ᠠᠪᠠᠭ᠎ᠠ ᠬᠤᠰᠢᠭᠤᠨ ᠤ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ ᠪᠤᠯ ᠡᠯᠡᠰᠦ ᠶᠢ ᠵᠠᠰᠠᠵᠦ᠂ ᠠᠮᠢ ᠠᠬᠤᠢ ᠶᠢ | ᠬᠠᠮᠠᠭᠠᠯᠠᠨ᠂ ᠨᠤᠭᠤᠭᠠᠨ ᠪᠠᠶᠢᠭᠠᠯᠢ ᠶᠢ ᠴᠤᠭᠴᠠᠯᠠᠬᠤ ᠬᠦᠰᠡᠯ ᠵᠤᠷᠢᠯᠳᠠ ᠠᠴᠠ ᠪᠠᠶᠢᠭᠤᠯᠤᠭᠳᠠᠭᠰᠠᠨ ᠨᠡᠶᠢᠭᠡᠮᠯᠢᠭ | ᠶᠣᠮ᠃ 2018 ᠤᠨ ᠤ 4 ᠰᠠᠷ᠎ᠠ ᠶᠢᠨ 25 ᠤ ᠡᠳᠦᠷ ᠲᠤᠰ ᠨᠡᠶᠢᠭᠡᠮᠯᠢᠭ ᠨᠢ ᠦᠪᠦᠷ ᠮᠤᠩᠭᠤᠯ ᠤᠨ ᠮᠠᠯ ᠠᠵᠦ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠤᠯᠭᠤᠭᠰᠠᠨ ᠳᠡᠰᠬᠢ ᠤᠷᠭᠤᠮᠠᠯ ᠤᠨ ᠴᠢᠬᠢ ᠮᠤᠳᠤ ᠶᠢ | ᠮᠠᠯᠴᠢᠳ ᠲᠤ ᠲᠡᠷᠬᠠᠭᠠᠪᠠ᠃ | ᠦᠪᠦᠷ ᠮᠤᠩᠭᠤᠯ ᠤᠨ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠳᠡᠨ | ᠰᠤᠳᠤᠯᠭᠠᠨ ᠢᠶᠠᠷ ᠳᠠᠮᠵᠢᠨ ᠳᠡᠰᠬᠢ ᠭᠡᠬᠦ ᠤᠷᠭᠤᠮᠠᠯ ᠨᠢ ᠡᠯᠡᠰᠦᠷᠭᠡᠭ ᠭᠠᠵᠠᠷ ᠲᠤᠬᠢᠷᠠᠮᠵᠢᠳᠠᠢ ᠮᠦᠷᠳᠡᠭᠡᠨ ᠭᠠᠩ ᠳᠤ | ᠳᠡᠰᠪᠦᠷᠢᠳᠡᠢ ᠠᠪᠠᠭ᠎ᠠ ᠨᠤᠳᠤᠭ ᠤᠨ ᠬᠦᠷᠦᠰᠦᠨ ᠳᠤ ᠵᠤᠬᠢᠴᠠᠬᠤ ᠤᠷᠭᠤᠮᠠᠯ ᠪᠤᠯᠬᠤ ᠶᠢ ᠤᠶᠢᠯᠭᠠᠭᠰᠠᠨ ᠢᠶᠠᠷ᠂ | ᠠᠪᠠᠭ᠎ᠠ ᠬᠤᠰᠢᠭᠤᠨ ᠤ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ ᠨᠢ ᠦᠪᠦᠷ ᠮᠤᠩᠭᠤᠯ ᠤᠨ ᠮᠠᠯ ᠠᠵᠦ ᠠᠬᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠢᠳᠡᠪᠬᠢᠳᠠᠢ ᠬᠠᠷᠢᠯᠴᠠᠵᠦ᠂ ᠤᠶᠢᠷ᠎ᠠ ᠶᠢᠨ ᠵᠢᠯ ᠳᠡᠰᠬᠢ᠂ ᠲᠤᠭᠳᠤᠷᠭᠠᠨᠠ | ᠵᠡᠷᠭᠡ ᠤᠷᠭᠤᠮᠠᠯ ᠢ ᠮᠠᠯᠵᠢᠬᠤ ᠤᠷᠤᠨ ᠳᠤ ᠲᠤᠷᠰᠢᠵᠦ ᠲᠠᠷᠢᠬᠤ ᠠᠵᠢᠯ ᠢ ᠬᠢᠭᠰᠡᠭᠡᠷ ᠢᠷᠡᠪᠡ᠃ | ᠲᠤᠰ ᠤᠳᠠᠭᠠᠨ ᠤ ᠳᠡᠰᠬᠢ ᠶᠢᠨ ᠴᠢᠬᠢ ᠮᠤᠳᠤ ᠶᠢ ᠦᠪᠦᠷ ᠮᠤᠩᠭᠤᠯ ᠤᠨ ᠮᠠᠯ ᠠᠵᠦ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠠᠴᠠ ᠦᠨ᠎ᠠ ᠲᠦᠯᠦᠪᠦᠷᠢ ᠦᠭᠡᠢ ᠬᠠᠩᠭᠠᠵᠦ᠂ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ | ᠨᠢ ᠶᠠᠭᠤᠨ ᠤ ᠤᠷᠢᠳ ᠭᠠᠴᠠᠭᠠᠨ ᠤ ᠬᠠᠷᠢᠭᠤᠴᠠᠯᠭᠠᠳᠠᠨ ᠪᠤᠯᠤᠨ ︽ᠪᠡᠯᠴᠢᠭᠡᠷ ᠬᠤᠯᠪᠤᠭ᠎ᠠ︾ ᠪᠠ ᠬᠡᠰᠡᠭ | ᠨᠡᠶᠢᠳᠡᠯᠢᠭ ᠡᠷᠦᠭᠡ ᠪᠠᠷ ᠳᠠᠮᠵᠢᠨ ᠮᠠᠯᠴᠢᠳ ᠲᠤ ᠮᠡᠳᠡᠭᠳᠡᠨ᠂ ᠨᠡᠶᠢᠲᠡ 81 ᠡᠷᠦᠭᠡ ᠶᠢᠨ ᠮᠠᠯᠴᠢᠳ ᠨᠠᠷᠠ | ᠮᠡᠳᠡᠭᠦᠯᠵᠦ ᠳᠡᠰᠬᠢ ᠤᠷᠭᠤᠮᠠᠯ ᠢ ᠲᠤᠷᠰᠢᠵᠦ ᠲᠠᠷᠢᠬᠤ ᠪᠠᠷ ᠡᠷᠡᠮᠡᠯᠵᠡᠯᠡᠭᠰᠡᠨ ᠪᠠᠶᠢᠨ᠎ᠠ᠃ ᠡᠶᠢᠨᠬᠦ ᠠᠪᠠᠭ᠎ᠠ ᠬᠤᠰᠢᠭᠤᠨ | ᠤ ᠡᠯᠡᠰᠦᠷᠬᠡᠭᠵᠢᠯ ᠢ ᠵᠠᠰᠠᠬᠤ ᠨᠡᠶᠢᠭᠡᠮᠯᠢᠭ ᠨᠢ ᠬᠦᠪᠡᠭᠡᠳᠦ ᠰᠢᠷ᠎ᠠ ᠬᠤᠰᠢᠭᠤᠨ ᠳᠤ ᠬᠦᠷᠴᠦ᠂ ᠨᠡᠶᠢᠳᠡ 11 ᠲᠦᠮᠡᠨ | ᠰᠢᠷᠭᠡᠭ ᠳᠡᠰᠬᠢ ᠤᠷᠭᠤᠮᠠᠯ ᠢ ᠳᠡᠭᠡᠭᠡᠪᠦᠷᠢᠯᠡᠨ ᠠᠪᠴᠢᠷᠠᠵᠦ᠂ ᠮᠠᠯᠴᠢᠳ ᠲᠤ ᠪᠦᠬᠦᠨ ᠢ ᠲᠡᠷᠬᠠᠭᠠᠪᠠ᠃ | ᠤᠶᠢᠷ᠎ᠠ ᠶᠢᠨ ᠵᠢᠯ ᠪᠤᠷᠤᠭᠠᠨ ᠬᠤᠷ᠎ᠠ ᠪᠠᠭ᠎ᠠ᠂ ᠭᠠᠩ ᠬᠠᠭᠰᠠᠷᠭᠠᠨ ᠠᠴᠠ ᠪᠤᠯᠵᠦ᠂ ᠡᠪᠡᠰᠦ ᠪᠡᠯᠴᠢᠭᠡᠷ ᠳᠠᠴᠢᠷᠳᠠᠭᠰᠠᠨ | ᠠᠴᠠ ᠲᠠᠯ᠎ᠠ ᠨᠤᠳᠤᠭ ᠤᠨ ᠠᠮᠢ ᠠᠬᠤᠢ ᠪᠠᠨ ᠰᠡᠷᠬᠦᠭᠡᠵᠦ᠂ ᠪᠠᠶᠢᠭᠠᠯᠢ ᠠᠬᠤᠢ ᠪᠠᠨ ᠬᠠᠮᠠᠭᠠᠯᠠᠨ ᠨᠤᠭᠤᠭᠠᠨ ᠢᠶᠠᠷ ᠨᠢ | ᠪᠠᠶᠢᠯᠭᠠᠬᠤ ᠨᠢ ᠮᠠᠯᠴᠢᠨ ᠨᠢᠭᠡᠪᠦᠷᠢ ᠶᠢᠨ ᠬᠦᠰᠡᠯ ᠬᠦᠭᠡᠭᠡᠴᠡᠯᠳᠦᠯ ᠪᠤᠯᠵᠦ ᠪᠠᠶᠢᠭ᠎ᠠ ᠪᠢᠯᠡ᠃ ᠡᠨᠡᠬᠦ ᠦᠨ᠎ᠠ | ᠲᠦᠯᠦᠪᠦᠷᠢ ᠦᠭᠡᠢ ᠳᠡᠰᠬᠢ ᠬᠠᠩᠭᠠᠬᠤ ᠠᠵᠢᠯ ᠨᠢ ᠮᠠᠯᠴᠢᠳ ᠤᠨ ᠬᠦᠷᠢᠶᠡᠯᠡᠯ ᠢ ᠤᠯᠵᠦ《ᠨᠢᠭᠡ ᠬᠡᠰᠡᠭ ᠡᠯᠡᠰᠦ | ᠮᠠᠩᠬ᠎ᠠ ᠲᠠᠢ ᠭᠠᠵᠠᠷ ᠤᠷᠤᠨ ᠪᠤᠶᠤ ᠮᠤᠳᠤ ᠤᠷᠭᠤᠮᠠᠯ ᠲᠠᠷᠢᠵᠦ ᠡᠪᠡᠰᠦ ᠪᠡᠯᠴᠢᠭᠡᠷ ᠢᠶᠠᠨ | ᠰᠠᠶᠢᠵᠢᠷᠠᠭᠤᠯᠤᠶ᠎ᠠ》ᠭᠡᠰᠡᠨ ᠰᠠᠨᠠᠭ᠎ᠠ ᠲᠠᠢ ᠮᠠᠯᠴᠢᠳ ᠢᠳᠡᠪᠬᠢᠳᠠᠢ ᠪᠠᠷ ᠳᠡᠰᠬᠢ ᠶᠢ ᠲᠤᠷᠰᠢᠵᠦ ᠲᠠᠷᠢᠬᠤ ᠪᠠᠷ ᠪᠤᠯᠵᠦ | ᠂ ᠦᠪᠡᠷ ᠢᠶᠠᠨ ᠭᠠᠷ ᠬᠦᠳᠡᠯᠵᠦ ᠨᠤᠳᠤᠭ ᠪᠡᠯᠴᠢᠭᠡᠷ ᠢᠶᠠᠨ ᠰᠡᠷᠬᠦᠭᠡᠶᠡ ᠬᠡᠮᠡᠨ ᠵᠤᠷᠢᠵᠦ ᠪᠠᠶᠢᠭ᠎ᠠ ᠨᠢ ᠢᠯᠡᠷᠭᠡᠢ᠃ | ᠪᠡᠯᠴᠢᠭᠡᠷ ᠠᠬᠤᠢ ᠶᠢ ᠰᠠᠶᠢᠵᠢᠷᠠᠭᠤᠯᠬᠤ ᠳᠤ ᠨᠡᠮᠡᠷᠢ ᠬᠠᠨᠳᠢᠪᠯᠠᠵᠦ ᠪᠠᠶᠢᠭ᠎ᠠ ᠠᠪᠠᠭ᠎ᠠ ᠬᠤᠰᠢᠭᠤᠨ ᠤ ᠡᠯᠡᠰᠦᠷᠭᠡᠭᠵᠢᠯ ᠢ | ᠵᠠᠰᠠᠬᠤ ᠨᠡᠶᠢᠭᠡᠮᠯᠢᠭ ᠨᠢ 2011 ᠤᠨ ᠳᠤ ᠪᠠᠶᠢᠭᠤᠯᠤᠭᠳᠠᠨ᠂ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷ ᠪᠤᠯᠤᠨ ᠡᠯᠡᠰᠦ ᠶᠢ ᠵᠠᠰᠠᠵᠦ ᠮᠤᠳᠤ ᠲᠠᠷᠢᠬᠤ ᠨᠡᠶᠢᠳᠡᠯᠢᠭ ᠡᠷᠦᠭᠡ ᠵᠡᠷᠭᠡ ᠬᠡᠰᠢᠬᠦᠳ ᠢᠶᠠᠷ | ᠪᠦᠷᠢᠯᠳᠦᠭᠰᠡᠨ ᠪᠠᠶᠢᠵᠦ᠂ ᠲᠠᠯ᠎ᠠ ᠨᠤᠳᠤᠭ ᠤᠨ ᠠᠮᠢ ᠠᠬᠤᠢ ᠪᠠᠨ ᠬᠠᠮᠠᠭᠠᠯᠠᠬᠤ ᠤᠬᠠᠭᠤᠯᠭ᠎ᠠ ᠬᠢᠬᠦ᠂ ᠪᠠᠶᠢᠴᠠᠭᠠᠨ | ᠰᠤᠳᠤᠯᠤᠯᠳᠠ ᠬᠢᠬᠦ ᠪᠠ ᠨᠡᠶᠢᠳᠡᠯᠢᠭ ᠡᠷᠦᠭᠡ ᠶᠢ ᠤᠯᠠᠮ ᠲᠦᠬᠡᠬᠡᠨ ᠳᠡᠯᠭᠡᠷᠡᠬᠦᠯᠬᠦ ᠵᠡᠷᠭᠡ ᠲᠠᠯ᠎ᠠ ᠪᠠᠷ ᠭᠤᠤᠯ ᠡᠬᠦᠷᠭᠡ | ᠪᠠᠨ ᠪᠤᠯᠭᠠᠳᠠᠭ ᠢᠶᠠᠷ ᠪᠠᠷᠠᠬᠤ ᠦᠭᠡᠢ᠂ ᠤᠶᠢᠷ᠎ᠠ ᠶᠢᠨ ᠬᠡᠳᠦᠨ ᠵᠢᠯ ᠳᠤ᠂ ᠲᠤᠰᠬᠠᠢ ᠮᠡᠷᠭᠡᠵᠢᠯᠳᠡᠨ ᠤ ᠰᠢᠨᠵᠢᠯᠡᠬᠦ | ᠤᠬᠠᠭᠠᠨ ᠤ ᠦᠨᠳᠦᠰᠦᠯᠡᠯ ᠲᠠᠢ ᠤᠨᠤᠯ ᠪᠠ ᠪᠦᠲᠦᠭᠡᠭᠳᠡᠬᠦᠨ ᠢ ᠦᠨᠳᠦᠰᠦᠨ ᠱᠠᠳᠤᠨ ᠳᠤ ᠲᠤᠷᠰᠢᠯᠳᠠ ᠬᠢᠵᠦ | ᠦᠢᠯᠡᠳᠦᠯᠭᠡᠵᠢᠬᠦᠯᠬᠦ ᠶᠢ ᠰᠠᠨᠠᠭᠠᠴᠢᠯᠠᠨ ᠬᠢᠵᠦ᠂ ᠨᠤᠳᠤᠭ ᠤᠷᠤᠨ ᠳᠠᠭᠠᠨ ᠢᠳᠡᠪᠬᠢ ᠬᠤᠪᠢ ᠨᠡᠮᠡᠷᠢ ᠪᠠᠨ ᠦᠵᠡᠬᠦᠯᠬᠦ | ᠪᠠᠷ ᠴᠢᠷᠮᠠᠶᠢᠭᠰᠠᠭᠠᠷ ᠢᠷᠡᠵᠠᠢ᠃ |