ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠠᠯ ᠤᠨ ᠠᠩᠬᠠᠳᠤᠭᠠᠷ ᠬᠤᠷᠠᠯᠳᠤᠭᠠᠨ ᠠᠮᠵᠢᠯᠳᠠᠳᠠᠢ ᠬᠤᠷᠠᠯᠳᠤᠵᠦ ᠳᠡᠬᠦᠰᠪᠡ
ᠨᠡᠶᠢᠲᠡᠯᠡᠭᠰᠡᠨ ᠴᠠᠭ᠄
2018/1/18
        1 ᠳ᠋ᠤᠭᠡᠷ ᠰᠠᠷ᠎ᠠ ᠶᠢᠨ 17᠎ ᠤ ᠡᠳᠦᠷ ᠤᠨ ᠦᠳᠡ ᠶᠢᠨ ᠬᠤᠶᠢᠨ᠎ᠠ᠂  ᠳᠤᠮᠳᠠᠳᠤ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠠᠯ ᠤᠨ ᠠᠩᠬᠠᠳᠤᠭᠠᠷ ᠬᠤᠷᠠᠯᠳᠤᠭᠠᠨ ᠨᠢ ᠬᠤᠷᠠᠯ ᠳᠤ ᠤᠷᠤᠯᠴᠠᠭᠰᠠᠨ ᠪᠦᠬᠦ ᠨᠦᠬᠦᠳ ᠤᠨ ᠬᠠᠮᠳᠤ ᠶᠢᠨ ᠴᠢᠷᠮᠠᠶᠢᠯᠭ᠎ᠠ ᠪᠠᠷ᠂ ᠬᠤᠷᠠᠯ ᠤᠨ ᠡᠯ᠎ᠡ ᠵᠦᠪᠯᠡᠯ ᠵᠦᠢᠯ ᠢᠶᠠᠨ ᠠᠮᠵᠢᠯᠳᠠᠳᠠᠢ ᠪᠡᠶᠡᠯᠡᠬᠦᠯᠵᠦ ᠬᠤᠷᠠᠯᠳᠤᠵᠦ ᠳᠡᠬᠦᠰᠦᠭᠰᠡᠨ ᠪᠠᠶᠢᠨ᠎ᠠ᠃         ᠶᠡᠭᠡ ᠬᠤᠷᠠᠯ ᠳᠤ ᠤᠷᠤᠯᠴᠠᠬᠤ ᠵᠤᠬᠢᠰᠳᠠᠢ ᠬᠡᠰᠢᠬᠦᠨ 73 ᠨᠡᠷ᠎ᠡ᠂ ᠪᠤᠳᠠᠳᠠᠢ 67 ᠨᠡᠷ᠎ᠡ ᠤᠷᠤᠯᠴᠠᠵᠦ᠂ ︽ᠤᠯᠤᠰ ᠲᠦᠷᠦ ᠶᠢᠨ ᠵᠦᠪᠯᠡᠯᠬᠡᠨ ᠤ ᠬᠦᠳᠦᠯᠪᠦᠷᠢ︾᠎ ᠳᠤ ᠨᠡᠶᠢᠴᠡᠪᠡ᠃ ᠳᠤᠰ ᠤᠳᠠᠭᠠᠨ ᠤ ᠶᠡᠭᠡ ᠬᠤᠷᠠᠯ ᠤᠨ ᠬᠦᠢᠴᠡᠳᠬᠡᠭᠴᠢ ᠲᠡᠷᠢᠬᠦᠯᠡᠭᠴᠢ ᠪᠤᠯ ᠪᠤᠯᠤᠳᠪᠠᠭᠠᠳᠤᠷ᠂ ᠪᠦᠷᠢᠨᠮᠦ᠋ᠩᠬᠡ᠂ ᠨᠠᠷᠠᠨᠴᠤᠭᠳᠤ᠂ ᠰᠢᠶᠤᠤ ᠴᠦᠨ᠂ ᠵᠠᠩ ᠰᠢᠦᠢ ᠳ᠋ᠦᠩ᠂ ᠪᠠᠳᠤᠪᠠᠶᠠᠷ᠂ ᠵᠠᠩ ᠶᠦᠨ ᠰᠢᠶᠠᠩ᠂ ᠯᠢ ᠮᠧᠩ᠂ ᠨᠠᠷᠠᠨᠳᠠᠯᠠᠢ᠃        ᠦᠪᠡᠷᠳᠡᠬᠡᠨ ᠵᠠᠰᠠᠬᠤ ᠤᠷᠤᠨ ᠤ ᠬᠤᠭᠤᠴᠠᠭ᠎ᠠ ᠰᠤᠯᠢᠬᠤ ᠠᠵᠢᠯ ᠢ ᠱᠠᠯᠠᠪᠳᠠᠨ ᠪᠠᠶᠢᠴᠠᠭᠠᠬᠤ ᠳᠤᠯᠤᠳᠤᠭᠠᠷ ᠳᠤᠭᠤᠶᠢᠯᠠᠩ ᠤᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠯᠤᠰ ᠲᠤ ᠪᠠᠨ ᠪᠤᠴᠠᠭᠰᠠᠨ ᠳᠤᠮᠳᠠᠳᠤ ᠶᠢᠨ ᠬᠠᠷᠢᠶᠠᠳᠤ ᠶᠢᠨ ᠬᠤᠯᠪᠤᠭᠠᠳᠤ ᠬᠤᠷᠠᠯ ᠤᠨ ᠲᠡᠳ᠋ ᠨᠠᠷᠢᠨ ᠪᠢᠴᠢᠭ ᠤᠨ ᠳᠠᠷᠤᠭ᠎ᠠ ᠸᠠᠩ ᠷᠦᠢ ᠫᠢᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠎ ᠠᠴᠠ ᠪᠠᠨ ᠠᠮᠠᠷᠠᠭᠰᠠᠨ ᠠᠵᠢᠯᠳᠠᠨ ᠤ ᠠᠵᠢᠯ ᠤᠨ ᠭᠠᠵᠠᠷ ᠤᠨ ᠲᠡᠳ᠋ ᠭᠠᠵᠠᠷ ᠤᠨ ᠳᠡᠰ ᠤᠨ ᠤᠳᠤᠷᠢᠳᠤᠯᠭ᠎ᠠ ᠱᠧᠨ ᠴᠧᠩ︔ ᠠᠶᠢᠮᠠᠭ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠳᠦᠷᠪᠡᠳᠦᠬᠡᠷ ᠵᠢᠭᠠᠨ ᠵᠢᠯᠤᠭᠤᠳᠬᠤ ᠳᠤᠭᠤᠶᠢᠯᠠᠩ ᠤᠨ ᠲᠡᠳ᠋ ᠳᠠᠷᠤᠭ᠎ᠠ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠡᠷᠳᠡᠨᠢᠮᠦ᠋ᠩᠬᠡ᠂ ᠳᠤᠭᠤᠶᠢᠯᠠᠩ ᠤᠨ ᠬᠡᠰᠢᠬᠦᠨ ᠤᠶᠢᠷᠤᠪ᠂ ᠪᠤᠤ ᠸᠧᠨ ᠰᠢᠶᠠ᠂ ᠠᠶᠢᠮᠠᠭ ᠤᠨ ᠭᠤᠷᠪᠠᠳᠤᠭᠠᠷ ᠱᠠᠯᠠᠪᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭᠠᠨ ᠤ ᠳᠤᠪᠴᠢᠶᠠᠨ ᠤ ᠨᠠᠮ ᠤᠨ ᠳᠤᠭᠤᠶᠢᠯᠠᠩ ᠤᠨ ᠬᠡᠰᠢᠬᠦᠨ᠂ ᠲᠡᠳ᠋ ᠳᠤᠪᠴᠢᠶᠠᠨ ᠳᠠᠷᠤᠭ᠎ᠠ ᠯᠦᠸᠧ ᠬᠠᠢ᠂ ᠳᠤᠭᠤᠶᠢᠯᠠᠩ ᠤᠨ ᠬᠡᠰᠢᠬᠦᠨ ᠸᠠᠩ ᠶᠠ ᠫᠧᠩ ᠨᠠᠷ ᠶᠡᠭᠡ ᠬᠤᠷᠠᠯ ᠳᠤ ᠤᠨᠴᠠ ᠤᠷᠢᠭᠳᠠᠨ ᠤᠷᠤᠯᠴᠠᠪᠠ᠃        ᠬᠤᠰᠢᠭᠤ ᠤᠳᠤᠷᠢᠳᠤᠯᠭ᠎ᠠ ᠬᠠᠰᠪᠠᠶᠠᠷ᠂ ᠠᠮᠤᠭᠤᠯᠠᠩ᠂ ᠰᠦᠩ ᠢᠦᠢ ᠱᠠᠨ᠂ ᠸᠠᠩ ᠢᠦᠢ ᠴᠢ᠂ ᠰᠠᠴᠤᠷᠠᠯᠳᠤ᠂ ᠰᠦᠩ ᠱᠸᠥ ᠢ᠂ ᠯᠢᠦ ᠰᠢᠶᠤᠤ ᠮᠢᠨ᠂ ᠴᠧᠨ ᠵᠢᠶᠠᠨ ᠵᠢᠶᠦ᠋ᠨ ᠵᠢᠴᠢ ᠶᠢᠰᠦᠳᠦᠬᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠲᠢᠩ ᠪᠠᠭᠠᠳᠤᠷ ᠬᠤᠷᠠᠯ ᠳᠤ ᠤᠷᠢᠭᠳᠠᠨ ᠤᠷᠤᠯᠴᠠᠪᠠ᠃        ᠬᠤᠷᠠᠯ ᠠᠴᠠ ᠰᠢᠨ᠎ᠡ ᠨᠢᠬᠡᠨ ᠬᠤᠭᠤᠴᠠᠭᠠᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠨᠠᠷᠢᠨ ᠪᠢᠴᠢᠭ ᠤᠨ ᠳᠠᠷᠤᠭ᠎ᠠ ᠬᠢᠬᠡᠳ ᠪᠠᠶᠢᠩᠭᠤ ᠶᠢᠨ ᠬᠡᠰᠢᠬᠦᠳ ᠤᠨ ᠵᠢᠱᠢᠭᠳᠡᠭᠰᠡᠳ ᠤᠨ ᠦᠨᠳᠦᠰᠦᠨ ᠪᠠᠶᠢᠳᠠᠯ ᠢ ᠳᠠᠨᠢᠯᠴᠠᠭᠤᠯᠤᠭᠰᠠᠨ ᠤ ᠬᠠᠮᠳᠤ᠂ ︽ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ ᠤ ᠰᠤᠩᠭᠤᠭᠤᠯᠢ ᠶᠢᠨ ᠠᠷᠭ᠎ᠠ︾ ︵ᠡᠬᠡ ᠨᠤᠤᠷᠠᠭ︶ ᠪᠤᠯᠤᠨ ᠶᠡᠷᠦᠩᠬᠡᠢ ᠫᠢᠶᠤᠤ ᠬᠢᠨᠠᠭᠴᠢ᠂ ᠫᠢᠶᠤᠤ ᠬᠢᠨᠠᠭᠴᠢ᠂ ᠫᠢᠶᠤᠤ ᠪᠦᠷᠢᠳᠬᠡᠭᠴᠢ ᠎ ᠶᠢ ᠪᠠᠳᠤᠯᠠᠭᠰᠠᠨ ᠪᠠᠶᠢᠨ᠎ᠠ᠃       ᠬᠤᠷᠠᠯ ᠠᠴᠠ ᠭᠠᠷ ᠡᠷᠬᠦᠨ ᠪᠠᠳᠤᠯᠠᠬᠤ ᠠᠷᠭ᠎ᠠ ᠪᠠᠷ᠂ ᠰᠢᠨ᠎ᠡ ᠨᠢᠬᠡᠨ ᠬᠤᠭᠤᠴᠠᠭᠠᠨ ᠤ ᠤᠯᠤᠰ ᠲᠦᠷᠦ ᠎ ᠶᠢᠨ ᠵᠦᠪᠯᠡᠯᠬᠡᠨ ᠤ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠤᠯᠤᠨ ᠪᠠᠶᠢᠩᠭᠤ ᠶᠢᠨ ᠬᠡᠰᠢᠬᠦᠳ ᠢ ᠰᠤᠩᠭᠤᠨ ᠭᠠᠷᠭᠠᠵᠠᠢ᠃       ᠰᠤᠩᠭᠤᠭᠤᠯᠢ ᠪᠠᠷ ᠳᠠᠮᠵᠢᠨ ᠪᠤᠯᠤᠳᠪᠠᠭᠠᠳᠤᠷ ᠨᠦᠬᠦᠷ ᠢ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠷᠢᠬᠦᠯᠡᠭᠴᠢ ᠪᠠᠷ ᠰᠤᠩᠭᠤᠨ ᠭᠠᠷᠭᠠᠵᠦ᠂ ᠨᠠᠷᠠᠨᠴᠤᠭᠳᠤ᠂ ᠪᠦᠷᠢᠨᠮᠦ᠋ᠩᠬᠡ᠂ ᠰᠢᠶᠤᠤ ᠴᠦᠨ᠂ ᠵᠠᠩ ᠰᠢᠦᠢ ᠳ᠋ᠦᠩ ᠢ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠳ᠋ ᠲᠡᠷᠢᠬᠦᠯᠡᠭᠴᠢ ᠪᠠᠷ ᠰᠤᠩᠭᠤᠵᠦ᠂ ᠪᠠᠳᠤᠪᠠᠶᠠᠷ ᠨᠦᠬᠦᠷ ᠢ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠷ ᠰᠤᠩᠭᠤᠵᠦ᠂ ᠤᠳᠤᠨ᠂ ᠦᠨᠢᠮᠦ᠋ᠩᠬᠡ᠂ ᠨᠠᠷᠠᠨᠳᠠᠯᠠᠢ᠂ ᠪᠠᠳᠤᠪᠠᠶᠠᠷ᠂  ᠵᠡᠷᠬᠡ ᠬᠦᠮᠦᠨ ᠢ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠡᠰᠢᠬᠦᠳ ᠢᠶᠠᠷ ᠰᠤᠩᠭᠤᠨ ᠭᠠᠷᠭᠠᠭᠰᠠᠨ ᠪᠠᠶᠢᠨ᠎ᠠ᠃       ᠬᠤᠷᠠᠯ ᠳᠡᠬᠡᠷ᠎ᠡ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠎ ᠤ ᠲᠡᠳ᠋ ᠲᠡᠷᠢᠬᠦᠯᠡᠭᠴᠢ ᠰᠢᠶᠤᠤ ᠴᠦᠨ ᠠᠴᠠ ᠤᠯᠤᠰ ᠲᠦᠷᠦ ᠶᠢᠨ ᠵᠦᠪᠯᠡᠯᠬᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠢ ᠨᠡᠶᠢᠳᠡᠯᠡᠪᠡ᠃       2018 ᠤᠨ ᠤ 1 ᠰᠠᠷ᠎ᠠ ᠶᠢᠨ 16᠎ ᠤ ᠦᠳᠡ ᠶᠢᠨ ᠬᠤᠶᠢᠨ᠎ᠠ ᠪᠤᠯᠳᠠᠯ᠎ᠠ᠂ ᠶᠡᠭᠡ ᠬᠤᠷᠠᠯ ᠨᠢ ᠨᠡᠶᠢᠳᠡ 87 ᠬᠤᠪᠢ ᠰᠠᠨᠠᠯ ᠵᠦᠪᠯᠡᠯᠬᠡ ᠶᠢ ᠬᠦᠯᠢᠶᠡᠨ ᠠᠪᠴᠦ᠂ ᠡᠬᠦᠨ ᠤ ᠳᠤᠳᠤᠷ᠎ᠠ᠂ ᠬᠡᠰᠢᠬᠦᠳ ᠤᠨ ᠬᠤᠪᠢ ᠬᠦᠮᠦᠨ ᠤ ᠰᠠᠨᠠᠯ ᠳᠤᠷᠠᠳᠤᠯᠭ᠎ᠠ 83 ᠬᠤᠪᠢ᠂ ᠨᠡᠷ᠎ᠡ ᠬᠤᠯᠪᠤᠭᠠᠯᠠᠨ ᠳᠤᠷᠠᠳᠤᠭᠰᠠᠨ ᠰᠠᠨᠠᠯ ᠳᠤᠷᠠᠳᠤᠯᠭ᠎ᠠ 2 ᠬᠤᠪᠢ᠂ ᠳᠤᠰᠬᠠᠢ ᠵᠦᠪᠯᠡᠯ ᠤᠨ ᠰᠠᠨᠠᠯ ᠳᠤᠷᠠᠳᠤᠯᠭ᠎ᠠ 2 ᠪᠠᠶᠢᠵᠦ᠂ ᠶᠡᠭᠡ ᠬᠤᠷᠠᠯ ᠠᠴᠠ 84 ᠬᠤᠪᠢ ᠶᠢ ᠳᠠᠩᠰᠠᠯᠠᠭᠤᠯᠵᠦ᠂ ᠳᠠᠩᠰᠠᠯᠠᠭᠤᠯᠤᠭᠰᠠᠨ ᠨᠤᠷᠮ᠎ᠠ 96.6%᠎ ᠳᠤ ᠬᠦᠷᠷᠦᠭᠰᠡᠨ ᠪᠠᠶᠢᠨ᠎ᠠ᠃ ᠳᠤᠰ ᠤᠳᠠᠭᠠᠨ ᠤ ᠰᠠᠨᠠᠯ ᠳᠤᠷᠠᠳᠤᠯᠭ᠎ᠠ ᠎ ᠶᠢᠨ ᠳᠤᠳᠤᠷ᠎ᠠ ᠠᠵᠦ ᠠᠬᠤᠢ ᠶᠢᠨ ᠬᠠᠮᠢᠶ᠎ᠠ ᠲᠠᠢ ᠰᠠᠨᠠᠯ ᠳᠤᠷᠠᠳᠤᠯᠭ᠎ᠠ 31 ᠬᠤᠪᠢ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠶᠢᠨ ᠬᠠᠮᠢᠶ᠎ᠠ ᠲᠠᠢ ᠰᠠᠨᠠᠯ ᠳᠤᠷᠠᠳᠤᠯᠭ᠎ᠠ 12 ᠬᠤᠪᠢ᠂ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠪᠤᠯᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠠᠮᠢᠶ᠎ᠠ ᠲᠠᠢ ᠰᠠᠨᠠᠯ ᠳᠤᠷᠠᠳᠤᠯᠭ᠎ᠠ 8 ᠬᠤᠪᠢ᠂  ᠨᠡᠶᠢᠬᠡᠮ ᠤᠨ ᠬᠠᠮᠢᠶᠠᠷᠤᠯᠳᠠ ᠪᠤᠯᠤᠨ ᠪᠠᠳᠤᠯᠠᠭᠠᠨ ᠤ ᠬᠠᠮᠢᠶ᠎ᠠ ᠲᠠᠢ ᠰᠠᠨᠠᠯ ᠳᠤᠷᠠᠳᠤᠯᠭ᠎ᠠ 4 ᠬᠤᠪᠢ᠂ ︽ᠮᠠᠯᠴᠢᠨ᠂ ᠮᠠᠯ ᠠᠵᠦ ᠠᠬᠤᠢ᠂ ᠮᠠᠯᠵᠢᠬᠤ ᠤᠷᠤᠨ︾᠎ ᠤ ᠠᠵᠢᠯ ᠤᠨ ᠬᠠᠮᠢᠶ᠎ᠠ ᠲᠠᠢ ᠰᠠᠨᠠᠯ ᠳᠤᠷᠠᠳᠤᠯᠭ᠎ᠠ 14 ᠬᠤᠪᠢ᠂ ᠦᠨᠳᠦᠰᠦᠳᠡᠨ ᠱᠠᠰᠢᠨ ᠰᠤᠷᠳᠠᠬᠤᠨ ᠪᠤᠯᠤᠨ ᠪᠤᠰᠤᠳ ᠳᠠᠯ᠎ᠠ ᠶᠢᠨ ᠰᠠᠨᠠᠯ ᠳᠤᠷᠠᠳᠤᠯᠭ᠎ᠠ 9 ᠬᠤᠪᠢ᠂ ᠤᠬᠠᠭᠤᠯᠭ᠎ᠠ ᠰᠤᠶᠤᠯ ᠤᠨ ᠬᠠᠮᠢᠶ᠎ᠠ ᠲᠠᠢ ᠰᠠᠨᠠᠯ ᠳᠤᠷᠠᠳᠤᠯᠭ᠎ᠠ 4  ᠬᠤᠪᠢ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠦᠳᠦᠬᠡᠨ ᠪᠠᠶᠢᠭᠤᠯᠤᠯᠳᠠ ᠶᠢᠨ ᠬᠠᠮᠢᠶ᠎ᠠ ᠲᠠᠢ ᠰᠠᠨᠠᠯ ᠳᠤᠷᠠᠳᠤᠯᠭ᠎ᠠ 2 ᠬᠤᠪᠢ ᠪᠠᠶᠢᠨ᠎ᠠ᠃       ᠡᠬᠦᠨ ᠤ ᠬᠠᠮᠳᠤ ᠬᠤᠷᠠᠯ ᠳᠤ ᠪᠠᠰᠠ ︽ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠶᠢᠰᠦᠳᠦᠬᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠬᠦᠯᠦᠯᠳᠡ ᠶᠢᠨ ᠳᠤᠬᠠᠢ ᠰᠢᠢᠳᠪᠤᠷᠢ ︵ᠡᠬᠡ ᠨᠤᠤᠷᠠᠭ︶︾᠎ ᠶᠢ ᠬᠢᠨᠠᠨ ᠪᠠᠳᠤᠯᠠᠵᠦ᠂ ︽ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ ᠤ ᠤᠯᠤᠰ ᠲᠦᠷᠦ ᠶᠢᠨ ᠰᠢᠢᠳᠪᠤᠷᠢ ︵ᠡᠬᠡ ᠨᠤᠤᠷᠠᠭ︶︾᠎ ᠶᠢ ᠬᠢᠨᠠᠨ ᠪᠠᠳᠤᠯᠠᠪᠠ᠃           ᠬᠤᠷᠠᠯ ᠳᠤ᠂ ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠰᠢᠨ᠎ᠡ ᠪᠠᠷ ᠰᠤᠩᠭᠤᠭᠳᠠᠭᠰᠠᠨ ᠲᠡᠷᠢᠬᠦᠯᠡᠭᠴᠢ ᠪᠤᠯᠤᠳᠪᠠᠭᠠᠳᠤᠷ ᠠᠴᠠ ᠤᠪᠤᠷ ᠢᠶᠠᠨ ᠢᠯᠡᠳᠬᠡᠨ ᠶᠠᠷᠢᠶ᠎ᠠ ᠬᠢᠪᠠ᠃       ᠪᠤᠯᠤᠳᠪᠠᠭᠠᠳᠤᠷ ᠶᠠᠷᠢᠶᠠᠨ ᠳᠠᠭᠠᠨ᠄ ᠢᠳᠡᠬᠡᠯ ᠪᠤᠯ ᠨᠢᠬᠡ ᠶᠤᠰᠤᠨ ᠤ ᠬᠠᠷᠢᠭᠤᠴᠠᠯᠭ᠎ᠠ ᠮᠦᠨ᠂ ᠲᠠᠷᠠ ᠨᠢ ᠬᠦᠰᠡᠯ ᠡᠷᠡᠮᠡᠯᠵᠡᠯ ᠢ ᠠᠭᠤᠯᠤᠨ ᠡᠬᠦᠷᠬᠡᠯᠡᠵᠤ ᠪᠠᠶᠢᠳᠠᠭ᠃ ᠪᠢᠳᠠ ᠡᠬᠦᠷᠬᠡ ᠬᠠᠷᠢᠭᠤᠴᠠᠯᠭ᠎ᠠ ᠬᠦᠨᠲᠤ ᠴᠢᠬᠤᠯᠠ ᠬᠡᠰᠡᠨ ᠢ ᠬᠦᠨᠵᠡᠬᠡᠢ ᠳᠠᠨᠢᠬᠤ ᠬᠡᠷᠡᠭᠳᠡᠢ᠃ ᠪᠢᠳᠠ ᠯᠠᠪᠲᠡᠢ ᠬᠤᠰᠢᠭᠤ ᠨᠠᠮ ᠤᠨ ᠬᠤᠷᠢᠶᠠᠨ ᠤ ᠬᠦᠨᠲᠤ ᠨᠠᠶᠢᠳᠠᠯᠭ᠎ᠠ ᠎ ᠶᠢ ᠬᠦᠰᠡᠷᠳᠡᠬᠦᠯᠬᠦ ᠦᠬᠡᠢ᠂ ᠡᠬᠦᠷᠬᠡ ᠳᠤᠰᠢᠶᠠᠯ ᠳᠠᠭᠠᠨ ᠤᠰᠤᠯᠳᠠᠬᠤ ᠦᠬᠡᠢ᠂ ᠬᠤᠶᠢᠰᠢᠳᠠ ᠶᠢᠨ ᠠᠵᠢᠯ ᠤᠨ ᠲᠤᠮᠳᠠ ᠪᠠᠨ ᠪᠦᠬᠦ ᠬᠡᠰᠢᠬᠦᠳ᠂ ᠡᠯ᠎ᠡ ᠠᠷᠡᠳ ᠤᠨ ᠪᠦᠯᠬᠦᠮ ᠬᠢᠬᠡᠳ ᠨᠡᠶᠢᠬᠡᠮ ᠤᠨ ᠡᠯ᠎ᠡ ᠡᠳᠡᠬᠡᠳ ᠲᠠᠢ ᠪᠦᠯᠬᠦᠮᠳᠡᠬᠦ ᠪᠦᠬᠡᠳ ᠲᠡᠳᠡᠨ ᠳᠤ ᠲᠦᠰᠢᠭᠯᠡᠨ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠰᠢᠯᠢᠳᠡᠭ ᠤᠯᠠᠮᠵᠢᠯᠡᠯ ᠢ ᠤᠯᠠᠮᠵᠢᠯᠡᠨ ᠳᠡᠯᠬᠡᠷᠡᠬᠦᠯᠦᠨ᠎ᠡ᠃ ᠨᠢᠬᠡ ᠳᠤ᠂  ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠵᠦᠪ ᠤᠨᠤᠪᠴᠢᠲᠡᠢ ᠤᠯᠤᠰ ᠲᠦᠷᠦ ᠶᠢᠨ ᠴᠢᠭᠯᠡᠯ ᠢ ᠪᠤᠢ ᠪᠤᠯᠭᠠᠨ᠎ᠠ᠃ᠬᠤᠶᠡᠷ ᠳᠤ᠂ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠨ᠂ ᠤᠯᠤᠰ ᠲᠦᠷᠦ ᠶᠢᠨ ᠵᠦᠪᠯᠠᠯᠬᠡᠨ ᠤ ᠭᠤᠷᠪᠡᠨ ᠶᠡᠭᠡ ᠡᠬᠦᠷᠬᠡ ᠴᠢᠳᠡᠪᠬᠢ ᠶᠢ ᠨᠠᠷᠢᠨ ᠬᠢᠨᠠᠮᠠᠭᠠᠢ ᠲᠤᠤᠱᠯᠠᠭᠤᠯᠤᠨ᠎ᠠ᠃ ᠭᠤᠷᠪᠡ ᠳᠤ᠂ ᠬᠦᠮᠤᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠨ᠂ ᠡᠶ᠎ᠡ ᠵᠤᠬᠢᠴᠡᠩᠭᠤᠢ ᠲᠤᠭᠳᠠᠭᠤᠨ ᠬᠦᠭᠵᠢᠯᠳᠠ ᠶᠢ ᠴᠢᠷᠮᠠᠶᠢᠨ ᠠᠬᠢᠭᠤᠯᠤᠨ᠎ᠠ᠃ ᠲᠦᠷᠪᠡ ᠳᠤ᠂ ᠴᠠᠭ ᠦᠶ᠎ᠡ ᠲᠠᠢ ᠬᠠᠮᠳᠤᠪᠡᠷ ᠤᠷᠤᠭᠰᠢᠯᠠᠬᠤ ᠶᠢ ᠪᠠᠷᠢᠮᠳᠠᠯᠠᠵᠤ᠂ ᠬᠤᠪᠢ ᠪᠡᠶ᠎ᠡ ᠶᠢᠨ ᠪᠠᠶᠢᠭᠤᠯᠤᠯᠳᠠ ᠪᠠᠨ ᠲᠠᠰᠤᠷᠠᠯᠳᠠ ᠦᠬᠡᠢ ᠴᠢᠩᠭᠠᠳᠬᠠᠨ᠎ᠠ᠃ ᠤᠯᠤᠰ ᠲᠦᠷᠦ ᠶᠢᠨ ᠵᠦᠪᠯᠠᠯᠬᠡᠨ ᠤ ᠠᠵᠢᠯ ᠤᠨ ᠰᠢᠨ᠎ᠠ ᠲᠦᠷᠰᠤ ᠪᠠᠶᠢᠳᠠᠯ᠂ ᠰᠢᠨ᠎ᠠ ᠡᠬᠦᠷᠬᠡ᠂ ᠰᠢᠨ᠎ᠠ ᠱᠠᠭᠠᠷᠳᠠᠯᠭ᠎ᠠ ᠲᠤᠤᠷ᠎ᠠ ᠪᠢᠳᠠ ᠡᠷᠬᠡᠪᠰᠢ ᠤᠯᠤᠰ ᠳᠦᠷᠦ ᠶᠢᠨ ᠵᠦᠪᠯᠡᠯᠭᠡᠨ ᠤ ᠳᠦᠯᠦᠭᠡᠯᠡᠭᠦ ᠴᠢᠨᠠᠷ ᠤᠨ ᠢᠯᠭᠠᠯ ᠢ ᠲᠤᠪᠤᠶᠢᠯᠭᠠᠬᠤ ᠶᠢ ᠪᠠᠷᠢᠮᠳᠠᠯᠠᠨ᠂ ᠬᠡᠰᠢᠬᠦᠨ ᠤ ᠭᠤᠤᠯᠯᠠᠬᠤ ᠦᠢᠯᠠᠳᠤᠯ ᠢ ᠪᠠᠳᠠᠷᠠᠭᠤᠯᠤᠨ᠂ ᠤᠯᠤᠰ ᠲᠦᠷᠦ ᠶᠢᠨ ᠵᠦᠪᠯᠠᠯᠬᠡᠨ ᠤ ᠪᠠᠶᠢᠭᠤᠯᠤᠮᠵᠢ ᠶᠢᠨ ᠪᠠᠶᠢᠭᠤᠯᠤᠯᠳᠠ ᠶᠢᠨ ᠶᠡᠷᠦᠩᠬᠡᠢ ᠦᠵᠡᠯᠳᠠ ᠶᠢ ᠴᠢᠩᠭᠠᠳᠬᠠᠨ᠂ ᠤᠯᠤᠰ ᠲᠦᠷᠦ ᠎ ᠶᠢᠨ ᠵᠦᠪᠯᠠᠯᠬᠡᠨ ᠤ ᠪᠦᠬᠦᠯᠢ ᠴᠤᠭᠴᠠ ᠶᠢᠨ ᠴᠢᠳᠡᠪᠬᠢ ᠶᠢ ᠲᠠᠰᠤᠷᠠᠯᠳᠠ ᠦᠬᠡᠢ ᠲᠡᠭᠡᠭᠰᠢᠯᠡᠬᠦᠯᠤᠨ᠎ᠠ᠃ ᠪᠢᠳᠡ ᠰᠢᠨ᠎ᠠ ᠭᠠᠷᠤᠭᠠᠨ ᠲᠡᠬᠡᠷ᠎ᠡ ᠵᠤᠭᠰᠤᠨ᠂ ᠰᠢᠨ᠎ᠠ ᠰᠢᠯᠭᠠᠯᠳᠠ ᠶᠢ ᠤᠬᠳᠤᠨ᠂ ᠨᠠᠮ ᠪᠡ ᠠᠷᠡᠳ ᠲᠦᠮᠡᠨ ᠤ ᠬᠦᠨᠲᠤ ᠨᠠᠶᠢᠳᠠᠯᠭ᠎ᠠ ᠶᠢ ᠨᠤᠭᠤᠷᠠᠰᠢ ᠦᠬᠡᠢ ᠲᠡᠮᠡᠴᠡᠬᠦ ᠠᠵᠢᠯ ᠤᠨ ᠬᠦᠳᠡᠯᠬᠡᠬᠦ ᠬᠦᠴᠦᠨ ᠪᠤᠯᠭᠠᠨ᠂ ᠡᠷᠡᠰ ᠵᠤᠷᠢᠭ ᠲᠠᠢ ᠪᠠᠶᠢᠵᠤ᠂ ᠡᠬᠦᠷᠬᠡ ᠴᠢᠳᠠᠪᠬᠢ ᠪᠠᠨ ᠬᠦᠢᠴᠡᠳᠬᠡᠨ᠂ ᠪᠦᠯᠬᠦᠮᠳᠡᠨ ᠲᠡᠮᠡᠴᠡᠵᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠳᠤ ᠢᠳᠡᠪᠬᠢ ᠬᠤᠪᠢ ᠨᠡᠮᠡᠷᠢ ᠪᠠᠨ ᠡᠷᠬᠦᠶ᠎ᠡ ᠬᠡᠰᠡᠨ ᠪᠠᠶᠢᠨ᠎ᠠ᠃        ᠤᠯᠤᠰ ᠲᠦᠷᠦ ᠶᠢᠨ ᠵᠦᠪᠯᠡᠯᠬᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠲᠡᠳ᠋ ᠲᠡᠷᠢᠬᠦᠯᠡᠭᠴᠢ ᠨᠠᠷᠡᠨᠴᠤᠭᠳᠤ ᠨᠦᠬᠦᠷ ᠠᠴᠠ ᠬᠤᠷᠠᠯ ᠤᠨ ᠳᠡᠬᠦᠰᠬᠦ ᠶᠠᠷᠢᠶ᠎ᠠ ᠬᠢᠪᠡ᠃ ᠨᠠᠷᠠᠨᠴᠤᠭᠳᠤ ᠶᠠᠷᠢᠶᠠᠨ ᠎ ᠳᠠᠭᠠᠨ᠂ ᠬᠤᠷᠠᠯ ᠤᠨ ᠬᠤᠭᠤᠴᠠᠭᠠᠨ ᠳᠤ᠂ ᠬᠡᠰᠢᠭᠦᠳ ᠠᠴᠠ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠵᠢᠴᠢ ᠬᠠᠮᠢᠶ᠎ᠠ ᠪᠦᠭᠦᠢ ᠰᠢᠢᠳᠪᠦᠷᠢ ᠶᠢ ᠵᠦᠪᠯᠠᠨ ᠪᠠᠳᠤᠯᠠᠵᠤ᠂ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ ᠪᠠ ᠪᠤᠰᠤᠳ ᠮᠡᠳᠡᠭᠦᠯᠦᠯᠳᠡ ᠶᠢᠨ ᠲᠤᠭᠤᠷᠢᠨ ᠳᠤ ᠨᠠᠷᠢᠨ ᠬᠢᠨᠠᠮᠠᠭᠠᠢ ᠵᠦᠪᠯᠡᠨ ᠶᠠᠷᠢᠯᠴᠠᠭ᠎ᠠ ᠦᠷᠨᠢᠭᠦᠯᠵᠤ᠂ ᠰᠢᠨ᠎ᠠ ᠨᠢᠭᠡᠨ ᠬᠤᠭᠤᠴᠠᠭᠠᠨ ᠤ ᠤᠯᠤᠰ ᠳᠦᠷᠦ ᠶᠢᠨ ᠵᠦᠪᠯᠡᠯᠭᠡᠨ ᠤ ᠤᠳᠤᠷᠢᠳᠬᠤ ᠪᠠᠭ ᠢ ᠰᠤᠩᠭᠤᠨ ᠭᠠᠷᠭᠠᠪᠠ᠃ ᠭᠡᠰᠢᠭᠦᠳ ᠪᠦᠭᠦ ᠳᠠᠯ᠎ᠠ ᠶᠢᠨ ᠤᠪᠤᠷ᠂ ᠳᠡᠭᠡᠳᠤ ᠭᠡᠮᠵᠢᠶᠠᠨ ᠤ ᠬᠠᠷᠢᠭᠤᠴᠠᠯᠭᠠᠳᠤ ᠰᠡᠳᠬᠢᠯᠭᠡ᠂ ᠠᠷᠠᠳᠴᠢᠯᠠᠯ ᠢᠶᠠᠷ ᠦᠨᠠᠨ ᠢ ᠡᠷᠢᠯᠬᠢᠯᠡᠭᠦ ᠤᠪᠤᠷ ᠰᠤᠷᠳᠠᠯ ᠢ ᠡᠪᠦᠷᠯᠡᠨ᠂ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠭᠡᠵᠤ᠂ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠭᠦ ᠳᠤ ᠢᠳᠡᠪᠬᠢᠳᠠᠢ ᠪᠠᠷ ᠤᠷᠤᠯᠴᠠᠨ ᠰᠠᠨᠠᠯ ᠪᠤᠳᠤᠯᠭ᠎ᠠ ᠪᠠᠨ ᠳᠡᠪᠰᠢᠭᠦᠯᠦᠨ᠂ ᠰᠢᠨ᠎ᠠ ᠨᠢᠭᠡᠨ ᠬᠤᠭᠤᠴᠠᠭᠠᠨ ᠤ ᠤᠯᠤᠰ ᠳᠦᠷᠦ ᠶᠢᠨ ᠵᠦᠪᠯᠡᠯᠭᠡᠨ ᠤ ᠭᠡᠰᠢᠭᠦᠨ ᠤ ᠦᠷᠦᠴᠡ ᠴᠡᠭᠡᠵᠢᠨ ᠳᠤ ᠪᠠᠨ ᠶᠡᠭᠡ ᠳᠠᠯ᠎ᠠ ᠶᠢ ᠪᠤᠳᠤᠨ᠂ ᠰᠠᠳᠬᠢᠯ ᠵᠢᠷᠤᠭᠡᠨ ᠳᠤ ᠨᠢ ᠠᠷᠠᠳ ᠤᠨ ᠠᠮᠢᠳᠤᠷᠠᠯ ᠤᠶᠠᠭᠠᠳᠠᠢ ᠪᠠᠶᠢᠳᠠᠭ ᠦᠷᠳᠡᠭ ᠤᠨ ᠭᠦᠭᠡᠭᠡᠴᠡᠯᠳᠤᠯ ᠪᠠ ᠠᠷᠠᠳ ᠤᠨ ᠳᠦᠯᠦᠭᠡ ᠡᠭᠦᠷᠭᠡ ᠪᠠᠨ ᠭᠦᠢᠴᠡᠳᠭᠡᠭᠦ ᠴᠠᠭ ᠦᠶ᠎ᠠ ᠶᠢᠨ ᠵᠢᠪᠬᠤᠭ᠎ᠠ ᠶᠢ ᠭᠦᠢᠴᠡᠳ ᠢᠯᠡᠷᠡᠭᠦᠯᠦᠨ᠂ ᠨᠡᠶᠢᠭᠡᠮ ᠵᠢᠷᠤᠮᠳᠤ ᠠᠷᠠᠳᠴᠢᠯᠠᠬᠰᠠᠨ ᠤᠯᠤᠰ ᠳᠦᠷᠦ ᠶᠢᠨ ᠦᠷᠨᠢᠭᠦᠨ ᠪᠠᠳᠠᠷᠠᠩᠭᠤᠢ ᠠᠮᠢᠵᠢᠷᠠᠯ ᠤᠨ ᠭᠦᠴᠦᠨ ᠢ ᠠᠮᠢᠳᠤᠯᠢᠭ ᠢᠶᠠᠷ ᠳᠤᠰᠬᠠᠪᠠ᠃ ᠶᠡᠭᠡ ᠬᠤᠷᠠᠯ ᠨᠢ ᠪᠦᠯᠭᠦᠮᠳᠠᠯ ᠂ ᠠᠷᠠᠳᠴᠢᠯᠠᠯ᠂ ᠡᠪ ᠵᠤᠬᠢᠴᠠᠯ᠂ ᠰᠢᠨ᠎ᠠ ᠰᠠᠪᠠᠭᠦᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠵᠤ᠂ ᠨᠢᠭᠡ ᠤᠳᠠᠭᠠᠨ ᠎ ᠤ ᠪᠦᠯᠭᠦᠮᠳᠡᠭᠰᠡᠨ᠂ ᠠᠮᠵᠢᠯᠳᠠ ᠲᠠᠢ᠂ ᠡᠷᠡᠯᠭᠡᠭᠯᠡᠨ ᠤᠷᠤᠬᠰᠢᠯᠠᠬᠰᠠᠨ ᠶᠡᠭᠡ ᠬᠤᠷᠠᠯ ᠮᠦᠨ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠠᠯ ᠰᠠᠨᠠᠭ᠎ᠠ ᠪᠠ ᠨᠠᠮ ᠎ ᠤᠨ ᠠᠷᠪᠠᠨ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠭᠤᠯᠤᠬᠰᠠᠨ ᠶᠡᠭᠡ ᠬᠤᠷᠠᠯ ᠮᠦᠨ᠃ ᠠᠪᠠᠭ᠎ᠠ ᠬᠤᠰᠢᠭᠤᠨ ᠤ ᠨᠡᠨ ᠵᠢᠯ ᠵᠢᠴᠢ ᠢᠷᠡᠭᠦ ᠳᠠᠪᠤᠨ ᠵᠢᠯ ᠤᠨ ᠠᠵᠤ ᠠᠬᠤᠢ ᠨᠡᠶᠢᠭᠡᠮ ᠤᠨ ᠭᠦᠭᠵᠢᠯᠳᠡ ᠶᠢ ᠳᠦᠯᠦᠪᠯᠡᠭᠰᠡᠨ ᠶᠡᠭᠡ ᠬᠤᠷᠠᠯ ᠪᠤᠯᠤᠯ᠎ᠠ ᠬᠡᠰᠡᠨ ᠪᠠᠶᠢᠨ᠎ᠠ᠃        ᠶᠡᠭᠡ ᠬᠤᠷᠠᠯ ᠨᠢ ᠪᠦᠬᠦ ᠬᠡᠰᠢᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠲᠦᠷᠦᠯ ᠤᠨ ᠵᠦᠪᠯᠡᠬᠦ ᠵᠦᠢᠯ ᠢᠶᠠᠨ ᠲᠡᠭᠦᠰ ᠰᠠᠶᠢᠨ ᠪᠡᠶᠡᠯᠡᠭᠦᠯᠵᠤ᠂ ᠤᠯᠤᠰ ᠤᠨ ᠰᠦᠯᠳᠡ ᠳᠠᠭᠤᠨ ᠤ ᠳᠤᠮᠳᠠ ᠠᠮᠵᠢᠯᠳᠠ ᠲᠠᠢ ᠦᠨᠳᠦᠷᠯᠡᠭᠰᠡᠨ ᠪᠠᠶᠢᠨ᠎ᠠ᠃        ᠬᠤᠰᠢᠭᠤ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠡᠯ᠎ᠡ ᠰᠤᠮᠤ ᠪᠠᠯᠭᠠᠰᠤᠨ ᠎ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠤ ᠬᠠᠷᠢᠯᠴᠠᠭᠴᠢ ᠵᠢᠴᠢ ᠬᠡᠰᠡᠭ ᠰᠢᠭᠤᠳ ᠬᠠᠷᠢᠶ᠎ᠠ ᠪᠠᠶᠢᠭᠤᠯᠭ᠎ᠠ ᠎ ᠶᠢᠨ ᠬᠠᠷᠢᠭᠤᠴᠠᠯᠭᠠᠳᠠᠨ ᠨᠠᠷ ᠬᠤᠷᠠᠯ ᠳᠤ ᠰᠤᠯᠠ ᠤᠷᠤᠯᠴᠠᠪᠠ᠃  
 
ᠢᠷᠡᠯᠲᠡ᠄ ᠬᠠᠰᠭᠤᠸ᠎ᠠ ︵ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号