2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018/1/19
ᠵᠠᠰᠠᠭ ᠤᠨ ᠤᠷᠳᠤᠨ ᠤ ᠠᠵᠢᠯ ᠤᠨ ᠢᠯᠡᠳᠬᠡᠯ     —— ᠠᠪᠠᠭ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ      ᠲᠦᠯᠤᠬᠡᠯᠡᠭᠴᠢᠳ ᠤᠨ ᠶᠡᠭᠡ ᠬᠤᠷᠡᠯ ᠤᠨ ᠨᠢᠭᠡᠳᠦᠭᠡᠷ ᠤᠳᠠᠭᠠᠨ ᠤ ᠬᠤᠷᠡᠯ    ᠵᠠᠰᠠᠭ ᠤᠨ ᠤᠷᠳᠤᠨ ᠤ ᠬᠤᠰᠢᠭᠤ ᠲᠠᠷᠤᠭ᠎ᠠ        ᠠᠮᠤᠭᠤᠯᠠᠩ    2018 ᠤᠨ ᠤ 1 ᠰᠠᠷ᠎ᠠ ᠶᠢᠨ 16 ᠤ ᠡᠳᠤᠷᠲᠦᠯᠤᠬᠡᠯᠡᠭᠴᠢᠳ ᠡ᠄ᠤᠳᠤ ᠪᠢ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠠᠤ︕ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ ᠤᠷᠤᠯᠴᠠᠭᠰᠡᠨ ᠨᠦᠬᠦᠳ ᠰᠠᠨᠠᠯ ᠢᠶᠠᠨ ᠲᠡᠪᠰᠢᠬᠦᠯᠬᠦ ᠶᠢ ᠬᠦᠰᠠᠶ᠎ᠠ᠃ᠨᠢᠬᠡ᠂ ᠦᠩᠭᠡᠷᠡᠭᠰᠡᠨ ᠲᠠᠪᠣᠨ ᠵᠢᠯ ᠤᠨ ᠠᠵᠢᠯ ᠤᠨ ᠡᠷᠬᠢᠴᠠᠬᠦᠯᠤᠯᠦᠩᠭᠡᠷᠡᠭᠰᠡᠨ ᠲᠠᠪᠣᠨ ᠵᠢᠯ ᠳᠤ᠂ ᠪᠢᠳᠠ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠪᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢᠶᠠᠨ ᠪᠦᠯᠬᠦᠮᠳᠡᠬᠦᠯᠦᠨ ᠲᠠᠭᠠᠭᠤᠯᠵᠣ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠳᠡᠢ ᠵᠣᠬᠢᠴᠠᠨ᠂ ᠠᠵᠣ ᠠᠬᠤᠢ ᠨᠡᠶᠢᠭᠡᠮ ᠤᠨ ᠲᠣᠭᠳᠠᠭᠤᠨ ᠡᠷᠡᠬᠦᠯ ᠬᠦᠭᠵᠢᠯᠳᠡ ᠶᠢ ᠪᠠᠶᠠᠯᠠᠬᠦᠯᠪᠠ᠃ ᠭᠠᠵᠠᠷ ᠣᠷᠣᠨ ᠤ ᠦᠢᠯᠡᠳᠪᠦᠷᠢᠯᠡᠯ  ᠤᠨ ᠶᠡᠷᠦᠩᠬᠡᠢ ᠦᠷᠳᠡᠭ 2012 ᠣᠨ ᠤ 49 ᠳ᠋ᠦᠩᠰᠢᠭᠤᠷ ᠲᠦᠬᠦᠷᠢᠭ ᠠᠴᠠ 2017 ᠣᠨ ᠳᠤ 59.7 ᠳ᠋ᠦᠩᠰᠢᠭᠤᠷ ᠲᠦᠬᠦᠷᠢᠭ ᠲᠤ ᠬᠦᠷᠴᠦ᠂ ᠲᠣᠮᠳᠠᠴᠢ ᠪᠠᠷ ᠵᠢᠯ ᠪᠦᠷᠢ 9 % ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠬᠡᠮᠵᠢᠶ᠎ᠡ 2012 ᠣᠨ ᠤ 7.5 ᠳ᠋ᠦᠩᠰᠢᠭᠤᠷ ᠲᠦᠬᠦᠷᠢᠭ ᠠᠴᠠ 2017 ᠣᠨ ᠳᠤ 12.1 ᠳ᠋ᠦᠩᠰᠢᠭᠤᠷ ᠲᠦᠬᠦᠷᠢᠭ ᠲᠤ ᠬᠦᠷᠴᠦ᠂ ᠲᠣᠮᠳᠠᠴᠢ ᠪᠠᠷ ᠵᠢᠯ ᠪᠦᠷᠢ 10.1% ᠪᠠᠷ ᠨᠡᠮᠡᠭᠳᠡᠪᠡ︔ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠣᠬᠢᠷᠠᠭᠤᠯᠵᠣ ᠪᠣᠯᠬᠤᠶᠢᠴᠠ ᠲᠣᠮᠳᠠᠴᠢ ᠣᠷᠣᠯᠭ᠎ᠠ 2012 ᠣᠨ ᠤ 20201 ᠲᠦᠬᠦᠷᠢᠭ ᠠᠴᠠ 2017 ᠣᠨ ᠳᠤ 35120 ᠲᠦᠬᠦᠷᠢᠭ  ᠲᠤ ᠬᠦᠷᠴᠦ᠂ ᠲᠣᠮᠳᠠᠴᠢ ᠪᠠᠷ ᠵᠢᠯ ᠪᠦᠷᠢ 11.7% ᠪᠠᠷ ᠨᠡᠮᠡᠭᠳᠡᠪᠡ︔ ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠲᠣᠬᠢᠷᠠᠭᠤᠯᠵᠣ ᠪᠣᠯᠬᠤᠶᠢᠴᠠ ᠲᠣᠮᠳᠠᠴᠢ ᠣᠷᠣᠯᠭ᠎ᠠ 2012 ᠣᠨ ᠤ 14463 ᠲᠦᠬᠦᠷᠢᠭ ᠠᠴᠠ 2017 ᠣᠨ ᠳᠤ 23630 ᠲᠦᠬᠦᠷᠢᠭ ᠲᠤ ᠬᠦᠷᠴᠦ᠂ ᠲᠣᠮᠳᠠᠴᠢ ᠪᠠᠷ ᠵᠢᠯ ᠪᠦᠷᠢ 10.3%  ᠪᠠᠷ ᠨᠡᠮᠡᠭᠳᠡᠪᠡ᠃ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪᠯᠡᠨ ᠪᠣᠳᠣᠭᠰᠠᠨ ᠣᠷᠣᠯᠭ᠎ᠠ 9.1 ᠳ᠋ᠦᠩᠰᠢᠭᠤᠷ ᠲᠦᠬᠦᠷᠢᠭ᠂ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 183 ᠳ᠋ᠦᠩᠰᠢᠭᠤᠷ ᠲᠦᠬᠦᠷᠢᠭ ᠢ ᠪᠡᠶᠡᠯᠡᠬᠦᠯᠪᠡ᠃—— ᠲᠠᠪᠣᠨ ᠵᠢᠯ ᠤᠨ ᠲᠣᠷᠰᠢ᠂ ᠲᠡᠰ ᠲᠡᠪᠰᠢᠬᠦᠯᠦᠨ ᠰᠢᠯᠢᠳᠡᠭᠵᠢᠬᠦᠯᠬᠦ ᠶᠢ ᠪᠠᠷᠢᠮᠳᠠᠯᠠᠭᠰᠠᠨ ᠠᠴᠠ ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠣᠯᠳᠠ ᠰᠢᠨ᠎ᠡ ᠠᠬᠢᠯᠳᠠ ᠲᠠᠢ ᠪᠣᠯᠪᠠ᠃ ᠮᠠᠯ ᠠᠵᠣ ᠠᠬᠤᠢ ᠶᠢᠨ ᠬᠦᠭᠵᠢᠯᠳᠡ ᠶᠢ ᠠᠬᠢᠭᠤᠯᠪᠠ᠃ ︽ᠬᠤᠨᠢ ᠪᠠᠨ ᠴᠦᠭᠡᠴᠢᠯᠡᠨ ᠦᠭᠡᠷ ᠢᠶᠠᠨ ᠨᠡᠮᠡᠭᠳᠡᠬᠦᠯᠬᠦ︾ ᠪᠠᠶᠢᠯᠳᠣᠬᠤ ᠪᠣᠳᠣᠯᠭ᠎ᠠ  ᠶᠢ ᠬᠡᠷᠡᠭᠵᠢᠬᠦᠯᠦᠭᠰᠡᠨ ᠠᠴᠠ ᠨᠠᠰᠢ᠂ ᠡᠪᠤᠯᠵᠢᠬᠦ ᠬᠤᠨᠢᠨ ᠤ ᠲᠤᠭ᠎ᠠ ᠶᠢ 2012 ᠤᠨ ᠤ 111 ᠲᠦᠮᠨ  ᠪᠠᠶᠢᠭᠰᠡᠨ ᠠᠴᠠ 2017 ᠣᠨ ᠳᠤ 91ᠲᠦᠮᠨ ᠪᠣᠯᠭᠠᠨ ᠴᠦᠬᠡᠴᠢᠯᠡᠵᠤ᠂ ᠦᠭᠡᠷ ᠢ 10.4 ᠲᠦᠮᠨ ᠠᠴᠠ 11.1 ᠲᠦᠮᠨ ᠪᠣᠯᠭᠠᠨ ᠨᠡᠮᠡᠭᠳᠡᠬᠦᠯᠵᠦ᠂ ᠦᠭᠡᠷ ᠤᠨ ᠡᠬᠦᠯᠳᠡᠷ ᠰᠠᠶᠢᠵᠢᠷᠠᠭᠤᠯᠣᠭᠰᠠᠨ ᠨᠣᠷᠮ᠎ᠠ 2012 ᠣᠨ ᠤ 92.9% ᠠᠴᠠ ᠨᠡᠮᠡᠭᠳᠡᠬᠦᠯᠦᠨ 93.4% ᠳᠤ ᠬᠦᠷᠬᠡᠪᠡ᠃ ᠮᠠᠯ ᠠᠵᠣ ᠠᠬᠤᠢ ᠶᠢᠨ ᠲᠦᠷᠦ ᠶᠢᠨ ᠪᠤᠳᠤᠯᠭᠠᠳᠤ ᠴᠢᠨᠠᠷᠳᠠᠢ ᠲᠠᠭᠠᠳᠬᠠᠯ ᠢ ᠬᠡᠷᠡᠭᠵᠢᠬᠦᠯᠵᠦ᠂ ᠨᠢᠭᠡᠳᠦᠭᠡᠷ ᠲᠦᠷᠦᠯ ᠤᠨ ᠬᠠᠯᠳᠠᠪᠣᠷᠢᠳᠣ ᠡᠪᠡᠳᠴᠢᠨ ᠢ ᠰᠡᠷᠭᠡᠶᠢᠯᠡᠬᠦ ᠲᠠᠷᠢᠯᠭ᠎ᠠ ᠲᠠᠷᠢᠭᠰᠡᠨ ᠨᠣᠷᠮ᠎ᠠ 100% ᠳᠤ ᠬᠦᠷᠴᠦ᠂ ᠰᠢᠨ᠎ᠡ ᠪᠠᠷ 28.3 ᠲᠦᠮᠡᠨ ᠲᠡᠭᠰᠢ ᠲᠦᠷᠪᠡᠯᠵᠢᠨ ᠮᠧᠲᠷ ᠫᠧᠩ ᠬᠤᠷᠤᠭ᠎ᠠ ᠪᠠᠷᠢᠵᠣ᠂ 103.2 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠭᠡᠵᠦ᠂ ᠡᠪᠦᠯᠵᠢᠬᠦ ᠮᠠᠯ ᠪᠦᠷᠢ  ᠶᠢᠨ ᠡᠵᠡᠯᠡᠬᠦ ᠫᠧᠩ ᠬᠤᠷᠤᠭ᠎ᠠ ᠶᠢ 2012 ᠣᠨ ᠤ 0.5 ᠲᠡᠭᠰᠢ ᠲᠦᠷᠪᠡᠯᠵᠢᠨ ᠮᠧᠲᠷ ᠠᠴᠠ 1 ᠲᠡᠭᠰᠢ ᠲᠦᠷᠪᠡᠯᠵᠢᠨ ᠮᠧᠲᠷ ᠪᠣᠯᠭᠠᠪᠡ᠃ ᠠᠪᠠᠭ᠎ᠠ ᠬᠠᠷ᠎ᠠ ᠠᠳᠣᠭᠤ᠂ ᠠᠪᠠᠭ᠎ᠠ ᠴᠡᠭᠡ᠂ ᠣᠷᠢᠶᠠᠩᠬᠠᠢ ᠬᠤᠨᠢ ᠶᠢ ᠣᠯᠣᠰ ᠤᠨ ᠭᠠᠵᠠᠷ ᠵᠦᠢ ᠶᠢᠨ ᠲᠠᠸᠠᠷ ᠤᠨ ᠲᠡᠮᠳᠡᠭ ᠲᠤ ᠲᠠᠩᠰᠠᠯᠠᠭᠤᠯᠤᠨ᠂ ︽ᠮᠠᠯᠴᠢᠳ ᠤᠨ ᠲᠣᠷᠠᠰᠣᠮᠵᠢ︾ ᠵᠡᠷᠭᠡ 3 ᠲᠠᠸᠠᠷ  ᠤᠨ ᠲᠡᠮᠳᠡᠭ ᠪᠦᠬᠦ ᠠᠶᠢᠮᠠᠭ ᠤᠨ ᠨᠡᠷᠡᠳᠦ ᠲᠠᠸᠠᠷ ᠤᠨ ᠲᠡᠮᠳᠡᠭ ᠢᠶᠠᠷ ᠦᠨᠡᠯᠡᠭᠳᠡᠵᠤ᠂ ᠲᠣᠰᠬᠠᠶᠢᠵᠢᠭᠰᠠᠨ ᠬᠤᠷᠰᠢᠶᠡᠵᠢᠯ 226᠂ ᠭᠡᠷ ᠪᠦᠯᠢ ᠶᠢᠨ ᠮᠠᠯᠵᠢᠯ ᠤᠨ ᠲᠠᠯᠠᠪᠠᠢ 305 ᠳᠤ ᠬᠦᠷᠴᠦ᠂ ᠲᠠᠪᠣᠨ ᠵᠢᠯ ᠳᠤ 737 ᠲᠣᠨ ᠴᠠᠭᠠᠨ ᠢᠳᠡᠭᠡ᠂ 1265 ᠲᠣᠨ ᠴᠡᠭᠡ ᠪᠣᠷᠣᠯᠠᠭᠤᠯᠣᠨ᠂ 11.5 ᠳ᠋ᠦᠩᠰᠢᠭᠤᠷ ᠺᠢᠯᠣᠭ᠍ᠷᠠᠮ ᠠᠴᠠ ᠲᠡᠭᠡᠭᠰᠢ ᠡᠪᠡᠰᠦ ᠬᠠᠳᠣᠵᠣ ᠨᠦᠭᠡᠴᠡᠯᠡᠪᠡ᠃ ᠠᠵᠣ ᠦᠢᠯᠡᠳᠪᠦᠷᠢ ᠶᠢᠨ ᠬᠡᠯᠪᠡᠷᠢ ᠶᠢᠨ ᠬᠤᠪᠢᠷᠠᠭᠤᠯᠣᠯᠳᠠ ᠶᠢ ᠲᠦᠷᠬᠡᠳᠬᠡᠪᠡ᠃ ᠴᠠᠭᠠᠨᠨᠠᠭᠤᠷ ᠵᠢᠯ ᠳᠤ 500 ᠲᠦᠮᠡᠨ ᠲᠣᠨ ᠦᠢᠯᠡᠳᠪᠦᠷᠢᠯᠡᠬᠦ ᠨᠡᠬᠦᠷᠡᠰᠤᠨ ᠠᠭᠤᠷᠬᠠᠢ ᠬᠢᠨᠠᠨ ᠵᠦᠪᠰᠢᠶᠡᠷᠡᠬᠦᠯᠬᠦ ᠭᠠᠷᠳᠠᠮ ᠬᠦᠢᠴᠡᠳᠬᠡᠬᠦ ᠱᠠᠳᠤᠨ ᠳᠤ ᠪᠠᠨ ᠪᠠᠶᠢᠵᠤ᠂ 2×66 ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ ᠦᠢᠯᠡᠳᠪᠦᠷᠢ ᠶᠢ ᠬᠢᠨᠠᠨ ᠵᠦᠪᠰᠢᠶᠡᠷᠡᠬᠦᠯᠦᠨ᠂ ᠷᠥᠩ ᠹᠧᠩ ᠰᠠᠯᠬᠢᠨ ᠴᠠᠬᠢᠯᠭᠠᠨ ᠤ 5 ᠲᠦᠮᠡᠨ ᠺᠢᠯᠣᠸᠠᠲ ᠤᠨ ᠲᠦᠷᠦᠯ ᠵᠦᠢᠯ ᠢ ᠴᠠᠬᠢᠯᠭᠠᠨ ᠲᠣᠣᠷ ᠲᠤ ᠣᠷᠣᠭᠤᠯᠵᠣ᠂ ᠶᠡᠷᠦᠩᠬᠡᠢ ᠮᠠᠰᠢᠨ ᠴᠣᠭᠴᠠᠯᠠᠪᠣᠷᠢ ᠨᠢ 130 ᠲᠦᠮᠡᠨ ᠺᠢᠯᠣᠸᠠᠲ ᠤᠨ ᠣᠨᠴᠠ ᠦᠨᠳᠦᠷ ᠬᠦᠴᠦᠳᠡᠯᠳᠦ ᠴᠠᠬᠢᠯᠭᠠᠨ ᠢ ᠭᠠᠳᠠᠭᠰᠢ ᠬᠦᠷᠭᠡᠬᠦ ᠰᠠᠯᠬᠢᠨ ᠬᠦᠴᠤᠨ ᠤ ᠲᠦᠷᠦᠯ ᠵᠦᠢᠯ ᠤᠨ ᠬᠢᠨᠠᠨ ᠵᠦᠪᠰᠢᠶᠡᠷᠡᠬᠦᠯᠬᠦ ᠭᠠᠷᠳᠠᠮ ᠢ ᠬᠦᠢᠴᠡᠳᠭᠡᠨ᠂ ᠡᠷᠢᠶᠡᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ 38 ᠲᠦᠮᠡᠨ ᠺᠢᠯᠣᠸᠣᠯᠲ ᠤᠨ ᠲᠦᠷᠦᠯ ᠵᠦᠢᠯ ᠢ ᠲᠠᠩᠰᠠᠯᠠᠭᠤᠯᠵᠣ᠂ ᠰᠠᠯᠬᠢᠨ ᠴᠠᠬᠢᠯᠭᠠᠨ ᠤ ᠮᠠᠰᠢᠨ ᠴᠣᠭᠴᠠᠯᠠᠪᠣᠷᠢ ᠶᠢᠨ ᠪᠠᠭᠳᠠᠭᠠᠮᠵᠢ ᠨᠢ 85 ᠲᠦᠮᠡᠨ ᠺᠢᠯᠣᠸᠠᠲ ᠬᠦᠷᠴᠦ᠂ 92 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠣ᠂ ᠪᠦᠬᠦ ᠠᠶᠢᠮᠠᠭ ᠤᠨ ᠰᠢᠨ᠎ᠡ ᠡᠨᠧᠷᠬᠢ ᠶᠢᠨ ᠠᠵᠣ ᠦᠢᠯᠡᠰ ᠤᠨ ᠲᠡᠷᠢᠬᠦᠨ ᠤ ᠡᠩᠨᠡᠭᠡᠨ ᠳᠤ ᠣᠷᠣᠪᠠ᠃ ᠶᠢᠨ ᠳ᠋ᠢ ᠵᠡᠰ ᠮᠣᠯᠢᠹᠳᠧᠨ ᠶᠢᠨ ᠠᠭᠤᠷᠬᠠᠢ ᠶᠢᠨ ᠲᠣᠭᠳᠠᠭᠤᠨ ᠡᠵᠡᠩᠨᠡᠯᠳᠡ ᠶᠢ ᠪᠠᠳᠣᠯᠠᠵᠣ᠂ ᠭᠤᠷᠴᠢ  ᠶᠢᠨ ᠡᠳᠦᠷ ᠲᠤ 2000 ᠲᠣᠨ ᠬᠦᠳᠡᠷ ᠰᠢᠯᠢᠬᠦ ᠣᠯᠠᠨ ᠲᠡᠮᠦᠷᠯᠢᠭ ᠤᠨ ᠠᠭᠤᠷᠬᠠᠢ ᠶᠢ ᠪᠠᠶᠢᠭᠤᠯᠵᠣ ᠪᠠᠶᠢᠬᠤ ᠶᠢᠨ ᠬᠠᠮᠳᠤ ᠯᠥᠩ ᠰᠢᠩ ᠬᠠᠶᠢᠯᠣᠭᠤᠷ ᠵᠣᠩᠰᠢ ᠶᠢᠨ ᠠᠭᠤᠷᠬᠠᠢ ᠶᠢ ᠦᠷᠭᠡᠳᠭᠡᠨ ᠪᠠᠶᠢᠭᠤᠯᠵᠣ᠂ ᠪᠦᠬᠦ ᠠᠶᠢᠮᠠᠭ ᠤᠨ ᠲᠡᠮᠦᠷᠯᠢᠭ ᠤᠨ ᠬᠦᠳᠡᠷ ᠰᠢᠯᠢᠵᠦ ᠨᠠᠷᠢᠯᠢᠭ ᠡᠳ᠋ᠰᠢᠬᠦᠯᠬᠦ ᠰᠠᠭᠤᠷᠢᠨ ᠭᠠᠵᠠᠷ ᠢ ᠪᠠᠶᠢᠭᠤᠯᠬᠤ ᠳᠤ ᠪᠠᠳᠣ ᠪᠠᠬᠢ ᠰᠠᠭᠤᠷᠢ  ᠶᠢ ᠲᠠᠯᠪᠢᠪᠠ᠃ ᠲᠠᠷᠬᠠᠨ᠂ ᠨᠣᠮᠢᠨ ᠲᠠᠯᠠᠬᠡᠢ᠂ ᠡᠷᠳᠡᠨᠢ᠂ ᠮᠤᠩᠭᠤᠯ ᠵᠡᠷᠭᠡ ᠣᠯᠠᠭᠠᠨ ᠢᠳᠡᠭᠡᠨ ᠡᠳ᠋ᠰᠢᠬᠦᠯᠦᠨ ᠪᠣᠯᠪᠠᠰᠣᠷᠠᠭᠤᠯᠬᠤ ᠠᠵᠣ ᠠᠬᠤᠶᠢᠯᠠᠯ ᠢ ᠠᠰᠢᠭᠯᠠᠯᠳᠠ ᠳᠤ ᠣᠷᠣᠭᠤᠯᠵᠣ᠂ ᠵᠢᠯ ᠤᠨ ᠡᠳ᠋ᠰᠢᠬᠦᠯᠦᠨ ᠪᠣᠯᠪᠠᠰᠣᠷᠠᠭᠤᠯᠬᠤ ᠴᠢᠳᠠᠪᠬᠢ ᠶᠢ 2012 ᠣᠨ ᠤ 25 ᠲᠦᠮᠡᠨ ᠬᠤᠨᠢᠴᠢᠯᠠᠭᠰᠠ ᠨᠢᠭᠡᠴᠢ ᠠᠴᠠ 140 ᠲᠦᠮᠡᠨ ᠬᠤᠨᠢᠴᠢᠯᠠᠭᠰᠠᠨ ᠨᠢᠭᠡᠴᠢ ᠪᠣᠯᠭᠠᠨ ᠲᠡᠭᠡᠭᠰᠢᠯᠡᠬᠦᠯᠪᠡ᠃ ︽ᠨᠢᠭᠡ ᠣᠷᠣᠨ ᠬᠤᠶᠠᠷ ᠲᠣᠭᠤᠷᠢᠭ︾ ᠠᠩᠬ᠎ᠠ ᠠᠯᠬᠤᠮ ᠬᠡᠪᠴᠢᠶᠠᠵᠢᠵᠤ᠂ 21 ᠠᠵᠣ ᠠᠬᠤᠶᠢᠯᠠᠯ ᠢ ᠰᠠᠭᠤᠷᠢᠰᠢᠭᠤᠯᠣᠨ᠂ 2017 ᠣᠨ ᠳᠤ 11.3 ᠳ᠋ᠦᠩᠰᠢᠭᠤᠷ ᠲᠦᠬᠦᠷᠢᠭ ᠤᠨ ᠦᠢᠯᠡᠳᠪᠦᠷᠢᠯᠡᠯ ᠤᠨ ᠦᠷᠳᠡᠭ ᠡᠬᠦᠳᠤᠪᠡ᠃ ᠭᠤᠷᠪᠠᠳᠣᠭᠠᠷ ᠠᠵᠣ ᠦᠢᠯᠡᠰ ᠤᠨ ᠠᠮᠢᠵᠢᠷᠡᠯ ᠤᠨ ᠬᠦᠴᠤᠨ ᠢ ᠨᠡᠮᠡᠭᠳᠡᠬᠦᠯᠪᠠ᠃ ᠪᠦᠬᠦ ᠬᠡᠪᠴᠢᠶᠡᠨ ᠳᠠᠬᠢ ᠵᠣᠭᠠᠴᠠᠯ ᠢ ᠠᠬᠢᠭᠤᠯᠣᠨ᠂ ᠲᠠᠪᠣᠨ ᠵᠢᠯ ᠳᠤ ᠵᠣᠭᠠᠴᠠᠭᠰᠠᠳ ᠢ 96.7 ᠲᠦᠮᠡᠨ ᠬᠦᠮᠦᠨ ᠣᠳᠠᠭ᠎ᠠ ᠬᠦᠯᠢᠶᠡᠨ ᠵᠣᠴᠢᠯᠠᠵᠣ᠂ 4.7 ᠳ᠋ᠦᠩᠰᠢᠭᠤᠷ ᠲᠦᠬᠦᠷᠢᠭ ᠤᠨ ᠣᠷᠣᠯᠭ᠎ᠠ ᠡᠬᠦᠳᠴᠦ᠂ ᠲᠣᠮᠳᠠᠴᠢ ᠪᠠᠷ ᠵᠢᠯ ᠪᠦᠷᠢ 20% ᠪᠠᠷ ᠨᠡᠮᠡᠭᠳᠡᠪᠡ᠃ ᠵᠣᠭᠠᠴᠠᠯ ᠤᠨ ᠦᠵᠡᠮᠵᠢᠳᠤ ᠣᠷᠣᠨ ᠢ ᠦᠭᠡᠷᠡᠴᠢᠯᠡᠨ ᠲᠡᠰ ᠲᠡᠪᠰᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠬᠤᠩᠭᠤᠷᠭᠤᠣᠯ ᠪᠠᠯᠭᠠᠰᠣᠨ ᠤ ᠰᠠᠷᠠᠭᠤᠯᠳᠣᠶᠠᠭ᠎ᠠ ᠭᠠᠴᠠᠭ᠎ᠠ ᠣᠯᠣᠰ  ᠤᠨ ᠴᠦᠭᠡᠨ ᠲᠣᠭᠠᠳᠣ ᠦᠨᠳᠦᠰᠦᠳᠡᠨ ᠤ ᠣᠨᠴᠠᠯᠢᠭᠳᠣ ᠲᠣᠰᠬᠤᠨ ᠢᠶᠠᠷ ᠦᠨᠡᠯᠡᠭᠳᠡᠪᠡ᠃ ᠦᠢᠯᠡᠴᠢᠯᠡᠭᠡᠨ ᠤ ᠦᠢᠯᠡᠰ ᠢ ᠲᠡᠰ ᠲᠡᠪᠰᠢᠬᠦᠯᠬᠦ ᠶᠢ ᠲᠦᠷᠭᠡᠳᠭᠡᠨ᠂ ᠲᠠᠯ᠎ᠠ ᠨᠣᠳᠤᠭ ᠤᠨ ᠡᠯᠧᠺᠲᠷᠣᠨ ᠬᠤᠳᠠᠯᠳᠣᠭᠠᠨ ᠤ ᠲᠦᠪ ᠲᠤ 13 ᠬᠤᠳᠠᠯᠳᠤᠭᠠᠴᠢᠨ ᠢ ᠰᠠᠭᠤᠷᠢᠰᠢᠭᠤᠯᠣᠨ᠂ ᠭᠠᠵᠠᠷ ᠣᠷᠣᠨ ᠤ ᠦᠨᠳᠦᠰᠦᠳᠡᠨ ᠤ ᠣᠨᠴᠠᠯᠢᠭᠳᠦ ᠪᠦᠳᠦᠭᠡᠭᠳᠡᠬᠦᠨ 103 ᠲᠦᠷᠦᠯ ᠳᠤ ᠬᠦᠷᠴᠦ᠂ ᠠᠪᠠᠭ᠎ᠠ ᠬᠤᠰᠢᠭᠤᠨ ᠤ ᠴᠣᠭᠯᠠᠭ᠎ᠠ ᠠᠷᠠᠯᠵᠢᠶᠠᠨ ᠤ ᠶᠡᠷᠦᠩᠬᠡᠶᠢᠯᠡᠭᠰᠡᠨ ᠵᠠᠬ᠎ᠠ ᠶᠢᠨ ᠪᠠᠷᠢᠯᠭ᠎ᠠ ᠶᠢ ᠦᠨᠳᠦᠰᠦᠨ ᠳᠡᠭᠡᠨ ᠲᠠᠭᠤᠰᠬᠠᠨ᠂ ᠳ᠋ᠠ ᠷᠦᠨ ᠹᠠ ᠬᠤᠯᠪᠣᠭᠠᠳᠣ ᠲᠡᠯᠭᠡᠬᠦᠷ ᠢ ᠠᠪᠠᠭ᠎ᠠ ᠬᠤᠰᠢᠭᠤᠨ  ᠳᠤ ᠰᠠᠭᠤᠷᠢᠰᠢᠭᠤᠯᠵᠣ᠂ 2017 ᠣᠨ ᠳᠤ ᠠᠶᠠᠨᠴᠢᠨ ᠪᠠ ᠪᠠᠷᠠᠭ᠎ᠠ ᠵᠦᠭᠡᠭᠡᠪᠦᠷᠢᠯᠡᠯᠳᠡ ᠶᠢᠨ ᠬᠡᠮᠵᠢᠶ᠎ᠡ ᠲᠣᠰ ᠲᠣᠰ 1.2 ᠲᠦᠮᠡᠨ ᠬᠦᠮᠦᠨ ᠺᠢᠯᠣᠮᠧᠲᠷ ᠪᠠ 2.8 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ 2012 ᠣᠨ ᠲᠠᠢ ᠬᠠᠷᠢᠴᠠᠭᠤᠯᠪᠠᠯ ᠲᠣᠰ ᠲᠣᠰ 15% ᠪᠠ 29% ᠪᠠᠷ ᠨᠡᠮᠡᠭᠳᠡᠪᠡ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠡᠮᠵᠢᠶ᠎ᠡ ᠨᠢ ᠲᠣᠰ ᠲᠣᠰ 19.7 ᠳ᠋ᠦᠩᠰᠢᠭᠤᠷ ᠲᠦᠬᠦᠷᠢᠭ ᠪᠠ 10.7 ᠳ᠋ᠦᠩᠰᠢᠭᠤᠷ ᠲᠦᠬᠦᠷᠢᠭ ᠲᠤ ᠬᠦᠷᠴᠦ᠂ 2012 ᠣᠨ ᠠᠴᠠ 1.6 ᠲᠠᠬᠢᠨ ᠪᠠ 1.5 ᠲᠠᠬᠢᠨ ᠪᠣᠯᠪᠠ᠃ —— ᠲᠠᠪᠣᠨ ᠵᠢᠯ ᠤᠨ ᠲᠣᠷᠰᠢ᠂ ᠪᠠᠶᠢᠭᠤᠯᠵᠤ ᠬᠠᠮᠢᠶᠠᠷᠬᠤ ᠶᠢ ᠵᠡᠷᠭᠡᠪᠡᠷ ᠠᠳᠬᠤᠵᠤ᠂ ᠬᠤᠳᠠ ᠬᠦᠳᠡᠭᠡ ᠴᠣ ᠰᠢᠨ᠎ᠡ ᠲᠦᠷᠢ ᠲᠦᠷᠬᠦ ᠲᠠᠢ ᠪᠣᠯᠪᠠ᠃ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢᠯᠡᠳᠳᠡ ᠦᠷ᠎ᠡ ᠪᠦᠳᠦᠮᠵᠢ ᠤᠯᠪᠠ᠃ ᠲᠠᠯ᠎ᠠ ᠨᠣᠳᠤᠭ ᠤᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠣᠨ᠂ ᠲᠠᠯ᠎ᠠ ᠨᠣᠳᠤᠭ ᠤᠨ ᠱᠠᠩᠨᠠᠯ ᠨᠦᠬᠦᠪᠦᠷᠢ ᠶᠢ 5.54 ᠳ᠋ᠦᠩᠰᠢᠭᠤᠷ ᠲᠦᠬᠦᠷᠢᠭ ᠲᠠᠷᠬᠠᠭᠠᠵᠣ᠂ 6200 ᠮᠠᠯᠴᠢᠨ ᠡᠷᠦᠭᠡ   ᠳᠤ ᠠᠰᠢᠭ ᠬᠦᠷᠳᠡᠭᠡᠨ᠂ ᠨᠡᠶᠢᠳᠡ ᠶᠢᠨ ᠠᠰᠢᠭᠳᠣ ᠣᠢ ᠶᠢᠨ ᠨᠦᠬᠦᠪᠦᠷᠢ 8500 ᠲᠦᠮᠡᠨ ᠲᠦᠬᠦᠷᠢᠭ ᠲᠠᠷᠬᠠᠭᠠᠵᠣ᠂ 1177 ᠮᠠᠯᠴᠢᠨ ᠡᠷᠦᠭᠡ ᠳᠤ ᠠᠰᠢᠭ ᠬᠦᠷᠳᠡᠭᠡᠪᠡ᠃ 3.61 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ᠂ 20.2 ᠲᠦᠮᠡᠨ ᠮᠦ ᠶᠢ ᠣᠶᠢᠵᠢᠭᠤᠯᠣᠨ᠂ 1.4 ᠲᠦᠮᠡᠨ ᠮᠦ ᠭᠤᠤᠯᠳᠠᠯᠭ᠎ᠠ ᠲᠠᠢ ᠣᠷᠣᠨ ᠲᠣᠭᠤᠷᠢᠭ ᠢ ᠨᠣᠭᠤᠭᠠᠷᠠᠭᠤᠯᠣᠨ ᠂ 8330 ᠮᠦ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠵᠣ᠂ 688 ᠲᠦᠮᠡᠨ ᠮᠦ ᠳᠤ ᠬᠤᠯᠣᠭᠠᠨ᠎ᠠ᠂ ᠬᠤᠷᠤᠬᠠᠢ ᠶᠢᠨ ᠭᠠᠮᠰᠢᠭ ᠢ ᠰᠠᠷᠬᠡᠶᠢᠯᠡᠪᠡ᠃ 2017 ᠣᠨ ᠳᠤ ᠨᠣᠳᠤᠭ ᠪᠡᠯᠴᠢᠭᠡᠷ ᠤᠨ ᠣᠷᠭᠤᠮᠠᠯ  ᠤᠨ ᠪᠦᠷᠬᠦᠴᠡ ᠶᠢᠨ ᠨᠣᠷᠮ᠎ᠠ 54%᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 2.9% ᠳᠤ ᠬᠦᠷᠴᠦ᠂ ᠪᠦᠬᠦ ᠣᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠡᠷᠴᠢᠮᠵᠢᠬᠦᠯᠦᠨ ᠠᠰᠢᠭᠯᠠᠭᠰᠠᠨ ᠵᠢᠱᠢᠶᠡᠴᠢ ᠬᠤᠰᠢᠭᠤ ᠪᠠᠷ ᠦᠨᠡᠯᠡᠭᠳᠡᠪᠡ᠃ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠳᠣᠷ ᠬᠢᠵᠦ᠂ 2.3 ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ ᠣᠯᠣᠰ ᠤᠨ ᠠᠮᠢ ᠠᠬᠤᠢ ᠶᠢᠨ ᠴᠢᠳᠠᠪᠬᠢᠳᠦ ᠣᠷᠣᠨ ᠢ ᠪᠠᠶᠢᠭᠤᠯᠵᠤ᠂ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ 15 ᠲᠦᠷᠦᠯ ᠵᠦᠢᠯ ᠢ ᠬᠡᠷᠡᠭᠵᠢᠬᠦᠯᠦᠨ᠂ ᠪᠣᠬᠢᠷᠳᠣᠯ ᠬᠡᠢ ᠭᠠᠳᠠᠭᠰᠢᠯᠠᠭᠤᠯᠬᠤ ᠠᠵᠣ ᠠᠬᠤᠶᠢᠯᠠᠯ ᠳᠤ ᠪᠦᠬᠦ ᠲᠠᠯ᠎ᠠ ᠪᠠᠷ ᠴᠡᠭᠴᠡᠯᠡᠯᠳᠡ ᠬᠢᠵᠦ᠂ ᠲᠡᠭᠡᠳᠦ ᠱᠠᠳᠣᠨ ᠤ ᠪᠠᠶᠢᠴᠠᠭᠠᠨ ᠲᠤᠰᠬᠠᠭᠰᠡᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠰᠠᠭᠤᠳᠠᠯ ᠢ ᠨᠠᠷᠢᠨ ᠬᠢᠨᠠᠮᠠᠭᠠᠢ ᠴᠡᠭᠴᠡᠯᠡᠨ ᠦᠭᠡᠷᠡᠴᠢᠯᠡᠵᠦ᠂ ᠡᠨᠧᠷᠬᠢ ᠠᠷᠪᠢᠯᠠᠵᠣ ᠪᠣᠬᠢᠷᠳᠣᠯ ᠪᠠᠭᠠᠰᠬᠠᠬᠤ ᠬᠠᠷᠠᠯᠳᠠ ᠡᠬᠦᠷᠭᠡ ᠪᠠᠨ ᠪᠠᠶᠠᠯᠠᠬᠦᠯᠤᠨ᠂ ᠠᠮᠢ ᠠᠬᠤᠢ ᠣᠷᠴᠢᠨ ᠲᠣᠭᠤᠷᠢᠨ ᠤ ᠠᠮᠦᠷ ᠲᠦᠪᠰᠢᠨ ᠤ ᠬᠤᠷᠢᠭ᠎ᠠ ᠱᠣᠭᠤᠮ ᠢ ᠪᠠᠳᠣ ᠰᠠᠬᠢᠪᠠ᠃ ᠬᠤᠳᠠ ᠬᠦᠳᠡᠭᠡ  ᠶᠢᠨ ᠪᠦᠳᠦᠭᠡᠨ ᠪᠠᠶᠢᠭᠤᠯᠣᠯᠳᠠ ᠰᠢᠨ᠎ᠡ ᠠᠬᠢᠯᠳᠠ ᠲᠠᠢ ᠪᠣᠯᠪᠠ᠃ ᠪᠡᠯᠬᠦᠳᠡᠢ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢ ᠠᠬᠢᠭᠤᠯᠣᠨ᠂ 22 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ 4044 ᠡᠷᠦᠭᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠵᠣ᠂ 1270 ᠰᠠᠭᠤᠷᠢ ᠪᠠᠳᠣᠯᠠᠭᠠᠨ ᠤ ᠴᠢᠨᠠᠷᠳᠠᠢ ᠣᠷᠣᠨ ᠰᠠᠭᠤᠴᠠ ᠶᠢ ᠪᠠᠶᠢᠭᠤᠯᠪᠠ︔ ᠰᠢᠨ᠎ᠡ ᠪᠠᠷ 18 ᠵᠣᠷᠪᠣᠰ 26 ᠲᠦᠮᠡᠨ ᠲᠡᠭᠰᠢ ᠲᠦᠷᠪᠡᠯᠵᠢᠨ ᠮᠧᠲᠷ ᠵᠠᠮ ᠵᠠᠰᠠᠵᠣ᠂ 32 ᠵᠣᠷᠪᠣᠰ 38 ᠲᠦᠮᠡᠨ ᠲᠡᠭᠰᠢ ᠲᠦᠷᠪᠡᠯᠵᠢᠨ ᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠣᠨ᠂ ᠭᠤᠣᠯ ᠵᠡᠭᠡᠯᠢ ᠶᠢᠨ ᠵᠠᠮ ᠢ ᠰᠢᠨ᠎ᠡ ᠪᠠᠷ ᠲᠤᠰᠤᠯᠠᠪᠠ᠃ 80 ᠭᠠᠷᠣᠢ ᠺᠢᠯᠣᠮᠧᠲᠷ ᠲᠦᠭᠡᠭᠡᠯ ᠣᠰᠣ ᠬᠠᠩᠭᠠᠬᠤ᠂ ᠪᠣᠬᠢᠷ ᠣᠰᠣ ᠭᠠᠳᠠᠭᠰᠢᠯᠠᠭᠤᠯᠬᠤ ᠬᠤᠭᠤᠯᠠᠢ ᠤᠭᠰᠠᠷᠠᠵᠤ᠂ ᠣᠰᠣ ᠪᠠᠷ ᠴᠡᠪᠡᠷᠰᠢᠬᠦᠯᠬᠦ ᠵᠣᠷᠯᠣᠩ 20 ᠶᠢ ᠰᠢᠨ᠎ᠡ ᠪᠠᠷ ᠪᠠᠷᠢᠵᠣ᠂ ᠣᠰᠣ ᠶᠢ ᠣᠷᠴᠢᠯᠳᠣᠭᠤᠯᠣᠨ ᠠᠰᠢᠭᠯᠠᠬᠤ ᠦᠵᠡᠮᠵᠢ ᠶᠢᠨ ᠢᠨᠵᠧᠨᠧᠷᠢᠩ  ᠢ ᠠᠩᠬ᠎ᠠ ᠠᠯᠬᠤᠮ ᠬᠡᠪᠴᠢᠶᠡᠵᠢᠬᠦᠯᠪᠡ︔ ᠬᠤᠳᠠ ᠲᠣᠭᠤᠷᠢᠭ ᠢ 129.4 ᠲᠦᠮᠡᠨ ᠲᠡᠭᠰᠢ ᠲᠦᠷᠪᠡᠯᠵᠢᠨ ᠮᠧᠲᠷ ᠨᠣᠭᠤᠭᠠᠷᠠᠭᠤᠯᠣᠨ᠂ 379 ᠢᠵᠢ ᠵᠠᠮ ᠤᠨ ᠳ᠋ᠧᠩ ᠣᠭᠰᠠᠷᠠᠵᠣ᠂ wifi ᠵᠢᠵᠢᠭ ᠪᠠᠯᠭᠠᠰᠣᠨ ᠤ ᠢᠨᠵᠧᠨᠧᠷᠢᠩ ᠢ ᠬᠡᠷᠡᠭᠵᠢᠬᠦᠯᠦᠨ᠂ ᠵᠠᠰᠠᠭ ᠤᠨ ᠣᠷᠳᠣᠨ ᠠᠴᠠ ᠣᠷᠴᠢᠨ ᠲᠣᠭᠤᠷᠢᠨ ᠢ ᠴᠡᠪᠡᠷᠯᠡᠬᠦ ᠦᠢᠯᠡᠴᠢᠯᠡᠭᠡ ᠶᠢ ᠬᠤᠳᠠᠯᠳᠣᠨ ᠠᠪᠬᠤ ᠠᠵᠢᠯ ᠢ ᠠᠬᠢᠭᠤᠯᠣᠨ᠂ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠬᠤᠰᠢᠭᠤ ᠪᠠᠷ ᠦᠨᠡᠯᠡᠭᠳᠡᠪᠡ᠃ ︽ᠦᠵᠡᠰᠬᠦᠯᠡᠩᠳᠦ ᠬᠦᠳᠡᠭᠡ ᠲᠣᠰᠬᠤᠨ︾ ᠤ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ ᠣᠷᠣᠨ ᠤ ᠲᠡᠰ ᠤᠨ ᠦᠵᠡᠰᠬᠦᠯᠡᠩᠳᠦ ᠬᠦᠳᠡᠭᠡ ᠲᠣᠰᠬᠤᠨ ᠤ ᠪᠦᠳᠦᠭᠡᠨ ᠪᠠᠶᠢᠭᠤᠯᠣᠯᠳᠠ ᠶᠢᠨ ᠪᠠᠷᠢᠮᠵᠢᠶᠠᠵᠢᠭᠰᠠᠨ ᠲᠣᠷᠰᠢᠯᠳᠠ ᠶᠢᠨ ᠴᠡᠭ ᠤᠨ ᠲᠦᠷᠦᠯ ᠵᠦᠢᠯ ᠢ ᠭᠤᠶᠣᠴᠢᠯᠠᠨ ᠣᠯᠵᠣ᠂ 7.2 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ᠂ 5312 ᠡᠷᠦᠭᠡ ᠶᠢᠨ 2.3 ᠲᠦᠮᠡᠨ ᠬᠦᠮᠦᠨ ᠳᠤ ᠠᠰᠢᠭ ᠬᠦᠷᠳᠡᠭᠡᠪᠡ᠃ 4711 ᠭᠡᠷ ᠪᠠᠶᠢᠰᠢᠩ ᠢ ᠵᠠᠰᠠᠨ ᠰᠢᠨᠡᠳᠭᠡᠵᠦ᠂ 1758 ᠰᠠᠭᠤᠷᠢ ᠰᠢᠨ᠎ᠡ ᠣᠷᠣᠨ ᠰᠠᠭᠤᠴᠠ ᠪᠠᠷᠢᠵᠣ᠂ 3560 ᠬᠠᠭᠤᠴᠢᠨ ᠭᠡᠷ ᠪᠠᠶᠢᠰᠢᠩ ᠢ ᠨᠣᠷᠠᠭᠠᠨ ᠴᠡᠪᠡᠷᠯᠡᠵᠤ᠂ 497 ᠡᠷᠦᠭᠡ ᠳᠤ 503 ᠲᠦᠮᠡᠨ ᠲᠦᠬᠦᠷᠢᠭ ᠤᠨ ᠰᠢᠨᠡᠳᠭᠡᠨ ᠵᠠᠰᠠᠬᠤ ᠨᠦᠬᠦᠪᠦᠷᠢ ᠲᠠᠷᠬᠠᠭᠠᠪᠠ᠃ 163 ᠺᠢᠯᠣᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠣᠨ᠂ ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ 42᠂ ᠭᠠᠴᠠᠭᠠᠨ ᠤ ᠰᠣᠶᠣᠯ ᠤᠨ ᠦᠷᠳᠡᠭᠡ 50᠂ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠭᠡᠬᠦᠷ 16 ᠶᠢ ᠰᠢᠨ᠎ᠡ ᠪᠠᠷ ᠪᠠᠷᠢᠵᠣ᠂ 7 ᠰᠣᠮᠣ ᠪᠠᠯᠭᠠᠰᠣ᠂ 33 ᠭᠠᠴᠠᠭ᠎ᠠ ᠦᠪᠡᠷᠳᠡᠭᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠰᠣᠮᠣ ᠪᠠᠯᠭᠠᠰᠣ ᠪᠠ ᠭᠠᠴᠠᠭ᠎ᠠ ᠪᠠᠷ ᠦᠨᠡᠯᠡᠭᠳᠡᠨ᠂ ᠴᠠᠭᠠᠨᠨᠠᠭᠤᠷ ᠪᠠᠯᠭᠠᠰᠣ ᠪᠦᠬᠦ ᠣᠯᠣᠰ ᠤᠨ ᠪᠣᠯᠪᠠᠰᠣᠨ ᠪᠠᠯᠭᠠᠰᠣ ᠪᠠᠷ ᠦᠨᠡᠯᠡᠭᠳᠡᠵᠦ᠂ ᠮᠠᠯᠵᠢᠬᠤ ᠣᠷᠣᠨ ᠴᠣ ᠰᠢᠨ᠎ᠡ ᠲᠦᠷᠢ ᠲᠦᠷᠬᠦ ᠲᠠᠢ ᠪᠣᠯᠵᠣ᠂ ᠬᠦᠭᠵᠢᠬᠦᠯᠦᠨ ᠮᠠᠨᠳᠣᠭᠤᠯᠬᠤ ᠳᠤ ᠪᠠᠳᠣ ᠪᠠᠬᠢ ᠰᠠᠭᠤᠷᠢ ᠶᠢ ᠲᠠᠯᠪᠢᠪᠠ᠃ ᠰᠠᠭᠤᠷᠢ ᠲᠦᠬᠦᠭᠡᠷᠦᠮᠵᠢ ᠶᠢ ᠪᠦᠷᠢᠨᠰᠢᠬᠦᠯᠵᠦ᠂ 38.2 ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ ᠪᠡᠯᠬᠦᠳᠡᠢ ᠪᠠᠯᠭᠠᠰᠣᠨ ᠤ ᠦᠶᠡᠷ ᠢ ᠰᠡᠷᠬᠡᠶᠢᠯᠡᠬᠦ ᠭᠤᠣ ᠶᠢ ᠰᠢᠨ᠎ᠡ ᠪᠠᠷ ᠵᠠᠰᠠᠵᠣ ᠪᠠᠬᠢᠯᠡᠨ᠂ ᠪᠠᠶᠠᠩᠭᠤᠣᠯ ᠣᠰᠣᠨ ᠴᠦᠬᠦᠷᠦᠮ ᠢ ᠪᠠᠬᠢᠵᠢᠬᠦᠯᠬᠦ ᠢᠨᠵᠧᠨᠧᠷᠢᠩ ᠪᠠ ᠴᠠᠭᠠᠨᠨᠠᠭᠤᠷ ᠪᠠᠯᠭᠠᠰᠣᠨ ᠤ ᠲᠦᠬᠡᠬᠡᠯ ᠣᠰᠣ ᠬᠠᠩᠭᠠᠬᠤ ᠢᠨᠵᠧᠨᠧᠷᠢᠩ ᠢ ᠲᠠᠭᠤᠰᠬᠠᠵᠣ᠂ ᠮᠠᠯᠵᠢᠬᠤ ᠣᠷᠣᠨ ᠤ ᠠᠮᠣᠷ ᠲᠦᠪᠰᠢᠨ ᠣᠰᠣ ᠣᠮᠳᠠ ᠪᠠ ᠭᠠᠵᠠᠷ ᠲᠣᠣᠷᠠᠬᠢ ᠣᠰᠣᠨ ᠤ ᠡᠬᠢ ᠪᠠᠶᠠᠯᠢᠭ ᠢ ᠬᠠᠶᠢᠨ ᠪᠠᠶᠢᠴᠠᠭᠠᠵᠣ ᠲᠣᠭᠤᠷᠢᠭ ᠬᠤᠪᠢᠶᠠᠬᠤ ᠲᠦᠷᠦᠯ ᠵᠦᠢᠯ  ᠢ ᠬᠡᠷᠡᠭᠵᠢᠬᠦᠯᠵᠦ᠂ 1082 ᠬᠤᠳᠳᠤᠭ᠂ 830 ᠣᠰᠣ ᠬᠠᠳᠠᠭᠠᠯᠠᠬᠤ ᠵᠣᠭᠤᠷᠢ ᠮᠠᠯᠳᠠᠵᠣ᠂ 458 ᠢᠵᠢ ᠣᠰᠣ ᠬᠠᠩᠭᠠᠬᠤ ᠲᠦᠬᠦᠭᠡᠷᠦᠮᠵᠢ᠂ 1000 ᠢᠵᠢ ᠣᠰᠣ ᠴᠡᠪᠡᠷᠰᠢᠬᠦᠯᠬᠦ ᠲᠦᠬᠦᠭᠡᠷᠦᠮᠵᠢ ᠶᠢ ᠣᠭᠰᠠᠷᠠᠵᠣ᠂ ᠮᠠᠯᠵᠢᠬᠤ ᠣᠷᠣᠨ ᠤ 1 ᠲᠦᠮᠡᠨ ᠬᠦᠮᠦᠨ᠂ 54 ᠲᠦᠮᠡᠨ ᠮᠠᠯ ᠤᠨ ᠣᠰᠣ ᠣᠮᠳᠠ ᠶᠢᠨ ᠠᠮᠣᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ︔ ᠬᠦᠴᠦᠳᠡᠯ ᠬᠤᠪᠢᠰᠬᠠᠬᠤ ᠦᠷᠳᠡᠭᠡ 5 ᠶᠢ ᠰᠢᠨ᠎ᠠ ᠪᠠᠷ ᠪᠠᠶᠢᠭᠤᠯᠣᠨ᠂ 4 ᠶᠢ ᠦᠷᠭᠡᠳᠭᠡᠨ ᠪᠠᠶᠢᠭᠤᠯᠵᠣ᠂ 404.5 ᠺᠢᠯᠣᠮᠧᠲᠷ ᠴᠠᠬᠢᠯᠭᠠᠨ ᠱᠣᠭᠤᠮ ᠲᠠᠳᠠᠨ᠂ ᠰᠢᠨ᠎ᠡ ᠪᠠᠷ 478 ᠢᠵᠢ ᠲᠠᠭᠠᠯᠳᠠ ᠬᠦᠴᠦᠳᠡᠯ ᠬᠤᠪᠢᠰᠬᠠᠭᠴᠢ ᠲᠣᠬᠢᠷᠠᠭᠤᠯᠵᠣ᠂ 1474 ᠺᠢᠯᠣᠮᠧᠲᠷ ᠴᠠᠬᠢᠯᠭᠠᠨ ᠱᠣᠭᠤᠮ ᠢ ᠦᠭᠡᠷᠡᠴᠢᠯᠡᠨ ᠲᠠᠳᠠᠵᠣ᠂ 823 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠬᠦᠯᠦᠨ᠂ ᠨᠠᠷᠠ ᠰᠠᠯᠬᠢᠨ ᠬᠠᠪᠰᠣᠷᠭᠠᠭᠰᠠᠨ ᠲᠦᠬᠦᠭᠡᠷᠦᠮᠵᠢ ᠪᠠᠷ 4973 ᠮᠠᠯᠴᠢᠨ ᠡᠷᠦᠭᠡ ᠶᠢᠨ ᠴᠠᠬᠢᠯᠭᠠᠨ ᠤ ᠠᠰᠭᠤᠳᠠᠯ ᠢ ᠰᠢᠢᠳᠪᠦᠷᠢᠯᠡᠪᠡ︔ ᠰᠢᠯᠢᠩᠬᠤᠳᠠ ᠠᠴᠠ ᠡᠷᠢᠶᠡᠨ ᠬᠦᠷᠬᠦ ᠲᠡᠮᠦᠷ ᠵᠠᠮ ᠢ ᠨᠡᠪᠳᠡᠷᠡᠬᠦᠯᠦᠨ᠂ 52 ᠵᠣᠷᠪᠣᠰ 679.3 ᠺᠢᠯᠣᠮᠧᠲᠷ ᠭᠠᠴᠠᠭᠠᠨ ᠤ ᠵᠠᠮ ᠢ ᠰᠢᠨ᠎ᠡ ᠪᠠᠷ ᠲᠡᠪᠢᠰᠴᠦ᠂ ᠭᠠᠴᠠᠭ᠎ᠠ ᠪᠣᠯᠭᠠᠨ ᠳᠤ ᠵᠠᠰᠠᠮᠠᠯ ᠵᠠᠮ ᠨᠡᠪᠳᠡᠷᠡᠬᠦᠯᠪᠡ᠃ ᠴᠢᠮᠡᠭᠡ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠣᠷᠰᠢᠯᠳᠠ ᠶᠢᠨ ᠴᠡᠭ ᠤᠨ ᠢᠨᠵᠧᠨᠧᠷᠢᠩ ᠢ ᠠᠬᠢᠭᠤᠯᠣᠨ᠂ ᠰᠠᠭᠤᠷᠢ ᠦᠷᠳᠡᠭᠡ 79 ᠶᠢ ᠪᠠᠶᠢᠭᠤᠯᠵᠣ᠂ 1330 ᠺᠢᠯᠣᠮᠧᠲᠷ ᠤᠨ ᠬᠡᠷᠡᠯᠯᠢᠭ ᠣᠳᠠᠰᠣ ᠨᠡᠪᠳᠡᠷᠡᠬᠦᠯᠦᠨ᠂ ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠨᠦᠬᠦᠴᠡᠯ ᠢ ᠰᠠᠶᠢᠵᠢᠷᠠᠭᠤᠯᠪᠡ᠃ —— ᠲᠠᠪᠣᠨ ᠵᠢᠯ ᠤᠨ ᠲᠣᠷᠰᠢ᠂ ᠰᠢᠨ᠎ᠡ ᠶᠢ ᠡᠬᠦᠳᠴᠤ ᠬᠦᠭᠵᠢᠯᠳᠡ ᠶᠢ ᠠᠬᠢᠭᠤᠯᠤᠨ᠂ ᠦᠭᠡᠷᠡᠴᠢᠯᠡᠯᠳᠡ ᠨᠡᠭᠡᠭᠡᠯᠳᠡ ᠶᠢᠨ ᠰᠢᠨ᠎ᠡ ᠪᠠᠶᠢᠳᠠᠯ ᠢ ᠪᠣᠢ ᠪᠣᠯᠭᠠᠪᠠ᠃ ᠦᠭᠡᠷᠡᠴᠢᠯᠡᠯᠳᠡ ᠶᠢ ᠲᠣᠭᠳᠠᠭᠤᠨ ᠢᠶᠠᠷ  ᠠᠬᠢᠭᠤᠯᠪᠠ᠃ ᠠᠵᠣ ᠠᠬᠤᠢ᠂ ᠠᠮᠢ ᠠᠬᠤᠢ ᠪᠠ ᠨᠡᠶᠢᠭᠡᠮ ᠤᠨ ᠬᠦᠷᠢᠶ᠎ᠡ ᠬᠡᠪᠴᠢᠶᠡᠨ ᠳᠤ 256 ᠲᠦᠷᠦᠯ ᠤᠨ ᠦᠭᠡᠷᠡᠴᠢᠯᠡᠯᠳᠡ ᠶᠢ ᠪᠠᠶᠠᠯᠠᠬᠦᠯᠵᠤ᠂ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ ᠪᠠ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠠᠶᠢᠭᠤᠯᠣᠨ᠂ ︽ᠣᠯᠠᠨ ᠦᠨᠡᠮᠯᠡᠯ ᠢ ᠨᠢᠭᠡᠳᠭᠡᠵᠦ᠂ ᠨᠢᠭᠡ ᠭᠡᠷᠡᠴᠢ ᠨᠢᠭᠡ ᠨᠤᠮᠧᠷ ᠲᠠᠢ ᠪᠠᠶᠢᠬᠤ︾ ᠲᠦᠷᠢᠮ ᠢ ᠬᠡᠷᠡᠭᠵᠢᠬᠦᠯᠵᠦ᠂ ᠰᠢᠨ᠎ᠡ ᠪᠠᠷ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠭᠡ 1442᠂ ᠬᠤᠪᠢ ᠶᠢᠨ ᠡᠵᠡᠩᠨᠡᠯᠳᠡ ᠶᠢᠨ ᠠᠵᠣ ᠠᠬᠤᠶᠢᠯᠠᠯ 241ᠨᠡᠮᠡᠭᠳᠡᠪᠡ᠃ ᠬᠤᠳᠠ ᠶᠢᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠡᠬᠢᠯᠡᠬᠦᠯᠵᠦ᠂ ᠲᠡᠭᠡᠳᠦ ᠱᠠᠳᠣᠨ ᠤ ᠪᠠᠭᠤᠯᠭᠠᠭᠰᠠᠨ 177 ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠰᠠᠶᠢᠳᠣᠷ ᠬᠡᠷᠡᠭᠵᠢᠬᠦᠯᠵᠦ᠂ 41 ᠬᠤᠪᠢ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠡᠯ ᠢ ᠬᠦᠴᠦᠨ ᠦᠭᠡᠢ ᠪᠣᠯᠭᠠᠪᠠ᠃ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠲᠦᠰᠤᠪᠯᠡᠯᠳᠠ ᠳ᠋ᠦᠩᠨᠡᠨ ᠪᠣᠳᠣᠯᠳᠠ ᠶᠢ ᠢᠯᠡ ᠪᠣᠯᠭᠠᠵᠣ᠂ ︽ᠡᠵᠡᠩᠨᠡᠯᠳᠡ ᠶᠢᠨ ᠭᠠᠶᠢᠯᠢ ᠶᠢ ᠦᠭᠡᠷᠡᠴᠢᠯᠡᠨ ᠨᠡᠮᠡᠭᠳᠡᠯ ᠦᠷᠳᠡᠭ ᠤᠨ ᠭᠠᠶᠢᠯᠢ ᠪᠣᠯᠭᠠᠬᠤ︾ ᠠᠵᠢᠯ ᠢ ᠰᠠᠶᠢᠳᠣᠷ ᠦᠷᠨᠢᠬᠦᠯᠦᠨ᠂ ᠬᠦᠳᠡᠭᠡ ᠲᠣᠰᠬᠤᠨ ᠤ ᠢᠳᠡᠭᠡᠮᠵᠢ ᠶᠢᠨ ᠬᠤᠯᠪᠣᠭᠠᠳᠣ ᠬᠤᠷᠰᠢᠶᠠᠨ ᠤ ᠦᠭᠡᠷᠡᠴᠢᠯᠡᠯᠳᠡ ᠶᠢᠨ ᠠᠵᠢᠯ ᠢ ᠡᠬᠢᠯᠡᠬᠦᠯᠪᠡ᠃ 1335 ᠲᠡᠪᠳᠡᠷ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠲᠤᠭᠳᠠᠮᠠᠯ ᠬᠦᠷᠦᠩᠭᠡ ᠶᠢ ᠲᠠᠩᠰᠠᠯᠠᠬᠤ ᠦᠨᠡᠮᠯᠡᠯ ᠲᠠᠷᠬᠠᠭᠠᠨ᠂ 64 ᠭᠠᠴᠠᠭᠠᠨ ᠤ 4378 ᠡᠷᠦᠭᠡ ᠶᠢᠨ 3566.8 ᠲᠦᠮᠡᠨ ᠮᠦ ᠨᠣᠳᠤᠭ ᠪᠡᠯᠴᠢᠭᠡᠷ ᠤᠨ ᠡᠷᠭᠡ ᠶᠢ ᠲᠤᠳᠤᠷᠬᠠᠶᠢᠯᠠᠬᠤ ᠠᠵᠢᠯ ᠤᠨ ᠪᠡᠯᠴᠢᠬᠡᠷ ᠤᠨ ᠬᠡᠮᠵᠢᠯᠳᠠ ᠶᠢ ᠲᠠᠭᠤᠰᠬᠠᠵᠣ᠂ ᠨᠣᠳᠤᠭ ᠪᠡᠯᠴᠢᠭᠡᠷ ᠤᠨ ᠵᠢᠭᠤᠷᠭᠠᠨ 278 ᠪᠠ ᠭᠠᠴᠠᠭᠠᠨ ᠤ ᠵᠠᠭᠠᠭ ᠱᠣᠭᠤᠮ ᠤᠨ ᠵᠢᠭᠤᠷᠭᠠᠨ 10 ᠶᠢ ᠰᠢᠢᠳᠪᠦᠷᠢᠯᠡᠨ᠂ 148 ᠡᠷᠦᠭᠡ ᠶᠢᠨ ᠨᠣᠳᠤᠭ ᠪᠡᠯᠴᠢᠭᠡᠷ ᠲᠣᠳᠠᠭᠰᠠᠨ ᠠᠰᠠᠭᠤᠳᠠᠯ ᠢ ᠰᠢᠢᠳᠪᠦᠷᠢᠯᠡᠪᠡ᠃ ᠪᠦᠬᠦ ᠣᠷᠣᠨ ᠤ ᠠᠩᠬᠠᠳᠠᠭᠴᠢ ︽ᠬᠠᠯᠠᠮᠵᠢ︾ ᠮᠠᠯᠵᠢᠬᠤ ᠣᠷᠣᠨ ᠤ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠢ ᠪᠠᠶᠢᠭᠤᠯᠣᠨ᠂ ᠬᠤᠳᠠ ᠬᠦᠳᠡᠭᠡ ᠶᠢᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢ ᠨᠢᠭᠡᠳᠦᠯᠳᠡᠢ ᠲᠦᠯᠦᠪᠵᠢᠬᠦᠯᠬᠦ ᠪᠠ ᠮᠣᠵᠢ ᠠᠯᠣᠰᠯᠠᠨ ᠡᠪᠡᠳᠴᠢᠨ ᠦᠵᠡᠬᠦᠯᠪᠡᠯ ᠰᠢᠭᠤᠳ ᠲᠠᠩᠰᠠ ᠴᠠᠶᠢᠷᠠᠭᠤᠯᠬᠤ ᠠᠵᠢᠯ ᠢ ᠪᠡᠶᠡᠯᠡᠬᠦᠯᠵᠦ᠂ ᠡᠮ ᠤᠨ ᠵᠦᠢᠯᠡᠰ ᠢ ᠣᠣᠯ ᠦᠨ᠎ᠡ ᠪᠠᠷ ᠪᠣᠷᠣᠯᠠᠭᠤᠯᠣᠨ᠂ ᠡᠪᠡᠳᠴᠢᠳᠡᠨ ᠳᠤ 600 ᠭᠠᠷᠣᠢ ᠲᠦᠮᠡᠨ ᠲᠦᠬᠦᠷᠢᠭ ᠤᠨ ᠵᠠᠷᠤᠳᠠᠯ ᠠᠷᠪᠢᠯᠠᠨ᠂ ︽ᠪᠦᠬᠦ ᠣᠷᠣᠨ ᠤ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠵᠢᠱᠢᠶ᠎ᠡ ᠦᠵᠡᠬᠦᠯᠬᠦ ᠬᠤᠰᠢᠭᠤ︾ ᠪᠠᠷ ᠦᠨᠡᠯᠡᠭᠳᠡᠪᠡ᠃  ᠭᠠᠳᠠᠭᠠᠳᠣ ᠲᠠᠢ ᠴᠢᠯᠦᠭᠡᠳᠡᠢ ᠶᠠᠪᠣᠯᠴᠠᠬᠤ ᠠᠵᠢᠯ ᠢ ᠴᠢᠩᠭᠠᠳᠬᠠᠪᠠ᠃ ᠣᠯᠣᠰ ᠤᠨ ︽ᠨᠢᠭᠡ ᠪᠦᠰᠡ ᠨᠢᠭᠡ ᠵᠠᠮ︾ ᠤᠨ ᠲᠦᠷᠦ ᠶᠢᠨ ᠪᠣᠳᠣᠯᠭ᠎ᠠ  ᠶᠢᠨ ᠠᠰᠢᠭᠳᠠᠢ ᠲᠣᠬᠢᠶᠠᠯ ᠢ ᠡᠵᠡᠮᠳᠡᠨ᠂ ᠣᠮᠠᠷᠠᠰᠢ ᠨᠡᠭᠡᠭᠡᠯᠳᠡ ᠬᠢᠬᠦ ᠪᠠᠶᠢᠯᠳᠣᠬᠤ ᠪᠣᠳᠣᠯᠭ᠎ᠠ ᠲᠠᠢ ᠢᠳᠡᠪᠬᠢᠳᠡᠢ ᠠᠭᠤᠰᠣᠯᠴᠠᠭᠤᠯᠵᠣ᠂ ᠬᠤᠶᠠᠷ ᠬᠤᠭᠤᠴᠠᠭᠠᠨ ᠤ ᠲᠣᠮᠳᠠᠳᠣ ᠮᠣᠩᠭᠤᠯ ᠤᠨ ᠦᠨᠳᠦᠰᠦᠳᠡᠨ ᠤ ᠲᠠᠸᠠᠷ ᠤᠨ ᠰᠣᠯᠢᠯᠴᠠᠭᠠᠨ ᠤ ᠴᠣᠭᠯᠠᠭᠠᠨ ᠢ ᠠᠮᠵᠢᠯᠳᠠ ᠲᠠᠢ ᠡᠷᠬᠢᠯᠡᠨ᠂ ᠨᠠᠷᠠᠨᠪᠣᠯᠠᠭ ᠬᠢᠯᠢ ᠶᠢᠨ ᠠᠷᠠᠳ ᠤᠨ ᠨᠡᠪᠳᠡᠷᠡᠬᠦ ᠵᠠᠮ ᠤᠨ ᠪᠡᠯᠡᠳᠭᠡᠯ ᠠᠵᠢᠯ ᠢ ᠠᠬᠢᠭᠤᠯᠵᠣ᠂ ᠬᠢᠯᠢ ᠲᠠᠭᠠᠣ ᠰᠠᠭᠤᠷᠢᠰᠢᠭ᠎ᠠ 1173 ᠡᠷᠦᠭᠡ ᠳᠤ 344.6 ᠲᠦᠮᠡᠨ ᠲᠦᠬᠦᠷᠢᠭ ᠤᠨ ᠨᠦᠬᠦᠪᠤᠷᠢ ᠲᠠᠷᠬᠠᠭᠠᠨ᠂ ᠮᠣᠩᠭᠤᠯ ᠣᠯᠣᠰ ᠲᠠᠢ 20 ᠭᠠᠷᠣᠢ ᠣᠳᠠᠭᠠᠨ ᠤ ᠰᠤᠶᠤᠯ ᠰᠣᠷᠭᠠᠨ ᠬᠦᠮᠦᠵᠢᠯ ᠤᠨ ᠰᠣᠯᠢᠯᠴᠠᠭ᠎ᠠ ᠬᠢᠪᠡ᠃ ᠠᠷᠠᠯᠵᠢᠶᠠᠴᠢᠨ ᠣᠷᠢᠵᠣ ᠪᠡᠯᠡ ᠲᠠᠳᠠᠬᠤ ᠪᠠ ᠲᠦᠷᠦᠯ ᠵᠦᠢᠯ ᠡᠷᠡᠮᠡᠯᠵᠡᠯᠡᠬᠦ ᠠᠵᠢᠯ ᠢ ᠢᠳᠡᠪᠬᠢᠳᠡᠢ ᠦᠷᠨᠢᠬᠦᠯᠵᠤ᠂ 23 ᠲᠦᠷᠦᠯ ᠵᠦᠢᠯ ᠣᠷᠢᠨ ᠣᠷᠣᠭᠤᠯᠵᠣ᠂ ᠪᠡᠯᠡ ᠤᠷᠤᠭᠤᠯᠤᠯᠳᠠ 146 ᠳ᠋ᠦᠩᠰᠢᠭᠤᠷ ᠲᠦᠬᠦᠷᠢᠭ ᠲᠤ ᠬᠦᠷᠴᠦ᠂ 107 ᠲᠦᠷᠦᠯ ᠵᠦᠢᠯ᠂ 3.8 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠭᠤᠶᠤᠴᠢᠯᠠᠨ ᠤᠯᠵᠤ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠪᠠ᠃—— ᠲᠠᠪᠣᠨ ᠵᠢᠯ ᠤᠨ ᠲᠣᠷᠰᠢ᠂ ᠬᠦᠭᠵᠢᠯᠳᠡ ᠶᠢᠨ ᠦᠷ᠎ᠡ ᠪᠦᠳᠦᠮᠵᠢ ᠶᠢ ᠬᠠᠮᠳᠣᠪᠠᠷ ᠡᠳ᠋ᠯᠡᠬᠦ ᠶᠢ ᠪᠠᠷᠢᠮᠳᠠᠯᠠᠨ ᠂ ᠠᠷᠠᠳ ᠤᠨ ᠠᠮᠢᠳᠣᠷᠠᠯ ᠨᠡᠶᠢᠭᠡᠮ ᠤᠨ ᠠᠵᠣ ᠦᠢᠯᠡᠰ ᠢᠯᠡᠳᠳᠡ ᠰᠠᠶᠢᠵᠢᠷᠠᠪᠠ᠃ ᠪᠦᠬᠦ ᠬᠤᠰᠢᠭᠤᠨ ᠤ ᠠᠷᠠᠳ  ᠤᠨ ᠠᠮᠢᠳᠣᠷᠠᠯ ᠨᠡᠶᠢᠭᠡᠮ ᠤᠨ ᠠᠵᠣ ᠦᠢᠯᠡᠰ ᠤᠨ ᠵᠠᠷᠣᠯᠭ᠎ᠠ ᠨᠢ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪᠯᠡᠨ ᠪᠣᠳᠣᠯᠳᠠ ᠶᠢᠨ ᠵᠠᠷᠣᠯᠭ᠎ᠠ ᠳᠠᠬᠢ ᠡᠵᠡᠯᠡᠬᠦ ᠬᠠᠷᠢᠴᠠᠯ ᠲᠠᠪᠣᠨ ᠵᠢᠯ ᠲᠠᠷᠠᠭᠠᠯᠠᠨ 75% ᠶᠢ ᠲᠠᠪᠠᠵᠣ᠂ ᠠᠷᠠᠳ ᠤᠨ ᠠᠮᠢᠳᠣᠷᠠᠯ ᠨᠡᠶᠢᠭᠡᠮ ᠤᠨ ᠬᠦᠷᠢᠶ᠎ᠡ ᠬᠡᠪᠴᠢᠶᠡᠨ ᠳᠤ ᠨᠠᠶᠢᠳᠠ 37.1 ᠳ᠋ᠦᠩᠰᠢᠭᠤᠷ ᠲᠦᠬᠦᠷᠢᠭ ᠵᠠᠷᠣᠴᠠᠭᠤᠯᠣᠨ᠂ ᠲᠣᠮᠳᠠᠴᠢ ᠪᠠᠷ ᠵᠢᠯ ᠪᠦᠷᠢ 9% ᠪᠠᠷ ᠨᠡᠮᠡᠭᠳᠡᠪᠡ᠃ ᠶᠠᠳᠠᠭᠤ ᠠᠴᠠ ᠠᠩᠬᠢᠵᠢᠷᠠᠭᠤᠯᠵᠣ ᠪᠠᠬᠢᠯᠡᠯᠳᠡ ᠰᠢᠪᠳᠣᠯᠬᠤ ᠠᠵᠢᠯ ᠢ ᠠᠬᠢᠭᠤᠯᠪᠠ᠃ 1.6 ᠳ᠋ᠦᠩᠰᠢᠭᠤᠷ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠵᠣ᠂ 4.98 ᠳ᠋ᠦᠩᠰᠢᠭᠤᠷ ᠲᠦᠬᠦᠷᠢᠭ ᠵᠢᠭᠡᠯᠡᠯᠭᠡ ᠲᠠᠷᠬᠠᠭᠠᠵᠣ᠂ ᠪᠦᠬᠦ ᠬᠤᠰᠢᠭᠤᠨ ᠤ 438 ᠡᠷᠦᠭᠡ  ᠶᠢᠨ 1188 ᠬᠦᠮᠦᠨ ᠢ ᠶᠠᠳᠠᠭᠤ ᠠᠴᠠ ᠠᠩᠬᠢᠵᠢᠷᠠᠭᠤᠯᠣᠨ᠂ ᠶᠠᠳᠠᠭᠤᠷᠠᠯ ᠡᠬᠦᠰᠬᠦ ᠨᠣᠷᠮ᠎ᠠ ᠶᠢ 26.9% ᠠᠴᠠ 1.06% ᠪᠣᠯᠭᠠᠵᠣ᠂ ᠣᠯᠣᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠶᠠᠳᠠᠭᠤᠷᠠᠯ ᠡᠬᠦᠰᠬᠦ ᠨᠤᠷᠮ᠎ᠠ  ᠶᠢᠨ ᠪᠠᠷᠢᠮᠵᠢᠶ᠎ᠠ ︵3%︶ ᠠᠴᠠ ᠲᠣᠣᠷ᠎ᠠ ᠪᠣᠯᠭᠠᠪᠠ᠃ ᠦᠢᠯᠡᠰ ᠡᠷᠬᠢᠯᠡᠵᠤ᠂ ᠠᠵᠢᠯ ᠣᠯᠭᠤᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ︽ᠣᠶᠣᠨᠳᠣ ᠬᠦᠳᠡᠯᠮᠦᠷᠢ ᠠᠵᠢᠯᠳᠠᠨ ᠤ ᠦᠢᠯᠡᠴᠢᠯᠡᠭᠡ︾ ᠶᠢᠨ ᠢᠨᠵᠧᠨᠧᠷᠢᠩ ᠢ ᠡᠬᠢᠯᠡᠬᠦᠯᠦᠨ᠂ ᠦᠢᠯᠡᠰ ᠡᠷᠬᠢᠯᠡᠬᠦ ᠵᠢᠭᠡᠯᠡᠯᠭᠡ 7980 ᠲᠦᠮᠡᠨ ᠲᠦᠬᠦᠷᠢᠭ ᠲᠠᠷᠬᠠᠭᠠᠵᠣ᠂ ᠦᠢᠯᠡᠰ ᠡᠷᠬᠢᠯᠡᠬᠦ ᠰᠠᠭᠤᠷᠢᠨ ᠭᠠᠵᠠᠷ ᠤᠨ 113 ᠦᠢᠯᠡᠰ ᠡᠷᠬᠢᠯᠡᠭᠴᠢᠳ ᠲᠤ 225 ᠲᠦᠮᠡᠨ ᠲᠦᠬᠦᠷᠢᠭ ᠤᠨ ᠲᠡᠳᠬᠦᠨ ᠲᠡᠮᠵᠢᠬᠦ ᠮᠦᠩᠬᠦ ᠣᠯᠭᠤᠵᠣ᠂ ᠬᠤᠳᠠ ᠬᠦᠳᠡᠭᠡ ᠶᠢᠨ 1.1 ᠲᠦᠮᠡᠨ ᠬᠦᠮᠦᠨ ᠳᠤ ᠠᠵᠢᠯ ᠣᠯᠭᠤᠵᠣ ᠣᠷᠣᠨᠰᠢᠭᠤᠯᠣᠨ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠠᠨ ᠨᠣᠷᠮ᠎ᠠ ᠶᠢ 2% ᠤᠨ ᠲᠣᠳᠣᠷ᠎ᠠ ᠬᠢᠵᠠᠭᠠᠷᠯᠠᠵᠣ᠂ ᠪᠦᠬᠦ ᠠᠶᠢᠮᠠᠭ ᠤᠨ ᠲᠣᠮᠳᠠᠴᠢ ᠬᠢᠷᠢ ᠲᠦᠪᠰᠢᠨ ᠠᠴᠠ ᠲᠣᠣᠷ᠎ᠠ ᠪᠠᠶᠢᠯᠭᠠᠪᠠ᠃ ᠨᠡᠶᠢᠭᠡᠮ  ᠤᠨ ᠪᠠᠳᠣᠯᠠᠭᠠᠨ ᠤ ᠬᠢᠷᠢ ᠲᠦᠪᠰᠢᠨ ᠢ ᠲᠡᠬᠡᠭᠰᠢᠯᠡᠬᠦᠯᠪᠠ᠃ 1.7 ᠳ᠋ᠦᠩᠰᠢᠭᠤᠷ ᠲᠦᠬᠦᠷᠢᠭ ᠤᠨ ᠡᠮᠴᠢᠯᠡᠭᠡᠨ ᠤ ᠰᠦᠢᠳᠬᠡᠯ ᠤᠨ ᠲᠠᠩᠰᠠ ᠶᠢ ᠴᠠᠶᠢᠷᠠᠭᠤᠯᠣᠨ᠂ 1.1 ᠳ᠋ᠦᠩᠰᠢᠭᠤᠷ ᠲᠦᠬᠦᠷᠢᠭ ᠤᠨ ᠡᠯ᠎ᠡ ᠲᠦᠷᠦᠯ ᠤᠨ ᠪᠠᠳᠣᠯᠠᠭᠠᠨ  ᠤ ᠨᠦᠬᠦᠪᠦᠷᠢ ᠲᠠᠷᠬᠠᠭᠠᠵᠣ᠂ ᠬᠤᠳᠠ ᠪᠠᠯᠭᠠᠰᠣ᠂ ᠮᠠᠯᠵᠢᠬᠤ ᠣᠷᠣᠨ ᠤ ᠡᠮᠨᠡᠯᠭᠡ ᠶᠢᠨ ᠲᠠᠭᠠᠳᠬᠠᠯ ᠤᠨ ᠡᠳ᠋ ᠤᠨ ᠵᠠᠰᠠᠭ ᠤᠨ ᠨᠦᠬᠦᠪᠦᠷᠢ ᠮᠦᠩᠬᠦ ᠶᠢ ᠲᠣᠰ ᠲᠣᠰ 2012 ᠣᠨ ᠤ ᠬᠦᠮᠦᠨ ᠪᠦᠷᠢ ᠵᠢᠯ ᠪᠣᠯᠭᠠᠨ 240 ᠲᠦᠬᠦᠷᠢᠭ ᠪᠠ 260 ᠲᠦᠬᠦᠷᠢᠭ ᠠᠴᠠ ᠨᠡᠮᠡᠭᠳᠡᠬᠦᠯᠦᠭᠡᠳ 2017 ᠣᠨ ᠳᠤ 450 ᠲᠦᠬᠦᠷᠢᠭ ᠪᠠ 470 ᠲᠦᠬᠦᠷᠢᠭ ᠪᠣᠯᠭᠠᠵᠣ᠂ ᠠᠵᠣ ᠠᠬᠤᠶᠢᠯᠠᠯ ᠤᠨ ᠠᠵᠢᠯ ᠠᠴᠠ ᠪᠠᠨ ᠠᠮᠠᠷᠠᠭᠰᠡᠳ ᠤᠨ ᠨᠠᠰᠣᠵᠢᠯ ᠤᠨ ᠲᠠᠭᠠᠳᠬᠠᠯ ᠢ 13 ᠣᠳᠠᠭ᠎ᠠ ᠲᠣᠬᠢᠷᠠᠭᠤᠯᠪᠠ᠃ ᠦᠪᠡᠷᠳᠡᠭᠡᠨ ᠵᠠᠰᠠᠬᠤ ᠣᠷᠣᠨ ᠤ ︽ᠭᠤᠷᠪᠠᠨ ᠨᠢᠭᠡ︾ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠣᠳᠠᠳᠣ ᠶᠠᠪᠣᠳᠠᠯ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠲᠠᠪᠤᠨ ᠵᠢᠯ ᠳᠤ 10534 ᠲᠣᠣᠷ᠎ᠠ ᠣᠷᠣᠯᠭ᠎ᠠ ᠲᠠᠢ ᠮᠠᠯᠴᠢᠨ ᠡᠷᠦᠭᠡ ᠳᠤ 632 ᠲᠦᠮᠡᠨ ᠲᠦᠬᠦᠷᠢᠭ ᠤᠨ ᠲᠤᠯᠠᠭᠠᠯᠭ᠎ᠠ ᠶᠢᠨ ᠨᠦᠬᠦᠪᠦᠷᠢ ᠲᠠᠷᠬᠠᠭᠠᠵᠣ᠂ ᠬᠤᠳᠠ ᠬᠦᠳᠡᠭᠡ ᠶᠢᠨ ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠬᠦᠷᠳᠡᠵᠦ ᠪᠠᠶᠢᠭ᠎ᠠ ᠡᠷᠦᠭᠡ ᠪᠠ ᠲᠠᠩᠰᠠ ᠪᠠᠶᠢᠭᠤᠯᠵᠣ ᠺᠠᠷᠲ ᠣᠯᠭᠤᠭᠰᠠᠨ ᠶᠠᠳᠠᠭᠤ ᠬᠦᠴᠢᠷᠳᠡᠯᠳᠡᠢ ᠡᠷᠦᠭᠡ ᠶᠢᠨ 94 ᠨᠠᠷ᠎ᠠ ᠰᠢᠨ᠎ᠡ ᠪᠠᠷ ᠶᠡᠭᠡ ᠰᠣᠷᠭᠠᠭᠤᠯᠢ ᠳᠤ ᠰᠢᠯᠭᠠᠵᠣ ᠣᠷᠣᠭᠰᠠᠨ ᠣᠶᠣᠳᠠᠳ ᠲᠤ 333 ᠲᠦᠮᠡᠨ ᠲᠦᠬᠦᠷᠢᠭ ᠤᠨ ᠰᠣᠷᠣᠯᠭ᠎ᠠ ᠶᠢᠨ ᠲᠡᠳᠬᠦᠮᠵᠢ ᠶᠢᠨ ᠮᠦᠩᠬᠦ ᠣᠯᠭᠤᠵᠣ᠂ ︽ᠠᠵᠢᠯᠯᠠᠭᠰᠡᠳ ᠦᠭᠡᠢ︾ ᠭᠡᠷ ᠪᠦᠯᠢ ᠪᠠᠶᠢᠬᠤ ᠦᠭᠡᠢ ᠶᠢ ᠪᠡᠶᠡᠯᠡᠬᠦᠯᠪᠡ᠃ ᠰᠣᠷᠭᠠᠨ ᠬᠦᠮᠦᠵᠢᠯ ᠤᠨ ᠦᠢᠯᠡᠰ ᠢ ᠲᠤᠭᠳᠠᠭᠤᠨ ᠢᠶᠠᠷ ᠠᠬᠢᠭᠤᠯᠪᠠ᠃ 1.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠰᠢᠨ᠎ᠡ ᠪᠠᠷ 4 ᠲᠠᠮᠢᠷ ᠤᠨ ᠲᠠᠯᠠᠪᠠᠢ᠂ 3 ᠲᠠᠮᠢᠷ ᠤᠨ ᠣᠷᠳᠣᠨ ᠢ ᠪᠠᠶᠢᠭᠤᠯᠣᠨ᠂ ᠣᠳᠣᠨ ᠬᠡᠦᠭᠡᠳ  ᠤᠨ ᠴᠡᠴᠡᠷᠯᠢᠭ ᠢ ᠠᠰᠢᠭᠯᠠᠯᠳᠠ ᠳᠤ ᠣᠷᠣᠭᠤᠯᠵᠣ᠂ ᠰᠣᠮᠣ ᠪᠠᠯᠭᠠᠰᠣᠨ ᠳᠤ 4 ᠬᠡᠦᠭᠡᠳ ᠤᠨ ᠴᠡᠴᠡᠷᠯᠢᠭ ᠪᠠᠶᠢᠭᠤᠯᠣᠨ᠂  ᠮᠦᠩᠬᠡᠭᠠᠯ ᠬᠡᠦᠭᠡᠳ ᠤᠨ ᠴᠡᠴᠡᠷᠯᠢᠭ ᠢ ᠨᠡᠬᠦᠯᠭᠡᠨ ᠰᠢᠯᠵᠢᠬᠦᠯᠬᠦ ᠪᠠᠷᠢᠯᠭ᠎ᠠ ᠪᠠ ︽ᠣᠶᠣᠨᠳᠣ ᠰᠣᠷᠭᠠᠭᠤᠯᠢ︾ ᠶᠢᠨ ᠪᠠᠶᠢᠭᠤᠯᠣᠯᠳᠠ ᠶᠢ ᠡᠬᠢᠯᠡᠬᠦᠯᠪᠡ︔ ᠰᠠᠭᠤᠷᠢ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠬᠦᠯᠦᠨ᠂ ᠪᠠᠭᠰᠢ ᠨᠠᠷ ᠲᠤ 6000 ᠬᠦᠮᠦᠨ ᠣᠳᠠᠭ᠎ᠠ ᠪᠣᠯᠪᠠᠰᠣᠷᠠᠯ ᠬᠦᠷᠳᠡᠭᠡᠵᠦ᠂ 46 ᠨᠡᠷ᠎ᠡ ᠪᠠᠭᠰᠢ ᠶᠢ ᠰᠢᠯᠭᠠᠨ ᠡᠯᠰᠡᠪᠡ︔ ᠡᠯ᠎ᠡ ᠲᠦᠷᠦᠯ ᠤᠨ ᠨᠦᠬᠦᠪᠦᠷᠢ ᠮᠦᠩᠬᠦ  ᠶᠢ 4918 ᠲᠦᠮᠡᠨ ᠲᠦᠬᠦᠷᠢᠭ ᠨᠠᠶᠢᠳᠠᠪᠣᠷᠢᠵᠢᠭᠤᠯᠣᠨ᠂ 1533 ᠲᠦᠮᠡᠨ ᠲᠦᠬᠦᠷᠢᠭ ᠤᠨ ᠰᠤᠷᠤᠯᠭ᠎ᠠ ᠲᠡᠳᠬᠦᠬᠦ ᠵᠢᠭᠡᠯᠡᠯᠭᠡ ᠲᠠᠷᠬᠠᠭᠠᠪᠠ᠃ 15 ᠵᠢᠯ ᠤᠨ ᠰᠦᠢᠳᠭᠡᠯ ᠬᠤᠷᠢᠶᠠᠬᠤ ᠦᠭᠡᠢ ᠰᠣᠷᠭᠠᠨ ᠬᠦᠮᠦᠵᠢᠯ ᠢ  ᠪᠠᠶᠠᠯᠠᠬᠦᠯᠵᠤ᠂ ᠲᠣᠮᠳᠠᠳᠣ ᠪᠠᠭ᠎ᠠ ᠰᠣᠷᠭᠠᠭᠤᠯᠢ ᠤᠳ ᠠᠶᠢᠮᠠᠭ ᠤᠨ ᠲᠡᠰ ᠤᠨ ᠪᠠᠷᠢᠮᠵᠢᠶᠠᠵᠢᠭᠰᠠᠨ ᠰᠣᠷᠭᠠᠭᠤᠯᠢ ᠶᠢᠨ ᠪᠠᠷᠢᠮᠵᠢᠶ᠎ᠠ ᠳᠤ ᠬᠦᠷᠴᠦ᠂ ︽ᠮᠦᠩᠬᠡᠭᠠᠯ︾᠂ ︽ᠤᠳᠤᠨ︾ ᠬᠡᠦᠭᠡᠳ ᠤᠨ ᠴᠡᠴᠡᠷᠯᠢᠭ ᠦᠪᠡᠷᠳᠡᠭᠡᠨ ᠵᠠᠰᠠᠬᠤ ᠣᠷᠣᠨ ᠤ ᠵᠢᠱᠢᠶ᠎ᠡ ᠦᠵᠡᠬᠦᠯᠬᠦ ᠴᠡᠴᠡᠷᠯᠢᠭ ᠢᠶᠠᠷ ᠲᠣᠭᠳᠠᠭᠠᠭᠳᠠᠭᠰᠠᠨ ᠪᠠ ᠲᠠᠬᠢᠨ ᠦᠨᠡᠯᠡᠬᠦᠯᠵᠦ᠂ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢᠨ ᠬᠢᠨᠠᠨ ᠦᠨᠡᠯᠡᠯᠳᠡ ᠶᠢ ᠠᠮᠵᠢᠯᠳᠠ ᠲᠠᠢ ᠪᠡᠶᠡᠯᠡᠬᠦᠯᠪᠡ᠃ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠦᠢᠯᠡᠰ ᠢ ᠲᠦᠷᠬᠡᠳᠬᠡᠪᠡ᠃ 1.3 ᠳ᠋ᠦᠩᠰᠢᠭᠤᠷ ᠲᠦᠬᠦᠷᠢᠭ  ᠤᠨ ᠪᠡᠯᠡ ᠣᠷᠣᠭᠤᠯᠵᠣ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠡ ᠪᠠ 7 ᠦᠡᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢ ᠦᠷᠬᠡᠳᠬᠡᠨ ᠪᠠᠶᠢᠭᠤᠯᠵᠤ᠂ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠬᠦᠯᠵᠤ᠂ ᠲᠦᠮᠡᠨ ᠲᠦᠬᠦᠷᠢᠭ ᠠᠴᠠ ᠲᠡᠬᠡᠭᠰᠢ ᠦᠷᠳᠡᠭ ᠪᠦᠬᠦᠢ ᠡᠮᠴᠢᠯᠡᠭᠡᠨ ᠤ ᠲᠣᠨᠤᠭ ᠲᠦᠬᠦᠭᠡᠷᠦᠮᠵᠢ ᠶᠢ 130 ᠢᠵᠢ ᠤᠷᠤᠭᠤᠯᠤᠨ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠡᠷᠭᠡ 11 ᠲᠣᠬᠢᠷᠠᠭᠤᠯᠣᠨ ᠦᠭᠴᠦ᠂ ᠮᠠᠯᠴᠢᠳ ᠲᠤ 6000 ᠡᠷᠡᠬᠦᠯ ᠮᠡᠨᠳᠦ ᠶᠢᠨ ᠡᠮ ᠤᠨ ᠬᠠᠶᠢᠷᠴᠠᠭ ᠲᠠᠷᠬᠠᠭᠠᠨ᠂ ᠲᠦᠯᠦᠪᠯᠡᠭᠡᠳᠦ ᠦᠷᠡᠵᠢᠯ ᠤᠨ ᠲᠦᠷᠦ ᠶᠢᠨ ᠪᠣᠳᠣᠯᠭ᠎ᠠ ᠶᠢᠨ ᠲᠣᠬᠢᠷᠠᠭᠤᠯᠣᠯᠳᠠ ᠶᠢ ᠰᠠᠶᠢᠳᠣᠷ ᠬᠡᠷᠡᠭᠵᠢᠬᠦᠯᠵᠦ᠂ ᠪᠦᠬᠦ ᠣᠷᠣᠨ ᠤ ︽ᠭᠡᠷ ᠪᠦᠯᠢ  ᠶᠢᠨ ᠡᠮᠴᠢ ᠲᠠᠢ ᠭᠡᠷ᠎ᠡ ᠲᠣᠭᠳᠠᠵᠣ ᠦᠢᠯᠡᠴᠢᠯᠡᠬᠦ ᠲᠣᠷᠰᠢᠯᠳᠠ ᠶᠢᠨ ᠬᠤᠰᠢᠭᠤ︾ ᠪᠠ ︽ᠡᠬᠡ ᠨᠢᠯᠬᠠᠰ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠵᠢᠱᠢᠶ᠎ᠡ ᠦᠵᠡᠬᠦᠯᠬᠦ ᠬᠤᠰᠢᠭᠤ︾ ᠪᠠᠷ ᠲᠣᠭᠳᠠᠭᠠᠭᠳᠠᠨ᠂ ᠴᠠᠭᠠᠨᠨᠠᠭᠤᠷ ᠪᠠᠯᠭᠠᠰᠣ ᠪᠠ ᠶᠡᠭᠡᠭᠤᠣᠯ ᠰᠣᠮᠣᠨ ᠤ ᠡᠷᠡᠬᠦᠯ ᠬᠠᠮᠠᠭᠠᠯᠠᠯ ᠤᠨ ᠬᠤᠷᠢᠶ᠎ᠠ ᠨᠢ ︽ᠣᠯᠣᠰ ᠤᠨ ᠤᠯᠠᠨ ᠲᠦᠮᠡᠨ ᠬᠠᠨᠣᠮᠵᠢᠳᠡᠢ ᠡᠷᠡᠬᠦᠯ ᠬᠠᠮᠠᠭᠠᠯᠠᠯ ᠤᠨ ᠬᠤᠷᠢᠶ᠎ᠠ︾ ᠶᠢᠨ ᠢᠷᠠᠭᠤ ᠠᠯᠳᠠᠷ ᠢ ᠬᠦᠷᠳᠡᠪᠡ᠃ ᠦᠨᠳᠦᠰᠦᠳᠡᠨ ᠤ ᠰᠣᠶᠣᠯ ᠤᠨ ᠲᠣᠮᠣ ᠬᠤᠰᠢᠭᠤ ᠶᠢ ᠪᠠᠶᠢᠭᠤᠯᠬᠤ ᠠᠵᠢᠯ ᠢ ᠠᠬᠢᠭᠤᠯᠪᠠ᠃ 2.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠠᠪᠠᠭ᠎ᠠ ᠮᠦᠽᠸᠢ᠂ ᠠᠪᠠᠭ᠎ᠠ ᠠᠭᠤᠳᠠᠮ ᠲᠠᠯᠠᠪᠠᠢ ᠪᠠ ᠪᠡᠯᠬᠦᠳᠡᠢ ᠰᠣᠶᠣᠯ ᠤᠨ ᠬᠦᠷᠢᠶᠡᠯᠡᠩ ᠤᠨ ᠴᠢᠳᠠᠪᠬᠢ ᠶᠢ ᠪᠦᠷᠢᠨᠰᠢᠬᠦᠯᠦᠨ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠤᠨ ᠪᠠᠷᠢᠯᠭ᠎ᠠ ᠶᠢ ᠲᠠᠭᠤᠰᠬᠠᠵᠣ᠂ ᠴᠣᠭᠤᠷ ᠲᠠᠭᠤᠣ ᠶᠢ ᠣᠯᠠᠮᠵᠢᠯᠠᠨ ᠵᠠᠯᠭᠠᠮᠵᠢᠯᠠᠬᠤ ᠭᠠᠵᠠᠷ ᠤᠨ ᠪᠠᠷᠢᠯᠭ᠎ᠠ ᠶᠢ ᠡᠬᠢᠯᠡᠬᠦᠯᠦᠨ᠂ ᠰᠣᠶᠣᠯ ᠤᠨ ᠦᠷᠳᠡᠭᠡ᠂ ᠲᠠᠯ᠎ᠠ ᠨᠣᠳᠤᠭ ᠤᠨ ᠨᠣᠮ ᠤᠨ ᠦᠷᠦᠭᠡ ᠶᠢ ᠲᠦᠭᠡᠮᠡᠯᠵᠢᠬᠦᠯᠪᠡ᠃ ︽ᠡᠷᠦᠭᠡ ᠪᠣᠯᠭᠠᠨ ᠳᠤ ᠨᠡᠪᠳᠡᠷᠡᠬᠦᠯᠬᠦ︾ ᠲᠦᠬᠦᠭᠡᠷᠦᠮᠵᠢ 8400 ᠢᠵᠢ ᠣᠭᠰᠠᠷᠠᠨ᠂ ᠬᠤᠰᠢᠭᠤ ᠷᠠᠳᠢᠤ᠋ ᠲᠧᠯᠸᠢᠰ ᠤᠨ ᠪᠦᠷᠬᠦᠴᠡ ᠶᠢᠨ ᠨᠣᠷᠮ᠎ᠠ ᠶᠢ ᠲᠣᠰ ᠲᠣᠰ 97% ᠪᠠ 95% ᠳᠤ ᠬᠦᠷᠭᠡᠪᠡ᠃ ︽ᠠᠪᠠᠭ᠎ᠠ ᠨᠣᠳᠤᠭ︾ ᠬᠡᠬᠦ ᠲᠠᠭᠤᠤ ᠶᠢ ᠬᠤᠰᠢᠭᠤ ᠰᠦᠯᠳᠡ ᠲᠡᠭᠤᠣ ᠪᠣᠯᠭᠠᠵᠣ᠂ ᠮᠣᠩᠭᠤᠯ ᠵᠦᠴᠦᠭᠡ   ︽ᠪᠡᠯᠬᠦᠳᠡᠢ︾ ᠶᠢ ᠨᠠᠶᠢᠷᠠᠭᠤᠯᠣᠨ ᠲᠣᠭᠯᠠᠵᠣ᠂ ᠨᠠᠢᠮᠠᠳᠣᠭᠠᠷ ᠬᠤᠭᠤᠴᠠᠭᠠᠨ ᠤ ᠪᠦᠬᠦ ᠣᠷᠣᠨ ᠤ ᠦᠨᠳᠦᠰᠦᠳᠡᠨ ᠤ ᠪᠡᠶ᠎ᠡ ᠲᠠᠮᠢᠷ ᠤᠨ ᠴᠣᠭᠯᠠᠭᠠᠨ ᠤ ᠮᠣᠷᠢᠨ ᠲᠡᠭᠡᠷᠡᠬᠢ ᠭᠤᠷᠪᠠᠨ ᠡᠷᠳᠡᠮ ᠤᠨ ᠦᠵᠡᠬᠦᠯᠦᠯᠭᠡ ᠶᠢᠨ ᠲᠦᠷᠦᠯ᠂ ᠠᠩᠬᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠤᠨ ᠣᠯᠠᠨ ᠣᠯᠣᠰ ᠤᠨ ᠣᠯᠠᠮᠵᠢᠯᠠᠯᠳᠣ ᠮᠣᠷᠢᠨ ᠣᠷᠣᠯᠳᠣᠭᠠᠨ ᠪᠠ ᠭᠤᠷᠪᠠᠳᠣᠭᠠᠷ ᠬᠤᠭᠤᠴᠠᠭᠠᠨ ᠤ ᠨᠠᠢᠮᠠᠨ ᠮᠣᠵᠢ ᠣᠷᠣᠨ ᠤ ᠰᠢᠳᠠᠷ᠎ᠠ ᠶᠢᠨ ᠣᠷᠣᠯᠳᠣᠭᠠᠨ ᠢ ᠠᠮᠵᠢᠯᠳᠠ ᠲᠠᠢ ᠡᠷᠬᠢᠯᠡᠨ᠂ 2014 ᠣᠨ ᠳᠤ ᠬᠤᠰᠢᠭᠤ ᠣᠯᠠᠭᠠᠨᠮᠦ᠋ᠴᠢᠷ ᠪᠦᠬᠦ ᠣᠯᠣᠰ ᠤᠨ ᠰᠣᠶᠣᠯ ᠤᠨ ᠰᠢᠰᠲ᠋ᠧᠮ ᠤᠨ ᠲᠡᠷᠢᠬᠦᠨ ᠤ ᠨᠢᠭᠡᠴᠡ ᠶᠢᠨ ᠢᠷᠠᠭᠤ ᠠᠯᠳᠠᠷ ᠢ ᠬᠦᠷᠳᠡᠪᠡ᠃ ᠨᠡᠶᠢᠭᠡᠮ ᠤᠨ ᠡᠶ᠎ᠡ ᠵᠣᠬᠢᠴᠠᠯ ᠲᠣᠭᠳᠠᠭᠤᠨ ᠢ ᠪᠠᠳᠤᠯᠠᠵᠤ᠂ ᠵᠦᠷᠢᠴᠡᠯ ᠵᠢᠭᠤᠷᠭᠠᠨ ᠢ ᠪᠠᠶᠢᠴᠭᠠᠠᠨ ᠰᠢᠢᠳᠪᠦᠷᠢᠯᠡᠬᠦ ᠠᠵᠢᠯ ᠢ ᠦᠷᠨᠢᠬᠦᠯᠦᠨ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠩᠭᠠᠳᠬᠠᠪᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠦᠷᠨᠢᠬᠦᠨ ᠬᠦᠭᠵᠢᠵᠦ᠂ 5300 ᠲᠦᠮᠡᠨ ᠲᠦᠬᠦᠷᠢᠭ ᠤᠨ ᠬᠢᠯᠢ ᠬᠢᠵᠠᠭᠠᠷ ᠢ ᠬᠦᠭᠵᠢᠬᠦᠯᠵᠦ ᠠᠷᠠᠳ ᠢᠶᠠᠨ ᠪᠠᠶᠠᠵᠢᠭᠤᠯᠬᠤ ᠲᠦᠷᠤᠯ ᠵᠥᠢᠯ ᠢ ᠬᠡᠷᠡᠭᠵᠢᠬᠦᠯᠤᠨ᠂ ᠪᠦᠬᠦ ᠣᠯᠣᠰ ᠤᠨ ᠦᠨᠳᠦᠰᠦᠳᠡᠨ  ᠤ ᠪᠦᠯᠬᠦᠮᠳᠡᠯ ᠲᠠᠪᠰᠢᠯᠳᠠ ᠶᠢᠨ ᠬᠤᠰᠢᠭᠤ ᠪᠠᠷ ᠦᠨᠡᠯᠡᠭᠳᠡᠪᠡ᠃ ᠢᠨᠲ᠋ᠧᠷ ᠰᠦᠯᠵᠢᠶᠡᠨ ᠤ ᠬᠠᠮᠢᠶᠠᠷᠣᠯᠳᠠ ᠶᠢ ᠴᠢᠩᠭᠠᠳᠬᠠᠨ᠂ ᠰᠣᠶᠣᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠣ᠂ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠦᠳᠦᠮᠵᠢᠳᠡᠢ ᠨᠠᠶᠢᠳᠠᠪᠣᠷᠢᠵᠢᠭᠤᠯᠪᠠ᠃ ᠡᠯ᠎ᠡ ᠲᠦᠷᠦᠯ ᠤᠨ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠡᠷᠡᠬᠦᠦ ᠶᠢᠨ ᠬᠡᠷᠡᠭ᠂ ᠨᠠᠶᠢᠬᠡᠮ ᠤᠨ ᠠᠮᠤᠷ ᠲᠤᠭᠳᠠᠭᠤᠨ ᠢ ᠨᠦᠯᠤᠬᠡᠯᠡᠭᠰᠡᠨ ᠬᠡᠷᠡᠭ ᠢᠯᠡᠳᠳᠡ ᠴᠦᠬᠡᠷᠡᠪᠡ᠃ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭᠠᠳᠤ ᠣᠬᠠᠮᠰᠠᠷ ᠢ ᠴᠢᠩᠭᠠᠳᠬᠠᠨ᠂ ᠲᠦᠷᠪᠡᠨ ᠵᠢᠯ ᠲᠠᠷᠠᠭᠠᠯᠠᠨ ᠪᠦᠬᠦ ᠠᠶᠢᠮᠠᠭ ᠤᠨ ᠠᠶᠣᠯᠬᠦᠢ ᠦᠢᠯᠡᠳᠪᠦᠷᠢᠯᠡᠯ ᠤᠨ ᠬᠢᠷᠢ ᠪᠦᠳᠦᠮᠵᠢ ᠲᠣᠪᠣᠶᠢᠮ᠎ᠠ ᠬᠤᠰᠢᠭᠤ ᠪᠠᠷ ᠦᠨᠡᠯᠡᠭᠳᠡᠪᠡ᠃ ᠶᠠᠰᠤ ᠴᠢᠨᠠᠷ ᠢᠶᠠᠷ ᠬᠤᠰᠢᠭᠤ  ᠪᠠᠨ ᠬᠦᠴᠦᠷᠭᠡᠭᠵᠢᠬᠦᠯᠬᠦ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠦ᠂ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠣᠯᠳᠠ ᠪᠠᠨ ᠴᠢᠩᠭᠠᠳᠬᠠᠭᠰᠡᠨ ᠢᠶᠠᠷ ᠠᠮᠣᠷ ᠲᠦᠪᠰᠢᠨ ᠤ ᠣᠴᠢᠷ ᠡᠬᠦᠰᠦᠭᠰᠡᠨ ᠦᠭᠡᠢ᠃ ᠣᠶᠣᠨ ᠤ ᠪᠣᠯᠪᠠᠰᠣᠨ ᠤ ᠪᠠᠶᠢᠭᠤᠯᠣᠯᠳᠠ ᠶᠢ ᠠᠬᠢᠭᠤᠯᠤᠨ᠂ ᠤᠷᠤᠨ ᠤ ᠲᠡᠰ ᠤᠨ ᠪᠣᠯᠪᠠᠰᠣᠨ ᠬᠤᠰᠢᠭᠤ ᠪᠠᠷ ᠦᠨᠡᠯᠡᠭᠳᠡᠵᠦ᠂ ᠬᠤᠩᠭᠤᠷᠭᠤᠣᠯ ᠢᠳᠡᠭᠡᠨ ᠡᠮ ᠤᠨ ᠵᠦᠢᠯᠡᠰ ᠪᠠ ᠦᠢᠯᠡᠳᠪᠦᠷᠢ ᠬᠤᠳᠠᠯᠳᠣᠭᠠᠨ ᠤ ᠶᠠᠰᠣ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠰᠠᠯᠪᠣᠷᠢ ᠨᠢ ᠪᠦᠬᠦ ᠣᠯᠣᠰ ᠤᠨ ᠪᠣᠯᠪᠠᠰᠣᠨ ᠨᠢᠭᠡᠴᠡ ᠪᠠᠷ ᠦᠨᠡᠯᠡᠭᠳᠡᠪᠡ᠃ ᠴᠡᠷᠢᠭ ᠠᠷᠠᠳ ᠬᠠᠮᠳᠣ ᠪᠠᠷ ᠪᠠᠶᠢᠭᠤᠯᠬᠤ ᠠᠵᠢᠯ ᠢ ᠦᠷᠨᠢᠬᠦᠯᠦᠨ᠂ ᠬᠢᠯᠢ ᠬᠢᠵᠠᠭᠠᠷ ᠠᠮᠣᠷ ᠲᠠᠶᠢᠪᠣᠩ᠂ ᠨᠡᠶᠢᠭᠡᠮ ᠠᠮᠣᠷ ᠲᠣᠭᠳᠠᠭᠤᠨ ᠂ ᠴᠡᠷᠢᠭ ᠵᠠᠰᠠᠭ ᠴᠡᠷᠢᠭ ᠠᠷᠠᠳ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠪᠠᠬᠢᠵᠢᠬᠦᠯᠪᠡ᠃ ᠡᠮᠡᠭᠳᠡᠶᠢᠴᠣᠳ᠂ ᠬᠡᠦᠭᠡᠳ᠂ ᠨᠠᠰᠣᠳᠠᠶᠢᠴᠣᠳ᠂ ᠵᠡᠮᠳᠡᠭᠴᠣᠳ ᠤᠨ ᠠᠵᠢᠯ ᠪᠠ ᠬᠤᠶᠢᠴᠢ ᠦᠶ᠎ᠡ ᠪᠠᠨ ᠬᠠᠯᠠᠮᠵᠢᠯᠠᠬᠤ᠂ ᠰᠢᠨᠵᠢᠯᠡᠭᠡ ᠮᠡᠷᠭᠡᠵᠢᠯ᠂ ᠲᠤᠭ᠎ᠠ ᠪᠦᠷᠢᠳᠬᠡᠯ᠂ ᠬᠠᠩᠭᠠᠨ ᠪᠤᠷᠤᠯᠠᠭᠤᠯᠭ᠎ᠠ᠂ ᠲᠡᠦᠭᠡ ᠣᠶᠢᠯᠠᠯᠭ᠎ᠠ᠂ ᠴᠠᠭ ᠠᠭᠤᠷ᠂ ᠲᠠᠭᠠᠳᠬᠠᠯ᠂ ᠰᠢᠣᠳᠠᠨ᠂ ᠭᠠᠯ ᠰᠡᠷᠭᠡᠶᠢᠯᠡᠬᠦ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃—— ᠲᠠᠪᠣᠨ ᠵᠢᠯ ᠤᠨ ᠲᠣᠷᠰᠢ᠂ ᠡᠬᠦᠷᠭᠡ ᠴᠢᠳᠠᠪᠬᠢ ᠶᠢᠨ ᠬᠤᠪᠢᠷᠠᠭᠤᠯᠣᠯᠳᠠ ᠶᠢ ᠠᠬᠢᠭᠤᠯᠤᠨ᠂ ᠵᠠᠰᠠᠭ ᠤᠨ ᠣᠷᠳᠣᠨ ᠤ ᠪᠠᠶᠢᠭᠤᠯᠣᠯᠳᠠ ᠪᠠᠨ ᠴᠢᠩᠭᠠᠳᠬᠠᠪᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠳᠣᠷ ᠦᠷᠨᠢᠬᠦᠯᠦᠨ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠭᠡᠷᠡᠭᠵᠢᠬᠦᠯᠵᠦ᠂ ︽ᠬᠤᠶᠠᠷ ᠢ ᠰᠣᠷᠣᠯᠴᠠᠵᠣ ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠭᠡᠢ ᠠᠬᠢᠭᠤᠯᠣᠨ᠂ ᠲᠦᠪ ᠤᠨ ᠨᠠᠢᠮᠠᠨ ᠵᠣᠷᠪᠣᠰ ᠲᠣᠭᠳᠠᠭᠠᠯ ᠢ ᠴᠢᠩᠭ᠎ᠠ ᠰᠠᠬᠢᠨ᠂ ᠵᠠᠰᠠᠭ ᠤᠨ ᠤᠷᠳᠤᠨ ᠤ ᠠᠵᠢᠯ ᠤᠨ ᠰᠣᠷᠳᠠᠯ ᠢᠯᠡᠳᠳᠡ ᠰᠠᠶᠢᠵᠢᠷᠠᠪᠠ᠃ ᠪᠢᠴᠢᠭ ᠮᠠᠲ᠋ᠧᠷᠢᠶᠠᠯ ᠪᠠ ᠬᠤᠷᠠᠯ ᠢ ᠴᠦᠭᠡᠳᠭᠡᠨ᠂ ︽ᠭᠤᠷᠪᠠᠨ ᠠᠯᠪᠠᠨ ᠵᠠᠷᠣᠳᠠᠯ︾ ᠢ ᠪᠠᠭᠠᠰᠬᠠᠵᠣ᠂ ᠠᠰᠠᠷ ᠪᠠᠷᠢᠯᠭ᠎ᠠ ᠶᠢᠨ ᠪᠠᠶᠢᠭᠤᠯᠣᠯᠳᠠ᠂ ᠠᠯᠪᠠᠨ ᠭᠡᠷ ᠤᠨ ᠪᠠᠷᠢᠮᠵᠢᠶ᠎ᠠ ᠪᠠ ᠠᠯᠪᠠᠳᠠᠨ ᠤ ᠲᠤᠭ᠎ᠠ ᠶᠢ ᠴᠢᠩᠭ᠎ᠠ ᠡᠵᠡᠮᠳᠡᠨ᠂ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠣᠳᠠᠯ ᠳᠤ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ ᠶᠢ ᠪᠡᠶᠡᠯᠡᠬᠦᠯᠵᠦ᠂ ᠲᠦᠷᠦ  ᠶᠢᠨ ᠶᠠᠪᠣᠳᠠᠯ ᠤᠨ ᠬᠤᠷᠢᠶᠠᠨ ᠤ ︽ᠭᠤᠷᠪᠠ ᠵᠢᠷᠣᠮᠯᠠᠬᠤ ᠲᠦᠷᠢᠮ︾ ᠢ ᠡᠷᠡᠰ ᠭᠤᠶᠢᠪᠢᠰᠢ ᠦᠭᠡᠢ ᠲᠣᠣᠱᠯᠠᠭᠤᠯᠪᠠ᠃ ᠠᠵᠢᠯ ᠤᠨ ᠵᠢᠯᠣᠭᠤᠳᠬᠤ ᠪᠠ ᠬᠡᠷᠡᠭᠵᠢᠬᠦᠯᠬᠦ ᠬᠦᠴᠦᠨ ᠢᠶᠠᠨ ᠲᠡᠭᠡᠭᠰᠢᠯᠡᠬᠦᠯᠦᠨ᠂ ᠦᠷ᠎ᠠ ᠪᠦᠳᠦᠮᠵᠢ ᠪᠠᠷ ᠬᠢᠨᠠᠨ ᠦᠨᠡᠯᠡᠬᠦ ᠠᠵᠢᠯ ᠢ ᠴᠢᠩᠭᠠᠳᠬᠠᠵᠣ᠂ ᠡᠯ᠎ᠡ ᠲᠠᠯ᠎ᠠ ᠶᠢᠨ ᠠᠵᠢᠯ ᠢᠶᠠᠨ ᠪᠦᠳᠦᠮᠵᠢᠳᠡᠢ ᠨᠠᠶᠢᠳᠠᠪᠣᠷᠢᠵᠢᠭᠤᠯᠪᠠ᠃ ᠬᠦᠨᠳᠦ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢ ᠬᠠᠣᠯᠢ ᠶᠤᠰᠤᠭᠠᠷ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠵᠣ᠂ ︽ᠵᠢᠷᠭᠤᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠬᠦᠯᠬᠦ ᠠᠵᠢᠯ ᠢ ᠣᠷᠣᠭᠰᠢᠳᠠᠢ ᠪᠡᠶᠡᠯᠡᠬᠦᠯᠵᠦ ᠂ ︽ᠲᠣᠯᠣᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠂ ᠵᠠᠰᠠᠭ ᠵᠠᠬᠢᠷᠭᠠᠨ ᠤ ᠲᠦᠪ ᠭᠤᠤᠯᠴᠢ ᠬᠠᠣᠯᠢ ᠬᠡᠷᠡᠭᠵᠢᠬᠦᠯᠬᠦ ᠬᠢᠷᠢ ᠲᠦᠪᠰᠢᠨ ᠢᠯᠡᠳᠳᠡ ᠲᠡᠭᠡᠭᠰᠢᠯᠡᠵᠦ᠂ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ 804 ᠵᠣᠷᠪᠣᠰ ᠰᠠᠨᠠᠯ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ 319 ᠵᠣᠷᠪᠣᠰ ᠰᠠᠨᠠᠯ ᠲᠣᠷᠠᠳᠣᠯᠭ᠎ᠠ ᠶᠢ ᠴᠠᠭ ᠲᠤᠬᠠᠢ ᠳᠤᠨᠢ ᠭᠠᠷᠳᠠᠨ ᠬᠦᠢᠴᠡᠳᠬᠡᠵᠤ᠂ ᠬᠠᠣᠯᠢ ᠶᠣᠰᠣᠭᠠᠷ ᠬᠢᠨᠠᠯᠳᠠ ᠲᠠᠯᠪᠢᠬᠤ ᠪᠠ ᠠᠷᠠᠳᠴᠢᠯᠠᠯ ᠢᠶᠠᠷ ᠬᠢᠨᠠᠯᠳᠠ ᠲᠠᠯᠪᠢᠬᠤ ᠠᠵᠢᠯ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ᠃ ᠬᠢᠨᠠᠨ ᠪᠣᠳᠣᠯᠳᠠ ᠪᠠᠷ ᠬᠢᠨᠠᠯᠳᠠ ᠲᠠᠯᠪᠢᠬᠤ ᠠᠵᠢᠯ ᠢ ᠴᠢᠩᠭᠠᠳᠬᠠᠨ᠂ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠲᠦᠷᠢᠮᠵᠢᠬᠦᠯᠵᠦ᠂ 204 ᠲᠦᠷᠦᠯ ᠵᠦᠢᠯ ᠳᠤ ᠬᠢᠨᠠᠨ ᠪᠣᠳᠣᠯᠳᠠ ᠬᠢᠵᠦ᠂ 6238 ᠲᠦᠮᠡᠨ ᠲᠦᠬᠦᠷᠢᠭ ᠠᠷᠪᠢᠯᠡᠪᠡ᠃ ᠨᠠᠮ ᠤᠨ ᠰᠣᠷᠳᠠᠯ ᠠᠷᠢᠭᠤᠨ ᠴᠢᠭᠡᠴᠢ ᠶᠢᠨ ᠪᠠᠶᠢᠭᠤᠯᠣᠯᠳᠠ ᠶᠢ ᠠᠬᠢᠭᠤᠯᠵᠣ᠂ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠨᠠᠶᠢᠳᠠᠪᠣᠷᠢᠵᠢᠭᠤᠯᠣᠨ᠂ ᠲᠦᠪ ᠭᠤᠣᠯᠴᠢ᠂ ᠠᠷᠢᠭᠤᠨ ᠴᠢᠭᠡᠴᠢ᠂ ᠦᠨᠡᠨ ᠪᠤᠳᠠᠳᠡᠢ ᠣᠷᠴᠢᠨ ᠢ ᠪᠣᠢ ᠪᠣᠯᠭᠠᠪᠠ᠃ᠲᠦᠯᠦᠭᠡᠯᠡᠭᠴᠢᠳ ᠡ᠂ ᠲᠠᠪᠣᠨ ᠵᠢᠯ ᠤᠨ ᠲᠣᠷᠰᠢᠬᠢ ᠠᠮᠵᠢᠯᠳᠠ ᠪᠦᠳᠦᠮᠵᠢ ᠪᠣᠯ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠶᠢᠨ ᠦᠷ᠎ᠡ ᠳ᠋ᠦᠩ ᠪᠣᠯᠬᠤ ᠮᠦᠷᠳᠡᠭᠡᠨ ᠬᠤᠰᠢᠭᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠴᠢᠩᠭ᠎ᠠ ᠬᠢᠨᠠᠯᠳᠠ ᠲᠠᠯᠪᠢᠭᠰᠡᠨ ᠤ ᠦᠷ᠎ᠡ ᠳ᠋ᠦᠩ ᠮᠥᠨ᠃ ᠮᠦᠨᠴᠦ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠡᠷᠬᠢᠮ ᠨᠠᠨᠳᠢᠨ ᠰᠠᠨᠠᠯ ᠲᠣᠷᠠᠳᠣᠯᠭ᠎ᠠ ᠪᠠᠨ ᠲᠡᠪᠰᠢᠬᠦᠯᠵᠦ᠂ ᠠᠬᠠᠮᠠᠳ ᠺᠠᠳ᠋ᠷ᠂ ᠠᠬᠠᠮᠠᠳ ᠨᠦᠬᠦᠳ ᠤᠨ ᠬᠠᠯᠠᠮᠵᠢᠯᠠᠨ ᠲᠡᠮᠵᠢᠭᠰᠡᠨ ᠤ ᠦᠷ᠎ᠡ ᠳ᠋ᠦᠩ ᠮᠥᠨ᠃ ᠮᠦᠨᠴᠦ ᠦᠨᠳᠦᠰᠦᠳᠡᠨ ᠪᠦᠯᠬᠦᠮᠳᠡᠨ᠂ ᠴᠡᠷᠢᠭ ᠠᠷᠠᠳ ᠬᠠᠮᠳᠣ ᠪᠠᠷ ᠪᠠᠶᠢᠭᠤᠯᠣᠯᠴᠠᠵᠣ᠂ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠦᠨ ᠴᠢᠷᠮᠠᠶᠢᠨ ᠠᠵᠢᠯᠯᠠᠭᠰᠡᠨ ᠤ ᠦᠷ᠎ᠡ ᠳ᠋ᠦᠩ ᠮᠥᠨ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠠᠪᠠᠭ᠎ᠠ ᠬᠤᠰᠢᠭᠤᠨ ᠤ ᠦᠭᠡᠷᠡᠴᠢᠯᠡᠯᠳᠡ ᠭᠦᠭᠵᠢᠯᠳᠡ ᠳᠤ ᠬᠠᠷᠠᠮ ᠦᠭᠡᠢ ᠵᠢᠳᠬᠦᠨ᠂ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠨᠠᠶᠢᠵᠠ ᠨᠠᠷ ᠲᠤ ᠪᠠᠨ ᠴᠢᠩ ᠰᠡᠳᠬᠢᠯ ᠤᠨ ᠪᠠᠶᠠᠷ ᠲᠠᠯᠠᠷᠬᠠᠯ ᠬᠦᠡᠳᠤᠳᠬᠡᠯ ᠢᠶᠠᠨ ᠲᠡᠪᠰᠢᠬᠦᠯᠵᠦ ᠪᠠᠶᠢᠨ᠎ᠠ᠃ᠪᠢᠳᠠ ᠠᠮᠵᠢᠯᠳᠠ ᠲᠣᠷᠰᠢᠯᠭ᠎ᠠ ᠪᠠᠨ ᠳ᠋ᠦᠩᠨᠡᠬᠦ ᠶᠢᠨ ᠬᠠᠮᠳᠣ᠂ ᠬᠦᠭᠵᠢᠯᠳᠡ ᠶᠢᠨ ᠶᠠᠪᠣᠴᠠ ᠳᠤ ᠣᠷᠣᠰᠢᠵᠣ ᠪᠠᠶᠢᠭ᠎ᠠ ᠬᠦᠴᠢᠷ ᠠᠰᠠᠭᠤᠳᠠᠯ ᠢ ᠰᠡᠷᠭᠡᠭ ᠢᠶᠠᠷ ᠲᠠᠨᠢᠬᠤ ᠴᠢᠬᠤᠯᠠᠳᠠᠢ ᠪᠠᠶᠢᠨ᠎ᠠ᠃ ᠨᠢᠭᠡ ᠳᠤ᠂ ᠬᠤᠰᠢᠭᠤ  ᠬᠡᠪᠴᠢᠶ᠎ᠠ ᠲᠤᠭᠤᠷᠢᠭ ᠤᠨ ᠠᠵᠣ ᠠᠬᠤᠢ ᠶᠢᠨ ᠪᠣᠳᠠᠳᠣ ᠬᠦᠴᠦᠨ ᠨᠡᠯᠢᠶᠠᠳ ᠠᠨᠠᠢ᠂ ᠬᠢᠵᠠᠭᠠᠷᠯᠠᠬᠤ ᠬᠦᠴᠦᠨ᠂ ᠨᠡᠮᠡᠭᠳᠡᠯ ᠤᠨ ᠬᠦᠳᠡᠯᠭᠡᠭᠴᠢ ᠬᠦᠴᠦᠨ ᠬᠦᠷᠦᠯᠴᠡᠬᠦ ᠦᠭᠡᠢ ᠵᠡᠷᠭᠡ ᠠᠰᠠᠭᠤᠳᠠᠯ ᠨᠡᠯᠢᠶᠠᠳ ᠲᠣᠪᠣᠶᠢᠮ᠎ᠠ᠃ ᠬᠤᠶᠠᠷ ᠲᠤ᠂ ᠠᠵᠣ ᠠᠬᠤᠶᠢᠯᠠᠯ ᠤᠨ ᠪᠡᠶ᠎ᠡ ᠪᠠᠨ ᠲᠠᠭᠠᠭᠠᠵᠣ ᠰᠢᠨ᠎ᠡ ᠶᠢ ᠡᠬᠦᠳᠬᠦ ᠴᠢᠳᠠᠪᠣᠷᠢ ᠬᠦᠷᠤᠯᠴᠠᠬᠦ ᠦᠬᠡᠢ᠂ ᠲᠣᠯᠭᠠᠭᠤᠷᠢᠯᠠᠬᠤ ᠠᠵᠣ ᠦᠢᠯᠡᠰ ᠪᠠ ᠠᠵᠣ ᠠᠬᠤᠢ ᠶᠢᠨ ᠰᠢᠨ᠎ᠡ ᠨᠡᠮᠡᠭᠳᠡᠯ ᠴᠡᠭ ᠢ ᠪᠣᠶᠢᠵᠢᠭᠤᠯᠬᠤ ᠲᠠᠯ᠎ᠠ ᠪᠠᠷ ᠠᠩᠬᠠᠨ ᠤ ᠱᠠᠳᠣᠨ  ᠳᠠᠭᠠᠨ ᠪᠠᠶᠢᠵᠣ᠂ ᠬᠡᠯᠪᠡᠷᠢ ᠪᠠᠨ ᠬᠤᠪᠢᠷᠠᠭᠤᠯᠵᠣ ᠲᠡᠰ ᠲᠡᠪᠰᠢᠬᠦᠯᠬᠦ ᠡᠬᠦᠷᠭᠡ ᠬᠦᠨᠳᠦ᠃ ᠭᠤᠷᠪᠠ ᠳᠤ᠂ ᠬᠦᠭᠵᠢᠯᠳᠡ ᠶᠢ ᠲᠦᠷᠭᠡᠳᠭᠡᠬᠦ ᠪᠠ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠶᠢᠨ ᠡᠬᠦᠷᠭᠡ ᠬᠠᠷᠢᠭᠤᠴᠠᠯᠭ᠎ᠠ ᠬᠦᠨᠳᠦ᠂ ᠠᠮᠢ ᠠᠬᠤᠢ ᠶᠢᠨ ᠲᠠᠪᠠᠭᠤᠯᠢᠭ ᠢᠶᠠᠨ ᠬᠦᠭᠵᠢᠯᠳᠡ ᠶᠢᠨ ᠦᠷ᠎ᠡ ᠠᠰᠢᠭ ᠪᠣᠯᠭᠠᠨ ᠬᠤᠪᠢᠷᠠᠭᠤᠯᠵᠤ ᠲᠡᠶᠢᠯᠤᠬᠡᠳᠤᠢ ᠪᠠᠶᠢᠭᠰᠠᠭᠠᠷ᠃ ᠲᠦᠷᠪᠡ ᠳᠤ᠂ ᠣᠯᠠᠨ ᠨᠡᠶᠢᠳᠡ ᠶᠢᠨ ᠦᠡᠳᠤᠰᠤᠨ ᠦᠢᠯᠡᠴᠢᠯᠡᠭᠡᠨ ᠤ ᠬᠠᠩᠭᠠᠯᠭ᠎ᠠ ᠲᠤᠳᠠᠮᠠᠭ᠂ ᠨᠡᠶᠢᠭᠡᠮ ᠤᠨ ᠪᠠᠳᠣᠯᠠᠭ᠎ᠠ ᠪᠠ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠲᠠᠯ᠎ᠠ ᠪᠠᠷ ᠤᠯᠠᠮ ᠴᠢᠩᠭᠠᠳᠬᠠᠬᠤ ᠴᠢᠬᠤᠯᠠᠳᠡᠢ᠃ ᠶᠠᠳᠠᠭᠤ ᠠᠴᠠ ᠠᠩᠬᠢᠵᠢᠷᠠᠭᠤᠯᠵᠣ ᠪᠠᠬᠢᠯᠡᠯᠳᠡ ᠰᠢᠪᠳᠣᠯᠬᠤ ᠠᠵᠢᠯ ᠤᠨ ᠡᠬᠦᠷᠭᠡ ᠬᠦᠨᠳᠦ ᠪᠠᠶᠢᠭᠰᠠᠭᠠᠷ᠃ ᠲᠠᠪᠤ ᠳᠤ᠂ ᠵᠠᠰᠠᠭ ᠤᠨ ᠣᠷᠳᠣᠨ ᠤ ᠴᠢᠳᠠᠪᠬᠢ ᠶᠢ ᠲᠦᠢᠯᠪᠤᠷᠢᠳᠡᠢ ᠬᠤᠪᠢᠷᠠᠭᠤᠯᠵᠤ ᠴᠢᠳᠠᠭᠠᠳᠤᠢ ᠪᠠᠶᠢᠭᠰᠠᠭᠠᠷ᠂ ᠰᠤᠷᠳᠠᠯ ᠤᠨ ᠪᠠᠶᠢᠭᠤᠯᠤᠯᠳᠠ ᠶᠢ ᠤᠯᠠᠮ ᠴᠢᠩᠭᠠᠳᠬᠠᠵᠤ᠂ ᠵᠠᠰᠠᠭ ᠵᠠᠬᠢᠷᠭᠠᠨ ᠤ ᠦᠷ᠎ᠠ ᠠᠰᠢᠭ ᠢ ᠦᠷᠬᠦᠯᠵᠢᠯᠡᠨ ᠲᠡᠬᠡᠭᠰᠢᠯᠡᠬᠦᠯᠬᠦ ᠴᠢᠬᠤᠯᠠᠳᠡᠢ ᠪᠠᠶᠢᠨ᠎ᠠ᠃ ᠡᠳᠡᠬᠡᠷ ᠠᠰᠠᠭᠤᠳᠠᠯ ᠢ ᠪᠢᠳᠠ ᠲᠡᠬᠡᠳᠤ ᠬᠡᠮᠵᠢᠶ᠎ᠠ  ᠪᠠᠷ ᠬᠦᠡᠳᠤᠳᠬᠡᠨ᠂ ᠨᠠᠷᠢᠨ ᠨᠢᠮᠪᠠᠢ ᠰᠤᠳᠤᠯᠤᠨ ᠰᠢᠢᠳᠪᠤᠷᠢᠯᠡᠨ᠎ᠠ᠃  ᠬᠤᠶᠡᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠪᠠᠶᠢᠷᠢᠯᠠᠭᠤᠯᠤᠯᠳᠠ  ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠠᠷᠤᠩᠬᠡᠢ ᠰᠠᠳᠬᠢᠴᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠠᠴᠠ ᠠᠯᠢᠪᠠ ᠠᠵᠢᠯ ᠢ ᠤᠳᠤᠷᠢᠳᠬᠤ ᠪᠠ  ᠬᠦᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠡᠷᠡᠰ ᠪᠠᠷᠢᠮᠲᠠᠯᠠᠨ᠂ ᠲᠤᠭᠲᠠᠭᠤᠨ ᠢ ᠪᠠᠲᠤᠯᠠᠨ ᠬᠦᠭᠵᠢᠯᠳᠠ ᠶᠢ ᠠᠬᠢᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠡ ᠬᠦᠭᠵᠢᠯᠲᠡ ᠶᠢᠨ ᠦᠵᠡᠯᠲᠡ ᠶᠢ ᠪᠤᠢ ᠪᠤᠯᠭᠠᠵᠤ᠂ ᠨᠠᠶᠢᠬᠡᠮ ᠤᠨ ᠭᠤᠤᠯ ᠵᠦᠷᠢᠴᠡᠯ ᠤᠨ ᠬᠤᠪᠢᠷᠠᠯᠳᠠ ᠶᠢ ᠴᠢᠩᠭ᠎ᠠ ᠡᠵᠡᠮᠳᠡᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠪᠠ      ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ᠲᠦᠭᠰᠢᠭᠦᠷᠢ ᠶᠢ ᠰᠡᠷᠬᠡᠶᠢᠯᠡᠬᠦ᠂ ᠨᠠᠷᠢᠯᠢᠭ ᠤᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠠ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠴᠢᠨᠠᠷ ᠴᠢᠡᠰᠠᠭ᠎ᠠ ᠰᠢᠯᠢᠳᠡᠭ᠂ ᠦᠷ᠎ᠠ ᠠᠰᠢᠭ ᠲᠤᠪᠤᠶᠢᠮ᠎ᠠ᠂ ᠦᠷᠬᠦᠯᠵᠢᠯᠡᠬᠦᠶᠢᠴᠠ ᠬᠦᠭᠵᠢᠯᠳᠠ ᠶᠢ ᠠᠬᠢᠭᠤᠯᠵᠤ᠂ 2020 ᠤᠨ ᠳᠤ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠭᠰᠡᠨ ᠰᠠᠭᠤᠷᠢᠨ ᠲᠡᠬᠡᠷ᠎ᠠ᠂ ᠨᠡᠶᠢᠭᠡᠮ ᠵᠢᠷᠤᠮᠲᠤ ᠣᠳᠤᠬᠢᠴᠢᠯᠠᠯᠲᠠ ᠶᠢᠨ ᠰᠢᠨ᠎ᠡ ᠠᠶᠠᠨ ᠢ ᠡᠬᠢᠯᠡᠬᠦᠯᠤᠨ᠂ ᠴᠡᠴᠡᠭᠯᠡᠨ ᠬᠦᠭᠵᠢᠭᠰᠡᠨ᠂ ᠲᠤᠬᠢᠯᠢᠭ ᠲᠠᠭᠠᠯᠠᠮᠵᠢᠲᠠᠢ᠂ ᠦᠵᠡᠰᠬᠦᠯᠡᠩᠲᠦ ᠰᠠᠶᠢᠬᠠᠨ᠂ ᠪᠣᠯᠪᠠᠰᠤᠨ᠂ ᠵᠣᠯ ᠵᠢᠷᠭᠠᠯᠲᠤ ᠠᠪᠠᠭ᠎ᠠ ᠨᠤᠳᠤᠭ ᠢ ᠴᠣᠭᠴᠠᠯᠠᠨ ᠪᠠᠶᠢᠭᠤᠯᠤᠨ᠎ᠠ᠃  ᠭᠤᠤᠯ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ ᠵᠢᠯ ᠪᠦᠷᠢ ᠲᠡᠭᠰᠢᠳᠬᠡᠬᠡᠳ 7% ᠪᠠᠷ ᠨᠡᠮᠡᠭᠳᠡᠬᠦᠯᠵᠦ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪᠯᠡᠭᠰᠡᠨ ᠣᠷᠣᠯᠭ᠎ᠠ ᠶᠢ ᠵᠢᠯ ᠪᠦᠷᠢ ᠲᠡᠭᠰᠢᠳᠬᠡᠭᠡᠳ 6% ᠪᠠᠷ ᠨᠡᠮᠡᠭᠳᠡᠬᠦᠯᠦᠨ᠎ᠡ᠃ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 200 ᠳ᠋ᠦᠩᠰᠢᠭᠤᠷ ᠲᠦᠬᠦᠷᠢᠭ ᠠᠴᠠ ᠲᠠᠪᠠᠭᠤᠯᠵᠤ᠂ ᠨᠡᠶᠢᠭᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ ᠵᠢᠯ ᠪᠦᠷᠢ ᠲᠡᠭᠰᠢᠳᠬᠡᠭᠡᠳ 9% ᠪᠠᠷ ᠨᠡᠮᠡᠭᠳᠡᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠮᠳᠠᠴᠢ ᠪᠠᠷ ᠵᠢᠯ ᠪᠦᠷᠢ 8% ᠪᠠ 9% ᠪᠠᠷ ᠨᠡᠮᠡᠭᠳᠡᠬᠦᠯᠤᠨ᠎ᠠ᠃—— ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠡᠢ ᠦᠬᠡᠷᠡᠴᠢᠯᠡᠯᠳᠡ ᠪᠠᠷ ᠭᠤᠤᠯᠳᠠᠯᠭ᠎ᠠ ᠪᠤᠯᠭᠠᠵᠤ᠂ ᠠᠵᠤ ᠠᠬᠤᠢ ᠶᠢᠨ ᠬᠦᠭᠵᠢᠯᠳᠠ ᠶᠢᠨ ᠴᠢᠨᠠᠷ ᠴᠢᠡᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠤᠨ᠎ᠠ᠃ᠴᠢᠨᠠᠷ ᠴᠢᠡᠰᠠᠭ᠎ᠠ᠂ ᠦᠷ᠎ᠠ ᠠᠰᠢᠭ ᠪᠠ ᠬᠦᠳᠡᠯᠬᠡᠭᠴᠢ ᠬᠦᠴᠤᠨ ᠢ ᠬᠤᠪᠢᠷᠠᠭᠤᠯᠬᠤ ᠶᠢᠨ ᠴᠢᠬᠤᠯᠠ ᠴᠢᠨᠠᠷ ᠢ ᠬᠦᠢᠴᠡᠳ ᠲᠠᠨᠢᠵᠤ᠂ ᠠᠵᠤ ᠠᠬᠤᠢ ᠶᠢᠨ ᠨᠠᠩ ᠰᠠᠶᠢᠨ ᠴᠢᠨᠠᠷ ᠴᠢᠡᠰᠠᠭ᠎ᠠ ᠲᠠᠢ᠂ ᠨᠠᠩ ᠦᠡᠳᠤᠷ ᠦᠷ᠎ᠠ ᠠᠰᠢᠭᠳᠡᠢ᠂ ᠡᠷᠬᠡ ᠲᠡᠭᠰᠢ ᠮᠦᠷᠳᠡᠬᠡᠨ ᠦᠷᠬᠦᠯᠵᠢᠯᠡᠬᠦᠶᠢᠴᠠ ᠬᠦᠭᠵᠢᠯᠳᠠ ᠶᠢ ᠠᠬᠢᠭᠤᠯᠤᠨ᠎ᠠ᠃ ᠨᠢᠬᠡ ᠳᠤ᠂ ᠤᠳᠤᠬᠢᠴᠢᠯᠠᠭᠰᠡᠨ ᠮᠠᠯ ᠠᠵᠤ ᠠᠬᠤᠢ ᠶᠢᠨ ᠰᠠᠭᠤᠷᠢᠯᠠᠭᠴᠢ ᠪᠠᠶᠢᠷᠢ ᠰᠠᠭᠤᠷᠢ ᠶᠢ ᠪᠠᠳᠤᠳᠬᠠᠨ᠎ᠠ᠃ ︽ᠮᠢᠬ᠎ᠠ ᠰᠦ ᠠᠳᠤᠭᠤ ᠡᠪᠡᠰᠤ︾ ᠵᠡᠷᠬᠡ ᠤᠡᠴᠠᠯᠢᠭᠳᠤ ᠠᠵᠤ ᠦᠢᠯᠡᠰ ᠢ ᠦᠷᠬᠦᠯᠵᠢᠯᠡᠨ ᠬᠦᠭᠵᠢᠬᠦᠯᠵᠤ᠂ ᠪᠠᠶᠢᠭᠠᠯᠢᠯᠢᠭ᠂ ᠪᠤᠬᠢᠷᠳᠤᠯ ᠦᠬᠡᠢ᠂ ᠨᠠᠷᠡᠳᠤ ᠲᠡᠮᠳᠡᠭᠳᠤ ᠪᠦᠳᠤᠬᠡᠭᠳᠡᠬᠦᠨ ᠡᠬᠦᠳᠴᠤ᠂ ᠵᠢᠯ ᠪᠦᠷᠢ ᠶᠢᠨ ᠮᠠᠯ ᠤᠨ ᠭᠠᠷᠭᠠᠯᠳᠠ ᠶᠢ 90 ᠲᠦᠮᠡᠨ ᠬᠤᠨᠢ᠂ 8 ᠲᠦᠮᠡᠨ ᠦᠬᠡᠷ ᠲᠤ ᠬᠦᠷᠬᠡᠵᠤ᠂ 2 ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠡᠯᠡᠨ᠂ ᠲᠠᠪᠤᠨ ᠵᠢᠯ ᠳᠤ ᠨᠠᠶᠢᠳᠠ 900 ᠲᠤᠨ ᠴᠠᠭᠠᠨ ᠢᠳᠡᠭᠡ᠂ 1500 ᠲᠤᠨ ᠴᠡᠭᠡ ᠪᠤᠷᠤᠯᠠᠭᠤᠯᠤᠨ᠎ᠠ︔ ︽ᠡᠮᠤᠨ᠎ᠠ ᠪᠠᠶ᠎ᠠ ᠳᠤ ᠦᠬᠡᠷ᠂ ᠬᠤᠶᠢᠨ᠎ᠠ ᠪᠠᠶ᠎ᠠ ᠳᠤ ᠬᠤᠨᠢ ᠮᠠᠯᠵᠢᠬᠤ︾ ᠪᠠ ︽ᠡᠬᠦᠯᠳᠡᠷ ᠰᠠᠶᠢᠵᠢᠷᠠᠭᠤᠯᠵᠤ ᠴᠢᠨᠠᠷ ᠴᠢᠡᠰᠠᠭ᠎ᠠ ᠦᠷ᠎ᠠ ᠠᠰᠢᠭ ᠢ ᠲᠡᠬᠡᠭᠰᠢᠯᠡᠬᠦᠯᠬᠦ︾ ᠶᠢ ᠤᠷᠭᠠᠨᠢᠭ ᠢᠶᠠᠷ ᠤᠶᠠᠯᠳᠤᠭᠤᠯᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ᠂ ᠬᠤᠨᠢ ᠤᠷᠤᠭᠤᠯᠬᠤ ᠪᠠ ᠪᠤᠷᠳᠤᠨ ᠲᠠᠷᠭᠤᠯᠠᠭᠤᠯᠬᠤ ᠠᠵᠢᠯ ᠢ ᠰᠠᠶᠢᠳᠤᠷ ᠠᠳᠬᠤᠵᠤ᠂ ᠲᠠᠪᠤᠨ ᠵᠢᠯ ᠤᠨ ᠲᠤᠳᠤᠷ᠎ᠠ 1.5 ᠲᠦᠮᠡᠨ ᠰᠢᠯᠢᠳᠡᠭ ᠡᠬᠦᠯᠳᠡᠷ  ᠤᠨ ᠦᠬᠡᠷ ᠤᠷᠤᠭᠤᠯᠵᠤ᠂ 10 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ᠂ 2 ᠲᠦᠮᠡᠨ ᠬᠤᠨᠢᠨ ᠳᠤ ᠭᠠᠷ ᠬᠡᠬᠡᠯᠳᠤᠬᠦᠯᠬᠡ ᠬᠢᠵᠤ᠂ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 93.9% ᠳᠤ ᠬᠦᠷᠬᠡᠨ᠎ᠠ᠃ ᠲᠤᠯᠭᠠᠭᠤᠷᠢᠯᠠᠬᠤ ᠴᠢᠳᠠᠪᠬᠢ ᠶᠢᠨ ᠪᠠᠳᠤᠯᠠᠭ᠎ᠠ ᠶᠢ ᠴᠢᠩᠭᠠᠳᠬᠠᠵᠤ᠂ ᠰᠠᠭᠤᠷᠢ ᠲᠦᠬᠦᠬᠡᠷᠤᠮᠵᠢ ᠪᠠ ᠦᠢᠯᠡᠴᠢᠯᠡᠬᠡᠨ  ᠤ ᠡᠩᠨᠡᠭᠡ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠮᠠᠯᠴᠢᠨ ᠡᠷᠤᠬᠡ ᠪᠦᠷᠢ ᠳᠤ ᠪᠠᠷᠢᠮᠵᠢᠶᠠᠵᠢᠭᠰᠡᠨ ᠲᠤᠯᠠᠭᠠᠨ ᠫᠸᠡᠭ ᠲᠠᠢ ᠪᠤᠯᠭᠠᠵᠤ᠂ 7500 ᠬᠦᠮᠤᠨ ᠤ ᠤᠤᠭᠤᠬᠤ ᠤᠰᠤᠨ ᠤ ᠴᠢᠨᠠᠷ ᠢ ᠲᠡᠬᠡᠭᠰᠢᠯᠡᠬᠦᠯᠬᠦ ᠪᠠ 54 ᠲᠦᠮᠡᠨ ᠮᠠᠯ ᠤᠨ ᠤᠰᠤᠨ ᠤ ᠠᠰᠠᠭᠤᠳᠠᠯ ᠢ ᠰᠢᠢᠳᠪᠤᠷᠢᠯᠡᠨ᠂ ᠮᠠᠯ ᠠᠵᠤ ᠠᠬᠤᠢ ᠶᠢᠨ ᠰᠢᠡᠵᠢᠯᠡᠭᠡ ᠮᠡᠷᠬᠡᠵᠢᠯ ᠤᠨ ᠵᠢᠱᠢᠶ᠎ᠠ ᠦᠵᠡᠬᠦᠯᠬᠦ ᠰᠠᠭᠤᠷᠢᠨ 4᠂ ᠮᠠᠯ ᠠᠵᠤ ᠠᠬᠤᠢ ᠶᠢᠨ ᠨᠠᠶᠢᠬᠡᠮᠴᠢᠯᠡᠭᠰᠡᠨ ᠦᠢᠯᠡᠴᠢᠯᠡᠬᠡᠨ ᠤ ᠡᠩᠨᠡᠭᠡ 50 ᠶᠢ ᠪᠠᠶᠢᠭᠤᠯᠤᠨ᠎ᠠ︔ ᠦᠢᠯᠡᠳᠪᠤᠷᠢᠯᠡᠯ ᠡᠵᠡᠩᠨᠡᠯᠳᠡ ᠶᠢᠨ ᠰᠢᠨ᠎ᠠ ᠬᠡᠯᠪᠡᠷᠢ ᠶᠢ ᠡᠬᠦᠳᠴᠤ᠂ ᠬᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠳ ᠤᠨ ᠲᠤᠰᠬᠠᠶᠢᠵᠢᠭᠰᠡᠨ ᠬᠤᠷᠰᠢᠶᠠᠵᠢᠯ᠂ ᠲᠤᠯᠤᠭᠠᠶᠢᠯᠠᠭᠴᠢ ᠠᠵᠤ ᠠᠬᠤᠶᠢᠯᠡᠯ ᠤᠨ ᠪᠠᠶᠢᠭᠤᠯᠤᠯᠳᠠ ᠶᠢ ᠠᠬᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠡᠯ 10 ᠶᠢ ᠤᠷᠢᠨ ᠤᠷᠤᠭᠤᠯᠵᠤ᠂ ᠪᠠᠷᠢᠮᠵᠢᠶᠠᠵᠢᠭᠰᠡᠨ ᠬᠡᠷ ᠪᠦᠯᠢ ᠶᠢᠨ ᠮᠠᠯᠵᠢᠯ ᠤᠨ ᠲᠠᠯᠠᠪᠠᠢ ᠰᠢᠨ᠎ᠠ ᠪᠠᠷ 500 ᠶᠢ ᠪᠠᠶᠢᠭᠤᠯᠵᠤ᠂ ᠲᠤᠰᠬᠠᠶᠢᠵᠢᠭᠰᠡᠨ ᠬᠤᠷᠰᠢᠶᠠᠵᠢᠯ 100 ᠶᠢ ᠲᠦᠷᠢᠮᠵᠢᠬᠦᠯᠤᠨ᠎ᠠ᠃ ᠨᠠᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠭᠠᠵᠡᠷ ᠤᠷᠤᠨ ᠤ ᠨᠠᠷᠡᠳᠤ ᠲᠡᠮᠳᠡᠭ ᠢ ᠡᠬᠦᠳᠬᠦ ᠪᠠᠷ ᠴᠢᠷᠮᠠᠶᠢᠨ᠂ ᠤᠯᠤᠰ ᠤᠨ ᠭᠠᠵᠠᠷ ᠤᠷᠤᠨ ᠤ ᠬᠠᠮᠠᠭᠠᠯᠠᠯᠳᠠ  ᠶᠢᠨ ᠲᠠᠸᠡᠷ ᠢ ᠲᠡᠬᠡᠭᠰᠢ ᠡᠷᠡᠮᠡᠯᠵᠡᠯᠡᠨ ᠮᠡᠳᠡᠬᠦᠯᠵᠤ᠂ ᠦᠪᠤᠷ ᠮᠤᠩᠭᠤᠯ ᠤᠨ ᠨᠠᠷᠡᠳᠤ ᠲᠡᠮᠳᠡᠭᠳᠤ ᠲᠠᠸᠡᠷ ᠢ ᠡᠬᠦᠳᠤᠨ᠎ᠠ ᠃ ᠶᠠᠰᠤ ᠴᠢᠨᠠᠷ ᠢᠶᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠵᠠᠰᠠᠭ ᠤᠨ ᠤᠷᠳᠤᠨ ᠠᠴᠠ ᠤᠷᠮᠠᠰᠢᠭᠤᠯᠤᠨ ᠵᠤᠷᠢᠭᠵᠢᠭᠤᠯᠬᠤ ᠲᠦᠷᠤ ᠶᠢᠨ ᠪᠤᠳᠤᠯᠭ᠎ᠠ ᠪᠠ ᠰᠢᠯᠭᠠᠨ ᠦᠨᠡᠯᠡᠬᠦ ᠠᠵᠢᠯ ᠢ ᠴᠢᠩᠭᠠᠳᠬᠠᠨ᠂ ᠶᠠᠰᠤ ᠴᠢᠨᠠᠷ ᠢᠶᠠᠷ ᠮᠠᠯ ᠠᠵᠤ ᠠᠬᠤᠢ ᠶᠢᠨ ᠬᠦᠭᠵᠢᠯᠳᠠ ᠶᠢ ᠠᠬᠢᠭᠤᠯᠤᠨ᠎ᠠ᠃ ᠬᠤᠶᠡᠷ ᠲᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠠᠯᠳᠠ ᠶᠢᠨ ᠭᠤᠤᠯᠯᠠᠬᠤ ᠪᠠᠶᠢᠷᠢ ᠶᠢ ᠪᠠᠳᠤᠯᠠᠨ᠎ᠠ᠃ ᠡᠨᠧᠷᠬᠢ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠬᠦᠳᠡᠷ ᠰᠢᠯᠢᠬᠦ ᠪᠠ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠨᠠᠷᠢᠯᠢᠭ ᠡᠳ᠋ᠰᠢᠬᠦᠯᠬᠦ ᠤᠡᠴᠠᠯᠢᠭᠳᠤ ᠠᠵᠤ ᠦᠢᠯᠡᠰ ᠢ ᠬᠦᠭᠵᠢᠬᠦᠯᠵᠤ᠂ ᠮᠢᠩᠭᠠᠨ ᠲᠦᠮᠠᠨ ᠺᠢᠯᠤᠸᠠᠲ ᠤᠨ ᠴᠠᠪᠡᠷ ᠡᠨᠧᠷᠬᠢ ᠭᠠᠳᠠᠭᠰᠢ ᠬᠦᠷᠬᠡᠬᠦ ᠰᠠᠭᠤᠷᠢᠨ ᠭᠠᠵᠡᠷ ᠢ ᠴᠤᠭᠴᠠᠯᠠᠨ ᠪᠠᠶᠢᠭᠤᠯᠵᠤ᠂ ᠴᠠᠭᠠᠡᠨᠠᠭᠤᠷ ᠨᠡᠬᠦᠷᠡᠰᠤ ᠴᠠᠬᠢᠯᠭᠠᠨ ᠢ ᠨᠢᠬᠡ ᠴᠤᠭᠴᠠᠵᠢᠭᠤᠯᠬᠤ᠂ ᠤᠡᠴᠠ ᠦᠡᠳᠤᠷ ᠬᠦᠴᠤᠳᠡᠯᠳᠤ ᠰᠠᠯᠬᠢᠨ ᠴᠠᠬᠢᠯᠭᠠᠨ ᠭᠠᠳᠠᠭᠰᠢ ᠬᠦᠷᠬᠡᠬᠦ ᠵᠢᠴᠢ ᠡᠷᠢᠶᠠᠨ ᠤ ᠪᠢᠴᠢᠯ ᠴᠠᠬᠢᠯᠭᠠᠨ ᠲᠤᠤᠷ ᠤᠨ ᠠᠪᠠᠭ᠎ᠠ ᠬᠤᠰᠢᠭᠤᠨ ᠳᠠᠬᠢ ᠪᠦᠯᠦᠭᠯᠡᠯ ᠤᠨ ᠲᠦᠷᠤᠯ ᠵᠥᠢᠯ ᠢ ᠭᠤᠤᠯᠳᠠᠯᠭ᠎ᠠ ᠲᠠᠢ ᠰᠠᠶᠢᠳᠤᠷ ᠬᠡᠷᠡᠭᠵᠢᠬᠦᠯᠵᠤ᠂ 2022 ᠤᠨ ᠬᠦᠷᠬᠦ ᠳᠤ ᠨᠠᠬᠦᠷᠡᠰᠤᠨ ᠤ ᠦᠢᠯᠡᠳᠪᠤᠷᠢᠯᠡᠯ ᠤᠨ ᠴᠢᠳᠠᠪᠬᠢ ᠶᠢ 800 ᠲᠦᠮᠡᠨ ᠲᠤᠨ᠂ ᠢᠯᠴᠢ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠶᠠᠷᠤᠩᠬᠡᠢ ᠪᠠᠭᠳᠠᠭᠠᠮᠵᠢ ᠶᠢ 132 ᠲᠦᠮᠡᠨ ᠺᠢᠯᠤᠸᠠᠲ᠂ ᠰᠢᠨ᠎ᠠ ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠶᠠᠷᠤᠩᠬᠡᠢ ᠪᠠᠭᠳᠠᠭᠠᠮᠵᠢ ᠶᠢ 500 ᠲᠦᠮᠡᠨ ᠺᠢᠯᠤᠸᠠᠲ ᠳᠤ ᠬᠦᠷᠬᠡᠨ᠎ᠠ᠃ ᠦᠩᠬᠡᠳᠤ ᠲᠠᠮᠦᠷᠯᠢᠭ ᠰᠢᠯᠢᠨ ᠬᠠᠶᠢᠯᠤᠭᠤᠯᠵᠤ ᠨᠠᠷᠢᠯᠢᠭ ᠪᠤᠯᠪᠠᠰᠤᠷᠠᠭᠤᠯᠬᠤ ᠰᠠᠭᠤᠷᠢᠨ ᠭᠠᠵᠡᠷ ᠢ ᠴᠤᠭᠴᠠᠯᠠᠨ ᠪᠠᠶᠢᠭᠤᠯᠵᠤ᠂ 2022 ᠤᠨ ᠪᠤᠯᠬᠤ  ᠳᠤ ᠡᠳᠤᠷ ᠪᠦᠷᠢ 2 ᠲᠦᠮᠡᠨ ᠲᠤᠨ ᠠᠭᠤᠷᠬᠠᠢ ᠶᠢᠨ ᠬᠦᠳᠡᠷ ᠦᠢᠯᠡᠳᠪᠤᠷᠢᠯᠡᠬᠦ ᠴᠢᠳᠠᠪᠬᠢ ᠲᠠᠢ ᠪᠤᠯᠭᠠᠨ᠎ᠠ᠃ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠭᠠᠵᠡᠷ ᠢ ᠢᠳᠡᠪᠬᠢᠳᠡᠢ ᠴᠤᠭᠴᠠᠯᠠᠵᠤ᠂ ᠴᠤᠬᠤᠢ  ᠶᠢᠨ ᠴᠢᠯᠠᠭᠤ᠂ ᠨᠠᠬᠦᠷᠡᠰᠤᠨ ᠤ ᠬᠡᠤᠷᠡᠰᠤ᠂ ᠬᠦᠳᠡᠷ ᠤᠨ ᠰᠢᠭᠠᠷᠤ ᠶᠢ ᠶᠠᠷᠤᠩᠬᠡᠶᠢᠯᠡᠨ ᠠᠰᠢᠭᠯᠠᠬᠤ ᠪᠠᠷ ᠭᠤᠤᠯ ᠰᠢᠪᠳᠤᠯᠤᠯᠳᠠ ᠪᠤᠯᠭᠠᠵᠤ᠂ ᠵᠢᠢ ᠳ᠋ᠦᠡᠭ ᠱᠦᠢᠨᠢ ᠶᠢᠨ ᠲᠤᠯᠤᠭᠠᠶᠢᠯᠠᠭᠴᠢ ᠠᠵᠤ ᠠᠬᠤᠶᠢᠯᠡᠯ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠡᠯ ᠢ ᠤᠷᠢᠨ ᠤᠷᠤᠭᠤᠯᠵᠤ᠂ 2022 ᠤᠨ ᠪᠤᠯᠬᠤ ᠳᠤ ᠠᠵᠤ ᠦᠢᠯᠡᠳᠪᠤᠷᠢ ᠶᠢᠨ ᠬᠠᠳᠠᠭᠤ ᠪᠠᠶᠠᠳᠤ ᠬᠠᠶᠠᠭᠳᠠᠮᠠᠯ ᠡᠳ᠋ ᠢ ᠠᠰᠢᠭᠯᠠᠬᠤ ᠨᠤᠷᠮ᠎ᠠ ᠶᠢ 70% ᠠᠴᠠ ᠲᠡᠬᠡᠭᠰᠢ ᠳᠤ ᠬᠦᠷᠬᠡᠨ᠎ᠠ᠃ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠰᠠᠭᠤᠷᠢᠨ ᠭᠠᠵᠡᠷ ᠢ ᠪᠠᠶᠢᠭᠤᠯᠵᠤ᠂ ᠤᠳᠤ ᠪᠠᠶᠢᠭ᠎ᠠ ᠠᠵᠤ ᠠᠬᠤᠶᠢᠯᠡᠯ ᠤᠨ ᠬᠠᠮᠳᠤᠷᠡᠨ ᠪᠦᠯᠦᠭᠯᠡᠬᠦ ᠶᠢ ᠠᠬᠢᠭᠤᠯᠵᠤ᠂ ᠶᠠᠰᠤ ᠴᠢᠰᠤ᠂ ᠲᠤᠳᠤᠷ᠎ᠠ ᠴᠤᠯᠤ ᠵᠡᠷᠬᠡ ᠶᠢ ᠨᠠᠷᠢᠯᠢᠭ ᠡᠳ᠋ᠰᠢᠬᠦᠯᠤᠨ ᠪᠤᠯᠪᠠᠰᠤᠷᠠᠭᠤᠯᠬᠤ ᠠᠵᠤ ᠠᠬᠤᠶᠢᠯᠡᠯ ᠢ ᠤᠷᠢᠨ ᠤᠷᠤᠭᠤᠯᠵᠤ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ᠂ 2022 ᠤᠨ ᠪᠤᠯᠬᠤ ᠳᠤ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠡᠳ᠋ᠰᠢᠬᠦᠯᠬᠦ ᠴᠢᠳᠠᠪᠬᠢ  ᠶᠢ ᠵᠢᠯ ᠳᠤ 100 ᠲᠦᠮᠡᠨ ᠬᠤᠨᠢᠴᠢᠯᠠᠭᠰᠡᠨ ᠨᠢᠬᠡᠴᠢ ᠳᠤ ᠬᠦᠷᠬᠡᠨ᠎ᠠ᠃ ᠭᠤᠷᠪᠡ ᠳᠤ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠲᠦᠷᠬᠡᠳᠬᠡᠨ᠎ᠠ᠃ ᠰᠤᠶᠤᠯ ᠵᠤᠭᠠᠴᠠᠯ ᠤᠨ ᠦᠢᠯᠡᠰ ᠢ ᠬᠦᠭᠵᠢᠬᠦᠯᠵᠤ᠂ ᠲᠦᠷᠪᠡᠨ ᠤᠯᠠᠷᠢᠯ ᠤᠨ ᠵᠤᠭᠠᠴᠠᠯ ᠢᠶᠠᠷ ᠤᠷᠢᠳᠠᠯ ᠪᠤᠯᠭᠠᠨ᠂ ᠦᠨᠢᠷ ᠪᠠᠶᠠᠯᠢᠭ ᠲᠠᠯ᠎ᠠ ᠨᠤᠳᠤᠭ ᠤᠨ ᠰᠤᠶᠤᠯ᠂ ᠦᠪᠡᠷᠮᠢᠴᠠ ᠰᠤᠳᠤᠨ ᠠᠪᠠᠭ᠎ᠠ ᠠᠶᠢᠮᠠᠭ ᠤᠨ ᠰᠤᠶᠤᠯ ᠳᠤ ᠲᠦᠰᠢᠭᠯᠡᠨ᠂ ᠦᠵᠡᠮᠵᠢ ᠶᠢᠨ ᠲᠤᠭᠤᠷᠢᠭ ᠢ ᠦᠬᠡᠷᠡᠴᠢᠯᠡᠨ ᠲᠠᠰ ᠲᠠᠪᠰᠢᠬᠦᠯᠬᠦ ᠪᠠᠷ ᠭᠤᠤᠯᠳᠠᠯᠭ᠎ᠠ ᠪᠤᠯᠭᠠᠵᠤ᠂ ︽ᠠᠪᠠᠭ᠎ᠠ ᠠᠶᠢᠯ︾ ᠵᠤᠭᠠᠴᠠᠯ ᠢᠶᠠᠷ ᠨᠦᠬᠦᠪᠤᠷᠢᠯᠡᠵᠤ᠂ ᠵᠤᠭᠠᠴᠠᠯ ᠪᠠ ᠡᠯ᠎ᠠ ᠲᠦᠷᠤᠯ ᠤᠨ ᠠᠵᠤ ᠦᠢᠯᠡᠰ ᠤᠨ ᠤᠶᠠᠯᠳᠤᠯ ᠢ ᠠᠬᠢᠭᠤᠯᠤᠨ᠂ ︽ᠬᠠᠷ᠎ᠠ ᠮᠤᠷᠢ ᠤᠨᠤᠵᠤ᠂ ᠪᠤᠭᠳᠠ ᠠᠭᠤᠯᠠ ᠶᠢ ᠪᠠᠷᠠᠯᠠᠨ᠂ ᠴᠡᠭᠡ ᠠᠮᠳᠠᠯᠠᠵᠤ᠂ ᠴᠤᠭᠤᠷ ᠲᠠᠭᠤᠤ  ᠰᠤᠨᠤᠰᠤᠨ᠂ ᠤᠪᠤᠭ᠎ᠠ ᠲᠠᠬᠢᠵᠤ ᠠᠷᠡᠳ ᠤᠨ ᠵᠠᠩᠰᠢᠯ ᠢ ᠦᠢᠯᠠᠭᠠᠬᠤ︾ ᠵᠡᠷᠬᠡ ᠠᠵᠢᠯᠯᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ︽ᠨᠢᠬᠡ ᠰᠠᠭᠤᠷᠢᠨ ᠭᠠᠵᠡᠷ᠂ ᠬᠤᠶᠡᠷ ᠵᠠᠩᠬᠢᠯᠠᠭ᠎ᠠ ᠶᠢᠨ ᠴᠡᠭ᠂ ᠭᠤᠷᠪᠡᠨ ᠶᠡᠭᠡ ᠤᠷᠤᠨ ᠪᠦᠰᠠ᠂ ᠲᠦᠷᠪᠡᠨ ᠲᠦᠷᠤᠯ  ᠤᠨ ᠪᠦᠳᠤᠬᠡᠭᠳᠡᠬᠦᠨ︾ ᠢ ᠴᠤᠭᠴᠠᠯᠠᠨ ᠪᠠᠶᠢᠭᠤᠯᠵᠤ᠂ ᠪᠦᠬᠦ ᠬᠡᠪᠴᠢᠶᠠᠨ ᠳᠠᠬᠢ ᠵᠤᠭᠠᠴᠠᠯ ᠤᠨ ᠰᠢᠨ᠎ᠠ ᠪᠠᠶᠢᠷᠢᠰᠢᠯ ᠢ ᠪᠤᠢ ᠪᠤᠯᠭᠠᠵᠤ᠂ 2022 ᠤᠨ ᠪᠤᠯᠬᠤ ᠳᠤ ᠵᠤᠭᠠᠴᠠᠭᠰᠡᠳ ᠢ 50 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ 2.75 ᠳ᠋ᠦᠩᠰᠢᠭᠤᠷ ᠲᠦᠬᠦᠷᠢᠭ ᠠᠴᠠ ᠲᠡᠬᠡᠭᠰᠢᠬᠢ ᠤᠷᠤᠯᠭ᠎ᠠ ᠶᠢ ᠡᠬᠦᠳᠤᠨ᠎ᠠ᠃ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠬᠦᠢᠯᠬᠡᠬᠡᠨ ᠤ ᠬᠦᠭᠵᠢᠯᠳᠠ ᠶᠢ ᠲᠦᠷᠬᠡᠳᠬᠡᠨ᠂ ᠲᠠᠮᠤᠷ ᠵᠠᠮ᠂ ᠵᠠᠰᠠᠮᠠᠯ ᠵᠠᠮ ᠳᠤ ᠲᠦᠰᠢᠭᠯᠡᠵᠤ᠂ ᠪᠤᠳᠠᠰ ᠤᠨ ᠬᠦᠢᠯᠬᠡᠬᠡᠨ ᠤ ᠲᠤᠭᠤᠷᠢᠭ ᠪᠠ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠰᠤᠯᠢᠯᠴᠠᠭᠠᠨ ᠤ ᠲᠦᠪ ᠪᠠᠶᠢᠭᠤᠯᠤᠨ᠂ ᠲᠦᠷᠬᠡᠨ ᠭᠤᠪᠢᠭᠤᠯᠭ᠎ᠠ ᠶᠢᠨ ᠦᠢᠯᠡᠴᠢᠯᠡᠭᠡ ᠶᠢ ᠮᠠᠯᠵᠢᠬᠤ ᠤᠷᠤᠨ ᠳᠤ ᠦᠷᠬᠡᠳᠬᠡᠵᠤ᠂ ᠬᠤᠳᠠ ᠬᠦᠳᠡᠭᠡ ᠶᠢᠨ ᠪᠤᠳᠠᠰ ᠤᠨ ᠬᠦᠢᠯᠬᠡᠬᠡᠨ ᠤ ᠲᠤᠭᠳᠠᠯᠴᠠᠭ᠎ᠠ ᠶᠢ ᠢᠵᠢ ᠪᠦᠷᠢᠡᠰᠢᠬᠦᠯᠤᠨ᠎ᠠ᠃ ᠠᠮᠢᠳᠤᠷᠡᠯ ᠤᠨ ᠴᠢᠨᠠᠷᠳᠡᠢ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠵᠤ᠂ ᠵᠢᠵᠢᠭᠯᠡᠨ ᠪᠤᠷᠤᠯᠠᠭᠤᠯᠬᠤ ᠪᠦᠬᠡᠮ ᠢᠶᠠᠷ ᠪᠤᠷᠤᠯᠠᠭᠤᠯᠬᠤ᠂ ᠬᠤᠭᠤᠯᠠᠨ ᠬᠡᠷ ᠵᠤᠴᠢᠳ ᠤᠨ ᠪᠠᠭᠤᠳᠠᠯ᠂ ᠬᠡᠷ ᠤᠨ ᠶᠠᠪᠤᠳᠠᠯ ᠤᠨ ᠦᠢᠯᠡᠴᠢᠯᠡᠭᠡ ᠪᠠ ᠬᠡᠷ ᠠᠬᠤᠢ ᠶᠢᠨ ᠬᠠᠮᠢᠶᠠᠷᠤᠯᠳᠠ ᠶᠢ ᠲᠡᠰ ᠲᠠᠪᠰᠢᠬᠦᠯᠵᠤ᠂ ᠡᠯᠧᠺᠲᠷᠤᠨ ᠠᠷᠠᠯᠵᠢᠶ᠎ᠠ᠂ ᠠᠯᠤᠰ ᠡᠵᠡᠮᠰᠢᠯᠳᠤ ᠰᠤᠷᠭᠠᠨ ᠬᠦᠮᠤᠵᠢᠯ ᠪᠠ ᠨᠠᠰᠤᠳᠠᠶᠢᠴᠤᠳ ᠤᠨ ᠠᠰᠠᠷᠠᠮᠵᠢ ᠵᠡᠷᠬᠡ ᠰᠢᠨ᠎ᠠ ᠬᠡᠯᠪᠡᠷᠢ ᠶᠢᠨ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠵᠤ᠂ ᠮᠦᠩᠬᠦᠨ ᠬᠦᠢᠯᠬᠡᠬᠡᠨ ᠤ ᠲᠠᠭᠠᠳᠬᠠᠯ ᠪᠠ ᠡᠮᠴᠢᠯᠡᠭᠡ ᠡᠷᠡᠬᠦᠯᠵᠢᠯ ᠵᠡᠷᠬᠡ ᠰᠢᠨ᠎ᠠ ᠪᠠᠷ ᠮᠠᠡᠳᠤᠭᠰᠡᠨ ᠬᠡᠷᠡᠭᠯᠡᠬᠡᠨ ᠤ ᠬᠦᠷᠢᠶ᠎ᠠ ᠬᠡᠪᠴᠢᠶ᠎ᠠ ᠶᠢ ᠦᠷᠬᠡᠳᠬᠡᠨ᠂ ᠪᠦᠬᠦᠶᠢᠯᠠ ᠴᠤᠭᠴᠠ ᠶᠢᠨ ᠪᠠᠶᠢᠷᠢᠰᠢᠯ ᠢ ᠰᠢᠯᠢᠳᠡᠭᠵᠢᠬᠦᠯᠤᠨ᠎ᠠ᠃—— ᠬᠦᠮᠤᠨ ᠪᠠᠶᠢᠭᠠᠯᠢ ᠡᠶ᠎ᠡ ᠵᠤᠬᠢᠴᠠᠩᠭᠤᠢ ᠬᠦᠭᠵᠢᠬᠦ ᠶᠢ ᠠᠬᠢᠭᠤᠯᠵᠤ᠂ ᠦᠵᠡᠰᠬᠦᠯᠠᠩᠳᠤ ᠠᠪᠠᠭ᠎ᠠ ᠨᠤᠳᠤᠭ  ᠤᠨ ᠪᠠᠶᠢᠭᠤᠯᠤᠯᠳᠠ ᠶᠢ ᠲᠦᠷᠬᠡᠳᠬᠡᠨ᠎ᠠ᠃ ᠡᠬᠡ ᠪᠠᠶᠢᠭᠠᠯᠢ ᠪᠠᠨ ᠨᠢᠳᠤᠨ ᠤ ᠪᠠᠨ ᠴᠡᠴᠡᠬᠡᠢ ᠰᠢᠭ ᠬᠠᠶᠢᠷᠠᠯᠠᠬᠤ ᠤᠬᠠᠮᠰᠠᠷ ᠢ ᠪᠤᠢ ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠪᠠᠭ᠎ᠠ ᠨᠤᠳᠤᠭ ᠤᠨ ᠢᠶᠠᠨ ᠨᠠᠷ᠎ᠠ ᠠᠯᠳᠠᠷᠰᠢᠯ ᠢ ᠦᠷᠬᠡᠳᠬᠡᠨ᠎ᠠ  ᠃ ᠨᠢᠬᠡ ᠳᠤ᠂ ᠪᠤᠬᠢᠷᠳᠤᠯ ᠢ ᠰᠠᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠠᠭᠠᠷ ᠮᠠᠡᠳᠠᠯ᠂ ᠤᠰᠤ᠂ ᠬᠦᠷᠤᠰᠤ ᠰᠢᠷᠥᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠠᠬᠢᠭᠤᠯᠵᠤ᠂ ︽ᠠᠭᠠᠷ ᠮᠠᠡᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠷᠪᠠᠨ ᠵᠤᠷᠪᠤᠰ︾ ᠢ ᠰᠠᠶᠢᠳᠤᠷ ᠨᠠᠶᠢᠳᠠᠪᠤᠷᠢᠵᠢᠭᠤᠯᠵᠤ᠂ ᠨᠠᠬᠦᠷᠡᠰᠤ᠂ ᠱᠦᠢᠨᠢ᠂ ᠲᠤᠯᠠᠭᠠᠯᠭ᠎ᠠ᠂ ᠦᠩᠬᠡᠳᠤ ᠲᠠᠮᠦᠷᠯᠢᠭ ᠰᠢᠯᠢᠨ ᠰᠤᠩᠭᠤᠬᠤ ᠵᠡᠷᠬᠡ ᠠᠵᠢᠯ ᠲᠦᠷᠤᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠨ᠂ ᠬᠤᠳᠠ ᠬᠦᠳᠡᠭᠡ ᠶᠢᠨ ᠬᠤᠭ ᠨᠤᠪᠰᠢ᠂ ᠪᠤᠬᠢᠷ ᠤᠰᠤ ᠰᠢᠢᠳᠪᠤᠷᠢᠯᠡᠬᠦ ᠲᠤᠨᠤᠭ ᠲᠦᠬᠦᠬᠡᠷᠤᠮᠵᠢ ᠶᠢ ᠪᠦᠷᠢᠡᠰᠢᠬᠦᠯᠵᠤ᠂ ᠡᠨᠧᠷᠬᠢ ᠠᠷᠪᠢᠯᠠᠵᠤ ᠪᠤᠬᠢᠷᠳᠤᠯ ᠬᠤᠷᠤᠭᠳᠠᠯ  ᠢ ᠪᠠᠭᠠᠰᠬᠠᠬᠤ ᠬᠡᠮᠵᠢᠶ᠎ᠠ ᠶᠢ ᠲᠡᠬᠡᠳᠤ ᠱᠠᠳᠤᠨ ᠤ ᠪᠠᠭᠤᠯᠭᠠᠭᠰᠡᠨ ᠲᠤᠭ᠎ᠠ ᠨᠤᠷᠮ᠎ᠠ ᠶᠢᠨ ᠲᠤᠳᠤᠷ᠎ᠠ ᠬᠢᠵᠠᠭᠠᠷᠯᠠᠵᠤ᠂ ︽ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠷᠪᠠᠨ ᠵᠤᠷᠪᠤᠰ︾ ᠢ ᠬᠦᠡᠵᠡᠬᠡᠢ ᠬᠡᠷᠡᠭᠵᠢᠬᠦᠯᠵᠤ᠂ ︽ᠭᠤᠤᠯ ︵ᠨᠠᠭᠤᠷ︶ ᠤᠨ ᠲᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠨᠢ ᠲᠤᠩᠭᠠᠯᠠᠭ᠂ ᠡᠷᠬᠢ ᠨᠢ ᠨᠤᠭᠤᠭᠠᠨ᠂ ᠦᠵᠡᠮᠵᠢ ᠨᠢ ᠰᠠᠶᠢᠬᠠᠨ ᠪᠠᠶᠢᠬᠤ ᠶᠢ ᠢᠮᠠᠭᠳᠠ ᠬᠠᠮᠠᠭᠠᠯᠠᠨ᠂ ᠬᠢᠵᠠᠭᠠᠷ ᠲᠠᠢ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠵᠤ ᠰᠠᠶᠢᠳᠤᠷ ᠠᠰᠢᠭᠯᠠᠨ᠎ᠠ᠃ ︽ᠬᠦᠷᠤᠰᠤ ᠰᠢᠷᠥᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠷᠪᠠᠨ ᠵᠤᠷᠪᠤᠰ︾ ᠢ ᠴᠢᠩᠭ᠎ᠠ ᠬᠡᠷᠡᠭᠵᠢᠬᠦᠯᠵᠤ᠂ ᠤᠰᠤ ᠬᠦᠷᠤᠰᠤᠨ ᠤ ᠡᠪᠳᠡᠭᠳᠡᠯ ᠢ ᠶᠠᠷᠤᠩᠬᠡᠶᠢᠯᠡᠨ ᠵᠠᠰᠠᠵᠤ᠂ ᠬᠠᠶᠠᠭᠳᠠᠭᠰᠡᠨ ᠠᠭᠤᠷᠬᠠᠢ ᠶᠢᠨ ᠲᠤᠭᠤᠷᠢᠭ ᠤᠨ ᠤᠷᠴᠢᠨ ᠲᠤᠭᠤᠷᠢᠨ ᠢ ᠵᠠᠰᠠᠵᠤ ᠨᠤᠭᠤᠭᠠᠷᠠᠭᠤᠯᠬᠤ᠂ ︽ᠭᠤᠷᠪᠡᠨ ᠲᠤᠭᠤᠷᠢᠭ ᠬᠤᠶᠡᠷ ᠱᠤᠭᠤᠮ︾ ᠤᠨ ᠤᠷᠴᠢᠨ ᠲᠤᠭᠤᠷᠢᠨ ᠢ ᠴᠡᠭᠴᠡᠯᠡᠨ᠂ ᠦᠢᠯᠡᠳᠪᠤᠷᠢᠯᠡᠯ ᠤᠨ ᠶᠠᠪᠤᠴᠠ  ᠳᠠᠬᠢ ᠪᠤᠬᠢᠷᠳᠤᠯ ᠢ ᠪᠠᠭᠠᠰᠬᠠᠬᠤ ᠶᠢ ᠰᠠᠶᠢᠳᠤᠷ ᠠᠳᠬᠤᠵᠤ᠂ ᠪᠤᠬᠢᠷᠳᠤᠯ ᠦᠬᠡᠢ ᠡᠶ᠎ᠡ ᠵᠤᠬᠢᠴᠠᠯᠳᠤ ᠠᠭᠤᠷᠬᠠᠢ ᠶᠢᠨ ᠲᠤᠭᠤᠷᠢᠭ ᠢ ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠪᠠᠨ ᠰᠠᠶᠢᠳᠤᠷ ᠬᠠᠮᠠᠭᠠᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠵᠤᠬᠢᠴᠠᠮᠵᠢ ᠶᠢ ᠰᠢᠨᠡᠴᠢᠯᠡᠨ᠂ ᠠᠮᠢ ᠠᠬᠤᠢ ᠶᠢᠨ ᠪᠤᠯᠪᠠᠰᠤᠨ ᠤ ᠦᠷ᠎ᠠ ᠪᠦᠳᠤᠮᠵᠢ ᠶᠢ ᠬᠢᠨᠡᠨ ᠦᠨᠡᠯᠡᠬᠦ᠂ ᠬᠠᠷᠢᠭᠤᠴᠠᠯᠭ᠎ᠠ ᠨᠠᠬᠡᠮᠵᠢᠯᠡᠬᠦ ᠲᠦᠷᠢᠮ ᠢ ᠲᠤᠭᠳᠠᠭᠠᠨ᠂ ᠤᠯᠠᠨ ᠡᠰᠢᠵᠢᠭᠰᠡᠨ ᠠᠮᠢ ᠠᠬᠤᠢ ᠶᠢᠨ ᠪᠡᠯᠡ ᠤᠷᠤᠭᠤᠯᠤᠯᠳᠠ ᠶᠢᠨ ᠵᠤᠬᠢᠴᠠᠮᠵᠢ ᠶᠢ ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠪᠠ ᠠᠮᠢ ᠠᠬᠤᠢ ᠶᠢᠨ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠬᠡᠷᠡᠭᠵᠢᠬᠦᠯᠵᠤ᠂ ᠮᠠᠯ ᠪᠠᠯᠴᠢᠬᠡᠷ ᠤᠨ ᠲᠠᠩᠴᠡᠬᠦᠷᠢ ᠪᠠ ︽ᠲᠠᠯ᠎ᠠ ᠨᠤᠳᠤᠭ ᠤᠨ ᠪᠠᠯᠴᠢᠬᠡᠷ ᠰᠡᠷᠬᠦᠬᠡᠬᠦ᠂ ᠪᠠᠯᠴᠢᠬᠡᠷᠯᠡᠬᠦᠯᠬᠦ ᠶᠢ ᠵᠤᠭᠰᠤᠭᠠᠬᠤ᠂ ᠰᠠᠯᠬᠦᠨ ᠮᠠᠯᠵᠢᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠨᠤᠳᠤᠭ ᠪᠠᠯᠴᠢᠬᠡᠷ ᠰᠢᠯᠵᠢᠬᠦᠯᠤᠨ ᠡᠵᠡᠩᠨᠡᠬᠦᠯᠬᠦ ᠠᠵᠢᠯᠯᠠᠭ᠎ᠠ ᠶᠢ ᠲᠦᠷᠢᠮᠵᠢᠬᠦᠯᠤᠨ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠤᠯᠳᠠ ᠶᠢᠨ ᠪᠠᠶᠢᠩᠭᠤ ᠶᠢᠨ ᠵᠤᠬᠢᠴᠠᠮᠵᠢ ᠶᠢ ᠪᠦᠷᠢᠡᠰᠢᠬᠦᠯᠵᠤ᠂ ᠪᠠᠯᠴᠢᠬᠡᠷ ᠤᠨ ᠲᠠᠭᠠᠭᠠᠴᠠ ᠠᠴᠠ ᠬᠡᠳᠤᠷᠡᠬᠦᠯᠤᠨ ᠮᠠᠯᠵᠢᠬᠤ ᠶᠢ ᠡᠷᠡᠰ ᠬᠤᠷᠢᠭᠯᠡᠨ ᠵᠤᠭᠰᠤᠭᠠᠵᠤ᠂ ᠪᠠᠯᠴᠢᠬᠡᠷᠯᠡᠬᠦᠯᠬᠦ ᠶᠢ ᠵᠤᠭᠰᠤᠭᠠᠭᠰᠡᠨ ᠲᠤᠭᠤᠷᠢᠭ ᠲᠠᠬᠢ ᠬᠠᠮᠢᠶᠠᠷᠤᠯᠳᠠ ᠶᠢ ᠴᠢᠩᠭᠠᠳᠬᠠᠨ᠂ ᠮᠠᠯ ᠪᠠᠯᠴᠢᠬᠡᠷ ᠤᠨ ᠲᠠᠩᠴᠠᠬᠦᠷᠢ ᠶᠢ ᠦᠨᠡᠡᠬᠦ ᠪᠠᠳᠤᠯᠠᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠢᠨᠡᠨ ᠬᠠᠮᠢᠶᠠᠷᠤᠯᠳᠠ ᠪᠠᠨ ᠴᠢᠩᠭᠠᠳᠬᠠᠨ᠂ ᠲᠡᠬᠡᠳᠤ ᠱᠠᠳᠤᠨ ᠤ ᠠᠮᠢ ᠠᠬᠤᠢ ᠶᠢ ᠬᠢᠨᠡᠨ ᠪᠠᠶᠢᠴᠠᠭᠠᠵᠤ ᠵᠠᠰᠠᠨ ᠴᠡᠭᠴᠡᠯᠡᠬᠦ ᠡᠬᠦᠷᠬᠡ ᠶᠢ ᠴᠠᠭ ᠲᠤᠬᠠᠢ ᠳᠤᠨᠢ ᠪᠠᠶᠠᠯᠠᠬᠦᠯᠤᠨ᠎ᠠ᠃ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠬᠤᠯᠠᠨ ᠰᠢᠷᠭ᠎ᠠ ᠲᠠᠭ᠎ᠠ ᠶᠢᠨ ᠡᠯᠡᠰᠤ ᠪᠠ ᠴᠠᠭᠠᠡᠨᠠᠭᠤᠷ ᠤᠰᠤᠨ ᠰᠢᠰᠲ᠋ᠧᠮ ᠢ ᠵᠠᠰᠠᠬᠤ ᠵᠡᠷᠬᠡ ᠠᠮᠢ ᠠᠬᠤᠢ ᠶᠢᠨ ᠢᠡᠵᠧᠨᠧᠷᠢᠩ ᠢ ᠬᠢᠨᠠᠮᠠᠭᠠᠢ ᠬᠡᠷᠡᠭᠵᠢᠬᠦᠯᠤᠨ ᠂ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠤᠨ ᠦᠢᠵᠢᠭᠤᠯᠵᠤ᠂ ᠲᠠᠯ᠎ᠠ ᠨᠤᠳᠤᠭ ᠤᠨ ᠭᠠᠯ ᠰᠡᠷᠬᠡᠶᠢᠯᠡᠬᠦ ᠪᠠ ᠬᠤᠯᠤᠭᠠᠨ᠎ᠠ ᠬᠤᠷᠤᠬᠠᠢ ᠶᠢᠨ ᠭᠠᠮᠰᠢᠭ ᠢ ᠰᠠᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠵᠤ᠂ ᠤᠷᠭᠤᠮᠠᠯ ᠤᠨ ᠪᠦᠷᠬᠦᠴᠠ ᠶᠢ ᠲᠡᠬᠡᠭᠰᠢᠯᠡᠬᠦᠯᠵᠤ᠂ ᠲᠠᠯ᠎ᠠ ᠨᠤᠳᠤᠭ ᠤᠨ ᠠᠮᠢ ᠠᠬᠤᠢ ᠶᠢ ᠰᠠᠶᠢᠵᠢᠷᠠᠭᠤᠯᠤᠨ᠎ᠠ  ᠃ ᠬᠤᠶᠡᠷ ᠲᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠡᠵᠡᠬᠡᠢ ᠠᠬᠢᠭᠤᠯᠤᠨ᠎ᠠ᠃ ᠮᠠᠯ ᠠᠵᠤ ᠠᠬᠤᠢ ᠮᠠᠯᠵᠢᠬᠤ ᠤᠷᠤᠨ ᠢ ᠬᠦᠭᠵᠢᠬᠦᠯᠬᠦ ᠶᠢ ᠲᠡᠷᠢᠬᠦᠨ ᠪᠠᠶᠢᠷᠢᠨ ᠳᠤ ᠲᠠᠯᠪᠢᠵᠤ᠂ ᠠᠵᠤ ᠦᠢᠯᠡᠰ ᠬᠦᠭᠵᠢᠭᠰᠡᠨ᠂ ᠠᠮᠢ ᠠᠬᠤᠢ ᠰᠠᠶᠢᠨ᠂ ᠣᠷᠤᠰᠢᠨ ᠰᠠᠭᠤᠷᠢᠰᠢᠬᠤ ᠳᠤ ᠲᠤᠬᠢᠷᠠᠮᠵᠢᠳᠡᠢ᠂ ᠨᠤᠳᠤᠭ ᠤᠨ ᠰᠤᠷᠳᠠᠯ ᠪᠤᠯᠪᠠᠰᠤᠨ᠂ ᠬᠠᠮᠢᠶᠠᠷᠤᠯᠳᠠ ᠨᠢ ᠪᠦᠳᠤᠮᠵᠢᠳᠡᠢ᠂ ᠠᠮᠢᠳᠤᠷᠡᠯ ᠴᠢᠨᠡᠬᠡᠯᠢᠭ ᠮᠠᠯᠵᠢᠬᠤ ᠤᠷᠤᠨ ᠢ ᠴᠤᠭᠴᠠᠯᠠᠨ ᠪᠠᠶᠢᠭᠤᠯᠤᠨ᠎ᠠ᠃ ᠤᠳᠤᠬᠢᠴᠢᠯᠠᠭᠰᠡᠨ ᠮᠠᠯ ᠠᠵᠤ ᠠᠬᠤᠢ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠪᠠᠶᠢᠭᠤᠯᠵᠤ᠂ ᠮᠠᠯ ᠠᠵᠤ ᠠᠬᠤᠢ ᠶᠢ ᠠᠵᠤ ᠦᠢᠯᠡᠰ ᠢᠶᠠᠷ ᠲᠡᠮᠵᠢᠬᠦ ᠲᠦᠷᠤ ᠶᠢᠨ ᠪᠤᠳᠤᠯᠭ᠎ᠠ ᠶᠢ ᠬᠦᠢᠴᠡᠳ ᠨᠠᠶᠢᠳᠠᠪᠤᠷᠢᠵᠢᠭᠤᠯᠵᠤ᠂ ᠮᠠᠯᠵᠢᠬᠤ ᠦᠢᠯᠡᠳᠪᠤᠷᠢᠯᠡᠯ ᠳᠤ ᠬᠤᠯᠪᠤᠭᠳᠠᠬᠤ ᠪᠡᠯᠡ ᠮᠦᠩᠬᠦ ᠶᠢ ᠨᠢᠬᠡᠳᠬᠡᠨ ᠬᠡᠷᠡᠭᠯᠡᠵᠤ᠂ ᠲᠤᠯᠤᠭᠠᠶᠢᠯᠠᠭᠴᠢ ᠠᠵᠤ ᠠᠬᠤᠶᠢᠯᠡᠯ ᠪᠠ ᠮᠠᠯᠴᠢᠳ ᠤᠨ ᠠᠰᠢᠭ ᠲᠤᠰᠠ ᠶᠢ ᠬᠤᠯᠪᠤᠭᠳᠠᠭᠤᠯᠬᠤ ᠵᠤᠬᠢᠴᠠᠮᠵᠢ ᠶᠢ ᠪᠦᠷᠢᠡᠰᠢᠬᠦᠯᠵᠤ᠂ ᠨᠢᠬᠡ᠂ ᠬᠤᠶᠡᠷ᠂ ᠭᠤᠷᠪᠡᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠮᠠᠯᠵᠢᠬᠤ ᠤᠷᠤᠨ ᠤ ᠠᠵᠢᠯ ᠢ ᠴᠢᠩᠭᠠᠳᠬᠠᠵᠤ᠂ ᠦᠪᠡᠷ ᠢ ᠪᠠᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ ᠶᠢ ᠤᠷᠭᠠᠨᠢᠭ ᠤᠶᠠᠯᠳᠤᠭᠤᠯᠤᠭᠰᠡᠨ ᠵᠠᠰᠠᠯᠳᠠ ᠶᠢᠨ ᠲᠤᠭᠳᠠᠯᠴᠠᠭ᠎ᠠ ᠶᠢ ᠲᠠᠰᠤᠷᠠᠯᠳᠠ ᠦᠬᠡᠢ ᠪᠦᠷᠢᠡᠰᠢᠬᠦᠯᠵᠤ᠂ ᠮᠠᠯ ᠠᠵᠤ ᠠᠬᠤᠢ  ᠶᠢ ᠰᠠᠶᠢᠨ ᠦᠢᠯᠠᠭᠠᠳᠠᠭ᠂ ᠮᠠᠯᠵᠢᠬᠤ ᠤᠷᠤᠨ ᠪᠠ ᠮᠠᠯᠴᠢᠨ ᠲᠦᠮᠡᠨ ᠳᠡᠭᠡᠨ ᠬᠠᠶᠢᠷᠠᠳᠡᠢ ᠠᠵᠢᠯᠳᠠᠨ ᠤ ᠡᠩᠨᠡᠭᠡ ᠶᠢ ᠬᠦᠮᠤᠵᠢᠬᠦᠯᠤᠨ᠎ᠠ᠃ ᠪᠤᠯᠪᠠᠰᠤᠨ ᠤ ᠬᠢᠷᠢ ᠲᠦᠪᠰᠢᠨ ᠢ ᠲᠡᠬᠡᠭᠰᠢᠯᠡᠬᠦᠯᠵᠤ᠂ ︽ᠦᠵᠡᠰᠬᠦᠯᠠᠩᠳᠤ ᠠᠪᠠᠭ᠎ᠠ ᠨᠤᠳᠤᠭ︾ ᠪᠤᠯᠪᠠᠰᠤᠨ ᠤ ᠠᠵᠢᠯᠯᠠᠭ᠎ᠠ ᠶᠢ ᠬᠦᠡᠵᠡᠬᠡᠶᠢᠷᠡᠬᠦᠯᠵᠤ᠂ ᠬᠡᠷ ᠤᠷᠤᠨ ᠢᠶᠠᠨ ᠭᠤᠶᠤᠵᠢᠭᠤᠯᠵᠤ᠂ ᠰᠢᠨ᠎ᠠ ᠬᠡᠯᠪᠡᠷᠢ ᠶᠢᠨ ᠮᠠᠯᠴᠢᠨ᠂ ᠰᠢᠨ᠎ᠠ ᠬᠦᠳᠡᠭᠡ ᠰᠢᠨ᠎ᠠ ᠰᠤᠶᠤᠯ᠂ ᠰᠢᠯᠢᠳᠡᠭ ᠬᠡᠷ ᠤᠨ ᠰᠤᠷᠭᠠᠯ ᠢ ᠪᠤᠢ ᠪᠤᠯᠭᠠᠵᠤ᠂ ᠪᠤᠯᠪᠠᠰᠤᠨ ᠰᠢᠨ᠎ᠠ ᠰᠤᠷᠳᠠᠯ ᠢ ᠪᠦᠳᠤᠮᠵᠢᠳᠡᠢ ᠨᠠᠶᠢᠳᠠᠪᠤᠷᠢᠵᠢᠭᠤᠯᠵᠤ᠂ 2022 ᠤᠨ ᠪᠤᠯᠬᠤ ᠳᠤ 71 ᠭᠠᠴᠠᠭ᠎ᠠ ᠶᠢ ᠪᠦᠬᠦᠨ ᠢ ᠬᠦᠳᠡᠭᠡ ᠲᠤᠰᠬᠤᠨ ᠤ ᠪᠤᠯᠪᠠᠰᠤᠨ ᠤ ᠵᠢᠱᠢᠶ᠎ᠠ ᠦᠵᠡᠬᠦᠯᠬᠦ ᠭᠠᠴᠠᠭᠠᠨ ᠤ ᠡᠩᠨᠡᠭᠡ ᠳᠤ ᠤᠷᠤᠭᠤᠯᠤᠨ᠎ᠠ᠃ ᠮᠠᠯᠵᠢᠬᠤ ᠤᠷᠤᠨ ᠤ ᠦᠡᠳᠤᠰᠤᠨ ᠡᠵᠡᠩᠨᠡᠯᠳᠡ ᠶᠢᠨ ᠲᠦᠷᠢᠮ ᠢ ᠪᠦᠷᠢᠡᠰᠢᠬᠦᠯᠵᠤ᠂ ᠨᠤᠳᠤᠭ ᠪᠠᠯᠴᠢᠬᠡᠷ ᠤᠨ ᠦᠮᠴᠢᠯᠡᠬᠦ᠂ ᠲᠠᠭᠠᠭᠠᠴᠢᠯᠠᠬᠤ᠂ ᠡᠵᠡᠩᠨᠡᠬᠦ ᠡᠷᠬᠡ ᠶᠢ ᠰᠠᠯᠭᠠᠬᠤ ᠶᠢ ᠠᠬᠢᠭᠤᠯᠵᠤ᠂ ᠭᠠᠵᠡᠷ ᠰᠢᠷᠥᠢ᠂ ᠨᠤᠳᠤᠭ ᠪᠠᠯᠴᠢᠬᠡᠷ ᠢ ᠰᠢᠯᠵᠢᠬᠦᠯᠤᠨ ᠡᠵᠡᠩᠨᠡᠬᠦ ᠲᠠᠪᠴᠠᠩ ᠪᠠᠶᠢᠭᠤᠯᠵᠤ᠂ ᠨᠤᠳᠤᠭ ᠪᠠᠯᠴᠢᠬᠡᠷ ᠤᠨ ᠡᠵᠡᠩᠨᠡᠬᠦ ᠡᠷᠬᠡ ᠶᠢ ᠰᠢᠯᠵᠢᠬᠦᠯᠬᠦ ᠶᠢ ᠲᠦᠷᠢᠮᠵᠢᠬᠦᠯᠵᠤ᠂ ᠠᠵᠤ ᠦᠢᠯᠡᠰ ᠤᠨ ᠬᠡᠪᠴᠢᠶᠠᠵᠢᠯᠳᠠ᠂ ᠡᠷᠴᠢᠮᠵᠢᠬᠦᠯᠤᠨ ᠡᠵᠡᠩᠨᠡᠬᠦ ᠳᠤ ᠨᠦᠬᠦᠴᠡᠯ ᠬᠠᠩᠭᠠᠨ᠎ᠠ᠃ ᠬᠠᠮᠳᠤ ᠶᠢᠨ ᠠᠵᠤ ᠠᠬᠤᠢ ᠶᠢ ᠬᠦᠭᠵᠢᠬᠦᠯᠵᠤ᠂ ᠵᠠᠬ᠎ᠠ ᠲᠡᠯᠬᠡᠬᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠠᠶᠢᠴᠡᠭᠰᠡᠨ ᠡᠷᠬᠢᠯᠳᠡ ᠶᠢᠨ ᠵᠤᠬᠢᠴᠠᠮᠵᠢ ᠶᠢ ᠪᠠᠶᠢᠭᠤᠯᠵᠤ᠂ ᠬᠠᠮᠳᠤ ᠶᠢᠨ ᠡᠳ᠋ ᠬᠦᠷᠤᠩᠬᠡ ᠶᠢᠨ ᠦᠷᠳᠡᠭ ᠢ ᠨᠢ ᠨᠡᠮᠡᠭᠳᠡᠬᠦᠯᠵᠤ᠂ ᠮᠠᠯᠴᠢᠳ ᠲᠤ ᠠᠰᠢᠭ ᠬᠦᠷᠳᠡᠬᠡᠬᠦ ᠶᠢ ᠪᠠᠳᠤᠯᠠᠨ᠎ᠠ᠃ ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠰᠠᠶᠢᠵᠢᠷᠠᠭᠤᠯᠵᠤ᠂ ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ 1186 ᠺᠢᠯᠤᠮᠧᠲᠷ ᠵᠠᠰᠠᠮᠠᠯ ᠵᠠᠮ ᠢ ᠲᠡᠰ ᠲᠠᠪᠰᠢᠬᠦᠯᠤᠨ ᠦᠬᠡᠷᠡᠴᠢᠯᠡᠨ ᠪᠠᠶᠢᠭᠤᠯᠵᠤ᠂ ᠮᠠᠯᠵᠢᠬᠤ ᠤᠷᠤᠨ᠂ ᠦᠵᠡᠮᠵᠢ ᠶᠢᠨ ᠲᠤᠭᠤᠷᠢᠭ ᠤᠨ ᠵᠠᠰᠠᠮᠠᠯ ᠵᠠᠮ ᠢ ᠬᠠᠷᠢᠯᠴᠠᠨ ᠨᠠᠪᠳᠠᠷᠠᠬᠦᠯᠤᠨ᠎ᠠ᠃ ᠪᠡᠯᠬᠦᠳᠡᠢ 500 ᠺᠢᠯᠤᠸᠠᠲ ᠬᠦᠴᠤᠳᠠᠯ ᠬᠤᠪᠢᠰᠬᠠᠬᠤ ᠴᠠᠬᠢᠯᠭᠠᠨ ᠦᠷᠳᠡᠭᠡ ᠪᠠ ᠮᠠᠯᠵᠢᠬᠤ ᠤᠷᠤᠨ ᠤ ᠴᠠᠬᠢᠯᠭᠠᠨ ᠲᠤᠤᠷ ᠢ ᠲᠡᠰ ᠲᠡᠪᠰᠢᠬᠦᠯᠬᠦ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ︽ᠨᠢᠬᠡ ᠭᠤᠯᠳᠤ ᠲᠦᠷᠪᠡᠨ ᠬᠦᠡᠳᠠᠯᠠᠨ︾ ᠴᠠᠬᠢᠯᠭᠠᠨ ᠲᠤᠤᠷ ᠤᠨ ᠪᠦᠳᠤᠴᠠ ᠪᠠᠶᠢᠷᠢᠰᠢᠯ ᠢ ᠦᠡᠳᠤᠰᠤᠨ ᠳᠡᠭᠡᠨ ᠪᠦᠷᠢᠯᠳᠤᠬᠦᠯᠤᠨ᠂ ᠪᠡᠯᠬᠦᠳᠡᠢ ᠪᠠᠯᠭᠠᠰᠤᠨ ᠤ ᠤᠰᠤ ᠬᠠᠩᠭᠠᠬᠤ ᠢᠡᠵᠧᠨᠧᠷᠢᠩ ᠢ ᠦᠷᠬᠦᠯᠵᠢᠯᠡᠨ ᠠᠬᠢᠭᠤᠯᠵᠤ᠂ ᠬᠤᠳᠠ ᠪᠠᠯᠭᠠᠰᠤ ᠮᠠᠯᠵᠢᠬᠤ ᠤᠷᠤᠨ  ᠤ ᠠᠮᠤᠷ ᠲᠦᠪᠰᠢᠨ ᠤᠰᠤ ᠤᠮᠳᠠ ᠶᠢᠨ ᠢᠡᠵᠧᠨᠧᠷᠢᠩ ᠢ ᠰᠠᠶᠢᠳᠤᠷ ᠬᠢᠵᠤ᠂ ᠬᠤᠳᠠ ᠬᠦᠳᠡᠭᠡ ᠶᠢᠨ ᠦᠢᠯᠡᠳᠪᠤᠷᠢᠯᠡᠯ ᠠᠮᠢᠳᠤᠷᠡᠯ ᠳᠤ ᠬᠡᠷᠡᠭᠯᠡᠬᠦ ᠤᠰᠤᠨ ᠤ ᠬᠢᠵᠠᠭᠠᠷᠳᠠᠮᠠᠯ ᠠᠰᠠᠭᠤᠳᠠᠯ ᠢ ᠵᠤᠬᠢᠰᠳᠡᠢ ᠰᠢᠢᠳᠪᠤᠷᠢᠯᠡᠨ᠎ᠠ᠃ ︽ᠤᠶᠤᠡᠳᠤ ᠠᠪᠠᠭ᠎ᠠ︾ ᠶᠢᠨ ᠢᠡᠵᠧᠨᠧᠷᠢᠩ       ︵︽ᠢᠡᠲ᠋ᠧᠷ ᠰᠦᠯᠵᠢᠶ᠎ᠠ + ᠮᠠᠯ ᠠᠵᠤ ᠠᠬᠤᠢ︾᠂ ︽ᠢᠡᠲ᠋ᠧᠷ ᠰᠦᠯᠵᠢᠶ᠎ᠠ + ᠬᠤᠳᠠ ᠶᠢᠨ ᠬᠠᠮᠢᠶᠠᠷᠤᠯᠳᠠ︾᠂ ︽ᠢᠡᠲ᠋ᠧᠷ ᠰᠦᠯᠵᠢᠶ᠎ᠠ + ᠡᠮ ᠡᠮᠨᠡᠯᠬᠡ︾᠂ ︽ᠢᠡᠲ᠋ᠧᠷ ᠰᠦᠯᠵᠢᠶ᠎ᠠ + ᠰᠤᠷᠭᠠᠨ ᠬᠦᠮᠤᠵᠢᠯ︾︶ ᠢ ᠬᠡᠷᠡᠭᠵᠢᠬᠦᠯᠵᠤ᠂ ᠰᠤᠷᠠᠭ ᠵᠠᠩᠬᠢᠴᠢᠯᠠᠯᠳᠠ ᠶᠢ ᠲᠦᠷᠬᠡᠳᠬᠡᠨ ᠠᠬᠢᠭᠤᠯᠬᠤ ᠳᠤ ᠬᠦᠴᠤᠷᠬᠡᠭ ᠶᠡᠭᠡ ᠲᠤᠯᠭᠠᠭᠤᠷᠢᠯᠠᠬᠤ ᠬᠦᠴᠤᠨ ᠬᠠᠩᠭᠠᠨ᠎ᠠ᠃ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠮᠠᠯᠵᠢᠬᠤ ᠤᠷᠤᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠳᠡ ᠶᠢ ᠦᠷᠬᠦᠯᠵᠢ ᠶᠢᠨ ᠴᠢᠨᠠᠷᠳᠡᠢ ᠦᠷᠨᠢᠬᠦᠯᠵᠤ᠂ ᠲᠤᠷ᠎ᠠ ᠪᠠᠷ ᠪᠠᠷᠢᠯᠭ᠎ᠠ ᠪᠠᠷᠢᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ︽ᠵᠤᠷᠯᠤᠩ ᠤᠨ ᠰᠢᠨᠡᠴᠢᠯᠠᠯᠳᠠ︾ ᠶᠢ ᠪᠦᠬᠦ ᠬᠦᠴᠤᠨ ᠢᠶᠠᠷ ᠠᠬᠢᠭᠤᠯᠵᠤ᠂ ᠬᠤᠳᠠ ᠬᠦᠳᠡᠭᠡ ᠶᠢᠨ ᠲᠦᠷᠢ ᠲᠦᠷᠬᠦ ᠶᠢ ᠴᠠᠪᠡᠷ ᠲᠤᠬᠢᠯᠢᠭ ᠪᠤᠯᠭᠠᠨ᠎ᠠ᠃ ᠭᠤᠷᠪᠡ ᠳᠤ᠂ ᠦᠵᠡᠰᠬᠦᠯᠠᠩᠳᠤ ᠰᠠᠶᠢᠬᠠᠨ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠤᠨ᠎ᠠ᠃ ᠲᠡᠤᠬᠡ ᠶᠢᠨ ᠤᠯᠠ ᠮᠦᠷ᠂ ᠤᠷᠤᠨ ᠪᠦᠰᠠ ᠶᠢᠨ ᠤᠡᠴᠠᠯᠢᠭ᠂ ᠦᠡᠳᠤᠰᠤᠳᠠᠨ ᠤ ᠤᠡᠴᠠᠯᠢᠭ ᠪᠦᠬᠦᠢ ᠦᠵᠡᠰᠬᠦᠯᠠᠩᠳᠤ ᠬᠤᠳᠠ ᠪᠠᠯᠭᠠᠰᠤ  ᠶᠢ ᠴᠤᠭᠴᠠᠯᠠᠨ ᠪᠠᠶᠢᠭᠤᠯᠬᠤ ᠠᠵᠢᠯ ᠤᠨ ᠲᠤᠭᠤᠷᠢᠨ ᠳᠤ᠂ ᠦᠡᠳᠤᠷ ᠪᠠᠷᠢᠮᠵᠢᠶ᠎ᠠ ᠪᠠᠷ ᠲᠦᠯᠤᠪᠵᠢᠬᠦᠯᠤᠨ ᠪᠠᠶᠢᠭᠤᠯᠵᠤ᠂ ᠬᠠᠮᠢᠶᠠᠷᠤᠯᠳᠠ ᠪᠠᠨ ᠰᠢᠯᠢᠳᠡᠭᠵᠢᠬᠦᠯᠤᠨ᠂ ᠬᠦᠮᠤᠨ ᠢᠶᠠᠷ ᠦᠡᠳᠤᠰᠤ ᠪᠤᠯᠭᠠᠭᠰᠡᠨ ᠬᠤᠳᠠ ᠪᠠᠯᠭᠠᠰᠤᠵᠢᠯᠳᠠ ᠶᠢ ᠢᠳᠡᠪᠬᠢᠳᠡᠢ ᠠᠬᠢᠭᠤᠯᠤᠨ᠎ᠠ᠃ ᠬᠦᠮᠤᠨ ᠢᠶᠠᠷ ᠦᠡᠳᠤᠰᠤ ᠪᠤᠯᠭᠠᠬᠤ᠂ ᠡᠬᠡ ᠪᠠᠶᠢᠭᠠᠯᠢ ᠪᠠᠨ ᠬᠠᠶᠢᠷᠠᠯᠠᠬᠤ᠂ ᠲᠡᠤᠬᠡ ᠪᠠᠨ ᠤᠯᠠᠮᠵᠢᠯᠠᠬᠤ᠂ ᠪᠤᠬᠢᠷᠳᠤᠯ ᠢ ᠪᠠᠭᠠᠰᠬᠠᠬᠤ ᠵᠡᠷᠬᠡ ᠦᠵᠡᠯᠳᠡ ᠲᠠᠨᠢᠯᠳᠠ ᠶᠢ ᠬᠤᠳᠠ ᠪᠠᠯᠭᠠᠰᠤᠨ ᠤ ᠲᠦᠯᠤᠪᠵᠢᠬᠦᠯᠬᠡ ᠳᠤ ᠤᠷᠤᠭᠤᠯᠵᠤ᠂ ︽ᠲᠠᠪᠤ ᠶᠢ ᠨᠢᠬᠡᠳᠤᠯᠳᠡᠢ ᠲᠦᠯᠤᠪᠵᠢᠬᠦᠯᠬᠦ︾ ᠪᠠ ︽ᠨᠠᠢᠮᠠᠨ ᠲᠠᠯ᠎ᠠ ᠪᠠᠷ ᠬᠤᠳᠠ ᠴᠤᠭᠴᠠᠯᠠᠬᠤ︾ ᠱᠠᠭᠠᠷᠳᠠᠯᠭ᠎ᠠ ᠶᠢ ᠦᠡᠳᠤᠰᠤᠯᠡᠨ᠂ ᠰᠤᠮᠤ ᠪᠠᠯᠭᠠᠰᠤᠨ ᠤ ᠲᠦᠪ ᠢᠶᠠᠷ ᠭᠤᠤᠯᠳᠠᠯᠭ᠎ᠠ ᠪᠤᠯᠭᠠᠵᠤ᠂ ᠡᠯ᠎ᠠ ᠲᠦᠷᠤᠯ ᠤᠨ ᠲᠦᠯᠤᠪᠵᠢᠬᠦᠯᠬᠡ ᠶᠢ ᠪᠠᠷᠢᠮᠵᠢᠶ᠎ᠠ ᠶᠤᠰᠤᠭᠠᠷ ᠨᠠᠶᠢᠷᠠᠭᠤᠯᠤᠨ ᠲᠤᠭᠳᠠᠭᠠᠵᠤ᠂ ︽ᠨᠢᠬᠡ ᠲᠦᠪ᠂ ᠨᠢᠬᠡ ᠭᠤᠤᠯᠳᠠᠯᠭ᠎ᠠ᠂ ᠵᠢᠷᠭᠤᠭᠠᠨ ᠲᠤᠯᠭᠠᠭᠤᠷᠢᠯᠠᠬᠤ︾ ᠬᠤᠳᠠ ᠪᠠᠯᠭᠠᠰᠤᠨ ᠤ ᠬᠦᠭᠵᠢᠯᠳᠠ ᠶᠢᠨ ᠲᠦᠯᠤᠪᠵᠢᠬᠦᠯᠬᠡ ᠶᠢ ᠲᠤᠭᠳᠠᠭᠠᠨ᠎ᠠ᠃ ᠲᠤᠬᠢᠷᠠᠮᠵᠢᠳᠡᠢ᠂ ᠪᠤᠬᠢᠷᠳᠤᠯ ᠦᠬᠡᠢ᠂ ᠦᠵᠡᠰᠬᠦᠯᠠᠩᠳᠤ ᠰᠠᠶᠢᠬᠠᠨ ᠪᠠᠶᠢᠬᠤ ᠴᠢᠭᠯᠡᠯᠳᠡ ᠶᠢ ᠪᠠᠷᠢᠮᠳᠠᠯᠠᠨ᠂ ᠴᠠᠬᠢᠯᠭᠠᠨ ᠬᠦᠴᠤ᠂ ᠴᠢᠮᠡᠭᠡ ᠬᠤᠯᠪᠤᠭ᠎ᠠ᠂ ᠲᠦᠬᠡᠬᠡᠯ ᠤᠰᠤ ᠬᠠᠩᠭᠠᠬᠤ᠂ ᠪᠤᠬᠢᠷ ᠤᠰᠤ ᠭᠠᠳᠠᠭᠰᠢᠯᠠᠭᠤᠯᠬᠤ᠂ ᠲᠤᠯᠠᠭᠠᠯᠭ᠎ᠠ ᠬᠠᠩᠭᠠᠬᠤ ᠬᠤᠭᠤᠯᠠᠢ ᠪᠠ ᠰᠢᠳᠠᠮᠠᠬᠠᠢ ᠬᠡᠢ ᠶᠢᠨ ᠬᠤᠭᠤᠯᠠᠢ ᠶᠢᠨ ᠪᠠᠶᠢᠭᠤᠯᠤᠯᠳᠠ ᠶᠢ ᠰᠢᠡᠵᠢᠯᠡᠬᠦ ᠤᠬᠠᠭᠠᠡᠴᠢ ᠪᠠᠷ ᠲᠦᠯᠬᠢᠨ ᠠᠬᠢᠭᠤᠯᠵᠤ᠂ ᠲᠦᠬᠦᠮ ᠪᠦᠳᠤᠴᠡᠳᠤ ᠤᠷᠤᠨ ᠰᠠᠭᠤᠴᠠ᠂ ᠬᠠᠭᠤᠴᠢᠨ ᠤᠷᠤᠨ ᠰᠠᠭᠤᠴᠠ ᠶᠢᠨ ᠲᠤᠭᠤᠷᠢᠭ ᠪᠠ ᠨᠤᠤᠷᠠᠬᠠᠢ ᠬᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠡᠮᠬᠢ ᠲᠠᠷᠠᠭ᠎ᠠ ᠲᠠᠢ ᠠᠬᠢᠭᠤᠯᠵᠤ᠂  ᠬᠤᠳᠠ ᠪᠠᠯᠭᠠᠰᠤ ᠶᠢ ᠬᠠᠳᠠᠭᠤᠵᠢᠭᠤᠯᠬᠤ᠂ ᠨᠤᠭᠤᠭᠠᠷᠠᠭᠤᠯᠬᠤ᠂ ᠬᠡᠬᠡᠷᠡᠬᠦᠯᠬᠦ᠂ ᠴᠠᠪᠠᠷᠵᠢᠬᠦᠯᠬᠦ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠪᠠᠷᠢᠮᠵᠢᠶᠠᠵᠢᠭᠰᠡᠨ᠂ ᠨᠠᠷᠢᠯᠢᠭᠵᠢᠭᠰᠡᠨ᠂ ᠲᠦᠷᠢᠮᠵᠢᠭᠰᠡᠨ ᠬᠤᠳᠠ ᠪᠠᠯᠭᠠᠰᠤᠨ ᠤ ᠬᠠᠮᠢᠶᠠᠷᠤᠯᠳᠠ  ᠶᠢᠨ ᠬᠢᠷᠢ ᠲᠦᠪᠰᠢᠨ ᠢ ᠲᠡᠬᠡᠭᠰᠢᠯᠡᠬᠦᠯᠵᠤ᠂ ᠤᠯᠠᠨ ᠨᠠᠶᠢᠳᠠ ᠶᠢᠨ ᠦᠡᠳᠤᠰᠤᠨ ᠦᠢᠯᠡᠴᠢᠯᠡᠭᠡ ᠶᠢ ᠲᠦᠬᠡᠮᠡᠯᠵᠢᠬᠦᠯᠤᠨ᠎ᠠ᠃ 2022 ᠤᠨ ᠪᠤᠯᠬᠤ ᠳᠤ ᠬᠤᠳᠠ ᠪᠠᠯᠭᠠᠰᠤᠵᠢᠯᠳᠠ ᠶᠢᠨ ᠨᠤᠷᠮ᠎ᠠ ᠶᠢ 64% ᠳᠤ ᠬᠦᠷᠬᠡᠵᠤ᠂ ᠬᠤᠳᠠ ᠲᠤᠭᠤᠷᠢᠭ ᠤᠨ ᠨᠤᠭᠤᠭᠠᠷᠠᠭᠤᠯᠤᠯᠳᠠ ᠶᠢ 40% ᠳᠤ ᠬᠦᠷᠬᠡᠨ᠂ ᠤᠯᠤᠰ ᠤᠨ ᠲᠡᠰ ᠤᠨ ᠪᠤᠯᠪᠠᠰᠤᠨ ᠬᠤᠰᠢᠭᠤ᠂ ᠡᠷᠡᠬᠦᠯ ᠬᠠᠮᠠᠭᠠᠯᠠᠯ ᠤᠨ ᠬᠤᠰᠢᠭᠤ ᠶᠢ ᠴᠤᠭᠴᠠᠯᠠᠨ ᠪᠠᠶᠢᠭᠤᠯᠤᠨ᠎ᠠ᠃ —— ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠶᠢ ᠪᠠᠷᠢᠮᠳᠠᠯᠠᠨ᠂ ᠠᠵᠤ ᠠᠬᠤᠢ ᠨᠠᠶᠢᠬᠡᠮ ᠤᠨ ᠬᠦᠭᠵᠢᠯᠳᠠ ᠳᠤ ᠰᠢᠨ᠎ᠠ ᠬᠦᠳᠡᠯᠬᠡᠭᠴᠢ ᠬᠦᠴᠤᠨ ᠬᠠᠩᠭᠠᠨ᠎ᠠ᠃ ᠦᠭᠡᠷᠡᠴᠢᠯᠡᠯᠳᠡ ᠬᠢᠵᠦ ᠴᠢᠯᠣᠭᠡᠳᠡᠢ ᠶᠠᠪᠣᠯᠴᠠᠬᠤ  ᠪᠠᠷ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠲᠠᠶᠢᠴᠢᠯᠠᠬᠤ ᠵᠠᠩᠬᠢᠯᠠᠭ᠎ᠠ ᠪᠤᠯᠭᠠᠵᠤ᠂ ᠠᠵᠣ ᠠᠬᠤᠢ ᠨᠡᠶᠢᠭᠡᠮ  ᠤᠨ ᠪᠠᠶᠢᠭᠤᠯᠣᠮᠵᠢ ᠵᠣᠬᠢᠴᠠᠮᠵᠢ ᠶᠢ ᠪᠦᠷᠢᠨᠰᠢᠬᠦᠯᠦᠨ ᠭᠠᠳᠠᠭᠰᠢ ᠴᠢᠯᠦᠭᠡᠳᠡᠢ ᠶᠠᠪᠣᠯᠴᠠᠬᠤ ᠡᠷᠴᠢᠮ ᠢᠶᠠᠨ ᠲᠠᠰᠣᠷᠠᠯᠳᠠ ᠦᠭᠡᠢ ᠴᠢᠩᠭᠠᠳᠬᠠᠨ᠂ ᠠᠵᠣ ᠠᠬᠤᠢ ᠨᠡᠶᠢᠭᠡᠮ ᠤᠨ ᠬᠦᠭᠵᠢᠯᠳᠡ ᠳᠤ ᠰᠢᠨ᠎ᠡ ᠬᠦᠳᠡᠯᠭᠡᠬᠦ ᠬᠦᠴᠦᠨ ᠬᠠᠩᠭᠠᠨ᠎ᠠ᠃ ᠨᠢᠬᠡ ᠳᠤ᠂ ᠡᠯ᠎ᠠ ᠲᠦᠷᠤᠯ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ ᠲᠦᠷᠤ  ᠶᠢᠨ ᠪᠤᠳᠤᠯᠭ᠎ᠠ᠂ ᠠᠷᠭ᠎ᠠ ᠪᠠᠷᠢᠯ ᠢ ᠨᠠᠶᠢᠳᠠᠪᠤᠷᠢᠵᠢᠭᠤᠯᠬᠤ ᠶᠢᠨ ᠬᠠᠮᠳᠤ᠂ ᠵᠠᠰᠠᠭ ᠢ ᠴᠤᠮᠬᠠᠳᠬᠠᠨ ᠠᠷᠡᠳ ᠲᠤ ᠲᠦᠬᠦᠮ ᠦᠵᠡᠬᠦᠯᠬᠦ ᠠᠵᠢᠯ ᠢ ᠰᠠᠶᠢᠳᠤᠷ ᠦᠷᠨᠢᠬᠦᠯᠵᠤ᠂ ᠵᠠᠰᠠᠭ ᠵᠠᠬᠢᠷᠭᠠᠨ ᠤ ᠡᠷᠬᠡ ᠪᠠ ᠤᠯᠠᠨ ᠨᠠᠶᠢᠳᠠ ᠶᠢᠨ ᠦᠢᠯᠡᠴᠢᠯᠡᠬᠡᠨ ᠤ ᠨᠠᠷᠢᠨ ᠲᠠᠩᠰᠠ ᠶᠢᠨ ᠬᠠᠮᠢᠶᠠᠷᠤᠯᠳᠠ ᠶᠢ ᠴᠢᠩᠭᠠᠳᠬᠠᠨ᠎ᠠ︔ ︽ᠬᠡᠷᠡᠴᠢ ᠦᠨᠠᠮᠯᠠᠯ ᠢ ᠰᠠᠯᠭᠠᠬᠤ︾ ᠂ ︽ᠣᠯᠠᠨ ᠦᠨᠡᠮᠯᠡᠯ ᠢ ᠨᠢᠭᠡᠳᠭᠡᠬᠦ︾ ᠵᠡᠷᠬᠡ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠤ᠂ ᠤᠶᠤᠡᠳᠤ ᠬᠢᠨᠡᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠵᠤ᠂ ︽ᠬᠤᠤᠰ ᠲᠤᠭᠳᠠᠮᠠᠯ ᠪᠤᠰᠤ ᠨᠢᠬᠡ ᠢᠯᠠ ᠨᠠᠶᠢᠳᠠᠯᠠᠬᠦ︾ ᠬᠢᠨᠡᠨ ᠬᠠᠮᠢᠶᠠᠷᠤᠯᠳᠠ ᠶᠢ ᠪᠦᠷᠢᠨ ᠲᠦᠬᠦᠷ᠂ ᠴᠠᠭ ᠲᠤᠬᠠᠢ ᠳᠤᠨᠢ ᠦᠷ᠎ᠠ ᠪᠦᠳᠤᠮᠵᠢᠳᠡᠢ ᠪᠤᠯᠭᠠᠬᠤ ᠶᠢ ᠠᠬᠢᠭᠤᠯᠵᠤ᠂ ᠲᠦᠪ ᠭᠤᠤᠯᠴᠢ ᠡᠮᠬᠢ ᠴᠢᠭᠴᠢ ᠲᠠᠢ᠂ ᠵᠠᠬ᠎ᠠ ᠲᠡᠯᠬᠡᠬᠦᠷ ᠤᠨ ᠤᠷᠴᠢᠨ  ᠢ ᠪᠠᠶᠢᠭᠤᠯᠤᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ  ᠴᠢᠳᠠᠪᠬᠢ ᠶᠢ ᠰᠢᠯᠢᠳᠡᠭᠵᠢᠬᠦᠯᠵᠤ᠂ ︽ᠢᠡᠲ᠋ᠧᠷ ᠰᠦᠯᠵᠢᠶ᠎ᠠ  + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠤᠯᠠᠨ ᠲᠦᠮᠡᠨ ᠪᠠ ᠠᠵᠤ ᠠᠬᠤᠶᠢᠯᠡᠯ ᠳᠤ ᠲᠦᠬᠦᠮ ᠲᠦᠳᠠ᠂ ᠬᠠᠨᠤᠮᠵᠢᠳᠡᠢ ᠦᠢᠯᠡᠴᠢᠯᠡᠭᠡ ᠬᠠᠩᠭᠠᠨ᠎ᠠ᠃ ᠨᠠᠶᠢᠬᠡᠮ ᠤᠨ ᠢᠳᠡᠬᠡᠮᠵᠢᠳᠤ ᠪᠠᠶᠢᠭᠤᠯᠤᠯᠳᠠ ᠶᠢ ᠠᠬᠢᠭᠤᠯᠵᠤ᠂ ᠢᠳᠡᠬᠡᠮᠵᠢ ᠶᠢᠨ ᠰᠤᠷᠠᠭ ᠵᠠᠩᠬᠢ ᠶᠢ ᠨᠢᠬᠡᠳᠤᠯᠳᠡᠢ ᠴᠤᠭᠯᠠᠭᠤᠯᠵᠤ᠂ ᠬᠠᠮᠳᠤ ᠪᠠᠷ ᠠᠰᠢᠭᠯᠠᠨ᠂ ᠢᠳᠡᠬᠡᠯ ᠠᠯᠳᠠᠪᠠᠯ ᠬᠤᠯᠪᠤᠭᠠᠯᠠᠨ ᠵᠠᠯᠬᠠᠭᠠᠬᠤ ᠵᠤᠬᠢᠴᠠᠮᠵᠢ ᠶᠢ ᠬᠦᠡᠵᠡᠬᠡᠶᠢᠷᠡᠬᠦᠯᠵᠤ᠂ ᠢᠳᠡᠬᠡᠮᠵᠢ ᠶᠢ ᠴᠢᠬᠤᠯᠠᠴᠢᠯᠠᠨ ᠬᠦᠡᠳᠤᠳᠬᠡᠬᠦ ᠰᠠᠶᠢᠨ ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠨ᠎ᠠ᠃ ᠬᠤᠶᠡᠷ ᠲᠤ᠂ ᠤᠮᠠᠷᠡᠰᠢ ᠨᠡᠬᠡᠬᠡᠯᠳᠡ ᠬᠢᠬᠦ ᠠᠬᠢᠴᠠ ᠪᠠᠨ ᠲᠦᠷᠬᠡᠳᠬᠡᠨ᠎ᠠ᠃ ᠤᠯᠤᠰ᠂ ᠦᠪᠡᠷᠳᠡᠬᠡᠨ ᠵᠠᠰᠠᠬᠤ ᠤᠷᠤᠨ ᠠᠴᠠ ︽ᠨᠢᠬᠡ ᠪᠦᠰᠠ ᠨᠢᠬᠡ ᠵᠠᠮ︾᠂ ︽ᠲᠤᠮᠳᠠᠳᠤ ᠮᠤᠩᠭᠤᠯ ᠤᠷᠤᠰ ᠤᠨ ᠠᠵᠤ ᠠᠬᠤᠢ ᠠᠷᠠᠯᠵᠢᠶᠠᠨ ᠤ ᠪᠦᠰᠠ︾ ᠤᠨ ᠪᠠᠶᠢᠭᠤᠯᠤᠯᠳᠠ ᠶᠢ ᠲᠦᠷᠬᠡᠳᠬᠡᠬᠦ ᠪᠠ ᠡᠷᠢᠶᠠᠨ ᠬᠤᠳᠠ ᠶᠢ ᠭᠤᠤᠯᠳᠠᠯᠭ᠎ᠠ ᠲᠠᠢ ᠨᠡᠬᠡᠬᠡᠨ ᠬᠦᠭᠵᠢᠬᠦᠯᠵᠤ ᠴᠢᠯᠤᠬᠡᠳᠡᠢ ᠶᠠᠪᠤᠯᠴᠠᠬᠤ ᠲᠤᠷᠰᠢᠯᠳᠠ ᠶᠢᠨ ᠲᠤᠭᠤᠷᠢᠭ ᠪᠤᠯᠭᠠᠭᠰᠡᠨ ᠠᠰᠢᠭᠳᠡᠢ ᠲᠤᠬᠢᠶᠠᠯ ᠢ ᠰᠠᠶᠢᠳᠤᠷ ᠡᠵᠡᠮᠳᠡᠨ᠂ ᠶᠠᠷᠢᠶᠠᠨ ᠤ ᠲᠠᠪᠴᠠᠩ᠂ ᠨᠦᠬᠦᠷᠰᠡᠭ ᠶᠠᠪᠤᠯᠴᠠᠭ᠎ᠠ᠂ ᠠᠷᠠᠯᠵᠢᠶ᠎ᠠ ᠬᠤᠳᠠᠯᠳᠤᠭᠠᠨ ᠤ ᠵᠦᠪᠳᠡᠯᠴᠡᠬᠡᠷ ᠵᠡᠷᠬᠡ ᠬᠡᠯᠪᠡᠷᠢ ᠪᠠᠷ ᠲᠠᠮᠵᠢᠨ᠂ ᠮᠤᠩᠭᠤᠯ ᠤᠯᠤᠰ ᠲᠠᠢ ᠠᠵᠤ ᠠᠬᠤᠢ᠂ ᠠᠷᠠᠯᠵᠢᠶ᠎ᠠ ᠬᠤᠳᠠᠯᠳᠤᠭ᠎ᠠ᠂ ᠬᠤᠳᠠ ᠶᠢᠨ ᠪᠦᠳᠤᠬᠡᠨ ᠪᠠᠶᠢᠭᠤᠯᠤᠯᠳᠠ᠂ ᠵᠠᠮ ᠲᠡᠬᠡᠬᠡᠪᠤᠷᠢ ᠪᠠ ᠰᠤᠶᠤᠯ ᠵᠤᠭᠠᠴᠠᠯ ᠵᠡᠷᠬᠡ ᠬᠦᠷᠢᠶ᠎ᠠ ᠬᠡᠪᠴᠢᠶᠠᠨ ᠳᠠᠬᠢ ᠬᠠᠮᠵᠢᠯᠴᠠᠭ᠎ᠠ ᠪᠠᠨ ᠪᠦᠬᠦ ᠲᠠᠯ᠎ᠠ ᠪᠠᠷ ᠬᠦᠡᠵᠡᠬᠡᠶᠢᠷᠡᠬᠦᠯᠵᠤ᠂ ᠲᠦᠷᠤ ᠶᠢᠨ ᠪᠤᠳᠤᠯᠭ᠎ᠠ ᠪᠠᠨ ᠬᠠᠷᠢᠯᠴᠠᠨ ᠦᠢᠯᠠᠭᠠᠯᠴᠠᠨ ᠂ ᠲᠤᠨᠤᠭ ᠲᠦᠬᠦᠬᠡᠷᠤᠮᠵᠢ ᠪᠠᠨ ᠪᠦᠷᠢᠡᠰᠢᠬᠦᠯᠵᠤ᠂ ᠪᠡᠯᠡ ᠮᠦᠩᠬᠦ ᠪᠠᠨ ᠨᠢᠬᠡᠳᠬᠡᠨ᠂ ᠬᠠᠮᠳᠤ ᠶᠢᠨ ᠬᠦᠴᠤᠨ ᠢᠶᠠᠷ ᠨᠠᠷᠠᠡᠪᠤᠯᠠᠭ ᠬᠢᠯᠢ ᠶᠢᠨ ᠠᠷᠡᠳ ᠤᠨ ᠨᠠᠪᠳᠠᠷᠠᠬᠦ ᠵᠠᠮ ᠢ ᠠᠰᠢᠭᠯᠠᠯᠳᠠ ᠳᠤ ᠤᠷᠤᠭᠤᠯᠵᠤ᠂ ᠰᠢᠯᠢ ᠶᠢᠨ ᠭᠤᠤᠯ ᠠᠶᠢᠮᠠᠭ ᠤᠨ ᠲᠤᠮᠳᠠ ᠬᠡᠰᠡᠭ ᠤᠨ ᠤᠮᠠᠷᠡᠰᠢ ᠴᠢᠯᠤᠬᠡᠳᠡᠢ ᠶᠠᠪᠤᠯᠴᠠᠬᠤ ᠴᠢᠬᠤᠯᠠ ᠭᠠᠵᠡᠷ ᠤᠷᠤᠨ ᠪᠤᠯᠭᠠᠨ᠎ᠠ᠃ ᠭᠤᠷᠪᠡ ᠳᠤ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠦᠬᠦ ᠬᠦᠴᠤᠨ  ᠢᠶᠠᠨ ᠲᠦᠪᠯᠡᠷᠡᠬᠦᠯᠵᠤ᠂ ᠲᠦᠷᠤᠯ ᠵᠥᠢᠯ ᠤᠨ ᠪᠠᠶᠢᠭᠤᠯᠤᠯᠳᠠ ᠶᠢ ᠠᠬᠢᠭᠤᠯᠤᠨ᠂ ᠲᠦᠷᠤᠯ ᠵᠥᠢᠯ ᠢ ᠤᠷᠢᠨ ᠤᠷᠤᠭᠤᠯᠬᠤ᠂ ᠨᠦᠬᠡᠴᠡᠯᠡᠬᠦ᠂ ᠬᠠᠷᠢᠭᠤᠴᠠᠯᠭ᠎ᠠ ᠶᠢ ᠲᠤᠳᠤᠷᠬᠠᠶᠢᠯᠠᠬᠤ ᠶᠢ ᠠᠬᠢᠭᠤᠯᠵᠤ᠂ ᠬᠦᠳᠡᠯᠤᠩᠬᠦᠢ ᠲᠦᠯᠤᠪᠯᠡᠭᠡ ᠲᠤᠭᠳᠠᠭᠠᠨ᠂ ᠰᠠᠶᠢᠨ ᠲᠦᠷᠤᠯ ᠵᠥᠢᠯ ᠢ ᠰᠦᠪᠡᠭᠴᠢᠯᠡᠵᠤ᠂ ᠢᠳᠡᠪᠬᠢᠳᠡᠢ ᠤᠷᠢᠨ ᠤᠷᠤᠭᠤᠯᠵᠤ᠂  ᠰᠢᠨ᠎ᠠ ᠬᠦᠭᠵᠢᠯᠳᠠ ᠶᠢ ᠠᠬᠢᠭᠤᠯᠤᠨ᠎ᠠ᠃ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠪᠠ ᠬᠤᠯᠢᠰᠢᠨ ᠢᠳᠡᠬᠡᠨ ᠢ ᠶᠠᠷᠤᠩᠬᠡᠶᠢᠯᠡᠨ ᠠᠰᠢᠭᠯᠠᠬᠤ᠂ ᠨᠠᠬᠦᠷᠡᠰᠤᠨ ᠤ ᠬᠡᠤᠷᠡᠰᠤ ᠶᠢ ᠶᠠᠷᠤᠩᠬᠡᠶᠢᠯᠡᠨ ᠠᠰᠢᠭᠯᠠᠬᠤ᠂ ᠰᠤᠶᠤᠯ ᠵᠤᠭᠠᠴᠠᠯ ᠤᠨ ᠡᠬᠢ ᠪᠠᠶᠠᠯᠢᠭ ᠢ ᠨᠡᠬᠡᠬᠡᠨ ᠬᠦᠭᠵᠢᠬᠦᠯᠬᠦ᠂ ᠲᠤᠮᠤ ᠳ᠋ᠠᠶᠢᠲᠨ ᠬᠦᠮᠤᠷᠬᠡ ᠶᠢᠨ ᠪᠠᠶᠢᠭᠤᠯᠤᠯᠳᠠ ᠪᠠ ᠲᠡᠬᠡᠳᠤ ᠰᠢᠨ᠎ᠠ ᠮᠠᠷᠬᠡᠵᠢᠯ ᠤᠨ ᠬᠡᠷᠡᠭᠯᠡᠭᠡ ᠵᠠᠷᠬᠡ ᠲᠠᠯ᠎ᠠ ᠪᠠᠷ᠂ ᠤᠳᠤᠷᠢᠳᠬᠤ ᠺᠠᠳ᠋ᠷ ᠪᠠ ᠨᠠᠶᠢᠬᠡᠮ ᠤᠨ ᠡᠯ᠎ᠠ ᠡᠳᠡᠬᠡᠳ ᠤᠨ ᠬᠢᠨ ᠢ ᠬᠦᠢᠴᠡᠳ ᠲᠠᠶᠢᠴᠢᠯᠠᠵᠤ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠳᠤ ᠢᠳᠡᠪᠬᠢᠳᠡᠢ ᠤᠷᠤᠯᠴᠠᠭᠤᠯᠵᠤ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ ᠪᠠ ᠠᠵᠤ ᠦᠢᠯᠡᠰ ᠤᠨ ᠬᠡᠯᠬᠢᠵᠢᠶᠡᠯ ᠢᠶᠠᠷ ᠠᠷᠠᠯᠵᠢᠶᠠᠴᠢᠨ ᠤᠷᠢᠬᠤ ᠶᠢ ᠰᠠᠶᠢᠳᠤᠷ ᠠᠳᠬᠤᠵᠤ᠂ ᠨᠠᠷᠢᠯᠢᠭ ᠤᠨᠤᠪᠴᠢᠳᠡᠢ ᠵᠤᠯᠭᠠᠭᠤᠯᠵᠤ᠂ ᠨᠢᠮᠪᠠᠢ ᠦᠢᠯᠡᠴᠢᠯᠡᠨ᠂ ᠬᠡᠷ᠎ᠠ ᠲᠤᠭᠳᠠᠭᠰᠡᠨ ᠲᠦᠷᠤᠯ ᠵᠥᠢᠯ ᠤᠨ ᠬᠡᠷᠡᠭᠵᠢᠬᠦᠯᠤᠯᠳᠠ ᠶᠢᠨ ᠨᠤᠷᠮ᠎ᠠ᠂ ᠪᠠᠷᠢᠯᠭ᠎ᠠ ᠡᠬᠢᠯᠡᠬᠦ ᠨᠤᠷᠮ᠎ᠠ ᠪᠠ ᠠᠰᠢᠭᠯᠠᠯᠳᠠ ᠳᠤ ᠤᠷᠤᠬᠤ ᠨᠤᠷᠮ᠎ᠠ ᠶᠢ ᠲᠡᠬᠡᠭᠰᠢᠯᠡᠬᠦᠯᠵᠤ᠂ ᠠᠵᠤ ᠦᠢᠯᠡᠰ ᠤᠨ ᠬᠡᠯᠬᠢᠶᠠᠵᠢᠯ ᠢ ᠤᠷᠳᠤᠳᠬᠠᠨ᠂ ᠠᠵᠤ ᠦᠢᠯᠡᠰ ᠨᠠᠩ ᠰᠠᠶᠢᠨ ᠬᠦᠭᠵᠢᠬᠦ ᠶᠢ ᠠᠬᠢᠭᠤᠯᠤᠨ᠎ᠠ᠃ ᠪᠡᠯᠡ ᠮᠦᠩᠬᠦᠨ ᠤ ᠢᠷᠠᠯᠳᠠ ᠶᠢ ᠦᠷᠬᠡᠳᠬᠡᠨ᠂ ᠲᠣᠰᠬᠠᠢ ᠲᠦᠷᠤᠯ ᠵᠥᠢᠯ ᠢ ᠭᠤᠶᠤᠴᠢᠯᠡᠨ ᠤᠯᠬᠤ᠂ PPP ᠶᠢᠨ ᠲᠦᠷᠦᠯ ᠵᠦᠢᠯ ᠢ ᠬᠡᠷᠡᠭᠵᠢᠬᠦᠯᠬᠦ᠂ ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠬᠡ ᠬᠡᠯᠪᠡᠷᠢ ᠪᠠᠷ ᠪᠦᠳᠤᠬᠡᠨ ᠪᠠᠶᠢᠭᠤᠯᠤᠯᠳᠠ ᠶᠢᠨ ᠪᠡᠯᠡ ᠮᠦᠩᠬᠦ ᠶᠢ ᠬᠤᠷᠠᠮᠳᠤᠭᠤᠯᠵᠤ᠂ ᠨᠠᠶᠢᠬᠡᠮ ᠤᠨ ᠪᠡᠯᠡ ᠤᠷᠤᠭᠤᠯᠤᠯᠳᠠ ᠶᠢᠨ ᠬᠦᠳᠡᠯᠬᠡᠭᠴᠢ ᠬᠦᠴᠤᠨ ᠪᠠ ᠠᠮᠢᠯᠠᠯ ᠤᠨ ᠬᠦᠴᠤᠨ ᠢ ᠬᠦᠢᠴᠡᠳ ᠪᠠᠳᠠᠷᠠᠭᠤᠯᠵᠤ᠂ ᠲᠠᠪᠤᠨ ᠵᠢᠯ ᠳᠤ ᠠᠶᠢᠮᠠᠭ ᠤᠨ ᠭᠠᠳᠠᠨᠠᠬᠢ ᠪᠡᠯᠡ ᠮᠦᠩᠬᠦ ᠶᠢ 100 ᠳ᠋ᠦᠩᠰᠢᠭᠤᠷ ᠲᠦᠬᠦᠷᠢᠭ ᠠᠴᠠ ᠲᠡᠬᠡᠭᠰᠢ ᠠᠰᠢᠭᠯᠠᠨ᠎ᠠ᠃ —— ᠠᠷᠡᠳ ᠲᠦᠮᠡᠨ ᠤ ᠬᠦᠰᠠᠯ ᠱᠠᠭᠠᠷᠳᠠᠯᠭ᠎ᠠ ᠶᠢ ᠰᠠᠶᠢᠳᠤᠷ ᠪᠠᠶᠠᠯᠠᠬᠦᠯᠵᠤ᠂ ᠵᠤᠯ ᠵᠢᠷᠭᠠᠯᠳᠤ ᠠᠪᠠᠭ᠎ᠠ ᠨᠣᠳᠤᠭ ᠢ ᠪᠦᠬᠦ ᠬᠦᠴᠤᠨ ᠢᠶᠠᠷ ᠴᠤᠭᠴᠠᠯᠠᠨ ᠪᠠᠶᠢᠭᠤᠯᠤᠨ᠎ᠠ᠃ ᠠᠷᠡᠳ ᠲᠦᠮᠡᠨ ᠤ ᠬᠦᠰᠠᠯ ᠱᠠᠭᠠᠷᠳᠠᠯᠭ᠎ᠠ ᠶᠢ ᠪᠠᠶᠠᠯᠠᠬᠦᠯᠬᠦ ᠪᠠᠷ ᠦᠡᠳᠤᠰᠤᠨ ᠬᠠᠷᠠᠯᠳᠠ ᠪᠠᠨ ᠪᠤᠯᠭᠠᠵᠤ᠂ ᠠᠷᠡᠳ ᠲᠦᠮᠡᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠡᠯ ᠤᠨ ᠬᠦᠰᠠᠯ ᠱᠠᠭᠠᠷᠳᠠᠯᠭ᠎ᠠ ᠶᠢ ᠬᠠᠩᠭᠠᠨ᠂ ᠠᠪᠠᠭ᠎ᠠ ᠶᠢᠨ ᠠᠷᠡᠳ ᠲᠦᠮᠡᠨ ᠢᠶᠠᠨ ᠨᠠᠩ ᠰᠡᠳᠬᠢᠯ ᠬᠠᠨᠤᠮᠵᠢᠳᠡᠢ᠂ ᠵᠤᠯ ᠵᠢᠷᠭᠠᠯᠳᠡᠢ ᠪᠤᠯᠭᠠᠨ᠎ᠠ᠃ ᠨᠢᠬᠡ ᠳᠤ᠂ ᠤᠨᠤᠪᠴᠢᠳᠡᠢ ᠪᠠᠷ ᠶᠠᠳᠠᠭᠤ ᠠᠴᠠ ᠠᠩᠬᠢᠵᠢᠷᠠᠭᠤᠯᠵᠣ ᠪᠠᠬᠢᠯᠡᠯᠳᠡ ᠰᠢᠪᠳᠣᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠰᠢ ᠶᠢᠨ ᠫᠢᠡᠭ ᠶᠠᠷᠤᠩᠬᠡᠢ ᠱᠦᠵᠢ ᠶᠢᠨ ︽ᠶᠠᠳᠠᠭᠤ ᠠᠴᠠ ᠠᠩᠬᠢᠵᠢᠷᠠᠭᠤᠯᠬᠤ ᠪᠤᠯ ᠪᠦᠬᠦ ᠲᠠᠯ᠎ᠠ  ᠪᠠᠷ ᠴᠢᠨᠡᠬᠡᠯᠢᠭᠵᠢᠬᠦ ᠶᠢᠨ ᠬᠠᠮᠤᠭ ᠨᠠᠭᠠᠳᠤ ᠵᠠᠬ᠎ᠠ ᠶᠢᠨ ᠠᠵᠢᠯ︾ ᠬᠡᠬᠦ ᠱᠠᠭᠠᠷᠳᠠᠯᠭ᠎ᠠ ᠶᠢ ᠨᠠᠷᠢᠨ ᠨᠢᠮᠪᠠᠢ ᠲᠤᠤᠱᠯᠠᠭᠤᠯᠵᠤ᠂ ︽ᠵᠢᠷᠭᠤᠭᠠᠨ ᠨᠠᠷᠢᠯᠢᠭ ᠤᠨᠤᠪᠴᠢᠳᠡᠢ︾ ︽ᠲᠠᠪᠤᠨ ᠨᠢᠬᠡ ᠪᠦᠯᠦᠭ︾ ᠤᠨ ᠱᠠᠭᠠᠷᠳᠠᠯᠭ᠎ᠠ ᠶᠢᠨ ᠲᠤᠭᠤᠷᠢᠨ ᠳᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠶᠠᠷᠤᠩᠬᠡᠢ ᠬᠠᠷᠢᠭᠤᠴᠠᠯᠭ᠎ᠠ ᠡᠬᠦᠷᠬᠡᠯᠡᠬᠦ ᠲᠦᠷᠢᠮ ᠢ ᠴᠢᠩᠭᠠᠳᠬᠠᠵᠤ᠂ ᠶᠠᠳᠠᠭᠤ ᠶᠢ ᠲᠡᠳᠬᠦᠬᠦ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ ︽ᠨᠢᠬᠡ ᠺᠠᠳ᠋ᠷ ᠨᠢᠬᠡ ᠡᠷᠤᠬᠡ  ᠶᠢ ᠲᠠᠭᠠᠭᠠᠴᠢᠯᠠᠨ ᠲᠡᠳᠬᠦᠬᠦ︾ ᠪᠠ ᠰᠠᠯᠠᠭ᠎ᠠ ᠮᠦᠴᠢᠷ ᠬᠠᠨᠳᠤᠯᠭ᠎ᠠ ᠲᠠᠢ ᠪᠠᠷ ᠶᠠᠳᠠᠭᠤ ᠶᠢ ᠲᠡᠳᠬᠦᠬᠦ ᠵᠤᠬᠢᠴᠠᠮᠵᠢ ᠶᠢ ᠪᠦᠷᠢᠡᠰᠢᠬᠦᠯᠵᠤ᠂ ᠪᠡᠯᠡ ᠮᠦᠩᠬᠦᠨ ᠤ ᠢᠷᠠᠯᠳᠠ ᠶᠢ ᠦᠷᠬᠡᠳᠬᠡᠨ᠂ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ᠂ ᠨᠡᠬᠦᠯᠬᠡᠨ ᠰᠢᠯᠵᠢᠬᠦᠯᠵᠤ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠤᠷᠢ ᠣᠯᠭᠤᠵᠣ ᠶᠠᠳᠠᠭᠤ ᠠᠴᠠ ᠠᠩᠬᠢᠵᠢᠷᠠᠭᠤᠯᠬᠤ᠂ ᠰᠤᠷᠭᠠᠨ ᠬᠦᠮᠤᠵᠢᠯ ᠢᠶᠠᠷ ᠶᠠᠳᠠᠭᠤ ᠠᠴᠠ ᠠᠩᠬᠢᠵᠢᠷᠠᠭᠤᠯᠬᠤ᠂ ᠨᠠᠶᠢᠬᠡᠮ ᠤᠨ ᠪᠠᠳᠤᠯᠠᠭ᠎ᠠ ᠪᠠᠷ ᠶᠠᠳᠠᠭᠤ ᠶᠢ ᠲᠡᠳᠬᠦᠬᠦ ᠵᠡᠷᠬᠡ ᠠᠵᠢᠯ ᠢ ᠰᠠᠶᠢᠳᠤᠷ ᠬᠢᠵᠤ᠂ ᠪᠠᠶᠢᠩᠭᠤ ᠶᠢᠨ ᠴᠢᠨᠠᠷᠳᠡᠢ ᠡᠷᠬᠢᠴᠡᠬᠦᠯᠤᠨ ᠳ᠋ᠦᠩᠨᠡᠵᠤ᠂ ᠬᠤᠰᠢᠭᠤ᠂ ᠰᠤᠮᠤ ᠪᠠᠯᠭᠠᠰᠤ᠂ ᠭᠠᠴᠠᠭᠠᠨ ᠤ ᠬᠠᠮᠳᠤᠷᠠᠯ ᠤᠨ ᠬᠦᠴᠤᠨ ᠢᠶᠠᠷ ᠪᠠᠬᠢᠯᠡᠯᠳᠡ ᠰᠢᠪᠳᠣᠯᠬᠤ ᠠᠵᠢᠯ ᠤᠨ ᠰᠠᠶᠢᠨ ᠣᠷᠴᠢᠨ ᠢ ᠪᠤᠢ ᠪᠤᠯᠭᠠᠵᠤ᠂ 2020 ᠤᠨ ᠪᠤᠯᠬᠤ ᠳᠤ᠂ ᠤᠳᠤ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠪᠠᠷ ᠲᠠᠩᠰᠠ ᠪᠠᠶᠢᠭᠤᠯᠵᠤ ᠺᠠᠷᠲ ᠤᠯᠭᠤᠭᠰᠨᠨ ᠶᠠᠳᠠᠭᠤ ᠬᠦᠴᠢᠷᠳᠡᠯᠳᠡᠢ ᠬᠦᠮᠤᠨ ᠠᠮᠠ ᠶᠢ ᠪᠦᠬᠦᠨ ᠢ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠤ᠂ ᠬᠠᠮᠳᠤ ᠪᠠᠷ ᠴᠢᠨᠠᠬᠡᠯᠢᠭᠵᠢᠬᠦ ᠶᠢ ᠪᠠᠶᠠᠯᠠᠬᠦᠯᠤᠨ᠎ᠠ᠃       ᠬᠤᠶᠠᠷ ᠲᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠠᠵᠢᠯ ᠢ ᠴᠢᠩᠭᠠᠳᠬᠠᠨ᠎ᠠ᠃ ᠤᠯᠠᠨ ᠲᠦᠮᠡᠨ  ᠤ ᠰᠢᠨ᠎ᠡ ᠶᠢ ᠡᠬᠦᠳᠦᠨ᠂ ᠦᠢᠯᠡᠰ ᠡᠷᠬᠢᠯᠡᠬᠦ ᠶᠢ ᠵᠤᠷᠢᠭᠵᠢᠭᠤᠯᠵᠤ᠂ ᠬᠦᠳᠡᠯᠮᠤᠷᠢ ᠬᠦᠴᠤ ᠨᠢᠭᠳᠠᠷᠠᠭᠰᠡᠨ ᠠᠵᠤ ᠠᠬᠤᠶᠢᠯᠡᠯ ᠢ ᠤᠷᠢᠨ ᠤᠷᠤᠭᠤᠯᠵᠤ᠂ ᠦᠢᠯᠡᠰ ᠡᠷᠬᠢᠯᠡᠵᠤ ᠠᠵᠢᠯ ᠤᠯᠭᠤᠬᠤ ᠰᠠᠭᠤᠷᠢᠨ ᠭᠠᠵᠡᠷ ᠤᠨ ᠴᠢᠳᠠᠪᠬᠢ ᠶᠢ ᠲᠡᠬᠡᠭᠰᠢᠯᠡᠬᠦᠯᠵᠤ᠂ ᠪᠤᠯᠪᠠᠰᠤᠷᠠᠯ ᠬᠦᠷᠳᠡᠬᠡᠬᠦ ᠰᠠᠭᠤᠷᠢᠨ ᠭᠠᠵᠡᠷ ᠤᠨ ᠪᠠᠶᠢᠭᠤᠯᠤᠯᠳᠠ ᠶᠢ ᠴᠢᠩᠭᠠᠳᠬᠠᠨ᠂ ᠶᠡᠭᠡ ᠰᠣᠷᠭᠠᠭᠤᠯᠢ ᠲᠡᠬᠦᠰᠦᠭᠰᠡᠳ᠂ ᠮᠠᠯᠵᠢᠬᠤ ᠤᠷᠤᠨ ᠤ ᠬᠤᠳᠠ ᠤᠷᠤᠭᠰᠡᠨ ᠬᠦᠳᠡᠯᠮᠤᠷᠢ ᠬᠦᠴᠤ᠂ ᠬᠤᠳᠠ ᠪᠠᠯᠭᠠᠰᠣᠨ  ᠤ ᠲᠣᠣᠷ᠎ᠠ ᠣᠷᠣᠯᠭ᠎ᠠ ᠲᠠᠢ ᠬᠦᠮᠦᠰ ᠲᠤ ᠠᠵᠢᠯ ᠤᠯᠭᠤᠬᠤ ᠶᠢ ᠲᠦᠯᠬᠢᠨ ᠠᠬᠢᠭᠤᠯᠵᠤ᠂ ᠨᠠᠶᠢᠳᠠ 1 ᠲᠦᠮᠡᠨ ᠬᠦᠮᠦᠨ ᠳᠤ ᠠᠵᠢᠯ ᠣᠯᠭᠤᠵᠣ᠂ 5000 ᠬᠦᠮᠤᠨ ᠳᠤ ᠮᠡᠷᠬᠡᠵᠢᠯ ᠤᠨ ᠪᠤᠯᠪᠠᠰᠤᠷᠠᠯ ᠬᠦᠷᠳᠡᠬᠡᠨ᠂ ᠬᠤᠳᠠ ᠪᠠᠯᠭᠠᠰᠣᠨ ᠤ ᠲᠠᠩᠰᠠᠯᠠᠭᠤᠯᠤᠭᠰᠡᠨ ᠠᠵᠢᠯ ᠠᠯᠳᠠᠭᠰᠡᠨ ᠨᠣᠷᠮ᠎ᠠ ᠶᠢ 2% ᠤᠨ ᠲᠣᠳᠣᠷ᠎ᠠ ᠬᠢᠵᠠᠭᠠᠷᠯᠠᠨ᠎ᠠ᠃ ᠬᠤᠳᠠ ᠪᠠᠯᠭᠠᠰᠤᠨ ᠤ ᠬᠦᠴᠢᠷᠳᠡᠯᠳᠡᠢ ᠤᠯᠠᠨ ᠲᠦᠮᠡᠨ ᠪᠠ ᠪᠠᠭᠤᠷᠠᠶᠢᠴᠤᠤᠯ ᠢ ᠬᠠᠯᠠᠮᠵᠢᠯᠠᠵᠤ᠂ ᠬᠤᠳᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠬᠦᠮᠤᠰ ᠲᠤ ᠠᠵᠢᠯ ᠤᠯᠭᠤᠬᠤ ᠲᠠᠮᠵᠢᠯᠬᠡ ᠬᠦᠷᠳᠡᠬᠡᠬᠦ ᠶᠢ ᠴᠢᠩᠭᠠᠳᠬᠠᠨ᠂ ᠬᠦᠳᠡᠯᠮᠤᠷᠢ ᠬᠦᠴᠦ ᠲᠠᠢ ᠬᠦᠴᠢᠷᠳᠡᠯᠳᠡᠢ ᠬᠡᠷ ᠪᠦᠯᠢ ᠳᠤ ᠠᠳᠠᠭ ᠲᠠᠭᠠᠨ ᠨᠢᠬᠡ ᠬᠦᠮᠤᠨ ᠳᠤ ᠠᠵᠢᠯ ᠤᠯᠭᠤᠬᠤ ᠶᠢ ᠪᠠᠳᠤᠯᠠᠨ᠎ᠠ︔ ᠨᠠᠶᠢᠬᠡᠮ ᠤᠨ ᠠᠪᠤᠷᠠᠨ ᠲᠤᠰᠠᠯᠠᠯᠳᠠ ᠶᠢᠨ ᠬᠦᠴᠤᠯᠠᠴᠠ ᠶᠢ ᠴᠢᠩᠭᠠᠳᠬᠠᠨ᠂ ᠲᠡᠨᠤᠬᠦᠯ ᠭᠤᠶᠤᠯᠭᠠᠴᠢᠨ ᠬᠦᠮᠤᠰ ᠢ ᠠᠪᠤᠷᠠᠨ ᠲᠤᠰᠠᠯᠠᠬᠤ ᠬᠠᠮᠢᠶᠠᠷᠤᠯᠳᠠ ᠶᠢᠨ ᠦᠷᠳᠡᠭᠡ ᠪᠠᠶᠢᠭᠤᠯᠵᠤ᠂ ᠬᠤᠳᠠ ᠬᠦᠳᠡᠭᠡ ᠶᠢᠨ ᠠᠪᠤᠷᠠᠨ ᠲᠤᠰᠠᠯᠠᠯᠳᠠ ᠶᠢ ᠨᠢᠬᠡ ᠴᠤᠭᠴᠠᠵᠢᠭᠤᠯᠵᠤ᠂ ᠬᠦᠴᠢᠷᠳᠡᠯᠳᠡᠢ ᠤᠯᠠᠨ ᠲᠦᠮᠡᠨ ᠤ ᠬᠠᠨᠣᠮᠵᠢᠳᠦ ᠰᠡᠳᠬᠢᠯᠬᠡ᠂ ᠵᠤᠯ ᠵᠢᠷᠭᠠᠯᠳᠤ ᠰᠡᠳᠬᠢᠯᠬᠡ᠂ ᠠᠮᠤᠷ ᠲᠦᠪᠰᠢᠨ ᠰᠡᠳᠬᠢᠯᠬᠡ ᠶᠢ ᠨᠡᠮᠡᠭᠳᠡᠬᠦᠯᠤᠨ᠎ᠠ᠃ ᠪᠦᠬᠦ ᠠᠷᠡᠳ ᠢᠶᠠᠷ ᠢᠶᠠᠨ ᠲᠠᠭᠠᠳᠬᠠᠯ ᠳᠤ ᠤᠷᠤᠬᠤ ᠲᠦᠯᠤᠪᠯᠡᠭᠡ ᠶᠢ ᠨᠠᠶᠢᠳᠠᠮ ᠬᠡᠷᠡᠭᠵᠢᠬᠦᠯᠵᠤ᠂ ᠡᠮ ᠡᠮᠨᠡᠯᠭᠡ ᠨᠠᠰᠤᠵᠢᠯ ᠤᠨ ᠲᠠᠭᠠᠳᠬᠠᠯ ᠤᠨ ᠲᠦᠷᠢᠮ ᠢ ᠰᠠᠶᠢᠳᠤᠷ ᠪᠦᠷᠢᠡᠰᠢᠬᠦᠯᠵᠤ᠂ ᠲᠠᠭᠠᠳᠬᠠᠯ ᠳᠤ ᠤᠷᠤᠬᠤ ᠵᠣᠬᠢᠰᠳᠠᠢ ᠬᠦᠮᠤᠰ ᠢ ᠪᠦᠬᠦᠨ ᠢ ᠲᠠᠭᠠᠳᠬᠠᠯ ᠳᠤ ᠤᠷᠤᠭᠤᠯᠵᠤ᠂ ᠨᠠᠶᠢᠬᠡᠮ ᠤᠨ ᠪᠠᠳᠤᠯᠠᠭ᠎ᠠ ᠶᠢᠨ ᠪᠦᠷᠬᠦᠴᠠ ᠶᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ ᠭᠤᠷᠪᠡ ᠳᠤ᠂ ᠨᠡᠶᠢᠭᠡᠮ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠰᠤᠷᠭᠠᠨ ᠬᠦᠮᠦᠵᠢᠯ ᠢ ᠤᠷᠢᠳᠴᠢᠯᠠᠨ ᠬᠦᠭᠵᠢᠬᠦᠯᠬᠦ ᠶᠢ ᠪᠠᠷᠢᠮᠳᠠᠯᠠᠵᠦ᠂ ᠬᠡᠪ ᠴᠢᠨᠠᠷ ᠤᠨ ᠰᠤᠷᠭᠠᠨ ᠬᠦᠮᠤᠵᠢᠯ ᠢ ᠪᠦᠬᠦ ᠲᠠᠯ᠎ᠠ ᠪᠠᠷ    ᠬᠡᠷᠡᠭᠵᠢᠬᠦᠯᠤᠨ᠂ ᠶᠤᠰᠤ ᠰᠤᠷᠳᠠᠬᠤᠨ ᠤ ᠬᠦᠮᠤᠵᠢᠯ ᠢ ᠴᠢᠬᠤᠯᠠᠴᠢᠯᠠᠵᠤ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ᠂ ᠪᠠᠭᠰᠢ ᠶᠢᠨ ᠡᠩᠨᠡᠭᠡ᠂ ᠵᠢᠭᠠᠬᠤ ᠶᠢ ᠰᠤᠳᠤᠯᠤᠭᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠬᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ ᠶᠢ ᠨᠢᠭᠳᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠲᠠᠢ ᠲᠠᠩᠴᠠᠬᠦᠷᠢᠳᠡᠢ ᠬᠦᠭᠵᠢᠬᠦ ᠪᠠ ᠡᠯ᠎ᠠ ᠰᠤᠷᠬᠤ ᠨᠠᠰᠤᠨ ᠳᠠᠬᠢ ᠰᠤᠷᠭᠠᠨ ᠬᠦᠮᠤᠵᠢᠯ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠵᠤ᠂ ᠠᠷᠡᠳ ᠲᠦᠮᠡᠨ ᠬᠠᠨᠤᠮᠵᠢᠳᠡᠢ ᠰᠤᠷᠭᠠᠨ ᠬᠦᠮᠤᠵᠢᠯ ᠢ ᠰᠠᠶᠢᠳᠤᠷ ᠡᠷᠬᠢᠯᠡᠨ᠎ᠠ᠃ ︽ᠡᠷᠡᠬᠦᠯ ᠡᠩᠬᠡ ᠠᠪᠠᠭ᠎ᠠ︾ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠰᠠᠭᠤᠷᠢ ᠲᠦᠬᠦᠭᠡᠷᠦᠮᠵᠢ ᠪᠠ ᠡᠷᠡᠬᠦᠯ ᠬᠠᠮᠠᠭᠠᠯᠠᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠴᠢᠨᠠᠷ ᠴᠢᠡᠰᠠᠭ᠎ᠠ ᠰᠢᠯᠢᠳᠡᠭ᠂ ᠦᠷ᠎ᠠ ᠠᠰᠢᠭ ᠦᠡᠳᠤᠷ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠵᠤ᠂ ᠮᠤᠩᠭᠤᠯ ᠡᠮ ᠡᠮᠨᠡᠯᠬᠡ ᠶᠢᠨ ᠦᠢᠯᠡᠰ ᠤᠨ ᠬᠦᠭᠵᠢᠯᠳᠠ ᠶᠢ ᠲᠦᠷᠬᠡᠳᠬᠡᠨ᠂ ᠡᠷᠡᠬᠦᠯ ᠰᠠᠷᠠᠭᠤᠯ ᠠᠮᠢᠳᠤᠷᠡᠯ ᠤᠨ ᠵᠠᠩ ᠲᠠᠳᠬᠠᠯ ᠢ ᠪᠦᠬᠦ ᠠᠷᠡᠳ ᠲᠤ ᠤᠬᠠᠭᠤᠯᠤᠨ ᠰᠤᠷᠳᠠᠯᠴᠢᠯᠠᠵᠤ᠂ ᠠᠷᠡᠳ ᠲᠦᠮᠡᠨ ᠳᠤ ᠪᠦᠷᠢᠨ ᠲᠦᠬᠦᠷ᠂ ᠢᠵᠢ ᠪᠦᠷᠢᠳᠦᠭᠰᠡᠨ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠬᠤᠶᠠᠷ ᠬᠡᠤᠭᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠳᠠ ᠪᠠᠨ ᠲᠡᠬᠦᠯᠳᠡᠷᠵᠢᠬᠦᠯᠵᠦ᠂ ᠡᠮᠴᠢᠯᠡᠭᠡ ᠠᠰᠠᠷᠠᠮᠵᠢ  ᠶᠢ ᠤᠶᠠᠯᠳᠤᠭᠤᠯᠤᠨ᠂ ᠬᠦᠮᠦᠨ ᠠᠮᠠ ᠶᠢᠨ ᠲᠡᠩᠴᠡᠬᠦᠷᠢᠰᠢᠭᠰᠡᠨ ᠬᠦᠭᠵᠢᠯᠳᠡ ᠶᠢ ᠠᠬᠢᠭᠤᠯᠤᠨ᠎ᠠ᠃ ᠰᠤᠶᠤᠯ ᠤᠨ ᠦᠢᠯᠡᠰ ᠤᠨ ᠪᠠᠶᠢᠭᠤᠯᠤᠯᠳᠠ ᠶᠢ ᠠᠭᠢᠭᠤᠯᠵᠦ᠂ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠪᠦᠷᠢᠡᠰᠢᠬᠦᠯᠵᠤ᠂ ᠰᠤᠶᠤᠯ ᠤᠷᠠᠯᠢᠭ ᠤᠨ ᠰᠤᠳᠤᠨ ᠪᠦᠳᠤᠬᠡᠯ ᠨᠠᠶᠢᠷᠠᠭᠤᠯᠤᠨ᠂ ᠤᠯᠠᠭᠠᠡᠮᠦ᠋ᠴᠢᠷ  ᠤᠨ ᠪᠠᠶᠢᠭᠤᠯᠤᠯᠳᠠ ᠶᠢ ᠴᠢᠩᠭᠠᠳᠬᠠᠵᠤ᠂ ᠰᠤᠶᠤᠯ ᠢᠶᠠᠷ ᠠᠷᠡᠳ ᠲᠤ ᠠᠰᠢᠭ ᠬᠦᠷᠳᠡᠬᠡᠬᠦ ᠢᠡᠵᠧᠨᠧᠷᠢᠩ ᠢ ᠬᠦᠡᠵᠡᠬᠡᠢ ᠬᠡᠷᠡᠭᠵᠢᠬᠦᠯᠵᠤ᠂ ᠤᠯᠠᠨ ᠲᠦᠮᠡᠡᠴᠢ ᠰᠤᠶᠤᠯ ᠤᠷᠠᠯᠢᠭ ᠤᠨ ᠦᠢᠯᠡᠰ ᠢ ᠪᠠᠶᠠᠯᠢᠬᠵᠢᠭᠤᠯᠵᠤ᠂ ᠰᠤᠶᠤᠯ ᠤᠨ ᠦᠪ ᠢ ᠬᠠᠮᠠᠭᠠᠯᠠᠨ ᠦᠪᠯᠡᠬᠦ ᠶᠢ ᠴᠢᠩᠭᠠᠳᠬᠠᠨ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠬᠦᠳᠡᠯᠬᠡᠬᠡᠨ ᠢ ᠦᠷᠬᠡᠨ ᠲᠡᠯᠬᠡᠷᠡᠩᠬᠦᠢ ᠦᠷᠨᠢᠬᠦᠯᠵᠤ᠂ ᠠᠶᠢᠮᠠᠭ ᠬᠤᠰᠢᠭᠤ ᠬᠤᠶᠠᠷ ᠱᠠᠳᠣᠨ ᠤ ᠷᠡᠳᠢᠤ᠋ ᠲᠧᠯᠸᠢᠰ ᠤᠨ ᠪᠦᠷᠬᠦᠴᠡ  ᠶᠢᠨ ᠨᠣᠷᠮ᠎ᠠ ᠶᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ —— ᠠᠷᠡᠳ ᠲᠦᠮᠡᠨ ᠤ ᠠᠮᠤᠷ ᠲᠦᠪᠰᠢᠨ ᠰᠡᠳᠬᠢᠭᠳᠡᠯ ᠢ ᠨᠡᠮᠡᠭᠳᠡᠬᠦᠯᠵᠤ᠂ ᠨᠠᠶᠢᠬᠡᠮ ᠤᠨ ᠡᠶ᠎ᠡ ᠵᠤᠬᠢᠴᠠᠯ ᠪᠠ ᠲᠤᠭᠳᠠᠭᠤᠨ ᠢ ᠪᠠᠳᠤᠯᠠᠨ᠎ᠠ᠃ ᠬᠤᠷᠢᠭ᠎ᠠ ᠱᠤᠭᠤᠮ ᠢ ᠪᠠᠳᠤ ᠰᠠᠬᠢᠵᠤ᠂ ᠠᠰᠠᠭᠤᠳᠠᠯ ᠤᠨ ᠵᠢᠯᠤᠭᠤᠳᠤᠮᠵᠢ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠵᠤᠷᠢᠭᠳᠡᠢ ᠡᠬᠦᠷᠬᠡᠯᠡᠵᠤ᠂ ᠰᠢᠨ᠎ᠠ ᠶᠢ ᠡᠬᠦᠳᠤᠨ᠂ ᠲᠦᠭᠰᠢᠬᠦᠷᠢ ᠶᠢ ᠰᠡᠷᠬᠡᠶᠢᠯᠡᠵᠤ᠂ ᠬᠦᠴᠢᠷᠳᠡᠯ ᠢ ᠢᠯᠡᠨ ᠲᠠᠪᠠᠵᠤ᠂ ᠲᠤᠭᠳᠠᠭᠤᠨ ᠢ ᠪᠠᠳᠤᠯᠠᠨ᠎ᠠ᠃ ᠨᠢᠬᠡ ᠳᠤ᠂ ᠲᠦᠭᠰᠢᠬᠦᠷᠢ ᠶᠢ ᠰᠡᠷᠬᠡᠶᠢᠯᠡᠬᠦ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠡᠷᠡᠰ ᠭᠤᠶᠢᠪᠢᠰᠢ ᠦᠬᠡᠢ ᠰᠠᠶᠢᠳᠤᠷ ᠬᠢᠨ᠎ᠠ᠃ ᠡᠳ᠋ ᠤᠨ ᠵᠠᠰᠠᠭ ᠤᠨ ᠲᠤᠭᠳᠠᠭᠤᠨ ᠡᠷᠬᠢᠯᠳᠡ ᠶᠢ ᠪᠠᠳᠤᠯᠠᠵᠤ᠂ ᠵᠠᠰᠠᠭ ᠤᠨ ᠤᠷᠳᠤᠨ ᠪᠠ ᠨᠠᠶᠢᠬᠡᠮ ᠤᠨ ᠬᠦᠷᠤᠩᠬᠡ ᠶᠢᠨ ᠬᠠᠮᠳᠤᠷᠠᠯ ᠤᠨ ᠬᠡᠯᠪᠡᠷᠢ ᠶᠢ ᠲᠡᠯᠬᠡᠷᠡᠬᠦᠯᠵᠤ᠂ 2021 ᠤᠨ ᠳᠤ ᠵᠠᠰᠠᠭ ᠤᠨ ᠤᠷᠳᠤᠨ ᠤ ᠦᠷᠢ ᠦᠭᠴᠡᠬᠡᠨ ᠤ ᠨᠤᠷᠮ᠎ᠠ ᠶᠢ 100% ᠶᠢᠨ ᠲᠤᠳᠤᠷ᠎ᠠ ᠬᠢᠵᠠᠭᠠᠷᠯᠠᠬᠤ ᠶᠢ ᠪᠠᠳᠤᠯᠠᠨ᠎ᠠ᠃ ᠭᠠᠵᠡᠷ ᠤᠷᠤᠨ ᠤ ᠮᠦᠩᠬᠦᠨ ᠬᠦᠢᠯᠬᠡᠬᠡᠨ ᠤ ᠲᠦᠭᠰᠢᠬᠦᠷᠢ ᠶᠢ ᠴᠢᠩᠭ᠎ᠠ ᠰᠡᠷᠬᠡᠶᠢᠯᠡᠵᠤ᠂ ᠵᠠᠰᠠᠭ ᠤᠨ ᠤᠷᠳᠤᠨ᠂ ᠮᠦᠩᠬᠦᠨ ᠬᠦᠢᠯᠬᠡᠬᠡ᠂ ᠠᠵᠤ ᠠᠬᠤᠶᠢᠯᠡᠯ ᠭᠤᠷᠪᠡᠨ ᠲᠠᠯ᠎ᠠ ᠶᠢᠨ ᠬᠠᠮᠳᠤᠷᠠᠯᠴᠠᠭ᠎ᠠ ᠶᠢ ᠠᠬᠢᠭᠤᠯᠵᠤ᠂ ᠤᠷᠤᠨ ᠪᠦᠰᠠ ᠶᠢᠨ ᠮᠦᠩᠬᠦᠨ ᠬᠦᠢᠯᠬᠡᠬᠡᠨ ᠤ ᠲᠦᠭᠰᠢᠬᠦᠷᠢ ᠶᠢ ᠬᠤᠯᠪᠤᠭᠠᠯᠠᠨ ᠰᠡᠷᠬᠡᠶᠢᠯᠡᠬᠦ ᠵᠤᠬᠢᠴᠠᠮᠵᠢ ᠶᠢ ᠴᠢᠩᠭᠠᠳᠬᠠᠵᠤ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠦᠷᠢᠮᠵᠢᠬᠦᠯᠵᠤ᠂ ᠬᠠᠤᠯᠢ ᠪᠤᠰᠤ ᠪᠠᠷ ᠬᠦᠷᠤᠩᠬᠡ ᠬᠤᠷᠠᠮᠳᠤᠭᠤᠯᠬᠤ ᠪᠠ ᠦᠡᠳᠤᠷ ᠬᠦᠤ ᠲᠠᠢ ᠵᠢᠬᠡᠯᠡᠯᠬᠡ ᠲᠠᠯᠪᠢᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠰᠢᠰᠲ᠋ᠧᠮ ᠤᠨ ᠴᠢᠨᠠᠷᠳᠡᠢ᠂ ᠤᠷᠤᠨ ᠪᠦᠰᠠ ᠶᠢᠨ ᠴᠢᠨᠠᠷᠳᠡᠢ ᠮᠦᠩᠬᠦᠨ ᠬᠦᠢᠯᠬᠡᠬᠡᠨ ᠤ ᠲᠦᠭᠰᠢᠬᠦᠷᠢ ᠡᠬᠦᠰᠬᠦ ᠦᠬᠡᠢ ᠪᠠᠶᠢᠬᠤ ᠶᠢ ᠪᠠᠳᠤᠯᠠᠨ᠎ᠠ᠃ ᠬᠡᠷ ᠬᠦᠷᠤᠩᠬᠡ ᠶᠢᠨ ᠠᠵᠤ ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠵᠤ᠂ ᠤᠯᠠᠨ ᠲᠠᠯ᠎ᠠ ᠶᠢᠨ ᠬᠠᠩᠭᠠᠯᠭ᠎ᠠ᠂ ᠤᠯᠠᠨ ᠠᠷᠭ᠎ᠠ ᠵᠠᠮ ᠢᠶᠠᠷ ᠲᠦᠷᠢᠶᠠᠰᠤᠯᠡᠬᠦ ᠬᠤᠳᠠᠯᠳᠤᠬᠤ ᠶᠢ ᠵᠡᠷᠬᠡᠪᠡᠷ ᠴᠢᠬᠤᠯᠠᠴᠢᠯᠠᠬᠤ ᠤᠷᠤᠨ ᠰᠠᠭᠤᠴᠠ ᠶᠢᠨ ᠲᠦᠷᠢᠮ ᠢ ᠬᠡᠷᠡᠭᠵᠢᠬᠦᠯᠵᠤ᠂ ᠤᠷᠤᠨ ᠰᠠᠭᠤᠴᠠ ᠲᠦᠷᠢᠶᠠᠰᠤᠯᠡᠬᠦ ᠤᠡᠴᠠᠭᠠᠶᠢᠯᠠᠨ ᠤᠷᠳᠤ ᠬᠤᠭᠤᠴᠠᠭ᠎ᠠ ᠪᠠᠷ ᠲᠦᠷᠢᠶᠠᠰᠤᠯᠠᠬᠦ ᠦᠢᠯᠡᠰ ᠢ ᠬᠦᠭᠵᠢᠬᠦᠯᠤᠨ᠂ ᠲᠦᠷᠢᠶᠠᠰᠤᠯᠠᠬᠦ ᠦᠷ᠎ᠠ ᠠᠰᠢᠭ ᠪᠠ ᠬᠤᠯᠪᠤᠭᠳᠠᠯ ᠪᠦᠬᠦᠢ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠲᠤᠰᠬᠠᠶᠢᠵᠢᠭᠰᠡᠨ᠂ ᠪᠠᠶᠢᠭᠤᠯᠤᠮᠵᠢᠭᠰᠡᠨ ᠤᠷᠤᠨ ᠰᠠᠭᠤᠴᠠ ᠲᠦᠷᠢᠶᠠᠰᠤᠯᠡᠬᠦ ᠠᠵᠤ ᠦᠢᠯᠡᠰ ᠤᠨ ᠬᠦᠭᠵᠢᠯᠳᠠ ᠶᠢ ᠲᠠᠮᠵᠢᠵᠤ᠂ ᠤᠯᠠᠨ ᠠᠷᠭ᠎ᠠ  ᠵᠠᠮ ᠢᠶᠠᠷ ᠢᠯᠡᠬᠦᠴᠠ ᠠᠰᠠᠷ ᠪᠠᠶᠢᠰᠢᠩ ᠢ ᠠᠰᠢᠭᠯᠠᠯᠳᠠ ᠳᠤ ᠤᠷᠤᠭᠤᠯᠤᠨ᠎ᠠ᠃ ᠬᠤᠶᠡᠷ ᠲᠤ᠂ ᠠᠮᠤᠷ ᠲᠤᠭᠳᠠᠭᠤᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠨᠠᠶᠢᠬᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠵᠤᠬᠢᠴᠠᠭᠤᠯᠬᠤ᠂ ᠤᠷᠢᠳᠴᠢᠯᠡᠨ ᠰᠠᠷᠠᠮᠵᠢᠯᠠᠬᠦ ᠪᠠ ᠰᠢᠢᠳᠪᠤᠷᠢᠯᠡᠬᠦ ᠵᠤᠬᠢᠴᠠᠮᠵᠢ ᠶᠢ ᠪᠦᠷᠢᠡᠰᠢᠬᠦᠯᠵᠤ᠂ ᠤᠯᠠᠨ ᠲᠦᠮᠡᠡᠴᠢ ᠠᠵᠢᠯ ᠤᠨ ᠦᠵᠡᠯᠳᠡ ᠪᠠᠷ ᠵᠠᠬᠢᠳᠡᠯ ᠰᠤᠷᠪᠤᠯᠵᠢᠯᠠᠭ᠎ᠠ ᠶᠢᠨ ᠠᠵᠢᠯ ᠢ ᠨᠢᠬᠡᠳᠤᠯᠳᠡᠢ ᠵᠢᠯᠤᠭᠤᠳᠴᠤ᠂ ᠠᠷᠡᠳ ᠲᠦᠮᠡᠨ ᠤ ᠬᠠᠤᠯᠢ ᠶᠤᠰᠤᠭᠠᠷ ᠡᠷᠬᠡ ᠠᠰᠢᠭ ᠢᠶᠠᠨ ᠬᠠᠮᠠᠭᠠᠯᠠᠵᠤ᠂ ᠰᠠᠨᠠᠯ ᠰᠠᠨᠠᠭᠤᠯᠭ᠎ᠠ ᠲᠤᠷᠡᠳᠬᠤ ᠶᠢ ᠤᠬᠠᠭᠤᠯᠤᠨ ᠲᠠᠶᠢᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠪᠡᠭᠳᠡᠢ ᠠᠰᠠᠭᠤᠳᠠᠯ ᠪᠠ ᠵᠦᠷᠢᠴᠡᠯ ᠵᠢᠭᠤᠷᠭᠠᠨ ᠢ ᠵᠦᠢ ᠵᠤᠬᠢᠰᠳᠡᠢ ᠰᠢᠢᠳᠪᠤᠷᠢᠯᠡᠬᠦ ᠶᠢ ᠠᠬᠢᠭᠤᠯᠤᠨ᠎ᠠ᠃ ᠬᠠᠤᠯᠢ ᠴᠠᠭᠠᠵᠠ ᠶᠢᠨ ᠤᠯᠠᠨ ᠨᠠᠶᠢᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠬᠡᠭᠰᠢᠯᠡᠬᠦᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠡᠯ᠎ᠠ ᠲᠦᠷᠤᠯ ᠤᠨ ᠬᠠᠷᠠᠯᠳᠠ ᠶᠢ ᠦᠨᠡᠡᠬᠦ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ︾ ᠪᠠᠶᠢᠭᠤᠯᠤᠯᠳᠠ ᠶᠢ ᠲᠦᠷᠬᠡᠳᠬᠡᠨ᠎ᠠ᠃ ᠠᠮᠢ ᠨᠠᠰᠤ ᠶᠢ ᠨᠠᠡᠳᠢᠩᠨᠠᠬᠤ᠂ ᠠᠮᠤᠷ ᠲᠦᠪᠰᠢᠨ ᠢ ᠲᠡᠷᠢᠬᠦᠨ ᠳᠤ ᠲᠠᠯᠪᠢᠨ᠂ ᠠᠵᠤ ᠠᠬᠤᠶᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠ ᠠᠵᠢᠯᠴᠢᠨ ᠠᠵᠢᠯᠳᠠᠨ ᠤ ᠠᠶᠤᠯᠬᠦᠢ ᠦᠢᠯᠡᠳᠪᠤᠷᠢᠯᠡᠯ ᠤᠨ ᠲᠠᠨᠢᠯᠳᠠ ᠶᠢ ᠲᠡᠬᠡᠭᠰᠢᠯᠡᠬᠦᠯᠵᠤ᠂ ᠡᠯ᠎ᠠ ᠬᠦᠷᠢᠶ᠎ᠠ ᠬᠡᠪᠴᠢᠶᠠᠨ ᠳᠠᠬᠢ ᠠᠶᠤᠯᠬᠦᠢ  ᠦᠢᠯᠡᠳᠪᠤᠷᠢᠯᠡᠯ ᠤᠨ ᠲᠠᠯᠳᠠ ᠬᠡᠮ ᠢ ᠲᠦᠪᠯᠡᠷᠡᠬᠦᠯᠤᠨ ᠪᠠᠶᠢᠴᠠᠭᠠᠨ ᠴᠡᠭᠴᠡᠯᠡᠵᠤ᠂ ᠠᠶᠤᠯᠬᠦᠢ ᠦᠢᠯᠡᠳᠪᠤᠷᠢᠯᠡᠯ ᠤᠨ ᠲᠤᠮᠤ ᠠᠳᠡᠯ ᠡᠬᠦᠰᠬᠦ ᠶᠢ ᠴᠢᠩᠭ᠎ᠠ ᠰᠡᠷᠬᠡᠶᠢᠯᠡᠨ᠂ ᠭᠠᠮᠰᠢᠭ ᠢ ᠰᠡᠷᠬᠡᠶᠢᠯᠡᠨ ᠬᠤᠬᠢᠷᠠᠯ ᠢ ᠪᠠᠭᠠᠰᠬᠠᠵᠤ᠂ ᠠᠪᠤᠷᠠᠨ ᠲᠤᠰᠠᠯᠠᠯᠳᠠ ᠶᠢᠨ ᠴᠢᠳᠠᠪᠬᠢ ᠪᠠᠨ ᠲᠡᠬᠡᠭᠰᠢᠯᠡᠬᠦᠯᠤᠨ᠎ᠠ᠃ ᠢᠳᠡᠬᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠡᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠬᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠡᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ ᠬᠢᠨᠡᠨ ᠬᠠᠮᠢᠶᠠᠷᠤᠯᠳᠠ ᠶᠢᠨ ᠴᠢᠳᠠᠪᠤᠷᠢ ᠪᠠᠨ ᠴᠢᠩᠭᠠᠳᠬᠠᠨ᠂ ᠪᠠᠶᠢᠩᠭᠤ ᠶᠢᠨ ᠴᠢᠨᠠᠷᠳᠡᠢ ᠵᠠᠰᠠᠨ ᠴᠡᠭᠴᠡᠯᠡᠵᠤ᠂ ᠢᠳᠡᠬᠡᠨ ᠡᠮ ᠤᠨ ᠵᠥᠢᠯᠡᠰ ᠤᠨ ᠠᠮᠤᠷ ᠲᠦᠪᠰᠢᠨ ᠢ ᠦᠨᠡᠡᠬᠦ ᠪᠠᠳᠤᠯᠠᠨ᠎ᠠ᠃ ᠨᠠᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠨ ᠰᠡᠷᠬᠡᠶᠢᠯᠡᠬᠦ ᠶᠢ ᠴᠢᠩᠭᠠᠳᠬᠠᠵᠤ᠂ ᠤᠶᠤᠡᠳᠤ ᠬᠠᠮᠢᠶᠠᠷᠤᠯᠳᠠ ᠪᠠᠷ ᠬᠤᠯᠪᠤᠭᠠᠯᠠᠨ ᠰᠡᠷᠬᠡᠶᠢᠯᠡᠵᠤ᠂ ᠰᠢᠡᠵᠢᠯᠡᠬᠦ ᠮᠡᠷᠬᠡᠵᠢᠯ ᠢᠶᠠᠷ ᠴᠠᠭᠳᠠᠭ᠎ᠠ ᠪᠠᠨ ᠬᠦᠴᠦᠷᠭᠡᠭᠵᠢᠬᠦᠯᠦᠨ᠂ ᠡᠯ᠎ᠠ ᠵᠥᠢᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠂ ᠠᠮᠤᠷ ᠲᠠᠶᠢᠪᠤᠡᠭ ᠠᠪᠠᠭ᠎ᠠ ᠨᠤᠳᠤᠭ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠬᠤᠯᠠᠴᠢᠯᠠᠨ᠂ ᠰᠤᠶᠤᠯ ᠤᠨ ᠰᠠᠭᠤᠷᠢᠨ ᠭᠠᠵᠡᠷ ᠤᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠵᠤ᠂ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠦᠡᠵᠡᠬᠡᠶᠢᠷᠡᠬᠦᠯᠵᠤ᠂  ᠰᠤᠶᠤᠯ ᠤᠨ ᠰᠤᠯᠢᠯᠴᠠᠭ᠎ᠠ ᠪᠠᠨ ᠬᠦᠭᠵᠢᠶᠠᠡᠵᠢᠬᠦᠯᠤᠨ᠂ ᠰᠠᠶᠢᠨ ᠰᠠᠶᠢᠬᠠᠨ ᠲᠤᠤᠷ ᠰᠦᠯᠵᠢᠶᠠᠨ ᠤ ᠤᠷᠴᠢᠨ ᠢ ᠪᠤᠢ ᠪᠣᠯᠭᠠᠨ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠮᠤᠰ ᠤᠨ ᠰᠡᠳᠬᠢᠯ ᠳᠤ ᠬᠠᠳᠡᠩᠰᠢᠭᠤᠯᠵᠤ᠂ ᠨᠠᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠨᠠᠶᠢᠬᠡᠮ ᠤᠨ ᠬᠦᠭᠵᠢᠯᠳᠠ ᠶᠢᠨ ᠡᠯ᠎ᠠ ᠲᠠᠯ᠎ᠠ ᠳᠤ ᠠᠭᠤᠰᠤᠯᠴᠠᠭᠤᠯᠵᠤ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠰᠠᠶᠢᠨ ᠰᠠᠶᠢᠬᠠᠨ ᠨᠠᠶᠢᠬᠡᠮ ᠤᠨ ᠤᠷᠴᠢᠨ ᠢ ᠪᠤᠢ ᠪᠤᠯᠭᠠᠨ᠎ᠠ᠃ ᠭᠤᠷᠪᠡ᠂ 2018 ᠤᠨ ᠤ ᠠᠵᠢᠯ ᠤᠨ ᠪᠠᠶᠢᠷᠢᠯᠠᠭᠤᠯᠤᠯᠳᠠ ᠡᠨ᠋ᠨ ᠵᠢᠯ ᠪᠤᠯ ᠨᠠᠮ ᠤᠨ ᠠᠷᠪᠠ ᠶᠢᠰᠤᠳᠤᠬᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠳᠡ ᠶᠢᠨ ᠵᠢᠯ ᠮᠦᠷᠳᠡᠬᠡᠨ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠭᠰᠡᠨ ᠲᠦᠴᠢᠨ ᠵᠢᠯ  ᠤᠨ ᠤᠢ ᠪᠤᠯᠬᠤᠷ ᠡᠯ᠎ᠠ ᠲᠦᠷᠤᠯ ᠤᠨ ᠠᠵᠢᠯ ᠡᠬᠦᠷᠬᠡ ᠶᠢ ᠰᠠᠶᠢᠳᠤᠷ ᠪᠠᠶᠡᠯᠡᠬᠦᠯᠬᠦ ᠶᠢᠨ ᠠᠴᠢ ᠬᠤᠯᠪᠤᠭᠳᠠᠯ ᠮᠠᠰᠢ ᠴᠢᠬᠤᠯᠠ᠃ ᠡᠨᠡ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 64 ᠳ᠋ᠦᠩᠰᠢᠭᠤᠷ ᠲᠦᠬᠦᠷᠢᠭ ᠲᠤ ᠬᠦᠷᠬᠡᠵᠤ᠂ 7.2%  ᠢᠶᠠᠷ ᠨᠡᠮᠡᠭᠳᠡᠬᠦᠯᠤᠨ᠂ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 33 ᠳ᠋ᠦᠩᠰᠢᠭᠤᠷ ᠲᠦᠬᠦᠷᠢᠭ ᠲᠤ ᠬᠦᠷᠬᠡᠵᠤ᠂ 14.6% ᠪᠠᠷ ᠨᠡᠮᠡᠭᠳᠡᠬᠦᠯᠤᠨ᠎ᠠ᠃ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 13.2 ᠳ᠋ᠦᠩᠰᠢᠭᠤᠷ ᠲᠦᠬᠦᠷᠢᠭ ᠲᠤ ᠬᠦᠷᠬᠡᠵᠤ᠂ 9.1% ᠪᠠᠷ ᠨᠡᠮᠡᠭᠳᠡᠬᠦᠯᠤᠨ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪᠯᠡᠭᠰᠡᠨ ᠤᠷᠤᠯᠭ᠎ᠠ ᠶᠢ 1.45 ᠳ᠋ᠦᠩᠰᠢᠭᠤᠷ ᠲᠦᠬᠦᠷᠢᠭ ᠲᠤ ᠬᠦᠷᠬᠡᠵᠤ᠂ 3.7% ᠪᠠᠷ ᠨᠡᠮᠡᠭᠳᠡᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠲᠤᠬᠢᠷᠠᠭᠤᠯᠵᠤ ᠪᠤᠯᠬᠤᠶᠢᠴᠠ ᠲᠤᠮᠳᠠᠴᠢ ᠤᠷᠤᠯᠭ᠎ᠠ ᠶᠢ 38000 ᠲᠦᠬᠦᠷᠢᠭ ᠪᠠ 25700 ᠲᠦᠬᠦᠷᠢᠭ ᠲᠤ ᠬᠦᠷᠬᠡᠵᠤ᠂ ᠲᠤᠰ ᠲᠤᠰ 8.2% ᠪᠠ 8.8% ᠪᠠᠷ ᠨᠡᠮᠡᠭᠳᠡᠬᠦᠯᠤᠨ᠎ᠠ᠃ ᠲᠡᠬᠡᠷ᠎ᠠ ᠲᠤᠷᠡᠳᠤᠭᠰᠡᠨ ᠬᠠᠷᠠᠯᠳᠠ ᠶᠢᠨ ᠲᠤᠭᠤᠷᠢᠨ ᠳᠤ᠂ ᠲᠤᠤᠷᠡᠬᠢ ᠨᠠᠢᠮᠠᠨ ᠲᠠᠯ᠎ᠠ ᠶᠢᠨ ᠠᠵᠢᠯ ᠢ ᠰᠠᠶᠢᠳᠤᠷ ᠬᠢᠨ᠎ᠠ᠄ ︵ᠨᠢᠬᠡ︶ ᠭᠤᠷᠪᠡᠨ ᠶᠡᠭᠡ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠨ᠎ᠠ᠃ ᠨᠢᠬᠡ ᠳᠤ᠂ ᠲᠦᠭᠰᠢᠬᠦᠷᠢ ᠶᠢ ᠪᠦᠬᠦ ᠬᠦᠴᠤᠨ ᠢᠶᠠᠷ ᠰᠡᠷᠬᠡᠶᠢᠯᠡᠨ᠎ᠠ᠃ ᠵᠠᠰᠠᠭ ᠤᠨ ᠤᠷᠳᠤᠨ ᠤ ᠦᠷᠢ ᠦᠭᠴᠡᠭᠡ ᠶᠢ ᠡᠮᠬᠢ ᠲᠠᠷᠠᠭ᠎ᠠ ᠲᠠᠢ ᠰᠢᠢᠳᠪᠤᠷᠢᠯᠡᠨ᠂ ᠲᠠᠰᠪᠤᠷᠢ ᠬᠠᠳᠠᠭᠤᠵᠢᠯᠳᠡᠢ ᠪᠠᠷ ᠦᠢᠯᠡᠰ ᠪᠤᠰᠬᠠᠬᠤ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠤ᠂ ︽ᠭᠤᠷᠪᠡᠨ ᠠᠯᠪᠠᠨ︾ ᠤ ᠵᠠᠷᠤᠳᠠᠯ ᠢ ᠴᠢᠩᠭ᠎ᠠ ᠡᠵᠡᠮᠳᠠᠨ᠂ ᠡᠩ ᠤᠨ ᠵᠠᠷᠤᠳᠠᠯ ᠢ ᠪᠠᠭᠠᠰᠬᠠᠵᠤ᠂ ᠲᠦᠰᠤᠪᠯᠡᠨ ᠪᠤᠳᠤᠯᠳᠠ ᠶᠢᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠤᠷᠳᠤᠨ ᠤ ᠲᠤᠮᠤ ᠲᠦᠷᠤᠯ ᠵᠥᠢᠯ ᠤᠨ ᠪᠡᠯᠡ ᠬᠤᠷᠠᠮᠳᠤᠭᠤᠯᠭ᠎ᠠ ᠶᠢᠨ ᠬᠠᠮᠢᠶᠠᠷᠤᠯᠳᠠ ᠶᠢᠨ ᠵᠤᠬᠢᠴᠠᠮᠵᠢ ᠶᠢ ᠪᠦᠷᠢᠡᠰᠢᠬᠦᠯᠤᠨ᠂ ᠵᠢᠯ ᠤᠨ ᠲᠤᠳᠤᠷ᠎ᠠ ᠵᠠᠰᠠᠭ ᠤᠨ ᠤᠷᠳᠤᠨ ᠤ ᠦᠷᠢ ᠦᠭᠴᠡᠭᠡ ᠶᠢ 1 ᠳ᠋ᠦᠩᠰᠢᠭᠤᠷ ᠲᠦᠬᠦᠷᠢᠭ ᠴᠠᠶᠢᠷᠠᠭᠤᠯᠤᠨ᠎ᠠ᠃ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢ ᠨᠡᠮᠡᠭᠳᠡᠬᠦᠯᠵᠤ᠂ ᠤᠯᠠᠨ ᠰᠠᠯᠠᠭ᠎ᠠ ᠮᠦᠴᠢᠷ ᠤᠳ ᠬᠠᠮᠵᠢᠯᠴᠠᠨ᠂ ᠭᠤᠤᠯᠳᠠᠯᠭ᠎ᠠ ᠲᠠᠢ ᠠᠵᠢᠯ ᠲᠦᠷᠤᠯ ᠳᠠᠬᠢ ᠬᠠᠮᠢᠶᠠᠷᠤᠯᠳᠠ ᠪᠠᠨ ᠴᠢᠩᠭᠠᠳᠬᠠᠨ᠂ ᠵᠢᠯ ᠤᠨ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢ 1.24 ᠳ᠋ᠦᠩᠰᠢᠭᠤᠷ ᠲᠦᠬᠦᠷᠢᠭ ᠲᠤ ᠬᠦᠷᠬᠡᠬᠦ ᠶᠢ ᠪᠠᠳᠤᠯᠠᠨ᠎ᠠ᠃ ᠤᠷᠤᠨ ᠨᠤᠳᠤᠭ  ᠤᠨ ᠮᠦᠩᠬᠦᠨ ᠬᠦᠢᠯᠬᠡᠬᠡᠨ ᠤ ᠬᠠᠮᠢᠶᠠᠷᠤᠯᠳᠠ ᠶᠢ ᠴᠢᠩᠭᠠᠳᠬᠠᠨ᠂ ︽ᠲᠠᠩᠰᠠ ᠪᠠᠨ ᠨᠠᠷᠢᠨ ᠪᠤᠳᠤᠵᠤ᠂ ᠵᠠᠷᠤᠯᠭ᠎ᠠ  ᠪᠠᠨ ᠵᠦᠢ ᠵᠤᠬᠢᠰᠳᠡᠢ ᠲᠣᠬᠢᠷᠠᠭᠤᠯᠬᠤ᠂ ᠦᠡᠳᠤᠷ ᠬᠦᠦ ᠲᠠᠢ ᠵᠢᠬᠡᠯᠡᠯᠬᠡ ᠶᠢ ᠲᠠᠪᠴᠢᠬᠦ︾ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠤ᠂ ᠰᠤᠮᠤ ᠪᠠᠯᠭᠠᠰᠤᠨ ᠤ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠠᠩᠰᠠᠯᠠᠨ ᠲᠡᠮᠳᠡᠭᠯᠡᠬᠦ ᠲᠦᠪ ᠤᠨ ᠦᠢᠯᠡᠴᠢᠯᠡᠬᠡᠨ ᠤ ᠴᠢᠳᠠᠪᠬᠢ ᠶᠢ ᠲᠡᠬᠦᠯᠳᠡᠷᠵᠢᠬᠦᠯᠵᠤ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠬᠦᠳᠡᠯᠤᠩᠬᠦᠢ ᠬᠢᠨᠡᠨ ᠡᠵᠡᠮᠰᠢᠵᠤ᠂ ᠴᠡᠭᠴᠡᠯᠡᠨ ᠲᠦᠷᠢᠮᠵᠢᠬᠦᠯᠬᠦ ᠪᠠᠶᠢᠩᠭᠤ ᠶᠢᠨ ᠵᠤᠬᠢᠴᠠᠮᠵᠢ ᠶᠢ ᠪᠦᠷᠢᠡᠰᠢᠬᠦᠯᠵᠤ᠂ ᠦᠡᠳᠤᠷ ᠬᠦᠦ ᠲᠠᠢ ᠵᠢᠬᠡᠯᠡᠯᠬᠡ ᠳᠤ ᠴᠢᠩᠭ᠎ᠠ ᠴᠤᠬᠢᠯᠳᠠ ᠦᠭᠴᠤ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠦᠷᠢᠮᠵᠢᠬᠦᠯᠤᠨ ᠰᠢᠢᠳᠪᠤᠷᠢᠯᠡᠬᠦ ᠨᠤᠷᠮ᠎ᠠ ᠶᠢ 95% ᠳᠤ ᠬᠦᠷᠬᠡᠨ᠎ᠠ᠃ ᠬᠡᠷ ᠬᠦᠷᠤᠩᠬᠡ ᠶᠢᠨ ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠵᠤ᠂ ᠲᠤᠭᠠᠨ ᠤ ᠨᠡᠮᠡᠭᠳᠡᠯ ᠢ ᠡᠵᠡᠮᠳᠠᠨ᠂ ᠨᠦᠬᠡᠴᠠ ᠶᠢ ᠪᠠᠭᠠᠰᠬᠠᠬᠤ ᠰᠡᠳᠬᠢᠴᠠ ᠶᠤᠰᠤᠭᠠᠷ ᠲᠦᠬᠦᠮ ᠪᠦᠳᠤᠴᠠᠳᠤ ᠤᠷᠤᠨ ᠰᠠᠭᠤᠴᠠ ᠶᠢ ᠦᠬᠡᠷᠡᠴᠢᠯᠡᠨ ᠰᠠᠶᠢᠵᠢᠷᠠᠭᠤᠯᠬᠤ ᠪᠡᠯᠡ ᠮᠦᠩᠬᠦᠨ ᠤ ᠦᠢᠯᠡᠳᠤᠯ ᠢ ᠬᠦᠢᠴᠡᠳ ᠪᠠᠳᠠᠷᠠᠭᠤᠯᠤᠨ᠂ ᠪᠠᠷᠢᠯᠭ᠎ᠠ ᠶᠢᠨ ᠠᠵᠤ ᠠᠬᠤᠶᠢᠯᠡᠯ ᠤᠨ ᠬᠤᠳᠠᠯᠳᠤᠬᠤ ᠪᠠ ᠲᠦᠷᠢᠶᠠᠰᠤᠯᠡᠬᠦ ᠪᠠᠷ ᠲᠠᠮᠵᠢᠨ᠂ ᠬᠤᠳᠠᠯᠳᠤᠭᠠᠨ ᠤ ᠠᠰᠠᠷ ᠢᠶᠠᠨ ᠤᠷᠤᠨ ᠰᠠᠭᠤᠴᠠ ᠪᠤᠯᠭᠠᠬᠤ᠂ ᠵᠤᠭᠠᠴᠠᠯ ᠳᠤ ᠦᠢᠯᠡᠴᠢᠯᠡᠬᠦ᠂ ᠲᠦᠷᠢᠶᠠᠰᠤᠯᠠᠬᠦ ᠶᠢ ᠵᠤᠷᠢᠭᠵᠢᠭᠤᠯᠤᠨ᠂ ᠵᠢᠯ ᠤᠨ ᠲᠤᠳᠤᠷ᠎ᠠ 350 ᠢᠵᠢ ᠢᠯᠡᠬᠦᠴᠠ ᠠᠰᠠᠷ ᠢ ᠠᠰᠢᠭᠯᠠᠯᠳᠠ ᠳᠤ ᠤᠷᠤᠭᠤᠯᠤᠨ᠎ᠠ᠃ ᠬᠤᠶᠡᠷ ᠲᠤ᠂ ᠨᠠᠷᠢᠯᠢᠭ ᠤᠨᠤᠪᠴᠢᠳᠡᠢ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠠ ᠪᠦᠳᠤᠮᠵᠢ ᠪᠠᠨ ᠪᠠᠳᠤᠳᠬᠠᠨ᠎ᠠ᠃ ᠶᠠᠳᠠᠭᠤ ᠬᠦᠴᠢᠷᠳᠡᠯᠳᠡᠢ ᠪᠠᠶᠢᠳᠠᠯ ᠢ ᠲᠦᠢᠯᠪᠤᠷᠢᠳᠡᠢ ᠦᠬᠡᠷᠡᠴᠢᠯᠡᠭᠰᠡᠨ ᠰᠠᠭᠤᠷᠢᠨ ᠲᠡᠬᠡᠷ᠎ᠠ᠂ ᠲᠡᠬᠡᠳᠤ ᠱᠠᠳᠤᠨ ᠤ ᠶᠠᠳᠠᠭᠤ ᠠᠴᠠ ᠠᠩᠬᠢᠵᠢᠷᠠᠭᠤᠯᠬᠤ ᠬᠦᠳᠡᠯᠤᠩᠬᠦᠢ ᠬᠠᠮᠢᠶᠠᠷᠤᠯᠳᠠ ᠶᠢᠨ ᠵᠠᠷᠴᠢᠮ ᠢ ᠦᠡᠳᠤᠰᠤᠯᠠᠨ ᠂ ︽ᠨᠢᠬᠡ ᠺᠠᠳ᠋ᠷ ᠨᠢᠬᠡ ᠡᠷᠤᠬᠡ ᠶᠢ ᠲᠠᠭᠠᠭᠠᠴᠢᠯᠠᠨ ᠲᠡᠳᠬᠦᠬᠦ︾ ᠲᠦᠷᠢᠮ ᠪᠠ ᠶᠠᠳᠠᠭᠤ ᠬᠦᠴᠢᠷᠳᠡᠯᠳᠡᠢ ᠡᠷᠤᠬᠡ ᠶᠢᠨ ᠤᠨᠤᠪᠴᠢᠳᠡᠢ ᠬᠦᠳᠡᠯᠤᠩᠬᠦᠢ ᠬᠠᠮᠢᠶᠠᠷᠤᠯᠳᠠ ᠶᠢᠨ ᠵᠤᠬᠢᠴᠠᠮᠵᠢ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠨᠡᠬᠦᠯᠬᠡᠨ ᠰᠢᠯᠵᠢᠬᠦᠯᠵᠤ ᠶᠠᠳᠠᠭᠤ ᠶᠢ ᠲᠡᠳᠬᠦᠬᠦ᠂ ᠰᠤᠷᠭᠠᠨ ᠬᠦᠮᠤᠵᠢᠯ ᠢᠶᠠᠷ ᠶᠠᠳᠠᠭᠤ ᠶᠢ ᠲᠡᠳᠬᠦᠬᠦ᠂ ᠡᠮᠨᠡᠯᠬᠡ ᠪᠠᠷ ᠶᠠᠳᠠᠭᠤ ᠶᠢ ᠲᠡᠳᠬᠦᠬᠦ᠂ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠬᠠᠩᠭᠠᠬᠤ ᠵᠡᠷᠬᠡ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠲᠠᠪᠠᠭᠤᠯᠢᠭ ᠤᠡᠴᠠᠯᠢᠭᠳᠤ ᠠᠵᠤ ᠦᠢᠯᠡᠰ᠂ ᠰᠠᠭᠤᠷᠢ ᠲᠦᠬᠦᠬᠡᠷᠤᠮᠵᠢ ᠪᠠ ᠤᠯᠠᠨ ᠨᠠᠶᠢᠳᠠ ᠶᠢᠨ ᠦᠡᠳᠤᠰᠤᠨ ᠦᠢᠯᠡᠴᠢᠯᠡᠬᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠶᠠᠳᠠᠭᠤ ᠡᠷᠤᠬᠡ ᠶᠢᠨ ᠦᠪᠡᠷ ᠤᠨ ᠬᠦᠴᠤ ᠪᠠᠷ ᠢᠶᠠᠨ ᠲᠡᠭᠵᠢᠷᠡᠬᠦ ᠴᠢᠳᠠᠪᠤᠷᠢ ᠪᠠ ᠠᠵᠤ ᠦᠢᠯᠡᠰ ᠤᠨ ᠬᠦᠭᠵᠢᠯᠳᠠ ᠶᠢᠨ ᠲᠤᠳᠤᠭᠠᠳᠤ ᠬᠦᠳᠡᠯᠬᠡᠭᠴᠢ ᠬᠦᠴᠤᠨ ᠢ ᠴᠢᠩᠭᠠᠳᠬᠠᠵᠤ᠂ ᠵᠢᠯ  ᠤᠨ ᠲᠤᠳᠤᠷ᠎ᠠ 2520 ᠲᠦᠮᠡᠨ ᠲᠦᠬᠦᠷᠢᠭ ᠤᠨ ᠪᠡᠯᠡ ᠣᠷᠣᠭᠤᠯᠣᠨ᠂ ᠲᠠᠩᠰᠠ ᠪᠠᠶᠢᠭᠤᠯᠵᠤ ᠺᠠᠷᠲ ᠤᠯᠭᠤᠭᠰᠡᠨ 438 ᠡᠷᠤᠬᠡ ᠶᠢᠨ 1188 ᠬᠦᠮᠤᠨ ᠢ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠠ ᠪᠦᠳᠤᠮᠵᠢ ᠶᠢ ᠪᠠᠳᠤᠳᠬᠠᠵᠤ ᠂ ᠰᠢᠨ᠎ᠠ ᠪᠠᠷ ᠬᠢᠨᠡᠨ ᠲᠤᠭᠳᠠᠭᠠᠭᠰᠡᠨ ᠶᠠᠳᠠᠭᠤ ᠬᠦᠴᠢᠷᠳᠡᠯᠳᠡᠢ 11 ᠡᠷᠤᠬᠡ ᠶᠢᠨ 29 ᠬᠦᠮᠤᠨ ᠪᠠ ᠶᠠᠳᠠᠭᠤ ᠠᠴᠠ ᠠᠩᠬᠢᠵᠢᠷᠠᠭᠠᠳᠤᠢ 9 ᠡᠷᠤᠬᠡ ᠶᠢᠨ 21 ᠬᠦᠮᠤᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠨ᠎ᠠ᠃ ᠭᠤᠷᠪᠡ ᠳᠤ᠂ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠠ᠃ ᠲᠡᠬᠡᠳᠤ ᠱᠠᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠭᠠᠠᠬᠤ ᠲᠤᠭᠤᠶᠢᠯᠠᠩ ᠤᠨ ᠲᠤᠰᠬᠠᠭᠰᠡᠨ ᠰᠠᠨᠠᠯ ᠢ   ᠰᠠᠶᠢᠳᠤᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠠᠬᠢ ᠦᠢᠯᠡᠳᠪᠤᠷᠢ ᠠᠭᠤᠷᠬᠠᠢ ᠶᠢᠨ ᠠᠵᠤ ᠠᠬᠤᠶᠢᠯᠡᠯ ᠢ ᠴᠠᠪᠠᠷᠯᠠᠨ᠂ ᠵᠤᠭᠠᠴᠠᠯ ᠤᠨ ᠴᠡᠭ ᠢ ᠵᠠᠰᠠᠨ ᠴᠡᠭᠴᠡᠯᠡᠵᠤ᠂ ᠲᠡᠬᠡᠳᠤ ᠱᠠᠳᠤᠨ ᠤ ᠡᠨᠧᠷᠬᠢ ᠶᠢ ᠠᠷᠪᠢᠯᠠᠨ ᠪᠤᠬᠢᠷᠳᠤᠯ ᠪᠠᠭᠠᠰᠬᠠᠬᠤ ᠡᠬᠦᠷᠬᠡ ᠶᠢ ᠪᠠᠶᠠᠯᠠᠬᠦᠯᠤᠨ᠎ᠠ᠃ ᠵᠢᠢ ᠳ᠋ᠦᠡᠭ ᠱᠦᠢᠨᠢ ᠶᠢᠨ ᠰᠢᠳᠠᠭᠠᠯᠭ᠎ᠠ ᠶᠢᠨ ᠬᠦᠮᠤᠷᠬᠡ ᠶᠢ ᠠᠰᠢᠭᠯᠠᠯᠳᠠ ᠳᠤ ᠤᠷᠤᠭᠤᠯᠤᠨ᠂ ᠵᠢᠶᠦ᠋ᠨ ᠯᠢᠶᠠᠨ᠂ ᠰᠢᠨ ᠶᠠᠩ ᠲᠤᠯᠠᠭᠠᠯᠭ᠎ᠠ ᠬᠠᠩᠭᠠᠬᠤ ᠦᠷᠳᠡᠭᠡᠨ ᠤ ᠪᠢᠳᠠᠬᠦᠮᠵᠢᠯᠡᠭᠰᠡᠨ ᠨᠡᠬᠦᠷᠡᠰᠤ ᠬᠠᠳᠠᠭᠠᠯᠠᠬᠤ ᠬᠦᠮᠤᠷᠬᠡ ᠶᠢ ᠠᠰᠢᠭᠯᠠᠯᠳᠠ ᠳᠤ ᠤᠷᠤᠭᠤᠯᠵᠤ᠂ 10 ᠲᠤᠨ ᠠᠴᠠ ᠲᠤᠷᠤᠭᠰᠢᠬᠢ ᠨᠡᠬᠦᠷᠡᠰᠤ ᠰᠢᠳᠠᠭᠠᠬᠤ ᠵᠤᠤᠬ᠎ᠠ ᠶᠢ ᠵᠤᠭᠰᠤᠭᠠᠬᠤ᠂ 45 ᠲᠦᠮᠡᠨ ᠲᠤᠨ ᠤ ᠨᠡᠬᠦᠷᠡᠰᠤᠨ ᠤ  ᠭᠠᠷᠭᠠᠯᠳᠠ ᠶᠢ ᠵᠤᠭᠰᠤᠭᠠᠨ᠎ᠠ᠃ ︽ᠭᠤᠤᠯ ︵ᠨᠠᠭᠤᠷ︶ ᠤᠨ ᠲᠠᠷᠤᠭ᠎ᠠ ᠶᠢᠨ ᠲᠦᠷᠢᠮ︾ ᠢ ᠪᠦᠷᠢᠨᠰᠢᠬᠦᠯᠦᠨ᠂ ᠪᠠᠶᠠᠩᠭᠤᠤᠯ᠂ ᠭᠤᠭᠤᠰᠤᠳᠡᠢ ᠭᠤᠤᠯ᠂ ᠬᠦᠢᠳᠡᠡᠭᠤᠤᠯ᠂ ᠴᠠᠭᠠᠡᠨᠠᠭᠤᠷ ᠤᠨ ᠠᠮᠢ ᠠᠬᠤᠢ ᠶᠢ ᠰᠠᠶᠢᠳᠤᠷ  ᠬᠠᠮᠠᠭᠠᠯᠠᠵᠤ ᠂ ᠪᠡᠯᠬᠦᠳᠡᠢ ᠪᠠᠯᠭᠠᠰᠤᠨ ᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠨ᠂ ᠶᠢᠨ ᠳ᠋ᠢ ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠬᠤ ᠠᠵᠢᠯ ᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠦᠷᠤᠯ ᠵᠥᠢᠯ ᠳᠤ ᠭᠠᠵᠡᠷ ᠬᠡᠷᠡᠭᠯᠡᠬᠦ ᠪᠠᠳᠤᠯᠠᠭ᠎ᠠ ᠬᠠᠩᠭᠠᠬᠤ ᠶᠢᠨ ᠬᠠᠮᠳᠤ᠂ ᠬᠢᠨᠡᠨ ᠵᠦᠪᠰᠢᠶᠠᠷᠡᠭᠰᠡᠨ ᠤ ᠲᠠᠷᠡᠭᠠᠬᠢ ᠬᠠᠮᠢᠶᠠᠷᠤᠯᠳᠠ ᠶᠢ ᠴᠢᠩᠭᠠᠳᠬᠠᠨ᠂ ᠬᠠᠤᠯᠢ ᠵᠦᠷᠢᠴᠡᠨ ᠭᠠᠵᠡᠷ ᠬᠡᠷᠡᠭᠯᠡᠬᠦ ᠪᠠ ᠬᠠᠤᠯᠢ ᠪᠤᠰᠤ ᠪᠠᠷ ᠠᠭᠤᠷᠬᠠᠢ ᠨᠡᠬᠡᠬᠡᠬᠦ ᠠᠵᠢᠯᠯᠠᠭ᠎ᠠ ᠳᠤ ᠴᠢᠩᠭ᠎ᠠ ᠴᠤᠬᠢᠯᠳᠡ ᠦᠭᠬᠦᠨ᠎ᠠ᠃ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠬᠦᠯᠬᠦ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠴᠠ ᠶᠢᠨ ᠪᠠᠶᠢᠭᠠᠯᠢ  ᠶᠢᠨ ᠬᠠᠮᠠᠭᠠᠯᠠᠯᠳᠠ ᠶᠢᠨ ᠤᠷᠤᠨ ᠤ ᠴᠢᠳᠠᠪᠬᠢᠳᠤ ᠲᠤᠭᠤᠷᠢᠭ ᠲᠤ ᠲᠤᠬᠢᠷᠠᠭᠤᠯᠤᠯᠳᠠ ᠬᠢᠵᠤ᠂ 6003 ᠡᠷᠤᠬᠡ ᠶᠢᠨ 3778 ᠲᠦᠮᠡᠨ ᠮᠤ᠋ ᠳᠤ ᠬᠠᠪᠤᠷ ᠤᠨ ᠤᠯᠠᠷᠢᠯ ᠲᠤ ᠰᠠᠯᠬᠦᠨ ᠮᠠᠯᠵᠢᠭᠤᠯᠵᠤ᠂ 17 ᠭᠠᠴᠠᠭᠠᠨ ᠤ 947 ᠡᠷᠤᠬᠡ  ᠶᠢᠨ 439 ᠲᠦᠮᠡᠨ ᠮᠤ᠋ ᠡᠯᠡᠰᠤᠷᠬᠡᠭ ᠭᠠᠵᠡᠷ ᠬᠤᠨᠢ ᠮᠠᠯᠵᠢᠬᠤ ᠶᠢ ᠵᠤᠭᠰᠤᠭᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠪᠠᠯᠠ ᠮᠦᠩᠬᠦ 1.3 ᠳ᠋ᠦᠩᠰᠢᠭᠤᠷ ᠲᠦᠬᠦᠷᠢᠭ᠂ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ 1700 ᠲᠦᠮᠡᠨ ᠲᠦᠬᠦᠷᠢᠭ ᠲᠠᠷᠬᠠᠭᠠᠨ᠂ 15 ᠲᠦᠮᠡᠨ ᠮᠤ᠋ ᠪᠠᠯᠴᠢᠬᠡᠷ ᠲᠤ ᠲᠤᠭᠤᠷᠢᠭ ᠬᠤᠪᠢᠶᠠᠨ ᠰᠠᠯᠬᠦᠨ ᠮᠠᠯᠵᠢᠵᠤ᠂ ᠨᠢᠰᠬᠡᠯ ᠢᠶᠠᠷ 1.5 ᠲᠦᠮᠡᠨ ᠮᠤ᠋ ᠦᠢᠵᠢᠭᠤᠯᠤᠨ᠂ ᠬᠦᠮᠤᠨ ᠤ ᠬᠦᠴᠤ ᠪᠠᠷ 2000 ᠮᠤ᠋ ᠦᠢᠵᠢᠭᠤᠯᠵᠤ᠂ 3000 ᠮᠤ᠋  ᠡᠯᠡᠰᠤᠷᠬᠡᠭ ᠭᠠᠵᠡᠷ ᠢ ᠲᠤᠭᠳᠠᠪᠤᠷᠢᠵᠢᠭᠤᠯᠤᠨ᠂ 500 ᠮᠤ᠋ ᠭᠤᠤᠯᠳᠠᠯᠭᠠᠳᠤ ᠤᠷᠤᠨ ᠪᠦᠰᠠ ᠶᠢ ᠨᠤᠭᠤᠭᠠᠷᠠᠭᠤᠯᠵᠤ᠂3000 ᠮᠤ᠋ ᠳᠤ ᠦᠢᠵᠢᠭᠤᠯᠬᠤ ᠨᠦᠬᠦᠪᠤᠷᠢ ᠶᠢᠨ ᠲᠦᠷᠤᠯ ᠵᠥᠢᠯ ᠬᠡᠷᠡᠭᠵᠢᠬᠦᠯᠤᠨ᠂ 2000 ᠮᠤ᠋ ᠠᠭᠤᠷᠬᠠᠢ ᠶᠢᠨ ᠲᠤᠭᠤᠷᠢᠭ ᠢ ᠵᠠᠰᠠᠨ ᠴᠡᠭᠴᠡᠯᠠᠵᠤ᠂ 215 ᠺᠢᠯᠤᠮᠧᠲᠷ ᠭᠠᠯ ᠰᠡᠷᠬᠡᠶᠢᠯᠡᠬᠦ ᠴᠡᠷ᠎ᠠ ᠬᠠᠭᠠᠯᠪᠤᠷᠢᠯᠠᠨ᠂ 810 ᠲᠦᠮᠡᠨ ᠮᠤ᠋ ᠨᠤᠳᠤᠭ ᠪᠠᠯᠴᠢᠬᠡᠷ ᠲᠤ ᠬᠤᠯᠤᠭᠠᠨ᠎ᠠ᠂ ᠬᠤᠷᠤᠬᠠᠢ ᠶᠢᠨ ᠬᠦᠨᠤᠬᠡᠯ ᠢ ᠰᠡᠷᠬᠡᠶᠢᠯᠡᠨ᠎ᠠ᠃ ︵ᠬᠤᠶᠡᠷ︶ ᠭᠤᠷᠪᠡᠨ ᠶᠡᠭᠡ ᠠᠵᠤ ᠦᠢᠯᠡᠰ ᠢ ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃  ᠨᠢᠬᠡ ᠳᠤ᠂ ᠤᠳᠤᠬᠢᠴᠢᠯᠠᠭᠰᠡᠨ ᠮᠠᠯ ᠠᠵᠤ ᠠᠬᠤᠢ ᠶᠢ ᠬᠦᠭᠵᠢᠬᠦᠯᠤᠨ᠎ᠠ᠃ ᠲᠠᠪᠠᠭᠤᠯᠢᠭ ᠠᠵᠤ ᠦᠢᠯᠡᠰ ᠢ ᠬᠦᠭᠵᠢᠬᠦᠯᠵᠤ᠂ 3000 ᠰᠢᠯᠢᠳᠡᠭ ᠡᠬᠦᠯᠳᠡᠷ ᠤᠨ ᠦᠬᠡᠷ ᠤᠷᠤᠭᠤᠯᠵᠤ᠂ 2 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠨ᠎ᠠ᠃ ᠠᠶᠢᠮᠠᠭ ᠤᠨ ᠲᠡᠰ ᠤᠨ 28 ᠰᠢᠯᠢᠳᠡᠭ ᠡᠬᠦᠯᠳᠡᠷ ᠤᠨ ᠦᠬᠡᠷ ᠤᠨ ᠭᠤᠤᠯᠳᠠᠯᠭᠠᠳᠤ ᠰᠦᠷᠦᠭ ᠪᠠ ᠦᠬᠡᠷ ᠲᠡᠵᠢᠬᠡᠨ ᠪᠤᠶᠢᠵᠢᠭᠤᠯᠬᠤ 100 ᠡᠷᠤᠬᠡ ᠶᠢᠨ ᠠᠷᠠᠴᠢᠯᠠᠭ᠎ᠠ ᠮᠠᠯᠵᠢᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ ᠰᠢᠨ᠎ᠠ ᠪᠠᠷ 1000 ᠠᠴᠠ ᠲᠡᠬᠡᠭᠰᠢ ᠦᠬᠡᠷ ᠮᠠᠯᠵᠢᠬᠤ ᠲᠠᠯᠠᠪᠠᠢ ᠨᠢᠬᠡ᠂ 300 ᠠᠴᠠ ᠲᠡᠬᠡᠭᠰᠢ ᠦᠬᠡᠷ ᠮᠠᠯᠵᠢᠬᠤ ᠲᠤᠰᠬᠠᠶᠢᠵᠢᠭᠰᠡᠨ ᠬᠤᠷᠰᠢᠶᠠᠵᠢᠯ 3᠂ 50   ᠠᠴᠠ ᠲᠡᠬᠡᠭᠰᠢ ᠦᠬᠡᠷ ᠮᠠᠯᠵᠢᠬᠤ ᠬᠡᠷ ᠪᠦᠯᠢ ᠶᠢᠨ ᠮᠠᠯᠵᠢᠯ ᠤᠨ ᠲᠠᠯᠠᠪᠠᠢ 30 ᠶᠢ ᠪᠠᠶᠢᠭᠤᠯᠵᠤ᠂ ᠦᠬᠡᠷ ᠤᠨ ᠭᠠᠷᠭᠠᠯᠳᠠ ᠶᠢ 8 ᠲᠦᠮᠨ ᠬᠦᠷᠬᠡᠨ᠎ᠠ᠃ ᠡᠪᠤᠯ ᠤᠨ ᠲᠦᠯ᠂ ᠡᠷᠳᠡ ᠶᠢᠨ ᠲᠦᠯ ᠲᠤᠰᠬᠤ ᠶᠢ ᠵᠤᠷᠢᠭᠵᠢᠭᠤᠯᠤᠨ ᠲᠠᠮᠵᠢᠵᠤ᠂ ᠤᠷᠢᠶᠠᠩᠬᠠᠢ ᠡᠬᠦᠯᠳᠡᠷ ᠤᠨ ᠬᠤᠨᠢ ᠮᠠᠯᠵᠢᠬᠤ ᠲᠠᠯᠠᠪᠠᠢ ᠶᠢ ᠤᠷᠤᠨ ᠤ ᠲᠡᠰ ᠤᠨ ᠪᠠᠷᠢᠮᠵᠢᠶ᠎ᠠ ᠳᠤ ᠬᠦᠷᠬᠡᠵᠤ᠂ 2000 ᠰᠢᠯᠢᠳᠡᠭ ᠬᠤᠴᠠ ᠪᠤᠶᠢᠵᠢᠭᠤᠯᠵᠤ᠂ 5000 ᠬᠤᠨᠢᠨ ᠳᠤ ᠭᠠᠷ ᠬᠡᠬᠡᠯᠳᠤᠬᠦᠯᠬᠡ ᠬᠢᠵᠤ᠂ ᠭᠤᠤᠯᠳᠠᠯᠭᠠᠳᠤ ᠰᠦᠷᠦᠭ 20 ᠶᠢ ᠰᠢᠨ᠎ᠠ ᠪᠠᠷ ᠪᠠᠶᠢᠭᠤᠯᠤᠨ᠂ ᠬᠤᠨᠢᠨ ᠤ ᠭᠠᠷᠭᠠᠯᠳᠠ ᠶᠢ 90 ᠲᠦᠮᠨ ᠬᠦᠷᠬᠡᠨ᠎ᠠ᠃ ᠴᠠᠭᠠᠨ ᠢᠳᠡᠭᠡ ᠡᠳ᠋ᠰᠢᠬᠦᠯᠤᠨ ᠪᠤᠯᠪᠠᠰᠤᠷᠠᠭᠤᠯᠬᠤ ᠠᠵᠤ ᠠᠬᠤᠶᠢᠯᠡᠯ ᠤᠨ ᠬᠦᠭᠵᠢᠯᠳᠠ ᠶᠢ ᠠᠬᠢᠭᠤᠯᠵᠤ᠂ ᠮᠠᠯᠴᠢᠳ ᠤᠨ ᠤᠯᠠᠮᠵᠢᠯᠠᠯᠳᠤ ᠴᠠᠭᠠᠨ ᠢᠳᠡᠭᠡ ᠪᠤᠷᠤᠯᠠᠭᠤᠯᠬᠤ ᠪᠠᠷ ᠲᠠᠮᠵᠢᠨ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠂ 180 ᠲᠤᠨ ᠴᠠᠭᠠᠨ ᠢᠳᠡᠭᠡ᠂ 300 ᠲᠤᠨ ᠴᠡᠭᠡ ᠪᠤᠷᠤᠯᠠᠭᠤᠯᠵᠤ᠂ 18 ᠲᠤᠨ ᠴᠡᠬᠡᠨ ᠤ ᠲᠠᠯᠬ᠎ᠠ ᠶᠢ ᠦᠢᠯᠡᠳᠪᠤᠷᠢᠯᠡᠨ᠎ᠠ᠃ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢ ᠵᠤᠬᠢᠰᠳᠡᠢ ᠦᠷᠬᠡᠳᠬᠡᠨ᠂ 2.4 ᠳ᠋ᠦᠩᠰᠢᠭᠤᠷ ᠺᠢᠯᠦᠭᠷᠡᠮ ᠡᠪᠡᠰᠤ ᠬᠠᠳᠤᠵᠤ ᠨᠦᠬᠡᠴᠠᠯᠠᠨ᠂ ︽ᠠᠮᠢᠯᠠ︾ ᠪᠤᠳᠠ ᠪᠤᠷᠭᠠᠰᠤ ᠪᠠᠷ ᠵᠢᠯ ᠳᠤ 5000 ᠲᠤᠨ ᠪᠤᠷᠳᠤᠭ᠎ᠠ ᠡᠳ᠋ᠰᠢᠬᠦᠯᠬᠦ ᠲᠦᠷᠤᠯ ᠵᠥᠢᠯ ᠢ ᠠᠰᠢᠭᠯᠠᠯᠳᠠ ᠳᠤ ᠤᠷᠤᠭᠤᠯᠤᠨ᠎ᠠ᠃ ᠡᠵᠡᠩᠨᠡᠯᠳᠡ ᠶᠢᠨ ᠬᠡᠯᠪᠡᠷᠢ ᠶᠢ ᠰᠢᠨᠡᠴᠢᠯᠡᠵᠤ᠂ ᠵᠢᠯ ᠤᠨ ᠲᠤᠳᠤᠷ᠎ᠠ ᠮᠠᠯᠴᠢᠳ ᠤᠨ ᠲᠤᠰᠬᠠᠶᠢᠵᠢᠭᠰᠡᠨ ᠬᠤᠷᠰᠢᠶᠠᠵᠢᠯ 10 ᠶᠢ ᠲᠦᠷᠢᠮᠵᠢᠬᠦᠯᠤᠨ᠂ ᠬᠡᠷ ᠪᠦᠯᠢ ᠶᠢᠨ ᠮᠠᠯᠵᠢᠯ  ᠤᠨ ᠲᠠᠯᠠᠪᠠᠢ 35 ᠶᠢ ᠬᠢᠨᠡᠨ ᠲᠤᠭᠳᠠᠭᠠᠵᠤ᠂ ᠤᠷᠤᠨ ᠤ ᠲᠡᠰ ᠤᠨ ᠲᠤᠯᠤᠭᠠᠶᠢᠯᠠᠭᠴᠢ ᠠᠵᠤ ᠠᠬᠤᠶᠢᠯᠡᠯ ᠨᠢᠬᠡ ᠶᠢ ᠪᠠᠶᠢᠭᠤᠯᠤᠨ᠎ᠠ᠃ ᠮᠠᠯᠵᠢᠬᠤ ᠦᠢᠯᠡᠳᠪᠤᠷᠢᠯᠡᠯ ᠤᠨ ᠦᠢᠯᠡᠴᠢᠯᠡᠬᠡᠨ ᠤ ᠠᠩᠬᠢ ᠶᠢᠨ ᠴᠢᠳᠠᠪᠬᠢ ᠶᠢ ᠨᠢ ᠲᠡᠬᠡᠭᠰᠢᠯᠡᠬᠦᠯᠤᠨ᠎ᠠ᠃ ︽ᠭᠤᠷᠪᠡᠨ ᠪᠦᠳᠤᠬᠡᠭᠳᠡᠬᠦᠨ ᠨᠢᠬᠡ ᠲᠡᠮᠳᠡᠭᠳᠤ︾ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠡᠬᠦᠳᠤᠯᠳᠡ ᠶᠢ ᠲᠦᠷᠬᠡᠳᠬᠡᠨ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠶᠠᠰᠤ ᠴᠢᠨᠠᠷ  ᠢ ᠮᠦᠷᠳᠡᠵᠤ ᠪᠤᠯᠬᠤᠶᠢᠴᠠ ᠲᠤᠭᠳᠠᠯᠴᠠᠭᠠᠨ ᠤ ᠪᠠᠶᠢᠭᠤᠯᠤᠯᠳᠠ ᠶᠢ ᠠᠬᠢᠭᠤᠯᠵᠤ᠂ 10 ᠲᠦᠮᠡᠨ ᠬᠤᠷᠠᠭᠠᠨ ᠳᠤ ᠡᠬᠡᠮᠤᠭ᠌ ᠵᠡᠬᠦᠯᠬᠡᠨ᠎ᠠ᠃ ᠲᠤᠯᠭᠠᠭᠤᠷᠢᠯᠠᠬᠤ ᠴᠢᠳᠠᠪᠬᠢ ᠶᠢ ᠴᠢᠩᠭᠠᠳᠬᠠᠵᠤ᠂ ᠰᠢᠨ᠎ᠠ ᠪᠠᠷ 8.2 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠫᠸᠡᠭ᠂ 1.4 ᠲᠦᠮᠡᠨ ᠲᠡᠭᠰᠢ ᠲᠦᠷᠪᠡᠯᠵᠢᠨ ᠮᠧᠲᠷ ᠡᠪᠡᠰᠤᠨ ᠰᠠᠷᠠᠪᠴᠢ ᠪᠠᠶᠢᠭᠤᠯᠵᠤ᠂100 ᠰᠠᠤᠷᠢ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠬᠤᠳᠠᠯᠳᠤᠨ ᠤᠷᠤᠭᠤᠯᠵᠤ᠂ ᠲᠡᠵᠢᠬᠡᠯ ᠪᠤᠷᠳᠤᠭ᠎ᠠ ᠶᠢᠨ ᠵᠢᠬᠡᠯᠡᠯᠬᠡ 3800 ᠲᠦᠮᠡᠨ ᠲᠦᠬᠦᠷᠢᠭ ᠲᠠᠷᠬᠠᠭᠠᠨ᠎ᠠ᠃ ᠮᠠᠯ ᠤᠨ ᠬᠢᠵᠢᠭ ᠬᠡᠮ ᠢ ᠰᠡᠷᠬᠡᠶᠢᠯᠡᠬᠦ ᠠᠵᠢᠯ ᠢ ᠴᠢᠩᠭ᠎ᠠ ᠠᠳᠬᠤᠵᠤ᠂ ᠰᠡᠷᠬᠡᠶᠢᠯᠡᠬᠦ ᠲᠠᠷᠢᠯᠭ᠎ᠠ ᠲᠠᠷᠢᠭᠰᠡᠨ ᠨᠤᠷᠮ᠎ᠠ ᠶᠢ 100% ᠳᠤ ᠬᠦᠷᠬᠡᠨ᠎ᠠ᠃ ᠲᠦᠷᠤ ᠶᠢᠨ ᠪᠤᠳᠤᠯᠭ᠎ᠠ ᠶᠢᠨ ᠴᠢᠨᠠᠷᠳᠡᠢ ᠲᠠᠭᠠᠳᠬᠠᠯ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ 80% ᠶᠢᠨ ᠬᠤᠨᠢ ᠶᠢ ᠴᠠᠭ ᠠᠭᠤᠷ ᠤᠨ ᠵᠢᠭᠠᠯᠳᠠ ᠲᠤᠭᠠᠨ ᠤ ᠲᠠᠭᠠᠳᠬᠠᠯ ᠳᠤ ᠤᠷᠤᠭᠤᠯᠵᠤ᠂ ᠦᠬᠡᠷ ᠤᠨ ᠡᠳ᠋ ᠬᠦᠷᠤᠩᠬᠡ  ᠶᠢᠨ ᠲᠠᠭᠠᠳᠬᠠᠯ ᠤᠨ ᠠᠵᠢᠯ ᠢ ᠢᠳᠡᠪᠬᠢᠳᠡᠢ ᠠᠬᠢᠭᠤᠯᠤᠨ᠎ᠠ᠃ ᠮᠡᠷᠬᠡᠵᠢᠯ ᠤᠨ ᠪᠤᠯᠪᠠᠰᠤᠷᠠᠯ ᠢ ᠴᠢᠩᠭᠠᠳᠬᠠᠨ᠂ 1800 ᠬᠦᠮᠤᠨ ᠤᠳᠠᠭ᠎ᠠ ᠪᠤᠯᠪᠠᠰᠤᠷᠠᠯ ᠬᠦᠷᠳᠡᠬᠡᠵᠤ᠂ 100 ᠨᠠᠷ᠎ᠠ ᠲᠠᠭᠠᠭᠤᠯᠤᠭᠴᠢ ᠴᠢᠳᠠᠪᠤᠷᠢᠳᠠᠨ ᠢ ᠬᠦᠮᠤᠵᠢᠬᠦᠯᠤᠨ᠎ᠠ᠃ ᠬᠤᠶᠡᠷ ᠲᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠲᠦᠷᠬᠡᠳᠬᠡᠨ᠎ᠠ᠃ ᠡᠨᠧᠷᠬᠢ  ᠶᠢᠨ ᠠᠵᠤ ᠦᠢᠯᠡᠰ ᠢ ᠬᠦᠭᠵᠢᠬᠦᠯᠵᠤ᠂ ᠴᠠᠭᠠᠡᠨᠠᠭᠤᠷ 500 ᠲᠦᠮᠡᠨ ᠲᠤᠨ ᠤ ᠨᠠᠬᠦᠷᠡᠰᠤᠨ ᠠᠭᠤᠷᠬᠠᠢ ᠶᠢ ᠬᠢᠨᠡᠨ ᠵᠦᠪᠰᠢᠶᠠᠷᠡᠬᠦᠯᠵᠤ᠂ 2×66 ᠲᠦᠮᠡᠨ ᠺᠢᠯᠤᠸᠠᠲ ᠤᠨ ᠴᠠᠬᠢᠯᠭᠠᠨ ᠭᠠᠷᠭᠠᠬᠤ ᠲᠦᠷᠤᠯ ᠵᠥᠢᠯ ᠤᠨ ᠪᠠᠷᠢᠯᠭ᠎ᠠ ᠶᠢ ᠡᠬᠢᠯᠡᠬᠦᠯᠤᠨ᠎ᠠ᠃ ᠱᠠᠩᠬᠠᠢ ᠶᠢᠨ ᠰᠧ ᠨᠸᠡᠭ᠂ ᠰᠢᠨ ᠴᠸᠡᠭ᠂ ᠬᠤᠸᠠ ᠨᠸᠡᠭ ᠬᠤᠸ᠋ᠨ ᠪᠸᠢ  ᠵᠡᠷᠬᠡ ᠭᠤᠷᠪᠡᠨ ᠠᠵᠤ ᠠᠬᠤᠶᠢᠯᠡᠯ ᠤᠨ ᠨᠢᠬᠡᠳᠤᠬᠡᠷ ᠬᠤᠭᠤᠴᠠᠭᠠᠨ ᠤ ᠶᠠᠷᠤᠩᠬᠡᠢ ᠮᠠᠰᠢᠨ ᠴᠤᠭᠴᠠᠯᠠᠪᠤᠷᠢ ᠨᠢ 42.5 ᠲᠦᠮᠡᠨ ᠺᠢᠯᠤᠸᠠᠲ  ᠤᠨ ᠰᠠᠯᠬᠢᠨ ᠴᠠᠬᠢᠯᠭᠠᠨ ᠤ ᠲᠦᠷᠤᠯ ᠵᠥᠢᠯ ᠪᠠ ᠡᠷᠢᠶᠠᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 15 ᠲᠦᠮᠡᠨ ᠺᠢᠯᠤᠸᠤᠯᠲ ᠤᠨ ᠲᠦᠷᠤᠯ ᠵᠥᠢᠯ ᠢ ᠵᠢᠯ ᠤᠨ ᠲᠤᠳᠤᠷ᠎ᠠ ᠴᠠᠬᠢᠯᠭᠠᠨ ᠲᠤᠤᠷ ᠲᠤ ᠤᠷᠤᠭᠤᠯᠤᠨ᠎ᠠ᠃ ᠲᠤᠮᠳᠠᠳᠤ ᠤᠯᠤᠰ ᠤᠨ ᠡᠨᠧᠷᠬᠢ ᠶᠢᠨ ᠪᠦᠳᠤᠬᠡᠨ ᠪᠠᠶᠢᠭᠤᠯᠤᠯᠳᠠ᠂ ᠬᠤᠸᠠ ᠨᠸᠡᠭ᠂ ᠯᠢᠥᠢ ᠨᠸᠡᠭ  ᠤᠨ ᠨᠢᠬᠡᠳᠤᠬᠡᠷ ᠬᠤᠭᠤᠴᠠᠭ᠎ᠠ᠂ ᠲᠢᠶᠠᠨ ᠷᠦᠨ ᠨᠢᠬᠡᠳᠤᠬᠡᠷ ᠬᠤᠭᠤᠴᠠᠭ᠎ᠠ ᠵᠡᠷᠬᠡ 4 ᠲᠦᠷᠤᠯ ᠵᠥᠢᠯ ᠤᠨ ᠶᠠᠷᠤᠩᠬᠡᠢ ᠮᠠᠰᠢᠨ ᠴᠤᠭᠴᠠᠯᠠᠪᠤᠷᠢ ᠨᠢ 77.5 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠤᠯ ᠵᠥᠢᠯ ᠪᠠ ᠡᠷᠢᠶᠠᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠳᠠᠬᠢ ᠪᠦᠯᠦᠭᠯᠡᠯ ᠤᠨ 23 ᠲᠦᠮᠡᠨ ᠺᠢᠯᠤᠸᠠᠲ ᠤᠨ ᠰᠠᠯᠬᠢᠨ ᠴᠠᠬᠢᠯᠭᠠᠨ  ᠤ ᠲᠦᠷᠤᠯ ᠵᠥᠢᠯ ᠢ ᠵᠢᠯ ᠤᠨ ᠲᠤᠳᠤᠷ᠎ᠠ ᠪᠠᠷᠢᠯᠭ᠎ᠠ ᠡᠬᠢᠯᠡᠬᠦᠯᠵᠤ᠂ ᠨᠠᠶᠢᠳᠠ 30 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠯᠳᠠ ᠶᠢ ᠪᠠᠶᠠᠯᠠᠬᠦᠯᠤᠨ᠎ᠠ᠃ ᠠᠭᠤᠷᠬᠠᠢ ᠶᠢᠨ ᠬᠦᠳᠡᠷ ᠰᠢᠯᠢᠬᠦ ᠠᠵᠤ ᠦᠢᠯᠡᠰ ᠢ ᠬᠦᠭᠵᠢᠬᠦᠯᠵᠤ᠂ ᠭᠤᠷᠴᠢ ᠶᠢᠨ ᠡᠳᠤᠷ ᠲᠤ 2000 ᠲᠤᠨ ᠤᠯᠠᠨ ᠦᠩᠬᠡᠳᠤ ᠲᠠᠮᠦᠷᠯᠢᠭ ᠤᠨ ᠬᠦᠳᠡᠷ ᠰᠢᠯᠢᠬᠦ ᠲᠦᠷᠤᠯ ᠵᠥᠢᠯ ᠢ ᠲᠡᠬᠡᠷ᠎ᠠ ᠬᠠᠭᠠᠰ ᠵᠢᠯ ᠳᠤ ᠠᠰᠢᠭᠯᠠᠯᠳᠠ ᠳᠤ ᠤᠷᠤᠭᠤᠯᠤᠨ᠂ ᠯᠦᠡᠭ ᠰᠢᠩ ᠬᠠᠶᠢᠯᠤᠭᠤᠷ ᠵᠤᠩᠰᠢ  ᠶᠢᠨ ᠠᠭᠤᠷᠬᠠᠢ ᠶᠢ ᠦᠷᠬᠡᠳᠬᠡᠨ ᠲᠡᠰ ᠲᠠᠪᠰᠢᠬᠦᠯᠵᠤ᠂ ᠶᠢᠨ ᠳ᠋ᠢ ᠵᠠᠰ ᠮᠤᠯᠢᠹᠳᠧᠨ ᠶᠢᠨ ᠠᠭᠤᠷᠬᠠᠢ ᠶᠢᠨ ᠲᠤᠭᠳᠠᠭᠤᠨ ᠡᠵᠡᠩᠨᠡᠯᠳᠡ ᠶᠢ ᠪᠠᠳᠤᠯᠠᠨ᠂ ᠵᠢᠯ ᠤᠨ ᠲᠤᠳᠤᠷ᠎ᠠ ᠵᠠᠰ ᠮᠤᠯᠢᠹᠳᠧᠨ ᠶᠢᠨ ᠨᠠᠷᠢᠯᠢᠭ ᠨᠤᠡᠳᠠᠭ 3000 ᠲᠤᠨ᠂ ᠮᠦᠩᠬᠦ ᠴᠠᠶᠢᠷ ᠲᠤᠭᠤᠯᠭ᠎ᠠ ᠶᠢᠨ ᠨᠤᠡᠳᠠᠭ 1 ᠲᠦᠮᠡᠨ ᠲᠤᠨ᠂ ᠬᠠᠶᠢᠯᠤᠭᠤᠷ ᠵᠤᠩᠰᠢ 3 ᠲᠦᠮᠡᠨ ᠲᠤᠨ  ᠠᠴᠠ ᠲᠡᠬᠡᠭᠰᠢ ᠦᠢᠯᠡᠳᠪᠤᠷᠢᠯᠡᠨ᠎ᠠ᠃ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠠᠵᠤ ᠦᠢᠯᠡᠰ  ᠢ ᠬᠦᠭᠵᠢᠬᠦᠯᠵᠤ᠂ 5 ᠤᠯᠠᠭᠠᠨ ᠢᠳᠡᠬᠡᠨ ᠡᠳ᠋ᠰᠢᠬᠦᠯᠤᠨ ᠪᠤᠯᠪᠠᠰᠤᠷᠠᠭᠤᠯᠬᠤ ᠠᠵᠤ ᠠᠬᠤᠶᠢᠯᠡᠯ ᠤᠨ ᠲᠤᠭᠳᠠᠭᠤᠨ ᠡᠵᠡᠩᠨᠡᠯᠳᠡ ᠶᠢ ᠪᠠᠳᠤᠯᠠᠨ᠂ ᠵᠢᠯ ᠳᠤ 50 ᠲᠦᠮᠡᠨ ᠬᠤᠨᠢᠴᠢᠯᠠᠭᠰᠡᠨ ᠨᠢᠬᠡᠴᠠ ᠠᠴᠠ ᠲᠡᠬᠡᠭᠰᠢ ᠮᠠᠯ ᠡᠳ᠋ᠰᠢᠬᠦᠯᠤᠨ ᠪᠤᠯᠪᠠᠰᠤᠷᠠᠭᠤᠯᠤᠨ᠎ᠠ᠃ ᠲᠤᠮᠳᠠ ᠪᠠᠭ᠎ᠠ ᠠᠵᠤ ᠠᠬᠤᠶᠢᠯᠡᠯ ᠤᠨ ᠦᠢᠯᠡᠰ ᠪᠤᠰᠬᠠᠵᠤ ᠠᠵᠢᠯ ᠤᠯᠭᠤᠬᠤ ᠲᠤᠭᠤᠷᠢᠭ  ᠤᠨ ᠪᠠᠶᠢᠭᠤᠯᠤᠯᠳᠠ ᠶᠢ ᠲᠦᠷᠬᠡᠳᠬᠡᠨ᠂ ᠰᠠᠭᠤᠷᠢ ᠲᠦᠬᠦᠬᠡᠷᠤᠮᠵᠢ ᠶᠢ ᠪᠦᠷᠢᠡᠰᠢᠬᠦᠯᠤᠨ᠂ ᠦᠢᠯᠡᠳᠪᠤᠷᠢ ᠶᠢᠨ ᠲᠤᠭᠤᠷᠢᠭ ᠢ ᠨᠤᠭᠤᠭᠠᠷᠠᠭᠤᠯᠵᠤ᠂ ᠭᠤᠸᠠᠵᠢᠭᠤᠯᠤᠨ ᠬᠡᠬᠡᠷᠡᠬᠦᠯᠵᠤ᠂ ᠮᠦᠩᠬᠦᠨ ᠲᠤᠯᠢ ᠮᠤᠩᠭᠤᠯ ᠬᠡᠷ ᠤᠨ ᠦᠢᠯᠡᠳᠪᠤᠷᠢ ᠪᠤᠯᠤᠨ ᠰᠢᠨ ᠴᠢᠶᠠᠩ ᠨᠤᠤᠰᠤ ᠨᠤᠤᠯᠤᠷ ᠪᠤᠯᠪᠠᠰᠤᠷᠠᠭᠤᠯᠬᠤ ᠦᠢᠯᠡᠳᠪᠤᠷᠢ ᠶᠢ ᠠᠰᠢᠭᠯᠠᠯᠳᠠ ᠳᠤ ᠤᠷᠤᠭᠤᠯᠵᠤ᠂ ᠵᠧᠵᠢᠶᠠᠩ ᠢ ᠪᠠᠨᠭ᠌ ᠤᠨ ᠠᠵᠤ ᠦᠢᠯᠡᠰ ᠤᠨ ᠬᠡᠯᠬᠢᠶᠠᠵᠢᠯ ᠤᠨ ᠲᠦᠷᠤᠯ ᠵᠥᠢᠯ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ  ︵ᠶᠠᠷᠤᠩᠬᠡᠢ ᠪᠡᠯᠡ ᠤᠷᠤᠭᠤᠯᠤᠯᠳᠠ 15 ᠳ᠋ᠦᠩᠰᠢᠭᠤᠷ︶ ᠶᠢ ᠡᠬᠢᠯᠡᠬᠦᠯᠤᠨ᠎ᠠ᠃ ᠭᠤᠷᠪᠡ ᠳᠤ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠠᠮᠢ ᠠᠬᠤᠢ ᠰᠤᠶᠤᠯ ᠵᠤᠭᠠᠴᠠᠯ  ᠤᠨ ᠦᠢᠯᠡᠰ ᠤᠨ ᠬᠦᠭᠵᠢᠯᠳᠠ ᠶᠢ ᠲᠦᠷᠬᠡᠳᠬᠡᠨ᠂ ︽ᠠᠪᠠᠭ᠎ᠠ ᠬᠤᠰᠢᠭᠤᠨ ᠤ ᠪᠦᠬᠦ  ᠬᠡᠪᠴᠢᠶᠡᠨ ᠳᠠᠬᠢ ᠵᠤᠭᠠᠴᠠᠯ  ᠢ ᠬᠦᠭᠵᠢᠬᠦᠯᠬᠦ ᠶᠠᠷᠤᠩᠬᠡᠢ ᠲᠦᠯᠤᠪᠵᠢᠬᠦᠯᠬᠡ︾ ᠪᠠ ᠠᠷᠠᠯᠵᠢᠶᠠᠴᠢᠨ ᠤᠷᠢᠬᠤ ᠲᠦᠷᠤᠯ ᠵᠥᠢᠯ ᠤᠨ ᠲᠤᠰᠬᠠᠢ ᠲᠦᠯᠤᠪᠵᠢᠬᠦᠯᠬᠡ ᠶᠢ ᠨᠠᠶᠢᠷᠠᠭᠤᠯᠤᠨ᠂ ᠰᠢᠡᠵᠢᠯᠡᠬᠦ ᠤᠬᠠᠭᠠᠡᠴᠢ ᠪᠦᠷᠢᠨ ᠲᠦᠬᠦᠷ  ᠲᠦᠯᠤᠪᠵᠢᠬᠦᠯᠬᠡ ᠶᠢᠨ ᠲᠤᠭᠳᠠᠯᠴᠠᠭ᠎ᠠ ᠪᠠᠷ ᠵᠤᠭᠠᠴᠠᠯ ᠤᠨ ᠦᠢᠯᠡᠰ ᠤᠨ ᠡᠷᠡᠬᠦᠯ ᠬᠦᠭᠵᠢᠯᠳᠠ ᠶᠢ ᠠᠬᠢᠭᠤᠯᠤᠨ᠎ᠠ᠃ ᠬᠦᠷᠰᠢ ᠵᠠᠷᠬᠡᠯᠡᠳᠡᠭᠡ ᠭᠠᠵᠡᠷ ᠤᠷᠤᠨ ᠲᠠᠢ ᠬᠠᠮᠳᠤᠷᠠᠯᠴᠠᠭ᠎ᠠ ᠪᠠᠨ ᠴᠢᠩᠭᠠᠳᠬᠠᠨ᠂ ᠵᠤᠭᠠᠴᠠᠯ ᠤᠨ ᠵᠠᠮ ᠱᠤᠭᠤᠮ ᠲᠤᠭᠳᠠᠭᠠᠨ᠂ ᠵᠠᠬ᠎ᠠ ᠲᠡᠯᠬᠡᠬᠦᠷ ᠢ ᠨᠠᠬᠡᠬᠡᠨ ᠬᠦᠭᠵᠢᠬᠦᠯᠵᠤ᠂ ᠵᠢᠯ ᠤᠨ ᠲᠤᠳᠤᠷ᠎ᠠ 3 ᠵᠤᠷᠪᠤᠰ ᠤᠯᠠᠨ ᠡᠳᠤᠷ ᠤᠨ ᠵᠤᠭᠠᠴᠠᠯ ᠤᠨ ᠱᠤᠭᠤᠮ  ᠢ ᠨᠡᠬᠡᠬᠡᠨ᠎ᠠ᠃ ᠵᠠᠰᠠᠭ ᠤᠨ ᠤᠷᠳᠤᠨ ᠪᠡᠯᠡ ᠮᠦᠩᠬᠦ ᠪᠠᠷ ᠵᠢᠯᠤᠭᠤᠳᠤᠨ ᠲᠠᠭᠠᠭᠤᠯᠵᠤ᠂ ᠵᠠᠬ᠎ᠠ ᠲᠡᠯᠬᠡᠬᠦᠷᠵᠢᠬᠦᠯᠬᠦ ᠬᠡᠯᠪᠡᠷᠢ ᠪᠠᠷ ᠪᠡᠯᠬᠦᠳᠡᠢ ᠵᠢᠰᠠ ᠪᠠᠷ ᠰᠠᠭᠤᠷᠢᠯᠠᠵᠤ᠂ ᠴᠡᠭᠡ ᠰᠤᠪᠢᠯᠠᠯᠳᠠ᠂ ᠬᠠᠷ᠎ᠠ ᠠᠳᠤᠭᠤᠨ ᠵᠢᠷᠤᠭ ᠰᠠᠬᠦᠳᠡᠷ᠂ ᠰᠤᠷ ᠡᠳ᠋ᠯᠡᠯ᠂ ᠠᠳᠤᠭᠤᠨ ᠤ ᠵᠠᠬ᠎ᠠ ᠬᠤᠳᠠᠯᠳᠤᠭ᠎ᠠ ᠵᠡᠷᠬᠡ ᠠᠳᠤᠭᠤᠨ ᠰᠤᠶᠤᠯ ᠤᠨ ᠦᠵᠡᠮᠵᠢᠳᠤ ᠲᠤᠭᠤᠷᠢᠭ ᠢ ᠪᠦᠬᠦ ᠲᠠᠯ᠎ᠠ ᠪᠠᠷ ᠴᠤᠭᠴᠠᠯᠠᠨ᠂ ᠵᠢᠯ ᠤᠨ ᠲᠤᠳᠤᠷ᠎ᠠ ᠠᠵᠤ ᠠᠬᠤᠶᠢᠯᠡᠯ ᠢ ᠤᠷᠢᠨ ᠠᠪᠴᠢᠷᠠᠬᠤ᠂ ᠵᠤᠭᠠᠴᠠᠯ ᠤᠨ ᠬᠤᠷᠰᠢᠶᠠᠵᠢᠯ ᠪᠠᠶᠢᠭᠤᠯᠬᠤ ᠪᠠ ︽ᠠᠪᠠᠭ᠎ᠠ ᠬᠠᠷ᠎ᠠ ᠠᠳᠤᠭᠤᠨ ᠠᠶᠢᠯ︾ ᠢ ᠴᠤᠭᠴᠠᠯᠠᠬᠤ ᠠᠵᠢᠯ ᠢ ᠰᠠᠶᠢᠳᠤᠷ ᠠᠳᠬᠤᠨ᠎ᠠ᠃ ᠬᠠᠷ᠎ᠠ ᠠᠳᠤᠭᠤᠨ ᠰᠤᠶᠤᠯ ᠤᠨ ᠨᠠᠶᠢᠷ᠂ ᠴᠢᠩᠬᠢᠰ ᠪᠤᠭᠳᠠ ᠠᠭᠤᠯᠠ ᠶᠢᠨ ᠲᠠᠬᠢᠯᠭ᠎ᠠ᠂ ᠬᠦᠡᠵᠡᠪ ᠤᠪᠤᠭᠠᠨ ᠲᠡᠬᠢᠯᠭ᠎ᠠ᠂ ᠪᠡᠯᠬᠦᠳᠡᠢ ᠶᠢᠨ ᠲᠠᠬᠢᠯᠭ᠎ᠠ ᠵᠡᠷᠬᠡ ᠵᠠᠩ ᠦᠢᠯᠡ ᠶᠢᠨ ᠠᠵᠢᠯᠯᠠᠭ᠎ᠠ ᠶᠢ ᠰᠠᠶᠢᠳᠤᠷ ᠦᠷᠨᠢᠬᠦᠯᠵᠤ᠂ ᠨᠦᠯᠤᠬᠡ ᠲᠤᠰᠬᠠᠯ ᠢᠶᠠᠨ ᠦᠷᠬᠡᠳᠬᠡᠨ᠂ ᠵᠢᠯ ᠳᠤ 35 ᠲᠦᠮᠡᠨ ᠬᠦᠮᠤᠨ ᠤᠳᠠᠭ᠎ᠠ ᠵᠤᠭᠠᠴᠠᠭᠰᠡᠳ ᠢ ᠬᠦᠯᠢᠶᠠᠨ ᠵᠤᠴᠢᠯᠠᠵᠤ᠂ 1.93 ᠳ᠋ᠦᠩᠰᠢᠭᠤᠷ ᠲᠦᠬᠦᠷᠢᠭ ᠤᠨ ᠤᠷᠤᠯᠭ᠎ᠠ ᠡᠬᠦᠳᠤᠨ᠂ ᠠᠳᠠᠯᠢ ᠬᠤᠭᠤᠴᠠᠭᠠᠨ ᠠᠴᠠ ᠲᠤᠰ ᠲᠤᠰ 11% ᠪᠠ 12% ᠢᠶᠠᠷ ᠨᠡᠮᠡᠭᠳᠡᠬᠦᠯᠤᠨ᠎ᠠ᠃ ᠦᠢᠯᠡᠳᠪᠤᠷᠢᠯᠡᠯ ᠠᠮᠢᠳᠤᠷᠡᠯ ᠤᠨ ᠦᠢᠯᠡᠴᠢᠯᠡᠬᠡᠨ ᠤ ᠦᠢᠯᠡᠰ  ᠢ ᠢᠳᠡᠪᠬᠢᠳᠡᠢ ᠬᠦᠭᠵᠢᠬᠦᠯᠵᠤ᠂ ᠪᠦᠬᠡᠮ ᠢᠶᠠᠷ ᠪᠤᠷᠤᠯᠠᠭᠤᠯᠬᠤ ᠪᠠ ᠵᠢᠵᠢᠭᠯᠡᠨ‌ᠬᠤᠳᠠᠯᠳᠤᠬᠤ᠂ ᠬᠤᠭᠤᠯᠠ ᠤᠮᠳᠠᠭᠠᠨ ᠵᠤᠴᠢᠳ ᠤᠨ ᠪᠠᠭᠤᠳᠠᠯ ᠤᠨ ᠦᠢᠯᠡᠰ ᠢ ᠲᠡᠰ ᠲᠠᠪᠰᠢᠬᠦᠯᠵᠤ᠂ ᠵᠤᠭᠠᠴᠠᠭᠰᠡᠳ ᠲᠤ ᠪᠦᠷᠢᠨ ᠲᠦᠬᠦᠷ ᠨᠦᠬᠦᠴᠡᠯ ᠬᠠᠩᠭᠠᠨ᠎ᠠ᠃ ᠪᠤᠳᠠᠰ ᠤᠨ ᠬᠦᠢᠯᠬᠡᠬᠡᠨ ᠤ ᠦᠢᠯᠡᠰ ᠢ ᠬᠦᠭᠵᠢᠬᠦᠯᠵᠤ᠂ ᠪᠤᠳᠠᠰ ᠤᠨ ᠬᠦᠢᠯᠬᠡᠬᠡᠨ ᠤ ᠲᠤᠭᠤᠷᠢᠭ ᠤᠨ ᠪᠠᠶᠢᠭᠤᠯᠤᠯᠳᠠ ᠶᠢ ᠡᠬᠢᠯᠡᠬᠦᠯᠵᠤ᠂ ᠲᠦᠷᠬᠡᠨ ᠭᠤᠪᠢᠭᠤᠯᠭ᠎ᠠ ᠶᠢᠨ ᠺᠤᠮᠫᠠᠨᠢ ᠶᠢᠨ ᠡᠵᠡᠩᠨᠡᠯᠳᠡ ᠶᠢ ᠲᠦᠷᠢᠮᠵᠢᠬᠦᠯᠵᠤ᠂ ᠰᠤᠮᠤ ᠪᠠᠯᠭᠠᠰᠣᠨ ᠳᠤ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠬᠡᠷ ᠠᠬᠤᠢ ᠶᠢᠨ ᠬᠠᠮᠢᠶᠠᠷᠤᠯᠳᠠ ᠶᠢᠨ ᠠᠵᠢᠯ  ᠢ ᠬᠢᠨᠠᠮᠠᠭᠠᠢ ᠬᠢᠵᠤ᠂ ᠪᠠᠶᠢᠭᠤᠯᠭ᠎ᠠ ᠨᠢᠬᠡᠴᠠ ᠠᠴᠠ ᠰᠠᠭᠤᠭᠠᠯᠢ ᠲᠤᠭᠤᠷᠢᠭ ᠢ ᠬᠠᠷᠢᠴᠠᠬᠤ ᠠᠵᠢᠯ ᠢ ᠴᠢᠩᠭᠠᠳᠬᠠᠨ᠂ ᠠᠵᠤ ᠠᠬᠤᠶᠢᠯᠡᠯ ᠢ ᠤᠷᠢᠨ ᠤᠷᠤᠭᠤᠯᠵᠤ᠂ ᠰᠠᠭᠤᠭᠠᠯᠢ ᠲᠤᠭᠤᠷᠢᠭ ᠤᠨ ᠬᠡᠷ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠲᠡᠬᠡᠭᠰᠢᠯᠡᠬᠦᠯᠤᠨ᠎ᠠ᠃ ᠨᠠᠰᠤᠳᠡᠶᠢᠴᠤᠳ ᠤᠨ ᠠᠰᠠᠷᠠᠮᠵᠢ ᠶᠢᠨ ᠦᠢᠯᠡᠰ ᠢ ᠬᠦᠭᠵᠢᠬᠦᠯᠵᠤ᠂ ᠵᠡᠮᠳᠡᠭᠴᠤᠳ ᠢ ᠠᠰᠠᠷᠠᠬᠤ ᠲᠦᠪ ᠢ ᠠᠰᠢᠭᠯᠠᠯᠳᠠ ᠳᠤ ᠣᠷᠣᠭᠤᠯᠣᠨ᠂ ᠪᠡᠯᠬᠦᠳᠡᠢ ᠨᠠᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠂ ᠠᠰᠠᠷᠠᠮᠵᠢ ᠶᠢᠨ ᠬᠦᠷᠢᠶᠠᠯᠠᠩ ᠢ ︽ᠬᠠᠯᠠᠮᠵᠢ︾ ᠮᠠᠯᠵᠢᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ ᠨᠡᠬᠦᠯᠬᠡᠨ᠎ᠠ᠃ ᠡᠯᠧᠺᠲᠷᠤᠨ ᠬᠤᠳᠠᠯᠳᠤᠭᠠᠨ ᠤ ᠬᠦᠭᠵᠢᠯᠳᠠ ᠶᠢ ᠠᠬᠢᠭᠤᠯᠵᠤ᠂ ᠲᠡᠵᠢᠬᠡᠯ ᠪᠤᠷᠳᠤᠭᠠᠨ ᠤ ᠠᠷᠠᠯᠵᠢᠶᠠᠨ ᠤ ᠵᠠᠬ᠎ᠠ ᠪᠠ ᠡᠳᠤᠷ ᠲᠤᠳᠤᠮ ᠤᠨ ᠬᠡᠷᠡᠭᠯᠡᠬᠡᠨ  ᠤ ᠪᠤᠳᠠᠰ ᠤᠨ ᠦᠢᠯᠡᠴᠢᠯᠡᠬᠡᠨ ᠤ ᠲᠦᠪ ᠤᠨ ᠪᠠᠶᠢᠭᠤᠯᠤᠯᠳᠠ ᠶᠢ ᠲᠠᠭᠤᠰᠬᠠᠨ᠂ ᠲᠠᠯ᠎ᠠ ᠨᠤᠳᠤᠭ ᠤᠨ ᠡᠯᠧᠺᠲᠷᠤᠨ ᠬᠤᠳᠠᠯᠳᠤᠭᠠᠨ ᠤ ᠲᠦᠪ ᠤᠨ ᠴᠢᠳᠠᠪᠬᠢ ᠶᠢ ᠪᠦᠷᠢᠡᠰᠢᠬᠦᠯᠤᠨ᠂ ᠨᠠᠶᠢᠳᠠ ᠶᠢᠨ ᠠᠰᠢᠭᠳᠤ ᠡᠯᠧᠺᠲᠷᠤᠨ ᠬᠤᠳᠠᠯᠳᠤᠭᠠᠨ ᠤ ᠲᠦᠷᠤᠯ ᠵᠥᠢᠯ ᠢ ᠢᠳᠡᠪᠬᠢᠳᠡᠢ ᠡᠷᠡᠮᠡᠯᠵᠠᠯᠡᠨ᠂ ᠡᠯᠧᠺᠲᠷᠤᠨ ᠬᠤᠳᠠᠯᠳᠤᠭ᠎ᠠ ᠪᠠᠷ ᠠᠷᠡᠳ ᠲᠤ ᠠᠰᠢᠭ ᠬᠦᠷᠳᠡᠬᠡᠬᠦ ᠲᠦᠷᠤᠯ ᠵᠥᠢᠯ ᠢ ᠮᠡᠳᠡᠬᠦᠯᠤᠨ ᠵᠦᠪᠰᠢᠶᠠᠷᠠᠬᠦᠯᠤᠨ᠎ᠠ᠃ ︵ᠭᠤᠷᠪᠡ︶ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠲᠠᠪᠤᠨ ᠲᠦᠷᠤᠯ ᠤᠨ ᠠᠵᠢᠯ ᠢ ᠰᠠᠶᠢᠳᠤᠷ ᠬᠢᠨ᠎ᠠ᠃ ᠨᠢᠬᠡ ᠳᠤ᠂ ᠠᠵᠢᠯ ᠤᠯᠭᠤᠵᠣ ᠦᠢᠯᠡᠰ ᠪᠤᠰᠬᠠᠬᠤ ᠴᠢᠨᠠᠷᠵᠢᠯ ᠢ ᠬᠦᠴᠤᠯᠠᠨ ᠲᠡᠬᠡᠭᠰᠢᠯᠡᠬᠦᠯᠤᠨ᠎ᠠ᠃ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠶᠢᠯᠡᠯ ᠤᠨ ᠬᠦᠭᠵᠢᠯᠳᠠ ᠶᠢ ᠢᠳᠡᠪᠬᠢᠳᠡᠢ ᠲᠠᠮᠵᠢᠨ᠂ ᠭᠤᠤᠯᠳᠠᠯᠭᠠᠳᠤ ᠲᠦᠷᠤᠯ ᠵᠥᠢᠯ ᠤᠨ ᠠᠵᠤ ᠠᠬᠤᠶᠢᠯᠡᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠳᠤ ᠲᠤᠬᠢᠷᠠᠭᠤᠯᠤᠨ ᠠᠵᠢᠯ ᠤᠯᠭᠤᠯᠳᠠ  ᠶᠢᠨ ᠪᠤᠯᠪᠠᠰᠤᠷᠠᠯ ᠡᠷᠬᠢᠯᠡᠬᠦ ᠶᠢ ᠲᠠᠮᠵᠢᠨ ᠵᠤᠷᠢᠭᠵᠢᠭᠤᠯᠵᠤ ᠭᠠᠵᠡᠷ ᠤᠷᠤᠨ ᠤ ᠬᠦᠳᠡᠯᠮᠤᠷᠢ ᠬᠦᠴᠤ ᠶᠢ ᠬᠡᠷᠡᠭᠯᠡᠬᠦ ᠶᠢ ᠠᠬᠢᠭᠤᠯᠤᠨ᠎ᠠ᠃ ︽ᠤᠶᠤᠡᠳᠤ ᠬᠦᠳᠡᠯᠮᠤᠷᠢ ᠠᠵᠢᠯᠳᠠᠨ ᠤ ᠦᠢᠯᠡᠴᠢᠯᠡᠭᠡ︾ ᠶᠢᠨ ᠲᠠᠪᠴᠠᠩ ᠢ ᠠᠰᠢᠭᠯᠠᠯᠳᠠ ᠳᠤ ᠤᠷᠤᠭᠤᠯᠤᠨ᠂ ᠦᠢᠯᠡᠰ ᠡᠷᠬᠢᠯᠡᠨ ᠬᠦᠭᠵᠢᠬᠦᠯᠬᠦ ᠰᠠᠭᠤᠷᠢ ᠮᠦᠩᠬᠦ ᠲᠤᠬᠢᠷᠠᠭᠤᠯᠵᠤ᠂ ᠮᠡᠷᠬᠡᠵᠢᠯ ᠤᠨ ᠪᠤᠯᠪᠠᠰᠤᠷᠠᠯ᠂ ᠠᠵᠢᠯ ᠤᠯᠭᠤᠬᠤ ᠦᠢᠯᠡᠰ ᠪᠤᠰᠬᠠᠬᠤ ᠵᠢᠯᠤᠭᠤᠳᠤᠮᠵᠢ ᠲᠡᠮᠵᠢᠯᠬᠡ ᠶᠢᠨ ᠬᠦᠴᠤᠯᠠᠴᠠ ᠪᠠᠨ ᠲᠡᠬᠡᠭᠰᠢᠯᠡᠬᠦᠯᠵᠤ᠂ ᠶᠡᠭᠡ ᠰᠤᠷᠭᠠᠭᠤᠯᠢ ᠲᠡᠬᠦᠰᠦᠭᠰᠡᠳ᠂ ᠴᠡᠷᠢᠭ ᠠᠴᠠ ᠬᠠᠯᠠᠭᠳᠠᠭᠰᠡᠳ ᠪᠠ ᠮᠠᠯᠴᠢᠳ ᠤᠨ ᠪᠠᠶ᠎ᠠ ᠪᠠᠨ ᠲᠠᠭᠠᠭᠠᠵᠤ ᠦᠢᠯᠡᠰ ᠪᠤᠰᠬᠠᠬᠤ ᠶᠢ ᠵᠤᠷᠢᠭᠵᠢᠭᠤᠯᠤᠨ ᠲᠠᠮᠵᠢᠵᠤ᠂ ᠦᠢᠯᠡᠰ ᠡᠷᠬᠢᠯᠡᠬᠦ ᠵᠠᠮ ᠢ ᠦᠷᠬᠡᠳᠬᠡᠨ᠂ ᠵᠢᠯ ᠤᠨ ᠲᠣᠳᠣᠷ᠎ᠠ 4 ᠤᠳᠠᠭᠠᠨ ᠤ ᠠᠵᠢᠯᠳᠠᠨ ᠡᠯᠰᠡᠬᠦ ᠬᠤᠷᠡᠯ ᠢ ᠵᠤᠬᠢᠶᠠᠨ ᠪᠠᠶᠢᠭᠤᠯᠵᠤ᠂ ᠬᠤᠳᠠ ᠬᠦᠳᠡᠭᠡ ᠶᠢᠨ 2000 ᠬᠦᠮᠤᠨ ᠳᠤ ᠠᠵᠢᠯ ᠤᠯᠭᠤᠵᠤ᠂ 1000 ᠬᠦᠮᠤᠨ ᠳᠤ ᠠᠵᠢᠯ ᠮᠠᠷᠬᠡᠰᠢᠯ ᠤᠨ ᠪᠤᠯᠪᠠᠰᠤᠷᠠᠯ ᠬᠦᠷᠳᠡᠬᠡᠨ᠂ 500 ᠲᠦᠮᠡᠨ ᠲᠦᠬᠦᠷᠢᠭ ᠠᠴᠠ ᠲᠡᠬᠡᠭᠰᠢ ᠦᠢᠯᠡᠰ ᠪᠤᠰᠬᠠᠬᠤ ᠪᠠᠳᠤᠯᠠᠭᠠᠳᠤ ᠵᠢᠬᠡᠯᠡᠯᠬᠡ ᠶᠢ ᠲᠠᠷᠬᠠᠭᠠᠨ᠎ᠠ᠃ ᠬᠤᠶᠡᠷ ᠲᠤ᠂ ᠨᠠᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ ᠬᠦᠴᠢᠷᠳᠡᠯᠳᠡᠢ ᠤᠯᠠᠨ ᠲᠦᠮᠡᠨ ᠢ ᠲᠠᠮᠵᠢᠨ ᠲᠡᠳᠬᠦᠬᠦ ᠠᠵᠢᠯ ᠢ ᠰᠠᠶᠢᠳᠤᠷ ᠬᠢᠵᠤ᠂ ᠪᠠᠶᠠᠷ ᠲᠤᠷᠡᠰᠬᠠᠯ ᠤᠨ ᠡᠳᠤᠷ  ᠲᠤ ᠲᠤᠬᠤᠨᠢᠭᠤᠯᠬᠤ ᠪᠠ ᠨᠠᠶᠢᠬᠡᠮ ᠤᠨ ᠠᠪᠤᠷᠡᠨ ᠲᠤᠰᠠᠯᠠᠬᠤ ᠠᠵᠢᠯ ᠢ ᠰᠠᠶᠢᠳᠤᠷ ᠵᠤᠬᠢᠶᠠᠨ ᠪᠠᠶᠢᠭᠤᠯᠵᠤ᠂ ᠡᠯ᠎ᠠ ᠲᠦᠷᠤᠯ ᠤᠨ ᠲᠡᠳᠬᠦᠮᠵᠢ ᠨᠦᠬᠦᠪᠤᠷᠢ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠲᠠᠷᠬᠠᠭᠠᠨ᠎ᠠ᠃ ᠬᠦᠳᠡᠯᠮᠤᠷᠢ ᠶᠢᠨ ᠵᠢᠭᠤᠷᠭᠠᠨ ᠢ ᠰᠢᠢᠳᠪᠤᠷᠢᠯᠡᠬᠦ ᠵᠤᠬᠢᠴᠠᠮᠵᠢ ᠶᠢ ᠲᠡᠬᠦᠯᠳᠡᠷᠵᠢᠬᠦᠯᠤᠨ᠂ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠂ ᠡᠪ ᠵᠤᠬᠢᠴᠠᠯᠳᠤ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠤᠯᠠᠨ ᠲᠦᠮᠡᠨ ᠤ ᠲᠠᠭᠠᠳᠬᠠᠯ ᠳᠤ ᠤᠷᠤᠬᠤ ᠤᠬᠠᠮᠰᠠᠷ ᠢ ᠲᠡᠬᠡᠭᠰᠢᠯᠡᠬᠦᠯᠤᠨ᠂ ᠪᠦᠬᠦ ᠠᠷᠡᠳ ᠤᠨ ᠨᠠᠶᠢᠬᠡᠮ ᠤᠨ ᠲᠠᠭᠠᠳᠬᠠᠯ ᠢ ᠪᠦᠷᠢᠳᠬᠡᠨ ᠲᠠᠩᠰᠠᠯᠠᠬᠤ ᠠᠵᠢᠯ ᠢ ᠡᠬᠢᠯᠡᠬᠦᠯᠤᠨ᠂ ᠨᠠᠰᠤᠵᠢᠯ ᠤᠨ ᠲᠠᠭᠠᠳᠬᠠᠯ ᠳᠤ ᠰᠦᠢᠳᠬᠡᠯ ᠲᠤᠰᠢᠶᠠᠬᠤ ᠬᠤᠯᠪᠤᠭᠳᠠᠯ ᠪᠦᠬᠦᠢ ᠭᠠᠷ ᠬᠦᠢᠴᠡᠳᠬᠡᠯ ᠢ ᠪᠦᠷᠢᠡᠰᠢᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠡᠮᠨᠡᠯᠬᠡ ᠶᠢᠨ ᠲᠠᠭᠠᠳᠬᠠᠯ ᠪᠤᠯᠤᠨ ᠮᠠᠯᠴᠢᠳ ᠤᠨ ᠬᠤᠷᠰᠢᠭᠰᠡᠨ ᠡᠮᠨᠡᠯᠬᠡ ᠶᠢ ᠨᠢᠬᠡᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠪᠤᠰᠤᠳ ᠭᠠᠵᠡᠷ ᠡᠮᠴᠢᠯᠡᠬᠦᠯᠵᠤ ᠲᠠᠩᠰᠠ ᠴᠠᠶᠢᠷᠠᠭᠤᠯᠬᠤ ᠲᠠᠪᠴᠠᠩ ᠪᠠᠶᠢᠭᠤᠯᠬᠤ ᠶᠢ ᠲᠦᠷᠬᠡᠳᠬᠡᠨ᠂ ᠪᠠᠳᠤᠯᠠᠭᠠᠨ ᠤ ᠬᠢᠷᠢ ᠲᠦᠪᠰᠢᠨ ᠢ ᠲᠤᠭᠳᠠᠭᠤᠨ ᠢᠶᠠᠷ ᠲᠡᠬᠡᠭᠰᠢᠯᠡᠬᠦᠯᠤᠨ᠎ᠠ᠃ ᠡᠯ᠎ᠠ ᠲᠦᠷᠤᠯ ᠤᠨ ᠨᠠᠶᠢᠬᠡᠮ ᠤᠨ ᠲᠠᠭᠠᠳᠬᠠᠯ ᠤᠨ ᠪᠡᠯᠡ ᠮᠦᠩᠬᠦ ᠶᠢ ᠬᠤᠷᠢᠶᠠᠨ ᠲᠤᠰᠢᠶᠠᠬᠤ ᠠᠵᠢᠯ ᠢ ᠴᠢᠩᠭᠠᠳᠬᠠᠵᠤ᠂ ᠨᠠᠶᠢᠬᠡᠮ ᠤᠨ ᠲᠠᠭᠠᠳᠬᠠᠯ  ᠤᠨ ᠰᠠᠭᠤᠷᠢ ᠮᠦᠩᠬᠦᠨ ᠤ ᠬᠢᠨᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠂ ᠡᠮᠨᠡᠯᠬᠡ ᠶᠢᠨ ᠲᠠᠭᠠᠳᠬᠠᠯ ᠤᠨ ᠲᠠᠩᠰᠠ ᠴᠠᠶᠢᠷᠠᠭᠤᠯᠬᠤ ᠦᠬᠡᠷᠡᠴᠢᠯᠡᠯᠳᠡ ᠪᠠ ᠢᠳᠡᠬᠡᠮᠵᠢ ᠶᠢᠨ ᠲᠣᠭᠳᠠᠯᠴᠠᠭᠠᠨ ᠤ ᠪᠠᠶᠢᠭᠤᠯᠤᠯᠳᠠ  ᠶᠢ ᠠᠬᠢᠭᠤᠯᠵᠤ᠂ ᠨᠠᠶᠢᠬᠡᠮ ᠤᠨ ᠲᠠᠭᠠᠳᠬᠠᠯ ᠤᠨ ᠮᠦᠩᠬᠦᠨ ᠤ ᠠᠮᠤᠷ ᠲᠦᠪᠰᠢᠨ ᠢ ᠪᠠᠳᠤᠯᠠᠨ᠎ᠠ᠃ ᠭᠤᠷᠪᠡ ᠳᠤ᠂ ᠰᠤᠷᠭᠠᠨ ᠬᠦᠮᠤᠵᠢᠯ ᠤᠨ ᠦᠢᠯᠡᠰ ᠢ ᠬᠦᠭᠵᠢᠬᠦᠯᠤᠨ᠎ᠠ᠃ ᠰᠢᠨ᠎ᠠ ᠨᠢᠬᠡ ᠡᠬᠡᠯᠵᠢ ᠶᠢᠨ ᠰᠠᠭᠤᠷᠢ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ ᠵᠢᠯ ᠤᠨ ᠲᠦᠯᠤᠪᠯᠡᠭᠡ ᠶᠢ ᠡᠬᠢᠯᠡᠬᠦᠯᠤᠨ᠂ ᠰᠢᠨ᠎ᠠ ᠬᠢᠴᠢᠶᠠᠯᠯᠡᠭᠡ ᠶᠢᠨ ᠪᠠᠷᠢᠮᠵᠢᠶ᠎ᠠ ᠶᠤᠰᠤᠭᠠᠷ ᠬᠢᠴᠢᠶᠠᠯ ᠤᠨ ᠲᠢᠩᠬᠢᠮ ᠤᠨ ᠵᠢᠭᠠᠨ ᠰᠤᠷᠭᠠᠯᠳᠠ ᠶᠢᠨ ᠦᠷ᠎ᠠ ᠠᠰᠢᠭ ᠢ ᠲᠡᠬᠡᠭᠰᠢᠯᠡᠬᠦᠯᠬᠦ ᠢᠡᠵᠧᠨᠧᠷᠢᠩ ᠢ ᠬᠡᠷᠡᠭᠵᠢᠬᠦᠯᠵᠤ᠂ ᠬᠢᠴᠢᠶᠠᠯ ᠤᠨ ᠦᠬᠡᠷᠡᠴᠢᠯᠡᠯᠳᠡ ᠶᠢ  ᠬᠦᠡᠵᠡᠬᠡᠶᠢᠷᠡᠬᠦᠯᠤᠨ᠂ ᠬᠡᠷ ᠪᠦᠯᠢ ᠪᠠ ᠰᠤᠷᠭᠠᠭᠤᠯᠢ ᠶᠢᠨ ᠰᠤᠷᠭᠠᠨ ᠬᠦᠮᠤᠵᠢᠯ ᠤᠨ ᠬᠠᠮᠳᠤᠷᠠᠯᠴᠠᠭ᠎ᠠ ᠶᠢ ᠨᠢᠭᠳᠠᠷᠠᠭᠤᠯᠤᠨ᠎ᠠ᠃ ᠲᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢ ᠵᠠᠰᠠᠨ ᠰᠢᠨᠡᠳᠬᠡᠬᠦ ᠢᠡᠵᠧᠨᠧᠷᠢᠩ ᠢ ᠬᠡᠷᠡᠭᠵᠢᠬᠦᠯᠤᠨ᠂  ︽ᠤᠶᠤᠡᠳᠤ ᠰᠤᠷᠭᠠᠭᠤᠯᠢ︾ ᠶᠢᠨ ᠢᠡᠵᠧᠨᠧᠷᠢᠩ ᠪᠠ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠢ ᠠᠰᠢᠭᠯᠠᠯᠳᠠ ᠳᠤ ᠤᠷᠤᠭᠤᠯᠤᠨ᠂ ᠮᠦᠩᠬᠡᠭᠠᠯ ᠬᠡᠤᠬᠡᠳ ᠤᠨ ᠴᠡᠴᠡᠷᠯᠢᠭ ᠢ ᠨᠡᠬᠦᠯᠬᠡᠨ ᠰᠢᠯᠵᠢᠬᠦᠯᠬᠦ ᠪᠠᠷᠢᠯᠭ᠎ᠠ ᠶᠢ ᠲᠠᠭᠤᠰᠬᠠᠨ᠎ᠠ᠃ ᠪᠠᠭᠰᠢ ᠠᠵᠢᠯᠳᠠᠨ ᠤ ᠶᠤᠰᠤ ᠰᠤᠷᠳᠠᠬᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠶᠤᠰᠤ ᠰᠤᠷᠳᠠᠬᠤᠨ ᠤ ᠪᠤᠯᠪᠠᠰᠤᠷᠠᠯ ᠢ ᠰᠠᠶᠢᠳᠤᠷ ᠦᠷᠨᠢᠬᠦᠯᠵᠤ᠂ ᠬᠢᠨᠡᠨ ᠬᠠᠮᠢᠶᠠᠷᠬᠤ ᠪᠠ ᠬᠢᠨᠡᠨ ᠦᠨᠡᠯᠡᠬᠦ ᠠᠭᠤᠯᠭ᠎ᠠ ᠶᠢ ᠪᠦᠷᠢᠡᠰᠢᠬᠦᠯᠤᠨ᠂ ᠤᠷᠳᠤ ᠬᠤᠭᠤᠴᠠᠭᠠᠨ ᠤ ᠪᠦᠳᠤᠮᠵᠢᠳᠤ ᠵᠤᠬᠢᠴᠠᠮᠵᠢ ᠶᠢ ᠪᠠᠶᠢᠭᠤᠯᠤᠨ᠎ᠠ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠤ ᠶᠢᠨ ᠪᠤᠳᠤᠯᠭ᠎ᠠ ᠶᠢ ᠰᠠᠶᠢᠳᠤᠷ ᠤᠬᠠᠭᠤᠯᠤᠨ᠂ ᠲᠡᠳᠬᠦᠮᠵᠢ ᠬᠦᠷᠳᠡᠬᠦ ᠰᠤᠷᠤᠭᠴᠢ ᠶᠢ ᠬᠢᠨᠡᠨ ᠪᠦᠷᠢᠳᠬᠡᠬᠦ ᠠᠵᠢᠯ ᠢ ᠬᠢᠨᠠᠮᠠᠭᠠᠢ ᠬᠢᠵᠤ᠂ ᠡᠯ᠎ᠠ ᠲᠦᠷᠤᠯ ᠤᠨ ᠰᠤᠷᠤᠯᠭ᠎ᠠ ᠲᠡᠳᠬᠦᠬᠦ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠠᠵᠢᠯ ᠢ ᠴᠢᠩᠭᠠᠳᠬᠠᠵᠤ᠂ ︽ᠬᠤᠰᠢᠭᠤ ᠲᠠᠷᠤᠭ᠎ᠠ ᠬᠤᠨᠳᠠᠭᠠᠳᠤ︾ ᠬᠦᠯ ᠪᠦᠮᠪᠦᠭᠡ ᠶᠢᠨ ᠬᠤᠯᠪᠤᠭᠠᠳᠤ ᠤᠷᠤᠯᠳᠤᠭᠠᠨ ᠢ ᠰᠠᠶᠢᠳᠤᠷ ᠡᠷᠬᠢᠯᠡᠨ᠂ ︽ᠠᠶᠢᠮᠠᠭ ᠤᠨ ᠲᠠᠷᠤᠭ᠎ᠠ ᠬᠤᠨᠳᠠᠭᠠᠳᠤ︾ ᠬᠦᠯ ᠪᠦᠮᠪᠦᠭᠡ ᠶᠢᠨ ᠤᠷᠤᠯᠳᠤᠭᠠᠨ ᠳᠤ ᠰᠢᠯᠢᠳᠡᠭ ᠬᠢᠷᠢ ᠪᠦᠳᠤᠮᠵᠢ ᠤᠯᠬᠤ ᠪᠠᠷ ᠴᠢᠷᠮᠠᠶᠢᠨ᠎ᠠ᠃ ᠲᠦᠷᠪᠡ ᠳᠤ᠂ ︽ᠡᠷᠡᠬᠦᠯ ᠡᠩᠬᠡ ᠠᠪᠠᠭ᠎ᠠ︾ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠤᠳᠤᠬᠢᠴᠢᠯᠠᠭᠰᠡᠨ ᠡᠮᠨᠡᠯᠬᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠪᠦᠷᠢᠡᠰᠢᠬᠦᠯᠤᠨ᠂ ︽ᠢᠡᠲ᠋ᠧᠷ ᠰᠦᠯᠵᠢᠶ᠎ᠠ + ᠡᠮᠴᠢᠯᠡᠭᠡ︾ ᠶᠢᠨ ᠦᠢᠯᠡᠴᠢᠯᠡᠬᠡᠨ ᠤ ᠲᠤᠭᠳᠠᠯᠴᠠᠭ᠎ᠠ ᠶᠢ ᠪᠦᠷᠢᠡᠰᠢᠬᠦᠯᠵᠤ᠂ ᠡᠷᠡᠬᠦᠯ ᠬᠠᠮᠠᠭᠠᠯᠠᠯ ᠤᠨ ᠲᠤᠰᠬᠠᠢ ᠴᠢᠳᠠᠪᠤᠷᠢᠳᠠᠨ ᠤᠷᠢᠨ ᠤᠷᠤᠭᠤᠯᠬᠤ ᠪᠠ ᠲᠠᠪᠳᠠᠨ ᠪᠤᠯᠪᠠᠰᠤᠷᠠᠭᠤᠯᠬᠤ ᠶᠢ ᠴᠢᠬᠤᠯᠠᠴᠢᠯᠠᠨ᠂ ᠮᠤᠩᠭᠤᠯ ᠡᠮᠨᠡᠯᠬᠡ ᠶᠢᠨ ᠤᠡᠴᠠᠯᠢᠬᠳᠤ ᠲᠤᠰᠬᠠᠢ ᠰᠠᠯᠠᠭᠠᠨ ᠤ ᠪᠠᠶᠢᠭᠤᠯᠤᠯᠳᠠ ᠶᠢ ᠴᠢᠩᠭᠠᠳᠬᠠᠨ᠂ ᠬᠤᠰᠢᠭᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ ᠦᠢᠯᠡᠴᠢᠯᠡᠬᠡᠨ ᠤ ᠠᠰᠠᠷ ᠢ ᠠᠰᠢᠭᠯᠠᠯᠳᠠ ᠳᠤ ᠤᠷᠤᠭᠤᠯᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠡᠬᠡ ᠤᠷᠤᠡᠴᠢ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠦᠷᠨᠢᠬᠦᠯᠤᠨ᠂ ᠡᠷᠡᠬᠦᠯ ᠡᠩᠬᠡ ᠶᠢᠨ ᠰᠤᠷᠭᠠᠨ ᠬᠦᠮᠤᠵᠢᠯ  ᠤᠨ ︽ᠵᠢᠷᠭᠤᠭ᠎ᠠ ᠶᠢ ᠠᠬᠢᠭᠤᠯᠬᠤ︾ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠡᠪᠡᠳᠴᠢᠨ ᠬᠢᠵᠢᠭ ᠢ ᠰᠡᠷᠬᠡᠶᠢᠯᠡᠬᠦ ᠠᠵᠢᠯ ᠢ ᠴᠢᠩᠭᠠᠳᠬᠠᠨ᠂ ᠤᠳᠠᠭᠠᠨ ᠴᠢᠨᠠᠷᠳᠡᠢ ᠡᠪᠡᠳᠴᠢᠨ ᠢ ᠰᠠᠷᠬᠡᠶᠢᠯᠡᠬᠦ ᠪᠦᠬᠦ ᠤᠷᠤᠨ ᠤ ᠵᠢᠱᠢᠶ᠎ᠠ ᠦᠵᠡᠬᠦᠯᠬᠦ ᠲᠤᠭᠤᠷᠢᠭ ᠤᠨ  ᠪᠠᠶᠢᠭᠤᠯᠤᠯᠳᠠ ᠶᠢ ᠡᠬᠢᠯᠡᠬᠦᠯᠵᠤ᠂ ᠲᠦᠯᠤᠪᠯᠡᠬᠡᠳᠤ ᠦᠷᠡᠵᠢᠯ ᠢᠶᠠᠷ ᠠᠷᠡᠳ ᠲᠤ ᠠᠰᠢᠭ ᠬᠦᠷᠳᠡᠬᠡᠬᠦ ᠠᠵᠢᠯ ᠢ ᠰᠠᠶᠢᠳᠤᠷ ᠬᠢᠵᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠢ ᠲᠦᠬᠡᠮᠡᠯᠵᠢᠬᠦᠯᠤᠨ᠎ᠠ᠃ ᠲᠠᠪᠤ ᠳᠤ᠂ ᠦᠡᠳᠤᠰᠤᠳᠠᠨ ᠤ ᠰᠤᠶᠤᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠤᠯᠠᠭᠠᠡᠮᠦ᠋ᠴᠢᠷ ᠤᠨ ᠪᠠᠶᠢᠭᠤᠯᠤᠯᠳᠠ ᠶᠢ ᠲᠦᠷᠬᠡᠳᠬᠡᠨ᠂ ᠤᠯᠠᠭᠠᠡᠮᠦ᠋ᠴᠢᠷ ᠤᠨ ᠵᠤᠷᠢᠭ ᠰᠠᠨᠠᠭ᠎ᠠ ᠶᠢ ᠤᠬᠠᠭᠤᠯᠤᠨ ᠰᠤᠷᠳᠠᠯᠴᠢᠯᠠᠵᠤ᠂ ᠵᠠᠷᠤᠳᠠᠯ ᠮᠦᠩᠬᠦ ᠶᠢ ᠪᠠᠳᠤᠯᠠᠨ᠂ ᠲᠤᠭᠯᠠᠭᠴᠢ ᠶᠢ ᠬᠦᠢᠴᠡᠳ ᠲᠤᠬᠢᠷᠠᠭᠤᠯᠵᠤ᠂ 600 ᠲᠡᠭᠰᠢ ᠲᠦᠷᠪᠡᠯᠵᠢᠨ ᠮᠧᠲᠷ  ᠤᠨ ᠲᠤᠭᠯᠠᠯᠳᠠ ᠶᠢᠨ ᠲᠢᠩᠬᠢᠮ ᠢ ᠰᠢᠨ᠎ᠠ ᠪᠠᠷ ᠪᠠᠶᠢᠭᠤᠯᠤᠨ᠂ ᠦᠡᠳᠤᠰᠤᠨ ᠱᠠᠳᠤᠨ ᠳᠤ ᠦᠢᠯᠡᠴᠢᠯᠡᠬᠦ ᠪᠠ ᠵᠤᠬᠢᠶᠠᠨ ᠪᠦᠳᠤᠬᠡᠬᠦ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠲᠣᠭᠳᠠᠯᠴᠠᠭ᠎ᠠ ᠶᠢ ᠠᠬᠢᠭᠤᠯᠤᠨ᠂ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ᠂ ᠴᠤᠭᠤᠷ ᠲᠠᠭᠤᠤ ᠶᠢ ᠤᠯᠠᠮᠵᠢᠯᠠᠬᠤ ᠭᠠᠵᠡᠷ ᠢ ᠠᠰᠢᠭᠯᠠᠯᠳᠠ ᠳᠤ ᠤᠷᠤᠭᠤᠯᠤᠨ᠎ᠠ᠃ ᠤᠯᠠᠨ ᠲᠦᠮᠡᠨ ᠤ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠤᠨ᠂ ᠪᠦᠬᠦ ᠤᠷᠤᠨ ᠤ ︽ᠰᠢᠯᠢ ᠶᠢᠨ ᠭᠤᠤᠯ ᠬᠤᠨᠳᠠᠭᠠᠳᠤ︾ ᠮᠤᠩᠭᠤᠯ ᠦᠡᠳᠤᠰᠤᠳᠠᠨ ᠤ ᠤᠯᠠᠮᠵᠢᠯᠠᠯᠳᠤ ᠪᠦᠬᠡ ᠶᠢᠨ ᠠᠪᠠᠭ᠎ᠠ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ᠂ ᠮᠠᠯᠴᠢᠳ ᠤᠨ ᠰᠤᠶᠤᠯ ᠤᠷᠠᠯᠢᠭ ᠤᠨ ᠨᠠᠶᠢᠷ ᠵᠡᠷᠬᠡ ᠬᠦᠳᠡᠯᠬᠡᠬᠡᠨ ᠢ ᠰᠠᠶᠢᠳᠤᠷ ᠡᠷᠬᠢᠯᠡᠨ᠎ᠠ᠃ ᠰᠤᠶᠤᠯ ᠤᠨ ᠦᠪ ᠢ ᠬᠠᠮᠠᠭᠠᠯᠠᠬᠤ ᠪᠠ ᠨᠡᠬᠡᠬᠡᠨ ᠬᠦᠭᠵᠢᠬᠦᠯᠬᠦ ᠠᠵᠢᠯ ᠢ ᠴᠢᠬᠤᠯᠠᠴᠢᠯᠠᠨ᠂ ᠴᠤᠭᠤᠷ ᠲᠠᠭᠤᠤ ᠶᠢᠨ ᠤᠯᠠᠮᠵᠢᠯᠡᠨ ᠦᠪᠯᠡᠭᠴᠢ ᠶᠢ ᠬᠦᠮᠤᠵᠢᠬᠦᠯᠬᠦ ᠠᠵᠢᠯ ᠢ ᠬᠦᠡᠳᠤᠳᠬᠡᠨ᠂ ︽ᠴᠢᠩᠬᠢᠰ ᠪᠤᠭᠳᠠ ᠠᠭᠤᠯᠠ ᠶᠢᠨ ᠲᠠᠬᠢᠯᠭ᠎ᠠ︾᠂ ︽ᠴᠡᠭᠡ ᠮᠠᠷᠬᠡᠵᠢᠯ︾  ᠢ ᠤᠯᠤᠰ ᠤᠨ ᠪᠤᠳᠠᠰ ᠤᠨ ᠪᠣᠰᠤ ᠰᠤᠶᠤᠯ ᠤᠨ ᠦᠪ ᠢ ᠬᠠᠮᠠᠭᠠᠯᠠᠬᠤ ᠪᠦᠷᠢᠳᠬᠡᠯ ᠳᠤ ᠲᠠᠩᠰᠠᠯᠠᠭᠤᠯᠬᠤ ᠪᠠᠷ ᠴᠢᠷᠮᠠᠶᠢᠨ᠎ᠠ᠃ ᠤᠳᠬ᠎ᠠ ᠤᠷᠠᠯᠢᠭ ᠤᠨ ᠵᠤᠬᠢᠶᠠᠯ ᠪᠦᠳᠤᠬᠡᠯ ᠪᠠ ᠤᠳᠬ᠎ᠠ ᠵᠤᠬᠢᠶᠠᠯ ᠤᠨ ᠲᠤᠷ᠎ᠠ ᠪᠠᠭ᠋ᠠᠳᠠᠳ ᠢ ᠤᠷᠮᠠᠰᠢᠭᠤᠯᠤᠨ ᠬᠦᠬᠢᠬᠦᠯᠵᠤ᠂ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠪᠠ ᠤᠷᠤᠨ ᠨᠤᠳᠤᠭ ᠤᠨ ᠤᠡᠴᠠᠯᠢᠭ ᠲᠠᠢ ᠲᠤᠰᠬᠠᠭᠰᠡᠨ ᠵᠤᠬᠢᠶᠠᠯ ᠪᠦᠳᠤᠬᠡᠯ ᠲᠤᠭᠤᠷᠪᠢᠬᠤ᠂ ᠨᠠᠶᠢᠷᠠᠭᠤᠯᠬᠤ ᠪᠠ ᠬᠡᠪᠯᠡᠨ ᠲᠠᠷᠬᠠᠭᠠᠬᠤ ᠶᠢ ᠵᠤᠷᠢᠭᠵᠢᠭᠤᠯᠤᠨ ᠲᠠᠮᠵᠢᠨ᠎ᠠ᠃ ᠡᠨᠡ ᠵᠢᠯ᠂ ᠵᠠᠰᠠᠭ ᠤᠨ ᠣᠷᠳᠣᠨ ᠠᠴᠠ ᠠᠷᠠᠳ ᠤᠨ ᠠᠮᠢᠳᠣᠷᠠᠯ ᠢ ᠰᠠᠶᠢᠵᠢᠷᠠᠭᠤᠯᠵᠣ᠂ ᠡᠶ᠎ᠡ ᠵᠣᠬᠢᠴᠠᠯ ᠢ ᠠᠬᠢᠭᠤᠯᠬᠤ ᠲᠠᠯ᠎ᠠ ᠪᠠᠷ ᠪᠦᠬᠦ ᠬᠤᠰᠢᠭᠤᠨ ᠤ ᠠᠷᠠᠳ ᠲᠦᠮᠡᠨ ᠳᠤ ︽ᠠᠷᠪᠠᠨ ᠪᠣᠳᠠᠳᠣ ᠶᠠᠪᠣᠳᠠᠯ︾  ᠬᠦᠢᠴᠡᠳᠭᠡᠬᠦ  ᠪᠠᠷ ᠠᠮᠠᠯᠳᠤᠨ᠎ᠠ᠄ ᠨᠢᠭᠡ ᠳᠤ᠂ 800 ᠲᠦᠮᠡᠨ ᠲᠦᠬᠦᠷᠢᠭ ᠤᠨ ᠡᠳ᠋ ᠤᠨ ᠵᠠᠰᠠᠭ ᠤᠨ ᠲᠣᠰᠬᠠᠢ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠦᠩᠬᠦ ᠲᠣᠬᠢᠷᠠᠭᠤᠯᠵᠣ᠂ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠡ ᠪᠦᠳᠦᠮᠵᠢ ᠶᠢ ᠣᠯᠠᠮ ᠪᠠᠳᠤᠳᠬᠠᠨ᠎ᠠ᠃ ᠬᠤᠶᠠᠷ ᠲᠤ᠂ 1385 ᠲᠦᠮᠡᠨ ᠲᠦᠬᠦᠷᠢᠭ ᠤᠨ ᠪᠡᠯᠡ ᠣᠷᠣᠭᠤᠯᠣᠨ᠂ ᠮᠠᠯᠵᠢᠬᠤ ᠣᠷᠣᠨ  ᠳᠤ ᠦᠢᠯᠡᠳᠪᠦᠷᠢᠯᠡᠯ ᠠᠮᠢᠳᠣᠷᠠᠯ ᠤᠨ ᠲᠣᠭᠤᠷᠢᠭ ᠬᠤᠪᠢᠶᠠᠬᠤ᠂ ᠭᠡᠷ ᠪᠠᠶᠢᠰᠢᠩ ᠢ ᠲᠣᠯᠠᠭᠠᠯᠠᠵᠣ ᠡᠨᠧᠷᠬᠢ ᠠᠷᠪᠢᠯᠠᠬᠤ ᠂ ᠬᠤᠭ ᠨᠣᠪᠰᠢ ᠪᠣᠬᠢᠷ ᠣᠰᠣ ᠶᠢ ᠰᠢᠢᠳᠪᠦᠷᠢᠯᠡᠬᠦ᠂ ᠣᠰᠣᠨ ᠤ ᠲᠦᠬᠦᠭᠡᠷᠦᠮᠵᠢ ᠣᠭᠰᠠᠷᠠᠬᠤ ᠵᠡᠷᠭᠡ ᠢᠨᠵᠧᠨᠧᠷᠢᠩ ᠢ ᠬᠡᠷᠡᠭᠵᠢᠬᠦᠯᠦᠨ᠂ ᠰᠣᠮᠣ ᠪᠠᠯᠭᠠᠰᠣ ᠪᠦᠷᠢ ᠳᠤ 2 ᠲᠦᠮᠡᠨ ᠲᠦᠬᠦᠷᠢᠭ᠂ ᠭᠠᠴᠠᠭ᠎ᠠ ᠪᠦᠷᠢ ᠳᠤ 1 ᠲᠦᠮᠡᠨ ᠲᠦᠬᠦᠷᠢᠭ ᠤᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠢ ᠴᠡᠭᠴᠡᠯᠡᠨ ᠵᠠᠰᠠᠬᠤ ᠵᠠᠷᠣᠳᠠᠯ ᠮᠦᠩᠬᠦ ᠲᠣᠬᠢᠷᠠᠭᠤᠯᠵᠣ ᠂ ᠦᠢᠯᠡᠳᠪᠦᠷᠢᠯᠡᠯ ᠠᠮᠢᠳᠣᠷᠠᠯ ᠤᠨ ᠣᠷᠴᠢᠨ ᠲᠣᠭᠤᠷᠢᠨ ᠢ ᠣᠯᠠᠮ ᠰᠠᠶᠢᠵᠢᠷᠠᠭᠤᠯᠣᠨ᠎ᠠ᠃ ᠭᠤᠷᠪᠠ ᠳᠤ᠂ 3100 ᠲᠦᠮᠡᠨ ᠲᠦᠬᠦᠷᠢᠭ ᠤᠨ ᠪᠡᠯᠡ ᠣᠷᠣᠭᠤᠯᠵᠣ᠂ ᠭᠠᠴᠠᠭᠠᠨ ᠤ ᠬᠠᠮᠳᠣ ᠶᠢᠨ ᠠᠵᠣ ᠠᠬᠤᠢ ᠶᠢ ᠪᠣᠵᠠᠭᠠᠶᠢᠷᠠᠭᠤᠯᠣᠨ᠂ ᠬᠦᠭᠵᠢᠯᠳᠡ ᠶᠢᠨ ᠴᠢᠳᠠᠪᠬᠢ ᠶᠢ ᠨᠢ ᠲᠡᠭᠡᠭᠰᠢᠯᠡᠬᠦᠯᠦᠨ᠎ᠡ᠃ ᠲᠦᠷᠪᠡ ᠳᠤ᠂ 300 ᠲᠦᠮᠡᠨ ᠲᠦᠬᠦᠷᠢᠭ ᠤᠨ ᠪᠡᠯᠡ ᠣᠷᠣᠭᠤᠯᠣᠨ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠰᠠᠭᠤᠷᠢ ᠮᠦᠩᠬᠦ ᠪᠠᠶᠢᠭᠤᠯᠵᠣ᠂ ᠶᠠᠳᠠᠭᠤ ᠬᠦᠴᠢᠷᠳᠡᠯᠳᠡᠢ ᠡᠷᠦᠭᠡ ᠶᠢᠨ ᠡᠪᠡᠳᠴᠢᠨ ᠦᠵᠡᠬᠦᠯᠬᠦ ᠠᠰᠠᠭᠤᠳᠠᠯ ᠢ ᠰᠢᠢᠳᠪᠦᠷᠢᠯᠡᠨ᠎ᠡ᠃ ᠲᠠᠪᠤ ᠳᠤ᠂ 200 ᠲᠦᠮᠡᠨ ᠲᠦᠬᠦᠷᠢᠭ  ᠤᠨ ᠪᠡᠯᠡ ᠣᠷᠣᠭᠤᠯᠣᠨ ᠰᠣᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠰᠠᠭᠤᠷᠢ ᠮᠦᠩᠬᠦ ᠪᠠᠶᠢᠭᠤᠯᠵᠣ᠂ ᠶᠠᠳᠠᠭᠤ ᠬᠦᠴᠢᠷᠳᠡᠯᠳᠡᠢ ᠭᠡᠷ ᠪᠦᠯᠢ ᠶᠢᠨ ᠬᠡᠦᠭᠡᠳ ᠤᠨ ᠰᠣᠷᠭᠠᠭᠤᠯᠢ ᠳᠤ ᠰᠠᠭᠤᠬᠤ ᠠᠰᠠᠭᠤᠳᠠᠯ ᠢ ᠰᠢᠢᠳᠪᠦᠷᠢᠯᠡᠨ᠎ᠡ᠃ ᠵᠢᠷᠭᠤᠭ᠎ᠠ ᠳᠤ᠂ ᠭᠠᠴᠠᠭᠠᠨ ᠤ ᠨᠠᠮ ᠤᠨ ᠡᠬᠦᠷ ᠤᠨ ᠱᠦᠵᠢ ᠪᠠ ᠭᠠᠴᠠᠭᠠᠨ ᠲᠠᠷᠤᠭ᠎ᠠ ᠶᠢᠨ ᠬᠦᠯᠦᠰᠦ ᠣᠯᠭᠤᠮᠵᠢ  ᠶᠢ ᠬᠦᠮᠦᠨ ᠪᠦᠷᠢ ᠶᠢᠨ ᠵᠢᠯ ᠳᠤ 20000 ᠲᠦᠬᠦᠷᠢᠭ ᠪᠠᠶᠢᠭᠰᠠᠨ ᠠᠴᠠ ᠨᠢ 23218 ᠲᠦᠬᠦᠷᠢᠭ ᠪᠠ 22057 ᠲᠦᠬᠦᠷᠢᠭ ᠪᠣᠯᠭᠠᠨ ᠨᠡᠮᠡᠭᠳᠡᠬᠦᠯᠵᠦ᠂ ︽ᠬᠤᠶᠠᠷ ᠵᠦᠪᠯᠡᠯ︾ ᠤᠨ ᠪᠣᠰᠣᠳ ᠬᠡᠰᠢᠬᠦᠳ ᠤᠨ ᠬᠦᠯᠤᠰᠤ ᠤᠯᠭᠤᠮᠵᠢ ᠶᠢ ᠵᠢᠯ ᠳᠤ 16000 ᠲᠦᠬᠦᠷᠢᠭ ᠪᠠᠶᠢᠭᠰᠠᠨ ᠠᠴᠠ 18574 ᠲᠦᠬᠦᠷᠢᠭ ᠪᠣᠯᠭᠠᠨ ᠨᠡᠮᠡᠭᠳᠡᠬᠦᠯᠵᠦ᠂ ᠨᠡᠶᠢᠭᠡᠮ ᠲᠣᠭᠤᠷᠢᠭ ᠤᠨ ᠠᠷᠠᠳ ᠤᠨ ᠵᠦᠪᠯᠡᠯ ᠤᠨ ᠬᠡᠰᠢᠬᠦᠳ ᠤᠨ ᠬᠦᠯᠦᠰᠦ ᠣᠯᠭᠤᠮᠵᠢ ᠶᠢ ᠬᠦᠮᠦᠨ ᠪᠦᠷᠢ ᠶᠢᠨ ᠰᠠᠷ᠎ᠠ ᠳᠤ 1960 ᠲᠦᠬᠦᠷᠢᠭ ᠪᠠᠶᠢᠭᠰᠠᠨ ᠠᠴᠠ 3120 ᠲᠦᠬᠦᠷᠢᠭ ᠪᠤᠯᠭᠠᠨ ᠨᠡᠮᠡᠭᠳᠡᠬᠦᠯᠤᠨ᠎ᠠ᠃ ᠲᠣᠯᠤᠭ᠎ᠠ ᠳᠤ᠂ ᠵᠣᠷᠯᠣᠩ ᠤᠨ ᠰᠢᠨᠡᠴᠢᠯᠡᠯᠳᠡ ᠶᠢᠨ ᠠᠵᠢᠯ ᠢ ᠠᠬᠢᠭᠤᠯᠣᠨ᠂ ᠪᠡᠯᠬᠦᠳᠡᠢ ᠪᠠᠯᠭᠠᠰᠣᠨ ᠳᠤ ᠣᠰᠣ ᠪᠠᠷ ᠴᠡᠪᠡᠷᠰᠢᠬᠦᠯᠬᠦ ᠵᠣᠷᠯᠣᠩ 3 ᠶᠢ ᠪᠠᠷᠢᠵᠣ᠂ 1 ᠶᠢ ᠦᠭᠡᠷᠡᠴᠢᠯᠡᠨ ᠵᠠᠰᠠᠵᠤ᠂ 8 ᠶᠢ ᠲᠡᠰ ᠲᠡᠪᠰᠢᠬᠦᠯᠵᠦ᠂ ᠭᠤᠤᠯᠳᠠᠯᠭᠠᠳᠤ ᠦᠵᠡᠮᠵᠢ  ᠶᠢᠨ ᠤᠷᠤᠨ ᠤ ᠵᠤᠭᠠᠴᠠᠯ ᠤᠨ ᠴᠡᠭ ᠲᠤ ᠰᠢᠨ᠎ᠠ ᠪᠠᠷ 4 ᠵᠤᠷᠯᠦᠩ ᠪᠠᠷᠢᠵᠤ᠂ ᠰᠤᠮᠤ ᠪᠠᠯᠭᠠᠰᠤ ᠪᠦᠷᠢ ᠳᠤ ᠤᠰᠤ  ᠪᠠᠷ ᠴᠠᠪᠡᠷᠰᠢᠬᠦᠯᠬᠦ ᠵᠤᠷᠯᠤᠩ ᠪᠠᠷᠢᠨ᠂ ᠮᠠᠯᠵᠢᠬᠤ ᠣᠷᠣᠨ ᠤ ᠵᠣᠷᠯᠣᠩ ᠤᠨ ᠰᠢᠨᠡᠴᠢᠯᠡᠯᠳᠡ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ ᠨᠠᠢᠮᠠ ᠳᠤ᠂ 82 ᠲᠦᠮᠡᠨ ᠲᠦᠬᠦᠷᠢᠭ ᠤᠨ ᠪᠡᠯᠡ ᠣᠷᠣᠭᠤᠯᠣᠨ᠂ ᠶᠡᠷᠦᠩᠬᠡᠶᠢᠯᠡᠭᠰᠡᠨ ᠴᠣᠭᠯᠠᠭ᠎ᠠ ᠠᠷᠠᠯᠵᠢᠶᠠᠨ ᠤ ᠵᠠᠬ᠎ᠠ ᠲᠡᠯᠭᠡᠬᠦᠷ ᠲᠤ ᠢᠳᠡᠭᠡᠨ ᠤ ᠠᠮᠣᠷ ᠲᠦᠪᠰᠢᠨ ᠤ ᠬᠢᠨᠠᠨ ᠬᠠᠮᠢᠶᠠᠷᠣᠯᠳᠠ ᠶᠢᠨ ᠢᠨᠵᠧᠨᠧᠷᠢᠩ ᠢ ᠬᠡᠷᠡᠭᠵᠢᠬᠦᠯᠦᠨ᠂ ᠣᠯᠠᠨ ᠲᠦᠮᠡᠨ ᠤ ᠢᠳᠡᠬᠡᠨ ᠤᠮᠳᠠᠭᠠᠨ ᠤ ᠠᠮᠣᠷ ᠲᠦᠪᠰᠢᠨ ᠢ ᠪᠠᠳᠣᠯᠠᠨ᠎ᠠ᠃ ᠶᠢᠰᠦ ᠳᠤ᠂ ᠮᠠᠯᠵᠢᠬᠤ ᠣᠷᠣᠨ ᠤ 148 ᠡᠷᠦᠭᠡ ᠳᠤ ᠴᠠᠬᠢᠯᠭᠠᠨ ᠨᠠᠪᠳᠠᠷᠠᠬᠦᠯᠦᠨ᠂ ᠮᠠᠯᠵᠢᠬᠤ ᠣᠷᠣᠨ ᠳᠤ ᠴᠠᠬᠢᠯᠭᠠᠨ ᠬᠠᠩᠭᠠᠬᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠠᠷᠪᠠ ᠳᠤ᠂ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠣᠨ ᠠᠪᠬᠤ ᠬᠡᠯᠪᠡᠷᠢ ᠪᠠᠷ᠂ ᠵᠢᠯ ᠤᠨ ᠲᠣᠳᠣᠷ᠎ᠠ 100 ᠠᠴᠠ ᠲᠡᠬᠡᠭᠰᠢ ᠨᠡᠶᠢᠳᠡ ᠶᠢᠨ ᠠᠰᠢᠭᠳᠣ ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠬᠦᠯᠦᠨ᠂ ᠶᠡᠭᠡ ᠰᠣᠷᠭᠠᠭᠤᠯᠢ ᠶᠢᠨ ᠣᠶᠣᠳᠠᠳ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ᠂ ᠭᠤᠷᠪᠡᠨ ᠲᠦᠷᠤᠯ ᠤᠨ ᠪᠠᠳᠤᠯᠠᠭ᠎ᠠ ᠶᠢᠨ ᠠᠵᠢᠯ ᠢ ᠰᠠᠶᠢᠳᠤᠷ ᠠᠳᠬᠤᠨ᠎ᠠ᠃ ᠨᠢᠬᠡ ᠳᠤ᠂ ᠬᠦᠭᠵᠢᠯᠳᠠ ᠶᠢᠨ ᠰᠠᠭᠤᠷᠢ ᠶᠢ ᠲᠠᠰᠤᠷᠠᠯᠳᠠ ᠦᠬᠡᠢ ᠪᠠᠬᠢᠵᠢᠬᠦᠯᠤᠨ᠎ᠠ᠃ ᠦᠪᠡᠷᠳᠡᠬᠡᠨ ᠵᠠᠰᠠᠬᠤ ᠤᠷᠤᠨ  ᠤ ᠦᠵᠡᠰᠬᠦᠯᠠᠩᠳᠤ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠬᠤ ᠪᠠᠷᠢᠮᠵᠢᠶᠠᠵᠢᠭᠰᠡᠨ ᠲᠤᠷᠰᠢᠯᠳᠠ ᠶᠢᠨ ᠴᠡᠭ ᠤᠨ ᠲᠦᠷᠤᠯ ᠵᠥᠢᠯ ᠢ ᠢᠳᠡᠪᠬᠢᠳᠡᠢ ᠬᠡᠷᠡᠭᠵᠢᠬᠦᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠦᠵᠡᠰᠬᠦᠯᠡᠩᠳᠤ ᠰᠠᠶᠢᠬᠠᠨ ᠲᠤᠬᠢᠯᠢᠭ ᠲᠠᠭᠠᠯᠠᠮᠵᠢᠳᠡᠢ ᠮᠠᠯᠵᠢᠬᠤ ᠤᠷᠤᠨ ᠢ ᠴᠤᠭᠴᠠᠯᠠᠨ ᠪᠠᠶᠢᠭᠤᠯᠵᠤ᠂ ᠨᠤᠳᠤᠭ ᠪᠠᠯᠴᠢᠬᠡᠷ ᠤᠨ ᠡᠷᠬᠡ ᠢ ᠲᠤᠳᠤᠷᠬᠠᠶᠢᠯᠠᠵᠤ ᠦᠨᠡᠮᠯᠡᠯ ᠲᠠᠷᠬᠠᠭᠠᠨ ᠲᠠᠩᠰᠠᠯᠠᠬᠤ ᠠᠵᠢᠯ ᠢ ᠪᠠᠶᠠᠯᠠᠬᠦᠯᠵᠤ᠂ ᠮᠠᠯᠵᠢᠬᠤ ᠤᠷᠤᠨ ᠤ ᠬᠡᠷ ᠪᠠᠶᠢᠰᠢᠩ ᠪᠠ ᠬᠠᠮᠳᠤ ᠶᠢᠨ ᠨᠤᠳᠤᠭ ᠤᠨ ᠦᠨᠡᠮᠯᠡᠯ ᠲᠠᠷᠬᠠᠭᠠᠬᠤ ᠠᠵᠢᠯ ᠢ ᠡᠬᠢᠯᠡᠬᠦᠯᠵᠤ᠂ ︽ᠭᠤᠷᠪᠡᠨ ᠡᠷᠬᠡ ᠶᠢ ᠬᠤᠪᠢᠶᠠᠷᠢᠯᠠᠬᠤ︾ ᠪᠦᠳᠤᠮᠵᠢᠳᠤ ᠵᠤᠬᠢᠴᠠᠮᠵᠢ ᠶᠢ ᠲᠦᠷᠢᠮᠵᠢᠬᠦᠯᠵᠤ᠂ ᠭᠠᠵᠡᠷ ᠲᠤᠤᠷᠡᠬᠢ ᠤᠰᠤᠨ ᠰᠤᠷᠪᠤᠯᠵᠢ ᠶᠢ ᠬᠠᠶᠢᠨ ᠪᠠᠶᠢᠴᠠᠭᠠᠵᠤ ᠲᠤᠭᠤᠷᠢᠭ ᠬᠤᠪᠢᠶᠠᠬᠤ ᠲᠦᠷᠤᠯ ᠵᠥᠢᠯ ᠪᠠ ᠠᠮᠤᠷ ᠲᠦᠪᠰᠢᠨ ᠤᠰᠤ ᠤᠮᠳᠠ ᠶᠢᠨ ᠢᠡᠵᠧᠨᠧᠷᠢᠩ ᠢ ᠦᠷᠬᠦᠯᠵᠢᠯᠡᠨ ᠰᠠᠶᠢᠳᠤᠷ ᠬᠢᠵᠤ᠂ 21 ᠬᠠᠶᠢᠨ ᠰᠢᠡᠵᠢᠯᠡᠬᠦ ᠬᠤᠳᠳᠤᠭ ᠤᠨ ᠲᠤᠭ᠎ᠠ ᠪᠠᠷᠢᠮᠳᠠ ᠶᠢ ᠪᠦᠷᠢᠳᠬᠡᠨ᠂ ᠮᠠᠨ ᠤ ᠬᠤᠰᠢᠭᠤᠨ ᠤ ᠤᠰᠤᠨ ᠤ ᠡᠬᠢ ᠰᠤᠷᠪᠤᠯᠵᠢ ᠶᠢᠨ ᠲᠠᠷᠬᠠᠯᠳᠠ ᠶᠢᠨ ᠪᠠᠶᠢᠳᠠᠯ ᠢ ᠨᠠᠷᠢᠨ ᠦᠢᠯᠠᠭᠠᠵᠤ᠂ ᠰᠢᠨ᠎ᠠ ᠪᠠᠷ 100 ᠰᠠᠤᠷᠢ ᠮᠠᠰᠢᠨ ᠬᠤᠳᠳᠤᠭ ᠮᠠᠯᠳᠠᠨ᠂ ᠨᠠᠷᠠ ᠰᠠᠯᠬᠢᠨ ᠬᠠᠪᠰᠤᠷᠭᠠᠭᠰᠡᠨ ᠤᠰᠤ ᠲᠠᠳᠠᠬᠤ ᠲᠦᠬᠦᠬᠡᠷᠤᠮᠵᠢ 40 ᠢᠵᠢ ᠤᠭᠰᠠᠷᠠᠵᠤ᠂ ᠬᠤᠳᠠ ᠬᠦᠳᠡᠭᠡ ᠶᠢᠨ 2 ᠲᠦᠮᠡᠨ ᠬᠦᠮᠤᠨ᠂ 20 ᠲᠦᠮᠡᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠤᠷᠢᠯᠡᠨ᠎ᠠ᠃ ᠬᠦᠡᠳᠤ ᠨᠤᠴᠢᠳᠡᠢ ᠡᠪᠳᠡᠭᠳᠡᠭᠰᠡᠨ 17.6 ᠺᠢᠯᠤᠮᠧᠲᠷ ᠭᠠᠴᠠᠭᠠᠨ ᠤ ᠵᠠᠮ ᠢ ᠰᠠᠯᠪᠢᠨ ᠵᠠᠰᠠᠵᠤ᠂ 220 ᠺᠢᠯᠤᠸᠤᠯᠲ ᠤᠨ ᠬᠦᠴᠤᠳᠠᠯ ᠬᠤᠪᠢᠰᠬᠠᠬᠤ ᠪᠠᠷᠢᠯᠭ᠎ᠠ ᠶᠢ ᠲᠠᠭᠤᠰᠬᠠᠨ᠂ ᠰᠢᠨ᠎ᠠ ᠪᠠᠷ 35 ᠺᠢᠯᠤᠸᠤᠯᠲ ᠠᠴᠠ ᠲᠡᠬᠡᠭᠰᠢ ᠬᠦᠴᠤᠳᠠᠯ ᠬᠤᠪᠢᠰᠬᠠᠬᠤ ᠴᠠᠬᠢᠯᠭᠠᠨ ᠱᠤᠭᠤᠮ ᠢ 241 ᠺᠢᠯᠤᠮᠧᠲᠷ ᠲᠠᠳᠠᠵᠤ᠂ 10 ᠺᠢᠯᠤᠸᠤᠯᠲ ᠠᠴᠠ ᠲᠤᠷᠤᠭᠰᠢ ᠴᠠᠬᠢᠯᠭᠠᠨ ᠱᠤᠭᠤᠮ ᠢ 120 ᠺᠢᠯᠤᠮᠧᠲᠷ ᠲᠠᠳᠠᠨ᠎ᠠ︔ ᠴᠢᠮᠡᠭᠡ ᠬᠤᠯᠪᠤᠭᠠᠨ ᠤ ᠨᠠᠶᠢᠳᠠᠮ ᠦᠢᠯᠡᠴᠢᠯᠡᠬᠡᠨ ᠤ ᠲᠤᠷᠰᠢᠯᠳᠠ ᠶᠢᠨ ᠴᠡᠭ ᠤᠨ ᠢᠡᠵᠧᠨᠧᠷᠢᠩ ᠢ ᠬᠡᠷᠡᠭᠵᠢᠬᠦᠯᠵᠤ᠂ 54 ᠭᠠᠴᠠᠭ᠎ᠠ ᠳᠤ ᠤᠳᠠᠰᠤᠳᠤ ᠲᠤᠤᠷ ᠰᠦᠯᠵᠢᠶ᠎ᠠ ᠨᠠᠪᠳᠠᠷᠡᠬᠦᠯᠵᠤ᠂ ᠰᠢᠨ᠎ᠠ ᠪᠠᠷ ᠰᠠᠭᠤᠷᠢ ᠦᠷᠳᠡᠭᠡ 5 ᠶᠢ ᠪᠠᠶᠢᠭᠤᠯᠤᠨ᠂ ᠮᠠᠯᠵᠢᠬᠤ ᠤᠷᠤᠨ ᠤ ᠴᠢᠮᠡᠭᠡ ᠬᠤᠯᠪᠣᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠪᠡᠯᠬᠦᠳᠡᠢ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠬᠤᠳᠠ ᠪᠠᠯᠭᠠᠰᠤᠨ ᠤ ᠡᠯ᠎ᠠ ᠲᠦᠷᠤᠯ ᠤᠨ ᠲᠦᠯᠤᠪᠵᠢᠬᠦᠯᠬᠡ ᠶᠢ ᠨᠠᠶᠢᠷᠠᠭᠤᠯᠤᠨ ᠵᠠᠰᠠᠵᠤ᠂ 2 ᠵᠤᠷᠪᠤᠰ 2.4 ᠺᠢᠯᠤᠮᠧᠲᠷ ᠵᠡᠬᠡᠯᠢ ᠶᠢᠨ ᠵᠠᠮ ᠢ ᠵᠠᠰᠠᠵᠤ᠂ 1.4 ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠵᠠᠮ ᠢ ᠬᠠᠳᠠᠭᠤᠷᠠᠭᠤᠯᠤᠨ᠂ 5 ᠺᠢᠯᠤᠮᠧᠲᠷ ᠪᠤᠬᠢᠷ ᠤᠰᠤᠨ ᠤ ᠬᠤᠭᠤᠯᠠᠢ᠂ 10 ᠺᠢᠯᠤᠮᠧᠲᠷ ᠲᠦᠬᠡᠬᠡᠯ ᠣᠰᠣᠨ ᠬᠤᠭᠤᠯᠠᠢ᠂ 1 ᠺᠢᠯᠤᠮᠧᠲᠷ ᠪᠤᠷᠤᠭᠠᠨ ᠤ ᠤᠰᠤ ᠶᠢ ᠭᠠᠳᠠᠭᠰᠢᠯᠠᠭᠤᠯᠬᠤ ᠬᠤᠭᠤᠯᠠᠢ ᠶᠢ ᠦᠬᠡᠷᠡᠴᠢᠯᠡᠨ ᠰᠢᠨᠡᠳᠬᠡᠨ᠎ᠠ᠃ 450 ᠢᠵᠢ ᠵᠠᠮ ᠤᠨ ᠳ᠋ᠸᠡᠭ ᠤᠭᠰᠠᠷᠠᠵᠤ᠂ 303 ᠤᠯᠤᠰ ᠤᠨ ᠲᠡᠰ ᠤᠨ ᠵᠠᠰᠠᠮᠠᠯ ᠵᠠᠮ ᠤᠨ ᠬᠤᠶᠢᠳᠤ ᠬᠡᠰᠡᠭ ᠤᠨ ᠠᠰᠠᠷ ᠪᠠᠷᠢᠯᠭ᠎ᠠ ᠶᠢ ᠬᠡᠷᠡᠯᠳᠤᠬᠦᠯᠤᠨ ᠴᠢᠮᠡᠭᠯᠡᠵᠤ᠂ ᠬᠤᠰᠢᠭᠤᠨ ᠲᠦᠪ ᠪᠠ ᠡᠷᠬᠢᠨ ᠲᠤᠭᠤᠷᠢᠨ ᠤ 71.3 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠨᠤᠭᠤᠭᠠᠷᠠᠭᠤᠯᠵᠤ᠂ 300 ᠡᠷᠤᠬᠡ ᠶᠢᠨ ᠲᠦᠬᠦᠮ ᠪᠦᠳᠤᠴᠢᠳᠤ ᠤᠷᠤᠨ ᠰᠠᠭᠤᠴᠠ ᠶᠢ ᠦᠬᠡᠷᠡᠴᠢᠯᠡᠨ ᠪᠠᠶᠢᠭᠤᠯᠵᠤ᠂ ᠴᠠᠪᠠᠷᠰᠢᠬᠦᠯᠦᠭᠰᠡᠨ ᠤᠰᠤ ᠶᠢ ᠤᠷᠴᠢᠯᠳᠤᠭᠤᠯᠤᠨ ᠠᠰᠢᠭᠯᠠᠬᠤ ᠦᠵᠡᠮᠵᠢ ᠶᠢᠨ ᠢᠡᠵᠧᠨᠧᠷᠢᠩ ᠤᠨ ᠪᠠᠷᠢᠯᠭ᠎ᠠ ᠶᠢ ᠲᠠᠭᠤᠰᠬᠠᠨ᠎ᠠ᠃ ᠬᠤᠶᠡᠷ ᠲᠤ᠂ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠤᠨ᠎ᠠ᠃ ᠭᠤᠤᠯᠳᠠᠯᠭᠠᠳᠤ ᠬᠦᠷᠢᠶ᠎ᠠ ᠬᠡᠪᠴᠢᠶᠠᠨ ᠤ ᠦᠬᠡᠷᠡᠴᠢᠯᠡᠯᠳᠡ ᠶᠢ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠂ ︽ᠬᠤᠶᠡᠷ ᠲᠤᠭᠳᠠᠮᠠᠯ ᠪᠤᠰᠤ᠂ ᠨᠢᠬᠡ ᠢᠯᠡ ᠨᠠᠶᠢᠳᠠᠯᠠᠬᠦ︾ ᠬᠢᠨᠡᠨ ᠬᠠᠮᠢᠶᠠᠷᠤᠯᠳᠠ ᠶᠢᠨ ᠬᠡᠯᠪᠡᠷᠢ ᠶᠢ ᠪᠦᠬᠦ ᠲᠠᠯ᠎ᠠ ᠪᠠᠷ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠᠨ ᠳᠤ ᠬᠦᠳᠡᠯᠤᠩᠬᠦᠢ  ᠲᠤᠬᠢᠷᠠᠭᠤᠯᠤᠯᠳᠠ ᠬᠢᠵᠤ᠂ ᠵᠠᠰᠠᠭ ᠵᠠᠬᠢᠷᠭᠠᠨ ᠤ ᠦᠢᠯᠡᠴᠢᠯᠡᠭᠡ ᠶᠢ ᠲᠦᠷᠢᠮᠵᠢᠬᠦᠯᠤᠨ᠎ᠠ᠃ ︽ᠢᠡᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠲᠦᠷᠬᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ  ᠢ ᠠᠰᠢᠭᠯᠠᠯᠳᠠ ᠳᠤ ᠤᠷᠤᠭᠤᠯᠵᠤ᠂ ᠤᠯᠠᠨ ᠲᠦᠮᠡᠨ ᠪᠠ ᠠᠵᠤ ᠠᠬᠤᠶᠢᠯᠡᠯ ᠳᠤ ᠲᠦᠬᠦᠮ ᠲᠦᠳᠠ᠂ ᠬᠠᠨᠤᠮᠵᠢᠳᠡᠢ ᠦᠢᠯᠡᠴᠢᠯᠡᠭᠡ ᠬᠠᠩᠭᠠᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠦᠷᠬᠦᠯᠵᠢᠯᠡᠨ ᠬᠦᠡᠵᠡᠬᠡᠶᠢᠷᠡᠬᠦᠯᠵᠤ᠂ ᠦᠢᠯᠡᠳᠪᠤᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠶᠢ ᠡᠯᠧᠺᠲᠷᠤᠡᠴᠢᠯᠡᠨ ᠭᠠᠷ ᠬᠦᠢᠴᠡᠳᠬᠡᠯ ᠢᠶᠠᠨ ᠬᠦᠴᠤᠨ ᠦᠬᠡᠢ ᠪᠤᠯᠭᠠᠬᠤ ᠭᠠᠷᠳᠠᠮ ᠢ ᠲᠦᠬᠦᠮᠵᠢᠯᠡᠨ᠎ᠠ᠃ ᠶᠠᠰᠤ ᠴᠢᠨᠠᠷ ᠪᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠡᠯ᠎ᠠ ᠬᠦᠷᠢᠶ᠎ᠠ ᠬᠡᠪᠴᠢᠶᠠᠨ ᠳᠠᠬᠢ ᠶᠠᠰᠤ ᠴᠢᠨᠠᠷ  ᠤᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠠᠴᠢᠯᠡᠯᠳᠡ ᠶᠢ ᠬᠦᠡᠵᠡᠬᠡᠶᠢᠷᠡᠬᠦᠯᠵᠤ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠲᠠᠷᠤᠭ᠎ᠠ ᠶᠢ ᠤᠷᠢᠨ ᠬᠡᠷᠡᠭᠯᠡᠬᠦ ᠲᠦᠷᠢᠮ ᠪᠠ ᠠᠵᠢᠯᠳᠠᠨ ᠤ ᠴᠠᠯᠢᠩ ᠤᠨ ᠲᠦᠷᠢᠮ ᠤᠨ ᠦᠬᠡᠷᠡᠴᠢᠯᠡᠯᠳᠡ ᠶᠢ ᠲᠤᠭᠳᠠᠭᠤᠨ ᠠᠬᠢᠭᠤᠯᠵᠤ᠂ ᠡᠮᠨᠡᠯᠬᠡ ᠶᠢᠨ ᠪᠠᠶᠢᠭᠤᠯᠭ᠎ᠠ ᠶᠢᠨ ᠬᠤᠯᠪᠤᠭᠠᠯᠠᠭᠰᠡᠨ ᠨᠢᠬᠡᠴᠠ ᠶᠢ ᠪᠠᠶᠢᠭᠤᠯᠤᠨ᠂ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠬᠢᠨᠡᠨ ᠬᠠᠮᠢᠶᠠᠷᠤᠯᠳᠠ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠪᠠᠶᠢᠭᠤᠯᠭ᠎ᠠ ᠨᠢᠬᠡᠴᠠ ᠶᠢᠨ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠬᠤᠳᠠ ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ  ᠶᠢᠨ ᠦᠬᠡᠷᠡᠴᠢᠯᠡᠯᠳᠡ ᠶᠢ ᠬᠦᠢᠴᠡᠳᠬᠡᠨ᠎ᠠ᠃ ᠤᠷᠤᠰᠢᠭᠤᠯᠭ᠎ᠠ ᠶᠢᠨ ᠦᠬᠡᠷᠡᠴᠢᠯᠡᠯᠳᠡ ᠶᠢ ᠠᠬᠢᠭᠤᠯᠵᠤ᠂ ᠴᠢᠡᠳᠡᠷ ᠬᠠᠳᠠᠭᠠᠯᠠᠬᠤ ᠭᠠᠵᠡᠷ ᠢ ᠠᠰᠢᠭᠯᠠᠯᠳᠠ ᠳᠤ ᠤᠷᠤᠭᠤᠯᠵᠤ᠂ ᠨᠠᠶᠢᠳᠠ ᠶᠢᠨ ᠤᠩᠭᠤᠨ ᠢ ᠦᠬᠡᠷᠡᠴᠢᠯᠡᠨ ᠵᠠᠰᠠᠬᠤ ᠢᠡᠵᠧᠨᠧᠷᠢᠩ ᠢ ᠦᠷᠬᠦᠯᠵᠢᠯᠡᠨ ᠠᠬᠢᠭᠤᠯᠤᠨ᠎ᠠ᠃ ᠭᠠᠳᠠᠭᠠᠳᠤ ᠲᠠᠢ ᠴᠢᠯᠤᠬᠡᠳᠡᠢ ᠶᠠᠪᠤᠯᠴᠠᠬᠤ ᠶᠢ ᠲᠦᠷᠬᠡᠳᠬᠡᠨ᠂ ᠲᠦᠷᠤ ᠶᠢᠨ ᠶᠠᠪᠤᠳᠠᠯ ᠤᠨ ᠬᠤᠷᠢᠶᠠᠨ ᠤ ︽ᠬᠢᠯᠢ ᠲᠠᠭᠠᠤ ᠭᠤᠤᠯᠳᠠᠯᠭᠠᠳᠤ ᠭᠠᠵᠡᠷ ᠤᠷᠤᠨ ᠤ ᠨᠠᠬᠡᠬᠡᠨ ᠬᠦᠭᠵᠢᠬᠦᠯᠦᠯᠳᠡ᠂ ᠴᠢᠯᠤᠬᠡᠳᠡᠢ ᠶᠠᠪᠣᠯᠴᠠᠭ᠎ᠠ ᠶᠢ ᠲᠠᠮᠵᠢᠬᠦ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢᠨ ᠲᠤᠬᠠᠢ ᠰᠠᠨᠠᠯ︾ ᠢ ᠲᠤᠭᠳᠠᠭᠠᠭᠰᠡᠨ ᠠᠰᠢᠭᠳᠡᠢ ᠲᠤᠬᠢᠶᠠᠯ ᠢ ᠡᠵᠡᠮᠳᠡᠨ᠂ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠤ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠂ ᠵᠢᠯ ᠤᠨ ᠲᠤᠳᠤᠷ᠎ᠠ ᠨᠠᠷᠠᠠᠪᠤᠯᠠᠭ ᠬᠢᠯᠢ ᠶᠢᠨ ᠠᠷᠡᠳ ᠤᠨ ᠨᠠᠪᠳᠠᠷᠠᠬᠦ ᠵᠠᠮ ᠤᠨ ᠠᠵᠢᠯ ᠢ ᠰᠢᠨ᠎ᠠ ᠠᠬᠢᠴᠠ ᠲᠠᠢ ᠪᠤᠯᠭᠠᠨ᠂ ᠮᠤᠩᠭᠤᠯ ᠤᠯᠤᠰ ᠲᠠᠢ ᠰᠤᠶᠤᠯ ᠰᠤᠷᠭᠠᠨ ᠬᠦᠮᠤᠵᠢᠯ  ᠤᠨ ᠬᠠᠮᠳᠤᠷᠠᠯᠴᠠᠭ᠎ᠠ ᠰᠤᠯᠢᠯᠴᠠᠭ᠎ᠠ ᠶᠢ 8 ᠤᠳᠠᠭ᠎ᠠ ᠠᠴᠠ ᠲᠡᠬᠡᠭᠰᠢ ᠡᠷᠬᠢᠯᠡᠨ᠂ ᠬᠢᠯᠢ ᠶᠢᠨ ᠠᠷᠡᠳ ᠲᠤ ᠨᠦᠬᠦᠪᠤᠷᠢ ᠤᠯᠭᠤᠬᠤ ᠠᠵᠢᠯ ᠢ ᠰᠠᠶᠢᠳᠤᠷ ᠬᠢᠨ᠎ᠠ᠃ ᠠᠷᠠᠯᠵᠢᠶᠠᠴᠢᠨ ᠤᠷᠢᠵᠤ ᠪᠠᠯᠠ ᠲᠠᠳᠠᠬᠤ ᠠᠵᠢᠯ ᠢ ᠰᠠᠶᠢᠳᠣᠷ ᠬᠢᠵᠦ᠂ ᠣᠬᠠᠭᠤᠯᠭ᠎ᠠ ᠰᠣᠷᠳᠠᠯᠴᠢᠯᠠᠭ᠎ᠠ ᠪᠠ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠦᠨ᠂ ᠲᠦᠷᠤᠯ ᠵᠥᠢᠯ ᠤᠨ ᠪᠦᠬᠦ ᠶᠠᠪᠤᠴᠠ ᠶᠢ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠬᠦᠯᠤᠨ᠂ ᠪᠦᠬᠦ ᠵᠢᠯ ᠳᠤ ᠠᠶᠢᠮᠠᠭ ᠤᠨ ᠭᠠᠳᠠᠨᠠᠬᠢ ᠪᠡᠯᠡ ᠤᠷᠤᠭᠤᠯᠤᠯᠳᠠ ᠶᠢ 25 ᠳ᠋ᠦᠩᠰᠢᠭᠤᠷ ᠲᠦᠬᠦᠷᠢᠭ ᠠᠴᠠ ᠲᠡᠬᠡᠭᠰᠢ ᠲᠠᠳᠠᠨ ᠤᠷᠤᠭᠤᠯᠤᠨ᠎ᠠ᠃ ᠲᠦᠷᠤᠯ ᠵᠥᠢᠯ ᠤᠨ ᠪᠠᠶᠢᠭᠤᠯᠤᠯᠳᠠ ᠶᠢ ᠬᠦᠴᠤᠯᠠᠨ ᠠᠳᠬᠤᠵᠤ᠂ ᠤᠳᠤᠷᠢᠳᠤᠯᠭ᠎ᠠ ᠲᠠᠭᠠᠭᠠᠴᠢᠯᠠᠨ ᠬᠠᠷᠢᠴᠠᠬᠤ ᠠᠵᠢᠯ ᠤᠨ ᠵᠤᠬᠢᠴᠠᠮᠵᠢ ᠶᠢ ᠰᠠᠶᠢᠳᠤᠷ ᠨᠠᠶᠢᠳᠠᠪᠤᠷᠢᠵᠢᠭᠤᠯᠤᠨ᠂ ᠭᠤᠤᠯᠳᠠᠯᠭᠠᠳᠤ ᠲᠦᠷᠤᠯ ᠵᠥᠢᠯ ᠤᠨ ᠲᠤᠬᠢᠷᠠᠭᠤᠯᠤᠯᠳᠠ ᠶᠢᠨ ᠬᠦᠴᠤᠯᠠᠴᠠ ᠪᠠᠨ ᠨᠡᠮᠡᠭᠳᠡᠬᠦᠯᠤᠨ᠂ ᠵᠢᠯ ᠤᠨ ᠲᠤᠳᠤᠷ᠎ᠠ 50 ᠭᠤᠤᠯᠳᠠᠯᠭᠠᠳᠤ ᠲᠦᠷᠤᠯ ᠵᠥᠢᠯ ᠤᠨ ᠠᠵᠢᠯ ᠢ ᠡᠬᠢᠯᠡᠬᠦᠯᠤᠨ᠂ 30 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠤᠷᠤᠭᠤᠯᠤᠯᠳᠠ  ᠶᠢ ᠪᠠᠶᠠᠯᠠᠬᠦᠯᠤᠨ᠎ᠠ᠃ ᠲᠦᠷᠤᠯ ᠵᠥᠢᠯ ᠤᠨ ᠨᠦᠬᠡᠴᠠ ᠬᠦᠮᠤᠷᠬᠡ ᠶᠢ ᠦᠷᠭᠡᠳᠭᠡᠨ᠂ ᠨᠠᠩ ᠤᠯᠠᠨ ᠲᠦᠷᠤᠯ ᠵᠥᠢᠯ ᠢ ᠲᠡᠬᠡᠳᠤ ᠱᠠᠳᠤᠨ ᠳᠤ ᠲᠠᠩᠰᠠᠯᠠᠭᠤᠯᠤᠨ᠂ ᠵᠢᠯ ᠤᠨ ᠲᠤᠳᠤᠷ᠎ᠠ ᠲᠡᠬᠡᠳᠤ ᠱᠠᠳᠤᠨ ᠤ ᠲᠦᠰᠤᠪᠯᠡᠨ ᠪᠤᠳᠤᠯᠳᠠ ᠶᠢᠨ ᠪᠡᠯᠡ ᠮᠦᠩᠬᠦ ᠶᠢ ᠳ᠋ᠦᠩᠰᠢᠭᠤᠷ ᠲᠦᠬᠦᠷᠢᠭ ᠠᠴᠠ ᠲᠡᠬᠡᠭᠰᠢ ᠭᠤᠶᠤᠴᠢᠯᠡᠨ ᠤᠯᠬᠤ ᠪᠠᠷ ᠴᠢᠷᠮᠠᠶᠢᠨ᠎ᠠ᠃ ᠭᠤᠷᠪᠡ ᠳᠤ᠂ ᠨᠠᠶᠢᠬᠡᠮ ᠤᠨ ᠡᠶ᠎ᠡ ᠵᠤᠬᠢᠴᠠᠯ᠂ ᠲᠤᠭᠳᠠᠭᠤᠨ ᠢ ᠬᠠᠮᠠᠭᠠᠯᠠᠨ᠎ᠠ᠃ ᠨᠠᠶᠢᠬᠡᠮ ᠤᠨ ᠠᠮᠤᠷ ᠢ ᠬᠠᠮᠠᠭᠠᠯᠠᠬᠤ ᠰᠡᠷᠬᠡᠶᠢᠯᠡᠨ ᠡᠵᠡᠮᠳᠡᠬᠦ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠡᠯ᠎ᠠ ᠵᠥᠢᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠴᠤ᠂ ᠠᠮᠤᠷ ᠲᠠᠶᠢᠪᠤᠡᠭ ᠬᠤᠳᠠ ᠪᠠᠯᠭᠠᠰᠤ ᠶᠢᠨ ᠬᠠᠷᠠᠭᠠᠨ ᠲᠠᠪᠳᠠᠮᠵᠢ ᠶᠢᠨ ᠬᠢᠨᠡᠨ ᠡᠵᠡᠮᠰᠢᠯᠳᠠ ᠶᠢ ᠲᠡᠰ ᠲᠠᠪᠰᠢᠬᠦᠯᠤᠨ ᠦᠬᠡᠷᠡᠴᠢᠯᠡᠬᠦ ᠢᠡᠵᠧᠨᠧᠷᠢᠩ ᠢ ᠪᠠᠶᠠᠯᠠᠬᠦᠯᠵᠤ᠂ ᠠᠷᠡᠳ ᠲᠦᠮᠡᠨ ᠤ ᠠᠮᠤᠷ ᠲᠦᠪᠰᠢᠨ ᠤ ᠰᠡᠳᠬᠢᠭᠳᠡᠯ ᠢ ᠴᠢᠷᠮᠠᠶᠢᠨ ᠲᠡᠬᠡᠭᠰᠢᠯᠡᠬᠦᠯᠤᠨ᠎ᠠ᠃ ᠨᠠᠶᠢᠬᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠨᠠᠮᠳᠠᠭᠠᠬᠤ ᠶᠢ ᠬᠦᠡᠵᠡᠬᠡᠢ ᠠᠬᠢᠭᠤᠯᠵᠤ᠂ ᠤᠯᠠᠨ ᠡᠰᠢᠳᠤ ᠵᠦᠷᠢᠴᠡᠯ ᠵᠢᠭᠤᠷᠭᠠᠨ ᠢ ᠪᠠᠶᠢᠴᠠᠭᠠᠨ ᠡᠶᠡᠳᠡᠬᠦᠯᠬᠦ ᠵᠤᠬᠢᠴᠠᠮᠵᠢ ᠶᠢ ᠢᠳᠡᠪᠬᠢᠳᠡᠢ ᠰᠦᠪᠡᠭᠴᠢᠯᠡᠨ᠂ ᠦᠡᠳᠤᠰᠤᠨ ᠱᠠᠳᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠲᠦᠷᠢᠮᠵᠢᠭᠰᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠮᠵᠢ ᠶᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ︽1328︾ ᠵᠠᠬᠢᠳᠠᠯ ᠰᠤᠷᠪᠤᠯᠵᠢᠯᠠᠭ᠎ᠠ ᠬᠦᠯᠢᠶᠠᠨ ᠠᠪᠬᠤ ᠡᠳᠤᠷ᠂ ᠵᠠᠬᠢᠳᠠᠯ ᠰᠤᠷᠪᠤᠯᠵᠢᠯᠠᠭ᠎ᠠ ᠶᠢᠨ ᠲᠦᠪᠡᠭᠳᠡᠢ ᠬᠡᠷᠡᠭ ᠢ ᠤᠳᠤᠷᠢᠳᠤᠯᠭ᠎ᠠ ᠠᠴᠠ ᠲᠤᠰᠬᠠᠢ ᠬᠠᠷᠢᠭᠤᠴᠠᠬᠤ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠬᠢᠳᠡᠯ ᠰᠤᠷᠪᠤᠯᠵᠢᠯᠠᠭ᠎ᠠ ᠶᠢᠨ ᠶᠠᠷᠤᠩᠬᠡᠢ ᠬᠡᠮᠵᠢᠶ᠎ᠠ ᠶᠢ ᠦᠷᠬᠦᠯᠵᠢᠯᠡᠨ ᠴᠦᠬᠡᠳᠬᠡᠬᠦ ᠶᠢ ᠠᠬᠢᠭᠤᠯᠤᠨ᠎ᠠ᠃ ︽ᠠᠮᠤᠷ ᠲᠦᠪᠰᠢᠨ ᠢ  ᠲᠡᠷᠢᠬᠦᠨ ᠳᠤ ᠲᠠᠯᠪᠢᠵᠤ᠂ ᠰᠡᠷᠬᠡᠶᠢᠯᠡᠬᠦ  ᠪᠠᠷ ᠭᠤᠤᠯ ᠪᠤᠯᠭᠠᠬᠤ︾ ᠠᠶᠤᠯᠬᠦᠢ ᠦᠢᠯᠡᠳᠪᠤᠷᠢᠯᠡᠯ ᠤᠨ ᠲᠠᠨᠢᠯᠳᠠ ᠶᠢ ᠲᠡᠬᠡᠭᠰᠢᠯᠡᠬᠦᠯᠵᠤ᠂ ᠬᠠᠷᠢᠭᠤᠴᠠᠯᠭ᠎ᠠ ᠶᠢᠨ ᠲᠦᠷᠢᠮ ᠤᠨ ᠪᠠᠶᠢᠭᠤᠯᠤᠯᠳᠠ᠂ ᠤᠬᠠᠭᠤᠯᠭ᠎ᠠ ᠬᠦᠮᠤᠵᠢᠯ ᠤᠨ ᠪᠤᠯᠪᠠᠰᠤᠷᠠᠯ᠂ ᠲᠠᠯᠳᠠ ᠬᠡᠮ ᠢ ᠪᠠᠶᠢᠴᠠᠭᠠᠨ ᠴᠡᠭᠴᠡᠯᠡᠬᠦ ᠂ ᠪᠠᠷᠢᠮᠵᠢᠶᠠᠵᠢᠭᠰᠡᠨ ᠪᠦᠳᠤᠬᠡᠨ ᠪᠠᠶᠢᠭᠤᠯᠤᠯᠳᠠ ᠪᠠᠷ ᠭᠠᠷᠳᠠᠴᠠ ᠪᠤᠯᠭᠠᠵᠤ᠂ ︽ᠭᠤᠷᠪᠡᠨ ᠡᠷᠬᠡᠪᠰᠢ︾ ᠶᠢᠨ ᠱᠠᠭᠠᠷᠳᠠᠯᠭ᠎ᠠ ᠶᠢ ᠲᠠᠰᠤᠷᠠᠯᠳᠠ ᠦᠬᠡᠢ ᠴᠢᠩᠭᠠᠳᠬᠠᠨ᠂ ᠤᠯᠠᠨ ᠨᠠᠶᠢᠳᠠ ᠶᠢᠨ ᠭᠠᠯ ᠰᠡᠷᠬᠡᠶᠢᠯᠡᠬᠦ᠂ ᠵᠠᠮ ᠬᠠᠷᠢᠯᠴᠠᠭᠠᠨ  ᠤ ᠲᠦᠬᠦᠬᠡᠷᠤᠮᠵᠢ ᠶᠢ ᠰᠠᠶᠢᠵᠢᠷᠠᠭᠤᠯᠤᠨ᠂ ᠠᠶᠤᠯᠳᠡᠢ ᠬᠢᠮᠢ ᠶᠢᠨ ᠪᠤᠳᠠᠰ᠂ ᠬᠤᠷᠢᠭᠠᠳᠤ ᠭᠠᠵᠡᠷ ᠤᠷᠤᠨ᠂ ᠠᠭᠤᠷᠬᠠᠢ  ᠶᠢᠨ ᠦᠢᠯᠡᠳᠪᠤᠷᠢᠯᠡᠯ ᠵᠡᠷᠬᠡ ᠲᠠᠯ᠎ᠠ ᠶᠢᠨ ᠠᠶᠤᠯᠬᠦᠢ ᠦᠢᠯᠡᠳᠪᠤᠷᠢᠯᠡᠯ ᠤᠨ ᠬᠢᠨᠡᠨ ᠬᠠᠮᠢᠶᠠᠷᠤᠯᠳᠠ ᠶᠢ ᠪᠤᠳᠡᠳᠡᠢ ᠨᠠᠶᠢᠳᠠᠪᠤᠷᠢᠵᠢᠭᠤᠯᠤᠨ᠂ ᠲᠡᠬᠡᠳᠤ ᠱᠠᠳᠤᠨ ᠤ ᠲᠣᠰᠬᠠᠢ ᠬᠢᠨᠡᠨ ᠪᠠᠶᠢᠴᠠᠭᠠᠯᠳᠠ ᠳᠤ ᠲᠣᠷᠠᠳᠣᠭᠰᠠᠨ ᠠᠰᠠᠭᠤᠳᠠᠯ ᠢ ᠰᠠᠶᠢᠳᠤᠷ ᠴᠡᠭᠴᠡᠯᠡᠨ  ᠵᠠᠰᠠᠵᠤ᠂ ᠬᠦᠡᠳᠤ ᠶᠡᠭᠡ ᠬᠡᠷᠡᠭ ᠤᠴᠢᠷ ᠡᠬᠦᠰᠬᠦ ᠦᠬᠡᠢ ᠪᠠᠶᠢᠬᠤ ᠶᠢ ᠪᠠᠳᠤᠯᠠᠨ᠎ᠠ᠃ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠢᠳᠡᠬᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠠᠰᠠᠭᠤᠳᠠᠯ ᠢ ᠡᠬᠢ ᠡᠬᠦᠰᠤᠯ ᠠᠴᠠ ᠨᠢ ᠴᠡᠭᠴᠡᠯᠡᠵᠤ᠂ ᠪᠦᠬᠦ ᠶᠠᠪᠤᠴᠠ ᠶᠢᠨ ᠬᠢᠨᠡᠨ ᠬᠠᠮᠢᠶᠠᠷᠤᠯᠳᠠ ᠶᠢ ᠴᠢᠩᠭᠠᠳᠬᠠᠨ᠂ ᠵᠢᠯ ᠳᠤ ᠢᠳᠠᠬᠡᠨ ᠤ ᠲᠦᠷᠤᠯ ᠪᠠ ᠡᠮ ᠤᠨ ᠵᠥᠢᠯᠡᠰ ᠤᠨ ᠪᠦᠳᠤᠬᠡᠭᠳᠡᠬᠦᠨ ᠢ ᠲᠤᠰ ᠲᠤᠰ 240 ᠤᠳᠠᠭ᠎ᠠ ᠪᠠ 50 ᠤᠳᠠᠭ᠎ᠠ ᠰᠤᠭᠤᠴᠢᠨ ᠪᠠᠶᠢᠴᠠᠭᠠᠵᠤ᠂ ᠤᠯᠠᠨ ᠲᠦᠮᠡᠨ ᠤ ᠢᠳᠡᠬᠡᠨ ᠪᠠ ᠡᠮ ᠬᠡᠷᠡᠭᠯᠡᠬᠦ ᠠᠮᠤᠷ ᠲᠦᠪᠰᠢᠨ ᠢ ᠪᠠᠳᠤᠯᠠᠨ᠎ᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠤᠬᠠᠢ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠯᠢ ᠬᠢᠵᠠᠭᠠᠷ ᠢ ᠮᠠᠡᠳᠤᠭᠤᠯᠵᠤ ᠠᠷᠡᠳ ᠢᠶᠠᠨ ᠪᠠᠶᠠᠵᠢᠭᠤᠯᠬᠤ ᠢᠡᠵᠧᠨᠧᠷᠢᠩ ᠢ ᠰᠠᠶᠢᠳᠤᠷ ᠬᠡᠷᠡᠭᠵᠢᠬᠦᠯᠵᠤ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠬᠦᠡᠳᠤᠳᠬᠡᠨ᠂ ᠨᠠᠶᠢᠬᠡᠮ ᠤᠨ ᠦᠩᠬᠡᠨ ᠬᠡᠷᠡᠭᠯᠡᠬᠡᠨ ᠤ ᠮᠤᠩᠭᠤᠯ ᠬᠢᠳᠡᠳ ᠦᠰᠦᠭ ᠢ ᠵᠡᠷᠬᠡᠪᠡᠷ ᠬᠡᠷᠡᠭᠯᠡᠬᠦ ᠠᠵᠢᠯ ᠢ ᠴᠡᠭᠴᠡᠯᠡᠨ ᠰᠠᠶᠢᠵᠢᠷᠠᠭᠤᠯᠵᠤ᠂ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠤᠯᠢ ᠶᠤᠰᠤᠭᠠᠷ᠂ ᠡᠮᠬᠢ ᠴᠢᠭᠴᠢ ᠲᠠᠢ ᠬᠠᠮᠢᠶᠠᠷᠴᠤ᠂ ᠦᠡᠳᠤᠰᠤᠳᠠᠨ ᠱᠠᠰᠢᠨ ᠰᠤᠷᠳᠠᠬᠤᠨ ᠤ ᠬᠦᠷᠢᠶ᠎ᠠ ᠬᠡᠪᠴᠢᠶᠠᠨ ᠤ ᠡᠶ᠎ᠡ ᠵᠤᠬᠢᠴᠠᠯ᠂ ᠲᠤᠭᠳᠠᠭᠤᠨ ᠢ ᠪᠠᠳᠤᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠠᠶᠢᠬᠡᠮ ᠵᠢᠷᠤᠮ  ᠤᠨ ᠭᠤᠤᠯᠯᠠᠭᠴᠢ ᠦᠷᠳᠡᠭ ᠤᠨ  ᠦᠵᠡᠯᠳᠡ ᠪᠠ ᠬᠦᠰᠠᠯᠠᠩ ᠢᠳᠡᠬᠡᠯ ᠪᠢᠰᠢᠷᠡᠯ ᠤᠨ ᠬᠦᠮᠤᠵᠢᠯ ᠢ ᠬᠦᠡᠵᠡᠬᠡᠢ ᠦᠷᠨᠢᠬᠦᠯᠤᠨ᠂ ᠡᠯ᠎ᠠ ᠱᠠᠳᠤᠨ ᠤ ᠸᠧᠴᠠᠲ ᠲᠠᠪᠴᠠᠩ ᠤᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠡᠨ ᠱᠠᠳᠤᠨ ᠤ ᠤᠳᠬ᠎ᠠ ᠤᠷᠠᠯᠢᠭ ᠤᠨ ᠰᠠᠭᠤᠷᠢᠨ ᠭᠠᠵᠠᠷ ᠢ ᠪᠠᠶᠢᠭᠤᠯᠤᠨ᠂ ᠠᠪᠠᠭ᠎ᠠ ᠶᠢᠨ ᠤᠶᠠᠩᠭ᠎ᠠ ᠢ ᠴᠤᠤᠷᠢᠶᠠᠳᠠᠭᠤᠯᠤᠨ᠂ ᠠᠪᠠᠭ᠎ᠠ ᠨᠤᠳᠤᠭ ᠤᠨ ᠲᠡᠤᠬᠡ ᠶᠢ ᠬᠠᠭᠤᠴᠢᠯᠠᠵᠤ᠂ ᠦᠷᠬᠡᠨ ᠤᠯᠠᠨ ᠺᠠᠳ᠋ᠷ ᠠᠵᠢᠯᠳᠠᠳ ᠤᠨ ᠠᠪᠠᠭ᠎ᠠ ᠨᠤᠳᠤᠭ ᠢᠶᠠᠨ ᠬᠠᠶᠢᠷᠠᠯᠠᠵᠤ᠂ ᠠᠪᠠᠭ᠎ᠠ ᠨᠤᠳᠤᠭ ᠢᠶᠠᠨ ᠪᠦᠳᠤᠬᠡᠨ ᠪᠠᠶᠢᠭᠤᠯᠬᠤ ᠤᠷᠬᠢᠯᠤᠮ᠎ᠠ ᠬᠠᠯᠠᠭᠤᠨ ᠰᠡᠳᠬᠢᠯᠬᠡ ᠪᠠ ᠡᠷᠴᠢ ᠵᠤᠷᠢᠭ ᠢ ᠤᠷᠢᠶᠠᠯᠠᠨ ᠲᠠᠶᠢᠴᠢᠯᠠᠨ᠎ᠠ᠃   ᠲᠦᠯᠤᠬᠡᠯᠡᠭᠴᠢᠳ ᠡ᠂ ᠵᠠᠰᠠᠭ ᠤᠨ ᠤᠷᠳᠤᠨ ᠠᠴᠠ ᠲᠤᠭᠳᠠᠭᠰᠡᠨ ᠠᠵᠢᠯ ᠤᠨ ᠬᠠᠷᠠᠯᠳᠠ ᠪᠠᠨ ᠪᠠᠶᠠᠯᠠᠬᠦᠯᠬᠦ ᠳᠤ᠂ ᠪᠢᠳᠠ ᠦᠷᠬᠦᠯᠵᠢᠯᠡᠨ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠵᠤ᠂ ︽ᠲᠦᠷᠪᠡᠨ ᠤᠬᠠᠮᠰᠠᠷ︾ ᠢ ᠪᠠᠳᠣᠳᠬᠠᠵᠣ᠂ ᠦᠵᠡᠯ ᠰᠠᠨᠠᠭ᠎ᠠ᠂ ᠤᠯᠤᠰ ᠲᠦᠷᠤ᠂ ᠦᠢᠯᠡ ᠠᠵᠢᠯᠯᠠᠭ᠎ᠠ ᠪᠠᠨ ᠰᠢ ᠶᠢᠨ ᠫᠢᠡᠭ ᠨᠦᠬᠦᠷ ᠢᠶᠠᠷ ᠭᠤᠣᠯ ᠪᠤᠯᠭᠠᠭᠰᠡᠨ ᠨᠠᠮ ᠤᠨ ᠲᠦᠪ ᠬᠤᠷᠢᠶ᠎ᠠ ᠲᠠᠢ ᠲᠡᠬᠡᠳᠤ ᠬᠡᠮᠵᠢᠶ᠎ᠠ ᠪᠠᠷ ᠨᠢᠬᠡᠳᠤᠯᠳᠡᠢ   ᠪᠠᠶᠢᠯᠭᠠᠵᠣ᠂ ᠵᠠᠰᠠᠭ  ᠤᠨ ᠤᠷᠳᠤᠨ ᠤ ᠰᠢᠰᠲ᠋ᠧᠮ ᠤᠨ ᠨᠠᠮ ᠤᠨ ᠪᠠᠶᠢᠭᠤᠯᠤᠯᠳᠠ ᠶᠢ ᠦᠨᠡᠡᠬᠦ ᠴᠢᠩᠭᠠᠳᠬᠠᠨ᠂ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠡᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠤᠨ ᠪᠠᠶᠢᠩᠭᠤ ᠶᠢᠨ ᠲᠦᠷᠢᠮᠵᠢᠯᠳᠠ ᠶᠢ ᠢᠳᠡᠪᠬᠢᠳᠡᠢ ᠠᠬᠢᠭᠤᠯᠵᠤ᠂ ︽ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠠᠳᠤᠪᠳᠤ ᠬᠦᠮᠤᠵᠢᠯ ᠢ ᠬᠢᠨᠠᠮᠠᠭᠠᠢ ᠦᠷᠨᠢᠬᠦᠯᠬᠦ ᠶᠢᠨ ᠬᠠᠮᠳᠤ ︽ᠰᠢᠨ᠎ᠠ ᠪᠠᠶᠢᠳᠠᠯ ᠲᠤᠤᠷᠡᠬᠢ ᠨᠠᠮ ᠤᠨ ᠲᠤᠳᠤᠭᠠᠳᠤ ᠶᠢᠨ ᠤᠯᠤᠰ ᠲᠦᠷᠤ ᠶᠢᠨ ᠠᠮᠢᠳᠤᠷᠡᠯ ᠤᠨ ᠲᠦᠷᠢᠮᠵᠢᠯ︾ ᠪᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠳᠠᠬᠢ ᠬᠢᠨᠡᠯᠳᠡ ᠲᠠᠯᠪᠢᠬᠤ ᠵᠤᠷᠪᠤᠰ︾ ᠢ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠤᠯᠤᠰ ᠲᠦᠷᠤ ᠶᠢᠨ ᠠᠮᠢ ᠠᠬᠤᠢ ᠶᠢ ᠬᠠᠮᠠᠭᠠᠯᠠᠨ᠂ ᠵᠤᠷᠢᠭᠳᠡᠢ ᠬᠠᠷᠢᠭᠤᠴᠠᠯᠭ᠎ᠠ ᠡᠬᠦᠷᠬᠡᠯᠡᠨ᠂ ᠴᠦᠬᠦᠷᠡᠯ ᠦᠬᠡᠢ ᠲᠠᠮᠠᠴᠠᠬᠦ ᠵᠤᠷᠢᠭ ᠰᠠᠨᠠᠭ᠎ᠠ ᠪᠠᠷ ︽ᠲᠦᠷᠪᠡᠨ ᠰᠤᠷᠳᠠᠯ︾ ᠤᠨ ᠠᠰᠠᠭᠤᠳᠠᠯ ᠢ ᠲᠦᠢᠯᠪᠤᠷᠢᠳᠡᠢ ᠴᠡᠭᠴᠡᠯᠡᠨ ᠵᠠᠰᠠᠵᠣ᠂ ︽ᠲᠦᠪ ᠤᠨ ᠨᠠᠢᠮᠠᠨ ᠵᠤᠷᠪᠤᠰ ᠲᠤᠭᠳᠠᠭᠠᠯ ᠢ ᠬᠡᠷᠡᠭᠵᠢᠬᠦᠯᠬᠦ ᠨᠠᠷᠢᠨ ᠲᠦᠷᠢᠮ︾ ᠢ ᠲᠦᠪ ᠴᠢᠩᠭ᠎ᠠ ᠨᠠᠶᠢᠳᠠᠪᠤᠷᠢᠵᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠤᠯᠠᠮ ᠨᠠᠷᠢᠯᠢᠭ ᠪᠤᠳᠠᠳᠡᠢ ᠠᠳᠬᠤᠨ᠎ᠠ᠃ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠬᠦᠯᠢᠶᠠᠨ᠂ ᠤᠬᠠᠮᠰᠠᠷ ᠠᠴᠠ ᠪᠠᠨ ᠤᠯᠤᠰ ᠲᠦᠷᠤ ᠶᠢᠨ ᠵᠦᠪᠯᠡᠯᠬᠡᠨ ᠤ ᠠᠷᠡᠳᠴᠢᠯᠡᠯᠳᠤ ᠬᠢᠨᠡᠯᠳᠡ ᠪᠠ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠡᠯᠳᠡ ᠶᠢ ᠬᠦᠯᠢᠶᠠᠨ᠎ᠠ᠃ ᠵᠠᠰᠠᠭ ᠤᠨ ᠶᠠᠪᠤᠳᠠᠯ ᠢ ᠢᠯᠠ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠡᠷᠬᠡ ᠪᠠᠨ ᠬᠢᠨᠠᠯᠳᠠ ᠶᠢᠨ ᠲᠤᠤᠷ᠎ᠠ ᠬᠡᠷᠡᠭᠯᠡᠬᠦ ᠶᠢ ᠪᠠᠳᠤᠯᠠᠨ᠎ᠠ᠃ ︽ᠲᠠᠷᠤᠶᠢᠬᠠᠨ ᠬᠦᠢᠴᠡᠳᠬᠡᠬᠦ︾ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠬᠦᠢᠴᠡᠳᠬᠡᠬᠦ ᠬᠦᠴᠤᠨ ᠪᠠ ᠵᠠᠰᠠᠭ ᠶᠠᠪᠤᠭᠤᠯᠬᠤ ᠦᠷ᠎ᠠ ᠪᠦᠳᠤᠮᠵᠢ ᠶᠢ ᠲᠡᠬᠡᠭᠰᠢᠯᠡᠬᠦᠯᠤᠨ᠎ᠠ᠃ ᠵᠠᠰᠠᠭ ᠵᠠᠬᠢᠷᠭᠠᠨ ᠤ ᠠᠵᠢᠯ ᠳᠤ ᠬᠤᠶᠢᠷᠭᠤᠰᠢᠬᠤ᠂ ᠲᠤᠷ᠎ᠠ ᠪᠠᠷ ᠠᠵᠢᠯᠯᠠᠬᠤ ᠰᠤᠷᠳᠠᠯ ᠢ ᠲᠦᠢᠯᠪᠤᠷᠢᠳᠡᠢ ᠴᠡᠭᠴᠡᠯᠡᠨ ᠵᠠᠯᠬᠠᠭᠠᠵᠤ᠂ ᠵᠤᠷᠢᠭᠳᠡᠢ ᠬᠠᠷᠢᠭᠤᠴᠠᠯᠭ᠎ᠠ ᠡᠬᠦᠷᠬᠡᠯᠡᠵᠤ ᠲᠠᠶᠢᠯᠬᠦ ᠺᠠᠳ᠋ᠷᠴᠤᠳ ᠲᠤ ᠠᠪᠢᠶᠠᠰ ᠴᠢᠳᠠᠪᠤᠷᠢ ᠪᠠ ᠲᠠᠯᠳᠠ ᠬᠦᠴᠤᠨ ᠢᠶᠠᠨ ᠪᠠᠳᠠᠷᠠᠭᠤᠯᠬᠤ ᠲᠠᠪᠴᠠᠩ ᠬᠠᠩᠭᠠᠨ᠎ᠠ᠃  ᠲᠦᠯᠤᠬᠡᠯᠡᠭᠴᠢᠳ ᠡ︕ ᠨᠦᠬᠦᠳ ᠡ︕ ᠢᠷᠡᠬᠡᠳᠤᠢ ᠶᠢᠨ ᠬᠠᠷᠠᠯᠳᠠ ᠡᠬᠦᠷᠬᠡ ᠨᠢᠬᠡᠨᠳᠡ ᠲᠤᠳᠤᠷᠬᠠᠢ ᠪᠤᠯᠤᠯ᠎ᠠ᠃ ᠪᠢᠳᠠ ᠬᠠᠮᠳᠤᠪᠠᠷ ᠰᠢ ᠶᠢᠨ ᠫᠢᠡᠭ ᠨᠦᠬᠦᠷ ᠢᠶᠠᠷ ᠭᠤᠣᠯ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ  ᠳᠤ  ᠨᠢᠭᠳᠠᠷᠡᠨ ᠪᠦᠯᠬᠦᠮᠳᠠᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠡᠯ᠎ᠠ ᠦᠡᠳᠤᠰᠤᠳᠠᠨ ᠨᠦᠭᠦᠳ ᠤᠨ ᠠᠷᠡᠳ ᠲᠦᠮᠡᠨ ᠢᠶᠠᠨ ᠲᠠᠶᠢᠴᠢᠯᠠᠨ ᠲᠠᠭᠠᠭᠤᠯᠬᠤ᠂  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠠᠨ ᠲᠠᠮᠠᠴᠠᠵᠤ᠂ ᠢᠳᠡᠬᠡᠯ ᠲᠡᠬᠦᠯᠳᠡᠷ ᠣᠷᠣᠭᠰᠢᠯᠠᠨ᠂ ᠴᠡᠴᠡᠭᠯᠡᠨ ᠬᠦᠭᠵᠢᠭᠰᠡᠨ᠂ ᠲᠤᠬᠢᠯᠢᠭ ᠲᠠᠭᠠᠯᠠᠮᠵᠢᠳᠡᠢ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ   ᠢᠶᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠨ ᠲᠠᠮᠠᠴᠠᠵᠡᠬᠡᠶ᠎ᠠ︕ᠨᠠᠷᠠᠰ ᠤᠨ ᠲᠠᠶᠢᠯᠪᠣᠷᠢ

