2017 ᠤᠨ ᠤ ᠠᠪᠠᠭ᠎ᠠ ᠬᠤᠰᠢᠭᠤᠨ ᠤ ᠳᠤᠮᠳᠠᠳᠦ ᠮᠤᠩᠭᠤᠯ ᠤᠨ ᠦᠨᠳᠦᠰᠦᠳᠡᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2017/9/11
          9 ᠰᠠᠷ᠎ᠠ ᠶᠢᠨ 11 ᠡᠳᠦᠷ ᠤᠨ ᠦᠳᠡ ᠶᠢᠨ ᠡᠮᠦᠨ᠎ᠡ᠂  2017 ᠤᠨ ᠤ ᠠᠪᠠᠭ᠎ᠠ ᠬᠤᠰᠢᠭᠤᠨ ᠤ ᠳᠤᠮᠳᠠᠳᠦ ᠮᠤᠩᠭᠤᠯ ᠤᠨ ᠦᠨᠳᠦᠰᠦᠳᠡᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠠᠪᠠᠭ᠎ᠠ ᠬᠤᠰᠢᠭᠤᠨ ᠤ ᠳᠤᠮᠳᠠ ᠪᠠᠭ᠎ᠠ ᠠᠵᠦ ᠠᠬᠤᠶᠢᠯᠠᠯ ᠤᠨ ᠦᠢᠯᠡᠰ ᠪᠤᠰᠬᠠᠨ ᠠᠵᠢᠯ ᠤᠯᠭᠤᠬᠤ ᠬᠦᠷᠢᠶᠡᠯᠡᠩ ᠳᠤ ᠨᠢᠵᠢᠬᠢᠷ ᠡᠬᠢᠯᠡᠭᠰᠡᠨ ᠪᠠᠶᠢᠨ᠎ᠠ᠃           ᠤᠶᠢᠯᠠᠭᠠᠭᠰᠠᠨ ᠢᠶᠠᠷ᠂ ᠲᠤᠰ ᠤᠳᠠᠭᠠᠨ ᠤ ᠳᠤᠮᠳᠠᠳᠦ ᠮᠤᠩᠭᠤᠯ ᠤᠨ ᠦᠨᠳᠦᠰᠦᠳᠡᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠯᠵᠢᠶ᠎ᠠ ᠠᠬᠢᠭᠤᠯᠬᠤ ᠵᠦᠪᠯᠡᠯ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠎ ᠤᠨ ᠠᠷᠠᠯᠵᠢᠶ᠎ᠠ ᠠᠬᠢᠭᠤᠯᠬᠤ ᠵᠦᠪᠯᠡᠯ᠂ ᠰᠢᠯᠢ ᠶᠢᠨ ᠭᠤᠤᠯ ᠠᠶᠢᠮᠠᠭ ᠤᠨ ᠪᠤᠭᠤᠮᠳᠠ ᠶᠢᠨ ᠠᠯᠪᠠᠨ ᠭᠡᠷ᠂ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠠᠴᠠ ᠳᠠᠭᠠᠭᠠᠴᠢᠯᠠᠨ ᠡᠷᠬᠢᠯᠡᠵᠦ ᠪᠠᠶᠢᠭ᠎ᠠ ᠶᠤᠮ᠃            ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠦᠯᠵᠠᠢ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠎ ᠤ ᠳᠡᠳ᠋ ᠲᠡᠷᠢᠬᠦᠯᠡᠭᠴᠢ ᠷᠧᠨ ᠢᠤᠢ ᠨᠢᠩ᠂ ᠦᠪᠡᠷᠳᠡᠭᠡᠨ ᠵᠠᠰᠠᠬᠤ ᠤᠷᠤᠨ ᠤ ᠠᠷᠠᠯᠵᠢᠶ᠎ᠠ ᠠᠬᠢᠭᠤᠯᠬᠤ  ᠬᠤᠷᠢᠶᠠᠨ ᠎ ᠤ ᠦᠵᠡᠰᠬᠦᠯᠡᠩ ᠬᠤᠳᠠᠯᠳᠤᠭᠠᠨ ᠤ ᠬᠡᠯᠳᠡᠰ ᠤᠨ ᠳᠡᠳ᠋ ᠳᠠᠷᠤᠭ᠎ᠠ ᠬᠦᠩ ᠬᠠᠢ ᠪᠢᠨ᠂  ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠬᠤ᠋ ᠴᠧᠩ ᠯᠢᠶᠠᠩ᠂ ᠮᠤᠩᠭᠤᠯ ᠤᠯᠤᠰ ᠤᠨ ᠳᠤᠷᠤᠨᠠᠳᠤ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠷᠠᠯ ᠤᠨ ᠳᠠᠷᠤᠭ᠎ᠠ ᠠᠳᠢᠶ᠎ᠠ ᠵᠢᠴᠢ ᠠᠪᠠᠭ᠎ᠠ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠡᠬᠡᠬᠡᠯᠳᠡ ᠶᠢᠨ ᠶᠤᠰᠤᠯᠠᠯ ᠳᠤ ᠤᠷᠤᠯᠴᠠᠵᠠᠢ᠃          ᠶᠤᠰᠤᠯᠠᠯ ᠤᠨ ᠡᠬᠢᠨ ᠳᠤ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠠᠮᠤᠭᠤᠯᠠᠩ ᠠᠴᠠ ᠶᠠᠷᠢᠶ᠎ᠠ ᠲᠠᠯᠪᠢᠵᠦ  ᠬᠡᠯᠡᠬᠦ ᠳᠡᠭᠡᠨ᠄ ᠮᠠᠨ ᠤ ᠬᠤᠰᠢᠭᠤ ᠨᠢ ᠰᠢ ᠵᠢᠩ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠲᠤᠭᠤᠷᠢᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠎ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠦ᠂᠂ᠨᠡᠮᠡᠭᠳᠡᠯ ᠢ ᠲᠤᠭᠳᠠᠪᠤᠷᠢᠵᠢᠭᠤᠯᠵᠦ ᠪᠦᠲᠦᠴᠠ ᠶᠢ ᠰᠢᠯᠢᠳᠡᠭᠵᠢᠬᠦᠯᠦᠨ᠂ ᠦᠭᠡᠷᠡᠴᠢᠯᠡᠯᠳᠡ ᠶᠢ ᠠᠬᠢᠭᠤᠯᠵᠦ ᠠᠮᠢ ᠠᠬᠤᠢ ᠶᠢ ᠬᠠᠮᠠᠭᠠᠯᠠᠨ᠂ ᠰᠠᠭᠤᠷᠢ ᠪᠠᠨ ᠪᠠᠬᠢᠵᠢᠬᠦᠯᠵᠦ ᠬᠤᠳᠠ ᠬᠦᠳᠡᠭᠡ ᠶᠢ ᠨᠢᠭᠡᠳᠦᠯᠳᠡᠢ ᠲᠦᠯᠦᠪᠵᠢᠬᠦᠯᠦᠨ᠂ ᠠᠷᠠᠳ ᠲᠤ ᠠᠰᠢᠭ ᠬᠦᠷᠳᠡᠭᠡᠬᠦ ᠪᠠ ᠲᠦᠭᠰᠢᠬᠦᠷᠢ ᠶᠢ ᠰᠡᠷᠭᠡᠶᠢᠯᠡᠬᠦ ᠠᠵᠢᠯ ᠢ ᠰᠠᠶᠢᠳᠤᠷ ᠬᠢᠭᠰᠡᠨ ᠠᠴᠠ ᠠᠵᠦ ᠠᠬᠤᠢ ᠨᠡᠶᠢᠭᠡᠮ ᠰᠠᠶᠢᠨ ᠮᠦᠷᠳᠡᠭᠡᠨ ᠲᠦᠷᠭᠡᠨ ᠬᠦᠭᠵᠢᠯᠳᠡ ᠲᠠᠢ ᠪᠤᠯᠤᠭᠰᠠᠨ ᠪᠠᠶᠢᠨ᠎ᠠ᠃ ᠡᠬᠦᠨ ᠤ ᠬᠠᠮᠳᠤ᠂ ᠨᠢᠭᠡ ᠪᠦᠰᠡ ᠨᠢᠭᠡ ᠵᠠᠮ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ ᠪᠠᠶᠢᠭ᠎ᠠ ᠠᠰᠢᠭᠳᠠᠢ ᠲᠤᠬᠢᠶᠠᠯ ᠢᠶᠠᠷ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠎ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠤᠷᠠᠯᠳᠤᠭᠰᠠᠨ ᠭᠠᠳᠠᠭᠠᠳᠤ ᠲᠠᠢ ᠴᠢᠯᠤᠭᠡᠳᠡᠢ ᠶᠠᠪᠤᠯᠴᠠᠬᠤ ᠠᠬᠢᠴᠠ ᠎ ᠶᠢ ᠲᠦᠷᠭᠡᠳᠭᠡᠨ᠂ ᠦᠭᠡᠷᠡᠴᠢᠯᠡᠯᠳᠡ ᠨᠡᠭᠡᠭᠡᠯᠳᠡ ᠶᠢᠨ ᠴᠤ᠋ ᠰᠢᠨ᠎ᠠ ᠪᠠᠶᠢᠳᠠᠯ ᠢ ᠪᠤᠢ ᠪᠤᠯᠭᠠᠬᠤ ᠲᠤᠬᠠᠢ ᠱᠠᠭᠠᠷᠳᠠᠯᠭ᠎ᠠ ᠶᠤᠰᠤᠭᠠᠷ ᠮᠤᠩᠭᠤᠯ ᠤᠯᠤᠰ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠨ᠂ ᠤᠮᠠᠷᠠᠰᠢ ᠨᠡᠭᠡᠭᠡᠬᠦ ᠠᠬᠢᠴᠠ ᠪᠠᠨ ᠲᠦᠷᠭᠡᠳᠭᠡᠵᠦ᠂ ᠨᠠᠷᠠᠨᠪᠤᠯᠠᠭ ᠬᠢᠯᠢ ᠶᠢᠨ ᠪᠤᠭᠤᠮᠳᠠ ᠶᠢᠨ ᠡᠬᠦᠳᠡ ᠶᠢ ᠪᠦᠬᠦ ᠠᠶᠢᠮᠠᠭ ᠤᠨ ᠲᠤᠷᠭᠠᠨ ᠵᠠᠮ ᠤᠨ ᠠᠵᠦ ᠠᠬᠤᠢ ᠶᠢᠨ ᠪᠦᠰᠡ ᠶᠢᠨ ᠭᠤᠤᠯᠳᠠᠯᠭ᠎ᠠ ᠲᠠᠢ ᠲᠦᠷᠦᠯ ᠵᠦᠢᠯ ᠳᠤ ᠤᠷᠤᠭᠤᠯᠵᠦ᠂ ᠳᠤᠮᠳᠠᠳᠦ ᠮᠤᠩᠭᠤᠯ ᠤᠨ ᠤᠯᠠᠨ ᠤᠯᠤᠰ ᠤᠨ ᠤᠯᠠᠮᠵᠢᠯᠠᠯᠲᠦ ᠮᠤᠷᠢᠨ ᠤᠷᠤᠯᠳᠤᠭᠠᠨ ᠵᠢᠴᠢ 2016 ᠤᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠢ ᠠᠮᠵᠢᠯᠳᠠᠳᠠᠢ ᠡᠷᠬᠢᠯᠡᠭᠰᠡᠨ ᠶᠤᠮ᠃  ᠳᠤᠰ ᠤᠳᠠᠭᠠᠨ ᠤ 2017 ᠤᠨ ᠤ ᠳᠤᠮᠳᠠᠳᠦ ᠮᠤᠩᠭᠤᠯ ᠤᠨ ᠲᠠᠸᠠᠷ ᠤᠨ  ᠠᠷᠠᠯᠵᠢᠶᠠᠨ ᠤ ᠴᠤᠭᠯᠠᠭᠠᠨ ᠢ ᠠᠮᠵᠢᠯᠳᠠᠳᠠᠢ ᠡᠷᠬᠢᠯᠡᠬᠦ ᠪᠠᠷ ᠳᠠᠮᠵᠢᠨ ᠳᠤᠮᠳᠠᠳᠦ ᠮᠤᠩᠭᠤᠯ ᠬᠤᠶᠠᠷ ᠤᠯᠤᠰ ᠤᠨ ᠠᠵᠦ ᠠᠬᠤᠢ ᠰᠤᠶᠤᠯ ᠪᠠ ᠠᠷᠠᠳ ᠤᠨ ᠬᠤᠭᠤᠷᠤᠨᠳᠤᠬᠢ ᠨᠦᠬᠦᠷᠰᠡᠭ ᠬᠠᠮᠵᠢᠯᠴᠠᠭ᠎ᠠ ᠎ ᠶᠢ ᠠᠬᠢᠭᠤᠯᠬᠤ ᠳᠤ ᠮᠠᠰᠢ ᠶᠡᠭᠡ ᠲᠦᠯᠬᠢᠴᠠ ᠦᠢᠯᠡᠳᠦᠯ ᠢ ᠦᠵᠡᠬᠦᠯᠬᠦ ᠨᠢ ᠭᠠᠷᠴᠠᠭ᠎ᠠ ᠦᠭᠡᠢ᠂ ᠬᠤᠶᠢᠰᠢᠳᠠ ᠦᠷᠬᠦᠯᠵᠢᠯᠡᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠦ ᠲᠤᠷᠭᠠᠨ ᠵᠠᠮ ᠤᠨ ᠠᠵᠦ ᠠᠬᠤᠢ ᠶᠢ ᠳᠠᠰᠤᠷᠠᠯᠳᠠ ᠦᠭᠡᠢ ᠬᠦᠭᠵᠢᠬᠦᠯᠤᠨ᠂ ᠦᠭᠡᠷᠡᠴᠢᠯᠡᠯᠳᠡ ᠨᠡᠭᠡᠭᠡᠯᠳᠡ ᠶᠢᠨ ᠰᠠᠶᠢᠨ ᠰᠠᠶᠢᠬᠠᠨ ᠮᠠᠷᠭᠠᠰᠢ ᠶᠢ ᠤᠭᠳᠤᠨ ᠠᠪᠴᠢᠷᠠᠬᠤ ᠎ ᠳᠤ ᠢᠳᠡᠭᠡᠯ ᠳᠡᠭᠦᠯᠳᠡᠷ ᠪᠠᠶᠢᠨ᠎ᠠ ᠬᠡᠯ᠎ᠡ᠃          ᠡᠬᠦᠨ ᠤ ᠬᠠᠮᠳᠤ᠂ ᠮᠤᠩᠭᠤᠯ ᠤᠯᠤᠰ ᠤᠨ ᠲᠤᠷᠤᠨᠠᠳᠦ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠳᠢᠩᠭᠢᠮ ᠤᠨ ᠳᠠᠷᠤᠭ᠎ᠠ ᠠᠳᠢᠶ᠎ᠠ ᠪᠤᠯᠤᠨ ᠰᠢᠯᠢ ᠶᠢᠨ ᠭᠤᠤᠯ ᠠᠶᠢᠮᠠᠭ ᠤᠨ ᠪᠤᠭᠤᠮᠳᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠠᠷᠠᠯᠵᠢᠶ᠎ᠠ ᠠᠬᠢᠭᠤᠯᠬᠤ ᠵᠦᠪᠯᠡᠯ ᠤᠨ ᠳᠡᠳ᠋ ᠳᠠᠷᠤᠭ᠎ᠠ ᠮᠠ ᠭᠥᠸᠧ ᠹᠧᠩ ᠠᠴᠠ ᠲᠤᠰ ᠲᠤᠰ ᠪᠠᠶᠠᠷ ᠎ ᠤᠨ ᠦᠭᠡ ᠶᠠᠷᠢᠪᠠ᠃ ᠦᠳᠡ ᠶᠢᠨ ᠡᠮᠦᠨ᠎ᠡ ᠶᠢᠨ 9 ᠴᠠᠭ ᠲᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠦᠯᠵᠠᠢ ᠠᠴᠠ 2017 ᠤᠨ ᠤ ᠳᠤᠮᠳᠠᠳᠦ ᠮᠤᠩᠭᠤᠯ ᠤᠨ ᠦᠨᠳᠦᠰᠦᠳᠡᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠵᠢᠩᠭᠢᠨᠢ ᠪᠠᠷ ᠡᠬᠢᠯᠡᠭᠰᠡᠨ ᠢ ᠵᠠᠷᠯᠠᠭᠰᠠᠨ ᠪᠠᠶᠢᠨ᠎ᠠ᠃           ᠲᠤᠰ ᠤᠳᠠᠭᠠᠨ ᠤ ᠳᠠᠸᠠᠷ ᠤᠨ ᠠᠷᠠᠯᠵᠢᠶᠠᠨ ᠤ ᠴᠤᠭᠯᠠᠭᠠᠨ ᠨᠢ 4 ᠡᠳᠦᠷ ᠶᠠᠪᠤᠭᠳᠠᠬᠤ ᠪᠦᠬᠡᠳ ᠨᠡᠶᠢᠳᠡ 150 ᠳᠡᠯᠭᠡᠨ ᠪᠤᠷᠤᠯᠠᠭᠤᠯᠬᠤ ᠴᠢᠭ᠋ ᠲᠠᠢ ᠪᠠᠶᠢᠵᠦ᠂ ᠮᠤᠩᠭᠤᠯ ᠤᠯᠤᠰ ᠤᠨ ᠳᠤᠷᠤᠨᠠᠳᠤ ᠠᠶᠢᠮᠠᠭ᠂ ᠤᠯᠠᠭᠠᠨᠪᠠᠭᠠᠳᠤᠷ ᠬᠤᠳᠠ᠂ ᠪᠠᠶᠠᠨᠬᠤᠩᠭᠤᠷ ᠵᠡᠷᠬᠡ ᠭᠠᠵᠠᠷ ᠤᠷᠤᠨ ᠠᠴᠠ 95 ᠠᠵᠦ ᠠᠬᠤᠢ ᠶᠢᠨ ᠨᠢᠭᠡᠴᠠ᠂ ᠰᠢᠯᠢ ᠎ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠠᠴᠠ 55 ᠠᠵᠦ ᠠᠬᠤᠢ ᠶᠢᠨ ᠨᠢᠭᠡᠴᠠ᠂ ᠨᠡᠶᠢᠳᠡ 300 ᠭᠠᠷᠤᠢ ᠠᠷᠠᠯᠵᠢᠶᠠᠴᠢᠨ ᠢᠷᠡᠵᠦ ᠤᠷᠤᠯᠴᠠᠭᠰᠠᠨ ᠪᠠᠶᠢᠨ᠎ᠠ᠃ ᠠᠷᠠᠯᠵᠢᠶᠠᠨ ᠤ ᠵᠠᠬ᠎ᠠ ᠳᠤ ᠳᠤᠮᠳᠠᠳᠤ ᠮᠤᠩᠭᠤᠯ ᠬᠤᠶᠠᠷ ᠤᠯᠤᠰ ᠤᠨ ᠴᠡᠪᠡᠷ ᠡᠨᠧᠷᠬᠢ ᠶᠢᠨ ᠪᠦᠲᠦᠭᠡᠭᠳᠡᠬᠦᠨ᠂ ᠦᠨᠳᠦᠰᠦᠳᠡᠨ ᠤ ᠭᠠᠷ ᠤᠷᠠᠯᠠᠯ᠂ ᠨᠤᠯᠤᠤᠷ ᠤᠨ ᠪᠦᠲᠦᠭᠡᠭᠳᠡᠬᠦᠨ᠂ ᠦᠨᠳᠦᠰᠦᠳᠡᠨ ᠤ ᠬᠤᠪᠴᠠᠰᠦ ᠵᠠᠰᠠᠯ᠂  ᠪᠠᠶᠢᠭᠠᠯᠢᠯᠢᠭ ᠢᠳᠡᠭᠡᠨ ᠤᠮᠳᠠᠭᠠᠨ᠂ ᠤᠷᠠᠨ ᠵᠢᠷᠤᠭ ᠬᠡᠷᠡᠯ ᠵᠢᠷᠤᠭ ᠤᠨ ᠦᠵᠡᠬᠦᠯᠦᠯᠬᠡ ᠵᠡᠷᠭᠡ ᠪᠠᠷᠠᠭ᠎ᠠ ᠪᠦᠲᠦᠭᠡᠭᠳᠡᠬᠦᠨ ᠢ ᠳᠡᠯᠭᠡᠨ ᠪᠤᠷᠤᠯᠠᠭᠤᠯᠵᠦ ᠪᠠᠶᠢᠭ᠎ᠠ ᠪᠠ ᠳᠤᠰ ᠭᠠᠵᠠᠷ ᠤᠷᠤᠨ ᠤ ᠮᠤᠩᠭᠤᠯ ᠰᠢᠳᠠᠷ᠎ᠠ᠂ ᠮᠤᠳᠤᠨ ᠰᠡᠶᠢᠯᠦᠮᠡᠯ᠂ ᠢᠰᠡᠭᠡᠢ ᠤᠷᠠᠯᠠᠯ᠂ ᠮᠤᠷᠢᠨ ᠤ ᠡᠳ᠋ᠯᠡᠯ ᠬᠡᠷᠡᠭᠰᠡᠯ᠂ ᠴᠠᠭᠠᠨ ᠢᠳᠡᠭᠡ  ᠵᠡᠷᠭᠡ ᠭᠠᠷ ᠤᠷᠠᠯᠠᠯ᠂ ᠢᠳᠡᠭᠡᠨ ᠤᠮᠳᠠᠭᠠᠨ᠂ ᠬᠤᠪᠴᠠᠰᠦ ᠵᠠᠰᠠᠯ᠂ ᠠᠮᠢᠳᠤᠷᠠᠯ ᠤᠨ ᠬᠡᠷᠡᠭᠯᠡᠭᠡᠨ ᠤ ᠵᠦᠢᠯ ᠤᠳ ᠢ ᠳᠡᠯᠭᠡᠨ ᠪᠤᠷᠤᠯᠠᠭᠤᠯᠵᠦ ᠪᠠᠶᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号