ᠠᠪᠠᠭ᠎ᠠ ᠬᠤᠰᠢᠭᠤᠨ ᠤ ᠮᠠᠯᠴᠢᠳ ᠢᠳᠡᠪᠬᠢᠳᠠᠢ ᠠᠷᠭ᠎ᠠ ᠬᠡᠮᠵᠢᠶ᠎ᠡ ᠠᠪᠴᠦ ᠭᠠᠮᠰᠢᠭ ᠲᠠᠢ ᠳᠡᠮᠡᠴᠡᠨ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠢᠳᠡᠪᠬᠢᠨ᠋ᠢ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2017-07-07
        ᠵᠤᠨ ᠤ ᠠᠭᠤᠷ ᠤᠷᠤᠭᠰᠠᠨ ᠠᠴᠠ ᠨᠠᠰᠢ᠂ ᠠᠪᠠᠭ᠎ᠠ ᠬᠤᠰᠢᠭᠤᠨ ᠤ ᠬᠡᠪᠴᠢᠶᠡᠨ ᠳᠤ ᠨᠡᠶᠢᠳᠡᠮ ᠪᠤᠷᠤᠭᠠᠨ ᠬᠤᠷ᠎ᠠ ᠪᠠᠭ᠎ᠠ᠂ ᠨᠤᠳᠤᠭ ᠪᠡᠯᠴᠢᠭᠡᠷ ᠭᠠᠩᠳᠠᠬᠤ ᠪᠠᠶᠢᠳᠠᠯ ᠨᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠨᠡᠯᠢᠶᠡᠳ ᠬᠡᠮᠵᠢᠶᠡᠨ᠎ᠡ ᠨᠦ᠋ᠯᠦᠭᠡᠯᠡᠵᠦ ᠪᠠᠶᠢᠯ᠎ᠠ᠃ ᠡᠨᠡᠬᠦ ᠪᠠᠶᠢᠳᠠᠯ ᠳᠤ ᠮᠠᠯᠴᠢᠳ ᠦᠪᠡᠷ ᠢ ᠪᠠᠨ ᠠᠪᠤᠷᠠᠬᠤ ᠠᠵᠢᠯ ᠢ ᠢᠳᠡᠪᠬᠢᠯᠡᠨ ᠬᠢᠵᠦ᠂ ᠳᠡᠵᠢᠭᠡᠯ ᠡᠪᠡᠰᠦ ᠪᠠᠨ ᠨᠦᠭᠡᠴᠡᠯᠡᠬᠦ᠂ ᠮᠠᠯ ᠤᠨ ᠭᠠᠷᠭᠠᠯᠳᠠ ᠶᠢ ᠡᠷᠳᠡ ᠠᠴᠠ ᠬᠢᠬᠦ ᠵᠡᠷᠭᠡᠪᠡᠷ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠵᠦ ᠪᠤᠢ᠃        ᠦᠨᠦ ᠵᠢᠯ ᠴᠠᠭᠠᠨᠨᠠᠭᠤᠷ ᠪᠠᠯᠭᠠᠰᠤᠨ ᠤ ᠠᠯᠳᠠᠨᠳᠤᠶᠠᠭ᠎ᠠ ᠭᠠᠴᠠᠭᠠᠨ ᠤ ᠮᠠᠯᠴᠢᠨ ᠸᠠᠩ ᠵᠢᠢ ᠱᠧᠩ ᠤᠨ 6200 ᠭᠠᠷᠤᠢ ᠮᠦ ᠪᠡᠯᠴᠢᠭᠡᠷ ᠨᠢ ᠭᠠᠩᠳᠠᠵᠦ᠂ ᠡᠪᠡᠰᠦᠨ ᠤ ᠤᠷᠭᠤᠯᠳᠠ ᠤᠳᠠᠭᠠᠨ᠂ ᠰᠡᠶᠢᠷᠡᠭ ᠮᠦᠷᠳᠡᠭᠡᠨ ᠪᠦᠷᠬᠦᠴᠠ ᠨᠢ ᠦᠩᠭᠡᠷᠡᠭᠰᠡᠨ ᠵᠢᠯ ᠤᠳ ᠬᠢ ᠠᠴᠠ ᠬᠤᠯᠠ ᠪᠠᠭ᠎ᠠ ᠬᠡᠪᠴᠢᠶᠡᠳᠠᠢ ᠪᠠᠶᠢᠯ᠎ᠠ᠃ ᠡᠶᠢᠮᠦ ᠪᠠᠶᠢᠳᠠᠯ ᠤᠨ ᠳᠤᠤᠷ᠎ᠠ ᠴᠦ᠂ ᠳᠡᠳᠡᠨ ᠤ ᠡᠬᠡ ᠮᠠᠯ ᠨᠢ ᠳᠠᠷᠭᠤ ᠬᠦᠴᠦ ᠪᠠᠨ ᠪᠠᠲᠤᠯᠠᠵᠦ ᠪᠠᠶᠢᠪᠠ᠃ ᠡᠨᠡ ᠨᠢ ᠸᠠᠩ ᠵᠢᠢ ᠱᠧᠩ ᠶᠢᠨ ᠡᠷᠳᠡ ᠠᠴᠠ ᠶᠤᠤᠮᠠᠢ᠂ ᠡᠰᠢ ᠰᠦᠷᠡᠯ᠂ ᠨᠠᠷᠢᠮᠦ ᠶᠢᠨ ᠡᠪᠡᠰᠦ ᠵᠡᠷᠭᠡ ᠶᠢ ᠵᠤᠬᠢᠰᠳᠠᠢ ᠬᠤᠯᠢᠵᠦ ᠨᠠᠶᠢᠷᠠᠭᠤᠯᠤᠭᠰᠠᠨ ᠳᠡᠵᠢᠭᠡᠯ ᠪᠤᠷᠳᠤᠭ᠎ᠠ ᠶᠢ ᠬᠤᠳᠠᠯᠳᠤᠨ ᠤᠷᠤᠭᠤᠯᠤᠭᠰᠠᠨ ᠤ ᠰᠠᠶᠢᠨ ᠪᠠᠶᠢᠵᠦ᠂ ᠡᠪᠡᠰᠦ ᠪᠤᠷᠳᠤᠭ᠎ᠠ ᠨᠦ᠋ᠭᠡᠴᠡᠯᠡᠬᠦ ᠦᠪᠡᠷ ᠤᠨ ᠦᠷᠳᠡᠭ ᠢ ᠪᠦᠲᠦᠮᠵᠢᠳᠡᠢ ᠬᠤᠷᠢᠭᠯᠠᠨ᠂ ᠬᠤᠬᠢᠷᠠᠯ ᠢ ᠬᠠᠮᠤᠭ ᠪᠠᠭ᠎ᠠ ᠪᠠᠷ ᠬᠢᠵᠠᠭᠠᠷᠯᠠᠵᠦ ᠴᠢᠳᠠᠵᠠᠢ᠃— — ᠪᠢ ᠤᠳᠤᠬᠠᠨ ᠳᠠᠷᠭᠤ ᠬᠦᠴᠦ ᠮᠠᠭᠤᠳᠠᠢ ᠦᠭᠡᠷ ᠢᠶᠠᠨ ᠬᠤᠳᠠᠯᠳᠤᠨ᠂ ᠳᠠᠷᠭᠤ ᠬᠦᠴᠦ ᠰᠠᠶᠢᠨ ᠰᠢᠭ ᠦᠭᠡᠷ ᠢ ᠦᠯᠡᠳᠡᠭᠡᠵᠦ᠂ ᠨᠠᠷᠢᠯᠢᠭ ᠪᠤᠷᠳᠤᠨ ᠬᠠᠰᠢᠶᠠᠯᠠᠨ ᠳᠡᠵᠢᠭᠡᠬᠦ ᠪᠠᠷ ᠲᠦᠯᠦᠪᠯᠡᠵᠦ ᠪᠠᠶᠢᠨ᠎ᠠ᠃ ᠳᠡᠭᠡᠪᠡᠯ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠳᠤ ᠠᠮᠠᠷᠬᠠᠨ ᠰᠢᠭ ᠪᠤᠯᠵᠦ᠂ ᠠᠶᠤᠯ ᠲᠦᠭᠰᠢᠬᠦᠷᠢ ᠶᠢ ᠪᠠᠭᠠᠰᠬᠠᠵᠦ ᠳᠡᠶᠢᠯᠦᠨ᠎ᠡ᠂ ᠪᠡᠯᠴᠢᠭᠡᠷ ᠲᠤ ᠨᠢ ᠭᠠᠷᠭᠠᠵᠦ ᠮᠠᠯᠵᠢᠬᠤ ᠲᠠᠢ ᠬᠠᠷᠢᠴᠠᠭᠤᠯᠪᠠᠯ ᠮᠢᠨᠦ ᠤᠷᠤᠯᠭ᠎ᠠ ᠴᠦ ᠨᠡᠯᠢᠶᠡᠳ ᠲᠤᠭᠳᠠᠪᠤᠷᠢᠳᠠᠢ ᠪᠠᠶᠢᠬᠤ ᠪᠤᠯᠤᠨ᠎ᠠ ᠭᠡᠵᠦ ᠸᠠᠩ ᠵᠢᠢ ᠱᠧᠩ ᠶᠠᠷᠢᠨ᠎ᠠ᠃ᠦᠩᠭᠡᠷᠡᠭᠰᠡᠨ ᠵᠢᠯ ᠳᠤ᠂ ᠸᠠᠩ ᠵᠢᠢ ᠱᠧᠩ ᠵᠦᠪᠬᠡᠨ ᠬᠤᠳᠠᠯᠳᠤᠬᠤ ᠪᠠᠷ ᠪᠠᠶᠢᠭ᠎ᠠ ᠦᠭᠡᠷ ᠢᠶᠠᠨ ᠳᠡᠵᠢᠭᠡᠵᠦ ᠪᠤᠷᠳᠤᠳᠠᠭ᠂ ᠬᠠᠷᠢᠨ ᠪᠤᠰᠤᠳ ᠢ ᠨᠢ ᠪᠤᠯ ᠪᠡᠯᠴᠢᠭᠡᠷ ᠳᠡᠭᠡᠷ᠎ᠡ ᠨᠢ ᠰᠤᠯᠠ ᠮᠠᠯᠵᠢᠳᠠᠭ᠃ ᠭᠠᠩ ᠬᠠᠭᠰᠠᠷᠭᠠᠨ ᠤ ᠨᠦᠯᠦᠭᠡᠯᠡᠯ ᠠᠴᠠ ᠪᠤᠯᠵᠦ᠂ ᠤᠳᠤ 200 ᠭᠠᠷᠤᠢ ᠦᠭᠡᠷ ᠢᠶᠠᠨ ᠪᠦᠬᠦᠨ ᠢ ᠪᠤᠷᠳᠤᠨ ᠳᠡᠵᠢᠭᠡᠵᠦ᠂ ᠳᠡᠳᠡᠨ ᠤ ᠬᠢ ᠨᠢᠭᠡᠨᠳᠡ ᠠᠷᠪᠠᠨ ᠬᠡᠳᠦᠨ ᠲᠦᠮᠡᠨ ᠲᠦᠭᠦᠷᠢᠭ ᠤᠨ ᠪᠡᠯᠡ ᠵᠠᠷᠤᠴᠠᠭᠤᠯᠤᠭᠰᠠᠨ ᠪᠠᠶᠢᠨ᠎ᠠ᠃ ᠸᠠᠩ ᠵᠢᠢ ᠱᠧᠩ ᠶᠠᠷᠢᠬᠤ ᠳᠠᠭᠠᠨ᠄— — ᠦᠨᠦ ᠵᠢᠯ ᠪᠤᠯ ᠤᠴᠢᠮ ᠤᠨ 20 ᠭᠡᠳᠦᠨ ᠵᠢᠯ ᠤᠨ ᠲᠤᠷᠰᠢᠬᠢ ᠬᠠᠮᠤᠭ ᠶᠡᠭᠡ ᠭᠠᠩᠳᠠᠭᠰᠨ ᠨᠢᠭᠡ ᠵᠢᠯ ᠪᠤᠯᠤᠨ᠎ᠠ᠃ ᠤᠳᠤ ᠪᠤᠯᠬᠤ ᠳᠤ ᠲᠦᠯ ᠮᠠᠯ ᠨᠢᠳᠦᠨᠦᠨ ᠤ ᠡᠪᠡᠰᠦ ᠪᠡᠯᠴᠢᠭᠡᠷ ᠢ ᠪᠦᠷ ᠢᠳᠡᠵᠦ ᠳᠠᠭᠤᠰᠤᠭᠰᠠᠨ᠂ ᠡᠨᠡ ᠵᠢᠯ ᠤᠨ ᠬᠠᠪᠤᠷ ᠠᠴᠠ ᠨᠢᠯᠬ᠎ᠠ ᠨᠤᠭᠤᠭ᠎ᠠ ᠴᠦ ᠰᠠᠶᠢᠨ ᠤᠷᠭᠤᠭ᠎ᠠ ᠦᠭᠡᠢ᠂ ᠪᠢᠳᠠ ᠤᠳᠤ ᠠᠴᠠ ᠡᠬᠢᠯᠡᠨ ᠡᠪᠡᠰᠦ ᠪᠤᠷᠳᠤᠭ᠎ᠠ ᠪᠠᠨ ᠤᠷᠤᠭᠤᠯᠵᠦ ᠪᠠᠶᠢᠨ᠎ᠠ᠃ᠡᠪᠡᠰᠦ ᠪᠤᠷᠳᠤᠭ᠎ᠠ ᠶᠢ ᠨᠦᠬᠦᠪᠦᠷᠢᠯᠡᠬᠦ ᠬᠦᠴᠦᠯᠡᠴᠠ ᠶᠢ ᠨᠡᠮᠡᠭᠳᠡᠬᠦᠯᠬᠦ ᠨᠢ ᠬᠡᠪ ᠤᠨ ᠪᠠᠶᠢᠳᠠᠯ ᠳᠤᠤᠷ᠎ᠠ ᠮᠠᠯ ᠢᠶᠠᠨ ᠪᠤᠷᠤᠯᠠᠭᠤᠯᠬᠤ ᠶᠢᠨ ᠲᠦᠯᠦᠭᠡ ᠪᠠᠶᠢᠵᠦ᠂ ᠸᠠᠩ ᠶᠢ ᠱᠧᠩ ᠰᠤᠷᠪᠤᠯᠵᠢᠯᠠᠭᠴᠢ ᠳᠤ ᠬᠠᠨᠳᠦᠨ ᠳᠠᠩᠰᠠ ᠪᠤᠳᠤᠵᠦ ᠦᠵᠡᠬᠦᠯᠦᠯ᠎ᠡ᠂ ᠪᠤᠳᠠᠳᠦ ᠪᠠᠶᠢᠳᠠᠯ ᠢ ᠪᠤᠳᠤᠯᠬᠢᠯᠠᠬᠤ ᠦᠭᠡᠢ ᠪᠠᠶᠢᠳᠠᠯ ᠤᠨ ᠳᠤᠤᠷ᠎ᠠ ᠡᠷᠳᠡ ᠮᠠᠯ ᠢᠶᠠᠨ ᠪᠤᠷᠤᠯᠠᠭᠤᠯᠪᠠᠯ ᠂ ᠨᠢᠭᠡ ᠲᠤᠭᠤᠯ ᠲᠠᠢ ᠦᠨᠢᠶ᠎ᠡ ᠶᠢ ᠵᠦᠪᠬᠡᠨ 5000 ᠲᠦᠭᠦᠷᠢᠭ ᠤᠷᠴᠢᠮ ᠬᠤᠳᠠᠯᠳᠤᠨ᠎ᠠ᠃ ᠬᠠᠰᠢᠶᠠᠯᠠᠨ ᠮᠠᠯᠵᠢᠵᠦ ᠳᠡᠵᠢᠭᠡᠬᠦ ᠪᠠᠷ ᠳᠠᠮᠵᠢᠨ ᠬᠡᠪ ᠤᠨ ᠶᠤᠰᠤᠭᠠᠷ ᠮᠠᠯ ᠢᠶᠠᠨ ᠬᠤᠳᠠᠯᠳᠤᠪᠠᠯ ᠨᠢᠭᠡ ᠲᠤᠭᠤᠯ ᠲᠠᠢ ᠦᠨᠢᠶ᠎ᠡ ᠶᠢ 8000 ᠲᠦᠭᠦᠷᠢᠭ ᠠᠴᠠ 10000 ᠲᠦᠭᠦᠷᠢᠭ ᠵᠶᠠᠷ ᠬᠤᠳᠠᠯᠳᠤᠵᠦ ᠳᠡᠶᠢᠯᠬᠦ ᠪᠤᠯᠤᠨ᠎ᠠ᠃ ᠭᠡᠳᠦ᠋ᠢᠪᠡᠷ ᠦᠭᠡᠷ ᠪᠦᠷᠢ ᠶᠢᠨ ᠦᠪᠡᠷ ᠤᠨ ᠦᠷᠳᠡᠭ 1500 ᠲᠦᠭᠦᠷᠢᠭ ᠳᠡᠭᠡᠭᠰᠢᠯᠡᠭᠰᠡᠨ ᠪᠤᠯᠪᠠᠴᠦ᠂ ᠠᠵᠦ ᠠᠬᠤᠢ ᠶᠢᠨ ᠬᠤᠬᠢᠷᠠᠯ ᠢ ᠪᠠᠭᠠᠰᠬᠠᠬᠤ ᠳᠤ ᠨᠡᠯᠢᠶᠡᠳ ᠶᠡᠭᠡ ᠦᠢᠯᠡᠳᠦᠯ ᠲᠠᠢ ᠶᠤᠮ᠃        ᠭᠠᠩ ᠬᠠᠭᠰᠠᠷᠭᠠᠨ ᠤ ᠡᠮᠦᠨ᠎ᠡ ᠮᠠᠯᠴᠢᠳ ᠵᠠᠰᠠᠭ ᠤᠨ ᠤᠷᠳᠤᠨ ᠤ ᠠᠪᠤᠷᠠᠨ ᠲᠤᠰᠠᠯᠠᠬᠤ ᠶᠢ ᠬᠦᠯᠢᠶᠡᠵᠦ ᠰᠠᠭᠤᠭᠰᠠᠨ ᠦᠭᠡᠢ᠂ ᠬᠠᠷᠢᠨ ᠢᠳᠡᠪᠬᠢᠳᠠᠢ ᠠᠷᠭ᠎ᠠ ᠬᠡᠮᠵᠢᠶ᠎ᠡ ᠠᠪᠴᠦ ᠪᠠᠶᠢᠭᠠᠳ ᠦᠪᠡᠷ ᠤᠨ ᠬᠤᠬᠢᠷᠠᠯ ᠢᠶᠠᠨ ᠪᠠᠭᠠᠰᠬᠠᠬᠤ ᠪᠠᠷ ᠴᠢᠷᠮᠠᠶᠢᠵᠦ᠂ ᠦᠵᠡᠯᠳᠡ ᠲᠠᠨᠢᠯᠳᠠ ᠪᠠᠨ ᠦᠨᠳᠦᠰᠦᠨ ᠠᠴᠠ ᠨᠢ ᠬᠤᠪᠢᠷᠠᠭᠤᠯᠬᠤ ᠠᠴᠠ ᠡᠬᠢᠯᠡᠵᠦ ᠪᠠᠶᠢᠨ᠎ᠠ᠃ ᠡᠬᠦᠨ ᠤ ᠬᠠᠮᠲᠦ ᠭᠠᠩ ᠬᠠᠭᠰᠠᠷᠭᠠᠨ ᠠᠴᠠ ᠪᠤᠯᠵᠦ ᠨᠦᠯᠦᠭᠡᠯᠡᠭᠳᠡᠭᠰᠡᠨ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠳᠠᠪᠰᠢᠯᠳᠦ ᠭᠠᠴᠠᠭᠠᠨ ᠤ ᠮᠠᠯᠴᠢᠨ ᠴᠤᠭᠭᠡᠷᠡᠯ ᠤᠨ ᠡᠷᠦᠭᠡ ᠴᠦ ᠡᠪᠡᠰᠦ ᠪᠤᠷᠳᠤᠭ᠎ᠠ ᠨᠦ᠋ᠭᠡᠴᠡᠯᠡᠬᠦ᠋ᠨᠷᠭᠡ ᠢᠳᠡᠪᠬᠢᠳᠠᠢ ᠠᠷᠭ᠎ᠠ ᠠᠪᠴᠠᠯ ᠢ ᠠᠪᠴᠦ ᠭᠠᠩ ᠤᠨ ᠪᠠᠶᠢᠳᠠᠯ ᠢ ᠠᠷᠭᠠᠴᠠᠭᠠᠵᠦ ᠪᠠᠶᠢᠨ᠎ᠠ᠃        ᠮᠠᠯᠴᠢᠨ ᠴᠤᠭᠭᠡᠷᠡᠯ ᠰᠤᠷᠪᠤᠯᠵᠢᠠᠯᠠᠭᠴᠢ ᠳᠤ ᠶᠠᠷᠢᠬᠤ ᠳᠠᠭᠠᠨ᠂ ᠦᠨᠦ ᠵᠢᠯ ᠨᠡᠯᠢᠶᠡᠳ ᠶᠡᠭᠡ ᠭᠠᠩᠳᠠᠭᠰᠠᠨ ᠪᠠᠶᠢᠳᠠᠯ ᠲᠠᠢ᠂ ᠡᠶᠢᠮᠦ ᠪᠠᠶᠢᠳᠠᠯ ᠤᠨ ᠳᠤᠤᠷ᠎ᠠ ᠮᠠᠨ ᠤ ᠬᠢ 6 ᠰᠠᠷ᠎ᠠ ᠶᠢᠨ ᠳᠤᠮᠳᠠᠴᠢ ᠠᠴᠠ ᠡᠬᠢᠯᠡᠨ ᠬᠤᠷᠠᠭ᠎ᠠ ᠪᠠᠨ ᠪᠤᠷᠳᠤᠨ ᠳᠡᠵᠢᠭᠡᠵᠦ᠂ ᠦᠩᠭᠡᠷᠡᠭᠰᠡᠨ ᠵᠢᠯ ᠠᠴᠠ ᠨᠢᠭᠡ ᠰᠠᠷ᠎ᠠ ᠤᠷᠢᠳᠴᠢᠯᠠᠵᠠᠢ᠃ ᠤᠳᠤ ᠠᠴᠠ ᠡᠬᠢᠯᠡᠵᠦ ᠤᠯᠠᠭᠠᠨ ᠢᠳᠡᠭᠡ ᠡᠳ᠋ᠰᠢᠬᠦᠯᠦᠨ ᠪᠤᠯᠪᠠᠰᠤᠷᠠᠭᠤᠯᠬᠤ ᠠᠵᠦ ᠠᠬᠤᠶᠢᠯᠠᠯ ᠨᠢᠭᠡᠨᠳᠡ ᠬᠤᠨᠢ ᠬᠤᠳᠠᠯᠳᠤᠨ ᠠᠪᠬᠤ ᠠᠵᠢᠯ ᠢᠶᠠᠨ ᠡᠬᠢᠯᠡᠬᠦᠯᠦᠭᠰᠡᠨ ᠪᠤᠯᠬᠤᠷ ᠮᠠᠯ ᠢᠶᠠᠨ ᠨᠢᠭᠡ ᠰᠠᠷ᠎ᠠ ᠤᠷᠢᠳᠴᠢᠯᠠᠨ ᠪᠤᠷᠤᠯᠠᠭᠤᠯᠤᠭᠰᠠᠨ ᠬᠡᠯ᠎ᠡ᠃        ᠴᠤᠭᠭᠡᠷᠡᠯ ᠤᠨ ᠬᠢ 40 — 50 ᠡᠳᠦᠷ ᠤᠨ ᠪᠤᠷᠳᠤᠨ ᠳᠡᠵᠢᠭᠡᠬᠦ ᠪᠠᠷ ᠳᠠᠮᠵᠢᠨ᠂ ᠮᠠᠯ ᠤᠨ ᠭᠠᠷᠭᠠᠯᠳᠠ ᠪᠠᠨ ᠨᠢᠭᠡ ᠰᠠᠷ᠎ᠠ ᠶᠢᠨ ᠬᠤᠭᠤᠴᠠᠭ᠎ᠠ ᠲᠠᠢ ᠤᠷᠢᠳᠴᠢᠯᠠᠨ ᠬᠢᠵᠦ᠂ ᠭᠠᠮᠰᠢᠭ ᠤᠨ ᠬᠤᠬᠢᠷᠠᠯ ᠢ ᠪᠦᠲᠦᠮᠵᠢᠳᠠᠢ ᠪᠠᠭᠠᠰᠬᠠᠬᠤ ᠶᠢ ᠵᠤᠷᠢᠵᠠᠢ᠃ ᠳᠡᠬᠦᠨ ᠤ ᠡᠨᠡᠬᠦ ᠠᠷᠭ᠎ᠠ ᠬᠢᠳᠠᠯ ᠨᠢ ᠨᠤᠳᠤᠭ ᠪᠡᠯᠴᠢᠭᠡᠷ ᠢᠶᠠᠨ ᠬᠠᠮᠠᠭᠠᠯᠠᠬᠤ ᠶᠢᠨ ᠵᠡᠷᠭᠡᠪᠡᠷ ᠡᠬᠡ ᠮᠠᠯ ᠤᠨ ᠳᠠᠷᠭᠤ ᠬᠦᠴᠦ ᠶᠢ ᠪᠠᠲᠤᠯᠠᠵᠦ᠂ ᠳᠠᠷᠠᠭ᠎ᠠ ᠵᠢᠯ ᠤᠨ ᠳᠡᠵᠢᠭᠡᠨ ᠦᠷᠡᠵᠢᠬᠦᠯᠬᠦ ᠳᠡᠭᠡᠨ ᠴᠦ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号