ᠪᠦᠬᠦ ᠬᠤᠰᠢᠭᠤᠨ ᠤ ︽  ᠮᠢᠨᠦ ᠤᠶᠠᠩᠭ᠎ᠠ︾ ᠰᠤᠷᠭᠠᠭᠤᠯᠢ ᠶᠢᠨ ᠬᠦᠷᠢᠶᠡᠨ ᠤ ᠳᠠᠭᠤᠨ ᠤ ᠤᠷᠤᠯᠳᠤᠭᠠᠨ ᠶᠠᠪᠤᠭᠳᠠᠭᠰᠠᠨ
ᠨᠡᠶᠢᠲᠡᠯᠡᠭᠰᠡᠨ ᠴᠠᠭ᠄
2017/6/29
         ᠦᠪᠦᠷ ᠮᠤᠩᠭᠤᠯ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠨ ᠪᠡᠯᠭᠡᠯᠡᠬᠦ ᠳᠠᠰᠢᠷᠠᠮ᠂  6 ᠰᠠᠷᠠᠶᠢᠨ 23 ᠡᠳᠦᠷ ᠤᠨ ᠦᠳᠡ ᠶᠢᠨ ᠡᠮᠦᠨ᠎ᠡ᠂ᠬᠤᠰᠢᠭᠤ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠨᠢ ᠪᠦᠬᠦ ᠬᠤᠰᠢᠭᠤᠨ ᠤ ᠬᠤᠶᠠᠳᠤᠭᠠᠷ ᠤᠳᠠᠭᠠᠨ ᠤ ᠳᠤᠮᠳᠠᠳᠦ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ︽ᠮᠢᠨᠦ ᠤᠶᠠᠩᠭ᠎ᠠ︾ ᠰᠤᠷᠭᠠᠭᠤᠯᠢ ᠶᠢᠨ ᠬᠦᠷᠢᠶᠡᠨ ᠤ ᠳᠠᠭᠤᠨ ᠤ ᠤᠷᠤᠯᠳᠤᠭᠠᠨ ᠢ ᠡᠷᠬᠢᠯᠡᠨ ᠬᠢᠭᠰᠡᠨ ᠪᠠᠶᠢᠨ᠎ᠠ᠃          ᠪᠦᠬᠦ ᠬᠤᠰᠢᠭᠤᠨ ᠤ ᠬᠡᠪᠴᠢᠶᠡᠳᠡᠢ ᠶᠠᠪᠤᠭᠳᠠᠵᠦ ᠪᠠᠶᠢᠭ᠎ᠠ ᠡᠨᠡᠬᠦ ᠤᠷᠤᠯᠳᠤᠭᠠᠨ ᠤ ᠴᠢᠮᠡᠭᠡ ᠪᠠᠷ ᠮᠠᠨ ᠤ ᠬᠤᠰᠢᠭᠤᠨ ᠤ ᠡᠯ᠎ᠡ ᠳᠤᠮᠳᠠᠳᠦ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠡᠶᠢᠳᠡ ᠭᠤᠴᠢᠨ ᠨᠢᠭᠡᠨ ᠨᠠᠷ᠎ᠠ ᠰᠤᠷᠤᠭᠴᠢ ᠪᠠᠭᠠᠴᠤᠳ ᠢᠳᠡᠪᠬᠢᠳᠠᠢ ᠪᠠᠷ ᠬᠦᠷᠦᠯᠴᠠᠨ ᠢᠷᠡᠵᠦ ᠤᠷᠤᠯᠴᠠᠭᠰᠠᠨ ᠪᠠᠶᠢᠨ᠎ᠠ᠃ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ᠂ ᠨᠢᠭᠡᠳᠦᠮᠡᠯ ᠹᠠᠷᠤᠨᠲ ᠶᠢᠨ ᠬᠡᠯᠳᠡᠰ ᠤᠨ ᠳᠠᠷᠤᠭ᠎ᠠ ᠪᠤᠤ ᠸᠧᠨ ᠰᠢᠶᠠ ᠤᠷᠤᠯᠳᠤᠭᠠᠨ ᠤ ᠠᠬᠤᠢ ᠳᠠᠯᠠᠪᠠᠢ ᠳᠤ ᠰᠠᠭᠠᠳᠠᠭᠰᠠᠨ ᠤ ᠬᠠᠮᠲᠦ᠂ ᠬᠤᠰᠢᠭᠤ ᠡᠪᠯᠡᠯ ᠤᠨ ᠬᠤᠷᠢᠶ᠎ᠠ᠂ ᠪᠤᠯᠪᠠᠰᠤᠨ ᠤ ᠠᠯᠪᠠᠨ ᠭᠡᠷ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠬᠤᠶᠢᠴᠢ ᠦᠶ᠎ᠡ ᠪᠠᠨ ᠬᠠᠯᠠᠮᠵᠢᠯᠠᠬᠤ ᠵᠦᠪᠯᠡᠯ᠂ ᠡᠮᠡᠭᠳᠡᠶᠢᠴᠤᠳ ᠤᠨ ᠬᠤᠯᠪᠤᠭᠠᠳᠦ ᠬᠤᠷᠠᠯ ᠵᠡᠷᠭᠡ ᠪᠠᠶᠢᠭᠤᠯᠤᠯᠭ᠎ᠠ ᠨᠢᠭᠡᠴᠠ ᠎ ᠶᠢᠨ ᠬᠠᠷᠢᠭᠤᠴᠠᠯᠭᠠᠳᠠᠨ ᠨᠠᠷ ᠤᠷᠢᠯᠭ᠎ᠠ ᠪᠠᠷ ᠬᠦᠷᠦᠯᠴᠠᠨ ᠢᠷᠡᠵᠦ ᠤᠷᠤᠯᠳᠤᠭᠠᠨ ᠢ ᠰᠤᠨᠢᠷᠬᠠᠵᠠᠢ  ᠃            ᠭᠡᠷ ᠤᠨ ᠠᠬᠠᠮᠠᠳ ᠪᠠᠭᠰᠢ ᠨᠠᠷ ᠤᠨ  ᠳᠠᠭᠠᠭᠤᠯᠭ᠎ᠠ ᠪᠠᠷ ᠳᠠᠭᠤᠤ ᠤᠷᠠᠯᠢᠭ ᠳᠤ ᠠᠪᠢᠶᠠᠰ ᠲᠠᠢ ᠬᠡᠤᠬᠡᠳ ᠤᠳ ᠭᠤᠶᠤ ᠭᠠᠩᠭᠠᠨ ᠬᠤᠪᠴᠠᠰᠦ ᠵᠠᠰᠠᠯ ᠢᠶᠠᠨ ᠡᠮᠦᠰᠴᠦ ᠵᠡᠬᠦᠨ᠂ ᠦᠪᠡᠷ ᠢ ᠪᠠᠨ ᠰᠤᠷᠢᠬᠤ ᠪᠠᠷ ᠪᠦᠷᠢᠨ ᠪᠡᠯᠡᠳᠭᠡᠯ ᠲᠠᠢ ᠢᠷᠡᠵᠦ᠂ ᠳᠠᠶᠢᠰᠠᠨ ᠳᠤ ᠭᠠᠷᠬᠤ ᠪᠠᠷ ᠪᠡᠯᠡᠭᠡᠨ ᠪᠠᠶᠢᠯ᠎ᠠ᠃ ᠡᠶᠢᠨᠬᠦ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠎ ᠤᠨ ᠬᠡᠤᠬᠡᠳ ᠤᠳ ᠤᠨ ︽ ᠶᠤᠬᠤᠷ︾ ᠬᠡᠮᠡᠬᠦ ᠬᠠᠮᠲᠦ ᠶᠢᠨ ᠪᠦᠵᠢᠭ ᠢᠶᠠᠷ ᠤᠷᠤᠯᠳᠤᠭᠠᠨ ᠤ ᠬᠦᠰᠢᠭᠡ ᠶᠢ ᠰᠡᠬᠦᠵᠦ᠂ ᠤᠷᠤᠯᠳᠤᠭᠠᠨ ᠡᠬᠢᠯᠡᠮᠡᠭᠴᠠ ᠴᠡᠴᠡᠷᠯᠢᠭ ᠤᠨ ᠭᠦᠭᠡᠷᠦᠬᠦᠨ ᠴᠤᠪᠤᠭᠤ ᠪᠢᠴᠢᠬᠠᠨ ᠵᠢᠭᠠᠯ ᠤᠳ ᠳᠠᠶᠢᠰᠠᠨ ᠳᠤ ᠭᠠᠷᠴᠦ᠂ ᠠᠷᠦ ᠠᠷᠦ ᠠᠴᠠ ᠪᠠᠨ ︽ᠠᠮᠢᠨᠬᠦᠦ︾ ︽ᠬᠤᠨᠢ ᠬᠠᠶᠢᠴᠢᠯᠠᠬᠤ ᠳᠠᠭᠤᠤ︾ ︽ᠰᠢᠭᠰᠢᠷᠡᠭᠡ ᠶᠢᠨ ᠳᠠᠭᠤᠤ︾ ᠵᠡᠷᠭᠡ ᠳᠠᠭᠤᠤ ᠶᠢ ᠡᠷᠬᠦᠨ ᠪᠠᠷᠢᠵᠦ ᠤᠷᠤᠯᠳᠤᠬᠤ ᠳᠤ᠂ ᠠᠬᠤᠢ ᠲᠠᠯᠠᠪᠠᠢ ᠳᠠᠬᠢ ᠬᠢᠨᠠᠭᠴᠢᠳ ᠪᠤᠯᠤᠨ ᠦᠵᠡᠭᠴᠢᠳ ᠤᠨ ᠠᠯᠠᠭ᠎ᠠ ᠳᠠᠰᠢᠯᠳᠠ ᠪᠠᠭᠷᠬᠠᠯ ᠰᠠᠶᠢᠰᠢᠶᠠᠯ ᠢ ᠬᠦᠷᠳᠡᠵᠦ ᠪᠠᠶᠢᠯ᠎ᠠ᠃          ᠤᠷᠤᠯᠳᠤᠭᠠᠨ ᠨᠢ ᠴᠡᠴᠡᠷᠯᠢᠭ ᠤᠨ ᠲᠤᠭᠤᠶᠢᠯᠠᠩ᠂ ᠪᠠᠭ᠎ᠠ ᠰᠤᠷᠭᠠᠭᠤᠯᠢ ᠶᠢᠨ ᠲᠤᠭᠤᠶᠢᠯᠠᠩ᠂ ᠠᠩᠬ᠎ᠠ ᠳᠤᠮᠳᠠ ᠎ ᠶᠢᠨ ᠲᠤᠭᠤᠶᠢᠯᠠᠩ᠂ ᠦᠨᠳᠦᠷ ᠳᠤᠮᠳᠠ ᠶᠢᠨ ᠲᠤᠭᠤᠶᠢᠯᠠᠩ ᠭᠡᠵᠦ ᠲᠦᠷᠪᠡᠨ ᠲᠤᠭᠤᠶᠢᠯᠠᠩ ᠬᠤᠪᠢᠶᠠᠨ ᠶᠠᠪᠤᠭᠳᠠᠵᠦ᠂  ᠪᠠᠭ᠎ᠠ ᠰᠤᠷᠭᠠᠭᠤᠯᠢ ᠶᠢᠨ ᠲᠤᠭᠤᠶᠢᠯᠠᠩ ᠤᠨ ︽ᠤᠷᠴᠢᠯᠠᠩ ᠢ ᠬᠠᠶᠢᠷᠠᠯᠠᠶ᠎ᠠ︾᠂ ︽ ᠰᠦᠨ ᠳᠠᠯᠠᠢ ᠡᠵᠢ︾᠂ ᠠᠩᠬ᠎ᠠ ᠳᠤᠮᠳᠠ ᠶᠢᠨ ᠲᠤᠭᠤᠶᠢᠯᠠᠩ ᠤᠨ ︽ ᠮᠢᠨᠦ ᠨᠠᠶᠢᠵᠠ︾᠂ ︽ᠮᠢᠨᠦ ᠬᠦᠭᠡᠷᠦᠬᠦᠨ ᠡᠵᠢ︾᠂ ᠦᠨᠳᠦᠷ  ᠳᠤᠮᠳᠠ ᠶᠢᠨ ᠲᠤᠭᠤᠶᠢᠯᠠᠩ ᠤᠨ ︽ᠠᠮᠵᠢᠯᠳᠠ ᠬᠦᠰᠡᠶ᠎ᠡ︾᠂ ︽ᠮᠢᠨᠦ ᠰᠤᠷᠭᠠᠭᠤᠯᠢ︾ ᠬᠡᠬᠦ ᠵᠡᠷᠭᠡ ᠳᠠᠭᠤᠤ ᠨᠤᠭᠤᠳ ᠨᠢ ᠴᠦ ᠬᠦᠮᠦᠰ ᠎ ᠤᠨ ᠠᠯᠠᠭ᠎ᠠ ᠳᠠᠰᠢᠯᠳᠠ ᠶᠢ ᠤᠯᠵᠦ᠂ ᠤᠷᠤᠯᠳᠤᠭᠠᠨ ᠢ ᠤᠷᠬᠢᠯ ᠳᠤᠨᠢ ᠬᠦᠷᠭᠡᠵᠦ ᠪᠠᠶᠢᠯ᠎ᠠ᠃            ᠤᠷᠤᠯᠳᠤᠭᠠᠨ ᠤ ᠬᠢᠨᠠᠭᠴᠢ ᠶᠢᠨ ᠡᠩᠨᠡᠭᠡ ᠨᠢ ᠬᠤᠰᠢᠭᠤ ᠰᠤᠷᠭᠠᠨ ᠬᠦᠮᠦᠵᠢᠯ ᠤᠨ ᠲᠤᠪᠴᠢᠶ᠎ᠠ᠂ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ᠂ ᠨᠠᠮ ᠤᠨ ᠰᠤᠷᠭᠠᠭᠤᠯᠢ᠂ ᠤᠯᠠᠭᠠᠨᠮᠦᠴᠢᠷ ᠵᠡᠷᠭᠡ ᠨᠢᠭᠡᠴᠠ ᠶᠢᠨ ᠬᠦᠮᠦᠰ ᠠᠴᠠ ᠪᠦᠷᠢᠯᠳᠦᠵᠦ᠂ ᠰᠤᠷᠤᠭᠴᠢ ᠪᠠᠭᠠᠴᠤᠳ ᠤᠨ ᠨᠠᠰᠤᠨ ᠳᠤ ᠲᠤᠬᠢᠷᠠᠭᠰᠠᠨ᠂ ᠠᠭᠤᠯᠭ᠎ᠠ ᠰᠡᠳᠦᠪ ᠡᠷᠡᠬᠦᠯ ᠪᠠᠶᠢᠬᠤ᠂ ᠬᠤᠪᠴᠠᠰᠦ ᠵᠠᠰᠠᠯ ᠳᠡᠷᠢ ᠳᠡᠭᠰᠢ ᠵᠡᠷᠭᠡ ᠪᠠᠷᠢᠮᠵᠢᠶ᠎ᠡ ᠪᠠᠷ ᠬᠤᠪᠢ ᠤᠯᠭᠤᠨ᠂ ᠡᠷᠭᠡ ᠳᠡᠭᠰᠢ ᠲᠦᠪ ᠭᠤᠤᠯᠴᠢ ᠦᠷᠢᠰᠦᠯᠳᠦᠬᠦᠯᠦᠨ ᠤᠷᠤᠯᠳᠤᠭᠰᠠᠨ ᠢᠶᠠᠷ᠂ ᠤᠷᠤᠯᠳᠤᠭᠠᠨ ᠤ ᠡᠴᠦᠰ ᠲᠤ ᠴᠡᠴᠡᠷᠯᠢᠭ ᠤᠨ ᠲᠤᠭᠤᠶᠢᠯᠠᠩ ᠲᠤ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠤᠨ ᠰᠤᠶᠤᠮᠪᠤ ᠲᠡᠷᠢᠬᠦᠯᠡᠨ᠂ ᠪᠠᠭ᠎ᠠ ᠰᠤᠷᠭᠠᠭᠤᠯᠢ ᠶᠢᠨ ᠲᠤᠭᠤᠶᠢᠯᠠᠩ ᠎ ᠳᠤ ᠨᠢᠭᠡᠳᠦᠭᠡᠷ ᠪᠠᠭ᠎ᠠ ᠰᠤᠷᠭᠠᠭᠤᠯᠢ ᠶᠢᠨ ᠴᠢ ᠶᠧ ᠲᠡᠷᠢᠬᠦᠯᠡᠵᠦ᠂ ᠠᠩᠬ᠎ᠠ ᠳᠤᠮᠳᠠ ᠶᠢᠨ ᠲᠤᠭᠤᠶᠢᠯᠠᠩ ᠳᠤ ᠮᠤᠩᠭᠤᠯ ᠳᠤᠮᠳᠠᠳᠦ ᠰᠤᠷᠭᠠᠭᠤᠯᠢ ᠶᠢᠨ ᠤᠨᠳᠤᠷᠠ ᠲᠡᠷᠢᠬᠦᠯᠡᠨ᠂ ᠦᠨᠳᠦᠷ ᠳᠤᠮᠳᠠ ᠶᠢᠨ ᠲᠤᠭᠤᠶᠢᠯᠠᠩ ᠲᠤ᠂ ᠮᠤᠩᠭᠤᠯ ᠳᠤᠮᠳᠠᠳᠦ ᠰᠤᠷᠭᠠᠭᠤᠯᠢ ᠶᠢᠨ ᠦᠷᠨᠢᠯᠳᠦ ᠲᠡᠷᠢᠬᠦᠯᠡᠭᠰᠡᠨ ᠪᠠᠶᠢᠨ᠎ᠠ᠃  