ᠪᠦᠬᠦ ᠤᠷᠤᠨ ᠤ ᠠᠩᠬᠠᠳᠠᠭᠴᠢ ᠲᠠᠯ᠎ᠠ ᠨᠤᠳᠤᠭ ᠤᠨ ᠠᠮᠢ ᠠᠬᠤᠢ ᠶᠢ ᠪᠠᠶᠢᠴᠠᠭᠠᠬᠤ ᠲᠤᠪᠴᠢᠶ᠎ᠠ ᠠᠪᠠᠭ᠎ᠠ ᠬᠤᠰᠢᠭᠤᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018/4/17
      ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠳᠤᠯᠠᠳᠠ᠂ ᠠᠪᠠᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠠᠵᠢᠯ ᠤᠨ ᠠᠷᠭ᠎ᠠ ᠠᠪᠴᠠᠯ ᠢᠶᠠᠨ ᠰᠢᠨᠠᠴᠢᠯᠠᠵᠦ᠂ ᠪᠦᠬᠦ ᠤᠷᠤᠨ ᠤ ᠠᠩᠬᠠᠳᠠᠭᠴᠢ ᠲᠠᠯ᠎ᠠ ᠨᠤᠳᠤᠭ ᠤᠨ ᠠᠮᠢ ᠠᠬᠤᠢ ᠶᠢ ᠪᠠᠶᠢᠴᠠᠭᠠᠬᠤ ᠲᠤᠪᠴᠢᠶ᠎ᠠ ᠪᠠᠶᠢᠭᠤᠯᠪᠠ᠃       ᠤᠶᠢᠷ᠎ᠠ ᠶᠢᠨ ᠵᠢᠯ ᠳᠤ ᠬᠦᠮᠦᠨ ᠪᠤᠯᠤᠨ ᠪᠠᠶᠢᠭᠠᠯᠢ ᠶᠢᠨ ᠨᠦᠯᠦᠭᠡᠯᠡᠯ ᠠᠴᠠ ᠪᠤᠯᠵᠦ ᠨᠤᠳᠤᠭ ᠪᠡᠯᠴᠢᠭᠡᠷ ᠮᠠᠭᠤᠳᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠳᠡᠶᠢᠮᠦ ᠰᠠᠶᠢᠨ ᠪᠢᠰᠢ ᠪᠤᠯᠵᠠᠢ᠃ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠭᠤᠤᠯ ᠬᠠᠷᠢᠭᠤᠴᠠᠯᠭ᠎ᠠ ᠭᠤᠤᠯ ᠠᠵᠢᠯ ᠲᠦᠷᠦᠯ ᠢᠶᠠᠨ ᠲᠦᠪᠯᠡᠷᠡᠬᠦᠯᠦᠨ ᠢᠳᠡᠪᠬᠢᠳᠠᠢ ᠠᠵᠢᠯᠯᠠᠵᠦ᠂ 2018 ᠤᠨ ᠳᠤ ᠬᠡᠷᠡᠭ ᠰᠢᠳᠭᠡᠬᠦ ᠬᠦᠴᠦᠨ ᠢᠶᠠᠨ ᠨᠢᠭᠡᠳᠦᠬᠦᠯᠵᠦ᠂ ︽ᠭᠤᠷᠪᠠ ᠶᠢ ᠪᠠᠶᠢᠴᠭᠠᠬᠤ ᠶᠢ ᠨᠢᠭᠡᠳᠦᠬᠦᠯᠬᠦ︾᠂ ᠲᠤᠰᠬᠠᠶᠢᠯᠠᠨ ᠲᠠᠯ᠎ᠠ ᠨᠤᠳᠤᠭ ᠤᠨ ᠠᠮᠢ ᠠᠬᠤᠢ ᠲᠠᠢ ᠬᠤᠯᠪᠤᠭᠳᠠᠭᠰᠠᠨ ᠬᠡᠷᠡᠭ ᠵᠠᠷᠭᠤ ᠶᠢ ᠰᠢᠢᠳᠪᠦᠷᠢᠯᠡᠬᠦ ᠲᠤᠰᠬᠠᠢ ᠪᠠᠶᠢᠭᠤᠯᠤᠮᠵᠢ ᠪᠤᠯᠬᠤ ᠲᠠᠯ᠎ᠠ ᠨᠤᠳᠤᠭ ᠤᠨ ᠠᠮᠢ ᠠᠬᠤᠢ ᠶᠢ ᠪᠠᠶᠢᠴᠠᠭᠠᠬᠤ ᠲᠤᠪᠴᠢᠶ᠎ᠠ ᠪᠠᠶᠢᠭᠤᠯᠵᠦ᠂ ᠲᠤᠰ ᠲᠤᠪᠴᠢᠶ᠎ᠠ ᠨᠢ ᠠᠪᠠᠭ᠎ᠠ ᠨᠤᠳᠤᠭ ᠤᠨ ᠲᠤᠶᠢᠮᠦ ᠲᠠᠨᠢᠯᠴᠠᠭᠤᠯᠭ᠎ᠠ᠂ ᠠᠪᠠᠭ᠎ᠠ ᠶᠢᠨ ᠲᠠᠯ᠎ᠠ ᠨᠤᠳᠤᠭ ᠲᠠᠬᠢ ᠬᠤᠪᠤᠷ ᠴᠤᠬᠠᠭ ᠬᠡᠬᠡᠷ᠎ᠡ ᠎ ᠶᠢᠨ ᠠᠮᠢᠳᠠᠨ᠂ ᠲᠠᠯ᠎ᠠ ᠨᠤᠳᠤᠭ ᠢ ᠬᠠᠮᠠᠭᠠᠯᠠᠨ ᠵᠤᠬᠢᠰᠳᠠᠢ ᠠᠰᠢᠭᠯᠠᠬᠤ᠂ ᠲᠠᠯ᠎ᠠ ᠨᠤᠳᠤᠭ ᠢ ᠡᠪᠳᠡᠭᠰᠡᠨ ᠬᠤᠯᠪᠤᠭᠳᠠᠯ ᠪᠦᠬᠦᠢ ᠬᠡᠷᠡᠭ ᠪᠤᠯᠤᠨ ᠬᠡᠷᠡᠭ ᠤᠨ ᠵᠢᠱᠢᠶ᠎ᠠ᠂ ᠪᠠᠶᠢᠴᠠᠭᠠᠬᠤ ᠪᠠᠶᠢᠭᠤᠯᠭ᠎ᠠ ᠶᠢᠨ ᠠᠮᠢ ᠠᠬᠤᠢ ᠤᠷᠴᠢᠨ ᠲᠤᠭᠤᠷᠢᠨ ᠤ ᠬᠡᠪᠴᠢᠶᠠᠨ ᠳᠠᠬᠢ ᠵᠠᠰᠠᠭ ᠵᠠᠬᠢᠷᠭᠠᠨ ᠤ ᠨᠡᠶᠢᠳᠡ ᠶᠢᠨ ᠠᠰᠢᠭᠳᠦ ᠵᠠᠷᠭᠤ ᠶᠢᠨ ᠭᠡᠷᠡᠭ ᠢ ᠰᠢᠢᠳᠪᠦᠷᠢᠯᠡᠬᠦ ᠠᠯᠬᠤᠮ ᠳᠠᠷᠠᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠳᠤᠮᠳᠠᠬᠢ ᠡᠷᠭᠡ ᠴᠢᠳᠠᠪᠤᠷᠢ ᠵᠡᠷᠭᠡ ᠵᠢᠷᠭᠤᠭᠠᠨ ᠬᠡᠰᠡᠭ ᠠᠭᠤᠯᠭ᠎ᠠ ᠢᠶᠠᠷ ᠪᠦᠷᠢᠯᠳᠦᠭᠰᠡᠨ 90 ᠳᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠰᠤᠷᠭᠠᠨ ᠬᠦᠮᠦᠵᠢᠯ ᠤᠨ ᠰᠠᠭᠤᠷᠢᠨ ᠢ ᠪᠠᠶᠢᠭᠤᠯᠵᠦ ᠂ ᠠᠷᠠᠳ ᠢᠷᠭᠡᠳ ᠤᠨ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠬᠦᠯᠦᠨ᠂ ︿ᠬᠦᠭᠡ ᠤᠰᠤ ᠬᠦᠬᠡᠮᠳᠦᠭ ᠠᠭᠤᠯᠠ ᠪᠤᠯ ᠠᠯᠳᠠᠨ ᠮᠦᠩᠭᠦᠨ ᠠᠭᠤᠯᠠ ᠪᠤᠯᠤᠨ᠎ᠠ﹀ ᠬᠡᠬᠦ ᠰᠢᠨᠵᠢᠯᠡᠬᠦ ᠤᠬᠠᠭᠠᠨᠴᠢ ᠲᠠᠨᠢᠯᠲᠠ ᠶᠢ ᠪᠤᠢ ᠪᠤᠯᠭᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ ᠡᠬᠦᠷᠭᠡ ᠲᠤᠰᠢᠶᠠᠯ ᠎ ᠢᠶᠠᠨ ᠤᠯᠠᠮ ᠨᠢᠭᠡ ᠠᠯᠬᠤᠮ ᠬᠦᠢᠴᠡᠳᠭᠡᠬᠦ ᠶᠢ ᠰᠡᠷᠡᠮᠵᠢᠯᠡᠬᠦᠯᠦᠨ ᠱᠠᠯᠠᠪᠳᠠᠭᠤᠯᠪᠠ᠃ ᠠᠪᠠᠭ᠎ᠠ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢ ᠪᠠᠶᠢᠴᠠᠭᠠᠬᠤ ᠲᠤᠪᠴᠢᠶ᠎ᠠ ᠨᠢ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ ᠡᠷᠡᠬᠦᠦ ᠶᠢᠨ ᠬᠡᠷᠡᠭ ᠵᠡᠷᠭᠡ ︽ᠭᠤᠷᠪᠠ ᠶᠢ ᠪᠠᠶᠢᠴᠠᠭᠠᠬᠤ ᠶᠢ ᠨᠢᠭᠡᠳᠦᠬᠦᠯᠬᠦ︾ ᠵᠢᠯᠤᠭᠤᠳᠬᠤ ᠦᠵᠠᠯ ᠰᠠᠨᠠᠭ᠎ᠠ ᠶᠤᠰᠤᠭᠠᠷ᠂ ᠭᠤᠤᠯᠳᠠᠭᠤ ᠵᠢᠷᠭᠤᠭᠠᠨ ᠲᠦᠷᠦᠯ ᠤᠨ ᠡᠷᠭᠡ ᠴᠢᠳᠠᠪᠤᠷᠢ ᠶᠢ ᠬᠦᠢᠴᠡᠳᠭᠡᠨ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠳᠤᠮᠳᠠ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠪᠠᠷ ᠪᠠᠶᠢᠨ᠎ᠠ᠃       ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠰᠤᠷᠭᠠᠨ ᠬᠦᠮᠦᠵᠢᠯ ᠤᠨ ᠰᠠᠭᠤᠷᠢᠨ ᠢ ᠪᠠᠶᠢᠭᠤᠯᠬᠤ ᠪᠠᠷ ᠳᠠᠮᠵᠢᠨ᠂ ᠨᠡᠶᠢᠭᠡᠮ ᠤᠨ ᠡᠯ᠎ᠡ ᠡᠳᠡᠭᠡᠳ ᠲᠤ ᠦᠵᠡᠰᠬᠦᠯᠡᠩᠳᠦ ᠰᠠᠶᠢᠬᠠᠨ ᠠᠪᠠᠭ᠎ᠠ ᠨᠤᠳᠤᠭ ᠤᠨ ᠦᠵᠡᠮᠵᠢ ᠪᠠᠶᠢᠭᠠᠯᠢ ᠵᠢᠴᠢ ᠤᠶᠢᠷ᠎ᠠ ᠶᠢᠨ ᠵᠢᠯ ᠤᠨ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠬᠤᠪᠢᠷᠠᠯᠳᠠ ᠶᠢ ᠲᠠᠨᠢᠯᠴᠠᠭᠤᠯᠤᠨ ᠬᠠᠷᠠᠭᠤᠯᠵᠦ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠠᠯ᠎ᠠ ᠨᠤᠳᠤᠭ ᠢ ᠵᠦᠢ ᠵᠤᠬᠢᠰᠳᠠᠢ ᠠᠰᠢᠭᠯᠠᠨ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠨᠢᠭᠡᠴᠠ ᠎ ᠠᠴᠠ ᠲᠠᠯ᠎ᠠ ᠨᠤᠳᠤᠭ ᠤᠨ ᠠᠮᠢ ᠠᠬᠤᠢ ᠶᠢ ᠡᠪᠳᠡᠵᠦ ᠪᠠᠶᠢᠭ᠎ᠠ ᠬᠠᠤᠯᠢ ᠵᠦᠷᠢᠴᠡᠭᠰᠡᠨ‌ᠠᠵᠢᠯᠯᠠᠭ᠎ᠠ ᠳᠤ ᠴᠤᠬᠢᠯᠳᠠ ᠦᠭᠴᠦ᠂ ᠪᠠᠶᠢᠴᠠᠭᠠᠬᠤ ᠪᠠᠶᠢᠭᠤᠯᠭ᠎ᠠ ᠨᠢ ᠠᠮᠢ ᠠᠬᠤᠢ ᠶᠢ ᠬᠠᠮᠠᠭᠠᠯᠠᠬᠤ  ᠲᠤᠮᠳᠠᠬᠢ ᠡᠭᠦᠷᠭᠡ ᠬᠠᠷᠢᠭᠤᠴᠠᠯᠭ᠎ᠠ ᠪᠠᠨ ᠬᠦᠢᠴᠡᠳ ᠪᠠᠳᠠᠷᠠᠭᠤᠯᠬᠤ ᠪᠠᠷ ᠲᠠᠮᠵᠢᠨ᠂ ᠦᠷᠭᠡᠨ ᠤᠯᠠᠨ ᠠᠷᠠᠳ ᠲᠦᠮᠡᠨ ᠳᠤ ᠲᠠᠯ᠎ᠠ ᠨᠤᠳᠤᠭ ᠤᠨ ᠠᠮᠢ ᠠᠬᠤᠢ ᠎ ᠶᠢ ᠬᠠᠮᠠᠭᠠᠯᠠᠬᠤ ᠴᠢᠬᠤᠯᠠ ᠴᠢᠨᠠᠷ ᠢ ᠰᠠᠶᠢᠲᠤᠷ ᠤᠬᠠᠭᠤᠯᠵᠦ᠂ ᠪᠦᠬᠦ ᠨᠡᠶᠢᠭᠡᠮ ᠢᠶᠠᠷ ᠢᠶᠠᠨ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢ ᠲᠡᠷᠢᠬᠦᠨ ᠳᠤ ᠲᠠᠯᠪᠢᠬᠤ ᠤᠶᠢᠯᠠᠭᠠᠬᠤᠨ ᠢ ᠪᠤᠢ ᠪᠤᠯᠭᠠᠵᠦ᠂ ᠠᠪᠠᠭ᠎ᠠ ᠬᠤᠰᠢᠭᠤᠨ ᠤ ᠲᠠᠯ᠎ᠠ ᠨᠤᠳᠤᠭ ᠢᠶᠠᠨ ᠦᠵᠡᠰᠬᠦᠯᠡᠩᠳᠦ ᠰᠠᠶᠢᠬᠠᠨ᠂ ᠲᠤᠬᠢᠯᠢᠭ ᠲᠠᠭᠠᠯᠠᠮᠵᠢᠲᠠᠢ ᠭᠡᠷ ᠤᠷᠤᠨ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠦ ᠪᠠᠶᠢᠭ᠎ᠠ ᠶᠤᠮ᠃                                                  
 
ᠢᠷᠡᠯᠲᠡ᠄ ᠰᠠᠷᠠᠨ᠎ᠠ ( ᠠᠪᠠᠭ᠎ᠠ ᠬᠤᠰᠢᠭᠤᠨ ᠤ ᠲᠧᠯᠸᠢᠰ ᠬᠤᠷᠢᠶ᠎ᠠ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号