ᠲᠠᠯ᠎ᠠ ᠨᠤᠳᠤᠭ ᠤᠨ ᠠᠮᠢ ᠠᠬᠤᠢ ᠪᠠ ᠠᠷᠠᠳ ᠲᠦᠮᠡᠨ ᠤ ᠠᠮᠢ ᠨᠠᠰᠤ ᠡᠳ᠋ ᠬᠤᠭᠰᠢᠯ ᠤᠨ ᠠᠮᠤᠷ | ᠲᠦᠪᠰᠢᠨ ᠢ ᠪᠠᠲᠦᠯᠠᠬᠤ ᠶᠢᠨ ᠲᠦᠯᠦᠭᠡ᠂ ᠠᠪᠠᠭ᠎ᠠ ᠬᠤᠰᠢᠭᠤ ᠬᠠᠪᠤᠷ ᠤᠨ ᠤᠯᠠᠷᠢᠯ ᠤᠨ ᠤᠢ ᠰᠢᠭᠤᠢ ᠲᠠᠯ᠎ᠠ | ᠨᠤᠳᠤᠭ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠦ ᠪᠠᠶᠢᠨ᠎ᠠ᠃ | ᠨᠢᠭᠡ᠄ ᠭᠠᠯ ᠰᠡᠷᠭᠡᠶᠢᠯᠡᠬᠦ ᠠᠵᠢᠯ ᠤᠨ ᠤᠳᠤᠷᠢᠳᠤᠯᠭ᠎ᠠ ᠢ ᠴᠢᠩᠭᠠᠳᠬᠠᠪᠠ᠃ | ᠠᠪᠠᠭ᠎ᠠ ᠬᠤᠰᠢᠭᠤ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠪᠤᠷ ᠤᠨ ᠤᠯᠠᠷᠢᠯ ᠤᠨ ᠤᠢ | ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠬᠦ ᠠᠵᠢᠯ ᠢ ᠡᠷᠴᠢᠮᠳᠠᠢ ᠠᠳᠬᠤᠨ᠂ ᠲᠤᠰᠬᠠᠢ ᠠᠵᠢᠯ ᠤᠨ ᠬᠤᠷᠠᠯ | ᠬᠤᠷᠠᠯᠳᠤᠭᠤᠯᠵᠦ᠂ ᠭᠠᠯ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠦ᠂ ᠬᠤᠰᠢᠭᠤᠨ ᠤ ᠭᠠᠯ | ᠰᠡᠷᠭᠡᠶᠢᠯᠡᠬᠦ ᠵᠢᠯᠤᠭᠤᠳᠬᠤ ᠲᠦᠪ ᠢ ᠪᠠᠶᠢᠭᠤᠯᠤᠨ᠂《ᠰᠡᠷᠭᠡᠶᠢᠯᠡᠬᠦ ᠢᠶᠠᠷ ᠭᠤᠤᠯ ᠪᠤᠯᠭᠠᠵᠦ᠂ ᠰᠡᠷᠭᠡᠶᠢᠯᠡᠭᠦ ᠪᠠ | ᠤᠨᠳᠠᠷᠭᠠᠬᠤ ᠢ ᠤᠶᠠᠯᠳᠤᠭᠤᠯᠬᠤ》ᠠᠵᠢᠯ ᠤᠨ ᠴᠢᠭᠯᠡᠯ ᠢᠶᠠᠷ ᠱᠠᠳᠤ ᠲᠠᠷᠠᠭᠠᠯᠠᠨ ᠭᠠᠯ ᠰᠡᠷᠭᠡᠶᠢᠯᠡᠬᠦ ᠬᠠᠷᠢᠭᠤᠴᠠᠯᠭ᠎ᠠ | ᠶᠢᠨ ᠪᠢᠴᠢᠭ ᠲᠤᠭᠳᠠᠵᠦ᠂ ᠬᠤᠰᠢᠭᠤ ᠭᠠᠯ ᠰᠡᠷᠭᠡᠶᠢᠯᠡᠬᠦ ᠵᠢᠯᠤᠭᠤᠳᠬᠤ ᠲᠦᠪ ᠨᠢ 7 ᠰᠤᠮᠤ ᠪᠠᠯᠭᠠᠰᠤ᠂ 1 | ᠬᠠᠮᠢᠶᠠᠷᠤᠯᠳᠠ ᠶᠢᠨ ᠲᠤᠭᠤᠷᠢᠭ ᠲᠠᠢ 8 ᠬᠤᠪᠢ ᠬᠠᠷᠢᠭᠤᠴᠠᠯᠭ᠎ᠠ ᠶᠢᠨ ᠪᠢᠴᠢᠭ᠂ ᠡᠯ᠎ᠡ ᠰᠤᠮᠤ ᠪᠠᠯᠭᠠᠰᠤ ᠨᠢ 71 | ᠭᠠᠴᠠᠭ᠎ᠠ ᠪᠠ 1 ᠤᠢ ᠰᠢᠭᠤᠢ ᠶᠢᠨ ᠲᠠᠯᠠᠪᠠᠢ ᠲᠠᠢ ᠲᠤᠰ ᠲᠤᠰ ᠭᠠᠯ ᠰᠡᠷᠭᠡᠶᠢᠯᠡᠬᠦ ᠭᠡᠷ᠎ᠡ ᠪᠢᠴᠢᠭ ᠲᠤᠭᠳᠠᠵᠦ᠂ | ᠭᠠᠴᠠᠭ᠎ᠠ ᠨᠢ ᠮᠠᠯᠵᠢᠬᠤ ᠡᠷᠦᠬᠡ ᠲᠠᠢ 5775 ᠬᠤᠪᠢ ᠭᠡᠷ᠎ᠡ ᠪᠢᠴᠢᠭ ᠲᠤᠭᠳᠠᠨ᠂ ᠭᠡᠷ᠎ᠡ ᠪᠢᠴᠢᠭ ᠲᠤᠭᠳᠠᠭᠰᠠᠨ | ᠨᠤᠷᠮ᠎ᠠ 100% ᠳᠤ ᠭᠦᠷᠪᠡ᠃ | ᠬᠤᠶᠠᠷ᠄ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠴᠢᠩᠭᠠᠳᠬᠠᠪᠠ᠃ | ᠬᠠᠪᠤᠷ ᠤᠨ ᠤᠯᠠᠷᠢᠯ ᠤᠨ ᠲᠠᠯ᠎ᠠ ᠨᠤᠳᠤᠭ ᠤᠨ ᠭᠠᠯ ᠰᠡᠷᠭᠡᠶᠢᠯᠡᠬᠦ ᠬᠤᠭᠤᠴᠠᠭᠠᠨ ᠳᠤ ᠤᠷᠤᠭᠰᠠᠨ ᠠᠴᠠ | ᠡᠬᠢᠯᠡᠨ ᠠᠪᠠᠭ᠎ᠠ ᠬᠤᠰᠢᠭᠤᠨ ᠤ ᠭᠠᠯ ᠰᠡᠷᠭᠡᠶᠢᠯᠡᠬᠦ ᠵᠢᠯᠤᠭᠤᠳᠬᠤ ᠲᠦᠪ ᠨᠢ ᠭᠠᠯ ᠰᠡᠷᠭᠡᠶᠢᠯᠡᠬᠦ ᠤᠬᠠᠭᠤᠯᠬᠤ ᠠᠵᠢᠯ | ᠢ ᠴᠢᠩᠭᠠᠳᠬᠠᠵᠦ᠂ ᠭᠡᠷᠡᠭᠵᠢᠭᠦᠯᠬᠦ ᠲᠦᠰᠦᠪ ᠲᠤᠭᠳᠠᠭᠠᠨ᠂ ᠪᠦᠬᠦ ᠬᠤᠰᠢᠭᠤᠨ ᠤ ᠬᠡᠪᠴᠢᠶᠡᠨ ᠳᠤ ᠭᠠᠯ ᠰᠡᠷᠭᠡᠶᠢᠯᠡᠬᠦ | ᠤᠬᠠᠭᠤᠯᠭ᠎ᠠ ᠶᠢᠨ ᠠᠵᠢᠯ ᠢ ᠢᠳᠡᠪᠬᠢᠲᠠᠢ ᠢᠶᠠᠷ ᠦᠷᠨᠢᠭᠦᠯᠪᠡ᠃ ᠪᠡᠯᠭᠦᠲᠠᠢ ᠪᠠᠯᠭᠠᠰᠤᠨ ᠤ ᠬᠠᠮᠪᠦ ᠠᠭᠤᠳᠠᠮ | ᠲᠠᠯᠠᠪᠠᠢ ᠳᠤ《ᠤᠢ ᠰᠢᠭᠤᠢ ᠲᠠᠯ᠎ᠠ ᠨᠤᠳᠤᠭ ᠤᠨ ᠭᠠᠯ ᠤᠨ ᠠᠶᠤᠯ ᠢ ᠰᠡᠷᠭᠡᠶᠢᠯᠡᠵᠦ᠂ ᠭᠡᠷ ᠤᠷᠤᠨ ᠢᠶᠠᠨ | ᠬᠠᠮᠠᠭᠠᠯᠠᠵᠦ᠂ ᠠᠮᠢ ᠠᠬᠤᠢ ᠶᠢᠨ ᠬᠠᠯᠬᠠᠪᠴᠢ ᠶᠢ ᠪᠠᠳᠤᠯᠠᠬᠤ》 ᠢᠶᠠᠷ ᠭᠤᠤᠯ ᠰᠡᠳᠦᠪ ᠪᠤᠯᠭᠠᠭᠰᠠᠨ ᠭᠠᠯ ᠤᠨ ᠠᠶᠤᠯ | ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠶᠠᠪᠤᠭᠳᠠᠭᠤᠯᠵᠦ᠂ ᠲᠤᠰ ᠲᠤᠰ ᠤᠬᠠᠭᠤᠯᠭ᠎ᠠ ᠶᠢᠨ ᠬᠠᠭᠤᠳᠠᠰᠦ 800 | ᠬᠤᠪᠢ᠂ ᠤᠬᠠᠭᠤᠯᠭ᠎ᠠ ᠶᠢᠨ ᠭᠠᠷ ᠲᠡᠪᠳᠡᠷ 500 ᠬᠤᠪᠢ ᠂ ᠤᠬᠠᠭᠤᠯᠭ᠎ᠠ ᠶᠢᠨ ᠬᠦᠵᠢᠷ 500 ᠬᠤᠪᠢ | ᠲᠠᠷᠬᠠᠭᠠᠪᠠ᠃ | ᠭᠤᠷᠪᠠ᠄ ᠭᠠᠯ ᠰᠡᠷᠭᠡᠶᠢᠯᠡᠬᠦ ᠪᠠᠶᠢᠴᠠᠭᠠᠯᠳᠠ ᠶᠢ ᠴᠢᠩᠭᠠᠳᠬᠠᠪᠠ᠃ | ᠠᠪᠠᠭ᠎ᠠ ᠬᠤᠰᠢᠭᠤ ᠡᠯ᠎ᠡ ᠭᠤᠤᠯ ᠵᠠᠮ ᠱᠤᠭᠤᠮ ᠳᠤ 10 ᠭᠠᠯ ᠰᠡᠷᠭᠡᠶᠢᠯᠡᠬᠦ ᠪᠠᠶᠢᠴᠠᠭᠠᠯᠳᠠ ᠶᠢᠨ | ᠦᠷᠳᠡᠭᠡ ᠪᠠᠶᠢᠭᠤᠯᠵᠦ᠂ ᠨᠠᠭᠠᠰᠢ ᠴᠠᠭᠠᠰᠢ ᠶᠠᠪᠤᠬᠤ ᠲᠡᠷᠭᠡ ᠤᠨᠤᠭ᠎ᠠ᠂ ᠬᠦᠮᠦᠰ ᠲᠤ ᠭᠠᠯ ᠤᠨ ᠪᠠᠶᠢᠴᠠᠭᠠᠯᠳᠠ ᠵᠢᠴᠢ | ᠤᠬᠠᠭᠤᠯᠭ᠎ᠠ ᠬᠢᠵᠦ᠂ ᠪᠠᠶᠢᠴᠠᠭᠠᠯᠳᠠ ᠬᠢᠭᠰᠡᠨ ᠪᠠᠶᠢᠳᠠᠯ ᠢᠶᠠᠨ ᠲᠠᠩᠰᠡ ᠡᠪᠬᠡᠮᠡᠯ ᠳᠤ ᠤᠷᠤᠭᠤᠯᠪᠠ᠃ ᠬᠤᠰᠢᠭᠤ ᠭᠠᠯ | ᠰᠡᠷᠭᠡᠶᠢᠯᠡᠬᠦ ᠠᠯᠪᠠᠨ ᠭᠡᠷ ᠨᠢ ᠲᠤᠮᠤ ᠬᠡᠯᠪᠡᠷᠢ ᠶᠢᠨ ᠡᠪᠡᠰᠦ ᠬᠠᠳᠠᠭᠠᠯᠠᠬᠤ ᠴᠢᠭ ᠪᠠ ᠡᠪᠡᠰᠦ ᠲᠡᠭᠡᠭᠡᠭᠰᠡᠨ ᠲᠡᠷᠭᠡᠨ ᠳᠤ | ᠪᠠᠶᠢᠩᠭᠤ ᠶᠢᠨ ᠴᠢᠨᠠᠷᠲᠠᠢ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠳᠠ ᠬᠢᠵᠦ᠂ ᠬᠡᠨᠡᠳᠳᠡ ᠶᠢᠨ ᠠᠶᠤᠯ | ᠭᠡᠮ ᠢ ᠴᠢᠩᠭ᠎ᠠ ᠰᠡᠷᠭᠡᠶᠢᠯᠡᠵᠦ ᠪᠠᠶᠢᠨ᠎ᠠ᠃ |