ᠠᠪᠠᠭ᠎ᠠ ᠬᠤᠰᠢᠭᠤᠨ ᠳᠤ ᠬᠤᠨᠢᠨ ᠤ ᠦᠢᠯᠡᠰ ᠤᠨ ᠠᠮᠢ ᠠᠬᠤᠢ ᠶᠢᠨ ᠰᠠᠭᠤᠷᠢᠨ ᠭᠠᠵᠡᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/9/20
          9 ᠰᠠᠷ᠎ᠠ ᠶᠢᠨ 16᠎ ᠤ ᠡᠳᠦᠷ᠂ ᠦᠪᠦᠷ ᠮᠤᠩᠭᠤᠯ ᠤᠨ ᠡᠷᠳᠡᠨᠢ ᠬᠤᠨᠢᠨ ᠤ ᠦᠢᠯᠡᠰ ᠤᠨ ᠬᠤᠪᠢᠴᠠᠭᠠᠳᠤ ᠬᠢᠵᠠᠭᠠᠷᠳᠤ ᠺᠤᠮᠫᠠᠨᠢ ᠶᠢᠨ ᠠᠪᠠᠭ᠎ᠠ ᠬᠤᠰᠢᠭᠤᠨ ᠳᠠᠬᠢ ᠠᠮᠢ ᠠᠬᠤᠢ ᠶᠢᠨ ᠰᠠᠭᠤᠷᠢᠨ ᠭᠠᠵᠡᠷ ᠵᠢᠩᠬᠢᠨᠢ ᠎ ᠪᠠᠷ ᠪᠠᠶᠢᠭᠤᠯᠤᠭᠳᠠᠵᠦ ᠠᠰᠢᠭᠯᠠᠯᠳᠠ ᠳᠤ ᠤᠷᠤᠪᠠ᠃           ᠳᠤᠰ ᠠᠮᠢ ᠠᠬᠤᠢ ᠶᠢᠨ ᠰᠠᠭᠤᠷᠢᠨ ᠭᠠᠵᠠᠷ ᠪᠤᠯ ᠦᠪᠦᠷ ᠮᠤᠩᠭᠤᠯ ᠤᠨ ᠡᠷᠳᠡᠨᠢ ᠬᠤᠨᠢᠨ ᠤ ᠦᠢᠯᠡᠰ ᠎ ᠤᠨ ᠬᠤᠪᠢᠴᠠᠭᠠᠳᠤ ᠬᠠᠷᠢᠭᠤᠴᠠᠯᠭᠠᠳᠤ ᠺᠤᠮᠫᠠᠨᠢ ᠶᠢᠨ ᠪᠦᠳᠦᠬᠡᠨ ᠪᠠᠶᠢᠭᠤᠯᠤᠯᠳᠠ ᠶᠢᠨ ᠨᠢᠬᠡᠳᠦᠬᠡᠷ ᠬᠤᠭᠤᠴᠠᠭᠠᠨ ᠤ ᠰᠠᠭᠤᠷᠢᠨ ᠭᠠᠵᠠᠷ ᠪᠠᠶᠢᠵᠦ᠂ ᠡᠸᠦᠷᠦ᠋ᠫᠠ ᠶᠢᠨ ᠬᠤᠯᠪᠤᠭᠠᠨ ᠤ ᠪᠠᠷᠢᠮᠵᠢᠶ᠎ᠠ ᠲᠦᠯᠦᠪᠯᠡᠯᠭᠡ ᠶᠢᠨ ᠳᠠᠭᠠᠤ ᠪᠠᠷᠢᠯᠭ᠎ᠠ ᠶᠢ ᠪᠠᠶᠢᠭᠤᠯᠵᠦ᠂ ᠦᠬᠡᠷ ᠬᠤᠨᠢ ᠠᠯᠠᠵᠦ ᠨᠢᠳᠤᠯᠠᠵᠦ ᠡᠳ᠋ᠰᠢᠬᠦᠯᠦᠨ ᠪᠤᠯᠪᠠᠰᠤᠷᠠᠭᠤᠯᠬᠤ᠂ ᠢᠳᠡᠬᠡᠨ ᠤᠮᠳᠠᠭᠠᠨ ᠵᠤᠭ᠎ᠠ ᠴᠡᠩᠬᠡᠯ ᠪᠠ ᠤᠷᠠᠨ ᠰᠠᠶᠢᠬᠠᠨ ᠢ ᠨᠢᠬᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷ ᠲᠠᠢ ᠲᠦᠪ ᠪᠤᠯᠬᠤ ᠶᠤᠮ᠃          ᠡᠷᠳᠡᠨᠢ ᠠᠪᠠᠭ᠎ᠠ ᠬᠤᠰᠢᠭᠤᠨ ᠳᠠᠬᠢ ᠠᠮᠢ ᠠᠬᠤᠢ ᠶᠢᠨ ᠰᠠᠭᠤᠷᠢᠨ ᠭᠠᠵᠠᠷ ᠨᠢ ᠨᠡᠶᠢᠳᠡ 9800 ᠲᠦᠮᠡᠨ ᠳᠦᠬᠦᠷᠢᠭ ᠤᠨ ᠪᠡᠯᠡ ᠤᠷᠤᠭᠤᠯᠵᠦ᠂ ᠶᠡᠷᠦᠩᠬᠡᠢ ᠪᠠᠷᠢᠯᠭ᠎ᠠ ᠶᠢᠨ ᠳᠠᠯᠠᠪᠠᠢ ᠨᠢ 20000 ᠬᠠᠪᠳᠠᠭᠠᠢ ᠳᠦᠷᠪᠡᠯᠵᠢᠨ ᠮᠧᠲᠷ ᠪᠠᠶᠢᠵᠦ᠂ ᠡᠬᠦᠨ ᠤ ᠳᠤᠳᠤᠷ᠎ᠠ ᠬᠤᠨᠢ ᠦᠬᠡᠷ ᠢ ᠠᠯᠠᠵᠦ ᠨᠢᠳᠤᠯᠠᠬᠤ ᠦᠢᠯᠡᠳᠪᠤᠷᠢ ᠶᠢᠨ ᠳᠠᠰᠤᠭ 13165 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠶᠢ ᠡᠵᠡᠯᠡᠵᠦ᠂ ᠵᠢᠯ  ᠎ ᠳᠤ45 ᠲᠦᠮᠡᠨ ᠬᠤᠨᠢ᠂ 2 ᠲᠦᠮᠡᠨ ᠦᠬᠡᠷ ᠢ ᠠᠯᠠᠵᠦ ᠨᠢᠳᠤᠯᠬᠤ ᠴᠢᠳᠠᠪᠤᠷᠢ ᠲᠠᠢ᠃ ᠰᠠᠭᠤᠷᠢᠨ ᠭᠠᠵᠠᠷ ᠳᠠᠬᠢ ᠬᠤᠯᠢᠰᠢᠨ ᠢᠳᠡᠬᠡᠨ ᠤ ᠦᠢᠯᠡᠳᠪᠤᠷᠢ ᠶᠢᠨ ᠳᠠᠰᠤᠭ ᠨᠢ 260 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠶᠢ ᠡᠵᠡᠯᠡᠵᠦ᠂ ᠭᠤᠤᠯᠳᠠᠭᠤ ᠦᠬᠡᠷ ᠤᠨ ᠬᠠᠳᠠᠭᠰᠠᠨ ᠮᠢᠬ᠎ᠠ᠂ ᠰᠢᠷᠠᠭᠰᠠᠨ ᠬᠤᠨᠢᠨ ᠤ ᠬᠠ ᠵᠡᠷᠬᠡ ᠶᠢ ᠡᠳ᠋ᠰᠢᠬᠦᠯᠦᠨ ᠪᠤᠯᠪᠠᠰᠤᠷᠠᠭᠤᠯᠤᠨ᠎ᠠ᠃ ᠡᠬᠦᠨ ᠤ ᠬᠠᠮᠳᠤ 3800 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ ᠳᠠᠯ᠎ᠠ ᠨᠤᠳᠤᠭ ᠤᠨ ᠰᠤᠶᠤᠯ ᠵᠢᠭᠤᠯᠴᠢᠯᠠᠯ ᠤᠨ ᠳᠦᠪ ᠢ ᠳᠦᠰᠦᠪᠯᠡᠨ ᠪᠠᠶᠢᠭᠤᠯᠵᠦ᠂ ᠢᠳᠡᠬᠡᠨ ᠤᠮᠳᠠᠭᠠᠨ ᠵᠤᠭ᠎ᠠ ᠴᠡᠩᠭᠡᠯ ᠪᠠ ᠳᠠᠯ᠎ᠠ ᠨᠤᠳᠤᠭ ᠎ ᠤᠨ ᠰᠤᠶᠤᠯ ᠤᠷᠠᠨ ᠰᠠᠶᠢᠬᠠᠨ ᠢ ᠠᠭᠤᠰᠬᠠᠠᠨ ᠨᠢᠬᠡᠳᠦᠬᠦᠯᠦᠭᠰᠡᠨ ᠪᠠᠶᠢᠨ᠎ᠠ᠃           ᠡᠬᠦᠨ ᠠᠴᠠ ᠭᠠᠳᠠᠨ᠎ᠠ᠂ ᠡᠷᠳᠡᠨᠢ ᠰᠠᠭᠤᠷᠢᠨ ᠭᠠᠵᠠᠷ ᠨᠢ 30 ᠲᠦᠮᠡ ᠶᠢᠨ ᠳᠡᠰᠳᠦ ︵ᠡᠮ ᠤᠨ ᠵᠦᠢᠯ ᠢ ᠦᠢᠯᠡᠳᠪᠤᠷᠢᠯᠡᠬᠦ ᠠᠵᠦ ᠠᠬᠤᠶᠢᠯᠠᠯ ᠤᠨ ᠪᠠᠷᠢᠮᠵᠢᠶ᠎ᠠ︶ ᠴᠡᠪᠡᠷᠰᠢᠬᠦᠯᠬᠦ ᠦᠢᠯᠡᠳᠪᠤᠷᠢ ᠶᠢᠨ ᠳᠠᠰᠤᠭ ᠲᠠᠢ ᠪᠠᠶᠢᠵᠦ᠂ ᠳᠤᠨᠤᠭ ᠳᠦᠬᠦᠬᠡᠷᠦᠮᠵᠢ ᠶᠢ ᠭᠧᠷᠮᠠᠨ᠂ ᠰᠸᠢᠰ ᠵᠡᠷᠬᠡ ᠤᠯᠤᠰ ᠠᠴᠠ ᠤᠷᠤᠭᠤᠯᠵᠦ᠂ ᠤᠯᠤᠰ ᠤᠨ ᠳᠣᠳᠤᠭᠠᠳᠤᠬᠢ ᠠᠳᠠᠯᠢ ᠲᠦᠷᠦᠯ  ᠎ ᠤᠨ ᠠᠵᠦ ᠦᠢᠯᠡᠰ ᠤᠨ ᠲᠡᠷᠢᠬᠦᠨ ᠤ ᠬᠢᠷᠢ ᠳᠦᠪᠰᠢᠨ ᠳᠤ ᠬᠦᠷᠴᠦ ᠪᠠᠶᠢᠭ᠎ᠠ ᠶᠤᠮ᠃           ᠳᠤᠰ ᠰᠠᠭᠤᠷᠢᠨ ᠭᠠᠵᠡᠷ ᠨᠢ ᠮᠠᠨ ᠤ ᠬᠤᠰᠢᠭᠤ ᠵᠠᠰᠠᠭ ᠤᠨ ᠤᠷᠳᠤᠨ ᠤ ᠭᠤᠤᠯᠳᠠᠯᠭᠠᠳᠡᠢ ᠳᠡᠮᠵᠢᠨ ᠳᠡᠳᠬᠦᠬᠦ ᠲᠦᠷᠦᠯ ᠵᠦᠢᠯ ᠪᠠᠶᠢᠵᠤ᠂ ᠤᠯᠤᠰ ᠤᠨ ᠤᠨᠤᠪᠴᠢᠳᠡᠢ ᠳᠡᠳᠬᠦᠬᠦ ᠤᠷᠢᠶᠠᠯᠠᠭ᠎ᠠ ᠶᠢ ᠳᠠᠭᠠᠵᠤ᠂ ᠮᠠᠨ ᠤ ᠬᠤᠰᠢᠭᠤᠨ ᠤ ᠭᠠᠵᠡᠷ ᠤᠷᠤᠨ ᠤ ᠠᠵᠤ ᠠᠬᠤᠢ ᠶᠢᠨ ᠬᠦᠭᠵᠢᠯᠳᠡ ᠪᠤᠯᠤᠨ ᠳᠡᠯ᠎ᠡ ᠨᠤᠳᠤᠭ ᠤᠨ ᠬᠤᠨᠢ ᠦᠬᠡᠷ ᠤᠨ ᠮᠢᠬᠠᠨ ᠤ ᠠᠵᠤ ᠦᠢᠯᠡᠰᠴᠢᠯᠡᠭᠰᠡᠨ ᠬᠦᠭᠵᠢᠯᠳᠡ ᠶᠢ ᠠᠬᠢᠭᠤᠯᠬᠤ ᠳᠤ ᠠᠰᠢᠭᠳᠡᠢ ᠶᠤᠮ᠃          ᠳᠤᠰ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠠᠵᠢᠯ ᠤᠯᠭᠤᠯᠳᠠ ᠶᠢᠨ ᠬᠦᠮᠦᠨ ᠤ ᠳᠤᠭ᠎ᠠ ᠶᠢ 230 ᠢᠯᠡᠬᠦᠦ ᠨᠡᠮᠡᠭᠳᠡᠬᠦᠯᠬᠦ ᠪᠠᠷ ᠪᠠᠷᠠᠬᠤ ᠦᠭᠡᠢ᠂ ᠮᠠᠯᠴᠢᠳ ᠤᠨ ᠤᠷᠤᠯᠭ᠎ᠠ ᠶᠢ ᠶᠡᠭᠡ ᠪᠠᠷ ᠨᠡᠮᠡᠭᠳᠡᠬᠦᠯᠵᠦ᠂ ᠬᠤᠯᠪᠤᠭ᠎ᠠ ᠠᠵᠦ ᠠᠵᠦ ᠦᠢᠯᠡᠰ ᠤᠨ ᠬᠦᠭᠵᠢᠯᠳᠡ ᠶᠢ ᠳᠠᠶᠢᠴᠢᠯᠠᠬᠤ ᠪᠤᠯᠤᠨ᠎ᠠ᠃
 
ᠢᠷᠡᠯᠲᠡ᠄ ᠬᠠᠰᠭᠤᠸ᠎ᠠ ᠵᠤᠯᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号