ᠡᠬᠦᠨ ᠤ ᠬᠠᠮᠲᠦ ᠪᠠᠰᠠ ᠡᠯ᠎ᠡ ᠲᠤᠭᠤᠶᠢᠯᠠᠩ ᠤᠨ ᠬᠤᠶᠠᠳᠤᠭᠠᠷ ᠨᠠᠷ᠎ᠠ ᠳᠤ ᠬᠤᠶᠠᠷ ᠨᠠᠷ᠎ᠠ᠂ ᠭᠤᠷᠪᠠᠳᠤᠭᠠᠷ ᠨᠠᠷ᠎ᠠ ᠲᠤ ᠭᠤᠷᠪᠠᠨ ᠨᠠᠷ᠎ᠠ᠂ ᠰᠢᠯᠢᠳᠡᠭ ᠳᠡᠰ ᠲᠤ 6 ᠨᠠᠷ᠎ᠠ ᠰᠤᠷᠤᠭᠴᠢ ᠶᠢ ᠲᠤᠰ ᠲᠤᠰ ᠱᠠᠩᠨᠠᠨ ᠵᠤᠷᠢᠭᠵᠢᠭᠤᠯᠵᠠᠢ᠃          ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠦᠪ ᠠᠴᠠ ᠵᠤᠬᠢᠶᠠᠨ ᠪᠠᠶᠢᠭᠤᠯᠤᠨ ᠡᠷᠬᠢᠯᠡᠭᠰᠡᠨ ᠲᠤᠰ ᠤᠳᠠᠭᠠᠨ ᠤ ᠤᠷᠤᠯᠳᠤᠭᠠᠨ ᠨᠢ ᠦᠷᠭᠡᠨ ᠤᠯᠠᠨ ᠵᠠᠯᠠᠭᠤᠴᠤᠳ ᠪᠠᠭᠠᠴᠤᠳ ᠲᠤ ᠦᠪᠡᠷ ᠤᠨ ᠠᠪᠢᠶᠠᠰ ᠴᠢᠳᠠᠪᠤᠷᠢ ᠢᠶᠠᠨ ᠪᠠᠳᠠᠷᠠᠭᠤᠯᠬᠤ ᠳᠤ ᠪᠠᠰᠠ ᠨᠢᠭᠡᠨ ᠳᠠᠪᠴᠠᠩ ᠬᠠᠩᠭᠠᠵᠦ  ᠂ ᠴᠡᠴᠡᠭᠯᠡᠵᠦ ᠪᠠᠶᠢᠭ᠎ᠠ ᠪᠢᠴᠢᠬᠠᠨ ᠨᠠᠬᠢᠶ᠎ᠠ ᠰᠢᠭ  ᠬᠡᠤᠬᠡᠳ ᠪᠠᠭᠠᠴᠤᠳ ᠲᠤ ᠤᠯᠠᠮ ᠶᠡᠭᠡ ᠪᠠᠶᠠᠷ ᠪᠠᠭ᠋ᠠᠳᠤᠯ ᠢ ᠤᠯᠭᠤᠨ᠂ ᠬᠢᠴᠢᠶᠡᠯ ᠠᠴᠠ ᠭᠠᠳᠠᠨᠠᠬᠢ ᠠᠮᠢᠳᠤᠷᠠᠯ ᠢ ᠨᠢ ᠪᠠᠶᠠᠯᠢᠭᠵᠢᠭᠤᠯᠤᠨ᠂ ᠪᠠᠶᠠᠷ ᠬᠦᠷ ᠲᠠᠢ ᠡᠷᠡᠬᠦᠯ ᠦᠰᠦᠨ ᠪᠤᠶᠢᠵᠢᠬᠤ ᠳᠤᠨᠢ ᠦᠪᠡᠷ ᠤᠨ ᠭᠡᠬᠦ ᠬᠤᠪᠢ ᠨᠡᠮᠡᠷᠢ ᠪᠠᠨ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠰᠠᠷᠠᠨ᠎ᠠ᠂ ᠨᠠᠨᠳᠢᠨ ( ᠠᠪᠠᠭ᠎ᠠ ᠬᠤᠰᠢᠭᠤᠨ ᠤ ᠲᠧᠯᠸᠢᠰ ᠬᠤᠷᠢᠶ᠎ᠠ )
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号