ᠠᠮᠢ ᠠᠬᠤᠢ ᠪᠠᠨ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠦ᠂ ᠳᠠᠯ᠎ᠠ ᠨᠤᠳᠤᠭ ᠢᠶᠠᠨ ᠨᠤᠭᠤᠭᠠᠨ | ᠢᠶᠠᠷ ᠨᠢ ᠪᠠᠶᠢᠯᠭᠠᠶ᠎ᠠ ᠁ | ᠰᠡᠯᠬᠦᠨ ᠮᠠᠯᠵᠢᠵᠦ ᠪᠡᠯᠴᠢᠬᠡᠷ ᠢ ᠰᠡᠷᠬᠦᠬᠡᠬᠦ ᠪᠤᠯ ᠪᠠᠶᠢᠭᠠᠯᠢ ᠶᠢᠨ ᠵᠢᠮ᠎ᠡ ᠶᠤᠰᠤ ᠶᠢ ᠦᠨᠳᠦᠰᠦᠯᠡᠵᠦ | ᠨᠤᠳᠤᠭ ᠪᠡᠯᠴᠢᠬᠡᠷ ᠤᠨ ᠠᠮᠢ ᠠᠬᠤᠢ ᠶᠢ ᠰᠡᠷᠬᠦᠬᠡᠬᠦ ᠴᠢᠬᠤᠯᠠ ᠠᠷᠭ᠎ᠠ ᠪᠠᠷᠢᠯ ᠪᠤᠯᠤᠨ᠎ᠠ᠃ ᠨᠤᠲᠤᠭ ᠪᠠᠯᠴᠢᠬᠡᠷ ᠤᠨ | ᠠᠮᠢ ᠠᠬᠤᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠠᠵᠢᠯᠠᠬᠦ ᠤᠬᠠᠭᠠᠭᠴᠢ ᠵᠦᠢ ᠵᠤᠬᠢᠰᠳᠠᠢ ᠠᠰᠢᠭᠯᠠᠵᠤ᠂ | ᠨᠤᠲᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠬᠤ ᠶᠢᠨ ᠲᠤᠰᠠᠳᠠ ᠬᠡᠷᠡᠭᠵᠢᠬᠦᠯᠵᠦ ᠪᠠᠶᠢᠭ᠎ᠠ | ᠠᠪᠠᠭ᠎ᠠ ᠬᠤᠰᠢᠭᠤᠨ ᠤ ᠮᠠᠯ ᠪᠡᠯᠴᠢᠬᠡᠷ ᠢ ᠳᠡᠩᠴᠡᠬᠦᠷᠢ ᠶᠢ ᠪᠠᠳᠤᠯᠠᠬᠤ ᠤᠷᠤᠨ ᠳᠤ ᠬᠠᠪᠤᠷ ᠤᠨ ᠡᠪᠡᠰᠤᠨ ᠤ | ᠤᠷᠭᠤᠯᠳᠠ ᠶᠢᠨ ᠬᠤᠭᠤᠴᠠᠭᠠᠨ ᠳᠠᠬᠢ ᠰᠡᠯᠬᠦᠨ ᠮᠠᠯᠵᠢᠵᠦ ᠪᠡᠯᠴᠢᠬᠡᠷ ᠰᠡᠷᠬᠦᠬᠡᠬᠦ ᠠᠵᠢᠯ 2018 ᠤᠨ ᠤ 4 ᠰᠠᠷ᠎ᠠ | ᠶᠢᠨ 5 ᠤ ᠡᠳᠦᠷ ᠠᠴᠠ ᠪᠦᠬᠦ ᠳᠠᠯ᠎ᠠ ᠪᠠᠷ ᠡᠬᠢᠯᠡᠵᠦ᠂ ᠪᠦᠬᠦ ᠬᠤᠰᠢᠭᠤᠨ ᠤ 7 ᠰᠤᠮᠤ ᠪᠠᠯᠭᠠᠰᠤᠨ ᠤ70 ᠭᠠᠴᠠᠭᠠᠨ | ᠤ 3777.87 ᠲᠦᠮᠡᠨ ᠮᠤ᠋ ᠨᠤᠳᠤᠭ ᠪᠡᠯᠴᠢᠬᠡᠷ ᠲᠤ ᠨᠢᠬᠡ ᠰᠠᠷ᠎ᠠ ᠶᠢᠨ ᠬᠤᠭᠤᠴᠠᠭ᠎ᠠ ᠲᠠᠢ ᠪᠡᠯᠴᠢᠬᠡᠷ ᠲᠤ ᠮᠠᠯ | ᠪᠡᠯᠴᠢᠬᠡᠷᠯᠡᠬᠦᠯᠬᠦ ᠶᠢ ᠵᠤᠭᠰᠤᠭᠠᠵᠦ ᠬᠠᠰᠢᠶᠠᠯᠠᠨ ᠮᠠᠯᠵᠢᠬᠤ ᠪᠠᠷ ᠪᠤᠯᠤᠭᠰᠠᠨ ᠪᠠᠶᠢᠨ᠎ᠠ᠃ | ᠤᠬᠠᠭᠤᠯᠤᠨ ᠤᠳᠤᠷᠢᠳᠬᠤ ᠪᠠᠷ ᠳᠠᠮᠵᠢᠨ᠂ ᠦᠨᠳᠦᠰᠦᠨ ᠤ ᠱᠠᠳᠤᠨ ᠤ ᠮᠠᠯᠴᠢᠳ ᠪᠤᠳᠠᠳᠠᠢ ᠦᠢᠯᠡ | ᠠᠵᠢᠯᠯᠠᠭ᠎ᠠ ᠪᠠᠷ ᠳᠠᠮᠵᠢᠨ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠦ᠂ ᠨᠢᠳᠤᠨ ᠡᠮᠦᠨᠡᠬᠢ | ᠪᠤᠳᠠᠳᠠᠢ ᠬᠦᠴᠢᠷᠳᠡᠯ ᠢᠶᠠᠨ ᠢᠯᠠᠨ ᠳᠠᠪᠠᠵᠦ᠂ ᠡᠪᠡᠰᠦ ᠪᠤᠷᠳᠤᠭᠠᠨ ᠤ ᠪᠡᠯᠡᠳᠬᠡᠯ᠂ ᠮᠠᠯ ᠤᠨ ᠤᠰᠤ ᠤᠮᠳᠠᠨ ᠤ | ᠪᠡᠯᠡᠳᠬᠡᠯ᠂ ᠮᠠᠯ ᠤᠨ ᠬᠦᠳᠡᠯᠬᠡᠬᠡᠨ ᠤ ᠳᠠᠯᠠᠪᠤᠷ ᠵᠡᠷᠬᠡ ᠡᠯ᠎ᠡ ᠳᠠᠯ᠎ᠠ ᠶᠢᠨ ᠪᠡᠯᠡᠳᠬᠡᠯ ᠢᠶᠠᠨ ᠰᠠᠶᠢᠨ ᠬᠢᠵᠦ ᠪᠠᠶᠢᠨ᠎ᠠ᠃ | ᠠᠯᠳᠠᠨᠬᠠᠩᠭᠠᠢ ᠭᠠᠴᠠᠭᠠᠨ ᠤ ᠨᠠᠮ ᠤᠨ ᠡᠬᠦᠷ ᠤᠨ ᠱᠦᠵᠢ ᠪᠦᠷᠢᠨᠴᠤᠭᠳᠤ ᠶᠢᠨ ᠬᠢ 300 ᠭᠠᠷᠤᠢ ᠬᠤᠨᠢ᠂ | ᠭᠤᠴᠢᠭᠠᠳ ᠦᠬᠡᠷ ᠢᠶᠠᠨ ᠬᠠᠰᠢᠶᠠᠯᠠᠨ ᠮᠠᠯᠵᠢᠬᠤ ᠳᠤ ᠬᠦᠷᠦᠯᠴᠡᠬᠡᠳᠡᠢ ᠪᠡᠯᠡᠳᠬᠡᠯ ᠬᠢᠭᠰᠡᠨ ᠪᠠᠶᠢᠯ᠎ᠠ᠃ | — ᠮᠠᠨ ᠤ ᠬᠢ 20 ᠲᠤᠨ ᠡᠪᠡᠰᠦ ᠤᠷᠤᠭᠤᠯᠵᠦ ᠮᠠᠯ ᠢᠶᠠᠨ ᠳᠡᠵᠢᠬᠡᠬᠦ ᠳᠤ ᠪᠡᠯᠡᠳᠬᠡᠭᠰᠡᠨ᠂ | ᠬᠠᠰᠢᠶᠠᠯᠠᠭ᠎ᠠ ᠡᠬᠢᠯᠡᠬᠦ ᠠᠴᠠ ᠡᠮᠦᠨᠡᠬᠡᠨ ᠪᠠᠰᠠ 14 ᠲᠤᠨ ᠡᠪᠡᠰᠦ᠂ 10 ᠲᠤᠨ ᠪᠤᠷᠳᠤᠭ᠎ᠠ᠂ 5 ᠲᠤᠨ ᠨᠤᠭᠤᠭᠠᠨ | ᠳᠠᠷᠤᠰᠢ ᠠᠪᠤᠭᠰᠠᠨ᠂ ᠡᠪᠡᠰᠦ ᠪᠤᠷᠳᠤᠭ᠎ᠠ ᠪᠠᠨ ᠨᠡᠯᠢᠶᠡᠳ ᠬᠦᠷᠦᠯᠴᠡᠭᠡ ᠲᠠᠢ ᠪᠡᠯᠡᠳᠬᠡᠬᠡᠳ ᠪᠠᠶᠢᠨ᠎ᠠ᠂ ᠦᠨᠦᠳᠦᠷ | ᠳᠡᠬᠡᠳᠦ ᠱᠠᠳᠤᠨ ᠤ ᠪᠠᠶᠢᠷᠢᠯᠠᠭᠤᠯᠤᠯᠳᠠ ᠪᠠᠷ ᠬᠠᠰᠢᠶᠠᠯᠭ᠎ᠠ ᠪᠠᠨ ᠡᠬᠢᠯᠡᠬᠦᠯᠦᠭᠰᠡᠨ᠃ ᠬᠠᠰᠢᠶᠠᠯᠠᠬᠤ ᠨᠢ ᠶᠠᠷᠢᠶᠠᠨ | ᠦᠭᠡᠢ ᠰᠠᠶᠢᠨ᠂ ᠶᠠᠭ ᠤᠷᠭᠤᠯᠳᠠ ᠶᠢᠨ ᠬᠤᠭᠤᠴᠠᠭᠠᠨ ᠳᠤ ᠬᠠᠰᠢᠶᠠᠯᠠᠪᠠᠯ ᠪᠤᠷᠤᠭ᠎ᠠ ᠬᠤᠷ᠎ᠠ ᠰᠠᠶᠢᠨ ᠪᠤᠯ ᠤᠷᠭᠤᠴᠠ | ᠨᠢ ᠤᠯᠠᠮ ᠰᠠᠶᠢᠨ ᠪᠤᠯᠤᠨ᠎ᠠ᠃ ᠡᠮᠦᠨ᠎ᠡ ᠬᠤᠶᠠᠷ ᠡᠳᠦᠷ᠂ ᠭᠠᠴᠠᠭᠠᠨ ᠤ ᠵᠦᠪᠯᠡᠯ ᠠᠴᠠ ᠪᠠᠰᠠ ᠭᠠᠴᠠᠭᠠᠨ ᠤ ᠠᠶᠢᠯ | ᠤᠳ ᠢᠶᠠᠷ ᠳᠤᠭᠤᠷᠢᠵᠦ᠂ ᠮᠠᠯᠴᠢᠳ ᠤᠨ ᠪᠡᠯᠴᠢᠬᠡᠷ ᠰᠡᠯᠬᠦᠬᠦ ᠠᠵᠢᠯ ᠤᠨ ᠳᠠᠯ᠎ᠠ ᠪᠠᠷ ᠬᠢ ᠪᠡᠯᠡᠳᠬᠡᠯ ᠢ | ᠤᠶᠢᠯᠠᠭᠠᠭᠰᠠᠨ᠃ ᠦᠨᠦᠳᠦᠷ ᠠᠴᠠ ᠮᠠᠨ ᠤ ᠭᠠᠴᠠᠭ᠎ᠠ ᠨᠢ ᠪᠦᠬᠦ ᠳᠠᠯ᠎ᠠ ᠪᠠᠷ ᠬᠠᠰᠢᠶᠠᠯᠠᠬᠤ ᠠᠵᠢᠯ ᠢᠶᠠᠨ | ᠡᠬᠢᠯᠡᠬᠦᠯᠦᠬᠡᠳ ᠪᠠᠶᠢᠨ᠎ᠠ ᠬᠡᠵᠦ ᠶᠠᠷᠢᠯ᠎ᠠ᠃ | ᠬᠠᠪᠤᠷ ᠤᠨ ᠤᠯᠠᠷᠢᠯ ᠤᠨ ᠪᠡᠯᠴᠢᠬᠡᠷ ᠰᠡᠯᠬᠦᠬᠦ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ | ᠶᠢᠨ ᠳᠤᠯᠠᠳᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠤᠨ ᠠᠴᠠ ᠪᠠᠶᠢᠭᠤᠯᠤᠭᠰᠠᠨ ᠳᠤᠰᠬᠠᠢ ᠠᠵᠢᠯ ᠤᠨ | ᠳᠤᠭᠤᠶᠢᠯᠠᠩ ᠨᠢ ᠬᠠᠰᠢᠶᠠᠯᠭ᠎ᠠ ᠶᠢᠨ ᠡᠬᠢᠨ ᠤ ᠡᠳᠦᠷ᠂ ᠳᠤᠰ ᠬᠤᠰᠢᠭᠤᠨ ᠤ ᠬᠤᠶᠢᠳᠦ ᠪᠡᠶ᠎ᠡ ᠶᠢᠨ ᠰᠤᠮᠤ ᠪᠠ | ᠡᠮᠦᠨ᠎ᠡ ᠪᠡᠶ᠎ᠡ ᠶᠢᠨ ᠪᠠᠯᠭᠠᠰᠤᠨ ᠤ ᠬᠡᠰᠡᠭ ᠭᠠᠴᠠᠭ᠎ᠠ ᠪᠠᠷ ᠬᠦᠨᠵᠡᠬᠡᠶᠢᠷᠡᠵᠦ᠂ ᠪᠡᠯᠴᠢᠬᠡᠷ ᠰᠡᠯᠬᠦᠬᠦ ᠲᠦᠷᠦ ᠶᠢᠨ | ᠪᠤᠳᠤᠯᠭ᠎ᠠ ᠶᠢ ᠤᠬᠠᠭᠤᠯᠬᠤ ᠶᠢᠨ ᠵᠡᠷᠬᠡ ᠮᠠᠯᠵᠢᠬᠤ ᠡᠷᠦᠬᠡ ᠶᠢᠨ ᠪᠡᠯᠴᠢᠬᠡᠷ ᠰᠡᠯᠬᠦᠬᠦ ᠠᠵᠢᠯ ᠢ ᠬᠡᠷᠬᠢᠨ ᠬᠢᠵᠦ | ᠪᠠᠶᠢᠭ᠎ᠠ᠂ ᠡᠪᠡᠰᠤ ᠪᠤᠷᠳᠤᠭ᠎ᠠ ᠤᠰᠤ ᠤᠮᠳᠠᠨ ᠤ ᠪᠡᠯᠡᠳᠬᠡᠯ᠂ ᠳᠤᠯᠭᠠᠷᠠᠵᠦ ᠪᠠᠶᠢᠭ᠎ᠠ ᠬᠦᠴᠢᠷᠳᠡᠯ ᠤᠨ ᠳᠠᠯ᠎ᠠ ᠪᠠᠷ | ᠤᠶᠢᠯᠠᠭᠠᠵᠦ᠂ ᠪᠠᠶᠢᠴᠠᠭᠠᠨ ᠵᠢᠯᠤᠭᠤᠳᠤᠭᠰᠠᠨ ᠪᠠᠶᠢᠨ᠎ᠠ᠃ ᠡᠬᠦᠨ ᠤ ᠵᠡᠷᠬᠡ ᠡᠯ᠎ᠡ ᠰᠤᠮᠤ ᠪᠠᠯᠭᠠᠰᠤᠨ ᠤ ᠬᠠᠷᠢᠴᠠᠬᠤ | ᠭᠠᠵᠠᠷ ᠤᠨ ᠳᠡᠰ ᠤᠨ ᠤᠳᠤᠷᠢᠳᠤᠯᠭ᠎ᠠ᠂ ᠡᠯ᠎ᠡ ᠬᠠᠷᠢᠴᠠᠬᠤ ᠪᠠᠶᠢᠭᠤᠯᠭ᠎ᠠ ᠨᠢᠬᠡᠴᠡ᠂ ᠠᠮᠢ ᠠᠬᠤᠢ ᠶᠢᠨ ᠬᠠᠮᠠᠭᠠᠯᠠᠯᠳᠠ | ᠶᠢᠨ ᠳᠤᠪᠴᠢᠶᠠᠨ ᠤ ᠬᠠᠤᠯᠢ ᠬᠡᠷᠡᠭᠵᠢᠬᠦᠯᠬᠦ ᠠᠵᠢᠯᠳᠠᠨ ᠵᠢᠴᠢ ᠳᠤᠰᠬᠠᠢ ᠳᠤᠰᠢᠶᠠᠯᠳᠤ ᠳᠠᠯ᠎ᠠ ᠨᠤᠳᠤᠭ ᠤᠨ ᠬᠢᠨᠠᠨ | ᠬᠠᠮᠢᠶᠠᠷᠬᠤ ᠬᠡᠰᠢᠬᠦᠳ ᠴᠤ ᠢᠳᠡᠪᠬᠢᠳᠡᠨ ᠬᠦᠳᠡᠯᠦᠯᠴᠡᠨ᠂ ᠬᠠᠪᠤᠷ ᠤᠨ ᠤᠯᠠᠷᠢᠯ ᠤᠨ ᠪᠡᠯᠴᠢᠬᠡᠷ ᠰᠡᠯᠬᠦᠬᠦ ᠠᠵᠢᠯ | ᠤᠨ ᠤᠬᠠᠭᠤᠯᠭ᠎ᠠ ᠬᠦᠮᠦᠵᠢᠯ ᠬᠢᠵᠦ᠂ ᠪᠡᠯᠴᠢᠭᠡᠷ ᠰᠡᠯᠬᠦᠬᠦ ᠠᠵᠢᠯ ᠤᠨ ᠲᠦᠷᠢᠮ ᠲᠤᠭᠳᠠᠭᠠᠯ ᠢ ᠴᠢᠩᠭ᠎ᠠ | ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠬᠦᠯᠦᠨ ᠱᠠᠯᠠᠪᠳᠠᠨ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠬᠡ | ᠠᠵᠢᠯ ᠢ ᠦᠷᠨᠢᠬᠦᠯᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠯᠬᠦᠬᠦ ᠡᠯ᠎ᠡ ᠲᠦᠷᠦᠯ ᠤᠨ ᠡᠬᠦᠷᠭᠡ ᠶᠢᠨ ᠪᠤᠳᠠᠳᠠᠢ | ᠨᠠᠶᠢᠳᠠᠪᠤᠷᠢᠵᠢᠭᠳᠠᠬᠤ ᠶᠢ ᠪᠠᠳᠤᠯᠠᠵᠦ ᠪᠠᠶᠢᠨ᠎ᠠ᠃ |