⒈ ︽ᠨᠢᠬᠡ ᠲᠤᠭᠤᠷᠢᠭ ᠬᠤᠶᠡᠷ ᠬᠦᠷᠢᠶᠠᠯᠠᠩ︾᠄  ᠲᠡᠯᠬᠡᠷ ᠠᠵᠤ ᠦᠢᠯᠡᠳᠪᠤᠷᠢ ᠶᠢᠨ ᠲᠤᠭᠤᠷᠢᠭ᠂ ᠲᠤᠮᠳᠠ

ᠪᠠᠭ᠎ᠠ ᠠᠵᠤ ᠠᠬᠤᠶᠢᠯᠡᠯ ᠤᠨ ᠦᠢᠯᠡᠰ ᠡᠷᠬᠢᠯᠡᠵᠤ ᠠᠵᠢᠯ ᠤᠯᠭᠤᠬᠤ ᠬᠦᠷᠢᠶᠠᠯᠠᠩ᠂ ᠴᠠᠭᠠᠡᠨᠠᠭᠤᠷ ᠤᠷᠴᠢᠯᠳᠡᠳᠤ

ᠠᠵᠤ ᠠᠬᠤᠢ ᠠᠵᠤ ᠦᠢᠯᠡᠰ ᠤᠨ ᠬᠦᠷᠢᠶᠠᠯᠠᠩ᠃

⒉ᠣᠯᠠᠨ ᠦᠨᠡᠮᠯᠡᠯ ᠢ ᠨᠢᠭᠡᠳᠭᠡᠵᠦ᠂ ᠨᠢᠭᠡ ᠭᠡᠷᠡᠴᠢ ᠨᠢᠭᠡ ᠨᠤᠮᠧᠷ ᠲᠠᠢ ᠪᠠᠶᠢᠬᠤ᠄ ᠠᠵᠣ ᠠᠬᠤᠶᠢᠯᠠᠯ ᠢ ᠲᠠᠩᠰᠠᠯᠠᠬᠤ

ᠭᠠᠷᠳᠠᠮ ᠢ ᠲᠦᠬᠦᠮᠴᠢᠯᠡᠨ᠂ ᠣᠣᠯ ᠤᠨ ᠣᠯᠠᠨ ᠦᠨᠡᠮᠯᠡᠯ ᠢ ᠨᠢᠭᠡᠳᠦᠬᠦᠯᠦᠨ ᠨᠢᠭᠡ ᠡᠵᠡᠩᠨᠡᠯᠳᠡ ᠶᠢᠨ ᠦᠨᠡᠮᠯᠡᠯ ᠪᠠ

ᠨᠢᠭᠡ ᠨᠡᠶᠢᠭᠡᠮ ᠤᠨ ᠢᠳᠡᠭᠡᠮᠵᠢᠳᠦ ᠲᠦᠯᠦᠭᠡᠨ ᠤ ᠳ᠋ᠣᠭᠠᠷ ᠲᠠᠢ ᠪᠣᠯᠭᠠᠨ᠎ᠠ᠃

⒊ᠡᠵᠡᠩᠨᠡᠯᠳᠡ ᠶᠢᠨ ᠭᠠᠶᠢᠯᠢ ᠶᠢ ᠦᠭᠡᠷᠡᠴᠢᠯᠡᠨ ᠨᠡᠮᠡᠭᠳᠡᠯ ᠦᠷᠳᠡᠭ ᠤᠨ ᠭᠠᠶᠢᠯᠢ ᠪᠣᠯᠭᠠᠬᠤ᠄ ᠣᠣᠯ ᠤᠨ

ᠲᠣᠰᠢᠶᠠᠬᠤ ᠵᠣᠬᠢᠰᠳᠠᠢ ᠡᠵᠡᠩᠨᠡᠯᠳᠡ ᠶᠢᠨ ᠭᠠᠶᠢᠯᠢ ᠶᠢ ᠦᠭᠡᠷᠡᠴᠢᠯᠡᠨ ᠨᠡᠮᠡᠭᠳᠡᠯ ᠦᠷᠳᠡᠭ ᠤᠨ ᠭᠠᠶᠢᠯᠢ  ᠪᠣᠯᠭᠠᠬᠤ ᠶᠢ

ᠵᠢᠭᠠᠵᠣ ᠪᠠᠶᠢᠨ᠎ᠠ

⒋ᠨᠢᠭᠡ ᠪᠦᠰᠡ ᠨᠢᠭᠡ ᠵᠠᠮ᠄ ︽ᠲᠣᠷᠭᠠᠨ ᠵᠠᠮ ᠤᠨ ᠠᠵᠣ ᠠᠬᠤᠢ ᠶᠢᠨ ᠪᠦᠰᠡ︾ ᠪᠠ ︽21 ᠳ᠋ᠤᠬᠡᠷ ᠵᠠᠭᠤᠨ ᠤ

ᠲᠠᠯᠠᠢ ᠶᠢᠨ ᠠᠷᠠᠯᠵᠢᠶᠠᠨ ᠤ ᠲᠣᠷᠭᠠᠨ ᠵᠠᠮ︾᠃

⒌ᠦᠪᠡᠷᠳᠡᠭᠡᠨ ᠵᠠᠰᠠᠬᠤ ᠣᠷᠣᠨ ᠤ ︽ᠭᠤᠷᠪᠠᠨ ᠨᠢᠭᠡ︾ ᠠᠷᠠᠳ ᠤᠨ ᠠᠮᠢᠳᠣᠷᠠᠯ ᠤᠨ ᠢᠨᠵᠧᠨᠧᠷᠢᠩ᠄ ᠵᠢᠯ ᠪᠦᠷᠢ

ᠬᠠᠮᠤᠭ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠬᠦᠷᠳᠡᠵᠦ ᠪᠠᠶᠢᠭ᠎ᠠ ᠡᠷᠦᠭᠡ ᠶᠢᠨ ᠶᠡᠭᠡ ᠰᠣᠷᠭᠠᠭᠤᠯᠢ ᠳᠤ

ᠡᠯᠰᠡᠭᠳᠡᠭᠰᠡᠨ ᠣᠶᠣᠳᠠᠨ ᠳᠤ 1 ᠲᠦᠮᠡᠨ ᠲᠦᠬᠦᠷᠢᠭ ᠤᠨ ᠰᠣᠷᠣᠯᠭ᠎ᠠ ᠶᠢᠨ ᠲᠡᠳᠬᠦᠮᠵᠢ ᠣᠯᠭᠤᠵᠣ᠂ ᠣᠷᠣᠯᠭ᠎ᠠ

ᠪᠠᠭᠠᠳᠠᠢ ᠡᠷᠦᠭᠡ ᠳᠤ 1 ᠲᠣᠨ ᠨᠡᠬᠦᠷᠡᠰᠦ ᠲᠠᠷᠬᠠᠭᠠᠵᠣ᠂ ᠠᠵᠢᠯᠯᠠᠭᠰᠠᠳ ᠦᠭᠡᠢ ᠭᠡᠷ ᠪᠦᠯᠢ ᠶᠢᠨ ᠪᠦᠷᠢᠯᠳᠦᠬᠦᠨ

 ᠠᠴᠠ ᠠᠳᠠᠭ ᠲᠤ ᠪᠠᠨ ᠨᠢᠭᠡ ᠬᠦᠮᠦᠨ ᠳᠤ ᠠᠵᠢᠯ ᠣᠯᠭᠤᠨ᠎ᠠ᠃

⒍ ᠣᠶᠣᠨᠳᠣ ᠰᠣᠷᠭᠠᠭᠤᠯᠢ᠄ ᠢᠨᠲ᠋ᠧᠷ ᠰᠦᠯᠵᠢᠶ᠎ᠡ ᠪᠠᠷ ᠭᠤᠤᠯᠳᠠᠯᠭ᠎ᠠ ᠪᠣᠯᠭᠠᠭᠰᠠᠨ ᠣᠶᠣᠨᠴᠢᠯᠠᠭᠰᠠᠨ ᠰᠣᠷᠭᠠᠭᠤᠯᠢ

 ᠶᠢᠨ ᠠᠵᠢᠯᠯᠠᠬᠤ᠂ ᠰᠣᠷᠣᠯᠴᠠᠬᠤ ᠪᠠ ᠠᠮᠢᠳᠣᠷᠠᠬᠤ ᠨᠢᠭᠡ ᠴᠣᠭᠴᠠᠵᠢᠭᠤᠯᠣᠭᠰᠠᠨ ᠣᠷᠴᠢᠨ ᠢ ᠵᠢᠭᠠᠵᠣ ᠪᠠᠶᠢᠨ᠎ᠠ᠂

ᠨᠢᠭᠡ ᠴᠣᠭᠴᠠᠵᠢᠭᠤᠯᠣᠭᠰᠠᠨ ᠣᠷᠴᠢᠨ ᠨᠢ ᠣᠯᠠᠨ ᠲᠦᠷᠦᠯ ᠤᠨ ᠭᠡᠷᠡᠭᠯᠡᠭᠡᠨ ᠤ ᠦᠢᠯᠡᠴᠢᠯᠡᠭᠡᠨ ᠤ ᠰᠢᠰᠲ᠋ᠧᠮ ᠢᠶᠠᠷ

ᠠᠴᠢᠶᠠᠯᠠᠪᠣᠷᠢ ᠪᠣᠯᠭᠠᠵᠣ᠂ ᠵᠢᠭᠠᠨ ᠰᠣᠷᠭᠠᠬᠤ᠂ ᠡᠷᠳᠡᠮ ᠰᠢᠨᠵᠢᠯᠡᠭᠡᠨ᠂ ᠬᠠᠮᠢᠶᠠᠷᠣᠯᠳᠠ ᠪᠠ ᠰᠣᠷᠭᠠᠭᠤᠯᠢ ᠶᠢᠨ

ᠠᠮᠢᠳᠣᠷᠠᠯ ᠢ ᠬᠦᠢᠴᠡᠳ ᠠᠭᠤᠰᠣᠯᠴᠠᠭᠤᠯᠣᠨ᠎ᠠ  ᠃

⒎ ᠲᠦᠷᠤ ᠶᠢᠨ ᠶᠠᠪᠤᠳᠠᠯ ᠤᠨ ᠬᠤᠷᠢᠶᠠᠨ ᠤ ︽ᠭᠤᠷᠪᠡ ᠶᠢ ᠵᠢᠷᠤᠮᠯᠠᠬᠤ ᠲᠦᠷᠢᠮ︾᠄ 2013 ᠤᠨ ᠤ 3 ᠰᠠᠷ᠎ᠠ

 ᠳᠤ᠂ ᠪᠦᠬᠦ ᠤᠯᠤᠰ ᠤᠨ ᠬᠤᠶᠡᠷ ᠬᠤᠷᠡᠯ ᠤᠨ ᠲᠠᠷᠠᠭ᠎ᠠ᠂ ᠯᠢ ᠺᠧ ᠴᠢᠶᠠᠩ ᠶᠠᠷᠤᠩᠬᠡᠢ ᠰᠠᠶᠢᠳ ᠲᠤᠮᠳᠠᠳᠤ

ᠭᠠᠳᠠᠭᠠᠳᠤ ᠶᠢᠨ ᠰᠤᠷᠪᠤᠯᠵᠢᠯᠠᠭᠴᠢᠳ ᠢ ᠬᠦᠯᠢᠶᠠᠨ ᠠᠪᠴᠤ ᠠᠭᠤᠯᠵᠠᠬᠤ ᠳᠤ ᠲᠤᠷᠡᠳᠤᠭᠰᠡᠨ᠄ ᠲᠤᠰ ᠬᠤᠭᠤᠴᠠᠭᠠᠨ

 ᠤ ᠵᠠᠰᠠᠭ ᠤᠨ ᠤᠷᠳᠤᠨ ᠲᠤᠰᠢᠶᠠᠯ ᠡᠬᠦᠷᠬᠡᠯᠡᠵᠤ ᠪᠠᠶᠢᠭ᠎ᠠ ᠬᠤᠭᠤᠴᠠᠭᠠᠨ ᠳᠤ᠂ ᠵᠠᠰᠠᠭ ᠤᠨ ᠤᠷᠳᠤᠨ ᠤ ᠴᠢᠨᠠᠷᠳᠡᠢ

ᠠᠰᠠᠷ ᠪᠠᠷᠢᠯᠭ᠎ᠠ ᠶᠢ ᠲᠡᠬᠢᠨ ᠰᠢᠨ᠎ᠠ ᠪᠠᠷ ᠪᠠᠷᠢᠬᠤ ᠢ ᠡᠷᠡᠰ ᠵᠦᠪᠰᠢᠶᠠᠷᠡᠬᠦ ᠦᠡᠬᠡᠢ᠂ ᠡᠳ᠋ ᠤᠨ ᠵᠠᠰᠠᠭ ᠤᠨ ᠠᠯᠪᠠᠳᠠᠨ

 ᠤ ᠲᠤᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠬᠦᠯᠬᠦ ᠦᠬᠡᠢ᠃ ᠠᠯᠪᠠᠨ ᠰᠦᠢᠳᠬᠡᠯ ᠢᠶᠠᠷ ᠵᠤᠴᠢᠯᠠᠬᠤ᠂ ᠠᠯᠪᠠᠨ

ᠰᠦᠢᠳᠬᠡᠯ ᠢᠶᠠᠷ ᠭᠠᠳᠠᠭᠠᠳᠤ ᠳᠤ ᠭᠠᠷᠬᠤ᠂ ᠠᠯᠪᠠᠨ ᠰᠦᠢᠳᠬᠡᠯ ᠢᠶᠠᠷ ᠲᠡᠷᠬᠡ ᠬᠤᠳᠠᠯᠳᠤᠨ ᠠᠪᠬᠤ ᠶᠢ ᠪᠠᠭᠠᠰᠬᠠᠬᠤ

 ᠠᠴᠠ ᠪᠢᠰᠢ ᠨᠡᠮᠡᠭᠳᠡᠬᠦᠯᠬᠦ ᠦᠬᠡᠢ᠃

⒏ᠲᠠᠪᠤ ᠶᠢ ᠨᠢᠬᠡ ᠴᠤᠭᠴᠠᠵᠢᠭᠤᠯᠬᠤ᠄ ︽ᠲᠠᠪᠤ ᠶᠢ ᠨᠢᠬᠡ ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠳᠠ ᠪᠤᠯ

ᠲᠠᠷᠤᠢ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠤ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂

ᠨᠠᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ᠎ᠠ᠃

⒐ ᠲᠦᠷᠪᠡᠨ ᠪᠦᠬᠦ ᠲᠠᠯ᠎ᠠ᠄ ᠲᠠᠷᠤᠢ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠬᠡᠷᠡᠴᠢᠯᠡᠯᠳᠡ ᠶᠢ

ᠪᠦᠬᠦ ᠲᠠᠯ᠎ᠠ ᠪᠠᠷ ᠬᠦᠡᠵᠡᠬᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ᠂ ᠨᠠᠮ ᠢ ᠪᠦᠬᠦ

ᠲᠠᠯ᠎ᠠ ᠪᠠᠷ ᠴᠢᠩᠭ᠎ᠠ ᠵᠠᠰᠠᠬᠤ ᠶᠠᠪᠤᠳᠠᠯ ᠪᠤᠯᠤᠨ᠎ᠠ᠃

⒑ ᠨᠢᠬᠡ ᠰᠠᠭᠤᠷᠢᠨ ᠭᠠᠵᠡᠷ᠂ ᠬᠤᠶᠡᠷ ᠵᠠᠩᠬᠢᠯᠠᠭ᠎ᠠ᠂ ᠭᠤᠷᠪᠡᠨ ᠶᠡᠭᠡ ᠤᠷᠤᠨ ᠪᠦᠰᠠ᠂ ᠲᠦᠷᠪᠡᠨ ᠲᠦᠷᠥᠯ ᠤᠨ

ᠪᠦᠳᠤᠬᠡᠭᠳᠡᠬᠦᠨ᠄ ︽ᠨᠢᠬᠡ ᠰᠠᠭᠤᠷᠢᠨ ᠭᠠᠵᠡᠷ︾᠄ ᠲᠠᠷᠤᠢ ᠪᠡᠯᠬᠦᠳᠡᠢ ᠤᠭᠰᠠᠭᠠᠨ ᠰᠤᠶᠤᠯ ᠢ ᠤᠯᠠᠮᠵᠢᠯᠠᠨ

ᠵᠠᠯᠭᠠᠮᠵᠢᠯᠠᠬᠤ ᠰᠠᠭᠤᠷᠢᠨ ᠭᠠᠵᠡᠷ︔ ︽ᠬᠤᠶᠡᠷ ᠵᠠᠩᠬᠢᠯᠠᠭ᠎ᠠ︾᠄ ᠪᠠᠯᠬᠦᠳᠡᠢ ᠪᠠᠯᠭᠠᠰᠤ ᠪᠠ ᠬᠤᠩᠭᠤᠷᠭᠤᠤᠯ ᠪᠠᠯᠭᠠᠰᠤ

ᠪᠤᠯᠤᠨ᠎ᠠ︔ ︽ᠭᠤᠷᠪᠡᠨ ᠶᠡᠭᠡ ᠤᠷᠤᠨ ᠪᠦᠰᠠ︾᠄ ᠤᠮᠠᠷᠠᠳᠤ ᠬᠡᠰᠡᠭ ᠤᠨ ᠲᠠᠯ᠎ᠠ ᠨᠤᠳᠤᠭ ᠤᠨ ᠦᠩᠬᠡ ᠦᠵᠡᠮᠵᠢ

᠂ ᠠᠪᠠᠭ᠎ᠠ ᠤᠷᠢᠶᠠᠩᠬᠠᠨ ᠤ ᠨᠠᠬᠦᠳᠠᠯ ᠵᠡᠩ ᠦᠢᠯᠡ ᠤᠨ ᠦᠵᠡᠬᠦᠯᠤᠯᠬᠡ ᠶᠢᠨ ᠤᠷᠤᠨ︔ ᠲᠤᠮᠳᠠ ᠬᠡᠰᠡᠭ ᠤᠨ

ᠪᠤᠭᠳᠠ ᠠᠭᠤᠯᠠ ᠶᠢᠨ ᠲᠠᠬᠢᠯᠭ᠎ᠠ ᠶᠢᠨ ᠰᠤᠶᠤᠯ᠂ ᠪᠦᠬᠡ ᠶᠢᠨ ᠰᠤᠶᠤᠯ᠂ ᠠᠳᠤᠭᠤᠨ ᠰᠤᠶᠤᠯ ᠵᠠᠷᠬᠡ ᠰᠤᠶᠤᠯ

ᠴᠠᠩᠬᠡᠬᠦᠨ ᠤ ᠤᠷᠤᠨ︔ ᠡᠮᠤᠨ᠎ᠠ ᠬᠡᠰᠡᠭ ᠤᠨ ᠲᠠᠯ᠎ᠠ ᠨᠤᠳᠤᠭ ᠤᠨ ᠠᠮᠢ ᠠᠬᠤᠢ ᠶᠢᠨ ᠰᠠᠯᠠᠬᠦᠴᠠᠯ ᠠᠮᠠᠷᠠᠯᠳᠠ ᠪᠠ

ᠪᠠᠷᠳᠠᠭ᠎ᠠ ᠰᠢᠡᠵᠢᠯᠡᠬᠦ ᠤᠷᠤᠨ ᠪᠤᠯᠤᠨ᠎ᠠ︔ ︽ᠲᠦᠷᠪᠡᠨ ᠲᠦᠷᠥᠯ ᠤᠨ ᠪᠦᠳᠤᠬᠡᠭᠳᠡᠬᠦᠨ︾ ᠪᠤᠯ ᠲᠠᠷᠤᠢ ᠲᠠᠯ᠎ᠠ

ᠨᠤᠳᠤᠭ ᠤᠨ ᠠᠮᠢ ᠠᠬᠤᠢ ᠶᠢᠨ ᠵᠤᠭᠠᠴᠠᠯ᠂ ᠤᠷᠢᠶᠠᠩᠬᠠᠢ ᠦᠡᠳᠤᠰᠤᠳᠠᠨ ᠤ ᠵᠠᠩ ᠦᠢᠯᠡ ᠶᠢᠨ ᠵᠤᠭᠠᠴᠠᠯ᠂ ᠬᠤᠯᠠᠨ

ᠰᠢᠷᠭ᠎ᠠ ᠲᠠᠭ᠎ᠠ ᠶᠢᠨ ᠡᠯᠡᠰᠤᠨ ᠤ ᠵᠤᠭᠠᠴᠠᠯ᠂ ᠪᠡᠯᠬᠦᠳᠡᠢ ᠤᠭᠰᠠᠭᠠᠨ ᠰᠤᠶᠤᠯ ᠤᠨ ᠵᠤᠭᠠᠴᠠᠯ᠃

⒒ᠭᠤᠷᠪᠠᠨ ᠡᠷᠭᠡ ᠶᠢ ᠬᠤᠪᠢᠶᠠᠷᠢᠯᠠᠬᠤ᠄ ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ᠂ ᠡᠵᠡᠩᠨᠡᠬᠦ ᠡᠷᠭᠡ ᠶᠢ

ᠬᠤᠪᠢᠶᠠᠷᠢᠯᠠᠨ᠎ᠡ᠃

⒓ ︽ᠲᠦᠷᠬᠡᠨ ᠰᠠᠶᠢᠨ︾ ᠬᠦᠳᠡᠭᠡ ᠲᠤᠰᠬᠤᠨ ᠤ ᠵᠠᠮ᠄ ᠰᠢ ᠶᠢᠨ ᠫᠢᠡᠭ ᠶᠠᠷᠤᠩᠬᠡᠢ ᠱᠦᠵᠢ ᠵᠢᠭᠠᠪᠤᠷᠢᠯᠠᠭᠰᠡᠨ ᠨᠢ

︽ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠶᠢᠭᠤᠯᠤᠯᠳᠠ ᠨᠢ ᠡᠷᠬᠡᠪᠰᠢ ᠭᠠᠵᠡᠷ ᠤᠷᠤᠨ ᠤ ᠪᠠᠶᠢᠳᠠᠯ ᠳᠤ ᠪᠠᠨ

ᠲᠤᠬᠢᠷᠠᠭᠤᠯᠤᠨ᠂ ᠬᠦᠮᠤᠨ ᠢᠶᠠᠷ ᠦᠡᠳᠤᠰᠤ ᠪᠤᠯᠭᠠᠨ᠂ ᠭᠠᠴᠠᠭ᠎ᠠ ᠪᠠᠯᠭᠠᠰᠤ ᠶᠢᠨ ᠪᠠᠶᠢᠷᠢᠰᠢᠯ ᠢ ᠰᠢᠯᠢᠳᠡᠭᠵᠢᠬᠦᠯᠬᠦ᠂

ᠬᠦᠳᠡᠭᠡ ᠲᠤᠰᠬᠤᠨ ᠤ ᠠᠵᠤ ᠠᠬᠤᠢ ᠶᠢᠨ ᠬᠦᠭᠵᠢᠯᠳᠠ ᠪᠠ ᠠᠷᠡᠳ ᠲᠦᠮᠡᠨ ᠤ ᠠᠮᠤᠷ ᠲᠦᠪᠰᠢᠨ ᠶᠠᠪᠤᠵᠤ

ᠰᠠᠭᠤᠬᠤ ᠲᠠᠢ ᠵᠤᠬᠢᠴᠠᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠢ ᠪᠠᠶᠢᠭᠤᠯᠤᠯᠳᠠ ᠨᠢ ᠰᠠᠶᠢᠨ᠂

ᠬᠠᠮᠢᠶᠠᠷᠤᠯᠳᠠ ᠨᠢ ᠰᠠᠶᠢᠨ᠂ ᠬᠠᠮᠠᠭᠠᠯᠠᠯᠳᠠ ᠨᠢ ᠰᠠᠶᠢᠨ᠂ ᠵᠦᠬᠡᠬᠡᠪᠤᠷᠢᠯᠡᠯᠳᠡ ᠡᠵᠡᠩᠨᠡᠯᠳᠡ ᠨᠢ ᠰᠠᠶᠢᠨ ᠪᠤᠯᠭᠠᠬᠤ ᠶᠢ

ᠪᠠᠳᠤᠯᠠᠵᠤ᠂ ᠨᠠᠪᠳᠠᠷᠡᠯᠬᠡ ᠶᠢᠨ ᠨᠦᠬᠦᠴᠡᠯ ᠢ ᠰᠠᠶᠢᠵᠢᠷᠠᠭᠤᠯᠤᠨ᠂ ᠠᠷᠡᠳ ᠲᠦᠮᠡᠨ ᠤ ᠶᠠᠳᠠᠭᠤ ᠠᠴᠠ ᠠᠩᠬᠢᠵᠢᠷᠠᠨ

ᠪᠠᠶᠠᠵᠢᠨ ᠴᠢᠨᠡᠬᠡᠯᠢᠭᠵᠢᠬᠦᠯᠬᠦ ᠳᠤ ᠨᠠᠩ ᠰᠠᠶᠢᠨ ᠪᠠᠳᠤᠯᠠᠭ᠎ᠠ ᠬᠠᠩᠭᠠᠬᠤ ᠬᠡᠷᠡᠭᠳᠡᠢ︾᠃

⒔ᠨᠢᠬᠡ ᠭᠤᠯᠳᠤ ᠲᠦᠷᠪᠡᠨ ᠬᠦᠡᠳᠡᠯᠡᠨ᠄ ᠨᠢᠬᠡ ᠭᠤᠯᠳᠤ ᠪᠤᠯ ᠪᠠᠯᠬᠦᠳᠡᠢ ᠬᠦᠴᠤᠳᠠᠯ ᠬᠤᠪᠢᠰᠬᠠᠬᠤ ᠦᠷᠳᠡᠭᠡ ᠪᠠᠷ

ᠭᠤᠤᠯᠳᠠᠯᠭ᠎ᠠ ᠪᠤᠯᠭᠠᠨ ᠬᠤᠶᠢᠰᠢ ᠪᠠᠨ ᠪᠠᠶᠠᠡᠳᠤᠭ ᠤᠨ ᠬᠦᠴᠤᠳᠠᠯ ᠬᠤᠪᠢᠰᠬᠠᠬᠤ ᠦᠷᠳᠡᠭᠡ᠂ ᠡᠮᠤᠨᠡᠰᠢ ᠪᠠᠨ

ᠴᠠᠭᠠᠡᠨᠠᠭᠤᠷ ᠤᠨ ᠬᠦᠴᠤᠳᠠᠯ ᠬᠤᠪᠢᠰᠬᠠᠬᠤ ᠦᠷᠳᠡᠭᠡ ᠬᠦᠷᠬᠦ ᠵᠠᠢ ᠶᠢ ᠵᠢᠭᠠᠨ᠎ᠠ᠃ ︽ᠲᠦᠷᠪᠡᠨ ᠬᠦᠡᠳᠠᠯᠡᠨ︾ ᠨᠢ

ᠵᠢᠷᠭᠠᠯᠠᠩᠳᠤ ᠶᠢᠨ ᠬᠦᠴᠤᠳᠠᠯ ᠬᠤᠪᠢᠰᠬᠠᠬᠤ ᠦᠷᠳᠡᠭᠡ — ᠬᠠᠳᠠᠳᠤ ᠬᠦᠴᠤᠳᠠᠯ ᠬᠤᠪᠢᠰᠬᠠᠬᠤ ᠦᠷᠳᠡᠭᠡ︔

ᠨᠠᠷᠠᠡᠪᠤᠯᠠᠭ ᠬᠦᠴᠤᠳᠠᠯ ᠬᠤᠪᠢᠰᠬᠠᠬᠤ ᠦᠷᠳᠡᠭᠡ — ᠪᠠᠶᠠᠡᠳᠤᠭ ᠬᠦᠴᠤᠳᠠᠯ ᠬᠤᠪᠢᠰᠬᠠᠬᠤ ᠦᠷᠳᠡᠭᠡ —

ᠮᠠᠨᠢᠳᠤ ᠬᠦᠴᠤᠳᠠᠯ ᠬᠤᠪᠢᠰᠬᠠᠬᠤ ᠦᠷᠳᠡᠭᠡ︔ ᠶᠢᠨ ᠳ᠋ᠢ ᠵᠠᠰ ᠮᠤᠯᠢᠪᠳᠧᠨ ᠤ ᠠᠭᠤᠷᠬᠠᠢ ᠶᠢᠨ ᠬᠦᠴᠤᠳᠠᠯ

ᠬᠤᠪᠢᠰᠬᠠᠬᠤ ᠦᠷᠳᠡᠭᠡ — ᠪᠤᠭᠳ᠋ᠬᠠᠭᠤᠯᠠ ᠶᠢᠨ ᠬᠦᠴᠤᠳᠠᠯ ᠬᠤᠪᠢᠰᠬᠠᠬᠤ ᠦᠷᠳᠡᠭᠡ︔ ᠪᠠᠢ ᠶᠢᠨ ᠬᠦᠴᠤᠳᠠᠯ

ᠬᠤᠪᠢᠰᠬᠠᠬᠤ ᠦᠷᠳᠡᠭᠡ — ᠴᠠᠭᠠᠡᠨᠠᠭᠤᠷ ᠬᠦᠴᠤᠳᠠᠯ ᠬᠤᠪᠢᠰᠬᠠᠬᠤ ᠦᠷᠳᠡᠭᠡ — ᠲᠡᠯᠬᠡᠷ ᠬᠦᠴᠤᠳᠠᠯ

ᠬᠤᠪᠢᠰᠬᠠᠬᠤ ᠦᠷᠳᠡᠭᠡ᠃

⒕︽ᠲᠠᠪᠤ ᠶᠢ ᠨᠢᠬᠡᠳᠤᠯᠳᠡᠢ ᠲᠦᠯᠤᠪᠵᠢᠬᠦᠯᠬᠦ︾ ᠪᠠ ︽ᠨᠠᠢᠮᠠᠨ ᠲᠠᠯ᠎ᠠ ᠪᠠᠷ ᠬᠤᠳᠠ ᠶᠢ ᠴᠤᠭᠴᠠᠯᠠᠬᠤ︾᠂ ︽

ᠲᠠᠪᠤ ᠶᠢ ᠨᠢᠬᠡᠳᠤᠯᠳᠡᠢ ᠲᠦᠯᠤᠪᠵᠢᠬᠦᠯᠬᠦ︾ ᠲᠠᠷᠤᠢ ᠤᠷᠤᠨ ᠵᠠᠢ᠂ ᠬᠡᠪᠴᠢᠶ᠎ᠠ᠂ ᠠᠵᠤ ᠦᠢᠯᠡᠰ ᠭᠤᠷᠪᠡᠨ ᠶᠡᠭᠡ

ᠪᠦᠳᠤᠴᠠ ᠶᠢ ᠨᠢᠬᠡᠳᠤᠯᠳᠡᠢ ᠲᠦᠯᠤᠪᠵᠢᠬᠦᠯᠵᠤ᠂ ᠬᠤᠳᠠ ᠶᠢᠨ ᠪᠦᠬᠦ ᠲᠠᠯᠠᠴᠢ ᠴᠢᠨᠠᠷ ᠢ ᠲᠡᠬᠡᠭᠰᠢᠯᠡᠬᠦᠯᠤᠨ᠎ᠠ︔

ᠲᠦᠯᠤᠪᠵᠢᠬᠦᠯᠬᠡ᠂ ᠪᠦᠳᠤᠬᠡᠨ ᠪᠠᠶᠢᠭᠤᠯᠤᠯᠳᠠ᠂ ᠬᠠᠮᠢᠶᠠᠷᠤᠯᠳᠠ ᠭᠤᠷᠪᠡᠨ ᠶᠡᠭᠡ ᠭᠤᠭᠴᠤᠭ᠎ᠠ ᠶᠢ ᠨᠢᠬᠡᠳᠤᠯᠳᠡᠢ

ᠲᠦᠯᠤᠪᠵᠢᠬᠦᠯᠵᠤ᠂ ᠬᠤᠳᠠ ᠶᠢᠨ ᠪᠠᠶᠢᠭᠤᠯᠤᠯᠳᠠ ᠶᠢᠨ ᠰᠢᠰᠲ᠋ᠧᠮᠴᠢ ᠴᠢᠨᠠᠷ ᠢ ᠲᠡᠬᠡᠭᠰᠢᠯᠡᠬᠦᠯᠤᠨ᠎ᠠ︔

ᠦᠬᠡᠷᠡᠴᠢᠯᠡᠯᠳᠡ᠂ ᠰᠢᠡᠵᠢᠯᠡᠭᠡ ᠮᠡᠷᠬᠡᠵᠢᠯ᠂ ᠰᠤᠶᠤᠯ ᠭᠤᠷᠪᠡᠨ ᠲᠤᠮᠤ ᠬᠦᠳᠡᠯᠬᠡᠭᠴᠢ ᠬᠦᠴᠤᠨ ᠢ ᠨᠢᠬᠡᠳᠤᠯᠳᠡᠢ

ᠲᠦᠯᠤᠪᠵᠢᠬᠦᠯᠵᠤ᠂ ᠬᠤᠳᠠ ᠶᠢᠨ ᠬᠦᠭᠵᠢᠯᠳᠠ ᠶᠢᠨ ᠦᠷᠬᠦᠯᠵᠢᠯᠡᠬᠦᠶᠢᠴᠠ ᠴᠢᠨᠠᠷ ᠢ ᠲᠡᠬᠡᠭᠰᠢᠯᠡᠬᠦᠯᠤᠨ᠎ᠠ︔

ᠦᠢᠯᠡᠳᠪᠤᠷᠢᠯᠡᠯ᠂ ᠠᠮᠢᠳᠤᠷᠡᠯ᠂ ᠠᠮᠢ ᠠᠬᠤᠢ ᠬᠡᠬᠦ ᠭᠤᠷᠪᠡᠨ ᠶᠡᠭᠡ ᠪᠠᠶᠢᠷᠢᠯᠠᠭᠤᠯᠤᠯᠳᠠ ᠶᠢ ᠨᠢᠬᠡᠳᠤᠯᠳᠡᠢ

ᠲᠦᠯᠤᠪᠵᠢᠬᠦᠯᠵᠤ᠂ ᠬᠤᠳᠠ ᠶᠢᠨ ᠬᠦᠭᠵᠢᠯᠳᠠ ᠶᠢᠨ ᠲᠠᠭᠠᠯᠠᠮᠵᠢᠳᠤ ᠴᠢᠨᠠᠷ ᠢ ᠲᠡᠬᠡᠭᠰᠢᠯᠡᠬᠦᠯᠤᠨ᠎ᠠ︔ ᠵᠠᠰᠠᠭ ᠤᠨ

ᠤᠷᠳᠤᠨ᠂ ᠨᠠᠶᠢᠬᠡᠮ᠂ ᠬᠤᠳᠠ ᠶᠢᠨ ᠠᠷᠡᠳ ᠬᠡᠬᠦ ᠭᠤᠷᠪᠡᠨ ᠲᠤᠮᠤ ᠭᠤᠤᠯ ᠴᠤᠭᠴᠠ ᠶᠢ ᠨᠢᠬᠡᠳᠤᠯᠳᠡᠢ

ᠲᠦᠯᠤᠪᠵᠢᠬᠦᠯᠵᠤ᠂ ᠬᠤᠳᠠ ᠶᠢᠨ ᠬᠦᠭᠵᠢᠯᠳᠠ ᠶᠢ ᠲᠦᠯᠬᠢᠨ ᠠᠬᠢᠭᠤᠯᠬᠤ ᠡᠯ᠎ᠠ ᠲᠠᠯ᠎ᠠ ᠶᠢᠨ ᠢᠳᠡᠪᠬᠢᠵᠢᠯ ᠢ

ᠲᠡᠬᠡᠭᠰᠢᠯᠡᠬᠦᠯᠤᠨ᠎ᠠ᠃ ︽ᠨᠠᠢᠮᠠᠨ ᠲᠠᠯ᠎ᠠ ᠪᠠᠷ ᠬᠤᠳᠠ ᠶᠢ ᠴᠤᠭᠴᠠᠯᠠᠬᠤ︾᠄ ᠲᠠᠷᠤᠢ ᠠᠵᠤ ᠦᠢᠯᠡᠰ᠂ ᠤᠯᠠᠨ

ᠨᠠᠶᠢᠳᠠ ᠶᠢᠨ ᠦᠢᠯᠡᠴᠢᠯᠡᠭᠡ᠂ ᠠᠮᠢ ᠠᠬᠤᠢ᠂ ᠤᠡᠴᠠᠯᠢᠭ ᠲᠤᠪᠤᠶᠢᠮ᠎ᠠ  ᠂ ᠰᠤᠶᠤᠯ᠂ ᠠᠮᠢᠳᠤᠷᠡᠯ ᠤᠨ ᠴᠢᠨᠠᠷ

ᠴᠢᠡᠰᠠᠭ᠎ᠠ ᠶᠢ ᠲᠡᠬᠡᠭᠰᠢᠯᠡᠬᠦᠯᠬᠦ᠂ ᠬᠦᠮᠤᠨ ᠠᠮᠠ ᠶᠢᠨ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠪᠠ ᠬᠤᠶᠡᠷ ᠤᠷᠤᠯᠭ᠎ᠠ ᠶᠢ

ᠨᠡᠮᠡᠭᠳᠡᠬᠦᠯᠬᠦ   ᠶᠢ ᠬᠡᠯᠡᠨ᠎ᠠ᠃

⒖ ᠨᠢᠬᠡ ᠲᠦᠪ᠂ ᠨᠢᠬᠡ ᠭᠤᠤᠯᠳᠠᠯᠭ᠎ᠠ᠂ ᠵᠢᠷᠭᠤᠭᠠᠨ ᠲᠤᠯᠭᠠᠭᠤᠷᠢᠯᠠᠬᠤ ᠴᠡᠭ᠄ ︽ᠨᠢᠬᠡ ᠲᠦᠪ︾ ᠪᠤᠯ ᠲᠠᠷᠤᠢ

ᠪᠡᠯᠬᠦᠳᠡᠢ ᠪᠠᠯᠭᠠᠰᠤ︔ ︽ᠨᠢᠬᠡ ᠭᠤᠤᠯᠳᠠᠯᠭ᠎ᠠ︾ ᠪᠤᠯ ᠲᠠᠷᠤᠢ ᠴᠠᠭᠠᠡᠨᠠᠭᠤᠷ ᠪᠠᠯᠭᠠᠰᠤ︔ ︽ᠵᠢᠷᠭᠤᠭᠠᠨ

ᠲᠤᠯᠭᠠᠭᠤᠷᠢᠯᠠᠬᠤ ᠴᠡᠭ︾ ᠪᠤᠯ ᠲᠠᠪᠤᠨ ᠰᠤᠮᠤ ᠪᠠᠯᠭᠠᠰᠤ ᠪᠠ ᠮᠠᠨᠢᠳᠤ ᠠᠭᠤᠷᠬᠠᠢ ᠶᠢᠨ ᠲᠤᠭᠤᠷᠢᠭ ᠪᠤᠯᠤᠨ᠎ᠠ᠃

⒗ᠲᠠᠯᠪᠢᠬᠤ ᠬᠠᠮᠢᠶᠠᠷᠬᠤ ᠦᠢᠯᠡᠴᠢᠯᠡᠬᠦ᠄ ︽ᠲᠠᠯᠪᠢᠬᠤ︾ ᠬᠡᠳᠡᠭ ᠨᠢ᠄ ᠵᠠᠰᠠᠭ ᠢ ᠴᠣᠮᠬᠠᠳᠬᠠᠨ ᠡᠷᠭᠡ ᠶᠢ

ᠲᠣᠷᠣᠭᠰᠢ ᠲᠠᠯᠪᠢᠵᠤ᠂ ᠵᠦᠪᠰᠢᠶᠡᠷᠡᠬᠦ ᠪᠠᠷᠢᠮᠵᠢᠶ᠎ᠠ ᠶᠢ ᠲᠣᠷᠣᠭᠰᠢᠯᠠᠭᠤᠯᠬᠤ ᠶᠢ ᠵᠢᠭᠠᠵᠣ ᠪᠠᠶᠢᠨ᠎ᠠ᠃         ︽

ᠬᠠᠮᠢᠶᠠᠷᠬᠤ︾ ᠪᠣᠯ ᠲᠠᠷᠣᠢ ᠲᠦᠪ ᠭᠤᠣᠯᠴᠢ ᠬᠢᠨᠠᠨ ᠬᠠᠮᠢᠶᠠᠷᠣᠯᠳᠠ ᠪᠠᠷ ᠡᠷᠭᠡ ᠲᠡᠭᠰᠢ ᠦᠷᠢᠰᠦᠯᠳᠦᠭᠡᠨ ᠢ

ᠠᠬᠢᠭᠤᠯᠬᠤ ᠶᠢ ᠵᠢᠭᠠᠵᠣ ᠪᠠᠶᠢᠨ᠎ᠠ᠃ ︽ᠦᠢᠯᠡᠴᠢᠯᠡᠬᠦ︾ ᠬᠡᠳᠡᠭ ᠨᠢ᠄ ᠪᠦᠳᠦᠮᠵᠢᠳᠡᠢ ᠦᠢᠯᠡᠴᠢᠯᠡᠭᠡ ᠪᠠᠷ ᠲᠦᠬᠦᠮ

ᠲᠦᠳᠠ ᠦᠢᠯᠡᠴᠢᠯᠡᠬᠡᠨ ᠤ ᠤᠷᠴᠢᠨ ᠢ ᠪᠤᠢ ᠪᠤᠯᠭᠠᠬᠤ᠃

⒘ ︽ᠬᠡᠷᠡᠴᠢ ᠦᠨᠡᠮᠯᠡᠯ ᠢ ᠰᠠᠯᠭᠠᠬᠤ︾᠄ ᠠᠵᠤ ᠠᠬᠤᠶᠢᠯᠡᠯ ᠤᠨ ︽ᠦᠨᠡᠮᠯᠡᠯ ᠤᠨ ᠭᠠᠷ ᠬᠦᠢᠴᠡᠳᠬᠡᠯ ᠠᠪᠬᠤ ᠳᠤ

ᠬᠦᠴᠢᠷ︾ ᠳᠤ ᠴᠢᠭᠯᠡᠬᠦᠯᠤᠨ᠂ ᠬᠤᠳᠠᠯᠳᠤᠭᠠᠨ ᠤ ᠲᠠᠩᠰᠠᠯᠠᠬᠤ ᠲᠦᠷᠢᠮ ᠤᠨ ᠦᠬᠡᠷᠠᠴᠢᠯᠡᠯᠳᠡ᠂ ᠲᠠᠷᠤᠢ ᠺᠤᠮᠫᠠᠨᠢ

ᠪᠠᠶᠢᠭᠤᠯᠬᠤ ᠳᠤ᠂ ᠵᠦᠪᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠬᠦᠷᠴᠤ᠂ ᠡᠵᠡᠩᠨᠡᠯᠳᠡ ᠶᠢᠨ

ᠦᠨᠡᠮᠯᠡᠯ ᠠᠪᠤᠪᠠᠯ᠂ ᠡᠩ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠤᠯᠤᠨ᠎ᠠ᠃ ᠬᠡᠷᠪᠡ

ᠵᠦᠪᠰᠢᠶᠠᠷᠡᠭᠰᠡᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠬᠦ ᠴᠢᠬᠤᠯᠠ ᠲᠠᠢ ᠪᠤᠯ᠄ ᠲᠠᠬᠢᠨ

ᠬᠤᠯᠪᠤᠭᠳᠠᠯ ᠪᠦᠬᠦᠢ ᠵᠦᠪᠰᠢᠶᠠᠷᠡᠯ ᠤᠨ ᠰᠠᠯᠠᠭ᠎ᠠ ᠮᠦᠴᠢᠷ ᠲᠤ ᠬᠦᠷᠴᠤ ᠵᠦᠪᠰᠢᠶᠠᠷᠡᠯ ᠤᠨ ᠭᠠᠷᠳᠠᠮ ᠬᠦᠢᠴᠡᠳᠬᠡᠪᠡᠯ

ᠪᠤᠯᠴᠢᠠᠭᠠᠨ᠎ᠠ᠃

⒙ ᠬᠤᠣᠰ ᠲᠣᠭᠳᠠᠮᠠᠯ ᠪᠣᠰᠣ᠂ ᠨᠢᠭᠡ ᠢᠯᠡ ᠨᠡᠶᠢᠳᠡᠯᠡᠬᠦ᠄ ᠬᠢᠨᠠᠨ ᠬᠠᠮᠢᠶᠠᠷᠣᠯᠳᠠ ᠶᠢᠨ ᠶᠠᠪᠣᠴᠠ ᠳᠤ ᠪᠠᠶᠢᠴᠠᠭᠠᠬᠤ

ᠡᠳᠡᠭᠡᠳ ᠢᠶᠠᠨ ᠲᠣᠭᠳᠠᠮᠠᠯ ᠪᠣᠰᠣ ᠪᠠᠷ ᠰᠤᠭᠤᠴᠢᠨ ᠲᠤᠭᠳᠠᠭᠠᠠᠬᠤ᠂ ᠬᠠᠣᠯᠢ ᠬᠡᠷᠡᠭᠵᠢᠬᠦᠯᠬᠦ ᠠᠵᠢᠯᠳᠠᠨ ᠢ ᠲᠣᠭᠳᠠᠮᠠᠯ

ᠪᠣᠰᠣ ᠪᠠᠷ ᠰᠣᠭᠤᠴᠢᠨ ᠲᠣᠮᠢᠯᠠᠬᠤ᠂ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠣᠬᠠᠢ ᠳᠤᠨᠢ

ᠨᠡᠶᠢᠭᠡᠮ ᠳᠤ ᠢᠯᠡ ᠨᠡᠶᠢᠳᠡᠯᠡᠬᠦ᠃

⒚ ︽ᠵᠢᠷᠭᠤᠭᠠᠨ ᠨᠠᠷᠢᠯᠢᠭ ᠣᠨᠣᠪᠴᠢᠳᠠᠢ︾ ᠪᠠ ︽ᠲᠠᠪᠣᠨ ᠨᠢᠭᠡ ᠪᠦᠯᠦᠭ︾᠄ ᠶᠠᠳᠠᠭᠤ ᠶᠢ ᠲᠡᠳᠬᠦᠬᠦ ᠡᠳᠡᠭᠡᠳ

 ᠨᠢ ᠨᠠᠷᠢᠯᠢᠭ ᠣᠨᠣᠪᠴᠢᠳᠠᠢ᠂ ᠠᠷᠭ᠎ᠠ ᠬᠡᠮᠵᠢᠶ᠎ᠡ ᠶᠢ ᠡᠷᠦᠭᠡ ᠳᠤ ᠨᠠᠶᠢᠳᠠᠪᠣᠷᠢᠵᠢᠭᠤᠯᠣᠭᠰᠠᠨ ᠨᠢ ᠨᠠᠷᠢᠯᠢᠭ

ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠠᠷᠢᠨ ᠣᠨᠣᠪᠴᠢᠳᠠᠢ᠂ ᠪᠡᠯᠡ ᠮᠦᠩᠬᠦᠨ ᠤ ᠬᠡᠷᠡᠭᠯᠡᠯᠳᠡ ᠨᠢ

ᠨᠠᠷᠢᠯᠢᠭ ᠣᠨᠣᠪᠴᠢᠳᠠᠢ᠂ ᠭᠠᠴᠠᠭᠠᠨ ᠤ ᠪᠠᠶᠢᠳᠠᠯ ᠳᠤ ᠲᠣᠬᠢᠷᠠᠭᠤᠯᠣᠨ ᠺᠠᠳ᠋ᠷ ᠲᠣᠮᠢᠯᠠᠭᠰᠠᠨ ᠨᠢ ᠨᠠᠷᠢᠯᠢᠭ

ᠣᠨᠣᠪᠴᠢᠳᠠᠢ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠮᠵᠢ ᠨᠢ ᠨᠠᠷᠢᠨ ᠣᠨᠣᠪᠴᠢᠳᠠᠢ᠃

ᠦᠢᠯᠡᠳᠪᠦᠷᠢᠯᠡᠯ ᠢᠶᠠᠨ ᠬᠦᠭᠵᠢᠬᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ︔ ᠨᠡᠬᠦᠯᠭᠡᠨ

ᠰᠢᠯᠵᠢᠬᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ︔ ᠠᠮᠢ ᠠᠬᠤᠢ ᠶᠢᠨ ᠨᠦᠬᠦᠪᠦᠷᠢ ᠪᠠᠷ

ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ︔ ᠰᠣᠷᠭᠠᠨ ᠬᠦᠮᠦᠵᠢᠯ ᠬᠦᠷᠳᠡᠬᠡᠵᠤ ᠨᠢᠭᠡ ᠪᠦᠯᠦᠭ

ᠬᠦᠮᠦᠰ ᠢ ᠶᠠᠳᠠᠭᠤ ᠠᠴᠠ ᠠᠩᠬᠢᠵᠢᠷᠠᠭᠤᠯᠣᠨ᠎ᠠ︔ ᠨᠡᠶᠢᠭᠡᠮ ᠤᠨ ᠪᠠᠳᠣᠯᠠᠭ᠎ᠠ ᠪᠠᠷ ᠨᠢᠭᠡ ᠪᠦᠯᠦᠭ ᠬᠦᠮᠦᠰ ᠢ ᠶᠠᠳᠠᠭᠤ

 ᠠᠴᠠ ᠠᠩᠬᠢᠵᠢᠷᠠᠭᠤᠯᠣᠨ᠎ᠠ᠃

⒛ ᠲᠦᠷᠪᠡᠨ ᠬᠠᠮᠤᠭ ᠴᠢᠩᠭ᠎ᠠ᠄ ᠢᠳᠡᠭᠡᠨ ᠤ ᠠᠮᠣᠷ ᠲᠦᠪᠰᠢᠨ ᠤ ᠬᠦᠷᠢᠶ᠎ᠡ ᠬᠡᠪᠴᠢᠶᠡᠨ ᠳᠤ ᠴᠢᠩᠭ᠎ᠠ ᠪᠠᠷᠢᠮᠵᠢᠶ᠎ᠠ᠂

ᠴᠢᠩᠭ᠎ᠠ ᠬᠢᠨᠠᠨ ᠬᠠᠮᠢᠶᠠᠷᠣᠯᠳᠠ᠂ ᠴᠢᠩᠭ᠎ᠠ ᠰᠢᠳᠭᠡᠵᠦ᠂ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠶᠢ ᠪᠠᠷᠢᠮᠳᠠᠯᠠᠨ᠎ᠠ᠃

21. ᠭᠤᠷᠪᠠᠨ ᠪᠦᠳᠦᠭᠡᠭᠳᠡᠬᠦᠨ ᠨᠢᠭᠡ ᠲᠡᠮᠳᠡᠭ᠄ ᠪᠠᠶᠢᠭᠠᠯᠢᠯᠢᠭ ᠲᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠣᠯ

ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ

ᠵᠦᠢ ᠶᠢᠨ ᠲᠡᠮᠳᠡᠭ ᠢ ᠵᠢᠭᠠᠵᠣ ᠪᠠᠶᠢᠨ᠎ᠠ᠃

22᠂ ᠭᠤᠷᠪᠠᠨ ᠡᠷᠭᠡᠪᠰᠢ᠄ ᠰᠠᠯᠠᠭ᠎ᠠ ᠮᠦᠴᠢᠷ ᠤᠨ ᠬᠠᠮᠢᠶᠠᠷᠤᠯᠳᠠ ᠡᠷᠬᠡᠪᠰᠢ ᠠᠮᠤᠷ ᠲᠦᠪᠰᠢᠨ ᠢ ᠴᠢᠩᠭᠠᠳᠬᠠᠬᠤ᠂

ᠲᠣᠬᠠᠶᠢᠯᠠᠭᠰᠠᠨ ᠠᠵᠢᠯ ᠲᠦᠷᠥᠯ ᠤᠨ ᠬᠠᠮᠢᠶᠠᠷᠤᠯᠳᠠ ᠳᠤ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠬᠤ᠂

ᠦᠢᠯᠡᠳᠪᠦᠷᠢᠯᠡᠯ ᠡᠵᠡᠩᠨᠡᠯᠳᠡ ᠶᠢᠨ ᠪᠠᠶᠢᠭᠤᠯᠭ᠎ᠠ ᠡᠷᠬᠡᠪᠰᠢ ᠠᠮᠣᠷ ᠲᠦᠪᠰᠢᠨ ᠢ ᠴᠢᠩᠭᠠᠳᠬᠠᠬᠤ᠃

23᠂ ︽ᠲᠦᠷᠪᠡᠨ ᠤᠬᠠᠮᠰᠠᠷ︾᠄ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠴᠢ

ᠤᠬᠠᠮᠰᠠᠷ᠂ ᠨᠢᠬᠡᠳᠤᠯᠳᠡᠢ ᠪᠠᠶᠢᠬᠤ ᠤᠬᠠᠮᠰᠠᠷ᠃

 
ᠢᠷᠡᠯᠲᠡ᠄ ᠠᠪᠠᠭ᠎ᠠ ᠬᠤᠰᠢᠭᠤ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号