ᠮᠠᠨ ᠤ ᠬᠤᠰᠢᠭᠤ ︽ᠬᠤᠶᠠᠷ ᠢ ᠰᠤᠷᠤᠯᠴᠠᠨ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢ ᠬᠦᠨᠵᠡᠭᠡᠢ ᠠᠬᠢᠭᠤᠯᠬᠤ ᠶᠠᠷᠢᠶ᠎ᠠ ᠢᠯᠡᠳᠬᠡᠯ ᠤᠨ ᠤᠷᠤᠯᠳᠤᠭᠠᠨ ᠬᠢᠭᠰᠡᠨ
ᠨᠡᠶᠢᠲᠡᠯᠡᠭᠰᠡᠨ ᠴᠠᠭ᠄
2017/9/7
            9 ᠰᠠᠷᠠᠶᠢᠨ 5 ᠡᠳᠦᠷ᠂ ᠮᠠᠨ ᠤ ᠬᠤᠰᠢᠭᠤᠨ ᠤ ︽ᠬᠤᠶᠠᠷ ᠢ ᠰᠤᠷᠤᠯᠴᠠᠨ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢ ᠬᠦᠨᠵᠡᠭᠡᠢ ᠠᠬᠢᠭᠤᠯᠬᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠬᠤᠰᠢᠭᠤ ᠮᠤᠩᠭᠤᠯ ᠳᠤᠮᠳᠠᠳᠦ ᠰᠤᠷᠭᠠᠭᠤᠯᠢ ᠳᠤ ᠶᠠᠪᠤᠭᠳᠠᠭᠰᠠᠨ ᠪᠠᠶᠢᠨ᠎ᠠ᠃             ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠩ ᠢᠤᠢ ᠱᠠᠨ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠪᠤᠯᠤᠳᠪᠠᠭᠠᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠢᠤᠢ ᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠸᠠᠩ ᠴᠢ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠯᠢᠤ ᠰᠢᠶᠤᠤ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠭᠧ ᠶᠥᠩ ᠵᠢᠶᠦ᠋ᠨ ᠵᠢᠴᠢ ᠪᠦᠬᠦ ᠬᠤᠰᠢᠭᠤᠨ ᠤ 110 ᠠᠯᠪᠠᠨ ᠪᠠᠶᠢᠭᠤᠯᠤᠯᠭ᠎ᠠ ᠨᠠᠮ ᠤᠨ ᠡᠭᠦᠷ ᠨᠡᠶᠢᠳᠡ 300 ᠭᠠᠷᠤᠢ ᠨᠠᠮ ᠤᠨ ᠭᠡᠰᠢᠬᠦᠨ ᠤᠷᠤᠯᠳᠤᠭᠠᠨ ᠤ ᠪᠦᠬᠦ ᠶᠠᠪᠤᠴᠠ ᠶᠢ ᠰᠤᠨᠢᠷᠬᠠᠵᠠᠢ᠃ᠲᠤᠰ ᠤᠳᠠᠭᠠᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠨᠢ ︽ᠬᠤᠶᠠᠷ ᠢ ᠰᠤᠷᠤᠯᠴᠠᠨ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢ ᠬᠦᠨᠵᠡᠭᠡᠢ ᠠᠬᠢᠭᠤᠯᠬᠤ ᠭᠤᠤᠯ ᠰᠡᠳᠦᠪ ᠤᠨ ᠲᠤᠭᠤᠷᠢᠨ ᠳᠤ ᠶᠠᠪᠤᠭᠳᠠᠵᠦ᠂ ᠤᠷᠤᠯᠳᠤᠭᠠᠨ ᠳᠤ ᠤᠷᠤᠯᠴᠠᠭᠰᠠᠳ ᠰᠡᠳᠬᠢᠯ ᠬᠦᠳᠡᠯᠭᠡᠮ᠎ᠡ ᠶᠠᠷᠢᠶ᠎ᠠ ᠢᠯᠡᠳᠭᠡᠯ ᠪᠠᠷ ᠢᠶᠠᠨ ᠳᠠᠮᠵᠢᠨ᠂ ︽ᠬᠤᠶᠠᠷ ᠢ ᠰᠤᠷᠤᠯᠴᠠᠨ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢᠨ ᠤᠶᠢᠯᠠᠭᠠᠯᠳᠠ ᠲᠦᠷᠦᠭᠳᠡᠯ ᠢᠶᠠᠨ ᠢᠯᠡᠳᠭᠡᠵᠦ᠂ ᠨᠢᠭᠡᠨ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠬᠤ ᠶᠢ ᠰᠡᠳᠬᠢᠯ ᠤᠨ ᠤᠭ ᠠᠴᠠ ᠪᠠᠨ ᠪᠠᠭ᠋ᠠᠷᠬᠠᠨ ᠶᠠᠷᠢᠵᠦ ᠪᠠᠶᠢᠯ᠎ᠠ᠃ ᠦᠨᠳᠦᠰᠦᠨ ᠱᠠᠳᠤᠨ ᠤ ᠨᠠᠮ ᠤᠨ ᠬᠡᠰᠢᠬᠦᠨ ᠺᠠᠳᠠᠷ ᠢ ᠠᠵᠢᠯ ᠤᠨ ᠪᠠᠶᠢᠷᠢ ᠪᠠᠨ ᠴᠢᠩᠭ᠎ᠠ ᠰᠠᠬᠢᠨ᠂ ᠬᠦᠴᠢᠷ ᠪᠡᠷᠭᠡ ᠠᠴᠠ ᠬᠠᠯᠠᠰᠢᠷᠠᠬᠤ ᠦᠭᠡᠢ᠂ ᠬᠦᠴᠦᠨ ᠴᠢᠳᠠᠯ ᠬᠤᠪᠢ ᠨᠡᠮᠡᠷᠢ ᠪᠠᠨ ᠬᠠᠷᠠᠮ ᠦᠭᠡᠢ ᠵᠤᠷᠢᠭᠤᠯᠬᠤ ᠠᠵᠢᠯ ᠤᠨ ᠤᠪᠤᠷ ᠰᠤᠷᠳᠠᠯ ᠢ ᠦᠨᠡᠨᠬᠦ ᠰᠡᠳᠬᠢᠯ ᠬᠦᠳᠡᠯᠭᠡᠳᠡᠯ᠎ᠡ ᠦᠬᠦᠯᠡᠵᠦ᠂ ᠦᠷ᠎ᠡ ᠪᠦᠲᠦᠮᠵᠢ ᠪᠠᠨ ᠰᠢᠯᠭᠠᠨ ᠪᠠᠶᠢᠴᠠᠭᠠᠵᠦ᠂ ᠬᠠᠷᠢᠯᠴᠠᠨ ᠳᠤᠷᠰᠢᠯᠭ᠎ᠠ ᠰᠤᠯᠢᠯᠴᠠᠵᠦ᠂ ᠬᠦᠴᠦᠨ ᠢᠶᠠᠨ ᠬᠠᠮᠳᠤᠳᠬᠠᠨ ᠠᠵᠢᠯ ᠢᠶᠠᠨ ᠠᠬᠢᠭᠤᠯᠬᠤ ᠬᠠᠷᠠᠯᠳᠠ ᠳᠤ ᠬᠦᠷᠴᠦ ᠴᠢᠳᠠᠭᠰᠠᠨ ᠪᠠᠶᠢᠨ᠎ᠠ᠃             ᠬᠠᠮᠤᠭ ᠰᠡᠬᠦᠯ ᠳᠤ ᠠᠬᠤᠢ ᠲᠠᠯᠠᠪᠠᠢ ᠳᠠᠬᠢ ᠬᠢᠨᠠᠭᠴᠢᠳ ᠤᠨ ᠲᠦᠪ ᠭᠤᠤᠯᠴᠢ ᠡᠷᠭᠡ ᠳᠡᠭᠰᠢ ᠬᠤᠪᠢ ᠤᠯᠭᠤᠬᠤ ᠪᠠᠷ ᠳᠠᠮᠵᠢᠨ᠂ ᠤᠨᠴᠠ ᠳᠡᠰ ᠲᠤ ᠨᠢᠭᠡ ᠨᠠᠷ᠎ᠠ᠂ ᠨᠢᠭᠡᠳᠦᠭᠡᠷ ᠳᠡᠰ ᠲᠤ ᠨᠢᠭᠡ ᠨᠠᠷ᠎ᠠ᠂ ᠬᠤᠶᠠᠳᠤᠭᠠᠷ ᠳᠡᠰ ᠲᠤ ᠬᠤᠶᠠᠷ ᠨᠠᠷ᠎ᠠ᠂ ᠭᠤᠷᠪᠠᠳᠤᠭᠠᠷ ᠳᠡᠰ ᠲᠤ ᠭᠤᠷᠪᠠᠨ ᠨᠠᠷ᠎ᠠ ᠰᠢᠯᠭᠠᠷᠠᠭᠤᠯᠤᠭᠰᠠᠨ ᠪᠠ ᠰᠢᠯᠢᠳᠡᠭ 6 ᠨᠠᠷ᠎ᠠ ᠤᠷᠤᠯᠴᠠᠭᠴᠢ ᠪᠤᠯᠤᠨ ᠢᠳᠡᠪᠬᠢᠳᠠᠢ ᠤᠷᠤᠯᠴᠠᠭᠰᠠᠨ 6 ᠨᠠᠷ᠎ᠠ ᠶᠢ ᠱᠠᠩᠨᠠᠨ ᠬᠦᠬᠢᠬᠦᠯᠦᠵᠦ ᠵᠤᠷᠢᠵᠢᠭᠤᠯᠪᠠ᠃            ᠲᠤᠰ ᠤᠳᠠᠭᠠᠨ ᠤ ᠶᠠᠷᠢᠶ᠎ᠠ ᠢᠯᠡᠳᠭᠡᠯ ᠤᠨ ᠤᠷᠤᠯᠳᠤᠭᠠᠨ ᠢ ᠬᠤᠰᠢᠭᠤ ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠨᠢᠭᠡᠳᠦᠮᠡᠯ ᠹᠠᠷᠤᠨᠲ ᠶᠢᠨ ᠬᠡᠯᠳᠡᠰ᠂ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯᠳᠠᠨ ᠤ ᠡᠪᠯᠡᠯ ᠠᠴᠠ ᠭᠤᠤᠯᠯᠠᠨ ᠡᠷᠬᠢᠯᠡᠵᠦ᠂ ᠬᠤᠰᠢᠭᠤ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠠᠵᠢᠯᠴᠢᠨ ᠤ ᠶᠡᠷᠦᠩᠭᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ ᠬᠤᠯᠪᠤᠭᠠᠳᠤ ᠬᠤᠷᠠᠯ ᠠᠴᠠ ᠬᠠᠮᠵᠢᠯᠴᠠᠨ ᠡᠷᠬᠢᠯᠡᠵᠠᠢ᠃ ᠬᠤᠰᠢᠭᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠡᠷᠡᠬᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠡᠷᠭᠡ ᠰᠢᠰᠲ᠋ᠧᠮ ᠤᠨ ᠠᠳᠠᠯᠢ ᠪᠤᠰᠤ ᠠᠵᠢᠯ ᠤᠨ ᠠᠵᠢᠯ ᠤᠨ ᠪᠠᠶᠢᠷᠢ ᠳᠤ ᠠᠵᠢᠯᠯᠠᠵᠦ ᠪᠠᠶᠢᠭ᠎ᠠ 19 ᠨᠠᠮ ᠤᠨ ᠬᠡᠰᠢᠬᠦᠨ ᠺᠠᠳᠠᠷ ᠡᠨᠡᠬᠦ ᠤᠳᠠᠭᠠᠨ ᠤ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠰᠠᠷᠠᠨ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号