ᠠᠪᠠᠭ᠎ᠠ ᠬᠤᠰᠢᠭᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠵᠢᠯᠤᠭᠤᠳᠬᠤ ᠲᠦᠪ ‍ᠤᠨ‌‍ᠲ᠋ᠠᠪᠤᠳᠤᠭᠠᠷ‌ᠤᠳᠠᠭᠠᠨ ᠤ ᠵᠤᠬᠢᠴᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/6/1
   5 ᠰᠠᠷ᠎ᠠ ᠶᠢᠨ 21᠎ ᠤ ᠡᠳᠦᠷ᠂ ᠠᠪᠠᠭ᠎ᠠ ᠬᠤᠰᠢᠭᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠵᠢᠯᠤᠭᠤᠳᠬᠤ ᠲᠦᠪ ᠤᠨ ᠲᠠᠪᠤᠳᠤᠭᠠᠷ ᠤᠳᠠᠭᠠᠨ ᠤ ᠵᠤᠬᠢᠴᠠᠭᠤᠯᠤᠯᠳᠠ ᠶᠢᠨ ᠬᠤᠷᠠᠯ ᠬᠤᠷᠠᠯᠳᠤᠵᠦ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ︽ᠶᠡᠭᠡ ᠪᠠᠶᠢᠴᠠᠭᠠᠯᠳᠠ᠂ ᠶᠡᠭᠡ ᠵᠠᠰᠠᠨ ᠴᠡᠭᠴᠡᠯᠡᠯᠳᠡ᠂ ᠶᠡᠭᠡ ᠨᠠᠶᠢᠳᠠᠪᠤᠷᠢᠵᠢᠭᠤᠯᠤᠯᠳᠠ︾᠎ ᠶᠢᠨ ᠪᠠᠶᠢᠳᠠᠯ ᠢ ᠬᠠᠷᠢᠭᠤ ᠮᠡᠳᠡᠬᠦᠯᠵᠦ᠂ ᠶᠠᠳᠠᠭᠤ ᠎ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠡᠯ᠎ᠡ ᠲᠦᠷᠦᠯ ᠤᠨ ᠠᠵᠢᠯ ᠪᠦᠬᠦ ᠲᠠᠯ᠎ᠠ ᠪᠠᠷ ᠢᠯᠭᠤᠮ ᠤᠷᠤᠭᠰᠢᠳᠠᠢ  ᠶᠠᠪᠤᠭᠳᠠᠬᠤ ᠶᠢ ᠲᠦᠯᠬᠢᠨ ᠠᠬᠢᠭᠤᠯᠪᠠ᠃    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠢᠤᠢ ᠴᠢ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠤᠯᠤᠳ᠂ ᠬᠤᠰᠢᠭᠤ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠭᠤᠤᠯ ᠪᠤᠯᠬᠤ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃          ᠸᠠᠩ ᠢᠤᠢ ᠴᠢ ᠠᠴᠠ᠄ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠶᠢ ᠠᠬᠢᠭᠤᠯᠬᠤ ᠬᠤᠷᠠᠯ ᠤᠨ ᠲᠠᠷᠠᠭ᠎ᠠ᠂ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠦᠴᠢᠷ ᠨᠢ ᠳᠠᠷᠤᠢ ᠳᠦᠷᠬᠡᠨ ᠬᠦᠳᠡᠯᠦᠯᠴᠡᠵᠦ᠂ ︽ᠶᠡᠭᠡ ᠪᠠᠶᠢᠴᠠᠭᠠᠯᠳᠠ᠂ ᠶᠡᠭᠡ ᠵᠠᠰᠠᠨ ᠴᠡᠭᠴᠡᠯᠡᠯᠳᠡ᠂ ᠶᠡᠭᠡ ᠨᠠᠶᠢᠳᠠᠪᠤᠷᠢᠵᠢᠭᠤᠯᠤᠯᠳᠠ︾ ᠪᠤᠯᠤᠨ ︽ᠡᠷᠬᠢᠨ ᠬᠠᠷᠠᠬᠤ︾ ᠠᠵᠢᠯ ᠢ ᠳᠤᠬᠢᠷᠠᠭᠤᠯᠤᠨ ᠪᠠᠶᠢᠷᠢᠯᠠᠭᠤᠯᠵᠦ᠂ ᠪᠠᠶᠢᠴᠠᠭᠠᠬᠤ ᠶᠢᠨ ᠳᠠᠭᠠᠤ ᠵᠠᠰᠠᠨ ᠴᠡᠭᠴᠡᠯᠡᠵᠦ᠂ ᠳᠠᠶᠢᠴᠢᠯᠠᠨ ᠪᠠᠶᠢᠷᠢᠯᠠᠭᠤᠯᠬᠤ᠂ ᠮᠦᠷᠳᠡᠨ ᠪᠠᠶᠢᠴᠠᠭᠠᠬᠤ᠂ ᠵᠠᠰᠠᠨ ᠴᠡᠭᠴᠡᠯᠡᠬᠦ ᠶᠢ ᠱᠠᠯᠠᠪᠳᠠᠬᠤ ᠳᠠᠯ᠎ᠠ ᠪᠠᠷ  ᠳᠤᠪᠤᠶᠢᠮ᠎ᠠ ᠦᠷ᠎ᠠ ᠪᠦᠳᠦᠮᠵᠢ ᠤᠯᠵᠦ᠂ ᠤᠳᠤ  ᠶᠠᠭ ᠰᠠᠶᠢᠬᠠᠨ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠤᠷᠤᠰᠢᠵᠦ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠴᠢᠮ ᠱᠠᠳᠤᠨ ᠳᠤ ᠤᠷᠤᠭᠠᠳ ᠪᠠᠶᠢᠨ᠎ᠠ᠃ ᠡᠯ᠎ᠡ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤ  ᠎ ᠨᠢ ᠤᠯᠤᠰ ᠲᠦᠷᠦ ᠶᠢᠨ ᠵᠤᠭᠰᠤᠴᠠ  ᠎ ᠠᠴᠠ ᠠᠰᠠᠭᠤᠳᠠᠯ ᠤᠨ ᠴᠢᠭᠯᠡᠯ ᠢ ᠪᠠᠷᠢᠮᠳᠠᠯᠠᠨ᠂ ᠠᠰᠠᠭᠤᠳᠠᠯ ᠢ ᠨᠠᠷᠢᠯᠢᠭ ᠬᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠨᠠᠷᠢᠯᠢᠭ ᠤᠨᠤᠪᠴᠢᠳᠠᠢ ᠨᠠᠶᠢᠳᠠᠪᠤᠷᠢᠵᠢᠭᠤᠯᠵᠦ᠂ ᠶᠠᠳᠠᠭᠤ ᠶᠢ ᠳᠡᠳᠬᠦᠬᠦ ᠪᠡᠯᠡ ᠮᠦᠩᠭᠦ ᠎ ᠶᠢ ᠰᠠᠶᠢᠳᠤᠷ ᠬᠠᠮᠢᠶᠠᠷᠤᠨ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠳᠡᠭᠦᠯᠳᠡᠷᠵᠢᠬᠦᠯᠵᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠵᠦ᠂ ᠠᠰᠠᠭᠤᠳᠠᠯ ᠢ ᠴᠢᠩᠭ᠎ᠠ ᠰᠢᠢᠳᠪᠦᠷᠢᠯᠡᠬᠦ ᠶᠢ ᠪᠠᠷᠢᠮᠳᠠᠯᠠᠨ᠂ ᠨᠢᠭᠡ ᠨᠢᠭᠡ ᠶᠠᠪᠤᠳᠠᠯ ᠢᠶᠠᠷ ᠠᠩᠬᠠᠷᠤᠨ ᠬᠦᠢᠴᠡᠳᠭᠡᠵᠦ᠂ ᠪᠦᠬᠦᠯᠢ ᠴᠤᠭᠴᠠ ᠳᠤᠨᠢ ᠲᠡᠭᠡᠭᠰᠢᠯᠡᠭᠦᠯᠵᠦ᠂ ᠪᠦᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃    ᠵᠠᠰᠠᠨ ᠴᠡᠭᠴᠡᠯᠡᠯᠳᠡ ᠪᠤᠯᠤᠨ ︽ᠡᠷᠬᠢᠨ ᠬᠠᠷᠠᠬᠤ︾ ᠠᠵᠢᠯ ᠢ 5 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠦᠨ᠎ᠡ ᠬᠦᠢᠴᠡᠳᠬᠡᠵᠦ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠲᠦᠪᠯᠡᠷᠡᠩᠬᠦᠢ ᠵᠠᠰᠠᠨ ᠴᠡᠭᠴᠡᠯᠡᠬᠦ ᠳᠤᠰᠬᠠᠢ ᠲᠦᠷᠦᠯ ᠤᠨ ᠠᠵᠢᠯᠯᠠᠭ᠎ᠠ ᠶᠢᠨ ᠪᠠᠶᠢᠴᠠᠭᠠᠯᠳᠠ᠂ ᠵᠠᠰᠠᠨ ᠴᠡᠭᠴᠡᠯᠡᠬᠦ ᠪᠠᠶᠢᠳᠠᠯ ᠪᠤᠯᠤᠨ ᠳᠡᠰ ᠳᠠᠷᠠᠭᠠᠯᠠᠨ ᠪᠠᠶᠢᠴᠠᠭᠠᠬᠤ ᠳᠠᠩᠰᠠ ᠮᠠᠲ᠋ᠧᠷᠢᠶᠠᠯ ᠢ 6 ᠰᠠᠷ᠎ᠠ ᠶᠢᠨ 5᠎ ᠠᠴᠠ ᠡᠮᠦᠨ᠎ᠡ ᠳᠡᠭᠡᠭᠰᠢ ᠮᠡᠳᠡᠬᠦᠯᠵᠦ᠂ 9 ᠰᠠᠷ᠎ᠠ ᠎ ᠶᠢᠨ 10᠎ ᠤ ᠡᠳᠦᠷ ᠠᠴᠠ ᠡᠮᠦᠨ᠎ᠡ ᠪᠦᠬᠦ ᠳᠠᠯ᠎ᠠ ᠪᠠᠷ ᠵᠠᠰᠠᠨ ᠴᠡᠭᠴᠡᠯᠡᠵᠦ ᠬᠦᠢᠴᠡᠳᠬᠡᠬᠦ ᠬᠡᠷᠡᠭᠳᠡᠢ᠃ ᠠᠵᠦ ᠦᠢᠯᠡᠰ ᠎ ᠢᠶᠠᠷ ᠶᠠᠳᠠᠭᠤ ᠶᠢ ᠳᠡᠳᠬᠦᠬᠦ ᠳᠠᠯ᠎ᠠ ᠪᠠᠷ ᠦᠷᠬᠦᠯᠵᠢᠯᠡᠨ ᠬᠦᠴᠦᠯᠡᠵᠦ᠂ ᠭᠠᠴᠠᠭᠠᠨ ᠤ ᠬᠠᠮᠳᠤ ᠶᠢᠨ ᠠᠵᠦ ᠠᠬᠤᠢ ᠶᠢ ᠬᠦᠭᠵᠢᠬᠦᠯᠬᠦ ᠪᠠᠷ ᠭᠠᠷᠳᠠᠴᠠ ᠪᠤᠯᠭᠠᠨ᠂ ︽ᠠᠵᠦ ᠠᠬᠤᠶᠢᠯᠠᠯ + ᠳᠤᠰᠬᠠᠢ ᠬᠤᠷᠰᠢᠶᠠᠵᠢᠯ + ᠮᠠᠯᠵᠢᠬᠤ ᠡᠷᠦᠭᠡ︾ ᠬᠤᠯᠪᠤᠭᠠᠯᠠᠭᠰᠠᠨ ᠬᠡᠯᠪᠡᠷᠢ ᠪᠠᠷ ᠶᠠᠳᠠᠭᠤ ᠬᠦᠴᠢᠷᠳᠡᠯᠳᠡᠢ ᠡᠷᠦᠭᠡ ᠶᠢ ᠵᠠᠬ᠎ᠠ ᠳᠡᠯᠭᠡᠭᠦᠷ ᠤᠨ ᠭᠤᠤᠯ ᠴᠤᠭᠴᠠ ᠳᠤ ᠤᠷᠤᠬᠤ ᠶᠢ ᠵᠢᠯᠤᠭᠤᠳᠤᠨ᠂ ᠠᠵᠦ ᠠᠬᠤᠢ ᠶᠢᠨ ᠦᠷ᠎ᠠ ᠠᠰᠢᠭ ᠢ ᠨᠡᠮᠡᠭᠳᠡᠬᠦᠯᠬᠦ ᠬᠡᠷᠡᠭᠳᠡᠢ᠃ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠳᠠ ᠶᠢᠨ ᠴᠢᠬᠤᠯᠠ ᠠᠴᠢ ᠬᠤᠯᠪᠤᠭᠳᠠᠯ ᠢ  ᠬᠦᠢᠴᠡᠳ ᠳᠠᠨᠢᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠭᠤᠤᠯ ᠪᠤᠯᠬᠤ ᠬᠠᠷᠢᠭᠤᠴᠠᠯᠭᠠᠳᠠᠨ ᠠᠴᠠ ᠳᠦᠰᠦᠪᠯᠡᠨ ᠵᠤᠬᠢᠶᠠᠵᠦ᠂ ᠴᠢᠩᠭ᠎ᠠ ᠨᠢᠮᠪᠠᠢ ᠠᠳᠬᠤᠵᠦ᠂ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠪᠤᠳᠠᠳᠠᠢ ᠠᠳᠬᠤᠵᠦ᠂ ᠲᠦᠷᠦᠯ ᠵᠦᠢᠯ ᠤᠨ ᠬᠦᠮᠦᠷᠬᠡ ᠶᠢᠨ ᠪᠠᠶᠢᠭᠤᠯᠤᠯᠳᠠ ᠵᠢᠴᠢ ᠨᠢᠭᠡ ᠵᠢᠯ ᠤᠨ ᠲᠦᠷᠦᠯ ᠵᠦᠢᠯ ᠢ ᠲᠦᠯᠦᠪᠯᠡᠨ ᠵᠤᠬᠢᠶᠠᠬᠤ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ᠃ ᠲᠤᠭᠳᠠᠭᠰᠠᠨ ᠴᠠᠭ ᠬᠤᠭᠤᠴᠠᠭᠠᠨ ᠤ ᠱᠠᠭᠠᠷᠳᠠᠯᠭ᠎ᠠ ᠶᠤᠰᠤᠭᠠᠷ᠂ 6 ᠰᠠᠷ᠎ᠠ ᠶᠢᠨ ᠰᠡᠬᠦᠯᠴᠢ ᠠᠴᠠ ᠡᠮᠦᠨ᠎ᠡ ᠶᠠᠳᠠᠭᠤ ᠎ ᠶᠢ ᠳᠡᠳᠬᠦᠬᠦ ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠳᠠ ᠶᠢᠨ ᠠᠵᠢᠯ ᠢ ᠦᠨᠳᠦᠷ ᠪᠠᠷᠢᠮᠵᠢᠶ᠎ᠠ ᠪᠠᠷ ᠪᠡᠶᠡᠯᠡᠬᠦᠯᠬᠦ ᠶᠢ ᠪᠠᠳᠤᠯᠠᠵᠦ᠂ ᠰᠢᠨ᠎ᠡ ᠪᠠᠷ  ᠢᠯᠭᠠᠨ ᠲᠤᠭᠳᠠᠭᠠᠭᠰᠠᠨ ᠡᠷᠦᠬᠡ ᠶᠢᠨ ᠶᠠᠳᠠᠭᠤ ᠶᠢ ᠳᠡᠳᠬᠦᠬᠦ ᠲᠦᠷᠦᠯ ᠵᠦᠢᠯ ᠢ ᠳᠦᠷᠬᠡᠨ ᠨᠠᠶᠢᠳᠠᠪᠤᠶᠢᠵᠢᠭᠤᠯᠵᠦ᠂ ᠶᠠᠳᠠᠭᠤ ᠬᠦᠴᠢᠷᠳᠡᠢ ᠡᠷᠦᠬᠡ ᠶᠢᠨ ᠠᠵᠦ ᠦᠢᠯᠡᠰ ᠤᠨ ᠲᠦᠷᠦᠯ ᠵᠦᠢᠯ ᠎ ᠢ 6 ᠰᠠᠷ᠎ᠠ ᠶᠢᠨ ᠰᠡᠬᠦᠯᠴᠢ ᠠᠴᠠ ᠡᠮᠦᠨ᠎ᠡ ᠬᠦᠢᠴᠡᠳᠬᠡᠨ᠂ ᠮᠠᠯᠵᠢᠬᠤ ᠤᠷᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠳᠠ ᠪᠤᠯᠤᠨ ᠬᠤᠰᠢᠭᠤᠨ ᠲᠦᠪ ᠲᠤ ᠨᠡᠬᠦᠯᠭᠡᠨ ᠲᠦᠪᠬᠢᠨᠠᠭᠦᠯᠬᠦ ᠠᠵᠢᠯ ᠢ 7 ᠰᠠᠷ᠎ᠠ ᠶᠢᠨ ᠰᠡᠬᠦᠯᠴᠢ ᠠᠴᠠ ᠡᠮᠦᠨ᠎ᠡ ᠤᠷᠤᠵᠦ ᠰᠠᠭᠤᠬᠤ ᠨᠦᠬᠦᠴᠡᠯ ᠳᠤ ᠬᠦᠷᠬᠡᠬᠦ ᠬᠡᠷᠡᠭᠳᠡᠢ᠃ 2018 ᠤᠨ ᠳᠤ 17 ᠭᠠᠴᠠᠭᠠᠨ ᠳᠤ ᠶᠠᠳᠠᠭᠤ ᠎ ᠶᠢ ᠳᠡᠳᠬᠦᠬᠦ ᠠᠵᠦ ᠦᠢᠯᠡᠰ ᠤᠨ ᠲᠦᠷᠦᠯ ᠵᠦᠢᠯ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠦ᠂ 8 ᠰᠠᠷ᠎ᠠ ᠳᠤ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠲᠤᠯᠠᠬᠤ ᠬᠡᠷᠡᠭᠳᠡᠢ᠃    ᠬᠤᠰᠢᠭᠤ ᠲᠡᠳ᠋ ᠳᠠᠷᠤᠭ᠎ᠠ ᠪᠤᠯᠤᠳ ᠠᠴᠠ᠂ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ︽ᠶᠡᠭᠡ ᠪᠠᠶᠢᠴᠠᠭᠠᠯᠳᠠ᠂ ᠶᠡᠭᠡ ᠵᠠᠰᠠᠨ ᠴᠡᠭᠴᠡᠯᠡᠯᠳᠡ᠂ ᠶᠡᠭᠡ ᠨᠠᠶᠢᠳᠠᠪᠤᠷᠢᠵᠢᠭᠤᠯᠤᠯᠳᠠ︾ ᠪᠤᠯᠤᠨ ︽ᠡᠷᠬᠢᠨ ᠬᠠᠷᠠᠬᠤ︾ ᠲᠦᠰᠦᠯ ᠤᠨ ᠱᠠᠭᠠᠷᠳᠠᠯᠭ᠎ᠠ ᠶᠤᠰᠤᠭᠠᠷ᠂ ᠨᠠᠷᠢᠨ ᠬᠢᠨᠠᠮᠠᠭᠠᠢ ᠪᠠᠶᠢᠴᠠᠭᠠᠯᠳᠠ ᠬᠢᠵᠦ ᠳᠤᠭᠳᠠᠭᠰᠠᠨ ᠬᠤᠭᠤᠴᠠᠭᠠᠨ ᠳᠤᠳᠤᠷ᠎ᠠ ᠠᠰᠠᠭᠤᠳᠠᠯ ᠢ ᠵᠠᠰᠠᠨ ᠴᠡᠭᠴᠡᠯᠡᠬᠦ ᠶᠢ ᠬᠦᠢᠴᠡᠳᠬᠡᠬᠦ ᠶᠢᠨ ᠬᠠᠮᠳᠤ᠂ ᠪᠠᠶᠢᠴᠠᠭᠠᠯᠳᠠ ᠶᠢᠨ ᠳᠤᠮᠳᠠ ᠢᠯᠡᠷᠡᠬᠦᠯᠦᠭᠰᠡᠨ ᠠᠰᠠᠭᠤᠳᠠᠯ ᠳᠤ ᠬᠠᠨᠳᠤᠭᠤᠯᠤᠨ ᠳᠠᠩᠰᠠ ᠡᠪᠬᠡᠮᠡᠯ ᠪᠠᠶᠢᠭᠤᠯᠤᠨ᠂ ᠲᠦᠷᠦᠯ ᠳᠠᠷᠠᠭᠠᠯᠠᠨ ᠵᠠᠰᠠᠨ ᠴᠡᠭᠴᠡᠯᠡᠬᠦ ᠬᠠᠮᠢᠶᠠᠷᠤᠯᠳᠠ ᠶᠢ ᠶᠠᠪᠤᠭᠤᠯᠬᠤ ᠬᠡᠷᠡᠭᠳᠡᠢ᠃ 2017 ᠤᠨ ᠤ ᠪᠤᠯᠤᠨ ᠰᠢᠨ᠎ᠡ ᠪᠠᠷ ᠢᠯᠭᠠᠨ ᠲᠤᠭᠳᠠᠭᠠᠭᠰᠠᠨ ᠶᠠᠳᠠᠭᠤ ᠬᠦᠴᠢᠷᠳᠡᠢ ᠡᠷᠦᠬᠡ ᠶᠢ ᠳᠡᠮᠵᠢᠨ ᠳᠡᠳᠬᠦᠬᠦ ᠠᠷᠭ᠎ᠠ ᠠᠪᠴᠠᠯ ᠢᠶᠠᠨ ᠲᠠᠷᠤᠢ ᠲᠦᠷᠭᠡᠨ ᠲᠤᠭᠳᠠᠭᠠᠵᠦ᠂  ᠶᠠᠳᠠᠭᠤ ᠶᠢ ᠳᠡᠳᠬᠦᠬᠦ ᠲᠦᠷᠦᠯ ᠵᠦᠢᠯ  ᠎ ᠢ ᠰᠠᠶᠢᠳᠤᠷ ᠨᠠᠶᠢᠳᠠᠪᠦᠷᠢᠵᠢᠭᠤᠯᠤᠨ᠂  ᠳᠤᠭᠳᠠᠭᠰᠠᠨ ᠬᠤᠭᠤᠴᠠᠭᠠᠨ ᠤ ᠱᠠᠭᠠᠷᠳᠠᠯᠭ᠎ᠠ ᠶᠤᠰᠤᠭᠠᠷ᠂ ᠦᠨᠳᠦᠷ ᠴᠢᠨᠠᠷ ᠴᠢᠨᠰᠠᠭ᠎ᠠ ᠲᠠᠢ ᠪᠠᠷ ᠶᠠᠳᠠᠭᠤ ᠶᠢ ᠳᠡᠳᠬᠦᠬᠦ ᠲᠦᠷᠦᠯ ᠵᠦᠢᠯ ᠤᠨ ᠬᠦᠮᠦᠷᠬᠡ ᠶᠢᠨ  ᠪᠠᠶᠢᠭᠤᠯᠤᠯᠳᠠ ᠶᠢᠨ ᠠᠵᠢᠯ ᠢ ᠪᠡᠶᠡᠯᠡᠬᠦᠯᠬᠦ ᠬᠡᠷᠡᠭᠳᠡᠢ ᠬᠡᠰᠡᠨ ᠪᠠᠶᠢᠨ᠎ᠠ᠃                                                
 
ᠢᠷᠡᠯᠲᠡ᠄ ᠠᠪᠠᠭ᠎ᠠ ᠬᠤᠰᠢᠭᠤᠨ ᠤ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号