ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠢᠶᠠᠨ ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2017/6/2

ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵

ᠨᠢᠭᠡᠴᠡ ᠶᠢᠨ ᠨᠡᠷᠡᠶᠢᠳᠦᠯ︶᠎ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂

ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ

ᠨᠣᠮᠧᠷ ᠢ ᠬᠤᠪᠢᠷᠠᠭᠤᠯᠬᠤ᠃

ᠬᠤᠶᠠᠷ᠂ ᠲᠣᠰᠢᠶᠠᠬᠤ ᠮᠠᠲ᠋ᠧᠷᠢᠶᠠᠯ᠄

1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂ ᠭᠠᠷᠳᠠᠨ

ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄ ᠪᠡᠶ᠎ᠡ ᠶᠢᠨ

ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ︔

ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾᠎ ᠶᠢ ᠲᠤᠰᠢᠶᠠᠨ᠎ᠠ᠃︶

2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ ᠭᠡᠷᠡᠴᠢ

3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃

4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂ ︽ᠮᠠᠰᠢᠨ

ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ ᠲᠡᠷᠭᠡ᠄

ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄ ᠭᠠᠷ ᠤᠨ ᠢᠶᠠᠨ ᠦᠰᠦᠭ ᠵᠢᠷᠣᠨ᠎ᠠ︶

ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ

1. ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠨᠠᠶᠢᠳᠠᠯᠭ᠎ᠠ ᠶᠢᠨ

ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ

ᠬᠠᠭᠤᠯᠪᠤᠷᠢ ᠶᠢ ᠲᠤᠰᠢᠶᠠᠨ᠎ᠠ᠃

2. ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ᠂

ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ ᠠᠷᠠᠳ ᠤᠨ

ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃

3. ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ

ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃

4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ

ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ

ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号