6 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠤᠯᠤᠰ ᠳᠠᠶᠠᠭᠠᠷ ᠤᠨ ᠨᠡᠶᠢᠭᠡᠮ ᠤᠨ | ᠠᠵᠢᠯᠲᠠᠳ ᠤᠨ ᠠᠵᠢᠯ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠶᠠᠪᠤᠭᠳᠠᠪᠠ᠃ ᠲᠤᠰ ᠰᠢᠯᠭᠠᠯᠲᠠ ᠨᠢ | 2008 ᠤᠨ ᠠᠴᠠ ᠨᠠᠭᠠᠰᠢ 10 ᠵᠢᠯ ᠳᠠᠷᠠᠭᠠᠯᠠᠨ ᠶᠠᠪᠤᠭᠳᠠᠵᠤ ᠪᠠᠶᠢᠨ᠎ᠠ᠃ 6 ᠰᠠᠷ᠎ᠠ ᠶᠢᠨ 18 ᠤ ᠦᠳᠡ ᠶᠢᠨ | ᠡᠮᠦᠨ᠎ᠡ᠂ ᠠᠷᠠᠳ ᠤᠨ ᠶᠠᠪᠤᠳᠠᠯ ᠤᠨ ᠶᠠᠮᠤᠨ ᠤ ᠳᠡᠳ᠋ ᠰᠠᠶᠢᠳ ᠭᠦᠩ ᠫᠦ᠋ ᠭᠤᠸᠠᠩ ᠪᠡᠭᠡᠵᠢᠩ ᠳᠠᠬᠢ ᠨᠡᠶᠢᠰᠯᠡᠯ ᠤᠨ | ᠡᠳ᠋ ᠤᠨ ᠵᠠᠰᠠᠭ ᠤᠨ ᠠᠷᠠᠯᠵᠢᠶᠠᠨ ᠤ ᠶᠡᠭᠡ ᠰᠤᠷᠭᠠᠭᠤᠯᠢ ᠶᠢᠨ ᠰᠢᠯᠭᠠᠯᠲᠠ ᠶᠢᠨ ᠴᠢᠭ ᠲᠤ ᠬᠦᠷᠴᠤ ᠪᠠᠶᠢᠳᠠᠯ ᠢ | ᠤᠶᠢᠯᠠᠭᠠᠪᠠ᠃ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭᠠᠨ ᠤ ᠲᠢᠩᠭᠢᠮ ᠤᠨ ᠪᠤᠯᠪᠠᠰᠤᠨ ᠤ ᠬᠦᠴᠦᠨ ᠤ | ᠰᠢᠯᠭᠠᠯᠲᠠ ᠶᠢᠨ ᠲᠦᠪ ᠤᠨ ᠪᠦᠷᠢᠳᠭᠡᠯ ᠢ ᠦᠨᠳᠦᠰᠦᠯᠡᠪᠡᠯ᠂ ᠦᠨᠦ ᠵᠢᠯ ᠨᠡᠶᠢᠭᠡᠮ ᠤᠨ ᠠᠵᠢᠯᠲᠠᠳ ᠤᠨ ᠠᠵᠢᠯ | ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠳᠤ ᠨᠡᠷ᠎ᠡ ᠪᠦᠷᠢᠳᠭᠡᠭᠦᠯᠦᠭᠰᠡᠨ ᠬᠦᠮᠦᠨ ᠤ ᠲᠤᠭ᠎ᠠ 33.18 | ᠲᠦᠮᠡ ᠳᠤ ᠬᠦᠷᠴᠤ᠂ ᠨᠢᠳᠤᠨᠤᠨ ᠤ ᠬᠢ ᠠᠴᠠ 10% ᠪᠠᠷ ᠨᠡᠮᠡᠭᠳᠡᠨ ᠲᠡᠤᠬᠡ ᠶᠢᠨ ᠰᠢᠨ᠎ᠠ ᠲᠦᠪᠰᠢᠨ ᠳᠤ ᠬᠦᠷᠪᠠ᠃ | |