ᠠᠪᠠᠭ᠎ᠠ ᠬᠤᠰᠢᠭᠤ ᠨᠠᠮ ᠵᠠᠰᠠᠭ ᠤᠨ ᠬᠠᠷᠢᠯᠴᠠᠬᠤ ᠬᠤᠷᠠᠯ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠲᠤᠯᠤᠳᠤᠭᠠᠷ ᠤᠳᠠᠭᠠᠨ ᠤ ᠬᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ᠃
ᠨᠡᠶᠢᠲᠡᠯᠡᠭᠰᠡᠨ ᠴᠠᠭ᠄
2018/4/25
    2018 ᠤᠨ ᠤ 4 ᠰᠠᠷ᠎ᠠ ᠶᠢᠨ 18᠎ ᠤ ᠡᠳᠦᠷ᠂ ᠠᠪᠠᠭ᠎ᠠ ᠬᠤᠰᠢᠭᠤ ᠨᠠᠮ ᠵᠠᠰᠠᠭ ᠤᠨ ᠬᠠᠷᠢᠯᠴᠠᠬᠤ ᠬᠤᠷᠠᠯ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠲᠤᠯᠤᠳᠤᠭᠠᠷ ᠤᠳᠠᠭᠠᠨ ᠤ ᠬᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠬᠤᠷᠠᠯ ᠡᠷᠬᠢᠯᠡᠵᠦ᠂ ᠬᠤᠰᠢᠭᠤ ᠲᠦᠷᠪᠡᠨ ᠶᠡᠭᠡ ᠤᠳᠤᠷᠢᠳᠬᠤ ᠪᠠᠭ ᠤᠨ ᠬᠡᠰᠢᠭᠦᠨ᠂ ᠬᠤᠰᠢᠭᠤ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      ᠬᠠᠰᠪᠠᠶᠠᠷ ᠶᠡᠷᠢᠶᠠᠨ ᠳᠤ ᠪᠠᠨ᠄ ᠪᠦᠬᠦ ᠬᠤᠰᠢᠭᠤᠨ ᠤ ᠡᠯ᠎ᠡ ᠱᠠᠳᠤᠨ ᠤ ᠺᠠᠳ᠋ᠷ ᠠᠵᠢᠯᠲᠠᠨ ᠡᠷᠬᠡᠪᠰᠢ ᠤᠷᠤᠨ ᠪᠠ ᠠᠶᠢᠮᠠᠭ ᠤᠨ ᠤᠳᠤᠷᠢᠳᠤᠯᠭ᠎ᠠ ᠶᠢᠨ ᠶᠡᠷᠢᠶᠠᠨ ᠤ ᠵᠤᠷᠢᠭ ᠰᠠᠨᠠᠭ᠎ᠠ ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠲᠤᠯᠬᠤ ᠠᠵᠢᠯ ᠢ ᠡᠷᠡᠰ ᠭᠤᠶᠢᠪᠢᠰᠢ ᠦᠭᠡᠢ ᠦᠷᠨᠢᠭᠦᠯᠬᠦ ᠬᠡᠷᠡᠭᠲᠠᠢ ᠭᠡᠵᠡᠢ᠃      ᠨᠢᠭᠡ᠄ ᠤᠬᠠᠭᠤᠯᠭ᠎ᠠ ᠶᠢᠨ ᠬᠦᠴᠦᠯᠡᠴᠡ ᠢᠶᠠᠨ ᠴᠢᠩᠭᠠᠳᠬᠠᠵᠦ᠂ ᠦᠵᠡᠯᠲᠡ ᠲᠠᠨᠢᠯᠲᠠ ᠪᠠᠨ ᠲᠡᠭᠡᠭᠰᠢᠯᠡᠭᠦᠯᠵᠦ ᠂ ᠲᠡᠭᠡᠲᠦ ᠬᠡᠮᠵᠢᠶ᠎ᠡ ᠪᠠᠷ ᠬᠦᠨᠳᠦᠳᠭᠡᠨ᠂ ᠱᠠᠲᠦ ᠲᠠᠷᠠᠭᠠᠯᠠᠨ ᠰᠤᠷᠤᠯᠴᠠᠵᠦ᠂ ᠶᠠᠳᠠᠭᠤ ᠶᠢ ᠲᠡᠳᠭᠦᠭᠦ ᠠᠵᠢᠯ ᠤᠨ ᠦᠷ᠎ᠡ ᠪᠦᠳᠦᠮᠵᠢ ᠶᠢ ᠪᠠᠳᠦᠳᠬᠠᠬᠤ ᠶᠢ ᠨᠠᠷᠢᠨ ᠬᠢᠨᠠᠮᠠᠭᠠᠢ ᠲᠤᠤᠱᠯᠠᠭᠤᠯᠬᠤ ᠭᠡᠷᠡᠭᠲᠠᠢ᠃      ᠬᠤᠶᠠᠷ᠄  ᠲᠡᠭᠡᠳᠦ ᠱᠠᠳᠤᠨ ᠤ ᠶᠠᠳᠠᠭᠤ ᠶᠢ ᠲᠡᠳᠭᠦᠭᠦ ᠠᠵᠢᠯ ᠤᠨ ᠱᠠᠭᠠᠷᠳᠠᠯᠭ᠎ᠠ ᠶᠤᠰᠤᠭᠠᠷ᠂ ᠶᠡᠳᠠᠭᠤ ᠶᠢ ᠲᠡᠳᠭᠦᠭᠦ ᠠᠵᠢᠯ ᠢ ᠡᠯ᠎ᠡ ᠱᠠᠳᠤᠨ ᠳᠤ ᠲᠤᠤᠱᠯᠠᠭᠤᠯᠬᠤ ᠭᠡᠷᠡᠭᠲᠠᠢ᠃ ᠬᠤᠰᠢᠭᠤ ᠵᠠᠰᠠᠭ ᠤᠨ ᠤᠷᠳᠤᠨ ᠤ ᠬᠤᠪᠢᠳᠠᠭᠰᠠᠨ ᠤᠳᠤᠷᠢᠳᠤᠯᠭ᠎ᠠ ᠶᠡᠷᠦᠩᠭᠡᠶᠢᠯᠡᠨ ᠬᠠᠮᠢᠶᠠᠷᠴᠦ᠂ ᠠᠶᠢᠮᠠᠭ ᠤᠨ ᠵᠠᠬᠢᠷᠭᠠᠨ ᠤ ᠱᠠᠭᠠᠷᠳᠠᠯᠭ᠎ᠠ ᠶᠤᠰᠤᠭᠠᠷ᠂ ᠪᠡᠯᠡᠳᠭᠡᠯ ᠠᠵᠢᠯ ᠢ ᠰᠠᠶᠢᠲᠤᠷ ᠬᠢᠵᠦ᠂ ᠲᠠᠬᠢᠨ ᠲᠠᠪᠳᠠᠨ ᠬᠢᠨᠠᠵᠦ ᠰᠠᠶᠢᠳᠤᠷ ᠪᠠᠶᠢᠷᠢᠯᠠᠭᠤᠯᠤᠨ᠎ᠠ᠃ ᠰᠠᠯᠠᠭ᠎ᠠ ᠲᠡᠰ ᠎ ᠤᠨ ᠤᠳᠤᠷᠢᠳᠤᠯᠭ᠎ᠠ᠂ ᠬᠤᠰᠢᠭᠤ ᠬᠠᠷᠢᠶ᠎ᠠ ᠪᠠᠶᠢᠭᠤᠯᠭ᠎ᠠ ᠨᠢ ᠰᠤᠮᠤ ᠪᠠᠯᠭᠠᠰᠤ᠂ ᠭᠠᠴᠠᠭ᠎ᠠ ᠲᠠᠢ ᠬᠠᠷᠢᠯᠴᠠᠬᠤ ᠪᠠᠨ ᠤᠯᠠᠮ ᠨᠢᠭᠳᠠᠷᠠᠭᠤᠯᠵᠦ᠂ ᠵᠢᠭᠠᠨ ᠵᠢᠯᠤᠭᠤᠳᠴᠦ᠂ ᠬᠢᠨᠠᠨ ᠪᠠᠶᠢᠴᠠᠭᠠᠬᠤ ᠠᠵᠢᠯ ᠤᠨ ᠠᠬᠢᠴᠠ ᠪᠠᠨ ᠲᠦᠷᠭᠡᠳᠭᠡᠨ᠎ᠡ᠃ ᠭᠠᠴᠠᠭᠠᠨ ᠤ ᠨᠢᠭᠡᠳᠦᠭᠡᠷ ᠱᠦᠵᠢ ᠶᠢᠨ ᠠᠵᠢᠯ ᠤᠨ ᠴᠢᠳᠠᠪᠦᠷᠢ ᠶᠢᠨ ᠬᠡᠪ ᠪᠤᠯᠪᠠᠰᠦᠷᠠᠯ ᠢ ᠲᠡᠭᠡᠭᠰᠢᠯᠡᠭᠦᠯᠵᠦ᠂ ᠠᠵᠢᠯ ᠎ ᠤᠨ ᠦᠷ᠎ᠡ ᠳ᠋ᠦᠩ ᠳᠤ ᠴᠢᠩᠭ᠎ᠠ ᠬᠢᠨᠠᠯᠲᠠ  ᠲᠠᠯᠪᠢᠨ᠂ ᠭᠠᠴᠠᠭᠠᠨ ᠳᠤ ᠬᠦᠨᠵᠡᠭᠡᠶᠢᠷᠡᠵᠦ᠂ ᠲᠡᠳᠭᠦᠨ ᠲᠡᠮᠵᠢᠬᠦ ᠠᠵᠢᠯ ᠎ ᠤᠨ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠭᠦᠯᠬᠦ ᠭᠡᠷᠡᠭᠲᠠᠢ᠃      ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ᠂ ᠠᠵᠦ ᠦᠢᠯᠡᠰ ᠢᠶᠠᠷ ᠶᠠᠳᠠᠭᠤ ᠶᠢ ᠲᠡᠳᠭᠦᠭᠦ᠂ ᠡᠷᠡᠭᠦᠯ ᠴᠢᠭᠢᠷᠠᠭ ᠢᠶᠠᠷ ᠶᠠᠳᠠᠭᠤ ᠶᠢ ᠲᠡᠳᠭᠦᠭᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠭᠦᠭᠦ ᠵᠡᠷᠭᠡ ᠲᠦᠷᠦ ᠶᠢᠨ ᠪᠤᠳᠤᠯᠭ᠎ᠠ ᠶᠢ ᠪᠤᠳᠠᠳᠠᠢ ᠲᠠᠢ ᠰᠠᠶᠢᠳᠤᠷ ᠤᠶᠠᠯᠳᠤᠭᠤᠯᠤᠨ ᠠᠵᠢᠯ ᠢᠶᠠᠨ ᠨᠠᠷᠢᠯᠢᠭ ᠤᠨᠤᠪᠴᠢᠲᠠᠢ ᠦᠷ᠎ᠡ ᠪᠦᠳᠦᠮᠵᠢᠲᠠᠢ ᠦᠷᠨᠢᠭᠦᠯᠬᠦ ᠭᠡᠷᠡᠭᠲᠠᠢ᠃      ᠭᠤᠷᠪᠠ᠄ ᠶᠠᠳᠠᠭᠤ ᠶᠢ ᠲᠡᠳᠭᠦᠭᠦ ᠠᠵᠢᠯ ᠳᠤ ᠤᠷᠤᠰᠢᠵᠦ ᠪᠠᠶᠢᠭ᠎ᠠ ᠠᠰᠠᠭᠤᠳᠠᠯ ᠤᠨ ᠲᠤᠬᠠᠢ ᠲᠤᠰᠬᠠᠭᠰᠠᠨ ᠵᠠᠰᠠᠨ ᠴᠡᠭᠴᠡᠯᠡᠯᠲᠡ ᠶᠢᠨ ᠱᠠᠭᠠᠷᠳᠠᠯᠭ᠎ᠠ ᠶᠤᠰᠤᠭᠠᠷ᠂ ᠠᠯᠬᠤᠮ ᠲᠠᠷᠠᠭᠠᠯᠠᠨ ᠲᠤᠤᠱᠯᠠᠭᠤᠯᠵᠦ᠂ ᠵᠠᠰᠠᠨ ᠴᠡᠭᠴᠡᠯᠡᠬᠦ ᠶᠢ ᠴᠢᠩᠭ᠎ᠠ ᠨᠢᠮᠪᠠᠢ ᠦᠷᠨᠢᠭᠦᠯᠵᠦ᠂ ᠦᠨᠳᠦᠷ ᠦᠷ᠎ᠡ ᠪᠦᠳᠦᠮᠵᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠲᠦᠯᠠᠨ᠎ᠠ᠃      