ᠠᠪᠠᠭ᠎ᠠ ᠬᠤᠰᠢᠭᠤ ᠵᠠᠰᠠᠭ ᠤᠨ ᠤᠷᠳᠤᠨ ᠤ ᠰᠢᠰᠲ᠋ᠧᠮ ᠤᠨ 2018 ᠤᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠵᠢᠴᠢ《ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ 》᠎ ᠢ ᠵᠤᠬᠢᠴᠠᠭᠤᠯᠬᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2018/5/8
          4 ᠰᠠᠷ᠎ᠠ ᠶᠢᠨ 27᠎ ᠤ ᠡᠳᠦᠷ᠂ ᠠᠪᠠᠭ᠎ᠠ ᠬᠤᠰᠢᠭᠤ ᠵᠠᠰᠠᠭ ᠤᠨ ᠤᠷᠳᠤᠨ ᠤ ᠰᠢᠰᠲ᠋ᠧᠮ ᠤᠨ 2018 ᠤᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠵᠢᠴᠢ《ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ 》᠎ ᠢ ᠵᠤᠬᠢᠴᠠᠭᠤᠯᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠬᠡᠰᠢᠭᠦᠨ᠂ ᠬᠤᠰᠢᠭᠤ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠸᠠᠩ ᠳ᠋ᠧ᠂ ᠬᠤᠰᠢᠭᠤ ᠲᠡᠳ᠋ ᠲᠠᠷᠤᠭ᠎ᠠ ᠮᠠᠯᠴᠢᠨᠬᠦᠦ᠂ ᠴᠧᠨ ᠵᠢᠶᠠᠨ ᠵᠢᠶᠦ᠋ᠨ᠂ ᠪᠤᠯᠤᠳ ᠵᠢᠴᠢ ᠬᠤᠰᠢᠭᠤ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃           ᠸᠠᠩ ᠳ᠋ᠧ ᠬᠤᠷᠠᠯ ᠡᠷᠬᠢᠯᠡᠵᠦ᠂《ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ 》ᠵᠢᠴᠢ ᠭᠠᠵᠠᠷ ᠰᠢᠷᠤᠢ ᠶᠢ ᠲᠠᠭᠠᠭᠤᠯᠢ ᠤᠳᠤ ᠪᠠᠷ ᠬᠢᠨᠠᠨ ᠬᠡᠮᠵᠢᠵᠦ ᠬᠠᠤᠯᠢ ᠬᠡᠷᠡᠭᠵᠢᠭᠦᠯᠬᠦ ᠲᠠᠯ᠎ᠠ ᠪᠠᠷ ᠪᠤᠳᠠᠳᠤ ᠱᠠᠭᠠᠷᠳᠠᠯᠭ᠎ᠠ ᠲᠤᠷᠠᠳᠬᠤ ᠶᠢᠨ ᠬᠠᠮᠲᠦ ᠡᠯ᠎ᠡ ᠰᠤᠮᠤ ᠪᠠᠯᠭᠠᠰᠤ ᠡᠷᠬᠡᠪᠰᠢ ᠨᠠᠷᠢᠯᠢᠭ ᠤᠨᠤᠪᠴᠢᠲᠠᠢ ᠶᠠᠳᠠᠭᠤ ᠶᠢ ᠲᠡᠳᠭᠦᠭᠦ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠨ᠂  ᠵᠤᠬᠢᠴᠠᠭᠤᠯᠤᠨ ᠦᠢᠯᠡᠴᠢᠯᠡᠬᠦ ᠠᠵᠢᠯ ᠢ ᠰᠠᠶᠢᠳᠤᠷ ᠬᠢᠬᠦ ᠬᠡᠷᠡᠭᠲᠠᠢ ᠭᠡᠵᠠᠢ᠃ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠴᠠᠭ ᠲᠤᠬᠠᠢ ᠳᠤᠨᠢ᠂ ᠤᠨᠤᠪᠴᠢᠲᠠᠢ ᠢᠶᠠᠷ ᠶᠠᠳᠠᠭᠤ ᠶᠢ ᠲᠡᠳᠭᠦᠭᠦ ᠪᠡᠯᠡ ᠮᠦᠩᠭᠦ ᠶᠢᠨ ᠪᠠᠳᠤᠯᠠᠭ᠎ᠠ ᠬᠠᠩᠭᠠᠬᠤ ᠶᠢᠨ ᠬᠠᠮᠲᠦ ᠶᠠᠳᠠᠭᠤ ᠶᠢ ᠲᠡᠳᠭᠦᠭᠦ ᠠᠵᠢᠯ ᠤᠨ ᠪᠤᠯᠪᠠᠰᠤᠷᠠᠯ ᠢ ᠪᠠᠶᠢᠩᠭᠤ ᠶᠢᠨ ᠴᠢᠨᠠᠷᠲᠠᠢ ᠦᠷᠨᠢᠭᠦᠯᠵᠦ᠂ ᠶᠠᠳᠠᠭᠤ ᠶᠢ ᠲᠡᠳᠭᠦᠭᠦ ᠠᠵᠢᠯ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠠᠢ᠃           ᠦᠷᠢ ᠦᠭᠴᠡᠭᠡ ᠶᠢ ᠵᠤᠬᠢᠴᠠᠭᠤᠯᠤᠨ ᠰᠢᠢᠳᠪᠦᠷᠢᠯᠡᠬᠦ ᠠᠵᠢᠯ ᠤᠨ ᠠᠬᠢᠴᠠ ᠶᠢ ᠲᠦᠷᠭᠡᠳᠭᠡᠨ᠂ ᠱᠠᠩᠨᠠᠯ ᠨᠦᠬᠦᠪᠦᠷᠢ ᠶᠢᠨ ᠮᠦᠩᠭᠦ ᠶᠢ ᠭᠤᠶᠤᠴᠢᠯᠠᠨ ᠤᠯᠬᠤ ᠪᠠᠷ ᠴᠢᠷᠮᠠᠶᠢᠬᠤ ᠬᠡᠷᠡᠭᠲᠠᠢ᠃ ᠡᠯ᠎ᠡ ᠰᠤᠮᠤ ᠪᠠᠯᠭᠠᠰᠤ᠂ ᠬᠠᠷᠢᠶ᠎ᠠ ᠪᠠᠶᠢᠭᠤᠯᠭ᠎ᠠ ᠨᠢ ᠦᠷᠢ ᠦᠭᠴᠡᠭᠡ ᠶᠢ ᠰᠤᠯᠢᠵᠦ ᠵᠤᠬᠢᠴᠠᠭᠤᠯᠬᠤ ᠠᠵᠢᠯ ᠳᠤ ᠢᠳᠡᠪᠬᠢᠲᠠᠢ ᠬᠠᠮᠵᠢᠯᠴᠠᠵᠦ᠂ ᠤᠳᠤ ᠪᠠᠶᠢᠭ᠎ᠠ ᠦᠪ ᠬᠦᠷᠦᠩᠭᠡ ᠶᠢ ᠪᠦᠬᠦ ᠲᠠᠯ᠎ᠠ ᠪᠠᠷ ᠪᠦᠷᠢᠳᠭᠡᠨ ᠡᠵᠡᠮᠳᠡᠬᠦ ᠬᠡᠷᠡᠭᠲᠠᠢ᠃ ᠡᠯᠡᠰᠦᠷᠭᠡᠭ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ ᠠᠬᠤᠢ ᠢ ᠬᠠᠮᠠᠭᠠᠯᠠᠬᠤ ᠲᠠᠯ᠎ᠠ ᠪᠠᠷ᠂ ᠭᠠᠵᠠᠷ ᠤᠷᠤᠨ ᠤ ᠪᠤᠳᠠᠳᠦ ᠪᠠᠶᠢᠳᠠᠯ ᠳᠤ ᠲᠤᠬᠢᠷᠠᠭᠤᠯᠤᠨ᠂ ᠤᠷᠢᠳᠠᠪᠠᠷ ᠪᠦᠬᠦ ᠲᠠᠯ᠎ᠠ ᠪᠠᠷ ᠮᠦᠷᠳᠡᠨ ᠪᠠᠶᠢᠴᠠᠭᠠᠯᠲᠠ ᠬᠢᠵᠦ᠂ ᠮᠠᠯᠴᠢᠳ ᠎ ᠤᠨ ᠰᠠᠨᠠᠯ ᠢ ᠰᠤᠨᠤᠰᠴᠦ᠂ ᠨᠢᠬᠡᠳᠦᠯᠲᠠᠢ ᠲᠦᠯᠦᠪᠵᠢᠭᠦᠯᠦᠨ ᠶᠡᠷᠦᠩᠭᠡᠶᠢᠯᠡᠨ ᠪᠤᠳᠤᠯᠬᠢᠯᠠᠭᠰᠠᠨ ᠪᠠᠶᠢᠬᠤ ᠬᠡᠷᠡᠭᠲᠠᠢ᠃ ᠵᠠᠰᠠᠨ ᠴᠡᠭᠴᠡᠯᠡᠯᠲᠡ ᠶᠢᠨ ᠬᠦᠴᠦᠯᠡᠴᠡ ᠪᠠᠨ ᠴᠢᠩᠭᠠᠳᠬᠠᠵᠦ᠂ ᠲᠡᠭᠡᠳᠦ ᠱᠠᠳᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠲᠠᠢ ᠬᠠᠷᠢᠯᠴᠠᠭ᠎ᠠ ᠬᠠᠮᠲᠤᠷᠤᠯᠴᠠᠭ᠎ᠠ ᠪᠠᠨ ᠴᠢᠩᠭᠠᠳᠬᠠᠵᠦ᠂ ᠡᠯ᠎ᠡ ᠰᠠᠯᠠᠭ᠎ᠠ ᠮᠦᠴᠢᠷ ᠬᠤᠭᠤᠷᠤᠨᠲᠦ ᠪᠠᠨ ᠰᠠᠶᠢᠳᠤᠷ ᠵᠤᠬᠢᠴᠠᠭᠤᠯᠤᠨ ᠬᠠᠮᠵᠢᠯᠴᠠᠵᠦ ᠵᠠᠰᠠᠨ ᠴᠡᠭᠴᠡᠯᠡᠯᠲᠡ ᠶᠢᠨ ᠠᠬᠢᠴᠠ ᠪᠠᠨ ᠲᠦᠷᠭᠡᠳᠭᠡᠬᠦ ᠭᠡᠷᠡᠭᠲᠠᠢ᠃           ᠬᠤᠷᠠᠯ ᠲᠡᠭᠡᠷ᠎ᠡ᠂ ᠬᠤᠰᠢᠭᠤ ᠶᠠᠳᠠᠭᠤ ᠶᠢ ᠲᠡᠳᠭᠦᠭᠦ ᠠᠯᠪᠠᠨ ᠭᠡᠷ᠂ ᠡᠳ᠋ ᠶᠢᠨ ᠵᠠᠰᠠᠭ ᠤᠨ ᠲᠤᠪᠴᠢᠶ᠎ᠠ ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ᠂ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠎ ᠶᠢᠨ ᠬᠠᠷᠢᠭᠤᠴᠠᠯᠭᠠᠳᠠᠨ ᠠᠴᠠ ᠲᠤᠰ ᠲᠤᠰ ᠪᠦᠬᠦ ᠬᠤᠰᠢᠭᠤᠨ ᠤ ᠶᠠᠳᠠᠭᠤ ᠶᠢ ᠳᠡᠳᠬᠦᠵᠦ ᠪᠤᠭᠤᠮᠳᠠ ᠰᠢᠪᠲᠤᠯᠬᠤ᠂ ᠦᠷᠢ ᠦᠭᠴᠡᠭᠡ ᠶᠢ ᠵᠤᠬᠢᠴᠠᠭᠤᠯᠤᠨ ᠰᠢᠢᠳᠪᠦᠷᠢᠯᠡᠬᠦ᠂ ᠪᠤᠬᠢᠷᠳᠤᠯ ᠢ  ᠰᠡᠷᠭᠡᠶᠢᠯᠡᠨ ᠡᠵᠡᠮᠳᠡᠬᠦ᠂ 2016 — 2017 ᠤᠨ ᠤ ᠭᠠᠵᠠᠷ ᠰᠢᠷᠤᠢ ᠶᠢᠨ ᠲᠤᠰᠬᠠᠢ ᠬᠢᠨᠠᠨ ᠪᠠᠶᠢᠴᠠᠭᠠᠯᠲᠠ ᠵᠢᠴᠢ ᠲᠠᠭᠠᠭᠤᠯᠢ ᠤᠳᠤ ᠪᠠᠷ ᠬᠢᠨᠠᠨ ᠬᠡᠮᠵᠢᠵᠦ ᠬᠠᠤᠯᠢ ᠬᠡᠷᠡᠭᠵᠢᠭᠦᠯᠬᠦ ᠠᠰᠠᠭᠤᠳᠠᠯ ᠤᠨ ᠵᠠᠰᠠᠨ ᠴᠡᠭᠴᠡᠯᠡᠯᠲᠡ ᠶᠢᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠵᠦ᠂ ᠮᠠᠯᠴᠢᠨᠬᠦᠦ᠂ ᠴᠧᠨ ᠵᠢᠶᠠᠨ ᠵᠢᠶᠦ᠋ᠨ᠂ ᠪᠤᠯᠤᠳ ᠨᠠᠷ ᠲᠤᠰ ᠲᠤᠰ ᠬᠤᠪᠢᠳᠠᠨ ᠬᠠᠮᠢᠶᠠᠷᠬᠤ ᠠᠵᠢᠯ ᠤᠨ ᠲᠠᠯ᠎ᠠ ᠪᠠᠷ ᠳ᠋ᠦᠩᠨᠡᠯᠲᠡ ᠬᠢᠬᠦ ᠶᠢᠨ ᠬᠠᠮᠲᠦ ᠪᠤᠳᠠᠳᠠᠢ ᠪᠠᠶᠢᠷᠢᠯᠠᠭᠤᠯᠤᠲᠠ ᠬᠢᠪᠡ᠃          ᠬᠤᠷᠠᠯ ᠤᠨ ᠲᠡᠭᠦᠰᠭᠡᠯ ᠳᠤ ᠠᠪᠠᠭ᠎ᠠ ᠬᠤᠰᠢᠭᠤᠨ ᠤ 2018 ᠤᠨ ᠤ ᠵᠠᠰᠠᠭ ᠤᠨ ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠳᠠ ᠵᠢᠴᠢ ᠠᠷᠠᠯᠵᠢᠶ᠎ᠠ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠳᠤ ᠲᠤᠰᠬᠠᠢ ᠪᠠᠶᠢᠷᠢᠯᠠᠭᠤᠯᠤᠯᠲᠠ ᠬᠢᠬᠦ ᠶᠢᠨ ᠬᠠᠮᠲᠦ᠂ ᠸᠠᠩ ᠳ᠋ᠧ ᠠᠴᠠ《ᠲᠦᠷᠪᠡᠨ ᠤᠬᠠᠮᠰᠠᠷ》᠎ ᠶᠢ  ᠪᠠᠲᠦ ᠪᠠᠬᠢ ᠪᠤᠢ ᠪᠤᠯᠭᠠᠨ᠂ ᠵᠠᠰᠠᠭ ᠤᠨ ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ  ᠴᠢᠩᠭᠠᠳᠬᠠᠨ᠂ ᠬᠠᠷᠰᠢ ᠰᠠᠭᠠᠳ ᠢ ᠰᠦᠷᠦᠨ ᠲᠠᠭᠤᠯᠵᠦ᠂ ᠠᠷᠠᠯᠵᠢᠶ᠎ᠡ ᠡᠷᠬᠢᠯᠡᠬᠦ ᠤᠷᠴᠢᠨ ᠢ ᠦᠷᠭᠦᠯᠵᠢᠯᠡᠨ ᠰᠢᠯᠢᠳᠡᠭᠵᠢᠬᠦᠯᠬᠦ ᠲᠠᠯ᠎ᠠ ᠪᠠᠷ ᠪᠤᠳᠠᠳᠠᠢ ᠱᠠᠭᠠᠷᠳᠠᠯᠭ᠎ᠠ ᠲᠠᠯᠪᠢᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠠᠣᠨ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号