ᠵᠠᠰᠠᠭ ᠤᠨ ᠤᠷᠳᠤᠨ ᠤ ᠠᠵᠢᠯ ᠤᠨ ᠢᠯᠡᠳᠬᠡᠯ | | —— ᠠᠪᠠᠭ᠎ᠠ ᠬᠤᠰᠢᠭᠤᠨ ᠤ ᠠᠷᠪᠠᠨ ᠲᠦᠷᠪᠡᠳᠤᠬᠡᠷ ᠬᠤᠭᠤᠴᠠᠭᠠᠨ ᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ ᠤᠨ ᠲᠠᠪᠤᠳᠤᠭᠠᠷ ᠤᠳᠠᠭᠠᠨ ᠤ ᠬᠤᠷᠡᠯ | ᠵᠠᠰᠠᠭ ᠤᠨ ᠤᠷᠳᠤᠨ ᠤ ᠬᠤᠰᠢᠭᠤ ᠲᠠᠷᠤᠭ᠎ᠠ ᠠᠮᠤᠭᠤᠯᠠᠩ | 2017 ᠤᠨ ᠤ 2 ᠰᠠᠷ᠎ᠠ ᠶᠢᠨ 17 ᠤ ᠡᠳᠤᠷ | ᠲᠦᠯᠤᠬᠡᠯᠡᠭᠴᠢᠳ ᠡ᠄ | ᠤᠳᠤ ᠪᠢ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ ᠤᠨ ᠢᠯᠡᠳᠬᠡᠯ | ᠬᠢᠶ᠎ᠠ᠂ ᠬᠢᠨᠡᠨ ᠵᠦᠪᠯᠡᠬᠦ ᠪᠤᠯᠪᠠᠤ︕ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ | ᠤᠷᠤᠯᠴᠠᠭᠰᠡᠨ ᠨᠦᠬᠦᠳ ᠰᠠᠨᠠᠯ ᠢᠶᠠᠨ ᠲᠤᠷᠡᠳᠬᠤ ᠶᠢ ᠬᠦᠰᠠᠶ᠎ᠠ᠃ | ᠨᠢᠬᠡ᠂ 2016 ᠤᠨ ᠤ ᠠᠵᠢᠯ ᠤᠨ ᠡᠷᠬᠢᠴᠠᠬᠦᠯᠤᠯ | 2016 ᠤᠨ ᠳᠤ᠂ ᠲᠦᠪᠡᠭ ᠪᠤᠳᠤᠯᠢᠶᠠᠡᠳᠡᠢ ᠠᠵᠤ ᠠᠬᠤᠢ ᠶᠢᠨ ᠪᠠᠶᠢᠳᠠᠯ ᠪᠠ ᠬᠦᠡᠳᠤ ᠴᠢᠬᠤᠯᠠ ᠦᠬᠡᠷᠡᠴᠢᠯᠡᠯᠳᠡ | ᠬᠦᠭᠵᠢᠯᠳᠠ ᠲᠤᠭᠳᠠᠭᠤᠨ ᠢ ᠠᠬᠢᠭᠤᠯᠬᠤ ᠡᠬᠦᠷᠬᠡ ᠳᠤ ᠬᠠᠨᠳᠤᠭᠤᠯᠤᠨ᠂ ᠬᠤᠰᠢᠭᠤ ᠨᠠᠮ ᠤᠨ ᠬᠤᠷᠢᠶᠠᠨ ᠤ ᠪᠠᠳᠤ | ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ ᠢᠶᠠᠨ | ᠪᠦᠯᠬᠦᠮᠳᠠᠬᠦᠯᠤᠨ ᠲᠠᠭᠠᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠠᠢ ᠢᠳᠡᠪᠬᠢᠳᠡᠢ | ᠵᠤᠬᠢᠴᠠᠨ᠂ ᠬᠦᠴᠢᠷ ᠢ ᠰᠦᠷᠤᠨ ᠰᠢᠨ᠎ᠠ ᠶᠢ ᠡᠬᠦᠳᠤᠨ ᠤᠷᠤᠭᠰᠢᠯᠠᠵᠤ᠂ ᠠᠵᠤ ᠠᠬᠤᠢ ᠨᠠᠶᠢᠬᠡᠮ ᠦᠷᠬᠦᠯᠵᠢᠯᠡᠨ | ᠡᠷᠡᠬᠦᠯ ᠢᠶᠠᠷ ᠬᠦᠭᠵᠢᠭᠰᠡᠨ ᠠᠴᠠ ︽ᠠᠷᠪᠠᠨ ᠭᠤᠷᠪᠡᠳᠤᠭᠠᠷ ᠲᠠᠪᠤᠨ ᠵᠢᠯ ᠤᠨ ᠲᠦᠯᠤᠪᠵᠢᠬᠦᠯᠬᠡ︾ ᠶᠢ ᠪᠠᠶᠠᠯᠠᠬᠦᠯᠬᠦ | ᠤᠬᠢ ᠰᠠᠶᠢᠨ ᠡᠬᠢᠯᠠᠯᠳᠠ ᠶᠢ ᠲᠠᠯᠪᠢᠭᠰᠡᠨ ᠪᠠᠶᠢᠨ᠎ᠠ᠃ ᠪᠦᠬᠦ ᠵᠢᠯ ᠳᠤ᠂ ᠭᠠᠵᠡᠷ ᠤᠷᠤᠨ ᠤ ᠦᠢᠯᠡᠳᠪᠤᠷᠢᠯᠡᠯ ᠤᠨ | ᠶᠠᠷᠤᠩᠬᠡᠢ ᠦᠷᠳᠡᠭ 64.3 ᠳ᠋ᠦᠩᠰᠢᠭᠤᠷ ᠲᠦᠬᠦᠷᠢᠭ ᠲᠤ ᠬᠦᠷᠴᠤ᠂ 2.5% ᠪᠠᠷ ᠨᠡᠮᠡᠭᠳᠡᠵᠤ᠂ ᠤᠯᠠᠨ ᠨᠠᠶᠢᠳᠠ | ᠶᠢᠨ ᠡᠳ᠋ ᠤᠨ ᠵᠠᠰᠠᠭ ᠤᠨ ᠲᠦᠰᠤᠪᠯᠡᠭᠰᠡᠨ ᠤᠷᠤᠯᠭ᠎ᠠ 2.2 ᠳ᠋ᠦᠩᠰᠢᠭᠤᠷ ᠲᠦᠬᠦᠷᠢᠭ ᠲᠤ ᠬᠦᠷᠴᠤ᠂ 11.1% | ᠪᠠᠷ ᠨᠡᠮᠡᠭᠳᠡᠨ᠂ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠡᠳ ᠤᠨ ᠲᠤᠬᠢᠷᠠᠭᠤᠯᠵᠤ ᠪᠤᠯᠬᠤᠶᠢᠴᠠ | ᠲᠤᠮᠳᠠᠴᠢ ᠤᠷᠤᠯᠭ᠎ᠠ ᠲᠤᠰ ᠲᠤᠰ 32372 ᠲᠦᠬᠦᠷᠢᠭ ᠪᠠ 21681 ᠲᠦᠬᠦᠷᠢᠭ ᠲᠤ ᠬᠦᠷᠴᠤ᠂ 7.9% ᠪᠠ | 8% ᠪᠠᠷ ᠨᠡᠮᠡᠭᠳᠡᠨ᠂ ᠲᠤᠭᠳᠠᠮᠠᠯ ᠬᠦᠷᠤᠩᠬᠡ ᠶᠢᠨ ᠪᠠᠯᠠ ᠤᠷᠤᠭᠤᠯᠤᠯᠳᠠ 34.8 ᠳ᠋ᠦᠩᠰᠢᠭᠤᠷ ᠲᠦᠬᠦᠷᠢᠭ ᠲᠤ | ᠬᠦᠷᠪᠡ᠃ | ᠨᠢᠬᠡ ᠵᠢᠯ ᠤᠨ ᠲᠤᠷᠰᠢ᠂ ᠪᠢᠳᠠ ᠭᠤᠤᠯᠳᠠᠭᠤ ᠲᠤᠤᠷᠡᠬᠢ ᠬᠡᠳᠤᠨ ᠲᠠᠯ᠎ᠠ ᠶᠢᠨ ᠠᠵᠢᠯ ᠢ ᠪᠠᠶᠠᠯᠠᠬᠦᠯᠪᠠ᠄ | ︵ᠨᠢᠬᠡ︶ ᠤᠳᠤᠬᠢᠴᠢᠯᠠᠭᠰᠡᠨ ᠮᠠᠯ ᠠᠵᠤ ᠠᠬᠤᠢ ᠶᠢᠨ ᠠᠬᠢᠴᠠ ᠢᠯᠠᠳᠳᠠ ᠲᠦᠷᠬᠡᠳᠪᠡ᠃ 3 ᠲᠦᠮᠡᠨ ᠮᠤ᠋ | ᠪᠠᠯᠴᠢᠬᠡᠷ ᠢ ᠲᠤᠤᠷᠯᠠᠨ᠂ ᠰᠢᠨ᠎ᠠ ᠪᠠᠷ 4.3 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠫᠸᠡᠭ᠂ 1.4 | ᠲᠦᠮᠡᠨ ᠲᠡᠭᠰᠢ ᠲᠦᠷᠪᠡᠯᠵᠢᠨ ᠮᠧᠲᠷ ᠡᠪᠡᠰᠤᠨ ᠫᠸᠡᠭ ᠪᠠᠶᠢᠭᠤᠯᠤᠨ᠂ 223 ᠢᠵᠢ ᠮᠠᠰᠢᠨ ᠮᠧᠬᠠᠨᠢᠭ ᠬᠤᠳᠠᠯᠳᠤᠨ | ᠤᠷᠤᠭᠤᠯᠵᠤ᠂ 2.47 ᠳ᠋ᠦᠩᠰᠢᠭᠤᠷ ᠺᠢᠯᠦᠭᠷᠡᠮ ᠡᠪᠡᠰᠤ ᠬᠠᠳᠤᠵᠤ ᠨᠦᠬᠡᠴᠡᠯᠡᠪᠡ︔ ︽ᠰᠢᠯᠢᠳᠡᠭ ᠡᠬᠦᠯᠳᠡᠷ ᠤᠨ | ᠮᠢᠬᠠᠨ ᠤ ᠦᠬᠡᠷ ᠤᠨ ᠠᠵᠤ ᠦᠢᠯᠡᠰ ᠤᠨ ᠬᠦᠭᠵᠢᠯᠳᠠ ᠶᠢᠨ ᠲᠦᠯᠤᠪᠵᠢᠬᠦᠯᠬᠡ︾ ᠶᠢ ᠨᠠᠶᠢᠷᠠᠭᠤᠯᠤᠨ ᠲᠤᠭᠳᠠᠭᠠᠵᠤ | ᠂ ᠮᠢᠬᠠᠨ ᠤ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠭᠠᠵᠡᠷ ᠪᠠ ᠤᠷᠢᠶᠠᠩᠬᠠᠢ ᠬᠤᠴᠠ ᠲᠡᠵᠢᠬᠡᠨ ᠠᠷᠠᠴᠢᠯᠠᠬᠤ | ᠲᠠᠯᠠᠪᠤᠷ ᠲᠤᠰ ᠪᠦᠷᠢ 1 ᠶᠢ ᠰᠢᠨ᠎ᠠ ᠪᠠᠷ ᠪᠠᠶᠢᠭᠤᠯᠤᠨ᠂ 2 ᠲᠦᠮᠡᠨ ᠦᠨᠢᠶᠠᠨ ᠳᠤ ᠢᠴᠡᠬᠡᠯ ᠦᠷ᠎ᠠ ᠶᠢᠨ | ᠬᠡᠬᠡᠯᠳᠤᠬᠦᠯᠬᠡ ᠬᠢᠵᠤ᠂ 300 ᠲᠤᠯᠤᠭᠠᠢ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠷᠤᠭᠤᠯᠤᠨ᠂ ᠠᠮᠢ ᠠᠬᠤᠢ | ᠶᠢᠨ ᠬᠡᠷ ᠪᠦᠯᠢ ᠶᠢᠨ ᠮᠠᠯᠵᠢᠯ ᠤᠨ ᠲᠠᠯᠠᠪᠤᠷ 35 ᠶᠢ ᠪᠠᠶᠢᠭᠤᠯᠵᠤ᠂ ᠲᠤᠰᠬᠠᠶᠢᠵᠢᠭᠰᠡᠨ ᠠᠷᠠᠴᠢᠯᠠᠭ᠎ᠠ ᠲᠡᠵᠢᠬᠡᠯᠬᠡ | ᠶᠢᠨ ᠡᠷᠤᠬᠡ 200 ᠶᠢ ᠨᠡᠮᠡᠭᠳᠡᠬᠦᠯᠤᠨ᠂ 146 ᠲᠤᠨ ᠴᠠᠭᠠᠨ ᠢᠳᠡᠭᠡ᠂ 306 ᠲᠤᠨ ᠴᠡᠭᠡ ᠪᠤᠷᠤᠯᠠᠭᠤᠯᠵᠤ᠂ | 151.4 ᠲᠦᠮᠡᠨ ᠲᠤᠯᠤᠭᠠᠢ ᠮᠠᠯ ᠵᠠᠷᠤᠴᠠᠭᠠᠤᠯᠪᠠ︔ ᠨᠤᠮᠢᠨ ᠲᠠᠯᠠᠬᠡᠢ ᠮᠠᠯ ᠤᠨ ᠠᠰᠢᠭ ᠰᠢᠮ᠎ᠠ ᠶᠢᠨ | ᠪᠦᠳᠤᠬᠡᠭᠳᠡᠬᠦᠨ ᠡᠳ᠋ᠰᠢᠬᠦᠯᠬᠦ ᠲᠦᠷᠥᠯ ᠵᠥᠢᠯ ᠢ ᠠᠰᠢᠭᠯᠠᠯᠳᠠ ᠳᠤ ᠤᠷᠤᠭᠤᠯᠤᠨ᠂ ᠡᠷᠳᠡᠨᠢ᠂ ᠮᠸᠡᠭ ᠴᠢᠶᠠᠩ᠂ ᠸᠧᠢ | ᠶᠤᠸᠠᠨ 3 ᠠᠵᠤ ᠠᠬᠤᠶᠢᠯᠡᠯ ᠤᠨ ᠡᠳᠤᠷ ᠲᠤ 4000 ᠬᠤᠨᠢᠴᠢᠯᠠᠭᠰᠡᠨ ᠨᠢᠬᠡᠴᠢ᠂ 200 ᠲᠤᠯᠤᠭᠠᠢ ᠦᠬᠡᠷ ᠪᠠ | ᠪᠤᠯᠭᠤᠭᠠᠭᠰᠡᠨ ᠢᠳᠡᠬᠡᠨ ᠡᠳ᠋ᠰᠢᠬᠦᠯᠬᠦ ᠲᠦᠷᠥᠯ ᠵᠥᠢᠯ ᠢ ᠰᠠᠭᠤᠷᠢᠰᠢᠭᠤᠯᠵᠤ᠂ ᠤᠶᠤᠡᠳᠤ ᠮᠠᠯ ᠠᠵᠤ ᠠᠬᠤᠢ ᠶᠢᠨ | ᠲᠤᠷᠰᠢᠯᠳᠠ ᠶᠢᠨ ᠴᠡᠭ ᠤᠨ ᠢᠡᠵᠧᠨᠧᠷᠢᠩ ᠢ ᠡᠬᠢᠯᠡᠨ ᠬᠡᠷᠡᠭᠵᠢᠬᠦᠯᠪᠡ᠃ | ︵ᠬᠤᠶᠡᠷ︶ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ | ᠲᠡᠬᠡᠭᠰᠢᠯᠡᠬᠦᠯᠪᠡ᠃ 52 ᠭᠤᠤᠯᠳᠠᠯᠭ᠎ᠠ ᠲᠠᠢ ᠲᠦᠷᠥᠯ ᠵᠥᠢᠯ ᠢ ᠬᠡᠷᠡᠭᠵᠢᠬᠦᠯᠤᠨ᠂ 26.4 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠤᠯᠳᠠ ᠶᠢ ᠪᠠᠶᠠᠯᠠᠬᠦᠯᠪᠠ᠃ ᠹᠸᠡᠭ ᠹᠸᠡᠭ ᠴᠠᠭᠠᠡᠨᠠᠭᠤᠷ ᠨᠠᠬᠦᠷᠡᠰᠤᠨ ᠠᠭᠤᠷᠬᠠᠢ ᠶᠢᠨ 500 | ᠲᠦᠮᠡᠨ ᠲᠤᠨ ᠤ ᠦᠢᠯᠡᠳᠪᠤᠷᠢ ᠶᠢᠨ ᠴᠢᠳᠠᠪᠬᠢ ᠶᠢᠨ ᠰᠤᠯᠢᠯᠴᠠᠭ᠎ᠠ ᠶᠢ ᠪᠠᠶᠠᠯᠠᠬᠦᠯᠤᠨ᠂ ᠤᠷᠴᠢᠨ ᠲᠤᠭᠤᠷᠢᠨ ᠤ | ᠬᠢᠨᠡᠨ ᠦᠨᠡᠯᠡᠯᠳᠡ ᠶᠢᠨ ᠮᠠᠳᠡᠬᠦᠯᠤᠯᠳᠠ ᠨᠢ ᠤᠯᠤᠰ ᠤᠨ ᠤᠷᠴᠢᠨ ᠲᠤᠭᠤᠷᠢᠨ ᠤ ᠬᠡᠯᠳᠡᠰ ᠤᠨ ᠲᠤᠰᠬᠠᠢ | ᠮᠠᠷᠬᠡᠵᠢᠯᠳᠠᠨ ᠤ ᠲᠤᠭᠤᠶᠢᠯᠠᠩ ᠤᠨ ᠬᠢᠨᠡᠨ ᠦᠨᠠᠯᠠᠯᠳᠠ ᠳᠤ ᠬᠢᠷᠢ ᠲᠠᠩᠴᠠᠪᠠ᠃ ᠴᠠᠭᠠᠡᠨᠠᠭᠤᠷ 2×66 ᠲᠦᠮᠡᠨ | ᠺᠢᠯᠤᠸᠠᠲ ᠤᠨ ᠴᠠᠬᠢᠯᠭᠠᠨ ᠭᠠᠷᠭᠠᠬᠤ ᠲᠦᠷᠥᠯ ᠵᠥᠢᠯ ᠤᠨ ︽ᠲᠠᠪᠤ ᠶᠢ ᠨᠠᠪᠳᠠᠷᠠᠬᠦᠯᠵᠤ᠂ ᠨᠢᠬᠡ ᠶᠢ ᠲᠡᠭᠰᠢᠯᠡᠬᠦ︾ | ᠠᠵᠢᠯ ᠢ ᠦᠷᠨᠢᠬᠦᠯᠤᠨ᠂ ᠭᠠᠨᠭ᠌ ᠴᠸᠡᠭ ᠤᠨ 4.95 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠥᠯ | ᠵᠥᠢᠯ ᠢ ᠴᠠᠬᠢᠯᠭᠠᠨ ᠲᠤᠤᠷ ᠲᠤ ᠤᠷᠤᠭᠤᠯᠬᠤ ᠠᠵᠢᠯ ᠢ ᠡᠬᠢᠯᠡᠬᠦᠯᠵᠤ᠂ ᠭᠤᠷᠴᠢ ᠶᠢᠨ ᠡᠳᠤᠷ ᠲᠤ 2000 ᠲᠤᠨ | ᠮᠦᠩᠬᠦ ᠲᠤᠭᠤᠯᠭ᠎ᠠ ᠴᠠᠶᠢᠷ ᠤᠨ ᠠᠭᠤᠷᠬᠠᠢ ᠶᠢᠨ ᠬᠦᠳᠡᠷ ᠰᠢᠯᠢᠬᠦ ᠲᠦᠷᠥᠯ ᠵᠥᠢᠯ ᠤᠨ ᠠᠭᠤᠷᠬᠠᠢ ᠬᠠᠶᠢᠬᠤ ᠠᠴᠠ | ᠠᠭᠤᠷᠬᠠᠢ ᠮᠠᠯᠳᠠᠬᠤ ᠭᠠᠷᠳᠠᠮ ᠢᠶᠠᠨ ᠬᠢᠵᠤ ᠪᠤᠢ᠃ ᠲᠢᠶᠠᠨ ᠾᠧ ᠰᠠᠯᠬᠢᠨ ᠴᠠᠬᠢᠯᠭᠠᠨ ᠤ ᠮᠠᠷᠬᠡᠵᠢᠯ ᠤᠨ | ᠦᠬᠡᠷᠡᠴᠢᠯᠡᠯᠳᠡ ᠶᠢᠨ ᠲᠦᠷᠥᠯ ᠵᠥᠢᠯ ᠢ ᠴᠠᠬᠢᠯᠭᠠᠨ ᠲᠤᠤᠷ ᠲᠤ ᠤᠷᠤᠭᠤᠯᠤᠨ ᠴᠠᠬᠢᠯᠭᠠᠨ ᠭᠠᠷᠭᠠᠪᠠ᠃ ᠠᠵᠤ | ᠦᠢᠯᠡᠳᠪᠤᠷᠢ ᠶᠢᠨ ᠲᠤᠭᠤᠷᠢᠭ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠂ ᠴᠠᠭᠠᠡᠨᠠᠭᠤᠷ ᠤᠨ ᠤᠷᠴᠢᠯᠳᠡᠳᠤ | ᠠᠵᠤ ᠠᠬᠤᠢ ᠶᠢᠨ ᠠᠵᠤ ᠦᠢᠯᠡᠳᠪᠤᠷᠢ ᠶᠢᠨ ᠲᠤᠭᠤᠷᠢᠭ ᠤᠨ ᠲᠦᠯᠤᠪᠵᠢᠬᠦᠯᠬᠡ ᠶᠢᠨ ᠤᠷᠴᠢᠨ ᠲᠤᠭᠤᠷᠢᠨ ᠤ | ᠬᠢᠨᠡᠨ ᠦᠨᠡᠯᠡᠯᠳᠡ ᠶᠢᠨ ᠮᠡᠳᠡᠬᠦᠯᠤᠯᠳᠠ ᠶᠢ ᠨᠠᠶᠢᠷᠠᠭᠤᠯᠵᠤ᠂ ᠲᠤᠮᠳᠠ ᠪᠠᠭ᠎ᠠ ᠠᠵᠤ ᠠᠬᠤᠶᠢᠯᠡᠯ ᠤᠨ ᠲᠤᠭᠤᠷᠢᠭ ᠲᠤ | 6 ᠠᠵᠤ ᠠᠬᠤᠶᠢᠯᠡᠯ ᠢ ᠰᠠᠭᠤᠷᠢᠰᠢᠭᠤᠯᠪᠠ᠃᠂ | ︵ᠭᠤᠷᠪᠡ︶ ᠦᠢᠯᠡᠴᠢᠯᠡᠬᠡᠨ ᠤ ᠦᠢᠯᠡᠰ ᠤᠨ ᠠᠮᠢᠵᠢᠷᠠᠯ ᠤᠨ ᠬᠦᠴᠤᠨ ᠢ ᠲᠠᠰᠤᠷᠠᠯᠳᠠ ᠦᠬᠡᠢ ᠴᠢᠩᠭᠠᠳᠬᠠᠪᠠ᠃ | ᠰᠤᠶᠤᠯ ᠵᠤᠭᠠᠴᠠᠯ ᠤᠨ ᠦᠢᠯᠡᠰ ᠢ ᠲᠤᠪᠤᠶᠢᠯᠭᠠᠨ ᠬᠦᠭᠵᠢᠬᠦᠯᠵᠤ᠂ ᠬᠠᠷ᠎ᠠ ᠠᠳᠤᠭᠤᠨ ᠰᠤᠶᠤᠯ ᠤᠨ ᠨᠠᠶᠢᠷ᠂ | ᠪᠠᠯᠬᠦᠳᠡᠢ ᠶᠢᠨ ᠲᠠᠬᠢᠯᠭ᠎ᠠ᠂ ᠠᠪᠠᠭ᠎ᠠ ᠲᠠᠯ᠎ᠠ ᠨᠤᠳᠤᠭ ᠤᠨ ᠲᠠᠭᠤᠤ ᠬᠦᠭᠵᠢᠮ ᠤᠨ ᠨᠠᠶᠢᠷ᠂ ᠴᠠᠭᠠᠡᠨᠠᠭᠤᠷ ᠤᠨ ᠡᠪᠤᠯ | ᠤᠨ ᠵᠢᠭᠠᠰᠤ ᠠᠩᠨᠠᠬᠤ ᠨᠠᠶᠢᠷ ᠪᠠ ︽ᠠᠪᠠᠭ᠎ᠠ ᠬᠤᠨᠳᠠᠭᠠᠳᠤ︾ ᠮᠠᠰᠢᠨ ᠲᠡᠷᠬᠡᠨ ᠤ ᠤᠷᠤᠯᠳᠤᠭᠠᠨ ᠵᠡᠷᠬᠡ ᠨᠠᠷᠡᠳᠤ | ᠲᠡᠮᠳᠡᠭᠳᠤ ᠬᠦᠳᠡᠯᠬᠡᠬᠡᠨ ᠢ ᠠᠮᠵᠢᠯᠳᠠ ᠲᠠᠢ ᠡᠷᠬᠢᠯᠡᠵᠤ᠂ ᠵᠤᠭᠠᠴᠠᠯ ᠦᠵᠠᠮᠵᠢ ᠶᠢᠨ ᠤᠷᠤᠨ ᠢ ᠲᠡᠰ ᠲᠡᠪᠰᠢᠬᠦᠯᠬᠦ | ᠢᠡᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠤᠨ᠂ ︽8︾ ᠬᠡᠯᠪᠡᠷᠢ ᠶᠢᠨ ᠵᠤᠭᠠᠴᠠᠯ ᠤᠨ ᠰᠤᠳᠤᠨ ᠵᠠᠮ ᠱᠤᠭᠤᠮ | ᠢ ᠡᠬᠦᠳᠤᠨ᠂ ᠪᠦᠬᠦ ᠵᠢᠯ ᠳᠤ 25 ᠲᠦᠮᠡᠨ ᠬᠦᠮᠤᠨ ᠤᠳᠠᠭᠠᠨ ᠤ ᠵᠤᠭᠠᠴᠠᠭᠰᠡᠳ ᠢ ᠬᠦᠯᠢᠶᠠᠨ ᠵᠤᠴᠢᠯᠠᠵᠤ᠂ 1. | 37 ᠳ᠋ᠦᠩᠰᠢᠭᠤᠷ ᠲᠦᠬᠦᠷᠢᠭ ᠤᠨ ᠤᠷᠤᠯᠭ᠎ᠠ ᠡᠬᠦᠳᠪᠡ︔ ᠪᠤᠳᠠᠰ ᠤᠨ ᠬᠦᠢᠯᠬᠡᠬᠡ᠂ ᠪᠦᠬᠡᠮ ᠬᠤᠳᠠᠯᠳᠤᠭ᠎ᠠ᠂ | ᠵᠢᠵᠢᠭᠯᠡᠨ ᠪᠤᠷᠤᠯᠠᠭᠤᠯᠬᠤ᠂ ᠬᠤᠭᠤᠯᠠᠨ ᠬᠡᠷ᠂ ᠵᠤᠴᠢᠳ ᠤᠨ ᠪᠠᠭᠤᠳᠠᠯ ᠤᠨ ᠦᠢᠯᠡᠰ ᠤᠨ ᠬᠦᠭᠵᠢᠯᠳᠠ ᠶᠢ | ᠲᠦᠷᠬᠡᠳᠬᠡᠨ᠂ ᠠᠶᠠᠡᠴᠢᠨ ᠪᠠ ᠪᠠᠷᠠᠭ᠎ᠠ ᠵᠦᠬᠡᠬᠡᠪᠤᠷᠢᠯᠡᠯᠳᠠ ᠶᠢᠨ ᠬᠡᠮᠵᠢᠶ᠎ᠠ ᠲᠤᠰ ᠲᠤᠰ 1.2 ᠳ᠋ᠦᠩᠰᠢᠭᠤᠷ ᠬᠦᠮᠤᠨ | ᠺᠢᠯᠤᠮᠧᠲᠷ ᠪᠠ 2.8 ᠳ᠋ᠦᠩᠰᠢᠭᠤᠷ ᠲᠤᠨ ᠺᠢᠯᠤᠮᠧᠲᠷ ᠲᠤ ᠬᠦᠷᠴᠤ᠂ ᠨᠠᠶᠢᠬᠡᠮ ᠤᠨ ᠬᠡᠷᠡᠭᠯᠡᠬᠡᠨ ᠤ ᠪᠤᠳᠠᠰ ᠢ | ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ 10.9 ᠳ᠋ᠦᠩᠰᠢᠭᠤᠷ ᠲᠦᠬᠦᠷᠢᠭ ᠲᠤ ᠬᠦᠷᠴᠤ᠂ 8.9% ᠪᠠᠷ | ᠨᠡᠮᠡᠭᠳᠡᠪᠠ᠃ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ | ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠬᠡᠯᠡᠯᠬᠡ ᠶᠢᠨ ᠬᠡᠮᠵᠢᠶ᠎ᠠ ᠨᠢ ᠲᠤᠰ ᠲᠤᠰ 18.9 | ᠳ᠋ᠦᠩᠰᠢᠭᠤᠷ ᠲᠦᠬᠦᠷᠢᠭ ᠪᠠ 11.9 ᠳ᠋ᠦᠩᠰᠢᠭᠤᠷ ᠲᠦᠬᠦᠷᠢᠭ ᠲᠤ ᠬᠦᠷᠪᠡ᠃ ᠨᠠᠶᠢᠳᠠ ᠶᠢᠨ ᠦᠮᠴᠢᠯᠡᠯ ᠤᠨ | ᠪᠤᠰᠤ ᠠᠵᠤ ᠠᠬᠤᠢ ᠡᠷᠡᠬᠦᠯ ᠢᠶᠠᠷ ᠲᠤᠭᠳᠠᠭᠤᠨ ᠬᠦᠭᠵᠢᠵᠤ᠂ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ | ᠦᠷᠳᠡᠭ ᠲᠠᠬᠢ ᠬᠠᠷᠢᠴᠠᠯ ᠤᠨ 55.3% ᠶᠢ ᠡᠵᠡᠯᠡᠪᠡ᠃ | ︵ᠲᠦᠷᠪᠡ︶ ᠲᠠᠯ᠎ᠠ ᠨᠤᠳᠤᠭ ᠤᠨ ᠠᠮᠢ ᠠᠬᠤᠢ ᠶᠢ ᠪᠦᠳᠤᠮᠵᠢᠳᠡᠢ ᠬᠠᠮᠠᠭᠠᠯᠠᠪᠠ᠃ ᠪᠡᠬᠡᠵᠢᠩ ᠲᠢᠶᠠᠡᠵᠢᠨ ᠤ | ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ ᠵᠡᠷᠬᠡ ᠭᠤᠤᠯᠳᠠᠯᠭ᠎ᠠ ᠲᠠᠢ ᠠᠮᠢ ᠠᠬᠤᠢ ᠶᠢᠨ | ᠢᠡᠵᠧᠨᠧᠷᠢᠩ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠬᠦᠯᠤᠨ᠂ ᠨᠢᠰᠬᠡᠯ ᠢᠶᠠᠷ 2 ᠲᠦᠮᠡᠨ ᠮᠤ᠋ | ᠦᠢᠵᠢᠭᠤᠯᠵᠤ᠂ 2 ᠲᠦᠮᠡᠨ ᠮᠤ᠋ ᠪᠢᠳᠠᠬᠦᠮᠵᠢᠯᠡᠵᠤ ᠦᠢᠵᠢᠭᠤᠯᠤᠨ᠂ ᠬᠦᠮᠤᠨ ᠤ ᠬᠦᠴᠤ ᠪᠠᠷ 5000 ᠮᠤ᠋ | ᠦᠢᠵᠢᠭᠤᠯᠵᠤ᠂ 3000 ᠮᠤ᠋ ᠡᠯᠡᠰᠤ ᠶᠢ ᠲᠤᠭᠳᠠᠪᠤᠷᠢᠵᠢᠭᠤᠯᠤᠨ᠂ 6000 ᠮᠤ᠋ ᠭᠤᠤᠯ ᠤᠨ ᠡᠷᠭᠢ ᠬᠦᠪᠡᠭᠡ ᠳᠤ | ᠵᠠᠰᠠᠯᠳᠠ ᠬᠢᠵᠤ᠂ ᠭᠤᠤᠯᠳᠠᠯᠭ᠎ᠠ ᠲᠠᠢ ᠭᠠᠵᠡᠷ ᠤᠷᠤᠨ ᠢ 2300 ᠮᠤ᠋ ᠨᠤᠭᠤᠭᠠᠷᠠᠭᠤᠯᠤᠨ᠂ 2120 ᠮᠤ᠋ | ᠠᠭᠤᠷᠬᠠᠢ ᠶᠢᠨ ᠬᠠᠶᠠᠭᠳᠠᠮᠠᠯ ᠭᠠᠵᠡᠷ ᠢ ᠰᠡᠷᠬᠦᠬᠡᠨ ᠵᠠᠰᠠᠵᠤ᠂ ᠪᠦᠬᠦ ᠤᠯᠤᠰ ᠤᠨ ᠭᠠᠵᠡᠷ ᠰᠢᠷᠥᠢ ᠶᠢᠨ ᠡᠬᠢ | ᠪᠠᠶᠠᠯᠢᠭ ᠢ ᠡᠷᠴᠢᠮᠵᠢᠬᠦᠯᠤᠨ ᠠᠰᠢᠭᠯᠠᠭᠰᠡᠨ ᠵᠢᠱᠢᠶᠠᠴᠢ ᠬᠤᠰᠢᠭᠤ ᠪᠠᠷ ᠦᠨᠡᠯᠡᠭᠳᠡᠪᠡ᠃ ᠮᠠᠯ ᠪᠠᠯᠴᠢᠬᠡᠷ ᠤᠨ | ᠲᠠᠩᠴᠠᠬᠦᠷᠢ ᠪᠠ ︽ᠪᠠᠯᠴᠢᠬᠡᠷ ᠰᠠᠷᠬᠦᠬᠡᠬᠦ᠂ ᠰᠠᠯᠬᠦᠨ ᠮᠠᠯᠵᠢᠬᠤ᠂ ᠪᠠᠯᠴᠢᠬᠡᠷᠯᠡᠬᠦᠯᠬᠦ ᠶᠢ ᠵᠤᠭᠰᠤᠭᠠᠬᠤ︾ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠨᠤᠳᠤᠭ ᠪᠠᠯᠴᠢᠬᠡᠷ ᠤᠨ ᠡᠷᠬᠡ ᠶᠢ ᠲᠤᠳᠤᠷᠬᠠᠶᠢᠯᠠᠬᠤ ᠠᠵᠢᠯ ᠢ ᠢᠳᠡᠪᠬᠢᠳᠡᠢ | ᠠᠬᠢᠭᠤᠯᠤᠨ᠂ ︽ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠨᠦᠬᠦᠪᠤᠷᠢ ᠶᠢᠨ ᠲᠦᠷᠥ ᠶᠢᠨ | ᠪᠤᠳᠤᠯᠭ᠎ᠠ ᠶᠢᠨ ᠬᠡᠷᠡᠭᠵᠢᠬᠦᠯᠬᠦ ᠲᠦᠰᠤᠯ︾ ᠢ ᠲᠤᠭᠳᠠᠭᠠᠨ᠂ 5447 ᠡᠷᠤᠬᠡ ᠲᠠᠢ ᠮᠠᠯ ᠪᠠᠯᠴᠢᠬᠡᠷ ᠤᠨ | ᠲᠠᠩᠴᠠᠬᠦᠷᠢ ᠶᠢᠨ ᠬᠠᠷᠢᠭᠤᠴᠠᠯᠭ᠎ᠠ ᠶᠢᠨ ᠬᠡᠷ᠎ᠠ ᠲᠤᠭᠳᠠᠵᠤ᠂ 1.05 ᠳ᠋ᠦᠩᠰᠢᠭᠤᠷ ᠲᠦᠬᠦᠷᠢᠭ ᠤᠨ ᠱᠠᠩᠨᠠᠯ | ᠨᠦᠬᠦᠪᠤᠷᠢ᠂1745 ᠲᠦᠮᠡᠨ ᠲᠦᠬᠦᠷᠢᠭ ᠤᠨ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ ᠶᠢ ᠲᠠᠷᠬᠠᠭᠠᠨ᠂ | 34 ᠭᠠᠴᠠᠭᠠᠨ ᠤ 2297 ᠡᠷᠤᠬᠡ ᠶᠢᠨ ᠨᠤᠳᠤᠭ ᠪᠠᠯᠴᠢᠬᠡᠷ ᠤᠨ ᠡᠷᠬᠡ ᠶᠢ ᠲᠤᠳᠤᠷᠬᠠᠶᠢᠯᠠᠨ᠂189 ᠨᠤᠳᠤᠭ | ᠪᠠᠯᠴᠢᠬᠡᠷ ᠤᠨ ᠵᠢᠭᠤᠷᠭᠠᠨ᠂ 113 ᠡᠷᠤᠬᠡ ᠶᠢᠨ ᠨᠤᠳᠤᠭ ᠪᠠᠯᠴᠢᠬᠡᠷ ᠲᠤᠳᠠᠭᠰᠡᠨ ᠠᠰᠠᠭᠤᠳᠠᠯ ᠢ ᠪᠦᠳᠤᠮᠵᠢᠳᠡᠢ | ᠰᠢᠢᠳᠪᠤᠷᠢᠯᠡᠵᠤ᠂ 95 ᠮᠠᠯᠵᠢᠬᠤ ᠡᠷᠤᠬᠡ ᠶᠢᠨ ᠨᠤᠳᠤᠭ ᠪᠠᠯᠴᠢᠬᠡᠷ ᠲᠤ ᠲᠤᠬᠢᠷᠠᠭᠤᠯᠤᠯᠳᠠ ᠬᠢᠵᠤ᠂ ᠪᠦᠬᠦ | ᠬᠤᠰᠢᠭᠤᠨ ᠤ ᠪᠠᠯᠴᠢᠬᠡᠷ ᠤᠨ ᠤᠷᠭᠤᠮᠠᠯ ᠤᠨ ᠪᠦᠷᠬᠦᠴᠠ ᠶᠢᠨ ᠨᠤᠷᠮ᠎ᠠ 52% ᠲᠤ ᠬᠦᠷᠪᠡ᠃ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠵᠤ᠂ ᠭᠤᠤᠯᠳᠠᠯᠭ᠎ᠠ ᠲᠠᠢ ᠠᠵᠤ ᠠᠬᠤᠶᠢᠯᠡᠯ ᠢ ᠬᠢᠨᠡᠨ | ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠲᠦᠪᠯᠡᠷᠡᠬᠦᠯᠤᠨ ᠵᠠᠰᠠᠬᠤ | ᠠᠵᠢᠯᠯᠠᠭ᠎ᠠ ᠶᠢ ᠬᠦᠡᠵᠡᠬᠡᠢ ᠦᠷᠨᠢᠬᠦᠯᠤᠨ᠂ ᠨᠢᠬᠡ ᠪᠦᠯᠦᠭ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠤᠶᠢᠮ᠎ᠠ | ᠠᠰᠠᠭᠤᠳᠠᠯ ᠢ ᠪᠦᠳᠤᠮᠵᠢᠳᠡᠢ ᠰᠢᠢᠳᠪᠤᠷᠢᠯᠡᠵᠤ᠂ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠡᠬᠦᠷᠬᠡ ᠪᠠᠨ | ᠲᠡᠬᠡᠳᠤ ᠱᠠᠳᠤᠨ ᠤ ᠵᠢᠭᠠᠯᠳᠠ ᠲᠤᠭ᠎ᠠ ᠶᠢᠨ ᠲᠤᠳᠤᠷ᠎ᠠ ᠬᠢᠵᠠᠭᠠᠷᠯᠠᠪᠠ᠃ | ︵ᠲᠠᠪᠤ︶ ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠲᠠᠰᠤᠷᠠᠯᠳᠠ ᠦᠬᠡᠢ ᠪᠦᠷᠢᠡᠰᠢᠬᠦᠯᠪᠠ᠃ ᠪᠡᠯᠬᠦᠳᠡᠢ | ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠠᠬᠢᠭᠤᠯᠤᠨ᠂ 6.95 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠵᠤ᠂ ᠤᠰᠤ ᠶᠢ ᠡᠷᠬᠢᠯᠳᠤᠬᠦᠯᠤᠨ ᠠᠰᠢᠭᠯᠠᠬᠤ ᠦᠵᠡᠮᠵᠢ ᠶᠢᠨ ᠢᠡᠵᠧᠨᠧᠷᠢᠩ ᠢ ᠪᠦᠬᠦ ᠬᠦᠴᠤᠨ | ᠢᠶᠠᠷ ᠠᠬᠢᠭᠤᠯᠤᠨ᠂ ᠪᠠᠯᠭᠠᠰᠤᠨ ᠤ ᠲᠦᠷᠢ ᠲᠦᠷᠬᠦ ᠶᠢ ᠦᠬᠡᠷᠡᠴᠢᠯᠡᠨ ᠰᠠᠶᠢᠵᠢᠷᠠᠭᠤᠯᠬᠤ ᠢᠡᠵᠧᠨᠧᠷᠢᠩ ᠢ | ᠢᠳᠡᠪᠬᠢᠳᠡᠢ ᠬᠡᠷᠡᠭᠵᠢᠬᠦᠯᠵᠤ᠂ 1300 ᠡᠷᠤᠬᠡ ᠶᠢᠨ ᠲᠦᠬᠦᠮ ᠪᠦᠳᠤᠴᠠᠳᠤ ᠬᠡᠷ ᠪᠠᠶᠢᠰᠢᠩ ᠢ ᠦᠬᠡᠷᠡᠴᠢᠯᠡᠨ | ᠰᠠᠶᠢᠵᠢᠷᠠᠭᠤᠯᠵᠤ᠂ 460 ᠢᠵᠢ ᠠᠰᠠᠷ ᠲᠤ ᠰᠠᠭᠤᠷᠢᠰᠢᠭᠤᠯᠵᠤ᠂ 9 ᠵᠤᠷᠪᠤᠰ 3.6 ᠲᠦᠮᠡᠨ ᠲᠡᠭᠰᠢ ᠲᠦᠷᠪᠡᠯᠵᠢᠨ | ᠮᠧᠲᠷ ᠤᠨ ᠵᠠᠮ ᠢ ᠰᠢᠨ᠎ᠠ ᠪᠠᠷ ᠵᠠᠰᠠᠭᠰᠡᠨ ᠪᠠ ᠦᠷᠬᠦᠯᠵᠢᠯᠡᠨ ᠲᠠᠪᠢᠰᠴᠤ᠂ 5.8 ᠲᠦᠮᠡᠨ ᠲᠡᠭᠰᠢ ᠲᠦᠷᠪᠡᠯᠵᠢᠨ | ᠮᠧᠲᠷ ᠵᠠᠮ ᠢ ᠵᠠᠰᠠᠵᠤ ᠰᠠᠶᠢᠵᠢᠷᠠᠭᠤᠯᠤᠨ᠂ 25 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠬᠠᠳᠠᠭᠤᠵᠢᠭᠤᠯᠵᠤ | ᠂ 29 ᠺᠢᠯᠤᠮᠧᠲᠷ ᠤᠨ ᠲᠦᠬᠡᠬᠡᠯ ᠤᠰᠤ ᠬᠠᠩᠭᠠᠬᠤ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠪᠠ | ᠲᠦᠪᠯᠡᠷᠡᠩᠬᠦᠢ ᠲᠤᠯᠠᠭᠠᠯᠠᠯᠭ᠎ᠠ ᠶᠢᠨ ᠬᠤᠭᠤᠯᠠᠢ ᠲᠠᠪᠢᠰᠤᠨ᠂ 44 ᠰᠠᠤᠷᠢ ᠱᠤᠭᠤᠮᠠᠯ ᠱᠤᠭᠤᠵᠤ᠂ 159 ᠢᠵᠢ | ᠵᠠᠮ ᠤᠨ ᠳ᠋ᠸᠡᠭ ᠤᠭᠰᠠᠷᠠᠨ᠂ 740 ᠮᠤ᠋ ᠭᠠᠵᠡᠷ ᠢ ᠨᠤᠭᠤᠭᠠᠷᠠᠭᠤᠯᠵᠤ᠂ ᠲᠠᠩᠰᠠ ᠡᠪᠬᠡᠮᠡᠯ ᠤᠨ ᠤᠷᠳᠤᠨ᠂ ᠵᠠᠰᠠᠭ | ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠪᠠᠷᠢᠯᠭ᠎ᠠ ᠶᠢ ᠡᠬᠢᠯᠡᠬᠦᠯᠵᠤ᠂ ᠲᠦᠬᠡᠬᠡᠯ ᠤᠰᠤ ᠬᠠᠩᠭᠠᠬᠤ | ᠦᠢᠯᠡᠳᠪᠤᠷᠢ ᠪᠠ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠵᠤ᠂ | ᠦᠬᠡᠷᠡᠴᠢᠯᠡᠨ ᠰᠠᠶᠢᠵᠢᠷᠠᠭᠤᠯᠬᠤ ᠠᠵᠢᠯ ᠢ ᠪᠠᠶᠠᠯᠠᠬᠦᠯᠦᠭᠰᠡᠨ ᠤ ᠬᠠᠮᠳᠤ ᠠᠰᠢᠭᠯᠠᠯᠳᠠ ᠳᠤ ᠤᠷᠤᠭᠤᠯᠪᠠ᠃ ᠰᠢᠨ᠎ᠠ | ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠨᠠᠶᠢᠳᠠ 2.75 ᠳ᠋ᠦᠩᠰᠢᠭᠤᠷ | ᠲᠦᠬᠦᠷᠢᠭ ᠤᠨ ᠪᠠᠯᠠ ᠤᠷᠤᠭᠤᠯᠤᠨ᠂ 13 ᠵᠠᠰᠠᠭ ᠵᠠᠬᠢᠷᠭᠠᠨ ᠤ ᠭᠠᠴᠠᠭ᠎ᠠ᠂ 4 ᠰᠠᠭᠤᠷᠢᠰᠢᠯ᠂ ᠮᠠᠯᠵᠢᠬᠤ ᠤᠷᠤᠨ | ᠤ 910 ᠬᠤᠳᠠ ᠠᠶᠢᠯ ᠤᠨ ᠪᠦᠳᠤᠬᠡᠨ ᠪᠠᠶᠢᠭᠤᠯᠤᠯᠳᠠ ᠶᠢᠨ ᠡᠬᠦᠷᠬᠡ ᠶᠢ ᠦᠡᠳᠤᠷ ᠪᠠᠷᠢᠮᠵᠢᠶ᠎ᠠ᠂ ᠴᠢᠨᠠᠷ ᠴᠢᠡᠰᠠᠭ᠎ᠠ | ᠲᠠᠢ ᠪᠠᠶᠢᠭᠤᠯᠵᠤ᠂ 1043 ᠰᠠᠭᠤᠷᠢ ᠬᠡᠷ ᠪᠠᠶᠢᠰᠢᠩ᠂ 851 ᠰᠠᠭᠤᠷᠢ ᠲᠠᠮᠦᠷᠯᠢᠭ ᠬᠠᠪᠳᠠᠰᠤᠳᠤ ᠬᠦᠮᠤᠷᠬᠡ | ᠰᠢᠨ᠎ᠠ ᠪᠠᠷ ᠪᠠᠷᠢᠨ᠂ 1331 ᠬᠡᠷ ᠪᠠᠶᠢᠰᠢᠩ ᠲᠤ ᠡᠨᠧᠷᠬᠢ ᠠᠷᠪᠢᠯᠠᠬᠤ ᠦᠬᠡᠷᠡᠴᠢᠯᠡᠯᠳᠡ ᠬᠢᠵᠤ᠂ 1310 | ᠨᠤᠷᠠᠬᠤ ᠠᠶᠤᠯᠳᠤ ᠬᠡᠷ ᠪᠠᠶᠢᠰᠢᠩ ᠢ ᠨᠤᠷᠠᠭᠠᠪᠠ︔ 6 ᠡᠷᠡᠬᠦᠯ ᠬᠠᠮᠠᠭᠠᠯᠠᠯ ᠤᠨ ᠲᠠᠰᠤᠭ᠂ 46 ᠭᠠᠴᠠᠭᠠᠨ ᠤ | ᠰᠤᠶᠤᠯ ᠤᠨ ᠦᠷᠳᠡᠭᠡ᠂ ᠠᠷᠡᠳ ᠲᠤ ᠲᠦᠬᠦᠮ ᠦᠵᠡᠬᠦᠯᠬᠦ ᠬᠤᠯᠪᠤᠭᠠᠳᠤ ᠲᠡᠯᠬᠡᠬᠦᠷ 8 ᠶᠢ ᠰᠢᠨ᠎ᠠ ᠪᠠᠷ ᠪᠠᠷᠢᠭᠰᠡᠨ | ᠪᠠ ᠦᠬᠡᠷᠡᠴᠢᠯᠡᠨ ᠰᠠᠶᠢᠵᠢᠷᠠᠭᠤᠯᠵᠤ᠂ 7 ᠰᠤᠮᠤ ᠪᠠᠯᠭᠠᠰᠤᠨ ᠳᠤ ᠠᠷᠡᠳ ᠲᠤ ᠲᠦᠬᠦᠮ ᠦᠵᠡᠬᠦᠯᠬᠦ ᠰᠢᠯᠵᠢᠮᠠᠯ | ᠬᠡᠳᠤ ᠲᠡᠯᠬᠡᠬᠦᠷ ᠪᠠᠶᠢᠭᠤᠯᠪᠠ︔ 300 ᠢᠵᠢ ᠡᠷᠤᠬᠡ ᠪᠤᠯᠭᠠᠨ ᠳᠤ ᠨᠠᠪᠳᠠᠷᠠᠬᠦᠯᠬᠦ ᠲᠦᠬᠦᠬᠡᠷᠤᠮᠵᠢ ᠶᠢ ᠤᠭᠰᠠᠷᠠᠨ᠂ | 80 ᠺᠢᠯᠤᠮᠧᠲᠷ ᠵᠡᠬᠡᠯᠢ ᠭᠤᠳᠤᠮᠵᠢ ᠶᠢ ᠬᠠᠳᠠᠭᠤᠵᠢᠭᠤᠯᠤᠨ᠂ 80 ᠮᠠᠯᠵᠢᠬᠤ ᠡᠷᠤᠬᠡ ᠳᠤ ᠪᠠᠶᠢᠩᠭᠤ ᠶᠢᠨ ᠴᠠᠬᠢᠯᠭᠠᠨ | ᠨᠠᠪᠳᠠᠷᠠᠬᠦᠯᠵᠤ᠂ ᠨᠠᠷᠠ ᠰᠠᠯᠬᠢᠨ ᠬᠠᠪᠰᠤᠷᠭᠠᠭᠰᠡᠨ ᠲᠦᠬᠦᠬᠡᠷᠤᠮᠵᠢ ᠤᠭᠰᠠᠷᠠᠬᠤ ᠪᠠᠷ ᠲᠠᠮᠵᠢᠨ 600 ᠮᠠᠯᠵᠢᠬᠤ | ᠡᠷᠤᠬᠡ ᠶᠢᠨ ᠴᠠᠬᠢᠯᠭᠠᠨ ᠤ ᠠᠰᠠᠭᠤᠳᠠᠯ ᠢ ᠰᠢᠢᠳᠪᠤᠷᠢᠯᠡᠪᠠ︔ 113 ᠬᠤᠳᠳᠤᠭ ᠮᠠᠯᠳᠠᠵᠤ᠂ 1000 ᠢᠵᠢ | ᠤᠰᠤ ᠴᠠᠪᠠᠷᠰᠢᠬᠦᠯᠬᠦ ᠲᠦᠬᠦᠬᠡᠷᠤᠮᠵᠢ ᠤᠭᠰᠠᠷᠠᠨ᠂ ᠰᠤᠮᠤ ᠪᠠᠯᠭᠠᠰᠤᠨ ᠤ ᠰᠠᠭᠤᠭ᠎ᠠ ᠭᠠᠵᠡᠷ ᠵᠢᠴᠢ ᠨᠠᠶᠢᠯᠠᠬᠦᠯᠵᠤ | ᠴᠤᠮᠬᠠᠳᠬᠠᠭᠰᠡᠨ ᠰᠤᠮᠤ ᠪᠠᠯᠭᠠᠰᠤᠨ ᠤ ᠰᠠᠭᠤᠭ᠎ᠠ ᠭᠠᠵᠡᠷ ᠤᠨ ᠨᠤᠭᠤᠭᠠᠵᠢᠭᠤᠯᠤᠯᠳᠠ᠂ ᠭᠤᠸᠠᠵᠢᠭᠤᠯᠤᠯᠳᠠ᠂ | ᠬᠡᠬᠡᠵᠢᠬᠦᠯᠤᠯᠳᠠ᠂ ᠬᠠᠳᠠᠭᠤᠵᠢᠭᠤᠯᠤᠯᠳᠠ ᠶᠢᠨ ᠢᠡᠵᠧᠨᠧᠷᠢᠩ ᠢ ᠪᠠᠶᠠᠯᠠᠬᠦᠯᠵᠤ᠂ ᠮᠠᠯᠵᠢᠬᠤ ᠤᠷᠤᠨ ᠤ | ᠦᠢᠯᠡᠳᠪᠤᠷᠢᠯᠡᠯ ᠠᠮᠢᠳᠤᠷᠡᠯ ᠳᠤ ᠯᠤᠳᠤ ᠶᠡᠭᠡ ᠬᠤᠪᠢᠷᠠᠯᠳᠠ ᠲᠠᠢ ᠪᠤᠯᠪᠠ᠃ ᠵᠠᠮ ᠬᠠᠷᠢᠯᠴᠠᠭ᠎ᠠ᠂ ᠤᠰᠤᠨ | ᠠᠰᠢᠭᠯᠠᠯᠳᠠ᠂ ᠴᠠᠬᠢᠯᠭᠠᠨ ᠬᠦᠴᠤ᠂ ᠴᠢᠮᠡᠭᠡ ᠨᠠᠪᠳᠠᠷᠠᠬᠦᠯᠬᠡ ᠵᠡᠷᠬᠡ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ | ᠶᠢ ᠲᠠᠰᠤᠷᠠᠯᠳᠠ ᠦᠬᠡᠢ ᠪᠦᠷᠢᠡᠰᠢᠬᠦᠯᠤᠨ᠂ 303 ᠤᠯᠤᠰ ᠤᠨ ᠵᠠᠮ ᠤᠨ ᠠᠪᠠᠭ᠎ᠠ ᠬᠤᠰᠢᠭᠤᠨ ᠤ ᠬᠠᠷᠢᠶᠠᠨ ᠳᠠᠬᠢ | ᠵᠠᠮ ᠤᠨ ᠰᠠᠭᠤᠷᠢ ᠲᠠᠪᠢᠰᠬᠦ ᠠᠵᠢᠯ ᠢ ᠲᠠᠭᠤᠰᠬᠠᠵᠤ᠂ 331 ᠤᠯᠤᠰ ᠤᠨ ᠲᠡᠰ ᠤᠨ ᠵᠠᠮ ᠤᠨ ᠲᠠᠭᠠᠭᠠᠴᠢᠯᠠᠯᠳᠠ | ᠶᠢᠨ ᠠᠵᠢᠯ ᠢ ᠪᠠᠶᠠᠯᠠᠬᠦᠯᠤᠨ᠂17 ᠵᠤᠷᠪᠤᠰ 189.4 ᠺᠢᠯᠤᠮᠧᠲᠷ ᠮᠠᠯᠵᠢᠬᠤ ᠤᠷᠤᠨ ᠤ ᠵᠠᠰᠠᠮᠠᠯ ᠵᠠᠮ ᠢ ᠵᠠᠰᠠᠨ | ᠪᠠᠬᠢᠯᠠᠪᠠ︔ ᠪᠡᠯᠬᠦᠳᠡᠢ ᠪᠠᠯᠭᠠᠰᠤᠨ ᠤ ᠤᠰᠤ ᠬᠠᠩᠭᠠᠬᠤ ᠢᠡᠵᠧᠨᠧᠷᠢᠩ ᠤᠨ ᠬᠡᠷᠡᠭᠵᠢᠬᠦᠯᠵᠤ ᠪᠤᠯᠬᠤᠶᠢᠴᠠ | ᠰᠤᠳᠤᠯᠭᠠᠨ ᠤ ᠮᠡᠳᠡᠬᠦᠯᠤᠯᠳᠠ ᠨᠢ ᠦᠪᠡᠷᠳᠡᠬᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ | ᠮᠡᠷᠬᠡᠵᠢᠯ ᠤᠨ ᠬᠢᠨᠡᠨ ᠪᠠᠶᠢᠴᠠᠭᠠᠯᠳᠠ ᠳᠤ ᠬᠢᠷᠢ ᠲᠠᠩᠴᠠᠨ᠂ ᠪᠠᠶᠠᠡᠴᠠᠭᠠᠨ ᠭᠤᠤᠯ ᠤᠨ ᠵᠠᠰᠠᠨ ᠴᠡᠭᠴᠡᠯᠡᠯᠳᠡ ᠶᠢᠨ | ᠠᠵᠢᠯ ᠢ ᠲᠠᠭᠤᠰᠬᠠᠭᠰᠡᠨ ᠤ ᠬᠠᠮᠳᠤ ᠠᠶᠢᠮᠠᠭ ᠤᠨ ᠬᠢᠨᠡᠨ ᠰᠢᠯᠭᠠᠯᠳᠠ ᠳᠤ ᠬᠢᠷᠢ ᠲᠠᠩᠴᠠᠪᠠ︔ ᠪᠦᠯᠢᠶᠠᠨ ᠠᠴᠠ | ᠮᠠᠨᠢᠳᠤ ᠬᠦᠷᠬᠦ 110 ᠺᠢᠯᠤᠸᠤᠯᠲ ᠤᠨ ᠴᠠᠬᠢᠯᠭᠠᠨ ᠱᠤᠭᠤᠮ ᠵᠡᠷᠬᠡ 6 ᠲᠦᠷᠥᠯ ᠵᠥᠢᠯ ᠢ ᠠᠰᠢᠭᠯᠠᠯᠳᠠ ᠳᠤ | ᠤᠷᠤᠭᠤᠯᠪᠠ︔ 4G ᠶᠢᠨ ᠴᠢᠮᠡᠭᠡ ᠨᠠᠪᠳᠠᠷᠠᠬᠦᠯᠬᠡ ᠶᠢᠨ ᠦᠷᠳᠡᠭᠡ 15 ᠶᠢ ᠰᠢᠨ᠎ᠠ ᠪᠠᠷ ᠪᠠᠶᠢᠭᠤᠯᠤᠭᠰᠡᠨ ᠪᠠ | ᠦᠬᠡᠷᠡᠴᠢᠯᠡᠨ ᠰᠠᠶᠢᠵᠢᠷᠠᠭᠤᠯᠵᠤ᠂ 240 ᠺᠢᠯᠤᠮᠧᠲᠷ ᠬᠡᠷᠡᠯᠯᠢᠭ ᠤᠳᠠᠰᠤ ᠨᠠᠪᠳᠠᠷᠠᠬᠦᠯᠵᠤ᠂ 2 ᠰᠤᠮᠤ ᠪᠠᠯᠭᠠᠰᠤᠨ ᠤ | ᠲᠠᠭᠠᠭᠤᠯᠢ ᠤᠳᠤᠨ ᠤ ᠬᠦᠯᠢᠶᠠᠨ ᠠᠪᠬᠤ ᠦᠷᠳᠡᠬᠡᠨ ᠤ ᠦᠬᠡᠷᠡᠴᠢᠯᠡᠡ ᠰᠠᠶᠢᠵᠢᠷᠠᠭᠤᠯᠬᠤ ᠡᠬᠦᠷᠬᠡ ᠶᠢ ᠠᠮᠵᠢᠯᠳᠠ | ᠲᠠᠢ ᠪᠠᠶᠠᠯᠠᠬᠦᠯᠪᠠ᠃ | ︵ᠵᠢᠷᠭᠤᠭ᠎ᠠ︶ ᠦᠬᠡᠷᠡᠴᠢᠯᠡᠯᠳᠡ ᠨᠠᠬᠡᠬᠡᠯᠳᠡ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠪᠡ᠃ ᠠᠵᠤ ᠠᠬᠤᠢ᠂ ᠠᠮᠢ | ᠠᠬᠤᠢ ᠪᠠ ᠨᠠᠶᠢᠬᠡᠮ ᠤᠨ ᠬᠦᠷᠢᠶ᠎ᠠ ᠬᠡᠪᠴᠢᠶᠠᠨ ᠤ ᠦᠬᠡᠷᠡᠴᠢᠯᠡᠯᠳᠡ ᠶᠢᠨ ᠠᠵᠢᠯ ᠢ ᠢᠳᠡᠪᠬᠢᠳᠡᠢ ᠠᠬᠢᠭᠤᠯᠤᠨ᠂ 46 | ᠲᠦᠷᠥᠯ ᠤᠨ ᠦᠬᠡᠷᠡᠴᠢᠯᠡᠯᠳᠡ ᠶᠢ ᠪᠠᠶᠠᠯᠠᠬᠦᠯᠤᠨ᠂ 99 ᠲᠦᠷᠥᠯ ᠦᠷ᠎ᠠ ᠪᠦᠳᠤᠮᠵᠢ ᠤᠯᠪᠠ᠃ ᠪᠡᠯᠬᠦᠳᠡᠢ | ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠠᠪᠠᠷ ᠤᠨ ᠬᠠᠮᠢᠶᠠᠷᠤᠯᠳᠠ ᠶᠢᠨ ᠵᠤᠬᠢᠴᠠᠮᠵᠢ ᠪᠠ ᠨᠠᠮ ᠵᠠᠰᠠᠭ ᠤᠨ | ᠪᠠᠶᠢᠭᠤᠯᠭ᠎ᠠ ᠶᠢᠨ ᠠᠯᠪᠠᠨ ᠲᠡᠷᠬᠡ ᠶᠢᠨ ᠦᠬᠡᠷᠡᠴᠢᠯᠡᠯᠳᠡ ᠶᠢ ᠦᠡᠳᠤᠰᠤᠨ ᠳᠡᠭᠡᠨ ᠲᠠᠭᠤᠰᠬᠠᠨ᠂ ᠤᠯᠤᠰ ᠤᠨ | ᠦᠮᠴᠢᠯᠡᠯᠳᠤ ᠤᠢ ᠰᠢᠭᠤᠢ ᠶᠢᠨ ᠲᠠᠯᠠᠪᠤᠷ᠂ ᠬᠤᠳᠠ ᠬᠦᠳᠡᠭᠡ ᠶᠢᠨ ᠡᠮᠴᠢᠯᠡᠬᠡᠨ ᠤ ᠲᠠᠭᠠᠳᠬᠠᠯ᠂ ᠬᠤᠳᠠ ᠬᠦᠳᠡᠭᠡ | ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢ ᠨᠢᠬᠡᠳᠤᠯᠳᠡᠢ ᠲᠦᠯᠤᠪᠵᠢᠬᠦᠯᠬᠦ ᠦᠬᠡᠷᠡᠴᠢᠯᠡᠯᠳᠡ | ᠶᠢ ᠡᠬᠢᠯᠡᠬᠦᠯᠤᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠵᠤᠬᠢᠴᠠᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ | ᠬᠦᠡᠵᠡᠬᠡᠶᠢᠷᠡᠬᠦᠯᠵᠤ᠂ ︽ᠪᠦᠬᠦ ᠤᠷᠤᠨ ᠤ ᠬᠤᠰᠢᠭᠤ ᠰᠢᠶᠠᠨ ᠤ ᠲᠡᠰ ᠤᠨ ᠤᠯᠤᠰ ᠠᠴᠠ ᠡᠷᠬᠢᠯᠡᠭᠰᠡᠨ ᠡᠮᠨᠡᠯᠬᠡ ᠶᠢᠨ | ᠬᠤᠷᠢᠶᠠᠨ ᠤ ᠶᠠᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠬᠤᠰᠢᠭᠤ︾ ᠪᠠᠷ ᠦᠨᠡᠯᠡᠭᠳᠡᠪᠡ᠃ ︽ | ᠲᠠᠯᠪᠢᠬᠤ᠂ ᠬᠠᠮᠢᠶᠠᠷᠬᠤ᠂ ᠦᠢᠯᠡᠴᠢᠯᠡᠬᠦ︾① ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠂ ᠲᠡᠬᠡᠳᠤ ᠱᠠᠳᠤᠨ ᠳᠤ | ᠪᠠᠭᠤᠯᠭᠠᠭᠰᠡᠨ 226 ᠲᠦᠷᠥᠯ ᠤᠨ ᠵᠠᠰᠠᠭ ᠵᠠᠬᠢᠷᠭᠠᠨ ᠤ ᠬᠢᠨᠡᠨ ᠵᠦᠪᠰᠢᠶᠠᠷᠡᠯ ᠤᠨ ᠡᠷᠬᠡ ᠶᠢ ᠬᠦᠯᠢᠶᠠᠨ ᠠᠪᠴᠤ᠂ | ᠬᠦᠢᠴᠡᠳᠬᠡᠬᠦ ᠴᠠᠭ ᠬᠤᠭᠤᠴᠠᠭ᠎ᠠ ᠶᠢ 150 ᠡᠳᠤᠷ ᠪᠤᠭᠤᠨᠢᠰᠬᠠᠭᠰᠡᠨ ᠪᠠᠶᠢᠨ᠎ᠠ᠃ ︽ᠲᠠᠪᠤᠨ ᠦᠨᠡᠮᠯᠡᠯ ᠢ | ᠨᠢᠬᠡᠳᠬᠡᠵᠤ᠂ ᠨᠢᠬᠡ ᠬᠡᠷᠡᠴᠢ ᠨᠢᠬᠡ ᠳ᠋ᠤᠭᠠᠷ ᠲᠠᠢ ᠪᠠᠶᠢᠬᠤ︾ ②ᠲᠠᠩᠰᠠᠯᠠᠬᠤ ᠲᠦᠷᠢᠮ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠪᠦᠬᠦ ᠵᠢᠯ ᠳᠤ ᠰᠢᠨ᠎ᠠ ᠪᠠᠷ 474 ᠵᠠᠬ᠎ᠠ ᠲᠡᠯᠬᠡᠬᠦᠷ ᠤᠨ ᠭᠤᠤᠯ ᠴᠤᠭᠴᠠᠳᠤ ᠡᠷᠤᠬᠡ | ᠨᠡᠮᠡᠭᠳᠡᠵᠤ᠂ 3.7 ᠳ᠋ᠦᠩᠰᠢᠭᠤᠷ ᠲᠦᠬᠦᠷᠢᠭ ᠤᠨ ᠬᠦᠷᠤᠩᠬᠡ ᠲᠠᠩᠰᠠᠯᠠᠭᠤᠯᠪᠠ᠃ ︽ᠬᠤᠤᠰ ᠲᠤᠭᠳᠠᠮᠠᠯ ᠪᠤᠰᠤ᠂ | ᠨᠢᠬᠡ ᠢᠯᠠ ᠨᠠᠶᠢᠳᠠᠯᠠᠬᠦ︾③ ᠬᠢᠨᠡᠨ ᠬᠠᠮᠢᠶᠠᠷᠤᠯᠳᠠ ᠶᠢᠨ ᠵᠠᠭᠪᠤᠷ ᠢ ᠢᠳᠡᠪᠬᠢᠳᠡᠢ ᠬᠡᠷᠡᠭᠵᠢᠬᠦᠯᠤᠨ᠂ ᠬᠢᠨᠡᠨ | ᠬᠠᠮᠢᠶᠠᠷᠤᠯᠳᠠ ᠶᠢᠨ ᠦᠷ᠎ᠠ ᠠᠰᠢᠭ ᠢ ᠲᠠᠰᠤᠷᠠᠯᠳᠠ ᠦᠬᠡᠢ ᠲᠡᠬᠡᠭᠰᠢᠯᠡᠬᠦᠯᠪᠠ᠃ ᠲᠤᠭᠳᠠᠮᠠᠯ ᠬᠦᠷᠤᠩᠬᠡ ᠲᠠᠩᠰᠠᠯᠠᠬᠤ | ᠬᠠᠮᠢᠶᠠᠷᠤᠯᠳᠠ ᠶᠢᠨ ᠲᠤᠪᠴᠢᠶ᠎ᠠ ᠶᠢ ᠪᠠᠶᠢᠭᠤᠯᠵᠤ᠂ ᠲᠤᠭᠳᠠᠮᠠᠯ ᠬᠦᠷᠤᠩᠬᠡ ᠶᠢᠨ ᠬᠡᠷᠡᠴᠢ ᠲᠡᠮᠳᠡᠭ 315 ᠶᠢ | ᠲᠠᠷᠬᠠᠭᠠᠪᠠ᠃ ᠭᠠᠳᠠᠭᠰᠢ ᠴᠢᠯᠤᠬᠡᠳᠡᠢ ᠶᠠᠪᠤᠯᠴᠠᠬᠤ ᠠᠵᠢᠯ ᠢ ᠴᠢᠩᠭᠠᠳᠬᠠᠵᠤ᠂ ︽ᠨᠢᠬᠡ ᠪᠦᠰᠠ ᠨᠢᠬᠡ ᠵᠠᠮ︾④ | ᠪᠠ ᠤᠮᠠᠷᠠᠰᠢ ᠨᠠᠬᠡᠬᠡᠯᠳᠡ ᠬᠢᠬᠦ ᠪᠠᠶᠢᠯᠳᠤᠬᠤ ᠪᠤᠳᠤᠯᠭ᠎ᠠ ᠲᠠᠢ ᠢᠳᠡᠪᠬᠢᠳᠡᠢ ᠠᠭᠤᠰᠤᠯᠴᠠᠭᠤᠯᠵᠤ᠂ ᠲᠤᠮᠳᠠᠳᠤ | ᠮᠤᠩᠭᠤᠯ ᠤᠨ ᠦᠡᠳᠤᠰᠤᠳᠠᠨ ᠤ ᠲᠠᠸᠡᠷ ᠤᠨ ᠰᠤᠯᠢᠯᠴᠠᠭᠠᠨ ᠤ ᠴᠤᠭᠯᠠᠭᠠᠨ ᠢ ᠠᠮᠵᠢᠯᠳᠠ ᠲᠠᠢ ᠡᠷᠬᠢᠯᠡᠨ᠂ | ᠭᠠᠳᠠᠭᠠᠳᠤ ᠠᠷᠠᠯᠵᠢᠶᠠᠨ ᠤ ᠡᠵᠡᠩᠨᠡᠯᠳᠡ ᠶᠢᠨ ᠡᠷᠬᠡᠳᠤ ᠠᠵᠤ ᠠᠬᠤᠶᠢᠯᠡᠯ 3 ᠶᠢ ᠰᠢᠨ᠎ᠠ ᠪᠠᠷ ᠨᠡᠮᠡᠭᠳᠡᠬᠦᠯᠵᠤ᠂ | ᠨᠠᠷᠠᠡᠪᠤᠯᠠᠭ ᠬᠢᠯᠢ ᠶᠢᠨ ᠠᠷᠡᠳ ᠤᠨ ᠨᠠᠪᠳᠠᠷᠠᠬᠦ ᠡᠬᠦᠳᠠ ᠶᠢᠨ ᠪᠡᠯᠡᠳᠬᠡᠯ ᠠᠵᠢᠯ ᠢ ᠠᠬᠢᠭᠤᠯᠪᠠ᠃ ᠪᠡᠬᠡᠵᠢᠩ | ᠲᠢᠶᠠᠡᠵᠢᠨ ᠾᠧᠪᠸᠢ ᠵᠠᠷᠬᠡ ᠭᠠᠵᠡᠷ ᠯᠤᠭ᠎ᠠ ᠶᠢᠨ ᠠᠷᠠᠯᠵᠢᠶᠠᠨ ᠤ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ | ᠂ ᠪᠡᠬᠡᠵᠢᠩ ᠲᠠᠬᠢ ᠰᠢᠯᠢ ᠶᠢᠨ ᠭᠤᠤᠯ ᠤᠨ ᠠᠷᠠᠯᠵᠢᠶᠠᠨ ᠤ ᠬᠠᠮᠳᠤᠷᠠᠯᠴᠠᠭᠠᠨ ᠤ ᠴᠤᠭᠯᠠᠭᠠᠨ ᠢ ᠠᠮᠵᠢᠯᠳᠠ ᠲᠠᠢ | ᠡᠷᠬᠢᠯᠡᠵᠤ᠂ ᠠᠷᠠᠯᠵᠢᠶᠠᠴᠢᠨ ᠤᠷᠢᠬᠤ 32 ᠲᠦᠷᠥᠯ ᠵᠥᠢᠯ ᠢ ᠬᠡᠷᠡᠭᠵᠢᠬᠦᠯᠵᠤ᠂ ᠠᠶᠢᠮᠠᠭ ᠤᠨ ᠭᠠᠳᠠᠨ᠎ᠠ ᠠᠴᠠ 29 | ᠳ᠋ᠦᠩᠰᠢᠭᠤᠷ ᠲᠦᠬᠦᠷᠢᠭ ᠤᠷᠢᠨ ᠤᠷᠤᠭᠤᠯᠪᠠ᠃ | ︵ᠲᠤᠯᠤᠭ᠎ᠠ︶ ᠠᠷᠡᠳ ᠤᠨ ᠠᠮᠢᠳᠤᠷᠡᠯ ᠨᠠᠶᠢᠬᠡᠮ ᠤᠨ ᠠᠵᠢᠯ ᠦᠢᠯᠡᠰ ᠦᠷᠬᠦᠯᠵᠢᠯᠡᠨ ᠬᠦᠭᠵᠢᠪᠠ᠃ ᠪᠦᠬᠦ ᠵᠢᠯ ᠳᠤ | ᠂ ᠡᠳ᠋ ᠤᠨ ᠵᠠᠰᠠᠭ ᠠᠴᠠ ᠠᠷᠡᠳ ᠤᠨ ᠠᠮᠢᠳᠤᠷᠡᠯ ᠨᠠᠶᠢᠬᠡᠮ ᠤᠨ ᠠᠵᠢᠯ ᠦᠢᠯᠡᠰ ᠤᠨ ᠬᠦᠷᠢᠶ᠎ᠠ ᠬᠡᠪᠴᠢᠶᠠᠨ ᠳᠤ | ᠵᠠᠷᠤᠴᠠᠭᠤᠯᠤᠭᠰᠡᠨ ᠵᠠᠷᠤᠯᠭ᠎ᠠ 8.1 ᠳ᠋ᠦᠩᠰᠢᠭᠤᠷ ᠲᠦᠬᠦᠷᠢᠭ ᠲᠤ ᠬᠦᠷᠴᠤ᠂ ᠡᠩ ᠤᠨ ᠤᠯᠠᠨ ᠨᠠᠶᠢᠳᠠ ᠶᠢᠨ | ᠲᠦᠰᠤᠪᠯᠡᠨ ᠪᠤᠳᠤᠭᠰᠡᠨ ᠶᠠᠷᠤᠩᠬᠡᠢ ᠵᠠᠷᠤᠯᠭ᠎ᠠ ᠶᠢᠨ 77.9% ᠶᠢ ᠡᠵᠡᠯᠡᠪᠡ᠃ ᠶᠠᠳᠠᠭᠤ ᠶᠢ ᠲᠡᠳᠬᠦᠬᠦ ᠠᠵᠢᠯ | ᠢᠯᠡᠳᠳᠠ ᠦᠷ᠎ᠠ ᠪᠦᠳᠤᠮᠵᠢ ᠤᠯᠪᠠ᠃ ︽ᠵᠢᠷᠭᠤᠭᠠᠨ ᠨᠠᠷᠢᠯᠢᠭ ᠤᠨᠤᠪᠴᠢᠳᠡᠢ︾⑤ ︽ᠲᠠᠪᠤᠨ ᠨᠢᠬᠡ ᠪᠦᠯᠦᠭ︾ | ⑥ ᠱᠠᠭᠠᠷᠳᠠᠯᠭ᠎ᠠ ᠶᠢᠨ ᠲᠤᠭᠤᠷᠢᠨ ᠳᠤ ᠨᠢᠬᠡ ᠤᠳᠤᠷᠢᠳᠬᠤ ᠺᠠᠳ᠋ᠷ ᠨᠢᠬᠡ ᠶᠠᠳᠠᠭᠤ ᠡᠷᠤᠬᠡ ᠶᠢ ᠲᠠᠭᠠᠭᠠᠴᠢᠯᠠᠨ | ᠲᠡᠳᠬᠦᠬᠦ ᠠᠵᠢᠯ ᠤᠨ ᠵᠤᠬᠢᠴᠠᠮᠵᠢ ᠶᠢ ᠪᠠᠶᠢᠭᠤᠯᠵᠤ᠂ ︽ᠭᠤᠷᠪᠡ ᠶᠢ ᠭᠠᠴᠠᠭ᠎ᠠ ᠲᠤᠰᠬᠤᠨ ᠪᠠ ᠡᠷᠤᠬᠡ ᠳᠤ ᠬᠦᠷᠬᠡᠬᠦ | ︾᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠤ ᠠᠷᠡᠳ ᠢᠶᠠᠨ ᠪᠠᠶᠠᠵᠢᠭᠤᠯᠬᠤ ᠪᠠ ᠨᠡᠬᠦᠯᠬᠡᠨ ᠰᠢᠯᠵᠢᠬᠦᠯᠵᠤ | ᠶᠠᠳᠠᠭᠤ ᠶᠢ ᠲᠡᠳᠬᠦᠬᠦ ᠵᠡᠷᠬᠡ ᠢᠡᠵᠧᠨᠧᠷᠢᠩ ᠢ ᠬᠡᠷᠡᠭᠵᠢᠬᠦᠯᠤᠨ᠂ ᠨᠠᠶᠢᠳᠠ 3429.7 ᠲᠦᠮᠡᠨ ᠲᠦᠬᠦᠷᠢᠭ ᠤᠨ | ᠪᠠᠯᠠ ᠮᠦᠩᠬᠦ ᠨᠠᠶᠢᠳᠠᠪᠤᠷᠢᠵᠢᠭᠤᠯᠵᠤ᠂ 1.3 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠷᠬᠠᠭᠠᠨ᠂ ᠶᠠᠳᠠᠭᠤ | ᠡᠷᠤᠬᠡ ᠳᠤ 169 ᠬᠡᠷ ᠪᠠᠶᠢᠰᠢᠩ ᠪᠠᠷᠢᠵᠤ᠂ 40 ᠢᠵᠢ ᠬᠡᠷ ᠪᠠᠶᠢᠰᠢᠩ ᠬᠤᠳᠠᠯᠳᠤᠨ ᠠᠪᠴᠤ ᠦᠭᠬᠦᠨ᠂ 9 | ᠮᠠᠰᠢᠨ ᠬᠤᠳᠳᠤᠭ ᠮᠠᠯᠳᠠᠵᠤ᠂ 38 ᠢᠵᠢ ᠲᠦᠬᠡᠬᠡᠯ ᠤᠰᠤ ᠬᠠᠩᠭᠠᠵᠤ ᠪᠤᠬᠢᠷ ᠤᠰᠤ ᠭᠠᠳᠠᠭᠰᠢᠯᠠᠭᠤᠯᠬᠤ | ᠲᠦᠬᠦᠬᠡᠷᠤᠮᠵᠢ᠂ 137 ᠢᠵᠢ ᠲᠤᠯᠠᠭᠠᠯᠭ᠎ᠠ ᠶᠢᠨ ᠲᠦᠬᠦᠬᠡᠷᠤᠮᠵᠢ ᠤᠭᠰᠠᠷᠠᠨ᠂ 29 ᠰᠠᠭᠤᠷᠢ ᠫᠸᠡᠭ ᠬᠤᠷᠤᠭ᠎ᠠ | ᠰᠢᠨ᠎ᠠ ᠪᠠᠷ ᠪᠠᠷᠢᠵᠤ᠂ 3317 ᠲᠤᠯᠤᠭᠠᠢ ᠮᠠᠯ ᠤᠨᠤᠭ᠎ᠠ ᠬᠤᠪᠢᠶᠠᠵᠤ ᠦᠭᠬᠦᠨ᠂ ᠲᠠᠩᠰᠠ ᠪᠠᠶᠢᠭᠤᠯᠵᠤ ᠺᠠᠷᠲ | ᠤᠯᠭᠤᠭᠰᠡᠨ ᠶᠠᠳᠠᠭᠤ ᠬᠦᠴᠢᠷᠳᠡᠯᠳᠡᠢ ᠡᠷᠤᠬᠡ ᠶᠢ ᠰᠦᠢᠳᠬᠡᠯ ᠬᠤᠷᠢᠶᠠᠬᠤ ᠦᠬᠡᠢ ᠪᠠᠶ᠎ᠠ ᠶᠢᠨ ᠪᠠᠶᠢᠴᠠᠭᠠᠯᠳᠠ | ᠬᠢᠯᠬᠡᠵᠤ᠂ ᠵᠠᠰᠠᠭ ᠤᠨ ᠤᠷᠳᠤᠨ ᠤ ᠠᠪᠤᠷᠠᠨ ᠲᠤᠰᠠᠯᠠᠬᠤ ᠲᠠᠭᠠᠳᠬᠠᠯ ᠳᠤ ᠤᠷᠤᠭᠤᠯᠪᠠ᠃ 1.7 ᠲᠦᠮᠡᠨ | ᠲᠤᠯᠤᠭᠠᠢ ᠮᠠᠯ ᠢ ᠴᠠᠭ ᠠᠭᠤᠷ ᠤᠨ ᠵᠢᠭᠠᠯᠳᠠ ᠲᠤᠭᠠᠨ ᠤ ᠲᠠᠭᠠᠳᠬᠠᠯ ᠳᠤ ᠤᠷᠤᠭᠤᠯᠵᠤ᠂ ᠪᠦᠬᠦ ᠬᠤᠰᠢᠭᠤᠨ ᠤ | 15 ᠶᠠᠳᠠᠭᠤ ᠬᠦᠴᠢᠷᠳᠡᠯᠳᠡᠢ ᠭᠠᠴᠠᠭ᠎ᠠ ᠪᠠ 234 ᠡᠷᠤᠬᠡ ᠶᠢᠨ 623 ᠬᠦᠮᠤᠨ ᠢ ᠶᠠᠳᠠᠭᠤ ᠠᠴᠠ | ᠠᠩᠬᠢᠵᠢᠷᠠᠭᠤᠯᠵᠤ᠂ ᠦᠪᠡᠷᠳᠡᠬᠡᠨ ᠵᠠᠰᠠᠬᠤ ᠤᠷᠤᠨ ᠠᠴᠠ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠠᠴᠠ | ᠭᠠᠷᠭᠠᠬᠤ ᠬᠢᠨᠡᠨ ᠦᠨᠡᠯᠡᠯᠳᠡ ᠬᠢᠵᠤ ᠪᠤᠢ᠃ ᠶᠠᠳᠠᠭᠤᠷᠡᠯ ᠡᠬᠦᠰᠬᠦ ᠨᠤᠷᠮ᠎ᠠ ᠲᠤᠷᠤᠭᠰᠢᠯᠠᠨ 0.67% ᠳᠤ ᠬᠦᠷᠴᠤ᠂ | ᠠᠳᠠᠯᠢ ᠬᠤᠭᠤᠴᠠᠭᠠᠨ ᠤ ᠬᠢ ᠠᠴᠠ ᠪᠠᠨ 2.02 ᠵᠠᠭᠤᠨ ᠤ ᠬᠤᠪᠢ ᠲᠤᠷᠤᠭᠰᠢᠯᠠᠪᠠ᠃ ᠦᠢᠯᠡᠰ ᠪᠦᠳᠤᠬᠡᠵᠤ᠂ | ᠠᠵᠢᠯ ᠤᠯᠭᠤᠬᠤ ᠠᠵᠢᠯ ᠢ ᠲᠤᠭᠳᠠᠭᠤᠨ ᠢᠶᠠᠷ ᠠᠬᠢᠭᠤᠯᠵᠤ᠂ ᠠᠵᠢᠯ ᠤᠯᠭᠤᠬᠤ ᠲᠦᠷᠥ ᠶᠢᠨ ᠪᠤᠳᠤᠯᠭ᠎ᠠ ᠶᠢ | ᠢᠳᠡᠪᠬᠢᠳᠡᠢ ᠬᠡᠷᠡᠭᠵᠢᠬᠦᠯᠤᠨ᠂ ᠪᠦᠬᠦ ᠵᠢᠯ ᠳᠤ 4860 ᠠᠵᠢᠯ ᠤᠨ ᠪᠠᠶᠢᠷᠢ ᠴᠤᠭᠯᠠᠭᠤᠯᠤᠨ᠂ 2269 ᠬᠦᠮᠤᠨ ᠢ | ᠤᠷᠤᠡᠰᠢᠭᠤᠯᠵᠤ᠂ 1000 ᠲᠦᠮᠡᠨ ᠲᠦᠬᠦᠷᠢᠭ ᠤᠨ ᠪᠠᠭ᠎ᠠ ᠬᠡᠮᠵᠢᠶᠠᠨ ᠤ ᠪᠠᠳᠤᠯᠠᠭᠠᠳᠤ ᠵᠢᠬᠡᠯᠡᠯᠬᠡ ᠲᠠᠷᠬᠠᠭᠠᠨ᠂ ︽ | ᠠᠵᠢᠯᠯᠠᠭᠰᠡᠳ ᠦᠬᠡᠢ︾ ᠬᠡᠷ ᠪᠦᠯᠢ ᠪᠠᠶᠢᠬᠤ ᠦᠬᠡᠢ ᠶᠢ ᠪᠠᠳᠤᠯᠠᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠡᠨ | ᠠᠵᠢᠯ ᠠᠯᠳᠠᠭᠰᠡᠨ ᠨᠤᠷᠮ᠎ᠠ ᠶᠢ 2.0% ᠤᠨ ᠲᠤᠳᠤᠷ᠎ᠠ ᠬᠢᠵᠠᠭᠠᠷᠯᠠᠪᠠ᠃ ᠨᠠᠶᠢᠬᠡᠮ ᠤᠨ ᠪᠠᠳᠤᠯᠠᠭ᠎ᠠ ᠶᠢᠨ ᠬᠢᠷᠢ | ᠲᠦᠪᠰᠢᠨ ᠢ ᠲᠤᠭᠳᠠᠭᠤᠨ ᠢᠶᠠᠷ ᠲᠡᠬᠡᠭᠰᠢᠯᠡᠬᠦᠯᠵᠤ᠂ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠬᠤ | ᠲᠦᠯᠤᠪᠯᠡᠭᠡ ᠶᠢ ᠬᠡᠷᠡᠭᠵᠢᠬᠦᠯᠵᠤ᠂ ᠬᠤᠳᠠ ᠪᠠᠯᠭᠠᠰᠤᠨ ᠤ ᠠᠵᠢᠯᠳᠠᠳ ᠢ ᠦᠡᠳᠤᠰᠤᠨ ᠨᠠᠰᠤᠵᠢᠯ᠂ ᠡᠮ ᠡᠮᠴᠢᠯᠡᠭᠡ | ᠵᠡᠷᠬᠡ ᠲᠠᠭᠠᠳᠬᠠᠯ ᠳᠤ ᠨᠠᠶᠢᠳᠠᠮ ᠤᠷᠤᠭᠤᠯᠬᠤ ᠡᠬᠦᠷᠬᠡ ᠪᠠᠨ ᠪᠠᠶᠠᠯᠠᠬᠦᠯᠤᠨ᠂ ᠠᠵᠤ ᠠᠬᠤᠶᠢᠯᠡᠯ ᠤᠨ ᠠᠵᠢᠯ ᠠᠴᠠ | ᠠᠮᠠᠷᠠᠭᠰᠡᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠰᠠᠷ᠎ᠠ ᠪᠤᠯᠭᠠᠨ ᠬᠦᠮᠤᠨ ᠪᠦᠷᠢ ᠳᠤ 138 | ᠲᠦᠬᠦᠷᠢᠭ ᠨᠡᠮᠡᠭᠳᠡᠬᠦᠯᠵᠤ᠂ ᠰᠤᠮᠤ ᠪᠠᠯᠭᠠᠰᠤᠨ ᠤ ᠦᠡᠳᠤᠰᠤᠨ ᠱᠠᠳᠤᠨ ᠤ ᠠᠵᠢᠯ ᠤᠨ ᠨᠦᠬᠦᠪᠤᠷᠢ ᠪᠠ ᠠᠯᠪᠠᠨ | ᠲᠡᠷᠬᠡᠨ ᠤ ᠨᠦᠬᠦᠪᠤᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠮᠢᠳᠤᠷᠡᠯ ᠨᠢ ᠬᠦᠴᠢᠷᠳᠡᠯᠳᠡᠢ ᠤᠯᠠᠨ | ᠲᠦᠮᠡᠨ ᠤ ᠦᠢᠯᠡᠳᠪᠤᠷᠢᠯᠡᠯ ᠠᠮᠢᠳᠤᠷᠡᠯ ᠤᠨ ᠪᠠᠳᠤᠯᠠᠭ᠎ᠠ ᠶᠢᠨ ᠠᠵᠢᠯ ᠢ ᠬᠢᠨᠠᠮᠠᠭᠠᠢ ᠰᠠᠶᠢᠳᠤᠷ ᠬᠢᠵᠤ᠂ ᠪᠠᠶᠢᠴᠠᠭᠠᠨ | ᠵᠤᠬᠢᠴᠠᠭᠤᠯᠵᠤ ᠲᠤᠬᠤᠨᠢᠭᠤᠯᠬᠤ ᠠᠵᠢᠯ ᠢ ᠢᠳᠡᠪᠬᠢᠳᠡᠢ ᠦᠷᠨᠢᠬᠦᠯᠤᠨ᠂ 10419 ᠬᠦᠮᠤᠨ ᠳᠤ 1.48 | ᠳ᠋ᠦᠩᠰᠢᠭᠤᠷ ᠲᠦᠬᠦᠷᠢᠭ ᠤᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ᠂ ᠨᠠᠰᠤᠵᠢᠯ ᠤᠨ ᠪᠠᠳᠤᠯᠠᠭ᠎ᠠ | ᠶᠢᠨ ᠮᠦᠩᠬᠦ ᠲᠠᠷᠬᠠᠭᠠᠵᠤ᠂ 7201 ᠬᠦᠮᠤᠨ ᠳᠤ 571.2 ᠲᠦᠮᠡᠨ ᠲᠦᠬᠦᠷᠢᠭ ᠤᠨ ᠬᠦᠡᠳᠤ ᠡᠪᠡᠳᠴᠢᠳᠠᠨ᠂ | ᠠᠮᠢᠳᠤᠷᠡᠯ ᠨᠢ ᠬᠦᠴᠢᠷᠳᠡᠯᠳᠡᠢ ᠰᠤᠷᠤᠭᠴᠢᠳ᠂ ᠭᠠᠮᠰᠢᠭᠳᠠᠭᠰᠠᠨ ᠠᠷᠡᠳ ᠤᠨ ᠲᠤᠰᠠᠯᠠᠮᠵᠢ ᠶᠢᠨ ᠮᠦᠩᠬᠦ ᠤᠯᠭᠤᠵᠤ᠂ | 520 ᠡᠷᠤᠬᠡ ᠳᠤ 45 ᠲᠦᠮᠡᠨ ᠲᠦᠬᠦᠷᠢᠭ ᠤᠨ ᠲᠤᠬᠤᠨᠢᠭᠤᠯᠭ᠎ᠠ ᠶᠢᠨ ᠮᠦᠩᠬᠦ ᠶᠢ ᠴᠠᠭ ᠲᠤᠬᠠᠢ ᠳᠤᠨᠢ ᠲᠤᠭ᠎ᠠ | ᠶᠤᠰᠤᠭᠠᠷ ᠲᠠᠷᠬᠠᠭᠠᠪᠠ᠃ ᠰᠤᠷᠭᠠᠨ ᠬᠦᠮᠤᠵᠢᠯ ᠤᠨ ᠦᠢᠯᠡᠰ ᠡᠷᠡᠬᠦᠯ ᠢᠶᠠᠷ ᠬᠦᠭᠵᠢᠨ᠂ ᠰᠠᠭᠤᠷᠢ ᠰᠤᠷᠭᠠᠨ | ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ ᠶᠢ | ᠦᠷᠬᠦᠯᠵᠢᠯᠡᠨ ᠬᠡᠷᠡᠭᠵᠢᠬᠦᠯᠵᠤ᠂ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠂ ᠲᠤᠮᠳᠠᠳᠤ | ᠪᠠᠭ᠎ᠠ ᠰᠤᠷᠭᠠᠭᠤᠯᠢ ᠳᠤ 8 ᠪᠠᠭᠰᠢ ᠶᠢ ᠢᠯᠠ ᠪᠠᠷ ᠰᠢᠯᠭᠠᠨ ᠡᠯᠰᠠᠵᠤ᠂ ᠤᠳᠤᠨ ᠬᠡᠤᠬᠡᠳ ᠤᠨ ᠴᠡᠴᠡᠷᠯᠢᠭ ᠤᠷᠤᠨ | ᠤ ᠲᠡᠰ ᠤᠨ ᠵᠢᠱᠢᠶᠠᠴᠢ ᠴᠡᠴᠡᠷᠯᠢᠭ ᠤᠨ ᠬᠢᠨᠡᠨ ᠰᠢᠯᠭᠠᠯᠳᠠ ᠳᠤ ᠬᠢᠷᠢ ᠲᠠᠩᠴᠠᠨ᠂ ᠬᠤᠰᠢᠭᠤᠨ ᠠᠴᠠ ᠪᠠᠨ ᠶᠡᠭᠡ | ᠰᠤᠷᠭᠠᠭᠤᠯᠢ ᠳᠤ ᠰᠢᠯᠭᠠᠭᠤᠯᠤᠭᠰᠡᠳ ᠤᠨ ᠵᠢᠩᠬᠢᠨᠢ ᠠᠩᠬᠢ ᠳᠤ ᠤᠷᠤᠭᠰᠡᠨ ᠨᠤᠷᠮ᠎ᠠ ᠨᠢ 57.1% ᠳᠤ ᠬᠦᠷᠪᠡ᠃ | ︽ᠡᠷᠡᠬᠦᠯ ᠡᠩᠬᠡ ᠠᠪᠠᠭ᠎ᠠ ᠨᠤᠳᠤᠭ︾ ᠢ ᠴᠤᠭᠴᠠᠯᠠᠨ ᠪᠠᠶᠢᠭᠤᠯᠬᠤ ᠠᠵᠢᠯ ᠢ ᠠᠬᠢᠭᠤᠯᠵᠤ᠂ ᠬᠤᠰᠢᠭᠤ ᠮᠤᠩᠭᠤᠯ | ᠡᠮᠨᠡᠯᠬᠡ ᠶᠢᠨ ᠬᠤᠷᠢᠶ᠎ᠠ ᠪᠠ ᠪᠠᠶᠠᠡᠳᠤᠭ ᠰᠤᠮᠤᠨ ᠤ ᠡᠮᠨᠡᠯᠬᠡ ᠶᠢᠨ ᠬᠤᠷᠢᠶᠠᠨ ᠤ ᠪᠠᠷᠢᠯᠭ᠎ᠠ ᠶᠢᠨ ᠠᠵᠢᠯ ᠢ | ᠲᠠᠭᠤᠰᠬᠠᠵᠤ ᠠᠰᠢᠭᠯᠠᠯᠳᠠ ᠳᠤ ᠤᠷᠤᠭᠤᠯᠤᠨ᠂ ᠬᠤᠰᠢᠭᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ | ᠦᠷᠡᠵᠢᠯ ᠤᠨ ᠦᠢᠯᠡᠴᠢᠯᠡᠬᠡᠨ ᠤ ᠶᠠᠷᠤᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠬᠦᠯᠤᠨ᠂ ᠡᠯ᠎ᠠ ᠱᠠᠳᠤᠨ ᠤ | ᠡᠮᠴᠢᠯᠡᠬᠡᠨ ᠤ ᠪᠠᠶᠢᠭᠤᠯᠤᠮᠵᠢ ᠳᠤ 800 ᠭᠠᠷᠤᠢ ᠲᠦᠮᠡᠨ ᠲᠦᠬᠦᠷᠢᠭ ᠤᠨ ᠡᠮᠴᠢᠯᠡᠬᠡᠨ ᠤ ᠲᠤᠨᠤᠭ ᠲᠦᠬᠦᠬᠡᠷᠤᠮᠵᠢ | ᠲᠤᠬᠢᠷᠠᠭᠤᠯᠤᠨ ᠦᠭᠴᠤ᠂ ᠬᠤᠷᠰᠢᠭᠰᠡᠨ ᠡᠮᠨᠡᠯᠬᠡ ᠪᠠᠷ ᠲᠠᠮᠵᠢᠨ ᠮᠠᠯᠴᠢᠳ ᠲᠤ 1406 ᠲᠦᠮᠡᠨ ᠲᠦᠬᠦᠷᠢᠭ ᠤᠨ | ᠡᠮᠨᠡᠯᠬᠡ ᠶᠢᠨ ᠰᠦᠢᠳᠬᠡᠯ ᠴᠠᠶᠢᠷᠠᠭᠤᠯᠤᠨ᠂ 3681 ᠨᠠᠷᠠ ᠮᠠᠯᠴᠢᠳ ᠲᠤ ᠰᠦᠢᠳᠬᠡᠯ ᠬᠤᠷᠢᠶᠠᠬᠤ ᠦᠬᠡᠢ ᠪᠠᠷ ᠪᠠᠶ᠎ᠠ | ᠶᠢᠨ ᠪᠠᠶᠢᠴᠠᠭᠠᠯᠳᠠ ᠬᠢᠵᠤ᠂ ᠴᠠᠭᠠᠡᠨᠠᠭᠤᠷ ᠪᠠᠯᠭᠠᠰᠤ ᠪᠠ ᠶᠠᠬᠡᠭᠤᠤᠯ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ | ᠨᠢ ︽ᠪᠦᠬᠦ ᠤᠯᠤᠰ ᠤᠨ ᠤᠯᠠᠨ ᠲᠦᠮᠡᠨ ᠤ ᠬᠠᠨᠤᠮᠵᠢᠳᠡᠢ ᠡᠮᠨᠡᠯᠬᠡ ᠶᠢᠨ ᠬᠤᠷᠢᠶ᠎ᠠ︾ ᠶᠢᠨ ᠢᠷᠠᠭᠤ ᠠᠯᠳᠠᠷ ᠢ | ᠬᠦᠷᠳᠡᠪᠡ᠃ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢ | ᠬᠦᠡᠵᠡᠬᠡᠶᠢᠷᠡᠬᠦᠯᠵᠤ᠂ ᠬᠤᠶᠡᠷ ᠬᠡᠤᠬᠡᠳ ᠠᠪᠴᠤ ᠪᠤᠯᠬᠤ ᠲᠦᠷᠤ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠵᠤ᠂ | ᠵᠢᠯ ᠤᠨ ᠲᠤᠳᠤᠷ᠎ᠠ ᠲᠦᠷᠦᠭᠰᠡᠨ ᠬᠡᠤᠬᠡᠳ ᠤᠨ ᠲᠤᠭ᠎ᠠ 342 ᠲᠤ ᠬᠦᠷᠴᠤ᠂ ᠲᠦᠷᠥ ᠶᠢᠨ ᠪᠤᠳᠤᠯᠭ᠎ᠠ ᠳᠤ | ᠨᠠᠶᠢᠴᠡᠭᠰᠡᠨ ᠲᠦᠷᠥᠯᠳᠠ ᠶᠢᠨ ᠨᠤᠷᠮ᠎ᠠ 99% ᠪᠤᠯᠪᠠ᠃ ᠦᠡᠳᠤᠰᠤᠳᠠᠨ ᠤ ᠰᠤᠶᠤᠯ ᠤᠨ ᠲᠤᠮᠤ ᠬᠤᠰᠢᠭᠤ ᠶᠢ | ᠪᠠᠶᠢᠭᠤᠯᠬᠤ ᠠᠵᠢᠯ ᠢ ᠲᠠᠰᠤᠷᠠᠯᠳᠠ ᠦᠬᠡᠢ ᠬᠦᠡᠵᠡᠬᠡᠶᠢᠷᠡᠬᠦᠯᠵᠤ᠂ ᠴᠤᠭᠤᠷ ᠲᠠᠭᠤᠤ ᠶᠢ ᠤᠯᠠᠮᠵᠢᠯᠡᠨ ᠵᠠᠯᠭᠠᠮᠵᠢᠯᠠᠬᠤ | ᠭᠠᠵᠡᠷ ᠪᠠ ᠪᠦᠬᠡ ᠶᠢᠨ ᠰᠤᠷᠢᠶᠠᠨ ᠤ ᠤᠷᠳᠤᠨ ᠤ ᠪᠠᠷᠢᠯᠭ᠎ᠠ ᠶᠢ ᠡᠬᠢᠯᠡᠬᠦᠯᠤᠨ᠂ ᠮᠦᠽᠸᠢ ᠶᠢ ᠦᠬᠡᠷᠡᠴᠢᠯᠡᠨ | ᠪᠠᠶᠢᠭᠤᠯᠬᠤ ᠪᠠ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ ᠤᠨ ᠪᠠᠷᠢᠯᠭ᠎ᠠ ᠶᠢ ᠲᠠᠭᠤᠰᠬᠠᠵᠤ᠂ ᠮᠤᠩᠭᠤᠯ | ᠵᠦᠴᠤᠬᠡ ︽ᠪᠡᠯᠬᠦᠳᠡᠢ︾ ᠶᠢ ᠨᠠᠶᠢᠷᠠᠭᠤᠯᠤᠨ ᠲᠤᠭᠯᠠᠵᠤ᠂ ᠪᠦᠬᠦ ᠵᠢᠯ ᠳᠤ ᠤᠯᠠᠨ ᠲᠦᠮᠡᠡᠴᠢ ᠴᠢᠨᠠᠷ ᠲᠠᠢ ᠰᠤᠶᠤᠯ | ᠲᠠᠮᠢᠷ ᠤᠨ ᠬᠦᠳᠡᠯᠬᠡᠬᠡᠨ ᠢ 200 ᠭᠠᠷᠤᠢ ᠤᠳᠠᠭ᠎ᠠ ᠡᠷᠬᠢᠯᠡᠵᠤ᠂ ᠠᠪᠠᠭ᠎ᠠ ᠬᠤᠰᠢᠭᠤᠨ ᠤ ᠤᠯᠠᠮᠵᠢᠯᠠᠯᠳᠤ | ᠬᠤᠪᠴᠠᠰᠤ ᠵᠠᠰᠠᠯ ᠢ ᠲᠠᠪᠤᠳᠤᠭᠠᠷ ᠪᠦᠯᠦᠭ ᠤᠨ ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ | ᠦᠪ ᠲᠤ ᠲᠠᠩᠰᠠᠯᠠᠭᠤᠯᠪᠠ᠃ ᠨᠠᠶᠢᠬᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠦᠷᠬᠦᠯᠵᠢᠯᠡᠨ ᠪᠠᠳᠤᠯᠠᠵᠤ᠂ | ᠪᠦᠬᠦ ᠠᠶᠢᠮᠠᠭ ᠤᠨ ᠤᠶᠤᠨ ᠤ ᠪᠤᠯᠪᠠᠰᠤᠨ ᠤ ᠲᠤᠷᠰᠢᠯᠭ᠎ᠠ ᠰᠤᠯᠢᠯᠴᠠᠬᠤ ᠬᠤᠷᠡᠯ ᠢ ᠠᠮᠵᠢᠯᠳᠠ ᠲᠠᠢ | ᠬᠤᠷᠠᠯᠳᠤᠭᠤᠯᠵᠤ᠂ ᠤᠷᠤᠨ ᠤ ᠲᠡᠰ ᠤᠨ ᠪᠤᠯᠪᠠᠰᠤᠨ ᠬᠤᠰᠢᠭᠤᠨ ᠤ ᠰᠢᠯᠭᠠᠷᠠᠭᠤᠯᠤᠯᠳᠠ ᠳᠤ ᠲᠤᠪᠤᠶᠢᠮ᠎ᠠ ᠦᠷ᠎ᠠ | ᠪᠦᠳᠤᠮᠵᠢ ᠤᠯᠤᠭᠰᠡᠨ ᠪᠠᠶᠢᠨ᠎ᠠ᠃ ᠨᠠᠶᠢᠬᠡᠮ ᠤᠨ ᠵᠦᠷᠢᠴᠡᠯ ᠵᠢᠭᠤᠷᠭᠠᠨ ᠢ 77 ᠪᠠᠶᠢᠴᠠᠭᠠᠨ ᠢᠯᠡᠷᠡᠬᠦᠯᠵᠤ᠂ 74 | ᠶᠢ ᠨᠢ ᠵᠦᠢ ᠵᠤᠬᠢᠰᠳᠡᠢ ᠰᠢᠢᠳᠪᠤᠷᠢᠯᠡᠵᠤ᠂ ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠲᠦᠪᠡᠭᠳᠡᠢ ᠠᠰᠠᠭᠤᠳᠠᠯ | ᠢ ᠰᠢᠢᠳᠪᠤᠷᠢᠯᠡᠵᠤ᠂ ᠪᠡᠬᠡᠵᠢᠩ ᠪᠠ ᠦᠪᠡᠷᠳᠡᠬᠡᠨ ᠵᠠᠰᠠᠬᠤ ᠤᠷᠤᠨ ᠳᠤ ᠵᠠᠬᠢᠳᠠᠯ ᠰᠤᠷᠪᠤᠯᠵᠢᠯᠠᠭ᠎ᠠ ᠪᠠᠷ ᠤᠴᠢᠭᠰᠡᠨ | ᠤᠴᠢᠷ ᠡᠬᠦᠰᠦᠭᠰᠡᠨ ᠦᠬᠡᠢ᠃ ︽ᠠᠮᠤᠷ ᠲᠠᠶᠢᠪᠤᠡᠭ ᠬᠠᠯᠠᠭᠤᠨ ᠲᠤᠳᠤᠨᠤ ᠠᠪᠠᠭ᠎ᠠ ᠨᠤᠳᠤᠭ︾ ᠢ ᠴᠤᠭᠴᠠᠯᠠᠨ | ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠠᠶᠤᠯᠬᠦᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢ | ᠬᠦᠡᠵᠡᠬᠡᠢ ᠦᠷᠨᠢᠬᠦᠯᠵᠤ᠂ ᠢᠳᠡᠬᠡᠨ ᠡᠮ ᠤᠨ ᠵᠥᠢᠯᠡᠰ ᠤᠨ ᠠᠮᠤᠷ ᠲᠦᠪᠰᠢᠨ ᠤ ᠬᠢᠨᠡᠨ ᠬᠠᠮᠢᠶᠠᠷᠤᠯᠳᠠ ᠪᠠᠨ | ᠴᠢᠩᠭᠠᠳᠬᠠᠨ᠂ ᠪᠦᠬᠦ ᠵᠢᠯ ᠳᠤ ᠠᠶᠤᠯᠬᠦᠢ ᠦᠢᠯᠡᠳᠪᠤᠷᠢᠯᠡᠯ ᠪᠠ ᠢᠳᠡᠬᠡᠨ ᠡᠮ ᠤᠨ ᠵᠥᠢᠯᠡᠰ ᠤᠨ ᠠᠮᠤᠷ ᠲᠦᠪᠰᠢᠨ | ᠤ ᠬᠡᠷᠡᠭ ᠤᠴᠢᠷ ᠭᠠᠷᠤᠭᠰᠡᠨ ᠦᠬᠡᠢ᠃ | ᠨᠢᠬᠡ ᠵᠢᠯ ᠤᠨ ᠲᠤᠷᠰᠢ᠂ ᠠᠷᠠᠳ ᠤᠨ ᠠᠭᠠᠷ ᠤᠨ ᠰᠡᠷᠭᠡᠶᠢᠯᠡᠯᠳᠡ᠂ ᠭᠠᠵᠠᠷ ᠬᠦᠳᠡᠯᠦᠯᠳᠡ ᠴᠠᠭ ᠠᠭᠤᠷ᠂ ᠲᠡᠩᠰᠠ | ᠡᠪᠬᠡᠮᠡᠯ ᠲᠡᠤᠬᠡ ᠦᠢᠯᠠᠯᠭ᠎ᠠ ᠵᠡᠷᠬᠡ ᠠᠵᠢᠯ ᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠡᠮᠡᠭᠳᠡᠶᠢᠴᠤᠳ ᠬᠡᠤᠬᠡᠳ᠂ | ᠨᠠᠰᠤᠳᠠᠶᠢᠴᠤᠳ ᠪᠠ ᠵᠡᠮᠳᠡᠭᠴᠤᠳ ᠤᠨ ᠠᠵᠢᠯ ᠦᠢᠯᠡᠰ ᠰᠢᠨ᠎ᠠ ᠠᠬᠢᠯᠳᠠ ᠲᠠᠢ ᠪᠤᠯᠪᠠ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠪᠠ᠃ ᠣᠬᠠᠮᠰᠠᠷ ᠠᠴᠠ ᠪᠠᠨ | ᠬᠢᠨᠠᠯᠳᠠ ᠶᠢ ᠬᠦᠯᠢᠶᠡᠨ᠂ ᠪᠦᠬᠦ ᠵᠢᠯ ᠳᠤ ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ | ᠳᠤ 8 ᠲᠦᠷᠥᠯ ᠤᠨ ᠲᠣᠰᠬᠠᠢ ᠰᠡᠳᠦᠪᠳᠦ ᠵᠠᠰᠠᠭ ᠤᠨ ᠣᠷᠳᠣᠨ ᠤ ᠠᠵᠢᠯ ᠤᠨ ᠮᠡᠳᠡᠬᠦᠯᠦᠯᠳᠡ ᠬᠢᠵᠦ᠂ ᠬᠤᠰᠢᠭᠤ | ᠣᠯᠣᠰ ᠲᠦᠷᠦ ᠶᠢᠨ ᠵᠦᠪᠯᠡᠯᠭᠡᠨ ᠲᠠᠢ 5 ᠲᠦᠷᠦᠯ ᠤᠨ ᠲᠣᠰᠬᠠᠢ ᠰᠡᠳᠦᠪ ᠵᠦᠪᠳᠡᠯᠴᠡᠵᠦ᠂ ᠬᠤᠰᠢᠭᠤ ᠠᠷᠠᠳ ᠤᠨ | ᠲᠦᠯᠦᠭᠡᠯᠡᠭᠴᠢᠳ ᠤᠨ 157 ᠵᠤᠷᠪᠤᠰ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ | 58 ᠵᠣᠷᠪᠣᠰ ᠰᠠᠨᠠᠯ ᠲᠣᠷᠠᠳᠣᠯᠭ᠎ᠠ ᠶᠢ ᠵᠤᠬᠢᠰᠳᠡᠢ ᠰᠢᠢᠳᠪᠦᠷᠢᠯᠡᠵᠦ᠂ ᠰᠠᠨᠠᠯ ᠲᠣᠷᠠᠳᠣᠯᠭ᠎ᠠ ᠳᠤ ᠬᠠᠷᠢᠭᠤ ᠦᠭᠴᠤ | ᠰᠢᠢᠳᠪᠦᠷᠢᠯᠡᠭᠰᠡᠨ ᠨᠣᠷᠮ᠎ᠠ 100% ᠳᠤ ᠬᠦᠷᠦᠭᠰᠡᠨ ᠪᠠᠶᠢᠨ᠎ᠠ᠃ ᠰᠣᠷᠳᠠᠯ ᠤᠨ ᠪᠠᠶᠢᠭᠤᠯᠣᠯᠳᠠ ᠶᠢ ᠡᠷᠴᠢᠮᠳᠡᠢ | ᠠᠳᠬᠤᠨ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ | ᠠᠵᠢᠯ ᠤᠨ ᠰᠣᠷᠳᠠᠯ ᠢᠶᠠᠨ ᠰᠠᠶᠢᠵᠢᠷᠠᠭᠤᠯᠬᠤ ᠲᠣᠬᠠᠢ ᠡᠯ᠎ᠡ ᠲᠦᠷᠦᠯ ᠤᠨ ᠲᠦᠷᠢᠮ ᠲᠣᠭᠳᠠᠭᠠᠯ ᠢ ᠨᠠᠷᠢᠨ ᠨᠢᠮᠪᠠᠢ | ᠲᠣᠣᠱᠯᠠᠭᠤᠯᠣᠨ ᠨᠠᠶᠢᠳᠠᠪᠣᠷᠢᠵᠢᠭᠤᠯᠵᠣ᠂ ᠪᠦᠬᠦ ᠵᠢᠯ ᠤᠨ ᠵᠣᠴᠢᠯᠠᠬᠤ ᠵᠠᠷᠣᠳᠠᠯ ᠪᠠ ᠠᠯᠪᠠᠨ ᠲᠡᠷᠬᠡᠨ ᠤ ᠵᠠᠷᠤᠳᠠᠯ | ᠨᠢᠳᠣᠨᠣᠨ ᠤ ᠬᠢ ᠠᠴᠠ ᠲᠣᠰ ᠲᠣᠰ 5.2% ᠪᠠ 8.1% ᠪᠠᠷ ᠪᠠᠭᠤᠷᠠᠵᠣ᠂ ᠠᠯᠪᠠᠯᠠᠬᠤ ᠬᠡᠷ ᠤᠨ ᠬᠠᠮᠢᠶᠠᠷᠣᠯᠳᠠ | ᠶᠢ ᠣᠯᠠᠮ ᠲᠦᠷᠢᠮᠵᠢᠬᠦᠯᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠠᠬᠢᠭᠤᠯᠵᠣ᠂ ᠬᠤᠰᠢᠭᠤ ᠲᠠᠷᠤᠭ᠎ᠠ ᠶᠢᠨ | ᠲᠤᠰᠬᠠᠢ ᠣᠳᠠᠰᠣ᠂ ᠣᠯᠠᠨ ᠨᠡᠶᠢᠳᠡ ᠶᠢᠨ ᠸᠧᠴᠡᠲ ᠲᠠᠪᠴᠠᠩ ᠢᠶᠠᠷ ᠲᠠᠮᠵᠢᠨ ᠣᠯᠠᠨ ᠲᠦᠮᠡᠨ ᠤ ᠰᠠᠨᠠᠭᠠᠰᠢᠷᠠᠵᠣ | ᠪᠠᠶᠢᠭ᠎ᠠ ᠠᠰᠠᠭᠤᠳᠠᠯ ᠳᠤ ᠴᠠᠭ ᠲᠣᠬᠠᠢ ᠳᠤᠨᠢ ᠬᠠᠷᠢᠭᠤ ᠦᠭᠬᠦᠭᠰᠡᠨ ᠪᠠᠶᠢᠨ᠎ᠠ᠃ ᠬᠠᠣᠯᠢ ᠶᠣᠰᠣᠭᠠᠷ ᠬᠤᠰᠢᠭᠤ ᠪᠠᠨ | ᠵᠠᠰᠠᠬᠤ ᠠᠵᠢᠯ ᠢ ᠢᠳᠡᠪᠬᠢᠳᠡᠢ ᠠᠬᠢᠭᠤᠯᠵᠣ᠂ ︽ᠲᠣᠯᠣᠳᠣᠭᠠᠷ ᠲᠠᠪᠣᠨ ᠵᠢᠯ︾ ᠤᠨ ᠬᠠᠣᠯᠢ ᠲᠦᠭᠡᠭᠡᠮᠡᠯᠵᠢᠬᠦᠯᠬᠦ | ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠮᠢᠶᠠᠷᠣᠯᠳᠠ ᠶᠢᠨ | ᠦᠢᠯᠡᠴᠢᠯᠡᠭᠡᠨ ᠤ ᠲᠦᠪ ᠢ ᠠᠰᠢᠭᠯᠠᠯᠳᠠ ᠳᠤ ᠣᠷᠣᠭᠤᠯᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠪᠠᠶᠢᠭᠤᠯᠣᠯᠳᠠ᠂ ᠠᠷᠢᠭᠤᠨ ᠴᠢᠭᠡᠴᠢ ᠵᠠᠰᠠᠭ ᠤᠨ ᠪᠠᠶᠢᠭᠤᠯᠣᠯᠳᠠ ᠪᠠ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ | ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠭᠡᠢ ᠦᠷᠨᠢᠬᠦᠯᠵᠦ᠂ ᠬᠢᠨᠠᠨ ᠪᠠᠶᠢᠴᠠᠭᠠᠵᠤ᠂ ᠬᠢᠨᠠᠨ | ᠪᠣᠳᠣᠬᠤ ᠬᠦᠴᠦᠯᠡᠴᠡ ᠪᠠᠨ ᠲᠠᠰᠣᠷᠠᠯᠳᠠ ᠦᠭᠡᠢ ᠴᠢᠩᠭᠠᠳᠬᠠᠭᠰᠠᠨ ᠠᠴᠠ ᠵᠠᠰᠠᠭ ᠤᠨ ᠰᠣᠷᠳᠠᠯ᠂ ᠠᠵᠢᠯ ᠤᠨ | ᠰᠣᠷᠳᠠᠯ ᠢᠯᠡᠳᠳᠡ ᠰᠠᠶᠢᠵᠢᠷᠠᠪᠠ᠃ | ᠲᠦᠯᠦᠭᠡᠯᠡᠭᠴᠢᠳ ᠡ᠂ ᠡᠳᠡᠬᠡᠷ ᠠᠮᠵᠢᠯᠳᠠ ᠶᠢ ᠤᠯᠤᠭᠰᠡᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠪᠠ ᠰᠢᠨᠵᠢᠯᠡᠬᠦ ᠣᠬᠠᠭᠠᠨᠴᠢ | ᠰᠢᠢᠳᠪᠦᠷᠢᠳᠦ ᠪᠠᠶᠢᠷᠢᠯᠠᠭᠤᠯᠤᠯᠳᠠ ᠶᠢᠨ ᠦᠷ᠎ᠡ ᠳ᠋ᠦᠩ ᠪᠤᠯᠤᠨ᠎ᠠ᠃ ᠮᠦᠡᠴᠤ ᠬᠤᠰᠢᠭᠤ ᠠᠷᠡᠳ ᠤᠨ | ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠪᠠ ᠨᠠᠶᠢᠬᠡᠮ ᠤᠨ ᠡᠯ᠎ᠠ ᠡᠳᠡᠬᠡᠳ ᠤᠨ | ᠬᠢᠨ ᠤ ᠴᠢᠩᠭ᠎ᠠ ᠬᠢᠨᠠᠯᠳᠠ ᠪᠠ ᠬᠠᠯᠠᠮᠵᠢᠯᠠᠨ ᠲᠡᠮᠵᠢᠭᠰᠡᠨ ᠤ ᠦᠷ᠎ᠠ ᠳ᠋ᠦᠡᠭ ᠪᠤᠯᠬᠤ ᠮᠦᠷᠳᠡᠬᠡᠨ ᠪᠦᠬᠦ ᠬᠤᠰᠢᠭᠤᠨ ᠤ | ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ ᠪᠢ᠂ ᠬᠤᠰᠢᠭᠤ ᠵᠠᠰᠠᠭ ᠤᠨ ᠣᠷᠳᠣᠨ ᠢ ᠲᠦᠯᠦᠭᠡᠯᠡᠨ᠂ ᠪᠦᠬᠦ | ᠬᠤᠰᠢᠭᠤᠨ ᠤ ᠡᠯ᠎ᠠ ᠦᠨᠳᠦᠰᠦᠳᠡᠨ ᠤ ᠠᠷᠠᠳ ᠲᠦᠮᠡᠨ ᠪᠠ ᠮᠠᠨ ᠤ ᠬᠤᠰᠢᠭᠤᠨ ᠤ ᠦᠭᠡᠷᠡᠴᠢᠯᠡᠯᠳᠡ ᠨᠡᠭᠡᠭᠡᠯᠳᠡ | ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠣᠯᠳᠠ ᠳᠤ ᠬᠠᠷᠠᠮ ᠦᠭᠡᠢ ᠵᠢᠳᠭᠦᠯ ᠦᠵᠡᠬᠦᠯᠦᠭᠰᠡᠨ ᠨᠦᠬᠦᠳ᠂ | ᠠᠪᠠᠭ᠎ᠠ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠠᠶᠢᠬᠡᠮ ᠤᠨ ᠡᠯ᠎ᠠ ᠡᠳᠡᠬᠡᠳ ᠤᠨ | ᠨᠠᠶᠢᠵᠠ ᠨᠠᠷ ᠲᠤ ᠪᠠᠨ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ᠃ | ᠠᠮᠵᠢᠯᠳᠠ ᠪᠠᠨ ᠨᠣᠳᠠᠯᠠᠬᠤ ᠶᠢᠨ ᠬᠠᠮᠳᠣ ᠪᠢᠳᠠ ᠪᠠᠰᠠ ᠮᠠᠨ ᠤ ᠬᠤᠰᠢᠭᠤᠨ ᠤ ᠠᠵᠣ ᠠᠬᠤᠢ ᠶᠢᠨ ᠰᠠᠭᠤᠷᠢ ᠨᠢᠮᠬᠡᠨ | ᠂ ᠨᠡᠶᠢᠭᠡᠮ ᠤᠨ ᠬᠦᠭᠵᠢᠯᠳᠡ ᠶᠢᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠤᠳ ᠢ ᠰᠡᠷᠬᠡᠭ ᠢᠶᠠᠷ ᠲᠠᠨᠢᠬᠤ | ᠴᠢᠬᠤᠯᠠᠳᠡᠢ ᠪᠠᠶᠢᠨ᠎ᠠ᠄ ᠨᠢᠭᠡ ᠳᠤ᠂ ᠠᠵᠣ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠣ ᠦᠢᠯᠡᠰ ᠤᠨ ᠪᠦᠳᠦᠴᠡ | ᠰᠢᠯᠢᠳᠡᠭᠵᠢᠬᠡᠳᠤᠢ᠂ ᠴᠢᠨᠠᠷ ᠴᠢᠨᠰᠠᠭ᠎ᠠ ᠦᠷ᠎ᠡ ᠠᠰᠢᠭ ᠦᠨᠳᠦᠷ ᠪᠢᠰᠢ︔ ᠬᠤᠶᠠᠷ ᠲᠤ᠂ ᠭᠠᠶᠢᠯᠢ ᠶᠢᠨ ᠣᠷᠣᠯᠭ᠎ᠠ | ᠶᠢᠨ ᠨᠡᠮᠡᠭᠳᠡᠯ ᠣᠳᠠᠭᠠᠨ᠂ ᠡᠳ᠋ ᠤᠨ ᠵᠠᠰᠠᠭ ᠤᠨ ᠣᠷᠣᠯᠭ᠎ᠠ ᠶᠢᠨ ᠢᠷᠡᠯᠳᠡ ᠢᠪᠴᠣᠣ ᠲᠤᠭᠳᠠᠮᠠᠯ ᠵᠠᠷᠣᠯᠭ᠎ᠠ | ᠲᠠᠰᠣᠷᠠᠯᠳᠠ ᠦᠭᠡᠢ ᠨᠡᠮᠡᠭᠳᠡᠵᠤ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ︔ | ᠭᠤᠷᠪᠠ ᠳᠤ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠬᠦᠭᠵᠢᠯᠳᠠ ᠶᠢᠨ ᠱᠠᠭᠠᠷᠳᠠᠯᠭ᠎ᠠ ᠠᠴᠠ | ᠬᠤᠴᠣᠷᠣᠩᠭᠤᠢ᠂ ᠣᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠪᠦᠷᠢᠨᠰᠢᠨ ᠲᠡᠬᠦᠯᠳᠡᠷᠵᠢᠭᠡᠳᠦᠢ᠂ | ᠬᠤᠳᠠ ᠪᠠᠯᠭᠠᠰᠤ ᠶᠢᠨ ᠠᠵᠣ ᠠᠬᠤᠢ ᠨᠡᠶᠢᠭᠡᠮ ᠤᠨ ᠬᠦᠭᠵᠢᠯᠳᠡ ᠶᠢ ᠲᠣᠯᠭᠠᠭᠤᠷᠢᠯᠠᠨ ᠲᠠᠶᠢᠴᠢᠯᠠᠬᠤ ᠦᠢᠯᠡᠳᠦᠯ | ᠬᠦᠢᠴᠡᠳ ᠪᠣᠰᠣ︔ ᠲᠦᠷᠪᠡ ᠳᠤ᠂ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠬᠢᠷᠢ ᠲᠦᠪᠰᠢᠨ ᠦᠨᠳᠦᠷ | ᠪᠢᠰᠢ᠂ ᠮᠠᠯ ᠠᠵᠣ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠮᠠᠶ᠋ᠢᠭ ᠨᠠᠯᠢᠶᠠᠳ ᠪᠦᠳᠦᠬᠦᠯᠢᠭ᠂ ᠵᠠᠬ᠎ᠠ | ᠲᠡᠯᠬᠡᠬᠦᠷ ᠤᠨ ᠬᠤᠪᠢᠷᠠᠯᠳᠠ ᠳᠤ ᠵᠤᠬᠢᠴᠠᠬᠤ ᠪᠠ ᠪᠠᠶᠢᠭᠠᠯᠢ ᠶᠢᠨ ᠭᠠᠨᠭ᠌ ᠭᠠᠮᠰᠢᠭ ᠢ ᠡᠰᠡᠷᠬᠦᠴᠡᠬᠦ ᠴᠢᠳᠠᠪᠤᠷᠢ | ᠬᠦᠷᠤᠯᠴᠠᠬᠦ ᠦᠬᠡᠢ︔ ᠲᠠᠪᠤ ᠳᠤ᠂ ᠬᠦᠭᠵᠢᠯᠳᠡ ᠶᠢᠨ ᠣᠷᠴᠢᠨ ᠢ ᠦᠷᠬᠦᠯᠵᠢᠯᠡᠨ ᠰᠢᠯᠢᠳᠡᠭᠵᠢᠬᠦᠯᠬᠦ ᠴᠢᠬᠤᠯᠠ ᠲᠠᠢ᠃ | ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠳᠡ ᠲᠣᠶᠢᠯᠪᠣᠷᠢᠳᠠᠢ ᠪᠢᠰᠢ᠂ ᠵᠠᠰᠠᠭ ᠵᠠᠬᠢᠷᠭᠠᠨ ᠤ | ᠦᠷ᠎ᠡ ᠪᠦᠳᠦᠮᠵᠢ ᠦᠨᠳᠦᠷ ᠪᠢᠰᠢ᠂ ᠦᠢᠯᠡᠴᠢᠯᠡᠭᠡᠨ ᠤ ᠲᠦᠷᠦᠯ ᠵᠦᠢᠯ ᠤᠨ ᠢᠳᠡᠪᠬᠢᠳᠦ ᠴᠢᠨᠠᠷ ᠢ ᠴᠢᠩᠭᠠᠳᠬᠠᠨ | ᠰᠠᠶᠢᠵᠢᠷᠠᠭᠤᠯᠬᠤ ᠴᠢᠬᠤᠯᠠᠳᠡᠢ ᠵᠡᠷᠭᠡ ᠠᠰᠠᠭᠤᠳᠠᠯ ᠤᠳ ᠣᠷᠣᠰᠢᠵᠣ ᠪᠣᠢ᠃ ᠡᠳᠡᠭᠡᠷ ᠬᠦᠴᠢᠷᠳᠡᠯ ᠪᠠ ᠠᠰᠠᠭᠤᠳᠠᠯ ᠢ | ᠪᠢᠳᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠨᠠᠷᠢᠨ ᠨᠢᠮᠪᠠᠢ ᠰᠣᠳᠣᠯᠣᠨ᠂ ᠪᠦᠳᠦᠮᠵᠢᠳᠡᠢ | ᠰᠢᠢᠳᠪᠤᠷᠢᠯᠡᠵᠤ ᠲᠠᠶᠢᠯᠤᠨ᠎ᠠ ᠬᠡᠳᠡᠭ ᠲᠤ ᠢᠳᠡᠭᠡᠯ ᠲᠡᠬᠦᠯᠳᠡᠷ ᠪᠠᠶᠢᠨ᠎ᠠ᠃ | ᠬᠤᠶᠠᠷ᠂ 2017 ᠣᠨ ᠤ ᠠᠵᠢᠯ ᠤᠨ ᠲᠣᠬᠢᠷᠠᠭᠤᠯᠣᠯᠳᠠ | ᠡᠨ᠋ᠨ ᠵᠢᠯ ᠪᠣᠯ ᠮᠠᠨ ᠤ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢᠨ ᠶᠠᠪᠣᠴᠠ ᠲᠣᠮᠳᠠᠬᠢ ᠴᠢᠬᠤᠯᠠ ᠠᠴᠢ | ᠬᠤᠯᠪᠣᠭᠳᠠᠯ ᠲᠠᠢ ᠵᠢᠯ ᠪᠣᠯᠣᠨ᠎ᠠ᠃ ᠬᠤᠰᠢᠭᠤ ᠠᠷᠪᠠᠨ ᠭᠤᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ | ᠤᠨ ᠬᠤᠷᠠᠯ ᠪᠠ ᠠᠷᠪᠠᠨ ᠭᠤᠷᠪᠠᠳᠣᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠪᠦᠬᠦᠳᠡ ᠬᠤᠷᠠᠯ ᠤᠨ | ᠪᠠᠶᠢᠷᠢᠯᠠᠭᠤᠯᠣᠯᠳᠠ ᠶᠢ ᠦᠡᠳᠤᠰᠤᠯᠠᠵᠤ ᠲᠤᠭᠳᠠᠭᠠᠭᠰᠡᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ | ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ | ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠭᠡᠷ᠂ ᠲᠠᠪᠣᠳᠣᠭᠠᠷ᠂ ᠵᠢᠷᠭᠤᠳᠣᠭᠠᠷ ᠪᠦᠬᠦᠳᠡ ᠬᠤᠷᠠᠯ | ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠣᠯᠣᠰ ᠢᠶᠠᠨ ᠵᠠᠰᠠᠵᠣ | ᠵᠠᠰᠠᠭ ᠢ ᠴᠡᠭᠴᠡᠯᠡᠬᠦ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠪᠠᠶᠢᠯᠳᠣᠬᠤ ᠪᠣᠳᠣᠯᠭ᠎ᠠ ᠶᠢ ᠬᠦᠨᠵᠡᠭᠡᠢ | ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ | ᠬᠤᠷᠠᠯ᠂ ᠠᠷᠪᠠᠳᠣᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠪᠦᠬᠦ ᠬᠡᠰᠢᠬᠦᠳ ᠤᠨ ᠬᠤᠷᠠᠯ᠂ ᠠᠶᠢᠮᠠᠭ ᠤᠨ | ᠨᠠᠮ ᠤᠨ ᠬᠤᠷᠢᠶᠠᠨ ᠤ 2017 ᠣᠨ ᠤ ᠨᠢᠭᠡᠳᠦᠭᠡᠷ ᠣᠳᠠᠭᠠᠨ ᠤ ︵ᠦᠷᠭᠡᠳᠭᠡᠭᠰᠡᠨ︶ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠣᠯᠳᠠ ᠪᠠ ︽ᠲᠦᠷᠪᠡᠨ ᠪᠦᠬᠦ ᠲᠠᠯ᠎ᠠ ᠶᠢᠨ︾ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ | ᠨᠢᠭᠡᠳᠦᠯᠳᠡᠢ ᠲᠦᠯᠦᠪᠵᠢᠬᠦᠯᠦᠨ ᠠᠬᠢᠭᠤᠯᠵᠣ᠂ ᠲᠣᠭᠳᠠᠭᠤᠨ ᠢ ᠪᠠᠳᠣᠯᠠᠨ ᠬᠦᠭᠵᠢᠯᠳᠡ ᠶᠢ ᠠᠬᠢᠭᠤᠯᠬᠤ ᠠᠵᠢᠯ ᠤᠨ | ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠦᠵᠡᠯᠳᠡ ᠶᠢ ᠪᠠᠳᠣ ᠪᠠᠬᠢ ᠪᠣᠢ ᠪᠣᠯᠭᠠᠵᠣ᠂ ᠠᠵᠣ ᠠᠬᠤᠢ | ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠳᠡᠢ ᠵᠣᠬᠢᠴᠠᠨ᠂ ᠬᠦᠭᠵᠢᠯᠳᠡ ᠶᠢᠨ ᠴᠢᠨᠠᠷ ᠴᠢᠨᠰᠠᠭ᠎ᠠ | ᠦᠷ᠎ᠡ ᠪᠦᠳᠦᠮᠵᠢ ᠶᠢ ᠲᠡᠭᠡᠭᠰᠢᠯᠡᠬᠦᠯᠬᠦ ᠪᠠ ︽ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ︾⑦ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠣ᠂ ︽ᠲᠠᠪᠤ ᠶᠢ ᠵᠡᠷᠭᠡᠪᠡᠷ ᠠᠬᠢᠭᠤᠯᠬᠤ︾ | ᠪᠠ⑧ ︽ᠭᠤᠷᠪᠠᠨ ᠠᠵᠣ ᠦᠢᠯᠡᠰ ᠢ ᠵᠣᠬᠢᠴᠠᠭᠤᠯᠬᠤ︾ ᠶᠢ ᠪᠠᠷᠢᠮᠳᠠᠯᠠᠵᠣ᠂ ᠬᠦᠭᠵᠢᠯᠳᠡ᠂ ᠠᠮᠢ ᠠᠬᠤᠢ᠂ ᠠᠷᠠᠳ | ᠤᠨ ᠠᠮᠢᠳᠣᠷᠠᠯ ᠤᠨ ᠬᠤᠷᠢᠭ᠎ᠠ ᠱᠣᠭᠤᠮ ᠢ ᠡᠷᠡᠰ ᠰᠠᠬᠢᠵᠣ᠂ ᠨᠡᠮᠡᠭᠳᠡᠯ ᠢ ᠲᠣᠭᠳᠠᠪᠣᠷᠢᠵᠢᠭᠤᠯᠵᠣ᠂ ᠪᠦᠳᠦᠴᠡ ᠶᠢ | ᠲᠣᠬᠢᠷᠠᠭᠤᠯᠣᠨ᠂ ᠦᠬᠡᠷᠡᠴᠢᠯᠡᠯᠳᠡ ᠶᠢ ᠠᠬᠢᠭᠤᠯᠵᠣ᠂ ᠠᠮᠢ ᠠᠬᠤᠢ ᠶᠢ ᠬᠠᠮᠠᠭᠠᠯᠠᠨ᠂ ᠰᠠᠭᠤᠷᠢ ᠪᠠᠨ ᠪᠠᠬᠢᠵᠢᠬᠦᠯᠵᠦ᠂ | ᠬᠤᠳᠠ ᠬᠦᠳᠡᠭᠡ ᠶᠢ ᠨᠢᠭᠡᠳᠦᠯᠳᠡᠢ ᠲᠦᠯᠦᠪᠵᠢᠬᠦᠯᠦᠨ᠂ ᠠᠷᠠᠳ ᠲᠤ ᠠᠰᠢᠭ ᠬᠦᠷᠳᠡᠬᠡᠬᠦ ᠪᠠ ᠲᠦᠭᠰᠢᠬᠦᠷᠢ ᠶᠢ | ᠰᠡᠷᠬᠡᠶᠢᠯᠡᠬᠦ ᠠᠵᠢᠯ ᠢ ᠰᠠᠶᠢᠳᠣᠷ ᠬᠢᠵᠦ᠂ ᠠᠵᠣ ᠠᠬᠤᠢ ᠨᠡᠶᠢᠭᠡᠮ ᠤᠨ ᠰᠠᠶᠢᠨ ᠮᠦᠷᠳᠡᠭᠡᠨ ᠲᠦᠷᠭᠡᠨ ᠬᠦᠭᠵᠢᠯᠳᠡ ᠶᠢ | ᠠᠬᠢᠭᠤᠯᠣᠨ᠂ ᠴᠡᠴᠡᠭᠯᠡᠨ ᠬᠦᠭᠵᠢᠭᠰᠡᠨ᠂ ᠲᠣᠬᠢᠯᠢᠭ ᠲᠠᠭᠠᠯᠠᠮᠵᠢᠳᠠᠢ᠂ ᠦᠵᠡᠰᠬᠦᠯᠡᠩᠳᠦ ᠰᠠᠶᠢᠬᠠᠨ᠂ ᠪᠣᠯᠪᠠᠰᠣᠨ᠂ | ᠵᠣᠯ ᠵᠢᠷᠭᠠᠯᠳᠣ ᠠᠪᠠᠭ᠎ᠠ ᠨᠣᠳᠤᠭ ᠢ ᠴᠣᠭᠴᠠᠯᠠᠨ ᠪᠠᠶᠢᠭᠤᠯᠵᠣ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠭᠡᠨ | ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ ᠪᠠᠶᠠᠷ ᠢ ᠪᠡᠯᠭᠡᠯᠡᠨ᠂ ᠨᠠᠮ ᠤᠨ ᠠᠷᠪᠠᠨ ᠶᠢᠰᠦᠳᠦᠭᠡᠷ | ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠪᠠᠶᠠᠷᠯᠠᠨ ᠤᠭᠳᠤᠨ᠎ᠠ᠃ | ᠭᠤᠣᠯ ᠪᠣᠯᠬᠤ ᠵᠢᠱᠢᠭᠰᠡᠨ ᠬᠠᠷᠠᠯᠳᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 66.5 | ᠳ᠋ᠦᠩᠰᠢᠭᠤᠷ ᠲᠦᠬᠦᠷᠢᠭ ᠲᠤ ᠬᠦᠷᠭᠡᠵᠦ᠂ 8.5% ᠪᠠᠷ ᠨᠡᠮᠡᠭᠳᠡᠬᠦᠯᠦᠨ᠎ᠡ᠃ ᠡᠬᠦᠨ ᠳᠤ᠂ ᠨᠢᠭᠡᠳᠦᠭᠡᠷ ᠠᠵᠣ | ᠦᠢᠯᠡᠰ ᠤᠨ ᠨᠡᠮᠡᠭᠳᠡᠯ ᠦᠷᠳᠡᠭ ᠢ 8.7 ᠳ᠋ᠦᠩᠰᠢᠭᠤᠷ ᠲᠦᠬᠦᠷᠢᠭ ᠲᠤ ᠬᠦᠷᠭᠡᠵᠦ᠂ 5% ᠪᠠᠷ ᠨᠡᠮᠡᠭᠳᠡᠬᠦᠯᠦᠨ᠎ᠡ᠃ | ᠬᠤᠶᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ ᠢ 45.5 ᠳ᠋ᠦᠩᠰᠢᠭᠤᠷ ᠲᠦᠬᠦᠷᠢᠭ ᠲᠤ ᠬᠦᠷᠭᠡᠵᠦ᠂ 8. | 5% ᠪᠠᠷ ᠨᠡᠮᠡᠭᠳᠡᠬᠦᠯᠵᠤ᠂ ᠡᠬᠦᠨ ᠳᠤ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 41 ᠳ᠋ᠦᠩᠰᠢᠭᠤᠷ | ᠲᠦᠬᠦᠷᠢᠭ ᠲᠤ ᠬᠦᠷᠭᠡᠵᠦ᠂ 8.6% ᠪᠠᠷ ᠨᠡᠮᠡᠭᠳᠡᠬᠦᠯᠦᠨ᠎ᠡ︔ ᠭᠤᠷᠪᠠᠳᠣᠭᠠᠷ ᠠᠵᠣ ᠦᠢᠯᠡᠰ ᠤᠨ ᠨᠡᠮᠡᠭᠳᠡᠯ | ᠦᠷᠳᠡᠭ ᠢ 12.3 ᠳ᠋ᠦᠩᠰᠢᠭᠤᠷ ᠲᠦᠬᠦᠷᠢᠭ ᠲᠤ ᠬᠦᠷᠭᠡᠵᠦ᠂ 10.9% ᠪᠠᠷ ᠨᠡᠮᠡᠭᠳᠡᠬᠦᠯᠦᠨ᠎ᠡ᠃ ᠲᠣᠭᠳᠠᠮᠠᠯ | ᠬᠦᠷᠦᠩᠭᠡ ᠶᠢᠨ ᠪᠡᠯᠡ ᠣᠷᠣᠭᠤᠯᠣᠯᠳᠠ ᠶᠢ 40 ᠳ᠋ᠦᠩᠰᠢᠭᠤᠷ ᠲᠦᠬᠦᠷᠢᠭ ᠲᠤ ᠬᠦᠷᠭᠡᠵᠦ᠂ 14.8% ᠪᠠᠷ | ᠨᠡᠮᠡᠭᠳᠡᠬᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 2.3 ᠳ᠋ᠦᠩᠰᠢᠭᠤᠷ | ᠲᠦᠬᠦᠷᠢᠭ ᠲᠤ ᠬᠦᠷᠭᠡᠵᠦ᠂ 5.3% ᠪᠠᠷ ᠨᠡᠮᠡᠭᠳᠡᠬᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠣᠷᠣᠯᠠᠭᠤᠯᠣᠭᠰᠠᠨ ᠶᠡᠷᠦᠩᠬᠡᠢ ᠬᠡᠮᠵᠢᠶ᠎ᠡ ᠶᠢ 12.1 ᠳ᠋ᠦᠩᠰᠢᠭᠤᠷ ᠲᠦᠬᠦᠷᠢᠭ ᠲᠤ ᠬᠦᠷᠭᠡᠵᠦ᠂ 10% ᠪᠠᠷ | ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠣᠬᠢᠷᠠᠭᠤᠯᠵᠣ ᠪᠣᠯᠬᠤᠶᠢᠴᠠ ᠲᠣᠮᠳᠠᠴᠢ | ᠣᠷᠣᠯᠭ᠎ᠠ ᠶᠢ 35120 ᠪᠠ 23630 ᠲᠦᠬᠦᠷᠢᠭ ᠲᠤ ᠬᠦᠷᠭᠡᠵᠦ᠂ ᠲᠤᠰ ᠲᠤᠰ 8.5% ᠪᠠ 9% ᠪᠠᠷ | ᠨᠡᠮᠡᠭᠳᠡᠬᠦᠯᠦᠨ᠎ᠡ᠃ ᠬᠤᠳᠠ ᠪᠠᠯᠭᠠᠰᠣᠨ ᠳᠤ ᠰᠢᠨ᠎ᠡ ᠪᠠᠷ 700 ᠬᠦᠮᠦᠨ ᠳᠤ ᠠᠵᠢᠯ ᠤᠯᠭᠤᠵᠤ᠂ ᠡᠯ᠎ᠡ ᠲᠦᠷᠦᠯ | ᠤᠨ ᠬᠢᠵᠠᠭᠠᠷᠯᠠᠬᠤ ᠴᠢᠨᠠᠷᠳᠠᠢ ᠵᠢᠭᠠᠯᠳᠠ ᠲᠤᠭ᠎ᠠ ᠶᠢ ᠲᠡᠬᠡᠳᠤ ᠱᠠᠳᠤᠨ ᠠᠴᠠ ᠲᠤᠭᠳᠠᠭᠠᠭᠰᠡᠨ ᠬᠦᠷᠢᠶ᠎ᠡ ᠬᠡᠪᠴᠢᠶᠡᠨ | ᠲᠣᠳᠣᠷ᠎ᠠ ᠬᠢᠵᠠᠭᠠᠷᠯᠠᠨ᠎ᠠ᠃ | ᠲᠡᠭᠡᠷ᠎ᠡ ᠲᠣᠷᠠᠳᠣᠭᠰᠠᠨ ᠬᠠᠷᠠᠯᠳᠠ ᠡᠬᠦᠷᠭᠡ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ᠂ ᠦᠨᠤ | ᠵᠢᠯ ᠲᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠳᠣᠷ ᠬᠢᠨ᠎ᠡ᠄ | ︵ᠨᠢᠭᠡ︶ ︽ᠭᠤᠷᠪᠠᠨ ᠵᠣᠷᠪᠣᠰ ᠬᠤᠷᠢᠭ᠎ᠠ ᠱᠣᠭᠤᠮ︾ ᠢ ᠪᠠᠳᠣ ᠰᠠᠬᠢᠨ᠎ᠠ᠃ | ᠨᠢᠭᠡ ᠳᠤ᠂ ︽ᠬᠦᠭᠵᠢᠯᠳᠡ ᠶᠢᠨ ᠬᠤᠷᠢᠭ᠎ᠠ ᠱᠣᠭᠤᠮ︾ ᠢ ᠪᠠᠳᠣ ᠰᠠᠬᠢᠨ᠎ᠠ᠃ ᠪᠡᠯᠡ ᠣᠷᠣᠭᠤᠯᠣᠯᠳᠠ ᠪᠠ ᠲᠦᠷᠦᠯ | ᠵᠦᠢᠯ ᠤᠨ ᠪᠦᠳᠦᠭᠡᠨ ᠪᠠᠶᠢᠭᠤᠯᠣᠯᠳᠠ ᠪᠠᠷ ᠨᠡᠮᠡᠭᠳᠡᠯ ᠢ ᠲᠣᠭᠳᠠᠪᠣᠷᠢᠵᠢᠭᠤᠯᠬᠤ᠂ ᠬᠦᠭᠵᠢᠯᠳᠡ ᠶᠢ ᠠᠬᠢᠭᠤᠯᠬᠤ | ᠴᠢᠬᠤᠯᠠ ᠭᠠᠷᠳᠠᠴᠠ ᠪᠣᠯᠭᠠᠨ᠂ ᠲᠦᠷᠦᠯ ᠵᠦᠢᠯ ᠢᠶᠠᠷ ᠪᠡᠯᠡ ᠣᠷᠣᠭᠤᠯᠣᠯᠳᠠ ᠶᠢ ᠲᠠᠶᠢᠴᠢᠯᠠᠵᠣ᠂ ᠪᠡᠯᠡ | ᠣᠷᠣᠭᠤᠯᠣᠯᠳᠠ ᠪᠠᠷ ᠨᠡᠮᠡᠭᠳᠡᠯ ᠢ ᠠᠬᠢᠭᠤᠯᠣᠨ᠎ᠠ᠃ ︽ᠨᠢᠭᠡ ᠲᠦᠷᠦᠯ ᠵᠦᠢᠯ ᠢ ᠨᠢᠭᠡ ᠣᠳᠣᠷᠢᠳᠣᠯᠭ᠎ᠠ | ᠬᠠᠷᠢᠭᠤᠴᠠᠬᠤ᠂ ᠲᠣᠰᠬᠠᠢ ᠣᠳᠣᠷᠢᠳᠬᠤ ᠪᠠᠭ ᠪᠠ ᠲᠦᠰᠦᠪ ᠲᠠᠢ ᠪᠠᠶᠢᠬᠤ᠂ ᠡᠷᠴᠢᠮᠳᠡᠢ ᠠᠳᠬᠤᠵᠣ ᠰᠠᠶᠢᠳᠣᠷ | ᠬᠡᠷᠡᠭᠵᠢᠬᠦᠯᠬᠦ︾ ᠲᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠳᠠᠯᠴᠠᠭ᠎ᠠ ᠶᠢ ᠪᠦᠷᠢᠨᠰᠢᠬᠦᠯᠦᠨ᠂ ᠭᠤᠣᠯᠳᠠᠯᠭ᠎ᠠ | ᠲᠠᠢ ᠲᠦᠷᠦᠯ ᠵᠦᠢᠯ ᠳᠤ ᠭᠠᠷᠠᠭ ᠤᠨ ᠵᠣᠬᠢᠴᠠᠭᠤᠯᠣᠯᠳᠠ᠂ ᠰᠠᠷ᠎ᠠ ᠶᠢᠨ ᠵᠠᠳᠠᠯᠣᠯᠳᠠ᠂ ᠣᠯᠠᠷᠢᠯ ᠤᠨ ᠳ᠋ᠦᠩᠨᠠᠯᠳᠠ | ᠬᠢᠵᠦ᠂ ᠲᠦᠷᠦᠯ ᠵᠦᠢᠯ ᠤᠨ ᠪᠡᠯᠡᠳᠭᠡᠯ ᠬᠤᠭᠤᠴᠠᠭᠠᠨ ᠤ ᠭᠠᠷ ᠬᠦᠢᠴᠡᠳᠭᠡᠯ ᠪᠠ ᠪᠠᠷᠢᠯᠭ᠎ᠠ ᠡᠬᠢᠯᠡᠬᠦᠯᠬᠦ ᠳᠤ ᠪᠠᠴᠢᠮ | ᠱᠠᠭᠠᠷᠳᠠᠬᠤ ᠭᠠᠵᠠᠷ ᠰᠢᠷᠣᠢ᠂ ᠣᠰᠣ ᠴᠠᠬᠢᠯᠭᠠᠨ᠂ ᠵᠠᠮ ᠵᠡᠷᠭᠡ ᠨᠦᠬᠦᠴᠡᠯ ᠢ ᠠᠯᠬᠤᠮ ᠠᠯᠬᠤᠮ ᠢᠶᠠᠷ | ᠪᠦᠷᠢᠳᠦᠬᠦᠯᠦᠨ ᠦᠭᠴᠦ᠂ ᠲᠦᠷᠦᠯ ᠵᠦᠢᠯ ᠤᠨ ᠡᠵᠡᠩᠨᠡᠭᠴᠢ ᠪᠠ ᠪᠡᠯᠡ ᠮᠦᠩᠬᠦᠨ ᠤ ᠪᠠᠳᠣᠯᠠᠭ᠎ᠠ ᠶᠢ | ᠨᠠᠶᠢᠳᠠᠪᠣᠷᠢᠵᠢᠭᠤᠯᠵᠣ᠂ ᠴᠢᠩᠭ᠎ᠠ ᠪᠣᠳᠠᠳᠠᠢ ᠠᠳᠬᠤᠵᠣ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠳᠠᠭᠰᠠᠨ | ᠴᠠᠭ ᠲᠠᠭᠠᠨ ᠠᠵᠢᠯ ᠡᠬᠢᠯᠡᠬᠦᠯᠵᠦ ᠠᠰᠢᠭᠯᠠᠯᠳᠠ ᠳᠤ ᠣᠷᠣᠬᠤ ᠶᠢ ᠪᠠᠳᠣᠯᠠᠨ᠎ᠠ᠃ ᠪᠦᠬᠦ ᠵᠢᠯ ᠳᠤ᠂ 68 | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠵᠤ᠂ 39.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ | ᠪᠠᠷ ᠲᠦᠯᠤᠪᠯᠡᠵᠤ ᠪᠠᠶᠢᠨ᠎ᠠ᠃ ᠡᠬᠦᠨ ᠳᠤ᠄ 12.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ 13 | ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠦ᠂ 26.9 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ | ᠰᠢᠨ᠎ᠡ ᠪᠠᠷ 55 ᠲᠦᠷᠦᠯ ᠵᠦᠢᠯ ᠢ ᠬᠡᠷᠡᠭᠵᠢᠬᠦᠯᠦᠨ᠎ᠡ᠃ ᠲᠣᠬᠠᠶᠢᠯᠠᠪᠠᠯ᠄ ᠲᠤᠰ ᠵᠢᠯ ᠳᠤ ᠠᠵᠣ ᠦᠢᠯᠡᠳᠪᠦᠷᠢ ᠶᠢᠨ | 11 ᠲᠦᠷᠦᠯ ᠵᠦᠢᠯ ᠳᠤ 23.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠎ᠠ︔ ᠰᠠᠭᠤᠷᠢ ᠲᠦᠬᠦᠭᠡᠷᠦᠮᠵᠢ | ᠶᠢᠨ 18 ᠲᠦᠷᠦᠯ ᠵᠦᠢᠯ ᠳᠤ 4.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠎ᠠ︔ ᠬᠤᠳᠠ ᠪᠠᠯᠭᠠᠰᠤᠨ ᠤ | ᠪᠦᠳᠦᠭᠡᠨ ᠪᠠᠶᠢᠭᠤᠯᠣᠯᠳᠠ ᠶᠢᠨ 12 ᠲᠦᠷᠦᠯ ᠵᠦᠢᠯ ᠳᠤ 7.7 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠨ᠎ᠠ︔ ᠠᠷᠠᠳ ᠤᠨ ᠠᠮᠢᠳᠣᠷᠠᠯ ᠪᠠ ᠨᠡᠶᠢᠭᠡᠮ ᠤᠨ ᠠᠵᠢᠯ ᠦᠢᠯᠡᠰ ᠤᠨ 16 ᠲᠦᠷᠦᠯ ᠵᠦᠢᠯ ᠳᠤ 1.5 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠎ᠠ︔ ᠲᠠᠷᠢᠶᠠᠯᠠᠩ ᠮᠠᠯ ᠠᠵᠣ ᠠᠬᠤᠢ ᠣᠢ ᠰᠢᠭᠤᠢ ᠣᠰᠣᠨ | ᠠᠰᠢᠭᠯᠠᠯᠳᠠ ᠶᠢᠨ 11 ᠲᠦᠷᠦᠯ ᠵᠦᠢᠯ ᠳᠤ 1.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠎ᠠ᠃ | ᠬᠤᠶᠠᠷ ᠲᠤ᠂ ︽ᠠᠮᠢ ᠠᠬᠤᠢ ᠶᠢᠨ ᠬᠤᠷᠢᠭ᠎ᠠ ᠱᠣᠭᠤᠮ︾ ᠢ ᠪᠠᠳᠣ ᠰᠠᠬᠢᠨ᠎ᠠ᠃ ᠡᠬᠡ ᠪᠠᠶᠢᠭᠠᠯᠢ ᠪᠠᠨ ᠦᠵᠡᠬᠦ | ᠨᠢᠳᠦᠨ ᠤ ᠴᠡᠴᠡᠭᠡᠢ ᠪᠠᠨ ᠰᠢᠭ ᠬᠠᠶᠢᠷᠠᠯᠠᠨ ᠬᠠᠮᠠᠭᠠᠯᠠᠬᠤ ᠦᠵᠡᠯᠳᠡ ᠶᠢ ᠪᠠᠳᠣ ᠪᠠᠬᠢ ᠪᠤᠢ ᠪᠤᠯᠭᠠᠵᠤ᠂ ︽ | ᠬᠤᠷᠢᠭ᠎ᠠ ᠱᠤᠭᠤᠮ︾ ᠤᠨ ᠣᠬᠠᠮᠰᠠᠷ ᠢᠶᠠᠨ ᠴᠢᠩᠭᠠᠳᠬᠠᠵᠤ᠂ ︽ᠲᠡᠭᠷᠢ ᠨᠢ ᠴᠡᠯᠮᠡᠭ᠂ ᠲᠠᠯ᠎ᠠ ᠨᠢ ᠴᠡᠯᠡᠭᠡᠷ᠂ ᠣᠰᠣ | ᠨᠢ ᠲᠣᠩᠭᠠᠯᠠᠭ︾ ᠠᠪᠠᠭ᠎ᠠ ᠨᠤᠳᠤᠭ ᠶᠢ ᠴᠤᠭᠴᠠᠯᠠᠨ ᠪᠠᠶᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠳᠦᠷᠢᠮ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠬᠤᠷᠢᠭ᠎ᠠ | ᠱᠤᠭᠤᠮ ᠪᠠ ᠤᠯᠠᠭᠠᠨ ᠱᠤᠭᠤᠮ ᠤᠨ ᠪᠠᠷᠢᠮᠵᠢᠶ᠎ᠠ ᠶᠢ ᠲᠤᠭᠳᠠᠭᠠᠨ ᠨᠠᠶᠢᠳᠠᠪᠤᠷᠢᠵᠢᠭᠤᠯᠵᠣ᠂ ᠠᠮᠢ ᠠᠬᠤᠢ ᠶᠢᠨ | ᠤᠯᠠᠭᠠᠨ ᠱᠤᠭᠤᠮ ᠢ ᠳᠤᠭᠲᠠᠭᠠᠬᠤ ᠠᠵᠢᠯ ᠢᠶᠠᠨ ᠪᠡᠶᠡᠯᠡᠬᠦᠯᠵᠦ᠂ ᠠᠮᠢ ᠠᠬᠤᠢ ᠶᠢᠨ ᠤᠯᠠᠭᠠᠨ ᠱᠤᠭᠤᠮ ᠤᠨ | ᠬᠠᠮᠢᠶᠠᠷᠤᠯᠲᠠ ᠶᠢᠨ ᠠᠷᠭ᠎ᠠ ᠶᠢ ᠳᠤᠭᠲᠠᠭᠠᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠲᠤᠬᠠᠢ ᠰᠠᠨᠠᠯ ᠢ | ᠰᠤᠳᠤᠯᠤᠨ ᠲᠤᠭᠲᠠᠭᠠᠵᠤ᠂ ᠠᠮᠢ ᠠᠬᠤᠢ ᠶᠢᠨ ᠡᠬᠢ ᠪᠠᠶᠠᠯᠢᠭ ᠤᠨ ᠬᠤᠬᠢᠷᠠᠯ ᠤᠨ ᠬᠦᠰᠦᠨᠦᠭᠲᠦ ᠶᠢ ᠨᠠᠶᠢᠷᠠᠭᠤᠯᠤᠨ᠂ | ᠲᠠᠯ᠎ᠠ ᠨᠤᠲᠤᠭ ᠤᠨ ᠠᠮᠢ ᠠᠬᠤᠢ ᠤᠷᠴᠢᠨ ᠲᠤᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ | ᠵᠤᠬᠢᠴᠠᠮᠵᠢ ᠶᠢ ᠡᠬᠢᠯᠡᠨ ᠬᠡᠷᠡᠭᠵᠢᠬᠦᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠪᠤᠯᠤᠨ | ᠳᠦᠷᠢᠮ ᠳᠤᠭᠲᠠᠭᠠᠯ ᠢ ᠰᠠᠶᠢᠲᠤᠷ ᠬᠡᠷᠡᠭᠵᠢᠬᠦᠯᠵᠤ᠂ ᠰᠢᠨ᠎ᠡ ᠨᠢᠬᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ | ᠶᠢᠨ ᠱᠠᠩᠨᠠᠯ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠡᠩᠴᠡᠭᠦᠷᠢ | ᠪᠠ ︽ᠪᠡᠯᠴᠢᠭᠡᠷ ᠰᠡᠷᠭᠦᠭᠡᠬᠦ᠂ ᠪᠡᠯᠴᠢᠭᠡᠷᠯᠡᠭᠦᠯᠬᠦ ᠶᠢ ᠵᠤᠭᠰᠤᠭᠠᠬᠤ᠂ ᠰᠡᠯᠭᠦᠨ ᠮᠠᠯᠵᠢᠬᠤ︾ ᠳᠦᠷᠢᠮ ᠢ ᠴᠢᠩᠭ᠎ᠠ | ᠨᠠᠶᠢᠳᠠᠪᠦᠷᠢᠵᠢᠭᠤᠯᠵᠤ᠂ ᠨᠤᠲᠤᠭ ᠪᠡᠯᠴᠢᠭᠡᠷ ᠤᠨ ᠪᠠᠶᠢᠩᠭᠤ ᠶᠢᠨ ᠬᠢᠨᠠᠨ ᠬᠡᠮᠵᠢᠯᠲᠠ ᠶᠢᠨ ᠲᠣᠭᠳᠠᠯᠴᠠᠭᠠᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠠᠷ ᠮᠠᠯ | ᠪᠡᠯᠴᠢᠭᠡᠷ ᠤᠨ ᠲᠠᠭᠠᠭᠠᠴᠠ ᠶᠢ ᠳᠤᠭᠲᠠᠭᠠᠨ᠂ ᠬᠠᠷᠠᠭᠠᠯᠵᠠᠭᠰᠠᠨ ᠲᠤᠭᠤᠷᠢᠭ ᠤᠨ ᠪᠡᠯᠴᠢᠭᠡᠷᠯᠡᠭᠦᠯᠬᠦ ᠶᠢ ᠵᠣᠭᠰᠤᠭᠠᠬᠤ | ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠢ ᠦᠨᠡᠨᠬᠦ ᠨᠠᠶᠢᠳᠠᠪᠤᠷᠢᠵᠢᠭᠤᠯᠤᠨ᠎ᠠ᠃ ᠵᠢᠯ ᠤᠨ | ᠲᠤᠳᠤᠷ᠎ᠠ 301.6 ᠲᠦᠮᠡᠨ ᠮᠦ ᠳᠤ ᠪᠡᠯᠴᠢᠭᠡᠷᠯᠡᠬᠦᠯᠬᠦ ᠶᠢ ᠵᠣᠭᠰᠣᠭᠠᠵᠣ᠂ 3777.9 ᠲᠦᠮᠡᠨ ᠮᠦ ᠳᠤ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠣᠯᠠᠨ᠂ 1.3 ᠳ᠋ᠥᠩᠰᠢᠭᠤᠷ ᠲᠦᠭᠦᠷᠢᠭ ᠤᠨ ᠱᠠᠩᠨᠠᠯ ᠨᠦᠬᠦᠪᠦᠷᠢ ᠶᠢᠨ ᠮᠦᠩᠭᠦ | ᠲᠠᠷᠬᠠᠭᠠᠵᠤ᠂ 60 ᠨᠠᠷᠠ ᠨᠤᠲᠤᠭ ᠪᠡᠯᠴᠢᠭᠡᠷ ᠤᠨ ᠬᠠᠮᠢᠶᠠᠷᠣᠯᠳᠠ ᠶᠢᠨ ᠠᠵᠢᠯᠳᠠᠨ ᠢ ᠡᠯᠰᠡᠨ ᠬᠡᠷᠡᠭᠯᠡᠨ᠎ᠡ᠃ ᠲᠠᠯ᠎ᠠ | ᠨᠤᠲᠤᠭ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢᠶᠠᠨ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠦᠷᠢᠵᠢᠭᠤᠯᠵᠤ᠂ ᠲᠠᠯ᠎ᠠ ᠨᠤᠲᠤᠭ ᠤᠨ ᠭᠠᠯ ᠲᠦᠢᠮᠡᠷ ᠢ ᠣᠷᠢᠳᠴᠢᠯᠠᠨ ᠴᠢᠩᠭ᠎ᠠ ᠰᠡᠷᠬᠡᠶᠢᠯᠡᠨ᠎ᠠ᠃ | ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠬᠦᠴᠦᠯᠡᠨ ᠬᠡᠷᠡᠭᠵᠢᠭᠦᠯᠦᠨ᠎ᠡ᠃ ᠵᠢᠯ ᠤᠨ ᠲᠤᠳᠤᠷ᠎ᠠ 4000 | ᠲᠦᠮᠡᠨ ᠲᠦᠭᠦᠷᠢᠭ ᠤᠨ ᠪᠡᠯᠡ ᠤᠷᠤᠭᠤᠯᠵᠤ᠂ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ | ᠬᠤᠭᠤᠴᠠᠭ᠎ᠠ ᠵᠡᠷᠬᠡ ᠠᠮᠢ ᠠᠬᠤᠢ ᠶᠢᠨ ᠢᠨᠵᠧᠨᠧᠷᠢᠩ ᠢ ᠬᠦᠴᠦᠯᠡᠨ ᠠᠬᠢᠭᠤᠯᠵᠤ᠂ ᠨᠠᠶᠢᠳᠠ ᠶᠢᠨ ᠠᠰᠢᠭᠳᠤ ᠤᠢ | ᠶᠢᠨ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠵᠣ᠂ 18 ᠲᠦᠮᠡᠨ ᠮᠦ ᠳᠤ ᠲᠣᠭᠤᠷᠢᠭ ᠬᠤᠪᠢᠶᠠᠨ ᠰᠡᠯᠬᠦᠨ | ᠮᠠᠯᠵᠢᠵᠣ᠂ 14 ᠲᠦᠮᠡᠨ ᠮᠦ ᠶᠢ ᠲᠣᠣᠷᠯᠠᠨ᠂ ᠨᠢᠰᠭᠡᠯ ᠢᠶᠠᠷ 1 ᠲᠦᠮᠡᠨ ᠮᠦ ᠣᠶᠢᠵᠢᠭᠤᠯᠵᠣ᠂ 1 ᠲᠦᠮᠡᠨ ᠮᠦ ᠶᠢ | ᠪᠢᠳᠡᠬᠦᠮᠵᠢᠯᠡᠨ ᠰᠡᠷᠬᠦᠭᠡᠵᠦ᠂ 4000 ᠮᠦ ᠶᠢ ᠬᠦᠮᠦᠨ ᠤ ᠬᠦᠴᠦ ᠪᠠᠷ ᠣᠶᠢᠵᠢᠭᠤᠯᠣᠨ᠂ 5000 ᠮᠦ ᠳᠤ ᠡᠯᠡᠰᠦ | ᠶᠢ ᠲᠣᠭᠳᠠᠪᠣᠷᠢᠭᠤᠯᠬᠤ ᠢᠨᠵᠧᠨᠧᠷᠢᠩ ᠢ ᠬᠡᠷᠡᠭᠵᠢᠬᠦᠯᠦᠨ᠂ 1000 ᠮᠦ ᠭᠤᠣᠯᠳᠠᠯᠭ᠎ᠠ ᠲᠠᠢ ᠣᠷᠣᠨ ᠲᠣᠭᠤᠷᠢᠭ ᠢ | ᠨᠣᠭᠤᠭᠠᠷᠠᠭᠤᠯᠵᠣ᠂ 129.7 ᠲᠦᠮᠡᠨ ᠮᠦ ᠨᠡᠶᠢᠲᠠ ᠶᠢᠨ ᠤᠢ ᠶᠢ ᠳᠠᠭᠠᠳᠬᠠᠯ ᠳᠤ ᠤᠷᠤᠭᠤᠯᠤᠨ᠂ 124 ᠲᠦᠮᠡᠨ | ᠮᠦ ᠠᠮᠢ ᠠᠬᠤᠢ ᠶᠢᠨ ᠨᠡᠶᠢᠲᠡ ᠶᠢᠨ ᠠᠰᠢᠭᠳᠤ ᠤᠢ ᠳᠤ ᠨᠦᠬᠦᠪᠦᠷᠢ ᠣᠯᠭᠤᠨ᠂ 10 ᠲᠦᠮᠡᠨ ᠰᠠᠭᠤᠷᠢ ᠠᠯᠪᠠᠨ | ᠵᠢᠷᠤᠮ ᠤᠨ ᠮᠤᠳᠤ ᠲᠠᠷᠢᠵᠣ᠂ ᠴᠠᠭᠠᠨᠨᠠᠭᠤᠷ ᠤᠰᠤᠨ ᠰᠢᠰᠲ᠋ᠧᠮ ᠢ ᠠᠯᠤᠰ ᠡᠵᠡᠮᠳᠡᠭᠦᠷ ᠢᠶᠠᠷ ᠬᠢᠨᠠᠨ ᠬᠠᠮᠠᠭᠠᠯᠠᠨ᠎ᠠ᠃ | ᠣᠷᠴᠢᠨ ᠲᠤᠭᠤᠷᠢᠨ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠠᠷ ᠮᠠᠨᠳᠠᠯ᠂ ᠤᠰᠤ᠂ | ᠬᠦᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠷᠴᠢᠨ ᠲᠤᠭᠤᠷᠢᠨ ᠤ | ᠨᠦᠯᠦᠭᠡᠯᠡᠯ ᠤᠨ ᠦᠨᠡᠯᠡᠯᠲᠠ ᠵᠡᠷᠬᠡ ᠳᠦᠷᠢᠮ ᠢ ᠴᠢᠩᠭ᠎ᠠ ᠬᠡᠷᠡᠭᠵᠢᠭᠦᠯᠵᠦ᠂ ᠣᠷᠴᠢᠨ ᠲᠤᠭᠤᠷᠢᠨ ᠢ ᠬᠠᠮᠠᠭᠠᠯᠠᠬᠤ | ᠲᠤᠰᠠᠬᠠᠢ ᠲᠦᠷᠥᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠡᠨᠧᠷᠭᠢ ᠠᠷᠪᠢᠯᠠᠵᠣ | ᠪᠣᠬᠢᠷᠳᠣᠯ ᠢ ᠪᠠᠭᠠᠰᠬᠠᠬᠤ ᠵᠢᠭᠠᠯᠳᠠ ᠲᠤᠭ᠎ᠠ ᠶᠢ ᠳᠡᠭᠡᠳᠦ ᠱᠠᠲᠤᠨ ᠤ ᠱᠠᠭᠠᠷᠳᠠᠭᠰᠠᠨ ᠬᠢᠵᠠᠭᠠᠷᠯᠠᠬᠤ ᠬᠡᠪᠴᠢᠶᠡᠨ | ᠲᠤᠲᠤᠷ᠎ᠠ ᠪᠠᠶᠢᠯᠭᠠᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠᠨ ᠴᠢᠩᠭᠠᠳᠬᠠᠨ᠂ ᠣᠰᠣᠨ ᠤ ᠡᠬᠢ | ᠪᠠᠶᠠᠯᠢᠭ ᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ 284 ᠲᠦᠮᠡᠨ ᠲᠦᠭᠦᠷᠢᠭ ᠤᠨ ᠪᠡᠯᠡ ᠤᠷᠤᠭᠤᠯᠵᠤ | ᠤᠰᠤᠨ ᠤ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠂ 1000 ᠲᠦᠮᠡᠨ ᠲᠦᠭᠦᠷᠢᠭ ᠤᠨ | ᠪᠡᠯᠡ ᠤᠷᠤᠭᠤᠯᠵᠤ ᠭᠠᠵᠠᠷ ᠳᠣᠣᠷᠠᠬᠢ ᠣᠰᠣᠨ ᠤ ᠡᠬᠢ ᠪᠠᠶᠠᠯᠢᠭ ᠢ ᠬᠢᠨᠠᠨ ᠪᠠᠶᠢᠴᠠᠭᠠᠬᠤ ᠪᠠ ᠲᠣᠭᠤᠷᠢᠭ ᠬᠤᠪᠢᠶᠠᠬᠤ | ᠲᠦᠷᠦᠯ ᠵᠦᠢᠯ ᠢ ᠡᠬᠢᠯᠡᠬᠦᠯᠦᠨ᠎ᠡ︔ ᠭᠠᠵᠠᠷ ᠵᠦᠢ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ | ᠢᠶᠠᠨ ᠴᠢᠩᠭᠠᠳᠬᠠᠵᠤ᠂ ᠵᠢᠯ ᠤᠨ ᠲᠤᠳᠤᠷ᠎ᠠ 860 ᠲᠦᠮᠡ ᠭᠠᠷᠣᠢ ᠲᠦᠭᠦᠷᠢᠭ ᠤᠨ ᠪᠡᠯᠡ ᠤᠷᠤᠭᠤᠯᠵᠤ᠂ 1000 | ᠮᠦ ᠬᠠᠶᠠᠭᠳᠠᠭᠰᠠᠨ ᠠᠭᠤᠷᠬᠠᠢ ᠶᠢᠨ ᠭᠠᠵᠠᠷ ᠪᠠ 500 ᠮᠦ ᠦᠢᠯᠡᠳᠪᠤᠷᠢᠯᠡᠯ ᠤᠨ ᠬᠤᠭᠤᠴᠠᠭᠠᠨ ᠳᠤ ᠪᠠᠶᠢᠭ᠎ᠠ | ᠠᠭᠤᠷᠬᠠᠢ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠪᠡᠶᠠᠯᠠᠬᠦᠯᠤᠨᠠ᠃ | ᠭᠤᠷᠪᠠ ᠳᠤ᠂ ︽ᠠᠷᠠᠳ ᠤᠨ ᠠᠮᠢᠳᠣᠷᠠᠯ ᠢ ᠪᠠᠳᠤᠯᠠᠬᠤ ᠬᠤᠷᠢᠭ᠎ᠠ ᠱᠣᠭᠤᠮ︾ ᠢ ᠪᠠᠳᠣ ᠰᠠᠬᠢᠨ᠎ᠠ᠃ ᠠᠷᠡᠳ | ᠲᠦᠮᠡᠨ ᠳᠤ ᠦᠢᠯᠡᠴᠢᠯᠡᠬᠦ ᠪᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠤ | ᠂ ᠲᠦᠬᠡᠮᠡᠯ ᠴᠢᠨᠠᠷ ᠲᠠᠢ᠂ ᠰᠠᠭᠤᠷᠢᠴᠢ ᠴᠢᠨᠠᠷ ᠲᠠᠢ᠂ ᠪᠠᠳᠤᠯᠠᠭᠠᠳᠤ ᠴᠢᠨᠠᠷ ᠲᠠᠢ ᠠᠷᠡᠳ ᠤᠨ ᠠᠮᠢᠳᠤᠷᠡᠯ ᠢ | ᠰᠠᠶᠢᠵᠢᠷᠠᠭᠤᠯᠬᠤ ᠠᠵᠢᠯ ᠢ ᠰᠠᠶᠢᠳᠤᠷ ᠬᠢᠨ᠎ᠠ᠃ | ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠨ᠎ᠠ᠃ ᠶᠠᠳᠠᠭᠤ ᠠᠴᠠ | ᠠᠩᠬᠢᠵᠢᠷᠠᠭᠤᠯᠵᠤ ᠪᠤᠭᠤᠮᠳᠠ ᠰᠢᠪᠳᠤᠯᠬᠤ ᠪᠤᠯ ᠲᠠᠷᠢᠬᠦᠨ ᠴᠢᠬᠤᠯᠠ ᠠᠷᠡᠳ ᠤᠨ ᠠᠮᠢᠳᠤᠷᠡᠯ ᠤᠨ ᠢᠡᠵᠧᠨᠧᠷᠢᠩ | ᠪᠤᠯᠬᠤᠷ ᠦᠷᠬᠦᠯᠵᠢᠯᠡᠨ ᠲᠡᠭᠡᠳᠦ ᠱᠠᠳᠣᠨ ᠤ ᠱᠠᠭᠠᠷᠳᠠᠯᠭ᠎ᠠ ᠶᠣᠰᠣᠭᠠᠷ᠂ ᠶᠠᠳᠠᠭᠤ ᠶᠢ ᠲᠡᠳᠬᠦᠬᠦ ᠪᠡᠯᠡ ᠮᠦᠩᠬᠦ ᠶᠢ | ᠨᠢᠬᠡᠳᠬᠡᠬᠦ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ ᠺᠠᠳ᠋ᠷ ᠤᠨ ︽ᠨᠢᠬᠡ ᠺᠠᠳ᠋ᠷ ᠨᠢᠬᠡ ᠡᠷᠤᠬᠡ ᠶᠢ | ᠲᠠᠭᠠᠭᠠᠴᠢᠯᠠᠬᠤ︾ ᠬᠠᠪᠰᠤᠷᠤᠨ ᠲᠡᠳᠬᠦᠬᠦ ᠵᠤᠬᠢᠴᠠᠮᠵᠢ ᠶᠢ ᠤᠯᠠᠮ ᠨᠢᠬᠡ ᠠᠯᠬᠤᠮ ᠪᠦᠷᠢᠡᠰᠢᠬᠦᠯᠵᠤ᠂ ᠶᠠᠳᠠᠭᠤ | ᠬᠦᠴᠢᠷᠳᠡᠯᠳᠡᠢ ᠬᠦᠮᠤᠨ ᠠᠮᠠ ᠶᠢᠨ ᠨᠠᠷᠢᠯᠢᠭ ᠤᠨᠤᠪᠴᠢᠳᠡᠢ ᠬᠦᠳᠡᠯᠦᠩᠬᠦᠢ ᠬᠠᠮᠢᠶᠠᠷᠤᠯᠳᠠ ᠶᠢᠨ ᠵᠤᠬᠢᠴᠠᠮᠵᠢ ᠶᠢ | ᠪᠠᠶᠢᠭᠤᠯᠵᠤ᠂ 750 ᠲᠦᠮᠡᠨ ᠲᠦᠬᠦᠷᠢᠭ ᠤᠨ ᠪᠡᠯᠡ ᠣᠷᠣᠭᠤᠯᠣᠨ ︽ᠭᠤᠷᠪᠡ ᠶᠢ ᠭᠠᠴᠠᠭ᠎ᠠ ᠲᠤᠰᠬᠤᠨ ᠪᠠ | ᠡᠷᠤᠬᠡ ᠳᠤ ᠬᠦᠷᠬᠡᠬᠦ︾ ᠲᠦᠷᠥᠯ ᠵᠥᠢᠯ ᠢ ᠬᠡᠷᠡᠭᠵᠢᠬᠦᠯᠵᠤ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ᠂ | 5000 ᠲᠦᠮᠡᠨ ᠲᠦᠬᠦᠷᠢᠭ 1000 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠰᠠᠭᠤᠷᠢ ᠮᠦᠩᠬᠦᠨ ᠤ | ᠦᠢᠯᠡᠳᠤᠯ ᠢ ᠬᠦᠢᠴᠡᠳ ᠪᠠᠳᠠᠷᠠᠭᠤᠯᠵᠤ᠂ ᠲᠤᠰᠬᠠᠢ ᠲᠠᠩᠰᠠ ᠪᠠᠶᠢᠭᠤᠯᠵᠤ ᠺᠠᠷᠲ ᠣᠯᠭᠤᠭᠰᠠᠨ ᠶᠠᠳᠠᠭᠤ | ᠬᠦᠴᠢᠷᠳᠡᠯᠳᠡᠢ ᠬᠦᠮᠤᠨ ᠠᠮᠠ ᠳᠤ ᠰᠦᠢᠳᠬᠡᠯ ᠠᠪᠬᠤ ᠦᠬᠡᠢ ᠪᠠᠶ᠎ᠠ ᠶᠢᠨ ᠪᠠᠶᠢᠴᠠᠭᠠᠯᠳᠠ ᠬᠢᠬᠦ ᠪᠠ ᠵᠠᠰᠠᠭ ᠤᠨ | ᠤᠷᠳᠤᠨ ᠤ ᠠᠪᠤᠷᠠᠨ ᠲᠤᠰᠠᠯᠠᠬᠤ ᠲᠠᠭᠠᠳᠬᠠᠯ ᠳᠤ ᠤᠷᠤᠭᠤᠯᠬᠤ ᠶᠢ ᠦᠷᠬᠦᠯᠵᠢᠯᠡᠨ ᠬᠡᠷᠡᠭᠵᠢᠬᠦᠯᠵᠤ᠂ ᠪᠦᠬᠦ ᠬᠤᠨᠢ | ᠶᠢ ᠴᠠᠭ ᠠᠭᠤᠷ ᠤᠨ ᠵᠢᠭᠠᠯᠳᠠ ᠲᠣᠭᠠᠨ ᠤ ᠲᠠᠭᠠᠳᠬᠠᠯ ᠳᠤ ᠤᠷᠤᠭᠤᠯᠵᠤ᠂ ᠵᠢᠯ ᠤᠨ ᠲᠤᠳᠤᠷ᠎ᠠ 66 ᠡᠷᠤᠬᠡ ᠶᠢᠨ | 161 ᠨᠠᠷᠠ ᠲᠠᠩᠰᠠ ᠪᠠᠶᠢᠭᠤᠯᠵᠤ ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠬᠦᠮᠤᠨ ᠠᠮᠠ ᠶᠢ ᠪᠦᠬᠦᠨ ᠢ | ᠶᠠᠳᠠᠭᠤ ᠠᠴᠠ ᠠᠩᠬᠢᠵᠢᠷᠠᠭᠤᠯᠤᠨ᠎ᠠ᠃ | ᠨᠠᠶᠢᠬᠡᠮ ᠤᠨ ᠪᠠᠳᠣᠯᠠᠭ᠎ᠠ ᠶᠢᠨ ᠲᠤᠭᠳᠠᠯᠴᠠᠭ᠎ᠠ ᠶᠢ ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ ᠠᠮᠢᠳᠤᠷᠡᠯ | ᠬᠦᠴᠢᠷᠳᠡᠯᠳᠡᠢ ᠬᠦᠮᠤᠨ ᠠᠮᠠ ᠶᠢ ᠮᠡᠳᠡᠬᠦᠯᠤᠨ ᠪᠦᠷᠢᠳᠬᠡᠬᠦ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ | ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢ ᠨᠢᠬᠡᠳᠤᠯᠳᠡᠢ ᠲᠦᠯᠤᠪᠵᠢᠬᠦᠯᠤᠨ | ᠲᠦᠯᠬᠢᠨ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ︽ᠭᠤᠷᠪᠡᠨ ᠨᠢᠬᠡ︾⑨ ᠠᠷᠡᠳ ᠤᠨ ᠠᠮᠢᠳᠤᠷᠡᠯ ᠤᠨ | ᠢᠡᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠤᠭ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ | ᠂ ᠲᠠᠪᠤᠨ ᠪᠠᠳᠤᠯᠠᠭᠠᠳᠤ ᠡᠷᠦᠭᠡ᠂ ᠭᠤᠷᠪᠡ ᠦᠬᠡᠢ ᠬᠦᠮᠦᠰ ︵ᠠᠮᠢᠳᠤᠷᠡᠯ ᠤᠨ ᠢᠷᠡᠯᠳᠠ᠂ ᠬᠦᠳᠠᠯᠮᠤᠷᠢ ᠬᠦᠴᠤ᠂ | ᠠᠰᠠᠷᠠᠨ ᠬᠠᠷᠠᠭᠠᠯᠵᠠᠭᠴᠢ︶᠂ ᠦᠨᠤᠴᠢᠨ ᠬᠡᠤᠬᠡᠳ ᠪᠠ ᠤᠡᠴᠠᠭᠠᠢ ᠬᠠᠷᠠᠭᠠᠯᠵᠠᠯ ᠬᠦᠷᠳᠡᠵᠤ ᠪᠠᠶᠢᠭ᠎ᠠ ᠬᠦᠮᠤᠰ ᠤᠨ | ᠪᠠᠳᠤᠯᠠᠭ᠎ᠠ ᠶᠢᠨ ᠪᠠᠷᠢᠮᠵᠢᠶ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠵᠤ᠂ 1200 ᠲᠦᠮᠡᠨ ᠲᠦᠬᠦᠷᠢᠭ ᠤᠨ | ᠠᠪᠤᠷᠠᠨ ᠲᠣᠰᠠᠯᠠᠯᠳᠠ ᠶᠢᠨ ᠮᠦᠩᠬᠦ ᠶᠢ ᠲᠤᠭᠳᠠᠭᠰᠡᠨ ᠴᠠᠭ ᠲᠤᠭ᠎ᠠ ᠶᠤᠰᠤᠭᠠᠷ ᠲᠠᠷᠬᠠᠭᠠᠨ᠎ᠠ᠃ ᠠᠮᠢᠳᠣᠷᠠᠯ ᠨᠢ | ᠬᠦᠴᠢᠷᠳᠡᠯᠳᠡᠢ ᠤᠶᠤᠳᠠᠨ᠂ ᠵᠡᠮᠳᠡᠭᠴᠤᠳ᠂ ᠠᠵᠢᠯ ᠠᠴᠠ ᠪᠠᠨ ᠪᠠᠭᠤᠭᠰᠠᠨ ᠠᠵᠢᠯᠴᠢᠨ᠂ ᠬᠦᠡᠳᠤ ᠡᠪᠡᠳᠴᠢᠨ ᠲᠠᠢ | ᠬᠦᠮᠤᠰ ᠲᠤ ᠴᠠᠭ ᠲᠤᠬᠠᠢ ᠳᠤᠨᠢ ᠪᠦᠬᠦ ᠲᠠᠯ᠎ᠠ ᠶᠢᠨ ᠠᠪᠤᠷᠡᠨ ᠲᠤᠰᠠᠯᠠᠯᠳᠠ ᠬᠦᠷᠳᠡᠬᠡᠵᠤ᠂ ᠲᠦᠪ ᠭᠤᠤᠯᠴᠢ᠂ ᠡᠷᠬᠡ | ᠲᠡᠭᠰᠢ᠂ ᠢᠯᠡ ᠲᠤᠳᠤ ᠪᠠᠶᠢᠬᠤ ᠶᠢ ᠪᠠᠳᠤᠯᠠᠨ᠎ᠠ᠃ ᠪᠦᠬᠦ ᠠᠷᠡᠳ ᠢᠶᠠᠷ ᠢᠶᠠᠨ ᠲᠠᠭᠠᠳᠬᠠᠯ ᠳᠤ ᠤᠷᠤᠬᠤ | ᠲᠦᠯᠤᠪᠯᠡᠭᠡ ᠶᠢ ᠠᠬᠢᠭᠤᠯᠵᠤ᠂ ᠲᠠᠭᠠᠳᠬᠠᠯ ᠳᠤ ᠤᠷᠤᠬᠤ ᠴᠢᠬᠤᠯᠠ ᠲᠠᠢ ᠬᠦᠮᠤᠰ ᠢ ᠪᠦᠬᠦᠨ ᠢ ᠲᠠᠭᠠᠳᠬᠠᠯ ᠳᠤ | ᠤᠷᠤᠭᠤᠯᠤᠨ᠎ᠠ᠃ ᠤᠯᠤᠰ ᠤᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠬᠡᠷᠡᠴᠢᠯᠡᠯᠳᠡ ᠶᠢᠨ ᠲᠦᠰᠤᠪ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠡᠯ ᠤᠨ ᠦᠡᠳᠤᠰᠤᠨ ᠨᠠᠰᠤᠵᠢᠯ ᠤᠨ ᠮᠦᠩᠬᠦᠨ ᠤ ᠬᠢᠷᠢ | ᠲᠦᠪᠰᠢᠨ ᠢ ᠦᠷᠬᠦᠯᠵᠢᠯᠡᠨ ᠲᠡᠬᠡᠭᠰᠢᠯᠡᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠨᠢᠬᠡᠳᠤᠯᠳᠡᠢ | ᠡᠮᠴᠢᠯᠡᠬᠡᠨ ᠤ ᠲᠠᠭᠠᠳᠬᠠᠯ ᠤᠨ ᠲᠦᠷᠢᠮ ᠢ ᠬᠡᠷᠡᠭᠵᠢᠬᠦᠯᠵᠤ᠂ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ | ᠴᠢᠷᠮᠠᠶᠢᠨ ᠲᠡᠬᠡᠭᠰᠢᠯᠡᠬᠦᠯᠤᠨ᠎ᠠ᠃ ᠦᠡᠳᠤᠰᠤᠨ ᠡᠮᠨᠡᠯᠬᠡ ᠶᠢᠨ ᠲᠠᠭᠠᠳᠬᠠᠯ᠂ ᠬᠦᠡᠳᠤ ᠡᠪᠡᠳᠴᠢᠨ ᠤ ᠲᠠᠭᠠᠳᠬᠠᠯ᠂ | ᠡᠮᠴᠢᠯᠡᠬᠡᠨ ᠤ ᠠᠪᠤᠷᠡᠨ ᠲᠤᠰᠠᠯᠠᠯᠳᠠ ᠵᠡᠷᠬᠡ ᠲᠦᠷᠢᠮ ᠢ ᠪᠦᠳᠤᠮᠵᠢᠳᠡᠢ ᠵᠤᠯᠭᠠᠭᠤᠯᠵᠤ᠂ ᠬᠤᠳᠠ ᠬᠦᠳᠡᠭᠡ ᠶᠢᠨ | ᠰᠠᠭᠤᠭᠠᠯᠢ ᠠᠷᠡᠳ ᠪᠤᠰᠤᠳ ᠭᠠᠵᠡᠷ ᠡᠪᠡᠳᠴᠢᠨ ᠦᠵᠡᠬᠦᠯᠪᠡᠯ ᠰᠢᠭᠤᠳ ᠲᠠᠩᠰᠠ ᠴᠠᠶᠢᠷᠠᠭᠤᠯᠬᠤ ᠠᠵᠢᠯ ᠢ | ᠢᠳᠡᠪᠬᠢᠳᠡᠢ ᠠᠬᠢᠭᠤᠯᠤᠨ᠎ᠠ᠃ | ᠠᠷᠭ᠎ᠠ ᠪᠦᠬᠦᠨ ᠢ ᠰᠦᠪᠡᠭᠴᠢᠯᠡᠨ ᠦᠢᠯᠡᠰ ᠪᠦᠳᠤᠬᠡᠵᠤ ᠠᠵᠢᠯ ᠤᠯᠭᠤᠬᠤ ᠶᠢ ᠠᠬᠢᠭᠤᠯᠤᠨ᠎ᠠ᠃ ᠤᠯᠠᠨ ᠲᠦᠮᠡᠨ | ᠦᠢᠯᠡᠰ ᠪᠣᠰᠬᠠᠵᠣ ᠬᠠᠮᠳᠤ ᠪᠠᠷ ᠰᠢᠨ᠎ᠠ ᠶᠢ ᠡᠬᠦᠳᠬᠦ ᠶᠢ ᠬᠦᠡᠵᠡᠬᠡᠢ ᠠᠬᠢᠭᠤᠯᠵᠤ᠂ ᠨᠠᠶᠢᠬᠡᠮ ᠤᠨ ᠪᠠᠳᠤᠯᠠᠭ᠎ᠠ ᠪᠠᠷ | ᠠᠵᠢᠯ ᠤᠯᠭᠤᠬᠤ ᠪᠠ ᠦᠢᠯᠡᠰ ᠪᠤᠰᠬᠠᠬᠤ ᠶᠢ ᠲᠠᠮᠵᠢᠨ ᠲᠤᠰᠠᠯᠠᠬᠤ ᠶᠢ ᠵᠠᠷᠬᠡᠪᠡᠷ ᠴᠢᠬᠤᠯᠠᠴᠢᠯᠠᠨ᠂ ᠬᠤᠳᠠ | ᠤᠷᠤᠭᠰᠡᠨ ᠮᠠᠯᠴᠢᠳ᠂ ᠶᠡᠭᠡ ᠰᠤᠷᠭᠠᠭᠤᠯᠢ ᠶᠢᠨ ᠤᠶᠤᠳᠠᠨ ᠤ ᠦᠢᠯᠡᠰ ᠪᠤᠰᠬᠠᠬᠤ ᠶᠢ ᠲᠠᠮᠵᠢᠨ ᠲᠤᠰᠠᠯᠠᠵᠤ᠂ | ᠬᠦᠴᠢᠷᠳᠡᠯᠳᠡᠢ ᠤᠯᠠᠨ ᠲᠦᠮᠡᠨ ᠤ ᠠᠵᠢᠯ ᠤᠯᠭᠤᠯᠳᠠ ᠪᠠᠷ ᠭᠤᠤᠯᠳᠠᠯᠭ᠎ᠠ ᠪᠤᠯᠭᠠᠵᠤ᠂ ᠨᠢᠬᠡᠳᠤᠬᠡᠷ ᠬᠤᠭᠤᠴᠠᠭ᠎ᠠ᠂ | ᠬᠤᠶᠠᠳᠤᠭᠠᠷ ᠬᠤᠭᠤᠴᠠᠭᠠᠨ ᠤ ᠦᠢᠯᠡᠰ ᠪᠤᠰᠬᠠᠬᠤ ᠰᠠᠭᠤᠷᠢᠨ ᠭᠠᠵᠡᠷ ᠢ ᠪᠦᠬᠦ ᠲᠠᠯ᠎ᠠ ᠪᠠᠷ ᠲᠡᠰ ᠲᠠᠪᠰᠢᠬᠦᠯᠬᠦ ᠶᠢ | ᠬᠦᠴᠤᠯᠠᠨ ᠠᠬᠢᠭᠤᠯᠵᠤ᠂ ︽ᠢᠡᠲ᠋ᠧᠷ ᠰᠦᠯᠵᠢᠶ᠎ᠠ +︾ ᠰᠤᠷᠠᠭ ᠵᠠᠩᠬᠢ ᠶᠢᠨ ᠮᠠᠷᠬᠡᠵᠢᠯ ᠳᠤ ᠲᠦᠰᠢᠭᠯᠡᠨ | ᠤᠡᠴᠠᠯᠢᠭ ᠲᠤᠪᠤᠶᠢᠮ᠎ᠠ᠂ ᠴᠢᠳᠠᠪᠬᠢ ᠪᠦᠷᠢᠨ᠂ ᠲᠠᠶᠢᠴᠢᠯᠠᠨ ᠲᠠᠭᠠᠭᠤᠯᠬᠤ ᠦᠢᠯᠡᠳᠤᠯ ᠲᠠᠢ ᠡᠯᠧᠺᠲᠷᠣᠨ | ᠬᠤᠳᠠᠯᠳᠤᠭᠠᠨ ᠤ ᠦᠢᠯᠡᠰ ᠪᠦᠳᠤᠬᠡᠬᠦ ᠲᠤᠭᠤᠷᠢᠭ ᠢ ᠪᠠᠶᠢᠭᠤᠯᠤᠨ᠎ᠠ᠃ ᠵᠢᠯ ᠤᠨ ᠲᠤᠳᠤᠷ᠎ᠠ᠂ 4500 ᠠᠵᠢᠯ ᠤᠨ | ᠪᠠᠶᠢᠷᠢ ᠴᠣᠭᠯᠠᠭᠤᠯᠣᠨ᠂ 1300 ᠬᠦᠮᠤᠨ ᠳᠤ ᠮᠡᠷᠬᠡᠵᠢᠯ ᠤᠨ ᠪᠤᠯᠪᠠᠰᠤᠷᠠᠯ ᠬᠦᠷᠳᠡᠬᠡᠵᠤ᠂ 120 ᠬᠦᠮᠤᠨ ᠳᠤ | ᠦᠢᠯᠡᠰ ᠪᠦᠳᠤᠬᠡᠬᠦ ᠪᠤᠯᠪᠠᠰᠤᠷᠠᠯ ᠬᠦᠷᠳᠡᠬᠡᠵᠤ᠂ ᠬᠤᠳᠠ ᠪᠠᠯᠭᠠᠰᠤᠨ ᠤ 1200 ᠬᠦᠮᠤᠨ ᠳᠤ ᠠᠵᠢᠯ | ᠲᠤᠬᠢᠷᠠᠭᠤᠯᠵᠤ᠂ ᠬᠤᠳᠠ ᠤᠷᠤᠭᠰᠡᠨ 900 ᠮᠠᠯᠴᠢᠳ ᠲᠤ ᠠᠵᠢᠯ ᠣᠯᠭᠤᠨ᠂ 1000 ᠲᠦᠮᠡᠨ ᠲᠦᠬᠦᠷᠢᠭ ᠤᠨ | ᠪᠠᠭ᠎ᠠ ᠲᠤᠭᠠᠨ ᠤ ᠪᠠᠳᠣᠯᠠᠭᠠᠳᠣ ᠵᠢᠬᠡᠯᠡᠯᠬᠡ ᠲᠠᠷᠬᠠᠭᠠᠵᠤ᠂ ᠬᠤᠶᠡᠷ ᠬᠤᠭᠤᠴᠠᠭᠠᠨ ᠤ ᠦᠢᠯᠡᠰ ᠪᠤᠰᠬᠠᠬᠤ ᠰᠠᠭᠤᠷᠢᠨ | ᠭᠠᠵᠡᠷ ᠲᠤ ᠰᠠᠭᠤᠷᠢᠰᠢᠭᠰᠠᠨ ᠬᠤᠳᠠᠯᠳᠤᠭᠠᠨ ᠤ ᠡᠷᠤᠬᠡ ᠶᠢ 79 ᠳᠤ ᠬᠦᠷᠭᠡᠵᠦ᠂ ᠰᠠᠭᠤᠷᠢᠰᠢᠭᠰᠡᠨ ᠨᠤᠷᠮ᠎ᠠ ᠶᠢ | 100% ᠳᠤ ᠬᠦᠷᠭᠡᠬᠦ ᠪᠠᠷ ᠴᠢᠷᠮᠠᠶᠢᠨ᠎ᠠ᠃ ᠲᠠᠶᠠᠭᠠᠷ ᠢᠶᠠᠨ ᠦᠢᠯᠡᠰ ᠪᠤᠰᠬᠠᠬᠤ ᠲᠤᠭᠤᠷᠢᠭ ᠲᠤ 20 ᠡᠷᠤᠬᠡ ᠶᠢᠨ | 50 ᠬᠦᠮᠤᠨ ᠢ ᠰᠠᠭᠤᠷᠢᠰᠢᠭᠤᠯᠣᠨ᠂ ︽ᠠᠵᠢᠯᠯᠠᠭᠰᠡᠳ ᠦᠬᠡᠢ︾ ᠬᠡᠷ ᠪᠦᠯᠢ ᠪᠠᠶᠢᠬᠤ ᠦᠭᠡᠢ ᠶᠢ ᠪᠡᠶᠡᠯᠡᠬᠦᠯᠵᠦ᠂ | ᠬᠤᠳᠠ ᠪᠠᠯᠭᠠᠰᠤᠨ ᠤ ᠲᠠᠩᠰᠠᠯᠠᠭᠰᠡᠨ ᠠᠵᠢᠯ ᠠᠯᠳᠠᠭᠰᠡᠳ ᠤᠨ ᠨᠤᠷᠮ᠎ᠠ ᠶᠢ 2% ᠤᠨ ᠲᠤᠳᠤᠷ᠎ᠠ ᠬᠢᠵᠠᠭᠠᠷᠯᠠᠨ᠎ᠠ᠃ | ᠠᠷᠡᠳ ᠲᠦᠮᠡᠨ ᠬᠠᠨᠤᠮᠵᠢᠳᠡᠢ ᠰᠤᠷᠭᠠᠨ ᠬᠦᠮᠤᠵᠢᠯ ᠢ ᠰᠠᠶᠢᠳᠤᠷ ᠡᠷᠬᠢᠯᠡᠨ᠎ᠠ᠃ ᠰᠤᠷᠭᠠᠨ ᠬᠦᠮᠤᠵᠢᠯ ᠤᠨ ᠴᠢᠨᠠᠷ | ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠦᠷᠬᠦᠯᠵᠢᠯᠡᠨ ᠰᠠᠶᠢᠳᠤᠷ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠨᠠᠷᠢᠯᠢᠭᠵᠢᠭᠰᠡᠨ ᠬᠠᠮᠢᠶᠠᠷᠤᠯᠳᠠ ᠶᠢ ᠤᠯᠠᠮ ᠴᠢᠨᠠᠭᠰᠢᠳᠠ ᠴᠢᠩᠭᠠᠳᠬᠠᠵᠤ | ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ ᠢ ᠤᠷᠢᠵᠤ ᠬᠡᠷᠡᠭᠯᠡᠬᠦ ᠠᠵᠢᠯ ᠢ ᠪᠦᠬᠦ ᠲᠠᠯ᠎ᠠ ᠪᠠᠷ | ᠠᠬᠢᠭᠤᠯᠵᠤ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠰᠠᠭᠤᠷᠢ ᠰᠤᠷᠭᠠᠨ ᠬᠦᠮᠤᠵᠢᠯ ᠤᠨ | ᠴᠢᠨᠠᠷ ᠴᠢᠡᠰᠠᠭ᠎ᠠ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ 6 ᠨᠠᠷᠠ ᠲᠤᠮᠳᠠᠳᠤ ᠪᠠᠭ᠎ᠠ | ᠰᠤᠷᠭᠠᠭᠤᠯᠢ ᠶᠢᠨ ᠲᠤᠰᠬᠠᠢ ᠬᠢᠴᠢᠶᠠᠯ ᠲᠦᠷᠥᠯ ᠤᠨ ᠪᠠᠭᠰᠢ ᠡᠯᠰᠡᠨ᠂ ᠶᠠᠬᠡᠭᠤᠤᠯ ᠰᠤᠮᠤᠨ ᠤ ᠬᠡᠤᠬᠡᠳ ᠤᠨ | ᠴᠡᠴᠡᠷᠯᠢᠭ ᠢ ᠦᠪᠡᠷᠳᠡᠬᠡᠨ ᠵᠠᠰᠠᠬᠤ ᠤᠷᠤᠨ ᠤ ᠰᠤᠮᠤ ᠪᠠᠯᠭᠠᠰᠤᠨ ᠤ ᠵᠢᠱᠢᠶ᠎ᠠ ᠦᠵᠡᠬᠦᠯᠬᠦ ᠴᠡᠴᠡᠷᠯᠢᠭ ᠤᠨ | ᠪᠠᠷᠢᠮᠵᠢᠶ᠎ᠠ ᠳᠤ ᠬᠦᠷᠭᠡᠵᠦ᠂ ᠪᠦᠬᠦ ᠠᠶᠢᠮᠠᠭ ᠤᠨ ᠦᠡᠳᠤᠷ ᠲᠤᠮᠳᠠᠳᠤ ᠳᠤ ᠲᠠᠪᠰᠢᠬᠦ ᠰᠢᠯᠭᠠᠯᠳᠠ ᠶᠢᠨ B+ ᠠᠴᠠ | ᠲᠡᠬᠡᠭᠰᠢ ᠰᠢᠯᠭᠠᠭᠰᠡᠨ ᠰᠤᠷᠤᠭᠴᠢ ᠶᠢᠨ ᠬᠠᠷᠢᠴᠠᠯ ᠢ ᠨᠢᠭᠡ ᠵᠠᠭᠤᠨ ᠤ ᠬᠤᠪᠢ ᠪᠠᠷ ᠲᠡᠬᠡᠭᠰᠢᠯᠡᠬᠦᠯᠵᠤ᠂ ᠶᠡᠭᠡ | ᠰᠤᠷᠭᠠᠭᠤᠯᠢ ᠳᠤ ᠡᠯᠰᠡᠭᠳᠡᠬᠦ ᠨᠤᠷᠮ᠎ᠠ ᠶᠢ 53% ᠳᠤ ᠬᠦᠷᠬᠡᠨ᠎ᠠ︔ ᠰᠤᠷᠭᠠᠭᠤᠯᠢ ᠡᠷᠬᠢᠯᠡᠬᠦ ᠨᠦᠬᠦᠴᠡᠯ ᠢ | ᠲᠠᠰᠤᠷᠠᠯᠳᠠ ᠦᠬᠡᠢ ᠰᠠᠶᠢᠵᠢᠷᠠᠭᠤᠯᠣᠨ᠂ ᠰᠤᠷᠭᠠᠨ ᠬᠦᠮᠤᠵᠢᠯ ᠤᠨ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ | ᠢᠳᠡᠪᠬᠢᠳᠡᠢ ᠠᠬᠢᠭᠤᠯᠵᠤ᠂ 2300 ᠲᠦᠮᠡᠨ ᠲᠦᠬᠦᠷᠢᠭ ᠤᠨ ᠪᠠᠯᠠ ᠤᠷᠤᠭᠤᠯᠵᠤ᠂ ︽ᠭᠤᠷᠪᠡ ᠶᠢ ᠨᠠᠪᠳᠠᠷᠠᠬᠦᠯᠬᠦ | ᠬᠤᠶᠡᠷ ᠲᠠᠪᠴᠡᠩ︾⑩ ᠤᠨ ᠪᠠᠶᠢᠭᠤᠯᠤᠯᠳᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠠᠨ ᠤ ᠢᠡᠲ᠋ᠧᠷ | ᠰᠦᠯᠵᠢᠶ᠎ᠠ ᠶᠢ ᠦᠬᠡᠷᠡᠴᠢᠯᠡᠨ ᠲᠡᠰ ᠲᠠᠪᠰᠢᠬᠦᠯᠵᠤ᠂ ︽ᠤᠶᠤᠡᠳᠤ ᠰᠤᠷᠭᠠᠭᠤᠯᠢ︾ ᠶᠢᠨ ᠪᠠᠶᠢᠭᠤᠯᠤᠯᠳᠠ ᠶᠢ | ᠪᠠᠶᠠᠯᠠᠬᠦᠯᠤᠨ᠎ᠠ᠃ ᠮᠤᠩᠭᠤᠯ ᠲᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ᠂ ᠮᠤᠩᠭᠤᠯ ᠪᠠᠭ᠎ᠠ ᠰᠤᠷᠭᠠᠭᠤᠯᠢ | ᠶᠢᠨ ᠬᠦᠯ ᠪᠦᠮᠪᠦᠭᠡ ᠶᠢᠨ ᠤᠷᠳᠤᠨ ᠤ ᠰᠠᠬᠦᠯᠴᠢ ᠶᠢᠨ ᠬᠤᠭᠤᠴᠠᠭᠠᠨ ᠤ ᠪᠠᠷᠢᠯᠭ᠎ᠠ ᠶᠢ ᠲᠠᠭᠤᠰᠬᠠᠵᠤ ᠠᠰᠢᠭᠯᠠᠯᠳᠠ | ᠳᠤ ᠤᠷᠤᠭᠤᠯᠤᠨ᠎ᠠ᠃ 3000 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠮᠦᠩᠬᠡ ᠭᠠᠯ ᠬᠡᠤᠬᠡᠳ ᠤᠨ | ᠴᠡᠴᠡᠷᠯᠢᠭ ᠪᠠ ᠬᠤᠶᠡᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠤ ᠪᠠᠷᠢᠯᠭ᠎ᠠ ᠶᠢ ᠡᠬᠢᠯᠡᠬᠦᠯᠵᠤ᠂ | ᠰᠤᠷᠭᠠᠭᠤᠯᠢ ᠶᠢᠨ ᠪᠠᠷᠢᠯᠭ᠎ᠠ ᠶᠢᠨ ᠲᠠᠯᠠᠪᠠᠢ ᠶᠢ 1.12 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠦᠨ᠎ᠡ᠃ | ︽ᠡᠷᠡᠬᠦᠯ ᠡᠩᠬᠡ ᠠᠪᠠᠭ᠎ᠠ︾ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠡᠮᠴᠢᠯᠡᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠪᠦᠬᠦ ᠤᠷᠤᠨ ᠤ ᠬᠤᠰᠢᠭᠤ ᠰᠢᠶᠠᠨ ᠤ ᠲᠡᠰ ᠤᠨ | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠠᠷᠤᠩᠬᠡᠶᠢᠯᠡᠭᠰᠡᠨ ᠦᠬᠡᠷᠡᠴᠢᠯᠡᠯᠳᠡ ᠶᠢᠨ ᠵᠢᠱᠢᠶ᠎ᠠ | ᠦᠵᠡᠬᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠦᠷᠬᠦᠯᠵᠢᠯᠡᠨ ᠠᠬᠢᠭᠤᠯᠵᠤ᠂ ᠤᠳᠤᠬᠢᠴᠢᠯᠠᠭᠰᠡᠨ | ᠡᠮᠨᠡᠯᠬᠡ ᠶᠢᠨ ᠬᠤᠷᠢᠶᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠡᠰᠢᠬᠦᠯᠵᠤ᠂ ︽ᠢᠡᠲ᠋ᠧᠷ | ᠰᠦᠯᠵᠢᠶ᠎ᠠ + ᠠᠯᠤᠰ ᠡᠵᠠᠮᠰᠢᠯᠳᠤ ᠡᠮᠴᠢᠯᠡᠬᠡᠨ ᠤ ᠦᠢᠯᠡᠴᠢᠯᠡᠭᠡ︾ ᠶᠢᠨ ᠲᠣᠭᠳᠠᠯᠴᠠᠭᠠᠨ ᠤ ᠪᠠᠶᠢᠭᠤᠯᠤᠯᠳᠠ ᠶᠢ | ᠲᠦᠷᠬᠡᠳᠬᠡᠨ ᠠᠬᠢᠭᠤᠯᠵᠤ᠂ ᠡᠮᠴᠢᠯᠡᠬᠡᠨ ᠤ ᠴᠢᠨᠠᠷ ᠴᠢᠡᠰᠠᠭ᠎ᠠ ᠪᠠ ᠦᠢᠯᠡᠴᠢᠯᠡᠬᠡᠨ ᠤ ᠬᠢᠷᠢ ᠲᠦᠪᠰᠢᠨ ᠢᠶᠠᠨ | ᠴᠢᠷᠮᠠᠶᠢᠨ ᠲᠡᠬᠡᠭᠰᠢᠯᠡᠬᠦᠯᠤᠨ᠎ᠠ᠃ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ 2100 | ᠲᠦᠮᠡᠨ ᠲᠦᠬᠦᠷᠢᠭ ᠤᠨ ᠪᠡᠯᠡ ᠤᠷᠤᠭᠤᠯᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ | ᠤᠨ ᠶᠠᠷᠤᠩᠬᠡᠶᠢᠯᠡᠭᠰᠡᠨ ᠠᠰᠠᠷ ᠪᠠ ᠲᠡᠯᠬᠡᠷ᠂ ᠪᠠᠶᠠᠡᠳᠡᠯᠬᠡᠷ᠂ ᠪᠤᠭᠳ᠋ᠬᠠᠭᠤᠯᠠ 3 ᠰᠤᠮᠤᠨ ᠤ ᠡᠮᠨᠡᠯᠬᠡ ᠶᠢᠨ ᠬᠤᠷᠢᠶ᠎ᠠ | ᠶᠢ ᠦᠬᠡᠷᠠᠴᠢᠯᠡᠨ ᠪᠠᠶᠢᠭᠤᠯᠬᠤ ᠢᠡᠵᠧᠨᠧᠷᠢᠩ ᠢ ᠪᠠᠶᠠᠯᠡᠬᠦᠯᠤᠨᠠ᠃ ᠬᠤᠶᠡᠷ ᠬᠡᠤᠬᠡᠳ ᠠᠪᠴᠤ ᠪᠤᠯᠬᠤ ᠲᠦᠷᠥ ᠶᠢᠨ | ᠪᠤᠳᠤᠯᠭ᠎ᠠ ᠶᠢ ᠰᠠᠶᠢᠳᠤᠷ ᠬᠡᠷᠡᠭᠵᠢᠬᠦᠯᠵᠤ᠂ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠤ ᠬᠠᠮᠢᠶᠠᠷᠤᠯᠳᠠ ᠶᠢᠨ | ᠦᠬᠡᠷᠡᠴᠢᠯᠡᠯᠳᠡ ᠶᠢ ᠠᠬᠢᠭᠤᠯᠤᠨ᠎ᠠ᠃ ᠡᠷᠡᠬᠦᠯ ᠡᠩᠬᠡ ᠶᠢᠨ ᠣᠷᠢᠳᠴᠢᠯᠠᠨ ᠰᠡᠷᠭᠡᠶᠢᠯᠡᠯᠳᠡ ᠶᠢ ᠢᠳᠡᠪᠬᠢᠳᠡᠢ | ᠠᠬᠢᠭᠤᠯᠵᠤ᠂ ︽ᠪᠦᠬᠦ ᠠᠷᠡᠳ ᠤᠨ ᠡᠷᠡᠬᠦᠯ ᠡᠩᠬᠡ ᠶᠢ ᠠᠬᠢᠭᠤᠯᠬᠤ ᠲᠠᠪᠤᠨ ᠵᠢᠯ ᠤᠨ ᠠᠵᠢᠯᠯᠠᠭ᠎ᠠ︾ ᠶᠢ ᠬᠦᠡᠵᠡᠬᠡᠢ | ᠬᠡᠷᠡᠭᠵᠢᠬᠦᠯᠵᠤ᠂ ᠡᠷᠡᠬᠦᠯ ᠮᠡᠨᠳᠦ ᠶᠢᠨ ︽ᠵᠢᠷᠭᠤᠭ᠎ᠠ ᠶᠢ ᠠᠬᠢᠭᠤᠯᠬᠤ︾ ᠢᠡᠵᠧᠨᠧᠷᠢᠩ ᠢ ᠰᠠᠶᠢᠳᠤᠷ ᠬᠡᠷᠡᠭᠵᠢᠬᠦᠯᠦᠨ | ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠡᠵᠡᠬᠡᠢ ᠦᠷᠨᠢᠬᠦᠯᠵᠤ᠂ ᠡᠷᠡᠬᠦᠯ ᠮᠡᠨᠳᠦ | ᠶᠢᠨ ᠮᠡᠳᠡᠯᠭᠡ ᠮᠠᠷᠬᠡᠵᠢᠯ ᠢ ᠲᠦᠭᠡᠮᠡᠯᠵᠢᠬᠦᠯᠦᠨ᠂ ᠡᠷᠡᠬᠦᠯ ᠰᠠᠶᠢᠬᠠᠨ ᠠᠮᠢᠳᠤᠷᠡᠯ ᠤᠨ ᠲᠠᠳᠬᠠᠯ ᠢ ᠪᠤᠢ ᠪᠤᠯᠭᠠᠨ᠎ᠠ᠃ | ᠰᠤᠶᠤᠯ ᠲᠠᠮᠢᠷ ᠤᠨ ᠦᠢᠯᠡᠰ ᠢ ᠴᠡᠴᠡᠭᠯᠡᠬᠦᠯᠤᠨ ᠬᠦᠭᠵᠢᠬᠦᠯᠤᠨ᠎ᠠ᠃ ᠰᠤᠶᠤᠯ ᠢᠶᠠᠷ ᠠᠷᠡᠳ ᠲᠤ ᠠᠰᠢᠭ ᠬᠦᠷᠳᠡᠬᠡᠬᠦ | ᠢᠡᠵᠧᠨᠧᠷᠢᠩ ᠤᠨ ᠪᠠᠶᠢᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ ᠵᠢᠯ ᠤᠨ ᠲᠤᠳᠤᠷ᠎ᠠ ᠠᠪᠠᠭ᠎ᠠ ᠴᠤᠭᠤᠷ | ᠣᠷᠠᠯᠢᠭ ᠢ ᠤᠯᠠᠮᠵᠢᠯᠡᠨ ᠵᠠᠯᠭᠠᠮᠵᠢᠯᠠᠬᠤ ᠭᠠᠵᠡᠷ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ ᠢ | ᠠᠰᠢᠭᠯᠠᠯᠳᠠ ᠳᠤ ᠤᠷᠤᠭᠤᠯᠵᠤ᠂ ︽ᠲᠤᠭᠠᠴᠢᠯᠠᠭᠰᠡᠨ ᠰᠤᠶᠤᠯ ᠢ ᠮᠤᠩᠭᠤᠯ ᠬᠡᠷ ᠲᠤ ᠬᠦᠷᠬᠡᠬᠦ︾ ᠢᠡᠵᠧᠨᠧᠷᠢᠩ ᠢ | ᠠᠬᠢᠭᠤᠯᠤᠨ᠎ᠠ︔ ᠤᠯᠠᠨ ᠲᠦᠮᠡᠡᠴᠢ ᠰᠤᠶᠤᠯ ᠤᠨ ᠬᠦᠳᠡᠯᠬᠡᠬᠡᠨ ᠢ ᠰᠠᠶᠢᠳᠤᠷ ᠵᠤᠬᠢᠶᠠᠨ ᠪᠠᠶᠢᠭᠤᠯᠵᠤ᠂ ᠦᠪᠡᠷᠳᠡᠬᠡᠨ | ᠵᠠᠰᠠᠬᠤ ᠤᠷᠤᠨ ᠪᠠᠶᠢᠭᠤᠯᠤᠭᠳᠠᠭᠰᠡᠨ 70 ᠵᠢᠯ ᠤᠨ ᠤᠢ ᠶᠢᠨ ᠪᠠᠶᠠᠷ ᠢ ᠪᠡᠯᠬᠡᠯᠡᠬᠦ ᠠᠵᠢᠯᠯᠠᠭ᠎ᠠ ᠳᠤ ᠢᠳᠡᠪᠬᠢᠳᠡᠢ | ᠤᠷᠤᠯᠴᠠᠨ᠂ ᠠᠪᠠᠭ᠎ᠠ ᠬᠤᠰᠢᠭᠤᠨ ᠤ ᠲᠤᠯᠤᠳᠤᠭᠠᠷ ᠬᠤᠭᠤᠴᠠᠭᠠᠨ ᠤ ᠠᠷᠡᠳ ᠤᠨ ᠨᠠᠭᠠᠳᠤᠮ ᠤᠨ ᠶᠡᠭᠡ ᠬᠤᠷᠡᠯ | ᠵᠢᠴᠢ ︽ᠨᠣᠮᠢᠨ ᠠᠪᠠᠭ᠎ᠠ︾ ᠬᠤᠶᠠᠳᠣᠭᠠᠷ ᠬᠤᠭᠤᠴᠠᠭᠠᠨ ᠤ ᠠᠷᠠᠳ ᠤᠨ ᠨᠠᠶᠢᠷ ᠢ ᠡᠷᠬᠢᠯᠡᠨ ᠶᠠᠪᠤᠭᠳᠠᠭᠤᠯᠵᠤ᠂ | ᠨᠠᠢᠮᠠᠨ ᠮᠤᠵᠢ ᠤᠷᠤᠨ ᠤ ᠰᠢᠳᠠᠷ᠎ᠠ ᠶᠢᠨ ᠤᠷᠤᠯᠳᠤᠭᠠᠨ ᠢ ᠲᠠᠭᠠᠭᠠᠴᠢᠯᠠᠨ ᠡᠷᠬᠢᠯᠡᠵᠤ᠂ ︽ᠪᠠᠶᠡᠷ ᠪᠠᠶᠠᠰᠤᠯ ᠢ | ᠦᠡᠳᠤᠰᠤᠨ ᠱᠠᠳᠤᠨ ᠳᠤ ᠬᠦᠷᠬᠡᠬᠦ︾ ᠵᠡᠷᠬᠡ ᠰᠤᠶᠤᠯ ᠢᠶᠠᠷ ᠠᠷᠡᠳ ᠲᠤ ᠠᠰᠢᠭ ᠬᠦᠷᠳᠡᠬᠡᠬᠦ ᠠᠵᠢᠯᠯᠠᠭ᠎ᠠ ᠶᠢ | ᠬᠦᠡᠵᠡᠬᠡᠢ ᠦᠷᠨᠢᠬᠦᠯᠦᠨ᠂ ᠬᠠᠷ᠎ᠠ ᠠᠳᠤᠭᠤᠨ ᠰᠤᠶᠤᠯ ᠤᠨ ᠨᠠᠶᠢᠷ᠂ ᠮᠠᠯᠴᠢᠳ ᠤᠨ ᠰᠤᠶᠤᠯ ᠤᠷᠠᠯᠢᠭ ᠤᠨ ᠨᠠᠶᠢᠷ | ᠵᠡᠷᠬᠡ ᠬᠦᠳᠡᠯᠬᠡᠬᠡᠨ ᠢ ᠰᠠᠶᠢᠳᠤᠷ ᠡᠷᠬᠢᠯᠠᠨ᠎ᠠ᠃ ᠰᠤᠶᠤᠯ ᠤᠷᠠᠯᠢᠭ ᠤᠨ ᠴᠡᠴᠡᠭᠯᠡᠨ ᠬᠦᠭᠵᠢᠯᠳᠠ ᠶᠢ ᠠᠬᠢᠭᠤᠯᠵᠤ᠂ | ᠤᠯᠠᠭᠠᠡᠮᠦ᠋ᠴᠢᠷ ᠪᠠᠶᠢᠭᠤᠯᠤᠭᠳᠠᠭᠰᠡᠨ 60 ᠵᠢᠯ ᠤᠨ ᠤᠢ ᠶᠢᠨ ᠰᠢᠷᠢᠰ ᠠᠵᠢᠯᠯᠠᠭ᠎ᠠ ᠶᠢ ᠦᠷᠨᠢᠬᠦᠯᠵᠤ᠂ ᠮᠤᠩᠭᠤᠯ | ᠵᠦᠴᠤᠬᠡ ︽ᠪᠡᠯᠬᠦᠳᠡᠢ︾ ᠶᠢ ᠵᠤᠬᠢᠶᠠᠨ ᠪᠦᠳᠤᠬᠡᠵᠤ ᠲᠤᠭᠯᠠᠬᠤ ᠬᠢᠷᠢ ᠲᠦᠪᠰᠢᠨ ᠢ ᠲᠡᠬᠡᠭᠰᠢᠯᠡᠬᠦᠯᠵᠤ᠂ 140 | ᠲᠦᠮᠡᠨ ᠲᠦᠬᠦᠷᠢᠭ ᠤᠨ ᠦᠡᠳᠤᠰᠤᠳᠠᠨ ᠤ ᠰᠤᠶᠤᠯ ᠤᠨ ᠦᠢᠯᠡᠰ ᠢ ᠲᠡᠳᠬᠦᠬᠦ ᠲᠦᠷᠥᠯ ᠵᠥᠢᠯ ᠢ ᠬᠡᠷᠡᠭᠵᠢᠬᠦᠯᠤᠨ᠎ᠠ | ᠃ ᠲᠡᠤᠬᠡ ᠶᠢᠨ ᠲᠤᠷᠡᠰᠬᠠᠯᠳᠤ ᠪᠤᠳᠠᠰ ᠪᠠ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠣᠨ᠂ ︽ᠴᠢᠩᠬᠢᠰ ᠪᠤᠭᠳᠠ ᠠᠭᠤᠯᠠ ᠶᠢᠨ ᠲᠡᠬᠢᠯᠭ᠎ᠠ︾ ᠪᠠ ︽ᠴᠡᠭᠡ ᠢᠰᠬᠡᠬᠦ ᠮᠡᠷᠬᠡᠵᠢᠯ︾ ᠢ ᠤᠯᠤᠰ | ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠥᠯ ᠵᠥᠢᠯ ᠢᠶᠠᠷ ᠡᠷᠡᠮᠡᠯᠵᠢᠯᠡᠨ ᠮᠡᠳᠡᠬᠦᠯᠵᠤ᠂ ︽ | ᠠᠪᠠᠭ᠎ᠠ ᠬᠠᠳᠠᠨ ᠵᠢᠷᠤᠭ︾ ᠢ ᠦᠪᠡᠷᠳᠡᠬᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠰᠤᠶᠤᠯ ᠤᠨ ᠦᠪ | ᠤᠨ ᠬᠠᠮᠠᠭᠠᠯᠠᠯᠳᠠ ᠶᠢᠨ ᠨᠢᠬᠡᠴᠠ ᠳᠤ ᠤᠷᠤᠭᠤᠯᠵᠤ᠂ 100 ᠲᠦᠮᠡᠨ ᠲᠦᠬᠦᠷᠢᠭ ᠤᠨ ᠪᠡᠯᠡ ᠤᠷᠤᠭᠤᠯᠵᠤ᠂ | ᠰᠢᠳᠠᠷ᠎ᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠷᠥᠯ ᠵᠥᠢᠯ ᠢ ᠬᠡᠷᠡᠭᠵᠢᠬᠦᠯᠤᠨ᠎ᠠ᠃ | | ᠦᠨᠤ ᠵᠢᠯ᠂ ᠵᠠᠰᠠᠭ ᠤᠨ ᠤᠷᠳᠤᠨ ᠨᠢ ᠠᠷᠡᠳ ᠤᠨ ᠠᠮᠢᠳᠤᠷᠡᠯ ᠢ ᠰᠠᠶᠢᠵᠢᠷᠠᠭᠤᠯᠵᠤ᠂ ᠡᠶ᠎ᠡ ᠵᠤᠬᠢᠴᠠᠯ ᠢ ᠠᠬᠢᠭᠤᠯᠬᠤ | ᠲᠠᠯ᠎ᠠ ᠪᠠᠷ ᠪᠦᠬᠦ ᠬᠤᠰᠢᠭᠤᠨ ᠤ ᠠᠷᠡᠳ ᠲᠦᠮᠡᠨ ᠳᠤ ︽ᠠᠷᠪᠠᠨ ᠪᠤᠳᠠᠳᠤ ᠶᠠᠪᠤᠳᠠᠯ︾ ᠢᠶᠠᠨ ᠬᠦᠢᠴᠡᠳᠬᠡᠬᠦ ᠪᠠᠷ | ᠠᠮᠠᠯᠳᠤᠨᠠ᠄ ᠨᠢᠬᠡ ᠳᠤ᠂ 2400 ᠲᠦᠮᠡᠨ ᠲᠦᠬᠦᠷᠢᠭ ᠤᠨ ᠪᠡᠯᠡ ᠤᠷᠤᠭᠤᠯᠵᠤ᠂ 52 ᠭᠠᠴᠠᠭᠠᠨ ᠳᠤ ᠴᠠᠬᠢᠯᠭᠠᠨ | ᠬᠤᠯᠪᠣᠭᠠᠨ ᠤ ᠲᠦᠬᠡᠮᠡᠯ ᠦᠢᠯᠡᠴᠢᠯᠡᠭᠡ ᠶᠢᠨ ᠨᠦᠬᠦᠪᠤᠷᠢ ᠶᠢᠨ ᠲᠤᠷᠰᠢᠯᠳᠠ ᠶᠢᠨ ᠴᠡᠭ ᠤᠨ ᠢᠡᠵᠧᠨᠧᠷᠢᠩ ᠢ | ᠬᠡᠷᠡᠭᠵᠢᠬᠦᠯᠵᠤ᠂ ᠮᠠᠯᠵᠢᠬᠤ ᠤᠷᠤᠨ ᠤ ᠴᠢᠮᠡᠭᠡ ᠨᠠᠪᠳᠠᠷᠠᠬᠦᠯᠬᠡ ᠶᠢᠨ ᠴᠢᠨᠡᠷ ᠴᠢᠡᠰᠠᠭ᠎ᠠ ᠶᠢ ᠴᠢᠷᠮᠠᠶᠢᠨ | ᠲᠡᠬᠡᠭᠰᠢᠯᠡᠬᠦᠯᠤᠨ᠎ᠠ᠃ ᠬᠤᠶᠡᠷ ᠲᠤ᠂ 1000 ᠲᠦᠮᠡᠨ ᠲᠦᠬᠦᠷᠢᠭ ᠤᠨ ᠲᠠᠪᠠᠭᠤᠯᠢᠭ ᠤᠡᠴᠠᠯᠢᠭᠳᠤ ᠮᠠᠯ ᠤᠨ | ᠠᠰᠢᠭ ᠰᠢᠮ᠎ᠠ ᠶᠢᠨ ᠪᠤᠬᠢᠷᠳᠤᠯ ᠦᠬᠡᠢ ᠪᠦᠳᠤᠬᠡᠭᠳᠡᠬᠦᠨ ᠤ ᠬᠦᠭᠵᠢᠯᠳᠠ ᠶᠢᠨ ᠰᠠᠭᠤᠷᠢ ᠮᠦᠩᠬᠦ ᠶᠢ ᠪᠠᠶᠢᠭᠤᠯᠵᠤ᠂ | ᠠᠵᠤ ᠦᠢᠯᠡᠰ ᠤᠨ ᠲᠡᠰ ᠲᠠᠪᠰᠢᠬᠦᠯᠬᠦ ᠶᠢ ᠲᠦᠯᠬᠢᠨ ᠠᠬᠢᠭᠤᠯᠤᠨ᠎ᠠ᠃ ᠭᠤᠷᠪᠡ ᠳᠤ᠂ 800 ᠲᠦᠮᠡᠨ ᠲᠦᠬᠦᠷᠢᠭ | ︵ᠨᠢᠳᠣᠨᠣᠨ ᠠᠴᠠ 300 ᠲᠦᠮᠡᠨ ᠲᠦᠬᠦᠷᠢᠭ ᠨᠡᠮᠡᠭᠳᠡᠪᠡ︶ ᠤᠨ ᠡᠳ᠋ ᠤᠨ ᠵᠠᠰᠠᠭ ᠤᠨ ᠲᠤᠰᠬᠠᠢ ᠲᠦᠷᠥᠯ ᠤᠨ | ᠶᠠᠳᠠᠭᠤ ᠶᠢ ᠲᠡᠳᠬᠦᠬᠦ ᠪᠡᠯᠡ ᠮᠦᠩᠬᠦ ᠶᠢ ᠲᠤᠬᠢᠷᠠᠭᠤᠯᠵᠤ᠂ ᠲᠠᠩᠰᠠ ᠪᠠᠶᠢᠭᠤᠯᠵᠤ ᠺᠠᠷᠲ ᠤᠯᠭᠤᠭᠰᠡᠨ ᠶᠠᠳᠠᠭᠤ | ᠡᠷᠤᠬᠡ ᠶᠢ ᠲᠠᠳᠬᠦᠨ ᠲᠡᠮᠵᠢᠬᠦ ᠡᠷᠴᠢᠮ ᠢᠶᠠᠨ ᠣᠯᠠᠮ ᠴᠢᠩᠭᠠᠳᠬᠠᠨ᠎ᠠ᠃ ᠲᠦᠷᠪᠡ ᠲᠤ᠂ ᠭᠠᠴᠠᠭᠠᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠬᠦᠳᠡᠯᠬᠡᠬᠡᠨ ᠤ ᠵᠠᠷᠤᠳᠠᠯ ᠢ ᠵᠢᠯ ᠪᠦᠷᠢ ᠶᠢᠨ 6 ᠲᠦᠮᠡᠨ ᠲᠦᠬᠦᠷᠢᠭ ᠪᠠᠶᠢᠭᠰᠡᠨ | ᠠᠴᠠ 8 ᠲᠦᠮᠡᠨ ᠲᠦᠬᠦᠷᠢᠭ ᠪᠤᠯᠭᠠᠨ ᠲᠡᠬᠡᠭᠰᠢᠯᠡᠬᠦᠯᠵᠤ᠂ ᠭᠠᠴᠠᠭᠠᠨ ᠤ ᠺᠠᠳ᠋ᠷ ᠤᠨ ᠬᠦᠯᠤᠰᠤ ᠤᠯᠭᠤᠮᠵᠢ ᠶᠢ | ᠬᠦᠮᠤᠨ ᠪᠦᠷᠢ ᠶᠢᠨ ᠵᠢᠯ ᠳᠤ 1.5 ᠲᠦᠮᠡᠨ ᠲᠦᠬᠦᠷᠢᠭ ᠪᠠ 1.2 ᠲᠦᠮᠡᠨ ᠲᠦᠬᠦᠷᠢᠭ ᠪᠠᠶᠢᠭᠰᠡᠨ ᠠᠴᠠ 2 | ᠲᠦᠮᠡᠨ ᠲᠦᠬᠦᠷᠢᠭ ᠪᠠ 1.6 ᠲᠦᠮᠡᠨ ᠲᠦᠬᠦᠷᠢᠭ ᠪᠣᠯᠭᠠᠨ᠎ᠠ᠃ ᠲᠠᠪᠤ ᠳᠤ᠂ 4 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠵᠤ᠂ ᠦᠯᠡᠳᠡᠵᠤ ᠪᠠᠶᠢᠭ᠎ᠠ 1300 ᠲᠦᠬᠦᠮ ᠪᠦᠳᠤᠴᠡᠳᠤ ᠤᠷᠤᠨ ᠰᠠᠭᠤᠴᠠ ᠶᠢ ᠪᠦᠬᠦᠨ ᠢ | ᠦᠭᠡᠷᠡᠴᠢᠯᠡᠨ᠎ᠡ᠃ ᠵᠢᠷᠭᠤᠭ᠎ᠠ ᠳᠤ᠂ 4000 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠠᠭᠤᠭᠠᠯᠢ | ᠲᠤᠭᠤᠷᠢᠭ ᠤᠨ ᠤᠷᠤᠨ ᠰᠠᠭᠤᠴᠠ ᠶᠢᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠤᠨ᠎ᠠ᠃ ᠲᠤᠯᠤᠭ᠎ᠠ ᠳᠤ᠂ | 500 ᠲᠦᠮᠡᠨ ᠲᠦᠬᠦᠷᠢᠭ ᠤᠨ ᠪᠡᠯᠡ ᠤᠷᠤᠭᠤᠯᠵᠤ᠂ 3000 ᠲᠡᠭᠰᠢ ᠲᠦᠷᠪᠡᠯᠵᠢᠨ ᠮᠧᠲᠷ ᠤᠨ ᠠᠷᠠᠯᠵᠢᠶᠠᠨ ᠤ | ᠵᠠᠬ᠎ᠠ ᠶᠢ ᠰᠢᠨ᠎ᠠ ᠪᠠᠷ ᠪᠠᠶᠢᠭᠤᠯᠵᠤ᠂ ᠲᠡᠯᠬᠡᠬᠡ ᠮᠠᠶᠢᠮᠠᠢ ᠶᠢ ᠬᠡᠷ ᠤᠨ ᠭᠠᠳᠠᠨ᠎ᠠ ᠡᠵᠡᠩᠨᠡᠬᠦ ᠠᠰᠠᠭᠤᠳᠠᠯ ᠢ | ᠰᠢᠢᠳᠪᠤᠷᠢᠯᠡᠨ᠎ᠠ᠃ ᠨᠠᠢᠮᠠ ᠳᠤ᠂ 130 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠡᠯᠬᠦᠳᠡᠢ ᠪᠠᠯᠭᠠᠰᠤᠨ ᠤ | ᠤᠯᠠᠨ ᠨᠠᠶᠢᠳᠠ ᠶᠢᠨ ᠲᠠᠯᠠᠪᠤᠷ ᠲᠤ ᠦᠨ᠎ᠠ ᠲᠦᠯᠤᠪᠤᠷᠢ ᠦᠬᠡᠢWiFi ᠣᠭᠰᠠᠷᠠᠬᠤ ᠢᠡᠵᠧᠨᠧᠷᠢᠩ ᠢ | ᠬᠡᠷᠡᠭᠵᠢᠬᠦᠯᠤᠨ᠎ᠠ᠃ ᠶᠢᠰᠤ ᠳᠤ᠂ ᠵᠠᠰᠠᠭ ᠤᠨ ᠤᠷᠳᠤᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ | ᠬᠡᠯᠪᠡᠷᠢ ᠪᠠᠷ ᠲᠠᠮᠵᠢᠨ᠂ ᠵᠢᠯ ᠤᠨ ᠲᠤᠳᠤᠷ᠎ᠠ 200 ᠨᠠᠶᠢᠳᠠ ᠶᠢᠨ ᠠᠰᠢᠭᠳᠤ ᠠᠵᠢᠯ ᠤᠨ ᠪᠠᠶᠢᠷᠢ ᠶᠢ ᠨᠡᠮᠡᠭᠳᠡᠬᠦᠯᠵᠤ᠂ | ᠶᠡᠭᠡ ᠰᠤᠷᠭᠠᠭᠤᠯᠢ ᠶᠢᠨ ᠤᠶᠤᠳᠡᠳ ᠤᠨ ᠠᠵᠢᠯ ᠤᠯᠬᠤ ᠠᠰᠠᠭᠤᠳᠠᠯ ᠢ ᠰᠢᠢᠳᠪᠤᠷᠢᠯᠡᠨ᠎ᠠ᠃ ᠠᠷᠪᠠ ᠳᠤ᠂ 62 | ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠨᠠᠰᠤᠵᠢᠯ ᠤᠨ | ᠲᠠᠭᠠᠳᠬᠠᠯ ᠤᠨ ᠰᠠᠭᠤᠷᠢ ᠮᠦᠩᠬᠦ ᠶᠢ ᠬᠦᠮᠦᠨ ᠪᠦᠷᠢ ᠶᠢᠨ ᠰᠠᠷ᠎ᠠ ᠳᠤ 150 ᠲᠦᠬᠦᠷᠢᠭ ᠪᠠᠶᠢᠭᠰᠡᠨ ᠠᠴᠠ 170 | ᠲᠦᠬᠦᠷᠢᠭ ᠪᠤᠯᠭᠠᠨ ᠲᠡᠬᠡᠭᠰᠢᠯᠡᠬᠦᠯᠤᠨ᠎ᠠ᠃ | ︵ᠬᠤᠶᠠᠷ︶ ᠲᠠᠪᠣᠨ ᠶᠡᠭᠡ ᠠᠵᠣ ᠦᠢᠯᠡᠰ ᠤᠨ ᠬᠦᠭᠵᠢᠯᠳᠡ ᠶᠢ ᠰᠠᠶᠢᠳᠣᠷ ᠠᠳᠬᠤᠨ᠎ᠠ᠃ | ᠨᠢᠭᠡ ᠳᠤ᠂ ᠣᠳᠣᠬᠢᠴᠢᠯᠠᠭᠰᠠᠨ ᠮᠠᠯ ᠠᠵᠣ ᠠᠬᠤᠢ ᠶᠢ ᠬᠦᠴᠦᠯᠡᠨ ᠬᠦᠭᠵᠢᠬᠦᠯᠦᠨ᠎ᠡ᠃ ︽ᠮᠠᠯᠵᠢᠬᠤ ᠣᠷᠣᠨ ᠤ | ᠠᠮᠢ ᠠᠬᠤᠢ ᠶᠢ ᠰᠡᠷᠬᠦᠭᠡᠬᠦ᠂ ᠮᠠᠯ ᠠᠵᠣ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠬᠦ᠂ ᠮᠠᠯᠴᠢᠳ ᠤᠨ ᠣᠷᠣᠯᠭ᠎ᠠ | ᠶᠢ ᠨᠡᠮᠡᠭᠳᠡᠬᠦᠯᠬᠦ︾ ᠬᠠᠷᠠᠯᠳᠠ ᠶᠢᠨ ᠲᠣᠭᠤᠷᠢᠨ ᠳᠤ᠂ ︽ᠬᠤᠨᠢ ᠪᠠᠨ ᠴᠦᠭᠡᠴᠢᠯᠡᠨ ᠦᠭᠡᠷ ᠢᠶᠠᠨ ᠨᠡᠮᠡᠭᠳᠡᠬᠦᠯᠬᠦ︾ | ᠪᠠᠶᠢᠯᠳᠣᠬᠤ ᠪᠣᠳᠣᠯᠭ᠎ᠠ ᠶᠢ ᠰᠠᠶᠢᠳᠤᠷ ᠭᠡᠷᠡᠭᠵᠢᠬᠦᠯᠦᠨ᠂ ᠮᠠᠯ ᠠᠵᠣ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ | ᠬᠤᠪᠢᠷᠠᠭᠤᠯᠣᠯᠳᠠ ᠶᠢ ᠲᠦᠷᠭᠡᠳᠭᠡᠵᠦ᠂ ᠣᠳᠣᠬᠢᠴᠢᠯᠠᠭᠰᠠᠨ ᠮᠠᠯ ᠠᠵᠣ ᠠᠬᠤᠢ ᠶᠢᠨ ᠬᠦᠭᠵᠢᠯᠳᠡ ᠶᠢᠨ ᠵᠠᠮ ᠢᠶᠠᠷ | ᠵᠠᠮᠨᠠᠬᠤ ᠪᠠᠷ ᠴᠢᠷᠮᠠᠶᠢᠨ᠎ᠠ᠃ | ᠮᠠᠯ ᠠᠵᠣ ᠠᠬᠤᠢ ᠶᠢᠨ ᠪᠦᠳᠦᠴᠡ ᠶᠢ ᠰᠢᠯᠢᠳᠡᠭᠵᠢᠬᠦᠯᠦᠨ᠎ᠡ᠃ ︽ᠡᠮᠦᠨ᠎ᠡ ᠪᠡᠶ᠎ᠡ ᠪᠠᠷ ᠦᠭᠡᠷ᠂ ᠬᠤᠶᠢᠨ᠎ᠠ ᠪᠡᠶ᠎ᠡ | ᠪᠠᠷ ᠬᠤᠨᠢ︾ ᠮᠠᠯᠵᠢᠬᠤ ᠦᠢᠯᠡᠳᠪᠦᠷᠢᠯᠡᠯ ᠤᠨ ᠪᠠᠶᠢᠷᠢᠯᠠᠭᠤᠯᠣᠯᠳᠠ ᠪᠠ ︽ᠡᠬᠦᠯᠳᠡᠷ ᠰᠠᠶᠢᠵᠢᠷᠠᠭᠤᠯᠵᠣ ᠴᠢᠨᠠᠷ | ᠴᠢᠨᠰᠠᠭ᠎ᠠ ᠦᠷ᠎ᠡ ᠠᠰᠢᠭ ᠢ ᠲᠡᠭᠡᠭᠰᠢᠯᠡᠬᠦᠯᠬᠦ︾ ᠶᠢ ᠣᠷᠭᠠᠨᠢᠭ ᠢᠶᠠᠷ ᠣᠶᠠᠯᠳᠣᠭᠤᠯᠬᠤ ᠪᠠᠷ ᠴᠢᠷᠮᠠᠶᠢᠨ᠎ᠠ᠃ ᠰᠢᠯᠢᠳᠡᠭ | ᠡᠬᠦᠯᠳᠡᠷ ᠤᠨ ᠮᠢᠬᠠᠨ ᠤ ᠦᠭᠡᠷ ᠤᠨ ᠠᠵᠣ ᠦᠢᠯᠡᠰ ᠢ ᠡᠷᠴᠢᠮᠳᠡᠢ ᠬᠦᠭᠵᠢᠬᠦᠯᠦᠨ᠂ 1.48 ᠳ᠋ᠦᠩᠰᠢᠭᠤᠷ | ᠲᠦᠬᠦᠷᠢᠭ ᠤᠨ ᠪᠡᠯᠡ ᠣᠷᠣᠭᠤᠯᠵᠣ᠂ ᠭᠠᠳᠠᠭᠠᠳᠤ ᠠᠴᠠ ᠠᠩᠬᠢᠰ ᠦᠭᠡᠷ 3900 ᠲᠤᠯᠤᠭᠠᠢ ᠬᠤᠳᠠᠯᠳᠤᠨ ᠠᠪᠴᠤ | ᠂ ᠤᠯᠤᠰ ᠤᠨ ᠲᠤᠳᠤᠭᠠᠳᠤ ᠠᠴᠠ 8300 ᠲᠤᠯᠤᠭᠠᠢ ᠰᠢᠮᠧᠨ᠋ᠲ᠋ᠧᠷ ᠦᠭᠡᠷ ᠬᠤᠳᠠᠯᠳᠤᠨ ᠠᠪᠤᠨ᠎ᠠ᠃ 2 ᠲᠦᠮᠡᠨ | ᠦᠨᠢᠶᠡᠨ ᠳᠤ ᠢᠴᠡᠭᠡᠯ ᠦᠷ᠎ᠡ ᠶᠢᠨ ᠭᠡᠭᠡᠯᠳᠦᠬᠦᠯᠭᠡ ᠬᠢᠵᠦ᠂ 2000 ᠲᠣᠯᠣᠭᠠᠢ ᠰᠢᠮᠧᠨ᠋ᠲ᠋ᠧᠷ ᠪᠡᠯᠡᠳᠭᠡᠯ ᠪᠣᠬ᠎ᠠ | ᠦᠷᠡᠵᠢᠬᠦᠯᠵᠦ ᠪᠣᠶᠢᠵᠢᠭᠤᠯᠣᠨ᠎ᠠ᠃ ᠰᠢᠨ᠎ᠡ ᠪᠠᠷ 2000 ᠲᠤᠯᠤᠭᠠᠢ ᠮᠢᠬᠠᠨ ᠤ ᠦᠭᠡᠷ ᠮᠠᠯᠵᠢᠬᠤ ᠮᠠᠯᠵᠢᠯ ᠤᠨ | ᠲᠠᠯᠠᠪᠠᠢ ᠨᠢᠬᠡ᠂ 300 ᠮᠢᠬᠠᠨ ᠤ ᠦᠭᠡᠷ ᠮᠠᠯᠵᠢᠬᠤ ᠲᠤᠰᠬᠠᠶᠢᠵᠢᠭᠰᠡᠨ ᠬᠤᠷᠰᠢᠶᠠᠵᠢᠯ 3᠂ ᠲᠠᠪᠢᠨ ᠲᠤᠯᠤᠭᠠᠢ | ᠠᠴᠠ ᠲᠡᠭᠡᠭᠰᠢ ᠮᠢᠬᠠᠨ ᠤ ᠦᠭᠡᠷ ᠮᠠᠯᠵᠢᠬᠤ ᠭᠡᠷ ᠪᠦᠯᠢ ᠶᠢᠨ ᠮᠠᠯᠵᠢᠯ ᠤᠨ ᠲᠠᠯᠠᠪᠠᠢ 120 ᠪᠠᠶᠢᠭᠤᠯᠣᠨ᠎ᠠ᠃ ᠵᠢᠯ | ᠤᠨ ᠲᠣᠳᠣᠷ᠎ᠠ 6 ᠲᠦᠮᠡ ᠭᠠᠷᠣᠢ ᠲᠣᠭᠤᠯ ᠲᠣᠰᠬᠤ ᠪᠠᠷ ᠴᠢᠷᠮᠠᠶᠢᠨ᠂ 4 ᠲᠦᠮᠡᠨ ᠲᠤᠯᠤᠭᠠᠢ ᠠᠴᠠ ᠲᠡᠬᠡᠭᠰᠢ | ᠮᠢᠬᠠᠨ ᠤ ᠦᠭᠡᠷ ᠪᠤᠷᠤᠯᠠᠭᠤᠯᠤᠨ᠎ᠠ᠃ ᠭᠠᠵᠡᠷ ᠣᠷᠣᠨ ᠤ ᠰᠢᠯᠢᠳᠡᠭ ᠡᠬᠦᠯᠳᠡᠷ ᠤᠨ ᠬᠤᠨᠢ ᠰᠣᠩᠭᠤᠨ ᠪᠣᠶᠢᠵᠢᠭᠤᠯᠬᠤ | ᠠᠵᠢᠯ ᠢ ᠰᠠᠶᠢᠳᠣᠷ ᠠᠳᠬᠤᠵᠣ᠂ ᠮᠠᠯᠵᠢᠬᠤ ᠡᠷᠦᠭᠡ ᠶᠢᠨ ᠡᠪᠦᠯ ᠤᠨ ᠲᠦᠯ ᠲᠣᠰᠬᠤ ᠪᠠ ᠬᠠᠪᠣᠷ ᠡᠷᠳᠡ ᠶᠢᠨ ᠲᠦᠯ | ᠲᠣᠰᠬᠤ ᠶᠢ ᠵᠣᠷᠢᠭᠵᠢᠭᠤᠯᠣᠨ ᠲᠠᠮᠵᠢᠵᠣ᠂ ᠵᠢᠯ ᠤᠨ ᠲᠣᠳᠣᠷ᠎ᠠ 1.2 ᠲᠦᠮᠡᠨ ᠬᠤᠨᠢᠨ ᠳᠤ ᠭᠠᠷ ᠭᠡᠭᠡᠯᠳᠦᠬᠦᠯᠭᠡ | ᠬᠢᠵᠦ᠂ 1.8 ᠲᠦᠮᠡᠨ ᠬᠤᠴᠠ ᠳᠤ ᠬᠢᠨᠡᠨ ᠰᠢᠯᠭᠠᠷᠠᠭᠤᠯᠵᠤ᠂ 4500 ᠲᠤᠯᠤᠭᠠᠢ ᠬᠤᠴᠠ ᠶᠢ ᠰᠢᠭᠰᠢᠬᠦᠯᠵᠦ᠂ | 3000 ᠲᠤᠯᠤᠭᠠᠢ ᠪᠠᠷᠢᠮᠵᠢᠶᠠᠨ ᠳᠤ ᠬᠦᠷᠦᠭᠰᠡᠨ ᠬᠤᠴᠠ ᠶᠢ ᠦᠷᠡᠵᠢᠬᠦᠯᠦᠨ ᠪᠣᠶᠢᠵᠢᠭᠤᠯᠵᠣ᠂ ᠰᠢᠨ᠎ᠡ ᠪᠠᠷ 140 | ᠮᠠᠯᠵᠢᠯ ᠤᠨ ᠲᠣᠰᠬᠠᠶᠢᠵᠢᠭᠰᠠᠨ ᠡᠷᠦᠭᠡ᠂ ᠮᠢᠬᠠᠨ ᠤ ᠬᠤᠨᠢ ᠮᠠᠯᠵᠢᠬᠤ 30 ᠭᠡᠷ ᠪᠦᠯᠢ ᠶᠢᠨ ᠮᠠᠯᠵᠢᠯ ᠤᠨ ᠲᠠᠯᠠᠪᠠᠢ᠂ | ᠬᠤᠴᠠ ᠦᠷᠡᠵᠢᠬᠦᠯᠦᠨ ᠪᠣᠶᠢᠵᠢᠭᠤᠯᠬᠤ ᠡᠷᠦᠭᠡ 10 ᠶᠢ ᠪᠠᠶᠢᠭᠤᠯᠣᠨ᠂ ᠲᠣᠮᠳᠠ ᠬᠤᠶᠢᠳᠣ ᠪᠠᠶ᠎ᠠ ᠶᠢᠨ 5 ᠰᠣᠮᠣᠨ | ᠤ 10 ᠲᠦᠮᠡᠨ ᠬᠤᠷᠠᠭᠠᠨ ᠳᠤ ᠮᠦᠷᠳᠡᠵᠦ ᠪᠣᠯᠬᠤᠶᠢᠴᠠ ᠰᠢᠰᠲ᠋ᠧᠮ ᠤᠨ ᠡᠭᠡᠮᠦᠭ ᠵᠡᠬᠦᠯᠭᠡᠨᠡ᠃ ᠵᠢᠯ ᠤᠨ | ᠲᠣᠳᠣᠷ᠎ᠠ 90 ᠲᠦᠮᠡᠨ ᠲᠣᠯᠣᠭᠠᠢ ᠠᠴᠠ ᠲᠡᠭᠡᠭᠰᠢ ᠬᠤᠷᠠᠭ᠎ᠠ ᠲᠤᠰᠤᠨ᠎ᠠ᠃ ᠡᠬᠦᠨ ᠳᠤ᠂ ᠡᠪᠦᠯ ᠤᠨ ᠲᠦᠯ ᠪᠠ | ᠬᠠᠪᠣᠷ ᠤᠨ ᠡᠷᠳᠡ ᠶᠢᠨ ᠲᠦᠯ ᠢ 30 ᠲᠦᠮᠡᠨ ᠲᠤᠯᠤᠭᠠᠢ ᠳᠤ ᠬᠦᠷᠭᠡᠨ᠎ᠡ᠃ 100 ᠲᠦᠮᠡ ᠲᠤᠯᠤᠭᠠᠢ ᠣᠷᠴᠢᠮ | ᠮᠢᠬᠠᠨ ᠤ ᠬᠤᠨᠢ ᠪᠤᠷᠤᠯᠠᠭᠤᠯᠬᠤ ᠪᠠᠷ ᠴᠢᠷᠮᠠᠶᠢᠨ᠂ 30 ᠲᠦᠮᠡᠨ ᠲᠤᠯᠤᠭᠠᠢ ᠬᠤᠷᠠᠭ᠎ᠠ ᠳᠤ ᠪᠣᠷᠳᠤᠭ᠎ᠠ | ᠨᠦᠬᠦᠪᠦᠷᠢᠯᠡᠨ᠎ᠠ᠃ | ᠮᠠᠯ ᠠᠵᠣ ᠠᠬᠤᠢ ᠶᠢᠨ ᠠᠵᠣ ᠦᠢᠯᠡᠰᠵᠢᠯᠳᠠ ᠶᠢ ᠠᠬᠢᠭᠤᠯᠣᠨ᠎ᠠ᠃ ︽ᠮᠢᠬ᠎ᠠ ᠰᠦ ᠠᠳᠣᠭᠤ ᠡᠪᠡᠰᠦ︾ | ᠣᠨᠴᠠᠯᠢᠭᠳᠣ ᠠᠵᠣ ᠦᠢᠯᠡᠰ ᠢ ᠲᠡᠮᠵᠢᠬᠦ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠤᠨ᠂ ᠠᠵᠣ ᠦᠢᠯᠡᠰ ᠤᠨ | ᠲᠡᠰ ᠲᠡᠪᠰᠢᠬᠦ ᠶᠢ ᠢᠳᠡᠪᠬᠢᠳᠡᠢ ᠠᠬᠢᠭᠤᠯᠣᠨ᠎ᠠ᠃ ᠡᠷᠳᠡᠨᠢ᠂ ᠸᠧᠢ ᠶᠤᠸᠠᠨ᠂ ᠮᠧᠩ ᠴᠢᠶᠠᠩ ᠵᠡᠷᠭᠡ 3 ᠤᠯᠠᠭᠠᠨ | ᠢᠳᠡᠭᠡ ᠡᠳ᠋ᠰᠢᠬᠦᠯᠦᠨ ᠪᠣᠯᠪᠠᠰᠣᠷᠠᠭᠤᠯᠬᠤ ᠲᠦᠷᠦᠯ ᠵᠦᠢᠯ ᠪᠠ ᠪᠡᠬᠡᠵᠢᠩ ᠤᠨ ᠬᠦ᠋ ᠯᠠᠢ ᠹᠸᠡᠭ ᠲᠦᠮᠡᠨ ᠲᠤᠨ ᠤ | ᠤᠯᠠᠭᠠᠨ ᠢᠳᠡᠬᠡᠨ ᠬᠠᠳᠠᠭᠠᠯᠠᠬᠤ ᠬᠦᠮᠤᠷᠬᠡ ᠶᠢ ᠠᠰᠢᠭᠯᠠᠯᠳᠠ ᠳᠤ ᠤᠷᠤᠭᠤᠯᠤᠨ᠂ ᠵᠢᠯ ᠳᠤ ᠡᠳ᠋ᠰᠢᠬᠦᠯᠦᠨ | ᠪᠣᠯᠪᠠᠰᠣᠷᠠᠭᠤᠯᠬᠤ ᠴᠢᠳᠠᠪᠬᠢ ᠪᠠᠨ 90 ᠲᠦᠮᠡᠨ ᠬᠤᠨᠢᠴᠢᠯᠠᠭᠰᠠᠨ ᠨᠢᠭᠡᠴᠢ ᠨᠡᠮᠡᠭᠳᠡᠬᠦᠯᠵᠤ᠂ 150 ᠲᠦᠮᠡᠨ | ᠬᠤᠨᠢᠴᠢᠯᠠᠭᠰᠠᠨ ᠨᠢᠭᠡᠴᠢ ᠳᠤ ᠬᠦᠷᠭᠡᠨ᠎ᠡ︔ ︽ᠮᠠᠯᠴᠢᠳ ᠤᠨ ᠲᠣᠷᠠᠰᠣᠮᠵᠢ︾ ᠵᠡᠷᠭᠡ ᠴᠠᠭᠠᠨ ᠢᠳᠡᠭᠡ ᠡᠳ᠋ᠰᠢᠬᠦᠯᠤᠨ | ᠪᠣᠯᠪᠠᠰᠣᠷᠠᠭᠤᠯᠬᠤ ᠠᠵᠣ ᠠᠬᠤᠶᠢᠯᠠᠯ ᠤᠨ ᠦᠢᠯᠡᠳᠪᠦᠷᠢᠯᠡᠯ ᠢᠶᠠᠨ ᠬᠦᠭᠵᠢᠬᠦᠯᠬᠦ ᠶᠢ ᠢᠳᠡᠪᠬᠢᠳᠡᠢ ᠲᠡᠮᠵᠢᠵᠦ᠂ | ᠮᠠᠯᠴᠢᠳ ᠤᠨ ᠴᠡᠭᠠᠨ ᠢᠳᠡᠭᠡ ᠡᠳ᠋ᠰᠢᠬᠦᠯᠤᠨ ᠪᠣᠯᠪᠠᠰᠣᠷᠠᠭᠤᠯᠬᠤ ᠶᠢ ᠵᠣᠷᠢᠭᠵᠢᠭᠤᠯᠣᠨ᠂ ᠴᠠᠭᠠᠨ ᠢᠳᠡᠭᠡᠨ ᠤ | ᠪᠤᠷᠤᠯᠠᠭᠤᠯᠤᠯᠳᠠ ᠶᠢ 150 ᠲᠣᠨ ᠠᠴᠠ ᠲᠡᠭᠡᠭᠰᠢ ᠬᠦᠷᠭᠡᠨ᠎ᠡ︔ ᠣᠳᠣ ᠶᠢᠨ ᠪᠠᠶᠢᠭ᠎ᠠ ᠪᠠᠶᠢᠭᠠᠯᠢᠯᠢᠭ ᠬᠠᠳᠣᠯᠠᠩ | ᠤᠨ ᠲᠠᠯᠠᠪᠠᠢ ᠪᠠᠨ ᠵᠣᠬᠢᠰᠳᠠᠢ ᠦᠷᠭᠡᠳᠭᠡᠨ᠂ ᠵᠢᠯ ᠤᠨ ᠲᠣᠳᠣᠷ᠎ᠠ 2.5 ᠳ᠋ᠦᠩᠰᠢᠭᠤᠷ ᠺᠢᠯᠣᠭ᠍ᠷᠠᠮ ᠠᠴᠠ ᠲᠡᠭᠡᠭᠰᠢ | ᠡᠪᠡᠰᠦ ᠶᠢ ᠬᠠᠳᠣᠵᠣ ᠨᠦᠭᠡᠴᠡᠯᠡᠬᠦ ᠶᠢ ᠪᠠᠳᠣᠯᠠᠨ᠂ ᠮᠤ᠋ ᠸᠠᠩ ᠵᠢᠯ ᠳᠤ 4000 ᠲᠣᠨ ᠤ ᠬᠤᠯᠢᠮᠠᠭ ᠪᠣᠷᠳᠤᠭ᠎ᠠ | ᠦᠢᠯᠡᠳᠪᠤᠷᠢᠯᠡᠬᠦ ᠪᠠ ᠠᠮᠢᠯᠠ ᠵᠢᠯ ᠳᠤ 5000 ᠲᠤᠨ ᠪᠣᠳᠠ ᠪᠤᠷᠭᠠᠰᠤ ᠪᠠᠷ ᠪᠣᠷᠳᠤᠭ᠎ᠠ ᠡᠳ᠋ᠰᠢᠬᠦᠯᠤᠨ | ᠪᠣᠯᠪᠠᠰᠣᠷᠠᠭᠤᠯᠬᠤ ᠲᠦᠷᠦᠯ ᠵᠦᠢᠯ ᠢ ᠠᠰᠢᠭᠯᠠᠯᠳᠠ ᠳᠤ ᠣᠷᠣᠭᠤᠯᠣᠨ᠎ᠠ᠃ | ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠰᠠᠶᠢᠳᠣᠷ ᠠᠳᠬᠤᠵᠣ᠂ᠲᠣᠯᠭᠠᠭᠤᠷᠢᠯᠠᠬᠤ ᠴᠢᠳᠠᠪᠬᠢ ᠶᠢᠨ | ᠪᠠᠳᠣᠯᠠᠭ᠎ᠠ ᠶᠢ ᠴᠢᠩᠭᠠᠳᠬᠠᠨ᠎ᠠ᠃ ᠲᠠᠷᠢᠶᠠᠯᠠᠩ ᠤᠨ ᠨᠡᠭᠡᠭᠡᠯᠳᠡ᠂ ᠮᠠᠯᠵᠢᠬᠤ ᠣᠷᠣᠨ ᠤ ᠦᠭᠡᠷᠡᠴᠢᠯᠡᠯᠳᠡ ᠵᠡᠷᠭᠡ | ᠲᠦᠷᠦᠯ ᠵᠦᠢᠯ ᠢ ᠨᠢᠬᠡᠳᠬᠡᠨ᠂ ᠰᠢᠨ᠎ᠡ ᠪᠠᠷ 5.5 ᠲᠦᠮᠡᠨ ᠲᠡᠭᠰᠢ ᠲᠦᠷᠪᠡᠯᠵᠢᠨ ᠮᠧᠲᠷ ᠤᠨ ᠲᠣᠯᠠᠭᠠᠨ ᠫᠧᠩ᠂ 1. | 5 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦᠨ ᠫᠸᠡᠭ ᠪᠠᠶᠢᠭᠤᠯᠵᠣ᠂ 200 ᠰᠠᠤᠷᠢ ᠮᠠᠯ ᠠᠵᠣ ᠠᠬᠤᠢ | ᠶᠢᠨ ᠮᠠᠰᠢᠨ ᠮᠧᠬᠠᠨᠢᠭ ᠢ ᠬᠤᠳᠠᠯᠳᠤᠵᠤ ᠠᠪᠤᠨ᠎ᠠ᠃ 20 ᠭᠠᠴᠠᠭᠠᠨ ᠤ ᠬᠠᠮᠳᠣ ᠶᠢᠨ ᠠᠵᠣ ᠠᠬᠤᠢ ᠶᠢ ᠲᠠᠳᠬᠦᠨ | ᠲᠡᠮᠵᠢᠵᠦ ᠪᠣᠵᠠᠭᠠᠶᠢᠷᠠᠭᠤᠯᠣᠨ᠎ᠠ᠃ ᠮᠠᠯ ᠤᠨ ᠬᠢᠵᠢᠭ ᠬᠡᠮ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠬᠢᠵᠢᠭ ᠤᠨ | ᠲᠠᠷᠢᠯᠭ᠎ᠠ ᠲᠠᠷᠢᠭᠰᠠᠨ ᠨᠣᠷᠮ᠎ᠠ ᠶᠢ 100% ᠳᠤ ᠬᠦᠷᠭᠡᠬᠦ ᠶᠢ ᠪᠠᠳᠣᠯᠠᠨ᠎ᠠ᠃ ᠮᠠᠯ ᠤᠨ ᠲᠠᠭᠠᠳᠬᠠᠯ ᠢ ᠡᠷᠴᠢᠮᠳᠡᠢ | ᠠᠬᠢᠭᠤᠯᠣᠨ᠂ ᠪᠦᠬᠦ ᠬᠤᠰᠢᠭᠤᠨ ᠤ 80% ᠶᠢᠨ ᠬᠤᠨᠢ ᠶᠢ ᠴᠠᠭ ᠠᠭᠤᠷ ᠤᠨ ᠲᠠᠭᠠᠳᠬᠠᠯ ᠳᠤ ᠣᠷᠣᠭᠤᠯᠵᠣ᠂ | ᠮᠢᠬᠠᠨ ᠤ ᠦᠭᠡᠷ ᠤᠨ ᠡᠳ᠋ ᠬᠦᠷᠦᠩᠭᠡ ᠶᠢᠨ ᠲᠠᠭᠠᠳᠬᠠᠯ ᠤᠨ ᠠᠵᠢᠯ ᠢ ᠢᠳᠡᠪᠬᠢᠳᠡᠢ ᠠᠬᠢᠭᠤᠯᠣᠨ᠎ᠠ᠃ ᠡᠯᠧᠺᠲᠷᠣᠨ | ᠬᠤᠳᠠᠯᠳᠤᠭ᠎ᠠ ᠶᠢ ᠡᠷᠴᠢᠮᠳᠡᠢ ᠬᠦᠭᠵᠢᠬᠦᠯᠦᠨ᠂ ︽ᠰᠢᠯᠢ ᠶᠢᠨ ᠭᠤᠤᠯ ᠤᠨ ᠪᠠᠶᠢᠭᠠᠯᠢᠯᠢᠭ ᠬᠤᠨᠢᠨ ᠮᠢᠬᠠᠨ ᠤ | ᠪᠤᠷᠤᠯᠠᠭᠤᠯᠭ᠎ᠠ︾᠂ ︽ᠰᠢᠨ᠎ᠡ ᠲᠣᠷᠭᠠᠨ ᠵᠠᠮ︾ ᠵᠡᠷᠭᠡ ᠡᠯᠧᠺᠲᠷᠣᠨ ᠬᠤᠳᠠᠯᠳᠣᠭᠠᠨ ᠤ ᠠᠵᠣ ᠠᠬᠤᠶᠢᠯᠠᠯ ᠲᠠᠢ | ᠬᠠᠷᠢᠯᠴᠠᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠪᠣᠷᠣᠯᠠᠭᠤᠯᠭ᠎ᠠ ᠶᠢᠨ ᠬᠡᠪᠴᠢᠶ᠎ᠠ ᠦᠷᠬᠡᠳᠬᠡᠨ᠎ᠠ︔ | ᠵᠣᠬᠢᠶᠠᠨ ᠪᠠᠶᠢᠭᠤᠯᠵᠢᠭᠰᠠᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂ ᠮᠠᠯᠴᠢᠳ ᠤᠨ ᠬᠤᠷᠰᠢᠶᠡᠵᠢᠯ 15 ᠶᠢ | ᠲᠦᠷᠢᠮᠵᠢᠬᠦᠯᠵᠦ᠂ 47 ᠳᠤ ᠬᠦᠷᠭᠡᠨ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠬᠢ 7 ᠶᠢ | ᠵᠣᠬᠢᠶᠠᠨ ᠪᠠᠶᠢᠭᠤᠯᠵᠣ᠂ 28 ᠳᠤ ᠬᠦᠷᠭᠡᠨ᠎ᠡ᠃ ᠮᠠᠯ ᠠᠵᠣ ᠠᠬᠤᠢ ᠶᠢᠨ ᠮᠡᠷᠭᠡᠵᠢᠯ ᠤᠨ ᠪᠣᠯᠪᠠᠰᠣᠷᠠᠯ ᠢ | ᠴᠢᠩᠭᠠᠳᠬᠠᠨ᠂ 150 ᠰᠢᠨ᠎ᠡ ᠬᠡᠯᠪᠡᠷᠢ ᠶᠢᠨ ᠮᠠᠯᠴᠢᠳ ᠲᠤ ᠪᠤᠯᠪᠠᠰᠤᠷᠠᠯ ᠬᠦᠷᠳᠡᠬᠡᠵᠤ᠂ ᠡᠯ᠎ᠡ ᠲᠦᠷᠦᠯ ᠤᠨ | ᠵᠢᠱᠢᠶᠡᠴᠢ ᠲᠠᠭᠠᠭᠤᠯᠣᠭᠴᠢ 100 ᠨᠠᠷ᠎ᠡ ᠬᠦᠮᠤᠵᠢᠬᠦᠯᠤᠨ᠂ 1500 ᠬᠦᠮᠦᠨ ᠣᠳᠠᠭ᠎ᠠ ᠳᠤ ᠪᠤᠯᠪᠠᠰᠤᠷᠠᠯ | ᠬᠦᠷᠳᠡᠬᠡᠨ᠎ᠠ᠃ ᠡᠪᠡᠰᠦ ᠪᠣᠷᠳᠣᠭᠠᠨ ᠤ ᠠᠷᠠᠯᠵᠢᠶᠠᠨ ᠤ ᠵᠠᠬ᠎ᠠ ᠶᠢᠨ ᠪᠠᠶᠢᠭᠤᠯᠣᠯᠳᠠ ᠶᠢ ᠡᠷᠴᠢᠮᠳᠡᠢ ᠠᠬᠢᠭᠤᠯᠣᠨ᠂ | ᠵᠢᠯ ᠤᠨ ᠲᠤᠳᠤᠷ᠎ᠠ ᠰᠢᠨ᠎ᠡ ᠪᠠᠷ 4 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦ ᠪᠣᠷᠳᠣᠭᠠᠨ ᠤ ᠠᠷᠠᠯᠵᠢᠶᠠᠨ | ᠤ ᠵᠠᠬ᠎ᠠ 1 ᠪᠠᠶᠢᠭᠤᠯᠣᠨ᠎ᠠ᠃ ᠨᠡᠶᠢᠭᠡᠮ ᠠᠴᠠ ᠪᠡᠯᠡ ᠮᠦᠩᠬᠦ ᠬᠤᠷᠠᠮᠳᠤᠭᠤᠯᠵᠤ ᠠᠮᠢᠳᠤ ᠮᠠᠯ ᠤᠨ ᠠᠷᠠᠯᠵᠢᠶᠠᠨ ᠤ | ᠵᠠᠬ᠎ᠠ ᠪᠠᠶᠢᠭᠤᠯᠬᠤ ᠶᠢ ᠵᠣᠷᠢᠭᠵᠢᠭᠤᠯᠣᠨ ᠵᠢᠯᠣᠭᠤᠳᠴᠣ᠂ ᠮᠠᠯ ᠤᠨ ᠭᠠᠷᠭᠠᠯᠳᠠ ᠶᠢᠨ ᠵᠠᠮ ᠢ ᠰᠢᠯᠣᠭᠤᠳᠬᠠᠨ᠂ ᠮᠠᠯ | ᠤᠨ ᠭᠠᠷᠭᠠᠯᠳᠠ ᠶᠢ ᠠᠬᠢᠭᠤᠯᠤᠨ᠎ᠠ᠃ | ᠬᠤᠶᠠᠷ ᠲᠤ᠂ ᠡᠨᠧᠷᠬᠢ ᠶᠢᠨ ᠠᠵᠣ ᠦᠢᠯᠡᠰ ᠤᠨ ᠬᠦᠭᠵᠢᠯᠳᠡ ᠶᠢ ᠬᠦᠴᠦᠯᠡᠨ ᠠᠬᠢᠭᠤᠯᠣᠨ᠎ᠠ᠃ ᠮᠢᠩᠭᠠᠨ ᠲᠦᠮᠡᠨ | ᠺᠢᠯᠣᠸᠠᠲ ᠤᠨ ᠲᠡᠰ ᠤᠨ ᠴᠡᠪᠡᠷ ᠡᠨᠧᠷᠬᠢ ᠭᠠᠳᠠᠭᠰᠢ ᠲᠠᠮᠵᠢᠭᠤᠯᠬᠤ ᠰᠠᠭᠤᠷᠢᠨ ᠭᠠᠵᠠᠷ ᠢ ᠪᠠᠶᠢᠭᠤᠯᠬᠤ ᠪᠠᠷ | ᠬᠠᠷᠠᠯᠳᠠ ᠪᠣᠯᠭᠠᠨ᠂ ᠠᠶᠢᠮᠠᠭ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠪᠠᠶᠢᠭᠤᠯᠬᠤ ᠲᠦᠷᠦᠯ ᠵᠦᠢᠯ ᠢ | ᠡᠬᠢᠯᠡᠬᠦᠯᠬᠦ ᠪᠠᠷ ᠪᠠᠶᠢᠭ᠎ᠠ ᠠᠰᠢᠭᠳᠠᠢ ᠲᠣᠬᠢᠶᠠᠯ ᠢ ᠡᠵᠡᠮᠳᠡᠨ᠂ ᠰᠢᠨ᠎ᠡ ᠡᠨᠧᠷᠬᠢ ᠶᠢᠨ ᠲᠦᠷᠦᠯ ᠵᠦᠢᠯ ᠢ ᠢᠳᠡᠪᠬᠢᠳᠡᠢ | ᠡᠷᠡᠮᠡᠯᠵᠠᠯᠡᠨ᠂ ᠠᠵᠣ ᠠᠬᠤᠶᠢᠯᠠᠯ ᠤᠨ ᠭᠠᠷᠳᠠᠮ ᠬᠦᠢᠴᠡᠳᠭᠡᠬᠦ ᠳᠤ ᠲᠣᠰᠠᠯᠠᠨ ᠲᠠᠮᠵᠢᠵᠦ᠂ ᠲᠦᠷᠦᠯ ᠵᠦᠢᠯ ᠢ ᠪᠦᠬᠦ | ᠲᠠᠯ᠎ᠠ ᠪᠠᠷ ᠠᠵᠢᠯ ᠡᠬᠢᠯᠡᠬᠦᠯᠬᠦ ᠶᠢ ᠠᠬᠢᠭᠤᠯᠤᠨ᠎ᠠ᠃ ᠵᠢᠯ ᠤᠨ ᠲᠤᠳᠤᠷ᠎ᠠ ᠴᠠᠭᠠᠨᠨᠠᠭᠤᠷ ᠨᠡᠬᠦᠷᠡᠰᠦ ᠴᠠᠬᠢᠯᠭᠠᠨ ᠢ ᠨᠢᠭᠡ | ᠴᠣᠭᠴᠠᠵᠢᠭᠤᠯᠣᠭᠰᠠᠨ ᠲᠦᠷᠦᠯ ᠵᠦᠢᠯ ᠤᠨ ᠹᠧᠩ ᠹᠧᠩ ᠪᠦᠯᠦᠭᠯᠡᠯ ᠤᠨ ᠵᠢᠯ ᠳᠤ 500 ᠲᠦᠮᠡᠨ ᠲᠣᠨ ᠨᠡᠬᠦᠷᠡᠰᠦ | ᠪᠣᠯᠪᠠᠰᠣᠷᠠᠭᠤᠯᠬᠤ ᠠᠭᠤᠷᠬᠠᠢ ᠶᠢ ᠬᠢᠨᠡᠨ ᠵᠦᠪᠰᠢᠶᠠᠷᠡᠬᠦᠯᠵᠤ ᠪᠠᠷᠢᠯᠭ᠎ᠠ ᠡᠬᠢᠯᠡᠬᠦᠯᠦᠨ᠂ 2×66 ᠲᠦᠮᠡᠨ | ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠪᠠᠷᠢᠯᠭ᠎ᠠ ᠡᠬᠢᠯᠡᠬᠦᠯᠬᠦ ᠶᠢ ᠢᠳᠡᠪᠬᠢᠳᠡᠢ ᠠᠬᠢᠭᠤᠯᠣᠨ᠎ᠠ︔ ᠱᠠᠩᠬᠠᠢ | ᠶᠢᠨ ᠰᠧ ᠨᠧᠩ ᠤᠨ 30 ᠲᠦᠮᠡᠨ ᠺᠢᠯᠣᠸᠠᠲ᠂ ᠲᠣᠮᠳᠠᠳᠣ ᠣᠯᠣᠰ ᠤᠨ ᠴᠠᠬᠢᠯᠭᠠᠨ ᠤ ᠪᠡᠯᠡ ᠣᠷᠣᠭᠤᠯᠣᠯᠳᠠ ᠶᠢᠨ | ᠺᠣᠮᠫᠠᠨᠢ ᠶᠢᠨ 40 ᠲᠦᠮᠡᠨ ᠺᠢᠯᠣᠸᠠᠲ᠂ ᠲᠣᠮᠳᠠᠳᠣ ᠣᠯᠣᠰ ᠤᠨ ᠡᠨᠧᠷᠬᠢ ᠶᠢᠨ ᠪᠦᠳᠦᠭᠡᠨ ᠪᠠᠶᠢᠭᠤᠯᠣᠯᠳᠠ ᠶᠢᠨ | ᠺᠣᠮᠫᠠᠨᠢ ᠶᠢᠨ 40 ᠲᠦᠮᠡᠨ ᠺᠢᠯᠣᠸᠠᠲ᠂ ᠬᠤᠸᠠ ᠨᠧᠩ 35 ᠲᠦᠮᠡᠨ ᠺᠢᠯᠣᠸᠠᠲ ᠤᠨ 4 ᠰᠠᠯᠬᠢᠨ ᠴᠠᠬᠢᠯᠭᠠᠨ ᠤ | ᠲᠦᠷᠦᠯ ᠵᠦᠢᠯ ᠢ 5 ᠰᠠᠷ᠎ᠠ ᠳᠤ ᠪᠠᠷᠢᠯᠭ᠎ᠠ ᠡᠬᠢᠯᠡᠬᠦᠯᠵᠦ᠂ ᠷᠥᠩ ᠹᠧᠩ ᠬᠦᠢᠳᠡᠨᠰᠢᠯᠢ ᠶᠢᠨ 4.95 ᠲᠦᠮᠡᠨ | ᠺᠢᠯᠣᠸᠠᠲ ᠤᠨ ᠰᠠᠯᠬᠢᠨ ᠴᠠᠬᠢᠯᠭᠠᠨ ᠤ ᠲᠦᠷᠦᠯ ᠢ ᠲᠡᠭᠡᠷ᠎ᠡ ᠬᠠᠭᠠᠰ ᠵᠢᠯ ᠳᠤ ᠴᠠᠬᠢᠯᠭᠠᠨ ᠲᠣᠣᠷ ᠲᠤ ᠣᠷᠣᠭᠤᠯᠣᠨ | ᠴᠠᠬᠢᠯᠭᠠᠨ ᠬᠠᠩᠭᠠᠵᠤ᠂ ᠪᠦᠬᠦ ᠬᠤᠰᠢᠭᠤᠨ ᠤ ᠰᠠᠯᠬᠢᠨ ᠴᠠᠬᠢᠯᠭᠠᠨ ᠢ ᠴᠠᠬᠢᠯᠭᠠᠨ ᠲᠣᠣᠷ ᠲᠤ ᠨᠡᠪᠳᠡᠷᠡᠬᠦᠯᠬᠦ | ᠬᠡᠪᠴᠢᠶ᠎ᠡ ᠶᠢ 85 ᠲᠦᠮᠡᠨ ᠺᠢᠯᠣᠸᠠᠲ ᠲᠤ ᠬᠦᠷᠭᠡᠵᠦ᠂ ᠴᠠᠬᠢᠯᠭᠠᠨ ᠬᠠᠩᠭᠠᠬᠤ ᠬᠡᠮᠵᠢᠶ᠎ᠡ ᠶᠢ 21.3 ᠳ᠋ᠦᠩᠰᠢᠭᠤᠷ | ᠭᠷᠠᠳᠦ᠋ᠰ ᠲᠤ ᠬᠦᠷᠭᠡᠨ᠎ᠡ᠃ ᠡᠷᠢᠶᠡᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ 15 ᠲᠦᠮᠡᠨ | ᠺᠢᠯᠣᠸᠣᠯᠲ ᠤᠨ ᠲᠦᠷᠦᠯ ᠵᠦᠢᠯ ᠢ ᠲᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠦᠨ᠎ᠡ᠃ | ᠭᠤᠷᠪᠠ ᠳᠤ᠂ ᠠᠭᠤᠷᠬᠠᠢ ᠶᠢᠨ ᠬᠦᠳᠡᠷ ᠰᠢᠯᠢᠬᠦ ᠠᠵᠣ ᠦᠢᠯᠡᠰ ᠤᠨ ᠬᠦᠭᠵᠢᠯᠳᠡ ᠶᠢ ᠠᠬᠢᠭᠤᠯᠣᠨ᠎ᠠ᠃ ᠪᠦᠬᠦ | ᠠᠶᠢᠮᠠᠭ ᠤᠨ ᠲᠡᠮᠦᠷᠯᠢᠭ ᠤᠨ ᠬᠦᠳᠡᠷ ᠰᠢᠯᠢᠵᠦ ᠨᠠᠷᠢᠯᠢᠭ ᠡᠳ᠋ᠰᠢᠬᠦᠯᠬᠦ ᠰᠠᠭᠤᠷᠢᠨ ᠭᠠᠵᠠᠷ ᠢ ᠪᠠᠶᠢᠭᠤᠯᠬᠤ ᠠᠵᠢᠯ ᠤᠨ | ᠲᠣᠭᠤᠷᠢᠨ ᠳᠤ᠂ ᠦᠨᠳᠦᠷ ᠪᠠᠷᠢᠮᠵᠢᠶ᠎ᠠ ᠱᠠᠭᠠᠷᠳᠠᠯᠭ᠎ᠠ ᠪᠠᠷ ᠭᠤᠷᠴᠢ ᠶᠢᠨ ᠡᠳᠦᠷ ᠲᠤ 2000 ᠲᠣᠨ ᠮᠦᠩᠬᠦ ᠴᠠᠶᠢᠷ | ᠲᠣᠭᠤᠯᠭ᠎ᠠ ᠶᠢᠨ ᠠᠭᠤᠷᠬᠠᠢ ᠶᠢᠨ ᠬᠦᠳᠡᠷ ᠰᠢᠯᠢᠬᠦ ᠲᠦᠷᠥᠯ ᠵᠥᠢᠯ ᠤᠨ ᠪᠠᠶᠢᠭᠤᠯᠣᠯᠳᠠ ᠶᠢ ᠠᠬᠢᠭᠤᠯᠵᠣ᠂ ᠲᠡᠬᠡᠷ᠎ᠠ | ᠬᠠᠭᠠᠰ ᠵᠢᠯ ᠳᠤ ᠬᠢᠨᠠᠨ ᠵᠦᠪᠰᠢᠶᠡᠷᠡᠬᠦᠯᠵᠦ ᠪᠠᠷᠢᠯᠭ᠎ᠠ ᠡᠬᠢᠯᠡᠬᠦᠯᠤᠨ᠂ ᠵᠢᠯ ᠤᠨ ᠲᠤᠳᠤᠷ᠎ᠠ ᠠᠰᠢᠭᠯᠠᠯᠳᠠ ᠳᠤ | ᠤᠷᠤᠭᠤᠯᠤᠨ᠎ᠠ᠃ ᠬᠠᠳᠠᠳᠣ ᠤᠯᠠᠨ ᠵᠥᠢᠯ ᠤᠨ ᠲᠡᠮᠦᠷᠯᠢᠭ ᠤᠨ ᠠᠭᠤᠷᠬᠠᠢ ᠶᠢᠨ ᠲᠦᠷᠦᠯ ᠵᠦᠢᠯ ᠢ ᠡᠬᠢᠯᠡᠬᠦᠯᠵᠦ᠂ | 5 ᠰᠠᠷ᠎ᠠ ᠳᠤ ᠠᠭᠤᠷᠬᠠᠢ ᠬᠠᠶᠢᠬᠤ ᠪᠠ ᠦᠢᠯᠡᠳᠪᠦᠷᠢ ᠶᠢᠨ ᠭᠠᠵᠠᠷ ᠢ ᠦᠭᠡᠷᠡᠴᠢᠯᠡᠨ ᠪᠠᠶᠢᠭᠤᠯᠬᠤ ᠠᠵᠢᠯ ᠢ | ᠦᠷᠨᠢᠬᠦᠯᠦᠨ᠂ ᠵᠢᠯ ᠤᠨ ᠲᠣᠳᠣᠷ᠎ᠠ ᠠᠰᠢᠭᠯᠠᠯᠳᠠ ᠳᠤ ᠣᠷᠣᠭᠤᠯᠣᠨ᠎ᠠ᠃ ᠠᠵᠣ ᠠᠬᠤᠶᠢᠯᠠᠯ ᠤᠨ ᠪᠣᠳᠠᠳᠠᠢ | ᠬᠦᠴᠢᠷᠳᠡᠯ ᠢ ᠢᠳᠡᠪᠬᠢᠳᠡᠢ ᠰᠢᠢᠳᠪᠦᠷᠢᠯᠡᠵᠦ᠂ ᠶᠢᠨ ᠳ᠋ᠢ ᠵᠠᠰ ᠮᠣᠯᠢᠹᠳᠧᠨ ᠤ ᠠᠭᠤᠷᠬᠠᠢ ᠶᠢᠨ ᠲᠣᠭᠳᠠᠭᠤᠨ | ᠡᠵᠡᠩᠨᠡᠯᠳᠡ ᠶᠢ ᠪᠠᠳᠣᠯᠠᠵᠣ᠂ 2500 ᠲᠣᠨ ᠵᠠᠰ ᠮᠣᠯᠢᠹᠳᠧᠨ ᠪᠤᠯᠪᠠᠰᠤᠷᠠᠭᠤᠯᠤᠨ᠎ᠠ︔ ᠪᠦᠬᠦ ᠬᠤᠰᠢᠭᠤᠨ ᠤ | ᠦᠩᠬᠡᠳᠤ ᠲᠠᠮᠦᠷᠯᠢᠭ ᠰᠢᠯᠢᠵᠤ ᠪᠤᠯᠪᠠᠰᠤᠷᠠᠭᠤᠯᠬᠤ ᠬᠡᠮᠵᠢᠶ᠎ᠠ ᠶᠢ ᠡᠳᠤᠷ ᠲᠤ 1.3 ᠲᠦᠮᠡᠨ ᠲᠤᠨ ᠳᠤ ᠬᠦᠷᠬᠡᠵᠤ᠂ | ᠯᠥᠩ ᠰᠢᠩ ᠬᠠᠶᠢᠯᠣᠭᠤᠷ ᠵᠣᠩᠰᠢ ᠶᠢᠨ ᠠᠭᠤᠷᠠᠬᠠᠢ ᠶᠢ ᠦᠭᠡᠷᠡᠴᠢᠯᠡᠨ ᠲᠡᠰ ᠲᠡᠪᠰᠢᠬᠦᠯᠬᠦ ᠠᠵᠢᠯ ᠢ ᠠᠬᠢᠭᠤᠯᠣᠨ᠂ | ᠵᠢᠯ ᠳᠤ 3 ᠲᠦᠮᠡᠨ ᠲᠣᠨ ᠪᠣᠯᠪᠠᠰᠣᠷᠠᠭᠤᠯᠬᠤ ᠬᠡᠪᠴᠢᠶ᠎ᠡ ᠲᠠᠢ ᠪᠣᠯᠭᠠᠨ᠎ᠠ᠃ | ᠲᠦᠷᠪᠡ ᠳᠤ᠂ ᠰᠢᠨ᠎ᠡ ᠠᠵᠣ ᠦᠢᠯᠡᠰ ᠤᠨ ᠬᠦᠭᠵᠢᠯᠳᠡ ᠶᠢ ᠢᠳᠡᠪᠬᠢᠳᠡᠢ ᠠᠬᠢᠭᠤᠯᠣᠨ᠎ᠠ᠃ ᠰᠢᠨ᠎ᠡ ᠮᠠᠲ᠋ᠧᠷᠢᠶᠠᠯ ᠤᠨ | ᠠᠵᠣ ᠦᠢᠯᠡᠰ ᠤᠨ ᠬᠦᠭᠵᠢᠯᠳᠡ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠣ᠂ ᠵᠢᠢ ᠳ᠋ᠦᠩ ᠱᠦᠢᠨᠢ ᠶᠢᠨ ᠵᠢᠯ | ᠳᠤ 100 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠬᠡᠯᠪᠡᠷᠢ ᠶᠢᠨ ᠬᠠᠨ᠎ᠠ ᠶᠢᠨ ᠮᠠᠲ᠋ᠧᠷᠢᠶᠠᠯ ᠦᠢᠯᠡᠳᠪᠦᠷᠢᠯᠡᠬᠦ | ᠲᠦᠷᠦᠯ ᠵᠦᠢᠯ ᠢ 4 ᠰᠠᠷ᠎ᠠ ᠳᠤ ᠪᠠᠷᠢᠯᠭ᠎ᠠ ᠡᠬᠢᠯᠡᠬᠦᠯᠵᠤ᠂ ᠵᠢᠯ ᠤᠨ ᠲᠣᠳᠣᠷ᠎ᠠ ᠠᠰᠢᠭᠯᠠᠯᠳᠠ ᠳᠤ ᠣᠷᠣᠭᠤᠯᠣᠨ᠎ᠠ︔ | ᠮᠣᠩᠭᠤᠯ ᠡᠮ ᠡᠮᠨᠡᠯᠭᠡ ᠶᠢᠨ ᠠᠵᠣ ᠦᠢᠯᠡᠰ ᠢ ᠢᠳᠡᠪᠬᠢᠳᠡᠢ ᠠᠬᠢᠭᠤᠯᠵᠣ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ᠮᠣᠩᠭᠤᠯ ᠡᠮ ᠨᠠᠶᠢᠷᠠᠬᠤ ᠲᠠᠰᠤᠭ ᠤᠨ ᠲᠣᠨᠤᠭ ᠲᠦᠬᠦᠭᠡᠷᠦᠮᠵᠢ ᠣᠭᠰᠠᠷᠠᠨ ᠲᠠᠭᠠᠷᠠᠭᠤᠯᠬᠤ ᠠᠵᠢᠯ ᠢ ᠪᠠᠶᠠᠯᠠᠬᠦᠯᠵᠤ᠂ | ᠵᠢᠯ ᠤᠨ ᠲᠣᠳᠣᠷ᠎ᠠ ᠮᠣᠩᠭᠤᠯ ᠡᠮ ᠨᠠᠶᠢᠷᠠᠵᠣ ᠦᠢᠯᠡᠳᠪᠦᠷᠢᠯᠡᠬᠦ ᠠᠵᠢᠯ ᠢ ᠡᠬᠢᠯᠡᠬᠦᠯᠦᠨ᠎ᠡ︔ ᠠᠮᠢᠳᠣ ᠪᠣᠳᠠᠰ ᠤᠨ | ᠰᠢᠨᠵᠢᠯᠡᠭᠡ ᠮᠡᠷᠭᠡᠵᠢᠯ ᠤᠨ ᠠᠵᠣ ᠦᠢᠯᠡᠰ ᠤᠨ ᠬᠦᠭᠵᠢᠯᠳᠡ ᠶᠢ ᠠᠬᠢᠭᠤᠯᠵᠣ᠂ ᠠᠪᠠᠭ᠎ᠠ ᠬᠠᠷ᠎ᠠ ᠠᠳᠣᠭᠤ ᠠᠷᠠᠴᠢᠯᠠᠨ | ᠲᠡᠵᠢᠭᠡᠬᠦ ᠲᠣᠰᠬᠠᠶᠢᠵᠢᠭᠰᠠᠨ ᠡᠷᠦᠭᠡ ᠶᠢ ᠲᠡᠮᠵᠢᠬᠦ ᠡᠷᠴᠢᠮ ᠢᠶᠠᠨ ᠦᠷᠬᠦᠯᠵᠢᠯᠡᠨ ᠴᠢᠩᠭᠠᠳᠬᠠᠨ᠂ ᠨᠡᠶᠢᠳᠡ 1 | ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠬᠤ ᠵᠢᠶᠧ ᠰᠢᠶᠠᠩ ᠠᠳᠣᠭᠤᠨ ᠤ ᠦᠢᠯᠡᠰ ᠤᠨ ᠲᠦᠷᠦᠯ ᠵᠦᠢᠯ ᠢ | ᠬᠦᠴᠦᠯᠡᠨ ᠠᠬᠢᠭᠤᠯᠵᠣ᠂ ᠢᠳᠡᠷ ᠢᠳᠡᠭᠡᠨ ᠤ ᠺᠣᠮᠫᠠᠨᠢ ᠶᠢᠨ ᠦᠢᠯᠡᠳᠪᠦᠷᠢᠯᠡᠯ ᠤᠨ ᠱᠣᠭᠤᠮ ᠢ ᠦᠭᠡᠷᠡᠴᠢᠯᠡᠨ | ᠰᠠᠶᠢᠵᠢᠷᠠᠭᠤᠯᠵᠣ᠂ ᠵᠣᠣ ᠹᠦ᠋ ᠠᠷᠠᠯᠵᠢᠶᠠᠨ ᠤ ᠬᠢᠵᠠᠭᠠᠷᠳᠣ ᠺᠣᠮᠫᠠᠨᠢ ᠶᠢᠨ ᠵᠢᠯ ᠳᠤ 200 ᠲᠣᠨ ᠴᠡᠭᠡ ᠢᠰᠭᠡᠬᠦ | ᠦᠢᠯᠡᠳᠪᠦᠷᠢᠯᠡᠯ ᠢ ᠡᠬᠢᠯᠡᠬᠦᠯᠦᠨ᠂ 3 ᠲᠦᠮᠡ ᠣᠷᠴᠢᠮ ᠠᠳᠣᠭᠤ ᠠᠷᠠᠴᠢᠯᠠᠨ ᠲᠡᠵᠢᠭᠡᠬᠦ ᠶᠢ ᠪᠠᠳᠤᠯᠠᠵᠤ᠂ 300 | ᠲᠣᠨ ᠠᠴᠠ ᠲᠡᠭᠡᠭᠰᠢ ᠴᠡᠭᠡ ᠢᠰᠭᠡᠵᠦ ᠪᠤᠷᠤᠯᠠᠭᠤᠯᠤᠨ᠂ ᠬᠡᠬᠦᠦ ᠶᠢᠨ ᠰᠦ ᠶᠢᠨ ᠪᠦᠳᠤᠬᠡᠭᠳᠡᠬᠦᠨ ᠢ 5 ᠲᠤᠨ ᠳᠤ | ᠬᠦᠷᠬᠡᠨ᠎ᠠ︔ ᠬᠤᠷᠸ᠎ᠠ ᠲᠤᠭ᠎ᠠ ᠡᠵᠡᠮᠰᠢᠯ ᠤᠨ ᠠᠵᠣ ᠦᠢᠯᠡᠰ ᠤᠨ ᠬᠦᠭᠵᠢᠯᠳᠡ ᠶᠢ ᠬᠦᠴᠦᠯᠡᠨ ᠠᠬᠢᠭᠤᠯᠵᠣ᠂ ︽ | ᠣᠶᠣᠨᠳᠣ ᠠᠪᠠᠭ᠎ᠠ︾ ᠶᠢᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠡᠬᠢᠯᠡᠬᠦᠯᠦᠨ᠎ᠡ᠃ | ᠲᠠᠪᠤ ᠳᠤ᠂ ᠰᠤᠶᠤᠯ ᠵᠤᠭᠠᠴᠠᠯ ᠤᠨ ᠠᠵᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ︽ᠠᠪᠠᠭ᠎ᠠ ᠬᠤᠰᠢᠭᠤᠨ | ᠤ ᠪᠦᠬᠦ ᠤᠷᠤᠨ ᠵᠠᠢ ᠶᠢᠨ ᠵᠤᠭᠠᠴᠠᠯ ᠤᠨ ᠬᠦᠭᠵᠢᠯᠳᠠ ᠶᠢᠨ ᠲᠦᠯᠤᠪᠵᠢᠬᠦᠯᠬᠡ︾ ᠶᠢ ᠨᠠᠶᠢᠷᠠᠭᠤᠯᠤᠨ ᠲᠤᠭᠳᠠᠭᠠᠵᠤ᠂ | 80 ᠺᠢᠯᠣᠮᠧᠲᠷ ᠤᠨ ᠬᠤᠩᠭᠤᠷᠭᠤᠣᠯ ᠤᠨ ᠵᠣᠭᠠᠴᠠᠯ ᠤᠨ ᠵᠠᠰᠠᠮᠠᠯ ᠵᠠᠮ ᠤᠨ ᠪᠠᠶᠢᠭᠤᠯᠣᠯᠳᠠ ᠶᠢᠨ ᠲᠦᠷᠦᠯ ᠵᠦᠢᠯ ᠢ | ᠡᠬᠢᠯᠡᠬᠦᠯᠦᠨ᠂ 3000 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠴᠠᠭᠠᠡᠪᠤᠯᠠᠭ᠂ ᠤᠯᠢᠶᠠᠰᠤᠳᠡᠢ ᠶᠢᠨ | ᠦᠵᠡᠮᠵᠢ ᠶᠢᠨ ᠤᠷᠤᠨ ᠤ ᠬᠦᠯᠢᠶᠠᠨ ᠵᠤᠴᠢᠯᠠᠬᠤ ᠲᠢᠩᠬᠢᠮ ᠤᠨ ᠪᠠᠶᠢᠭᠤᠯᠤᠯᠳᠠ ᠶᠢ ᠲᠠᠭᠤᠰᠬᠠᠵᠤ᠂ 8 ᠵᠤᠷᠯᠦᠩ | ᠪᠠᠷᠢᠵᠤ᠂ 10 ᠡᠷᠤᠬᠡ ︽ᠠᠪᠠᠭ᠎ᠠ ᠠᠶᠢᠯ︾ ᠢ ᠵᠤᠭᠠᠴᠠᠯ ᠤᠨ ᠡᠷᠤᠬᠡ ᠶᠢ ᠦᠪᠡᠷᠳᠡᠬᠡᠨ ᠵᠠᠰᠠᠬᠤ ᠤᠷᠤᠨ ᠤ | ᠤᠳᠤᠨ ᠲᠡᠰ ᠤᠨ ᠬᠦᠳᠡᠭᠡ ᠲᠤᠰᠬᠤᠨ ᠤ ᠬᠦᠯᠢᠶᠠᠨ ᠵᠤᠴᠢᠯᠠᠬᠤ ᠡᠷᠤᠬᠡ ᠪᠤᠯᠭᠠᠵᠤ᠂ ᠨᠠᠶᠢᠳᠠ 11 ᠳ᠋ᠦᠩᠰᠢᠭᠤᠷ | ᠲᠦᠬᠦᠷᠢᠭ ᠤᠨ ᠪᠠᠯᠠ ᠤᠷᠤᠭᠤᠯᠤᠨ᠂ ᠬᠡᠷ ᠪᠦᠯᠢ ᠶᠢᠨ ᠵᠤᠭᠠᠴᠠᠯ ᠤᠨ ᠬᠦᠯᠢᠶᠠᠨ ᠵᠤᠴᠢᠯᠠᠬᠤ ᠭᠠᠵᠡᠷ᠂ ᠶᠤᠸᠠᠨ ᠤ | ᠲᠡᠬᠡᠳᠤ ᠨᠠᠶᠢᠰᠯᠠᠯ ᠠᠴᠠ ᠴᠢᠩᠬᠢᠰ ᠪᠤᠭᠳᠠ ᠠᠭᠤᠯᠠ ᠬᠦᠷᠳᠡᠯᠡᠬᠢ ᠵᠤᠭᠠᠴᠠᠯ ᠵᠢᠴᠢ ᠬᠠᠷ᠎ᠠ ᠠᠳᠤᠭᠤᠨ ᠰᠤᠶᠤᠯ ᠤᠨ | ᠵᠤᠭᠠᠴᠠᠯ᠂ ᠳ᠋ᠠᠢ ᠯᠠᠮᠠ ᠶᠢᠨ ᠰᠦᠮ᠎ᠠ ᠶᠢᠨ ᠬᠤᠪᠢᠰᠬᠠᠯ ᠤᠨ ᠰᠠᠭᠤᠷᠢᠨ ᠭᠠᠵᠡᠷ ᠤᠨ ᠵᠤᠭᠠᠴᠠᠯ᠂ ᠴᠠᠭᠠᠡᠨᠠᠭᠤᠷ ᠤᠨ | ᠦᠵᠡᠮᠵᠢ ᠶᠢᠨ ᠲᠤᠭᠤᠷᠢᠭ ᠤᠨ ᠵᠤᠭᠠᠴᠠᠯ ᠵᠡᠷᠬᠡ ᠲᠦᠷᠥᠯ ᠵᠥᠢᠯ ᠤᠨ ᠪᠠᠷᠢᠯᠭ᠎ᠠ ᠢ ᠡᠬᠢᠯᠡᠬᠦᠯᠬᠦ ᠪᠠᠷ ᠴᠢᠷᠮᠠᠶᠢᠨ᠎ᠠ᠃ | ︽ᠬᠠᠷ᠎ᠠ ᠠᠳᠤᠭᠤᠨ ᠰᠤᠶᠤᠯ᠂ ᠪᠤᠭᠳᠠ ᠠᠭᠤᠯᠠ ᠶᠢᠨ ᠲᠠᠬᠢᠯᠭ᠎ᠠ᠂ ᠴᠡᠭᠡ ᠶᠢᠨ ᠰᠤᠶᠤᠯ᠂ ᠴᠤᠭᠤᠷ ᠲᠠᠭᠤᠤ᠂ | ᠤᠪᠤᠭᠠᠨ ᠲᠠᠬᠢᠯᠭ᠎ᠠ᠂ ᠠᠷᠡᠳ ᠤᠨ ᠵᠠᠩ ᠦᠢᠯᠡ︾ ᠵᠡᠷᠬᠡ ᠰᠤᠶᠤᠯ ᠵᠤᠭᠠᠴᠠᠯ ᠤᠨ ᠠᠵᠢᠯᠯᠠᠭᠠᠨ ᠤ ᠠᠭᠤᠯᠭ᠎ᠠ ᠶᠢ | ᠤᠯᠠᠮ ᠪᠠᠶᠠᠯᠢᠭᠵᠢᠭᠤᠯᠤᠨ᠂ ︽ᠬᠠᠷ᠎ᠠ ᠠᠳᠤᠭᠤᠨ ᠰᠤᠶᠤᠯ ᠤᠨ ᠨᠠᠶᠢᠷ︾᠂ ᠠᠪᠠᠭ᠎ᠠ ᠶᠢᠨ ᠲᠠᠯ᠎ᠠ ᠨᠤᠳᠤᠭ ᠤᠨ | ᠲᠠᠭᠤᠤ ᠬᠦᠭᠵᠢᠮ ᠤᠨ ᠨᠠᠶᠢᠷ᠂ ᠴᠢᠩᠬᠢᠰ ᠪᠤᠭᠳᠠ ᠠᠭᠤᠯᠠ ᠶᠢᠨ ᠲᠠᠬᠢᠯᠭ᠎ᠠ᠂ ᠪᠡᠯᠬᠦᠳᠡᠢ ᠶᠢᠨ ᠲᠠᠬᠢᠯᠭ᠎ᠠ᠂ | ᠴᠠᠭᠠᠡᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ ᠨᠠᠶᠢᠷ ᠵᠡᠷᠬᠡ ᠨᠠᠷᠡᠳᠤ ᠲᠡᠮᠳᠡᠭ ᠤᠳ ᠢ ᠴᠢᠷᠮᠠᠶᠢᠨ | ᠤᠬᠠᠭᠤᠯᠤᠨ᠎ᠠ᠃ ᠠᠪᠠᠭ᠎ᠠ ᠬᠠᠴᠢᠨ ᠴᠢᠯᠠᠭᠤ᠂ ᠠᠪᠠᠭ᠎ᠠ ᠬᠤᠪᠴᠠᠰᠤ ᠵᠠᠰᠠᠯ᠂ ᠠᠪᠠᠭ᠎ᠠ ᠴᠡᠭᠡ᠂ ᠦᠡᠳᠤᠰᠤᠳᠠᠨ ᠤ | ᠭᠠᠷ ᠤᠷᠠᠯᠠᠯ ᠵᠡᠷᠬᠡ ᠪᠦᠳᠤᠬᠡᠭᠳᠡᠬᠦᠨ ᠢ ᠢᠳᠡᠪᠬᠢᠳᠡᠢ ᠨᠡᠭᠡᠭᠡᠨ ᠬᠦᠭᠵᠢᠬᠦᠯᠵᠤ᠂ 120 ᠲᠦᠮᠡᠨ ᠲᠦᠬᠦᠷᠢᠭ ᠤᠨ | ᠪᠡᠯᠡ ᠤᠷᠤᠭᠤᠯᠤᠨ ᠦᠡᠳᠤᠰᠤᠳᠠᠨ ᠤ ᠦᠪᠡᠷᠮᠢᠴᠠ ᠤᠡᠴᠠᠯᠢᠭᠳᠤ ᠵᠠᠬᠡᠯᠢ ᠶᠢ ᠪᠠᠶᠢᠭᠤᠯᠤᠨ᠎ᠠ᠃ ᠪᠦᠬᠦ ᠵᠢᠯ ᠳᠤ | 31.5 ᠲᠦᠮᠡᠨ ᠬᠦᠮᠤᠨ ᠤᠳᠠᠭᠠᠨ ᠤ ᠵᠤᠭᠠᠴᠠᠭᠰᠡᠳ ᠢ ᠬᠦᠯᠢᠶᠠᠨ ᠵᠣᠴᠢᠯᠠᠬᠤ ᠶᠢ ᠪᠡᠶᠡᠯᠡᠬᠦᠯᠦᠨ᠂ 1.73 | ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠡᠬᠦᠳᠴᠤ᠂ ᠨᠢᠳᠤᠨᠤᠨ ᠤ ᠬᠢ ᠠᠴᠠ 20.6% ᠪᠠ 20. | 8% ᠪᠠᠷ ᠨᠡᠮᠡᠭᠳᠡᠬᠦᠯᠤᠨ᠎ᠠ᠃ | ︵ᠭᠤᠷᠪᠠ︶ ᠲᠠᠪᠣᠨ ᠲᠦᠷᠦᠯ ᠤᠨ ᠪᠠᠳᠣᠯᠠᠭ᠎ᠠ ᠶᠢᠨ ᠠᠵᠢᠯ ᠢ ᠰᠠᠶᠢᠳᠣᠷ ᠬᠢᠨ᠎ᠠ | ᠨᠢᠭᠡ ᠳᠤ᠂ ᠨᠡᠶᠢᠭᠡᠮ ᠤᠨ ᠠᠮᠤᠷ ᠲᠤᠭᠳᠠᠭᠤᠨ ᠡᠶ᠎ᠡ ᠵᠣᠬᠢᠴᠠᠯ ᠢ ᠬᠠᠮᠠᠭᠠᠯᠠᠨ᠎ᠠ᠃ ᠠᠮᠣᠷ ᠲᠣᠭᠳᠠᠭᠤᠨ ᠢ | ᠬᠠᠮᠠᠭᠠᠯᠠᠬᠤ ᠨᠢᠭᠡᠳᠦᠭᠡᠷ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠣᠷᠣᠯᠴᠠᠨ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠣᠭᠳᠠᠭᠤᠨ ᠤ ᠬᠠᠯᠬᠠᠪᠴᠢ ᠶᠢ ᠦᠨᠡᠨᠬᠦ | ᠪᠠᠬᠢᠵᠢᠬᠦᠯᠦᠨ᠎ᠡ᠃ ᠨᠡᠶᠢᠭᠡᠮ ᠤᠨ ᠬᠠᠮᠢᠶᠠᠷᠣᠯᠳᠠ ᠶᠢ ᠰᠢᠨᠡᠴᠢᠯᠡᠨ ᠴᠢᠩᠭᠠᠳᠬᠠᠵᠤ᠂ ᠨᠡᠶᠢᠭᠡᠮ ᠤᠨ ᠵᠦᠷᠢᠴᠡᠯ | ᠵᠢᠭᠤᠷᠭᠠᠨ ᠢ ᠬᠦᠨᠵᠡᠭᠡᠢ ᠪᠠᠶᠢᠴᠠᠭᠠᠨ ᠵᠣᠬᠢᠴᠠᠭᠤᠯᠵᠣ᠂ ︽ᠬᠠᠤᠯᠢᠵᠢᠭᠰᠡᠨ ᠵᠠᠬᠢᠳᠠᠯ ᠰᠣᠷᠪᠣᠯᠵᠢᠯᠠᠭ᠎ᠠ᠂ ᠢᠯᠡ | ᠲᠣᠳᠣ ᠵᠠᠬᠢᠳᠠᠯ ᠰᠣᠷᠪᠣᠯᠵᠢᠯᠠᠭ᠎ᠠ᠂ ᠬᠠᠷᠢᠭᠤᠴᠠᠯᠭᠠᠳᠣ ᠵᠠᠬᠢᠳᠠᠯ ᠰᠣᠷᠪᠣᠯᠵᠢᠯᠠᠭ᠎ᠠ︾ ᠶᠢᠨ ᠠᠵᠢᠯ ᠢ ᠡᠷᠴᠢᠮᠳᠡᠢ | ᠠᠬᠢᠭᠤᠯᠵᠣ᠂ ︽1328︾ ᠵᠠᠬᠢᠳᠠᠯ ᠰᠣᠷᠪᠣᠯᠵᠢᠯᠠᠭ᠎ᠠ ᠶᠢᠨ ᠡᠳᠦᠷ ᠵᠡᠷᠬᠡ ᠢ ᠲᠦᠷᠢᠮ ᠬᠢᠨᠠᠮᠠᠭᠠᠢ | ᠨᠠᠶᠢᠳᠠᠪᠣᠷᠢᠵᠢᠭᠤᠯᠣᠨ᠂ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠠᠵᠢᠯ ᠢ | ᠠᠬᠢᠭᠤᠯᠣᠨ᠎ᠠ᠃ ︽ᠨᠠᠮ ᠵᠠᠰᠠᠭ ᠬᠠᠮᠳᠣᠪᠠᠷ ᠬᠠᠷᠢᠭᠤᠴᠠᠨ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ᠂ | ᠵᠡᠷᠭᠡᠪᠡᠷ ᠠᠳᠬᠤᠵᠣ ᠬᠠᠮᠳᠣ ᠳᠤᠨᠢ ᠬᠠᠮᠢᠶᠠᠷᠬᠤ᠂ ᠲᠣᠰᠢᠶᠠᠯ ᠳᠤ ᠪᠠᠨ ᠣᠰᠣᠯᠳᠠᠪᠠᠯ ᠬᠠᠷᠢᠭᠤᠴᠠᠯᠭ᠎ᠠ ᠨᠡᠭᠡᠮᠵᠢᠯᠡᠬᠦ︾ | ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠠᠶᠣᠯᠬᠦᠢ | ᠦᠢᠯᠡᠳᠪᠦᠷᠢᠯᠡᠯ ᠤᠨ ᠲᠣᠰᠬᠠᠢ ᠲᠦᠷᠦᠯ ᠤᠨ ᠪᠠᠶᠢᠴᠠᠭᠠᠯᠳᠠ ᠶᠢᠨ ᠠᠵᠢᠯᠯᠠᠭ᠎ᠠ ᠶᠢ ᠦᠷᠬᠦᠯᠵᠢᠯᠠᠨ ᠬᠦᠨᠵᠡᠭᠡᠢ | ᠦᠷᠨᠢᠬᠦᠯᠵᠦ᠂ ᠠᠵᠣ ᠠᠬᠤᠶᠢᠯᠠᠯ ᠤᠨ ᠠᠶᠤᠯᠬᠦᠢ ᠦᠢᠯᠡᠳᠪᠤᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ | ᠣᠬᠠᠮᠰᠠᠷ ᠢ ᠴᠢᠩᠭᠠᠳᠬᠠᠵᠤ᠂ ᠠᠶᠣᠯᠬᠦᠢ ᠦᠢᠯᠡᠳᠪᠦᠷᠢᠯᠡᠯ ᠤᠨ ᠲᠣᠭᠳᠠᠭᠤᠨ ᠣᠷᠴᠢᠨ ᠢ ᠡᠬᠦᠳᠦᠨ᠎ᠡ᠃ ︽ | ᠲᠦᠷᠪᠡᠨ ᠬᠠᠮᠤᠭ ᠴᠢᠩᠭ᠎ᠠ ᠪᠠᠶᠢᠬᠤ︾ ᠱᠠᠭᠠᠷᠳᠠᠯᠭ᠎ᠠ ᠶᠢ ᠨᠠᠶᠢᠳᠠᠪᠣᠷᠢᠵᠢᠭᠤᠯᠣᠨ᠂ ᠢᠳᠡᠭᠡᠨ᠂ ᠡᠮ ᠤᠨ ᠵᠦᠢᠯᠡᠰ | ᠤᠨ ᠠᠮᠣᠷ ᠲᠦᠪᠰᠢᠨ ᠢ ᠤᠷᠢᠳᠴᠢᠯᠡᠨ ᠰᠡᠷᠬᠡᠶᠢᠯᠡᠬᠦ ᠪᠠ ᠪᠦᠬᠦ ᠶᠠᠪᠣᠴᠠ ᠳᠤ ᠬᠢᠨᠠᠨ ᠬᠠᠮᠢᠶᠠᠷᠬᠤ ᠠᠵᠢᠯ ᠢ | ᠴᠢᠩᠭᠠᠳᠬᠠᠵᠣ᠂ ᠣᠯᠠᠨ ᠲᠦᠮᠡᠨ ᠤ ᠢᠳᠡᠭᠡᠨ᠂ ᠡᠮ ᠤᠨ ᠵᠦᠢᠯᠡᠰ ᠤᠨ ᠠᠮᠣᠷ ᠲᠦᠪᠰᠢᠨ ᠢ ᠦᠨᠡᠡᠬᠦ ᠪᠠᠳᠣᠯᠠᠨ᠎ᠠ᠃ | ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠲᠤᠯᠤᠳᠤᠭᠠᠷ ᠲᠠᠪᠤᠨ︾ ᠵᠢᠯ ᠤᠨ | ᠬᠠᠤᠯᠢ ᠲᠦᠭᠡᠭᠡᠮᠡᠯᠵᠢᠬᠦᠯᠬᠦ ᠠᠵᠢᠯ ᠢ ᠨᠠᠷᠢᠨ ᠨᠢᠮᠪᠠᠢ ᠦᠷᠨᠢᠬᠦᠯᠵᠤ᠂ ᠬᠠᠤᠯᠢᠵᠢᠭᠰᠡᠨ ᠨᠠᠶᠢᠬᠡᠮ ᠤᠨ ᠤᠷᠴᠢᠨ ᠢ ᠪᠤᠢ | ᠪᠤᠯᠭᠠᠨ᠎ᠠ᠃ ︽ᠠᠮᠤᠷ ᠲᠠᠶᠢᠪᠤᠡᠭ ᠠᠪᠠᠭ᠎ᠠ︾ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠨᠡᠶᠢᠭᠡᠮ ᠤᠨ | ᠠᠮᠣᠷ ᠲᠣᠭᠳᠠᠭᠤᠨ ᠢ ᠶᠡᠷᠦᠩᠬᠡᠶᠢᠯᠡᠨ ᠵᠠᠰᠠᠬᠤ ᠪᠠ ᠰᠡᠷᠭᠡᠶᠢᠯᠡᠨ ᠡᠵᠡᠮᠳᠡᠬᠦ ᠲᠣᠭᠳᠠᠯᠴᠠᠭᠠᠨ ᠤ ᠪᠠᠶᠢᠭᠤᠯᠣᠯᠳᠠ ᠶᠢ | ᠴᠢᠩᠭᠠᠳᠬᠠᠨ᠂ ᠡᠯ᠎ᠡ ᠲᠦᠷᠦᠯ ᠤᠨ ᠬᠠᠣᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ | ᠣᠯᠠᠨ ᠲᠦᠮᠡᠨ ᠤ ᠠᠮᠣᠷ ᠲᠠᠶᠢᠪᠤᠡᠭ ᠰᠡᠳᠬᠢᠭᠳᠡᠯ ᠢ ᠲᠡᠭᠡᠭᠰᠢᠯᠡᠬᠦᠯᠦᠨ᠎ᠡ᠃ ᠴᠡᠷᠢᠭ ᠠᠷᠠᠳ ᠤᠨ ᠪᠦᠯᠬᠦᠮᠳᠡᠯ᠂ | ᠴᠡᠷᠢᠭ ᠠᠷᠡᠳ ᠬᠤᠯᠪᠣᠭᠠᠯᠠᠨ ᠰᠡᠷᠭᠡᠶᠢᠯᠡᠬᠦ ᠪᠠ ᠬᠠᠷᠢᠯᠴᠠᠨ ᠬᠦᠷᠢᠶᠡᠯᠡᠵᠦ ᠬᠠᠮᠳᠣᠪᠠᠷ ᠪᠠᠶᠢᠭᠤᠯᠴᠠᠬᠤ ᠠᠵᠢᠯ ᠢ | ᠬᠦᠨᠵᠡᠭᠡᠶᠢᠷᠡᠬᠦᠯᠦᠨ᠂ ᠴᠡᠷᠢᠭ ᠠᠷᠠᠳ ᠡᠶ᠎ᠡ ᠨᠠᠶᠢᠷᠠᠮᠳᠠᠭᠤ ᠬᠦᠭᠵᠢᠬᠦ ᠠᠵᠢᠯ ᠢ ᠴᠢᠩᠭᠠᠳᠬᠠᠨ᠎ᠠ᠃ ᠦᠨᠳᠦᠰᠦᠳᠡᠨ ᠤ | ᠲᠦᠷᠦ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠳᠠ ᠶᠢ ᠰᠠᠶᠢᠳᠣᠷ ᠠᠳᠬᠤᠵᠣ᠂ ᠦᠪᠡᠷᠳᠡᠭᠡᠨ ᠵᠠᠰᠠᠬᠤ ᠣᠷᠣᠨ ᠤ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠴᠣᠭᠴᠠᠯᠠᠨ ᠪᠠᠶᠢᠭᠤᠯᠬᠤ ᠠᠵᠢᠯᠯᠠᠭ᠎ᠠ ᠶᠢ | ᠬᠦᠨᠵᠡᠭᠡᠢ ᠦᠷᠨᠢᠬᠦᠯᠦᠨ᠂ ᠬᠠᠣᠯᠢ ᠶᠤᠰᠤᠭᠠᠷ ᠦᠨᠳᠦᠰᠦᠳᠡᠨ ᠤ ᠠᠵᠢᠯ ᠢ ᠬᠠᠮᠢᠶᠠᠷᠬᠤ ᠴᠢᠳᠠᠪᠬᠢ ᠪᠠᠨ ᠪᠦᠬᠦ ᠲᠠᠯ᠎ᠠ | ᠪᠠᠷ ᠲᠡᠭᠡᠭᠰᠢᠯᠡᠬᠦᠯᠵᠦ᠂ ᠦᠨᠳᠦᠰᠦᠳᠡᠨ ᠨᠦᠭᠦᠳ ᠪᠦᠯᠬᠦᠮᠳᠡᠨ ᠲᠠᠪᠰᠢᠭᠰᠠᠨ ᠰᠠᠶᠢᠨ ᠰᠠᠶᠢᠬᠠᠨ ᠪᠠᠶᠢᠳᠠᠯ ᠢᠶᠠᠨ ᠣᠯᠠᠮ | ᠪᠠᠬᠢᠵᠢᠬᠦᠯᠦᠨ᠎ᠡ᠃ | ᠬᠤᠶᠠᠷ ᠲᠤ᠂ ᠨᠠᠶᠢᠳᠠ ᠶᠢᠨ ᠪᠤᠰᠤ ᠦᠮᠴᠢᠯᠡᠯ ᠤᠨ ᠠᠵᠣ ᠠᠬᠤᠢ ᠶᠢᠨ ᠬᠦᠭᠵᠢᠯᠳᠡ ᠶᠢ ᠠᠬᠢᠭᠤᠯᠣᠨ᠎ᠠ᠃ | ᠬᠦᠭᠵᠢᠯᠳᠡ ᠶᠢ ᠲᠦᠷᠭᠡᠳᠭᠡᠨ᠂ ᠬᠠᠷᠢᠴᠠᠯ ᠢ ᠨᠡᠮᠡᠭᠳᠡᠬᠦᠯᠵᠦ᠂ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠬᠠᠷᠠᠯᠳᠠ | ᠪᠣᠯᠭᠠᠵᠣ᠂ ᠨᠠᠶᠢᠳᠠ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠬᠦᠭᠵᠢᠯᠳᠡ ᠳᠤ ᠰᠠᠶᠢᠳᠣᠷ ᠦᠢᠯᠡᠴᠢᠯᠡᠨ᠎ᠠ᠃ | ᠨᠠᠶᠢᠳᠠ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠶᠢ ᠪᠠᠶᠢᠭᠤᠯᠣᠨ | ᠲᠡᠬᠦᠯᠳᠡᠷᠵᠢᠬᠦᠯᠦᠨ᠎ᠡ᠃ ᠵᠢᠯ ᠤᠨ ᠲᠣᠳᠣᠷ᠎ᠠ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠶᠢᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠢ ᠪᠠᠶᠠᠯᠡᠬᠦᠯᠦᠨ᠂ ︽ᠰᠢᠯᠢ ᠶᠢᠨ ᠭᠤᠣᠯ ᠠᠪᠠᠭ᠎ᠠ ᠶᠢᠨ ᠬᠤᠳᠠᠯᠳᠣᠭᠠᠨ ᠤ | ᠨᠡᠶᠢᠭᠡᠮᠯᠢᠭ︾᠂ ︽ᠠᠪᠠᠭ᠎ᠠ ᠦᠨᠳᠦᠰᠦᠳᠡᠨ ᠤ ᠬᠤᠪᠴᠠᠰᠣ ᠵᠠᠰᠠᠯ ᠤᠨ ᠬᠤᠳᠠᠯᠳᠣᠭᠠᠨ ᠤ ᠨᠡᠶᠢᠭᠡᠮᠯᠢᠭ︾ ᠵᠡᠷᠭᠡ | ᠵᠣᠬᠢᠶᠠᠨ ᠪᠠᠶᠢᠭᠤᠯᠣᠯᠳᠠ ᠶᠢ ᠪᠠᠶᠢᠭᠤᠯᠵᠣ᠂ ᠪᠣᠰᠣᠳ ᠭᠠᠵᠠᠷ ᠣᠷᠣᠨ ᠳᠤ ᠬᠤᠳᠠᠯᠳᠣᠭᠠᠨ ᠤ ᠨᠡᠶᠢᠭᠡᠮᠯᠢᠭ | ᠪᠠᠶᠢᠭᠤᠯᠬᠤ ᠵᠠᠮ ᠢ ᠬᠠᠶᠢᠨ ᠰᠦᠪᠡᠭᠴᠢᠯᠡᠨ᠎ᠡ᠃ ᠨᠠᠶᠢᠳᠠ ᠶᠢᠨ ᠦᠮᠴᠢᠯᠡᠯ ᠤᠨ ᠪᠣᠰᠣ ᠠᠵᠣ ᠠᠬᠤᠶᠢᠯᠠᠯᠳᠠᠳ ᠤᠨ | ᠬᠠᠷᠢᠯᠴᠠᠬᠤ ᠲᠦᠷᠢᠮ ᠢ ᠪᠠᠶᠢᠭᠤᠯᠣᠨ ᠪᠦᠷᠢᠨᠰᠢᠬᠦᠯᠵᠦ᠂ ᠠᠵᠣ ᠠᠬᠤᠶᠢᠯᠠᠯ ᠤᠨ ᠬᠡᠰᠢᠬᠦᠳ ᠤᠨ ᠡᠩᠨᠡᠭᠡ ᠶᠢ | ᠦᠷᠭᠡᠳᠭᠡᠨ᠂ ᠵᠢᠯ ᠤᠨ ᠲᠣᠳᠣᠷ᠎ᠠ ᠰᠢᠨ᠎ᠡ ᠪᠠᠷ ᠠᠵᠣ ᠠᠬᠤᠶᠢᠯᠠᠯ ᠤᠨ ᠬᠡᠰᠢᠬᠦᠨ 100 ᠶᠢ ᠨᠡᠮᠡᠭᠳᠡᠬᠦᠯᠵᠦ᠂ 150 | ᠳᠤ ᠬᠦᠷᠭᠡᠨ᠎ᠡ᠃ ᠨᠠᠶᠢᠳᠠ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠦᠢᠯᠡᠴᠢᠯᠡᠭᠡᠨ ᠤ ᠲᠦᠪ ᠢ ᠪᠠᠶᠢᠭᠤᠯᠣᠨ | ᠂ ︽ᠵᠠᠰᠠᠭ ᠪᠠᠩᠬᠢ ᠠᠵᠣ ᠠᠬᠤᠶᠢᠯᠠᠯ︾ ᠢ ᠵᠣᠯᠭᠠᠯᠳᠣᠭᠤᠯᠬᠤ ᠠᠵᠢᠯᠯᠠᠭ᠎ᠠ ᠶᠢ ᠦᠷᠨᠢᠬᠦᠯᠵᠦ᠂ ᠨᠠᠶᠢᠳᠠ ᠶᠢᠨ | ᠦᠮᠴᠢᠯᠡᠯ ᠤᠨ ᠪᠣᠰᠣ ᠠᠵᠣ ᠠᠬᠤᠶᠢᠯᠠᠯ ᠤᠨ ᠪᠡᠯᠡ ᠬᠤᠷᠠᠮᠳᠣᠭᠤᠯᠬᠤ ᠳᠤ ᠬᠦᠴᠢᠷᠳᠡᠢ᠂ ᠵᠢᠭᠡᠯᠡᠯᠭᠡ ᠠᠪᠬᠤ ᠳᠤ | ᠲᠦᠪᠡᠭᠳᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠬᠤᠰᠢᠭᠤᠨ ᠤ ᠠᠵᠣ ᠠᠬᠤᠶᠢᠯᠠᠯᠳᠠᠳ ᠲᠠᠢ | ᠠᠷᠠᠯᠵᠢᠶᠠᠨ ᠤ ᠲᠣᠭᠤᠷᠢᠨ ᠪᠠᠶᠢᠴᠠᠭᠠᠯᠳᠠ ᠪᠠ ᠲᠦᠷᠦᠯ ᠵᠦᠢᠯ ᠤᠨ ᠬᠠᠮᠳᠣᠷᠠᠯᠴᠠᠭ᠎ᠠ ᠶᠠᠪᠤᠭᠳᠠᠭᠤᠯᠵᠤ᠂ ᠠᠵᠣ | ᠠᠬᠤᠶᠢᠯᠠᠯᠳᠠᠳ ᠢ ᠤᠷᠢᠬᠤ᠂ ᠲᠦᠷᠦᠯ ᠵᠦᠢᠯ ᠤᠨ ᠵᠦᠪᠳᠡᠯᠴᠡᠭᠡᠷ ᠤᠨ ᠬᠤᠷᠠᠯ ᠬᠢᠬᠦ ᠪᠠ ᠲᠦᠷᠦᠯ ᠵᠦᠢᠯ | ᠲᠠᠨᠢᠯᠴᠠᠭᠤᠯᠬᠤ ᠬᠤᠷᠠᠯ ᠡᠷᠬᠢᠯᠡᠬᠦ ᠪᠠᠷ ᠲᠠᠮᠵᠢᠨ᠂ ᠠᠷᠠᠯᠵᠢᠶᠠᠴᠢᠨ ᠣᠷᠢᠵᠣ ᠪᠡᠯᠡ ᠤᠷᠤᠭᠤᠯᠬᠤ ᠰᠢᠨ᠎ᠡ ᠠᠷᠭ᠎ᠠ ᠵᠠᠮ | ᠢ ᠦᠷᠭᠡᠳᠭᠡᠨ᠎ᠡ᠃ ︽ᠨᠡᠭᠡᠭᠡᠯᠳᠡ ᠬᠢᠵᠦ ᠬᠡᠯᠪᠡᠷᠢ ᠪᠠᠨ ᠬᠤᠪᠢᠷᠠᠭᠤᠯᠬᠤ᠂ ᠦᠢᠯᠡᠰ ᠪᠣᠰᠬᠠᠵᠣ ᠠᠷᠠᠳ ᠢᠶᠠᠨ | ᠪᠠᠶᠠᠵᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠲᠣᠮᠳᠠ ᠪᠠᠭ᠎ᠠ ᠠᠵᠣ ᠠᠬᠤᠶᠢᠯᠠᠯ ᠤᠨ | ᠲᠣᠭᠤᠷᠢᠭ᠂ ᠦᠨᠳᠦᠰᠦᠳᠡᠨ ᠤ ᠬᠤᠳᠠᠯᠳᠣᠭᠠᠨ ᠤ ᠵᠠᠭᠡᠯᠢ ᠪᠠᠶᠢᠭᠤᠯᠵᠣ᠂ ᠨᠠᠶᠢᠳᠠ ᠶᠢᠨ ᠦᠮᠴᠢᠯᠡᠯ ᠤᠨ ᠪᠣᠰᠣ ᠠᠵᠣ | ᠠᠬᠤᠢ ᠶᠢᠨ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠵᠢᠯ ᠤᠨ ᠲᠣᠳᠣᠷ᠎ᠠ ᠬᠡᠪᠴᠢᠶᠡᠨ ᠠᠴᠠ | ᠲᠡᠭᠡᠭᠰᠢᠬᠢ ᠨᠠᠶᠢᠳᠠ ᠶᠢᠨ ᠦᠮᠴᠢᠯᠡᠯ ᠤᠨ ᠪᠣᠰᠣ ᠠᠵᠣ ᠠᠬᠤᠶᠢᠯᠠᠯ 5᠂ ᠪᠢᠴᠢᠯ ᠬᠡᠯᠪᠡᠷᠢ ᠶᠢᠨ ᠠᠵᠣ ᠠᠬᠤᠶᠢᠯᠠᠯ | 20᠂ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ 50 ᠶᠢ ᠭᠤᠣᠯᠳᠠᠯᠭ᠎ᠠ ᠲᠠᠢ ᠲᠠᠮᠵᠢᠨ᠎ᠡ᠃ | ᠦᠢᠯᠡᠳᠪᠤᠷᠢᠯᠡᠯ ᠠᠮᠢᠳᠤᠷᠡᠯ ᠤᠨ ᠴᠢᠨᠠᠷᠳᠡᠢ ᠦᠢᠯᠡᠴᠢᠯᠡᠬᠡᠨ ᠤ ᠦᠢᠯᠡᠰ ᠢ ᠬᠦᠴᠤᠯᠡᠨ ᠬᠦᠭᠵᠢᠬᠦᠯᠤᠨ᠎ᠠ᠃ ᠪᠦᠬᠡᠮ | ᠢᠶᠠᠷ ᠪᠠ ᠵᠢᠵᠢᠭᠯᠡᠨ ᠪᠤᠷᠤᠯᠠᠭᠤᠯᠬᠤ᠂ ᠢᠳᠡᠬᠡᠨ ᠤᠮᠳᠠᠭᠠᠨ᠂ ᠵᠤᠴᠢᠳ ᠤᠨ ᠪᠠᠭᠤᠳᠠᠯ ᠵᠡᠷᠬᠡ ᠠᠵᠢᠯ ᠦᠢᠯᠡᠰ ᠢ ᠲᠡᠰ | ᠲᠠᠪᠰᠢᠬᠦᠯᠤᠨ᠂ ᠳ᠋ᠠ ᠷᠦᠨ ᠹᠠ ᠴᠢᠯᠤᠬᠡᠳᠤ ᠲᠡᠯᠬᠡᠬᠦᠷ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠵᠤᠤ ᠹᠦ᠋ | ᠠᠷᠠᠯᠵᠢᠶᠠᠨ ᠤ ᠬᠢᠵᠠᠭᠠᠷᠳᠤ ᠺᠤᠮᠫᠠᠨᠢ ᠶᠢ ᠬᠡᠪᠴᠢᠶᠠᠨ ᠠᠴᠠ ᠲᠡᠬᠡᠭᠰᠢᠬᠢ ᠠᠵᠤ ᠠᠬᠤᠶᠢᠯᠡᠯ ᠤᠨ ᠪᠦᠷᠢᠳᠬᠡᠯ ᠳᠤ | ᠤᠷᠤᠭᠤᠯᠤᠨ᠎ᠠ᠃ ᠲᠦᠷᠬᠡᠨ ᠭᠤᠪᠢᠭᠤᠯᠭ᠎ᠠ ᠶᠢᠨ ᠦᠢᠯᠡᠰ ᠤᠨ ᠬᠦᠭᠵᠢᠯᠳᠠ ᠶᠢ ᠰᠠᠶᠢᠳᠤᠷ ᠠᠳᠬᠤᠨ᠂ ᠲᠦᠷᠬᠡᠨ | ᠭᠤᠪᠢᠭᠤᠯᠭ᠎ᠠ ᠶᠢᠨ 6 ᠺᠤᠮᠫᠠᠨᠢ ᠶᠢᠨ ᠡᠵᠡᠩᠨᠡᠯᠳᠡ ᠪᠠ ᠦᠢᠯᠡᠴᠢᠯᠡᠬᠡᠨ ᠤ ᠴᠢᠨᠠᠷ ᠴᠢᠡᠰᠠᠭ᠎ᠠ ᠶᠢ ᠲᠠᠰᠤᠷᠠᠯᠳᠠ ᠦᠬᠡᠢ | ᠲᠦᠷᠢᠮᠵᠢᠬᠦᠯᠤᠨ᠎ᠠ᠃ ᠠᠳᠠᠯ ᠠᠬᠤᠢ ᠤᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠵᠤ᠂ ᠠᠯᠪᠠᠨ ᠪᠠᠶᠢᠭᠤᠯᠭ᠎ᠠ | ᠠᠴᠠ ᠰᠠᠭᠤᠭᠠᠯᠢ ᠲᠤᠭᠤᠷᠢᠭ ᠢ ᠲᠠᠭᠠᠭᠠᠴᠢᠯᠠᠨ ᠦᠢᠯᠡᠴᠢᠯᠡᠬᠦ ᠠᠵᠢᠯ ᠢ ᠰᠠᠶᠢᠳᠤᠷ ᠦᠷᠨᠢᠬᠦᠯᠤᠨ᠂ ᠬᠡᠷ ᠠᠬᠤᠢ ᠶᠢᠨ | ᠦᠢᠯᠡᠴᠢᠯᠡᠭᠡ ᠶᠢ ᠲᠡᠰ ᠲᠠᠪᠰᠢᠬᠦᠯᠬᠦ ᠠᠵᠢᠯ ᠢ ᠰᠠᠶᠢᠳᠤᠷ ᠪᠠᠶᠠᠯᠠᠬᠦᠯᠤᠨ᠂ ᠬᠡᠷ ᠠᠬᠤᠢ ᠶᠢᠨ ᠦᠢᠯᠡᠴᠢᠯᠡᠭᠡ ᠳᠤ | ᠬᠤᠯᠪᠤᠭᠳᠠᠭᠰᠡᠨ 24 ᠬᠤᠪᠢ ᠶᠢᠨ ᠡᠵᠡᠩᠨᠡᠯᠳᠡ ᠶᠢᠨ ᠡᠷᠤᠬᠡ ᠶᠢᠨ ᠬᠦᠭᠵᠢᠯᠳᠠ ᠶᠢ ᠢᠳᠡᠪᠬᠢᠳᠡᠢ ᠲᠠᠮᠵᠢᠨ᠎ᠠ᠃ | ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠴᠢᠳᠠᠪᠬᠢ ᠶᠢ ᠴᠢᠩᠭᠠᠳᠬᠠᠵᠤ᠂ ᠮᠦᠩᠬᠦᠨ ᠬᠦᠢᠯᠬᠡᠬᠡᠨ ᠤ | ᠦᠢᠯᠡᠴᠢᠯᠡᠭᠡ ᠶᠢ ᠲᠡᠰ ᠲᠠᠪᠰᠢᠬᠦᠯᠬᠦ ᠤᠨ ᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠵᠢᠯ ᠤᠨ ᠲᠤᠳᠤᠷ᠎ᠠ | ᠭᠤᠤᠯᠳᠠᠯᠭ᠎ᠠ ᠲᠠᠢ ᠲᠦᠷᠥᠯ ᠵᠥᠢᠯ ᠳᠤ 52 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠯᠪᠢᠵᠤ᠂ 4.1 | ᠳ᠋ᠦᠩᠰᠢᠭᠤᠷ ᠲᠦᠬᠦᠷᠢᠭ ᠤᠨ ᠮᠠᠯ ᠠᠵᠤ ᠠᠬᠤᠢ ᠳᠤ ᠲᠤᠰᠠᠯᠠᠬᠤ ᠵᠢᠬᠡᠯᠡᠯᠬᠡ᠂1 ᠳ᠋ᠦᠩᠰᠢᠭᠤᠷ ᠲᠦᠬᠦᠷᠢᠭ ᠤᠨ | ᠤᠯᠠᠭᠠᠨ ᠢᠳᠡᠬᠡᠨ ᠡᠳ᠋ᠰᠢᠬᠦᠯᠬᠦ ᠵᠡᠷᠬᠡ ᠪᠠᠭ᠎ᠠ ᠠᠵᠤ ᠠᠬᠤᠶᠢᠯᠡᠯ ᠢ ᠲᠤᠰᠠᠯᠠᠬᠤ ᠵᠢᠬᠡᠯᠡᠯᠬᠡ᠂ 5500 ᠲᠦᠮᠡᠨ | ᠲᠦᠬᠦᠷᠢᠭ ᠤᠨ ᠬᠡᠷᠡᠭᠯᠡᠬᠡᠨ ᠤ ᠵᠢᠬᠡᠯᠡᠯᠬᠡ ᠲᠠᠷᠬᠠᠭᠠᠨ᠎ᠠ᠃ ᠵᠡᠮᠳᠡᠭᠴᠤᠳ ᠪᠠ ᠨᠠᠰᠤᠵᠢᠯ ᠤᠨ ᠦᠢᠯᠡᠴᠢᠯᠡᠬᠡᠨ ᠤ | ᠦᠢᠯᠡᠰ ᠢ ᠢᠳᠡᠪᠬᠢᠳᠡᠢ ᠬᠦᠭᠵᠢᠬᠦᠯᠤᠨ᠂ ᠵᠢᠯ ᠤᠨ ᠲᠤᠳᠤᠷ᠎ᠠ 1460 ᠲᠡᠭᠰᠢ ᠲᠦᠷᠪᠡᠯᠵᠢᠨ ᠮᠧᠲᠷ ᠤᠨ | ᠵᠡᠮᠳᠡᠭᠴᠤᠳ ᠢ ᠠᠰᠠᠷᠠᠨ ᠬᠠᠷᠠᠭᠠᠯᠵᠠᠬᠤ ᠲᠦᠪ ᠤᠨ ᠪᠠᠶᠢᠭᠤᠯᠤᠯᠳᠠ ᠪᠠ ᠬᠠᠯᠠᠮᠵᠢ ᠨᠠᠰᠤᠳᠠᠶᠢᠴᠤᠤᠯ ᠤᠨ ᠨᠠᠶᠢᠳᠠ | ᠶᠢᠨ ᠪᠠᠶᠢᠷᠢ ᠶᠢᠨ ᠬᠤᠶᠠᠳᠤᠭᠠᠷ ᠬᠤᠭᠤᠴᠠᠭᠠᠨ ᠤ ᠲᠦᠷᠥᠯ ᠵᠥᠢᠯ ᠢ ᠡᠬᠢᠯᠡᠬᠦᠯᠤᠨ᠂ ᠠᠰᠠᠷᠠᠮᠵᠢ ᠶᠢᠨ ᠤᠷᠤ ᠶᠢ | 1000 ᠳᠤ ᠬᠦᠷᠬᠡᠵᠤ᠂ ᠬᠡᠷ ᠲᠡᠭᠡᠨ ᠰᠠᠭᠤᠬᠤ ᠨᠠᠰᠤᠳᠠᠶᠢᠴᠤᠤᠯ ᠤᠨ ᠠᠰᠠᠷᠠᠮᠵᠢ ᠶᠢᠨ ᠦᠢᠯᠡᠴᠢᠯᠡᠭᠡ ᠶᠢᠨ | ᠬᠦᠭᠵᠢᠯᠳᠠ ᠶᠢ ᠠᠬᠢᠭᠤᠯᠤᠨ᠎ᠠ᠃ | ᠴᠢᠨᠠᠷ ᠴᠢᠨᠰᠠᠭ᠎ᠠ ᠨᠡᠷᠡᠳᠦ ᠲᠡᠮᠳᠡᠭ ᠤᠨ ᠪᠠᠶᠢᠯᠳᠣᠬᠤ ᠪᠣᠳᠣᠯᠭ᠎ᠠ ᠶᠢ ᠡᠷᠴᠢᠮᠳᠡᠢ ᠬᠦᠭᠵᠢᠬᠦᠯᠦᠨ᠎ᠡ᠃ ︽ᠬᠤᠰᠢᠭᠤ | ᠲᠠᠷᠤᠭ᠎ᠠ ᠶᠢᠨ ᠶᠠᠰᠤ ᠴᠢᠨᠠᠷ ᠤᠨ ᠱᠠᠩᠨᠠᠯ︾ ᠤᠨ ᠢᠨᠵᠧᠨᠧᠷᠢᠩ ᠢ ᠰᠠᠶᠢᠳᠣᠷ ᠠᠳᠬᠤᠨ᠂ ︽ᠲᠠᠸᠠᠷ ᠤᠨ ᠲᠡᠮᠳᠡᠭ | ᠤᠨ ᠬᠦᠭᠵᠢᠯᠳᠡ ᠶᠢᠨ ᠱᠠᠩᠨᠠᠯ ᠨᠦᠬᠦᠪᠦᠷᠢ ᠶᠢᠨ ᠠᠷᠭ᠎ᠠ︾ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠨᠠᠶᠢᠳᠠ ᠶᠢᠨ | ᠦᠮᠴᠢᠯᠡᠯ ᠤᠨ ᠪᠣᠰᠣ ᠠᠵᠣ ᠠᠬᠤᠶᠢᠯᠠᠯ ᠢ ᠵᠢᠯᠣᠭᠤᠳᠣᠨ ᠠᠵᠣ ᠠᠬᠤᠶᠢᠯᠠᠯᠳᠠᠨ ᠪᠠ ᠣᠷᠠᠴᠣᠣᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠣ᠂ ᠴᠢᠨᠠᠷ ᠴᠢᠨᠰᠠᠭ᠎ᠠ ᠪᠠᠷ ᠦᠢᠯᠡᠰ ᠪᠦᠳᠦᠭᠡᠬᠦ᠂ ᠨᠠᠷᠠᠳᠣ ᠲᠡᠮᠳᠡᠭ ᠢᠶᠠᠷ ᠠᠵᠣ ᠠᠬᠤᠶᠢᠯᠠᠯ | ᠢᠶᠠᠨ ᠬᠦᠭᠵᠢᠬᠦᠯᠬᠦ ᠶᠢ ᠪᠠᠷᠢᠮᠳᠠᠯᠠᠨ᠂ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠠᠵᠢᠯᠯᠠᠭ᠎ᠠ ᠶᠢ ᠨᠠᠶᠢᠳᠠᠪᠣᠷᠢᠵᠢᠭᠤᠯᠬᠤ | ᠶᠠᠪᠣᠴᠠ ᠳᠤ ᠦᠷᠢᠰᠦᠯᠳᠦᠬᠦ ᠬᠦᠴᠦᠨ ᠢᠶᠠᠨ ᠣᠯᠠᠮ ᠴᠢᠨᠠᠭᠰᠢᠳᠠ ᠴᠢᠩᠭᠠᠳᠬᠠᠨ᠎ᠠ᠃ ᠵᠢᠯ ᠤᠨ ᠲᠣᠳᠣᠷ᠎ᠠ ᠠᠪᠠᠭ᠎ᠠ | ᠴᠡᠭᠡ ᠶᠢ ᠭᠠᠵᠠᠷ ᠤᠷᠤᠨ ᠤ ᠲᠠᠸᠠᠷ ᠤᠨ ᠲᠡᠮᠳᠡᠭ ᠤᠨ ᠬᠠᠮᠠᠭᠠᠯᠠᠯᠳᠠ ᠶᠢᠨ ᠪᠦᠳᠦᠭᠡᠭᠳᠡᠬᠦᠨ ᠪᠣᠯᠭᠠᠵᠣ᠂ ᠲᠣᠮᠳᠠᠳᠣ | ᠣᠯᠣᠰ ᠤᠨ ᠨᠠᠷᠠᠳᠣ ᠲᠡᠮᠳᠡᠭᠳᠦ ᠲᠠᠸᠠᠷ 1᠂ ᠭᠠᠵᠠᠷ ᠵᠦᠢ ᠶᠢᠨ ᠲᠠᠸᠠᠷ ᠤᠨ ᠲᠡᠮᠳᠡᠭ 1᠂ ᠦᠪᠦᠷ ᠮᠣᠩᠭᠤᠯ ᠤᠨ | ᠨᠠᠷᠠᠳᠣ ᠲᠡᠮᠳᠡᠭᠳᠦ ᠲᠠᠸᠠᠷ 1 ᠶᠢ ᠡᠬᠦᠳᠦᠨ᠂ ᠰᠢᠯᠢ ᠶᠢᠨ ᠭᠤᠣᠯ ᠠᠶᠢᠮᠠᠭ ᠤᠨ ᠨᠠᠷᠠᠳᠣ ᠲᠡᠮᠳᠡᠭ 5 ᠶᠢ ᠡᠬᠦᠳᠴᠤ᠂ | ᠲᠠᠸᠠᠷ ᠤᠨ ᠲᠡᠮᠳᠡᠭ ᠤᠨ ᠶᠡᠷᠦᠩᠬᠡᠢ ᠬᠡᠮᠵᠢᠶ᠎ᠡ ᠶᠢ 15% ᠪᠠᠷ ᠨᠡᠮᠡᠭᠳᠡᠬᠦᠯᠦᠨ᠎ᠡ᠃ | ᠭᠤᠷᠪᠠ ᠳᠤ᠂ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠶᠢ ᠪᠦᠬᠦ ᠲᠠᠯ᠎ᠠ ᠪᠠᠷ ᠬᠦᠡᠵᠡᠬᠡᠶᠢᠷᠡᠬᠦᠯᠤᠨ᠎ᠠ᠃ | ᠦᠬᠡᠷᠡᠴᠢᠯᠡᠯᠳᠡ ᠶᠢ ᠬᠦᠡᠵᠡᠬᠡᠶᠢᠷᠡᠬᠦᠯᠬᠦ ᠪᠠ ᠴᠢᠯᠤᠬᠡᠳᠡᠢ ᠶᠠᠪᠤᠯᠴᠠᠬᠤ ᠶᠢ ᠵᠤᠬᠢᠴᠠᠭᠤᠯᠤᠨ ᠠᠬᠢᠭᠤᠯᠵᠤ᠂ | ᠬᠦᠭᠵᠢᠯᠳᠠ ᠶᠢᠨ ᠬᠦᠳᠡᠯᠬᠡᠭᠴᠢ ᠬᠦᠴᠤᠨ ᠪᠠ ᠠᠮᠢᠵᠢᠷᠠᠯ ᠤᠨ ᠬᠦᠴᠤᠨ ᠢ ᠬᠦᠢᠴᠡᠳ ᠲᠠᠶᠢᠴᠢᠯᠠᠨ᠎ᠠ᠃ | ᠭᠤᠤᠯᠳᠠᠯᠭᠠᠳᠤ ᠬᠦᠷᠢᠶ᠎ᠠ ᠬᠡᠪᠴᠢᠶᠠᠨ ᠳᠠᠬᠢ ᠦᠬᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠤᠨ᠎ᠠ᠃ ᠵᠢᠯ ᠤᠨ | ᠲᠤᠳᠤᠷ᠎ᠠ ᠠᠵᠤ ᠠᠬᠤᠢ᠂ ᠨᠠᠶᠢᠬᠡᠮ ᠪᠠ ᠠᠮᠢ ᠠᠬᠤᠢ ᠶᠢᠨ ᠬᠦᠷᠢᠶ᠎ᠠ ᠬᠡᠪᠴᠢᠶᠠᠨ ᠤ 118 ᠲᠦᠷᠦᠯ ᠤᠨ | ᠦᠭᠡᠷᠡᠴᠢᠯᠡᠯᠳᠡ ᠶᠢᠨ ᠡᠬᠦᠷᠭᠡ ᠪᠠᠨ ᠪᠡᠶᠡᠯᠡᠬᠦᠯᠦᠨ᠂ 172 ᠲᠦᠷᠥᠯ ᠢ ᠦᠷ᠎ᠠ ᠪᠦᠳᠤᠮᠵᠢ ᠲᠠᠢ ᠪᠤᠯᠭᠠᠬᠤ ᠪᠠᠷ | ᠲᠦᠯᠤᠪᠯᠡᠵᠤ ᠪᠤᠢ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠢ ᠬᠦᠴᠤᠯᠠᠨ ᠠᠬᠢᠭᠤᠯᠵᠤ᠂ | ᠨᠤᠳᠤᠭ ᠪᠠᠯᠴᠢᠬᠡᠷ ᠤᠨ ᠦᠮᠴᠢᠯᠡᠬᠦ ᠡᠷᠬᠡ ᠶᠢ ᠲᠤᠳᠤᠷᠬᠠᠶᠢᠯᠠᠬᠤ ᠠᠵᠢᠯ ᠢ ᠪᠠᠶᠠᠯᠠᠬᠦᠯᠵᠤ᠂ ᠨᠤᠳᠤᠭ ᠪᠠᠯᠴᠢᠬᠡᠷ | ᠤᠨ⑪ ︽ᠭᠤᠷᠪᠡᠨ ᠡᠷᠬᠡ ᠶᠢ ᠬᠤᠪᠢᠶᠠᠷᠢᠯᠠᠨ ᠲᠣᠬᠢᠷᠠᠭᠤᠯᠬᠤ︾ ᠠᠵᠢᠯ ᠢ ᠢᠳᠡᠪᠬᠢᠳᠡᠢ ᠠᠬᠢᠭᠤᠯᠤᠨ᠎ᠠ᠃ ᠵᠠᠰᠠᠭ | ᠤᠨ ᠤᠷᠳᠤᠨ ᠤ ᠡᠬᠦᠷᠬᠡ ᠴᠢᠳᠠᠪᠬᠢ ᠶᠢᠨ ᠬᠤᠪᠢᠷᠠᠭᠤᠯᠤᠯᠳᠠ ᠶᠢ ᠲᠦᠷᠬᠡᠳᠬᠡᠨ᠂ ︽ᠲᠠᠯᠪᠢᠬᠤ᠂ ᠬᠠᠮᠢᠶᠠᠷᠬᠤ᠂ | ᠦᠢᠯᠡᠴᠢᠯᠡᠬᠦ︾ ᠶᠢ ᠦᠷᠬᠦᠯᠵᠢᠯᠡᠨ ᠠᠬᠢᠭᠤᠯᠵᠤ᠂⑫ ︽ᠭᠤᠷᠪᠡ ᠶᠢ ᠲᠠᠩᠰᠠᠯᠠᠵᠤ ᠨᠢᠬᠡ ᠶᠢ ᠭᠠᠷᠴᠠᠭᠯᠠᠬᠤ︾ | ᠲᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠲᠦᠪ ᠭᠤᠤᠯᠴᠢ ᠠᠷᠡᠳ ᠲᠤ ᠲᠦᠬᠦᠮ ᠦᠵᠡᠬᠦᠯᠬᠦ ᠲᠤᠰᠬᠠᠢ | ᠲᠦᠷᠥᠯ ᠤᠨ ᠠᠵᠢᠯᠯᠠᠭ᠎ᠠ ᠦᠷᠨᠢᠬᠦᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠢ ᠪᠦᠬᠦ ᠲᠠᠯ᠎ᠠ ᠪᠠᠷ | ᠪᠠᠷᠢᠯᠭ᠎ᠠ ᠡᠬᠢᠯᠡᠬᠦᠯᠤᠨ᠎ᠠ᠃ ᠲᠦᠷᠥᠯ ᠵᠥᠢᠯ ᠤᠨ ᠪᠦᠬᠦ ᠶᠠᠪᠤᠴᠠ ᠳᠠᠬᠢ ᠬᠢᠨᠡᠨ ᠬᠠᠮᠢᠶᠠᠷᠬᠤ ᠠᠷᠭ᠎ᠠ ᠬᠡᠮᠵᠢᠶ᠎ᠠ ᠶᠢ | ᠴᠢᠩᠭᠠᠳᠬᠠᠵᠤ᠂ ︽ᠬᠤᠶᠡᠷ ᠲᠣᠭᠳᠠᠮᠠᠯ ᠪᠣᠰᠣ ᠨᠢᠬᠡ ᠢᠯᠡ ᠪᠤᠯᠭᠠᠬᠤ︾ ᠬᠢᠨᠡᠨ ᠬᠠᠮᠢᠶᠠᠷᠤᠯᠳᠠ ᠶᠢᠨ | ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠬᠡᠷᠡᠴᠢᠯᠡᠯᠳᠡ ᠶᠢ ᠬᠦᠵᠡᠬᠡᠶᠢᠷᠡᠬᠦᠯᠵᠤ᠂ ︽ᠤᠯᠠᠨ ᠦᠨᠡᠮᠯᠡᠯ ᠢ ᠨᠢᠬᠡᠳᠬᠡᠬᠦ︾ ᠶᠢ ᠢᠳᠡᠪᠬᠢᠳᠡᠢ ᠰᠦᠪᠡᠭᠴᠢᠯᠡᠵᠤ᠂ | ᠵᠢᠯ ᠤᠨ ᠲᠤᠳᠤᠷ᠎ᠠ ᠵᠠᠬ᠎ᠠ ᠲᠡᠯᠬᠡᠬᠦᠷ ᠤᠨ ᠭᠤᠤᠯ ᠴᠤᠭᠴᠠ ᠶᠢ 15% ᠪᠠᠷ ᠨᠡᠮᠡᠭᠳᠡᠬᠦᠯᠤᠨ᠎ᠠ᠃ ︽ᠢᠡᠲ᠋ᠧᠷ | ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠡᠪᠴᠢᠶ᠎ᠠ ᠶᠢ ᠦᠷᠬᠡᠳᠬᠡᠵᠤ᠂ ᠵᠠᠰᠠᠭ ᠤᠨ | ᠶᠠᠪᠤᠳᠠᠯ ᠪᠠ ᠠᠷᠡᠳ ᠤᠨ ᠠᠮᠢᠳᠤᠷᠡᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠴᠤᠭᠴᠠᠯᠠᠨ ᠪᠠᠶᠢᠭᠤᠯᠤᠨ᠎ᠠ᠃ ᠡᠳ᠋ | ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠤᠳᠤᠬᠢᠴᠢᠯᠠᠭᠰᠡᠨ ᠡᠳ᠋ | ᠤᠨ ᠵᠠᠰᠠᠭ ᠤᠨ ᠲᠦᠷᠢᠮ ᠤᠨ ᠪᠠᠶᠢᠭᠤᠯᠤᠯᠳᠠ ᠶᠢ ᠲᠦᠷᠬᠡᠳᠬᠡᠨ᠂ ᠡᠯ᠎ᠠ ᠰᠠᠯᠠᠭ᠎ᠠ ᠮᠦᠴᠢᠷ ᠤᠨ ᠬᠤᠰᠢᠭᠤ ᠲᠡᠰ ᠤᠨ | ᠲᠤᠰᠬᠠᠢ ᠪᠡᠯᠡ ᠮᠦᠩᠬᠦ ᠶᠢ ᠪᠦᠬᠦᠨ ᠢ ᠠᠵᠢᠯ ᠤᠨ ᠪᠦᠳᠤᠮᠵᠢᠳᠤ ᠬᠠᠮᠢᠶᠠᠷᠤᠯᠳᠠ ᠶᠢᠨ ᠬᠢᠨᠠᠨ ᠪᠤᠳᠤᠯᠳᠠ ᠳᠤ | ᠤᠷᠤᠭᠤᠯᠤᠨ᠎ᠠ᠃ | ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠮᠳᠠᠳᠤ ᠮᠤᠩᠭᠤᠯ ᠤᠨ | ᠦᠡᠳᠤᠰᠤᠳᠠᠨ ᠤ ᠲᠠᠸᠡᠷ ᠤᠨ ᠰᠤᠯᠢᠯᠴᠠᠭᠠᠨ ᠤ ᠴᠤᠭᠯᠠᠭᠠᠨ ᠢ ᠦᠷᠬᠦᠯᠵᠢᠯᠡᠨ ᠡᠷᠬᠢᠯᠡᠵᠤ᠂ ᠨᠠᠷᠠᠠᠪᠤᠯᠠᠭ ᠬᠢᠯᠢ ᠶᠢᠨ | ᠠᠷᠡᠳ ᠤᠨ ᠨᠠᠪᠳᠠᠷᠠᠬᠦ ᠵᠠᠮ ᠤᠨ ᠤᠰᠤ ᠴᠠᠬᠢᠯᠭᠠᠨ ᠵᠠᠮ ᠵᠡᠷᠬᠡ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ | ᠲᠦᠷᠬᠡᠳᠬᠡᠨ ᠠᠬᠢᠭᠤᠯᠵᠤ᠂ ᠭᠠᠷ ᠬᠦᠢᠴᠡᠳᠬᠡᠯ ᠬᠢᠬᠦ ᠠᠵᠢᠯ ᠢ ᠰᠠᠶᠢᠳᠤᠷ ᠬᠢᠵᠤ᠂ ᠵᠢᠯ ᠤᠨ ᠲᠤᠳᠤᠷ᠎ᠠ | ᠨᠠᠪᠳᠠᠷᠠᠬᠦᠯᠬᠦ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠯᠠᠨ᠂ ᠲᠦᠷᠥᠯ | ᠵᠥᠢᠯ ᠢ ᠲᠦᠯᠤᠪᠯᠡᠬᠦ᠂ ᠤᠬᠠᠭᠤᠯᠬᠤ ᠪᠠ ᠭᠤᠶᠤᠴᠢᠯᠠᠬᠤ ᠠᠵᠢᠯ ᠢ ᠰᠠᠶᠢᠳᠤᠷ ᠬᠢᠵᠤ᠂ ᠬᠦᠭᠵᠢᠯᠳᠠ ᠶᠢᠨ ᠤᠷᠴᠢᠨ | ᠢ ᠲᠠᠰᠤᠷᠠᠯᠳᠠ ᠦᠬᠡᠢ ᠰᠢᠯᠢᠳᠡᠭᠵᠢᠬᠦᠯᠤᠨ᠂ ᠨᠠᠷᠢᠯᠢᠭ ᠤᠨᠤᠪᠴᠢᠳᠡᠢ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ | ᠠᠷᠠᠯᠵᠢᠶᠠᠴᠢᠨ ᠤᠷᠢᠭᠤᠯᠬᠤ ᠶᠢ ᠦᠷᠨᠢᠬᠦᠯᠵᠤ᠂ ᠵᠢᠯ ᠤᠨ ᠲᠤᠳᠤᠷ᠎ᠠ 20 ᠲᠦᠷᠥᠯ ᠵᠥᠢᠯ ᠤᠷᠢᠨ ᠤᠷᠤᠭᠤᠯᠵᠤ᠂ | 30 ᠳ᠋ᠦᠩᠰᠢᠭᠤᠷ ᠲᠦᠬᠦᠷᠢᠭ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠲᠦᠷᠪᠡ ᠳᠤ᠂ ᠰᠠᠭᠤᠷᠢ ᠲᠦᠬᠦᠭᠡᠷᠦᠮᠵᠢ ᠪᠠᠨ ᠪᠦᠷᠢᠨᠰᠢᠬᠦᠯᠦᠨ ᠲᠡᠬᠦᠯᠳᠡᠷᠵᠢᠬᠦᠯᠦᠨ᠎ᠡ᠃ ᠦᠪᠡᠷᠲᠡᠭᠡᠨ ᠵᠠᠰᠠᠬᠤ | ᠤᠷᠤᠨ ᠤ ᠪᠤᠯᠪᠠᠰᠤᠨ ᠬᠤᠰᠢᠭᠤ ᠰᠢᠶᠠᠨ ᠢ ᠴᠤᠭᠴᠠᠯᠠᠨ ᠪᠠᠶᠢᠭᠤᠯᠬᠤ ᠳᠤ ᠤᠯᠤᠭᠰᠡᠨ ᠦᠷ᠎ᠠ ᠪᠦᠳᠤᠬᠡᠯ ᠢᠶᠠᠨ | ᠦᠷᠭᠦᠯᠵᠢᠯᠡᠨ ᠪᠠᠬᠢᠵᠢᠭᠦᠯᠵᠦ᠂ ᠤᠷᠤᠨ ᠤ ᠳᠡᠰ ᠤᠨ ᠴᠡᠴᠡᠷᠯᠢᠭᠵᠢᠭᠰᠡᠨ ᠬᠤᠲᠠ ᠪᠠᠯᠭᠠᠰᠤ ᠶᠢ ᠴᠢᠷᠮᠠᠶᠢᠨ | ᠪᠠᠶᠢᠭᠤᠯᠵᠤ᠂ ᠲᠤᠬᠢᠯᠢᠭ ᠲᠠᠭᠠᠯᠠᠮᠵᠢᠳᠡᠢ ᠬᠤᠲᠠ ᠬᠦᠳᠡᠭᠡ ᠶᠢᠨ ᠣᠷᠴᠢᠨ ᠲᠤᠭᠤᠷᠢᠨ ᠢ ᠴᠣᠭᠴᠠᠯᠠᠨ᠎ᠠ ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠳᠤᠭᠲᠠᠭᠤᠨ ᠢᠶᠠᠷ ᠠᠬᠢᠭᠤᠯᠤᠨ᠎ᠠ᠃ ︽ᠰᠠᠭᠤᠭᠠᠯᠢ ᠠᠷᠠᠳ ᠤᠨ | ᠤᠷᠤᠨ ᠰᠠᠭᠤᠴᠠ ᠶᠢᠨ ᠴᠢᠨᠠᠷ ᠴᠢᠡᠰᠠᠭ᠎ᠠ ᠶᠢ ᠳᠡᠭᠡᠭᠰᠢᠯᠡᠭᠦᠯᠬᠦ ᠤᠨ︾ ᠤ ᠠᠵᠢᠯᠯᠠᠭ᠎ᠠ ᠶᠢ ᠰᠠᠶᠢᠳᠤᠷ ᠦᠷᠨᠢᠭᠦᠯᠵᠦ᠂ | ᠬᠤᠲᠠ ᠪᠠᠯᠭᠠᠰᠣᠨ ᠤ ᠲᠦᠰᠦᠪ ᠵᠢᠷᠤᠭ᠂ ᠦᠢᠷ᠎ᠠ ᠶᠢᠨ ᠬᠤᠭᠤᠴᠠᠭᠠᠨ ᠳᠤ ᠪᠦᠲᠦᠭᠡᠨ ᠪᠠᠶᠢᠭᠤᠯᠤᠯᠳᠠ ᠶᠢᠨ | ᠲᠦᠯᠦᠪᠵᠢᠭᠦᠯᠭᠡ ᠵᠡᠷᠬᠡ ᠶᠢ ᠨᠠᠶᠢᠷᠠᠭᠤᠯᠣᠨ ᠲᠤᠭᠳᠠᠭᠠᠵᠤ᠂ 1.2 ᠳ᠋ᠥᠩᠰᠢᠭᠤᠷ ᠲᠦᠭᠦᠷᠢᠭ ᠤᠨ ᠪᠡᠯᠡ | ᠤᠷᠤᠭᠤᠯᠤᠨ᠂ ᠤᠰᠤ ᠶᠢ ᠲᠡᠬᠢᠨ ᠠᠰᠢᠭᠯᠠᠬᠤ ᠦᠵᠡᠮᠵᠢ ᠶᠢᠨ ᠢᠨᠵᠧᠨᠧᠷᠢᠩ ᠢ ᠲᠠᠭᠤᠰᠬᠠᠵᠤ᠂ 2500 ᠲᠦᠮᠡᠨ | ᠲᠦᠭᠦᠷᠢᠭ ᠤᠨ ᠪᠡᠯᠡ ᠣᠷᠣᠭᠤᠯᠵᠣ᠂ ᠴᠠᠭᠠᠨ ᠴᠢᠯᠠᠭᠤᠲᠤ ᠦᠨᠳᠦᠰᠦᠲᠡᠨ ᠤ ᠵᠠᠩ ᠦᠢᠯᠡ ᠶᠢᠨ ᠬᠦᠷᠢᠶᠡᠯᠡᠩ᠂ | ᠠᠪᠠᠭ᠎ᠠ ᠰᠤᠶᠤᠯ ᠤᠨ ᠬᠦᠷᠢᠶᠡᠯᠡᠩ᠂ ᠠᠪᠠᠭ᠎ᠠ ᠭᠠᠯ ᠳᠠᠬᠢᠯᠭ᠎ᠠ ᠶᠢᠨ ᠠᠭᠤᠳᠠᠮ ᠲᠠᠯᠠᠪᠠᠢ ᠶᠢ ᠰᠢᠨ᠎ᠡ ᠪᠠᠷ | ᠪᠠᠶᠢᠭᠤᠯᠤᠨ᠎ᠠ᠃ 3700 ᠲᠦᠮᠡᠨ ᠲᠦᠬᠦᠷᠢᠭ ᠤᠨ ᠪᠡᠯᠡ ᠣᠷᠣᠭᠤᠯᠵᠣ᠂ ᠪᠣᠬᠢᠷ ᠣᠰᠣ ᠶᠢ ᠲᠠᠬᠢᠨ ᠠᠰᠢᠭᠯᠠᠬᠤ | ᠢᠨᠵᠧᠨᠧᠷᠢᠩ ᠢ ᠡᠬᠢᠯᠡᠬᠦᠯᠵᠦ᠂ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠬᠦᠯᠵᠤ᠂ 4 ᠳ᠋ᠥᠩᠰᠢᠭᠤᠷ ᠲᠦᠭᠦᠷᠢᠭ ᠤᠨ ᠪᠡᠯᠡ ᠤᠷᠤᠭᠤᠯᠵᠤ᠂ 2 ᠵᠤᠷᠪᠤᠰ 3.7 ᠲᠦᠮᠡᠨ ᠳᠡᠭᠰᠢ | ᠳᠦᠷᠪᠡᠯᠵᠢᠨ ᠮᠧᠲᠷ ᠤᠨ ᠵᠠᠮ ᠢ ᠰᠢᠨ᠎ᠡ ᠪᠠᠷ ᠲᠠᠪᠢᠰᠴᠤ᠂ 2 ᠵᠤᠷᠪᠤᠰ 5.8 ᠲᠦᠮᠡᠨ ᠳᠡᠭᠰᠢ ᠳᠦᠷᠪᠡᠯᠵᠢᠨ | ᠮᠧᠲᠷ ᠤᠨ ᠵᠠᠮ ᠢ ᠦᠷᠬᠦᠯᠵᠢᠯᠡᠨ ᠵᠠᠰᠠᠵᠤ᠂ 30 ᠲᠦᠮᠡᠨ ᠳᠡᠭᠰᠢ ᠳᠦᠷᠪᠡᠯᠵᠢᠨ ᠮᠧᠲᠷ ᠵᠠᠮ ᠢ ᠲᠡᠭᠰᠢᠯᠡᠨ ᠵᠠᠰᠠᠵᠤ᠂ | 1.5 ᠲᠦᠮᠡᠨ ᠳᠡᠭᠰᠢ ᠳᠦᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠲᠠᠪᠢᠰᠴᠤ᠂ 2 ᠲᠦᠮᠡᠨ ᠳᠡᠭᠰᠢ ᠳᠦᠷᠪᠡᠯᠵᠢᠨ | ᠮᠧᠲᠷ ᠭᠠᠵᠡᠷ ᠲᠤ ᠰᠢᠨ᠎ᠡ ᠮᠠᠲ᠋ᠧᠷᠢᠶᠠᠯ ᠢᠶᠠᠷ ᠲᠠᠪᠢᠰᠤᠨ᠂ 9 ᠲᠦᠮᠡᠨ ᠳᠡᠭᠰᠢ ᠳᠦᠷᠪᠡᠯᠵᠢᠨ ᠮᠧᠲᠷ ᠲᠤ ᠱᠦᠢᠨᠢ | ᠲᠤᠭᠤᠰᠬ᠎ᠠ ᠲᠠᠪᠢᠰᠤᠨᠠ︔15 ᠺᠢᠯᠣᠮᠧᠲᠷ ᠤᠨ ᠪᠤᠬᠢᠷ ᠣᠰᠣ ᠭᠠᠳᠠᠭᠰᠢᠯᠠᠭᠤᠯᠬᠤ ᠬᠤᠭᠤᠯᠠᠢ᠂15 ᠺᠢᠯᠣᠮᠧᠲᠷ ᠤᠨ | ᠲᠦᠬᠡᠬᠡᠯ ᠤᠰᠤ ᠬᠠᠩᠭᠠᠬᠤ ᠬᠤᠭᠤᠯᠠᠢ᠂ 5 ᠺᠢᠯᠣᠮᠧᠲᠷ ᠪᠤᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ᠂ 12 | ᠺᠢᠯᠣᠮᠧᠲᠷ ᠤᠨ ᠲᠦᠪᠯᠡᠷᠡᠩᠬᠦᠢ ᠳᠤᠯᠠᠭᠠᠯᠭ᠎ᠠ ᠶᠢᠨ ᠬᠤᠭᠤᠯᠠᠢ ᠶᠢ ᠦᠬᠡᠷᠡᠴᠢᠯᠡᠨ ᠵᠠᠰᠠᠨ᠎ᠠ᠃ 706 ᠢᠵᠢ ᠵᠠᠮ ᠤᠨ | ᠳ᠋ᠧᠩ ᠣᠭᠰᠠᠷᠠᠵᠣ᠂ ︽ᠨᠢᠭᠡ ᠵᠡᠭᠡᠯᠢ ᠨᠢᠭᠡ ᠵᠠᠮ︾ ᠬᠡᠷᠡᠯᠳᠤᠬᠦᠯᠬᠡ ᠶᠢᠨ ᠢᠨᠵᠧᠨᠧᠷᠢᠩ ᠢ ᠪᠡᠶᠡᠯᠡᠬᠦᠯᠦᠨ᠂ | ᠤᠰᠤ ᠪᠠᠷ ᠴᠡᠪᠡᠷᠰᠢᠬᠦᠯᠬᠦ ᠵᠤᠷᠯᠤᠩ 4 ᠶᠢ ᠰᠢᠨ᠎ᠡ ᠪᠠᠷ ᠪᠠᠷᠢᠵᠣ᠂ ᠵᠠᠮ ᠤᠨ ᠫᠠᠶᠢᠰᠠ ᠲᠡᠮᠳᠡᠭ 55 ᠶᠢ ᠰᠤᠯᠢᠵᠦ᠂ | ᠪᠡᠯᠭᠦᠲᠠᠢ ᠪᠠᠯᠭᠠᠰᠤ᠋ ᠪᠠ ᠤᠶᠢᠷ᠎ᠠ ᠤᠷᠴᠢᠮ ᠤᠨ 2900 ᠮᠦ ᠭᠠᠵᠠᠷ ᠢ ᠨᠣᠭᠤᠭᠠᠷᠠᠭᠤᠯᠣᠨ᠎ᠠ᠃ | ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠪᠠᠨ ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠲᠠᠯ᠎ᠠ ᠪᠠᠷ᠂ | ᠴᠠᠭᠠᠨᠨᠠᠭᠤᠷ ᠤᠨ ᠠᠵᠤ ᠦᠢᠯᠡᠳᠪᠤᠷᠢ ᠳᠤ ᠤᠰᠤ ᠬᠠᠩᠭᠠᠬᠤ ᠤᠰᠤᠨ ᠰᠤᠷᠪᠤᠯᠵᠢ ᠶᠢᠨ ᠢᠨᠵᠧᠨᠧᠷᠢᠩ ᠢ | ᠢᠳᠡᠪᠬᠢᠲᠠᠢ ᠳᠦᠯᠬᠢᠨ ᠠᠬᠢᠭᠤᠯᠵᠤ᠂ ᠪᠡᠯᠭᠦᠳᠠᠢ ᠪᠠᠯᠭᠠᠰᠤᠨ ᠳᠤ ᠤᠰᠤ ᠲᠠᠳᠠᠬᠤ ᠢᠨᠵᠧᠨᠧᠷᠢᠩ ᠢ ᠡᠬᠢᠯᠡᠭᠦᠯᠦᠨ᠂ | ᠠᠮᠤᠷ ᠳᠦᠪᠰᠢᠨ ᠤᠰᠤ ᠤᠮᠳᠠ ᠶᠢᠨ ᠢᠡᠵᠧᠨᠧᠷᠢᠩ ᠢ ᠬᠡᠷᠡᠭᠵᠢᠬᠦᠯᠵᠤ᠂ ᠵᠢᠯ ᠤᠨ ᠲᠤᠳᠤᠷ᠎ᠠ 117 ᠰᠠᠤᠷᠢ | ᠮᠠᠰᠢᠨ ᠬᠤᠳᠳᠤᠭ᠂107 ᠪᠦᠳᠦᠬᠦᠨ ᠠᠮᠠᠰᠠᠷᠲᠣ ᠬᠤᠳᠳᠤᠭ᠂ 150 ᠤᠰᠤ ᠬᠠᠳᠠᠭᠠᠯᠠᠬᠤ ᠵᠤᠭᠤᠷᠢ ᠶᠢ | ᠰᠢᠨ᠎ᠡ ᠪᠠᠷ ᠪᠠᠶᠢᠭᠤᠯᠵᠤ᠂ ᠤᠰᠤ ᠴᠠᠪᠠᠷᠰᠢᠬᠦᠯᠬᠦ ᠳᠦᠬᠦᠭᠡᠷᠦᠮᠵᠢ 300 ᠢᠵᠢ ᠶᠢ ᠤᠭᠰᠠᠷᠠᠨ᠎ᠠ᠃ ᠵᠠᠰᠠᠮᠠᠯ ᠵᠠᠮ ᠤᠨ | ᠪᠦᠲᠦᠬᠡᠨ ᠪᠠᠶᠢᠭᠤᠯᠤᠯᠲᠠ ᠶᠢᠨ ᠲᠠᠯ᠎ᠠ ᠪᠠᠷ᠂ ᠭᠠᠴᠠᠭᠠᠨ ᠳᠤ ᠨᠠᠪᠳᠠᠷᠠᠬᠦ ᠵᠠᠰᠠᠮᠠᠯ ᠵᠠᠮ ᠤᠨ ᠪᠠᠶᠢᠭᠤᠯᠣᠯᠳᠠ ᠶᠢᠨ | ᠲᠦᠷᠦᠯ ᠵᠦᠢᠯ ᠢ ᠢᠳᠡᠪᠬᠢᠳᠡᠢ ᠠᠬᠢᠭᠤᠯᠵᠣ᠂ ᠰᠢᠨ᠎ᠡ ᠪᠠᠷ 26 ᠵᠤᠷᠪᠤᠰ 250.6 ᠺᠢᠯᠣᠮᠧᠲᠷ ᠤᠨ ᠮᠠᠯᠵᠢᠬᠤ | ᠤᠷᠤᠨ ᠤ ᠵᠠᠰᠠᠮᠠᠯ ᠵᠠᠮ ᠢ ᠲᠠᠪᠢᠰᠴᠤ᠂ 303 ᠤᠯᠤᠰ ᠤᠨ ᠳᠡᠰ ᠤᠨ ᠠᠪᠠᠭ᠎ᠠ ᠬᠤᠰᠢᠭᠤᠨ ᠤ ᠬᠠᠷᠢᠶᠠᠨ ᠳᠠᠬᠢ | ᠵᠠᠰᠠᠮᠠᠯ ᠵᠠᠮ ᠢ ᠲᠡᠪᠢᠰᠴᠦ ᠳᠠᠭᠤᠰᠬᠠᠨ᠂ 331 ᠣᠯᠣᠰ ᠤᠨ ᠲᠡᠰ ᠤᠨ ᠵᠠᠰᠠᠮᠠᠯ ᠵᠠᠮ ᠤᠨ ᠠᠪᠠᠭ᠎ᠠ ᠬᠤᠰᠢᠭᠤᠨ ᠤ | ᠬᠠᠷᠢᠶᠠᠨ ᠳᠠᠬᠢ ᠪᠠᠷᠢᠯᠭ᠎ᠠ ᠶᠢ ᠡᠬᠢᠯᠡᠭᠦᠯᠤᠨ᠎ᠠ᠃ ᠴᠠᠬᠢᠯᠭᠠᠨ ᠲᠤᠤᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ | ᠰᠢᠯᠢ ᠶᠢᠨ ᠭᠤᠣᠯ ᠠᠶᠢᠮᠠᠭ ᠤᠨ 500 ᠺᠢᠯᠤᠸᠤᠯᠲ ᠤᠨ ᠴᠠᠬᠢᠯᠭᠠᠨ ᠲᠤᠤᠷ ᠤᠨ ᠠᠪᠠᠭ᠎ᠠ ᠬᠤᠰᠢᠭᠤᠨ ᠤ | ᠬᠠᠷᠢᠶᠠᠨ ᠳᠠᠬᠢ ᠪᠠᠷᠢᠯᠭ᠎ᠠ ᠶᠢ ᠡᠬᠢᠯᠡᠬᠦᠯᠵᠤ᠂ ᠠᠪᠠᠭ᠎ᠠ ᠬᠤᠰᠢᠭᠤᠨ ᠤ 220 ᠺᠢᠯᠤᠸᠤᠯᠲ ᠤᠨ ᠬᠦᠴᠤᠳᠠᠯ | ᠬᠤᠪᠢᠰᠬᠠᠬᠤ ᠦᠷᠲᠡᠭᠡ᠂ ᠰᠢᠨ᠎ᠡ ᠡᠨᠧᠷᠬᠢ ᠶᠢᠨ ᠴᠠᠬᠢᠯᠭᠠᠨ ᠲᠠᠮᠵᠢᠭᠤᠯᠬᠤ ᠶᠢ ᠲᠠᠰ ᠲᠠᠪᠰᠢᠬᠦᠯᠵᠤ ᠦᠭᠡᠷᠡᠴᠢᠯᠡᠬᠦ | ᠢᠨᠵᠧᠨᠧᠷᠢᠩ ᠢ ᠬᠡᠷᠡᠭᠵᠢᠬᠦᠯᠵᠦ᠂ ᠰᠢᠨ᠎ᠡ ᠪᠠᠷ 327.5 ᠺᠢᠯᠣᠮᠧᠲᠷ ᠤᠨ ᠴᠠᠬᠢᠯᠭᠠᠨ ᠱᠣᠭᠤᠮ ᠲᠠᠳᠠᠵᠤ᠂2 ᠭᠤᠤᠯ | ᠬᠦᠴᠤᠳᠠᠯ ᠬᠤᠪᠢᠰᠬᠠᠭᠴᠢ ᠪᠠ 36 ᠢᠵᠢ ᠲᠠᠭᠠᠯᠳᠠ ᠬᠦᠴᠤᠳᠠᠯ ᠬᠤᠪᠢᠰᠬᠠᠭᠴᠢ᠂ 85 ᠮᠠᠯᠵᠢᠬᠤ ᠡᠷᠦᠬᠡ ᠳᠤ | ᠴᠠᠬᠢᠯᠭᠠᠨ ᠲᠤᠤᠷ ᠨᠠᠪᠳᠠᠷᠠᠬᠦᠯᠵᠤ᠂ 2000 ᠸᠠᠲ ᠠᠴᠠ ᠳᠡᠭᠡᠭᠰᠢ ᠨᠠᠷᠠ ᠰᠠᠯᠬᠢ ᠬᠠᠪᠰᠤᠷᠭᠠᠭᠰᠡᠨ | ᠳᠦᠬᠦᠭᠡᠷᠦᠮᠵᠢ ᠶᠢ 400 ᠢᠵᠢ ᠤᠭᠰᠠᠷᠠᠨ᠎ᠠ᠃ ᠴᠢᠮᠡᠭᠡ ᠬᠤᠯᠪᠤᠭᠠᠨ ᠤ ᠰᠦᠯᠵᠢᠶᠠᠨ ᠤ ᠲᠠᠯ᠎ᠠ ᠪᠠᠷ᠂ ᠰᠢᠨ᠎ᠠ ᠪᠠᠷ | 4G ᠰᠠᠭᠤᠷᠢ ᠦᠷᠲᠡᠭᠡ ᠶᠢ 20 ᠠᠴᠠ ᠲᠡᠬᠡᠭᠰᠢ ᠪᠠᠶᠢᠭᠤᠯᠵᠤ᠂ 374 ᠺᠢᠯᠤᠮᠧᠲᠷ ᠤᠨ ᠬᠡᠷᠡᠯᠯᠢᠭ ᠤᠳᠠᠰᠤ | ᠨᠠᠪᠳᠠᠷᠠᠬᠦᠯᠤᠨᠠ᠃ | ᠬᠤᠲᠠ ᠬᠦᠳᠡᠭᠡ ᠶᠢᠨ ᠵᠢᠷᠤᠮᠵᠢᠭᠰᠡᠨ ᠬᠠᠮᠢᠶᠠᠷᠤᠯᠲᠠ ᠶᠢ ᠴᠢᠩᠭᠠᠳᠬᠠᠨ᠎ᠠ᠃ ᠪᠠᠯᠭᠠᠰᠤᠨ ᠤ ᠳᠦᠷᠢ ᠳᠦᠷᠬᠦ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠲᠡᠯᠭᠡᠭᠡ ᠮᠠᠶᠢᠮᠠᠢ᠂ ᠤᠷᠤᠰᠢᠭᠤᠯᠭ᠎ᠠ ᠶᠢᠨ ᠪᠣᠯᠬᠢ ᠵᠠᠩᠰᠢᠯ᠂ ᠲᠣᠷ᠎ᠠ ᠪᠠᠷ | ᠲᠡᠷᠬᠡ ᠵᠤᠭᠰᠤᠭᠠᠬᠤ ᠵᠡᠷᠭᠡ ᠠᠰᠠᠭᠤᠳᠠᠯ ᠢ ᠲᠦᠪᠯᠡᠷᠡᠬᠦᠯᠤᠨ ᠴᠡᠭᠴᠡᠯᠡᠵᠤ᠂ 2175 ᠲᠡᠭᠰᠢ ᠳᠦᠷᠪᠡᠯᠵᠢᠨ ᠮᠧᠲᠷ | ᠲᠠᠯᠠᠪᠠᠢ ᠲᠠᠢ ᠣᠷᠣᠰᠢᠭᠤᠯᠭ᠎ᠠ ᠶᠢᠨ ᠭᠠᠵᠠᠷ ᠤᠨ ᠪᠠᠷᠢᠯᠭ᠎ᠠ ᠶᠢ ᠲᠠᠭᠤᠰᠬᠠᠵᠤ᠂ ᠨᠡᠶᠢᠲᠡ ᠶᠢᠨ ᠣᠷᠣᠰᠢᠭᠤᠯᠭ᠎ᠠ ᠶᠢᠨ | ᠭᠠᠵᠡᠷ ᠢ ᠴᠡᠭᠴᠡᠯᠡᠨ ᠵᠠᠰᠠᠨ᠎ᠠ᠃ ᠵᠠᠮ ᠬᠠᠷᠢᠯᠴᠠᠭᠠᠨ ᠤ ᠡᠮᠬᠢ ᠳᠢᠭᠯᠢᠮ ᠤᠨ ᠲᠠᠯ᠎ᠠ ᠶᠢᠨ ᠣᠷᠣᠰᠢᠵᠣ ᠪᠠᠶᠢᠭ᠎ᠠ | ᠠᠰᠠᠭᠤᠳᠠᠯ ᠢ ᠴᠡᠭᠴᠡᠯᠡᠨ ᠵᠠᠰᠠᠵᠤ᠂ ᠨᠡᠶᠢᠭᠡᠮ ᠤᠨ ᠦᠩᠭᠡᠨ ᠬᠡᠷᠡᠭᠯᠡᠭᠡᠨ ᠤ ᠫᠠᠶᠢᠰᠠ ᠢᠯᠡᠷᠬᠡᠶᠢᠯᠡᠯ ᠮᠤᠩᠭᠤᠯ ᠬᠢᠳᠡᠳ | ᠬᠤᠤᠰ ᠬᠡᠯᠡ ᠬᠡᠷᠡᠭᠯᠡᠬᠦ ᠶᠢ ᠲᠦᠷᠢᠮᠵᠢᠬᠦᠯᠦᠨ᠎ᠡ᠃ ᠮᠠᠯᠵᠢᠬᠤ ᠤᠷᠤᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠤᠮᠤ ᠭᠠᠴᠠᠭᠠᠨ ᠤ ᠪᠦᠲᠦᠭᠡᠨ ᠪᠠᠶᠢᠭᠤᠯᠤᠯᠲᠠ | ᠶᠢᠨ ᠬᠠᠮᠢᠶᠠᠷᠤᠯᠲᠠ ᠶᠢᠨ ᠵᠤᠬᠢᠴᠠᠮᠵᠢ ᠶᠢ ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ ᠵᠢᠯ ᠤᠨ ᠲᠤᠳᠤᠷ᠎ᠠ 2000 | ᠲᠦᠮᠡᠨ ᠲᠦᠭᠦᠷᠢᠭ ᠤᠨ ᠪᠡᠯᠡ ᠤᠷᠤᠭᠤᠯᠵᠤ ᠰᠤᠮᠤ ᠪᠠᠯᠭᠠᠰᠤᠨ ᠤ ᠰᠠᠭᠤᠭ᠎ᠠ ᠭᠠᠵᠡᠷ ᠢ ᠨᠤᠭᠤᠭᠠᠷᠠᠭᠤᠯᠵᠤ᠂ 200 | ᠲᠦᠮᠡᠨ ᠲᠦᠬᠦᠷᠢᠭ ᠵᠠᠷᠤᠴᠠᠭᠤᠯᠵᠤ ᠮᠠᠯᠵᠢᠬᠤ ᠤᠷᠤᠨ ᠤ ᠤᠷᠴᠢᠨ ᠲᠤᠭᠤᠷᠢᠨ ᠢ ᠶᠠᠷᠤᠩᠬᠡᠶᠢᠯᠡᠨ ᠴᠡᠭᠴᠡᠯᠡᠵᠤ᠂ | 400 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠤᠩᠭᠤᠷᠭᠤᠣᠯ ᠪᠠᠯᠭᠠᠰᠤᠨ ᠤ ᠠᠯᠳᠠᠡᠳᠦ᠋ᠬᠦᠷᠢᠭ ᠭᠠᠴᠠᠭ᠎ᠠ | ᠂ ᠶᠡᠬᠡᠪᠤᠯᠠᠭ ᠭᠠᠴᠠᠭ᠎ᠠ᠂ ᠴᠠᠭᠠᠨᠨᠠᠭᠤᠷ ᠪᠠᠯᠭᠠᠰᠤᠨ ᠤ ᠨᠤᠭᠤᠭᠠᠡᠰᠢᠯᠢ᠂ ᠴᠠᠭᠠᠡᠨᠠᠭᠤᠷ ᠭᠠᠴᠠᠭ᠎ᠠ ᠶᠢ ᠦᠵᠡᠰᠭᠦᠯᠡᠩᠲᠦ | ᠬᠦᠳᠡᠭᠡ ᠲᠤᠰᠬᠤᠨ ᠤ ᠲᠦᠷᠥᠯ ᠵᠥᠢᠯ ᠢ ᠬᠡᠷᠡᠭᠵᠢᠬᠦᠯᠤᠨ᠎ᠠ᠃ | ᠲᠠᠪᠤ ᠳᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠬᠠᠣᠯᠢ ᠶᠣᠰᠣᠭᠠᠷ | ᠵᠠᠰᠠᠭᠯᠠᠬᠤ ᠶᠢ ᠪᠠᠷᠢᠮᠳᠠᠯᠠᠵᠤ᠂ ᠡᠯ᠎ᠡ ᠲᠠᠯ᠎ᠠ ᠶᠢᠨ ᠠᠵᠢᠯ ᠢᠶᠠᠨ ᠬᠠᠤᠯᠢ ᠶᠤᠰᠤᠭᠠᠷ ᠲᠦᠷᠢᠮᠵᠢᠬᠦᠯᠵᠤ᠂ ᠬᠤᠰᠢᠭᠤ | ᠨᠠᠮ ᠤᠨ ᠬᠤᠷᠢᠶᠠᠨ ᠤ ᠰᠢᠢᠳᠪᠦᠷᠢᠳᠦ ᠪᠠᠶᠢᠷᠢᠯᠠᠭᠤᠯᠣᠯᠳᠠ ᠶᠢ ᠴᠢᠩᠭ᠎ᠠ ᠨᠢᠮᠪᠠᠢ ᠲᠣᠣᠱᠯᠠᠭᠤᠯᠣᠨ᠂ ᠤᠬᠠᠮᠰᠠᠷ ᠠᠴᠠ | ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ ᠪᠠ ᠣᠯᠣᠰ ᠲᠦᠷᠦ ᠶᠢᠨ | ᠵᠦᠪᠯᠡᠯᠭᠡᠨ ᠤ ᠠᠷᠡᠳᠴᠢᠯᠡᠯᠳᠤ ᠬᠢᠨᠠᠯᠳᠠ ᠶᠢ ᠬᠦᠯᠢᠶᠡᠨ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠦᠷᠭᠡᠨ ᠢᠶᠠᠷ | ᠰᠣᠨᠣᠰᠴᠦ᠂ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠣᠬᠠᠭᠠᠨᠴᠢᠯᠠᠭᠰᠠᠨ ᠬᠢᠷᠢ ᠲᠦᠪᠰᠢᠨ ᠢ ᠲᠠᠰᠣᠷᠠᠯᠳᠠ | ᠦᠭᠡᠢ ᠲᠡᠭᠡᠭᠰᠢᠯᠡᠬᠦᠯᠦᠨ᠎ᠡ᠃ ᠦᠨᠡᠨ ᠪᠣᠳᠠᠳᠠᠢ ᠰᠢᠷᠭᠠᠭᠤ ᠠᠵᠢᠯᠯᠠᠬᠤ ᠶᠢ ᠪᠠᠷᠢᠮᠳᠠᠯᠠᠨ᠂ ᠣᠷᠣᠭᠰᠢᠯᠠᠨ ᠲᠠᠪᠰᠢᠬᠤ | ᠵᠣᠷᠢᠭ ᠰᠠᠨᠠᠭ᠎ᠠ ᠶᠢ ᠢᠮᠠᠭᠳᠠ ᠪᠠᠷᠢᠮᠳᠠᠯᠠᠨ᠂ ︽ᠬᠠᠳᠠᠭᠠᠰᠤ ᠬᠠᠳᠠᠬᠤ︾ ᠪᠠ ︽ᠮᠤᠩᠭᠤᠯ ᠮᠣᠷᠢᠨ︾ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠣᠯᠣᠰ ᠤᠨ ᠲᠦᠷᠦ ᠶᠢᠨ ᠪᠣᠳᠣᠯᠭ᠎ᠠ ᠶᠢᠨ ᠬᠠᠨᠳᠣᠰᠢ ᠶᠢ ᠵᠦᠪ ᠣᠨᠣᠪᠴᠢᠳᠠᠢ | ᠰᠣᠳᠣᠯᠣᠨ ᠮᠠᠭᠠᠳᠯᠠᠵᠣ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠦᠷᠥᠯ ᠵᠥᠢᠯ | ᠤᠨ ᠪᠡᠯᠡ ᠮᠦᠩᠬᠦ ᠭᠤᠶᠤᠴᠢᠯᠠᠬᠤ ᠪᠠ ᠲᠦᠷᠥᠯ ᠵᠥᠢᠯ ᠢ ᠰᠠᠭᠤᠷᠢᠰᠢᠭᠤᠯᠬᠤ ᠡᠷᠴᠢᠮ ᠢᠶᠠᠨ ᠬᠦᠴᠦᠯᠡᠨ | ᠠᠬᠢᠭᠤᠯᠣᠨ᠎ᠠ᠃ ᠲᠦᠪ ᠴᠢᠩᠭ᠎ᠠ ᠵᠠᠰᠠᠭᠯᠠᠬᠤ ᠶᠢ ᠪᠠᠷᠢᠮᠳᠠᠯᠠᠨ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ | ᠱᠠᠳᠣᠨ ᠤ ᠨᠠᠮ ᠤᠨ ᠬᠡᠰᠢᠬᠦᠨ ᠺᠠᠳ᠋ᠷ ᠡᠷᠭᠡᠪᠰᠢ ᠨᠠᠮ ᠤᠨ ᠲᠣᠳᠣᠭᠠᠳᠣ ᠶᠢᠨ ᠣᠯᠣᠰ ᠲᠦᠷᠦ ᠶᠢᠨ ᠠᠮᠢᠳᠣᠷᠠᠯ ᠢ | ᠲᠦᠪ ᠴᠢᠩᠭ᠎ᠠ ᠪᠠᠶᠢᠯᠭᠠᠬᠤ᠂ ᠨᠠᠮ ᠤᠨ ᠲᠦᠷᠢᠮ ᠨᠠᠮ ᠤᠨ ᠲᠣᠭᠳᠠᠭᠠᠯ ᠨᠠᠮ ᠤᠨ ᠰᠠᠬᠢᠯᠭ᠎ᠠ ᠶᠣᠰᠣᠭᠠᠷ ᠡᠷᠭᠡ | ᠡᠬᠦᠷᠭᠡ ᠪᠠᠨ ᠰᠠᠶᠢᠳᠣᠷ ᠬᠦᠢᠴᠡᠳᠭᠡᠨ᠎ᠡ᠃ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠬᠦᠨ | ᠪᠣᠯᠬᠤ︾ ᠰᠣᠷᠣᠯᠴᠠᠯᠭ᠎ᠠ ᠬᠦᠮᠦᠵᠢᠯ ᠤᠨ ᠦᠷ᠎ᠡ ᠪᠦᠳᠦᠭᠡᠯ ᠢ ᠪᠠᠬᠢᠵᠢᠬᠦᠯᠦᠨ᠂ ᠲᠦᠪ ᠤᠨ ᠨᠠᠢᠮᠠᠨ ᠵᠣᠷᠪᠣᠰ | ᠲᠣᠭᠳᠠᠭᠠᠯ ᠢ ᠡᠷᠡᠰ ᠭᠤᠶᠢᠪᠢᠰᠢ ᠦᠭᠡᠢ ᠬᠡᠷᠡᠭᠵᠢᠬᠦᠯᠵᠦ᠂ ᠠᠵᠢᠯ ᠤᠨ ᠰᠤᠷᠳᠠᠯ ᠢᠶᠠᠨ ᠦᠷᠬᠦᠯᠵᠢᠯᠡᠨ ᠬᠠᠯᠠᠠ | ᠰᠠᠶᠢᠵᠢᠷᠠᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠠᠷᠢᠭᠤᠨ ᠴᠢᠭᠡᠴᠢ | ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ︽ᠨᠢᠭᠡ | ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠡᠷᠡᠭᠵᠢᠬᠦᠯᠤᠨ᠂ ᠡᠳ᠋ ᠤᠨ ᠵᠠᠰᠠᠭ᠂ ᠬᠢᠨᠠᠨ | ᠪᠣᠳᠣᠬᠤ᠂ ᠬᠢᠨᠠᠨ ᠪᠠᠶᠢᠴᠠᠭᠠᠵᠣ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠣ᠂ ᠲᠦᠷᠢᠮ ᠲᠣᠭᠳᠠᠭᠠᠯ ᠢᠶᠠᠷ | ᠢᠯᠵᠢᠷᠠᠯ ᠢ ᠡᠰᠡᠷᠬᠦᠴᠡᠬᠦ ᠶᠢ ᠠᠬᠢᠭᠤᠯᠣᠨ᠂ ᠲᠦᠪ ᠭᠤᠣᠯᠴᠢ᠂ ᠠᠷᠢᠭᠤᠨ ᠴᠢᠭᠡᠴᠢ᠂ ᠦᠨᠡᠨ ᠪᠣᠳᠠᠳᠠᠢ ᠠᠵᠢᠯᠯᠠᠬᠤ | ᠣᠯᠣᠰ ᠲᠦᠷᠦ ᠶᠢᠨ ᠤᠷᠴᠢᠨ ᠢ ᠪᠣᠢ ᠪᠣᠯᠭᠠᠬᠤ ᠪᠠᠷ ᠴᠢᠷᠮᠠᠶᠢᠨ᠎ᠠ᠃ | ᠲᠦᠯᠦᠭᠡᠯᠡᠭᠴᠢᠳ ᠡ᠂ ᠨᠦᠬᠦᠳ ᠡ︕ ᠪᠦᠬᠦ ᠬᠤᠰᠢᠭᠤᠨ ᠤ ᠠᠷᠠᠳ ᠲᠦᠮᠡᠨ ᠳᠤ ᠵᠣᠯ ᠵᠢᠷᠭᠠᠯᠳᠣ ᠠᠮᠢᠳᠣᠷᠠᠯ ᠢ | ᠡᠳ᠋ᠯᠡᠬᠦᠯᠬᠦ ᠪᠣᠯ ᠴᠠᠭ ᠦᠶ᠎ᠡ ᠠᠴᠠ ᠪᠢᠳᠠᠨ ᠳᠤ ᠣᠯᠭᠤᠭᠰᠠᠨ ᠡᠷᠬᠢᠮ ᠲᠡᠭᠡᠳᠦ ᠡᠬᠦᠷᠭᠡ ᠬᠠᠷᠢᠭᠤᠴᠠᠯᠭ᠎ᠠ ᠪᠣᠯᠣᠨ᠎ᠠ᠃ | ᠪᠢᠳᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠠᠬᠢᠨ ᠪᠠᠷᠠᠯᠠᠵᠣ ᠬᠠᠷᠢᠯᠴᠠᠨ | ᠬᠠᠪᠰᠣᠷᠣᠯᠴᠠᠨ᠂ ᠪᠦᠯᠬᠦᠮᠳᠡᠨ ᠲᠡᠮᠡᠴᠡᠵᠦ ᠢᠳᠡᠭᠡᠯ ᠲᠡᠬᠦᠯᠳᠡᠷ ᠣᠷᠣᠭᠰᠢᠯᠠᠵᠣ᠂ ᠴᠡᠴᠡᠭᠯᠡᠨ ᠬᠦᠭᠵᠢᠭᠰᠡᠨ᠂ | ᠲᠣᠬᠢᠯᠢᠭ ᠲᠠᠭᠠᠯᠠᠮᠵᠢᠳᠠᠢ᠂ ᠦᠵᠡᠰᠬᠦᠯᠡᠩᠳᠦ ᠰᠠᠶᠢᠬᠠᠨ᠂ ᠪᠣᠯᠪᠠᠰᠣᠨ᠂ ᠵᠣᠯ ᠵᠢᠷᠭᠠᠯᠳᠣ ᠠᠪᠠᠭ᠎ᠠ ᠨᠣᠳᠤᠭ ᠢ | ᠴᠣᠭᠴᠠᠯᠠᠨ ᠪᠠᠶᠢᠭᠤᠯᠬᠤ ᠪᠠᠷ ᠬᠠᠮᠳᠣ ᠪᠠᠷ ᠴᠢᠷᠮᠠᠶᠢᠨ ᠲᠡᠮᠡᠴᠡᠵᠡᠭᠡᠶ᠎ᠡ︕ | | | | | | | | | | | | | ᠨᠠᠷᠠᠰ ᠤᠨ ᠲᠠᠶᠢᠯᠪᠤᠷᠢ | ⒈ ᠲᠠᠯᠪᠢᠬᠤ ᠬᠠᠮᠢᠶᠠᠷᠬᠤ ᠦᠢᠯᠡᠴᠢᠯᠡᠬᠦ᠄ ︽ᠲᠠᠯᠪᠢᠬᠤ︾ ᠬᠡᠳᠡᠭ ᠨᠢ᠄ ᠵᠠᠰᠠᠭ ᠢ ᠴᠣᠮᠬᠠᠳᠬᠠᠨ ᠡᠷᠭᠡ ᠶᠢ | ᠲᠣᠷᠣᠭᠰᠢ ᠲᠠᠯᠪᠢᠵᠤ᠂ ᠵᠦᠪᠰᠢᠶᠡᠷᠡᠬᠦ ᠪᠠᠷᠢᠮᠵᠢᠶ᠎ᠠ ᠶᠢ ᠲᠣᠷᠣᠭᠰᠢᠯᠠᠭᠤᠯᠬᠤ ᠶᠢ ᠵᠢᠭᠠᠵᠣ ᠪᠠᠶᠢᠨ᠎ᠠ᠃ ︽ | ᠬᠠᠮᠢᠶᠠᠷᠬᠤ︾ ᠪᠣᠯ ᠲᠠᠷᠣᠢ ᠲᠦᠪ ᠭᠤᠣᠯᠴᠢ ᠬᠢᠨᠠᠨ ᠬᠠᠮᠢᠶᠠᠷᠣᠯᠳᠠ ᠪᠠᠷ ᠡᠷᠭᠡ ᠲᠡᠭᠰᠢ ᠦᠷᠢᠰᠦᠯᠳᠦᠭᠡᠨ ᠢ | ᠠᠬᠢᠭᠤᠯᠬᠤ ᠶᠢ ᠵᠢᠭᠠᠵᠣ ᠪᠠᠶᠢᠨ᠎ᠠ᠃ ︽ᠦᠢᠯᠡᠴᠢᠯᠡᠬᠦ︾ ᠬᠡᠳᠡᠭ ᠨᠢ᠄ ᠪᠦᠳᠦᠮᠵᠢᠳᠡᠢ ᠦᠢᠯᠡᠴᠢᠯᠡᠭᠡ ᠪᠠᠷ ᠲᠦᠬᠦᠮ | ᠲᠦᠳᠠ ᠦᠢᠯᠡᠴᠢᠯᠡᠬᠡᠨ ᠤ ᠤᠷᠴᠢᠨ ᠢ ᠪᠤᠢ ᠪᠤᠯᠭᠠᠬᠤ᠃ | ⒉ᠲᠠᠪᠣᠨ ᠦᠨᠡᠮᠯᠡᠯ ᠢ ᠨᠢᠭᠡᠳᠭᠡᠵᠦ᠂ ᠨᠢᠭᠡ ᠭᠡᠷᠡᠴᠢ ᠨᠢᠭᠡ ᠳ᠋ᠣᠭᠠᠷ ᠲᠠᠢ ᠪᠠᠶᠢᠬᠤ᠄ ᠡᠵᠡᠩᠨᠡᠯᠳᠡ ᠶᠢᠨ ᠦᠨᠡᠮᠯᠡᠯ᠂ | ᠪᠠᠶᠢᠭᠤᠯᠣᠮᠵᠢ ᠶᠢᠨ ᠲᠦᠯᠦᠭᠡᠨ ᠤ ᠦᠨᠡᠮᠯᠡᠯ᠂ ᠭᠠᠶᠢᠯᠢ ᠶᠢᠨ ᠦᠨᠡᠮᠯᠡᠯ᠂ ᠨᠡᠶᠢᠭᠡᠮ ᠤᠨ ᠲᠠᠭᠠᠳᠬᠠᠯ ᠤᠨ ᠦᠨᠡᠮᠯᠡᠯ | ᠪᠠ ᠲᠤᠭ᠎ᠠ ᠪᠦᠷᠢᠳᠭᠡᠯ ᠤᠨ ᠦᠨᠡᠮᠯᠡᠯ ᠵᠡᠷᠭᠡ ᠲᠠᠪᠣᠨ ᠦᠨᠡᠮᠯᠡᠯ ᠢ ᠨᠢᠭᠡᠳᠭᠡᠨ᠎ᠡ᠃ ᠠᠵᠣ ᠠᠬᠤᠶᠢᠯᠠᠯ ᠢ ᠲᠠᠩᠰᠠᠯᠠᠬᠤ | ᠭᠠᠷᠳᠠᠮ ᠢ ᠲᠦᠬᠦᠮᠴᠢᠯᠡᠨ᠂ ᠣᠣᠯ ᠤᠨ ᠲᠠᠪᠣᠨ ᠦᠨᠡᠮᠯᠡᠯ ᠢ ᠨᠢᠭᠡᠳᠦᠬᠦᠯᠦᠨ ᠨᠢᠭᠡ ᠡᠵᠡᠩᠨᠡᠯᠳᠡ ᠶᠢᠨ ᠦᠨᠡᠮᠯᠡᠯ ᠪᠠ | ᠨᠢᠭᠡ ᠨᠡᠶᠢᠭᠡᠮ ᠤᠨ ᠢᠳᠡᠭᠡᠮᠵᠢᠳᠦ ᠲᠦᠯᠦᠭᠡᠨ ᠤ ᠳ᠋ᠣᠭᠠᠷ ᠲᠠᠢ ᠪᠣᠯᠭᠠᠨ᠎ᠠ᠃ | ⒊ ᠬᠤᠣᠰ ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ᠄ ᠬᠢᠨᠠᠨ ᠬᠠᠮᠢᠶᠠᠷᠣᠯᠳᠠ ᠶᠢᠨ ᠶᠠᠪᠣᠴᠠ ᠳᠤ ᠪᠠᠶᠢᠴᠠᠭᠠᠬᠤ | ᠡᠳᠡᠭᠡᠳ ᠢᠶᠠᠨ ᠲᠣᠭᠳᠠᠮᠠᠯ ᠪᠣᠰᠣ ᠪᠠᠷ ᠰᠤᠭᠤᠴᠢᠨ ᠲᠤᠭᠳᠠᠭᠠᠠᠬᠤ᠂ ᠬᠠᠣᠯᠢ ᠬᠡᠷᠡᠭᠵᠢᠬᠦᠯᠬᠦ ᠠᠵᠢᠯᠳᠠᠨ ᠢ ᠲᠣᠭᠳᠠᠮᠠᠯ | ᠪᠣᠰᠣ ᠪᠠᠷ ᠰᠣᠭᠤᠴᠢᠨ ᠲᠣᠮᠢᠯᠠᠬᠤ᠂ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠣᠬᠠᠢ ᠳᠤᠨᠢ | ᠨᠡᠶᠢᠭᠡᠮ ᠳᠤ ᠢᠯᠡ ᠨᠡᠶᠢᠳᠡᠯᠡᠬᠦ᠃ | ⒋ ᠨᠢᠭᠡ ᠪᠦᠰᠡ ᠨᠢᠭᠡ ᠵᠠᠮ᠄ ︽ᠲᠣᠷᠭᠠᠨ ᠵᠠᠮ ᠤᠨ ᠠᠵᠣ ᠠᠬᠤᠢ ᠶᠢᠨ ᠪᠦᠰᠡ︾ ᠪᠠ ︽21 ᠳ᠋ᠤᠬᠡᠷ ᠵᠠᠭᠤᠨ ᠤ | ᠲᠠᠯᠠᠢ ᠶᠢᠨ ᠠᠷᠠᠯᠵᠢᠶᠠᠨ ᠤ ᠲᠣᠷᠭᠠᠨ ᠵᠠᠮ︾᠃ | ⒌ ᠵᠢᠷᠭᠤᠭᠠᠨ ᠨᠠᠷᠢᠯᠢᠭ ᠣᠨᠣᠪᠴᠢᠳᠠᠢ᠄ ᠶᠠᠳᠠᠭᠤ ᠶᠢ ᠲᠡᠳᠬᠦᠬᠦ ᠡᠳᠡᠭᠡᠳ ᠨᠢ ᠨᠠᠷᠢᠯᠢᠭ ᠣᠨᠣᠪᠴᠢᠳᠠᠢ᠂ ᠠᠷᠭ᠎ᠠ | ᠬᠡᠮᠵᠢᠶ᠎ᠡ ᠶᠢ ᠡᠷᠦᠭᠡ ᠳᠤ ᠨᠠᠶᠢᠳᠠᠪᠣᠷᠢᠵᠢᠭᠤᠯᠣᠭᠰᠠᠨ ᠨᠢ ᠨᠠᠷᠢᠯᠢᠭ ᠣᠨᠣᠪᠴᠢᠳᠠᠢ᠂ ᠲᠦᠷᠦᠯ ᠵᠦᠢᠯ ᠤᠨ | ᠲᠣᠬᠢᠷᠠᠭᠤᠯᠣᠯᠳᠠ ᠨᠠᠷᠢᠨ ᠣᠨᠣᠪᠴᠢᠳᠠᠢ᠂ ᠪᠡᠯᠡ ᠮᠦᠩᠬᠦᠨ ᠤ ᠬᠡᠷᠡᠭᠯᠡᠯᠳᠡ ᠨᠢ ᠨᠠᠷᠢᠯᠢᠭ ᠣᠨᠣᠪᠴᠢᠳᠠᠢ᠂ ᠭᠠᠴᠠᠭᠠᠨ | ᠤ ᠪᠠᠶᠢᠳᠠᠯ ᠳᠤ ᠲᠣᠬᠢᠷᠠᠭᠤᠯᠣᠨ ᠺᠠᠳ᠋ᠷ ᠲᠣᠮᠢᠯᠠᠭᠰᠠᠨ ᠨᠢ ᠨᠠᠷᠢᠯᠢᠭ ᠣᠨᠣᠪᠴᠢᠳᠠᠢ᠂ ᠶᠠᠳᠠᠭᠤ ᠠᠴᠠ | ᠠᠩᠬᠢᠵᠢᠷᠠᠭᠤᠯᠣᠭᠰᠠᠨ ᠦᠷ᠎ᠡ ᠪᠦᠳᠦᠮᠵᠢ ᠨᠢ ᠨᠠᠷᠢᠨ ᠣᠨᠣᠪᠴᠢᠳᠠᠢ᠃ | ⒍ᠲᠠᠪᠣᠨ ᠨᠢᠭᠡ ᠪᠦᠯᠦᠭ᠄ ᠦᠢᠯᠡᠳᠪᠦᠷᠢᠯᠡᠯ ᠢᠶᠠᠨ ᠬᠦᠭᠵᠢᠬᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ | ᠠᠩᠬᠢᠵᠢᠷᠠᠭᠤᠯᠣᠨ᠎ᠠ᠃ ᠨᠡᠬᠦᠯᠭᠡᠨ ᠰᠢᠯᠵᠢᠬᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ᠃ | ᠠᠮᠢ ᠠᠬᠤᠢ ᠶᠢᠨ ᠨᠦᠬᠦᠪᠦᠷᠢ ᠪᠠᠷ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ᠃ ᠰᠣᠷᠭᠠᠨ | ᠬᠦᠮᠦᠵᠢᠯ ᠢ ᠬᠦᠭᠵᠢᠬᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ᠃ ᠨᠡᠶᠢᠭᠡᠮ ᠤᠨ | ᠪᠠᠳᠣᠯᠠᠭ᠎ᠠ ᠪᠠᠷ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ᠃ | ⒎ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠄ ᠬᠠᠩᠭᠠᠯᠭ᠎ᠠ ᠶᠢᠨ ᠴᠢᠨᠠᠷ ᠴᠢᠨᠰᠠᠭ᠎ᠠ | ᠶᠢ ᠲᠡᠭᠡᠭᠰᠢᠯᠡᠬᠦᠯᠦᠨ᠂ ᠦᠭᠡᠷᠡᠴᠢᠯᠡᠯᠳᠡ ᠪᠠᠷ ᠪᠦᠳᠦᠴᠡ ᠶᠢᠨ ᠲᠣᠬᠢᠷᠠᠭᠤᠯᠣᠯᠳᠠ ᠶᠢ ᠠᠬᠢᠭᠤᠯᠵᠣ᠂ ᠪᠦᠳᠦᠮᠵᠢᠳᠡᠢ | ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢᠨ ᠪᠦᠳᠦᠴᠡ ᠶᠢᠨ ᠱᠠᠭᠠᠷᠳᠠᠯᠭ᠎ᠠ ᠬᠤᠪᠢᠷᠠᠯᠳᠠ ᠳᠤ ᠬᠠᠷᠠᠭᠠᠯᠵᠠᠭᠰᠠᠨ | ᠵᠣᠬᠢᠴᠠᠩᠭᠤᠢ ᠴᠢᠨᠠᠷ ᠪᠠ ᠠᠮᠢᠳᠣᠯᠢᠭ ᠴᠢᠨᠠᠷ ᠢ ᠲᠡᠭᠡᠭᠰᠢᠯᠡᠬᠦᠯᠵᠦ᠂ ᠪᠦᠳᠦᠭᠡᠭᠳᠡᠬᠦᠨ ᠤ ᠲᠠᠰᠣᠷᠠᠯᠳᠠ ᠦᠭᠡᠢ ᠰᠢᠨ᠎ᠡ | ᠶᠢ ᠡᠬᠦᠳᠴᠦ᠂ ᠣᠯᠠᠨ ᠲᠦᠮᠡᠨ ᠤ ᠬᠡᠷᠡᠭᠴᠡᠭᠡ ᠶᠢ ᠣᠯᠠᠮ ᠬᠠᠨᠣᠮᠵᠢᠳᠡᠢ ᠪᠣᠯᠭᠠᠵᠣ᠂ ᠠᠵᠣ ᠠᠬᠤᠢ ᠨᠡᠶᠢᠭᠡᠮ ᠤᠨ | ᠦᠷᠬᠦᠯᠵᠢᠯᠡᠨ ᠡᠷᠡᠬᠦᠯ ᠬᠦᠭᠵᠢᠬᠦ ᠶᠢ ᠠᠬᠢᠭᠤᠯᠣᠨ᠎ᠠ᠃ | ⒏ ︽ᠲᠠᠪᠤ ᠶᠢ ᠵᠡᠷᠭᠡᠪᠡᠷ ᠠᠬᠢᠭᠤᠯᠬᠤ︾᠂ ︽ᠭᠤᠷᠪᠠᠨ ᠠᠵᠣ ᠦᠢᠯᠡᠰ ᠢ ᠵᠣᠬᠢᠴᠠᠭᠤᠯᠬᠤ︾᠄ ︽ᠲᠠᠪᠤ ᠶᠢ | ᠵᠡᠷᠭᠡᠪᠡᠷ ᠠᠬᠢᠭᠤᠯᠬᠤ︾ ᠬᠡᠳᠡᠭ ᠨᠢ᠄ ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯᠳᠡ᠂ ᠰᠣᠷᠠᠭ ᠵᠠᠩᠬᠢᠵᠢᠯᠳᠡ᠂ | ᠬᠤᠳᠠ ᠪᠠᠯᠭᠠᠰᠣᠵᠢᠯᠳᠠ᠂ ᠮᠠᠯ ᠠᠵᠣ ᠠᠬᠤᠢ ᠶᠢᠨ ᠣᠳᠣᠬᠢᠴᠢᠯᠠᠯᠳᠠ ᠪᠠ ᠪᠣᠬᠢᠷᠳᠣᠯ ᠦᠭᠡᠢ ᠬᠦᠭᠵᠢᠯᠳᠡ ᠶᠢ | ᠵᠡᠷᠭᠡᠪᠡᠷ ᠠᠬᠢᠭᠤᠯᠬᠤ᠃ ︽ᠭᠤᠷᠪᠠᠨ ᠠᠵᠣ ᠦᠢᠯᠡᠰ ᠢ ᠵᠣᠬᠢᠴᠠᠭᠤᠯᠬᠤ︾ ᠪᠣᠯ ᠲᠠᠷᠣᠢ ᠨᠢᠭᠡ ᠬᠤᠶᠠᠷ | ᠭᠤᠷᠪᠠᠳᠣᠭᠠᠷ ᠠᠵᠣ ᠦᠢᠯᠡᠰ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ᠃ | ⒐ ︽ᠭᠤᠷᠪᠠᠨ ᠨᠢᠭᠡ︾ ᠠᠷᠠᠳ ᠤᠨ ᠠᠮᠢᠳᠣᠷᠠᠯ ᠤᠨ ᠢᠨᠵᠧᠨᠧᠷᠢᠩ᠄ ᠦᠪᠡᠷᠳᠡᠭᠡᠨ ᠵᠠᠰᠠᠬᠤ ᠣᠷᠣᠨ ᠵᠢᠯ ᠪᠦᠷᠢ | ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠬᠦᠷᠳᠡᠵᠦ ᠪᠠᠶᠢᠭ᠎ᠠ ᠡᠷᠦᠭᠡ ᠶᠢᠨ ᠶᠡᠭᠡ ᠰᠣᠷᠭᠠᠭᠤᠯᠢ ᠳᠤ | ᠡᠯᠰᠡᠭᠳᠡᠭᠰᠡᠨ ᠣᠶᠣᠳᠠᠨ ᠳᠤ 1 ᠲᠦᠮᠡᠨ ᠲᠦᠬᠦᠷᠢᠭ ᠤᠨ ᠰᠣᠷᠣᠯᠭ᠎ᠠ ᠶᠢᠨ ᠲᠡᠳᠬᠦᠮᠵᠢ ᠣᠯᠭᠤᠵᠣ᠂ ᠣᠷᠣᠯᠭ᠎ᠠ | ᠪᠠᠭᠠᠳᠠᠢ ᠡᠷᠦᠭᠡ ᠳᠤ 1 ᠲᠣᠨ ᠨᠡᠬᠦᠷᠡᠰᠦ ᠲᠠᠷᠬᠠᠭᠠᠵᠣ᠂ ᠠᠵᠢᠯᠯᠠᠭᠰᠠᠳ ᠦᠭᠡᠢ ᠭᠡᠷ ᠪᠦᠯᠢ ᠶᠢᠨ ᠪᠦᠷᠢᠯᠳᠦᠬᠦᠨ | ᠠᠴᠠ ᠠᠳᠠᠭ ᠲᠤ ᠪᠠᠨ ᠨᠢᠭᠡ ᠬᠦᠮᠦᠨ ᠳᠤ ᠠᠵᠢᠯ ᠣᠯᠭᠤᠨ᠎ᠠ᠃ | ⒑ ᠭᠤᠷᠪᠠ ᠶᠢ ᠨᠡᠪᠳᠡᠷᠡᠬᠦᠯᠬᠦ᠂ ᠬᠤᠶᠠᠷ ᠲᠠᠪᠴᠠᠩ᠄ ᠦᠷᠭᠡᠨ ᠪᠦᠰᠠᠳᠤ ᠰᠦᠯᠵᠢᠶ᠎ᠠ ᠶᠢ ᠰᠣᠷᠭᠠᠭᠤᠯᠢ ᠪᠣᠯᠭᠠᠨ ᠳᠤ | ᠨᠡᠪᠳᠡᠷᠡᠬᠦᠯᠬᠦ᠂ ᠲᠡᠷᠢᠬᠦᠨ ᠤ ᠵᠢᠭᠠᠨ ᠰᠣᠷᠭᠠᠯᠳᠠ ᠶᠢᠨ ᠡᠬᠢ ᠪᠠᠶᠠᠯᠢᠭ ᠢ ᠠᠩᠬᠢ ᠪᠣᠯᠭᠠᠨ ᠳᠤ ᠨᠠᠪᠳᠠᠷᠠᠬᠦᠯᠬᠦ᠂ | ᠬᠦᠮᠦᠨ ᠪᠣᠯᠭᠠᠨ ᠲᠣᠣᠷ ᠰᠦᠯᠵᠢᠶ᠎ᠡ ᠪᠠᠷ ᠰᠣᠷᠣᠯᠴᠠᠬᠤ ᠣᠷᠣᠨ ᠵᠠᠢ ᠳᠤ ᠨᠡᠪᠳᠡᠷᠡᠬᠦᠯᠬᠦ᠂ ᠰᠣᠷᠭᠠᠨ ᠬᠦᠮᠦᠵᠢᠯ ᠤᠨ | ᠡᠬᠢ ᠪᠠᠶᠠᠯᠢᠭ ᠤᠨ ᠣᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ᠂ ᠰᠣᠷᠭᠠᠨ ᠬᠦᠮᠦᠵᠢᠯ ᠤᠨ ᠬᠠᠮᠢᠶᠠᠷᠣᠯᠳᠠ | ᠶᠢᠨ ᠣᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ᠃ | ⒒ ᠭᠤᠷᠪᠠᠨ ᠡᠷᠭᠡ ᠶᠢ ᠬᠤᠪᠢᠶᠠᠷᠢᠯᠠᠬᠤ᠄ ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ᠂ ᠡᠵᠡᠩᠨᠡᠬᠦ ᠡᠷᠭᠡ ᠶᠢ | ᠬᠤᠪᠢᠶᠠᠷᠢᠯᠠᠨ᠂ ᠡᠵᠡᠩᠨᠡᠯᠳᠡ ᠶᠢᠨ ᠡᠷᠭᠡ ᠶᠢ ᠰᠢᠯᠵᠢᠬᠦᠯᠦᠭᠰᠡᠨ ᠪᠠᠶᠢᠳᠠᠯ ᠢ ᠬᠡᠯᠡᠨ᠎ᠡ᠃ | ⒓ ︽ᠭᠤᠷᠪᠠ ᠶᠢ ᠲᠠᠩᠰᠠᠯᠠᠬᠤ ᠨᠢᠭᠡ ᠶᠢ ᠭᠠᠷᠴᠠᠭᠯᠠᠬᠤ︾᠄ ᠡᠷᠭᠡ ᠶᠢ ᠨᠠᠷᠢᠨ ᠲᠠᠩᠰᠠᠯᠠᠬᠤ᠂ ᠬᠠᠷᠢᠭᠤᠴᠠᠯᠭ᠎ᠠ ᠶᠢ | ᠨᠠᠷᠢᠨ ᠲᠠᠩᠰᠠᠯᠠᠬᠤ᠂ ᠪᠡᠯᠡ ᠣᠷᠣᠭᠤᠯᠣᠯᠳᠠ ᠶᠢᠨ ᠵᠦᠪᠰᠢᠶᠡᠷᠡᠯ ᠤᠨ ᠨᠠᠵᠠᠭᠠᠢ ᠲᠠᠯ᠎ᠠ ᠶᠢ ᠨᠠᠷᠢᠨ ᠲᠠᠩᠰᠠᠯᠠᠬᠤ ᠪᠠ | ᠵᠠᠰᠠᠭ ᠤᠨ ᠣᠷᠳᠣᠨ ᠤ ᠬᠢᠨᠠᠨ ᠵᠦᠪᠰᠢᠶᠡᠷᠡᠭᠰᠡᠨ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠭᠠᠷᠴᠠᠭᠯᠠᠬᠤ᠃ |