧᠭᠨᠢᠭ ᠬᠤᠳᠠᠯᠳᠤᠨ ᠠᠪᠤᠪᠠ᠃ | ᠮᠠᠯ ᠠᠵᠤ ᠠᠬᠤᠢ ᠶᠢᠨ ᠭᠤᠤᠯᠯᠠᠭᠴᠢ ᠠᠵᠤ ᠦᠢᠯᠡᠰ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠵᠤ᠂ ︽ᠮᠢᠬ᠎ᠠ᠂ | ᠰᠦ᠂ ᠠᠳᠤᠭᠤ᠂ ᠡᠪᠡᠰᠤ᠂ ᠡᠯᠡᠰᠤ︾ ᠲᠠᠪᠤᠨ ᠤᠡᠴᠠᠯᠢᠭᠳᠤ ᠠᠵᠤ ᠦᠢᠯᠡᠰ ᠤᠨ ᠲᠤᠭᠤᠷᠢᠨ ᠳᠤ᠂ ᠮᠢᠬᠠᠨ ᠤ | ᠦᠬᠡᠷ ᠲᠠᠵᠢᠬᠡᠨ ᠠᠷᠠᠴᠢᠯᠠᠬᠤ ᠡᠷᠤᠬᠡ ᠰᠢᠨ᠎ᠠ ᠪᠠᠷ 60 ᠶᠢ ᠪᠠᠶᠢᠭᠤᠯᠵᠣ᠂ ᠨᠡᠶᠢᠳᠠ 435 ᠡᠷᠤᠬᠡ ᠳᠤ ᠬᠦᠷᠬᠡᠨ᠂ | ᠮᠢᠬᠠᠨ ᠤ ᠬᠤᠨᠢ ᠲᠠᠵᠢᠬᠡᠨ ᠠᠷᠠᠴᠢᠯᠠᠬᠤ ᠡᠷᠤᠬᠡ ᠰᠢᠨ᠎ᠠ ᠪᠠᠷ 140 ᠶᠢ ᠪᠠᠶᠢᠭᠤᠯᠵᠣ᠂ ᠨᠠᠶᠢᠳᠠ 1000 ᠡᠷᠤᠬᠡ | ᠳᠤ ᠬᠦᠷᠬᠡᠪᠡ᠃ ᠪᠦᠬᠦ ᠵᠢᠯ ᠳᠤ᠂ 77.1 ᠲᠦᠮᠡᠨ ᠲᠤᠯᠤᠭᠠᠢ ᠲᠦᠯ ᠲᠤᠰᠴᠤ᠂ ᠤᠡᠳᠤᠷᠤᠯᠳᠠ ᠶᠢᠨ ᠨᠤᠷᠮ᠎ᠠ ᠨᠢ | 99.9% ᠳᠤ ᠬᠦᠷᠴᠤ᠂ 138.4 ᠲᠦᠮᠡᠨ ᠲᠤᠯᠤᠭᠠᠢ ᠮᠠᠯ ᠵᠠᠷᠣᠴᠠᠭᠤᠯᠪᠠ᠃ 2.6 ᠲᠤᠨ ᠰᠦᠨ ᠬᠦᠴᠢᠯ ᠤᠨ | ᠲᠠᠯᠬ᠎ᠠ ᠡᠳ᠋ᠰᠢᠬᠦᠯᠤᠨ᠂ 237 ᠲᠤᠨ ᠴᠡᠭᠡ ᠪᠤᠷᠤᠯᠠᠭᠤᠯᠵᠤ᠂ 120 ᠲᠤᠨ ᠴᠠᠭᠠᠨ ᠢᠳᠡᠭᠡ ᠪᠤᠷᠤᠯᠠᠭᠤᠯᠪᠠ᠃ 3. | 4 ᠳ᠋ᠦᠩᠰᠢᠭᠤᠷ ᠺᠢᠯᠤᠭ᠍ᠷᠡᠮ ᠡᠪᠡᠰᠤ ᠨᠦᠬᠡᠴᠡᠯᠡᠨ᠂ 6000 ᠮᠤ᠋ ᠵᠠᠭ ᠮᠣᠳᠣᠨ ᠳᠤ ᠴᠠᠭᠠᠨ ᠭᠤᠶᠤᠤ ᠵᠠᠯᠭᠠᠵᠤ | ᠤᠷᠭᠤᠭᠤᠯᠤᠨ᠂ 5000 ᠮᠤ᠋ ᠳᠤ ᠪᠤᠳᠠ ᠪᠤᠷᠭᠠᠰᠤ ᠲᠠᠷᠢᠪᠠ᠃ ᠮᠠᠯ ᠠᠵᠤ ᠠᠬᠤᠢ ᠶᠢᠨ ᠵᠤᠬᠢᠶᠠᠨ | ᠪᠠᠶᠢᠭᠤᠯᠵᠢᠭᠰᠡᠨ ᠬᠡᠮᠵᠢᠶ᠎ᠠ ᠢᠯᠡᠳᠳᠠ ᠲᠡᠬᠡᠭᠰᠢᠯᠡᠨ᠂ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ | ᠲᠤᠯᠤᠭᠠᠶᠢᠯᠠᠭᠴᠢ ᠠᠵᠤ ᠠᠬᠤᠶᠢᠯᠡᠯ 2 ᠢ ᠪᠤᠶᠢᠵᠢᠭᠤᠯᠵᠤ᠂ ᠲᠦᠷᠢᠮᠵᠢᠭᠰᠡᠨ ᠲᠤᠰᠬᠠᠶᠢᠵᠢᠭᠰᠡᠨ ᠬᠤᠷᠰᠢᠶᠠᠵᠢᠯ | ᠰᠢᠨ᠎ᠠ ᠪᠠᠷ 38 ᠶᠢ ᠪᠠᠶᠢᠭᠤᠯᠵᠣ᠂ ᠨᠠᠶᠢᠳᠠ 207 ᠳᠤ ᠬᠦᠷᠴᠤ᠂ ᠬᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ | ᠲᠠᠯᠠᠪᠠᠢ ᠰᠢᠨ᠎ᠠ ᠪᠠᠷ 70 ᠶᠢ ᠪᠠᠶᠢᠭᠤᠯᠣᠨ᠂ ᠨᠡᠶᠢᠳᠠ 140 ᠳᠤ ᠬᠦᠷᠬᠡᠪᠡ᠃ ᠮᠠᠯ ᠤᠨ ᠬᠢᠵᠢᠭ ᠡᠪᠡᠳᠴᠢᠨ ᠢ | ᠰᠠᠷᠬᠡᠶᠢᠯᠠᠨ ᠵᠠᠰᠠᠬᠤ ᠠᠵᠢᠯ ᠢ ᠴᠢᠩᠭᠠᠳᠬᠠᠵᠣ᠂ ᠪᠦᠬᠦ ᠵᠢᠯ ᠳᠤ ᠬᠦᠨᠳᠣ ᠶᠡᠭᠡ ᠮᠠᠯ ᠤᠨ ᠬᠢᠵᠢᠭ ᠡᠬᠦᠰᠦᠭᠰᠡᠨ | ᠦᠬᠡᠢ᠃ | ︵ᠭᠤᠷᠪᠠ︶ ᠠᠵᠤ ᠦᠢᠯᠡᠳᠪᠤᠷᠢ ᠶᠢᠨ ᠠᠵᠤ ᠠᠬᠤᠢ ᠲᠤᠭᠳᠠᠭᠤᠨ ᠢᠶᠠᠷ ᠬᠦᠭᠵᠢᠪᠠ᠃ 17 ᠠᠵᠤ ᠦᠢᠯᠡᠳᠪᠤᠷᠢ | ᠶᠢᠨ ᠭᠤᠤᠯᠳᠠᠯᠭ᠎ᠠ ᠲᠠᠢ ᠲᠦᠷᠥᠯ ᠵᠥᠢᠯ ᠳᠤ 32 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ | ᠴᠠᠭᠠᠡᠨᠠᠭᠤᠷ ᠨᠢᠬᠡᠳᠤᠬᠡᠷ ᠬᠤᠭᠤᠴᠠᠭᠠᠨ ᠤ 2×66 ᠲᠦᠮᠡᠨ ᠺᠢᠯᠤᠸᠡᠲ ᠤᠨ ᠴᠠᠬᠢᠯᠭᠠᠨ ᠦᠢᠯᠡᠳᠪᠤᠷᠢ ᠶᠢᠨ | ᠲᠦᠷᠥᠯ ᠵᠥᠢᠯ ᠤᠨ ᠭᠠᠵᠡᠷ ᠲᠠᠳᠠᠪᠣᠷᠢᠯᠠᠨ ᠨᠦᠬᠦᠪᠣᠷᠢ ᠣᠯᠭᠤᠬᠤ ᠪᠠ ᠣᠷᠣᠨᠰᠢᠭᠤᠯᠬᠤ ᠠᠵᠢᠯ ᠢ ᠪᠠᠶᠠᠯᠡᠬᠦᠯᠦᠭᠰᠡᠨ | ᠤ ᠬᠠᠮᠳᠣ ᠬᠡᠰᠡᠭ ᠲᠣᠨᠤᠭ ᠲᠦᠬᠦᠬᠡᠷᠦᠮᠵᠢ ᠪᠠᠨ ᠬᠤᠳᠠᠯᠳᠣᠨ ᠠᠪᠬᠤ ᠪᠠᠷ ᠲᠤᠭᠳᠠᠪᠠ︔ ᠴᠠᠭᠠᠨᠨᠠᠭᠤᠷ ᠨᠢᠬᠡᠳᠤᠬᠡᠷ | ᠬᠤᠭᠤᠴᠠᠭᠠᠨ ᠤ 800 ᠲᠦᠮᠡᠨ ᠲᠤᠨ ᠤ ᠨᠡᠬᠦᠷᠠᠰᠣᠨ ᠠᠭᠤᠷᠬᠠᠢ ᠶᠢᠨ ᠲᠦᠷᠦᠯ ᠵᠦᠢᠯ ᠤᠨ ᠬᠤᠳᠳᠤᠭ ᠤᠨ | ᠮᠦᠰᠤ ᠶᠢ ᠠᠷᠢᠯᠭᠠᠬᠤ ᠪᠠ ᠲᠤᠨᠤᠭ ᠲᠦᠬᠦᠬᠡᠷᠤᠮᠵᠢ ᠬᠤᠳᠠᠯᠳᠤᠨ ᠤᠷᠤᠭᠤᠯᠬᠤ ᠠᠵᠢᠯ ᠢ ᠲᠠᠭᠤᠰᠬᠠᠨ᠂ ᠳ᠋ᠠ ᠠᠠ | ᠵᠢᠯ ᠳᠤ 120 ᠲᠦᠮᠡᠨ ᠲᠤᠨ ᠨᠠᠬᠦᠷᠡᠰᠤᠨ ᠤ ᠠᠭᠤᠷᠬᠠᠢ ᠶᠢᠨ ᠲᠦᠷᠥᠯ ᠵᠥᠢᠯ ᠤᠨ ᠪᠠᠷᠢᠯᠭ᠎ᠠ ᠶᠢ ᠨᠢᠬᠡᠨᠳᠡ | ᠲᠠᠭᠤᠰᠬᠠᠨ᠂ ᠤᠳᠤ ᠠᠭᠤᠷᠬᠠᠢ ᠬᠠᠶᠢᠬᠤ ᠠᠴᠠ ᠠᠭᠤᠷᠬᠠᠢ ᠮᠠᠯᠳᠠᠬᠤ ᠭᠠᠷᠳᠠᠮ ᠢ ᠬᠦᠢᠴᠡᠳᠬᠡᠵᠣ ᠪᠣᠢ᠃ ᠶᠢᠨ ᠳ᠋ᠢ | ᠵᠠᠰ ᠮᠤᠯᠢᠪᠳᠧᠨ ᠤ ᠬᠦᠳᠡᠷ ᠰᠢᠯᠢᠬᠦ ᠦᠢᠯᠡᠳᠪᠤᠷᠢ ᠶᠢ ᠡᠳᠤᠷ ᠲᠤ 5000 ᠲᠤᠨ ᠬᠦᠳᠡᠷ ᠰᠢᠯᠢᠵᠤ ᠪᠠᠶᠢᠭᠰᠡᠨ | ᠠᠴᠠ ᠨᠢ 1 ᠲᠦᠮᠡᠨ ᠲᠤᠨ ᠬᠦᠳᠡᠷ ᠰᠢᠯᠢᠬᠦ ᠴᠢᠳᠠᠪᠬᠢ ᠲᠠᠢ ᠪᠤᠯᠭᠠᠵᠤ᠂ ᠭᠤᠷᠴᠢ ᠶᠢᠨ ᠣᠯᠠᠨ ᠵᠥᠢᠯ ᠤᠨ | ᠲᠠᠮᠦᠷᠯᠢᠭ ᠤᠨ ᠠᠭᠤᠷᠬᠠᠢ ᠶᠢᠨ ᠡᠳᠤᠷ ᠲᠤ 2000 ᠲᠤᠨ ᠬᠦᠳᠡᠷ ᠰᠢᠯᠢᠬᠦ ᠲᠦᠷᠥᠯ ᠵᠥᠢᠯ ᠤᠨ ᠭᠠᠵᠡᠷ | ᠲᠠᠳᠠᠪᠣᠷᠢᠯᠠᠨ ᠨᠦᠬᠦᠪᠣᠷᠢ ᠣᠯᠭᠤᠬᠤ ᠪᠠ ᠤᠷᠤᠡᠰᠢᠭᠤᠯᠬᠤ ᠠᠵᠢᠯ ᠢ ᠲᠠᠭᠤᠰᠬᠠᠪᠠ᠃ ᠴᠢᠨ ᠬᠤᠸᠠᠩ ᠳ᠋ᠤᠤ ᠭᠠᠨᠭ᠌ | ᠴᠸᠡᠭ ᠴᠠᠬᠢᠯᠭᠠᠨ ᠬᠦᠴᠤᠨ ᠤ 5 ᠲᠦᠮᠡᠨ ᠺᠢᠯᠤᠸᠡᠲ ᠤᠨ ᠰᠠᠯᠬᠢᠨ ᠴᠠᠬᠢᠯᠭᠠᠨ᠂ ᠤᠮᠠᠷᠡᠳᠤ ᠤᠷᠤᠨ ᠤ ᠯᠦᠡᠭ | ᠶᠤᠸᠠᠨ 4500 ᠺᠢᠯᠣᠸᠠᠲ ᠤᠨ ᠲᠠᠷᠬᠠᠯᠳᠠ ᠶᠢᠨ ᠬᠡᠯᠪᠡᠷᠢ ᠶᠢᠨ ᠰᠠᠯᠬᠢᠨ ᠴᠠᠬᠢᠯᠭᠠᠨ ᠤ ᠵᠢᠱᠢᠶ᠎ᠠ ᠦᠵᠡᠬᠦᠯᠬᠦ | ᠲᠦᠷᠥᠯ ᠵᠥᠢᠯ ᠤᠨ ᠭᠠᠵᠡᠷ ᠲᠠᠳᠠᠪᠤᠷᠢᠯᠠᠬᠤ ᠠᠵᠢᠯ ᠢ ᠡᠬᠢᠯᠡᠬᠦᠯᠤᠨ᠂ ᠷᠦᠨ ᠳ᠋ᠠ ᠡᠪᠡᠰᠤᠨ ᠤ ᠦᠢᠯᠡᠰ ᠤᠨ ᠵᠢᠯ | ᠳᠤ 5 ᠲᠦᠮᠡᠨ ᠲᠤᠨ ᠡᠪᠡᠰᠤ ᠲᠠᠷᠤᠰᠢᠭᠤᠯᠤᠨ ᠡᠳ᠋ᠰᠢᠬᠦᠯᠬᠦ ᠦᠢᠯᠡᠳᠪᠤᠷᠢ ᠶᠢᠨ ᠲᠦᠷᠥᠯ ᠵᠥᠢᠯ᠂ ᠢᠳᠡᠷ ᠰᠦᠨ ᠤ | ᠦᠢᠯᠡᠳᠪᠤᠷᠢ ᠶᠢᠨ ᠲᠦᠷᠥᠯ ᠵᠥᠢᠯ᠂ ᠮᠠᠨᠢᠳᠤ ᠨᠠᠬᠦᠷᠡᠰᠤᠨ ᠠᠭᠤᠷᠬᠠᠢ ᠶᠢᠨ ᠭᠠᠯ ᠰᠡᠷᠬᠡᠶᠢᠯᠡᠬᠦ ᠢᠡᠵᠧᠨᠧᠷᠢᠩ ᠪᠠ | ᠵᠢᠥᠢ ᠰᠢᠨ ᠨᠡᠬᠦᠷᠡᠰᠤᠨ ᠤ ᠦᠢᠯᠡᠰ᠂ ᠪᠤᠤ ᠷᠦᠨ ᠠᠭᠤᠷᠬᠠᠢ ᠶᠢᠨ ᠦᠢᠯᠡᠰ᠂ ᠳ᠋ᠠ ᠴᠸᠡᠭ ᠨᠡᠬᠦᠷᠠᠰᠣᠨ ᠤ ᠦᠢᠯᠡᠰ | ᠤᠨ ᠵᠢᠯ ᠳᠤ 120 ᠲᠦᠮᠡᠨ ᠲᠤᠨ ᠤ ᠨᠡᠬᠦᠷᠡᠰᠤ ᠰᠢᠯᠢᠬᠦ 3 ᠦᠢᠯᠡᠳᠪᠣᠷᠢ ᠶᠢᠨ ᠲᠦᠷᠥᠯ ᠵᠥᠢᠯ ᠵᠡᠷᠬᠡ ᠶᠢᠨ | ᠪᠠᠶᠢᠭᠤᠯᠤᠯᠳᠠ ᠶᠢ ᠪᠦᠬᠦᠨ ᠢ ᠲᠠᠭᠤᠰᠬᠠᠪᠠ᠃ ᠠᠵᠤ ᠦᠢᠯᠡᠳᠪᠤᠷᠢ ᠶᠢᠨ ᠠᠵᠤ ᠠᠬᠤᠶᠢᠯᠡᠯ ᠶᠢᠨ ᠡᠷᠬᠢᠯᠳᠠ | ᠲᠤᠭᠳᠠᠭᠤᠨ ᠢᠶᠠᠷ ᠠᠬᠢᠵᠤ᠂ 30 ᠬᠡᠪᠴᠢᠶᠠᠨ ᠠᠴᠠ ᠲᠡᠬᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ ᠤᠨ | 29 ᠨᠢ ᠠᠰᠢᠭᠯᠠᠯᠳᠠ ᠳᠤ ᠤᠷᠤᠵᠤ᠂ 34.5 ᠳ᠋ᠦᠩᠰᠢᠭᠤᠷ ᠲᠦᠬᠦᠷᠢᠭ ᠤᠨ ᠨᠡᠮᠡᠭᠳᠠᠯ ᠦᠷᠳᠡᠭ ᠢ ᠪᠡᠶᠡᠯᠡᠬᠦᠯᠦᠨ᠂ | 19 % ᠪᠠᠷ ᠨᠡᠮᠡᠭᠳᠠᠪᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠨᠠᠯᠢᠶᠠᠳ ᠰᠠᠶᠢᠨ ᠦᠷ᠎ᠠ ᠪᠦᠳᠣᠮᠵᠢ | ᠤᠯᠵᠤ᠂ ᠪᠦᠬᠦ ᠵᠢᠯ ᠳᠤ ᠠᠶᠢᠮᠠᠭ ᠤᠨ ᠭᠠᠳᠠᠨ᠎ᠠ ᠠᠴᠠ 35.7 ᠳ᠋ᠦᠩᠰᠢᠭᠤᠷ ᠲᠦᠬᠦᠷᠢᠭ ᠤᠨ ᠪᠡᠯᠡ ᠮᠦᠩᠬᠦ | ᠲᠠᠳᠠᠨ ᠣᠷᠣᠭᠤᠯᠪᠠ᠃ ᠭᠠᠵᠡᠷ ᠰᠢᠡᠵᠢᠯᠡᠬᠡᠨ ᠤ ᠬᠠᠶᠢᠨ ᠰᠢᠡᠵᠢᠯᠡᠯᠳᠡ ᠶᠢᠨ 16 ᠲᠦᠷᠥᠯ ᠵᠥᠢᠯ᠂ ᠪᠠᠶᠢᠴᠠᠭᠠᠯᠳᠠ | ᠶᠢᠨ 8 ᠲᠦᠷᠥᠯ ᠵᠥᠢᠯ ᠢ ᠬᠡᠷᠡᠭᠵᠢᠬᠦᠯᠤᠨ᠂ 1.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠳ᠋ᠢ ᡁᠢ | ᠭᠤᠸᠠᠩ ᠴᠢᠯᠠᠭᠤᠨ ᠲᠤᠰᠤᠨ ᠤ ᠰᠢᠡᠵᠢᠯᠡᠭᠡ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ 3 ᠬᠤᠳᠳᠤᠭ ᠠᠴᠠ | ᠴᠢᠯᠠᠭᠤᠨ ᠲᠤᠰᠤ ᠲᠣᠷᠰᠢᠨ ᠦᠢᠯᠡᠳᠪᠣᠷᠢᠯᠠᠵᠣ ᠪᠣᠷᠣᠯᠠᠭᠤᠯᠪᠠ᠃ ᠠᠭᠤᠷᠬᠠᠢ ᠶᠢᠨ ᠭᠠᠵᠠᠷ ᠣᠷᠣᠨ ᠤ 4100 ᠮᠣ᠋ | ᠭᠠᠵᠠᠷ ᠰᠢᠷᠣᠢ ᠶᠢ ᠵᠠᠰᠠᠨ ᠰᠠᠶᠢᠵᠢᠷᠠᠭᠤᠯᠵᠣ᠂ 1283 ᠮᠣ᠋ ᠨᠣᠳᠤᠭ ᠪᠠᠯᠴᠢᠬᠡᠷ ᠢ ᠰᠡᠷᠬᠦᠬᠡᠪᠠ᠃ | ︵ᠲᠦᠷᠪᠠ︶ ᠣᠳᠣᠬᠢᠴᠢᠯᠠᠭᠰᠠᠨ ᠦᠢᠯᠡᠴᠢᠯᠡᠬᠡᠨ ᠤ ᠦᠢᠯᠡᠰ ᠬᠦᠭᠵᠢᠪᠠ᠃ ᠵᠤᠭᠠᠴᠠᠯ ᠤᠨ ᠦᠢᠯᠡᠰ ᠤᠨ | ᠬᠦᠭᠵᠢᠯᠳᠠ ᠶᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠬᠤᠩᠭᠤᠷᠭᠤᠤᠯ ᠤᠨ ᠵᠤᠭᠠᠴᠠᠯ ᠦᠵᠡᠮᠵᠢ ᠶᠢᠨ | ᠤᠷᠤᠨ ᠨᠢ ᠵᠤᠬᠢᠬᠤ ᠬᠡᠪᠴᠢᠶ᠎ᠠ ᠲᠠᠢ ᠪᠤᠯᠵᠤ᠂ ᠪᠡᠯᠬᠦᠳᠡᠢ ᠶᠢᠨ ᠲᠠᠬᠢᠯᠭ᠎ᠠ ᠶᠢᠨ ᠤᠷᠳᠤᠨ ᠢ ᠠᠰᠢᠭᠯᠠᠯᠳᠠ ᠳᠤ | ᠤᠷᠤᠭᠤᠯᠤᠨ᠂ ︽ᠠᠪᠠᠭ᠎ᠠ ᠠᠶᠢᠯ︾ ᠵᠤᠭᠠᠴᠠᠯ ᠤᠨ ᠴᠡᠭ 15 ᠶᠢ ᠰᠢᠨ᠎ᠠ ᠪᠠᠷ ᠪᠠᠶᠢᠭᠤᠯᠵᠤ᠂ ᠪᠦᠬᠦ ᠵᠢᠯ ᠳᠤ᠂ | ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠡᠳ ᠢ 20.3 ᠲᠦᠮᠡᠨ ᠬᠦᠮᠤᠨ ᠤᠳᠠᠭ᠎ᠠ ᠬᠦᠯᠢᠶᠠᠨ | ᠵᠤᠴᠢᠯᠠᠵᠤ᠂ 1.01 ᠳ᠋ᠦᠩᠰᠢᠭᠤᠷ ᠲᠦᠬᠦᠷᠢᠭ ᠤᠨ ᠤᠷᠤᠯᠭ᠎ᠠ ᠡᠬᠦᠳᠤᠪᠡ᠃ ᠪᠤᠳᠠᠰ ᠤᠨ ᠬᠦᠢᠯᠬᠡᠬᠡᠨ ᠤ ᠦᠢᠯᠡᠰ | ᠤᠨ ᠬᠦᠭᠵᠢᠯᠳᠠ ᠶᠢ ᠲᠦᠷᠬᠡᠳᠬᠡᠨ ᠠᠬᠢᠭᠤᠯᠵᠤ᠂ ᠡᠳᠤᠷ ᠲᠤᠳᠤᠮ ᠤᠨ ᠬᠡᠷᠡᠭᠯᠡᠬᠡᠨ ᠤ ᠪᠤᠳᠠᠰ ᠢ ᠲᠤᠬᠢᠷᠠᠭᠤᠯᠤᠨ | ᠬᠦᠷᠬᠡᠬᠦ ᠲᠦᠪ᠂ ᠲᠡᠵᠢᠬᠡᠯ ᠡᠪᠡᠰᠤ ᠪᠤᠷᠳᠤᠭᠠᠨ ᠤ ᠠᠷᠠᠯᠵᠢᠶᠠᠨ ᠤ ᠵᠠᠬ᠎ᠠ ᠶᠢᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠨ᠂ ᠪᠦᠬᠦ ᠵᠢᠯ ᠤᠨ ᠠᠶᠠᠨᠴᠢᠳ ᠤᠨ ᠵᠦᠬᠡᠬᠡᠪᠣᠷᠢ ᠶᠢᠨ ᠡᠷᠬᠢᠯᠳᠠ ᠶᠢᠨ ᠬᠡᠮᠵᠢᠶ᠎ᠠ ᠪᠠ ᠡᠳ᠋ ᠪᠠᠷᠠᠭᠠᠨ ᠤ | ᠵᠦᠬᠡᠬᠡᠪᠣᠷᠢᠯᠠᠯᠳᠠ ᠶᠢᠨ ᠡᠷᠬᠢᠯᠳᠠ ᠶᠢᠨ ᠬᠡᠮᠵᠢᠶ᠎ᠠ ᠨᠢ 1.2 ᠳ᠋ᠦᠩᠰᠢᠭᠤᠷ ᠬᠦᠮᠦᠨ ᠺᠢᠯᠣᠮᠧᠲᠷ ᠪᠠ 2.6 | ᠳ᠋ᠦᠩᠰᠢᠭᠤᠷ ᠲᠣᠨ ᠺᠢᠯᠣᠮᠧᠲᠷ ᠲᠤ ᠬᠦᠷᠴᠣ᠂ ᠲᠣᠰ ᠲᠣᠰ 8% ᠪᠠ 15% ᠪᠠᠷ ᠨᠡᠮᠡᠭᠳᠠᠪᠠ᠃ ᠦᠡᠳᠤᠰᠤᠳᠠᠨ | ᠤ ᠰᠤᠶᠤᠯ ᠤᠨ ᠠᠵᠤ ᠦᠢᠯᠡᠰ ᠤᠨ ᠬᠦᠭᠵᠢᠯᠳᠠ ᠶᠢ ᠰᠠᠶᠢᠳᠤᠷ ᠵᠤᠷᠢᠭᠵᠢᠭᠤᠯᠤᠨ ᠲᠠᠮᠵᠢᠵᠤ᠂ ︽ᠤᠬᠠᠭᠠᠨ︾ | ᠮᠤᠩᠭᠤᠯ ᠬᠡᠪᠯᠡᠯ ᠤᠨ ᠦᠢᠯᠡᠳᠪᠤᠷᠢ ᠶᠢ ᠠᠰᠢᠭᠯᠠᠯᠳᠠ ᠳᠤ ᠤᠷᠤᠭᠤᠯᠪᠠ᠃ ᠮᠦᠩᠬᠦᠨ ᠬᠦᠢᠯᠬᠡᠬᠡᠨ ᠤ ᠪᠠᠶᠢᠭᠤᠯᠣᠮᠵᠢ | ᠶᠢᠨ ᠦᠢᠯᠡᠴᠢᠯᠡᠬᠡᠨ ᠤ ᠴᠢᠳᠠᠪᠣᠷᠢ ᠶᠢ ᠣᠯᠠᠮ ᠴᠢᠨᠠᠭᠰᠢᠳᠠ ᠲᠡᠬᠡᠭᠰᠢᠯᠡᠬᠦᠯᠤᠨ᠂ ᠪᠦᠬᠦ ᠬᠤᠰᠢᠭᠤᠨ ᠤ ᠵᠢᠯ ᠤᠨ | ᠡᠴᠣᠰ ᠤᠨ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠬᠡᠯᠡᠯᠬᠡ ᠶᠢᠨ ᠬᠡᠮᠵᠢᠶ᠎ᠠ ᠨᠢ 14.2 | ᠳ᠋ᠦᠩᠰᠢᠭᠤᠷ ᠲᠦᠬᠦᠷᠢᠭ ᠪᠠ 9.96 ᠳ᠋ᠦᠩᠰᠢᠭᠤᠷ ᠲᠦᠬᠦᠷᠢᠭ ᠲᠤ ᠬᠦᠷᠴᠣ᠂ ᠲᠣᠰ ᠲᠣᠰ 5.2% ᠪᠠ 19. | 2% ᠢᠶᠠᠷ ᠨᠡᠮᠡᠭᠳᠠᠪᠠ᠃ | ︵ᠲᠠᠪᠤ︶ ᠬᠦᠭᠵᠢᠯᠳᠠ ᠶᠢᠨ ᠨᠦᠬᠦᠴᠡᠯ ᠤᠯᠠᠮ ᠪᠦᠷᠢᠡᠰᠢᠪᠠ᠃ ᠬᠤᠳ᠋ᠨ ᠪᠠᠯᠭᠠᠰᠤᠨ ᠤ ᠰᠠᠭᠤᠷᠢ ᠲᠦᠬᠦᠬᠡᠷᠤᠮᠵᠢ | ᠲᠠᠰᠤᠷᠠᠯᠳᠠ ᠦᠬᠡᠢ ᠪᠦᠷᠢᠡᠰᠢᠨ᠂ ᠨᠠᠶᠢᠳᠠ 4.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 25 | ᠲᠦᠮᠡᠨ ᠲᠡᠭᠰᠢ ᠲᠦᠷᠪᠡᠯᠵᠢᠨ ᠮᠧᠲᠷ ᠤᠨ ᠲᠡᠸᠡᠷ ᠤᠨ ᠪᠠᠶᠢᠰᠢᠩ ᠪᠠᠷᠢᠵᠣ᠂ ᠰᠢᠨ᠎ᠠ ᠪᠠᠷ 6 ᠵᠤᠷᠪᠤᠰ 6.3 ᠲᠦᠮᠡᠨ | ᠲᠡᠭᠰᠢ ᠲᠦᠷᠪᠡᠯᠵᠢᠨ ᠮᠧᠲᠷ ᠤᠨ ᠵᠠᠮ ᠲᠠᠪᠢᠰᠤᠨ᠂ 11 ᠵᠤᠷᠪᠤᠰ 5.9 ᠲᠦᠮᠡᠨ ᠲᠡᠭᠰᠢ ᠲᠦᠷᠪᠡᠯᠵᠢᠨ ᠮᠧᠲᠷ ᠤᠨ | ᠶᠠᠪᠠᠭᠠᠨ ᠵᠠᠮ᠂ 12 ᠵᠤᠷᠪᠤᠰ 1.9 ᠲᠦᠮᠡᠨ ᠲᠡᠭᠰᠢ ᠲᠦᠷᠪᠡᠯᠵᠢᠨ ᠮᠧᠲᠷ ᠤᠨ ᠭᠤᠳᠤᠮᠵᠢᠨ ᠵᠠᠮ ᠢ | ᠬᠠᠳᠠᠭᠤᠵᠢᠭᠤᠯᠪᠠ︔ 10 ᠺᠢᠯᠤᠮᠧᠲᠷ ᠤᠨ ᠲᠦᠬᠡᠬᠡᠯ ᠤᠰᠤ ᠬᠠᠩᠭᠠᠬᠤ ᠪᠠ ᠪᠤᠬᠢᠷ ᠤᠰᠤ ᠭᠠᠳᠠᠭᠰᠢᠯᠠᠭᠤᠯᠬᠤ | ᠬᠤᠭᠤᠯᠠᠢ᠂ 9 ᠺᠢᠯᠤᠮᠧᠲᠷ ᠤᠨ ᠲᠦᠪᠯᠡᠷᠡᠩᠬᠦᠢ ᠲᠤᠯᠠᠭᠠᠯᠠᠯᠭ᠎ᠠ ᠶᠢᠨ ᠬᠤᠭᠤᠯᠠᠢ ᠶᠢ ᠰᠢᠨ᠎ᠠ ᠪᠠᠷ ᠤᠭᠰᠠᠷᠠᠭᠰᠡᠨ ᠪᠠ | ᠵᠠᠰᠠᠨ ᠰᠠᠶᠢᠵᠢᠷᠠᠭᠤᠯᠪᠠ︔ ᠬᠤᠳᠠ ᠲᠤᠭᠤᠷᠢᠭ ᠤᠨ 1131 ᠮᠤ᠋ ᠭᠠᠵᠡᠷ ᠢ ᠨᠤᠭᠤᠭᠠᠷᠠᠭᠤᠯᠤᠨ᠂ 137 ᠢᠵᠢ | ᠵᠠᠮ ᠤᠨ ᠳ᠋ᠸᠡᠭ ᠤᠭᠰᠠᠷᠠᠵᠤ᠂ 23 ᠰᠠᠭᠤᠷᠢ ᠠᠰᠠᠷ ᠲᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠵᠤ᠂ ᠣᠰᠣ | ᠪᠠᠷ ᠴᠡᠪᠡᠷᠰᠢᠬᠦᠯᠬᠦ ᠵᠤᠷᠯᠦᠩ ᠰᠢᠨ᠎ᠠ ᠪᠠᠷ 9 ᠶᠢ ᠪᠠᠷᠢᠨ᠂ ᠬᠤᠳᠠ ᠪᠠᠯᠭᠠᠰᠤᠨ ᠳᠤ 22 ᠰᠠᠭᠤᠷᠢ ᠱᠤᠭᠤᠮᠠᠯ | ᠪᠤᠰᠬᠠᠪᠠ︔ 2 ᠰᠠᠤᠷᠢ ᠲᠤᠮᠤ ᠬᠡᠯᠪᠡᠷᠢ ᠶᠢᠨ ᠤᠷᠴᠢᠨ ᠲᠤᠭᠤᠷᠢᠨ ᠤ ᠴᠠᠪᠠᠷᠯᠡᠯᠬᠡ ᠶᠢᠨ ᠮᠠᠰᠢᠨ ᠬᠤᠳᠠᠯᠳᠣᠨ | ᠣᠷᠣᠭᠤᠯᠵᠣ᠂ 110 ᠬᠤᠭ ᠤᠨ ᠰᠠᠪᠠ᠂ 800 ᠵᠢᠮᠢᠰ ᠤᠨ ᠬᠠᠯᠢᠰᠤᠨ ᠬᠠᠶᠢᠷᠴᠠᠭ ᠢ ᠣᠭᠰᠠᠷᠠᠨ᠂ 19 ᠲᠦᠮᠡᠨ | ᠪᠤᠰᠤᠭ᠎ᠠ ᠲᠦᠷᠪᠡᠯᠵᠢᠨ ᠮᠧᠲᠷ ᠬᠤᠭ ᠨᠤᠪᠰᠢ ᠶᠢ ᠴᠠᠪᠠᠷᠯᠡᠨ ᠲᠡᠬᠡᠬᠡᠪᠤᠷᠢᠯᠡᠪᠡ︔ ᠬᠤᠰᠢᠭᠤᠨ ᠳᠤ ᠣᠷᠣᠵᠣ ᠭᠠᠷᠬᠤ | ᠵᠠᠮ ᠲᠠᠭᠠᠣ ᠭᠠᠵᠠᠷ ᠣᠷᠣᠨ ᠢ ᠶᠠᠷᠤᠩᠬᠡᠶᠢᠯᠡᠨ ᠵᠠᠰᠠᠬᠤ ᠢᠡᠵᠧᠨᠧᠷᠢᠩ ᠢ ᠬᠡᠷᠡᠭᠵᠢᠬᠦᠯᠤᠨ᠂ ᠪᠤᠬᠢᠷ ᠤᠰᠤ ᠪᠠ ᠬᠤᠭ | ᠨᠤᠪᠰᠢ ᠰᠢᠢᠳᠪᠤᠷᠢᠯᠡᠬᠦ ᠦᠢᠯᠡᠳᠪᠤᠷᠢ ᠶᠢ ᠠᠰᠢᠭᠯᠠᠯᠳᠠ ᠳᠤ ᠤᠷᠤᠭᠤᠯᠪᠠ᠃ ᠴᠢᠬᠤᠯᠠ ᠰᠠᠭᠤᠷᠢ ᠲᠦᠬᠦᠬᠡᠷᠤᠮᠵᠢ | ᠶᠢᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠨ᠂ ᠴᠠᠭᠠᠡᠨᠠᠭᠤᠷ ᠤᠨ ᠠᠵᠤ ᠦᠢᠯᠡᠳᠪᠤᠷᠢ ᠳᠤ ᠤᠰᠤ ᠬᠠᠩᠭᠠᠬᠤ | ᠢᠡᠵᠧᠨᠧᠷᠢᠩ ᠤᠨ ᠬᠠᠮᠢᠶᠠᠷᠤᠯᠳᠠ ᠶᠢᠨ ᠲᠤᠭᠤᠷᠢᠭ ᠤᠨ ᠭᠤᠤᠯ ᠴᠤᠭᠴᠠ ᠶᠢᠨ ᠪᠠᠷᠢᠯᠭ᠎ᠠ ᠪᠠ ᠦᠢᠯᠡᠳᠪᠣᠷᠢ ᠳᠤ | ᠨᠠᠪᠳᠠᠷᠠᠬᠦ ᠵᠠᠮ ᠤᠨ ᠪᠠᠷᠢᠯᠭ᠎ᠠ ᠶᠢ ᠲᠠᠭᠤᠰᠬᠠᠵᠤ᠂ ᠤᠰᠤ ᠬᠠᠳᠠᠭᠠᠯᠠᠬᠤ ᠴᠦᠬᠦᠷᠤᠮ ᠤᠨ ᠪᠠᠷᠢᠯᠭ᠎ᠠ ᠶᠢ ᠡᠬᠢᠯᠡᠬᠦᠯᠤᠨ᠂ | 10 ᠺᠢᠯᠤᠸᠤᠯᠲ ᠤᠨ ᠴᠠᠬᠢᠯᠭᠠᠨ ᠱᠤᠭᠤᠮ ᠤᠨ ᠢᠨᠵᠧᠨᠧᠷᠢᠩ ᠤᠨ ᠲᠠᠭᠠᠭᠠᠴᠢᠯᠠᠯᠳᠠ ᠵᠠᠷᠯᠠᠬᠤ ᠠᠵᠢᠯ ᠢ | ᠪᠠᠶᠠᠯᠠᠬᠦᠯᠪᠠ᠃ ᠪᠠᠶᠠᠡᠴᠠᠭᠠᠨ ᠭᠤᠤᠯ ᠤᠨ 2.4 ᠺᠢᠯᠤᠮᠧᠲᠷ ᠤᠨ ᠭᠤᠤᠯ ᠤᠨ ᠤᠷᠤᠰᠬᠠᠯ ᠰᠠᠪᠠ ᠭᠠᠵᠡᠷ ᠢ | ᠴᠡᠪᠡᠷᠯᠡᠨ ᠵᠠᠰᠠᠬᠤ ᠢᠨᠵᠧᠨᠧᠷᠢᠩ ᠢ ᠪᠠᠶᠠᠯᠡᠬᠦᠯᠦᠨ᠂ 1.5 ᠲᠦᠮᠡᠨ ᠲᠡᠭᠰᠢ ᠲᠦᠷᠪᠡᠯᠵᠢᠨ ᠮᠧᠲᠷ ᠭᠤᠤᠯ ᠤᠨ ᠡᠷᠬᠢ | ᠶᠢ ᠵᠠᠰᠠᠵᠤ ᠪᠠᠬᠢᠵᠢᠬᠦᠯᠪᠡ᠃ ᠪᠠᠶᠠᠡᠭᠤᠤᠯ ᠤᠰᠤᠨ ᠴᠦᠬᠦᠷᠤᠮ ᠢ ᠵᠠᠰᠠᠨ ᠪᠠᠬᠢᠵᠢᠬᠦᠯᠬᠦ ᠢᠡᠵᠧᠨᠧᠷᠢᠩ ᠢ ᠬᠢᠨᠡᠨ | ᠵᠦᠪᠰᠢᠶᠠᠷᠡᠬᠦᠯᠤᠬᠡᠳ᠂ ᠲᠠᠭᠠᠭᠠᠴᠢᠯᠠᠯᠳᠠ ᠵᠠᠷᠯᠠᠬᠤ ᠠᠵᠢᠯ ᠢ ᠲᠠᠭᠤᠰᠬᠠᠪᠠ︔ ᠰᠢᠯᠢ ᠶᠢᠨ ᠬᠤᠳᠠ ᠠᠴᠠ ᠡᠷᠢᠶᠠᠨ | ᠬᠤᠳᠠ ᠤᠷᠤᠬᠤ ᠲᠠᠮᠤᠷ ᠵᠠᠮ ᠤᠨ ᠠᠪᠠᠭ᠎ᠠ ᠬᠤᠰᠢᠭᠤᠨ ᠤ ᠬᠡᠰᠡᠭ ᠪᠠ 74 ᠺᠢᠯᠤᠮᠧᠲᠷ ᠤᠨ ᠭᠠᠴᠠᠭᠠᠨ ᠤ ᠬᠠᠶᠢᠷ | ᠴᠢᠯᠠᠭᠤᠨ ᠵᠠᠮ ᠢ ᠴᠡᠷᠳᠠᠮᠠᠯ ᠵᠠᠮ ᠪᠤᠯᠭᠠᠬᠤ ᠢᠡᠵᠧᠨᠧᠷᠢᠩ ᠤᠨ ᠬᠡᠰᠡᠭ ᠠᠵᠢᠯ ᠢ ᠨᠢᠬᠡᠨᠳᠡ ᠲᠠᠭᠤᠰᠬᠠᠨ᠂ ᠪᠠᠶᠠᠡᠳᠤᠭ | ᠰᠤᠮᠤᠨ ᠳᠤ ᠨᠡᠪᠳᠡᠷᠡᠬᠦ 87 ᠺᠢᠯᠤᠮᠧᠲᠷ ᠤᠨ ᠱᠦᠢᠨᠢ ᠵᠠᠮ ᠠᠰᠢᠭᠯᠠᠯᠳᠠ ᠳᠤ ᠤᠷᠤᠪᠠ︔ 3 ᠵᠤᠷᠪᠤᠰ 110 | ᠺᠢᠯᠤᠸᠤᠯᠲ᠂ 2 ᠵᠤᠷᠪᠤᠰ 35 ᠺᠢᠯᠤᠸᠤᠯᠲ ᠤᠨ ᠬᠦᠴᠤᠳᠠᠯ ᠬᠤᠪᠢᠰᠬᠠᠬᠤ ᠴᠠᠬᠢᠯᠭᠠᠨ ᠱᠤᠭᠤᠮ ᠪᠠ ᠮᠠᠯᠵᠢᠬᠤ | ᠣᠷᠣᠨ ᠤ ᠴᠠᠬᠢᠯᠭᠠᠨ ᠲᠤᠤᠷ ᠢ ᠦᠬᠡᠷᠡᠴᠢᠯᠡᠨ ᠰᠠᠶᠢᠵᠢᠷᠠᠭᠤᠯᠵᠤ ᠲᠡᠰ ᠲᠡᠪᠰᠢᠬᠦᠯᠬᠦ ᠢᠡᠵᠧᠨᠧᠷᠢᠩ ᠤᠨ ᠶᠡᠬᠡᠩᠬᠢ | ᠠᠵᠢᠯ ᠢ ᠨᠢ ᠲᠠᠭᠤᠰᠬᠠᠵᠣ᠂ 2559 ᠮᠠᠯᠵᠢᠬᠤ ᠡᠷᠤᠬᠡ ᠶᠢᠨ ᠰᠢᠨ᠎ᠠ ᠡᠨᠧᠷᠬᠢ ᠶᠢᠨ ᠴᠠᠬᠢᠯᠭᠠᠨ ᠲᠦᠬᠦᠬᠡᠷᠤᠮᠵᠢ ᠶᠢ | ᠦᠬᠡᠷᠡᠴᠢᠯᠡᠨ ᠰᠠᠶᠢᠵᠢᠷᠠᠭᠤᠯᠵᠤ ᠲᠡᠰ ᠲᠠᠪᠰᠢᠬᠦᠯᠪᠠ᠃ | ︵ᠵᠢᠷᠭᠤᠭ᠎ᠠ︶ ᠦᠬᠡᠷᠡᠴᠢᠯᠡᠯᠳᠡ ᠨᠡᠬᠡᠬᠡᠯᠳᠡ ᠶᠢ ᠠᠬᠢᠭᠤᠯᠪᠠ᠃ ᠵᠠᠰᠠᠭ ᠵᠠᠬᠢᠷᠭᠠᠨ ᠤ ᠬᠢᠨᠡᠨ ᠵᠦᠪᠰᠢᠶᠠᠷᠡᠯ ᠤᠨ | ᠲᠦᠷᠢᠮ ᠤᠨ ᠦᠬᠡᠷᠡᠴᠢᠯᠡᠯᠳᠡ ᠶᠢ ᠲᠦᠷᠬᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠢ | ᠠᠰᠢᠭᠯᠠᠯᠳᠠ ᠳᠤ ᠤᠷᠤᠭᠤᠯᠵᠤ᠂ 37 ᠲᠦᠷᠥᠯ ᠤᠨ ᠬᠢᠨᠡᠨ ᠵᠦᠪᠰᠢᠶᠡᠷᠡᠯ ᠪᠠ ᠦᠢᠯᠡᠴᠢᠯᠡᠬᠡᠨ ᠤ ᠲᠦᠷᠥᠯ ᠵᠥᠢᠯ ᠢ | ᠦᠬᠡᠶᠢᠰᠬᠡᠨ᠂ 86 ᠲᠦᠷᠥᠯ ᠤᠨ ᠲᠡᠬᠡᠳᠤ ᠱᠠᠳᠤᠨ ᠤ ᠨᠠᠶᠢᠳᠠᠭᠰᠡᠨ ᠬᠢᠨᠡᠨ ᠵᠦᠪᠰᠢᠶᠠᠷᠡᠯ ᠤᠨ ᠲᠦᠷᠥᠯ ᠵᠥᠢᠯ ᠢ | ᠬᠦᠯᠢᠶᠠᠨ ᠠᠪᠤᠪᠠ᠃ ᠦᠢᠯᠡᠳᠪᠤᠷᠢ ᠬᠤᠳᠠᠯᠳᠤᠭᠠᠨ ᠤ ᠲᠠᠩᠰᠠᠯᠠᠬᠤ ᠲᠦᠷᠢᠮ ᠤᠨ ᠦᠬᠡᠷᠡᠴᠢᠯᠡᠯᠳᠡ ᠪᠠᠷ ᠵᠠᠬ᠎ᠠ | ᠲᠡᠯᠬᠡᠬᠦᠷ ᠤᠨ ᠭᠤᠤᠯᠯᠠᠭᠴᠢ ᠴᠤᠭᠴᠠ ᠶᠢᠨ ᠲᠦᠷᠬᠡᠨ ᠬᠦᠭᠵᠢᠯᠳᠠ ᠶᠢ ᠠᠬᠢᠭᠤᠯᠤᠨ᠂ ᠰᠢᠨ᠎ᠠ ᠪᠠᠷ 593 ᠵᠠᠬ᠎ᠠ | ᠲᠠᠯᠬᠡᠬᠦᠷ ᠤᠨ ᠭᠤᠣᠯ ᠴᠣᠭᠴᠠᠳᠣ ᠡᠷᠣᠬᠡ ᠶᠢ ᠨᠡᠮᠡᠭᠳᠠᠬᠦᠯᠵᠣ᠂ 6.8 ᠳ᠋ᠦᠩᠰᠢᠭᠤᠷ ᠲᠦᠬᠦᠷᠢᠭ ᠤᠨ ᠡᠳ᠋ | ᠬᠦᠷᠦᠩᠬᠡ ᠲᠠᠩᠰᠠᠯᠠᠨ᠂ ᠲᠣᠰ ᠲᠣᠰ 34.5% ᠪᠠ 153% ᠪᠠᠷ ᠨᠡᠮᠡᠭᠳᠡᠪᠠ᠃ ᠠᠵᠤ ᠠᠬᠤᠶᠢᠯᠡᠯ ᠳᠤ | ᠬᠤᠯᠪᠤᠭᠳᠠᠭᠰᠡᠨ ᠰᠦᠢᠳᠬᠡᠯ ᠬᠤᠷᠢᠶᠠᠬᠤ ᠦᠬᠡᠷᠡᠴᠢᠯᠡᠯᠳᠡ ᠶᠢ ᠨᠠᠷᠢᠨ ᠬᠢᠨᠠᠮᠠᠭᠠᠢ ᠲᠦᠯᠬᠢᠨ ᠠᠬᠢᠭᠤᠯᠵᠤ᠂ 15 | ᠲᠦᠷᠥᠯ ᠤᠨ ᠠᠵᠢᠯ ᠶᠠᠪᠤᠳᠠᠯ ᠤᠨ ᠰᠦᠢᠳᠬᠡᠯ ᠢ ᠬᠠᠰᠤᠵᠤ ᠬᠡᠯᠳᠤᠷᠢᠬᠦᠯᠪᠡ᠃ ᠮᠠᠯᠵᠢᠬᠤ ᠤᠷᠤᠨ ᠤ | ᠶᠠᠷᠤᠩᠬᠡᠶᠢᠯᠡᠭᠰᠡᠨ ᠦᠬᠡᠷᠡᠴᠢᠯᠡᠯᠳᠡ ᠶᠢ ᠠᠯᠬᠤᠮ ᠲᠠᠷᠠᠭ᠎ᠠ ᠲᠠᠢ ᠲᠦᠯᠬᠢᠨ ᠠᠬᠢᠭᠤᠯᠵᠤ᠂ ᠮᠠᠯᠵᠢᠬᠤ ᠤᠷᠤᠨ ᠤ | ᠬᠠᠮᠳᠤ ᠶᠢᠨ ᠭᠠᠵᠡᠷ ᠰᠢᠷᠥᠢ ᠶᠢᠨ ᠬᠡᠷᠡᠭᠯᠡᠬᠦ ᠡᠷᠬᠡ ᠶᠢ ᠲᠤᠳᠤᠷᠬᠠᠶᠢᠯᠠᠨ ᠲᠠᠩᠰᠠᠯᠠᠬᠤ ᠠᠵᠢᠯ ᠢ ᠪᠠᠶᠠᠯᠠᠬᠦᠯᠦᠭᠰᠡᠨ ᠤ | ᠬᠠᠮᠳᠤ ᠦᠪᠡᠷᠳᠡᠬᠡᠨ ᠵᠠᠰᠠᠬᠤ ᠤᠷᠤᠨ ᠤ ᠬᠢᠨᠡᠨ ᠰᠢᠯᠭᠠᠯᠳᠠ ᠳᠤ ᠬᠢᠷᠢ ᠲᠠᠩᠴᠠᠪᠠ︔ ᠭᠠᠴᠠᠭᠠᠨ ᠤ ᠡᠳ᠋ ᠤᠨ | ᠶᠠᠪᠤᠳᠠᠯ ᠢ ᠤᠷᠤᠯᠠᠨ ᠬᠦᠢᠴᠡᠳᠬᠡᠬᠦ ᠠᠵᠢᠯ ᠤᠨ ᠲᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠯ᠎ᠠ ᠰᠤᠮᠤ | ᠪᠠᠯᠭᠠᠰᠤᠨ ᠳᠤ ᠡᠳ᠋ ᠤᠨ ᠵᠠᠰᠠᠭ ᠤᠨ ᠰᠠᠯᠪᠤᠷᠢ ᠭᠠᠷᠭᠠᠨ᠂ ᠭᠠᠴᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠳᠠ | ᠶᠢᠨ ᠠᠵᠢᠯ ᠢ ᠪᠦᠳᠤᠮᠵᠢᠳᠡᠢ ᠲᠦᠷᠢᠮᠵᠢᠬᠦᠯᠪᠠ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠦᠬᠡᠷᠡᠴᠢᠯᠡᠯᠳᠡ | ᠶᠢ ᠲᠠᠰᠤᠷᠠᠯᠳᠠ ᠦᠬᠡᠢ ᠬᠦᠡᠵᠡᠬᠡᠶᠢᠷᠠᠬᠦᠯᠤᠨ᠂ 9 ᠰᠠᠯᠠᠭ᠎ᠠ ᠮᠦᠴᠢᠷ ᠠᠴᠠ ᠤᠨ ᠤ ᠲᠦᠰᠤᠪᠯᠡᠨ ᠪᠤᠳᠤᠯᠳᠠ ᠪᠠᠨ | ᠨᠢᠬᠡᠳᠤᠯᠳᠡᠢ ᠨᠠᠶᠢᠳᠠᠯᠠᠵᠣ᠂ ᠦᠢᠯᠡᠳᠪᠤᠷᠢᠯᠡᠯ ᠤᠨ ᠴᠢᠨᠠᠷᠳᠡᠢ ᠦᠢᠯᠡᠴᠢᠯᠡᠬᠡᠨ ᠤ ᠦᠢᠯᠡᠰ ᠤᠨ ︽ᠡᠵᠡᠩᠨᠡᠯᠳᠡ ᠶᠢᠨ | ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ︾ ᠠᠵᠢᠯ ᠢ ᠢᠯᠭᠤᠮ ᠤᠷᠤᠭᠰᠢᠳᠡᠢ | ᠪᠠᠶᠠᠯᠠᠬᠦᠯᠤᠨ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢ 1.34 ᠳ᠋ᠦᠩᠰᠢᠭᠤᠷ ᠲᠦᠬᠦᠷᠢᠭ | ᠰᠢᠢᠳᠪᠤᠷᠢᠯᠡᠪᠠ᠃ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠢ ᠲᠤᠭᠳᠠᠭᠤᠨ ᠢᠶᠠᠷ ᠠᠬᠢᠭᠤᠯᠵᠤ᠂ ︽ | ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠭᠤᠯᠤᠯᠳᠠ ᠪᠠ ᠪᠠᠶᠢᠭᠤᠯᠤᠮᠵᠢ ᠶᠢᠨ | ᠦᠬᠡᠷᠡᠴᠢᠯᠡᠯᠳᠡ ᠶᠢᠨ ᠲᠦᠰᠤᠯ︾ ᠢ ᠬᠢᠨᠡᠨ ᠵᠦᠪᠰᠢᠶᠠᠷᠡᠬᠦᠯᠪᠠ᠃ ᠬᠢᠯᠢ ᠶᠢᠨ ᠪᠣᠭᠤᠮᠳᠠ ᠶᠢᠨ ᠪᠠᠶᠢᠭᠤᠯᠣᠯᠳᠠ ᠶᠢᠨ | ᠠᠵᠢᠯ ᠢ ᠢᠳᠡᠪᠬᠢᠳᠡᠢ ᠠᠬᠢᠭᠤᠯᠤᠨ᠂ ᠦᠪᠡᠷᠳᠡᠬᠡᠨ ᠵᠠᠰᠠᠬᠤ ᠤᠷᠤᠨ ᠤ ᠬᠢᠯᠢ ᠶᠢᠨ ᠪᠤᠭᠤᠮᠳᠠ ᠶᠢᠨ ᠬᠠᠮᠢᠶᠠᠷᠤᠯᠳᠠ | ᠶᠢᠨ ᠠᠯᠪᠠᠨ ᠬᠡᠷ ᠠᠴᠠ ᠮᠠᠨ ᠤ ᠬᠤᠰᠢᠭᠤᠨ ᠳᠤ ᠮᠤᠩᠭᠤᠯ ᠤᠯᠤᠰ ᠲᠠᠢ ᠬᠢᠯᠢ ᠶᠢᠨ ᠪᠤᠭᠤᠮᠳᠠ ᠨᠡᠬᠡᠬᠡᠬᠦ ᠶᠢ | ᠵᠠᠷᠴᠢᠮ ᠲᠡᠬᠡᠷ᠎ᠠ ᠪᠠᠨ ᠵᠦᠪᠰᠢᠶᠠᠷᠠᠵᠣ᠂ ᠬᠡᠷᠡᠭᠵᠢᠬᠦᠯᠵᠤ ᠪᠤᠯᠬᠤᠶᠢᠴᠠ ᠰᠤᠳᠤᠯᠭᠠᠨ ᠤ ᠮᠡᠳᠡᠬᠦᠯᠤᠯᠳᠠ ᠪᠠᠨ | ᠨᠠᠶᠢᠷᠠᠭᠤᠯᠤᠨ ᠭᠠᠷᠭᠠᠭᠰᠠᠨ ᠪᠠᠶᠢᠨ᠎ᠠ᠃ | ︵ᠲᠣᠯᠤᠭ᠎ᠠ︶ ᠨᠠᠶᠢᠬᠡᠮ ᠤᠨ ᠠᠵᠢᠯ ᠦᠢᠯᠡᠰ ᠠᠷᠡᠳ ᠤᠨ ᠠᠮᠢᠳᠤᠷᠡᠯ ᠵᠤᠬᠢᠴᠠᠩᠭᠤᠢ ᠬᠦᠭᠵᠢᠪᠠ᠃ ᠡᠳ᠋ ᠤᠨ | ᠵᠠᠰᠠᠭ ᠠᠴᠠ ᠠᠷᠡᠳ ᠤᠨ ᠠᠮᠢᠳᠤᠷᠡᠯ᠂ ᠨᠠᠶᠢᠬᠡᠮ ᠤᠨ ᠦᠢᠯᠡᠰ ᠲᠤ ᠬᠡᠷᠡᠭᠯᠡᠭᠰᠡᠨ ᠪᠦᠬᠦ ᠵᠢᠯ ᠤᠨ ᠵᠠᠷᠤᠯᠭ᠎ᠠ ᠨᠢ 5. | 14 ᠳ᠋ᠦᠩᠰᠢᠭᠤᠷ ᠲᠦᠬᠦᠷᠢᠭ ᠲᠤ ᠬᠦᠷᠴᠤ᠂ 13.2% ᠢᠶᠠᠷ ᠨᠡᠮᠡᠭᠳᠡᠨ᠂ ᠤᠯᠠᠨ ᠨᠠᠶᠢᠳᠠ ᠶᠢᠨ ᠡᠳ᠋ ᠤᠨ ᠵᠠᠰᠠᠭ | ᠤᠨ ᠲᠦᠰᠤᠪᠯᠡᠨ ᠪᠤᠳᠤᠯᠳᠠ ᠶᠢᠨ ᠵᠠᠷᠤᠯᠭ᠎ᠠ ᠶᠢᠨ 59.4% ᠶᠢ ᠡᠵᠡᠯᠡᠪᠡ᠃ ᠰᠤᠷᠭᠠᠨ ᠬᠦᠮᠤᠵᠢᠯ ᠤᠨ ᠠᠵᠢᠯ | ᠦᠢᠯᠡᠰ ᠲᠦᠷᠬᠡᠨ ᠬᠦᠭᠵᠢᠵᠤ᠂ ᠰᠠᠭᠤᠷᠢ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ | ᠵᠢᠯ ᠤᠨ ᠠᠵᠢᠯᠯᠠᠭᠠᠨ ᠤ ᠲᠦᠯᠤᠪᠵᠢᠬᠦᠯᠬᠡ ᠶᠢ ᠪᠦᠬᠦ ᠲᠠᠯ᠎ᠠ ᠪᠠᠷ ᠡᠬᠢᠯᠡᠬᠦᠯᠤᠨ᠂ 4 ᠰᠤᠷᠭᠠᠭᠤᠯᠢ ᠶᠢᠨ ᠲᠠᠮᠢᠷ ᠤᠨ | ᠲᠠᠯᠠᠪᠤᠷ ᠪᠠ ᠶᠠᠬᠡᠭᠤᠤᠯ ᠰᠤᠮᠤᠨ ᠤ ᠬᠡᠤᠬᠡᠳ ᠤᠨ ᠴᠡᠴᠡᠷᠯᠢᠭ ᠢ ᠠᠰᠢᠭᠯᠠᠯᠳᠠ ᠳᠤ ᠤᠷᠤᠭᠤᠯᠵᠤ᠂ ᠨᠢᠬᠡᠳᠤᠬᠡᠷ | ᠲᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ ᠤ ᠪᠠᠷᠢᠯᠭ᠎ᠠ ᠶᠢ ᠡᠬᠢᠯᠡᠬᠦᠯᠵᠤ᠂ ᠤᠳᠤᠨ ᠬᠡᠤᠬᠡᠳ ᠤᠨ | ᠴᠡᠴᠡᠷᠯᠢᠭ ᠨᠢ ︽ᠦᠪᠡᠷᠳᠡᠬᠡᠨ ᠵᠠᠰᠠᠬᠤ ᠤᠷᠤᠨ ᠤ ᠨᠢᠬᠡᠳᠤᠬᠡᠷ ᠲᠦᠷᠥᠯ ᠤᠨ ᠬᠦᠬᠡ ᠲᠡᠰ ᠤᠨ ᠴᠡᠴᠡᠷᠯᠢᠭ︾ ᠤᠨ | ᠪᠠᠷᠢᠮᠵᠢᠶᠠᠨ ᠳᠤ ᠬᠦᠷᠴᠣ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠲᠠᠪᠰᠢᠭᠰᠡᠨ ᠨᠤᠷᠮ᠎ᠠ ᠨᠢ 41.6% | ᠳᠤ ᠬᠦᠷᠪᠠ᠃ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠪᠦᠷᠢᠡᠰᠢᠬᠦᠯᠵᠤ᠂ ᠬᠤᠰᠢᠭᠤᠨ | ᠤ ᠪᠠᠷᠢᠮᠵᠢᠶᠠᠵᠢᠭᠰᠡᠨ ᠡᠮᠨᠡᠯᠬᠡ ᠶᠢᠨ ᠬᠤᠷᠢᠶ᠎ᠠ᠂ ᠴᠠᠭᠠᠡᠨᠠᠭᠤᠷ ᠪᠠᠯᠭᠠᠰᠤᠨ ᠤ ᠡᠮᠨᠡᠯᠬᠡ ᠤᠨ ᠬᠤᠷᠢᠶ᠎ᠠ᠂ 11 | ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠠᠰᠢᠭᠯᠠᠯᠳᠠ ᠳᠤ ᠤᠷᠤᠭᠤᠯᠤᠨ᠂ ᠰᠣᠮᠣ | ᠪᠠᠯᠭᠠᠰᠣᠨ ᠳᠤ ᠡᠮ ᠡᠮᠴᠢᠯᠡᠭᠡ ᠡᠷᠡᠬᠦᠯ ᠬᠠᠮᠠᠭᠠᠯᠠᠯ ᠤᠨ ᠰᠢᠯᠵᠢᠮᠡᠯ ᠦᠢᠯᠡᠴᠢᠯᠡᠬᠡᠨ ᠤ ᠲᠡᠷᠬᠡ 5 ᠶᠢ ᠲᠤᠬᠢᠷᠠᠭᠤᠯᠤᠨ | ᠦᠭᠴᠣ᠂ ᠮᠠᠯᠵᠢᠬᠤ ᠡᠷᠦᠬᠡ ᠳᠤ 2700 ︽ᠡᠷᠡᠬᠦᠯ ᠮᠠᠡᠳᠤ ᠶᠢᠨ ᠡᠮ ᠤᠨ ᠬᠠᠶᠢᠷᠴᠠᠭ︾ ᠲᠠᠷᠬᠠᠭᠠᠪᠠ᠃ ᠡᠮ | ᠤᠨ ᠵᠥᠢᠯᠡᠰ ᠢ ᠤᠤᠯ ᠦᠨ᠎ᠠ ᠪᠠᠷ ᠪᠣᠷᠣᠯᠠᠭᠤᠯᠬᠤ ᠶᠢ ᠦᠷᠬᠦᠯᠵᠢᠯᠠᠨ ᠬᠡᠷᠡᠭᠵᠢᠬᠦᠯᠵᠣ᠂ ᠰᠢᠨ᠎ᠠ ᠬᠡᠯᠪᠡᠷᠢ ᠶᠢᠨ | ᠮᠠᠯᠵᠢᠬᠤ ᠤᠷᠤᠨ ᠤ ᠬᠤᠷᠰᠢᠭᠰᠡᠨ ᠡᠮᠨᠡᠯᠬᠡ ᠳᠤ ᠤᠷᠤᠯᠴᠠᠭᠰᠡᠨ ᠨᠤᠷᠮ᠎ᠠ 98.6% ᠳᠤ ᠬᠦᠷᠦᠨ᠂ ᠬᠤᠳᠠ | ᠬᠦᠳᠡᠭᠡ ᠶᠢᠨ ᠰᠠᠭᠤᠭᠠᠯᠢ ᠠᠷᠡᠳ ᠲᠤ ᠡᠷᠡᠬᠦᠯ ᠮᠡᠡᠳᠤ ᠶᠢᠨ ᠲᠠᠩᠰᠠ ᠡᠪᠬᠡᠮᠡᠯ ᠪᠠᠶᠢᠭᠤᠯᠵᠤ ᠦᠭᠬᠦᠭᠰᠡᠨ ᠨᠤᠷᠮ᠎ᠠ ᠨᠢ | 86% ᠳᠤ ᠬᠦᠷᠴᠣ᠂ ᠮᠠᠯᠵᠢᠬᠤ ᠣᠷᠣᠨ ᠤ ᠨᠠᠶᠢᠳᠠ 3929 ᠨᠠᠷᠠ ᠪᠦᠬᠦᠯᠢ 50 ᠨᠠᠰᠣᠨ ᠠᠴᠠ ᠲᠡᠬᠡᠭᠰᠢᠬᠢ | ᠡᠮᠡᠭᠳᠠᠶᠢᠴᠣᠳ᠂ ᠪᠦᠬᠦᠯᠢ 55 ᠨᠠᠰᠣᠨ ᠠᠴᠠ ᠲᠡᠬᠡᠭᠰᠢᠬᠢ ᠡᠷᠡᠭᠳᠠᠶᠢᠴᠣᠳ ᠲᠤ ᠰᠦᠢᠳᠬᠡᠯ ᠬᠤᠷᠢᠶᠠᠬᠤ ᠦᠬᠡᠢ ᠪᠠᠷ | ᠪᠠᠶ᠎ᠠ ᠶᠢᠨ ᠪᠠᠶᠢᠴᠠᠭᠠᠯᠳᠠ ᠬᠢᠵᠣ ᠦᠭᠪᠠ᠃ ᠬᠦᠮᠦᠨ ᠠᠮᠨ ᠶᠢ ᠬᠢᠵᠠᠭᠠᠷᠯᠠᠬᠤ ᠡᠬᠦᠷᠬᠡ ᠬᠠᠷᠠᠯᠳᠠ ᠪᠠᠨ ᠪᠡᠶᠡᠯᠡᠬᠦᠯᠦᠨ | ᠂ ᠪᠦᠬᠦ ᠵᠢᠯ ᠤᠨ ᠬᠦᠮᠤᠨ ᠠᠮᠠ ᠶᠢᠨ ᠲᠦᠷᠤᠯᠳᠠ ᠶᠢᠨ ᠨᠤᠷᠮ᠎ᠠ ᠨᠢ 9.4‰ ᠪᠠᠶᠢᠵᠣ᠂ ᠲᠦᠷᠦ ᠶᠢᠨ ᠪᠣᠳᠣᠯᠭ᠎ᠠ | ᠲᠣᠳᠣᠷᠠᠬᠢ ᠲᠦᠷᠦᠯᠳᠠ ᠶᠢᠨ ᠨᠣᠷᠮ᠎ᠠ ᠨᠢ 97% ᠳᠤ ᠬᠦᠷᠴᠣ᠂ ᠰᠢᠨ᠎ᠠ ᠲᠦᠷᠦᠭᠰᠠᠨ ᠬᠡᠤᠬᠡᠳ ᠤᠨ ᠴᠢᠨᠠᠷ ᠤᠨ | ᠢᠯᠭᠠᠯ ᠤᠨ ᠬᠠᠷᠢᠴᠠᠯ ᠨᠢ 104 ᠪᠣᠯᠪᠠ᠃ ᠰᠤᠶᠤᠯ ᠲᠠᠮᠢᠷ ᠷᠡᠳᠢᠤ᠋ ᠲᠧᠯᠸᠢᠰ ᠺᠢᠨᠣ᠋ ᠶᠢᠨ ᠦᠢᠯᠡᠰ ᠴᠡᠴᠡᠭᠯᠡᠨ | ᠬᠦᠭᠵᠢᠵᠤ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ ᠤᠨ ᠭᠤᠤᠯ ᠴᠤᠭᠴᠠ ᠶᠢᠨ ᠪᠠᠷᠢᠯᠭ᠎ᠠ ᠶᠢ | ᠲᠠᠭᠤᠰᠬᠠᠨ᠂ ᠷᠡᠳᠢᠤ᠋ ᠲᠧᠯᠸᠢᠰ ᠤᠨ ᠶᠠᠷᠤᠩᠬᠡᠶᠢᠯᠡᠭᠰᠡᠨ ᠠᠰᠠᠷ ᠢ ᠠᠰᠢᠭᠯᠠᠯᠳᠠ ᠳᠤ ᠤᠷᠤᠭᠤᠯᠵᠤ᠂ 71 ᠭᠠᠴᠠᠭᠠᠨ | ᠤ ᠰᠤᠶᠤᠯ ᠤᠨ ᠦᠷᠳᠡᠬᠡᠨ ᠳᠤ ᠲᠣᠨᠤᠭ ᠲᠦᠬᠦᠬᠡᠷᠤᠮᠵᠢ ᠲᠤᠬᠢᠷᠠᠭᠤᠯᠤᠨ ᠦᠭᠴᠤ᠂ 3600 ᠢᠵᠢ ︽ᠡᠷᠤᠬᠡ | ᠪᠤᠯᠭᠠᠨ ᠳᠤ ᠨᠠᠪᠳᠠᠷᠡᠬᠦᠯᠬᠦ︾ ᠲᠦᠬᠦᠬᠡᠷᠤᠮᠵᠢ ᠶᠢ ᠤᠭᠰᠠᠷᠠᠪᠠ᠃ ᠲᠠᠪᠤᠳᠤᠭᠠᠷ ᠬᠤᠭᠤᠴᠠᠭᠠᠨ ᠤ ᠬᠠᠷ᠎ᠠ ᠠᠳᠤᠭᠤᠨ | ᠰᠤᠶᠤᠯ ᠤᠨ ᠨᠠᠶᠢᠷ ᠪᠠ ᠨᠤᠮᠢᠨ ᠠᠪᠠᠭ᠎ᠠ᠂ ᠠᠩᠬᠠᠳᠤᠭᠠᠷ ᠬᠤᠭᠤᠴᠠᠭᠠᠨ ᠤ ᠮᠠᠯᠴᠢᠳ ᠤᠨ ᠰᠤᠶᠤᠯ ᠤᠷᠠᠯᠢᠭ ᠤᠨ | ᠨᠠᠶᠢᠷ ᠢ ᠠᠮᠵᠢᠯᠳᠠ ᠲᠠᠢ ᠡᠷᠬᠢᠯᠡᠨ ᠶᠠᠪᠤᠭᠳᠠᠭᠤᠯᠵᠤ᠂ ᠮᠤᠩᠭᠤᠯ ᠦᠡᠳᠤᠰᠤᠳᠠᠨ ᠤ ᠴᠡᠭᠡ ᠢᠰᠬᠡᠬᠦ ᠠᠷᠭ᠎ᠠ᠂ ᠮᠤᠷᠢᠨ | ᠬᠤᠭᠤᠷ ᠤᠨ ᠪᠤᠶᠢᠯᠠᠭ᠎ᠠ ᠲᠠᠷᠤᠯᠭ᠎ᠠ ᠶᠢ ᠦᠪᠡᠷᠳᠡᠬᠡᠨ ᠵᠠᠰᠠᠬᠤ ᠤᠷᠤᠨ ᠤ ᠲᠦᠷᠪᠡᠳᠤᠬᠡᠷ ᠪᠦᠯᠦᠭ ᠤᠨ ᠪᠤᠳᠠᠰ ᠤᠨ | ᠪᠤᠰᠤ ᠰᠤᠶᠤᠯ ᠤᠨ ᠦᠪ ᠢᠶᠠᠷ ᠲᠠᠩᠰᠠᠯᠠᠭᠤᠯᠣᠨ᠂ ᠬᠤᠰᠢᠭᠤᠨ ᠤ ᠣᠯᠠᠭᠠᠨᠮᠦ᠋ᠴᠢᠷ ᠨᠢ ᠪᠦᠬᠦ ᠣᠯᠣᠰ ᠤᠨ ᠰᠣᠶᠣᠯ | ᠤᠨ ᠰᠢᠰᠲ᠋ᠧᠮ ᠤᠨ ᠲᠠᠷᠢᠬᠦᠨ ᠤ ᠬᠠᠮᠳᠣ ᠨᠢᠬᠡᠴᠨ ᠶᠢᠨ ᠢᠷᠠᠭᠤ ᠠᠯᠳᠠᠷ ᠢ ᠬᠦᠷᠳᠠᠪᠠ᠃ ᠠᠵᠢᠯ ᠤᠯᠭᠤᠯᠳᠠ ᠶᠢᠨ | ᠠᠵᠢᠯ ᠢ ᠲᠤᠭᠳᠠᠭᠤᠨ ᠢᠶᠠᠷ ᠠᠬᠢᠭᠤᠯᠵᠤ᠂ ᠪᠦᠬᠦ ᠵᠢᠯ ᠳᠤ᠂ 5476 ᠠᠵᠢᠯ ᠤᠨ ᠪᠠᠶᠢᠷᠢ ᠬᠠᠩᠭᠠᠵᠤ᠂ ᠬᠤᠳᠠ | ᠬᠦᠳᠡᠭᠡ ᠶᠢᠨ 2166 ᠬᠦᠮᠤᠨ ᠢ ᠤᠷᠤᠡᠰᠢᠭᠤᠯᠤᠨ᠂ 3030 ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ | ᠪᠠᠳᠤᠯᠠᠭᠠᠳᠤ ᠵᠢᠬᠡᠯᠡᠯᠬᠡ ᠶᠢ ᠲᠠᠷᠬᠠᠭᠠᠬᠤ ᠪᠠᠷ ᠲᠠᠮᠵᠢᠨ 1476 ᠬᠦᠮᠤᠨ ᠢ ᠲᠠᠶᠢᠴᠢᠯᠡᠨ ᠠᠵᠢᠯ ᠤᠯᠭᠤᠵᠤ ᠦᠢᠯᠡᠰ | ᠡᠷᠬᠢᠯᠡᠬᠦᠯᠤᠨ᠂ ᠬᠤᠳᠠ ᠪᠠᠯᠭᠠᠰᠤᠨ ᠤ ᠠᠵᠢᠯ ᠠᠯᠳᠠᠭᠰᠡᠨ ᠨᠤᠷᠮ᠎ᠠ ᠶᠢ 2% ᠲᠤᠳᠤᠷ᠎ᠠ ᠬᠢᠵᠠᠭᠠᠷᠯᠠᠪᠠ᠃ ᠨᠠᠶᠢᠬᠡᠮ | ᠤᠨ ᠪᠠᠳᠣᠯᠠᠭ᠎ᠠ ᠶᠢᠨ ᠬᠢᠷᠢ ᠲᠦᠪᠰᠢᠨ ᠢ ᠲᠤᠭᠳᠠᠭᠤᠨ ᠢᠶᠠᠷ ᠲᠡᠬᠡᠭᠰᠢᠯᠡᠬᠦᠯᠵᠤ᠂ ᠡᠯ᠎ᠠ ᠲᠦᠷᠥᠯ ᠤᠨ ᠲᠠᠭᠠᠳᠬᠠᠯ ᠤᠨ | ᠨᠦᠬᠦᠪᠤᠷᠢ ᠶᠢ ᠲᠤᠭ᠎ᠠ ᠶᠤᠰᠤᠭᠠᠷ ᠲᠠᠷᠬᠠᠭᠠᠨ᠂ ᠨᠦᠬᠦᠪᠤᠷᠢ ᠶᠢ ᠤᠯᠤᠰ᠂ ᠦᠪᠡᠷᠳᠡᠬᠡᠨ ᠵᠠᠰᠠᠬᠤ ᠤᠷᠤᠨ ᠪᠠ | ᠠᠶᠢᠮᠠᠭ ᠤᠨ ᠪᠠᠷᠢᠮᠵᠢᠶ᠎ᠠ ᠠᠴᠠ ᠦᠡᠳᠤᠷ ᠤᠯᠭᠤᠵᠠᠢ᠃ 120 ᠬᠢᠮᠳᠠ ᠲᠦᠷᠢᠶᠠᠰᠤᠨ ᠬᠡᠷ᠂ 150 ᠨᠠᠶᠢᠳᠠ ᠶᠢᠨ | ᠲᠦᠷᠢᠶᠠᠰᠤᠨ ᠬᠡᠷ ᠢ ᠪᠠᠷᠢᠵᠤ᠂ ᠬᠤᠳᠠ ᠪᠠᠯᠭᠠᠰᠣᠨ ᠤ ᠲᠦᠬᠦᠮ ᠪᠦᠳᠤᠴᠠᠳᠤ ᠤᠷᠤᠨ ᠰᠠᠭᠤᠴᠠ ᠲᠠᠢ 400 | ᠡᠷᠤᠬᠡ ᠶᠢᠨ ᠬᠡᠷ ᠪᠠᠶᠢᠰᠢᠩ᠂ ᠮᠠᠯᠵᠢᠬᠤ ᠤᠷᠤᠨ ᠤ 500 ᠡᠷᠤᠬᠡ ᠶᠢᠨ ᠨᠣᠷᠠᠬᠤ ᠠᠶᠣᠯᠳᠠᠢ ᠬᠡᠷ ᠪᠠᠶᠢᠰᠢᠩ ᠢ | ᠦᠬᠡᠷᠡᠴᠢᠯᠠᠨ ᠰᠠᠶᠢᠵᠢᠷᠠᠭᠤᠯᠵᠣ᠂ 2289 ᠬᠠᠮᠤᠭ ᠲᠤᠤᠷᠡᠳᠤ ᠠᠮᠢᠳᠣᠷᠠᠯ ᠤᠨ ᠪᠠᠳᠣᠯᠠᠭ᠎ᠠ ᠬᠦᠷᠳᠠᠵᠣ ᠪᠠᠶᠢᠭ᠎ᠠ | ᠡᠷᠤᠬᠡ ᠪᠠ ᠣᠷᠣᠯᠭ᠎ᠠ ᠪᠠᠭᠠᠳᠠᠢ ᠡᠷᠦᠬᠡ ᠳᠤ 137.3 ᠲᠦᠮᠡᠨ ᠲᠦᠬᠦᠷᠢᠭ ᠤᠨ ᠲᠦᠯᠠᠰᠢᠨ ᠤ ᠨᠦᠬᠦᠪᠣᠷᠢ | ᠲᠠᠷᠬᠠᠭᠠᠪᠠ᠃ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠢ ᠤᠷᠤᠭᠰᠢᠳᠡᠢ ᠦᠷᠨᠢᠬᠦᠯᠵᠤ᠂ 1 ᠳ᠋ᠦᠩᠰᠢᠭᠤᠷ | ᠲᠦᠬᠦᠷᠢᠭ ᠤᠨ ᠪᠡᠯᠨ ᠣᠷᠣᠭᠤᠯᠣᠨ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠤ ᠠᠷᠡᠳ ᠢᠶᠠᠨ | ᠪᠠᠶᠠᠵᠢᠭᠤᠯᠬᠤ᠂ ︽ᠭᠤᠷᠪᠡ ᠶᠢ ᠭᠠᠴᠠᠭ᠎ᠠ ᠪᠠ ᠡᠷᠤᠬᠡ ᠳᠤ ᠬᠦᠷᠬᠡᠬᠦ︾ ᠢᠡᠵᠧᠨᠧᠷᠢᠩ ᠢ ᠢᠳᠡᠪᠬᠢᠳᠡᠢ | ᠬᠡᠷᠡᠭᠵᠢᠬᠦᠯᠬᠦ ᠪᠠᠷ ᠲᠠᠮᠵᠢᠨ᠂ 260 ᠡᠷᠤᠬᠡ ᠶᠢᠨ 900 ᠬᠦᠮᠤᠨ ᠢ ᠶᠠᠳᠠᠭᠤ ᠠᠴᠠ ᠠᠩᠬᠢᠵᠢᠷᠠᠭᠤᠯᠪᠠ᠃ ︽ | ᠠᠷᠪᠠ ᠶᠢ ᠪᠦᠷᠬᠦᠬᠦᠯᠬᠦ︾ ᠢᠡᠵᠧᠨᠧᠷᠢᠩ ᠢ ᠯᠠᠪᠳᠠᠭᠤᠨ ᠲᠦᠯᠬᠢᠨ ᠠᠬᠢᠭᠤᠯᠵᠤ᠂ 1.1 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠪᠠ᠃ ᠨᠠᠶᠢᠬᠡᠮ ᠤᠨ ᠵᠦᠷᠢᠴᠡᠯ ᠢ ᠪᠠᠶᠢᠴᠠᠭᠠᠨ ᠵᠤᠬᠢᠴᠠᠭᠤᠯᠬᠤ ᠠᠵᠢᠯ ᠢ ᠦᠷᠬᠦᠯᠵᠢ ᠶᠢᠨ | ᠴᠢᠨᠠᠷᠳᠡᠢ ᠰᠠᠶᠢᠳᠤᠷ ᠠᠳᠬᠤᠵᠤ᠂ ᠨᠠᠶᠢᠬᠡᠮ ᠤᠨ ᠵᠦᠷᠢᠴᠠᠯ ᠵᠢᠭᠤᠷᠠᠭᠠᠨ ᠢ ᠪᠠᠶᠢᠴᠠᠭᠠᠨ ᠨᠠᠮᠳᠠᠭᠤᠯᠤᠭᠰᠡᠨ ᠨᠤᠷᠮ᠎ᠠ | ᠨᠢ 93% ᠳᠤ ᠬᠦᠷᠣᠨ᠂ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠤᠷ ᠤᠨ ᠲᠦᠷᠢᠮ ᠢ | ᠢᠳᠡᠪᠬᠢᠳᠡᠢ ᠨᠠᠶᠢᠳᠠᠪᠣᠷᠢᠵᠢᠭᠤᠯᠵᠣ᠂ ᠵᠠᠬᠢᠳᠠᠯ ᠰᠣᠷᠪᠣᠯᠵᠢᠯᠠᠭ᠎ᠠ ᠶᠢᠨ ᠶᠠᠷᠣᠩᠬᠡᠢ ᠬᠡᠮᠵᠢᠶ᠎ᠠ ᠨᠢ 25% ᠪᠠᠷ | ᠪᠠᠭᠤᠷᠠᠪᠠ᠃ ᠲᠤᠤᠷ ᠰᠦᠯᠵᠢᠶᠠᠨ ᠤ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠲᠤᠤᠷ ᠰᠦᠯᠵᠢᠶᠠᠨ ᠤ | ᠶᠠᠷᠢᠶ᠎ᠠ ᠬᠡᠯᠡᠯᠴᠡᠭᠡ ᠶᠢ ᠵᠦᠪ ᠢᠶᠠᠷ ᠬᠦᠳᠣᠯᠵᠣ ᠰᠢᠢᠳᠪᠤᠷᠢᠯᠡᠪᠠ᠃ ︽ᠠᠮᠤᠷ ᠲᠣᠳᠣᠨᠣ ᠠᠪᠠᠭ᠎ᠠ ᠨᠤᠳᠤᠭ︾ ᠢ | ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠤ᠂ ᠠᠮᠤᠷ ᠲᠦᠪᠰᠢᠨ ᠤ ᠲᠤᠭᠠᠴᠢᠯᠠᠭᠰᠡᠨ ᠢᠡᠵᠧᠨᠧᠷᠢᠩ ᠤᠨ | ᠪᠠᠶᠢᠭᠤᠯᠤᠯᠳᠠ ᠶᠢ ᠠᠬᠢᠭᠤᠯᠵᠤ᠂ ᠤᠡᠴᠠ ᠬᠡᠷᠡᠭ ᠤᠴᠢᠷ ᠭᠠᠷᠤᠭᠰᠡᠨ ᠦᠬᠡᠢ᠃ ᠦᠨᠳᠣᠰᠣᠳᠠᠨ ᠤ ᠪᠦᠯᠬᠦᠮᠳᠠᠯ ᠤᠨ | ᠦᠢᠯᠡᠰ ᠶᠢ ᠤᠷᠤᠭᠰᠢᠳᠡᠢ ᠶᠠᠪᠤᠭᠳᠠᠵᠤ᠂ ᠪᠦᠬᠦ ᠣᠯᠣᠰ ᠤᠨ ᠦᠨᠳᠣᠰᠣᠳᠠᠨ ᠤ ᠵᠢᠷᠭᠤᠳᠣᠭᠠᠷ ᠣᠳᠠᠭᠠᠨ ᠤ | ᠪᠦᠯᠬᠦᠮᠳᠠᠯ ᠤᠨ ᠠᠵᠢᠯ ᠢ ᠰᠠᠶᠢᠰᠢᠶᠠᠨ ᠬᠦᠬᠢᠬᠦᠯᠬᠦ ᠬᠤᠷᠠᠯ ᠲᠡᠬᠡᠷ᠎ᠠ ᠮᠠᠨ ᠤ ᠬᠤᠰᠢᠭᠤ ᠨᠢ ᠪᠦᠬᠦ ᠣᠯᠣᠰ ᠤᠨ | ᠦᠨᠳᠣᠰᠣᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶᠠᠴᠢ ᠨᠢᠬᠡᠴᠨ ᠪᠠᠷ ᠦᠨᠡᠯᠡᠭᠳᠠᠪᠠ᠃ | ᠵᠢᠯ ᠲᠣᠷᠰᠢ ᠪᠢᠳᠠ᠂ ᠠᠷᠠᠳ ᠤᠨ ᠲᠦᠯᠣᠬᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ᠂ | ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠣ ᠬᠢᠨᠠᠯᠳᠠ ᠪᠠ ᠨᠡᠶᠢᠬᠡᠮ ᠤᠨ ᠬᠢᠨᠠᠯᠳᠠ ᠶᠢ ᠣᠬᠠᠮᠰᠠᠷ ᠠᠴᠠ ᠪᠠᠨ | ᠬᠦᠯᠢᠶᠠᠨ᠂ 114 ᠬᠤᠪᠢ ᠠᠷᠠᠳ ᠤᠨ ᠲᠦᠯᠣᠬᠡᠯᠡᠭᠴᠢᠳ ᠤᠨ ᠰᠠᠨᠠᠯ ᠲᠣᠷᠠᠳᠣᠯᠭ᠎ᠠ᠂ 60 ᠬᠤᠪᠢ ᠣᠯᠣᠰ | ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠲᠣᠷᠠᠳᠣᠯᠭ᠎ᠠ ᠶᠢ ᠬᠦᠯᠢᠶᠠᠨ ᠠᠪᠴᠤ ᠰᠢᠢᠳᠪᠣᠷᠢᠯᠠᠪᠠ᠃ ᠨᠠᠮ | ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠣᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ︽ | ᠲᠦᠪ ᠤᠨ ᠨᠠᠢᠮᠠᠨ ᠵᠣᠷᠪᠣᠰ ᠲᠣᠭᠳᠠᠭᠠᠯ︾ ᠪᠠ ᠲᠦᠷᠦ ᠶᠢᠨ ᠶᠠᠪᠣᠳᠠᠯ ᠤᠨ ᠬᠤᠷᠢᠶᠠᠨ ᠤ ︽ᠭᠤᠷᠪᠠ ᠶᠢ | ᠵᠢᠷᠣᠮᠯᠠᠬᠤ ᠲᠦᠷᠢᠮ︾ ᠢ ᠴᠢᠩᠭ᠎ᠠ ᠬᠡᠷᠡᠭᠵᠢᠬᠦᠯᠵᠣ᠂ ᠣᠯᠠᠨ ᠲᠦᠮᠡᠨ ᠲᠠᠢ ᠨᠢᠭᠳᠠ ᠬᠠᠷᠢᠯᠴᠠᠨ᠂ ᠠᠵᠢᠯ ᠤᠨ | ᠰᠣᠷᠳᠠᠯ ᠢᠶᠠᠨ ᠰᠠᠶᠢᠵᠢᠷᠠᠭᠤᠯᠵᠣ᠂ 1.27 ᠲᠦᠮᠡᠨ ᠲᠡᠭᠰᠢ ᠲᠦᠷᠪᠠᠯᠵᠢᠨ ᠮᠧᠲᠷ ᠤᠨ ᠠᠯᠪᠠᠨ ᠬᠡᠷ ᠢ ᠴᠡᠭᠴᠡᠯᠡᠵᠣ | ᠰᠣᠯᠠᠯᠠᠨ᠂ ᠪᠠᠷᠢᠮᠵᠢᠶᠠᠨ ᠠᠴᠠ ᠬᠡᠳᠦᠷᠡᠭᠰᠡᠨ 3 ᠠᠯᠪᠠᠨ ᠤ ᠲᠡᠷᠬᠡ ᠶᠢ ᠲᠤᠭᠳᠠᠭᠠᠯ ᠶᠤᠰᠤᠭᠠᠷ ᠰᠢᠢᠳᠪᠣᠷᠢᠯᠠᠵᠣ᠂ | 244 ᠵᠦᠪᠯᠡᠬᠦ ᠪᠠᠶᠢᠭᠤᠯᠣᠮᠵᠢ ᠶᠢ ᠦᠬᠡᠶᠢᠰᠬᠡᠨ᠂ ︽ᠭᠤᠷᠪᠠᠨ ᠵᠥᠢᠯ ᠤᠨ ᠠᠯᠪᠠᠨ ᠵᠠᠷᠣᠳᠠᠯ︾ ᠢ 15.6 % | ᠪᠠᠷ ᠪᠠᠭᠠᠰᠬᠠᠪᠠ᠃ ᠦᠬᠡᠷᠡᠴᠢᠯᠠᠯᠳᠠ ᠬᠢᠵᠣ ᠰᠢᠨ᠎ᠠ ᠶᠢ ᠡᠬᠦᠳᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ | ᠲᠣᠰ ᠪᠠᠶ᠎ᠠ ᠶᠢᠨ ᠪᠠᠶᠢᠭᠤᠯᠣᠯᠳᠠ ᠪᠠᠨ ᠴᠢᠩᠭᠠᠳᠬᠠᠵᠣ᠂ ᠵᠠᠰᠠᠭ ᠤᠨ ᠣᠷᠳᠣᠨ ᠤ ᠴᠢᠳᠠᠪᠬᠢ ᠪᠠᠨ ᠬᠤᠪᠢᠷᠠᠭᠤᠯᠣᠨ᠂ | ᠬᠠᠣᠯᠢ ᠶᠣᠰᠣ ᠪᠠᠷ ᠵᠠᠰᠠᠭᠯᠠᠨ᠂ ᠠᠷᠢᠭᠤᠨ ᠴᠢᠬᠡᠴᠢ ᠪᠠᠷ ᠵᠠᠰᠠᠭᠯᠠᠬᠤ ᠢᠯᠵᠠᠷᠠᠯ ᠢ ᠡᠰᠡᠷᠬᠦᠴᠡᠬᠦ ᠠᠵᠢᠯ ᠤᠨ ᠡᠷᠴᠢᠮ | ᠢ ᠴᠢᠩᠭᠠᠳᠬᠠᠨ᠂ ᠦᠢᠯᠡᠴᠢᠯᠡᠭᠡ ᠶᠢᠨ ᠬᠢᠷᠢ ᠲᠦᠪᠰᠢᠨ ᠪᠠᠨ ᠲᠡᠬᠡᠭᠰᠢᠯᠡᠬᠦᠯᠵᠤ᠂ ᠣᠯᠣᠰ ᠤᠨ ᠪᠠᠳᠣᠯᠠᠨ | ᠬᠠᠮᠠᠭᠠᠯᠠᠯᠳᠠ᠂ ᠦᠨᠳᠣᠰᠣᠳᠠᠨ ᠱᠠᠰᠢᠨ ᠰᠣᠷᠳᠠᠬᠤᠨ᠂ ᠭᠠᠳᠠᠭᠠᠳᠣ ᠶᠠᠪᠣᠳᠠᠯ᠂ ᠠᠷᠠᠳ ᠤᠨ ᠠᠭᠠᠷ ᠤᠨ | ᠰᠠᠷᠬᠡᠶᠢᠯᠠᠯᠳᠠ᠂ ᠲᠠᠣᠬᠡ ᠣᠶᠢᠯᠠᠯᠭ᠎ᠠ ᠲᠠᠩᠰᠨ ᠡᠪᠬᠡᠮᠡᠯ᠂ ᠴᠠᠭ ᠠᠭᠤᠷ ᠭᠠᠵᠠᠷ ᠬᠦᠳᠠᠯᠣᠯᠳᠠ᠂ ᠦᠢᠯᠡᠳᠪᠣᠷᠢ | ᠬᠤᠳᠠᠯᠳᠤᠭ᠎ᠠ ᠶᠠᠰᠤ ᠴᠢᠨᠠᠷ ᠤᠨ ᠬᠢᠨᠠᠨ ᠬᠠᠮᠢᠶᠠᠷᠤᠯᠳᠠ᠂ ᠣᠯᠣᠰ ᠤᠨ ᠭᠠᠶᠢᠯᠢ᠂ ᠭᠠᠵᠠᠷ ᠣᠷᠣᠨ ᠤ ᠭᠠᠶᠢᠯᠢ᠂ | ᠡᠮᠡᠭᠳᠠᠶᠢᠴᠣᠳ ᠬᠡᠣᠬᠡᠳ᠂ ᠨᠠᠰᠣᠳᠠᠶᠢᠴᠣᠣᠯ᠂ ᠵᠡᠮᠳᠡᠭᠴᠣᠳ᠂ ᠣᠯᠠᠭᠠᠨ ᠵᠠᠭᠠᠯᠮᠠᠶᠢᠳᠠᠨ ᠵᠡᠷᠬᠡ ᠲᠠᠯ᠎ᠠ ᠶᠢᠨ ᠠᠵᠢᠯ | ᠦᠢᠯᠡᠰ ᠰᠢᠨ᠎ᠠ ᠠᠬᠢᠯᠳᠠ ᠲᠠᠢ ᠪᠣᠯᠣᠭᠰᠠᠨ ᠪᠠᠶᠢᠨ᠎ᠠ᠃ | ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ᠂ ᠬᠤᠰᠢᠭᠤ ᠲᠠᠶᠠᠭᠠᠷ ᠢᠶᠠᠨ ᠬᠦᠴᠢᠷ ᠢ ᠰᠦᠷᠦᠨ ᠰᠢᠷᠭᠠᠭᠤ | ᠠᠵᠢᠯᠯᠠᠵᠣ᠂ ᠡᠯ᠎ᠠ ᠵᠦᠢᠯ ᠤᠨ ᠪᠡᠷᠬᠡᠰᠢᠶᠠᠯ ᠪᠠ ᠬᠠᠳᠠᠭᠤ ᠴᠢᠩᠭ᠎ᠠ ᠰᠢᠯᠭᠠᠯᠳᠠ ᠶᠢ ᠢᠯᠠᠨ ᠲᠠᠪᠠᠭᠠᠳ ᠰᠢᠨ᠎ᠠ ᠨᠢᠬᠡᠨ | ᠬᠦᠭᠵᠢᠯᠳᠠ ᠶᠢᠨ ᠱᠠᠳᠣ ᠦᠶ᠎ᠠ ᠳᠤ ᠣᠷᠣᠭᠰᠠᠨ ᠪᠠᠶᠢᠨ᠎ᠠ᠃ ᠡᠳᠡᠬᠡᠷ ᠠᠮᠵᠢᠯᠳᠠ ᠶᠢ ᠣᠯᠣᠭᠰᠠᠨ ᠨᠢ ᠬᠤᠰᠢᠭᠤ ᠨᠠᠮ | ᠤᠨ ᠬᠤᠷᠢᠶᠠᠨ ᠤ ᠵᠦᠪ ᠣᠨᠣᠪᠴᠢᠳᠠᠢ ᠪᠠᠶᠢᠷᠢᠯᠠᠭᠤᠯᠣᠯᠳᠠ ᠪᠠ ᠰᠢᠨᠵᠢᠯᠡᠬᠦ ᠣᠬᠠᠭᠠᠨᠴᠢ ᠰᠢᠢᠳᠪᠣᠷᠢᠳᠣ ᠪᠣᠳᠣᠯᠭ᠎ᠠ | ᠲᠣᠭᠳᠠᠭᠠᠭᠰᠠᠨ ᠤ ᠦᠷ᠎ᠠ ᠳ᠋ᠦᠩ ᠮᠥᠨ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ | ᠲᠦᠷᠦ ᠶᠢᠨ ᠵᠦᠪᠯᠡᠯᠬᠡᠨ ᠤ ᠲᠦᠪ ᠴᠢᠩᠭ᠎ᠠ ᠬᠢᠨᠠᠯᠳᠠ ᠪᠠ ᠬᠦᠴᠣᠳᠠᠢ ᠲᠠᠮᠵᠢᠯᠬᠡ ᠶᠢᠨ ᠦᠷ᠎ᠠ ᠳ᠋ᠦᠩ ᠮᠦᠨ᠂ | ᠮᠦᠨᠴᠣ ᠪᠦᠬᠦ ᠬᠤᠰᠢᠭᠤᠨ ᠤ ᠡᠯ᠎ᠠ ᠦᠨᠳᠣᠰᠣᠳᠠᠨ ᠤ ᠺᠠᠳ᠋ᠷ ᠣᠯᠠᠨ ᠲᠦᠮᠡᠨ ᠤ ᠰᠠᠳᠬᠢᠯ ᠨᠢᠬᠡᠳᠣᠨ ᠴᠢᠷᠮᠠᠶᠢᠨ | ᠲᠠᠮᠠᠴᠡᠭᠰᠡᠨ ᠤ ᠦᠷ᠎ᠠ ᠳ᠋ᠦᠩ ᠪᠣᠯᠣᠨ᠎ᠠ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ | ᠂ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠠ ᠳᠤ ᠢᠳᠡᠪᠬᠢᠳᠠᠢ ᠬᠤᠪᠢ ᠨᠠᠮᠠᠷᠢ ᠦᠵᠡᠬᠦᠯᠦᠭᠰᠡᠨ | ᠲᠦᠯᠦᠬᠡᠯᠡᠭᠴᠢᠳ ᠪᠠ ᠬᠡᠰᠢᠬᠦᠳ᠂ ᠮᠦᠨᠴᠣ ᠲᠠᠨᠠᠷ ᠢᠶᠠᠷ ᠲᠠᠮᠵᠢᠭᠤᠯᠣᠨ ᠪᠦᠬᠦ ᠬᠤᠰᠢᠭᠤᠨ ᠤ ᠡᠯ᠎ᠠ ᠠᠵᠢᠯ ᠤᠨ | ᠹᠷᠣᠨᠲ ᠲᠡᠬᠡᠷ᠎ᠠ ᠰᠢᠭᠤᠷᠬᠠᠶᠢᠯᠠᠨ ᠠᠵᠢᠯᠯᠠᠵᠣ ᠪᠠᠶᠢᠭ᠎ᠠ ᠦᠨᠳᠣᠰᠣᠳᠠᠨ ᠨᠦᠭᠦᠳ ᠤᠨ ᠺᠠᠳ᠋ᠷ ᠣᠯᠠᠨ ᠲᠦᠮᠡᠨ ᠬᠢᠬᠡᠳ | ᠮᠠᠨ ᠤ ᠬᠤᠰᠢᠭᠤᠨ ᠤ ᠬᠦᠭᠵᠢᠯᠳᠠ ᠶᠢ ᠬᠠᠯᠠᠮᠵᠢᠯᠠᠨ ᠲᠠᠮᠵᠢᠭ᠍ᠰᠡᠬᠡᠷ ᠢᠷᠡᠭᠰᠡᠨ ᠨᠡᠶᠢᠬᠡᠮ ᠤᠨ ᠡᠯ᠎ᠠ ᠡᠳᠡᠬᠡᠳ ᠤᠨ | ᠬᠢᠨ ᠳᠤ ᠴᠢᠩ ᠰᠠᠳᠬᠢᠯ ᠤᠨ ᠪᠠᠶᠠᠷ ᠲᠠᠯᠠᠷᠬᠠᠯ ᠪᠠ ᠡᠷᠬᠢᠮ ᠲᠡᠬᠡᠳᠣ ᠬᠦᠨᠳᠣᠳᠬᠡᠯ ᠢᠶᠠᠨ ᠲᠠᠪᠰᠢᠬᠦᠯᠵᠣ ᠪᠠᠶᠢᠨ᠎ᠠ᠃ | ᠲᠦᠯᠦᠬᠡᠯᠡᠭᠴᠢᠳ ᠡ᠂ ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠤ ᠪᠠᠰᠠ ᠠᠵᠣ ᠠᠬᠤᠢ ᠨᠡᠶᠢᠬᠡᠮ ᠤᠨ | ᠬᠦᠭᠵᠢᠯᠳᠠ ᠶᠢᠨ ᠲᠣᠮᠳᠠ ᠤᠷᠤᠰᠢᠵᠤ ᠪᠠᠶᠢᠭ᠎ᠠ ᠠᠰᠠᠭᠤᠳᠠᠯ ᠢᠶᠠᠨ ᠰᠡᠷᠬᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠄ | ᠠᠵᠣ ᠠᠬᠤᠢ ᠶᠢᠨ ᠶᠠᠷᠣᠩᠬᠡᠢ ᠬᠡᠮᠵᠢᠶ᠎ᠠ ᠬᠠᠷᠢᠴᠠᠩᠭᠤᠢ ᠲᠣᠣᠷ᠎ᠠ᠂ ᠠᠵᠣ ᠦᠢᠯᠡᠰ ᠤᠨ ᠬᠢᠷᠢ ᠲᠦᠪᠰᠢᠨ ᠦᠨᠳᠣᠷ | ᠪᠢᠰᠢ᠂ ᠲᠠᠶᠢᠴᠢᠯᠠᠬᠤ ᠬᠦᠴᠣᠨ ᠪᠦᠬᠦᠢ ᠲᠣᠮᠣ ᠲᠦᠷᠦᠯ ᠵᠦᠢᠯ ᠴᠦᠬᠡᠨ ᠪᠠᠶᠢᠭᠰᠠᠭᠠᠷ︔ ᠠᠵᠣ ᠠᠬᠤᠢ ᠶᠢᠨ ᠰᠢᠨ᠎ᠠ | ᠨᠡᠮᠡᠭᠳᠠᠯ ᠬᠦᠴᠣᠨ ᠲᠣᠳᠠᠮᠠᠭ᠂ ᠬᠡᠰᠡᠭ ᠠᠵᠣ ᠠᠬᠤᠶᠢᠯᠠᠯ ᠤᠨ ᠡᠵᠡᠩᠨᠡᠯᠳᠠ ᠶᠢᠨ ᠲᠠᠷᠣᠯᠳᠠ ᠶᠡᠭᠡ᠂ ᠪᠡᠯᠨ | ᠬᠤᠷᠠᠮᠳᠤᠭᠤᠯᠭ᠎ᠠ ᠶᠢᠨ ᠠᠷᠭ᠎ᠠ ᠵᠠᠮ ᠢᠪᠴᠤᠤ᠂ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠬᠦᠯᠬᠦ ᠳᠤ ᠨᠠᠯᠢᠶᠠᠳ | ᠬᠦᠴᠢᠷᠳᠠᠯ ᠲᠠᠢ ᠪᠠᠶᠢᠭᠰᠠᠭᠠᠷ︔ ᠠᠷᠠᠳ ᠤᠨ ᠠᠮᠢᠳᠣᠷᠠᠯ ᠤᠨ ᠠᠵᠢᠯ ᠦᠢᠯᠡᠰ ᠤᠨ ᠬᠦᠷᠢᠶᠠᠨ ᠬᠡᠪᠴᠢᠶᠠᠨ ᠳᠤ | ᠪᠠᠰᠨ ᠬᠦᠷᠣᠯᠴᠠᠬᠦ ᠦᠬᠡᠢ ᠲᠠᠯ᠎ᠠ ᠣᠷᠦᠰᠢᠵᠣ ᠣᠯᠠᠨ ᠪᠣᠢ︔ ᠵᠠᠷᠢᠮ ᠣᠯᠣᠰ ᠤᠨ ᠠᠯᠪᠠᠳᠠᠨ ᠤ ᠠᠵᠢᠯ ᠤᠨ | ᠴᠢᠳᠠᠪᠣᠷᠢ᠂ ᠬᠡᠪ ᠰᠣᠷᠳᠠᠯ ᠨᠢ ᠰᠢᠨ᠎ᠠ ᠬᠡᠪ ᠪᠠᠶᠢᠳᠠᠯ᠂ ᠰᠢᠨ᠎ᠠ ᠡᠬᠦᠷᠬᠡ ᠱᠠᠭᠠᠷᠳᠠᠯᠭ᠎ᠠ ᠳᠤ ᠵᠣᠬᠢᠴᠠᠬᠤ ᠦᠬᠡᠢ᠂ | ᠬᠠᠷᠢᠭᠤᠴᠠᠯᠭ᠎ᠠ ᠪᠠᠨ ᠡᠬᠦᠷᠬᠡᠯᠡᠬᠦ ᠦᠬᠡᠢ᠂ ᠠᠵᠢᠯ ᠢᠶᠠᠨ ᠰᠠᠶᠢᠳᠣᠷ ᠪᠠᠶᠠᠯᠡᠬᠦᠯᠬᠦ ᠦᠬᠡᠢ᠂ ᠬᠤᠶᠢᠷᠭᠤᠰᠢᠨ ᠰᠠᠭᠤᠬᠤ | ᠪᠠᠶᠢᠳᠠᠯ ᠲᠠᠢ ᠪᠠᠶᠢᠵᠣ᠂ ︽ᠲᠦᠷᠪᠠᠨ ᠰᠣᠷᠳᠠᠯ︾ ᠤᠨ ᠠᠰᠠᠭᠤᠳᠠᠯ ᠢ ᠲᠦᠢᠯᠪᠤᠷᠢᠳᠡᠢ ᠬᠠᠯᠠᠨ ᠰᠠᠶᠢᠵᠢᠷᠠᠭᠤᠯᠵᠤ | ᠲᠠᠶᠢᠯᠤᠬᠡ ᠦᠬᠡᠢ ᠵᠡᠷᠬᠡ ᠠᠰᠠᠭᠤᠳᠠᠯ ᠮᠦᠨ ᠯᠠ ᠣᠷᠣᠰᠢᠭᠰᠠᠭᠠᠷ ᠪᠠᠶᠢᠨ᠎ᠠ᠃ ᠡᠳᠡᠬᠡᠷ ᠢ ᠪᠢᠳᠠ ᠡᠷᠬᠡᠪᠰᠢ ᠲᠡᠬᠡᠳᠣ | ᠬᠡᠮᠵᠢᠶ᠎ᠠ ᠪᠠᠷ ᠬᠦᠡᠳᠤᠳᠬᠡᠨ ᠦᠵᠡᠵᠤ ᠰᠢᠢᠳᠪᠣᠷᠢᠯᠡᠬᠦ ᠪᠠᠷ ᠵᠣᠷᠢᠭ ᠰᠢᠭᠤᠳᠴᠣ ᠪᠠᠶᠢᠨ᠎ᠠ᠃ | ᠬᠤᠶᠡᠷ᠂ 2015 ᠤᠨ ᠤ ᠠᠵᠢᠯ ᠤᠨ ᠪᠠᠶᠢᠷᠢᠯᠠᠭᠤᠯᠤᠯᠳᠠ | ᠦᠨᠤ ᠵᠢᠯ ᠨᠢ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠬᠦ ᠵᠠᠩᠬᠢᠯᠠᠭ᠎ᠠ ᠶᠢᠨ ᠵᠢᠯ᠂ ᠬᠠᠤᠯᠢ ᠪᠠᠷ | ᠬᠤᠰᠢᠭᠤ ᠪᠠᠨ ᠵᠠᠰᠠᠬᠤ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠡᠬᠢᠯᠡᠯᠳᠡ ᠶᠢᠨ ᠵᠢᠯ ᠪᠤᠯᠤᠨ᠎ᠠ | ᠃ ᠮᠦᠡᠴᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠡᠬᠦᠷᠬᠡ ᠪᠠᠨ ᠪᠦᠬᠦ ᠲᠠᠯ᠎ᠠ ᠪᠠᠷ | ᠪᠠᠶᠠᠯᠠᠬᠦᠯᠵᠤ ᠠᠮᠵᠢᠯᠳᠠ ᠲᠤᠷᠰᠢᠯᠭ᠎ᠠ ᠪᠠᠨ ᠳ᠋ᠦᠩᠨᠡᠨ᠂ ︽ᠠᠷᠪᠠᠨ ᠭᠤᠷᠪᠡᠳᠤᠭᠠᠷ ᠲᠡᠪᠤᠨ ᠵᠢᠯ︾ ᠤᠨ | ᠲᠦᠯᠤᠪᠵᠢᠬᠦᠯᠬᠡ ᠳᠤ ᠪᠠᠳᠤ ᠪᠠᠬᠢ ᠰᠠᠭᠤᠷᠢ ᠶᠢ ᠲᠠᠯᠪᠢᠬᠤ ᠴᠢᠬᠤᠯᠠ ᠵᠢᠯ ᠪᠤᠯᠤᠨ᠎ᠠ᠃ ᠪᠢᠳᠠ ᠦᠪᠡᠷᠳᠡᠬᠡᠨ | ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠣᠰᠣᠭᠠᠷ ᠦᠨᠣ ᠵᠢᠯ ᠤᠨ ᠡᠯ᠎ᠠ ᠲᠦᠷᠦᠯ ᠤᠨ | ᠠᠵᠢᠯ ᠢᠶᠠᠨ ᠰᠠᠶᠢᠳᠣᠷ ᠲᠦᠯᠦᠪᠵᠢᠬᠦᠯᠦᠨ ᠪᠠᠶᠠᠯᠠᠬᠦᠯᠤᠶᠠ᠃ | ᠵᠠᠰᠠᠭ ᠤᠨ ᠤᠷᠳᠤᠨ ᠤ ᠦᠨᠤ ᠵᠢᠯ ᠤᠨ ᠠᠵᠢᠯ ᠤᠨ ᠶᠠᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠡ᠂ ᠲᠦᠷᠪᠡᠳᠦᠭᠡᠷ ᠪᠦᠬᠦᠳᠡ ᠬᠤᠷᠠᠯ | ᠪᠤᠯᠤᠨ ᠠᠶᠢᠮᠠᠭ ᠤᠨ ᠨᠠᠮ ᠤᠨ ᠬᠤᠷᠢᠶᠠᠨ ᠤ 2015 ᠤᠨ ᠤ ᠠᠩᠬᠠᠳᠤᠭᠠᠷ ᠤᠳᠠᠭᠠᠨ ︵ᠦᠷᠭᠡᠳᠭᠡᠭᠰᠡᠨ︶ ᠤ | ᠬᠤᠷᠠᠯ᠂ ᠪᠦᠬᠦ ᠠᠶᠢᠮᠠᠭ ᠤᠨ ᠠᠵᠦ ᠠᠬᠤᠢ ᠶᠢᠨ ᠠᠵᠢᠯ ᠤᠨ ᠬᠤᠷᠠᠯ ᠵᠢᠴᠢ ᠬᠤᠰᠢᠭᠤ ᠠᠷᠪᠠᠨ ᠬᠤᠶᠠᠳᠤᠭᠠᠷ | ᠬᠤᠭᠤᠴᠠᠭᠠᠨ ᠤ ᠠᠷᠪᠠᠨ ᠲᠤᠯᠤᠳᠤᠭᠠᠷ ᠤᠳᠠᠭᠠᠨ ᠤ ᠪᠦᠬᠦ ᠬᠡᠰᠢᠬᠦᠳ ᠤᠨ ︵ᠦᠷᠬᠡᠳᠬᠡᠭᠰᠡᠨ︶ ᠬᠤᠷᠡᠯ ᠤᠨ | ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠥ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠲᠠᠢ ᠵᠤᠬᠢᠴᠠᠵᠦ᠂ ᠲᠤᠭᠳᠠᠭᠤᠨ ᠢ ᠪᠠᠳᠤᠯᠠᠨ ᠬᠦᠭᠵᠢᠯᠳᠠ ᠶᠢ ᠠᠬᠢᠭᠤᠯᠬᠤ ᠠᠵᠢᠯ ᠤᠨ ᠶᠡᠷᠦᠩᠭᠡᠢ | ᠬᠦᠭ ᠠᠶᠠᠰ ᠢ ᠪᠠᠷᠢᠮᠳᠠᠯᠠᠨ᠂ ᠦᠷᠬᠦᠯᠵᠢᠯᠡᠭᠰᠡᠨ ᠬᠦᠭᠵᠢᠯᠳᠠ᠂ ᠬᠡᠯᠪᠡᠷᠢ ᠪᠠᠨ ᠬᠤᠪᠢᠷᠠᠭᠤᠯᠣᠭᠰᠠᠨ ᠬᠦᠭᠵᠢᠯᠳᠠ᠂ | ᠵᠤᠬᠢᠴᠠᠩᠭᠤᠢ ᠬᠦᠭᠵᠢᠯᠳᠠ᠂ ᠡᠶ᠎ᠡ ᠵᠤᠬᠢᠴᠠᠯ ᠲᠠᠢ ᠬᠦᠭᠵᠢᠯᠳᠠ ᠶᠢᠨ ᠲᠠᠨᠢᠯᠳᠠ ᠶᠢ ᠪᠤᠢ ᠪᠤᠯᠭᠠᠵᠤ᠂ ᠮᠠᠯ ᠠᠵᠤ | ᠠᠬᠤᠢ ᠶᠢᠨ ᠬᠦᠭᠵᠢᠯᠳᠠ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠬᠡᠳᠬᠡᠬᠦ ᠪᠠᠷ ᠭᠤᠤᠯᠳᠠᠯᠭ᠎ᠠ ᠪᠤᠯᠭᠠᠨ᠂ | ᠲᠠᠭᠠᠭᠠᠮᠠᠭᠠᠢ ᠬᠦᠭᠵᠢᠯᠳᠡ ᠶᠢᠨ ᠴᠢᠳᠠᠪᠬᠢ ᠶᠢ ᠲᠡᠭᠡᠭᠰᠢᠯᠡᠬᠦᠯᠦᠨ᠎ᠡ︔ ᠠᠵᠦ ᠠᠬᠤᠢ ᠶᠢᠨ ᠬᠦᠭᠵᠢᠯᠳᠡ ᠶᠢᠨ ᠴᠢᠨᠠᠷ | ᠴᠢᠡᠰᠠᠭ᠎ᠠ ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠡᠨᠧᠷᠬᠢ᠂ ᠪᠠᠷᠢᠯᠭ᠎ᠠ ᠶᠢᠨ | ᠮᠠᠲ᠋ᠧᠷᠢᠶᠠᠯ᠂ ᠬᠦᠳᠡᠷ ᠰᠢᠯᠢᠬᠦ ᠬᠢᠭᠡᠳ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠤᠨ ᠪᠤᠯᠪᠠᠰᠤᠷᠠᠭᠤᠯᠬᠤ ᠵᠡᠷᠭᠡ | ᠲᠠᠪᠠᠭᠤᠯᠢᠭ ᠤᠨᠴᠠᠯᠢᠬᠳᠦ ᠠᠵᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠲᠠᠯ᠎ᠠ ᠨᠤᠳᠤᠭ ᠤᠨ ᠰᠤᠶᠤᠯ | ᠢ ᠤᠯᠠᠮᠵᠢᠯᠠᠨ ᠬᠦᠭᠵᠢᠬᠦᠯᠬᠦ ᠠᠴᠠ ᠭᠠᠷᠳᠠᠨ᠂ ᠵᠤᠭᠠᠴᠠᠯ ᠦᠵᠠᠮᠵᠢ᠂ ᠰᠠᠯᠠᠬᠦᠴᠠᠯ ᠠᠮᠠᠷᠠᠯᠳᠠ ᠵᠡᠷᠬᠡ ᠰᠢᠨ᠎ᠠ ᠪᠠᠷ | ᠮᠠᠡᠳᠤᠭᠰᠡᠨ ᠦᠢᠯᠡᠴᠢᠯᠡᠬᠡᠨ ᠤ ᠦᠢᠯᠡᠰ ᠢ ᠬᠦᠭᠵᠢᠬᠦᠯᠤᠨ᠎ᠠ︔ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠪᠠᠷ | ᠭᠤᠤᠯᠳᠠᠯᠭ᠎ᠠ ᠪᠤᠯᠭᠠᠨ᠂ ᠨᠠᠶᠢᠬᠡᠮ ᠤᠨ ᠡᠶ᠎ᠡ ᠵᠤᠬᠢᠴᠠᠯ᠂ ᠠᠮᠤᠷ ᠲᠤᠭᠳᠠᠭᠤᠨ ᠢ ᠬᠠᠮᠠᠭᠠᠯᠠᠨ᠎ᠠ︔ ᠰᠠᠭᠤᠷᠢ | ᠨᠦᠬᠦᠴᠡᠯ᠂ ᠬᠦᠭᠵᠢᠯᠳᠡ ᠶᠢ ᠪᠠᠲᠤᠯᠠᠬᠤ ᠴᠢᠳᠠᠪᠬᠢ ᠪᠠᠨ ᠲᠡᠭᠡᠭᠰᠢᠯᠡᠬᠦᠯᠦᠨ᠎ᠡ︔ ᠦᠭᠡᠷᠡᠴᠢᠯᠡᠯᠳᠡ ᠶᠢ | ᠬᠦᠨᠵᠡᠭᠡᠶᠢᠷᠡᠬᠦᠯᠬᠦ ᠪᠠᠷ ᠬᠦᠳᠡᠯᠭᠡᠭᠴᠢ ᠬᠦᠴᠦᠨ ᠪᠤᠯᠭᠠᠨ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠬᠦᠯᠤᠨ᠎ᠠ︔ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠬᠡᠳᠬᠡᠨ ᠰᠠᠶᠢᠵᠢᠷᠠᠭᠤᠯᠤᠨ᠂ ᠠᠵᠦ | ᠠᠬᠤᠢ ᠶᠢᠨ ᠦᠷᠬᠦᠯᠵᠢᠯᠡᠭᠰᠡᠨ ᠡᠷᠡᠬᠦᠯ ᠬᠦᠭᠵᠢᠯᠳᠡ᠂ ᠨᠡᠶᠢᠭᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ | ᠠᠬᠢᠭᠤᠯᠤᠨ᠎ᠠ᠃ | ᠭᠤᠤᠯ ᠲᠦᠰᠤᠪᠯᠡᠭᠰᠡᠨ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 67.2 | ᠳ᠋ᠦᠩᠰᠢᠭᠤᠷ ᠲᠦᠬᠦᠷᠢᠭ ᠲᠤ ᠬᠦᠷᠬᠡᠵᠤ᠂ 9.2% ᠢᠶᠠᠷ ᠨᠡᠮᠡᠭᠳᠡᠬᠦᠯᠤᠨ᠎ᠠ᠃ ᠡᠬᠦᠨ ᠳᠤ᠂ ᠨᠢᠬᠡᠳᠤᠬᠡᠷ ᠠᠵᠤ | ᠦᠢᠯᠡᠰ ᠤᠨ ᠨᠡᠮᠡᠭᠳᠡᠯ ᠦᠷᠳᠡᠭ ᠢ 7.9 ᠳ᠋ᠦᠩᠰᠢᠭᠤᠷ ᠲᠦᠬᠦᠷᠢᠭ ᠲᠤ ᠬᠦᠷᠬᠡᠵᠤ᠂ 4.8% ᠪᠠᠷ ᠨᠡᠮᠡᠭᠳᠡᠬᠦᠯᠤᠨ᠎ᠠ | ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 49.6 ᠳ᠋ᠦᠩᠰᠢᠭᠤᠷ ᠲᠦᠬᠦᠷᠢᠭ ᠲᠤ ᠬᠦᠷᠬᠡᠵᠤ᠂ 10. | 7% ᠪᠠᠷ ᠨᠡᠮᠡᠭᠳᠡᠬᠦᠯᠤᠨ᠎ᠠ᠃ ᠡᠬᠦᠨ ᠳᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 44.5 ᠳ᠋ᠦᠩᠰᠢᠭᠤᠷ | ᠲᠦᠬᠦᠷᠢᠭ ᠲᠤ ᠬᠦᠷᠬᠡᠵᠤ᠂ 12.5% ᠪᠠᠷ ᠨᠡᠮᠡᠭᠳᠡᠬᠦᠯᠤᠨ᠎ᠠ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 9.7 ᠳ᠋ᠦᠩᠰᠢᠭᠤᠷ ᠲᠦᠬᠦᠷᠢᠭ ᠲᠤ ᠬᠦᠷᠬᠡᠵᠤ᠂ 8.4% ᠪᠠᠷ ᠨᠡᠮᠡᠭᠳᠡᠬᠦᠯᠤᠨ᠎ᠠ᠃ ᠲᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ ᠶᠢ 62 ᠳ᠋ᠦᠩᠰᠢᠭᠤᠷ ᠲᠦᠬᠦᠷᠢᠭ ᠲᠤ ᠬᠦᠷᠬᠡᠵᠤ᠂ 17.2% ᠢᠶᠠᠷ | ᠨᠡᠮᠡᠭᠳᠡᠬᠦᠯᠤᠨ᠎ᠠ᠃ ᠭᠠᠵᠡᠷ ᠤᠷᠤᠨ ᠤ ᠡᠳ᠋ ᠤᠨ ᠵᠠᠰᠠᠭ ᠤᠨ ᠶᠠᠷᠤᠩᠬᠡᠢ ᠤᠷᠤᠯᠭ᠎ᠠ ᠶᠢ 3 ᠳ᠋ᠦᠩᠰᠢᠭᠤᠷ ᠲᠦᠬᠦᠷᠢᠭ | ᠲᠤ ᠬᠦᠷᠬᠡᠵᠤ᠂ 5.1% ᠪᠠᠷ ᠨᠡᠮᠡᠭᠳᠡᠬᠦᠯᠤᠨ᠂ ᠡᠬᠦᠨ ᠳᠤ᠂ ᠤᠯᠠᠨ ᠨᠠᠶᠢᠳᠠ ᠶᠢᠨ ᠡᠳ᠋ ᠤᠨ ᠵᠠᠰᠠᠭ ᠤᠨ | ᠲᠦᠰᠤᠪᠯᠡᠨ ᠪᠤᠳᠤᠭᠰᠡᠨ ᠤᠷᠤᠯᠭ᠎ᠠ ᠶᠢ 1.98 ᠳ᠋ᠦᠩᠰᠢᠭᠤᠷ ᠲᠦᠬᠦᠷᠢᠭ ᠲᠤ ᠬᠦᠷᠬᠡᠵᠤ᠂ 7.4% ᠪᠠᠷ | ᠨᠡᠮᠡᠭᠳᠡᠬᠦᠯᠤᠨ᠎ᠠ᠃ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ | 10.4 ᠳ᠋ᠦᠩᠰᠢᠭᠤᠷ ᠲᠦᠬᠦᠷᠢᠭ ᠲᠤ ᠬᠦᠷᠬᠡᠵᠤ᠂ 11.8% ᠪᠠᠷ ᠨᠡᠮᠡᠭᠳᠡᠬᠦᠯᠤᠨ᠎ᠠ︔ ᠬᠤᠳᠠ ᠬᠦᠳᠡᠭᠡ ᠶᠢᠨ | ᠰᠠᠭᠤᠭᠠᠯᠢ ᠠᠷᠡᠳ ᠤᠨ ᠬᠦᠮᠤᠨ ᠪᠦᠷᠢ ᠶᠢᠨ ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ | 30608 ᠲᠦᠬᠦᠷᠢᠭ ᠪᠠ 20886 ᠲᠦᠬᠦᠷᠢᠭ ᠲᠤ ᠬᠦᠷᠬᠡᠵᠤ᠂ ᠲᠤᠰ ᠲᠤᠰ 11.2% ᠪᠠ 12.7% ᠪᠠᠷ | ᠨᠡᠮᠡᠭᠳᠡᠬᠦᠯᠤᠨ᠎ᠠ︔ ᠬᠤᠳᠠ ᠪᠠᠯᠭᠠᠰᠤᠨ ᠤ 700 ᠬᠦᠮᠤᠨ ᠳᠤ ᠠᠵᠢᠯ ᠤᠯᠭᠤᠨ᠂ ᠡᠯ᠎ᠠ ᠲᠦᠷᠥᠯ ᠤᠨ ᠬᠢᠵᠠᠭᠠᠷᠯᠠᠯ | ᠤᠨ ᠵᠢᠭᠠᠯᠳᠠ ᠲᠤᠭ᠎ᠠ ᠶᠢ ᠠᠶᠢᠮᠠᠭ ᠤᠨ ᠲᠤᠭᠳᠠᠭᠠᠭᠰᠡᠨ ᠱᠠᠭᠠᠷᠳᠠᠯᠭ᠎ᠠ ᠶᠢᠨ ᠬᠡᠪᠴᠢᠶᠠᠨ ᠲᠤᠳᠤᠷ᠎ᠠ ᠬᠢᠵᠠᠭᠠᠷᠯᠠᠨ᠎ᠠ᠃ | ᠲᠤᠰ ᠬᠦᠭᠵᠢᠯᠳᠠ ᠶᠢᠨ ᠬᠠᠷᠠᠯᠳᠠ ᠶᠢ ᠪᠢᠳᠠ ︽ᠲᠤᠭᠳᠠᠭᠤᠨ ᠢ ᠪᠠᠳᠤᠯᠠᠨ ᠬᠦᠭᠵᠢᠯᠳᠠ ᠶᠢ ᠠᠬᠢᠭᠤᠯᠬᠤ︾ | ᠵᠤᠭᠰᠤᠴᠠ ᠠᠴᠠ᠂ ᠡᠯ᠎ᠠ ᠵᠥᠢᠯ ᠤᠨ ᠡᠯᠧᠮᠧᠨ᠋ᠲ ᠶᠢ ᠬᠦᠢᠴᠡᠳ ᠪᠤᠳᠤᠯᠬᠢᠯᠠᠭᠰᠡᠨ ᠰᠠᠭᠤᠷᠢᠨ ᠲᠡᠬᠡᠷ᠎ᠠ᠂ ᠨᠠᠷᠢᠨ | ᠨᠢᠮᠪᠡᠢ ᠰᠤᠳᠤᠯᠤᠨ ᠶᠠᠷᠢᠯᠴᠠᠬᠤ ᠪᠠᠷ ᠲᠠᠮᠵᠢᠨ ᠲᠤᠭᠳᠠᠭᠠᠭᠰᠡᠨ ᠶᠤᠮ᠃ ᠡᠨᠡᠬᠦ ᠬᠠᠷᠠᠯᠳᠠ ᠨᠢ᠄ ᠨᠢᠬᠡ ᠲᠠᠯ᠎ᠠ ᠪᠠᠷ᠂ | ᠲᠤᠭᠳᠠᠭᠤᠨ ᠢ ᠪᠠᠳᠤᠯᠠᠬᠤ ᠱᠠᠭᠠᠷᠳᠠᠯᠭ᠎ᠠ ᠶᠢ ᠬᠦᠢᠴᠡᠳ ᠬᠠᠷᠠᠭᠤᠯᠵᠤ᠂ ᠠᠵᠤ ᠠᠬᠤᠢ ᠶᠢᠨ ᠬᠦᠭᠵᠢᠯᠳᠠ ᠶᠢᠨ | ᠰᠢᠨ᠎ᠠ ᠬᠡᠪ ᠪᠠᠶᠢᠳᠠᠯ ᠲᠠᠢ ᠢᠳᠡᠪᠬᠢᠳᠡᠢ ᠵᠤᠬᠢᠴᠠᠯᠳᠤᠨ᠂ ᠮᠠᠨ ᠤ ᠬᠤᠰᠢᠭᠤᠨ ᠤ ᠬᠦᠭᠵᠢᠯᠳᠠ ᠶᠢᠨ ᠰᠠᠭᠤᠷᠢ ᠪᠠ | ᠲᠦᠷᠥᠯ ᠵᠥᠢᠯ ᠢᠶᠠᠷ ᠲᠤᠯᠭᠠᠭᠤᠷᠢᠯᠠᠬᠤ ᠪᠤᠳᠠᠳᠤ ᠪᠠᠶᠢᠳᠠᠯ ᠢ ᠪᠦᠬᠦ ᠲᠠᠯ᠎ᠠ ᠪᠠᠷ ᠪᠤᠳᠤᠯᠬᠢᠯᠠᠭᠰᠡᠨ᠂ ᠦᠨᠡᠨ ᠠᠴᠠ | ᠵᠦᠪ ᠢ ᠡᠷᠢᠭᠰᠡᠨ᠂ ᠬᠡᠷᠡᠭᠵᠢᠬᠦᠯᠵᠤ ᠪᠤᠯᠬᠤᠶᠢᠴᠠ ᠲᠦᠰᠤᠯ ᠪᠤᠯᠤᠨ᠎ᠠ᠃ ᠨᠦᠬᠦᠬᠡ ᠲᠠᠯ᠎ᠠ ᠪᠠᠷ᠂ ᠬᠦᠭᠵᠢᠯᠳᠠ ᠶᠢ | ᠴᠢᠬᠤᠯᠠᠴᠢᠯᠡᠨ᠂ ᠪᠠᠶᠠᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠠᠶᠢᠮᠠᠭ ᠤᠨ 9% ᠶᠢᠨ ᠠᠵᠤ ᠠᠬᠤᠢ ᠶᠢᠨ | ᠨᠡᠮᠡᠭᠳᠡᠯ ᠤᠨ ᠬᠠᠷᠠᠯᠳᠠ ᠢ ᠦᠡᠳᠤᠰᠤᠯᠡᠨ᠂ 9.2% ᠤᠨ ᠨᠡᠮᠡᠭᠳᠡᠯ ᠤᠨ ᠬᠠᠷᠠᠯᠳᠠ ᠶᠢ ᠲᠤᠭᠳᠠᠭᠠᠪᠠ᠃ ᠨᠡᠮᠡᠭᠳᠡᠯ | ᠤᠨ ᠬᠠᠷᠠᠯᠳᠠ ᠶᠢ ᠠᠶᠢᠮᠠᠭ ᠤᠨ ᠪᠠᠷᠢᠮᠵᠢᠶ᠎ᠠ ᠠᠴᠠ ᠦᠡᠳᠤᠷ ᠰᠢᠭ ᠲᠠᠯᠪᠢᠭᠰᠡᠨ ᠪᠤᠯᠪᠠᠴᠤ ᠪᠦᠬᠦ ᠬᠤᠰᠢᠭᠤᠨ ᠤ | ᠺᠠᠳ᠋ᠷ ᠪᠠ ᠤᠯᠠᠨ ᠲᠦᠮᠡᠨ ᠰᠡᠳᠬᠢᠯ ᠨᠢᠬᠡᠳᠤᠨ᠂ ᠲᠠᠰᠪᠤᠷᠢ ᠬᠠᠳᠠᠭᠤᠵᠢᠯᠳᠡᠢ ᠴᠢᠷᠮᠠᠶᠢᠨ ᠠᠵᠢᠯᠯᠠᠳᠠᠭ ᠯᠠ ᠶᠤᠮ ᠪᠤᠯ᠂ | ᠯᠠᠪᠳᠡᠢ ᠪᠠᠶᠠᠯᠠᠬᠦᠯᠵᠤ ᠴᠢᠳᠠᠬᠤ ᠶᠤᠮ᠃ | ᠶᠠᠷᠤᠩᠬᠡᠢ ᠱᠠᠭᠠᠷᠳᠠᠯᠭ᠎ᠠ ᠪᠠ ᠲᠦᠰᠤᠪᠯᠡᠭᠰᠡᠨ ᠬᠠᠷᠠᠯᠳᠠ ᠶᠢ ᠦᠡᠳᠤᠰᠤᠯᠡᠨ᠂ ᠤᠳᠤᠬᠠᠨ ᠤ ᠪᠠ ᠬᠤᠶᠢᠰᠢᠳᠠ ᠶᠢᠨ | ᠠᠵᠢᠯ ᠢᠶᠠᠨ ᠰᠠᠶᠢᠳᠤᠷ ᠬᠢᠬᠦ ᠳᠤ ᠪᠢᠳᠠ ᠡᠷᠬᠡᠪᠰᠢ ᠠᠵᠤ ᠠᠬᠤᠢ ᠶᠢᠨ ᠪᠦᠳᠤᠬᠡᠨ ᠪᠠᠶᠢᠭᠤᠯᠤᠯᠳᠠ ᠪᠠᠷ ᠭᠤᠤᠯᠳᠠᠯᠭ᠎ᠠ | ᠪᠤᠯᠭᠠᠬᠤ ᠶᠢ ᠭᠤᠶᠢᠪᠢᠰᠢ ᠦᠬᠡᠢ ᠪᠠᠷᠢᠮᠳᠠᠯᠠᠨ᠂ ᠰᠢᠨ᠎ᠠ ᠬᠡᠪ ᠪᠠᠶᠢᠳᠠᠯ ᠲᠠᠢ ᠢᠳᠡᠪᠬᠢᠳᠡᠢ ᠵᠤᠬᠢᠴᠠᠵᠤ᠂ ᠬᠦᠭᠵᠢᠯᠳᠠ | ᠶᠢ ᠠᠬᠢᠭᠤᠯᠬᠤ ᠶᠢ ᠪᠠᠷᠢᠮᠳᠠᠯᠠᠨ᠂ ᠢᠳᠡᠬᠡᠯ ᠵᠤᠷᠢᠭ ᠢᠶᠠᠨ ᠬᠦᠪᠴᠢᠯᠡᠵᠤ᠂ ᠠᠷᠭ᠎ᠠ ᠵᠠᠮ ᠢᠶᠠᠨ ᠦᠷᠬᠡᠳᠬᠡᠨ᠂ | ᠡᠬᠦᠷᠬᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠰᠢᠨ᠎ᠠ ᠬᠡᠪ ᠪᠠᠶᠢᠳᠠᠯ ᠤᠨ ᠲᠤᠤᠷ᠎ᠠ ᠰᠢᠨ᠎ᠠ ᠬᠦᠭᠵᠢᠯᠳᠠ ᠶᠢ | ᠪᠠᠳᠤᠯᠠᠬᠤ ᠬᠡᠷᠡᠭᠳᠡᠢ᠃ | ᠊᠊᠊᠊᠊᠊᠊ ᠰᠢᠨ᠎ᠠ ᠬᠡᠪ ᠪᠠᠶᠢᠳᠠᠯ ᠲᠠᠢ ᠢᠳᠡᠪᠬᠢᠳᠡᠢ ᠵᠤᠬᠢᠴᠠᠵᠤ᠂ ᠬᠦᠭᠵᠢᠯᠳᠠ ᠶᠢ ᠪᠠᠷᠢᠮᠳᠠᠯᠠᠨ᠎ᠠ᠃ ᠮᠠᠨ ᠤ | ᠬᠤᠰᠢᠭᠤᠨ ᠤ ᠤᠳᠤᠬᠠᠨ ᠤ ᠬᠠᠮᠤᠭ ᠤᠨ ᠲᠤᠮᠤ ᠠᠰᠠᠭᠤᠳᠠᠯ ᠪᠤᠯ ᠬᠦᠭᠵᠢᠯᠳᠠ ᠤᠳᠠᠭᠠᠨ᠂ ᠶᠠᠷᠤᠩᠬᠡᠢ ᠬᠡᠮᠵᠢᠶ᠎ᠠ | ᠪᠠᠭ᠎ᠠ᠂ ᠪᠤᠳᠠᠳᠤ ᠬᠦᠴᠤᠨ ᠰᠤᠯᠠ ᠪᠤᠯᠤᠨ᠎ᠠ᠃ ᠪᠦᠬᠦ ᠠᠶᠢᠮᠠᠭ ᠤᠨ ᠬᠦᠭᠵᠢᠯᠳᠠ ᠶᠢᠨ ᠬᠤᠷᠳᠤᠴᠠ ᠲᠠᠢ ᠮᠦᠷᠤ | ᠵᠡᠷᠬᠡᠴᠠᠨ ᠤᠷᠤᠭᠰᠢᠯᠠᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢ ᠬᠠᠮᠤᠭ ᠡᠴᠤᠰ | ᠲᠡᠭᠡᠨ ᠬᠠᠰᠢᠯᠠ ᠬᠦᠭᠵᠢᠯᠳᠠ ᠳᠤ ᠲᠦᠰᠢᠭᠯᠡᠨ ᠪᠠᠶᠠᠯᠠᠬᠦᠯᠬᠦ ᠪᠤᠯᠤᠨ᠎ᠠ᠃ ᠰᠢᠨ᠎ᠠ ᠬᠡᠪ ᠪᠠᠶᠢᠳᠠᠯ ᠤᠨ ᠲᠤᠤᠷ᠎ᠠ | ᠲᠤᠭᠳᠠᠭᠤᠨ ᠨᠡᠮᠡᠭᠳᠡᠯ ᠢ ᠪᠠᠳᠤᠯᠠᠨ᠂ ᠬᠦᠭᠵᠢᠯᠳᠠ ᠶᠢᠨ ᠬᠤᠷᠳᠤᠴᠠ ᠪᠠᠨ ᠲᠦᠷᠬᠡᠳᠬᠡᠬᠦ ᠪᠠ ᠶᠠᠷᠤᠩᠬᠡᠢ ᠬᠡᠮᠵᠢᠶ᠎ᠠ | ᠶᠢ ᠨᠡᠮᠡᠭᠳᠡᠬᠦᠯᠵᠤ᠂ ᠴᠢᠨᠠᠷ ᠢ ᠨᠢ ᠨᠠᠩ ᠲᠡᠬᠡᠭᠰᠢᠯᠡᠬᠦᠯᠬᠦ ᠶᠢ ᠵᠠᠷᠬᠡᠪᠡᠷ ᠠᠬᠢᠭᠤᠯᠬᠤ ᠳᠤ ᠪᠠᠭ᠎ᠠ ᠪᠤᠰᠤ ᠬᠦᠴᠢᠷᠳᠡᠯ | ᠲᠤᠯᠭᠠᠷᠠᠵᠤ ᠪᠠᠶᠢᠬᠤ ᠤᠴᠢᠷ ᠠᠴᠠ ᠪᠢᠳᠠ ᠡᠷᠬᠡᠪᠰᠢ ᠰᠡᠳᠬᠢᠯ ᠨᠢᠬᠡᠳᠤᠨ ᠴᠦᠬᠦᠷᠡᠯ ᠦᠬᠡᠢ ᠴᠢᠷᠮᠠᠶᠢᠨ ᠠᠵᠢᠯᠯᠠᠵᠤ᠂ | ᠬᠦᠭᠵᠢᠯᠳᠠ ᠶᠢ ᠠᠬᠢᠭᠤᠯᠬᠤ ᠶᠢ ᠪᠠᠷᠢᠮᠳᠠᠯᠠᠬᠤ ᠬᠡᠷᠡᠭᠳᠡᠢ ᠪᠠᠶᠢᠨ᠎ᠠ᠃ ᠡᠬᠦᠨ ᠤ ᠬᠠᠮᠳᠤ ᠪᠢᠳᠠ ᠵᠠᠪᠠᠯ ᠠᠵᠤ ᠠᠬᠤᠢ | ᠶᠢᠨ ᠬᠦᠭᠵᠢᠯᠳᠠ ᠶᠢᠨ ᠲᠤᠮᠳᠠ ᠢᠯᠡᠷᠡᠵᠤ ᠪᠠᠶᠢᠭ᠎ᠠ ᠰᠢᠨ᠎ᠠ ᠬᠤᠪᠢᠷᠠᠯᠳᠠ᠂ ᠰᠢᠨ᠎ᠠ ᠪᠠᠶᠢᠳᠠᠯ ᠪᠠ ᠰᠢᠨ᠎ᠠ ᠠᠰᠠᠭᠤᠳᠠᠯ | ᠤᠳ ᠢ ᠴᠠᠭ ᠲᠤᠬᠠᠢ ᠳᠤᠨᠢ ᠬᠤᠷᠴᠠ ᠰᠡᠷᠬᠡᠭ ᠢᠶᠠᠷ ᠲᠠᠨᠢᠵᠤ᠂ ︽ᠬᠡᠯᠪᠡᠷᠢ ᠶᠢᠨ ᠬᠤᠪᠢᠷᠠᠭᠤᠯᠤᠯᠳᠠ ᠶᠢᠨ ᠨᠠᠩ | ᠦᠡᠳᠤᠷ ᠵᠤᠭᠰᠤᠴᠠ ᠪᠠ ᠨᠠᠩ ᠠᠯᠤᠰ ᠤᠨ ᠬᠠᠷᠠᠯᠳᠠ ᠠᠴᠠ ᠬᠦᠭᠵᠢᠯᠳᠠ ᠶᠢ ᠠᠬᠢᠭᠤᠯᠬᠤ︾ ᠦᠵᠡᠯᠳᠠ ᠶᠢ ᠪᠤᠢ | ᠪᠤᠯᠭᠠᠨ᠂ ᠬᠡᠯᠪᠡᠷᠢ ᠶᠢᠨ ᠬᠤᠪᠢᠷᠠᠭᠤᠯᠤᠯᠳᠠ ᠪᠠ ᠪᠦᠳᠤᠴᠠ ᠶᠢᠨ ᠲᠤᠬᠢᠷᠠᠭᠤᠯᠤᠯᠳᠠ ᠶᠢ ᠭᠤᠶᠢᠪᠢᠰᠢ ᠦᠬᠡᠢ | ᠪᠠᠷᠢᠮᠳᠠᠯᠠᠨ᠎ᠠ᠃ | ᠊᠊᠊᠊᠊᠊᠊ ᠰᠢᠨ᠎ᠠ ᠬᠡᠪ ᠪᠠᠶᠢᠳᠠᠯ ᠳᠤ ᠢᠳᠡᠪᠬᠢᠳᠡᠢ ᠵᠤᠬᠢᠴᠠᠨ᠂ ᠬᠦᠭᠵᠢᠯᠳᠠ ᠶᠢᠨ ᠢᠳᠡᠬᠡᠯ ᠵᠤᠷᠢᠭ ᠢᠶᠠᠨ | ᠰᠦᠪᠡᠭᠴᠢᠯᠡᠨ᠎ᠠ᠃ ᠪᠦᠬᠦ ᠬᠤᠰᠢᠭᠤᠨ ᠤ ᠬᠠᠮᠳᠤ ᠶᠢᠨ ᠴᠢᠷᠮᠠᠶᠢᠯᠭ᠎ᠠ ᠪᠠᠷ ᠲᠠᠮᠵᠢᠨ᠂ ᠴᠠᠭᠠᠡᠨᠠᠭᠤᠷ ᠨᠢᠬᠡᠳᠤᠬᠡᠷ | ᠬᠤᠭᠤᠴᠠᠭᠠᠨ ᠤ 2×66 ᠲᠦᠮᠡᠨ ᠺᠢᠯᠤᠸᠠᠲ ᠤᠨ ᠴᠠᠬᠢᠯᠭᠠᠨ ᠦᠢᠯᠡᠳᠪᠤᠷᠢ ᠶᠢ ᠤᠳᠠᠯ ᠦᠬᠡᠢ ᠪᠠᠷᠢᠯᠭ᠎ᠠ | ᠡᠬᠢᠯᠡᠬᠦᠯᠵᠤ᠂ ᠭᠤᠷᠴᠢ ᠶᠢᠨ ᠤᠯᠠᠨ ᠵᠥᠢᠯ ᠤᠨ ᠲᠠᠮᠦᠷᠯᠢᠭ ᠤᠨ ᠠᠭᠤᠷᠬᠠᠢ ᠶᠢᠨ ᠪᠦᠳᠣᠬᠡᠨ ᠪᠠᠶᠢᠭᠤᠯᠣᠯᠳᠠ ᠶᠢ | ᠡᠬᠢᠯᠡᠬᠦᠯᠵᠣ᠂ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠬᠡᠪᠴᠢᠶᠠᠵᠢᠯ ᠠᠩᠬ᠎ᠠ ᠠᠯᠬᠤᠮ | ᠪᠦᠷᠢᠯᠳᠤᠨ᠂ ᠰᠢᠯᠢ ᠶᠢᠨ ᠬᠤᠳᠠ ᠠᠴᠠ ᠡᠷᠢᠶᠠᠨ ᠬᠤᠳᠠ ᠤᠷᠤᠬᠤ ᠲᠠᠮᠤᠷ ᠵᠠᠮ ᠤᠨ ᠠᠪᠠᠭ᠎ᠠ ᠬᠤᠰᠢᠭᠤᠨ ᠳᠠᠬᠢ | ᠪᠦᠳᠤᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠤ᠂ 101 ᠮᠤᠵᠢ ᠶᠢᠨ ᠲᠡᠰ ᠤᠨ ᠵᠠᠮ ᠢ ᠦᠬᠡᠷᠡᠴᠢᠯᠠᠨ | ᠰᠠᠶᠢᠵᠢᠷᠠᠭᠤᠯᠵᠣ ᠲᠠᠰ ᠲᠠᠪᠰᠢᠬᠦᠯᠬᠦ ᠢᠡᠵᠧᠨᠧᠷᠢᠩ ᠪᠡᠯᠡᠬᠡᠨ ᠪᠤᠯᠵᠤ᠂ ᠬᠤᠩᠭᠤᠷᠭᠤᠤᠯ ᠤᠨ ᠵᠤᠭᠠᠴᠠᠯ ᠦᠵᠠᠮᠵᠢ | ᠶᠢᠨ ᠲᠤᠭᠤᠷᠢᠭ ᠤᠨ ᠨᠠᠷ᠎ᠡ ᠠᠯᠳᠠᠷᠰᠢᠯ ᠤᠯᠠᠮ ᠦᠷᠬᠡᠳᠤᠨ᠂ ᠵᠤᠭᠠᠴᠠᠭᠰᠡᠳ ᠡᠳᠤᠷ ᠢᠷᠡᠬᠦᠶ᠎ᠠ ᠨᠡᠮᠡᠭᠳᠡᠪᠠ᠃ | ᠤᠯᠤᠰ ᠠᠴᠠ ᠠᠭᠠᠷ ᠮᠠᠡᠳᠠᠯ ᠤᠨ ᠪᠤᠬᠢᠷᠳᠤᠯ ᠢ ᠴᠡᠭᠴᠡᠯᠡᠨ ᠵᠠᠰᠠᠬᠤ᠂ ᠦᠡᠳᠤᠰᠤᠳᠠᠨ ᠤ ᠭᠠᠵᠡᠷ ᠤᠷᠤᠨ ᠳᠤ | ᠲᠦᠷᠥᠯ ᠵᠥᠢᠯ ᠢ ᠭᠤᠤᠯᠳᠠᠯᠭ᠎ᠠ ᠲᠠᠢ ᠬᠡᠯᠪᠡᠶᠢᠯᠬᠡᠬᠦ ᠵᠡᠷᠬᠡ ᠴᠢᠬᠤᠯᠠ ᠶᠡᠭᠡ ᠲᠦᠷᠥ ᠶᠢᠨ ᠪᠤᠳᠤᠯᠭ᠎ᠠ ᠶᠢ | ᠬᠡᠷᠡᠭᠵᠢᠬᠦᠯᠬᠦ ᠡᠷᠴᠢᠮ ᠢᠶᠠᠨ ᠵᠢᠯ ᠲᠠᠷᠠᠭᠠᠯᠠᠨ ᠴᠢᠩᠭᠠᠷᠠᠪᠠ᠃ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠡᠨ | 70 ᠵᠢᠯ ᠤᠨ ᠤᠢ ᠦᠢᠷᠡᠳᠠᠬᠤ ᠶᠢ ᠲᠠᠭᠠᠯᠳᠤᠨ ᠨᠢᠬᠡ ᠪᠦᠯᠦᠭ ᠲᠤᠮᠤ ᠲᠦᠷᠥᠯ ᠵᠥᠢᠯ ᠢ ᠲᠦᠪᠯᠡᠷᠡᠬᠦᠯᠤᠨ | ᠬᠡᠷᠡᠭᠵᠢᠬᠦᠯᠬᠦ ᠪᠠᠷ ᠪᠠᠶᠢᠨ᠎ᠠ᠃ ᠡᠶᠢᠮᠤ ᠠᠴᠠ ᠪᠢᠳᠠ ᠡᠷᠬᠡᠪᠰᠢ ᠬᠦᠭᠵᠢᠯᠳᠠ ᠶᠢᠨ ᠡᠷᠴᠢ ᠵᠤᠷᠢᠭ ᠢᠶᠠᠨ ᠬᠦᠪᠴᠢᠯᠡᠨ᠂ | ᠨᠢᠬᠡ ᠪᠦᠯᠦᠭ ᠰᠠᠭᠤᠷᠢᠴᠢ ᠴᠢᠨᠠᠷ ᠲᠠᠢ᠂ ᠬᠦᠭᠵᠢᠯᠳᠠ ᠶᠢᠨ ᠬᠠᠨᠳᠤᠰᠢ ᠰᠠᠶᠢᠨ᠂ ᠠᠷᠡᠳ ᠲᠤ ᠠᠰᠢᠭ ᠬᠦᠷᠳᠡᠬᠡᠬᠦ | ᠲᠤᠮᠤ ᠲᠦᠷᠥᠯ ᠵᠥᠢᠯ ᠢ ᠲᠦᠷᠬᠡᠬᠡᠨ ᠲᠦᠰᠦᠪᠯᠡᠨ ᠪᠠᠶᠢᠷᠢᠯᠠᠭᠤᠯᠵᠤ᠂ ᠠᠵᠤ ᠠᠬᠤᠢ ᠶᠢᠨ ᠲᠦᠷᠬᠡᠨ ᠬᠦᠭᠵᠢᠯᠳᠠ ᠶᠢ | ᠲᠦᠯᠬᠢᠨ ᠠᠬᠢᠭᠤᠯᠤᠨ᠎ᠠ᠃ | ᠊᠊᠊᠊᠊᠊ ᠰᠢᠨ᠎ᠠ ᠬᠡᠪ ᠪᠠᠶᠢᠳᠠᠯ ᠳᠤ ᠢᠳᠡᠪᠬᠢᠳᠡᠢ ᠵᠤᠬᠢᠴᠠᠨ᠂ ᠤᠨᠤᠪᠴᠢᠳᠡᠢ ᠬᠦᠭᠵᠢᠯᠳᠠ ᠶᠢᠨ ᠵᠠᠮ ᠢ ᠬᠠᠶᠢᠨ | ᠰᠦᠪᠡᠭᠴᠢᠯᠡᠨ᠎ᠠ᠃ ᠪᠢᠳᠠ ᠬᠦᠭᠵᠢᠯᠳᠠ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ ᠳᠡᠭᠡᠨ ᠡᠷᠬᠡᠪᠰᠢ ᠠᠵᠤ ᠠᠬᠤᠢ | ᠶᠢᠨ ᠪᠦᠳᠤᠴᠠ ᠳᠤ ᠪᠠᠶᠢᠯᠳᠤᠬᠤ ᠪᠤᠳᠤᠯᠭ᠎ᠠ ᠶᠢᠨ ᠴᠢᠨᠠᠷᠳᠡᠢ ᠲᠤᠬᠢᠷᠠᠭᠤᠯᠤᠯᠳᠠ ᠬᠢᠬᠦ ᠪᠠᠷ ᠭᠤᠤᠯ ᠰᠢᠪᠳᠤᠯᠤᠯᠳᠠ | ᠶᠢᠨ ᠴᠢᠭᠯᠡᠯ ᠪᠤᠯᠭᠠᠨ᠂ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠪᠠ ᠰᠢᠨ᠎ᠠ ᠶᠢ ᠡᠬᠦᠳᠬᠦ ᠪᠠᠷ ᠦᠡᠳᠤᠰᠤᠨ | ᠬᠦᠳᠡᠯᠬᠡᠭᠴᠢ ᠬᠦᠴᠤ ᠪᠤᠯᠭᠠᠵᠤ᠂ ᠡᠬᠢ ᠪᠠᠶᠠᠯᠢᠭ ᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠪᠠᠷ | ᠴᠢᠬᠤᠯᠠ ᠤᠷᠢᠳᠠᠯ ᠪᠤᠯᠭᠠᠨ᠂ ᠠᠷᠡᠳ ᠤᠨ ᠠᠮᠢᠳᠤᠷᠡᠯ ᠢ ᠪᠠᠳᠤᠯᠠᠨ ᠰᠠᠶᠢᠵᠢᠷᠠᠭᠤᠯᠬᠤ ᠶᠢ ᠦᠡᠳᠤᠰᠤᠨ ᠵᠤᠭᠰᠤᠴᠠ | ᠪᠠ ᠬᠠᠷᠠᠯᠳᠠ ᠪᠠᠨ ᠪᠤᠯᠭᠠᠵᠤ᠂ ᠡᠶ᠎ᠡ ᠵᠤᠬᠢᠴᠠᠯ ᠠᠮᠤᠷ ᠲᠤᠭᠳᠠᠭᠤᠨ ᠢ ᠬᠠᠮᠠᠭᠠᠯᠠᠬᠤ ᠪᠠᠷ ᠴᠢᠬᠤᠯᠠ ᠪᠠᠳᠤᠯᠠᠭ᠎ᠠ | ᠪᠤᠯᠭᠠᠨ᠂ ᠬᠡᠯᠪᠡᠷᠢ ᠶᠢᠨ ᠬᠤᠪᠢᠷᠠᠭᠤᠯᠤᠯᠳᠠ᠂ ᠪᠦᠳᠤᠴᠠ ᠶᠢᠨ ᠲᠤᠬᠢᠷᠠᠭᠤᠯᠤᠯᠳᠠ᠂ ᠦᠬᠡᠷᠡᠴᠢᠯᠡᠯᠳᠡ ᠶᠢ | ᠠᠬᠢᠭᠤᠯᠬᠤ᠂ ᠠᠷᠡᠳ ᠲᠤ ᠠᠰᠢᠭ ᠬᠦᠷᠳᠡᠬᠡᠬᠦ᠂ ᠲᠦᠭᠰᠢᠬᠦᠷᠢ ᠶᠢ ᠰᠡᠷᠬᠡᠶᠢᠯᠡᠬᠦ᠂ ᠲᠤᠭᠳᠠᠭᠤᠨ ᠢ ᠪᠠᠳᠤᠯᠠᠬᠤ ᠵᠡᠷᠬᠡ | ᠠᠵᠢᠯ ᠤᠨ ᠲᠠᠯ᠎ᠠ ᠪᠠᠷ ᠲᠠᠰᠤᠷᠠᠯᠳᠠ ᠦᠬᠡᠢ ᠰᠢᠨ᠎ᠠ ᠦᠷ᠎ᠠ ᠪᠦᠳᠤᠮᠵᠢ ᠭᠠᠷᠭᠠᠨ ᠤᠬᠢ ᠰᠠᠶᠢᠨ ᠰᠢᠨ᠎ᠠ ᠬᠡᠪ ᠪᠠᠶᠢᠳᠠᠯ | ᠢ ᠪᠤᠢ ᠪᠤᠯᠭᠠᠬᠤ ᠪᠠᠷ ᠴᠢᠷᠮᠠᠶᠢᠨ᠎ᠠ᠃ | ᠊᠊᠊᠊᠊᠊᠊ ᠰᠢᠨ᠎ᠠ ᠬᠡᠪ ᠪᠠᠶᠢᠳᠠᠯ ᠲᠠᠢ ᠢᠳᠡᠪᠬᠢᠳᠡᠢ ᠵᠤᠬᠢᠴᠠᠨ᠂ ᠬᠦᠭᠵᠢᠯᠳᠠ ᠶᠢᠨ ᠡᠬᠦᠷᠬᠡ ᠪᠠᠨ | ᠨᠠᠶᠢᠳᠠᠪᠤᠷᠢᠵᠢᠭᠤᠯᠤᠨ᠎ᠠ᠃ ᠠᠵᠤ ᠠᠬᠤᠢ ᠶᠢᠨ ᠬᠦᠭᠵᠢᠯᠳᠠ ᠰᠢᠨ᠎ᠠ ᠬᠡᠪ ᠪᠠᠶᠢᠳᠠᠯ ᠳᠤ ᠤᠷᠤᠭᠰᠡᠨ ᠤ ᠲᠠᠷᠠᠭ᠎ᠠ᠂ | ᠪᠢᠳᠠ ᠬᠠᠳᠠᠭᠤᠵᠢᠯᠳᠡᠢ ᠲᠠᠮᠠᠴᠡᠬᠦ ᠰᠤᠷᠳᠠᠯ ᠢᠶᠠᠨ ᠦᠷᠬᠦᠯᠵᠢᠯᠡᠨ ᠪᠠᠳᠠᠷᠠᠭᠤᠯᠵᠤ᠂ ᠦᠵᠡᠯ ᠰᠠᠨᠠᠭ᠎ᠠ᠂ ᠠᠵᠢᠯᠯᠠᠭ᠎ᠠ | ᠪᠠᠨ ᠬᠤᠰᠢᠭᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠲᠠᠢ ᠦᠨᠡᠡᠬᠦ ᠨᠢᠬᠡᠳᠬᠡᠨ᠂ ᠦᠢᠯᠡᠰᠴᠢ ᠰᠡᠳᠬᠢᠯ | ᠪᠠ ᠬᠠᠷᠢᠭᠤᠴᠠᠯᠭᠠᠳᠤ ᠤᠪᠤᠷ ᠪᠠᠨ ᠴᠢᠩᠭᠠᠳᠬᠠᠵᠤ᠂ ᠬᠦᠭᠵᠢᠯᠳᠠ ᠶᠢ ᠠᠬᠢᠭᠤᠯᠬᠤ ᠠᠵᠢᠯ ᠢ ᠡᠷᠴᠢᠮᠳᠡᠢ ᠠᠳᠬᠤᠨ᠂ | ᠬᠦᠭᠵᠢᠯᠳᠠ ᠶᠢᠨ ᠵᠠᠮ ᠢ ᠬᠠᠶᠢᠨ ᠰᠦᠪᠡᠭᠴᠢᠯᠡᠵᠤ᠂ ᠡᠯ᠎ᠠ ᠲᠦᠷᠥᠯ ᠤᠨ ᠠᠵᠢᠯ ᠢᠶᠠᠨ ᠰᠠᠶᠢᠳᠤᠷ | ᠨᠠᠶᠢᠳᠠᠪᠤᠷᠢᠵᠢᠭᠤᠯᠤᠨ᠂ ᠪᠦᠬᠦ ᠵᠢᠯ ᠤᠨ ᠠᠵᠢᠯ ᠡᠬᠦᠷᠬᠡ ᠪᠠᠨ ᠰᠠᠶᠢᠳᠤᠷ ᠪᠠᠶᠠᠯᠠᠬᠦᠯᠬᠦ ᠶᠢ ᠪᠠᠳᠤᠯᠠᠶ᠎ᠠ᠃ | ᠦᠨᠤ ᠵᠢᠯ᠂ ᠪᠢᠳᠠ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠄ | ︵ᠨᠢᠬᠡ︶ ᠭᠤᠷᠪᠡᠨ ᠠᠵᠤ ᠦᠢᠯᠡᠰ ᠢ ᠬᠠᠮᠳᠤ ᠠᠬᠢᠭᠤᠯᠵᠤ᠂ ᠰᠢᠨ᠎ᠠ ᠬᠡᠪ ᠪᠠᠶᠢᠳᠠᠯ ᠲᠤᠤᠷ᠎ᠠ ᠬᠦᠭᠵᠢᠯᠳᠠ ᠶᠢᠨ | ᠬᠡᠯᠪᠡᠷᠢ ᠶᠢᠨ ᠬᠤᠪᠢᠷᠠᠭᠤᠯᠤᠯᠳᠠ ᠶᠢ ᠪᠠᠶᠠᠯᠠᠬᠦᠯᠤᠨ᠎ᠠ | ᠨᠢᠬᠡ ᠳᠤ᠂ ᠤᠳᠤᠬᠢᠴᠢᠯᠠᠭᠰᠡᠨ ᠮᠠᠯ ᠠᠵᠤ ᠠᠬᠤᠢ ᠶᠢ ᠬᠦᠴᠤᠷᠬᠡᠭᠵᠢᠬᠦᠯᠤᠨ ᠰᠢᠯᠢᠳᠡᠭᠵᠢᠬᠦᠯᠤᠨ᠎ᠠ᠃ ᠪᠢᠳᠠ | ᠮᠠᠯᠵᠢᠬᠤ ᠤᠷᠤᠨ ᠤ ᠠᠮᠢ ᠠᠬᠤᠢ ᠶᠢ ᠰᠡᠷᠬᠦᠬᠡᠬᠦ᠂ ᠮᠠᠯ ᠠᠵᠤ ᠠᠬᠤᠢ ᠶᠢᠨ ᠦᠷ᠎ᠠ ᠠᠰᠢᠭ ᠢ ᠲᠡᠬᠡᠭᠰᠢᠯᠡᠬᠦᠯᠬᠦ᠂ | ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠬᠠᠷᠠᠯᠳᠠ ᠪᠤᠯᠭᠠᠨ᠂ ᠤᠳᠤᠬᠢᠴᠢᠯᠠᠭᠰᠡᠨ ᠮᠠᠯ ᠠᠵᠤ ᠠᠬᠤᠢ ᠶᠢ | ᠬᠦᠭᠵᠢᠬᠦᠯᠬᠦ ᠠᠴᠠ ᠭᠠᠷᠳᠠᠨ᠂ ᠮᠠᠨ ᠤ ᠬᠤᠰᠢᠭᠤ ᠪᠠᠨ ᠮᠠᠯ ᠠᠵᠤ ᠠᠬᠤᠢ ᠶᠢᠨ ᠲᠤᠮᠤ ᠬᠤᠰᠢᠭᠤ ᠠᠴᠠ ᠮᠠᠯ ᠠᠵᠤ | ᠠᠬᠤᠢ ᠶᠢᠨ ᠬᠦᠴᠤᠷᠬᠡᠭ ᠬᠤᠰᠢᠭᠤ ᠪᠤᠯᠭᠠᠨ ᠬᠦᠭᠵᠢᠬᠦᠯᠬᠦ ᠠᠯᠬᠤᠴᠠ ᠶᠢ ᠲᠦᠷᠬᠡᠳᠬᠡᠨ᠎ᠠ᠃ | ᠊᠊᠊᠊᠊᠊᠊᠊ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠮᠢᠬ᠎ᠠ᠂ | ᠰᠦ᠂ ᠠᠳᠤᠭᠤ᠂ ᠡᠪᠡᠰᠤ᠂ ᠡᠯᠡᠰᠤ︾ ᠲᠠᠪᠤᠨ ᠤᠡᠴᠠᠯᠢᠭᠳᠤ ᠠᠵᠤ ᠦᠢᠯᠡᠰ ᠢ ᠭᠤᠤᠯᠳᠠᠯᠭ᠎ᠠ ᠲᠠᠢ ᠰᠠᠶᠢᠳᠤᠷ | ᠠᠳᠬᠤᠨ᠎ᠠ᠃ ᠪᠦᠬᠦ ᠵᠢᠯ ᠳᠤ 80 ᠲᠦᠮᠨ ᠠᠴᠠ ᠲᠡᠬᠡᠭᠰᠢ ᠲᠦᠯ ᠲᠤᠰᠤᠨ᠂ ᠤᠡᠳᠤᠷᠤᠯᠳᠠ ᠶᠢᠨ ᠨᠤᠷᠮ᠎ᠠ ᠶᠢ 99. | 9% ᠳᠤ ᠬᠦᠷᠬᠡᠵᠤ᠂ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 