ᠠᠪᠠᠭ᠎ᠠ ᠬᠤᠰᠢᠭᠤᠨ ᠤ ᠳᠤᠮᠳᠠᠳᠦ ᠮᠤᠩᠭᠤᠯ ᠤᠨ ᠬᠢᠯᠢ ᠳᠠᠬᠢ ᠴᠠᠷ᠎ᠠ ᠬᠠᠭᠠᠯᠬᠤ ᠠᠵᠢᠯ ᠪᠦᠬᠦ ᠲᠠᠯ᠎ᠠ ᠪᠠᠷ ᠡᠬᠢᠯᠡᠭᠰᠡᠨ
ᠨᠡᠶᠢᠲᠡᠯᠡᠭᠰᠡᠨ ᠴᠠᠭ᠄
2017/8/24
         8 ᠰᠠᠷ᠎ᠠ ᠶᠢᠨ15᠎ ᠤ ᠦᠷᠯᠦᠭᠡ ᠶᠢᠨ6 ᠴᠠᠭ ᠠᠴᠠ ᠠᠪᠠᠭ᠎ᠠ ᠬᠤᠰᠢᠭᠤᠨ ᠤ ᠬᠢᠯᠢ ᠶᠢᠨ ᠴᠠᠷ᠎ᠠ ᠬᠠᠭᠠᠯᠬᠤ ᠠᠵᠢᠯᠳᠠᠳ ᠬᠤᠨᠤᠵᠦ ᠬᠡᠪᠳᠡᠬᠦ ᠬᠡᠷᠡᠭᠯᠡᠭᠡᠨ ᠤ ᠵᠦᠢᠯ ᠠᠴᠠ ᠡᠬᠢᠯᠡᠨ ᠴᠠᠷ᠎ᠠ ᠬᠠᠭᠠᠯᠬᠤ ᠮᠠᠰᠢᠨ ᠲᠤᠨᠤᠭ ᠵᠡᠷᠭᠡ‌ᠠᠯᠢᠪᠠ ᠵᠦᠢᠯ ᠎ ᠢᠶᠠᠨ ᠪᠦᠷᠢᠨ ᠪᠤᠯᠭᠠᠭᠠᠳ᠂ 45 ᠡᠳᠦᠷ ᠤᠨ ᠬᠤᠭᠤᠴᠠᠭ᠎ᠠ ᠲᠠᠢ ᠬᠢᠯᠢ ᠳᠡᠭᠡᠷ᠎ᠡ ᠰᠢᠷᠭᠠᠭᠤ ᠰᠠᠶᠢᠨ ᠠᠵᠢᠯᠯᠠᠬᠤ ᠢᠳᠡᠭᠡᠯ ᠵᠤᠷᠢᠭ  ᠎ ᠢ ᠪᠠᠷᠢᠵᠦ᠂ ᠬᠠᠮᠳᠤ ᠶᠢᠨ ᠠᠶᠠᠨ ᠵᠠᠮ ᠢ ᠡᠯᠬᠦᠵᠦ ᠬᠤᠶᠢᠳᠤ ᠬᠢᠯᠢ ᠶᠢᠨ ᠨᠤᠳᠤᠭ ᠢ ᠴᠢᠭᠯᠡᠯ᠎ᠡ᠃ ᠮᠠᠨ ᠤ ᠬᠤᠰᠢᠭᠤᠨ ᠤ ᠴᠠᠷ᠎ᠠ ᠬᠠᠭᠠᠯᠬᠤ ᠠᠵᠢᠯ ᠡᠶᠢᠨᠬᠦ ᠪᠦᠬᠦ ᠲᠠᠯ᠎ᠠ ᠪᠠᠷ ᠡᠬᠢᠯᠡᠵᠦ ᠪᠠᠶᠢᠭ᠎ᠠ ᠨᠢ ᠡᠨᠡ ᠶᠤᠮ ᠡ᠃           ᠬᠠᠷᠠᠭ᠎ᠠ ᠳᠡᠯᠡᠮ᠎ᠡ ᠠᠭᠤᠳᠠᠮ ᠲᠠᠯ᠎ᠠ ᠳᠤ ᠠᠮᠢᠳᠠᠨ ᠤᠷᠭᠤᠮᠠᠯ ᠢᠳᠡᠭᠡᠰᠢᠯᠡᠨ᠂ ᠬᠦᠳᠡᠭᠡ ᠲᠠᠯ᠎ᠠ ᠳᠤ ᠬᠦᠮᠦᠨ ᠠᠮᠢᠳᠠᠨ ᠤ ᠡᠶ᠎ᠡ ᠵᠤᠬᠢᠴᠠᠯᠳᠤ ᠲᠦᠷᠢ ᠲᠦᠷᠬᠦ ᠪᠢᠯᠬᠠᠨ ᠡᠩᠭᠡ ᠠᠮᠤᠭᠤᠯᠠᠩ ᠰᠠᠶᠢᠬᠠᠨ ᠪᠠᠶᠢᠳᠠᠭ᠃ ᠬᠠᠷᠢᠨ ᠲᠠᠯ᠎ᠠ‌ᠨᠤᠳᠤᠭ ᠎ ᠨᠢ ᠭᠠᠯ ‍ᠤᠨ‌ᠠᠶᠤᠯ ᠳᠤ ᠲᠤᠬᠢᠶᠠᠯᠳᠤᠪᠠᠯ ᠡᠨᠡᠬᠦ ᠲᠠᠶᠢᠪᠤᠩ ᠪᠠᠶᠢᠳᠠᠯ ᠢ  ᠬᠠᠶᠢᠷ᠎ᠠ ᠨᠠᠶᠢᠷ ᠦᠭᠡᠢ  ᠪᠤᠰᠠᠨᠢᠭᠤᠯᠵᠤ ᠤᠷᠬᠢᠳᠠᠭ ᠎ ᠢ ᠬᠦᠮᠦᠨ ᠪᠤᠯᠭᠠᠨ ᠪᠤᠳᠤᠬᠤ ᠠᠴᠠ ᠬᠠᠷ᠎ᠠ ᠪᠠᠭᠤᠳᠠᠭ᠃ ᠡᠶᠢᠮᠦ ᠠᠴᠠ ᠬᠦᠮᠦᠨ ᠪᠦᠬᠦᠨ ᠡᠳᠦᠷ ᠳᠤᠳᠤᠮ ᠤᠨ ᠦᠢᠯᠡ ᠪᠦᠬᠦᠨ ᠳᠡᠭᠡᠨ ᠭᠠᠯ ᠤᠨ ᠠᠶᠤᠯ ᠠᠴᠠ ᠰᠡᠷᠭᠡᠶᠢᠯᠡᠬᠦ ᠤᠬᠠᠮᠰᠠᠷ ᠲᠠᠢ ᠪᠠᠶᠢᠬᠤ ᠨᠢ ᠵᠦᠢ ᠪᠢᠯᠡ᠃          ᠠᠪᠠᠭ᠎ᠠ ᠬᠤᠰᠢᠭᠤ ᠨᠢ ᠬᠤᠶᠢᠭᠤᠷ ᠢᠶᠠᠨ ᠮᠤᠩᠭᠤᠯ ᠤᠯᠤᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠤᠷᠳᠤ ᠨᠢ 175 ᠺᠢᠯᠤᠮᠧᠲᠷ ᠤᠷᠳᠤ ᠪᠠᠶᠢᠳᠠᠭ᠃ ᠮᠠᠨ ᠤ ᠬᠤᠰᠢᠭᠤ ᠨᠢ ᠵᠢᠯ ᠪᠦᠷᠢ ᠶᠢᠨ 8 ᠰᠠᠷ᠎ᠠ ᠶᠢᠨ ᠳᠤᠮᠳᠠᠴᠢ ᠪᠠᠷ᠂ ᠴᠠᠷ᠎ᠠ ᠬᠠᠭᠠᠯᠬᠤ ᠠᠵᠢᠯ ᠳᠠᠭᠠᠨ ᠭᠠᠷᠳᠠᠭ ᠨᠢ ᠬᠡᠪ ᠤᠨ ᠵᠤᠷᠰᠢᠯ ᠪᠤᠯᠵᠦ᠂ ᠤᠳᠠᠭᠠᠨ ᠡᠳᠦᠷ ᠤᠨ ᠬᠤᠭᠤᠴᠠᠭᠠᠨ ᠳᠤ ᠬᠢᠯᠢ ᠳᠡᠭᠡᠷ᠎ᠡ ᠰᠢᠷᠭᠠᠭᠤ ᠬᠦᠳᠡᠯᠮᠦᠷᠢᠯᠡᠳᠡᠭ᠃  ᠲᠠᠯ᠎ᠠ ᠨᠤᠳᠤᠭ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠳᠤ ᠬᠤᠪᠢ ᠨᠡᠮᠡᠷᠢ ᠦᠵᠡᠬᠦᠯᠵᠦ᠂ ᠠᠷᠠᠳ ᠮᠠᠯᠴᠢᠳ ᠤᠨ ᠢᠶᠠᠨ ᠡᠮᠦᠨ᠎ᠡ ᠳᠠᠭᠤ ᠦᠭᠡᠢ ᠦᠢᠯᠡᠴᠢᠯᠡᠳᠡᠭ ᠡᠳᠡᠭᠡᠳ ᠤᠨ ᠨᠢᠭᠡ ᠨᠢ ᠴᠦ ᠡᠳᠡᠭᠡᠷ ᠬᠢᠯᠢ ᠶᠢᠨ ᠴᠠᠷ᠎ᠠ ᠬᠠᠭᠠᠯᠪᠤᠷᠢᠯᠠᠳᠠᠭ ᠠᠵᠢᠯᠳᠠᠳ ᠪᠠᠶᠢᠭ᠎ᠠ ᠶᠤᠮ᠃          ᠦᠨᠦ ᠵᠢᠯ 215 ᠺᠢᠯᠤᠮᠧᠲᠷ ᠤᠷᠲᠤ ᠬᠢᠯᠢ ᠶᠢᠨ ᠴᠠᠷ᠎ᠠ ᠬᠠᠭᠠᠯᠬᠤ ᠡᠭᠦᠷᠭᠡ ᠶᠢ ᠬᠦᠯᠢᠶᠡᠵᠦ᠂ ᠬᠤᠰᠢᠭᠤ ᠭᠠᠯ ᠰᠡᠷᠭᠡᠶᠢᠯᠡᠬᠦ ᠠᠯᠪᠠᠨ ᠭᠡᠷ ᠨᠢ ᠠᠵᠢᠯᠳᠠᠳ ᠢᠶᠠᠨ ᠵᠤᠬᠢᠶᠠᠨ ᠪᠠᠶᠢᠭᠤᠯᠵᠦ᠂ ᠮᠠᠰᠢᠨ ᠲᠦᠭᠦᠭᠡᠷᠦᠮᠵᠢ ᠪᠠᠨ ᠪᠡᠯᠡᠳᠭᠡᠨ᠂ ᠳᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠴᠠᠷ᠎ᠠ ᠬᠠᠭᠠᠯᠬᠤ ᠡᠬᠦᠷᠭᠡ ᠪᠠᠨ ᠠᠮᠵᠢᠯᠳᠠ ᠲᠦᠭᠦᠷᠡᠩ ᠪᠡᠶᠡᠯᠡᠬᠦᠯᠬᠦ ᠎ ᠪᠠᠷ ᠴᠢᠷᠮᠠᠶᠢᠨ᠎ᠠ᠃ ᠡᠶᠢᠨᠬᠦ ᠮᠠᠨ ᠤ ᠬᠤᠰᠢᠭᠤᠨ ᠤ ᠭᠠᠯ ᠰᠡᠷᠭᠡᠶᠢᠯᠡᠬᠦ ᠠᠯᠪᠠᠨ ᠭᠡᠷ ᠨᠢ ᠵᠢᠷᠭᠤᠳᠤᠭᠠᠷ ᠰᠠᠷ᠎ᠠ ᠶᠢᠨ ᠳᠤᠮᠳᠠᠴᠢ ᠎ ᠠᠴᠠ ᠡᠬᠢᠯᠡᠨ ᠮᠠᠰᠢᠨ ᠲᠡᠷᠭᠡ ᠰᠡᠯᠪᠢᠨ ᠵᠠᠰᠠᠵᠦ ᠠᠷᠠᠴᠢᠯᠠᠬᠤ᠂ ᠲᠷᠠᠺᠲ᠋ᠤᠷ ᠲᠤ ᠫᠠᠶᠢᠰᠠ ᠪᠦᠷᠢᠳᠬᠡᠭᠦᠯᠬᠦ᠂ ᠲᠤᠨᠤᠭ ᠲᠦᠬᠦᠭᠡᠷᠦᠮᠵᠢ ᠶᠢ ᠬᠤᠳᠠᠯᠳᠤᠨ ᠠᠪᠬᠤ ᠵᠡᠷᠬᠡ ᠠᠵᠢᠯ ᠢ ᠭᠠᠷᠳᠠᠨ ᠬᠢᠵᠦ᠂ ᠲᠷᠠᠺᠲ᠋ᠤᠷ ᠤᠨ ᠦᠢᠯᠡᠳᠪᠦᠷᠢ ᠲᠠᠢ ᠬᠠᠷᠢᠯᠴᠠᠨ᠂ ᠨᠢᠳᠤᠨᠤᠨ ᠵᠢᠯ ᠰᠢᠨ᠎ᠡ ᠪᠠᠷ ᠬᠤᠳᠠᠯᠳᠤᠨ ᠠᠪᠤᠭᠰᠠᠨ ᠲᠷᠠᠺᠲ᠋ᠤᠷ ᠲᠤ ᠠᠷᠠᠴᠢᠯᠠᠯᠲᠠ ᠬᠢᠯᠭᠡᠨ᠂ ᠬᠤᠨᠤᠭᠯᠠᠬᠤ ᠲᠡᠷᠭᠡ᠂ ᠬᠤᠭᠤᠯᠠᠨ ᠲᠡᠷᠭᠡ᠂ ᠲᠤᠰᠤ ᠰᠠᠪᠠᠯᠠᠬᠤ ᠲᠡᠷᠭᠡ  ᠵᠡᠷᠭᠡ ᠶᠢ ᠲᠤᠭᠲᠠᠭᠰᠠᠨ ᠴᠠᠭ ᠲᠤ ᠨᠢ ᠰᠠᠯᠪᠢᠨ ᠵᠠᠰᠠᠵᠠᠢ᠃ 7 ᠰᠠᠷ᠎ᠠ ᠎ ᠶᠢᠨ ᠰᠡᠭᠦᠯᠴᠢ ᠪᠠᠷ᠂  ᠬᠢᠯᠢ ᠶᠢᠨ ᠴᠠᠷ᠎ᠠ ᠬᠠᠭᠠᠯᠬᠤ  ᠠᠵᠢᠯ ᠳᠤ ᠬᠡᠷᠡᠭᠰᠡᠬᠦ ᠪᠦᠬᠦ ᠵᠦᠢᠯ ᠢᠶᠠᠨ ᠪᠡᠯᠡᠨ  ᠪᠤᠯᠭᠠᠭᠰᠠᠨ ᠪᠠᠶᠢᠨ᠎ᠠ᠃ᠠᠶᠤᠯᠬᠦᠢ ᠦᠢᠯᠡᠳᠪᠦᠷᠢᠯᠡᠯ ᠤᠨ ᠲᠠᠯ᠎ᠠ ᠪᠠᠷ᠂ 7 ᠰᠠᠷ᠎ᠠ ᠶᠢᠨ ᠡᠬᠢᠨ ᠳᠤ᠂ ᠬᠤᠰᠢᠭᠤ ᠭᠠᠯ ᠰᠡᠷᠭᠡᠶᠢᠯᠡᠬᠦ ᠠᠯᠪᠠᠨ ᠭᠡᠷ ᠠᠴᠠ ᠲᠷᠠᠺᠲ᠋ᠤᠷ ᠪᠤᠯᠭᠠᠨ ᠳᠤ ᠫᠠᠶᠢᠰᠠ ᠪᠦᠷᠢᠳᠬᠡᠭᠦᠯᠵᠦ᠂ ᠴᠠᠷ᠎ᠠ ᠬᠠᠭᠠᠯᠬᠤ ᠮᠠᠰᠢᠨ ᠤ ᠠᠵᠢᠯᠲᠠᠨ ᠳᠤ ᠲᠷᠠᠺᠲ᠋ᠤᠷ ᠢ ᠠᠮᠤᠷ ᠲᠦᠪᠰᠢᠨ ᠵᠢᠯᠤᠭᠤᠳᠬᠤ ᠪᠤᠯᠪᠠᠰᠤᠷᠠᠯ ᠬᠢᠯᠭᠡᠨ᠂ ᠪᠦᠬᠦ ᠠᠵᠢᠯᠲᠠᠨ ᠢ ᠭᠡᠨᠡᠳᠲᠡ ᠶᠢᠨ ᠠᠶᠤᠯ ᠤᠨ ᠳᠠᠭᠠᠳᠬᠠᠯ ᠳᠤ ᠤᠷᠤᠭᠤᠯᠤᠨ᠂ ᠴᠠᠷ᠎ᠠ ᠬᠠᠭᠠᠯᠬᠤ ᠠᠵᠢᠯᠳᠠᠨ ᠤᠨ ᠳᠠᠶᠢᠴᠢᠯᠠᠯᠳᠠ ᠶᠢᠨ ᠬᠤᠷᠠᠯ ᠢ  ᠬᠤᠷᠠᠯᠳᠤᠭᠤᠯᠵᠤ᠂ ᠪᠦᠬᠦ ᠠᠵᠢᠯᠲᠠᠨ ᠢ ᠡᠷᠬᠡᠪᠰᠢ ᠤᠳᠤᠷᠢᠳᠤᠯᠭ᠎ᠠ ᠶᠢᠨ ᠵᠢᠯᠤᠭᠤᠳᠤᠯᠭ᠎ᠠ  ᠲᠤᠬᠢᠷᠠᠭᠤᠯᠤᠯᠳᠠ ᠶᠢ ᠳᠠᠭᠠᠵᠦ᠂ ᠡᠯ᠎ᠡ ᠲᠦᠷᠦᠯ ᠤᠨ ᠠᠵᠢᠯ ᠤᠨ ᠵᠠᠷᠴᠢᠮ ᠢ ᠴᠢᠩᠭ᠎ᠠ ᠪᠠᠷᠢᠮᠲᠠᠯᠠᠨ᠂ ᠶᠠᠰᠦ ᠴᠢᠨᠠᠷ᠂ ᠲᠤᠭ᠎ᠠ ᠬᠡᠮᠵᠢᠶ᠎ᠡ ᠶᠢ ᠪᠠᠲᠤᠯᠠᠵᠦ᠂ ᠦᠨᠦ ᠵᠢᠯ ᠤᠨ ᠬᠢᠯᠢ ᠬᠢᠵᠠᠭᠠᠷ ᠤᠷᠤᠨ ᠤ ᠭᠠᠯ ᠰᠡᠷᠭᠡᠶᠢᠯᠡᠯᠳᠡ ᠶᠢᠨ ᠴᠠᠷ᠎ᠠ ᠬᠠᠭᠠᠯᠬᠤ ᠠᠵᠢᠯ ᠡᠬᠦᠷᠭᠡ ᠶᠢ ᠠᠮᠵᠢᠯᠲᠠ ᠲᠠᠢ ᠪᠡᠶᠡᠯᠡᠭᠦᠯᠬᠦ ᠶᠢ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃          ᠬᠤᠰᠢᠭᠤ ᠭᠠᠯ ᠰᠡᠷᠭᠡᠶᠢᠯᠡᠬᠦ ᠠᠯᠪᠠᠨ ᠭᠡᠷ ᠤᠨ ᠡᠷᠬᠢᠯᠡᠭᠴᠢ ᠵᠢᠶᠠ ᠴᠠᠩ ᠱᠧᠩ ᠲᠠᠨᠢᠯᠴᠠᠭᠤᠯᠬᠤ ᠳᠠᠭᠠᠨ᠄ ᠲᠤᠰ ᠤᠳᠠᠭᠠᠨ ᠤ ᠠᠵᠢᠯ ᠳᠤ 15 ᠲᠷᠠᠺᠲ᠋ᠤᠷ‌ᠠᠵᠢᠯᠯᠠᠭᠤᠯᠬᠤ ᠬᠦᠮᠦᠨ᠂ 14 ᠮᠠᠰᠢᠨ ᠲᠡᠷᠭᠡ ᠬᠦᠳᠦᠯᠦᠯᠴᠡᠵᠦ᠂ ᠡᠭᠦᠨ ᠎ ᠳᠤ 1ᠤᠳᠤᠷᠢᠳᠤᠨ ᠵᠢᠯᠤᠭᠤᠳᠬᠤ ᠲᠡᠷᠭᠡ᠂ 7 ᠴᠠᠷ᠎ᠠ ᠬᠠᠭᠠᠯᠬᠤ ᠲᠷᠠᠺᠲ᠋ᠤᠷ᠂ 6 ᠠᠷᠤ ᠲᠠᠯ᠎ᠠ ᠵᠢᠨ‌ᠦᠢᠯᠡᠴᠢᠯᠡᠭᠡ ᠶᠢ ᠪᠠᠲᠤᠯᠠᠬᠤ ᠲᠡᠷᠭᠡ ᠪᠡᠯᠡᠳᠭᠡᠭᠰᠡᠨ ᠪᠠᠶᠢᠨ᠎ᠠ᠃ ᠦᠨᠦ ᠵᠢᠯ ᠮᠠᠨ ᠤ ᠬᠤᠰᠢᠭᠤ ᠨᠢ 45 ᠡᠳᠦᠷ ᠲᠤ ᠬᠢᠯᠢ ᠶᠢᠨ ᠴᠠᠷ᠎ᠠ ᠬᠠᠭᠠᠯᠬᠤ ᠠᠵᠢᠯ ᠢᠶᠠᠨ ᠪᠦᠬᠦᠨ ᠢ ᠳᠠᠭᠤᠰᠬᠠᠬᠤ ᠪᠠᠷ ᠲᠦᠯᠦᠪᠯᠡᠵᠦ ᠪᠤᠢ ᠭᠡᠵᠠᠢ᠃
 
ᠢᠷᠡᠯᠲᠡ᠄ ᠰᠠᠷᠠᠨᠳᠤᠩᠭᠠᠯᠠᠭ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号