ᠨᠠᠢᠮᠠᠨ ᠮᠤᠵᠢ ᠤᠷᠤᠨ ᠎ ᠤ ᠭᠤᠷᠪᠠᠳᠤᠭᠠᠷ ᠬᠤᠭᠤᠴᠠᠭᠠᠨ ᠤ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2017/9/8
           ᠰᠢᠳᠠᠷ᠎ᠠ ᠶᠢᠨ ᠤᠷᠤᠯᠳᠤᠭᠠᠨ ᠨᠢ 9 ᠨᠤᠭᠤᠯᠤᠭ᠎ᠠ ᠶᠠᠪᠤᠭᠳᠠᠵᠦ᠂ ᠤᠷᠤᠯᠳᠤᠭᠠᠨ ᠳᠤ ᠤᠷᠤᠯᠴᠠᠭᠰᠠᠨ ᠰᠢᠳᠠᠷᠴᠢᠳ ᠤᠢ ᠪᠢᠯᠢᠭ ᠢᠶᠠᠨ ᠬᠤᠷᠴᠠᠯᠠᠨ᠂ ᠤᠷ᠎ᠠ ᠠᠪᠢᠶᠠᠰ ᠢᠶᠠᠨ ᠰᠤᠷᠢᠯᠴᠠᠵᠦ᠂ ᠬᠢᠨᠠᠭᠴᠢᠳ ᠴᠦ ᠤᠷᠤᠯᠳᠤᠭᠠᠨ ᠤ ᠲᠦᠷᠢᠮ ᠶᠤᠰᠤᠭᠠᠷ ᠲᠦᠪ ᠭᠤᠤᠯᠴᠢ ᠡᠷᠭᠡ ᠳᠡᠭᠰᠢ ᠶᠠᠪᠤᠭᠳᠠᠭᠤᠯᠵᠦ᠂ ᠬᠤᠶᠠᠷ ᠡᠳᠦᠷ ᠤᠨ ᠬᠤᠷᠴᠠ ᠰᠢᠷᠦᠭᠦᠨ ᠦᠷᠢᠰᠦᠯᠳᠦᠭᠡᠨ ᠪᠠᠷ ᠳᠠᠮᠵᠢᠨ ᠤᠷᠤᠯᠳᠤᠭᠠᠨ ᠨᠢ ᠠᠮᠵᠢᠯᠳᠠ ᠲᠦᠭᠦᠷᠡᠩ ᠦᠨᠳᠦᠷᠯᠡᠪᠡ᠃ ᠱᠠᠩᠨᠠᠯ ᠤᠯᠭᠤᠬᠤ ᠶᠤᠰᠤᠯᠠᠯ ᠳᠤ᠂ ᠳᠡᠭᠡᠲᠦ 16 ᠰᠢᠲᠠᠷᠴᠢᠳ᠂ ᠰᠢᠯᠢᠳᠡᠭ ᠬᠢᠨᠠᠭᠴᠢᠳ᠂ ᠰᠢᠯᠢᠳᠡᠭ ᠵᠤᠬᠢᠶᠠᠨ ᠪᠠᠶᠢᠭᠤᠯᠤᠭᠰᠠᠨ ᠭᠠᠵᠠᠷ ᠤᠷᠤᠨ ᠢ ᠱᠠᠩᠨᠠᠨ ᠬᠦᠬᠢᠭᠦᠯᠵᠠᠢ᠃           ᠨᠠᠢᠮᠠᠨ ᠮᠤᠵᠢ ᠤᠷᠤᠨ ᠤ ᠭᠤᠷᠪᠠᠳᠤᠭᠠᠷ ᠬᠤᠭᠤᠴᠠᠭᠠᠨ ᠤ ᠰᠢᠳᠠᠷ᠎ᠠ ᠶᠢᠨ ᠤᠷᠤᠯᠳᠤᠭᠠᠨ ᠳᠤ᠂ ᠲᠦᠩᠯᠢᠶᠤᠤ ᠬᠤᠲᠠ ᠶᠢᠨ ᠴᠠᠭᠠᠨᠪᠠᠭᠠᠲᠤᠷ ᠲᠡᠷᠢᠭᠦᠯᠡᠵᠦ᠂ ᠰᠢᠯᠢ ᠶᠢᠨ ᠭᠤᠤᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠤ ᠴᠢᠮᠪᠠᠢ ᠳᠡᠳ᠋ᠯᠡᠨ᠂ ᠬᠦᠬᠡᠨᠠᠭᠤᠷ ᠮᠤᠵᠢ ᠶᠢᠨ ᠰᠤᠳᠸ᠎ᠠ ᠭᠤᠷᠪᠠᠳᠤᠭᠠᠷ ᠨᠠᠷ᠎ᠠ ᠳᠤ ᠰᠢᠯᠭᠠᠷᠠᠭᠰᠠᠨ ᠪᠠᠶᠢᠨ᠎ᠠ᠃ ᠴᠠᠭᠠᠨᠪᠠᠭᠠᠲᠤᠷ ᠠᠴᠠ ᠤᠷᠤᠯᠳᠤᠭᠠᠨ ᠳᠤ ᠤᠷᠤᠯᠴᠠᠭᠰᠠᠨ ᠲᠦᠷᠦᠭᠳᠡᠯ ᠢᠶᠠᠨ ᠬᠤᠪᠢᠶᠠᠯᠴᠠᠬᠤ ᠳᠤ ᠪᠠᠨ᠄— — ᠲᠤᠰ ᠤᠳᠠᠭᠠᠨ ᠤ ᠤᠷᠤᠯᠳᠤᠭᠠᠨ ᠢ ᠮᠠᠰᠢ ᠰᠠᠶᠢᠬᠠᠨ ᠵᠤᠬᠢᠶᠠᠨ ᠪᠠᠶᠢᠭᠤᠯᠵᠦ᠂ ᠡᠬᠢᠯᠡᠯᠲᠡ ᠶᠢᠨ ᠶᠤᠰᠤᠯᠠᠯ ᠳᠠᠬᠢ ︽ᠮᠤᠩᠭᠤᠯ ᠰᠢᠲᠠᠷ᠎ᠠ ᠶᠢᠨ ᠱᠦᠭᠦᠯᠲᠡ︾᠎ ᠶᠢᠨ ᠦᠵᠡᠭᠦᠯᠭᠡ ᠨᠢ ᠨᠡᠳᠠ ᠳᠤ ᠮᠠᠰᠢ ᠬᠦᠨ ᠰᠠᠭᠤᠳᠠᠯ ᠦᠭᠭᠦᠭᠰᠡᠨ ᠶᠤᠮ᠃ ᠰᠢᠲᠠᠷ᠎ᠠ ᠶᠢᠨ ᠤᠷᠤᠯᠳᠤᠭᠠᠨ ᠨᠢ ᠪᠠᠰᠠ ᠦᠪᠡᠷ ᠤᠨ ᠤᠯᠠᠮᠵᠢᠯᠠᠯᠲᠦ ᠰᠢᠲᠠᠷ᠎ᠠ ᠲᠤᠭᠯᠠᠬᠤ ᠳᠦᠷᠢᠮ ᠢᠶᠠᠷ ᠳᠦᠷᠢᠮᠵᠢᠭᠦᠯᠦᠭᠰᠡᠨ ᠪᠠᠶᠢᠨ᠎ᠠ᠃ ᠪᠢ 2003 ᠤᠨ ᠠᠴᠠ ᠡᠬᠢᠯᠡᠨ ᠰᠢᠲᠠᠷ᠎ᠠ ᠲᠤᠭᠯᠠᠭᠰᠠᠨ ᠠᠵᠢᠯ ᠤᠨ ᠴᠢᠯᠦᠭᠡᠨ ᠤ ᠰᠢᠲᠠᠷᠴᠢᠨ ᠶᠤᠮ᠂ ᠦᠷᠬᠦᠯᠵᠢ ᠡᠯ᠎ᠡ ᠲᠦᠷᠦᠯ ᠤᠨ ᠰᠢᠲᠠᠷ᠎ᠠ ᠶᠢᠨ ᠤᠷᠤᠯᠳᠤᠭᠠᠨ ᠳᠤ ᠤᠷᠤᠯᠴᠠᠨ ᠦᠪᠡᠷ ᠤᠨ ᠰᠢᠲᠠᠷ᠎ᠠ ᠶᠢᠨ ᠮᠡᠷᠭᠡᠵᠢᠯ ᠢᠶᠠᠨ ᠳᠡᠭᠡᠭᠰᠢᠯᠡᠭᠦᠯᠳᠡᠭ᠃ ᠬᠡᠳᠦ᠋ᠢᠪᠡᠷ ᠡᠨᠡ ᠤᠳᠠᠭ᠎ᠠ ᠲᠡᠷᠢᠭᠦᠯᠡᠭᠰᠡᠨ ᠴᠤ ᠭᠡᠰᠡᠨ ᠤᠷᠤᠯᠳᠤᠭᠠᠨ ᠤ ᠶᠠᠪᠤᠴᠠ ᠳᠤ ᠨᠠᠲᠠ ᠲᠠᠢ ᠤᠨᠤᠭ᠎ᠠ ᠲᠠᠭᠠᠷᠠᠭᠰᠠᠨ ᠬᠦᠮᠦᠰ ᠠᠴᠠ ᠪᠠᠭ᠎ᠠ ᠪᠤᠰᠤ ᠳᠤᠷᠰᠢᠯᠭ᠎ᠠ ᠰᠤᠷᠭᠠᠮᠵᠢ ᠤᠯᠤᠭᠰᠠᠨ᠂ ᠬᠤᠶᠢᠰᠢᠲᠠ ᠨᠡᠩ ᠶᠡᠭᠡ ᠴᠢᠷᠮᠠᠶᠢᠨ᠎ᠠ ᠭᠡᠵᠦ ᠴᠢᠷᠠᠢ ᠳᠦᠭᠦᠷᠡᠩ ᠪᠠᠶᠠᠷ ᠤᠨ ᠮᠦᠰᠢᠶᠡᠳᠦ ᠲᠠᠢ ᠶᠠᠷᠢᠵᠦ ᠪᠠᠶᠢᠯ᠎ᠠ᠃          ᠱᠠᠩᠨᠠᠯ ᠤᠯᠭᠤᠬᠤ ᠶᠤᠰᠤᠯᠠᠯ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭ ᠡᠷᠬᠢᠯᠡᠬᠦ ᠵᠦᠪᠯᠡᠯ ᠤᠨ ᠨᠠᠢᠮᠠᠨ ᠮᠤᠵᠢ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠳᠤᠭᠤᠶᠢᠯᠠᠩ ᠤᠨ ᠭᠠᠵᠠᠷ ᠤᠨ ᠳᠠᠷᠤᠭ᠎ᠠ ᠯᠢᠩᠰᠧᠮ᠎ᠠ᠂ ᠦᠪᠦᠷ ᠮᠤᠩᠭᠤᠯ ᠤᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠱᠦᠵᠢ᠂ ᠮᠤᠩᠭᠤᠯ ᠰᠢᠲᠠᠷ᠎ᠠ ᠶᠢᠨ ᠨᠡᠶᠢᠭᠡᠮᠯᠢᠭ ᠤᠨ ᠲᠡᠷᠢᠭᠦᠯᠡᠭᠴᠢ ᠨᠠᠰᠤᠨ᠂ ᠰᠢᠯᠢ ᠶᠢᠨ ᠭᠤᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠲᠡᠷᠢᠭᠦᠯᠡᠭᠴᠢ ᠭᠡᠷᠡᠯ᠎ᠡ᠂ ᠤᠷᠳᠤᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠮᠦᠭᠬᠡᠴᠡᠴᠡᠭ ᠤᠷᠤᠯᠴᠠᠭᠰᠠᠨ ᠢᠶᠠᠷ ᠪᠠᠷᠠᠬᠤ ᠦᠭᠡᠢ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠠᠮᠤᠭᠤᠯᠠᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠩ ᠢᠦᠢ ᠱᠠᠨ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠤᠯᠤᠳᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠢᠦᠢ ᠴᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠢᠴᠢᠶᠡᠯᠲᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠡᠴᠡᠨ᠂ ᠵᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠭᠡᠰᠢᠬᠦᠨ ᠵᠠᠮᠢᠶᠠᠨ ᠵᠡᠷᠭᠡ ᠬᠦᠮᠦᠰ ᠰᠠᠭᠠᠲᠠᠭᠰᠠᠨ ᠪᠠᠶᠢᠨ᠎ᠠ᠃        
 
ᠢᠷᠡᠯᠲᠡ᠄ ᠰᠠᠷᠠᠨᠳᠤᠩᠭᠠᠯᠠᠭ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号