ᠠᠪᠠᠭ᠎ᠠ ᠵᠠᠰᠠᠭ ᠠᠯᠪᠠᠨ ᠲᠠᠷᠬᠠᠭᠠᠭᠰᠡᠨ ﹇2019﹈ 14 ᠳ᠋ᠤᠬᠡᠷ ᠲᠤᠭᠠᠳᠤ | ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ | ᠶᠢᠨ ᠬᠡᠰᠢᠬᠦᠳ ᠤᠨ ᠬᠢᠷᠢ ᠬᠡᠮ ᠢ ᠨᠣᠳᠠᠯᠠᠨ ᠲᠣᠭᠳᠠᠭᠠᠬᠤ ᠠᠵᠢᠯ ᠤᠨ ᠵᠢᠯᠤᠭᠤᠳᠬᠤ ᠰᠠᠨᠠᠯ︾ ᠢ ᠲᠠᠷᠤᠮᠠᠯᠯᠠᠨ | ᠲᠠᠷᠬᠠᠭᠠᠬᠤ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ | ᠡᠯ᠎ᠠ ᠰᠤᠮᠤ ᠪᠠᠯᠭᠠᠰᠤᠨ ︵ᠲᠤᠭᠤᠷᠢᠭ︶ ᠤ ᠵᠠᠰᠠᠭ ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶ ᠳᠤ᠄ | ᠮᠠᠨ ᠤ ᠬᠤᠰᠢᠭᠤᠨ ᠤ ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠦᠮᠴᠢᠯᠡᠯ ᠤᠨ ᠡᠷᠬᠡ ᠶᠢᠨ ᠲᠦᠷᠢᠮ | ᠤᠨ ᠦᠬᠡᠷᠡᠴᠢᠯᠡᠯᠳᠡ ᠶᠢᠨ ᠠᠵᠢᠯ ᠢ ᠯᠠᠪᠳᠠᠭᠤᠨ ᠪᠠᠳᠤᠳᠡᠢ ᠲᠦᠯᠬᠢᠨ ᠠᠬᠢᠭᠤᠯᠵᠤ᠂ ᠮᠠᠯᠵᠢᠬᠤ ᠤᠷᠤᠨ ᠤ ᠬᠠᠮᠳᠤ | ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠢ ᠨᠣᠳᠠᠯᠠᠨ ᠲᠤᠭᠳᠠᠭᠠᠬᠤ ᠠᠵᠢᠯ ᠢ ᠦᠨᠡᠡᠬᠦ | ᠰᠠᠶᠢᠳᠤᠷ ᠬᠢᠬᠦ ᠶᠢᠨ ᠲᠤᠰᠠᠳᠠ ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠬᠡᠰᠢᠬᠦᠳ ᠢ ᠨᠣᠳᠠᠯᠠᠨ ᠲᠣᠭᠳᠠᠭᠠᠬᠤ ᠠᠵᠢᠯ ᠤᠨ ᠵᠢᠯᠤᠭᠤᠳᠬᠤ ᠰᠠᠨᠠᠯ︾ ᠢ | ᠰᠤᠳᠤᠯᠤᠨ ᠶᠠᠷᠢᠯᠴᠠᠵᠤ ᠤᠳᠤ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠡᠢ ᠲᠠᠢ ᠪᠠᠨ ᠤᠶᠠᠯᠳᠤᠭᠤᠯᠤᠨ ᠨᠠᠷᠢᠨ | ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠤᠬᠡᠷᠡᠢ︕ | ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ | 2019 ᠤᠨ ᠤ 5 ᠰᠠᠷ᠎ᠠ ᠶᠢᠨ 8 ᠤ ᠡᠳᠤᠷ | ᠠᠪᠠᠭ᠎ᠠ ᠬᠤᠰᠢᠭᠤᠨ ᠤ ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠡᠰᠢᠬᠦᠳ ᠤᠨ ᠬᠢᠷᠢ ᠬᠡᠮ ᠢ ᠨᠣᠳᠠᠯᠠᠨ ᠲᠣᠭᠳᠠᠭᠠᠬᠤ ᠠᠵᠢᠯ ᠤᠨ ᠵᠢᠯᠤᠭᠤᠳᠬᠤ ᠰᠠᠨᠠᠯ | ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ | ᠨᠤᠳᠠᠯᠠᠬᠤ ᠪᠤᠯ ᠮᠠᠯᠴᠢᠳ ᠤᠨ ᠬᠤᠪᠢ ᠤᠷᠤᠭᠤᠯᠵᠤ ᠬᠤᠷᠰᠢᠬᠤ ᠶᠢ ᠢᠳᠡᠪᠬᠢᠳᠡᠢ ᠬᠦᠭᠵᠢᠬᠦᠯᠵᠤ᠂ ᠮᠠᠯᠴᠢᠳ ᠲᠤ | ᠬᠠᠮᠳᠤ ᠶᠢᠨ ᠬᠦᠷᠤᠩᠬᠡ ᠶᠢᠨ ᠬᠤᠪᠢᠴᠠᠭ᠎ᠠ ᠶᠢ ᠤᠯᠭᠤᠬᠤ ᠰᠠᠭᠤᠷᠢᠯᠠᠭᠴᠢ ᠴᠢᠨᠠᠷᠳᠡᠢ ᠠᠵᠢᠯ ᠪᠤᠯᠤᠨ᠎ᠠ᠃ ︽ | ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠲᠤᠰᠬᠤᠨ ᠤ ᠵᠦᠪᠯᠡᠯ ᠤᠨ ᠵᠤᠬᠢᠶᠠᠨ ᠪᠠᠶᠢᠭᠤᠯᠤᠯᠳᠠ ᠶᠢᠨ | ᠬᠠᠤᠯᠢ︾᠂ ︽ᠬᠦᠳᠡᠭᠡ ᠲᠤᠰᠬᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ | ᠶᠢᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ | ᠬᠤᠷᠢᠶᠠᠨ ᠤ ᠰᠠᠨᠠᠯ︾ ᠵᠡᠷᠬᠡ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠪᠠ ᠮᠠᠲ᠋ᠧᠷᠢᠶᠠᠯ ᠬᠠᠤᠯᠢ ᠲᠦᠷᠢᠮ ᠤᠨ | ᠵᠤᠷᠢᠭ ᠰᠠᠨᠠᠭ᠎ᠠ ᠶᠢ ᠦᠡᠳᠤᠰᠤᠯᠠᠨ᠂ ᠮᠠᠨ ᠤ ᠬᠤᠰᠢᠭᠤᠨ ᠤ ᠬᠢ ᠪᠠᠨ ᠪᠤᠳᠠᠳᠡᠢ ᠲᠠᠢ ᠤᠶᠠᠯᠳᠤᠭᠤᠯᠵᠤ᠂ ᠤᠳᠤ | ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠤᠨ ᠬᠡᠰᠢᠬᠦᠳ ᠤᠨ ᠬᠢᠷᠢ ᠬᠡᠮ ᠢ | ᠲᠤᠭᠳᠠᠭᠠᠬᠤ ᠠᠵᠢᠯ ᠳᠤ ᠲᠤᠤᠷᠡᠬᠢ ᠮᠠᠳᠤ ᠵᠢᠯᠤᠭᠤᠳᠬᠤ ᠰᠠᠨᠠᠯ ᠲᠤᠷᠡᠳᠤᠪᠠ᠃ | ᠨᠢᠬᠡ᠂ ᠨᠣᠳᠠᠯᠠᠨ ᠲᠣᠭᠳᠠᠭᠠᠬᠤ ᠵᠠᠷᠴᠢᠮ | ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ | ᠨᠣᠳᠠᠯᠠᠨ ᠲᠣᠭᠳᠠᠭᠠᠬᠤ ᠳᠤ ᠭᠠᠴᠠᠭᠠᠨ ᠳᠤ ᠡᠷᠤᠬᠡ ᠠᠮᠠ ᠶᠢᠨ ᠲᠠᠩᠰᠨ ᠪᠠᠶᠢᠬᠤ ᠡᠰᠡᠬᠦ ᠪᠠᠷ ᠰᠠᠭᠤᠷᠢ ᠪᠤᠯᠭᠠᠨ᠂ | ᠬᠠᠤᠯᠢ ᠴᠠᠭᠠᠵᠠ ᠪᠠ ᠲᠦᠷᠤ ᠶᠢᠨ ᠪᠤᠳᠤᠯᠭ᠎ᠠ ᠶᠢᠨ ᠵᠠᠷᠴᠢᠮ᠂ ᠤᠯᠠᠨ ᠲᠦᠮᠡᠨ ᠤ ᠰᠠᠨᠠᠯ ᠪᠠ ᠠᠷᠡᠳᠴᠢᠯᠠᠯᠳᠤ | ᠰᠢᠢᠳᠪᠤᠷᠢ ᠶᠢᠨ ᠵᠠᠷᠴᠢᠮ᠂ ᠲᠡᠤᠬᠡ ᠶᠢ ᠬᠦᠡᠳᠤᠳᠬᠡᠬᠦ ᠪᠠ ᠪᠤᠳᠠᠳᠡᠢ ᠪᠠᠶᠢᠳᠠᠯ ᠢ ᠬᠠᠷᠠᠭᠠᠯᠵᠠᠬᠤ ᠵᠠᠷᠴᠢᠮ᠂ ᠢᠯᠠ | ᠲᠤᠳᠤ ᠲᠦᠪ ᠭᠤᠤᠯᠴᠢ ᠲᠦᠷᠢᠮᠵᠢᠯ ᠲᠠᠢ ᠪᠠᠶᠢᠬᠤ ᠵᠠᠷᠴᠢᠮ᠂ ᠲᠤᠭᠳᠠᠭᠤᠨ ᠢ ᠬᠠᠮᠠᠭᠠᠯᠠᠬᠤ ᠵᠠᠷᠴᠢᠮ᠂ ᠤᠯᠠᠨ | ᠲᠦᠮᠡᠨ ᠳᠤ ᠵᠦᠪᠰᠢᠶᠠᠷᠡᠭᠳᠡᠭᠰᠡᠨ ᠵᠠᠷᠴᠢᠮ ᠢ ᠪᠠᠷᠢᠮᠳᠠᠯᠠᠨ᠂ ᠮᠠᠯᠴᠢᠳ ᠤᠨ ᠦᠪᠡᠷ ᠢ ᠪᠠᠨ ᠵᠠᠰᠠᠬᠤ ᠠᠷᠭ᠎ᠠ ᠮᠠᠶ᠋ᠢᠭ ᠢ | ᠴᠢᠬᠤᠯᠠᠴᠢᠯᠠᠬᠤ ᠪᠠᠷ ᠲᠠᠮᠵᠢᠨ ᠠᠵᠢᠯ ᠤᠨ ᠲᠤᠮᠳᠠᠬᠢ ᠬᠦᠴᠢᠷᠳᠡᠯ ᠲᠠᠢ ᠠᠰᠠᠭᠤᠳᠠᠯ ᠢ ᠰᠢᠢᠳᠪᠤᠷᠢᠯᠡᠨ᠂ ᠬᠠᠮᠳᠤ | ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠵᠢᠴᠢ ᠬᠡᠰᠢᠬᠦᠳ ᠤᠨ ᠬᠠᠤᠯᠢ ᠶᠤᠰᠤᠨ ᠤ ᠡᠷᠬᠡ ᠠᠰᠢᠭ ᠢ | ᠦᠨᠡᠡᠬᠦ ᠪᠠᠳᠤᠯᠠᠨ᠂ ᠦᠬᠡᠷᠡᠴᠢᠯᠡᠯᠳᠡ ᠶᠢᠨ ᠠᠵᠢᠯ ᠢ ᠢᠯᠭᠤᠮ ᠤᠷᠤᠭᠰᠢᠳᠡᠢ ᠠᠬᠢᠭᠤᠯᠬᠤ ᠶᠢ ᠪᠠᠳᠤᠯᠠᠨ᠎ᠠ᠃ | ᠬᠤᠶᠡᠷ᠂ ᠨᠣᠳᠠᠯᠠᠨ ᠲᠣᠭᠳᠠᠭᠠᠬᠤ ᠨᠦᠬᠦᠴᠠᠯ | ︵ᠨᠢᠬᠡ︶ ᠲᠤᠤᠷᠡᠬᠢ ᠨᠦᠬᠦᠴᠠᠯ ᠤᠨ ᠨᠢᠬᠡ ᠳᠤ ᠨᠡᠶᠢᠴᠡᠭᠰᠡᠨ ᠤ ᠬᠠᠮᠳᠤ ᠦᠪᠡᠷ ᠤᠨ ᠬᠠᠷᠠᠭᠠᠯᠵᠠᠭᠰᠡᠨ ᠡᠬᠦᠷᠬᠡ | ᠬᠠᠷᠢᠭᠤᠴᠠᠯᠭ᠎ᠠ ᠪᠠᠨ ᠪᠠᠶᠠᠯᠡᠬᠦᠯᠦᠭᠰᠡᠨ ᠬᠦᠮᠦᠰ ᠢ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠡᠰᠢᠬᠦᠨ ᠢᠶᠠᠷ ᠨᠤᠳᠠᠯᠠᠨ᠎ᠠ᠃ | ⒈ ᠨᠢᠬᠡᠳᠤᠬᠡᠷ ᠤᠳᠠᠭᠠᠨ ᠤ ᠨᠤᠳᠤᠭ ᠪᠠᠯᠴᠢᠬᠡᠷ ᠲᠠᠭᠠᠭᠠᠴᠢᠯᠠᠭᠤᠯᠬᠤ ᠪᠠ ᠬᠤᠶᠠᠳᠤᠭᠠᠷ ᠤᠳᠠᠭᠠᠨ ᠤ ᠨᠤᠳᠤᠭ | ᠪᠠᠯᠴᠢᠬᠡᠷ ᠲᠠᠭᠠᠭᠠᠴᠢᠯᠠᠭᠤᠯᠬᠤ ᠦᠶ᠎ᠠ ᠳᠤ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠨᠤᠳᠤᠭ ᠪᠠᠯᠴᠢᠬᠡᠷ ᠤᠨ ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠲᠠᠢ ᠡᠷᠤᠬᠡ ᠠᠮᠠ ᠨᠢ ᠲᠤᠰ ᠭᠠᠴᠠᠭᠠᠨ ᠳᠤ | ᠪᠠᠶᠢᠭ᠎ᠠ ᠬᠡᠷ ᠪᠦᠯᠢ ᠶᠢᠨ ᠪᠦᠷᠢᠯᠳᠤᠬᠦᠨ︔ | ⒉ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠨᠤᠳᠤᠭ ᠪᠠᠯᠴᠢᠬᠡᠷ ᠤᠨ | ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠲᠠᠢ ᠬᠡᠷ ᠪᠦᠯᠢ ᠶᠢᠨ ᠪᠦᠷᠢᠯᠳᠤᠬᠦᠨ ᠤ ᠡᠷᠦᠬᠡ ᠠᠮᠨ ᠨᠢ ᠭᠠᠴᠠᠭᠠᠨ ᠲᠤ | ᠪᠠᠨ ᠪᠠᠶᠢᠭ᠎ᠠ ᠦᠷ᠎ᠠ ᠬᠡᠤᠬᠡᠳ︔ | ⒊ᠬᠠᠤᠯᠢ ᠶᠤᠰᠤᠨ ᠤ ᠭᠠᠷ ᠬᠦᠢᠴᠡᠳᠬᠡᠯ ᠲᠠᠢ ᠠᠮᠠ ᠡᠷᠤᠬᠡ ᠨᠢ ᠲᠤᠰ ᠭᠠᠴᠠᠭᠠᠨ ᠳᠤ ᠤᠷᠤᠭᠰᠡᠨ ᠲᠤᠰ | ᠭᠠᠴᠠᠭᠠᠨ ᠤ ᠮᠠᠯᠴᠢᠨ ᠤ ᠡᠷᠬᠦᠮᠠᠯ ᠬᠡᠤᠬᠡᠳ︔ | ⒋ ᠠᠮᠠ ᠡᠷᠤᠬᠡ ᠨᠢ ᠲᠤᠰ ᠭᠠᠴᠠᠭᠠᠨ ᠳᠤ ᠪᠠᠶᠢᠬᠤ ᠮᠦᠷᠳᠡᠬᠡᠨ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ ᠨᠤᠳᠠᠯᠠᠬᠤ ᠶᠡᠭᠡ ᠬᠤᠷᠡᠯ ᠤᠨ ᠭᠤᠷᠪᠡᠨ ᠤ ᠬᠤᠶᠡᠷ ᠠᠴᠠ | ᠲᠡᠬᠡᠭᠰᠢ ᠬᠡᠰᠢᠬᠦᠳ ᠵᠦᠪᠰᠢᠶᠠᠷᠡᠨ ᠪᠠᠳᠤᠯᠠᠭᠰᠡᠨ ᠪᠣᠰᠣᠳ ᠬᠦᠮᠤᠰ ᠪᠠᠭᠳᠠᠨ᠎ᠠ᠃ | ︵ᠬᠤᠶᠡᠷ︶ ᠲᠤᠤᠷᠡᠬᠢ ᠬᠦᠮᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠲᠤ | ᠪᠠᠭᠳᠠᠬᠤ ᠦᠬᠡᠢ᠃ | ⒈ ᠠᠮᠠ ᠡᠷᠤᠬᠡ ᠪᠠᠨ ᠬᠡᠳᠤᠶᠢᠪᠡᠷ ᠰᠢᠯᠵᠢᠬᠦᠯᠦᠭᠰᠡᠨ ᠦᠬᠡᠢ ᠪᠤᠯᠪᠠᠴᠤ ᠬᠦᠮᠤᠨ ᠤ ᠬᠦᠴᠤᠨ ᠤ ᠡᠬᠢ ᠪᠠᠶᠠᠯᠢᠭ ᠪᠠ | ᠨᠠᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠲᠤ ᠠᠵᠢᠯᠳᠠᠨ ᠡᠯᠰᠠᠨ ᠬᠡᠷᠡᠭᠯᠡᠬᠦ ᠭᠠᠷᠳᠠᠮ ᠬᠦᠴᠡᠳᠬᠡᠬᠡᠳ ᠡᠳ᠋ | ᠤᠨ ᠵᠠᠰᠠᠭ ᠤᠨ ᠬᠦᠯᠤᠰᠤ ᠤᠯᠭᠤᠮᠵᠢ ᠬᠦᠷᠳᠡᠨ᠂ ᠲᠤᠭᠳᠠᠭᠰᠡᠨ ᠠᠮᠢᠳᠤᠷᠡᠯ ᠤᠨ ᠪᠠᠳᠤᠯᠠᠭ᠎ᠠ ᠲᠠᠢ ᠪᠤᠯᠤᠭᠰᠡᠨ | ᠬᠦᠮᠤᠰ︔ | ⒉ ᠭᠠᠴᠠᠭᠠᠨ ᠳᠤ ᠪᠠᠨ ᠪᠤᠴᠠᠭᠰᠡᠨ ᠠᠵᠢᠯ ᠠᠴᠠ ᠪᠠᠨ ᠠᠮᠠᠷᠠᠵᠤ᠂ ᠠᠵᠢᠯ ᠠᠴᠠ ᠪᠠᠨ ᠪᠠᠭᠤᠭᠰᠡᠨ ᠴᠠᠯᠢᠩ | ᠤᠯᠭᠤᠮᠵᠢ ᠬᠦᠷᠳᠡᠵᠤ ᠪᠠᠶᠢᠭ᠎ᠠ ᠬᠦᠮᠤᠰ︔ | ⒊ ᠰᠤᠷᠭᠠᠭᠤᠯᠢ ᠳᠤ ᠰᠠᠭᠤᠬᠤ᠂ ᠰᠠᠳᠤᠨ ᠲᠦᠷᠤᠯ ᠢᠶᠠᠨ ᠲᠦᠰᠢᠬᠦ ᠵᠡᠷᠬᠡ ᠰᠢᠯᠳᠠᠭᠠᠨ ᠠᠴᠠ ᠪᠤᠯᠵᠤ ᠠᠮᠠ ᠡᠷᠤᠬᠡ | ᠪᠠᠨ ᠲᠤᠰ ᠭᠠᠴᠠᠭᠠᠨ ᠳᠤ ᠰᠢᠯᠵᠢᠬᠦᠯᠦᠭᠰᠡᠨ ᠬᠦᠮᠤᠰ ᠵᠢᠴᠢ ᠲᠠᠳᠠᠨ ᠤ ᠦᠷ᠎ᠠ ᠬᠡᠣᠬᠡᠳ︔ | ⒋ ᠬᠡᠰᠢᠬᠦᠨ ᠤ ᠬᠢᠷᠢ ᠬᠡᠮ ᠲᠠᠢ ᠪᠠᠷ ᠲᠤᠭᠳᠠᠭᠠᠵᠤ ᠲᠠᠶᠢᠯᠬᠦ ᠦᠬᠡᠢ ᠪᠤᠰᠤᠳ ᠬᠦᠮᠤᠰ ᠨᠢ ᠬᠠᠮᠳᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ ᠲᠤᠭᠳᠠᠭᠠᠬᠤ ᠶᠡᠭᠡ ᠬᠤᠷᠡᠯ ᠢᠶᠠᠷ | ᠲᠠᠮᠵᠢᠭᠠᠳ ᠭᠤᠷᠪᠡᠨ ᠤ ᠬᠤᠶᠠᠷ ᠠᠴᠠ ᠲᠡᠬᠡᠭᠰᠢ ᠬᠦᠮᠤᠨ ᠤ ᠵᠦᠪᠰᠢᠶᠠᠷᠡᠯ ᠢ ᠤᠯᠵᠤ ᠲᠠᠶᠢᠯᠦᠭᠰᠡᠨ ᠦᠬᠡᠢ ᠬᠦᠮᠤᠰ | ᠵᠡᠷᠬᠡ ᠪᠠᠶᠢᠨ᠎ᠠ᠃ | ︵ᠭᠤᠷᠪᠡ︶ ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ | ᠬᠢᠷᠢ ᠬᠡᠮ ᠢ ᠨᠣᠳᠠᠯᠠᠨ ᠲᠣᠭᠳᠠᠭᠠᠬᠤ ᠬᠡᠳᠤᠨ ᠲᠦᠷᠤᠯ ᠤᠨ ᠤᠡᠴᠠᠭᠠᠢ ᠠᠰᠠᠭᠤᠳᠠᠯ ᠤᠨ ᠲᠤᠬᠠᠢ | ⒈ ᠪᠦᠬᠦᠯᠢ ᠡᠳᠤᠷ ᠤᠨ ᠲᠦᠷᠢᠮᠳᠤ ᠶᠡᠭᠡ ᠰᠤᠷᠭᠠᠭᠤᠯᠢ ᠶᠢᠨ ᠲᠤᠰᠬᠠᠢ ᠮᠠᠷᠬᠡᠵᠢᠯ ᠤᠨ ᠠᠩᠬᠢ ᠪᠠ ᠵᠢᠩᠬᠢᠨᠢ ᠠᠩᠬᠢ | ᠂ ᠲᠤᠮᠳᠠ ᠵᠡᠷᠬᠡ ᠶᠢᠨ ᠲᠤᠰᠬᠠᠢ ᠮᠠᠷᠬᠡᠵᠢᠯ ᠶᠢᠨ ᠰᠤᠷᠭᠠᠭᠤᠯᠢ ᠶᠢᠨ ᠰᠤᠷᠤᠭᠴᠢᠳ᠃ ᠲᠡᠬᠡᠳᠤ ᠵᠠᠷᠬᠡ ᠶᠢᠨ | ᠰᠤᠷᠭᠠᠭᠤᠯᠢ᠂ ᠲᠤᠮᠳᠠ ᠵᠡᠷᠬᠡ ᠶᠢᠨ ᠲᠤᠰᠬᠠᠢ ᠮᠠᠷᠬᠡᠵᠢᠯ ᠤᠨ ᠪᠦᠬᠦᠯᠢ ᠡᠳᠤᠷ ᠤᠨ ᠲᠦᠷᠢᠮᠳᠤ ᠰᠤᠷᠭᠠᠭᠤᠯᠢ ᠳᠤ | ᠪᠠᠶᠢᠭ᠎ᠠ ᠰᠤᠷᠤᠭᠴᠢᠳ᠂ ᠡᠬᠦᠨ ᠳᠤ ᠰᠤᠳᠤᠯᠬᠤ ᠰᠤᠷᠤᠭᠴᠢ᠂ ᠳ᠋ᠤᠺᠲ᠋ᠤᠷ ︵ᠠᠵᠢᠯᠯᠠᠬᠤ ᠪᠠᠶᠢᠭᠤᠯᠭ᠎ᠠ | ᠨᠠᠶᠢᠳᠠᠪᠤᠷᠢᠵᠢᠭᠠᠳᠤᠢ ᠪᠦᠬᠡᠳ ᠦᠷᠬᠦᠯᠵᠢᠯᠡᠨ ᠰᠤᠷᠤᠯᠴᠠᠬᠤ ᠪᠠᠷ ᠪᠠᠶᠢᠭ᠎ᠠ ᠰᠤᠷᠤᠭᠴᠢᠳ︶ ᠵᠡᠷᠬᠡ ᠶᠢ ᠪᠠᠭᠳᠠᠭᠠᠭᠰᠡᠨ | ᠲᠡᠬᠡᠳᠤ ᠰᠤᠷᠭᠠᠭᠤᠯᠢ ᠪᠠ ᠲᠤᠮᠳᠠ ᠵᠡᠷᠬᠡ ᠶᠢᠨ ᠲᠤᠰᠬᠠᠢ ᠮᠠᠷᠬᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠬᠦᠮᠤᠰ ᠤᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ | ᠦᠯᠡᠳᠡᠬᠡᠨᠠ᠃ ᠬᠤᠶᠠᠳᠤᠭᠠᠷ ᠡᠬᠡᠯᠵᠢ ᠶᠢᠨ ᠨᠤᠳᠤᠭ ᠪᠠᠯᠴᠢᠬᠡᠷ ᠤᠨ ᠲᠠᠭᠠᠭᠠᠴᠢᠯᠠᠯᠳᠠ ᠶᠢᠨ ᠦᠶ᠎ᠠ ᠳᠤ ᠠᠵᠢᠯᠯᠠᠬᠤ | ᠪᠠᠶᠢᠭᠤᠯᠭ᠎ᠠ ᠨᠠᠶᠢᠳᠠᠪᠤᠷᠢᠵᠢᠭᠤᠯᠤᠭ᠎ᠠ ᠦᠬᠡᠢ ᠡᠩ ᠶᠢᠨ ᠲᠡᠬᠡᠳᠤ ᠰᠤᠷᠭᠠᠭᠤᠯᠢ᠂ ᠲᠤᠮᠳᠠ ᠵᠡᠷᠬᠡ ᠶᠢᠨ ᠲᠤᠰᠬᠠᠢ | ᠮᠠᠷᠬᠡᠵᠢᠯ ᠤᠨ ᠰᠤᠷᠭᠠᠭᠤᠯᠢ ᠠᠴᠠ ᠲᠡᠬᠦᠰᠦᠭᠰᠡᠳ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠡᠰᠢᠬᠦᠨ ᠤ ᠬᠢᠷᠢ ᠬᠡᠮ ᠢ ᠦᠯᠡᠳᠡᠬᠡᠨᠠ᠃ | ⒉ ᠴᠡᠷᠢᠭ ᠤᠨ ᠠᠯᠪᠠ ᠬᠠᠭᠠᠭᠰᠡᠨ ᠬᠦᠮᠤᠰ᠃ ᠠᠷᠡᠳ ᠤᠨ ᠴᠢᠯᠤᠬᠡᠯᠡᠬᠦ ᠴᠡᠷᠢᠭ᠂ ᠵᠡᠪᠰᠡᠭᠳᠤ ᠴᠠᠭᠳᠠᠭᠠᠨ ᠤ | ᠠᠩᠬᠢ ᠳᠤ ᠠᠯᠪᠠᠨ ᠵᠢᠷᠤᠮ ᠤᠨ ᠴᠡᠷᠢᠭ ᠪᠠ ᠤᠯᠤᠰ ᠤᠨ ᠬᠠᠮᠢᠶ᠎ᠠ ᠪᠦᠬᠦᠢ ᠲᠤᠭᠳᠠᠭᠠᠯ ᠳᠤ ᠨᠠᠶᠢᠴᠡᠭᠰᠡᠨ ᠴᠡᠷᠢᠭ | ᠤᠨ ᠪᠠᠭ᠎ᠠ ᠲᠠᠷᠤᠭ᠎ᠠ ᠶᠢᠨ ᠠᠯᠪᠠ ᠬᠠᠭᠠᠵᠤ ᠪᠠᠶᠢᠭ᠎ᠠ ᠬᠦᠮᠤᠰ ᠤᠨ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ ᠦᠯᠡᠳᠡᠬᠡᠨᠠ︔ ᠴᠡᠷᠢᠭ ᠠᠴᠠ ᠬᠠᠯᠠᠭᠳᠠᠭᠰᠡᠳ᠂ ᠴᠡᠷᠢᠭ ᠠᠴᠠ | ᠰᠢᠯᠵᠢᠭᠰᠡᠳ ᠨᠢ ᠲᠤᠰ ᠭᠠᠴᠠᠭᠠᠨ ᠳᠤ ᠪᠠᠨ ᠠᠮᠠ ᠡᠷᠤᠬᠡ ᠤᠷᠤᠵᠤ᠂ ᠭᠠᠴᠠᠭᠠᠨ ᠳᠤ ᠪᠠᠨ ᠪᠤᠴᠠᠵᠤ ᠠᠵᠢᠯ | ᠦᠢᠯᠡᠰ ᠡᠷᠬᠢᠯᠡᠵᠤ ᠪᠠᠶᠢᠪᠠᠯ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ | ᠬᠡᠮ ᠢ ᠮᠥᠨ ᠦᠯᠡᠳᠡᠬᠡᠨᠠ᠃ | ⒊ ᠡᠷᠡᠬᠦᠦ ᠶᠢᠨ ᠰᠢᠳᠬᠡᠯ ᠢᠶᠠᠷ ᠬᠤᠷᠢᠭᠳᠠᠵᠤ ᠪᠠᠶᠢᠭ᠎ᠠ ᠬᠦᠮᠤᠰ᠃ ᠲᠤᠰ ᠭᠠᠴᠠᠭᠠᠨ ᠤ ᠮᠠᠯᠴᠢᠨ ᠨᠢ ᠡᠷᠡᠬᠦᠦ ᠶᠢᠨ | ᠬᠡᠷᠡᠭ ᠤᠨ ᠶᠠᠯ᠎ᠠ ᠬᠢᠬᠡᠳ ᠬᠢᠨᠳᠡᠨ ᠳᠤ ᠡᠷᠡᠬᠦᠦ ᠶᠢᠨ ᠰᠢᠳᠬᠡᠯ ᠢᠶᠠᠷ ᠬᠤᠷᠢᠭᠳᠠᠵᠤ᠂ ᠪᠠᠶ᠎ᠠ ᠶᠢᠨ ᠡᠷᠬᠡ ᠴᠢᠯᠤᠬᠡ | ᠴᠢᠨᠠᠭᠰᠢᠯᠠᠪᠠᠯ ᠤᠯᠤᠰ ᠲᠦᠷᠤ ᠶᠢᠨ ᠡᠷᠬᠡ ᠪᠠᠨ ᠠᠯᠳᠠᠪᠠ᠃ ᠬᠡᠪᠡᠴᠤ ᠡᠬᠦᠨ ᠠᠴᠠ ᠪᠤᠯᠵᠤ ᠢᠷᠬᠡᠨ ᠤ ᠬᠡᠷᠡᠭ ᠤᠨ | ᠭᠤᠤᠯ ᠴᠤᠭᠴᠠ ᠶᠢᠨ ᠬᠢᠷᠢ ᠬᠡᠮ᠂ ᠲᠠᠷᠤᠢ ᠢᠷᠬᠡᠨ ᠤ ᠬᠡᠷᠡᠭ ᠤᠨ ᠡᠷᠬᠡ ᠪᠠᠨ ᠠᠯᠳᠠᠬᠤ ᠦᠬᠡᠢ ᠤᠴᠢᠷ ᠠᠴᠠ | ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ ᠢ ᠦᠯᠡᠳᠡᠬᠡᠨᠠ᠃ | ⒋ ᠬᠤᠷᠢᠮᠯᠠᠭᠠᠳ ᠭᠠᠳᠠᠭᠰᠢ ᠮᠤᠷᠳᠡᠠᠭᠰᠡᠨ ᠪᠠ ᠮᠤᠷᠳᠠᠵᠤ ᠤᠷᠤᠵᠤ ᠢᠷᠡᠭᠰᠡᠨ ᠬᠦᠮᠤᠰ᠃① ᠮᠤᠷᠳᠠᠵᠤ | ᠤᠴᠢᠭᠰᠡᠨ ᠲᠠᠯ᠎ᠠ ᠠᠴᠠ ᠪᠠᠨ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ | ᠬᠡᠮ ᠤᠯᠤᠭᠠᠳᠤᠢ ᠪᠠᠶᠢᠭᠰᠠᠭᠠᠷ ︵ᠡᠷᠬᠡᠪᠰᠢ ᠰᠤᠮᠤ ᠪᠠᠯᠭᠠᠰᠤ ᠭᠠᠴᠠᠭᠠᠨ ᠤ ᠭᠠᠷᠭᠠᠭᠰᠡᠨ ᠬᠡᠷᠡᠴᠢ ᠪᠠᠷᠢᠮᠳᠠ ᠶᠢ | ᠬᠠᠩᠭᠠᠨ᠎ᠠ︶᠂ ᠡᠬᠦᠨ ᠤ ᠬᠠᠮᠳᠤ ᠠᠮᠠ ᠡᠷᠤᠬᠡ ᠨᠢ ᠲᠤᠰ ᠭᠠᠴᠠᠭᠠᠨ ᠳᠤ ᠪᠠᠨ ᠪᠠᠶᠢᠪᠠᠯ ᠬᠠᠮᠳᠤ ᠶᠢᠨ ᠠᠵᠤ ᠠᠬᠤᠢ | ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ ᠲᠠᠢ ᠪᠠᠷ ᠲᠤᠭᠳᠠᠭᠠᠨ᠎ᠠ᠃② ᠨᠤᠳᠤᠭ ᠪᠠᠯᠴᠢᠬᠡᠷ | ᠲᠠᠭᠠᠭᠠᠴᠢᠯᠠᠬᠤ ᠦᠶ᠎ᠠ ᠳᠤ ᠠᠮᠠ ᠡᠷᠤᠬᠡ ᠨᠢ ᠲᠤᠰ ᠭᠠᠴᠠᠭᠠᠨ ᠳᠤ ᠪᠠᠶᠢᠵᠤ᠂ ᠮᠤᠷᠳᠠᠭᠰᠡᠨ ᠤ ᠬᠢ ᠪᠠᠨ ᠲᠠᠷᠠᠭ᠎ᠠ | ᠠᠮᠠ ᠡᠷᠤᠬᠡ ᠪᠠᠨ ᠰᠢᠯᠵᠢᠬᠦᠯᠦᠭᠰᠡᠨ ᠪᠤᠯᠪᠠᠴᠤ ᠪᠤᠰᠤᠳ ᠭᠠᠴᠠᠭᠠᠨ ᠠᠴᠠ ᠨᠤᠳᠤᠭ ᠪᠠᠯᠴᠢᠬᠡᠷ ᠬᠤᠪᠢᠶᠠᠵᠤ | ᠤᠯᠤᠭᠰᠡᠨ ᠦᠬᠡᠢ ᠨᠤᠳᠤᠭ ᠪᠠᠯᠴᠢᠬᠡᠷ ᠨᠢ ᠮᠥᠨ ᠯᠠ ᠲᠤᠰ ᠭᠠᠴᠠᠭᠠᠨ ᠳᠤ ᠪᠠᠨ ᠪᠠᠶᠢᠪᠠᠯ᠂ ᠲᠤᠰ ᠭᠠᠴᠠᠭᠠᠨ ᠤ | ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ ᠲᠠᠢ ᠪᠠᠷ ᠲᠤᠭᠳᠠᠭᠠᠨ᠎ᠠ᠃ | ⒌ ᠬᠠᠨᠢ ᠢᠵᠢᠯᠢ ᠨᠢ ᠨᠠᠰᠤ ᠪᠠᠷᠠᠭᠰᠡᠨ᠂ ᠤᠷᠤᠭ ᠰᠠᠯᠤᠭᠰᠡᠨ ᠬᠦᠮᠤᠰ᠃ ᠠᠮᠠ ᠡᠷᠤᠬᠡ ᠨᠢ ᠮᠥᠨ ᠯᠠ ᠲᠤᠰ | ᠭᠠᠴᠠᠭᠠᠨ ᠳᠤ ᠪᠠᠨ ᠪᠠᠶᠢᠪᠠᠯ ᠲᠤᠰ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠡᠰᠢᠬᠦᠨ ᠤ ᠬᠢᠷᠢ ᠬᠡᠮ ᠲᠠᠢ ᠪᠠᠷ ᠲᠤᠭᠳᠠᠭᠠᠨ᠎ᠠ᠃ | ⒍ ᠪᠤᠰᠤᠳ ᠤᠡᠴᠠᠭᠠᠢ ᠪᠠᠶᠢᠳᠠᠯ ᠲᠠᠢ ᠬᠦᠮᠤᠰ ᠢ ᠭᠠᠴᠠᠭᠠᠨ ᠤ ᠲᠤᠭᠳᠠᠭᠠᠯ ᠳᠤ ᠲᠤᠭᠳᠠᠭᠰᠡᠨ ᠢᠷᠬᠡᠨ ᠤ | ᠬᠡᠯᠡᠯᠴᠡᠬᠡᠷ ᠢ ᠦᠡᠳᠤᠰᠤᠯᠡᠨ ᠨᠢᠬᠡᠨᠳᠡ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ | ᠬᠢᠷᠢ ᠬᠡᠮ ᠲᠠᠢ ᠪᠠᠷ ᠨᠤᠳᠠᠯᠠᠭᠳᠠᠭᠰᠡᠨ ᠬᠡᠰᠢᠬᠦᠳ ︵ᠲᠦᠯᠤᠬᠡᠯᠡᠭᠴᠢ︶ ᠤᠨ ᠬᠤᠷᠡᠯ ᠢᠶᠠᠷ ᠲᠠᠮᠵᠢᠨ ᠬᠢᠷᠢ ᠬᠡᠮ ᠲᠠᠢ | ᠡᠰᠡᠬᠦ ᠶᠢ ᠨᠢ ᠶᠠᠷᠢᠯᠴᠠᠨ ᠪᠠᠳᠤᠯᠠᠭᠤᠯᠤᠨ᠎ᠠ᠃ | ︵ᠲᠦᠷᠪᠡ︶ ᠬᠢᠷᠢ ᠬᠡᠮ ᠢ ᠨᠢ ᠨᠣᠳᠠᠯᠠᠨ ᠲᠣᠭᠳᠠᠭᠠᠬᠤ ᠪᠠᠷᠢᠮᠵᠶᠠᠳᠣ ᠡᠳᠤᠷ ᠠᠴᠠ ᠡᠮᠤᠨ᠎ᠠ ᠲᠤᠤᠷᠡᠬᠢ ᠪᠠᠶᠢᠳᠠᠯ | ᠤᠨ ᠨᠢᠬᠡ ᠨᠢ ᠪᠠᠶᠢᠪᠠᠯ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ | ᠢᠶᠠᠨ ᠠᠯᠳᠠᠭᠰᠡᠨ ᠳᠤ ᠲᠤᠭᠠᠴᠢᠭᠳᠠᠨ᠎ᠠ᠃ | ⒈ ᠠᠮᠠ ᠡᠷᠤᠬᠡ ᠪᠠᠨ ᠰᠢᠯᠵᠢᠬᠦᠯᠤᠬᠡᠳ ᠬᠤᠳᠠ ᠪᠠᠯᠭᠠᠰᠤᠨ ᠤ ᠰᠠᠭᠤᠭᠠᠯᠢᠴᠢᠳ ᠪᠤᠯᠤᠭᠰᠡᠨ︔ | ⒉ ᠨᠠᠰᠤ ᠪᠠᠷᠠᠭᠰᠡᠨ ᠪᠤᠶᠤ ᠨᠠᠰᠤ ᠪᠠᠷᠠᠭᠰᠡᠨ ᠢ ᠨᠢ ᠬᠠᠣᠯᠢ ᠶᠤᠰᠤᠭᠠᠷ ᠮᠡᠳᠡᠭᠳᠡᠭᠰᠡᠨ︔ | ⒊ ᠪᠤᠰᠤᠳ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ | ᠢ ᠤᠯᠤᠬᠰᠡᠨ︔ | ⒋ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ ᠢᠶᠠᠨ ᠦᠪᠡᠷ ᠤᠨ | ᠰᠠᠶᠢᠨ ᠲᠤᠷ᠎ᠠ ᠠᠴᠠ ᠪᠠᠨ ᠬᠠᠶᠠᠭᠰᠡᠨ ᠢᠶᠠᠨ ᠦᠰᠦᠭ ᠪᠢᠴᠢᠭ ᠤᠨ ᠬᠡᠯᠪᠡᠷᠢ ᠪᠠᠷ ᠵᠦᠪᠰᠢᠶᠠᠷᠡᠭᠰᠡᠨ︔ | ⒌ ᠠᠯᠪᠠᠨ ᠵᠢᠷᠤᠮ ᠤᠨ ᠴᠡᠷᠢᠭ ᠪᠠ ᠴᠡᠷᠢᠭ ᠤᠨ ᠪᠠᠭ᠎ᠠ ᠲᠠᠷᠤᠭ᠎ᠠ ᠨᠢ ᠠᠯᠪᠠ ᠬᠠᠭᠠᠵᠤ ᠪᠠᠶᠢᠬᠤ ᠬᠤᠭᠤᠴᠠᠭᠠᠨ ᠳᠤ | ᠪᠠᠨ ᠤᠹᠢᠼᠧᠷ ︵ᠴᠡᠷᠢᠭ ᠤᠨ ᠲᠠᠷᠤᠭ᠎ᠠ︶ ᠤᠨ ᠲᠤᠰᠢᠶᠠᠯ ᠳᠤ ᠲᠠᠪᠰᠢᠭᠰᠡᠨ︔ | ⒍ ᠪᠤᠰᠤᠳ ᠪᠠᠶᠢᠳᠠᠯ ᠳᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠬᠢᠷᠢ ᠬᠡᠮ | ᠲᠠᠢ ᠪᠠᠷ ᠨᠢᠬᠡᠨᠳᠡ ᠲᠤᠭᠳᠠᠭᠠᠭᠳᠠᠭᠰᠡᠨ ᠬᠡᠰᠢᠬᠦᠳ ᠤᠨ ᠶᠡᠭᠡ ᠬᠤᠷᠡᠯ ᠤᠨ ᠭᠤᠷᠪᠡᠨ ᠤ ᠬᠤᠶᠡᠷ ᠠᠴᠠ ᠲᠡᠬᠡᠭᠰᠢ | ᠬᠦᠮᠤᠰ ᠤᠨ ᠪᠠᠳᠤᠯᠠᠬᠤ ᠪᠠᠷ ᠲᠠᠮᠵᠢᠨ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ | ᠤ ᠬᠢᠷᠢ ᠬᠡᠮ ᠢᠶᠠᠨ ᠠᠯᠳᠠᠭᠰᠡᠨ ᠢ ᠲᠣᠭᠳᠠᠭᠠᠭᠰᠠᠨ᠃ | ᠭᠤᠷᠪᠡ᠂ ᠨᠤᠳᠠᠯᠠᠨ ᠲᠤᠭᠳᠠᠭᠠᠬᠤ ᠲᠠᠷᠠᠭᠠᠯᠠᠯ | ᠮᠠᠯᠵᠢᠬᠤ ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠬᠢᠷᠢ ᠬᠡᠮ ᠢ | ᠨᠤᠳᠠᠯᠠᠨ ᠲᠤᠭᠳᠠᠭᠠᠬᠤ ᠠᠵᠢᠯ ᠢ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠬᠡᠰᠢᠬᠦᠳ ᠤᠨ ᠬᠢᠷᠢ ᠬᠡᠮ ᠢ ᠨᠤᠳᠠᠯᠠᠨ ᠲᠤᠭᠳᠠᠭᠠᠬᠤ ᠲᠤᠭᠤᠶᠢᠯᠠᠩ ᠠᠴᠠ ᠪᠤᠳᠠᠳᠡᠢ ᠬᠠᠷᠢᠭᠤᠴᠠᠨ᠂ ᠰᠤᠮᠤ | ᠪᠠᠯᠭᠠᠰᠤ᠂ ᠭᠠᠴᠠᠭᠠᠨ ᠤ ᠬᠠᠮᠳᠤ ᠶᠢᠨ ᠦᠮᠴᠢᠯᠠᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ | ᠤᠳᠤᠷᠢᠳᠬᠤ ᠲᠤᠭᠤᠶᠢᠯᠠᠩ ᠤᠨ ᠵᠢᠯᠤᠭᠤᠳᠤᠯᠭ᠎ᠠ ᠬᠢᠨᠡᠯᠳᠡ ᠶᠢᠨ ᠲᠤᠤᠷ᠎ᠠ ᠶᠠᠪᠤᠭᠳᠠᠭᠤᠯᠤᠨ᠎ᠠ᠃ ᠪᠤᠳᠠᠳᠡᠢ | ᠲᠠᠷᠠᠭᠠᠯᠠᠯ ᠨᠢ ᠲᠤᠤᠷᠡᠬᠢ ᠮᠠᠳᠤ᠄ | ︵ᠨᠢᠬᠡ︶ ᠵᠤᠬᠢᠶᠠᠨ ᠪᠠᠶᠢᠭᠤᠯᠤᠯᠳᠠ ᠪᠠᠶᠢᠭᠤᠯᠤᠨ᠎ᠠ᠃ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠬᠡᠰᠢᠬᠦᠨ ᠤ ᠭᠠᠷᠤᠯ ᠢ ᠨᠤᠳᠠᠯᠠᠬᠤ ᠠᠵᠢᠯ ᠤᠨ ᠲᠤᠭᠤᠶᠢᠯᠠᠩ ᠪᠠᠶᠢᠭᠤᠯᠵᠤ᠂ ᠨᠤᠳᠠᠯᠠᠨ | ᠲᠤᠭᠳᠠᠭᠠᠬᠤ ᠠᠵᠢᠯ ᠢ ᠪᠤᠳᠠᠳᠡᠢ ᠬᠠᠷᠢᠭᠤᠴᠠᠨ᠎ᠠ᠃ | ︵ᠬᠤᠶᠠᠷ︶ ᠵᠠᠷᠯᠠᠯ ᠨᠠᠶᠢᠳᠠᠯᠠᠨ᠎ᠠ᠃ ᠭᠠᠴᠠᠭᠠᠨ ᠤ ᠵᠦᠪᠯᠡᠯ ᠠᠴᠠ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠬᠡᠰᠢᠬᠦᠨ ᠢ ᠪᠦᠷᠢᠳᠬᠡᠨ ᠲᠠᠩᠰᠠᠯᠠᠵᠣ ᠵᠠᠷᠯᠠᠨ ᠨᠠᠶᠢᠳᠠᠯᠡᠬᠦ ᠠᠭᠤᠯᠭ᠎ᠠ ᠳᠤ ᠪᠦᠷᠢᠳᠬᠡᠨ | ᠲᠠᠩᠰᠠᠯᠠᠬᠤ ᠡᠳᠡᠬᠡᠳ᠂ ᠪᠦᠷᠢᠳᠬᠡᠨ ᠲᠠᠩᠰᠠᠯᠠᠬᠤ ᠪᠠᠷᠢᠮᠵᠢᠶᠠᠳᠤ ᠡᠳᠤᠷ᠂ ᠪᠦᠷᠢᠳᠬᠡᠨ ᠲᠠᠩᠰᠠᠯᠠᠭᠰᠠᠨ ᠴᠠᠭ᠂ | ᠪᠦᠷᠢᠳᠬᠡᠨ ᠲᠠᠩᠰᠠᠯᠠᠭᠰᠠᠨ ᠠᠷᠭ᠎ᠠ ᠵᠡᠷᠬᠡ ᠶᠢ ᠲᠤᠳᠤᠷᠬᠠᠶᠢᠯᠠᠨ᠎ᠠ᠃ | ︵ᠭᠤᠷᠪᠡ︶ ᠦᠡᠳᠤᠰᠤᠨ ᠪᠠᠶᠢᠳᠠᠯ ᠢ ᠪᠦᠷᠢᠳᠬᠡᠨ ᠲᠠᠩᠰᠠᠯᠠᠵᠣ᠂ ᠠᠩᠬ᠎ᠠ ᠠᠯᠬᠤᠮ ᠨᠠᠶᠢᠳᠠᠯᠠᠨ᠎ᠠ᠃ ᠮᠠᠯᠵᠢᠬᠤ | ᠤᠷᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠳ ᠤᠨ ᠦᠡᠳᠤᠰᠤᠨ ᠪᠠᠶᠢᠳᠠᠯ ᠢ | ᠪᠦᠷᠢᠳᠬᠡᠨ ᠲᠠᠩᠰᠠᠯᠠᠬᠤ ᠬᠦᠰᠤᠨᠦᠭᠳᠤ ᠲᠠᠭᠯᠠᠨ᠎ᠠ᠃ ᠭᠤᠤᠯᠳᠠᠭᠤ ᠨᠠᠷᠠ᠂ ᠴᠢᠨᠠᠷ ᠤᠨ ᠢᠯᠭᠠᠯ᠂ ᠲᠦᠷᠦᠭᠰᠡᠨ ᠤᠨ | ᠰᠠᠷ᠎ᠠ ᠡᠳᠤᠷ᠂ ᠪᠠᠶ᠎ᠠ ᠶᠢᠨ ᠦᠨᠡᠮᠯᠡᠯ ᠤᠨ ᠨᠤᠮᠧᠷ᠂ ᠡᠷᠤᠬᠡ ᠠᠮᠠ ᠶᠢᠨ ᠲᠠᠪᠳᠠᠷ᠂ ᠡᠷᠤᠬᠡ ᠠᠮᠠ ᠶᠢᠨ ᠬᠤᠪᠢᠷᠠᠯᠳᠠ | ᠶᠢᠨ ᠪᠠᠶᠢᠳᠠᠯ ︵ᠰᠢᠯᠵᠢᠬᠦᠯᠵᠤ ᠭᠠᠷᠠᠭᠠᠭᠰᠡᠨ ᠪᠠ ᠰᠢᠯᠵᠢᠬᠦᠯᠵᠤ ᠤᠷᠤᠭᠤᠯᠤᠭᠰᠡᠨ ᠴᠠᠭ᠂ ᠰᠢᠯᠳᠠᠭᠠᠨ︶᠂ ᠲᠦᠷᠤᠯ | ᠵᠡᠷᠬᠡ ᠠᠭᠤᠯᠭ᠎ᠠ ᠪᠠᠭᠳᠠᠨ᠎ᠠ᠃ ᠬᠡᠰᠢᠬᠦᠳ ᠤᠨ ᠨᠠᠷᠡᠰ ᠢ ᠪᠦᠬᠦᠶᠢᠯᠡ ᠮᠠᠯᠴᠢᠳ ᠲᠤ ᠢᠯᠠ ᠨᠠᠶᠢᠳᠠᠯᠠᠵᠤ ︵7 | ᠡᠳᠤᠷ ᠠᠴᠠ ᠲᠡᠬᠡᠭᠰᠢ ᠪᠠᠶᠢᠬᠤ ᠬᠡᠷᠡᠭᠳᠡᠢ︶᠂ ᠬᠡᠷᠪᠡ ᠰᠠᠨᠠᠯ ᠲᠠᠢ ᠪᠣᠯ ᠲᠠᠬᠢᠨ ᠰᠢᠨ᠎ᠠ ᠪᠠᠷ ᠬᠢᠨᠡᠨ ᠬᠠᠷᠭᠤᠭᠤᠯᠤᠨ᠎ᠠ᠃ | | ︵ᠲᠦᠷᠪᠡ︶ ᠲᠦᠰᠤᠯ ᠲᠤᠭᠳᠠᠭᠠᠨ᠎ᠠ᠃ ᠦᠡᠳᠤᠰᠤᠨ ᠪᠠᠶᠢᠳᠠᠯ ᠢ ᠪᠦᠷᠢᠳᠬᠡᠨ ᠲᠠᠩᠰᠠᠯᠠᠭᠰᠠᠨ ᠪᠠᠶᠢᠳᠠᠯ ᠢ | ᠦᠡᠳᠤᠰᠤᠯᠡᠨ᠂ ᠠᠳᠠᠯᠢ ᠪᠤᠰᠤ ᠪᠠᠶᠢᠳᠠᠯ ᠲᠠᠢ ᠬᠦᠮᠤᠰ ᠲᠤ ᠬᠠᠨᠳᠤᠭᠤᠯᠵᠤ᠂ ᠭᠠᠴᠠᠭᠠᠨ ᠤ ᠬᠤᠶᠡᠷ ᠵᠦᠪᠯᠡᠯ ᠤᠨ | ᠦᠷᠬᠡᠳᠬᠡᠭᠰᠡᠨ ᠬᠤᠷᠡᠯ ︵ᠭᠠᠴᠠᠭᠠᠨ ᠤ ᠬᠢᠨᠠᠯᠳᠠ ᠲᠠᠯᠪᠢᠬᠤ ᠵᠦᠪᠯᠡᠯ ᠤᠨ ᠬᠡᠰᠢᠬᠦᠳ ᠤᠷᠤᠯᠴᠠᠨ᠎ᠠ︶ ᠬᠤᠷᠠᠯᠳᠤᠵᠤ | ᠂ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠭᠠᠷᠤᠯ ᠢ ᠲᠤᠭᠳᠠᠭᠠᠬᠤ ᠠᠩᠬ᠎ᠠ | ᠠᠯᠬᠤᠮ ᠤᠨ ᠲᠦᠰᠤᠯ ᠢ ᠰᠤᠳᠤᠯᠤᠨ ᠲᠤᠭᠳᠠᠭᠠᠵᠤ᠂ ᠭᠠᠴᠠᠭᠠᠨ ᠤ ᠮᠠᠯᠴᠢᠳ ᠤᠨ ᠲᠦᠯᠤᠬᠡᠯᠡᠭᠴᠢᠳ ᠤᠨ ᠬᠤᠷᠡᠯ | ᠢᠶᠠᠷ ᠶᠠᠷᠢᠯᠴᠠᠭᠠᠳ ᠡᠬᠢ ᠨᠤᠤᠷᠠᠭ ᠲᠤᠭᠳᠠᠭᠠᠨ᠂ ᠭᠠᠴᠠᠭᠠᠨ ᠤ ᠮᠠᠯᠴᠢᠳ ᠤᠨ ᠬᠤᠷᠡᠯ ᠳᠤ ᠲᠠᠪᠰᠢᠬᠦᠯᠤᠨ | ᠪᠠᠳᠤᠯᠠᠭᠰᠡᠨ ᠤ ᠲᠠᠷᠠᠭ᠎ᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠢ | ᠨᠤᠳᠠᠯᠠᠨ ᠲᠤᠭᠳᠠᠭᠠᠬᠤ ᠠᠷᠭ᠎ᠠ ᠪᠤᠯᠭᠠᠵᠤ᠂ ᠰᠤᠮᠤ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠳᠤ | ᠮᠡᠳᠡᠬᠦᠯᠤᠨ ᠬᠢᠨᠡᠨ ᠬᠠᠷᠭᠤᠭᠤᠯᠵᠣ ᠬᠡᠷᠡᠭᠵᠢᠬᠦᠯᠤᠨ᠎ᠠ᠃ | ︵ᠲᠠᠪᠤ︶ ᠬᠢᠨᠡᠨ ᠬᠠᠷᠭᠤᠭᠤᠯᠳᠠ ᠶᠢ ᠢᠯᠡ ᠨᠠᠶᠢᠳᠠᠯᠠᠨ᠎ᠠ᠃ ᠭᠠᠴᠠᠭᠠᠨ ᠤ ᠬᠠᠮᠳᠤ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠬᠡᠰᠢᠬᠦᠨ ᠤ ᠭᠠᠷᠤᠯ ᠢ ᠨᠤᠳᠠᠯᠠᠨ ᠲᠤᠭᠳᠠᠭᠠᠬᠤ ᠠᠷᠭ᠎ᠠ ᠶᠢ ᠦᠡᠳᠤᠰᠤᠯᠠᠨ ᠂ | ᠦᠡᠳᠤᠰᠤᠨ ᠪᠠᠶᠢᠳᠠᠯ ᠢ ᠪᠦᠷᠢᠳᠬᠡᠨ ᠲᠠᠩᠰᠠᠯᠠᠬᠤ ᠬᠦᠰᠤᠨᠦᠭᠳᠤ ᠲᠠᠢ ᠤᠶᠠᠯᠳᠤᠭᠤᠯᠵᠤ᠂ ᠲᠤᠰ ᠬᠠᠮᠳᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠢ ᠲᠤᠭᠳᠠᠭᠠᠵᠤ᠂ ᠢᠯᠡ ᠨᠠᠶᠢᠳᠠᠯᠡᠬᠦ ᠬᠦᠰᠦᠨᠦᠭᠳᠤ ᠲᠠᠭᠯᠠᠨ᠂ | ᠭᠠᠴᠠᠭᠠᠨ ᠤ ᠶᠠᠪᠤᠳᠠᠯ ᠢ ᠢᠯᠡ ᠨᠠᠶᠢᠳᠠᠯᠠᠬᠦ ᠲᠠᠪᠴᠠᠩ ᠢᠶᠠᠷ ᠢᠯᠡ ᠨᠠᠶᠢᠳᠠᠯᠠᠨ᠎ᠠ ︵7 ᠡᠳᠤᠷ ᠠᠴᠠ ᠲᠤᠷᠤᠭᠰᠢ | ᠦᠬᠡᠢ ᠬᠤᠭᠤᠴᠠᠭ᠎ᠠ ᠪᠠᠷ ᠢᠯᠡ ᠨᠠᠶᠢᠳᠠᠯᠠᠨ᠎ᠠ︶᠃ | ︵ᠵᠢᠷᠭᠤᠭ᠎ᠠ︶ ᠲᠡᠬᠡᠭᠰᠢ ᠪᠠᠨ ᠮᠡᠳᠡᠬᠦᠯᠵᠤ ᠲᠠᠩᠰᠠᠯᠠᠭᠤᠯᠤᠨ᠎ᠠ᠃ ᠢᠯᠡ ᠨᠠᠶᠢᠳᠠᠯᠡᠬᠡᠳ ᠤᠡᠳᠤᠤ ᠰᠠᠨᠠᠯ ᠦᠬᠡᠢ ᠪᠤᠯ | ᠡᠯ᠎ᠠ ᠭᠠᠴᠠᠭᠠᠨ ᠠᠴᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠢ | ᠪᠦᠷᠢᠳᠬᠡᠨ ᠲᠠᠩᠰᠠᠯᠠᠬᠤ ᠬᠦᠰᠤᠨᠦᠭᠳᠤ ︵ᠡᠯᠧᠺᠲᠷᠤᠨ ᠬᠡᠪᠯᠡᠯ ᠤᠨ ᠲᠠᠩᠰᠠ︶ ᠶᠢ ᠰᠤᠮᠤᠨ ᠪᠠᠯᠭᠠᠰᠤᠨ ᠤ ᠠᠷᠡᠳ | ᠤᠨ ᠵᠠᠰᠠᠭ ᠤᠨ ᠤᠷᠳᠤᠨ ᠳᠤ ᠮᠡᠳᠡᠬᠦᠯᠵᠤ᠂ ᠰᠤᠮᠤ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠠᠴᠠ ᠬᠢᠨᠡᠨ | ᠬᠠᠷᠭᠤᠭᠤᠯᠤᠭᠰᠡᠨ ᠤ ᠲᠠᠷᠠᠭ᠎ᠠ ᠬᠤᠷᠢᠶᠠᠩᠭᠤᠶᠢᠯᠠᠭᠠᠳ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠡᠵᠢᠯᠡᠬᠦ | ᠮᠠᠷᠬᠡᠵᠢᠯ ᠤᠨ ᠲᠤᠪᠴᠢᠶᠠᠨ ᠳᠤ ᠮᠠᠳᠡᠬᠦᠯᠵᠤ ᠲᠠᠩᠰᠠᠯᠠᠭᠤᠯᠤᠨ᠎ᠠ᠃ ᠡᠯ᠎ᠠ ᠭᠠᠴᠠᠭᠠᠨ ᠤ ᠬᠠᠮᠳᠤ ᠶᠢᠨ ᠠᠵᠤ ᠠᠬᠤᠢ | ᠶᠢᠨ ᠵᠤᠬᠢᠶᠠᠨ ᠪᠠᠶᠢᠭᠤᠯᠤᠯᠳᠠ ᠠᠴᠠ ᠬᠡᠰᠢᠬᠦᠳ ᠤᠨ ᠬᠢᠷᠢ ᠬᠡᠮ ᠢ ᠲᠤᠭᠳᠠᠭᠠᠭᠰᠡᠨ ᠶᠠᠪᠤᠴᠠ ᠲᠤᠮᠳᠠᠬᠢ ᠬᠤᠷᠡᠯ ᠤᠨ | ᠲᠡᠮᠳᠡᠭᠯᠡᠯ᠂ ᠬᠡᠰᠢᠬᠦᠳ ᠤᠨ ᠨᠠᠷᠡᠰ᠂ ᠢᠯᠡ ᠨᠠᠶᠢᠳᠠᠯᠡᠭᠰᠡᠨ ᠵᠠᠷᠯᠠᠯ ᠤᠨ ᠮᠠᠲ᠋ᠧᠷᠢᠶᠠᠯ ᠵᠡᠷᠬᠡ ᠲᠤ ᠪᠠᠨ ᠬᠠᠮᠳᠤ ᠶᠢᠨ | ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠠᠴᠠ ᠭᠠᠷ ᠤᠨ ᠦᠰᠦᠭ ᠵᠢᠷᠤᠵᠤ ᠲᠠᠮᠠᠭ᠎ᠠ | ᠲᠠᠷᠤᠭᠰᠡᠨ ᠤ ᠲᠠᠷᠠᠭ᠎ᠠ ᠪᠦᠬᠦᠨ ᠢ ᠲᠠᠩᠰᠠᠯᠠᠨ ᠬᠠᠳᠠᠭᠠᠯᠠᠵᠤ᠂ ᠬᠤᠰᠢᠭᠤ᠂ ᠰᠤᠮᠤ ᠪᠠᠯᠭᠠᠰᠤᠨ ᠤ ᠦᠮᠴᠢᠯᠡᠯ ᠤᠨ | ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤ ᠮᠡᠳᠡᠬᠦᠯᠤᠨ | ᠲᠠᠩᠰᠠᠯᠠᠭᠤᠯᠤᠨ᠎ᠠ ︵ᠲᠠᠩᠰᠠᠯᠠᠨ ᠬᠠᠳᠠᠭᠠᠯᠠᠬᠤ ᠮᠠᠲ᠋ᠧᠷᠢᠶᠠᠯ ᠳᠤ ᠪᠠᠰᠠ ᠪᠠᠶ᠎ᠠ ᠶᠢᠨ ᠦᠨᠡᠮᠯᠡᠯ᠂ ᠠᠮᠠ ᠡᠷᠤᠬᠡ ᠶᠢᠨ | ᠲᠠᠪᠳᠠᠷ᠂ ᠰᠠᠶ᠋ᠢ ᠲᠦᠷᠦᠭᠰᠡᠨ ᠬᠡᠤᠬᠡᠳ ᠤᠨ ᠲᠦᠷᠦᠭᠰᠡᠨ ᠬᠡᠷᠡᠴᠢ᠂ ᠲᠦᠷᠤᠬᠦ ᠶᠢ ᠵᠦᠪᠰᠢᠶᠠᠷᠡᠭᠰᠡᠨ ᠬᠡᠷᠠᠴᠢ᠂ | ᠤᠷᠤᠭ ᠤᠨ ᠪᠠᠳᠤᠯᠠᠪᠤᠷᠢ᠂ ᠬᠠᠤᠯᠢ ᠶᠤᠰᠤᠭᠠᠷ ᠡᠷᠬᠦᠭᠰᠡᠨ ᠬᠡᠤᠬᠡᠳ ᠤᠨ ᠡᠷᠬᠦᠨ ᠲᠡᠵᠢᠬᠡᠬᠦ ᠬᠡᠷᠡᠴᠢ᠂ ᠬᠤᠭᠤᠴᠠᠭ᠎ᠠ | ᠨᠢ ᠲᠤᠯᠵᠤ ᠰᠤᠯᠠᠯᠠᠭᠳᠠᠭᠰᠡᠨ ᠬᠦᠮᠤᠰ ᠤᠨ ᠬᠡᠷᠡᠴᠢ ᠵᠡᠷᠬᠡ ᠶᠢᠨ ᠬᠠᠭᠤᠯᠠᠪᠣᠷᠢ ᠪᠠᠭᠳᠠᠨ᠎ᠠ︶ | ᠡᠯ᠎ᠠ ᠰᠤᠮᠤ ᠪᠠᠯᠭᠠᠰᠤᠨ ᠤ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢᠨ ᠤᠳᠤᠷᠢᠳᠬᠤ | ᠲᠤᠭᠤᠶᠢᠯᠠᠩ ᠠᠴᠠ ᠡᠯ᠎ᠠ ᠭᠠᠴᠠᠭᠠᠨ ᠳᠤ ᠵᠢᠯᠤᠭᠤᠳᠤᠯᠭ᠎ᠠ ᠬᠢᠵᠤ᠂ ᠲᠤᠰ ᠵᠢᠯᠤᠭᠤᠳᠬᠤ ᠰᠠᠨᠠᠯ ᠤᠨ ᠶᠤᠰᠤᠭᠠᠷ | ᠬᠡᠰᠢᠬᠦᠳ ᠤᠨ ᠬᠢᠷᠢ ᠬᠡᠮ ᠢ ᠨᠤᠳᠠᠯᠠᠨ ᠲᠤᠭᠳᠠᠭᠠᠬᠤ ᠠᠷᠭ᠎ᠠ ᠶᠢ ᠦᠪᠡᠷ ᠦᠪᠡᠷ ᠢᠶᠠᠨ ᠪᠤᠳᠠᠳᠡᠢ ᠲᠤᠭᠳᠠᠭᠠᠬᠤ ᠶᠢᠨ | ᠬᠠᠮᠳᠤ ᠵᠤᠬᠢᠶᠠᠨ ᠪᠠᠶᠢᠭᠤᠯᠵᠤ ᠬᠡᠷᠡᠭᠵᠢᠬᠦᠯᠤᠨ᠎ᠠ᠃ | ᠡᠯ᠎ᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠦᠷᠢᠮ ᠪᠠ ᠲᠦᠷᠤ ᠶᠢᠨ ᠪᠤᠳᠤᠯᠭ᠎ᠠ ᠶᠢᠨ ᠲᠤᠳᠤᠷᠬᠠᠢ | ᠲᠤᠭᠳᠠᠭᠠᠯ ᠭᠠᠷᠬᠤ ᠠᠴᠠ ᠡᠮᠤᠨ᠎ᠠ ᠲᠤᠰ ᠰᠠᠨᠠᠯ ᠢ ᠲᠦᠷ ᠬᠡᠷᠡᠭᠯᠡᠨ᠎ᠠ᠃ ᠲᠤᠰ ᠰᠠᠨᠠᠯ ᠳᠤ ᠲᠤᠳᠤᠷᠬᠠᠢ ᠲᠤᠭᠳᠠᠭᠠᠯ | ᠪᠠᠶᠢᠬᠤ ᠦᠬᠡᠢ ᠪᠤᠯ ᠡᠯ᠎ᠠ ᠭᠠᠴᠠᠭ᠎ᠠ ᠨᠢ ᠲᠤᠰ ᠭᠠᠵᠡᠷ ᠤᠷᠤᠨ ᠤ ᠬᠢ ᠪᠠᠨ ᠪᠤᠳᠠᠳᠡᠢ ᠪᠠᠶᠢᠳᠠᠯ ᠲᠠᠢ | ᠤᠶᠠᠯᠳᠤᠭᠤᠯᠤᠨ᠂ ᠬᠡᠰᠢᠬᠦᠳ ︵ᠲᠦᠯᠤᠬᠡᠯᠡᠭᠴᠢᠳ︶ ᠤᠨ ᠶᠡᠭᠡ ᠬᠤᠷᠡᠯ ᠢᠶᠠᠷ ᠶᠠᠷᠢᠯᠴᠠᠨ ᠲᠤᠭᠳᠠᠨ᠎ᠠ︔ | ᠬᠡᠰᠢᠬᠦᠳ ᠤᠨ ᠬᠢᠷᠢ ᠬᠡᠮ ᠢ ᠲᠤᠭᠳᠠᠭᠠᠬᠤ ᠳᠤ ᠲᠤᠰ ᠰᠠᠨᠠᠯ ᠤᠨ ᠲᠤᠭᠳᠠᠭᠠᠯ ᠲᠠᠢ ᠠᠳᠠᠯᠢ ᠦᠬᠡᠢ ᠪᠤᠯ ᠭᠠᠴᠠᠭᠠᠨ | ᠤ ᠬᠡᠰᠢᠬᠦᠳ ︵ᠲᠦᠯᠤᠬᠡᠯᠡᠭᠴᠢᠳ︶ ᠤᠨ ᠶᠡᠭᠡ ᠬᠤᠷᠡᠯ ᠢᠶᠠᠷ ᠰᠤᠳᠤᠯᠤᠨ ᠪᠠᠳᠣᠯᠠᠭᠰᠠᠨ ᠰᠢᠢᠳᠪᠣᠷᠢ ᠪᠠᠷ | ᠬᠡᠷᠡᠭᠵᠢᠬᠦᠯᠣᠨ᠎ᠠ᠃ ᠲᠤᠰ ᠰᠠᠨᠠᠯ ᠢ ᠤᠤᠯ ᠤᠨ ᠡᠷᠬᠡ ᠠᠰᠢᠭ ᠢᠶᠠᠨ ᠮᠦᠷᠳᠡᠨ ᠨᠡᠬᠡᠮᠵᠢᠯᠡᠬᠦ ᠦᠡᠳᠤᠰᠤᠯᠠᠯ ᠪᠤᠯᠭᠠᠬᠤ | ᠦᠬᠡᠢ᠃ | | | | | | | ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ | 2019 ᠤᠨ ᠤ 5 ᠰᠠᠷ᠎ᠠ ᠶᠢᠨ 8 ᠤ ᠡᠳᠤᠷ ᠲᠠᠷᠤᠮᠠᠯᠯᠠᠨ ᠲᠠᠷᠬᠠᠭᠠᠪᠠ | |