ᠾᠦᠸᠧ ᠵᠤᠤ ᠯᠢᠶᠠᠩ ᠠᠪᠠᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠠᠮᠢ ᠠᠬᠤᠢ ᠶᠢᠨ | ᠪᠤᠯᠪᠠᠰᠤᠨ ᠤ ᠪᠦᠳᠦᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠢ ᠬᠠᠮᠠᠭᠠᠯᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠴᠢᠩᠭ᠎ᠠ ᠡᠭᠦᠷᠭᠡᠯᠡᠵᠦ᠂ ᠲᠦᠪ ᠤᠨ ᠤᠷᠴᠢᠨ ᠲᠤᠭᠤᠷᠢᠨ ᠤ ᠱᠠᠯᠠᠪᠳᠠᠨ ᠪᠠᠶᠢᠴᠠᠭᠠᠯᠳᠠ | ᠶᠢᠨ ᠲᠤᠰᠬᠠᠭᠰᠠᠨ ᠠᠰᠠᠭᠤᠳᠠᠯ ᠤᠨ ᠵᠠᠰᠠᠨ ᠴᠡᠭᠴᠡᠯᠡᠯᠲᠡ ᠶᠢ ᠲᠦᠪ ᠴᠢᠩᠭ᠎ᠠ᠂ ᠦᠨᠡᠨ ᠪᠤᠳᠠᠳᠠᠢ᠂ ᠲᠠᠷᠤᠢ | ᠲᠦᠷᠭᠡᠨ ᠢᠶᠠᠷ ᠲᠤᠤᠱᠯᠠᠭᠤᠯᠬᠤ ᠬᠡᠷᠡᠭᠲᠠᠢ ᠬᠡᠵᠡᠢ᠃ | 6 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ | ᠾᠦᠸᠧ ᠵᠤᠤ ᠯᠢᠶᠠᠩ ᠠᠪᠠᠭ᠎ᠠ ᠬᠤᠰᠢᠭᠤᠨ ᠳᠤ ᠬᠦᠨᠵᠡᠭᠡᠶᠢᠷᠡᠵᠦ᠂ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ | ᠱᠠᠯᠠᠪᠳᠠᠨ ᠪᠠᠶᠢᠴᠠᠭᠠᠯᠲᠠ ᠶᠢᠨ ᠲᠤᠰᠬᠠᠭᠰᠠᠨ ᠠᠰᠠᠭᠤᠳᠠᠯ ᠤᠨ ᠵᠠᠰᠠᠨ ᠴᠡᠭᠴᠡᠯᠡᠯᠲᠡ ᠶᠢᠨ ᠠᠵᠢᠯ ᠢ ᠲᠤᠭᠤᠷᠢᠨ | ᠪᠠᠶᠢᠴᠠᠭᠠᠵᠦ ᠴᠢᠬᠤᠯᠠᠴᠢᠯᠠᠬᠤ ᠳᠠᠭᠠᠨ᠂ ᠰᠢ ᠶᠢᠨ ᠫᠢᠩ ᠨᠦᠬᠦᠷ ᠤᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠪᠠ ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠠᠯᠬᠤ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠮᠢ ᠠᠬᠤᠢ ᠶᠢᠨ ᠪᠤᠯᠪᠠᠰᠤᠨ | ᠤ ᠪᠦᠳᠦᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠴᠢᠩᠭ᠎ᠠ ᠡᠭᠦᠷᠭᠡᠯᠡᠵᠦ᠂ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠯᠠᠪᠳᠠᠨ ᠪᠠᠶᠢᠴᠠᠭᠠᠯᠳᠠ ᠶᠢᠨ | ᠲᠤᠰᠬᠠᠭᠰᠠᠨ ᠠᠰᠠᠭᠤᠳᠠᠯ ᠤᠨ ᠵᠠᠰᠠᠨ ᠴᠡᠭᠴᠡᠯᠡᠯᠲᠡ ᠶᠢᠨ ᠠᠵᠢᠯ ᠢ ᠨᠠᠷᠢᠨ ᠬᠢᠨᠠᠮᠠᠭᠠᠢ᠂ ᠦᠨᠡᠨ ᠪᠤᠳᠠᠳᠠᠢ᠂ ᠲᠠᠷᠤᠢ | ᠲᠦᠷᠭᠡᠨ ᠠᠳᠬᠤᠬᠤ ᠬᠡᠷᠡᠭᠲᠠᠢ ᠬᠡᠪᠡ᠃ | ᠠᠪᠠᠭ᠎ᠠ ᠬᠤᠰᠢᠭᠤᠨ ᠤ ᠴᠡᠪᠡᠷᠰᠢᠭᠦᠯᠦᠭᠰᠡᠨ ᠤᠰᠤ ᠢ ᠠᠰᠢᠭᠯᠠᠬᠤ ᠢᠨᠵᠧᠨ᠋ᠷᠢᠭ ᠤᠨ ᠲᠤᠬᠠᠢ ᠶᠢᠨ ᠲᠠᠯᠠᠪᠠᠢ ᠳᠤ᠂ | ᠾᠦᠸᠧ ᠵᠤᠤ ᠯᠢᠶᠠᠩ ᠪᠤᠬᠢᠷ ᠤᠰᠤ ᠴᠡᠪᠡᠷᠰᠢᠭᠦᠯᠬᠦ ᠠᠯᠬᠤᠮ ᠲᠠᠷᠠᠭ᠎ᠠ᠂ ᠠᠰᠠᠭᠤᠳᠠᠯ ᠢ ᠵᠠᠰᠠᠨ ᠴᠡᠭᠴᠡᠯᠡᠭᠰᠡᠨ | ᠦᠷ᠎ᠡ ᠪᠦᠳᠦᠮᠵᠢ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠦ᠂ ᠪᠤᠬᠢᠷ ᠤᠰᠤ ᠢ ᠴᠡᠪᠡᠷᠰᠢᠭᠦᠯᠬᠦ | ᠬᠠᠮᠢᠶᠠᠷᠤᠯᠳᠠ ᠶᠢᠨ ᠠᠵᠢᠯ ᠢ ᠲᠡᠭᠡᠲᠦ ᠬᠡᠮᠵᠢᠶ᠎ᠡ ᠪᠠᠷ ᠬᠦᠨᠳᠦᠳᠭᠡᠨ᠂ ᠠᠰᠠᠭᠤᠳᠠᠯ ᠤᠨ ᠴᠢᠭᠯᠡᠯ ᠢ ᠪᠠᠷᠢᠮᠳᠠᠯᠠᠵᠦ᠂ | ᠪᠠᠶᠢᠩᠭᠤ ᠶᠢᠨ ᠵᠤᠬᠢᠴᠠᠮᠵᠢ ᠶᠢ ᠪᠠᠶᠢᠭᠤᠯᠤᠨ᠂ ᠨᠢᠭᠡᠳᠦᠯᠲᠠᠢ ᠲᠦᠯᠦᠪᠯᠡᠨ ᠲᠦᠯᠬᠢᠨ ᠠᠬᠢᠭᠤᠯᠬᠤ ᠶᠢ ᠴᠢᠬᠤᠯᠠᠴᠢᠯᠠᠵᠦ | ᠂ ᠴᠡᠪᠡᠷᠰᠢᠭᠦᠯᠦᠭᠰᠡᠨ ᠤᠰᠤ ᠶᠢ ᠲᠠᠬᠢᠨ ᠬᠡᠷᠡᠭᠯᠡᠬᠦ ᠨᠤᠷᠮ᠎ᠠ ᠶᠢ ᠦᠷᠭᠦᠯᠵᠢᠯᠡᠨ ᠲᠡᠭᠡᠭᠰᠢᠯᠡᠭᠦᠯᠦᠨ᠂ ᠪᠤᠬᠢᠷ ᠤᠰᠤ ᠢ | ᠰᠢᠢᠳᠪᠦᠷᠢᠯᠡᠬᠦ ᠰᠢᠰᠲ᠋ᠧᠮ ᠤᠨ ᠲᠤᠭᠳᠠᠭᠤᠨ ᠡᠷᠬᠢᠯᠲᠡ ᠪᠠ ᠪᠤᠬᠢᠷ ᠤᠰᠤ ᠶᠢ ᠴᠡᠪᠡᠷᠰᠢᠭᠦᠯᠦᠨ ᠭᠠᠳᠠᠭᠰᠢᠯᠠᠭᠤᠯᠬᠤ | ᠪᠠᠷᠢᠮᠵᠢᠶᠠᠨ ᠳᠤ ᠨᠡᠶᠢᠴᠡᠭᠦᠯᠬᠦ ᠶᠢ ᠪᠠᠳᠤᠯᠠᠨ᠂ ᠴᠡᠪᠡᠷᠰᠢᠭᠦᠯᠦᠭᠰᠡᠨ ᠤᠰᠤᠨ ᠤ ᠲᠠᠬᠢᠨ ᠠᠰᠢᠭᠯᠠᠭᠳᠠᠬᠤ ᠶᠢ ᠬᠠᠮᠤᠭ | ᠶᠡᠭᠡ ᠬᠡᠮᠵᠢᠶ᠎ᠡ ᠪᠠᠷ ᠪᠡᠶᠡᠯᠡᠭᠦᠯᠭᠦ ᠬᠡᠷᠡᠭᠲᠠᠢ ᠬᠡᠪᠡ᠃ | ᠾᠦᠸᠧ ᠵᠤᠤ ᠯᠢᠶᠠᠩ ᠵᠢᠭᠠᠬᠤ ᠳᠠᠭᠠᠨ᠂ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠯᠠᠪᠳᠠᠨ | ᠪᠠᠶᠢᠴᠠᠭᠠᠬᠤ《 ᠡᠷᠬᠢᠨ ᠬᠠᠷᠠᠬᠤ》ᠠᠵᠢᠯᠯᠠᠭ᠎ᠠ ᠪᠤᠯ ᠤᠷᠴᠢᠨ ᠲᠤᠭᠤᠷᠢᠨ ᠢ ᠬᠠᠮᠠᠭᠠᠯᠠᠬᠤ ᠪᠠ ᠠᠮᠢ ᠠᠬᠤᠢ ᠶᠢᠨ | ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠨᠢᠭᠡᠨ ᠤᠳᠠᠭᠠᠨ ᠤ ᠲᠠᠬᠢᠨ ᠪᠠᠶᠢᠴᠠᠭᠠᠯᠳᠠ᠂ ᠲᠠᠬᠢᠨ ᠠᠬᠢᠭᠤᠯᠤᠯᠳᠠ | ᠪᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠤᠯᠤᠰ ᠲᠦᠷᠦ ᠶᠢᠨ ᠲᠠᠨᠢᠯᠲᠡ ᠪᠠᠨ | ᠲᠡᠭᠡᠭᠰᠢᠯᠡᠭᠦᠯᠵᠦ᠂ ᠲᠦᠪ ᠴᠢᠩᠭ᠎ᠠ ᠨᠠᠷᠢᠨ ᠬᠢᠨᠠᠮᠠᠭᠠᠢ᠂ ᠦᠨᠡᠨᠴᠢ ᠢᠳᠡᠭᠡᠮᠵᠢᠲᠠᠢ ᠪᠠᠷ ᠱᠠᠯᠠᠪᠳᠠᠨ ᠪᠠᠶᠢᠴᠠᠭᠠᠯᠲᠠ ᠶᠢ | ᠬᠦᠯᠢᠶᠡᠨ ᠠᠪᠴᠦ᠂ ᠲᠠᠨᠢᠯᠲᠠ ᠪᠠᠨ ᠲᠡᠭᠡᠭᠰᠢᠯᠡᠭᠦᠯᠦᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠦ᠂ ᠠᠵᠢᠯ ᠢᠶᠠᠨ | ᠨᠡᠩ ᠰᠠᠶᠢᠨ ᠦᠷᠨᠢᠭᠦᠯᠬᠦ ᠬᠡᠷᠡᠭᠲᠠᠢ ᠬᠡᠪᠡ᠃ ᠡᠯ᠎ᠡ ᠭᠠᠵᠠᠷ ᠤᠷᠤᠨ ᠲᠤᠰ ᠤᠳᠠᠭᠠᠨ ᠤ《ᠡᠷᠬᠢᠨ | ᠬᠠᠷᠠᠬᠤ》ᠠᠵᠢᠯᠯᠠᠭᠠᠨ ᠤ ᠲᠤᠬᠢᠶᠠᠯ ᠢᠶᠠᠷ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠠᠬᠢᠨ | ᠪᠠᠶᠢᠴᠠᠭᠠᠵᠦ᠂ ᠡᠮᠬᠢᠯᠡᠵᠦ ᠪᠦᠷᠢᠳᠭᠡᠨ᠂ ᠵᠠᠰᠠᠨ ᠴᠡᠭᠴᠡᠯᠡᠯᠲᠡ ᠬᠢᠵᠦ᠂ ᠵᠠᠰᠠᠨ ᠴᠡᠭᠴᠡᠯᠡᠯᠲᠡ ᠪᠠᠷ ᠠᠨᠠᠢ ᠠᠰᠠᠭᠤᠳᠠᠯ | ᠶᠢ ᠨᠡᠩ ᠦᠨᠳᠦᠷ ᠬᠠᠷᠢᠭᠤᠴᠠᠯᠭᠠᠲᠦ ᠤᠪᠤᠷ ᠢᠶᠠᠷ ᠰᠠᠶᠢᠳᠤᠷ ᠵᠠᠰᠠᠨ ᠴᠡᠭᠴᠡᠯᠡᠵᠦ᠂ ᠵᠠᠰᠠᠨ ᠴᠡᠭᠴᠡᠯᠡᠯᠲᠡ ᠶᠢ ᠴᠢᠨᠠᠷ | ᠴᠢᠨᠰᠠᠭ᠎ᠠ ᠲᠠᠢ ᠦᠷᠨᠢᠭᠦᠯᠬᠦ ᠶᠢ ᠪᠠᠳᠤᠯᠠᠬᠤ ᠬᠡᠷᠡᠭᠲᠠᠢ ᠭᠡᠪᠡ᠃ | ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠲᠤᠭᠤᠶᠢᠯᠠᠩ ᠤᠨ ᠲᠤᠰᠬᠠᠭᠰᠠᠨ ᠠᠰᠠᠭᠤᠳᠠᠯ ᠢ ᠬᠠᠮᠢᠶ᠎ᠠ ᠪᠦᠬᠦᠢ | ᠭᠠᠵᠠᠷ ᠤᠷᠤᠨ ᠤ ᠭᠤᠤᠯ ᠬᠠᠷᠢᠭᠤᠴᠠᠯᠭᠠᠳᠠᠨ ᠦᠪᠡᠷ ᠤᠨ ᠪᠡᠶ᠎ᠡ ᠪᠠᠷ ᠲᠡᠷᠢᠭᠦᠯᠦᠨ ᠭᠦᠢᠴᠡᠳᠭᠡᠵᠦ᠂ ᠠᠰᠠᠭᠤᠳᠠᠯ | ᠤᠨ ᠵᠠᠰᠠᠨ ᠴᠡᠭᠴᠡᠯᠡᠬᠦ ᠬᠦᠴᠦᠯᠡᠴᠡ ᠪᠠᠨ ᠦᠨᠡᠨᠬᠦ ᠴᠢᠩᠭᠠᠳᠬᠠᠨ᠂ ᠠᠰᠠᠭᠤᠳᠠᠯ ᠪᠦᠬᠦᠨ ᠢ ᠰᠠᠶᠢᠳᠤᠷ | ᠰᠢᠢᠳᠪᠦᠷᠢᠯᠡᠵᠦ᠂ ᠨᠢᠭᠡ ᠠᠰᠠᠭᠤᠳᠠᠯ ᠠᠴᠠ ᠤᠯᠠᠨ ᠲᠠᠯ᠎ᠠ ᠶᠢ ᠪᠤᠳᠤᠯᠬᠢᠯᠠᠨ᠂ ᠠᠮᠢ ᠠᠬᠤᠢ ᠤᠷᠴᠢᠨ ᠲᠤᠭᠤᠷᠢᠨ ᠢ | ᠬᠠᠮᠠᠭᠠᠯᠠᠬᠤ ᠠᠵᠢᠯ ᠢ ᠡᠬᠢ ᠡᠭᠦᠰᠦᠯ ᠠᠴᠠ ᠨᠢ ᠠᠳᠬᠤᠵᠦ᠂ ᠦᠨᠳᠦᠰᠦᠨ ᠠᠴᠠ ᠨᠢ ᠵᠠᠰᠠᠨ᠂ ᠪᠠᠶᠢᠩᠭᠤ ᠶᠢᠨ | ᠬᠠᠮᠢᠶᠤᠷᠤᠯᠳᠠ ᠶᠢᠨ ᠵᠤᠬᠢᠴᠠᠮᠵᠢ ᠶᠢ ᠪᠦᠷᠢᠨᠰᠢᠭᠦᠯᠵᠦ᠂ ᠠᠮᠢ ᠠᠬᠤᠢ ᠤᠷᠴᠢᠨ ᠲᠤᠭᠤᠷᠢᠨ ᠢ ᠱᠠᠯᠠᠪᠳᠠᠨ ᠬᠠᠮᠢᠶᠠᠷᠬᠤ | ᠪᠠ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠵᠠᠰᠠᠨ ᠴᠡᠭᠴᠡᠯᠡᠬᠦ ᠪᠠᠶᠢᠩᠭᠤ ᠶᠢᠨ ᠪᠠ ᠦᠷ᠎ᠡ | ᠪᠦᠳᠦᠮᠵᠢᠲᠠᠢ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠠᠢ ᠬᠡᠵᠦ ᠱᠠᠭᠠᠷᠳᠠᠭᠰᠠᠨ ᠪᠠᠶᠢᠨ᠎ᠡ᠃ | ᠡᠬᠦᠨ ᠤ ᠬᠠᠮᠲᠦ ᠾᠦᠸᠧ ᠵᠤᠤ ᠯᠢᠶᠠᠩ ᠲᠤᠭᠤᠷᠢᠨ ᠪᠠᠶᠢᠴᠠᠭᠠᠬᠤ ᠳᠠᠭᠠᠨ ᠠᠵᠦ ᠦᠢᠯᠡᠰ ᠢᠶᠠᠷ ᠶᠠᠳᠠᠭᠤ ᠶᠢ | ᠲᠡᠳᠭᠦᠭᠦ᠂ ᠮᠠᠯᠵᠢᠬᠤ ᠡᠷᠦᠬᠡ ᠪᠠ ᠠᠵᠦ ᠠᠬᠤᠶᠢᠯᠠᠯ ᠤᠨ ᠬᠠᠮᠳᠤᠷᠠᠯᠴᠠᠭᠠᠨ ᠤ ᠵᠤᠬᠢᠴᠠᠮᠵᠢ ᠶᠢ ᠪᠠᠶᠢᠭᠤᠯᠬᠤ ᠵᠡᠷᠭᠡ | ᠠᠵᠢᠯ ᠤᠨ ᠲᠦᠯᠬᠢᠨ ᠠᠬᠢᠭᠤᠯᠤᠭᠳᠠᠵᠦ ᠪᠠᠶᠢᠭ᠎ᠠ ᠪᠠᠶᠢᠳᠠᠯ ᠢ ᠪᠠᠶᠢᠴᠠᠭᠠᠨ ᠵᠢᠯᠤᠭᠤᠳᠪᠠ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠭᠦᠨ᠂ ᠠᠶᠢᠮᠠᠭ ᠤᠨ ᠲᠡᠳ᠋ ᠲᠠᠷᠤᠭ᠎ᠠ ᠶᠠᠩ ᠸᠧᠨ ᠱᠧᠩ᠂ ᠬᠤᠰᠢᠭᠤ | ᠨᠠᠮ ᠤᠨ ᠬᠤᠷᠢᠶᠠᠨ ᠤ ᠱᠦᠵᠢ ᠬᠠᠰᠪᠠᠶᠠᠷ᠂ ᠲᠡᠳ᠋ ᠱᠦᠵᠢ ᠸᠠᠩ ᠢᠤᠢ ᠴᠢ᠂ ᠬᠤᠰᠢᠭᠤ ᠨᠠᠮ ᠤᠨ ᠬᠤᠷᠢᠶᠠᠨ ᠤ | ᠬᠡᠰᠢᠭᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠲᠡᠳ᠋ ᠲᠠᠷᠤᠭ᠎ᠠ ᠸᠠᠩ ᠳ᠋ᠧ ᠪᠤᠯᠤᠨ ᠬᠠᠮᠢᠶ᠎ᠠ ᠪᠦᠬᠦᠢ | ᠪᠠᠶᠢᠭᠤᠯᠭ᠎ᠠ ᠶᠢᠨ ᠬᠠᠷᠢᠭᠤᠴᠠᠯᠭᠠᠳᠠᠨ ᠨᠡᠷ ᠱᠠᠯᠠᠪᠳᠠᠨ ᠪᠠᠶᠢᠴᠠᠭᠠᠯᠳᠠ ᠳᠤ ᠤᠷᠤᠯᠴᠠᠪᠠ᠃ |