ᠠᠪᠠᠭ᠎ᠠ ᠬᠤᠰᠢᠭᠤᠨ ᠤ ᠠᠷᠠᠯᠵᠢᠶᠠᠴᠢᠨ ᠤᠷᠢᠵᠦ ᠪᠡᠯᠡ ᠳᠠᠳᠠᠬᠤ ᠲᠠᠨᠢᠯᠴᠠᠭᠤᠯᠭ᠎ᠠ ᠶᠢᠨ ᠬᠤᠷᠠᠯ ᠱᠠᠩᠬᠠᠢ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/9/1
         8 ᠰᠠᠷᠠᠶᠢᠨ26 ᠡᠳᠦᠷ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠷᠠᠯᠵᠢᠶᠠᠴᠢᠨ ᠤᠷᠢᠵᠦ ᠪᠡᠯᠡ ᠳᠠᠳᠠᠬᠤ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠢ ᠱᠠᠩᠬᠠᠢ ᠬᠤᠳᠠ ᠳᠤ ᠡᠷᠬᠢᠯᠡᠨ ᠬᠢᠵᠠᠢ᠃ ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠱᠠᠩᠬᠠᠢ ᠬᠤᠳᠠ ᠶᠢᠨ ᠴᠥᠩ ᠮᠢᠩ ᠲᠤᠭᠤᠷᠢᠭ ᠤᠨ ᠰᠠᠨ ᠰᠢᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠢᠴᠢ ᠱᠠᠩᠬᠠᠢ ᠶᠢᠨ ᠭᠤᠸᠠᠩ ᠾᠦᠢ ᠬᠡᠮᠵᠢᠭᠦᠷᠯᠢᠭ ᠪᠠᠭᠠᠵᠢ ᠬᠡᠷᠡᠭᠰᠡᠯ ᠤᠨ ᠬᠢᠵᠠᠭᠠᠷᠳᠤ ᠺᠤᠮᠫᠠᠨᠢ ᠠᠴᠠ ᠬᠠᠮᠵᠢᠯᠴᠠᠨ ᠲᠤᠰ ᠳᠠᠪᠴᠠᠩ ᠢ  ᠪᠠᠶᠢᠭᠤᠯᠵᠦ᠂ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠲᠠᠢ ᠬᠠᠮᠳᠤᠷᠠᠨ ᠵᠤᠬᠢᠶᠠᠨ ᠪᠠᠶᠢᠭᠤᠯᠵᠠᠢ᠃         ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠲᠠᠨᠢᠯᠴᠠᠭᠤᠯᠭ᠎ᠠ ᠶᠢᠨ ᠬᠤᠷᠠᠯ ᠳᠤ ᠪᠠᠶᠠᠷ ᠤᠨ ᠦᠭᠡ ᠶᠠᠷᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠎ ᠶᠢᠨ ᠳᠡᠳ᠋ ᠬᠤᠰᠢᠭᠤ ᠳᠠᠷᠤᠭ᠎ᠠ ᠸᠠᠩ ᠳ᠋ᠧ ᠬᠤᠷᠠᠯ ᠢ ᠡᠷᠬᠢᠯᠡᠪᠠ᠃          ᠸᠠᠩ ᠳ᠋ᠧ ᠡᠴᠠ‌ᠠᠪᠠᠭ᠎ᠠ ᠬᠤᠰᠢᠭᠤᠨ ᠤ ᠤᠷᠴᠢᠨ ᠲᠤᠭᠤᠷᠢᠨ ᠤ ᠪᠡᠯᠡ ᠤᠷᠤᠭᠤᠯᠤᠯᠳᠠ ᠪᠤᠯᠤᠨ ᠪᠠᠶᠢᠭᠠᠯᠢᠯᠢᠭ ᠮᠠᠯ ᠤᠨ ᠪᠦᠲᠦᠭᠡᠭᠳᠡᠭᠦᠨ ᠢ ᠦᠢᠯᠡᠳᠪᠦᠷᠢᠯᠡᠨ ᠡᠳ᠋ᠰᠢᠯᠡᠬᠦᠯᠬᠦ᠂ ᠰᠤᠶᠤᠯ ᠵᠢᠭᠤᠯᠴᠢᠯᠠᠯ᠂ ᠲᠤᠨᠤᠭ ᠲᠦᠭᠦᠭᠡᠷᠦᠮᠵᠢ  ᠦᠢᠯᠡᠳᠬᠦ᠂ ᠢᠯᠴᠢ ᠴᠠᠬᠢᠯᠭᠠᠨ ᠤ ᠬᠤᠯᠪᠤᠭᠠᠯᠠᠯ ᠪᠤᠯᠤᠨ ᠤᠳᠤᠬᠢᠴᠢᠯᠠᠭᠰᠠᠨ ᠡᠳ᠋ ᠪᠠᠷᠠᠭᠠᠨ ᠤ ᠬᠦᠢᠯᠭᠡᠭᠡ ᠵᠡᠷᠭᠡ ᠬᠠᠷᠢᠶᠠᠨ ᠳᠠᠬᠢ ᠭᠤᠤᠯᠳᠠᠯᠭ᠎ᠠ ᠲᠠᠢ ᠲᠦᠷᠦᠯ ᠵᠦᠢᠯ ᠤᠨ ᠲᠠᠯ᠎ᠠ ᠪᠠᠷ ᠳᠡᠯᠭᠡᠷᠡᠬᠦᠯᠦᠨ ᠲᠠᠨᠢᠯᠴᠠᠭᠤᠯᠵᠠᠢ᠃ ᠰᠠᠨ ᠰᠢᠩ ᠪᠠᠯᠭᠠᠰᠤᠨ ᠤ ᠨᠠᠮ ᠤᠨ ᠬᠤᠷᠢᠶᠠᠨ ᠤ ᠭᠡᠰᠢᠬᠦᠨ᠂ ᠳᠡᠳ᠋ ᠪᠠᠯᠭᠠᠰᠤᠨ ᠳᠠᠷᠤᠭ᠎ᠠ ᠭᠦ᠋ ᠴᠣᠣ ᠫᠢᠩ‌ᠡᠴᠠ ᠴᠥᠩ ᠮᠢᠩ ᠲᠤᠭᠤᠷᠢᠭ ᠤᠨ ᠴᠠᠭᠠᠨ ᠢᠮᠠᠭ᠎ᠠ ᠳᠡᠵᠢᠭᠡᠨ ᠦᠷᠡᠵᠢᠬᠦᠯᠬᠦ ᠰᠠᠭᠤᠷᠢᠨ᠂ ᠵᠦᠩ ᠭᠧ ᠺᠤᠮᠫᠠᠨᠢ ᠵᠢᠨ‌ᠢᠳᠡᠰᠢᠨ ᠤ ᠳᠠᠭᠳᠠᠭᠠᠨ ᠤ  ᠳᠡᠵᠢᠭᠡᠨ ᠦᠷᠡᠵᠢᠬᠦᠯᠬᠦ ᠰᠠᠭᠤᠷᠢᠨ᠂ ᠲᠠᠷᠢᠶᠠᠯᠠᠩ ᠤᠨ ᠬᠦᠷᠢᠶᠡᠯᠡᠩ ᠤᠨ ᠶᠡᠷᠦᠩᠭᠡᠢ ᠴᠤᠭᠴᠠ᠂ ︽ᠬᠠᠶᠢᠳᠠᠩ ᠴᠡᠴᠡᠭ ᠤᠨ ᠲᠦᠷᠦᠯ ᠵᠦᠢᠯ︾᠎ ᠤᠨ ᠠᠮᠢ ᠠᠬᠤᠢ ᠶᠢᠨ ᠬᠤᠩᠭᠢᠯ ᠵᠡᠷᠭᠡ ᠲᠦᠷᠦᠯ ᠵᠦᠢᠯ ᠢ ᠳᠡᠯᠭᠡᠷᠡᠬᠦᠯᠦᠨ ᠲᠠᠨᠢᠯᠴᠠᠭᠤᠯᠤᠭᠰᠠᠨ ᠪᠠᠶᠢᠨ᠎ᠠ᠃ ᠠᠪᠠᠭ᠎ᠠ ᠬᠤᠰᠢᠭᠤᠨ ᠤ ᠮᠤᠩᠭᠤᠯ ᠢᠳᠡᠭᠡᠨ ᠤ ᠬᠢᠵᠠᠭᠠᠷᠳᠤ ᠺᠤᠮᠫᠠᠨᠢ᠂ ᠵᠤᠤ ᠹᠦ᠋ ᠠᠵᠦ ᠦᠢᠯᠡᠳᠪᠦᠷᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠠᠴᠠ ᠲᠤᠰ ᠲᠤᠰ ᠤᠨ ᠺᠤᠮᠫᠠᠨᠢ ᠶᠢᠨ ᠳᠤᠶᠢᠮᠦ ᠪᠠᠶᠢᠳᠠᠯ ᠪᠤᠯᠤᠨ ᠭᠤᠤᠯᠯᠠᠭᠴᠢ ᠪᠦᠲᠦᠭᠡᠭᠳᠡᠬᠦᠨ ᠤ ᠨᠠᠷᠠᠳᠦ ᠳᠡᠮᠳᠡᠭ ᠢᠶᠠᠨ ᠤᠯᠠᠨ ᠳᠤ  ᠲᠠᠨᠢᠯᠴᠠᠭᠤᠯᠤᠨ ᠦᠭᠴᠠᠢ᠃          ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠶᠠᠷᠢᠶ᠎ᠠ ᠲᠠᠯᠪᠢᠵᠦ ᠢᠯᠡᠷᠭᠡᠶᠢᠯᠡᠬᠦ ᠳᠡᠭᠡᠨ᠄ ᠲᠤᠰ ᠤᠳᠠᠭᠠᠨ ᠤ ᠠᠷᠠᠯᠵᠢᠶᠠᠴᠢᠨ‌ᠤᠷᠢᠵᠦ ᠪᠡᠯᠡ ᠳᠠᠳᠠᠬᠤ ᠲᠠᠨᠢᠯᠴᠠᠭᠤᠯᠭ᠎ᠠ ᠶᠢᠨ ᠬᠤᠷᠠᠯ ᠪᠠᠷ ᠳᠠᠮᠵᠢᠨ᠂ ᠡᠮᠦᠨ᠎ᠡ ᠬᠤᠶᠢᠳᠦ ᠭᠠᠵᠠᠷ ᠤᠷᠤᠨ ᠤ ᠵᠦᠷᠢᠶ᠎ᠠ ᠶᠢ ᠰᠢᠪᠳᠤᠯᠵᠦ᠂ ᠬᠤᠶᠠᠷ ᠭᠠᠵᠠᠷ ᠤᠨ ᠬᠠᠮᠳᠤᠷᠠᠯᠴᠠᠭᠠᠨ ᠤ ᠲᠤᠬᠢᠶᠠᠯ ᠢ ᠡᠷᠢᠯᠬᠢᠯᠡᠨ᠂ ᠬᠦᠮᠦᠨ ᠰᠤᠶᠤᠯ ᠤᠨ ᠰᠤᠯᠢᠯᠴᠠᠭ᠎ᠠ ᠪᠤᠯᠤᠨ ᠲᠦᠷᠦᠯ ᠵᠦᠢᠯ ᠤᠨ ᠬᠠᠮᠳᠤᠷᠠᠯᠴᠠᠭ᠎ᠠ ᠶᠢ ᠴᠢᠩᠭᠠᠳᠬᠠᠬᠤ ᠎ ᠶᠢ ᠬᠦᠰᠡᠵᠠᠢ᠃ ᠠᠪᠠᠭ᠎ᠠ ᠬᠤᠰᠢᠭᠤᠨ ᠤ ᠭᠠᠵᠠᠷ ᠤᠨ ᠪᠠᠶᠢᠴᠠ ᠶᠢᠨ ᠳᠠᠪᠠᠭᠤᠯᠢᠭ᠂ ᠬᠦᠭᠵᠢᠯᠳᠡ ᠶᠢᠨ ᠬᠠᠨᠳᠤᠰᠢ᠂ ᠪᠡᠯᠡ ᠤᠷᠤᠭᠤᠯᠬᠤ ᠤᠷᠴᠢᠨ ᠲᠤᠭᠤᠷᠢᠨ ᠨᠢ ᠪᠡᠯᠡ ᠤᠷᠤᠭᠤᠯᠤᠭᠴᠢ ᠳᠤ ᠯᠤᠳᠤ ᠶᠡᠭᠡ ᠵᠠᠬ᠎ᠠ ᠳᠡᠯᠭᠡᠭᠦᠷ ᠤᠨ ᠤᠷᠤᠨ ᠵᠠᠢ ᠪᠤᠯᠤᠨ ᠤᠯᠳᠠᠰᠢ ᠦᠭᠡᠢ ᠬᠦᠭᠵᠢᠯᠳᠡ ᠶᠢᠨ ᠠᠵᠠ ᠲᠤᠬᠢᠶᠠᠯ ᠢ ᠬᠠᠩᠭᠠᠵᠦ ᠳᠡᠶᠢᠯᠬᠦ ᠨᠢ ᠯᠠᠪᠳᠠᠢ ᠶᠤᠮ᠂ ᠭᠠᠶᠢᠬᠠᠮᠰᠢᠭᠳᠦ ᠰᠠᠶᠢᠬᠠᠨ ᠠᠪᠠᠭ᠎ᠠ ᠨᠤᠳᠤᠭ ᠤᠨ ᠠᠭᠤᠯᠠ ᠤᠰᠤ ᠨᠢ ᠲᠦᠷᠪᠡᠨ ᠵᠦᠭ ᠨᠠᠢᠮᠠᠨ ᠵᠤᠪᠬᠢᠰ ᠤᠨ ᠵᠤᠴᠢᠳ ᠢ ᠬᠠᠯᠠᠭᠤᠨ ᠪᠠᠷ ᠤᠭᠳᠤᠵᠦ᠂ ᠠᠵᠢᠯᠴᠢ ᠪᠤᠷᠤᠭᠵᠢᠭᠤᠨ ᠰᠢᠯᠤᠭᠤᠨ ᠰᠢᠳᠤᠷᠭᠤ ᠠᠪᠠᠭ᠎ᠠ ᠶᠢᠨ ᠠᠷᠠᠳ ᠲᠦᠮᠡᠨ ᠴᠦ ᠡᠯ᠎ᠡ ᠭᠠᠵᠠᠷ ‍ᠤᠨ‌ᠮᠡᠷᠭᠡᠵᠢᠯᠳᠡᠨ ᠲᠠᠢ ᠬᠠᠮᠳᠤᠷᠠᠯᠴᠠᠭ᠎ᠠ  ᠎ ᠪᠠᠨ ᠨᠢᠭᠳᠠᠷᠠᠭᠤᠯᠤᠨ᠂ ᠬᠦᠴᠦᠨ ᠢᠶᠠᠨ ᠬᠠᠮᠳᠤᠳᠬᠠᠨ ᠬᠠᠮᠳᠤᠪᠡᠷ ᠬᠡᠷᠡᠯ ᠰᠠᠴᠤᠷᠠᠩᠭᠤᠢ ᠡᠭᠦᠳᠦᠯᠳᠡ ᠶᠢ ᠠᠪᠴᠢᠷᠠᠬᠤ ᠶᠢ ᠬᠦᠰᠡᠨ᠎ᠡ ᠬᠡᠯ᠎ᠡ᠃          ᠲᠤᠰ ᠤᠳᠠᠭᠠᠨ ᠤ ᠠᠷᠠᠯᠵᠢᠶᠠᠴᠢᠨ ᠤᠷᠢᠵᠦ ᠪᠡᠯᠡ ᠳᠠᠳᠠᠬᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠠᠨ ᠰᠢᠩ ᠪᠠᠯᠭᠠᠰᠤᠨ ᠤ ᠬᠤᠳᠠᠯᠳᠤᠭᠠᠴᠢᠳ ᠤᠨ ᠡᠪᠯᠡᠯ ᠠᠴᠠ ᠠᠪᠠᠭ᠎ᠠ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠲᠠᠢ ᠨᠦᠬᠦᠷᠰᠡᠭ ᠬᠠᠮᠳᠤᠷᠠᠯᠴᠠᠭᠠᠨ ᠤ ᠬᠡᠯᠡᠯᠴᠡᠭᠡᠷ ᠲᠤᠭᠳᠠᠵᠦ᠂ ᠠᠪᠠᠭ᠎ᠠ ᠬᠤᠰᠢᠭᠤᠨ ᠎ ᠤ ᠠᠷᠠᠳ ᠤᠨ ᠵᠠᠰᠠᠭ ᠤᠨ ᠤᠷᠳᠤᠨ ᠠᠴᠠ ᠱᠠᠩᠬᠠᠢ ᠶᠢᠨ ᠷᠥᠩ ᠸᠠᠨ ᠵᠦᠩ ᠰᠢᠩ ᠮᠠᠰᠢᠨ ᠮᠧᠬᠠᠨᠢᠭ ᠲᠤᠨᠤᠭ ᠲᠦᠭᠦᠭᠡᠷᠦᠮᠵᠢ ᠶᠢᠨ ᠬᠢᠵᠠᠭᠠᠷᠳᠤ ᠺᠤᠮᠫᠠᠨᠢ᠂ ᠱᠠᠨᠳᠦ᠋ᠩ ᠵᠦᠩ ᠴᠧ ᠰᠠᠯᠬᠢ ᠴᠠᠬᠢᠯᠭᠠᠨ ᠤ ᠬᠢᠵᠠᠭᠠᠷᠳᠤ ᠺᠤᠮᠫᠠᠨᠢ ᠲᠠᠢ ᠲᠤᠰ ᠲᠤᠰ ᠬᠦᠷᠮᠡᠨ ᠴᠢᠯᠠᠭᠤᠯᠢᠭ ᠢ ᠨᠡᠭᠡᠭᠡᠨ ᠬᠦᠭᠵᠢᠬᠦᠯᠬᠦ ᠵᠢᠴᠢ ᠲᠤᠨᠤᠭ ᠲᠦᠭᠦᠭᠡᠷᠦᠮᠵᠢ ᠶᠢ ᠪᠤᠷᠤᠯᠠᠭᠤᠯᠬᠤ ᠬᠠᠮᠢᠶ᠎ᠠ ᠪᠦᠬᠦᠢ ᠲᠤᠶᠢᠮᠤᠴᠢᠯᠠᠭᠰᠠᠨ ᠲᠤᠬᠢᠷᠠᠯᠴᠠᠭ᠎ᠠ‌‍ᠲ᠋ᠤᠭᠳᠠᠵᠦ᠂ ᠱᠠᠩᠬᠠᠢ ᠶᠢᠨ ᠵᠧᠨ ᠳ᠋ᠣᠣ ᠠᠮᠤ ᠪᠤᠳᠠᠭ᠎ᠠ‌‍ᠲ᠋ᠠᠷᠢᠵᠦ ᠤᠷᠭᠤᠭᠤᠯᠬᠤ ᠲᠤᠰᠬᠠᠢ ᠬᠤᠷᠰᠢᠶᠠᠵᠢᠯ ᠨᠢ ᠠᠪᠠᠭ᠎ᠠ ᠬᠤᠰᠢᠭᠤᠨ ᠤ ᠵᠤᠤ ᠹᠦ᠋ ᠠᠵᠦ ᠦᠢᠯᠡᠳᠪᠦᠷᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠲᠠᠢ ᠴᠡᠭᠡ ᠤᠷᠤᠯᠠᠨ ᠪᠤᠷᠤᠯᠠᠭᠤᠯᠬᠤ ᠬᠡᠯᠡᠯᠴᠡᠭᠡᠷ ᠢ ᠲᠤᠭᠳᠠᠵᠠᠢ᠃          ᠲᠠᠨᠢᠯᠴᠠᠭᠤᠯᠭ᠎ᠠ ᠶᠢᠨ ᠬᠤᠷᠠᠯ ᠤᠨ ᠡᠯ᠎ᠡ ᠲᠦᠷᠦᠯ ᠤᠨ ᠠᠯᠬᠤᠮ ᠳᠠᠷᠠᠭ᠎ᠠ ᠠᠭᠤᠯᠭ᠎ᠠ ᠶᠢ ᠭᠦᠢᠴᠡᠳᠭᠡᠭᠰᠡᠨ ᠤ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠪᠦᠯᠬᠦᠮ ᠢᠶᠠᠨ ᠳᠠᠭᠠᠭᠤᠯᠤᠨ ᠱᠠᠩᠬᠠᠢ ᠶᠢᠨ ᠲᠠᠷᠢᠶᠠᠯᠠᠩ ᠤᠨ ᠬᠦᠭᠵᠢᠯᠳᠡ ᠶᠢᠨ ᠬᠢᠵᠠᠭᠠᠷᠳᠤ ᠺᠤᠮᠫᠠᠨᠢ ᠶᠢᠨ ᠴᠥᠩ‌ᠮᠢᠩ ᠴᠠᠭᠠᠨ ᠢᠮᠠᠭ᠎ᠠ ᠳᠡᠵᠢᠭᠡᠨ ᠦᠷᠡᠵᠢᠬᠦᠯᠬᠦ ᠰᠠᠭᠤᠷᠢᠨ ᠭᠠᠵᠠᠷ᠂ ᠵᠦᠩ ᠭᠧ ᠦᠢᠯᠡᠳᠪᠦᠷᠢ ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢᠨ ᠢᠳᠡᠰᠢᠨ ᠎ ᠤ ᠳᠠᠭᠳᠠᠭ᠎ᠠ‌‍ᠲ᠋ᠡᠵᠢᠭᠡᠨ ᠦᠷᠡᠵᠢᠬᠦᠯᠬᠦ ᠰᠠᠭᠤᠷᠢᠨ ᠵᠢᠴᠢ ᠪᠠᠯᠭᠠᠰᠤᠨ ᠤ ᠬᠠᠷᠢᠶᠠᠨ ᠳᠠᠬᠢ ᠰᠢᠨ ᠠᠨ ᠲᠤᠰᠬᠤᠨ ᠤ ᠲᠤᠭᠤᠷᠢᠭ ᠲᠤ ᠪᠠᠶᠢᠭᠤᠯᠤᠭᠰᠠᠨ‌‍ᠲ᠋ᠠᠷᠢᠶᠠᠯᠠᠩ ᠤᠨ ᠬᠦᠷᠢᠶᠡᠯᠡᠩ ᠤᠨ ᠶᠡᠷᠦᠩᠭᠡᠢ ᠴᠤᠭᠴᠠ ᠶᠢᠨ ᠲᠦᠷᠦᠯ ᠵᠦᠢᠯ ᠢ ᠲᠤᠭᠤᠷᠢᠨ ᠦᠵᠡᠭᠰᠡᠨ ᠪᠠᠶᠢᠨ᠎ᠠ᠃          2012 ᠤᠨ ᠳᠤ ᠪᠠᠶᠢᠭᠤᠯᠤᠭᠳᠠᠭᠰᠠᠨ ᠱᠠᠩᠬᠠᠢ ᠶᠢᠨ ᠶᠢᠩ ᠶᠠᠩ ᠲᠠᠷᠢᠶᠠᠯᠠᠩ ᠤᠨ ᠬᠦᠭᠵᠢᠯᠳᠡ ᠶᠢᠨ ᠬᠢᠵᠠᠭᠠᠷᠳᠤ ᠺᠤᠮᠫᠠᠨᠢ ᠨᠢ ᠲᠠᠪᠤᠨ ᠵᠢᠯ ᠤᠨ ᠬᠦᠭᠵᠢᠯᠳᠡ ᠶᠢ ᠦᠩᠭᠡᠷᠡᠭᠡᠨ᠂ ᠠᠩᠬ᠎ᠠ ᠠᠯᠬᠤᠮ ᠴᠥᠩ ᠮᠢᠩ ᠴᠠᠭᠠᠨ ᠢᠮᠠᠭ᠎ᠠ ᠳᠡᠵᠢᠭᠡᠨ ᠦᠷᠡᠵᠢᠬᠦᠯᠬᠦ᠂ ᠠᠯᠠᠵᠦ ᠨᠢᠳᠤᠯᠬᠤ ᠪᠠᠷ ᠭᠤᠤᠯ ᠪᠤᠯᠭᠠᠨ᠂  ᠤᠷᠭᠠᠨᠢᠭ ᠪᠤᠷᠳᠤᠭᠤᠷ ᠡᠳ᠋ᠰᠢᠯᠡᠬᠦᠯᠬᠦ ᠂ ᠤᠰᠤᠨ ᠳᠤᠳᠤᠷᠭ᠎ᠠ᠂ ᠢᠳᠡᠰᠢᠨ ᠨᠤᠭᠤᠭ᠎ᠠ ᠲᠠᠷᠢᠬᠤ ᠪᠠᠷ ᠬᠠᠪᠰᠤᠷᠭᠠᠵᠦ᠂ ᠲᠠᠷᠢᠵᠦ ᠳᠡᠵᠢᠭᠡᠬᠦ ᠶᠢ ᠤᠶᠠᠯᠳᠤᠭᠤᠯᠤᠨ ᠤᠷᠴᠢᠯᠳᠤᠭᠤᠯᠵᠦ᠂ ᠠᠮᠢ ᠠᠬᠤᠢ᠂ ᠪᠠᠶᠢᠭᠠᠯᠢᠯᠢᠭ ᠲᠠᠷᠢᠶᠠᠯᠠᠩ ᠤᠨ ᠦᠢᠯᠡᠰ ᠤᠨ ᠬᠤᠯᠪᠤᠭᠠᠯᠠᠯ ᠎ ᠤᠨ ᠬᠦᠭᠵᠢᠯᠳᠡ ᠶᠢᠨ ᠬᠡᠯᠪᠡᠷᠢ ᠪᠠᠷ ᠡᠵᠡᠩᠨᠡᠵᠦ ᠪᠠᠶᠢᠨ᠎ᠠ᠃          ᠵᠦᠩ ᠭᠧ ᠦᠢᠯᠡᠳᠪᠦᠷᠢ ᠬᠤᠳᠠᠯᠳᠤᠭᠠᠨ ᠤ ᠬᠢᠵᠠᠭᠠᠷᠳᠤ ᠺᠤᠮᠫᠠᠨᠢ ᠨᠢ2008 ᠤᠨ ᠤ 10 ᠰᠠᠷ᠎ᠠ ᠳᠤ ᠪᠠᠶᠢᠭᠤᠯᠤᠭᠳᠠᠵᠦ᠂ ᠲᠤᠰᠬᠠᠶᠢᠯᠠᠨ ᠢᠳᠡᠰᠢᠨ ᠤ  ᠳᠠᠭᠳᠠᠭ᠎ᠠ ᠳᠡᠵᠢᠭᠡᠨ ᠦᠷᠡᠵᠢᠬᠦᠯᠬᠦ᠂ ᠨᠡᠭᠡᠭᠡᠨ ᠬᠦᠭᠵᠢᠬᠦᠯᠬᠦ ᠪᠠ ᠬᠤᠳᠠᠯᠳᠤᠨ  ᠪᠤᠷᠤᠯᠠᠭᠤᠯᠬᠤ ᠲᠤᠰᠬᠠᠢ ᠺᠤᠮᠫᠠᠨᠢ ᠪᠠᠶᠢᠵᠦ᠂ ︽ᠵᠦᠩ ᠭᠧ︾  ᠳᠠᠸᠠᠷ ᠤᠨ ᠨᠠᠷ᠎ᠠ ᠳᠡᠮᠳᠡᠭ ᠪᠦᠬᠦᠢ ᠢᠳᠡᠰᠢᠨ ᠤ ᠳᠠᠭᠳᠠᠭ᠎ᠠ ᠨᠢ ︽ᠪᠤᠬᠢᠷᠳᠤᠯ ᠦᠭᠡᠢ︾ ᠭᠡᠷᠡᠴᠢ ᠳᠡᠮᠳᠡᠭ ᠢ ᠬᠦᠷᠳᠡᠵᠦ᠂ ᠵᠢᠯ ᠤᠨ ᠪᠤᠷᠤᠯᠠᠭᠤᠯᠭ᠎ᠠ ᠨᠢ ᠱᠠᠩᠬᠠᠢ ᠶᠢᠨ ᠭᠠᠵᠠᠷ ᠤᠷᠤᠨ ᠤ ᠵᠠᠭᠤᠨ ᠤ 15᠎ ᠶᠢ ᠡᠵᠡᠯᠡᠵᠦ᠂ ᠲᠡᠷᠢᠬᠦᠨ ᠤ ᠡᠵᠡᠩᠨᠡᠯᠳᠡ ᠶᠢᠨ ᠤᠶᠢᠯᠠᠭᠠᠭᠳᠠᠬᠤᠨ ᠎ ᠲᠠᠢ ᠺᠤᠮᠫᠠᠨᠢ ᠪᠠᠶᠢᠵᠦ᠂  ᠪᠠᠰᠠ ᠤᠶᠢᠷ᠎ᠠ ᠬᠠᠪᠢ ᠶᠢᠨ ᠳᠠᠭᠳᠠᠭ᠎ᠠ‌‍ᠲ᠋ᠡᠵᠢᠭᠡᠵᠦ ᠪᠠᠶᠢᠭ᠎ᠠ 200 ᠭᠠᠷᠤᠢ ᠡᠷᠦᠭᠡ ᠶᠢ ᠳᠠᠶᠢᠴᠢᠯᠠᠵᠦ᠂  ᠮᠠᠨ ᠤ ᠤᠯᠤᠰ ᠤᠨ ᠳᠤᠷᠤᠨᠠᠳᠦ ᠶᠢᠨ ᠬᠠᠮᠤᠭ ᠳᠤᠮᠤ ᠢᠳᠡᠰᠢᠨ ᠤ ᠳᠠᠭᠳᠠᠭ᠎ᠠ  ᠳᠡᠵᠢᠭᠡᠨ ᠦᠷᠡᠵᠢᠬᠦᠯᠬᠦ ᠰᠠᠭᠤᠷᠢᠨ ᠪᠤᠯᠤᠨ᠎ᠠ᠃          ᠲᠠᠷᠢᠶᠠᠯᠠᠩ ᠤᠨ ᠬᠦᠷᠢᠶᠡᠯᠡᠩ ᠤᠨ ᠶᠡᠷᠦᠩᠭᠡᠢ ᠴᠤᠭᠴᠠ ᠳᠤᠳᠤᠷᠠᠬᠢ ᠪᠠᠷᠢᠯᠭ᠎ᠠ ᠶᠢᠨ ᠲᠠᠯᠠᠪᠠᠢ ᠨᠢ 820 ᠳᠡᠭᠰᠢ ᠲᠦᠷᠪᠡᠯᠵᠢᠨ ᠮᠧᠲᠷ ᠪᠠᠶᠢᠵᠦ᠂  ᠡᠷᠬᠢᠨ ᠲᠤᠭᠤᠷᠢᠨ ᠤ ᠲᠠᠷᠢᠶᠠᠨ ᠲᠠᠯᠠᠪᠠᠢ ᠨᠢ 500 ᠮᠦ ᠪᠠᠶᠢᠨ᠎ᠠ᠂  ᠪᠠᠷᠢᠯᠭ᠎ᠠ ᠶᠢᠨ ᠳᠤᠳᠤᠷ᠎ᠠ ᠨᠢ ᠪᠠᠭᠠᠴᠤᠳ ᠤᠨ ᠲᠠᠷᠢᠶᠠᠨ ᠠᠵᠢᠯ ᠢ ᠪᠡᠶᠡᠳᠡᠨ ᠬᠢᠬᠦ ᠭᠠᠵᠠᠷ᠂ ᠲᠠᠷᠢᠶᠠᠨ ᠦᠷ᠎ᠡ ᠶᠢᠨ ᠤᠷᠳᠤᠨ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠬᠦᠯᠬᠦ ᠲᠤᠭᠤᠷᠢᠭ ᠵᠡᠷᠭᠡ ᠴᠢᠳᠠᠪᠬᠢᠳᠦ ᠤᠷᠳᠤᠨ ᠪᠤᠢ᠃ 500 ᠮᠦ ᠲᠠᠷᠢᠶᠠᠨ ᠲᠠᠯᠠᠪᠠᠢ ᠳᠤ ᠬᠠᠶᠢᠳᠡᠩ ᠴᠡᠴᠡᠭ  ᠎ ᠤᠨ ᠰᠤᠳᠤᠯᠭᠠᠨ ᠤ ᠰᠠᠭᠤᠷᠢᠨ᠂ ᠰᠢᠨ᠎ᠠ ᠬᠡᠯᠪᠡᠷᠢ ᠶᠢᠨ ᠢᠳᠡᠰᠢᠨ ᠨᠤᠭᠤᠭᠠᠨ ᠤ ᠲᠦᠷᠦᠯ  ᠵᠦᠢᠯ ᠤᠨ ᠬᠦᠷᠢᠶᠡᠯᠡᠩ᠂ ᠤᠰᠤᠨ ᠳᠤᠳᠤᠷᠭ᠎ᠠ ᠶᠢᠨ ᠰᠢᠨ᠎ᠠ ᠲᠦᠷᠦᠯ ᠤᠨ ᠲᠤᠷᠰᠢᠯᠳᠠ ᠶᠢᠨ ᠲᠠᠷᠢᠶ᠎ᠠ ᠵᠡᠷᠭᠡ ᠪᠤᠢ᠃ ᠡᠭᠦᠳᠦᠯᠳᠡ  ᠴᠢᠨᠠᠷᠳᠠᠢ᠂ ᠲᠤᠭᠤᠷᠢᠨ ᠰᠡᠯᠡᠬᠦᠴᠡᠯ ᠤᠨ ᠬᠡᠯᠪᠡᠷᠢᠳᠦ᠂ ᠲᠠᠷᠢᠶᠠᠯᠠᠩ ᠳᠤ ᠪᠡᠶᠡᠴᠢᠯᠡᠨ  ᠤᠷᠤᠯᠴᠠᠬᠤ ᠵᠡᠷᠭᠡ ᠭᠤᠷᠪᠠᠨ ᠡᠯᠧᠮᠧᠨ᠋ᠲ ᠶᠢ ᠤᠶᠠᠯᠳᠤᠭᠤᠯᠬᠤ ᠪᠠᠷ ᠳᠠᠮᠵᠢᠨ᠂ ᠬᠦᠳᠡᠭᠡ ᠪᠠ ᠬᠤᠳᠠ ᠶᠢᠨ ᠤᠶᠠᠯᠳᠤᠯ᠂ ᠲᠠᠷᠢᠶᠠᠯᠠᠩ ᠪᠤᠯᠤᠨ ᠠᠵᠦ ᠦᠢᠯᠡᠳᠪᠦᠷᠢ ᠶᠢᠨ ᠤᠶᠠᠯᠳᠤᠯ᠂ ᠤᠯᠠᠮᠵᠢᠯᠠᠯᠳᠤ ᠪᠠ‌ᠤᠳᠤᠬᠢᠴᠢᠯᠠᠯᠳᠠ ᠶᠢᠨ ᠤᠶᠠᠯᠳᠤᠯ᠂ ᠦᠢᠯᠡᠳᠪᠦᠷᠢᠯᠡᠯ ᠪᠠ‌ᠠᠮᠢᠳᠤᠷᠠᠯ ‍ᠤᠨ‌ᠤᠶᠠᠯᠳᠤᠯ ᠵᠡᠷᠭᠡ ᠲᠦᠷᠪᠡ ᠶᠢ ᠤᠶᠠᠯᠳᠤᠭᠤᠯᠵᠦ᠂ ᠡᠯ᠎ᠡ ᠲᠠᠯ᠎ᠠ ᠶᠢᠨ ᠡᠬᠢ ᠰᠤᠷᠪᠤᠯᠵᠢ ᠶᠢ ᠨᠡᠶᠢᠳᠭᠡᠨ᠂ ᠠᠵᠦ ᠦᠢᠯᠡᠰ ᠤᠨ ᠰᠢᠨ᠎ᠠ ᠠᠮᠢᠵᠢᠷᠠᠯ ᠤᠨ ᠬᠦᠴᠦᠨ ᠢ ᠰᠦᠪᠡᠭᠴᠢᠯᠡᠨ ᠬᠦᠭᠵᠢᠬᠦᠯᠵᠦ᠂ ᠲᠠᠷᠢᠶᠠᠨ ᠰᠤᠶᠤᠯ᠂ ᠨᠤᠳᠤᠭ ᠤᠰᠤᠨ ᠤ ᠠᠭᠤᠯᠤᠭᠳᠠᠴᠠ ᠶᠢ ᠬᠦᠨᠵᠡᠭᠡᠢ ᠠᠭᠤᠳᠠᠯᠯᠠᠬᠤ ᠬᠠᠨᠳᠤᠯᠭ᠎ᠠ ᠲᠠᠢ ᠡᠵᠡᠩᠨᠡᠵᠦ ᠪᠠᠶᠢᠭ᠎ᠠ ᠶᠤᠮ᠃          ᠠᠪᠠᠭ᠎ᠠ ᠬᠤᠰᠢᠭᠤᠨ ᠤ ᠦᠭᠡᠷᠡᠴᠢᠯᠡᠯᠳᠡ ᠬᠦᠭᠵᠢᠬᠦᠯᠦᠯᠳᠡ ᠶᠢᠨ ᠲᠤᠪᠴᠢᠶ᠎ᠠ᠂ ᠠᠵᠦ ᠠᠬᠤᠢ ᠪᠠ ᠰᠤᠷᠠᠭ ᠵᠠᠩᠭᠢ ᠶᠢᠨ ᠲᠤᠪᠴᠢᠶ᠎ᠠ᠂ ᠠᠷᠠᠯᠵᠢᠶᠠᠴᠢᠨ ᠤᠷᠢᠬᠤ ᠲᠤᠪᠴᠢᠶ᠎ᠠ᠂ ᠠᠵᠦ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠪᠡᠯᠭᠦᠳᠡᠢ ᠪᠠᠯᠭᠠᠰᠤᠨ ᠤ ᠭᠤᠤᠯ ᠪᠤᠯᠬᠤ ᠬᠠᠷᠢᠭᠤᠴᠠᠯᠭᠠᠳᠠᠨ ᠵᠢᠴᠢ ᠰᠠᠨ ᠰᠢᠩ ᠪᠠᠯᠭᠠᠰᠤᠨ ᠤ ᠠᠷᠠᠳ ᠎ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ᠂ ᠮᠤᠩᠭᠤᠯ ᠢᠳᠡᠭᠡᠨ ᠤ ᠬᠢᠵᠠᠭᠠᠷᠳᠦ ᠺᠤᠮᠫᠠᠨᠢ᠂ ᠵᠤᠤ ᠹᠦ᠋ ᠠᠵᠦ ᠦᠢᠯᠡᠳᠪᠦᠷᠢ ᠠᠷᠠᠯᠵᠢᠶᠠᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠳᠠᠷᠬᠠᠨ ᠮᠠᠯ ᠠᠵᠦ ᠠᠬᠤᠢ ᠶᠢᠨ ᠬᠢᠵᠠᠭᠠᠷᠳᠦ ᠬᠠᠷᠢᠭᠤᠴᠠᠯᠭᠠᠳᠤ ᠺᠤᠮᠫᠠᠨᠢ᠂ ᠡᠷᠳᠡᠨᠢ ᠢᠳᠡᠭᠡᠨ ᠤ ᠬᠢᠵᠠᠭᠠᠷᠳᠦ ᠬᠠᠷᠢᠭᠤᠴᠠᠯᠭᠠᠳᠤ ᠺᠤᠮᠫᠠᠨᠢ᠂ ᠱᠠᠩᠬᠠᠢ ᠶᠢᠨ ᠭᠤᠸᠠᠩ ᠾᠦᠢ ᠬᠡᠮᠵᠢᠬᠦᠷᠯᠢᠭ ᠪᠠᠭᠠᠵᠢ ᠬᠡᠷᠡᠭᠰᠡᠯ ᠤᠨ ᠬᠢᠵᠠᠭᠠᠷᠳᠤ ᠺᠤᠮᠫᠠᠨᠢ᠂ ᠱᠠᠩᠬᠠᠢ ᠶᠢᠨ ᠰᠠᠨ ᠰᠢᠩ ᠬᠤᠳᠠᠯᠳᠤᠭᠠᠴᠢᠳ ᠤᠨ ᠡᠪᠯᠡᠯ᠂ ᠱᠠᠩᠬᠠᠢ ᠶᠢᠨ ᠷᠥᠩ ᠸᠠᠨ ᠵᠦᠩ ᠰᠢᠩ ᠤᠨ ᠮᠠᠰᠢᠨ ᠮᠧᠬᠠᠨᠢᠭ ᠲᠤᠨᠤᠭ ᠲᠦᠭᠦᠭᠡᠷᠦᠮᠵᠢ ᠶᠢᠨ ᠬᠢᠵᠠᠭᠠᠷᠳᠤ ᠺᠤᠮᠫᠠᠨᠢ᠂ ᠱᠠᠩᠬᠠᠢ ᠶᠢᠨ ᠵᠧᠨ ᠳ᠋ᠤᠤ ᠠᠮᠤ ᠪᠤᠳᠠᠭ᠎ᠠ‌‍ᠲ᠋ᠠᠷᠢᠵᠦ ᠤᠷᠭᠤᠭᠤᠯᠬᠤ ᠲᠤᠰᠬᠠᠢ ᠬᠤᠷᠰᠢᠶᠠᠵᠢᠯ᠂ ᠱᠠᠨᠳᠦ᠋ᠩ ᠵᠦᠩ ᠴᠧ ᠰᠠᠯᠬᠢ ᠴᠠᠬᠢᠯᠭᠠᠨ ᠤ ᠬᠢᠵᠠᠭᠠᠷᠳᠤ ᠺᠤᠮᠫᠠᠨᠢ᠂ ᠱᠠᠩᠬᠠᠢ ᠶᠢᠨ ᠰᠠᠨ ᠰᠢᠩ ᠵᠦᠩ ᠭᠧ ᠺᠤᠮᠫᠠᠨᠢ᠂ ᠱᠠᠩᠬᠠᠢ ᠶᠢᠨ ᠰᠠᠨ ᠰᠢᠩ ᠶᠢᠩ ᠶᠠᠩ ᠺᠤᠮᠫᠠᠨᠢ ᠵᠡᠷᠭᠡ ᠬᠠᠮᠢᠶ᠎ᠠ ᠪᠦᠬᠦᠢ ᠠᠵᠦ ᠠᠬᠤᠶᠢᠯᠠᠯ ᠤᠨ ᠬᠠᠷᠢᠭᠤᠴᠠᠯᠭᠠᠳᠠᠨ ᠲᠠᠨᠢᠯᠴᠠᠭᠤᠯᠭ᠎ᠠ ᠶᠢᠨ ᠬᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号