99% ᠳᠤ ᠬᠦᠷᠬᠡᠨ᠎ᠠ᠃ 10 ᠲᠦᠮᠠᠨ | ᠲᠣᠯᠣᠭᠠᠢ ᠮᠢᠬᠠᠨ ᠤ ᠬᠤᠨᠢᠨ ᠤ ᠪᠦᠬᠦ ᠠᠵᠣ ᠦᠢᠯᠡᠰ ᠤᠨ ᠬᠡᠯᠬᠢᠶᠠᠵᠢᠯ ᠳᠤ ᠮᠦᠷᠳᠠᠵᠣ ᠪᠣᠯᠬᠤᠶᠢᠴᠨ ᠰᠢᠰᠲ᠋ᠧᠮ | ᠤᠨ ᠪᠠᠶᠢᠭᠤᠯᠣᠯᠳᠠ ᠶᠢ ᠪᠠᠶᠡᠯᠡᠬᠦᠯᠦᠨ᠂ ᠵᠠᠷᠤᠴᠠᠭᠤᠯᠬᠤ ᠮᠠᠯ ᠤᠨ ᠲᠤᠭ᠎ᠠ ᠶᠢ 100 ᠲᠦᠮᠡᠨ ᠲᠤᠯᠤᠭᠠᠢ ᠠᠴᠠ | ᠲᠡᠬᠡᠭᠰᠢ ᠪᠠᠶᠢᠯᠭᠠᠨ᠎ᠠ᠃ ᠡᠬᠦᠨ ᠳᠤ 25 ᠲᠦᠮᠡᠨ ᠲᠤᠯᠤᠭᠠᠢ ᠬᠤᠷᠠᠭ᠎ᠠ᠂ 1 ᠲᠦᠮᠡᠨ ᠲᠤᠯᠤᠭᠠᠢ ᠦᠬᠡᠷ ᠢ | ᠪᠤᠷᠳᠤᠭ᠎ᠠ ᠨᠦᠬᠦᠪᠤᠷᠢᠯᠡᠬᠦ ᠪᠤᠶᠤ ᠪᠤᠷᠳᠤᠨ ᠲᠠᠷᠭᠤᠯᠠᠭᠤᠯᠴᠢᠬᠠᠭᠠᠳ ᠵᠠᠷᠤᠴᠠᠭᠤᠯᠤᠨ᠎ᠠ᠃ ᠲᠠᠷᠬᠠᠨ᠂ ᠮᠸᠡᠭ ᠶᠤᠸᠠᠨ᠂ | ᠪᠢ ᠴᠤᠸᠠᠨ ᠭᠤᠷᠪᠡᠨ ᠤᠯᠠᠭᠠᠨ ᠢᠳᠡᠬᠡᠨ ᠡᠳ᠋ᠰᠢᠬᠦᠯᠬᠦ ᠠᠵᠤ ᠠᠬᠤᠶᠢᠯᠡᠯ 30 ᠲᠦᠮᠡᠨ ᠲᠤᠯᠤᠭᠠᠢ ᠬᠤᠨᠢᠴᠢᠯᠠᠭᠰᠡᠨ | ᠮᠠᠯ ᠢ ᠡᠳ᠋ᠰᠢᠬᠦᠯᠤᠨᠠ᠃ ᠮᠤ᠋ ᠸᠠᠩ ᠪᠦᠯᠦᠭᠯᠡᠯ ᠤᠨ ᠵᠢᠯ ᠳᠤ 20 ᠲᠦᠮᠡᠨ ᠲᠤᠯᠤᠭᠠᠢ ᠬᠤᠨᠢᠴᠢᠯᠠᠭᠰᠡᠨ ᠮᠠᠯ | ᠡᠳ᠋ᠰᠢᠬᠦᠯᠬᠦ ᠲᠦᠷᠥᠯ ᠵᠥᠢᠯ ᠤᠨ ᠪᠠᠶᠢᠭᠤᠯᠤᠯᠳᠠ ᠶᠢ ᠡᠬᠢᠯᠡᠬᠦᠯᠵᠤ᠂ ᠲᠤᠰ ᠵᠢᠯ ᠳᠤ ᠠᠰᠢᠭᠯᠠᠯᠳᠠ ᠳᠤ ᠤᠷᠤᠭᠤᠯᠬᠤ | ᠪᠠᠷ ᠴᠢᠷᠮᠠᠶᠢᠨ᠎ᠠ᠃ ᠮᠠᠯ ᠤᠨ ᠬᠢᠵᠢᠭ ᠬᠡᠮ ᠢ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠬᠢᠵᠢᠭ ᠰᠡᠷᠬᠡᠶᠢᠯᠡᠬᠦ | ᠲᠠᠷᠢᠯᠭ᠎ᠠ ᠬᠢᠭᠰᠡᠨ ᠨᠤᠷᠮ᠎ᠠ ᠶᠢ 100% ᠳᠤ ᠬᠦᠷᠬᠡᠬᠦ ᠶᠢ ᠪᠠᠳᠤᠯᠠᠨ᠎ᠠ᠃ ᠦᠬᠡᠷ ᠬᠤᠨᠢᠨ ᠤ ᠮᠢᠬ᠎ᠠ ᠶᠢ ᠭᠠᠳᠠᠭᠰᠢ | ᠪᠤᠷᠤᠯᠠᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠦᠷᠢᠰᠤᠯᠳᠤᠬᠦ | ᠬᠦᠴᠤᠨ ᠪᠠ ᠵᠠᠬ᠎ᠠ ᠲᠡᠯᠬᠡᠬᠦᠷᠵᠢᠬᠦ ᠬᠡᠮᠵᠢᠶ᠎ᠠ ᠶᠢ ᠴᠢᠷᠮᠠᠶᠢᠨ ᠲᠡᠬᠡᠭᠰᠢᠯᠡᠬᠦᠯᠵᠤ᠂ ᠴᠢᠨᠠᠷ ᠰᠠᠶᠢᠨ᠂ ᠦᠨ᠎ᠠ ᠦᠡᠳᠤᠷ | ᠪᠠᠶᠢᠬᠤ ᠶᠢ ᠪᠠᠳᠤᠯᠠᠨ᠎ᠠ᠃ ᠠᠪᠠᠭ᠎ᠠ ᠬᠠᠷ᠎ᠠ ᠠᠳᠤᠭᠤᠨ ᠤ ᠲᠤᠭ᠎ᠠ ᠲᠤᠯᠤᠭᠠᠢ ᠶᠢ ᠲᠠᠰᠤᠷᠠᠯᠳᠠ ᠦᠬᠡᠢ ᠨᠡᠮᠡᠭᠳᠡᠬᠦᠯᠵᠤ | ᠂ ᠮᠠᠯᠵᠢᠬᠤ ᠤᠷᠤᠨ ᠤ ᠴᠠᠭᠠᠨ ᠢᠳᠡᠭᠡ ᠪᠤᠯᠪᠠᠰᠤᠷᠠᠭᠤᠯᠬᠤ ᠠᠵᠤ ᠦᠢᠯᠡᠰ ᠤᠨ ᠬᠦᠭᠵᠢᠯᠳᠠ ᠶᠢ ᠵᠤᠷᠢᠭᠵᠢᠭᠤᠯᠤᠨ᠂ | ᠪᠦᠬᠦ ᠵᠢᠯ ᠳᠤ 280 ᠲᠤᠨ ᠴᠡᠭᠡ᠂ 130 ᠲᠤᠨ ᠴᠠᠭᠠᠨ ᠢᠳᠡᠭᠡ ᠡᠳ᠋ᠰᠢᠬᠦᠯᠤᠨ ᠪᠤᠷᠤᠯᠠᠭᠤᠯᠤᠨ᠎ᠠ︔ ᠤᠳᠤ | ᠪᠠᠶᠢᠭ᠎ᠠ 732 ᠲᠦᠮᠡᠨ ᠮᠤ᠋ ᠬᠠᠳᠤᠯᠠᠩ ᠤᠨ ᠡᠪᠠᠰᠤᠨ ᠤ ᠭᠠᠷᠤᠯᠳᠠ ᠶᠢ ᠦᠷᠬᠦᠯᠵᠢᠯᠡᠨ ᠪᠠᠳᠤᠯᠠᠨ ᠲᠡᠬᠡᠭᠰᠢᠯᠡᠬᠦᠯᠵᠤ | ᠂ 3 ᠳ᠋ᠦᠩᠰᠢᠭᠤᠷ ᠺᠢᠯᠤᠭ᠍ᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠡᠯᠡᠬᠦ ᠶᠢ ᠪᠠᠳᠤᠯᠠᠬᠤ ᠶᠢᠨ ᠬᠠᠮᠳᠤ ᠮᠤ᠋ ᠸᠠᠩ | ᠪᠦᠯᠦᠭᠯᠡᠯ ᠤᠨ ᠵᠢᠯ ᠳᠤ 5 ᠲᠦᠮᠡᠨ ᠲᠤᠨ ᠪᠠᠶᠢᠭᠠᠯᠢᠯᠢᠭ ᠡᠪᠡᠰᠤ ᠶᠢ ᠨᠠᠷᠢᠯᠢᠭ ᠡᠳ᠋ᠰᠢᠬᠦᠯᠬᠦ ᠲᠦᠷᠥᠯ ᠵᠥᠢᠯ ᠢ | ᠡᠬᠢᠯᠡᠬᠦᠯᠤᠨ᠎ᠠ︔ ᠵᠠᠭ ᠮᠤᠳᠤᠨ ᠤ ᠰᠠᠭᠤᠷᠢᠨ ᠭᠠᠵᠡᠷ ᠤᠨ ᠬᠡᠪᠴᠢᠶ᠎ᠠ ᠶᠢ ᠦᠷᠬᠦᠯᠵᠢᠯᠡᠨ ᠦᠷᠬᠡᠳᠬᠡᠵᠤ᠂ 6000 | ᠮᠤ᠋ ᠵᠠᠭ ᠮᠤᠳᠤᠨ ᠳᠤ ᠴᠠᠭᠠᠨ ᠭᠤᠶᠤᠤ ᠵᠠᠯᠭᠠᠨ ᠤᠷᠭᠤᠭᠤᠯᠤᠨ᠎ᠠ᠃ 120 ᠲᠦᠮᠡᠨ ᠮᠤ᠋ ᠶᠢᠨ ᠨᠠᠶᠢᠳᠠ ᠶᠢᠨ | ᠠᠰᠢᠭᠳᠤ ᠤᠢ ᠶᠢ ᠬᠠᠮᠢᠶᠠᠷᠤᠨ ᠬᠠᠮᠠᠭᠠᠯᠠᠬᠤ ᠠᠵᠢᠯ ᠢ ᠰᠠᠶᠢᠳᠤᠷ ᠠᠳᠬᠤᠵᠤ᠂ 20 ᠲᠦᠮᠡᠨ ᠮᠤ᠋ ᠶᠢᠨ ᠪᠣᠳᠠ | ᠪᠤᠷᠭᠠᠰᠤ᠂ ᠬᠠᠷᠭᠠᠨ᠎ᠠ ᠶᠢ ᠲᠠᠷᠢᠵᠣ ᠬᠠᠮᠠᠭᠠᠯᠠᠬᠤ ᠰᠠᠭᠤᠷᠢᠨ ᠭᠠᠵᠠᠷ ᠤᠨ ᠲᠦᠷᠥᠯ ᠵᠥᠢᠯ ᠢ ᠡᠬᠢᠯᠡᠬᠦᠯᠵᠤ᠂ ᠠᠵᠤ | ᠦᠢᠯᠡᠰ ᠤᠨ ᠬᠡᠯᠬᠢᠶᠠᠵᠢᠯ ᠤᠨ ᠬᠦᠭᠵᠢᠯᠳᠠ ᠳᠤ ᠡᠬᠢ ᠪᠠᠶᠠᠯᠢᠭ ᠤᠨ ᠨᠦᠬᠦᠴᠡᠯ ᠬᠠᠩᠭᠠᠨ᠎ᠠ᠃ ᠲᠠᠯ᠎ᠠ ᠨᠣᠳᠤᠭ ᠤᠨ | ᠭᠠᠯ ᠰᠠᠷᠬᠡᠶᠢᠯᠠᠬᠦ ᠠᠵᠢᠯ ᠢ ᠴᠢᠩᠭᠠᠳᠬᠠᠵᠣ᠂ ᠲᠦᠢᠮᠡᠷ ᠡᠬᠦᠰᠬᠦ ᠶᠡᠭᠡ ᠭᠠᠯ ᠤᠨ ᠠᠶᠤᠯ ᠡᠬᠦᠰᠬᠦ ᠶᠢ ᠰᠠᠷᠬᠡᠶᠢᠯᠡᠨᠠ᠃ | | ᠊᠊᠊᠊᠊᠊ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ | ᠴᠢᠩᠭᠠᠳᠬᠠᠨ᠎ᠠ᠃ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠤᠳᠤᠬᠢᠴᠢᠯᠠᠭᠰᠡᠨ ᠮᠢᠬᠠᠨ ᠤ ᠬᠤᠨᠢᠨ | ᠤ ᠠᠵᠤ ᠦᠢᠯᠡᠰ᠂ ᠲᠠᠷᠢᠶᠠᠯᠠᠩ ᠤᠨ ᠶᠠᠷᠤᠩᠬᠡᠶᠢᠯᠡᠭᠰᠡᠨ ᠨᠡᠬᠡᠬᠡᠯᠳᠡ᠂ ᠮᠠᠯᠵᠢᠬᠤ ᠤᠷᠤᠨ ᠤ ᠤᠰᠤ ᠤᠮᠳᠠ ᠶᠢᠨ | ᠠᠮᠤᠷ ᠲᠦᠪᠰᠢᠨ᠂ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ᠂ ᠲᠤᠰᠬᠠᠢ ᠶᠠᠪᠤᠳᠠᠯ ᠢ ᠲᠤᠰᠬᠠᠢ ᠵᠦᠪᠯᠡᠬᠦ᠂ | ᠬᠢᠵᠠᠭᠠᠷ ᠢ ᠬᠦᠭᠵᠢᠬᠦᠯᠵᠤ ᠠᠷᠡᠳ ᠢᠶᠠᠨ ᠪᠠᠶᠠᠵᠢᠭᠤᠯᠬᠤ ᠵᠡᠷᠬᠡ ᠲᠦᠷᠥᠯ ᠵᠥᠢᠯ ᠢ ᠨᠢᠬᠡᠳᠬᠡᠬᠦ ᠪᠠᠷ ᠲᠠᠮᠵᠢᠨ᠂ | ᠰᠢᠨ᠎ᠠ ᠪᠠᠷ 462 ᠰᠠᠭᠤᠷᠢ 5.45 ᠲᠦᠮᠡᠨ ᠲᠡᠭᠰᠢ ᠲᠦᠷᠪᠡᠯᠵᠢᠨ ᠮᠧᠲᠷ ᠤᠨ ᠲᠤᠯᠠᠭᠠᠨ ᠫᠸᠡᠭ᠂ 279 | ᠰᠠᠭᠤᠷᠢ 3.31 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠤ ᠬᠠᠳᠠᠭᠠᠯᠠᠬᠤ ᠫᠸᠡᠭ᠂ 1 ᠲᠤᠮᠤ ᠬᠡᠯᠪᠡᠷᠢ ᠶᠢᠨ | ᠡᠪᠡᠰᠤ ᠬᠠᠳᠠᠭᠠᠯᠠᠬᠤ ᠰᠠᠭᠤᠷᠢᠨ ᠭᠠᠵᠡᠷ ᠢ ᠪᠠᠶᠢᠭᠤᠯᠤᠨ᠎ᠠ᠃ 60 ᠭᠤᠤᠷᠰᠤᠳᠤ ᠬᠤᠳᠳᠤᠭ ᠮᠠᠯᠳᠠᠵᠤ᠂ ᠤᠰᠤ | ᠬᠠᠳᠠᠭᠠᠯᠠᠬᠤ ᠵᠤᠭᠤᠷᠢ 500 ᠶᠢ ᠪᠠᠶᠢᠭᠤᠯᠵᠤ᠂ 8 ᠤᠰᠤ ᠬᠦᠷᠬᠡᠬᠦ ᠦᠢᠯᠡᠴᠢᠯᠡᠬᠡᠨ ᠤ ᠠᠩᠬᠢ ᠶᠢ ᠪᠠᠶᠢᠭᠤᠯᠵᠤ᠂ | ᠤᠰᠤ ᠬᠦᠷᠬᠡᠬᠦ ᠦᠢᠯᠡᠴᠢᠯᠡᠬᠡᠨ ᠤ ᠮᠠᠰᠢᠨ 30 ᠶᠢ ᠬᠤᠳᠠᠯᠳᠤᠨ ᠤᠷᠤᠭᠤᠯᠵᠤ᠂ 5296 ᠬᠦᠮᠤᠨ᠂ 36.41 | ᠲᠦᠮᠡᠨ ᠲᠤᠯᠤᠭᠠᠢ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠵᠤ᠂ ᠪᠦᠬᠦ ᠬᠤᠰᠢᠭᠤᠨ ᠤ 74% | ᠠᠴᠠ ᠲᠡᠬᠡᠭᠰᠢᠬᠢ ᠤᠰᠤ ᠲᠤᠳᠠᠭᠳᠠᠵᠤ ᠪᠠᠶᠢᠭ᠎ᠠ ᠬᠦᠮᠤᠨ ᠪᠠ ᠮᠠᠯ ᠤᠨ ᠤᠰᠤ ᠤᠮᠳᠠ ᠶᠢᠨ ᠠᠰᠠᠭᠤᠳᠠᠯ ᠢ | ᠰᠢᠢᠳᠪᠤᠷᠢᠯᠡᠨ᠎ᠠ᠃ 1034 ᠢᠵᠢ ᠡᠯ᠎ᠠ ᠲᠦᠷᠥᠯ ᠤᠨ ᠦᠢᠯᠡᠳᠪᠤᠷᠢᠯᠡᠯ ᠤᠨ ᠮᠠᠰᠢᠨ ᠮᠧᠬᠠᠨᠢᠭ ᠢ ᠰᠢᠨ᠎ᠠ ᠪᠠᠷ | ᠨᠡᠮᠡᠭᠳᠡᠬᠦᠯᠤᠨ᠎ᠠ᠃ ᠮᠠᠯᠵᠢᠬᠤ ᠤᠷᠤᠨ ᠤ ᠰᠢᠨ᠎ᠠ ᠤᠷᠤᠨ ᠰᠠᠭᠤᠴᠠ ᠶᠢᠨ ᠢᠡᠵᠧᠨᠧᠷᠢᠩ ᠢ ᠡᠬᠢᠯᠡᠬᠦᠯᠵᠤ᠂ ᠮᠠᠯᠵᠢᠬᠤ | ᠤᠷᠤᠨ ᠳᠤ 60 ᠰᠢᠨ᠎ᠠ ᠤᠷᠤᠨ ᠰᠠᠭᠤᠴᠠ ᠶᠢ ᠪᠠᠶᠢᠭᠤᠯᠤᠨ᠎ᠠ᠃ ᠰᠢᠨ᠎ᠠ ᠪᠠᠷ ᠮᠠᠯᠵᠢᠬᠤ ᠤᠷᠤᠨ ᠤ ᠠᠷᠡᠳ ᠲᠤ | ᠲᠦᠬᠦᠮ ᠦᠵᠡᠬᠦᠯᠬᠦ ᠴᠢᠯᠤᠬᠡᠳᠤ ᠲᠡᠯᠬᠡᠬᠦᠷ 22 ᠢ ᠪᠠᠶᠢᠭᠤᠯᠵᠤ᠂ ᠪᠦᠷᠬᠦᠴᠠ ᠶᠢᠨ ᠨᠤᠷᠮ᠎ᠠ ᠶᠢ 71.4% ᠳᠤ | ᠬᠦᠷᠬᠡᠨ᠎ᠠ᠃ | ᠊᠊᠊᠊᠊᠊ ᠰᠢᠨ᠎ᠠ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠳᠡ ᠶᠢᠨ ᠵᠤᠬᠢᠴᠠᠮᠵᠢ ᠶᠢᠨ ᠪᠠᠶᠢᠭᠤᠯᠤᠯᠳᠠ ᠶᠢ | ᠲᠦᠷᠬᠡᠳᠬᠡᠨ᠎ᠠ᠃ ᠲᠤᠰᠬᠠᠶᠢᠵᠢᠭᠰᠡᠨ ᠭᠠᠴᠠᠭ᠎ᠠ 7 ᠶᠢ ᠰᠢᠨ᠎ᠠ ᠪᠠᠷ ᠨᠡᠮᠡᠭᠳᠡᠬᠦᠯᠵᠤ᠂ ᠨᠠᠶᠢᠳᠠ 43 ᠳᠤ ᠬᠦᠷᠬᠡᠨ᠂ | ᠲᠤᠰᠬᠠᠶᠢᠵᠢᠭᠰᠡᠨ ᠡᠷᠤᠬᠡ 200 ᠶᠢ ᠨᠡᠮᠡᠭᠳᠡᠬᠦᠯᠵᠤ᠂ ᠨᠠᠶᠢᠳᠠ 1635 ᠳᠤ ᠬᠦᠷᠬᠡᠨ᠎ᠠ᠃ ᠬᠡᠷ ᠪᠦᠯᠢ ᠶᠢᠨ | ᠮᠠᠯᠵᠢᠯ ᠤᠨ ᠲᠠᠯᠠᠪᠠᠢ 70 ᠶᠢ ᠪᠠᠶᠢᠭᠤᠯᠵᠤ᠂ ᠨᠠᠶᠢᠳᠠ 210 ᠪᠤᠯᠭᠠᠨ᠎ᠠ᠃ ︽ᠭᠤᠷᠪᠡ ᠶᠢ ᠨᠢᠬᠡᠳᠬᠡᠭᠰᠡᠨ︾ | ᠡᠵᠡᠩᠨᠡᠯᠳᠡ ᠶᠢᠨ ᠡᠷᠤᠬᠡ 100 ᠶᠢ ᠪᠠᠶᠢᠭᠤᠯᠵᠤ᠂ ᠨᠠᠶᠢᠳᠠ 800 ᠡᠷᠤᠬᠡ ᠳᠤ ᠬᠦᠷᠬᠡᠨ᠎ᠠ᠃ 20 ᠮᠠᠯᠴᠢᠳ ᠤᠨ | ᠲᠤᠰᠬᠠᠶᠢᠵᠢᠭᠰᠡᠨ ᠬᠤᠷᠰᠢᠶᠠᠵᠢᠯ ᠢ ᠲᠦᠷᠢᠮᠵᠢᠬᠦᠯᠬᠦ ᠶᠢᠨ ᠬᠠᠮᠳᠤ ᠲᠠᠶᠢᠴᠢᠯᠡᠨ ᠲᠠᠭᠠᠭᠤᠯᠬᠤ ᠦᠢᠯᠡᠳᠤᠯ ᠢ ᠨᠢ | ᠬᠦᠢᠴᠡᠳ ᠪᠠᠳᠠᠷᠠᠭᠤᠯᠤᠨ᠎ᠠ᠃ | ᠬᠤᠶᠡᠷ ᠲᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢ ᠶᠢ ᠬᠦᠴᠤᠷᠬᠡᠭᠵᠢᠬᠦᠯᠤᠨ ᠪᠤᠵᠠᠭᠠᠶᠢᠷᠠᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠲᠠᠳᠠᠬᠤ ᠪᠠᠷ ᠬᠦᠳᠡᠯᠬᠡᠭᠴᠢ ᠬᠦᠴᠤ ᠪᠤᠯᠭᠠᠨ᠂ ᠲᠦᠷᠥᠯ ᠵᠥᠢᠯ ᠤᠨ ᠪᠦᠳᠤᠬᠡᠨ | ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠬᠤ᠂ ᠠᠵᠤ ᠦᠢᠯᠡᠳᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ | ᠪᠠᠷ ᠲᠠᠪᠴᠠᠩ ᠪᠤᠯᠭᠠᠨ᠂ ᠭᠤᠤᠯᠯᠠᠭᠴᠢ ᠠᠵᠤ ᠠᠬᠤᠶᠢᠯᠡᠯ ᠢ ᠪᠤᠶᠢᠵᠢᠭᠤᠯᠬᠤ ᠡᠷᠴᠢᠮ ᠢᠶᠠᠨ ᠲᠠᠰᠤᠷᠠᠯᠳᠠ ᠦᠬᠡᠢ | ᠴᠢᠩᠭᠠᠳᠬᠠᠨ᠂ ᠠᠵᠤ ᠦᠢᠯᠡᠰ ᠤᠨ ᠪᠦᠯᠦᠭᠯᠡᠯ ᠢ ᠪᠤᠵᠠᠭᠠᠶᠢᠷᠠᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢ | ᠶᠢᠨ ᠠᠵᠤ ᠠᠬᠤᠢ ᠶᠢᠨ ᠲᠦᠷᠬᠡᠨ ᠬᠦᠭᠵᠢᠯᠳᠠ ᠶᠢ ᠲᠦᠯᠬᠢᠨ ᠠᠬᠢᠭᠤᠯᠤᠨ᠎ᠠ᠃ | ᠊᠊᠊᠊᠊᠊᠊ ᠭᠤᠤᠯᠳᠠᠯᠭ᠎ᠠ ᠲᠠᠢ ᠲᠦᠷᠥᠯ ᠵᠥᠢᠯ ᠤᠨ ᠪᠠᠶᠢᠭᠤᠯᠤᠯᠳᠠ ᠶᠢ ᠲᠦᠷᠬᠡᠳᠬᠡᠨ᠎ᠠ᠃ ᠪᠦᠬᠦ ᠵᠢᠯ ᠳᠤ᠂ ᠠᠵᠤ | ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠥᠯ ᠵᠥᠢᠯ 19 ᠶᠢ ᠲᠤᠬᠢᠷᠠᠭᠤᠯᠵᠤ᠂ 28 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠤᠯᠳᠠ ᠶᠢ ᠪᠠᠶᠠᠯᠠᠬᠦᠯᠤᠨ᠎ᠠ᠃ ᠴᠠᠭᠠᠡᠨᠠᠭᠤᠷ ᠨᠢᠬᠡᠳᠤᠬᠡᠷ ᠬᠤᠭᠤᠴᠠᠭᠠᠨ ᠤ 2×66 ᠲᠦᠮᠡᠨ | ᠺᠢᠯᠤᠸᠠᠲ ᠤᠨ ᠴᠠᠬᠢᠯᠭᠠᠨ ᠦᠢᠯᠡᠳᠪᠤᠷᠢ ᠶᠢᠨ ᠲᠦᠷᠥᠯ ᠵᠥᠢᠯ ᠢ 4 ᠰᠠᠷ᠎ᠠ ᠳᠤ ᠪᠠᠷᠢᠯᠭ᠎ᠠ ᠡᠬᠢᠯᠡᠬᠦᠯᠤᠨ᠎ᠠ︔ | ᠴᠠᠭᠠᠡᠨᠠᠭᠤᠷ ᠨᠢᠬᠡᠳᠤᠬᠡᠷ ᠬᠤᠭᠤᠴᠠᠭᠠᠨ ᠤ ᠵᠢᠯ ᠳᠤ 800 ᠲᠦᠮᠡᠨ ᠲᠤᠨ ᠨᠠᠬᠦᠷᠡᠰᠤᠨ ᠠᠭᠤᠷᠬᠠᠢ ᠶᠢᠨ ᠲᠦᠷᠥᠯ | ᠵᠥᠢᠯ ᠢ ᠵᠢᠯ ᠤᠨ ᠲᠤᠳᠤᠷ᠎ᠠ ᠭᠤᠷᠪᠡᠨ ᠬᠤᠳᠳᠤᠭ ᠢ ᠨᠠᠪᠳᠠᠷᠠᠬᠦᠯᠵᠤ᠂ ᠨᠡᠬᠦᠷᠡᠰᠤ ᠭᠠᠷᠭᠠᠬᠤ ᠨᠦᠬᠦᠴᠠᠯ ᠢ | ᠪᠦᠷᠢᠯᠳᠤᠬᠦᠯᠤᠨ᠎ᠠ᠃ ᠳ᠋ᠠ ᠠᠠ 120 ᠲᠦᠮᠡᠨ ᠲᠤᠨ ᠤ ᠨᠠᠬᠦᠷᠡᠰᠤᠨ ᠠᠭᠤᠷᠬᠠᠢ ᠶᠢᠨ ᠲᠦᠷᠥᠯ ᠵᠥᠢᠯ ᠢ ᠲᠡᠬᠡᠳᠤ | ᠬᠠᠭᠠᠰ ᠵᠢᠯ ᠳᠤ ᠬᠢᠨᠡᠨ ᠵᠦᠪᠰᠢᠶᠠᠷᠡᠬᠦᠯᠬᠦ ᠶᠢᠨ ᠬᠠᠮᠳᠤ ᠠᠰᠢᠭᠯᠠᠯᠳᠠ ᠳᠤ ᠤᠷᠤᠭᠤᠯᠤᠨ᠎ᠠ︔ ᠭᠤᠷᠴᠢ ᠶᠢᠨ ᠤᠯᠠᠨ | ᠵᠥᠢᠯ ᠤᠨ ᠲᠠᠮᠦᠷᠯᠢᠭ ᠤᠨ ᠡᠳᠤᠷ ᠲᠤ 2000 ᠲᠤᠨ ᠬᠦᠳᠡᠷ ᠰᠢᠯᠢᠬᠦ ᠦᠢᠯᠡᠳᠪᠤᠷᠢ ᠶᠢᠨ ᠲᠦᠷᠥᠯ ᠵᠥᠢᠯ ᠢ 5 | ᠳ᠋ᠤᠭᠠᠷ ᠰᠠᠷ᠎ᠠ ᠳᠤ ᠪᠠᠷᠢᠯᠭ᠎ᠠ ᠡᠬᠢᠯᠡᠬᠦᠯᠵᠤ᠂ ᠵᠢᠯ ᠤᠨ ᠲᠤᠳᠤᠷ᠎ᠠ ᠲᠤᠷᠰᠢᠨ ᠦᠢᠯᠡᠳᠪᠤᠷᠢᠯᠡᠬᠦᠯᠬᠦ ᠪᠠᠷ ᠴᠢᠷᠮᠠᠶᠢᠨ᠎ᠠ᠃ | ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠳ᠋ᠠ ᠲᠠᠩ ᠤᠨ ᠵᠢᠷᠭᠤᠳᠤᠭᠠᠷ ᠬᠤᠭᠤᠴᠠᠭ᠎ᠠ᠂ | ᠴᠢᠨ ᠬᠤᠸᠠᠩ ᠳ᠋ᠤᠤ ᠭᠠᠨᠭ᠌ ᠴᠸᠡᠭ ᠴᠠᠬᠢᠯᠭᠠᠨ ᠬᠦᠴᠤᠨ ᠤ 5 ᠲᠦᠮᠡᠨ ᠺᠢᠯᠤᠸᠡᠲ ᠤᠨ ᠰᠠᠯᠬᠢᠨ ᠴᠠᠬᠢᠯᠭᠠᠨ ᠤ | ᠲᠦᠷᠥᠯ ᠵᠥᠢᠯ ᠪᠠ ᠤᠮᠠᠷᠡᠳᠤ ᠤᠷᠤᠨ ᠤ ᠯᠦᠡᠭ ᠶᠤᠸᠠᠨ 4500 ᠺᠢᠯᠤᠸᠠᠲ ᠤᠨ ᠲᠠᠷᠬᠠᠯᠳᠠ ᠬᠡᠯᠪᠡᠷᠢ ᠶᠢᠨ | ᠰᠠᠯᠬᠢᠨ ᠴᠠᠬᠢᠯᠭᠠᠨ ᠤ ᠵᠢᠱᠢᠶ᠎ᠠ ᠦᠵᠡᠬᠦᠯᠬᠦ ᠲᠦᠷᠥᠯ ᠵᠥᠢᠯ ᠵᠢᠴᠢ ᠶᠢᠨ ᠳ᠋ᠢ ᠵᠠᠰ ᠮᠤᠯᠢᠪᠳᠧᠨ ᠤ ᠠᠭᠤᠷᠬᠠᠢ ᠶᠢᠨ 1. | 8 ᠲᠦᠮᠡᠨ ᠺᠢᠯᠤᠸᠠᠲ ᠤᠨ ᠲᠠᠷᠬᠠᠯᠳᠠ ᠬᠡᠯᠪᠡᠷᠢ ᠶᠢᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠥᠯ ᠵᠥᠢᠯ ᠢ | 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠬᠦᠯᠵᠤ᠂ ᠵᠢᠯ ᠤᠨ ᠲᠤᠳᠤᠷ᠎ᠠ ᠴᠠᠬᠢᠯᠭᠠᠨ ᠲᠤᠤᠷ ᠲᠤ ᠨᠠᠪᠳᠠᠷᠠᠬᠦᠯᠤᠨ | ᠴᠠᠬᠢᠯᠭᠠᠨ ᠭᠠᠷᠭᠠᠨ᠎ᠠ︔ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠵᠦᠡᠭ ᠭᠤᠸᠠᠩ ᠾᠧ | ᠤᠨ ᠬᠤᠶᠠᠳᠤᠭᠠᠷ ᠬᠤᠭᠤᠴᠠᠭ᠎ᠠ ᠶᠢᠨ 5 ᠲᠦᠮᠡᠨ ᠺᠢᠯᠤᠸᠠᠲ᠂ ᠯᠦᠡᠭ ᠶᠤᠸᠠᠨ ᠤ ᠬᠤᠶᠠᠳᠤᠭᠠᠷ ᠬᠤᠭᠤᠴᠠᠭ᠎ᠠ ᠶᠢᠨ | 5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠪᠠ ᠪᠡᠯᠬᠦᠳᠡᠢ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ | ᠬᠤᠸᠠ ᠳ᠋ᠢᠶᠠᠨ 1.8 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠵᠢᠴᠢ ᠱᠧᠨ ᠨᠸᠡᠭ᠂ ᠬᠤᠸᠠ ᠳ᠋ᠢᠶᠠᠨ᠂ ᠵᠦᠡᠭ | ᠱᠸᠡᠭ ᠪᠠ ᠲᠤᠮᠳᠠᠳᠤ ᠤᠯᠤᠰ ᠤᠨ ᠡᠯᠧᠺᠲᠷᠤᠨ ᠰᠢᠡᠵᠢᠯᠡᠭᠡ ᠮᠡᠷᠬᠡᠵᠢᠯ ᠤᠨ ᠺᠤᠮᠫᠠᠨᠢ ᠵᠠᠷᠬᠡ ᠲᠦᠷᠪᠡᠨ ᠠᠵᠤ | ᠠᠬᠤᠶᠢᠯᠡᠯ ᠤᠨ ᠨᠠᠷᠡᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠥᠯ ᠵᠥᠢᠯ ᠢ ᠵᠢᠯ ᠤᠨ ᠲᠤᠳᠤᠷ᠎ᠠ ᠬᠢᠨᠡᠨ | ᠵᠦᠪᠰᠢᠶᠠᠷᠠᠬᠦᠯᠬᠦ ᠪᠠᠷ ᠴᠢᠷᠮᠠᠶᠢᠨ᠎ᠠ᠃ ᠮᠸᠡᠭ ᠶᠤᠸᠠᠨ ᠺᠤᠮᠫᠠᠨᠢ ᠶᠢᠨ ᠬᠦᠢᠳᠠᠨ ᠬᠦᠮᠤᠷᠬᠡ ᠶᠢ ᠦᠷᠬᠡᠳᠬᠡᠨ | ᠪᠠᠶᠢᠭᠤᠯᠬᠤ ᠲᠦᠷᠥᠯ ᠵᠥᠢᠯ ᠢ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠬᠦᠯᠵᠤ᠂ ᠵᠢᠯ ᠤᠨ ᠲᠤᠳᠤᠷ᠎ᠠ ᠲᠠᠭᠤᠰᠬᠠᠨ᠎ᠠ᠃ | | ᠊᠊᠊᠊᠊᠊᠊ ᠠᠵᠤ ᠦᠢᠯᠡᠳᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠪᠦᠬᠦ ᠬᠦᠴᠤᠨ ᠢᠶᠠᠷ ᠲᠦᠯᠬᠢᠨ | ᠠᠬᠢᠭᠤᠯᠤᠨ᠎ᠠ᠃ ᠴᠠᠭᠠᠡᠨᠠᠭᠤᠷ ᠤᠨ ᠤᠷᠴᠢᠯᠳᠠ ᠶᠢᠨ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠤᠨ | ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠨᠠᠬᠦᠷᠡᠰᠤ ᠶᠢ ᠶᠠᠷᠤᠩᠬᠡᠶᠢᠯᠡᠨ ᠠᠰᠢᠭᠯᠠᠬᠤ ᠤᠷᠴᠢᠯᠳᠠ ᠶᠢᠨ ᠠᠵᠤ | ᠠᠬᠤᠢ ᠶᠢᠨ ᠠᠵᠤ ᠦᠢᠯᠡᠰ ᠤᠨ ᠬᠡᠯᠬᠢᠶᠠᠵᠢᠯ ᠢ ᠬᠦᠴᠤᠯᠠᠨ ᠪᠠᠶᠢᠭᠤᠯᠵᠤ᠂ ᠵᠢᠯ ᠤᠨ ᠲᠤᠳᠤᠷ᠎ᠠ ᠰᠠᠭᠤᠷᠢ | ᠲᠦᠬᠦᠬᠡᠷᠤᠮᠵᠢ ᠶᠢᠨ ᠪᠠᠶᠢᠭᠤᠯᠤᠯᠳᠠ ᠳᠤ 7000 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠶᠠᠷᠤᠩᠬᠡᠢ | ᠲᠦᠯᠤᠪᠵᠢᠬᠦᠯᠬᠡ᠂ ᠠᠵᠤ ᠦᠢᠯᠡᠰ ᠤᠨ ᠬᠦᠭᠵᠢᠯᠳᠠ ᠶᠢᠨ ᠲᠦᠯᠤᠪᠵᠢᠬᠦᠯᠤᠯᠬᠡ ᠪᠠᠨ ᠠᠶᠢᠮᠠᠭ ᠤᠨ ᠬᠠᠮᠢᠶ᠎ᠠ ᠪᠦᠬᠦᠢ | ᠰᠠᠯᠠᠭ᠎ᠠ ᠮᠦᠴᠢᠷ ᠢᠶᠠᠷ ᠨᠢᠬᠡᠨᠳᠡ ᠬᠢᠨᠡᠨ ᠵᠦᠪᠰᠢᠶᠠᠷᠠᠬᠦᠯᠦᠭᠰᠡᠨ ᠰᠠᠭᠤᠷᠢᠨ ᠲᠡᠬᠡᠷ᠎ᠠ᠂ ᠵᠢᠯ ᠤᠨ ᠲᠤᠳᠤᠷ᠎ᠠ ᠡᠵᠡᠮᠳᠠᠯ | ᠤᠨ ᠴᠢᠨᠠᠷᠳᠡᠢ ᠨᠠᠷᠢᠨ ᠲᠦᠯᠤᠪᠵᠢᠬᠦᠯᠬᠡ᠂ ᠤᠷᠴᠢᠨ ᠲᠤᠭᠤᠷᠢᠨ ᠤ ᠬᠢᠨᠡᠨ ᠦᠨᠡᠯᠡᠯᠳᠡ ᠪᠠ ᠤᠰᠤᠨ ᠰᠤᠷᠪᠤᠯᠵᠢ | ᠶᠢᠨ ᠦᠨᠡᠯᠡᠯᠳᠡ ᠶᠢ ᠨᠤᠳᠠᠯᠠᠬᠤ ᠠᠵᠢᠯ ᠢ ᠲᠠᠭᠤᠰᠬᠠᠨ᠎ᠠ᠃ ᠠᠵᠤ ᠦᠢᠯᠡᠳᠪᠤᠷᠢ ᠶᠢᠨ ᠲᠤᠭᠤᠷᠢᠭ ᠢ ᠵᠢᠷᠤᠭᠯᠡᠨ | ᠲᠦᠰᠤᠪᠯᠡᠬᠦ ᠠᠵᠢᠯ ᠢ ᠡᠷᠳᠡᠬᠡᠨ ᠡᠬᠢᠯᠡᠬᠦᠯᠵᠤ᠂ ︽ᠨᠢᠬᠡ ᠬᠦᠡᠳᠠᠯᠠᠨ ᠬᠤᠶᠡᠷ ᠭᠤᠯᠳᠤ︾ ᠵᠠᠰᠠᠮᠠᠯ ᠵᠠᠮ᠂ ᠲᠦᠬᠡᠬᠡᠯ | ᠤᠰᠤ ᠬᠠᠩᠭᠠᠬᠤ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠵᠤ᠂ | ᠦᠢᠯᠡᠴᠢᠯᠡᠬᠡᠨ ᠤ ᠴᠢᠳᠠᠪᠬᠢ ᠪᠠᠨ ᠪᠦᠷᠢᠡᠰᠢᠬᠦᠯᠤᠨ᠎ᠠ᠃ ᠡᠬᠦᠨ ᠤ ᠬᠠᠮᠳᠤ᠂ ᠵᠠᠬ᠎ᠠ ᠲᠡᠯᠬᠡᠬᠦᠷᠴᠢᠯᠳᠠ ᠶᠢᠨ ᠵᠠᠷᠴᠢᠮ | ᠶᠤᠰᠤᠭᠠᠷ ᠤᠯᠠᠨ ᠡᠰᠢᠵᠢᠭᠰᠡᠨ ᠪᠡᠯᠡ ᠮᠦᠩᠬᠦ ᠬᠤᠷᠠᠮᠳᠤᠭᠤᠯᠬᠤ ᠲᠤᠭᠳᠠᠯᠴᠠᠭ᠎ᠠ ᠶᠢ ᠢᠳᠡᠪᠬᠢᠳᠡᠢ ᠰᠦᠪᠡᠭᠴᠢᠯᠡᠵᠤ᠂ | ᠪᠡᠯᠡ ᠤᠷᠤᠭᠤᠯᠤᠯᠳᠠ ᠶᠢᠨ ᠬᠡᠯᠪᠡᠷᠢ ᠮᠠᠶ᠋ᠢᠭ ᠢ ᠰᠢᠨᠡᠴᠢᠯᠡᠨ᠂ ᠠᠵᠤ ᠦᠢᠯᠡᠳᠪᠤᠷᠢ ᠶᠢᠨ ᠲᠤᠭᠤᠷᠢᠭ ᠤᠨ ᠪᠠᠶ᠎ᠠ ᠪᠠᠨ | ᠲᠠᠭᠠᠭᠠᠨ ᠬᠦᠭᠵᠢᠬᠦ ᠴᠢᠳᠠᠪᠤᠷᠢ ᠶᠢ ᠨᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠲᠤᠯᠭᠠᠭᠤᠷᠢᠯᠠᠭᠴᠢ ᠠᠵᠤ | ᠠᠬᠤᠶᠢᠯᠡᠯ ᠢ ᠬᠦᠴᠤᠯᠠᠨ ᠪᠤᠶᠢᠵᠢᠭᠤᠯᠵᠤ᠂ ᠪᠡᠯᠡ ᠤᠷᠤᠭᠤᠯᠤᠯᠳᠠ ᠶᠡᠭᠡ᠂ ᠬᠦᠭᠵᠢᠯᠳᠠ ᠶᠢᠨ ᠬᠠᠨᠳᠤᠰᠢ ᠰᠠᠶᠢᠨ᠂ | ᠲᠠᠶᠢᠴᠢᠯᠡᠨ ᠲᠠᠭᠠᠭᠤᠯᠬᠤ ᠬᠦᠴᠤᠨ ᠢᠶᠠᠷ ᠴᠢᠩᠭ᠎ᠠ ᠲᠤᠮᠤ ᠠᠵᠤ ᠠᠬᠤᠶᠢᠯᠡᠯ᠂ ᠲᠤᠮᠤ ᠲᠦᠷᠥᠯ ᠵᠥᠢᠯ ᠢ ᠠᠵᠤ | ᠦᠢᠯᠡᠳᠪᠤᠷᠢ ᠶᠢᠨ ᠲᠤᠭᠤᠷᠢᠭ ᠲᠤ ᠰᠠᠭᠤᠷᠢᠰᠢᠭᠤᠯᠤᠨ᠂ ᠠᠵᠤ ᠦᠢᠯᠡᠰ ᠢ ᠨᠢ ᠪᠤᠵᠠᠭᠠᠶᠢᠷᠠᠭᠤᠯᠤᠨ ᠬᠦᠭᠵᠢᠬᠦᠯᠵᠤ᠂ | ︽ᠠᠷᠪᠠᠨ ᠭᠤᠷᠪᠡᠳᠤᠭᠠᠷ ᠲᠠᠪᠤᠨ ᠵᠢᠯ ᠤᠨ ᠲᠦᠯᠤᠪᠵᠢᠬᠦᠯᠬᠡ︾ ᠶᠢᠨ ᠬᠤᠭᠤᠴᠠᠭᠠᠨ ᠳᠤ ᠤᠷᠤᠨ ᠤ ᠲᠡᠰ ᠤᠨ | ᠤᠷᠴᠢᠯᠳᠠ ᠶᠢᠨ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠪᠤᠯᠭᠠᠨ ᠪᠦᠳᠤᠬᠡᠨ ᠪᠠᠶᠢᠭᠤᠯᠵᠤ᠂ | ᠦᠪᠡᠷᠳᠡᠬᠡᠨ ᠵᠠᠰᠠᠬᠤ ᠤᠷᠤᠨ ᠤ ᠵᠢᠯ ᠤᠨ ᠡᠵᠡᠩᠨᠡᠯᠳᠡ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠬᠦᠷᠢᠭ ᠶᠢ | ᠲᠠᠪᠠᠭᠰᠡᠨ ᠠᠵᠤ ᠦᠢᠯᠡᠳᠪᠤᠷᠢ ᠶᠢᠨ ᠲᠤᠭᠤᠷᠢᠭ ᠤᠨ ᠡᠩᠨᠡᠬᠡᠨ ᠳᠤ ᠤᠷᠤᠭᠤᠯᠤᠨ᠎ᠠ᠃ | ᠊᠊᠊᠊᠊᠊ ᠭᠠᠵᠡᠷ ᠰᠢᠡᠵᠢᠯᠡᠬᠡᠨ ᠤ ᠬᠠᠶᠢᠨ ᠰᠢᠡᠵᠢᠯᠡᠯᠳᠡ ᠶᠢᠨ ᠠᠬᠢᠴᠠ ᠪᠠᠨ ᠲᠦᠷᠬᠡᠳᠬᠡᠨ᠎ᠠ᠃ ᠭᠠᠵᠡᠷ ᠰᠢᠡᠵᠢᠯᠡᠬᠡᠨ | ᠤ ᠲᠦᠷᠥᠯ ᠵᠥᠢᠯ ᠤᠨ ᠬᠢᠨᠡᠨ ᠬᠠᠮᠢᠶᠠᠷᠤᠯᠳᠠ ᠪᠠᠨ ᠤᠯᠠᠮ ᠴᠢᠩᠭᠠᠳᠬᠠᠨ᠂ ᠦᠪᠡᠷᠳᠡᠬᠡᠨ ᠵᠠᠰᠠᠬᠤ ᠤᠷᠤᠨ ᠪᠠ | ᠠᠶᠢᠮᠠᠭ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠵᠤ᠂ ᠬᠠᠶᠢᠨ | ᠰᠢᠡᠵᠢᠯᠡᠭᠡ ᠬᠢᠭᠰᠡᠨ ᠦᠬᠡᠢ ᠠᠵᠤ ᠠᠬᠤᠶᠢᠯᠡᠯ ᠢ ᠴᠠᠪᠠᠷᠯᠡᠨ ᠴᠡᠭᠴᠠᠯᠠᠵᠤ᠂ ᠭᠠᠵᠡᠷ ᠰᠢᠡᠵᠢᠯᠡᠬᠡᠨ ᠤ ᠠᠬᠢᠴᠠ ᠪᠠᠨ | ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠬᠠᠶᠢᠨ ᠰᠢᠡᠵᠢᠯᠡᠬᠡᠨ ᠳᠤ 1 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠬᠤ ᠶᠢ ᠪᠡᠶᠡᠯᠡᠬᠦᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ | ᠲᠠᠰᠤᠷᠠᠯᠳᠠ ᠦᠬᠡᠢ ᠴᠢᠩᠭᠠᠳᠬᠠᠨ᠂ ᠴᠢᠯᠠᠭᠤᠨ ᠲᠤᠰᠤᠨ ᠤ ᠲᠤᠭᠤᠷᠢᠭ ᠤᠨ ᠡᠷᠬᠡ ᠶᠢ ᠰᠢᠯᠵᠢᠬᠦᠯᠬᠦ ᠠᠵᠢᠯ ᠢ | ᠲᠦᠷᠬᠡᠳᠬᠡᠵᠤ᠂ ᠬᠠᠶᠢᠨ ᠰᠢᠡᠵᠢᠯᠡᠬᠦ ᠡᠷᠴᠢᠮ ᠢᠶᠠᠨ ᠴᠢᠩᠭᠠᠳᠬᠠᠨ᠂ ᠱᠠᠡᠰᠢ ᠶᠢᠨ ᠳ᠋ᠢ ᡁᠢ ᠭᠤᠸᠠᠩ ᠴᠢᠯᠠᠭᠤᠨ | ᠲᠤᠰᠤᠨ ᠤ ᠰᠢᠡᠵᠢᠯᠡᠬᠦ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠬᠠᠶᠢᠨ ᠰᠢᠡᠵᠢᠬᠦ ᠠᠬᠢᠴᠠ ᠪᠠᠨ ᠲᠦᠷᠬᠡᠳᠬᠡᠬᠦ ᠶᠢ | ᠢᠳᠡᠪᠬᠢᠳᠡᠢ ᠱᠠᠯᠠᠪᠳᠠᠭᠤᠯᠤᠨ᠂ ᠲᠤᠰᠤ ᠭᠠᠷᠤᠭᠰᠡᠨ ᠬᠤᠳᠳᠤᠭ ᠢ ᠪᠦᠬᠦᠨ ᠢ ᠠᠰᠢᠭᠯᠠᠯᠳᠠ ᠳᠤ ᠤᠷᠤᠭᠤᠯᠵᠤ᠂ | ᠵᠢᠯ ᠤᠨ ᠲᠤᠳᠤᠷ᠎ᠠ 2 ᠲᠦᠮᠡᠨ ᠲᠤᠨ ᠴᠢᠯᠠᠭᠤᠨ ᠲᠤᠰᠤ ᠦᠢᠯᠡᠳᠪᠤᠷᠢᠯᠡᠬᠦ ᠪᠠᠷ ᠴᠢᠷᠮᠠᠶᠢᠨ᠎ᠠ᠃ | ᠭᠤᠷᠪᠡ ᠳᠤ᠂ ᠦᠢᠯᠡᠴᠢᠯᠡᠬᠡᠨ ᠤ ᠦᠢᠯᠡᠰ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠤᠨ᠎ᠠ᠃ ᠠᠵᠤ ᠦᠢᠯᠡᠰ᠂ | ᠵᠠᠬ᠎ᠠ ᠲᠡᠯᠬᠡᠬᠦᠷ ᠢᠶᠠᠷ ᠲᠠᠶᠢᠴᠢᠯᠡᠨ ᠲᠠᠭᠠᠭᠤᠯᠵᠤ᠂ ᠵᠠᠰᠠᠭ ᠤᠨ ᠤᠷᠳᠤᠨ ᠠᠴᠠ ᠲᠦᠯᠬᠢᠨ ᠠᠬᠢᠭᠤᠯᠬᠤ ᠠᠷᠭ᠎ᠠ | ᠠᠪᠴᠠᠯ ᠢᠶᠠᠷ ᠲᠠᠯ᠎ᠠ ᠨᠤᠳᠤᠭ ᠤᠨ ᠵᠤᠭᠠᠴᠠᠯ᠂ ᠵᠠᠮ ᠬᠠᠷᠢᠯᠴᠠᠭ᠎ᠠ ᠪᠤᠳᠠᠰ ᠤᠨ ᠬᠦᠢᠯᠬᠡᠬᠡ᠂ ᠦᠡᠳᠤᠰᠤᠳᠠᠨ ᠤ | ᠰᠤᠶᠤᠯ ᠵᠡᠷᠬᠡ ᠠᠵᠤ ᠦᠢᠯᠡᠰ ᠤᠨ ᠬᠦᠭᠵᠢᠯᠳᠠ ᠶᠢ ᠬᠦᠴᠤᠯᠠᠨ ᠠᠬᠢᠭᠤᠯᠤᠨ᠎ᠠ᠃ | ᠊᠊᠊᠊᠊᠊᠊᠊ ᠵᠤᠭᠠᠴᠠᠯ ᠤᠨ ᠦᠢᠯᠡᠰ ᠤᠨ ᠬᠦᠭᠵᠢᠯᠳᠠ ᠶᠢ ᠭᠤᠤᠯᠳᠠᠯᠭ᠎ᠠ ᠲᠠᠢ ᠠᠳᠬᠤᠨ᠎ᠠ᠃ ᠪᠠᠶᠢᠭᠠᠯᠢ ᠶᠢᠨ ᠡᠬᠢ | ᠪᠠᠶᠠᠯᠢᠭ ᠪᠠ ᠦᠨᠢ ᠤᠳᠠᠭᠠᠨ ᠲᠡᠤᠬᠡ ᠰᠤᠶᠤᠯ ᠤᠨ ᠦᠪᠯᠡᠵᠤ᠂ ︽ᠨᠢᠬᠡ ᠰᠠᠭᠤᠷᠢᠨ ᠭᠠᠵᠡᠷ᠂ ᠭᠤᠷᠪᠡᠨ ᠤᠷᠤᠨ | ᠪᠦᠰᠠ᠂ ᠲᠦᠷᠪᠡᠨ ᠵᠤᠭᠠᠴᠠᠯ ᠤᠨ ᠪᠦᠳᠤᠬᠡᠭᠳᠡᠬᠦᠨ ︵ᠲᠠᠯ᠎ᠠ ᠨᠤᠳᠤᠭ ᠤᠨ ᠠᠮᠢ ᠠᠬᠤᠢ ᠶᠢᠨ ᠵᠤᠭᠠᠴᠠᠯ᠂ | ᠤᠷᠢᠶᠠᠩᠬᠠᠢ ᠠᠶᠢᠮᠠᠭ ᠤᠨ ᠦᠡᠳᠤᠰᠤᠳᠠᠨ ᠤ ᠵᠠᠩ ᠦᠢᠯᠡ ᠶᠢᠨ ᠵᠤᠭᠠᠴᠠᠯ᠂ ᠬᠤᠯᠠᠨ ᠰᠢᠷᠭ᠎ᠠ ᠲᠠᠭ᠎ᠠ ᠶᠢᠨ ᠡᠯᠡᠰᠤᠨ | ᠤ ᠵᠤᠭᠠᠴᠠᠯ᠂ ᠪᠡᠯᠬᠦᠳᠡᠢ ᠶᠢᠨ ᠦᠮᠴᠢᠳᠦ ᠣᠷᠣᠨ ᠤ ᠵᠤᠭᠠᠴᠠᠯ︶ ᠢ ᠬᠦᠴᠤᠯᠠᠨ ᠪᠦᠳᠤᠬᠡᠨ ᠪᠠᠶᠢᠭᠤᠯᠵᠤ᠂ ᠲᠠᠯ᠎ᠠ | ᠨᠤᠳᠤᠭ ᠤᠨ ᠰᠤᠶᠤᠯ ᠵᠤᠭᠠᠴᠠᠯ ᠤᠨ ᠦᠢᠯᠡᠰ ᠢ ᠠᠷᠡᠳ ᠢᠶᠠᠨ ᠪᠠᠶᠠᠵᠢᠭᠤᠯᠬᠤ ᠠᠵᠤ ᠦᠢᠯᠡᠰ ᠪᠤᠯᠭᠠᠨ᠎ᠠ᠃ ᠦᠨᠤ | ᠵᠢᠯ᠂ 5600 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠤᠩᠭᠤᠷᠭᠤᠤᠯ ᠵᠤᠭᠠᠴᠠᠯ ᠤᠨ ᠦᠵᠡᠮᠵᠢ ᠶᠢᠨ | ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠨ᠂ 180 ᠲᠦᠮᠡᠨ | ᠲᠦᠬᠦᠷᠢᠭ ᠤᠨ ᠪᠡᠯᠡ ᠤᠷᠤᠭᠤᠯᠤᠨ᠂ ︽ᠠᠪᠠᠭ᠎ᠠ ᠠᠶᠢᠯ︾ ᠵᠤᠭᠠᠴᠠᠯ ᠤᠨ ᠴᠡᠭ 4 ᠶᠢ ᠰᠢᠨ᠎ᠠ ᠪᠠᠷ ᠪᠠᠶᠢᠭᠤᠯᠵᠤ᠂ | 368 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠪᠠᠷᠳᠡᠢ ᠶᠢᠨ ᠬᠤᠪᠢᠰᠬᠠᠯ ᠤᠨ ᠵᠤᠭᠠᠴᠠᠯ ᠤᠨ ᠲᠦᠷᠥᠯ | ᠵᠥᠢᠯ ᠢ ᠡᠬᠢᠯᠡᠬᠦᠯᠤᠨ᠎ᠠ᠃ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠡᠳ ᠢ 24.5 | ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠵᠤᠭᠠᠴᠠᠯ ᠤᠨ ᠤᠷᠤᠯᠭ᠎ᠠ ᠶᠢ 1.2 ᠳ᠋ᠦᠩᠰᠢᠭᠤᠷ ᠲᠦᠬᠦᠷᠢᠭ | ᠲᠤ ᠬᠦᠷᠬᠡᠵᠤ᠂ ᠲᠤᠰ ᠲᠤᠰ 22.5% ᠪᠠ 20% ᠪᠠᠷ ᠨᠡᠮᠡᠭᠳᠡᠬᠦᠯᠤᠨ᠎ᠠ᠃ | ᠊᠊᠊᠊᠊᠊ ᠪᠤᠳᠠᠰ ᠤᠨ ᠬᠦᠢᠯᠬᠡᠬᠡᠨ ᠤ ᠬᠦᠭᠵᠢᠯᠳᠠ ᠶᠢ ᠭᠤᠤᠯᠳᠠᠯᠭ᠎ᠠ ᠲᠠᠢ ᠠᠳᠬᠤᠨ᠎ᠠ᠃ ᠰᠢᠯᠢ ᠶᠢᠨ ᠬᠤᠳᠠ ᠠᠴᠠ | ᠡᠷᠢᠶᠠᠨ ᠬᠤᠳᠠ ᠬᠦᠷᠬᠦ ᠲᠠᠮᠤᠷ ᠵᠠᠮ ᠤᠨ ᠪᠦᠳᠤᠬᠡᠨ ᠪᠠᠶᠢᠭᠤᠯᠤᠯᠳᠠ ᠪᠠ 101 ᠮᠤᠵᠢ ᠶᠢᠨ ᠲᠡᠰ ᠤᠨ ᠵᠠᠰᠠᠮᠠᠯ ᠵᠠᠮ | ᠢ ᠦᠬᠡᠷᠡᠴᠢᠯᠡᠨ ᠰᠠᠶᠢᠵᠢᠷᠠᠭᠤᠯᠵᠣ ᠲᠠᠰ ᠲᠠᠪᠰᠢᠬᠦᠯᠬᠦ ᠲᠤᠬᠢᠶᠠᠯ ᠢ ᠠᠰᠢᠭᠯᠠᠨ᠂ ᠠᠭᠤᠷᠬᠠᠢ᠂ ᠮᠠᠯ ᠤᠨ ᠠᠰᠢᠭ | ᠰᠢᠮ᠎ᠠ᠂ ᠡᠪᠡᠰᠤ ᠪᠠ ᠠᠮᠢᠳᠤᠷᠡᠯ ᠤᠨ ᠬᠡᠷᠡᠭᠰᠡᠯ ᠵᠡᠷᠬᠡ ᠪᠦᠳᠤᠬᠡᠭᠳᠡᠬᠦᠨ ᠢ ᠵᠦᠬᠡᠬᠡᠪᠤᠷᠢᠯᠡᠬᠦ ᠲᠤᠭᠤᠷᠢᠨ ᠳᠤ᠂ ᠲᠦᠷᠥ | ᠶᠢᠨ ᠪᠤᠳᠤᠯᠭ᠎ᠠ ᠶᠢ ᠴᠢᠯᠤᠬᠡᠳᠡᠢ ᠪᠤᠯᠭᠠᠨ᠂ ᠲᠠᠶᠢᠴᠢᠯᠡᠨ ᠲᠠᠭᠠᠭᠤᠯᠬᠤ ᠦᠢᠯᠡᠳᠤᠯ ᠲᠠᠢ ᠲᠤᠰᠬᠠᠶᠢᠵᠢᠭᠰᠡᠨ | ᠲᠤᠯᠤᠭᠠᠶᠢᠯᠠᠭᠴᠢ ᠪᠤᠳᠠᠰ ᠤᠨ ᠬᠦᠢᠯᠬᠡᠬᠡᠨ ᠤ ᠠᠵᠤ ᠠᠬᠤᠶᠢᠯᠡᠯ ᠢ ᠢᠳᠡᠪᠬᠢᠳᠡᠢ ᠤᠷᠢᠨ ᠤᠷᠤᠭᠤᠯᠵᠤ᠂ ᠪᠤᠳᠠᠰ ᠤᠨ | ᠬᠦᠢᠯᠬᠡᠬᠡᠨ ᠤ ᠲᠡᠰ ᠲᠠᠪᠬᠤᠷᠭ᠎ᠠ ᠪᠠ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠪᠤᠳᠠᠰ ᠤᠨ | ᠬᠦᠢᠯᠬᠡᠬᠡᠨ ᠤ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠦᠡᠳᠤᠷ ᠪᠠᠷᠢᠮᠵᠢᠶ᠎ᠠ ᠪᠠᠷ ᠲᠦᠯᠤᠪᠵᠢᠬᠦᠯᠵᠤ᠂ ᠮᠠᠯ | ᠤᠨ ᠠᠷᠠᠯᠵᠢᠶᠠᠨ ᠤ ᠵᠠᠬ᠎ᠠ ᠲᠡᠯᠬᠡᠬᠦᠷ ᠤᠨ ᠪᠦᠳᠤᠬᠡᠨ ᠪᠠᠶᠢᠭᠤᠯᠤᠯᠳᠠ ᠶᠢᠨ ᠲᠦᠷᠥᠯ ᠵᠥᠢᠯ ᠢ ᠡᠬᠢᠯᠡᠬᠦᠯᠤᠨ᠎ᠠ᠃ | ᠡᠬᠦᠨ ᠤ ᠬᠠᠮᠳᠤ᠂ ᠲᠦᠷᠬᠡᠨ ᠭᠤᠪᠢᠭᠤᠯᠤᠯᠭ᠎ᠠ ᠶᠢᠨ ᠠᠵᠤ ᠠᠬᠤᠶᠢᠯᠡᠯ ᠤᠨ ᠬᠦᠭᠵᠢᠯᠳᠠ ᠶᠢ ᠢᠳᠡᠪᠬᠢᠳᠡᠢ ᠲᠠᠮᠵᠢᠵᠤ | ᠂ ᠪᠤᠳᠠᠰ ᠤᠨ ᠬᠦᠢᠯᠬᠡᠬᠡᠨ ᠤ ᠰᠢᠰᠲ᠋ᠧᠮ ᠢ ᠤᠯᠠᠮ ᠪᠦᠷᠢᠡᠰᠢᠬᠦᠯᠤᠨ᠎ᠠ᠃ | ᠊᠊᠊᠊᠊᠊᠊ ᠦᠡᠳᠤᠰᠤᠳᠠᠨ ᠤ ᠰᠤᠶᠤᠯ ᠤᠨ ᠠᠵᠤ ᠦᠢᠯᠡᠰ ᠤᠨ ᠬᠦᠭᠵᠢᠯᠳᠠ ᠶᠢ ᠢᠳᠡᠪᠬᠢᠳᠡᠢ ᠵᠤᠷᠢᠭᠵᠢᠭᠤᠯᠤᠨ | ᠬᠦᠭᠵᠢᠬᠦᠯᠤᠨ᠎ᠠ᠃ ᠡᠯ᠎ᠠ ᠲᠦᠷᠥᠯ ᠤᠨ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠶᠢ ᠰᠠᠶᠢᠳᠤᠷ | ᠨᠠᠶᠢᠳᠠᠪᠤᠷᠢᠵᠢᠭᠤᠯᠵᠤ᠂ ᠦᠢᠯᠡᠰ ᠡᠷᠬᠢᠯᠡᠵᠤ ᠠᠵᠢᠯ ᠤᠯᠭᠤᠬᠤ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ | ᠲᠠᠢ ᠤᠶᠠᠯᠳᠤᠭᠤᠯᠤᠨ᠂ ᠦᠡᠳᠤᠰᠤᠳᠠᠨ ᠤ ᠤᠡᠴᠠᠯᠢᠭᠳᠤ ᠡᠳ᠋ᠯᠡᠯ ᠬᠡᠷᠡᠭᠰᠡᠯ᠂ ᠰᠤᠶᠤᠯ ᠵᠤᠭᠠᠴᠠᠯ ᠤᠨ | ᠪᠦᠳᠤᠬᠡᠭᠳᠡᠬᠦᠨ ᠪᠠ ᠨᠠᠷᠡᠳᠤ ᠲᠡᠮᠳᠡᠭ ᠤᠨ ᠲᠡᠸᠡᠷ ᠤᠨ ᠲᠤᠰᠬᠠᠢ ᠡᠵᠡᠩᠨᠡᠯᠳᠡ ᠵᠡᠷᠬᠡ ᠦᠪᠡᠷᠮᠢᠴᠠ ᠤᠡᠴᠠᠯᠢᠭ | ᠪᠦᠬᠦᠢ ᠵᠠᠬ᠎ᠠ ᠵᠡᠬᠡᠯᠢ ᠶᠢ ᠪᠠᠶᠢᠭᠤᠯᠬᠤ ᠶᠢ ᠰᠠᠶᠢᠳᠤᠷ ᠠᠳᠬᠤᠨ᠎ᠠ᠃ ᠤᠳᠤ ᠪᠠᠶᠢᠭ᠎ᠠ ᠡᠬᠢ ᠪᠠᠶᠠᠯᠢᠭ ᠢᠶᠠᠨ ᠨᠢᠬᠡᠳᠬᠡᠨ | ᠂ ᠰᠢᠯᠢᠳᠡᠭ ᠤᠷᠴᠢᠭᠤᠯᠤᠭᠴᠢ ᠪᠠ ᠵᠤᠬᠢᠶᠠᠨ ᠪᠢᠴᠢᠬᠦ ᠴᠢᠳᠠᠪᠤᠷᠢᠳᠠᠨ ᠢ ᠤᠷᠢᠨ ᠤᠷᠤᠭᠤᠯᠵᠤ᠂ ︽ᠤᠬᠠᠭᠠᠨ︾ | ᠮᠤᠩᠭᠤᠯ ᠨᠤᠮ ᠬᠡᠪᠯᠡᠬᠦ ᠦᠢᠯᠡᠳᠪᠤᠷᠢ ᠶᠢ ᠲᠡᠰ ᠲᠡᠪᠰᠢᠬᠦᠯᠬᠦ ᠠᠵᠢᠯ ᠢ ᠲᠦᠯᠬᠢᠨ ᠠᠬᠢᠭᠤᠯᠵᠤ᠂ ᠪᠦᠬᠦ ᠠᠶᠢᠮᠠᠭ | ᠴᠢᠨᠠᠭᠰᠢᠯᠠᠪᠠᠯ ᠪᠦᠬᠦ ᠤᠷᠤᠨ ᠤ ᠮᠤᠩᠭᠤᠯ ᠨᠤᠮ ᠪᠢᠴᠢᠭ ᠤᠷᠴᠢᠭᠤᠯᠬᠤ᠂ ᠬᠡᠪᠯᠡᠬᠦ᠂ ᠲᠠᠷᠤᠮᠠᠯᠯᠠᠬᠤ ᠠᠵᠤ ᠦᠢᠯᠡᠰ | ᠤᠨ ᠰᠠᠭᠤᠷᠢᠨ ᠭᠠᠵᠡᠷ ᠪᠤᠯᠭᠠᠨ ᠬᠦᠭᠵᠢᠬᠦᠯᠤᠨ᠎ᠠ᠃ ᠶᠡᠭᠡ ᠰᠤᠷᠭᠠᠭᠤᠯᠢ ᠲᠡᠬᠦᠰᠦᠭᠰᠡᠨ ᠤᠶᠤᠳᠡᠳ ᠵᠢᠴᠢ | ᠬᠤᠰᠢᠭᠤᠨ ᠤ ᠠᠵᠤ ᠠᠬᠤᠶᠢᠯᠡᠯ ᠤᠳ ᠤᠨ ᠤᠯᠠᠭᠠᠨ ᠢᠳᠡᠬᠡᠨ᠂ ᠴᠠᠭᠠᠨ ᠢᠳᠡᠭᠡ᠂ ᠦᠡᠳᠤᠰᠤᠳᠠᠨ ᠤ ᠭᠠᠷ | ᠤᠷᠠᠯᠠᠯ ᠤᠨ ᠪᠦᠳᠤᠬᠡᠭᠳᠡᠬᠦᠨ᠂ ᠦᠡᠳᠤᠰᠤᠳᠠᠨ ᠤ ᠬᠤᠪᠴᠠᠰᠤ ᠵᠠᠰᠠᠯ ᠵᠡᠷᠬᠡ ᠭᠠᠵᠡᠷ ᠤᠷᠤᠨ ᠤ ᠤᠡᠴᠠᠯᠢᠭᠳᠤ | ᠰᠦᠯᠵᠢᠶᠠᠨ ᠲᠡᠯᠬᠡᠬᠦᠷ ᠡᠷᠬᠢᠯᠡᠬᠦ ᠶᠢ ᠬᠦᠴᠤᠯᠠᠨ ᠲᠠᠮᠵᠢᠵᠤ᠂ ᠭᠠᠵᠡᠷ ᠤᠷᠤᠨ ᠤ ᠤᠡᠴᠠᠯᠢᠭᠳᠤ ᠡᠯᠧᠺᠲᠷᠤᠨ | ᠠᠷᠠᠯᠵᠢᠶᠠᠨ ᠤ ᠠᠵᠤ ᠦᠢᠯᠡᠰ ᠤᠨ ᠬᠡᠯᠬᠢᠶᠠᠵᠢᠯ ᠢ ᠬᠦᠮᠤᠵᠢᠬᠦᠯᠤᠨ ᠪᠤᠶᠢᠵᠢᠭᠤᠯᠤᠨ᠎ᠠ᠃ | ᠊᠊᠊᠊᠊᠊ ᠰᠢᠨ᠎ᠠ ᠪᠠᠷ ᠮᠠᠡᠳᠤᠭᠰᠡᠨ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠤᠨ᠎ᠠ᠃ ᠮᠦᠩᠬᠦᠨ | ᠬᠦᠢᠯᠬᠡᠬᠡ ᠲᠠᠭᠠᠳᠬᠠᠯ᠂ ᠰᠤᠷᠠᠭ ᠵᠠᠩᠬᠢ ᠶᠢᠨ ᠦᠢᠯᠡᠴᠢᠯᠡᠭᠡ᠂ ᠡᠮ ᠡᠮᠨᠡᠯᠬᠡ ᠡᠷᠡᠬᠦᠯᠵᠢᠯ᠂ ᠨᠠᠰᠤᠵᠢᠯ ᠤᠨ | ᠠᠰᠠᠷᠠᠮᠵᠢ᠂ ᠬᠡᠤᠬᠡᠳ ᠤᠨ ᠴᠡᠴᠡᠷᠯᠢᠭ᠂ ᠬᠡᠷ ᠠᠬᠤᠢ ᠶᠢᠨ ᠦᠢᠯᠡᠴᠢᠯᠡᠭᠡ ᠵᠡᠷᠬᠡ ᠰᠢᠨ᠎ᠠ ᠪᠠᠷ ᠮᠠᠡᠳᠤᠭᠰᠡᠨ | ᠦᠢᠯᠡᠴᠢᠯᠡᠬᠡᠨ ᠤ ᠠᠵᠤ ᠦᠢᠯᠡᠰ ᠢ ᠲᠠᠰᠤᠷᠠᠯᠳᠠ ᠦᠬᠡᠢ ᠦᠷᠬᠡᠳᠬᠡᠨ᠂ ᠬᠡᠷᠡᠭᠯᠡᠬᠡᠨ ᠤ ᠱᠠᠭᠠᠷᠳᠠᠯᠭ᠎ᠠ ᠶᠢᠨ ᠲᠡᠰ | ᠲᠠᠪᠰᠢᠬᠦ ᠶᠢ ᠠᠬᠢᠭᠤᠯᠤᠨ᠎ᠠ᠃ ᠦᠨᠤ ᠵᠢᠯ ︽ᠬᠠᠯᠠᠮᠵᠢ︾ ᠨᠠᠰᠤᠳᠠᠶᠢᠴᠤᠤᠯ ᠤᠨ ᠠᠰᠠᠷᠠᠮᠵᠢ ᠶᠢᠨ ᠦᠢᠯᠡᠴᠢᠯᠡᠬᠡᠨ ᠤ | ᠲᠦᠪ ᠤᠨ ᠬᠤᠶᠡᠳᠤᠭᠠᠷ ᠬᠤᠭᠤᠴᠠᠭᠠᠨ ᠤ ᠪᠠᠷᠢᠯᠭ᠎ᠠ᠂ ᠵᠡᠮᠳᠡᠭᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ | ᠪᠠ ᠨᠠᠶᠢᠬᠡᠮ ᠲᠤᠭᠤᠷᠢᠭ ᠤᠨ ᠡᠳᠤᠷ ᠲᠤᠳᠤᠮ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠵᠡᠷᠬᠡ ᠢᠡᠵᠧᠨᠧᠷᠢᠩ | ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠵᠤ᠂ 1— 2 ᠪᠤᠳᠠᠳᠤ ᠬᠦᠴᠤᠨ ᠲᠠᠢ ᠬᠡᠷ ᠠᠬᠤᠶᠢᠯᠡᠯ ᠤᠨ | ᠬᠠᠮᠢᠶᠠᠷᠤᠯᠳᠠ ᠶᠢᠨ ᠠᠵᠤ ᠠᠬᠤᠶᠢᠯᠡᠯ ᠢ ᠤᠷᠢᠨ ᠤᠷᠤᠭᠤᠯᠤᠨ᠎ᠠ᠃ | ︵ᠬᠤᠶᠡᠷ︶ ᠬᠦᠭᠵᠢᠯᠳᠠ ᠶᠢᠨ ᠴᠢᠳᠠᠪᠬᠢ ᠶᠢ ᠬᠦᠴᠤᠯᠡᠨ ᠲᠡᠬᠡᠭᠰᠢᠯᠡᠬᠦᠯᠵᠤ᠂ ᠰᠢᠨ᠎ᠠ ᠬᠡᠪ ᠪᠠᠶᠢᠳᠠᠯ ᠤᠨ ᠲᠤᠤᠷ᠎ᠠ | ᠵᠤᠬᠢᠴᠠᠩᠭᠤᠢ ᠬᠦᠭᠵᠢᠯᠳᠠ ᠶᠢ ᠪᠠᠶᠠᠯᠠᠬᠦᠯᠤᠨ᠎ᠠ | ᠨᠢᠬᠡ ᠳᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠳᠬᠠᠨ᠎ᠠ᠃ ᠬᠡᠰᠡᠭ | ᠲᠠᠯ᠎ᠠ ᠪᠠᠷ ᠨᠡᠬᠡᠬᠡᠨ ᠠᠰᠢᠭᠯᠠᠵᠤ᠂ ᠪᠦᠬᠦ ᠲᠠᠯ᠎ᠠ ᠪᠠᠷ ᠬᠠᠮᠠᠭᠠᠯᠠᠨ᠂ ᠲᠦᠪᠯᠡᠷᠡᠬᠦᠯᠤᠨ ᠡᠷᠴᠢᠮᠵᠢᠬᠦᠯᠵᠤ᠂ | ᠲᠦᠯᠤᠪᠵᠢᠬᠦᠯᠤᠨ ᠬᠦᠭᠵᠢᠬᠦᠯᠬᠦ ᠵᠠᠷᠴᠢᠮ ᠢ ᠴᠢᠩᠭ᠎ᠠ ᠪᠠᠷᠢᠮᠳᠠᠯᠠᠨ᠂ ᠡᠯ᠎ᠠ ᠲᠦᠷᠥᠯ ᠤᠨ ᠠᠮᠢ ᠠᠬᠤᠢ ᠶᠢᠨ | ᠬᠠᠮᠠᠭᠠᠯᠠᠯᠳᠠ ᠶᠢᠨ ᠲᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠲᠤᠭᠤᠷᠢᠭ ᠤᠨ ᠵᠠᠰᠠᠯᠳᠠ | ᠶᠢᠨ ᠦᠷ᠎ᠠ ᠪᠦᠳᠤᠬᠡᠯ ᠢᠶᠠᠨ ᠲᠠᠰᠤᠷᠠᠯᠳᠠ ᠦᠬᠡᠢ ᠪᠠᠬᠢᠵᠢᠬᠦᠯᠤᠨ᠂ ᠠᠭᠠᠷ ᠮᠠᠡᠳᠠᠯ ᠤᠨ ᠪᠤᠬᠢᠷᠳᠤᠯ ᠢ ᠰᠠᠷᠬᠡᠶᠢᠯᠡᠨ | ᠵᠠᠰᠠᠬᠤ ᠪᠠ ᠪᠤᠬᠢᠷᠳᠤᠯ ᠪᠠᠭᠠᠰᠬᠠᠬᠤ ᠠᠵᠢᠯ ᠢ ᠰᠠᠶᠢᠳᠤᠷ ᠠᠳᠬᠤᠨ᠎ᠠ᠃ ᠬᠠᠤᠯᠢ ᠬᠡᠷᠡᠭᠵᠢᠬᠦᠯᠤᠯᠳᠠ ᠶᠢᠨ ᠬᠢᠨᠡᠨ | ᠬᠠᠮᠢᠶᠠᠷᠤᠯᠳᠠ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠬᠤ ᠪᠠᠶᠢᠭᠤᠯᠤᠮᠵᠢ ᠶᠢᠨ ᠦᠢᠯᠡᠳᠤᠯ ᠢ ᠬᠦᠢᠴᠡᠳ | ᠪᠠᠳᠠᠷᠠᠭᠤᠯᠵᠤ᠂ ᠬᠢᠨᠡᠯᠳᠠ ᠲᠠᠯᠪᠢᠬᠤ ᠪᠠ ᠬᠢᠨᠡᠨ ᠬᠠᠮᠢᠶᠠᠷᠬᠤ ᠠᠵᠢᠯ ᠢ ᠨᠢᠬᠡᠳᠤᠯᠳᠡᠢ ᠲᠦᠯᠤᠪᠵᠢᠬᠦᠯᠬᠦ ᠶᠢ ᠰᠠᠶᠢᠳᠤᠷ | ᠠᠳᠬᠤᠨ᠂ ᠲᠤᠮᠤ ᠲᠦᠷᠥᠯ ᠵᠥᠢᠯ ᠢ ᠬᠢᠨᠡᠨ ᠵᠦᠪᠰᠢᠶᠠᠷᠡᠬᠦᠯᠬᠦ ᠠᠴᠠ ᠡᠮᠤᠨᠡᠬᠢ ᠠᠵᠢᠯ ᠢ ᠴᠢᠩᠭ᠎ᠠ ᠬᠠᠮᠢᠶᠠᠷᠴᠤ | ᠦᠨᠡᠡᠬᠦ ᠬᠠᠷᠢᠭᠤᠴᠠᠯᠭ᠎ᠠ ᠡᠬᠦᠷᠬᠡᠯᠡᠵᠤ᠂ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠳᠤᠯᠠᠨ᠎ᠠ᠃ ᠤᠷᠴᠢᠨ ᠲᠤᠭᠤᠷᠢᠨ | ᠤ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠤᠯᠳᠠ ᠶᠢ ᠴᠢᠩᠭᠠᠳᠬᠠᠵᠤ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠦᠴᠤᠨ ᠢ ᠨᠢᠬᠡᠳᠤᠯᠳᠡᠢ ᠲᠦᠯᠤᠪᠵᠢᠬᠦᠯᠵᠤ᠂ ᠬᠠᠤᠯᠢ ᠬᠡᠷᠡᠭᠵᠢᠬᠦᠯᠬᠦ ᠨᠢᠭᠳᠠᠷᠡᠯ ᠤᠨ ᠬᠦᠴᠤᠨ ᠢ ᠪᠤᠢ ᠪᠤᠯᠭᠠᠵᠤ᠂ | ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠪᠤᠬᠢᠷᠳᠤᠯ | ᠭᠠᠳᠠᠭᠰᠢᠯᠠᠭᠤᠯᠬᠤ ᠠᠵᠤ ᠠᠬᠤᠶᠢᠯᠡᠯ᠂ ᠠᠭᠤᠷᠬᠠᠢ ᠶᠢᠨ ᠠᠵᠤ ᠠᠬᠤᠶᠢᠯᠡᠯ ᠤᠨ ᠠᠶᠤᠯ ᠲᠦᠭᠰᠢᠬᠦᠷᠢ᠂ ᠲᠠᠯᠳᠠ ᠬᠡᠮ | ᠢ ᠭᠤᠤᠯᠳᠠᠯᠭ᠎ᠠ ᠲᠠᠢ ᠪᠠᠶᠢᠴᠠᠭᠠᠨ ᠢᠯᠡᠷᠡᠬᠦᠯᠵᠤ᠂ ᠤᠷᠤᠰᠢᠵᠤ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ | ᠨᠠᠷᠢᠨ ᠲᠠᠩᠰᠠ ᠪᠠᠶᠢᠭᠤᠯᠬᠤ᠂ ᠲᠤᠰᠬᠠᠢ ᠲᠦᠷᠥᠯ ᠢᠶᠠᠷ ᠴᠡᠭᠴᠡᠯᠡᠨ ᠵᠠᠰᠠᠬᠤ᠂ ᠬᠦᠴᠤᠨ ᠦᠬᠡᠢ ᠪᠤᠯᠭᠠᠬᠤ ᠵᠡᠷᠬᠡ | ᠠᠵᠢᠯ ᠢ ᠰᠠᠶᠢᠳᠤᠷ ᠠᠳᠬᠤᠨ᠎ᠠ᠃ ᠲᠠᠯ᠎ᠠ ᠨᠤᠳᠤᠭ ᠤᠨ ᠬᠢᠨᠡᠨ ᠬᠠᠮᠢᠶᠠᠷᠤᠯᠳᠠ ᠶᠢᠨ ᠶᠠᠷᠤᠩᠬᠡᠶᠢᠯᠡᠭᠰᠡᠨ ᠬᠠᠤᠯᠢ | ᠬᠡᠷᠡᠭᠵᠢᠬᠦᠯᠬᠦ ᠠᠵᠢᠯ ᠢ ᠴᠢᠩᠭᠠᠳᠬᠠᠵᠤ᠂ ᠮᠠᠯ ᠪᠠᠯᠴᠢᠬᠡᠷ ᠤᠨ ᠲᠠᠩᠴᠡᠬᠦᠷᠢ᠂ ᠲᠠᠯ᠎ᠠ ᠨᠣᠳᠤᠭ ᠤᠨ ︽ᠭᠤᠷᠪᠡᠨ | ᠮᠠᠯᠵᠢᠯᠭ᠎ᠠ︾ ᠪᠠ ᠲᠠᠯᠠᠩ ᠭᠠᠷᠭᠠᠵᠤ ᠬᠠᠳᠤᠬᠤ ᠵᠡᠷᠬᠡ ᠲᠦᠷᠢᠮ ᠲᠤᠭᠳᠠᠭᠠᠯ ᠢ ᠦᠨᠡᠡᠬᠦ ᠨᠠᠶᠢᠳᠠᠪᠤᠷᠢᠵᠢᠭᠤᠯᠬᠤ ᠶᠢ | ᠴᠢᠩᠭᠠᠳᠬᠠᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠪᠦᠳᠤᠬᠡᠨ ᠪᠠᠶᠢᠭᠤᠯᠤᠯᠳᠠ ᠶᠢᠨ ᠢᠡᠵᠧᠨᠧᠷᠢᠩ ᠢ | ᠰᠠᠶᠢᠳᠤᠷ ᠬᠡᠷᠡᠭᠵᠢᠬᠦᠯᠵᠤ᠂ ᠪᠦᠳᠤᠬᠡᠨ ᠪᠠᠶᠢᠭᠤᠯᠣᠯᠳᠠ ᠶᠢᠨ ᠦᠷ᠎ᠠ ᠪᠦᠳᠤᠮᠵᠢ ᠪᠠᠨ ᠲᠠᠰᠤᠷᠠᠯᠳᠠ ᠦᠬᠡᠢ | ᠪᠠᠬᠢᠵᠢᠬᠦᠯᠤᠨ ᠦᠷᠬᠡᠳᠬᠡᠵᠤ᠂ ᠵᠢᠯ ᠤᠨ ᠲᠤᠳᠤᠷ᠎ᠠ 1.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ | 3485 ᠲᠦᠮᠡᠨ ᠮᠤ᠋ ᠳᠤ ᠪᠠᠯᠴᠢᠬᠡᠷ ᠰᠡᠷᠬᠦᠬᠡᠨ ᠰᠡᠯᠬᠦᠨ ᠮᠠᠯᠵᠢᠭᠤᠯᠵᠤ᠂ 565.7 ᠲᠦᠮᠡᠨ ᠮᠤ᠋ ᠳᠤ | ᠪᠠᠯᠴᠢᠬᠡᠷᠯᠡᠬᠦᠯᠬᠦ ᠶᠢ ᠵᠤᠭᠰᠤᠭᠠᠨ᠂ 7.7 ᠲᠦᠮᠡᠨ ᠮᠤ᠋ ᠭᠠᠵᠡᠷ ᠢ ᠦᠢᠵᠢᠭᠤᠯᠵᠤ᠂ ᠭᠤᠤᠯᠳᠠᠯᠭᠠᠳᠤ ᠤᠷᠤᠨ ᠪᠦᠰᠠ | ᠶᠢᠨ 2300 ᠮᠤ᠋ ᠭᠠᠵᠡᠷ ᠢ ᠨᠤᠭᠤᠭᠠᠷᠠᠭᠤᠯᠤᠨ᠎ᠠ᠃ ᠠᠭᠤᠷᠬᠠᠢ ᠶᠢᠨ ᠲᠤᠭᠤᠷᠢᠭ ᠤᠨ ᠬᠠᠶᠠᠭᠳᠠᠮᠠᠯ ᠭᠠᠵᠡᠷ ᠤᠨ | ᠭᠤᠷᠪᠡᠨ ᠵᠢᠯ ᠤᠨ ᠴᠡᠭᠴᠡᠯᠡᠨ ᠵᠠᠰᠠᠯᠳᠠ ᠶᠢᠨ ᠲᠦᠯᠤᠪᠵᠢᠬᠦᠯᠬᠡ ᠶᠢ ᠨᠠᠶᠢᠳᠠᠪᠤᠷᠢᠵᠢᠭᠤᠯᠵᠤ᠂ ᠠᠭᠤᠷᠬᠠᠢ ᠮᠠᠯᠳᠠᠬᠤ | ᠡᠷᠬᠡ ᠶᠢᠨ ᠬᠤᠭᠤᠴᠠᠭᠠᠨ ᠳᠤ ᠪᠠᠶᠢᠭ᠎ᠠ ᠪᠠ ︽ᠭᠤᠷᠪᠡᠨ ᠲᠤᠭᠤᠷᠢᠭ ᠬᠤᠶᠡᠷ ᠱᠤᠭᠤᠮ︾ ᠤᠨ ᠠᠮᠢ ᠠᠬᠤᠢ ᠶᠢᠨ | ᠵᠠᠰᠠᠨ ᠰᠡᠷᠬᠦᠬᠡᠯᠳᠡ ᠶᠢ ᠬᠡᠷᠡᠭᠵᠢᠬᠦᠯᠤᠨ᠎ᠠ᠃ | ᠬᠤᠶᠡᠷ ᠲᠤ᠂ ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠠᠰᠤᠷᠠᠯᠳᠠ | ᠦᠬᠡᠢ ᠴᠢᠩᠭᠠᠳᠬᠠᠨ᠎ᠠ᠃ ᠵᠢᠯ ᠤᠨ ᠲᠤᠳᠤᠷ᠎ᠠ 8.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ | ᠲᠦᠯᠤᠪᠯᠡᠵᠤ᠂ ᠲᠦᠬᠦᠮ ᠪᠦᠳᠤᠴᠠᠳᠤ ᠤᠷᠤᠨ ᠰᠠᠭᠤᠴᠠ ᠲᠠᠢ 1800 ᠡᠷᠤᠬᠡ ᠶᠢᠨ ᠤᠷᠤᠨ ᠰᠠᠭᠤᠴᠠ ᠶᠢ | ᠲᠠᠳᠠᠪᠤᠷᠢᠯᠡᠨ ᠦᠬᠡᠷᠡᠴᠢᠯᠡᠨ ᠰᠢᠨᠡᠳᠬᠡᠵᠤ᠂ ᠰᠢᠨ᠎ᠠ ᠪᠠᠷ 10 ᠲᠦᠮᠡᠨ ᠲᠡᠭᠰᠢ ᠲᠦᠷᠪᠡᠯᠵᠢᠨ ᠮᠧᠲᠷ ᠲᠠᠸᠡᠷ ᠤᠨ | ᠠᠰᠠᠷ᠂ 50 ᠢᠵᠢ ᠬᠢᠮᠳᠠ ᠲᠦᠷᠢᠶᠠᠰᠤᠨ ᠤᠷᠤᠨ ᠰᠠᠭᠤᠴᠠ ᠶᠢ ᠪᠠᠶᠢᠭᠤᠯᠤᠨ᠎ᠠ᠃ ᠰᠢᠨ᠎ᠠ ᠪᠠᠷ 8 ᠵᠤᠷᠪᠤᠰ 6 | ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠲᠠᠪᠢᠰᠤᠨᠠ︔ ᠰᠢᠨ᠎ᠠ ᠪᠠᠷ 13.5 ᠺᠢᠯᠤᠮᠧᠲᠷ ᠤᠨ ᠲᠦᠬᠡᠬᠡᠯ | ᠤᠰᠤ ᠬᠠᠩᠭᠠᠬᠤ ᠬᠤᠭᠤᠯᠠᠢ᠂ 15 ᠺᠢᠯᠤᠮᠧᠲᠷ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ᠂ 7 ᠺᠢᠯᠤᠮᠧᠲᠷ | ᠪᠤᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ᠂ 3 ᠺᠢᠯᠤᠮᠧᠲᠷ ᠲᠦᠪᠯᠡᠷᠡᠩᠬᠦᠢ ᠲᠤᠯᠠᠭᠠᠯᠠᠯᠭ᠎ᠠ ᠶᠢᠨ ᠬᠤᠭᠤᠯᠠᠢ | ᠤᠭᠰᠠᠷᠠᠭᠰᠡᠨ ᠪᠠ ᠵᠠᠰᠠᠨ ᠰᠠᠯᠪᠢᠵᠤ᠂ ᠤᠰᠤ ᠪᠠᠷ ᠴᠠᠪᠠᠷᠰᠢᠬᠦᠯᠬᠦ 5 ᠨᠠᠶᠢᠳᠠ ᠶᠢᠨ ᠵᠤᠷᠯᠤᠩ ᠢ ᠪᠠᠷᠢᠨ᠎ᠠ︔ 344 | ᠢᠵᠢ ᠵᠡᠬᠡᠯᠢ ᠶᠢᠨ ᠳ᠋ᠸᠡᠭ ᠢ ᠤᠭᠰᠠᠷᠠᠨ᠂ 19 ᠰᠠᠤᠷᠢ ᠵᠡᠬᠡᠯᠢ ᠨᠢᠭᠤᠷᠯᠠᠭᠰᠡᠨ ᠠᠰᠠᠷ ᠪᠠᠶᠢᠰᠢᠩ ᠢ ᠴᠢᠮᠡᠭᠯᠡᠨ | ᠵᠠᠰᠠᠬᠤ ᠪᠠ 17 ᠰᠠᠤᠷᠢ ᠬᠠᠭᠤᠴᠢᠨ ᠠᠰᠠᠷ ᠲᠤ ᠡᠨᠧᠷᠬᠢ ᠶᠢᠨ ᠬᠤᠷᠤᠭᠳᠠᠯ ᠢ ᠪᠠᠭᠠᠰᠬᠠᠬᠤ ᠪᠠᠷ ᠦᠬᠡᠷᠡᠴᠢᠯᠡᠨ | ᠰᠢᠨᠡᠳᠬᠡᠵᠤ᠂ 6 ᠰᠠᠤᠷᠢ ᠤᠷᠴᠢᠨ ᠲᠤᠭᠤᠷᠢᠨ ᠤ ᠴᠡᠪᠠᠷᠯᠠᠯᠬᠡ ᠶᠢᠨ ᠮᠠᠰᠢᠨ ᠲᠦᠬᠦᠬᠡᠷᠤᠮᠵᠢ ᠶᠢ ᠬᠤᠳᠠᠯᠳᠤᠨ | ᠠᠪᠴᠤ᠂ ᠬᠤᠳᠠ ᠪᠠᠯᠭᠠᠰᠤᠨ ᠤ 500 ᠮᠤ᠋ ᠭᠠᠵᠡᠷ ᠢ ᠨᠤᠭᠤᠭᠠᠷᠠᠭᠤᠯᠤᠨ᠎ᠠ︔ ᠬᠠᠷ᠎ᠠ ᠠᠳᠤᠭᠤᠨ ᠴᠡᠴᠡᠷᠯᠢᠭᠳᠦ | ᠵᠡᠬᠡᠯᠢ ᠶᠢ ᠪᠠᠶᠢᠭᠤᠯᠵᠤ᠂ ᠠᠪᠠᠭ᠎ᠠ ᠬᠠᠳᠠᠨ ᠵᠢᠷᠤᠭ ᠢᠶᠠᠷ ᠰᠠᠳᠤᠪᠯᠡᠭᠰᠡᠨ ᠨᠤᠭᠤ ᠭᠠᠵᠡᠷ ᠤᠨ ᠴᠡᠴᠡᠷᠯᠢᠭ ᠤᠨ | ᠪᠦᠳᠤᠬᠡᠨ ᠪᠠᠶᠢᠭᠤᠯᠤᠯᠳᠠ ᠶᠢ ᠡᠬᠢᠯᠡᠬᠦᠯᠵᠤ᠂ ᠴᠠᠭᠠᠨ ᠤᠰᠤᠨ ᠴᠦᠬᠦᠷᠤᠮ ᠠᠴᠠ ᠪᠡᠯᠬᠦᠳᠡᠢ ᠪᠠᠯᠭᠠᠰᠤ ᠬᠦᠷᠬᠦ ᠤᠰᠤ | ᠲᠠᠳᠠᠬᠤ ᠢᠡᠵᠧᠨᠧᠷᠢᠩ ᠢ ᠬᠢᠨᠡᠨ ᠵᠦᠪᠰᠢᠶᠠᠷᠡᠬᠦᠯᠬᠦ ᠪᠠᠷ ᠴᠢᠷᠮᠠᠶᠢᠨ᠎ᠠ᠃ | ᠭᠤᠷᠪᠡ ᠳᠤ᠂ ᠴᠢᠬᠤᠯᠠ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠬᠦᠴᠤᠯᠡᠨ ᠠᠬᠢᠭᠤᠯᠤᠨ᠎ᠠ᠃ | ᠵᠢᠯ ᠤᠨ ᠲᠤᠳᠤᠷ᠎ᠠ 9.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠴᠠᠭᠠᠡᠨᠠᠭᠤᠷ ᠤᠨ ᠠᠵᠤ | ᠦᠢᠯᠡᠳᠪᠤᠷᠢ ᠳᠤ ᠤᠰᠤ ᠬᠠᠩᠭᠠᠬᠤ᠂ ᠪᠠᠶᠠᠡᠴᠠᠭᠠᠨ ᠭᠤᠤᠯ ᠤᠨ ᠵᠠᠰᠠᠨ ᠰᠠᠯᠪᠢᠯᠳᠠ ᠵᠢᠴᠢ ᠪᠠᠶᠠᠡᠭᠤᠤᠯ ᠤᠰᠤᠨ | ᠴᠦᠬᠦᠷᠤᠮ ᠢ ᠵᠠᠰᠠᠨ ᠪᠠᠬᠢᠵᠢᠬᠦᠯᠬᠦ ᠪᠠᠷᠢᠯᠭ᠎ᠠ ᠪᠠ ᠭᠠᠨᠭ᠌ ᠬᠠᠭᠰᠠᠷᠭᠠᠨ ᠢ ᠠᠷᠭᠠᠴᠠᠭᠠᠬᠤ ᠤᠰᠤᠨ ᠰᠤᠷᠪᠤᠯᠵᠢ ᠶᠢᠨ | ᠢᠡᠵᠧᠨᠧᠷᠢᠩ ᠤᠨ ᠪᠦᠳᠤᠬᠡᠨ ᠪᠠᠶᠢᠭᠤᠯᠤᠯᠳᠠ ᠶᠢ ᠲᠠᠭᠤᠰᠬᠠᠨ᠎ᠠ︔ ᠰᠢᠯᠢ ᠶᠢᠨ ᠬᠤᠳᠠ ᠠᠴᠠ ᠡᠷᠢᠶᠠᠨ ᠬᠤᠳᠠ | ᠬᠦᠷᠬᠦ ᠲᠠᠮᠤᠷ ᠵᠠᠮ ᠤᠨ ᠠᠪᠠᠭ᠎ᠠ ᠬᠤᠰᠢᠭᠤᠨ ᠳᠠᠬᠢ ᠲᠠᠮᠤᠷ ᠵᠠᠮ ᠲᠠᠪᠢᠰᠬᠦ ᠠᠵᠢᠯ ᠢ 4 ᠳ᠋ᠤᠬᠡᠷ ᠰᠠᠷ᠎ᠠ ᠳᠤ ᠪᠠᠷᠢᠯᠭ᠎ᠠ | ᠡᠬᠢᠯᠡᠬᠦᠯᠵᠤ᠂ ᠵᠢᠯ ᠤᠨ ᠲᠤᠳᠤᠷ᠎ᠠ ᠲᠠᠪᠢᠰᠴᠤ ᠲᠠᠭᠤᠰᠬᠠᠨ᠎ᠠ᠃ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ ᠲᠤᠰᠬᠠᠢ | ᠱᠤᠭᠤᠮᠳᠤ ᠲᠠᠮᠤᠷ ᠵᠠᠮ ᠤᠨ ᠨᠡᠬᠦᠷᠡᠰᠤ ᠴᠠᠬᠢᠯᠭᠠᠨ ᠤ ᠲᠦᠷᠥᠯ ᠵᠥᠢᠯ ᠤᠨ ᠪᠦᠳᠤᠬᠡᠨ ᠪᠠᠶᠢᠭᠤᠯᠤᠯᠳᠠ ᠶᠢᠨ ᠠᠬᠢᠴᠠ | ᠶᠢ ᠦᠡᠳᠤᠰᠤᠯᠡᠨ ᠲᠦᠷᠬᠡᠳᠬᠡᠨ ᠠᠬᠢᠭᠤᠯᠤᠨ᠎ᠠ︔ ᠲᠠᠷᠬᠠᠶᠢᠳᠠᠷᠡᠰᠤ ᠠᠴᠠ ᠴᠠᠭᠠᠡᠨᠠᠭᠤᠷ ᠠᠭᠤᠷᠬᠠᠢ ᠶᠢᠨ ᠲᠤᠭᠤᠷᠢᠭ | ᠬᠦᠷᠬᠦ ᠲᠠᠮᠤᠷ ᠵᠠᠮ ᠤᠨ ᠢᠡᠵᠧᠨᠧᠷᠢᠩ ᠤᠨ ᠲᠦᠷᠥᠯ ᠵᠥᠢᠯ ᠢ ᠭᠤᠶᠤᠴᠢᠯᠡᠨ ᠤᠯᠵᠤ ᠬᠢᠨᠡᠨ ᠵᠦᠪᠰᠢᠶᠠᠷᠡᠬᠦᠯᠬᠦ ᠪᠠᠷ | ᠴᠢᠷᠮᠠᠶᠢᠨ᠎ᠠ︔ 101 ᠮᠤᠵᠢ ᠶᠢᠨ ᠲᠡᠰ ᠤᠨ ᠵᠠᠰᠠᠮᠠᠯ ᠵᠠᠮ ᠢ ᠲᠡᠰ ᠲᠠᠪᠰᠢᠬᠦᠯᠵᠤ ᠦᠬᠡᠷᠡᠴᠢᠯᠡᠨ ᠰᠠᠶᠢᠵᠢᠷᠠᠭᠤᠯᠬᠤ | ᠢᠡᠵᠧᠨᠧᠷᠢᠩ ᠢ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠤ᠂ ᠦᠨᠤ ᠵᠢᠯ ᠵᠠᠮ ᠤᠨ ᠰᠠᠭᠤᠷᠢ | ᠲᠠᠪᠢᠰᠬᠦ ᠠᠵᠢᠯ ᠢ ᠪᠠᠶᠠᠯᠠᠬᠦᠯᠬᠦ ᠪᠠᠷ ᠴᠢᠷᠮᠠᠶᠢᠨ᠎ᠠ᠃ ᠰᠢᠯᠢ ᠶᠢᠨ ᠬᠤᠳᠠ ᠠᠴᠠ ᠪᠡᠯᠬᠦᠳᠡᠢ ᠪᠠᠯᠭᠠᠰᠤ ᠬᠦᠷᠳᠡᠯᠡᠬᠢ | 220 ᠺᠢᠯᠤᠸᠤᠯᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠢ 5 ᠳ᠋ᠤᠭᠠᠷ ᠰᠠᠷ᠎ᠠ ᠳᠤ ᠠᠵᠢᠯ ᠡᠬᠢᠯᠡᠬᠦᠯᠵᠤ᠂ | ᠵᠢᠯ ᠤᠨ ᠲᠤᠳᠤᠷ᠎ᠠ ᠴᠠᠬᠢᠯᠭᠠᠨ ᠲᠤᠤᠷ ᠵᠢᠴᠢ ᠬᠦᠴᠤᠳᠠᠯ ᠬᠤᠪᠢᠰᠬᠠᠬᠤ ᠦᠷᠳᠡᠬᠡᠨ ᠤ ᠭᠤᠤᠯ ᠴᠤᠭᠴᠠ ᠶᠢᠨ | ᠪᠠᠷᠢᠯᠭ᠎ᠠ ᠶᠢ ᠲᠠᠭᠤᠰᠬᠠᠬᠤ ᠪᠠᠷ ᠴᠢᠷᠮᠠᠶᠢᠨ᠎ᠠ︔ ᠪᠠᠶᠠᠡᠳᠤᠭ ᠠᠴᠠ ᠶᠡᠬᠡᠭᠤᠤᠯ ᠬᠦᠷᠬᠦ 35 ᠺᠢᠯᠤᠸᠤᠯᠲ ᠤᠨ | ᠬᠦᠴᠤᠳᠠᠯ ᠬᠤᠪᠢᠰᠬᠠᠬᠤ ᠪᠠ 10 ᠺᠢᠯᠤᠸᠤᠯᠲ ᠤᠨ ᠲᠠᠷᠢᠶᠠᠯᠠᠬᠤ ᠮᠠᠯᠵᠢᠬᠤ ᠤᠷᠤᠨ ᠤ ᠴᠠᠬᠢᠯᠭᠠᠨ ᠲᠤᠤᠷ ᠢ | ᠦᠬᠡᠷᠡᠴᠢᠯᠡᠨ ᠪᠠᠶᠢᠭᠤᠯᠬᠤ ᠢᠡᠵᠧᠨᠧᠷᠢᠩ ᠢ 5 ᠳ᠋ᠤᠭᠠᠷ ᠰᠠᠷ᠎ᠠ ᠳᠤ ᠠᠵᠢᠯ ᠡᠬᠢᠯᠡᠬᠦᠯᠵᠤ᠂ ᠵᠢᠯ ᠤᠨ ᠲᠤᠳᠤᠷ᠎ᠠ | ᠠᠰᠢᠭᠯᠠᠯᠳᠠ ᠳᠤ ᠤᠷᠤᠭᠤᠯᠤᠨ᠎ᠠ᠃ | ᠲᠦᠷᠪᠡ ᠳᠤ᠂ ︽ᠠᠷᠪᠠ ᠶᠢ ᠪᠦᠷᠬᠦᠬᠦᠯᠬᠦ︾ ᠢᠡᠵᠧᠨᠧᠷᠢᠩ ᠢ ᠪᠦᠬᠦ ᠬᠦᠴᠤᠨ ᠢᠶᠠᠷ ᠲᠦᠯᠬᠢᠨ ᠠᠬᠢᠭᠤᠯᠤᠨ᠎ᠠ᠃ | ︽ᠵᠢᠱᠢᠶ᠎ᠠ ᠦᠵᠡᠬᠦᠯᠬᠦ ᠭᠠᠴᠠᠭ᠎ᠠ᠂ ᠪᠠᠷᠢᠮᠵᠢᠶᠠᠵᠢᠭᠰᠡᠨ ᠭᠠᠴᠠᠭ᠎ᠠ᠂ ᠬᠢᠷᠢ ᠲᠠᠩᠴᠡᠭᠰᠡᠨ ᠭᠠᠴᠠᠭ᠎ᠠ︾ ᠬᠡᠬᠦ ᠭᠤᠷᠪᠡᠨ | ᠲᠦᠷᠥᠯ ᠬᠡᠯᠪᠡᠷᠢ᠂ ︽5+ X ᠂ 10+X︾ ᠬᠤᠶᠡᠷ ᠲᠦᠷᠥᠯ ᠤᠨ ᠵᠠᠭᠪᠤᠷ ᠶᠤᠰᠤᠭᠠᠷ᠂ ᠭᠠᠴᠠᠭ᠎ᠠ ᠪᠦᠷᠢ | ᠲᠦᠯᠤᠪᠵᠢᠬᠦᠯᠬᠡ ᠲᠠᠢ᠂ ᠡᠷᠤᠬᠡ ᠪᠦᠷᠢ ᠲᠦᠰᠤᠪ ᠵᠢᠷᠤᠭ ᠲᠠᠢ ᠪᠠᠶᠢᠬᠤ ᠱᠠᠭᠠᠷᠳᠠᠯᠭ᠎ᠠ ᠳᠤ ᠨᠠᠶᠢᠴᠡᠬᠦᠯᠤᠨ | ᠶᠤᠰᠤᠭᠠᠷ ︽ᠠᠷᠪᠠ ᠶᠢ ᠪᠦᠷᠬᠦᠬᠦᠯᠬᠦ︾ ᠢᠡᠵᠧᠨᠧᠷᠢᠩ ᠢ ᠢᠳᠡᠪᠬᠢᠳᠡᠢ ᠲᠦᠯᠬᠢᠨ ᠠᠬᠢᠭᠤᠯᠵᠤ᠂ 1.57 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠲᠤᠰ ᠵᠢᠯ ᠢᠡᠵᠧᠨᠧᠷᠢᠩ ᠤᠨ ᠶᠠᠷᠤᠩᠬᠡᠢ ᠬᠡᠮᠵᠢᠶ᠎ᠠ ᠶᠢᠨ | 70% ᠠᠴᠠ ᠲᠡᠬᠡᠭᠰᠢᠬᠢ ᠶᠢ ᠪᠠᠶᠠᠯᠠᠬᠦᠯᠬᠦ ᠶᠢ ᠪᠠᠳᠤᠯᠠᠨ᠎ᠠ᠃ ᠲᠡᠬᠡᠳᠤ ᠱᠠᠳᠤᠨ ᠤ ᠱᠠᠩᠨᠠᠯ ᠨᠦᠬᠦᠪᠤᠷᠢ ᠶᠢᠨ ᠪᠡᠯᠡ | ᠮᠦᠩᠬᠦ ᠶᠢ ᠢᠳᠡᠪᠬᠢᠳᠡᠢ ᠪᠠᠷ ᠭᠤᠶᠤᠴᠢᠯᠡᠨ ᠤᠯᠵᠤ᠂ ᠲᠦᠷᠥᠯ ᠵᠥᠢᠯ ᠤᠨ ᠪᠡᠯᠡ ᠮᠦᠩᠬᠦ ᠶᠢ ᠨᠢᠬᠡᠳᠬᠡᠨ᠂ ᠪᠡᠯᠡ | ᠮᠦᠩᠬᠦ ᠶᠢ ᠲᠦᠪᠯᠡᠷᠡᠬᠦᠯᠤᠨ ᠠᠰᠢᠭᠯᠠᠬᠤ ᠦᠢᠯᠡᠳᠤᠯ ᠢ ᠬᠦᠢᠴᠡᠳ ᠪᠠᠳᠠᠷᠠᠭᠤᠯᠤᠨ᠎ᠠ᠃ ᠤᠯᠠᠨ ᠲᠦᠮᠡᠨ ᠤ ᠭᠤᠤᠯ | ᠴᠤᠭᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠮᠠᠯᠴᠢᠳ ᠪᠠᠶ᠎ᠠ ᠪᠠᠨ ᠲᠠᠭᠠᠭᠠᠨ ᠪᠠᠶᠠᠯᠠᠬᠦᠯᠵᠤ ᠲᠠᠶᠢᠯᠬᠦ | ᠢᠡᠵᠧᠨᠧᠷᠢᠩ ᠢ ᠦᠪᠡᠷᠰᠠᠳ ᠢᠶᠠᠨ ᠬᠦᠳᠠᠯᠮᠤᠷᠢ ᠬᠦᠴᠤ ᠭᠠᠷᠭᠠᠨ᠂ ᠪᠡᠯᠡ ᠮᠦᠩᠬᠦ ᠬᠤᠷᠠᠮᠳᠣᠭᠤᠯᠵᠣ᠂ ᠪᠦᠳᠤᠬᠡᠨ | ᠪᠠᠶᠢᠭᠤᠯᠬᠤ ᠶᠢ ᠵᠤᠷᠢᠭᠵᠢᠭᠤᠯᠤᠨ ᠲᠠᠮᠵᠢᠵᠤ᠂ ᠪᠦᠳᠤᠬᠡᠨ ᠪᠠᠶᠢᠭᠤᠯᠤᠯᠳᠠ ᠶᠢᠨ ᠦᠪᠡᠷ ᠤᠨ ᠦᠷᠳᠡᠭ ᠢ | ᠲᠤᠷᠤᠭᠰᠢᠯᠠᠭᠤᠯᠵᠤ᠂ ᠢᠡᠵᠧᠨᠧᠷᠢᠩ ᠤᠨ ᠦᠷ᠎ᠠ ᠠᠰᠢᠭ ᠢ ᠲᠡᠬᠡᠭᠰᠢᠯᠡᠬᠦᠯᠤᠨ᠎ᠠ᠃ | ︵ᠭᠤᠷᠪᠡ︶ ᠦᠬᠡᠷᠡᠴᠢᠯᠡᠯᠳᠡ ᠨᠡᠬᠡᠬᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠵᠤ᠂ ᠰᠢᠨ᠎ᠠ ᠬᠡᠪ ᠪᠠᠶᠢᠳᠠᠯ ᠤᠨ | ᠲᠤᠤᠷ᠎ᠠ ᠬᠦᠭᠵᠢᠯᠳᠠ ᠶᠢᠨ ᠰᠢᠨ᠎ᠠ ᠶᠢ ᠡᠬᠦᠳᠬᠦ ᠶᠢ ᠠᠬᠢᠭᠤᠯᠤᠨ᠎ᠠ᠃ | ᠨᠢᠬᠡ ᠳᠤ᠂ ᠡᠯ᠎ᠠ ᠲᠦᠷᠥᠯ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠤᠨ᠎ᠠ᠃ ᠤᠳᠤᠬᠠᠨ ᠳᠤ | ᠲᠦᠪ ᠦᠪᠡᠷᠳᠡᠬᠡᠨ ᠵᠠᠰᠠᠬᠤ ᠤᠷᠤᠨ ᠠᠶᠢᠮᠠᠭ ᠠᠴᠠ ᠲᠤᠰᠪᠤᠷᠢ 312 ᠂ 356᠂ 280 ᠲᠦᠷᠥᠯ ᠤᠨ | ᠦᠬᠡᠷᠡᠴᠢᠯᠡᠯᠳᠡ ᠶᠢᠨ ᠡᠬᠦᠷᠬᠡ ᠶᠢ ᠲᠤᠭᠳᠠᠭᠠᠭᠰᠡᠨ ᠪᠠᠶᠢᠨ᠎ᠠ᠃ ᠲᠠᠷᠠᠭ᠎ᠠ ᠠᠯᠬᠤᠮ ᠳᠤ ᠪᠢᠳᠠ ᠡᠳ᠋ ᠤᠨ ᠵᠠᠰᠠᠭ᠂ | ᠭᠠᠶᠢᠯᠢ᠂ ᠮᠦᠩᠬᠦᠨ ᠬᠦᠢᠯᠬᠡᠬᠡ᠂ ᠵᠠᠰᠠᠭ ᠵᠠᠬᠢᠷᠭᠠᠨ ᠤ ᠬᠢᠨᠡᠨ ᠵᠦᠪᠰᠢᠶᠠᠷᠡᠯ᠂ ᠮᠠᠯᠵᠢᠬᠤ ᠤᠷᠤᠨ ᠤ ᠮᠠᠯ ᠠᠵᠤ | ᠠᠬᠤᠢ ᠵᠡᠷᠬᠡ ᠭᠤᠤᠯᠳᠠᠯᠭᠠᠳᠤ ᠬᠦᠷᠢᠶ᠎ᠠ ᠬᠡᠪᠴᠢᠶᠠᠨ ᠤ ᠲᠤᠭᠤᠷᠢᠨ ᠳᠤ᠂ ᠭᠤᠤᠯᠳᠠᠯᠭ᠎ᠠ ᠪᠠᠨ ᠲᠤᠪᠤᠶᠢᠯᠭᠠᠬᠤ᠂ | ᠲᠤᠷᠰᠢᠯᠳᠠ ᠶᠢᠨ ᠴᠡᠭ ᠢᠶᠠᠷ ᠲᠠᠶᠢᠴᠢᠯᠠᠬᠤ ᠶᠢ ᠪᠠᠷᠢᠮᠳᠠᠯᠠᠵᠤ᠂ ᠱᠠᠭᠠᠷᠳᠠᠯᠭ᠎ᠠ ᠨᠢ ᠲᠤᠳᠤᠷᠬᠠᠢ᠂ ᠠᠵᠢᠯ ᠤᠨ ᠰᠠᠭᠤᠷᠢ | ᠰᠠᠶᠢᠳᠡᠢ᠂ ᠤᠯᠠᠨ ᠲᠦᠮᠡᠨ ᠤ ᠬᠦᠰᠠᠯ ᠱᠠᠭᠠᠷᠳᠠᠯᠭ᠎ᠠ ᠳᠤ ᠨᠠᠶᠢᠴᠡᠭᠰᠡᠨ᠂ ᠮᠠᠨ ᠤ ᠬᠤᠰᠢᠭᠤᠨ ᠤ ᠪᠤᠳᠠᠳᠤ ᠪᠠᠶᠢᠳᠠᠯ | ᠲᠠᠢ ᠵᠤᠬᠢᠴᠠᠭᠰᠡᠨ ᠲᠤᠮᠤ ᠴᠢᠬᠤᠯᠠ ᠦᠬᠡᠷᠡᠴᠢᠯᠡᠯᠳᠡ ᠳᠤ ᠬᠠᠨᠳᠤᠭᠤᠯᠤᠨ᠂ ᠡᠬᠢ ᠪᠠᠶᠠᠯᠢᠭ ᠢᠶᠠᠨ ᠨᠢᠬᠡᠳᠤᠯᠳᠡᠢ | ᠲᠦᠯᠤᠪᠵᠢᠬᠦᠯᠤᠨ ᠵᠤᠬᠢᠴᠠᠭᠤᠯᠵᠤ᠂ ᠠᠵᠢᠯ ᠢᠶᠠᠨ ᠲᠦᠷᠬᠡᠳᠬᠡᠨ ᠠᠬᠢᠭᠤᠯᠵᠤ᠂ ᠵᠦᠪᠬᠡᠨ ᠲᠦᠰᠤᠯ ᠲᠤᠭᠳᠠᠭᠠᠭᠠᠳ | ᠦᠷ᠎ᠠ ᠪᠦᠳᠤᠮᠵᠢ ᠲᠤᠪᠤᠶᠢᠮ᠎ᠠ ᠪᠢᠰᠢ ᠪᠠᠶᠢᠭ᠎ᠠ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠤᠨ᠎ᠠ᠃ ᠵᠠᠰᠠᠭ ᠤᠨ | ᠤᠷᠳᠤᠨ ᠤ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠳᠠᠬᠢ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠵᠠᠰᠠᠭ | ᠵᠠᠬᠢᠷᠭᠠᠨ ᠤ ᠬᠢᠨᠡᠨ ᠵᠦᠪᠰᠢᠶᠠᠷᠠᠯ ᠤᠨ ᠲᠦᠷᠢᠮ ᠤᠨ ᠦᠬᠡᠷᠡᠴᠢᠯᠡᠯᠳᠠ ᠶᠢ ᠲᠠᠰᠤᠷᠠᠯᠳᠠ ᠦᠬᠡᠢ ᠬᠦᠡᠵᠡᠬᠡᠶᠢᠷᠡᠬᠦᠯᠤᠨ᠂ | ᠬᠢᠨᠡᠨ ᠵᠦᠪᠰᠢᠶᠠᠷᠡᠯ ᠤᠨ ᠦᠢᠯᠡᠴᠢᠯᠡᠬᠡᠨ ᠤ ᠴᠢᠨᠠᠷ ᠴᠢᠡᠰᠠᠭ᠎ᠠ ᠶᠢ ᠲᠡᠬᠡᠭᠰᠢᠯᠡᠬᠦᠯᠤᠨ᠂ ᠬᠢᠨᠡᠨ ᠵᠦᠪᠰᠢᠶᠠᠷᠡᠯ ᠤᠨ | ᠪᠤᠰᠤ ᠲᠦᠷᠥᠯ ᠢ ᠪᠦᠬᠦ ᠲᠠᠯ᠎ᠠ ᠪᠠᠷ ᠴᠠᠪᠠᠷᠯᠡᠵᠤ᠂ ᠴᠢᠬᠤᠯᠠ ᠪᠤᠰᠤ ᠬᠢᠨᠡᠨ ᠵᠦᠪᠰᠢᠶᠠᠷᠠᠯ ᠢ ᠴᠤᠮᠬᠠᠳᠬᠠᠨ᠎ᠠ︔ | ᠵᠠᠰᠠᠭ ᠵᠠᠬᠢᠷᠭᠠᠨ ᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠲᠠᠩᠰᠠᠨ ᠤ ᠲᠦᠷᠢᠮ ᠢ ᠬᠡᠷᠡᠭᠵᠢᠬᠦᠯᠵᠤ᠂ ᠬᠠᠤᠯᠢ | ᠶᠤᠰᠤᠭᠠᠷ ᠡᠷᠬᠡ ᠪᠠᠨ ᠬᠡᠷᠡᠭᠵᠢᠬᠦᠯᠵᠤ᠂ ᠬᠠᠤᠯᠢ ᠳᠤ ᠲᠤᠭᠳᠠᠭᠰᠡᠨ ᠬᠠᠷᠢᠭᠤᠴᠠᠯᠭ᠎ᠠ ᠶᠤᠰᠤᠭᠠᠷ ᠠᠵᠢᠯᠯᠠᠬᠤ ᠶᠢ | ᠪᠠᠶᠠᠯᠠᠬᠦᠯᠤᠨ᠎ᠠ︔ ᠵᠤᠬᠢᠰ ᠦᠬᠡᠢ ᠰᠦᠢᠳᠬᠡᠯ ᠬᠤᠷᠢᠶᠠᠬᠤ ᠲᠦᠷᠥᠯ ᠢ ᠦᠷᠬᠦᠯᠵᠢᠯᠡᠨ ᠴᠡᠭᠴᠡᠯᠡᠵᠤ᠂ ᠠᠵᠤ | ᠠᠬᠤᠶᠢᠯᠡᠯ ᠪᠠ ᠤᠯᠠᠨ ᠲᠦᠮᠡᠨ ᠤ ᠲᠠᠷᠤᠭᠠᠰᠤ ᠶᠢ ᠬᠦᠩᠬᠡᠯᠡᠨᠠ︔ ᠵᠠᠰᠠᠭ ᠤᠨ ᠤᠷᠳᠤᠨ ᠤᠯᠠᠨ ᠨᠠᠶᠢᠳᠠ ᠶᠢᠨ | ᠦᠢᠯᠡᠴᠢᠯᠡᠭᠡ᠂ ᠨᠠᠶᠢᠬᠡᠮ ᠤᠨ ᠬᠠᠮᠢᠶᠠᠷᠤᠯᠳᠠ ᠵᠡᠷᠬᠡ ᠬᠦᠷᠢᠶ᠎ᠠ ᠬᠡᠪᠴᠢᠶᠠᠨ ᠳᠤ ᠨᠠᠶᠢᠬᠡᠮ ᠤᠨ ᠦᠢᠯᠡᠴᠢᠯᠡᠭᠡ | ᠬᠤᠳᠠᠯᠳᠤᠨ ᠠᠪᠬᠤ ᠶᠢ ᠢᠳᠡᠪᠬᠢᠳᠡᠢ ᠲᠦᠯᠬᠢᠨ ᠠᠬᠢᠭᠤᠯᠤᠨ᠎ᠠ᠃ ᠲᠤᠮᠳᠠ ᠬᠤᠭᠤᠴᠠᠭᠠᠨ ᠳᠠᠬᠢ ᠦᠨᠡᠯᠡᠯᠳᠡ ᠶᠢᠨ | ᠲᠦᠷᠢᠮ ᠢ ᠦᠷᠬᠦᠯᠵᠢᠯᠡᠨ ᠪᠦᠷᠢᠡᠰᠢᠬᠦᠯᠵᠤ᠂ ᠵᠠᠰᠠᠭ ᠤᠨ ᠤᠷᠳᠤᠨ ᠤ ᠠᠵᠢᠯ ᠤᠨ ᠲᠦᠷᠢᠮᠵᠢᠯᠳᠠ ᠶᠢᠨ ᠬᠢᠷᠢ | ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ︔ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ | ᠦᠬᠡᠷᠡᠴᠢᠯᠡᠯᠳᠡ ᠶᠢ ᠬᠦᠡᠵᠡᠬᠡᠶᠢᠷᠠᠬᠦᠯᠵᠤ᠂ ᠰᠢᠨ᠎ᠠ ︽ᠲᠦᠰᠤᠪᠯᠡᠨ ᠪᠤᠳᠤᠯᠳᠠ ᠶᠢᠨ ᠬᠠᠤᠯᠢ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠲᠦᠷᠢᠮᠵᠢᠭᠰᠡᠨ᠂ ᠢᠯᠡ ᠲᠤᠳᠤ᠂ ᠦᠷ᠎ᠠ ᠪᠦᠳᠤᠮᠵᠢᠳᠡᠢ ᠲᠦᠰᠤᠪᠯᠡᠨ ᠪᠤᠳᠤᠯᠳᠠ ᠶᠢᠨ | ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠤᠨ᠎ᠠ︔ ᠵᠠᠰᠠᠭ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ | ᠶᠢ ᠵᠢᠷᠤᠮᠵᠢᠭᠤᠯᠬᠤ ᠶᠢ ᠴᠢᠩᠭᠠᠳᠬᠠᠵᠤ᠂ ᠦᠷᠢ ᠦᠭᠴᠡᠬᠡᠨ ᠤ ᠬᠡᠪᠴᠢᠶ᠎ᠠ ᠶᠢ ᠡᠵᠡᠮᠳᠠᠨ᠂ ᠦᠷᠢ ᠦᠭᠴᠡᠬᠡᠨ ᠤ | ᠲᠦᠭᠰᠢᠬᠦᠷᠢ ᠶᠢ ᠤᠷᠢᠳᠴᠢᠯᠡᠨ ᠰᠡᠷᠬᠡᠶᠢᠯᠡᠨ᠎ᠠ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠪᠠᠶᠢᠭᠤᠯᠭ᠎ᠠ ᠶᠢᠨ | ᠨᠠᠰᠤᠵᠢᠯ ᠤᠨ ᠲᠠᠭᠠᠳᠬᠠᠯ ᠤᠨ ᠦᠬᠡᠷᠠᠴᠢᠯᠡᠯᠳᠡ ᠶᠢ ᠲᠤᠭᠳᠠᠭᠤᠨ ᠢᠶᠠᠷ ᠲᠦᠯᠬᠢᠨ ᠠᠬᠢᠭᠤᠯᠵᠤ᠂ | ᠦᠷᠬᠦᠯᠵᠢᠯᠡᠬᠦᠶᠢᠴᠠ ᠴᠢᠨᠠᠷ ᠪᠠ ᠰᠠᠭᠤᠷᠢ ᠶᠢ ᠪᠠᠳᠤᠳᠬᠠᠬᠤ ᠦᠢᠯᠡᠳᠤᠯ ᠢ ᠨᠢ ᠬᠦᠢᠴᠡᠳ ᠪᠠᠳᠠᠷᠠᠭᠤᠯᠤᠨ᠎ᠠ︔ | ᠮᠠᠯᠵᠢᠬᠤ ᠤᠷᠤᠨ ᠤ ᠶᠠᠷᠤᠩᠬᠡᠶᠢᠯᠡᠭᠰᠡᠨ ᠦᠬᠡᠷᠡᠴᠢᠯᠡᠯᠳᠡ ᠶᠢ ᠨᠠᠷᠢᠨ ᠨᠢᠮᠪᠠᠢ ᠰᠠᠶᠢᠳᠤᠷ ᠬᠢᠵᠤ᠂ ᠨᠤᠳᠤᠭ ᠪᠠᠯᠴᠢᠬᠡᠷ | ᠢ ᠲᠠᠭᠠᠭᠠᠴᠢᠯᠠᠨ ᠡᠵᠡᠩᠨᠡᠬᠦ ᠡᠷᠬᠡ ᠶᠢ ᠲᠤᠳᠤᠷᠬᠠᠶᠢᠯᠠᠨ ᠲᠠᠩᠰᠠᠯᠠᠵᠤ ᠦᠨᠡᠮᠯᠡᠯ ᠲᠠᠷᠬᠠᠭᠠᠬᠤ ᠠᠵᠢᠯ ᠢ ᠰᠠᠶᠢᠳᠤᠷ | ᠪᠠᠶᠠᠯᠠᠬᠦᠯᠤᠨ᠎ᠠ ᠃ | ᠬᠤᠶᠡᠷ ᠲᠤ᠂ ᠴᠢᠯᠣᠬᠡᠳᠠᠢ ᠪᠣᠯᠭᠠᠬᠤ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠬᠢᠯᠢ ᠶᠢᠨ | ᠪᠤᠭᠤᠮᠳᠠ ᠶᠢᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠮᠤᠩᠭᠤᠯ ᠤᠯᠤᠰ ᠯᠤᠭ᠎ᠠ ᠶᠢᠨ ᠨᠦᠬᠦᠷᠰᠡᠭ | ᠶᠠᠪᠤᠯᠴᠠᠭ᠎ᠠ ᠪᠠ ᠲᠦᠷᠥᠯ ᠵᠥᠢᠯ ᠢ ᠭᠤᠶᠤᠴᠢᠯᠠᠬᠤ ᠡᠷᠴᠢᠮ ᠢᠶᠠᠨ ᠴᠢᠩᠭᠠᠳᠬᠠᠵᠤ᠂ ᠨᠠᠷᠠᠨᠪᠣᠯᠠᠭ ᠬᠢᠯᠢ ᠶᠢᠨ | ᠪᠤᠭᠤᠮᠳᠠ ᠶᠢ ᠦᠪᠡᠷᠳᠡᠬᠡᠨ ᠵᠠᠰᠠᠬᠤ ᠤᠷᠤᠨ ᠤ ︽ᠠᠷᠪᠠᠨ ᠭᠤᠷᠪᠡᠳᠤᠭᠠᠷ ᠲᠠᠪᠤᠨ ᠵᠢᠯ︾ ᠤᠨ ᠲᠦᠯᠤᠪᠵᠢᠬᠦᠯᠬᠡ | ᠳᠤ ᠤᠷᠤᠭᠤᠯᠬᠤ ᠪᠠᠷ ᠴᠢᠷᠮᠠᠶᠢᠨ᠎ᠠ᠃ ᠡᠬᠦᠨ ᠤ ᠬᠠᠮᠳᠤ᠂ ᠬᠢᠯᠢ ᠶᠢᠨ ᠪᠤᠭᠤᠮᠳᠠ ᠶᠢ ᠪᠦᠳᠤᠬᠡᠨ ᠪᠠᠶᠢᠭᠤᠯᠬᠤ ᠡᠯ᠎ᠠ | ᠲᠦᠷᠥᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠪᠢᠴᠢᠬᠦ ᠠᠵᠢᠯ ᠢ ᠤᠷᠢᠳᠴᠢᠯᠡᠨ ᠰᠠᠶᠢᠳᠤᠷ ᠪᠡᠶᠡᠯᠡᠬᠦᠯᠦᠨ᠂ | ᠲᠦᠷᠥᠯ ᠵᠥᠢᠯ ᠲᠠᠢ ᠤᠶᠠᠯᠳᠤᠭᠤᠯᠤᠨ ᠵᠠᠰᠠᠮᠠᠯ ᠵᠠᠮ᠂ ᠴᠠᠬᠢᠯᠭᠠᠨ ᠲᠤᠤᠷ ᠵᠡᠷᠬᠡ ᠰᠠᠭᠤᠷᠢ ᠲᠦᠬᠦᠬᠡᠷᠤᠮᠵᠢ ᠶᠢᠨ | ᠪᠦᠳᠤᠬᠡᠨ ᠪᠠᠶᠢᠭᠤᠯᠤᠯᠳᠠ ᠶᠢ ᠡᠷᠳᠡ ᠠᠴᠠ ᠰᠦᠪᠡᠭᠴᠢᠯᠡᠨ ᠲᠦᠰᠤᠪᠯᠡᠨ ᠲᠦᠯᠤᠪᠵᠢᠬᠦᠯᠤᠨᠠ᠃ ᠠᠷᠠᠯᠵᠢᠶᠠᠴᠢᠨ | ᠤᠷᠢᠵᠤ ᠪᠡᠯᠡ ᠲᠠᠳᠠᠬᠤ ᠠᠵᠢᠯ ᠢᠶᠠᠨ ᠲᠠᠰᠤᠷᠠᠯᠳᠠ ᠦᠬᠡᠢ ᠴᠢᠩᠭᠠᠳᠬᠠᠵᠤ᠂ ᠲᠤᠯᠤᠭᠠᠶᠢᠯᠠᠭᠴᠢ ᠠᠵᠤ ᠠᠬᠤᠶᠢᠯᠡᠯ᠂ | ᠠᠷᠠᠯᠵᠢᠶᠠᠴᠢᠨ ᠤ ᠨᠠᠶᠢᠬᠡᠮᠯᠢᠭ ᠤᠳ ᠲᠠᠢ ᠬᠠᠷᠢᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠤᠯᠠᠨ ᠠᠷᠭ᠎ᠠ ᠵᠠᠮ ᠢᠶᠠᠷ | ᠲᠦᠷᠥᠯ ᠵᠥᠢᠯ ᠤᠨ ᠪᠡᠯᠡ ᠤᠷᠤᠭᠤᠯᠤᠯᠳᠠ ᠶᠢᠨ ᠰᠤᠷᠠᠭ ᠵᠠᠩᠬᠢ ᠶᠢ ᠴᠤᠭᠯᠠᠭᠤᠯᠵᠤ᠂ ᠮᠡᠳᠡᠭᠡ ᠵᠠᠩᠬᠢ ᠶᠢᠨ ᠲᠠᠩᠰᠠ | ᠡᠪᠬᠡᠮᠡᠯ ᠢ ᠪᠠᠶᠢᠭᠤᠯᠵᠤ᠂ ᠠᠷᠠᠯᠵᠢᠶᠠᠴᠢᠨ ᠲᠠᠢ ᠴᠠᠭ ᠲᠤᠬᠠᠢ ᠳᠤᠨᠢ ᠬᠠᠷᠢᠴᠠᠭ᠎ᠠ ᠬᠤᠯᠪᠤᠭ᠎ᠠ ᠠᠪᠴᠤ᠂ ᠲᠦᠷᠥᠯ | ᠵᠥᠢᠯ ᠢ ᠵᠤᠯᠭᠠᠯᠳᠤᠭᠤᠯᠤᠨ ᠬᠡᠯᠡᠯᠴᠡᠬᠡᠷ ᠲᠤᠭᠳᠠᠭᠠᠬᠤ ᠳᠤ ᠦᠡᠳᠤᠰᠤᠯᠡᠯ ᠬᠠᠩᠭᠠᠨ᠎ᠠ᠃ ᠪᠠᠶᠢᠯᠳᠤᠬᠤ ᠪᠤᠳᠤᠯᠭ᠎ᠠ | ᠶᠢᠨ ᠴᠢᠨᠠᠷ ᠲᠠᠢ ᠪᠡᠯᠡ ᠤᠷᠤᠭᠤᠯᠤᠭᠴᠢᠳ ᠢ ᠤᠷᠢᠬᠤ ᠪᠠᠷ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ | ᠴᠢᠬᠤᠯᠠ ᠭᠤᠤᠯᠳᠠᠯᠭ᠎ᠠ ᠪᠤᠯᠭᠠᠨ ᠠᠳᠬᠤᠵᠤ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ ᠬᠦᠭᠵᠢᠬᠦᠯᠬᠦ ᠪᠠᠷ | ᠴᠢᠷᠮᠠᠶᠢᠨ᠂ ᠠᠯᠬᠤᠮ ᠠᠯᠬᠤᠮ ᠢᠶᠠᠷ ᠲᠤᠮᠤ ᠠᠵᠤ ᠠᠬᠤᠶᠢᠯᠡᠯ᠂ ᠲᠤᠮᠤ ᠲᠦᠷᠥᠯ ᠵᠥᠢᠯ ᠢᠶᠠᠷ ᠭᠤᠤᠯᠳᠠᠯᠭ᠎ᠠ | ᠪᠤᠯᠭᠠᠭᠰᠡᠨ᠂ ᠲᠤᠮᠳᠠ ᠪᠠᠭ᠎ᠠ ᠠᠵᠤ ᠠᠬᠤᠶᠢᠯᠡᠯ᠂ ᠲᠦᠷᠥᠯ ᠵᠥᠢᠯ ᠳᠤ ᠲᠦᠰᠢᠭᠯᠡᠨ ᠠᠵᠤ ᠦᠢᠯᠡᠰ ᠤᠨ | ᠠᠷᠠᠯᠵᠢᠶᠠᠴᠢᠨ ᠤᠷᠢᠬᠤ ᠪᠠᠶᠢᠷᠢᠯᠠᠭᠤᠯᠤᠯᠳᠠ ᠶᠢ ᠪᠦᠷᠢᠯᠳᠤᠬᠦᠯᠵᠤ᠂ ᠵᠢᠯ ᠤᠨ ᠲᠤᠳᠤᠷ᠎ᠠ ᠠᠶᠢᠮᠠᠭ ᠤᠨ ᠭᠠᠳᠠᠨᠠᠬᠢ | ᠪᠠᠯᠠ ᠮᠦᠩᠬᠦ 32 ᠳ᠋ᠦᠩᠰᠢᠭᠤᠷ ᠲᠦᠬᠦᠷᠢᠭ ᠢ ᠲᠠᠳᠠᠨ ᠤᠷᠤᠭᠤᠯᠤᠨ᠎ᠠ᠃ | ︵ᠲᠦᠷᠪᠡ︶ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠶᠢ ᠲᠠᠷᠢᠬᠦᠨ ᠪᠠᠶᠢᠷᠢᠨ ᠳᠤ ᠲᠠᠯᠪᠢᠵᠤ᠂ ᠰᠢᠨ᠎ᠠ ᠬᠡᠪ | ᠪᠠᠶᠢᠳᠠᠯ ᠲᠤᠤᠷ᠎ᠠ ᠡᠶ᠎ᠡ ᠵᠤᠬᠢᠴᠠᠯ ᠲᠠᠢ ᠬᠦᠭᠵᠢᠯᠳᠠ ᠶᠢ ᠪᠠᠶᠠᠯᠠᠬᠦᠯᠤᠨ᠎ᠠ | ᠡᠨ᠋ᠨ ᠵᠢᠯ ᠨᠠᠶᠢᠬᠡᠮ ᠤᠨ ᠠᠷᠡᠳ ᠤᠨ ᠠᠮᠢᠳᠤᠷᠡᠯ ᠤᠨ ᠠᠵᠤ ᠦᠢᠯᠡᠰ ᠲᠤ 5.4 ᠳ᠋ᠦᠩᠰᠢᠭᠤᠷ ᠲᠦᠬᠦᠷᠢᠭ ᠪᠡᠯᠡ | ᠤᠷᠤᠭᠤᠯᠵᠤ᠂ 5% ᠪᠠᠷ ᠨᠡᠮᠡᠭᠳᠡᠬᠦᠯᠬᠦ ᠪᠠᠷ ᠲᠦᠯᠤᠪᠯᠡᠵᠤ ᠪᠠᠶᠢᠨ᠎ᠠ᠃ | ᠨᠢᠬᠡ ᠳᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠠᠷᠪᠠᠨ ᠪᠤᠳᠠᠳᠤ ᠶᠠᠪᠤᠳᠠᠯ ᠢ ᠰᠠᠶᠢᠳᠤᠷ ᠪᠠᠶᠠᠯᠠᠬᠦᠯᠤᠨ᠎ᠠ᠃ | ① ᠰᠠᠭᠤᠷᠢ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠢᠡᠵᠧᠨᠧᠷᠢᠩ᠃ ᠰᠤᠷᠬᠤ ᠨᠠᠰᠤᠨ | ᠠᠴᠠ ᠡᠮᠤᠨᠡᠬᠢ ᠬᠡᠤᠬᠡᠳ ᠤᠨ ᠴᠡᠴᠡᠷᠯᠢᠭ ᠲᠤ ᠰᠠᠭᠤᠬᠤ ᠨᠤᠷᠮ᠎ᠠ ᠶᠢ 90% ᠠᠴᠠ ᠲᠡᠬᠡᠭᠰᠢ ᠬᠦᠷᠬᠡᠵᠤ᠂ | ᠪᠠᠷᠢᠮᠵᠢᠶᠠᠵᠢᠭᠰᠡᠨ ᠰᠤᠷᠭᠠᠭᠤᠯᠢ 3 ᠶᠢ ᠪᠠᠶᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠯᠳᠠ ᠶᠢᠨ | ᠨᠤᠷᠮ᠎ᠠ ᠶᠢ 100% ᠳᠤ ᠬᠦᠷᠬᠡᠨ᠎ᠠ᠃ ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠲᠠᠩᠴᠡᠬᠦᠷᠢ ᠲᠠᠢ ᠬᠦᠭᠵᠢᠯᠳᠠ ᠶᠢᠨ ᠰᠢᠯᠭᠠᠨ ᠦᠨᠡᠯᠡᠯᠳᠡ ᠳᠤ ᠬᠢᠷᠢ ᠲᠠᠩᠴᠡᠬᠦ ᠶᠢ ᠪᠠᠳᠤᠯᠠᠨ᠎ᠠ᠃ | ② ᠦᠢᠯᠡᠰ ᠡᠷᠬᠢᠯᠡᠵᠤ᠂ ᠠᠵᠢᠯ ᠤᠯᠭᠤᠬᠤ ᠢᠡᠵᠧᠨᠧᠷᠢᠩ᠃ 1500 ᠲᠦᠮᠡᠨ ᠲᠦᠬᠦᠷᠢᠭ ᠤᠨ ᠪᠠᠭ᠎ᠠ ᠲᠤᠭᠠᠨ | ᠤ ᠪᠠᠳᠤᠯᠠᠭ᠎ᠠ ᠶᠢᠨ ᠵᠢᠬᠡᠯᠡᠯᠬᠡ ᠶᠢ ᠲᠠᠷᠬᠠᠭᠠᠵᠤ᠂ 300 ᠢᠯᠡᠬᠦᠦ ᠬᠦᠮᠤᠨ ᠢ ᠲᠠᠳᠬᠦᠨ ᠲᠠᠮᠵᠢᠵᠣ᠂ 1200 | ᠢᠯᠡᠬᠦᠦ ᠬᠦᠮᠤᠨ ᠢ ᠠᠵᠢᠯ ᠤᠯᠭᠤᠨ᠎ᠠ᠃ ᠬᠤᠳᠠ ᠪᠠᠯᠭᠠᠰᠤᠨ ᠳᠤ 700 ᠬᠦᠮᠤᠨ ᠢ ᠰᠢᠨ᠎ᠠ ᠪᠠᠷ ᠠᠵᠢᠯ ᠤᠯᠭᠤᠬᠤ | ᠶᠢ ᠪᠠᠶᠠᠯᠠᠬᠦᠯᠤᠨ᠎ᠠ︔ 1200 ᠬᠦᠮᠤᠨ ᠳᠤ ᠮᠠᠷᠬᠡᠵᠢᠯ ᠤᠨ ᠪᠤᠯᠪᠠᠰᠤᠷᠠᠯ ᠬᠦᠷᠳᠡᠬᠡᠵᠤ᠂ ᠬᠤᠳᠠ ᠤᠷᠤᠭᠰᠡᠨ | 1000 ᠮᠠᠯᠴᠢᠳ ᠲᠤ ᠠᠵᠢᠯ ᠤᠯᠭᠤᠵᠤ᠂ ᠮᠠᠯᠵᠢᠬᠤ ᠤᠷᠤᠨ ᠤ ᠦᠡᠳᠤᠷ ᠲᠤᠮᠳᠠᠳᠤ ᠪᠠ ᠶᠡᠭᠡ ᠰᠤᠷᠭᠠᠭᠤᠯᠢ ᠳᠤ | ᠡᠯᠰᠡᠭᠳᠡᠭᠰᠡᠨ ᠦᠬᠡᠢ ᠰᠤᠷᠤᠭᠴᠢᠳ ᠲᠤ ᠰᠦᠢᠳᠬᠡᠯ ᠠᠪᠬᠤ ᠦᠬᠡᠢ ᠪᠤᠯᠪᠠᠰᠤᠷᠠᠯ ᠳᠤ ᠤᠷᠤᠯᠴᠠᠭᠤᠯᠵᠤ᠂ ᠦᠢᠯᠡᠰ | ᠡᠷᠬᠢᠯᠡᠵᠤ ᠠᠵᠢᠯ ᠤᠯᠬᠤ ᠴᠢᠳᠠᠪᠤᠷᠢ ᠶᠢ ᠨᠢ ᠲᠡᠬᠡᠭᠰᠢᠯᠡᠬᠦᠯᠤᠨ᠎ᠠ᠃③ ᠠᠷᠡᠳ ᠤᠨ ᠠᠮᠢᠳᠤᠷᠡᠯ ᠤᠨ ᠪᠠᠳᠤᠯᠠᠭ᠎ᠠ | ᠶᠢᠨ ᠬᠢᠷᠢ ᠲᠦᠪᠰᠢᠨ ᠢ ᠲᠡᠬᠡᠭᠰᠢᠯᠡᠬᠦᠯᠬᠦ ᠢᠡᠵᠧᠨᠧᠷᠢᠩ᠃ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ | ᠠᠮᠢᠳᠤᠷᠡᠯ ᠤᠨ ᠪᠠᠳᠤᠯᠠᠭ᠎ᠠ ᠬᠦᠷᠳᠡᠵᠤ ᠪᠠᠶᠢᠭ᠎ᠠ ᠡᠷᠤᠬᠡ᠂ ᠮᠠᠯᠵᠢᠬᠤ ᠤᠷᠤᠨ ᠤ ᠲᠠᠪᠤᠨ ᠪᠠᠳᠤᠯᠠᠭᠠᠳᠤ ᠡᠷᠤᠬᠡ ᠶᠢ | ᠲᠦᠪᠯᠡᠷᠡᠬᠦᠯᠤᠨ ᠠᠰᠠᠷᠠᠮᠵᠢ ᠬᠦᠷᠳᠡᠬᠡᠬᠦ ᠪᠠᠷᠢᠮᠵᠢᠶ᠎ᠠ ᠶᠢ ᠲᠤᠰᠪᠤᠷᠢ 15% ᠪᠠᠷ ᠲᠡᠬᠡᠭᠰᠢᠯᠡᠬᠦᠯᠵᠤ᠂ ᠨᠠᠰᠤᠳᠠᠶᠢᠴᠤᠤᠯ | ᠳᠤ ᠨᠦᠬᠦᠪᠤᠷᠢ ᠤᠯᠭᠤᠬᠤ ᠬᠦᠷᠢᠶ᠎ᠠ ᠬᠡᠪᠴᠢᠶ᠎ᠠ ᠶᠢ ᠠᠯᠬᠤᠮ ᠠᠯᠬᠤᠮ ᠢᠶᠠᠷ ᠦᠷᠬᠡᠳᠬᠡᠨ᠎ᠠ᠃④ ᠮᠠᠯᠴᠢᠳ ᠤᠨ | ᠡᠷᠡᠬᠦᠯᠵᠢᠯ ᠤᠨ ᠢᠡᠵᠧᠨᠧᠷᠢᠩ᠃ ᠮᠠᠯᠵᠢᠬᠤ ᠤᠷᠤᠨ ᠤ ᠪᠦᠬᠦᠯᠢ 45 ᠨᠠᠰᠤ ᠠᠴᠠ ᠲᠡᠬᠡᠭᠰᠢᠬᠢ ᠡᠮᠡᠭᠳᠡᠶᠢᠴᠤᠳ᠂ | ᠪᠦᠬᠦᠯᠢ 50 ᠨᠠᠰᠤᠨ ᠠᠴᠠ ᠲᠡᠬᠡᠭᠰᠢᠬᠢ ᠡᠷᠡᠭᠳᠠᠶᠢᠴᠤᠳ ᠲᠤ ᠰᠦᠢᠳᠬᠡᠯ ᠬᠤᠷᠢᠶᠠᠬᠤ ᠦᠬᠡᠢ ᠪᠠᠷ ᠪᠠᠶ᠎ᠠ ᠶᠢᠨ | ᠪᠠᠶᠢᠴᠠᠭᠠᠯᠳᠠ ᠬᠢᠵᠤ᠂ ᠮᠠᠯᠴᠢᠳ ᠤᠨ ᠡᠷᠡᠬᠦᠯᠵᠢᠯ ᠤᠨ ᠲᠠᠩᠰᠠ ᠡᠪᠬᠡᠮᠡᠯ ᠢ ᠤᠯᠠᠮ ᠪᠦᠷᠢᠡᠰᠢᠬᠦᠯᠵᠤ᠂ ᠦᠡᠳᠤᠰᠤᠨ | ᠱᠠᠳᠤᠨ ᠤ ᠰᠢᠯᠵᠢᠮᠠᠯ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠡᠷᠬᠡ ᠶᠢᠨ ᠦᠢᠯᠡᠳᠤᠯ ᠢ ᠬᠦᠢᠴᠡᠳ | ᠪᠠᠳᠠᠷᠠᠭᠤᠯᠤᠨ᠎ᠠ᠃ ᠬᠦᠩᠬᠡᠵᠢᠯ ᠤᠨ ᠲᠠᠭᠠᠳᠬᠠᠯ ᠤᠨ ᠲᠠᠩᠰᠠ ᠴᠠᠶᠢᠷᠠᠭᠤᠯᠬᠤ ᠲᠤᠭ᠎ᠠ ᠶᠢ ᠤᠤᠯ ᠤᠨ 3000 | ᠲᠦᠬᠦᠷᠢᠭ ᠠᠴᠠ 5000 ᠲᠦᠬᠦᠷᠢᠭ ᠪᠤᠯᠭᠠᠨ ᠦᠰᠬᠡᠵᠤ᠂ ᠬᠤᠳᠠ ᠬᠦᠳᠡᠭᠡ ᠶᠢᠨ ᠵᠢᠷᠮᠤᠰᠤᠯᠡᠬᠦ ᠠᠴᠠ ᠡᠮᠤᠨᠡᠬᠢ | ᠡᠷᠡᠬᠦᠯ ᠮᠠᠡᠳᠤ ᠶᠢᠨ ᠰᠦᠢᠳᠬᠡᠯ ᠠᠪᠬᠤ ᠦᠬᠡᠢ ᠪᠠᠶᠢᠴᠠᠭᠠᠯᠳᠠ ᠶᠢ ᠪᠦᠬᠦᠨ ᠢ ᠪᠦᠷᠬᠦᠬᠦᠯᠤᠨᠠ᠃⑤ ᠤᠰᠤ ᠤᠮᠳᠠ | ᠶᠢᠨ ᠠᠮᠤᠷ ᠲᠦᠪᠰᠢᠨ ᠤ ᠢᠡᠵᠧᠨᠧᠷᠢᠩ᠃ 5000 ᠢᠯᠡᠬᠦᠦ ᠮᠠᠯᠴᠢᠳ ᠤᠨ ᠤᠰᠤ ᠤᠮᠳᠠ ᠶᠢᠨ ᠠᠮᠤᠷ ᠲᠦᠪᠰᠢᠨ | ᠤ ᠠᠰᠠᠭᠤᠳᠠᠯ ᠢ ᠰᠢᠢᠳᠪᠤᠷᠢᠯᠡᠵᠤ᠂ ᠲᠦᠬᠡᠬᠡᠯ ᠤᠰᠤ ᠴᠡᠪᠡᠷᠰᠢᠬᠦᠯᠬᠦ ᠦᠢᠯᠡᠳᠪᠤᠷᠢ ᠶᠢ ᠪᠦᠬᠦ ᠲᠠᠯ᠎ᠠ ᠪᠠᠷ | ᠲᠤᠭᠳᠠᠭᠤᠨ ᠡᠷᠬᠢᠯᠳᠡ ᠲᠠᠢ ᠪᠤᠯᠭᠠᠨ᠎ᠠ᠃ ⑥ ᠨᠠᠷᠠ ᠰᠠᠯᠬᠢᠨ ᠢᠶᠠᠷ ᠴᠠᠬᠢᠯᠭᠠᠨ ᠬᠠᠩᠭᠠᠬᠤ ᠲᠦᠬᠦᠬᠡᠷᠤᠮᠵᠢ ᠶᠢ ᠲᠡᠰ | ᠲᠠᠪᠰᠢᠬᠦᠯᠬᠦ ᠢᠡᠵᠧᠨᠧᠷᠢᠩ᠃ ᠵᠢᠯ ᠤᠨ ᠲᠤᠳᠤᠷ᠎ᠠ 10 ᠭᠠᠴᠠᠭᠠᠨ ᠤ 150 ᠮᠠᠯᠵᠢᠬᠤ ᠡᠷᠤᠬᠡ ᠳᠤ | ᠲᠤᠤᠷᠴᠢᠯᠠᠭᠰᠡᠨ ᠴᠠᠬᠢᠯᠭᠠᠨ ᠨᠠᠪᠳᠠᠷᠠᠬᠦᠯᠵᠤ᠂ 2414 ᠡᠷᠤᠬᠡ ᠶᠢᠨ ᠨᠠᠷᠠ ᠰᠠᠯᠬᠢᠨ ᠢ ᠬᠠᠪᠰᠤᠷᠭᠠᠭᠰᠡᠨ | ᠲᠦᠬᠦᠬᠡᠷᠤᠮᠵᠢ ᠳᠤ ᠲᠡᠰ ᠲᠠᠪᠰᠢᠬᠦᠯᠤᠨ ᠦᠬᠡᠷᠡᠴᠢᠯᠡᠨ ᠪᠠᠶᠢᠭᠤᠯᠬᠤ ᠶᠢ ᠬᠡᠷᠡᠭᠵᠢᠬᠦᠯᠤᠨ᠎ᠠ᠃⑦ ᠮᠠᠯᠵᠢᠬᠤ ᠤᠷᠤᠨ | ᠤ ᠵᠠᠰᠠᠮᠠᠯ ᠵᠠᠮ ᠤᠨ ᠪᠦᠳᠤᠬᠡᠨ ᠪᠠᠶᠢᠭᠤᠯᠤᠯᠳᠠ ᠶᠢᠨ ᠢᠡᠵᠧᠨᠧᠷᠢᠩ᠃ 7 ᠵᠤᠷᠪᠤᠰ 99 ᠺᠢᠯᠤᠮᠧᠲᠷ ᠤᠨ ᠭᠠᠴᠠᠭᠠᠨ | ᠳᠤ ᠨᠠᠪᠳᠠᠷᠡᠬᠦ ᠱᠦᠢᠨᠢ ᠵᠠᠮ ᠢ ᠲᠣᠰᠣᠨ ᠵᠠᠮ ᠪᠣᠯᠭᠠᠬᠤ ᠢᠨᠵᠧᠨᠧᠷᠢᠩ ᠢ ᠬᠡᠷᠡᠭᠵᠢᠬᠦᠯᠦᠨ᠂ 36 ᠭᠠᠴᠠᠭᠠᠨ ᠤ 13. | 2 ᠺᠢᠯᠤᠮᠧᠲᠷ ᠤᠨ ᠵᠠᠮ ᠵᠡᠬᠡᠯᠢ ᠶᠢ ᠬᠠᠳᠠᠭᠤᠵᠢᠭᠤᠯᠤᠨ᠎ᠠ᠃⑧ ᠬᠤᠳᠠ ᠪᠠᠯᠭᠠᠰᠤᠨ ᠤ ᠵᠡᠬᠡᠯᠢ ᠭᠤᠳᠤᠮᠵᠢ ᠶᠢ | ᠦᠬᠡᠷᠡᠴᠢᠯᠡᠨ ᠪᠠᠶᠢᠭᠤᠯᠵᠤ ᠲᠡᠰ ᠲᠠᠪᠰᠢᠬᠦᠯᠬᠦ ᠢᠡᠵᠧᠨᠧᠷᠢᠩ᠃ 4.2 ᠲᠦᠮᠡᠨ ᠲᠡᠭᠰᠢ ᠲᠦᠷᠪᠡᠯᠵᠢᠨ ᠮᠧᠲᠷ ᠤᠨ | 21 ᠵᠤᠷᠪᠤᠰ ᠵᠡᠬᠡᠯᠢ ᠭᠤᠳᠤᠮᠵᠢ ᠶᠢ ᠦᠬᠡᠷᠡᠴᠢᠯᠡᠨ ᠪᠠᠶᠢᠭᠤᠯᠬᠤ ᠡᠬᠦᠷᠬᠡ ᠶᠢ ᠪᠠᠶᠠᠯᠠᠬᠦᠯᠤᠨ᠎ᠠ᠃⑨ ᠰᠤᠷᠠᠭ ᠴᠢᠮᠡᠭᠡ | ᠶᠢ ᠮᠠᠯᠴᠢᠨ ᠡᠷᠤᠬᠡ ᠳᠤ ᠲᠠᠮᠵᠢᠭᠤᠯᠤᠨ ᠬᠦᠷᠬᠡᠬᠦ ᠢᠡᠵᠧᠨᠧᠷᠢᠩ᠃ ᠠᠶᠢᠮᠠᠭ᠂ ᠬᠤᠰᠢᠭᠤᠨ ᠤ ᠰᠢᠩᠬᠡᠬᠡᠨ | ᠦᠢᠯᠡᠳᠦᠭᠰᠡᠨ ᠲᠧᠯᠸᠢᠰ ᠫᠷᠦᠭᠷᠡᠮ ᠤᠨ ᠶᠠᠷᠤᠩᠬᠡᠶᠢᠯᠡᠭᠰᠡᠨ ᠪᠦᠷᠬᠦᠴᠠ ᠶᠢᠨ ᠨᠤᠷᠮ᠎ᠠ ᠶᠢ 90% ᠠᠴᠠ ᠲᠡᠬᠡᠭᠰᠢ ᠳᠤ | ᠬᠦᠷᠬᠡᠵᠤ᠂ ᠮᠤᠩᠭᠤᠯ ᠭᠠᠷ ᠤᠳᠠᠰᠤᠨ ᠤ ᠤᠯᠠᠨ ᠨᠠᠶᠢᠳᠠ ᠶᠢᠨ ᠰᠤᠷᠠᠭ ᠴᠢᠮᠡᠭᠡ ᠶᠢᠨ ᠲᠠᠪᠴᠠᠩ ᠢ ᠪᠠᠶᠢᠭᠤᠯᠵᠤ᠂ | ᠮᠤᠩᠭᠤᠯ ᠬᠢᠳᠡᠳ ᠬᠤᠤᠰ ᠬᠡᠯᠡᠨ ᠤ ᠴᠢᠳᠠᠪᠬᠢ ᠪᠦᠬᠦᠢ ᠰᠢᠯᠵᠢᠮᠡᠯ ᠬᠤᠯᠪᠤᠭᠠᠨ ᠤ ᠭᠠᠷ ᠤᠳᠠᠰᠤ 1000 ᠢᠵᠢ | ᠶᠢ ᠲᠦᠬᠡᠮᠡᠯᠵᠢᠬᠦᠯᠤᠨ ᠲᠠᠷᠬᠠᠭᠠᠨ᠎ᠠ᠃ 3G ᠲᠤᠤᠷ ᠰᠦᠯᠵᠢᠶᠠᠨ ᠤ ᠦᠷᠳᠡᠭᠡ 8 ᠶᠢ ᠰᠢᠨ᠎ᠠ ᠪᠠᠷ ᠪᠠᠶᠢᠭᠤᠯᠵᠤ᠂ | ᠮᠠᠯᠵᠢᠬᠤ ᠤᠷᠤᠨ ᠤ ᠴᠢᠮᠡᠭᠡ ᠬᠤᠯᠪᠤᠭᠠᠨ ᠤ ᠴᠢᠨᠠᠷ ᠴᠢᠡᠰᠠᠭ᠎ᠠ ᠪᠠ ᠪᠦᠷᠬᠦᠴᠠ ᠶᠢ ᠤᠯᠠᠮ ᠲᠡᠬᠡᠭᠰᠢᠯᠡᠬᠦᠯᠤᠨ᠎ᠠ᠃ | ⑩ ᠦᠡᠳᠤᠰᠤᠨ ᠱᠠᠳᠤᠨ ᠤ ᠦᠢᠯᠡᠴᠢᠯᠡᠬᠡᠨ ᠤ ᠴᠢᠳᠠᠪᠬᠢ ᠶᠢ ᠲᠡᠬᠡᠭᠰᠢᠯᠡᠬᠦᠯᠬᠦ ᠢᠡᠵᠧᠨᠧᠷᠢᠩ᠃ ᠵᠠᠰᠠᠭ ᠤᠨ | ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ 85 ᠨᠠᠷᠠ ᠰᠠᠶᠢᠨ | ᠲᠤᠷᠡᠴᠤᠤᠯ ᠢ ᠤᠷᠢᠨ ᠬᠡᠷᠡᠭᠯᠡᠵᠤ᠂ ᠭᠠᠴᠠᠭ᠎ᠠ ᠶᠢᠨ ᠦᠢᠯᠡᠴᠢᠯᠡᠬᠡᠨ ᠤ ᠡᠩᠨᠡᠭᠡ ᠶᠢ ᠪᠦᠷᠢᠡᠰᠢᠬᠦᠯᠤᠨ᠎ᠠ︔ ᠭᠠᠴᠠᠭᠠᠨ | ᠳᠤ ︽ᠮᠠᠯᠵᠢᠬᠤ ᠦᠢᠯᠡᠳᠪᠤᠷᠢᠯᠡᠯ ᠢ ᠲᠠᠮᠵᠢᠬᠦ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠭᠠᠵᠡᠷ︾ 17 ᠶᠢ | ᠪᠠᠶᠢᠭᠤᠯᠤᠨ᠂ ᠮᠠᠯᠵᠢᠬᠤ ᠤᠷᠤᠨ ᠤ ᠰᠢᠤᠳᠠᠨ ᠬᠤᠯᠪᠤᠭ᠎ᠠ ᠴᠢᠯᠤᠬᠡᠳᠤ ᠲᠡᠯᠬᠡᠬᠦᠷ ᠤᠨ ᠦᠢᠯᠡᠴᠢᠯᠡᠬᠡᠨ ᠤ ᠦᠷᠳᠡᠭᠡ | 30 ᠶᠢ ᠪᠠᠶᠢᠭᠤᠯᠵᠤ᠂ ᠠᠷᠡᠳ ᠲᠤ ᠲᠦᠬᠦᠮ ᠦᠵᠡᠬᠦᠯᠬᠦ ᠲᠤᠬᠠᠶᠢᠯᠠᠭᠰᠡᠨ ᠠᠵᠢᠯ ᠤᠨ ᠦᠢᠯᠡᠴᠢᠯᠡᠭᠡ | ᠦᠷᠨᠢᠬᠦᠯᠤᠨ᠎ᠠ᠃ | ᠬᠤᠶᠠᠷ ᠲᠤ᠂ ᠠᠵᠢᠯ ᠤᠯᠭᠤᠵᠤ᠂ ᠦᠢᠯᠡᠰ ᠡᠷᠬᠢᠯᠡᠬᠦ ᠠᠵᠢᠯ ᠢ ᠲᠤᠭᠳᠠᠭᠤᠨ ᠢᠶᠠᠷ ᠲᠦᠯᠬᠢᠨ ᠠᠬᠢᠭᠤᠯᠣᠨ᠎ᠠ᠃ | ᠠᠵᠢᠯ ᠤᠯᠭᠤᠵᠤ ᠦᠢᠯᠡᠰ ᠡᠷᠬᠢᠯᠡᠬᠦ ᠶᠢ ᠠᠬᠢᠭᠤᠯᠬᠤ ᠲᠦᠷᠥ ᠶᠢᠨ ᠪᠤᠳᠤᠯᠭ᠎ᠠ᠂ ᠠᠷᠭ᠎ᠠ ᠬᠡᠮᠵᠢᠶ᠎ᠠ ᠶᠢ ᠰᠠᠶᠢᠳᠤᠷ | ᠨᠠᠶᠢᠳᠠᠪᠤᠷᠢᠵᠢᠭᠤᠯᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠠᠶᠢᠬᠡᠮ ᠲᠤᠭᠤᠷᠢᠭ︶ ᠭᠤᠷᠪᠡᠨ ᠱᠠᠳᠤ | ᠬᠤᠯᠪᠤᠭᠠᠯᠠᠭᠰᠡᠨ ᠵᠤᠬᠢᠴᠠᠮᠵᠢ ᠶᠢ ᠪᠠᠶᠢᠭᠤᠯᠤᠨ ᠪᠦᠷᠢᠡᠰᠢᠬᠦᠯᠵᠤ᠂ ᠠᠵᠤ ᠠᠬᠤᠶᠢᠯᠡᠯ ᠠᠴᠠ ᠠᠵᠢᠯᠳᠠᠨ ᠡᠯᠰᠡᠬᠦ | ᠳᠡᠭᠡᠨ ᠵᠠᠰᠠᠭ ᠪᠠ ᠠᠵᠤ ᠠᠬᠤᠶᠢᠯᠡᠯ ᠬᠤᠶᠡᠷ ᠲᠠᠯ᠎ᠠ ᠪᠠᠷ ᠢᠶᠠᠨ ᠰᠠᠶᠢᠳᠤᠷ ᠨᠡᠪᠳᠡᠷᠡᠯᠴᠡᠨ ᠵᠣᠯᠭᠠᠯᠳᠣᠬᠤ ᠵᠤᠬᠢᠴᠠᠮᠵᠢ | ᠶᠢ ᠪᠠᠶᠢᠭᠤᠯᠵᠤ᠂ ᠤᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠴᠤᠭᠯᠠᠭᠤᠯᠤᠨ᠂ ᠬᠠᠨᠳᠤᠯᠭ᠎ᠠ ᠲᠠᠢ ᠪᠠᠷ | ᠪᠤᠯᠪᠠᠰᠤᠷᠠᠯ ᠬᠦᠷᠳᠡᠬᠡᠵᠤ᠂ ᠶᠡᠭᠡ ᠰᠤᠷᠭᠠᠭᠤᠯᠢ ᠲᠡᠬᠦᠰᠦᠭᠰᠡᠨ ᠤᠶᠤᠳᠡᠳ᠂ ᠴᠡᠷᠢᠭ ᠠᠴᠠ ᠬᠠᠯᠠᠭᠳᠠᠭᠰᠡᠳ᠂ | ᠬᠤᠳᠠ ᠤᠷᠤᠭᠰᠡᠨ ᠮᠠᠯᠴᠢᠳ ᠤᠨ ᠪᠡᠶ᠎ᠡ ᠪᠠᠨ ᠲᠠᠭᠠᠭᠠᠨ ᠦᠢᠯᠡᠰ ᠡᠷᠬᠢᠯᠡᠬᠦ ᠶᠢ ᠢᠳᠡᠪᠬᠢᠳᠡᠢ ᠲᠡᠮᠵᠢᠵᠣ᠂ ︽ | ᠠᠵᠢᠯᠯᠠᠭᠰᠡᠳ ᠦᠬᠡᠢ︾ ᠬᠡᠷ ᠪᠦᠯᠢ ᠦᠬᠡᠢ ᠪᠤᠯᠭᠠᠬᠤ ᠪᠠᠷ ᠴᠢᠷᠮᠠᠶᠢᠵᠤ᠂ ᠬᠤᠳᠠ ᠪᠠᠯᠭᠠᠰᠤᠨ ᠤ | ᠲᠠᠩᠰᠠᠯᠠᠭᠤᠯᠣᠭᠰᠠᠨ ᠠᠵᠢᠯ ᠠᠯᠳᠠᠭᠰᠡᠳ ᠤᠨ ᠨᠤᠷᠮ᠎ᠠ ᠶᠢ 2% ᠤᠨ ᠲᠤᠳᠤᠷ᠎ᠠ ᠬᠢᠵᠠᠭᠠᠷᠯᠠᠨ᠎ᠠ᠃ ᠵᠢᠯ ᠤᠨ | ᠲᠤᠳᠤᠷ᠎ᠠ ᠬᠤᠰᠢᠭᠤᠨ ᠤ ᠲᠤᠳᠤᠨ᠎ᠠ ᠭᠠᠳᠠᠨ᠎ᠠ ᠠᠴᠠ 5000 ᠠᠵᠢᠯ ᠤᠨ ᠪᠠᠶᠢᠷᠢ ᠴᠤᠭᠯᠠᠭᠤᠯᠤᠨ᠂ ᠬᠤᠳᠠ | ᠪᠠᠯᠭᠠᠰᠤᠨ ᠤ ᠡᠯ᠎ᠠ ᠲᠦᠷᠥᠯ ᠤᠨ 900 ᠬᠦᠮᠤᠨ ᠳᠤ ᠠᠵᠢᠯ ᠲᠤᠬᠢᠷᠠᠭᠤᠯᠵᠤ ᠣᠷᠣᠨᠰᠢᠭᠤᠯᠣᠨ᠂ ᠬᠤᠳᠠ | ᠪᠠᠯᠭᠠᠰᠤᠨ ᠤ 600 ᠬᠦᠮᠤᠨ᠂ ᠨᠡᠬᠦᠨ ᠰᠢᠯᠵᠢᠵᠦ ᠬᠤᠳᠠ ᠤᠷᠤᠭᠰᠡᠨ 600 ᠮᠠᠯᠴᠢᠳ ᠲᠤ ᠮᠠᠷᠬᠡᠵᠢᠯ ᠤᠨ | ᠪᠤᠯᠪᠠᠰᠤᠷᠠᠯ ᠬᠦᠷᠳᠡᠬᠡᠵᠤ᠂ ᠦᠢᠯᠡᠰ ᠪᠤᠰᠬᠠᠬᠤ ᠰᠠᠭᠤᠷᠢᠨ ᠭᠠᠵᠡᠷ ᠤᠨ ᠪᠦᠳᠤᠬᠡᠨ ᠪᠠᠶᠢᠭᠤᠯᠤᠯᠳᠠ ᠶᠢᠨ ᠠᠵᠢᠯ ᠢ | ᠰᠠᠶᠢᠳᠤᠷ ᠪᠠᠶᠠᠯᠠᠬᠦᠯᠤᠨ᠂ ᠵᠢᠯ ᠤᠨ ᠲᠤᠳᠤᠷ᠎ᠠ 30 ᠡᠷᠤᠬᠡ ᠶᠢ ᠰᠠᠭᠤᠷᠢᠰᠢᠭᠤᠯᠤᠨ᠎ᠠ᠃ | ᠭᠤᠷᠪᠠ ᠳᠤ᠂ ᠰᠤᠷᠭᠠᠨ ᠬᠦᠮᠤᠵᠢᠯ ᠤᠨ ᠦᠢᠯᠡᠰ ᠤᠨ ᠬᠦᠭᠵᠢᠯᠳᠠ ᠶᠢ ᠲᠠᠰᠤᠷᠠᠯᠳᠠ ᠦᠬᠡᠢ ᠲᠦᠷᠭᠡᠳᠭᠡᠨ᠎ᠡ᠃ | ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠴᠢᠨᠠᠷ ᠴᠢᠡᠰᠠᠭ᠎ᠠ ᠶᠢ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠰᠠᠭᠤᠷᠢ | ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ ᠵᠢᠯ ᠤᠨ ᠠᠵᠢᠯᠯᠠᠭᠠᠨ ᠤ | ᠲᠦᠯᠤᠪᠵᠢᠬᠦᠯᠬᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ ᠵᠠᠬᠢᠷᠤᠯ᠂ ᠬᠢᠴᠢᠶᠡᠯ ᠤᠨ ᠪᠠᠭᠰᠢ ᠪᠠ ᠵᠢᠭᠠᠬᠤ ᠶᠢ | ᠰᠣᠳᠣᠯᠣᠭᠴᠢ ︽ᠭᠤᠷᠪᠡᠨ ᠡᠩᠨᠡᠭᠡ︾ ᠶᠢᠨ ᠪᠠᠶᠢᠭᠤᠯᠤᠯᠳᠠ ᠶᠢ ᠬᠦᠴᠤᠯᠠᠨ ᠴᠢᠩᠭᠠᠳᠬᠠᠵᠤ᠂ ᠵᠢᠭᠠᠨ ᠰᠤᠷᠭᠠᠯᠳᠠ | ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠦᠨᠡᠯᠡᠨ | ᠰᠢᠯᠭᠠᠬᠤ ᠲᠤᠭᠳᠠᠯᠴᠠᠭ᠎ᠠ ᠪᠠ ᠬᠦᠬᠢᠬᠦᠯᠤᠨ ᠵᠤᠷᠢᠭᠵᠢᠭᠤᠯᠬᠤ ᠵᠤᠬᠢᠴᠠᠮᠵᠢ ᠶᠢ ᠪᠦᠷᠢᠨᠰᠢᠬᠦᠯᠦᠨ᠎ᠠ᠃ ᠰᠣᠷᠭᠠᠭᠤᠯᠢ | ᠶᠢᠨ ᠬᠦᠷᠢᠶᠡᠨ ᠤ ᠪᠦᠳᠦᠭᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠴᠢᠩᠭᠠᠳᠬᠠᠨ᠂ 4 ᠰᠣᠮᠣ ᠪᠠᠯᠭᠠᠰᠣᠨ ᠤ | ᠴᠡᠴᠡᠷᠯᠢᠭ ᠤᠨ ᠵᠢᠭᠠᠨ ᠰᠤᠷᠭᠠᠯᠳᠠ ᠶᠢᠨ ᠬᠡᠷᠡᠭᠰᠡᠯ ᠲᠦᠬᠦᠭᠡᠷᠦᠮᠵᠢ ᠶᠢ ᠪᠦᠷᠢᠨᠰᠢᠬᠦᠯᠵᠣ᠂ ᠨᠢᠬᠡᠳᠤᠬᠡᠷ ᠲᠤᠮᠳᠠᠳᠤ | ᠰᠤᠷᠭᠠᠭᠤᠯᠢ᠂ ᠮᠤᠩᠭᠤᠯ ᠲᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ ᠤ ᠪᠦᠳᠤᠬᠡᠨ ᠪᠠᠶᠢᠭᠤᠯᠤᠯᠳᠠ ᠶᠢᠨ | ᠪᠠᠷᠢᠯᠭ᠎ᠠ ᠶᠢ ᠲᠠᠭᠤᠰᠬᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠬᠠᠮᠢᠶᠠᠷᠤᠯᠳᠠ ᠶᠢ ᠠᠶᠢᠮᠠᠭ ᠱᠠᠳᠤᠨ ᠤ | ᠰᠤᠷᠭᠠᠭᠤᠯᠢ ᠶᠢᠨ ᠨᠠᠷᠢᠯᠢᠭᠵᠢᠭᠰᠡᠨ ᠬᠠᠮᠢᠶᠠᠷᠤᠯᠳᠠ ᠶᠢᠨ ᠪᠠᠷᠢᠮᠵᠢᠶᠠᠨ ᠳᠤ ᠬᠦᠷᠬᠡᠨ᠎ᠠ᠃ ᠰᠤᠷᠤᠯᠭ᠎ᠠ ᠲᠡᠳᠬᠦᠬᠦ | ᠠᠵᠢᠯ ᠢ ᠨᠠᠷᠢᠨ ᠬᠢᠨᠠᠮᠠᠭᠠᠢ ᠦᠷᠨᠢᠬᠦᠯᠵᠤ᠂15 ᠵᠢᠯ ᠤᠨ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠤᠵᠢᠯ ᠢ | ᠦᠷᠬᠦᠯᠵᠢᠯᠡᠨ ᠬᠡᠷᠡᠭᠵᠢᠬᠦᠯᠵᠤ᠂ ᠶᠠᠳᠠᠭᠤ ᠬᠦᠴᠢᠷᠳᠡᠯᠳᠡᠢ ᠰᠤᠷᠤᠭᠴᠢᠳ ᠢ ᠲᠠᠮᠵᠢᠨ ᠲᠤᠰᠠᠯᠠᠬᠤ ᠡᠷᠴᠢᠮ ᠢᠶᠠᠨ | ᠴᠢᠩᠭᠠᠳᠬᠠᠵᠤ᠂ ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠲᠠᠩᠴᠠᠬᠦᠷᠢ ᠲᠠᠢ | ᠬᠦᠭᠵᠢᠯᠳᠠ ᠶᠢᠨ ᠬᠠᠷᠠᠯᠳᠠ ᠶᠢᠨ ᠰᠢᠯᠭᠠᠨ ᠦᠨᠡᠯᠡᠯᠳᠡ ᠳᠤ ᠬᠢᠷᠢ ᠲᠠᠩᠴᠠᠬᠦ ᠶᠢ ᠪᠠᠳᠤᠯᠠᠨ᠎ᠠ᠃ ᠰᠤᠷᠭᠠᠭᠤᠯᠢ ᠶᠢᠨ | ᠬᠦᠷᠢᠶᠠᠨ ᠤ ᠬᠦᠯ ᠪᠦᠮᠪᠦᠭᠡ ᠶᠢᠨ ᠪᠣᠯᠪᠠᠰᠣᠷᠠᠯ ᠤᠨ ᠠᠵᠢᠯ ᠢ ᠡᠷᠴᠢᠮᠳᠡᠢ ᠠᠳᠬᠤᠵᠤ᠂ ᠵᠢᠯ ᠤᠨ ᠲᠤᠳᠤᠷ᠎ᠠ ᠠᠶᠢᠮᠠᠭ | ᠤᠨ ᠲᠡᠰ ᠠᠴᠠ ᠲᠡᠭᠡᠭᠰᠢᠬᠢ ᠬᠦᠯ ᠪᠦᠮᠪᠦᠭᠡ ᠶᠢᠨ ᠤᠡᠴᠠᠯᠢᠭᠳᠤ ᠰᠤᠷᠭᠠᠭᠤᠯᠢ 3 ᠶᠢ ᠪᠠᠶᠢᠭᠤᠯᠣᠨ᠎ᠠ᠃ | ᠲᠦᠷᠪᠡ ᠳᠤ᠂ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠣᠯᠳᠠ ᠶᠢ ᠲᠦᠯᠬᠢᠨ ᠠᠬᠢᠭᠤᠯᠣᠨ᠎ᠠ᠃ ᠡᠮᠴᠢᠯᠡᠭᠡ | ᠡᠷᠡᠬᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠣᠯᠠᠮ ᠰᠠᠶᠢᠵᠢᠷᠠᠭᠤᠯᠵᠣ᠂ ᠬᠤᠰᠢᠭᠤ ᠡᠬᠡ | ᠨᠢᠯᠬᠠᠰ ᠤᠨ ᠡᠷᠡᠬᠦᠯᠵᠢᠯ ᠤᠨ ᠶᠡᠷᠦᠩᠬᠡᠶᠢᠯᠡᠭᠰᠡᠨ ᠠᠰᠠᠷ᠂ ᠴᠠᠭᠠᠨᠨᠠᠭᠤᠷ ᠪᠠᠯᠭᠠᠰᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠪᠠ 10 ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠠᠰᠢᠭᠯᠠᠯᠳᠠ ᠳᠤ | ᠣᠷᠣᠭᠤᠯᠣᠨ᠂ ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠡᠮ ᠨᠠᠶᠢᠷᠠᠭᠤᠯᠬᠤ ᠲᠠᠰᠤᠭ ᠪᠠ ᠭᠤᠷᠪᠠᠨ ᠰᠣᠮᠣ | ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠪᠡᠯᠬᠦᠳᠡᠢ ᠨᠡᠶᠢᠭᠡᠮ ᠲᠣᠭᠤᠷᠢᠭ ᠤᠨ ᠡᠷᠡᠬᠦᠯ ᠬᠠᠮᠠᠭᠠᠯᠠᠯ ᠤᠨ | ᠦᠢᠯᠡᠴᠢᠯᠡᠭᠡᠨ ᠤ ᠲᠦᠪ ᠪᠠ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠲᠦᠪ ᠤᠨ ᠲᠣᠬᠠᠶᠢᠯᠠᠭᠰᠠᠨ ᠠᠵᠢᠯ | ᠤᠨ ᠬᠡᠷ ᠪᠠᠶᠢᠰᠢᠩ ᠢ ᠦᠭᠡᠷᠡᠴᠢᠯᠡᠵᠦ ᠦᠷᠭᠡᠳᠭᠡᠨ ᠪᠠᠶᠢᠭᠤᠯᠬᠤ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ᠃ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠲᠦᠯᠬᠢᠨ ᠠᠬᠢᠭᠤᠯᠵᠣ᠂ ᠬᠤᠰᠢᠭᠤ | ᠪᠠᠷᠢᠮᠵᠢᠶᠠᠵᠢᠭᠰᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠦᠬᠦᠭᠡᠷᠦᠮᠵᠢ ᠶᠢ ᠣᠯᠠᠮ ᠪᠦᠷᠢᠨᠰᠢᠬᠦᠯᠦᠨ᠂ | ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ | ᠦᠷᠨᠢᠬᠦᠯᠵᠦ᠂ ᠡᠮᠴᠢᠯᠡᠭᠡ ᠡᠷᠡᠬᠦᠯ ᠬᠠᠮᠠᠭᠠᠯᠠᠯ ᠤᠨ ᠴᠢᠳᠠᠪᠣᠷᠢᠳᠠᠨ ᠢ ᠤᠷᠢᠨ ᠤᠷᠤᠭᠤᠯᠬᠤ ᠪᠠ ᠪᠣᠯᠪᠠᠰᠣᠷᠠᠯ | ᠬᠦᠷᠳᠡᠬᠡᠬᠦ ᠶᠢ ᠴᠢᠩᠭᠠᠳᠬᠠᠨ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠬᠦ | ᠬᠦᠴᠦᠨ ᠢᠶᠠᠷ ᠲᠡᠭᠡᠭᠰᠢᠯᠡᠬᠦᠯᠦᠨ᠎ᠡ᠃ ᠮᠠᠯᠵᠢᠬᠤ ᠣᠷᠣᠨ ᠤ ᠬᠤᠷᠰᠢᠭᠰᠠᠨ ᠡᠮᠨᠡᠯᠭᠡ ᠶᠢᠨ ᠪᠡᠯᠡ ᠬᠤᠷᠠᠮᠳᠣᠭᠤᠯᠭ᠎ᠠ | ᠶᠢᠨ ᠪᠠᠷᠢᠮᠵᠢᠶ᠎ᠠ ᠶᠢ ᠬᠦᠮᠦᠨ ᠪᠦᠷᠢ ᠲᠣᠮᠳᠠᠴᠢ ᠪᠠᠷ 490 ᠲᠦᠬᠦᠷᠢᠭ ᠪᠣᠯᠭᠠᠨ ᠲᠡᠭᠡᠭᠰᠢᠯᠡᠬᠦᠯᠵᠦ᠂ ᠲᠠᠩᠰᠠ | ᠴᠠᠶᠢᠷᠠᠭᠤᠯᠬᠤ ᠬᠠᠮᠤᠭ ᠦᠨᠳᠦᠷ ᠬᠡᠮᠵᠢᠶ᠎ᠠ ᠶᠢ 20 ᠲᠦᠮᠡᠨ ᠲᠦᠬᠦᠷᠢᠭ ᠲᠤ ᠬᠦᠷᠭᠡᠨ᠎ᠡ᠃ ᠡᠮ ᠡᠮᠴᠢᠯᠡᠭᠡᠨ ᠤ | ᠰᠦᠢᠳᠭᠡᠯ ᠢ ᠵᠣᠬᠢᠰᠳᠠᠢ ᠬᠢᠵᠠᠭᠠᠷᠯᠠᠨ᠂ ᠡᠮ ᠤᠨ ᠵᠦᠢᠯᠡᠰ ᠢ ᠣᠣᠯ ᠦᠨ᠎ᠡ ᠪᠠᠷ ᠨᠢ ᠬᠤᠳᠠᠯᠳᠣᠬᠤ ᠪᠠ ᠡᠪᠡᠳᠴᠢᠨ | ᠤ ᠲᠦᠷᠦᠯ ᠢᠶᠠᠷ ᠨᠢ ᠵᠠᠷᠣᠳᠠᠯ ᠤᠨ ᠬᠡᠮᠵᠢᠶ᠎ᠡ ᠶᠢ ᠬᠢᠵᠠᠭᠠᠷᠯᠠᠬᠤ ᠶᠢ ᠦᠷᠬᠦᠯᠵᠢᠯᠡᠨ ᠬᠡᠷᠡᠭᠵᠢᠬᠦᠯᠵᠦ᠂ ᠣᠯᠠᠨ ᠲᠦᠮᠡᠨ | ᠤ ︽ᠡᠪᠡᠳᠴᠢᠨ ᠦᠵᠡᠬᠦᠯᠬᠦ ᠳᠤ ᠲᠦᠪᠡᠭᠳᠡᠢ᠂ ᠡᠪᠡᠳᠴᠢᠨ ᠡᠮᠨᠡᠬᠦᠯᠬᠦ ᠳᠤ ᠦᠨᠡᠳᠡᠢ︾ ᠪᠠᠶᠢᠬᠤ ᠠᠰᠠᠭᠤᠳᠠᠯ ᠢ | ᠴᠢᠷᠮᠠᠶᠢᠨ ᠰᠢᠢᠳᠪᠦᠷᠢᠯᠡᠨ᠎ᠡ᠃ ᠬᠦᠮᠦᠨ ᠠᠮᠠ ᠲᠦᠯᠦᠪᠯᠡᠭᠡᠳᠦ ᠦᠷᠡᠵᠢᠯ ᠤᠨ ᠲᠦᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠣᠨ᠂ ᠬᠦᠮᠦᠨ ᠠᠮᠠ ᠶᠢᠨ ᠬᠡᠪ ᠤᠨ ᠦᠰᠦᠯᠳᠡ ᠶᠢᠨ ᠨᠣᠷᠮ᠎ᠠ ᠶᠢ 11‰ ᠶᠢᠨ | ᠲᠣᠳᠣᠷ᠎ᠠ ᠬᠢᠵᠠᠭᠠᠷᠯᠠᠬᠤ ᠶᠢ ᠪᠠᠳᠣᠯᠠᠵᠣ᠂ ᠲᠦᠷᠦ ᠶᠢᠨ ᠪᠣᠳᠣᠯᠭ᠎ᠠ ᠲᠣᠳᠣᠷᠠᠬᠢ ᠲᠦᠷᠦᠯᠳᠡ ᠶᠢᠨ ᠨᠣᠷᠮ᠎ᠠ ᠶᠢ | 92% ᠠᠴᠠ ᠲᠡᠭᠡᠭᠰᠢ ᠪᠠᠶᠢᠬᠤ ᠶᠢ ᠪᠠᠳᠣᠯᠠᠨ᠂ ᠨᠢᠯᠬ᠎ᠠ ᠬᠡᠦᠭᠡᠳ ᠤᠨ ᠴᠢᠨᠠᠷ ᠤᠨ ᠢᠯᠭᠠᠯ ᠤᠨ ᠬᠠᠷᠢᠴᠠᠯ ᠢ ᠬᠡᠪ | ᠤᠨ ᠪᠠᠶᠢᠳᠠᠯ ᠲᠠᠢ ᠪᠠᠶᠢᠯᠭᠠᠨ᠎ᠠ᠃ | ᠲᠠᠪᠤ ᠳᠤ᠂ ᠰᠣᠶᠣᠯ ᠲᠠᠮᠢᠷ ᠷᠠᠳᠢᠣ᠋ ᠲᠧᠯᠸᠢᠰ ᠺᠢᠨᠣ᠋ ᠶᠢᠨ ᠦᠢᠯᠡᠰ ᠢ ᠴᠡᠴᠡᠭᠯᠡᠬᠦᠯᠤᠨ ᠬᠦᠭᠵᠢᠬᠦᠯᠦᠨ᠎ᠡ᠃ ᠰᠠᠭᠤᠷᠢ | ᠲᠦᠬᠦᠭᠡᠷᠦᠮᠵᠢ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠰᠠᠶᠢᠵᠢᠷᠠᠭᠤᠯᠣᠨ᠂ ᠰᠢᠨ᠎ᠡ ᠪᠠᠷ 3 ᠰᠣᠶᠣᠯ ᠤᠨ | ᠦᠷᠳᠡᠭᠡ ᠪᠠᠶᠢᠭᠤᠯᠵᠣ᠂ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠲᠦᠪ ᠤᠨ ᠪᠠᠷᠢᠯᠭ᠎ᠠ ᠶᠢ ᠲᠠᠭᠤᠰᠬᠠᠨ᠂ | ᠬᠤᠶᠠᠷ ᠰᠠᠣᠷᠢ ᠷᠠᠳᠢᠣ᠋ ᠲᠧᠯᠸᠢᠰ ᠢ ᠬᠦᠯᠢᠶᠡᠨ ᠲᠠᠮᠵᠢᠭᠤᠯᠬᠤ ᠦᠷᠳᠡᠭᠡ ᠶᠢ ᠦᠷᠭᠡᠳᠭᠡᠨ ᠪᠠᠶᠢᠭᠤᠯᠬᠤ᠂ 2 ᠰᠠᠣᠷᠢ | ︽ᠡᠷᠦᠭᠡ ᠪᠣᠯᠭᠠᠨ ᠳᠤ ᠨᠡᠪᠳᠡᠷᠡᠬᠦᠯᠬᠦ︾ ᠲᠣᠭᠠᠴᠢᠯᠠᠭᠰᠠᠨ ᠲᠠᠮᠵᠢᠭᠤᠯᠬᠤ ᠦᠷᠳᠡᠭᠡ ᠶᠢ ᠠᠰᠢᠭᠯᠠᠯᠳᠠ ᠳᠤ | ᠤᠷᠤᠭᠤᠯᠬᠤ ᠪᠠᠷ ᠴᠢᠷᠮᠠᠶᠢᠵᠣ᠂ 2000 ᠰᠠᠣᠷᠢ ︽ᠡᠷᠦᠭᠡ ᠪᠣᠯᠭᠠᠨ ᠳᠤ ᠨᠡᠪᠳᠡᠷᠡᠬᠦᠯᠬᠦ︾ ᠲᠦᠬᠦᠭᠡᠷᠦᠮᠵᠢ ᠶᠢ | ᠣᠭᠰᠠᠷᠠᠬᠤ ᠠᠵᠢᠯ ᠢ ᠪᠠᠶᠠᠯᠡᠬᠦᠯᠦᠨ᠎ᠡ᠃ ᠴᠣᠭᠤᠷ ᠢᠵᠠᠭᠤᠷ ᠣᠷᠠᠯᠢᠭ ᠢ ᠤᠯᠠᠮᠵᠢᠯᠠᠨ ᠵᠠᠯᠭᠠᠮᠵᠢᠯᠠᠬᠤ ᠭᠠᠵᠠᠷ ᠤᠨ | ᠪᠦᠳᠦᠭᠡᠨ ᠪᠠᠶᠢᠭᠤᠯᠣᠯᠳᠠ ᠪᠠ ︽ᠠᠯᠳᠠᠨ ᠤᠯᠤᠰ ᠤᠨ ᠬᠢᠯᠢ ᠶᠢᠨ ᠬᠡᠷᠡᠮ︾᠂ ︽ᠶᠠᠩᠳᠣᠣ ᠰᠦᠮ᠎ᠡ︾ ᠵᠡᠷᠬᠡ | ᠡᠷᠳᠡᠨ ᠤ ᠵᠦᠢᠯᠡᠰ ᠢ ᠬᠠᠮᠠᠭᠠᠯᠠᠬᠤ ᠠᠵᠢᠯ ᠢ ᠡᠬᠢᠯᠡᠬᠦᠯᠦᠨ᠎ᠡ᠃ ᠡᠯ᠎ᠡ ᠲᠦᠷᠦᠯ ᠤᠨ ᠰᠣᠶᠣᠯ ᠲᠠᠮᠢᠷ ᠤᠨ | ᠬᠦᠳᠡᠯᠭᠡᠭᠡᠨ ᠢ ᠬᠦᠭᠵᠢᠶᠠᠡᠳᠡᠢ ᠡᠷᠬᠢᠯᠡᠨ ᠶᠠᠪᠤᠭᠳᠠᠭᠤᠯᠵᠤ᠂ ᠬᠠᠷ᠎ᠠ ᠠᠳᠣᠭᠤᠨ ᠰᠣᠶᠣᠯ ᠤᠨ ᠨᠠᠶᠢᠷ᠂ ᠮᠠᠯᠴᠢᠳ ᠤᠨ | ᠰᠣᠶᠣᠯ ᠣᠷᠠᠯᠢᠭ ᠤᠨ ᠨᠠᠶᠢᠷ ᠢ ᠦᠷᠬᠦᠯᠵᠢᠯᠡᠨ ᠡᠷᠬᠢᠯᠡᠨ᠂ ᠪᠡᠯᠬᠦᠳᠡᠢ ᠶᠢᠨ ᠲᠠᠬᠢᠯᠭ᠎ᠠ᠂ ᠬᠦᠨᠵᠠᠪ ᠣᠪᠣᠭᠠᠨ ᠤ | ᠲᠠᠭᠢᠯᠭ᠎ᠠ᠂ ᠴᠢᠩᠬᠢᠰ ᠪᠣᠭᠳᠠ ᠠᠭᠤᠯᠠ ᠶᠢᠨ ᠲᠠᠬᠢᠯᠭ᠎ᠠ ᠶᠢᠨ ᠠᠵᠢᠯᠯᠠᠭᠠᠨ ᠤ ᠠᠭᠤᠯᠭ᠎ᠠ ᠶᠢ ᠣᠯᠠᠮ | ᠪᠠᠶᠠᠯᠢᠭᠵᠢᠭᠤᠯᠣᠨ᠂ ᠦᠪᠡᠷᠳᠡᠭᠡᠨ ᠵᠠᠰᠠᠬᠤ ᠣᠷᠣᠨ ᠤ ︽ᠮᠣᠷᠢᠨ ᠮᠡᠷᠭᠡᠵᠢᠯ ᠤᠨ ᠦᠵᠡᠬᠦᠯᠦᠯᠭᠡ︾ ᠶᠢᠨ ᠲᠦᠷᠦᠯ | ᠵᠦᠢᠯ ᠤᠨ ᠰᠣᠷᠢᠯᠳᠠ ᠶᠢᠨ ᠰᠠᠭᠤᠷᠢᠨ ᠭᠠᠵᠡᠷ ᠢ ᠮᠠᠨ ᠤ ᠬᠤᠰᠢᠭᠤᠨ ᠳᠤ ᠪᠠᠶᠢᠭᠤᠯᠬᠤ ᠪᠠᠷ ᠴᠢᠷᠮᠠᠶᠢᠨ᠂ ᠠᠪᠠᠭ᠎ᠠ | ᠬᠤᠰᠢᠭᠤᠨ ᠤ ᠨᠠᠷᠠ ᠠᠯᠳᠠᠷᠰᠢᠯ ᠪᠠ ᠨᠦᠯᠦᠭᠡ ᠲᠣᠰᠬᠠᠯ ᠢ ᠣᠯᠠᠮ ᠦᠷᠭᠡᠳᠭᠡᠨ᠎ᠡ᠃ | ᠵᠢᠷᠭᠤᠭ᠎ᠠ ᠳᠤ᠂ ᠨᠡᠶᠢᠭᠡᠮ ᠤᠨ ᠪᠠᠳᠣᠯᠠᠭ᠎ᠠ ᠶᠢᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠪᠠᠶᠡᠯᠡᠬᠦᠯᠦᠨ᠎ᠡ᠃ | ᠦᠨᠳᠦᠷ ᠪᠠᠷᠢᠮᠵᠢᠶ᠎ᠠ ᠪᠠᠷ᠂ ᠪᠦᠬᠦ ᠲᠠᠯ᠎ᠠ ᠶᠢ ᠬᠠᠮᠣᠷᠬᠤ ᠵᠠᠷᠴᠢᠮ ᠶᠣᠰᠣᠭᠠᠷ᠂ ᠨᠡᠶᠢᠭᠡᠮ ᠤᠨ ᠪᠠᠳᠣᠯᠠᠭ᠎ᠠ ᠶᠢᠨ | ᠦᠢᠯᠡᠰ ᠤᠨ ᠦᠷᠬᠦᠯᠵᠢᠯᠡᠬᠦᠶᠢᠴᠡ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠬᠤᠳᠠ ᠬᠦᠳᠡᠭᠡ ᠶᠢᠨ ᠰᠠᠭᠤᠭᠠᠯᠢ | ᠠᠷᠠᠳ᠂ ᠬᠤᠳᠠ ᠪᠠᠯᠭᠠᠰᠣᠨ ᠤ ᠠᠵᠢᠯᠳᠠᠨ ᠤ ᠨᠠᠰᠣᠵᠢᠯ ᠤᠨ ᠲᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ | ᠲᠠᠰᠣᠷᠠᠯᠳᠠ ᠦᠭᠡᠢ ᠲᠡᠭᠡᠭᠰᠢᠯᠡᠬᠦᠯᠦᠨ᠂ ᠰᠠᠭᠤᠭᠠᠯᠢ ᠠᠷᠠᠳ ᠪᠠ ᠮᠠᠯᠴᠢᠳ ᠤᠨ ᠡᠮᠨᠡᠯᠭᠡ ᠶᠢᠨ ᠲᠠᠭᠠᠳᠬᠠᠯ ᠳᠤ | ᠣᠷᠣᠯᠴᠠᠬᠤ ᠨᠣᠷᠮ᠎ᠠ ᠶᠢ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ | ᠪᠠᠳᠣᠯᠠᠭ᠎ᠠ ᠬᠦᠷᠳᠡᠵᠦ ᠪᠠᠶᠢᠭ᠎ᠠ ᠬᠦᠮᠦᠰ᠂ ᠲᠠᠪᠣᠨ ᠪᠠᠳᠣᠯᠠᠭᠠᠳᠣ ᠡᠷᠦᠭᠡ ᠶᠢ ᠲᠦᠪᠯᠡᠷᠡᠬᠦᠯᠦᠨ ᠠᠰᠠᠷᠠᠨ | ᠬᠠᠷᠠᠭᠠᠯᠵᠠᠬᠤ ᠪᠠᠳᠣᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠂ ᠶᠠᠳᠠᠭᠤ ᠶᠢ ᠲᠡᠳᠬᠦᠵᠦ ᠬᠦᠴᠢᠷᠳᠡᠯ ᠢ | ᠰᠢᠢᠳᠪᠦᠷᠢᠯᠡᠬᠦ᠂ ᠠᠪᠤᠷᠠᠨ ᠲᠣᠰᠠᠯᠠᠬᠤ ᠬᠦᠳᠡᠯᠭᠡᠭᠡᠨ ᠢ ᠡᠷᠴᠢᠮᠳᠡᠢ ᠦᠷᠨᠢᠬᠦᠯᠵᠦ᠂ ᠨᠠᠶᠢᠭᠡᠮ ᠤᠨ ᠠᠪᠣᠷᠠᠨ | ᠲᠣᠰᠠᠯᠠᠯᠳᠠ ᠶᠢᠨ ᠡᠬᠢ ᠪᠠᠶᠠᠯᠢᠭ ᠢ ᠦᠨᠡᠨᠬᠦ ᠬᠡᠷᠡᠭᠴᠡᠭᠡ ᠲᠠᠢ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ | ᠲᠡᠭᠡᠷ᠎ᠡ ᠬᠡᠷᠡᠭᠯᠡᠬᠦ ᠶᠢ ᠪᠠᠳᠣᠯᠠᠨ᠎ᠠ᠃ | ᠲᠣᠯᠤᠭ᠎ᠠ ᠳᠤ᠂ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ ᠠᠵᠢᠯ ᠢ ᠢᠳᠡᠪᠬᠢᠳᠡᠢ ᠲᠦᠯᠬᠢᠨ ᠠᠬᠢᠭᠤᠯᠣᠨ᠎ᠠ᠃ | 2016 ᠣᠨ ᠳᠤ ᠶᠠᠳᠠᠭᠤ ᠠᠴᠠ ᠦᠡᠳᠤᠰᠤᠨ ᠳᠤᠨᠢ ᠠᠩᠬᠢᠵᠢᠷᠠᠭᠤᠯᠬᠤ ᠬᠠᠷᠠᠯᠳᠠ ᠶᠢᠨ ᠲᠣᠭᠤᠷᠢᠨ ᠳᠤ᠂ ᠶᠠᠳᠠᠭᠤ | ᠶᠢ ᠲᠡᠳᠬᠦᠬᠦ ᠠᠵᠢᠯ ᠢ ᠯᠠᠪᠳᠠᠭᠤᠨ ᠪᠠᠳᠣᠳᠠᠢ ᠰᠠᠶᠢᠳᠣᠷ ᠦᠷᠨᠢᠬᠦᠯᠦᠨ᠎ᠡ᠃ ᠮᠦᠩᠬᠦᠨ ᠬᠦᠢᠯᠭᠡᠭᠡ ᠪᠠᠷ ᠶᠠᠳᠠᠭᠤ ᠶᠢ | ᠲᠡᠳᠬᠦᠵᠦ ᠠᠷᠠᠳ ᠢᠶᠠᠨ ᠪᠠᠶᠠᠵᠢᠭᠤᠯᠬᠤ ᠢᠨᠵᠧᠨᠧᠷᠢᠩ ᠢ ᠡᠷᠴᠢᠮᠳᠡᠢ ᠲᠦᠯᠬᠢᠨ ᠠᠬᠢᠭᠤᠯᠵᠣ᠂ ᠵᠢᠯ ᠤᠨ ᠲᠣᠳᠣᠷ᠎ᠠ | 5000 ᠲᠦᠮᠡᠨ ᠲᠦᠬᠦᠷᠢᠭ ᠤᠨ ᠵᠢᠭᠡᠯᠡᠯᠭᠡ ᠶᠢ ᠲᠠᠷᠬᠠᠭᠠᠬᠤ ᠪᠠᠷ ᠲᠦᠯᠦᠪᠯᠡᠨ᠂ 700 ᠮᠠᠯᠵᠢᠬᠤ ᠡᠷᠦᠭᠡ᠂ | 1— 2 ᠲᠣᠯᠣᠭᠠᠶᠢᠯᠠᠭᠴᠢ ᠠᠵᠣ ᠠᠬᠤᠶᠢᠯᠠᠯ ᠢ ᠲᠡᠳᠬᠦᠨ ᠲᠡᠮᠵᠢᠨ᠎ᠡ︔ ᠦᠪᠡᠷᠳᠡᠭᠡᠨ ᠵᠠᠰᠠᠬᠤ ᠣᠷᠣᠨ ᠤ ︽ | ᠭᠤᠷᠪᠠ ᠶᠢ ᠭᠠᠴᠠᠭ᠎ᠠ ᠪᠠ ᠡᠷᠦᠭᠡ ᠳᠤ ᠬᠦᠷᠭᠡᠬᠦ︾ ᠲᠦᠷᠦᠯ ᠵᠦᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠣ | ᠬᠡᠷᠡᠭᠵᠢᠬᠦᠯᠦᠨ᠂ 15 ᠭᠠᠴᠠᠭᠠᠨ ᠳᠤ 750 ᠲᠦᠮᠡᠨ ᠲᠦᠬᠦᠷᠢᠭ ᠤᠨ ᠪᠡᠯᠡ ᠮᠦᠩᠬᠦ ᠪᠠᠭᠤᠯᠭᠠᠵᠣ᠂ ᠶᠠᠳᠠᠭᠤ ᠶᠢ | ᠲᠠᠳᠬᠦᠬᠦ 550 ᠲᠣᠯᠣᠭᠠᠢ ᠦᠬᠡᠷ᠂1600 ᠡᠮ᠎ᠡ ᠬᠤᠨᠢ ᠬᠤᠳᠠᠯᠳᠣᠨ ᠠᠪᠣᠨ᠎ᠠ︔ ᠶᠠᠳᠠᠭᠤ ᠶᠢ ᠲᠡᠳᠬᠦᠬᠦ | ᠪᠠᠶᠢᠭᠤᠯᠭ᠎ᠠ ᠨᠢᠬᠡᠴᠠ ᠶᠢᠨ ᠢᠳᠡᠪᠬᠢᠵᠢᠯ ᠢ ᠬᠦᠢᠴᠡᠳ ᠲᠠᠶᠢᠴᠢᠯᠠᠨ᠂ ᠲᠣᠭᠳᠠᠭᠰᠠᠨ ᠴᠡᠭ ᠲᠤ ᠶᠠᠳᠠᠭᠤ ᠶᠢ ᠲᠡᠳᠬᠦᠬᠦ | ᠠᠵᠢᠯ ᠢ ᠦᠷᠬᠦᠯᠵᠢᠯᠡᠨ ᠰᠠᠶᠢᠳᠣᠷ ᠦᠷᠨᠢᠬᠦᠯᠦᠨ᠎ᠡ︔ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ | ᠨᠠᠷᠢᠨ ᠬᠢᠨᠠᠮᠠᠭᠠᠢ ᠰᠠᠶᠢᠳᠣᠷ ᠠᠳᠬᠤᠨ᠂ ᠶᠠᠳᠠᠭᠤ ᠬᠦᠴᠢᠷᠳᠠᠯᠳᠡᠢ ᠬᠡᠷ ᠪᠦᠯᠢ ᠶᠢᠨ ᠬᠡᠦᠭᠡᠳ ᠤᠳ ᠲᠤ ᠲᠦᠪ | ᠭᠤᠤᠯᠴᠢ ᠡᠷᠬᠡ ᠲᠡᠭᠰᠢ ᠪᠠᠷ ᠰᠤᠷᠭᠠᠨ ᠬᠦᠮᠤᠵᠢᠯ ᠬᠦᠷᠳᠡᠬᠡᠵᠤ᠂ ᠪᠦᠬᠦ ᠲᠠᠯ᠎ᠠ ᠪᠠᠷ ᠬᠦᠭᠵᠢᠭᠰᠡᠨ ᠴᠢᠳᠠᠪᠤᠷᠢᠳᠠᠨ | ᠪᠤᠯᠭᠠᠨ ᠬᠦᠮᠤᠵᠢᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃ ᠵᠢᠯ ᠤᠨ ᠲᠣᠳᠣᠷ᠎ᠠ 240 ᠡᠷᠦᠭᠡ ᠶᠢᠨ 612 | ᠬᠦᠮᠦᠨ ᠢ ᠲᠣᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠠᠷ ᠴᠢᠷᠮᠠᠶᠢᠨ᠎ᠠ᠃ | ᠨᠠᠢᠮᠠ ᠳᠤ᠂ ᠣᠯᠠᠨ ᠠᠷᠭ᠎ᠠ ᠵᠠᠮ ᠢᠶᠠᠷ ᠺᠠᠳ᠋ᠷ ᠠᠵᠢᠯᠳᠠᠨ ᠪᠠ ᠣᠯᠠᠨ ᠲᠦᠮᠡᠨ ᠤ ᠣᠷᠣᠯᠭ᠎ᠠ ᠶᠢ ᠨᠡᠮᠡᠭᠳᠡᠬᠦᠯᠦᠨ᠎ᠡ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠦᠷᠢᠮ ᠢ ᠪᠦᠷᠢᠨᠰᠢᠬᠦᠯᠦᠨ᠂ ᠲᠦᠷᠥ ᠶᠢᠨ | ᠠᠯᠪᠠᠳᠠᠨ ᠤ ᠲᠣᠰᠢᠶᠠᠯ ᠪᠠ ᠵᠠᠷᠬᠡ ᠲᠡᠰ ᠤᠨ ᠲᠦᠷᠢᠮ ᠢ ᠬᠠᠮᠳᠤ ᠳᠤᠨᠢ ᠬᠡᠷᠡᠭᠵᠢᠬᠦᠯᠵᠤ᠂ ᠴᠠᠯᠢᠩ ᠢ ᠬᠡᠪ ᠤᠨ | ᠶᠣᠰᠣᠭᠠᠷ ᠨᠡᠮᠡᠭᠳᠡᠬᠦᠯᠬᠦ ᠵᠣᠬᠢᠴᠠᠮᠵᠢ ᠪᠠ ᠬᠢᠯᠢ ᠲᠠᠭᠠᠣ ᠶᠠᠳᠠᠭᠤ ᠬᠦᠴᠢᠷᠳᠡᠯᠳᠡᠢ ᠭᠠᠵᠠᠷ ᠣᠷᠣᠨ ᠤ ᠴᠠᠯᠢᠩ ᠤᠨ | ᠨᠦᠬᠦᠪᠦᠷᠢ ᠶᠢ ᠨᠠᠮᠡᠭᠳᠡᠬᠦᠯᠬᠦ ᠵᠣᠬᠢᠴᠠᠮᠵᠢ ᠶᠢ ᠲᠡᠬᠦᠯᠳᠡᠷᠵᠢᠬᠦᠯᠦᠨ᠎ᠡ᠃ ᠴᠠᠯᠢᠩ ᠣᠯᠭᠤᠬᠤ ᠪᠠᠳᠣᠯᠠᠭ᠎ᠠ ᠶᠢᠨ ᠲᠦᠷᠢᠮ | ᠂ ᠠᠵᠣ ᠠᠬᠤᠶᠢᠯᠠᠯ ᠤᠨ ᠴᠠᠯᠢᠩ ᠤᠨ ᠬᠠᠮᠳᠣᠪᠠᠷ ᠵᠦᠪᠳᠡᠯᠴᠡᠬᠦ ᠲᠦᠷᠢᠮ ᠪᠠ ᠬᠠᠮᠤᠭ ᠤᠨ ᠲᠣᠣᠷ᠎ᠠ ᠴᠠᠯᠢᠩ ᠤᠨ | ᠪᠠᠷᠢᠮᠵᠢᠶ᠎ᠠ ᠶᠢ ᠲᠣᠬᠢᠷᠠᠭᠤᠯᠬᠤ ᠵᠣᠬᠢᠴᠠᠮᠵᠢ ᠶᠢ ᠪᠦᠷᠢᠡᠰᠢᠬᠦᠯᠤᠨ᠎ᠠ᠃ ᠤᠯᠤᠰ ᠤᠨ ᠠᠯᠪᠠᠳᠠᠨ ᠤ ᠴᠠᠯᠢᠩ ᠳᠤ | ᠲᠤᠬᠢᠷᠠᠭᠤᠯᠤᠯᠳᠠ ᠬᠢᠬᠦ ᠠᠵᠢᠯ ᠢ ᠰᠠᠶᠢᠳᠤᠷ ᠠᠳᠬᠤᠬᠤ ᠶᠢᠨ ᠬᠠᠮᠳᠤ ᠰᠣᠷᠭᠠᠨ ᠬᠦᠮᠦᠵᠢᠯ ᠰᠢᠨᠵᠢᠯᠡᠭᠡ ᠮᠡᠷᠭᠡᠵᠢᠯ᠂ | ᠡᠮᠴᠢᠯᠡᠭᠡ ᠡᠷᠡᠬᠦᠯ ᠬᠠᠮᠠᠭᠠᠯᠠᠯ ᠵᠡᠷᠭᠡ ᠠᠵᠣ ᠦᠢᠯᠡᠰ ᠤᠨ ᠪᠠᠶᠢᠭᠤᠯᠭ᠎ᠠ ᠶᠢᠨ ᠠᠵᠢᠯᠳᠠᠨ ᠤ ᠴᠠᠯᠢᠩ ᠳᠤ ᠨᠢᠭᠡᠳᠦᠯᠳᠡᠢ | ᠲᠤᠬᠢᠷᠠᠭᠤᠯᠤᠯᠳᠠ ᠬᠢᠵᠤ᠂ ᠠᠵᠢᠯᠳᠠᠨ ᠤ ᠴᠠᠯᠢᠩ ᠶᠢᠨ ᠠᠪᠴᠤ ᠠᠮᠠᠷᠠᠬᠤ ᠲᠦᠷᠢᠮ ᠢ ᠨᠠᠶᠢᠳᠠᠪᠣᠷᠢᠵᠢᠭᠤᠯᠣᠨ᠎ᠠ᠃ | ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠨ᠂ ᠡᠬᠢ ᠪᠠᠶᠠᠯᠢᠭ ᠤᠨ ᠨᠡᠬᠡᠬᠡᠯᠳᠡ᠂ ᠭᠠᠵᠠᠷ | ᠲᠠᠳᠠᠪᠣᠷᠢᠯᠠᠨ ᠨᠣᠷᠠᠭᠠᠵᠣ ᠨᠡᠬᠦᠯᠭᠡᠬᠦ ᠳᠤ ᠬᠤᠯᠪᠤᠭᠳᠠᠭᠰᠡᠨ ᠨᠦᠬᠦᠪᠦᠷᠢ ᠶᠢᠨ ᠵᠣᠬᠢᠴᠠᠮᠵᠢ ᠶᠢ ᠪᠠᠶᠢᠭᠤᠯᠣᠨ | ᠪᠦᠷᠢᠨᠰᠢᠬᠦᠯᠵᠦ᠂ ᠮᠠᠯᠴᠢᠳ ᠤᠨ ᠨᠣᠳᠤᠭ ᠪᠡᠯᠴᠢᠭᠡᠷ ᠪᠠ ᠬᠠᠮᠳᠣ ᠶᠢᠨ ᠡᠳ᠋ ᠬᠦᠷᠦᠩᠭᠡ ᠶᠢᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠨ᠂ ᠮᠠᠯᠵᠢᠬᠤ ᠣᠷᠣᠨ ᠤ ᠬᠦᠳᠡᠯᠮᠦᠷᠢ ᠬᠦᠴᠦ ᠶᠢ ᠰᠢᠯᠵᠢᠬᠦᠯᠦᠨ ᠠᠵᠢᠯ ᠣᠯᠭᠤᠬᠤ | ᠠᠵᠢᠯ ᠢ ᠬᠦᠢᠴᠡᠳ ᠲᠠᠶᠢᠴᠢᠯᠠᠵᠤ᠂ ᠡᠯ᠎ᠡ ᠲᠦᠷᠦᠯ ᠤᠨ ᠮᠠᠯᠴᠢᠳ ᠲᠤ ᠬᠠᠷᠠᠭᠠᠯᠵᠠᠯ ᠦᠵᠡᠬᠦᠯᠬᠦ ᠨᠦᠬᠦᠪᠦᠷᠢ ᠶᠢᠨ | ᠲᠦᠷᠦ ᠶᠢᠨ ᠪᠣᠳᠣᠯᠭ᠎ᠠ ᠶᠢ ᠲᠣᠣᠱᠳᠠᠢ ᠨᠠᠶᠢᠳᠠᠪᠣᠷᠢᠵᠢᠭᠤᠯᠣᠨ᠂ ᠮᠠᠯᠴᠢᠳ ᠤᠨ ᠣᠷᠣᠯᠭ᠎ᠠ ᠶᠢ ᠴᠢᠷᠮᠠᠶᠢᠨ | ᠨᠡᠮᠡᠭᠳᠡᠬᠦᠯᠦᠨ᠎ᠡ᠃ | ᠶᠢᠰᠣ ᠳᠤ᠂ ᠦᠨᠳᠣᠰᠣᠳᠠᠨ ᠱᠠᠰᠢᠨ ᠰᠣᠷᠳᠠᠬᠤᠨ ᠤ ᠠᠵᠢᠯ ᠢ ᠦᠨᠡᠨᠬᠦ ᠰᠠᠶᠢᠳᠣᠷ ᠪᠠᠶᠠᠯᠡᠬᠦᠯᠣᠨᠠ᠃ ᠨᠠᠮ ᠤᠨ | ᠦᠨᠳᠣᠰᠣᠳᠠᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠡᠯ᠎ᠠ | ᠦᠡᠳᠤᠰᠤᠳᠠᠨ ᠤ ᠬᠤᠭᠤᠷᠤᠡᠳᠤᠬᠢ ᠨᠦᠬᠦᠷᠰᠡᠭ ᠬᠠᠮᠳᠤᠷᠠᠯᠴᠠᠭ᠎ᠠ ᠶᠢ ᠴᠢᠩᠭᠠᠳᠬᠠᠨ᠂ ︽ᠲᠦᠷᠪᠡ ᠶᠢ | ᠵᠦᠪᠰᠢᠶᠠᠷᠡᠬᠦ︾ ᠪᠠ ︽ᠭᠤᠷᠪᠡ ᠰᠠᠯᠵᠤ ᠪᠤᠯᠬᠤ ᠦᠬᠡᠢ︾ ᠪᠠᠶᠢᠬᠤ ᠦᠵᠠᠯ ᠰᠠᠨᠠᠭ᠎ᠠ ᠶᠢ ᠬᠦᠮᠤᠰ ᠤᠨ ᠰᠡᠳᠬᠢᠯ | ᠳᠤ ᠬᠦᠡᠵᠡᠬᠡᠢ ᠬᠤᠨᠤᠭᠰᠢᠭᠤᠯᠤᠨᠠ᠃ ᠮᠣᠩᠭᠤᠯ ᠦᠬᠡ ᠬᠡᠯᠨ ᠦᠰᠦᠭ ᠪᠢᠴᠢᠭ ᠤᠨ ᠲᠦᠷᠢᠮᠵᠢᠭᠰᠡᠨ ᠬᠡᠷᠡᠭᠯᠠᠯᠳᠠ | ᠶᠢᠨ ᠬᠢᠨᠠᠨ ᠬᠠᠮᠢᠶᠠᠷᠣᠯᠳᠠ ᠶᠢᠨ ᠡᠷᠴᠢᠮ ᠢᠶᠠᠨ ᠴᠢᠩᠭᠠᠳᠬᠠᠨ᠂ ᠮᠣᠩᠭᠤᠯ ᠦᠬᠡ ᠬᠡᠯᠨ ᠦᠰᠦᠭ ᠪᠢᠴᠢᠭ ᠤᠨ | ᠬᠠᠣᠯᠢᠵᠢᠯᠳᠠ᠂ ᠲᠦᠷᠢᠮᠵᠢᠯᠳᠠ᠂ ᠪᠠᠷᠢᠮᠵᠢᠶᠠᠵᠢᠯᠳᠠ᠂ ᠴᠢᠮᠡᠭᠡ ᠵᠠᠩᠬᠢᠵᠢᠯᠳᠠ ᠶᠢᠨ ᠪᠠᠶᠢᠭᠤᠯᠣᠯᠳᠠ ᠶᠢ ᠲᠦᠯᠬᠢᠨ | ᠠᠬᠢᠭᠤᠯᠣᠨ᠎ᠠ᠃ ᠱᠠᠰᠢᠨ ᠰᠣᠷᠳᠠᠬᠤᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ᠱᠠᠰᠢᠨ ᠰᠢᠳᠣᠯᠬᠡᠳᠠᠳ ᠤᠨ | ᠠᠵᠣ ᠠᠬᠤᠢ ᠨᠡᠶᠢᠬᠡᠮ ᠤᠨ ᠬᠦᠭᠵᠢᠯᠳᠠ ᠳᠤ ᠦᠵᠡᠬᠦᠯᠬᠦ ᠦᠢᠯᠡᠳᠣᠯ ᠢ ᠨᠢ ᠬᠦᠢᠴᠡᠳ ᠪᠠᠳᠠᠷᠠᠭᠤᠯᠣᠨ᠎ᠠ᠃ | ︵ᠲᠠᠪᠤ︶ ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠵᠣ᠂ ᠰᠢᠨ᠎ᠡ ᠬᠡᠪ ᠪᠠᠶᠢᠳᠠᠯ ᠳᠤ ᠵᠤᠬᠢᠴᠠᠭᠰᠡᠨ | ᠲᠣᠭᠳᠠᠭᠤᠨ ᠬᠦᠭᠵᠢᠯᠳᠡ ᠶᠢ ᠪᠠᠶᠡᠯᠡᠬᠦᠯᠦᠨ᠎ᠡ | ᠨᠢᠭᠡ ᠳᠤ᠂ ᠨᠡᠶᠢᠭᠡᠮ ᠤᠨ ᠵᠦᠷᠢᠴᠡᠯ ᠮᠦᠷᠬᠦᠯᠳᠦᠭᠡᠨ ᠢ ᠰᠠᠶᠢᠳᠤᠷ ᠪᠠᠶᠢᠴᠠᠭᠠᠨ ᠨᠠᠮᠳᠠᠭᠠᠨ᠎ᠠ᠃ ᠵᠦᠷᠢᠴᠡᠯ | ᠮᠦᠷᠬᠦᠯᠳᠦᠭᠡᠨ ᠢ ᠪᠠᠶᠢᠴᠠᠭᠠᠵᠣ ᠵᠣᠬᠢᠴᠠᠭᠤᠯᠬᠤ ᠲᠦᠷᠪᠡᠨ ᠱᠠᠳᠤᠨ ᠤ ᠲᠣᠣᠷ ᠰᠦᠯᠵᠢᠶᠠᠨ ᠤ ᠪᠠᠶᠢᠭᠤᠯᠣᠯᠳᠠ ᠶᠢ | ᠪᠦᠷᠢᠨᠰᠢᠬᠦᠯᠦᠨ᠂ ᠠᠷᠠᠳ ᠤᠨ ᠬᠤᠭᠤᠷᠣᠨᠳᠣᠬᠢ ᠡᠶᠠᠳᠡᠬᠦᠯᠬᠡ᠂ ᠵᠠᠰᠠᠭ ᠵᠠᠬᠢᠷᠭᠠᠨ ᠤ ᠡᠶᠠᠳᠡᠬᠦᠯᠬᠡ᠂ ᠬᠠᠣᠯᠢ | ᠴᠠᠭᠠᠵᠠ ᠶᠢᠨ ᠡᠶᠠᠳᠡᠬᠦᠯᠬᠡ᠂ ᠲᠣᠭᠤᠷᠢᠨ ᠰᠢᠬᠦᠬᠦ ᠲᠢᠩᠬᠢᠮ ᠤᠨ ᠬᠤᠯᠪᠣᠭᠠᠯᠠᠭᠰᠠᠨ ᠵᠣᠬᠢᠴᠠᠮᠵᠢ ᠶᠢ | ᠪᠦᠷᠢᠨᠰᠢᠬᠦᠯᠦᠨ᠂ ᠵᠦᠷᠢᠴᠡᠯ ᠮᠦᠷᠬᠦᠯᠳᠦᠭᠡᠨ ᠢ ᠬᠠᠣᠯᠢ ᠶᠣᠰᠣᠭᠠᠷ ᠡᠶᠠᠳᠡᠬᠦᠯᠤᠨ ᠰᠢᠢᠳᠪᠦᠷᠢᠯᠡᠨ᠎ᠡ᠃ ᠭᠤᠤᠯᠳᠠᠯᠭ᠎ᠠ | ᠲᠠᠢ ᠭᠠᠵᠠᠷ ᠣᠷᠣᠨ᠂ ᠬᠦᠷᠢᠶ᠎ᠡ ᠬᠡᠪᠴᠢᠶ᠎ᠡ᠂ ᠬᠦᠮᠦᠰ ᠤᠨ ᠬᠤᠭᠤᠷᠤᠡᠳᠤᠬᠢ ᠵᠦᠷᠢᠴᠡᠯ ᠮᠦᠷᠬᠦᠯᠳᠦᠭᠡᠨ ᠢ | ᠪᠠᠶᠢᠴᠠᠭᠠᠵᠣ ᠰᠢᠢᠳᠪᠦᠷᠢᠯᠡᠬᠦ ᠠᠵᠢᠯ ᠢ ᠴᠢᠩᠭᠠᠳᠬᠠᠨ᠂ ᠵᠦᠷᠢᠴᠡᠯ ᠵᠢᠭᠤᠷᠠᠭᠠᠨ ᠪᠠ ᠠᠰᠠᠭᠤᠳᠠᠯ ᠢ ᠡᠷᠳ᠋ᠨ ᠠᠴᠠ᠂ | ᠡᠬᠢᠯᠡᠯᠳᠡ ᠶᠢᠨ ᠱᠠᠳᠤᠨ ᠳᠤ᠂ ᠦᠨᠳᠦᠰᠦᠨ ᠠᠴᠠ ᠨᠢ ᠨᠠᠮᠳᠠᠭᠠᠨ᠂ ᠬᠦᠨᠳᠦ ᠶᠡᠭᠡ ᠪᠦᠯᠦᠭᠯᠡᠯ ᠤᠨ ᠴᠢᠨᠠᠷᠳᠠᠢ ᠬᠡᠷᠡᠭ | ᠣᠴᠢᠷ ᠪᠠ ᠬᠤᠪᠢ ᠬᠦᠮᠦᠨ ᠤ ᠮᠣᠵᠢᠭᠤᠳᠠ ᠠᠵᠢᠯᠯᠠᠭ᠎ᠠ ᠶᠢ ᠡᠷᠡᠰ ᠢᠶᠠᠷ ᠰᠡᠷᠬᠡᠶᠢᠯᠡᠨ ᠬᠤᠷᠢᠭᠯᠠᠨ᠎ᠠ᠃ | ᠬᠤᠶᠠᠷ ᠲᠤ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠨ᠎ᠠ᠃ ︽1328︾ ᠵᠠᠬᠢᠳᠠᠯ | ᠰᠣᠷᠪᠣᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠬᠢᠨᠠᠮᠠᠭᠠᠢ ᠨᠠᠶᠢᠳᠠᠪᠣᠷᠢᠵᠢᠭᠤᠯᠣᠨ᠂ ᠵᠠᠬᠢᠳᠠᠯ | ᠰᠣᠷᠪᠣᠯᠵᠢᠯᠠᠭ᠎ᠠ ᠶᠢ ᠬᠦᠯᠢᠶᠡᠨ ᠠᠪᠬᠤ ᠬᠤᠯᠪᠤᠭᠠᠯᠠᠭᠰᠡᠨ ᠵᠣᠬᠢᠴᠠᠮᠵᠢ ᠶᠢ ᠪᠠᠶᠢᠭᠤᠯᠵᠣ᠂ ᠵᠠᠬᠢᠳᠠᠯ ᠰᠣᠷᠪᠣᠯᠵᠢᠯᠠᠭ᠎ᠠ | ᠶᠢᠨ ᠠᠵᠢᠯ ᠳᠤ ᠤᠬᠢ ᠰᠠᠶᠢᠨ ᠤᠷᠴᠢᠨ ᠢ ᠡᠬᠦᠳᠴᠤ ᠦᠭᠬᠦᠨ᠎ᠠ᠃ ᠰᠢᠢᠳᠪᠤᠷᠢᠯᠡᠬᠦ ᠳᠤ ᠲᠦᠪᠡᠭᠳᠡᠢ ᠪᠠᠶᠢᠭ᠎ᠠ | ᠵᠠᠬᠢᠳᠠᠯ ᠰᠣᠷᠪᠣᠯᠵᠢᠯᠠᠭ᠎ᠠ ᠶᠢᠨ ᠭᠡᠷᠡᠭ ᠢ ᠰᠢᠢᠳᠪᠤᠷᠢᠯᠡᠨ ᠨᠠᠮᠳᠠᠭᠤᠯᠬᠤ ᠲᠣᠰᠬᠠᠢ ᠲᠦᠷᠦᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠣ ᠦᠷᠨᠢᠬᠦᠯᠦᠨ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠭᠤᠤᠯᠳᠠᠯᠭ᠎ᠠ ᠤᠨ ᠬᠦᠮᠤᠰ ᠤᠨ | ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠠᠵᠢᠯ ᠢ ᠰᠠᠶᠢᠳᠣᠷ ᠡᠷᠴᠢᠮᠵᠢᠬᠦᠯᠵᠤ᠂ ᠵᠠᠭᠠᠯᠳᠣᠯᠭ᠎ᠠ ᠨᠢ ᠵᠦᠢ | ᠶᠣᠰᠣ ᠲᠠᠢ ᠪᠣᠯ ᠠᠰᠠᠭᠤᠳᠠᠯ ᠢ ᠨᠢ ᠲᠣᠶᠢᠯᠪᠣᠷᠢᠳᠠᠢ ᠰᠢᠢᠳᠪᠦᠷᠢᠯᠡᠨ ᠦᠭᠴᠦ᠂ ᠵᠠᠭᠠᠯᠳᠣᠯᠭ᠎ᠠ ᠨᠢ ᠶᠤᠰᠤᠨ ᠳᠤ | ᠨᠠᠶᠢᠴᠡᠬᠦ ᠦᠬᠡᠢ ᠪᠠᠶᠢᠪᠠᠯ ᠦᠵᠡᠯ ᠰᠠᠨᠠᠭᠠᠨ ᠤ ᠬᠦᠮᠦᠵᠢᠯ ᠢ ᠬᠦᠢᠴᠡᠳ ᠬᠢᠵᠦ᠂ ᠠᠮᠢᠳᠣᠷᠠᠯ ᠨᠢ ᠬᠦᠴᠢᠷᠳᠡᠯᠳᠡᠢ ᠪᠤᠯ | ᠶᠠᠳᠠᠭᠤ ᠶᠢ ᠲᠡᠳᠬᠦᠬᠦ ᠲᠤᠰᠠᠯᠠᠮᠵᠢ ᠶᠢ ᠬᠦᠢᠴᠡᠳ ᠣᠯᠭᠤᠨ ᠲᠡᠮᠵᠢᠵᠦ᠂ ᠬᠠᠣᠯᠢ ᠪᠣᠰᠣ ᠪᠠᠷ ᠭᠡᠷᠡᠭ ᠦᠳᠦᠭᠡᠨ | ᠠᠮᠤᠷ ᠲᠤᠭᠳᠠᠭᠤᠨ ᠢ ᠨᠦᠯᠤᠬᠡᠯᠡᠭᠰᠡᠨ ᠪᠠᠶᠢᠪᠠᠯ ᠬᠠᠣᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠵᠠᠬᠢᠳᠠᠯ | ᠰᠣᠷᠪᠣᠯᠵᠢᠯᠠᠭ᠎ᠠ ᠶᠢᠨ ᠠᠵᠢᠯ ᠢ ᠬᠠᠤᠯᠢᠵᠢᠭᠤᠯᠤᠨ ᠲᠦᠷᠢᠮᠵᠢᠬᠦᠯᠵᠤ᠂ ᠵᠠᠬᠢᠳᠠᠯ ᠰᠣᠷᠪᠣᠯᠵᠢᠯᠠᠭ᠎ᠠ ᠶᠢᠨ ᠡᠮᠬᠢ ᠲᠢᠭᠯᠢᠮ | ᠪᠠ ᠠᠵᠢᠯ ᠤᠨ ᠲᠠᠰ ᠲᠠᠷᠠᠭᠠᠯᠠᠯ ᠢ ᠵᠢᠷᠤᠮᠵᠢᠭᠤᠯᠤᠨ᠂ ᠣᠯᠠᠨ ᠲᠦᠮᠡᠨ ᠢ ᠵᠠᠭᠠᠯᠳᠣᠯᠭ᠎ᠠ ᠬᠢᠬᠦ ᠪᠠ ᠭᠤᠶᠣᠴᠢᠯᠠᠯ | ᠲᠡᠪᠰᠢᠬᠦᠯᠬᠦ ᠳᠡᠭᠡᠨ ᠬᠠᠤᠯᠢ ᠶᠤᠰᠤᠭᠠᠷ ᠢᠶᠠᠷ ᠶᠠᠪᠤᠭᠳᠠᠭᠤᠯᠬᠤ ᠪᠠᠷ ᠵᠢᠯᠤᠭᠤᠳᠤᠨ᠂ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠬᠠᠤᠯᠢ ᠴᠠᠭᠠᠵᠠ ᠲᠦᠷᠢᠮ ᠲᠤᠭᠳᠠᠭᠠᠯ ᠶᠤᠰᠤᠭᠠᠷ ᠰᠢᠢᠳᠪᠤᠷᠢᠯᠡᠬᠦ ᠪᠠᠷ ᠴᠢᠷᠮᠠᠶᠢᠨ᠎ᠠ᠃ ᠲᠣᠣᠷ | ᠰᠦᠯᠵᠢᠶᠡᠨ ᠵᠡᠷᠬᠡ ᠪᠠᠷ ᠵᠠᠬᠢᠳᠠᠯ ᠰᠣᠷᠪᠣᠯᠵᠢᠯᠠᠭ᠎ᠠ ᠬᠦᠯᠢᠶᠡᠨ ᠠᠪᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠣᠨ᠎ᠠ | ᠃ | ᠭᠤᠷᠪᠠ ᠳᠤ᠂ ᠠᠮᠣᠷ ᠲᠠᠶᠢᠪᠤᠡᠭ ᠤᠨ ᠪᠠᠶᠢᠭᠤᠯᠤᠯᠳᠠ ᠶᠢᠨ ᠠᠵᠢᠯ ᠢ ᠰᠠᠶᠢᠳᠣᠷ ᠠᠳᠬᠤᠨ᠎ᠠ᠃ ᠦᠢᠯᠡᠳᠪᠦᠷᠢᠯᠡᠯ᠂ | ᠠᠮᠢᠳᠣᠷᠠᠯ᠂ ᠶᠠᠪᠣᠵᠣ ᠰᠠᠭᠤᠬᠤ ᠶᠢᠨ ᠠᠮᠣᠷ ᠲᠦᠪᠰᠢᠨ ᠢᠶᠠᠷ ᠭᠤᠣᠯ ᠠᠭᠤᠯᠭ᠎ᠠ ᠪᠠᠨ ᠪᠣᠯᠭᠠᠭᠰᠠᠨ ︽ᠠᠮᠣᠷ | ᠲᠠᠶᠢᠪᠣᠩ ᠬᠠᠯᠠᠭᠤᠨ ᠲᠤᠳᠤᠨᠤ ᠠᠪᠠᠭ᠎ᠠ ᠨᠣᠳᠤᠭ︾ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠦᠷᠬᠦᠯᠵᠢᠯᠡᠨ | ᠬᠦᠨᠵᠡᠭᠡᠢ ᠦᠷᠨᠢᠬᠦᠯᠵᠦ᠂ ᠠᠮᠣᠷ ᠲᠦᠪᠰᠢᠨ ᠤ ᠲᠣᠭᠠᠴᠢᠯᠠᠭᠰᠠᠨ ᠢᠨᠵᠧᠨᠧᠷᠢᠩ ᠢ ᠲᠡᠭᠡᠷ᠎ᠡ ᠬᠠᠭᠠᠰ ᠵᠢᠯ ᠳᠤ ᠪᠦᠬᠦ | ᠲᠠᠯ᠎ᠠ ᠪᠠᠷ ᠡᠬᠢᠯᠡᠬᠦᠯᠵᠤ᠂ ᠣᠯᠠᠨ ᠲᠦᠮᠡᠨ ᠤ ᠠᠮᠣᠷ ᠲᠦᠪᠰᠢᠨ ᠰᠡᠳᠬᠢᠭᠳᠡᠯ ᠢ ᠣᠯᠠᠮ ᠴᠢᠨᠠᠭᠰᠢᠳᠠ | ᠨᠡᠮᠡᠭᠳᠡᠬᠦᠯᠦᠨ᠎ᠡ᠃ ᠭᠤᠣᠯᠳᠠᠯᠭᠠᠳᠣ ᠠᠵᠢᠯ ᠲᠦᠷᠦᠯ ᠪᠠ ᠣᠯᠠᠨ ᠨᠡᠶᠢᠳᠡ ᠶᠢᠨ ᠲᠠᠯᠠᠪᠣᠷ ᠢ ᠲᠣᠰᠬᠠᠢ ᠲᠦᠷᠦᠯ ᠢᠶᠠᠷ | ᠵᠠᠰᠠᠬᠤ ᠪᠠ ᠲᠠᠯᠳᠠ ᠬᠡᠮ ᠢ ᠨᠢ ᠪᠠᠶᠢᠴᠭᠠᠠᠨ ᠰᠢᠢᠳᠪᠦᠷᠢᠯᠡᠬᠦ ᠠᠵᠢᠯ ᠢ ᠴᠢᠩᠭᠠᠳᠬᠠᠨ᠂ ᠠᠭᠤᠷᠬᠠᠢ᠂ ᠵᠠᠮ | ᠬᠠᠷᠢᠯᠴᠠᠭ᠎ᠠ᠂ ᠠᠶᠣᠯᠳᠠᠢ ᠬᠢᠮᠢ ᠶᠢᠨ ᠪᠣᠳᠠᠰ ᠵᠡᠷᠭᠡ ᠬᠦᠷᠢᠶ᠎ᠡ ᠬᠡᠪᠴᠢᠶᠡᠨ ᠳᠠᠬᠢ ᠠᠮᠣᠷ ᠲᠦᠪᠰᠢᠨ ᠤ ᠬᠢᠨᠠᠨ | ᠬᠠᠮᠢᠶᠠᠷᠣᠯᠳᠠ ᠶᠢ ᠴᠢᠩᠭᠠᠳᠬᠠᠨ᠂ ᠡᠯ᠎ᠡ ᠲᠦᠷᠦᠯ ᠤᠨ ᠬᠦᠨᠳᠦ ᠶᠡᠭᠡ ᠠᠳᠡᠯ ᠤᠨ ᠬᠡᠷᠡᠭ ᠡᠬᠦᠰᠬᠦ ᠶᠢ ᠡᠷᠡᠰ ᠢᠶᠠᠷ | ᠰᠡᠷᠬᠡᠶᠢᠯᠡᠨ᠎ᠠ᠃ ᠢᠳᠡᠭᠡᠨ ᠪᠠ ᠡᠮ ᠤᠨ ᠵᠥᠢᠯᠡᠰ ᠤᠨ ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠣᠯᠠᠨ ᠲᠦᠮᠡᠨ ᠤ ᠢᠳᠡᠭᠡᠨ ᠪᠠ ᠡᠮ ᠤᠨ ᠵᠦᠢᠯᠡᠰ ᠤᠨ ᠠᠮᠣᠷ ᠲᠦᠪᠰᠢᠨ ᠢ | ᠦᠨᠡᠨᠬᠦ ᠪᠠᠳᠣᠯᠠᠨ᠎ᠠ᠃ | ᠲᠦᠷᠪᠡ ᠳᠤ᠂ ᠲᠣᠣᠷ ᠰᠦᠯᠵᠢᠶᠡᠨ ᠤ ᠬᠢᠨᠠᠨ ᠬᠠᠮᠢᠶᠠᠷᠣᠯᠳᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠣᠳᠣᠷᠢᠳᠣᠨ | ᠲᠠᠭᠠᠭᠤᠯᠬᠤ ᠠᠵᠢᠯ ᠢ ᠴᠢᠬᠤᠯᠠᠴᠢᠯᠠᠨ᠎ᠠ᠃ ᠬᠠᠣᠯᠢ ᠶᠣᠰᠣᠭᠠᠷ ᠲᠤᠤᠷ ᠰᠦᠯᠵᠢᠶ᠎ᠠ ᠶᠢ ᠬᠠᠮᠢᠶᠠᠷᠬᠤ᠂ ᠬᠡᠷᠡᠭᠯᠡᠬᠦ ᠪᠠ | ᠵᠠᠰᠠᠬᠤ ᠠᠵᠢᠯ ᠢ ᠲᠦᠷᠢᠮᠵᠢᠬᠦᠯᠵᠦ᠂ ᠬᠠᠣᠯᠢ ᠶᠤᠰᠤᠭᠠᠷ ᠲᠣᠣᠷ ᠰᠦᠯᠵᠢᠶ᠎ᠡ ᠶᠢ ᠴᠡᠭᠴᠡᠯᠡᠨ ᠵᠠᠰᠠᠬᠤ ᠪᠦᠳᠤᠮᠵᠢᠳᠡᠢ | ᠠᠷᠭ᠎ᠠ ᠵᠠᠮ ᠢ ᠰᠦᠪᠡᠭᠴᠢᠯᠡᠨ᠂ ᠪᠣᠯᠪᠠᠰᠣᠨ᠂ ᠦᠨᠡᠨᠴᠢ ᠢᠳᠡᠭᠡᠮᠵᠢᠳᠡᠢ᠂ ᠡᠶ᠎ᠡ ᠵᠣᠬᠢᠴᠠᠩᠭᠤᠢ ᠰᠦᠯᠵᠢᠶᠡᠨ ᠤ | ᠣᠷᠴᠢᠨ ᠢ ᠪᠠᠶᠢᠭᠤᠯᠵᠣ᠂ ᠬᠠᠣᠯᠢ ᠪᠠᠷ ᠲᠣᠣᠷ ᠰᠦᠯᠵᠢᠶ᠎ᠡ ᠶᠢ ᠬᠠᠮᠢᠶᠠᠷᠬᠤ ᠶᠢ ᠲᠦᠷᠢᠮᠵᠢᠯ ᠪᠤᠯᠭᠠᠨ᠂ ᠬᠠᠣᠯᠢ | ᠶᠣᠰᠣᠭᠠᠷ ᠰᠦᠯᠵᠢᠶᠠᠨ ᠡᠵᠡᠩᠨᠡᠯᠳᠡ ᠬᠢᠬᠦ ᠶᠢ ᠬᠠᠷᠢᠭᠤᠴᠠᠯᠭ᠎ᠠ ᠪᠤᠯᠭᠠᠵᠤ᠂ ᠬᠠᠣᠯᠢ ᠶᠣᠰᠣᠭᠠᠷ ᠲᠣᠣᠷ ᠰᠦᠯᠵᠢᠶᠡᠨ | ᠳᠤ ᠭᠠᠷᠬᠤ ᠶᠢ ᠲᠠᠳᠬᠠᠯ ᠪᠣᠯᠭᠠᠨ᠎ᠠ᠃ ᠲᠣᠣᠷ ᠰᠦᠯᠵᠢᠶᠡᠨ ᠤ ᠪᠠᠴᠢᠮ ᠠᠷᠭᠠᠴᠠᠭᠠᠬᠤ ᠲᠣᠭᠳᠠᠯᠴᠠᠭᠠᠨ ᠤ | ᠪᠠᠶᠢᠭᠤᠯᠣᠯᠳᠠ ᠶᠢ ᠪᠦᠷᠢᠨᠰᠢᠬᠦᠯᠦᠨ ᠴᠢᠩᠭᠠᠳᠬᠠᠵᠣ᠂ ᠠᠮᠤᠷ ᠲᠤᠭᠳᠠᠭᠤᠨ ᠢ ᠨᠦᠯᠤᠬᠡᠯᠡᠵᠤ ᠮᠡᠳᠡᠬᠦ ᠰᠦᠯᠵᠢᠶᠡᠨ ᠤ | ᠶᠠᠷᠢᠶ᠎ᠠ ᠬᠡᠯᠡᠯᠴᠡᠭᠡ ᠶᠢ ᠲᠠᠷᠣᠢ ᠲᠦᠷᠭᠡᠨ ᠬᠠᠷᠢᠭᠤ ᠲᠣᠰᠬᠠᠬᠤ ᠵᠣᠬᠢᠴᠠᠮᠵᠢ ᠪᠠ ᠵᠣᠬᠢᠴᠠᠭᠤᠯᠬᠤ ᠵᠣᠬᠢᠴᠠᠮᠵᠢ ᠶᠢ | ᠪᠠᠶᠢᠭᠤᠯᠣᠨ᠂ ᠨᠠᠵᠠᠭᠠᠢ ᠶᠠᠷᠢᠶ᠎ᠠ ᠬᠡᠯᠡᠯᠴᠡᠭᠡ ᠭᠠᠷᠬᠤ ᠳᠤ ᠬᠦᠷᠪᠡᠯ᠂ ᠡᠷᠭᠡᠪᠰᠢ ᠴᠠᠭ ᠲᠣᠬᠠᠢ ᠳᠤᠨᠢ ᠦᠨᠡᠨ ᠪᠠᠶᠢᠳᠠᠯ | ᠢ ᠲᠠᠶᠢᠯᠪᠣᠷᠢᠯᠠᠨ᠂ ᠲᠣᠳᠣᠷᠬᠠᠶᠢᠯᠠᠵᠣ᠂ ᠬᠡᠷᠡᠭ ᠣᠴᠢᠷ ᠤᠨ ᠪᠣᠳᠣᠯᠢᠶᠠᠨᠳᠠᠢ ᠪᠣᠯᠬᠤ ᠪᠠ ᠶᠡᠬᠡᠰᠬᠡᠬᠦ ᠶᠢ ᠰᠠᠶᠢᠳᠤᠷ | ᠰᠡᠷᠭᠡᠶᠢᠯᠡᠨ᠎ᠡ᠃ | ︵ᠵᠢᠷᠭᠤᠭ᠎ᠠ︶ ᠠᠷᠠᠳ ᠲᠦᠮᠡᠨ ᠳᠤ ᠢᠳᠡᠭᠡᠯ ᠬᠦᠨᠳᠦ ᠲᠠᠢ ᠵᠠᠰᠠᠭ ᠤᠨ ᠣᠷᠳᠣᠨ ᠤ ᠲᠦᠷᠢ ᠲᠦᠷᠬᠦ ᠶᠢ ᠪᠤᠢ | ᠪᠣᠯᠭᠠᠵᠣ᠂ ᠰᠢᠨ᠎ᠡ ᠬᠡᠪ ᠪᠠᠶᠢᠳᠠᠯ ᠳᠤ ᠵᠤᠬᠢᠴᠠᠭᠰᠡᠨ ᠵᠢᠷᠤᠮᠵᠢᠭᠰᠡᠨ ᠬᠦᠭᠵᠢᠯᠳᠡ ᠶᠢ ᠪᠠᠶᠡᠯᠡᠬᠦᠯᠦᠨ᠎ᠡ᠃ | ᠨᠢᠭᠡ ᠳᠤ᠂ ᠬᠠᠣᠯᠢ ᠶᠤᠰᠤᠭᠠᠷ ᠬᠤᠰᠢᠭᠤ ᠪᠠᠨ ᠵᠠᠰᠠᠬᠤ ᠵᠠᠰᠠᠭ ᠤᠨ ᠣᠷᠳᠣᠨ ᠤ ᠲᠦᠷᠢ ᠲᠦᠷᠬᠦ ᠶᠢ ᠪᠤᠢ | ᠪᠣᠯᠭᠠᠨ᠎ᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶᠠᠨ ᠤ | ᠰᠢᠢᠳᠪᠦᠷᠢ ᠪᠠ ᠲᠣᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠣᠯᠢ ᠶᠣᠰᠣᠨ ᠤ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠠᠣᠯᠢ ᠶᠣᠰᠣᠭᠠᠷ | ᠰᠢᠢᠳᠪᠦᠷᠢᠳᠦ ᠪᠣᠳᠣᠯᠭ᠎ᠠ ᠲᠣᠭᠳᠠᠭᠠᠬᠤ ᠵᠣᠬᠢᠴᠠᠮᠵᠢ ᠶᠢ ᠪᠦᠷᠢᠨᠰᠢᠬᠦᠯᠦᠨ᠂ ᠣᠯᠠᠨ ᠲᠦᠮᠡᠨ ᠣᠷᠣᠯᠴᠠᠬᠤ᠂ | ᠲᠣᠰᠬᠠᠢ ᠮᠡᠷᠭᠡᠵᠢᠯᠳᠡᠨ ᠨᠤᠳᠠᠯᠠᠬᠤ᠂ ᠠᠶᠣᠯ ᠲᠦᠭᠰᠢᠬᠦᠷᠢ ᠳᠤ ᠦᠨᠡᠯᠡᠯᠳᠡ ᠬᠢᠬᠦ᠂ ᠬᠠᠣᠯᠢ ᠶᠤᠰᠤᠭᠠᠷ ᠬᠢᠨᠠᠨ | ᠪᠠᠶᠢᠴᠠᠭᠠᠬᠤ᠂ ᠬᠠᠮᠳᠤ ᠪᠠᠷ ᠵᠦᠪᠳᠠᠯᠴᠠᠨ ᠰᠢᠢᠳᠪᠤᠷᠢ ᠲᠤᠭᠳᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠤᠷᠢᠳᠤ ᠪᠤᠳᠤᠯᠭ᠎ᠠ ᠲᠤᠭᠳᠠᠭᠠᠬᠤ ᠬᠠᠤᠯᠢ ᠶᠢᠨ ᠲᠡᠰ ᠲᠠᠷᠠᠭᠠᠯᠠᠯ ᠪᠣᠯᠭᠠᠨ᠎ᠠ᠃ ᠴᠢᠬᠤᠯᠠ ᠶᠡᠭᠡ ᠠᠰᠠᠭᠤᠳᠠᠯ ᠢ | ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠨ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠬᠦᠯᠭᠡ | ᠶᠢ ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠣᠨ᠎ᠠ᠃ ᠵᠠᠰᠠᠭ ᠵᠠᠬᠢᠷᠭᠠᠨ ᠤ ᠡᠷᠭᠡ ᠶᠢᠨ ᠬᠢᠵᠠᠭᠠᠷᠯᠠᠯ ᠪᠠ ᠬᠢᠨᠠᠯᠳᠠ ᠶᠢ | ᠴᠢᠩᠭᠠᠳᠬᠠᠨ᠂ ᠪᠣᠷᠣᠭᠤ ᠶᠢ ᠨᠢ ᠵᠠᠯᠠᠷᠠᠭᠤᠯᠵᠤ ᠬᠠᠷᠢᠭᠤᠴᠠᠯᠭ᠎ᠠ ᠨᠡᠭᠡᠮᠵᠢᠯᠡᠬᠦ ᠵᠣᠬᠢᠴᠠᠮᠵᠢ ᠶᠢ ᠪᠦᠷᠢᠨᠰᠢᠬᠦᠯᠦᠨ᠎ᠡ᠃ | ᠰᠢᠢᠳᠪᠦᠷᠢᠳᠦ ᠪᠣᠳᠣᠯᠭ᠎ᠠ ᠶᠢ ᠢᠯᠡ ᠪᠣᠯᠭᠠᠬᠤ᠂ ᠬᠡᠷᠡᠭᠵᠢᠬᠦᠯᠦᠯᠳᠡ ᠶᠢ ᠢᠯᠡ ᠪᠣᠯᠭᠠᠬᠤ᠂ ᠦᠷ᠎ᠡ ᠳ᠋ᠦᠩ ᠵᠠᠰᠠᠭ ᠤᠨ | ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ | ᠬᠤᠶᠠᠷ ᠲᠤ᠂ ᠠᠷᠠᠳ ᠤᠨ ᠲᠦᠯᠦᠭᠡ ᠵᠠᠰᠠᠭᠯᠠᠭᠰᠡᠨ ᠵᠠᠰᠠᠭ ᠤᠨ ᠣᠷᠳᠣᠨ ᠤ ᠲᠦᠷᠢ ᠲᠦᠷᠬᠦ ᠶᠢ ᠪᠤᠢ ᠪᠣᠯᠭᠠᠨ᠎ᠠ᠃ | ᠠᠷᠠᠳ ᠤᠨ ᠲᠦᠯᠦᠭᠡ ᠵᠠᠰᠠᠭ ᠪᠠᠷᠢᠬᠤ ᠶᠢ ᠴᠢᠬᠤᠯᠠᠴᠢᠯᠠᠨ᠂ ᠵᠠᠰᠠᠭ ᠤᠨ ᠣᠷᠳᠣᠨ ᠤ ᠡᠯ᠎ᠡ ᠲᠦᠷᠦᠯ ᠤᠨ | ᠰᠢᠢᠳᠪᠦᠷᠢᠳᠦ ᠪᠣᠳᠣᠯᠭ᠎ᠠ ᠨᠢ ᠠᠷᠠᠳ ᠤᠨ ᠪᠠᠶᠢᠳᠠᠯ ᠲᠠᠢ ᠨᠡᠶᠢᠴᠡᠭᠰᠡᠨ᠂ ᠠᠷᠠᠳ ᠤᠨ ᠰᠡᠳᠬᠢᠯ ᠳᠤ | ᠲᠠᠭᠠᠰᠢᠶᠠᠭᠳᠠᠭᠰᠠᠨ᠂ ᠠᠷᠠᠳ ᠤᠨ ᠰᠡᠳᠬᠢᠯ ᠢ ᠲᠣᠯᠠᠭᠠᠴᠠᠭᠤᠯᠣᠭᠰᠠᠨ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠡ᠃ | ᠣᠯᠠᠨ ᠲᠦᠮᠡᠨ ᠤ ᠦᠡᠳᠤᠰᠤᠨ ᠠᠰᠢᠭ ᠲᠤᠰᠠ ᠲᠠᠢ ᠬᠤᠯᠪᠤᠭᠳᠠᠬᠤ ᠬᠠᠮᠤᠭ ᠠᠴᠠ ᠰᠠᠨᠠᠭᠠᠰᠢᠷᠠᠨ ᠠᠩᠬᠠᠷᠴᠣ | ᠪᠠᠶᠢᠭ᠎ᠠ ᠬᠠᠯᠠᠮᠰᠢᠯ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠨ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ | ᠲᠦᠷᠥ ᠶᠢᠨ ᠪᠤᠳᠤᠯᠭ᠎ᠠ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ | ᠪᠡᠯᠡ ᠮᠦᠩᠬᠦ ᠶᠢ ᠡᠩ ᠲᠡᠷᠢᠬᠦᠨ ᠳᠤ ᠪᠠᠳᠤᠯᠠᠵᠤ᠂ ᠠᠷᠡᠳ ᠲᠤ ᠠᠮᠠᠯᠳᠤᠭᠰᠡᠨ ᠠᠮᠠᠯᠳᠤᠯᠭᠠ ᠪᠠᠨ ᠪᠠᠶᠠᠯᠠᠬᠦᠯᠤᠨ᠂ | ᠠᠷᠠᠳ ᠲᠦᠮᠡᠨ ᠢᠶᠠᠨ ᠪᠠᠶᠠᠨ ᠴᠢᠨᠡᠭᠡᠯᠢᠭ ᠵᠣᠯ ᠵᠢᠷᠭᠠᠯ ᠲᠠᠢ ᠠᠮᠢᠳᠣᠷᠠᠭᠤᠯᠬᠤ ᠪᠠᠷ ᠴᠢᠷᠮᠠᠶᠢᠨ᠎ᠠ᠃ | ᠭᠤᠷᠪᠠ ᠳᠤ᠂ ᠪᠣᠳᠠᠳᠠᠢ ᠶᠢ ᠡᠷᠬᠢᠮᠯᠡᠭᠰᠡᠨ ᠵᠠᠰᠠᠭ ᠤᠨ ᠣᠷᠳᠣᠨ ᠤ ᠲᠦᠷᠢ ᠲᠦᠷᠬᠦ ᠶᠢ ᠪᠤᠢ ᠪᠣᠯᠭᠠᠨ᠎ᠠ᠃ ᠵᠠᠰᠠᠭ | ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ ᠵᠣᠬᠢᠴᠠᠮᠵᠢ ᠶᠢ ᠪᠦᠷᠢᠨᠰᠢᠬᠦᠯᠦᠨ᠂ ᠡᠬᠦᠷᠬᠡ ᠬᠠᠷᠢᠭᠤᠴᠠᠯᠭ᠎ᠠ ᠪᠠᠨ | ᠪᠠᠶᠠᠯᠠᠬᠦᠯᠬᠦ ᠦᠬᠡᠢ᠂ ᠬᠤᠶᠢᠷᠭᠤᠰᠢᠨ ᠤᠳᠠᠭᠠᠰᠢᠷᠠᠭᠤᠯᠬᠤ ᠵᠡᠷᠬᠡ ᠲᠦᠪ ᠪᠤᠰᠤ ᠰᠤᠷᠳᠠᠯ ᠢ ᠴᠡᠭᠴᠡᠯᠡᠨ ᠵᠠᠰᠠᠵᠤ᠂ | ᠵᠠᠰᠠᠭ ᠤᠨ ᠵᠠᠷᠯᠢᠭ ᠤᠨ ᠲᠤᠤᠱᠳᠡᠢ ᠬᠡᠷᠡᠭᠵᠢᠬᠦᠯᠦᠭᠳᠡᠬᠦ ᠶᠢ ᠪᠠᠳᠤᠯᠠᠨ᠎ᠠ᠃ ᠰᠢᠷᠭᠠᠭᠤ ᠠᠵᠢᠯᠯᠠᠵᠣ᠂ ᠵᠣᠷᠢᠭᠳᠠᠢ ᠪᠠᠷ | ᠬᠠᠷᠢᠭᠤᠴᠠᠯᠭ᠎ᠠ ᠡᠬᠦᠷᠭᠡᠯᠡᠬᠦ ᠠᠵᠢᠯ ᠤᠨ ᠰᠣᠷᠳᠠᠯ ᠢ ᠪᠠᠳᠠᠷᠠᠭᠤᠯᠣᠨ᠂ ︽ᠲᠠᠷᠥᠢ ᠲᠦᠷᠬᠡᠨ ᠬᠦᠢᠴᠡᠳᠬᠡᠬᠦ︾ ᠠᠵᠢᠯ | ᠤᠨ ᠤᠬᠠᠮᠰᠠᠷ ᠢ ᠰᠣᠷᠳᠠᠯᠴᠢᠯᠠᠵᠣ᠂ ᠭᠤᠤᠯᠳᠠᠯᠭᠠᠳᠤ ᠠᠵᠢᠯ᠂ ᠲᠣᠮᠣ ᠶᠡᠭᠡ ᠲᠦᠷᠦᠯ ᠵᠦᠢᠯ ᠢ ᠨᠠᠷᠢᠨ ᠨᠢᠮᠪᠠᠢ | ᠨᠠᠶᠢᠳᠠᠪᠣᠷᠢᠵᠢᠭᠤᠯᠣᠨ᠂ ᠦᠡᠳᠤᠷ ᠦᠷ᠎ᠠ ᠪᠦᠳᠤᠮᠵᠢ ᠲᠠᠢ᠂ ᠲᠦᠷᠬᠡᠨ ᠬᠦᠭᠵᠢᠯᠳᠠ ᠲᠠᠢ ᠪᠠᠶᠢᠬᠤ ᠶᠢ ᠪᠠᠶᠠᠯᠠᠬᠦᠯᠤᠨ᠎ᠠ | ᠃ ᠱᠠᠯᠠᠪᠳᠠᠨ ᠪᠠᠶᠢᠴᠠᠭᠠᠯᠳᠠ᠂ ᠠᠵᠢᠯ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠨ᠂ ᠡᠯ᠎ᠡ | ᠲᠦᠷᠦᠯ ᠤᠨ ᠠᠵᠢᠯ ᠢᠶᠠᠨ ᠪᠦᠳᠤᠮᠵᠢᠳᠡᠢ ᠲᠦᠯᠬᠢᠨ ᠠᠬᠢᠭᠤᠯᠬᠤ ᠶᠢ ᠪᠠᠳᠤᠯᠠᠨ᠎ᠠ᠃ | ᠲᠦᠷᠪᠡ ᠳᠤ᠂ ᠠᠷᠢᠭᠤᠨ ᠴᠢᠭᠡᠴᠢ ᠪᠠᠷ ᠵᠠᠰᠠᠭᠯᠠᠭᠰᠡᠨ ᠵᠠᠰᠠᠭ ᠤᠨ ᠣᠷᠳᠣᠨ ᠤ ᠲᠦᠷᠢ ᠲᠦᠷᠬᠦ ᠶᠢ ᠪᠤᠢ | ᠪᠣᠯᠭᠠᠨ᠎ᠠ᠃ ᠲᠦᠪ ᠤᠨ ︽ᠨᠠᠢᠮᠠᠨ ᠵᠣᠷᠪᠣᠰ ᠲᠣᠭᠳᠠᠭᠠᠯ︾ ᠢ ᠪᠠ ᠲᠦᠷᠥ ᠶᠢᠨ ᠶᠠᠪᠤᠳᠠᠯ ᠤᠨ ᠬᠤᠷᠢᠶᠠᠨ ᠤ ︽ | ᠭᠤᠷᠪᠡ ᠶᠢ ᠵᠢᠷᠤᠮᠯᠠᠬᠤ ᠲᠦᠷᠢᠮ︾ ᠢ ᠴᠢᠩᠭ᠎ᠠ ᠨᠢᠮᠪᠠᠢ ᠬᠡᠷᠡᠭᠵᠢᠬᠦᠯᠵᠤ᠂ ︽ᠭᠤᠷᠪᠠᠨ ᠴᠢᠩᠭ᠎ᠠ᠂ ᠭᠤᠷᠪᠠᠨ | ᠪᠣᠳᠠᠳᠠᠢ︾ ᠲᠣᠰᠬᠠᠢ ᠰᠡᠳᠦᠪᠳᠦ ᠬᠦᠮᠦᠵᠢᠯ ᠢ ᠬᠦᠨᠵᠡᠭᠡᠢ ᠦᠷᠨᠢᠬᠦᠯᠦᠨ᠂ ᠠᠵᠢᠯ ᠤᠨ ᠰᠣᠷᠳᠠᠯ ᠢᠶᠠᠨ | ᠰᠠᠶᠢᠵᠢᠷᠠᠭᠤᠯᠵᠤ᠂ ᠲᠦᠷᠢᠮ ᠲᠣᠭᠳᠠᠭᠠᠯ ᠢ ᠴᠢᠩᠭ᠎ᠠ ᠵᠢᠷᠤᠮᠯᠡᠨ᠂ ︽ᠲᠦᠷᠪᠡᠨ ᠰᠣᠷᠳᠠᠯ︾ ᠤᠨ ᠲᠦᠪ ᠪᠣᠰᠣ | ᠠᠰᠠᠭᠤᠳᠠᠯ ᠢᠯᠡᠷᠡᠬᠦ ᠶᠢ ᠴᠢᠩᠭ᠎ᠠ ᠰᠡᠷᠬᠡᠶᠢᠯᠡᠵᠤ ᠲᠦᠢᠯᠪᠤᠷᠢᠳᠡᠢ ᠴᠡᠭᠴᠡᠯᠡᠨ ᠦᠬᠡᠷᠡᠴᠢᠯᠡᠨ᠎ᠠ᠃ ᠨᠠᠮ ᠤᠨ ᠰᠣᠷᠳᠠᠯ | ᠠᠷᠢᠭᠤᠨ ᠴᠢᠭᠡᠴᠢ ᠶᠢᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠢᠯᠵᠠᠷᠠᠯ ᠢ ᠣᠷᠢᠳᠴᠢᠯᠠᠨ ᠰᠡᠷᠭᠡᠶᠢᠯᠡᠵᠦ ᠵᠠᠯᠬᠠᠭᠠᠨ | ᠰᠢᠳᠭᠡᠬᠦ ᠲᠤᠭᠳᠠᠯᠴᠠᠭ᠎ᠠ ᠶᠢᠨ ᠪᠠᠶᠢᠭᠤᠯᠣᠯᠳᠠ ᠶᠢ ᠪᠦᠷᠢᠡᠰᠢᠬᠦᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ | ᠭᠤᠤᠯᠳᠠᠯᠭ᠎ᠠ ᠲᠠᠢ ᠲᠦᠷᠦᠯ ᠵᠦᠢᠯ ᠪᠠ ᠪᠡᠯᠡ ᠮᠦᠩᠬᠦ ᠶᠢᠨ ᠬᠢᠨᠠᠨ ᠪᠣᠳᠣᠯᠳᠠ ᠶᠢᠨ ᠠᠵᠢᠯ ᠢ ᠴᠢᠩᠭᠠᠳᠬᠠᠨ᠂ | ᠬᠠᠣᠯᠢ ᠴᠠᠭᠠᠵᠠ᠂ ᠰᠠᠬᠢᠯᠭ᠎ᠠ ᠪᠠᠳᠣ ᠶᠢ ᠵᠦᠷᠢᠴᠡᠭᠰᠡᠨ ᠶᠠᠯᠠᠳᠣ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠡᠷᠭᠡ ᠪᠠᠨ ᠢᠯᠡ ᠪᠠᠷ᠂ ᠲᠦᠪ ᠭᠤᠣᠯᠴᠢ ᠪᠠᠷ ᠬᠡᠷᠡᠭᠵᠢᠬᠦᠯᠬᠦ ᠶᠢ ᠪᠠᠳᠣᠯᠠᠨ᠎ᠠ᠃ | ᠲᠦᠯᠦᠭᠡᠯᠡᠭᠴᠢᠳ ᠡ︕ ᠨᠠᠮ ᠪᠠ ᠠᠷᠠᠳ ᠲᠦᠮᠡᠨ ᠠᠴᠠ ᠲᠠᠯᠪᠢᠭᠰᠡᠨ ᠬᠦᠰᠡᠯ ᠨᠠᠶᠢᠳᠠᠯᠭ᠎ᠠ ᠶᠢ ᠪᠡᠶᠡᠯᠡᠬᠦᠯᠬᠦ ᠪᠤᠯ | ᠪᠢᠳᠠᠨ ᠤ ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠣᠯᠣᠨ᠎ᠠ᠃ ᠪᠢᠳᠠ ᠬᠤᠰᠢᠭᠤ ᠨᠠᠮ ᠤᠨ ᠬᠤᠷᠢᠶᠠᠨ ᠤ ᠵᠦᠪ | ᠣᠨᠣᠪᠴᠢᠳᠠᠢ ᠣᠳᠣᠷᠢᠳᠣᠯᠭ᠎ᠠ ᠲᠣᠣᠷ᠎ᠠ᠂ ᠪᠦᠯᠬᠦᠮᠳᠡᠨ ᠲᠠᠮᠠᠴᠠᠵᠤ᠂ ᠬᠦᠴᠢᠷ ᠢ ᠰᠦᠷᠴᠤ ᠤᠷᠤᠭᠰᠢᠯᠡᠨ᠂ ︽ | ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠦᠪᠵᠢᠬᠦᠯᠭᠡ ᠶᠢᠨ ᠬᠠᠷᠠᠯᠳᠠ ᠡᠬᠦᠷᠭᠡ ᠪᠠᠨ ᠪᠦᠬᠦ ᠲᠠᠯ᠎ᠠ ᠪᠠᠷ | ᠪᠡᠶᠡᠯᠡᠬᠦᠯᠵᠤ᠂ ᠠᠵᠣ ᠠᠬᠤᠢ ᠲᠦᠷᠬᠡᠨ ᠬᠦᠭᠵᠢᠭᠰᠡᠨ᠂ ᠦᠨᠳᠦᠰᠦᠳᠡᠨ ᠨᠦᠭᠦᠳ ᠪᠦᠯᠬᠦᠮᠳᠡᠨ ᠲᠠᠪᠰᠢᠭᠰᠠᠨ᠂ ᠬᠢᠯᠢ | ᠬᠢᠵᠠᠭᠠᠷ ᠠᠮᠣᠷ ᠲᠣᠭᠳᠠᠭᠤᠨ᠂ ᠠᠮᠢ ᠠᠬᠤᠢ ᠰᠡᠷᠭᠦᠭᠰᠡᠨ᠂ ᠠᠷᠠᠳ ᠲᠦᠮᠡᠨ ᠨᠢ ᠵᠣᠯ ᠵᠢᠷᠭᠠᠯ ᠲᠠᠢ ᠣᠮᠠᠷᠠᠳᠣ ᠬᠢᠯᠢ | ᠶᠢᠨ ᠦᠵᠡᠰᠬᠦᠯᠡᠩᠳᠦ ᠨᠣᠳᠤᠭ ᠣᠷᠣᠨ ᠢᠶᠠᠨ ᠴᠣᠭᠴᠠᠯᠠᠨ ᠪᠠᠶᠢᠭᠤᠯᠬᠤ ᠪᠠᠷ ᠬᠠᠮᠳᠣ ᠪᠠᠷ ᠴᠢᠷᠮᠠᠶᠢᠵᠠᠭᠠᠶ᠎ᠠ︕ |