ᠠᠪᠠᠭ᠎ᠠ ᠬᠤᠰᠢᠭᠤᠨ ᠤ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠶᠢᠨ | ᠲᠤᠪᠴᠢ ᠲᠠᠨᠢᠯᠴᠠᠭᠤᠯᠭ᠎ᠠ | | ᠠᠪᠠᠭ᠎ᠠ ᠬᠤᠰᠢᠭᠤᠨ ᠤ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠨᠢ ᠴᠤᠯ ᠮᠤᠩᠭᠤᠯ | ᠢᠶᠠᠷ ᠬᠢᠴᠢᠶᠡᠯᠯᠡᠵᠤ ᠪᠠᠶᠢᠭ᠎ᠠ ᠨᠢᠭᠡᠨ ᠪᠦᠷᠢᠨ ᠲᠤᠮᠳᠠᠳᠤ ᠰᠤᠷᠭᠠᠭᠤᠯᠢ ᠪᠤᠯᠤᠨ᠎ᠠ᠃ 1979 ᠤᠨ ᠳᠤ | ᠪᠠᠶᠢᠭᠤᠯᠤᠭᠳᠠᠵᠤ ᠤᠳᠤ ᠪᠤᠯᠬᠤ ᠳᠤ 110 ᠨᠡᠷ᠎ᠡ ᠪᠠᠭᠰᠢ ᠠᠵᠢᠯᠳᠠᠨ ᠲᠠᠢ᠂ 88 ᠨᠡᠷ᠎ᠡ ᠲᠤᠰᠬᠠᠢ ᠪᠠᠭᠰᠢ ᠲᠠᠢ ᠂ | ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠯᠳᠡ ᠶᠢᠨ ᠨᠤᠷᠮ᠎ᠠ 100% ᠳᠤ ᠬᠦᠷᠴᠦ᠂ ᠦᠨᠳᠦᠷ ᠲᠡᠰ ᠤᠨ | ᠪᠠᠭᠰᠢ 30 ᠨᠡᠷ᠎ᠡ᠂ ᠲᠤᠮᠳᠠ ᠲᠡᠰ ᠤᠨ ᠪᠠᠭᠰᠢ 40 ᠨᠡᠷ᠎ᠡ ᠪᠤᠢ᠃ 567 ᠨᠡᠷᠡᠰ ᠰᠤᠷᠤᠭᠴᠢ ᠲᠠᠢ᠂ 18 | ᠬᠢᠴᠢᠶᠡᠯᠯᠡᠬᠦ ᠠᠩᠬᠢ ᠲᠠᠢ᠂ ᠡᠭᠦᠨ ᠳᠤ ᠠᠩᠬ᠎ᠠ ᠲᠤᠮᠳᠠᠳᠤ 13 ᠠᠩᠬᠢ ᠂ 447 ᠨᠡᠷᠡᠰ ᠰᠤᠷᠤᠭᠴᠢ ᠲᠠᠢ ᠂ | ᠦᠨᠳᠦᠷ ᠲᠤᠮᠳᠠᠳᠤ 5 ᠠᠩᠬᠢ᠂ 120 ᠰᠤᠷᠤᠭᠴᠢ ᠲᠠᠢ᠃ | ᠰᠤᠷᠭᠠᠭᠤᠯᠢ ᠶᠢᠨ ᠡᠵᠡᠯᠡᠵᠦ ᠪᠠᠶᠢᠭ᠎ᠠ ᠶᠡᠷᠦᠩᠬᠡᠢ ᠲᠠᠯᠠᠪᠠᠢ ᠨᠢ 66780m2 ᠂ ᠪᠠᠷᠢᠯᠭ᠎ᠠ ᠶᠢᠨ | ᠲᠠᠯᠠᠪᠠᠢ 14418m2 ᠪᠠᠶᠢᠵᠤ᠂ ᠡᠭᠦᠨ ᠳᠤ ᠵᠢᠭᠠᠬᠤ ᠰᠤᠷᠬᠤ ᠠᠰᠠᠷ 4454m2 ᠂ ᠲᠤᠷᠰᠢᠯᠳᠠ ᠶᠢᠨ | ᠠᠰᠠᠷ3538m2 ᠂ ᠪᠠᠶᠢᠷᠢ ᠶᠢᠨ ᠠᠰᠠᠷ2722m2᠂ ᠂ ᠬᠤᠭᠤᠯᠠᠨ ᠬᠡᠷ1499m2 ᠃ ᠠᠶᠢᠮᠠᠭ ᠤᠨ ᠲᠡᠰ | ᠤᠨ ᠪᠠᠷᠢᠮᠵᠢᠶᠠᠲᠤ ᠰᠤᠷᠭᠠᠭᠤᠯᠢ ᠪᠤᠯᠤᠭᠰᠠᠨ ᠪᠠᠶᠢᠨ᠎ᠠ᠃ ᠤᠳᠤᠬᠠᠨ ᠳᠤ ᠵᠢᠭᠠᠬᠤ ᠰᠤᠷᠬᠤ ᠠᠰᠠᠷ᠂ ᠲᠤᠷᠰᠢᠯᠳᠠ | ᠶᠢᠨ ᠠᠰᠠᠷ᠂ ᠪᠠᠶᠢᠷᠢ ᠶᠢᠨ ᠠᠰᠠᠷ᠂ ᠬᠤᠭᠤᠯᠠᠨ ᠭᠡᠷ᠂ ᠲᠠᠮᠢᠷ ᠤᠨ ᠤᠷᠳᠤᠨ᠂ ᠪᠠᠷᠢᠮᠵᠢᠶᠠᠲᠤ ᠵᠦᠯᠭᠡᠨ ᠲᠠᠮᠢᠷ ᠤᠨ | ᠲᠠᠯᠠᠪᠠᠢ ᠵᠡᠷᠭᠡ ᠪᠠᠷᠢᠯᠭ᠎ᠠ ᠪᠦᠷᠢᠨ ᠪᠤᠯᠤᠭᠰᠠᠨ ᠪᠠᠶᠢᠨ᠎ᠠ᠃ ᠮᠦᠨᠴᠦ ᠡᠯ᠎ᠡ ᠲᠤᠷᠰᠢᠯᠳᠠ ᠶᠢᠨ ᠲᠠᠰᠤᠭ᠂ | ᠺᠤᠮᠫᠢᠥ᠋ᠲ᠋ᠧᠷ ᠤᠨ ᠲᠠᠰᠤᠭ᠂ ᠰᠢᠩᠭᠡᠭᠡᠨ ᠨᠡᠪᠲᠡᠷᠡᠭᠦᠯᠬᠦ ᠲᠠᠰᠤᠭ᠂ ᠨᠤᠮ ᠤᠨ ᠰᠠᠩ᠂ ᠰᠡᠳᠬᠢᠴᠡ ᠶᠢᠨ ᠦᠷᠦᠭᠡ᠂ | ᠲᠠᠭᠤᠤ ᠬᠦᠭᠵᠢᠮ ᠤᠨ ᠲᠠᠰᠤᠭ᠂ ᠮᠤᠷᠢᠨ ᠬᠤᠭᠤᠷ ᠤᠨ ᠲᠠᠰᠤᠭ᠂ ᠶᠠᠳᠤᠭ᠎ᠠ ᠶᠢᠨ ᠲᠠᠰᠤᠭ᠂ ᠬᠤᠪᠢᠰ ᠤᠨ | ᠲᠠᠰᠤᠭ᠂ ᠪᠦᠵᠢᠭ ᠤᠨ ᠭᠡᠷ᠂ ᠤᠷᠠᠨ ᠵᠢᠷᠤᠭ ᠤᠨ ᠲᠠᠰᠤᠭ᠂ ᠤᠷᠠᠨ ᠪᠢᠴᠢᠯᠭᠡ ᠶᠢᠨ ᠲᠠᠰᠤᠭ ᠵᠡᠷᠭᠡ ᠲᠤᠰᠬᠠᠢ | ᠬᠦᠳᠡᠯᠭᠡᠭᠡᠨ ᠤ ᠲᠠᠰᠤᠭ ᠪᠦᠷᠢᠨ ᠪᠤᠯᠤᠭᠰᠠᠨ ᠪᠠᠶᠢᠨ᠎ᠠ᠃ ᠨᠤᠮ ᠤᠨ ᠰᠠᠩ ᠳᠤ ᠪᠠᠨ 5 ᠲᠦᠮᠡ ᠭᠠᠷᠤᠢ ᠨᠤᠮ | ᠲᠠᠢ᠃ ᠰᠤᠷᠭᠠᠭᠤᠯᠢ ᠶᠢᠨ ᠲᠤᠳᠤᠷ᠎ᠠ ᠠᠶᠢᠮᠠᠭ ᠤᠨ ᠰᠤᠷᠭᠠᠨ ᠬᠦᠮᠦᠵᠢᠯ ᠤᠨ ᠢᠨᠲ᠋ᠧᠷᠨᠧᠲ ᠵᠠᠯᠭᠠᠵᠤ᠂ ᠪᠦᠬᠦ | ᠰᠤᠷᠭᠠᠭᠤᠯᠢ ᠶᠢᠨ ᠬᠡᠪᠴᠢᠶᠡᠨ ᠳᠤ ᠰᠤᠷᠭᠠᠨ ᠬᠦᠮᠦᠵᠢᠯ ᠤᠨ ᠰᠤᠷᠠᠭ ᠵᠠᠩᠬᠢ ᠶᠢᠨ ᠰᠦᠯᠵᠢᠶ᠎ᠡ ᠶᠢ ᠪᠦᠲᠦᠭᠡᠨ | ᠪᠠᠶᠢᠭᠤᠯᠵᠦ᠂ ᠡᠯ᠎ᠡ ᠠᠩᠬᠢ ᠳᠤ ᠤᠯᠠᠨ ᠵᠠᠭᠤᠴᠢᠲᠤ ᠲᠦᠬᠦᠭᠡᠷᠦᠮᠵᠢ ᠶᠢ ᠤᠭᠰᠠᠷᠠᠵᠤ᠂ ᠰᠤᠷᠭᠠᠭᠤᠯᠢ ᠳᠤ ᠨᠡᠶᠢᠳᠡ | 182 ᠰᠠᠭᠤᠷᠢ ᠺᠤᠮᠫᠢᠦ᠋ᠲ᠋ᠧᠷ ᠪᠠᠶᠢᠵᠤ᠂ ᠭᠤᠷᠪᠠᠨ ᠰᠤᠷᠤᠭᠴᠢ ᠶᠢᠨ ᠲᠤᠮᠳᠠ ᠨᠢᠭᠡ ᠮᠠᠰᠢᠨ ᠬᠡᠷᠡᠭᠯᠡᠭᠳᠡᠵᠦ᠂ | ᠪᠠᠭᠰᠢ ᠪᠤᠯᠭᠠᠨ ᠭᠠᠷ ᠺᠤᠮᠫᠢᠦ᠋ᠲ᠋ᠧᠷ ᠲᠠᠢ ᠪᠤᠯᠵᠠᠢ᠃ | ᠰᠤᠷᠭᠠᠭᠤᠯᠢ ᠨᠢ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠤᠰᠤᠭᠠᠷ ᠬᠡᠪ ᠴᠢᠨᠠᠷ ᠤᠨ ᠰᠤᠷᠭᠠᠨ | ᠬᠦᠮᠦᠵᠢᠯ ᠤᠨ ᠵᠤᠷᠢᠭ ᠰᠠᠨᠠᠭ᠎ᠠ ᠪᠠᠷ ᠠᠵᠢᠯᠯᠠᠵᠤ᠂ ᠰᠤᠷᠤᠭᠴᠢ ᠨᠢᠭᠡᠪᠦᠷᠢ ᠶᠢᠨ ᠪᠦᠬᠦ ᠲᠠᠯ᠎ᠠ ᠶᠢᠨ ᠬᠦᠭᠵᠢᠯᠲᠡ ᠶᠢ | ᠠᠩᠬᠠᠷᠴᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ | ᠳᠡᠭᠡᠭᠰᠢᠯᠡᠭᠦᠯᠭᠦ ᠶᠢᠨ ᠬᠠᠮᠲᠤ ᠰᠤᠷᠤᠭᠴᠢᠳ ᠤᠨ ᠤᠨᠴᠠᠭᠠᠢ ᠤᠷ᠎ᠠ ᠠᠪᠢᠶᠠᠰ ᠮᠡᠷᠭᠡᠵᠢᠯ ᠴᠢᠳᠠᠪᠤᠷᠢ ᠶᠢ | ᠬᠦᠭᠵᠢᠬᠦᠯᠵᠦ ᠂ ᠮᠤᠩᠭᠤᠯ ᠪᠦᠬᠡ᠂ ᠮᠤᠷᠢᠨ ᠬᠤᠭᠤᠷ᠂ ᠬᠤᠪᠢᠰ ᠶᠠᠳᠤᠭ᠎ᠠ᠂ ᠮᠤᠩᠭᠤᠯ ᠰᠢᠲᠠᠷ᠎ᠠ᠂ ᠨᠤᠮᠤ ᠰᠤᠮᠤ᠂ | ᠬᠥᠯ ᠪᠥᠮᠪᠦᠭᠡ᠂ ᠰᠠᠭᠰᠤᠨ ᠪᠦᠮᠪᠦᠭᠡ᠂ ᠫᠢᠩᠫᠤᠩ ᠪᠦᠮᠪᠦᠭᠡ᠂ ᠨᠡᠪᠲᠡᠷᠡᠭᠦᠯᠦᠭᠴᠢ ᠬᠦᠲᠦᠯᠦᠭᠴᠢ᠂ ᠢᠷᠦᠭᠡᠯ | ᠮᠠᠭᠲᠠᠭᠠᠯ ᠮᠤᠷᠢᠨ ᠴᠤᠯᠠ᠂ ᠤᠷᠲᠤ ᠶᠢᠨ ᠳᠠᠭᠤᠤ᠂ ᠬᠦᠭᠡᠮᠡᠢ᠂ ᠮᠤᠲ᠋ᠧᠯ᠂ ᠪᠡᠶ᠎ᠡ ᠲᠠᠮᠢᠷ ᠵᠡᠷᠭᠡ ᠠᠷᠪᠠ ᠭᠠᠷᠤᠢ | ᠳᠤᠷ᠎ᠠ ᠰᠤᠨᠢᠷᠬᠠᠯ ᠤᠨ ᠲᠤᠭᠤᠶᠢᠯᠠᠩ ᠤᠨ ᠬᠦᠳᠡᠯᠭᠡᠭᠡᠨ ᠢ ᠡᠷᠬᠢᠯᠡᠨ ᠶᠠᠪᠤᠭᠳᠠᠭᠤᠯᠵᠦ᠂ ᠦᠷᠬᠦᠯᠵᠢ ᠡᠯ᠎ᠠ ᠵᠦᠢᠯ | ᠤᠨ ᠤᠷᠤᠯᠳᠤᠭᠠᠨ ᠢ ᠦᠷᠨᠢᠬᠦᠯᠳᠡᠭ ᠪᠠᠶᠢᠨ᠎ᠠ᠃ | ᠤᠷᠴᠢᠮ ᠤᠨ ᠵᠢᠯ ᠂ ᠨᠠᠮ ᠵᠠᠰᠠᠭ ᠤᠨ ᠬᠠᠶᠢᠷ᠎ᠠ ᠬᠠᠯᠠᠮᠵᠢ ᠪᠡ ᠰᠤᠷᠭᠠᠨ ᠬᠦᠮᠦᠵᠢᠯ ᠤᠨ ᠵᠠᠬᠢᠷᠭᠠᠨ ᠤ | ᠤᠳᠤᠷᠢᠳᠤᠯᠭ᠎ᠠ ᠲᠤᠤᠷ᠎ᠠ᠂ ᠲᠠᠰᠤᠷᠠᠯᠳᠠ ᠦᠭᠡᠢ ᠤᠷᠤᠭᠰᠢᠯᠠᠨ ᠲᠠᠪᠰᠢᠵᠤ᠂ ᠰᠤᠷᠭᠠᠭᠤᠯᠢ ᠡᠷᠬᠢᠯᠡᠬᠦ ᠨᠦᠬᠦᠴᠡᠯ | ᠡᠳᠦᠷ ᠠᠴᠠ ᠡᠳᠦᠷ ᠰᠠᠶᠢᠵᠢᠷᠠᠵᠤ᠂ ᠤᠷᠢᠳ ᠬᠤᠵᠢᠳ ︽ ᠠᠶᠢᠮᠠᠭ ᠤᠨ ᠲᠡᠰ ᠤᠨ ᠴᠡᠴᠡᠷᠯᠢᠭᠵᠢᠭᠰᠡᠨ | ᠰᠤᠷᠭᠠᠭᠤᠯᠢ︾᠂ ︽ ᠰᠤᠷᠭᠠᠭᠤᠯᠢ ᠶᠢᠨ ᠬᠠᠮᠢᠶᠠᠷᠤᠯᠳᠠ ᠶᠢᠨ ᠬᠦᠬᠡ ᠲᠡᠰ ᠤᠨ ᠰᠤᠷᠭᠠᠭᠤᠯᠢ︾᠂ ︽ ᠤᠷᠴᠢᠨ | ᠲᠤᠭᠤᠷᠢᠨᠰᠠᠭ ᠰᠤᠷᠭᠠᠭᠤᠯᠢ︾᠂ ︽ ᠪᠤᠯᠪᠠᠰᠤᠨ ᠨᠢᠭᠡᠴᠡ︾᠂ ︽ ᠤᠷᠤᠨ ᠤ ᠲᠡᠰ ᠤᠨ ᠪᠠᠷᠢᠮᠵᠢᠶᠠᠵᠢᠭᠰᠠᠨ | ᠦᠨᠳᠦᠰᠦᠲᠡᠨ ᠤ ᠰᠤᠷᠭᠠᠭᠤᠯᠢ︾ ︽ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠦᠲᠦᠭᠡᠨ ᠪᠠᠶᠢᠭᠤᠯᠤᠯᠳᠠ | ᠶᠢᠨ ᠵᠢᠱᠢᠶᠡᠴᠢ ᠰᠤᠷᠭᠠᠭᠤᠯᠢ︾᠂ ︽ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠢᠱᠢᠶᠡᠴᠢ ᠰᠤᠷᠭᠠᠭᠤᠯᠢ︾᠂ | ︽ ᠮᠤᠩᠭᠤᠯ ᠬᠡᠯᠡᠨ ᠤ ᠬᠢᠴᠢᠶᠡᠯ ᠤᠨ ᠦᠭᠡᠷᠡᠴᠢᠯᠡᠯᠳᠡ ᠶᠢᠨ ᠲᠡᠷᠢᠬᠦᠨ ᠤ ᠰᠤᠷᠭᠠᠭᠤᠯᠢ︾᠂ ︽ ᠠᠶᠢᠮᠠᠭ ᠤᠨ | ᠲᠡᠰ ᠤᠨ ᠲᠡᠷᠢᠭᠦᠨ ᠤ ᠨᠢᠭᠡᠴᠡ︾᠂ ︽ ᠬᠤᠰᠢᠭᠤ ᠲᠡᠰ ᠤᠨ ᠰᠢᠯᠢᠳᠡᠭ ᠨᠢᠬᠡᠴᠡ︾᠂ ᠠᠶᠢᠮᠠᠭ ᠤᠨ ᠲᠡᠰ ᠤᠨ ︽ | ᠨᠠᠷᠢᠯᠢᠭ ᠬᠠᠮᠢᠶᠠᠷᠤᠯᠳᠠ ᠶᠢᠨ ᠲᠡᠷᠢᠭᠦᠨ ᠤ ᠰᠤᠷᠭᠠᠭᠤᠯᠢ︾ ᠂ ᠤᠷᠤᠨ ᠤ ᠲᠡᠰ ᠤᠨ ︽ᠣᠷᠴᠢᠨ ᠲᠤᠭᠤᠷᠢᠨ ᠤ | ᠨᠥᠭᠦᠷᠰᠡᠭ ᠰᠣᠷᠭᠠᠭᠤᠯᠢ︾ ᠵᠡᠷᠭᠡ ᠢᠷᠠᠭᠤ ᠠᠯᠳᠠᠷ ᠢ ᠤᠯᠵᠤ᠂ ᠬᠠᠮᠢᠶᠠᠷᠤᠯᠳᠠ ᠪᠠᠨ ᠨᠠᠷᠢᠯᠢᠭᠵᠢᠭᠤᠯᠵᠤ᠂ | ᠬᠢᠴᠢᠶᠡᠯ ᠤᠨ ᠥᠬᠡᠷᠡᠴᠢᠯᠡᠯᠳᠡ ᠶᠢ ᠠᠬᠢᠭᠤᠯᠵᠤ᠂ ︽ ᠪᠠᠭᠰᠢ ᠰᠣᠷᠣᠭᠴᠢ ᠶᠢᠨ ᠡᠶ᠎ᠡ ᠵᠤᠬᠢᠴᠠᠯᠳᠤ ᠭᠥᠭᠵᠢᠯ ᠢ | ᠠᠬᠢᠭᠤᠯᠤᠶ᠎ᠠ︾ ᠬᠡᠰᠡᠨ ᠰᠣᠷᠭᠠᠭᠤᠯᠢ ᠡᠷᠬᠢᠯᠡᠬᠦ ᠤᠨᠤᠯᠵᠢᠭᠤᠨ ᠤ ᠵᠤᠷᠢᠭ ᠰᠠᠨᠠᠭ᠎ᠠ ᠪᠠᠷ ᠴᠢᠷᠮᠠᠶᠢᠨ ᠠᠵᠢᠯᠯᠠᠭᠰᠠᠨ | ᠢᠶᠠᠷ ᠪᠠᠭᠰᠢ᠂ ᠰᠤᠷᠤᠭᠴᠢ᠂ ᠰᠤᠷᠭᠠᠭᠤᠯᠢ ᠶᠢᠨ ᠬᠥᠭᠵᠢᠯᠳᠡ ᠲᠤᠪᠤᠶᠢᠮ᠎ᠠ ᠠᠮᠵᠢᠯᠳᠠ ᠶᠢ ᠤᠯᠵᠤ ᠪᠠᠶᠢᠨ᠎ᠠ᠃ | |