ᠭᠤᠴᠢᠨ ᠭᠤᠷᠪᠠᠳᠤᠭᠠᠷ ᠤᠳᠠᠭᠠᠨ ᠤ ᠪᠠᠭᠰᠢ ᠶᠢᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ ᠦᠪᠦᠷ | ᠮᠤᠩᠭᠤᠯ ᠤᠨ ᠦᠪᠡᠷᠳᠡᠭᠨ ᠵᠠᠰᠠᠬᠤ ᠤᠷᠤᠨ ᠠᠴᠠ ᠨᠡᠶᠢᠳᠡ 550 ᠪᠠᠭᠰᠢ ᠠᠵᠢᠯᠳᠠᠨ ᠢ ᠬᠦᠬᠢᠬᠦᠯᠦᠭᠰᠡᠨ ᠪᠠᠶᠢᠨ᠎ᠠ᠃ | ᠡᠬᠦᠨ ᠳᠤ ᠰᠢᠯᠢ ᠶᠢᠨ ᠭᠤᠤᠯ ᠠᠶᠢᠮᠠᠭ ᠤᠨ 32 ᠪᠠᠭᠰᠢ ᠬᠦᠬᠢᠬᠦᠯᠦᠭᠳᠡᠵᠦ᠂ ᠡᠬᠦᠨ ᠤ ᠳᠤᠳᠤᠷᠠᠮᠠᠨ ᠤ | ᠬᠤᠰᠢᠭᠤᠨ ᠠᠴᠠ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠪᠠᠭᠰᠢ ᠬᠤᠩ ᠶᠢᠩ ᠰᠢᠯᠢᠳᠡᠭ ᠪᠠᠭᠰᠢ | ᠶᠢᠨ ᠨᠠᠷᠠᠰ ᠲᠤ ᠳᠤᠳᠤᠷᠠᠭᠰᠠᠨ ᠪᠠᠶᠢᠨ᠎ᠠ᠃ ᠡᠶᠢᠨᠬᠦ ᠰᠤᠷᠪᠤᠯᠵᠢᠯᠠᠭᠴᠢ ᠤᠷᠢᠳᠴᠢᠯᠠᠨ ᠪᠠᠭᠰᠢ ᠶᠢᠨ ᠪᠠᠶᠠᠷ ᠤᠨ | ᠮᠡᠨᠳᠦ ᠬᠦᠷᠭᠡᠨ ᠬᠤᠩ ᠶᠢᠩ ᠪᠠᠭᠰᠢ ᠶᠢ ᠰᠤᠷᠪᠤᠯᠵᠢᠯᠠᠭᠰᠠᠨ ᠪᠢᠯᠡ᠃ | ᠬᠤᠩ ᠶᠢᠩ ᠪᠠᠭᠰᠢ ᠪᠤᠯ ᠬᠤᠰᠢᠭᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠬᠡᠯᠡ ᠪᠢᠴᠢᠭ | ᠤᠨ ᠪᠠᠭᠰᠢ ᠮᠦᠷᠳᠡᠭᠡᠨ ᠵᠢᠭᠠᠨ ᠰᠤᠳᠤᠯᠬᠤ ᠭᠠᠵᠠᠷ ᠤᠨ ᠬᠢᠴᠢᠶᠡᠯ ᠬᠦᠮᠦᠵᠢᠯ ᠤᠨ ᠡᠷᠬᠢᠯᠡᠭᠴᠢ ᠶᠢᠨ ᠲᠤᠰᠢᠶᠠᠯ ᠲᠠᠢ | ᠪᠠᠭᠰᠢ ᠶᠤᠮ᠃ ᠬᠡᠤᠬᠡᠳ ᠲᠤ ᠡᠭᠡᠰᠢᠭ ᠲᠤᠯᠤᠭ᠎ᠠ ᠶᠢ ᠲᠠᠨᠢᠭᠤᠯᠤᠨ ᠡᠷᠳᠡᠮ ᠮᠡᠳᠡᠯᠭᠡ ᠶᠢᠨ ᠶᠡᠭᠡ ᠳᠠᠯᠠᠢ ᠳᠤ | ᠱᠤᠩᠪᠠᠭ᠋ᠤ ᠠᠩᠬᠠᠨ ᠤ ᠰᠠᠭᠤᠷᠢ ᠶᠢ ᠨᠢ ᠳᠠᠪᠢᠰᠳᠡᠭᠡᠬᠡᠯ ᠪᠤᠷᠤᠭᠵᠢᠭᠤᠨ ᠪᠠᠭ᠎ᠠ ᠰᠤᠷᠭᠠᠭᠤᠯᠢ ᠶᠢᠨ ᠪᠠᠭᠰᠢ | ᠪᠤᠯᠤᠭᠰᠠᠨ ᠳᠠᠭᠠᠨ ᠬᠤᠩᠶ᠋ᠢᠩᠬᠢᠵᠠᠭᠠᠷ ᠦᠭᠡᠢ ᠶᠡᠭᠡᠤᠮᠤᠭᠰᠢᠳᠠᠭ᠃ ᠪᠠᠭᠰᠢ ᠬᠦᠮᠦᠨ ᠤ ᠠᠵᠢᠯ ᠡᠳᠦᠷ ᠰᠦᠨᠢ | ᠶᠢᠨ ᠬᠤᠭᠤᠷᠤᠨᠳᠤ ᠮᠠᠰᠢ ᠶᠠᠭᠠᠷᠠᠤ ᠵᠦᠳᠡᠷᠡᠯᠳᠡᠢ ᠪᠠᠶᠢᠳᠠᠭ ᠢ ᠬᠡᠯᠡᠬᠦ ᠶᠠᠭᠤᠨ᠂ ᠪᠠᠭᠰᠢ ᠶᠢᠨ ᠪᠠᠶᠠᠷ ᠢᠶᠠᠷ ᠤᠯᠠᠨ | ᠬᠦᠮᠦᠨ ᠤ ᠬᠠᠯᠠᠭᠤᠨ ᠮᠡᠨᠳᠦᠴᠢᠯᠡᠭᠡ ᠶᠢ ᠲᠤᠰᠳᠠᠭ ᠨᠢ ᠨᠢᠭᠡᠨ ᠬᠡᠮᠵᠢᠶᠡᠨ ᠤ ᠵᠢᠷᠭᠠᠯᠳᠠᠢ ᠮᠦᠴᠠ ᠪᠤᠯᠬᠤ ᠨᠢ | ᠭᠠᠷᠴᠠᠭ᠎ᠠ ᠦᠭᠡᠢ᠃ ᠦᠨᠦ ᠵᠢᠯ ᠂ ᠬᠤᠩ ᠶᠢᠩ ᠪᠠᠭᠰᠢ ᠶᠢᠨ ᠬᠤᠪᠢ ᠳᠤ ︽9.10︾ ᠪᠠᠭᠰᠢ ᠶᠢᠨ ᠪᠠᠶᠠᠷ | ᠢᠶᠠᠨ ᠤᠷᠤᠨ ᠤ ᠳᠡᠰ ᠤᠨ ᠰᠢᠯᠢᠳᠡᠭ ᠪᠠᠭᠰᠢ ᠪᠠᠷ ᠦᠨᠡᠯᠡᠭᠳᠡᠭᠰᠡᠨ ᠬᠠᠯᠠᠭᠤᠨ ᠴᠢᠮᠡᠭᠡ ᠪᠠᠷ ᠤᠭᠳᠤᠵᠦ ᠪᠠᠶᠢᠭ᠎ᠠ | ᠨᠢ ᠳᠡᠬᠦᠨ ᠳᠤ ᠶᠤᠰᠤᠳᠠᠢ ᠳᠤᠮᠤ ᠪᠡᠯᠡᠭ ᠪᠠᠶᠢᠯ᠎ᠠ᠃ ᠬᠤᠩ ᠶᠢᠩ ᠪᠠᠭᠰᠢ ᠪᠢᠳᠠᠨ ᠳᠤ᠄ | —— 20 ᠵᠢᠯ ᠤᠨ ᠪᠠᠭᠰᠢ ᠶᠢᠨ ᠠᠵᠢᠯ ᠬᠢᠬᠦ ᠬᠤᠭᠤᠴᠠᠭᠠᠨ ᠳᠤ ᠮᠠᠨ ᠤ ᠰᠤᠷᠭᠠᠭᠤᠯᠢ ᠶᠢᠨ | ᠤᠳᠤᠷᠢᠳᠤᠯᠭ᠎ᠠ ᠬᠠᠮᠳᠤ ᠠᠵᠢᠯᠳᠠᠨ᠂ ᠰᠤᠷᠤᠭᠴᠢ ᠭᠡᠷ ᠤᠨ ᠠᠬᠠᠮᠠᠳ ᠤᠳ ᠮᠢᠨᠦ ᠠᠵᠢᠯ ᠢ ᠲᠤᠩ ᠰᠠᠶᠢᠨ ᠳᠡᠮᠵᠢᠵᠦ | ᠢᠷᠡᠭᠰᠡᠨ, ᠠᠴᠠ ᠡᠶᠢᠮᠦ ᠦᠨᠳᠦᠷ ᠢᠶᠠᠷ ᠦᠨᠡᠯᠡᠭᠳᠡᠵᠦ᠂ ᠦᠨᠦᠳᠦᠷ ᠡᠶᠢᠮᠦ ᠰᠠᠶᠢᠨ ᠢᠷᠠᠭᠤ ᠠᠯᠳᠠᠷ ᠢ | ᠬᠦᠷᠳᠡᠭᠰᠡᠨ ᠪᠠᠶᠢᠨ᠎ᠠ᠃ ᠡᠶᠢᠮᠦ ᠠᠴᠠ ᠪᠢ ᠡᠳᠡᠭᠡᠷ ᠬᠦᠮᠦᠰ ᠲᠡᠭᠡᠨ ᠪᠠᠶᠠᠷᠯᠠᠵᠦ ᠲᠠᠯᠠᠷᠬᠠᠵᠦ ᠪᠠᠶᠢᠨᠠᠭᠡᠯᠡ᠃ | ᠬᠤᠩ ᠶᠢᠩ ᠪᠠᠭᠰᠢ 1997 ᠤᠨ ᠳᠤ ᠰᠢᠯᠢ ᠶᠢᠨ ᠭᠤᠤᠯ ᠠᠶᠢᠮᠠᠭ ᠤᠨ ᠪᠠᠭᠰᠢ ᠶᠢᠨ ᠰᠤᠷᠭᠠᠭᠤᠯᠢ | ᠠᠴᠠ ᠳᠡᠭᠦᠰᠦᠭᠡᠳ ᠬᠤᠰᠢᠭᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ ᠠᠵᠢᠯᠯᠠᠭᠰᠠᠨ ᠢᠶᠠᠷ ᠤᠳᠤ | ᠬᠦᠷᠳᠡᠯ᠎ᠡ ᠨᠢᠭᠡᠨᠳᠡ 20 