ᠠᠪᠠᠭ᠎ᠠ ᠬᠤᠰᠢᠭᠤᠨ ᠤ ᠮᠦᠩᠬᠡᠭᠠᠯ ᠬᠡᠤᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2017/8/4
    ᠠᠪᠠᠭ᠎ᠠ ᠬᠤᠰᠢᠭᠤᠨ ᠤ ᠮᠦᠩᠬᠡᠭᠠᠯ ᠬᠡᠤᠬᠡᠳ ᠤᠨ ᠴᠡᠴᠡᠷᠯᠢᠭ ᠤᠨ ᠲᠤᠪᠴᠢ ᠲᠠᠨᠢᠯᠴᠠᠭᠤᠯᠭ᠎ᠠ          ᠠᠪᠠᠭ᠎ᠠ ᠬᠤᠰᠢᠭᠤᠨ ᠤ ᠮᠦᠩᠬᠡᠭᠠᠯ ᠬᠡᠤᠬᠡᠳ ᠤᠨ ᠴᠡᠴᠡᠷᠯᠢᠭ ᠨᠢ1982 ᠤᠨ ᠤ 6 ᠰᠠᠷ᠎ᠠ ᠳᠤ ᠪᠠᠶᠢᠭᠤᠯᠤᠭᠳᠠᠭᠰᠡᠨ ᠴᠤᠷ ᠤᠨ ᠭᠠᠭᠴᠠ ᠮᠤᠩᠭᠤᠯ ᠢᠶᠠᠷ ᠬᠢᠴᠢᠶᠠᠯᠯᠠᠯᠬᠦ ᠪᠦᠬᠦᠯᠢ ᠡᠳᠤᠷ ᠤᠨ ᠲᠦᠷᠢᠮᠵᠢᠭᠰᠡᠨ  ︽ᠦᠪᠡᠷᠳᠡᠬᠡᠨ ᠵᠠᠰᠠᠬᠤ ᠤᠷᠤᠨ ᠤ ᠵᠢᠱᠢᠶ᠎ᠠ ᠦᠵᠡᠬᠦᠯᠬᠦ ᠴᠡᠴᠡᠷᠯᠢᠭ︾ ᠪᠤᠯᠤᠨ᠎ᠠ᠃          ᠴᠡᠴᠡᠷᠯᠢᠭ ᠡᠵᠡᠯᠡᠬᠦ ᠲᠠᠯᠠᠪᠠᠢ 9828 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠡᠵᠡᠯᠡᠬᠦ ᠲᠠᠯᠠᠪᠠᠢ 5132 ᠲᠡᠭᠰᠢ ᠲᠦᠷᠪᠡᠯᠵᠢᠨ ᠮᠧᠲᠷ ᠪᠠᠶᠢᠵᠤ᠂ ᠠᠩᠬᠢ ᠪᠦᠷᠢ ᠬᠦᠳᠡᠯᠬᠡᠬᠡᠨ ᠤ ᠲᠠᠰᠤᠭ᠂ ᠤᠡᠳᠠᠬᠤ ᠦᠷᠤᠬᠡ᠂ ᠡᠷᠡᠬᠦᠯ ᠬᠠᠮᠠᠭᠠᠯᠠᠯ ᠤᠨ ᠲᠠᠰᠤᠭ ᠲᠠᠢ᠃ ᠬᠡᠤᠬᠡᠳ ᠤᠳ ᠰᠠᠷᠠᠭᠤᠯ ᠲᠤᠬᠢᠯᠢᠭ᠂ ᠲᠤᠯᠠᠭᠠᠨ ᠲᠠᠭᠠᠯᠠᠮᠵᠢᠳᠡᠢ ᠠᠮᠢᠳᠤᠷᠡᠯ ᠰᠤᠷᠤᠯᠭ᠎ᠠ ᠶᠢᠨ ᠤᠷᠴᠢᠨ ᠳᠠᠭᠠᠨ ᠪᠠᠶᠠᠷ ᠬᠦᠷ ᠲᠠᠢ ᠦᠰᠤᠨ ᠲᠤᠷᠨᠢᠵᠤ ᠪᠤᠢ᠃          ᠤᠳᠤ ᠴᠡᠴᠡᠷᠯᠢᠭ ᠨᠢ12 ᠠᠩᠬᠢ᠂ 504 ᠨᠠᠷ᠎ᠠ ᠬᠡᠤᠬᠡᠳ᠂ 50 ᠨᠠᠷ᠎ᠠ ᠪᠠᠭᠰᠢ ᠠᠵᠢᠯᠳᠠᠨ᠂ 23 ᠨᠠᠷ᠎ᠠ ᠲᠤᠰᠬᠠᠢ ᠪᠠᠭᠰᠢ᠂ 4 ᠨᠠᠷ᠎ᠠ ᠲᠤᠮᠳᠠᠳᠤ ᠰᠤᠷᠭᠠᠭᠤᠯᠢ ᠶᠢᠨ ᠲᠡᠬᠡᠳᠤ ᠲᠡᠰ ᠤᠨ ᠮᠠᠷᠬᠡᠵᠢᠯ ᠤᠨ ᠴᠤᠯᠠ ᠲᠠᠢ ᠪᠠᠭᠰᠢ᠂ 8 ᠨᠠᠷ᠎ᠠ ᠪᠠᠭ᠎ᠠ ᠰᠤᠷᠭᠠᠭᠤᠯᠢ ᠶᠢᠨ ᠦᠡᠳᠤᠷ ᠲᠡᠰ ᠤᠨ ᠮᠠᠷᠬᠡᠵᠢᠯ ᠤᠨ ᠴᠤᠯᠠ ᠲᠠᠢ ᠪᠠᠭᠰᠢ ᠲᠠᠢ᠂ ᠪᠠᠭᠰᠢ  ᠶᠢᠨ ᠰᠤᠷᠤᠯᠭ᠎ᠠ ᠶᠢᠨ ᠨᠠᠮᠳᠠᠷ ᠤᠨ ᠬᠢᠷᠢ ᠲᠠᠩᠴᠠᠯᠳᠠ ᠶᠢᠨ ᠨᠤᠷᠮ᠎ᠠ 100% ᠳᠤ ᠬᠦᠷᠪᠡ᠃        ᠮᠤᠩᠬᠡᠭᠠᠯ ᠬᠡᠤᠬᠡᠳ ᠤᠨ ᠴᠡᠴᠡᠷᠯᠢᠭ ᠨᠢ ᠠᠰᠠᠷᠠᠨ ᠬᠦᠮᠤᠵᠢᠬᠦᠯᠬᠦ ᠪᠠ ᠵᠢᠭᠠᠨ ᠰᠤᠷᠭᠠᠬᠤ ᠪᠠᠷ ᠭᠤᠤᠯ ᠬᠠᠷᠠᠯᠳᠠ ᠪᠠᠨ ᠪᠤᠯᠭᠠᠨ᠂ ᠪᠦᠬᠦ ᠬᠡᠤᠬᠡᠳ ᠲᠤ ᠬᠠᠨᠳᠤᠵᠤ᠂ ᠬᠡᠤᠬᠡᠳ ᠤᠨ ᠪᠦᠬᠦ ᠲᠠᠯ᠎ᠠ ᠶᠢᠨ ᠠᠪᠢᠶᠠᠰ ᠢ ᠨᠡᠬᠡᠬᠡᠨ ᠬᠦᠭᠵᠢᠬᠦᠯᠬᠦ ᠶᠢ ᠢᠮᠠᠭᠳᠠ ᠠᠩᠬᠠᠷᠴᠤ᠂ ᠬᠡᠤᠬᠡᠳ ᠤᠨ ᠨᠠᠰᠤᠨ ᠤ ᠤᠡᠴᠠᠯᠢᠭ ᠢ ᠦᠡᠳᠤᠰᠤᠯᠠᠵᠤ᠂ ᠦᠡᠳᠤᠰᠤᠳᠠᠨ  ᠤ ᠵᠠᠩ ᠵᠠᠩᠰᠢᠯ ᠤᠨ ᠬᠢᠴᠢᠶᠠᠯ᠂ ᠲᠤᠭᠯᠠᠭᠠᠮ ᠤᠨ ᠲᠤᠮᠳᠠ ᠵᠢᠭᠠᠨ ᠰᠤᠷᠭᠠᠬᠤ ᠬᠡᠪ ᠵᠠᠭᠪᠤᠷ ᠢ ᠰᠦᠪᠡᠭᠴᠢᠯᠡᠨ᠂ ᠬᠢᠴᠢᠶᠠᠯ ᠲᠦᠷᠥᠯ ᠤᠨ ᠰᠤᠳᠤᠯᠭᠠᠨ ᠤ ᠰᠠᠳᠤᠪ ︽ᠮᠤᠩᠭᠤᠯ ᠵᠠᠩ ᠦᠢᠯᠡ ᠪᠠᠷ ᠪᠠᠯᠴᠢᠷ ᠬᠡᠤᠬᠡᠳ ᠤᠨ ᠤᠢ ᠪᠢᠯᠢᠭ  ᠢ ᠬᠦᠭᠵᠢᠬᠦᠯᠬᠦ ᠰᠢᠨ᠎ᠠ ᠬᠡᠪ ᠵᠠᠭᠪᠤᠷ ᠤᠨ ᠰᠦᠪᠡᠭᠴᠢᠯᠡᠯ ᠢ ᠬᠡᠷᠡᠭᠵᠢᠬᠦᠯᠬᠦ ᠲᠦᠰᠤᠪ︾ ᠨᠢ ᠦᠪᠡᠷᠳᠡᠬᠡᠨ ᠵᠠᠰᠠᠬᠤ ᠤᠷᠤᠨ ᠤ ︽ᠠᠷᠪᠠᠨ ᠭᠤᠷᠪᠡᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠳᠤ ᠲᠠᠪᠰᠢᠬᠦᠯᠦᠭᠳᠡᠨ᠂ ᠬᠡᠤᠬᠡᠳ ᠤᠨ ᠴᠡᠬᠡᠵᠢᠯᠡᠬᠦ ᠴᠢᠳᠠᠪᠤᠷᠢ᠂ ᠠᠵᠢᠭᠯᠠᠬᠤ᠂ ᠲᠦᠷᠰᠤᠯᠡᠬᠦ᠂᠂ ᠪᠦᠳᠤᠬᠡᠯᠴᠢ ᠴᠢᠳᠠᠪᠤᠷᠢ ᠶᠢ ᠬᠦᠭᠵᠢᠬᠦᠯᠵᠤ᠂ ᠴᠡᠴᠡᠷᠯᠢᠭ  ᠤᠨ ᠢᠶᠠᠨ ᠵᠢᠭᠠᠨ ᠰᠤᠷᠭᠠᠯᠳᠠ ᠶᠢᠨ ︽ᠦᠪᠡᠷ ᠤᠨ︾ ᠬᠡᠮᠡᠬᠦ ᠤᠡᠴᠠᠯᠢᠭ ᠢ ᠲᠤᠪᠤᠶᠢᠯᠭᠠᠵᠤ᠂ ᠬᠠᠮᠢᠶᠠᠷᠤᠯᠳᠠ ᠪᠠᠷ ᠬᠦᠮᠤᠨ ᠢ ᠬᠦᠮᠤᠵᠢᠬᠦᠯᠬᠦ᠂ ᠤᠷᠴᠢᠨ ᠲᠤᠭᠤᠷᠢᠨ ᠢᠶᠠᠷ ᠬᠦᠮᠤᠨ ᠢ ᠬᠦᠮᠤᠵᠢᠬᠦᠯᠬᠦ᠂ ᠦᠢᠯᠡᠴᠢᠯᠡᠭᠡ ᠪᠠᠷ ᠬᠦᠮᠤᠨ ᠬᠦᠮᠤᠵᠢᠬᠦᠯᠬᠦ ᠪᠠᠷ ᠬᠠᠷᠠᠯᠳᠠ ᠪᠠᠨ ᠪᠤᠯᠭᠠᠭᠰᠡᠨ ᠢᠶᠠᠷ ᠨᠠᠶᠢᠬᠡᠮ ᠨᠠᠶᠢᠳᠠ ᠪᠠ ᠬᠡᠷ ᠤᠨ ᠠᠬᠠᠮᠠᠳ ᠤᠨ ᠬᠠᠯᠠᠭᠤᠨ ᠬᠦᠷᠢᠶᠠᠯᠠᠯ ᠢ ᠬᠦᠷᠳᠡᠭᠰᠡᠬᠡᠷ ᠢᠷᠡᠪᠡ᠃       ᠤᠯᠠᠨ ᠵᠢᠯ ᠤᠨ ᠦᠢᠭ᠎ᠠ ᠦᠬᠡᠢ ᠴᠢᠷᠮᠠᠶᠢᠯᠭ᠎ᠠ ᠪᠠᠷ ᠤᠷᠢᠳ ᠬᠤᠵᠢᠳ ᠠᠶᠢᠮᠠᠭ ᠤᠨ ᠲᠡᠰ ᠤᠨ ︽ᠪᠤᠯᠪᠠᠰᠤᠨ ᠨᠢᠬᠡᠴᠠ᠂ ᠤᠷᠤᠨ ᠤ ᠲᠡᠰ ᠤᠨ ᠲᠡᠷᠢᠬᠦᠨ ᠤ ᠬᠡᠷ ᠤᠨ ᠠᠬᠠᠮᠠᠳ ᠤᠨ ᠰᠤᠷᠭᠠᠭᠤᠯᠢ︾ ᠤᠷᠤᠨ ᠤ ᠲᠡᠰ  ᠤᠨ ︽ᠠᠮᠤᠷ ᠲᠦᠪᠰᠢᠨ ᠤ ᠬᠠᠮᠢᠶᠠᠷᠤᠯᠳᠠ ᠶᠢᠨ ᠲᠠᠷᠢᠬᠦᠨ ᠤ ᠨᠢᠬᠡᠴᠠ︾ ᠠᠶᠢᠮᠠᠭ ᠲᠡᠰ ᠤᠨ ︽ᠤᠷᠴᠢᠨ ᠠᠬᠤᠢ  ᠶᠢᠨ ᠪᠠᠷᠢᠮᠵᠢᠶᠠᠳᠤ ᠰᠤᠷᠭᠠᠭᠤᠯᠢ︾ ᠬᠤᠰᠢᠭᠤ ᠲᠡᠰ ᠤᠨ ᠰᠦᠢᠳᠬᠡᠯ ᠬᠤᠷᠢᠶᠠᠬᠤ ᠢᠳᠡᠬᠡᠯᠳᠡᠢ ᠨᠢᠬᠡᠴᠠ᠂ ᠤᠷᠤᠨ ᠤ ᠲᠡᠰ ᠤᠨ ︽3.8 ᠤᠯᠠᠭᠠᠨ ᠲᠤᠭᠴᠢ︾ ᠠᠶᠢᠮᠠᠭ ᠪᠠ ᠤᠷᠤᠨ ᠤ ᠲᠡᠰ ᠤᠨ ︽ᠲᠠᠪᠤ ᠰᠡᠶᠢᠡᠳᠡᠢ ᠬᠤᠶᠢᠴᠢ ᠦᠶ᠎ᠠ  ᠶᠢ ᠬᠠᠯᠠᠮᠵᠢᠯᠠᠬᠤ ᠵᠦᠪᠯᠡᠯ︾ ᠬᠤᠰᠢᠭᠤ ᠲᠡᠰ ᠤᠨ ︽ᠶᠠᠫᠤᠨ ᠢ ᠡᠰᠡᠷᠬᠦᠴᠡᠬᠦ ᠲᠠᠶᠢᠨ ᠢᠯᠠᠯᠳᠠ ᠤᠯᠤᠭᠰᠡᠨ 70 ᠵᠢᠯ ᠤᠨ ᠤᠢ ᠶᠢᠨ ᠲᠠᠭᠤᠨ ᠤ ᠤᠷᠤᠯᠳᠤᠭᠠᠨ ᠤ ᠰᠢᠯᠢᠳᠡᠭ ᠨᠢᠬᠡᠴᠠ︾᠂ ︽ᠨᠠᠢᠮᠠᠨ ᠮᠤᠵᠢ ᠤᠷᠤᠨ ᠤ ᠮᠤᠩᠭᠤᠯ ᠪᠦᠵᠢᠭ ᠤᠨ ᠨᠠᠬᠢᠶ᠎ᠠ ᠱᠠᠩᠨᠠᠯ︾ ᠤᠷᠤᠨ ᠤ 6 — 11 ᠳ᠋ᠤᠬᠡᠷ ᠤᠳᠠᠭᠠᠨ ᠤ ︽ᠬᠡᠤᠬᠡᠳ ᠤᠨ ᠤᠷᠠᠨ ᠵᠢᠷᠤᠭ  ᠤᠨ ᠰᠢᠯᠢᠳᠡᠭ ᠵᠤᠬᠢᠶᠠᠨ ᠪᠠᠶᠢᠭᠤᠯᠤᠭᠴᠢ︾ ᠵᠡᠷᠬᠡ ᠢᠷᠡᠭᠤ ᠠᠯᠳᠡᠷ ᠢ ᠬᠦᠷᠳᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号