ᠴᠧᠨ ᠵᠢᠶᠠᠨ ᠵᠢᠶᠦ᠋ᠨ
ᠨᠡᠶᠢᠲᠡᠯᠡᠭᠰᠡᠨ ᠴᠠᠭ᠄
2017/6/7
      ᠳᠤᠪᠴᠢ ᠨᠠᠮᠳᠠᠷ        ᠴᠧᠨ ᠵᠢᠶᠠᠨ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 7 ᠰᠠᠷ᠎ᠠ ᠳᠤ ᠲᠦᠷᠦᠪᠡ ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠨᠠᠮ ᠤᠨ ᠪᠤᠰᠤ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠲᠣᠪᠴᠢᠶᠠᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠵᠡᠭᠦᠨ ᠬᠤᠰᠢᠭᠤᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠵᠡᠭᠦᠨ ᠬᠤᠰᠢᠭᠤᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠪᠠ᠃        ᠠᠵᠢᠯ ᠤᠨ ᠬᠤᠪᠢᠶᠠᠷᠢᠯᠠᠯ        ᠬᠤᠰᠢᠭᠤ ᠳᠠᠷᠤᠭ᠎ᠠ ᠶᠢ ᠬᠠᠪᠰᠤᠷᠤᠨ ᠤᠯᠤᠰ ᠤᠨ ᠭᠠᠵᠠᠷ ᠰᠢᠷᠣᠢ ᠣᠷᠣᠨ ᠵᠠᠢ ᠶᠢᠨ ᠲᠥᠯᠦᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠠᠵᠤ ᠦᠢᠯᠡᠳᠪᠦᠷᠢ ᠠᠵᠤ ᠠᠬᠤᠢ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠣᠮᠣ ᠳ᠋ᠠᠶᠢᠲ᠋ᠠ ᠤᠨ ᠲᠥᠪ ᠢ ᠬᠤᠪᠢᠳᠠᠨ ᠬᠠᠮᠢᠶᠠᠷᠤᠨ᠎ᠠ᠃        ᠤᠯᠤᠰ ᠲᠦᠷᠦ ᠶᠢᠨ ᠵᠥᠪᠯᠡᠯᠭᠡᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠮᠢ ᠠᠬᠤᠢ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠨᠢᠭᠡᠳᠦᠮᠡᠯ ᠬᠤᠯᠪᠤᠭᠠᠨ ᠤ ᠬᠤᠪᠢᠶᠠᠷᠢ ᠺᠣᠮᠫᠠᠨᠢ᠂ ᠰᠢᠯᠵᠢᠮᠡᠯ ᠬᠤᠯᠪᠣᠭᠠᠨ ᠤ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠬᠤᠪᠢᠶᠠᠷᠢ ᠺᠣᠮᠫᠠᠨᠢ᠂ ᠰᠢᠤᠳᠠᠨ ᠤ ᠲᠣᠪᠴᠢᠶ᠎ᠠ᠂ ᠴᠢᠯᠠᠭᠤᠨ ᠲᠤᠰᠤᠨ ᠤ ᠺᠣᠮᠫᠠᠨᠢ᠂ ᠨᠠᠪᠴᠢᠨ ᠲᠠᠮᠠᠬᠢᠨ ᠤ ᠺᠣᠮᠫᠠᠨᠢ ᠲᠠᠢ ᠬᠠᠷᠢᠯᠴᠠᠨ᠎ᠠ᠃       ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号