ᠵᠢᠯ ᠬᠡᠯᠡ ᠪᠢᠴᠢᠭ ᠤᠨ ᠪᠠᠭᠰᠢ ᠪᠠᠷ ᠠᠵᠢᠯᠯᠠᠭᠰᠠᠨ ᠪᠠ ᠠᠩᠭᠢ ᠡᠷᠬᠢᠯᠡᠭᠴᠢ ᠶᠢᠨ | ᠡᠭᠦᠷᠭᠡ ᠶᠢ ᠠᠳᠠᠯᠢᠬᠠᠨ ᠡᠭᠦᠷᠭᠡᠯᠡᠵᠦ ᠢᠷᠡᠭᠰᠡᠨ ᠪᠠᠶᠢᠨ᠎ᠠ᠃ | ᠲᠡᠷᠡ ᠠᠩᠬ᠎ᠠ ᠠᠵᠢᠯ ᠤᠨ ᠪᠠᠶᠢᠷᠢᠨ ᠳᠤ ᠭᠠᠷᠤᠭᠰᠠᠨ ᠭᠠᠯ ᠵᠠᠯᠠᠭᠤ ᠨᠠᠰᠤᠨ ᠠᠴᠠ ᠪᠠᠨ ᠰᠤᠷᠭᠠᠨ | ᠬᠦᠮᠦᠵᠢᠯ ᠤᠨ ᠹᠷᠤᠨᠲ ᠲᠤ ᠭᠠᠪᠰᠢᠭᠠᠶᠢᠯᠠᠨ ᠠᠵᠢᠯᠯᠠᠵᠦ᠂ ᠬᠢᠷᠢ ᠳᠡᠩᠴᠡᠭᠰᠡᠨ ᠰᠤᠷᠭᠠᠨ ᠬᠦᠮᠦᠵᠢᠯ ᠤᠨ ᠠᠵᠢᠯᠳᠠᠨ | ᠪᠤᠯᠬᠤ ᠪᠠᠷᠢᠮᠵᠢᠶ᠎ᠡ ᠪᠠᠷ ᠪᠡᠶ᠎ᠡ ᠪᠠᠨ ᠴᠢᠩᠭ᠎ᠠ ᠱᠠᠭᠠᠷᠳᠠᠨ᠂ ᠰᠤᠷᠤᠭᠴᠢ ᠪᠠᠭᠠᠴᠤᠳ ᠲᠤ ᠬᠠᠷᠢᠭᠤᠴᠠᠬᠤ ᠤᠪᠤᠷ ᠢᠶᠠᠷ | ᠠᠵᠢᠯ ᠢᠶᠠᠨ ᠮᠠᠰᠢ ᠨᠠᠷᠢᠨ ᠬᠢᠨᠠᠮᠠᠭᠠᠢ ᠬᠦᠢᠴᠡᠳᠭᠡᠳᠡᠭ᠃ ᠮᠦᠨᠴᠦ ᠠᠵᠢᠯ ᠤᠨ ᠳᠤᠮᠳᠠᠬᠢ ᠲᠤᠷᠰᠢᠯᠭ᠎ᠠ ᠰᠤᠷᠭᠠᠮᠵᠢ | ᠪᠠᠨ ᠨᠠᠨᠳᠢᠩᠨᠠᠨ᠂ ᠦᠪᠡᠷ ᠢ ᠪᠠᠨ ᠳᠠᠰᠤᠷᠠᠯᠳᠠ ᠦᠭᠡᠢ ᠳᠠᠪᠳᠠᠨ ᠪᠤᠯᠪᠠᠰᠤᠷᠠᠭᠤᠯᠵᠦ ᠵᠤᠷᠢᠭᠳᠠᠢ ᠠᠵᠢᠯᠯᠠᠭᠰᠠᠭᠠᠷ | ᠢᠷᠡᠵᠠᠢ᠃ ᠠᠩᠬ᠎ᠠ 2002 ᠤᠨ ᠳᠤ ᠰᠢᠯᠢ ᠶᠢᠨ ᠭᠤᠤᠯ ᠠᠶᠢᠮᠠᠭ ᠤᠨ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠳᠠ ᠶᠢᠨ ᠴᠢᠳᠠᠪᠤᠷᠢᠳᠠᠨ ᠢᠶᠠᠷ ᠦᠨᠡᠯᠡᠭᠳᠡᠭᠰᠡᠨ ᠨᠢ ᠭᠠᠯ ᠵᠠᠯᠠᠭᠤᠬᠠᠨ ᠳᠡᠬᠦᠨ ᠳᠤ ᠮᠠᠰᠢ ᠶᠡᠭᠡ | ᠤᠷᠮᠠᠰᠢᠭᠤᠯᠤᠯ ᠪᠤᠯᠵᠦ᠂ ᠤᠯᠠᠮ ᠢᠳᠡᠭᠡᠯ ᠵᠤᠷᠢᠭ ᠲᠠᠢ ᠠᠵᠢᠯᠯᠠᠨ᠂ ᠬᠦᠴᠦᠨ ᠴᠢᠳᠠᠪᠤᠷᠢ ᠪᠠᠨᠪᠠᠳᠠᠷᠠᠭᠤᠯᠬᠤ ᠪᠠᠷ | ᠤᠯᠠᠮ ᠬᠢᠴᠢᠶᠡᠨ ᠵᠢᠳᠬᠦᠵᠦ ᠢᠷᠡᠵᠠᠢ᠃ | ᠨᠡᠶᠢᠭᠡᠮ ᠤᠨ ᠬᠦᠭᠵᠢᠯᠳᠡ ᠬᠤᠪᠢᠷᠠᠯᠳᠠ ᠶᠢᠨ ᠳᠤᠮᠳᠠ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ | ᠠᠵᠢᠯ ᠤᠨ ᠶᠠᠪᠤᠴᠠ ᠳᠤ ᠬᠤᠩ ᠶᠢᠩ ᠪᠠᠭᠰᠢ ᠬᠠᠮᠳᠤ ᠪᠠᠭᠰᠢ ᠠᠵᠢᠯᠳᠠ ᠲᠠᠢ ᠪᠠᠨ ᠬᠠᠮᠳᠤᠷᠡᠠ ᠵᠢᠭᠠᠨ ᠰᠤᠳᠤᠯᠭᠠᠨ | ᠤ ᠠᠵᠢᠯ ᠳᠤ ᠢᠳᠡᠪᠬᠢᠳᠡᠢ ᠠᠵᠢᠯᠯᠠᠨ᠂ ᠬᠢᠴᠢᠶᠡᠯ ᠤᠨ ᠳᠢᠩᠬᠢᠮ ᠤᠨ ᠰᠢᠨᠡᠴᠢᠯᠡᠯᠳᠡ ᠶᠢ ᠵᠤᠷᠢᠭᠳᠠᠢᠡᠷᠢᠯᠬᠢᠯᠡᠭᠰᠡᠭᠡᠷ | ᠢᠷᠡᠵᠠᠢ᠃ 2012 ᠤᠨ ᠳᠤ ᠲᠡᠷᠡ ᠨᠠᠢᠮᠠᠨ ᠮᠤᠵᠢ ᠤᠷᠤᠨ ᠤ ᠲᠦᠷᠪᠡᠳᠦᠭᠡᠷ ᠤᠳᠠᠭᠠᠨ ᠤ ᠮᠤᠩᠭᠤᠯ ᠢᠶᠠᠷ | ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠵᠠᠯᠠᠭᠤ ᠢᠳᠡᠷ ᠪᠠᠭᠰᠢᠨᠠᠷ ᠤᠨ ᠰᠢᠨ᠎ᠠ ᠡᠬᠦᠳᠦᠯᠳᠡ ᠶᠢᠨ ᠬᠢᠴᠢᠶᠡᠯᠯᠡᠭᠡ ᠶᠢᠨ | ᠦᠵᠡᠬᠦᠯᠦᠯᠭᠡ ᠶᠢᠨ ᠰᠢᠯᠭᠠᠷᠠᠭᠤᠯᠤᠯᠳᠠ ᠳᠤ ᠮᠤᠩᠭᠤᠯ ᠬᠡᠯᠡ ᠪᠢᠴᠢᠭ ᠤᠨ ᠬᠢᠴᠢᠶᠡᠯ ᠤᠨ ᠨᠢᠭᠡᠳᠦᠭᠡᠷ ᠳᠡᠰ ᠤᠨ | ᠱᠠᠩᠨᠠᠯ ᠢ ᠲᠤᠰᠤᠭᠰᠠᠨ ᠨᠢ ᠳᠡᠬᠦᠨ ᠤ ᠬᠢᠴᠢᠶᠡᠯ ᠵᠢᠳᠬᠦᠯ ᠢ ᠳᠤᠳᠤ ᠬᠠᠷᠠᠭᠤᠯᠤᠨ᠎ᠠ᠃ | —— ᠪᠢ ᠪᠠᠭᠰᠢ ᠶᠢᠨ ᠠᠵᠢᠯ ᠳᠤ ᠳᠤᠷᠠᠳᠠᠢ᠂ ᠰᠤᠷᠤᠭᠴᠢ ᠬᠡᠤᠬᠡᠳ ᠲᠤ ᠬᠠᠶᠢᠷᠠᠳᠠᠢ ᠲᠤᠯᠠ ᠠᠩᠭᠢ ᠶᠢᠨ | ᠡᠷᠬᠢᠯᠡᠭᠴᠢ ᠶᠢᠨ ᠠᠵᠢᠯ ᠢ ᠠᠯᠳᠠᠯ ᠦᠭᠡᠢ ᠬᠢᠵᠦ ᠢᠷᠡᠭᠰᠡᠨ᠃ ᠡᠩ ᠤᠨ ᠴᠠᠭ ᠤᠨ ᠬᠢᠴᠢᠶᠡᠯ ᠪᠡᠯᠡᠳᠭᠡᠬᠦ ᠳᠤ | ᠬᠡᠤᠬᠡᠳ ᠤᠳ ᠢ ᠦᠪᠡᠷ ᠤᠨ ᠰᠠᠨᠠᠭᠠᠨ ᠠᠴᠠ ᠪᠠᠨ ᠰᠤᠷᠤᠯᠴᠠᠬᠤ᠂ ᠰᠤᠷᠤᠭᠴᠢᠳ ᠢ ᠢᠯᠡᠬᠦᠦ ᠬᠦᠳᠡᠯᠦᠩᠭᠦᠢ | ᠤᠷᠤᠯᠴᠠᠭᠤᠯᠵᠦ᠂ ᠪᠠᠭᠰᠢ ᠠᠴᠠ ᠵᠢᠯᠤᠭᠤᠳᠤᠨ ᠳᠠᠭᠠᠭᠤᠯᠤᠭᠴᠢ ᠶᠢᠨ ᠦᠢᠯᠡᠳᠦᠯ ᠢ ᠦᠵᠡᠬᠦᠯᠬᠦ ᠰᠡᠳᠬᠢᠮᠵᠢ ᠪᠠᠷ | ᠬᠢᠴᠢᠶᠡᠯ ᠢᠶᠠᠨ ᠪᠡᠯᠡᠳᠭᠡᠵᠦ ᠢᠷᠡᠭᠰᠡᠨ ᠶᠤᠮ ᠃ ᠰᠤᠷᠤᠭᠴᠢᠳ ᠴᠦ ᠡᠨᠡ ᠬᠢᠴᠢᠶᠡᠯ ᠤᠨ ᠵᠠᠭᠪᠤᠷ ᠲᠤ ᠵᠤᠬᠢᠴᠠᠵᠦ᠂ | ᠠᠮᠢᠳᠤᠯᠢᠭ ᠬᠦᠭᠵᠢᠩᠭᠦᠢ ᠪᠠᠷ ᠰᠤᠷᠤᠯᠴᠠᠬᠤ ᠤᠬᠠᠮᠰᠠᠷ ᠲᠠᠢ ᠪᠤᠯᠵᠦ ᠬᠦᠮᠦᠵᠢᠭᠳᠡᠵᠦ ᠪᠠᠶᠢᠭ᠎ᠠ᠃ | ︽ᠬᠦᠮᠦᠨ ᠪᠤᠯᠬᠤ ᠪᠠᠭᠠᠡᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ︾ ᠬᠡᠳᠡᠭ ᠢᠶᠠᠷ ᠬᠤᠩ | ᠶᠢᠩ ᠪᠠᠭᠰᠢ ᠂ ᠰᠤᠷᠤᠭᠴᠢᠳ ᠤᠨ ᠡᠷᠳᠡᠮ ᠮᠡᠳᠡᠯᠭᠡ ᠲᠠᠢ ᠬᠦᠮᠦᠨ ᠪᠤᠯᠭᠠᠨ ᠬᠦᠮᠦᠵᠢᠭᠳᠡᠬᠦ ᠠᠴᠠ ᠭᠠᠳᠠᠨ᠎ᠠ | ᠪᠤᠰᠤᠳ ᠢ ᠬᠦᠨᠳᠦᠯᠡᠬᠦ᠂ ᠠᠷᠢᠭᠤᠨ ᠴᠡᠪᠡᠷᠴᠢ ᠠᠷᠪᠢᠴᠢ ᠭᠠᠮᠳᠠᠢ᠂ ᠶᠤᠰᠤ ᠮᠤᠷᠠᠯ ᠲᠠᠢ ᠰᠠᠶᠢᠨ ᠬᠡᠤᠬᠡᠳ ᠪᠤᠯᠤᠨ | ᠬᠦᠮᠦᠵᠢᠭᠳᠡᠬᠦ ᠶᠢ ᠴᠦ ᠴᠢᠬᠤᠯᠠᠴᠢᠯᠠᠨ ᠰᠤᠷᠭᠠᠳᠠᠭ ᠪᠠᠶᠢᠨ᠎ᠠ᠃ ᠲᠡᠷᠡ ᠶᠠᠮᠠᠷ ᠠᠵᠢᠯ ᠬᠢᠭᠰᠡᠨ ᠴᠦ ᠦᠨᠡᠨᠴᠢ | ᠬᠢᠨᠠᠮᠠᠭᠠᠢ᠂ ᠦᠭᠡᠳᠡᠷᠡᠭ ᠢᠳᠡᠪᠬᠢᠳᠠᠢ ᠬᠠᠨᠳᠤᠳᠠᠭ ᠨᠢ ᠪᠠᠭᠰᠢ ᠠᠵᠢᠯᠳᠠᠳ ᠂ ᠭᠡᠷ ᠤᠨ ᠠᠬᠠᠮᠠᠳ᠂ ᠰᠤᠷᠤᠭᠴᠢᠳ | ᠤᠨ ᠬᠦᠷᠢᠶᠡᠯᠡᠯ ᠳᠠᠭᠠᠰᠢᠶᠠᠯ ᠢ ᠤᠯᠤᠭᠰᠠᠭᠠᠷ ᠢᠷᠡᠵᠠᠢ᠃ | ᠡᠳᠡᠭᠡᠷ ᠪᠦᠬᠦᠨ ᠢ ᠳᠡᠬᠦᠨ ᠤ ᠤᠯᠤᠭᠰᠠᠨ ᠢᠷᠠᠭᠤ ᠠᠯᠳᠠᠷ ᠤᠳ ᠳᠡᠬᠦᠨ ᠤ ᠡᠮᠦᠨ᠎ᠡ ᠠᠴᠠ ᠬᠡᠷᠡᠴᠢᠯᠡᠨ᠎ᠡ᠃ | ᠬᠤᠩ ᠶᠢᠩ ᠪᠠᠭᠰᠢ ᠤᠷᠢᠳ ᠬᠤᠵᠢᠳ 2006 ᠤᠨ ᠳᠤ ᠤᠯᠤᠭᠰᠠᠨ ᠪᠦᠬᠦ ᠤᠯᠤᠰ ᠤᠨ ᠪᠠᠭ᠎ᠠᠰᠤᠷᠭᠠᠭᠤᠯᠢ | ᠶᠢᠨ ᠬᠡᠯᠡ ᠪᠢᠴᠢᠭ ᠤᠨ ᠤᠩᠰᠢᠨ ᠪᠢᠴᠢᠬᠦ ᠴᠢᠳᠠᠪᠤᠷᠢ ᠶᠢᠨ ᠤᠷᠤᠯᠳᠤᠭᠠᠨ ᠳᠤ ᠵᠢᠭᠠᠨ ᠵᠢᠯᠤᠭᠤᠳᠤᠭᠰᠠᠨ | ᠰᠤᠷᠤᠭᠴᠢᠳ ᠨᠢ ᠡᠯ᠎ᠡ ᠲᠦᠷᠦᠯ ᠳᠡᠭᠡᠨ ᠰᠢᠯᠢᠳᠡᠭ ᠬᠢᠷᠢ ᠪᠦᠲᠦᠮᠵᠢ ᠶᠢ ᠤᠯᠤᠭᠰᠠᠨ ᠢᠶᠠᠷ ᠲᠡᠷᠢᠬᠦᠨ ᠤ ᠵᠢᠭᠠᠨ | ᠵᠢᠯᠤᠭᠤᠳᠤᠭᠴᠢ ᠪᠠᠭᠰᠢ ᠪᠠᠷ ᠦᠨᠡᠯᠡᠭᠳᠡᠭᠰᠡᠨ ᠪᠠ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠴᠢᠳᠠᠪᠤᠷᠢᠳᠠᠨ᠂ | ᠠᠶᠢᠮᠠᠭ ᠪᠠ ᠬᠤᠰᠢᠭᠤ ᠳᠡᠰ ᠤᠨ ᠰᠢᠯᠢᠳᠡᠭ ᠠᠩᠭᠢ ᠶᠢᠨ ᠡᠷᠬᠢᠯᠡᠭᠴᠢ ᠂ ᠬᠤᠰᠢᠭᠤ ᠳᠡᠰ ᠤᠨ ᠬᠦᠳᠡᠯᠮᠦᠷᠢ ᠶᠢᠨ | ᠵᠢᠱᠢᠶᠡᠴᠢ ᠵᠡᠷᠭᠡ ᠬᠤᠪᠢ ᠬᠦᠮᠦᠨ ᠤ ᠱᠠᠩᠨᠠᠯ ᠬᠦᠬᠢᠬᠦᠯᠦᠯ ᠢ ᠤᠯᠠᠨᠳᠠ ᠬᠦᠷᠳᠡᠭᠰᠡᠨ ᠪᠠᠷ ᠪᠠᠷᠠᠬᠤ ᠦᠭᠡᠢ᠂ ᠳᠡᠬᠦᠨ | ᠤ ᠠᠩᠭᠢ ᠨᠢᠭᠡᠴᠠ ᠨᠢ ᠴᠦ ᠠᠶᠢᠮᠠᠭ ᠤᠨ ᠳᠡᠰ ᠤᠨ ᠰᠢᠯᠢᠳᠡᠭ ᠠᠩᠭᠢ ᠨᠢᠭᠡᠴᠠ᠂ ᠬᠤᠰᠢᠭᠤ ᠳᠡᠰ ᠤᠨ ᠰᠢᠯᠢᠳᠡᠭ | ᠳᠤᠮᠳᠠ ᠠᠩᠭᠢ ᠵᠡᠷᠭᠡ ᠤᠯᠠᠨ ᠱᠠᠩᠨᠠᠯ ᠤᠳ ᠢ ᠠᠷᠦ ᠠᠷᠦ ᠠᠴᠠ ᠬᠦᠷᠳᠡᠭᠰᠡᠨ ᠶᠤᠮ᠃ ᠭᠠᠭᠴᠠ ᠦᠨᠦ ᠵᠢᠯ ᠢ | ᠶᠠᠷᠢᠬᠤ ᠳᠤ ᠬᠤᠩ ᠶᠢᠩ ᠪᠠᠭᠰᠢ ᠳᠤ ᠲᠤᠩ ᠤᠯᠵᠠ ᠤᠮᠤᠭ ᠲᠠᠢ ᠵᠢᠯ ᠪᠠᠶᠢᠵᠦ᠂ 5 ᠰᠠᠷ᠎ᠠ ᠳᠤ ᠠᠶᠢᠮᠠᠭ ᠤᠨ ᠳᠡᠰ | ᠤᠨ ᠬᠢᠴᠢᠶᠡᠯ ᠬᠦᠮᠦᠵᠢᠯ ᠤᠨ ᠳᠠᠭᠠᠭᠤᠯᠤᠭᠴᠢ ᠪᠠᠭᠰᠢ ᠪᠠᠷ ᠰᠢᠯᠭᠠᠷᠠᠵᠦ᠂ ᠰᠠᠶ᠋ᠢᠬᠠᠨ ᠪᠠᠰᠠ ᠤᠷᠤᠨ ᠤ ᠳᠡᠰ ᠤᠨ | ᠰᠢᠯᠢᠳᠡᠭ ᠪᠠᠭᠰᠢ ᠶᠢᠨ ᠨᠠᠷᠡᠰ ᠲᠤ ᠵᠢᠭᠰᠠᠭᠳᠠᠭᠰᠠᠨ ᠰᠠᠶᠢᠬᠠᠨ ᠢᠷᠠᠭᠤ ᠠᠯᠳᠠᠷ ᠶᠢ ᠬᠦᠷᠳᠡᠨ᠂ ᠰᠤᠷᠭᠠᠭᠤᠯᠢ ᠳᠠᠭᠠᠨ | ᠦᠩᠭᠡ ᠬᠡᠷᠡᠯ ᠨᠡᠮᠡᠷᠢᠯᠡᠵᠦ᠂ ᠬᠠᠮᠳᠤ ᠠᠵᠢᠯᠯᠠᠭᠰᠠᠳ ᠤᠨ ᠢᠶᠠᠨ ᠪᠠᠭ᠋ᠠᠷᠬᠠᠯ ᠳᠠᠭᠠᠰᠢᠶᠠᠯ ᠢ ᠤᠯᠤᠭᠰᠠᠨ ᠪᠠᠶᠢᠨ᠎ᠠ᠃ | ᠬᠤᠰᠢᠭᠤ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠮᠦᠷᠡᠨᠳᠡᠬᠦᠰ ᠡᠶᠢᠨᠬᠦ ᠦᠨᠡᠯᠡᠵᠦ ᠶᠠᠷᠢᠯ᠎ᠠ | ᠄ | —— ᠬᠤᠩ ᠶᠢᠩ ᠪᠠᠭᠰᠢ ᠶᠢᠨ ᠬᠠᠷᠢᠭᠤᠴᠠᠯᠭ᠎ᠠ ᠦᠨᠳᠦᠷ᠂ ᠦᠪᠡᠷ ᠢ ᠪᠠᠨ ᠮᠠᠰᠢ ᠴᠢᠩᠭ᠎ᠠ | ᠱᠠᠭᠠᠷᠳᠠᠵᠦ᠂ ᠲᠤᠬᠠᠶᠢᠯᠠᠭᠰᠠᠨ ᠠᠵᠢᠯ ᠤᠨ ᠪᠠᠨ ᠲᠠᠯ᠎ᠠ ᠪᠠᠷ ᠶᠡᠭᠡ ᠳᠡᠳᠮᠠᠭᠠᠢ ᠰᠠᠶᠢᠨ ᠪᠠᠭᠰᠢ ᠶᠤᠮ᠃ ᠮᠦᠨᠴᠦ | ᠤᠳᠤ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠳᠡ ᠳᠤ ᠬᠠᠨᠳᠤᠨ ᠦᠪᠡᠷ ᠤᠨ ᠭᠡᠬᠦ ᠤᠷᠤᠯᠳᠤᠯᠭ᠎ᠠ | ᠰᠦᠪᠡᠭᠴᠢᠯᠡᠯ ᠲᠠᠢ ᠰᠢᠯᠢᠳᠡᠭ ᠪᠠᠭᠰᠢ ᠶᠤᠮ ᠭᠡᠵᠦ ᠪᠢᠳᠠᠨ ᠳᠤ ᠶᠠᠷᠢᠵᠦ ᠪᠠᠶᠢᠯ᠎ᠠ᠃ | —— ᠮᠠᠨ ᠤ ᠪᠠᠭ᠎ᠠᠰᠤᠷᠭᠠᠭᠤᠯᠢ ᠶᠢᠨ ᠪᠠᠭᠰᠢ ᠶᠢᠨ ᠠᠵᠢᠯ ᠪᠤᠯ ᠠᠯᠢᠪᠠ ᠮᠡᠳᠡᠯᠭᠡ ᠶᠢᠨ ᠰᠠᠭᠤᠷᠢ | ᠶᠢ ᠨᠢ ᠲᠠᠯᠪᠢᠳᠠᠭ ᠂ ᠲᠡᠷᠡ ᠮᠦᠷᠳᠡᠭᠡᠨ ᠬᠦᠮᠦᠨ ᠪᠤᠯᠬᠤ ᠶᠤᠰᠤ ᠶᠢ ᠴᠦ ᠬᠦᠮᠦᠵᠢᠬᠦᠯᠳᠡᠭ ᠲᠤᠶᠢᠯ ᠤᠨ ᠴᠢᠬᠤᠯᠠ | ᠰᠠᠭᠤᠷᠢ ᠰᠤᠷᠭᠠᠨ ᠬᠦᠮᠦᠵᠢᠯ ᠶᠤᠮ᠃ ᠡᠶᠢᠮᠦ ᠠᠴᠠ ᠨᠢᠭᠡᠳᠦᠭᠡᠷ ᠤᠨ ᠳᠤ ᠢᠷᠡᠬᠦ ᠰᠤᠷᠤᠭᠴᠢᠳ ᠠᠴᠠ ᠡᠬᠢᠯᠡᠭᠡᠳ | ᠪᠢᠳᠠ ᠨᠢᠬᠡᠨ ᠵᠦᠪ ᠮᠤᠩᠭᠤᠯ ᠬᠡᠤᠬᠡᠳ ᠢ ᠬᠦᠮᠦᠵᠢᠬᠦᠯᠬᠦ ᠪᠠᠷ ᠴᠢᠷᠮᠠᠶᠢᠵᠦ᠂ ᠮᠤᠩᠭᠤᠯ ᠦᠨᠳᠦᠰᠦᠳᠡᠨ ᠤ ᠪᠠᠨ | ᠰᠠᠶᠢᠨ ᠰᠠᠶᠢᠬᠠᠨ ᠵᠠᠩ ᠵᠠᠩᠰᠢᠯ ᠢ ᠤᠯᠠᠮᠵᠢᠯᠠᠨ ᠬᠦᠮᠦᠵᠢᠬᠦᠯᠵᠦ᠂ ᠬᠤᠵᠢᠮ ᠬᠤᠶᠢᠰᠢᠳᠠ ᠨᠤᠳᠤᠭ ᠤᠷᠤᠨ ᠳᠠᠭᠠᠨ | ᠬᠡᠷᠡᠭᠴᠡᠭᠡ ᠲᠠᠢ᠂ ᠨᠡᠶᠢᠭᠡᠮ ᠨᠡᠶᠢᠳᠡ ᠳᠤ ᠬᠡᠷᠡᠭᠴᠡᠭᠡ ᠲᠠᠢ ᠴᠢᠳᠠᠪᠤᠷᠢᠳᠠᠨ ᠪᠤᠯᠭᠠᠬᠤ ᠪᠠᠷ ᠵᠤᠷᠢᠵᠦ ᠶᠠᠪᠤᠳᠠᠭ ᠭᠡᠵᠦ | ᠬᠤᠩ ᠶᠢᠩ ᠪᠠᠭᠰᠢ ᠪᠢᠳᠠᠨ ᠤ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠭᠰᠠᠨ ᠶᠤᠮ᠃ | ︽ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠭᠡᠢ︾ ᠭᠡᠳᠡᠭᠢ ᠬᠤᠩ ᠶᠢᠩ ᠪᠠᠭᠰᠢ ᠪᠠᠲᠦ ᠢᠳᠡᠭᠡᠳᠡᠭ᠃ | ᠡᠳᠡᠭᠡᠷ ᠢᠷᠠᠭᠤ ᠠᠯᠳᠠᠷ ᠤᠨᠠᠷᠤ ᠳᠤ ᠳᠡᠬᠦᠨ ᠤ ᠤᠯᠠᠨ ᠡᠳᠦᠷ ᠤᠨ ᠬᠢᠴᠢᠶᠡᠨ ᠴᠢᠷᠮᠠᠶᠢᠯᠭᠠᠨᠢᠭᠤᠭᠳᠠᠵᠦ | ᠪᠠᠶᠢᠬᠤ ᠨᠢ ᠯᠠᠪᠳᠠᠢ ᠶᠤᠮ᠃ ᠰᠤᠷᠭᠠᠨ ᠬᠦᠮᠦᠵᠢᠯ ᠤᠨ ᠦᠢᠯᠡᠰ ᠲᠤ ᠦᠪᠡᠷ ᠤᠨ ᠭᠡᠬᠦ ᠬᠤᠪᠢ ᠨᠡᠮᠡᠷᠢ ᠪᠠᠨ | ᠦᠵᠡᠬᠦᠯᠬᠦ ᠪᠠᠷ ᠰᠢᠮᠳᠠᠵᠦ᠂ ᠬᠤᠶᠠᠷ ᠦᠭᠡᠢ ᠰᠡᠳᠬᠢᠯ ᠢ ᠪᠠᠷᠢᠵᠦ ᠴᠢᠷᠮᠠᠶᠢᠨ ᠠᠵᠢᠯᠯᠠᠭᠰᠠᠨ ᠲᠡᠷᠡᠨ ᠤ ᠬᠦᠰᠡᠯ | ᠴᠢᠷᠮᠠᠶᠢᠯᠭ᠎ᠠ ᠨᠢ ᠲᠠᠯᠠᠭᠠᠷ ᠪᠤᠯᠤᠭᠰᠠᠨ ᠦᠭᠡᠢ᠃ | ᠰᠤᠷᠭᠠᠨ ᠬᠦᠮᠦᠵᠢᠬᠦᠯᠬᠦ ᠠᠭᠤᠤ ᠶᠡᠭᠡᠠᠵᠢᠯ ᠤᠨ ᠪᠠᠶᠢᠷᠢᠨ ᠳᠤ ᠤᠯᠠᠨ ᠪᠠᠭᠰᠢ ᠠᠵᠢᠯᠳᠠᠨ ᠰᠢᠨᠳᠠᠷᠠᠰᠢ | ᠦᠭᠡᠢ ᠵᠤᠷᠢᠭ ᠢᠶᠠᠷ ᠦᠪᠡᠷ ᠦᠪᠡᠷ ᠤᠨ ᠬᠤᠪᠢ ᠨᠡᠮᠡᠷᠢ ᠪᠠᠨ ᠦᠵᠡᠬᠦᠯᠵᠦ ᠶᠠᠪᠤᠭ᠎ᠠ ᠨᠢ ᠳᠠᠮᠵᠢᠭ ᠦᠭᠡᠢ ᠶᠤᠮ᠂ | ᠢᠷᠡᠭᠡᠳᠦᠢ ᠪᠤᠯᠤᠭᠰᠠᠨ ᠪᠠᠭᠠᠴᠤᠳ ᠲᠤ ᠦᠨᠳᠦᠷ ᠠᠴᠠ ᠦᠨᠳᠦᠷ ᠲᠤ ᠳᠡᠬᠦᠯᠢᠨ ᠨᠢᠰᠬᠦ ᠲᠠᠯᠠᠪᠴᠢ ᠶᠢ ᠨᠢ | ᠪᠦᠲᠦᠭᠡᠬᠦ ᠪᠠᠷ ᠴᠢᠷᠮᠠᠶᠢᠨ ᠵᠢᠳᠬᠦᠵᠦ ᠪᠠᠶᠢᠭ᠎ᠠ ᠠᠷᠠᠳ ᠤᠨ ᠪᠠᠭᠰᠢ ᠳᠠᠭᠠᠨ ᠪᠠᠶᠠᠷᠯᠠᠨ ᠲᠠᠯᠠᠷᠬᠠᠵᠦ᠂ ᠡᠬᠡ ᠤᠷᠤᠨ | ᠳᠠᠭᠠᠨ ᠨᠠᠩ ᠤᠯᠠᠨ ᠰᠢᠯᠢᠳᠡᠭ ᠴᠡᠷᠢᠭ ᠬᠦᠮᠦᠵᠢᠬᠦᠯᠬᠦ ᠶᠢ ᠬᠦᠰᠡᠵᠦ ᠪᠠᠶᠢᠨ᠎ᠠ᠃ ᠮᠦᠨ ᠴᠦ ᠤᠯᠠᠨ ᠤᠯᠠᠨ | ᠰᠢᠯᠢᠳᠡᠭ ᠪᠠᠭᠰᠢ ᠦᠷᠢᠰᠦᠯᠳᠦᠨ ᠳᠤᠳᠤᠷᠠᠵᠦ᠂ ᠰᠤᠷᠭᠠᠨ ᠬᠦᠮᠦᠵᠢᠯ ᠤᠨ ᠦᠢᠯᠡᠰ ᠤᠨ ᠬᠠᠷᠭᠤᠢ ᠤᠯᠠᠮ ᠦᠭᠡᠳᠡ | ᠪᠠᠨ ᠪᠠᠶᠢᠬᠤ ᠵᠢᠬᠦ᠋ᠰᠡᠨ ᠵᠦᠩᠨᠡᠶ᠎ᠡ︕ | ᠪᠦᠬᠦ ᠪᠠᠭᠰᠢ ᠠᠵᠢᠯᠳᠠᠨ ᠳᠠᠭᠠᠨ ︽9.10︾ ᠪᠠᠭᠰᠢ ᠶᠢᠨ ᠪᠠᠶᠠᠷ ᠤᠨ ᠮᠡᠨᠳᠦ ᠬᠦᠷᠭᠡᠶ᠎ᠡ︕ |