ᠪᠦᠬᠦ ᠬᠤᠰᠢᠭᠤᠨ ᠤ 33 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠰᠤᠷᠭᠠᠨ ᠬᠦᠮᠦᠵᠢᠯ ᠤᠨ ᠠᠵᠢᠯ ᠎ ᠤᠨ ᠱᠠᠩᠨᠠᠨ ᠬᠦᠬᠢᠬᠦᠯᠬᠦ ᠶᠡᠭᠡ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2017/9/11
        9 ᠰᠠᠷᠠᠶᠢᠨ 9 ᠡᠳᠦᠷ ᠤᠨ ᠦᠳᠡ ᠶᠢᠨ ᠡᠮᠦᠨ᠎ᠡ᠂ ᠠᠪᠠᠭ᠎ᠠ ᠬᠤᠰᠢᠭᠤ 33 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠰᠤᠷᠭᠠᠨ ᠬᠦᠮᠦᠵᠢᠯ ᠤᠨ ᠠᠵᠢᠯ ᠤᠨ ᠱᠠᠩᠨᠠᠨ ᠬᠦᠬᠢᠬᠦᠯᠬᠦ ᠶᠡᠭᠡ ᠬᠤᠷᠠᠯ ᠢ ᠬᠤᠷᠠᠯᠳᠤᠭᠰᠠᠨ ᠪᠠᠶᠢᠨ᠎ᠠ᠃          ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ᠂ ᠬᠤᠰᠢᠭᠤ ᠨᠠᠮ ᠤᠨ ᠬᠤᠷᠢᠶᠠᠨ ᠎ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ‌ᠠᠮᠤᠭᠤᠯᠠᠩ᠂ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠩ ᠢᠤᠢ ᠱᠠᠨ᠂ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠪᠤᠯᠤᠳᠪᠠᠭᠠᠳᠤᠷ ᠨᠠᠷ ᠰᠠᠭᠠᠳᠠᠵᠦ᠂ ᠠᠮᠤᠭᠤᠯᠠᠩ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠦᠷᠭᠡᠨ ᠤᠯᠠᠨ ᠪᠠᠭᠰᠢ ᠠᠵᠢᠯᠳᠠᠨ ᠳᠤ ︽9.10︾ ᠪᠠᠭᠰᠢ ᠶᠢᠨ ᠪᠠᠶᠠᠷ ᠤᠨ ᠮᠡᠨᠳᠦᠴᠢᠯᠡᠯ ᠬᠦᠷᠭᠡᠨ᠂ ᠳᠡᠳᠡᠨ ᠤ ᠰᠤᠷᠭᠠᠨ ᠬᠦᠮᠦᠵᠢᠯ ᠤᠨ ᠦᠢᠯᠡᠰ ᠲᠤ ᠦᠵᠡᠬᠦᠯᠦᠭᠰᠡᠨ ᠭᠠᠪᠢᠶ᠎ᠠ ᠵᠢᠳᠬᠦᠯ ᠢ ᠨᠢ ᠦᠨᠡᠯᠡᠨ ᠰᠠᠶᠢᠰᠢᠶᠠᠵᠠᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ  ᠎ ᠶᠢᠨ ᠭᠡᠰᠢᠬᠦᠨ᠂  ᠬᠤᠰᠢᠭᠤ ᠳᠡᠳ᠋ ᠳᠠᠷᠤᠭ᠎ᠠ᠂ ᠨᠢᠭᠡᠳᠦᠮᠡᠯ ᠹᠠᠷᠤᠨᠲ ᠶᠢᠨ ᠬᠡᠯᠳᠡᠰ ᠤᠨ ᠳᠠᠷᠤᠭ᠎ᠠ ᠪᠤᠤ ᠸᠧᠨ ᠰᠢᠶᠠ ᠠᠴᠠ ᠪᠦᠬᠦ ᠬᠤᠰᠢᠭᠤᠨ ᠤ ᠦᠨᠳᠦᠷ ᠳᠤᠮᠳᠠ᠂ ᠠᠩᠬ᠎ᠠ ᠳᠤᠮᠳᠠ ᠶᠢᠨ ᠰᠢᠯᠭᠠᠯᠳᠠ ᠵᠢᠴᠢ ᠬᠢᠴᠢᠶᠡᠯ ᠲᠦᠷᠦᠯ ᠤᠨ ᠰᠢᠯᠭᠠᠨ ᠲᠤᠭᠳᠠᠭᠠᠯ ᠤᠨ ᠪᠠᠶᠢᠳᠠᠯ ᠢ ᠨᠠᠶᠢᠳᠡᠯᠡᠭᠰᠡᠨ ᠤ ᠬᠠᠮᠲᠦ ︽ᠳᠤᠮᠳᠠᠳᠦ ᠤᠯᠤᠰ ᠤᠨ ᠡᠪ ᠬᠠᠮᠳᠤ ᠨᠠᠮ ᠤᠨ ᠠᠪᠠᠭ᠎ᠠ ᠬᠤᠰᠢᠭᠤᠨ ᠤ ᠬᠤᠷᠢᠶ᠎ᠠ᠂ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ  2017 ᠤᠨ ᠤ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠤᠨ ᠰᠢᠯᠢᠳᠡᠭ ᠬᠠᠮᠳᠤ ᠨᠢᠭᠡᠴᠠ ᠪᠤᠯᠤᠨ ᠬᠤᠪᠢ ᠬᠦᠮᠦᠨ ᠢ ᠱᠠᠩᠨᠠᠨ ᠬᠦᠬᠢᠬᠦᠯᠬᠦ ᠲᠤᠬᠠᠢ ᠲᠤᠭᠳᠠᠭᠠᠯ︾᠎ ᠢ ᠤᠩᠰᠢᠨ ᠨᠡᠶᠢᠳᠡᠯᠡᠭᠰᠡᠨ ᠪᠠᠶᠢᠨ᠎ᠠ᠃          ᠡᠶᠢᠨᠬᠦ ᠠᠪᠠᠭ᠎ᠠ ᠬᠤᠰᠢᠭᠤᠨ ᠤ ᠮᠤᠩᠭᠤᠯ ᠳᠤᠮᠳᠠᠳᠦ ᠰᠤᠷᠭᠠᠭᠤᠯᠢ᠂ ᠨᠢᠭᠡᠳᠦᠭᠡᠷ ᠪᠠᠭ᠎ᠠ‌‍ᠰᠤᠷᠭᠠᠭᠤᠯᠢ ᠶᠢ ᠲᠡᠷᠢᠬᠦᠨ ᠤ ᠬᠠᠮᠳᠤ ᠨᠢᠭᠡᠴᠠ ᠪᠠᠷ ᠱᠠᠩᠨᠠᠨ ᠬᠦᠬᠢᠬᠦᠯᠵᠦ᠂ ᠤᠶᠤᠨᠴᠡᠴᠡᠭ ᠵᠡᠷᠭᠡ 15 ᠰᠢᠯᠢᠳᠡᠭ ᠪᠠᠭᠰᠢ᠂ ᠰᠡᠴᠡᠩᠭᠤᠸ᠎ᠠ ᠵᠡᠷᠭᠡ 8 ᠰᠢᠯᠢᠳᠡᠭ ᠠᠩᠭᠢ ᠶᠢᠨ ᠡᠷᠬᠢᠯᠡᠭᠴᠢ᠂ ᠠᠶᠢᠰᠦᠢ ᠵᠡᠷᠭᠡ 9 ᠰᠢᠯᠢᠳᠡᠭ ᠰᠤᠷᠭᠠᠨ ᠬᠦᠮᠦᠵᠢᠯ ᠎ ᠤᠨ ᠠᠵᠢᠯᠳᠠᠨ ᠢ ᠬᠦᠬᠢᠬᠦᠯᠦᠭᠰᠡᠨ ᠪᠠ ᠯᠢ ᠵᠢᠦᠢ ᠰᠢᠶᠠᠩ ᠪᠠᠭᠰᠢ ᠶᠢ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠎ ᠤᠨ ᠲᠡᠷᠢᠬᠦᠨ ᠤ ᠬᠤᠪᠢ ᠬᠦᠮᠦᠨ ᠪᠠᠷ  ᠱᠠᠩᠨᠠᠨ ᠬᠦᠬᠢᠬᠦᠯᠦᠭᠰᠡᠨ ᠪᠠᠶᠢᠨ᠎ᠠ  ᠃ ᠡᠬᠦᠨ ᠤ ᠬᠠᠮᠳᠤ᠂ ᠬᠢᠴᠢᠶᠡᠯ ᠲᠦᠷᠦᠯ ᠤᠨ ᠰᠢᠯᠭᠠᠨ ᠲᠤᠭᠳᠠᠭᠠᠯᠳᠠ ᠳᠤᠮᠳᠠ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢᠨ ᠬᠠᠷᠠᠯᠳᠠ ᠡᠬᠦᠷᠭᠡ ᠪᠠᠨ ᠬᠦᠢᠴᠡᠳᠭᠡᠭᠰᠡᠨ ᠰᠤᠷᠭᠠᠭᠤᠯᠢ ᠶᠢ ᠱᠠᠩᠨᠠᠨ ᠬᠦᠬᠢᠬᠦᠯᠦᠭᠰᠡᠨ ᠪᠠ ᠦᠨᠳᠦᠷ ᠳᠤᠮᠳᠠ᠂ ᠠᠩᠬ᠎ᠠ ᠳᠤᠮᠳᠠ ᠶᠢᠨ ᠨᠢᠭᠡᠳᠦᠯᠳᠡᠢ ᠰᠢᠯᠭᠠᠯᠳᠠ ᠳᠤ ᠰᠢᠯᠢᠳᠡᠭ ᠬᠢᠷᠢ ᠪᠦᠲᠦᠮᠵᠢ ᠠᠪᠴᠢᠷᠠᠭᠰᠠᠨ ᠪᠠᠭᠰᠢ ᠨᠠᠷ ᠢ ᠱᠠᠩᠨᠠᠨ ᠵᠤᠷᠢᠭᠵᠢᠭᠤᠯᠵᠠᠢ᠃ ᠪᠠᠰᠠ᠂ ᠡᠩ ᠤᠨ ᠳᠡᠭᠡᠲᠦ ᠵᠡᠷᠭᠡ ᠶᠢᠨ ᠰᠤᠷᠭᠠᠭᠤᠯᠢ ᠳᠤ ᠳᠠᠪᠰᠢᠭᠰᠠᠨ ᠶᠠᠳᠠᠭᠤ ᠬᠦᠴᠢᠷᠳᠡᠯᠳᠡᠢ ᠭᠡᠷ ᠪᠦᠯᠢ ᠶᠢᠨ ᠤᠶᠤᠳᠠᠨ ᠳᠤ ᠰᠤᠷᠤᠯᠭ᠎ᠠ ᠶᠢᠨ ᠳᠡᠳᠬᠦᠮᠵᠢ ᠶᠢᠨ ᠮᠦᠩᠭᠦ ᠶᠢ ᠭᠠᠷᠳᠠᠭᠤᠯᠤᠭᠰᠠᠨ ᠪᠠᠶᠢᠨ᠎ᠠ᠃          ᠬᠤᠷᠠᠯ ᠳᠡᠭᠡᠷ᠎ᠡ᠂ ᠦᠷᠭᠡᠨ ᠤᠯᠠᠨ ᠪᠠᠭᠰᠢ ᠠᠵᠢᠯᠳᠠᠨ ᠳᠤ ᠪᠠᠶᠠᠷ ᠤᠨ ᠡᠳᠦᠷ ᠤᠨ ᠮᠡᠨᠳᠦ ᠬᠦᠷᠭᠡᠨ᠂ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠬᠠᠯᠠᠮᠵᠢᠯᠠᠨ ᠳᠡᠮᠵᠢᠵᠦ ᠢᠷᠡᠭᠰᠡᠨ ᠨᠡᠶᠢᠭᠡᠮ ᠤᠨ ᠡᠯ᠎ᠡ ᠡᠳᠡᠭᠡᠳ ᠲᠤ ᠪᠠᠶᠠᠷᠯᠠᠨ ᠲᠠᠯᠠᠷᠬᠠᠭᠰᠠᠨ ᠰᠡᠳᠬᠢᠯ ᠢᠶᠠᠨ ᠢᠯᠡᠳᠭᠡᠨ᠂ ᠱᠠᠩᠨᠠᠨ ᠬᠦᠬᠢᠬᠦᠯᠦᠭᠳᠡᠭᠰᠡᠨ ᠪᠠᠭᠰᠢ ᠠᠵᠢᠯᠳᠠᠨ ᠎ ᠲᠤ ᠪᠠᠶᠠᠷ ᠬᠦᠷᠭᠡᠨ ᠦᠷᠬᠦᠯᠵᠢᠯᠡᠨ ᠤᠯᠠᠮ ᠰᠠᠶᠢᠨ ᠠᠵᠢᠯᠯᠠᠵᠦ᠂  ᠨᠠᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠭᠰᠡᠨ ᠪᠠᠶᠢᠨ᠎ᠠ᠃ ᠡᠬᠦᠨ ᠤ ᠬᠠᠮᠳᠤ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠤᠯᠤᠭᠰᠠᠨ ᠦᠷ᠎ᠡ ᠪᠦᠲᠦᠮᠵᠢ ᠶᠢ ᠦᠨᠡᠯᠡᠨ᠂ ᠬᠦᠴᠦ ᠬᠦᠯᠦᠰᠦ ᠪᠠᠨ ᠤᠷᠤᠰᠬᠠᠨ᠂ ᠰᠤᠷᠭᠠᠨ ᠬᠦᠮᠦᠵᠢᠯ ᠤᠨ ᠨᠢᠭᠡᠳᠦᠭᠡᠷ ᠹᠷᠤᠨᠲ ᠲᠤ  ᠭᠠᠪᠰᠢᠭᠠᠶᠢᠯᠠᠨ ᠠᠵᠢᠯᠯᠠᠵᠦ᠂ ᠰᠤᠷᠭᠠᠨ ᠬᠦᠮᠦᠵᠢᠬᠦᠯᠬᠦ ᠠᠭᠤᠤ ᠶᠡᠭᠡ ᠦᠢᠯᠡᠰ ᠲᠤ ᠬᠤᠪᠢ ᠨᠡᠮᠡᠷᠢ ᠪᠠᠨ ᠦᠵᠡᠬᠦᠯᠦᠨ᠂ ᠦᠩᠭᠡ ᠬᠡᠷᠡᠯ ᠨᠡᠮᠡᠷᠢᠯᠡᠵᠦ᠂ ᠵᠤᠷᠢᠭ ᠬᠦᠴᠦ ᠲᠠᠢ  ᠴᠢᠷᠮᠠᠶᠢᠨ‌ᠠᠵᠢᠯᠯᠠᠵᠦ ᠪᠠᠶᠢᠭ᠎ᠠ ᠶᠢ ᠨᠢ ᠮᠠᠭᠳᠠᠨ ᠰᠠᠶᠢᠰᠢᠶᠠᠵᠠᠢ᠃ ᠮᠦᠨᠴᠦ ᠦᠷᠬᠦᠯᠵᠢᠯᠡᠨ ᠬᠤᠪᠢ ᠪᠡᠶ᠎ᠡ ᠶᠢᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠬᠦᠯᠦᠨ᠂ ᠪᠢᠴᠢᠭ‌ᠡᠷᠳᠡᠮ ᠵᠢᠭᠠᠵᠦ ᠬᠦᠮᠦᠨ ᠬᠦᠮᠦᠵᠢᠬᠦᠯᠬᠦ ᠶᠢᠨ ᠢᠷᠠᠭᠤ  ᠠᠯᠳᠠᠷᠳᠦ ᠰᠡᠳᠬᠢᠯᠭᠡ ᠪᠠ ᠬᠠᠷᠢᠭᠤᠴᠠᠯᠭᠠᠳᠤ ᠰᠡᠳᠬᠢᠯ ᠢ ᠨᠡᠮᠡᠭᠳᠡᠬᠦᠯᠦᠨ᠂ ᠦᠪᠡᠷ ᠤᠨ ᠠᠵᠢᠯ ᠪᠠᠷ ᠢᠶᠠᠨ ᠤᠮᠤᠭᠰᠢᠨ ᠪᠠᠭ᠋ᠠᠷᠬᠠᠵᠦ᠂  ᠪᠠᠭᠤᠷᠠᠰᠢ ᠦᠭᠡᠢ ᠬᠠᠯᠠᠭᠤᠨ ᠵᠤᠷᠢᠭ ᠢ ᠦᠷᠬᠦᠯᠵᠢᠯᠡᠨ ᠪᠠᠳᠠᠷᠠᠭᠤᠯᠵᠦ᠂ ᠰᠤᠷᠤᠭᠴᠢ ᠪᠦᠬᠦᠨ ᠢ ᠦᠪᠡᠷ ᠤᠨ ᠬᠡᠤᠬᠡᠳ ᠢᠶᠠᠨ ᠰᠢᠭ ᠬᠠᠶᠢᠷᠠᠯᠠᠨ ᠬᠦᠮᠦᠵᠢᠬᠦᠯᠤᠨ᠂ ᠰᠤᠷᠤᠭᠴᠢᠳ ᠤᠨ ᠬᠠᠯᠠᠮᠵᠢ ᠬᠦᠷᠢᠶᠡᠯᠡᠯ ᠪᠠ ᠨᠡᠶᠢᠭᠡᠮ ᠨᠡᠶᠢᠳᠡ ᠶᠢᠨ ᠰᠡᠳᠬᠢᠯ ᠳᠠᠬᠢ ᠤᠯᠠᠮ ᠰᠠᠶᠢᠨ ᠭᠠᠷᠮᠠᠭᠠᠢ ᠬᠦᠮᠦᠵᠢᠬᠦᠯᠦᠭᠴᠢ ᠪᠤᠯᠬᠤ ᠪᠠᠷ ᠴᠢᠷᠮᠠᠶᠢᠨ ᠵᠢᠳᠬᠦᠬᠦ  ᠎ ᠶᠢ ᠬᠦᠰᠡᠭᠰᠡᠨ ᠪᠠᠶᠢᠨ᠎ᠠ᠃            ᠡᠬᠦᠨ ᠤ ᠳᠠᠷᠠᠭ᠎ᠠ᠂ ᠬᠤᠰᠢᠭᠤ ᠡᠯ᠎ᠡ ᠶᠡᠭᠡ ᠤᠳᠤᠷᠢᠳᠤᠯᠭ᠎ᠠ ᠨᠠᠷ ᠲᠦᠷᠪᠡᠨ ᠲᠤᠭᠤᠶᠢᠯᠠᠩ ᠬᠤᠪᠢᠶᠠᠵᠦ᠂ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠠᠵᠢᠯᠳᠠᠨ ᠢ ᠪᠤᠯᠭᠤᠭᠠᠨ ᠲᠤᠬᠤᠨᠢᠭᠤᠯᠵᠦ᠂  ᠤᠯᠠᠨ ᠵᠢᠯ ᠤᠨ ᠲᠤᠷᠰᠢᠳᠠ ᠰᠤᠷᠭᠠᠨ ᠬᠦᠮᠦᠵᠢᠯ ᠤᠨ ᠠᠵᠢᠯ ᠳᠤ ᠠᠪᠴᠢᠷᠠᠭᠰᠠᠨ ᠬᠤᠪᠢ ᠨᠡᠮᠡᠷᠢ ᠶᠢ ᠨᠢ ᠦᠨᠡᠯᠡᠨ ᠬᠦᠨᠳᠦᠳᠭᠡᠯ ᠳᠡᠪᠰᠢᠬᠦᠯᠦᠨ᠂  ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠦ᠂ ᠪᠠᠶᠠᠷ ᠤᠨ ᠡᠳᠦᠷ ᠢᠶᠠᠨ  ᠪᠠᠶᠠᠷ ᠬᠦᠷ ᠲᠠᠢ ᠦᠩᠭᠡᠷᠡᠬᠦᠯᠬᠦ ᠶᠢ ᠬᠦᠰᠡᠵᠠᠢ᠃            ︽9.10︾ ᠪᠠᠭᠰᠢ ᠶᠢᠨ ᠪᠠᠶᠠᠷ ᠬᠦᠷᠴᠦ ᠢᠷᠡᠬᠦ ᠳᠤ ᠡᠯ᠎ᠡ‌ᠡᠳᠡᠭᠡᠳ  ᠎ ᠤᠨ ᠬᠦᠮᠦᠰ ᠪᠠᠭᠰᠢ ᠨᠠᠷ ᠲᠤ ᠬᠠᠯᠠᠭᠤᠨ ᠮᠡᠨᠳᠦᠴᠢᠯᠡᠭᠡ ᠳᠡᠪᠰᠢᠬᠦᠯᠦᠨ ᠬᠦᠨᠳᠦᠳᠭᠡᠨ ᠪᠠᠭ᠋ᠠᠷᠬᠠᠬᠤ ᠰᠡᠳᠬᠢᠯᠭᠡ ᠪᠠᠨ ᠢᠯᠡᠳᠭᠡᠴᠢᠭᠡᠨ᠎ᠡ᠃ ᠡᠬᠦᠨ ᠳᠤ 9 ᠰᠠᠷᠠᠶᠢᠨ8᠎ ᠤ ᠤᠷᠤᠢ ᠠᠪᠠᠭ᠎ᠠ‌ᠠᠭᠤᠳᠠᠮ ᠲᠠᠯᠠᠪᠠᠢ ᠳᠤ ᠰᠤᠷᠭᠠᠨ ᠬᠦᠮᠦᠵᠢᠯ ᠤᠨ ᠰᠢᠰᠲ᠋ᠧᠮ ᠤᠨ ︽ᠡᠬᠡ ᠤᠯᠤᠰ  ᠎ ᠢᠶᠠᠨ ᠮᠠᠭᠳᠠᠨ ᠳᠠᠭᠤᠯᠠᠵᠦ᠂ ᠳᠤᠮᠳᠠᠳᠦ ᠶᠢᠨ ᠬᠦᠰᠡᠯᠡᠩ ᠢ ᠬᠠᠮᠳᠤᠪᠡᠷ ᠳᠡᠷᠭᠡᠯᠰᠢᠬᠦᠯᠬᠦ︾ ᠵᠢᠴᠢ 33 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠤᠷᠠᠨ ᠰᠠᠶᠢᠬᠠᠨ ᠤ ᠲᠤᠭᠯᠠᠯᠳᠠ ᠬᠢᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠴᠠ ᠭᠤᠶᠢᠳᠠ ᠰᠠᠶᠢᠬᠠᠨ ᠲᠤᠭᠯᠠᠯᠳᠠ ᠪᠠᠷ ᠢᠶᠠᠨ ᠪᠠᠭᠰᠢ ᠨᠠᠷ ᠲᠠᠭᠠᠨ ᠪᠠᠶᠠᠷ ᠤᠨ ᠡᠳᠦᠷ ᠢ  ᠎ ᠨᠢ ᠤᠨᠴᠠᠭᠠᠢ ᠳᠡᠮᠳᠡᠭᠯᠡᠵᠦ ᠦᠭᠭᠦᠭᠰᠡᠨ ᠢᠶᠠᠷ ᠪᠠᠶᠠᠷ ᠤᠨ ᠠᠭᠤᠷ ᠠᠮᠢᠰᠬᠤᠯ ᠲᠦᠭᠦᠷᠡᠩ ᠪᠢᠯᠬᠠᠵᠦ ᠨᠢᠭᠡᠨ ᠤᠳᠬ᠎ᠠ ᠠᠭᠤᠯᠭ᠎ᠠ ᠲᠠᠢ ᠮᠦᠴᠠ ᠶᠢ ᠬᠠᠮᠳᠤ ᠳᠠᠭᠠᠨ ᠦᠩᠭᠡᠷᠡᠭᠦᠯᠦᠭᠰᠡᠨ ᠪᠠᠶᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号