ᠯᠢ ᠵᠢᠢ ᠾᠧᠩ ᠠᠪᠠᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠭᠠᠩ ᠬᠠᠭᠰᠠᠷᠭᠠᠨ ᠎ ᠲᠠᠢ ᠲᠡᠮᠡᠨᠴᠡᠨ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠠᠳᠬᠤᠵᠦ᠂《 ᠭᠤᠷᠪᠠᠨ ᠶᠡᠭᠡ  ᠪᠤᠭᠤᠮᠳᠠ ᠰᠢᠪᠳᠤᠯᠬᠤ ᠲᠠᠶᠢᠯᠠᠯᠳᠤᠭᠠᠨ 》᠎ ᠢ ᠬᠦᠨᠵᠡᠭᠡᠢ ᠲᠦᠯᠬᠢᠨ ᠠᠬᠢᠭᠤᠯᠬᠤ ᠬᠡᠷᠡᠭᠲᠠᠢ ᠬᠡᠵᠦ ᠱᠠᠭᠠᠷᠳᠠᠪᠠ᠃
ᠨᠡᠶᠢᠲᠡᠯᠡᠭᠰᠡᠨ ᠴᠠᠭ᠄
2018/7/4
    ᠯᠢ ᠵᠢᠢ ᠾᠧᠩ ᠠᠪᠠᠭ᠎ᠠ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠭᠠᠩ ᠬᠠᠭᠰᠠᠷᠭᠠᠨ ᠲᠠᠢ ᠲᠡᠮᠡᠨᠴᠡᠨ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠠᠳᠬᠤᠵᠦ᠂《 ᠭᠤᠷᠪᠠᠨ ᠶᠡᠭᠡ  ᠪᠤᠭᠤᠮᠳᠠ ᠰᠢᠪᠳᠤᠯᠬᠤ ᠲᠠᠶᠢᠯᠠᠯᠳᠤᠭᠠᠨ 》᠎ ᠢ ᠬᠦᠨᠵᠡᠭᠡᠢ ᠲᠦᠯᠬᠢᠨ ᠠᠬᠢᠭᠤᠯᠬᠤ ᠬᠡᠷᠡᠭᠲᠠᠢ ᠬᠡᠵᠦ ᠱᠠᠭᠠᠷᠳᠠᠪᠠ᠃     ᠤᠶᠢᠷ᠎ᠠ ᠶᠢᠨ ᠡᠳᠦᠷ ᠪᠤᠯᠳᠠᠯ᠎ᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ  ᠲᠠᠷᠢᠶᠠᠯᠠᠩ ᠮᠠᠯ ᠠᠵᠦ ᠠᠬᠤᠢ ᠶᠢᠨ ᠲᠢᠩᠭᠢᠮ᠂ ᠶᠠᠳᠠᠭᠤ ᠶᠢ ᠲᠡᠳᠭᠦᠭᠦ ᠠᠯᠪᠠᠨ ᠭᠡᠷ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠪᠠᠷ᠎ᠠ ᠪᠤᠯᠤᠯᠭ᠎ᠠ ᠪᠠᠷ ᠠᠪᠠᠭ᠎ᠠ ᠬᠤᠰᠢᠭᠤᠨ ᠳᠤ ᠬᠦᠨᠵᠡᠭᠡᠶᠢᠷᠡᠵᠦ ᠭᠠᠩ ᠬᠠᠭᠰᠠᠷᠭᠠᠨ ᠲᠠᠢ ᠲᠡᠮᠡᠴᠡᠵᠦ᠂ ᠭᠠᠮᠰᠢᠭ ᠎ ᠠᠴᠠ ᠠᠪᠤᠷᠠᠬᠤ ᠠᠵᠢᠯ ᠢ ᠵᠢᠭᠠᠨ ᠵᠢᠯᠤᠭᠤᠳᠴᠦ᠂《 ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ 》 ᠎ ᠤ ᠲᠦᠯᠬᠢᠨ ᠠᠬᠢᠭᠤᠯᠤᠭᠳᠠᠵᠦ ᠪᠠᠶᠢᠭ᠎ᠠ ᠪᠠᠶᠢᠳᠠᠯ ᠢ ᠱᠠᠯᠠᠪᠳᠠᠨ ᠪᠠᠶᠢᠴᠠᠭᠠᠪᠠ᠃    ᠡᠨᠡ ᠵᠢᠯ ᠰᠢᠯᠢᠩᠭᠤᠤᠯ ᠠᠶᠢᠮᠠᠭ ᠤᠨ ᠬᠡᠰᠡᠭ ᠭᠠᠵᠠᠷ ᠤᠷᠤᠨ ᠳᠤ ᠬᠦᠨᠲᠦ ᠨᠤᠴᠢᠳᠠᠢ ᠭᠠᠩ ᠭᠠᠮᠰᠢᠭ ᠪᠤᠯᠵᠦ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠪᠠᠳᠤᠯᠠᠭ᠎ᠠ ᠲᠠᠢ ᠡᠰᠡᠬᠦ᠂ ᠭᠠᠩ ᠢ ᠡᠰᠡᠷᠭᠦᠴᠡᠵᠦ ᠭᠠᠮᠰᠢᠭ ᠲᠠᠢ ᠲᠡᠮᠡᠴᠡᠬᠦ ᠠᠷᠭ᠎ᠠ ᠠᠪᠴᠡᠯ ᠤᠨ ᠭᠡᠷᠭᠢᠨ ᠲᠤᠤᠱᠯᠠᠭᠳᠠᠵᠦ ᠪᠠᠶᠢᠭ᠎ᠠ ᠪᠠᠶᠢᠳᠠᠯ ᠪᠤᠯ ᠯᠢ ᠵᠢᠢ ᠾᠧᠩ ᠱᠦᠵᠢ ᠶᠢᠨ ᠬᠠᠮᠤᠭ ᠠᠴᠠ ᠬᠠᠯᠠᠮᠵᠢᠯᠠᠵᠦ ᠪᠠᠶᠢᠭ᠎ᠠ ᠠᠰᠠᠭᠤᠳᠠᠯ ᠪᠤᠯᠤᠨ᠎ᠠ᠃ ᠲᠡᠷᠡ ᠬᠤᠩᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭᠠᠨ ᠤ ᠲᠢᠩ ᠪᠠᠭᠠᠲᠤᠷ᠂ ᠪᠡᠯᠭᠦᠲᠠᠢ ᠪᠠᠯᠭᠠᠰᠤᠨ ᠤ ᠠᠯᠲᠠᠩᠬᠠᠩᠭᠠᠢ ᠭᠠᠴᠠᠭᠠᠨ ᠤ ᠳ᠋᠊ ᠨᠠᠷᠡᠨᠴᠢᠮᠡᠭ ᠵᠡᠷᠭᠡ ᠡᠷᠦᠬᠡ ᠳᠤ ᠬᠦᠨᠵᠡᠭᠡᠶᠢᠷᠡᠨ ᠨᠤᠳᠤᠭ ᠪᠡᠯᠴᠢᠭᠡᠷ ᠤᠨ ᠭᠠᠩ ᠤᠨ ᠪᠠᠶᠢᠳᠠᠯ᠂ ᠡᠪᠡᠰᠦ ᠪᠤᠷᠳᠤᠭᠠᠨ ᠤ ᠤᠷᠭᠤᠴᠠ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠪᠠ ᠭᠠᠮᠰᠢᠭᠳᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠱᠠᠭᠠᠷᠳᠠᠭᠰᠠᠨ ᠨᠢ᠄ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠠᠮᠰᠢᠭ ᠲᠠᠢ ᠲᠡᠮᠡᠴᠡᠬᠦ ᠠᠵᠢᠯ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠢᠨᠵᠧᠨ᠋ᠷᠢᠭ ᠤᠨ ᠭᠤᠤᠯ ᠠᠵᠢᠯ ᠪᠤᠯᠭᠠᠨ ᠠᠳᠬᠤᠵᠦ᠂ ᠬᠦᠮᠦᠨ ᠤ ᠬᠦᠴᠦ᠂ ᠪᠤᠳᠠᠰ ᠤᠨ ᠬᠦᠴᠦ ᠢᠶᠠᠨ ᠲᠦᠪᠯᠡᠷᠡᠭᠦᠯᠦᠨ ᠭᠠᠮᠰᠢᠭ ᠠᠴᠠ ᠠᠪᠤᠷᠠᠬᠤ ᠪᠠᠳᠤᠯᠠᠭ᠎ᠠ ᠶᠢᠨ ᠬᠦᠴᠦᠯᠡᠴᠡ ᠪᠠᠨ ᠴᠢᠩᠭᠠᠳᠬᠠᠵᠦ᠂ ᠤᠯᠠᠨ ᠠᠷᠭ᠎ᠠ ᠠᠪᠴᠠᠯ ᠢᠶᠠᠷ ᠭᠠᠮᠰᠢᠭ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠠᠳᠬᠤᠬᠤ ᠬᠡᠷᠡᠭᠲᠠᠢ ᠭᠡᠪᠡ᠃ ᠤᠰᠤᠨ ᠠᠰᠢᠭᠯᠠᠯᠲᠠ ᠶᠢᠨ ᠪᠠᠶᠢᠭᠤᠯᠤᠯᠳᠠ ᠶᠢ ᠴᠢᠩᠭᠠᠳᠬᠠᠨ᠂ ᠴᠠᠭ ᠠᠭᠤᠷ ᠤᠨ ᠬᠢᠨᠠᠨ ᠬᠡᠮᠵᠢᠯᠲᠡ ᠤᠷᠢᠳᠴᠢᠯᠠᠨ ᠮᠡᠳᠡᠭᠦᠯᠦᠯᠲᠡ ᠶᠢ ᠰᠠᠶᠢᠳᠤᠷ ᠬᠢᠵᠦ᠂ ᠠᠰᠢᠭᠳᠠᠢ ᠴᠠᠭ ᠠᠭᠤᠷ ᠤᠨ ᠪᠠᠶᠢᠳᠠᠯ ᠲᠤᠤᠷ᠎ᠠ ᠬᠦᠮᠦᠨ ᠤ ᠬᠦᠴᠦ ᠪᠠᠷ ᠪᠤᠷᠤᠭ᠎ᠠ ᠤᠷᠤᠭᠤᠯᠤᠨ ᠬᠦᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠬᠤ ᠶᠢᠨ ᠲᠠᠭᠠᠤ᠂ ᠡᠪᠡᠰᠦ ᠪᠤᠷᠳᠤᠭ᠎ᠠ ᠵᠦᠭᠡᠭᠡᠪᠦᠷᠢᠯᠡᠬᠦ ᠪᠠ ᠬᠠᠳᠠᠭᠠᠯᠠᠬᠤ ᠠᠵᠢᠯ ᠢ ᠴᠠᠭ ᠢ ᠠᠮᠵᠢᠨ ᠵᠤᠬᠢᠶᠠᠨ ᠪᠠᠶᠢᠭᠤᠯᠵᠦ᠂ ᠮᠠᠯᠴᠢᠨ ᠲᠦᠮᠡᠨ ᠤ ᠬᠤᠨᠢ ᠮᠠᠯ ᠳᠠᠭᠠᠨ ᠪᠤᠷᠳᠤᠭᠤᠷ ᠨᠦᠬᠦᠪᠦᠷᠢᠯᠡᠨ᠂ ᠲᠠᠷᠭᠤ ᠶᠢ ᠪᠠᠳᠤᠯᠠᠬᠤ ᠠᠵᠢᠯ ᠢ ᠴᠢᠩᠭ᠎ᠠ ᠠᠳᠬᠤᠵᠦ᠂ ᠮᠠᠯ ᠢᠶᠠᠨ ᠡᠷᠳᠡ ᠭᠠᠷᠭᠠᠨ᠂ ᠲᠦᠷᠭᠡᠨ ᠭᠠᠷᠭᠠᠨ᠂ ᠤᠯᠠᠨ ᠭᠠᠷᠭᠠᠵᠦ ᠭᠠᠮᠰᠢᠭ ᠤᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠲᠠᠢ ᠬᠡᠪᠡ᠃ ᠲᠡᠷᠡ ᠲᠤᠬᠠᠢ ᠶᠢᠨ ᠲᠠᠯᠠᠪᠠᠢ ᠶᠢᠨ ᠺᠠᠳ᠋ᠷ ᠠᠵᠢᠯᠳᠠᠨ ᠢ ᠱᠠᠭᠠᠷᠳᠠᠬᠤ ᠳᠠᠭᠠᠨ᠄ ᠭᠠᠮᠰᠢᠭᠳᠠᠭᠰᠠᠨ ᠶᠠᠳᠠᠭᠤ ᠬᠦᠴᠢᠷᠳᠡᠯᠳᠠᠢ ᠤᠯᠠᠨ ᠲᠦᠮᠡᠨ ᠢ ᠲᠡᠮᠵᠢᠬᠦ ᠬᠦᠴᠦᠯᠡᠴᠡ ᠪᠠᠨ ᠨᠡᠮᠡᠭᠳᠡᠭᠦᠯᠵᠦ᠂ ᠲᠡᠳᠡᠨᠤᠰ ᠢ ᠬᠠᠪᠰᠤᠷᠤᠨ ᠭᠠᠩ ᠭᠠᠮᠰᠢᠭ ᠢ ᠢᠯᠠᠨ ᠲᠠᠪᠠᠭ᠋ᠤ ᠬᠡᠷᠡᠭᠲᠠᠢ ᠬᠡᠵᠠᠢ᠃     ᠯᠢ ᠵᠢᠢ ᠾᠧᠩ ᠠᠪᠠᠭ᠎ᠠ ᠬᠤᠰᠢᠭᠤᠨ ᠤ ᠲᠤᠯᠤᠭᠤᠶᠢᠯᠠᠭᠴᠢ ᠠᠵᠦ ᠠᠬᠤᠶᠢᠯᠠᠯ ᠡᠷᠳᠡᠨᠢ ᠺᠤᠮᠫᠠᠨᠢ ᠳᠤ ᠬᠦᠨᠵᠡᠭᠡᠶᠢᠷᠡᠬᠦ ᠳᠡᠭᠡᠨ ᠲᠡᠳᠡᠨ ᠤ ᠮᠠᠯᠴᠢᠨ ᠲᠦᠮᠡᠨ ᠢ ᠲᠠᠭᠠᠭᠤᠯᠤᠨ ᠤᠷᠤᠯᠭ᠎ᠠ ᠨᠡᠮᠡᠭᠳᠡᠭᠦᠯᠵᠦ ᠪᠠᠶᠢᠭ᠎ᠠ ᠪᠠᠶᠢᠳᠠᠯ ᠢ ᠤᠶᠢᠯᠭᠠᠭᠰᠠᠨ ᠤ ᠲᠠᠷᠠᠭ᠎ᠠ ᠠᠵᠦ ᠦᠢᠯᠡᠰ ᠤᠨ ᠬᠦᠭᠵᠢᠯᠲᠡ ᠶᠢ ᠬᠦᠨᠵᠡᠭᠡᠢ ᠦᠷᠨᠢᠭᠦᠯᠵᠦ᠂ ᠤᠷᠤᠯᠭ᠎ᠠ ᠶᠢ ᠨᠡᠮᠡᠭᠳᠡᠭᠦᠯᠬᠦ ᠵᠠᠮ ᠶᠢ ᠤᠯᠠᠮ ᠨᠢᠭᠡ ᠠᠯᠬᠤᠮ ᠦᠷᠭᠡᠳᠭᠡᠨ᠂ ᠠᠰᠢᠭ ᠲᠤᠰᠠ ᠶᠢᠨ ᠬᠠᠮᠳᠤᠷᠠᠯᠴᠠᠭᠠᠨ ᠤ ᠵᠤᠬᠢᠴᠠᠮᠵᠢ ᠎ ᠶᠢ ᠲᠡᠭᠦᠯᠳᠡᠷᠵᠢᠭᠦᠯᠵᠦ᠂ ᠮᠠᠯᠴᠢᠨ ᠲᠦᠮᠡᠨ ᠤ ᠤᠷᠤᠯᠭ᠎ᠠ ᠶᠢᠨ ᠨᠡᠮᠡᠭᠳᠡᠯ ᠢ ᠢᠳᠡᠪᠬᠢᠳᠠᠢ ᠠᠬᠢᠭᠤᠯᠬᠤ ᠬᠡᠷᠡᠭᠲᠠᠢ ᠭᠡᠪᠡ     ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠯᠢ ᠵᠢᠢ ᠾᠧᠩ ᠰᠠᠭᠤᠳᠠᠯ ᠤᠨ ᠬᠤᠷᠠᠯ ᠬᠤᠷᠠᠯᠳᠤᠭᠤᠯᠵᠦ ᠂《 ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ 》᠂ ᠠᠵᠦ ᠠᠬᠤᠢ ᠶᠢ ᠦᠨᠳᠦᠷ ᠦᠷ᠎ᠡ ᠠᠰᠢᠭᠳᠠᠢ ᠬᠦᠭᠵᠢᠭᠦᠯᠭᠦ ᠶᠢ ᠲᠦᠯᠬᠢᠨ ᠠᠬᠢᠭᠤᠯᠬᠤ ᠰᠡᠳᠬᠢᠴᠡ ᠠᠷᠭ᠎ᠠ ᠠᠪᠴᠡᠯ ᠢ ᠰᠤᠯᠢᠯᠴᠡᠬᠤ ᠳᠠᠭᠠᠨ ᠱᠠᠭᠠᠷᠳᠠᠭᠰᠠᠨ ᠨᠢ ᠮᠠᠯᠵᠢᠬᠤ ᠤᠷᠤᠨ ᠤ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠰᠠᠶᠢᠳᠤᠷ ᠦᠷᠨᠢᠭᠦᠯᠬᠦ ᠨᠢ ᠤᠨᠴᠠᠭᠠᠢ ᠬᠦᠨᠳᠦ ᠴᠢᠬᠤᠯᠠ ᠠᠴᠢ ᠬᠤᠯᠪᠤᠭᠳᠠᠯ ᠲᠠᠢ ᠶᠤᠮ᠂ ᠤᠳᠤ ᠪᠠᠶᠢᠭ᠎ᠠ ᠶᠠᠳᠠᠭᠤ ᠬᠦᠴᠢᠷᠳᠡᠯᠳᠠᠢ ᠬᠦᠮᠦᠨ ᠠᠮᠠ ᠶᠢ ᠲᠤᠭᠳᠠᠪᠦᠷᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠬᠦᠴᠦᠨ ᠢᠶᠠᠷ ᠠᠳᠬᠤᠵᠦ᠂ ᠶᠠᠳᠠᠭᠤ ᠎ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠪᠠᠳᠤᠳᠬᠠᠨ᠂ ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠨᠰᠠᠭ᠎ᠠ ᠎ ᠶᠢ ᠲᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠠᠢ᠃ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠰᠡᠷᠭᠦᠯᠳᠡ ᠳᠤ ᠬᠦᠴᠦ ᠎ ᠪᠠᠨ ᠡᠷᠭᠦᠬᠦ ᠬᠡᠷᠡᠭᠲᠠᠢ᠃ ᠲᠦᠪ ᠤᠨ ᠤᠷᠴᠢᠨ ᠲᠤᠭᠤᠷᠢᠨ ᠢ ᠬᠠᠮᠠᠭᠠᠯᠠᠬᠤ ᠱᠠᠯᠠᠪᠳᠠᠨ ᠪᠠᠶᠢᠴᠠᠭᠠᠬᠤ ᠲᠤᠭᠤᠶᠢᠯᠠᠩ ᠎ ᠤᠨ ᠱᠠᠭᠠᠷᠳᠠᠯᠭ᠎ᠠ ᠶᠢ ᠡᠷᠡᠰ ᠰᠢᠭᠤᠷᠬᠠᠢ ᠲᠤᠤᠱᠯᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠠᠯ᠎ᠠ ᠳᠤ ᠤᠷᠤᠰᠢᠵᠦ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠵᠠᠰᠠᠨ ᠴᠡᠭᠴᠡᠯᠡᠬᠦ ᠬᠡᠷᠡᠭᠲᠠᠢ᠃  ᠦᠷᠢ ᠦᠭᠴᠡᠭᠡᠨ ᠎ ᠤ ᠬᠠᠮᠤᠭ ᠲᠤᠤᠷ᠎ᠠ ᠱᠤᠭᠤᠮ ᠢ ᠪᠠᠲᠦ ᠰᠠᠬᠢᠵᠦ᠂ ᠭᠤᠤᠯᠳᠠᠯᠭ᠎ᠠ ᠪᠠᠨ ᠲᠤᠪᠤᠶᠢᠯᠭᠠᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠦᠷᠢᠯᠡᠬᠦ ᠠᠵᠢᠯ ᠢ ᠠᠯᠬᠤᠮ ᠲᠠᠷᠠᠭ᠎ᠠ ᠲᠠᠢ ᠰᠠᠶᠢᠳᠤᠷ ᠬᠢᠬᠦ ᠬᠡᠷᠡᠭᠲᠠᠢ᠃ ᠮᠠᠯᠵᠢᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠶᠢᠨ ᠠᠰᠠᠭᠤᠳᠠᠯ ᠢ ᠰᠠᠶᠢᠳᠤᠷ ᠴᠡᠭᠴᠡᠯᠡᠵᠦ ᠤᠯᠠᠨ ᠠᠷᠭ᠎ᠠ ᠬᠡᠮᠵᠢᠶ᠎ᠡ ᠪᠠᠷ ᠲᠤᠶᠢᠯᠪᠤᠷᠢᠳᠠᠢ ᠰᠢᠢᠳᠪᠦᠷᠢᠯᠡᠬᠦ ᠬᠡᠷᠡᠭᠲᠠᠢ᠃ ᠤᠳᠤᠬᠢᠴᠢᠯᠠᠭᠰᠠᠨ ᠮᠠᠯ ᠠᠵᠦ ᠠᠬᠤᠢ ᠪᠠ ᠰᠤᠶᠤᠯ ᠵᠢᠭᠤᠴᠢᠯᠠᠯ ᠤᠨ ᠦᠢᠯᠡᠰ ᠢ ᠬᠦᠭᠵᠢᠭᠦᠯᠵᠦ᠂ ᠪᠤᠬᠢᠷᠳᠤᠯ ᠦᠭᠡᠢ ᠭᠦᠭᠵᠢᠯᠲᠡ ᠶᠢᠨ ᠱᠠᠭᠠᠷᠳᠠᠯᠭ᠎ᠠ ᠶᠤᠰᠤᠭᠠᠷ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ ᠶᠢ ᠲᠦᠯᠬᠢᠨ ᠠᠬᠢᠭᠤᠯᠵᠦ᠂ ᠲᠤᠬᠠᠢ ᠶᠢᠨ ᠭᠠᠵᠠᠷ ᠤᠷᠤᠨ ᠤ ᠬᠦᠭᠵᠢᠯᠲᠡ ᠳᠤ ᠲᠤᠬᠢᠷᠠᠬᠤ ᠰᠢᠨ᠎ᠡ ᠠᠵᠦ ᠦᠢᠯᠡᠳᠪᠦᠷᠢ ᠰᠢᠨ᠎ᠡ ᠠᠵᠦ ᠠᠬᠤᠶᠢᠯᠡᠯ ᠤᠨ ᠰᠢᠨ᠎ᠡ ᠬᠡᠪ ᠵᠠᠭᠪᠤᠷ ᠢ ᠢᠳᠡᠪᠬᠢᠳᠠᠢ ᠤᠷᠢᠨ ᠠᠪᠴᠢᠷᠠᠵᠦ᠂ ᠮᠠᠯᠵᠢᠬᠤ ᠤᠷᠤᠨ ᠤ ᠠᠵᠦ ᠠᠬᠤᠢ  ᠎ ᠶᠢᠨ ᠴᠢᠨᠠᠷ ᠴᠢᠨᠰᠠᠭ᠎ᠠ ᠲᠠᠢ ᠭᠦᠭᠵᠢᠯᠲᠡ ᠶᠢᠨ ᠵᠠᠮ ᠢ  ᠬᠠᠶᠢᠨ ᠰᠦᠪᠡᠭᠴᠢᠯᠡᠬᠦ ᠬᠡᠷᠡᠭᠲᠠᠢ ᠬᠡᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号