ᠠᠪᠠᠭ᠎ᠠ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠰᠡᠯᠬᠦᠬᠦ ᠠᠵᠢᠯ ᠤᠨ ᠬᠠᠤᠯᠢ ᠬᠡᠷᠡᠭᠵᠢᠬᠦᠯᠦᠨ ᠬᠢᠨᠠᠨ ᠪᠠᠶᠢᠴᠠᠭᠠᠬᠤ ᠳᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/4/4
         ᠪᠦᠬᠦ ᠬᠤᠰᠢᠭᠤᠨ ᠤ 2018 ᠤᠨ ᠤ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠯᠬᠦᠬᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠤᠯᠠᠳᠠ᠂ 4 ᠰᠠᠷ᠎ᠠ ᠶᠢᠨ 4᠎ ᠤ ᠡᠳᠦᠷ᠂ ᠠᠪᠠᠭ᠎ᠠ ᠬᠤᠰᠢᠭᠤ ᠨᠢ ᠪᠡᠯᠴᠢᠭᠡᠷ ᠰᠡᠯᠬᠦᠬᠦ ᠠᠵᠢᠯ ᠤᠨ ᠬᠠᠤᠯᠢ ᠬᠡᠷᠡᠭᠵᠢᠬᠦᠯᠦᠨ ᠬᠢᠨᠠᠨ ᠪᠠᠶᠢᠴᠠᠭᠠᠬᠤ ᠳᠠᠶᠢᠴᠢᠯᠠᠯᠳᠠ ᠎ ᠶᠢᠨ ᠬᠤᠷᠠᠯ ᠬᠤᠷᠠᠯᠳᠤᠵᠦ᠂ ᠪᠡᠯᠴᠢᠭᠡᠷ ᠰᠡᠯᠬᠦᠬᠦ ᠬᠤᠭᠤᠴᠠᠭᠠᠨ ᠳᠤ ᠬᠠᠤᠯᠢ ᠬᠡᠷᠡᠭᠵᠢᠬᠦᠯᠵᠦ ᠬᠢᠨᠠᠯᠳᠠ ᠲᠠᠯᠪᠢᠬᠤ ᠠᠵᠢᠯ ᠳᠤ ᠳᠠᠬᠢᠨ ᠪᠠᠶᠢᠷᠢᠯᠠᠭᠤᠯᠤᠯᠳᠠ ᠬᠢᠵᠦ ᠨᠠᠶᠢᠳᠠᠪᠤᠷᠢᠵᠢᠭᠤᠯᠤᠭᠰᠠᠨ ᠪᠠᠶᠢᠨ᠎ᠠ᠃          ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠢᠤᠢ ᠴᠢ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠤᠯᠤᠳ ᠵᠢᠴᠢ ᠬᠤᠰᠢᠭᠤ ᠠᠮᠢ ᠠᠬᠤᠢ ᠶᠢᠨ ᠬᠠᠮᠠᠭᠠᠯᠠᠯᠳᠠ ᠶᠢᠨ ᠲᠤᠪᠴᠢᠶ᠎ᠠ᠂ ᠨᠤᠳᠤᠭ ᠪᠡᠯᠴᠢᠭᠡᠷ ᠠᠮᠢ ᠠᠬᠤᠢ ᠶᠢᠨ ᠬᠠᠤᠯᠢ ᠬᠡᠷᠡᠭᠵᠢᠬᠦᠯᠬᠦ ᠶᠡᠭᠡ ᠠᠩᠭᠢ᠂ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠬᠦᠯᠬᠦ ᠦᠷᠳᠡᠭᠡ ᠰᠠᠯᠪᠤᠷᠢ ᠶᠢᠨ ᠬᠠᠷᠢᠭᠤᠴᠠᠯᠭᠠᠳᠠᠨ ᠪᠤᠯᠤᠨ ᠲᠠᠯ᠎ᠠ ᠨᠤᠳᠤᠭ ᠤᠨ ᠬᠢᠨᠠᠨ ᠬᠠᠮᠢᠶᠠᠷᠤᠯᠳᠠ ᠶᠢᠨ ᠠᠵᠢᠯᠳᠠᠨ ᠬᠤᠷᠠᠯ ᠳᠤ ᠤᠷᠤᠯᠴᠠᠵᠠᠢ᠃          ᠬᠤᠷᠠᠯ ᠳᠤ ᠸᠠᠩ ᠢᠤᠢ ᠴᠢ ᠴᠢᠬᠤᠯᠠᠴᠢᠯᠠᠭᠰᠠ ᠨᠢ᠄ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠨᠢ ᠡᠷᠬᠡᠪᠰᠢ ᠠᠶᠢᠮᠠᠭ ᠤᠨ ᠨᠠᠮ ᠤᠨ ᠬᠤᠷᠢᠶ᠎ᠠ ᠵᠠᠬᠢᠷᠭᠠᠨ ᠤ ᠨᠢᠭᠡᠳᠦᠯᠳᠡᠢ ᠪᠠᠶᠢᠷᠢᠯᠠᠭᠤᠯᠤᠯᠳᠠ ᠪᠤᠯᠤᠨ ᠲᠦᠷᠢᠮ ᠲᠤᠭᠳᠠᠭᠠᠯ ᠶᠤᠰᠤᠭᠠᠷ᠂ 2018 ᠤᠨ ᠤ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠯᠬᠦᠬᠦ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠤᠨᠴᠠᠭᠠᠶᠢᠯᠠᠨ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠨᠢ ᠦᠵᠡᠯᠳᠡ ᠲᠠᠨᠢᠯᠳᠠ ᠪᠠᠨ ᠳᠡᠭᠡᠭᠰᠢᠯᠡᠬᠦᠯᠦᠨ᠂ ᠬᠠᠷᠢᠭᠤᠴᠠᠯᠭᠠᠳᠤ ᠤᠬᠠᠮᠰᠠᠷ ᠢᠶᠠᠨ ᠲᠤᠳᠤᠷᠬᠠᠶᠢᠯᠠᠵᠦ᠂ ᠪᠡᠯᠴᠢᠭᠡᠷ ᠰᠡᠯᠬᠦᠬᠦ ᠠᠵᠢᠯ ᠡᠬᠢᠯᠡᠬᠦ ᠲᠠᠢ ᠵᠡᠷᠭᠡ ᠠᠵᠢᠯ ᠤᠨ ᠪᠠᠶᠢᠳᠠᠯ ᠳᠠᠭᠠᠨ ᠪᠤᠰᠢᠭᠤᠬᠠᠨ ᠤᠷᠤᠵᠦ᠂ ᠪᠡᠯᠴᠢᠭᠡᠷ ᠰᠡᠯᠬᠦᠬᠦ ᠠᠵᠢᠯ  ᠎ ᠢ ᠰᠠᠶᠢᠨ ᠡᠬᠢᠯᠡᠬᠦᠯᠵᠦ ᠤᠷᠤᠭᠰᠢᠳᠠᠢ ᠶᠠᠪᠤᠭᠳᠠᠭᠤᠯᠬᠤ ᠶᠢ ᠪᠠᠲᠤᠯᠠᠬᠤ ᠬᠡᠷᠡᠭᠳᠡᠢ᠃ ᠪᠡᠯᠴᠢᠭᠡᠷ ᠰᠡᠯᠬᠦᠬᠦ ᠠᠵᠢᠯ ᠤᠨ ᠬᠠᠮᠢᠶ᠎ᠠ ᠪᠦᠬᠦᠢ ᠲᠦᠷᠢᠮ ᠲᠤᠭᠳᠠᠭᠠᠯ ᠢ ᠰᠠᠶᠢᠳᠤᠷ ᠬᠠᠮᠠᠭᠠᠯᠠᠵᠦ᠂ ᠬᠠᠤᠯᠢ ᠬᠡᠷᠡᠭᠵᠢᠬᠦᠯᠬᠦ ᠠᠯᠬᠤᠮ ᠳᠠᠷᠠᠭ᠎ᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠶᠤᠰᠤᠭᠠᠷ ᠬᠢᠨᠠᠯᠳᠠ ᠲᠠᠯᠪᠢᠵᠦ ᠪᠠᠶᠢᠴᠠᠭᠠᠨ᠂ ᠲᠦᠪ ᠭᠤᠤᠯᠴᠢ ᠡᠷᠭᠡ ᠳᠡᠭᠰᠢ᠂ ᠪᠤᠯᠪᠠᠰᠤᠨ ᠢᠶᠠᠷ ᠬᠠᠤᠯᠢ ᠬᠡᠷᠡᠭᠵᠢᠬᠦᠯᠵᠦ᠂ ᠠᠯᠢᠪᠠ ᠪᠡᠷᠭᠡᠰᠢᠶᠠᠯ ᠢ ᠢᠯᠠᠨ ᠳᠠᠪᠠᠵᠦ ᠂ ᠪᠡᠯᠴᠢᠭᠡᠷ ᠰᠡᠯᠬᠦᠬᠦ ᠬᠤᠭᠤᠴᠠᠭᠠᠨ ᠤ ᠴᠠᠭᠳᠠᠨ ᠪᠠᠶᠢᠴᠠᠭᠠᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ︔ ᠲᠤᠰ ᠤᠳᠠᠭᠠᠨ ᠤ ᠪᠡᠯᠴᠢᠭᠡᠷ ᠰᠡᠯᠬᠦᠬᠦ ᠠᠵᠢᠯ ᠤᠨ ᠴᠢᠬᠤᠯᠠ ᠴᠢᠨᠠᠷ ᠪᠤᠯᠤᠨ ᠱᠠᠭᠠᠷᠳᠠᠯᠭᠠᠳᠤ ᠴᠢᠨᠠᠷ ᠢ ᠬᠦᠢᠴᠡᠳ ᠲᠠᠨᠢᠵᠦ ᠂ ᠤᠬᠠᠭᠤᠯᠭ᠎ᠠ ᠬᠦᠮᠦᠵᠢᠯ ᠢ ᠰᠠᠶᠢᠳᠤᠷ ᠬᠢᠵᠦ᠂ ᠪᠡᠯᠴᠢᠭᠡᠷ ᠰᠡᠯᠬᠦᠬᠦ ᠠᠵᠢᠯ ᠤᠨ ᠲᠦᠷᠢᠮ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ᠬᠠᠤᠯᠢ ᠬᠡᠷᠡᠭᠵᠢᠬᠦᠯᠬᠦ᠂ ᠱᠠᠯᠠᠪᠳᠠᠨ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠠ ᠪᠠᠨ ᠨᠡᠮᠡᠭᠳᠡᠬᠦᠯᠦᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠯᠬᠦᠬᠦ ᠡᠯ᠎ᠡ ᠲᠦᠷᠦᠯ ᠤᠨ ᠡᠬᠦᠷᠭᠡ ᠶᠢᠨ ᠪᠤᠳᠠᠳᠠᠢ ᠨᠠᠶᠢᠳᠠᠪᠤᠷᠢᠵᠢᠭᠳᠠᠬᠤ ᠶᠢ ᠪᠠᠲᠤᠯᠠᠬᠤ ᠬᠡᠷᠡᠭᠳᠡᠢ︔ ᠡᠬᠦᠨ ᠤ ᠬᠠᠮᠳᠤ᠂ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠨᠢ ᠡᠯ᠎ᠡ ᠲᠦᠷᠦᠯ ᠤᠨ ᠠᠮᠤᠷ ᠲᠦᠪᠰᠢᠨ ᠤ ᠠᠵᠢᠯ ᠢ ᠰᠠᠶᠢᠨ ᠬᠢᠵᠦ᠂ ᠬᠠᠮᠳᠤᠪᠡᠷ 2018 ᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠯᠬᠦᠬᠦ ᠠᠵᠢᠯ ᠤᠨ ᠡᠯ᠎ᠡ ᠲᠦᠷᠦᠯ ᠤᠨ ᠡᠬᠦᠷᠭᠡ ᠶᠢ ᠤᠷᠤᠭᠰᠢᠳᠠᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠳᠡᠢ ᠬᠡᠰᠡᠨ ᠪᠠᠶᠢᠨ᠎ᠠ᠃          ᠪᠤᠯᠤᠳ ᠠᠴᠠ ᠬᠠᠪᠤᠷ ᠤᠨ ᠤᠯᠠᠷᠢᠯ ᠤᠨ ᠪᠡᠯᠴᠢᠭᠡᠷ ᠰᠡᠯᠬᠦᠬᠦ ᠠᠵᠢᠯ ᠤᠨ ᠬᠠᠤᠯᠢ ᠬᠡᠷᠡᠭᠵᠢᠬᠦᠯᠵᠦ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠰᠠᠶᠢᠨ ᠬᠢᠬᠦ ᠳᠠᠯ᠎ᠠ ᠪᠠᠷ ᠳᠠᠬᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃
 
ᠢᠷᠡᠯᠲᠡ᠄ ᠰᠠᠷᠠᠨ᠎ᠠ( ᠠᠪᠠᠭ᠎ᠠ ᠬᠤᠰᠢᠭᠤᠨ ᠤ ᠲᠧᠯᠸᠢᠰ ᠬᠤᠷᠢᠶ᠎ᠠ )
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号