ᠮᠠᠯᠴᠢᠳ ᠢ ᠤᠳᠤᠷᠢᠳᠤᠨ ᠤᠯᠠᠷᠢᠯ ᠰᠤᠯᠢᠨ ᠮᠠᠯ ᠵᠠᠷᠤᠴᠠᠭᠤᠯᠵᠦ ᠠᠵᠦ ᠠᠬᠤᠢ ᠪᠠ ᠠᠮᠢ ᠠᠬᠤᠢ ᠶᠢᠨ ᠬᠤᠤᠰ ᠦᠷ᠎ᠡ ᠠᠰᠢᠭ ᠢ ᠡᠬᠦᠳᠦᠨ᠎ᠡ
ᠨᠡᠶᠢᠲᠡᠯᠡᠭᠰᠡᠨ ᠴᠠᠭ᠄
2017-06-29
           ᠵᠠᠬ᠎ᠠ ᠲᠡᠯᠬᠡᠬᠦᠷ ᠤᠨ ᠬᠠᠩᠭᠠᠯᠭ᠎ᠠ ᠶᠢᠨ ᠱᠠᠭᠠᠷᠳᠠᠯᠭ᠎ᠠ ᠠᠴᠠ ᠪᠤᠯᠵᠦ ᠵᠢᠯ ᠪᠤᠯᠭᠠᠨ ᠤ ᠡᠪᠦᠯ ᠬᠠᠪᠤᠷ ᠎ ᠤᠨ ᠲᠦᠯ ᠤᠨ ᠵᠠᠷᠤᠴᠠᠭᠤᠯᠭ᠎ᠠ ᠶᠢᠨ ᠤᠷᠬᠢᠯ ᠴᠠᠭ ᠪᠤᠯᠬᠤ ᠪᠠᠷ ᠮᠠᠯᠴᠢᠳ ᠤᠨ ᠮᠠᠯ ᠤᠨ ᠦᠨ᠎ᠡ ᠬᠠᠩᠰᠢ ᠳᠤ ᠪᠠᠭ᠎ᠠ ᠪᠤᠰᠤ ᠨᠦᠯᠦᠭᠡ ᠪᠤᠯᠳᠠᠭ ᠶᠤᠮ᠃ ᠠᠪᠠᠭ᠎ᠠ ᠬᠤᠰᠢᠭᠤᠨ ᠤ ︽ᠲᠠᠷᠬᠠᠨ︾ ᠮᠠᠯ ᠠᠵᠦ ᠠᠬᠤᠢ ᠶᠢᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠨᠢ ᠡᠨᠡᠬᠦ ᠪᠠᠶᠢᠳᠠᠯ ᠳᠤ ᠵᠤᠬᠢᠴᠠᠭᠤᠯᠤᠨ ᠮᠠᠯ ᠵᠠᠷᠤᠴᠠᠭᠤᠯᠭ᠎ᠠ ᠶᠢᠨ ᠭᠤᠤᠯ ᠬᠦᠭ ᠠᠴᠠ ᠵᠠᠶᠢᠯᠠᠰᠬᠢᠨ ᠮᠠᠯ ᠬᠤᠳᠠᠯᠳᠤᠨ ᠠᠪᠴᠤ ᠪᠠᠶᠢᠭ᠎ᠠ ᠶᠠᠪᠤᠳᠠᠯ ᠨᠢ ᠮᠠᠯᠴᠢᠳ ᠤᠨ ᠤᠷᠤᠯᠭ᠎ᠠ ᠶᠢ ᠪᠠᠳᠤᠯᠠᠵᠦ ᠪᠠᠶᠢᠬᠤ ᠪᠠᠷ ᠪᠠᠷᠠᠬᠤ ᠦᠭᠡᠢ ᠪᠡᠯᠴᠢᠬᠡᠷ ᠨᠤᠳᠤᠭ ᠤᠨ ᠠᠮᠢ ᠠᠬᠤᠢ ᠶᠢ ᠪᠦᠳᠦᠮᠵᠢᠳᠡᠢ ᠬᠠᠮᠠᠭᠠᠯᠠᠵᠦ ᠪᠠᠶᠢᠭ᠎ᠠ ᠶᠤᠮ᠃            ᠰᠤᠷᠪᠤᠯᠵᠢᠯᠠᠭᠴᠢ ᠠᠪᠠᠭ᠎ᠠ ᠬᠤᠰᠢᠭᠤᠨ ᠤ ︽ᠲᠠᠷᠬᠠᠨ︾ ᠮᠠᠯ ᠠᠵᠦ ᠠᠬᠤᠢ ᠶᠢᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠳᠤ ᠬᠦᠷᠬᠦ ᠳᠤ᠂ ᠬᠠᠪᠤᠷ ᠤᠨ ᠤᠯᠠᠷᠢᠯ ᠤᠨ ᠮᠠᠯ ᠵᠠᠷᠤᠴᠠᠭᠤᠯᠭ᠎ᠠ ᠶᠢᠨ ᠭᠤᠤᠯ ᠬᠦᠭ ᠨᠢᠭᠡᠨᠳᠡ ᠦᠩᠭᠡᠷᠡᠭᠰᠡᠨ ᠪᠠᠶᠢᠪᠠ᠂ ᠬᠡᠬᠦ ᠳᠤ ᠠᠵᠦ ᠠᠬᠤᠶᠢᠯᠠᠯ ᠤᠨ ᠠᠮᠢᠲᠦ ᠮᠠᠯ ᠤᠨ ᠰᠤᠯᠢᠯᠴᠠᠭᠠᠨ ᠤ ᠵᠠᠬ᠎ᠠ ᠳᠤ ᠬᠤᠨᠢ ᠪᠠᠨ ᠬᠤᠳᠠᠯᠳᠤᠬᠤ ᠪᠠᠷ ᠢᠷᠡᠭᠰᠡᠨ ᠮᠠᠯᠴᠢᠳ ᠤᠯᠠᠨ ᠪᠠᠶᠢᠵᠦ᠂ ᠬᠤᠨᠢᠨ ᠤ ᠪᠡᠶ᠎ᠡ ᠪᠢᠯᠳᠠᠷ᠂ ᠦᠨ᠎ᠡ ᠬᠠᠩᠰᠢᠨ ᠎ ᠤ ᠦᠨᠳᠦᠷ ᠲᠤᠤᠷ᠎ᠠ᠂ ᠡᠷᠳᠡ ᠶᠢᠨ ᠮᠠᠯ ᠵᠠᠷᠤᠴᠠᠭᠤᠯᠭ᠎ᠠ ᠠᠴᠠ ᠭᠡᠷᠬᠢᠨ ᠦᠨᠳᠦᠷ ᠦᠷ᠎ᠡ ᠠᠰᠢᠭ ᠬᠦᠷᠳᠡᠬᠦ ᠲᠤᠬᠠᠢ ᠶᠠᠷᠢᠯᠴᠠᠵᠠᠭᠠᠵᠦ ᠪᠠᠶᠢᠯ᠎ᠠ᠃            —— ᠦᠨᠦ ᠵᠢᠯ ᠤᠨ ᠡᠪᠦᠯ ᠤᠨ ᠲᠦᠯ᠂ ᠬᠠᠪᠤᠷ ᠡᠷᠳᠡ ᠶᠢᠨ ᠲᠦᠯ ᠤᠨ ᠦᠨ᠎ᠡ ᠨᠢ ᠨᠢᠳᠤᠨᠤᠨ ᠤ ᠬᠢ ᠠᠴᠠ ᠬᠤᠶᠠᠷ ᠵᠠᠭᠤ ᠭᠠᠷᠤᠢ ᠳᠦᠬᠦᠷᠢᠭ ᠤᠨ ᠵᠦᠷᠢᠶ᠎ᠡ ᠲᠠᠢ ᠪᠠᠶᠢᠨ᠎ᠠ᠂ ᠨᠢᠳᠤᠨᠤᠨ 13 ᠳᠦᠬᠦᠷᠢᠭ ᠪᠠᠶᠢᠭᠰᠠᠨ᠂ ᠡᠨᠡ ᠵᠢᠯ 21 ᠳᠦᠬᠦᠷᠢᠭ ᠬᠡᠵᠦ ᠪᠠᠶᠢᠨ᠎ᠠ᠃ ᠳᠡᠬᠡᠬᠦᠯᠡᠷ 100 ᠬᠤᠨᠢ ᠬᠤᠳᠠᠯᠳᠤᠪᠠᠯ ᠬᠤᠶᠠᠷ ᠲᠦᠮᠡᠨ ᠲᠦᠬᠦᠷᠢᠭ ᠤᠨ ᠤᠷᠤᠯᠭ᠎ᠠ ᠤᠯᠤᠨ᠎ᠠ ᠬᠡᠮᠡᠨ ᠬᠤᠷᠠᠭ᠎ᠠ ᠪᠠᠨ ᠵᠠᠷᠤᠬᠤ ᠪᠠᠷ ᠢᠷᠡᠭᠰᠡᠨ ᠮᠠᠯᠴᠢᠨ ᠰᠠᠶᠢᠨᠪᠠᠶᠠᠷ ᠨᠠᠷᠢᠨ ᠳᠠᠩᠰᠠ ᠪᠤᠳᠤᠴᠢᠬᠠᠭᠰᠠᠨ ᠵᠤᠭᠰᠤᠨ᠎ᠠ᠃            ᠮᠠᠯᠵᠢᠬᠤ ᠡᠷᠦᠬᠡ ᠨᠢᠭᠡᠪᠦᠷᠢ ᠶᠢᠨ ᠮᠠᠯ ᠠᠵᠦ ᠠᠬᠤᠢ ᠶᠢᠨ ᠦᠷ᠎ᠡ ᠠᠰᠢᠭ ᠢ ᠬᠠᠮᠤᠭ ᠦᠨᠳᠦᠷ ᠬᠡᠮᠵᠢᠶᠡᠨ ᠳᠤ ᠬᠦᠷᠭᠡᠬᠦ ᠶᠢᠨ ᠵᠡᠷᠬᠡ ᠬᠠᠪᠤᠷ ᠤᠨ ᠤᠯᠠᠷᠢᠯ ᠤᠨ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠢ ᠬᠠᠮᠠᠭᠠᠯᠠᠬᠤ ᠡᠬᠦᠳᠡᠨ ᠠᠴᠠ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠮᠠᠯᠴᠢᠳ ᠢ ᠢᠳᠡᠪᠬᠢᠳᠠᠢ ᠪᠠᠷ ᠤᠳᠤᠷᠢᠳᠤᠨ ᠳᠠᠭᠠᠭᠤᠯᠵᠦ᠂ ᠮᠠᠯ ᠵᠠᠷᠤᠴᠠᠭᠤᠯᠭ᠎ᠠ ᠶᠢᠨ ᠭᠤᠤᠯ ᠬᠦᠭ ᠠᠴᠠ ᠵᠠᠶᠢᠯᠠᠰᠬᠢᠵᠦ ᠤᠷᠢᠳᠴᠢᠯᠠᠨ ᠮᠠᠯ ᠬᠤᠳᠠᠯᠳᠤᠬᠤ ᠰᠢᠨᠵᠢᠯᠡᠬᠦ ᠤᠬᠠᠭᠠᠨᠴᠢᠯᠠᠭᠰᠠᠨ ᠦᠰᠬᠡᠨ ᠦᠷᠡᠵᠢᠬᠦᠯᠬᠦ ᠠᠷᠭ᠎ᠠ ᠬᠡᠯᠪᠡᠷᠢ ᠶᠢ ᠠᠪᠴᠤ᠂ ᠠᠵᠦ ᠠᠬᠤᠶᠢᠯᠠᠯ ᠪᠤᠯᠤᠨ ᠮᠠᠯᠴᠢᠳ ᠤᠨ ᠬᠤᠭᠤᠷᠤᠨᠳᠤ ᠵᠠᠬᠢᠶᠠᠯᠭ᠎ᠠ ᠶᠢᠨ ᠬᠠᠮᠳᠤᠷᠠᠯᠴᠠᠭ᠎ᠠ ᠶᠢ ᠪᠤᠢ ᠪᠤᠯᠭᠠᠵᠦ᠂ ᠮᠠᠯᠴᠢᠳ ᠎ ᠤᠨ ᠤᠷᠤᠯᠭ᠎ᠠ ᠶᠢᠨ ᠨᠡᠮᠡᠭᠳᠡᠯ ᠳᠤ ᠠᠰᠢᠭᠳᠠᠢ ᠲᠠᠪᠴᠠᠩ ᠬᠠᠩᠭᠠᠵᠦ ᠦᠭᠬᠦᠭᠰᠡᠨ ᠶᠤᠮ᠃ ᠡᠨᠡ ᠳᠤᠬᠠᠢ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶᠠᠨ ᠤ ᠲᠠᠷᠤᠭ᠎ᠠ  ᠭᠠᠩᠴᠤᠭᠲᠦ᠄            ——  ᠪᠦᠬᠦ ᠠᠶᠢᠮᠠᠭ ᠤᠨ ᠮᠢᠬᠠᠨ ᠤ ᠦᠬᠡᠷ ᠦᠷᠡᠵᠢᠬᠦᠯᠬᠦ ᠲᠦᠷᠦ ᠶᠢᠨ ᠪᠤᠳᠤᠯᠭ᠎ᠠ ᠶᠢ ᠳᠤᠭᠳᠠᠭᠠᠭᠰᠠᠨ ᠠᠴᠠ ᠬᠤᠶᠢᠰᠢ᠂ ᠮᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠮᠠᠯᠴᠢᠨ ᠲᠦᠮᠡᠨ ᠳᠤ ᠰᠢᠯᠢᠳᠡᠭ ᠡᠬᠦᠯᠳᠡᠷ ᠤᠨ ᠮᠢᠬᠠᠨ ᠤ ᠦᠬᠡᠷ ᠮᠠᠯᠵᠢᠬᠤ ᠶᠢ ᠦᠷᠬᠡᠨ ᠢᠶᠠᠷ ᠤᠬᠠᠭᠤᠯᠤᠨ᠂ ᠰᠤᠳᠤᠯᠤᠨ ᠶᠠᠷᠢᠯᠴᠠᠯᠭ᠎ᠠ ᠬᠢᠵᠦ᠂ ᠬᠠᠮᠢᠶ᠎ᠠ ᠪᠦᠬᠦᠢ ᠳᠦᠷᠢᠮ ᠳᠤᠭᠳᠠᠭᠠᠯ ᠳᠤᠭᠳᠠᠭᠠᠨ ᠢᠳᠡᠪᠬᠢᠳᠡᠢ ᠨᠠᠶᠢᠳᠠᠪᠤᠷᠢᠵᠢᠭᠤᠯᠤᠭᠰᠠᠨ ᠶᠤᠮ᠃ ᠡᠶᠢᠨᠬᠦ ᠮᠠᠯᠴᠢᠳ ᠴᠤ ᠢᠳᠡᠪᠬᠢᠳᠡᠢ ᠬᠦᠳᠡᠯᠦᠯᠴᠡᠵᠦ᠂ ᠪᠦᠬᠦ ᠬᠤᠰᠢᠭᠤᠨ ᠤ 1200 ᠡᠷᠦᠬᠡ ᠲᠦᠮᠡ ᠭᠠᠷᠤᠢ ᠦᠬᠡᠷ ᠠᠪᠬᠤ ᠪᠠᠷ ᠮᠡᠳᠡᠬᠦᠯᠦᠭᠡᠳ ᠪᠠᠶᠢᠭ᠎ᠠ ᠪᠦᠬᠡᠳ ᠤᠳᠤᠬᠠᠨ ᠪᠤᠯᠳᠠᠯ᠎ᠠ 300 ᠭᠠᠷᠤᠢ ᠰᠢᠯᠢᠳᠡᠭ ᠦᠬᠡᠷ ᠤᠷᠤᠭᠤᠯᠤᠭᠠᠳ ᠪᠠᠶᠢᠭ᠎ᠠ ᠶᠤᠮ᠃ ᠡᠬᠦᠨ ᠤ ᠬᠠᠮᠳᠤ ᠬᠤᠰᠢᠭᠤᠨ ᠠᠴᠠ ᠳᠤᠰᠬᠠᠶᠢᠯᠠᠨ ᠳᠠᠷᠢᠶᠠᠯᠠᠩ ᠤᠨ ᠪᠠᠩᠬᠢ ᠲᠠᠢ ᠬᠠᠷᠢᠴᠠᠵᠦ᠂ ᠵᠢᠬᠡᠯᠡᠯᠬᠡ ᠳᠠᠯᠪᠢᠬᠤ ᠠᠵᠢᠯ ᠪᠠ ᠠᠯᠪᠠᠨ ᠪᠠᠳᠤᠯᠠᠭ᠎ᠠ ᠬᠢᠬᠦ ᠠᠵᠢᠯ ᠢ ᠬᠢᠵᠦ᠂ ︽ᠬᠤᠨᠢ ᠶᠢ ᠴᠦᠬᠡᠴᠢᠯᠡᠵᠦ ᠦᠬᠡᠷ ᠮᠠᠯᠵᠢᠬᠤ︾᠂ ︽ᠰᠠᠶᠢᠨ ᠡᠬᠦᠯᠳᠡᠷ ᠤᠨ ᠦᠬᠡᠷ ᠮᠠᠯᠵᠢᠬᠤ︾ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠢᠳᠡᠪᠬᠢᠳᠡᠢ ᠳᠤᠤᠱᠯᠠᠭᠤᠯᠵᠦ ᠪᠠᠶᠢᠨ᠎ᠠ᠃ ᠮᠠᠨ ᠤ ᠬᠤᠰᠢᠭᠤᠨ ᠤ ︽ᠤᠷᠳᠤ ᠪᠡᠶ᠎ᠡ ᠳᠤ ᠦᠬᠡᠷ ᠬᠤᠶᠢᠨ᠎ᠠ ᠪᠡᠶ᠎ᠡ ᠳᠤ ᠬᠤᠨᠢ ᠮᠠᠯᠵᠢᠬᠤ︾ ᠲᠦᠷᠦ ᠶᠢᠨ ᠪᠤᠳᠤᠯᠭ᠎ᠠ ᠶᠢᠨ ᠳᠤᠶᠠᠭᠠᠯᠠᠯ ᠢᠶᠠᠷ᠂ ᠮᠠᠨ ᠤ ᠬᠤᠰᠢᠭᠤᠨ ᠤ ᠮᠠᠯᠴᠢᠳ ᠴᠤ ᠤᠷᠤᠯᠭ᠎ᠠ ᠪᠠᠨ ᠨᠡᠮᠡᠭᠳᠡᠬᠦᠯᠬᠦ ᠪᠠ ᠠᠮᠢ ᠠᠬᠤᠢ ᠪᠠᠨ ᠬᠠᠮᠠᠭᠠᠯᠠᠨ ᠰᠠᠶᠢᠵᠢᠷᠠᠭᠤᠯᠬᠤ ᠠᠰᠢᠭ ᠳᠤᠰᠠ ᠶᠢ ᠬᠦᠷᠳᠡᠭᠰᠡᠨ ᠬᠡᠵᠦ ᠶᠠᠷᠢᠵᠦ ᠪᠠᠶᠢᠯ᠎ᠠ᠃            ᠰᠢᠯᠢ ᠶᠢᠨ ᠭᠤᠤᠯ ᠠᠶᠢᠮᠠᠭ ᠤᠨ ︽ᠲᠠᠷᠬᠠᠨ︾ ᠮᠠᠯ ᠠᠵᠦ ᠠᠬᠤᠢ ᠶᠢᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠪᠤᠯ ᠨᠢᠭᠡᠨ ᠠᠯᠠᠵᠦ ᠨᠢᠳᠤᠯᠬᠤ᠂ ᠪᠤᠯᠪᠠᠰᠤᠷᠠᠭᠤᠯᠬᠤ ᠪᠠ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠤᠳᠤᠬᠢᠴᠢᠯᠠᠭᠰᠠᠨ ᠲᠤᠮᠤ ᠬᠡᠯᠪᠡᠷᠢ ᠶᠢᠨ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠪᠠᠶᠢᠵᠦ᠂ ᠵᠢᠯ ᠳᠤ 2000 ᠲᠤᠨ ᠦᠭᠡᠷ ᠬᠤᠨᠢᠨ ᠤ ᠮᠢᠬ᠎ᠠ ᠡᠳ᠋ᠰᠢᠬᠦᠯᠦᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠬᠢ ᠲᠠᠢ᠃ ᠺᠤᠮᠫᠠᠨᠢ ᠨᠢ 2017 ᠤᠨ ᠤ 4 ᠰᠠᠷᠠᠶᠢᠨ 18᠎ ᠤ ᠡᠳᠦᠷ ᠵᠢᠩᠬᠢᠨᠢ ᠪᠠᠷ ᠠᠰᠢᠭᠯᠠᠯᠳᠠ ᠳᠤ ᠤᠷᠤᠵᠦ ᠡᠵᠡᠩᠨᠡᠯᠳᠡ ᠪᠠᠨ ᠡᠬᠢᠯᠡᠭᠦᠯᠦᠭᠰᠡᠨ ᠠᠴᠠ ᠨᠠᠰᠢ᠂ ᠠᠪᠠᠭ᠎ᠠ ᠬᠤᠰᠢᠭᠤᠨ ᠤ ᠨᠤᠳᠤᠭ ᠤᠷᠤᠨ ᠤ ᠮᠠᠯᠴᠢᠳ ᠤᠨ ᠮᠠᠯ ᠢ ᠮᠠᠯ ᠵᠠᠷᠤᠴᠠᠭᠤᠯᠭ᠎ᠠ ᠶᠢᠨ ᠭᠤᠤᠯ ᠬᠦᠭ ᠠᠴᠠ ᠵᠠᠶᠢᠯᠠᠰᠬᠢᠨ ᠤᠯᠠᠷᠢᠯ ᠰᠤᠯᠢᠨ ᠤᠷᠢᠳᠴᠢᠯᠠᠨ ᠬᠠᠷᠠᠭᠠᠯᠵᠠᠯ ᠲᠠᠢ ᠦᠨ᠎ᠡ ᠬᠠᠩᠰᠢ ᠪᠠᠷ ᠬᠤᠳᠠᠯᠳᠤᠨ ᠠᠪᠴᠤ᠂ ᠤᠳᠤᠬᠠᠨ ᠪᠤᠯᠳᠠᠯ᠎ᠠ ᠲᠦᠮᠡ ᠭᠠᠷᠤᠢ ᠬᠤᠷᠠᠭ᠎ᠠ ᠪᠤᠯᠪᠠᠰᠤᠷᠠᠭᠤᠯᠤᠭᠠᠳ ᠪᠠᠶᠢᠭ᠎ᠠ ᠪᠦᠭᠡᠳ ᠬᠤᠶᠢᠰᠢᠳᠡ ᠮᠠᠯ ᠤᠨ ᠪᠤᠷᠤᠯᠠᠭᠤᠯᠭ᠎ᠠ ᠶᠢᠨ ᠲᠠᠯ᠎ᠠ ᠪᠠᠷ ᠮᠠᠯᠴᠢᠳ ᠎ ᠲᠠᠢ ᠤᠷᠢᠳᠴᠢᠯᠠᠨ ᠵᠠᠬᠢᠶᠠᠯᠠᠬᠤ ᠬᠡᠯᠪᠡᠷᠢ ᠪᠠᠷ ᠬᠠᠮᠳᠤᠷᠠᠯᠴᠠᠨ ᠮᠠᠯᠴᠢᠨ ᠡᠷᠦᠭᠡ ᠪᠤᠯᠤᠨ ᠠᠵᠦ ᠠᠬᠤᠶᠢᠯᠠᠯ ᠤᠨ ᠠᠵᠦ ᠠᠬᠤᠢ ᠶᠢᠨ ᠬᠤᠤᠰ ᠦᠷ᠎ᠡ ᠠᠰᠢᠭ ᠢ ᠪᠠᠶᠠᠯᠠᠬᠦᠯᠬᠦ ᠪᠠᠷ ᠴᠢᠷᠮᠠᠶᠢᠵᠦ ᠪᠠᠶᠢᠭ᠎ᠠ ᠶᠤᠮ᠃            —— ᠮᠠᠨ ᠤ ᠺᠤᠮᠫᠠᠨᠢ ᠨᠢ ᠤᠳᠤᠬᠠᠨ ᠤ ᠪᠤᠯᠪᠠᠰᠤᠷᠠᠭᠤᠯᠭᠰᠠᠨ ᠪᠦᠳᠦᠬᠡᠭᠳᠡᠬᠦᠨ ᠢᠶᠠᠨ ᠪᠦᠬᠦᠨ ᠎ ᠢ ᠵᠠᠬᠢᠶᠠᠯᠭ᠎ᠠ ᠪᠠᠷ ᠬᠤᠳᠠᠯᠳᠤᠵᠦ ᠭᠠᠷᠭᠠᠭᠠᠳ ᠪᠠᠶᠢᠨ᠎ᠠ᠂ ᠳᠠᠷᠠᠭᠠᠴᠢ ᠶᠢᠨ ᠠᠯᠬᠤᠮ ᠳᠤ ᠦᠷᠬᠦᠯᠵᠢᠯᠡᠨ ᠵᠠᠬᠢᠶᠠᠯᠭ᠎ᠠ ᠎ ᠶᠢᠨ ᠬᠡᠯᠪᠡᠷᠢ ᠪᠠᠷ ᠮᠠᠯᠴᠢᠳ ᠤᠨ ᠮᠠᠯ ᠢ ᠬᠤᠳᠠᠯᠳᠤᠨ ᠠᠪᠤᠨ᠎ᠠ᠃ ᠮᠠᠨ ᠤ ᠺᠤᠮᠫᠠᠨᠢ ᠨᠢ ᠪᠠᠰᠠ ᠰᠢᠨ᠎ᠡ ᠳᠤᠨᠤᠭ ᠳᠦᠬᠦᠬᠡᠷᠦᠮᠵᠢ ᠶᠢ ᠨᠡᠮᠡᠵᠦ ᠤᠷᠤᠭᠤᠯᠤᠭᠠᠳ ᠪᠠᠶᠢᠭ᠎ᠠ᠂ ᠡᠬᠦᠪᠡᠷ ᠢᠶᠠᠨ ᠳᠠᠯ᠎ᠠ ᠨᠤᠳᠤᠭ ᠤᠨ ᠮᠠᠯ ᠠᠵᠦ ᠠᠬᠤᠢ ᠶᠢᠨ ᠠᠵᠦ ᠦᠢᠯᠡᠰᠵᠢᠯᠳᠠ ᠶᠢᠨ ᠬᠡᠷᠡᠭᠴᠡᠭᠡ ᠶᠢ ᠬᠠᠩᠭᠠᠵᠦ᠂ ᠳᠤᠬᠠᠢ ᠶᠢᠨ ᠭᠠᠵᠠᠷ ᠤᠨ ᠮᠠᠯ ᠠᠵᠦ ᠠᠬᠤᠢ ᠳᠤ ᠦᠢᠯᠡᠴᠢᠯᠡᠬᠦ ᠪᠠᠷ ᠪᠠᠶᠢᠨ᠎ᠠ ᠬᠡᠮᠡᠨ ᠰᠢᠯᠢ ᠶᠢᠨ ᠭᠤᠤᠯ ᠠᠶᠢᠮᠠᠭ ᠤᠨ ︽ᠲᠠᠷᠬᠠᠨ︾ ᠮᠠᠯ ᠠᠵᠦ ᠠᠬᠤᠢ ᠶᠢᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠶᠢᠨ ᠵᠠᠬᠢᠷᠤᠯ ᠸᠠᠩ ᠴᠢᠨ ᠶᠠᠷᠢᠵᠦ ᠪᠠᠶᠢᠯ᠎ᠠ᠃
 
ᠢᠷᠡᠯᠲᠡ᠄ ᠸᠠᠩ ᠰᠢᠶᠤᠤ ᠵᠢᠶᠧ᠂ ᠰᠡᠴᠡᠩᠭᠤᠸ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号