ᠬᠤᠷᠠᠯ ᠲᠡᠭᠡᠷ᠎ᠡ ᠸᠠᠩ ᠢᠦᠢ ᠴᠢ᠂ ᠪᠤᠯᠤᠳ ᠠᠴᠠ ᠯᠥᠸᠧ ᠬᠤ᠋ ᠽᠠᠢ ᠱᠦᠵᠢ᠂ ᠾᠥᠸᠧ ᠵᠣᠣ ᠯᠢᠶᠠᠩ ᠠᠶᠢᠮᠠᠭ ᠤᠨ ᠲᠠᠷᠤᠭ᠎ᠠ ᠶᠢᠨ 2018 ᠤᠨ ᠤ ᠠᠶᠢᠮᠠᠭ ᠤᠨ ᠨᠠᠮ ᠤᠨ ᠬᠤᠷᠢᠶᠠᠨ ᠤ ᠲᠤᠯᠤᠳᠤᠭᠠᠷ  ᠤᠳᠠᠭᠠᠨ ᠤ ᠬᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠦ᠂ ᠬᠤᠰᠢᠭᠤ ᠶᠡᠳᠠᠭᠤ ᠶᠢ ᠲᠡᠳᠭᠦᠭᠦ ᠠᠯᠪᠠᠨ ᠭᠡᠷ᠂ ᠤᠰᠤᠨ ᠠᠰᠢᠭᠯᠠᠯᠲᠠ ᠶᠢᠨ ᠲᠤᠪᠴᠢᠶᠠᠨ ᠤ 2018 ᠤᠨ ᠤ ᠶᠠᠳᠠᠭᠤ ᠶᠢ ᠲᠡᠳᠭᠦᠭᠦ ᠠᠵᠢᠯ ᠤᠨ ᠪᠠᠶᠢᠷᠢᠯᠠᠭᠤᠯᠤᠯᠲᠠ᠂ ᠭᠤᠤᠯ ᠤᠨ ᠲᠠᠷᠤᠭ᠎ᠠ ᠶᠢᠨ ᠠᠵᠢᠯ ᠶᠠᠪᠤᠭᠳᠠᠵᠦ ᠪᠠᠶᠢᠭ᠎ᠠ ᠪᠠᠶᠢᠲᠠᠯ ᠤᠨ ᠲᠤᠬᠠᠢ ᠬᠠᠷᠢᠭᠤ ᠮᠡᠳᠡᠭᠦᠯᠦᠯᠲᠡ ᠰᠤᠨᠤᠰᠴᠦ᠂《 ᠠᠪᠠᠭ᠎ᠠ ᠬᠤᠰᠢᠭᠤᠨ ᠤ ᠭᠤᠤᠯ ᠮᠦᠷᠡᠨ ᠤ ᠲᠠᠷᠤᠭ᠎ᠠ ᠶᠢᠨ ᠠᠵᠢᠯ ᠤᠨ ᠭᠡᠷᠡᠭᠵᠢᠭᠦᠯᠬᠦ ᠲᠦᠰᠦᠪ ︵ᠲᠤᠷᠰᠢᠨ ᠬᠡᠷᠡᠭᠯᠡᠬᠦ︶ 》᠂《 ᠬᠤᠳᠠ ᠶᠢᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠠᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠪ》︵ᠶᠠᠷᠢᠯᠴᠠᠭᠠᠨ ᠤ ᠨᠤᠤᠷᠠᠭ︶  ᠪᠠ ᠮᠠᠯ ᠠᠵᠦ ᠠᠬᠤᠢ᠂ ᠡᠳ᠋ ᠤᠨ ᠵᠠᠰᠠᠭ ᠵᠡᠷᠭᠡ ᠲᠠᠯ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号